ᠬᠤᠰᠢᠭᠤ ᠠᠷᠪᠡᠨ ᠵᠢᠷᠭᠤᠳᠣᠭᠠᠷ ᠬᠤᠭᠤᠴᠡᠭᠠᠨ ᠤ ᠠᠷᠡᠳ ᠤᠨ ᠲᠦᠯᠣᠭᠡᠯᠡᠭᠴᠢᠳ ᠤᠨ | ᠶᠡᠭᠡ ᠬᠤᠷᠠᠯ ᠤᠨ ᠭᠤᠷᠪᠠᠳᠤᠭᠠᠷ ᠬᠤᠷᠡᠯᠳᠣᠭᠠᠨ ᠤ ᠪᠢᠴᠢᠭ ᠮᠡᠲ᠋ᠧᠷᠢᠶᠡᠯ ︵ᠠᠷᠪᠡᠨ ᠳᠣᠯᠤᠭ᠎ᠠ︶ | | ᠵᠠᠰᠠᠭ ᠤᠨ ᠣᠷᠳᠣᠨ ᠤ ᠠᠵᠢᠯ ᠤᠨ ᠢᠯᠡᠳᠭᠡᠯ | | | — 2014 ᠣᠨ ᠤ 2 ᠳ᠋ᠣᠭᠠᠷ ᠰᠠᠷ᠎ᠠ ᠶᠢᠨ 12 ᠤᠨ ᠡᠳᠣᠷ ᠣᠳᠤᠭ | ᠬᠤᠰᠢᠭᠤᠨ ᠤ ᠠᠷᠪᠠᠨ ᠵᠢᠷᠭᠤᠳᠣᠭᠠᠷ ᠬᠤᠭᠤᠴᠠᠭᠠᠨ ᠤ ᠠᠷᠠᠳ ᠤᠨ | ᠲᠦᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠣᠭᠠᠨ ᠲᠡᠭᠡᠷ᠎ᠡ | | | ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠬᠤᠰᠢᠭᠤ ᠲᠠᠷᠤᠭ᠎ᠠ ᠶᠢᠨ ᠡᠥ | | | | ᠲᠦᠯᠦᠭᠡᠯᠡᠭᠴᠢᠳ ᠡ᠄ | ᠣᠳᠣ ᠪᠢ ᠬᠤᠰᠢᠭᠤ ᠠᠷᠡᠳ ᠤᠨ ᠵᠡᠰᠠᠭ ᠤᠨ ᠣᠷᠳᠣᠨ ᠢ ᠲᠦᠯᠣᠭᠡᠯᠡᠵᠣ ᠶᠡᠭᠡ ᠬᠤᠷᠡᠯ ᠳᠤ ᠠᠵᠢᠯ ᠤᠨ ᠢᠯᠡᠳᠭᠡᠯ ᠭᠢᠶ᠎ᠠ᠂ ᠭᠢᠨᠡᠨ ᠵᠦᠪᠯᠡᠭᠦ ᠪᠣᠯᠪᠡᠣ᠂ | ᠮᠦᠨᠴᠦ ᠣᠯᠣᠰ ᠲᠦᠷᠣ ᠶᠢᠨ ᠵᠦᠪᠯᠡᠯᠭᠡᠨ ᠤ ᠭᠡᠰᠢᠭᠦᠳ ᠬᠢᠭᠡᠳ ᠬᠤᠷᠡᠯ ᠳᠤ ᠰᠣᠯᠨ ᠣᠷᠣᠯᠴᠡᠵᠣ ᠪᠡᠶᠢᠭ᠎ᠠ ᠨᠦᠭᠦᠳ ᠰᠡᠨᠡᠯ ᠢᠶᠠᠨ ᠲᠣᠷᠡᠳᠬᠤ ᠪᠣᠯᠪᠡᠣ᠃ | ᠨᠢᠭᠡ᠂ 2013 ᠤᠨ ᠤ ᠠᠵᠢᠯ ᠤᠨ ᠡᠷᠬᠢᠴᠡᠬᠦᠯᠦᠯ | ᠦᠩᠭᠡᠷᠡᠭᠰᠡᠨ ᠨᠢᠭᠡ ᠵᠢᠯ ᠳᠤ᠂ ᠠᠵᠤ ᠠᠬᠤᠢ ᠶᠢᠨ ᠪᠤᠳᠤᠯᠢᠶᠠᠨᠳᠠᠢ ᠪᠡᠷᠭᠡᠰᠢᠶᠡᠯᠳᠠᠢ ᠪᠠᠶᠢᠳᠠᠯ ᠳᠤ ᠬᠠᠨᠳᠤᠭᠤᠯᠤᠨ᠂ ᠬᠤᠰᠢᠭᠤ ᠠᠷᠠᠳ ᠤᠨ ᠵᠠᠰᠠᠭ ᠤᠨ ᠤᠷᠳᠤᠨ | ᠨᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠪᠤᠯᠤᠨ ᠦᠪᠡᠷᠳᠡᠭᠡᠨ ᠵᠠᠰᠠᠬᠤ ᠤᠷᠤᠨ ᠤ ︽8337︾ ᠬᠦᠭᠵᠢᠯᠳᠡ ᠶᠢᠨ ᠰᠡᠳᠬᠢᠴᠡ ᠶᠢ | ᠬᠢᠨᠠᠮᠠᠭᠠᠢ ᠲᠤᠤᠱᠯᠠᠭᠤᠯᠤᠨ ᠨᠠᠶᠢᠳᠠᠪᠦᠷᠢᠵᠢᠭᠤᠯᠵᠤ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠬᠢᠭᠡᠳ ᠬᠤᠰᠢᠭᠤ ᠨᠠᠮ ᠤᠨ ᠬᠤᠷᠢᠶ᠎ᠠ | ᠶᠢᠨ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠤ ᠬᠢᠨᠠᠯᠲᠠ | ᠲᠡᠮᠵᠢᠯᠭᠡ ᠲᠤᠤᠷ᠎ᠠ᠂ ᠪᠦᠬᠦ ᠬᠤᠰᠢᠭᠤᠨ ᠤ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠢ ᠪᠦᠯᠬᠦᠮᠳᠡᠬᠦᠯᠦᠨ ᠲᠠᠶᠢᠴᠢᠯᠠᠵᠤ᠂ ᠠᠵᠤ ᠠᠬᠤᠢ ᠤᠷᠤᠭᠤᠳᠠᠵᠤ | ᠪᠠᠶᠢᠭ᠎ᠠ ᠲᠠᠷᠤᠭᠠᠰᠤ ᠶᠢ ᠢᠳᠡᠪᠬᠢᠳᠠᠢ ᠠᠷᠭᠠᠴᠠᠨ᠂ ᠡᠯ᠎ᠡ ᠲᠥᠷᠥᠯ ᠤᠨ ᠭᠤᠤᠯᠳᠠᠯᠭᠠᠳᠤ ᠠᠵᠢᠯ ᠢᠶᠠᠨ ᠯᠠᠪᠳᠠᠭᠤᠨ ᠢᠶᠠᠷ ᠠᠬᠢᠭᠤᠯᠤᠭᠠᠳ ᠠᠵᠤ ᠠᠬᠤᠢ ᠨᠡᠶᠢᠭᠡᠮ ᠤᠨ | ᠲᠣᠭᠳᠠᠭᠤᠨ ᠮᠦᠷᠳᠡᠭᠡᠨ ᠡᠷᠡᠬᠦᠯ ᠢᠶᠠᠷ ᠬᠦᠭᠵᠢᠭᠰᠡᠨ ᠪᠠᠶᠢᠳᠠᠯ ᠢ ᠦᠷᠬᠦᠯᠵᠢᠯᠡᠨ ᠪᠠᠳᠤᠯᠠᠪᠠ᠃ | — ᠶᠡᠷᠦᠩᠭᠡᠢ ᠪᠤᠳᠠᠳᠤ ᠬᠦᠴᠦᠨ ᠢ ᠲᠤᠭᠳᠠᠭᠤᠨ ᠢᠶᠠᠷ ᠲᠡᠭᠡᠭᠰᠢᠯᠡᠬᠦᠯᠪᠡ᠃ ᠪᠦᠬᠦ ᠵᠢᠯ ᠳᠤ ᠭᠠᠵᠠᠷ ᠤᠷᠤᠨ ᠤ ᠦᠢᠯᠡᠳᠪᠦᠷᠢᠯᠡᠯ ᠤᠨ ᠶᠡᠷᠥᠩᠭᠡᠢ ᠦᠷᠳᠡᠭ | ᠢ 430.1 ᠳ᠋ᠦᠩᠰᠢᠭᠤᠷ ᠲᠦᠭᠦᠷᠢᠭ ᠪᠡᠶᠡᠯᠡᠬᠦᠯᠵᠤ᠂ 10.4% ᠨᠡᠮᠡᠭᠳᠡᠵᠠᠢ︔ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠲᠠ 307.1 ᠳ᠋ᠦᠩᠰᠢᠭᠤᠷ | ᠲᠦᠭᠦᠷᠢᠭ᠂ 18.1% ᠨᠡᠮᠡᠭᠳᠡᠵᠠᠢ︔ ᠡᠳ᠋ ᠤᠨ ᠵᠠᠰᠠᠭ ᠤᠨ ᠤᠷᠤᠯᠭ᠎ᠠ 62 ᠳ᠋ᠦᠩᠰᠢᠭᠤᠷ ᠲᠦᠭᠦᠷᠢᠭ᠂ 14.6% ᠨᠡᠮᠡᠭᠳᠡᠵᠠᠢ︔ ᠨᠡᠶᠢᠭᠡᠮ ᠤᠨ ᠭᠡᠷᠡᠭᠯᠡᠭᠡᠨ ᠤ | ᠭᠡᠷᠡᠭᠰᠡᠯ ᠢ ᠵᠢᠵᠢᠭᠯᠡᠨ ᠪᠣᠷᠣᠯᠠᠭᠤᠯᠤᠭᠰᠠᠨ ᠶᠡᠷᠥᠩᠭᠡᠢ ᠬᠡᠮᠵᠢᠶ᠎ᠡ 32 ᠳ᠋ᠦᠩᠰᠢᠭᠤᠷ ᠲᠦᠭᠦᠷᠢᠭ᠂ 18.5% ᠨᠡᠮᠡᠭᠳᠡᠪᠡ︔ ᠬᠤᠳᠠ ᠬᠦᠳᠡᠭᠡ ᠶᠢᠨ ᠰᠠᠭᠤᠭᠠᠯᠢ | ᠠᠷᠠᠳ ᠤᠨ ᠤᠷᠤᠯᠭ᠎ᠠ ᠲᠤᠰ ᠲᠤᠰ 35003 ᠲᠦᠭᠦᠷᠢᠭ ᠪᠠ 12755 ᠲᠦᠭᠦᠷᠢᠭ᠂ ᠲᠤᠰᠪᠤᠷᠢ 11.7% ᠪᠠ 12.2% ᠨᠡᠮᠡᠭᠳᠡᠵᠠᠢ᠃ ᠮᠠᠯ ᠲᠠᠷᠢᠶᠠᠯᠠᠩ | ᠠᠵᠤ ᠠᠬᠤᠢ ᠶᠢᠨ ᠶᠡᠷᠦᠩᠭᠡᠢ ᠦᠢᠯᠡᠳᠪᠦᠷᠢᠯᠡᠯ ᠤᠨ ᠬᠦᠴᠦᠨ ᠠᠯᠬᠤᠮ ᠠᠯᠬᠤᠮ ᠢᠶᠠᠷ ᠨᠡᠮᠡᠭᠳᠡᠵᠤ᠂ ᠠᠮᠤ ᠪᠤᠳᠠᠭᠠᠨ ᠤ ᠤᠨᠠᠯᠲᠠ 2.3 ᠳ᠋ᠦᠩᠰᠢᠭᠤᠷ ᠵᠢᠩ᠂ | ᠮᠠᠯᠵᠢᠯ ᠤᠨ ᠤᠨ ᠤ ᠬᠠᠰᠢᠶᠠᠨ ᠳᠤ ᠪᠠᠶᠢᠭ᠎ᠠ ᠮᠠᠯ ᠤᠨ ᠲᠤᠭ᠎ᠠ 158 ᠲᠦᠮᠡ ᠬᠦᠷᠴᠦ᠂ ᠰᠢᠨ᠎ᠠ ᠪᠠᠷ ᠬᠤᠳᠠ ᠶᠢᠨ ᠲᠡᠰ ᠠᠴᠠ ᠲᠡᠭᠡᠭᠰᠢᠬᠢ ᠲᠠᠭᠠᠭᠤᠯᠤᠭᠴᠢ ᠠᠵᠤ | ᠠᠬᠤᠶᠢᠯᠠᠯ ᠢ 13᠂ ᠲᠤᠰᠬᠠᠢ ᠬᠤᠷᠰᠢᠶ᠎ᠠ ᠶᠢ 70 ᠨᠡᠮᠡᠭᠳᠡᠬᠦᠯᠦᠨ᠂ ︽ᠤᠳᠤᠭ ᠤᠨ ᠠᠷᠪᠠᠰ ᠤᠨ ᠢᠮᠠᠭᠠᠨ ᠮᠢᠬ᠎ᠠ︾ ᠶᠢᠨ ᠭᠠᠵᠠᠷ ᠤᠷᠤᠨ ᠤ ᠪᠡᠯᠭᠡ ᠲᠡᠮᠳᠡᠭ ᠢ | ᠭᠡᠷᠡᠴᠢᠯᠡᠬᠦᠯᠵᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠳᠡᠭ ᠢ 7.5 ᠳ᠋ᠦᠩᠰᠢᠭᠤᠷ ᠲᠦᠭᠦᠷᠢᠭ ᠪᠡᠶᠡᠯᠡᠬᠦᠯᠦᠨ᠂ 5.5% ᠨᠡᠮᠡᠭᠳᠡᠵᠠᠢ᠃ ᠠᠵᠤ | ᠦᠢᠯᠡᠳᠪᠦᠷᠢ ᠶᠢᠨ ᠠᠵᠤ ᠠᠬᠤᠢ ᠲᠤᠭᠳᠠᠭᠤᠨ ᠢᠶᠠᠷ ᠠᠬᠢᠵᠤ᠂ ᠲᠠᠪᠠᠭᠤᠯᠢᠭ ᠠᠵᠤ ᠦᠢᠯᠡᠰ ᠤᠨ ᠲᠤᠯᠭᠠᠭᠤᠷᠢᠯᠠᠬᠤ ᠬᠦᠴᠦᠨ ᠴᠢᠩᠭᠠᠷᠠᠨ᠂ ᠨᠡᠬᠦᠷᠡᠰᠦ᠂ | ᠬᠤᠷᠠᠰᠢᠮᠠᠯ ᠨᠡᠬᠦᠷᠡᠰᠦ᠂ ᠤᠨᠴᠠᠭᠠᠢ ᠰᠢᠷᠬᠡᠭᠯᠢᠭ ᠵᠡᠷᠭᠡ ᠠᠵᠤ ᠦᠢᠯᠡᠳᠪᠦᠷᠢ ᠶᠢᠨ 8 ᠲᠦᠷᠦᠯ ᠤᠨ ᠪᠦᠳᠦᠭᠡᠭᠳᠡᠬᠦᠨ ᠤ ᠭᠠᠷᠤᠯᠳᠠ ᠲᠤᠭᠳᠠᠭᠤᠨ ᠢᠶᠠᠷ ᠨᠡᠮᠡᠭᠳᠡᠵᠤ᠂ | ᠠᠵᠤ ᠦᠢᠯᠡᠳᠪᠦᠷᠢ ᠶᠢᠨ ᠴᠠᠬᠢᠯᠭᠠᠨ ᠭᠡᠷᠡᠭᠯᠡᠯᠳᠡ 134.7 ᠳ᠋ᠦᠩᠰᠢᠭᠤᠷ ᠭᠷᠠᠳᠦ᠋ᠰ ᠬᠦᠷᠴᠦ᠂ 30.5% ᠨᠡᠮᠡᠭᠳᠡᠨ᠂ ᠬᠡᠪᠴᠢᠶᠡᠵᠢᠯ ᠠᠴᠠ ᠲᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠦᠷᠳᠡᠭ 282 ᠳ᠋ᠦᠩᠰᠢᠭᠤᠷ ᠲᠦᠭᠦᠷᠢᠭ ᠬᠦᠷᠴᠦ᠂ 12.1% ᠨᠡᠮᠡᠭᠳᠡᠪᠡ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ | ᠶᠠᠰᠤ ᠴᠢᠨᠠᠷ᠂ ᠦᠷ᠎ᠡ ᠠᠰᠢᠭ ᠲᠤᠭᠳᠠᠭᠤᠨ ᠢᠶᠠᠷ ᠲᠡᠭᠡᠭᠰᠢᠯᠡᠵᠤ᠂ ᠪᠤᠯᠤᠩ ᠠᠭᠤᠷ ᠤᠨ ᠦᠵᠡᠮᠦᠷᠢ ᠶᠢᠨ ᠭᠠᠵᠠᠷ ᠤᠨ ᠭᠤᠤᠯ ᠪᠠᠷᠢᠯᠭ᠎ᠠ ᠶᠢ ᠲᠠᠭᠤᠰᠬᠠᠨ᠂ ᠠᠭᠠᠷ | ᠤᠨ ᠠᠶᠠᠯᠠᠯ ᠤᠨ ᠠᠵᠤ ᠦᠢᠯᠡᠰ ᠤᠨ ᠲᠦᠷᠦᠯ ᠵᠦᠢᠯ ᠢ ᠡᠬᠢᠯᠡᠬᠦᠯᠦᠨ ᠪᠠᠶᠢᠭᠤᠯᠵᠠᠢ︔ ᠪᠠᠷᠠᠭ᠎ᠠ ᠲᠡᠭᠡᠭᠡᠪᠦᠷᠢᠯᠡᠯᠳᠡ 5000 ᠲᠦᠮᠡᠨ ᠲᠤᠨ ᠢ ᠲᠠᠪᠠᠵᠤ᠂ ᠪᠤᠳᠠᠰ | ᠤᠨ ᠬᠦᠢᠯᠭᠡᠭᠡᠨ ᠤ ᠡᠵᠡᠩᠨᠡᠯᠳᠡ ᠶᠢᠨ ᠬᠡᠮᠵᠢᠶ᠎ᠡ 4.5 ᠳ᠋ᠦᠩᠰᠢᠭᠤᠷ ᠲᠦᠭᠦᠷᠢᠭ ᠬᠦᠷᠪᠡ︔ ᠮᠦᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ | ᠶᠢᠨ ᠦᠯᠡᠳᠡᠪᠦᠷᠢ 94.8 ᠳ᠋ᠦᠩᠰᠢᠭᠤᠷ ᠲᠦᠭᠦᠷᠢᠭ ᠪᠠ 108.4 ᠳ᠋ᠦᠩᠰᠢᠭᠤᠷ ᠲᠦᠭᠦᠷᠢᠭ᠂ ᠲᠤᠰᠪᠤᠷᠢ 23.8% ᠪᠠ 18.4% ᠨᠡᠮᠡᠭᠳᠡᠪᠡ᠃ | ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 84.5 ᠳ᠋ᠦᠩᠰᠢᠭᠤᠷ ᠲᠦᠭᠦᠷᠢᠭ ᠪᠡᠶᠡᠯᠡᠬᠦᠯᠵᠤ᠂ 7.1% ᠨᠡᠮᠡᠭᠳᠡᠨ᠂ ᠠᠵᠤ ᠠᠬᠤᠢ ᠶᠢᠨ ᠶᠡᠷᠥᠩᠭᠡᠢ | ᠬᠡᠮᠵᠢᠶᠡᠨ ᠳᠠᠬᠢ ᠬᠤᠪᠢ ᠶᠢᠨ ᠵᠢᠩ ᠵᠠᠭᠤᠨ ᠤ ᠨᠢᠭᠡᠴᠢ ᠪᠠᠷ 0.7 ᠬᠤᠪᠢ ᠲᠡᠭᠡᠭᠰᠢᠯᠡᠪᠡ᠃ | — ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠠᠯᠬᠤᠴᠠ ᠶᠢ ᠲᠦᠷᠭᠡᠳᠭᠡᠪᠡ᠃ ᠴᠢᠬᠤᠯᠠ ᠶᠡᠭᠡ ᠲᠦᠷᠦᠯ ᠵᠦᠢᠯ ᠤᠨ ᠪᠠᠶᠢᠭᠤᠯᠤᠯᠲᠠ ᠶᠢᠨ ᠠᠬᠢᠴᠠ | ᠢᠯᠭᠤᠮ ᠶᠠᠪᠤᠭᠳᠠᠵᠤ᠂ ᠡᠬᠢᠯᠡᠬᠦᠯᠦᠨ ᠪᠠᠶᠢᠭᠤᠯᠤᠭᠰᠠᠨ ᠪᠤᠶᠤ ᠰᠡᠷᠭᠦᠬᠡᠨ ᠪᠠᠶᠢᠭᠤᠯᠤᠭᠰᠠᠨ ᠳ᠋ᠦᠩᠰᠢᠭᠤᠷ ᠲᠦᠭᠦᠷᠢᠭ ᠠᠴᠠ ᠲᠡᠭᠡᠭᠰᠢᠬᠢ ᠠᠵᠤ ᠦᠢᠯᠡᠳᠪᠦᠷᠢ ᠶᠢᠨ | ᠲᠦᠷᠦᠯ ᠵᠦᠢᠯ 17 ᠪᠠᠶᠢᠵᠤ᠂ ᠡᠬᠦᠨ ᠳᠤ ᠵᠠᠩᠭᠢᠯᠠᠭ᠎ᠠ ᠶᠢᠨ ᠬᠡᠯᠬᠢᠶ᠎ᠡ ᠶᠢ ᠤᠷᠳᠤᠳᠬᠠᠬᠤ ᠵᠢᠴᠢ ᠡᠬᠢ ᠰᠤᠷᠪᠤᠯᠵᠢ ᠶᠢ ᠶᠡᠷᠦᠩᠭᠡᠶᠢᠯᠡᠨ ᠠᠰᠢᠭᠯᠠᠬᠤ ᠲᠦᠷᠦᠯ ᠵᠦᠢᠯ | 14 ᠪᠤᠢ᠂ ᠤᠷᠳᠤᠰ ᠢᠮᠠᠭᠠᠨ ᠨᠤᠯᠤᠤᠷ ᠤᠨ ᠪᠦᠯᠦᠭᠯᠡᠯ ᠤᠨ ᠨᠡᠬᠦᠷᠡᠰᠦ ᠴᠠᠬᠢᠯᠭᠠᠨ ᠬᠦᠩᠭᠡᠨᠴᠠᠭᠠᠨ᠂ ᠰᠢᠩ ᠭᠤᠸᠠᠩ ᠤᠨ ᠠᠽᠤᠲ ᠬᠦᠴᠢᠯ ᠤᠨ ᠠᠮᠮᠤᠨᠢ᠂ | ᠵᠢᠶᠦ᠋ᠨ ᠵᠧᠩ ᠤᠨ ᠦᠪᠡᠰᠦᠪᠡᠨ ᠪᠡᠯᠡᠳᠭᠡᠭᠰᠡᠨ ᠴᠠᠬᠢᠯᠭᠠᠨ ᠤ ᠦᠢᠯᠡᠳᠪᠦᠷᠢ ᠵᠡᠷᠭᠡ 13 ᠲᠦᠷᠦᠯ ᠵᠦᠢᠯ ᠢ ᠲᠦᠷᠭᠡᠨ ᠭᠡᠷᠡᠭᠵᠢᠬᠦᠯᠵᠤ᠂ ᠭᠤᠸᠠᠩ ᠨᠠ ᠶᠢᠨ | ᠨᠡᠬᠦᠷᠡᠰᠦ ᠬᠡᠤᠷᠡᠰᠢᠬᠦᠯᠬᠦ᠂ ᠵᠢᠶᠦ᠋ᠨ ᠵᠧᠩ ᠤᠨ PVC ᠵᠡᠷᠭᠡ 4 ᠲᠦᠷᠦᠯ ᠵᠦᠢᠯ ᠢ ᠤᠷᠤᠭᠰᠢᠳᠠᠢ ᠪᠠᠷ ᠠᠰᠢᠭᠯᠠᠯᠲᠠ ᠳᠤ ᠣᠷᠣᠭᠤᠯᠤᠨ᠂ ᠰᠢᠨ᠎ᠡ ᠪᠠᠷ PVC | ᠦᠢᠯᠡᠳᠪᠦᠷᠢᠯᠡᠬᠦ ᠴᠢᠳᠠᠪᠦᠷᠢ ᠶᠢ 70 ᠲᠦᠮᠡᠨ ᠲᠤᠨ᠂ ᠲᠡᠮᠦᠷᠯᠢᠭ ᠡᠳ᠋ᠯᠡᠯ ᠦᠢᠯᠡᠳᠪᠦᠷᠢᠯᠡᠬᠦ ᠴᠢᠳᠠᠪᠦᠷᠢ ᠶᠢ 100 ᠲᠦᠮᠡᠨ ᠲᠤᠨ᠂ ᠬᠦᠩᠭᠡᠨᠴᠠᠭᠠᠨ ᠤ ᠢᠰᠦᠯ | ᠦᠢᠯᠡᠳᠪᠦᠷᠢᠯᠡᠬᠦ ᠴᠢᠳᠠᠪᠦᠷᠢ ᠶᠢ 20 ᠲᠦᠮᠡᠨ ᠲᠤᠨ ᠨᠡᠮᠡᠭᠳᠡᠬᠦᠯᠦᠨ᠂ ᠬᠢᠮᠢ ᠶᠢᠨ ᠠᠵᠤ ᠦᠢᠯᠡᠳᠪᠦᠷᠢ᠂ ᠴᠠᠬᠢᠯᠭᠠᠨ ᠬᠦᠴᠦᠨ᠂ ᠲᠡᠮᠦᠷᠯᠢᠭ ᠬᠠᠶᠢᠯᠤᠰᠢ ᠶᠢᠨ ᠠᠵᠤ | ᠦᠢᠯᠡᠰ ᠤᠨ ᠬᠡᠪᠴᠢᠶᠡᠵᠢᠬᠦ᠂ ᠰᠦᠷᠦᠭᠵᠢᠬᠦ ᠦᠢᠯᠡᠳᠦᠯ ᠢ ᠴᠢᠨᠠᠭᠰᠢᠳᠠ ᠪᠠᠳᠠᠷᠠᠭᠤᠯᠪᠠ᠃ ᠡᠬᠢ ᠰᠤᠷᠪᠤᠯᠵᠢ ᠶᠢ ᠤᠯᠠᠷᠢᠭᠤᠯᠬᠤ ᠴᠢᠳᠠᠪᠤᠷᠢ ᠶᠢ ᠲᠠᠰᠤᠷᠠᠯᠲᠠ ᠦᠭᠡᠢ | ᠲᠡᠭᠡᠭᠰᠢᠯᠡᠬᠦᠯᠦᠨ᠂ ᠤᠷᠴᠢᠯᠳᠤᠭᠤᠯᠤᠨ ᠬᠦᠭᠵᠢᠬᠦᠯᠬᠦ᠂ ᠤᠯᠠᠨ ᠲᠠᠯ᠎ᠠ ᠪᠠᠷ ᠲᠤᠯᠭᠠᠭᠤᠷᠢᠯᠠᠬᠤ ᠠᠵᠤ ᠦᠢᠯᠡᠰ ᠤᠨ ᠪᠦᠳᠦᠴᠡ ᠶᠢ ᠦᠨᠳᠦᠰᠦᠨ ᠳᠡᠭᠡᠨ | ᠪᠦᠷᠢᠳᠦᠬᠦᠯᠦᠨ᠂ ᠨᠡᠬᠦᠷᠡᠰᠦᠨ ᠤ ᠠᠵᠤ ᠦᠢᠯᠡᠰ ᠤᠨ ᠬᠤᠪᠢ ᠶᠢᠨ ᠵᠢᠩ ᠵᠠᠭᠤᠨ ᠤ ᠨᠢᠭᠡᠴᠢ ᠪᠠᠷ 11.3 ᠬᠤᠪᠢ ᠲᠤᠷᠤᠭᠰᠢᠯᠠᠵᠤ᠂ ᠴᠢ ᠫᠠᠨ ᠵᠢᠩ ᠠᠵᠤ | ᠦᠢᠯᠡᠳᠪᠦᠷᠢ ᠶᠢᠨ ᠬᠦᠷᠢᠶᠡᠯᠡᠩ ᠨᠢ ᠤᠯᠤᠰ ᠤᠨ ᠤᠷᠴᠢᠯᠳᠤᠭᠤᠯᠬᠤ ᠦᠭᠡᠷᠡᠴᠢᠯᠡᠯᠳᠡ ᠶᠢᠨ ᠲᠤᠷᠰᠢᠯᠳᠠ ᠶᠢᠨ ᠬᠦᠷᠢᠶᠡᠯᠡᠩ ᠪᠤᠯᠪᠠ᠃ ᠡᠨᠧᠷᠬᠢ ᠠᠷᠪᠢᠯᠠᠵᠤ | ᠪᠤᠬᠢᠷᠳᠤᠯ ᠪᠠᠭᠠᠰᠬᠠᠬᠤ ᠠᠵᠢᠯ ᠢ ᠬᠦᠴᠦᠳᠠᠢ ᠠᠬᠢᠭᠤᠯᠵᠤ᠂ ᠪᠤᠬᠢᠷᠳᠤᠯ ᠤᠨ ᠡᠬᠢ ᠡᠬᠦᠰᠦᠯ ᠢ ᠰᠦᠯᠵᠢᠶ᠎ᠡ ᠪᠠᠷ ᠬᠢᠨᠠᠬᠤ ᠲᠠᠪᠴᠠᠩ ᠢ ᠪᠠᠶᠢᠭᠤᠯᠤᠨ ᠠᠰᠢᠭᠯᠠᠵᠤ᠂ | ᠲᠦᠮᠡᠨ ᠲᠦᠭᠦᠷᠢᠭ GDP ︵ᠬᠦᠮᠦᠨ ᠲᠤᠳᠤᠮ ᠤᠨ ᠤᠯᠤᠰ ᠤᠨ ᠲᠤᠳᠤᠭᠠᠳᠤ ᠶᠢᠨ ᠦᠢᠯᠡᠳᠪᠦᠷᠢᠯᠡᠯ ᠤᠨ ᠶᠡᠷᠥᠩᠭᠡᠢ ᠦᠷᠳᠡᠭ︶ ᠳᠠᠬᠢ ᠡᠨᠧᠷᠬᠢ ᠶᠢᠨ | ᠬᠤᠷᠤᠭᠳᠠᠯ ᠢ 3.7% ᠪᠠᠭᠤᠷᠠᠭᠤᠯᠵᠤ᠂ ᠬᠦᠬᠦᠷ ᠤᠨ ᠲᠠᠪᠬᠤᠷ ᠢᠰᠦᠯ ᠢ 18369 ᠲᠤᠨ᠂ ᠠᠽᠤᠲ ᠤᠨ ᠢᠰᠦᠯ ᠢ 10880 ᠲᠤᠨ ᠪᠠᠭᠠᠰᠬᠠᠪᠠ᠃ ᠴᠢ | ᠫᠠᠨ ᠵᠢᠩ᠂ ᠮᠧᠩ ᠰᠢ ᠬᠦᠷᠢᠶᠡᠯᠡᠩ ᠤᠨ ᠨᠡᠶᠢᠳᠡ ᠶᠢᠨ ᠦᠮᠴᠢᠯᠡᠯᠳᠤ ᠪᠤᠰᠤ ᠠᠵᠤ ᠠᠬᠤᠶᠢᠯᠠᠯ ᠤᠨ ᠪᠡᠶᠡᠯᠡᠬᠦᠯᠦᠭᠰᠡᠨ ᠪᠡᠯᠡ ᠤᠷᠤᠭᠤᠯᠤᠯᠲᠠ ᠶᠢᠨ ᠬᠡᠮᠵᠢᠶ᠎ᠡ᠂ | ᠭᠠᠶᠢᠯᠢ ᠲᠠᠳᠠᠪᠤᠷᠢᠯᠠᠯᠲᠠ ᠶᠢᠨ ᠬᠤᠪᠢ ᠨᠡᠮᠡᠷᠢ ᠶᠢᠨ ᠬᠡᠮᠵᠢᠶ᠎ᠡ ᠨᠢ ᠪᠦᠬᠦ ᠠᠵᠤ ᠦᠢᠯᠡᠳᠪᠦᠷᠢ ᠶᠢᠨ 85% ᠠᠴᠠ ᠲᠡᠭᠡᠭᠰᠢᠬᠢ ᠶᠢ ᠡᠵᠡᠯᠡᠨ᠂ ᠪᠤᠷᠤᠯᠠᠭᠤᠯᠤᠯᠲᠠ ᠶᠢᠨ | ᠤᠷᠤᠯᠭ᠎ᠠ ᠶᠢ 599 ᠳ᠋ᠦᠩᠰᠢᠭᠤᠷ ᠲᠦᠭᠦᠷᠢᠭ ᠪᠡᠶᠡᠯᠡᠬᠦᠯᠵᠤ᠂ 14.5% ᠨᠡᠮᠡᠭᠳᠡᠪᠡ᠃ | — ᠠᠷᠠᠳ ᠤᠯᠠᠨ ᠤ ᠠᠮᠢᠳᠤᠷᠠᠯ ᠢ ᠦᠷᠬᠦᠯᠵᠢᠯᠡᠨ ᠰᠠᠶᠢᠵᠢᠷᠠᠭᠤᠯᠪᠠ᠃ ᠡᠳ᠋ ᠤᠨ ᠵᠠᠰᠠᠭ ᠤᠨ ᠪᠡᠯᠡ ᠮᠦᠩᠭᠦ ᠴᠤᠬᠠᠭ ᠪᠠᠶᠢᠳᠠᠯ ᠲᠤᠤᠷ᠎ᠠ᠂ 14.2 | ᠳ᠋ᠦᠩᠰᠢᠭᠤᠷ ᠲᠦᠭᠦᠷᠢᠭ ᠲᠤᠬᠢᠷᠠᠭᠤᠯᠤᠨ ᠠᠷᠠᠳ ᠤᠨ ᠠᠮᠢᠳᠤᠷᠠᠯ ᠬᠢᠭᠡᠳ ᠨᠡᠶᠢᠭᠡᠮ ᠤᠨ ᠦᠢᠯᠡᠰ ᠢ ᠬᠦᠭᠵᠢᠬᠦᠯᠦᠨ᠂ ᠠᠷᠠᠳ ᠢ ᠬᠠᠷᠠᠭᠠᠯᠵᠠᠬᠤ ᠬᠤᠳᠠ ᠶᠢᠨ | ᠱᠠᠳᠤᠨ ᠤ 9 ᠪᠤᠳᠠᠳᠤ ᠶᠠᠪᠤᠳᠠᠯ ᠢ ᠪᠦᠬᠦ ᠲᠠᠯ᠎ᠠ ᠪᠠᠷ ᠬᠡᠷᠡᠭᠵᠢᠬᠦᠯᠵᠤ᠂ ᠠᠷᠠᠳ ᠤᠨ ᠠᠮᠢᠳᠤᠷᠠᠯ ᠤᠨ ᠬᠤᠰᠢᠭᠤ ᠱᠠᠳᠤᠨ ᠤ 8 ᠢᠨᠵᠧᠨᠧᠷᠢᠩ ᠢ ᠪᠦᠬᠦᠳᠡ ᠶᠢ | ᠪᠡᠶᠡᠯᠡᠬᠦᠯᠪᠡ᠃ ᠠᠵᠢᠯ ᠤᠯᠭᠤᠯᠳᠠ ᠪᠠᠷ ᠲᠡᠮᠵᠢᠬᠦ ᠲᠦᠷᠦ ᠶᠢᠨ ᠪᠤᠳᠤᠯᠭ᠎ᠠ ᠶᠢ ᠪᠦᠳᠦᠮᠵᠢᠳᠠᠢ ᠨᠠᠶᠢᠳᠠᠪᠤᠷᠢᠵᠢᠭᠤᠯᠵᠤ᠂ ᠬᠤᠳᠠ ᠪᠠᠯᠭᠠᠰᠤᠨ ᠳᠤ ᠰᠢᠨ᠎ᠡ ᠪᠠᠷ | 3347 ᠬᠦᠮᠦᠨ ᠳᠤ ᠠᠵᠢᠯ ᠤᠯᠭᠤᠵᠤ᠂ ᠬᠤᠳᠠ ᠪᠠᠯᠭᠠᠰᠤᠨ ᠤ ᠲᠠᠩᠰᠠᠯᠠᠭᠤᠯᠤᠭᠰᠠᠨ ᠠᠵᠢᠯ ᠠᠯᠳᠠᠯᠳᠠ ᠶᠢᠨ ᠨᠤᠷᠮ᠎ᠠ ᠶᠢ 3% ᠲᠤᠳᠤᠷ᠎ᠠ ᠬᠢᠵᠠᠭᠠᠷᠯᠠᠵᠠᠢ᠃ | ᠨᠡᠶᠢᠭᠡᠮ ᠤᠨ ᠪᠠᠳᠤᠯᠠᠭ᠎ᠠ ᠶᠢᠨ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠬᠦᠯᠵᠤ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠡᠮᠨᠡᠯᠭᠡ ᠶᠢᠨ ᠲᠠᠭᠠᠳᠬᠠᠯ | ᠤᠨ ᠪᠡᠯᠡ ᠴᠤᠭᠯᠠᠭᠤᠯᠭ᠎ᠠ ᠶᠢᠨ ᠪᠠᠷᠢᠮᠵᠢᠶ᠎ᠠ ᠶᠢ 562.8 ᠲᠦᠭᠦᠷᠢᠭ ᠪᠤᠯᠭᠠᠨ ᠨᠡᠮᠡᠭᠳᠡᠬᠦᠯᠵᠤ᠂ ᠰᠢᠨ᠎ᠡ ᠬᠦᠳᠡᠭᠡ ᠲᠤᠰᠬᠤᠨ ᠤ ᠬᠤᠷᠰᠢᠭᠰᠠᠨ ᠡᠮᠨᠡᠯᠭᠡ ᠶᠢᠨ ᠪᠡᠯᠡ | ᠴᠤᠭᠯᠠᠭᠤᠯᠭ᠎ᠠ ᠶᠢᠨ ᠪᠠᠷᠢᠮᠵᠢᠶ᠎ᠠ ᠶᠢ 594 ᠲᠦᠭᠦᠷᠢᠭ ᠪᠤᠯᠭᠠᠵᠤ ᠲᠡᠭᠡᠭᠰᠢᠯᠡᠬᠦᠯᠪᠡ᠂ ᠡᠬᠦᠨ ᠳᠤ ᠴᠦᠭᠡᠨ ᠲᠤᠭᠠᠳᠤ ᠦᠨᠳᠦᠰᠦᠳᠡᠨ ᠤ ᠬᠢ ᠶᠢ 634 ᠲᠦᠭᠦᠷᠢᠭ | ᠪᠤᠯᠭᠠᠨ ᠲᠡᠭᠡᠭᠰᠢᠯᠡᠬᠦᠯᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠮᠨᠡᠯᠭᠡ ᠶᠢᠨ ᠬᠤᠷᠢᠶ᠎ᠠ ᠳᠤ ᠰᠠᠭᠤᠵᠤ ᠡᠮᠨᠡᠬᠦᠯᠦᠭᠰᠡᠨ ᠲᠠᠩᠰᠠ ᠲᠠᠶᠢᠯᠬᠤ ᠬᠢᠵᠠᠭᠠᠷ ᠢ | 20 ᠲᠦᠮᠡᠨ ᠲᠦᠭᠦᠷᠢᠭ ᠪᠤᠯᠭᠠᠵᠤ ᠨᠢᠭᠡᠳᠦᠯᠳᠠᠢ ᠲᠡᠭᠡᠭᠰᠢᠯᠡᠬᠦᠯᠵᠠᠢ᠃ ᠮᠠᠯᠴᠢᠨ ᠲᠠᠷᠢᠶᠠᠴᠢᠳ ᠤᠨ ᠨᠠᠰᠤᠵᠢᠯ ᠤᠨ ᠲᠠᠭᠠᠳᠬᠠᠯ ᠤᠨ ᠮᠦᠩᠭᠦ ᠶᠢ ᠵᠢᠯ ᠪᠤᠯᠭᠠᠨ | ᠬᠦᠮᠦᠨ ᠲᠤᠳᠤᠮ 3120 ᠲᠦᠭᠦᠷᠢᠭ ᠪᠠᠶᠢᠭᠰᠠᠨ ᠢ 3720 ᠲᠦᠭᠦᠷᠢᠭ ᠪᠤᠯᠭᠠᠨ ᠲᠡᠭᠡᠭᠰᠢᠯᠡᠬᠦᠯᠪᠡ︔ ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ | ᠤᠨ ᠪᠠᠳᠤᠯᠠᠭ᠎ᠠ ᠶᠢᠨ ᠪᠠᠷᠢᠮᠵᠢᠶ᠎ᠠ ᠶᠢ ᠰᠠᠷ᠎ᠠ ᠪᠤᠯᠭᠠᠨ ᠬᠦᠮᠦᠨ ᠲᠤᠳᠤᠮ 460 ᠲᠦᠭᠦᠷᠢᠭ ᠪᠠ 340 ᠲᠦᠭᠦᠷᠢᠭ ᠪᠠᠶᠢᠭᠰᠠᠨ ᠢ 480 ᠲᠦᠭᠦᠷᠢᠭ ᠪᠠ 390 | ᠲᠦᠭᠦᠷᠢᠭ ᠪᠤᠯᠭᠠᠨ ᠲᠡᠭᠡᠭᠰᠢᠯᠡᠬᠦᠯᠵᠠᠢ᠃ ᠰᠤᠮᠤ ᠪᠠᠯᠭᠠᠰᠤᠨ ᠤ ᠺᠠᠳ᠋ᠷ ᠠᠵᠢᠯᠳᠠᠨ ᠠᠵᠢᠯᠴᠢᠨ ᠤ ᠬᠤᠭᠤᠯᠠᠨ ᠭᠡᠷ ᠬᠤᠨᠤᠭ ᠤᠨ ᠭᠠᠵᠠᠷ ᠤᠨ ᠲᠦᠷᠦᠯ ᠵᠦᠢᠯ ᠢ | ᠴᠦᠮ ᠪᠡᠶᠡᠯᠡᠭᠦᠯᠵᠦ᠂ ᠨᠡᠬᠦᠳᠡᠯ ᠮᠠᠯᠴᠢᠨ ᠲᠠᠷᠢᠶᠠᠴᠢᠳ ᠤᠨ ᠤᠷᠤᠨ ᠰᠠᠭᠤᠴᠠ ᠪᠤᠯᠤᠨ ᠡᠯ᠎ᠡ ᠲᠦᠷᠦᠯ ᠤᠨ ᠪᠠᠳᠤᠯᠠᠭ᠎ᠠ ᠶᠢᠨ ᠤᠷᠤᠨ ᠰᠠᠭᠤᠴᠠ ᠶᠢᠨ ᠪᠠᠷᠢᠯᠭ᠎ᠠ ᠶᠢ | ᠲᠤᠭᠳᠠᠭᠤᠨ ᠢᠶᠠᠷ ᠪᠠᠶᠢᠭᠤᠯᠵᠤ᠂ ᠤᠷᠤᠨ ᠰᠠᠭᠤᠴᠠ ᠡᠭᠡᠬᠦᠯᠦᠨ ᠬᠤᠳᠠᠯᠳᠤᠵᠤ ᠠᠪᠤᠭᠰᠠᠨ 423 ᠡᠷᠦᠭᠡ ᠶᠢ ᠲᠥᠪᠬᠢᠨᠡᠭᠦᠯᠪᠡ᠃ ᠮᠠᠯ ᠪᠡᠯᠴᠢᠭᠡᠷᠯᠡᠬᠦᠯᠬᠦ ᠶᠢ | ᠬᠤᠷᠢᠵᠤ ᠰᠡᠯᠬᠦᠨ ᠮᠠᠯᠵᠢᠬᠤ᠂ ᠮᠠᠯ ᠪᠡᠯᠴᠢᠭᠡᠷ ᠢ ᠲᠡᠩᠴᠡᠬᠦᠷᠢᠳᠠᠢ ᠪᠠᠶᠢᠯᠭᠠᠬᠤ ᠵᠢᠴᠢ ᠴᠦᠭᠡᠨ ᠲᠤᠭᠠᠳᠤ ᠦᠨᠳᠦᠰᠦᠳᠡᠨ ᠤ ᠲᠡᠳᠬᠦᠮᠵᠢ ᠵᠡᠷᠭᠡ 15 ᠲᠦᠷᠦᠯ ᠤᠨ | ᠰᠢᠭᠤᠳ ᠨᠦᠬᠦᠪᠦᠷᠢ 2.4 ᠳ᠋ᠦᠩᠰᠢᠭᠤᠷ ᠲᠦᠭᠦᠷᠢᠭ ᠢ ᠭᠠᠷᠳᠠᠭᠤᠯᠵᠤ᠂ 7.4 ᠲᠦᠮᠡᠨ ᠬᠦᠮᠦᠨ ᠤᠳᠠᠭ᠎ᠠ ᠳᠤ ᠠᠰᠢᠭ ᠬᠦᠷᠳᠡᠭᠡᠪᠡ᠃ ᠶᠠᠳᠠᠭᠤ ᠶᠢ ᠲᠡᠳᠬᠦᠬᠦ | ᠪᠡᠯᠡ ᠮᠦᠩᠭᠦ ᠶᠢ 1.4 ᠳ᠋ᠦᠩᠰᠢᠭᠤᠷ ᠲᠦᠭᠦᠷᠢᠭ ᠨᠠᠶᠢᠳᠠᠪᠦᠷᠢᠵᠢᠭᠤᠯᠵᠤ᠂ 2300 ᠶᠠᠳᠠᠭᠤ ᠬᠦᠴᠢᠷᠳᠠᠢ ᠬᠦᠮᠦᠨ ᠢ ᠶᠠᠳᠠᠭᠤ ᠠᠴᠠ ᠨᠢ ᠯᠠᠪᠳᠠᠭᠤᠨ ᠢᠶᠠᠷ | ᠠᠩᠭᠢᠵᠢᠷᠠᠭᠤᠯᠵᠠᠢ᠃ | — ᠬᠤᠳᠠ ᠬᠦᠳᠡᠭᠡ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠪᠠ᠃ ᠮᠠᠯᠵᠢᠬᠤ ᠲᠠᠷᠢᠶᠠᠯᠠᠬᠤ ᠤᠷᠤᠨ ᠤ ᠦᠢᠯᠡᠳᠪᠦᠷᠢᠯᠡᠯ ᠠᠮᠢᠳᠤᠷᠠᠯ ᠤᠨ | ᠨᠦᠬᠦᠴᠡᠯ ᠢ ᠢᠯᠡᠷᠭᠡᠢ ᠰᠠᠶᠢᠵᠢᠷᠠᠭᠤᠯᠵᠤ᠂ 3037 ᠮᠠᠯᠴᠢᠨ ᠲᠠᠷᠢᠶᠠᠴᠢᠨ ᠡᠷᠦᠭᠡ ᠳᠤ ᠴᠠᠬᠢᠯᠭᠠᠨ ᠭᠡᠷᠡᠭᠯᠡᠬᠦᠯᠦᠨ᠂ 3526 ᠬᠦᠮᠦᠨ ᠤ ᠴᠡᠪᠡᠷ ᠠᠷᠢᠭᠤᠨ ᠤᠰᠤ | ᠤᠮᠳᠠ ᠶᠢᠨ ᠠᠰᠠᠭᠤᠳᠠᠯ ᠢ ᠰᠢᠢᠳᠪᠦᠷᠢᠯᠡᠵᠦ᠂ 930 ᠡᠷᠦᠭᠡ ᠶᠢᠨ ᠨᠤᠷᠠᠬᠤ ᠠᠶᠤᠯᠳᠠᠢ ᠤᠷᠤᠨ ᠰᠠᠭᠤᠴᠠ ᠶᠢ ᠦᠭᠡᠷᠡᠴᠢᠯᠡᠨ᠂ ᠰᠢᠨ᠎ᠡ ᠪᠠᠷ ᠭᠠᠴᠠᠭ᠎ᠠ ᠲᠣᠰᠬᠤᠨ | ᠳᠤ ᠨᠡᠪᠲᠡᠷᠡᠬᠦ ᠴᠠᠷᠳᠠᠮᠠᠯ ᠵᠠᠮ ᠢ 46 ᠺᠢᠯᠤᠮᠧᠲᠷ ᠵᠠᠰᠠᠵᠤ᠂ ᠲᠤᠭᠠᠴᠢᠯᠠᠭᠰᠠᠨ ᠲᠧᠯᠸᠢᠰ ᠦᠵᠡᠬᠦ ᠡᠷᠦᠭᠡ ᠶᠢ 1700 ᠨᠡᠮᠡᠭᠳᠡᠬᠦᠯᠦᠨ᠂ ᠮᠠᠯᠵᠢᠬᠤ ᠲᠠᠷᠢᠶᠠᠯᠠᠬᠤ | ᠤᠷᠤᠨ ᠤ ᠴᠠᠬᠢᠯᠭᠠᠨ ᠦᠭᠡᠢ ᠲᠡᠤᠬᠡ ᠶᠢ ᠦᠨᠳᠦᠰᠦᠨ ᠳᠡᠭᠡᠨ ᠡᠴᠦᠰᠯᠡᠬᠦᠯᠵᠤ᠂ ᠷᠠᠳᠢᠣ᠋ ᠨᠡᠪᠳᠡᠷᠡᠬᠦᠯᠭᠡ ᠲᠧᠯᠸᠢᠰ ᠤᠨ ᠲᠤᠬᠢᠶ᠎ᠠ ᠬᠤᠳᠠ ᠬᠦᠳᠡᠭᠡ ᠳᠤ ᠦᠨᠳᠦᠰᠦᠨ | ᠳᠡᠭᠡᠨ ᠨᠠᠶᠢᠳᠠᠮᠵᠢᠵᠠᠢ᠃ ᠰᠢᠨ᠎ᠡ ᠮᠠᠯᠵᠢᠬᠤ ᠲᠠᠷᠢᠶᠠᠯᠠᠬᠤ ᠤᠷᠤᠨ ᠤ ᠪᠠᠶᠢᠭᠤᠯᠤᠯᠲᠠ ᠭᠤᠷᠪᠠᠨ ᠤᠷᠤᠨ ᠪᠦᠰᠡ ᠪᠠᠷ ᠠᠩᠬ᠎ᠠ ᠲᠦᠯᠦᠪᠵᠢᠵᠤ᠂ ᠰᠠᠶᠢᠬᠤᠰᠤ ᠰᠢᠨ᠎ᠡ | ᠮᠠᠯᠵᠢᠬᠤ ᠤᠷᠤᠨ ᠤ 188 ᠮᠠᠯᠴᠢᠨ ᠲᠠᠷᠢᠶᠠᠴᠢᠨ ᠡᠷᠦᠭᠡ ᠶᠢᠨ ᠭᠡᠭᠡᠨᠴᠢᠷ ᠤᠷᠤᠨ ᠰᠠᠭᠤᠴᠠ ᠤᠷᠤᠵᠤ ᠰᠠᠭᠤᠬᠤ ᠨᠦᠬᠦᠴᠡᠯ ᠳᠤ ᠬᠦᠷᠴᠦ᠂ ᠮᠧᠩ ᠰᠢ ᠰᠢᠨ᠎ᠡ | ᠲᠠᠷᠢᠶᠠᠯᠠᠬᠤ ᠤᠷᠤᠨ ᠤ 1572 ᠡᠷᠦᠭᠡ ᠶᠢᠨ ᠤᠷᠤᠨ ᠰᠠᠭᠤᠴᠠ ᠶᠢᠨ ᠭᠤᠤᠯ ᠪᠠᠷᠢᠯᠭ᠎ᠠ ᠶᠢ ᠲᠠᠭᠤᠰᠬᠠᠨ᠂ ᠪᠤᠷᠤᠳᠠᠯ᠎ᠠ ᠲᠦᠪ ᠲᠤᠰᠬᠤᠨ ᠤ 34 ᠡᠷᠦᠭᠡ ᠶᠢᠨ | ᠤᠷᠤᠨ ᠰᠠᠭᠤᠴᠠ ᠶᠢ ᠲᠤᠰᠢᠶᠠᠨ ᠭᠡᠷᠡᠭᠵᠢᠬᠦᠯᠵᠤ᠂ ᠡᠯ᠎ᠡ ᠭᠤᠤᠯᠳᠠᠯᠭᠠᠳᠤ ᠴᠢᠳᠠᠮᠵᠢ ᠶᠢᠨ ᠲᠤᠭᠤᠷᠢᠭ ᠤᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠂ | ᠮᠧᠩ ᠽᠧ᠂ ᠯᠢᠤᠢ ᠰᠢᠶᠠᠩ᠂ ᠭᠤᠸᠠᠩ ᠹᠧᠩ ᠶᠤᠸᠠᠨ ᠵᠡᠷᠭᠡ ᠲᠠᠷᠢᠬᠤ ᠲᠡᠵᠢᠭᠡᠨ ᠦᠷᠡᠵᠢᠬᠦᠯᠬᠦ ᠲᠦᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠤᠷᠤᠭᠤᠯᠪᠠ᠃ | ᠬᠤᠳᠠ ᠶᠢᠨ ᠴᠢᠳᠠᠮᠵᠢ ᠶᠢ ᠲᠠᠰᠤᠷᠠᠯᠲᠠ ᠦᠭᠡᠢ ᠲᠡᠬᠦᠯᠳᠡᠷᠵᠢᠬᠦᠯᠦᠨ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠠᠭᠤᠳᠠᠮ ᠲᠠᠯᠠᠪᠠᠢ᠂ ᠮᠠᠰᠢᠨ ᠲᠡᠷᠭᠡᠨ ᠤ | ᠦᠷᠳᠡᠭᠡ ᠶᠢᠨ ᠭᠤᠤᠯ ᠪᠠᠷᠢᠯᠭ᠎ᠠ ᠶᠢ ᠦᠨᠳᠦᠰᠦᠨ ᠳᠡᠭᠡᠨ ᠪᠡᠶᠡᠯᠡᠬᠦᠯᠦᠨ᠂ ᠤᠯᠠᠭᠠᠨ ᠪᠠᠯᠭᠠᠰᠤᠨ ᠤ ᠨᠡᠶᠢᠳᠡ ᠶᠢᠨ ᠮᠠᠰᠢᠨ ᠲᠡᠷᠭᠡᠨ ᠤ ᠺᠤᠮᠫᠠᠨᠢ ᠶᠢ ᠠᠰᠢᠭᠯᠠᠯᠲᠠ ᠳᠤ | ᠤᠷᠤᠭᠤᠯᠵᠤ᠂ ᠰᠢᠨ᠎ᠡ ᠪᠠᠷ ᠶᠡᠷᠥᠩᠭᠡᠶᠢᠯᠡᠭᠰᠡᠨ ᠬᠤᠭᠤᠯᠠᠢ ᠲᠤᠤᠷ ᠢ 93.5 ᠺᠢᠯᠤᠮᠧᠲᠷ᠂ ᠨᠤᠭᠤᠭᠠᠷᠠᠭᠤᠯᠤᠯᠲᠠ ᠶᠢ 49 ᠲᠦᠮᠡᠨ ᠲᠡᠭᠰᠢ ᠲᠦᠷᠪᠡᠯᠵᠢᠨ ᠮᠧᠲᠷ᠂ | ᠢᠯᠴᠢ ᠬᠠᠩᠭᠠᠯᠲᠠ ᠶᠢ 76.7 ᠲᠦᠮᠡᠨ ᠲᠡᠭᠰᠢ ᠲᠦᠷᠪᠡᠯᠵᠢᠨ ᠮᠧᠲᠷ᠂ ᠪᠠᠶᠢᠭᠠᠯᠢ ᠶᠢᠨ ᠰᠢᠳᠠᠮᠠᠬᠠᠢ ᠬᠡᠢ ᠭᠡᠷᠡᠭᠯᠡᠬᠦ ᠡᠷᠦᠭᠡ ᠶᠢ 2076 ᠨᠡᠮᠡᠭᠳᠡᠬᠦᠯᠪᠡ᠃ ︽ | ᠲᠦᠷᠪᠡᠨ ᠭᠡᠯᠪᠡᠷᠢ ᠶᠢᠨ ᠬᠤᠳᠠ ᠶᠢ ᠬᠤᠯᠪᠤᠭᠠᠯᠠᠨ ᠪᠠᠶᠢᠭᠤᠯᠬᠤ︾ ᠶᠢ ᠪᠦᠬᠦ ᠲᠠᠯ᠎ᠠ ᠪᠠᠷ ᠲᠡᠯᠭᠡᠷᠡᠬᠦᠯᠵᠤ᠂ ᠤᠯᠤᠰ ᠤᠨ ᠡᠷᠡᠬᠦᠯ ᠬᠠᠮᠠᠭᠠᠯᠠᠯ ᠤᠨ ᠬᠤᠰᠢᠭᠤ ᠰᠢᠶᠡᠨ | ᠤ ᠬᠤᠳᠠ ᠪᠠᠷ ᠨᠡᠷᠡᠶᠢᠳᠦᠭᠳᠡᠨ᠂ ᠦᠪᠡᠷᠳᠡᠭᠡᠨ ᠵᠠᠰᠠᠬᠤ ᠤᠷᠤᠨ ᠤ ᠪᠤᠯᠪᠠᠰᠤᠨ ᠬᠤᠰᠢᠭᠤ ᠰᠢᠶᠠᠨ ᠤ ᠬᠤᠳᠠ ᠶᠢ ᠠᠮᠵᠢᠯᠳᠠ ᠲᠠᠢ ᠡᠬᠦᠳᠦᠨ ᠪᠠᠶᠢᠭᠤᠯᠵᠤ᠂ | ᠤᠯᠠᠭᠠᠨ ᠪᠠᠯᠭᠠᠰᠤ ᠨᠢ ᠪᠦᠬᠦ ᠤᠷᠤᠨ ᠤ ᠲᠡᠬᠦᠰ ᠦᠵᠡᠮᠵᠢᠳᠦ ᠲᠤᠬᠢᠯᠢᠭ ᠰᠠᠭᠤᠷᠢᠰᠢᠯᠳᠤ ᠪᠠᠭ᠎ᠠ ᠪᠠᠯᠭᠠᠰᠤ ᠪᠠᠷ ᠦᠨᠡᠯᠡᠭᠳᠡᠪᠡ᠃ ᠠᠮᠢ ᠠᠬᠤᠢ ᠶᠢᠨ ᠪᠠᠶᠢᠭᠤᠯᠤᠯᠲᠠ | ᠶᠢᠨ ᠦᠷ᠎ᠡ ᠪᠦᠳᠦᠮᠵᠢ ᠢᠯᠡᠷᠭᠡᠢ ᠪᠤᠯᠵᠤ᠂ ᠨᠤᠳᠤᠭ ᠪᠡᠯᠴᠢᠭᠡᠷ ᠢ ᠬᠠᠭᠠᠯᠪᠤᠷᠢᠯᠠᠬᠤ ᠠᠵᠢᠯᠯᠠᠭ᠎ᠠ ᠶᠢ ᠪᠦᠳᠦᠮᠵᠢᠳᠠᠢ ᠬᠤᠷᠢᠭᠯᠠᠨ᠂ ᠮᠠᠯᠵᠢᠬᠤ ᠪᠠᠨ ᠵᠤᠭᠰᠤᠭᠠᠵᠤ | ᠡᠪᠡᠰᠦ ᠲᠠᠷᠢᠬᠤ᠂ ᠲᠠᠷᠢᠶᠠᠯᠠᠬᠤ ᠪᠠᠨ ᠵᠤᠭᠰᠤᠭᠠᠵᠤ ᠦᠢᠵᠢᠭᠤᠯᠬᠤ᠂ ᠤᠮᠠᠷᠠᠳᠤ ᠶᠢᠨ ᠭᠤᠷᠪᠠᠨ ᠤᠷᠤᠨ ᠤ ᠬᠠᠯᠬᠠᠪᠴᠢ ᠤᠢ ᠵᠡᠷᠭᠡ ᠡᠯ᠎ᠡ ᠵᠦᠢᠯ ᠤᠨ ᠠᠮᠢ ᠠᠬᠤᠢ | ᠶᠢᠨ ᠲᠦᠷᠦᠯ ᠵᠦᠢᠯ ᠢ 140 ᠲᠦᠮᠡᠨ ᠮᠤ᠋ ᠭᠡᠷᠡᠭᠵᠢᠬᠦᠯᠪᠡ᠃ | — ᠨᠡᠶᠢᠭᠡᠮ ᠤᠨ ᠦᠢᠯᠡᠰ ᠢ ᠪᠦᠬᠦ ᠲᠠᠯ᠎ᠠ ᠪᠠᠷ ᠠᠬᠢᠭᠤᠯᠪᠠ᠃ ᠲᠤᠭᠤᠷᠢᠮ ᠪᠠᠭ᠎ᠠ ᠰᠤᠷᠭᠠᠭᠤᠯᠢ᠂ ᠴᠢ ᠫᠠᠨ ᠵᠢᠩ ᠪᠠᠭ᠎ᠠ ᠰᠤᠷᠭᠠᠭᠤᠯᠢ᠂ ᠮᠧᠩ ᠰᠢ ᠨᠠᠷᠠᠨ | ᠭᠡᠷᠡᠯᠳᠤ ︵ᠶᠠᠩ ᠭᠤᠸᠠᠩ︶ ᠲᠤᠮᠳᠠᠳᠤ ᠰᠤᠷᠭᠠᠭᠤᠯᠢ ᠪᠤᠯᠤᠨ ᠴᠢ ᠫᠠᠨ ᠵᠢᠩ ᠬᠡᠤᠭᠡᠳ ᠤᠨ ᠴᠡᠴᠡᠷᠯᠢᠭ᠂ ᠮᠤᠩᠭᠤᠯ ᠬᠡᠤᠭᠡᠳ ᠤᠨ ᠴᠡᠴᠡᠷᠯᠢᠭ ᠲᠠᠪᠤᠨ | ᠰᠤᠷᠭᠠᠭᠤᠯᠢ ᠶᠢ ᠪᠠᠶᠢᠭᠤᠯᠤᠨ ᠲᠤᠨᠤᠭ ᠲᠦᠭᠦᠬᠡᠷᠦᠮᠵᠢ ᠶᠢ ᠢᠵᠢ ᠪᠦᠷᠢᠳᠦᠬᠦᠯᠵᠤ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ ᠳᠤ ᠡᠯᠰᠡᠭᠳᠡᠭᠰᠡᠨ ᠨᠤᠷᠮ᠎ᠠ 45. | 3% ᠬᠦᠷᠴᠠᠢ᠃ ︽ᠤᠷᠢᠳᠠᠪᠠᠷ ᠡᠮᠨᠡᠬᠦᠯᠵᠤ᠂ ᠲᠠᠷᠠᠭᠠᠪᠠᠷ ᠵᠠᠷᠤᠳᠠᠯ ᠲᠤᠰᠢᠶᠠᠬᠤ︾ ᠬᠡᠪ ᠵᠠᠭᠪᠤᠷ ᠢ ᠡᠬᠢᠯᠡᠬᠦᠯᠦᠨ ᠭᠡᠷᠡᠭᠵᠢᠬᠦᠯᠵᠤ᠂ ᠭᠤᠷᠪᠠᠨ ᠱᠠᠳᠤᠨ ᠤ ᠡᠷᠡᠬᠦᠯ | ᠬᠠᠮᠠᠭᠠᠯᠠᠯ ᠤᠨ ᠦᠢᠯᠡᠴᠢᠯᠡᠭᠡᠨ ᠤ ᠴᠢᠳᠠᠪᠦᠷᠢ ᠪᠤᠯᠤᠨ ᠡᠮᠨᠡᠯᠭᠡ ᠶᠢᠨ ᠲᠦᠭᠦᠬᠡᠷᠦᠮᠵᠢ ᠶᠢᠨ ᠲᠦᠪᠰᠢᠨ ᠢᠯᠡᠳᠳᠡ ᠲᠡᠭᠡᠭᠰᠢᠯᠡᠪᠡ᠃ ᠰᠤᠶᠤᠯ ᠲᠠᠮᠢᠷ ᠤᠨ ᠲᠠᠯᠠᠪᠤᠷ ᠢ | ᠪᠦᠬᠦᠳᠡ ᠶᠢ ᠵᠠᠷᠤᠳᠠᠯ ᠬᠤᠷᠢᠶᠠᠬᠤ ᠦᠭᠡᠢ ᠨᠡᠭᠡᠭᠡᠵᠤ᠂ ᠤᠯᠤᠰ ᠤᠨ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮ ᠤᠨ ᠵᠢᠱᠢᠶ᠎ᠡ ᠦᠵᠡᠬᠦᠯᠬᠦ | ᠲᠤᠭᠤᠷᠢᠭ ᠢ ᠡᠬᠦᠳᠦᠨ ᠪᠠᠶᠢᠭᠤᠯᠬᠤ ᠰᠢᠯᠭᠠᠷᠠᠭᠤᠯᠤᠯᠲᠠ ᠶᠢ ᠢᠯᠭᠤᠮ ᠦᠩᠭᠡᠷᠡᠭᠡᠵᠠᠢ᠃ ᠴᠦᠭᠡᠨ ᠲᠤᠭᠠᠳᠤ ᠦᠨᠳᠦᠰᠦᠳᠡᠨ ᠢ ᠲᠡᠳᠬᠦᠬᠦ ᠢᠨᠵᠧᠨᠧᠷᠢᠩ ᠢ | ᠪᠦᠳᠦᠮᠵᠢᠳᠠᠢ ᠨᠠᠶᠢᠳᠠᠪᠦᠷᠢᠵᠢᠭᠤᠯᠵᠤ᠂ ᠮᠤᠩᠭᠤᠯ ᠬᠡᠯᠡ ᠪᠢᠴᠢᠭ ᠤᠨ ᠠᠵᠢᠯ ᠢ ᠲᠠᠰᠤᠷᠠᠯᠲᠠ ᠦᠭᠡᠢ ᠴᠢᠩᠭᠠᠳᠬᠠᠪᠠ᠃ ᠠᠵᠤ ᠠᠬᠤᠶᠢᠯᠠᠯ ᠤᠨ ᠰᠤᠳᠤᠯᠤᠨ | ᠪᠦᠲᠦᠭᠡᠯᠲᠡ ᠶᠢᠨ ᠲᠦᠪ ᠢ ᠰᠢᠨ᠎ᠡ ᠪᠠᠷ 1 ᠪᠠᠶᠢᠭᠤᠯᠵᠤ᠂ ᠤᠯᠤᠰ ᠤᠨ ᠲᠤᠰᠬᠠᠢ ᠠᠰᠢᠭ ᠢ 16 ᠤᠯᠤᠨ᠂ ᠪᠦᠬᠦ ᠤᠯᠤᠰ ᠤᠨ ᠰᠢᠨᠵᠢᠯᠡᠭᠡ ᠮᠡᠷᠭᠡᠵᠢᠯ ᠤᠨ | ᠲᠠᠪᠰᠢᠯᠳᠠ ᠶᠢᠨ ᠲᠡᠷᠢᠬᠦᠨ ᠤ ᠬᠤᠰᠢᠭᠤ ᠪᠠᠷ ᠦᠨᠡᠯᠡᠭᠳᠡᠵᠠᠢ᠃ ᠨᠡᠶᠢᠭᠡᠮ ᠤᠨ ᠵᠦᠷᠢᠴᠡᠯ ᠢ ᠪᠠᠶᠢᠴᠠᠭᠠᠨ ᠨᠠᠮᠳᠠᠭᠤᠯᠤᠭᠰᠠᠨ ᠦᠷ᠎ᠡ ᠪᠦᠳᠦᠮᠵᠢ ᠢᠯᠡᠷᠭᠡᠢ ᠪᠠᠶᠢᠵᠤ᠂ | ᠵᠠᠬᠢᠳᠠᠯ ᠰᠤᠷᠪᠤᠯᠵᠢᠯᠠᠭ᠎ᠠ ᠬᠢᠭᠰᠡᠨ ᠪᠦᠯᠦᠭ ᠤᠳᠠᠭ᠎ᠠ᠂ ᠬᠦᠮᠦᠨ ᠤᠳᠠᠭ᠎ᠠ ᠲᠤᠰ ᠲᠤᠰ 7.5% ᠪᠠ 33.3% ᠢᠶᠠᠷ ᠪᠠᠭᠤᠷᠠᠪᠠ᠃ ᠨᠡᠶᠢᠭᠡᠮ ᠤᠨ ᠠᠮᠤᠷ | ᠲᠦᠪᠰᠢᠨ ᠢ ᠶᠡᠷᠥᠩᠭᠡᠶᠢᠯᠡᠨ ᠵᠠᠰᠠᠬᠤ ᠲᠦᠪᠰᠢᠨ ᠠᠯᠬᠤᠮ ᠠᠯᠬᠤᠮ ᠢᠶᠠᠷ ᠲᠡᠭᠡᠭᠰᠢᠯᠡᠵᠤ᠂ ᠡᠷᠡᠬᠦᠤ ᠶᠢᠨ ᠭᠡᠷᠡᠭ ᠡᠭᠦᠰᠦᠭᠰᠡᠨ ᠨᠤᠷᠮ᠎ᠠ 20.4% ᠢᠶᠠᠷ ᠪᠠᠭᠤᠷᠠᠵᠠᠢ᠃ | ᠠᠶᠤᠯ ᠦᠭᠡᠢ ᠦᠢᠯᠡᠳᠪᠦᠷᠢᠯᠡᠬᠦ ᠪᠠᠶᠢᠳᠠᠯ ᠦᠨᠳᠦᠰᠦᠨ ᠳᠡᠭᠡᠨ ᠲᠤᠭᠳᠠᠭᠤᠨ ᠪᠠᠶᠢᠵᠤ᠂ ᠠᠷᠠᠳ ᠤᠯᠠᠨ ᠤ ᠢᠳᠡᠭᠡᠨ ᠤᠮᠳᠠᠭᠠᠨ ᠡᠮ ᠲᠠᠩ ᠤᠨ ᠴᠡᠪᠡᠷ ᠠᠷᠢᠭᠤᠨ | ᠠᠶᠤᠯ ᠦᠭᠡᠢ ᠶᠢ ᠪᠠᠳᠤᠯᠠᠵᠠᠢ᠃ ᠲᠦᠯᠦᠪᠯᠡᠭᠡ ᠲᠠᠢ ᠪᠠᠷ ᠬᠡᠤᠭᠡᠳ ᠠᠪᠬᠤ ᠠᠵᠢᠯ ᠤᠨ ᠰᠢᠯᠢᠳᠡᠭ ᠰᠠᠶᠢᠨ ᠦᠢᠯᠡᠴᠢᠯᠡᠭᠡᠨ ᠢ ᠬᠦᠨᠵᠡᠭᠡᠢ ᠦᠷᠨᠢᠬᠦᠯᠪᠡ᠃ ᠤᠶᠤᠨ ᠤ | ᠪᠤᠯᠪᠠᠰᠤᠨ᠂ ᠠᠷᠠᠳᠴᠢᠯᠠᠯ ᠬᠠᠤᠯᠢ ᠲᠦᠷᠢᠮ᠂ ᠴᠡᠷᠢᠭ ᠠᠷᠠᠳ ᠬᠠᠮᠳᠤ ᠪᠠᠷ ᠪᠠᠶᠢᠭᠤᠯᠬᠤ᠂ ᠡᠮᠡᠭᠳᠠᠶᠢᠴᠤᠳ ᠬᠡᠤᠭᠡᠳ᠂ ᠲᠠᠩᠰᠠ ᠡᠪᠬᠡᠮᠡᠯ ᠲᠡᠤᠭᠡ ᠣᠶᠢᠯᠠᠯᠭ᠎ᠠ᠂ | ᠲᠤᠭ᠎ᠠ ᠪᠦᠷᠢᠳᠭᠡᠯ ᠪᠠᠶᠢᠴᠠᠭᠠᠯᠲᠠ᠂ ᠠᠷᠠᠳ ᠤᠨ ᠠᠭᠠᠷ ᠤᠨ ᠰᠡᠷᠭᠡᠶᠢᠯᠡᠯᠳᠡ ᠴᠠᠭ ᠠᠭᠤᠷ᠂ ᠠᠵᠤ ᠦᠢᠯᠡᠳᠪᠦᠷᠢ ᠬᠤᠳᠠᠯᠳᠤᠭ᠎ᠠ ᠶᠠᠰᠤ ᠴᠢᠨᠠᠷ ᠲᠤ ᠬᠢᠨᠠᠯᠲᠠ | ᠲᠠᠯᠪᠢᠬᠤ᠂ ᠬᠠᠩᠭᠠᠨ ᠪᠤᠷᠤᠯᠠᠭᠤᠯᠭ᠎ᠠ ᠲᠠᠪᠤᠰᠤᠨ ᠤ ᠶᠠᠪᠤᠳᠠᠯ᠂ ᠵᠡᠮᠳᠡᠭᠴᠤᠳ ᠪᠤᠯᠤᠨ ᠨᠢᠬᠦᠯᠡᠰᠦᠩᠭᠦᠢ ᠶᠢᠨ ᠦᠢᠯᠡᠰ ᠵᠡᠷᠭᠡ ᠠᠵᠢᠯ ᠴᠦᠮ ᠪᠠᠶᠠᠷᠯᠠᠭᠤᠰᠢᠳᠠᠢ | ᠠᠮᠵᠢᠯᠳᠠ ᠶᠢ ᠤᠯᠤᠭᠰᠠᠨ ᠪᠠᠶᠢᠨ᠎ᠠ᠃ | — ᠵᠠᠰᠠᠭ ᠤᠨ ᠤᠷᠳᠤᠨ ᠤ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠪᠠ᠃ ︽ᠨᠠᠢᠮᠠᠨ ᠵᠦᠢᠯ ᠤᠨ ᠲᠤᠭᠳᠠᠭᠠᠯ︾ ᠪᠤᠯᠤᠨ ︽ᠨᠠᠮ ᠵᠠᠰᠠᠭ ᠤᠨ | ᠪᠠᠶᠢᠭᠤᠯᠭ᠎ᠠ ᠶᠢᠨ ᠠᠷᠪᠢᠯᠠᠨ ᠭᠠᠮᠨᠠᠬᠤ ᠶᠢ ᠡᠷᠬᠢᠮᠯᠠᠵᠤ ᠪᠦᠷᠢᠯᠭᠡᠨ ᠰᠦᠢᠳᠭᠡᠬᠦ ᠶᠢ ᠡᠰᠡᠷᠬᠦᠴᠡᠬᠦ ᠲᠦᠷᠢᠮ︾ ᠤᠨ ᠱᠠᠭᠠᠷᠳᠠᠯᠭ᠎ᠠ ᠶᠢ ᠴᠢᠩᠭ᠎ᠠ ᠲᠤᠤᠱᠯᠠᠭᠤᠯᠤᠨ | ᠨᠠᠶᠢᠳᠠᠪᠦᠷᠢᠵᠢᠭᠤᠯᠵᠤ᠂ ᠦᠨᠳᠦᠰᠦᠨ ᠱᠠᠳᠤᠨ ᠳᠤ ᠦᠷᠬᠦᠯᠵᠢ ᠬᠦᠨᠵᠡᠬᠡᠶᠢᠷᠡᠨ᠂ ᠪᠠᠶᠢᠳᠠᠯ ᠢ ᠦᠢᠯᠠᠭᠠᠵᠤ᠂ ᠪᠤᠳᠠᠳᠤ ᠠᠰᠠᠭᠤᠳᠠᠯ ᠢ ᠰᠡᠢᠳᠪᠦᠷᠢᠯᠡᠪᠡ᠃ ᠠᠯᠪᠠᠨ ᠤ | ᠮᠠᠰᠢᠨ ᠲᠡᠷᠭᠡ᠂ ᠠᠯᠪᠠᠯᠠᠬᠤ ᠭᠡᠷ ᠤᠨ ᠲᠤᠰᠬᠠᠢ ᠴᠡᠭᠴᠡᠯᠡᠯᠳᠡ ᠶᠢ ᠲᠦᠪᠯᠡᠷᠡᠬᠦᠯᠦᠨ ᠦᠷᠨᠢᠬᠦᠯᠵᠤ᠂ ᠲᠤᠭᠳᠠᠭᠠᠯ ᠠᠴᠠ ᠵᠦᠷᠢᠴᠡᠭᠰᠡᠨ ᠠᠯᠪᠠᠨ ᠤ ᠮᠠᠰᠢᠨ ᠲᠡᠷᠭᠡ ᠶᠢ | 148᠂ ᠪᠠᠷᠢᠮᠵᠢᠶ᠎ᠠ ᠠᠴᠠ ᠲᠠᠪᠠᠭᠰᠠᠨ ᠠᠯᠪᠠᠯᠠᠬᠤ ᠭᠡᠷ ᠢ 6520 ᠲᠡᠭᠰᠢ ᠲᠦᠷᠪᠡᠯᠵᠢᠨ ᠮᠧᠲᠷ ᠴᠡᠪᠡᠷᠯᠡᠨ ᠢᠯᠭᠠᠷᠠᠭᠤᠯᠵᠠᠢ᠃ ᠡᠩ ᠤᠨ ᠵᠠᠷᠤᠳᠠᠯ ᠢ ᠶᠡᠭᠡ ᠪᠠᠷ | ᠪᠠᠭᠠᠰᠬᠠᠵᠤ᠂ ︽ᠭᠤᠷᠪᠠᠨ ᠠᠯᠪᠠᠨ︾ ᠤ ᠵᠠᠷᠤᠳᠠᠯ ᠢ 39% ᠢᠶᠠᠷ ᠪᠠᠭᠠᠰᠬᠠᠪᠠ᠃ ᠵᠠᠰᠠᠭ ᠵᠠᠬᠢᠷᠭᠠᠨ ᠤ ᠠᠵᠢᠯᠯᠠᠭ᠎ᠠ ᠶᠢ ᠬᠦᠴᠦᠯᠡᠨ ᠵᠢᠷᠤᠮᠵᠢᠭᠤᠯᠵᠤ᠂ ︽ᠠᠵᠢᠯ | ᠤᠨ ᠰᠤᠷᠳᠠᠯ ᠢᠶᠠᠨ ᠬᠠᠯᠠᠨ ᠰᠠᠶᠢᠵᠢᠷᠠᠭᠤᠯᠬᠤ᠂ ᠵᠠᠰᠠᠭ ᠵᠠᠬᠢᠷᠭᠠᠨ ᠤ ᠴᠢᠳᠠᠪᠦᠷᠢ ᠶᠢ ᠲᠡᠭᠡᠭᠰᠢᠯᠡᠬᠦᠯᠬᠦ ᠰᠠᠨᠠᠯ ᠤᠳ︾᠂ ︽ᠠᠯᠪᠠᠨ ᠶᠠᠪᠤᠳᠠᠯ ᠤᠨ ᠺᠠᠷᠲ ᠤᠨ | ᠲᠦᠷᠢᠮ ᠤᠨ ᠦᠭᠡᠷᠡᠴᠢᠯᠡᠯᠳᠡ ᠶᠢ ᠭᠡᠷᠡᠭᠵᠢᠬᠦᠯᠬᠦ ᠲᠦᠰᠦᠯ︾᠂ ︽ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠡᠳ᠋ ᠬᠦᠷᠦᠩᠭᠡ ᠶᠢᠨ | ᠬᠠᠮᠢᠶᠠᠷᠤᠯᠳᠠ ᠶᠢᠨ ᠲᠦᠷ ᠬᠡᠷᠡᠭᠵᠢᠬᠦᠯᠬᠦ ᠠᠷᠭ᠎ᠠ︾᠂ ︽ᠵᠠᠰᠠᠭ ᠤᠨ ᠤᠷᠳᠤᠨ ᠤ ᠴᠢᠨᠠᠷᠳᠠᠢ ᠦᠷᠢ ᠰᠢᠷᠢ ᠶᠢ ᠬᠢᠨᠠᠨ ᠪᠠᠶᠢᠴᠠᠭᠠᠬᠤ ᠰᠠᠨᠠᠯ︾ ᠵᠡᠷᠭᠡ 15 ᠲᠦᠷᠢᠮ | ᠲᠤᠭᠳᠠᠭᠠᠯ ᠢ ᠲᠤᠭᠳᠠᠭᠠᠨ ᠭᠡᠷᠡᠭᠵᠢᠬᠦᠯᠵᠤ᠂ ᠬᠢᠨᠠᠨ ᠵᠦᠪᠰᠢᠶᠡᠷᠡᠬᠦ ᠶᠠᠪᠤᠳᠠᠯ ᠪᠤᠯᠤᠨ ᠵᠠᠷᠤᠳᠠᠯ ᠬᠤᠷᠢᠶᠠᠬᠤ ᠲᠦᠷᠦᠯ ᠵᠦᠢᠯ ᠢ 12 ᠴᠡᠪᠡᠷᠯᠡᠨ ᠢᠯᠭᠠᠷᠠᠭᠤᠯᠵᠤ᠂ | ᠵᠢᠷᠤᠮᠵᠢᠭᠰᠠᠨ᠂ ᠬᠠᠤᠯᠢ ᠲᠦᠷᠢᠮᠵᠢᠭᠰᠡᠨ ᠬᠠᠮᠢᠶᠠᠷᠤᠯᠳᠠ ᠰᠢᠨ᠎ᠡ ᠠᠬᠢᠯᠳᠠ ᠲᠠᠢ ᠪᠤᠯᠪᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ | ᠶᠢᠨ ᠬᠢᠨᠠᠯᠳᠠ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠳᠠ ᠪᠤᠯᠤᠨ ᠨᠡᠶᠢᠭᠡᠮ ᠤᠨ ᠡᠯ᠎ᠡ ᠡᠳᠡᠭᠡᠳ ᠤᠨ ᠬᠢᠨ ᠤ ᠬᠢᠨᠠᠯᠳᠠ ᠶᠢ ᠤᠬᠠᠮᠰᠠᠷ ᠠᠴᠠ | ᠪᠠᠨ ᠬᠦᠯᠢᠶᠠᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠰᠠᠨᠠᠭᠤᠯᠭ᠎ᠠ ᠬᠢᠭᠡᠳ ᠤᠯᠤᠰ ᠲᠦᠷᠦ ᠶᠢᠨ ᠵᠦᠪᠯᠡᠯᠭᠡᠨ ᠤ | ᠭᠡᠰᠢᠬᠦᠳ ᠤᠨ ᠰᠠᠨᠠᠯ ᠲᠤᠷᠠᠳᠤᠯᠭ᠎ᠠ ᠶᠢ ᠪᠦᠬᠦᠨ ᠢ ᠬᠦᠢᠴᠡᠳᠭᠡᠪᠡ᠃ ᠨᠠᠮ ᠤᠨ ᠰᠤᠷᠳᠠᠯ ᠠᠷᠢᠭᠤᠨ ᠴᠢᠭᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ | ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ︽ᠭᠤᠷᠪᠠᠨ ᠶᠡᠭᠡ ᠨᠢᠭᠡ ᠴᠢᠬᠤᠯᠠ︾ ᠶᠠᠪᠤᠳᠠᠯ ᠳᠤ ᠬᠠᠮᠲᠤ ᠪᠠᠷ ᠰᠢᠢᠳᠪᠦᠷᠢᠲᠦ | ᠪᠣᠳᠣᠯᠭ᠎ᠠ ᠭᠠᠷᠭᠠᠬᠤ ᠲᠤᠭᠳᠠᠭᠠᠯ ᠪᠤᠯᠤᠨ ᠣᠯᠡᠨ ᠨᠡᠶᠢᠳᠠ ᠶᠢᠨ ᠡᠭᠢ ᠰᠣᠷᠪᠣᠯᠵᠢ ᠶᠢᠨ ᠠᠷᠡᠯᠵᠢᠶᠡᠨ ᠤ ᠬᠠᠮᠢᠶᠡᠷᠣᠯᠳᠠ᠂ ᠵᠡᠰᠠᠭ ᠤᠨ ᠣᠷᠳᠣᠨ ᠤ ᠬᠤᠳᠡᠯᠳᠣᠨ | ᠠᠪᠬᠤ ᠲᠦᠷᠢᠮ ᠢ ᠴᠢᠩᠭ᠎ᠠ ᠭᠡᠷᠡᠭᠵᠢᠭᠦᠯᠵᠣ᠂ ᠵᠡᠰᠠᠭ ᠵᠡᠭᠢᠷᠭᠠᠨ ᠤ ᠭᠢᠨᠡᠨ ᠪᠡᠶᠢᠴᠡᠭᠠᠯᠳᠠ ᠭᠢᠭᠡᠳ ᠭᠢᠨᠡᠨ ᠪᠣᠳᠣᠯᠳᠠ ᠶᠢᠨ ᠭᠢᠨᠡᠯᠳᠠ ᠲᠡᠯᠪᠢᠯᠳᠠ ᠶᠢ ᠡᠷᠴᠢᠮᠵᠢᠭᠦᠯᠣᠨ | ᠂ ᠡᠳ᠋ ᠤᠨ ᠵᠡᠰᠠᠭ ᠤᠨ ᠪᠡᠯᠨ ᠮᠦᠡᠭᠭᠦ ᠶᠢ 1.2 ᠳ᠋ᠦᠡᠭᠰᠢᠭᠤᠷ ᠲᠦᠭᠦᠷᠢᠭ ᠠᠷᠪᠢᠯᠡᠪᠡ᠃ | ᠲᠦᠯᠣᠭᠡᠯᠡᠭᠴᠢᠳ ᠡ᠂ ᠦᠡᠭᠭᠡᠷᠡᠭᠰᠡᠨ ᠨᠢᠭᠡ ᠵᠢᠯ ᠳᠤ᠂ ᠡᠯ᠎ᠠ ᠲᠡᠯ᠎ᠠ ᠶᠢᠨ ᠭᠦᠴᠢᠷᠳᠡᠯ ᠪᠠ ᠲᠡᠷᠣᠭᠠᠰᠣ ᠰᠣᠯᠢᠪᠡᠴᠡᠨ ᠣᠷᠣᠰᠢᠭᠰᠡᠨ ᠪᠡᠶᠢᠳᠡᠯ ᠲᠣᠣᠷ᠎ᠠ᠂ | ᠪᠢᠳᠠ ᠭᠦᠭᠵᠢᠯᠳᠠ ᠶᠢ ᠪᠣᠳᠡᠶᠢᠵᠢᠭᠤᠯᠬᠤ᠂ ᠠᠰᠡᠭᠤᠳᠡᠯ ᠤᠨ ᠭᠦᠳᠣᠯᠣᠮᠵᠢ ᠶᠢ ᠪᠡᠷᠢᠮᠳᠡᠯᠡᠬᠤ᠂ ᠠᠵᠢᠯ ᠤᠨ ᠰᠡᠳᠭᠢᠴᠠ ᠶᠢᠨ ᠰᠢᠨ᠎ᠠ ᠶᠢ ᠡᠭᠦᠳᠭᠦ ᠳᠤ ᠰᠡᠭᠤᠷᠢᠯᠡᠵᠣ | ᠂ ᠦᠷᠭᠦᠯᠵᠢᠯᠡᠨ ᠰᠡᠶᠢᠵᠢᠷᠠᠭᠰᠡᠨ᠂ ᠲᠣᠭᠳᠡᠭᠤᠨ ᠢᠶᠠᠷ ᠣᠷᠣᠭᠰᠢᠯᠠᠭᠰᠡᠨ ᠭᠦᠭᠵᠢᠯᠳᠠ ᠶᠢᠨ ᠪᠡᠶᠢᠳᠡᠯ ᠢ ᠪᠠᠭᠢᠵᠢᠭᠦᠯᠦᠭᠰᠡᠨ ᠢᠶᠠᠷ ᠪᠡᠷᠡᠬᠤ ᠦᠭᠡᠢ ᠪᠡᠰᠠ ᠨᠡᠷᠢᠨ | ᠪᠣᠳᠣᠯᠢᠶᠡᠨᠳᠡᠢ ᠪᠡᠶᠢᠳᠡᠯ ᠳᠠᠬᠢ ᠲᠦᠭᠰᠢᠭᠦᠷᠢ ᠶᠢ ᠠᠷᠢᠯᠭᠠᠬᠤ᠂ ᠦᠷᠢᠰᠣᠯᠳᠣᠭᠡᠨ ᠢ ᠠᠷᠭᠠᠴᠡᠬᠤ ᠨᠡᠨᠳᠢᠨ ᠲᠣᠷᠰᠢᠯᠭ᠎ᠠ ᠶᠢ ᠬᠤᠷᠡᠮᠳᠣᠭᠤᠯᠣᠭᠰᠡᠨ ᠪᠡᠶᠢᠨ᠎ᠠ᠃ ᠨᠢᠭᠡ | ᠳᠤ ᠲᠣᠭᠳᠡᠭᠤᠨ ᠢᠶᠠᠷ ᠨᠡᠮᠡᠭᠳᠡᠭᠦᠯᠭᠦ ᠭᠢᠭᠡᠳ ᠦᠷ᠎ᠠ ᠠᠰᠢᠭ ᠤᠨ ᠳᠡᠭᠡᠭᠰᠢᠯᠡᠯᠲᠡ ᠶᠢ ᠬᠠᠷᠢᠯᠴᠡᠨ ᠨᠢᠭᠡᠳᠭᠡᠭᠦ ᠶᠢ ᠪᠡᠷᠢᠮᠳᠡᠯᠡᠵᠡᠢ᠃ ᠵᠡᠩᠭᠢᠯᠠᠭᠠ ᠶᠢᠨ ᠭᠤᠭᠴᠤᠭ᠎ᠠ | ᠪᠣᠯᠣᠨ ᠭᠤᠣᠯ ᠵᠦᠷᠢᠴᠡᠯ ᠢ ᠠᠳᠬᠤᠵᠣ᠂ ᠲᠦᠷᠣᠯ ᠵᠣᠶᠢᠯ ᠢ ᠠᠭᠢᠭᠤᠯᠬᠤ ᠲᠣᠭᠳᠡᠴᠠ ᠭᠢᠭᠡᠳ ᠲᠦᠷᠣ ᠶᠢᠨ ᠪᠣᠳᠣᠯᠭ᠎ᠠ ᠪᠠᠷ ᠲᠡᠮᠵᠢᠭᠦ ᠠᠷᠭ᠎ᠠ ᠪᠡᠷᠢᠯ ᠤᠨ ᠢᠳᠡᠪᠭᠢ | ᠣᠶᠢᠯᠡᠳᠣᠯ ᠢ ᠭᠦᠢᠴᠡᠳ ᠪᠡᠳᠡᠷᠡᠭᠤᠯᠵᠣ᠂ ᠭᠤᠣᠯᠯᠠᠭᠴᠢ ᠠᠵᠣ ᠣᠶᠢᠯᠡᠰ ᠲᠡᠶᠢᠴᠢᠯᠡᠨ ᠬᠥᠭᠵᠢᠭᠦᠯᠬᠦ᠂ ᠪᠦᠳᠣᠭᠡᠭᠳᠡᠭᠦᠨ ᠨᠦᠭᠦᠴᠡᠯᠳᠣᠨ ᠵᠠᠬ᠎ᠠ ᠲᠡᠯᠭᠡᠭᠦᠷ ᠢ ᠡᠵᠡᠯᠡᠭᠦ | ᠶᠢ ᠠᠭᠢᠭᠤᠯᠵᠣ᠂ ᠠᠵᠣ ᠠᠬᠤᠢ ᠶᠢᠨ ᠪᠣᠳᠡᠳᠣ ᠴᠣᠭᠴᠠ ᠶᠢᠨ ᠡᠵᠡᠨ ᠮᠡᠳᠡᠵᠣ ᠭᠦᠭᠵᠢᠭᠦᠯᠭᠦ ᠲᠦᠪᠰᠢᠨ ᠭᠢᠭᠡᠳ ᠵᠠᠬ᠎ᠠ ᠲᠡᠯᠭᠡᠭᠦᠷ ᠲᠠᠬᠢ ᠦᠷᠢᠰᠣᠯᠳᠣᠭᠦ | ᠴᠢᠳᠡᠪᠣᠷᠢ ᠶᠢ ᠲᠡᠭᠡᠭᠰᠢᠯᠡᠭᠦᠯᠪᠡ᠃ ᠬᠤᠶᠡᠷ ᠲᠤ ᠰᠡᠭᠤᠷᠢ ᠶᠢ ᠪᠠᠭᠢᠵᠢᠭᠦᠯᠭᠦ ᠭᠢᠭᠡᠳ ᠨᠢᠭᠡᠳᠣᠯᠳᠡᠢ ᠲᠦᠯᠣᠪᠵᠢᠭᠦᠯᠭᠡ ᠶᠢ ᠠᠭᠢᠭᠤᠯᠬᠤ ᠶᠢ ᠬᠠᠷᠢᠯᠴᠡᠨ ᠨᠢᠭᠡᠳᠭᠡᠭᠦ | ᠶᠢ ᠪᠡᠷᠢᠮᠳᠡᠯᠡᠵᠡᠢ᠃ ᠪᠦᠭᠦ ᠲᠡᠯ᠎ᠠ ᠪᠠ ᠪᠠᠶᠢᠯᠲᠤᠬᠤ ᠪᠣᠳᠣᠯᠭ᠎ᠠ ᠶᠢᠨ ᠦᠨᠳᠣᠷᠴᠠ ᠠᠴᠠ ᠡᠭᠦᠰᠣᠨ᠂ ᠴᠢᠨᠡᠭᠡᠯᠢᠭ ᠨᠡᠶᠢᠭᠡᠮ ᠢ ᠪᠦᠭᠦ ᠲᠡᠯ᠎ᠠ ᠪᠠᠷ ᠪᠡᠶᠡᠯᠡᠭᠦᠯᠭᠦ | ᠶᠡᠷᠣᠩᠭᠡᠢ ᠱᠡᠭᠠᠷᠳᠡᠯᠭ᠎ᠠ ᠶᠣᠰᠣᠭᠠᠷ ᠰᠡᠭᠤᠷᠢ ᠲᠦᠭᠦᠭᠡᠷᠣᠮᠵᠢ ᠶᠢ ᠮᠡᠯᠵᠢᠬᠤ ᠲᠡᠷᠢᠶᠡᠯᠡᠬᠤ ᠣᠷᠣᠨ ᠲᠡᠰᠢ ᠦᠷᠭᠡᠳᠭᠡᠭᠦ᠂ ᠣᠯᠡᠨ ᠨᠡᠶᠢᠳᠡ ᠶᠢᠨ ᠣᠶᠢᠯᠡᠴᠢᠯᠡᠭᠡᠨ ᠢ | ᠮᠡᠯᠵᠢᠬᠤ ᠲᠡᠷᠢᠶᠡᠯᠡᠬᠤ ᠣᠷᠣᠨ ᠲᠡᠰᠢ ᠨᠡᠶᠢᠳᠡᠮᠵᠢᠭᠦᠯᠭᠦ᠂ ᠣᠳᠣ ᠦᠶ᠎ᠠ ᠶᠢᠨ ᠪᠣᠯᠪᠡᠰᠣᠨ ᠢ ᠮᠡᠯᠵᠢᠬᠤ ᠲᠡᠷᠢᠶᠡᠯᠡᠬᠤ ᠣᠷᠣᠨ ᠲᠡᠰᠢ ᠲᠡᠯᠭᠡᠷᠡᠭᠦᠯᠭᠦ ᠶᠢ ᠲᠦᠷᠭᠡᠳᠭᠡᠵᠣ | ᠂ ᠮᠡᠯᠵᠢᠬᠤ ᠲᠡᠷᠢᠶᠡᠯᠡᠬᠤ ᠣᠷᠣᠨ ᠤ ᠭᠦᠭᠵᠢᠯᠳᠠ ᠶᠢᠨ ᠨᠦᠭᠦᠴᠡᠯ ᠪᠣᠯᠣᠨ ᠠᠷᠡᠳ ᠤᠨ ᠠᠮᠢᠳᠣᠷᠡᠯ ᠢ ᠰᠡᠶᠢᠵᠢᠷᠡᠭᠤᠯᠪᠡ᠃ ᠭᠤᠷᠪᠡ ᠳᠤ ᠣᠷᠣᠯᠭ᠎ᠠ ᠨᠡᠮᠡᠭᠳᠡᠭᠦᠯᠭᠦ | ᠶᠢ ᠠᠳᠬᠤᠬᠤ ᠭᠢᠭᠡᠳ ᠭᠤᠣᠯᠳᠡᠯᠭ᠎ᠠ ᠶᠢᠨ ᠪᠠᠲᠤᠯᠠᠯᠲᠠ ᠶᠢ ᠬᠠᠷᠢᠯᠴᠡᠨ ᠨᠢᠭᠡᠳᠭᠡᠭᠦ ᠶᠢ ᠪᠡᠷᠢᠮᠳᠡᠯᠡᠵᠡᠢ᠃ ᠡᠳ᠋ ᠤᠨ ᠵᠡᠰᠠᠭ ᠤᠨ ᠣᠷᠣᠯᠭ᠎ᠠ ᠵᠡᠷᠣᠯᠭᠠ ᠶᠢᠨ | ᠵᠦᠷᠢᠴᠡᠯ ᠲᠣᠪᠣᠶᠢᠮ᠎ᠠ ᠪᠠᠶᠢᠬᠤ ᠪᠣᠳᠠᠲᠠᠢ ᠳᠤ ᠰᠡᠭᠤᠷᠢᠯᠡᠨ᠂ ᠭᠠᠶᠢᠯᠢ ᠵᠡᠷᠣᠯᠭᠠ ᠶᠢᠨ ᠲᠡᠳᠡᠪᠣᠷᠢᠯᠡᠯᠳᠠ ᠬᠠᠮᠢᠶᠡᠷᠣᠯᠳᠠ ᠶᠢ ᠠᠷᠭ᠎ᠠ ᠪᠦᠭᠦᠨ ᠢ ᠰᠦᠪᠡᠭᠴᠢᠯᠡᠨ | ᠰᠡᠶᠢᠳᠣᠷ ᠠᠳᠬᠤᠵᠣ᠂ ᠰᠢᠯᠵᠢᠭᠦᠯᠣᠨ ᠣᠯᠭᠤᠬᠤ ᠵᠢᠴᠢ ᠲᠦᠷᠣᠯ ᠵᠣᠶᠢᠯ ᠤᠨ ᠪᠡᠯᠨ ᠮᠦᠡᠭᠭᠦ ᠪᠣᠯᠣᠨ ᠪᠡᠯᠨ ᠣᠷᠣᠭᠤᠯᠬᠤ ᠵᠢᠭᠡᠯᠡᠯᠭᠡ ᠶᠢ ᠶᠡᠭᠡ ᠪᠠᠷ ᠣᠯᠵᠣ | ᠠᠪᠴᠢᠷᠡᠨ᠂ ᠣᠯᠡᠨ ᠨᠡᠶᠢᠳᠠ ᠶᠢᠨ ᠣᠶᠢᠯᠡᠴᠢᠯᠡᠭᠡᠨ ᠤ ᠲᠦᠷᠣᠯ ᠵᠣᠶᠢᠯ᠂ ᠭᠤᠣᠯᠳᠡᠯᠭ᠎ᠠ ᠲᠠᠢ ᠦᠷᠭᠦᠯᠵᠢᠯᠡᠨ ᠪᠡᠶᠢᠭᠤᠯᠵᠣ ᠪᠦᠭᠦᠢ ᠪᠡᠷᠢᠯᠭ᠎ᠠ᠂ ᠠᠷᠡᠳ ᠤᠨ | ᠠᠮᠢᠳᠣᠷᠡᠯ ᠤᠨ ᠵᠡᠷᠣᠯᠭᠠ ᠵᠢᠴᠢ ᠦᠷᠢ ᠰᠢᠷᠢ ᠶᠢᠨ ᠢᠯᠭᠠᠷᠡᠭᠤᠯᠣᠯ ᠢ ᠲᠦᠪᠯᠡᠷᠡᠭᠦᠯᠣᠨ ᠪᠡᠳᠣᠯᠡᠵᠣ᠂ ᠪᠡᠯᠡ ᠮᠦᠡᠭᠭᠦᠨ ᠤ ᠭᠡᠷᠡᠭᠯᠡᠯᠳᠠ ᠶᠢᠨ ᠦᠷ᠎ᠠ ᠠᠰᠢᠭ ᠢ ᠬᠠᠮᠤᠭ | ᠶᠡᠭᠡ ᠭᠡᠮᠵᠢᠶ᠎ᠠ ᠪᠠᠷ ᠲᠡᠭᠡᠭᠰᠢᠯᠡᠭᠦᠯᠵᠡᠢ᠃ ᠲᠦᠷᠪᠡ ᠳᠤ ᠠᠷᠡᠳ ᠤᠨ ᠠᠮᠢᠳᠣᠷᠡᠯ ᠢ ᠬᠠᠷᠡᠭᠠᠯᠵᠡᠬᠤ ᠭᠢᠭᠡᠳ ᠡᠶ᠎ᠡ ᠵᠣᠬᠢᠴᠠᠯ ᠤᠨ ᠠᠬᠢᠭᠤᠯᠤᠯᠲᠠ ᠶᠢ ᠬᠠᠷᠢᠯᠴᠡᠨ | ᠨᠢᠭᠡᠳᠭᠡᠭᠦ ᠶᠢ ᠪᠡᠷᠢᠮᠳᠡᠯᠡᠵᠡᠢ᠃ ᠣᠯᠡᠨ ᠲᠦᠮᠡᠨ ᠤ ᠭᠦᠰᠡᠯ ᠱᠡᠭᠠᠷᠳᠡᠯᠭ᠎ᠠ ᠶᠢ ᠰᠡᠨᠡᠭᠠᠴᠢᠯᠠᠭᠠ ᠠᠴᠠ ᠪᠠᠨ ᠰᠣᠨᠣᠰᠴᠣ ᠪᠡᠶᠡᠯᠡᠭᠦᠯᠣᠨ᠂ ︽ᠰᠢᠰᠲ᠋ᠧᠮᠵᠢᠭᠦᠯᠣᠨ | ᠬᠠᠮᠢᠶᠡᠷᠬᠤ᠂ ᠱᠡᠳᠣ ᠬᠤᠪᠢᠶᠡᠨ ᠬᠠᠷᠢᠭᠤᠴᠡᠬᠤ᠂ ᠨᠢᠭᠡ ᠠᠵᠢᠯ ᠤᠨ ᠪᠡᠶᠢᠷᠢ ᠳᠤ ᠬᠤᠣᠰ ᠬᠠᠷᠢᠭᠤᠴᠡᠯᠭ᠎ᠠ ᠶᠢ ᠡᠭᠦᠷᠭᠡᠯᠡᠭᠦᠯᠭᠦ︾ ᠵᠡᠭᠢᠳᠡᠯ ᠰᠣᠷᠪᠣᠯᠵᠢᠯᠠᠭ᠎ᠠ ᠶᠢᠨ | ᠠᠵᠢᠯ ᠤᠨ ᠲᠣᠭᠳᠡᠴᠠ ᠶᠢ ᠪᠦᠭᠦ ᠲᠡᠯ᠎ᠠ ᠪᠠᠷ ᠲᠡᠯᠭᠡᠷᠡᠭᠦᠯᠵᠣ᠂ ᠮᠠᠯᠴᠢᠨ ᠲᠡᠷᠢᠶᠡᠴᠢᠨ ᠭᠦᠴᠣ ᠶᠡᠪᠣᠭᠰᠡᠳ ᠤᠨ ᠴᠡᠯᠢᠩ ᠢ ᠣᠯᠭᠤᠵᠣ ᠦᠭᠭᠦ ᠪᠡᠳᠣᠯᠠᠭ᠎ᠠ᠂ ᠨᠣᠳᠤᠭ | ᠪᠡᠯᠴᠢᠭᠡᠷ ᠤᠨ ᠵᠢᠭᠤᠷᠡᠯᠳᠣᠭᠠᠨ ᠢ ᠭᠦᠨᠳᠡᠯᠡᠨ ᠠᠴᠠ ᠲᠡᠰᠣᠯᠬᠤ ᠵᠡᠷᠭᠡ ᠲᠦᠷᠢᠮ ᠢ ᠲᠣᠭᠲᠠᠭᠠᠨ ᠭᠡᠷᠡᠭᠵᠢᠭᠦᠯᠵᠣ᠂ ᠣᠷᠣᠨ ᠰᠡᠭᠤᠴᠠ ᠡᠭᠡᠭᠦᠯᠣᠨ ᠬᠤᠳᠡᠯᠳᠣᠵᠣ | ᠠᠪᠬᠤ ᠲᠦᠪᠭᠢᠨᠡᠭᠦᠯᠣᠯᠳᠠ᠂ ᠤᠮᠳᠠ ᠣᠰᠣ᠂ ᠴᠡᠭᠢᠯᠭᠠᠨ ᠬᠠᠨᠭ᠍ᠭᠠᠯᠳᠠ᠂ ᠣᠷᠣᠨ ᠰᠡᠭᠤᠴᠠ ᠶᠠᠪᠤᠵᠤ ᠰᠠᠭᠤᠬᠤ᠂ ᠰᠣᠷᠭᠠᠭᠤᠯᠢ ᠳᠤ ᠰᠣᠷᠣᠯᠴᠡᠬᠤ ᠡᠮᠨᠡᠯᠭᠡ ᠳᠤ | ᠡᠮᠨᠡᠭᠦᠯᠭᠦ ᠵᠡᠷᠭᠡ ᠨᠡᠶᠢᠭᠡᠮ ᠤᠨ ᠠᠮᠣᠷ ᠲᠣᠭᠲᠠᠭᠤᠨ ᠬᠢᠭᠡᠳ ᠠᠷᠡᠳ ᠣᠯᠡᠨ ᠤ ᠠᠮᠢ ᠪᠡᠶ᠎ᠠ ᠶᠢᠨ ᠠᠰᠢᠭ ᠲᠣᠰᠠ ᠲᠠᠢ ᠬᠤᠯᠪᠣᠭᠳᠠᠭᠰᠡᠨ ᠲᠣᠪᠣᠶᠢᠮ᠎ᠠ ᠠᠰᠡᠭᠤᠳᠡᠯ ᠢ | ᠲᠣᠭᠢᠳᠡᠢ ᠰᠶᠢᠳᠪᠣᠷᠢᠯᠡᠵᠣ᠂ ᠪᠦᠯᠭᠦᠮᠳᠡᠯ ᠲᠡᠪᠰᠢᠯᠳᠠ ᠲᠠᠢ᠂ ᠡᠶ᠎ᠡ ᠵᠣᠭᠢᠴᠡᠯ ᠠᠮᠣᠷ ᠲᠣᠭᠳᠡᠭᠤᠨ ᠣᠭᠢ ᠰᠡᠶᠢᠨ ᠪᠡᠶᠢᠳᠡᠯ ᠢ ᠪᠠᠭᠢᠵᠢᠭᠦᠯᠪᠡ᠃ ᠡᠳᠡᠭᠡᠷ | ᠠᠮᠵᠢᠯᠳᠠ ᠶᠢ ᠣᠯᠣᠭᠰᠡᠨ ᠨᠢ ᠬᠤᠰᠢᠭᠤ ᠨᠡᠮ ᠤᠨ ᠬᠤᠷᠢᠶ᠎ᠠ ᠪᠦᠭᠦ ᠲᠡᠯ᠎ᠠ ᠶᠢ ᠬᠠᠮᠣᠷᠣᠭᠤᠯᠣᠨ᠂ ᠰᠢᠨᠵᠢᠯᠡᠭᠦ ᠣᠬᠠᠭᠠᠨᠴᠢ ᠪᠠᠷ ᠰᠶᠢᠳᠪᠣᠷᠢᠳᠣ ᠪᠣᠳᠣᠯᠭ᠎ᠠ | ᠲᠣᠭᠳᠡᠭᠠᠭᠰᠡᠨ ᠤ ᠦᠷ᠎ᠠ ᠳ᠋ᠦᠡᠭ ᠮᠦᠨ᠂ ᠬᠤᠰᠢᠭᠤ ᠭᠡᠳᠣᠨ ᠶᠡᠭᠡ ᠪᠠᠭ ᠲᠣᠣᠭᠠᠷᠪᠡᠯ ᠲᠡᠭᠤ ᠨᠢᠭᠡᠳᠡᠢ ᠲᠣᠭᠳᠣᠷᠪᠡᠯ ᠭᠦᠴᠣ ᠨᠢᠭᠡᠳᠡᠢ ᠪᠠᠷ ᠬᠠᠮᠵᠢᠯᠴᠡᠨ | ᠠᠵᠢᠯᠯᠠᠭᠰᠠᠨ ᠤ ᠦᠷ᠎ᠠ ᠳ᠋ᠦᠡᠭ ᠮᠦᠨ᠂ ᠪᠦᠭᠦ ᠬᠤᠰᠢᠭᠤᠨ ᠤ ᠦᠨᠳᠣᠰᠣᠳᠡᠨ ᠨᠦᠭᠦᠳ ᠤᠨ ᠺᠡᠳ᠋ᠷ ᠣᠯᠡᠨ ᠲᠦᠮᠡᠨ ᠪᠣᠯᠣᠨ ᠨᠡᠶᠢᠭᠡᠮ ᠤᠨ ᠡᠯ᠎ᠠ ᠡᠳᠡᠭᠡᠳ ᠤᠨ ᠬᠢᠨ | ᠤ ᠰᠢᠷᠭᠠᠭᠤ ᠬᠠᠳᠡᠭᠤᠵᠢᠯᠳᠡᠢ ᠪᠠᠷ ᠣᠶᠢᠯᠡᠰ ᠪᠣᠰᠬᠠᠵᠣ᠂ ᠬᠠᠮᠳᠣ ᠪᠠᠷ ᠪᠦᠯᠭᠦᠮᠳᠡᠨ ᠲᠡᠮᠡᠴᠡᠭᠰᠡᠨ ᠤ ᠦᠷ᠎ᠠ ᠳ᠋ᠦᠡᠭ ᠮᠦᠨ᠃ ᠡᠶᠢᠮᠣ ᠠᠴᠠ ᠪᠢ ᠬᠤᠰᠢᠭᠤ ᠠᠷᠡᠳ | ᠤᠨ ᠵᠡᠰᠠᠭ ᠤᠨ ᠣᠷᠳᠣᠨ ᠢ ᠲᠦᠯᠣᠭᠡᠯᠡᠵᠣ᠂ ᠦᠷᠭᠡᠨ ᠣᠯᠡᠨ ᠺᠡᠳ᠋ᠷ ᠣᠯᠡᠨ ᠲᠦᠮᠡᠨ ᠳᠤ᠂ ᠠᠷᠡᠳ ᠤᠨ ᠲᠦᠯᠣᠭᠡᠯᠡᠭᠴᠢᠳ ᠤᠨ ᠶᠡᠭᠡ ᠬᠤᠷᠡᠯ ᠤᠨ | ᠲᠦᠯᠣᠭᠡᠯᠡᠭᠴᠢᠳ ᠵᠢᠴᠢ ᠣᠯᠣᠰ ᠲᠦᠷᠣ ᠶᠢᠨ ᠵᠦᠪᠯᠡᠯᠭᠡᠨ ᠤ ᠭᠡᠰᠢᠭᠦᠳ ᠲᠤ᠂ ᠣᠳᠤᠭ ᠤᠨ ᠪᠡᠶᠢᠭᠤᠯᠣᠯᠳᠠ ᠭᠦᠭᠵᠢᠭᠦᠯᠣᠯᠳᠠ ᠶᠢ ᠬᠠᠯᠡᠮᠵᠢᠯᠡᠨ ᠲᠡᠮᠵᠢᠭᠰᠡᠨ | ᠨᠡᠶᠢᠭᠡᠮ ᠤᠨ ᠡᠯ᠎ᠠ ᠡᠳᠡᠭᠡᠳ ᠤᠨ ᠭᠦᠮᠣᠰ ᠲᠤ ᠴᠢᠩ ᠦᠨᠡᠨᠴᠢ ᠲᠡᠯᠡᠷᠬᠠᠯ ᠪᠣᠯᠣᠨ ᠡᠷᠭᠢᠮ ᠲᠡᠭᠡᠳᠣ ᠭᠦᠨᠳᠣᠳᠭᠡᠯ ᠢᠶᠠᠨ ᠲᠡᠪᠰᠢᠭᠦᠯᠣᠶᠠ︕ | ᠪᠢᠳᠡ ᠠᠮᠵᠢᠯᠳᠠ ᠪᠦᠳᠣᠮᠵᠢ ᠪᠠᠨ ᠣᠯᠵᠣ ᠦᠵᠡᠭᠦ ᠶᠢᠨ ᠬᠠᠮᠳᠣ ᠣᠷᠣᠰᠢᠵᠣ ᠪᠡᠶᠢᠭ᠎ᠠ ᠠᠰᠡᠭᠤᠳᠡᠯ ᠪᠣᠯᠣᠨ ᠲᠣᠯᠭᠠᠷᠡᠵᠣ ᠪᠦᠭᠦᠢ ᠦᠷᠢᠰᠣᠯᠳᠣᠭᠡᠨ ᠢ ᠴᠣ᠋ | ᠰᠡᠷᠭᠡᠭ ᠢᠶᠠᠷ ᠲᠡᠨᠢᠬᠤ ᠴᠢᠬᠤᠯᠠᠲᠠᠢ ᠪᠡᠶᠢᠨ᠎ᠠ᠃ ᠭᠤᠣᠯ ᠢᠯᠡᠷᠡᠯ ᠨᠢ᠄ ᠭᠤᠣᠯ ᠪᠣᠯᠬᠤ ᠠᠵᠣ ᠠᠬᠤᠢ ᠶᠢᠨ ᠭᠦᠢᠴᠡᠳᠭᠡᠭᠦ ᠲᠤᠭ᠎ᠠ ᠶᠢᠨ ᠨᠡᠮᠡᠭᠳᠡᠯ ᠤᠨ ᠬᠤᠷᠳᠣᠴᠠ | ᠣᠳᠡᠭᠠᠰᠢᠷᠡᠵᠣ᠂ ᠵᠡᠷᠢᠮ ᠠᠵᠣ ᠠᠬᠤᠶᠢᠯᠡᠯ ᠤᠨ ᠡᠵᠡᠩᠨᠡᠯᠳᠠ ᠭᠦᠴᠢᠷᠳᠡᠨ᠂ ᠡᠳ᠋ ᠤᠨ ᠵᠡᠰᠠᠭ ᠤᠨ ᠣᠷᠣᠯᠭ᠎ᠠ ᠵᠡᠷᠣᠯᠭᠠ ᠶᠢᠨ ᠵᠦᠷᠢᠴᠡᠯ ᠲᠣᠪᠣᠶᠢᠵᠣ ᠪᠣᠢ︔ ᠵᠡᠷᠢᠮ | ᠠᠵᠣ ᠣᠶᠢᠯᠡᠰ ᠪᠦᠳᠣᠭᠡᠭᠳᠡᠭᠦᠨ ᠤ ᠭᠡᠳᠣ ᠢᠯᠡᠭᠦᠳᠡᠯ ᠭᠢᠭᠡᠳ ᠣᠷᠴᠢᠨ ᠲᠣᠭᠤᠷᠢᠨ ᠤ ᠬᠠᠮᠡᠭᠠᠯᠡᠯᠳᠠ ᠬᠤᠣᠰ ᠲᠡᠷᠣᠭᠠᠰᠣ ᠳᠤ ᠲᠣᠯᠭᠠᠷᠡᠵᠣ᠂ ᠣᠳᠣ ᠦᠶ᠎ᠠ ᠶᠢᠨ | ᠣᠶᠢᠯᠡᠴᠢᠯᠡᠭᠡᠨ ᠤ ᠣᠶᠢᠯᠡᠰ ᠤᠨ ᠭᠦᠭᠵᠢᠯᠳᠠ ᠬᠠᠷᠢᠴᠡᠩᠭᠤᠢ ᠬᠤᠴᠣᠷᠣᠨ᠂ ᠭᠡᠯᠪᠡᠷᠢ ᠶᠢ ᠬᠤᠪᠢᠷᠡᠭᠤᠯᠵᠣ ᠲᠡᠰ ᠲᠡᠪᠰᠢᠭᠦᠯᠭᠦ ᠶᠢᠨ ᠡᠭᠦᠷᠭᠡ ᠭᠦᠨᠳᠣ ᠵᠡᠮ ᠬᠤᠯᠨ | ᠪᠡᠶᠢᠭ᠌ᠰᠡᠭᠠᠷ︔ ᠮᠡᠯᠵᠢᠬᠤ ᠲᠡᠷᠢᠶᠡᠯᠡᠬᠤ ᠣᠷᠣᠨ ᠤ ᠰᠡᠭᠤᠷᠢ ᠲᠦᠭᠦᠭᠡᠷᠣᠮᠵᠢ ᠮᠦᠨ ᠲᠣᠷᠣᠢ ᠪᠡᠭᠤᠷᠡᠢ᠂ ᠬᠤᠳᠠ ᠪᠡᠯᠭᠠᠰᠣᠨ ᠳᠤ ᠨᠡᠭᠦᠯᠭᠡᠭᠰᠡᠨ ᠮᠡᠯᠴᠢᠨ | ᠲᠡᠷᠢᠶᠡᠴᠢᠳ ᠤᠨ ᠠᠵᠢᠯ ᠣᠯᠭᠤᠯᠳᠠ ᠵᠡᠷᠭᠡ ᠲᠡᠯ᠎ᠠ ᠪᠠᠷ ᠬᠢ ᠠᠰᠡᠭᠤᠳᠡᠯ ᠢ ᠴᠢᠨᠠᠭᠰᠢᠳᠠ ᠰᠶᠢᠳᠪᠣᠷᠢᠯᠡᠭᠦᠰᠢᠳᠡᠢ᠂ ᠬᠤᠳᠠ ᠭᠦᠳᠡᠭᠡ ᠶᠢ ᠨᠢᠭᠡᠳᠣᠯᠳᠡᠢ | ᠲᠦᠯᠣᠪᠵᠢᠭᠦᠯᠭᠦ ᠡᠭᠦᠷᠭᠡ ᠬᠠᠳᠡᠭᠤᠵᠢᠯᠳᠡᠢ ᠪᠡᠶᠢᠨ᠎ᠠ︔ ᠠᠶᠣᠯ ᠦᠭᠡᠢ ᠣᠶᠢᠯᠡᠳᠪᠣᠷᠢᠯᠡᠯ᠂ ᠣᠷᠴᠢᠨ ᠲᠣᠭᠤᠷᠢᠨ ᠤ ᠬᠠᠮᠡᠭᠠᠯᠡᠯᠳᠠ ᠣᠷᠳᠣ ᠬᠤᠭᠤᠴᠠᠭ᠎ᠠ ᠪᠠᠷ | ᠬᠠᠳᠡᠭᠤ ᠰᠢᠯᠭᠠᠯᠳᠠ ᠳᠤ ᠣᠴᠡᠷᠡᠵᠣ᠂ ᠠᠮᠢ ᠠᠬᠤᠢ ᠶᠢᠨ ᠣᠷᠴᠢᠨ ᠠᠬᠤᠢ ᠮᠦᠨ ᠭᠡᠪᠡᠷᠡᠭ ᠪᠡᠶᠢᠭ᠌ᠰᠡᠭᠠᠷ︔ ᠨᠡᠶᠢᠭᠡᠮ ᠤᠨ ᠵᠡᠰᠡᠯᠳᠠ ᠳᠤ ᠴᠣ᠋ ᠲᠣᠷᠣᠢ ᠪᠡᠭᠤᠷᠡᠢ | ᠭᠤᠭᠴᠤᠭ᠎ᠠ ᠣᠷᠣᠰᠢᠵᠣ ᠪᠣᠢ︔ ᠵᠡᠰᠠᠭ ᠤᠨ ᠣᠷᠳᠣᠨ ᠤ ᠲᠣᠰ ᠪᠡᠶ᠎ᠠ ᠶᠢᠨ ᠪᠡᠶᠢᠭᠤᠯᠣᠯᠳᠠ ᠶᠢ ᠮᠦᠨ ᠴᠢᠩᠭᠠᠳᠬᠠᠬᠤ ᠴᠢᠬᠤᠯᠠᠲᠠᠢ᠂ ᠰᠣᠷᠳᠡᠯ ᠢᠶᠠᠨ ᠬᠠᠯᠡᠨ | ᠰᠡᠶᠢᠵᠢᠷᠡᠭᠤᠯᠬᠤ᠂ ᠦᠷ᠎ᠠ ᠪᠦᠳᠣᠮᠵᠢ ᠪᠠᠨ ᠲᠡᠭᠡᠭᠰᠢᠯᠡᠭᠦᠯᠭᠦ᠂ ᠨᠡᠶᠢᠳᠡᠪᠣᠷᠢᠵᠢᠭᠤᠯᠣᠯᠳᠠ ᠶᠢ ᠠᠳᠬᠤᠬᠤ ᠡᠷᠴᠢᠮ ᠢᠶᠠᠨ ᠴᠢᠨᠠᠭᠰᠢᠳᠠ ᠴᠢᠩᠭᠠᠷᠡᠭᠤᠯᠣᠰᠢᠳᠡᠢ ᠪᠡᠶᠢᠨ᠎ᠠ᠃ | ᠪᠢᠳᠠ ᠡᠳᠡᠭᠡᠷ ᠠᠰᠡᠭᠤᠳᠡᠯ ᠢ ᠲᠡᠭᠡᠳᠣ ᠭᠡᠮᠵᠢᠶ᠎ᠠ ᠪᠠᠷ ᠭᠦᠨᠳᠣᠳᠭᠡᠵᠣ᠂ ᠪᠦᠳᠣᠮᠵᠢᠳᠡᠢ ᠠᠷᠭ᠎ᠠ ᠭᠡᠮᠵᠢᠶ᠎ᠠ ᠠᠪᠴᠣ ᠪᠡᠶᠢᠭᠠᠳ ᠦᠨᠡᠨ ᠭᠦ ᠰᠶᠢᠳᠪᠣᠷᠢᠯᠡᠨᠠ᠃ | ᠬᠤᠶᠡᠷ᠂ 2014 ᠣᠨ ᠤ ᠠᠵᠢᠯ ᠤᠨ ᠲᠣᠭᠢᠷᠡᠭᠤᠯᠭᠠ | ᠬᠤᠰᠢᠭᠤ ᠨᠡᠮ ᠤᠨ ᠬᠤᠷᠢᠶ᠎ᠠ ᠶᠢᠨ ᠠᠷᠪᠡᠨ ᠲᠦᠷᠪᠡᠳᠣᠭᠡᠷ ᠬᠤᠭᠤᠴᠡᠭᠠᠨ ᠤ ᠲᠡᠪᠣᠳᠣᠭᠠᠷ ᠣᠳᠠᠭ᠎ᠠ ᠶᠢᠨ ᠪᠦᠭᠦ ᠭᠡᠰᠢᠭᠦᠨ ᠤ ᠬᠤᠷᠡᠯ ᠤᠨ ᠵᠣᠷᠢᠭ ᠰᠡᠨᠠᠭ᠎ᠠ | ᠶᠢ ᠦᠨᠳᠣᠰᠣᠯᠡᠵᠣ᠂ ᠦᠨᠣ ᠵᠢᠯ ᠤᠨ ᠵᠡᠰᠠᠭ ᠤᠨ ᠣᠷᠳᠣᠨ ᠤ ᠠᠵᠢᠯ ᠤᠨ ᠶᠡᠷᠣᠩᠭᠡᠢ ᠰᠡᠳᠭᠢᠴᠠ ᠨᠢ᠄ ᠨᠡᠮ ᠤᠨ ᠠᠷᠪᠡᠨ ᠨᠡᠢᠮᠡᠳᠣᠭᠠᠷ ᠶᠡᠭᠡ ᠬᠤᠷᠡᠯ ᠪᠣᠯᠣᠨ | ᠠᠷᠪᠡᠨ ᠨᠡᠢᠮᠡᠳᠣᠭᠠᠷ ᠬᠤᠭᠤᠴᠡᠭᠠᠨ ᠤ ᠭᠤᠷᠪᠡᠳᠣᠭᠠᠷ ᠪᠦᠭᠦᠳᠠ ᠬᠤᠷᠡᠯ ᠤᠨ ᠵᠣᠷᠢᠭ ᠰᠡᠨᠠᠭ᠎ᠠ ᠶᠢ ᠪᠦᠭᠦ ᠲᠡᠯ᠎ᠠ ᠪᠠᠷ ᠲᠣᠣᠱᠯᠡᠭᠤᠯᠣᠨ ᠨᠡᠶᠢᠳᠡᠪᠣᠷᠢᠵᠢᠭᠤᠯᠵᠣ᠂ ᠪᠦᠭᠦ | ᠣᠷᠣᠨ᠂ ᠪᠦᠭᠦ ᠬᠤᠳᠠ ᠶᠢᠨ ᠴᠢᠬᠤᠯᠨ ᠶᠡᠭᠡ ᠰᠶᠢᠳᠪᠣᠷᠢᠳᠣ ᠪᠣᠳᠣᠯᠭ᠎ᠠ ᠶᠢᠨ ᠪᠡᠶᠢᠷᠢᠯᠡᠭᠤᠯᠣᠯᠳᠠ ᠶᠣᠰᠣᠭᠠᠷ ᠰᠢᠨᠵᠢᠯᠡᠭᠦ ᠣᠬᠠᠭᠠᠨᠴᠢ ᠪᠠᠷ ᠭᠦᠭᠵᠢᠭᠦᠯᠭᠦ᠂ ᠭᠡᠯᠪᠡᠷᠢ | ᠶᠢ ᠬᠤᠪᠢᠷᠡᠭᠤᠯᠣᠨ ᠲᠡᠰ ᠲᠡᠪᠰᠢᠭᠦᠯᠭᠦ ᠪᠡᠶᠢᠯᠳᠣᠬᠤ ᠪᠣᠳᠣᠯᠭ᠎ᠠ ᠪᠠᠷ ᠵᠢᠯᠣᠭᠤᠳᠣᠭᠤᠯᠬᠤ ᠳᠤ ᠰᠡᠭᠤᠷᠢᠯᠡᠵᠣ᠂ ᠲᠣᠭᠳᠡᠭᠤᠨ ᠢᠶᠠᠷ ᠣᠷᠣᠭᠰᠢᠯᠡᠭᠤᠯᠬᠤ᠂ | ᠦᠭᠡᠷᠡᠴᠢᠯᠡᠯᠳᠠ ᠭᠢᠵᠣ ᠰᠢᠨ᠎ᠠ ᠶᠢ ᠡᠭᠦᠳᠭᠦ ᠠᠵᠢᠯ ᠤᠨ ᠱᠡᠭᠠᠷᠳᠡᠯᠭ᠎ᠠ ᠶᠢ ᠪᠡᠷᠢᠮᠳᠡᠯᠡᠨ᠂ ᠠᠷᠡᠳ ᠣᠯᠡᠨ ᠳᠤ ᠪᠣᠳᠡᠳᠣ ᠶᠡᠪᠣᠳᠡᠯ ᠭᠢᠭᠦ᠂ ᠠᠷᠢᠭᠤᠨ ᠴᠢᠭᠡᠴᠢ ᠪᠠᠷ | ᠵᠡᠰᠠᠭ ᠪᠡᠷᠢᠬᠤ ᠭᠤᠣᠯ ᠰᠡᠳᠣᠪ ᠢ ᠲᠣᠪᠣᠶᠢᠯᠭᠠᠵᠣ᠂ ᠠᠵᠣ ᠣᠶᠢᠯᠡᠰ ᠤᠨ ᠪᠦᠳᠣᠴᠠ ᠶᠢ ᠰᠢᠯᠢᠳᠡᠭᠴᠢᠯᠡᠭᠦ᠂ ᠬᠤᠳᠠ ᠭᠦᠳᠡᠭᠡ ᠶᠢ ᠨᠢᠭᠡᠳᠣᠯᠳᠡᠢ ᠲᠦᠯᠣᠪᠵᠢᠭᠦᠯᠭᠦ ᠶᠢ | ᠠᠭᠢᠭᠤᠯᠬᠤ᠂ ᠠᠷᠡᠳ ᠤᠨ ᠠᠮᠢᠳᠣᠷᠡᠯ ᠢ ᠰᠡᠶᠢᠵᠢᠷᠡᠭᠤᠯᠬᠤ᠂ ᠨᠡᠶᠢᠭᠡᠮ ᠤᠨ ᠡᠶ᠎ᠡ ᠵᠣᠭᠢᠴᠡᠯ ᠢ ᠠᠭᠢᠭᠤᠯᠬᠤ ᠶᠢ ᠨᠡᠩ ᠴᠢᠬᠤᠯᠡᠴᠢᠯᠡᠵᠣ᠂ ᠭᠦᠭᠵᠢᠯᠳᠠ ᠶᠢᠨ ᠶᠡᠰᠣ | ᠴᠢᠨᠡᠷ ᠪᠣᠯᠣᠨ ᠦᠷ᠎ᠠ ᠠᠰᠢᠭ ᠢ ᠦᠨᠡᠨ ᠭᠦ ᠲᠡᠭᠡᠭᠰᠢᠯᠡᠭᠦᠯᠣᠨ᠂ ᠠᠵᠣ ᠠᠬᠤᠢ ᠨᠡᠶᠢᠭᠡᠮ ᠤᠨ ᠦᠷᠭᠦᠯᠵᠢᠯᠡᠨ ᠲᠣᠭᠳᠡᠭᠤᠨ ᠮᠦᠷᠳᠡᠭᠡᠨ ᠡᠷᠡᠭᠦᠯ ᠢᠶᠠᠷ ᠭᠦᠭᠵᠢᠭᠦ ᠶᠢ | ᠴᠢᠷᠮᠡᠶᠢᠨ ᠪᠡᠳᠣᠯᠡᠨᠠ᠃ ᠵᠢᠱᠢᠭᠰᠡᠨ ᠭᠤᠣᠯ ᠬᠠᠷᠡᠯᠳᠠ ᠨᠢ᠄ ᠭᠠᠵᠡᠷ ᠣᠷᠣᠨ ᠤ ᠣᠶᠢᠯᠡᠳᠪᠣᠷᠢᠯᠡᠯ ᠤᠨ ᠶᠡᠷᠣᠩᠭᠡᠢ ᠦᠷᠳᠡᠭ ᠢ 10% ᠨᠡᠮᠡᠭᠳᠡᠭᠦᠯᠵᠣ᠂ 473 | ᠳ᠋ᠦᠡᠭᠰᠢᠭᠤᠷ ᠲᠦᠭᠦᠷᠢᠭ ᠭᠦᠷᠭᠡᠨ᠎ᠠ︔ ᠭᠡᠪᠴᠢᠶᠡᠵᠢᠯ ᠠᠴᠠ ᠲᠡᠭᠡᠭᠰᠢᠭᠢ ᠠᠵᠣ ᠣᠶᠢᠯᠡᠳᠪᠣᠷᠢ ᠶᠢᠨ ᠨᠡᠮᠡᠭᠳᠡᠯ ᠦᠷᠳᠡᠭ ᠢ 12% ᠨᠡᠮᠡᠭᠳᠡᠭᠦᠯᠵᠣ᠂ 311 | ᠳ᠋ᠦᠡᠭᠰᠢᠭᠤᠷ ᠲᠦᠭᠦᠷᠢᠭ ᠭᠦᠷᠭᠡᠨ᠎ᠠ︔ ᠣᠯᠡᠨ ᠨᠡᠶᠢᠳᠠ ᠶᠢᠨ ᠡᠳ᠋ ᠤᠨ ᠵᠡᠰᠠᠭ ᠤᠨ ᠲᠥᠰᠥᠪ ᠤᠨ ᠣᠷᠣᠯᠭ᠎ᠠ ᠶᠢ 3% ᠨᠡᠮᠡᠭᠳᠡᠭᠦᠯᠵᠣ᠂ 15.6 ᠳ᠋ᠦᠡᠭᠰᠢᠭᠤᠷ | ᠲᠦᠭᠦᠷᠢᠭ ᠭᠦᠷᠭᠡᠨ᠎ᠠ︔ ᠲᠣᠭᠳᠡᠮᠡᠯ ᠭᠦᠷᠣᠩᠭᠡ ᠶᠢᠨ ᠪᠡᠯᠨ ᠣᠷᠣᠭᠤᠯᠣᠯᠳᠠ ᠶᠢ 13% ᠨᠡᠮᠡᠭᠳᠡᠭᠦᠯᠵᠣ᠂ 347 ᠳ᠋ᠦᠡᠭᠰᠢᠭᠤᠷ ᠲᠦᠭᠦᠷᠢᠭ ᠭᠦᠷᠭᠡᠨ᠎ᠠ︔ ᠨᠡᠶᠢᠭᠡᠮ | ᠤᠨ ᠭᠡᠷᠡᠭᠯᠡᠭᠡᠨ ᠤ ᠭᠡᠷᠡᠭᠰᠡᠯ ᠤᠨ ᠵᠢᠵᠢᠭᠯᠡᠨ ᠪᠣᠷᠣᠯᠡᠭᠤᠯᠬᠤ ᠶᠡᠷᠣᠩᠭᠡᠢ ᠭᠡᠮᠵᠢᠶ᠎ᠠ ᠶᠢ 9.4% ᠨᠡᠮᠡᠭᠳᠡᠭᠦᠯᠵᠣ᠂ 35 ᠳ᠋ᠦᠡᠭᠰᠢᠭᠤᠷ ᠲᠦᠭᠦᠷᠢᠭ ᠭᠦᠷᠭᠡᠨ᠎ᠠ︔ | ᠬᠤᠳᠠ ᠪᠡᠯᠭᠠᠰᠣᠨ ᠤ ᠰᠡᠭᠤᠭᠠᠯᠢ ᠠᠷᠡᠳ ᠤᠨ ᠭᠦᠮᠣᠨ ᠲᠣᠳᠣᠮ ᠤᠨ ᠡᠵᠡᠮᠳᠡᠭᠦ ᠣᠷᠣᠯᠭ᠎ᠠ ᠶᠢ 10% ᠨᠡᠮᠡᠭᠳᠡᠭᠦᠯᠵᠣ᠂ 38503 ᠲᠦᠭᠦᠷᠢᠭ ᠭᠦᠷᠭᠡᠨ᠎ᠠ︔ | ᠮᠡᠯᠴᠢᠨ ᠲᠡᠷᠢᠶᠡᠴᠢᠨ ᠤ ᠭᠦᠮᠣᠨ ᠲᠣᠳᠣᠮ ᠤᠨ ᠴᠡᠪᠡᠷ ᠣᠷᠣᠯᠭ᠎ᠠ ᠶᠢ 11% ᠨᠡᠮᠡᠭᠳᠡᠭᠦᠯᠵᠣ᠂ 14158 ᠲᠦᠭᠦᠷᠢᠭ ᠭᠦᠷᠭᠡᠨ᠎ᠠ᠃ ᠲᠣᠯᠣᠭᠠᠨ ᠲᠡᠯ᠎ᠠ ᠶᠢᠨ | ᠠᠵᠢᠯ ᠢ ᠭᠤᠣᠯᠳᠡᠯᠭ᠎ᠠ ᠲᠠᠢ ᠰᠡᠶᠢᠨ ᠠᠳᠬᠤᠨ᠎ᠠ᠃ | ︵ᠨᠢᠭᠡ︶ ᠬᠤᠲᠠ ᠬᠥᠳᠡᠭᠡ ᠶᠢᠨ ᠨᠢᠭᠡᠳᠦᠯᠲᠡᠢ ᠲᠥᠯᠥᠪᠵᠢᠭᠦᠯᠭᠡ ᠶᠢ ᠠᠳᠬᠤᠵᠤ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠲᠦᠪᠰᠢᠨ ᠢ | ᠳᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ ᠶᠢ ᠬᠤᠲᠠ ᠬᠥᠳᠡᠭᠡ ᠶᠢ ᠴᠣᠭᠴᠠᠵᠢᠭᠤᠯᠬᠤ | ᠪᠠᠶᠢᠭᠤᠯᠤᠯᠲᠠ ᠶᠢᠨ ᠭᠤᠣᠯᠳᠠᠯᠭ᠎ᠠ ᠶᠢᠨ ᠭᠤᠣᠯᠳᠠᠯᠭ᠎ᠠ ᠪᠣᠯᠭᠠᠨ᠎ᠠ᠃ ᠨᠢᠭᠡ ᠳᠤ ᠬᠥᠳᠡᠭᠡ ᠲᠣᠰᠬᠤᠨ ᠤ ᠣᠷᠣᠨ ᠵᠠᠢ ᠶᠢᠨ ᠪᠠᠶᠢᠷᠢᠯᠠᠭᠤᠯᠤᠯᠲᠠ ᠶᠢ | ᠰᠢᠯᠢᠳᠡᠭᠵᠢᠭᠦᠯᠦᠨ᠎ᠡ᠃ ︽ᠲᠤᠬᠠᠢ ᠶᠢᠨ ᠭᠠᠵᠠᠷ ᠲᠤᠨᠢ ᠲᠣᠬᠢᠷᠠᠭᠤᠯᠵᠤ᠂ ᠥᠪᠡᠷᠮᠢᠴᠡ ᠣᠨᠴᠠᠯᠢᠭ ᠢ ᠨᠢ ᠲᠣᠪᠣᠶᠢᠯᠭᠠᠬᠤ︾ ᠵᠠᠷᠴᠢᠮ ᠶᠣᠰᠣᠭᠠᠷ᠂ ᠬᠤᠰᠢᠭᠤᠨ ᠤ | ᠭᠠᠴᠠᠭ᠎ᠠ ᠲᠣᠰᠬᠤᠨ ᠰᠤᠮᠤ ᠪᠠᠯᠭᠠᠰᠤᠨ ᠤ ᠲᠥᠯᠥᠪᠵᠢᠭᠦᠯᠭᠡ ᠬᠢᠭᠡᠳ ᠡᠯ᠎ᠡ ᠲᠥᠷᠥᠯ ᠤᠨ ᠲᠤᠰᠬᠠᠢ ᠲᠥᠯᠥᠪᠵᠢᠭᠦᠯᠭᠡ ᠶᠢᠨ ᠨᠠᠷᠢᠯᠢᠭᠵᠢᠯ ᠥᠷᠭᠡᠳᠬᠡᠯ ᠪᠠ | ᠵᠠᠯᠭᠠᠯᠳᠤᠯ ᠢ ᠰᠠᠶᠢᠲᠤᠷ ᠬᠢᠵᠦ᠂ ᠰᠠᠭᠤᠭᠠᠯᠢ ᠠᠷᠠᠳ ᠤᠨ ᠴᠡᠭ ᠤᠨ ᠲᠥᠯᠥᠪᠵᠢᠭᠦᠯᠭᠡ ᠪᠠ ᠨᠤᠷᠠᠬᠤ ᠠᠶᠤᠯᠲᠠᠢ ᠣᠷᠣᠨ ᠰᠠᠭᠤᠴᠠ ᠶᠢᠨ ᠥᠭᠡᠷᠡᠴᠢᠯᠡᠯᠲᠡ᠂ | ᠬᠠᠰᠢᠶ᠎ᠠ ᠰᠠᠷᠠᠪᠴᠢ ᠶᠢᠨ ᠪᠠᠶᠢᠭᠤᠯᠤᠯᠲᠠ ᠵᠡᠷᠭᠡ ᠢᠨᠵᠧᠨᠧᠷᠢᠩ ᠤᠨ ᠪᠠᠷᠢᠮᠵᠢᠶᠠᠵᠢᠭᠰᠠᠨ ᠲᠥᠯᠥᠪᠯᠡᠭᠡ ᠶᠢ ᠭᠤᠣᠯᠳᠠᠯᠭ᠎ᠠ ᠲᠠᠢ ᠠᠳᠬᠤᠵᠤ᠂ ᠪᠠᠶᠢᠭᠤᠯᠤᠯᠲᠠ ᠶᠢᠨ | ᠬᠡᠪᠴᠢᠶᠡᠵᠢᠯ ᠪᠠ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠴᠢᠳᠠᠮᠵᠢ ᠶᠢᠨ ᠪᠠᠶᠢᠷᠢᠯᠠᠭᠤᠯᠤᠯᠲᠠ ᠶᠢ ᠵᠣᠬᠢᠰᠲᠠᠢ | ᠬᠤᠪᠢᠶᠠᠷᠢᠯᠠᠨ᠎ᠠ᠃ ᠠᠮᠢᠳᠤᠷᠠᠯ ᠤᠨ ᠲᠣᠭᠤᠷᠢᠭ ᠲᠤ ᠬᠥᠮᠥᠨ ᠨᠡᠶᠢᠭᠡᠮ ᠢ ᠴᠢᠬᠤᠯᠠᠴᠢᠯᠠᠵᠤ᠂ ᠤᠯᠠᠮᠵᠢᠯᠠᠯ ᠢ ᠪᠠᠳᠠᠷᠠᠭᠤᠯᠤᠨ᠂ ᠤᠤᠯ ᠳᠦᠷᠢ ᠲᠥᠷᠬᠦ ᠶᠢ ᠠᠯᠢ | ᠪᠣᠯᠬᠤ ᠪᠠᠷ ᠦᠯᠡᠳᠡᠭᠡᠨ᠂ ᠤᠤᠯ ᠤᠨ ᠰᠠᠭᠤᠷᠢᠨ ᠳᠡᠭᠡᠷ᠎ᠡ ᠰᠠᠭᠤᠭᠠᠯᠢ ᠠᠷᠠᠳ ᠤᠨ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠤᠨ᠎ᠠ︔ ᠦᠢᠯᠡᠳᠪᠦᠷᠢᠯᠡᠯ ᠤᠨ | ᠲᠣᠭᠤᠷᠢᠭ ᠲᠤ ᠪᠣᠳᠠᠲᠠᠢ ᠳᠤ ᠰᠠᠭᠤᠷᠢᠯᠠᠨ᠂ ᠳᠠᠪᠠᠭᠤᠯᠢᠭ ᠢ ᠪᠠᠳᠠᠷᠠᠭᠤᠯᠵᠤ᠂ ᠡᠳᠦᠭᠡ ᠪᠠᠶᠢᠬᠤ ᠦᠢᠯᠡᠳᠪᠦᠷᠢᠯᠡᠯ ᠤᠨ ᠵᠠᠭᠪᠤᠷ ᠳᠡᠭᠡᠷ᠎ᠡ ᠪᠣᠬᠢᠷᠲᠤᠯ ᠦᠭᠡᠢ ᠠᠮᠢ | ᠠᠬᠤᠢ ᠶᠢᠨ ᠮᠠᠯ ᠲᠠᠷᠢᠶᠠᠯᠠᠩ ᠠᠵᠤ ᠠᠬᠤᠢ ᠶᠢ ᠬᠥᠭᠵᠢᠭᠦᠯᠦᠨ᠂ ᠦᠢᠯᠡᠳᠪᠦᠷᠢᠯᠡᠯ ᠤᠨ ᠣᠷᠣᠨ ᠵᠠᠢ ᠨᠢ ᠡᠷᠴᠢᠮᠵᠢᠭᠰᠡᠨ ᠥᠨᠳᠥᠷ ᠪᠦᠲᠦᠮᠵᠢᠲᠡᠢ᠂ ᠠᠮᠢᠳᠤᠷᠠᠯ ᠤᠨ | ᠣᠷᠣᠨ ᠵᠠᠢ ᠨᠢ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ᠂ ᠠᠮᠢ ᠠᠬᠤᠢ ᠶᠢᠨ ᠣᠷᠣᠨ ᠵᠠᠢ ᠨᠢ ᠠᠭᠤᠯᠠ ᠨᠢ ᠴᠡᠩᠬᠡᠷ ᠤᠰᠤ ᠨᠢ ᠲᠤᠩᠭᠠᠯᠠᠭ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠢ ᠴᠢᠷᠮᠠᠶᠢᠨ ᠪᠠᠶᠢᠭᠤᠯᠤᠨ᠎ᠠ᠃ ᠬᠤᠶᠠᠷ ᠲᠤ ᠮᠠᠯᠵᠢᠬᠤ ᠲᠠᠷᠢᠶᠠᠯᠠᠬᠤ ᠣᠷᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ︽ᠠᠷᠪᠠᠨ | ᠨᠡᠶᠢᠳᠡᠮ ᠲᠦᠭᠡᠮᠡᠯᠵᠢᠭᠦᠯᠬᠦ ᠢᠨᠵᠧᠨᠧᠷᠢᠩ︾ ᠢ ᠢᠳᠡᠪᠬᠢᠲᠡᠢ ᠠᠬᠢᠭᠤᠯᠵᠤ᠂ ᠤᠮᠳᠠ ᠤᠰᠤ᠂ ᠴᠠᠬᠢᠯᠭᠠᠨ᠂ ᠵᠠᠮ᠂ ᠣᠷᠣᠨ ᠰᠠᠭᠤᠴᠠ ᠵᠡᠷᠭᠡ ᠰᠠᠭᠤᠷᠢ | ᠲᠥᠬᠦᠭᠡᠷᠦᠮᠵᠢ ᠶᠢᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠮᠧᠩ ᠰᠢ ᠪᠠᠯᠭᠠᠰᠤᠨ ᠤ ᠬᠤᠲᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠬᠦ ᠲᠤᠷᠰᠢᠯᠲᠠ ᠶᠢᠨ | ᠴᠡᠭ ᠤᠨ ᠠᠵᠢᠯ ᠢ ᠡᠬᠢᠯᠡᠭᠦᠯᠦᠨ ᠬᠡᠷᠡᠭᠵᠢᠭᠦᠯᠵᠦ᠂ ᠠᠵᠤ ᠦᠢᠯᠡᠳᠪᠦᠷᠢ ᠮᠠᠯ ᠲᠠᠷᠢᠶᠠᠯᠠᠩ ᠬᠠᠷᠢᠯᠴᠠᠨ ᠨᠥᠬᠦᠪᠦᠷᠢᠯᠡᠭᠰᠡᠨ᠂ ᠬᠤᠲᠠ ᠬᠥᠳᠡᠭᠡ ᠶᠢ | ᠴᠣᠭᠴᠠᠵᠢᠭᠤᠯᠤᠭᠰᠠᠨ ᠲᠣᠭᠲᠠᠯᠴᠠᠭ᠎ᠠ ᠶᠢ ᠰᠦᠪᠡᠭᠴᠢᠯᠡᠨ ᠪᠠᠶᠢᠭᠤᠯᠵᠤ᠂ ᠥᠭᠡᠷᠡᠴᠢᠯᠡᠯᠲᠡ ᠬᠥᠭᠵᠢᠭᠦᠯᠦᠯᠲᠡ ᠶᠢᠨ ᠦᠷ᠎ᠡ ᠪᠦᠲᠦᠭᠡᠯ ᠢ ᠮᠠᠯᠴᠢᠨ ᠲᠠᠷᠢᠶᠠᠴᠢᠳ ᠲᠤ | ᠡᠳ᠋ᠯᠡᠭᠦᠯᠦᠨ᠎ᠡ᠃ ᠰᠠᠶᠢᠬᠤᠰᠤ ᠰᠢᠨ᠎ᠡ ᠮᠠᠯᠵᠢᠬᠤ ᠣᠷᠣᠨ ᠬᠢᠭᠡᠳ ᠮᠧᠩ ᠰᠢ ᠰᠢᠨ᠎ᠡ ᠬᠥᠳᠡᠭᠡ ᠲᠣᠰᠬᠤᠨ ᠤ ︽ᠵᠢᠷᠭᠤᠭᠠᠨ ᠣᠷᠣᠨ︾ ᠤ ᠪᠠᠶᠢᠭᠤᠯᠤᠯᠲᠠ ᠶᠢ | ᠯᠠᠪᠳᠠᠭᠤᠨ ᠢᠶᠠᠷ ᠠᠬᠢᠭᠤᠯᠵᠤ᠂ ᠮᠧᠩ ᠰᠢ ᠰᠢᠨ᠎ᠡ ᠬᠥᠳᠡᠭᠡ ᠲᠣᠰᠬᠤᠨ ᠤ 1572 ᠡᠷᠦᠬᠡ ᠶᠢᠨ ᠣᠷᠣᠨ ᠰᠠᠭᠤᠴᠠ ᠵᠢᠴᠢ ᠢᠵᠢ ᠪᠦᠷᠢᠳᠦᠭᠦᠯᠦᠯ ᠤᠨ | ᠢᠨᠵᠧᠨᠧᠷᠢᠩ ᠢ ᠪᠡᠶᠡᠯᠡᠭᠦᠯᠵᠦ᠂ ᠰᠠᠶᠢᠬᠤᠰᠤ ᠰᠢᠨ᠎ᠡ ᠮᠠᠯᠵᠢᠬᠤ ᠣᠷᠣᠨ ᠬᠢᠭᠡᠳ ᠪᠤᠷᠤᠲᠠᠯ᠎ᠠ ᠲᠥᠪ ᠲᠣᠰᠬᠤᠨ ᠤ ᠬᠠᠲᠠᠭᠤᠷᠠᠭᠤᠯᠤᠯᠲᠠ᠂ ᠨᠣᠭᠤᠭᠠᠷᠠᠭᠤᠯᠤᠯᠲᠠ᠂ | ᠭᠤᠶᠤᠵᠢᠭᠤᠯᠤᠯᠲᠠ ᠶᠢᠨ ᠢᠨᠵᠧᠨᠧᠷᠢᠩ ᠢ ᠡᠬᠢᠯᠡᠭᠦᠯᠦᠨ᠎ᠡ᠃ ᠡᠭᠦᠨ ᠤ ᠬᠠᠮᠲᠤ ᠶᠠᠳᠠᠭᠤ ᠶᠢ ᠲᠡᠳᠬᠦᠨ ᠪᠠᠲᠤᠯᠠᠨ ᠳᠠᠭᠠᠭᠠᠴᠢᠯᠠᠬᠤ ᠲᠣᠭᠲᠠᠯᠴᠠᠭ᠎ᠠ ᠶᠢ | ᠲᠡᠭᠦᠯᠳᠡᠷᠵᠢᠭᠦᠯᠵᠦ᠂ ᠶᠠᠳᠠᠭᠤ ᠬᠦᠴᠢᠷᠳᠡᠯᠲᠡᠢ ᠪᠠᠶᠢᠬᠤ ᠰᠢᠯᠲᠠᠭᠠᠨ ᠢ ᠣᠨᠣᠪᠴᠢᠲᠠᠢ ᠡᠷᠢᠵᠦ᠂ ᠡᠯ᠎ᠡ ᠲᠥᠷᠥᠯ ᠤᠨ ᠪᠡᠯᠡ ᠮᠥᠩᠭᠦᠨ ᠤ ᠦᠢᠯᠡᠳᠦᠯ ᠢ ᠭᠦᠢᠴᠡᠳ | ᠪᠠᠳᠠᠷᠠᠭᠤᠯᠤᠨ᠂ ᠶᠠᠳᠠᠭᠤ ᠶᠢ ᠲᠡᠳᠬᠦᠬᠦ ᠠᠵᠢᠯ ᠠᠮᠵᠢᠯᠲᠠ ᠣᠯᠬᠤ ᠶᠢ ᠪᠠᠲᠤᠯᠠᠵᠤ᠂ 3200 ᠬᠥᠮᠥᠨ ᠢ ᠶᠠᠳᠠᠭᠤ ᠠᠴᠠ ᠠᠩᠭᠢᠵᠢᠷᠠᠭᠤᠯᠤᠨ᠎ᠠ᠃ ᠭᠤᠷᠪᠠ ᠳᠤ | ᠰᠢᠨ᠎ᠡ ᠬᠡᠯᠪᠡᠷᠢ ᠶᠢᠨ ᠮᠠᠯ ᠲᠠᠷᠢᠶᠠᠯᠠᠩ ᠠᠵᠤ ᠠᠬᠤᠢ ᠶᠢᠨ ᠡᠵᠡᠩᠨᠡᠯᠲᠡ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃ ᠥᠮᠴᠢᠯᠡᠬᠦ ᠡᠷᠬᠡ ᠶᠢ ᠲᠣᠳᠣᠷᠬᠠᠶᠢᠯᠠᠬᠤ᠂ | ᠳᠠᠭᠠᠭᠠᠴᠢᠯᠠᠬᠤ ᠡᠷᠬᠡ ᠶᠢ ᠲᠣᠭᠲᠠᠪᠤᠷᠢᠵᠢᠭᠤᠯᠬᠤ᠂ ᠡᠵᠡᠩᠨᠡᠯᠲᠡ ᠶᠢᠨ ᠡᠷᠬᠡ ᠶᠢ ᠬᠥᠭᠵᠢᠶᠡᠨ ᠲᠠᠢ ᠪᠣᠯᠭᠠᠬᠤ ᠱᠠᠭᠠᠷᠳᠠᠯᠭ᠎ᠠ ᠪᠠᠷ ᠮᠠᠯᠵᠢᠬᠤ ᠲᠠᠷᠢᠶᠠᠯᠠᠬᠤ ᠣᠷᠣᠨ ᠤ | ᠦᠨᠳᠦᠰᠦᠨ ᠡᠵᠡᠩᠨᠡᠯᠲᠡ ᠶᠢᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠨᠤᠲᠤᠭ ᠪᠡᠯᠴᠢᠭᠡᠷ ᠤᠨ ᠥᠮᠴᠢᠯᠡᠬᠦ ᠡᠷᠬᠡ ᠶᠢᠨ ᠳᠠᠩᠰᠠᠯᠠᠯ ᠤᠨ ᠠᠵᠢᠯ ᠢ ᠦᠨᠡᠨ ᠬᠦ | ᠰᠠᠶᠢᠨ ᠬᠢᠵᠦ᠂ ᠨᠤᠲᠤᠭ ᠪᠡᠯᠴᠢᠭᠡᠷ ᠤᠨ ᠳᠠᠭᠠᠭᠠᠴᠢᠯᠠᠵᠤ ᠡᠵᠡᠩᠨᠡᠬᠦ ᠡᠷᠬᠡ ᠶᠢᠨ ᠬᠠᠤᠯᠢ ᠶᠣᠰᠣᠭᠠᠷ ᠡᠷᠭᠢᠯᠳᠦᠬᠦ ᠶᠢ ᠰᠢᠨᠵᠢᠯᠡᠬᠦ ᠤᠬᠠᠭᠠᠨᠴᠢ ᠪᠠᠷ ᠵᠢᠯᠣᠭᠤᠳᠤᠨ᠂ | ᠮᠠᠯᠴᠢᠨ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠠᠵᠤ ᠦᠢᠯᠡᠰ ᠤᠨ ᠳᠠᠶᠢᠯᠠᠨ ᠳᠠᠭᠠᠭᠤᠯᠬᠤ ᠴᠢᠳᠠᠪᠤᠷᠢ ᠶᠢ ᠨᠡᠮᠡᠭᠳᠡᠭᠦᠯᠬᠦ ᠪᠠ | ᠮᠠᠯᠴᠢᠨ ᠲᠠᠷᠢᠶᠠᠴᠢᠳ ᠢ ᠠᠵᠢᠯ ᠣᠯᠭᠤᠵᠤ ᠣᠷᠣᠯᠭ᠎ᠠ ᠶᠢ ᠨᠢ ᠨᠡᠮᠡᠭᠳᠡᠭᠦᠯᠬᠦ ᠪᠠᠷ ᠬᠠᠷᠠᠯᠲᠠ ᠪᠣᠯᠭᠠᠨ᠂ ᠭᠡᠷ ᠪᠦᠯᠢ ᠶᠢᠨ ᠡᠵᠡᠩᠨᠡᠯᠲᠡ ᠶᠢᠨ ᠦᠨᠳᠦᠰᠦᠨ ᠪᠠᠶᠢᠷᠢ | ᠰᠠᠭᠤᠷᠢ ᠶᠢ ᠪᠠᠷᠢᠮᠲᠠᠯᠠᠵᠤ᠂ ᠳᠠᠭᠠᠭᠤᠯᠤᠭᠴᠢ ᠠᠵᠤ ᠠᠬᠤᠶᠢᠯᠠᠯ ᠢ ᠬᠠᠨᠳᠤᠯᠭᠠᠲᠤ ᠴᠢᠨᠠᠷᠲᠠᠢ ᠲᠠᠲᠠᠨ ᠣᠷᠣᠭᠤᠯᠵᠤ᠂ ᠲᠤᠰᠬᠠᠢ ᠬᠤᠷᠰᠢᠶ᠎ᠠ ᠶᠢ ᠵᠢᠷᠤᠮᠵᠢᠭᠤᠯᠤᠨ | ᠬᠥᠭᠵᠢᠭᠦᠯᠵᠦ᠂ ᠭᠡᠷ ᠪᠦᠯᠢ ᠶᠢᠨ ᠮᠠᠯᠵᠢᠯ ᠤᠨ ᠲᠠᠯᠠᠪᠠᠢ᠂ ︽ᠡᠳ᠋ᠯᠡᠩᠴᠢᠯᠡᠭᠰᠡᠨ︾ ᠮᠠᠯ ᠲᠠᠷᠢᠶᠠᠯᠠᠩ ᠠᠵᠤ ᠠᠬᠤᠢ᠂ ᠰᠢᠯᠢᠳᠡᠭ ᠲᠥᠬᠦᠭᠡᠷᠦᠮᠵᠢᠲᠦ ᠮᠠᠯ ᠲᠠᠷᠢᠶᠠᠯᠠᠩ | ᠠᠵᠤ ᠠᠬᠤᠢ ᠵᠡᠷᠭᠡ ᠣᠯᠠᠨ ᠲᠥᠷᠥᠯ ᠤᠨ ᠡᠵᠡᠩᠨᠡᠯᠲᠡ ᠶᠢᠨ ᠵᠠᠭᠪᠤᠷ ᠢ ᠵᠣᠷᠢᠭᠵᠢᠭᠤᠯᠤᠨ ᠬᠥᠭᠵᠢᠭᠦᠯᠵᠦ᠂ ᠲᠠᠷᠢᠵᠤ ᠲᠡᠵᠢᠭᠡᠨ ᠦᠷᠡᠵᠢᠭᠦᠯᠬᠦ ᠪᠦᠲᠦᠴᠡ ᠶᠢ | ᠲᠣᠬᠢᠷᠠᠭᠤᠯᠤᠨ ᠰᠢᠯᠢᠳᠡᠭᠴᠢᠯᠡᠵᠦ᠂ ᠮᠧᠬᠠᠨᠢᠭᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠦᠨ᠂ ᠮᠠᠯ ᠲᠠᠷᠢᠶᠠᠯᠠᠩ ᠠᠵᠤ ᠠᠬᠤᠢ ᠶᠢᠨ ᠬᠡᠪᠴᠢᠶᠡᠵᠢᠭᠰᠡᠨ᠂ | ᠣᠳᠣᠬᠢᠴᠢᠯᠠᠭᠰᠠᠨ ᠬᠥᠭᠵᠢᠯᠲᠡ ᠶᠢ ᠠᠬᠢᠭᠤᠯᠤᠨ᠎ᠠ᠃ | ︵ᠬᠤᠶᠠᠷ︶ ᠲᠥᠷᠣᠯ ᠵᠦᠢᠯ ᠢᠶᠠᠷ ᠬᠥᠲᠥᠯᠥᠨ ᠳᠠᠭᠠᠭᠤᠯᠬᠤ ᠶᠢ ᠠᠳᠬᠤᠵᠣ᠂ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠡᠷᠭᠢᠯᠲᠡ ᠶᠢ | ᠠᠬᠢᠭᠤᠯᠤᠨ᠎ᠠ᠃ ᠠᠵᠤ ᠦᠢᠯᠡᠳᠪᠦᠷᠢ ᠶᠢ ᠪᠠᠲᠤᠯᠠᠬᠤ ᠪᠠᠷ ᠨᠡᠮᠡᠭᠳᠡᠯ ᠢ ᠪᠠᠲᠤᠯᠠᠬᠤ ᠶᠢᠨ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠠᠵᠤ ᠦᠢᠯᠡᠳᠪᠦᠷᠢ ᠶᠢᠨ | ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠢ ᠪᠦᠬᠦ ᠬᠦᠴᠦᠨ ᠢᠶᠠᠷ ᠢᠶᠠᠨ ᠰᠠᠶᠢᠵᠢᠷᠠᠭᠤᠯᠤᠨ᠎ᠠ᠃ ᠨᠢᠭᠡ ᠳᠤ ᠴᠢᠬᠤᠯᠠ ᠶᠡᠭᠡ ᠲᠥᠷᠥᠯ ᠵᠦᠢᠯ ᠤᠨ | ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ᠂ ᠰᠢᠨ᠎ᠡ ᠪᠠᠷ ᠪᠠᠶᠢᠭᠤᠯᠬᠤ ᠲᠥᠷᠥᠯ | ᠵᠦᠢᠯ ᠢ ᠡᠬᠢᠯᠡᠭᠦᠯᠬᠦ᠂ ᠨᠥᠭᠡᠴᠡ ᠲᠥᠷᠥᠯ ᠵᠦᠢᠯ ᠢ ᠨᠤᠲᠤᠭᠰᠢᠭᠤᠯᠬᠤ ᠱᠠᠭᠠᠷᠳᠠᠯᠭ᠎ᠠ ᠶᠣᠰᠣᠭᠠᠷ ᠤᠳᠤᠷᠢᠳᠤᠯᠭ᠎ᠠ ᠳᠠᠭᠠᠭᠠᠴᠢᠯᠠᠨ ᠲᠡᠳᠬᠦᠬᠦ᠂ ᠪᠠᠶᠢᠭᠤᠯᠭ᠎ᠠ ᠨᠢᠭᠡᠴᠢ | ᠳᠠᠭᠠᠭᠤᠯᠤᠨ ᠬᠢᠬᠦ ᠲᠥᠷᠥᠯ ᠵᠦᠢᠯ ᠤᠨ ᠲᠣᠭᠲᠠᠴᠠ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠢ ᠢᠳᠡᠪᠬᠢᠲᠡᠢ ᠬᠠᠪᠰᠤᠷᠤᠨ ᠲᠥᠷᠥᠯ ᠪᠠᠶᠢᠭᠤᠯᠬᠤ ᠬᠢᠨᠠᠨ | ᠵᠥᠪᠰᠢᠶᠡᠷᠡᠯ᠂ ᠭᠠᠵᠠᠷ ᠰᠣᠩᠭᠤᠬᠤ ᠲᠥᠯᠥᠪᠵᠢᠭᠦᠯᠭᠡ᠂ ᠠᠶᠤᠯ ᠦᠭᠡᠢ ᠶᠢᠨ ᠪᠠ ᠣᠷᠴᠢᠨ ᠲᠣᠭᠤᠷᠢᠨ ᠤ ᠦᠨᠡᠯᠡᠯᠲᠡ ᠬᠢᠬᠦ ᠵᠡᠷᠭᠡ ᠬᠢᠨᠠᠨ ᠵᠥᠪᠰᠢᠶᠡᠷᠡᠯ ᠤᠨ | ᠭᠠᠷᠳᠠᠮ ᠢ ᠭᠦᠢᠴᠡᠳᠬᠡᠨ ᠥᠭᠴᠦ᠂ ᠪᠦᠲᠦᠭᠡᠨ ᠪᠠᠶᠢᠭᠤᠯᠬᠤ ᠨᠥᠬᠦᠴᠡᠯ ᠪᠣᠯᠣᠯᠴᠠᠭ᠎ᠠ ᠶᠢ ᠪᠦᠷᠢᠳᠦᠭᠦᠯᠦᠨ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ | ᠦᠢᠯᠡᠳᠪᠦᠷᠢ ᠶᠢᠨ 37 ᠲᠥᠷᠥᠯ ᠵᠦᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠵᠤ ᠦᠢᠯᠡᠳᠪᠦᠷᠢ ᠶᠢᠨ 320 ᠳ᠋ᠦᠩᠰᠢᠭᠤᠷ ᠲᠥᠭᠦᠷᠢᠭ ᠪᠡᠯᠡ | ᠣᠷᠤᠭᠤᠯᠤᠯᠲᠠ ᠶᠢ ᠪᠠᠲᠤᠯᠠᠨ ᠪᠡᠶᠡᠯᠡᠭᠦᠯᠵᠦ᠂ ᠱᠧᠨ ᠬᠤᠸ᠋ᠨ ᠮᠧᠩ ᠰᠢ ᠶᠢᠨ ᠪᠧᠨ᠋ᠽᠧᠨ ᠤᠰᠤᠲᠥ᠋ᠷᠥᠭᠴᠢ ᠶᠢᠨ ᠨᠢᠭᠡᠳᠦᠯ᠂ ᠣᠷᠳᠣᠰ ᠢᠮᠠᠭᠠᠨ ᠨᠤᠯᠤᠤᠷ ᠤᠨ | ᠪᠦᠯᠦᠭᠯᠡᠯ ᠤᠨ ᠬᠤᠶᠠᠳᠤᠭᠠᠷ ᠬᠤᠭᠤᠴᠠᠭᠠᠨ ᠤ ᠶᠡᠭᠡ ᠬᠢᠮᠢ ᠶᠢᠨ ᠪᠣᠷᠳᠣᠭᠤᠷ᠂ ᠯᠦᠩ ᠱᠧᠩ ᠤᠨ ᠬᠥᠩᠭᠡᠨ ᠨᠡᠭᠦᠷᠡᠰᠦᠬᠦ᠋ᠴᠢᠯ ᠤᠨ ᠺᠠᠯᠼ᠂ ᠱᠤᠸᠠᠩ ᠰᠢᠨ ᠤ | ᠢᠳᠡᠪᠬᠢᠵᠢᠭᠦᠯᠦᠭᠰᠡᠨ ᠨᠡᠭᠦᠷᠡᠰᠦ ᠵᠡᠷᠭᠡ 11 ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ ᠦᠷ᠎ᠡ ᠠᠰᠢᠭ ᠬᠦᠷᠲᠡᠵᠦ᠂ ᠰᠢᠨ᠎ᠡ ᠠᠵᠤ ᠠᠬᠤᠢ ᠶᠢᠨ ᠨᠡᠮᠡᠭᠳᠡᠯ | ᠢ ᠪᠣᠢ ᠪᠣᠯᠭᠠᠨ᠎ᠠ᠃ ᠬᠤᠶᠠᠷ ᠲᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠲᠣᠭᠲᠠᠪᠤᠷᠢᠵᠢᠭᠤᠯᠤᠨ᠎ᠠ᠃ ᠠᠵᠤ ᠠᠬᠤᠶᠢᠯᠠᠯ ᠢ ᠬᠠᠪᠰᠤᠷᠤᠨ ᠪᠡᠯᠡ | ᠮᠥᠩᠭᠦ᠂ ᠪᠣᠷᠣᠯᠠᠭᠤᠯᠭ᠎ᠠ᠂ ᠲᠡᠭᠡᠭᠡᠪᠦᠷᠢ᠂ ᠠᠵᠢᠯᠴᠢᠨ ᠤ ᠬᠡᠷᠡᠭᠯᠡᠯᠲᠡ ᠵᠡᠷᠭᠡ ᠲᠠᠯ᠎ᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠢ | ᠵᠢᠯᠣᠭᠤᠳᠤᠨ ᠵᠣᠬᠢᠶᠠᠨ ᠪᠠᠶᠢᠭᠤᠯᠵᠤ ᠪᠦᠲᠦᠭᠡᠭᠳᠡᠬᠦᠨ ᠤ ᠪᠣᠷᠣᠯᠠᠭᠤᠯᠭ᠎ᠠ ᠶᠢ ᠥᠷᠨᠢᠭᠦᠯᠦᠨ᠂ ᠵᠠᠬ᠎ᠠ ᠳᠡᠯᠭᠡᠭᠦᠷ ᠤᠨ ᠬᠤᠪᠢ ᠶᠢᠨ ᠲᠤᠭ᠎ᠠ ᠶᠢ ᠪᠠᠬᠢᠵᠢᠭᠦᠯᠵᠦ᠂ ᠵᠠᠬ᠎ᠠ | ᠳᠡᠯᠭᠡᠭᠦᠷ ᠤᠨ ᠣᠷᠣᠨ ᠵᠠᠢ ᠶᠢ ᠶᠡᠬᠡᠰᠬᠡᠨ᠂ ᠠᠵᠤ ᠠᠬᠤᠶᠢᠯᠠᠯ ᠤᠨ ᠯᠠᠪᠳᠠᠭᠤᠨ ᠢᠶᠠᠷ ᠠᠵᠢᠯᠯᠠᠬᠤ᠂ ᠳᠦᠭᠦᠷᠡᠩ ᠠᠴᠢᠶᠠᠯᠠᠯ ᠢᠶᠠᠷ ᠦᠢᠯᠡᠳᠪᠦᠷᠢᠯᠡᠬᠦ ᠶᠢ ᠪᠠᠲᠤᠯᠠᠨ᠎ᠠ᠃ | ᠴᠠᠬᠢᠯᠭᠠᠨ ᠬᠦᠴᠦᠨ ᠤ ᠣᠯᠠᠨ ᠲᠠᠯ᠎ᠠ ᠶᠢᠨ ᠠᠷᠠᠯᠵᠢᠶ᠎ᠠ᠂ ᠴᠠᠬᠢᠯᠭᠠᠨ ᠤ ᠦᠨ᠎ᠡ ᠬᠠᠩᠰᠢ ᠶᠢᠨ ᠨᠥᠬᠦᠪᠦᠷᠢ ᠬᠢᠭᠡᠳ ᠡᠨᠧᠷᠭᠢ ᠠᠷᠪᠢᠯᠠᠬᠤ ᠮᠡᠷᠭᠡᠵᠢᠯ ᠤᠨ | ᠥᠭᠡᠷᠡᠴᠢᠯᠡᠯᠲᠡ᠂ ᠮᠥᠩᠭᠦᠨ ᠬᠦᠢᠯᠭᠡᠭᠡ ᠪᠠᠷ ᠲᠡᠳᠬᠦᠬᠦ ᠲᠥᠷᠥ ᠶᠢᠨ ᠪᠣᠳᠣᠯᠭ᠎ᠠ ᠶᠢ ᠨᠢᠮᠪᠠᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠥᠪᠡᠷ ᠤᠨ ᠥᠷᠲᠡᠭ | ᠢ ᠨᠢ ᠪᠠᠭᠤᠷᠠᠭᠤᠯᠤᠨ ᠦᠷ᠎ᠡ ᠪᠦᠲᠦᠮᠵᠢ ᠶᠢ ᠨᠢ ᠨᠡᠮᠡᠭᠳᠡᠭᠦᠯᠵᠦ᠂ ᠬᠦᠴᠢᠷ ᠪᠠᠶᠢᠳᠠᠯ ᠠᠴᠠ ᠨᠢ ᠠᠩᠭᠢᠵᠢᠷᠠᠭᠤᠯᠤᠨ᠎ᠠ᠃ ᠠᠵᠤ ᠠᠬᠤᠶᠢᠯᠠᠯ ᠢ ᠵᠣᠷᠢᠭᠵᠢᠭᠤᠯᠤᠨ | ᠪᠠᠶᠢᠯᠲᠤᠬᠤ ᠪᠣᠳᠣᠯᠭ᠎ᠠ ᠶᠢᠨ ᠬᠠᠮᠵᠢᠯᠴᠠᠭ᠎ᠠ ᠬᠢᠯᠭᠡᠵᠦ᠂ ᠴᠠᠬᠢᠯᠭᠠᠨ ᠬᠦᠴᠦᠨ᠂ ᠬᠢᠮᠢ ᠶᠢᠨ ᠠᠵᠤ ᠦᠢᠯᠡᠳᠪᠦᠷᠢ᠂ ᠨᠡᠭᠦᠷᠡᠰᠦᠨ ᠤ ᠠᠵᠢᠯ ᠲᠥᠷᠥᠯ ᠤᠨ ᠠᠵᠤ | ᠠᠬᠤᠶᠢᠯᠠᠯ ᠤᠳ ᠤᠨ ᠬᠠᠮᠵᠢᠯᠴᠠᠭ᠎ᠠ ᠶᠢ ᠭᠤᠣᠯᠳᠠᠯᠭ᠎ᠠ ᠲᠠᠢ ᠴᠢᠩᠭᠠᠳᠬᠠᠨ᠂ ᠳᠠᠷᠤᠭᠳᠠᠮᠠᠯ ᠦᠢᠯᠡᠳᠪᠦᠷᠢᠯᠡᠯ ᠤᠨ ᠡᠨᠧᠷᠭᠢ ᠶᠢ ᠬᠠᠮᠤᠭ ᠶᠡᠭᠡ ᠬᠡᠮᠵᠢᠶ᠎ᠡ ᠪᠠᠷ | ᠠᠷᠢᠯᠭᠠᠵᠤ᠂ ᠠᠵᠤ ᠠᠬᠤᠶᠢᠯᠠᠯ ᠢ ᠵᠢᠯᠣᠭᠤᠳᠤᠨ ᠰᠢᠨ᠎ᠡ ᠶᠢ ᠡᠭᠦᠳᠦᠨ ᠬᠥᠭᠵᠢᠭᠦᠯᠵᠦ᠂ ᠬᠦᠴᠢᠷ ᠢ ᠬᠠᠮᠲᠤᠪᠠᠷ ᠲᠤᠭᠤᠯᠤᠭᠤᠯᠤᠨᠠ᠃ ᠱᠤᠸᠠᠩ ᠰᠢᠨ ᠪᠦᠯᠦᠭᠯᠡᠯ᠂ | ᠵᠢᠶᠠᠨ ᠶᠤᠸᠠᠨ ᠨᠡᠭᠦᠷᠡᠰᠦ ᠬᠡᠦᠷᠰᠢᠭᠦᠯᠬᠦ ᠺᠣᠮᠫᠠᠨᠢ ᠵᠡᠷᠭᠡ ᠪᠣᠳᠠᠲᠤ ᠴᠣᠭᠴᠠᠲᠤ ᠠᠵᠤ ᠠᠬᠤᠢ ᠶᠢ ᠵᠠᠬ᠎ᠠ ᠳᠡᠯᠭᠡᠭᠦᠷ ᠲᠤ ᠭᠠᠷᠭᠠᠭᠤ ᠶᠢ ᠶᠡᠭᠡ ᠪᠠᠷ ᠳᠡᠮᠵᠢᠵᠦ᠂ ᠣᠷᠣᠨ | ᠨᠤᠲᠤᠭ ᠤᠨ ᠠᠵᠤ ᠠᠬᠤᠶᠢᠯᠠᠯ ᠬᠢᠭᠡᠳ ᠠᠵᠢᠯ ᠲᠥᠷᠥᠯ ᠤᠨ ᠲᠣᠯᠣᠭᠠᠶᠢᠯᠠᠭᠴᠢ ᠠᠵᠤ ᠠᠬᠤᠶᠢᠯᠠᠯ ᠨᠢ ᠲᠥᠷᠥᠯ ᠵᠦᠢᠯ ᠤᠨ ᠵᠣᠯᠭᠠᠯᠲᠠ᠂ ᠮᠡᠷᠭᠡᠵᠢᠯ ᠤᠨ | ᠬᠠᠮᠵᠢᠯᠴᠠᠭ᠎ᠠ ᠬᠢᠭᠡᠳ ᠴᠢᠳᠠᠪᠤᠷᠢᠲᠠᠨ ᠤ ᠲᠠᠲᠠᠨ ᠣᠷᠤᠭᠤᠯᠤᠯᠲᠠ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ ᠬᠦᠴᠦᠷᠬᠡᠭᠵᠢᠬᠦ᠂ ᠥᠷᠢᠰᠦᠯᠳᠦᠬᠦ ᠬᠦᠴᠦᠨ ᠢᠶᠠᠨ | ᠴᠢᠩᠭᠠᠳᠬᠠᠬᠤ ᠶᠢ ᠠᠬᠢᠭᠤᠯᠤᠨ᠎ᠠ᠃ ᠡᠭᠦᠨ ᠤ ᠬᠠᠮᠲᠤ ᠳᠤᠮᠳᠠ ᠵᠢᠵᠢᠭ ᠠᠵᠤ ᠠᠬᠤᠶᠢᠯᠠᠯ ᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠵᠢᠵᠢᠭ ᠠᠵᠤ ᠠᠬᠤᠶᠢᠯᠠᠯ | ᠢ ᠲᠣᠮᠣ ᠠᠵᠤ ᠠᠬᠤᠶᠢᠯᠠᠯ ᠳᠤ ᠲᠣᠭᠤᠷᠢᠭᠤᠯᠬᠤ᠂ ᠵᠢᠵᠢᠭ ᠲᠥᠷᠥᠯ ᠵᠦᠢᠯ ᠢ ᠲᠣᠮᠣ ᠲᠥᠷᠥᠯ ᠵᠦᠢᠯ ᠳᠤ ᠲᠣᠭᠤᠷᠢᠭᠤᠯᠬᠤ ᠶᠢ ᠵᠢᠯᠣᠭᠤᠳᠤᠨ ᠠᠵᠤ ᠦᠢᠯᠡᠰ ᠢ | ᠢᠵᠢ ᠪᠦᠷᠢᠳᠦᠭᠦᠯᠬᠦ ᠬᠢᠭᠡᠳ ᠠᠵᠢᠯ ᠢᠶᠠᠨ ᠬᠤᠪᠢᠶᠠᠷᠢᠯᠠᠨ ᠬᠠᠮᠵᠢᠯᠴᠠᠬᠤ ᠶᠢ ᠠᠬᠢᠭᠤᠯᠵᠤ᠂ ᠲᠣᠮᠣ ᠳᠤᠮᠳᠠ ᠵᠢᠵᠢᠭ ᠠᠵᠤ ᠠᠬᠤᠶᠢᠯᠠᠯ ᠤᠳ ᠬᠠᠷᠢᠯᠴᠠᠨ | ᠲᠤᠯᠭᠠᠭᠤᠷᠢᠯᠠᠵᠤ᠂ ᠬᠠᠮᠲᠤᠪᠠᠷ ᠦᠰᠦᠨ ᠪᠣᠶᠢᠵᠢᠭᠰᠠᠨ ᠬᠥᠭᠵᠢᠯᠲᠡ ᠶᠢᠨ ᠪᠠᠶᠢᠳᠠᠯ ᠢ ᠴᠢᠷᠮᠠᠶᠢᠨ ᠪᠣᠢ ᠪᠣᠯᠭᠠᠨ᠎ᠠ᠃ ᠭᠤᠷᠪᠠ ᠳᠤ ᠬᠦᠷᠢᠶᠡᠯᠡᠩ ᠤᠨ ᠲᠤᠯᠭᠠᠭᠤᠷᠢᠯᠠᠯ | ᠤᠨ ᠲᠦᠪᠰᠢᠨ ᠢ ᠳᠡᠭᠡᠭᠰᠢᠯᠡᠭᠦᠯᠦᠨ᠎ᠡ᠃ ᠬᠦᠷᠢᠶᠡᠯᠡᠩ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠵᠤ᠂ ᠬᠠᠮᠢᠶᠠᠷᠤᠯᠲᠠ ᠶᠢᠨ ᠲᠤᠰᠢᠶᠠᠯ | ᠬᠠᠷᠢᠭᠤᠴᠠᠯᠭ᠎ᠠ ᠶᠢ ᠤᠯᠠᠮ ᠵᠢᠷᠤᠮᠵᠢᠭᠤᠯᠤᠨ᠂ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠨ᠎ᠠ᠃ ᠴᠢ ᠫᠠᠨ ᠵᠢᠩ ᠬᠥᠷᠢᠶᠡᠯᠡᠩ ᠨᠢ ᠠᠵᠤ | ᠦᠢᠯᠡᠰ ᠤᠨ ᠥᠷᠭᠡᠳᠬᠡᠯ ᠬᠢᠭᠡᠳ ᠡᠬᠢ ᠰᠤᠷᠪᠤᠯᠵᠢ ᠶᠢᠨ ᠤᠯᠠᠷᠢᠭᠤᠯᠤᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠰᠢᠨ᠎ᠡ ᠬᠡᠯᠪᠡᠷᠢ ᠶᠢᠨ ᠨᠡᠭᠦᠷᠡᠰᠦ | ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠲᠥᠪᠯᠡᠷᠡᠭᠦᠯᠦᠨ ᠪᠠᠶᠢᠭᠤᠯᠵᠤ᠂ ᠡᠮᠦᠨ᠎ᠡ ᠲᠥᠷᠥᠯ ᠵᠦᠢᠯ ᠤᠨ | ᠣᠷᠣᠨ ᠤ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠂ ᠠᠶᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠥᠬᠦᠭᠡᠷᠦᠮᠵᠢ ᠶᠢᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠳᠬᠤᠵᠤ᠂ ᠴᠢ ᠫᠠᠨ ᠵᠢᠩ ᠠᠴᠠ ᠮᠧᠩ ᠰᠢ ᠬᠦᠷᠬᠦ ᠲᠦᠷᠭᠡᠨ ᠵᠠᠮ᠂ ᠴᠢ ᠫᠠᠨ ᠵᠢᠩ ᠠᠴᠠ ᠡᠷᠬᠡᠲᠦ | ᠬᠦᠷᠬᠦ ᠬᠡᠰᠡᠭ ᠢ ᠵᠠᠰᠠᠵᠤ ᠲᠡᠷᠭᠡ ᠨᠡᠪᠲᠡᠷᠡᠭᠦᠯᠦᠨ᠂ ᠥᠨᠥ ᠵᠢᠯ ᠪᠣᠷᠣᠯᠠᠭᠤᠯᠭ᠎ᠠ ᠶᠢᠨ ᠣᠷᠣᠯᠭ᠎ᠠ ᠶᠢ 470 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠴᠢᠷᠮᠠᠶᠢᠨ᠎ᠠ᠃ | ᠮᠧᠩ ᠰᠢ ᠬᠥᠷᠢᠶᠡᠯᠡᠩ ᠨᠢ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠬᠢᠭᠡᠳ ᠮᠡᠷᠭᠡᠵᠢᠯ ᠢ ᠰᠤᠳᠤᠯᠤᠨ ᠨᠡᠭᠡᠭᠡᠬᠦ ᠴᠢᠳᠠᠪᠤᠷᠢ ᠪᠠᠨ ᠴᠢᠩᠭᠠᠳᠬᠠᠨ᠂ ᠤᠯᠤᠰ ᠤᠨ | ᠠᠮᠢ ᠠᠬᠤᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠪᠠ ᠤᠯᠤᠰ ᠤᠨ ᠰᠢᠨ᠎ᠡ ᠮᠠᠲ᠋ᠧᠷᠢᠶᠠᠯ ᠤᠨ ᠦᠷ᠎ᠡ ᠪᠦᠲᠦᠭᠡᠯ ᠢ ᠤᠯᠠᠷᠢᠭᠤᠯᠬᠤ ᠵᠢᠴᠢ ᠠᠵᠤ | ᠦᠢᠯᠡᠰᠵᠢᠯᠲᠠ ᠶᠢᠨ ᠰᠠᠭᠤᠷᠢᠨ ᠢ ᠢᠳᠡᠪᠬᠢᠲᠡᠢ ᠪᠠᠶᠢᠭᠤᠯᠵᠤ᠂ ᠭᠠᠯ ᠤᠨᠲᠠᠷᠠᠭᠠᠬᠤ ᠲᠥᠬᠦᠭᠡᠷᠦᠮᠵᠢ᠂ ᠪᠤᠵᠠᠷ ᠤᠰᠤ ᠶᠢ ᠴᠡᠪᠡᠷᠵᠢᠭᠦᠯᠬᠦ᠂ ᠬᠤᠭ ᠨᠣᠪᠰᠢ ᠶᠢ ᠪᠤᠯᠠᠬᠤ | ᠵᠡᠷᠭᠡ ᠠᠵᠤ ᠦᠢᠯᠡᠰ ᠤᠨ ᠢᠵᠢ ᠪᠦᠷᠢᠳᠦᠭᠦᠯᠦᠯ ᠤᠨ ᠲᠥᠬᠦᠭᠡᠷᠦᠮᠵᠢ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠥᠨᠥ ᠵᠢᠯ ᠪᠣᠷᠣᠯᠠᠭᠤᠯᠭ᠎ᠠ ᠶᠢᠨ ᠣᠷᠣᠯᠭ᠎ᠠ | ᠶᠢ 220 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠴᠢᠷᠮᠠᠶᠢᠨ᠎ᠠ᠃ ᠴᠡᠪ ᠵᠣᠭᠠᠩ ᠤᠨ ᠬᠥᠷᠢᠶᠡᠯᠡᠩ᠂ ᠣᠷᠢᠶᠠᠮᠠᠭ ᠵᠠᠮᠠᠭ ᠤᠨ ᠬᠥᠷᠢᠶᠡᠯᠡᠩ ᠪᠣᠯᠣᠨ ᠤᠯᠠᠭᠠᠨ | ᠪᠠᠯᠭᠠᠰᠤᠨ ᠤ ᠬᠥᠩᠭᠡᠨ ᠠᠵᠣ ᠦᠢᠯᠡᠳᠪᠣᠷᠢ ᠶᠢᠨ ᠬᠥᠷᠢᠶᠡᠯᠡᠩ ᠨᠢ ᠰᠠᠭᠤᠷᠢ ᠲᠥᠬᠦᠬᠡᠷᠣᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ | ᠠᠷᠠᠯᠵᠢᠶᠠᠴᠢᠨ ᠤᠷᠢᠵᠤ ᠪᠡᠯᠡ ᠲᠠᠲᠠᠬᠤ ᠬᠠᠨᠳᠤᠯᠭᠠᠲᠤ ᠴᠢᠨᠠᠷ ᠬᠢᠭᠡᠳ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠂ ᠨᠢᠬᠡ ᠪᠥᠯᠥᠭ ᠪᠣᠳᠠᠳᠠᠢ ᠲᠠᠢ ᠨᠡᠶᠢᠴᠡᠭᠰᠡᠨ᠂ | ᠳᠠᠶᠢᠴᠢᠯᠠᠬᠤ ᠬᠥᠴᠣᠨ ᠢᠶᠠᠷ ᠴᠢᠩᠭ᠎ᠠ ᠲᠥᠷᠣᠯ ᠵᠦᠢᠯ ᠢ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃ | ︵ ᠭᠤᠷᠪᠠ︶ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠠᠳᠬᠤᠵᠤ᠂ ᠠᠵᠤ ᠦᠢᠯᠡᠰ ᠤᠨ ᠪᠦᠲᠦᠴᠡ ᠶᠢᠨ ᠰᠢᠯᠢᠳᠡᠭᠴᠢᠯᠡᠭᠰᠡᠨ | ᠲᠣᠬᠢᠷᠠᠭᠤᠯᠤᠯᠲᠠ ᠶᠢ ᠠᠬᠢᠭᠤᠯᠤᠨ᠎ᠠ᠃ ᠡᠬᠢ ᠰᠤᠷᠪᠤᠯᠵᠢ ᠶᠢ ᠤᠯᠠᠷᠢᠭᠤᠯᠤᠨ ᠠᠰᠢᠭᠯᠠᠬᠤ ᠪᠠᠷ ᠭᠤᠣᠯ ᠰᠢᠪᠲᠤᠯᠤᠯᠲᠠ ᠪᠣᠯᠭᠠᠵᠤ᠂ ᠶᠠᠰᠤ ᠴᠢᠨᠠᠷ ᠦᠷ᠎ᠡ ᠠᠰᠢᠭ ᠢ | ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠨ᠂ ᠲᠤᠰ ᠪᠡᠶ᠎ᠡ ᠶᠢᠨ ᠬᠥᠭᠵᠢᠯᠲᠡ ᠳᠡᠭᠡᠨ ᠲᠣᠬᠢᠷᠠᠭᠰᠠᠨ ᠪᠣᠳᠠᠲᠤ ᠪᠠᠶᠢᠳᠠᠯ ᠪᠠ ᠢᠷᠡᠭᠡᠳᠦᠢ ᠶᠢᠨ ᠵᠠᠬ᠎ᠠ ᠳᠡᠯᠭᠡᠭᠦᠷ ᠤᠨ | ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠣᠳᠣ ᠦᠶ᠎ᠡ ᠶᠢᠨ ᠠᠵᠤ ᠦᠢᠯᠡᠰ ᠤᠨ ᠲᠣᠭᠲᠠᠯᠴᠠᠭ᠎ᠠ ᠶᠢ ᠪᠠᠶᠢᠭᠤᠯᠤᠨ᠎ᠠ᠃ ᠨᠢᠭᠡ ᠳᠤ ᠴᠡᠪᠡᠷ ᠡᠨᠧᠷᠭᠢ ᠶᠢᠨ ᠠᠵᠤ | ᠦᠢᠯᠡᠰ ᠢ ᠶᠡᠭᠡ ᠪᠠᠷ ᠬᠥᠭᠵᠢᠭᠦᠯᠦᠨ᠎ᠡ᠃ ᠭᠤᠣᠯᠳᠠᠭᠤ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠳᠡᠭᠡᠷ᠎ᠡ ᠬᠦᠴᠦ ᠪᠠᠨ ᠵᠠᠷᠤᠴᠠᠭᠤᠯᠵᠤ᠂ | ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠱᠠᠯᠠᠪᠳᠠᠨ ᠨᠠᠶᠢᠷᠠᠭᠤᠯᠵᠤ᠂ ᠬᠥᠭᠵᠢᠯᠲᠡ ᠶᠢᠨ | ᠰᠡᠳᠬᠢᠴᠡ ᠪᠠᠨ ᠤᠯᠠᠮ ᠰᠢᠯᠤᠭᠤᠳᠬᠠᠨ᠂ ᠬᠥᠭᠵᠢᠯᠲᠡ ᠶᠢᠨ ᠴᠢᠭᠯᠡᠯ ᠢᠶᠠᠨ ᠲᠣᠳᠣᠷᠬᠠᠶᠢᠯᠠᠵᠤ᠂ ᠥᠨᠥ ᠵᠢᠯ ᠵᠢᠶᠠᠨ ᠶᠤᠸᠠᠨ ᠤ ᠨᠡᠭᠦᠷᠡᠰᠦᠨ ᠬᠡᠦᠳᠡᠰᠦ | ᠤᠰᠤᠲᠥ᠋ᠷᠥᠭᠴᠢ ᠶᠢᠨ ᠨᠢᠭᠡᠳᠦᠯ᠂ ᠭᠤᠸᠠᠩ ᠨᠠ ᠶᠢᠨ ᠨᠡᠭᠦᠷᠡᠰᠦᠨ ᠬᠡᠢ ᠪᠠᠷ ᠮᠧᠲ᠋ᠢᠯ ᠠᠯᠺᠦᠦᠯ ᠦᠢᠯᠡᠳᠪᠦᠷᠢᠯᠡᠬᠦ᠂ ᠰᠢᠩ ᠭᠤᠸᠠᠩ ᠤᠨ ᠨᠡᠭᠦᠷᠡᠰᠦᠨ ᠬᠡᠢ ᠪᠠᠷ | ᠠᠽᠤᠲ ᠬᠦᠴᠢᠯ ᠤᠨ ᠠᠮᠮᠤᠨᠢ ᠦᠢᠯᠡᠳᠪᠦᠷᠢᠯᠡᠬᠦ ᠵᠡᠷᠭᠡ ᠲᠥᠷᠥᠯ ᠵᠦᠢᠯ ᠢ ᠭᠤᠣᠯᠳᠠᠯᠭ᠎ᠠ ᠲᠠᠢ ᠠᠬᠢᠭᠤᠯᠵᠤ᠂ ᠰᠢᠨ᠎ᠡ ᠪᠠᠷ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠦᠢᠯᠡᠳᠪᠦᠷᠢᠯᠡᠯ ᠤᠨ ᠴᠢᠳᠠᠪᠤᠷᠢ ᠶᠢ 130 ᠲᠦᠮᠡᠨ ᠲᠤᠨ ᠨᠡᠮᠡᠭᠳᠡᠭᠦᠯᠦᠨ᠎ᠡ᠃ ᠨᠡᠭᠦᠷᠡᠰᠦᠨ ᠠᠵᠤ ᠦᠢᠯᠡᠰ ᠡᠭᠡᠭᠦᠯᠦᠨ ᠮᠠᠯᠲᠠᠬᠤ ᠨᠣᠷᠮ᠎ᠠ᠂ | ᠤᠬᠢᠶᠠᠵᠤ ᠰᠣᠩᠭᠤᠬᠤ ᠨᠣᠷᠮ᠎ᠠ ᠬᠢᠭᠡᠳ ᠲᠤᠬᠠᠢ ᠶᠢᠨ ᠭᠠᠵᠠᠷ ᠲᠤᠨᠢ ᠤᠯᠠᠷᠢᠭᠤᠯᠬᠤ ᠨᠣᠷᠮ᠎ᠠ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠡᠬᠢ ᠰᠤᠷᠪᠤᠯᠵᠢ ᠶᠢᠨ | ᠦᠷ᠎ᠡ ᠠᠰᠢᠭ ᠢ ᠬᠠᠮᠤᠭ ᠶᠡᠭᠡ ᠬᠡᠮᠵᠢᠶ᠎ᠡ ᠪᠠᠷ ᠨᠡᠮᠡᠭᠳᠡᠭᠦᠯᠦᠨ᠎ᠡ᠃ ᠪᠠᠶᠢᠭᠠᠯᠢ ᠶᠢᠨ ᠰᠢᠲᠠᠮᠠᠬᠠᠢ ᠬᠡᠢ ᠶᠢᠨ ᠠᠵᠤ ᠦᠢᠯᠡᠰ ᠬᠠᠷᠢᠶ᠎ᠠ ᠭᠠᠵᠠᠷ ᠤᠨ ᠢᠶᠠᠨ ᠡᠬᠢ | ᠰᠤᠷᠪᠤᠯᠵᠢ ᠶᠢᠨ ᠳᠠᠪᠠᠭᠤᠯᠢᠭ ᠢ ᠭᠦᠢᠴᠡᠳ ᠠᠰᠢᠭᠯᠠᠵᠤ᠂ ᠤᠯᠠᠷᠢᠭᠤᠯᠬᠤ ᠲᠥᠷᠥᠯ ᠵᠦᠢᠯ ᠢ ᠶᠡᠭᠡ ᠪᠠᠷ ᠲᠠᠲᠠᠨ ᠣᠷᠣᠭᠤᠯᠤᠨ ᠬᠡᠷᠡᠭᠵᠢᠭᠦᠯᠵᠦ᠂ ᠰᠢᠨ᠎ᠡ ᠡᠨᠧᠷᠭᠢ | ᠶᠢᠨ ᠠᠵᠤ ᠦᠢᠯᠡᠰ ᠤᠨ ᠬᠥᠭᠵᠢᠭᠦᠯᠦᠯᠲᠡ ᠳᠡᠭᠡᠷ᠎ᠡ ᠰᠢᠪᠲᠤᠯᠤᠯᠲᠠ ᠭᠠᠷᠭᠠᠨ᠎ᠠ᠃ ᠬᠤᠶᠠᠷ ᠲᠤ ᠳᠠᠪᠠᠭᠤᠯᠢᠭ ᠣᠨᠴᠠᠯᠢᠭᠲᠤ ᠠᠵᠤ ᠦᠢᠯᠡᠰ ᠢ ᠪᠣᠶᠢᠵᠢᠭᠤᠯᠤᠨ | ᠪᠤᠵᠠᠭᠠᠶᠢᠷᠠᠭᠤᠯᠤᠨ᠎ᠠ᠃ ᠡᠾᠯᠤᠷᠲᠦ ᠬᠤᠵᠢᠷ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠵᠦᠩ ᠬᠦ᠋ ᠶᠢᠨ PVC ᠤᠨ ᠲᠥᠷᠥᠯ ᠵᠦᠢᠯ ᠢ | ᠠᠰᠢᠭᠯᠠᠯᠲᠠ ᠳᠤ ᠣᠷᠣᠭᠤᠯᠵᠤ᠂ PVC ᠤᠨ ᠦᠢᠯᠡᠳᠪᠦᠷᠢᠯᠡᠯ ᠤᠨ ᠴᠢᠳᠠᠪᠤᠷᠢ ᠶᠢ 100 ᠲᠦᠮᠡᠨ ᠲᠤᠨ ᠢ ᠳᠠᠪᠠᠭᠤᠯᠬᠤ ᠪᠠᠷ ᠴᠢᠷᠮᠠᠶᠢᠨ᠎ᠠ︔ ᠵᠢᠶᠦ᠋ᠨ ᠵᠧᠩ᠂ | ᠱᠤᠸᠠᠩ ᠰᠢᠨ ᠤ ᠥᠪᠡᠰᠦᠪᠡᠨ ᠪᠡᠯᠡᠳᠬᠡᠭᠰᠡᠨ ᠴᠠᠬᠢᠯᠭᠠᠨ ᠦᠢᠯᠡᠳᠪᠦᠷᠢ ᠶᠢᠨ ᠲᠥᠷᠥᠯ ᠵᠦᠢᠯ ᠢ ᠠᠬᠢᠭᠤᠯᠵᠤ᠂ PVC ᠦᠢᠯᠡᠳᠪᠦᠷᠢᠯᠡᠵᠦ ᠪᠠᠶᠢᠭ᠎ᠠ ᠠᠵᠤ | ᠠᠬᠤᠶᠢᠯᠠᠯ ᠨᠢ ᠥᠪᠡᠷᠲᠡᠭᠡᠨ ᠴᠠᠬᠢᠯᠭᠠᠨ ᠬᠠᠩᠭᠠᠬᠤ ᠶᠢ ᠱᠠᠯᠠᠪᠳᠠᠨ ᠪᠡᠶᠡᠯᠡᠭᠦᠯᠦᠨ᠎ᠡ᠃ ᠴᠠᠬᠢᠯᠭᠠᠨ ᠬᠦᠴᠦᠨ ᠲᠡᠮᠦᠷᠯᠢᠭ ᠬᠠᠶᠢᠯᠤᠰᠢ ᠶᠢᠨ ᠠᠵᠤ ᠦᠢᠯᠡᠰ ᠣᠷᠳᠣᠰ | ᠢᠮᠠᠭᠠᠨ ᠨᠣᠯᠤᠤᠷ ᠤᠨ ᠪᠦᠯᠦᠭᠯᠡᠯ ᠤᠨ ᠨᠡᠭᠦᠷᠡᠰᠦ ᠴᠠᠬᠢᠯᠭᠠᠨ ᠬᠥᠩᠭᠡᠨᠴᠠᠭᠠᠨ ᠢ ᠴᠣᠭᠴᠠᠵᠢᠭᠤᠯᠤᠭᠰᠠᠨ ᠠᠵᠤ ᠦᠢᠯᠡᠰ ᠤᠨ ᠰᠦᠷᠦᠭᠵᠢᠯ ᠤᠨ ᠲᠥᠷᠥᠯ ᠵᠦᠢᠯ ᠢ | ᠭᠤᠣᠯᠳᠠᠯᠭ᠎ᠠ ᠲᠠᠢ ᠠᠳᠬᠤᠵᠤ᠂ 8×30 ᠲᠦᠮᠡᠨ ᠺᠢᠯᠤᠸᠠᠲ ᠴᠠᠬᠢᠯᠭᠠᠨ ᠬᠦᠴᠦᠨ ᠤ ᠮᠠᠰᠢᠨ ᠴᠤᠭᠴᠠᠯᠠᠪᠤᠷᠢ᠂ 100 ᠲᠦᠮᠡᠨ ᠲᠤᠨ ᠴᠠᠬᠢᠯᠭᠠᠨ ᠢᠶᠠᠷ | ᠬᠥᠩᠭᠡᠨᠴᠠᠭᠠᠨ ᠵᠠᠳᠠᠷᠠᠭᠤᠯᠬᠤ ᠲᠥᠷᠥᠯ ᠵᠦᠢᠯ ᠢ ᠲᠦᠷᠭᠡᠨ ᠠᠬᠢᠭᠤᠯᠤᠨ᠎ᠠ︔ ᠮᠧᠩ ᠰᠢ ᠶᠢᠨ ᠬᠥᠩᠭᠡᠨᠴᠠᠭᠠᠨ ᠤ ᠢᠰᠦᠯ ᠤᠨ ᠢᠵᠢ ᠪᠦᠷᠢᠳᠦᠭᠦᠯᠦᠯ ᠤᠨ 2× | 20 ᠲᠦᠮᠡᠨ ᠺᠢᠯᠤᠸᠠᠲ ᠴᠠᠬᠢᠯᠭᠠᠨ ᠬᠦᠴᠦᠨ ᠤ ᠮᠠᠰᠢᠨ ᠴᠤᠭᠴᠠᠯᠠᠪᠦᠷᠢ ᠶᠢᠨ ᠲᠥᠷᠥᠯ ᠵᠦᠢᠯ ᠢ ᠲᠦᠷᠭᠡᠨ ᠬᠡᠷᠡᠭᠵᠢᠭᠦᠯᠵᠦ᠂ ᠴᠠᠬᠢᠯᠭᠠᠨ ᠬᠦᠴᠦᠨ᠂ ᠲᠡᠮᠦᠷᠯᠢᠭ | ᠬᠠᠶᠢᠯᠤᠰᠢ ᠶᠢᠨ ᠠᠵᠤ ᠦᠢᠯᠡᠰ ᠢ ᠣᠷᠴᠢᠯᠳᠤᠭᠤᠯᠤᠨ ᠬᠥᠭᠵᠢᠬᠦᠯᠬᠦ ᠶᠢ ᠪᠡᠶᠡᠯᠡᠭᠦᠯᠦᠨ᠎ᠡ᠃ ᠳ᠋ᠧ ᠱᠧᠩ ᠤᠨ ᠲᠡᠮᠦᠷᠯᠢᠭ ᠡᠳ᠋ᠯᠡᠯ ᠤᠨ ᠲᠥᠷᠥᠯ ᠵᠦᠢᠯ ᠢ ᠯᠠᠪᠳᠠᠭᠤᠨ | ᠢᠶᠠᠷ ᠠᠵᠢᠯᠯᠠᠭᠤᠯᠵᠤ᠂ ᠰᠢᠩ ᠭᠤᠸᠠᠩ ᠤᠨ ᠵᠠᠭᠠᠳᠠᠰᠤ ᠦᠭᠡᠢ ᠪᠣᠯᠣᠳ ᠬᠤᠭᠤᠯᠠᠢ ᠶᠢᠨ ᠲᠥᠷᠥᠯ ᠵᠦᠢᠯ ᠪᠣᠳᠠᠲᠤ ᠠᠬᠢᠴᠠ ᠲᠠᠢ ᠪᠣᠯᠬᠤ ᠶᠢ ᠪᠠᠲᠤᠯᠠᠨ᠎ᠠ᠃ | ᠭᠤᠷᠪᠠ ᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠢ ᠢᠳᠡᠪᠬᠢᠲᠡᠢ ᠬᠥᠭᠵᠢᠭᠦᠯᠦᠨ᠎ᠡ᠃ ᠲᠤᠬᠠᠢ ᠶᠢᠨ ᠭᠠᠵᠠᠷ | ᠲᠤᠨᠢ ᠲᠣᠬᠢᠷᠠᠭᠤᠯᠤᠨ ᠥᠪᠡᠷᠮᠢᠴᠡ ᠣᠨᠴᠠᠯᠢᠭᠲᠤ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠵᠦ᠂ ᠮᠠᠯ ᠲᠠᠷᠢᠶᠠᠯᠠᠩ ᠠᠵᠤ ᠠᠬᠤᠢ ᠶᠢᠨ ᠠᠵᠤ ᠦᠢᠯᠡᠰᠵᠢᠯᠲᠠ | ᠶᠢᠨ ᠠᠬᠢᠴᠠ ᠶᠢ ᠲᠦᠷᠭᠡᠨ ᠠᠬᠢᠭᠤᠯᠵᠤ᠂ ᠣᠷᠢᠶᠠᠮᠠᠭ ᠵᠠᠮᠠᠭ ᠤᠨ ᠠᠵᠤ ᠦᠢᠯᠡᠰ ᠤᠨ ᠬᠦᠷᠢᠶᠡᠯᠡᠩ᠂ ᠰᠠᠶᠢᠬᠤᠰᠤ ᠡᠷᠴᠢᠮᠵᠢᠭᠦᠯᠦᠭᠰᠡᠨ ᠲᠡᠵᠢᠭᠡᠨ ᠦᠷᠡᠵᠢᠭᠦᠯᠬᠦ | ᠬᠦᠷᠢᠶᠡᠯᠡᠩ ᠢ ᠥᠪᠡᠷᠲᠡᠭᠡᠨ ᠵᠠᠰᠠᠬᠤ ᠣᠷᠣᠨ ᠤ ᠮᠠᠯ ᠲᠠᠷᠢᠶᠠᠯᠠᠩ ᠠᠵᠤ ᠠᠬᠤᠢ ᠶᠢᠨ ᠠᠵᠤ ᠦᠢᠯᠡᠰᠵᠢᠯᠲᠠ ᠶᠢᠨ ᠵᠢᠱᠢᠶ᠎ᠡ ᠦᠵᠡᠭᠦᠯᠬᠦ ᠬᠦᠷᠢᠶᠡᠯᠡᠩ ᠪᠣᠯᠭᠠᠬᠤ ᠪᠠᠷ | ᠴᠢᠷᠮᠠᠶᠢᠨ᠎ᠠ᠃ ᠠᠷᠪᠠᠰ ᠤᠨ ᠢᠮᠠᠭᠠᠨ ᠮᠢᠬᠠᠨ ᠤ ᠭᠠᠵᠠᠷ ᠣᠷᠣᠨ ᠤ ᠪᠡᠯᠭᠡ ᠲᠡᠮᠳᠡᠭ ᠤᠨ ᠬᠠᠮᠠᠭᠠᠯᠠᠯᠲᠠ ᠶᠢᠨ ᠠᠵᠢᠯ ᠢ ᠴᠢᠩᠭᠠᠳᠬᠠᠵᠤ᠂ ᠬᠡᠷᠡᠭᠯᠡᠵᠦ ᠬᠠᠮᠢᠶᠠᠷᠬᠤ | ᠠᠷᠭ᠎ᠠ ᠶᠢ ᠲᠣᠭᠲᠠᠭᠠᠨ᠂ ᠬᠠᠤᠯᠢ ᠵᠥᠷᠢᠴᠡᠨ ᠲᠡᠮᠳᠡᠭ ᠬᠡᠷᠡᠭᠯᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠨᠴᠠᠯᠢᠭᠲᠤ ᠨᠡᠷᠡᠲᠦ ᠲᠡᠮᠳᠡᠭ ᠢ ᠦᠨᠡᠨ ᠬᠦ | ᠰᠠᠶᠢᠲᠤᠷ ᠬᠠᠮᠠᠭᠠᠯᠠᠨ ᠰᠠᠶᠢᠨ ᠬᠥᠭᠵᠢᠭᠦᠯᠦᠨ᠎ᠡ᠃ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ ᠶᠢ | ᠲᠣᠭᠲᠠᠭᠠᠵᠤ᠂ ᠬᠦᠷᠡᠩ ᠬᠤᠰᠢᠶᠠᠩᠭᠤᠷ ᠵᠡᠷᠭᠡ ᠴᠢᠨᠠᠷ ᠰᠠᠶᠢᠲᠠᠢ ᠡᠪᠡᠰᠦ ᠲᠠᠷᠢᠬᠤ ᠬᠡᠪᠴᠢᠶ᠎ᠡ ᠶᠢ ᠵᠣᠬᠢᠰᠲᠠᠢ ᠥᠷᠭᠡᠳᠬᠡᠨ᠂ ᠲᠡᠵᠢᠭᠡᠯ ᠡᠪᠡᠰᠦ ᠪᠣᠷᠳᠤᠭ᠎ᠠ | ᠪᠣᠯᠪᠠᠰᠤᠷᠠᠭᠤᠯᠬᠤ ᠠᠵᠤ ᠦᠢᠯᠡᠰ ᠢ ᠬᠦᠴᠦᠷᠬᠡᠭᠵᠢᠭᠦᠯᠦᠨ᠎ᠡ᠃ ᠮᠡᠷᠭᠡᠵᠢᠯ ᠤᠨ ᠰᠤᠳᠤᠯᠤᠨ ᠨᠡᠭᠡᠭᠡᠯᠲᠡ ᠬᠢᠭᠡᠳ ᠶᠠᠰᠤ ᠴᠢᠨᠠᠷ ᠤᠨ ᠪᠠᠶᠢᠴᠠᠭᠠᠨ ᠰᠢᠯᠭᠠᠯᠲᠠ ᠶᠢ | ᠴᠢᠩᠭᠠᠳᠬᠠᠨ᠂ ᠣᠷᠢᠶᠠᠮᠠᠭ ᠵᠠᠮᠠᠭ ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠲᠦᠪᠰᠢᠨ ᠢ ᠳᠡᠭᠡᠭᠰᠢᠯᠡᠭᠦᠯᠵᠦ᠂ ᠣᠷᠢᠶᠠᠮᠠᠭ ᠵᠠᠮᠠᠭ ᠤᠨ ᠬᠦᠷᠢᠶᠡᠯᠡᠩ ᠨᠢ ᠲᠣᠮᠣ | ᠬᠡᠯᠪᠡᠷᠢ ᠶᠢᠨ ᠡᠷᠡᠭᠦᠯᠵᠢᠯ ᠤᠨ ᠢᠳᠡᠭᠡᠨ ᠤ ᠠᠵᠤ ᠠᠬᠤᠶᠢᠯᠠᠯ ᠯᠤᠭ᠎ᠠ ᠵᠥᠪᠳᠡᠯᠴᠡᠨ ᠬᠤᠷᠰᠢᠯᠴᠠᠬᠤ ᠶᠢ ᠵᠣᠷᠢᠭᠵᠢᠭᠤᠯᠵᠤ᠂ ᠪᠦᠲᠦᠭᠡᠭᠳᠡᠬᠦᠨ ᠤ ᠳᠠᠪᠠᠭᠤᠯᠢᠭ ᠢ ᠠᠵᠤ | ᠠᠬᠤᠢ ᠶᠢᠨ ᠳᠠᠪᠠᠭᠤᠯᠢᠭ ᠬᠢᠭᠡᠳ ᠨᠡᠷᠡᠲᠦ ᠲᠡᠮᠳᠡᠭ ᠤᠨ ᠳᠠᠪᠠᠭᠤᠯᠢᠭ ᠪᠣᠯᠭᠠᠨ ᠬᠤᠪᠢᠷᠠᠭᠤᠯᠤᠨ᠎ᠠ᠃ ᠠᠷᠪᠠᠰ ᠤᠨ ᠴᠠᠭᠠᠨ ᠨᠤᠯᠤᠤᠷ ᠤᠨ ᠢᠮᠠᠭᠠᠨ ᠤ ᠡᠭᠦᠯᠳᠡᠷ | ᠤᠭᠰᠠᠭ᠎ᠠ ᠶᠢᠨ ᠭᠤᠣᠯ ᠰᠦᠷᠦᠭ ᠢ ᠬᠠᠮᠠᠭᠠᠯᠠᠬᠤ ᠠᠵᠢᠯ ᠢ ᠰᠠᠶᠢᠨ ᠬᠢᠵᠦ᠂ ᠡᠭᠦᠯᠳᠡᠷ ᠰᠣᠩᠭᠤᠬᠤ᠂ ᠡᠭᠦᠯᠳᠡᠷ ᠪᠣᠶᠢᠵᠢᠭᠤᠯᠬᠤ ᠪᠠ ᠡᠭᠦᠯᠳᠡᠷ ᠬᠠᠮᠠᠭᠠᠯᠠᠬᠤ ᠡᠷᠴᠢᠮ | ᠢ ᠴᠢᠩᠭᠠᠷᠠᠭᠤᠯᠤᠨ᠂ ᠨᠣᠣᠰᠣ ᠨᠣᠯᠤᠤᠷ ᠤᠨ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠡᠭᠦᠨ ᠤ ᠬᠠᠮᠲᠤ ᠵᠠᠬ᠎ᠠ ᠳᠡᠯᠭᠡᠭᠦᠷ ᠤᠨ ᠬᠦᠢᠯᠬᠡᠬᠡᠨ | ᠂ ᠬᠢᠵᠢᠭ ᠡᠪᠡᠳᠴᠢᠨ ᠤ ᠰᠡᠷᠭᠡᠶᠢᠯᠡᠯᠲᠡ᠂ ᠮᠡᠷᠭᠡᠵᠢᠯ ᠤᠨ ᠲᠡᠯᠭᠡᠷᠡᠭᠦᠯᠦᠯᠲᠡ ᠪᠠ ᠶᠠᠰᠤ ᠴᠢᠨᠠᠷ ᠤᠨ ᠬᠢᠨᠠᠨ ᠬᠠᠮᠢᠶᠠᠷᠤᠯᠲᠠ ᠶᠢᠨ ᠠᠵᠢᠯ ᠢ ᠰᠠᠶᠢᠲᠤᠷ ᠠᠳᠬᠤᠵᠤ᠂ | ᠪᠦᠬᠦ ᠶᠠᠪᠤᠴᠠ ᠶᠢ ᠬᠠᠮᠤᠷᠤᠭᠰᠠᠨ᠂ ᠶᠡᠷᠦᠩᠬᠡᠶᠢᠯᠡᠨ ᠢᠵᠢ ᠪᠦᠷᠢᠳᠦᠭᠦᠯᠦᠭᠰᠡᠨ᠂ ᠳᠥᠭᠦᠮ ᠳᠥᠲᠡ ᠥᠨᠳᠥᠷ ᠪᠦᠲᠦᠮᠵᠢᠲᠡᠢ ᠮᠠᠯ ᠲᠠᠷᠢᠶᠠᠯᠠᠩ ᠠᠵᠤ ᠠᠬᠤᠢ ᠶᠢᠨ | ᠦᠢᠯᠡᠴᠢᠯᠡᠭᠡᠨ ᠤ ᠲᠣᠭᠲᠠᠯᠴᠠᠭ᠎ᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠳᠥᠷᠪᠡ ᠳᠤ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠷᠭᠡᠨ | ᠬᠥᠭᠵᠢᠭᠦᠯᠦᠨ᠎ᠡ᠃ ᠵᠤᠭᠠᠴᠠᠯ ᠤᠨ ᠶᠡᠷᠦᠩᠬᠡᠢ ᠲᠥᠯᠥᠪᠵᠢᠭᠦᠯᠭᠡ ᠶᠢ ᠨᠠᠶᠢᠷᠠᠭᠤᠯᠵᠤ᠂ ᠪᠣᠭᠤᠳᠠᠯᠯᠠᠨ ᠲᠥᠰᠥᠪᠯᠡᠬᠦ ᠬᠢᠭᠡᠳ ᠭᠠᠳᠠᠭᠠᠳᠤ ᠳᠤ ᠤᠬᠠᠭᠤᠯᠬᠤ ᠠᠵᠢᠯ | ᠳᠡᠭᠡᠷ᠎ᠡ ᠰᠢᠪᠲᠤᠯᠤᠯᠲᠠ ᠭᠠᠷᠭᠠᠨ᠂ ᠠᠭᠠᠷ ᠤᠨ ᠠᠶᠠᠯᠠᠯ ᠤᠨ ᠠᠵᠤ ᠦᠢᠯᠡᠰ ᠤᠨ ᠲᠥᠷᠥᠯ ᠵᠦᠢᠯ ᠤᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠪᠤᠯᠤᠩ | ᠨᠠᠭᠤᠷ ᠤᠨ ᠵᠤᠭᠠᠴᠠᠯ ᠤᠨ ᠦᠵᠡᠮᠵᠢ ᠶᠢᠨ ᠣᠷᠣᠨ ᠢ ᠠᠰᠢᠭᠯᠠᠯᠲᠠ ᠳᠤ ᠣᠷᠣᠭᠤᠯᠤᠨ᠂ ᠠᠷᠵᠠᠢ ᠴᠢᠯᠠᠭᠤᠨ ᠠᠭᠤᠢ᠂ ᠠᠪᠤᠷᠭᠤ ᠭᠦᠷᠪᠡᠯ ᠤᠨ ᠮᠥᠷ ᠤᠨ | ᠴᠢᠯᠠᠭᠤᠵᠢᠮᠠᠯ᠂ ᠲᠠᠯ᠎ᠠ ᠨᠤᠲᠤᠭ ᠤᠨ ᠵᠤᠭᠠᠴᠠᠯ ᠬᠢᠭᠡᠳ ᠬᠠᠯᠠᠭᠤᠨ ᠷᠠᠰᠢᠶᠠᠨ ᠢᠶᠠᠷ ᠭᠤᠣᠯ ᠪᠣᠯᠭᠠᠭᠰᠠᠨ ᠵᠤᠭᠠᠴᠠᠯ ᠤᠨ ᠰᠣᠳᠣᠨ ᠱᠤᠭᠤᠮ ᠢ ᠳᠠᠷᠤᠶᠢᠬᠠᠨ ᠪᠣᠢ | ᠪᠣᠯᠭᠠᠨ᠎ᠠ᠃ ᠬᠦᠷᠢᠶᠡᠯᠡᠩ ᠤᠨ ᠪᠣᠳᠠᠰ ᠤᠨ ᠬᠦᠢᠯᠭᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠭᠤᠣᠯᠳᠠᠯᠭᠠᠲᠤ ᠠᠵᠤ ᠦᠢᠯᠡᠳᠪᠦᠷᠢ | ᠶᠢᠨ ᠪᠦᠲᠦᠭᠡᠭᠳᠡᠬᠦᠨ ᠤ ᠠᠷᠠᠯᠵᠢᠶᠠᠨ ᠤ ᠲᠠᠪᠴᠠᠩ ᠢ ᠪᠡᠯᠡᠳᠬᠡᠨ ᠪᠠᠶᠢᠭᠤᠯᠵᠤ᠂ PVC/PVA᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠪᠣᠯᠣᠳ ᠲᠡᠮᠦᠷ | ᠤᠨ ᠵᠠᠬ᠎ᠠ ᠳᠡᠯᠭᠡᠭᠦᠷ ᠢ ᠨᠡᠭᠡᠭᠡᠨ᠂ ᠨᠢᠩᠰᠢᠶᠠ ᠥᠪᠥᠷ ᠮᠣᠩᠭᠤᠯ ᠱᠠᠨᠰᠢ ᠭᠠᠨᠰᠤ ᠳᠤ ᠲᠠᠷᠬᠠᠭᠰᠠᠨ ᠪᠣᠳᠠᠰ ᠤᠨ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠲᠥᠪ | ᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠠᠷᠠᠯᠵᠢᠶ᠎ᠠ ᠬᠤᠳᠠᠯᠳᠤᠭ᠎ᠠ ᠢᠳᠡᠭᠡᠨ ᠤᠮᠳᠠᠭᠠᠨ᠂ ᠵᠤᠭ᠎ᠠ ᠴᠡᠩᠭᠡᠯ᠂ ᠮᠥᠩᠭᠦᠨ ᠬᠦᠢᠯᠭᠡᠭᠡᠨ ᠳᠠᠭᠠᠳᠬᠠᠯ ᠵᠡᠷᠭᠡ ᠠᠵᠤ | ᠦᠢᠯᠡᠰ ᠢ ᠢᠳᠡᠪᠬᠢᠲᠡᠢ ᠬᠥᠭᠵᠢᠭᠦᠯᠵᠦ᠂ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠬᠤᠷᠳᠤᠴᠠ ᠶᠢ ᠬᠤᠷᠳᠤᠳᠬᠠᠨ᠂ ᠬᠤᠪᠢ ᠶᠢᠨ ᠵᠢᠩ ᠢ ᠨᠢ | ᠨᠡᠮᠡᠭᠳᠡᠭᠦᠯᠦᠨ᠎ᠡ᠃ | ︵ᠳᠥᠷᠪᠡ︶ ᠴᠢᠳᠠᠮᠵᠢ ᠶᠢᠨ ᠲᠡᠭᠦᠯᠲᠡᠷᠵᠢᠬᠦᠯᠦᠯᠲᠡ ᠶᠢ ᠠᠳᠬᠤᠵᠤ᠂ ᠲᠠᠯ᠎ᠠ ᠨᠤᠲᠤᠭ ᠤᠨ ᠰᠣᠳᠣᠨ ᠬᠤᠲᠠ ᠪᠠᠯᠭᠠᠰᠤ ᠶᠢ ᠲᠦᠷᠭᠡᠳᠬᠡᠨ ᠪᠠᠶᠢᠭᠤᠯᠤᠨ᠎ᠠ᠃ | ᠬᠥᠮᠥᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠂ ᠬᠡᠪᠴᠢᠶ᠎ᠡ ᠨᠢ ᠲᠣᠬᠢᠷᠠᠮᠵᠢᠲᠠᠢ᠂ ᠪᠠᠶᠢᠷᠢᠯᠠᠭᠤᠯᠤᠯᠲᠠ ᠨᠢ ᠵᠣᠬᠢᠰᠲᠠᠢ᠂ ᠣᠷᠣᠰᠢᠨ ᠰᠠᠭᠤᠷᠢᠰᠢᠵᠤ ᠦᠢᠯᠡᠰ | ᠪᠣᠰᠬᠠᠬᠤ ᠳᠤ ᠲᠣᠬᠢᠷᠠᠮᠵᠢᠲᠠᠢ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠭᠤᠯᠤᠯᠲᠠ ᠶᠢᠨ ᠬᠥᠭᠵᠢᠯᠲᠡ ᠶᠢᠨ ᠪᠠᠶᠢᠳᠠᠯ ᠢ ᠪᠣᠢ ᠪᠣᠯᠭᠠᠨ᠎ᠠ᠃ ᠨᠢᠭᠡ ᠳᠤ ᠬᠤᠲᠠ | ᠪᠠᠯᠭᠠᠰᠤᠨ ᠤ ᠵᠡᠷᠭᠡ ᠲᠡᠰ ᠢ ᠳᠡᠭᠡᠭᠰᠢᠯᠡᠭᠦᠯᠦᠨ᠎ᠡ᠃ ᠬᠥᠮᠥᠨ ᠠᠮᠠ ᠶᠢᠨ ᠨᠡᠮᠡᠭᠳᠡᠯ᠂ ᠠᠵᠤ ᠦᠢᠯᠡᠰ ᠤᠨ ᠬᠥᠭᠵᠢᠯᠲᠡ ᠶᠢᠨ ᠬᠦᠴᠦᠨ ᠵᠦᠢᠯ ᠢ ᠨᠢᠭᠡᠳᠦᠯᠲᠡᠢ | ᠲᠥᠯᠥᠪᠯᠡᠵᠦ᠂ ᠭᠤᠣᠯᠳᠠᠯᠭᠠᠲᠤ ᠬᠤᠲᠠ ᠪᠠᠯᠭᠠᠰᠤ᠂ ᠠᠵᠤ ᠦᠢᠯᠡᠰ ᠤᠨ ᠴᠢᠬᠤᠯᠠ ᠪᠠᠯᠭᠠᠰᠤ ᠶᠢᠨ ᠬᠥᠭᠵᠢᠯᠲᠡ ᠶᠢᠨ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ | ᠡᠵᠡᠮᠳᠡᠵᠦ᠂ ᠡᠩ ᠤᠨ ᠪᠠᠶᠢᠭᠤᠯᠤᠯᠲᠠᠲᠦ ᠪᠠᠯᠭᠠᠰᠤᠨ ᠤ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠎ᠠ᠃ ᠤᠯᠠᠭᠠᠨᠪᠠᠯᠭᠠᠰᠤ ᠨᠢ ᠰᠠᠭᠤᠷᠢ ᠲᠥᠬᠦᠭᠡᠷᠦᠮᠵᠢ᠂ | ᠣᠯᠠᠨ ᠨᠡᠶᠢᠲᠡ ᠶᠢᠨ ᠲᠥᠬᠦᠭᠡᠷᠦᠮᠵᠢ ᠬᠢᠭᠡᠳ ᠠᠷᠠᠳ ᠲᠤ ᠳᠥᠭᠦᠮ ᠦᠵᠡᠭᠦᠯᠬᠦ ᠲᠥᠬᠦᠭᠡᠷᠦᠮᠵᠢ ᠶᠢ ᠤᠯᠠᠮ ᠲᠡᠭᠦᠯᠳᠡᠷᠵᠢᠭᠦᠯᠵᠦ᠂ ᠴᠡᠴᠡᠷᠯᠢᠭᠵᠢᠭᠦᠯᠦᠯᠲᠡ | ᠨᠣᠭᠤᠭᠠᠷᠠᠭᠤᠯᠤᠯᠲᠠ᠂ ᠦᠵᠡᠮᠦᠷᠢ ᠶᠢᠨ ᠤᠰᠤᠨ ᠰᠢᠰᠲ᠋ᠧᠮ᠂ ᠭᠤᠶᠣᠵᠢᠭᠤᠯᠤᠯᠲᠠ ᠭᠡᠭᠡᠷᠡᠭᠦᠯᠦᠯᠲᠡ ᠶᠢᠨ ᠢᠨᠵᠧᠨ᠋ᠧᠷᠢᠩ ᠢ ᠰᠠᠶᠢᠲᠤᠷ ᠠᠳᠬᠤᠨ᠂ ᠵᠢᠵᠢᠭ ᠬᠤᠲᠠ | ᠪᠠᠯᠭᠠᠰᠤᠨ ᠤ ᠪᠠᠶᠢᠭᠤᠯᠤᠯᠲᠠ ᠶᠢᠨ ᠰᠢᠨ᠎ᠡ ᠳᠠᠭᠤᠷᠢᠶᠠᠯ ᠪᠣᠯᠭᠠᠨ᠎ᠠ᠃ ᠴᠢ ᠫᠠᠨ ᠵᠢᠩ ᠪᠠᠯᠭᠠᠰᠤ᠂ ᠮᠸᠡᠭ ᠰᠢ ᠪᠠᠯᠭᠠᠰᠤ ᠨᠢ ᠳᠠᠪᠠᠭᠤᠯᠢᠭ ᠠᠵᠤ ᠦᠢᠯᠡᠰ ᠬᠢᠭᠡᠳ | ᠭᠤᠣᠯᠳᠠᠯᠭᠠᠲᠤ ᠠᠵᠤ ᠠᠬᠤᠶᠢᠯᠠᠯ ᠳᠤ ᠲᠣᠭᠤᠷᠢᠭᠤᠯᠤᠨ᠂ ᠰᠠᠭᠤᠷᠢ ᠢᠵᠢ ᠪᠦᠷᠢᠳᠦᠭᠦᠯᠦᠯ ᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠲᠠᠪᠴᠠᠩ ᠢ ᠰᠢᠯᠢᠳᠡᠭᠴᠢᠯᠡᠨ | ᠂ ᠠᠵᠤ ᠦᠢᠯᠡᠰ ᠤᠨ ᠲᠤᠯᠭᠠᠭᠤᠷᠢᠯᠠᠯ ᠤᠨ ᠬᠦᠴᠦᠨ ᠢ ᠳᠡᠭᠡᠭᠰᠢᠯᠡᠭᠦᠯᠦᠨ᠎ᠡ᠃ ᠦᠮᠡᠬᠡᠶᠢᠨᠠᠭᠤᠷ ᠪᠠᠯᠭᠠᠰᠤ᠂ ᠠᠷᠪᠠᠰ ᠰᠤᠮᠤ᠂ ᠰᠦᠮᠡᠲᠦ ᠰᠤᠮᠤ ᠨᠢ ᠣᠷᠣᠨ ᠨᠤᠲᠤᠭ | ᠤᠨ ᠣᠨᠴᠠᠯᠢᠭ ᠢᠶᠠᠨ ᠳᠣᠪᠣᠶᠢᠯᠭᠠᠵᠤ᠂ ᠰᠠᠭᠤᠷᠢ ᠲᠥᠬᠦᠭᠡᠷᠦᠮᠵᠢ ᠬᠢᠭᠡᠳ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠶᠢᠭᠤᠯᠤᠯᠲᠠ ᠶᠢ | ᠭᠤᠣᠯᠳᠠᠯᠭ᠎ᠠ ᠲᠠᠢ ᠴᠢᠩᠭᠠᠳᠬᠠᠨ᠂ ᠬᠥᠮᠥᠨ ᠠᠮᠠ ᠶᠢᠨ ᠴᠤᠭᠯᠠᠷᠠᠴᠡ ᠬᠢᠭᠡᠳ ᠠᠵᠤ ᠦᠢᠯᠡᠰ ᠤᠨ ᠲᠥᠪᠯᠡᠷᠡᠴᠡ ᠶᠢ ᠳᠡᠭᠡᠭᠰᠢᠯᠡᠭᠦᠯᠦᠨ᠎ᠡ᠃ ᠬᠤᠶᠠᠷ ᠲᠤ ᠬᠤᠲᠠ | ᠶᠢᠨ ᠶᠠᠪᠤᠳᠠᠯ ᠤᠨ ᠴᠢᠳᠠᠮᠵᠢ ᠶᠢ ᠲᠡᠭᠦᠯᠳᠡᠷᠵᠢᠭᠦᠯᠦᠨ᠎ᠡ᠃ ᠰᠡᠳᠬᠢᠴᠡ ᠪᠠᠨ ᠥᠷᠭᠡᠳᠬᠡᠵᠦ᠂ ᠠᠷᠭ᠎ᠠ ᠪᠠᠷᠢᠯ ᠢᠶᠠᠨ ᠴᠢᠩᠭᠠᠳᠬᠠᠨ᠂ ᠡᠯ᠎ᠡ ᠲᠥᠷᠥᠯ ᠤᠨ ᠠᠰᠢᠭᠯᠠᠵᠤ | ᠪᠣᠯᠬᠤ ᠡᠬᠢ ᠰᠤᠷᠪᠤᠯᠵᠢ ᠶᠢ ᠬᠥᠭᠵᠢᠶᠡᠨᠲᠡᠢ ᠪᠣᠯᠭᠠᠵᠤ᠂ ᠤᠯᠠᠭᠠᠨᠪᠠᠯᠭᠠᠰᠤᠨ ᠤ ᠰᠢᠨ᠎ᠡ ᠲᠣᠭᠤᠷᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠷᠥᠯ ᠵᠦᠢᠯ ᠢ | ᠯᠠᠪᠳᠠᠭᠤᠨ ᠢᠶᠠᠷ ᠠᠬᠢᠭᠤᠯᠵᠤ᠂ ᠠᠮᠢ ᠠᠬᠤᠢ ᠶᠢᠨ ᠠᠷᠠᠳ ᠢ ᠨᠡᠭᠦᠯᠭᠡᠭᠰᠡᠨ ᠣᠷᠣᠨ ᠰᠠᠭᠤᠴᠠ ᠬᠢᠭᠡᠳ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ | ᠢᠨᠵᠧᠨᠧᠷᠢᠩ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠨᠡᠭᠦᠯᠭᠡᠭᠰᠡᠨ ᠮᠠᠯᠴᠢᠨ ᠲᠠᠷᠢᠶᠠᠴᠢᠳ ᠤᠨ ᠣᠷᠣᠨ ᠰᠠᠭᠤᠴᠠ ᠪᠠ ᠡᠭᠡᠭᠦᠯᠦᠨ ᠬᠤᠳᠠᠯᠳᠤᠵᠤ | ᠠᠪᠤᠭᠰᠠᠨ ᠣᠷᠣᠨ ᠰᠠᠭᠤᠴᠠ ᠶᠢᠨ ᠠᠰᠠᠭᠤᠳᠠᠯ ᠢ ᠵᠣᠬᠢᠰᠲᠠᠢ ᠰᠢᠢᠳᠪᠦᠷᠢᠯᠡᠨ᠎ᠡ᠃ ᠡᠭᠦᠨ ᠤ ᠬᠠᠮᠲᠤ ᠬᠤᠷ᠎ᠠ ᠲᠤᠨᠤᠲᠠᠰᠦ᠂ ᠪᠤᠵᠠᠷ ᠤᠰᠤ᠂ ᠢᠯᠴᠢ ᠬᠠᠩᠭᠠᠬᠤ᠂ | ᠬᠡᠢ ᠬᠠᠩᠭᠠᠬᠤ ᠬᠤᠭᠤᠯᠠᠢ ᠲᠣᠣᠷ ᠤᠨ ᠥᠭᠡᠷᠡᠴᠢᠯᠡᠯᠲᠡ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠰᠢᠨ᠎ᠡ ᠪᠠᠷ ᠡᠯ᠎ᠡ ᠲᠥᠷᠥᠯ ᠤᠨ ᠬᠤᠭᠤᠯᠠᠢ ᠲᠣᠣᠷ ᠢ | 47 ᠺᠢᠯᠤᠮᠧᠲᠷ᠂ ᠲᠡᠷᠭᠡ ᠵᠣᠭᠰᠣᠭᠠᠬᠤ ᠭᠠᠵᠠᠷ ᠢ 1.3 ᠲᠦᠮᠡᠨ ᠲᠡᠭᠰᠢ ᠳᠥᠷᠪᠡᠯᠵᠢᠨ ᠮᠧᠲᠷ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠶᠢ | 30 ᠨᠡᠮᠡᠭᠳᠡᠭᠦᠯᠵᠦ᠂ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠤᠯᠠᠮ ᠰᠠᠶᠢᠵᠢᠷᠠᠭᠤᠯᠤᠨ᠎ᠠ᠃ ᠭᠤᠷᠪᠠ ᠳᠤ ᠬᠠᠮᠢᠶᠠᠷᠤᠯᠲᠠ ᠶᠢᠨ ᠲᠦᠪᠰᠢᠨ ᠢ | ᠳᠡᠭᠡᠭᠰᠢᠯᠡᠭᠦᠯᠦᠨ᠎ᠡ᠃ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠵᠦ᠂ ᠬᠤᠲᠠ ᠶᠢᠨ ᠳᠦᠷᠢ ᠲᠥᠷᠬᠦ᠂ ᠬᠤᠲᠠ ᠶᠢᠨ ᠶᠠᠪᠤᠳᠠᠯ | ᠤᠨ ᠲᠣᠨᠤᠭ ᠲᠥᠬᠦᠭᠡᠷᠦᠮᠵᠢ᠂ ᠴᠡᠴᠡᠷᠯᠢᠭᠵᠢᠭᠦᠯᠦᠯᠲᠡ ᠨᠣᠭᠤᠭᠠᠷᠠᠭᠤᠯᠤᠯᠲᠠ᠂ ᠪᠠᠷᠢᠯᠭ᠎ᠠ ᠶᠢᠨ ᠭᠠᠵᠠᠷ᠂ ᠬᠤᠲᠠ ᠶᠢᠨ ᠲᠡᠭᠦᠷᠭᠡ ᠶᠢᠨ ᠵᠠᠯᠭᠠᠯᠳᠤᠯ ᠭᠠᠵᠠᠷ ᠵᠡᠷᠭᠡ | ᠭᠤᠣᠯᠳᠠᠯᠭᠠᠲᠤ ᠬᠦᠷᠢᠶᠡᠨ ᠤ ᠬᠢᠨᠠᠨ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠬᠤᠲᠠ ᠶᠢᠨ ᠶᠠᠪᠤᠳᠠᠯ ᠤᠨ ᠵᠠᠮ ᠬᠠᠷᠢᠯᠴᠠᠭᠠᠨ ᠤ ᠲᠥᠬᠦᠭᠡᠷᠦᠮᠵᠢ ᠶᠢ | ᠢᠳᠡᠪᠬᠢᠲᠡᠢ ᠰᠠᠶᠢᠵᠢᠷᠠᠭᠤᠯᠤᠨ᠂ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ ᠶᠢᠨ ᠲᠡᠭᠡᠭᠡᠪᠦᠷᠢ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ | ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠵᠢᠷᠤᠮᠵᠢᠭᠤᠯᠤᠯᠲᠠ᠂ ᠨᠠᠷᠢᠯᠢᠭᠵᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠡᠭᠦᠨ | ᠤ ᠬᠠᠮᠲᠤ ᠨᠡᠭᠦᠯᠭᠡᠭᠰᠡᠨ ᠮᠠᠯᠴᠢᠨ ᠲᠠᠷᠢᠶᠠᠴᠢᠳ ᠤᠨ ᠨᠡᠭᠦᠳᠡᠯ ᠠᠷᠠᠳ ᠤᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠠᠵᠢᠯ ᠣᠯᠭᠤᠬᠤ᠂ | ᠰᠤᠷᠭᠠᠭᠤᠯᠢ ᠳᠤ ᠰᠠᠭᠤᠯᠭᠠᠬᠤ ᠵᠡᠷᠭᠡ ᠲᠠᠯ᠎ᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠮᠠᠯ ᠲᠠᠷᠢᠶᠠᠯᠠᠩ ᠠᠵᠤ ᠠᠬᠤᠢ ᠶᠢᠨ ᠨᠡᠭᠦᠯᠭᠡᠭᠰᠡᠨ ᠬᠥᠮᠥᠨ ᠠᠮᠠ | ᠶᠢᠨ ᠬᠤᠲᠠᠴᠢᠯᠠᠯᠲᠠ ᠶᠢ ᠠᠬᠢᠭᠤᠯᠤᠨ᠎ᠠ᠃ | ︵ᠲᠠᠪᠤ︶ ᠲᠤᠯᠭᠠᠭᠤᠷᠢ ᠪᠠᠷᠢᠯᠭ᠎ᠠ ᠶᠢ ᠠᠳᠬᠤᠵᠤ᠂ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠠᠵᠤ | ᠠᠬᠤᠢ ᠨᠡᠶᠢᠭᠡᠮ ᠤᠨ ᠬᠥᠭᠵᠢᠯᠲᠡ ᠲᠠᠢ ᠬᠠᠷᠢᠯᠴᠠᠨ ᠵᠣᠬᠢᠴᠠᠯᠳᠤᠭᠰᠠᠨ ᠲᠤᠯᠭᠠᠭᠤᠷᠢ ᠲᠣᠭᠲᠠᠯᠴᠠᠭ᠎ᠠ ᠶᠢ ᠢᠳᠡᠪᠬᠢᠲᠡᠢ ᠪᠠᠶᠢᠭᠤᠯᠤᠨ᠎ᠠ᠃ ᠨᠢᠭᠡ ᠳᠤ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠬᠤᠷᠢᠭ᠎ᠠ ᠴᠠᠭᠠᠵᠠᠲᠤ ᠦᠵᠡᠯ ᠤᠬᠠᠮᠰᠠᠷ ᠪᠠ ᠰᠡᠳᠬᠢᠴᠡ ᠶᠢ ᠪᠠᠷᠢᠮᠲᠠᠯᠠᠨ ᠠᠮᠢ ᠠᠬᠤᠢ ᠶᠢᠨ ᠬᠠᠮᠠᠭᠠᠯᠠᠯᠲᠠ ᠶᠢ | ᠠᠬᠢᠭᠤᠯᠵᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠬᠢᠭᠡᠳ ᠪᠡᠯᠴᠢᠭᠡᠷ ᠢᠶᠠᠨ ᠬᠡᠰᠡᠭᠯᠡᠵᠦ ᠡᠭᠡᠯᠵᠢᠯᠡᠨ | ᠮᠠᠯᠵᠢᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠠᠤᠯᠢ ᠪᠤᠰᠤ ᠪᠠᠷ ᠠᠲᠠᠷ ᠬᠠᠭᠠᠯᠪᠤᠷᠢᠯᠠᠭᠰᠠᠨ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ᠂ ᠮᠠᠯᠴᠢᠨ ᠲᠠᠷᠢᠶᠠᠴᠢᠳ ᠠᠮᠢ ᠠᠬᠤᠢ ᠶᠢᠨ ᠪᠠᠶᠢᠭᠤᠯᠤᠯᠲᠠ ᠳᠤ ᠣᠷᠣᠯᠴᠠᠬᠤ ᠶᠢ ᠳᠡᠮᠵᠢᠨ ᠵᠣᠷᠢᠭᠵᠢᠭᠤᠯᠤᠨ᠎ᠠ᠃ ᠭᠠᠵᠠᠷ ᠰᠢᠷᠣᠢ ᠶᠢᠨ ᠣᠨᠴᠠᠯᠢᠭ | ᠬᠢᠭᠡᠳ ᠤᠰᠤᠨ ᠤ ᠡᠬᠢ ᠰᠤᠷᠪᠤᠯᠵᠢ ᠶᠢᠨ ᠨᠥᠬᠦᠴᠡᠯ ᠢ ᠦᠨᠳᠦᠰᠦᠯᠡᠨ᠂ ᠣᠶᠢᠵᠢᠭᠤᠯᠬᠤ ᠳᠤ ᠲᠣᠬᠢᠷᠠᠪᠠᠯ ᠣᠢ ᠮᠣᠳᠣ ᠲᠠᠷᠢᠵᠤ᠂ ᠡᠪᠡᠰᠦ ᠲᠠᠷᠢᠬᠤ ᠳᠤ | ᠲᠣᠬᠢᠷᠠᠪᠠᠯ ᠡᠪᠡᠰᠦ ᠲᠠᠷᠢᠨ᠂ ᠲᠤᠬᠠᠢ ᠶᠢᠨ ᠭᠠᠵᠠᠷ ᠲᠤᠨᠢ ᠲᠣᠬᠢᠷᠠᠭᠤᠯᠵᠤ ᠠᠮᠢ ᠠᠬᠤᠢ ᠶᠢᠨ ᠪᠠᠶᠢᠭᠤᠯᠤᠯᠲᠠ ᠬᠢᠨ᠎ᠡ᠂ ᠤᠯᠠᠭᠠᠨᠪᠠᠯᠭᠠᠰᠤᠨ ᠤ ᠵᠡᠭᠦᠨᠲᠡᠬᠢ ᠵᠠᠮ ᠤᠨ | ᠠᠮᠠ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠭᠤᠳᠠᠮ ᠲᠠᠯᠠᠪᠠᠢ ᠬᠢᠭᠡᠳ ᠵᠠᠰᠠᠮᠠᠯ ᠵᠠᠮ ᠱᠤᠭᠤᠮ ᠳᠠᠭᠠᠤ᠂ ᠵᠤᠭᠠᠴᠠᠯ ᠦᠵᠡᠮᠦᠷᠢ ᠶᠢᠨ ᠣᠷᠣᠨ᠂ | ᠬᠦᠷᠢᠶᠡᠯᠡᠩ ᠦᠢᠯᠡᠳᠪᠦᠷᠢ ᠶᠢᠨ ᠲᠣᠭᠤᠷᠢᠭ ᠵᠡᠷᠭᠡ ᠭᠤᠣᠯᠳᠠᠯᠭᠠᠲᠤ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠠᠵᠢᠯ ᠢ ᠳᠣᠪᠣᠶᠢᠯᠭᠠᠨ ᠠᠳᠬᠤᠵᠤ᠂ ᠡᠯ᠎ᠡ | ᠲᠥᠷᠥᠯ ᠤᠨ ᠠᠮᠢ ᠠᠬᠤᠢ ᠶᠢᠨ ᠲᠥᠷᠥᠯ ᠵᠦᠢᠯ ᠢ 156 ᠲᠦᠮᠡᠨ ᠮᠤ᠋ ᠬᠡᠷᠡᠭᠵᠢᠭᠦᠯᠵᠦ᠂ ᠨᠣᠭᠤᠭᠠᠷᠠᠭᠤᠯᠤᠯᠲᠠ ᠶᠢᠨ ᠲᠠᠯᠠᠪᠠᠢ ᠶᠢ 60 ᠲᠦᠮᠡᠨ ᠲᠡᠭᠰᠢ | ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠦᠨ᠎ᠡ᠃ ᠬᠤᠶᠠᠷ ᠲᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠤᠨ᠎ᠠ᠃ ᠶᠡᠷᠦᠩᠬᠡᠶᠢᠯᠡᠭᠰᠡᠨ | ᠴᠢᠨᠠᠷᠲᠠᠢ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢᠨ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠵᠠᠰᠠᠮᠠᠯ ᠵᠠᠮ ᠲᠡᠮᠦᠷ ᠵᠠᠮ ᠳᠠᠭᠠᠤ᠂ ᠮᠠᠯᠵᠢᠬᠤ | ᠲᠠᠷᠢᠶᠠᠯᠠᠬᠤ ᠣᠷᠣᠨ᠂ ᠰᠤᠮᠤ ᠪᠠᠯᠭᠠᠰᠤᠨ ᠤ ᠲᠣᠭᠤᠷᠢᠭ᠂ ᠬᠤᠲᠠ ᠶᠢᠨ ᠲᠡᠭᠦᠷᠭᠡ ᠶᠢᠨ ᠵᠠᠯᠭᠠᠯᠳᠤᠯ ᠬᠡᠰᠡᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | ᠴᠡᠭᠴᠡᠯᠡᠨ ᠵᠠᠰᠠᠯᠲᠠ ᠶᠢ ᠪᠦᠬᠦ ᠲᠠᠯ᠎ᠠ ᠪᠠᠷ ᠠᠳᠬᠤᠵᠤ᠂ ᠶᠡᠭᠡ ᠠᠭᠤᠷ ᠠᠮᠢᠰᠬᠤᠯ᠂ ᠭᠤᠣᠯ ᠤᠷᠤᠰᠬᠠᠯ ᠵᠡᠷᠭᠡ ᠬᠦᠷᠢᠶᠡᠨ ᠤ ᠪᠣᠬᠢᠷᠲᠤᠯ ᠢ ᠵᠠᠰᠠᠬᠤ ᠠᠵᠢᠯ ᠢ | ᠴᠢᠩᠭᠠᠳᠬᠠᠵᠤ᠂ ᠠᠭᠤᠷᠬᠠᠢ ᠶᠢᠨ ᠣᠷᠣᠨ᠂ ᠬᠦᠷᠢᠶᠡᠯᠡᠩ ᠤᠨ ᠣᠷᠴᠢᠨ ᠲᠣᠭᠤᠷᠢᠨ ᠤ ᠵᠠᠰᠠᠯᠲᠠ ᠶᠢ ᠭᠤᠣᠯᠳᠠᠯᠭ᠎ᠠ ᠲᠠᠢ ᠠᠬᠢᠭᠤᠯᠵᠤ᠂ ᠡᠨᠧᠷᠭᠢ ᠠᠷᠪᠢᠯᠠᠵᠤ | ᠪᠣᠬᠢᠷᠲᠤᠯ ᠪᠠᠭᠠᠰᠬᠠᠬᠤ ᠠᠷᠭ᠎ᠠ ᠪᠠᠷᠢᠯ ᠢ ᠤᠯᠠᠮ ᠴᠢᠩᠭᠠᠳᠬᠠᠨ᠂ ᠵᠠᠳᠠᠭᠠᠢ ᠨᠡᠭᠦᠷᠡᠰᠦᠨ ᠠᠭᠤᠷᠬᠠᠢ ᠶᠢᠨ ᠰᠢᠷᠣᠢ ᠭᠠᠳᠠᠭᠰᠢᠯᠠᠭᠤᠯᠬᠤ ᠲᠠᠯᠠᠪᠠᠢ ᠶᠢᠨ ᠬᠠᠮᠠᠭᠠᠯᠠᠯᠲᠠ | ᠶᠢᠨ ᠢᠨᠵᠧᠨᠧᠷᠢᠩ ᠪᠠ ᠨᠡᠭᠦᠷᠡᠰᠦᠨ ᠪᠤᠰᠤ ᠠᠭᠤᠷᠬᠠᠢ ᠶᠢᠨ ᠪᠠᠷᠢᠮᠵᠢᠶᠠᠵᠢᠭᠰᠠᠨ ᠪᠠᠶᠢᠭᠤᠯᠤᠯᠲᠠ ᠶᠢ ᠬᠡᠷᠡᠭᠵᠢᠭᠦᠯᠦᠨ᠂ ᠪᠠᠷᠢᠮᠵᠢᠶ᠎ᠠ ᠠᠴᠠ ᠬᠡᠲᠦᠷᠡᠭᠦᠯᠦᠨ ᠪᠣᠬᠢᠷᠲᠤᠯ | ᠭᠠᠳᠠᠭᠰᠢᠯᠠᠭᠤᠯᠬᠤ᠂ ᠨᠢᠭᠤᠵᠤ ᠭᠠᠳᠠᠭᠰᠢᠯᠠᠭᠤᠯᠬᠤ ᠵᠡᠷᠭᠡ ᠠᠵᠢᠯᠯᠠᠭ᠎ᠠ ᠶᠢ ᠵᠠᠯᠬᠠᠭᠠᠨ ᠰᠢᠳᠬᠡᠬᠦ ᠡᠷᠴᠢᠮ ᠢ ᠴᠢᠩᠭᠠᠷᠠᠭᠤᠯᠵᠤ᠂ ᠴᠣᠬᠤᠢ ᠪᠣᠯᠪᠠᠰᠤᠷᠠᠭᠤᠯᠬᠤ 17 | ᠠᠵᠤ ᠠᠬᠤᠶᠢᠯᠠᠯ ᠤᠨ ᠡᠭᠦᠳᠡ ᠶᠢ ᠨᠢ ᠬᠠᠭᠠᠵᠤ᠂ ᠬᠦᠬᠦᠷ ᠤᠨ ᠳᠠᠪᠬᠤᠷ ᠢᠰᠦᠯ ᠢ 16819 ᠲᠣᠨ᠂ ᠠᠽᠣᠲ ᠤᠨ ᠢᠰᠦᠯ ᠢ 3709 ᠲᠤᠨ ᠪᠠᠭᠠᠰᠬᠠᠨ᠎ᠠ᠃ | ᠭᠤᠷᠪᠠ ᠳᠤ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠤᠰᠤᠨ ᠤ ᠰᠤᠷᠪᠤᠯᠵᠢ ᠶᠢ ᠨᠡᠭᠡᠭᠡᠨ ᠠᠰᠢᠭᠯᠠᠬᠤ ᠲᠥᠯᠥᠪᠵᠢᠭᠦᠯᠭᠡ ᠶᠢ | ᠨᠠᠶᠢᠷᠠᠭᠤᠯᠵᠤ᠂ ᠬᠠᠲᠤᠨ ᠭᠤᠣᠯ ᠤᠨ ᠤᠰᠤ ᠶᠢ ᠲᠠᠲᠠᠨ ᠠᠪᠬᠤ ᠭᠦᠢᠴᠡᠳᠬᠡᠬᠦ ᠲᠤᠭ᠎ᠠ ᠶᠢ ᠶᠡᠭᠡ ᠪᠠᠷ ᠴᠢᠷᠮᠠᠶᠢᠨ ᠣᠯᠵᠤ᠂ ᠠᠵᠤ ᠦᠢᠯᠡᠳᠪᠦᠷᠢ ᠶᠢᠨ ᠲᠥᠷᠥᠯ | ᠵᠦᠢᠯ ᠳᠤ ᠭᠠᠵᠠᠷ ᠳᠣᠣᠷᠠᠬᠢ ᠤᠰᠤ ᠬᠡᠷᠡᠭᠯᠡᠬᠦ ᠶᠢ ᠴᠢᠩᠭ᠎ᠠ ᠴᠠᠭᠠᠵᠠᠯᠠᠨ᠂ ᠠᠵᠤ ᠠᠬᠤᠶᠢᠯᠠᠯ ᠤᠨ ᠡᠳᠦᠭᠡ ᠪᠠᠶᠢᠬᠤ ᠥᠪᠡᠰᠦᠪᠡᠨ ᠪᠡᠯᠡᠳᠬᠡᠭᠰᠡᠨ ᠤᠰᠤᠨ | ᠬᠤᠳᠳᠤᠭ ᠢ ᠬᠠᠭᠠᠵᠤ᠂ ᠤᠰᠤ ᠠᠷᠪᠢᠯᠠᠵᠤ ᠤᠰᠤᠯᠠᠬᠤ᠂ ᠬᠤᠲᠠ ᠶᠢᠨ ᠦᠶᠡᠷ ᠢ ᠰᠡᠷᠭᠡᠶᠢᠯᠡᠬᠦ᠂ ᠭᠤᠣᠯ ᠤᠨ ᠤᠷᠤᠰᠬᠠᠯ ᠤᠨ ᠵᠠᠮ ᠢ ᠵᠠᠰᠠᠬᠤ ᠵᠡᠷᠭᠡ | ᠭᠤᠣᠯᠳᠠᠯᠭᠠᠲᠤ ᠢᠨᠵᠧᠨᠧᠷᠢᠩ ᠢ ᠬᠡᠷᠡᠭᠵᠢᠭᠦᠯᠦᠨ᠂ ᠴᠢᠨᠠᠷ ᠰᠠᠶᠢᠲᠠᠢ ᠠᠶᠤᠯ ᠦᠭᠡᠢ᠂ ᠳᠠᠭᠠᠭᠠᠮᠠᠭᠠᠢ ᠬᠥᠭᠵᠢᠯᠲᠡ ᠲᠠᠢ ᠤᠰᠤᠨ ᠠᠰᠢᠭᠯᠠᠯᠲᠠ ᠶᠢᠨ ᠲᠤᠯᠭᠠᠭᠤᠷᠢ | ᠲᠣᠭᠲᠠᠯᠴᠠᠭ᠎ᠠ ᠶᠢ ᠴᠢᠷᠮᠠᠶᠢᠨ ᠪᠠᠶᠢᠭᠤᠯᠤᠨ᠎ᠠ᠃ ᠴᠠᠬᠢᠯᠭᠠᠨ ᠲᠣᠣᠷ ᠢ ᠰᠢᠯᠢᠳᠡᠭᠴᠢᠯᠡᠬᠦ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ᠂ ᠤᠯᠠᠭᠠᠨᠪᠠᠯᠭᠠᠰᠤ ᠶᠢᠨ 220 | ᠺᠢᠯᠤᠸᠤᠯᠲ᠂ ᠪᠣᠷᠣᠬᠤᠰᠢᠭᠤ ᠶᠢᠨ 110 ᠺᠢᠯᠤᠸᠤᠯᠲ ᠪᠠ ᠦᠮᠡᠬᠡᠶᠢᠨᠠᠭᠤᠷ ᠤᠨ 35 ᠺᠢᠯᠤᠸᠤᠯᠲ ᠴᠠᠬᠢᠯᠭᠠᠨ ᠬᠤᠪᠢᠰᠬᠠᠭᠤᠷ ᠤᠨ ᠥᠷᠲᠡᠭᠡ ᠶᠢ ᠪᠠᠶᠢᠭᠤᠯᠤᠨ | ᠠᠵᠢᠯᠯᠠᠭᠤᠯᠵᠤ᠂ ᠴᠢ ᠫᠠᠨ ᠵᠢᠩ ᠤᠨ ᠡᠮᠦᠨ᠎ᠡ ᠬᠡᠰᠡᠭ᠂ ᠴᠢ ᠫᠠᠨ ᠵᠢᠩ ᠤᠨ ᠵᠡᠭᠦᠨ ᠬᠡᠰᠡᠭ ᠤᠨ ᠲᠥᠷᠥᠯ ᠵᠦᠢᠯ ᠤᠨ ᠣᠷᠣᠨ᠂ ᠰᠦᠮᠡᠲᠦ ᠰᠤᠮᠤᠨ ᠤ ᠭᠤᠷᠪᠠᠨ | 110 ᠺᠢᠯᠤᠸᠤᠯᠲ ᠪᠠ ᠱᠦᠷᠭᠡᠢ ᠶᠢᠨ 35 ᠺᠢᠯᠤᠸᠤᠯᠲ ᠴᠠᠬᠢᠯᠭᠠᠨ ᠬᠤᠪᠢᠰᠬᠠᠭᠤᠷ ᠤᠨ ᠥᠷᠲᠡᠭᠡ ᠶᠢ ᠰᠢᠨ᠎ᠡ ᠪᠠᠷ ᠪᠠᠶᠢᠭᠤᠯᠵᠤ᠂ ᠴᠠᠬᠢᠯᠭᠠᠨ ᠬᠦᠷᠭᠡᠵᠦ | ᠬᠦᠴᠦᠳᠡᠯ ᠥᠭᠡᠷᠡᠴᠢᠯᠡᠬᠦ ᠱᠤᠭᠤᠮ ᠢ 545 ᠺᠢᠯᠤᠮᠧᠲᠷ ᠨᠡᠮᠡᠭᠳᠡᠭᠦᠯᠦᠨ᠂ 220 ᠺᠢᠯᠤᠸᠤᠯᠲ ᠢᠶᠠᠷ ᠲᠤᠯᠭᠠᠭᠤᠷᠢ ᠪᠣᠯᠭᠠᠭᠰᠠᠨ᠂ 110 ᠺᠢᠯᠤᠸᠤᠯᠲ ᠢᠶᠠᠷ ᠭᠤᠣᠯ | ᠪᠣᠯᠭᠠᠭᠰᠠᠨ᠂ 35 ᠺᠢᠯᠤᠸᠤᠯᠲ ᠢᠶᠠᠷ ᠨᠥᠬᠦᠪᠦᠷᠢ ᠪᠣᠯᠭᠠᠭᠰᠠᠨ ᠴᠠᠬᠢᠯᠭᠠᠨ ᠬᠠᠩᠭᠠᠬᠤ ᠲᠣᠣᠷ ᠢ ᠳᠠᠷᠤᠶᠢᠬᠠᠨ ᠪᠠᠶᠢᠭᠤᠯᠤᠨ᠎ᠠ᠃ ᠭᠤᠣᠯᠳᠠᠯᠭᠠᠲᠤ ᠵᠠᠰᠠᠮᠠᠯ ᠵᠠᠮ ᠤᠨ | ᠪᠠᠶᠢᠭᠤᠯᠤᠯᠲᠠ ᠶᠢ ᠠᠬᠢᠭᠤᠯᠵᠤ᠂ ᠴᠠᠭᠠᠨᠨᠠᠭᠤᠷ ᠠᠴᠠ ᠤᠯᠵᠠᠴᠢ ᠬᠦᠷᠬᠦ ᠨᠢᠭᠡᠳᠦᠭᠡᠷ ᠲᠡᠰ ᠤᠨ ᠵᠠᠰᠠᠮᠠᠯ ᠵᠠᠮ ᠢ ᠵᠠᠰᠠᠵᠤ ᠲᠡᠷᠭᠡ ᠨᠡᠪᠲᠡᠷᠡᠭᠦᠯᠦᠨ᠂ ᠭᠠᠴᠠᠭ᠎ᠠ | ᠲᠣᠰᠬᠤᠨ ᠳᠤ ᠨᠡᠪᠲᠡᠷᠡᠬᠦ ᠨᠢᠭᠡ ᠪᠦᠯᠦᠭ ᠴᠠᠷᠳᠠᠮᠠᠯ ᠵᠠᠮ ᠢ ᠡᠬᠢᠯᠡᠭᠦᠯᠦᠨ ᠵᠠᠰᠠᠨ᠎ᠠ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠰᠠᠶᠢᠵᠢᠷᠠᠭᠤᠯᠤᠯᠲᠠ ᠶᠢ ᠠᠳᠬᠤᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠠᠮᠤᠷ ᠲᠣᠭᠲᠠᠭᠤᠨ ᠢ | ᠪᠠᠲᠤᠯᠠᠨ᠎ᠠ᠃ᠦᠨᠳᠦᠰᠦ ᠶᠢ ᠪᠠᠲᠤᠯᠠᠬᠤ᠂ ᠥᠷᠭᠡᠨ ᠢᠶᠠᠷ ᠳᠡᠯᠭᠡᠷᠡᠭᠦᠯᠬᠦ᠂ ᠦᠷᠭᠦᠯᠵᠢᠯᠡᠨ ᠬᠥᠭᠵᠢᠭᠦᠯᠬᠦ ᠱᠠᠭᠠᠷᠳᠠᠯᠭ᠎ᠠ ᠶᠣᠰᠣᠭᠠᠷ ᠠᠷᠠᠳ ᠤᠨ ᠠᠮᠢᠳᠤᠷᠠᠯ ᠤᠨ | ᠪᠠᠶᠢᠭᠤᠯᠤᠯᠲᠠ ᠬᠢᠭᠡᠳ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠤᠨ᠎ᠠ᠃ ᠨᠢᠭᠡ ᠳᠤ ᠠᠷᠠᠳ ᠤᠨ ᠠᠮᠢᠳᠤᠷᠠᠯ ᠢ | ᠦᠷᠭᠦᠯᠵᠢᠯᠡᠨ ᠰᠠᠶᠢᠵᠢᠷᠠᠭᠤᠯᠤᠨ᠎ᠠ᠃ ︽ᠭᠠᠴᠢᠭᠳᠠᠯ ᠳᠤ ᠲᠤᠰᠠᠯᠠᠬᠤ︾ ᠵᠠᠷᠴᠢᠮ ᠢ ᠪᠠᠷᠢᠮᠲᠠᠯᠠᠨ᠂ ᠮᠠᠯᠵᠢᠬᠤ ᠲᠠᠷᠢᠶᠠᠯᠠᠬᠤ ᠣᠷᠣᠨ ᠪᠠ ᠪᠠᠭᠤᠷᠠᠶᠢᠴᠤᠤᠯ ᠢ | ᠳᠣᠪᠣᠶᠢᠯᠭᠠᠨ ᠲᠡᠳᠬᠦᠵᠦ᠂ ᠪᠦᠬᠦ ᠬᠤᠰᠢᠭᠤᠨ ᠤ ᠡᠳᠦᠭᠡ ᠬᠡᠷᠡᠭᠵᠢᠭᠦᠯᠵᠦ ᠪᠠᠶᠢᠭ᠎ᠠ ᠠᠷᠠᠳ ᠢ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠤᠯᠠᠮ | ᠲᠡᠭᠦᠯᠳᠡᠷᠵᠢᠭᠦᠯᠦᠨ᠂ ᠪᠦᠬᠦ ᠬᠤᠲᠠ ᠠᠴᠠ ᠳᠤᠷᠠᠳᠤᠭᠰᠠᠨ ᠠᠷᠠᠳ ᠢ ᠬᠠᠷᠠᠭᠠᠯᠵᠠᠬᠤ ᠡᠯ᠎ᠡ ᠲᠥᠷᠥᠯ ᠤᠨ ᠢᠨᠵᠧᠨᠧᠷᠢᠩ ᠢ ᠨᠢᠮᠪᠠᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠬᠢᠭᠡᠳ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠦᠢᠯᠡᠴᠢᠯᠡᠭᠡ ᠶᠢ | ᠦᠷᠭᠦᠯᠵᠢᠯᠡᠨ ᠴᠢᠩᠭᠠᠳᠬᠠᠵᠤ᠂ ᠡᠯ᠎ᠡ ᠲᠥᠷᠥᠯ ᠤᠨ ᠪᠣᠯᠪᠠᠰᠤᠷᠠᠭᠤᠯᠤᠯ ᠤᠨ ᠡᠬᠢ ᠰᠤᠷᠪᠤᠯᠵᠢ ᠶᠢ ᠴᠡᠭᠴᠡᠯᠡᠵᠦ᠂ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ | ᠪᠣᠯᠪᠠᠰᠤᠷᠠᠭᠤᠯᠤᠯ ᠢ ᠢᠳᠡᠪᠬᠢᠲᠡᠢ ᠥᠷᠨᠢᠭᠦᠯᠦᠨ᠂ ᠬᠤᠰᠢᠭᠤᠨ ᠤ ᠡᠷᠦᠬᠡ ᠠᠮᠠ ᠲᠠᠢ ᠳᠡᠭᠡᠳᠦ ᠰᠤᠷᠭᠠᠭᠤᠯᠢ ᠠᠴᠠ ᠲᠡᠭᠦᠰᠦᠭᠰᠡᠳ᠂ ᠬᠤᠲᠠ ᠪᠠᠯᠭᠠᠰᠤᠨ ᠤ | ᠵᠠᠯᠠᠭᠤᠴᠤᠳ᠂ ᠮᠠᠯᠵᠢᠬᠤ ᠲᠠᠷᠢᠶᠠᠯᠠᠬᠤ ᠣᠷᠣᠨ ᠤ ᠨᠡᠭᠦᠯᠭᠡᠭᠰᠡᠨ ᠬᠥᠳᠡᠯᠮᠦᠷᠢ ᠬᠦᠴᠦ᠂ ᠬᠤᠲᠠ ᠪᠠᠯᠭᠠᠰᠤᠨ ᠤ ᠠᠮᠢᠳᠤᠷᠠᠯ ᠬᠦᠴᠢᠷᠳᠡᠯᠲᠡᠢ ᠬᠥᠮᠥᠰ ᠵᠢᠴᠢ ᠴᠡᠷᠢᠭ | ᠠᠴᠠ ᠬᠠᠯᠠᠭᠰᠠᠳ ᠵᠡᠷᠭᠡ ᠬᠥᠮᠥᠰ ᠤᠨ ᠠᠵᠢᠯ ᠣᠯᠭᠤᠯᠲᠠ ᠪᠠ ᠦᠢᠯᠡᠰ ᠪᠤᠰᠬᠠᠯᠲᠠ ᠶᠢ ᠲᠡᠳᠬᠦᠬᠦ ᠠᠵᠢᠯ ᠢ ᠨᠢᠭᠡᠳᠦᠯᠲᠡᠢ ᠲᠥᠯᠥᠪᠯᠡᠨ ᠰᠠᠶᠢᠨ ᠠᠳᠬᠤᠨ᠎ᠠ᠃ | ᠴᠡᠪᠡᠷ ᠠᠷᠢᠭᠤᠨ ᠤᠮᠳᠠ ᠤᠰᠤ᠂ ᠴᠠᠬᠢᠯᠭᠠᠨ ᠲᠣᠣᠷ ᠤᠨ ᠰᠢᠯᠢᠳᠡᠭᠴᠢᠯᠡᠯᠲᠡ᠂ ᠨᠤᠷᠠᠬᠤ ᠠᠶᠤᠯᠲᠠᠢ ᠣᠷᠣᠨ ᠰᠠᠭᠤᠴᠠ ᠶᠢᠨ ᠥᠭᠡᠷᠡᠴᠢᠯᠡᠯᠲᠡ ᠵᠡᠷᠭᠡ ᠢᠨᠵᠧᠨᠧᠷᠢᠩ | ᠢ ᠶᠡᠭᠡ ᠪᠠᠷ ᠠᠬᠢᠭᠤᠯᠵᠤ᠂ ᠠᠷᠠᠳ ᠣᠯᠠᠨ ᠳᠤ ᠴᠡᠪᠡᠷ ᠠᠷᠢᠭᠤᠨ ᠤᠰᠤ ᠤᠤᠭᠤᠯᠭᠠᠵᠤ᠂ ᠨᠠᠶᠢᠳᠠᠪᠤᠷᠢᠲᠠᠢ ᠴᠠᠬᠢᠯᠭᠠᠨ ᠬᠡᠷᠡᠭᠯᠡᠭᠦᠯᠦᠨ᠂ ᠠᠶᠤᠯ ᠦᠭᠡᠢ ᠣᠷᠣᠨ | ᠰᠠᠭᠤᠴᠠ ᠳᠤ ᠰᠠᠭᠤᠯᠭᠠᠨ᠎ᠠ᠃ ᠢᠳᠡᠭᠡᠨ ᠡᠮ ᠤᠨ ᠵᠦᠢᠯᠡᠰ ᠤᠨ ᠠᠮᠤᠷ ᠲᠦᠪᠰᠢᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠭᠤᠣᠯᠳᠠᠯᠭ᠎ᠠ ᠲᠠᠢ ᠴᠢᠩᠭᠠᠳᠬᠠᠵᠤ | ᠂ ᠠᠷᠠᠳ ᠣᠯᠠᠨ ᠤ ᠢᠳᠡᠭᠡᠨ ᠡᠮ ᠤᠨ ᠵᠦᠢᠯᠡᠰ ᠤᠨ ᠠᠶᠤᠯ ᠦᠭᠡᠢ ᠶᠢ ᠪᠠᠲᠤᠯᠠᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ | ᠤᠨ ᠳᠠᠭᠠᠳᠬᠠᠯ ᠤᠨ ᠨᠢᠭᠡᠳᠦᠯᠲᠡᠢ ᠳᠦᠷᠢᠮ ᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠬᠤᠶᠠᠷ ᠲᠤ ᠨᠡᠶᠢᠬᠡᠮ ᠤᠨ ᠦᠢᠯᠡᠰ ᠢ ᠪᠦᠬᠦ ᠲᠠᠯ᠎ᠠ ᠪᠠᠷ ᠬᠦᠭᠵᠢᠬᠦᠯᠦᠨ᠎ᠡ᠃ | ᠰᠤᠷᠭᠠᠨ ᠬᠦᠮᠦᠵᠢᠯ ᠤᠨ ᠦᠢᠯᠡᠰ ᠢ ᠲᠡᠩᠴᠡᠬᠦᠷᠢᠳᠠᠢ ᠬᠦᠭᠵᠢᠬᠦᠯᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠰᠤᠷᠭᠠᠭᠤᠯᠢ ᠶᠢᠨ ᠵᠠᠬᠢᠷᠤᠯ᠂ | ᠪᠠᠭᠰᠢ ᠨᠠᠷ ᠢ ᠰᠣᠯᠢᠯᠴᠠᠭᠤᠯᠵᠤ ᠠᠵᠢᠯ ᠤᠨ ᠪᠠᠶᠢᠷᠢ ᠶᠢ ᠡᠭᠡᠯᠵᠢᠯᠡᠭᠦᠯᠬᠦ ᠲᠦᠷᠢᠮ ᠢ ᠠᠯᠬᠤᠮ ᠠᠯᠬᠤᠮ ᠢᠶᠠᠷ ᠭᠡᠷᠡᠭᠵᠢᠬᠦᠯᠵᠤ᠂ ᠰᠤᠷᠭᠠᠭᠤᠯᠢ ᠡᠷᠬᠢᠯᠡᠬᠦ ᠨᠥᠬᠦᠴᠡᠯ | ᠢ ᠦᠷᠭᠦᠯᠵᠢᠯᠡᠨ ᠰᠠᠶᠢᠵᠢᠷᠠᠭᠤᠯᠵᠤ᠂ ᠵᠢᠶᠠᠨᠬᠦ᠋ᠢ ᠭᠤᠤᠯᠳᠠᠯᠭᠠᠳᠤ ᠬᠡᠤᠭᠡᠳ ᠤᠨ ᠴᠡᠴᠡᠷᠯᠢᠭ᠂ ᠠᠷᠪᠠᠰ ᠭᠤᠤᠯᠳᠠᠯᠭᠠᠳᠤ ᠬᠡᠤᠭᠡᠳ ᠤᠨ ᠴᠡᠴᠡᠷᠯᠢᠭ ᠢ ᠠᠰᠢᠭᠯᠠᠯᠲᠠ | ᠳᠤ ᠣᠷᠣᠭᠤᠯᠬᠤ ᠪᠠᠷ ᠴᠢᠷᠮᠠᠶᠢᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠳᠡ ᠶᠢ ᠲᠦᠷᠭᠡᠳᠭᠡᠵᠤ᠂ ᠦᠨᠳᠦᠰᠦᠨ ᠱᠠᠳᠤᠨ ᠤ | ᠡᠮ ᠡᠮᠨᠡᠯᠭᠡ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠲᠤᠭᠳᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠂ ︽ᠤᠷᠢᠳᠠᠪᠠᠷ ᠡᠮᠨᠡᠬᠦᠯᠵᠤ᠂ ᠲᠠᠷᠠᠭᠠᠪᠠᠷ ᠵᠠᠷᠤᠳᠠᠯ | ᠲᠤᠰᠢᠶᠠᠬᠤ︾ ᠦᠢᠯᠡᠴᠢᠯᠡᠭᠡᠨ ᠤ ᠭᠡᠪ ᠵᠠᠭᠪᠤᠷ ᠢ ᠪᠦᠬᠦ ᠲᠠᠯ᠎ᠠ ᠪᠠᠷ ᠲᠡᠯᠭᠡᠷᠡᠬᠦᠯᠵᠤ᠂ ᠡᠮᠨᠡᠯᠭᠡ ᠶᠢᠨ ᠵᠠᠬ᠎ᠠ ᠲᠡᠯᠭᠡᠬᠦᠷ ᠤᠨ ᠤᠷᠴᠢᠨ ᠠᠬᠤᠢ ᠶᠢ ᠴᠢᠨᠠᠭᠰᠢᠳᠠ | ᠴᠡᠪᠡᠷᠵᠢᠬᠦᠯᠦᠨ᠂ ᠡᠮᠴᠢᠯᠡᠬᠦ ᠲᠦᠪᠰᠢᠨ ᠢ ᠲᠡᠭᠡᠭᠰᠢᠯᠡᠬᠦᠯᠦᠨ᠎ᠡ᠃ ᠮᠤᠩᠭᠤᠯ ᠬᠢᠳᠠᠳ ᠡᠮ ᠡᠮᠨᠡᠯᠭᠡ ᠶᠢᠨ ᠦᠢᠯᠡᠰ ᠢ ᠢᠳᠡᠪᠬᠢᠳᠠᠢ ᠬᠦᠭᠵᠢᠬᠦᠯᠦᠨ᠎ᠡ᠃ ᠪᠦᠬᠦ ᠤᠯᠤᠰ | ᠤᠨ ᠰᠤᠶᠤᠯ ᠤᠨ ᠲᠡᠷᠢᠬᠦᠨ ᠤ ᠬᠤᠰᠢᠭᠤ ᠶᠢᠨ ᠦᠷ᠎ᠡ ᠪᠦᠳᠦᠮᠵᠢ ᠪᠠᠨ ᠪᠠᠬᠢᠵᠢᠭᠦᠯᠦᠨ᠂ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡᠨ ᠤ ᠲᠤᠭᠳᠠᠯᠴᠠᠭ᠎ᠠ ᠶᠢ | ᠪᠦᠷᠢᠨ ᠲᠡᠬᠦᠯᠳᠡᠷᠵᠢᠬᠦᠯᠵᠤ᠂ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠂ ᠦᠨᠳᠦᠰᠦᠳᠡᠨ ᠤ ᠰᠤᠶᠤᠯ᠂ ᠲᠠᠯ᠎ᠠ | ᠨᠤᠳᠤᠭ ᠤᠨ ᠰᠤᠶᠤᠯ ᠢ ᠶᠡᠭᠡ ᠪᠠᠷ ᠤᠯᠠᠮᠵᠢᠯᠠᠨ ᠪᠠᠳᠠᠷᠠᠭᠤᠯᠵᠤ᠂ ᠮᠤᠩᠭᠤᠯ ᠤᠨ ᠨᠢᠭᠤᠴᠠ ᠲᠤᠪᠴᠢᠶᠠᠨ ᠤ ᠮᠦᠽᠸᠢ ᠪᠤᠯᠤᠨ ᠲᠤᠯᠤᠢ ᠡᠵᠡᠨ ᠤ ᠲᠠᠬᠢᠯᠭ᠎ᠠ ᠶᠢᠨ | ᠤᠷᠳᠤᠨ ᠤ ᠡᠮᠦᠨ᠎ᠡ ᠬᠤᠭᠤᠴᠠᠭᠠᠨ ᠤ ᠪᠡᠯᠡᠳᠭᠡᠯ ᠠᠵᠢᠯ ᠢ ᠢᠳᠡᠪᠬᠢᠳᠠᠢ ᠰᠠᠶᠢᠨ ᠬᠢᠨ᠎ᠠ᠃ ᠰᠢᠨᠵᠢᠯᠡᠭᠡ ᠮᠡᠷᠭᠡᠵᠢᠯ ᠤᠨ ᠲᠠᠪᠰᠢᠯᠳᠠ ᠬᠢᠭᠡᠳ ᠡᠵᠡᠨ ᠮᠡᠳᠡᠵᠤ ᠰᠢᠨ᠎ᠡ | ᠶᠢ ᠡᠬᠦᠳᠬᠦ ᠴᠢᠳᠠᠪᠦᠷᠢ ᠪᠠᠨ ᠲᠠᠰᠤᠷᠠᠯᠳᠠ ᠦᠭᠡᠢ ᠲᠡᠭᠡᠭᠰᠢᠯᠡᠬᠦᠯᠦᠨ᠂ ᠣᠷᠢᠶᠠᠮᠠᠭ ᠵᠠᠮᠠᠭ᠂ ᠤᠷᠳᠤᠰ ᠨᠤᠯᠤᠤᠷ ᠤᠨ ᠪᠦᠯᠦᠭᠯᠡᠯ᠂ ᠱᠤᠸᠠᠩ ᠰᠢᠨ ᠵᠡᠷᠭᠡ ᠰᠤᠳᠤᠯᠤᠨ | ᠪᠦᠳᠦᠭᠡᠯᠳᠡ ᠶᠢᠨ ᠲᠦᠪ ᠢ ᠤᠯᠤᠰ ᠤᠨ ᠲᠤᠳᠤᠭᠠᠳᠤ ᠭᠠᠳᠠᠭᠠᠳᠤ ᠶᠢᠨ ᠡᠷᠳᠡᠮ ᠰᠢᠨᠵᠢᠯᠡᠭᠡᠨ ᠤ ᠬᠦᠷᠢᠶᠡᠯᠡᠩ᠂ ᠰᠤᠷᠭᠠᠭᠤᠯᠢ ᠯᠤᠭ᠎ᠠ ᠬᠤᠷᠰᠢᠨ ᠠᠵᠢᠯᠯᠠᠬᠤ ᠶᠢ | ᠵᠤᠷᠢᠭᠵᠢᠭᠤᠯᠤᠨ ᠲᠡᠮᠵᠢᠵᠤ᠂ ᠠᠵᠤ ᠠᠬᠤᠶᠢᠯᠠᠯ ᠢᠶᠠᠷ ᠭᠤᠤᠯ ᠴᠤᠭᠴᠠ ᠪᠤᠯᠭᠠᠬᠤ᠂ ᠵᠠᠬ᠎ᠠ ᠲᠡᠯᠭᠡᠭᠦᠷ ᠢᠶᠠᠷ ᠬᠦᠳᠦᠯᠦᠮᠵᠢ ᠪᠤᠯᠭᠠᠬᠤ ᠪᠠ ᠦᠢᠯᠡᠳᠪᠦᠷᠢᠯᠡᠬᠦ | ᠰᠤᠷᠤᠯᠴᠠᠬᠤ ᠰᠤᠳᠤᠯᠬᠤ ᠶᠢ ᠤᠶᠠᠯᠳᠤᠭᠤᠯᠤᠭᠰᠠᠨ ᠡᠷᠳᠡᠮ ᠰᠢᠨᠵᠢᠯᠡᠭᠡᠨ ᠤ ᠰᠢᠨ᠎ᠡ ᠶᠢ ᠡᠬᠦᠳᠬᠦ ᠲᠤᠭᠳᠠᠯᠴᠠᠭ᠎ᠠ ᠶᠢ ᠲᠦᠷᠭᠡᠨ ᠪᠦᠷᠢᠳᠤᠬᠦᠯᠦᠨᠡ᠃ ᠤᠯᠤᠰ᠂ | ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠲᠤᠬᠠᠢ ᠲᠦᠷᠦ ᠶᠢᠨ ᠪᠤᠳᠤᠯᠭ᠎ᠠ ᠶᠢ ᠨᠢᠮᠪᠠᠢ ᠲᠤᠤᠱᠯᠠᠭᠤᠯᠵᠤ᠂ ᠴᠦᠭᠡᠨ ᠲᠤᠭᠠᠳᠤ ᠦᠨᠳᠦᠰᠦᠳᠡᠨ ᠤ ᠡᠯ᠎ᠡ | ᠲᠦᠷᠦᠯ ᠤᠨ ᠠᠷᠠᠳ ᠢ ᠬᠠᠷᠠᠭᠠᠯᠵᠠᠬᠤ ᠢᠨᠵᠧᠨᠧᠷᠢᠩ ᠢ ᠢᠳᠡᠪᠬᠢᠳᠠᠢ ᠨᠠᠶᠢᠳᠠᠪᠦᠷᠢᠵᠢᠭᠤᠯᠤᠨ᠂ ᠮᠤᠩᠭᠤᠯ ᠬᠡᠯᠡ ᠪᠢᠴᠢᠭ ᠢ ᠲᠦᠷᠢᠮᠵᠢᠬᠦᠯᠦᠨ ᠭᠡᠷᠡᠭᠯᠡᠵᠤ᠂ | ᠦᠢᠯᠡᠴᠢᠯᠡᠭᠡᠨ ᠤ ᠨᠢᠭᠡᠴᠢ ᠶᠢᠨ ᠮᠣᠩᠭᠤᠯ ᠬᠢᠲᠠᠳ ᠬᠤᠶᠠᠷ ᠬᠡᠯᠡ ᠪᠠᠷ ᠦᠢᠯᠡᠴᠢᠯᠡᠬᠦ ᠠᠵᠢᠯ ᠢ ᠭᠤᠤᠯᠳᠠᠯᠭ᠎ᠠ ᠲᠠᠢ ᠰᠠᠶᠢᠨ ᠬᠢᠨ᠎ᠠ᠃ ᠨᠠᠰᠤᠳᠠᠶᠢᠴᠤᠳ ᠤᠨ ᠦᠢᠯᠡᠰ | ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠮᠧᠩ ᠰᠢ᠂ ᠦᠮᠡᠬᠡᠶᠢᠨᠠᠭᠤᠷ ᠤᠨ ᠨᠠᠰᠤᠳᠠᠨ ᠢ ᠠᠰᠠᠷᠠᠬᠤ ᠬᠦᠷᠢᠶᠡᠯᠡᠩ ᠢ ᠠᠰᠢᠭᠯᠠᠯᠲᠠ ᠳᠤ ᠤᠷᠤᠭᠤᠯᠤᠨ᠎ᠠ᠃ | ᠤᠷᠤᠰᠢᠭᠤᠯᠭ᠎ᠠ ᠶᠢᠨ ᠬᠠᠮᠢᠶᠠᠷᠤᠯᠳᠠ ᠶᠢ ᠵᠢᠷᠤᠮᠵᠢᠭᠤᠯᠤᠨ᠂ ᠤᠷᠤᠰᠢᠭᠤᠯᠭ᠎ᠠ ᠶᠢᠨ ᠭᠠᠵᠠᠷ ᠢ ᠪᠠᠶᠢᠭᠤᠯᠵᠤ ᠠᠰᠢᠭᠯᠠᠯᠲᠠ ᠳᠤ ᠤᠷᠤᠭᠤᠯᠬᠤ ᠪᠠᠷ ᠴᠢᠷᠮᠠᠶᠢᠨ᠎ᠠ᠃ | ᠭᠠᠵᠠᠷ ᠤᠷᠤᠨ ᠤ ᠠᠮᠤ ᠪᠤᠳᠠᠭᠠᠨ ᠤ ᠨᠦᠭᠡᠴᠡ ᠶᠢ ᠪᠠᠳᠤᠯᠠᠨ᠂ ᠤᠯᠠᠭᠠᠨ ᠪᠠᠯᠭᠠᠰᠤᠨ ᠤ ᠠᠮᠤ ᠪᠤᠳᠠᠭᠠᠨ ᠤ ᠬᠦᠮᠦᠷᠭᠡ ᠶᠢ ᠪᠠᠶᠢᠭᠤᠯᠤᠨ ᠠᠰᠢᠭᠯᠠᠨ᠎ᠠ᠃ | ᠲᠦᠯᠦᠪᠯᠡᠭᠡ ᠲᠠᠢ ᠪᠠᠷ ᠬᠡᠤᠭᠡᠳ ᠠᠪᠬᠤ ᠠᠵᠢᠯ ᠤᠨ ᠤᠯᠤᠰ ᠤᠨ ᠦᠨᠳᠦᠰᠦᠨ ᠲᠦᠷᠦ ᠶᠢᠨ ᠪᠤᠳᠤᠯᠭ᠎ᠠ ᠶᠢ ᠪᠠᠷᠢᠮᠳᠠᠯᠠᠨ᠂ ︽ᠨᠢᠭᠡ ᠲᠠᠯ᠎ᠠ ᠨᠢ ᠭᠠᠭᠴᠠ ᠬᠡᠤᠭᠡᠳ | ᠪᠤᠯᠬᠤ ᠡᠷ᠎ᠡ ᠡᠮ᠎ᠡ ᠬᠤᠶᠠᠷ ᠬᠡᠤᠭᠡᠳ ᠠᠪᠴᠤ ᠪᠣᠯᠬᠤ︾ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠦᠷᠢᠵᠢᠭᠤᠯᠤᠨ᠎ᠠ᠃ ᠪᠦᠬᠦ ᠤᠯᠤᠰ ᠤᠨ ᠭᠤᠷᠪᠠᠳᠡᠬᠢ | ᠤᠳᠠᠭ᠎ᠠ ᠶᠢᠨ ᠠᠵᠤ ᠠᠬᠤᠢ ᠶᠢᠨ ᠨᠡᠶᠢᠳᠡᠮ ᠪᠠᠶᠢᠴᠠᠭᠠᠯᠳᠠ ᠶᠢ ᠪᠦᠬᠦ ᠲᠠᠯ᠎ᠠ ᠪᠠᠷ ᠰᠠᠶᠢᠨ ᠬᠢᠨ᠎ᠠ᠃ ᠭᠤᠷᠪᠠ ᠳᠤ ᠨᠡᠶᠢᠭᠡᠮ ᠤᠨ ᠵᠠᠰᠠᠯᠲᠠ ᠶᠢ ᠦᠨᠡᠨ ᠬᠦ | ᠴᠢᠩᠭᠠᠳᠬᠠᠨ᠎ᠠ᠃ ᠠᠮᠤᠷ ᠲᠠᠶᠢᠪᠤᠩ ᠤᠳᠤᠭ ᠢ ᠪᠠᠶᠢᠭᠤᠯᠬᠤ ᠶᠢ ᠠᠬᠢᠭᠤᠯᠵᠤ᠂ ᠮᠡᠷᠭᠡᠵᠢᠯ ᠤᠨ ᠰᠡᠷᠭᠡᠶᠢᠯᠡᠯᠳᠡ ᠶᠢᠨ ᠰᠢᠰᠲ᠋ᠧᠮ ᠢ ᠦᠷᠬᠦᠯᠵᠢᠯᠡᠨ ᠲᠡᠬᠦᠯᠳᠡᠷᠵᠢᠬᠦᠯᠵᠤ | ᠂ ᠨᠡᠶᠢᠬᠡᠮ ᠤᠨ ᠠᠮᠤᠷ ᠲᠤᠭᠳᠠᠭᠤᠨ ᠤ ᠬᠠᠮᠢᠶᠠᠷᠤᠯᠳᠠ ᠶᠢ ᠴᠢᠨᠠᠭᠰᠢᠳᠠ ᠴᠢᠩᠭᠠᠳᠬᠠᠨ᠂ ᠬᠠᠤᠯᠢ ᠶᠢ ᠵᠦᠷᠢᠴᠡᠭᠰᠡᠨ ᠡᠯ᠎ᠡ ᠲᠦᠷᠦᠯ ᠤᠨ ᠶᠠᠯᠠᠳᠤ ᠠᠵᠢᠯᠯᠠᠭ᠎ᠠ ᠳᠤ | ᠬᠦᠴᠦᠳᠠᠢ ᠴᠤᠬᠢᠯᠳᠠ ᠦᠭᠭᠦᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠭᠳᠠᠴᠠ ᠶᠢ ᠲᠡᠬᠦᠯᠳᠡᠷᠵᠢᠬᠦᠯᠵᠤ᠂ ᠨᠡᠶᠢᠭᠡᠮ ᠤᠨ ᠬᠠᠮᠢᠶᠠᠷᠤᠯᠳᠠ ᠶᠢᠨ | ᠦᠢᠯᠡᠴᠢᠯᠡᠭᠡᠨ ᠤ ᠲᠦᠪ᠂ ᠵᠦᠷᠢᠴᠡᠯ ᠢ ᠡᠶᠡᠳᠡᠬᠦᠯᠬᠦ ᠲᠦᠪ ᠪᠤᠯᠤᠨ ᠨᠤᠳᠤᠭ ᠪᠡᠯᠴᠢᠭᠡᠷ ᠤᠨ ᠵᠢᠭᠤᠷᠠᠯᠳᠤᠭᠠᠨ ᠢ ᠬᠦᠨᠳᠡᠯᠡᠨ ᠠᠴᠠ ᠲᠠᠰᠤᠯᠬᠤ ᠵᠦᠪᠯᠡᠯ᠂ | ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠤᠯᠭᠤᠵᠤ ᠦᠭᠬᠦ ᠠᠯᠪᠠᠨ ᠭᠡᠷ ᠵᠡᠷᠭᠡ ᠪᠠᠶᠢᠭᠤᠯᠤᠮᠵᠢ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠡᠬᠢ | ᠡᠭᠦᠰᠦᠯ ᠠᠴᠠ ᠨᠢ ᠵᠠᠰᠠᠬᠤ ᠶᠢ ᠰᠠᠶᠢᠳᠤᠷ ᠠᠳᠬᠤᠵᠤ᠂ ᠤᠯᠠᠨ ᠲᠦᠮᠡᠨ ᠤ ᠠᠰᠠᠭᠤᠳᠠᠯ ᠢᠶᠠᠨ ᠲᠤᠰᠬᠠᠬᠤ᠂ ᠵᠦᠷᠢᠴᠡᠯ ᠢᠶᠠᠨ ᠰᠢᠢᠳᠪᠦᠷᠢᠯᠡᠬᠦᠯᠬᠦ᠂ ᠡᠷᠬᠡ ᠠᠰᠢᠭ | ᠤᠨ ᠪᠠᠳᠤᠯᠠᠭ᠎ᠠ ᠲᠠᠢ ᠪᠠᠶᠢᠬᠤ ᠶᠢ ᠪᠠᠳᠤᠯᠠᠨ᠎ᠠ᠃ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ᠂ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ | ᠶᠢ ᠡᠭᠦᠷᠭᠡᠯᠡᠭᠦᠯᠬᠦ︾ ᠪᠤᠯᠤᠨ ︽ᠭᠤᠷᠪᠠ ᠶᠢ ᠵᠡᠷᠭᠡᠪᠡᠷ ᠬᠢᠬᠦ︾ ᠲᠦᠷᠢᠮ ᠢ ᠡᠷᠡᠰ ᠨᠠᠶᠢᠳᠠᠪᠦᠷᠢᠵᠢᠭᠤᠯᠵᠤ᠂ ᠠᠶᠤᠯ ᠦᠭᠡᠢ ᠶᠢᠨ ᠠᠳᠡᠯ ᠭᠠᠷᠭᠠᠪᠠᠯ ᠰᠢᠳᠭᠡᠬᠦ ᠪᠤᠯᠤᠨ | ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠳᠬᠠᠵᠤ᠂ ᠠᠵᠢᠯᠳᠠᠨ ᠠᠵᠢᠯᠴᠢᠨ ᠳᠤ ᠪᠤᠯᠪᠠᠰᠤᠷᠠᠯ ᠬᠦᠷᠳᠡᠭᠡᠬᠦ᠂ ᠰᠠᠭᠤᠷᠢ ᠲᠦᠭᠦᠭᠡᠷᠦᠮᠵᠢ ᠶᠢ ᠢᠵᠢ | ᠪᠦᠷᠢᠳᠦᠬᠦᠯᠬᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠡᠷᠭᠡ ᠭᠤᠤᠯᠳᠠᠯᠭᠠᠳᠤ ᠭᠤᠭᠴᠤᠭ᠎ᠠ ᠶᠢ ᠦᠨᠡᠨᠬᠦ ᠰᠠᠶᠢᠳᠤᠷ ᠠᠳᠬᠤᠨ᠂ ᠴᠢ ᠫᠠᠨ ᠵᠢᠩ᠂ | ᠮᠧᠩ ᠰᠢ ᠬᠦᠷᠢᠶᠡᠯᠡᠩ ᠤᠨ ᠭᠠᠯ ᠤᠨᠳᠠᠷᠠᠭᠠᠬᠤ ᠦᠷᠳᠡᠭᠡ ᠶᠢᠨ ᠪᠠᠶᠢᠭᠤᠯᠤᠯᠲᠠ ᠵᠢᠴᠢ ᠲᠤᠨᠤᠭ ᠲᠦᠭᠦᠭᠡᠷᠦᠮᠵᠢ ᠶᠢᠨ ᠢᠵᠢ ᠪᠦᠷᠢᠳᠦᠭᠦᠯᠦᠯ ᠢ ᠴᠢᠩᠭᠠᠳᠬᠠᠨ᠂ | ᠠᠶᠤᠯ ᠦᠭᠡᠢ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠬᠤ ᠰᠤᠷᠠᠭ ᠴᠢᠮᠡᠭᠡᠨ ᠤ ᠲᠠᠪᠴᠠᠩ ᠢ ᠪᠠᠶᠢᠭᠤᠯᠤᠨ ᠠᠵᠢᠯᠯᠠᠭᠤᠯᠵᠤ ᠠᠰᠢᠭᠯᠠᠯᠲᠠ ᠳᠤ | ᠤᠷᠤᠭᠤᠯᠤᠨ᠂ ᠠᠶᠤᠯᠳᠠᠢ ᠬᠢᠮᠢ ᠶᠢᠨ ᠠᠵᠤ ᠠᠬᠤᠶᠢᠯᠠᠯ ᠴᠦᠮ ᠠᠪᠤᠷᠠᠯᠳᠠ ᠶᠢᠨ ᠠᠩᠭᠢ ᠪᠤᠯᠤᠨ ᠬᠤᠤᠷ ᠬᠦᠨᠦᠭᠡᠯ ᠲᠠᠢ ᠬᠡᠢ ᠪᠡᠶᠡᠳᠦ ᠶᠢ ᠦᠪᠡᠷᠳᠡᠭᠡᠨ ᠪᠠᠶᠢᠴᠠᠭᠠᠨ | ᠬᠡᠮᠵᠢᠵᠤ ᠰᠡᠷᠡᠮᠵᠢ ᠮᠡᠳᠡᠬᠦᠯᠬᠦ ᠰᠢᠰᠲ᠋ᠧᠮ ᠢ ᠤᠭᠰᠠᠷᠠᠭᠤᠯᠤᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ ᠪᠤᠯᠤᠨ ᠭᠠᠮᠰᠢᠭ ᠢ ᠰᠡᠷᠭᠡᠶᠢᠯᠡᠵᠤ ᠭᠠᠮᠰᠢᠭ ᠢ | ᠪᠠᠭᠠᠰᠬᠠᠬᠤ ᠲᠤᠭᠳᠠᠯᠴᠠᠭ᠎ᠠ ᠶᠢ ᠲᠡᠬᠦᠯᠳᠡᠷᠵᠢᠬᠦᠯᠦᠨ᠂ ᠪᠠᠶᠢᠭᠠᠯᠢ ᠶᠢᠨ ᠭᠠᠢ ᠭᠠᠮᠰᠢᠭ ᠪᠤᠯᠤᠨ ᠭᠡᠨᠡᠳᠳᠡ ᠶᠢᠨ ᠠᠳᠡᠯ ᠭᠡᠷᠡᠭ ᠢ ᠤᠷᠢᠳᠴᠢᠯᠠᠨ ᠮᠡᠳᠡᠭᠡᠯᠡᠵᠤ | ᠰᠢᠢᠳᠪᠦᠷᠢᠯᠡᠬᠦ ᠴᠢᠳᠠᠪᠦᠷᠢ ᠶᠢ ᠲᠡᠭᠡᠭᠰᠢᠯᠡᠬᠦᠯᠦᠨ᠎ᠡ᠃ ᠡᠶ᠎ᠡ ᠵᠤᠬᠢᠴᠠᠯ ᠲᠠᠢ ᠬᠦᠳᠡᠯᠮᠦᠷᠢ ᠶᠢᠨ ᠬᠠᠷᠢᠴᠠᠭ᠎ᠠ ᠶᠢ ᠪᠦᠷᠢᠯᠳᠤᠬᠦᠯᠦᠨ᠂ ᠬᠦᠳᠡᠯᠮᠦᠷᠢᠴᠢᠳ ᠤᠨ ᠬᠠᠤᠯᠢ | ᠶᠤᠰᠤᠨ ᠤ ᠡᠷᠭᠡ ᠠᠰᠢᠭ ᠢ ᠪᠠᠳᠤᠯᠠᠨ᠎ᠠ᠃ | ︵ᠲᠤᠯᠤᠭ᠎ᠠ︶ ᠴᠢᠳᠠᠪᠬᠢ ᠶᠢᠨ ᠬᠤᠪᠢᠷᠠᠭᠤᠯᠤᠯᠲᠠ ᠶᠢ ᠠᠳᠬᠤᠨ᠂ ᠤᠯᠠᠨ ᠲᠦᠮᠡᠨ ᠳᠤ ᠲᠠᠭᠠᠰᠢᠶᠠᠭᠳᠠᠬᠤ ᠵᠠᠰᠠᠭ ᠤᠨ ᠣᠷᠳᠤᠨ ᠢ ᠴᠢᠷᠮᠠᠶᠢᠨ | ᠪᠠᠶᠢᠭᠤᠯᠤᠨ᠎ᠠ᠃ ᠠᠷᠠᠳ ᠤᠯᠠᠨ ᠳᠤ ᠬᠠᠷᠢᠭᠤᠴᠠᠵᠤ᠂ ᠠᠷᠠᠳ ᠤᠯᠠᠨ ᠳᠤ ᠲᠠᠭᠠᠰᠢᠶᠠᠭᠳᠠᠬᠤ ᠪᠠᠷ ᠵᠠᠰᠠᠭ ᠤᠨ ᠤᠷᠳᠤᠨ ᠤ ᠠᠵᠢᠯ ᠤᠨ ᠲᠡᠷᠢᠬᠦᠨ ᠤ ᠪᠠᠷᠢᠮᠵᠢᠶ᠎ᠠ᠂ | ᠲᠡᠷᠢᠬᠦᠨ ᠤ ᠬᠦᠭᠡᠭᠡᠴᠯᠳᠦᠯ ᠪᠤᠯᠭᠠᠵᠤ᠂ ᠦᠢᠯᠡᠴᠢᠯᠡᠭᠡᠨ ᠤ ᠲᠦᠪᠰᠢᠨ ᠢᠶᠠᠨ ᠲᠠᠰᠤᠷᠠᠯᠳᠠ ᠦᠭᠡᠢ ᠲᠡᠭᠡᠭᠰᠢᠯᠡᠬᠦᠯᠦᠨ᠂ ᠠᠵᠤ ᠠᠬᠤᠢ ᠨᠡᠶᠢᠬᠡᠮ ᠤᠨ ᠬᠦᠭᠵᠢᠯᠳᠡ ᠳᠤ | ᠬᠦᠴᠦᠷᠭᠡᠭ ᠪᠠᠳᠤᠯᠠᠭ᠎ᠠ ᠬᠠᠩᠭᠠᠨ᠎ᠠ᠃ ᠨᠢᠭᠡ ᠳᠤ ᠵᠠᠰᠠᠭ ᠤᠨ ᠶᠠᠪᠤᠳᠠᠯ ᠤᠨ ᠤᠷᠴᠢᠨ ᠲᠤᠭᠤᠷᠢᠨ ᠢ ᠰᠢᠯᠢᠳᠡᠭᠴᠢᠯᠡᠨ᠂ ᠦᠢᠯᠡᠴᠢᠯᠡᠬᠦ ᠭᠡᠯᠪᠡᠷᠢ ᠶᠢᠨ ᠵᠠᠰᠠᠭ ᠤᠨ | ᠤᠷᠳᠤᠨ ᠢ ᠪᠠᠶᠢᠭᠤᠯᠤᠨ᠎ᠠ᠃ ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠳᠤᠳᠠᠢ ᠦᠷᠨᠢᠬᠦᠯᠦᠨ᠂ ︽ | ᠲᠦᠷᠪᠡᠨ ᠰᠤᠷᠳᠠᠯ︾ ᠤᠨ ᠠᠰᠠᠭᠤᠳᠠᠯ ᠢ ᠲᠤᠪᠤᠶᠢᠯᠭᠠᠨ ᠵᠠᠰᠠᠵᠤ᠂ ᠰᠤᠷᠳᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠳᠦᠮᠵᠢ ᠪᠠᠷ ᠤᠯᠠᠨ ᠲᠦᠮᠡᠨ ᠤ ᠢᠳᠡᠭᠡᠯ | ᠢ ᠤᠯᠵᠤ᠂ ᠬᠦᠭᠵᠢᠯᠳᠡ ᠶᠢ ᠠᠬᠢᠭᠤᠯᠤᠨ᠎ᠠ᠃ ᠪᠠᠶᠢᠴᠠᠭᠠᠨ ᠰᠤᠳᠤᠯᠤᠯᠲᠠ ᠶᠢᠨ ᠬᠦᠴᠦᠯᠡᠴᠡ ᠪᠠᠨ ᠨᠡᠮᠡᠭᠳᠡᠬᠦᠯᠦᠨ᠂ ᠦᠨᠳᠦᠰᠦᠨ ᠱᠠᠳᠤᠨ ᠤ ᠰᠠᠨᠠᠯ ᠪᠤᠯᠤᠨ ᠤᠯᠠᠨ | ᠲᠦᠮᠡᠨ ᠤ ᠬᠦᠰᠡᠯ ᠱᠠᠭᠠᠷᠳᠠᠯᠭ᠎ᠠ ᠶᠢ ᠬᠢᠨᠠᠮᠠᠭᠠᠢ ᠰᠤᠨᠤᠰᠴᠤ᠂ ᠡᠯ᠎ᠡ ᠵᠦᠢᠯ ᠤᠨ ᠰᠢᠢᠳᠪᠦᠷᠢᠳᠦ ᠪᠤᠳᠤᠯᠭ᠎ᠠ ᠨᠢ ᠪᠤᠰᠤᠳᠴᠢ ᠪᠤᠳᠠᠳᠠᠢ ᠲᠠᠢ ᠨᠡᠶᠢᠴᠡᠬᠦ᠂ ᠲᠡᠤᠭᠡ ᠶᠢᠨ | ᠰᠢᠯᠭᠠᠯᠲᠠ ᠶᠢ ᠲᠠᠭᠠᠭᠠᠬᠤ ᠶᠢ ᠪᠠᠳᠤᠯᠠᠨ᠎ᠠ᠃ ᠬᠤᠷᠠᠯ ᠪᠢᠴᠢᠭ ᠮᠠᠲ᠋ᠧᠷᠢᠶᠠᠯ ᠪᠤᠯᠤᠨ ᠪᠠᠶᠠᠷ ᠲᠤᠷᠠᠰᠬᠠᠯ ᠤᠨ ᠠᠵᠢᠯᠯᠠᠭ᠎ᠠ ᠶᠢ ᠶᠡᠭᠡ ᠪᠠᠷ ᠴᠤᠮᠬᠠᠳᠬᠠᠵᠤ᠂ ᠠᠩᠬᠠᠷᠤᠯ | ᠢᠶᠠᠨ ᠲᠦᠪᠯᠡᠷᠡᠬᠦᠯᠦᠨ ᠪᠤᠳᠠᠳᠠᠢ ᠠᠵᠢᠯ ᠢ ᠠᠳᠬᠤᠵᠤ᠂ ᠪᠤᠳᠠᠳᠠᠢ ᠠᠰᠠᠭᠤᠳᠠᠯ ᠢ ᠰᠢᠢᠳᠪᠦᠷᠢᠯᠡᠨ᠎ᠡ᠃ ︽ ᠭᠡᠭᠡᠪᠴᠢ ᠶᠢᠨ ᠦᠢᠯᠡᠴᠢᠯᠡᠭᠡᠨ︾ ᠤ ᠦᠷ᠎ᠡ ᠪᠦᠳᠦᠮᠵᠢ | ᠶᠢ ᠪᠦᠬᠦ ᠲᠠᠯ᠎ᠠ ᠪᠠᠷ ᠲᠡᠭᠡᠭᠰᠢᠯᠡᠬᠦᠯᠦᠨ᠂ ᠭᠡᠷᠡᠭ ᠡᠷᠭᠢᠯᠡᠬᠦ ᠶᠠᠪᠤᠴᠠ ᠶᠢ ᠲᠦᠬᠦᠮᠴᠢᠯᠡᠵᠤ᠂ ᠠᠵᠢᠯ ᠤᠨ ᠪᠦᠲᠦᠮᠵᠢ ᠶᠢ ᠲᠡᠭᠡᠭᠰᠢᠯᠡᠬᠦᠯᠦᠨ᠂ ᠦᠨᠳᠦᠰᠦᠨ ᠱᠠᠳᠤᠨ ᠤ | ᠤᠯᠠᠨ ᠲᠦᠮᠡᠨ᠂ ᠠᠵᠤ ᠠᠬᠤᠶᠢᠯᠠᠯ ᠤᠨ ᠦᠮᠴᠢᠳᠡᠨ ᠳᠤ ᠲᠦᠬᠦᠮ ᠲᠦᠳᠡ᠂ ᠠᠳᠠᠯᠢ ᠲᠡᠭᠰᠢ᠂ ᠲᠦᠷᠢᠮᠵᠢᠭᠰᠡᠨ ᠤᠯᠠᠨ ᠨᠠᠶᠢᠳᠡ ᠶᠢᠨ ᠦᠢᠯᠡᠴᠢᠯᠡᠭᠡᠨ ᠢ | ᠬᠠᠩᠭᠠᠨ᠎ᠠ᠃ ᠬᠤᠶᠠᠷ ᠲᠤ ᠠᠷᠪᠢᠴᠢ ᠪᠠᠷ ᠭᠠᠮᠨᠠᠨ ᠠᠷᠪᠢᠯᠠᠬᠤ ᠶᠢ ᠴᠢᠩᠳᠠᠯᠠᠵᠤ᠂ ᠠᠷᠪᠢᠯᠠᠨ ᠭᠠᠮᠨᠠᠬᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ | ᠲᠥᠷᠥ ᠶᠢᠨ ᠶᠠᠪᠤᠳᠠᠯ ᠤᠨ ᠬᠤᠷᠢᠶᠠᠨ ᠤ ︽ᠳᠦᠷᠢᠮ ᠰᠠᠬᠢᠯᠭ᠎ᠠ ᠲᠣᠭᠲᠠᠭᠠᠬᠤ︾ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠢᠮᠪᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠴᠢᠨᠠᠷᠲᠠᠢ ᠠᠰᠠᠷ ᠲᠠᠭᠲᠤ ᠶᠢ ᠴᠥᠮ ᠰᠢᠨ᠎ᠡ ᠪᠠᠷ ᠪᠠᠶᠢᠭᠤᠯᠵᠤ ᠪᠣᠯᠬᠤ ᠦᠭᠡᠢ᠂ ᠡᠳ᠋ ᠤᠨ ᠵᠠᠰᠠᠭ ᠠᠴᠠ ᠴᠠᠯᠢᠩ | ᠣᠯᠭᠤᠵᠤ ᠪᠠᠶᠢᠭ᠎ᠠ ᠬᠥᠮᠥᠨ ᠤ ᠲᠤᠭ᠎ᠠ ᠶᠢ ᠬᠠᠰᠣᠭᠳᠡᠭᠤᠯᠬᠤ ᠠᠴᠠ ᠪᠢᠰᠢ ᠨᠡᠮᠡᠭᠳᠡᠭᠦᠯᠭᠦ ᠦᠭᠡᠢ᠂ ︽ᠭᠤᠷᠪᠠᠨ ᠠᠯᠪᠠᠨ︾ ᠤ ᠵᠠᠷᠤᠳᠠᠯ ᠢ ᠶᠡᠭᠡ ᠪᠠᠷ ᠪᠠᠭᠠᠰᠬᠠᠨ᠎ᠠ᠃ | ᠲᠥᠰᠥᠪ ᠤᠨ ᠬᠠᠮᠢᠶᠠᠷᠤᠯᠲᠠ ᠶᠢ ᠴᠢᠩᠭᠠᠳᠬᠠᠵᠤ᠂ ᠨᠠᠷᠢᠯᠠᠵᠤ ᠠᠮᠢᠳᠤᠷᠠᠬᠤ ᠦᠵᠡᠯ ᠰᠠᠨᠠᠭ᠎ᠠ ᠶᠢ ᠪᠠᠲᠤ ᠪᠠᠬᠢ ᠪᠣᠢ ᠪᠣᠯᠭᠠᠵᠤ᠂ ᠳᠡᠩᠳᠡᠭᠦᠦ ᠪᠦᠷᠢᠯᠭᠡᠨ ᠰᠦᠢᠳᠭᠡᠬᠦ | ᠶᠢ ᠶᠡᠭᠡ ᠪᠠᠷ ᠲᠡᠪᠴᠢᠨ᠂ ᠪᠦᠬᠦ ᠬᠤᠲᠠ ᠶᠢᠨ ︽ᠭᠤᠷᠪᠠᠨ ᠠᠯᠪᠠᠨ︾ ᠤ ᠵᠠᠷᠤᠳᠠᠯ ᠢ ᠢᠯᠠ ᠪᠣᠯᠭᠠᠬᠤ ᠲᠤᠷᠰᠢᠯᠲᠠ ᠶᠢᠨ ᠴᠡᠭ ᠤᠨ ᠠᠵᠢᠯ ᠢ ᠪᠦᠬᠦ ᠲᠠᠯ᠎ᠠ ᠪᠠᠷ | ᠰᠠᠶᠢᠲᠤᠷ ᠬᠢᠵᠦ᠂ ︽ᠳᠥᠷᠪᠡ ᠶᠢ ᠪᠠᠲᠤᠯᠠᠵᠤ ᠬᠤᠶᠠᠷ ᠢ ᠪᠠᠭᠠᠰᠬᠠᠬᠤ︾ ᠱᠠᠭᠠᠷᠳᠠᠯᠭ᠎ᠠ ᠪᠠᠷ ᠡᠳ᠋ ᠤᠨ ᠬᠦᠴᠦᠨ ᠢ ᠠᠷᠡᠳ ᠤᠨ ᠠᠮᠢᠳᠤᠷᠠᠯ ᠢ ᠪᠠᠲᠤᠯᠠᠬᠤ᠂ ᠬᠡᠪ | ᠢᠶᠠᠷ ᠠᠵᠢᠯᠯᠠᠬᠤ ᠶᠢ ᠪᠠᠲᠤᠯᠠᠬᠤ᠂ ᠦᠷᠢ ᠰᠢᠷᠢ ᠶᠢ ᠢᠯᠭᠠᠷᠠᠭᠤᠯᠬᠤ ᠶᠢ ᠪᠠᠲᠤᠯᠠᠬᠤ᠂ ᠭᠤᠣᠯᠳᠡᠯᠭᠠᠳᠣ ᠲᠦᠷᠣᠯ ᠵᠣᠶᠢᠯ ᠢ ᠪᠠᠲᠤᠯᠠᠬᠤ ᠳᠤ ᠲᠥᠪᠯᠡᠷᠡᠭᠦᠯᠵᠦ᠂ | ᠦᠷᠭᠦᠯᠵᠢᠯᠡᠨ ᠪᠠᠶᠢᠭᠤᠯᠬᠤ ᠲᠥᠷᠥᠯ ᠵᠦᠢᠯ ᠢ ᠴᠡᠭᠴᠡᠯᠡᠨ ᠵᠢᠭᠰᠠᠭᠠᠵᠤ᠂ ᠪᠠᠶᠢᠭᠤᠯᠬᠤ ᠵᠣᠬᠢᠰᠲᠠᠢ ᠶᠢ ᠨᠢ ᠪᠠᠶᠢᠭᠤᠯᠤᠨ᠂ ᠵᠣᠭᠰᠣᠭᠠᠬᠤ ᠵᠣᠬᠢᠰᠲᠠᠢ ᠶᠢ ᠨᠢ | ᠵᠣᠭᠰᠣᠭᠠᠨ᠎ᠠ᠃ ︽ᠥᠷᠢ ᠰᠢᠷᠢ ᠶᠢ ᠪᠤᠴᠠᠭᠠᠨ ᠲᠥᠯᠥᠬᠦ ᠨᠢ ᠴᠦ ᠵᠠᠰᠠᠭ ᠤᠨ ᠠᠵᠢᠯ ᠤᠨ ᠪᠦᠲᠦᠮᠵᠢ ᠪᠣᠯᠣᠨ᠎ᠠ︾ ᠭᠡᠬᠦ ᠣᠨᠤᠯᠵᠢᠭᠤᠨ ᠢ ᠪᠠᠲᠤ ᠪᠠᠬᠢ ᠪᠣᠢ | ᠪᠣᠯᠭᠠᠵᠤ᠂ ᠲᠥᠰᠥᠪ ᠢ ᠲᠣᠬᠢᠷᠠᠭᠤᠯᠬᠤ᠂ ᠬᠥᠷᠥᠩᠭᠡ ᠶᠢ ᠬᠥᠭᠵᠢᠶᠡᠨᠲᠡᠢ ᠪᠣᠯᠭᠠᠬᠤ᠂ ᠠᠪᠴᠠᠭ᠎ᠠ ᠥᠭᠴᠡᠭᠡ ᠶᠢ ᠬᠠᠷᠢᠯᠴᠠᠨ ᠲᠤᠯᠭᠠᠨ ᠣᠷᠣᠯᠠᠭᠤᠯᠬᠤ ᠵᠡᠷᠭᠡ ᠠᠷᠭ᠎ᠠ | ᠪᠠᠷᠢᠯ ᠢᠶᠠᠷ ᠳᠠᠮᠵᠢᠨ ᠣᠯᠠᠨ ᠵᠠᠮ ᠢᠶᠠᠷ ᠪᠡᠯᠡ ᠬᠤᠷᠠᠮᠳᠤᠭᠤᠯᠵᠤ᠂ ᠵᠡᠰᠠᠭ ᠤᠨ ᠣᠷᠳᠣᠨ ᠤ ᠴᠢᠨᠠᠷᠲᠠᠢ ᠦᠷᠢ ᠰᠢᠷᠢ ᠶᠢ ᠢᠯᠭᠠᠷᠠᠭᠤᠯᠬᠤ ᠠᠵᠢᠯ ᠢ ᠪᠦᠭᠦ ᠬᠦᠴᠦᠨ | ᠢᠶᠠᠷ ᠢᠶᠠᠨ ᠰᠡᠶᠢᠳᠣᠷ ᠭᠢᠵᠣ᠂ ᠢᠳᠡᠭᠡᠮᠵᠢᠳᠡᠢ ᠵᠡᠰᠠᠭ ᠤᠨ ᠣᠷᠳᠣᠨ ᠤ ᠲᠦᠷᠢ ᠲᠥᠷᠬᠦ ᠶᠢ ᠴᠢᠷᠮᠡᠶᠢᠨ ᠱᠤᠭᠤᠨ᠎ᠠ᠃ ᠡᠭᠦᠨ ᠤ ᠬᠠᠮᠳᠣ ︽ᠠᠶᠣᠯ ᠲᠦᠭᠰᠢᠭᠦᠷᠢ ᠶᠢ | ᠬᠢᠵᠠᠭᠠᠷᠯᠠᠨ᠂ ᠬᠥᠨᠵᠢᠯᠡ ᠶᠢᠨ ᠢᠶᠠᠨ ᠬᠢᠷᠢ ᠪᠠᠷ ᠬᠥᠯ ᠢᠶᠠᠨ ᠵᠢᠭᠢᠬᠦ︾ ᠵᠡᠷᠴᠢᠮ ᠶᠣᠰᠣᠭᠠᠷ ᠵᠠᠰᠠᠭ ᠤᠨ ᠣᠷᠳᠣᠨ ᠠᠵᠣ ᠠᠬᠤᠶᠢᠯᠡᠯ ᠬᠠᠷᠢᠯᠴᠠᠨ ᠬᠤᠷᠰᠢᠯᠴᠠᠬᠤ᠂ | ᠠᠵᠣ ᠠᠬᠤᠶᠢᠯᠡᠯ ᠢᠶᠠᠷ ᠭᠤᠣᠯ ᠪᠣᠯᠭᠠᠭᠰᠡᠨ ᠪᠡᠯᠡ ᠬᠤᠷᠡᠮᠳᠣᠭᠤᠯᠬᠤ ᠲᠡᠪᠴᠡᠩ ᠢ ᠰᠦᠪᠡᠭᠴᠢᠯᠡᠨ ᠪᠠᠶᠢᠭᠤᠯᠵᠤ᠂ ᠡᠯ᠎ᠠ ᠲᠦᠷᠣᠯ ᠤᠨ ᠮᠦᠡᠭᠭᠦᠨ ᠭᠦᠢᠯᠭᠡᠭᠡᠨ ᠤ | ᠪᠡᠶᠢᠭᠤᠯᠣᠮᠵᠢ ᠶᠢ ᠦᠷᠭᠡᠨ ᠢᠶᠠᠷ ᠠᠪᠴᠠᠯᠳᠤᠭᠤᠯᠤᠨ᠂ ᠪᠡᠯᠡ ᠬᠤᠷᠡᠮᠳᠣᠭᠤᠯᠬᠤ ᠵᠢᠭᠡᠯᠡᠯᠭᠡ ᠶᠢ ᠴᠢᠷᠮᠠᠶᠢᠨ ᠣᠯᠵᠤ᠂ ᠭᠤᠣᠯᠳᠠᠭᠤ ᠥᠷᠢ ᠰᠢᠷᠢ ᠶᠢ ᠢᠯᠭᠠᠷᠠᠭᠤᠯᠬᠤ | ᠬᠢᠭᠡᠳ ᠠᠷᠠᠳ ᠤᠨ ᠠᠮᠢᠳᠤᠷᠠᠯ ᠤᠨ ᠪᠠᠶᠢᠭᠤᠯᠤᠯᠲᠠ ᠳᠤ ᠭᠡᠷᠡᠭᠯᠡᠨ᠎ᠠ᠃ ᠭᠤᠷᠪᠡ ᠳᠤ ᠡᠷᠭᠡ ᠶᠢᠨ ᠭᠡᠷᠡᠭᠯᠡᠯᠳᠠ ᠶᠢ ᠵᠢᠷᠤᠮᠵᠢᠭᠤᠯᠵᠤ᠂ ᠬᠠᠣᠯᠢ ᠪᠠᠷ ᠵᠡᠰᠡᠬᠤ ᠭᠡᠯᠪᠡᠷᠢ | ᠶᠢᠨ ᠵᠡᠰᠠᠭ ᠤᠨ ᠣᠷᠳᠣᠨ ᠢ ᠪᠡᠶᠢᠭᠤᠯᠣᠨᠠ᠃ ᠳᠦᠷᠢᠮ ᠤᠨ ᠪᠠᠶᠢᠭᠤᠯᠤᠯᠲᠠ ᠪᠠᠷ ᠭᠤᠣᠯ ᠪᠣᠯᠭᠠᠵᠤ᠂ ᠲᠣᠰᠬᠠᠢ ᠮᠡᠷᠭᠡᠵᠢᠯᠲᠡᠨ ᠢᠶᠠᠷ ᠨᠣᠲᠠᠯᠠᠭᠤᠯᠬᠤ᠂ ᠲᠦᠭᠰᠢᠭᠦᠷᠢ | ᠶᠢ ᠦᠨᠡᠯᠡᠬᠦ᠂ ᠨᠡᠶᠢᠭᠡᠮ ᠳᠤ ᠵᠠᠷᠯᠠᠬᠤ ᠬᠢᠭᠡᠳ ︽ᠭᠤᠷᠪᠠᠨ ᠴᠢᠬᠤᠯᠠ ᠨᠢᠭᠡ ᠶᠡᠭᠡ︾ ᠶᠠᠪᠤᠳᠠᠯ ᠳᠤ ᠬᠠᠮᠲᠤ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ | ᠢ ᠴᠢᠩᠭ᠎ᠠ ᠨᠠᠶᠢᠳᠠᠪᠤᠷᠢᠵᠢᠭᠤᠯᠤᠨ᠂ ᠣᠯᠡᠨ ᠨᠡᠶᠢᠳᠠ ᠶᠢᠨ ᠡᠭᠢ ᠰᠣᠷᠪᠣᠯᠵᠢ ᠶᠢᠨ ᠠᠷᠡᠯᠵᠢᠶᠡᠨ ᠤ ᠲᠡᠪᠴᠡᠩ ᠢ ᠲᠡᠭᠦᠯᠳᠡᠷᠵᠢᠭᠦᠯᠵᠣ᠂ ᠤᠯᠤᠰ ᠤᠨ ᠥᠮᠴᠢᠯᠡᠯᠲᠦ | ᠡᠳ᠋ ᠬᠥᠷᠥᠩᠭᠡ ᠶᠢ ᠰᠢᠢᠳᠪᠦᠷᠢᠯᠡᠬᠦ᠂ ᠥᠮᠴᠢᠯᠡᠯ ᠤᠨ ᠡᠷᠬᠡ ᠶᠢ ᠬᠤᠪᠢᠷᠠᠭᠤᠯᠬᠤ ᠵᠡᠷᠭᠡ ᠶᠠᠪᠤᠴᠠ ᠶᠢ ᠵᠢᠷᠤᠮᠵᠢᠭᠤᠯᠤᠨ᠎ᠠ᠃ ᠺᠠᠳ᠋ᠷᠴᠤᠳ ᠤᠨ ᠠᠵᠢᠯ ᠠᠮᠢᠳᠤᠷᠠᠯ ᠤᠨ | ᠲᠠᠯ᠎ᠠ ᠪᠠᠷ ᠬᠢ ᠬᠦᠷᠲᠡᠭᠡᠮᠵᠢ ᠶᠢᠨ ᠲᠤᠬᠠᠢ ᠲᠥᠪ ᠬᠤᠷᠢᠶᠠᠨ ᠤ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠯᠪᠠᠨ ᠬᠡᠷᠡᠭᠯᠡᠭᠡᠨ ᠤ ᠲᠡᠷᠭᠡ ᠪᠠ ᠣᠷᠣᠨ ᠰᠠᠭᠤᠴᠠ | ᠶᠢᠨ ᠬᠠᠮᠢᠶᠠᠷᠤᠯᠲᠠ ᠶᠢᠨ ᠳᠠᠭᠠᠭᠠᠮᠠᠭᠠᠢ ᠲᠣᠭᠲᠠᠯᠴᠠᠭ᠎ᠠ ᠶᠢ ᠪᠠᠶᠢᠭᠤᠯᠤᠨ᠎ᠠ᠃ ᠵᠠᠰᠠᠭ ᠤᠨ ᠶᠠᠪᠤᠳᠠᠯ ᠢ ᠢᠯᠠ ᠪᠣᠯᠭᠠᠬᠤ ᠶᠢ ᠴᠢᠩᠭᠠᠳᠬᠠᠨ᠂ ︽ᠳᠥᠷᠪᠡᠨ ᠡᠷᠬᠡ | ᠳᠥᠷᠪᠡᠨ ᠲᠣᠭᠲᠠᠴᠠ︾ ᠶᠢᠨ ᠡᠷᠭᠢᠯᠲᠡ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠠᠷᠠᠳ ᠣᠯᠠᠨ ᠤ ᠪᠠᠶᠢᠳᠠᠯ ᠢ ᠣᠶᠢᠯᠠᠭᠠᠬᠤ ᠡᠷᠬᠡ᠂ ᠣᠷᠣᠯᠴᠠᠬᠤ ᠡᠷᠬᠡ᠂ | ᠬᠢᠨᠠᠯᠲᠠ ᠲᠠᠯᠪᠢᠬᠤ ᠡᠷᠬᠡ᠂ ᠨᠤᠲᠠᠯᠠᠬᠤ ᠡᠷᠬᠡ ᠶᠢ ᠪᠠᠲᠤᠯᠠᠨ᠎ᠠ᠃ ᠠᠷᠡᠳ ᠤᠨ ᠲᠦᠯᠣᠭᠡᠯᠡᠭᠴᠢᠳ ᠤᠨ ᠶᠡᠭᠡ ᠬᠤᠷᠡᠯ ᠤᠨ ᠬᠠᠣᠯᠢ ᠶᠣᠰᠣᠨ ᠤ ᠭᠢᠨᠡᠯᠳᠠ᠂ ᠣᠯᠣᠰ | ᠲᠦᠷᠣ ᠶᠢᠨ ᠵᠦᠪᠯᠡᠯᠭᠡᠨ ᠤ ᠠᠷᠡᠳᠴᠢᠯᠡᠯ ᠤᠨ ᠭᠢᠨᠡᠯᠳᠠ ᠬᠢᠭᠡᠳ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ ᠨᠡᠮ ᠤᠨ | ᠰᠣᠷᠳᠡᠯ ᠠᠷᠢᠭᠤᠨ ᠴᠢᠭᠡᠴᠢ ᠪᠠᠷ ᠵᠡᠰᠠᠭ ᠪᠡᠷᠢᠬᠤ ᠪᠡᠶᠢᠭᠤᠯᠣᠯᠳᠠ ᠶᠢᠨ ᠬᠠᠷᠢᠭᠤᠴᠡᠯᠭ᠎ᠠ ᠶᠢᠨ ᠲᠦᠷᠢᠮ ᠢ ᠭᠢᠨᠡᠮᠡᠭᠠᠢ ᠨᠡᠶᠢᠳᠡᠪᠣᠷᠢᠵᠢᠭᠤᠯᠵᠣ᠂ ᠵᠠᠯᠬᠠᠭᠠᠨ ᠰᠢᠳᠬᠡᠵᠦ | ᠣᠷᠢᠳᠴᠢᠯᠡᠨ ᠰᠡᠷᠭᠡᠶᠢᠯᠡᠬᠦ ᠲᠣᠭᠲᠠᠯᠴᠠᠭ᠎ᠠ ᠶᠢᠨ ᠪᠡᠶᠢᠭᠤᠯᠣᠯᠳᠠ ᠶᠢ ᠠᠭᠢᠭᠤᠯᠣᠨ᠂ ᠬᠠᠤᠯᠢ ᠰᠠᠬᠢᠯᠭ᠎ᠠ ᠵᠥᠷᠢᠴᠡᠭᠰᠡᠨ ᠡᠯ᠎ᠡ ᠵᠦᠢᠯ ᠤᠨ ᠠᠵᠢᠯᠯᠠᠭ᠎ᠠ ᠶᠢ ᠴᠢᠩᠭ᠎ᠠ | ᠪᠠᠶᠢᠴᠠᠭᠠᠨ ᠰᠢᠢᠳᠪᠦᠷᠢᠯᠡᠵᠦ᠂ ᠺᠠᠳ᠋ᠷ ᠭᠤᠣᠯᠴᠢ᠂ ᠵᠠᠰᠠᠭ ᠴᠢᠭᠡᠴᠢ᠂ ᠤᠯᠤᠰ ᠲᠥᠷᠥ ᠪᠠᠲᠤ ᠪᠠᠶᠢᠬᠤ ᠶᠢ ᠪᠡᠶᠡᠯᠡᠭᠦᠯᠦᠨ᠎ᠡ᠃ | ᠲᠦᠯᠣᠭᠡᠯᠡᠭᠴᠢᠳ ᠡ᠂ ᠨᠥᠬᠦᠳ ᠡ᠂ ᠬᠥᠭᠵᠢᠭᠦᠯᠦᠯᠲᠡ ᠳᠤ ᠬᠥᠪᠡᠭᠡ ᠬᠢᠵᠠᠭᠠᠷ ᠦᠭᠡᠢ᠂ ᠦᠨᠡᠨ ᠪᠣᠳᠠᠲᠠᠢ ᠠᠵᠢᠯᠯᠠᠬᠤᠶᠠ ᠦᠢᠯᠡᠰ ᠥᠭᠡᠳᠡ ᠡᠰᠡᠷᠡᠭ᠃ | ᠭᠡᠬᠦ ᠳᠡᠭᠡᠨ ᠬᠥᠭᠵᠢᠭᠦᠯᠦᠯᠲᠡ ᠶᠢᠨ ᠵᠠᠮ ᠲᠡᠶᠢᠮᠦ ᠰᠢᠯᠤᠭᠤᠨ ᠰᠢᠳᠤᠷᠭᠤ ᠰᠠᠷᠠᠭᠤᠯ ᠳᠠᠷᠳᠠᠩ ᠪᠢᠰᠢ ᠶᠤᠮ᠂ ᠪᠢᠳᠠ ᠠᠯᠢ ᠬᠦᠴᠢᠷ ᠪᠡᠷᠬᠡᠰᠢᠶᠡᠯᠲᠡᠢ ᠦᠶ᠎ᠡ ᠳᠤ ᠮᠥᠷᠥ | ᠵᠡᠷᠭᠡᠴᠡᠨ ᠡᠷᠡᠯᠬᠡᠭᠯᠡᠨ ᠤᠷᠤᠭᠰᠢᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠴᠤᠴᠠᠯᠲᠠ ᠦᠭᠡᠢ ᠴᠢᠷᠮᠠᠶᠢᠨ ᠲᠡᠮᠡᠴᠡᠵᠡᠭᠡᠶ᠎ᠡ᠃ ᠪᠢᠳᠠ ᠬᠤᠰᠢᠭᠤ ᠨᠡᠮ | ᠤᠨ ᠬᠤᠷᠢᠶ᠎ᠠ ᠶᠢᠨ ᠪᠡᠳᠣ ᠴᠢᠩᠭ᠎ᠠ ᠣᠳᠣᠷᠢᠳᠣᠯᠭ᠎ᠠ ᠲᠣᠣᠷ᠎ᠠ᠂ ᠨᠡᠩ ᠡᠷᠡᠰ ᠰᠢᠭᠤᠷᠬᠠᠢ ᠬᠥᠭᠵᠢᠭᠦᠯᠦᠯᠲᠡ ᠶᠢᠨ ᠢᠲᠡᠭᠡᠯ ᠵᠣᠷᠢᠭ᠂ ᠨᠡᠩ ᠣᠷᠭᠢᠯᠤᠮ᠎ᠠ ᠬᠠᠯᠠᠭᠤᠨ | ᠰᠡᠳᠬᠢᠯᠭᠡ᠂ ᠨᠡᠩ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢᠶᠠᠷ ᠬᠦᠴᠢᠷ ᠢ ᠰᠥᠷᠦᠨ ᠤᠷᠤᠭᠰᠢᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ | ᠰᠢᠨᠵᠢᠯᠡᠬᠦ ᠤᠬᠠᠭᠠᠨᠴᠢ ᠪᠠᠷ ᠬᠥᠭᠵᠢᠭᠦᠯᠦᠭᠰᠡᠨ᠂ ᠠᠷᠠᠳ ᠢᠶᠠᠨ ᠪᠠᠶᠠᠵᠢᠭᠤᠯᠵᠤ ᠬᠤᠰᠢᠭᠤ ᠪᠠᠨ ᠬᠦᠴᠦᠷᠬᠡᠭᠵᠢᠭᠦᠯᠦᠭᠰᠡᠨ ᠰᠢᠨ᠎ᠡ ᠪᠠᠶᠢᠳᠠᠯ ᠢ ᠴᠢᠷᠮᠠᠶᠢᠨ | ᠡᠭᠦᠳᠴᠡᠭᠡᠶᠡ︕ | | | | ᠨᠡᠷᠡᠰ ᠤᠨ ᠲᠠᠶᠢᠯᠪᠤᠷᠢ | | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠣᠷᠣᠨ ᠤ ᠪᠡᠯᠭᠡ ᠲᠡᠮᠳᠡᠭ᠄ ᠲᠠᠷᠢᠶᠠᠯᠠᠩ ᠤᠨ ᠶᠠᠮᠤᠨ ᠠᠴᠠ ᠬᠢᠨᠠᠨ ᠪᠠᠶᠢᠴᠠᠭᠠᠭᠰᠠᠨ | ᠪᠠ ᠳᠠᠩᠰᠠᠯᠠᠭᠰᠠᠨ ᠭᠡᠷᠡᠴᠢᠯᠡᠬᠦ ᠪᠡᠯᠭᠡ ᠲᠡᠮᠳᠡᠭ᠂ ᠡᠨᠡ ᠨᠢ ᠲᠠᠷᠢᠶᠠᠯᠠᠩ ᠤᠨ ᠪᠦᠲᠦᠭᠡᠭᠳᠡᠬᠦᠨ ᠨᠢ ᠣᠨᠴᠠ ᠨᠢᠭᠡᠨ ᠭᠠᠵᠠᠷ ᠣᠷᠣᠨ᠂ ᠦᠢᠯᠡᠳᠬᠦᠨ ᠤ ᠶᠠᠰᠤ ᠴᠢᠨᠠᠷ | ᠪᠠ ᠬᠤᠯᠪᠣᠭᠳᠠᠯ ᠪᠦᠬᠦᠢ ᠣᠨᠴᠠᠯᠢᠭ ᠨᠢ ᠪᠠᠶᠢᠭᠠᠯᠢ ᠶᠢᠨ ᠣᠷᠴᠢᠨ ᠠᠬᠤᠢ ᠪᠠ ᠲᠡᠦᠬᠡ ᠶᠢᠨ ᠬᠥᠮᠥᠨ ᠨᠡᠶᠢᠭᠡᠮ ᠤᠨ ᠬᠦᠴᠦᠨ ᠵᠦᠢᠯ ᠠᠴᠠ ᠲᠣᠭᠲᠠᠭᠠᠭᠳᠠᠬᠤ ᠶᠢᠨ | ᠬᠠᠮᠲᠤ ᠭᠠᠵᠠᠷ ᠣᠷᠣᠨ ᠤ ᠨᠡᠷ᠎ᠡ ᠪᠠᠷ ᠨᠡᠷᠡᠶᠢᠳᠦᠭᠰᠡᠨ ᠣᠨᠴᠠ ᠲᠠᠷᠢᠶᠠᠯᠠᠩ ᠤᠨ ᠪᠦᠲᠦᠭᠡᠭᠳᠡᠬᠦᠨ ᠤ ᠪᠡᠯᠭᠡ ᠲᠡᠮᠳᠡᠭ ᠢ ᠵᠢᠭᠠᠵᠤ ᠪᠠᠶᠢᠨ᠎ᠠ᠃ | ︽ᠳᠥᠷᠪᠡᠨ ᠬᠡᠯᠪᠡᠷᠢ ᠶᠢᠨ ᠬᠤᠲᠠ ᠶᠢ ᠬᠤᠯᠪᠣᠭᠠᠯᠠᠨ ᠪᠠᠶᠢᠭᠤᠯᠬᠤ︾᠄ ᠤᠯᠤᠰ ᠤᠨ ᠡᠷᠡᠭᠦᠯ ᠬᠠᠮᠠᠭᠠᠯᠠᠯ ᠤᠨ ᠬᠤᠰᠢᠭᠤ ᠰᠢᠶᠠᠨ ᠤ ᠬᠤᠲᠠ᠂ ᠤᠯᠤᠰ ᠤᠨ | ᠴᠡᠴᠡᠷᠯᠢᠭᠵᠢᠭᠦᠯᠦᠭᠰᠡᠨ ᠬᠤᠰᠢᠭᠤ ᠰᠢᠶᠠᠨ ᠤ ᠬᠤᠲᠠ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠰᠢᠭᠤ ᠰᠢᠶᠠᠨ ᠤ ᠬᠤᠲᠠ᠂ ᠳᠤᠮᠳᠠᠳᠤ ᠤᠯᠤᠰ ᠤᠨ | ᠣᠷᠣᠰᠢᠨ ᠠᠮᠢᠳᠤᠷᠠᠬᠤ ᠣᠷᠴᠢᠨ ᠲᠣᠭᠤᠷᠢᠨ ᠤ ᠦᠯᠢᠭᠡᠷ ᠵᠢᠱᠢᠶ᠎ᠡ ᠶᠢᠨ ᠱᠠᠩᠨᠠᠯ ᠢ ᠡᠭᠦᠳᠦᠨ ᠪᠠᠶᠢᠭᠤᠯᠬᠤ ᠶᠢ ᠵᠢᠭᠠᠨ᠎ᠠ᠃ | ︽ᠤᠷᠢᠳᠠᠪᠠᠷ ᠡᠮᠨᠡᠭᠦᠯᠵᠦ ᠳᠠᠷᠠᠭᠠᠪᠠᠷ ᠵᠠᠷᠤᠳᠠᠯ ᠲᠤᠰᠢᠶᠠᠬᠤ︾ ᠦᠢᠯᠡᠴᠢᠯᠡᠭᠡᠨ ᠤ ᠵᠠᠭᠪᠤᠷ᠄ ᠨᠥᠬᠦᠴᠡᠯ ᠳᠤ ᠨᠡᠶᠢᠴᠡᠬᠦ ᠡᠪᠡᠳᠴᠢᠲᠡᠨ ᠨᠢ ᠡᠮᠨᠡᠯᠭᠡ ᠳᠤ | ᠰᠠᠭᠤᠵᠤ ᠡᠮᠨᠡᠭᠦᠯᠬᠦ ᠴᠢᠬᠤᠯᠠᠲᠠᠢ ᠦᠶ᠎ᠡ ᠳᠤ ᠡᠮᠨᠡᠯᠭᠡ ᠳᠤ ᠰᠠᠭᠤᠵᠤ ᠡᠮᠨᠡᠭᠦᠯᠬᠦ ᠬᠤᠭᠤᠴᠠᠭᠠᠨ ᠳᠤ ᠳᠡᠨᠵᠢ ᠶᠢᠨ ᠮᠥᠩᠭᠦ ᠲᠤᠰᠢᠶᠠᠬᠤ ᠬᠡᠷᠡᠭᠴᠡᠭᠡ ᠦᠭᠡᠢ᠂ ᠵᠥᠪᠬᠡᠨ | ᠡᠮᠨᠡᠯᠭᠡ ᠠᠴᠠ ᠭᠠᠷᠬᠤ ᠲᠣᠭᠠᠴᠠᠭ᠎ᠠ ᠬᠢᠬᠦ ᠦᠶ᠎ᠡ ᠳᠤ ᠡᠮᠨᠡᠯᠭᠡ ᠶᠢᠨ ᠬᠤᠷᠢᠶ᠎ᠠ ᠳᠤ ᠰᠢᠨ᠎ᠡ ᠬᠡᠯᠪᠡᠷᠢ ᠶᠢᠨ ᠬᠥᠳᠡᠭᠡ ᠲᠣᠰᠬᠤᠨ ᠤ ᠬᠤᠷᠰᠢᠭᠰᠠᠨ ᠡᠮᠨᠡᠯᠭᠡ ᠶᠢᠨ | ᠳᠠᠭᠠᠳᠬᠠᠯ ᠪᠤᠶᠤ ᠡᠮᠨᠡᠯᠭᠡ ᠶᠢᠨ ᠳᠠᠭᠠᠳᠬᠠᠯ ᠠᠴᠠ ᠳᠠᠩᠰᠠ ᠲᠠᠶᠢᠯᠤᠭᠰᠠᠨ ᠤ ᠳᠠᠷᠠᠭᠠᠬᠢ ᠬᠤᠪᠢ ᠬᠥᠮᠥᠨ ᠤ ᠡᠭᠦᠷᠭᠡᠯᠡᠬᠦ ᠬᠡᠰᠡᠭ ᠢᠶᠠᠨ ᠲᠤᠰᠢᠶᠠᠬᠤ ᠶᠢ ᠵᠢᠭᠠᠨ᠎ᠠ᠃ | ᠬᠡᠷᠡᠭᠵᠢᠭᠦᠯᠬᠦ ᠡᠲᠡᠭᠡᠳ ᠤᠨ ᠬᠡᠪᠴᠢᠶ᠎ᠡ ᠨᠢ ᠮᠠᠨ ᠤ ᠬᠤᠰᠢᠭᠤᠨ ᠤ ᠬᠤᠲᠠ ᠬᠥᠳᠡᠭᠡ ᠶᠢᠨ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠪᠠᠶᠢᠭ᠎ᠠ ᠬᠤᠲᠠ | ᠪᠠᠯᠭᠠᠰᠤᠨ ᠤ ᠰᠠᠭᠤᠭᠠᠯᠢ ᠠᠷᠠᠳ᠂ ᠮᠠᠯᠴᠢᠨ ᠲᠠᠷᠢᠶᠠᠴᠢᠨ ᠪᠤᠶᠤ ᠡᠪᠡᠳᠴᠢᠨ ᠤ ᠪᠠᠶᠢᠳᠠᠯ ᠨᠢ ᠪᠠᠴᠢᠮ ᠠᠪᠤᠷᠠᠯᠲᠠ ᠬᠢᠬᠦ ᠡᠪᠡᠳᠴᠢᠲᠡᠨ ᠪᠣᠯᠣᠨ᠎ᠠ᠃ | ︽ᠭᠤᠷᠪᠠᠨ ᠠᠯᠪᠠᠨ︾ ᠤ ᠵᠠᠷᠤᠳᠠᠯ᠄ ᠡᠳ᠋ ᠤᠨ ᠵᠠᠰᠠᠭ ᠠᠴᠠ ᠵᠣᠭᠤᠰ ᠰᠠᠯᠭᠠᠨ ᠥᠭᠴᠦ ᠵᠠᠷᠤᠯᠭ᠎ᠠ ᠶᠢ ᠲᠣᠬᠢᠷᠠᠭᠤᠯᠤᠭᠰᠠᠨ ᠭᠠᠳᠠᠭᠠᠳᠤ ︵ᠬᠢᠯᠢ︶ ᠳᠤ | ᠭᠠᠷᠬᠤ ᠵᠠᠷᠤᠳᠠᠯ᠂ ᠲᠡᠷᠭᠡ ᠬᠥᠰᠬᠡ ᠬᠤᠳᠠᠯᠳᠤᠨ ᠠᠪᠬᠤ ᠵᠢᠴᠢ ᠡᠷᠭᠢᠯᠲᠡ ᠬᠢᠬᠦ ᠵᠠᠷᠤᠳᠠᠯ᠂ ᠠᠯᠪᠠᠨ ᠶᠠᠪᠤᠳᠠᠯ ᠤᠨ ᠵᠣᠴᠢᠯᠠᠬᠤ ᠵᠠᠷᠤᠳᠠᠯ ᠢ ᠵᠢᠭᠠᠵᠤ ᠪᠠᠶᠢᠨ᠎ᠠ᠃ | ︽ᠭᠤᠷᠪᠠᠨ ᠴᠢᠬᠤᠯᠠ ᠨᠢᠭᠡ ᠶᠡᠭᠡ︾ ᠶᠢᠨ ᠲᠣᠭᠲᠠᠭᠠᠯ᠄ ᠴᠢᠬᠤᠯᠠ ᠶᠡᠭᠡ ᠬᠡᠷᠡᠭ ᠤᠴᠢᠷ ᠤᠨ ᠰᠢᠢᠳᠪᠦᠷᠢ᠂ ᠴᠢᠬᠤᠯᠠ ᠺᠠᠳ᠋ᠷ ᠤᠨ ᠲᠤᠰᠢᠶᠠᠯ ᠲᠣᠮᠢᠯᠠᠵᠤ | ᠣᠭᠴᠣᠷᠠᠭᠤᠯᠬᠤ᠂ ᠴᠢᠬᠤᠯᠠ ᠲᠥᠷᠥᠯ ᠵᠦᠢᠯ ᠲᠣᠬᠢᠷᠠᠭᠤᠯᠬᠤ᠂ ᠶᠡᠭᠡ ᠪᠡᠯᠡ ᠮᠥᠩᠭᠦᠨ ᠤ ᠬᠡᠷᠡᠭᠯᠡᠯᠲᠡ ᠶᠢ ᠡᠷᠬᠡᠪᠰᠢ ᠬᠠᠮᠲᠤᠪᠠᠷ ᠰᠢᠢᠳᠪᠦᠷᠢ ᠭᠠᠷᠭᠠᠬᠤ ᠲᠣᠭᠲᠠᠭᠠᠯ | ᠢ ᠵᠢᠭᠠᠨ᠎ᠠ᠃ | ︽ᠠᠷᠪᠠᠨ ᠨᠡᠶᠢᠳᠡᠮ ᠲᠦᠭᠡᠮᠡᠯᠵᠢᠭᠦᠯᠬᠦ ᠢᠨᠵᠧᠨᠧᠷᠢᠩ︾᠄ 2014 ᠣᠨ ᠤ 1 ᠳ᠋ᠦ᠋ᠭᠡᠷ ᠰᠠᠷ᠎ᠠ ᠶᠢᠨ 13 ᠤ ᠡᠳᠦᠷ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠳᠡᠭᠡᠷ᠎ᠡ᠂ 2014 ᠣᠨ ᠠᠴᠠ ᠡᠬᠢᠯᠡᠵᠦ᠂ 3 ᠵᠢᠯ ᠤᠨ ᠴᠠᠭ ᠢ ᠬᠡᠷᠡᠭᠯᠡᠨ᠂ ᠪᠦᠬᠦ | ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ᠂ ᠴᠡᠪᠡᠷ ᠠᠷᠢᠭᠤᠨ ᠤᠮᠳᠠ ᠤᠰᠤ᠂ ᠭᠠᠴᠠᠭ᠎ᠠ | ᠲᠣᠰᠬᠤᠨ ᠤ ᠵᠡᠭᠡᠯᠢ ᠭᠤᠳᠤᠮᠵᠢ ᠶᠢ ᠬᠠᠲᠠᠭᠤᠷᠠᠭᠤᠯᠬᠤ᠂ ᠭᠠᠴᠠᠭ᠎ᠠ ᠲᠣᠰᠬᠤᠨ ᠪᠦᠬᠦᠨ ᠳᠤ ᠴᠠᠬᠢᠯᠭᠠᠨ ᠨᠡᠪᠲᠡᠷᠡᠭᠦᠯᠬᠦ᠂ ᠭᠠᠴᠠᠭ᠎ᠠ ᠲᠣᠰᠬᠤᠨ ᠪᠦᠬᠦᠨ ᠳᠤ ᠷᠠᠳᠢᠤ᠋ | ᠨᠡᠪᠲᠡᠷᠡᠭᠦᠯᠬᠡ ᠲᠧᠯᠸᠢᠰ ᠴᠢᠮᠡᠭᠡ ᠬᠤᠯᠪᠣᠭ᠎ᠠ ᠨᠡᠪᠲᠡᠷᠡᠭᠦᠯᠬᠦ᠂ ᠰᠤᠷᠭᠠᠭᠤᠯᠢ ᠶᠢᠨ ᠪᠠᠷᠢᠯᠭ᠎ᠠ ᠶᠢᠨ ᠪᠠᠶᠢᠭᠤᠯᠤᠯᠲᠠ ᠵᠢᠴᠢ ᠠᠮᠤᠷ ᠲᠦᠪᠰᠢᠨ ᠤ ᠥᠭᠡᠷᠡᠴᠢᠯᠡᠯᠲᠡ᠂ | ᠭᠠᠴᠠᠭ᠎ᠠ ᠲᠣᠰᠬᠤᠨ ᠤ ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠭᠡᠷ᠂ ᠭᠠᠴᠠᠭ᠎ᠠ ᠲᠣᠰᠬᠤᠨ ᠤ ᠰᠣᠶᠣᠯ ᠲᠣᠭᠯᠠᠭᠠᠮ ᠤᠨ ᠭᠡᠷ᠂ ᠠᠷᠠᠳ ᠲᠤ ᠳᠥᠭᠦᠮ | ᠦᠵᠡᠭᠦᠯᠬᠦ ᠴᠢᠯᠦᠭᠡᠲᠦ ᠳᠡᠯᠭᠡᠭᠦᠷ᠂ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ ᠨᠠᠰᠤᠵᠢᠯ ᠡᠮ ᠡᠮᠨᠡᠯᠭᠡ ᠨᠠᠭᠠᠲᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠵᠡᠷᠭᠡ ᠨᠡᠶᠢᠭᠡᠮ ᠤᠨ ᠪᠠᠲᠤᠯᠠᠭ᠎ᠠ ᠶᠢᠨ ︽ᠠᠷᠪᠠᠨ ᠨᠡᠶᠢᠳᠡᠮ ᠲᠦᠭᠡᠮᠡᠯᠵᠢᠭᠦᠯᠦᠯᠲᠡ︾ ᠶᠢ ᠪᠡᠶᠡᠯᠡᠭᠦᠯᠬᠦ ᠪᠠᠷ ᠲᠣᠭᠲᠠᠭᠠᠵᠠᠢ᠃ | ᠴᠠᠬᠢᠯᠭᠠᠨ ᠬᠦᠴᠦᠨ ᠤ ᠣᠯᠠᠨ ᠲᠠᠯ᠎ᠠ ᠶᠢᠨ ᠠᠷᠠᠯᠵᠢᠶ᠎ᠠ᠄ ᠣᠯᠠᠨ ᠬᠤᠳᠠᠯᠳᠤᠨ ᠠᠪᠬᠤ ᠲᠠᠯ᠎ᠠ ᠪᠠ ᠣᠯᠠᠨ ᠬᠤᠳᠠᠯᠳᠤᠬᠤ ᠲᠠᠯ᠎ᠠ ︵ᠲᠣᠣᠷ ᠤᠨ ᠳᠣᠲᠣᠷᠠᠬᠢ | ᠲᠣᠮᠣ ᠬᠡᠷᠡᠭᠯᠡᠭᠴᠢᠳ ᠪᠠ ᠴᠠᠬᠢᠯᠭᠠᠨ ᠭᠠᠷᠭᠠᠬᠤ ᠠᠵᠤ ᠠᠬᠤᠶᠢᠯᠠᠯ︶ ᠬᠠᠮᠲᠤ ᠪᠠᠷ ᠣᠷᠣᠯᠴᠠᠭᠰᠠᠨ ᠨᠢᠭᠡᠨ ᠵᠦᠢᠯ ᠤᠨ ᠥᠷᠭᠡᠨ ᠳᠡᠯᠭᠡᠷᠡᠩᠭᠦᠢ ᠴᠠᠬᠢᠯᠭᠠᠨ ᠬᠦᠴᠦᠨ | ᠤ ᠠᠷᠠᠯᠵᠢᠶᠠᠨ ᠤ ᠵᠠᠬ᠎ᠠ ᠳᠡᠯᠭᠡᠭᠦᠷ ᠤᠨ ᠵᠠᠭᠪᠤᠷ ᠢ ᠵᠢᠭᠠᠵᠤ ᠪᠠᠶᠢᠨ᠎ᠠ᠃ ᠡᠨᠡ ᠬᠦ ᠵᠠᠬ᠎ᠠ ᠳᠡᠯᠭᠡᠭᠦᠷ ᠤᠨ ᠵᠠᠭᠪᠤᠷ ᠨᠢ ᠴᠠᠬᠢᠯᠭᠠᠨ ᠲᠣᠣᠷ ᠤᠨ ᠠᠶᠤᠯ ᠦᠭᠡᠢ ᠪᠠ | ᠴᠠᠬᠢᠯᠭᠠᠨ ᠬᠠᠩᠭᠠᠬᠤ ᠨᠠᠶᠢᠳᠠᠪᠤᠷᠢ ᠶᠢ ᠭᠦᠢᠴᠡᠳ ᠪᠠᠲᠤᠯᠠᠭᠰᠠᠨ ᠤᠷᠢᠳᠠᠯ ᠳᠣᠣᠷ᠎ᠠ᠂ ᠣᠯᠠᠨ ᠲᠠᠯ᠎ᠠ ᠲᠠᠢ ᠵᠥᠪᠯᠡᠯᠭᠡ ᠬᠢᠬᠦ ᠪᠠᠷ ᠳᠠᠮᠵᠢᠭᠠᠳ᠂ ᠠᠷᠠᠯᠵᠢᠶ᠎ᠠ ᠬᠢᠬᠦ | ᠲᠣᠬᠢᠶᠠᠯ ᠢ ᠨᠡᠮᠡᠭᠳᠡᠭᠦᠯᠵᠦ᠂ ᠠᠷᠠᠯᠵᠢᠶ᠎ᠠ ᠬᠢᠬᠦ ᠥᠷᠲᠡᠭ ᠢ ᠪᠠᠭᠤᠷᠠᠭᠤᠯᠵᠤ᠂ ᠠᠵᠤ ᠠᠬᠤᠶᠢᠯᠠᠯ ᠤᠨ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ | ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠶᠢ ᠡᠭᠦᠷᠭᠡᠯᠡᠭᠦᠯᠬᠦ︾ ᠳᠦᠷᠢᠮ᠄ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ | ᠵᠢᠴᠢ ᠲᠡᠭᠦᠨ ᠤ ᠬᠠᠮᠢᠶ᠎ᠠ ᠪᠦᠬᠦᠢ ᠪᠠᠶᠢᠭᠤᠯᠭ᠎ᠠ ᠶᠢᠨ ᠭᠤᠣᠯ ᠬᠠᠷᠢᠭᠤᠴᠠᠯᠭᠠᠲᠠᠨ ᠨᠢ ᠲᠤᠰ ᠲᠤᠰ ᠵᠠᠰᠠᠭ ᠵᠠᠬᠢᠷᠭᠠᠨ ᠤ ᠣᠷᠣᠨ ᠬᠤᠪᠢᠶᠠᠷᠢ᠂ ᠲᠤᠰ ᠠᠵᠢᠯ ᠲᠥᠷᠥᠯ | ᠤᠨ ᠢᠶᠠᠨ ᠠᠶᠤᠯ ᠦᠭᠡᠢ ᠦᠢᠯᠡᠳᠪᠦᠷᠢᠯᠡᠯ ᠤᠨ ᠠᠵᠢᠯ ᠳᠤ ᠪᠦᠬᠦ ᠲᠠᠯ᠎ᠠ ᠶᠢᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠠᠶᠤᠯ ᠦᠭᠡᠢ | ᠦᠢᠯᠡᠳᠪᠦᠷᠢᠯᠡᠯ ᠢ ᠬᠤᠪᠢᠶᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠨᠢ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠶᠡᠷᠦᠩᠬᠡᠶᠢᠯᠡᠨ ᠬᠢᠨᠠᠨ ᠬᠠᠮᠢᠶᠠᠷᠬᠤ | ᠬᠠᠷᠢᠭᠤᠴᠠᠯᠭᠠᠲᠠᠨ ᠮᠥᠨ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠳᠤ ᠵᠣᠬᠢᠶᠠᠨ ᠪᠠᠶᠢᠭᠤᠯᠤᠨ ᠤᠳᠤᠷᠢᠳᠬᠤ ᠪᠠ ᠶᠡᠷᠦᠩᠬᠡᠶᠢᠯᠡᠨ ᠬᠢᠨᠠᠨ ᠬᠠᠮᠢᠶᠠᠷᠬᠤ | ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠪᠤᠰᠤᠳ ᠬᠠᠷᠢᠭᠤᠴᠠᠯᠭᠠᠲᠠᠨ ᠨᠢ ᠥᠪᠡᠷ ᠥᠪᠡᠷᠰᠡᠳ ᠤᠨ ᠢᠶᠠᠨ ᠬᠤᠪᠢᠶᠠᠨ ᠬᠠᠮᠢᠶᠠᠷᠴᠤ ᠪᠦᠬᠦᠢ ᠠᠵᠢᠯ | ᠤᠨ ᠬᠡᠪᠴᠢᠶᠡᠨ ᠳᠠᠬᠢ ᠠᠶᠤᠯ ᠦᠭᠡᠢ ᠦᠢᠯᠡᠳᠪᠦᠷᠢᠯᠡᠯ ᠤᠨ ᠠᠵᠢᠯ ᠳᠤ ᠰᠢᠭᠤᠳ ᠬᠠᠷᠢᠭᠤᠴᠠᠯᠭᠠᠲᠠᠨ ᠤ ᠡᠭᠦᠷᠭᠡ ᠶᠢ ᠡᠭᠦᠷᠭᠡᠯᠡᠬᠦ ᠶᠢ ᠵᠢᠭᠠᠨ᠎ᠠ᠃ | ᠠᠶᠤᠯ ᠦᠭᠡᠢ ᠶᠢᠨ ︽ᠭᠤᠷᠪᠠ ᠶᠢ ᠵᠡᠷᠭᠡᠪᠡᠷ ᠬᠢᠬᠦ︾ ᠳᠦᠷᠢᠮ᠄ ᠠᠯᠢᠪᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠶᠤᠯ ᠦᠭᠡᠢ ᠶᠢᠨ | ᠲᠥᠬᠦᠭᠡᠷᠦᠮᠵᠢ ᠶᠢ ᠡᠷᠬᠡᠪᠰᠢ ᠭᠤᠣᠯ ᠴᠣᠭᠴᠠ ᠶᠢᠨ ᠪᠠᠷᠢᠯᠭ᠎ᠠ ᠲᠠᠢ ᠵᠡᠷᠭᠡᠪᠡᠷ ᠵᠢᠷᠤᠭᠯᠠᠨ ᠲᠥᠯᠥᠪᠯᠡᠵᠦ᠂ ᠵᠡᠷᠭᠡᠪᠡᠷ ᠪᠠᠷᠢᠵᠤ᠂ ᠵᠡᠷᠭᠡᠪᠡᠷ ᠠᠰᠢᠭᠯᠠᠯᠲᠠ ᠳᠤ | ᠣᠷᠣᠭᠤᠯᠤᠨ ᠬᠡᠷᠡᠭᠯᠡᠬᠦ ᠶᠢ ᠵᠢᠭᠠᠵᠤ ᠪᠠᠶᠢᠨ᠎ᠠ᠃ | ︽ᠨᠢᠭᠡ ᠲᠠᠯ᠎ᠠ ᠨᠢ ᠭᠠᠭᠴᠠ ᠬᠡᠦᠬᠡᠳ ᠪᠣᠯᠬᠤ ᠡᠷ᠎ᠡ ᠡᠮ᠎ᠡ ᠬᠤᠶᠠᠷ ᠬᠡᠦᠬᠡᠳ ᠠᠪᠴᠤ ᠪᠣᠯᠬᠤ︾ ᠲᠥᠷᠥ ᠶᠢᠨ ᠪᠣᠳᠣᠯᠭ᠎ᠠ᠄ ᠨᠢᠭᠡ ᠲᠠᠯ᠎ᠠ ᠨᠢ ᠭᠠᠭᠴᠠ | ᠬᠡᠦᠬᠡᠳ ᠪᠣᠯᠬᠤ ᠡᠷ᠎ᠡ ᠡᠮ᠎ᠡ ᠬᠤᠶᠠᠷ ᠬᠡᠦᠬᠡᠳ ᠠᠪᠴᠤ ᠪᠣᠯᠬᠤ ᠲᠥᠷᠥ ᠶᠢᠨ ᠪᠣᠳᠣᠯᠭ᠎ᠠ ᠶᠢ ᠵᠢᠭᠠᠵᠤ ᠪᠠᠶᠢᠨ᠎ᠠ᠃ | ᠲᠥᠷᠥ ᠶᠢᠨ ᠶᠠᠪᠤᠳᠠᠯ ᠤᠨ ᠬᠤᠷᠢᠶᠠᠨ ᠤ ︽ᠳᠦᠷᠢᠮ ᠰᠠᠬᠢᠯᠭ᠎ᠠ ᠲᠣᠭᠲᠠᠭᠠᠬᠤ︾᠄ 2013 ᠣᠨ ᠤ 3 ᠳ᠋ᠤᠭᠠᠷ ᠰᠠᠷ᠎ᠠ ᠳᠤ ᠪᠦᠬᠦ ᠤᠯᠤᠰ ᠤᠨ ︽ᠬᠤᠶᠠᠷ | ᠬᠤᠷᠠᠯ︾ ᠢ ᠬᠤᠷᠠᠯᠳᠤᠭᠤᠯᠤᠭᠰᠠᠨ ᠤ ᠳᠠᠷᠠᠭ᠎ᠠ᠂ ᠶᠡᠷᠦᠩᠬᠡᠢ ᠰᠠᠶᠢᠳ ᠯᠢ ᠺᠧ ᠴᠢᠶᠠᠩ ᠳᠤᠮᠳᠠᠳᠤ ᠭᠠᠳᠠᠭᠠᠳᠤ ᠶᠢᠨ ᠰᠤᠷᠪᠤᠯᠵᠢᠯᠠᠭᠴᠢ ᠨᠠᠷ ᠲᠠᠢ ᠠᠭᠤᠯᠵᠠᠬᠤ | ᠳᠠᠭᠠᠨ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠡᠭᠦᠷᠭᠡᠯᠡᠵᠦ ᠪᠠᠶᠢᠭ᠎ᠠ ᠬᠤᠭᠤᠴᠠᠭᠠᠨ ᠳᠤ᠂ ᠵᠠᠰᠠᠭ ᠤᠨ ᠣᠷᠳᠣᠨ ᠤ ᠴᠢᠨᠠᠷᠲᠠᠢ ᠠᠰᠠᠷ ᠲᠠᠭᠲᠤ | ᠶᠢ ᠴᠥᠮ ᠰᠢᠨ᠎ᠡ ᠪᠠᠷ ᠪᠠᠶᠢᠭᠤᠯᠵᠤ ᠪᠣᠯᠬᠤ ᠦᠭᠡᠢ᠂ ᠡᠳ᠋ ᠤᠨ ᠵᠠᠰᠠᠭ ᠠᠴᠠ ᠴᠠᠯᠢᠩ ᠣᠯᠭᠤᠵᠤ ᠪᠠᠶᠢᠭ᠎ᠠ ᠬᠥᠮᠥᠰ ᠢ ᠬᠠᠰᠤᠭᠳᠠᠭᠤᠯᠬᠤ ᠠᠴᠠ ᠪᠢᠰᠢ ᠨᠡᠮᠡᠭᠳᠡᠭᠦᠯᠬᠦ | ᠦᠭᠡᠢ᠂ ᠠᠯᠪᠠᠨ ᠵᠠᠷᠤᠳᠠᠯ ᠢᠶᠠᠷ ᠵᠣᠴᠢᠯᠠᠬᠤ᠂ ᠭᠠᠳᠠᠭᠠᠳᠤ ᠳᠤ ᠭᠠᠷᠬᠤ᠂ ᠮᠠᠰᠢᠨ ᠲᠡᠷᠭᠡ ᠬᠤᠳᠠᠯᠳᠤᠨ ᠠᠪᠬᠤ ᠶᠢ ᠬᠠᠰᠤᠭᠳᠠᠭᠤᠯᠬᠤ ᠠᠴᠠ ᠪᠢᠰᠢ ᠨᠡᠮᠡᠭᠳᠡᠭᠦᠯᠬᠦ | ᠦᠭᠡᠢ ᠭᠡᠵᠦ ᠳᠤᠷᠠᠳᠪᠠ᠃ | |