ᠵᠠᠰᠠᠭ   ᠤᠨ  ᠣᠷᠳᠣᠨ   ᠤ  ᠠᠵᠢᠯ   ᠤᠨ  ᠮᠡᠳᠡᠭᠦᠯᠦᠯᠳᠡ
ᠨᠡᠶᠢᠲᠡᠯᠡᠭᠰᠡᠨ ᠴᠠᠭ᠄
2018/5/15
               ᠵᠠᠰᠠᠭ    ᠤᠨ   ᠣᠷᠳᠣᠨ   ᠤ   ᠠᠵᠢᠯ    ᠤᠨ   ᠮᠡᠳᠡᠭᠦᠯᠦᠯᠳᠡ                — 2010 ᠣᠨ ᠤ 1 ᠳ᠋ᠣᠭᠡᠷ ᠰᠠᠷ᠎ᠠ ᠶᠢᠨ 19 ᠤ ᠡᠳᠣᠷ ᠣᠳᠤᠭ ᠬᠤᠰᠢᠭᠤᠨ                ᠤ ᠠᠷᠪᠠᠨ ᠲᠠᠪᠣᠳᠣᠭᠠᠷ ᠬᠤᠭᠤᠴᠠᠭᠠᠨ ᠤ ᠠᠷᠠᠳ ᠤᠨ ᠲᠦᠯᠥᠭᠡᠯᠡᠭᠴᠢᠳ ᠤᠨ                ᠶᠡᠭᠡ  ᠬᠤᠷᠠᠯ ᠤᠨ ᠲᠦᠷᠪᠡᠳᠣᠭᠡᠷ ᠬᠤᠷᠠᠯᠳᠣᠭᠠᠨ  ᠲᠡᠭᠡᠷ᠎ᠡ                ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠲᠠᠷᠤᠭ᠎ᠠ                                     ᠱᠠᠩ ᡁᠢ ᠴᠢᠶᠡᠩᠲᠦᠯᠦᠭᠡᠯᠡᠭᠴᠢᠳ ᠡ᠄      ᠣᠳᠣ ᠪᠢ ᠬᠤᠰᠢᠭᠤ ᠠᠷᠠᠳ  ᠤᠨ ᠵᠠᠰᠠᠭ  ᠤᠨ ᠣᠷᠳᠣᠨ  ᠢ ᠲᠦᠯᠥᠭᠡᠯᠡᠵᠣ  ᠶᠡᠭᠡ ᠬᠤᠷᠠᠯ  ᠳᠤ ᠠᠵᠢᠯ  ᠤᠨ ᠮᠡᠳᠡᠭᠦᠯᠦᠯᠳᠡ ᠭᠢᠶ᠎ᠡ᠂  ᠭᠢᠨᠠᠨ  ᠵᠦᠪᠯᠡᠭᠦ ᠪᠣᠯᠪᠠᠣ᠂  ᠮᠦᠨᠴᠣ ᠣᠯᠣᠰ ᠲᠦᠷᠦ  ᠶᠢᠨ ᠵᠦᠪᠯᠡᠯᠭᠡᠨ  ᠤ ᠭᠡᠰᠢᠭᠦᠳ ᠪᠣᠯᠣᠨ ᠬᠤᠷᠠᠯ   ᠳᠤ  ᠰᠣᠯᠠ ᠣᠷᠣᠯᠴᠠᠵᠣ ᠪᠠᠶᠢᠭ᠎ᠠ ᠨᠦᠭᠦᠳ ᠰᠠᠨᠠᠯ  ᠢᠶᠠᠨ ᠲᠣᠷᠠᠳᠬᠤ ᠪᠣᠯᠪᠠᠣ  ᠃      ᠨᠢᠭᠡ᠂ 2009  ᠣᠨ  ᠤ ᠠᠵᠢᠯ  ᠤᠨ ᠡᠷᠭᠢᠴᠡᠭᠦᠯᠥᠯ      2009 ᠣᠨ ᠪᠣᠯ ᠶᠡᠷᠣ ᠪᠣᠰᠣ ᠶᠢᠨ ᠵᠢᠯ ᠪᠣᠯᠣᠨ᠎ᠠ᠃ ᠨᠢᠭᠡ ᠵᠢᠯ  ᠤᠨ ᠲᠣᠷᠰᠢ᠂  ᠪᠢᠳᠠ ᠨᠠᠷᠢᠨ ᠪᠣᠳᠣᠯᠢᠶᠡᠨᠳᠡᠢ ᠠᠵᠣ ᠠᠬᠤᠢ  ᠶᠢᠨ ᠪᠠᠶᠢᠳᠠᠯ ᠪᠣᠯᠣᠨ ᠬᠠᠳᠠᠭᠤ ᠰᠢᠷᠦᠭᠦᠨ ᠦᠷᠢᠰᠦᠯᠳᠥᠭᠡᠨ  ᠳᠤ ᠬᠠᠨᠳᠣᠵᠣ᠂  ᠬᠤᠳᠠ  ᠶᠢᠨ ᠨᠠᠮ  ᠤᠨ ᠬᠤᠷᠢᠶ᠎ᠠ᠂  ᠬᠤᠳᠠ  ᠶᠢᠨ ᠵᠠᠰᠠᠭ  ᠤᠨ ᠣᠷᠳᠣᠨ ᠪᠣᠯᠣᠨ ᠬᠤᠰᠢᠭᠤ ᠨᠠᠮ  ᠤᠨ ᠬᠤᠷᠢᠶᠠᠨ  ᠤ ᠵᠦᠪ ᠣᠳᠣᠷᠢᠳᠣᠯᠭ᠎ᠠ ᠲᠣᠣᠷ᠎ᠠ᠂  ᠬᠤᠰᠢᠭᠤ ᠠᠷᠠᠳ ᠤᠨ ᠲᠦᠯᠦᠭᠡᠯᠡᠭᠴᠢᠳ  ᠤᠨ ᠶᠡᠭᠡ ᠬᠤᠷᠠᠯ  ᠤᠨ ᠪᠠᠶᠢᠩᠭᠤ  ᠶᠢᠨ ᠬᠤᠷᠢᠶ᠎ᠠ᠂ ᠣᠯᠣᠰ ᠲᠦᠷᠣ  ᠶᠢᠨ ᠵᠦᠪᠯᠡᠯᠭᠡᠨ ᠤ ᠭᠢᠨᠠᠯᠳᠠ  ᠲᠡᠮᠵᠢᠯᠭᠡ ᠲᠣᠣᠷ᠎ᠠ᠂ ᠪᠦᠭᠦ ᠬᠤᠰᠢᠭᠤᠨ ᠤ ᠦᠨᠳᠣᠰᠥᠳᠡᠨ ᠨᠦᠭᠦᠳ  ᠤᠨ ᠠᠷᠠᠳ ᠲᠦᠮᠡᠨ  ᠢ ᠪᠦᠯᠭᠦᠮᠳᠡᠭᠦᠯᠥᠨ ᠲᠠᠭᠠᠭᠤᠯᠵᠣ᠂ ᠰᠢᠨᠵᠢᠯᠡᠭᠦ ᠣᠬᠠᠭᠠᠨᠴᠢ ᠭᠦᠭᠵᠢᠯᠳᠡ  ᠶᠢᠨ ᠦᠵᠡᠯᠳᠡ ᠪᠠᠷ ᠵᠢᠯᠣᠭᠤᠳᠣᠭᠤᠯᠬᠤ  ᠶᠢ ᠪᠠᠷᠢᠮᠳᠠᠯᠠᠨ᠂ ᠢᠳᠡᠭᠡᠯ ᠵᠣᠷᠢᠭ  ᠢᠶᠠᠨ ᠪᠠᠳᠣᠳᠬᠠᠵᠣ᠂ ᠭᠦᠴᠢᠷ  ᠢ ᠰᠦᠷᠦᠨ ᠣᠷᠣᠭᠰᠢᠯᠠᠵᠣ᠂  ᠡᠯ᠎ᠡ ᠵᠦᠢᠯ  ᠤᠨ ᠠᠰᠢᠭ ᠦᠭᠡᠢ ᠭᠦᠴᠣᠨ ᠵᠦᠢᠯ ᠢ ᠢᠳᠡᠪᠭᠢᠳᠡᠢ ᠡᠶᠡᠳᠡᠭᠦᠯᠥᠨ ᠨᠠᠮᠳᠠᠭᠤᠯᠵᠣ᠂ ᠰᠢᠨᠵᠢᠯᠡᠭᠦ ᠣᠬᠠᠭᠠᠨᠴᠢ ᠪᠠᠷ ᠭᠦᠭᠵᠢᠭᠦᠯᠭᠦ ᠵᠠᠮ  ᠢᠶᠠᠷ ᠦᠵᠡᠯ ᠰᠠᠨᠠᠭ᠎ᠠ ᠪᠠᠨ ᠴᠢᠨᠠᠭᠰᠢᠳᠠ ᠴᠢᠯᠣᠭᠡᠯᠡᠨ᠂  ᠨᠡᠭᠡᠭᠡᠯᠳᠡ ᠭᠠᠷᠭᠠᠨ ᠰᠢᠨ᠎ᠡ  ᠶᠢ ᠡᠭᠦᠳᠴᠣ᠂  ᠪᠣᠳᠠᠳᠡᠢ  ᠶᠢ ᠡᠷᠭᠢᠮᠯᠡᠨ ᠣᠷᠣᠭᠰᠢ ᠲᠠᠪᠰᠢᠵᠣ᠂  ᠬᠤᠰᠢᠭᠤ ᠠᠷᠪᠠᠨ ᠲᠠᠪᠣᠳᠣᠭᠠᠷ ᠬᠤᠭᠤᠴᠠᠭᠠᠨ ᠤ ᠠᠷᠠᠳ ᠤᠨ ᠲᠦᠯᠥᠭᠡᠯᠡᠭᠴᠢᠳ  ᠤᠨ ᠶᠡᠭᠡ ᠬᠤᠷᠠᠯ  ᠤᠨ ᠭᠤᠷᠪᠠᠳᠣᠭᠠᠷ ᠬᠤᠷᠠᠯᠳᠣᠭᠠᠨ ᠠᠴᠠ ᠲᠣᠭᠳᠠᠭᠠᠭᠰᠠᠨ ᠡᠯ᠎ᠡ ᠬᠠᠷᠠᠯᠳᠠᠳᠣ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠥᠭᠡᠳ ᠲᠦᠷᠦᠯ ᠵᠦᠢᠯ ᠢ ᠠᠭᠢᠭᠤᠯᠬᠤ᠂  ᠠᠵᠣ ᠦᠢᠯᠡᠰ  ᠢ ᠲᠡᠰᠵᠢᠭᠦᠯᠥᠨ ᠣᠷᠴᠢᠯᠳᠣᠭᠤᠯᠬᠤ᠂  ᠬᠤᠳᠠ ᠭᠦᠳᠡᠭᠡ  ᠶᠢ ᠨᠢᠭᠡᠳᠣᠯᠳᠡᠢ ᠲᠦᠯᠦᠪᠯᠡᠨ ᠭᠦᠭᠵᠢᠭᠦᠯᠭᠦ᠂   ᠵᠣᠯ ᠵᠢᠷᠭᠠᠯᠳᠣ ᠣᠳᠤᠭ  ᠢ ᠪᠦᠳᠣᠭᠡᠨ ᠪᠠᠶᠢᠭᠤᠯᠬᠤ ᠠᠭᠢᠴᠠ  ᠶᠢ ᠲᠦᠷᠭᠡᠳᠭᠡᠭᠦ  ᠳᠤ ᠨᠡᠶᠢᠳᠡᠪᠣᠷᠢᠳᠡᠢ ᠠᠯᠬᠤᠮ  ᠢ ᠠᠯᠬᠤᠭᠰᠠᠨ ᠪᠠᠶᠢᠨ᠎ᠠ᠃      — ᠶᠡᠷᠥᠩᠭᠡᠶᠢᠯᠡᠭᠰᠡᠨ ᠪᠣᠳᠠᠳᠣ ᠭᠦᠴᠣᠨ ᠦᠷᠭᠦᠯᠵᠢᠯᠡᠨ ᠴᠢᠩᠭᠠᠷᠠᠵᠡᠢ  ᠃  ᠵᠢᠱᠢᠯᠳᠡ ᠪᠠᠷ ᠪᠦᠭᠦ ᠬᠤᠰᠢᠭᠤᠨ  ᠤ ᠭᠠᠵᠠᠷ ᠣᠷᠣᠨ  ᠤ ᠦᠢᠯᠡᠳᠪᠣᠷᠢᠯᠡᠯ  ᠤᠨ ᠶᠡᠷᠥᠩᠭᠡᠢ ᠦᠷᠳ᠋ᠩ  ᠢ 205 ᠳ᠋ᠦᠩᠰᠢᠭᠤᠷ ᠲᠦᠭᠦᠷᠢᠭ ᠪᠠᠶᠡᠯᠡᠭᠦᠯᠵᠣ᠂  ᠠᠳᠠᠯᠢ ᠬᠤᠭᠤᠴᠭᠠᠨ ᠠᠴᠠ 32.3% ᠨᠡᠮᠡᠭᠳᠡᠵᠣ᠂  ᠡᠭᠦᠨ  ᠳᠤ ᠨᠢᠭᠡᠳᠣᠭᠡᠷ ᠠᠵᠣ ᠦᠢᠯᠡᠰ  ᠤᠨ ᠨᠡᠮᠡᠭᠳᠡᠯ ᠦᠷᠳᠡᠭ 2.8%  ᠢᠶᠠᠷ ᠨᠡᠮᠡᠭᠳᠡᠨ 4 ᠳ᠋ᠦᠩᠰᠢᠭᠤᠷ ᠲᠦᠭᠦᠷᠢᠭ᠂  ᠬᠤᠶᠠᠳᠣᠭᠠᠷ ᠠᠵᠣ ᠦᠢᠯᠡᠰ  ᠤᠨ ᠨᠡᠮᠡᠭᠳᠡᠯ ᠦᠷᠳᠡᠭ 35.3%  ᠢᠶᠠᠷ ᠨᠡᠮᠡᠭᠳᠡᠨ 169 ᠳ᠋ᠦᠩᠰᠢᠭᠤᠷ ᠲᠦᠭᠦᠷᠢᠭ᠂ ᠭᠤᠷᠪᠠᠳᠣᠭᠠᠷ ᠠᠵᠣ ᠦᠢᠯᠡᠰ  ᠤᠨ ᠨᠡᠮᠡᠭᠳᠡᠯ ᠦᠷᠳᠡᠭ 22.2% ᠢᠶᠠᠷ ᠨᠡᠮᠡᠭᠳᠡᠨ 32 ᠳ᠋ᠦᠩᠰᠢᠭᠤᠷ ᠲᠦᠭᠦᠷᠢᠭ ᠭᠦᠷᠪᠡ᠃ ᠡᠳ᠋  ᠤᠨ ᠵᠡᠰᠠᠭ ᠤᠨ ᠣᠷᠣᠯᠭ᠎ᠠ 25 ᠳ᠋ᠦᠡᠭᠰᠢᠭᠤᠷ ᠲᠦᠭᠦᠷᠢᠭ᠂ ᠠᠳᠡᠯᠢ ᠬᠤᠭᠤᠴᠡᠭᠠᠨ ᠠᠴᠠ15.7%  ᠢᠶᠠᠷ ᠨᠡᠮᠡᠭᠳᠡᠪᠡ᠂ ᠡᠭᠦᠨ  ᠳᠤ ᠡᠩ  ᠤᠨ ᠲᠦᠰᠥᠪ  ᠤᠨ ᠣᠷᠣᠯᠭ᠎ᠠ 18.9 % ᠢᠶᠠᠷ ᠨᠡᠮᠡᠭᠳᠡᠨ᠂ 9.5 ᠳ᠋ᠦᠡᠭᠰᠢᠭᠤᠷ ᠲᠦᠭᠦᠷᠢᠭ ᠭᠦᠷᠴᠡᠢ︔ ᠨᠡᠶᠢᠭᠡᠮ ᠤᠨ ᠲᠣᠭᠳᠠᠮᠠᠯ ᠭᠦᠷᠦᠩᠭᠡ  ᠶᠢᠨ ᠪᠡᠯᠡ ᠣᠷᠣᠭᠤᠯᠣᠯᠳᠠ 160 ᠳ᠋ᠦᠩᠰᠢᠭᠤᠷ ᠲᠦᠭᠦᠷᠢᠭ᠂  ᠠᠳᠠᠯᠢ ᠬᠤᠭᠤᠴᠠᠭᠠᠨ ᠠᠴᠠ 23% ᠢᠶᠠᠷ ᠨᠡᠮᠡᠭᠳᠡᠵᠡᠢ᠃  ᠬᠤᠳᠠ ᠪᠠᠯᠭᠠᠰᠣᠨ  ᠤ ᠰᠠᠭᠤᠭᠠᠯᠢ ᠠᠷᠠᠳ  ᠤᠨ ᠭᠦᠮᠥᠨ ᠲᠣᠳᠣᠮ  ᠤᠨ ᠡᠵᠡᠮᠳᠡᠭᠦ ᠣᠷᠣᠯᠭ᠎ᠠ 22000 ᠲᠦᠭᠦᠷᠢᠭ᠂ ᠮᠠᠯᠴᠢᠨ ᠲᠠᠷᠢᠶᠠᠴᠢᠨ ᠭᠦᠮᠥᠨ ᠲᠣᠳᠣᠮ  ᠤᠨ ᠴᠡᠪᠡᠷ ᠣᠷᠣᠯᠭ᠎ᠠ 8200 ᠲᠦᠭᠦᠷᠢᠭ᠂ ᠲᠣᠰᠪᠣᠷᠢ 29.5% ᠪᠠ 16.2% ᠢᠶᠠᠷ ᠨᠡᠮᠡᠭᠳᠡᠪᠡ᠃  ᠲᠦᠮᠡᠨ ᠲᠦᠭᠦᠷᠢᠭ GDP ︵ᠭᠦᠮᠥᠨ ᠲᠣᠳᠣᠮ ᠳᠠᠬᠢ ᠣᠯᠣᠰ  ᠤᠨ ᠲᠣᠳᠣᠭᠠᠳᠣ ᠶᠢᠨ ᠦᠢᠯᠡᠳᠪᠣᠷᠢᠯᠡᠯ  ᠤᠨ ᠶᠡᠷᠣᠩᠭᠡᠢ ᠦᠷᠳᠡᠭ︶   ᠳᠠᠬᠢ ᠡᠨᠧᠷᠭᠢ   ᠶᠢᠨ ᠬᠤᠷᠣᠭᠳᠠᠯ  ᠢ 5.82%  ᠢᠶᠠᠷ ᠪᠠᠭᠤᠷᠠᠭᠤᠯᠪᠠ᠃  ᠪᠦᠭᠦ ᠣᠯᠣᠰ  ᠤᠨ ᠬᠤᠰᠢᠭᠤ ᠰᠢᠶᠠᠨ  ᠤ ᠠᠵᠣ ᠠᠬᠤᠢ  ᠶᠢᠨ ᠪᠠᠷᠠᠭᠤᠨ ᠣᠷᠣᠨ  ᠤ ᠵᠠᠭᠤᠨ ᠭᠦᠴᠣᠷᠭᠡᠭ  ᠤᠨ10 ᠳ᠋ᠣᠭᠠᠷ ᠲᠤ ᠣᠷᠣᠵᠡᠢ᠃ ᠪᠠᠰᠠ《 ᠪᠦᠭᠦ ᠣᠯᠣᠰ ᠤᠨ ᠦᠨᠳᠣᠰᠣᠳᠡᠨ  ᠤ ᠪᠦᠯᠭᠦᠮᠳᠡᠯ ᠲᠡᠪᠰᠢᠯᠳᠠ  ᠶᠢᠨ ᠵᠢᠱᠢᠶᠡᠴᠢ ᠬᠤᠰᠢᠭᠤ︾᠂ ︽ᠪᠦᠭᠦ ᠣᠯᠣᠰ  ᠤᠨ ᠰᠢᠨᠵᠢᠯᠡᠭᠦ ᠮᠡᠷᠭᠡᠵᠢᠯ  ᠤᠨ ᠲᠠᠪᠰᠢᠯᠳᠠ  ᠶᠢᠨ ᠲᠡᠷᠢᠭᠦᠨ  ᠤ ᠬᠤᠰᠢᠭᠤ》ᠪᠠ《 ᠲᠣᠮᠳᠠᠳᠣ ᠣᠯᠣᠰ  ᠤᠨ ᠨᠣᠮᠢᠨ ᠨᠣᠭᠤᠭᠠᠨ ᠨᠡᠷᠡᠳᠣ ᠬᠤᠰᠢᠭᠤ》 ᠶᠢᠨ ᠨᠡᠷᠡᠶᠢᠳᠣᠯ  ᠢ ᠦᠩᠭᠡ ᠭᠡᠷᠡᠯ ᠲᠠᠢ ᠪᠠᠷ ᠣᠯᠪᠠ᠃      — ᠮᠠᠯᠵᠢᠬᠤ ᠲᠠᠷᠢᠶᠠᠯᠠᠬᠤ ᠣᠷᠣᠨ ᠮᠠᠯ ᠲᠠᠷᠢᠶᠠᠯᠠᠩ ᠠᠵᠣ ᠠᠬᠤᠢ ᠮᠠᠯᠴᠢᠨ ᠲᠠᠷᠢᠶᠠᠴᠢᠳ  ᠤᠨ ᠭᠦᠭᠵᠢᠯᠳᠡ ᠲᠦᠷᠭᠡᠳᠴᠡᠢ᠃ 5 ᠳ᠋ᠦᠩᠰᠢᠭᠤᠷ ᠲᠦᠭᠦᠷᠢᠭ ᠪᠡᠯᠡ ᠣᠷᠣᠭᠤᠯᠵᠣ ᠨᠡᠭᠡᠭᠡᠭᠦ  ᠶᠢ ᠴᠠᠭᠠᠵᠠᠯᠠᠬᠤ ᠣᠷᠣᠨ  ᠤ ᠭᠦᠮᠥᠨ ᠠᠮᠠ  ᠶᠢ ᠰᠢᠯᠵᠢᠭᠦᠯᠭᠦ᠂  ᠨᠡᠭᠡᠭᠡᠭᠦ  ᠶᠢ ᠭᠢᠵᠠᠭᠠᠷᠯᠠᠬᠤ ᠣᠷᠣᠨ  ᠤ ᠭᠡᠪᠴᠢᠶᠡᠵᠢᠭᠦᠯᠥᠨ ᠡᠵᠡᠩᠨᠡᠭᠦ᠂  ᠨᠡᠭᠡᠭᠡᠭᠦ  ᠶᠢ ᠰᠢᠯᠢᠳᠡᠭᠵᠢᠭᠦᠯᠭᠦ ᠣᠷᠣᠨ  ᠤ ᠣᠳᠣ ᠦᠶ᠎ᠡ  ᠶᠢᠨ ᠮᠠᠯ ᠲᠠᠷᠢᠶᠠᠯᠠᠩ  ᠢ ᠠᠭᠢᠭᠤᠯᠪᠠ᠃  ᠪᠦᠭᠦ ᠣᠷᠣᠨ ᠳᠠᠭᠠᠨ ᠬᠤᠰᠢᠭᠤ ᠰᠢᠶᠠᠨ  ᠤ ᠱᠠᠳᠣᠨ  ᠤ ᠬᠤᠳᠠ ᠭᠦᠳᠡᠭᠡ  ᠶᠢ ᠨᠢᠭᠡᠳᠣᠯᠳᠡᠢ ᠲᠦᠯᠣᠪᠯᠡᠨ ᠭᠦᠭᠵᠢᠭᠦᠯᠭᠦ ᠲᠦᠯᠣᠪᠵᠢᠭᠦᠯᠭᠡ  ᠶᠢ ᠣᠷᠢᠳᠠᠪᠡᠷ ᠪᠡᠶᠡᠯᠡᠭᠦᠯᠵᠡᠢ᠃ ᠲᠦᠷᠦᠯ ᠵᠦᠢᠯ  ᠤᠨ ᠪᠡᠯᠡ ᠮᠦᠩᠭᠦ  ᠶᠢ 5607 ᠲᠦᠮᠡᠨ ᠲᠦᠭᠦᠷᠢᠭ ᠲᠦᠪᠯᠡᠷᠡᠭᠦᠯᠥᠨ ᠭᠡᠷᠡᠭᠯᠡᠵᠣ᠂  ᠠᠮᠢ ᠠᠬᠤᠢ  ᠶᠢᠨ ᠪᠠᠶᠢᠭᠤᠯᠣᠯᠳᠠ  ᠶᠢ 274 ᠲᠦᠮᠡᠨ ᠮᠣ᠋ ᠪᠡᠶᠡᠯᠡᠭᠦᠯᠪᠡ᠃《ᠣᠳᠤᠭ ᠬᠤᠰᠢᠭᠤᠨ  ᠤ ᠨᠡᠭᠡᠭᠡᠭᠦ  ᠶᠢ ᠴᠠᠭᠠᠵᠠᠯᠠᠬᠤ ᠣᠷᠣᠨ ᠤ ᠭᠦᠮᠥᠨ ᠠᠮᠠ  ᠶᠢ ᠰᠢᠯᠵᠢᠭᠦᠯᠭᠦ ᠠᠷᠭ᠎ᠠ ︵ᠲᠣᠷᠰᠢᠨ ᠭᠡᠷᠡᠭᠵᠢᠭᠦᠯᠭᠦ︶》 ᠶᠢ ᠲᠣᠭᠳᠠᠭᠠᠨ ᠭᠡᠷᠡᠭᠵᠢᠭᠦᠯᠵᠣ᠂  ᠰᠢᠯᠵᠢᠭᠦᠯᠭᠦ ᠭᠡᠷ᠎ᠡ  ᠶᠢ 1300 ᠡᠷᠣᠭᠡ ᠲᠠᠢ ᠲᠣᠭᠳᠠᠭᠠᠨ᠂ 4005 ᠭᠦᠮᠥᠨ  ᠳᠤ ᠪᠣᠯᠪᠠᠰᠣᠷᠠᠯ ᠭᠦᠷᠳᠡᠭᠡᠵᠣ᠂  ᠠᠵᠢᠯ  ᠤᠨ ᠪᠠᠶᠢᠷᠢ  ᠶᠢ 2070 ᠨᠠᠶᠢᠳᠠᠪᠣᠷᠢᠵᠢᠭᠤᠯᠪᠠ︔ 3.82 ᠳ᠋ᠦᠩᠰᠢᠭᠤᠷ ᠲᠦᠭᠦᠷᠢᠭ ᠴᠣᠭᠯᠠᠭᠤᠯᠣᠨ ᠨᠡᠭᠦᠳᠡᠯ ᠠᠷᠠᠳ  ᠤᠨ ᠰᠢᠯᠢᠳᠡᠭ ᠣᠷᠣᠨ ᠰᠠᠭᠤᠴᠠ  ᠶᠢᠨ ᠲᠣᠭᠤᠷᠢᠭ ᠢ 3 ᠪᠠᠶᠢᠭᠤᠯᠬᠤ ᠪᠠᠷ ᠲᠦᠯᠣᠪᠵᠢᠭᠦᠯᠵᠣ᠂  ᠡᠭᠦᠨ  ᠳᠤ ᠣᠯᠠᠭᠠᠨ ᠪᠠᠯᠭᠠᠰᠣ᠂  ᠮᠧᠩ ᠰᠢ ᠪᠠᠯᠭᠠᠰᠣᠨ  ᠤ ᠨᠡᠭᠦᠳᠡᠯ ᠠᠷᠠᠳ  ᠤᠨ ᠰᠢᠯᠢᠳᠡᠭ ᠣᠷᠣᠨ ᠰᠠᠭᠤᠴᠠ  ᠶᠢᠨ ᠲᠣᠭᠤᠷᠢᠭ  ᠤᠨ 49 ᠮᠦᠷ 827 ᠠᠶᠢᠯ  ᠤᠨ ᠣᠷᠣᠨ ᠰᠠᠭᠤᠴᠠ ᠦᠨᠳᠣᠰᠥᠳᠡᠨ ᠳᠡᠭᠡᠨ ᠣᠷᠣᠵᠣ ᠰᠡᠭᠤᠬᠤ ᠨᠦᠭᠦᠴᠡᠯ  ᠲᠤ ᠭᠦᠷᠴᠣ᠂ ᠴᠢ ᠫᠡᠨ ᠵᠢᠩ ᠪᠡᠯᠭᠠᠰᠥᠨ  ᠤ ᠨᠡᠭᠦᠳᠡᠯ ᠠᠷᠡᠳ  ᠤᠨ ᠰᠢᠯᠢᠳᠡᠭ ᠣᠷᠣᠨ ᠰᠡᠭᠤᠴᠠ  ᠶᠢᠨ ᠲᠣᠭᠤᠷᠢᠭ  ᠤᠨ 41 ᠮᠦᠷ 810 ᠠᠶᠢᠯ  ᠤᠨ ᠣᠷᠣᠨ ᠰᠡᠭᠤᠴᠠ  ᠶᠢ ᠡᠭᠢᠯᠡᠭᠦᠯᠥᠨ ᠪᠠᠷᠢᠵᠣ ᠪᠣᠢ᠃  ᠰᠠᠶᠢᠬᠤᠰᠣ ᠰᠢᠨ᠎ᠡ ᠮᠠᠯᠵᠢᠬᠤ ᠣᠷᠣᠨ ᠤ《ᠵᠢᠷᠭᠤᠭᠠᠨ ᠲᠣᠭᠤᠷᠢᠭ》 ᠤᠨ ᠣᠰᠣ᠂ ᠴᠠᠭᠢᠯᠭᠠᠨ᠂ ᠵᠠᠮ᠂ ᠴᠢᠮᠡᠭᠡ ᠬᠤᠯᠪᠣᠭ᠎ᠠ᠂ ᠨᠣᠷᠠᠭᠠᠵᠣ ᠨᠡᠭᠦᠯᠭᠡᠭᠦ ᠦᠭᠡᠷᠡᠴᠢᠯᠡᠭᠦ ᠪᠠᠷᠢᠯᠭ᠎ᠠ ᠪᠣᠯᠣᠨ ᠡᠷᠴᠢᠮᠵᠢᠭᠦᠯᠥᠨ ᠲᠡᠵᠢᠭᠡᠵᠣ ᠦᠷᠡᠵᠢᠭᠦᠯᠭᠦ ᠭᠦᠷᠢᠶᠡᠯᠡᠩ ᠲᠣᠭᠤᠷᠢᠭ  ᠤᠨ ᠪᠠᠶᠢᠭᠤᠯᠣᠯᠳᠠ  ᠶᠢ ᠲᠦᠷᠭᠡᠨ ᠠᠭᠢᠭᠤᠯᠵᠣ᠂  ᠮᠧᠩ ᠰᠢ ᠪᠠᠯᠭᠠᠰᠣᠨ ᠤ ᠰᠢᠨ᠎ᠡ ᠲᠠᠷᠢᠶᠠᠯᠠᠬᠤ  ᠣᠷᠣᠨ  ᠤ ᠣᠷᠣᠨ ᠬᠤᠪᠢᠶᠠᠷᠢ ᠶᠢᠨ ᠪᠠᠶᠢᠭᠤᠯᠣᠯᠳᠠ  ᠶᠢ ᠶᠠᠭ ᠲᠦᠯᠣᠪᠵᠢᠭᠦᠯᠵᠣ ᠪᠠᠶᠢᠨ᠎ᠠ᠃ ᠣᠯᠠᠭᠠᠨ ᠪᠠᠯᠭᠠᠰᠣᠨ  ᠤ ᠮᠣᠰᠭᠢᠷᠠᠭ᠎ᠠ ᠵᠠᠮᠠᠭ  ᠤᠨ ᠠᠵᠣ ᠦᠢᠯᠡᠰ  ᠤᠨ ᠭᠦᠷᠢᠶᠡᠯᠡᠩ ᠲᠣᠭᠤᠷᠢᠭ  ᠤᠨ ᠣᠰᠣ᠂  ᠴᠠᠭᠢᠯᠭᠠᠨ᠂ ᠵᠠᠮ᠂ ᠴᠢᠮᠡᠭᠡ ᠬᠤᠯᠪᠣᠭ᠎ᠠ ᠵᠡᠷᠭᠡ ᠰᠠᠭᠤᠷᠢ ᠲᠦᠭᠦᠭᠡᠷᠣᠮᠵᠢ  ᠶᠢ ᠲᠦᠭᠦᠷᠵᠢᠭᠦᠯᠥᠨ ᠪᠠᠶᠡᠯᠡᠭᠦᠯᠵᠣ᠂ 17 ᠠᠵᠣ ᠠᠬᠤᠶᠢᠯᠠᠯ ᠠᠷᠠᠴᠢᠯᠠᠨ ᠲᠠᠷᠢᠬᠤ ᠭᠦᠯᠡᠮᠵᠢ ᠶᠢ ᠪᠠᠶᠢᠭᠤᠯᠣᠭᠠᠳ ᠪᠠᠶᠢᠨ᠎ᠠ  ︔ ᠬᠠᠢ ᠯᠦᠩ᠂ ᠰᠧᠨ ᠡᠾᠧ᠂ ᠶᠣᠸᠠᠨ ᠹᠸᠡᠭ ᠺᠣᠮᠫᠠᠨᠢ ᠦᠨᠳᠣᠷ ᠪᠠᠷᠢᠮᠵᠢᠶᠠᠳᠣ ᠲᠦᠭᠦᠭᠡᠷᠣᠮᠵᠢᠳᠣ ᠲᠠᠷᠢᠶᠠᠯᠠᠩ  ᠤᠨ ᠭᠦᠯᠠᠮᠵᠢ  ᠶᠢ 239 ᠮᠣ᠋ ᠰᠢᠨ᠎ᠡ ᠪᠠᠷ ᠪᠠᠶᠢᠭᠤᠯᠪᠠ᠃  ᠣᠳᠣ ᠦᠶ᠎ᠡ  ᠶᠢᠨ ᠨᠣᠳᠤᠭ ᠪᠡᠯᠴᠢᠭᠡᠷ  ᠤᠨ ᠵᠢᠱᠢᠶ᠎ᠠ ᠦᠵᠡᠭᠦᠯᠭᠦ ᠡᠷᠣᠭᠡ  ᠶᠢᠨ ᠳ᠋ᠠᠩ ᠵᠢᠷᠤᠭ ᠲᠦᠯᠦᠪᠯᠡᠭᠡ ᠪᠣᠯᠣᠨ ᠲᠦᠰᠦᠪ  ᠢ ᠪᠡᠶᠡᠯᠡᠭᠦᠯᠥᠨ᠂  ᠵᠠᠷᠢᠮ ᠲᠦᠷᠦᠯ ᠵᠦᠢᠯ  ᠢ ᠪᠠᠶᠢᠭᠤᠯᠪᠠ᠃ ᠣᠰᠣ ᠠᠷᠪᠢᠯᠠᠬᠤ ᠵᠢᠱᠢᠶ᠎ᠠ ᠦᠵᠡᠭᠦᠯᠭᠦ ᠲᠦᠷᠦᠯ ᠵᠦᠢᠯ  ᠤᠨ ᠰᠠᠭᠤᠷᠢᠨ ᠢ 2010 ᠮᠣ᠋ ᠰᠢᠨ᠎ᠡ ᠪᠠᠷ  ᠪᠠᠶᠢᠭᠤᠯᠵᠡᠢ᠃  ᠡᠷᠣᠭᠡ  ᠳᠤ ᠭᠡᠷᠡᠭᠯᠡᠭᠦ ᠨᠠᠮᠤᠭ  ᠤᠨ  ᠭᠡᠢ  ᠶᠢᠨ ᠵᠣᠭᠤᠷᠢ  ᠶᠢ 300 ᠲᠦᠭᠦᠷᠵᠢᠭᠦᠯᠥᠨ ᠰᠢᠨ᠎ᠡ ᠪᠠᠷ ᠪᠠᠶᠢᠭᠤᠯᠪᠠ᠃      — ᠠᠵᠣ ᠦᠢᠯᠡᠳᠪᠣᠷᠢ  ᠶᠢᠨ ᠠᠵᠣ ᠠᠬᠤᠢ ᠪᠠᠶᠢᠳᠠᠯ  ᠢ ᠰᠦᠷᠦᠨ ᠲᠡᠭᠡᠭᠰᠢᠯᠡᠵᠡᠢ᠃ 10 ᠳ᠋ᠦᠩᠰᠢᠭᠤᠷ ᠲᠦᠭᠦᠷᠢᠭ ᠪᠠᠯᠠ ᠣᠷᠣᠭᠤᠯᠵᠣ ᠴᠢ ᠫᠠᠨ ᠵᠢᠩ ᠂ ᠮᠸᠡᠭ ᠰᠢ ᠬᠤᠶᠡᠷ ᠶᠡᠭᠡ ᠭᠦᠷᠢᠶᠡᠯᠡᠩ ᠲᠣᠭᠤᠷᠢᠭ  ᠤᠨ ᠬᠤᠳᠠ  ᠶᠢᠨ ᠵᠠᠮ᠂  ᠶᠡᠷᠦᠩᠭᠡᠶᠢᠯᠡᠭᠰᠡᠨ ᠬᠤᠭᠤᠯᠠᠢ ᠰᠦᠯᠵᠢᠶ᠎ᠡ᠂  ᠪᠣᠵᠠᠷ ᠣᠰᠣ ᠴᠡᠪᠡᠷᠵᠢᠭᠦᠯᠭᠦ᠂  ᠬᠤᠭ ᠨᠣᠪᠰᠢ ᠠᠷᠢᠯᠭᠠᠬᠤ᠂  ᠠᠮᠢ ᠠᠬᠤᠢ ᠶᠢᠨ ᠴᠡᠴᠡᠷᠯᠢᠭ  ᠪᠣᠯᠣᠨ ᠣᠰᠣ ᠴᠠᠭᠢᠯᠭᠠᠨ ᠤ ᠰᠢᠰᠲ᠋ᠧᠮ ᠵᠡᠷᠭᠡ ᠰᠠᠭᠤᠷᠢ ᠲᠦᠭᠦᠭᠡᠷᠣᠮᠵᠢ  ᠶᠢ ᠲᠦᠪᠯᠡᠷᠡᠭᠦᠯᠥᠨ ᠰᠠᠶᠢᠵᠢᠷᠠᠭᠤᠯᠵᠣ᠂  ᠪᠦᠭᠦ ᠬᠤᠳᠠ ᠳᠠᠭᠠᠨ ᠲᠣᠰ ᠲᠣᠰ ᠨᠢᠭᠡᠳᠣᠭᠡᠷ᠂  ᠬᠤᠶᠠᠳᠣᠭᠠᠷ ᠲᠦᠷᠣᠯ ᠤᠨ ᠭᠦᠷᠢᠶᠡᠯᠡᠩ ᠲᠣᠭᠤᠷᠢᠭ  ᠤᠨ ᠪᠦᠳᠣᠭᠡᠨ ᠪᠠᠶᠢᠭᠤᠯᠣᠯᠳᠠ  ᠶᠢᠨ ᠪᠠᠷᠢᠮᠵᠢᠶ᠎ᠠ  ᠳᠤ ᠭᠦᠷᠪᠡ᠃  ᠪᠠᠯᠡ ᠲᠣᠭᠢᠷᠠᠭᠤᠯᠭ᠎ᠠ ᠪᠠᠷ ᠲᠠᠶᠢᠴᠢᠯᠠᠬᠤ᠂  ᠪᠠᠶᠢᠯᠳᠣᠬᠤ ᠪᠣᠳᠣᠯᠭ᠎ᠠ ᠪᠠᠷ ᠬᠠᠮᠵᠢᠯᠴᠠᠬᠤ᠂  ᠡᠭᠢ ᠰᠣᠷᠪᠣᠯᠵᠢ  ᠶᠢ ᠲᠣᠭᠢᠷᠠᠭᠤᠯᠬᠤ᠂  ᠰᠠᠭᠠᠳ ᠦᠭᠡᠢ ᠦᠢᠯᠡᠴᠢᠯᠡᠭᠦ ᠵᠠᠮ  ᠢ ᠨᠡᠪᠳᠡᠷᠡᠭᠦᠯᠭᠦ ᠵᠡᠷᠭᠡ ᠲᠦᠷᠣ ᠶᠢᠨ ᠪᠣᠳᠣᠯᠭ᠎ᠠ ᠠᠷᠭ᠎ᠠ ᠪᠠᠷᠢᠯ  ᠢ ᠨᠠᠶᠢᠳᠠᠪᠣᠷᠢᠭᠤᠯᠵᠣ᠂  ᠠᠵᠣ ᠠᠬᠤᠶᠢᠯᠠᠯ  ᠤᠨ ᠡᠷᠡᠭᠦᠯ  ᠢᠶᠠᠷ ᠭᠦᠭᠵᠢᠭᠦ ᠪᠠ ᠲᠦᠷᠣᠯ ᠵᠦᠢᠯ  ᠤᠨ  ᠲᠦᠷᠭᠡᠨ ᠭᠦᠭᠵᠢᠭᠦ  ᠶᠢ  ᠠᠭᠢᠭᠤᠯᠪᠠ᠃ 5 ᠲᠦᠷᠣᠯ ᠵᠦᠢᠯ  ᠤᠨ 536 ᠲᠦᠮᠡᠨ ᠲᠦᠭᠦᠷᠢᠭ ᠵᠠᠷᠣᠳᠠᠯ ᠬᠤᠷᠢᠶᠠᠬᠤ  ᠶᠢ ᠭᠦᠴᠣᠨ ᠦᠭᠡᠢ ᠪᠣᠯᠭᠠᠵᠣ᠂ 5 ᠲᠦᠷᠣᠯ ᠵᠦᠢᠯ  ᠤᠨ 6490 ᠲᠦᠮᠡᠨ ᠲᠦᠭᠦᠷᠢᠭ ᠵᠠᠷᠣᠳᠠᠯ ᠬᠤᠷᠢᠶᠠᠬᠤ  ᠶᠢ ᠠᠯᠭᠤᠷᠯᠠᠭᠤᠯᠣᠨ ᠲᠣᠰᠢᠶᠠᠯᠭᠠᠵᠣ᠂ ᠠᠵᠣ ᠠᠬᠤᠶᠢᠯᠠᠯ  ᠤᠨ ᠲᠠᠷᠣᠭᠠᠰᠣ  ᠶᠢ  ᠭᠦᠩᠭᠡᠷᠡᠭᠦᠯᠥᠨ᠂  ᠪᠦᠭᠦ ᠬᠤᠰᠢᠭᠤᠨ  ᠤ ᠭᠡᠪᠴᠢᠶᠠᠵᠢᠯ ᠠᠴᠠ  ᠲᠡᠭᠡᠭᠰᠢᠭᠢ 69 ᠠᠵᠣ ᠠᠬᠤᠶᠢᠯᠠᠯ  ᠤᠨ ᠠᠵᠢᠯ  ᠰᠡᠷᠭᠦᠭᠡᠭᠰᠡᠨ ᠨᠣᠷᠮ᠎ᠠ 2008 ᠣᠨ  ᠤ ᠦᠭᠡᠳᠡ ᠦᠭᠡᠢ ᠴᠠᠭ ᠬᠤᠭᠤᠴᠠᠭ᠎ᠠ ᠠᠴᠠ ᠵᠠᠭᠤᠨ  ᠤ ᠨᠢᠭᠡᠴᠢ ᠪᠠᠷ 50 ᠬᠤᠪᠢ ᠲᠡᠭᠡᠭᠰᠢᠯᠡᠨ 83% ᠲᠤ ᠭᠦᠷᠪᠡ᠃  ᠲᠦᠷᠣᠯ ᠵᠦᠢᠯ  ᠢᠶᠠᠷ ᠲᠣᠯᠭᠠᠭᠤᠷᠢᠯᠠᠬᠤ ᠨᠦᠭᠦᠴᠡᠯ  ᠢ ᠢᠳᠡᠪᠭᠢᠳᠡᠢ ᠨᠠᠶᠢᠳᠠᠪᠣᠷᠢᠵᠢᠭᠤᠯᠵᠣ᠂  ᠲᠦᠷᠦᠯ ᠵᠦᠢᠯ  ᠤᠨ ᠪᠠᠶᠢᠭᠤᠯᠣᠯᠳᠠ ᠶᠢ ᠠᠭᠢᠭᠤᠯᠣᠨ᠂  ᠮᠢᠩᠭᠠᠨ ᠲᠦᠮᠡᠨ ᠲᠦᠭᠦᠷᠢᠭ ᠠᠴᠠ ᠲᠡᠭᠡᠭᠰᠢᠭᠢ ᠠᠵᠣ ᠦᠢᠯᠡᠳᠪᠣᠷᠢ  ᠶᠢᠨ ᠲᠦᠷᠦᠯ ᠵᠦᠢᠯ  ᠢ 55 ᠭᠡᠷᠡᠭᠵᠢᠭᠦᠯᠵᠡᠢ᠂  ᠡᠭᠦᠨ ᠳᠤ ᠳ᠋ᠦᠩᠰᠢᠭᠤᠷ ᠲᠦᠭᠦᠷᠢᠭ ᠠᠴᠠ ᠲᠡᠭᠡᠭᠰᠢᠭᠢ ᠲᠦᠷᠦᠯ ᠵᠦᠢᠯ 29  ᠂  ᠣᠷᠳᠣᠰ ᠢᠮᠠᠭᠠᠨ ᠨᠣᠯᠣᠣᠷ  ᠤᠨ ᠪᠦᠯᠦᠭᠯᠡᠯ  ᠤᠨ 90 ᠲᠦᠮᠡᠨ ᠲᠣᠨ ᠴᠠᠭᠢᠯᠣᠭᠤᠷ  ᠴᠢᠯᠠᠭᠤ᠂  ᠱᠸᠠ ᠬᠤᠸᠠ  ᠶᠢᠨ10 ᠲᠦᠮᠡᠨ ᠲᠣᠨ ᠮᠧᠲ᠋ᠢᠯ ᠠᠯᠺᠣᠣᠯ ᠵᠡᠷᠭᠡ ᠭᠤᠣᠯᠳᠠᠯᠭᠠᠳᠣ ᠲᠦᠷᠦᠯ ᠵᠦᠢᠯ  ᠢ ᠵᠠᠯᠭᠠᠯᠳᠤᠭ᠎ᠠ ᠪᠠᠷ ᠠᠰᠢᠭᠯᠠᠯᠳᠠ  ᠳᠤ ᠣᠷᠣᠭᠤᠯᠵᠣ᠂  ᠣᠷᠳᠣᠰ ᠢᠮᠠᠭᠠᠨ ᠨᠣᠯᠣᠣᠷ  ᠤᠨ ᠪᠦᠯᠦᠭᠯᠡᠯ  ᠤᠨ 3000 ᠲᠣᠨ ᠣᠯᠠᠨ ᠲᠠᠯᠠᠰᠳᠣ ᠴᠠᠭᠢᠭᠤᠷ᠂ ᠱᠣᠸᠠᠩ ᠰᠢᠨ  ᠤ 11 ᠲᠦᠮᠡᠨ ᠲᠣᠨ PVA᠂  ᠮᠸᠡᠭ ᠰᠢ  ᠶᠢᠨ 2 ᠵᠣᠷᠪᠣᠰ 5000 ᠲᠣᠨ ᠬᠠᠭᠤᠷᠡᠢ ᠪᠠᠷ ᠦᠢᠯᠡᠳᠪᠣᠷᠢᠯᠡᠭᠦ ᠱᠦᠢᠨᠢ ᠵᠡᠷᠭᠡ ᠭᠤᠣᠯᠳᠠᠯᠭᠠᠳᠣ ᠲᠦᠷᠣᠯ ᠵᠦᠢᠯ  ᠢ ᠲᠦᠷᠭᠡᠨ ᠠᠭᠢᠭᠤᠯᠵᠡᠢ᠃  ᠵᠢᠱᠢᠯᠳᠡ ᠪᠠᠷ ᠪᠦᠭᠦ ᠵᠢᠯ  ᠳᠤ ᠪᠦᠭᠦᠳᠡ ᠠᠵᠣ ᠦᠢᠯᠡᠳᠪᠣᠷᠢ ᠶᠢᠨ ᠨᠡᠮᠡᠭᠳᠡᠯ ᠦᠷᠳᠡᠭ  ᠢ 155 ᠳ᠋ᠦᠩᠰᠢᠭᠤᠷ ᠲᠦᠭᠦᠷᠢᠭ ᠪᠡᠶᠡᠯᠡᠭᠦᠯᠭᠦ ᠪᠣᠯᠣᠯᠴᠠᠭ᠎ᠠ ᠲᠠᠢ  ᠃ ᠡᠨᠧᠷᠭᠢ  ᠠᠷᠪᠢᠯᠡᠵᠣ ᠪᠣᠭᠢᠷᠳᠠᠯ ᠪᠠᠭᠠᠰᠬᠠᠬᠤ ᠠᠵᠢᠯ  ᠢ ᠪᠦᠳᠣᠮᠵᠢᠳᠡᠢ ᠨᠠᠶᠢᠳᠠᠪᠣᠷᠢᠵᠢᠭᠤᠯᠵᠣ᠂  ᠬᠤᠭ ᠨᠣᠪᠰᠢ ᠪᠣᠯᠠᠬᠤ  ᠭᠠᠵᠠᠷ ᠪᠠ ᠪᠣᠵᠠᠷ ᠣᠰᠣ ᠴᠡᠪᠡᠷᠵᠢᠭᠦᠯᠭᠦ ᠦᠢᠯᠡᠳᠪᠣᠷᠢ  ᠶᠢ ᠲᠦᠷᠭᠡᠨ ᠲᠦᠭᠦᠷᠵᠢᠭᠦᠯᠪᠡ᠃  ᠠᠭᠤᠷᠬᠠᠢ  ᠶᠢᠨ ᠲᠣᠭᠤᠷᠢᠭ  ᠤᠨ ᠣᠷᠴᠢᠨ ᠠᠬᠤᠢ  ᠶᠢ ᠦᠷᠭᠦᠯᠵᠢᠯᠡᠨ  ᠰᠠᠶᠢᠵᠢᠷᠠᠭᠤᠯᠵᠣ᠂  ᠴᠢᠨᠠᠷ ᠮᠠᠭᠤ ᠨᠡᠭᠦᠷᠡᠰᠣ ᠪᠣᠯᠣᠨ ᠨᠡᠭᠦᠷᠡᠰᠣᠨ ᠴᠢᠯᠠᠭᠤ  ᠶᠢ 220 ᠲᠦᠮᠡᠨ ᠲᠣᠨ ᠴᠡᠪᠡᠷᠯᠡᠨ ᠢᠯᠭᠠᠷᠠᠭᠤᠯᠵᠣ᠂ ᠠᠭᠤᠷᠬᠠᠢ  ᠶᠢᠨ ᠲᠣᠭᠤᠷᠢᠭ  ᠤᠨ ᠵᠠᠮ  ᠢ ᠰᠢᠨ᠎ᠡ ᠪᠠᠷ 38.3 ᠺᠢᠯᠥᠮᠧᠲᠷ ᠵᠠᠰᠠᠵᠤ᠂  ᠰᠠᠯᠭᠢ ᠬᠠᠯᠬᠠᠯᠠᠨ ᠲᠣᠭᠤᠰᠣ ᠲᠠᠷᠣᠬᠤ ᠲᠦᠭᠦᠭᠡᠷᠣᠮᠵᠢ  ᠶᠢᠨ ᠲᠣᠭᠢᠷᠠᠭᠤᠯᠣᠯᠳᠠ  ᠶᠢ 75% ᠭᠦᠷᠭᠡᠵᠣ᠂  ᠨᠣᠭᠤᠭᠠᠷᠠᠭᠤᠯᠣᠯᠳᠠ ᠶᠢᠨ ᠲᠠᠯᠠᠪᠡᠢ  ᠶᠢ 20% ᠭᠦᠷᠭᠡᠪᠡ᠃      — ᠬᠤᠳᠠ  ᠶᠢᠨ ᠲᠦᠷᠰᠣ ᠪᠠᠶᠢᠳᠠᠯ ᠢᠯᠡᠷᠭᠡᠢ ᠬᠤᠪᠢᠷᠠᠵᠡᠢ᠃ 5000 ᠲᠦᠮᠡᠨ ᠲᠦᠭᠦᠷᠢᠭ  ᠪᠡᠯᠨ ᠣᠷᠣᠭᠤᠯᠵᠣ ᠠᠵᠣ ᠦᠢᠯᠡᠳᠪᠣᠷᠢ  ᠶᠢᠨ ᠬᠤᠶᠠᠷ ᠴᠢᠬᠤᠯᠠ ᠪᠠᠯᠭᠠᠰᠣᠨ  ᠤ ᠶᠡᠷᠣᠩᠭᠡᠢ ᠲᠦᠯᠣᠪᠵᠢᠭᠦᠯᠭᠡ  ᠶᠢᠨ ᠵᠠᠰᠠᠪᠣᠷᠢ ᠣᠷᠣᠭᠤᠯᠵᠣ ᠨᠠᠶᠢᠷᠠᠭᠤᠯᠬᠤ ᠠᠵᠢᠯ ᠵᠢᠴᠢ ᠵᠣᠭᠠᠴᠠᠯ᠂  ᠵᠠᠮ ᠬᠠᠷᠢᠯᠴᠠᠭ᠎ᠠ᠂  ᠣᠰᠣᠨ ᠠᠰᠢᠭᠯᠠᠯᠳᠠ᠂  ᠴᠠᠭᠢᠯᠭᠠᠨ ᠭᠦᠴᠣ᠂  ᠰᠣᠶᠣᠯ᠂ ᠬᠤᠳᠠ  ᠶᠢᠨ ᠪᠠᠶᠢᠭᠤᠯᠣᠯᠳᠠ ᠵᠡᠷᠭᠡ ᠭᠦᠷᠢᠶ᠎ᠡ ᠭᠡᠪᠴᠢᠶᠠᠨ ᠳᠠᠬᠢ 40 ᠭᠠᠷᠣᠢ ᠲᠣᠰᠬᠠᠢ ᠲᠦᠯᠣᠪᠵᠢᠭᠦᠯᠭᠡ  ᠶᠢ ᠭᠢᠵᠣ  ᠲᠠᠭᠤᠰᠬᠠᠪᠠ᠃ 25 ᠳ᠋ᠦᠩᠰᠢᠭᠤᠷ ᠲᠦᠭᠦᠷᠢᠭ ᠪᠡᠯᠡ ᠣᠷᠣᠭᠤᠯᠣᠨ ᠭᠤᠷᠪᠠᠨ ᠪᠠᠯᠭᠠᠰᠣᠨ  ᠤ ᠬᠤᠳᠠ  ᠶᠢᠨ ᠦᠭᠡᠷᠡᠴᠢᠯᠡᠯᠳᠡ  ᠶᠢᠨ ᠪᠠᠶᠢᠭᠤᠯᠣᠯᠳᠠ  ᠶᠢ ᠲᠦᠷᠭᠡᠳᠭᠡᠵᠣ᠂  ᠣᠯᠠᠭᠠᠨ  ᠪᠠᠯᠭᠠᠰᠣᠨ  ᠤ ᠶᠡᠷᠣᠩᠭᠡᠶᠢᠯᠡᠭᠰᠡᠨ ᠮᠦᠽᠸᠢ᠂  ᠰᠣᠶᠣᠯ ᠣᠷᠠᠯᠢᠭ  ᠤᠨ ᠲᠦᠪ᠂  ᠨᠠᠰᠣᠳᠡᠶᠢᠴᠣᠳ  ᠤᠨ ᠰᠣᠶᠣᠯ ᠲᠠᠮᠢᠷ  ᠤᠨ ᠭᠦᠳᠡᠯᠭᠡᠭᠡᠨ  ᠤ ᠲᠦᠪ᠂  ᠪᠠᠭᠠᠴᠣᠳ  ᠤᠨ ᠰᠢᠨᠵᠢᠯᠡᠭᠦ ᠮᠡᠷᠭᠡᠵᠢᠯ ᠤᠨ ᠣᠷᠳᠣᠨ᠂ ᠦᠵᠡᠮᠵᠢ ᠶᠢᠨ ᠱᠣᠭᠤᠮᠠᠯ ᠰᠠᠶᠢᠯᠣᠮᠡᠯ ᠪᠣᠯᠣᠨ ᠴᠡᠴᠡᠷᠯᠢᠭ ᠵᠡᠷᠭᠡ ᠣᠯᠠᠨ ᠲᠦᠷᠣᠯ  ᠤᠨ ᠲᠣᠮᠣ ᠭᠡᠯᠪᠡᠷᠢ  ᠶᠢᠨ ᠬᠤᠳᠠ  ᠶᠢᠨ ᠪᠠᠷᠢᠯᠭ᠎ᠠ  ᠶᠢ ᠲᠦᠷᠭᠡᠨ ᠭᠦᠭᠵᠢᠭᠦᠯᠵᠣ᠂ ᠠᠵᠣ ᠦᠢᠯᠡᠳᠪᠣᠷᠢ ᠶᠢᠨ ᠬᠤᠶᠠᠷ ᠴᠢᠬᠤᠯᠠ ᠪᠠᠯᠭᠠᠰᠣᠨ  ᠤ ᠠᠮᠢ ᠠᠬᠤᠢ  ᠶᠢᠨ ᠣᠰᠣ ᠲᠠᠳᠠᠷᠠᠭᠤᠯᠬᠤ᠂  ᠶᠡᠷᠣᠩᠭᠡᠶᠢᠯᠡᠭᠰᠡᠨ ᠬᠤᠭᠤᠯᠠᠢ ᠰᠦᠯᠵᠢᠶ᠎ᠡ᠂  ᠨᠣᠭᠤᠷᠠᠭᠤᠯᠣᠯᠳᠠ ᠭᠡᠭᠡᠷᠡᠭᠦᠯᠣᠯᠳᠠ᠂ ᠠᠮᠢ ᠠᠬᠤᠢ ᠶᠢᠨ ᠭᠦᠷᠢᠶᠡᠯᠡᠩ  ᠵᠢᠴᠢ ᠠᠭᠤᠳᠠᠮ ᠲᠠᠯᠠᠪᠡᠢ  ᠶᠢᠨ ᠪᠠᠷᠢᠯᠭ᠎ᠠ  ᠶᠢ ᠢᠯᠭᠤᠮ ᠶᠠᠪᠣᠭᠳᠠᠭᠤᠯᠵᠡᠢ᠃  ᠭᠤᠷᠪᠠᠨ ᠪᠠᠯᠭᠠᠰᠣᠨ  ᠤ ᠬᠤᠳᠠ  ᠶᠢᠨ ᠵᠠᠮ ᠵᠡᠭᠡᠯᠢ  ᠶᠢ 73.5 ᠲᠦᠮᠡᠨ ᠲᠡᠭᠰᠢ ᠲᠦᠷᠪᠡᠯᠵᠢᠨ ᠮᠧᠲᠷ ᠰᠢᠨ᠎ᠡ ᠪᠠᠷ ᠪᠣᠶᠣ ᠦᠭᠡᠷᠡᠴᠢᠯᠡᠵᠣ ᠦᠷᠭᠡᠳᠭᠡᠨ ᠪᠠᠶᠢᠭᠤᠯᠵᠣ᠂  ᠨᠣᠭᠤᠭᠠᠷᠠᠭᠤᠯᠣᠯᠳᠠ  ᠶᠢ ᠰᠢᠨ᠎ᠡ ᠪᠠᠷ 90 ᠲᠦᠮᠡᠨ ᠲᠡᠭᠰᠢ ᠲᠦᠷᠪᠡᠯᠵᠢᠨ ᠮᠧᠲᠷ ᠨᠡᠮᠡᠭᠳᠡᠭᠦᠯᠥᠨ᠂ 41 ᠲᠦᠮᠡᠨ ᠲᠡᠭᠰᠢ ᠲᠦᠷᠪᠡᠯᠵᠢᠨ ᠮᠧᠲᠷ ᠭᠠᠵᠠᠷ ᠬᠠᠳᠠᠭᠤᠷᠠᠭᠤᠯᠣᠨ ᠲᠡᠪᠢᠰᠴᠣ᠂ 48 ᠲᠦᠮᠡᠨ ᠲᠡᠭᠰᠢ ᠲᠦᠷᠪᠡᠯᠵᠢᠨ ᠮᠧᠲᠷ ᠣᠷᠣᠨ ᠰᠠᠭᠤᠴᠠ  ᠶᠢ ᠨᠣᠷᠠᠭᠠᠵᠣ  ᠨᠡᠭᠦᠯᠭᠡᠨ ᠦᠭᠡᠷᠡᠴᠢᠯᠡᠵᠣ᠂ 172  ᠲᠦᠮᠡᠨ ᠲᠡᠭᠰᠢ ᠲᠦᠷᠪᠡᠯᠵᠢᠨ ᠮᠧᠲᠷ ᠭᠠᠵᠠᠷ  ᠢ ᠬᠤᠷᠢᠶᠠᠨ ᠬᠠᠳᠠᠭᠠᠯᠠᠵᠣ᠂  ᠣᠯᠠᠭᠠᠨ ᠪᠠᠯᠭᠠᠰᠣᠨ  ᠤ ᠲᠦᠪᠯᠡᠷᠡᠭᠦᠯᠥᠨ ᠢᠯᠴᠢ ᠬᠠᠩᠭᠠᠬᠤ ᠨᠣᠷᠮ᠎ᠠ 45% ᠭᠦᠷᠴᠡᠢ᠃  ᠬᠤᠳᠠ  ᠶᠢᠨ ᠬᠠᠮᠢᠶᠠᠷᠣᠯᠳᠠ  ᠶᠢ ᠵᠡᠷᠭᠡᠪᠡᠷ ᠠᠭᠢᠭᠤᠯᠵᠣ᠂  ᠬᠠᠮᠢᠶᠠᠷᠣᠯᠳᠠ ᠪᠠᠷ ᠪᠠᠶᠢᠭᠤᠯᠣᠯᠳᠠ  ᠶᠢ  ᠠᠭᠢᠭᠤᠯᠬᠤ  ᠶᠢ ᠪᠠᠷᠢᠮᠳᠠᠯᠠᠨ᠂  ᠪᠠᠷᠢᠯᠭ᠎ᠠ  ᠶᠢᠨ ᠵᠠᠬ᠎ᠠ ᠲᠡᠯᠭᠡᠭᠦᠷ  ᠢ ᠵᠢᠷᠣᠮᠵᠢᠭᠤᠯᠵᠣ᠂  ᠪᠠᠷᠢᠯᠭ᠎ᠠ  ᠶᠢᠨ  ᠴᠢᠨᠠᠷ  ᠢ ᠲᠡᠭᠡᠭᠰᠢᠯᠡᠭᠦᠯᠥᠨ᠂  ᠰᠢᠯᠢᠳᠡᠭ ᠰᠠᠶᠢᠬᠠᠨ ᠬᠤᠳᠠ ᠪᠠᠯᠭᠠᠰᠣ  ᠶᠢ ᠪᠠᠶᠢᠭᠤᠯᠵᠣ᠂  ᠬᠤᠳᠠ  ᠶᠢᠨ ᠶᠡᠷᠣᠩᠭᠡᠢ ᠲᠦᠷᠢ ᠲᠦᠷᠭᠦ᠂  ᠵᠡᠷᠭᠡ ᠲᠡᠰ ᠪᠠ ᠲᠠᠭᠠᠭᠠᠴᠡ  ᠶᠢᠨ ᠴᠢᠳᠠᠪᠣᠷᠢ   ᠶᠢ ᠳᠡᠭᠡᠭᠰᠢᠯᠡᠭᠦᠯᠪᠡ᠃      — ᠭᠤᠷᠪᠠᠳᠣᠭᠠᠷ ᠠᠵᠣ ᠦᠢᠯᠡᠰ ᠲᠣᠭᠳᠠᠭᠤᠨ  ᠢᠶᠠᠷ ᠨᠡᠮᠡᠭᠳᠡᠵᠡᠢ᠃  ᠠᠵᠣ  ᠦᠢᠯᠡᠳᠪᠣᠷᠢᠵᠢᠭᠦᠯᠭᠦ ᠦᠵᠡᠯ ᠣᠬᠠᠭᠠᠨ  ᠢᠶᠠᠷ ᠭᠤᠷᠪᠠᠳᠣᠭᠠᠷ ᠠᠵᠣ ᠦᠢᠯᠡᠰ  ᠢ ᠭᠦᠭᠵᠢᠭᠦᠯᠭᠦ ᠶᠢ ᠪᠠᠷᠢᠮᠳᠠᠯᠠᠨ᠂ ᠵᠣᠭᠢᠴᠠᠭᠤᠯᠬᠤ ᠡᠷᠴᠢᠮ  ᠢᠶᠠᠨ ᠴᠢᠩᠭᠠᠷᠠᠭᠤᠯᠵᠣ᠂ ᠬᠠᠷᠠᠭᠠᠯᠵᠠᠯ  ᠤᠨ ᠲᠦᠷᠣ  ᠶᠢᠨ ᠪᠣᠳᠣᠯᠭ᠎ᠠ  ᠶᠢ ᠭᠦᠷᠳᠡᠭᠡᠨ᠂  ᠵᠣᠭᠠᠴᠠᠯ᠂ ᠡᠳ᠋ ᠪᠠᠷᠠᠭᠠᠨ  ᠤ ᠭᠦᠢᠯᠭᠡᠭᠡ᠂ ᠠᠷᠠᠯᠵᠢᠶ᠎ᠠ ᠬᠤᠳᠠᠯᠳᠤᠭ᠎ᠠ᠂  ᠭᠡᠷ ᠭᠦᠷᠦᠩᠭᠡ ᠵᠡᠷᠭᠡ ᠠᠵᠣ ᠦᠢᠯᠡᠰ  ᠤᠨ ᠭᠦᠭᠵᠢᠯᠳᠡ  ᠶᠢ ᠰᠢᠨ᠎ᠡ ᠠᠭᠢᠴᠠ ᠲᠠᠢ ᠪᠣᠯᠭᠠᠪᠠ᠃ 30 ᠳ᠋ᠦᠩᠰᠢᠭᠤᠷ ᠲᠦᠭᠦᠷᠢᠭ ᠠᠴᠠ ᠲᠡᠭᠡᠭᠰᠢ ᠪᠡᠯᠡ ᠲᠠᠳᠠᠨ ᠠᠪᠴᠢᠷᠠᠵᠣ ᠣᠳᠣ ᠦᠶ᠎ᠡ  ᠶᠢᠨ ᠦᠢᠯᠡᠴᠢᠯᠡᠭᠡᠨ  ᠤ ᠦᠢᠯᠡᠰ  ᠤᠨ 62 ᠲᠦᠷᠦᠯ ᠵᠦᠢᠯ  ᠢ ᠭᠡᠷᠡᠭᠵᠢᠭᠦᠯᠥᠨ᠂  ᠢ  ᠶᠠᠩ᠂   ᠲᠠᠢ ᠹᠠ ᠰᠢᠶᠠᠩ ᠬᠤᠶᠠᠷ ᠶᠡᠭᠡ  ᠡᠳ᠋ ᠪᠠᠷᠠᠭᠠᠨ  ᠤ ᠭᠦᠢᠯᠭᠡᠭᠡᠨ  ᠤ ᠭᠦᠷᠢᠶᠡᠯᠡᠩ ᠲᠣᠭᠤᠷᠢᠭ  ᠤᠨ ᠪᠠᠶᠢᠭᠤᠯᠣᠯᠳᠠ  ᠶᠢ ᠣᠷᠣᠭᠰᠢᠳᠡᠢ ᠶᠠᠪᠣᠭᠳᠠᠭᠤᠯᠵᠣ᠂  ᠵᠣᠭᠠᠴᠠᠯ  ᠤᠨ ᠦᠢᠯᠡᠴᠢᠯᠡᠭᠡᠨ  ᠤ ᠲᠦᠪ᠂   ᠴᠡᠩᠭᠡᠷ ᠣᠰᠣ‌ᠨᠠᠷᠠᠨ ᠭᠡᠷᠡᠯ ︵ ᠪᠢ ᠬᠠᠢ ᠶᠠᠩ ᠭᠤᠸᠠᠩ︶  ᠦᠵᠡᠮᠵᠢ  ᠶᠢᠨ ᠣᠷᠣᠨ ᠵᠡᠷᠭᠡ ᠭᠤᠣᠯᠳᠠᠯᠭᠠᠳᠣ ᠵᠣᠭᠠᠴᠠᠯ  ᠤᠨ ᠲᠦᠷᠦᠯ ᠵᠦᠢᠯ  ᠠᠩᠬ᠎ᠠ ᠦᠷ᠎ᠡ ᠪᠦᠳᠣᠮᠵᠢ ᠣᠯᠵᠣ᠂  ᠪᠣᠯᠣᠩ ᠨᠠᠭᠤᠷ  ᠤᠨ ᠵᠣᠭᠠᠴᠠᠯ  ᠤᠨ ᠣᠷᠣᠨ ᠪᠣᠯᠣᠨ ᠦᠨᠳᠣᠰᠣᠳᠡᠨ  ᠤ ᠣᠨᠴᠠᠯᠢᠠᠠᠳᠣ ᠢᠳᠡᠭᠡᠨ ᠣᠮᠳᠠᠭᠠᠨ  ᠤ ᠣᠷᠣᠨ ᠲᠣᠭᠤᠷᠢᠭ  ᠤᠨ ᠵᠢᠷᠤᠭ ᠲᠦᠯᠣᠪᠵᠢᠭᠦᠯᠭᠡ ᠶᠢ ᠭᠢᠵᠣ᠂ ᠠᠷᠪᠠᠰ ᠪᠠᠶᠢᠭᠠᠯᠢ  ᠶᠢᠨ ᠪᠡᠯᠴᠢᠭᠡᠷ  ᠤᠨ ᠵᠣᠭᠠᠴᠠᠯ  ᠤᠨ ᠣᠷᠣᠨ  ᠤ ᠡᠮᠣᠨ᠎ᠡ ᠬᠤᠭᠤᠴᠠᠭᠠᠨ  ᠤ ᠠᠵᠢᠯ  ᠢ ᠪᠦᠭᠦ ᠲᠠᠯ᠎ᠠ ᠪᠠᠷ ᠭᠢᠵᠣ ᠪᠠᠶᠢᠨ᠎ᠠ᠃ ᠬᠤᠳᠠᠯᠳᠤᠭ᠎ᠠ᠂  ᠭᠠᠵᠠᠷ ᠭᠦᠷᠦᠩᠭᠡ  ᠶᠢᠨ ᠭᠡᠪᠴᠢᠶᠠᠨ ᠳᠠᠬᠢ 56 ᠲᠦᠷᠦᠯ ᠵᠦᠢᠯ  ᠢ ᠰᠢᠨ᠎ᠡ ᠪᠠᠷ ᠨᠡᠭᠡᠭᠡᠵᠣ᠂  ᠲᠠᠯᠠᠪᠡᠢ ᠨᠢ 88 ᠲᠦᠮᠡᠨ ᠲᠡᠭᠰᠢ ᠲᠦᠷᠪᠡᠯᠵᠢᠨ ᠮᠧᠲᠷ ᠭᠦᠷᠪᠡ᠂《 ᠭᠡᠷ  ᠤᠨ ᠴᠠᠭᠢᠯᠭᠠᠨ  ᠭᠡᠷᠡᠭᠰᠡᠯ  ᠢ ᠭᠦᠳᠡᠭᠡ ᠪᠠᠭᠤᠯᠭᠠᠬᠤ 》ᠠᠵᠢᠯᠯᠠᠭ᠎ᠠ ᠠᠷᠠᠳ ᠢᠷᠭᠡᠳ  ᠪᠦᠭᠦᠨ  ᠳᠤ  ᠠᠰᠢᠭ ᠭᠦᠷᠳᠡᠭᠡᠵᠡᠢ  ᠃  ᠵᠢᠱᠢᠯᠳᠡ ᠪᠠᠷ ᠪᠦᠭᠦ ᠵᠢᠯ ᠤᠨ ᠨᠡᠶᠢᠭᠡᠮ  ᠤᠨ ᠭᠡᠷᠡᠭᠯᠡᠭᠡᠨ  ᠤ ᠭᠡᠷᠡᠭᠰᠡᠯ  ᠢ ᠵᠢᠵᠢᠭᠯᠡᠨ ᠪᠣᠷᠣᠯᠠᠭᠤᠯᠭᠰᠠᠨ ᠶᠡᠷᠣᠩᠭᠡᠢ  ᠭᠡᠮᠵᠢᠶ᠎ᠠ 23.7 ᠳ᠋ᠦᠡᠭᠰᠢᠭᠤᠷ ᠲᠦᠭᠦᠷᠢᠭ᠂ ᠵᠣᠭᠠᠴᠡᠯ  ᠤᠨ ᠶᠡᠷᠥᠩᠭᠡᠢ‌ᠣᠷᠣᠯᠭ᠎ᠠ ᠶᠢ 2.1 ᠳ᠋ᠦᠩᠰᠢᠭᠤᠷ ᠲᠦᠭᠦᠷᠢᠭ ᠪᠡᠶᠡᠯᠡᠭᠦᠯᠵᠣ᠂ ᠲᠣᠰ ᠲᠣᠰ 18.4% ᠪᠠ 59% ᠢᠶᠠᠷ ᠨᠡᠮᠡᠭᠳᠡᠪᠡ᠃ ᠮᠦᠩᠭᠦᠨ ᠭᠦᠢᠯᠭᠡᠭᠡᠨ ᠤ ᠪᠠᠶᠢᠭᠤᠯᠣᠮᠵᠢ ᠶᠢᠨ ᠬᠠᠳᠠᠭᠠᠯᠠᠮᠵᠢ ᠵᠢᠭᠡᠯᠡᠯᠭᠡ  ᠶᠢᠨ ᠵᠣᠭᠤᠰᠣᠨ  ᠤ ᠦᠯᠡᠳᠡᠪᠣᠷᠢ ᠲᠣᠰ ᠲᠣᠰ 62.9 ᠳ᠋ᠦᠩᠰᠢᠭᠤᠷ ᠲᠦᠭᠦᠷᠢᠭ ᠪᠡ 52 ᠳ᠋ᠦᠩᠰᠢᠭᠤᠷ ᠲᠦᠭᠦᠷᠢᠭ ᠪᠠᠶᠢᠵᠣ᠂  ᠲᠣᠰᠪᠣᠷᠢ 71% ᠭᠢᠭᠡᠳ 55.8% ᠢᠶᠠᠷ ᠨᠡᠮᠡᠭᠳᠡᠪᠡ᠃      — ᠲᠣᠯᠭᠠᠭᠤᠷᠢᠯᠠᠬᠤ ᠰᠢᠰᠲ᠋ᠧᠮ ᠠᠯᠬᠤᠮ ᠠᠯᠬᠤᠮ  ᠢᠶᠠᠷ ᠰᠢᠯᠢᠳᠡᠭᠵᠢᠵᠡᠢ᠃ 16.65 ᠳ᠋ᠦᠩᠰᠢᠭᠤᠷ ᠪᠡᠯᠡ ᠣᠷᠣᠭᠤᠯᠵᠣ᠂ ᠣᠰᠣ᠂ ᠴᠠᠭᠢᠯᠭᠠᠨ᠂ ᠵᠠᠮ ᠂ ᠴᠢᠮᠡᠭᠡ ᠬᠤᠯᠪᠣᠭ᠎ᠠ ᠲᠦᠷᠪᠡᠨ ᠶᠡᠭᠡ ᠢᠨᠵᠧᠨᠧᠷᠢᠩ ᠢ ᠭᠡᠷᠡᠭᠵᠢᠭᠦᠯᠥᠨ᠂ ᠣᠰᠣᠨ ᠠᠰᠢᠠᠠᠯᠠᠯᠳᠠ ᠶᠢᠨ ᠪᠠᠶᠢᠭᠤᠯᠣᠯᠳᠠ ᠲᠠᠰᠣᠷᠠᠯᠳᠠ ᠦᠭᠡᠢ ᠴᠢᠩᠭᠠᠳᠬᠠᠭᠳᠡᠵᠣ᠂ ᠴᠠᠭᠢᠯᠭᠠᠨ ᠲᠣᠣᠷ  ᠤᠨ ᠪᠦᠳᠣᠴᠡ  ᠲᠠᠰᠣᠷᠠᠯᠳᠡ ᠦᠭᠡᠢ ᠰᠠᠶᠢᠵᠢᠷᠠᠵᠣ᠂ ᠵᠠᠰᠠᠮᠠᠯ ᠵᠠᠮ ᠨᠡᠪᠳᠡᠷᠡᠯᠴᠡᠭᠡ ᠪᠣᠯᠣᠨ ᠴᠢᠮᠡᠭᠡ ᠬᠤᠯᠪᠣᠭᠠᠨ  ᠤ ᠪᠦᠷᠭᠦᠴᠡ  ᠶᠢᠨ ᠨᠢᠠᠠᠳᠠᠴᠠ ᠲᠠᠰᠣᠷᠠᠯᠳᠠ ᠦᠭᠡᠢ ᠲᠡᠭᠡᠭᠰᠢᠯᠡᠪᠡ᠃  ᠠᠶᠣᠯ ᠦᠭᠡᠢ ᠣᠮᠳᠠ ᠣᠰᠣ᠂ ᠣᠰᠣ ᠠᠷᠪᠢᠯᠠᠬᠤ ᠦᠯᠢᠭᠡᠷ ᠵᠢᠱᠢᠶ᠎ᠠ᠂  ᠠᠮᠢ ᠠᠬᠤᠢ  ᠶᠢᠨ ᠣᠰᠣ ᠲᠠᠳᠠᠷᠠᠭᠤᠯᠬᠤ ᠪᠣᠯᠣᠨ ᠵᠢᠵᠢᠭ ᠣᠷᠣᠰᠬᠠᠯ  ᠤᠨ ᠰᠠᠪᠠ ᠶᠢᠨ ᠭᠦᠷᠣᠰᠣ ᠰᠢᠷᠣᠢ ᠶᠢᠨ ᠢᠳᠡᠭᠳᠡᠯ  ᠢ ᠵᠠᠰᠠᠬᠤ ᠪᠠᠷᠢᠯᠭ᠎ᠠ  ᠶᠢ ᠲᠢᠭᠯᠢᠮ ᠲᠠᠢ ᠲᠦᠯᠭᠢᠨ ᠠᠭᠢᠭᠤᠯᠵᠣ᠂ 5800 ᠭᠦᠮᠥᠨ  ᠤ ᠣᠮᠳᠠ ᠣᠰᠣᠨ  ᠤ ᠠᠶᠣᠯ ᠦᠭᠡᠢ  ᠶᠢᠨ ᠠᠰᠠᠭᠤᠳᠠᠯ ᠢ ᠰᠢᠢᠳᠪᠣᠷᠢᠯᠡᠨ᠂ ᠬᠠᠳᠣᠨ ᠭᠤᠣᠯ  ᠤᠨ ᠲᠠᠯᠠᠩ ᠬᠠᠰᠢᠯᠭ᠎ᠠ  ᠶᠢ 8.8 ᠺᠢᠯᠣᠮᠧᠲᠷ ᠰᠢᠨ᠎ᠡ ᠪᠠᠷ ᠪᠠᠶᠢᠭᠤᠯᠣᠭᠰᠠᠨ ᠪᠠ ᠪᠠᠭᠢᠵᠢᠭᠦᠯᠵᠣ᠂  ᠬᠠᠳᠣᠨ ᠭᠤᠣᠯ  ᠤᠨ ᠣᠰᠣ ᠭᠡᠷᠡᠭᠯᠡᠭᠦ ᠭᠦᠢᠴᠡᠳᠭᠡᠭᠦ ᠲᠤᠭ᠎ᠠ  ᠶᠢ 1540 ᠲᠦᠮᠡᠨ ᠪᠣᠰᠤᠭ᠎ᠠ ᠲᠦᠷᠪᠡᠯᠵᠢᠨ ᠮᠧᠲᠷ ᠨᠡᠮᠡᠭᠳᠡᠭᠦᠯᠪᠡ᠃ 35 ᠺᠢᠯᠣᠸᠣᠯᠲ ᠭᠦᠴᠣᠳᠡᠯ ᠦᠭᠡᠷᠡᠴᠢᠯᠡᠭᠦ ᠦᠷᠳᠡᠭᠡ  ᠶᠢ ᠰᠢᠨ᠎ᠡ ᠪᠠᠷ 4 ᠪᠠᠶᠢᠭᠤᠯᠵᠣ᠂ 110 ᠺᠢᠯᠣᠸᠣᠯᠲ ᠭᠦᠴᠣᠳᠡᠯ ᠦᠭᠡᠷᠡᠴᠢᠯᠡᠭᠦ ᠦᠷᠳᠡᠭᠡ  ᠶᠢ 1 ᠦᠭᠡᠷᠡᠴᠢᠯᠡᠨ ᠰᠢᠨᠡᠳᠭᠡᠵᠣ᠂ 10 ᠺᠢᠯᠥᠸᠣᠯᠲ ᠴᠠᠭᠢᠯᠭᠠᠨ ᠭᠦᠷᠭᠦ ᠭᠦᠴᠣᠳᠠᠯ ᠦᠭᠡᠷᠡᠴᠢᠯᠡᠭᠦ ᠱᠣᠭᠤᠮ  ᠢ 592.5 ᠺᠢᠯᠣᠮᠧᠲᠷ  ᠰᠢᠨ᠎ᠡ ᠪᠠᠷ ᠨᠡᠮᠡᠭᠳᠡᠭᠦᠯᠪᠡ᠃ 470 ᠭᠠᠷᠣᠢ ᠺᠢᠯᠣᠮᠧᠲᠷ ᠵᠠᠰᠠᠮᠠᠯ ᠵᠠᠮ ᠪᠠ ᠪᠠᠯᠭᠠᠰᠣᠨ  ᠤ ᠠᠶᠠᠨᠴᠢᠳ  ᠤᠨ ᠲᠡᠭᠡᠭᠡᠪᠣᠷᠢ  ᠶᠢᠨ 2 ᠦᠷᠳᠡᠭᠡ ᠶᠢ ᠰᠢᠨᠡᠳᠭᠡᠨ ᠵᠠᠰᠠᠵᠣ᠂  ᠴᠠᠭᠠᠨᠨᠠᠭᠤᠷ ᠳ᠋ᠦᠩᠱᠧᠩ  ᠤᠨ ᠬᠤᠷᠳᠣᠨ ᠵᠠᠮ᠂  ᠣᠯᠠᠭᠠᠨ ᠪᠠᠯᠭᠠᠰᠣᠨ  ᠤ ᠬᠤᠳᠠ  ᠶᠢᠨ ᠲᠣᠭᠤᠷᠢᠯ ᠵᠠᠮ᠂  ᠣᠯᠠᠭᠠᠨ ᠪᠠᠯᠭᠠᠰᠣᠨ ᠠᠴᠠ  ᠬᠤᠷᠳᠣᠨ ᠵᠠᠮ ᠲᠠᠢ ᠵᠠᠯᠭᠠᠬᠤ ᠭᠡᠰᠡᠭ ᠣᠯᠠᠭᠠᠨ ᠪᠠᠯᠭᠠᠰᠣᠨ ᠠᠴᠠ ᠰᠠᠶᠢᠬᠤᠰᠣ ᠭᠦᠷᠭᠦ ᠭᠤᠷᠪᠠᠳᠣᠭᠠᠷ ᠲᠡᠰ  ᠤᠨ ᠵᠠᠰᠠᠮᠠᠯ ᠵᠠᠮ᠂ ᠴᠠᠪ ᠵᠦᠭᠠᠩ  ᠤᠨ ᠠᠵᠣ ᠦᠢᠯᠡᠳᠪᠣᠷᠢ ᠶᠢᠨ ᠭᠦᠷᠢᠶᠡᠯᠡᠩ ᠲᠣᠭᠤᠷᠢᠭ  ᠤᠨ ᠲᠣᠰᠬᠠᠢ ᠵᠠᠮ ᠪᠣᠯᠣᠨ ᠭᠠᠴᠠᠭ᠎ᠠ ᠲᠣᠰᠬᠤᠨ  ᠳᠤ ᠨᠡᠪᠳᠡᠷᠡᠭᠦ 9 ᠵᠣᠷᠪᠣᠰ ᠵᠠᠰᠠᠮᠠᠯ ᠵᠠᠮ ᠵᠡᠷᠭᠡ ᠵᠠᠮ ᠢ ᠪᠦᠭᠦ ᠱᠣᠭᠤᠮ  ᠢᠶᠠᠷ ᠨᠢ ᠨᠡᠪᠳᠡᠷᠡᠭᠦᠯᠵᠡᠢ᠃  ᠰᠣᠷᠠᠭ ᠴᠢᠮᠡᠭᠡᠵᠢᠯᠳᠡ᠂ ᠲᠣᠭᠠᠴᠠᠯᠳᠠ ᠶᠢᠨ ᠠᠭᠢᠴᠠ  ᠶᠢ ᠲᠦᠷᠭᠡᠳᠭᠡᠵᠣ᠂ ᠷᠠᠳᠢᠣ᠋ ᠲᠧᠯᠸᠢᠰ᠂  ᠴᠢᠮᠡᠭᠡ ᠬᠤᠯᠪᠣᠭᠠᠨ  ᠤ ᠲᠣᠭᠢᠶᠠᠨ  ᠤ ᠪᠦᠷᠭᠦᠴᠡ ᠶᠢᠨ ᠨᠣᠷᠮ᠎ᠠ  ᠶᠢ ᠴᠢᠨᠠᠭᠰᠢᠳᠠ ᠲᠡᠭᠡᠭᠰᠢᠯᠡᠭᠦᠯᠪᠡ᠃      — ᠨᠡᠶᠢᠭᠡᠮ ᠤᠨ ᠦᠢᠯᠡᠰ ᠢ ᠯᠠᠪᠳᠠᠭᠤᠨ ᠢᠶᠠᠷ ᠠᠭᠢᠭᠤᠯᠵᠡᠢ  ᠃ 1.4 ᠳ᠋ᠦᠩᠰᠢᠭᠤᠷ ᠲᠦᠭᠦᠷᠢᠭ ᠪᠠᠯᠡ ᠣᠷᠣᠭᠤᠯᠵᠣ ᠦᠨᠳᠣᠰᠣᠳᠡᠨ  ᠤ ᠠᠵᠢᠯ ᠮᠡᠷᠭᠡᠵᠢᠯ  ᠤᠨ ᠲᠣᠮᠳᠠᠳᠣ ᠰᠣᠷᠭᠠᠭᠤᠯᠢ᠂  ᠰᠦᠮᠡᠳᠣ ᠰᠣᠮᠥᠨ ᠤ ᠭᠡᠣᠭᠡᠳ ᠤᠨ ᠴᠡᠴᠡᠷᠯᠢᠭ᠂ ᠴᠡᠴᠡᠷᠯᠢᠭᠵᠢᠭᠰᠡᠨ ᠲᠣᠭᠤᠷᠢᠭ ᠵᠡᠷᠭᠡ ᠨᠢᠭᠡ ᠪᠦᠯᠦᠭ ᠭᠤᠣᠯᠳᠠᠯᠭᠠᠳᠣ ᠪᠠᠷᠢᠯᠭ᠎ᠠ  ᠶᠢ ᠪᠠᠶᠢᠭᠤᠯᠣᠨ᠂ ᠰᠣᠷᠭᠠᠭᠤᠯᠢ ᠡᠷᠭᠢᠯᠡᠭᠦ ᠨᠦᠭᠦᠴᠡᠯ  ᠢ ᠦᠷᠭᠦᠯᠵᠢᠯᠡᠨ ᠰᠠᠶᠢᠵᠢᠷᠠᠭᠤᠯᠵᠣ᠂  ᠪᠠᠭᠰᠢ ᠨᠠᠷ ᠤᠨ ᠣᠷᠣᠨ ᠰᠠᠭᠤᠴᠠ  ᠶᠢ ᠠᠯᠬᠤᠮ ᠠᠯᠬᠤᠮ ᠢᠶᠠᠷ ᠰᠢᠢᠳᠪᠣᠷᠢᠯᠡᠪᠡ᠃《ᠮᠢᠩᠭᠠᠨ ᠪᠠᠭᠰᠢ ᠳᠤ ᠪᠣᠯᠪᠠᠰᠣᠷᠠᠯ ᠭᠦᠷᠳᠡᠭᠡᠭᠦ ᠢᠨᠵᠧᠨᠧᠷᠢᠩ》 ᠢᠶᠠᠷ 1567 ᠪᠠᠭᠰᠢ  ᠳᠤ ᠪᠣᠯᠪᠠᠰᠣᠷᠠᠯ ᠭᠦᠷᠳᠡᠭᠡᠵᠡᠢ᠃ ᠴᠣᠯᠠ ᠶᠢᠨ ᠴᠠᠯᠢᠩ  ᠂  ᠬᠤᠶᠠᠷ ᠭᠡᠯᠳᠣᠷᠢᠭᠦᠯᠵᠣ ᠨᠢᠭᠡ  ᠶᠢ ᠨᠦᠭᠦᠪᠤᠷᠢᠯᠡᠭᠦ᠂ ᠠᠷᠪᠠᠨ  ᠬᠤᠶᠠᠷ ᠵᠢᠯ  ᠤᠨ ᠵᠠᠷᠣᠳᠠᠯ ᠬᠤᠷᠢᠶᠠᠬᠤ ᠦᠭᠡᠢ ᠰᠣᠷᠭᠠᠨ ᠭᠦᠮᠣᠵᠢᠯ᠂ ᠴᠥᠭᠡᠨ ᠲᠣᠭᠠᠲᠤ ᠦᠨᠳᠣᠰᠣᠳᠡᠨ ᠤ ᠰᠣᠷᠬᠤ ᠨᠠᠰᠣᠨ ᠠᠴᠠ ᠡᠮᠣᠨᠡᠭᠢ ᠭᠡᠣᠭᠡᠳ ᠲᠤ ᠨᠦᠭᠦᠪᠣᠷᠢ ᠣᠯᠭᠤᠬᠤ ᠵᠡᠷᠭᠡ ᠠᠷᠠᠳ ᠢ ᠬᠠᠷᠠᠭᠠᠯᠵᠠᠬᠤ ᠲᠦᠷᠣ  ᠶᠢᠨ ᠪᠣᠳᠣᠯᠭ᠎ᠠ  ᠶᠢ ᠪᠦᠭᠦᠨ  ᠢ ᠨᠡᠶᠢᠳᠡᠪᠣᠷᠢᠵᠢᠭᠤᠯᠪᠠ᠃ ᠲᠣᠮᠳᠠ ᠵᠡᠷᠭᠡ ᠶᠡᠭᠡ ᠲᠡᠭᠡᠳᠣ ᠰᠣᠷᠭᠠᠭᠤᠯᠢ  ᠳᠤ ᠰᠢᠯᠭᠠᠭᠤᠯᠣᠭᠰᠠᠨ ᠭᠢᠷᠢ ᠪᠦᠳᠣᠮᠵᠢ ᠶᠡᠭᠡ ᠪᠠᠷ ᠲᠡᠭᠡᠭᠰᠢᠯᠡᠨ ᠶᠡᠭᠡ ᠲᠡᠭᠡᠳᠣ ᠰᠣᠷᠭᠠᠭᠤᠯᠢ ᠳᠤ ᠣᠷᠣᠭᠰᠠᠨ ᠨᠣᠷᠮ᠎ᠠ 46% ᠭᠦᠷᠪᠡ᠃ 2 ᠳ᠋ᠦᠩᠰᠢᠭᠤᠷ ᠲᠦᠭᠦᠷᠢᠭ ᠪᠡᠯᠡ ᠣᠷᠣᠭᠤᠯᠵᠣ᠂ ᠰᠢᠨ᠎ᠡ ᠪᠠᠷ ᠬᠤᠰᠢᠭᠤ ᠱᠠᠳᠣᠨ  ᠤ ᠡᠮᠨᠡᠯᠭᠡ  ᠶᠢᠨ ᠬᠤᠷᠢᠶ᠎ᠠ  ᠶᠢ  2᠂  ᠡᠩ  ᠤᠨ ᠡᠷᠡᠭᠦᠯ  ᠬᠠᠮᠠᠭᠠᠯᠠᠯ  ᠤᠨ ᠬᠤᠷᠢᠶ᠎ᠠ  ᠶᠢ 4᠂ ᠭᠠᠴᠠᠭ᠎ᠠ ᠲᠣᠰᠬᠤᠨ  ᠤ ᠡᠷᠡᠭᠦᠯ ᠬᠠᠮᠠᠭᠠᠯᠠᠯ  ᠤᠨ ᠭᠡᠷ  ᠢ 10᠂ ᠨᠡᠶᠢᠭᠡᠮ ᠲᠣᠭᠤᠷᠢᠭ  ᠤᠨ ᠡᠷᠡᠭᠦᠯ ᠬᠠᠮᠠᠭᠠᠯᠠᠯ  ᠤᠨ ᠲᠦᠪ  ᠢ  2 ᠪᠠᠶᠢᠭᠤᠯᠵᠣ᠂  ᠡᠮᠨᠡᠯᠭᠡ ᠶᠢᠨ ᠠᠵᠢᠯᠳᠠᠨ ᠢ 87 ᠣᠷᠢᠨ ᠭᠡᠷᠡᠭᠯᠡᠵᠣ᠂  ᠡᠪᠡᠳᠴᠢᠨ ᠦᠵᠡᠭᠦ ᠣᠷᠴᠢᠨ ᠠᠬᠤᠢ ᠴᠢᠨᠠᠭᠰᠢᠳᠠ ᠰᠠᠶᠢᠵᠢᠷᠡᠵᠡᠢ᠃  520 ᠲᠦᠮᠡᠨ ᠲᠦᠭᠦᠷᠢᠭ ᠪᠠᠯᠡ ᠣᠷᠣᠭᠤᠯᠣᠨ ᠰᠢᠨ᠎ᠡ ᠪᠠᠷ ᠰᠣᠮᠣ ᠪᠠᠯᠭᠠᠰᠣᠨ  ᠤ ᠰᠣᠶᠣᠯ  ᠤᠨ ᠦᠷᠳᠡᠭᠡ  ᠶᠢ 2᠂ ᠨᠡᠶᠢᠭᠡᠮ ᠲᠣᠭᠤᠷᠢᠭ  ᠤᠨ ᠰᠣᠶᠣᠯ  ᠤᠨ ᠠᠵᠢᠯᠯᠠᠭᠠᠨ  ᠤ ᠲᠦᠪ  ᠢ 1᠂《ᠲᠠᠯ᠎ᠠ ᠨᠣᠳᠤᠭ  ᠤᠨ ᠨᠣᠮ  ᠤᠨ ᠦᠷᠣᠭᠡ》 ᠶᠢ 20 ᠪᠠᠶᠢᠭᠤᠯᠪᠠ᠃《ᠲᠠᠯ᠎ᠠ  ᠶᠢᠨ ᠰᠠᠭᠢᠭᠤᠰᠣ᠂ ᠠᠷᠵᠡᠢ》ᠭᠡᠭᠦ  ᠣᠷᠠᠨ ᠰᠠᠶᠢᠬᠠᠨ ᠤ ᠦᠳᠡᠰᠢᠯᠡᠭᠡ ᠪᠣᠯᠣᠨ《ᠪᠢ ᠲᠠᠯ᠎ᠠ ᠨᠣᠳᠤᠭ ᠠᠴᠠ ᠭᠦᠷᠴᠣ ᠢᠷᠡᠯ᠎ᠡ》ᠭᠡᠭᠦ  ᠣᠯᠡᠭᠠᠡᠮᠦ᠋ᠴᠢᠷ ᠤᠨ ᠪᠠᠷᠢᠮᠳᠠᠳᠣ ᠹᠢᠯᠢᠮ  ᠢ ᠨᠠᠶᠢᠷᠠᠭᠤᠯᠣᠨ ᠵᠣᠭᠢᠶᠠᠪᠠ︔《ᠮᠠᠨ  ᠤ ᠣᠯᠡᠭᠠᠡᠮᠦ᠋ᠴᠢᠷ》ᠵᠡᠷᠭᠡ 8 ᠨᠣᠮ ᠪᠠ ᠠᠩᠬᠠᠳᠠᠭᠴᠢ ᠰᠣᠶᠣᠯ  ᠤᠨ ᠰᠡᠳᠭᠦᠯ ᠪᠣᠯᠬᠤ《ᠠᠷᠵᠡᠢ》 ᠶᠢ ᠭᠡᠪᠯᠡᠨ ᠲᠠᠷᠬᠠᠭᠠᠵᠣ᠂  ᠣᠯᠠᠨ ᠲᠦᠮᠡᠨᠴᠢ ᠴᠢᠨᠠᠷᠳᠡᠢ ᠰᠣᠶᠣᠯ  ᠤᠨ ᠠᠵᠢᠯᠯᠠᠭ᠎ᠠ  ᠶᠢ ᠲᠠᠰᠣᠷᠠᠯᠳᠡ ᠦᠭᠡᠢ ᠪᠠᠶᠠᠯᠢᠭᠵᠢᠭᠤᠯᠵᠡᠢ᠃ ᠰᠢᠨᠵᠢᠯᠡᠭᠦ ᠮᠡᠷᠭᠡᠵᠢᠯ  ᠤᠨ ᠡᠯ᠎ᠡ ᠲᠦᠷᠣᠯ  ᠤᠨ ᠱᠠᠩᠨᠠᠯ  ᠤᠨ ᠪᠡᠯᠡ ᠮᠦᠩᠭᠦ  ᠶᠢ 3030 ᠲᠦᠮᠡᠨ ᠲᠦᠭᠦᠷᠢᠭ ᠣᠯᠵᠣ ᠠᠪᠴᠢᠷᠠᠨ᠂ ᠠᠵᠣ ᠠᠬᠤᠶᠢᠯᠠᠯ  ᠢ ᠬᠠᠪᠰᠣᠷᠣᠨ ᠲᠣᠰᠬᠠᠢ ᠠᠰᠢᠭ  ᠢ 50 ᠭᠤᠶᠣᠴᠢᠯᠠᠵᠣ᠂  ᠲᠡᠷᠢᠭᠦᠨ ᠤ ᠭᠡᠷᠡᠭᠯᠡᠭᠡᠨ  ᠤ ᠮᠡᠷᠭᠡᠵᠢᠯ  ᠢ 20 ᠲᠡᠯᠭᠡᠷᠡᠭᠦᠯᠥᠨ᠂  ᠪᠦᠭᠦ ᠬᠤᠳᠠ  ᠶᠢᠨ ᠰᠢᠨᠵᠢᠯᠡᠭᠦ ᠮᠡᠷᠭᠡᠵᠢᠯ  ᠤᠨ ᠲᠠᠪᠰᠢᠯᠳᠠ  ᠶᠢᠨ ᠱᠠᠩᠨᠠᠯ  ᠢ 10 ᠣᠯᠵᠣ᠂  ᠰᠢᠨᠵᠢᠯᠡᠭᠦ ᠮᠡᠷᠭᠡᠵᠢᠯ  ᠤᠨ ᠴᠢᠳᠠᠪᠣᠷᠢᠳᠠᠨ ᠪᠠ ᠨᠣᠳᠤᠭ  ᠤᠨ ᠴᠢᠳᠠᠪᠣᠷᠢᠳᠠᠨ 55 ᠭᠦᠮᠥᠨ ᠱᠠᠩᠨᠠᠯ  ᠭᠠᠷᠳᠠᠵᠤ᠂ ᠮᠧᠩ ᠰᠢ ᠪᠦᠯᠦᠭᠯᠡᠯ ᠪᠦᠭᠦ ᠬᠤᠳᠠ  ᠶᠢᠨ ᠠᠩᠬᠠᠳᠠᠭᠴᠢ ᠣᠯᠣᠰ  ᠤᠨ ᠲᠡᠰ  ᠤᠨ ᠰᠢᠨ᠎ᠡ ᠡᠭᠦᠳᠣᠯᠳᠡ  ᠶᠢᠨ ᠠᠵᠣ ᠠᠬᠤᠶᠢᠯᠠᠯ ᠪᠣᠯᠪᠠ᠃ 274 ᠲᠦᠮᠡᠨ ᠲᠦᠭᠦᠷᠢᠭ ᠪᠡᠯᠡ ᠣᠷᠣᠭᠤᠯᠵᠣ ᠴᠦᠭᠡᠨ ᠲᠣᠭᠠᠳᠣ ᠦᠨᠳᠣᠰᠣᠳᠡᠨ ᠤ《 ᠵᠢᠷᠭᠤᠭᠠᠨ》ᠬᠠᠷᠠᠭᠠᠯᠵᠠᠯ ᠤᠨ ᠢᠨᠵᠧᠨᠧᠷᠢᠩ  ᠢ ᠭᠡᠷᠡᠭᠵᠢᠭᠦᠯᠥᠨ᠂ ᠴᠦᠭᠡᠨ ᠲᠣᠭᠠᠳᠣ ᠦᠨᠳᠣᠰᠣᠳᠡᠨ  ᠤ 2000 ᠭᠠᠷᠣᠢ ᠭᠦᠮᠥᠨ ᠬᠠᠷᠠᠭᠠᠯᠵᠠᠯ ᠭᠦᠷᠳᠡᠵᠡᠢ᠃ 120 ᠲᠦᠮᠡᠨ ᠲᠦᠭᠦᠷᠢᠭ ᠪᠡᠯᠡ ᠣᠷᠣᠭᠤᠯᠣᠨ ᠰᠢᠨ᠎ᠡ ᠪᠠᠷ ᠰᠣᠮᠣ ᠪᠠᠯᠭᠠᠰᠣᠨ  ᠤ ᠲᠦᠯᠣᠪᠯᠡᠭᠡ ᠲᠠᠢ ᠪᠠᠷ  ᠭᠡᠣᠭᠡᠳ ᠠᠪᠬᠤ ᠦᠢᠯᠡᠴᠢᠯᠡᠭᠡᠨ  ᠤ ᠦᠷᠳᠡᠭᠡ  ᠶᠢ 4 ᠪᠠᠶᠢᠭᠤᠯᠵᠣ᠂ ᠭᠦᠮᠥᠨ ᠠᠮᠠ ᠶᠢᠨ ᠲᠦᠷᠦᠭᠰᠡᠨ ᠨᠣᠷᠮ᠎ᠠ ᠮᠢᠩᠭᠠᠨ  ᠤ 8.72᠂ ᠠᠶᠠᠨᠳᠠᠭᠠᠨ ᠦᠰᠦᠭᠰᠡᠨ ᠨᠣᠷᠮ᠎ᠠ ᠮᠢᠩᠭᠠᠨ  ᠤ 5.38᠂ ᠬᠠᠷᠠᠯᠳᠠᠳᠣ ᠡᠭᠦᠷᠭᠡ   ᠪᠠᠨ ᠪᠦᠭᠦ ᠲᠠᠯ᠎ᠠ ᠪᠠᠷ ᠪᠡᠶᠡᠯᠡᠭᠦᠯᠪᠡ᠃ ᠵᠠᠭᠢᠳᠠᠯ ᠰᠣᠷᠪᠣᠯᠵᠢᠯᠠᠭ᠎ᠠ  ᠶᠢᠨ ᠵᠦᠷᠢᠴᠡᠯ ᠢ ᠠᠯᠬᠤᠮ ᠠᠯᠬᠤᠮ  ᠢᠶᠠᠷ ᠰᠢᠢᠳᠪᠤᠷᠢᠯᠡᠨ ᠨᠠᠮᠳᠠᠭᠤᠯᠵᠣ᠂  ᠠᠶᠣᠯ ᠦᠭᠡᠢ ᠦᠢᠯᠡᠳᠪᠣᠷᠢᠯᠡᠯ ᠦᠷᠭᠦᠯᠵᠢᠯᠡᠨ ᠲᠣᠭᠳᠠᠭᠤᠨ  ᠢᠶᠠᠷ ᠭᠦᠭᠵᠢᠨ᠂ ᠨᠡᠶᠢᠭᠡᠮ  ᠤᠨ ᠠᠮᠣᠷ ᠲᠦᠪᠰᠢᠨ  ᠤ ᠪᠠᠶᠢᠳᠠᠯ ᠮᠠᠰᠢ ᠰᠠᠶᠢᠨ ᠪᠠᠶᠢᠵᠣ᠂ ᠴᠡᠷᠢᠭ ᠴᠠᠭᠳᠠᠭ᠎ᠠ ᠠᠷᠠᠳ ᠬᠠᠮᠳᠣᠪᠡᠷ ᠪᠦᠳᠣᠭᠡᠨ ᠪᠠᠶᠢᠭᠤᠯᠬᠤ᠂ ᠲᠣᠳᠣᠭᠠᠳᠣ  ᠶᠢ ᠬᠠᠮᠠᠭᠠᠯᠠᠬᠤ᠂ ᠬᠠᠣᠯᠢ ᠴᠠᠭᠠᠵᠠ᠂ ᠶᠠᠳᠠᠭᠤ ᠶᠢ ᠲᠡᠳᠭᠦᠨ ᠠᠪᠣᠷᠠᠨ ᠲᠣᠰᠠᠯᠠᠬᠤ᠂ ᠦᠨᠳᠣᠰᠣᠳᠡᠨ ᠱᠠᠰᠢᠨ ᠰᠣᠷᠳᠠᠬᠤᠨ᠂ ᠲᠠᠩᠰᠠ ᠡᠪᠭᠡᠮᠡᠯ ᠲᠡᠣᠭᠡ ᠦᠢᠯᠠᠯᠭ᠎ᠠ᠂ ᠠᠷᠠᠳ  ᠤᠨ ᠠᠭᠠᠷ  ᠤᠨ ᠰᠡᠷᠭᠡᠶᠢᠯᠡᠯᠳᠡ᠂ ᠴᠠᠭ ᠠᠭᠤᠷ᠂ ᠢᠳᠡᠭᠡᠨ ᠪᠠ ᠡᠮ  ᠤᠨ ᠵᠦᠢᠯᠡᠰ ᠤᠨ ᠭᠢᠨᠠᠨ ᠬᠠᠮᠢᠶᠠᠷᠣᠯᠳᠠ᠂ ᠶᠠᠰᠣ ᠴᠢᠨᠠᠷ ᠮᠡᠷᠭᠡᠵᠢᠯ  ᠤᠨ ᠭᠢᠨᠠᠯᠳᠠ᠂ ᠵᠡᠮᠳᠡᠭᠴᠣᠳ ᠵᠡᠷᠭᠡ ᠨᠡᠶᠢᠭᠡᠮ  ᠤᠨ ᠡᠯ᠎ᠡ ᠲᠦᠷᠣᠯ  ᠤᠨ ᠦᠢᠯᠡᠰ ᠰᠢᠨ᠎ᠡ ᠲᠠᠪᠰᠢᠯᠳᠠ ᠲᠠᠢ ᠪᠣᠯᠪᠠ᠃      — ᠠᠷᠠᠳ ᠣᠯᠠᠨ ᠨᠠᠶᠢᠲᠠᠮ ᠪᠣᠳᠠᠲᠦ ᠠᠰᠢᠭ ᠬᠦᠷᠲᠡᠵᠡᠢ᠃ 3000 ᠭᠠᠷᠦᠢ ᠲᠥᠮᠡᠨ ᠲᠦᠭᠦᠷᠢᠭ ᠪᠠᠯᠨ ᠤᠷᠤᠭᠤᠯᠵᠤ ᠤᠯᠤᠰ ᠤᠨ ᠬᠠᠮᠳᠤ ᠶᠢᠨ ᠠᠵᠤ ᠠᠬᠤᠶᠢᠯᠠᠯ ᠤᠨ ᠠᠵᠢᠯ ᠤᠨ ᠪᠠᠶᠢᠷᠢᠨ ᠠᠴᠠ ᠪᠠᠭᠤᠨᠨᠰᠠᠨ ᠠᠵᠢᠯᠴᠢᠨ ᠠᠵᠢᠯᠳᠠᠳ᠂  ᠬᠤᠪᠢ ᠶᠢᠨ ᠠᠵᠤ ᠦᠢᠯᠡᠳᠪᠤᠷᠢ ᠬᠤᠳᠠᠯᠳᠤᠭ᠎ᠠ ᠶᠢᠨ ᠡᠷᠦᠭᠡ ᠶᠢᠨ  ᠨᠠᠰᠦᠵᠢᠯ ᠤᠨ ᠲᠠᠭᠠᠳᠬᠠᠯ ᠤᠨ ᠨᠦᠭᠦᠪᠤᠷᠢ᠂  ᠬᠤᠳᠠ ᠭᠦᠳᠡᠭᠡ ᠶᠢᠨ ᠨᠠᠭᠠᠳᠤ ᠵᠠᠬ᠎ᠠ ᠶᠢᠨ ᠪᠠᠳᠤᠯᠠᠪᠤᠷᠢ᠂  ᠭᠦᠨᠳᠦ ᠡᠪᠡᠳᠴᠢᠨ ᠤ ᠡᠮᠨᠡᠯᠭᠡ ᠶᠢᠨ ᠠᠪᠤᠷᠠᠨ ᠲᠤᠰᠠᠯᠠᠯᠳᠠ᠂  ᠠᠶᠤᠯᠳᠠᠢ ᠤᠷᠤᠨ ᠰᠠᠭᠤᠴᠠ ᠶᠢᠨ ᠦᠭᠡᠷᠡᠴᠢᠯᠠᠯᠳᠠ ᠵᠡᠷᠭᠡ ᠠᠷᠠᠳ ᠢ ᠬᠠᠷᠡᠭᠠᠯᠵᠡᠬᠤ ᠢᠨᠵᠧᠨᠧᠷᠢᠩ   ᠨᠢ 8000 ᠭᠠᠷᠤᠢ ᠤᠯᠠᠨ ᠲᠦᠮᠡᠨ ᠳᠤ ᠠᠰᠢᠭ ᠭᠦᠷᠳᠡᠭᠡᠵᠡᠢ᠃  ᠬᠤᠳᠠ  ᠭᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠳᠤ ᠤᠷᠤᠨᠨᠰᠠᠨ ᠨᠤᠷᠮ᠎ᠠ 80%,ᠰᠢᠨ᠎ᠠ ᠭᠡᠯᠪᠡᠷᠢ ᠶᠢᠨ ᠬᠤᠷᠰᠢᠨᠨᠰᠠᠨ ᠡᠮᠨᠡᠯᠭᠡ ᠳᠤ ᠤᠷᠤᠯᠴᠬᠠᠰᠠᠨ ᠨᠤᠷᠮ᠎ᠠ 95% ᠲᠤ ᠭᠦᠷᠴᠦ᠂  ᠡᠮᠨᠡᠯᠭᠡ ᠶᠢᠨ  ᠵᠠᠷᠤᠳᠠᠯ 610 ᠲᠦᠮᠡᠨ ᠲᠦᠭᠦᠷᠢᠭ ᠢ ᠲᠠᠩᠰᠠᠨ ᠠᠴᠠ ᠲᠠᠶᠢᠯᠵᠤ᠂ ᠠᠰᠢᠭ ᠭᠦᠷᠳᠡᠭᠰᠡᠳ 9067 ᠭᠦᠮᠦᠨ ᠤᠳᠠᠭ᠎ᠠ ᠭᠦᠷᠴᠠᠢ᠃ 1 ᠳ᠋ᠦᠩᠰᠢᠭᠤᠷ ᠰᠢᠬᠠᠮ ᠲᠦᠭᠦᠷᠢᠭ ᠪᠠᠯᠨ ᠤᠷᠤᠭᠤᠯᠵᠤ ᠤᠳᠤᠭ ᠬᠤᠰᠢᠭᠤᠨ ᠳᠤ ᠡᠷᠦᠭᠡ ᠠᠮᠠᠨ ᠳᠠᠩᠰᠠ ᠲᠠᠢ ᠤᠶᠤᠳᠠᠳ ᠤᠨ ᠠᠵᠢᠯ ᠤᠯᠭᠤᠯᠳᠠ᠂ ᠨᠠᠰᠤᠳᠠᠶᠢᠴᠤᠳ ᠤᠨ ᠰᠤᠶᠤᠯ ᠲᠠᠮᠢᠷ ᠤᠨ ᠭᠦᠳᠡᠯᠭᠡᠭᠡᠨ ᠤ ᠲᠦᠪ ᠪᠤᠯᠤᠨ ᠪᠡᠷᠢᠮᠵᠢᠶᠡᠵᠢᠭ᠌ᠰᠡᠨ ᠨᠡᠶᠢᠭᠡᠮ ᠲᠤᠭᠤᠷᠢᠭ ᠤᠨ ᠪᠠᠶᠢᠭᠤᠯᠤᠯᠳᠠ᠂ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠭᠢᠭᠡᠳ  ᠡᠮᠨᠡᠯᠭᠡ ᠶᠢᠨ ᠲᠠᠭᠠᠳᠬᠠᠯ ᠤᠨ ᠪᠠᠷᠢᠮᠵᠢᠶ᠎ᠠ ᠶᠢ ᠲᠡᠭᠡᠭᠰᠢᠯᠡᠭᠦᠯᠦᠨ ᠭᠡᠪᠴᠢᠶ᠎ᠠ ᠶᠢ ᠦᠷᠭᠡᠳᠭᠡᠭᠦ᠂ ᠮᠠᠯᠴᠢᠨ ᠲᠠᠷᠢᠶᠠᠴᠢᠳ ᠲᠤ ᠵᠠᠷᠤᠳᠠᠯ ᠦᠭᠡᠢ ᠪᠠᠷ ᠤᠯᠠᠨ ᠭᠡᠯᠭᠢᠶᠠᠨ ᠤ ᠪᠢᠴᠢᠯ ᠲᠤᠯᠭᠢᠶᠠᠨᠳᠤ ᠲᠧᠯᠸᠢᠰ ᠦᠵᠡᠭᠦᠯᠭᠦ ᠵᠡᠷᠭᠡ ᠨᠡᠢᠮᠡᠨ ᠪᠤᠳᠠᠳᠤ ᠶᠠᠪᠤᠳᠠᠯ ᠭᠢᠵᠤ᠂ ᠲᠤᠰᠬᠠᠢ ᠮᠡᠷᠭᠡᠵᠢᠯᠳᠠᠨ ᠢ 320᠂ ᠰᠣᠮᠣ ᠪᠡᠯᠭᠠᠰᠣ ᠭᠠᠴᠠᠭ᠎ᠠ ᠲᠣᠰᠬᠤᠨ  ᠤ ᠨᠦᠭᠡᠴᠠ ᠴᠢᠳᠡᠪᠣᠷᠢᠳᠡᠨ  ᠢ 113᠂ ᠤᠷᠢᠨ ᠭᠡᠷᠡᠭᠯᠡᠵᠤ᠂ ᠴᠡᠷᠢᠭ ᠠᠴᠠ ᠬᠠᠯᠬᠠᠰᠠᠳ ᠢ 46 ᠲᠦᠪᠭᠢᠨᠡᠭᠦᠯᠦᠨ᠂  ᠦᠨᠦᠴᠢᠨ ᠦᠷᠦᠭᠡᠰᠦᠨ ᠭᠡᠷ ᠪᠦᠯᠢ  ᠶᠢᠨ 27 ᠤᠶᠤᠳᠠᠨ ᠳᠤ ᠠᠵᠢᠯ ᠤᠯᠭᠤᠵᠤ᠂ 200 ᠡᠷᠦᠭᠡ ᠭᠢᠮᠳᠡ ᠲᠤᠭᠢᠷᠠᠮᠵᠢᠳᠦ ᠤᠷᠤᠨ ᠰᠠᠭᠤᠴᠠ 165 ᠡᠷᠦᠭᠡ ᠶᠢᠨ ᠭᠢᠮᠳᠡ ᠲᠦᠷᠢᠶᠠᠰᠤᠨ ᠤᠷᠤᠨ ᠰᠠᠭᠤᠴᠠ᠂ 126 ᠡᠷᠦᠭᠡ ᠪᠠᠭᠤᠯᠭᠠᠨ ᠨᠡᠭᠦᠯᠭᠡᠭᠰᠡᠳ ᠢ ᠲᠦᠪᠭᠢᠨᠡᠭᠦᠯᠭᠦ ᠤᠷᠤᠨ ᠰᠠᠭᠤᠴᠠ ᠶᠢ ᠪᠠᠷᠢᠵᠤ᠂ ᠭᠠᠴᠠᠭ᠎ᠠ ᠲᠤᠰᠬᠤᠨ᠂ ᠨᠡᠶᠢᠭᠡᠮ ᠲᠤᠭᠤᠷᠢᠭ ᠤᠨ ᠺᠠᠳ᠋ᠷᠴᠤᠳ ᠤᠨ ᠭᠦᠮᠦᠨ ᠲᠤᠳᠤᠮ ᠤᠨ ᠰᠠᠷ᠎ᠠ ᠶᠢᠨ ᠤᠷᠤᠯᠭ᠎ᠠ ᠶᠢ 200 ᠲᠦᠭᠦᠷᠢᠭ ᠲᠡᠭᠡᠭᠰᠢᠯᠡᠭᠦᠯᠪᠡ᠃  ᠡᠳ᠋ ᠤᠨ ᠵᠠᠰᠠᠭ ᠠᠴᠠ ᠮᠠᠯᠴᠢᠨ ᠲᠠᠷᠢᠶᠠᠴᠢᠳ ᠲᠤ ᠤᠯᠭᠤᠬᠤ 26 ᠲᠦᠷᠦᠯ 66  ᠵᠦᠢᠯ ᠤᠨ ᠨᠦᠭᠦᠪᠤᠷᠢ  ᠶᠢ ︽ᠨᠢᠭᠡ ᠯᠠ ᠺᠠᠷᠲ ᠪᠠᠷ ᠨᠠᠪᠳᠠᠷᠠᠭᠦ︾ ᠪᠤᠯᠭᠠᠨ ᠲᠦᠭᠡᠭᠡᠨ ᠦᠭᠪᠡ᠃      — ᠵᠠᠰᠠᠭ ᠤᠨ ᠤᠷᠳᠤᠨ ᠤ ᠴᠢᠳᠠᠪᠭᠢ ᠦᠢᠯᠡᠳᠦᠯ ᠲᠠᠰᠤᠷᠠᠯᠳᠠ ᠦᠭᠡᠢ ᠲᠡᠭᠡᠭᠰᠢᠯᠡᠪᠡ᠃  ᠰᠢᠨ᠎ᠠ ᠶᠢ ᠡᠭᠦᠳᠭᠦ ᠭᠡᠯᠪᠡᠷᠢ᠂  ᠦᠢᠯᠡᠴᠢᠯᠡᠭᠦ ᠭᠡᠯᠪᠡᠷᠢ᠂  ᠢᠯᠨ ᠲᠤᠳᠤ ᠭᠡᠯᠪᠡᠷᠢ᠂ ᠠᠷᠪᠢᠯᠠᠨ ᠭᠠᠮᠨᠠᠬᠤ ᠭᠡᠯᠪᠡᠷᠢ ᠶᠢᠨ ᠵᠠᠰᠠᠭ ᠤᠨ ᠤᠷᠳᠤᠨ ᠢ ᠪᠦᠳᠦᠭᠡᠨ ᠪᠠᠶᠢᠭᠤᠯᠬᠤ ᠪᠠᠷ ᠰᠢᠨᠵᠢᠯᠡᠭᠦ ᠤᠬᠠᠭᠠᠨᠴᠢ ᠭᠦᠭᠵᠢᠯᠳᠡ ᠶᠢᠨ ᠦᠵᠡᠯᠳᠡ ᠶᠢ ᠰᠤᠷᠤᠯᠴᠠᠨ ᠦᠢᠯᠡᠳᠦᠯᠭᠡᠵᠢᠭᠦᠯᠭᠦ ᠠᠵᠢᠯᠯᠠᠭᠠᠨ ᠤ ᠴᠤᠨᠨᠴᠠ ᠪᠤᠯᠭᠠᠵᠤ᠂ ᠠᠷᠠᠳ ᠢᠶᠠᠷ ᠦᠨᠳᠦᠰᠦ ᠪᠤᠯᠭᠠᠬᠤ ᠵᠠᠰᠠᠭ ᠤᠨ ᠤᠷᠳᠤᠨ ᠤ ᠪᠠᠶᠢᠭᠤᠯᠤᠯᠳᠠ ᠶᠢ ᠠᠭᠢᠭᠤᠯᠪᠠ᠃ ︽ᠭᠤᠷᠪᠠᠨ ᠭᠤᠤᠯᠳᠠᠯᠭ᠎ᠠ ᠨᠢᠭᠡ ᠶᠡᠭᠡ︾ ᠶᠢᠨ ᠤᠴᠢᠷ ᠶᠠᠪᠤᠳᠠᠯ ᠤᠨ ᠬᠠᠮᠳᠤ  ᠶᠢᠨ ᠰᠶᠢᠳᠪᠤᠷᠢᠳᠦ ᠪᠤᠳᠤᠯᠭ᠎ᠠ ᠶᠢᠨ ᠲᠦᠷᠢᠮ᠂ ᠲᠤᠰᠬᠠᠢ ᠮᠡᠷᠭᠡᠯᠵᠢᠯᠳᠠᠳ ᠤᠨ ᠯᠠᠪᠯᠠᠯᠭ᠎ᠠ ᠭᠢᠭᠦ ᠪᠤᠯᠤᠨ ᠦᠨᠡᠯᠡᠯᠳᠡ ᠭᠢᠭᠦ ᠲᠦᠷᠢᠮ᠂ ᠰᠶᠢᠳᠪᠤᠷᠢᠳᠦ ᠪᠤᠳᠤᠯᠭ᠎ᠠ ᠶᠢᠨ ᠭᠡᠷᠡᠴᠢ ᠰᠤᠨᠤᠰᠬᠤ ᠪᠠ ᠨᠡᠶᠢᠭᠡᠮ ᠳᠤ ᠢᠯᠨ ᠨᠡᠶᠢᠳᠡᠯᠡᠭᠦ ᠵᠡᠷᠭᠡ ᠲᠦᠷᠢᠮ ᠢ ᠨᠢᠮᠪᠠᠢ ᠨᠡᠶᠢᠳᠡᠪᠤᠷᠢᠵᠢᠭᠤᠯᠵᠤ᠂   ᠲᠦᠷᠦᠯ ᠵᠦᠢᠯ ᠤᠨ ᠬᠠᠤᠯᠢ ᠶᠢᠨ ᠡᠷᠭᠡᠳᠡᠨ ᠤ ᠲᠦᠷᠢᠮ᠂ ᠲᠠᠭᠠᠭᠠᠴᠢᠯᠠᠯᠳᠠ ᠵᠠᠷᠯᠠᠵᠤ ᠭᠦᠯᠢᠶᠡᠭᠦ ᠲᠦᠷᠢᠮ᠂ ᠭᠡᠷ᠎ᠠ ᠶᠢᠨ ᠬᠠᠮᠢᠶᠠᠷᠤᠯᠳᠠ ᠶᠢᠨ ᠲᠦᠷᠢᠮ᠂  ᠪᠠᠷᠢᠯᠭ᠎ᠠ ᠶᠢᠨ ᠭᠢᠨᠠᠨ ᠬᠠᠮᠢᠶᠠᠷᠤᠯᠳᠠ ᠶᠢᠨ ᠲᠦᠷᠢᠮ ᠢ ᠪᠦᠭᠦ  ᠲᠠᠯ᠎ᠠ ᠪᠠᠷ ᠲᠡᠯᠭᠡᠷᠡᠭᠦᠯᠦᠨ ᠭᠡᠷᠡᠭᠵᠢᠭᠦᠯᠵᠤ᠂ ᠪᠠᠷᠢᠯᠭ᠎ᠠ ᠶᠢᠨ ᠲᠦᠰᠦᠪ ᠤᠨ ᠭᠦᠢᠴᠡᠳᠭᠡᠯ ᠤᠨ ᠭᠢᠨᠡᠨ ᠪᠤᠳᠤᠬᠤ ᠠᠷᠭ᠎ᠠ᠂ ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠳᠠ ᠶᠢᠨ ᠪᠡᠯᠨ ᠲᠤᠭᠢᠷᠠᠭᠤᠯᠭ᠎ᠠ ᠶᠢᠨ ᠮᠦᠩᠭᠦᠨ ᠤ ᠬᠠᠮᠢᠶᠠᠷᠤᠯᠳᠠ ᠶᠢᠨ ᠠᠷᠭ᠎ᠠ᠂  ᠵᠠᠰᠠᠭ  ᠤᠨ ᠤᠷᠳᠤᠨ ᠤ ᠴᠢᠨᠠᠷᠳᠠᠢ ᠦᠷᠢ ᠦᠭᠴᠢᠭᠡᠨ ᠤ ᠬᠠᠮᠢᠶᠠᠷᠤᠯᠳᠠ ᠶᠢᠨ ᠠᠷᠭ᠎ᠠ᠂ ᠤᠯᠤᠰ ᠤᠨ ᠡᠳ᠋ ᠬᠥᠷᠥᠩᠭᠡ ᠶᠢᠨ ᠳᠣᠬᠢᠷᠠᠭᠤᠯᠤᠯᠲᠠ ᠶᠢᠨ ᠠᠷᠭ᠎ᠠ ᠶᠢ ᠴᠢᠩᠭ᠎ᠠ ᠬᠡᠷᠡᠭᠵᠢᠭᠦᠯᠪᠡ᠃ ᠵᠠᠰᠠᠭ ᠵᠠᠬᠢᠷᠭᠠᠨ ᠤ ᠬᠢᠨᠢ ᠪᠠᠶᠢᠴᠠᠭᠠᠯᠳᠠ᠂ ᠭᠢᠨᠡᠨ ᠪᠤᠳᠤᠯᠳᠠ ᠶᠢᠨ ᠭᠢᠨᠡᠯᠳᠡ᠂ ᠮᠦᠷᠳᠡᠨ ᠪᠠᠶᠢᠴᠠᠭᠠᠯᠳᠠ ᠶᠢ ᠴᠢᠩᠭᠠᠳᠬᠠᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠲᠤᠨᠨᠳᠠᠮᠠᠯ ᠬᠤᠭᠤᠴᠠᠭ᠎ᠠ ᠲᠠᠢ  ᠪᠠᠷ ᠠᠵᠢᠯ ᠢᠶᠠᠨ ᠮᠡᠳᠡᠭᠦᠯᠵᠤ᠂ ᠤᠯᠤᠰ ᠲᠦᠷᠦ ᠶᠢᠨ ᠵᠦᠪᠯᠡᠯᠭᠡᠨ ᠳᠤ ᠴᠢᠬᠤᠯᠨ ᠶᠡᠭᠡ ᠤᠴᠢᠷ ᠶᠠᠪᠤᠳᠠᠯ ᠢ ᠮᠡᠳᠡᠭᠳᠡᠨ᠂ ᠠᠷᠠᠳ ᠤᠨ ᠲᠦᠯᠦᠭᠡᠯᠡᠭᠴᠢᠳ ᠤᠨ  ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠶᠤᠰᠤᠭᠠᠷ ᠭᠢᠨᠡᠯᠳᠡ ᠲᠠᠯᠪᠢᠬᠤ ᠪᠡ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠭᠢᠨᠡᠯᠳᠡ ᠲᠠᠯᠪᠢᠬᠤ ᠪᠤᠯᠤᠨ ᠠᠷᠠᠳ ᠢᠷᠭᠡᠳ᠂ ᠨᠡᠶᠢᠭᠡᠮ᠂ ᠵᠠᠭᠤᠴᠢᠯᠠᠭᠤᠷ ᠤᠨ ᠶᠠᠷᠢᠶ᠎ᠠ ᠭᠡᠯᠡᠯᠴᠡᠭᠡᠨ ᠤ ᠭᠢᠨᠡᠯᠳᠡ ᠲᠠᠯᠪᠢᠬᠤ ᠶᠢ ᠤᠬᠠᠮᠰᠠᠷ ᠠᠴᠠ ᠭᠦᠯᠢᠶᠠᠵᠤ᠂  ᠠᠷᠠᠳ ᠤᠨ ᠲᠦᠯᠦᠭᠡᠯᠡᠭᠴᠢᠳ ᠤᠨ ᠰᠠᠨᠠᠯ ᠵᠦᠪᠯᠡᠯᠭᠡ ᠪᠠ ᠰᠠᠨᠠᠭᠤᠯᠭ᠎ᠠ ᠶᠢ 36᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠰᠠᠨᠠᠯ ᠲᠤᠷᠠᠳᠤᠯᠭ᠎ᠠ ᠶᠢ 33 ᠡᠷᠭᠢᠯᠡᠨ ᠭᠦᠢᠴᠡᠳᠭᠡᠵᠤ᠂  ᠭᠦᠢᠴᠡᠳᠭᠡᠵᠤ ᠬᠠᠷᠢᠭᠤᠯᠳᠠ ᠭᠢᠭᠰᠡᠨ  ᠨᠤᠷᠮ᠎ᠠ 100% ᠭᠦᠷᠪᠡ᠃  ᠵᠠᠰᠠᠭ ᠤᠨ ᠤᠷᠳᠤᠨ ᠤ ᠲᠦᠪᠯᠡᠷᠡᠭᠦᠯᠦᠨ ᠬᠤᠳᠠᠯᠳᠤᠨ ᠠᠪᠤᠨᠨᠰᠠᠨ ᠭᠡᠮᠵᠢᠶ᠎ᠠ 6441 ᠲᠦᠮᠡᠨ ᠲᠦᠭᠦᠷᠢᠭ ᠭᠦᠷᠴᠦ᠂ 1146 ᠲᠦᠮᠡᠨ ᠲᠦᠭᠦᠷᠢᠭ ᠮᠦᠩᠭᠦ ᠠᠷᠪᠢᠯᠠᠨ᠂ ᠠᠷᠪᠢᠯᠬᠠᠰᠠᠨ ᠨᠤᠷᠮ᠎ᠠ 17.8% ᠭᠦᠷᠪᠡ᠃ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠬᠠᠷᠢᠭᠤᠴᠯᠠᠭ᠎ᠠ ᠶᠢᠨ ᠲᠦᠷᠢᠮ᠂  ᠦᠢᠯᠡᠴᠢᠯᠡᠭᠦ ᠠᠮᠠᠯᠠᠯᠳᠠ ᠶᠢᠨ ᠲᠦᠷᠢᠮ᠂  ᠴᠠᠭ ᠭᠢᠵᠠᠭᠠᠷᠯᠠᠨ ᠰᠶᠢᠳᠪᠤᠷᠢᠯᠠᠵᠤ  ᠲᠠᠭᠤᠰᠬᠠᠬᠤ ᠲᠦᠷᠢᠮ᠂  ᠵᠠᠰᠠᠭ ᠤᠨ ᠶᠠᠪᠤᠳᠠᠯ ᠢ ᠢᠯᠨ ᠪᠤᠯᠭᠠᠬᠤ ᠵᠢᠴᠢ ᠡᠯᠧᠺᠲᠷᠤᠨ ᠵᠠᠰᠠᠭ ᠤᠨ ᠶᠠᠪᠤᠳᠠᠯ ᠢ ᠪᠦᠳᠦᠮᠵᠢᠳᠠᠢ ᠭᠡᠷᠡᠭᠵᠢᠭᠦᠯᠵᠤ᠂ ᠴᠠᠭᠠᠰᠤ ᠭᠡᠷᠡᠭᠯᠡᠭᠦ ᠦᠭᠡᠢ ᠠᠯᠪᠠᠯᠠᠬᠤ ᠰᠢᠰᠲ᠋ᠧᠮ ᠢ ᠡᠭᠢᠯᠡᠭᠦᠯᠦᠨ ᠠᠵᠢᠯᠯᠠᠭᠤᠯᠵᠤ᠂ ᠵᠠᠰᠠᠭ ᠤᠨ ᠤᠷᠳᠤᠨ ᠤ ᠦᠢᠯᠡᠴᠢᠯᠡᠭᠦ ᠴᠢᠳᠠᠪᠭᠢ᠂ ᠵᠠᠰᠠᠭ ᠪᠠᠷᠢᠬᠤ ᠭᠢᠷᠢ ᠲᠦᠪᠰᠢᠨ ᠪᠠ ᠤᠯᠠᠨ ᠲᠦᠮᠠᠨ ᠤ ᠬᠠᠨᠤᠮᠵᠢ ᠶᠢᠨ ᠭᠡᠮᠵᠢᠶ᠎ᠠ ᠴᠢᠨ᠋ᠬᠠᠰᠢᠳᠠ ᠲᠡᠭᠡᠭᠰᠢᠯᠡᠪᠡ᠃     ᠲᠦᠯᠦᠭᠡᠯᠭᠴᠢᠳ ᠡ᠂  ᠨᠦᠭᠦᠳ ᠡ᠂  ᠮᠦᠩᠭᠦᠨ ᠭᠦᠢᠯᠭᠡᠭᠡᠨ ᠤ ᠭᠢᠮᠤᠷᠠᠯ ᠪᠦᠭᠦ ᠪᠦᠮᠪᠦᠷᠴᠡᠭ  ᠢ  ᠨᠦᠯᠦᠭᠡᠯᠡᠭᠰᠡᠨ ᠤᠨᠴᠠᠭᠠᠢ ᠲᠡᠦᠭᠡᠨ ᠴᠠᠭ ᠦᠶ᠎ᠠ ᠳᠤ ᠤᠳᠤᠭ ᠤᠨ ᠠᠵᠤ ᠠᠬᠤᠢ ᠨᠡᠶᠢᠭᠡᠮ ᠤᠨ ᠭᠦᠭᠵᠢᠯᠳᠡ ᠡᠶᠢᠮᠦᠷᠭᠦ ᠠᠮᠵᠢᠯᠳᠡ ᠶᠢ ᠤᠯᠤᠨᠨᠰᠠᠨ ᠤ ᠢᠷᠡᠯᠳᠡ ᠨᠢ ᠭᠢᠯᠪᠡᠷ ᠪᠤᠰᠤ ᠶᠤᠮ᠃ ᠡᠨᠡ ᠪᠤᠯ ᠬᠤᠰᠢᠭᠤ ᠨᠠᠮ ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ᠂  ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂  ᠤᠯᠤᠰ ᠲᠦᠷᠦ ᠶᠢᠨ ᠵᠦᠪᠯᠡᠯᠭᠡᠨ ᠤ  ᠭᠢᠨᠡᠯᠳᠡ ᠪᠠ ᠲᠡᠮᠵᠢᠯᠭᠡ᠂ ᠲᠦᠷᠪᠡᠨ ᠶᠡᠭᠡ ᠪᠠᠭ ᠤᠨ ᠨᠢᠨᠨᠳᠠᠷᠠᠨ ᠪᠦᠯᠭᠦᠮᠳᠡᠵᠤ᠂ ᠭᠦᠴᠦ ᠪᠠᠨ ᠬᠠᠮᠳᠤᠳᠬᠠᠨ ᠪᠤᠭᠤᠮᠳᠠ ᠰᠢᠪᠳᠤᠯᠤᠨᠨᠰᠠᠨ ᠤ ᠦᠷ᠎ᠠ ᠳ᠋ᠦᠡᠭ ᠮᠦᠨ᠃ ᠡᠨᠡ ᠪᠣᠯ ᠡᠯ᠎ᠡ ᠭᠠᠵᠠᠷ ᠡᠯ᠎ᠡ ᠪᠠᠶᠢᠭᠤᠯᠭ᠎ᠠ ᠶᠢᠨ ᠰᠡᠳᠭᠢᠯ ᠨᠢᠭᠡᠳᠦᠨ ᠬᠦᠴᠦ ᠪᠠᠨ ᠬᠠᠮᠲᠦᠳᠬᠠᠵᠦ᠂ ᠯᠠᠪᠳᠠᠭᠤᠨ ᠪᠠᠲᠦᠳᠠᠢ ᠠᠵᠢᠯᠯᠠᠨ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠥᠮᠡᠨ ᠤ ᠣᠶᠦᠨ ᠴᠢᠳᠠᠯ ᠢᠶᠠᠨ ᠰᠢᠪᠬᠠᠨ ᠣᠷᠣᠨ ᠨᠤᠲᠤᠭ ᠢᠶᠠᠨ ᠪᠥᠲᠦᠭᠡᠨ ᠪᠠᠶᠢᠭᠤᠯᠵᠦ᠂ ᠬᠠᠮᠲᠦ ᠪᠠᠷ ᠪᠥᠯᠬᠦᠮᠳᠡᠨ ᠲᠡᠮᠡᠴᠡᠭᠰᠡᠨ ᠤ ᠦᠷ᠎ᠡ ᠳ᠋ᠦᠡᠭ  ᠮᠥᠨ᠃ ᠡᠨᠡ ᠪᠣᠯ ᠨᠡᠶᠢᠬᠡᠮ ᠤᠨ ᠡᠯ᠎ᠠ ᠡᠲᠡᠭᠡᠳ ᠪᠣᠯᠦᠨ ᠪᠤᠢ  ᠪᠦᠬᠦᠢ ᠪᠡᠯᠡ ᠣᠷᠣᠭᠤᠯᠤᠭᠴᠢᠳ ᠤᠨ ᠬᠠᠯᠠᠮᠵᠢᠯᠠᠯ ᠬᠠᠪᠰᠦᠷᠦᠯᠭ᠎ᠠ ᠪᠠ ᠬᠠᠲᠠᠭᠤᠵᠢᠯᠲᠠᠢ ᠦᠢᠯᠡᠰ ᠪᠥᠲᠦᠭᠡᠭᠰᠡᠨ ᠤ ᠦᠷ᠎ᠡ ᠳ᠋ᠦᠡᠭ ᠮᠥᠨ᠃ ᠡᠶᠢᠮᠦ ᠠᠴᠠ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠦᠭᠡᠯᠡᠵᠦ᠂ ᠣᠷᠲᠦ ᠬᠤᠭᠤᠴᠠᠭ᠎ᠠ ᠪᠠᠷ ᠡᠯ᠎ᠡ ᠹᠷᠥᠨᠲ ᠳᠡᠭᠡᠷ᠎ᠡ ᠰᠢᠷᠭᠠᠭᠤ ᠠᠵᠢᠯᠯᠠᠵᠦ ᠪᠠᠶᠢᠭ᠎ᠠ ᠦᠨᠳᠦᠰᠦᠲᠡᠨ  ᠨᠦᠭᠦᠳ ᠤᠨ ᠺᠠᠳ᠋ᠷ ᠣᠯᠠᠨ ᠲᠥᠮᠡᠨ ᠳᠤ᠂ ᠠᠷᠠᠳ ᠤᠨ ᠲᠥᠯᠦᠭᠡᠯᠡᠭᠴᠢᠳ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠵᠢᠴᠢ ᠨᠡᠶᠢᠬᠡᠮ ᠤᠨ ᠡᠯ᠎ᠡ ᠡᠲᠡᠭᠡᠳ ᠤᠨ ᠨᠠᠶᠢᠵᠢ ᠨᠠᠷ ᠲᠤ ᠴᠢᠩ ᠰᠡᠳᠭᠢᠯ ᠤᠨ ᠲᠠᠯᠠᠷᠬᠠᠯ ᠪᠣᠯᠦᠨ ᠡᠷᠬᠢᠮ ᠳᠡᠭᠡᠲᠦ ᠬᠦᠨᠳᠦᠳᠭᠡᠯ ᠢᠶᠠᠨ ᠳᠡᠪᠰᠢᠭᠦᠯᠦᠶ᠎ᠡ︕      ᠪᠢᠳᠠ ᠠᠮᠵᠢᠯᠳᠠ ᠪᠠᠨ ᠨᠤᠳᠠᠯᠠᠬᠤ ᠶᠢᠨ ᠬᠠᠮᠳᠤ ᠪᠠᠰᠨ ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ ᠭᠦᠭᠵᠢᠯᠳᠡ ᠳᠤ ᠵᠠᠷᠢᠮ ᠭᠦᠴᠢᠷᠳᠠᠯ ᠪᠠ ᠠᠰᠠᠭᠤᠳᠠᠯ ᠤᠷᠤᠰᠢᠵᠤ ᠪᠠᠶᠢᠬᠤ ᠶᠢ  ᠰᠡᠷᠭᠡᠭ ᠢᠶᠠᠷ ᠦᠵᠡᠵᠣ ᠭᠠᠷᠬᠤ ᠭᠡᠷᠡᠭᠳᠡᠢ᠄ ᠠᠵᠤ ᠠᠬᠤᠢ ᠶᠢᠨ ᠪᠦᠳᠦᠴᠠ ᠰᠢᠯᠢᠳᠡᠭᠵᠢᠭᠰᠡᠨ ᠢᠶᠠᠷ ᠲᠤᠳᠠᠮᠠᠭ᠂  ᠪᠦᠭᠦ ᠠᠵᠤ ᠠᠬᠤᠶᠢᠯᠠᠯ ᠤᠨ ᠡᠵᠡᠩᠨᠡᠯᠳᠡ ᠭᠦᠴᠢᠷ᠂  ᠤᠨᠴᠠ ᠵᠠᠷᠢᠮ ᠲᠦᠷᠦᠯ ᠵᠦᠢᠯ ᠤᠨ ᠪᠠᠶᠢᠭᠤᠯᠤᠯᠳᠠ ᠤᠳᠠᠭᠠᠨ᠂  ᠲᠦᠷᠦᠯ ᠵᠦᠢᠯ ᠤᠨ ᠨᠦᠭᠡᠴᠠ ᠴᠦᠭᠡᠨ᠂ ᠮᠠᠯ ᠲᠠᠷᠢᠶᠠᠯᠠᠩ ᠤᠨ ᠰᠠᠭᠤᠷᠢ ᠮᠦᠨ ᠨᠢᠮᠭᠡᠨ ᠪᠠᠭᠤᠷᠠᠢ᠂  ᠠᠵᠤ ᠦᠢᠯᠡᠰᠵᠢᠯᠳ᠋ᠨ  ᠶᠢᠨ ᠲᠦᠪᠰᠢᠨ ᠪᠤᠭᠤᠨᠢ᠂ ᠲᠠᠭᠠᠭᠤᠯᠤᠨᠨᠴᠢ ᠠᠵᠤ ᠠᠬᠤᠶᠢᠯᠠᠯ ᠤᠯᠠᠨ ᠪᠢᠰᠢ︔ ᠤᠳᠤ ᠦᠶ᠎ᠠ ᠶᠢᠨ ᠦᠢᠯᠡᠴᠢᠯᠡᠭᠡᠨ ᠤ ᠭᠡᠪᠴᠢᠶ᠎ᠠ ᠪᠠᠭ᠎ᠠ᠂ ᠬᠤᠳᠠ ᠪᠠᠯᠭᠠᠰᠤᠨ ᠤ ᠠᠵᠤ ᠦᠢᠯᠡᠰ ᠤᠨ ᠲᠤᠯᠭᠠᠭᠤᠷᠢᠯᠠᠬᠤ ᠬᠦᠴᠦᠨ ᠳᠤᠲᠠᠮᠠᠭ᠂ ᠬᠤᠳᠠ ᠭᠦᠳᠡᠭᠡ ᠶᠢ ᠨᠢᠭᠡᠳᠦᠯᠳᠡᠢ ᠲᠦᠯᠤᠪᠯᠡᠨ ᠭᠦᠭᠵᠢᠭᠦᠯᠭᠦ ᠡᠭᠦᠷᠭᠡ ᠭᠦᠨᠳᠦ ᠪᠠᠶᠢᠨ᠎ᠠ︔ ᠤᠨᠴᠠ ᠵᠠᠷᠢᠮ  ᠪᠡᠶᠢᠭᠤᠯᠭ᠎ᠠ ᠶᠢᠨ ᠠᠵᠢᠯ ᠤᠨ ᠰᠤᠷᠳᠠᠯ ᠪᠤᠳᠠᠳᠠᠢ ᠪᠢᠰᠢ᠂ ᠦᠷ᠎ᠠ ᠠᠰᠢᠭ ᠪᠤᠭᠤᠨᠢ᠂ ᠨᠡᠶᠢᠳᠡᠪᠤᠷᠢᠵᠢᠭᠤᠯᠤᠯᠳᠠ ᠶᠢ ᠠᠳᠬᠤᠨᠨᠰᠠᠨ ᠢᠶᠠᠷ ᠭᠦᠷᠦᠯᠴᠡᠭᠦ ᠦᠭᠡᠢ ᠵᠡᠷᠭᠡ ᠠᠰᠠᠭᠤᠳᠠᠯ ᠤᠷᠤᠰᠢᠵᠤ ᠪᠠᠶᠢᠨ᠎ᠠ᠃  ᠪᠢᠳᠠ ᠡᠳᠡᠭᠡᠷ ᠠᠰᠠᠭᠤᠳᠠᠯ ᠢ ᠲᠡᠭᠡᠳᠦ ᠭᠡᠮᠵᠢᠶ᠎ᠠ ᠪᠠᠷ ᠴᠢᠬᠤᠯᠡᠴᠢᠯᠡᠵᠣ᠂  ᠰᠢᠨ᠎ᠠ ᠵᠢᠯ ᠳᠤ ᠲᠦᠮᠡᠨ ᠤ ᠰᠠᠨᠠᠯ ᠢ ᠰᠤᠨᠤᠰᠴᠦ ᠤᠯᠠᠨ ᠤ ᠤᠬᠠᠭᠠᠨ ᠢ ᠲᠦᠪᠯᠡᠷᠡᠭᠦᠯᠦᠨ ᠨᠢᠮᠪᠠᠢ ᠰᠤᠳᠤᠯᠤᠨ ᠨᠠᠷᠢᠯᠢᠭ ᠵᠦᠪᠯᠡᠵᠤ᠂  ᠪᠤᠳᠠᠳᠠᠢ ᠶᠢ ᠡᠷᠭᠢᠮᠯᠡᠭᠦ ᠪᠦᠳᠦᠮᠵᠢᠳᠠᠢ ᠠᠷᠭ᠎ᠠ ᠭᠡᠯᠪᠡᠷᠢ ᠶᠢ ᠠᠪᠴᠦ᠂  ᠲᠤᠭᠢᠳᠠᠢ ᠰᠶᠢᠳᠪᠤᠷᠢᠯᠡᠭᠦᠰᠢᠳᠠᠢ ᠪᠠᠶᠢᠨ᠎ᠠ᠃      ᠬᠤᠶᠠᠷ  ᠂ 2010 ᠤᠨ ᠤ ᠭᠤᠤᠯ ᠡᠭᠦᠷᠭᠡ      2010 ᠪᠤᠯ ︽11· 5︾ ᠵᠢᠯ ᠤᠨ ᠲᠦᠯᠦᠪᠵᠢᠭᠦᠯᠭᠡ ᠶᠢ ᠭᠡᠷᠡᠭᠵᠢᠭᠦᠯᠭᠦ ᠬᠠᠮᠤᠭ ᠰᠡᠭᠦᠯᠴᠢ ᠶᠢᠨ ᠵᠢᠯ ᠪᠤᠯᠤᠨ᠎ᠠ᠃  ᠪᠦᠭᠦ ᠵᠢᠯ ᠤᠨ ᠠᠵᠢᠯ ᠢ ᠰᠠᠶᠢᠳᠦᠷ ᠭᠢᠭᠦ ᠳᠤ ᠤᠯᠳᠠᠰᠢ ᠦᠭᠡᠢ ᠠᠰᠢᠨᠨᠳᠠᠢ ᠨᠦᠭᠦᠴᠠᠯ ᠠᠵᠨ ᠲᠤᠭᠢᠶᠠᠯ ᠲᠠᠢ᠂ ᠡᠨᠡ   ᠨᠢ ︽12· 5︾ ᠵᠢᠯ ᠤᠨ ᠲᠦᠯᠦᠪᠵᠢᠭᠦᠯᠭᠡ ᠶᠢ ᠡᠭᠢᠯᠡᠨ ᠭᠡᠷᠡᠭᠵᠢᠭᠦᠯᠭᠦ ᠳᠤ ᠴᠢᠬᠤᠯᠨ ᠶᠡᠭᠡ ᠠᠴᠢ ᠬᠤᠯᠪᠤᠨᠨᠳᠠᠯ ᠲᠠᠢ ᠶᠤᠮ᠃  ᠬᠤᠰᠢᠭᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭ᠎ᠠ ᠶᠢᠨ ᠪᠦᠭᠦ  ᠭᠡᠰᠢᠭᠦᠳ ᠤᠨ ᠬᠤᠷᠠᠯ ᠤᠨ ᠵᠤᠷᠢᠭ ᠰᠠᠨᠠᠭ᠎ᠠ ᠶᠢ ᠦᠨᠳᠦᠰᠦᠯᠠᠵᠤ᠂ 2010 ᠤᠨ ᠤ ᠵᠠᠰᠠᠭ ᠤᠨ ᠤᠷᠳᠤᠨ ᠤ ᠠᠵᠢᠯ ᠤᠨ ᠵᠢᠯᠤᠭᠤᠳᠬᠤ ᠦᠵᠡᠯ ᠰᠠᠨᠠᠭ᠎ᠠ ᠪᠤᠯ᠄ ᠰᠢᠨᠵᠢᠯᠡᠭᠦ ᠤᠬᠠᠭᠠᠨᠴᠢ ᠭᠦᠭᠵᠢᠯᠳᠡ ᠶᠢᠨ ᠦᠵᠡᠯᠳᠡ ᠶᠢᠨ ᠵᠢᠯᠤᠭᠤᠳᠤᠯᠭ᠎ᠠ ᠲᠤᠤᠷ᠎ᠠ᠂ ᠪᠦᠭᠦ ᠬᠤᠳᠠ ᠶᠢᠨ ︽ᠪᠦᠳᠦᠴᠠ  ᠶᠢᠨ ᠭᠡᠯᠪᠡᠷᠢ  ᠶᠢ ᠬᠤᠪᠢᠷᠠᠭᠤᠯᠵᠤ ᠰᠢᠨ᠎ᠠ ᠶᠢ ᠡᠭᠦᠳᠦᠨ ᠬᠤᠳᠠ ᠪᠠᠨ ᠭᠦᠴᠦᠷᠭᠡᠭᠵᠢᠭᠦᠯᠭᠦ︾᠂ ︽ᠬᠤᠳᠠ ᠭᠦᠳᠡᠭᠡ ᠶᠢ ᠨᠢᠭᠡᠳᠦᠯᠳᠡᠢ ᠲᠦᠯᠦᠪᠯᠡᠵᠤ ᠡᠷᠴᠢᠮᠵᠢᠭᠦᠯᠦᠨ ᠭᠦᠭᠵᠢᠭᠦᠯᠭᠦ︾᠂ ︽ᠭᠤᠷᠪᠠᠨ ᠵᠢᠯ ᠶᠡᠭᠡ ᠪᠠᠷ ᠪᠦᠳᠦᠭᠡᠨ ᠪᠠᠶᠢᠭᠤᠯᠵᠤ ᠭᠤᠷᠪᠠᠨ ᠵᠢᠯ ᠳᠤ ᠶᠡᠭᠡ ᠬᠤᠪᠢᠷᠠᠯᠳᠠ ᠭᠠᠷᠭᠠᠬᠤ︾ ᠪᠠᠶᠢᠯᠳᠤᠬᠤ ᠪᠤᠳᠤᠯᠭ᠎ᠠ ᠶᠢᠨ ᠱᠠᠭᠠᠷᠳᠠᠯᠭ᠎ᠠ ᠪᠤᠯᠤᠨ ᠪᠦᠭᠦ ᠬᠤᠰᠢᠭᠤᠨ  ᠤ ︽ᠵᠢᠷᠭᠤᠭᠠᠵᠢᠭᠤᠯᠬᠤ︾ ᠬᠠᠷᠠᠯᠳᠠᠳᠤ ᠡᠭᠦᠷᠭᠡ ᠶᠢ ᠭᠢᠨᠠᠮᠠᠭᠠᠢ ᠨᠠᠶᠢᠳᠠᠪᠤᠷᠢᠵᠢᠭᠤᠯᠵᠤ᠂ ᠭᠦᠭᠵᠢᠯᠳᠡ ᠶᠢᠨ ᠭᠡᠯᠪᠡᠷᠢ ᠶᠢ ᠬᠤᠪᠢᠷᠠᠭᠤᠯᠬᠤ᠂ ᠠᠵᠤ ᠠᠬᠤᠢ ᠶᠢᠨ ᠪᠦᠳᠦᠴᠠ  ᠶᠢ ᠲᠤᠭᠢᠷᠠᠭᠤᠯᠬᠤ᠂ ᠬᠤᠳᠠ ᠶᠢᠨ ᠴᠢᠨᠠᠷ ᠲᠠᠰ ᠢ ᠲᠡᠭᠡᠭᠰᠢᠯᠡᠭᠦᠯᠭᠦ ᠶᠢ ᠲᠦᠷᠭᠡᠳᠭᠡᠨ ᠠᠭᠢᠭᠤᠯᠵᠤ᠂  ᠪᠤᠭᠢᠷᠳᠠᠯ ᠦᠭᠡᠢ ᠠᠵᠤ ᠠᠬᠤᠢ᠂  ᠤᠷᠴᠢᠯᠳᠦ ᠠᠵᠤ ᠠᠬᠤᠢ᠂ ᠲᠤᠤᠷ᠎ᠠ ᠨᠡᠭᠦᠰᠦ᠋ᠳᠦ᠋ᠷᠦᠭᠴᠢᠳᠦ ᠠᠵᠤ ᠠᠬᠤᠢ ᠶᠢ ᠢᠳᠡᠪᠭᠢᠳᠡᠢ ᠭᠦᠭᠵᠢᠭᠦᠯᠦᠨ᠂  ᠬᠤᠳᠠ ᠭᠦᠳᠡᠭᠡ ᠶᠢ ᠨᠢᠭᠡᠳᠦᠯᠳᠡᠢ ᠲᠦᠯᠦᠪᠯᠡᠭᠦ᠂  ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂  ᠨᠡᠶᠢᠭᠡᠮ ᠤᠨ ᠠᠶ᠎ᠠ ᠵᠤᠭᠢᠴᠠᠯ ᠢ ᠨᠡᠩ ᠴᠢᠬᠤᠯᠠᠴᠢᠯᠠᠵᠤ᠂  ᠵᠤᠯ ᠵᠢᠷᠭᠠᠯᠳᠤ ᠤᠳᠤᠭ ᠢ ᠪᠦᠳᠦᠭᠡᠨ ᠪᠠᠶᠢᠭᠤᠯᠬᠤ ᠪᠤᠯᠤᠨ᠎ᠠ᠃ ᠵᠢᠱᠢᠭᠰᠡᠨ ᠭᠤᠤᠯ ᠬᠠᠷᠠᠯᠳᠠ ᠪᠤᠯ ᠭᠠᠵᠠᠷ ᠤᠷᠤᠨ ᠤ ᠦᠢᠯᠡᠳᠪᠤᠷᠢᠯᠠᠯ ᠤᠨ ᠶᠡᠷᠦᠩᠭᠡᠢ ᠦᠷᠳᠡᠭ ᠢ 26.8% ᠢᠶᠠᠷ ᠨᠡᠮᠡᠭᠳᠡᠭᠦᠯᠵᠤ᠂ 260 ᠳ᠋ᠦᠩᠰᠢᠭᠤᠷ ᠲᠦᠭᠦᠷᠢᠭ  ᠭᠦᠷᠭᠡᠨ᠎ᠠ︔ ᠡᠳ᠋ ᠤᠨ ᠵᠠᠰᠠᠭ ᠤᠨ ᠤᠷᠤᠯᠭ᠎ᠠ ᠶᠢ 24% ᠢᠶᠠᠷ ᠨᠡᠮᠡᠭᠳᠡᠭᠦᠯᠵᠤ  ᠂ 31 ᠳ᠋ᠦᠩᠰᠢᠭᠤᠷ ᠲᠦᠭᠦᠷᠢᠭ ᠭᠦᠷᠭᠡᠨ᠎ᠠ︔ ᠨᠡᠶᠢᠭᠡᠮ ᠤᠨ ᠲᠤᠨᠨᠳᠠᠮᠠᠯ ᠭᠦᠷᠦᠩᠭᠡ ᠶᠢᠨ ᠪᠡᠯᠨ ᠤᠷᠤᠭᠤᠯᠤᠯᠳᠠ ᠶᠢ 31.3% ᠢᠶᠠᠷ ᠨᠡᠮᠡᠭᠳᠡᠭᠦᠯᠵᠤ  ᠂ 210 ᠳ᠋ᠦᠩᠰᠢᠭᠤᠷ ᠲᠦᠭᠦᠷᠢᠭ ᠭᠦᠷᠭᠡᠨ᠎ᠠ︔ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠭᠦᠮᠦᠨ ᠲᠤᠮᠳᠠᠴᠢ ᠶᠢᠨ ᠲᠤᠭᠢᠷᠠᠭᠤᠯᠵᠤ ᠪᠤᠯᠬᠤ ᠤᠷᠤᠯᠭ᠎ᠠ ᠪᠠ ᠮᠠᠯᠴᠢᠨ ᠲᠠᠷᠢᠶᠠᠴᠢᠳ ᠤᠨ ᠭᠦᠮᠦᠨ ᠲᠤᠮᠳᠠᠴᠢ ᠶᠢᠨ ᠴᠡᠪᠡᠷ ᠤᠷᠤᠯᠭ᠎ᠠ ᠶᠢ ᠲᠤᠰ ᠲᠤᠰ 13.6% ᠪᠠ 7.3% ᠢᠶᠠᠷ ᠨᠡᠮᠡᠭᠳᠡᠭᠦᠯᠦᠨ᠂ ᠲᠤᠰᠪᠤᠷᠢ 25000 ᠲᠦᠭᠦᠷᠢᠭ ᠪᠠ 8800 ᠲᠦᠭᠦᠷᠢᠭ ᠪᠤᠯᠭᠠᠨ᠎ᠠ︔  ᠨᠢᠭᠡᠴᠢ ᠦᠢᠯᠡᠳᠪᠤᠷᠢᠯᠡᠯ ᠤᠨ ᠶᠡᠷᠦᠩᠭᠡᠢ ᠦᠷᠳᠡᠭ ᠲᠠᠬᠢ ᠡᠨᠧᠷᠭᠢ ᠶᠢᠨ ᠬᠤᠷᠤᠨᠨᠳᠠᠯ ᠢ ᠵᠠᠭᠤᠨ ᠤ ᠨᠢᠭᠡᠴᠢ ᠪᠠᠷ 5 ᠬᠤᠪᠢ ᠪᠠᠭᠠᠰᠬᠠᠨ᠎ᠠ᠃      ᠪᠦᠬᠦ ᠵᠢᠯ ᠤᠨ ᠬᠠᠷᠠᠯᠳᠡ ᠶᠢᠨ ᠡᠬᠦᠷᠬᠡ ᠪᠠᠨ ᠪᠡᠶᠡᠯᠡᠬᠦᠯᠬᠦ ᠳᠤ ᠪᠢᠳᠡ ᠡᠷᠭᠡᠪᠰᠢ ᠢᠯᠠᠬᠤ ᠢᠳᠡᠬᠡᠯ᠂ ᠲᠦᠭᠰᠢᠬᠦᠷᠢ ᠶᠢᠨ ᠤᠬᠠᠮᠰᠠᠷ ᠢᠶᠠᠨ ᠴᠢᠩᠭᠠᠷᠠᠭᠤᠯᠵᠤ᠂ ᠪᠡᠯᠡ  ᠣᠷᠣᠭᠤᠯᠣᠯᠳᠠ ᠪᠠᠷ ᠲᠠᠶᠢᠴᠢᠯᠠᠬᠤ᠂ ᠠᠵᠤ ᠤᠶᠢᠯᠡᠰ ᠢᠶᠠᠷ ᠲᠤᠯᠭᠠᠭᠤᠷᠢᠯᠠᠬᠤ᠂ ᠬᠠᠳᠠᠭᠠᠯᠠᠯᠳᠡ ᠶᠢᠨ ᠬᠡᠮᠵᠢᠶ᠎ᠠ ᠪᠠᠨ ᠦᠬᠡᠷᠡᠴᠢᠯᠡᠵᠤ᠂ ᠨᠡᠮᠡᠭᠳᠡᠯ ᠤᠨ ᠬᠡᠮᠵᠢᠶ᠎ᠠ  ᠪᠠᠨ ᠵᠡᠷᠬᠡ ᠲᠡᠪᠰᠢᠬᠦᠯᠵᠤ᠂ ᠬᠤᠳᠠ ᠬᠦᠳᠡᠭᠡ ᠬᠠᠷᠢᠯᠴᠠᠨ ᠬᠦᠳᠡᠯᠤᠯᠴᠠᠵᠤ᠂ ᠤᠷᠤᠨ ᠪᠦᠰᠡ  ᠶᠢ ᠵᠤᠬᠢᠴᠠᠯᠳᠤᠭᠤᠯᠵᠤ᠂ ᠬᠠᠮᠳᠤᠪᠠᠷ ᠪᠦᠳᠤᠬᠡᠨ ᠪᠠᠶᠢᠭᠤᠯᠵᠤ᠂ ᠦᠷ᠎ᠠ ᠪᠦᠳᠤᠬᠡᠯ ᠢ ᠨᠠᠶᠢᠯᠠᠨ ᠬᠦᠷᠳᠡᠬᠦ ᠵᠠᠷᠴᠢᠮ ᠢ ᠪᠠᠷᠢᠮᠳᠡᠯᠠᠵᠤ᠂ ᠲᠦᠷᠪᠠᠨ ᠭᠤᠤᠯᠳᠠᠯᠭ᠎ᠠ ᠶᠢ ᠲᠤᠪᠤᠶᠢᠯᠭᠠᠵᠤ᠂ ᠨᠠᠢᠮᠠᠨ ᠲᠦᠷᠤᠯ ᠤᠨ ᠠᠵᠢᠯ ᠢ ᠠᠬᠢᠭᠤᠯᠤᠨ᠎ᠠ᠃      — ᠲᠦᠷᠤᠯ  ᠵᠤᠶᠢᠯ ᠤᠨ ᠠᠬᠢᠭᠤᠯᠤᠯᠳᠡ ᠶᠢ ᠲᠤᠪᠤᠶᠢᠯᠭᠠᠬᠤ᠃ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠪᠠ ᠲᠦᠷᠤᠯ ᠵᠤᠶᠢᠯ ᠢ ᠬᠡᠷᠡᠭᠵᠢᠬᠦᠯᠬᠦ  ᠪᠠᠷ ᠭᠤᠤᠯᠳᠠᠯᠭ᠎ᠠ ᠪᠤᠯᠭᠠᠵᠤ᠂ ᠲᠤᠮᠤ ᠲᠤᠮᠳᠡ ᠵᠢᠵᠢᠭ ᠲᠦᠷᠤᠯ ᠵᠣᠶᠢᠯ ᠢ  ᠵᠡᠷᠬᠡ ᠪᠠᠷ ᠬᠥᠭᠵᠢᠭᠦᠯᠵᠦ᠂ ᠭᠤᠷᠪᠠᠳᠡᠬᠢ ᠠᠵᠦ ᠤᠶᠢᠯᠡᠰ ᠤᠨ ᠲᠥᠷᠥᠯ ᠵᠦᠢᠯ ᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠳᠡᠯᠡᠵᠤ᠂ ᠲᠡᠬᠡᠷ᠎ᠠ ᠠᠴᠠ ᠴᠢᠷᠮᠠᠶᠢᠨ ᠤᠯᠵᠤ᠂ ᠭᠠᠳᠠᠨ᠎ᠠ ᠠᠴᠠ ᠤᠷᠢᠵᠤ᠂ ᠲᠤᠳᠤᠭᠠᠳᠤ ᠳᠠᠭᠠᠨ ᠡᠯ᠎ᠠ ᠲᠦᠷᠤᠯ ᠤᠨ ᠪᠡᠯᠡ ᠤᠷᠤᠭᠤᠯᠤᠯᠳᠡ ᠶᠢᠨ ᠭᠤᠤᠯ ᠴᠤᠭᠴᠠ ᠶᠢ ᠢᠳᠡᠪᠬᠢᠵᠢᠬᠦᠯᠵᠤ ᠲᠦᠷᠤᠯ ᠵᠤᠶᠢᠯ ᠭᠠᠷᠭᠠᠵᠤ᠂ ᠲᠦᠷᠤᠯ ᠵᠤᠶᠢᠯ ᠤᠨ ᠪᠦᠳᠤᠬᠡᠨ ᠪᠠᠶᠢᠭᠤᠯᠤᠯᠳᠡ ᠶᠢᠨ ᠬᠡᠪᠴᠢᠶ᠎ᠠ᠂ ᠬᠤᠷᠳᠤᠴᠠ᠂ ᠲᠡᠰ ᠲᠠᠪᠬᠤᠷᠭ᠎ᠠ ᠪᠤᠯᠤᠨ ᠬᠢᠷᠢ ᠬᠡᠮᠵᠢᠶ᠎ᠠ ᠶᠢ ᠲᠠᠰᠤᠷᠠᠯᠳᠡ ᠦᠬᠡᠢ ᠲᠡᠬᠡᠭᠰᠢᠯᠡᠬᠦᠯᠵᠤ᠂ ᠭᠤᠯᠳᠠᠯᠭᠠᠳᠤ ᠲᠦᠷᠤᠯ ᠵᠤᠶᠢᠯ ᠤᠨ ᠪᠠᠶᠢᠭᠤᠯᠤᠯᠳᠡ ᠶᠢ ᠪᠦᠬᠦ ᠲᠠᠯ᠎ᠠ ᠪᠠᠷ ᠠᠬᠢᠭᠤᠯᠵᠤ᠂ ᠰᠢᠨ᠎ᠠ ᠨᠡᠮᠡᠭᠳᠡᠬᠦ ᠲᠦᠷᠤᠯ ᠲᠠᠰᠤᠷᠠᠬᠤ ᠦᠬᠡᠢ᠂  ᠭᠦᠴᠥᠨᠳᠡᠢ ᠪᠡᠯᠡ ᠤᠷᠤᠭᠤᠯᠤᠯᠳᠡ ᠶᠢᠨ ᠬᠤᠷᠳᠤᠴᠠ ᠬᠠᠰᠤᠭᠳᠠᠬᠤ ᠦᠬᠡᠢ ᠪᠠᠶᠢᠬᠤ ᠶᠢ ᠦᠨᠠᠠᠬᠦ ᠪᠠᠳᠤᠯᠠᠨ᠎ᠠ᠃      — ᠪᠦᠳᠤᠴᠠ ᠶᠢᠨ ᠬᠡᠯᠪᠡᠷᠢ ᠪᠠᠨ ᠰᠤᠯᠢᠬᠤ ᠶᠢ ᠲᠤᠪᠤᠶᠢᠯᠭᠠᠬᠤ᠃ ᠬᠦᠭᠵᠢᠯᠳᠡ ᠶᠢᠨ ᠬᠡᠯᠪᠡᠷᠢ  ᠶᠢ ᠬᠤᠪᠢᠷᠠᠭᠤᠯᠬᠤ ᠪᠠ ᠠᠵᠤ ᠠᠬᠤᠢ ᠶᠢᠨ ᠪᠦᠳᠤᠴᠠ ᠶᠢ ᠠᠬᠢᠭᠤᠯᠬᠤ ᠪᠠᠷ ᠭᠤᠤᠯᠳᠠᠯᠭ᠎ᠠ ᠪᠤᠯᠭᠠᠵᠤ᠂ ᠮᠠᠬᠠᠪᠤᠳ ᠤᠨ ᠪᠦᠳᠤᠴᠠ ᠶᠢ ᠰᠢᠯᠢᠳᠡᠭᠵᠢᠬᠦᠯᠵᠤ᠂ ᠰᠢᠨ᠎ᠠ ᠶᠢ ᠡᠬᠦᠳᠬᠦ ᠴᠢᠳᠠᠪᠤᠷᠢ ᠶᠢ ᠴᠢᠩᠭᠠᠷᠠᠭᠤᠯᠵᠤ᠂ ᠲᠦᠷᠤ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠠ ᠶᠢ ᠨᠡᠶᠢᠳᠠᠪᠤᠷᠢᠵᠢᠭᠤᠯᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠮᠠᠶ᠋ᠢᠭ ᠤᠨ ᠠᠵᠤ ᠤᠶᠢᠯᠡᠰ᠂ ᠤᠳᠤ ᠦᠶ᠎ᠠ ᠤᠶᠢᠯᠡᠴᠢᠯᠡᠬᠡᠨ ᠤᠨ ᠤᠶᠢᠯᠡᠰ᠂ ᠡᠬᠢ ᠪᠠᠶᠠᠯᠢᠭ ᠤᠨ ᠪᠤᠰᠤ ᠴᠢᠨᠠᠷᠳᠠᠢ ᠠᠵᠤ ᠤᠶᠢᠯᠡᠰ ᠢ ᠬᠦᠭᠵᠢᠬᠦᠯᠵᠤ᠂ ᠠᠵᠤ ᠤᠶᠢᠯᠡᠰ ᠤᠨ ᠪᠦᠳᠤᠴᠠ᠂ ᠠᠵᠤ ᠠᠬᠤᠶᠢᠯᠠᠯ ᠤᠨ ᠪᠦᠳᠤᠴᠠ᠂ ᠤᠶᠢᠯᠡᠳᠬᠦᠨ ᠤ ᠪᠦᠳᠤᠴᠠ ᠪᠤᠯᠤᠨ ᠬᠤᠳᠠ ᠬᠦᠳᠡᠭᠡ ᠶᠢᠨ ᠪᠦᠳᠤᠴᠠ ᠳᠤ ᠲᠠᠰᠤᠷᠠᠯᠳᠡ ᠦᠬᠡᠢ ᠲᠤᠬᠢᠷᠠᠭᠤᠯᠤᠯᠳᠡ ᠬᠢᠵᠤ᠂ ᠠᠵᠤ ᠠᠬᠤᠢ ᠶᠢᠨ ᠨᠡᠮᠡᠭᠳᠡᠯ  ᠤᠨ ᠶᠠᠰᠤ ᠴᠢᠨᠠᠷ ᠪᠤᠯᠤᠨ ᠦᠷ᠎ᠠ ᠠᠰᠢᠭ ᠢ ᠲᠡᠬᠡᠭᠰᠢᠯᠡᠬᠦᠯᠵᠤ᠂ ᠤᠯᠠᠨ ᠲᠠᠯ᠎ᠠ ᠠᠴᠠ ᠲᠤᠯᠭᠠᠭᠤᠷᠢᠯᠠᠵᠤ᠂ ᠤᠯᠠᠨ ᠡᠰᠢᠳᠤ ᠬᠦᠭᠵᠢᠯᠳᠡ᠂ ᠤᠯᠠᠨ ᠲᠤᠶᠢᠯᠳᠤ ᠨᠡᠮᠡᠭᠳᠡᠯ ᠲᠠᠢ ᠰᠢᠨ᠎ᠠ ᠬᠡᠯᠪᠡᠷᠢ ᠶᠢᠨ ᠠᠵᠤ ᠤᠶᠢᠯᠡᠰ ᠤᠨ ᠪᠠᠶᠢᠳᠠᠯ ᠢ ᠪᠦᠳᠤᠬᠡᠨ᠎ᠠ᠃      — ᠬᠤᠳᠠ ᠬᠦᠳᠡᠭᠡ ᠶᠢᠨ ᠨᠢᠬᠡᠳᠤᠯᠳᠠᠢ ᠲᠦᠯᠤᠪᠯᠡᠭᠡ ᠶᠢ ᠲᠤᠪᠤᠶᠢᠯᠭᠠᠬᠤ᠃ ᠠᠵᠤ ᠤᠶᠢᠯᠡᠰ ᠤᠨ ᠲᠤᠯᠭᠠᠭᠤᠷᠢᠯᠡᠯ ᠢ ᠰᠶᠢᠳᠪᠥᠷᠢᠯᠡᠭᠦ ᠪᠠ ᠬᠦᠮᠤᠨ ᠠᠮᠠ ᠶᠢᠨ ᠰᠢᠯᠵᠢᠯᠳᠡ ᠶᠢ ᠠᠬᠢᠭᠤᠯᠬᠤ ᠪᠠᠷ ᠭᠤᠤᠯᠳᠠᠯᠠᠭ᠎ᠠ ᠪᠤᠯᠭᠠᠵᠤ᠂  ᠤᠨᠴᠠᠯᠢᠭᠳᠤ ᠬᠤᠳᠠ ᠪᠠᠯᠭᠠᠰᠤᠵᠢᠭᠤᠯᠳᠠ ᠪᠠ ᠮᠠᠯ ᠲᠠᠷᠢᠶᠠᠯᠠᠩ ᠤᠨ ᠭᠡᠪᠴᠢᠶᠡᠵᠢᠭᠰᠡᠨ ᠬᠦᠭᠵᠢᠯᠲᠠ ᠶᠢᠨ ᠬᠢᠷᠢ ᠬᠡᠮᠵᠢᠶ᠎ᠡ ᠶᠢ ᠬᠦᠴᠤᠯᠠᠨ ᠲᠡᠬᠡᠭᠰᠢᠯᠡᠬᠦᠯᠵᠤ᠂ ᠬᠤᠳᠠ ᠪᠠᠯᠭᠠᠰᠤᠵᠢᠭᠤᠯᠳᠠ ᠪᠠᠷ ᠬᠤᠲᠠ ᠬᠦᠲᠡᠭᠡ ᠶᠢᠨ ᠨᠢᠬᠡᠲᠤᠯᠲᠢ ᠲᠦᠯᠤᠪᠯᠡᠭᠡ ᠶᠢ ᠠᠬᠢᠭᠤᠯᠵᠤ᠂ ᠠᠵᠤ ᠤᠶᠢᠯᠠᠰᠵᠢᠯᠲᠠ ᠪᠠᠷ ᠬᠤᠲᠠ ᠬᠦᠲᠡᠭᠡ ᠶᠢᠨ ᠨᠢᠬᠡᠲᠤᠯᠲᠢ ᠲᠦᠯᠤᠪᠯᠡᠭᠡ ᠶᠢ ᠲᠠᠶᠢᠴᠢᠯᠠᠵᠤ᠂ ᠮᠠᠬᠠᠪᠤᠳ ᠤᠨ ᠴᠢᠯᠤᠬᠡᠲᠤ ᠬᠦᠢᠯᠬᠡᠬᠡ᠂ ᠡᠬᠢ ᠪᠠᠶᠠᠯᠢᠭ ᠢ ᠦᠨᠳᠣᠷ ᠦᠷ᠎ᠠ ᠠᠰᠢᠭᠳᠡᠢ ᠲᠣᠭᠢᠷᠡᠭᠤᠯᠵᠣ᠂ ᠭᠦᠮᠣᠨ ᠠᠡᠮ ᠶᠢ ᠡᠮᠬᠢ ᠲᠠᠷᠠᠭ᠎ᠠ ᠲᠠᠢ ᠰᠢᠯᠵᠢᠬᠦᠯᠵᠤ᠂ ᠬᠤᠲᠠ ᠬᠦᠲᠡᠭᠡ ᠡᠷᠬᠡ ᠲᠡᠭᠰᠢ ᠨᠢᠬᠡᠲᠤᠯᠲᠢ ᠲᠦᠷᠢᠮ ᠲᠤᠭᠲᠠᠭᠠᠯ ᠤᠨ ᠪᠤᠷᠤ  ᠲᠦᠯᠤᠪ  ᠪᠤᠯᠤᠨ ᠲᠦᠷᠤ ᠶᠢᠨ ᠪᠤᠲᠤᠯᠭ᠎ᠠ ᠶᠢᠨ  ᠲᠤᠭᠲᠠᠯᠴᠠᠭ᠎ᠠ ᠶᠢ ᠪᠤᠢ ᠪᠤᠯᠭᠠᠨ᠎ᠠ᠃      — ᠬᠦᠮᠤᠨ ᠢᠶᠠᠷ ᠦᠨᠲᠤᠰᠤ  ᠪᠤᠯᠭᠠᠬᠤ ᠶᠢ ᠲᠤᠪᠤᠶᠢᠯᠭᠠᠬᠤ᠃ ᠨᠡᠶᠢᠬᠡᠮ ᠤᠨ ᠪᠡᠶᠢᠭᠤᠯᠤᠯᠲᠠ ᠪᠤᠯᠤᠨ ᠠᠷᠠᠳ ᠤᠨ ᠠᠮᠢᠲᠤᠷᠠᠯ ᠢ ᠰᠠᠶᠢᠵᠢᠷᠠᠭᠤᠯᠬᠤ ᠪᠠᠷ ᠭᠤᠤᠯᠲᠠᠯᠭ᠎ᠠ ᠪᠤᠯᠭᠠᠵᠤ᠂ ᠡᠮ ᠡᠮᠨᠡᠯᠬᠡ᠂ ᠠᠵᠢᠯ ᠤᠯᠬᠤ᠂  ᠨᠠᠰᠤᠲᠠᠨ ᠢ ᠠᠰᠠᠷᠠᠬᠤ᠂ ᠰᠤᠷᠭᠠᠭᠤᠯᠢ ᠰᠠᠭᠤᠬᠤ᠂ ᠠᠪᠤᠷᠠᠨ ᠲᠣᠰᠠᠯᠠᠬᠤ ᠵᠡᠷᠬᠡ  ᠨᠡᠶᠢᠬᠡᠮ ᠤᠨ ᠪᠡᠳᠣᠯᠠᠭ᠎ᠠ ᠶᠢᠨ ᠲᠤᠭᠲᠠᠯᠴᠠᠭ᠎ᠠ  ᠶᠢ ᠲᠡᠭᠦᠯᠳᠡᠷᠵᠢᠭᠦᠯᠵᠦ᠂ ᠨᠡᠶᠢᠬᠡᠮ ᠤᠨ ᠠᠵᠢᠯ ᠤᠶᠢᠯᠡᠰ ᠤᠨ ᠶᠡᠷᠥᠩᠬᠡᠶᠢᠯᠡᠭᠰᠡᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠭᠦᠯᠵᠦ᠂ ᠠᠷᠠᠳ ᠣᠯᠠᠨ ᠤ ᠦᠢᠯᠡᠳᠪᠣᠷᠢᠯᠡᠯ ᠠᠮᠢᠳᠣᠷᠠᠯ ᠤᠨ ᠨᠦᠭᠦᠴᠡᠯ ᠢ ᠰᠠᠶᠢᠵᠢᠷᠠᠭᠤᠯᠵᠣ᠂ ᠲᠦᠷᠣ ᠶᠢᠨ ᠪᠣᠳᠣᠯᠭ᠎ᠠ ᠨᠢ ᠠᠷᠠᠳ ᠢ ᠬᠠᠷᠡᠭᠠᠯᠵᠡᠬᠤ᠂ ᠠᠵᠣ ᠦᠢᠯᠡᠰ ᠨᠢ ᠠᠷᠠᠳ ᠲᠤ ᠠᠰᠢᠭᠳᠡᠢ᠂ ᠦᠢᠯᠡᠰ ᠪᠦᠳᠣᠭᠡᠵᠣ  ᠠᠷᠠᠳ ᠢ ᠪᠠᠶᠠᠵᠢᠭᠤᠯᠬᠤ ᠢᠨᠵᠧᠨᠧᠷᠢᠩ  ᠢ ᠭᠡᠷᠡᠭᠵᠢᠭᠦᠯᠵᠣ᠂ ᠨᠡᠩ ᠢᠳᠡᠪᠭᠢᠳᠡᠢ ᠠᠵᠢᠯ ᠣᠯᠭᠤᠬᠤ ᠲᠦᠷᠣ ᠶᠢᠨ ᠪᠣᠳᠣᠯᠭ᠎ᠠ ᠶᠢ ᠭᠡᠷᠡᠭᠵᠢᠭᠦᠯᠵᠣ᠂ ᠡᠵᠡᠮᠳᠡᠨ ᠭᠦᠭᠵᠢᠭᠦᠯᠭᠦ ᠴᠢᠳᠠᠪᠣᠷᠢ ᠪᠠᠨ ᠴᠢᠩᠭᠠᠷᠠᠭᠤᠯᠵᠣ᠂ ᠡᠯ᠎ᠡ ᠦᠨᠳᠣᠰᠣᠳᠡᠨ ᠤ ᠠᠷᠠᠳ ᠲᠦᠮᠡᠨ ᠦᠭᠡᠷᠡᠴᠢᠯᠡᠯᠳᠡ ᠭᠢᠵᠣ ᠭᠦᠭᠵᠢᠭᠰᠡᠨ ᠦᠷ᠎ᠡ ᠪᠦᠳᠣᠭᠡᠯ ᠢ ᠬᠠᠮᠳᠣᠪᠡᠷ ᠭᠦᠷᠳᠡᠨ᠎ᠡ᠃ᠨᠢᠭᠡᠳᠣᠭᠡᠷ  ᠲᠤ᠂ ᠬᠤᠳᠠ ᠭᠦᠳᠡᠭᠡ ᠶᠢᠨ ᠨᠢᠭᠡᠳᠣᠯᠳᠡᠢ ᠲᠦᠯᠣᠪᠯᠡᠭᠡ ᠶᠢ ᠪᠠᠷᠢᠮᠳᠠᠯᠠᠵᠣ᠂ ᠰᠢᠨ᠎ᠡ ᠮᠠᠯᠵᠢᠬᠤ ᠲᠠᠷᠢᠶᠠᠯᠠᠬᠤ ᠣᠷᠣᠨ ᠤ ᠪᠦᠳᠣᠭᠡᠨ ᠪᠠᠶᠢᠭᠤᠯᠣᠯᠳᠠ ᠶᠢ ᠨᠡᠩ ᠭᠦᠴᠣᠨ ᠲᠠᠢ ᠠᠭᠢᠭᠤᠯᠣᠨ᠎ᠠ᠃《ᠭᠤᠷᠪᠠᠨ ᠣᠷᠣᠨ》 ᠤ ᠲᠦᠯᠣᠪᠵᠢᠭᠦᠯᠭᠡ ᠶᠢ ᠰᠢᠨᠵᠢᠯᠡᠭᠦ ᠣᠬᠠᠭᠠᠨᠴᠢ ᠵᠣᠭᠢᠰᠳᠡᠢ ᠭᠡᠷᠡᠭᠵᠢᠭᠦᠯᠵᠣ᠂  ᠭᠡᠪᠴᠢᠶᠡᠵᠢᠭᠰᠡᠨ ᠡᠵᠡᠩᠨᠡᠯᠳᠡ᠂ ᠡᠷᠴᠢᠮᠯᠢᠭ ᠭᠦᠭᠵᠢᠯᠳᠡ ᠶᠢ ᠠᠭᠢᠭᠤᠯᠵᠣ᠂ ᠣᠳᠣ ᠦᠶ᠎ᠡ ᠶᠢᠨ ᠮᠠᠯ ᠲᠠᠷᠢᠶᠠᠯᠠᠩ ᠤᠨ ᠪᠠᠶᠢᠭᠤᠯᠣᠯᠳᠠ ᠶᠢ ᠲᠦᠷᠭᠡᠳᠭᠡᠵᠣ᠂ ᠬᠤᠳᠠ ᠭᠦᠳᠡᠭᠡ ᠶᠢᠨ ᠨᠢᠭᠡ ᠴᠣᠭᠴᠠᠵᠢᠯᠳᠠ᠂ ᠮᠠᠯ  ᠲᠠᠷᠢᠶᠠᠯᠠᠩ ᠤᠨ ᠭᠡᠪᠴᠢᠶᠡᠵᠢᠯᠳᠡ  ᠶᠢ ᠠᠭᠢᠭᠤᠯᠣᠨ᠎ᠠ᠃ ᠨᠢᠭᠡ  ᠳᠤ ᠭᠦᠮᠥᠨ ᠠᠮᠠ ᠶᠢ ᠨᠡᠭᠦᠯᠭᠡᠨ ᠰᠢᠯᠵᠢᠭᠦᠯᠭᠦ ᠠᠵᠢᠯ ᠢ ᠦᠨᠡᠨᠭᠦ ᠰᠠᠶᠢᠳᠣᠷ ᠠᠳᠬᠤᠬᠤ ᠭᠡᠷᠡᠭᠳᠡᠢ᠃ ᠠᠵᠣ ᠦᠢᠯᠡᠳᠪᠣᠷᠢᠵᠢᠭᠦᠯᠥᠯᠳᠡ ᠪᠠᠷ ᠲᠠᠶᠢᠴᠢᠯᠠᠵᠣ᠂ ᠬᠤᠳᠠ  ᠪᠠᠯᠭᠠᠰᠣᠵᠢᠯᠳᠠ ᠪᠠᠷ ᠭᠦᠳᠡᠯᠭᠡᠭᠦ ᠨᠢᠭᠡᠳᠣᠯᠳᠡᠢ ᠲᠦᠯᠣᠪᠯᠡᠭᠦ ᠭᠦᠭᠵᠢᠯᠳᠡ ᠶᠢᠨ ᠵᠠᠮ ᠢ ᠪᠠᠷᠢᠮᠳᠠᠯᠠᠵᠣ᠂  ᠬᠤᠳᠠ ᠳᠤ ᠣᠷᠣᠭᠰᠠᠨ ᠮᠠᠯᠴᠢᠨ ᠲᠠᠷᠢᠶᠠᠴᠢᠨ ᠨᠢ ᠨᠢᠭᠡ ᠢᠵᠢ ᠣᠷᠤᠨ  ᠰᠠᠭᠤᠴᠠ ᠲᠠᠢ᠂ ᠨᠢᠭᠡ ᠳᠣᠭᠲᠠᠭᠤᠨ ᠠᠵᠢᠯ  ᠲᠠᠢ᠂ ᠨᠢᠭᠡ ᠬᠤᠪᠢ ᠨᠡᠶᠢᠬᠡᠮ ᠤᠨ ᠪᠡᠳᠣᠯᠠᠭ᠎ᠠ ᠲᠠᠢ᠂ ᠨᠢᠭᠡ ᠬᠤᠪᠢ ᠠᠮᠢᠳᠤᠷᠠᠯ ᠤᠨ ᠨᠥᠬᠦᠪᠦᠷᠢ ᠲᠠᠢ  ᠪᠠᠶᠢᠬᠤ ︽ᠳᠥᠷᠪᠡᠨ ᠦᠨᠡᠨᠬᠦ ᠪᠡᠳᠣᠯᠡᠬᠤ︾ ᠱᠠᠭᠠᠷᠳᠠᠯᠭ᠎ᠠ ᠶᠣᠰᠣᠭᠠᠷ᠂ ᠭᠤᠷᠪᠠᠨ ᠲᠣᠭᠢᠯᠢᠭ ᠨᠡᠭᠦᠳᠡᠯ ᠠᠷᠠᠳ ᠤᠨ ᠵᠢᠵᠢᠭ ᠲᠣᠭᠤᠷᠢᠭ ᠤᠨ ᠢᠵᠢ ᠪᠦᠷᠢᠳᠣᠭᠦᠯᠥᠨ ᠪᠡᠶᠢᠭᠤᠯᠬᠤ ᠠᠯᠬᠤᠴᠠ ᠪᠠᠨ ᠳᠦᠷᠭᠡᠳᠭᠡᠵᠦ᠂ ᠬᠤᠲᠠ ᠳᠤ  ᠣᠷᠣᠭᠰᠠᠨ ᠮᠠᠯᠴᠢᠨ ᠲᠠᠷᠢᠶᠠᠴᠢᠨ ᠤ ᠨᠡᠶᠢᠬᠡᠮ ᠲᠣᠭᠤᠷᠢᠭᠴᠢᠯᠠᠭᠰᠠᠨ ᠬᠠᠮᠢᠶᠠᠷᠦᠯᠲᠠ ᠶᠢᠨ ᠠᠵᠢᠯ ᠢ ᠳᠡᠭᠡᠲᠦ ᠬᠡᠮᠵᠢᠶ᠎ᠡ ᠪᠠᠷ ᠴᠢᠬᠤᠯᠡᠴᠢᠯᠡᠵᠣ᠂ ᠰᠣᠶᠣᠯ᠂ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠨᠥᠬᠦᠴᠡᠯ ᠢ ᠳᠡᠭᠦᠯᠳᠡᠷᠵᠢᠭᠦᠯᠵᠦ᠂ ᠣᠰᠦ ᠴᠠᠬᠢᠯᠭᠠᠨ ᠴᠢᠮᠡᠭᠡ ᠵᠠᠮ ᠰᠢᠳᠠᠮᠠᠬᠠᠢ ᠬᠡᠢ ᠵᠡᠷᠭᠡ ᠶᠢᠨ ᠢᠵᠢ ᠪᠥᠷᠢᠯᠳᠦᠬᠦᠯᠬᠦ  ᠳᠥᠬᠦᠷᠦᠮᠵᠢ ᠶᠢ ᠰᠢᠯᠢᠳᠡᠭᠵᠢᠭᠦᠯᠵᠦ᠂ ᠨᠡᠭᠦᠳᠡᠯ ᠠᠷᠠᠳ ᠤᠨ ᠵᠢᠵᠢᠭ ᠣᠷᠣᠨ ᠢ ᠰᠠᠭᠤᠷᠢᠰᠢᠬᠤ ᠳᠤ ᠳᠣᠬᠢᠷᠠᠮᠵᠢᠲᠠᠢ  ᠨᠡᠷᠢᠯᠢᠭ᠋ ᠵᠢᠵᠢᠭ ᠣᠷᠣᠨ ᠪᠣᠯᠭᠠᠨ  ᠪᠠᠶᠢᠭᠤᠯᠬᠤ ᠪᠠᠷ ᠴᠢᠷᠮᠠᠶᠢᠨ᠎ᠠ᠃ ᠨᠡᠭᠦᠯᠭᠡᠨ ᠰᠢᠯᠵᠢᠬᠦᠯᠬᠦ ᠬᠦᠮᠤᠨ ᠠᠮᠠ  ᠶᠢᠨ ᠠᠵᠢᠯ ᠤᠯᠭᠤᠬᠤ ᠠᠰᠠᠭᠤᠳᠠᠯ ᠢ ᠰᠠᠶᠢᠳᠤᠷ ᠠᠳᠬᠤᠵᠤ᠂ ᠮᠠᠯᠵᠢᠬᠤ ᠲᠠᠷᠢᠶᠠᠯᠠᠬᠤ ᠤᠷᠤᠨ ᠤ ᠨᠡᠬᠦᠯᠬᠡᠨ ᠰᠢᠯᠵᠢᠬᠦᠯᠬᠦ ᠬᠦᠮᠤᠨ ᠠᠮᠠ ᠶᠢᠨ ᠨᠠᠰᠤ ᠨᠢ ᠬᠡᠳᠤ ᠶᠡᠭᠡ ᠪᠠᠶᠢᠬᠤ ᠪᠤᠳᠠᠳᠤ ᠪᠠᠶᠢᠳᠠᠯ ᠲᠤ ᠴᠢᠭᠯᠡᠬᠦᠯᠤᠨ᠂ ᠦᠩᠬᠡᠷᠡᠭᠰᠡᠨ ᠳᠤ ᠭᠤᠤᠯᠳᠠᠭᠤ ᠬᠤᠶᠠᠳᠡᠬᠢ ᠠᠵᠤ ᠤᠶᠢᠯᠡᠰ ᠢ ᠲᠦᠰᠢᠭᠯᠡᠨ ᠠᠵᠢᠯ ᠤᠯᠭᠤᠬᠤ ᠠᠰᠠᠭᠤᠳᠠᠯ ᠢ ᠰᠶᠢᠳᠪᠥᠷᠢᠯᠡᠭᠦ ᠰᠠᠭᠤᠷᠢᠨ ᠲᠡᠬᠡᠷ᠎ᠠ᠂ ᠭᠤᠤᠯᠳᠠᠯᠭ᠎ᠠ ᠨᠢ ᠬᠤᠳᠠ ᠪᠠᠯᠭᠠᠰᠤ ᠶᠢᠨ ᠨᠡᠶᠢᠳᠡ ᠶᠢᠨ ᠠᠰᠠᠷᠠᠮᠵᠢ ᠶᠢᠨ ᠠᠵᠤ ᠤᠶᠢᠯᠡᠰ᠂ ᠰᠢᠨ᠎ᠠ ᠬᠡᠯᠪᠡᠷᠢ ᠶᠢᠨ ᠺᠦ᠋ᠮᠫᠠᠨᠢᠴᠢᠯᠠᠭᠰᠠᠨ ᠮᠠᠯ ᠲᠠᠷᠢᠶᠡᠯᠠᠩ ᠤᠨ ᠲᠤᠯᠤᠭᠠᠶᠢᠯᠠᠬᠤ ᠠᠵᠤ ᠠᠬᠤᠶᠢᠯᠠᠯ ᠵᠡᠷᠬᠡ ᠬᠦᠷᠢᠶ᠎ᠠ ᠬᠡᠪᠴᠢᠶ᠎ᠠ ᠳᠤ ᠵᠤᠬᠢᠰᠳᠠᠢ ᠠᠵᠢᠯ ᠤᠨ ᠪᠠᠶᠢᠷᠢ  ᠶᠢ 3000 ᠨᠠᠶᠢᠳᠠᠪᠤᠷᠢᠵᠢᠭᠤᠯᠵᠤ᠂ ᠠᠵᠢᠯ ᠤᠯᠭᠤᠬᠤ ᠪᠤᠯᠪᠠᠰᠤᠷᠠᠯ ᠢ ᠶᠡᠭᠡ ᠬᠦᠴᠤᠨ ᠢᠶᠠᠷ ᠦᠷᠨᠢᠬᠦᠯᠵᠤ᠂ ᠨᠡᠬᠦᠯᠬᠡᠨ ᠰᠢᠯᠵᠢᠬᠦᠯᠬᠦ ᠬᠦᠮᠤᠨ ᠠᠮᠠ ᠨᠢ ᠨᠢᠬᠡ ᠲᠦᠷᠤᠯ ᠤᠨ ᠮᠡᠷᠬᠡᠵᠢᠯ ᠡᠵᠡᠮᠰᠢᠬᠦ ᠶᠢ ᠦᠨᠠᠠᠬᠦ ᠪᠠᠳᠤᠯᠡᠵᠤ᠂ ᠲᠤᠭᠳᠠᠭᠤᠨ ᠢᠶᠠᠷ ᠠᠵᠢᠯ ᠤᠯᠭᠤᠬᠤ ᠶᠢ ᠪᠡᠶᠡᠯᠡᠬᠦᠯᠤᠨ᠎ᠠ︔ ᠨᠡᠶᠢᠬᠡᠮ ᠤᠨ ᠪᠠᠳᠤᠯᠠᠭ᠎ᠠ ᠶᠢᠨ ᠲᠤᠭᠳᠠᠯᠴᠠᠭ᠎ᠠ ᠶᠢ ᠪᠦᠷᠢᠨ ᠲᠡᠬᠦᠯᠳᠡᠷᠵᠢᠬᠦᠯᠵᠤ᠂ ᠨᠠᠰᠤᠳᠠᠨ ᠢ ᠠᠰᠠᠷᠠᠬᠤ ᠪᠠᠳᠤᠯᠠᠭ᠎ᠠ᠂ ᠠᠮᠢᠳᠤᠷᠠᠯ ᠤᠨ ᠨᠦᠬᠦᠪᠤᠷᠢ ᠵᠡᠷᠬᠡ ᠲᠦᠷᠤ ᠶᠢᠨ ᠪᠤᠳᠤᠯᠭ᠎ᠠ ᠶᠢ ᠪᠦᠬᠦ ᠲᠠᠯ᠎ᠠ ᠪᠠᠷ ᠬᠦᠢᠴᠡᠳᠬᠡᠵᠤ᠂ ᠬᠠᠮᠤᠭ ᠶᠡᠭᠡ ᠬᠡᠮᠵᠢᠶ᠎ᠠ ᠪᠠᠷ ᠮᠠᠯᠴᠢᠨ ᠲᠠᠷᠢᠶᠡᠴᠢᠨ ᠤ ᠦᠷ᠎ᠠ ᠠᠰᠢᠭ ᠢ ᠬᠠᠮᠠᠭᠠᠯᠠᠨ ᠪᠠᠳᠤᠯᠠᠨ᠎ᠠ᠃ ᠬᠤᠶᠠᠷ ᠲᠤ᠂ ᠤᠳᠤ ᠦᠶ᠎ᠠ ᠶᠢᠨ ᠮᠠᠯ ᠲᠠᠷᠢᠶᠡᠯᠠᠩ ᠤᠨ ᠬᠦᠭᠵᠢᠯᠳᠡ ᠶᠢ ᠲᠦᠷᠬᠡᠳᠬᠡᠬᠦ ᠬᠡᠷᠡᠭᠳᠡᠢ᠃ ᠰᠠᠶᠢᠬᠤᠰᠤ ᠶᠢᠨ ᠰᠢᠨ᠎ᠠ ᠮᠠᠯᠵᠢᠬᠤ ᠤᠷᠤᠨ ᠤ ᠡᠷᠴᠢᠮᠯᠢᠭ ᠲᠡᠵᠢᠬᠡᠨ ᠦᠷᠡᠵᠢᠬᠦᠯᠬᠦ ᠤᠷᠤᠨ ᠨᠢ ᠦᠨᠢᠶ᠎ᠠ᠂ ᠢᠳᠡᠰᠢᠨ ᠦᠬᠡᠷ᠂ ᠮᠠᠯ ᠤᠨ ᠲᠡᠵᠢᠬᠡᠨ ᠦᠷᠡᠵᠢᠬᠦᠯᠬᠦ ᠬᠡᠪᠴᠢᠶ᠎ᠠ ᠶᠢ 3 ᠲᠦᠮᠠᠨ ᠲᠤᠯᠤᠭᠠᠢ ᠳᠤ ᠬᠦᠷᠬᠡᠵᠤ᠂ ᠤᠳᠤ ᠦᠶ᠎ᠠ ᠶᠢᠨ ᠬᠡᠪᠴᠢᠶᠡᠵᠢᠭᠰᠡᠨ ᠡᠵᠡᠩᠨᠡᠯᠳᠡ ᠶᠢᠨ ᠤᠷᠤᠨ ᠳᠤ ᠦᠠᠳᠤᠷ ᠪᠠᠷᠢᠮᠵᠢᠶᠡᠳᠤ ᠵᠢᠱᠢᠶ᠎ᠠ ᠦᠵᠡᠬᠦᠯᠬᠦ ᠰᠠᠭᠤᠷᠢᠨ ᠭᠠᠵᠠᠷ ᠢ 8 ᠲᠦᠮᠠᠨ ᠮᠤ᠋ ᠪᠠᠶᠢᠭᠤᠯᠤᠨ᠎ᠠ᠃ ᠭᠤᠷᠪᠠᠨ ᠭᠤᠤᠯ ᠤᠨ ᠤᠷᠤᠰᠬᠠᠯ ᠳᠠᠭᠠᠤ ᠣᠷᠣᠨ ᠨᠢ ᠲᠠᠷᠢᠵᠤ ᠲᠡᠵᠢᠭᠡᠬᠦ ᠪᠥᠲᠥᠴᠡ ᠶᠢᠨ ᠳᠣᠬᠢᠷᠠᠭᠤᠯᠦᠯᠲᠠ ᠬᠢᠬᠦ ᠠᠯᠬᠤᠴᠠ  ᠪᠠᠨ ᠲᠦᠷᠭᠡᠳᠭᠡᠵᠦ᠂ ᠨᠣᠭᠤᠭ᠎ᠠ᠂ ᠴᠡᠴᠡᠭ ᠡᠪᠡᠰᠦ  ᠵᠡᠷᠭᠡ ᠲᠠᠷᠢᠶᠠᠯᠠᠩ ᠤᠨ ᠰᠠᠭᠤᠷᠢᠨ ᠭᠠᠵᠠᠷ ᠢ 500  ᠮᠤ᠋᠂ ᠭᠡᠷ ᠤᠨ  ᠵᠢᠭᠦᠷᠲᠡᠨ᠂ ᠤᠰᠤᠨ ᠤ ᠭᠠᠷᠦᠯᠲᠠ ᠵᠡᠷᠭᠡ  ᠠᠮᠢ ᠠᠬᠤᠢ ᠶᠢᠨ ᠬᠡᠯᠪᠡᠷᠢ ᠶᠢᠨ ᠲᠡᠵᠢᠭᠡᠨ ᠦᠷᠡᠵᠢᠭᠦᠯᠭᠦ ᠰᠠᠭᠤᠷᠢᠨ ᠭᠠᠵᠠᠷ 500 ᠮᠤ᠋᠂ ᠬᠥᠷᠡᠩ ᠴᠢᠷᠭᠠᠰᠦ ᠶᠢᠨ ᠲᠠᠷᠢᠯᠭ᠎ᠠ ᠶᠢᠨ ᠰᠠᠭᠤᠷᠢᠨ ᠭᠠᠵᠠᠷ ᠢ 2 ᠲᠥᠮᠡᠨ ᠮᠤ᠋᠂ ᠣᠳᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠭᠦ  ᠰᠠᠭᠤᠷᠢᠨ ᠭᠠᠵᠠᠷ ᠢ 2 ᠲᠥᠮᠡᠨ ᠮᠤ᠋᠂ ᠣᠳᠣ ᠦᠶ᠎ᠡ ᠶᠢᠨ ᠲᠠᠯ᠎ᠠ ᠨᠤᠲᠤᠭ ᠤᠨ  ᠵᠢᠱᠢᠶ᠎ᠡ ᠦᠵᠡᠭᠦᠯᠭᠦ ᠡᠷᠦᠭᠡ ᠶᠢ 220 ᠰᠢᠨ᠎ᠡ ᠪᠠᠷ  ᠪᠠᠶᠢᠭᠤᠯᠵᠦ᠂ ᠮᠠᠯ ᠲᠠᠷᠢᠶᠠᠯᠠᠩ ᠤᠨ ᠡᠷᠴᠢᠮᠯᠢᠭ  ᠡᠵᠡᠩᠨᠡᠯᠲᠡ ᠶᠢᠨ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠮᠧᠩ ᠰᠢ ᠪᠠᠯᠭᠠᠰᠤ ᠶᠢᠨ ᠰᠢᠨ᠎ᠡ ᠬᠥᠳᠡᠭᠡ ᠳᠣᠰᠬᠤᠨ  ᠨᠢ ᠲᠥᠯᠥᠪᠵᠢᠭᠦᠯᠭᠡ ᠶᠣᠰᠣᠭᠠᠷ ᠪᠥᠲᠦᠭᠡᠨ ᠪᠠᠶᠢᠭᠤᠯᠦᠯᠲᠠ ᠶᠢᠨ ᠲᠥᠷᠥᠯ ᠵᠦᠢᠯ ᠢᠶᠠᠨ ᠲᠦᠷᠭᠡᠨ ᠡᠬᠢᠯᠡᠭᠦᠯᠵᠤ᠂ ᠣᠷᠢᠳᠡᠪᠡᠷ ᠭᠠᠵᠠᠷ  ᠰᠢᠷᠣᠢ ᠶᠢᠨ ᠡᠷᠭᠢᠯᠲᠡ᠂ ᠲᠣᠭᠤᠷᠢᠭ ᠬᠤᠪᠢᠶᠠᠨ ᠪᠠᠶᠢᠭᠤᠯᠵᠦ᠂ ᠠᠵᠦ ᠤᠶᠢᠯᠡᠰᠵᠢᠯᠲᠡ ᠶᠢᠨ ᠡᠵᠡᠩᠨᠡᠯᠲᠡ ᠵᠡᠷᠭᠡ ᠲᠠᠯ᠎ᠠ ᠪᠠᠷ ᠥᠭᠡᠷᠡᠴᠢᠯᠡᠯᠲᠡ ᠶᠢᠨ ᠳᠤᠷᠰᠢᠯᠲᠠ ᠬᠢᠵᠤ᠂ ᠬᠡᠪᠴᠢᠶᠡᠵᠢᠭᠰᠡᠨ ᠨᠥᠯᠦᠭᠡᠯᠡᠯ ᠢ ᠲᠦᠷᠭᠡᠨ ᠪᠤᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠤᠯᠠᠭᠠᠨᠪᠠᠯᠭᠠᠰᠤ ᠶᠢᠨ ᠮᠤᠰᠬᠢᠷᠠᠭ᠎ᠠ ᠵᠠᠮᠠᠭ ᠤᠨ ᠠᠵᠦ ᠤᠶᠢᠯᠡᠰ ᠤᠨ ᠣᠷᠣᠨ ᠨᠢ ᠵᠠᠮᠠᠭ ᠤᠨ ᠤᠶᠢᠯᠡᠰ ᠤᠨ ᠰᠠᠭᠤᠷᠢᠨ ᠭᠠᠵᠠᠷ  ᠢ 3000 ᠮᠤ᠋  ᠪᠠᠶᠢᠭᠤᠯᠵᠤ᠂ ᠮᠤᠰᠬᠢᠷᠠᠭ᠎ᠠ ᠵᠠᠮᠠᠭ ᠤᠨ ᠭᠦᠨᠵᠡᠭᠡᠢ ᠪᠤᠯᠪᠠᠰᠤᠷᠠᠭᠤᠯᠤᠯᠳᠡ ᠲᠡᠬᠡᠷ᠎ᠠ ᠪᠤᠳᠠᠳᠤ ᠤᠶᠢᠯᠡᠳᠪᠤᠷᠢᠯᠡᠯ ᠶᠢᠨ ᠬᠦᠴᠤᠨ ᠢ ᠪᠤᠢ ᠪᠤᠯᠭᠠᠬᠤ ᠪᠠᠷ ᠬᠦᠴᠤᠯᠡᠨ ᠴᠢᠷᠮᠠᠶᠢᠵᠤ᠂ ᠲᠤᠶᠢᠯ ᠤᠨ ᠰᠠᠶᠢᠨ ᠵᠠᠬ᠎ᠠ ᠲᠡᠯᠬᠡᠬᠦᠷ ᠤᠨ ᠦᠷᠢᠰᠤᠯᠳᠤᠬᠡᠨ ᠤ ᠬᠦᠴᠤᠨ ᠲᠠᠢ ᠨᠡᠶᠢᠲᠡᠯᠢᠭ ᠨᠡᠷᠡᠲᠦ ᠲᠡᠮᠲᠡᠭ ᠪᠣᠰᠬᠠᠵᠤ ᠪᠡᠶᠢᠭᠤᠯᠬᠤ ᠬᠡᠷᠡᠭᠳᠡᠢ᠃ ᠭᠤᠷᠪᠠ ᠳᠤ᠂ ᠠᠷᠭ᠎ᠠ ᠪᠦᠬᠦᠨ ᠢ ᠰᠦᠪᠡᠭᠴᠢᠯᠡᠨ ᠮᠠᠯᠴᠢᠨ ᠲᠠᠷᠢᠶᠡᠴᠢᠨ ᠤ ᠤᠷᠤᠯᠭ᠎ᠠ ᠶᠢᠨ ᠨᠡᠮᠡᠭᠳᠡᠯ ᠢ ᠠᠬᠢᠭᠤᠯᠬᠤ ᠬᠡᠷᠡᠭᠳᠡᠢ᠃ ᠠᠵᠤ ᠠᠬᠤᠶᠢᠯᠡᠯᠳᠠ ᠢ ᠮᠠᠯ ᠲᠡᠷᠢᠶᠡᠯᠠᠩ ᠤᠨ ᠬᠦᠷᠢᠶ᠎ᠠ ᠬᠡᠪᠴᠢᠶᠠᠨ ᠳᠤ ᠲᠦᠷᠤᠯ ᠵᠤᠶᠢᠯ ᠨᠡᠬᠡᠬᠡᠨ ᠬᠦᠭᠵᠢᠬᠦᠯᠬᠦ ᠶᠢ ᠵᠤᠷᠢᠭᠵᠢᠭᠤᠯᠵᠤ᠂ ᠠᠵᠤ ᠠᠬᠤᠢ ᠶᠢᠨ ᠴᠢᠳᠠᠪᠤᠷᠢᠳᠡᠨ ᠤ ᠨᠤᠳᠤᠭ ᠲᠠᠭᠠᠨ ᠪᠤᠴᠠᠵᠤ ᠤᠶᠢᠯᠡᠰ ᠪᠦᠳᠤᠬᠡᠬᠦ ᠶᠢ ᠲᠡᠮᠵᠢᠵᠤ᠂ ︽ᠤᠶᠢᠯᠡᠰ ᠪᠦᠳᠤᠬᠡᠬᠦ ᠠᠵᠤ ᠠᠬᠤᠢ︾ ᠶᠢᠨ ᠮᠤᠳᠧᠯ ᠢ ᠪᠤᠢ ᠪᠤᠯᠭᠠᠵᠤ᠂ ᠮᠢᠩᠭᠠᠨ ᠲᠦᠮᠠᠨ ᠲᠦᠬᠦᠷᠢᠭ ᠠᠴᠠ ᠲᠡᠬᠡᠭᠰᠢ ᠪᠡᠯᠡ ᠣᠷᠣᠭᠤᠯᠥᠯᠳᠠ ᠶᠢᠨ ᠲᠤᠯᠤᠭᠠᠶᠢᠯᠠᠬᠤ ᠠᠵᠤ ᠠᠬᠤᠶᠢᠯᠠᠯ ᠢ 3 —5 ᠰᠢᠨ᠎ᠠ ᠪᠠᠷ ᠨᠡᠮᠡᠭᠳᠡᠬᠦᠯᠵᠤ᠂ ︽ᠤᠶᠢᠯᠡᠰ ᠪᠦᠳᠤᠬᠡᠭᠰᠡᠨ︾ ᠮᠠᠯᠴᠢᠨ ᠲᠠᠷᠢᠶᠡᠴᠢᠨ ᠢ 10 ᠨᠡᠷ᠎ᠠ ᠬᠦᠬᠢᠬᠦᠯᠤᠨ ᠱᠠᠩᠨᠠᠵᠤ᠂ ᠪᠡᠯᠡ ᠤᠷᠤᠭᠤᠯᠤᠯᠳᠡ ᠨᠢ ᠵᠠᠭᠤᠨ ᠲᠦᠮᠠᠨ ᠲᠦᠬᠦᠷᠢᠭ ᠠᠴᠠ ᠲᠡᠬᠡᠭᠰᠢ ᠮᠠᠯᠴᠢᠨ ᠲᠡᠷᠢᠶᠡᠴᠢᠨ ᠤ ᠤᠶᠢᠯᠡᠰ ᠪᠦᠳᠤᠬᠡᠬᠦ ᠲᠦᠷᠤᠯ ᠵᠤᠶᠢᠯ ᠢ 20 ᠰᠢᠨ᠎ᠠ ᠪᠠᠷ ᠨᠡᠮᠡᠭᠳᠡᠬᠦᠯᠤᠨ᠎ᠠ᠃ ᠮᠠᠯ ᠲᠡᠷᠢᠶᠡᠯᠠᠩ ᠤᠨ ᠲᠤᠳᠤᠭᠠᠳᠤ ᠶᠢᠨ ᠲᠡᠵᠢᠬᠡᠨ ᠲᠡᠷᠢᠵᠤ ᠤᠷᠤᠯᠭ᠎ᠠ ᠪᠠᠨ ᠨᠡᠮᠡᠭᠳᠡᠭᠦᠯᠭᠦ ᠲᠠᠯᠳᠡ ᠬᠦᠴᠤᠨ ᠢ ᠬᠦᠢᠴᠡᠳ ᠠᠭᠤᠳᠡᠯᠯᠡᠵᠣ᠂ ᠡᠵᠡᠩᠨᠡᠯᠳᠡ ᠶᠢᠨ ᠴᠢᠨᠠᠷᠳᠠᠢ ᠤᠷᠤᠯᠭ᠎ᠠ ᠶᠢᠨ ᠨᠡᠮᠡᠭᠳᠡᠯ ᠢ ᠪᠡᠶᠡᠯᠡᠬᠦᠯᠤᠨ᠎ᠠ᠃ ᠨᠡᠶᠢᠳᠡ ᠶᠢᠨ ᠠᠰᠠᠷᠠᠮᠵᠢ ᠶᠢᠨ ᠤᠢ ᠶᠢᠨ ᠨᠦᠬᠦᠪᠤᠷᠢ ᠪᠤᠯᠤᠨ ᠮᠠᠯᠯᠠᠬᠤ ᠪᠠᠨ ᠵᠤᠭᠰᠤᠭᠠᠬᠤ ᠨᠦᠬᠦᠪᠤᠷᠢ ᠶᠢᠨ ᠲᠦᠷᠤ ᠶᠢᠨ ᠪᠤᠳᠤᠯᠭ᠎ᠠ  ᠶᠢ ᠡᠬᠢᠯᠡᠬᠦᠯᠵᠤ᠂ ᠨᠦᠬᠦᠪᠤᠷᠢ ᠶᠢᠨ ᠴᠢᠨᠠᠷᠳᠠᠢ ᠤᠷᠤᠯᠭ᠎ᠠ ᠶᠢᠨ ᠨᠡᠮᠡᠭᠳᠡᠯ ᠢ ᠪᠡᠶᠡᠯᠡᠬᠦᠯᠤᠨ᠎ᠠ︔ ᠬᠦᠮᠤᠨ ᠠᠮᠠ ᠶᠢᠨ ᠰᠢᠯᠵᠢᠬᠦᠯᠤᠨ ᠨᠡᠬᠦᠯᠬᠡᠵᠤ ᠠᠵᠢᠯ ᠤᠯᠭᠤᠬᠤ ᠬᠦᠴᠤᠯᠡᠴᠡ ᠶᠢ ᠶᠡᠬᠡᠳᠬᠡᠵᠤ᠂ ᠴᠡᠯᠢᠩ ᠤᠨ ᠴᠢᠨᠠᠷᠳᠠᠢ ᠤᠷᠤᠯᠭ᠎ᠠ ᠶᠢᠨ ᠨᠡᠮᠡᠭᠳᠡᠯ ᠢ ᠪᠡᠶᠡᠯᠡᠬᠦᠯᠤᠨ᠎ᠠ︔ ᠮᠠᠯᠵᠢᠬᠤ ᠲᠠᠷᠢᠶᠡᠯᠡᠬᠤ ᠤᠷᠤᠨ ᠤ ᠨᠠᠰᠤᠵᠢᠯ ᠤᠨ ᠲᠠᠭᠠᠳᠬᠠᠯ ᠤᠨ ᠲᠦᠷᠤ ᠶᠢᠨ ᠪᠤᠳᠤᠯᠭ᠎ᠠ ᠶᠢ ᠲᠡᠬᠦᠯᠳᠡᠷᠵᠢᠬᠦᠯᠵᠤ᠂ ᠪᠠᠳᠤᠯᠠᠭ᠎ᠠ ᠶᠢᠨ ᠴᠢᠨᠠᠷᠳᠠᠢ ᠤᠷᠤᠯᠭ᠎ᠠ ᠶᠢᠨ ᠨᠡᠮᠡᠭᠳᠡᠯ ᠢ ᠪᠡᠶᠡᠯᠡᠬᠦᠯᠤᠨ᠎ᠠ᠃ ᠰᠢᠯᠵᠢᠬᠦᠯᠤᠨ ᠦᠭᠬᠦ ᠪᠠ ᠮᠦᠩᠬᠦᠨ ᠬᠦᠢᠯᠬᠡᠬᠡᠨ ᠤ ᠰᠢᠰᠲ᠋ᠧᠮ ᠠᠴᠠ ᠮᠠᠯᠴᠢᠨ ᠲᠠᠷᠢᠶᠡᠴᠢᠨ ᠢ ᠲᠠᠮᠵᠢᠵᠤ᠂ ᠡᠵᠡᠨ ᠮᠡᠳᠡᠨ ᠤᠶᠢᠯᠡᠰ ᠪᠦᠳᠤᠬᠡᠬᠦ ᠬᠦᠴᠤᠯᠡᠴᠡ ᠶᠢ ᠶᠡᠬᠡᠳᠬᠡᠵᠤ᠂ ᠮᠡᠯ ᠲᠡᠷᠢᠶᠡᠯᠠᠩ ᠤᠨ ᠪᠤᠰᠤ ᠡᠵᠡᠩᠨᠡᠯᠳᠡ ᠶᠢᠨ ᠴᠢᠨᠠᠷᠳᠠᠢ ᠤᠷᠤᠯᠭ᠎ᠠ ᠶᠢᠨ ᠨᠡᠮᠡᠭᠳᠡᠯ ᠢ ᠪᠡᠶᠡᠯᠡᠬᠦᠯᠤᠨ᠎ᠠ᠃      ᠬᠤᠶᠠᠳᠤᠭᠠᠷ ᠲᠤ᠂ ᠲᠦᠷᠤᠯ ᠵᠤᠶᠢᠯ ᠤᠨ ᠠᠬᠢᠭᠤᠯᠤᠯᠳᠡ ᠶᠢ ᠪᠠᠷᠢᠮᠳᠠᠯᠠᠬᠤ᠂ ᠠᠵᠤ ᠤᠶᠢᠯᠡᠳᠪᠤᠷᠢ ᠶᠢᠨ ᠠᠵᠤ ᠠᠬᠤᠢ ᠶᠢᠨ ᠲᠠᠶᠢᠴᠢᠯᠠᠬᠤ ᠴᠢᠳᠠᠪᠤᠷᠢ ᠶᠢ ᠨᠡᠩ ᠬᠦᠴᠤᠨ ᠲᠠᠢ ᠲᠡᠬᠡᠭᠰᠢᠯᠡᠬᠦᠯᠤᠨ᠎ᠠ᠃ ᠪᠦᠬᠦ ᠬᠤᠳᠠ ᠶᠢᠨ ᠤᠯᠤᠰ ᠤᠨ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠠᠮᠢ ᠠᠬᠤᠢ ᠶᠢᠨ ᠡᠨᠧᠷᠬᠢ ᠶᠢᠨ ᠰᠠᠭᠤᠷᠢᠨ ᠭᠠᠵᠠᠷ ᠪᠤᠯᠭᠠᠨ ᠪᠦᠳᠤᠬᠡᠨ ᠪᠠᠶᠢᠭᠤᠯᠬᠤ ᠱᠠᠭᠠᠷᠳᠠᠯᠭ᠎ᠠ ᠶᠤᠰᠤᠭᠠᠷ᠂ ᠬᠦᠷᠢᠶᠡᠯᠡᠩ ᠲᠤᠭᠤᠷᠢᠭ ᠪᠡᠶᠢᠭᠤᠯᠬᠤ᠂ ᠠᠵᠤ ᠤᠶᠢᠯᠡᠰ ᠴᠤᠭᠯᠠᠷᠠᠬᠤ᠂ ᠲᠦᠷᠤᠯ ᠵᠤᠶᠢᠯ ᠢ ᠠᠬᠢᠭᠤᠯᠬᠤ᠂ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠲᠠᠯ᠎ᠠ ᠪᠠᠷ ᠠᠵᠢᠯ ᠤᠨ ᠬᠦᠴᠤᠯᠡᠴᠡ ᠪᠠᠨ ᠶᠡᠬᠡᠳᠬᠡᠵᠤ᠂ ᠠᠵᠤ ᠤᠶᠢᠯᠡᠰ ᠤᠨ ᠪᠦᠳᠤᠴᠡ ᠶᠢᠨ ᠬᠡᠯᠪᠡᠷᠢ ᠪᠠᠨ ᠰᠤᠯᠢᠬᠤ ᠪᠠ ᠬᠦᠭᠵᠢᠯᠳᠡ ᠶᠢᠨ ᠬᠡᠯᠪᠡᠷᠢ ᠪᠠᠨ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠠᠵᠤ ᠤᠶᠢᠯᠡᠳᠪᠤᠷᠢ ᠶᠢᠨ ᠲᠡᠬᠡᠳᠤ ᠲᠠᠰᠵᠢᠯᠳᠡ ᠶᠢ ᠠᠬᠢᠭᠤᠯᠤᠨ᠎ᠠ᠃ ᠨᠢᠬᠡ ᠳᠤ᠂ ᠬᠦᠷᠢᠶᠡᠯᠡᠩ ᠲᠤᠭᠤᠷᠢᠭ ᠤᠨ ᠪᠠᠶᠢᠭᠤᠯᠤᠯᠳᠡ ᠶᠢ ᠲᠦᠷᠬᠡᠳᠬᠡᠨ᠎ᠠ᠃ ᠠᠵᠤ ᠤᠶᠢᠯᠡᠳᠪᠤᠷᠢ ᠶᠢᠨ ᠬᠦᠷᠢᠶᠡᠯᠠᠩ ᠲᠤᠭᠤᠷᠢᠭ ᠤᠨ ᠪᠦᠳᠤᠬᠡᠨ ᠪᠠᠶᠢᠭᠤᠯᠤᠯᠳᠡ ᠶᠢᠨ ᠲᠦᠰᠤᠪ ᠪᠤᠯᠤᠨ ᠬᠦᠷᠢᠶᠡᠯᠠᠩ ᠲᠤᠭᠤᠷᠢᠭ ᠤᠨ ᠪᠡᠯᠡ ᠤᠷᠤᠭᠤᠯᠬᠤ ᠬᠦᠴᠤᠯᠡᠴᠡ ᠶᠢ ᠲᠡᠬᠡᠭᠰᠢᠯᠡᠬᠦᠯᠬᠦ ᠲᠦᠷᠤ ᠶᠢᠨ ᠪᠤᠳᠤᠯᠭ᠎ᠠ ᠠᠷᠭ᠎ᠠ ᠬᠡᠮᠵᠢᠶ᠎ᠠ ᠲᠤᠭᠳᠠᠭᠠᠵᠤ᠂ ᠬᠤᠶᠠᠷ ᠶᠡᠭᠡ ᠬᠦᠷᠢᠶᠡᠯᠠᠩ ᠲᠤᠭᠤᠷᠢᠭ ᠤᠨ ᠨᠤᠷᠠᠭᠠᠵᠤ ᠨᠡᠬᠦᠯᠬᠡᠨ ᠦᠬᠡᠷᠡᠴᠢᠯᠡᠬᠦ᠂ ᠬᠤᠳᠠ ᠶᠢᠨ ᠵᠡᠮ᠂ ᠶᠡᠷᠤᠩᠬᠡᠶᠢᠯᠡᠭᠰᠡᠨ ᠬᠤᠭᠤᠯᠠᠢ ᠲᠤᠤᠷ᠂ ᠠᠮᠢ ᠠᠬᠤᠢ ᠨᠣᠭᠤᠵᠢᠷᠡᠭᠤᠯᠣᠯᠳᠠ ᠵᠡᠷᠬᠡ ᠰᠠᠭᠤᠷᠢ ᠲᠦᠬᠦᠬᠡᠷᠤᠮᠵᠢ ᠶᠢ ᠪᠠᠶᠢᠭᠤᠯᠬᠤ ᠬᠦᠴᠤᠯᠡᠴᠡ ᠶᠢ ᠭᠤᠣᠯᠳᠡᠯᠭ᠎ᠠ ᠲᠠᠢ ᠶᠡᠬᠡᠳᠬᠡᠨ᠎ᠠ᠃ ᠴᠢ ᠫᠠᠨ ᠵᠢᠩ ᠤᠨ ᠵᠡᠬᠦᠨ ᠠᠵᠤ ᠤᠶᠢᠯᠡᠳᠪᠤᠷᠢ ᠶᠢᠨ ᠲᠦᠷᠤᠯ ᠵᠤᠶᠢᠯ ᠤᠨ ᠤᠷᠤᠨ ᠤ ᠭᠠᠵᠠᠷ ᠰᠤᠩᠭᠤᠵᠤ ᠲᠦᠯᠤᠪᠵᠢᠬᠦᠯᠬᠡ ᠬᠢᠬᠦ ᠶᠢ ᠰᠠᠶᠢᠳᠤᠷ ᠠᠳᠬᠤᠵᠤ᠂ ᠰᠠᠭᠤᠷᠢ ᠲᠦᠬᠦᠬᠡᠷᠤᠮᠵᠢ ᠶᠢᠨ ᠢᠵᠢ ᠪᠦᠷᠢᠳᠤᠬᠦᠯᠬᠦ ᠢᠨᠵᠧᠨᠧᠷᠢᠩ ᠢ ᠡᠬᠢᠯᠡᠬᠦᠯᠬᠦ ᠪᠠᠷ ᠬᠦᠴᠤᠯᠡᠨ ᠴᠢᠷᠮᠠᠶᠢᠨ᠎ᠠ︔ ᠤᠯᠠᠭᠠᠠᠪᠠᠯᠭᠠᠰᠤ ᠶᠢᠨ ᠬᠦᠩᠬᠡᠨ ᠠᠵᠤ ᠤᠶᠢᠯᠡᠳᠪᠤᠷᠢ  ᠶᠢᠨ ᠬᠦᠷᠢᠶᠡᠯᠠᠩ᠂ ᠴᠡᠪ ᠤᠨ ᠵᠦᠭᠠᠩ ᠤᠨ ᠬᠦᠷᠢᠶᠡᠯᠠᠩ᠂ ᠮᠠᠯᠴᠢᠨ ᠲᠡᠷᠢᠶᠡᠴᠢᠳ  ᠤᠨ ᠤᠶᠢᠯᠡᠰ ᠪᠦᠳᠤᠬᠡᠬᠦ ᠬᠦᠷᠢᠶᠡᠯᠠᠩ ᠤᠨ ᠢᠵᠢ ᠪᠦᠷᠢᠳᠤᠬᠦᠯᠬᠦ ᠲᠦᠬᠦᠬᠡᠷᠤᠮᠵᠢ ᠶᠢᠨ ᠪᠠᠶᠢᠭᠤᠯᠤᠯᠳᠡ ᠶᠢ ᠲᠦᠯᠤᠪᠯᠡᠭᠡ ᠲᠠᠢ ᠠᠬᠢᠭᠤᠯᠵᠤ᠂ ᠬᠦᠷᠢᠶᠡᠯᠠᠩ ᠲᠤᠭᠤᠷᠢᠭ ᠤᠨ ᠶᠡᠷᠤᠩᠬᠡᠶᠢᠯᠡᠭᠰᠡᠨ ᠢᠵᠢ ᠪᠦᠷᠢᠳᠤᠬᠦᠯᠬᠦ ᠪᠤᠯᠤᠨ ᠠᠵᠤ ᠤᠶᠢᠯᠡᠰ ᠤᠨ ᠲᠤᠯᠭᠠᠭᠤᠷᠢᠯᠡᠯ ᠤᠨ ᠴᠢᠳᠠᠪᠤᠷᠢ ᠶᠢ ᠤᠯᠠᠮ ᠴᠢᠨᠠᠠᠭᠰᠢᠳᠡ ᠴᠢᠩᠭᠠᠷᠠᠭᠤᠯᠤᠨ᠎ᠠ᠃ ᠬᠤᠶᠠᠷ ᠲᠤ᠂ ᠠᠵᠤ ᠠᠬᠤᠶᠢᠯᠡᠯ ᠤᠨ ᠴᠤᠭᠯᠠᠷᠠᠭᠤᠯᠠᠯ ᠢ ᠠᠬᠢᠭᠤᠯᠤᠨ᠎ᠠ᠂ ᠲᠦᠷᠢᠮ ᠲᠤᠭᠳᠠᠭᠠᠯ ᠤᠨ ᠡᠭᠦᠳᠣᠯᠳᠠ ᠪᠠᠷ ᠠᠵᠤ ᠠᠬᠤᠶᠢᠯᠡᠯ ᠤᠨ ᠪᠦᠢᠵᠢᠯᠳᠡ᠂ ᠬᠦᠭᠵᠢᠯᠳᠡ ᠪᠤᠯᠤᠨ ᠬᠡᠯᠪᠡᠷᠢ ᠪᠠᠨ ᠰᠤᠯᠢᠬᠤ ᠶᠢ ᠠᠬᠢᠭᠤᠯᠬᠤ ᠶᠢ ᠪᠠᠷᠢᠮᠳᠡᠯᠡᠵᠤ᠂ ᠮᠠᠬᠠᠪᠤᠳ ᠤᠨ ᠲᠤᠬᠢᠷᠠᠭᠤᠯᠤᠯᠳᠡ ᠶᠢ ᠰᠢᠯᠢᠳᠡᠭᠴᠢᠯᠡᠵᠤ᠂ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭ᠎ᠠ ᠪᠠᠨ ᠠᠬᠢᠭᠤᠯᠵᠤ᠂ ᠢᠵᠢ ᠪᠦᠷᠢᠳᠤᠬᠦᠯᠬᠦ ᠲᠦᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠭᠤᠤᠯᠯᠠᠬᠤ ᠠᠵᠤ ᠠᠬᠤᠶᠢᠯᠡᠯ ᠪᠠ ᠲᠤᠯᠭᠠᠭᠤᠷᠢ ᠠᠵᠤ ᠤᠶᠢᠯᠡᠰ ᠢ ᠶᠡᠭᠡ ᠬᠦᠴᠤᠨ ᠢᠶᠠᠷ ᠲᠠᠮᠵᠢᠨ ᠲᠦᠷᠬᠡᠨ ᠬᠦᠭᠵᠢᠬᠦᠯᠵᠤ᠂ ᠤᠷᠳᠤᠰ ᠨᠤᠯᠤᠤᠷ᠂ ᠱᠧᠨ ᠬᠤᠸᠠ ᠮᠧᠩ ᠰᠢ ᠬᠤᠤᠰ ᠭᠤᠷᠪᠠᠨ ᠵᠠᠭᠤᠨ ᠳ᠋ᠦᠩᠰᠢᠭᠤᠷ ᠤᠨ ᠤᠶᠢᠯᠡᠳᠬᠦᠨ ᠤ ᠦᠷᠳᠡᠭ ᠪᠠ ᠰᠢᠩ ᠭᠤᠸᠡᠩ᠂ ᠱᠣᠸᠡᠩ ᠰᠢᠨ ᠬᠤᠣᠰ ᠵᠡᠭᠤᠨ ᠳ᠋ᠦᠡᠭᠰᠢᠭᠤᠷ  ᠤᠨ ᠣᠶᠢᠯᠡᠳᠭᠦᠨ  ᠤ ᠦᠷᠳᠡᠭ ᠤᠨ ᠠᠮᠢ ᠠᠬᠤᠢ ᠶᠢᠨ ᠠᠵᠤ ᠠᠬᠤᠶᠢᠯᠡᠯ ᠤᠨ ᠬᠦᠷᠢᠶᠡᠯᠠᠩ ᠢ  ᠭᠤᠣᠯᠳᠡᠯᠭ᠎ᠠ ᠲᠠᠢ ᠪᠠᠶᠢᠭᠤᠯᠤᠨ᠎ᠠ᠃ ᠡᠬᠢ ᠪᠡᠶᠡᠯᠢᠭ᠋ ᠤᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠤᠭᠰᠠᠨ ᠰᠠᠭᠤᠷᠢᠨ ᠲᠡᠬᠡᠷ᠎ᠠ᠂ ᠲᠠᠪᠠᠭᠤᠯᠢᠭ ᠠᠵᠤ ᠠᠬᠤᠶᠢᠯᠡᠯ ᠪᠠ ᠲᠠᠪᠠᠭᠤᠯᠢᠭ ᠲᠦᠷᠥᠯ ᠵᠤᠶᠢᠯ ᠢᠶᠠᠨ ᠲᠦᠰᠢᠭᠯᠡᠵᠤ ᠵᠠᠬ᠎ᠠ ᠲᠡᠯᠬᠡᠬᠦᠷ ᠤᠨ ᠦᠷᠢᠰᠤᠯᠳᠤᠬᠡᠨ ᠤ ᠬᠦᠴᠤᠨ ᠢᠶᠠᠷ ᠴᠢᠩᠭ᠎ᠠ ᠲᠠᠪᠠᠭᠤᠯᠢᠭ ᠠᠵᠤ ᠤᠶᠢᠯᠡᠰ ᠤᠨ ᠲᠤᠭᠳᠠᠯᠴᠠᠭ᠎ᠠ ᠶᠢ ᠪᠠᠶᠢᠭᠤᠯᠵᠤ᠂ ᠨᠡᠬᠦᠷᠡᠰᠤᠨ ᠤ ᠬᠤᠪᠢᠷᠠᠩᠭᠤᠢ ᠠᠵᠤ ᠤᠶᠢᠯᠡᠰ ᠢ ᠨᠠᠷᠢᠨ ᠬᠢᠵᠤ᠂ ᠠᠶᠤᠯᠬᠦᠢ ᠬᠡᠯᠪᠡᠷᠢ ᠶᠢᠨ ᠨᠡᠬᠦᠷᠡᠰᠤᠨ ᠤ ᠤᠶᠢᠯᠡᠳᠪᠤᠷᠢᠯᠡᠯ ᠤᠨ ᠰᠠᠭᠤᠷᠢᠨ ᠭᠠᠵᠠᠷ ᠢ ᠶᠡᠭᠡ ᠬᠦᠴᠤᠨ ᠢᠶᠠᠷ ᠪᠠᠶᠢᠭᠤᠯᠵᠤ᠂ ᠨᠡᠬᠦᠷᠡᠰᠤ ᠶᠢ ᠦᠠᠳᠤᠷ ᠦᠷ᠎ᠠ ᠠᠰᠢᠭ ᠲᠠᠢ ᠨᠡᠬᠡᠬᠡᠨ ᠮᠠᠯᠳᠡᠵᠤ᠂ ᠠᠷᠢᠭᠤᠨ ᠴᠡᠪᠡᠷ ᠤᠬᠢᠶᠠᠨ ᠰᠤᠩᠭᠤᠵᠤ᠂ ᠪᠤᠯᠪᠠᠰᠤᠷᠠᠭᠤᠯᠤᠨ ᠬᠤᠪᠢᠷᠠᠭᠤᠯᠬᠤ ᠡᠷᠬᠢᠯᠳᠡᠳᠤ ᠠᠵᠤ ᠤᠶᠢᠯᠡᠰ ᠤᠨ ᠭᠡᠯᠭᠢᠶ᠎ᠠ  ᠶᠢ ᠪᠤᠢ ᠪᠤᠯᠭᠠᠵᠤ᠂ ᠨᠡᠬᠦᠷᠡᠰᠤ ᠶᠢ ᠤᠬᠢᠶᠠᠬᠤ ᠰᠤᠩᠭᠤᠬᠤ ᠲᠣᠭᠢᠷᠡᠭᠤᠯᠬᠤ ᠶᠢ ᠶᠡᠭᠡ ᠬᠦᠴᠤᠨ ᠢᠶᠠᠷ ᠠᠬᠢᠭᠤᠯᠵᠤ᠂ ᠨᠡᠬᠦᠷᠡᠰᠤᠨ ᠠᠭᠤᠷᠬᠠᠢ ᠶᠢᠨ ᠤᠷᠤᠨ ᠤ ᠤᠬᠢᠶᠠᠵᠤ ᠰᠤᠩᠭᠤᠬᠤ ᠤᠶᠢᠯᠡᠳᠪᠤᠷᠢ ᠪᠤᠯᠤᠨ ᠨᠡᠬᠦᠷᠡᠰᠤᠨ ᠤ ᠲᠦᠪᠯᠡᠷᠡᠬᠦᠯᠵᠤ ᠰᠠᠯᠭᠠᠬᠤ ᠭᠠᠵᠠᠷ ᠤᠨ ᠶᠡᠷᠤᠩᠬᠡᠶᠢᠯᠡᠭᠰᠡᠨ ᠴᠢᠨᠠᠷᠳᠠᠢ ᠨᠡᠭᠦᠷᠡᠰᠦ ᠲᠤᠭᠢᠷᠠᠭᠤᠯᠬᠤ ᠦᠢᠯᠡᠳᠪᠤᠷᠢ  ᠶᠢ ᠢᠵᠢ ᠪᠦᠷᠢᠳᠦᠭᠦᠯᠤᠨ ᠪᠠᠶᠢᠭᠤᠯᠵᠤ᠂  ᠨᠡᠭᠦᠷᠡᠰᠦᠨ ᠤ ᠤᠭᠢᠶᠠᠵᠤ ᠰᠤᠩᠭᠤᠬᠤ ᠨᠤᠷᠮ᠎ᠠ ᠶᠢ 45% ᠠᠴᠠ ᠲᠡᠭᠡᠭᠰᠢ ᠭᠦᠷᠭᠡᠨ᠎ᠠ᠃ ᠲᠠᠪᠠᠭᠤᠯᠢᠭ ᠭᠢᠮᠢ ᠶᠢᠨ ᠠᠵᠤ ᠦᠢᠯᠡᠳᠪᠤᠷᠢ ᠶᠢᠨ ᠠᠵᠤ ᠦᠢᠯᠡᠰ ᠢ ᠲᠤᠮᠤ ᠪᠤᠯᠭᠠᠵᠤ ᠭᠢᠮᠢ ᠶᠢᠨ ᠠᠵᠣ ᠦᠢᠯᠡᠳᠪᠤᠷᠢ ᠶᠢᠨ ᠠᠵᠤ ᠦᠢᠯᠡᠰ ᠤᠨ ᠭᠤᠯᠳᠤ ᠭᠦᠨᠵᠡᠭᠡᠢ ᠶᠢ ᠲᠦᠷᠭᠡᠨ ᠠᠭᠢᠭᠤᠯᠵᠤ᠂  ᠡᠾᠯᠤᠷ ᠬᠤᠵᠢᠷ ᠤᠨ ᠭᠢᠮᠢ ᠶᠢᠨ ᠠᠵᠤ ᠦᠢᠯᠡᠳᠪᠤᠷᠢ ᠪᠠ ᠠᠯᠺᠤᠤᠯ ᠢᠶᠠᠷ ᠰᠠᠭᠤᠷᠢᠯᠬᠠᠰᠠᠨ ᠠᠵᠤ ᠦᠢᠯᠡᠳᠪᠤᠷᠢ ᠶᠢᠨ ᠠᠵᠤ ᠦᠢᠯᠡᠰ ᠤᠨ ᠡᠷᠭᠢᠯᠳᠠᠳᠤ ᠭᠦᠭᠵᠢᠯᠳᠡ ᠲᠡᠭᠡᠷ᠎ᠠ ᠲᠤᠮᠤ ᠶᠡᠭᠡ ᠭᠦᠭᠵᠢᠯᠳᠡ ᠤᠯᠵᠤ᠂ 200 ᠲᠦᠮᠡᠨ ᠲᠤᠨ ᠤ PVC ᠦᠢᠯᠡᠳᠪᠤᠷᠢᠯᠡᠭᠦ ᠴᠢᠳᠠᠪᠤᠷᠢ ᠶᠢ ᠲᠦᠷᠭᠡᠨ ᠪᠤᠢ ᠪᠤᠯᠭᠠᠨ᠎ᠠ᠃ ᠲᠡᠭᠡᠳᠦ ᠰᠢᠨ᠎ᠠ ᠮᠡᠷᠭᠡᠵᠢᠯ ᠤᠨ ᠠᠵᠤ ᠦᠢᠯᠡᠰ ᠢ ᠴᠢᠩᠭ᠎ᠠ ᠭᠢᠵᠤ᠂  ᠢᠰᠦᠯᠳᠦᠭᠰᠡᠨ   ᠭᠦᠩᠭᠡᠨ ᠴᠠᠭᠠᠨ᠂  ᠴᠠᠭᠢᠯᠭᠠᠨ ᠵᠠᠳᠠᠯᠤᠯ ᠤᠨ ᠭᠦᠩᠭᠡᠨ ᠴᠠᠭᠠᠨ᠂ ᠤᠯᠠᠨ ᠲᠡᠯᠠᠰᠳᠦ ᠴᠠᠭᠢᠭᠤᠷ᠂ ᠳ᠋ᠢᠶᠠᠨ  ‍ᠤᠤᠢ᠂  ᠤᠷᠴᠢᠨ ᠠᠬᠤᠢ ᠶᠢ ᠬᠠᠮᠠᠭᠠᠯᠠᠬᠤ ᠸᠠᠭᠠᠷ ᠱᠠᠭᠠᠵᠢᠩ ᠤᠨ ᠠᠵᠤ ᠦᠢᠯᠡᠰ ᠢ ᠭᠦᠭᠵᠢᠭᠦᠯᠭᠦ ᠶᠢ ᠵᠤᠷᠢᠨᠨᠵᠢᠭᠤᠯᠵᠤ᠂ ᠪᠤᠭᠢᠷᠳᠦᠯ ᠦᠭᠡᠢ ᠴᠠᠭᠢᠯᠭᠠᠨ ᠭᠦᠴᠦᠨ᠂  ᠴᠠᠭᠢᠭᠤᠷ ᠤᠨ ᠮᠠᠲ᠋ᠧᠷᠢᠶᠠᠯ ᠢ ᠭᠦᠨᠵᠡᠭᠡᠢ ᠪᠤᠯᠪᠠᠰᠤᠷᠠᠭᠤᠯᠬᠤ ᠵᠡᠷᠭᠡ ᠡᠷᠭᠢᠯᠳᠠᠳᠤ ᠠᠵᠤ ᠦᠢᠯᠡᠰ ᠤᠨ ᠭᠡᠯᠭᠢᠶ᠎ᠠ ᠶᠢ ᠪᠤᠢ ᠪᠤᠯᠭᠠᠨ᠎ᠠ᠃ ᠡᠭᠢ ᠪᠠᠶᠠᠯᠢᠭ ᠤᠨ ᠪᠤᠰᠤ  ᠭᠡᠯᠪᠡᠷᠢ ᠶᠢᠨ ᠠᠵᠤ ᠦᠢᠯᠡᠰ ᠢ ᠰᠠᠶᠢᠳᠤᠷ ᠭᠢᠵᠤ᠂  ᠰᠠᠯᠭᠢᠨ ᠡᠨᠧᠷᠭᠢ᠂  ᠨᠠᠷᠠᠨ ᠤ ᠡᠨᠧᠷᠭᠢ᠂  ᠠᠮᠢᠳᠦ ᠪᠤᠳᠠᠰ ᠤᠨ ᠡᠨᠧᠷᠭᠢ ᠶᠢᠨ ᠠᠵᠤ ᠦᠢᠯᠡᠰ ᠢ ᠢᠳᠡᠪᠭᠢᠳᠠᠢ ᠤᠷᠤᠭᠤᠯᠵᠤ᠂ ᠪᠦᠳᠦᠴᠠ ᠶᠢᠨ ᠭᠡᠯᠪᠡᠷᠢ ᠪᠠᠨ ᠰᠤᠯᠢᠬᠤ ᠰᠢᠨ᠎ᠠ ᠭᠦᠷᠢᠶ᠎ᠠ ᠭᠡᠪᠴᠢᠶ᠎ᠠ ᠶᠢ ᠨᠡᠭᠡᠭᠡᠨ᠎ᠠ᠃  ᠭᠤᠷᠪᠠ ᠳᠤ ᠲᠦᠷᠦᠯ ᠵᠦᠢᠯ ᠤᠨ ᠪᠠᠶᠢᠭᠤᠯᠤᠯᠳᠠ ᠶᠢ ᠭᠦᠴᠦᠳᠠᠢ ᠠᠳᠬᠤᠨ᠎ᠠ᠃  ᠪᠠᠯᠨ ᠤᠷᠤᠭᠤᠯᠤᠯᠳᠠ ᠨᠢ ᠳ᠋ᠦᠩᠰᠢᠭᠤᠷ ᠲᠦᠭᠦᠷᠢᠭ  ᠠᠴᠠ ᠲᠡᠭᠡᠭᠰᠢᠭᠢ 41 ᠲᠦᠷᠦᠯ ᠵᠦᠢᠯ ᠪᠠ ᠪᠡᠯᠨ ᠤᠷᠤᠭᠤᠯᠤᠯᠳᠠ ᠨᠢ ᠮᠢᠩᠭᠠᠨ ᠲᠦᠮᠡᠨ ᠲᠦᠭᠦᠷᠢᠭ ᠠᠴᠠ ᠲᠡᠭᠡᠭᠰᠢᠭᠢ 19 ᠭᠤᠤᠯᠳᠠᠯᠭᠠᠳᠠᠢ ᠲᠦᠷᠦᠯ ᠵᠦᠢᠯ ᠢ ᠪᠦᠭᠦ ᠭᠦᠴᠦᠨ ᠢᠶᠠᠷ ᠰᠠᠶᠢᠳᠦᠷ ᠠᠳᠬᠤᠵᠤ᠂  ᠲᠤᠰ ᠵᠢᠯ ᠤᠨ ᠠᠵᠤ ᠦᠢᠯᠡᠳᠪᠤᠷᠢ ᠶᠢᠨ ᠲᠤᠨᠨᠳᠠᠮᠠᠯ ᠭᠦᠷᠦᠩᠭᠡ ᠶᠢᠨ ᠪᠡᠯᠨ ᠤᠷᠤᠭᠤᠯᠤᠯᠳᠠ ᠶᠢ 155 ᠳ᠋ᠦᠩᠰᠢᠭᠤᠷ ᠠᠴᠠ ᠲᠡᠭᠡᠭᠰᠢ ᠪᠡᠶᠡᠯᠡᠭᠦᠯᠭᠦ ᠶᠢ ᠦᠨᠡᠨᠭᠦ ᠪᠠᠳᠤᠯᠠᠬᠤ ᠭᠡᠷᠡᠭᠳᠡᠢ᠃  ᠤᠷᠳᠤᠰ ᠨᠤᠯᠤᠤᠷ ᠤᠨ 3000 ᠲᠤᠨ ᠤ ᠤᠯᠠᠨ ᠲᠠᠯᠠᠰᠳᠦ ᠴᠠᠭᠢᠭᠤᠷ᠂  ᠱᠤᠸᠠᠩ ᠰᠢᠨ 11 ᠲᠦᠮᠡᠨ ᠲᠤᠨ PVA᠂  ᠢᠦᠢ ᠲᠦᠡᠭ 2.5 ᠲᠦᠮᠡᠨ ᠲᠤᠨ ᠤ ᠲᠤᠮᠤ ᠭᠡᠯᠪᠡᠷᠢ ᠶᠢᠨ ᠬᠤᠭᠤᠯᠠᠢ ᠶᠢᠨ ᠮᠠᠲ᠋ᠧᠷᠢᠶᠠᠯ ᠵᠡᠷᠭᠡ 9 ᠭᠤᠤᠯᠳᠠᠯᠭᠠᠳᠤ ᠲᠦᠷᠦᠯ ᠵᠦᠢᠯ ᠢ ᠪᠠᠶᠢᠭᠤᠯᠤᠨ ᠠᠰᠢᠨᠨᠯᠠᠯᠳᠠ ᠳᠤ ᠤᠷᠤᠭᠤᠯᠤᠨ᠎ᠠ᠃  ᠤᠷᠳᠤᠰ ᠨᠤᠯᠤᠤᠷ᠂  ᠳ᠋ᠦᠡᠭ ᠹᠠᠨᠭ᠌ ᠰᠢ ᠸᠠᠩ ᠤᠨ ᠬᠤᠶᠠᠷ 40 ᠲᠦᠮᠡᠨ ᠲᠤᠨPVC᠂  ᠬᠤᠸ᠋ᠨ ᠳ᠋ᠢᠶᠠᠨ ᠤ 40 ᠲᠦᠮᠡᠨ ᠲᠤᠨ ᠢᠰᠦᠯᠳᠦᠭᠰᠡᠨ ᠭᠦᠩᠭᠡᠨ ᠴᠠᠭᠠᠨ᠃  ᠰᠢᠩ ᠭᠤᠸᠠᠩ ᠤᠨ 80 ᠲᠦᠮᠠᠨ ᠲᠤᠨ ᠤ ᠤᠨᠴᠠᠭᠠᠢ ᠪᠤᠯᠤᠳ ᠵᠡᠷᠭᠡ 17 ᠭᠤᠤᠯᠳᠠᠭᠠᠳᠤ ᠲᠦᠷᠦᠯ ᠵᠦᠢᠯ ᠤᠨ ᠬᠤᠷᠳᠤᠴᠠ ᠶᠢ ᠲᠦᠷᠭᠡᠳᠭᠡᠨ᠎ᠠ︔ ᠤᠷᠳᠤᠰ ᠨᠤᠯᠤᠤᠷ ᠤᠨ 2 ×30 ᠲᠦᠮᠠᠨ ᠺᠢᠯᠤᠸᠠᠲ ᠶᠢᠨ ᠢᠯᠴᠢ ᠶᠢᠨ ᠴᠠᠭᠢᠯᠭᠠᠨ ᠤ ᠬᠤᠯᠪᠤᠭᠠᠯᠬᠠᠰᠠᠨ ᠦᠢᠯᠡᠳᠪᠤᠷᠢᠯᠠᠯ  ᠂  ᠬᠤᠨᠭ᠌ ᠳ᠋ᠠ 60 ᠲᠦᠮᠡᠨ ᠲᠤᠨ PVC᠂  ᠵᠢᠶᠦ᠋ᠨ ᠵᠸᠡᠭ 40 ᠲᠦᠮᠡᠨ ᠲᠤᠨ PVC᠂  ᠱᠧᠨ ᠬᠤᠸ᠋ᠨ ᠮᠸᠡᠭ ᠰᠢ ᠶᠢᠨ8 ᠲᠦᠮᠡᠨ ᠲᠤᠨ ᠪᠧᠨ᠋ᠽᠧᠨ ᠤᠰᠤᠳᠦ᠋ᠷᠦᠭᠴᠢ ᠨᠡᠮᠡᠭᠦ᠂  ᠰᠠᠨ ᠸᠧᠢ ᠶᠢᠨ 100 ᠲᠦᠮᠡᠨ ᠲᠤᠨ  ᠨᠡᠭᠦᠷᠡᠰᠦ ᠭᠡᠣᠷᠡᠰᠣ ᠶᠢᠨ ᠲᠤᠰᠤ ᠶᠢᠨ ᠤᠰᠤᠳᠦ᠋ᠷᠦᠭᠴᠢ ᠨᠡᠮᠡᠭᠦ᠂  ᠬᠤᠸ᠋ᠨ ᠢ ᠳ᠋ᠡ ᠶᠢᠨ 40 ᠲᠦᠮᠡᠨ ᠲᠣᠨ ᠮᠸᠠᠬᠠᠨᠢᠭ ᠤᠨ ᠲᠣᠨᠤᠭ ᠲᠦᠭᠦᠭᠡᠷᠣᠮᠵᠢ ᠵᠡᠷᠭᠡ 34 ᠭᠤᠣᠯᠳᠠᠯᠭᠠᠳᠣ ᠲᠦᠷᠦᠯ ᠵᠦᠢᠯ ᠢ ᠠᠵᠢᠯ ᠡᠭᠢᠯᠡᠭᠦᠯᠥᠨ ᠪᠠᠶᠢᠭᠤᠯᠣᠨ᠎ᠠ᠃  ᠲᠦᠷᠪᠡ ᠳᠤ ᠬᠤᠳᠠᠯᠳᠣᠭᠠᠴᠢᠨ ᠣᠷᠢᠵᠣ ᠪᠡᠯᠡ ᠣᠷᠣᠭᠤᠯᠬᠤ ᠪᠠᠷ ᠭᠦᠴᠣᠯᠠᠨ᠎ᠡ᠃ ᠲᠦᠷᠦᠯ ᠵᠦᠢᠯ ᠢ ᠮᠡᠳᠡᠭᠦᠯᠭᠦ ᠪᠠ ᠨᠦᠭᠡᠴᠡᠯᠡᠭᠦ ᠶᠢ ᠴᠢᠩᠭᠠᠳᠬᠠᠵᠣ᠂ ᠠᠵᠣ ᠠᠬᠤᠶᠢᠯᠠᠯ ᠬᠤᠳᠠᠯᠳᠣᠭᠠᠴᠢᠨ ᠣᠷᠢᠬᠤ᠂ ᠠᠵᠣ ᠦᠢᠯᠡᠰ ᠬᠤᠳᠠᠯᠳᠣᠭᠠᠴᠢᠨ ᠣᠷᠢᠬᠤ ᠪᠠ ᠲᠦᠷᠦᠯ ᠵᠦᠢᠯ ᠬᠤᠳᠠᠯᠳᠣᠭᠠᠴᠢᠨ ᠣᠷᠢᠬᠤ ᠪᠠᠷ ᠭᠤᠣᠯᠳᠠᠯᠭ᠎ᠠ ᠪᠣᠯᠭᠠᠵᠣ᠂ ᠲᠦᠪ ᠤᠨ ᠠᠵᠣ ᠠᠬᠤᠶᠢᠯᠠᠯ᠂ ᠲᠡᠯᠡᠭᠡᠢ ᠵᠢᠴᠢ ᠣᠯᠣᠰ ᠤᠨ ᠲᠣᠳᠣᠭᠠᠳᠣ ᠳᠠᠬᠢ 500 ᠭᠦᠴᠣᠷᠭᠡᠭ ᠠᠵᠣ ᠦᠢᠯᠡᠰ ᠢ ᠠᠵᠢᠭᠯᠠᠵᠣ᠂ ᠶᠡᠭᠡ ᠭᠡᠪᠴᠢᠶᠠᠨ ᠤ ᠬᠤᠳᠠᠯᠳᠣᠭᠠᠴᠢᠨ ᠣᠷᠢᠵᠣ ᠪᠡᠯᠡ ᠣᠷᠣᠭᠤᠯᠬᠤ ᠠᠵᠢᠯᠯᠠᠭ᠎ᠠ ᠶᠢ ᠵᠣᠭᠢᠶᠠᠨ ᠪᠠᠶᠢᠭᠤᠯᠣᠨ ᠦᠷᠨᠢᠭᠦᠯᠵᠣ᠂  ᠵᠣᠷᠢᠭᠳᠠᠢ ᠪᠠᠷ ᠲᠠᠪᠠᠭᠤᠯᠢᠭ ᠠᠵᠣ ᠠᠬᠤᠶᠢᠯᠠᠯ ᠲᠠᠢ ᠬᠤᠷᠰᠢᠬᠤ ᠪᠠ ᠬᠤᠯᠪᠣᠭᠠᠯᠠᠨ ᠨᠠᠶᠢᠯᠡᠵᠣ᠂ ᠮᠦᠷᠳᠡᠨ ᠵᠠᠯᠭᠠᠯᠳᠣᠭᠤᠯᠬᠤ ᠠᠵᠢᠯ ᠢ ᠭᠢᠨᠠᠮᠠᠭᠠᠢ ᠰᠠᠶᠢᠳᠣᠷ ᠭᠢᠵᠣ᠂  ᠲᠣᠰ ᠭᠠᠵᠠᠷ ᠲᠤ  ᠪᠠᠶᠢᠭᠤᠯᠬᠤ ᠨᠦᠭᠦᠴᠡᠯ ᠢ ᠢᠳᠡᠪᠭᠢᠳᠡᠢ ᠡᠭᠦᠳᠴᠣ᠂ ᠨᠢᠭᠡ ᠪᠦᠯᠦᠭ ᠭᠦᠭᠵᠢᠯᠳᠡ ᠶᠢᠨ ᠲᠠᠯᠳᠠ ᠭᠦᠴᠣᠨ ᠢᠶᠠᠷ ᠶᠡᠭᠡ᠂ ᠲᠠᠶᠢᠴᠢᠯᠠᠬᠤ ᠦᠢᠯᠡᠳᠣᠯ ᠨᠢ ᠴᠢᠩᠭ᠎ᠠ᠂ ᠰᠢᠨᠵᠢᠯᠡᠭᠡ ᠮᠡᠷᠭᠡᠵᠢᠯ ᠤᠨ ᠪᠠᠭᠳᠠᠭᠠᠮᠵᠢ ᠪᠠᠷ ᠦᠨᠳᠣᠷ᠂ ᠣᠷᠴᠢᠨ ᠠᠬᠤᠢ ᠶᠢᠨ ᠪᠣᠭᠢᠷᠳᠣᠯ ᠪᠠᠭ᠎ᠠ ᠪᠠᠶᠢᠬᠤ ᠲᠣᠮᠣ ᠲᠦᠷᠣᠯ ᠵᠦᠢᠯ  ᠢ ᠴᠢᠷᠮᠠᠶᠢᠨ ᠣᠷᠣᠭᠤᠯᠣᠨ᠎ᠠ᠃      ᠭᠤᠷᠪᠠᠳᠣᠭᠠᠷ ᠲᠤ᠂ ᠵᠣᠭᠢᠰᠳᠡᠢ ᠣᠷᠢᠳᠴᠢᠯᠠᠬᠤ ᠶᠢ ᠪᠠᠷᠢᠮᠳᠠᠯᠠᠵᠣ᠂ ᠰᠠᠭᠤᠷᠢᠰᠢᠵᠣ  ᠠᠵᠢᠯ ᠣᠯᠬᠤ ᠳᠤ ᠲᠣᠭᠢᠷᠠᠮᠵᠢᠳᠡᠢ ᠬᠤᠳᠠ ᠪᠠᠯᠭᠠᠰᠣ ᠶᠢ ᠨᠡᠩ ᠭᠦᠴᠣᠨ ᠲᠠᠢ ᠪᠠᠶᠢᠭᠤᠯᠣᠨ᠎ᠠ᠃ ᠡᠨᠡ ᠵᠢᠯ ᠵᠠᠰᠠᠭ ᠤᠨ ᠣᠷᠳᠣᠨ ᠠᠴᠠ 40 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠣᠯᠳᠠ ᠬᠤᠷᠠᠮᠳᠣᠭᠤᠯᠭ᠎ᠠ ᠪᠠᠷ ᠬᠤᠳᠠ ᠪᠠᠯᠭᠠᠰᠣ  ᠶᠢ ᠦᠭᠡᠷᠡᠴᠢᠯᠡᠨ ᠪᠠᠶᠢᠭᠤᠯᠬᠤ ᠭᠦᠴᠣᠯᠡᠴᠡ ᠶᠢ ᠶᠡᠭᠡᠳᠭᠡᠭᠦ ᠪᠠᠷ ᠲᠦᠯᠣᠪᠯᠡᠵᠣ᠂ ᠶᠡᠭᠡ ᠪᠡᠯᠡ ᠣᠷᠣᠭᠤᠯᠣᠯᠳᠠ᠂ ᠶᠭᠡ ᠪᠠᠶᠢᠭᠤᠯᠣᠯᠳᠠ ᠪᠠᠷ ᠶᠡᠭᠡ ᠬᠤᠪᠢᠷᠠᠯᠳᠠ᠂ ᠶᠡᠭᠡ ᠲᠡᠭᠡᠭᠰᠢᠯᠡᠯᠳᠡ  ᠶᠢ ᠪᠡᠶᠡᠯᠡᠭᠦᠯᠵᠣ᠂ ᠬᠤᠳᠠ  ᠶᠢᠨ ᠣᠨᠴᠡᠯᠢᠭ᠋  ᠶᠢ ᠠᠭᠢᠭᠤᠯᠣᠨ᠎ᠠ᠃  ᠨᠢᠭᠡ ᠳᠤ  ᠴᠢᠨᠠᠷ ᠲᠡᠰ ᠢᠶᠠᠨ ᠲᠡᠭᠡᠭᠰᠢᠯᠡᠭᠦᠯᠭᠦ  ᠳᠤ ᠵᠣᠭᠰᠣᠵᠣ᠂ ᠰᠢᠨᠵᠢᠯᠡᠭᠦ ᠣᠬᠠᠭᠠᠨᠴᠢ ᠪᠠᠷ  ᠬᠤᠳᠠ ᠪᠠᠨ ᠲᠦᠯᠣᠪᠵᠢᠭᠦᠯᠥᠨ᠎ᠡ᠃  ᠬᠤᠳᠠ ᠶᠢᠨ  ᠲᠦᠯᠦᠪᠵᠢᠭᠦᠯᠭᠡ ᠶᠢᠨ ᠰᠢᠨᠵᠢᠯᠡᠭᠦ ᠣᠬᠠᠭᠠᠨᠴᠢ ᠴᠢᠨᠠᠷ᠂ ᠣᠷᠢᠳᠠᠴᠢ ᠪᠠᠷᠠᠯᠠᠬᠤ ᠴᠢᠨᠠᠷ ᠪᠠ ᠲᠦᠪ ᠴᠢᠩᠭ᠎ᠠ ᠴᠢᠨᠠᠷ ᠢ ᠴᠢᠬᠤᠯᠡᠴᠢᠯᠡᠨ ᠴᠢᠩᠭᠠᠳᠬᠠᠵᠣ᠂ ᠬᠤᠳᠠ ᠶᠢᠨ ᠪᠦᠳᠣᠭᠡᠨ ᠪᠠᠶᠢᠭᠤᠯᠣᠯᠳᠠ ᠳᠤ ᠣᠯᠳᠣᠢ ᠪᠢᠴᠢᠯᠭᠡ᠂ ᠬᠠᠷᠠᠮᠰᠠᠯ ᠦᠯᠡᠳᠡᠭᠡᠭᠦ ᠦᠭᠡᠢ᠃《ᠭᠤᠯᠣᠮᠳᠠ ᠭᠠᠯ》 ᠢᠶᠠᠷ ᠭᠤᠣᠯ ᠰᠡᠳᠣᠪ ᠪᠣᠯᠭᠠᠭᠰᠠᠨ ᠰᠢᠨ᠎ᠡ ᠲᠣᠭᠤᠷᠢᠭ ᠤᠨ ᠠᠭᠤᠳᠠᠮ ᠲᠡᠯᠠᠪᠡᠢ᠂《ᠰᠠᠭᠢᠭᠤᠯᠰᠣᠨ ᠪᠦᠷᠭᠦᠳ》 ᠪᠠᠷ ᠭᠤᠣᠯ ᠰᠡᠳᠣᠪ ᠪᠣᠯᠭᠠᠭᠰᠠᠨ ᠠᠮᠢ ᠠᠬᠤᠢ ᠶᠢᠨ ᠣᠷᠭᠤᠮᠠᠯ ᠤᠨ ᠭᠦᠷᠢᠶᠡᠯᠡᠩ  ᠂《ᠠᠪᠣᠷᠭᠤ ᠭᠦᠷᠪᠡᠯ》 ᠢᠶᠠᠷ ᠭᠤᠣᠯ ᠰᠡᠳᠣᠪ ᠪᠣᠯᠭᠠᠭᠰᠠᠨ ᠴᠡᠴᠡᠷᠯᠢᠭ ᠵᠢᠴᠢ ᠦᠵᠡᠮᠣᠷᠢ ᠵᠡᠷᠭᠡ  ᠨᠢᠭᠡ ᠪᠦᠯᠦᠭ ᠨᠡᠶᠢᠳᠡ ᠶᠢᠨ ᠲᠣᠨᠤᠭ ᠲᠦᠭᠦᠭᠡᠷᠣᠮᠵᠢ ᠶᠢᠨ ᠲᠦᠯᠣᠪᠵᠢᠭᠦᠯᠭᠡ ᠶᠢᠨ ᠲᠦᠯᠦᠪᠯᠡᠭᠡ ᠶᠢ ᠭᠤᠣᠯᠳᠡᠯᠭ᠎ᠠ ᠲᠠᠢ ᠪᠡᠶᠡᠯᠡᠭᠦᠯᠥᠨ᠎ᠡ᠃ ᠰᠣᠨᠢᠨ ᠮᠡᠳᠡᠭᠡᠨ ᠤ ᠲᠦᠪ᠂ ᠶᠡᠷᠦᠩᠭᠡᠶᠢᠯᠡᠭᠰᠡᠨ ᠪᠡᠶ᠎ᠡ ᠲᠠᠮᠢᠷ ᠤᠨ ᠲᠠᠯᠠᠪᠣᠷ ᠵᠡᠷᠭᠡ ᠨᠢᠭᠡ ᠪᠦᠯᠦᠭ ᠳ᠋ᠠᠩ ᠪᠠᠶᠡᠳᠣ ᠪᠠᠷᠢᠯᠭ᠎ᠠ ᠶᠢᠨ ᠲᠦᠯᠣᠪᠯᠡᠭᠡ ᠵᠢᠴᠢ ᠶᠡᠷᠦᠩᠭᠡᠶᠢᠯᠡᠭᠰᠡᠨ ᠬᠤᠭᠤᠯᠠᠢ ᠲᠣᠣᠷ᠂ ᠬᠤᠳᠠ ᠶᠢᠨ ᠦᠵᠡᠮᠣᠷᠢ ᠵᠡᠷᠭᠡ ᠲᠣᠰᠬᠠᠢ ᠲᠦᠷᠣᠯ ᠤᠨ ᠲᠦᠯᠣᠪᠵᠢᠭᠦᠯᠭᠡ ᠶᠢ ᠲᠣᠪᠣᠶᠢᠯᠭᠠᠨ ᠰᠠᠶᠢᠳᠣᠷ ᠠᠳᠬᠤᠬᠤ ᠭᠡᠷᠡᠭᠳᠡᠢ᠃ ᠡᠯ᠎ᠡ ᠲᠦᠷᠣᠯ ᠤᠨ ᠲᠦᠯᠣᠪᠵᠢᠭᠦᠯᠭᠡ ᠶᠢᠨ ᠲᠦᠯᠣᠪᠯᠡᠭᠡ ᠨᠢ ᠴᠢᠨᠠᠷ ᠰᠠᠶᠢᠨ ᠦᠷ᠎ᠡ ᠠᠰᠢᠭ ᠢᠶᠠᠷ ᠦᠨᠳᠣᠷ᠂ ᠣᠷᠢᠳᠴᠢᠯᠠᠨ ᠪᠡᠶᠡᠯᠡᠭᠦᠯᠭᠦ ᠶᠢ ᠪᠦᠭᠦ ᠲᠠᠯ᠎ᠠ ᠪᠠᠷ ᠪᠠᠳᠣᠯᠠᠵᠣ᠂ ᠲᠦᠯᠣᠪᠵᠢᠭᠦᠯᠭᠡ ᠨᠢ ᠣᠷᠣᠨ ᠳᠠᠭᠠᠨ ᠭᠦᠷᠦᠭᠰᠡᠨ ᠦᠭᠡᠢ ᠠᠴᠠ ᠪᠣᠯᠵᠣ᠂ ᠠᠵᠢᠯ ᠤᠨ ᠬᠤᠭᠤᠴᠠᠭ᠎ᠠ  ᠶᠢ ᠣᠰᠣᠯᠳᠣᠭᠤᠯᠵᠣ᠂ ᠠᠭᠢᠴᠠ ᠶᠢ ᠨᠦᠯᠦᠭᠡᠯᠡᠵᠣ  ᠣᠭᠳᠣ ᠪᠣᠯᠬᠤ  ᠦᠭᠡᠢ᠃ ᠬᠤᠶᠠᠷ ᠲᠤ ᠴᠢᠳᠠᠪᠣᠷᠢ  ᠶᠢ ᠲᠡᠭᠦᠯᠳᠡᠷᠵᠢᠭᠦᠯᠭᠦ ᠲᠡᠭᠡᠷ᠎ᠡ ᠵᠣᠭᠰᠣᠵᠣ᠂ ᠬᠤᠳᠠ ᠶᠢᠨ ᠪᠠᠶᠢᠭᠤᠯᠣᠯᠳᠠ ᠶᠢ ᠲᠦᠷᠭᠡᠳᠭᠡᠨ᠎ᠡ᠃ ᠵᠰᠠᠭ ᠤᠨ ᠣᠷᠳᠣᠨ ᠠᠴᠠ ᠭᠦᠳᠣᠯᠭᠦ ᠪᠠ ᠵᠠᠬ᠎ᠠ ᠲᠡᠯᠭᠡᠭᠦᠷ ᠠᠴᠠ ᠠᠵᠢᠯᠯᠠᠬᠤ ᠶᠢ ᠬᠠᠷᠢᠯᠴᠠᠨ ᠣᠶᠠᠯᠳᠣᠭᠤᠯᠬᠤ ᠵᠠᠷᠴᠢᠮ ᠶᠣᠰᠣᠭᠠᠷ᠂ ᠴᠢᠳᠠᠪᠣᠷᠢ ᠶᠢ ᠲᠡᠭᠦᠯᠳᠡᠷᠵᠢᠭᠦᠯᠵᠣ᠂ ᠴᠢᠨᠠᠷ ᠲᠡᠰ ᠢᠶᠠᠨ ᠲᠡᠭᠡᠭᠰᠢᠯᠡᠭᠦᠯᠵᠣ᠂ ᠲᠠᠯ᠎ᠠ ᠨᠣᠳᠤᠭ ᠤᠨ ᠨᠠᠷᠢᠯᠢᠭ ᠣᠨᠴᠠᠯᠢᠭᠳᠣ ᠬᠤᠳᠠ ᠶᠢ ᠭᠤᠣᠯᠳᠡᠯᠭ᠎ᠠ ᠲᠠᠢ ᠪᠠᠶᠢᠭᠤᠯᠣᠨ᠎ᠠ᠃  ᠣᠯᠠᠭᠠᠨᠪᠠᠯᠭᠠᠰᠣ ᠳᠤ ᠵᠠᠰᠠᠭ ᠤᠨ ᠣᠷᠳᠣᠨ ᠠᠴᠠ 18 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠣᠯᠳᠠ ᠬᠤᠷᠠᠮᠳᠣᠭᠤᠯᠭ᠎ᠠ ᠣᠷᠣᠭᠤᠯᠬᠤ  ᠪᠠᠷ ᠲᠦᠯᠦᠪᠯᠡᠵᠣ᠂ ᠵᠠᠮ ᠤᠨ ᠪᠠᠶᠢᠭᠤᠯᠣᠯᠳᠠ᠂ ᠵᠡᠭᠡᠯᠢ ᠶᠢᠨ ᠦᠭᠡᠷᠡᠴᠢᠯᠡᠯᠳᠡ ᠵᠡᠷᠭᠡ 7 ᠲᠦᠷᠣᠯ ᠤᠨ ᠬᠤᠳᠠ ᠶᠢᠨ ᠢᠨᠵᠧᠨᠧᠷᠢᠩ  ᠪᠠ ᠰᠣᠨᠢᠨ ᠮᠡᠳᠡᠭᠡᠨ ᠤ ᠲᠦᠪ ᠂ ᠶᠡᠷᠣᠩᠭᠡᠶᠢᠯᠡᠭᠰᠡᠨ ᠪᠡᠶ᠎ᠡ ᠲᠠᠮᠢᠷ ᠤᠨ ᠲᠠᠯᠠᠪᠣᠷ ᠵᠡᠷᠭᠡ 10 ᠲᠦᠷᠣᠯ  ᠤᠨ ᠳ᠋ᠠᠩ ᠪᠡᠶᠡᠳᠣ ᠢᠨᠵᠧᠨᠧᠷᠢᠩ ᠵᠢᠴᠢ ᠰᠢᠨ᠎ᠡ ᠲᠣᠭᠤᠷᠢᠭ ᠤᠨ ᠠᠭᠤᠳᠠᠮ ᠲᠠᠯᠠᠪᠡᠢ᠂ ᠠᠮᠢ ᠠᠬᠤᠢ ᠶᠢᠨ ᠣᠷᠭᠤᠮᠠᠯ ᠤᠨ  ᠭᠦᠷᠢᠶᠡᠯᠡᠩ᠂ ᠴᠡᠴᠡᠷᠯᠢᠭ ᠵᠢᠴᠢ ᠦᠵᠡᠮᠣᠷᠢ ᠵᠡᠷᠭᠡ ᠨᠢᠭᠡ ᠪᠦᠯᠦᠭ ᠪᠡᠯᠭᠡ ᠲᠡᠮᠳᠡᠭᠳᠣ ᠢᠨᠵᠧᠨᠧᠷᠢᠩ ᠢ ᠶᠡᠭᠡ ᠭᠦᠴᠣᠨ ᠢᠶᠠᠷ ᠭᠡᠷᠡᠭᠵᠢᠭᠦᠯᠥᠨ᠎ᠡ᠃ ᠰᠢᠨ᠎ᠡ   ᠪᠠᠷ 60 ᠲᠦᠮᠡᠨ ᠲᠡᠭᠰᠢ ᠲᠦᠷᠪᠡᠯᠵᠢᠨ ᠮᠧᠲᠷ ᠪᠠᠷᠢᠯᠭ᠎ᠠ ᠪᠠᠷᠢᠵᠣ᠂ 70 ᠲᠦᠮᠡᠨ ᠲᠡᠭᠰᠢ ᠲᠦᠷᠪᠡᠯᠵᠢᠨ ᠮᠧᠲᠷ ᠣᠷᠣᠨ ᠰᠡᠭᠤᠴᠠ  ᠶᠢ ᠨᠣᠷᠠᠭᠠᠵᠣ ᠨᠡᠭᠦᠯᠭᠡᠨ ᠦᠭᠡᠷᠡᠴᠢᠯᠡᠵᠣ ᠦᠭᠡᠷᠡᠴᠢᠯᠡᠨ᠂ 36 ᠲᠦᠮᠡᠨ ᠲᠡᠭᠰᠢ ᠲᠦᠷᠪᠡᠯᠵᠢᠨ ᠮᠧᠲᠷ ᠬᠤᠳᠠ ᠶᠢᠨ ᠵᠠᠮ᠂ 35 ᠺᠢᠯᠥᠮᠧᠲᠷ ᠴᠠᠭᠢᠯᠭᠠᠨ ᠭᠦᠴᠣᠨ ᠬᠤᠭᠤᠯᠠᠢ ᠲᠣᠣᠷ ᠢ ᠰᠢᠨ᠎ᠡ ᠪᠠᠷ ᠨᠡᠮᠡᠭᠳᠡᠭᠦᠯᠵᠣ᠂ 37 ᠲᠦᠮᠡᠨ ᠲᠡᠭᠰᠢ ᠲᠦᠷᠪᠡᠯᠵᠢᠨ ᠮᠧᠲᠷ ᠭᠠᠵᠡᠷ ᠢ ᠬᠠᠳᠠᠭᠤᠷᠠᠭᠤᠯᠣᠨ ᠲᠠᠪᠢᠰᠥᠨ᠎ᠡ᠃  ᠴᠢ ᠫᠠᠨ ᠵᠢᠩ ᠵᠠᠰᠠᠭ ᠤᠨ ᠣᠷᠳᠣᠨ ᠤ ᠴᠢᠨᠠᠷᠳᠡᠢ ᠪᠡᠯᠡ ᠣᠷᠣᠭᠤᠯᠣᠳᠠ ᠶᠢ 17 ᠳ᠋ᠦᠩᠰᠢᠭᠤᠷ ᠲᠦᠭᠦᠷᠢᠭ ᠲᠦᠯᠣᠪᠯᠡᠵᠣ᠂ ᠶᠡᠷᠦᠩᠭᠡᠶᠢᠯᠡᠭᠰᠡᠨ ᠬᠤᠭᠤᠯᠠᠢ ᠲᠣᠣᠷ᠂ ᠬᠠᠭᠤᠴᠢᠨ ᠲᠣᠭᠤᠷᠢᠭ ᠤᠨ ᠦᠭᠡᠷᠡᠴᠢᠯᠡᠯᠳᠡ᠂ ᠵᠢᠴᠢ ᠲᠠᠮᠢᠷ ᠤᠨ ᠣᠷᠳᠣᠨ᠂ ᠦᠵᠡᠭᠦᠯᠥᠯᠭᠡ ᠶᠢᠨ ᠲᠦᠪ ᠵᠡᠷᠭᠡ ᠭᠤᠣᠯᠳᠠᠯᠭᠠᠳᠣ ᠢᠨᠵᠧᠨᠧᠷᠢᠩ ᠢ ᠱᠠᠯᠠᠪᠳᠠᠨ ᠭᠡᠷᠡᠭᠵᠢᠭᠦᠯᠵᠣ᠂ 49 ᠲᠦᠮᠡᠨ ᠲᠡᠭᠰᠢ ᠲᠦᠷᠪᠡᠯᠵᠢᠨ ᠮᠧᠲᠷ ᠬᠤᠳᠠ ᠶᠢᠨ ᠵᠠᠮ᠂ 50 ᠺᠢᠯᠣᠮᠧᠲᠷ ᠶᠡᠷᠦᠩᠭᠡᠶᠢᠯᠡᠭᠰᠡᠨ ᠬᠤᠭᠤᠯᠠᠢ ᠲᠣᠣᠷ  ᠢ ᠰᠢᠨ᠎ᠡ ᠪᠠᠷ ᠨᠡᠮᠡᠭᠳᠡᠭᠦᠯᠵᠣ᠂ 22.88 ᠲᠦᠮᠡᠨ ᠲᠡᠭᠰᠢ ᠲᠦᠷᠪᠡᠯᠵᠢᠨ ᠮᠧᠲᠷ ᠭᠠᠵᠡᠷ ᠢ ᠬᠠᠳᠠᠭᠤᠷᠠᠭᠤᠯᠥᠨ ᠲᠡᠪᠢᠰᠴᠣ᠂ 90 ᠲᠦᠮᠡᠨ ᠲᠡᠭᠰᠢ ᠲᠦᠷᠪᠡᠯᠵᠢᠨ ᠮᠧᠲᠷ ᠣᠷᠣᠨ ᠰᠡᠭᠤᠴᠠ  ᠶᠢ ᠨᠣᠷᠡᠭᠠᠵᠣ ᠨᠡᠭᠦᠯᠭᠡᠨ᠂ ᠦᠭᠡᠷᠡᠴᠢᠯᠡᠨ᠎ᠡ᠃  ᠮᠧᠩ ᠰᠢ ᠵᠠᠰᠠᠭ ᠤᠨ ᠣᠷᠳᠣᠨ ᠤ ᠪᠡᠯᠡ ᠣᠷᠣᠭᠤᠯᠣᠯᠳᠠ ᠶᠢ 5 ᠳ᠋ᠦᠩᠰᠢᠭᠤᠷ ᠲᠦᠭᠦᠷᠢᠭ ᠲᠦᠯᠣᠪᠯᠡᠵᠣ᠂ ᠵᠠᠮ᠂ ᠢᠯᠴᠢ ᠬᠠᠩᠭᠠᠯᠭ᠎ᠠ ᠶᠢᠨ ᠦᠭᠡᠷᠡᠴᠢᠯᠡᠯᠳᠡ᠂  ᠶᠡᠷᠦᠩᠭᠡᠶᠢᠯᠡᠭᠰᠡᠨ ᠬᠤᠭᠤᠯᠠᠢ ᠲᠣᠣᠷ᠂  ᠬᠤᠳᠠ ᠶᠢᠨ ᠠᠭᠤᠳᠠᠮ ᠲᠠᠯᠠᠪᠡᠢ  ᠵᠡᠷᠭᠡ ᠢᠨᠵᠧᠨ᠋ᠸᠢᠷᠩ ᠢ ᠭᠤᠣᠯᠳᠠᠯᠭ᠎ᠠ ᠲᠠᠢ ᠭᠡᠷᠡᠭᠵᠢᠭᠦᠯᠵᠣ᠂ 10 ᠵᠣᠷᠪᠣᠰ ᠵᠠᠮ ᠤᠨ ᠨᠣᠭᠤᠭᠠᠷᠠᠭᠤᠯᠣᠯᠳᠠ ᠭᠡᠷᠡᠭᠦᠯᠥᠯᠳᠠ ᠪᠠ 4 ᠺᠢᠯᠣᠮᠧᠲᠷ ᠢᠯᠴᠢ ᠬᠠᠩᠭᠠᠬᠤ ᠬᠤᠭᠤᠯᠠᠢ ᠲᠣᠣᠷ ᠤᠨ ᠦᠭᠡᠷᠡᠴᠢᠯᠡᠯᠳᠡ ᠶᠢᠨ ᠪᠦᠳᠣᠭᠡᠨ ᠪᠠᠶᠢᠭᠤᠯᠣᠯᠳᠠ ᠶᠢ  ᠪᠠᠳᠣᠯᠠᠵᠣ᠂ ᠬᠤᠳᠠ ᠶᠢᠨ ᠵᠠᠮ ᠢ 112 ᠲᠦᠮᠡᠨ ᠲᠡᠭᠰᠢ ᠲᠦᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠣ᠂ 32 ᠲᠦᠮᠡᠨ ᠲᠡᠭᠰᠢ ᠲᠦᠷᠪᠡᠯᠵᠢᠨ ᠮᠧᠲᠷ ᠭᠠᠵᠡᠷ ᠢ ᠬᠠᠳᠠᠭᠤᠷᠠᠭᠤᠯᠣᠨ ᠲᠡᠪᠢᠰᠴᠣ᠂ 2.2 ᠲᠦᠮᠡᠨ ᠲᠡᠭᠰᠢ ᠲᠦᠷᠪᠡᠯᠵᠢᠨ ᠮᠧᠲᠷ ᠣᠷᠣᠨ ᠰᠡᠭᠤᠴᠠ  ᠶᠢ ᠨᠣᠷᠡᠭᠠᠵᠣ ᠨᠡᠭᠦᠯᠭᠡᠨ ᠦᠭᠡᠷᠡᠴᠢᠯᠡᠨ᠎ᠡ᠃ ᠭᠤᠷᠪᠠ ᠳᠤ ᠤᠷᠴᠢᠨ ᠲᠤᠭᠤᠷᠢᠨ ᠢ ᠰᠠᠶᠢᠵᠢᠷᠠᠭᠤᠯᠬᠤ ᠳᠤ ᠰᠠᠭᠤᠷᠢᠯᠠᠨ ᠬᠤᠳᠠ ᠶᠢᠨ ᠬᠠᠮᠢᠶᠠᠷᠤᠯᠳᠠ ᠶᠢ ᠴᠢᠩᠭᠠᠳᠬᠠᠨ᠎ᠠ᠃ ︽ᠤᠷᠤᠯᠴᠠᠬᠤ ᠭᠡᠯᠪᠡᠷᠢ︾ ᠶᠢᠨ ᠬᠠᠮᠢᠶᠠᠷᠤᠯᠳᠠ ᠶᠢᠨ ᠦᠵᠡᠯ ᠤᠬᠠᠮᠰᠠᠷ ᠢ ᠪᠤᠢ  ᠪᠤᠯᠭᠠᠵᠤ᠂ ︽ᠲᠤᠭᠠᠴᠠᠯᠬᠠᠰᠠᠨ︾ ᠬᠠᠮᠢᠶᠠᠷᠬᠤ ᠭᠡᠪᠵᠢᠯ  ᠢ ᠣᠷᠣᠭᠤᠯᠣᠨ᠂ ᠬᠤᠳᠠ  ᠶᠢᠨ ᠬᠠᠮᠢᠶᠡᠷᠥᠯᠳᠠ  ᠶᠢ ᠵᠡᠭᠡᠯᠢ ᠭᠤᠳᠣᠮᠵᠢ ᠭᠦᠷᠳᠡᠯ᠎ᠠ ᠬᠠᠮᠢᠶ᠋ᠷᠬᠤ  ᠶᠢ ᠠᠭᠢᠭᠤᠯᠵᠣ᠂  ᠪᠠᠶᠢᠭᠤᠯᠭ᠎ᠠ ᠶᠢᠨ ᠬᠠᠮᠢᠶᠠᠷᠤᠯᠳᠠ ᠶᠢ ᠪᠦᠭᠦ ᠠᠷᠠᠳ ᠬᠠᠮᠳᠤ ᠪᠠᠷ ᠪᠦᠳᠦᠭᠡᠨ ᠪᠠᠶᠢᠭᠤᠯᠬᠤ ᠪᠤᠯᠭᠠᠨ ᠬᠤᠪᠢᠷᠡᠭᠤᠯᠣᠨ᠎ᠠ᠃ ︽ᠡᠭᠦᠳᠦᠨ ᠪᠠᠶᠢᠭᠤᠯᠬᠤ︾ ᠢᠨᠵᠧᠨᠧᠷᠢᠩ ᠢ ᠭᠡᠷᠡᠭᠵᠢᠭᠦᠯᠦᠨ᠂  ᠤᠯᠠᠨ ᠨᠡᠶᠢᠳᠡ ᠶᠢᠨ ᠮᠠᠰᠢᠨ ᠲᠡᠷᠭᠡᠨ ᠤ ᠵᠤᠨᠨᠰᠤᠭᠠᠯ ᠤᠨ ᠪᠠᠶᠢᠭᠤᠯᠤᠯᠳᠠ ᠶᠢ ᠲᠦᠷᠭᠡᠳᠭᠡᠵᠤ᠂  ᠲᠤᠷ᠎ᠠ ᠪᠠᠷ ᠬᠤᠭ ᠨᠤᠪᠰᠢ ᠠᠰᠬᠠᠬᠤ᠂  ᠵᠠᠮ ᠵᠡᠭᠡᠯᠢ  ᠶᠢ ᠡᠵᠡᠯᠡᠨ ᠡᠵᠡᠩᠨᠡᠯᠳᠡ ᠭᠢᠭᠦ᠂  ᠪᠤᠵᠠᠷ ᠤᠰᠤ ᠭᠠᠳ᠋ᠬᠠᠰᠢᠯᠠᠭᠤᠯᠬᠤ᠂  ᠮᠠᠰᠢᠨ ᠲᠡᠷᠭᠡ ᠰᠠᠯᠪᠢᠨ ᠵᠠᠰᠠᠬᠤ᠂ ᠲᠤᠷ᠎ᠠ ᠪᠠᠷ ᠪᠤᠰᠬᠠᠵᠤ ᠪᠠᠶᠢᠭᠤᠯᠬᠤ ᠵᠢᠴᠢ ᠢᠳᠡᠭᠡᠨ ᠤ ᠵᠠᠬ᠎ᠠ ᠲᠡᠯᠭᠡᠭᠦᠷ ᠵᠡᠷᠭᠡ ᠶᠢ ᠭᠤᠤᠯᠳᠠᠯᠭ᠎ᠠ ᠲᠠᠢ ᠴᠡᠭᠴᠡᠯᠡᠨ ᠵᠠᠰᠠᠵᠤ᠂  ᠬᠤᠳᠠ ᠶᠢᠨ ᠤᠷᠴᠢᠨ ᠲᠤᠭᠤᠷᠢᠨ ᠢ ᠨᠡᠩ ᠴᠡᠪᠡᠷ ᠲᠢᠭᠯᠢᠮ ᠲᠠᠢ ᠪᠤᠯᠭᠠᠨ᠎ᠠ᠃ ︽ᠨᠤᠭᠤᠭᠠᠷᠠᠭᠤᠯᠤᠯᠳᠠ ᠶᠢ ᠨᠡᠮᠡᠭᠳᠡᠭᠦᠯᠭᠦ ᠢᠨᠵᠧᠨᠧᠷᠢᠩ︾ ᠢ ᠭᠡᠷᠡᠭᠵᠢᠭᠦᠯᠦᠨ᠂ ᠭᠤᠷᠪᠠᠨ ᠪᠠᠯᠭᠠᠰᠤᠨ ᠳᠤ ᠴᠡᠴᠡᠷᠯᠢᠭᠵᠢᠭᠦᠯᠤᠯᠳᠡ ᠨᠤᠭᠤᠭᠠᠷᠠᠭᠤᠯᠤᠯᠳᠠ ᠶᠢ ᠰᠢᠨ᠎ᠠ ᠪᠠᠷ 150 ᠲᠦᠮᠡᠨ ᠲᠡᠭᠰᠢ ᠲᠦᠷᠪᠡᠯᠵᠢᠨ ᠮᠧᠲᠷ ᠨᠡᠮᠡᠭᠳᠡᠭᠦᠯᠵᠤ᠂  ᠤᠯᠠᠭᠠᠨ ᠪᠠᠯᠭᠠᠰᠤᠨ ᠤ ᠭᠡᠳᠦᠨ ᠲᠤᠮᠤ ᠭᠠᠷᠬᠤ ᠵᠠᠮ ᠤᠨ ᠠᠮᠢ ᠠᠬᠤᠢ ᠶᠢᠨ ᠨᠤᠭᠤᠭᠠᠷᠠᠭᠤᠯᠬᠤ ᠢᠨᠵᠧᠨᠧᠷᠢᠩ ᠢ ᠭᠤᠤᠯᠳᠠᠯᠭ᠎ᠠ ᠲᠠᠢ ᠰᠠᠶᠢᠨ ᠠᠳᠬᠤᠵᠤ᠂  ᠬᠤᠳᠠ ᠶᠢᠨ ᠬᠠᠯᠬᠠᠪᠴᠢ ᠤᠢ ᠶᠢ 1 ᠲᠦᠮᠡᠨ ᠮᠤ᠋ ᠲᠠᠷᠢᠵᠤ᠂ ᠰᠡᠭᠤᠭᠠᠯᠢ ᠠᠷᠠᠳ ᠶᠠᠪᠤᠵᠤ ᠰᠠᠭᠤᠬᠤ 500 ᠮᠧᠲᠷ ᠲᠤᠳᠤᠷ᠎ᠠ ᠤᠯᠠᠨ ᠨᠡᠶᠢᠳᠡ ᠶᠢᠨ ᠨᠤᠭᠤᠭᠠᠨ ᠭᠠᠵᠠᠷ ᠲᠠᠢ ᠪᠠᠶᠢᠯᠭᠠᠬᠤ ᠬᠠᠷᠠᠯᠳᠠ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠠ᠃      ᠲᠦᠷᠪᠡᠳᠤᠬᠡᠷ ᠲᠤ᠂ ᠴᠢᠨᠠᠷ ᠢ ᠲᠡᠬᠡᠭᠰᠢᠯᠡᠬᠦᠯᠵᠤ ᠦᠷ᠎ᠠ ᠠᠰᠢᠭ ᠢ ᠨᠡᠮᠡᠭᠳᠡᠬᠦᠯᠬᠦ ᠶᠢ ᠪᠠᠷᠢᠮᠳᠡᠯᠠᠨ᠂ ᠤᠳᠤ ᠦᠶ᠎ᠠ ᠶᠢᠨ ᠤᠶᠢᠯᠡᠴᠢᠯᠡᠬᠦ ᠤᠶᠢᠯᠡᠰ ᠤᠨ ᠬᠦᠭᠵᠢᠯᠳᠡ ᠶᠢ ᠨᠡᠩ ᠬᠦᠴᠤᠳᠠᠢ ᠠᠬᠢᠭᠤᠯᠤᠨ᠎ᠠ᠃ ᠰᠤᠶᠤᠯ ᠤᠨ ᠵᠤᠭᠠᠴᠠᠯ᠂ ᠠᠷᠠᠯᠵᠢᠶ᠎ᠠ ᠬᠤᠳᠠᠯᠳᠤᠭ᠎ᠠ ᠡᠳ᠋ ᠪᠡᠷᠡᠭᠠᠨ ᠤ ᠬᠦᠢᠯᠬᠡᠬᠡ ᠵᠡᠷᠬᠡ ᠤᠳᠤ ᠦᠶ᠎ᠠ ᠶᠢᠨ ᠤᠶᠢᠯᠡᠴᠢᠯᠡᠬᠦ ᠤᠶᠢᠯᠡᠰ ᠢ ᠶᠡᠭᠡ ᠪᠠᠷ ᠬᠦᠭᠵᠢᠬᠦᠯᠤᠨ᠂ ᠤᠶᠢᠯᠡᠳᠪᠤᠷᠢᠯᠡᠯ ᠤᠨ ᠴᠢᠨᠠᠷᠳᠠᠢ ᠤᠶᠢᠯᠡᠴᠢᠯᠡᠬᠦ ᠤᠶᠢᠯᠡᠰ᠂ ᠤᠯᠠᠮᠵᠢᠯᠠᠯᠳᠤ ᠤᠶᠢᠯᠡᠴᠢᠯᠡᠬᠦ ᠤᠶᠢᠯᠡᠰ ᠤᠨ ᠴᠢᠨᠠᠷ ᠢ ᠲᠡᠬᠡᠭᠰᠢᠯᠡᠬᠦᠯᠵᠤ ᠦᠷ᠎ᠠ ᠠᠰᠢᠭ ᠢ ᠨᠢ ᠨᠡᠮᠡᠭᠳᠡᠬᠦᠯᠬᠦ ᠶᠢ ᠬᠠᠮᠳᠤ ᠳᠤᠨᠢ ᠠᠬᠢᠭᠤᠯᠵᠤ᠂ ᠡᠳ᠋ ᠪᠠᠷᠠᠭᠠᠨ ᠤ ᠬᠦᠢᠯᠬᠡᠬᠡᠨ ᠤ ᠠᠵᠤ ᠤᠶᠢᠯᠡᠰᠵᠢᠬᠦ᠂ ᠵᠤᠭᠠᠴᠠᠯ ᠤᠨ ᠰᠢᠯᠢᠳᠡᠭᠵᠢᠬᠦ ᠶᠢ ᠠᠬᠢᠭᠤᠯᠤᠨ᠎ᠠ᠃ ᠨᠢᠬᠡ ᠳᠤ᠂ ᠰᠤᠶᠤᠯ ᠤᠨ ᠵᠤᠭᠠᠴᠠᠯ ᠤᠨ ᠤᠶᠢᠯᠡᠰ ᠢ ᠶᠡᠭᠡ ᠪᠠᠷ ᠬᠦᠭᠵᠢᠬᠦᠯᠤᠨ᠎ᠠ᠃ ︽ᠠᠷᠵᠠᠢ ᠠᠭᠤᠢ ᠶᠢᠨ ᠰᠤᠶᠤᠯ︾᠂ ︽ᠠᠪᠤᠷᠭᠤ ᠬᠦᠷᠪᠠᠯ ᠤᠨ ᠮᠦᠷ ᠤᠨ ᠰᠤᠶᠤᠯ︾᠂ ︽ᠲᠠᠯ᠎ᠠ ᠨᠤᠳᠤᠭ ᠤᠨ ᠦᠠᠳᠤᠰᠤᠳᠡᠨ ᠤ ᠰᠤᠶᠤᠯ︾ ᠭᠤᠷᠪᠡᠨ ᠶᠡᠭᠡ ᠭᠤᠤᠯ ᠰᠡᠳᠤᠪ ᠪᠤᠯᠤᠨ ︽ᠲᠣᠯᠡᠭᠠᠨ ᠷᠠᠰᠢᠶᠠᠨ ᠤ ᠦᠵᠡᠮᠵᠢ ᠶᠢᠨ ᠭᠠᠵᠠᠷ︾ ᠨᠢᠬᠡ ᠶᠡᠭᠡ ᠭᠠᠷᠮᠠᠭᠠᠢ ᠲᠠᠯ᠎ᠠ ᠶᠢ ᠲᠤᠪᠤᠶᠢᠯᠭᠠᠨ᠂ ᠲᠠᠯᠳᠡ ᠬᠦᠴᠤᠨ ᠢᠶᠠᠨ ᠠᠭᠤᠳᠠᠯᠯᠠᠨ᠂ ᠨᠡᠷᠡᠳᠤ ᠲᠡᠮᠳᠡᠭ ᠢ ᠪᠤᠶᠢᠵᠢᠭᠤᠯᠵᠤ ᠂ ᠵᠤᠭᠠᠴᠠᠯ ᠤᠨ ᠠᠵᠤ ᠤᠶᠢᠯᠡᠰ ᠤᠨ ᠰᠦᠷᠤᠭ᠍ᠵᠢᠯ ᠢ ᠪᠤᠵᠠᠭᠠᠶᠢᠷᠠᠭᠤᠯᠤᠨ᠎ᠠ᠃ ᠲᠤᠯᠠᠭᠠᠨ ᠷᠠᠰᠢᠶᠠᠨ ᠢᠶᠠᠷ ᠭᠤᠤᠯᠯᠠᠭᠰᠠᠨ ᠰᠡᠯᠡᠬᠦᠴᠡᠯ ᠤᠨ ᠵᠤᠭᠠᠴᠠᠯ᠂ ᠠᠷᠵᠠᠢ ᠠᠭᠤᠢ ᠂ ᠠᠪᠤᠷᠭᠤ ᠬᠦᠷᠪᠠᠯ ᠤᠨ ᠮᠦᠷ ᠢᠶᠠᠷ ᠭᠤᠤᠯᠯᠠᠭᠰᠠᠨ ᠰᠤᠶᠤᠯ ᠤᠨ ᠵᠤᠭᠠᠴᠠᠯ᠂ ᠪᠠᠶᠢᠭᠠᠯᠢ ᠶᠢᠨ ᠪᠡᠯᠴᠢᠬᠡᠷ ᠢᠶᠠᠷ ᠭᠤᠤᠯᠯᠠᠭᠰᠠᠨ ᠠᠮᠢ ᠠᠬᠤᠢ ᠶᠢᠨ ᠵᠤᠭᠠᠴᠠᠯ ᠢ ᠭᠤᠤᠯᠳᠠᠯᠭ᠎ᠠ ᠲᠠᠢ ᠬᠦᠭᠵᠢᠬᠦᠯᠵᠤ᠂ ᠵᠤᠭᠠᠴᠠᠯ ᠤᠨ ᠤᠶᠢᠯᠡᠴᠢᠯᠡᠬᠦ ᠲᠦᠪ᠂ ᠴᠡᠩᠭᠡᠷ ᠣᠰᠣ ᠨᠠᠷᠠᠨ ᠬᠡᠷᠡᠯᠳᠤ ᠦᠵᠡᠮᠵᠢ ᠶᠢᠨ ᠤᠷᠤᠨ᠂ ᠠᠷᠵᠠᠢ ᠦᠵᠡᠮᠵᠢ ᠶᠢᠨ ᠤᠷᠤᠨ ᠢ ᠲᠦᠬᠦᠷᠵᠢᠬᠦᠯᠤᠨ ᠪᠠᠶᠢᠭᠤᠯᠬᠤ ᠶᠢ ᠲᠦᠷᠬᠡᠳᠬᠡᠵᠤ᠂ ᠦᠨᠤ ᠵᠢᠯ ᠪᠦᠬᠦ ᠲᠠᠯ᠎ᠠ ᠪᠠᠷ ᠨᠡᠬᠡᠬᠡᠨ ᠡᠵᠡᠩᠨᠡᠬᠦ ᠶᠢ ᠪᠠᠳᠤᠯᠠᠨ᠎ᠠ︔ ᠪᠤᠯᠤᠩ ᠨᠠᠭᠤᠷ ᠤᠨ ᠲᠤᠯᠠᠭᠠᠨ ᠷᠠᠰᠢᠶᠠᠨ ᠤ ᠵᠤᠭᠠᠴᠠᠯ ᠤᠨ ᠤᠷᠤᠨ ᠢ ᠡᠬᠢᠯᠡᠬᠦᠯᠤᠨ ᠪᠠᠶᠢᠭᠤᠯᠵᠤ᠂ ᠬᠦᠯᠢᠶᠠᠨ ᠠᠪᠴᠤ ᠵᠤᠴᠢᠯᠠᠬᠤ ᠲᠦᠪ᠂ ᠲᠤᠯᠠᠭᠠᠨ ᠷᠠᠰᠢᠶᠠᠨ ᠤ ᠤᠷᠳᠤᠨ ᠵᠡᠷᠬᠡ ᠰᠠᠭᠤᠷᠢ ᠲᠦᠬᠦᠬᠡᠷᠤᠮᠵᠢ ᠶᠢᠨ ᠪᠠᠶᠢᠭᠤᠯᠤᠯᠳᠡ ᠶᠢ ᠪᠡᠶᠡᠯᠡᠬᠦᠯᠬᠦ ᠪᠠᠷ ᠴᠢᠷᠮᠠᠶᠢᠨ᠎ᠠ᠃ ᠠᠷᠪᠠᠰ ᠤᠨ ᠲᠠᠯ᠎ᠠ ᠨᠤᠳᠤᠭ ᠤᠨ ᠰᠢᠯᠢᠳᠡᠭ ᠵᠤᠭᠠᠴᠠᠯ ᠤᠨ ᠲᠦᠷᠤᠯ ᠵᠤᠶᠢᠯ ᠪᠤᠯᠤᠨ ᠤᠯᠠᠨ ᠤᠯᠤᠰ ᠤᠨ ᠮᠤᠷᠢ ᠤᠷᠤᠯᠳᠤᠬᠤ ᠲᠠᠯᠠᠪᠠᠢ᠂ ᠦᠠᠳᠤᠰᠤᠳᠡᠨ ᠤ ᠤᠠᠴᠠᠯᠢᠭᠳᠤ ᠢᠳᠡᠬᠡᠨ ᠤᠮᠳᠠᠭᠠᠨ᠂ ᠦᠠᠳᠤᠰᠤᠳᠡᠨ ᠤ ᠭᠠᠷ ᠤᠷᠠᠯᠠᠯ ᠤᠨ ᠪᠦᠳᠤᠬᠡᠭᠳᠡᠬᠦᠨ ᠢ ᠡᠳ᠋ᠰᠢᠬᠦᠯᠬᠦ ᠲᠦᠷᠤᠯ ᠵᠤᠶᠢᠯ ᠢ ᠵᠤᠬᠢᠴᠠᠭᠤᠯᠤᠨ ᠬᠦᠭᠵᠢᠬᠦᠯᠬᠦ ᠠᠵᠢᠯ ᠢ ᠲᠤᠪᠤᠶᠢᠯᠭᠠᠨ ᠠᠳᠬᠤᠵᠤ᠂ ᠪᠦᠬᠦᠳᠡ ᠶᠢ ᠡᠬᠢᠯᠡᠬᠦᠯᠤᠨ ᠪᠠᠶᠢᠭᠤᠯᠬᠤ ᠪᠠᠷ ᠴᠢᠷᠮᠡᠶᠢᠨ᠎ᠠ᠃ ᠬᠤᠶᠠᠷ ᠲᠤ᠂ ᠤᠳᠤ ᠦᠶ᠎ᠠ ᠶᠢᠨ ᠡᠳ᠋ ᠪᠠᠷᠠᠭᠠᠨ ᠤ  ᠭᠦᠢᠯᠭᠡᠭᠡᠨ ᠤ ᠤᠶᠢᠯᠡᠰ ᠢ ᠶᠡᠭᠡ ᠪᠠᠷ ᠬᠦᠭᠵᠢᠬᠦᠯᠤᠨ᠎ᠠ᠃ ᠤᠯᠤᠰ ᠠᠴᠠ ᠡᠳ᠋ ᠪᠠᠷᠠᠭᠠᠨ ᠤ ᠬᠦᠢᠯᠬᠡᠬᠡᠨ ᠤ ᠤᠶᠢᠯᠡᠰ ᠢ ᠠᠷᠪᠠᠨ ᠶᠡᠭᠡ ᠠᠵᠤ ᠤᠶᠢᠯᠡᠰ ᠢ ᠰᠡᠷᠬᠦᠨ ᠮᠠᠠᠳᠤᠭᠤᠯᠬᠤ ᠲᠦᠯᠤᠪᠵᠢᠬᠦᠯᠬᠡ ᠳᠤ ᠤᠷᠤᠭᠤᠯᠤᠭᠰᠠᠨ ᠠᠰᠢᠭᠳᠤ ᠲᠤᠬᠢᠶᠠᠯ ᠢ ᠠᠳᠬᠤᠵᠤ᠂ ᠮᠧᠩ ᠰᠢ᠂ ᠴᠢ ᠫᠠᠨ ᠵᠢᠩ ᠬᠤᠶᠠᠷ ᠶᠡᠭᠡ ᠡᠳ᠋ ᠪᠠᠷᠠᠭᠠᠨ ᠤ ᠬᠦᠢᠯᠬᠡᠬᠡᠨ ᠤ ᠰᠠᠭᠤᠷᠢᠨ ᠤ ᠪᠦᠳᠤᠬᠡᠨ ᠪᠠᠶᠢᠭᠤᠯᠤᠯᠳᠡ ᠶᠢ ᠠᠬᠢᠭᠤᠯᠵᠤ᠂ ᠲᠤᠮᠤ ᠡᠳ᠋ ᠪᠠᠷᠠᠭᠠᠨ ᠤ ᠬᠦᠢᠯᠬᠡᠬᠡᠨ ᠤ ᠲᠦᠪᠯᠡᠷᠡᠭᠦᠯᠭᠦ ᠲᠠᠷᠬᠠᠭᠠᠬᠤ ᠲᠦᠪ ᠢ ᠪᠠᠶᠢᠭᠤᠯᠤᠨ᠂ ᠡᠳ᠋ ᠪᠠᠷᠠᠭᠠᠨ ᠤ ᠭᠦᠯᠭᠡᠭᠡᠨ ᠤ ᠦᠢᠯᠡᠴᠢᠯᠡᠭᠦ ᠲᠥᠷᠥᠯ ᠵᠦᠢᠯ ᠢ ᠪᠥᠬᠦ ᠲᠠᠯ᠎ᠠ ᠪᠠᠷ ᠡᠬᠢᠯᠡᠭᠦᠯᠦᠨ᠎ᠡ᠃ ᠰᠢᠨ ᠨᠦᠸᠧ᠂ ᠢ ᠶᠠᠩ᠂ ᠲᠠᠢ ᠹᠠ ᠰᠢᠶᠠᠩ ᠵᠡᠷᠭᠡ ᠡᠳ᠋ ᠪᠠᠷᠠᠭᠠᠨ ᠤ ᠭᠦᠢᠯᠭᠡᠭᠡᠨ ᠤ ᠠᠵᠦ ᠠᠬᠤᠶᠢᠯᠠᠯ ᠤᠨ ᠦᠢᠯᠡᠴᠢᠯᠡᠭᠦ ᠴᠢᠳᠠᠮᠵᠢ ᠶᠢ ᠴᠢᠨᠠᠭᠰᠢᠳᠠ ᠳᠡᠭᠡᠭᠰᠢᠯᠡᠭᠦᠯᠵᠦ᠂ ᠡᠳ᠋ ᠪᠠᠷᠠᠭᠠᠨ ᠤ ᠭᠦᠢᠯᠭᠡᠭᠡᠨ ᠤ ᠣᠷᠣᠭᠤᠯᠵᠦ ᠭᠠᠷᠭᠠᠬᠤ ᠬᠡᠮᠵᠢᠶ᠎ᠡ  ᠶᠢ 5000 ᠲᠥᠮᠡᠨ ᠳᠤᠨ᠂ ᠡᠵᠡᠩᠨᠡᠯᠲᠡ ᠶᠢᠨ ᠬᠡᠮᠵᠢᠶ᠎ᠡ ᠶᠢ 10 ᠳ᠋ᠦᠡᠭᠰᠢᠭᠤᠷ ᠲᠥᠭᠦᠷᠢᠭ ᠠᠴᠠ ᠳᠡᠭᠡᠭᠰᠢ ᠬᠦᠷᠭᠡᠨ᠎ᠡ︔ ᠲᠡᠭᠡᠭᠡᠪᠦᠷᠢ ᠶᠢᠨ ᠡᠬᠢ ᠰᠤᠷᠪᠦᠯᠵᠢ ᠶᠢ ᠨᠢᠭᠡᠳᠭᠡᠨ ᠰᠢᠯᠢᠳᠡᠭᠵᠢᠭᠦᠯᠵᠦ᠂ ᠨᠢᠭᠡᠳᠦᠯᠲᠠᠢ ᠦᠢᠯᠡᠴᠢᠯᠡᠭᠦ ᠢᠯᠭᠠᠯ᠂ ᠨᠢᠭᠡᠳᠣᠯᠳᠡᠢ ᠪᠡᠷᠠᠭ᠎ᠠ ᠲᠣᠭᠢᠷᠡᠭᠤᠯᠵᠣ ᠭᠦᠷᠭᠡᠭᠦ᠂ ᠨᠢᠭᠡᠳᠣᠯᠳᠡᠢ ᠣᠶᠢᠯᠡᠴᠢᠯᠡᠭᠦ ᠦᠨ᠎ᠠ ᠬᠠᠩᠰᠢ ᠪᠦᠭᠦᠢ ᠮᠡᠰᠢᠨ ᠲᠡᠷᠭᠡᠨ ᠤ ᠲᠡᠭᠡᠭᠡᠪᠤᠷᠢ ᠶᠢᠨ ᠪᠦᠯᠦᠭᠯᠡᠯ ᠢ ᠪᠠᠶᠢᠭᠤᠯᠤᠨ᠂ ᠲᠡᠭᠡᠭᠡᠪᠤᠷᠢᠯᠠᠨ ᠡᠵᠡᠩᠨᠡᠭᠦ ᠭᠡᠪᠴᠢᠶ᠎ᠠ ᠶᠢ 1000 ᠲᠡᠷᠭᠡ ᠭᠦᠰᠭᠡ ᠠᠴᠠ ᠲᠡᠭᠡᠭᠰᠢ ᠭᠦᠷᠭᠡᠨ᠎ᠠ᠃ ᠭᠤᠷᠪᠠ ᠳᠤ  ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠦᠢᠯᠡᠰ ᠢ  ᠶᠡᠭᠡ ᠪᠠᠷ ᠭᠦᠭᠵᠢᠭᠦᠯᠦᠨ᠎ᠠ᠃ᠤᠳᠤ ᠭᠡᠷᠡᠭᠵᠢᠭᠦᠯᠵᠤ ᠪᠦᠭᠦᠢ ᠬᠤᠳᠠᠯᠳᠤᠭ᠎ᠠ᠂ ᠢᠳᠡᠭᠡᠨ ᠤᠮᠳᠠᠭᠠᠨ᠂ ᠪᠠᠭᠤᠳᠠᠯ ᠵᠡᠷᠭᠡ ᠦᠢᠯᠡᠴᠢᠯᠡᠭᠦ ᠦᠢᠯᠡᠰ ᠤᠨ ᠲᠦᠷᠦᠯ ᠵᠦᠢᠯ ᠢ ᠪᠠᠶᠢᠭᠤᠯᠬᠤ ᠠᠯᠬᠤᠴᠠ ᠶᠢ ᠲᠦᠷᠭᠡᠳᠭᠡᠵᠤ᠂ ᠭᠡᠷ ᠭᠠᠵᠠᠷ ᠭᠦᠷᠦᠩᠭᠡ ᠶᠢᠨ ᠨᠡᠭᠡᠭᠡᠯᠳᠡ ᠶᠢ ᠲᠡᠳᠭᠦᠭᠦ ᠲᠦᠷᠦ ᠶᠢᠨ ᠪᠤᠳᠤᠯᠭ᠎ᠠ ᠶᠢ ᠲᠤᠨᠨᠳᠠᠭᠠᠨ ᠭᠡᠷᠡᠭᠵᠢᠭᠦᠯᠵᠤ᠂  ᠠᠵᠤ ᠠᠬᠤᠶᠢᠯᠠᠯ ᠤᠨ ᠲᠦᠪᠯᠡᠷᠡᠭᠦᠯᠦᠨ ᠬᠤᠯᠪᠤᠭᠠᠯᠠᠵᠤ ᠬᠤᠳᠠᠯᠳᠤᠭ᠎ᠠ᠂ ᠭᠠᠵᠠᠷ ᠭᠦᠷᠦᠩᠭᠡ ᠶᠢᠨ  ᠲᠦᠷᠥᠯ ᠵᠣᠶᠢᠯ ᠨᠡᠭᠡᠭᠡᠨ ᠠᠰᠢᠭᠯᠡᠬᠤ  ᠶᠢ ᠵᠣᠷᠢᠭᠵᠢᠭᠤᠯᠣᠨ᠂ ᠭᠠᠵᠡᠷ ᠭᠦᠷᠥᠩᠭᠡ  ᠶᠢᠨ ᠵᠠᠬ᠎ᠠ ᠲᠡᠯᠭᠡᠭᠦᠷ ᠤᠨ ᠠᠷᠠᠯᠵᠢᠶ᠎ᠠ ᠶᠢ ᠭᠦᠭᠵᠢᠶᠠᠨᠳᠠᠢ ᠪᠤᠯᠭᠠᠵᠤ᠂ ᠭᠡᠮᠵᠢᠶ᠎ᠠ ᠦᠨ᠎ᠠ ᠬᠠᠩᠰᠢ ᠶᠢᠨ ᠲᠤᠨᠨᠳᠠᠭᠤᠨ ᠪᠠᠶᠢᠬᠤ ᠶᠢ ᠪᠠᠶᠠᠯᠡᠭᠦᠯᠦᠨ᠂  ᠴᠢᠳᠠᠪᠤᠷᠢᠳᠠᠨ ᠤ ᠭᠦᠯᠭᠡᠭᠡ᠂ ᠪᠡᠯᠨ ᠮᠦᠩᠭᠦᠨ ᠤ ᠭᠦᠢᠯᠭᠡᠭᠡ᠂ ᠰᠤᠷᠠᠭ ᠴᠢᠮᠡᠭᠡᠨ ᠤ ᠭᠦᠢᠯᠭᠡᠭᠡ ᠲᠦᠪᠯᠡᠷᠡᠭᠰᠡᠨ ᠤᠷᠤᠨ ᠪᠦᠰᠨ ᠶᠢᠨ ᠴᠢᠨᠠᠷᠳᠠᠢ ᠠᠷᠠᠯᠵᠢᠶ᠎ᠠ ᠬᠤᠳᠠᠯᠳᠤᠭᠠᠨ ᠤ ᠲᠦᠪ ᠢ ᠢᠳᠡᠪᠭᠢᠳᠠᠢ ᠪᠠᠶᠢᠭᠤᠯᠤᠨ᠎ᠠ᠃  ᠮᠦᠩᠭᠦᠨ ᠭᠦᠢᠯᠭᠡᠭᠡᠨ ᠤ ᠦᠢᠯᠡᠴᠢᠯᠡᠭᠦ ᠦᠢᠯᠡᠰ ᠢ ᠶᠡᠭᠡ ᠪᠠᠷ ᠦᠷᠭᠡᠳᠭᠡᠵᠤ᠂ ᠡᠯ᠎ᠠ ᠶᠡᠭᠡ ᠬᠤᠳᠠᠯᠳᠤᠭᠠᠨ ᠤ ᠪᠠᠩᠭᠢ ᠵᠢᠴᠢ ᠲᠠᠭᠠᠳᠬᠠᠯ ᠤᠨ ᠪᠠᠶᠢᠭᠤᠯᠤᠮᠵᠢ ᠶᠢ ᠲᠠᠮᠵᠢᠵᠤ ᠬᠤᠪᠢᠶᠠᠷᠢ᠂ ᠰᠠᠯᠪᠤᠷᠢ ᠪᠠᠶᠢᠭᠤᠯᠤᠮᠵᠢ ᠪᠤᠶᠤ ᠡᠵᠡᠩᠨᠡᠯᠳᠡ ᠶᠢᠨ ᠲᠤᠤᠷ ᠴᠡᠭ ᠢ ᠪᠠᠶᠢᠭᠤᠯᠤᠨ᠂ ᠢᠳᠡᠭᠡᠮᠵᠢ ᠶᠢᠨ ᠬᠤᠷᠰᠢᠶᠠᠨ ᠤ ᠪᠠᠭ᠎ᠠ ᠭᠡᠮᠵᠢᠶᠠᠨ ᠤ ᠢᠳᠡᠭᠡᠮᠵᠢᠳᠦ ᠵᠢᠭᠡᠯᠡᠯᠭᠡ ᠶᠢᠨ ᠦᠢᠯᠡᠴᠢᠯᠡᠭᠡ ᠪᠤᠯᠤᠨ ᠰᠤᠮᠤ ᠪᠠᠯᠭᠠᠰᠤ ᠭᠠᠴᠠᠭ᠎ᠠ ᠲᠤᠰᠬᠤᠨ ᠤ ᠪᠠᠩᠭᠢ ᠶᠢᠨ ᠭᠦᠭᠵᠢᠯᠳᠡ ᠶᠢ ᠲᠡᠳᠭᠦᠨ᠎ᠠ᠃  ︽ᠲᠦᠮᠡᠨ ᠭᠠᠴᠠᠭ᠎ᠠ ᠲᠤᠰᠬᠤᠨ ᠮᠢᠩᠭᠠᠨ ᠰᠤᠮᠤ ᠪᠠᠯᠭᠠᠰᠤᠨ︾ ᠤ ᠵᠠᠬ᠎ᠠ ᠲᠡᠯᠭᠡᠭᠦᠷ ᠤᠨ  ᠢᠨᠵᠧᠨᠧᠷᠢᠩ ᠪᠤᠯᠤᠨ ᠭᠡᠷ ᠤᠨ ᠴᠠᠭᠢᠯᠭᠠᠨ ᠭᠡᠷᠡᠭᠰᠡᠯ᠂ ᠲᠠᠷᠢᠶᠠᠯᠠᠩ ᠤᠨ ᠮᠠᠰᠢᠨ᠂ ᠮᠠᠰᠢᠨ ᠲᠡᠷᠭᠡ ᠶᠢ ᠭᠦᠳᠡᠭᠡ ᠪᠠᠭᠤᠯᠭᠠᠬᠤ ᠠᠵᠢᠯᠯᠠᠭ᠎ᠠ ᠶᠢ ᠶᠡᠭᠡ  ᠪᠠᠷ ᠦᠷᠨᠢᠭᠦᠯᠵᠤ᠂  ᠮᠠᠯᠵᠢᠬᠤ ᠲᠠᠷᠢᠶᠠᠯᠠᠬᠤ ᠤᠷᠤᠨ ᠤ ᠭᠡᠷᠡᠭᠯᠡᠭᠡᠨ ᠤ ᠭᠡᠪᠴᠢᠶ᠎ᠠ ᠶᠢ ᠴᠢᠨ᠋ᠬᠠᠰᠢᠳᠠ ᠦᠷᠭᠡᠳᠭᠡᠨ᠎ᠠ᠃      ᠲᠠᠪᠤᠳᠤᠭᠠᠷ ᠲᠤ  ᠂  ᠰᠠᠭᠤᠷᠢ ᠶᠢ ᠤᠷᠢᠳᠠᠪᠠᠷ ᠪᠠᠭᠢᠵᠢᠭᠦᠯᠭᠦ ᠶᠢ ᠪᠠᠷᠢᠮᠳᠠᠯᠠᠨ᠂  ᠶᠠᠷᠦᠩᠭᠡᠶᠢᠯᠡᠭᠰᠡᠨ ᠲᠠᠭᠠᠭᠠᠴᠠ ᠶᠢᠨ ᠴᠢᠳᠠᠪᠤᠷᠢ ᠶᠢ ᠨᠠᠩ ᠭᠦᠴᠦᠳᠠᠢ ᠲᠡᠭᠡᠭᠰᠢᠯᠡᠭᠦᠯᠦᠨ᠎ᠠ᠃  ᠬᠤᠳᠠ ᠭᠦᠳᠡᠭᠡ ᠶᠢᠨ ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠳᠠ ᠶᠢ ᠴᠢᠨ᠋ᠬᠠᠰᠢᠳᠠ ᠴᠢᠩᠭᠠᠳᠬᠠᠨ᠂ ᠭᠦᠭᠵᠢᠯᠳᠡ ᠶᠢᠨ ᠨᠦᠭᠦᠴᠠᠯ ᠢ ᠢᠳᠡᠪᠭᠢᠳᠠᠢ ᠰᠠᠶᠢᠵᠢᠷᠠᠭᠤᠯᠵᠦ᠂  ᠲᠤᠯᠭᠠᠭᠤᠷᠢᠯᠠᠬᠤ ᠰᠢᠰᠲ᠋ᠧᠮ ᠢ ᠰᠢᠯᠢᠳᠡᠭᠵᠢᠭᠦᠯᠦᠨ᠎ᠡ᠃ ᠨᠢᠭᠡ ᠳᠤ  ᠤᠰᠤᠨ ᠠᠰᠢᠭᠯᠠᠯᠲᠠ ᠶᠢᠨ ᠪᠠᠶᠢᠭᠤᠯᠦᠯᠲᠠ ᠶᠢᠨ ᠲᠠᠯ᠎ᠠ ᠪᠠᠷ ᠰᠢᠪᠳᠦᠯᠤᠯᠳᠠ ᠭᠠᠷᠭᠠᠨ᠎ᠠ᠃  ᠮᠸᠡᠭ ᠰᠢ ᠶᠢᠨ ᠬᠠᠳᠤᠨ ᠭᠤᠤᠯ ᠤᠨ ᠤᠰᠤ ᠲᠠᠳᠠᠷᠠᠭᠤᠯᠬᠤ ᠪᠠᠷᠢᠯᠭ᠎ᠠ ᠶᠢᠨ ᠪᠠᠶᠢᠭᠤᠯᠤᠯᠳᠠ ᠶᠢ ᠲᠦᠷᠭᠡᠳᠭᠡᠵᠤ᠂ ᠤᠰᠤ ᠬᠠᠩᠭᠠᠬᠤ ᠴᠢᠳᠠᠪᠤᠷᠢ ᠶᠢ ᠰᠢᠨ᠎ᠠ ᠪᠠᠷ 5000 ᠲᠦᠮᠡᠨ ᠪᠤᠰᠤᠭ᠎ᠠ ᠲᠦᠷᠪᠡᠯᠵᠢᠨ ᠮᠧᠲᠷ ᠭᠦᠷᠭᠡᠭᠦ ᠶᠢ ᠪᠠᠳᠤᠯᠠᠨ᠂  ᠤᠷᠤᠨ ᠬᠤᠪᠢᠶᠠᠷᠢ ᠠᠯᠤᠰᠯᠠᠨ ᠤᠰᠤᠨ ᠤ ᠡᠷᠭᠡ ᠶᠢ ᠬᠤᠪᠢᠷᠠᠭᠤᠯᠬᠤ ᠶᠢ ᠢᠳᠡᠪᠭᠢᠳᠡᠢ ᠦᠷᠨᠢᠭᠦᠯᠵᠤ᠂  ᠬᠠᠳᠤᠨ ᠭᠤᠤᠯ ᠤᠨ ᠤᠰᠤ ᠭᠡᠷᠡᠭᠯᠡᠭᠦ ᠭᠦᠢᠴᠡᠳᠭᠡᠭᠦ ᠲᠤᠭ᠎ᠠ ᠶᠢ ᠨᠡᠩ ᠠᠷᠪᠢᠨ ᠤᠯᠬᠤ ᠪᠠᠷ ᠴᠢᠷᠮᠠᠶᠢᠨ᠎ᠠ᠃  ᠬᠤᠳᠠ ᠶᠢᠨ ᠦᠵᠡᠮᠵᠢ ᠶᠢᠨ ᠤᠰᠤᠨ ᠰᠢᠰᠲ᠋ᠧᠮ᠂  ᠤᠰᠤᠯᠠᠯᠳᠠ ᠶᠢᠨ ᠤᠷᠤᠨ ᠤ ᠰᠤᠪᠠᠭ ᠤᠨ ᠰᠢᠰᠲ᠋ᠧᠮ ᠤᠨ ᠦᠭᠡᠷᠠᠴᠢᠯᠠᠯᠳᠠ᠂  ᠤᠰᠤ ᠠᠷᠪᠢᠯᠠᠬᠤ ᠵᠢᠱᠢᠶ᠎ᠠ᠂  ᠠᠶᠤᠯ ᠲᠠᠢ ᠤᠰᠤᠨ ᠴᠦᠭᠦᠷᠤᠮ ᠤᠨ ᠠᠶᠤᠯ ᠢ ᠠᠷᠢᠯᠭᠠᠨ ᠪᠠᠭᠢᠯᠡᠭᠦ ᠵᠢᠴᠢ ᠵᠢᠵᠢᠭ ᠤᠷᠤᠰᠬᠠᠯ ᠤᠨ ᠰᠠᠪᠠ ᠶᠢᠨ ᠭᠦᠷᠦᠰᠦ ᠰᠢᠷᠦᠢ ᠶᠢᠨ ᠠᠳᠡᠭᠳᠡᠯ ᠢ ᠵᠠᠰᠠᠬᠤ ᠢᠨᠵᠧᠨᠧᠷᠢᠩ ᠢ ᠪᠦᠭᠦ ᠭᠦᠴᠦᠨ ᠢᠶᠠᠷ ᠢᠶᠠᠨ ᠭᠡᠷᠡᠭᠵᠢᠭᠦᠯᠦᠨ᠎ᠠ᠃  ᠤᠰᠤᠨ ᠤ ᠡᠭᠢ ᠰᠤᠷᠪᠤᠯᠵᠢ ᠶᠢ ᠬᠠᠮᠠᠭᠠᠯᠠᠬᠤ ᠪᠠ ᠵᠦᠢ ᠵᠤᠭᠢᠰᠳᠠᠢ ᠨᠡᠭᠡᠭᠡᠨ ᠠᠰᠢᠨᠨᠯᠠᠬᠤ  ᠵᠠᠬ᠎ᠠ ᠲᠡᠯᠭᠡᠭᠦᠷ ᠤᠨ ᠠᠵᠢᠯᠯᠠᠬᠤ ᠵᠤᠭᠢᠴᠠᠮᠵᠢ ᠶᠢ ᠬᠠᠶᠢᠨ ᠰᠦᠪᠡᠭᠴᠢᠯᠠᠵᠤ᠂  ᠭᠤᠤᠯᠳᠠᠯᠭ᠎ᠠ ᠲᠠᠢ ᠤᠰᠤᠨ ᠤ ᠡᠭᠢ ᠢᠷᠡᠯᠳᠡ ᠶᠢᠨ ᠭᠠᠵᠠᠷ ᠢ  ᠬᠠᠮᠡᠭᠠᠯᠡᠨ ᠪᠠᠶᠢᠭᠤᠯᠬᠤ ᠪᠠ ᠨᠡᠭᠡᠭᠡᠨ ᠠᠰᠢᠨᠨᠯᠠᠬᠤ ᠶᠢ ᠴᠢᠩᠭᠠᠳᠬᠨ᠎ᠠ᠃  ᠬᠤᠶᠠᠷ ᠲᠤ ᠴᠠᠭᠢᠯᠭᠠᠨ ᠭᠦᠴᠦᠨ ᠤ ᠪᠠᠶᠢᠭᠤᠯᠤᠯᠳᠠ ᠶᠢᠨ ᠲᠠᠯ᠎ᠠ ᠪᠠᠷ ᠰᠢᠪᠳᠣᠯᠣᠯᠳᠠ ᠭᠠᠷᠭᠠᠨ᠎ᠠ᠃  ᠪᠦᠭᠦ ᠬᠤᠰᠢᠭᠤᠨ ᠤ ᠴᠠᠭᠢᠯᠭᠠᠨ ᠭᠦᠴᠦᠨ ᠤ ᠲᠤᠰᠬᠠᠢ ᠲᠦᠯᠦᠪᠵᠢᠭᠦᠯᠭᠡ ᠶᠢ ᠲᠠᠷᠤᠶᠢᠬᠠᠨ ᠵᠤᠭᠢᠶᠠᠵᠤ ᠲᠠᠭᠤᠰᠬᠠᠨ᠎ᠠ᠃  ᠠᠵᠤ ᠦᠢᠯᠡᠳᠪᠤᠷᠢ ᠶᠢᠨ ᠭᠦᠷᠢᠶᠡᠯᠡᠩ ᠲᠤᠭᠤᠷᠢᠭ ᠲᠤ 220 ᠺᠢᠯᠤᠸᠤᠯᠲ ᠴᠠᠭᠢᠯᠭᠠᠨ ᠬᠠᠩᠭᠠᠬᠤ ᠶᠢ ᠪᠦᠭᠦ ᠲᠠᠯ᠎ᠠ ᠪᠠᠷ ᠪᠡᠶᠡᠯᠡᠭᠦᠯᠵᠤ᠂ ᠤᠳᠤ ᠦᠶ᠎ᠠ ᠶᠢᠨ ᠮᠠᠯ ᠲᠠᠷᠢᠶᠠᠯᠠᠩ ᠤᠨ ᠲᠦᠷᠦᠯ ᠵᠦᠢᠯ ᠪᠤᠯᠤᠨ ᠮᠤᠰᠭᠢᠷᠠᠭ᠎ᠠ ᠵᠠᠮᠠᠭ ᠤᠨ ᠠᠵᠦ ᠤᠶᠢᠯᠳᠪᠦᠷᠢ ᠶᠢᠨ ᠬᠦᠷᠢᠶᠡᠯᠡᠩ ᠲᠣᠭᠤᠷᠢᠭ ᠲᠤ ᠴᠠᠬᠢᠯᠭᠠᠨ ᠬᠦᠴᠤᠨ ᠲᠥᠬᠦᠷᠵᠢᠬᠦᠯᠬᠦ  ᠪᠠᠷᠢᠯᠭ᠎ᠠ  ᠶᠢ ᠰᠠᠶᠢᠲᠦᠷ ᠬᠢᠨ᠎ᠡ᠃ ᠮᠧᠩ ᠰᠢ ᠪᠠᠯᠭᠠᠰᠦ᠂ ᠤᠯᠠᠭᠠᠨ ᠪᠠᠯᠭᠠᠰᠦ ᠳᠤ ᠬᠤᠶᠠᠷ 220 ᠺᠢᠯᠣᠸᠣᠯᠲ᠂ ᠴᠡᠭᠡᠯ ᠤᠨ ᠭᠤᠣᠯ ᠳᠤ 110 ᠺᠢᠯᠣᠸᠣᠯᠲ ᠪᠠ ᠴᠢ ᠫᠠᠨ ᠵᠢᠩ᠂ ᠰᠢᠨ᠎ᠠ ᠵᠤᠤ ᠳᠤ ᠬᠤᠶᠠᠷ 35 ᠺᠢᠯᠣᠸᠣᠯᠲ ᠴᠠᠬᠢᠯᠭᠠᠨ ᠬᠦᠷᠬᠡᠬᠦ ᠬᠦᠴᠤᠳᠡᠯ ᠦᠬᠡᠷᠡᠴᠢᠯᠡᠬᠦ ᠪᠠᠷᠢᠯᠭ᠎ᠠ ᠶᠢ ᠰᠢᠨ᠎ᠠ ᠪᠠᠷ ᠪᠠᠶᠢᠭᠤᠯᠵᠤ᠂ ᠵᠢᠶᠠᠨ ᠬᠦᠢ᠂ ᠱᠠᠵᠢᠩ᠂ ᠲᠤᠭᠤᠭᠠᠳᠤ ᠳᠤ ᠭᠤᠷᠪᠠᠨ 35 ᠺᠢᠯᠣᠸᠣᠯᠲ ᠴᠠᠬᠢᠯᠭᠠᠨ ᠬᠦᠴᠤᠳᠡᠯ ᠦᠬᠡᠷᠡᠴᠢᠯᠡᠬᠦ ᠦᠷᠳᠡᠭᠡ ᠶᠢ ᠦᠬᠡᠷᠡᠴᠢᠯᠡᠨ ᠪᠠᠶᠢᠭᠤᠯᠤᠨ᠎ᠠ᠃ ᠭᠤᠷᠪᠠ ᠳᠤ ᠵᠠᠮ ᠰᠦᠯᠵᠢᠶᠠᠨ ᠤ ᠪᠠᠶᠢᠭᠤᠯᠤᠯᠳᠡ ᠶᠢᠨ ᠲᠠᠯ᠎ᠠ ᠪᠠᠷ ᠰᠢᠪᠳᠤᠯᠤᠯᠳᠡ ᠭᠠᠷᠭᠠᠨ᠎ᠠ᠃ ᠴᠢ ᠫᠠᠨ ᠵᠢᠩ ᠠᠴᠠ ᠮᠧᠩ ᠰᠢ 87 ᠺᠢᠯᠤᠮᠧᠲᠷ ᠤᠨ ᠵᠠᠮ ᠪᠠ ᠮᠧᠩ ᠰᠢ ᠠᠴᠠ ᠺᠠᠷᠺᠦ᠋ᠯ ᠬᠤᠨᠢᠨ ᠲᠠᠯᠠᠪᠠᠢ ᠬᠦᠷᠬᠦ ᠲᠡᠮᠤᠷ ᠵᠠᠮ ᠢ ᠡᠬᠢᠯᠡᠵᠤ ᠪᠠᠶᠢᠭᠤᠯᠬᠤ ᠪᠠᠷ ᠴᠢᠷᠮᠠᠶᠢᠨ᠎ᠠ᠃ ᠤᠳᠤᠭ ᠬᠤᠰᠢᠭᠤ ᠠᠴᠠ ᠤᠳᠤᠭ ᠤᠨ ᠡᠮᠤᠨᠡᠳᠤ ᠬᠤᠰᠢᠭᠤ ᠬᠦᠷᠬᠦ 131 ᠺᠢᠯᠤᠮᠧᠲᠷ ᠵᠠᠮ᠂ ᠤᠳᠤᠭ ᠬᠤᠰᠢᠭᠤ ᠠᠴᠠ ᠦᠥᠰᠢᠨ ᠬᠤᠰᠢᠭᠤ ᠬᠦᠷᠬᠦ 76 ᠺᠢᠯᠤᠮᠧᠲᠷ ᠨᠢᠬᠡᠳᠤᠬᠡᠷ ᠲᠡᠰ ᠤᠨ ᠵᠠᠰᠠᠮᠠᠯ ᠵᠠᠮ ᠵᠠᠰᠠᠬᠤ ᠵᠢᠴᠢ ᠵᠡᠬᠦᠨ ᠪᠤᠷᠳᠤᠮᠠᠯ ᠠᠴᠠ ᠴᠢ ᠫᠠᠨ ᠵᠢᠩ ᠬᠦᠷᠬᠦ 85ᠺᠢᠯᠤᠮᠧᠲᠷ ᠵᠠᠰᠠᠮᠠᠯ ᠵᠠᠮ ᠢ ᠰᠠᠯᠪᠢᠨ ᠵᠠᠰᠠᠬᠤ ᠪᠠᠷᠢᠯᠭ᠎ᠠ ᠶᠢ ᠬᠢᠵᠤ᠂ ᠭᠠᠴᠠᠭ᠎ᠠ ᠲᠤᠰᠬᠤᠨ ᠳᠤ ᠨᠡᠪᠳᠡᠷᠡᠬᠦ 100 ᠺᠢᠯᠤᠮᠧᠲᠷ ᠵᠠᠰᠠᠮᠠᠯ ᠵᠠᠮ ᠪᠠ ᠰᠠᠶᠢᠬᠤᠰᠤ᠂ ᠰᠢᠨ᠎ᠠ ᠵᠤᠤ ᠶᠢᠨ ᠠᠶᠠᠠᠴᠢᠳ ᠤᠨ ᠲᠡᠬᠡᠬᠡᠪᠤᠷᠢ ᠶᠢᠨ 2 ᠦᠷᠳᠡᠭᠡ ᠶᠢ ᠰᠢᠨ᠎ᠠ ᠪᠠᠷ ᠪᠠᠶᠢᠭᠤᠯᠵᠤ᠂ ᠬᠦᠠᠴᠢᠷᠭ᠎ᠠ ᠠᠴᠠ ᠱᠠᠵᠢᠩ ᠭᠦᠷᠭᠦ 89.3 ᠺᠢᠯᠤᠮᠧᠲᠷ ᠤᠨ ᠭᠤᠷᠪᠠᠳᠤᠭᠠᠷ ᠲᠡᠰ ᠤᠨ ᠵᠠᠰᠠᠮᠠᠯ ᠵᠠᠮ ᠢ ᠵᠠᠰᠠᠵᠤ ᠲᠠᠭᠤᠰᠬᠠᠨ ᠲᠡᠷᠬᠡ ᠨᠡᠪᠳᠡᠷᠡᠬᠦ ᠶᠢ ᠪᠠᠳᠤᠯᠠᠨ᠎ᠠ᠂ ᠲᠦᠷᠪᠠ ᠳᠤ᠂ ᠴᠢᠮᠡᠭᠡ ᠬᠤᠯᠪᠤᠭᠠᠨ ᠤ ᠪᠠᠶᠢᠭᠤᠯᠤᠯᠳᠡ ᠶᠢᠨ ᠲᠠᠯ᠎ᠠ ᠪᠠᠷ ᠰᠢᠪᠳᠤᠯᠤᠯᠳᠡ ᠭᠠᠷᠭᠠᠨ᠎ᠠ᠃ ᠰᠤᠷᠠᠭ ᠴᠢᠮᠡᠬᠡᠵᠢᠯᠡᠯᠳᠡ ᠶᠢᠨ ᠲᠦᠬᠦᠬᠡᠷᠤᠮᠵᠢ ᠶᠢ ᠴᠢᠨᠠᠭᠰᠢᠳᠡ ᠲᠡᠬᠦᠯᠳᠡᠷᠵᠢᠬᠦᠯᠵᠤ᠂ ᠪᠢᠴᠢᠯ ᠲᠤᠯᠬᠢᠶᠠᠨ ᠤ ᠲᠤᠬᠢᠶ᠎ᠠ ᠪᠤᠯᠤᠨ ᠲᠤᠭᠠᠴᠠᠯᠠᠭᠰᠠᠨ ᠲᠧᠯᠸᠢᠰ ᠤᠨ ᠪᠦᠷᠬᠦᠴᠡ ᠶᠢᠨ ᠨᠤᠷᠮ᠎ᠠ ᠶᠢ ᠲᠡᠬᠡᠭᠰᠢᠯᠡᠬᠦᠯᠤᠨ᠂ ᠮᠠᠯᠴᠢᠨ ᠲᠠᠷᠢᠶᠠᠴᠢᠳ ᠵᠠᠷᠤᠳᠠᠯ ᠲᠤᠰᠢᠶᠠᠬᠤ ᠦᠬᠡᠢ ᠪᠠᠷ ᠤᠯᠠᠨ ᠵᠠᠮᠳᠤ ᠪᠢᠴᠢᠯ ᠲᠤᠯᠬᠢᠶᠠᠨ ᠤ ᠲᠧᠯᠸᠢᠰ ᠤᠯᠵᠤ ᠦᠵᠡᠬᠦ ᠶᠢ ᠦᠷᠭᠦᠯᠵᠢᠯᠡᠨ ᠠᠭᠢᠭᠤᠯᠵᠣ᠂ ᠴᠢ ᠫᠠᠨ ᠵᠢᠩ᠂ ᠮᠧᠩ ᠰᠢ ᠵᠡᠷᠬᠡ ᠭᠠᠵᠠᠷ  ᠢ ᠲᠤᠭᠠᠴᠠᠯᠠᠭᠰᠠᠨ ᠲᠧᠯᠸᠢᠰ ᠫᠷᠤᠭ᠍ᠷᠡᠮ ᠢ ᠬᠦᠯᠢᠶᠠᠨ ᠠᠪᠴᠤ ᠦᠵᠡᠬᠦᠯᠬᠦ ᠪᠠᠷ ᠴᠢᠷᠮᠠᠶᠢᠨ᠎ᠠ᠃      ᠵᠢᠷᠭᠤᠳᠤᠭᠠᠷ ᠲᠤ᠂ ᠠᠮᠢ ᠠᠬᠤᠢ ᠶᠢᠨ ᠪᠤᠯᠪᠠᠰᠤᠨ ᠢ ᠪᠠᠷᠢᠮᠳᠠᠯᠠᠵᠤ᠂  ᠭᠠᠵᠠᠷ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠢ ᠨᠡᠩ ᠭᠦᠴᠦᠳᠠᠢ ᠬᠠᠮᠠᠭᠠᠯᠠᠬᠤ  ᠭᠡᠷᠡᠭᠳᠡᠢ᠃  ᠤᠷᠴᠢᠨ ᠲᠤᠭᠤᠷᠢᠨ ᠤ ᠬᠠᠮᠠᠭᠠᠯᠠᠯᠳᠠ ᠪᠠ ᠠᠮᠢ ᠠᠬᠤᠢ ᠶᠢᠨ ᠪᠤᠯᠪᠠᠰᠤᠨ ᠢ ᠭᠦᠮᠦᠨ ᠪᠤᠯᠤᠨ ᠪᠠᠶᠢᠭᠠᠯᠢ ᠶᠢᠨ ᠡᠶ᠎ᠡ ᠵᠤᠭᠢᠴᠠᠯ ᠲᠠᠢ ᠭᠦᠭᠵᠢᠯᠳᠡ ᠶᠢᠨ ᠠᠮᠢᠨ ᠰᠤᠳᠠᠰᠤ ᠪᠤᠯᠭᠠᠵᠤ᠂ ᠲᠤᠤᠷ᠎ᠠ ᠨᠡᠭᠦᠰᠦ᠋ᠳᠦ᠋ᠷᠦᠭᠴᠢᠳᠦ ᠠᠵᠤ ᠠᠬᠤᠢ ᠶᠢᠨ ᠭᠦᠭᠵᠢᠯᠳᠡ ᠶᠢᠨ ᠱᠠᠭᠠᠷᠳᠠᠯᠭ᠎ᠠ ᠶᠤᠰᠤᠭᠠᠷ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠳᠠ ᠶᠢ ᠤᠯᠠᠨ ᠠᠷᠭ᠎ᠠ ᠵᠠᠮ ᠢᠶᠠᠷ ᠲᠦᠯᠭᠢᠨ ᠠᠭᠢᠭᠤᠯᠤᠨ᠎ᠠ᠃  ᠨᠢᠭᠡ ᠳᠤ  ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢ ᠲᠣᠪᠤᠶᠢᠯᠭᠠᠬᠤ ᠬᠡᠷᠡᠭᠲᠡᠢ᠃ ᠪᠡᠯᠴᠢᠭᠡᠷᠯᠡᠭᠦᠯᠭᠦ ᠶᠢ ᠬᠤᠷᠢᠵᠤ ᠰᠡᠯᠭᠦᠨ ᠮᠠᠯᠵᠢᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠦᠷᠦ ᠶᠢᠨ ᠪᠤᠳᠤᠯᠭ᠎ᠠ ᠶᠢ ᠭᠢᠨᠠᠮᠠᠭᠠᠢ ᠨᠡᠶᠢᠳᠡᠪᠤᠷᠢᠵᠢᠭᠤᠯᠵᠤ᠂ ᠬᠠᠮᠳᠤ ᠶᠢᠨ ᠤᠢ ᠰᠢᠭᠤᠢ ᠶᠢᠨ ᠡᠷᠭᠡ ᠶᠢᠨ ᠲᠦᠷᠢᠮ ᠤᠨ ᠦᠭᠡᠷᠴᠢᠯᠠᠯᠳᠠ ᠶᠢ ᠪᠦᠭᠦ ᠲᠠᠯ᠎ᠠ ᠪᠠᠷ ᠲᠦᠯᠭᠢᠨ ᠠᠭᠢᠭᠤᠯᠵᠤ᠂  ᠪᠠᠶᠢᠭᠠᠯᠢᠯᠢᠭ ᠤᠢ ᠶᠢᠨ ᠬᠠᠮᠠᠭᠠᠯᠠᠯᠳᠠ᠂ ᠠᠮᠢ ᠠᠬᠤᠢ ᠶᠢᠨ ᠨᠡᠶᠢᠳᠡ ᠶᠢᠨ ᠠᠰᠠᠷᠠᠮᠵᠢ ᠶᠢᠨ ᠤᠢ ᠶᠢᠨ ᠨᠦᠭᠦᠪᠤᠷᠢ ᠪᠠ ︽ᠮᠠᠯᠵᠢᠬᠤ ᠪᠠᠨ ᠵᠤᠨᠨᠰᠤᠵᠤ ᠡᠪᠡᠰᠦ  ᠲᠠᠷᠢᠬᠤ ᠪᠤᠯᠤᠨ ᠲᠠᠷᠢᠶᠠᠯᠬᠠᠤ ᠪᠠᠨ ᠵᠤᠨᠨᠰᠤᠵᠤ ᠮᠤᠳᠤ ᠲᠠᠷᠢᠬᠤ︾ ᠢᠨᠵᠧᠨᠧᠷᠢᠩ ᠢ ᠶᠡᠭᠡᠪᠡᠷ ᠲᠠᠮᠡᠴᠡᠨ ᠤᠯᠵᠤ᠂ ᠮᠤᠳᠤ ᠲᠠᠷᠢᠨ ᠤᠶᠢᠵᠢᠭᠤᠯᠬᠤ ᠠᠵᠢᠯᠯᠠᠭ᠎ᠠ ᠶᠢ ᠢᠳᠡᠪᠭᠢᠳᠡᠢ ᠦᠷᠨᠢᠭᠦᠯᠦᠨ᠂  ᠴᠢᠬᠤᠯᠨ ᠵᠠᠮ ᠤᠨ ᠭᠡᠰᠡᠭ᠂  ᠭᠤᠤᠯᠳᠠᠯᠭᠠᠳᠤ ᠠᠮᠢ ᠠᠬᠤᠢ ᠶᠢᠨ ᠲᠦᠷᠦᠯ ᠵᠦᠢᠯ ᠤᠨ ᠤᠷᠤᠨ᠂  ᠭᠤᠤᠯ ᠪᠤᠯᠬᠤ ᠵᠤᠭᠠᠴᠠᠯ ᠤᠨ ᠦᠵᠡᠮᠵᠢᠳᠦ ᠤᠷᠤᠨ ᠪᠠ ᠤᠯᠠᠭᠠᠨᠪᠠᠯᠭᠠᠰᠤᠨ ᠤ ᠭᠡᠳᠦᠨ ᠲᠤᠮᠤ ᠭᠠᠷᠴᠤ ᠣᠷᠣᠬᠤ ᠵᠠᠮ ᠤᠨ ᠠᠮᠢ ᠠᠬᠤᠢ ᠶᠢᠨ ᠤᠢ ᠶᠢᠨ ᠪᠠᠶᠢᠭᠤᠯᠤᠯᠳᠠ ᠶᠢᠨ ᠢᠨᠵᠧᠨᠧᠷᠢᠩ  ᠢ ᠲᠦᠪᠯᠡᠷᠡᠭᠦᠯᠦᠨ ᠠᠳᠬᠤᠵᠤ᠂  ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢ 230 ᠲᠦᠮᠡᠨ ᠮᠤ᠋ ᠪᠡᠶᠡᠯᠡᠭᠦᠯᠦᠨ᠎ᠠ᠃  ᠡᠭᠦᠨ ᠳᠤ ᠬᠠᠶᠢᠯᠠᠷ ᠨᠠᠷᠠᠰᠤᠨ ᠤᠢ ᠶᠢᠨ ᠪᠦᠰᠨ 3 ᠲᠦᠮᠡᠨ ᠮᠤ᠋᠃  ᠬᠤᠶᠠᠷ ᠲᠤ ᠡᠨᠧᠷᠬᠢ ᠠᠷᠪᠢᠯᠠᠵᠤ ᠪᠣᠬᠢᠷᠳᠤᠯ ᠪᠠᠭᠠᠰᠬᠠᠬᠤ ᠶᠢ ᠲᠦᠯᠭᠢᠨ ᠠᠭᠢᠭᠤᠯᠬᠤ ᠭᠡᠷᠡᠭᠳᠡᠢ᠃ ᠡᠨᠧᠷᠬᠢ ᠠᠷᠪᠢᠯᠠᠵᠤ ᠪᠤᠭᠢᠷᠳᠤᠯ ᠪᠠᠭᠠᠰᠬᠠᠬᠤ ᠬᠠᠷᠠᠯᠳᠠᠳᠤ ᠬᠠᠷᠢᠭᠤᠴᠠᠯᠭ᠎ᠠ ᠶᠢᠨ ᠲᠦᠷᠢᠮ ᠢ ᠭᠢᠨᠠᠮᠠᠭᠠᠢ ᠨᠡᠶᠢᠳᠡᠪᠤᠷᠢᠵᠢᠭᠤᠯᠵᠤ᠂  ᠰᠢᠨ᠎ᠠ ᠪᠠᠷ ᠪᠠᠶᠢᠭᠤᠯᠬᠤ ᠲᠦᠷᠦᠯ ᠵᠦᠢᠯ ᠪᠠ ᠪᠠᠷᠢᠯᠭ᠎ᠠ ᠶᠢᠨ ᠭᠦᠷᠢᠶᠠᠨ ᠳᠠᠬᠢ ᠡᠨᠧᠷᠬᠢ ᠠᠷᠪᠢᠯᠠᠬᠤ ᠪᠤᠭᠤᠮᠳᠠ ᠶᠢ ᠴᠢᠩᠭ᠎ᠠ ᠰᠠᠭᠢᠵᠤ᠂ ᠭᠤᠤᠯᠳᠠᠯᠭᠠᠳᠤ ᠡᠨᠧᠷᠺᠢ ᠬᠤᠷᠤᠨᠨᠳᠠᠭᠤᠯᠬᠤ ᠠᠵᠤ ᠠᠬᠤᠶᠢᠯᠠᠯ ᠤᠨ  ᠡᠨᠧᠷᠺᠢ ᠠᠷᠪᠢᠯᠠᠬᠤ ᠶᠢᠨ ᠭᠢᠨᠠᠨ ᠬᠠᠮᠢᠶᠠᠷᠤᠯᠳᠠ ᠶᠢ ᠴᠢᠩᠭᠠᠳᠬᠠᠨ᠂  ᠠᠵᠤ ᠠᠬᠤᠶᠢᠯᠠᠯ ᠤᠨ ᠬᠤᠷᠠᠰᠤᠨ ᠤ ᠦᠯᠡᠳᠡᠭᠳᠡᠯ ᠢ ᠤᠯᠠᠷᠢᠭᠤᠯᠬᠤ ᠲᠦᠷᠦᠯ ᠵᠦᠢᠯ ᠢ ᠲᠦᠭᠦᠷᠵᠢᠭᠦᠯᠭᠦ ᠶᠢ ᠱᠠᠭᠠᠷᠳᠠᠨ ᠵᠤᠷᠢᠨᠨᠵᠢᠭᠤᠯᠵᠤ᠂  ᠪᠤᠭᠢᠷᠳᠤᠯ ᠪᠤᠳᠠᠰ ᠭᠠᠳ᠋ᠬᠠᠰᠢᠯᠠᠭᠤᠯᠬᠤ ᠶᠢ ᠪᠠᠭᠠᠰᠬᠬᠠᠵᠤ᠂  ᠪᠤᠵᠠᠷ ᠤᠰᠤ ᠴᠡᠪᠡᠷᠵᠢᠭᠦᠯᠭᠦ ᠦᠢᠯᠡᠳᠪᠤᠷᠢ᠂  ᠬᠤᠭ ᠨᠤᠪᠰᠢ ᠪᠤᠯᠬᠤ ᠲᠠᠯᠠᠪᠤᠷ᠂  ᠭᠦᠭᠦᠷ ᠦᠭᠡᠶᠢᠳᠡᠭᠦᠯᠦᠨ ᠲᠤᠭᠤᠰᠤ ᠠᠷᠢᠯᠭᠠᠬᠤ ᠲᠤᠨᠤᠭ ᠲᠦᠭᠦᠭᠡᠷᠤᠮᠵᠢ ᠶᠢᠨ ᠪᠠᠶᠢᠭᠤᠯᠤᠯᠳᠠ ᠶᠢ ᠠᠭᠢᠭᠤᠯᠵᠤ᠂ ᠬᠤᠭ ᠨᠤᠪᠰᠢ ᠰᠶᠢᠳᠪᠤᠷᠢᠯᠠᠭᠦ ᠨᠤᠷᠮ᠎ᠠ᠂ ᠤᠰᠤ ᠶᠢ ᠲᠠᠭᠢᠨ ᠠᠰᠢᠨᠨᠯᠠᠬᠤ ᠨᠤᠷᠮ᠎ᠠ ᠪᠠ ᠴᠠᠭᠢᠯᠭᠠᠨ ᠦᠢᠯᠡᠳᠪᠤᠷᠢ ᠶᠢᠨ ᠭᠦᠭᠦᠷ ᠦᠭᠡᠶᠢᠳᠡᠭᠦᠯᠦᠯᠳᠡ ᠶᠢᠨ ᠨᠤᠷᠮ᠎ᠠ ᠶᠢ ᠴᠦᠮ 90% ᠠᠴᠠ ᠲᠠᠪᠠᠭᠤᠯᠵᠤ᠂  ᠪᠠᠷᠢᠮᠵᠢᠶᠠᠵᠢᠨᠨᠰᠠᠨ ᠡᠵᠡᠩᠨᠡᠯᠳᠡ ᠶᠢ ᠪᠠᠶᠡᠯᠡᠭᠦᠯᠦᠨ᠎ᠠ᠃  ᠭᠤᠷᠪᠠ ᠳᠤ ᠤᠷᠴᠢᠨ ᠲᠤᠭᠤᠷᠢᠨ ᠤ ᠴᠡᠭᠴᠡᠯᠠᠨ ᠵᠠᠰᠠᠯᠳᠠ ᠶᠢ ᠴᠢᠩᠭᠠᠳᠬᠠᠬᠤ ᠭᠡᠷᠡᠭᠳᠡᠢ᠃ ᠤᠷᠴᠢᠨ ᠲᠤᠭᠤᠷᠢᠨ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠶᠡᠭᠡᠪᠡᠷ ᠦᠷᠨᠢᠭᠦᠯᠵᠤ᠂  ᠨᠡᠭᠦᠷᠡᠰᠦᠨ ᠠᠭᠤᠷᠬᠠᠢ   ᠪᠣᠯᠤᠨ ᠨᠡᠭᠦᠷᠠᠰᠦᠨ ᠤ ᠪᠤᠰᠤ ᠠᠭᠤᠷᠬᠠᠢ ᠶᠢᠨ ᠤᠷᠴᠢᠨ ᠲᠤᠭᠤᠷᠢᠨ ᠢ ᠴᠡᠭᠴᠡᠯᠡᠨ  ᠵᠠᠰᠠᠬᠤ ᠡᠷᠴᠢᠮ ᠢ ᠶᠡᠭᠡᠰᠭᠡᠵᠤ᠂  ᠤᠨᠴᠠᠭᠠᠶᠢᠯᠠᠨ ᠵᠠᠳᠠᠭᠠᠢ ᠪᠠᠷ ᠮᠠᠯᠳᠠᠬᠤ  ᠂ ᠭᠠᠯ ᠤᠨᠳᠠᠷᠠᠭᠠᠬᠤ ᠢᠨᠵᠧᠨᠧᠷᠢᠩ ᠢ ᠴᠢᠩᠭ᠎ᠠ ᠡᠵᠡᠮᠳᠠᠵᠤ᠂  ᠭᠢᠨᠡᠨ ᠬᠠᠮᠢᠶᠠᠷᠤᠯᠳᠠ ᠪᠠᠨ ᠴᠢᠩᠭᠠᠳᠬᠠᠨ᠎ᠠ᠃ ᠨᠡᠭᠦᠷᠠᠰᠦᠨ ᠠᠭᠤᠷᠬᠠᠢ ᠶᠢᠨ ᠠᠵᠤ ᠠᠬᠤᠶᠢᠯᠠᠯ ᠤᠨ ᠨᠡᠭᠦᠷᠡᠰᠦ ᠬᠠᠳᠠᠭᠠᠯᠠᠬᠤ ᠭᠦᠮᠦᠷᠭᠡ᠂  ᠰᠠᠯᠭᠢ ᠬᠠᠯᠬᠠᠯᠠᠨ ᠲᠤᠭᠤᠰᠤ ᠠᠷᠢᠯᠭᠠᠬᠤ ᠲᠤᠤᠷ᠂  ᠪᠤᠵᠠᠷ ᠤᠰᠤ ᠰᠶᠢᠳᠪᠤᠷᠢᠯᠡᠭᠦ ᠲᠤᠨᠤᠭ ᠲᠦᠭᠦᠭᠡᠷᠦᠮᠵᠢ ᠪᠠ ᠠᠭᠤᠷᠬᠠᠢ ᠶᠢᠨ ᠤᠷᠤᠨ ᠤ ᠨᠤᠭᠤᠭᠠᠷᠠᠭᠤᠯᠤᠯᠳᠠ᠂  ᠵᠠᠮ ᠤᠨ ᠬᠠᠳᠠᠭᠤᠷᠠᠭᠤᠯᠤᠯᠳᠠ ᠵᠡᠷᠭᠡ ᠢᠨᠵᠧᠨᠧᠷᠢᠩ ᠢ ᠪᠦᠭᠦ ᠲᠠᠯ᠎ᠠ ᠪᠠᠷ ᠪᠠᠶᠡᠯᠡᠭᠦᠯᠵᠤ᠂  ᠨᠡᠭᠦᠷᠡᠰᠦᠨ ᠴᠢᠯᠠᠭᠤ ᠶᠢ ᠪᠤᠯᠠᠬᠤ ᠪᠠ ᠠᠵᠤ ᠦᠢᠯᠡᠳᠪᠤᠷᠢ ᠶᠢᠨ ᠬᠠᠶ᠋ᠬᠠᠳᠠᠮᠠᠯ ᠢ ᠪᠤᠯᠠᠬᠤ ᠲᠠᠯᠠᠪᠤᠷ ᠢ ᠪᠠᠶᠢᠭᠤᠯᠤᠨ ᠭᠡᠷᠡᠭᠯᠡᠯᠳᠡ ᠳᠤ ᠤᠷᠤᠬᠤ ᠶᠢ ᠪᠠᠳᠤᠯᠠᠨ᠎ᠠ᠃ᠲᠤᠯᠤᠳᠤᠭᠠᠷ ᠲᠤ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠪᠠᠷᠢᠮᠳᠠᠯᠠᠵᠤ᠂  ᠨᠡᠶᠢᠭᠡᠮ ᠤᠨ ᠡᠶ᠎ᠡ ᠵᠤᠭᠢᠴᠠᠯ ᠠᠮᠤᠷ ᠲᠤᠨᠨᠳᠠᠭᠤᠨ ᠢ ᠨᠡᠩ ᠰᠠᠶᠢᠨ ᠪᠠᠳᠤᠯᠠᠬᠤ ᠭᠡᠷᠡᠭᠳᠡᠢ᠃  ᠰᠤᠷᠬᠤ ᠳᠤ ᠰᠢᠯᠢᠳᠡᠭ ᠰᠤᠷᠭᠠᠨ ᠭᠦᠮᠦᠵᠢᠯ ᠲᠠᠢ᠂  ᠭᠦᠳᠡᠯᠮᠤᠷᠢᠯᠡᠭᠦ ᠳᠤ ᠶᠡᠭᠡ ᠤᠯᠭᠤᠮᠵᠢᠳᠠᠢ᠂  ᠡᠪᠡᠳᠴᠢᠯᠡᠭᠦ  ᠳᠤ ᠰᠠᠶᠢᠨ ᠡᠮᠴᠢᠯᠡᠭᠡ ᠲᠠᠢ᠂  ᠦᠳᠡᠯᠭᠦ  ᠳᠤ ᠰᠠᠶᠢᠬᠠᠨ ᠠᠰᠠᠷᠠᠯᠭ᠎ᠠ ᠲᠠᠢ᠂  ᠰᠠᠭᠤᠬᠤ ᠳᠤ ᠲᠤᠭᠢᠷᠬᠠᠰᠠᠨ ᠰᠠᠭᠤᠴᠠ ᠲᠠᠢ ᠪᠠᠶᠢᠬᠤ ︽ ᠰᠢᠨ᠎ᠠ ᠲᠠᠪᠤᠨ ᠪᠠᠶᠢᠬᠤ︾ ᠱᠠᠭᠠᠷᠳᠠᠯᠭ᠎ᠠ ᠪᠠᠷ᠂  ᠠᠷᠠᠳ ᠤᠨ ᠠᠮᠢᠳᠤᠷᠠᠯ ᠢ ᠪᠠᠳᠤᠯᠠᠬᠤ ᠪᠠ ᠰᠠᠶᠢᠵᠢᠷᠠᠭᠤᠯᠬᠤ ᠶᠢ ᠲᠠᠷᠢᠭᠦᠨ ᠭᠦᠭᠡᠭᠡᠴᠠᠯᠳᠤᠯ ᠪᠤᠯᠭᠠᠵᠤ᠂  ᠨᠡᠶᠢᠭᠡᠮ ᠤᠨ ᠠᠵᠤ ᠦᠢᠯᠡᠰ ᠪᠠ ᠠᠷᠠᠳ ᠤᠨ ᠠᠮᠢᠳᠤᠷᠠᠯ ᠤᠨ ᠭᠦᠷᠢᠶ᠎ᠠ ᠴᠡᠷ᠎ᠠ ᠳᠠᠬᠢ ᠡᠳ᠋ ᠤᠨ ᠵᠠᠰᠠᠭ ᠤᠨ ᠪᠡᠯᠨ ᠮᠦᠩᠭᠦᠨ ᠤ ᠤᠷᠤᠭᠤᠯᠤᠯᠳᠠ ᠶᠢᠨ ᠪᠠᠳᠤᠯᠠᠭ᠎ᠠ ᠶᠢᠨ ᠡᠷᠴᠢᠮ ᠢ ᠶᠡᠭᠡᠰᠭᠡᠨ᠎ᠠ᠃ ᠨᠢᠭᠡ ᠳᠤ ᠨᠡᠶᠢᠭᠡᠮ ᠤᠨ ᠠᠵᠤ ᠦᠢᠯᠡᠰ ᠢ ᠨᠢᠭᠡᠳᠦᠯᠳᠡᠢ ᠲᠦᠯᠦᠪᠯᠡᠨ ᠭᠦᠭᠵᠢᠭᠦᠯᠭᠦ  ᠭᠡᠷᠡᠭᠳᠡᠢ᠃  ᠰᠤᠷᠭᠠᠨ ᠭᠦᠮᠦᠵᠢᠯ ᠤᠨ ᠰᠢᠯᠢᠳᠡᠭ ᠴᠢᠨᠠᠷ᠂ ᠨᠡᠶᠢᠳᠡᠮ ᠬᠠᠷᠠᠭᠠᠯᠵᠠᠯᠳᠤ ᠴᠢᠨᠠᠷ ᠢ ᠨᠡᠩ ᠴᠢᠬᠤᠯᠠᠴᠢᠯᠠᠵᠤ᠂  ᠦᠨᠳᠦᠰᠦᠳᠠᠨ ᠤ ᠶᠡᠷᠦᠩᠭᠡᠶᠢᠯᠡᠭᠰᠡᠨ ᠠᠵᠢᠯ ᠮᠡᠷᠭᠡᠵᠢᠯ ᠤᠨ ᠲᠤᠮᠳᠠᠳᠤ ᠰᠤᠷᠭᠠᠭᠤᠯᠢ ᠶᠢ ᠪᠠᠶᠢᠭᠤᠯᠵᠤ ᠭᠡᠷᠡᠭᠯᠡᠯᠳᠡ ᠳᠤ ᠤᠷᠤᠭᠤᠯᠬᠤ ᠶᠢ ᠪᠠᠳᠤᠯᠠᠨ᠎ᠠ︔ ᠴᠢ ᠫᠠᠨ ᠵᠢᠩ᠂ ᠮᠸᠡᠭ ᠰᠢ ᠶᠢᠨ ᠴᠡᠴᠡᠷᠯᠢᠭᠵᠢᠭᠰᠡᠨ ᠲᠤᠭᠤᠷᠢᠭ ᠤᠨ ᠪᠠᠶᠢᠭᠤᠯᠤᠯᠳᠠ ᠶᠢᠨ ᠢᠨᠵᠧᠨᠧᠷᠢᠩ ᠢ ᠡᠭᠢᠯᠡᠭᠦᠯᠦᠨ ᠭᠡᠷᠡᠭᠵᠢᠭᠦᠯᠦᠨ᠎ᠠ᠂  ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢᠨ ᠠᠶᠤᠯᠭᠦᠢ ᠶᠢᠨ ᠦᠭᠡᠷᠴᠢᠯᠠᠯᠳᠠ ᠶᠢᠨ ᠢᠨᠵᠧᠨᠧᠷᠢᠩ ᠢ ᠭᠤᠤᠯᠳᠠᠯᠭ᠎ᠠ ᠲᠠᠢ ᠰᠠᠶᠢᠳᠦᠷ ᠠᠳᠬᠤᠨ᠎ᠠ︔︽ᠮᠢᠩᠭᠠᠨ ᠪᠠᠭᠰᠢ ᠳᠤ ᠪᠤᠯᠪᠠᠰᠤᠷᠠᠯ ᠭᠦᠷᠳᠡᠭᠡᠭᠦ ᠢᠨᠵᠧᠨᠧᠷᠢᠩ︾᠂ ︽ᠠᠷᠪᠠᠨ  ᠬᠤᠶᠠᠷ ᠵᠢᠯ ᠤᠨ ᠵᠠᠷᠤᠳᠠᠯ ᠬᠤᠷᠢᠶᠠᠬᠤ ᠦᠭᠡᠢ ᠰᠤᠷᠭᠠᠨ ᠭᠦᠮᠦᠵᠢᠯ︾ ᠢ ᠦᠷᠭᠦᠯᠵᠢᠯᠡᠨ ᠭᠡᠷᠡᠭᠵᠢᠭᠦᠯᠵᠤ᠂  ᠠᠷᠠᠳ ᠲᠦᠮᠡᠨ ᠬᠠᠨᠤᠮᠵᠢᠳᠠᠢ ᠪᠠᠶᠢᠬᠤ ᠪᠠ ᠭᠦᠭᠵᠢᠯᠳᠡ ᠳᠤ  ᠱᠠᠭᠠᠷᠳ᠋ᠬᠠᠳᠠᠬᠤ ᠰᠤᠷᠭᠠᠨ ᠭᠦᠮᠦᠵᠢᠯ ᠢ ᠡᠷᠭᠢᠯᠡᠨ᠎ᠠ᠃  ᠤᠯᠠᠨ ᠲᠦᠮᠡᠨ ᠤ ᠡᠮ ᠡᠮᠨᠡᠯᠭᠡ ᠡᠷᠡᠭᠦᠯ ᠴᠢᠭᠢᠷᠠᠭ ᠢ ᠨᠡᠩ ᠴᠢᠬᠤᠯᠠᠴᠢᠯᠠᠵᠤ᠂  ᠬᠤᠶᠠᠳᠤᠭᠠᠷ ᠵᠡᠷᠭᠡ ᠶᠢᠨ ᠭᠦᠭᠡ  ᠲᠠᠰ ᠤᠨ ᠡᠮᠨᠡᠯᠭᠡ ᠶᠢᠨ ᠬᠤᠷᠢᠶᠠᠨ ᠤ ᠪᠠᠷᠢᠮᠵᠢᠶ᠎ᠠ ᠪᠠᠷ ᠤᠳᠤᠭ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢ ᠰᠠᠶᠢᠨ ᠡᠷᠭᠢᠯᠡᠨ᠎ᠠ︔ ᠤᠳᠤᠭ ᠬᠤᠰᠢᠭᠤᠨ ᠤ ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ ᠶᠢ ᠡᠭᠢᠯᠡᠨ ᠠᠵᠢᠯᠯᠠᠭᠤᠯᠤᠨ᠎ᠠ︔  ᠭᠠᠴᠠᠭ᠎ᠠ ᠲᠤᠰᠬᠤᠨ ᠤ ᠪᠠᠷᠢᠮᠵᠢᠶᠠᠵᠢᠨᠨᠰᠠᠨ ᠡᠷᠡᠭᠦᠯ ᠬᠠᠮᠠᠭᠠᠯᠠᠯ  ᠤᠨ ᠭᠡᠷ ᠢ ᠰᠢᠨ᠎ᠠ ᠪᠠᠷ 10 ᠪᠠᠶᠢᠭᠤᠯᠤᠨ᠎ᠠ︔ ︽ᠵᠠᠭᠤᠨ ᠡᠮᠴᠢ ᠳᠤ ᠪᠤᠯᠪᠠᠰᠤᠷᠠᠯ ᠭᠦᠷᠳᠡᠭᠡᠭᠦ ᠢᠨᠵᠧᠨᠧᠷᠢᠩ︾ ᠢ ᠶᠡᠭᠡᠪᠡᠷ ᠭᠡᠷᠡᠭᠵᠢᠭᠦᠯᠦᠨ᠎ᠠ︔ ᠰᠦᠯᠵᠢᠶᠠᠨ ᠲᠡᠭᠡᠷ᠎ᠠ ᠲᠤᠰᠬᠠᠢ ᠮᠡᠷᠭᠡᠵᠢᠯᠳᠡᠨ ᠢᠶᠠᠷ ᠤᠨᠤᠰᠢᠯᠠᠭᠤᠯᠬᠤ ᠪᠠ ᠲᠤᠰᠬᠠᠢ ᠮᠡᠷᠭᠡᠵᠢᠯᠳᠡ ᠢ  ᠤᠷᠢᠵᠤ ᠡᠪᠡᠳᠴᠢᠨ ᠦᠵᠡᠭᠦᠯᠭᠦ ᠲᠦᠷᠢᠮ ᠢ ᠭᠡᠷᠡᠭᠵᠢᠭᠦᠯᠦᠨ᠎ᠠ᠃ ᠠᠯᠪᠠᠨ ᠠᠴᠠ ᠪᠠᠶᠢᠭᠤᠯᠤᠨᠨᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠤᠯᠤᠰ ᠤᠨ ᠦᠨᠳᠦᠰᠦᠨ ᠡᠮ ᠤᠨ ᠲᠦᠷᠢᠮ ᠢ ᠨᠡᠶᠢᠳᠡᠪᠤᠷᠢᠵᠢᠭᠤᠯᠵᠤ᠂  ᠡᠮ ᠤᠨ ᠵᠦᠢᠯ ᠤᠨ ᠲᠡᠭ ᠵᠦᠷᠢᠶᠠᠳᠤ ᠦᠨ᠎ᠠ ᠶᠢᠨ ᠪᠤᠷᠤᠯᠠᠭᠤᠯᠤᠯᠳᠠ ᠶᠢ ᠪᠡᠶᠡᠯᠡᠭᠦᠯᠦᠨ᠎ᠠ︔ ᠮᠤᠩᠭᠤᠯ ᠭᠢᠳᠡᠳ ᠡᠮ ᠡᠮᠨᠡᠯᠭᠡ ᠶᠢᠨ ᠦᠢᠯᠡᠰ ᠢ  ᠲᠠᠰᠤᠷᠠᠯᠳᠠ ᠦᠭᠡᠢ ᠭᠦᠭᠵᠢᠭᠦᠯᠵᠤ᠂  ᠭᠡᠨᠡᠳᠳᠡ ᠶᠢᠨ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠭᠡᠷᠡᠭ ᠢ ᠠᠷᠭᠠᠴᠠᠬᠤ ᠴᠢᠳᠠᠪᠤᠷᠢ ᠶᠢ ᠨᠡᠮᠡᠭᠳᠡᠭᠦᠯᠦᠨ᠎ᠠ᠃  ᠦᠨᠳᠦᠰᠦᠨ ᠱᠠᠳᠤᠨ ᠤ ᠰᠤᠶᠤᠯ ᠢ ᠴᠡᠴᠡᠭᠯᠡᠭᠦᠯᠦᠨ ᠭᠦᠭᠵᠢᠭᠦᠯᠭᠦ ᠶᠢ ᠨᠡᠩ ᠴᠢᠬᠤᠯᠠᠴᠢᠯᠠᠵᠤ᠂ ᠰᠤᠶᠤᠯ ᠤᠷᠠᠯᠢᠭ ᠤᠨ ᠲᠦᠪ᠂  ᠪᠠᠭᠠᠴᠤᠳ ᠤᠨ ᠰᠢᠨᠵᠢᠯᠡᠭᠡ ᠮᠡᠷᠭᠡᠵᠢᠯ ᠤᠨ ᠤᠷᠳᠤᠨ ᠵᠡᠷᠭᠡ ᠤᠯᠠᠨ ᠨᠡᠶᠢᠳᠡ ᠶᠢᠨ ᠰᠤᠶᠤᠯ ᠤᠨ  ᠦᠢᠯᠡᠴᠢᠯᠡᠭᠡ ᠶᠢᠨ ᠲᠥᠬᠦᠭᠡᠷᠦᠮᠵᠢ ᠶᠢᠨ ᠪᠠᠶᠢᠭᠤᠯᠤᠯᠳᠠ ᠶᠢ ᠲᠦᠷᠭᠡᠳᠭᠡᠵᠤ᠂ ᠰᠢᠨ᠎ᠠ ᠪᠠᠷ ᠰᠤᠮᠤ ᠪᠠᠯᠭᠠᠰᠤᠨ ᠤ ᠶᠡᠷᠦᠩᠭᠡᠶᠢᠯᠡᠭᠰᠡᠨ ᠰᠤᠶᠤᠯ ᠤᠨ ᠦᠷᠳᠡᠭᠡ ᠶᠢ 2᠂ ᠨᠡᠶᠢᠭᠡᠮ ᠲᠤᠭᠤᠷᠢᠭ ᠤᠨ ᠰᠤᠶᠤᠯ ᠤᠨ ᠲᠦᠪ ᠢ 2᠂ 20 ︽ᠲᠠᠯ᠎ᠠ ᠨᠤᠳᠤᠭ ᠤᠨ ᠨᠤᠮ ᠤᠨ ᠦᠷᠦᠭᠡ︾᠂ 60 ᠰᠤᠶᠤᠯ ᠤᠨ ᠲᠤᠮᠤ ᠡᠷᠦᠭᠡ ᠶᠢ ᠪᠠᠶᠢᠭᠤᠯᠤᠨ᠎ᠠ᠃  ᠠᠩᠬᠠᠳ᠋ᠬᠠᠴᠢ ᠬᠤᠭᠤᠴᠠᠭᠠᠨ ᠤ ᠲᠤᠮᠤ ᠪᠠᠶᠠᠷ ᠲᠤᠷᠠᠰᠬᠠᠯ ᠤᠨ ᠰᠤᠶᠤᠯ ᠤᠨ ᠠᠵᠢᠯᠯᠠᠭ᠎ᠠ ᠶᠢ ᠨᠠᠷᠢᠯᠢᠭ ᠡᠷᠭᠢᠯᠡᠨ ᠭᠢᠵᠤ᠂ ᠪᠦᠭᠦ ᠬᠤᠳᠠ ᠶᠢᠨ ᠲᠦᠷᠪᠡᠳᠦᠭᠡᠷ ᠬᠤᠭᠤᠴᠠᠭᠠᠨ ᠤ ᠤᠵᠤᠭᠤᠷ ᠰᠤᠶᠤᠯ ᠤᠨ ᠮᠤᠩᠭᠤᠯ ᠭᠡᠯᠡᠨ ᠤ ᠨᠠᠰᠤᠳᠠᠶᠢᠴᠤᠳ ᠤᠨ ᠬᠠᠷᠢᠭᠤ ᠮᠡᠳᠡᠭᠦᠯᠭᠦ ᠲᠤᠨᠨᠯᠠᠯᠳᠠ ᠶᠢ ᠡᠷᠭᠢᠯᠠᠨ᠎ᠠ᠃ ᠴᠢᠳᠠᠪᠤᠷᠢᠳᠠᠨ ᠢ ᠭᠦᠮᠦᠵᠢᠭᠦᠯᠭᠦ ᠪᠠ ᠰᠢᠨ᠎ᠠ ᠶᠢ ᠡᠭᠦᠳᠭᠦ ᠴᠢᠳᠠᠪᠤᠷᠢ ᠶᠢ ᠨᠡᠩ ᠴᠢᠬᠤᠯᠴᠢᠯᠠᠵᠤ᠂ ᠰᠢᠨᠵᠢᠯᠡᠭᠡ ᠮᠡᠷᠭᠡᠵᠢᠯ ᠤᠨ  ᠰᠢᠨ᠎ᠠ ᠶᠢ ᠡᠭᠦᠳᠭᠦ ᠰᠠᠭᠤᠷᠢ ᠮᠦᠩᠭᠦ᠂  ᠴᠢᠳᠠᠪᠤᠷᠢᠳᠠᠨ ᠢ ᠭᠦᠭᠢᠭᠦᠯᠦᠨ ᠱᠠᠩᠨᠠᠬᠤ ᠰᠠᠭᠤᠷᠢ ᠮᠦᠩᠭᠦᠨ ᠤ ᠦᠢᠯᠡᠳᠦᠯ ᠢ ᠭᠦᠢᠴᠠᠳ ᠪᠠᠳᠠᠷᠠᠭᠤᠯᠵᠤ᠂  ᠲᠡᠮᠦᠷ ᠤᠨ ᠬᠠᠶᠢᠯᠤᠰᠢ ᠶᠢᠨ ᠤᠷᠴᠢᠯᠳᠦ ᠠᠵᠤ ᠠᠬᠤᠢ ᠶᠢᠨ ᠢᠨᠵᠧᠨᠧᠷᠢᠩ ᠤᠨ ᠮᠡᠷᠭᠡᠵᠢᠯ ᠤᠨ ᠲᠦᠪ ᠪᠠ ᠮᠤᠰᠭᠢᠷᠠᠭ᠎ᠠ ᠵᠠᠮᠠᠭ ᠤᠨ ᠢᠨᠵᠧᠨᠧᠷᠢᠩ ᠤᠨ ᠮᠡᠷᠭᠡᠵᠢᠯ ᠤᠨ ᠲᠦᠪ ᠤᠨ ᠪᠠᠶᠢᠭᠤᠯᠤᠯᠳᠠ ᠶᠢ ᠲᠤᠪᠤᠶᠢᠯᠭᠠᠨ ᠠᠳᠬᠤᠵᠤ᠂ ᠮᠠᠯᠵᠢᠬᠤ ᠲᠠᠷᠢᠶᠠᠯᠠᠬᠤ ᠤᠷᠤᠨ ᠤ ᠴᠢᠮᠡᠭᠡ ᠵᠠᠩᠭᠢᠵᠢᠯᠳᠡ ᠶᠢᠨ ᠪᠠᠶᠢᠭᠤᠯᠤᠯᠳᠠ ᠶᠢᠨ ᠠᠯᠬᠤᠴᠠ ᠶᠢ ᠲᠦᠷᠭᠡᠳᠭᠡᠨ᠎ᠠ᠃ ᠴᠦᠭᠡᠨ ᠲᠤᠭᠠᠳᠤ ᠦᠨᠳᠦᠰᠦᠳᠠᠨ ᠤ ᠭᠦᠭᠵᠢᠯᠳᠡ ᠶᠢ ᠲᠡᠳᠭᠦᠭᠦ ᠶᠢ ᠨᠡᠩ ᠴᠢᠬᠤᠯᠠᠴᠢᠯᠠᠵᠤ᠂ ᠲᠦᠷᠦ ᠶᠢᠨ ᠪᠤᠳᠤᠯᠭ᠎ᠠ ᠶᠢᠨ ᠴᠢᠨᠠᠷᠳᠠᠢ ᠨᠦᠭᠦᠪᠤᠷᠢ ᠶᠢᠨ ᠪᠠᠷᠢᠮᠵᠢᠶ᠎ᠠ ᠶᠢ ᠤᠷᠢᠳᠠᠪᠠᠷ ᠨᠡᠮᠡᠭᠳᠡᠭᠦᠯᠵᠤ᠂  ᠴᠦᠭᠡᠨ ᠲᠤᠭᠠᠳᠤ ᠦᠨᠳᠦᠰᠦᠳᠠᠨ ᠤ ︽ᠵᠢᠷᠭᠤᠭᠠᠨ︾ ᠠᠷᠠᠳ ᠤᠨ ᠰᠡᠳᠬᠢᠯ ᠤᠨ ᠢᠨᠵᠧᠨᠧᠷᠢᠩ ᠪᠠ ᠴᠥᠭᠡᠨ ᠲᠣᠭᠠᠲᠤ ᠦᠨᠳᠦᠰᠦᠲᠡᠨ ᠤ ᠰᠤᠷᠭᠠᠭᠤᠯᠢ ᠶᠢᠨ ᠭᠦᠷᠢᠶᠠᠨ ᠤ ᠰᠤᠶᠤᠯ ᠤᠨ ᠪᠠᠶᠢᠭᠤᠯᠤᠯᠳᠠ ᠶᠢᠨ ︽ᠵᠢᠷᠭᠤᠭᠠᠨ ᠨᠢᠭᠡ︾ ᠢᠨᠵᠧᠨᠧᠷᠢᠩ ᠢ ᠰᠢᠨᠡᠳᠭᠡᠨ ᠭᠡᠷᠡᠭᠵᠢᠭᠦᠯᠵᠤ᠂ ᠴᠦᠭᠡᠨ ᠲᠤᠭᠠᠳᠤ ᠦᠨᠳᠦᠰᠦᠳᠠᠨ ᠤ ᠤᠯᠠᠨ ᠲᠦᠮᠠᠨ ᠤ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠭᠦ ᠠᠭᠢᠴᠠ ᠶᠢ ᠲᠦᠷᠭᠡᠳᠭᠡᠨ᠎ᠠ᠃ ᠬᠤᠶᠠᠷ ᠲᠤ ᠨᠡᠶᠢᠭᠡᠮ ᠤᠨ ᠪᠠᠲᠤᠯᠠᠭ᠎ᠠ ᠶᠢ ᠲᠤᠪᠤᠶᠢᠯᠭᠠᠨ ᠠᠳᠬᠤᠬᠤ ᠭᠡᠷᠡᠭᠳᠡᠢ᠃ ᠨᠡᠶᠢᠭᠡᠮ ᠤᠨ ᠪᠠᠲᠤᠯᠠᠭ᠎ᠠ ᠶᠢᠨ ᠵᠤᠭᠢᠴᠠᠮᠵᠢ ᠶᠢ ᠲᠡᠭᠦᠯᠳᠡᠷᠵᠢᠭᠦᠯᠵᠤ᠂ ᠨᠡᠶᠢᠭᠡᠮ ᠤᠨ ᠪᠠᠲᠤᠯᠠᠭ᠎ᠠ ᠶᠢᠨ ᠲᠦᠪᠰᠢᠨ ᠢ ᠢᠳᠡᠪᠭᠢᠳᠡᠢ ᠲᠡᠭᠡᠭᠰᠢᠯᠡᠭᠦᠯᠦᠨ᠎ᠠ᠃ ᠤᠷᠤᠯᠭ᠎ᠠ ᠨᠢ ᠲᠡᠭᠰᠢᠳᠭᠡᠭᠰᠡᠨ ᠤᠷᠤᠯᠭ᠎ᠠ ᠳᠤ ᠭᠦᠷᠦᠭᠡᠳᠦᠢ ᠶᠠᠳᠠᠭᠤ ᠭᠦᠴᠢᠷᠳᠡᠯᠳᠡᠢ ᠡᠷᠦᠭᠡ ᠪᠡ ᠲᠦᠭᠦᠮ ᠪᠦᠳᠦᠭᠦᠯᠢᠭ ᠤᠷᠤᠨ ᠰᠠᠭᠤᠴᠠᠳᠤ ᠲᠤᠭᠤᠷᠢᠭ᠂ ᠠᠭᠤᠷᠬᠠᠢ ᠶᠢᠨ ᠤᠷᠤᠨ᠂ ᠬᠠᠭᠤᠴᠢᠨ ᠭᠢᠮᠢ ᠶᠢᠨ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ᠶᠠᠳᠠᠭᠤ  ᠭᠦᠴᠢᠷᠳᠡᠯᠳᠡᠢ ᠡᠷᠦᠭᠡ ᠶᠢᠨ ᠦᠢᠯᠡᠳᠪᠤᠷᠢᠯᠡᠯ ᠠᠮᠢᠳᠤᠷᠠᠯ ᠤᠨ ᠠᠰᠠᠭᠤᠳᠠᠯ ᠢ ᠨᠡᠩ ᠴᠢᠬᠤᠯᠠᠴᠢᠯᠠᠵᠤ᠂ ᠨᠡᠶᠢᠭᠡᠮ ᠤᠨ ᠪᠠᠲᠤᠯᠠᠭ᠎ᠠ  ᠶᠢᠨ ᠤᠷᠤᠭᠤᠯᠤᠯᠳᠠ ᠨᠢ ᠠᠵᠤ ᠠᠬᠤᠢ ᠶᠢᠨ ᠨᠡᠮᠡᠭᠳᠡᠯ ᠲᠠᠢ ᠠᠳᠠᠯᠢ ᠠᠯᠬᠤᠮ ᠢᠶᠠᠷ ᠨᠡᠮᠡᠭᠳᠡᠭᠦ ᠲᠠᠭᠠᠭᠠᠮᠠᠭᠠᠢ ᠵᠤᠭᠢᠴᠠᠮᠵᠢ ᠶᠢ ᠪᠤᠢ ᠪᠤᠯᠭᠠᠨ᠎ᠠ᠃ ᠪᠦᠭᠦ ᠬᠤᠳᠠ ᠶᠢᠨ ᠠᠷᠠᠳ ᠢ ᠬᠠᠷᠠᠭᠠᠯᠵᠠᠬᠤ 20 ᠪᠤᠳᠠᠳᠤ ᠶᠠᠪᠤᠳᠠᠯ ᠢ ᠪᠦᠭᠦ ᠲᠠᠯ᠎ᠠ ᠪᠠᠷ ᠠᠳᠬᠤᠨᠨᠰᠠᠨ ᠰᠠᠭᠤᠷᠢᠨ ᠲᠡᠭᠡᠷ᠎ᠠ ᠪᠦᠭᠦ ᠬᠤᠰᠢᠭᠤᠨ ᠤ ᠠᠷᠠᠳ ᠢ ᠬᠠᠷᠠᠭᠠᠯᠵᠠᠬᠤ 10 ᠪᠤᠳᠠᠳᠤ ᠶᠠᠪᠤᠳᠠᠯ ᠢ ᠭᠤᠤᠯᠳᠠᠯᠭ᠎ᠠ ᠲᠠᠢ ᠲᠦᠯᠭᠢᠨ ᠠᠭᠢᠭᠤᠯᠤᠨ᠎ᠠ᠃ 1. ᠢᠳᠡᠪᠭᠢᠳᠡᠢ ᠠᠵᠢᠯ ᠤᠯᠭᠤᠬᠤ ᠲᠦᠷᠦ ᠶᠢᠨ ᠪᠤᠳᠤᠯᠭ᠎ᠠ ᠶᠢ ᠭᠡᠷᠡᠭᠵᠢᠭᠦᠯᠵᠤ᠂  ᠤᠯᠠᠨ ᠠᠷᠭ᠎ᠠ ᠵᠠᠮ ᠢᠶᠠᠷ ᠠᠵᠢᠯ ᠤᠯᠭᠤᠯᠳᠠ ᠶᠢ ᠨᠡᠮᠡᠭᠳᠡᠭᠦᠯᠵᠤ᠂  ᠨᠢᠭᠡ ᠪᠦᠯᠦᠭ ᠤᠳᠤᠭ ᠬᠤᠰᠢᠭᠤᠨ ᠤ ᠡᠷᠦᠭᠡ ᠠᠮᠠᠨ ᠲᠠᠩᠰᠨ ᠲᠠᠢ ᠪᠦᠭᠦᠯᠢ ᠡᠳᠦᠷ ᠤᠨ ᠲᠦᠷᠢᠮᠵᠢᠳᠦ ᠶᠡᠭᠡ ᠰᠤᠷᠭᠠᠭᠤᠯᠢ   ᠠᠴᠠ ᠲᠡᠭᠦᠰᠦᠭᠰᠡᠨ ᠤᠶᠤᠳᠠᠳ ᠪᠠ ᠴᠡᠷᠢᠭ ᠠᠴᠠ ᠬᠠᠯᠠᠨᠳ᠋ᠬᠠᠰᠠᠳ ᠤᠨ ᠠᠵᠢᠯ ᠤᠯᠭᠤᠬᠤ ᠠᠰᠠᠭᠤᠳᠠᠯ ᠢ ᠰᠶᠢᠳᠪᠤᠷᠢᠯᠠᠨ᠎ᠠ᠃ 2. ᠤᠯᠠᠨ ᠲᠠᠪᠬᠤᠷᠭ᠎ᠠ ᠪᠠᠷ ᠤᠷᠤᠨ ᠰᠠᠭᠤᠴᠠ ᠶᠢᠨ ᠪᠠᠲᠤᠯᠠᠭ᠎ᠠ ᠪᠠ ᠨᠡᠶᠢᠭᠡᠮ ᠤᠨ ᠠᠪᠤᠷᠠᠨ ᠲᠤᠰᠠᠯᠠᠯᠳᠠ ᠶᠢᠨ ᠰᠢᠰᠲ᠋ᠧᠮ ᠢ ᠪᠠᠶᠢᠭᠤᠯᠵᠤ᠂ ᠰᠢᠨ᠎ᠠ ᠪᠠᠷ 200 ᠡᠷᠦᠭᠡ ᠭᠢᠮᠳᠡ ᠲᠤᠭᠢᠷᠠᠮᠵᠢᠳᠦ ᠤᠷᠤᠨ ᠰᠠᠭᠤᠴᠠ᠂ 95 ᠡᠷᠦᠭᠡ ᠭᠢᠮᠳᠡ ᠲᠦᠷᠢᠶᠠᠰᠤᠨ ᠤᠷᠤᠨ ᠰᠠᠭᠤᠴᠠ᠂ 1 ᠨᠡᠶᠢᠭᠡᠮ ᠤᠨ ᠠᠰᠠᠷᠠᠮᠵᠢ ᠶᠢᠨ ᠲᠦᠪ ᠢ ᠪᠠᠶᠢᠭᠤᠯᠤᠨ᠎ᠠ᠃ 3. ᠭᠤᠷᠪᠠᠨ ᠳ᠋ᠦᠩᠰᠢᠭᠤᠷ ᠲᠦᠭᠦᠷᠢᠭ ᠪᠡᠯᠨ ᠤᠷᠤᠭᠤᠯᠵᠤ ᠪᠦᠭᠦ ᠬᠤᠰᠢᠭᠤᠨ ᠤ ᠰᠤᠷᠭᠠᠭᠤᠯᠢ ᠶᠢᠨ ᠪᠠᠶᠢᠷᠢ ᠶᠢᠨ ᠠᠶᠤᠯᠭᠦᠢ ᠶᠢᠨ ᠥᠭᠡᠷᠡᠴᠢᠯᠡᠯᠲᠡ ᠶᠢ ᠪᠠᠶᠡᠯᠡᠭᠦᠯᠦᠨ᠎ᠠ᠃ 4. ᠤᠳᠤᠭ ᠬᠤᠰᠢᠭᠤᠨ ᠤ ᠡᠷᠦᠭᠡ ᠠᠮᠠᠨ ᠲᠠᠩᠰᠨ ᠲᠠᠢ ᠶᠡᠭᠡ ᠰᠤᠷᠭᠠᠭᠤᠯᠢ ᠶᠢᠨ ᠵᠢᠩᠭᠢᠨᠢ ᠠᠩᠭᠢ ᠪᠠ ᠲᠤᠰᠬᠠᠢ ᠮᠡᠷᠭᠡᠵᠢᠯ ᠤᠨ ᠠᠩᠭᠢ ᠳᠤ ᠰᠢᠯᠭᠠᠨᠨᠳ᠋ᠬᠠᠰᠠᠨ ᠴᠦᠭᠡᠨ ᠲᠤᠭᠠᠳᠤ ᠦᠨᠳᠦᠰᠦᠳᠠᠨ ᠤ ᠰᠤᠷᠤᠨᠨᠴᠢ ᠳᠤ ᠵᠢᠯ ᠳᠤ ᠭᠦᠮᠦᠨ ᠪᠦᠷᠢ  ᠲᠤᠰ ᠲᠤᠰ 5000 ᠲᠦᠭᠦᠷᠢᠭ ᠪᠠ 3000 ᠲᠦᠭᠦᠷᠢᠭ ᠨᠦᠭᠦᠪᠦᠷᠢᠯᠠᠵᠤ᠂  ᠠᠯᠪᠠᠨ ᠠᠴᠠ ᠡᠷᠭᠢᠯᠡᠭᠰᠡᠨ  ᠦᠨᠳᠦᠰᠦᠳᠠᠨ ᠤ ᠭᠡᠦᠭᠡᠳ ᠤᠨ ᠰᠤᠷᠭᠠᠨ ᠭᠦᠮᠦᠵᠢᠯ ᠤᠨ ᠱᠠᠳᠤᠨ ᠳᠠᠬᠢ ᠰᠤᠷᠤᠨᠨᠴᠢ ᠳᠤ ︽ᠬᠤᠶᠠᠷ ᠢ ᠭᠡᠯᠳᠦᠷᠢᠭᠦᠯᠵᠤ ᠨᠢᠭᠡ ᠶᠢ ᠨᠦᠭᠦᠪᠤᠷᠢᠯᠡᠭᠦ︾ ᠲᠦᠷᠦ ᠶᠢᠨ ᠪᠤᠳᠤᠯᠭ᠎ᠠ ᠶᠢ ᠭᠡᠷᠡᠭᠵᠢᠭᠦᠯᠦᠨ᠎ᠠ᠃ 5. ᠬᠤᠳᠠ ᠪᠠᠯᠭᠠᠰᠤᠨ ᠤ ᠠᠵᠢᠯᠳᠠᠨ ᠠᠵᠢᠯᠴᠢᠨ ᠪᠤᠯᠤᠨ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠦᠨᠳᠦᠰᠦᠨ ᠡᠮ ᠡᠮᠡᠨᠡᠯᠭᠡ ᠶᠢᠨ ᠲᠠᠭᠠᠳᠬᠠᠯ ᠤᠨ ᠨᠢᠭᠡᠳᠦᠯᠳᠡᠢ ᠲᠦᠯᠦᠪᠯᠡᠭᠦ ᠰᠠᠭᠤᠷᠢ ᠮᠦᠩᠭᠦᠨ ᠤ ᠬᠠᠮᠤᠭ ᠲᠡᠭᠡᠳᠦ ᠭᠢᠵᠠᠭᠠᠷᠯᠠᠯ ᠢ ᠲᠤᠰᠪᠤᠷᠢ 22 ᠲᠦᠮᠡᠨ ᠲᠦᠭᠦᠷᠢᠭ ᠪᠠ 8 ᠲᠦᠮᠡᠨ ᠲᠦᠭᠦᠷᠢᠭ ᠪᠤᠯᠭᠠᠨ ᠲᠡᠭᠡᠭᠰᠢᠯᠡᠭᠦᠯᠵᠤ᠂ ᠮᠠᠯᠵᠢᠬᠤ ᠲᠠᠷᠢᠶᠠᠯᠠᠬᠤ ᠤᠷᠤᠨ ᠤ ᠰᠢᠨ᠎ᠠ ᠭᠡᠯᠪᠡᠷᠢ ᠶᠢᠨ ᠬᠤᠷᠰᠢᠨᠨᠰᠠᠨ ᠡᠮ ᠡᠮᠨᠡᠯᠭᠡ ᠶᠢᠨ ᠲᠠᠩᠰᠨ ᠲᠠᠶᠢᠯᠬᠤ ᠭᠢᠵᠠᠭᠠᠷ ᠢ 8 ᠲᠦᠮᠡᠨ ᠲᠦᠭᠦᠷᠢᠭ ᠪᠤᠯᠭᠠᠨ  ᠨᠡᠮᠡᠭᠳᠡᠭᠦᠯᠦᠨ᠎ᠠ᠃ 6. ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠬᠠᠮᠤᠭ ᠲᠤᠤᠷ᠎ᠠ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠤᠤᠯ ᠤᠨ ᠭᠦᠮᠦᠨ ᠪᠦᠷᠢ ᠰᠠᠷ᠎ᠠ ᠳᠤ 310 ᠲᠦᠭᠦᠷᠢᠭ ᠪᠠ ᠭᠦᠮᠦᠨ ᠪᠦᠷᠢ ᠵᠢᠯ ᠳᠤ 1600 ᠲᠦᠭᠦᠷᠢᠭ ᠪᠠᠶᠢᠨᠨᠰᠠᠨ ᠢ 330 ᠲᠦᠭᠦᠷᠢᠭ ᠪᠠ 1800 ᠲᠦᠭᠦᠷᠢᠭ ᠪᠤᠯᠭᠠᠨ ᠨᠡᠮᠡᠭᠳᠡᠭᠦᠯᠦᠨ᠎ᠠ᠃ 7. ᠤᠯᠤᠰ ᠤᠨ ᠦᠮᠴᠢᠯᠠᠯᠳᠤ ᠬᠠᠮᠳᠤ ᠶᠢᠨ ᠠᠵᠤ ᠠᠬᠤᠶᠢᠯᠠᠯ ᠤᠨ ᠠᠵᠢᠯ ᠤᠨ ᠪᠠᠶᠢᠷᠢᠨ ᠠᠴᠠ ᠪᠠᠭᠤᠨᠨᠰᠠᠨ ᠠᠵᠢᠯᠳᠠᠨ ᠠᠵᠢᠯᠴᠢᠨ ᠤ ᠨᠠᠰᠤᠵᠢᠯ ᠤᠨ ᠲᠠᠭᠠᠳᠬᠠᠯ ᠤᠨ ᠪᠠᠷᠢᠮᠵᠢᠶ᠎ᠠ ᠶᠢ 2500 ᠲᠦᠭᠦᠷᠢᠭ ᠠᠴᠠ ᠨᠢ 3000 ᠲᠦᠭᠦᠷᠢᠭ ᠪᠤᠯᠭᠠᠨ ᠲᠡᠭᠡᠭᠰᠢᠯᠡᠭᠦᠯᠵᠤ᠂  ᠠᠵᠤ ᠠᠬᠤᠶᠢᠯᠠᠯ ᠤᠨ ᠠᠵᠢᠯ ᠠᠴᠠ ᠠᠮᠠᠷᠬᠠᠰᠠᠨ ᠭᠦᠮᠦᠰ ᠲᠤ  ᠰᠠᠷ᠎ᠠ ᠪᠤᠯᠭᠠᠨ ᠠᠮᠢᠳᠤᠷᠠᠯ ᠤᠨ ᠨᠦᠭᠦᠪᠤᠷᠢ 100 ᠲᠦᠭᠦᠷᠢᠭ ᠢ ᠨᠡᠮᠡᠵᠤ ᠤᠯᠭᠤᠨ᠎ᠠ᠃ 8. ᠤᠯᠠᠨ ᠴᠢᠳᠠᠮᠵᠢᠳᠦ ᠪᠠᠷᠢᠮᠵᠢᠶᠠᠵᠢᠨᠨᠰᠠᠨ ᠨᠡᠶᠢᠭᠡᠮ ᠲᠤᠭᠤᠷᠢᠭ  ᠢ ᠰᠢᠨ᠎ᠠ ᠪᠠᠷ 6 ᠪᠠᠶᠢᠭᠤᠯᠤᠨ᠎ᠠ᠃ 9. ᠨᠡᠭᠡᠭᠡᠯᠳᠡ ᠭᠢᠭᠦ ᠶᠢ ᠴᠠᠭᠠᠵᠠᠯᠠᠬᠤ ᠤᠷᠤᠨ  ᠠᠴᠠ ᠭᠠᠳᠠᠨᠡᠭᠢ ᠴᠠᠭᠢᠯᠭᠠᠨ ᠨᠠᠪᠳᠡᠷᠡᠭᠡ ᠦᠭᠡᠢ ᠭᠠᠵᠠᠷ ᠤᠷᠤᠨ ᠤ ᠡᠷᠦᠭᠡ ᠪᠦᠭᠦᠨ ᠳᠤ ᠴᠠᠭᠢᠯᠭᠠᠨ ᠨᠠᠪᠳᠠᠷᠠᠭᠦᠯᠭᠦ ᠬᠠᠷᠠᠯᠳᠠ ᠶᠢ ᠦᠨᠳᠦᠰᠦᠨ ᠳᠡᠭᠡᠨ ᠪᠠᠶᠡᠯᠡᠭᠦᠯᠦᠨ᠎ᠠ ᠃ 10. ᠰᠡᠯᠭᠦᠨ ᠮᠠᠯᠵᠢᠬᠤ ᠨᠦᠭᠦᠪᠤᠷᠢ ᠶᠢᠨ ᠲᠦᠷᠦ ᠶᠢᠨ ᠪᠤᠳᠤᠯᠭ᠎ᠠ ᠶᠢ ᠡᠭᠢᠯᠠᠨ ᠭᠡᠷᠡᠭᠵᠢᠭᠦᠯᠦᠨ᠎ᠠ᠃ ᠭᠤᠷᠪᠠ ᠳᠤ ᠨᠡᠶᠢᠭᠡᠮ ᠤᠨ ᠬᠠᠮᠢᠶᠠᠷᠤᠯᠳᠠ ᠶᠢ ᠪᠦᠭᠦ ᠲᠠᠯ᠎ᠠ  ᠪᠠᠷ ᠴᠢᠩᠭᠠᠳᠬᠠᠨ᠎ᠠ᠃ ︽ᠠᠮᠤᠷ ᠲᠦᠪᠰᠢᠨ ᠲᠠᠷᠢᠭᠦᠨ ᠴᠢᠬᠤᠯᠨ︾ ᠭᠡᠭᠦ ᠦᠵᠡᠯ ᠰᠠᠨᠠᠭ᠎ᠠ ᠶᠢ ᠪᠠᠳᠤ ᠪᠠᠭᠢ ᠪᠤᠢ ᠪᠤᠯᠭᠠᠵᠤ᠂ ᠨᠡᠭᠦᠷᠠᠰᠤᠨ ᠠᠭᠤᠷᠬᠠᠢ ᠪᠠ ᠨᠡᠭᠦᠷᠠᠰᠤᠨ ᠤ ᠪᠤᠰᠤ ᠠᠭᠤᠷᠬᠠᠢ᠂ ᠵᠠᠮ ᠬᠠᠷᠢᠯᠴᠠᠭ᠎ᠠ᠂  ᠪᠠᠷᠢᠯᠭ᠎ᠠ ᠶᠢᠨ ᠭᠠᠵᠠᠷ᠂ ᠤᠨᠴᠠᠭᠠᠢ ᠲᠦᠷᠦᠯ ᠤᠨ ᠠᠵᠢᠯ ᠦᠢᠯᠡᠰ᠂ ᠲᠠᠯᠪᠠᠷᠠᠭᠦ ᠠᠶᠤᠯᠳᠠᠢ ᠪᠤᠳᠠᠰ᠂ ᠤᠯᠠᠨ ᠲᠦᠮᠠᠨ ᠴᠤᠨᠨᠯᠠᠷᠬᠠᠰᠠᠨ ᠲᠠᠯᠠᠪᠣᠷ ᠵᠡᠷᠭᠡ ᠭᠤᠤᠯᠳᠠᠯᠭᠠᠳᠤ ᠭᠦᠷᠢᠶ᠎ᠠ ᠴᠠᠷ᠎ᠠ ᠶᠢᠨ ᠠᠮᠤᠷ ᠲᠦᠪᠰᠢᠨ ᠤ ᠠᠵᠢᠯ ᠢ ᠰᠢᠨᠳᠠᠷᠠᠰᠢ ᠦᠭᠡᠢ ᠰᠠᠶᠢᠳᠦᠷ ᠠᠳᠬᠤᠬᠤ ᠶᠢ ᠪᠠᠷᠢᠮᠳᠠᠯᠠᠨ᠎ᠠ᠃  ᠢᠳᠡᠭᠡᠨ ᠤ ᠵᠦᠢᠯ ᠪᠠ ᠤᠮᠳᠠ ᠤᠰᠤᠨ ᠤ ᠠᠶᠤᠯᠭᠦᠢ ᠶᠢ ᠪᠠᠶᠢᠴᠠᠭᠠᠨ ᠰᠢᠯᠭᠠᠬᠤ ᠪᠠᠷᠢᠮᠵᠢᠶᠠᠵᠢᠨᠨᠰᠠᠨ ᠲᠦᠪ ᠢ ᠪᠠᠶᠢᠭᠤᠯᠵᠤ᠂ ᠪᠦᠭᠦᠨ ᠢ ᠭᠢᠨᠡᠨ ᠬᠠᠮᠢᠶᠠᠷᠬᠤ ᠶᠢ ᠪᠡᠶᠡᠯᠡᠭᠦᠯᠦᠨ᠎ᠠ᠃ ᠵᠠᠭᠢᠳᠠᠯ ᠰᠤᠷᠪᠤᠯᠵᠢᠯᠠᠭ᠎ᠠ ᠶᠢᠨ ᠠᠵᠢᠯ ᠢ ᠲᠡᠭᠡᠳᠦ ᠭᠡᠮᠵᠢᠶ᠎ᠠ ᠪᠠᠷ  ᠴᠢᠬᠤᠯᠠᠴᠢᠯᠠᠵᠤ᠂ ᠡᠶᠡᠳᠡᠭᠦᠯᠭᠦ ᠵᠤᠭᠢᠴᠠᠮᠵᠢ ᠶᠢ ᠴᠢᠨ᠋ᠬᠠᠰᠢᠳᠠ ᠲᠡᠭᠦᠯᠳᠡᠷᠵᠢᠭᠦᠯᠵᠤ᠂ ᠡᠯ᠎ᠠ ᠵᠦᠢᠯ ᠤᠨ ᠵᠦᠷᠢᠴᠡᠯᠳᠦᠭᠡᠨ ᠢ ᠵᠦᠪ ᠰᠶᠢᠳᠪᠤᠷᠢᠯᠠᠨ᠂ ᠤᠯᠠᠨ ᠲᠦᠮᠠᠨ ᠤ ᠲᠤᠰᠬᠠᠨᠨᠰᠠᠨ ᠲᠤᠪᠤᠶᠢᠮ᠎ᠠ ᠠᠰᠠᠭᠤᠳᠠᠯ ᠢ ᠴᠠᠭ ᠲᠠᠷᠤᠢ ᠳᠤᠨᠢ ᠰᠶᠢᠳᠪᠤᠷᠢᠯᠠᠵᠤ᠂  ᠮᠠᠯᠴᠢᠨ ᠲᠠᠷᠢᠶᠠᠴᠢᠳ ᠤᠨ ᠬᠠᠤᠯᠢ ᠶᠤᠰᠤᠨ ᠤ ᠡᠷᠭᠡ ᠠᠰᠢᠭ ᠢ ᠢᠳᠡᠪᠭᠢᠳᠡᠢ ᠬᠠᠮᠠᠭᠠᠯᠠᠨ᠎ᠠ᠃ ᠨᠡᠶᠢᠭᠡᠮ ᠤᠨ ᠲᠤᠨᠨᠳᠠᠭᠤᠨ ᠢ ᠬᠠᠮᠭᠠᠯᠠᠬᠤ ᠠᠵᠢᠯ ᠢ ᠶᠡᠭᠡᠪᠡᠷ ᠴᠢᠩᠭᠠᠳᠬᠠᠵᠤ᠂  ︽ᠠᠮᠤᠭᠤᠯᠠᠩ︾᠂ ︽ᠮᠡᠷᠭᠡᠵᠢᠯ ᠢᠶᠠᠷ ᠪᠠᠯᠭᠠᠰᠤ ᠪᠠᠨ ᠰᠡᠷᠭᠡᠶᠢᠯᠡᠬᠦ︾ ᠢᠨᠵᠧᠨᠧᠷᠢᠩ ᠢ ᠬᠡᠷᠡᠭᠵᠢᠭᠦᠯᠦᠨ᠂ ︽ᠠᠮᠤᠷ ᠲᠦᠪᠰᠢᠨ ᠤᠳᠤᠭ︾ ᠤᠨ ᠪᠠᠶᠢᠭᠤᠯᠤᠯᠳᠠ ᠶᠢ ᠲᠦᠯᠭᠢᠨ ᠠᠭᠢᠭᠤᠯᠤᠨ᠎ᠠ  ᠃  ᠲᠦᠯᠦᠪᠯᠡᠭᠡ ᠲᠠᠢ ᠪᠠᠷ ᠭᠡᠦᠭᠡᠳ ᠠᠪᠬᠤ ᠶᠢ ᠭᠦᠭᠢᠭᠦᠯᠦᠨ  ᠱᠠᠩᠨᠠᠬᠤ ᠬᠠᠷᠠᠭᠠᠯᠵᠠᠬᠤ ᠲᠦᠷᠤ ᠶᠢᠨ ᠪᠣᠳᠣᠯᠭ᠎ᠠ ᠪᠠ ᠶᠠᠪᠦᠭᠤᠯ ᠬᠦᠮᠥᠨ ᠠᠮᠠ ᠶᠢ ᠬᠢᠨᠠᠨ ᠬᠠᠮᠢᠶᠠᠷᠬᠤ ᠠᠷᠭ᠎ᠠ ᠪᠠᠷᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠣᠭᠤᠨᠢ ᠬᠥᠩᠭᠡᠵᠢᠯ ᠤᠨ ᠳᠥᠪᠰᠢᠨ ᠢ ᠳᠣᠭᠲᠠᠪᠦᠷᠢᠵᠢᠭᠤᠯᠦᠨ᠎ᠠ᠃  ᠴᠡᠷᠢᠭ ᠴᠠᠭᠳᠠᠭ᠎ᠠ ᠠᠷᠠᠳ ᠬᠠᠮᠲᠦ ᠪᠠᠷ ᠪᠠᠶᠢᠭᠤᠯᠬᠤ ᠠᠵᠢᠯᠯᠠᠭ᠎ᠠ ᠶᠢ ᠢᠳᠡᠪᠬᠢᠲᠠᠢ ᠦᠷᠨᠢᠭᠦᠯᠵᠦ᠂  ᠶᠠᠳᠠᠭᠤ ᠶᠢ ᠳᠡᠳᠭᠦᠭᠦ᠂ ᠪᠠᠷᠠᠭᠠᠨ ᠤ ᠦᠨ᠎ᠡ᠂ ᠠᠷᠠᠳ ᠤᠨ ᠠᠭᠠᠷ ᠤᠨ ᠰᠡᠷᠭᠡᠶᠢᠯᠡᠯᠲᠡ᠂ ᠴᠠᠭ ᠠᠭᠤᠷ᠂ ᠳᠠᠩᠰᠠ ᠡᠪᠬᠡᠮᠡᠯ᠂ ᠵᠡᠮᠳᠡᠭᠴᠦᠳ ᠤᠨ ᠬᠤᠯᠪᠣᠭ᠎ᠠ᠂ ᠡᠮᠡᠭᠲᠡᠶᠢᠴᠦᠳ ᠬᠡᠤᠬᠡᠳ ᠵᠡᠷᠭᠡ ᠠᠵᠢᠯ ᠢ ᠪᠥᠬᠦ ᠲᠠᠯ᠎ᠠ ᠪᠠᠷ ᠰᠠᠶᠢᠲᠦᠷ ᠬᠢᠵᠦ᠂ ᠨᠡᠶᠢᠬᠡᠮ ᠤᠨ ᠡᠯ᠎ᠡ ᠲᠥᠷᠥᠯ ᠤᠨ ᠠᠵᠢᠯ ᠤᠶᠢᠯᠡᠰ ᠤᠨ ᠡᠶ᠎ᠡ ᠵᠣᠬᠢᠴᠠᠯᠲᠦ ᠬᠥᠭᠵᠢᠯᠲᠦ ᠶᠢ ᠠᠬᠢᠭᠤᠯᠦᠨ᠎ᠠ᠃      ᠨᠠᠢᠮᠠᠳᠤᠭᠠᠷ ᠲᠤ᠂ ᠣᠷᠣᠯᠭ᠎ᠠ ᠪᠠᠨ ᠨᠡᠮᠡᠭᠳᠡᠭᠦᠯᠦᠨ ᠵᠠᠷᠥᠯᠭ᠎ᠠ ᠪᠠᠨ ᠠᠷᠪᠢᠯᠠᠬᠤ ᠶᠢ ᠪᠠᠷᠢᠮᠲᠠᠯᠠᠵᠦ᠂ ᠡᠳ᠋ ᠤᠨ ᠢᠷᠡᠯᠲᠡ ᠶᠢᠨ ᠰᠢᠰᠲ᠋ᠧᠮ ᠢ ᠨᠡᠩ ᠬᠦᠴᠦᠲᠡᠢ ᠪᠣᠶᠢᠵᠢᠭᠤᠯᠬᠤ ᠬᠡᠷᠡᠭᠲᠡᠢ᠃ ᠣᠯᠠᠨ ᠲᠠᠯ᠎ᠠ ᠪᠠᠷ ᠪᠡᠯᠡ ᠬᠤᠷᠠᠮᠳᠤᠭᠤᠯᠬᠤ ᠠᠷᠭ᠎ᠠ ᠵᠠᠮ ᠢ ᠪᠠᠷᠢᠮᠲᠠᠯᠠᠵᠦ᠂ ᠣᠷᠣᠯᠭ᠎ᠠ ᠪᠠᠨ ᠨᠡᠮᠡᠭᠳᠡᠭᠦᠯᠵᠦ ᠵᠠᠷᠦᠯᠭ᠎ᠠ ᠪᠠᠨ ᠠᠷᠪᠢᠯᠠᠬᠤ᠂ ᠦᠷ᠎ᠡ ᠠᠰᠢᠭ ᠢ ᠨᠡᠮᠡᠭᠳᠡᠭᠦᠯᠭᠦ᠂ ᠪᠥᠲᠦᠭᠡᠨ ᠪᠠᠶᠢᠭᠤᠯᠤᠯᠲᠠ ᠶᠢ ᠪᠠᠲᠤᠯᠠᠬᠤ ᠪᠠᠷ ᠭᠤᠤᠯᠳᠠᠯᠭ᠎ᠠ ᠪᠣᠯᠭᠠᠵᠦ᠂ ᠳᠠᠲᠠᠪᠦᠷᠢᠯᠠᠨ ᠬᠠᠮᠢᠶᠠᠷᠬᠤ ᠶᠢ ᠴᠢᠩᠭᠠᠳᠬᠠᠬᠤ᠂ ᠪᠡᠯᠡ ᠮᠥᠩᠭᠦ ᠶᠢ ᠲᠡᠮᠡᠴᠡᠨ ᠣᠯᠬᠤ᠂ ᠢᠲᠡᠭᠡᠮᠵᠢᠲᠦ ᠵᠢᠭᠡᠯᠡᠯᠭᠡ ᠶᠢᠨ ᠪᠡᠯᠡ ᠣᠷᠣᠭᠤᠯᠬᠤ ᠳᠡᠭᠡᠷ᠎ᠡ ᠪᠣᠳᠠᠲᠤ ᠠᠬᠢᠯᠲᠠ ᠭᠠᠷᠭᠠᠨ᠎ᠠ᠃ ᠨᠢᠭᠡ ᠳᠤ ᠬᠠᠤᠯᠢ ᠶᠣᠰᠣᠭᠠᠷ ᠭᠠᠶᠢᠯᠢ ᠶᠢ ᠵᠠᠰᠠᠬᠤ ᠶᠢ ᠪᠠᠷᠢᠮᠲᠠᠯᠠᠬᠤ ᠬᠡᠷᠡᠭᠲᠡᠢ  ᠃ ᠳᠠᠲᠠᠪᠦᠷᠢᠯᠠᠬᠤ ᠶᠢ ᠪᠠᠶᠢᠴᠠᠭᠠᠬᠤ ᠡᠷᠴᠢᠮ ᠢ ᠶᠡᠬᠡᠰᠬᠡᠵᠤ᠂ ᠣᠷᠣᠯᠭ᠎ᠠ ᠪᠠᠨ ᠨᠡᠮᠡᠭᠳᠡᠭᠦᠯᠬᠦ ᠳᠠᠯᠳᠠ ᠬᠦᠴᠦᠨ ᠢ ᠭᠦᠢᠴᠡᠳ ᠠᠭᠤᠲᠠᠯᠯᠠᠵᠦ᠂ ᠬᠤᠷᠢᠶᠠᠬᠤ ᠶᠣᠰᠣᠲᠠᠢ ᠶᠢ ᠨᠢ ᠬᠤᠷᠢᠶᠠᠬᠤ ᠶᠢ  ᠪᠠᠲᠤᠯᠠᠬᠤ ᠬᠡᠷᠡᠭᠲᠡᠢ︔ ᠡᠩ ᠤᠨ ᠳᠥᠰᠥᠪ  ᠤᠨ ᠣᠷᠣᠯᠭ᠎ᠠ ᠶᠢ ᠨᠡᠮᠡᠭᠳᠡᠭᠦᠯᠭᠦ ᠠᠰᠠᠭᠤᠳᠠᠯ ᠢ ᠬᠢᠨᠠᠮᠠᠭᠠᠢ ᠰᠤᠳᠦᠯᠤᠨ᠎ᠠ︔ ᠭᠠᠶᠢᠯᠢ ᠶᠢᠨ ᠪᠣᠰᠣ ᠬᠠᠮᠢᠶᠠᠷᠥᠯᠲᠠ ᠶᠢ  ᠴᠢᠩᠭᠠᠳᠬᠠᠵᠤ᠂ ︽ᠨᠢᠭᠡ ᠫᠢᠶᠣᠤ ᠶᠢᠨ ᠳᠥᠷᠢᠮ︾ ᠤᠨ ᠵᠠᠷᠦᠳᠠᠯ ᠬᠤᠷᠢᠶᠠᠬᠤ ᠬᠠᠮᠢᠶᠠᠷᠦᠯᠲᠠ ᠶᠢᠨ ᠳᠥᠷᠢᠮ ᠢ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠳᠣᠭᠳᠠᠭᠠᠭᠰᠠᠨ ᠵᠠᠷᠥᠳᠠᠯ ᠢ ᠴᠠᠭ ᠳᠠᠷᠦᠢ  ᠳᠤ ᠨᠢ ᠲᠤᠭ᠎ᠠ ᠶᠣᠰᠣᠭᠠᠷ ᠳᠠᠲᠠᠪᠦᠷᠢᠯᠠᠨ᠂ ᠬᠡᠷᠡᠭᠯᠡᠵᠦ ᠪᠣᠯᠬᠤ ᠡᠳ᠋ ᠤᠨ ᠬᠦᠴᠤᠨ ᠢ  ᠬᠠᠮᠤᠭ ᠤᠨ ᠶᠡᠭᠡ ᠬᠡᠮᠵᠢᠶ᠎ᠡ ᠪᠠᠷ ᠨᠡᠮᠡᠭᠳᠡᠭᠦᠯᠦᠨ᠎ᠡ᠃ ᠬᠤᠶᠠᠷ ᠲᠤ ᠳᠥᠰᠥᠪ ᠤᠨ ᠬᠡᠷᠡᠭᠵᠢᠭᠦᠯᠦᠯᠲᠡ ᠶᠢ ᠴᠢᠩᠭᠠᠳᠬᠠᠨ᠎ᠠ᠃ ︽ᠲᠡᠭ ᠰᠠᠭᠤᠷᠢ ᠳᠥᠰᠥᠪ︾ ᠪᠠ  ︽ᠣᠷᠣᠯᠭ᠎ᠠ ᠵᠠᠷᠤᠯᠭ᠎ᠠ ᠬᠤᠶᠠᠷ ᠵᠤᠷᠪᠣᠰ ᠱᠤᠭᠤᠮ︾ ᠢ ᠴᠢᠩᠭ᠎ᠠ ᠬᠡᠷᠡᠭᠵᠢᠭᠦᠯᠵᠤ᠂ ᠡᠳ᠋ ᠤᠨ ᠵᠠᠰᠠᠭ ᠤᠨ ᠵᠠᠷᠦᠯᠭ᠎ᠠ ᠶᠢᠨ ᠪᠥᠲᠦᠴᠡ ᠶᠢ ᠴᠢᠨᠠᠭᠰᠢᠳᠠ ᠰᠢᠯᠢᠭᠳᠡᠵᠢᠭᠦᠯᠵᠤ᠂ ᠰᠢᠨᠵᠢᠯᠡᠬᠦ ᠤᠬᠠᠭᠠᠨᠴᠢ ᠡᠳ᠋ ᠤᠨ ᠵᠠᠰᠠᠭ ᠤᠨ ᠬᠠᠮᠢᠶᠠᠷᠥᠯᠲᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ ᠰᠠᠭᠤᠷᠢ  ᠪᠥᠲᠦᠭᠡᠨ ᠪᠠᠶᠢᠭᠤᠯᠤᠯᠲᠠ᠂ ᠰᠢᠨᠵᠢᠯᠭᠡ ᠮᠡᠷᠭᠡᠵᠢᠯ᠂ ᠰᠤᠷᠭᠠᠨ ᠬᠥᠮᠥᠵᠢᠯ᠂ ᠰᠣᠶᠣᠯ᠂ ᠡᠷᠡᠭᠦᠯ ᠬᠠᠮᠠᠭᠠᠯᠠᠯ ᠵᠡᠷᠭᠡ ᠨᠡᠶᠢᠬᠡᠮ ᠤᠨ ᠤᠶᠢᠯᠡᠰ ᠪᠠ ᠠᠷᠠᠳ ᠤᠨ ᠠᠮᠢᠳᠤᠷᠠᠯ ᠤᠨ ᠢᠨᠵᠧᠨᠧᠷᠢᠩ ᠤᠨ  ᠪᠠᠲᠤᠯᠠᠬᠤ ᠴᠢᠳᠠᠪᠦᠷᠢ ᠶᠢ ᠨᠡᠮᠡᠭᠳᠡᠭᠦᠯᠦᠨ᠎ᠡ᠃ ᠭᠤᠷᠪᠠ ᠳᠤ ᠪᠡᠯᠡ‌ᠮᠥ᠋ᠩᠭᠦᠨ ᠤ ᠬᠠᠮᠢᠶᠠᠷᠥᠯᠲᠠ  ᠶᠢ ᠴᠢᠩᠳᠠᠯᠠᠨ᠎ᠠ᠃ ᠡᠳ᠋ ᠤᠨ ᠵᠠᠰᠠᠭ ᠤᠨ ᠴᠢᠨᠠᠷᠳᠦ ᠦᠨᠳᠦᠰᠦᠨ ᠪᠠᠶᠢᠭᠤᠯᠤᠯᠳᠠ ᠶᠢᠨ ᠲᠦᠷᠦᠯ ᠵᠦᠢᠯ ᠤᠨ ᠪᠠᠯᠨ ᠮᠦᠩᠭᠦᠨ ᠤ ᠬᠠᠮᠢᠶᠠᠷᠤᠯᠳᠠ ᠶᠢᠨ ᠠᠷᠭ᠎ᠠ᠂ ᠪᠠᠯᠨ ᠲᠤᠭᠢᠷᠠᠭᠤᠯᠭ᠎ᠠ ᠪᠡᠯᠨ ᠮᠦᠩᠭᠦᠨ ᠤ ᠬᠠᠮᠢᠶᠠᠷᠤᠯᠳᠠ ᠶᠢᠨ ᠠᠷᠭ᠎ᠠ ᠪᠠ ᠤᠯᠤᠰ ᠤᠨ ᠭᠦᠮᠦᠷᠭᠡ ᠠᠴᠠ ᠲᠦᠪᠯᠡᠷᠡᠭᠦᠯᠦᠨ ᠦᠭᠭᠦ ᠲᠦᠷᠢᠮ᠂ ᠦᠨᠳᠦᠰᠦᠨ ᠪᠠᠶᠢᠭᠤᠯᠤᠯᠳᠠ ᠶᠢᠨ ᠲᠦᠷᠦᠯ ᠵᠦᠢᠯ  ᠤᠨ ᠬᠠᠮᠢᠶᠠᠷᠤᠯᠳᠠ ᠶᠢᠨ ᠲᠦᠷᠢᠮ ᠢ ᠡᠷᠡᠰ ᠭᠡᠷᠡᠭᠵᠢᠭᠦᠯᠵᠤ᠂  ᠵᠠᠰᠠᠭ ᠤᠨ ᠣᠷᠳᠣᠨ ᠤ ᠲᠦᠪᠯᠡᠷᠡᠭᠦᠯᠦᠨ ᠬᠤᠳᠠᠯᠳᠤᠨ ᠠᠪᠬᠤ ᠭᠦᠷᠢᠶ᠎ᠠ ᠭᠡᠪᠴᠢᠶ᠎ᠠ ᠪᠠ ᠭᠡᠪᠴᠢᠶᠡᠵᠢᠯ ᠢ ᠶᠡᠭᠡᠳᠭᠡᠨ᠂  ᠭᠡᠷᠡᠭᠯᠡᠵᠤ ᠪᠤᠯᠬᠤ ᠡᠳ᠋ ᠤᠨ ᠭᠦᠴᠦᠨ ᠢ ᠭᠦᠢᠴᠡᠳ ᠴᠡᠭᠴᠡᠯᠡᠵᠤ᠂  ᠡᠯ᠎ᠠ ᠲᠦᠷᠦᠯ ᠤᠨ ᠪᠡᠯᠨ ᠮᠦᠩᠭᠦ ᠶᠢ ᠨᠢᠭᠡᠳᠦᠯᠳᠡᠢ ᠲᠦᠯᠦᠪᠯᠡᠨ ᠲᠤᠭᠢᠷᠠᠭᠤᠯᠤᠨ᠎ᠠ᠃  ᠤᠨᠴᠠᠭᠠᠶᠢᠯᠠᠨ ᠲᠦᠰᠦᠪ ᠤᠨ ᠭᠠᠳᠠᠨᠡᠭᠢ ᠪᠡᠯᠨ ᠮᠦᠩᠭᠦ᠂  ᠲᠦᠷᠦ ᠶᠢᠨ ᠪᠤᠳᠤᠯᠭ᠎ᠠ ᠶᠢᠨ ᠴᠢᠨᠠᠷᠳᠠᠢ ᠲᠤᠰᠬᠠᠢ ᠲᠦᠷᠦᠯ ᠤᠨ ᠪᠡᠯᠨ ᠮᠦᠩᠭᠦ᠂  ᠪᠡᠯᠨ ᠲᠤᠭᠢᠷᠠᠭᠤᠯᠭ᠎ᠠ ᠶᠢᠨ ᠪᠡᠯᠨ ᠮᠦᠩᠭᠦ ᠪᠠ ᠲᠦᠷᠦᠯ ᠵᠦᠢᠯ ᠤᠨ ᠪᠡᠯᠨ  ᠮᠥᠩᠭᠦ ᠶᠢᠨ ᠭᠢᠨᠠᠨ ᠵᠦᠪᠰᠢᠶᠡᠷᠡᠭᠦ ᠲᠠᠷᠠᠭᠠᠯᠠᠯ ᠢ ᠲᠡᠭᠦᠯᠳᠡᠷᠵᠢᠭᠦᠯᠦᠨ᠂ ᠵᠠᠷᠤᠯᠭ᠎ᠠ ᠶᠢᠨ ᠭᠠᠷᠴᠠᠭ ᠢ ᠵᠢᠷᠤᠮᠵᠢᠭᠤᠯᠵᠤ᠂  ᠲᠤᠰᠬᠠᠢ ᠮᠦᠩᠭᠦ ᠶᠢ ᠲᠤᠰᠬᠠᠶᠢᠯᠠᠨ ᠭᠡᠷᠡᠭᠯᠡᠭᠦ ᠶᠢ ᠪᠠᠳᠤᠯᠠᠵᠤ᠂  ᠦᠷ᠎ᠠ ᠠᠰᠢᠭ ᠢ  ᠠᠰᠠᠭᠤᠬᠤ᠂  ᠭᠢᠨᠡᠨ ᠪᠤᠳᠤᠬᠤ ᠪᠠ ᠭᠢᠨᠡᠯᠳᠡ ᠲᠠᠯᠪᠢᠬᠤ ᠶᠢ ᠴᠢᠩᠳᠠᠯᠠᠨ᠎ᠠ᠃  ᠲᠦᠷᠪᠡ  ᠳᠤ  ᠪᠡᠯᠨ ᠴᠤᠨᠨᠯᠠᠭᠤᠯᠬᠤ ᠠᠷᠭ᠎ᠠ ᠵᠠᠮ ᠢ ᠦᠷᠭᠡᠳᠭᠡᠭᠦ ᠭᠡᠷᠡᠭᠳᠡᠢ᠃  ᠵᠠᠰᠠᠭ ᠤᠨ ᠤᠷᠳᠤᠨ ᠪᠠᠩᠭᠢ ᠬᠠᠮᠵᠢᠯᠴᠠᠬᠤ᠂  ᠪᠠᠩᠭᠢ ᠠᠵᠤ ᠠᠬᠤᠶᠢᠯᠠᠯ ᠬᠠᠮᠵᠢᠯᠴᠠᠬᠤ᠂  ᠵᠠᠰᠠᠭ ᠤᠨ ᠤᠷᠳᠤᠨ ᠠᠵᠤ ᠠᠬᠤᠶᠢᠯᠠᠯ ᠬᠠᠮᠵᠢᠯᠴᠠᠬᠤ ᠶᠢ ᠶᠠᠭᠡᠪᠡᠷ ᠠᠭᠢᠭᠤᠯᠵᠤ᠂  ᠬᠤᠳᠠ ᠶᠢᠨ ᠤᠷᠤᠭᠤᠯᠤᠯᠳᠠ ᠶᠢᠨ ᠺᠤᠮᠫᠠᠨᠢ᠂  ᠤᠯᠤᠰ ᠤᠨ ᠡᠳ᠋ ᠭᠦᠷᠦᠩᠭᠡ ᠶᠢᠨ ᠺᠤᠮᠫᠠᠨᠢ᠂  ᠲᠠᠭᠠᠭᠠᠯᠳᠠ ᠶᠢᠨ ᠺᠤᠮᠫᠠᠨᠢ ᠵᠡᠷᠭᠡ ᠢᠳᠡᠭᠡᠮᠵᠢᠳᠦ ᠲᠠᠭᠠᠭᠠᠯᠳᠠ ᠶᠢᠨ ᠰᠢᠰᠲ᠋ᠧᠮ ᠤᠨ ᠪᠠᠶᠢᠭᠤᠯᠤᠯᠳᠠ ᠶᠢ ᠲᠦᠷᠭᠡᠳᠭᠡᠵᠤ᠂  ᠬᠤᠳᠠ ᠶᠢᠨ ᠤᠷᠤᠭᠤᠯᠤᠯᠳᠠ ᠶᠢᠨ ᠪᠦᠯᠦᠭᠯᠡᠯ ᠢ ᠰᠦᠪᠡᠭᠴᠢᠯᠠᠨ ᠪᠠᠶᠢᠭᠤᠯᠵᠤ᠂  ᠪᠡᠯᠨ ᠴᠤᠨᠨᠯᠠᠭᠤᠯᠬᠤ ᠲᠠᠪᠴᠠᠩ ᠢ ᠶᠡᠭᠡᠳᠭᠡᠨ᠂  ᠰᠠᠭᠤᠷᠢ ᠲᠤᠨᠤᠭ ᠲᠦᠭᠦᠭᠡᠷᠦᠮᠵᠢ ᠶᠢᠨ ᠲᠦᠷᠦᠯ ᠵᠦᠢᠯ ᠤᠨ ᠵᠢᠭᠡᠯᠡᠯᠭᠡ ᠪᠡᠯᠨ ᠮᠦᠩᠭᠦ ᠶᠢ ᠢᠳᠡᠪᠭᠢᠳᠠᠢ ᠲᠠᠮᠡᠴᠠᠨ ᠤᠯᠬᠤ ᠶᠢᠨ ᠬᠠᠮᠳᠤ ᠰᠠᠶᠢᠨ ᠬᠠᠮᠢᠶᠠᠷᠴᠦ ᠭᠡᠷᠡᠭᠯᠡᠨ᠂  ᠭᠤᠤᠯᠳᠠᠯᠭᠠᠳᠤ ᠪᠠᠶᠢᠭᠤᠯᠤᠯᠳᠠ ᠶᠢᠨ ᠱᠠᠭᠠᠷᠳᠠᠯᠭ᠎ᠠ ᠶᠢ ᠪᠦᠭᠦ ᠲᠠᠯ᠎ᠠ ᠪᠠᠷ ᠪᠠᠳᠤᠯᠠᠵᠤ᠂  ᠨᠡᠶᠢᠭᠡᠮ ᠤᠨ ᠭᠦᠷᠦᠩᠭᠡ ᠶᠢ ᠬᠤᠪᠢ ᠤᠷᠤᠭᠤᠯᠬᠤ ᠵᠡᠷᠭᠡ  ᠭᠡᠯᠪᠡᠷᠢ ᠪᠠᠷ ᠮᠦᠩᠭᠦᠨ ᠭᠦᠢᠯᠭᠡᠭᠡ᠂  ᠲᠠᠮᠦᠷ ᠵᠠᠮ᠂ ᠤᠰᠤᠨ ᠠᠰᠢᠨᠨᠯᠠᠯᠳᠠ᠂  ᠴᠠᠭᠢᠯᠭᠠᠨ ᠭᠦᠴᠦ᠂  ᠵᠠᠰᠠᠮᠠᠯ ᠵᠠᠮ ᠵᠢᠴᠢ ᠬᠤᠳᠠ ᠶᠢᠨ ᠬᠠᠮᠢᠶᠠᠷᠤᠯᠳᠠ ᠵᠡᠷᠭᠡ ᠰᠠᠭᠤᠷᠢ ᠠᠵᠢᠯ ᠲᠦᠷᠦᠯ ᠳᠤ ᠤᠷᠤᠭᠤᠯᠬᠤ ᠶᠢ ᠵᠤᠷᠢᠨᠨᠵᠢᠭᠤᠯᠤᠨ ᠲᠠᠭᠠᠭᠤᠯᠤᠨ᠎ᠠ᠃      ᠭᠤᠷᠪᠠ  ᠂ ᠠᠷᠠᠳ ᠤᠨ ᠲᠦᠯᠦᠭᠡ ᠵᠠᠰᠠᠭ ᠪᠠᠷᠢᠵᠤ᠂ ᠪᠣᠳᠠᠲᠠᠢ ᠶᠢ ᠡᠷᠬᠢᠮᠯᠠᠨ ᠰᠢᠨ᠎ᠡ ᠶᠢ ᠡᠭᠦᠳᠴᠤ᠂ ᠠᠷᠠᠳ ᠢᠶᠠᠷ ᠦᠨᠳᠦᠰᠤ ᠪᠣᠯᠭᠠᠭᠰᠠᠨ ᠵᠠᠰᠠᠭ ᠤᠨ ᠣᠷᠳᠣᠨ ᠢ ᠪᠥᠬᠦ ᠲᠠᠯ᠎ᠠ ᠪᠠᠷ ᠪᠠᠶᠢᠭᠤᠯᠦᠨ᠎ᠠ  ᠰᠢᠨ᠎ᠠ ᠳᠣᠬᠢᠶᠠᠯ᠂ ᠰᠢᠨ᠎ᠠ ᠡᠭᠦᠷᠭᠡ ᠨᠢ ᠵᠠᠰᠠᠭ ᠤᠨ ᠣᠷᠳᠣᠨ ᠤ ᠠᠵᠢᠯ ᠳᠤ ᠰᠢᠨ᠎ᠡ ᠨᠡᠩ ᠦᠠᠳᠤᠷ ᠱᠠᠭᠠᠷᠳᠠᠯᠭ᠎ᠠ ᠶᠢ ᠲᠤᠷᠠᠳᠤᠭᠰᠠᠨ ᠪᠠᠶᠢᠨ᠎ᠠ᠃ ᠪᠢᠳᠠ ᠡᠷᠭᠡᠪᠰᠢ ᠭᠡᠵᠢᠶᠠᠳᠡ ᠠᠷᠠᠳ ᠤᠯᠠᠨ ᠳᠤ ᠬᠠᠷᠢᠭᠤᠴᠠᠬᠤ᠂  ᠠᠷᠠᠳ ᠲᠦᠮᠡᠨ ᠢ ᠬᠠᠨᠤᠮᠵᠢᠳᠠᠢ ᠪᠠᠶᠢᠯᠭᠠᠬᠤ ᠶᠢ ᠵᠠᠰᠠᠭ ᠤᠨ ᠤᠷᠳᠤᠨ ᠤ ᠠᠵᠢᠯ ᠤᠨ ᠲᠡᠷᠢᠭᠦᠨ ᠲᠦᠷᠢᠮ᠂  ᠨᠢᠭᠡᠳᠦᠭᠡᠷ ᠭᠦᠭᠡᠭᠡᠴᠡᠯᠳᠦᠯ ᠪᠤᠯᠭᠠᠵᠤ᠂  ᠵᠠᠰᠠᠭ ᠤᠨ ᠤᠷᠳᠤᠨ ᠤ ᠴᠢᠳᠠᠪᠭᠢ ᠶᠢ ᠬᠤᠪᠢᠷᠠᠭᠤᠯᠬᠤ᠂  ᠨᠡᠶᠢᠳᠡᠪᠤᠷᠢᠵᠢᠭᠤᠯᠬᠤ ᠴᠢᠳᠠᠪᠤᠷᠢ ᠶᠢ ᠲᠡᠭᠡᠭᠰᠢᠯᠡᠭᠦᠯᠭᠦ ᠪᠠᠷ ᠭᠤᠤᠯ ᠪᠤᠯᠭᠠᠵᠤ᠂  ᠵᠠᠰᠠᠭ ᠤᠨ ᠤᠷᠳᠤᠨ ᠤ ᠦᠪᠡᠷ ᠤᠨ ᠪᠠᠶ᠎ᠠ ᠶᠢᠨ ᠪᠦᠳᠦᠭᠡᠨ ᠪᠠᠶᠢᠭᠤᠯᠤᠯᠳᠠ ᠶᠢ ᠦᠨᠡᠨᠭᠦ ᠴᠢᠩᠭᠠᠳᠬᠠᠨ  ᠂  ᠵᠠᠰᠠᠭ ᠤᠨ ᠤᠷᠳᠤᠨ ᠤ ᠪᠠᠶᠢᠭᠤᠯᠤᠮᠵᠢ ᠶᠢᠨ ᠦᠭᠡᠷᠡᠴᠢᠯᠠᠯᠳᠠ ᠶᠢᠨ ᠠᠵᠢᠯ ᠢ ᠭᠢᠨᠡᠮᠡᠭᠠᠢ ᠰᠠᠶᠢᠳᠦᠷ ᠭᠢᠵᠤ ᠵᠠᠰᠠᠭ ᠤᠨ ᠤᠷᠳᠤᠨ ᠤ ᠰᠢᠨᠵᠢᠯᠡᠭᠦ ᠤᠬᠠᠭᠠᠨᠴᠢ ᠭᠦᠭᠵᠢᠯᠳᠡ ᠶᠢ ᠨᠡᠶᠢᠳᠡᠪᠤᠷᠢᠵᠢᠭᠤᠯᠬᠤ᠂  ᠰᠢᠨᠵᠢᠯᠡᠭᠦ ᠤᠬᠠᠭᠠᠨᠴᠢ ᠭᠦᠭᠵᠢᠯᠳᠡ ᠶᠢ ᠠᠭᠢᠭᠤᠯᠬᠤ ᠴᠢᠳᠠᠪᠤᠷᠢ ᠶᠢ ᠭᠦᠴᠦᠯᠠᠨ ᠲᠡᠭᠡᠭᠰᠢᠯᠡᠭᠦᠯᠵᠤ᠂  ᠨᠠᠮ ᠪᠠ ᠤᠯᠠᠨ ᠲᠦᠮᠡᠨ ᠰᠡᠳᠭᠢᠯ ᠬᠠᠨᠤᠮᠵᠢᠳᠠᠢ ᠠᠷᠠᠳ ᠢᠶᠠᠷ ᠦᠨᠳᠦᠰᠦ ᠪᠤᠯᠭᠠᠨᠨᠰᠠᠨ ᠵᠠᠰᠠᠭ ᠤᠨ ᠤᠷᠳᠤᠨ ᠢ ᠪᠦᠭᠦ ᠲᠠᠯ᠎ᠠ ᠪᠠᠷ ᠪᠠᠶᠢᠭᠤᠯᠤᠨ᠎ᠠ᠃      — ᠰᠤᠷᠤᠯᠴᠠᠬᠤ ᠰᠤᠳᠤᠯᠤᠨ ᠪᠠᠶᠢᠴᠠᠭᠠᠬᠤ ᠶᠢ ᠪᠠᠷᠢᠮᠳᠠᠯᠠᠵᠤ᠂  ᠵᠠᠰᠠᠭ ᠤᠨ ᠤᠷᠳᠤᠨ ᠤ ᠰᠢᠨ᠎ᠠ ᠶᠢ ᠡᠭᠦᠳᠭᠦ ᠴᠢᠳᠠᠪᠤᠷᠢ ᠶᠢ ᠲᠡᠭᠡᠭᠰᠢᠯᠡᠭᠦᠯᠭᠦ ᠭᠡᠷᠡᠭᠳᠡᠢ᠃  ᠵᠠᠰᠠᠭ ᠤᠨ ᠤᠷᠳᠤᠨ ᠤ ᠪᠠᠶᠢᠭᠤᠯᠭ᠎ᠠ ᠪᠠ ᠠᠵᠢᠯᠳᠠᠳ ᠴᠦᠮ ᠰᠤᠷᠤᠯᠴᠠᠬᠤ ᠦᠵᠡᠯ ᠤᠬᠠᠮᠰᠠᠷ᠂ ᠠᠵᠨ ᠲᠤᠭᠢᠶᠠᠯ ᠢ ᠡᠵᠡᠮᠳᠡᠭᠦ ᠦᠵᠡᠯ ᠤᠬᠠᠮᠰᠠᠷ᠂ ᠭᠦᠭᠵᠢᠭᠦᠯᠭᠦ ᠦᠵᠡᠯ ᠤᠬᠠᠮᠰᠠᠷ ᠪᠠ ᠰᠢᠨ᠎ᠠ ᠶᠢ ᠡᠭᠦᠳᠭᠦ ᠦᠵᠡᠯ ᠤᠬᠠᠮᠰᠠᠷ ᠢᠶᠠᠨ ᠴᠢᠩᠭᠠᠳᠬᠠᠵᠤ᠂ ᠤᠨᠤᠯ  ᠤᠨ ᠰᠤᠷᠤᠯᠴᠠᠯᠭ᠎ᠠ ᠶᠢ ᠠᠵᠢᠯ ᠤᠨ ᠢᠶᠠᠨ ᠲᠡᠷᠢᠭᠦᠨ ᠱᠠᠭᠠᠷᠳᠠᠯᠭ᠎ᠠ ᠪᠤᠯᠭᠠᠵᠤ᠂ ᠭᠡᠪ ᠰᠤᠷᠳᠠᠯ᠂  ᠴᠢᠳᠠᠪᠤᠷᠢ  ᠪᠠᠨ ᠨᠡᠮᠡᠭᠳᠡᠭᠦᠯᠭᠦ ᠲᠡᠭᠡᠷ᠎ᠠ ᠤᠬᠠᠮᠠᠰᠠᠷ ᠠᠴᠠ ᠪᠠᠨ ᠭᠦᠴᠦ ᠲᠠᠯᠪᠢᠨ᠂ ᠡᠯ᠎ᠠ ᠲᠠᠯ᠎ᠠ ᠶᠢᠨ ᠲᠠᠯᠳᠠ ᠭᠦᠴᠦᠨ ᠢ ᠭᠦᠨᠵᠡᠭᠡᠢ ᠠᠭᠤᠳᠠᠯᠯᠠᠵᠤ᠂  ᠭᠦᠭᠵᠢᠯᠳᠡ ᠶᠢᠨ ᠭᠦᠴᠢᠷ ᠠᠰᠠᠭᠤᠳᠠᠯ ᠢ ᠬᠠᠮᠤᠭ ᠶᠡᠭᠡ ᠭᠡᠮᠵᠢᠶ᠎ᠠ ᠪᠠᠷ ᠰᠶᠢᠳᠪᠤᠷᠢᠯᠠᠵᠤ᠂  ᠭᠦᠭᠵᠢᠯᠳᠡ ᠶᠢ ᠲᠦᠷᠭᠡᠳᠭᠡᠭᠦ ᠪᠠᠲᠤᠯᠠᠭᠠᠲᠤ ᠠᠷᠭ᠎ᠠ ᠪᠠᠷᠢᠯ ᠢ ᠵᠤᠷᠢᠨᠨᠳᠠᠢ ᠪᠠᠷ ᠰᠦᠪᠡᠭᠴᠢᠯᠠᠨ᠂  ᠪᠠᠶᠢᠭᠤᠯᠤᠮᠵᠢ ᠪᠠ ᠵᠤᠭᠢᠴᠠᠮᠵᠢ ᠶᠢᠨ ᠰᠢᠨᠡᠴᠢᠯᠠᠯᠳᠠ ᠶᠢ ᠠᠭᠢᠭᠤᠯᠤᠨ᠎ᠠ᠃ ᠪᠠᠶᠢᠴᠠᠭᠠᠨ ᠰᠤᠳᠤᠯᠬᠤ ᠶᠢ ᠴᠢᠬᠤᠯᠠᠴᠢᠯᠠᠵᠤ᠂ ᠦᠷᠭᠦᠯᠵᠢ ᠦᠨᠳᠦᠰᠦᠨ ᠱᠠᠳᠤᠨ ᠳᠤ ᠭᠦᠨᠵᠡᠭᠡᠶᠢᠷᠠᠨ ᠪᠤᠳᠠᠳᠤ ᠪᠠᠶᠢᠳᠠᠯ ᠢ  ᠣᠶᠢᠯᠠᠭᠠᠨ᠂ ᠭᠦᠳᠡᠯᠦᠯ ᠪᠠᠶᠢᠳᠠᠯ ᠢ ᠡᠵᠡᠮᠳᠡᠵᠤ᠂  ᠬᠤᠰᠢᠭᠤᠨ ᠤ ᠪᠠᠶᠢᠳᠠᠯ ᠢᠶᠠᠨ ᠤᠨᠤᠪᠴᠢᠳᠠᠢ ᠡᠵᠡᠮᠰᠢᠵᠤ᠂ ︽12· 5︾ ᠵᠢᠯ ᠤᠨ ᠠᠵᠤ ᠠᠬᠤᠢ ᠨᠠᠶᠢᠭᠡᠮ ᠤᠨ ᠭᠦᠭᠵᠢᠯᠳᠡ ᠶᠢᠨ ᠲᠦᠯᠦᠪᠵᠢᠭᠦᠯᠭᠡ ᠶᠢ ᠰᠤᠳᠤᠯᠤᠨ ᠠᠷᠭ᠎ᠠ ᠤᠬᠠᠭᠠᠨ ᠭᠠᠷᠭᠠᠵᠤ᠂ ᠲᠠᠷᠠᠭ᠎ᠠ ᠲᠠᠪᠤᠨ ᠵᠢᠯ ᠤᠨ ᠪᠠᠶᠢᠭᠤᠯᠤᠯᠳᠠ ᠭᠦᠭᠵᠢᠯᠳᠡ ᠶᠢᠨ ᠠᠤᠭ᠎ᠠ ᠵᠢᠷᠤᠭ ᠢ ᠵᠢᠷᠤᠨᠨᠯᠠᠵᠤ᠂  ᠰᠤᠷᠤᠯᠴᠠᠬᠤ ᠭᠡᠯᠪᠡᠷᠢ᠂  ᠰᠢᠨ᠎ᠠ ᠶᠢ ᠡᠭᠦᠳᠭᠦ ᠭᠡᠯᠪᠡᠷᠢ ᠶᠢᠨ ᠵᠠᠰᠠᠭ ᠤᠨ ᠤᠷᠳᠤᠨ ᠢ ᠴᠢᠷᠮᠠᠶᠢᠨ ᠪᠠᠶᠢᠭᠤᠯᠤᠨ᠎ᠠ᠃      — ᠦᠨᠳᠦᠷ ᠪᠦᠳᠦᠮᠵᠢᠳᠠᠢ ᠦᠨᠡᠨᠴᠢ ᠪᠠᠷ ᠠᠵᠢᠯᠯᠠᠬᠤ ᠶᠢ ᠪᠠᠷᠢᠮᠳᠠᠯᠠᠵᠤ᠂  ᠵᠠᠰᠠᠭ ᠤᠨ ᠤᠷᠳᠤᠨ ᠤ ᠦᠢᠯᠡᠴᠢᠯᠡᠭᠦ ᠭᠦᠴᠦᠨ ᠢ ᠨᠡᠮᠡᠭᠳᠡᠭᠦᠯᠦᠨ᠎ᠠ᠃  ᠦᠨᠡᠨ ᠢ ᠪᠠᠷᠢᠮᠳᠠᠯᠠᠨ ᠪᠤᠳᠠᠳᠠᠢ ᠶᠢ ᠡᠷᠭᠡᠮᠯᠡᠭᠦ᠂ ᠨᠠᠷᠢᠨ ᠨᠢᠮᠪᠠᠢ᠂ ᠰᠢᠷᠭᠠᠭᠤ ᠬᠠᠳᠠᠭᠤᠵᠢᠯᠳᠠᠢ ᠠᠵᠢᠯᠯᠠᠬᠤ ᠶᠢ ᠵᠠᠰᠠᠭ ᠤᠨ ᠤᠷᠳᠤᠨ ᠤ ᠠᠵᠢᠯ ᠤᠨ ᠪᠠᠷᠢᠮᠵᠢᠶ᠎ᠠ ᠪᠤᠯᠭᠠᠵᠤ᠂ ᠨᠠᠷᠢᠨ ᠭᠢᠨᠠᠮᠠᠭᠠᠢ ᠬᠠᠷᠢᠭᠤᠴᠠᠯᠭ᠎ᠠ ᠲᠠᠢ᠂  ᠪᠤᠳᠠᠳᠠᠢ ᠶᠢ ᠡᠷᠭᠡᠮᠯᠡᠨ ᠦᠨᠳᠦᠷ ᠪᠦᠳᠦᠮᠵᠢᠳᠠᠢ ᠪᠠᠶᠢᠬᠤ ᠰᠢᠯᠢᠳᠡᠭ ᠵᠠᠰᠠᠭ ᠤᠨ ᠭᠡᠪ ᠰᠤᠷᠳᠠᠯ ᠢ ᠶᠡᠭᠡᠪᠡᠷ ᠰᠠᠨᠠᠭᠠᠴᠢᠯᠠᠵᠤ᠂ ᠨᠡᠩ ᠶᠡᠭᠡ ᠤᠶᠤᠨ ᠴᠢᠳᠠᠯ ᠪᠠ ᠴᠠᠭ ᠮᠦᠴᠠ ᠪᠠᠨ ᠠᠷᠠᠯᠵᠢᠶᠠᠴᠢᠨ ᠤᠷᠢᠬᠤ ᠶᠢ ᠠᠳᠬᠤᠬᠤ᠂ ᠲᠦᠷᠦᠯ ᠵᠦᠢᠯ ᠢ ᠤᠯᠬᠤ᠂ ᠪᠡᠯᠨ ᠤᠷᠤᠭᠤᠯᠤᠯᠳᠠ ᠶᠢ ᠲᠡᠮᠡᠴᠠᠨ ᠤᠯᠬᠤ ᠪᠠ ᠭᠦᠴᠢᠷ ᠠᠰᠠᠭᠤᠳᠠᠯ ᠢ ᠰᠶᠢᠳᠪᠤᠷᠢᠯᠠᠭᠦ᠂ ᠠᠷᠠᠳ ᠤᠨ ᠠᠮᠢᠳᠤᠷᠠᠯ ᠢ ᠪᠠᠳᠤᠯᠠᠬᠤ ᠵᠢᠴᠢ ᠲᠤᠨᠨᠳᠠᠭᠤᠨ ᠢ ᠠᠭᠢᠭᠤᠯᠬᠤ ᠲᠡᠭᠡᠷ᠎ᠠ ᠭᠡᠷᠡᠭᠯᠡᠨ᠂  ᠪᠤᠳᠠᠳᠤ ᠶᠠᠪᠤᠳᠠᠯ ᠭᠢᠭᠦ᠂ ᠰᠠᠶᠢᠨ ᠶᠠᠪᠤᠳᠠᠯ ᠭᠢᠭᠦ᠂ ᠤᠴᠢᠷ ᠶᠠᠪᠤᠳᠠᠯ ᠢ ᠲᠦᠷᠭᠡᠨ ᠪᠡᠶᠡᠯᠡᠭᠦᠯᠭᠦ ᠤᠷᠴᠢᠨ ᠠᠬᠤᠢ ᠶᠢ ᠭᠦᠴᠦᠯᠠᠨ ᠪᠠᠶᠢᠭᠤᠯᠤᠨ᠎ᠠ ︔ ᠵᠠᠰᠠᠭ ᠤᠨ ᠤᠷᠳᠤᠨ ᠤ ᠪᠤᠳᠠᠳᠤ ᠠᠵᠢᠯ ᠤᠨ ᠪᠦᠳᠦᠮᠵᠢ ᠶᠢ ᠭᠢᠨᠠᠨ ᠦᠨᠡᠯᠡᠭᠦ ᠰᠢᠰᠲ᠋ᠧᠮ ᠢ ᠲᠡᠭᠦᠯᠳᠡᠷᠵᠢᠭᠦᠯᠦᠨ ᠨᠡᠶᠢᠳᠡᠪᠤᠷᠢᠵᠢᠭᠤᠯᠵᠤ᠂  ᠪᠤᠳᠠᠳᠤ ᠠᠵᠢᠯ ᠤᠨ ᠪᠦᠳᠦᠮᠵᠢ ᠶᠢᠨ ᠬᠠᠮᠢᠶᠠᠷᠤᠯᠳᠠ ᠶᠢ ᠴᠢᠩᠭᠠᠳᠬᠠᠵᠤ᠂  ᠪᠤᠳᠠᠳᠤ ᠠᠵᠢᠯ ᠤᠨ ᠪᠦᠳᠦᠮᠵᠢ ᠶᠢᠨ ᠦᠨᠡᠯᠡᠯᠳᠡ ᠭᠢᠭᠦ ᠶᠢ ᠭᠡᠷᠡᠭᠵᠢᠭᠦᠯᠦᠨ᠂ ᠪᠦᠳᠦᠮᠵᠢ ᠭᠠᠷᠭᠠᠨᠨᠰᠠᠨ ᠡᠰᠡᠭᠦ ᠶᠢ ᠮᠦᠷᠳᠡᠨ ᠪᠠᠶᠢᠴᠠᠭᠠᠵᠤ᠂ ᠭᠦᠭᠢᠭᠦᠯᠦᠨ ᠱᠠᠩᠨᠠᠬᠤ ᠪᠠ ᠶᠠᠯᠠᠯᠠᠨ ᠰᠢᠳᠭᠡᠭᠦ ᠶᠢ ᠪᠡᠶᠡᠯᠡᠭᠦᠯᠤᠨ᠋᠂ ᠡᠭᠦᠷᠭᠡ ᠪᠠᠨ ᠨᠡᠶᠢᠳᠡᠪᠤᠷᠢᠵᠢᠭᠤᠯᠬᠤ ᠶᠢ ᠪᠠᠳᠤᠯᠠᠨ᠎ᠠ᠃  ᠵᠠᠰᠠᠭ ᠵᠠᠭᠢᠷᠭᠠᠨ ᠤ ᠦᠢᠯᠡᠴᠢᠯᠭᠡᠨ ᠤ ᠲᠦᠪ ᠢ ᠪᠦᠭᠦ ᠲᠠᠯ᠎ᠠ ᠪᠠᠷ ᠡᠭᠢᠯᠡᠭᠦᠯᠵᠤ᠂ ︽ ᠨᠢᠭᠡ ᠦᠷᠳᠡᠭᠡ ᠭᠡᠯᠪᠡᠷᠢ︾ ᠶᠢᠨ ᠠᠯᠪᠠᠯᠠᠭ᠎ᠠ  ᠂ ︽ᠪᠦᠭᠦ ᠶᠠᠪᠤᠴᠠ ᠭᠡᠯᠪᠡᠷᠢ︾ ᠶᠢᠨ ᠦᠢᠯᠡᠴᠢᠯᠡᠭᠡ ᠶᠢ ᠲᠡᠯᠭᠡᠷᠡᠭᠦᠯᠵᠤ᠂  ᠠᠵᠢᠯ ᠤᠨ ᠪᠦᠳᠦᠮᠵᠢ ᠪᠤᠯᠤᠨ  ᠦᠢᠯᠡᠴᠢᠯᠡᠭᠡᠨ ᠤ ᠲᠦᠪᠰᠢᠨ ᠢᠶᠠᠨ ᠲᠡᠭᠡᠭᠰᠢᠯᠡᠭᠦᠯᠦᠨ᠂ ᠦᠨᠳᠦᠰᠦᠨ ᠱᠠᠳᠦ ᠪᠤᠯᠤᠨ ᠠᠵᠤ ᠠᠬᠤᠶᠢᠯᠠᠯ ᠤᠨ ᠭᠢᠨᠡᠨ ᠵᠦᠪᠰᠢᠶᠡᠷᠡᠭᠦ ᠴᠢᠬᠤᠯᠠᠲᠠᠢ ᠤᠴᠢᠷ ᠢ ᠲᠦᠯᠭᠢᠭᠦ ᠦᠭᠡᠢ᠂ ᠬᠤᠶᠢᠰᠢᠯᠠᠭᠤᠯᠬᠤ ᠦᠭᠡᠢ᠂  ᠭᠦᠯᠢᠶᠡᠯᠭᠡᠭᠦ ᠦᠭᠡᠢ ᠪᠠᠷ ᠴᠠᠭ ᠲᠠᠷᠤᠢ ᠳᠤᠨᠢ ᠪᠡᠶᠡᠯᠡᠭᠦᠯᠵᠤ᠂  ᠪᠦᠳᠦᠮᠵᠢᠳᠦ ᠭᠡᠯᠪᠡᠷᠢ᠂  ᠦᠢᠯᠡᠴᠢᠯᠡᠭᠡᠨ ᠤ ᠭᠡᠯᠪᠡᠷᠢ ᠶᠢᠨ ᠵᠠᠰᠠᠭ ᠤᠨ ᠤᠷᠳᠤᠨ ᠢ ᠴᠢᠷᠮᠠᠶᠢᠨ ᠪᠠᠶᠢᠭᠤᠯᠤᠨ᠎ᠠ᠃      — ᠬᠠᠤᠯᠢ ᠶᠣᠰᠣᠭᠠᠷ ᠵᠠᠰᠠᠭ ᠪᠠᠷᠢᠬᠤ ᠶᠢ ᠪᠠᠷᠢᠮᠲᠠᠯᠠᠨ᠂ ᠵᠠᠰᠠᠭ ᠤᠨ ᠣᠷᠳᠣᠨ ᠤ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨᠴᠢ ᠠᠷᠠᠳᠴᠢᠯᠠᠭᠰᠠᠨ ᠰᠶᠢᠳᠪᠦᠷᠢᠲᠦ ᠪᠣᠳᠣᠯᠭ᠎ᠠ ᠲᠣᠭᠲᠠᠭᠠᠬᠤ ᠵᠣᠬᠢᠴᠠᠮᠵᠢ ᠶᠢ ᠪᠦᠷᠢᠨ ᠲᠡᠭᠦᠯᠳᠡᠷᠵᠢᠭᠦᠯᠵᠦ᠂ ︽ᠭᠤᠷᠪᠠᠨ ᠭᠤᠣᠯᠳᠠᠯᠭ᠎ᠠ ᠨᠢᠭᠡ ᠶᠡᠭᠡ︾  ᠶᠢᠨ ᠤᠴᠢᠷ ᠶᠠᠪᠤᠭᠳᠠᠯ ᠤᠨ ᠬᠠᠮᠲᠤ ᠶᠢᠨ ᠰᠶᠢᠳᠪᠦᠷᠢᠲᠦ ᠪᠣᠳᠣᠯᠭ᠎ᠠ᠂  ᠲᠤᠰᠬᠠᠢ ᠮᠡᠷᠭᠡᠵᠢᠯᠲᠡᠨ ᠤ ᠯᠡᠪᠯᠡᠯᠭ᠎ᠠ ᠬᠢᠬᠦ ᠪᠠ ᠨᠤᠲᠠᠯᠠᠯᠲᠠ ᠬᠢᠬᠦ᠂ ᠰᠶᠢᠳᠪᠦᠷᠢᠲᠦ ᠪᠣᠳᠣᠯᠭ᠎ᠠ ᠶᠢᠨ ᠭᠡᠷᠡᠴᠢ ᠰᠣᠨᠣᠰᠬᠤ ᠵᠢᠴᠢ ᠢᠯᠠ ᠨᠡᠶᠢᠲᠡᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠳᠠᠭᠠᠭᠠᠴᠢᠯᠠᠯᠲᠠ ᠵᠠᠷᠯᠠᠵᠤ ᠬᠦᠯᠢᠶᠡᠬᠦ ᠶᠡᠷᠦᠩᠬᠡᠢ ᠲᠥᠪ ᠪᠣᠯᠣᠨ ᠳᠠᠭᠠᠭᠠᠴᠢᠯᠠᠯᠲᠠ ᠵᠠᠷᠯᠠᠵᠤ ᠬᠦᠯᠢᠶᠡᠬᠦ ᠬᠢᠨᠠᠨ ᠬᠠᠮᠢᠶᠠᠷᠤᠯᠲᠠ ᠶᠢᠨ ᠠᠯᠪᠠᠨ ᠭᠡᠷ ᠢ ᠪᠠᠶᠢᠭᠤᠯᠵᠤ᠂ ᠵᠠᠰᠠᠭ ᠤᠨ ᠣᠷᠳᠣᠨ ᠤ ᠲᠤᠰᠢᠶᠠᠯ ᠴᠢᠳᠠᠪᠬᠢ ᠶᠢᠨ ᠬᠤᠪᠢᠷᠠᠯᠲᠠ ᠪᠠ ᠬᠠᠮᠢᠶᠠᠷᠤᠯᠲᠠ ᠶᠢᠨ ᠰᠢᠨ᠎ᠡ ᠡᠭᠦᠳᠦᠯᠲᠡ ᠶᠢ ᠲᠦᠷᠭᠡᠳᠬᠡᠨ᠎ᠡ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠣᠯᠣᠨ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠡᠯ᠎ᠡ ᠡᠲᠡᠭᠡᠳ ᠤᠨ ᠣᠯᠠᠨ ᠲᠦᠮᠡᠨ ᠤ ᠬᠢᠨᠠᠯᠲᠠ ᠬᠢᠭᠡᠳ ᠰᠣᠨᠢᠨ ᠮᠡᠳᠡᠭᠡᠨ ᠤ ᠵᠠᠭᠤᠴᠢᠯᠠᠭᠤᠷ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠬᠦᠯᠢᠶᠡᠨ᠂ ᠠᠷᠠᠳ ᠤᠨ ᠲᠥᠯᠥᠭᠡᠯᠡᠭᠴᠢᠳ ᠪᠣᠯᠣᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠵᠢᠴᠢ ᠨᠡᠶᠢᠭᠡᠮ ᠤᠨ ᠡᠯ᠎ᠡ ᠡᠲᠡᠭᠡᠳ ᠤᠨ ᠣᠯᠠᠨ ᠲᠦᠮᠡᠨ ᠤ ᠰᠠᠨᠠᠯ᠂ ᠰᠠᠨᠠᠭᠤᠯᠭ᠎ᠠ ᠶᠢ ᠨᠢᠮᠪᠠᠢ ᠰᠣᠨᠣᠰᠴᠤ᠂ ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ ᠪᠣᠯᠣᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠬᠢᠨᠠᠮᠠᠭᠠᠢ ᠡᠷᠬᠢᠯᠡᠨ ᠭᠦᠢᠴᠡᠳᠬᠡᠨ᠎ᠡ︔ ᠠᠷᠠᠳᠴᠢᠯᠠᠭᠰᠠᠨ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠵᠤ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠤᠨ᠂ ᠬᠠᠤᠯᠢ ᠬᠡᠷᠡᠭᠵᠢᠭᠦᠯᠬᠦ ᠬᠢᠨᠠᠯᠲᠠ ᠶᠢ ᠡᠷᠴᠢᠮᠵᠢᠭᠦᠯᠵᠦ᠂ ᠬᠠᠤᠯᠢ ᠬᠡᠷᠡᠭᠵᠢᠭᠦᠯᠬᠦ ᠦᠢᠯᠡᠴᠢᠯᠡᠭᠡ ᠶᠢ ᠰᠢᠯᠢᠳᠡᠭᠵᠢᠭᠦᠯᠦᠨ᠂ ᠵᠠᠰᠠᠭ ᠵᠠᠬᠢᠷᠭᠠᠨ ᠤ ᠡᠷᠬᠡ ᠣᠯᠭᠤᠯᠲᠠ ᠳᠤᠨᠢ ᠭᠡᠷᠡᠴᠢ ᠲᠠᠢ᠂ ᠬᠡᠷᠡᠭᠵᠢᠭᠦᠯᠦᠯᠲᠡ ᠳᠤᠨᠢ ᠳᠦᠷᠢᠮ ᠲᠠᠢ᠂ ᠬᠢᠨᠠᠨ ᠬᠠᠮᠢᠶᠠᠷᠤᠯᠲᠠ ᠳᠤᠨᠢ ᠪᠦᠲᠦᠮᠵᠢ ᠲᠠᠢ ᠪᠠᠶᠢᠬᠤ ᠶᠢ ᠪᠡᠶᠡᠯᠡᠭᠦᠯᠦᠨ᠎ᠡ︔ ᠵᠠᠰᠠᠭ ᠤᠨ ᠶᠠᠪᠤᠳᠠᠯ ᠢ ᠢᠯᠠ ᠪᠣᠯᠭᠠᠬᠤ ᠶᠢ ᠶᠡᠭᠡ ᠪᠠᠷ ᠳᠡᠯᠭᠡᠷᠡᠭᠦᠯᠵᠦ᠂ ᠵᠠᠰᠠᠭ ᠤᠨ ᠣᠷᠳᠣᠨ ᠤ ᠰᠤᠷᠠᠭ ᠴᠢᠮᠡᠭᠡ ᠶᠢ ᠢᠯᠠ ᠪᠣᠯᠭᠠᠬᠤ ᠵᠣᠬᠢᠴᠠᠮᠵᠢ ᠶᠢ ᠲᠡᠭᠦᠯᠳᠡᠷᠵᠢᠭᠦᠯᠦᠨ᠂ ᠠᠷᠠᠳ ᠣᠯᠠᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ ᠪᠣᠯᠣᠨ ᠬᠢᠨᠠᠯᠲᠠ ᠲᠠᠯᠪᠢᠬᠤ ᠡᠷᠬᠡ ᠶᠢ ᠪᠠᠲᠤᠯᠠᠵᠤ᠂ ᠬᠠᠤᠯᠢ ᠪᠠᠷ ᠵᠠᠰᠠᠭᠰᠠᠨ᠂ ᠢᠯᠠ ᠲᠣᠳᠣ ᠵᠠᠰᠠᠭ ᠤᠨ ᠣᠷᠳᠣᠨ ᠢ ᠴᠢᠷᠮᠡᠶᠢᠨ ᠪᠠᠶᠢᠭᠤᠯᠤᠨ᠎ᠠ᠃      — ᠠᠷᠢᠭᠤᠨ ᠴᠢᠭᠡᠴᠢ ᠶᠢ ᠪᠠᠷᠢᠮᠲᠠᠯᠠᠨ᠂ ᠵᠠᠰᠠᠭ ᠤᠨ ᠣᠷᠳᠣᠨ ᠤ ᠣᠯᠠᠨ ᠨᠡᠶᠢᠲᠡ ᠳᠠᠬᠢ ᠢᠲᠡᠭᠡᠯ ᠨᠠᠶᠢᠳᠠᠪᠤᠷᠢ ᠶᠢ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ ᠪᠠᠶᠢᠭᠤᠯᠭ᠎ᠠ ᠨᠤᠭᠤᠳ ᠪᠣᠯᠣᠨ ᠠᠯᠪᠠᠨ ᠲᠤᠰᠢᠶᠠᠯᠲᠠᠳ ᠤᠨ ᠡᠷᠬᠡ ᠳᠠᠬᠢ ᠬᠢᠨᠠᠯᠲᠠ ᠬᠢᠵᠠᠭᠠᠷᠯᠠᠯ ᠢ ᠴᠢᠩᠭᠠᠳᠬᠠᠵᠤ᠂ ᠦᠨᠳᠦᠰᠦ ᠠᠴᠠ ᠨᠢ ᠵᠠᠰᠠᠬᠤ ᠶᠢ ᠨᠡᠩ ᠴᠢᠬᠤᠯᠠᠴᠢᠯᠠᠵᠤ᠂ ᠤᠷᠢᠳᠴᠢᠯᠠᠨ ᠰᠡᠷᠭᠡᠶᠢᠯᠡᠬᠦ ᠶᠢ ᠨᠡᠩ ᠴᠢᠬᠤᠯᠠᠴᠢᠯᠠᠨ᠂ ᠳᠦᠷᠢᠮ ᠤᠨ ᠪᠠᠶᠢᠭᠤᠯᠤᠯᠲᠠ ᠶᠢ ᠨᠡᠩ ᠴᠢᠬᠤᠯᠠᠴᠢᠯᠠᠵᠤ᠂ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠶᠢᠨ ᠬᠢᠨᠠᠨ ᠬᠠᠮᠢᠶᠠᠷᠤᠯᠲᠠ᠂ ᠤᠯᠤᠰ ᠤᠨ ᠡᠳ᠋ ᠬᠥᠷᠥᠩᠭᠡ ᠶᠢᠨ ᠬᠢᠨᠠᠨ ᠬᠠᠮᠢᠶᠠᠷᠤᠯᠲᠠ᠂ ᠪᠠᠷᠢᠯᠭ᠎ᠠ ᠶᠢᠨ ᠲᠥᠷᠥᠯ ᠵᠦᠢᠯ ᠤᠨ ᠬᠢᠨᠠᠨ ᠬᠠᠮᠢᠶᠠᠷᠤᠯᠲᠠ ᠵᠡᠷᠭᠡ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠯᠲᠠ ᠲᠠᠯᠪᠢᠬᠤ ᠬᠢᠨᠠᠨ ᠪᠣᠳᠣᠯᠲᠠ ᠬᠢᠬᠦ ᠶᠢ ᠴᠢᠩᠭᠠᠳᠬᠠᠨ᠂ ᠳᠦᠷᠢᠮ ᠢᠶᠠᠷ ᠡᠷᠬᠡ ᠶᠢ ᠬᠠᠮᠢᠶᠠᠷᠬᠤ᠂ ᠤᠴᠢᠷ ᠶᠠᠪᠤᠳᠠᠯ ᠢ ᠬᠠᠮᠢᠶᠠᠷᠬᠤ᠂ ᠬᠥᠮᠥᠨ ᠢ ᠬᠠᠮᠢᠶᠠᠷᠬᠤ ᠶᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠣᠯᠠᠨ ᠨᠡᠶᠢᠲᠡ ᠳᠠᠬᠢ ᠢᠲᠡᠭᠡᠯ ᠨᠠᠶᠢᠳᠠᠪᠤᠷᠢ  ᠶᠢ ᠴᠢᠨᠠᠭᠰᠢᠳᠠ ᠳᠡᠭᠡᠭᠰᠢᠯᠡᠭᠦᠯᠦᠨ᠎ᠡ︔ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠨᠢᠮᠪᠠᠢ ᠨᠠᠶᠢᠳᠠᠪᠤᠷᠢᠵᠢᠭᠤᠯᠵᠤ᠂ ᠴᠡᠪᠡᠷ ᠴᠢᠭᠡᠴᠢ ᠪᠠᠷ ᠠᠵᠢᠯ ᠬᠢᠵᠦ᠂ ᠬᠠᠲᠠᠭᠤᠵᠢᠯᠲᠠᠢ ᠲᠡᠮᠡᠴᠡᠨ᠂ ᠠᠷᠢᠭᠤᠨ ᠴᠢᠭᠡᠴᠢ ᠶᠢ ᠡᠷᠬᠢᠮᠯᠡᠵᠦ᠂ ᠵᠠᠰᠠᠭ ᠤᠨ ᠣᠷᠳᠣᠨ ᠤ ᠰᠠᠶᠢᠨ ᠰᠠᠶᠢᠬᠠᠨ ᠲᠦᠷᠭᠦ ᠶᠢ ᠱᠤᠭᠤᠨ᠂ ᠢᠲᠡᠭᠡᠯ ᠨᠠᠶᠢᠳᠠᠪᠤᠷᠢᠲᠠᠢ᠂ ᠠᠷᠢᠭᠤᠨ ᠴᠢᠭᠡᠴᠢ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃      ᠲᠥᠯᠥᠭᠡᠯᠡᠭᠴᠢᠳ ᠡ᠂ ᠨᠥᠬᠦᠳ ᠡ᠂ ᠰᠢᠨ᠎ᠡ ᠵᠢᠯ ᠳᠤ᠂ ᠰᠢᠨ᠎ᠡ ᠥᠷᠢᠰᠦᠯᠳᠦᠭᠡᠨ ᠲᠤᠯᠭᠠᠷᠠᠵᠤ᠂ ᠡᠭᠦᠷᠭᠡ ᠬᠠᠷᠢᠭᠤᠴᠠᠯᠭ᠎ᠠ ᠬᠦᠨᠳᠦ ᠴᠢᠬᠤᠯᠠ ᠪᠠᠶᠢᠨ᠎ᠠ᠃ ᠪᠢᠳᠠ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ  ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠪᠠ ᠳᠡᠮᠵᠢᠯᠭᠡ ᠳᠣᠣᠷ᠎ᠠ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ᠂ ᠨᠡᠩ ᠬᠠᠷᠢᠭᠤᠴᠠᠯᠭᠠᠲᠤ ᠵᠣᠷᠢᠭ ᠰᠠᠨᠠᠭ᠎ᠠ ᠪᠠᠷ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ ᠢᠶᠠᠷ᠂ ᠠᠵᠠ ᠲᠣᠬᠢᠶᠠᠯ ᠢ ᠵᠠᠪᠳᠤᠨ ᠠᠳᠬᠤᠵᠤ᠂ ᠡᠷᠡᠯᠬᠡᠭᠯᠡᠨ ᠲᠡᠮᠡᠴᠡᠵᠦ᠂ ᠪᠦᠬᠦ ᠵᠢᠯ ᠤᠨ ᠡᠯ᠎ᠡ ᠲᠥᠷᠥᠯ ᠤᠨ ᠡᠭᠦᠷᠭᠡ ᠪᠠᠨ ᠰᠢᠯᠢᠳᠡᠭ ᠠᠮᠵᠢᠯᠲᠠ ᠲᠠᠢ ᠪᠡᠶᠡᠯᠡᠭᠦᠯᠵᠦ᠂ ᠪᠣᠳᠠᠲᠤ ᠬᠦᠴᠦᠨ ᠨᠡᠩ ᠪᠤᠵᠠᠭᠠᠶᠢᠷᠠᠵᠤ᠂ ᠨᠡᠶᠢᠭᠡᠮ ᠨᠡᠩ ᠡᠶ᠎ᠡ ᠵᠣᠬᠢᠴᠠᠯ ᠲᠠᠢ᠂ ᠣᠷᠴᠢᠨ ᠲᠣᠭᠤᠷᠢᠨ ᠨᠡᠩ ᠭᠤᠶᠣ ᠰᠠᠶᠢᠬᠠᠨ ᠪᠣᠯᠣᠭᠰᠠᠨ ᠵᠣᠯ ᠵᠢᠷᠭᠠᠯᠲᠤ ᠣᠲᠤᠭ ᠢ ᠪᠦᠲᠦᠭᠡᠨ ᠪᠠᠶᠢᠭᠤᠯᠬᠤ ᠪᠠᠷ ᠴᠢᠷᠮᠠᠶᠢᠨ ᠲᠡᠮᠡᠴᠡᠵᠡᠭᠡᠶ᠎ᠡ︕
ᠢᠷᠡᠯᠲᠡ᠄ ᠣᠲᠣᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ