ᠮᠠᠨ ᠤ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠢᠶᠠᠷᠤᠯᠲᠠ ᠶᠢᠨ ᠭᠠᠵᠠᠷ ᠠᠴᠠ ᠲᠡᠦᠬᠡ ᠶᠢᠨ ᠳᠤᠷᠠᠰᠬᠠᠯᠲᠤ ᠵᠦᠢᠯᠡᠰ ᠪᠠ ᠡᠷᠲᠡᠨ ᠤ ᠪᠠᠭᠤᠷᠢ ᠶᠢ ᠬᠠᠮᠠᠭᠠᠯᠠᠵᠤ᠂ ᠠᠷᠠᠳ ᠤᠯᠠᠨ ᠳᠤ ᠰᠤᠶᠤᠯ ᠤᠨ ᠬᠦᠷᠲᠡᠭᠡᠯ ᠤᠯᠭᠤᠵᠤ ᠪᠤᠢ
ᠨᠡᠶᠢᠲᠡᠯᠡᠭᠰᠡᠨ ᠴᠠᠭ᠄
2018/10/11
                 ᠮᠠᠨ ᠤ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠢᠶᠠᠷᠤᠯᠲᠠ ᠶᠢᠨ ᠭᠠᠵᠠᠷ ᠠᠴᠠ ᠲᠡᠦᠬᠡ ᠶᠢᠨ ᠳᠤᠷᠠᠰᠬᠠᠯᠲᠤ ᠵᠦᠢᠯᠡᠰ ᠪᠠ ᠡᠷᠲᠡᠨ ᠤ ᠪᠠᠭᠤᠷᠢ ᠶᠢ ᠬᠠᠮᠠᠭᠠᠯᠠᠵᠤ᠂ ᠠᠷᠠᠳ ᠤᠯᠠᠨ ᠳᠤ ᠰᠤᠶᠤᠯ ᠤᠨ ᠬᠦᠷᠲᠡᠭᠡᠯ ᠤᠯᠭᠤᠵᠤ ᠪᠤᠢ      ᠮᠠᠨ ᠤ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠢᠶᠠᠷᠤᠯᠲᠠ ᠶᠢᠨ ᠭᠠᠵᠠᠷ ᠠᠴᠠ ᠲᠡᠦᠬᠡ  ᠶᠢᠨ ᠳᠤᠷᠠᠰᠬᠠᠯᠲᠤ ᠵᠦᠢᠯᠡᠰ ᠤᠨ ︽ᠳᠥᠷᠪᠡᠨ︾ ᠳᠠᠩᠰᠠ ᠡᠪᠬᠡᠮᠡᠯ ᠢ ᠪᠥᠷᠢᠯᠳᠦᠭᠦᠯᠬᠦ ᠠᠵᠢᠯ ᠢ ᠢᠳᠡᠪᠬᠢᠯᠡᠨ ᠬᠢᠵᠦ ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠳᠠᠩᠰᠠ ᠡᠪᠬᠡᠮᠡᠯ ᠤᠨ ᠬᠠᠮᠢᠶᠠᠷᠤᠯᠲᠠ ᠶᠢ ᠤᠯᠠᠮ ᠳᠥᠷᠢᠮᠵᠢᠭᠦᠯᠪᠡ᠃ ᠲᠡᠦᠬᠡ ᠶᠢᠨ ᠳᠤᠷᠠᠰᠬᠠᠯᠲᠤ ᠵᠦᠢᠯᠡᠰ ᠤᠨ ︽ᠳᠥᠷᠪᠡᠨ︾ ᠳᠠᠩᠰᠠ ᠡᠪᠬᠡᠮᠡᠯ ᠭᠡᠳᠡᠭ ᠨᠢ ᠰᠢᠯᠵᠢᠭᠦᠯᠵᠦ ᠪᠤᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠲᠤ ᠬᠠᠮᠠᠭᠠᠯᠠᠯᠲᠠ ᠶᠢᠨ ᠬᠡᠪᠴᠢᠶ᠎ᠡ ᠲᠠᠢ᠂ ᠬᠠᠮᠠᠭᠠᠯᠠᠯᠲᠠ ᠶᠢᠨ ᠢᠯᠡᠷᠬᠡᠶᠢᠯᠡᠯ ᠲᠡᠮᠲᠡᠭ ᠲᠠᠢ᠂ ᠲᠡᠮᠲᠡᠭᠯᠡᠭᠰᠡᠨ ᠳᠠᠩᠰᠠ ᠡᠪᠬᠡᠮᠡᠯ ᠲᠠᠢ᠂ ᠬᠠᠮᠠᠭᠠᠯᠠᠯᠲᠠ ᠶᠢᠨ ᠪᠠᠶᠢᠭᠤᠯᠤᠮᠵᠢ ᠲᠠᠢ ᠪᠠᠶᠢᠬᠤ ᠶᠢ ᠵᠢᠭᠠᠵᠤ ᠪᠤᠢ᠃      ᠪᠥᠬᠦ ᠤᠯᠤᠰ ᠤᠨ ᠭᠤᠷᠪᠠᠳᠤᠭᠠᠷ ᠤᠳᠠᠭᠠᠨ ᠤ ᠰᠢᠯᠵᠢᠭᠦᠯᠵᠦ ᠪᠤᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠲᠡᠮ ᠪᠠᠶᠢᠴᠠᠭᠠᠯᠲᠠ ︵2007 ᠤᠨ — 2011 ᠤᠨ︶ ᠳᠤ ᠳᠠᠩᠰᠠᠯᠠᠭᠰᠠᠨ ᠢᠶᠠᠷ᠂ ᠮᠠᠨ  ᠤ ᠬᠤᠰᠢᠭᠤᠨ ᠤ ᠰᠢᠯᠵᠢᠭᠦᠯᠵᠦ ᠪᠤᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ 92 ︵ᠡᠷᠲᠡᠨ ᠤ ᠪᠠᠭᠤᠷᠢ 42᠂ ᠡᠷᠲᠡᠨ ᠤ ᠤᠩᠭᠤᠨ 22᠂ ᠡᠷᠲᠡᠨ ᠤ ᠪᠠᠷᠢᠯᠭ᠎ᠠ 4᠂ ᠬᠠᠳᠠᠨ ᠠᠭᠤᠢ ᠵᠢᠴᠢ ᠬᠠᠳᠠᠨ ᠰᠡᠶᠢᠯᠦᠮᠡᠯ 17᠂ ᠤᠶᠢᠷ᠎ᠠ ᠤᠳᠤ ᠦᠶ᠎ᠡ ᠶᠢᠨ ᠲᠡᠦᠬᠡ ᠶᠢᠨ ᠴᠢᠬᠤᠯᠠ ᠪᠠᠭᠤᠷᠢ ᠵᠢᠴᠢ ᠲᠥᠯᠥᠭᠡᠯᠡᠬᠦ ᠴᠢᠨᠠᠷᠲᠠᠢ ᠪᠠᠷᠢᠯᠭ᠎ᠠ 7︶ ᠪᠤᠢ᠃ ᠬᠠᠮᠠᠭᠠᠯᠠᠬᠤ ᠲᠡᠰ ᠢᠶᠠᠷ ᠨᠢ ᠠᠩᠭᠢᠯᠠᠪᠠᠯ᠄ ᠪᠥᠬᠦ ᠤᠯᠤᠰ ᠤᠨ ᠭᠤᠤᠯᠳᠠᠯᠭᠠᠲᠤ ᠲᠡᠦᠬᠡ ᠶᠢᠨ ᠳᠤᠷᠠᠰᠬᠠᠯᠲᠤ ᠵᠦᠢᠯᠡᠰ  ᠤᠨ ᠬᠠᠮᠠᠭᠠᠯᠠᠯᠲᠠ ᠶᠢᠨ ᠨᠢᠭᠡᠴᠢ 3 ︵ᠠᠷᠵᠠᠢ ᠠᠭᠤᠢ᠂ ᠰᠢᠷᠡᠭᠡᠲᠦ ᠠᠭᠤᠯᠠ ᠶᠢᠨ ᠬᠠᠳᠠᠨ ᠵᠢᠷᠤᠭ᠂ ᠤᠷᠲᠤ ᠴᠠᠭᠠᠨ ᠬᠡᠷᠡᠮ︶᠂ ᠥᠪᠡᠷᠲᠡᠭᠡᠨ ᠵᠠᠰᠠᠬᠤ ᠤᠷᠤᠨ ᠤ ᠲᠡᠰ ᠤᠨ ᠭᠤᠤᠯᠳᠠᠯᠭᠠᠲᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ 14᠂ ᠬᠤᠲᠠ ᠶᠢᠨ ᠲᠡᠰ ᠤᠨ ᠭᠤᠤᠯᠳᠠᠯᠭᠠᠲᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ 15᠂ ᠬᠤᠰᠢᠭᠤᠨ ᠤ ᠲᠡᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ 14᠂ ᠪᠤᠰᠤᠳ ᠭᠤᠤᠯᠳᠠᠯᠭᠠᠲᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ 46 ᠪᠤᠢ᠃      ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠢᠶᠠᠷᠤᠯᠲᠠ ᠶᠢᠨ ᠭᠠᠵᠠᠷ 1 ᠰᠠᠷ᠎ᠠ ᠶᠢᠨ ᠬᠤᠭᠤᠴᠠᠭ᠎ᠠ ᠬᠡᠷᠡᠭᠰᠡᠵᠦ᠂ ᠤᠲᠤᠭ ᠬᠤᠰᠢᠭᠤᠨ ᠤ ᠬᠡᠪᠴᠢᠶᠡᠨ ᠳᠠᠬᠢ ᠡᠯ᠎ᠡ ᠲᠡᠰ ᠤᠨ ᠭᠤᠤᠯᠳᠠᠯᠭᠠᠲᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠶᠢᠨ ᠪᠢᠴᠢᠭ ᠮᠠᠲ᠋ᠧᠷᠢᠶᠠᠯ᠂ ᠭᠠᠵᠠᠷ ᠤᠨ ᠵᠢᠷᠤᠭ᠂ ᠵᠢᠷᠤᠭ ᠰᠡᠭᠦᠳᠡᠷ᠂ ᠡᠯᠧᠺᠲᠷᠤᠨ ᠪᠢᠴᠢᠭ ᠮᠠᠲ᠋ᠧᠷᠢᠶᠠᠯ᠂ ᠵᠠᠰᠠᠭ ᠵᠠᠬᠢᠷᠭᠠᠨ ᠤ ᠮᠠᠲ᠋ᠧᠷᠢᠶᠠᠯ᠂ ᠬᠠᠤᠯᠢ ᠴᠠᠭᠠᠵᠠ ᠶᠢᠨ ᠮᠠᠲ᠋ᠧᠷᠢᠶᠠᠯ᠂ ᠲᠤᠮᠤ ᠬᠡᠷᠡᠭ ᠶᠠᠪᠤᠳᠠᠯ᠂ ᠨᠤᠮ ᠪᠢᠴᠢᠭ᠂ ᠬᠠᠮᠠᠭᠠᠯᠠᠬᠤ ᠲᠥᠯᠥᠪᠵᠢᠭᠦᠯᠭᠡ ᠪᠠ ᠳᠥᠰᠥᠯ᠂ ᠲᠡᠦᠬᠡ  ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠢᠨᠵᠧᠨᠧᠷᠢᠩ ᠵᠢᠴᠢ ᠬᠢᠨᠠᠨ ᠬᠡᠮᠵᠢᠯᠲᠡ ᠵᠡᠷᠭᠡ ᠮᠠᠰᠢ ᠤᠯᠠᠨ ᠭᠤᠤᠯᠳᠠᠯᠭ᠎ᠠ ᠲᠠᠢ ᠮᠠᠲ᠋ᠧᠷᠢᠶᠠᠯ ᠢ ᠪᠠᠶᠢᠴᠠᠭᠠᠵᠤ ᠦᠵᠡᠪᠡ᠃
ᠢᠷᠡᠯᠲᠡ᠄ ᠤᠲᠤᠭ ᠤᠨ ᠰᠤᠨᠢᠨ ᠤ ᠬᠤᠷᠢᠶ᠎ᠠ