| ᠬᠤᠰᠢᠭᠤ ᠠᠷᠪᠡᠨ ᠵᠢᠷᠭᠤᠳᠣᠭᠠᠷ ᠬᠤᠭᠤᠴᠡᠭᠠᠨ ᠤ ᠠᠷᠡᠳ ᠤᠨ ᠲᠦᠯᠣᠭᠡᠯᠡᠭᠴᠢᠳ ᠤᠨ | ᠶᠡᠭᠡ ᠬᠤᠷᠠᠯ ᠤᠨ ᠳᠥᠷᠪᠡᠳᠦᠭᠡᠷ ᠬᠤᠷᠡᠯᠳᠣᠭᠠᠨ ᠤ ᠪᠢᠴᠢᠭ ᠮᠡᠲ᠋ᠧᠷᠢᠶᠡᠯ ︵ᠠᠷᠪᠡᠨ ᠳᠣᠯᠤᠭ᠎ᠠ︶ | | ᠵᠠᠰᠠᠭ ᠤᠨ ᠣᠷᠳᠣᠨ ᠤ ᠠᠵᠢᠯ ᠤᠨ ᠢᠯᠡᠳᠭᠡᠯ | — 2015 ᠣᠨ ᠤ 2 ᠳ᠋ᠣᠭᠠᠷ ᠰᠠᠷ᠎ᠠ ᠶᠢᠨ 9 ᠤ ᠡᠳᠣᠷ ᠣᠳᠤᠭ ᠬᠤᠰᠢᠭᠤᠨ | ᠤ ᠠᠷᠪᠠᠨ ᠵᠢᠷᠭᠤᠳᠣᠭᠠᠷ ᠬᠤᠭᠤᠴᠠᠭᠠᠨ ᠤ ᠠᠷᠠᠳ ᠤᠨ ᠲᠦᠯᠥᠭᠡᠯᠡᠭᠴᠢᠳ ᠤᠨ | ᠶᠡᠭᠡ ᠬᠤᠷᠠᠯ ᠤᠨ ᠳᠥᠷᠪᠡᠳᠦᠭᠡᠷ ᠬᠤᠷᠠᠯᠳᠣᠭᠠᠨ ᠲᠡᠭᠡᠷ᠎ᠡ | | | ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠣᠷᠣᠯᠠᠭᠴᠢ ᠬᠤᠰᠢᠭᠤ ᠲᠠᠷᠤᠭ᠎ᠠ ᠼᠣᠣ ᠸᠧᠨ ᠴᠢᠩ | | | ᠲᠦᠯᠦᠭᠡᠯᠡᠭᠴᠢᠳ ᠡ᠄ | ᠣᠳᠣ ᠪᠢ ᠬᠤᠰᠢᠭᠤ ᠠᠷᠡᠳ ᠤᠨ ᠵᠡᠰᠠᠭ ᠤᠨ ᠣᠷᠳᠣᠨ ᠢ ᠲᠦᠯᠣᠭᠡᠯᠡᠵᠣ ᠶᠡᠭᠡ ᠬᠤᠷᠡᠯ ᠳᠤ ᠠᠵᠢᠯ ᠤᠨ ᠢᠯᠡᠳᠭᠡᠯ ᠭᠢᠶ᠎ᠠ᠂ ᠭᠢᠨᠡᠨ ᠵᠦᠪᠯᠡᠭᠦ ᠪᠣᠯᠪᠡᠣ᠂ | ᠮᠦᠨᠴᠦ ᠣᠯᠣᠰ ᠲᠦᠷᠣ ᠶᠢᠨ ᠵᠦᠪᠯᠡᠯᠭᠡᠨ ᠤ ᠭᠡᠰᠢᠭᠦᠳ ᠬᠢᠭᠡᠳ ᠬᠤᠷᠡᠯ ᠳᠤ ᠰᠣᠯᠨ ᠣᠷᠣᠯᠴᠡᠵᠣ ᠪᠡᠶᠢᠭ᠎ᠠ ᠨᠦᠭᠦᠳ ᠰᠡᠨᠡᠯ ᠢᠶᠠᠨ ᠲᠣᠷᠡᠳᠬᠤ ᠪᠣᠯᠪᠡᠣ᠃ | ᠨᠢᠭᠡ᠂ 2014 ᠤᠨ ᠤ ᠠᠵᠢᠯ ᠤᠨ ᠡᠷᠬᠢᠴᠡᠬᠦᠯᠦᠯ | ᠦᠩᠭᠡᠷᠡᠭᠰᠡᠨ ᠨᠢᠭᠡ ᠵᠢᠯ ᠳᠤ᠂ ᠠᠵᠤ ᠠᠬᠤᠢ ᠶᠢᠨ ᠪᠤᠳᠤᠯᠢᠶᠠᠨᠳᠠᠢ ᠬᠦᠴᠢᠷᠲᠡᠢ ᠪᠠᠶᠢᠳᠠᠯ ᠪᠣᠯᠣᠨ ᠬᠠᠲᠠᠭᠤ ᠪᠡᠷᠬᠡ ᠠᠵᠢᠯ ᠤᠨ ᠡᠭᠦᠷᠭᠡ ᠳᠤ ᠬᠠᠨᠳᠤᠭᠤᠯᠤᠨ | ᠂ ᠬᠤᠰᠢᠭᠤ ᠠᠷᠠᠳ ᠤᠨ ᠵᠠᠰᠠᠭ ᠤᠨ ᠤᠷᠳᠤᠨ ᠨᠢ ᠲᠥᠪ᠂ ᠪᠦᠬᠦ ᠣᠷᠣᠨ᠂ ᠪᠦᠬᠦ ᠬᠤᠲᠠ ᠶᠢᠨ ᠴᠢᠬᠤᠯᠠ ᠶᠡᠭᠡ ᠪᠠᠶᠢᠯᠲᠤᠬᠤ ᠪᠣᠳᠣᠯᠭ᠎ᠠ ᠶᠢᠨ ᠰᠢᠢᠳᠪᠦᠷᠢᠲᠦ | ᠪᠠᠶᠢᠷᠢᠯᠠᠭᠤᠯᠤᠯᠲᠠ ᠶᠢ ᠨᠢᠮᠪᠠᠢ ᠲᠣᠣᠱᠯᠠᠭᠤᠯᠵᠦ᠂ ᠬᠤᠰᠢᠭᠤ ᠨᠠᠮ ᠤᠨ ᠬᠤᠷᠢᠶ᠎ᠠ ᠶᠢᠨ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠬᠤᠰᠢᠭᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠤ ᠬᠢᠨᠠᠯᠲᠠ ᠲᠡᠮᠵᠢᠯᠭᠡ ᠲᠤᠤᠷ᠎ᠠ᠂ ᠪᠦᠬᠦ ᠬᠤᠰᠢᠭᠤᠨ ᠤ ᠦᠨᠳᠦᠰᠦᠳᠡᠨ ᠨᠦᠭᠦᠳ ᠤᠨ | ᠺᠠᠳ᠋ᠷ ᠤᠯᠠᠨ ᠲᠦᠮᠡᠨ ᠢ ᠪᠦᠯᠬᠦᠮᠳᠡᠬᠦᠯᠦᠨ ᠳᠠᠭᠠᠭᠤᠯᠵᠤ᠂ ᠥᠷᠢᠰᠦᠯᠳᠦᠭᠡᠨ ᠢ ᠰᠠᠨᠠᠭᠠᠴᠢᠯᠠᠭ᠎ᠠ ᠠᠴᠠ ᠪᠠᠨ ᠠᠷᠭᠠᠴᠠᠨ᠂ ᠪᠠᠬᠢᠯᠡᠯᠲᠡ ᠳᠠᠭᠠᠷᠢᠨ ᠪᠡᠷᠬᠡ ᠶᠢ ᠳᠠᠪᠠᠵᠤ᠂ | ᠡᠯ᠎ᠡ ᠲᠥᠷᠥᠯ ᠤᠨ ᠭᠤᠤᠯᠳᠠᠯᠭᠠᠳᠤ ᠠᠵᠢᠯ ᠢᠶᠠᠨ ᠯᠠᠪᠳᠠᠭᠤᠨ ᠢᠶᠠᠷ ᠠᠬᠢᠭᠤᠯᠤᠭᠠᠳ ᠠᠵᠤ ᠠᠬᠤᠢ ᠨᠡᠶᠢᠭᠡᠮ ᠤᠨ ᠲᠣᠭᠳᠠᠭᠤᠨ ᠮᠦᠷᠳᠡᠭᠡᠨ ᠡᠷᠡᠭᠦᠯ ᠬᠥᠭᠵᠢᠯᠲᠡ | ᠶᠢᠨ ᠪᠠᠶᠢᠳᠠᠯ ᠢ ᠦᠷᠬᠦᠯᠵᠢᠯᠡᠨ ᠪᠠᠲᠤᠯᠠᠭᠰᠠᠨ ᠪᠠᠶᠢᠨ᠎ᠠ᠃ | — ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠣᠯᠪᠠ᠃ ᠭᠠᠵᠠᠷ ᠤᠷᠤᠨ ᠤ ᠦᠢᠯᠡᠳᠪᠦᠷᠢᠯᠡᠯ ᠤᠨ ᠶᠡᠷᠥᠩᠭᠡᠢ ᠦᠷᠳᠡᠭ ᠢ 459.4 | ᠳ᠋ᠦᠩᠰᠢᠭᠤᠷ ᠲᠦᠭᠦᠷᠢᠭ ᠪᠡᠶᠡᠯᠡᠬᠦᠯᠵᠤ᠂ 10.1% ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 234.9 | ᠳ᠋ᠦᠩᠰᠢᠭᠤᠷ ᠲᠥᠭᠦᠷᠢᠭ᠂ 13.2% ᠨᠡᠮᠡᠭᠳᠡᠵᠡᠢ︔ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠲᠠ 360.1 ᠳ᠋ᠦᠩᠰᠢᠭᠤᠷ ᠲᠦᠭᠦᠷᠢᠭ᠂ 17.3% | ᠨᠡᠮᠡᠭᠳᠡᠵᠠᠢ︔ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠤᠷᠤᠯᠭ᠎ᠠ 33 ᠳ᠋ᠦᠩᠰᠢᠭᠤᠷ ᠲᠦᠭᠦᠷᠢᠭ᠂ 21.6% ᠨᠡᠮᠡᠭᠳᠡᠵᠠᠢ︔ ᠨᠡᠶᠢᠭᠡᠮ ᠤᠨ | ᠭᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠪᠣᠷᠣᠯᠠᠭᠤᠯᠤᠭᠰᠠᠨ ᠶᠡᠷᠥᠩᠭᠡᠢ ᠬᠡᠮᠵᠢᠶ᠎ᠡ 36 ᠳ᠋ᠦᠩᠰᠢᠭᠤᠷ ᠲᠦᠭᠦᠷᠢᠭ᠂ 12.8% ᠨᠡᠮᠡᠭᠳᠡᠪᠡ᠃ ᠳ᠋ᠦᠩᠰᠢᠭᠤᠷ | ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢᠯ ᠢ 21 ᠬᠡᠷᠡᠭᠵᠢᠭᠦᠯᠵᠦ᠂ ᠣᠷᠳᠣᠰ ᠢᠮᠠᠭᠠᠨ ᠨᠤᠯᠤᠤᠷ ᠤᠨ ᠪᠦᠯᠦᠭᠯᠡᠯ ᠤᠨ ᠶᠡᠭᠡ ᠬᠢᠮᠢ ᠶᠢᠨ | ᠪᠣᠷᠳᠣᠭᠤᠷ᠂ ᠱᠤᠸᠠᠩ ᠰᠢᠨ ᠪᠦᠯᠦᠭᠯᠡᠯ ᠤᠨ ᠢᠳᠡᠪᠬᠢᠵᠢᠭᠦᠯᠦᠭᠰᠡᠨ ᠨᠡᠭᠦᠷᠡᠰᠦ᠂ ᠮᠧᠩ ᠰᠢ ᠶᠢᠨ ᠬᠥᠩᠭᠡᠨᠴᠠᠭᠠᠨ ᠤ ᠢᠰᠦᠯ᠂ ᠵᠦᠩ ᠬᠦ᠋ ᠶᠢᠨ PVC ᠵᠡᠷᠭᠡ 10 | ᠲᠥᠷᠥᠯ ᠵᠦᠢᠯ ᠢ ᠪᠠᠶᠢᠭᠤᠯᠵᠤ ᠳᠠᠭᠤᠰᠬᠠᠭᠰᠠᠨ ᠪᠤᠶᠤ ᠠᠰᠢᠭᠯᠠᠯᠲᠠ ᠳᠤ ᠣᠷᠣᠭᠤᠯᠤᠨ ᠠᠰᠢᠭ ᠬᠦᠷᠲᠡᠵᠦ᠂ ᠣᠷᠳᠣᠰ ᠢᠮᠠᠭᠠᠨ ᠨᠣᠯᠤᠤᠷ ᠤᠨ ᠪᠦᠯᠦᠭᠯᠡᠯ᠂ | ᠵᠢᠶᠦ᠋ᠨ ᠵᠧᠩ᠂ ᠱᠤᠸᠠᠩ ᠰᠢᠨ ᠭᠤᠷᠪᠠᠨ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢᠨ ᠲᠥᠷᠥᠯ ᠵᠦᠢᠯ ᠢ ᠤᠯᠤᠰ ᠤᠨ ᠢᠯᠴᠢ ᠶᠢᠨ ᠴᠠᠬᠢᠯᠭᠠᠨ ᠤ | ᠲᠥᠯᠥᠪᠯᠡᠭᠡ ᠳᠤ ᠣᠷᠣᠭᠤᠯᠪᠠ᠃ ᠨᠡᠭᠦᠷᠡᠰᠦ᠂ ᠴᠠᠬᠢᠯᠭᠠᠨ ᠬᠦᠴᠦᠨ᠂ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠬᠠᠶᠢᠯᠤᠰᠢ ᠶᠢᠨ ᠠᠵᠤ ᠦᠢᠯᠡᠰ ᠢ ᠬᠠᠷᠢᠯᠴᠠᠨ | ᠲᠤᠯᠭᠠᠭᠤᠷᠢᠯᠠᠭᠤᠯᠵᠤ᠂ ᠬᠠᠷᠢᠯᠴᠠᠨ ᠬᠥᠭᠵᠢᠭᠦᠯᠬᠦ ᠶᠢ ᠠᠬᠢᠭᠤᠯᠤᠨ᠂ ᠬᠡᠦᠷᠡᠰᠦ᠂ ᠴᠠᠬᠢᠯᠤᠭᠤᠷ ᠴᠢᠯᠠᠭᠤ᠂ PVA ᠵᠡᠷᠭᠡ ᠠᠵᠤ ᠦᠢᠯᠡᠳᠪᠦᠷᠢ ᠶᠢᠨ ᠠᠷᠪᠠᠨ | ᠦᠢᠯᠡᠳᠬᠦᠨ ᠤ ᠭᠠᠷᠤᠯᠲᠠ ᠲᠣᠭᠲᠠᠭᠤᠨ ᠢᠶᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠯᠲᠡ ᠶᠢᠨ ᠬᠡᠮᠵᠢᠶ᠎ᠡ | 164.6 ᠳ᠋ᠦᠩᠰᠢᠭᠤᠷ ᠭᠷᠠᠳᠦ᠋ᠰ᠂ 22.2% ᠨᠡᠮᠡᠭᠳᠡᠪᠡ᠃ ᠴᠠᠬᠢᠯᠭᠠᠨ ᠤ ᠦᠨ᠎ᠡ ᠶᠢᠨ ᠨᠥᠬᠦᠪᠦᠷᠢ᠂ ᠬᠦᠷᠢᠶᠡᠯᠡᠩ ᠲᠣᠭᠤᠷᠢᠭ ᠤᠨ ᠪᠠᠶᠢᠭᠤᠯᠤᠯᠲᠠ ᠵᠡᠷᠭᠡ | ᠲᠡᠳᠬᠦᠮᠵᠢ ᠶᠢᠨ ᠮᠥᠩᠭᠦ ᠶᠢ 4.5 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠵᠤ᠂ ᠣᠷᠳᠣᠰ ᠢᠮᠠᠭᠠᠨ ᠨᠣᠯᠤᠤᠷ ᠤᠨ ᠪᠦᠯᠦᠭᠯᠡᠯ᠂ ᠱᠤᠸᠠᠩ ᠰᠢᠨ᠂ ᠰᠢᠩ | ᠭᠤᠸᠠᠩ ᠵᠡᠷᠭᠡ 8 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠵᠡᠩᠨᠡᠭᠰᠡᠨ ᠵᠠᠭᠤᠨ ᠬᠦᠴᠦᠷᠬᠡᠭ ᠠᠵᠤ ᠠᠬᠤᠶᠢᠯᠠᠯ ᠤᠨ ᠡᠩᠨᠡᠭᠡ ᠳᠤ | ᠣᠷᠣᠵᠤ᠂ ᠴᠢ ᠫᠠᠨ ᠵᠢᠩ᠂ ᠮᠧᠩ ᠰᠢ ᠠᠵᠤ ᠦᠢᠯᠡᠳᠪᠦᠷᠢ ᠶᠢᠨ ᠬᠦᠷᠢᠶᠡᠯᠡᠩ ᠤᠨ ᠪᠣᠷᠣᠯᠠᠭᠤᠯᠤᠯᠲᠠ ᠶᠢᠨ ᠣᠷᠣᠯᠭ᠎ᠠ 500 ᠳ᠋ᠦᠩᠰᠢᠭᠤᠷ ᠲᠥᠭᠦᠷᠢᠭ ᠪᠠ | 200 ᠳ᠋ᠦᠩᠰᠢᠭᠤᠷ ᠲᠥᠭᠦᠷᠢᠭ ᠢ ᠰᠢᠪᠲᠤᠯᠪᠠ᠃ | — ᠠᠵᠤ ᠦᠢᠯᠡᠰ ᠢ ᠲᠡᠰ ᠳᠡᠪᠰᠢᠭᠦᠯᠬᠦ ᠠᠯᠬᠤᠴᠠ ᠲᠦᠷᠭᠡᠳᠪᠡ᠃ ᠮᠠᠯ ᠲᠠᠷᠢᠶᠠᠯᠠᠩ ᠠᠵᠤ ᠠᠬᠤᠢ ᠶᠢᠨ ᠶᠡᠷᠦᠩᠬᠡᠢ ᠦᠢᠯᠡᠳᠪᠦᠷᠢᠯᠡᠯ ᠤᠨ ᠴᠢᠳᠠᠪᠤᠷᠢ | ᠦᠷᠭᠦᠯᠵᠢᠯᠡᠨ ᠨᠡᠮᠡᠭᠳᠡᠵᠦ᠂ ᠪᠦᠬᠦ ᠵᠢᠯ ᠤᠨ ᠠᠮᠤ ᠪᠤᠳᠠᠭᠠᠨ ᠤ ᠤᠨᠠᠯᠲᠠ 2.7 ᠳ᠋ᠦᠩᠰᠢᠭᠤᠷ ᠵᠢᠩ᠂ ᠮᠠᠯᠵᠢᠯ ᠤᠨ ᠤᠨ ᠤ ᠬᠠᠰᠢᠶᠠᠨ ᠳᠤ ᠪᠠᠶᠢᠭ᠎ᠠ ᠮᠠᠯ ᠤᠨ | ᠲᠤᠭ᠎ᠠ ᠲᠣᠯᠣᠭᠠᠢ 175 ᠲᠦᠮᠡ᠂ ᠰᠢᠨ᠎ᠠ ᠪᠠᠷ ᠨᠡᠮᠡᠭᠳᠡᠭᠰᠡᠨ ᠬᠤᠳᠠ ᠶᠢᠨ ᠲᠡᠰ ᠠᠴᠠ ᠲᠡᠭᠡᠭᠰᠢᠬᠢ ᠲᠠᠭᠠᠭᠤᠯᠤᠭᠴᠢ ᠠᠵᠤ ᠠᠬᠤᠶᠢᠯᠠᠯ 8᠂ ᠣᠳᠣ ᠦᠶ᠎ᠡ ᠶᠢᠨ | ᠠᠮᠢ ᠠᠬᠤᠢ ᠶᠢᠨ ᠬᠡᠯᠪᠡᠷᠢᠲᠦ ᠭᠡᠷ ᠪᠦᠯᠢ ᠶᠢᠨ ᠮᠠᠯᠵᠢᠯ ᠤᠨ ᠲᠠᠯᠠᠪᠠᠢ 80 ᠡᠷᠦᠬᠡ ᠪᠣᠯᠵᠤ᠂ ᠣᠷᠢᠶᠠᠮᠠᠭ ᠵᠠᠮᠠᠭ ᠤᠨ ᠬᠦᠷᠢᠶᠡᠯᠡᠩ ᠥᠪᠡᠷᠲᠡᠭᠡᠨ ᠵᠠᠰᠠᠬᠤ ᠣᠷᠣᠨ ᠤ | ᠮᠠᠯ ᠲᠠᠷᠢᠶᠠᠯᠠᠩ ᠤᠨ ᠠᠵᠤ ᠦᠢᠯᠡᠰᠴᠢᠯᠡᠯᠲᠡ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢᠶᠠᠷ ᠵᠢᠭᠰᠠᠭᠠᠭᠳᠠᠵᠤ᠂ ᠨᠢᠭᠡᠳᠦᠭᠡᠷ ᠠᠵᠤ ᠦᠢᠯᠡᠰ ᠨᠡᠮᠡᠭᠳᠡᠯ | ᠥᠷᠲᠡᠭ ᠢ 7.6 ᠳ᠋ᠦᠩᠰᠢᠭᠤᠷ ᠲᠥᠭᠦᠷᠢᠭ ᠪᠡᠶᠡᠯᠡᠭᠦᠯᠦᠨ᠂ 4% ᠨᠡᠮᠡᠭᠳᠡᠵᠡᠢ᠃ ᠠᠵᠤ ᠦᠢᠯᠡᠳᠪᠦᠷᠢ ᠶᠢᠨ ᠬᠡᠯᠪᠡᠷᠢ ᠶᠢ ᠬᠤᠪᠢᠷᠠᠭᠤᠯᠬᠤ ᠠᠯᠬᠤᠴᠠ ᠲᠣᠭᠲᠠᠭᠤᠨ | ᠢᠶᠠᠷ ᠠᠬᠢᠵᠤ᠂ ᠤᠷᠴᠢᠯᠳᠤᠭᠤᠯᠤᠨ ᠬᠥᠭᠵᠢᠭᠦᠯᠬᠦ᠂ ᠣᠯᠠᠨ ᠲᠤᠶᠢᠯᠲᠦ ᠲᠤᠯᠭᠠᠭᠤᠷᠢᠯᠠᠭᠤᠯᠬᠤ ᠪᠠᠶᠢᠳᠠᠯ ᠢ ᠪᠠᠬᠢᠵᠢᠭᠦᠯᠦᠨ ᠳᠡᠭᠡᠭᠰᠢᠯᠡᠭᠦᠯᠵᠦ᠂ ᠨᠡᠭᠦᠷᠡᠰᠦᠨ ᠤ ᠠᠵᠤ | ᠦᠢᠯᠡᠰ ᠤᠨ ᠪᠦᠬᠦ ᠠᠵᠤ ᠦᠢᠯᠡᠳᠪᠦᠷᠢ ᠳᠠᠬᠢ ᠡᠵᠡᠯᠡᠬᠦ ᠬᠤᠪᠢ ᠶᠢᠨ ᠵᠢᠩ ᠵᠠᠭᠤᠨ ᠤ ᠬᠠᠷᠢᠴᠠᠯ ᠢᠶᠠᠷ 16.4 ᠬᠤᠪᠢ ᠪᠠᠭᠤᠷᠠᠵᠠᠢ᠂ ᠨᠡᠭᠦᠷᠡᠰᠦᠨ ᠤ ᠪᠤᠰᠤ ᠠᠵᠤ | ᠦᠢᠯᠡᠰ ᠪᠡᠯᠡ ᠣᠷᠤᠭᠤᠯᠤᠯᠲᠠ᠂ ᠦᠷ᠎ᠡ ᠠᠰᠢᠭ ︽ᠬᠤᠣᠰ ᠨᠡᠮᠡᠭᠳᠡᠯ︾ ᠢ ᠪᠡᠶᠡᠯᠡᠭᠦᠯᠵᠦ᠂ ᠪᠡᠯᠡ ᠣᠷᠤᠭᠤᠯᠤᠯᠲᠠ ᠶᠢ ᠪᠡᠶᠡᠯᠡᠭᠦᠯᠦᠭᠰᠡᠨ᠂ ᠦᠢᠯᠡᠳᠬᠦᠨ ᠤ | ᠥᠷᠲᠡᠭ ᠲᠤ ᠬᠤᠪᠢ ᠨᠡᠮᠡᠷᠢ ᠦᠵᠡᠭᠦᠯᠦᠭᠰᠡᠨ ᠨᠣᠷᠮ᠎ᠠ ᠲᠤᠰ ᠲᠤᠰ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 90% ᠪᠠ 71.4% ᠢ | ᠡᠵᠡᠯᠡᠵᠦ᠂ ᠴᠢ ᠫᠠᠨ ᠵᠢᠩ ᠠᠵᠤ ᠦᠢᠯᠡᠳᠪᠦᠷᠢ ᠶᠢᠨ ᠬᠦᠷᠢᠶᠡᠯᠡᠩ ᠤᠯᠤᠰ ᠤᠨ ᠳᠣᠣᠷ᠎ᠠ ᠨᠡᠭᠦᠷᠡᠰᠦᠲᠦ᠋ᠷᠦᠭᠴᠢᠲᠦ ᠠᠵᠤ ᠦᠢᠯᠡᠳᠪᠦᠷᠢ ᠶᠢᠨ ᠬᠦᠷᠢᠶᠡᠯᠡᠩ ᠤᠨ | ᠲᠤᠷᠰᠢᠯᠲᠠ ᠶᠢᠨ ᠭᠠᠵᠠᠷ᠂ ᠪᠢᠴᠢᠯ ᠴᠠᠬᠢᠯᠭᠠᠨ ᠲᠣᠣᠷ ᠤᠨ ᠢᠨᠵᠧᠨᠧᠷᠢᠩ ᠪᠦᠬᠦ ᠣᠷᠣᠨ ᠤ ᠥᠭᠡᠷᠡᠴᠢᠯᠡᠯᠲᠡ ᠬᠢᠬᠦ ᠲᠤᠷᠰᠢᠯᠲᠠ ᠶᠢᠨ ᠭᠠᠵᠠᠷ ᠢᠶᠠᠷ ᠵᠢᠭᠰᠠᠭᠠᠭᠳᠠᠨ᠂ | ᠮᠧᠩ ᠰᠢ ᠠᠵᠤ ᠦᠢᠯᠡᠳᠪᠦᠷᠢ ᠶᠢᠨ ᠬᠦᠷᠢᠶᠡᠯᠡᠩ ᠤᠯᠤᠰ ᠤᠨ ᠲᠡᠰ ᠤᠨ ᠣᠷᠴᠢᠯᠲᠤ ᠠᠵᠤ ᠠᠬᠤᠢ ᠶᠢᠨ ᠬᠦᠷᠢᠶᠡᠯᠡᠩ ᠪᠠ ᠠᠮᠢ ᠠᠬᠤᠢ ᠶᠢᠨ ᠠᠵᠤ ᠦᠢᠯᠡᠳᠪᠦᠷᠢ | ᠶᠢᠨ ᠬᠦᠷᠢᠶᠡᠯᠡᠩ ᠢᠶᠠᠷ ᠦᠨᠡᠯᠡᠭᠳᠡᠪᠡ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠲᠦᠷᠭᠡᠨ ᠬᠥᠭᠵᠢᠵᠦ᠂ ᠪᠤᠯᠤᠩ ᠨᠠᠭᠤᠷ ᠤᠨ ᠦᠵᠡᠮᠵᠢ ᠶᠢᠨ ᠣᠷᠣᠨ᠂ | ᠪᠣᠭᠤᠨᠢ ᠨᠢᠰᠦᠯᠲᠡ ᠶᠢᠨ ᠰᠠᠭᠤᠷᠢᠨ ᠬᠢᠭᠡᠳ ᠪᠣᠳᠠᠰ ᠤᠨ ᠬᠦᠢᠯᠭᠡᠭᠡᠨ ᠤ ᠲᠡᠭᠡᠭᠡᠪᠦᠷᠢ ᠶᠢᠨ ᠰᠤᠷᠠᠭ ᠴᠢᠮᠡᠭᠡᠨ ᠤ ᠲᠠᠪᠴᠠᠩ ᠢ ᠪᠠᠶᠢᠭᠤᠯᠤᠨ ᠠᠰᠢᠭᠯᠠᠵᠤ᠂ | ᠵᠤᠭᠠᠴᠠᠭᠰᠠᠳ ᠢ 82 ᠲᠦᠮᠡᠨ ᠬᠥᠮᠥᠨ ᠤᠳᠠᠭ᠎ᠠ ᠬᠦᠯᠢᠶᠡᠨ ᠵᠣᠴᠢᠯᠠᠵᠤ᠂ ᠵᠤᠭᠠᠴᠠᠯ ᠤᠨ ᠣᠷᠣᠯᠭ᠎ᠠ ᠶᠢ 7.9 ᠳ᠋ᠦᠩᠰᠢᠭᠤᠷ ᠲᠥᠭᠦᠷᠢᠭ ᠪᠡᠶᠡᠯᠡᠭᠦᠯᠪᠡ︔ | ᠠᠷᠠᠯᠵᠢᠶ᠎ᠠ ᠬᠤᠳᠠᠯᠳᠤᠭᠠᠨ ᠤ ᠭᠦᠢᠯᠭᠡᠭᠡ᠂ ᠰᠢᠤᠳᠠᠨ ᠤ ᠶᠠᠪᠤᠳᠠᠯ ᠤᠨ ᠲᠦᠷᠭᠡᠨ ᠬᠦᠷᠭᠡᠯᠲᠡ᠂ ᠭᠡᠷ ᠠᠬᠤᠢ ᠶᠢᠨ ᠦᠢᠯᠡᠴᠢᠯᠡᠭᠡ ᠵᠡᠷᠭᠡ ᠠᠵᠢᠯ ᠲᠥᠷᠥᠯ ᠥᠷᠨᠢᠨ | ᠬᠥᠭᠵᠢᠵᠦ᠂ ᠭᠤᠷᠪᠠᠳᠤᠭᠠᠷ ᠠᠵᠤ ᠦᠢᠯᠡᠰ ᠨᠡᠮᠡᠭᠳᠡᠯ ᠥᠷᠲᠡᠭ ᠢ 89.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ 4.6% ᠨᠡᠮᠡᠭᠳᠡᠪᠡ᠃ | — ᠬᠤᠲᠠ ᠬᠥᠳᠡᠭᠡ ᠶᠢᠨ ᠪᠠᠶᠢᠭᠤᠯᠤᠯᠲᠠ ᠯᠠᠪᠳᠠᠭᠤᠨ ᠢᠶᠠᠷ ᠠᠬᠢᠪᠠ᠃ ︽ᠵᠢᠷᠭᠤᠭ᠎ᠠ ᠶᠢ ᠴᠣᠭᠴᠠᠵᠢᠭᠤᠯᠬᠤ︾ ᠶᠢ ᠪᠠᠷᠢᠮᠲᠠᠯᠠᠵᠤ᠂ ︽ᠠᠷᠪᠠ ᠶᠢ | ᠪᠦᠷᠬᠦᠭᠦᠯᠬᠦ︾ ᠢᠨᠵᠧᠨᠧᠷᠢᠩ ᠢ ᠭᠤᠣᠯᠳᠠᠯᠭ᠎ᠠ ᠲᠠᠢ ᠠᠬᠢᠭᠤᠯᠤᠨ᠂ 985 ᠡᠷᠦᠬᠡ ᠶᠢᠨ ᠨᠤᠷᠠᠬᠤ ᠠᠶᠤᠯᠲᠠᠢ ᠣᠷᠣᠨ ᠰᠠᠭᠤᠴᠠ ᠶᠢ ᠰᠢᠨᠡᠳᠬᠡᠬᠦ᠂ ᠴᠡᠪᠡᠷ ᠠᠷᠢᠭᠤᠨ | ᠤᠮᠳᠠ ᠤᠰᠤᠨ ᠤ ᠪᠠᠷᠢᠯᠭ᠎ᠠ ᠶᠢ 20 ᠪᠠᠶᠢᠭᠤᠯᠬᠤ᠂ ᠵᠡᠭᠡᠯᠢ ᠭᠤᠳᠤᠮᠵᠢ ᠶᠢ 86.8 ᠺᠢᠯᠤᠮᠧᠲᠷ ᠬᠠᠲᠠᠭᠤᠷᠠᠭᠤᠯᠬᠤ᠂ 1050 ᠡᠷᠦᠬᠡ ᠳᠤ ᠷᠠᠳᠢᠤ᠋ ᠲᠧᠯᠸᠢᠰ | ᠨᠡᠪᠲᠡᠷᠡᠭᠦᠯᠬᠦ᠂ ᠴᠠᠬᠢᠯᠭᠠᠨ ᠬᠤᠪᠢᠰᠬᠠᠭᠤᠷ ᠤᠨ ᠥᠷᠲᠡᠭᠡ ᠶᠢ 3 ᠪᠠᠶᠢᠭᠤᠯᠬᠤ᠂ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠢ ᠲᠤᠰᠪᠤᠷᠢ 1 ᠪᠠᠶᠢᠭᠤᠯᠬᠤ᠂ | ᠡᠷᠡᠭᠦᠯ ᠬᠠᠮᠠᠭᠠᠯᠠᠯ ᠤᠨ ᠲᠠᠰᠤᠭ ᠢ 11᠂ ᠰᠣᠶᠣᠯ ᠤᠨ ᠭᠡᠷ ᠢ 12᠂ ᠠᠷᠠᠳ ᠲᠤ ᠳᠥᠭᠦᠮ ᠴᠢᠯᠦᠭᠡᠲᠦ ᠳᠡᠯᠭᠡᠭᠦᠷ ᠢ 10 ᠪᠠᠶᠢᠭᠤᠯᠬᠤ ᠶᠢ ᠪᠡᠶᠡᠯᠡᠭᠦᠯᠵᠦ᠂ | ᠬᠥᠳᠡᠭᠡ ᠶᠢᠨ ᠵᠠᠰᠠᠮᠠᠯ ᠵᠠᠮ ᠢ 162 ᠺᠢᠯᠤᠮᠧᠲᠷ ᠢᠵᠢ ᠪᠦᠷᠢᠳᠦᠭᠦᠯᠦᠨ ᠵᠠᠰᠠᠵᠤ᠂ 75 ᠭᠠᠴᠠᠭ᠎ᠠ ᠲᠣᠰᠬᠤᠨ ᠳᠤ ᠮᠠᠯᠴᠢᠨ ᠲᠠᠷᠢᠶᠠᠴᠢᠨ ᠳᠤ ᠲᠤᠰᠠ ᠬᠦᠷᠲᠡᠭᠡᠬᠦ | ᠮᠥᠩᠭᠦᠨ ᠬᠦᠢᠯᠭᠡᠭᠡᠨ ᠤ ᠦᠢᠯᠡᠴᠢᠯᠡᠬᠦ ᠭᠠᠵᠠᠷ ᠢ 137 ᠪᠠᠶᠢᠭᠤᠯᠤᠨ᠂ ᠮᠧᠩ ᠰᠢ ᠶᠢᠨ ᠰᠢᠨ᠎ᠡ ᠲᠠᠷᠢᠶᠠᠯᠠᠬᠤ ᠣᠷᠣᠨ᠂ ᠰᠠᠶᠢᠬᠤᠰᠤ ᠶᠢᠨ ᠰᠢᠨ᠎ᠡ ᠮᠠᠯᠵᠢᠬᠤ | ᠣᠷᠣᠨ ᠪᠣᠯᠣᠨ ᠪᠤᠷᠤᠲᠠᠯ᠎ᠠ ᠲᠥᠪ ᠲᠣᠰᠬᠤᠨ ᠤ 1794 ᠡᠷᠦᠬᠡ ᠶᠢᠨ ᠣᠷᠣᠨ ᠰᠠᠭᠤᠴᠠ ᠶᠢ ᠲᠤᠰᠢᠶᠠᠨ ᠥᠭᠴᠦ ᠰᠠᠭᠤᠯᠭᠠᠨ᠂ ᠰᠢᠨ᠎ᠡ ᠮᠠᠯᠵᠢᠬᠤ ᠲᠠᠷᠢᠶᠠᠯᠠᠬᠤ | ᠣᠷᠣᠨ ᠢ ᠲᠤᠷᠰᠢᠨ ᠪᠠᠶᠢᠭᠤᠯᠬᠤ ᠬᠤᠭᠤᠴᠠᠭ᠎ᠠ ᠠᠴᠠ ᠨᠢ ᠪᠠᠬᠢᠵᠢᠭᠦᠯᠦᠨ ᠳᠡᠭᠡᠭᠰᠢᠯᠡᠬᠦ ᠬᠤᠭᠤᠴᠠᠭ᠎ᠠ ᠳᠤ ᠰᠢᠯᠵᠢᠭᠦᠯᠵᠡᠢ᠃ ᠴᠢᠳᠠᠮᠵᠢ ᠶᠢ ᠲᠡᠭᠦᠯᠳᠡᠷᠵᠢᠭᠦᠯᠦᠨ᠂ | ᠬᠤᠲᠠ ᠶᠢᠨ ᠪᠠᠶᠢᠭᠤᠯᠤᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠪᠤᠴᠠᠵᠤ ᠰᠠᠭᠤᠷᠢᠰᠢᠬᠤ ᠲᠦᠪᠬᠢᠨᠡᠬᠦᠯᠦᠯᠲᠡ ᠶᠢᠨ ᠠᠰᠠᠭᠤᠳᠠᠯ ᠦᠨᠳᠦᠰᠦᠨ ᠳᠡᠭᠡᠨ | ᠰᠢᠢᠳᠪᠦᠷᠢᠯᠡᠭᠳᠡᠨ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠭᠤᠳᠠᠮ ᠲᠠᠯᠠᠪᠠᠢ᠂ ᠡᠳ᠋ ᠪᠣᠳᠠᠰ ᠤᠨ ᠠᠷᠠᠯᠵᠢᠶ᠎ᠠ ᠰᠣᠯᠢᠯᠴᠠᠭᠠᠨ ᠤ ᠲᠠᠯᠠᠪᠤᠷ ᠵᠡᠷᠭᠡ ᠣᠯᠠᠨ | ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠠᠰᠢᠭᠯᠠᠯᠲᠠ ᠳᠤ ᠣᠷᠣᠭᠤᠯᠵᠤ᠂ ᠰᠠᠭᠤᠭᠠᠯᠢ ᠠᠷᠠᠳ ᠤᠨ ᠭᠤᠳᠤᠮᠵᠢ ᠶᠢ 2.5 ᠲᠦᠮᠡᠨ ᠲᠡᠭᠰᠢ | ᠳᠥᠷᠪᠡᠯᠵᠢᠨ ᠮᠧᠲᠷ ᠬᠠᠲᠠᠭᠤᠷᠠᠭᠤᠯᠤᠨ᠂ ᠰᠢᠨ᠎ᠡ ᠪᠠᠷ ᠬᠤᠲᠠ ᠶᠢᠨ ᠵᠠᠮ ᠵᠡᠭᠡᠯᠢ ᠶᠢ 13 ᠺᠢᠯᠤᠮᠧᠲᠷ᠂᠂ ᠶᠡᠷᠦᠩᠬᠡᠢ ᠬᠤᠭᠤᠯᠠᠢ ᠲᠣᠣᠷ ᠢ 40 ᠺᠢᠯᠤᠮᠧᠲᠷ᠂ | ᠨᠣᠭᠤᠭᠠᠷᠠᠭᠤᠯᠤᠯᠲᠠ ᠶᠢᠨ ᠲᠠᠯᠠᠪᠠᠢ ᠶᠢ 173 ᠲᠦᠮᠡᠨ ᠲᠡᠭᠰᠢ ᠳᠥᠷᠪᠡᠯᠵᠢᠨ ᠮᠧᠲᠷ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠥᠬᠦᠭᠡᠷᠦᠮᠵᠢ ᠶᠢ 440 | ᠨᠡᠮᠡᠭᠳᠡᠭᠦᠯᠵᠦ᠂ ᠲᠥᠪᠯᠡᠷᠡᠭᠦᠯᠦᠨ ᠳᠤᠯᠠᠭᠠᠯᠠᠮᠵᠢ ᠬᠠᠩᠭᠠᠭᠰᠠᠨ ᠲᠠᠯᠠᠪᠠᠢ 705 ᠲᠦᠮᠡᠨ ᠲᠡᠭᠰᠢ ᠳᠥᠷᠪᠡᠯᠵᠢᠨ ᠮᠧᠲᠷ ᠬᠦᠷᠴᠡᠢ᠃ ᠤᠯᠤᠰ ᠤᠨ ᠡᠷᠡᠭᠦᠯ ᠬᠠᠮᠠᠭᠠᠯᠠᠯ | ᠤᠨ ᠬᠤᠰᠢᠭᠤ ᠰᠢᠶᠠᠨ ᠤ ᠬᠤᠲᠠ ᠪᠠᠷ ᠨᠡᠷᠡᠶᠢᠳᠦᠭᠳᠡᠪᠡ᠃ | — ᠠᠮᠢ ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ︽ᠭᠡᠷ ᠨᠤᠲᠤᠭ ᠢᠶᠠᠨ ᠬᠠᠶᠢᠷᠠᠯᠠᠬᠤ︾ ᠣᠷᠴᠢᠨ ᠲᠣᠭᠤᠷᠢᠨ ᠤ ᠴᠡᠭᠴᠡᠯᠡᠨ | ᠵᠠᠰᠠᠯᠲᠠ ᠶᠢᠨ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠬᠠᠤᠯᠢ ᠳᠦᠷᠢᠮ ᠢ ᠵᠥᠷᠢᠴᠡᠭᠰᠡᠨ 47 ᠠᠵᠤ ᠠᠬᠤᠶᠢᠯᠠᠯ ᠤᠨ ᠦᠢᠯᠡᠳᠪᠦᠷᠢᠯᠡᠯ ᠢ ᠨᠢ ᠵᠣᠭᠰᠣᠭᠠᠨ | ᠡᠭᠦᠳᠡ ᠶᠢ ᠨᠢ ᠬᠠᠭᠠᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ 500 ᠭᠠᠷᠤᠢ ᠲᠦᠮᠡᠨ ᠲᠣᠨ ᠴᠡᠪᠡᠷᠯᠡᠨ᠂ ᠠᠭᠤᠷᠬᠠᠢ ᠳᠤ ᠣᠷᠣᠬᠤ ᠵᠠᠰᠠᠮᠠᠯ ᠵᠠᠮ ᠢ 45 | ᠺᠢᠯᠤᠮᠧᠲᠷ ᠰᠡᠯᠪᠢᠨ ᠵᠠᠰᠠᠵᠤ᠂ ᠣᠷᠳᠣᠰ ᠢᠮᠠᠭᠠᠨ ᠨᠤᠯᠤᠤᠷ ᠤᠨ ᠪᠦᠯᠦᠭᠯᠡᠯ᠂ ᠰᠢᠩ ᠭᠤᠸᠠᠩ ᠪᠦᠯᠦᠭᠯᠡᠯ ᠵᠡᠷᠭᠡ ᠠᠵᠤ ᠠᠬᠤᠶᠢᠯᠠᠯ ᠤᠨ ᠲᠣᠭᠤᠰᠣ ᠠᠷᠢᠯᠭᠠᠬᠤ᠂ | ᠬᠦᠬᠦᠷ ᠦᠭᠡᠶᠢᠳᠡᠭᠦᠯᠬᠦ ᠰᠢᠨᠡᠴᠢᠯᠡᠯᠲᠡ ᠶᠢᠨ ᠪᠠᠷᠢᠯᠭ᠎ᠠ ᠶᠢ ᠬᠤᠭᠤᠴᠠᠭᠠᠨ ᠳᠤᠨᠢ ᠳᠠᠭᠤᠰᠬᠠᠭᠠᠳ ᠬᠦᠬᠦᠷ ᠤᠨ ᠳᠠᠪᠬᠤᠷ ᠢᠰᠦᠯ ᠢ 1.6 ᠲᠦᠮᠡᠨ ᠲᠣᠨ᠂ ᠠᠽᠣᠲ | ᠬᠦᠴᠢᠯᠲᠦ᠋ᠷᠥᠭᠴᠢ ᠶᠢᠨ ᠨᠢᠭᠡᠳᠪᠦᠷᠢ ᠶᠢ 1.4 ᠲᠦᠮᠡᠨ ᠲᠣᠨ ᠪᠠᠭᠤᠷᠠᠭᠤᠯᠵᠤ᠂ ᠨᠢᠭᠡᠴᠢ ᠦᠢᠯᠡᠳᠪᠦᠷᠢᠯᠡᠯ ᠤᠨ ᠶᠡᠷᠦᠩᠬᠡᠢ ᠥᠷᠲᠡᠭ ᠲᠠᠬᠢ ᠡᠨᠧᠷᠭᠢ ᠶᠢᠨ | ᠬᠤᠷᠣᠭᠳᠠᠯ ᠢ 3.5% ᠪᠠᠭᠤᠷᠠᠭᠤᠯᠵᠠᠢ᠃ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠲᠥᠷᠥ ᠶᠢᠨ | ᠪᠣᠳᠣᠯᠭ᠎ᠠ ᠶᠢ ᠲᠤᠤᠱᠲᠠᠢ ᠨᠠᠶᠢᠳᠠᠪᠤᠷᠢᠵᠢᠭᠤᠯᠵᠤ᠂ ︽ᠨᠤᠲᠤᠭ ᠪᠡᠯᠴᠢᠭᠡᠷ ᠤᠨ ᠬᠠᠮᠠᠭᠠᠯᠠᠯᠲᠠ ᠪᠠᠶᠢᠭᠤᠯᠤᠯᠲᠠ ᠠᠰᠢᠭᠯᠠᠯᠲᠠ ᠶᠢᠨ ᠶᠡᠷᠦᠩᠬᠡᠢ ᠲᠥᠯᠥᠪᠵᠢᠭᠦᠯᠭᠡ︾᠂ | ︽ᠲᠠᠷᠢᠮᠠᠯ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢ ᠵᠢᠷᠤᠮᠵᠢᠭᠤᠯᠬᠤ ᠰᠠᠨᠠᠯ︾ ᠪᠣᠯᠣᠨ ︽ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠱᠠᠩᠨᠠᠯ ᠤᠨ | ᠠᠷᠭ᠎ᠠ︾ ᠶᠢ ᠲᠣᠭᠲᠠᠭᠠᠨ ᠬᠡᠷᠡᠭᠵᠢᠭᠦᠯᠵᠦ᠂ ᠡᠯ᠎ᠡ ᠲᠥᠷᠥᠯ ᠤᠨ ᠠᠮᠢ ᠠᠬᠤᠢ ᠶᠢᠨ ᠲᠥᠷᠥᠯ ᠵᠦᠢᠯ ᠢ 32.7 ᠲᠦᠮᠡᠨ ᠮᠤ᠋ ᠪᠡᠶᠡᠯᠡᠭᠦᠯᠪᠡ᠃ ︽ᠦᠵᠡᠰᠬᠦᠯᠡᠩᠲᠦ | ᠰᠠᠶᠢᠬᠠᠨ ᠬᠥᠳᠡᠭᠡ ᠨᠤᠲᠤᠭ︾ ᠤᠨ ᠪᠠᠶᠢᠭᠤᠯᠤᠯᠲᠠ ᠪᠣᠯᠣᠨ ︽ᠬᠥᠳᠡᠭᠡ ᠨᠤᠲᠤᠭ ᠤᠨ ᠰᠤᠷᠲᠠᠯ ᠪᠣᠯᠪᠠᠰᠤᠨ ᠤ ᠠᠵᠢᠯᠯᠠᠭ᠎ᠠ︾ ᠶᠢ ᠪᠦᠬᠦ ᠲᠠᠯ᠎ᠠ ᠪᠠᠷ ᠠᠬᠢᠭᠤᠯᠤᠨ᠂ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠯᠲᠠ ᠶᠢ ᠶᠡᠭᠡ ᠪᠠᠷ ᠬᠢᠵᠦ᠂ ᠴᠡᠯᠮᠡᠭ ᠲᠡᠭᠷᠢ ᠴᠡᠯᠡᠭᠡᠷ ᠲᠠᠯ᠎ᠠ ᠲᠠᠢ᠂ ᠪᠣᠯᠪᠠᠰᠤᠨ ᠡᠮᠬᠢ ᠳᠢᠭᠯᠢᠮ | ᠲᠠᠢ᠂ ᠴᠡᠪᠡᠷ ᠲᠣᠬᠢᠯᠢᠭ ᠦᠵᠡᠮᠵᠢᠲᠦ ᠰᠠᠶᠢᠬᠠᠨ ᠥᠯᠥᠭᠡᠢ ᠨᠤᠲᠤᠭ ᠢᠶᠠᠨ ᠴᠣᠭᠴᠠᠯᠠᠨ ᠪᠠᠶᠢᠭᠤᠯᠵᠠᠢ᠃ | — ᠠᠷᠠᠳ ᠤᠨ ᠠᠮᠢᠳᠤᠷᠠᠯ ᠤᠨ ᠪᠠᠲᠤᠯᠠᠭ᠎ᠠ ᠨᠡᠩ ᠬᠦᠴᠦᠨ ᠲᠡᠭᠦᠯᠳᠡᠷᠵᠢᠪᠡ᠃ 88% ᠤᠨ ᠡᠳ᠋ ᠤᠨ ᠬᠦᠴᠦᠨ ᠢᠶᠠᠨ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠳᠤ ᠬᠡᠷᠡᠭᠯᠡᠵᠦ᠂ ᠬᠤᠲᠠ᠂ ᠬᠤᠰᠢᠭᠤ ᠬᠤᠶᠠᠷ ᠱᠠᠲᠤᠨ ᠤ ᠠᠷᠠᠳ ᠢ ᠬᠠᠷᠠᠭᠠᠯᠵᠠᠬᠤ ᠢᠨᠵᠧᠨᠧᠷᠢᠩ ᠢ ᠪᠦᠲᠦᠮᠵᠢᠲᠡᠢ ᠬᠡᠷᠡᠭᠵᠢᠭᠦᠯᠵᠡᠢ᠃ ᠣᠯᠠᠨ | ᠠᠷᠭ᠎ᠠ ᠵᠠᠮ ᠢᠶᠠᠷ ᠠᠵᠢᠯ ᠣᠯᠭᠤᠯᠲᠠ ᠣᠷᠣᠯᠭ᠎ᠠ ᠨᠡᠮᠡᠭᠳᠡᠯᠲᠡ ᠶᠢ ᠠᠬᠢᠭᠤᠯᠤᠨ᠂ ︽ᠴᠠᠯᠢᠩ ᠲᠠᠢ ᠪᠠᠷ ᠳᠠᠭᠠᠵᠤ ᠰᠤᠷᠬᠤ ᠴᠢᠳᠠᠪᠤᠷᠢᠲᠠᠳ ᠤᠨ ᠨᠥᠭᠡᠴᠡᠯᠡᠬᠦ | ᠲᠥᠰᠥᠯ︾ ᠢ ᠲᠣᠭᠲᠠᠭᠠᠨ ᠬᠡᠷᠡᠭᠵᠢᠭᠦᠯᠵᠦ᠂ ᠶᠡᠭᠡ ᠰᠤᠷᠭᠠᠭᠤᠯᠢ ᠲᠡᠭᠦᠰᠦᠭᠰᠡᠨ 120 ᠣᠶᠤᠲᠠᠨ ᠢ ᠡᠯᠰᠡᠨ ᠠᠵᠤ ᠠᠬᠤᠶᠢᠯᠠᠯ ᠳᠤ ᠣᠴᠢᠭᠤᠯᠤᠨ ᠳᠠᠪᠲᠠᠨ | ᠪᠣᠯᠪᠠᠰᠤᠷᠠᠭᠤᠯᠵᠤ᠂ ᠪᠠᠭ᠎ᠠ ᠵᠢᠵᠢᠭ ᠠᠵᠤ ᠠᠬᠤᠶᠢᠯᠠᠯ ᠪᠣᠯᠣᠨ ᠬᠤᠪᠢ ᠦᠢᠯᠡᠳᠪᠦᠷᠢ ᠬᠤᠳᠠᠯᠳᠤᠭᠠᠨ ᠤ ᠡᠷᠦᠬᠡ ᠶᠢ 1533 ᠪᠣᠶᠢᠵᠢᠭᠤᠯᠤᠨ᠂ ᠬᠤᠲᠠ ᠪᠠᠯᠭᠠᠰᠤᠨ | ᠳᠤ 3047 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠲᠠᠯᠲᠠ ᠶᠢᠨ ᠨᠣᠷᠮ᠎ᠠ ᠶᠢ 2.5% ᠤᠨ | ᠳᠣᠲᠣᠷ᠎ᠠ ᠬᠢᠵᠠᠭᠠᠷᠯᠠᠨ᠂ ᠬᠤᠲᠠ ᠬᠥᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠬᠥᠮᠥᠨ ᠳᠣᠳᠥᠮ ᠤᠨ ᠡᠵᠡᠮᠳᠡᠬᠦ ᠣᠷᠣᠯᠭ᠎ᠠ ᠲᠤᠰ ᠲᠤᠰ 34294 | ᠲᠥᠭᠦᠷᠢᠭ ᠪᠠ 13437 ᠲᠥᠭᠦᠷᠢᠭ ᠬᠦᠷᠴᠦ᠂ 9.9% ᠪᠠ 11.2% ᠨᠡᠮᠡᠭᠳᠡᠨ᠂ ᠮᠠᠯᠴᠢᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ | ᠵᠠᠯᠭᠠᠭ᠎ᠠ ᠪᠠᠷ ᠬᠤᠶᠠᠷ ᠵᠢᠯ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠠᠴᠠ ᠥᠨᠳᠥᠷ ᠪᠣᠯᠪᠠ᠃ ᠨᠡᠶᠢᠭᠡᠮ ᠤᠨ ᠪᠠᠲᠤᠯᠠᠪᠤᠷᠢ ᠶᠢᠨ ᠲᠦᠪᠰᠢᠨ ᠢ ᠲᠡᠰᠦᠷᠡᠯᠲᠡ | ᠦᠭᠡᠢ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠪᠤᠷᠢ ᠶᠢᠨ ᠪᠠᠷᠢᠮᠵᠢᠶ᠎ᠠ ᠶᠢ ᠵᠠᠯᠭᠠᠭ᠎ᠠ ᠪᠠᠷ 9 ᠵᠢᠯ ᠨᠡᠮᠡᠭᠳᠡᠭᠦᠯᠦᠨ᠂ | 1.7 ᠲᠦᠮᠡᠨ ᠮᠠᠯᠴᠢᠨ ᠲᠠᠷᠢᠶᠠᠴᠢᠨ ᠡᠷᠦᠬᠡ ᠳᠤ ᠨᠡᠭᠦᠷᠡᠰᠦᠨ ᠤ ᠨᠥᠬᠦᠪᠦᠷᠢ ᠶᠢ 1050 ᠲᠦᠮᠡᠨ ᠲᠥᠭᠦᠷᠢᠭ ᠣᠯᠭᠤᠨ ᠥᠭᠴᠦ᠂ ᠦᠮᠡᠬᠡᠶᠢᠨᠠᠭᠤᠷ ᠤᠨ | ᠨᠠᠰᠤᠲᠠᠶᠢᠴᠤᠳ ᠲᠤ ᠵᠣᠯ ᠵᠢᠷᠭᠠᠯ ᠡᠳ᠋ᠯᠡᠭᠦᠯᠬᠦ ᠬᠦᠷᠢᠶᠡᠯᠡᠩ ᠢ ᠠᠰᠢᠭᠯᠠᠯᠲᠠ ᠳᠤ ᠣᠷᠣᠭᠤᠯᠤᠨ᠂ ᠵᠠᠰᠠᠭ ᠤᠨ ᠣᠷᠳᠣᠨ ᠨᠠᠰᠤᠲᠠᠨ ᠢ ᠠᠰᠠᠷᠠᠬᠤ ᠦᠢᠯᠡᠴᠢᠯᠡᠭᠡᠨ ᠢ | ᠬᠤᠳᠠᠯᠳᠤᠨ ᠠᠪᠬᠤ ᠠᠵᠢᠯ ᠪᠦᠬᠦ ᠬᠤᠲᠠ ᠶᠢᠨ ᠲᠤᠷᠰᠢᠯᠲᠠ ᠶᠢᠨ ᠭᠠᠵᠠᠷ ᠢᠶᠠᠷ ᠵᠢᠭᠰᠠᠭᠠᠭᠳᠠᠵᠠᠢ᠃ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ᠂ ᠮᠠᠯ | ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠵᠡᠷᠭᠡ 8 ᠲᠥᠷᠥᠯ ᠤᠨ 48 ᠵᠦᠢᠯ ᠤᠨ ᠨᠥᠬᠦᠪᠦᠷᠢ ᠮᠥᠩᠭᠦ ᠶᠢ 3.5 ᠳ᠋ᠦᠩᠰᠢᠭᠤᠷ ᠲᠥᠭᠦᠷᠢᠭ ᠲᠤᠯᠭᠠᠨ | ᠭᠠᠷᠳᠠᠭᠤᠯᠵᠤ᠂ ᠠᠰᠢᠭ ᠬᠦᠷᠲᠡᠭᠰᠡᠨ ᠣᠯᠠᠨ ᠲᠦᠮᠡᠨ 15.7 ᠲᠦᠮᠡᠨ ᠬᠥᠮᠥᠨ ᠤᠳᠠᠭ᠎ᠠ ᠬᠦᠷᠪᠡ᠃ 3200 ᠶᠠᠳᠠᠭᠤ ᠬᠦᠴᠢᠷᠲᠡᠢ ᠬᠥᠮᠥᠨ ᠠᠮᠠ ᠶᠢ | ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠠᠢ᠃ | — ᠨᠡᠶᠢᠭᠡᠮ ᠤᠨ ᠦᠢᠯᠡᠰ ᠪᠦᠬᠦ ᠲᠠᠯ᠎ᠠ ᠪᠠᠷ ᠳᠠᠪᠰᠢᠪᠠ᠃ ᠪᠦᠬᠦ ᠬᠤᠰᠢᠭᠤᠨ ᠤ 33 ᠳᠤᠮᠳᠠᠳᠤ᠂ ᠪᠠᠭ᠎ᠠ ᠰᠤᠷᠭᠠᠭᠤᠯᠢ ᠪᠣᠯᠣᠨ ᠬᠡᠦᠬᠡᠳ ᠤᠨ | ᠴᠡᠴᠡᠷᠯᠢᠭ ᠲᠤ ᠴᠠᠭᠳᠠᠭᠠᠨ ᠤ ᠶᠠᠪᠤᠳᠠᠯ ᠤᠨ ᠲᠠᠰᠤᠭ ᠭᠠᠷᠭᠠᠬᠤ ᠶᠢ ᠪᠡᠶᠡᠯᠡᠭᠦᠯᠵᠦ᠂ ᠰᠠᠭᠤᠷᠢ ᠰᠤᠷᠭᠠᠨ ᠬᠥᠮᠥᠵᠢᠯ᠂ ᠦᠨᠳᠦᠰᠦᠲᠡᠨ ᠤ ᠰᠤᠷᠭᠠᠨ ᠬᠥᠮᠥᠵᠢᠯ᠂ | ᠠᠵᠢᠯ ᠮᠡᠷᠭᠡᠵᠢᠯ ᠤᠨ ᠰᠤᠷᠭᠠᠨ ᠬᠥᠮᠥᠵᠢᠯ ᠢ ᠵᠣᠬᠢᠴᠠᠩᠭᠤᠢ ᠪᠠᠷ ᠬᠥᠭᠵᠢᠭᠦᠯᠦᠨ᠂ ᠳᠤᠮᠳᠠᠳᠤ ᠵᠡᠷᠭᠡ ᠶᠢᠨ ᠰᠤᠷᠭᠠᠭᠤᠯᠢ ᠪᠠ ᠶᠡᠭᠡ ᠳᠡᠭᠡᠳᠦ ᠰᠤᠷᠭᠠᠭᠤᠯᠢ ᠳᠤ | ᠰᠢᠯᠭᠠᠭᠤᠯᠤᠭᠰᠠᠨ ᠬᠢᠷᠢ ᠪᠦᠲᠦᠮᠵᠢ ᠲᠠᠬᠢᠨ ᠰᠢᠨ᠎ᠡ ᠲᠡᠮᠳᠡᠭᠯᠡᠯ ᠢ ᠡᠭᠦᠳᠪᠡ᠃ ᠠᠯᠪᠠᠨ ᠤ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠲᠣᠭᠲᠠᠭᠤᠨ ᠢᠶᠠᠷ | ᠠᠬᠢᠭᠤᠯᠵᠤ᠂ ᠬᠥᠳᠡᠭᠡ ᠲᠣᠰᠬᠤᠨ ᠤ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠭᠡ ᠶᠢᠨ ᠵᠢᠭᠠᠨ ᠲᠣᠭᠲᠠᠭᠠᠭᠰᠠᠨ ᠡᠮᠨᠡᠯᠭᠡ ᠶᠢᠨ ᠪᠠᠶᠢᠭᠤᠯᠤᠮᠵᠢ ᠡᠮᠨᠡᠯᠭᠡ ᠶᠢᠨ | ᠵᠠᠷᠤᠳᠠᠯ ᠢ ᠴᠠᠭ ᠳᠠᠷᠤᠢ ᠳᠤᠨᠢ ᠳᠠᠩᠰᠠ ᠲᠠᠶᠢᠯᠬᠤ ᠶᠢ ᠪᠡᠶᠡᠯᠡᠭᠦᠯᠦᠨ᠂ ᠮᠣᠩᠭᠤᠯ ᠡᠮᠨᠡᠯᠭᠡ ᠶᠢᠨ ᠬᠤᠷᠢᠶ᠎ᠠ ᠴᠢᠰᠤ ᠨᠡᠪᠴᠢᠭᠦᠯᠦᠨ ᠢᠯᠭᠠᠷᠠᠭᠤᠯᠬᠤ ᠲᠥᠪ ᠢ | ᠲᠦᠬᠦᠷᠵᠢᠭᠦᠯᠦᠨ ᠪᠠᠶᠢᠭᠤᠯᠵᠤ᠂ ᠪᠦᠬᠦ ᠤᠯᠤᠰ ᠤᠨ ᠬᠤᠶᠠᠳᠤᠭᠠᠷ ᠵᠡᠷᠭᠡ ᠶᠢᠨ ᠬᠥᠬᠡ ᠲᠡᠰ ᠤᠨ ᠡᠮᠨᠡᠯᠭᠡ ᠶᠢᠨ ᠬᠤᠷᠢᠶ᠎ᠠ ᠪᠠᠷ ᠦᠨᠡᠯᠡᠭᠳᠡᠪᠡ᠃ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠷᠢᠶᠠᠮᠠᠭ ᠵᠠᠮᠠᠭ ᠤᠨ ᠤᠭᠤᠷᠠᠭᠲᠤ ᠤᠮᠳᠠᠭᠠᠨ ᠤ ᠨᠠᠶᠢᠷᠠᠯᠭ᠎ᠠ᠂ ᠱᠧᠨ | ᠬᠤᠸ᠋ᠨ ᠮᠧᠩ ᠰᠢ ᠺᠣᠮᠫᠠᠨᠢ ᠶᠢᠨ ᠡᠨᠧᠷᠬᠢ ᠠᠷᠪᠢᠯᠠᠬᠤ ᠮᠡᠷᠭᠡᠵᠢᠯ ᠤᠨ ᠰᠢᠨᠡᠴᠢᠯᠡᠯᠲᠡ ᠵᠡᠷᠭᠡ ᠦᠢᠯᠡᠳᠪᠦᠷᠢᠯᠡᠬᠦ ᠵᠢᠭᠠᠨ ᠰᠤᠷᠭᠠᠬᠤ ᠰᠤᠳᠤᠯᠬᠤ 5 ᠲᠥᠷᠥᠯ ᠵᠦᠢᠯ ᠢ | ᠬᠡᠷᠡᠭᠵᠢᠭᠦᠯᠵᠦ᠂ ᠮᠧᠩ ᠰᠢ ᠪᠦᠯᠦᠭᠯᠡᠯ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠢ ᠬᠦᠷᠲᠡᠨ᠂ ᠣᠷᠳᠣᠰ ᠢᠮᠠᠭᠠᠨ ᠨᠤᠯᠣᠣᠷ | ᠤᠨ ᠪᠦᠯᠦᠭᠯᠡᠯ᠂ ᠱᠣᠸᠠᠩ ᠰᠢᠨ ᠵᠡᠷᠭᠡ 6 ᠠᠵᠤ ᠠᠬᠤᠶᠢᠯᠠᠯ ᠤᠨ 9 ᠲᠥᠷᠥᠯ ᠤᠨ ᠦᠢᠯᠡᠳᠬᠦᠨ ᠥᠪᠥᠷ ᠮᠣᠩᠭᠤᠯ ᠤᠨ ᠨᠡᠷᠡᠲᠦ ᠦᠢᠯᠡᠳᠬᠦᠨ ᠢᠶᠠᠷ | ᠵᠢᠭᠰᠠᠭᠠᠭᠳᠠᠪᠠ᠃ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨ ᠲᠡᠭᠦᠯᠳᠡᠷᠵᠢᠭᠦᠯᠵᠦ᠂ ᠳᠤᠮᠳᠠᠳᠤ ᠤᠯᠤᠰ ᠤᠨ ᠰᠣᠶᠣᠯ ᠤᠨ | ᠠᠵᠤ ᠠᠬᠤᠢ ᠶᠢᠨ ᠠᠮᠢᠳᠤᠯᠢᠭ ᠬᠦᠴᠦᠨ ᠪᠦᠬᠦᠢ ᠬᠤᠲᠠ ᠪᠠᠷ ᠦᠨᠡᠯᠡᠭᠳᠡᠵᠡᠢ᠃ ᠴᠥᠭᠡᠨ ᠲᠣᠭᠠᠲᠤ ᠦᠨᠳᠦᠰᠦᠲᠡᠨ ᠢ ᠲᠡᠳᠬᠦᠨ ᠲᠤᠰᠠᠯᠠᠬᠤ ᠢᠨᠵᠧᠨᠧᠷᠢᠩ ᠢ | ᠪᠦᠲᠦᠮᠵᠢᠲᠡᠢ ᠨᠠᠶᠢᠳᠠᠪᠤᠷᠢᠵᠢᠭᠤᠯᠵᠤ᠂ ᠮᠣᠩᠭᠤᠯ ᠬᠡᠯᠡ ᠪᠢᠴᠢᠭ ᠤᠨ ᠠᠵᠢᠯ ᠢ ᠲᠠᠰᠤᠷᠠᠯᠲᠠ ᠦᠭᠡᠢ ᠴᠢᠩᠭᠠᠳᠬᠠᠪᠠ᠃ ᠨᠡᠶᠢᠭᠡᠮ ᠤᠨ ᠶᠡᠭᠡ ᠪᠠᠶᠢᠳᠠᠯ ᠢ ᠡᠶ᠎ᠡ | ᠵᠣᠬᠢᠴᠠᠯᠳᠠᠢ ᠲᠣᠭᠲᠠᠭᠤᠨ ᠪᠠᠶᠢᠯᠭᠠᠵᠤ᠂ ᠡᠷᠡᠭᠦᠦ ᠶᠢᠨ ᠬᠡᠷᠡᠭ ᠤᠨ ᠬᠡᠷᠡᠭ ᠯᠡᠪᠡᠷᠡᠭᠦᠯᠦᠭᠰᠡᠨ ᠨᠣᠷᠮ᠎ᠠ ᠶᠢ ᠵᠠᠭᠤᠨ ᠤ ᠬᠠᠷᠢᠴᠠᠯ ᠢᠶᠠᠷ 4.4 ᠬᠤᠪᠢ ᠳᠡᠭᠡᠭᠰᠢᠯᠡᠭᠦᠯᠦᠨ | ᠂ ᠡᠯ᠎ᠡ ᠲᠥᠷᠥᠯ ᠤᠨ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠵᠢᠭᠤᠷᠠᠯᠳᠤᠭᠠᠨ ᠢ 526 ᠨᠠᠮᠳᠠᠭᠤᠯᠤᠨ ᠰᠢᠢᠳᠪᠣᠷᠢᠯᠡᠵᠤ᠂ ᠠᠶᠤᠯ ᠦᠭᠡᠢ ᠦᠢᠯᠡᠳᠪᠦᠷᠢᠯᠡᠯ ᠤᠨ | ᠠᠳᠡᠯ ᠬᠡᠷᠡᠭ ᠤᠨ ᠡᠭᠦᠰᠦᠯᠲᠡ ᠬᠢᠭᠡᠳ ᠠᠳᠡᠭᠰᠡᠨ ᠬᠥᠮᠥᠨ ᠤ ᠲᠤᠭ᠎ᠠ ᠲᠣᠰ ᠲᠣᠰ 40% ᠪᠠ 27.3% ᠪᠠᠭᠤᠷᠠᠵᠤ᠂ ᠢᠳᠡᠭᠡᠨ ᠪᠠ ᠡᠮ ᠤᠨ ᠵᠦᠢᠯᠡᠰ ᠤᠨ | ᠠᠷᠢᠭᠤᠨ ᠴᠡᠪᠡᠷ ᠠᠶᠤᠯ ᠦᠭᠡᠢ ᠶᠢᠨ ᠪᠠᠶᠢᠳᠠᠯ ᠢ ᠪᠦᠲᠦᠮᠵᠢᠲᠡᠢ ᠪᠠᠲᠤᠯᠠᠵᠠᠢ᠃ ᠲᠥᠯᠥᠪᠯᠡᠭᠡᠲᠡᠢ ᠪᠠᠷ ᠬᠡᠦᠬᠡᠳ ᠠᠪᠬᠤ ᠠᠵᠢᠯ ᠤᠨ ᠰᠢᠯᠢᠳᠡᠭ ᠦᠢᠯᠡᠴᠢᠯᠡᠭᠡᠨ ᠢ | ᠭᠦᠨᠵᠡᠭᠡᠢ ᠥᠷᠨᠢᠭᠦᠯᠪᠡ᠃ ᠣᠶᠣᠨ ᠤ ᠪᠣᠯᠪᠠᠰᠤᠨ᠂ ᠴᠡᠷᠢᠭ ᠠᠷᠠᠳ ᠬᠠᠮᠲᠤ ᠪᠠᠷ ᠪᠠᠶᠢᠭᠤᠯᠬᠤ᠂ ᠡᠮᠡᠭᠲᠡᠶᠢᠴᠦᠳ ᠬᠡᠦᠬᠡᠳ᠂ ᠬᠠᠤᠯᠢᠵᠢᠯ ᠪᠠᠶᠢᠭᠤᠯᠤᠯᠲᠠ᠂ ᠠᠮᠤ | ᠪᠤᠳᠠᠭ᠎ᠠ ᠬᠤᠳᠠᠯᠳᠤᠨ ᠠᠪᠬᠤ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠲᠤᠭ᠎ᠠ ᠪᠦᠷᠢᠳᠬᠡᠯ ᠶᠠᠩᠵᠤ ᠠᠪᠴᠤ ᠪᠠᠶᠢᠴᠠᠭᠠᠬᠤ᠂ ᠠᠷᠠᠳ ᠤᠨ ᠠᠭᠠᠷ ᠤᠨ | ᠰᠡᠷᠭᠡᠶᠢᠯᠡᠯᠲᠡ ᠴᠠᠭ ᠠᠭᠤᠷ᠂ ᠰᠣᠨᠢᠨ ᠮᠡᠳᠡᠭᠡ ᠷᠠᠳᠢᠤ᠋ ᠨᠡᠪᠲᠡᠷᠡᠭᠦᠯᠭᠡ᠂ ᠣᠯᠠᠨ ᠲᠦᠮᠡᠨᠴᠢ ᠪᠡᠶ᠎ᠡ ᠶᠢᠨ ᠲᠠᠮᠢᠷ᠂ ᠦᠢᠯᠡᠳᠪᠦᠷᠢ ᠬᠤᠳᠠᠯᠳᠤᠭ᠎ᠠ ᠶᠠᠰᠤ ᠴᠢᠨᠠᠷ ᠤᠨ | ᠬᠢᠨᠠᠯᠲᠠ ᠲᠠᠯᠪᠢᠯᠲᠠ᠂ ᠬᠠᠩᠭᠠᠨ ᠪᠣᠷᠣᠯᠠᠭᠤᠯᠭ᠎ᠠ ᠳᠠᠪᠤᠰᠤᠨ ᠤ ᠶᠠᠪᠤᠳᠠᠯ᠂ ᠵᠡᠮᠳᠡᠭᠴᠦᠳ ᠪᠠ ᠨᠢᠭᠦᠯᠡᠰᠦᠩᠭᠦᠢ ᠶᠢᠨ ᠦᠢᠯᠡᠰ ᠵᠡᠷᠭᠡ ᠠᠵᠢᠯ ᠴᠥᠮ ᠪᠠᠶᠠᠷᠯᠠᠭᠤᠰᠢᠲᠠᠢ | ᠠᠮᠵᠢᠯᠲᠠ ᠣᠯᠪᠠ᠃ | — ᠵᠠᠰᠠᠭ ᠤᠨ ᠣᠷᠳᠣᠨ ᠤ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠪᠡ᠃ ︽ᠠᠷᠠᠳ ᠲᠦᠮᠡᠨ ᠳᠤ ᠦᠢᠯᠡᠴᠢᠯᠡᠨ᠂ ᠪᠣᠳᠠᠲᠤ ᠤᠴᠢᠷ ᠪᠦᠲᠦᠭᠡᠵᠦ᠂ | ᠠᠷᠢᠭᠤᠨ ᠴᠢᠬᠡᠴᠢ ᠶᠢ ᠡᠷᠬᠢᠮᠯᠡᠬᠦ︾ ᠭᠤᠣᠯ ᠰᠡᠳᠦᠪ ᠲᠠᠢ ᠤᠶᠠᠯᠳᠤᠭᠤᠯᠵᠤ᠂ ᠨᠠᠮ ᠤᠨ ᠤᠯᠠᠨ ᠲᠦᠮᠡᠨᠴᠢ ᠱᠤᠭᠤᠮ ᠤᠨ ᠬᠥᠮᠥᠵᠢᠯ ᠦᠢᠯᠡᠳᠦᠯᠭᠡ ᠶᠢᠨ | ᠠᠵᠢᠯᠯᠠᠭ᠎ᠠ ᠶᠢ ᠯᠠᠪᠳᠠᠭᠤᠨ ᠢᠶᠠᠷ ᠥᠷᠨᠢᠭᠦᠯᠦᠨ᠂ ︽ᠳᠥᠷᠪᠡᠨ ᠰᠤᠷᠲᠠᠯ︾ ᠤᠨ 187 ᠠᠰᠠᠭᠤᠳᠠᠯ ᠢ ᠴᠡᠭᠴᠡᠯᠡᠨ ᠵᠠᠯᠠᠷᠠᠭᠤᠯᠵᠤ᠂ ︽ᠬᠤᠷᠠᠯ ᠤᠨ ᠪᠢᠴᠢᠭ | ᠮᠠᠲ᠋ᠧᠷᠢᠶᠠᠯ ᠢ ᠱᠠᠭᠠᠷᠳᠠᠨ ᠪᠠᠶᠢᠴᠠᠭᠠᠵᠤ ᠭᠦᠢᠴᠡᠳᠬᠡᠬᠦ ᠳᠦᠷᠢᠮ︾᠂ ︽ᠠᠯᠪᠠᠨ ᠤ ᠶᠠᠪᠤᠳᠠᠯ ᠤᠨ ᠵᠣᠴᠢᠯᠠᠭ᠎ᠠ ᠶᠢ ᠵᠢᠷᠤᠮᠵᠢᠭᠤᠯᠬᠤ ᠬᠠᠮᠢᠶᠠᠷᠤᠯᠲᠠ ᠶᠢᠨ ᠳᠦᠷᠢᠮ︾ | ᠂ ︽ᠠᠯᠪᠠᠨ ᠳᠤ ᠬᠡᠷᠡᠭᠯᠡᠬᠦ ᠮᠠᠰᠢᠨ ᠲᠡᠷᠭᠡ ᠶᠢ ᠲᠣᠬᠢᠷᠠᠭᠤᠯᠤᠨ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠵᠡᠷᠭᠡ 40 ᠳᠦᠷᠢᠮ ᠢ ᠲᠣᠭᠲᠠᠭᠠᠭᠰᠠᠨ ᠪᠤᠶᠤ ᠵᠠᠰᠠᠪᠤᠷᠢ | ᠣᠷᠣᠭᠤᠯᠵᠤ᠂ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠬᠤ ᠨᠢᠭᠡ ᠪᠦᠯᠦᠭ ᠲᠣᠪᠣᠶᠢᠮ᠎ᠠ ᠠᠰᠠᠭᠤᠳᠠᠯ ᠢ ᠲᠥᠪᠯᠡᠷᠡᠭᠦᠯᠦᠨ | ᠰᠢᠢᠳᠪᠣᠷᠢᠯᠡᠪᠡ᠃ ᠭᠠᠮᠨᠠᠨ ᠠᠷᠪᠢᠯᠠᠬᠤ ᠶᠢ ᠡᠷᠬᠢᠮᠯᠡᠵᠦ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠳᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ︽ᠭᠤᠷᠪᠠᠨ | ᠠᠯᠪᠠᠨ︾ ᠤ ᠵᠠᠷᠤᠳᠠᠯ ᠢ 18.2% ᠢᠶᠠᠷ ᠪᠠᠭᠤᠷᠠᠭᠤᠯᠵᠠᠢ᠃ ᠭᠤᠣᠯᠳᠠᠯᠭᠠᠳᠤ ᠬᠦᠷᠢᠶ᠎ᠡ ᠬᠡᠪᠴᠢᠶᠡᠨ ᠤ ᠥᠭᠡᠷᠡᠴᠢᠯᠡᠯᠲᠡ ᠶᠢ ᠪᠦᠲᠦᠮᠵᠢᠲᠡᠢ ᠠᠬᠢᠭᠤᠯᠵᠤ᠂ | ᠵᠢᠷᠤᠮᠵᠢᠭᠰᠠᠨ ᠴᠢᠨᠠᠷᠲᠠᠢ ᠪᠢᠴᠢᠭ ᠮᠠᠲ᠋ᠧᠷᠢᠶᠠᠯ ᠢ 136 ᠴᠡᠪᠡᠷᠯᠡᠨ ᠢᠯᠭᠠᠷᠠᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠤᠴᠢᠷ ᠶᠠᠪᠤᠳᠠᠯ ᠢ 187 | ᠪᠠᠭᠤᠯᠭᠠᠨ ᠥᠭᠴᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠤᠴᠢᠷ ᠶᠠᠪᠤᠳᠠᠯ ᠢ 2.2 ᠲᠦᠮᠡ ᠡᠷᠬᠢᠯᠡᠨ ᠭᠦᠢᠴᠡᠳᠬᠡᠭᠡᠳ ᠤᠴᠢᠷ ᠶᠠᠪᠤᠳᠠᠯ ᠡᠷᠬᠢᠯᠡᠨ | ᠭᠦᠢᠴᠡᠳᠬᠡᠬᠦ ᠭᠤᠭᠴᠤᠭ᠎ᠠ ᠬᠢᠭᠡᠳ ᠴᠠᠭ ᠤᠨ ᠬᠢᠵᠠᠭᠠᠷ ᠢ ᠤᠯᠠᠮ ᠪᠠᠭᠠᠰᠬᠠᠪᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ | ᠵᠠᠰᠠᠭ ᠤᠨ ᠣᠷᠳᠣᠨ ᠤ ᠰᠤᠷᠠᠭ ᠴᠢᠮᠡᠭᠡ ᠶᠢ 3627 ᠢᠯᠠ ᠪᠣᠯᠭᠠᠨ᠂ ᠬᠤᠰᠢᠭᠤ ᠳᠠᠷᠤᠭ᠎ᠠ ᠶᠢᠨ ᠬᠠᠯᠠᠮᠰᠢᠯ ᠤᠲᠠᠰᠤ ᠪᠠᠷ ᠲᠤᠰᠬᠠᠭᠰᠠᠨ 1523 ᠠᠰᠠᠭᠤᠳᠠᠯ ᠢ | ᠡᠷᠬᠢᠯᠡᠨ ᠭᠦᠢᠴᠡᠳᠬᠡᠵᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠪᠠᠷ ᠬᠢᠨᠠᠯᠲᠠ ᠲᠠᠯᠪᠢᠬᠤ ᠵᠢᠴᠢ ᠤᠯᠤᠰ ᠲᠥᠷᠥ ᠶᠢᠨ ᠵᠥᠪᠯᠡᠯᠭᠡᠨ ᠤ | ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠬᠠᠤᠯᠢ ᠪᠠᠷ ᠴᠢᠩᠭ᠎ᠠ ᠵᠠᠰᠠᠭ ᠶᠠᠪᠤᠭᠤᠯᠤᠨ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ 51᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 55 ᠡᠷᠬᠢᠯᠡᠨ | ᠭᠦᠢᠴᠡᠳᠬᠡᠪᠡ᠃ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠪᠠ ᠬᠢᠨᠠᠨ ᠪᠣᠳᠣᠯᠲᠠ ᠶᠢᠨ ᠬᠢᠨᠠᠯᠲᠠ ᠶᠢ ᠴᠢᠩᠭᠠᠷᠠᠭᠤᠯᠤᠨ᠂ ᠠᠷᠢᠭᠤᠨ ᠴᠢᠭᠡᠴᠢ ᠪᠠᠷ ᠵᠠᠰᠠᠭ | ᠪᠠᠷᠢᠬᠤ ᠪᠠᠶᠢᠭᠤᠯᠤᠯᠲᠠ ᠰᠢᠨ᠎ᠡ ᠪᠦᠲᠦᠮᠵᠢ ᠶᠢ ᠣᠯᠪᠠ᠃ | ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠳᠤ᠂ ᠬᠦᠴᠢᠷ ᠪᠡᠷᠬᠡ ᠲᠥᠰᠥᠭᠡᠯᠡᠭᠰᠡᠨ ᠠᠴᠠ ᠭᠠᠳᠠᠭᠤᠷ ᠠᠷᠪᠢᠳᠬᠤᠶᠠ ᠦᠷ᠎ᠡ ᠪᠦᠲᠦᠮᠵᠢ ᠵᠢᠱᠢᠭᠰᠡᠨ | ᠠᠴᠠ ᠭᠠᠳᠠᠭᠤᠷ ᠰᠠᠶᠢᠵᠢᠷᠠᠵᠤᠬᠤᠢ᠂ ᠭᠠᠳᠠᠭᠠᠳᠤ ᠣᠷᠴᠢᠨ ᠲᠣᠭᠤᠷᠢᠨ ᠤ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ᠂ ᠠᠵᠤ ᠠᠬᠤᠢ ᠶᠢᠨ ᠤᠷᠤᠭᠤᠳᠠᠬᠤ | ᠳᠠᠷᠤᠭᠠᠰᠤ ᠶᠡᠬᠡᠳᠥᠭᠰᠡᠨ ᠪᠠᠶᠢᠳᠠᠯ ᠳᠣᠣᠷ᠎ᠠ᠂ ᠪᠢᠳᠠ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ᠂ ᠰᠢᠨ᠎ᠡ ᠶᠢ ᠡᠭᠦᠳᠦᠨ ᠦᠢᠯᠡᠰ ᠪᠣᠰᠬᠠᠬᠤ ᠠᠶᠠᠨ ᠳᠠᠭᠠᠨ | ᠨᠠᠶᠢᠳᠠᠪᠤᠷᠢᠲᠠᠢ ᠠᠯᠬᠤᠮ ᠢ ᠠᠯᠬᠤᠵᠤ᠂ ᠠᠵᠤ ᠠᠬᠤᠢ ᠬᠥᠭᠵᠢᠭᠰᠡᠨ᠂ ᠨᠡᠶᠢᠭᠡᠮ ᠡᠶ᠎ᠡ ᠵᠣᠬᠢᠴᠠᠵᠢᠭᠰᠠᠨ᠂ ᠦᠨᠳᠦᠰᠦᠲᠡᠨ ᠨᠦᠭᠦᠳ ᠪᠦᠯᠬᠦᠮᠳᠡᠭᠰᠡᠨ᠂ ᠠᠷᠠᠳ ᠤᠨ | ᠠᠮᠢᠳᠤᠷᠠᠯ ᠰᠠᠶᠢᠵᠢᠷᠠᠭᠰᠠᠨ ᠢᠷᠠᠭᠤ ᠰᠠᠶᠢᠬᠠᠨ ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃ ᠡᠨᠡ ᠨᠢ ᠬᠤᠰᠢᠭᠤ ᠨᠠᠮ ᠤᠨ ᠬᠤᠷᠢᠶᠠᠨ ᠤ ᠶᠡᠭᠡ ᠲᠠᠯ᠎ᠠ ᠶᠢ ᠡᠵᠡᠮᠳᠡᠨ᠂ | ᠵᠥᠪ ᠣᠨᠣᠪᠴᠢᠲᠠᠢ ᠤᠳᠤᠷᠢᠳᠤᠭᠰᠠᠨ ᠤ ᠦᠷ᠎ᠡ ᠳ᠋ᠦᠩ ᠮᠥᠨ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠪᠦᠯᠬᠦᠮᠳᠡᠨ | ᠨᠢᠭᠡᠳᠴᠦ᠂ ᠬᠠᠮᠲᠤ ᠪᠠᠷ ᠡᠷᠡᠯᠬᠡᠭᠯᠡᠨ ᠲᠡᠮᠡᠴᠡᠭᠰᠡᠨ ᠤ ᠦᠷ᠎ᠡ ᠳ᠋ᠦᠩ ᠮᠥᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠪᠠ ᠪᠤᠢ ᠪᠦᠬᠦᠢ ᠪᠡᠯᠡ ᠣᠷᠣᠭᠤᠯᠤᠭᠴᠢᠳ | ᠤᠨ ᠰᠢᠷᠭᠠᠭᠤ ᠬᠠᠲᠠᠭᠤᠵᠢᠯᠲᠠᠢ ᠪᠠᠷ ᠦᠢᠯᠡᠰ ᠪᠣᠰᠬᠠᠭᠰᠠᠨ ᠤ ᠦᠷ᠎ᠡ ᠳ᠋ᠦᠩ ᠮᠥᠨ᠃ ᠠᠳᠡ᠂ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ | ᠲᠥᠯᠥᠭᠡᠯᠡᠵᠦ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠤᠯᠠᠨ ᠳᠠᠭᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠪᠣᠯᠣᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠲᠡᠭᠡᠨ᠂ ᠣᠲᠤᠭ ᠤᠨ ᠪᠠᠶᠢᠭᠤᠯᠤᠯᠲᠠ ᠬᠥᠭᠵᠢᠭᠦᠯᠦᠯᠲᠡ ᠶᠢ ᠬᠠᠯᠠᠮᠵᠢᠯᠠᠨ ᠳᠠᠮᠵᠢᠵᠤ᠂ | ᠬᠠᠷᠠᠮ ᠦᠭᠡᠢ ᠵᠢᠳᠬᠦᠭᠰᠡᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠥᠮᠥᠰ ᠲᠤ ᠴᠢᠩ ᠦᠨᠡᠨᠴᠢ ᠲᠠᠯᠠᠷᠬᠠᠯ ᠪᠣᠯᠣᠨ ᠡᠷᠬᠢᠮ ᠳᠡᠭᠡᠳᠦ ᠬᠦᠨᠳᠦᠳᠬᠡᠯ ᠢᠶᠠᠨ | ᠳᠡᠪᠰᠢᠭᠦᠯᠦᠶ᠎ᠡ︕ | ᠪᠢᠳᠡ ᠠᠮᠵᠢᠯᠲᠠ ᠪᠠᠨ ᠣᠯᠵᠤ ᠦᠵᠡᠬᠦ ᠶᠢᠨ ᠬᠠᠮᠲᠤ ᠣᠷᠣᠰᠢᠵᠤ ᠪᠠᠶᠢᠭ᠎ᠠ ᠠᠰᠠᠭᠤᠳᠠᠯ ᠬᠢᠭᠡᠳ ᠲᠤᠯᠭᠠᠷᠠᠵᠤ ᠪᠦᠬᠦᠢ ᠥᠷᠢᠰᠦᠯᠳᠦᠭᠡᠨ ᠢ ᠴᠦ ᠰᠡᠷᠭᠡᠭ ᠢᠶᠠᠷ | ᠲᠠᠨᠢᠬᠤ ᠴᠢᠬᠤᠯᠠ ᠲᠠᠢ ᠪᠠᠶᠢᠨ᠎ᠠ᠂ ᠭᠤᠣᠯ ᠢᠯᠡᠷᠡᠯ ᠨᠢ᠄ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠨᠥᠯᠥᠭᠡᠯᠡᠵᠦ ᠪᠠᠶᠢᠭ᠎ᠠ ᠲᠣᠭᠲᠠᠮᠠᠯ ᠪᠤᠰᠤ ᠬᠦᠴᠦᠨ ᠵᠦᠢᠯ | ᠠᠷᠪᠢᠳᠴᠤ᠂ ᠵᠠᠷᠢᠮ ᠠᠵᠤ ᠠᠬᠤᠶᠢᠯᠠᠯ ᠤᠨ ᠡᠵᠡᠩᠨᠡᠯᠲᠡ ᠬᠦᠴᠢᠷᠳᠡᠯ ᠳᠤ ᠲᠤᠯᠭᠠᠷᠠᠨ᠂ ᠦᠷ᠎ᠡ ᠠᠰᠢᠭ ᠤᠷᠤᠭᠤᠳᠠᠵᠤ᠂ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ ᠶᠢᠨ ᠵᠥᠷᠢᠴᠡᠯ ᠳᠣᠪᠣᠶᠢᠵᠤ ᠪᠤᠢ︔ ᠠᠩᠬ᠎ᠠ ᠲᠡᠰ ᠤᠨ ᠦᠢᠯᠡᠳᠬᠦᠨ ᠤ ᠬᠤᠪᠢ ᠶᠢᠨ ᠵᠢᠩ ᠶᠡᠬᠡᠰᠴᠦ᠂ ᠳᠠᠭᠠᠯᠲᠠ ᠠᠵᠤ ᠦᠢᠯᠡᠰ ᠤᠨ ᠦᠷᠭᠦᠯᠵᠢᠯᠡᠯ | ᠭᠦᠢᠴᠡᠳ ᠪᠤᠰᠤ ᠪᠦᠲᠦᠴᠡ ᠶᠢᠨ ᠴᠢᠨᠠᠷᠲᠠᠢ ᠵᠥᠷᠢᠴᠡᠯ ᠳᠣᠪᠣᠶᠢᠨ᠂ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯ ᠦᠭᠡᠢ ᠦᠢᠯᠡᠳᠪᠦᠷᠢᠯᠡᠯ᠂ ᠡᠯᠧᠮᠧᠨ᠋ᠲ ᠤᠨ | ᠲᠤᠯᠭᠠᠭᠤᠷᠢᠯᠠᠬᠤ ᠳᠠᠷᠤᠭᠠᠰᠤ ᠤᠯᠠᠮ ᠠᠴᠠ ᠤᠯᠠᠮ ᠶᠡᠬᠡᠳᠴᠦ᠂ ᠪᠦᠲᠦᠴᠡ ᠶᠢ ᠲᠣᠬᠢᠷᠠᠭᠤᠯᠬᠤ᠂ ᠬᠡᠯᠪᠡᠷᠢ ᠶᠢ ᠬᠤᠪᠢᠷᠠᠭᠤᠯᠬᠤ ᠶᠢᠨ ᠡᠭᠦᠷᠭᠡ ᠬᠦᠨᠳᠦ ᠵᠠᠮ ᠬᠤᠯᠠ | ᠪᠠᠶᠢᠭᠰᠠᠭᠠᠷ︔ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠥᠬᠦᠭᠡᠷᠦᠮᠵᠢ ᠮᠥᠨ ᠯᠡ ᠳᠣᠷᠣᠢ ᠪᠠᠭᠤᠷᠠᠢ᠂ ᠠᠮᠢ ᠠᠬᠤᠢ ᠶᠢᠨ ᠣᠷᠴᠢᠨ ᠲᠣᠭᠤᠷᠢᠨ ᠲᠣᠶᠢᠯ ᠤᠨ | ᠬᠡᠪᠡᠷᠡᠭ ᠪᠠᠶᠢᠵᠤ᠂ ᠬᠤᠳᠠ ᠬᠥᠳᠡᠭᠡ ᠶᠢ ᠴᠣᠭᠴᠠᠵᠢᠭᠤᠯᠤᠨ ᠪᠠᠶᠢᠭᠤᠯᠬᠤ ᠡᠭᠦᠷᠭᠡ ᠬᠠᠲᠠᠭᠤᠵᠢᠯᠲᠠᠢ ᠪᠠᠶᠢᠨ᠎ᠠ︔ ᠨᠡᠶᠢᠭᠡᠮ ᠤᠨ ᠵᠠᠰᠠᠯᠲᠠ ᠳᠤ ᠮᠠᠰᠢ ᠠᠷᠪᠢᠨ ᠰᠢᠨ᠎ᠡ | ᠪᠠᠶᠢᠳᠠᠯ᠂ ᠰᠢᠨ᠎ᠡ ᠠᠰᠠᠭᠤᠳᠠᠯ ᠲᠤᠯᠭᠠᠷᠠᠵᠤ᠂ ᠵᠠᠷᠢᠮ ᠤᠯᠠᠨ ᠲᠦᠮᠡᠨ ᠤ ᠠᠮᠢᠳᠤᠷᠠᠯ ᠮᠥᠨ ᠯᠡ ᠨᠡᠯᠢᠶᠡᠳ ᠬᠦᠴᠢᠷᠲᠡᠢ ᠪᠠᠶᠢᠭᠰᠠᠭᠠᠷ︔ ᠵᠠᠰᠠᠭ ᠤᠨ ᠣᠷᠳᠣᠨ ᠤ | ᠲᠣᠰ ᠪᠡᠶ᠎ᠡ ᠶᠢᠨ ᠪᠠᠶᠢᠭᠤᠯᠤᠯᠲᠠ ᠶᠢ ᠤᠯᠠᠮ ᠴᠢᠩᠭᠠᠳᠬᠠᠵᠤ᠂ ᠰᠤᠷᠲᠠᠯ ᠢᠶᠠᠨ ᠰᠠᠶᠢᠵᠢᠷᠠᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ | ᠨᠠᠶᠢᠳᠠᠪᠤᠷᠢᠵᠢᠭᠤᠯᠤᠯᠲᠠ ᠶᠢ ᠠᠳᠬᠤᠬᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠬᠤ ᠴᠢᠬᠤᠯᠠ ᠲᠠᠢ ᠪᠠᠶᠢᠨ᠎ᠠ᠃ ᠪᠢᠳᠠ ᠡᠳᠡᠭᠡᠷ ᠠᠰᠠᠭᠤᠳᠠᠯ ᠳᠤ ᠵᠠᠪᠠᠯ ᠨᠢᠮᠪᠠᠢ | ᠬᠠᠨᠳᠤᠵᠤ᠂ ᠪᠦᠬᠦ ᠬᠦᠴᠦᠨ ᠴᠢᠳᠠᠯ ᠢᠶᠠᠷ ᠢᠶᠠᠨ ᠰᠠᠶᠢᠵᠢᠷᠠᠭᠤᠯᠤᠨ᠎ᠠ᠃ | ᠬᠤᠶᠠᠷ᠂ 2015 ᠣᠨ ᠤ ᠠᠵᠢᠯ ᠤᠨ ᠲᠣᠬᠢᠷᠠᠭᠤᠯᠭ᠎ᠠ | ᠥᠨᠥ ᠵᠢᠯ ᠪᠣᠯ ︽ᠠᠷᠪᠠᠨ ᠬᠤᠶᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠶᠢᠨ ᠰᠡᠭᠦᠯ ᠬᠤᠷᠢᠶᠠᠬᠤ ᠵᠢᠯ ᠪᠣᠯᠣᠨ᠎ᠠ | ᠂ ᠮᠦᠨᠴᠣ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠵᠢᠯ ᠮᠥᠨ᠂ ᠬᠠᠤᠯᠢ ᠪᠠᠷ ᠬᠤᠰᠢᠭᠤ ᠪᠠᠨ ᠵᠠᠰᠠᠬᠤ ᠶᠢ ᠪᠦᠬᠦ ᠲᠠᠯ᠎ᠠ ᠪᠠᠷ | ᠠᠬᠢᠭᠤᠯᠬᠤ ᠡᠬᠢᠯᠡᠯᠲᠡ ᠶᠢᠨ ᠵᠢᠯ ᠮᠥᠨ᠂ ᠡᠶᠢᠮᠦ ᠠᠴᠠ ᠥᠨᠥ ᠵᠢᠯ ᠤᠨ ᠠᠵᠢᠯ ᠢ ᠰᠠᠶᠢᠨ ᠬᠢᠬᠦ ᠨᠢ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ | ᠬᠤᠰᠢᠭᠤ ᠨᠠᠮ ᠤᠨ ᠬᠤᠷᠢᠶ᠎ᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠵᠢᠷᠭᠤᠳᠤᠭᠠᠷ ᠤᠳᠠᠭ᠎ᠠ ᠶᠢᠨ ᠪᠦᠬᠦ ᠭᠡᠰᠢᠭᠦᠨ ᠤ ᠬᠤᠷᠠᠯ ᠤᠨ ᠵᠣᠷᠢᠭ ᠰᠠᠨᠠᠭ᠎ᠠ ᠶᠢ | ᠦᠨᠳᠦᠰᠦᠯᠡᠵᠦ᠂ ᠥᠨᠥ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ | ᠭᠤᠷᠪᠠᠳᠤᠭᠠᠷ ᠪᠦᠭᠦᠳᠡ ᠬᠤᠷᠠᠯ᠂ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠠᠯᠭᠤᠯᠵᠣ᠂ ᠶᠡᠷᠦᠩᠬᠡᠢ ᠱᠦᠵᠢ ᠰᠢ ᠶᠢᠨ | ᠫᠢᠩ ᠤᠨ ᠠᠯᠢ ᠤᠯᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠢ ᠰᠣᠷᠣᠯᠴᠠᠵᠤ᠂ ᠪᠦᠬᠦ ᠣᠷᠣᠨ᠂ ᠪᠦᠬᠦ ᠬᠤᠳᠠ ᠶᠢᠨ ᠴᠢᠬᠤᠯᠠ ᠶᠡᠭᠡ ᠰᠢᠢᠳᠪᠣᠷᠢᠳᠤ | ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ ᠲᠣᠭᠲᠠᠭᠤᠨ ᠢᠶᠠᠷ ᠤᠷᠤᠭᠰᠢᠯᠠᠬᠤ ᠠᠵᠢᠯ ᠤᠨ ᠶᠡᠷᠦᠩᠬᠡᠢ ᠭᠤᠣᠯ ᠰᠠᠨᠠᠭ᠎ᠠ ᠶᠢ ᠪᠠᠷᠢᠮᠲᠠᠯᠠᠵᠤ᠂ ᠠᠵᠤ ᠠᠬᠤᠢ ᠶᠢᠨ | ᠬᠥᠭᠵᠢᠯᠲᠡ ᠶᠢᠨ ᠶᠠᠰᠤ ᠴᠢᠨᠠᠷ᠂ ᠦᠷ᠎ᠡ ᠠᠰᠢᠭ ᠢ ᠳᠡᠭᠡᠭᠰᠢᠯᠡᠭᠦᠯᠬᠦ ᠶᠢ ᠪᠠᠷᠢᠮᠲᠠᠯᠠᠬᠤ ᠪᠠᠷ ᠭᠤᠣᠯ ᠪᠣᠯᠭᠠᠨ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠡᠪ | ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠵᠤ᠂ ᠠᠵᠤ ᠠᠬᠤᠢ ᠶᠢᠨ ᠨᠡᠮᠡᠭᠳᠡᠯ ᠢ ᠴᠢᠷᠮᠠᠶᠢᠨ ᠲᠣᠭᠲᠠᠪᠤᠷᠢᠵᠢᠭᠤᠯᠵᠤ᠂ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠬᠤ ᠶᠢ ᠲᠦᠷᠭᠡᠳᠬᠡᠨ᠂ ᠴᠢᠨᠠᠷᠯᠢᠭ ᠬᠤᠲᠠ ᠬᠥᠳᠡᠭᠡ ᠶᠢ ᠪᠦᠬᠦ ᠲᠠᠯ᠎ᠠ ᠪᠠᠷ ᠪᠠᠶᠢᠭᠤᠯᠵᠤ᠂ ᠠᠷᠠᠳ ᠤᠨ ᠠᠮᠢᠳᠤᠷᠠᠯ ᠢ ᠦᠨᠡᠨ ᠬᠦ ᠰᠠᠶᠢᠵᠢᠷᠠᠭᠤᠯᠤᠨ᠂ | ᠠᠮᠢ ᠠᠬᠤᠢ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ | ᠳᠠᠭᠠᠭᠠᠮᠠᠭᠠᠢ ᠬᠥᠭᠵᠢᠯᠲᠡ ᠶᠢᠨ ᠬᠥᠳᠡᠯᠭᠡᠭᠴᠢ ᠬᠦᠴᠦᠨ᠂ ᠠᠮᠢᠳᠤᠯᠢᠭ ᠬᠦᠴᠦᠨ ᠬᠢᠭᠡᠳ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠠᠵᠤ ᠠᠬᠤᠢ ᠨᠡᠶᠢᠭᠡᠮ ᠤᠨ ᠲᠣᠭᠲᠠᠭᠤᠨ ᠮᠥᠷᠲᠡᠭᠡᠨ ᠡᠷᠡᠭᠦᠯ ᠢᠶᠠᠷ ᠬᠥᠭᠵᠢᠬᠦ ᠶᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠵᠢᠱᠢᠭᠰᠡᠨ ᠭᠤᠣᠯ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 9% ᠣᠷᠴᠢᠮ ᠨᠡᠮᠡᠭᠳᠡᠭᠦᠯᠵᠦ᠂ 500 | ᠰᠢᠬᠠᠮ ᠳ᠋ᠦᠩᠰᠢᠭᠤᠷ ᠲᠥᠭᠦᠷᠢᠭ ᠪᠡᠶᠡᠯᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 12% ᠣᠷᠴᠢᠮ | ᠨᠡᠮᠡᠭᠳᠡᠭᠦᠯᠵᠦ᠂ 260 ᠰᠢᠬᠠᠮ ᠳ᠋ᠦᠩᠰᠢᠭᠤᠷ ᠲᠥᠭᠦᠷᠢᠭ ᠪᠡᠶᠡᠯᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ ᠰᠢᠨ᠎ᠡ ᠲᠤᠭ᠎ᠠ ᠪᠦᠷᠢᠳᠬᠡᠯ | ᠤᠨ ᠲᠥᠷᠥᠯᠵᠢᠯ ᠶᠣᠰᠣᠭᠠᠷ 13% ᠠᠴᠠ ᠳᠡᠭᠡᠭᠰᠢ ᠨᠡᠮᠡᠭᠳᠡᠭᠦᠯᠵᠦ᠂ 300 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠦᠨ᠎ᠡ︔ ᠤᠯᠠᠨ ᠨᠡᠶᠢᠲᠡ ᠶᠢᠨ | ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ 20 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠴᠢᠷᠮᠠᠶᠢᠨ᠎ᠠ︔ ᠨᠡᠶᠢᠭᠡᠮ ᠤᠨ ᠬᠡᠷᠡᠭᠯᠡᠭᠡᠨ ᠤ ᠬᠡᠷᠡᠭᠰᠡᠯ ᠤᠨ | ᠵᠢᠵᠢᠭᠯᠡᠨ ᠪᠣᠷᠣᠯᠠᠭᠤᠯᠬᠤ ᠶᠡᠷᠦᠩᠬᠡᠢ ᠬᠡᠮᠵᠢᠶ᠎ᠡ ᠶᠢ 15% ᠣᠷᠴᠢᠮ ᠨᠡᠮᠡᠭᠳᠡᠭᠦᠯᠵᠦ᠂ 40 ᠰᠢᠬᠠᠮ ᠳ᠋ᠦᠩᠰᠢᠭᠤᠷ ᠲᠥᠭᠦᠷᠢᠭ ᠪᠡᠶᠡᠯᠡᠭᠦᠯᠦᠨ᠎ᠡ︔ ᠬᠤᠳᠠ ᠬᠥᠳᠡᠭᠡ | ᠶᠢᠨ ᠪᠠᠶᠢᠩᠭᠤ ᠰᠠᠭᠤᠭᠠᠯᠢ ᠠᠷᠠᠳ ᠤᠨ ᠡᠵᠡᠮᠳᠡᠬᠦ ᠣᠷᠣᠯᠭ᠎ᠠ ᠶᠢ ᠲᠣᠰ ᠲᠣᠰ 9.5% ᠪᠠ 10.5% ᠨᠡᠮᠡᠭᠳᠡᠭᠦᠯᠵᠦ᠂ 37552 ᠲᠥᠭᠦᠷᠢᠭ ᠪᠠ 14848 | ᠲᠥᠭᠦᠷᠢᠭ ᠬᠦᠷᠭᠡᠨ᠎ᠡ᠃ ᠨᠠᠢᠮᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠪᠠᠷ ᠰᠠᠶᠢᠨ ᠠᠳᠬᠤᠨ᠎ᠠ᠃ | ︵ᠨᠢᠭᠡ︶ ᠬᠥᠳᠡᠭᠡ ᠲᠣᠰᠬᠤᠨ ᠤ ᠪᠠᠶᠢᠭᠤᠯᠤᠯᠲᠠ ᠶᠢ ᠠᠳᠬᠤᠵᠤ᠂ ᠮᠠᠯᠵᠢᠬᠤ ᠲᠠᠷᠢᠶᠠᠯᠠᠬᠤ ᠣᠷᠣᠨ ᠤ ᠨᠥᠬᠦᠴᠡᠯ ᠢ ᠰᠠᠶᠢᠵᠢᠷᠠᠭᠤᠯᠤᠨ᠎ᠠ᠃ ᠪᠦᠬᠦ ᠲᠠᠯ᠎ᠠ | ᠪᠠ ᠪᠠᠶᠢᠯᠲᠤᠬᠤ ᠪᠣᠳᠣᠯᠭ᠎ᠠ ᠶᠢᠨ ᠥᠨᠳᠥᠷᠴᠡ ᠠᠴᠠ ᠡᠭᠦᠰᠦᠨ᠂ ᠮᠠᠯᠴᠢᠨ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠤᠨ ᠲᠦᠪᠰᠢᠨ ᠢ ᠳᠡᠭᠡᠭᠰᠢᠯᠡᠭᠦᠯᠬᠦ ᠪᠠᠷ | ᠬᠠᠷᠠᠯᠲᠠ ᠪᠣᠯᠭᠠᠵᠤ᠂ ᠴᠢᠭᠯᠡᠯ ᠢᠶᠠᠨ ᠲᠣᠭᠲᠠᠭᠠᠨ᠂ ᠰᠡᠳᠬᠢᠴᠡ ᠶᠢᠨ ᠰᠢᠨ᠎ᠡ ᠶᠢ ᠡᠭᠦᠳᠴᠦ᠂ ᠠᠷᠭ᠎ᠠ ᠪᠠᠷᠢᠯ ᠢᠶᠠᠨ ᠡᠷᠴᠢᠮᠵᠢᠭᠦᠯᠦᠨ᠂ ᠪᠠᠷᠠᠭᠤᠨ ᠬᠡᠰᠡᠭ ᠣᠷᠣᠨ ᠤ | ᠪᠡᠯᠴᠢᠭᠡᠷ ᠤᠨ ᠮᠠᠯ ᠠᠵᠤ ᠠᠬᠤᠢ ᠶᠢᠨ ᠣᠨᠴᠠᠯᠢᠭᠲᠤ ᠬᠥᠭᠵᠢᠯᠲᠡ ᠶᠢᠨ ᠰᠢᠨ᠎ᠡ ᠵᠠᠮ ᠢᠶᠠᠷ ᠴᠢᠷᠮᠠᠶᠢᠨ ᠵᠠᠮᠨᠠᠨ᠎ᠠ᠃ | ᠨᠢᠭᠡ ᠳᠤ ᠳᠤᠲᠠᠮᠠᠭ ᠢᠶᠠᠨ ᠰᠠᠶᠢᠲᠤᠷ ᠨᠥᠬᠦᠪᠦᠷᠢᠯᠡᠨ᠂ ᠰᠠᠭᠤᠷᠢ ᠪᠠᠶᠢᠭᠤᠯᠤᠯᠲᠠ ᠶᠢ ᠴᠢᠩᠭᠠᠳᠬᠠᠨ᠎ᠠ᠃ ︽ᠵᠢᠷᠭᠤᠭ᠎ᠠ ᠶᠢ ᠴᠣᠭᠴᠠᠵᠢᠭᠤᠯᠬᠤ︾ ᠬᠥᠭᠵᠢᠯᠲᠡ ᠶᠢᠨ | ᠰᠡᠳᠬᠢᠴᠡ ᠶᠣᠰᠣᠭᠠᠷ ︽ᠣᠯᠠᠨ ᠲᠦᠮᠡᠨ ᠤ ᠬᠦᠰᠡᠯ ᠪᠣᠳᠣᠯ ᠢ ᠬᠦᠨᠳᠦᠳᠬᠡᠬᠦ᠂ ᠴᠢᠳᠠᠮᠵᠢ ᠶᠢ ᠴᠢᠬᠤᠯᠠᠴᠢᠯᠠᠨ ᠲᠡᠭᠦᠯᠳᠡᠷᠵᠢᠭᠦᠯᠬᠦ᠂ ᠮᠠᠯᠵᠢᠬᠤ ᠣᠷᠣᠨ ᠤ | ᠣᠨᠴᠠᠯᠢᠭ ᠰᠢᠨᠵᠢ ᠶᠢ ᠢᠯᠡᠷᠡᠭᠦᠯᠬᠦ᠂ ᠵᠣᠬᠢᠴᠠᠩᠭᠤᠢ ᠬᠠᠮᠵᠢᠯᠴᠠᠭ᠎ᠠ ᠶᠢ ᠴᠢᠩᠭᠠᠳᠬᠠᠬᠤ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠬᠤ︾ ᠵᠠᠷᠴᠢᠮ ᠢ ᠪᠠᠷᠢᠮᠲᠠᠯᠠᠵᠤ᠂ | ︽ᠠᠷᠪᠠ ᠶᠢ ᠪᠦᠷᠬᠦᠭᠦᠯᠬᠦ︾ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠠᠬᠢᠭᠤᠯᠤᠨ᠂ ᠠᠶᠢᠯ ᠲᠣᠰᠬᠤᠨ ᠤ ᠨᠣᠭᠤᠭᠠᠷᠠᠭᠤᠯᠤᠯᠲᠠ᠂ ᠭᠠᠴᠠᠭ᠎ᠠ ᠲᠣᠰᠬᠤᠨ ᠤ | ᠬᠠᠮᠲᠤ ᠶᠢᠨ ᠠᠵᠤ ᠠᠬᠤᠢ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ︽ᠭᠤᠷᠪᠠᠨ ᠪᠠᠶᠢᠭᠤᠯᠤᠯᠲᠠ︾ ᠶᠢ ᠵᠡᠷᠭᠡᠪᠡᠷ ᠰᠠᠶᠢᠨ ᠠᠳᠬᠤᠵᠤ᠂ ᠨᠥᠬᠦᠴᠡᠯ | ᠪᠣᠯᠣᠯᠴᠠᠭ᠎ᠠ ᠲᠠᠢ ᠭᠠᠵᠠᠷ ᠲᠤ ᠪᠠᠶᠢᠭᠠᠯᠢ ᠶᠢᠨ ᠰᠢᠲᠠᠮᠠᠬᠠᠢ ᠬᠡᠢ᠂ ᠨᠡᠶᠢᠲᠡ ᠶᠢᠨ ᠵᠣᠷᠯᠣᠩ᠂ ᠬᠤᠭ ᠨᠣᠪᠰᠢ ᠪᠤᠯᠠᠬᠤ᠂ ᠴᠢᠮᠡᠭᠡ ᠬᠤᠯᠪᠣᠭᠠᠨ ᠤ ᠰᠦᠯᠵᠢᠶ᠎ᠡ ᠵᠡᠷᠭᠡ | ᠠᠮᠢᠳᠤᠷᠠᠯ ᠤᠨ ᠲᠥᠬᠦᠭᠡᠷᠦᠮᠵᠢ ᠶᠢ ᠢᠵᠢ ᠪᠦᠷᠢᠳᠦᠭᠦᠯᠦᠨ᠎ᠡ᠃ ᠪᠦᠬᠦ ᠵᠢᠯ ᠳᠤ 2700 ᠡᠷᠦᠬᠡ ᠶᠢᠨ ᠨᠤᠷᠠᠬᠤ ᠠᠶᠤᠯ ᠲᠠᠢ ᠣᠷᠣᠨ ᠰᠠᠭᠤᠴᠠ ᠶᠢ ᠰᠢᠨᠡᠳᠬᠡᠵᠦ᠂ | ᠴᠡᠪᠡᠷ ᠠᠷᠢᠭᠤᠨ ᠤᠮᠳᠠ ᠤᠰᠤᠨ ᠤ ᠪᠠᠷᠢᠯᠭ᠎ᠠ ᠶᠢ 16 ᠪᠠᠶᠢᠭᠤᠯᠤᠨ᠂ 5987 ᠬᠥᠮᠥᠨ ᠤ ᠤᠮᠳᠠ ᠤᠰᠤᠨ ᠤ ᠠᠰᠠᠭᠤᠳᠠᠯ ᠢ ᠰᠢᠢᠳᠪᠦᠷᠢᠯᠡᠨ᠎ᠡ᠂ ᠵᠡᠭᠡᠯᠢ | ᠭᠤᠳᠤᠮᠵᠢ ᠶᠢ 83.9 ᠺᠢᠯᠤᠮᠧᠲᠷ ᠬᠠᠲᠠᠭᠤᠷᠠᠭᠤᠯᠵᠤ᠂ ᠭᠠᠵᠠᠷ ᠤᠨ ᠭᠠᠳᠠᠷᠭᠤ ᠪᠠᠷ ᠬᠦᠯᠢᠶᠡᠨ ᠦᠵᠡᠬᠦ ᠲᠣᠭᠠᠴᠢᠯᠠᠭᠰᠠᠨ ᠲᠧᠯᠸᠢᠰ ᠢ 4000 ᠡᠷᠦᠬᠡ ᠳᠤ | ᠰᠣᠨᠢᠷᠬᠠᠭᠤᠯᠤᠨ᠂ ᠬᠡᠦᠬᠡᠳ ᠤᠨ ᠴᠡᠴᠡᠷᠯᠢᠭ ᠢ 1᠂ ᠡᠷᠡᠭᠦᠯ ᠬᠠᠮᠠᠭᠠᠯᠠᠯ ᠤᠨ ᠲᠠᠰᠤᠭ ᠢ 13᠂ ᠰᠣᠶᠣᠯ ᠤᠨ ᠭᠡᠷ ᠢ 12᠂ ᠠᠷᠠᠳ ᠲᠤ ᠳᠥᠭᠦᠮ ᠴᠢᠯᠦᠭᠡᠲᠦ | ᠳᠡᠯᠭᠡᠭᠦᠷ ᠢ 10 ᠰᠢᠨ᠎ᠡ ᠪᠠᠷ ᠪᠠᠶᠢᠭᠤᠯᠤᠨ᠎ᠠ᠃ ᠤᠯᠠᠭᠠᠬᠤᠰᠤ ᠪᠣᠯᠣᠨ ᠪᠤᠷᠤᠲᠠᠯ᠎ᠠ ᠬᠤᠶᠠᠷ ᠭᠤᠣᠯᠳᠠᠯᠭᠠᠲᠤ ᠭᠠᠴᠠᠭ᠎ᠠ ᠲᠣᠰᠬᠤᠨ ᠤ ᠪᠠᠶᠢᠭᠤᠯᠤᠯᠲᠠ ᠶᠢ ᠥᠨᠳᠥᠷ | ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠰᠠᠶᠢᠲᠤᠷ ᠪᠠᠶᠢᠭᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠬᠤ ᠪᠠᠷ ᠳᠠᠮᠵᠢᠨ ᠡᠯ᠎ᠡ ᠲᠥᠷᠥᠯ ᠤᠨ ᠪᠠᠷᠢᠯᠭ᠎ᠠ ᠶᠢ | ᠠᠬᠢᠭᠤᠯᠤᠨ᠎ᠠ᠃ ᠡᠭᠦᠨ ᠤ ᠬᠠᠮᠲᠤ᠂ ︽ᠣᠷᠴᠢᠨ ᠲᠣᠭᠤᠷᠢᠨ ᠭᠤᠶᠣᠮᠰᠤᠭ᠂ ᠠᠵᠤ ᠦᠢᠯᠡᠰ ᠬᠦᠴᠦᠷᠬᠡᠭ᠂ ᠴᠢᠳᠠᠮᠵᠢ ᠪᠦᠷᠢᠨ᠂ ᠠᠮᠢᠳᠤᠷᠠᠯ ᠰᠠᠶᠢᠨ︾ ᠬᠠᠷᠠᠯᠲᠠ | ᠳᠤ ᠲᠣᠭᠤᠷᠢᠭᠤᠯᠤᠨ᠂ ᠰᠠᠶᠢᠬᠤᠰᠤ ᠰᠢᠨ᠎ᠡ ᠮᠠᠯᠵᠢᠬᠤ ᠣᠷᠣᠨ᠂ ᠮᠧᠩ ᠰᠢ ᠰᠢᠨ᠎ᠡ ᠲᠠᠷᠢᠶᠠᠯᠠᠬᠤ ᠣᠷᠣᠨ ᠬᠢᠭᠡᠳ ᠪᠣᠷᠣᠲᠠᠯ᠎ᠠ ᠲᠥᠪ ᠲᠣᠰᠬᠤᠨ ᠤ ᠪᠠᠶᠢᠭᠤᠯᠤᠯᠲᠠ | ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠰᠠᠶᠢᠬᠤᠰᠤ ᠡᠷᠴᠢᠮᠵᠢᠭᠦᠯᠦᠭᠰᠡᠨ ᠲᠡᠵᠢᠭᠡᠨ ᠦᠷᠡᠵᠢᠭᠦᠯᠬᠦ ᠬᠦᠷᠢᠶᠡᠯᠡᠩ ᠢ ᠥᠪᠡᠷᠲᠡᠭᠡᠨ ᠵᠠᠰᠠᠬᠤ ᠣᠷᠣᠨ ᠤ ᠲᠡᠰ | ᠤᠨ ᠮᠠᠯ ᠲᠠᠷᠢᠶᠠᠯᠠᠩ ᠤᠨ ᠠᠵᠤ ᠦᠢᠯᠡᠰᠴᠢᠯᠡᠯᠲᠡ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠪᠣᠯᠭᠠᠬᠤ ᠪᠠᠷ ᠴᠢᠷᠮᠠᠶᠢᠨ᠎ᠠ᠃ | ᠬᠤᠶᠠᠷ ᠲᠤ ᠪᠣᠳᠠᠲᠤ ᠦᠷ᠎ᠡ ᠠᠰᠢᠭ ᠢ ᠴᠢᠬᠤᠯᠠᠴᠢᠯᠠᠵᠤ᠂ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠰᠤ᠂ ᠴᠠᠬᠢᠯᠭᠠᠨ᠂ ᠡᠪᠡᠰᠦ | ᠪᠡᠯᠴᠢᠭᠡᠷ᠂ ᠬᠤᠷᠤᠭ᠎ᠠ ᠰᠠᠷᠠᠪᠴᠢ ᠵᠡᠷᠭᠡ ᠮᠠᠯ ᠠᠵᠤ ᠠᠬᠤᠢ ᠶᠢᠨ ᠲᠥᠬᠦᠭᠡᠷᠦᠮᠵᠢ ᠶᠢᠨ ᠪᠠᠶᠢᠭᠤᠯᠤᠯᠲᠠ ᠶᠢ ᠭᠤᠣᠯᠳᠠᠯᠭ᠎ᠠ ᠲᠠᠢ ᠴᠢᠩᠭᠠᠳᠬᠠᠵᠤ᠂ ᠴᠢ ᠫᠠᠨ ᠵᠢᠩ | ᠪᠠᠯᠭᠠᠰᠤᠨ ᠤ ᠡᠮᠦᠨ᠎ᠡ ᠬᠡᠰᠡᠭ᠂ ᠰᠦᠮᠡᠲᠦ᠂ ᠰᠦᠵᠢ᠂ ᠪᠠᠶᠠᠨᠲᠤᠯᠤᠭᠠᠢ᠂ ᠰᠠᠶᠢᠬᠤᠰᠤ 5 ᠴᠠᠬᠢᠯᠭᠠᠨ ᠬᠤᠪᠢᠰᠬᠠᠭᠤᠷ ᠤᠨ ᠪᠠᠷᠢᠯᠭ᠎ᠠ ᠶᠢ ᠴᠢᠷᠮᠠᠶᠢᠨ ᠣᠯᠵᠤ᠂ | ᠴᠠᠬᠢᠯᠭᠠᠨ ᠬᠡᠯᠬᠢᠶ᠎ᠡ ᠶᠢ 1116 ᠺᠢᠯᠤᠮᠧᠲᠷ ᠲᠠᠲᠠᠵᠤ᠂ 1135 ᠬᠦᠴᠦᠳᠡᠯ ᠥᠭᠡᠷᠡᠴᠢᠯᠡᠭᠴᠢ ᠶᠢ ᠰᠢᠨᠡᠳᠬᠡᠨ ᠥᠭᠡᠷᠡᠴᠢᠯᠡᠵᠦ᠂ ᠬᠡᠰᠡᠭ ᠵᠠᠷᠢᠮ ᠪᠣᠶᠢᠳᠠ | ᠪᠥᠭᠯᠡᠭᠦᠦ ᠭᠠᠵᠠᠷ ᠲᠤ ᠰᠠᠯᠬᠢ ᠨᠠᠷᠠᠨ ᠤ ᠡᠨᠧᠷᠭᠢ ᠶᠢ ᠬᠠᠷᠢᠯᠴᠠᠨ ᠨᠥᠬᠦᠪᠦᠷᠢᠯᠡᠬᠦ ᠶᠢ ᠭᠠᠷᠭᠠᠪᠠᠯ ᠪᠤᠰᠤᠳ ᠭᠠᠵᠠᠷ ᠲᠤ ᠴᠥᠮ ᠲᠣᠣᠷ ᠤᠨ ᠴᠠᠬᠢᠯᠭᠠᠨ ᠢ | ᠪᠡᠶᠡᠯᠡᠭᠦᠯᠦᠨ᠎ᠡ᠃ ᠤᠰᠤ ᠠᠷᠪᠢᠯᠠᠨ ᠤᠰᠤᠯᠠᠬᠤ ᠪᠠᠶᠢᠭᠤᠯᠤᠯᠲᠠ ᠶᠢ ᠲᠦᠷᠭᠡᠳᠬᠡᠨ ᠬᠡᠷᠡᠭᠵᠢᠭᠦᠯᠵᠦ᠂ ᠤᠰᠤ ᠠᠷᠪᠢᠯᠠᠨ ᠤᠰᠤᠯᠠᠬᠤ ᠲᠠᠯᠠᠪᠠᠢ ᠶᠢ ᠰᠢᠨ᠎ᠡ ᠪᠠᠷ 13 | ᠲᠦᠮᠡᠨ ᠮᠤ᠋ ᠨᠡᠮᠡᠭᠳᠡᠭᠦᠯᠦᠨ᠎ᠡ᠃ ᠪᠦᠬᠦ ᠬᠤᠰᠢᠭᠤᠨ ᠤ ᠲᠠᠷᠢᠮᠠᠯ ᠪᠡᠯᠴᠢᠭᠡᠷ ᠤᠨ ᠪᠠᠶᠢᠭᠤᠯᠤᠯᠲᠠ ᠶᠢᠨ ᠰᠠᠨᠠᠯ ᠢ ᠴᠢᠩᠭ᠎ᠠ ᠬᠡᠷᠡᠭᠵᠢᠭᠦᠯᠵᠦ᠂ ︽ᠵᠠᠰᠠᠭ ᠤᠨ ᠣᠷᠳᠣᠨ | ᠠᠴᠠ ᠵᠠᠷᠢᠮ ᠡᠪᠡᠰᠦᠨ ᠤ ᠦᠷ᠎ᠡ ᠳᠤ ᠨᠥᠬᠦᠪᠦᠷᠢ ᠥᠭᠬᠦ᠂ ᠬᠡᠪᠴᠢᠶ᠎ᠡ ᠶᠢ ᠵᠣᠬᠢᠰᠲᠠᠢ ᠬᠢᠵᠠᠭᠠᠷᠯᠠᠬᠤ᠂ ᠪᠠᠶᠢᠭᠤᠯᠤᠯᠲᠠ ᠶᠢᠨ ᠦᠷ᠎ᠡ ᠠᠰᠢᠭ ᠢ ᠨᠡᠮᠡᠭᠳᠡᠭᠦᠯᠬᠦ︾ | ᠵᠠᠷᠴᠢᠮ ᠶᠣᠰᠣᠭᠠᠷ ᠭᠡᠷᠡᠯ᠂ ᠢᠯᠴᠢ᠂ ᠤᠰᠤ ᠡᠯᠪᠡᠭ ᠭᠠᠵᠠᠷ ᠣᠷᠣᠨ ᠳᠤ ᠪᠣᠷᠤ ᠴᠠᠷᠭᠠᠰᠤ ᠵᠡᠷᠭᠡ ᠣᠯᠠᠨ ᠨᠠᠰᠤᠲᠤ ᠴᠢᠨᠠᠷ ᠰᠠᠶᠢᠲᠠᠢ ᠲᠡᠵᠢᠭᠡᠯ ᠡᠪᠡᠰᠦ ᠲᠠᠷᠢᠬᠤ | ᠬᠡᠪᠴᠢᠶ᠎ᠡ ᠶᠢ ᠶᠡᠬᠡᠰᠬᠡᠵᠦ᠂ ᠪᠣᠷᠣ ᠴᠠᠷᠭᠠᠰᠣ ᠲᠠᠷᠢᠬᠤ ᠲᠠᠯᠠᠪᠠᠢ ᠶᠢ 1 ᠲᠦᠮᠡᠨ ᠮᠤ᠋ ᠰᠢᠨ᠎ᠡ ᠪᠠᠷ ᠨᠡᠮᠡᠭᠳᠡᠭᠦᠯᠦᠨ᠂ ᠠᠵᠤ ᠠᠬᠤᠶᠢᠯᠠᠯ ᠤᠨ ᠬᠢᠨ ᠡᠪᠡᠰᠦ ᠲᠠᠷᠢᠵᠤ | ᠪᠠᠶᠢᠭᠰᠠᠨ ᠢ ᠮᠠᠯᠴᠢᠨ ᠲᠠᠷᠢᠶᠠᠴᠢᠳ ᠡᠪᠡᠰᠦ ᠲᠠᠷᠢᠬᠤ ᠪᠣᠯᠭᠠᠨ ᠠᠯᠭᠤᠷ ᠠᠭᠠᠵᠢᠮ ᠢᠶᠠᠷ ᠬᠤᠪᠢᠷᠠᠭᠤᠯᠵᠤ᠂ ᠬᠤᠰᠢᠭᠤᠨ ᠤ ᠳᠣᠲᠣᠷ᠎ᠠ ᠪᠠᠨ ᠲᠡᠵᠢᠭᠡᠯ ᠡᠪᠡᠰᠦ | ᠪᠣᠷᠳᠤᠭ᠎ᠠ ᠪᠠᠨ ᠥᠪᠡᠰᠦᠪᠡᠨ ᠬᠠᠩᠭᠠᠬᠤ ᠶᠢ ᠲᠦᠷᠭᠡᠨ ᠪᠡᠶᠡᠯᠡᠭᠦᠯᠦᠨ᠎ᠡ᠃ ᠲᠥᠷᠥᠯ ᠵᠦᠢᠯ ᠤᠨ ᠨᠥᠬᠦᠪᠦᠷᠢ ᠪᠠ ᠮᠠᠯᠴᠢᠨ ᠲᠠᠷᠢᠶᠠᠴᠢᠳ ᠥᠪᠡᠰᠦᠪᠡᠨ ᠪᠡᠯᠡ | ᠴᠤᠭᠯᠠᠭᠤᠯᠬᠤ ᠬᠡᠯᠪᠡᠷᠢ ᠪᠠᠷ ᠲᠥᠯᠥᠪᠵᠢᠭᠦᠯᠭᠡ ᠶᠢᠨ ᠮᠡᠷᠭᠡᠵᠢᠯ ᠤᠨ ᠵᠢᠯᠣᠭᠤᠳᠤᠯᠭ᠎ᠠ ᠶᠢ ᠴᠢᠩᠭᠠᠳᠬᠠᠵᠤ᠂ ᠪᠠᠷᠢᠮᠵᠢᠶᠠᠵᠢᠭᠰᠠᠨ ᠬᠤᠷᠤᠭ᠎ᠠ ᠰᠠᠷᠠᠪᠴᠢ ᠶᠢ ᠰᠢᠨ᠎ᠡ ᠪᠠᠷ | 1000 ᠪᠠᠶᠢᠭᠤᠯᠬᠤ ᠪᠠᠷ ᠴᠢᠷᠮᠠᠶᠢᠨ᠎ᠠ᠃ ᠭᠠᠷ ᠬᠡᠭᠡᠯᠲᠦᠭᠦᠯᠭᠡ ᠬᠢᠬᠦ᠂ ᠡᠭᠦᠯᠳᠡᠷ ᠰᠠᠶᠢᠵᠢᠷᠠᠭᠤᠯᠬᠤ᠂ ᠰᠢᠨᠵᠢᠯᠡᠬᠦ ᠤᠬᠠᠭᠠᠨᠴᠢ ᠪᠠᠷ ᠠᠷᠠᠴᠢᠯᠠᠨ ᠲᠡᠵᠢᠭᠡᠬᠦ᠂ | ᠬᠥᠷᠥᠰᠥ ᠰᠢᠷᠣᠢ ᠳᠤ ᠪᠠᠶᠢᠴᠠᠭᠠᠯᠲᠠ ᠬᠢᠬᠦ᠂ ᠵᠠᠬ᠎ᠠ ᠳᠡᠯᠭᠡᠭᠦᠷ ᠢᠶᠠᠷ ᠡᠵᠡᠩᠨᠡᠨ ᠪᠣᠷᠣᠯᠠᠭᠤᠯᠬᠤ ᠵᠡᠷᠭᠡ ᠲᠠᠯ᠎ᠠ ᠶᠢᠨ ᠮᠡᠷᠭᠡᠵᠢᠯ ᠤᠨ ᠵᠢᠯᠣᠭᠤᠳᠤᠯᠭ᠎ᠠ ᠶᠢ ᠶᠡᠬᠡᠪᠡᠷ | ᠥᠷᠨᠢᠭᠦᠯᠦᠨ᠂ ᠰᠠᠭᠤᠷᠢ ᠴᠢᠨᠠᠷᠲᠤ ᠲᠠᠷᠢᠶᠠᠯᠠᠩ ᠤᠨ ᠮᠠᠰᠢᠨ ᠲᠥᠬᠦᠭᠡᠷᠦᠮᠵᠢ ᠶᠢ 200 ᠠᠴᠠ ᠳᠡᠭᠡᠭᠰᠢ ᠲᠣᠬᠢᠷᠠᠭᠤᠯᠤᠨ ᠬᠡᠷᠡᠭᠯᠡᠭᠦᠯᠦᠨ᠎ᠡ᠃ ᠬᠢᠵᠢᠭ ᠰᠡᠷᠭᠡᠶᠢᠯᠡᠬᠦ | ᠲᠣᠭᠲᠠᠯᠴᠠᠭ᠎ᠠ ᠶᠢᠨ ᠪᠠᠶᠢᠭᠤᠯᠤᠯᠲᠠ ᠪᠠ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠠᠵᠢᠯ ᠢ ᠳᠣᠪᠣᠶᠢᠯᠭᠠᠨ ᠠᠳᠬᠤᠵᠤ᠂ ᠥᠨᠥ ᠵᠢᠯ ᠮᠠᠯ ᠤᠨ ᠡᠮᠴᠢ ᠪᠠ | ᠬᠢᠵᠢᠭ ᠰᠡᠷᠭᠡᠶᠢᠯᠡᠭᠴᠢ 80 ᠬᠥᠮᠥᠨ ᠳᠤ ᠪᠣᠯᠪᠠᠰᠤᠷᠠᠭᠤᠯᠤᠯ ᠬᠦᠷᠲᠡᠭᠡᠨ᠂ ᠭᠤᠷᠪᠠᠨ ᠵᠢᠯ ᠳᠤ 240 ᠠᠴᠠ ᠳᠡᠭᠡᠭᠰᠢ ᠬᠥᠮᠥᠨ ᠳᠤ ᠪᠣᠯᠪᠠᠰᠤᠷᠠᠭᠤᠯᠤᠯ ᠬᠦᠷᠲᠡᠭᠡᠬᠦ | ᠪᠠᠷ ᠴᠢᠷᠮᠠᠶᠢᠵᠤ᠂ ᠭᠠᠴᠠᠭ᠎ᠠ ᠲᠣᠰᠬᠤᠨ ᠪᠦᠷᠢ ᠳᠤ 3 ᠠᠴᠠ ᠳᠡᠭᠡᠭᠰᠢᠬᠢ ᠮᠠᠯ ᠤᠨ ᠡᠮᠴᠢ ᠪᠠ ᠬᠢᠵᠢᠭ ᠰᠡᠷᠭᠡᠶᠢᠯᠡᠭᠴᠢ ᠲᠣᠬᠢᠷᠠᠭᠤᠯᠬᠤ ᠶᠢ ᠪᠠᠲᠤᠯᠠᠨ᠎ᠠ᠃ | ᠭᠤᠷᠪᠠ ᠳᠤ ᠲᠤᠬᠠᠢ ᠶᠢᠨ ᠭᠠᠵᠠᠷ ᠲᠤᠨᠢ ᠲᠣᠬᠢᠷᠠᠭᠤᠯᠵᠤ᠂ ᠬᠥᠭᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ᠎ᠠ᠃ ᠪᠣᠬᠢᠷᠲᠤᠯ ᠦᠭᠡᠢ ᠲᠡᠮᠳᠡᠭᠲᠦ ᠶᠢ | ᠡᠭᠦᠳᠴᠦ᠂ ᠨᠡᠷᠡᠲᠦ ᠲᠡᠮᠲᠡᠭᠵᠢᠭᠦᠯᠬᠦ ᠵᠠᠮ ᠢᠶᠠᠷ ᠵᠠᠮᠨᠠᠨ᠂ ᠠᠮᠢ ᠠᠬᠤᠢ ᠶᠢᠨ ᠦᠷ᠎ᠡ ᠠᠰᠢᠭᠲᠤ ᠪᠡᠯᠴᠢᠭᠡᠷ ᠤᠨ ᠮᠠᠯ ᠠᠵᠤ ᠠᠬᠤᠢ ᠶᠢ ᠶᠡᠭᠡ ᠪᠠᠷ ᠬᠥᠭᠵᠢᠭᠦᠯᠦᠨ᠎ᠡ᠃ | ᠠᠷᠪᠠᠰ ᠤᠨ ᠴᠠᠭᠠᠨ ᠨᠤᠯᠤᠤᠷ ᠤᠨ ᠢᠮᠠᠭᠠᠨ ᠤ ᠡᠭᠦᠯᠳᠡᠷ ᠤᠭᠰᠠᠭ᠎ᠠ ᠶᠢᠨ ᠭᠤᠣᠯ ᠰᠦᠷᠦᠭ ᠢ ᠬᠠᠮᠠᠭᠠᠯᠠᠬᠤ ᠬᠡᠪᠴᠢᠶᠡᠵᠢᠯ ᠢ ᠥᠷᠭᠡᠳᠬᠡᠵᠦ᠂ ᠡᠭᠦᠯᠳᠡᠷ ᠰᠣᠩᠭᠤᠬᠤ | ᠂ ᠡᠭᠦᠯᠳᠡᠷ ᠪᠣᠶᠢᠵᠢᠭᠤᠯᠬᠤ ᠪᠠ ᠡᠭᠦᠯᠳᠡᠷ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠂ ︽1436︾ ᠳᠡᠯᠡᠬᠡᠢ ᠶᠢᠨ ᠲᠡᠰ ᠤᠨ ᠬᠠᠮᠤᠭ ᠰᠠᠶᠢᠨ ᠨᠣᠯᠤᠤᠷ ᠤᠨ | ᠢᠮᠠᠭ᠎ᠠ ᠪᠣᠶᠢᠵᠢᠭᠤᠯᠬᠤ ᠰᠠᠭᠤᠷᠢᠨ ᠭᠠᠵᠠᠷ ᠢ ᠪᠠᠶᠢᠭᠤᠯᠵᠤ᠂ ᠲᠢᠶᠠᠨ ᠲᠠᠢ ᠸᠠᠨ ᠰᠢᠨ ᠺᠣᠮᠫᠠᠨᠢ ᠶᠢᠨ ᠰᠧᠯᠧᠨ ᠡᠯᠪᠡᠭ ᠠᠭᠤᠯᠤᠭᠳᠠᠬᠤ ᠢᠮᠠᠭᠠᠨ ᠮᠢᠬ᠎ᠠ᠂ ᠡᠵᠡᠨ | ᠬᠠᠭᠠᠨ ᠺᠣᠮᠫᠠᠨᠢ ᠶᠢᠨ ᠰᠤᠷᠮᠣ ᠦᠭᠡᠢ ᠨᠣᠯᠣᠣᠷ ᠤᠨ ᠮᠡᠷᠭᠡᠵᠢᠯ ᠤᠨ ᠰᠢᠨᠡᠴᠢᠯᠡᠯᠲᠡ ᠵᠡᠷᠭᠡ ᠲᠥᠷᠥᠯ ᠵᠦᠢᠯ ᠢ ᠰᠠᠶᠢᠲᠤᠷ ᠠᠳᠬᠤᠨ᠂ ︽ᠣᠲᠤᠭ ᠤᠨ ᠠᠷᠪᠠᠰ ᠤᠨ | ᠢᠮᠠᠭᠠᠨ ᠮᠢᠬ᠎ᠠ︾ ᠮᠠᠯ ᠤᠨ ᠠᠰᠢᠭ ᠰᠢᠮ᠎ᠡ ᠶᠢᠨ ᠭᠠᠵᠠᠷ ᠣᠷᠣᠨ ᠤ ᠪᠡᠯᠭᠡ ᠲᠡᠮᠳᠡᠭ ᠢ ᠰᠠᠶᠢᠲᠤᠷ ᠡᠷᠬᠢᠯᠡᠵᠦ᠂ ᠳᠡᠭᠡᠳᠦ ᠲᠡᠰ ᠤᠨ ᠵᠠᠬ᠎ᠠ ᠳᠡᠯᠭᠡᠭᠦᠷ ᠢ ᠨᠡᠭᠡᠭᠡᠵᠦ᠂ | ᠰᠢᠯᠢᠳᠡᠭ ᠴᠢᠨᠠᠷ ᠥᠨᠳᠥᠷ ᠦᠨ᠎ᠡ ᠶᠢ ᠪᠡᠶᠡᠯᠡᠭᠦᠯᠦᠨ᠎ᠡ᠃ ᠲᠤᠬᠠᠢ ᠶᠢᠨ ᠭᠠᠵᠠᠷ ᠲᠠᠭᠠᠨ ᠲᠣᠬᠢᠷᠠᠭᠤᠯᠤᠨ ᠠᠵᠤ ᠦᠢᠯᠡᠰ ᠤᠨ ᠪᠠᠶᠢᠭᠤᠯᠤᠯᠲᠠ ᠶᠢ ᠠᠬᠢᠭᠤᠯᠵᠤ᠂ | ᠬᠤᠶᠢᠨ᠎ᠠ ᠬᠡᠰᠡᠭ ᠤᠨ ᠬᠠᠬᠢᠷ ᠰᠢᠯᠢ ᠭᠠᠵᠠᠷ ᠰᠢᠨᠵᠢᠯᠡᠬᠦ ᠤᠬᠠᠭᠠᠨᠴᠢ ᠪᠠᠷ ᠠᠷᠠᠴᠢᠯᠠᠨ ᠲᠡᠵᠢᠭᠡᠬᠦ ᠲᠦᠪᠰᠢᠨ ᠬᠢᠭᠡᠳ ᠨᠤᠲᠤᠭ ᠪᠡᠯᠴᠢᠭᠡᠷ ᠢ ᠶᠡᠷᠦᠩᠬᠡᠶᠢᠯᠡᠨ | ᠠᠰᠢᠭᠯᠠᠬᠤ ᠨᠤᠷᠮ᠎ᠠ ᠪᠠᠨ ᠳᠡᠭᠡᠭᠰᠢᠯᠡᠭᠦᠯᠦᠨ᠎ᠡ︔ ᠡᠮᠦᠨ᠎ᠡ ᠬᠡᠰᠡᠭ ᠤᠨ ᠡᠯᠡᠰᠦᠷᠬᠡᠭ ᠭᠠᠵᠠᠷ ᠲᠤᠬᠠᠢ ᠶᠢᠨ ᠭᠠᠵᠠᠷ ᠲᠠᠭᠠᠨ ᠲᠣᠬᠢᠷᠠᠭᠤᠯᠵᠤ ᠢᠳᠡᠰᠢᠨ ᠦᠬᠡᠷ ᠬᠤᠨᠢ᠂ | ᠣᠨᠴᠠᠯᠢᠭᠲᠤ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠵᠦ᠂ ᠦᠢᠯᠡᠳᠪᠦᠷᠢᠯᠡᠯ ᠪᠣᠯᠪᠠᠰᠤᠷᠠᠭᠤᠯᠤᠯᠲᠠ ᠶᠢ ᠪᠠᠷᠢᠮᠵᠢᠶᠠᠵᠢᠭᠤᠯᠤᠨ ᠨᠠᠷᠢᠯᠢᠭᠵᠢᠭᠤᠯᠵᠤ᠂ | ᠦᠢᠯᠡᠳᠬᠦᠨ ᠤ ᠨᠡᠮᠡᠯᠲᠡ ᠥᠷᠲᠡᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠪᠠ ᠲᠠᠷᠢᠶᠠᠨ ᠭᠠᠵᠠᠷ ᠤᠨ ᠶᠡᠷᠦᠩᠬᠡᠶᠢᠯᠡᠨ | ᠦᠢᠯᠡᠳᠪᠦᠷᠢᠯᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠠᠮᠤ ᠪᠤᠳᠠᠭ᠎ᠠ ᠬᠤᠳᠠᠯᠳᠤᠨ ᠠᠪᠴᠤ ᠪᠣᠷᠣᠯᠠᠭᠤᠯᠬᠤ ᠶᠢ ᠨᠢᠭᠡᠳᠦᠯᠲᠡᠢ ᠲᠥᠯᠥᠪᠯᠡᠨ ᠰᠠᠶᠢᠲᠤᠷ | ᠠᠳᠬᠤᠵᠤ᠂ ᠠᠮᠤ ᠪᠤᠳᠠᠭ᠎ᠠ ᠲᠠᠷᠢᠬᠤ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠦᠨ᠂ ᠭᠠᠵᠠᠷ ᠣᠷᠣᠨ ᠤ ᠠᠮᠤ ᠪᠤᠳᠠᠭᠠᠨ ᠤ ᠠᠶᠤᠯ ᠦᠭᠡᠢ ᠶᠢ ᠪᠠᠲᠤᠯᠠᠨ᠎ᠠ | ᠃ ᠡᠭᠦᠨ ᠤ ᠬᠠᠮᠲᠤ᠂ ᠲᠣᠯᠣᠭᠠᠶᠢᠯᠠᠭᠴᠢ ᠠᠵᠤ ᠠᠬᠤᠶᠢᠯᠠᠯ ᠢ ᠮᠠᠯᠴᠢᠨ ᠲᠠᠷᠢᠶᠠᠴᠢᠳ ᠤᠨ ᠠᠰᠢᠭ ᠲᠤᠰᠠ ᠲᠠᠢ ᠵᠠᠯᠭᠠᠯᠳᠤᠭᠤᠯᠬᠤ ᠲᠣᠭᠲᠠᠴᠠ ᠶᠢ ᠪᠠᠶᠢᠭᠤᠯᠵᠤ᠂ | ᠲᠤᠰᠬᠠᠢ ᠬᠤᠷᠰᠢᠶ᠎ᠠ ᠶᠢ ᠵᠢᠷᠤᠮᠵᠢᠭᠤᠯᠵᠤ ᠬᠥᠭᠵᠢᠭᠦᠯᠦᠨ᠂ ᠦᠢᠯᠡᠳᠪᠦᠷᠢᠯᠡᠯ ᠪᠣᠷᠣᠯᠠᠭᠤᠯᠤᠯᠲᠠ ᠶᠢ ᠵᠠᠯᠭᠠᠯᠳᠤᠭᠤᠯᠬᠤ ᠲᠦᠪᠰᠢᠨ ᠢᠶᠠᠨ ᠳᠡᠭᠡᠭᠰᠢᠯᠡᠭᠦᠯᠵᠦ᠂ ᠮᠠᠯᠴᠢᠨ | ᠲᠠᠷᠢᠶᠠᠴᠢᠨ ᠤ ᠣᠷᠣᠯᠭ᠎ᠠ ᠶᠢᠨ ᠲᠣᠭᠲᠠᠭᠤᠨ ᠨᠡᠮᠡᠭᠳᠡᠯ ᠢ ᠠᠬᠢᠭᠤᠯᠵᠤ᠂ ᠪᠣᠬᠢᠷᠲᠤᠯ ᠦᠭᠡᠢ ᠪᠠᠷ ᠳᠡᠭᠡᠳᠦ ᠲᠡᠰᠵᠢᠬᠦᠯᠬᠦ᠂ ᠶᠠᠰᠤ ᠴᠢᠨᠠᠷ ᠢᠶᠠᠷ ᠲᠡᠷᠢᠭᠦᠯᠡᠬᠦ᠂ ᠨᠡᠷᠡᠲᠦ | ᠲᠡᠮᠳᠡᠭ ᠢᠶᠠᠷ ᠣᠷᠣᠯᠭ᠎ᠠ ᠨᠡᠮᠡᠭᠳᠡᠭᠦᠯᠬᠦ᠂ ᠣᠳᠣᠬᠢᠴᠢᠯᠠᠭᠰᠠᠨ ᠴᠢᠭᠯᠡᠯ ᠲᠡᠰᠢ ᠬᠥᠭᠵᠢᠭᠦᠯᠬᠦ ᠪᠠᠷ ᠴᠢᠷᠮᠠᠶᠢᠨ᠎ᠠ᠃ | ᠳᠥᠷᠪᠡ ᠳᠤ ᠠᠮᠢ ᠠᠬᠤᠢ ᠶᠢ ᠰᠠᠶᠢᠵᠢᠷᠠᠭᠤᠯᠵᠤ᠂ ᠬᠥᠭᠵᠢᠯᠲᠡ ᠶᠢᠨ ᠣᠷᠴᠢᠨ ᠠᠬᠤᠢ ᠶᠢ ᠰᠢᠯᠢᠳᠡᠭᠵᠢᠭᠦᠯᠦᠨ᠎ᠡ᠃ ︽ᠠᠷᠪᠠᠨ ᠵᠢᠯ ᠳᠤ ᠶᠢᠰᠦᠨ ᠵᠢᠯ ᠨᠢ | ᠭᠠᠩ ᠲᠠᠢ︾ ᠪᠠᠶᠢᠬᠤ ᠪᠠᠶᠢᠷᠢᠰᠢᠯ ᠤᠨ ᠨᠥᠬᠦᠴᠡᠯ ᠢᠶᠠᠨ ᠪᠠᠲᠤ ᠴᠡᠭᠡᠵᠢᠯᠡᠵᠦ᠂ ᠮᠠᠯᠴᠢᠨ ᠲᠠᠷᠢᠶᠠᠴᠢᠳ ᠤᠨ ᠨᠤᠲᠤᠭ ᠪᠡᠯᠴᠢᠭᠡᠷ ᠢᠶᠠᠨ ᠬᠠᠮᠠᠭᠠᠯᠠᠬᠤ ᠲᠠᠨᠢᠯᠲᠠ ᠶᠢ | ᠳᠡᠭᠡᠭᠰᠢᠯᠡᠭᠦᠯᠵᠦ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ︽ᠭᠤᠷᠪᠠᠨ ᠣᠷᠣᠨ︾ ᠤ ᠬᠥᠭᠵᠢᠭᠦᠯᠦᠯᠲᠡ ᠶᠢᠨ | ᠲᠥᠯᠥᠪᠵᠢᠭᠦᠯᠭᠡ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠲᠥᠷᠥ ᠶᠢᠨ ᠪᠣᠳᠣᠯᠭ᠎ᠠ ᠶᠢ ᠴᠢᠩᠭ᠎ᠠ | ᠬᠡᠷᠡᠭᠵᠢᠭᠦᠯᠵᠦ᠂ ᠬᠠᠤᠯᠢ ᠪᠤᠰᠤ ᠪᠠᠷ ᠠᠲᠠᠷ ᠬᠠᠭᠠᠯᠪᠤᠷᠢᠯᠠᠬᠤ ᠶᠢ ᠡᠷᠡᠰ ᠬᠤᠷᠢᠭᠯᠠᠨ᠂ ᠪᠡᠯᠴᠢᠭᠡᠷ ᠤᠨ ᠠᠮᠤᠷᠵᠢᠨ ᠲᠡᠩᠬᠡᠷᠡᠬᠦ ᠶᠢ ᠠᠬᠢᠭᠤᠯᠤᠨ᠎ᠠ᠃ ᠠᠮᠢ ᠠᠬᠤᠢ ᠶᠢᠨ | ᠪᠠᠶᠢᠭᠤᠯᠤᠯᠲᠠ ᠶᠢ ᠦᠨᠡᠨ ᠬᠦ ᠴᠢᠩᠭᠠᠳᠬᠠᠨ᠎ᠠ᠂ ᠨᠢᠭᠡ ᠲᠠᠯ᠎ᠠ ᠪᠠᠷ᠂ ︽ᠬᠠᠷᠭᠠᠨ᠎ᠠ ᠲᠠᠷᠢᠬᠤ ᠪᠠᠶᠢᠯᠲᠤᠬᠤ ᠪᠣᠳᠣᠯᠭ᠎ᠠ︾ ᠶᠢ ᠬᠡᠷᠡᠭᠵᠢᠭᠦᠯᠵᠦ᠂ ᠠᠮᠢ ᠠᠬᠤᠢ ᠶᠢᠨ | ᠪᠠᠶᠢᠭᠤᠯᠤᠯᠲᠠ ᠶᠢᠨ ᠱᠠᠩᠨᠠᠨ ᠬᠥᠬᠢᠭᠦᠯᠬᠦ ᠠᠷᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ 10 ᠲᠦᠮᠡᠨ ᠮᠤ᠋ ᠠᠴᠠ ᠳᠡᠭᠡᠭᠰᠢ ᠬᠠᠷᠭᠠᠨ᠎ᠠ ᠲᠠᠷᠢᠵᠤ᠂ ᠠᠷᠪᠠᠰ ᠰᠤᠮᠤ | ᠪᠣᠯᠣᠨ ᠦᠮᠡᠬᠡᠶᠢᠨᠠᠭᠤᠷ ᠪᠠᠯᠭᠠᠰᠤᠨ ᠤ 8 ᠲᠦᠮᠡᠨ ᠮᠦ ᠡᠪᠡᠰᠦ ᠪᠡᠯᠴᠢᠭᠡᠷ ᠢ ᠰᠠᠶᠢᠵᠢᠷᠠᠭᠤᠯᠬᠤ ᠲᠤᠷᠰᠢᠯᠲᠠ ᠶᠢᠨ ᠴᠡᠭ ᠤᠨ ᠠᠵᠢᠯ ᠢ ᠲᠣᠪᠣᠶᠢᠯᠭᠠᠨ ᠰᠠᠶᠢᠲᠤᠷ | ᠠᠳᠬᠤᠨ᠎ᠠ᠃ ᠨᠥᠭᠦᠭᠡ ᠲᠠᠯ᠎ᠠ ᠪᠠᠷ᠂ ︽ᠣᠶᠢᠷ᠎ᠠ ᠬᠠᠪᠢ ᠶᠢᠨ ᠣᠷᠴᠢᠨ ᠲᠣᠭᠤᠷᠢᠨ ᠢᠶᠠᠨ ᠨᠣᠭᠤᠭᠠᠷᠠᠭᠤᠯᠬᠤ︾ ᠢᠨᠵᠧᠨᠧᠷᠢᠩ ᠢ ᠬᠡᠷᠡᠭᠵᠢᠭᠦᠯᠵᠦ᠂ ᠬᠥᠳᠡᠭᠡ | ᠲᠣᠰᠬᠤᠨ᠂ ᠭᠠᠷᠬᠤ ᠵᠠᠮ᠂ ᠵᠠᠰᠠᠮᠠᠯ ᠵᠠᠮ ᠳᠠᠭᠠᠤ᠂ ᠵᠤᠭᠠᠴᠠᠯ ᠦᠵᠡᠮᠵᠢ ᠶᠢᠨ ᠣᠷᠣᠨ᠂ ᠬᠦᠷᠢᠶᠡᠯᠡᠩ ᠠᠵᠤ ᠦᠢᠯᠡᠳᠪᠦᠷᠢ ᠶᠢᠨ ᠲᠣᠭᠤᠷᠢᠭ ᠵᠡᠷᠭᠡ ᠭᠤᠣᠯᠳᠠᠯᠭᠠᠳᠤ | ᠣᠷᠣᠨ ᠤ ᠨᠣᠭᠤᠭᠠᠷᠠᠭᠤᠯᠤᠯᠲᠠ ᠶᠢᠨ ᠠᠵᠢᠯ ᠢ ᠰᠠᠶᠢᠲᠤᠷ ᠠᠳᠬᠤᠨ᠂ ᠪᠡᠭᠡᠵᠢᠩ ᠲᠢᠶᠠᠨᠵᠢᠨ ᠤ ᠰᠠᠯᠬᠢᠨ ᠤ ᠡᠬᠢ ᠡᠭᠦᠰᠦᠯ ᠢ ᠵᠠᠰᠠᠬᠤ᠂ ᠪᠠᠶᠢᠭᠠᠯᠢ ᠶᠢᠨ ᠤᠢ ᠶᠢ | ᠬᠠᠮᠠᠭᠠᠯᠠᠬᠤ ᠵᠡᠷᠭᠡ ᠠᠮᠢ ᠠᠬᠤᠢ ᠶᠢᠨ ᠢᠨᠵᠧᠨᠧᠷᠢᠩ ᠢ ᠠᠬᠢᠭᠤᠯᠵᠤ᠂ ᠭᠠᠴᠠᠭ᠎ᠠ ᠲᠣᠰᠬᠤᠨ ᠤ ᠨᠤᠭᠤᠷᠠᠭᠤᠯᠬᠤ ᠲᠠᠯᠠᠪᠠᠢ ᠶᠢ 200 ᠲᠦᠮᠡᠨ ᠲᠡᠭᠰᠢ ᠳᠥᠷᠪᠡᠯᠵᠢᠨ | ᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠤᠢ ᠰᠢᠭᠤᠢ ᠶᠢᠨ ᠠᠮᠢ ᠠᠬᠤᠢ ᠶᠢᠨ ᠪᠠᠶᠢᠭᠤᠯᠤᠯᠲᠠ ᠶᠢ 20 ᠲᠦᠮᠡᠨ ᠮᠦ᠂ ᠬᠥᠷᠥᠰᠥ ᠰᠢᠷᠣᠢ ᠶᠢᠨ | ᠢᠳᠡᠭᠳᠡᠯ ᠤᠨ ᠵᠠᠰᠠᠯᠲᠠ ᠶᠢ 20 ᠲᠡᠭᠰᠢ ᠳᠥᠷᠪᠡᠯᠵᠢᠨ ᠺᠢᠯᠣᠮᠧᠲᠷ ᠪᠡᠶᠡᠯᠡᠭᠦᠯᠵᠦ᠂ ᠠᠮᠢ ᠠᠬᠤᠢ ᠶᠢᠨ ᠬᠥᠷᠥᠩᠭᠡ ᠶᠢ ᠬᠠᠮᠤᠭ ᠶᠡᠭᠡ ᠬᠡᠮᠵᠢᠶ᠎ᠡ ᠪᠠᠷ ᠨᠡᠮᠡᠭᠳᠡᠭᠦᠯᠦᠨ᠎ᠡ | ᠃ ᠡᠭᠦᠨ ᠤ ᠬᠠᠮᠲᠤ᠂ ᠵᠠᠰᠠᠮᠠᠯ ᠵᠠᠮ ᠳᠠᠭᠠᠤ᠂ ᠵᠠᠷᠤᠳᠠᠯ ᠬᠤᠷᠢᠶᠠᠬᠤ ᠥᠷᠲᠡᠭᠡ ᠶᠢᠨ ᠣᠶᠢᠷ᠎ᠠ ᠬᠠᠪᠢ ᠪᠠ ᠮᠠᠯᠵᠢᠬᠤ ᠲᠠᠷᠢᠶᠠᠯᠠᠬᠤ ᠣᠷᠣᠨ ᠤ ᠣᠷᠴᠢᠨ ᠠᠬᠤᠢ ᠶᠢᠨ | ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠨ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠠᠶᠢᠭᠤᠯᠤᠨ᠎ᠠ᠃ | ︵ᠬᠤᠶᠠᠷ︶ ᠲᠥᠷᠥᠯ ᠵᠦᠢᠯ ᠢᠶᠠᠷ ᠬᠥᠲᠥᠯᠥᠨ ᠳᠠᠭᠠᠭᠤᠯᠬᠤ ᠶᠢ ᠠᠳᠬᠤᠵᠤ᠂ ᠠᠵᠤ ᠦᠢᠯᠡᠳᠪᠦᠷᠢ ᠶᠢᠨ ᠲᠣᠭᠲᠠᠭᠤᠨ ᠡᠷᠭᠢᠯᠲᠡ ᠶᠢ ᠪᠠᠲᠤᠯᠠᠨ᠎ᠠ᠃ ᠠᠵᠤ | ᠦᠢᠯᠡᠳᠪᠦᠷᠢ ᠶᠢ ᠲᠣᠭᠲᠠᠪᠤᠷᠢᠵᠢᠭᠤᠯᠬᠤ ᠪᠠᠷ ᠨᠡᠮᠡᠭᠳᠡᠯ ᠢ ᠲᠣᠭᠲᠠᠭᠤᠨ ᠪᠠᠶᠢᠯᠭᠠᠬᠤ ᠶᠢᠨ ᠴᠢᠬᠤᠯᠠ ᠠᠴᠠ ᠴᠢᠬᠤᠯᠠ ᠠᠷᠭ᠎ᠠ ᠬᠡᠷᠡᠭᠯᠡᠭᠦᠷ ᠪᠣᠯᠭᠠᠵᠤ᠂ ᠠᠵᠤ | ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠪᠣᠯᠣᠨ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠨᠢᠭᠡ ᠳᠤ ᠲᠥᠷᠥᠯ ᠵᠦᠢᠯ ᠢᠶᠠᠷ ᠭᠤᠣᠯ ᠪᠣᠯᠭᠠᠵᠤ᠂ ᠪᠡᠯᠡ ᠣᠷᠤᠭᠤᠯᠤᠯᠲᠠ ᠶᠢᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠨ᠎ᠡ᠃ ᠣᠷᠳᠣᠰ ᠢᠮᠠᠭᠠᠨ | ᠨᠣᠯᠤᠤᠷ ᠤᠨ ᠪᠦᠯᠦᠭᠯᠡᠯ ᠤᠨ 2×33 ᠲᠦᠮᠡᠨ ᠺᠢᠯᠤᠸᠠᠲ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ᠂ ᠵᠢᠶᠠᠨ ᠶᠤᠸᠠᠨ ᠤ 300 ᠲᠦᠮᠡᠨ ᠲᠣᠨ ᠬᠡᠦᠷᠡᠰᠦ | ᠵᠡᠷᠭᠡ ᠭᠤᠣᠯᠳᠠᠯᠭᠠᠲᠤ ᠲᠥᠷᠥᠯ ᠵᠦᠢᠯ ᠢ 33 ᠴᠢᠷᠮᠠᠶᠢᠨ ᠬᠡᠷᠡᠭᠵᠢᠭᠦᠯᠵᠦ᠂ ᠵᠠᠩᠭᠢᠯᠠᠭ᠎ᠠ ᠶᠢᠨ ᠴᠡᠭ ᠤᠨ ᠬᠡᠯᠪᠡᠷᠢ᠂ ᠢᠵᠢ ᠪᠦᠷᠢᠳᠦᠭᠦᠯᠦᠭᠰᠡᠨ ᠬᠡᠯᠪᠡᠷᠢ ᠶᠢᠨ | ᠲᠥᠷᠥᠯ ᠵᠦᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠠᠵᠤ ᠦᠢᠯᠡᠳᠪᠦᠷᠢ ᠶᠢᠨ ᠪᠡᠯᠡ ᠣᠷᠤᠭᠤᠯᠤᠯᠲᠠ ᠶᠢ 265 ᠳ᠋ᠦᠩᠰᠢᠭᠤᠷ ᠲᠥᠭᠦᠷᠢᠭ ᠠᠴᠠ | ᠳᠡᠭᠡᠭᠰᠢ ᠪᠡᠶᠡᠯᠡᠭᠦᠯᠬᠦ ᠶᠢ ᠪᠠᠲᠤᠯᠠᠨ᠎ᠠ᠃ ᠬᠤᠰᠢᠭᠤ ᠰᠢᠶᠠᠨ ᠤ ᠱᠠᠲᠤᠨ ᠤ ᠤᠳᠤᠷᠢᠳᠤᠯᠭ᠎ᠠ ᠠᠴᠠ ᠳᠠᠭᠠᠭᠠᠨ ᠲᠡᠳᠬᠦᠵᠦ᠂ ᠪᠠᠶᠢᠭᠤᠯᠭ᠎ᠠ ᠠᠴᠠ ᠡᠷᠬᠢᠯᠡᠨ ᠬᠢᠬᠦ ᠠᠵᠢᠯ | ᠤᠨ ᠲᠣᠭᠲᠠᠴᠠ ᠶᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠭᠠᠷᠳᠠᠮ᠂ ᠤᠰᠤᠨ ᠤ ᠭᠦᠢᠴᠡᠳᠬᠡᠬᠦ ᠲᠤᠭ᠎ᠠ ᠣᠯᠬᠤ᠂ ᠣᠷᠴᠢᠨ ᠠᠬᠤᠢ ᠶᠢᠨ | ᠪᠠᠭᠲᠠᠭᠠᠮᠵᠢ᠂ ᠭᠠᠵᠠᠷ ᠰᠢᠷᠣᠢ ᠶᠢᠨ ᠬᠠᠩᠭᠠᠯᠲᠠ᠂ ᠡᠬᠢ ᠰᠤᠷᠪᠤᠯᠵᠢ ᠶᠢᠨ ᠲᠣᠬᠢᠷᠠᠭᠤᠯᠤᠯᠲᠠ᠂ ᠵᠢᠭᠡᠯᠡᠯᠭᠡ ᠶᠢᠨ ᠪᠡᠯᠡ ᠮᠥᠩᠭᠦ᠂ ᠴᠢᠳᠠᠪᠤᠷᠢᠲᠠᠨ ᠮᠡᠷᠭᠡᠵᠢᠯ ᠵᠡᠷᠭᠡ | ᠳᠣᠯᠣᠭᠠᠨ ᠶᠡᠭᠡ ᠲᠤᠯᠭᠠᠭᠤᠷᠢᠯᠠᠯ ᠬᠦᠴᠦᠨ ᠵᠦᠢᠯ ᠳᠤ ᠴᠢᠩᠭ᠎ᠠ ᠲᠣᠭᠤᠷᠢᠭᠤᠯᠤᠨ᠂ ᠨᠢᠭᠡ ᠨᠢᠭᠡ ᠲᠥᠷᠥᠯ ᠵᠦᠢᠯ ᠢ ᠵᠠᠯᠭᠠᠭᠤᠯᠵᠤ᠂ ᠨᠢᠭᠡ ᠨᠢᠭᠡ ᠲᠥᠷᠥᠯ ᠵᠦᠢᠯ | ᠤᠨ ᠪᠣᠭᠤᠮᠲᠠ ᠶᠢ ᠰᠢᠪᠲᠤᠯᠤᠨ᠂ ᠪᠠᠶᠢᠭᠤᠯᠵᠤ ᠪᠠᠶᠢᠭ᠎ᠠ ᠲᠥᠷᠥᠯ ᠵᠦᠢᠯ ᠨᠢ ᠵᠢᠯ ᠤᠨ ᠪᠡᠯᠡ ᠣᠷᠤᠭᠤᠯᠤᠯᠲᠠ ᠪᠠᠨ ᠪᠡᠶᠡᠯᠡᠭᠦᠯᠵᠦ᠂ ᠪᠠᠷᠢᠯᠭ᠎ᠠ ᠪᠠᠨ ᠳᠠᠭᠤᠰᠬᠠᠬᠤ | ᠪᠠᠷ ᠲᠥᠯᠥᠪᠯᠡᠵᠦ ᠪᠠᠶᠢᠭ᠎ᠠ ᠲᠥᠷᠥᠯ ᠵᠦᠢᠯ ᠨᠢ ᠪᠠᠷᠢᠯᠭ᠎ᠠ ᠪᠠᠨ ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠬᠢᠨᠠᠨ ᠵᠥᠪᠰᠢᠶᠡᠷᠡᠭᠦᠯᠦᠭᠰᠡᠨ ᠲᠥᠷᠥᠯ ᠵᠦᠢᠯ ᠨᠢ | ᠡᠷᠲᠡᠬᠡᠨ ᠪᠠᠷᠢᠯᠭ᠎ᠠ ᠪᠠᠨ ᠡᠬᠢᠯᠡᠭᠦᠯᠦᠨ᠂ ᠳᠡᠭᠡᠭᠰᠢ ᠮᠡᠳᠡᠭᠦᠯᠦᠭᠰᠡᠨ ᠲᠥᠷᠥᠯ ᠵᠦᠢᠯ ᠨᠢ ᠲᠦᠷᠭᠡᠨ ᠵᠥᠪᠰᠢᠶᠡᠷᠡᠭᠦᠯᠵᠦ ᠪᠠᠶᠢᠭᠤᠯᠬᠤ ᠶᠢ ᠦᠨᠡᠨ ᠬᠦ ᠪᠠᠲᠤᠯᠠᠨ᠎ᠠ᠃ | ᠬᠤᠶᠠᠷ ᠲᠤ ᠠᠵᠤ ᠠᠬᠤᠶᠢᠯᠠᠯ ᠢᠶᠠᠷ ᠭᠤᠣᠯ ᠬᠦᠴᠦᠨ ᠪᠣᠯᠭᠠᠵᠤ᠂ ᠥᠷᠢᠰᠦᠯᠳᠦᠬᠦ ᠴᠢᠳᠠᠪᠤᠷᠢ ᠶᠢ ᠨᠢ ᠲᠡᠰᠦᠷᠡᠯᠲᠡ ᠦᠭᠡᠢ ᠳᠡᠭᠡᠭᠰᠢᠯᠡᠭᠦᠯᠦᠨ᠎ᠡ᠃ ᠠᠵᠤ | ᠠᠬᠤᠶᠢᠯᠠᠯ ᠤᠨ ᠵᠠᠬ᠎ᠠ ᠳᠡᠯᠭᠡᠭᠦᠷ ᠤᠨ ᠭᠤᠣᠯ ᠴᠣᠭᠴᠠᠲᠤ ᠪᠠᠶᠢᠷᠢ ᠰᠠᠭᠤᠷᠢ ᠶᠢ ᠲᠣᠪᠣᠶᠢᠯᠭᠠᠨ᠂ ᠣᠳᠣ ᠪᠠᠶᠢᠬᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠣᠷᠣᠨ ᠨᠤᠲᠤᠭ ᠤᠨ ᠠᠵᠤ ᠠᠬᠤᠶᠢᠯᠠᠯ ᠢ ᠴᠢᠯᠦᠭᠡᠲᠡᠢ ᠲᠠᠯᠪᠢᠵᠤ ᠠᠮᠢᠳᠤᠯᠢᠭ ᠪᠣᠯᠭᠠᠬᠤ ᠶᠢ ᠵᠣᠷᠢᠭᠵᠢᠭᠤᠯᠤᠨ᠂ | ᠬᠤᠳᠠᠯᠳᠤᠭᠠᠴᠢᠨ ᠢᠶᠠᠷ ᠬᠤᠳᠠᠯᠳᠤᠭᠠᠴᠢᠨ ᠢ ᠤᠷᠢᠵᠤ᠂ ᠰᠠᠶᠢᠨ ᠳᠤᠷ᠎ᠠ ᠠᠴᠠ ᠪᠠᠨ ᠭᠠᠷᠴᠤ ᠳᠡᠯᠡᠬᠡᠢ ᠪᠠ ᠤᠯᠤᠰ ᠤᠨ ᠳᠣᠲᠣᠭᠠᠳᠤ ᠶᠢᠨ ᠲᠣᠯᠣᠭᠠᠶᠢᠯᠠᠭᠴᠢ ᠠᠵᠤ | ᠠᠬᠤᠶᠢᠯᠠᠯ ᠲᠠᠢ ᠲᠥᠷᠥᠯ ᠵᠦᠢᠯ ᠵᠠᠯᠭᠠᠯᠳᠤᠭᠤᠯᠵᠤ᠂ ᠮᠡᠷᠭᠡᠵᠢᠯ ᠬᠤᠷᠰᠢᠬᠤ ᠪᠠ ᠴᠢᠳᠠᠪᠤᠷᠢᠲᠠᠨ ᠰᠣᠯᠢᠯᠴᠠᠬᠤ ᠶᠢ ᠥᠷᠨᠢᠭᠦᠯᠵᠦ᠂ ᠠᠵᠤ ᠦᠢᠯᠡᠰ ᠢ | ᠲᠤᠯᠭᠠᠭᠤᠷᠢᠯᠠᠵᠤ ᠳᠠᠭᠠᠭᠤᠯᠬᠤ ᠬᠤᠭᠤᠴᠠᠭ᠎ᠠ ᠪᠠᠷ ᠤᠷᠲᠤ ᠨᠢᠭᠡ ᠪᠦᠯᠦᠭ ᠳᠡᠭᠡᠳᠦ ᠲᠡᠰᠵᠢᠭᠰᠡᠨ᠂ ᠴᠢᠨᠠᠷ ᠰᠠᠶᠢᠲᠠᠢ ᠲᠥᠷᠥᠯ ᠵᠦᠢᠯ ᠢ ᠣᠷᠣᠭᠤᠯᠤᠨ ᠨᠥᠭᠡᠴᠡᠯᠡᠬᠦ | ᠪᠠᠷ ᠴᠢᠷᠮᠠᠶᠢᠨ᠎ᠠ᠃ ᠡᠭᠦᠨ ᠤ ᠬᠠᠮᠲᠤ᠂ ︽ᠠᠵᠤ ᠠᠬᠤᠶᠢᠯᠠᠯ ᠳᠤ ᠦᠢᠯᠡᠴᠢᠯᠡᠬᠦ ᠢᠨᠵᠧᠨᠧᠷᠢᠩ︾ ᠢ ᠶᠡᠭᠡ ᠬᠦᠴᠦᠨ ᠢᠶᠠᠷ ᠬᠡᠷᠡᠭᠵᠢᠭᠦᠯᠵᠦ᠂ ᠠᠵᠢᠯᠯᠠᠭᠠᠨ ᠤ | ᠲᠣᠬᠢᠷᠠᠭᠤᠯᠤᠯᠲᠠ ᠶᠢ ᠴᠢᠩᠭᠠᠳᠬᠠᠨ᠂ ᠠᠵᠤ ᠠᠬᠤᠶᠢᠯᠠᠯ ᠲᠠᠢ ᠬᠤᠯᠪᠣᠭᠳᠠᠬᠤ ᠵᠠᠷᠤᠳᠠᠯ ᠢ ᠴᠡᠪᠡᠷᠯᠡᠨ ᠢᠯᠭᠠᠷᠠᠭᠤᠯᠵᠤ᠂ ᠤᠯᠤᠰ ᠠᠴᠠ ᠴᠠᠬᠢᠭᠤᠷᠲᠤ ᠲᠡᠮᠦᠷ ᠤᠨ | ᠭᠠᠳᠠᠭᠠᠳᠤ ᠳᠤ ᠭᠠᠷᠭᠠᠬᠤ ᠪᠣᠭᠤᠮᠲᠠ ᠶᠢᠨ ᠭᠠᠶᠢᠯᠢ ᠶᠢ ᠲᠣᠬᠢᠷᠠᠭᠤᠯᠬᠤ ᠶᠢ ᠴᠢᠷᠮᠠᠶᠢᠨ ᠣᠯᠵᠤ᠂ ᠭᠠᠶᠢᠯᠢ ᠬᠠᠰᠤᠵᠤ ᠵᠠᠷᠤᠳᠠᠯ ᠪᠠᠭᠤᠷᠠᠭᠤᠯᠬᠤ ᠲᠥᠷᠥ ᠶᠢᠨ | ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠢ ᠬᠠᠪᠰᠤᠷᠤᠨ ᠡᠭᠦᠷᠭᠡᠯᠡᠯ ᠢ ᠨᠢ ᠬᠥᠩᠭᠡᠷᠡᠭᠦᠯᠵᠦ ᠦᠷ᠎ᠡ ᠠᠰᠢᠭ ᠢ ᠨᠢ ᠨᠡᠮᠡᠭᠳᠡᠭᠦᠯᠦᠨ᠎ᠡ᠃ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠪᠣᠯᠣᠨ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠲᠡᠳᠬᠦᠬᠦ ᠡᠷᠴᠢᠮ ᠢᠶᠠᠨ ᠴᠢᠩᠭᠠᠷᠠᠭᠤᠯᠤᠨ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠳᠠᠶᠢᠴᠢᠯᠠᠨ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢ ᠨᠢ ᠴᠢᠩᠭᠠᠷᠠᠭᠤᠯᠵᠤ᠂ ᠠᠵᠤ ᠠᠬᠤᠶᠢᠯᠠᠯ ᠢ ᠬᠠᠪᠰᠤᠷᠤᠨ ᠪᠦᠬᠦ | ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠰᠠᠭᠤᠷᠢ ᠮᠥᠩᠭᠦ ᠶᠢ ᠴᠢᠷᠮᠠᠶᠢᠨ ᠣᠯᠭᠤᠵᠤ᠂ ᠪᠡᠯᠡ ᠮᠥᠩᠭᠦ ᠬᠦᠷᠦᠯᠴᠡᠬᠦ ᠦᠭᠡᠢ ᠠᠰᠠᠭᠤᠳᠠᠯ ᠢ ᠦᠨᠡᠨ ᠬᠦ | ᠰᠢᠢᠳᠪᠦᠷᠢᠯᠡᠨ᠎ᠡ᠃ | ᠭᠤᠷᠪᠠ ᠳᠤ ᠬᠦᠷᠢᠶᠡᠯᠡᠩ ᠲᠣᠭᠤᠷᠢᠭ ᠢᠶᠠᠷ ᠭᠤᠣᠯ ᠲᠠᠯᠠᠪᠠᠢ ᠪᠣᠯᠭᠠᠵᠤ᠂ ᠲᠤᠯᠭᠠᠭᠤᠷᠢᠯᠠᠬᠤ ᠬᠢᠷᠢ ᠲᠦᠪᠰᠢᠨ ᠢ ᠨᠢ ᠴᠢᠷᠮᠠᠶᠢᠨ ᠳᠡᠭᠡᠭᠰᠢᠯᠡᠭᠦᠯᠦᠨ᠎ᠡ᠃ | ᠬᠦᠷᠢᠶᠡᠯᠡᠩ ᠲᠣᠭᠤᠷᠢᠭ ᠨᠢ ᠠᠵᠤ ᠠᠬᠤᠶᠢᠯᠠᠯ ᠳᠤ ᠦᠢᠯᠡᠴᠢᠯᠡᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠠᠶᠤᠯ ᠦᠭᠡᠢ ᠦᠢᠯᠡᠳᠪᠦᠷᠢᠯᠡᠯ᠂ ᠣᠷᠴᠢᠨ | ᠠᠬᠤᠢ ᠶᠢᠨ ᠬᠠᠮᠠᠭᠠᠯᠠᠯᠲᠠ ᠪᠣᠯᠣᠨ ᠨᠡᠶᠢᠭᠡᠮ ᠤᠨ ᠠᠮᠤᠷ ᠲᠣᠭᠲᠠᠭᠤᠨ ᠤ ᠦᠨᠳᠦᠰᠦᠨ ᠴᠢᠳᠠᠪᠬᠢ ᠶᠢ ᠴᠢᠨᠠᠭᠰᠢᠳᠠ ᠴᠢᠩᠭᠠᠳᠬᠠᠵᠤ᠂ ᠦᠢᠯᠡᠴᠢᠯᠡᠭᠡ ᠶᠢ ᠪᠠᠲᠤᠯᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠴᠢ ᠫᠠᠨ ᠵᠢᠩ᠂ ᠮᠧᠩ ᠰᠢ ᠬᠦᠷᠢᠶᠡᠯᠡᠩ ᠨᠢ ᠬᠤᠲᠠ ᠶᠢᠨ ᠶᠠᠪᠤᠳᠠᠯ ᠤᠨ ᠵᠠᠮ᠂ ᠢᠯᠴᠢ ᠤᠰᠤ ᠬᠠᠩᠭᠠᠬᠤ᠂ ᠪᠤᠵᠠᠷ ᠤᠰᠤ | ᠴᠡᠪᠡᠷᠰᠢᠭᠦᠯᠬᠦ᠂ ᠭᠠᠯ ᠤᠨᠲᠠᠷᠠᠭᠠᠬᠤ ᠲᠥᠬᠦᠭᠡᠷᠦᠮᠵᠢ ᠵᠡᠷᠭᠡ ᠠᠵᠤ ᠦᠢᠯᠡᠰ ᠤᠨ ᠢᠵᠢ ᠪᠦᠷᠢᠳᠦᠭᠰᠡᠨ ᠲᠥᠬᠦᠭᠡᠷᠦᠮᠵᠢ ᠶᠢ ᠬᠢᠨᠠᠮᠠᠭᠠᠢ ᠰᠠᠶᠢᠲᠤᠷ ᠠᠳᠬᠤᠵᠤ᠂ ᠣᠯᠠᠨ | ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠪᠠᠨ ᠲᠡᠭᠦᠯᠳᠡᠷᠵᠢᠭᠦᠯᠦᠨ᠂ ᠲᠥᠷᠥᠯ ᠵᠦᠢᠯ ᠤᠨ ᠲᠤᠯᠭᠠᠭᠤᠷᠢᠯᠠᠬᠤ ᠴᠢᠳᠠᠪᠤᠷᠢ ᠪᠠᠨ ᠬᠠᠮᠤᠭ ᠶᠡᠭᠡ ᠬᠡᠮᠵᠢᠶ᠎ᠡ ᠪᠠᠷ | ᠨᠡᠮᠡᠭᠳᠡᠭᠦᠯᠦᠨ᠎ᠡ᠃ ᠴᠠᠪ ᠵᠤᠭᠠᠩ ᠤᠨ ᠬᠦᠷᠢᠶᠡᠯᠡᠩ᠂ ᠣᠷᠢᠶᠠᠮᠠᠭ ᠵᠠᠮᠠᠭ ᠤᠨ ᠠᠵᠤ ᠦᠢᠯᠡᠰ ᠤᠨ ᠬᠦᠷᠢᠶᠡᠯᠡᠩ ᠪᠠ ᠬᠥᠩᠭᠡᠨ ᠠᠵᠤ ᠦᠢᠯᠡᠳᠪᠦᠷᠢ ᠶᠢᠨ ᠬᠦᠷᠢᠶᠡᠯᠡᠩ | ᠨᠢ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠪᠠᠨ ᠦᠷᠭᠦᠯᠵᠢᠯᠡᠨ ᠲᠡᠭᠦᠯᠳᠡᠷᠵᠢᠭᠦᠯᠵᠦ᠂ ᠮᠡᠷᠭᠡᠵᠢᠯ ᠤᠨ ᠲᠤᠯᠭᠠᠭᠤᠷᠢᠯᠠᠯ ᠪᠠ ᠦᠵᠦᠭᠦᠷ ᠤᠨ ᠵᠠᠬ᠎ᠠ ᠳᠡᠯᠭᠡᠭᠦᠷ | ᠤᠨ ᠲᠣᠮᠣ ᠠᠵᠤ ᠠᠬᠤᠶᠢᠯᠠᠯ᠂ ᠲᠣᠮᠣ ᠲᠥᠷᠥᠯ ᠵᠦᠢᠯ ᠢ ᠴᠢᠷᠮᠠᠶᠢᠨ ᠲᠠᠲᠠᠨ ᠣᠷᠣᠭᠤᠯᠵᠤ᠂ ᠵᠠᠬ᠎ᠠ ᠳᠡᠯᠭᠡᠭᠦᠷ ᠤᠨ ᠥᠷᠢᠰᠦᠯᠳᠦᠬᠦ ᠴᠢᠳᠠᠪᠤᠷᠢ ᠪᠠᠨ ᠲᠠᠰᠤᠷᠠᠯᠲᠠ | ᠦᠭᠡᠢ ᠳᠡᠭᠡᠭᠰᠢᠯᠡᠭᠦᠯᠦᠨ᠎ᠡ᠃ | ︵ᠭᠤᠷᠪᠠ︶ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠠᠳᠬᠤᠵᠤ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠤᠨ᠎ᠠ | ᠃ ᠡᠬᠢ ᠰᠤᠷᠪᠤᠯᠵᠢ ᠶᠢ ᠠᠰᠢᠭᠯᠠᠬᠤ ᠨᠤᠷᠮ᠎ᠠ ᠬᠢᠭᠡᠳ ᠠᠵᠤ ᠦᠢᠯᠡᠰ ᠤᠨ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠬᠡᠮᠵᠢᠶ᠎ᠡ ᠶᠢ ᠳᠡᠭᠡᠭᠰᠢᠯᠡᠭᠦᠯᠬᠦ ᠪᠠᠷ ᠭᠤᠣᠯ | ᠰᠢᠪᠲᠤᠯᠤᠯᠲᠠ ᠪᠣᠯᠭᠠᠵᠤ᠂ ᠣᠯᠠᠨ ᠲᠠᠯ᠎ᠠ ᠪᠠᠷ ᠲᠣᠯᠭᠠᠭᠤᠷᠢᠭᠤᠯᠣᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠲᠦᠷᠭᠡᠨ ᠪᠠᠶᠢᠭᠤᠯᠤᠨ᠎ᠠ᠃ | ᠨᠢᠭᠡ ᠳᠤ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠦᠨ᠎ᠡ᠃ ᠡᠷᠴᠢᠮᠵᠢᠭᠰᠡᠨ ᠥᠨᠳᠥᠷ ᠪᠦᠲᠦᠮᠵᠢᠲᠡᠢ ᠪᠠᠶᠢᠬᠤ ᠶᠢ ᠪᠠᠷᠢᠮᠲᠠᠯᠠᠵᠤ᠂ | ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠬᠤᠯᠢᠮᠠᠭ ᠲᠡᠮᠦᠷ ᠵᠡᠷᠭᠡ ᠠᠵᠤ ᠦᠢᠯᠡᠰ ᠢ ᠦᠢᠯᠡᠳᠪᠦᠷᠢᠯᠡᠬᠦ ᠴᠢᠳᠠᠪᠤᠷᠢ ᠶᠢᠨ ᠬᠡᠪᠴᠢᠶᠠᠵᠢᠬᠦᠯᠣᠯᠳᠡ᠂ ᠠᠰᠢᠭᠯᠠᠯᠲᠠ | ᠶᠢᠨ ᠴᠡᠪᠡᠷᠰᠢᠬᠦᠯᠣᠯᠳᠡ᠂ ᠵᠠᠬ᠎ᠠ ᠳᠡᠯᠭᠡᠭᠦᠷ ᠤᠨ ᠦᠵᠣᠬᠦᠷᠴᠢᠯᠡᠯᠳᠡ ᠲᠡᠰᠢ ᠬᠥᠭᠵᠢᠭᠦᠯᠬᠦ ᠶᠢ ᠪᠦᠬᠦ ᠬᠦᠴᠦ ᠪᠠᠷ ᠢᠶᠠᠨ ᠠᠬᠢᠭᠤᠯᠤᠨ᠎ᠠ᠃ ᠨᠡᠭᠦᠷᠡᠰᠦ ᠬᠢᠮᠢ ᠶᠢᠨ | ᠠᠵᠤ ᠦᠢᠯᠡᠳᠪᠦᠷᠢ ᠶᠢᠨ ᠠᠵᠤ ᠦᠢᠯᠡᠰ ᠨᠢ ᠠᠩᠬᠠᠨ ᠤ ᠦᠢᠯᠡᠳᠬᠦᠨ ᠤ ᠦᠢᠯᠡᠳᠪᠦᠷᠢᠯᠡᠯ ᠤᠨ ᠬᠡᠪᠴᠢᠶᠡᠵᠢᠯ ᠢ ᠰᠢᠨᠵᠢᠯᠡᠬᠦ ᠤᠬᠠᠭᠠᠨᠴᠢ ᠪᠠᠷ ᠡᠵᠡᠮᠰᠢᠵᠦ᠂ ᠵᠢᠶᠠᠨ | ᠶᠤᠸᠠᠨ ᠤ ᠬᠡᠦᠷᠡᠰᠦᠨ ᠤ ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠤᠨ ᠪᠠᠶᠢᠭᠤᠯᠤᠯᠲᠠ ᠶᠢ ᠲᠣᠪᠣᠶᠢᠯᠭᠠᠨ ᠰᠠᠶᠢᠲᠤᠷ ᠠᠳᠬᠤᠵᠤ᠂ ᠬᠡᠦᠷᠡᠰᠦᠨ ᠵᠤᠤᠬᠠᠨ | ᠤ ᠨᠡᠭᠦᠷᠡᠰᠦᠨ ᠬᠡᠢ ᠶᠢ ᠶᠡᠷᠦᠩᠬᠡᠶᠢᠯᠡᠨ ᠠᠰᠢᠭᠯᠠᠬᠤ᠂ ᠬᠡᠣᠷᠠᠰᠢᠮᠠᠯ ᠨᠡᠭᠦᠷᠡᠰᠦᠨ ᠤ ᠲᠣᠰᠣ᠂ ᠨᠠᠷᠢᠯᠢᠭ ᠪᠧᠨ᠋ᠽᠧᠨ᠂ ᠦᠨᠦᠷᠲᠦ ᠨᠡᠭᠦᠷᠥᠭᠴᠢ ᠵᠡᠷᠭᠡ ᠳᠣᠣᠷᠠᠳᠤ | ᠤᠷᠤᠰᠬᠠᠯ ᠤᠨ ᠲᠥᠷᠥᠯ ᠵᠦᠢᠯ ᠢ ᠤᠷᠲᠤᠳᠬᠠᠨ ᠬᠥᠭᠵᠢᠭᠦᠯᠵᠦ᠂ ᠨᠡᠭᠦᠷᠡᠰᠦ ᠪᠠᠷ ᠰᠠᠭᠤᠷᠢ ᠪᠣᠯᠭᠠᠭᠰᠠᠨ᠂ ᠤᠯᠠᠨ ᠡᠰᠢᠲᠦ ᠬᠥᠭᠵᠢᠯᠲᠡ ᠶᠢᠨ ᠰᠢᠨ᠎ᠡ ᠵᠠᠮ ᠢᠶᠠᠷ | ᠲᠦᠷᠭᠡᠨ ᠵᠠᠮᠨᠠᠨ᠎ᠠ᠃ ᠴᠠᠬᠢᠯᠭᠠᠨ ᠬᠦᠴᠦᠨ ᠤ ᠠᠵᠤ ᠦᠢᠯᠡᠰ ᠨᠢ ᠣᠷᠳᠣᠰ ᠢᠮᠠᠭᠠᠨ ᠨᠣᠯᠣᠣᠷ ᠤᠨ ᠪᠦᠯᠦᠭᠯᠡᠯ᠂ ᠵᠢᠶᠦ᠋ᠨ ᠵᠧᠩ᠂ ᠱᠣᠸᠠᠩ ᠰᠢᠨ ᠭᠤᠷᠪᠠᠨ | ᠥᠪᠡᠰᠦᠪᠡᠨ ᠪᠡᠯᠡᠳᠬᠡᠬᠦ ᠴᠠᠬᠢᠯᠭᠠᠨ ᠤ ᠦᠢᠯᠡᠳᠪᠦᠷᠢ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠴᠢ ᠫᠠᠨ ᠵᠢᠩ ᠤᠨ ᠪᠢᠴᠢᠯ ᠴᠠᠬᠢᠯᠭᠠᠨ | ᠲᠣᠣᠷ ᠤᠨ ᠪᠠᠶᠢᠭᠤᠯᠤᠯᠲᠠ ᠶᠢ ᠪᠣᠳᠠᠲᠤ ᠠᠬᠢᠴᠠ ᠲᠠᠢ ᠪᠣᠯᠭᠠᠬᠤ ᠶᠢ ᠪᠠᠲᠤᠯᠠᠵᠤ᠂ ᠣᠷᠳᠣᠰ ᠢᠮᠠᠭᠠᠨ ᠨᠤᠯᠣᠣᠷ ᠤᠨ ᠪᠦᠯᠦᠭᠯᠡᠯ ᠤᠨ ᠳᠣᠲᠣᠭᠠᠳᠤ ᠳᠤ ᠪᠢᠴᠢᠯ | ᠲᠣᠣᠷ ᠨᠡᠪᠲᠡᠷᠡᠭᠦᠯᠬᠦ ᠪᠠᠷ ᠴᠢᠷᠮᠠᠶᠢᠨ᠂ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ ᠪᠠᠭᠠᠰᠬᠠᠵᠤ᠂ ᠨᠡᠭᠦᠷᠡᠰᠦ ᠴᠠᠬᠢᠯᠭᠠᠨ ᠤ ᠠᠵᠤ ᠦᠢᠯᠡᠰ ᠪᠠ ᠲᠡᠮᠦᠷᠯᠢᠭ | ᠬᠠᠶᠢᠯᠣᠰᠢ᠂ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠣᠷᠴᠢᠯᠳᠣᠭᠤᠯᠣᠭᠰᠠᠨ ᠬᠥᠭᠵᠢᠯᠲᠡ ᠶᠢ ᠠᠬᠢᠭᠤᠯᠤᠨ᠎ᠠ᠃ ᠬᠤᠯᠢᠮᠠᠭ ᠲᠡᠮᠦᠷ ᠤᠨ ᠠᠵᠤ | ᠦᠢᠯᠡᠰ ᠨᠢ ᠡᠨᠧᠷᠬᠢ ᠠᠷᠪᠢᠯᠠᠬᠤ ᠮᠡᠷᠭᠡᠵᠢᠯ ᠤᠨ ᠰᠢᠨᠡᠴᠢᠯᠡᠯᠲᠡ ᠶᠢᠨ ᠡᠷᠴᠢᠮ ᠢᠶᠠᠨ ᠴᠢᠩᠭᠠᠷᠠᠭᠤᠯᠵᠤ᠂ ᠣᠷᠳᠣᠰ ᠢᠮᠠᠭᠠᠨ ᠨᠣᠯᠣᠣᠷ ᠤᠨ ᠪᠦᠯᠦᠭᠯᠡᠯ ᠤᠨ ᠴᠠᠬᠢᠭᠤᠷ | ᠮᠠᠭᠨᠢ ᠨᠢᠺᠧᠯ ᠺᠠᠯᠼ ᠤᠨ ᠬᠤᠶᠠᠳᠤᠭᠠᠷ ᠬᠤᠭᠤᠴᠠᠭ᠎ᠠ᠂ ᠮᠠᠭᠨᠢᠲᠦ ᠬᠠᠶᠢᠯᠤᠰᠢ ᠶᠢᠨ ᠲᠥᠷᠥᠯ ᠵᠦᠢᠯ ᠢ ᠲᠦᠷᠭᠡᠨ ᠠᠬᠢᠭᠤᠯᠤᠨ᠂ ᠵᠢᠯ ᠤᠨ ᠳᠣᠲᠣᠷ᠎ᠠ ᠬᠤᠯᠢᠮᠠᠭ | ᠲᠡᠮᠦᠷ ᠤᠨ ᠦᠢᠯᠡᠳᠪᠦᠷᠢᠯᠡᠬᠦ ᠴᠢᠳᠠᠪᠤᠷᠢ ᠶᠢ 160 ᠲᠦᠮᠡᠨ ᠲᠣᠨ ᠬᠦᠷᠭᠡᠬᠦ ᠪᠠᠷ ᠴᠢᠷᠮᠠᠶᠢᠵᠤ᠂ ᠪᠦᠬᠦ ᠤᠯᠤᠰ ᠲᠤ ᠨᠢᠭᠡᠴᠢ ᠶᠢᠨ ᠡᠨᠧᠷᠬᠢ ᠤᠨ ᠬᠤᠷᠣᠭᠳᠠᠯ ᠢᠶᠠᠷ | ᠬᠠᠮᠤᠭ ᠪᠠᠭ᠎ᠠ᠂ ᠲᠣᠨᠣᠭᠯᠠᠯ ᠦᠢᠯᠡᠳᠬᠦ ᠤᠷ᠎ᠠ ᠮᠡᠷᠭᠡᠰᠢᠯ ᠢᠶᠠᠷ ᠬᠠᠮᠤᠭ ᠲᠡᠷᠢᠭᠦᠨ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢᠶᠠᠷ ᠬᠠᠮᠤᠭ ᠬᠦᠴᠦᠷᠬᠡᠭ | ᠬᠤᠯᠢᠮᠠᠭ ᠲᠡᠮᠦᠷ ᠤᠨ ᠰᠠᠭᠤᠷᠢᠨ ᠢ ᠪᠠᠶᠢᠭᠤᠯᠤᠨ᠎ᠠ᠃ | ᠬᠤᠶᠠᠷ ᠲᠤ ᠳᠠᠪᠠᠭᠤᠯᠢᠭ ᠣᠨᠴᠠᠯᠢᠭᠲᠤ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠣᠷᠴᠢᠯᠳᠣᠭᠤᠯᠣᠨ ᠬᠥᠭᠵᠢᠭᠦᠯᠬᠦ ᠶᠢ ᠪᠠᠷᠢᠮᠲᠠᠯᠠᠵᠤ᠂ | ᠡᠾᠯᠣᠷᠳᠣ ᠬᠤᠵᠢᠷ ᠤᠨ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠬᠠᠶᠢᠯᠤᠰᠢ᠂ ᠪᠠᠶᠢᠭᠠᠯᠢ ᠶᠢᠨ ᠰᠢᠲᠠᠮᠠᠬᠠᠢ ᠬᠡᠢ ᠵᠡᠷᠭᠡ ᠠᠵᠤ ᠦᠢᠯᠡᠰ ᠢ ᠥᠷᠲᠡᠭ ᠤᠨ | ᠳᠡᠭᠡᠳᠦ ᠲᠡᠰ ᠲᠡᠰᠢ ᠬᠥᠭᠵᠢᠭᠦᠯᠬᠦ ᠶᠢ ᠲᠦᠷᠭᠡᠨ ᠠᠬᠢᠭᠤᠯᠤᠨ᠎ᠠ᠃ ᠬᠡᠯᠬᠢᠶᠡᠵᠢᠯ ᠢ ᠤᠷᠲᠤᠳᠬᠠᠬᠤ ᠳᠡᠭᠡᠷ᠎ᠡ ᠬᠦᠴᠦ ᠲᠠᠯᠪᠢᠵᠤ᠂ ᠱᠣᠸᠠᠩ ᠰᠢᠨ ᠤ ᠡᠲ᠋ᠢᠯ ᠬᠤᠶᠠᠷᠴᠢ | ᠠᠯᠺᠣᠣᠯ ᠬᠢᠭᠡᠳ PVA ᠤᠨ ᠮᠡᠷᠭᠡᠵᠢᠯ ᠤᠨ ᠰᠢᠨᠡᠴᠢᠯᠡᠯᠲᠡ᠂ ᠰᠢᠩ ᠭᠤᠸᠠᠩ ᠤᠨ ᠴᠢᠯᠠᠭᠤᠨ ᠲᠣᠰᠣᠨ ᠤ ᠤᠭᠯᠠᠭᠤᠷ ᠬᠤᠭᠤᠯᠠᠢ ᠵᠡᠷᠭᠡ ᠳᠣᠣᠷᠠᠳᠤ ᠤᠷᠤᠰᠬᠠᠯ | ᠤᠨ ᠲᠥᠷᠥᠯ ᠵᠦᠢᠯ ᠢ ᠳᠣᠪᠣᠶᠢᠯᠭᠠᠨ ᠰᠠᠶᠢᠲᠤᠷ ᠠᠳᠬᠤᠵᠤ᠂ ᠳ᠋ᠧ ᠱᠧᠩ ᠤᠨ ᠬᠤᠶᠠᠳᠤᠭᠠᠷ ᠬᠤᠭᠤᠴᠠᠭᠠᠨ ᠤ 200 ᠲᠦᠮᠡᠨ ᠲᠣᠨ ᠲᠡᠮᠦᠷᠯᠢᠭ ᠡᠳ᠋ᠯᠡᠯ ᠤᠨ | ᠲᠥᠷᠥᠯ ᠵᠦᠢᠯ ᠢ ᠲᠦᠷᠭᠡᠨ ᠡᠬᠢᠯᠡᠭᠦᠯᠦᠨ ᠪᠠᠶᠢᠭᠤᠯᠬᠤ ᠪᠠᠷ ᠴᠢᠷᠮᠠᠶᠢᠨ᠂ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠬᠠᠶᠢᠯᠤᠰᠢ ᠶᠢᠨ ᠠᠵᠢᠯ ᠲᠥᠷᠥᠯ ᠤᠨ | ᠦᠢᠯᠡᠳᠬᠦᠨ ᠤ ᠰᠢᠨᠡᠳᠬᠡᠯ᠂ ᠵᠠᠬ᠎ᠠ ᠳᠡᠯᠭᠡᠭᠦᠷ ᠤᠨ ᠣᠷᠣᠨ ᠵᠠᠢ ᠶᠢᠨ ᠥᠷᠭᠡᠳᠬᠡᠯ᠂ ᠦᠷ᠎ᠡ ᠠᠰᠢᠭ ᠤᠨ ᠲᠠᠰᠤᠷᠠᠯᠲᠠ ᠦᠭᠡᠢ ᠳᠡᠭᠡᠭᠰᠢᠯᠡᠯᠲᠡ ᠶᠢ ᠠᠬᠢᠭᠤᠯᠤᠨ᠎ᠠ᠃ | ᠤᠯᠠᠨ ᠡᠰᠢᠲᠦ ᠬᠥᠭᠵᠢᠯᠲᠡ ᠳᠡᠭᠡᠷ᠎ᠡ ᠬᠦᠴᠦ ᠲᠠᠯᠪᠢᠵᠤ᠂ ᠬᠡᠢ ᠬᠡᠷᠡᠭᠯᠡᠬᠦ ᠵᠢᠭᠠᠯᠲᠠ ᠲᠤᠭ᠎ᠠ ᠶᠢ ᠰᠢᠨ᠎ᠡ ᠪᠠᠷ 8 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ | ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠂ ᠬᠡᠢ ᠨᠡᠮᠡᠬᠦ ᠥᠷᠲᠡᠭᠡ ᠵᠡᠷᠭᠡ ᠠᠷᠠᠳ ᠤᠨ ᠬᠡᠷᠡᠭᠯᠡᠭᠡᠨ ᠤ ᠪᠠᠶᠢᠭᠠᠯᠢ ᠶᠢᠨ ᠰᠢᠲᠠᠮᠠᠬᠠᠢ ᠬᠡᠢ ᠶᠢᠨ ᠢᠨᠵᠧᠨᠧᠷᠢᠩ ᠢ ᠢᠳᠡᠪᠬᠢᠲᠡᠢ | ᠠᠬᠢᠭᠤᠯᠵᠤ᠂ ᠭᠤᠷᠪᠠᠨ ᠪᠦᠬᠡᠬᠡᠨᠠᠷᠡᠯ ᠼᠢᠶᠠᠨᠳᠤ ᠠᠮᠢᠨ᠂ ᠼᠢᠶᠠᠨᠳᠤ ᠰᠢᠭᠡᠰᠦᠨ ᠬᠦᠴᠢᠯ ᠵᠡᠷᠭᠡ ᠳᠣᠣᠷᠠᠳᠤ ᠤᠷᠤᠰᠬᠠᠯ ᠤᠨ ᠲᠥᠷᠥᠯ ᠵᠦᠢᠯ ᠢ ᠲᠠᠲᠠᠨ ᠣᠷᠣᠭᠤᠯᠬᠤ | ᠪᠠᠷ ᠰᠦᠪᠡᠭᠴᠢᠯᠡᠨ᠂ ᠴᠡᠪᠡᠷ ᠠᠷᠢᠭᠤᠨ ᠡᠨᠧᠷᠬᠢ ᠶᠢ ᠨᠡᠭᠡᠭᠡᠨ ᠬᠥᠭᠵᠢᠭᠦᠯᠬᠦ ᠰᠢᠨ᠎ᠡ ᠠᠷᠭ᠎ᠠ ᠵᠠᠮ ᠢ ᠨᠡᠭᠡᠭᠡᠨ᠎ᠡ᠃ ᠣᠷᠳᠣᠰ ᠢᠮᠠᠭᠠᠨ ᠨᠤᠯᠣᠣᠷ ᠤᠨ ᠪᠦᠯᠦᠭᠯᠡᠯ | ᠬᠢᠭᠡᠳ ᠺᠣᠷᠢᠶ᠋ᠨ ᠤᠯᠤᠰ ᠤᠨ OCI ᠪᠦᠯᠦᠭᠯᠡᠯ ᠤᠨ ᠬᠠᠮᠲᠤᠷᠠᠨ ᠪᠠᠶᠢᠭᠤᠯᠬᠤ 2.6 ᠲᠦᠮᠡᠨ ᠲᠣᠨ ᠣᠯᠠᠨ ᠲᠡᠯᠡᠰᠳᠣ ᠴᠠᠬᠢᠭᠤᠷ ᠤᠨ ᠲᠥᠷᠥᠯ ᠵᠦᠢᠯ ᠢ ᠪᠦᠬᠦ | ᠬᠦᠴᠦᠨ ᠢᠶᠠᠷ ᠢᠶᠠᠨ ᠳᠠᠮᠵᠢᠵᠤ᠂ ᠵᠧᠩ ᠲᠠᠢ᠂ ᠵᠥᠩ ᠵᠢᠶᠧ ᠨᠧᠩ ᠬᠤᠶᠠᠷ ᠨᠠᠷᠠᠨ ᠤ ᠬᠡᠷᠡᠯ ᠤᠨ ᠲᠥᠷᠥᠯ ᠵᠦᠢᠯ ᠢ ᠰᠠᠶᠢᠲᠤᠷ ᠠᠳᠬᠤᠨ᠂ ᠰᠢᠨ᠎ᠡ ᠡᠨᠧᠷᠬᠢ ᠶᠢᠨ | ᠠᠵᠤ ᠦᠢᠯᠡᠰ ᠢ ᠲᠦᠷᠭᠡᠨ ᠪᠠᠶᠢᠭᠤᠯᠵᠤ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠦᠷᠢᠯᠳᠦᠭᠦᠯᠦᠨ᠎ᠡ᠃ | ᠭᠤᠷᠪᠠ ᠳᠤ ᠭᠤᠷᠪᠠᠳᠤᠭᠠᠷ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠬᠤᠷᠳᠤᠴᠠ ᠦᠷ᠎ᠡ ᠠᠰᠢᠭ ᠢᠶᠠᠨ ᠨᠡᠮᠡᠭᠳᠡᠭᠦᠯᠬᠦ ᠶᠢ ᠪᠠᠷᠢᠮᠲᠠᠯᠠᠵᠤ᠂ ᠣᠳᠣ | ᠦᠶ᠎ᠡ ᠶᠢᠨ ᠦᠢᠯᠡᠴᠢᠯᠡᠭᠡᠨ ᠤ ᠦᠢᠯᠡᠰ ᠢ ᠢᠳᠡᠪᠬᠢᠲᠡᠢ ᠬᠥᠭᠵᠢᠭᠦᠯᠦᠨ᠎ᠡ᠃ ᠰᠣᠶᠣᠯ ᠵᠤᠭᠠᠴᠠᠯ ᠤᠨ ᠠᠵᠤ ᠦᠢᠯᠡᠰ ᠨᠢ ᠲᠠᠯ᠎ᠠ ᠨᠤᠲᠤᠭ ᠤᠨ ᠬᠠᠯᠠᠭᠤᠨ ᠷᠠᠰᠢᠶᠠᠨ᠂ | ᠠᠷᠠᠳ ᠤᠨ ᠵᠠᠩ ᠦᠢᠯᠡ᠂ ᠠᠯᠳᠠᠷᠲᠤ ᠦᠯᠡᠳᠡᠭᠳᠡᠯ᠂ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠵᠡᠷᠭᠡ ᠰᠣᠶᠣᠯ ᠵᠤᠭᠠᠴᠠᠯ ᠤᠨ ᠡᠬᠢ ᠰᠤᠷᠪᠤᠯᠵᠢ ᠪᠠᠷ | ᠲᠦᠰᠢᠭ ᠪᠣᠯᠭᠠᠵᠤ᠂ ᠵᠤᠭᠠᠴᠠᠯ ᠤᠨ ᠱᠤᠭᠤᠮ ᠢ ᠲᠥᠰᠥᠪᠯᠡᠨ᠂ ᠲᠣᠭᠤᠷᠢᠨ ᠵᠤᠭᠠᠴᠠᠬᠤ᠂ ᠬᠥᠳᠡᠭᠡ ᠨᠤᠲᠤᠭ ᠤᠨ ᠠᠮᠢᠳᠤᠷᠠᠯ ᠢ ᠤᠶᠢᠯᠠᠭᠠᠬᠤ ᠵᠡᠷᠭᠡ ᠲᠥᠷᠥᠯ | ᠵᠦᠢᠯ ᠢ ᠢᠵᠢ ᠪᠦᠷᠢᠳᠦᠭᠦᠯᠦᠨ ᠨᠡᠭᠡᠭᠡᠨ ᠬᠥᠭᠵᠢᠭᠦᠯᠵᠦ᠂ ᠰᠣᠶᠣᠯ ᠵᠤᠭᠠᠴᠠᠯ ᠤᠨ ᠠᠵᠤ ᠦᠢᠯᠡᠰ ᠢ ᠲᠡᠳᠬᠦᠨ ᠬᠥᠭᠵᠢᠭᠦᠯᠬᠦ ᠲᠤᠰᠬᠠᠢ ᠲᠥᠷᠥᠯ ᠤᠨ ᠪᠡᠯᠡ ᠮᠥᠩᠭᠦ | ᠲᠣᠬᠢᠷᠠᠭᠤᠯᠵᠤ᠂ ᠵᠠᠮ ᠬᠠᠷᠢᠯᠴᠠᠭ᠎ᠠ᠂ ᠢᠳᠡᠵᠦ ᠤᠤᠭᠤᠬᠤ ᠬᠤᠨᠣᠬᠤ ᠬᠡᠪᠲᠡᠬᠦ ᠨᠥᠬᠦᠴᠡᠯ ᠢ ᠲᠡᠭᠦᠯᠳᠡᠷᠵᠢᠭᠦᠯᠦᠨ᠂ ᠵᠤᠭᠠᠴᠠᠯ ᠤᠨ ᠦᠢᠯᠡᠴᠢᠯᠡᠭᠡᠨ ᠤ ᠲᠦᠪᠰᠢᠨ ᠢ | ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠲᠠᠯ᠎ᠠ ᠨᠤᠲᠤᠭ ᠤᠨ ᠰᠣᠶᠣᠯ ᠤᠨ ᠠᠭᠤᠯᠤᠭᠳᠠᠬᠤᠨ ᠢ ᠤᠯᠠᠮ ᠰᠠᠶᠢᠨ ᠠᠭᠤᠳᠠᠯᠯᠠᠵᠤ᠂ ᠣᠶᠢᠷ᠎ᠠ ᠬᠠᠪᠢ ᠶᠢᠨ ᠶᠡᠭᠡ | ᠳᠤᠮᠳᠠ ᠬᠤᠳᠠ ᠶᠢᠨ ᠬᠡᠷᠡᠭᠴᠡᠭᠡ ᠳᠤ ᠲᠣᠭᠤᠷᠢᠭᠤᠯᠤᠨ᠂ ᠤᠬᠠᠭᠤᠯᠭ᠎ᠠ ᠶᠢᠨ ᠹᠢᠯᠢᠮ᠂ ᠪᠢᠴᠢᠯ ᠺᠢᠨᠣ᠋ ᠦᠢᠯᠡᠳᠬᠦ ᠵᠡᠷᠭᠡ ᠠᠷᠭ᠎ᠠ ᠬᠡᠯᠪᠡᠷᠢ ᠪᠠᠷ ᠤᠬᠠᠭᠤᠯᠭ᠎ᠠ ᠪᠠᠨ | ᠴᠢᠩᠭᠠᠳᠬᠠᠵᠤ᠂ ᠨᠢᠭᠡ ᠪᠦᠯᠦᠭ ᠦᠨᠳᠦᠰᠦᠲᠡᠨ ᠤ ᠭᠠᠵᠠᠷ ᠣᠷᠣᠨ ᠤ ᠣᠨᠴᠠᠯᠢᠭ ᠲᠠᠢ ᠰᠣᠶᠣᠯ ᠤᠷᠠᠯᠢᠭ ᠤᠨ ᠰᠣᠳᠣᠨ ᠪᠦᠲᠦᠭᠡᠯ ᠢ ᠨᠠᠶᠢᠷᠠᠭᠤᠯᠤᠨ ᠵᠣᠬᠢᠶᠠᠵᠤ᠂ | ᠲᠣᠭᠲᠠᠭᠰᠠᠨ ᠬᠤᠭᠤᠴᠠᠭ᠎ᠠ ᠲᠠᠢ ᠪᠠᠷ ᠵᠤᠭᠠᠴᠠᠯ ᠦᠵᠡᠮᠦᠷᠢ ᠶᠢᠨ ᠣᠷᠣᠨ ᠳᠤ ᠲᠣᠭᠯᠠᠯᠲᠠ ᠭᠠᠷᠭᠠᠵᠤ᠂ ᠰᠣᠶᠣᠯ ᠬᠢᠭᠡᠳ ᠵᠤᠭᠠᠴᠠᠯ ᠤᠨ ᠠᠭᠤᠰᠤᠯᠴᠠᠯ ᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠣᠳᠣ ᠦᠶ᠎ᠡ ᠶᠢᠨ ᠪᠣᠳᠠᠰ ᠤᠨ ᠭᠦᠢᠯᠬᠡᠬᠡᠨ ᠤ ᠠᠵᠤ ᠦᠢᠯᠡᠰ ᠨᠢ ᠲᠡᠭᠡᠭᠡᠪᠦᠷᠢᠯᠡᠨ ᠡᠵᠡᠩᠨᠡᠬᠦ ᠪᠣᠳᠠᠰ ᠤᠨ ᠭᠦᠢᠯᠬᠡᠬᠡᠨ ᠤ | ᠲᠡᠭᠡᠭᠡᠪᠦᠷᠢ ᠶᠢᠨ ᠴᠢᠮᠡᠭᠡ ᠵᠠᠩᠭᠢ ᠶᠢᠨ ᠲᠠᠪᠴᠠᠩ ᠢ ᠲᠡᠭᠦᠯᠳᠡᠷᠵᠢᠭᠦᠯᠵᠦ᠂ ᠴᠢ ᠫᠠᠨ ᠵᠢᠩ᠂ ᠮᠧᠩ ᠰᠢ ᠬᠦᠷᠢᠶᠡᠯᠡᠩ ᠳᠤ ᠲᠣᠮᠣ ᠬᠡᠯᠪᠡᠷᠢ ᠶᠢᠨ ᠪᠣᠳᠠᠰ ᠤᠨ | ᠭᠦᠢᠯᠬᠡᠬᠡᠨ ᠤ ᠠᠵᠤ ᠠᠬᠤᠶᠢᠯᠠᠯ ᠢ ᠲᠠᠲᠠᠨ ᠣᠷᠣᠭᠤᠯᠵᠤ ᠠᠵᠢᠯ ᠲᠥᠷᠥᠯ ᠡᠷᠬᠢᠯᠡᠭᠦᠯᠦᠨ᠂ ᠲᠣᠬᠢᠷᠠᠭᠤᠯᠤᠨ ᠬᠦᠷᠭᠡᠬᠦ ᠲᠥᠪ ᠬᠢᠭᠡᠳ ᠬᠠᠳᠠᠭᠠᠯᠠᠵᠤ ᠵᠥᠭᠡᠭᠡᠪᠦᠷᠢᠯᠡᠬᠦ | ᠰᠠᠭᠤᠷᠢᠨ ᠭᠠᠵᠠᠷ ᠢ ᠪᠠᠶᠢᠭᠤᠯᠵᠤ᠂ ᠲᠣᠯᠣᠭᠠᠶᠢᠯᠠᠭᠴᠢ ᠠᠵᠤ ᠠᠬᠤᠶᠢᠯᠠᠯ ᠢ ᠬᠥᠲᠥᠯᠥᠨ ᠭᠤᠣᠯᠯᠠᠭᠴᠢ ᠪᠤᠰᠤ ᠪᠣᠳᠠᠰ ᠤᠨ ᠭᠦᠢᠯᠬᠡᠬᠡᠨ ᠤ ᠠᠵᠢᠯ ᠲᠥᠷᠥᠯ ᠠᠴᠠ | ᠠᠯᠬᠤᠮ ᠠᠯᠬᠤᠮ ᠢᠶᠠᠷ ᠰᠠᠯᠭᠠᠵᠤ᠂ ᠲᠤᠰᠬᠠᠶᠢᠵᠢᠭᠰᠠᠨ ᠲᠦᠪᠰᠢᠨ ᠢᠶᠠᠨ ᠳᠡᠭᠡᠭᠰᠢᠯᠡᠭᠦᠯᠵᠦ᠂ ᠪᠣᠳᠠᠰ ᠤᠨ ᠭᠦᠢᠯᠬᠡᠬᠡᠨ ᠤ ᠥᠪᠡᠷ ᠤᠨ ᠥᠷᠲᠡᠭ ᠢ ᠨᠢ | ᠪᠠᠭᠤᠷᠠᠭᠤᠯᠤᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠨᠢ ᠪᠦᠬᠦ ᠬᠤᠳᠠ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠰᠦᠯᠵᠢᠶ᠎ᠡ ᠶᠢ ᠪᠠᠶᠢᠭᠤᠯᠬᠤ ᠠᠵᠠ ᠲᠣᠬᠢᠶᠠᠯ ᠢ ᠠᠰᠢᠭᠯᠠᠵᠤ᠂ ᠪᠣᠳᠠᠲᠠᠢ ᠲᠥᠷᠥ ᠶᠢᠨ ᠪᠣᠳᠣᠯᠭ᠎ᠠ ᠠᠷᠭ᠎ᠠ ᠪᠠᠷᠢᠯ ᠲᠣᠭᠲᠠᠭᠠᠨ᠂ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠬᠥᠭᠵᠢᠯᠲᠡ ᠶᠢ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠡᠵᠡᠩᠨᠡᠯᠲᠡ ᠶᠢᠨ ᠬᠤᠳᠠᠯᠳᠤᠭᠠᠨ ᠤ ᠡᠷᠦᠬᠡ ᠶᠢᠨ ᠦᠢᠯᠡᠰ ᠪᠣᠰᠬᠠᠬᠤ ᠲᠠᠢ | ᠤᠶᠠᠯᠳᠤᠭᠤᠯᠵᠤ᠂ ᠭᠤᠣᠯᠳᠠᠭᠤ ᠣᠷᠢᠶᠠᠮᠠᠭ ᠵᠠᠮᠠᠭ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠵᠡᠷᠭᠡ ᠣᠨᠴᠠᠯᠢᠭᠲᠤ | ᠦᠢᠯᠡᠳᠬᠦᠨ ᠢ ᠭᠠᠳᠠᠭᠰᠢ ᠪᠣᠷᠣᠯᠠᠭᠤᠯᠬᠤ ᠳᠤ ᠲᠣᠭᠤᠷᠢᠭᠤᠯᠤᠨ᠂ ᠠᠵᠤ ᠦᠢᠯᠡᠰ ᠤᠨ ᠬᠥᠭᠵᠢᠯᠲᠡ ᠪᠣᠯᠣᠨ ᠤᠯᠠᠨ ᠲᠦᠮᠡᠨ ᠤ ᠣᠷᠣᠯᠭ᠎ᠠ ᠶᠢᠨ ᠨᠡᠮᠡᠭᠳᠡᠯᠲᠡ ᠶᠢᠨ | ︽ᠬᠤᠣᠰ ᠦᠷ᠎ᠡ ᠠᠰᠢᠭ︾ ᠢ ᠪᠡᠶᠡᠯᠡᠭᠦᠯᠦᠨ᠎ᠡ᠃ ᠡᠭᠦᠨ ᠤ ᠬᠠᠮᠲᠤ᠂ ᠮᠥᠩᠭᠦᠨ ᠭᠦᠢᠯᠬᠡᠬᠡᠨ ᠤ ᠴᠢᠮᠡᠭᠡ ᠵᠠᠩᠭᠢ᠂ ᠡᠷᠡᠭᠦᠯ ᠰᠠᠷᠠᠭᠤᠯ ᠰᠡᠯᠡᠭᠦᠴᠡᠯ ᠵᠤᠭᠠᠴᠠᠯ᠂ ᠭᠡᠷ | ᠠᠬᠤᠢ ᠶᠢᠨ ᠦᠢᠯᠡᠴᠢᠯᠡᠭᠡ ᠵᠡᠷᠭᠡ ᠬᠡᠷᠡᠭᠯᠡᠭᠡᠨ ᠤ ᠴᠢᠨᠠᠷᠲᠠᠢ ᠦᠢᠯᠡᠴᠢᠯᠡᠭᠡᠨ ᠤ ᠦᠢᠯᠡᠰ ᠢ ᠢᠳᠡᠪᠬᠢᠲᠡᠢ ᠬᠥᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ | ᠬᠤᠳᠠᠯᠳᠤᠭ᠎ᠠ ᠠᠷᠠᠯᠵᠢᠶ᠎ᠠ ᠶᠢᠨ ᠦᠢᠯᠡᠴᠢᠯᠡᠭᠡᠨ ᠤ ᠰᠦᠯᠵᠢᠶ᠎ᠡ ᠴᠡᠭ ᠢ ᠲᠡᠭᠦᠯᠳᠡᠷᠵᠢᠭᠦᠯᠦᠨ᠂ ᠰᠢᠨ᠎ᠡ ᠪᠠᠶᠢᠳᠠᠯ ᠳᠣᠣᠷᠠᠬᠢ ᠥᠪᠡᠷᠮᠢᠴᠡ ᠣᠨᠴᠠᠯᠢᠭ ᠲᠠᠢ᠂ ᠤᠯᠠᠨ | ᠶᠠᠩᠵᠣᠵᠢᠭᠰᠠᠨ ᠬᠡᠷᠡᠭᠯᠡᠭᠡᠨ ᠤ ᠬᠡᠷᠡᠭᠴᠡᠭᠡ ᠲᠠᠢ ᠵᠣᠬᠢᠴᠠᠭᠤᠯᠤᠨ᠎ᠠ᠃ | ︵ᠳᠥᠷᠪᠡ︶ ᠴᠢᠳᠠᠮᠵᠢ ᠶᠢ ᠲᠡᠭᠦᠯᠳᠡᠷᠵᠢᠭᠦᠯᠬᠦ ᠶᠢ ᠠᠳᠬᠤᠵᠤ᠂ ᠴᠢᠨᠠᠷᠯᠢᠭ ᠬᠤᠳᠠ ᠪᠠᠯᠭᠠᠰᠤᠨ ᠤ ᠪᠠᠶᠢᠭᠤᠯᠤᠯᠲᠠ ᠶᠢ ᠠᠬᠢᠭᠤᠯᠤᠨ᠎ᠠ᠃ ᠬᠥᠮᠥᠨ ᠢᠶᠠᠷ | ᠭᠤᠣᠯ ᠪᠣᠯᠭᠠᠬᠤ ᠶᠢ ᠪᠠᠷᠢᠮᠲᠠᠯᠠᠵᠤ᠂ ᠬᠤᠲᠠ ᠪᠠᠯᠭᠠᠰᠤᠨ ᠤ ᠪᠠᠶᠢᠭᠤᠯᠤᠯᠲᠠ ᠶᠢ ᠬᠡᠪᠴᠢᠶᠡᠵᠢᠯ ᠤᠨ ᠥᠷᠭᠡᠳᠬᠡᠯ ᠠᠴᠠ ᠴᠢᠨᠠᠷ ᠴᠢᠨᠰᠠᠭ᠎ᠠ ᠶᠢᠨ ᠳᠡᠭᠡᠭᠰᠢᠯᠡᠯᠲᠡ ᠲᠡᠰᠢ | ᠬᠤᠪᠢᠷᠠᠭᠤᠯᠬᠤ ᠶᠢ ᠠᠬᠢᠭᠤᠯᠵᠤ᠂ ᠤᠯᠤᠰ ᠤᠨ ᠴᠡᠴᠡᠷᠯᠢᠭᠵᠢᠭᠰᠡᠨ ᠬᠤᠰᠢᠭᠤ ᠰᠢᠶᠠᠨ ᠤ ᠬᠤᠳᠠ ᠶᠢ ᠪᠠᠶᠢᠭᠤᠯᠬᠤ ᠪᠠᠷ ᠴᠢᠷᠮᠠᠶᠢᠨ᠎ᠠ᠃ | ᠨᠢᠭᠡ ᠳᠤ ᠬᠤᠳᠠ ᠪᠠᠯᠭᠠᠰᠤᠨ ᠤ ᠴᠢᠳᠠᠮᠵᠢ ᠶᠢ ᠲᠡᠭᠦᠯᠳᠡᠷᠵᠢᠭᠦᠯᠦᠨ᠎ᠡ᠃ ᠰᠠᠭᠤᠷᠢᠰᠢᠨ ᠠᠮᠢᠳᠤᠷᠠᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠠᠴᠠ | ᠭᠠᠷᠳᠠᠵᠤ᠂ ᠬᠤᠭᠤᠯᠠᠢ ᠲᠣᠣᠷ ᠤᠨ ᠢᠵᠢ ᠪᠦᠷᠢᠳᠣᠬᠦᠯᠣᠯᠳᠡ᠂ ᠨᠤᠭᠤᠭᠠᠷᠠᠭᠤᠯᠣᠯᠳᠠ ᠭᠤᠶᠣᠵᠢᠭᠤᠯᠣᠯᠳᠠ᠂ ᠨᠤᠷᠠᠭᠠᠵᠤ ᠨᠡᠭᠦᠯᠭᠡᠭᠰᠡᠨ ᠭᠠᠵᠠᠷ ᠲᠠᠬᠢ ᠴᠡᠭᠴᠡᠯᠡᠨ | ᠵᠠᠰᠠᠯᠲᠠ ᠵᠡᠷᠭᠡ ᠠᠵᠢᠯ ᠢ ᠭᠤᠣᠯᠳᠠᠯᠭ᠎ᠠ ᠲᠠᠢ ᠴᠢᠩᠭᠠᠳᠬᠠᠨ᠎ᠠ᠃ ᠤᠯᠠᠭᠠᠨᠪᠠᠯᠭᠠᠰᠤ ᠳ᠋ᠣ᠋ᠰᠢᠨᠡ ᠵᠤᠤ ᠵᠡᠭᠡᠯᠢ᠂ ᠢ ᠵᠢᠩ ᠵᠠᠮ ᠵᠡᠷᠭᠡ ᠬᠤᠳᠠ ᠶᠢᠨ ᠵᠠᠮ ᠢ 11 | ᠵᠤᠷᠪᠤᠰ 5.8 ᠺᠢᠯᠣᠮᠧᠲᠷ ᠲᠥᠯᠥᠪᠯᠡᠨ ᠵᠠᠰᠠᠬᠤ ᠪᠠᠷ ᠴᠢᠷᠮᠠᠶᠢᠵᠤ᠂ ᠬᠢᠮᠳᠠ ᠲᠣᠬᠢᠷᠠᠮᠵᠢᠲᠤ ᠣᠷᠣᠨ ᠰᠠᠭᠤᠴᠠ ᠶᠢᠨ ᠲᠣᠭᠤᠷᠢᠭ ᠤᠨ ᠣᠶᠢᠷ᠎ᠠ ᠬᠠᠪᠢ᠂ ᠲᠤᠷᠰᠢᠯᠲᠠ | ᠶᠢᠨ ᠪᠠᠭ᠎ᠠ ᠰᠤᠷᠭᠠᠭᠤᠯᠢ ᠶᠢᠨ ᠪᠠᠷᠠᠭᠤᠨ ᠭᠤᠳᠤᠮᠵᠢ ᠶᠢᠨ 7000 ᠲᠡᠭᠰᠢ ᠳᠥᠷᠪᠡᠯᠵᠢᠨ ᠮᠧᠲᠷ ᠢ ᠳᠡᠪᠢᠰᠴᠦ ᠬᠠᠲᠠᠭᠤᠷᠠᠭᠤᠯᠤᠨ᠎ᠠ᠂ ᠮᠣᠩᠭᠤᠯ ᠳᠤᠮᠳᠠᠳᠤ | ᠰᠤᠷᠭᠠᠭᠤᠯᠢ ᠶᠢᠨ ᠪᠠᠷᠠᠭᠤᠨ ᠭᠤᠳᠤᠮᠵᠢ᠂ ᠪᠠᠷᠠᠭᠤᠨ ᠶᠡᠭᠡ ᠵᠡᠭᠡᠯᠢ ᠵᠡᠷᠭᠡ ᠶᠢᠨ ᠪᠣᠷᠣᠭᠠᠨ ᠤ ᠤᠰᠤ ᠪᠤᠵᠠᠷ ᠤᠰᠤᠨ ᠤ ᠬᠤᠭᠤᠯᠠᠢ ᠲᠣᠣᠷ ᠤᠨ ᠢᠨᠵᠧᠨᠧᠷᠢᠩ ᠤᠨ | 10 ᠬᠡᠰᠡᠭ ᠭᠠᠵᠠᠷ ᠤᠨ 9.2 ᠺᠢᠯᠣᠮᠧᠲᠷ ᠢ ᠳᠡᠪᠢᠰᠴᠦ᠂ ᠲᠥᠯᠥᠪᠵᠢᠭᠦᠯᠭᠡ ᠦᠵᠡᠭᠦᠯᠦᠯᠭᠡ ᠶᠢᠨ ᠣᠷᠳᠣᠨ ᠤ ᠣᠶᠢᠷ᠎ᠠ ᠬᠠᠪᠢ ᠬᠢᠭᠡᠳ ᠬᠡᠰᠡᠭ ᠵᠡᠭᠡᠯᠢ ᠭᠤᠳᠤᠮᠵᠢ | ᠶᠢᠨ ᠬᠤᠶᠠᠷ ᠬᠠᠵᠠᠭᠤ ᠶᠢᠨ 10 ᠲᠦᠮᠡᠨ ᠲᠡᠭᠰᠢ ᠳᠥᠷᠪᠡᠯᠵᠢᠨ ᠮᠧᠲᠷ ᠤᠨ ᠨᠣᠭᠤᠭᠠᠷᠠᠭᠤᠯᠤᠯᠲᠠ ᠶᠢ ᠡᠬᠢᠯᠡᠭᠦᠯᠦᠨ ᠲᠥᠯᠥᠪᠯᠡᠨ᠎ᠡ᠃ ᠮᠠᠰᠢᠨ ᠲᠡᠷᠭᠡᠨ ᠤ ᠥᠷᠲᠡᠭᠡ | ᠶᠢ ᠲᠦᠷᠭᠡᠬᠡᠨ ᠠᠰᠢᠭᠯᠠᠯᠲᠠ ᠳᠤ ᠣᠷᠣᠭᠤᠯᠵᠤ᠂ ᠬᠤᠣᠷ ᠬᠥᠨᠥᠭᠡᠯ ᠦᠭᠡᠢ ᠪᠠᠷ ᠬᠤᠭ ᠨᠣᠪᠰᠢ ᠰᠢᠢᠳᠪᠣᠷᠢᠯᠡᠬᠦ ᠦᠢᠯᠡᠳᠪᠦᠷᠢ ᠶᠢ ᠪᠠᠶᠢᠭᠤᠯᠬᠤ ᠪᠠᠷ ᠴᠢᠷᠮᠠᠶᠢᠨ᠂ | ᠢᠯᠴᠢ ᠶᠢᠨ ᠴᠠᠬᠢᠯᠭᠠᠨ ᠢ ᠬᠤᠯᠪᠣᠭᠠᠯᠠᠨ ᠭᠠᠷᠭᠠᠬᠤ ᠲᠥᠷᠥᠯ ᠵᠦᠢᠯ ᠢ ᠬᠡᠷᠡᠭᠵᠢᠭᠦᠯᠬᠦ ᠪᠠᠷ ᠰᠦᠪᠡᠭᠴᠢᠯᠡᠨ᠎ᠡ᠃ ᠡᠭᠦᠨ ᠤ ᠬᠠᠮᠲᠤ᠂ ︽ᠤᠯᠠᠨ ᠲᠦᠮᠡᠨ ᠰᠠᠶᠢᠨ | ᠳᠤᠷ᠎ᠠ ᠠᠴᠠ ᠪᠠᠨ ᠣᠷᠣᠯᠴᠠᠵᠤ᠂ ᠵᠠᠰᠠᠭ ᠤᠨ ᠣᠷᠳᠣᠨ ᠵᠢᠯᠣᠭᠤᠳᠬᠤ᠂ ᠲᠤᠷᠰᠢᠯᠲᠠ ᠶᠢᠨ ᠴᠡᠭ ᠢᠶᠠᠷ ᠳᠠᠶᠢᠴᠢᠯᠠᠵᠤ᠂ ᠠᠯᠬᠤᠮ ᠠᠯᠬᠤᠮ ᠢᠶᠠᠷ ᠡᠬᠢᠯᠡᠭᠦᠯᠦᠨ ᠬᠢᠬᠦ︾ | ᠵᠠᠷᠴᠢᠮ ᠢᠶᠠᠷ᠂ ︽ᠵᠠᠰᠠᠭ ᠤᠨ ᠣᠷᠳᠣᠨ ᠠᠴᠠ ᠣᠷᠣᠨ ᠲᠣᠭᠤᠷᠢᠭ ᠬᠤᠪᠢᠶᠠᠵᠤ ᠨᠢᠭᠡᠳᠦᠯᠲᠡᠢ ᠲᠥᠯᠥᠪᠯᠡᠬᠦ ᠪᠠ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠬᠦ | ᠂ ᠰᠠᠭᠤᠭᠠᠯᠢ ᠠᠷᠠᠳ ᠥᠪᠡᠰᠦᠪᠡᠨ ᠪᠠᠶᠢᠭᠤᠯᠬᠤ︾ ᠵᠠᠭᠪᠤᠷ ᠢ ᠲᠤᠷᠰᠢᠬᠤ ᠪᠠᠷ ᠰᠦᠪᠡᠭᠴᠢᠯᠡᠵᠦ᠂ ᠳᠥᠭᠦᠮ ᠪᠦᠲᠣᠴᠠᠳᠤ ᠣᠷᠣᠨ ᠰᠠᠭᠤᠴᠠ ᠶᠢᠨ ᠲᠣᠭᠤᠷᠢᠭ | ᠬᠢᠭᠡᠳ ᠬᠠᠭᠤᠴᠢᠨ ᠲᠣᠭᠤᠷᠢᠭ ᠢ ᠥᠭᠡᠷᠡᠴᠢᠯᠡᠬᠦ ᠪᠠᠶᠢᠭᠤᠯᠤᠯᠲᠠ ᠶᠢ ᠠᠬᠢᠭᠤᠯᠤᠨ᠂ ᠨᠤᠷᠠᠭᠠᠵᠤ ᠨᠡᠭᠦᠯᠭᠡᠭᠰᠡᠨ ᠲᠣᠭᠤᠷᠢᠭ ᠤᠨ ᠰᠠᠭᠤᠭᠠᠯᠢ ᠠᠷᠠᠳ ᠤᠨ ᠤᠰᠤ | ᠴᠠᠬᠢᠯᠭᠠᠨ ᠬᠠᠩᠭᠠᠬᠤ᠂ ᠶᠠᠪᠤᠵᠤ ᠰᠠᠭᠤᠬᠤ ᠵᠡᠷᠭᠡ ᠪᠠᠲᠤᠯᠠᠭ᠎ᠠ ᠶᠢᠨ ᠠᠵᠢᠯ ᠬᠢᠭᠡᠳ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ | ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠨ᠎ᠠ᠃ ᠴᠢ ᠫᠠᠨ ᠵᠢᠩ ᠪᠠᠯᠭᠠᠰᠤ᠂ ᠮᠧᠩ ᠰᠢ ᠪᠠᠯᠭᠠᠰᠤ ᠳᠤ ᠠᠵᠤ ᠦᠢᠯᠡᠰ ᠤᠨ ᠬᠥᠭᠵᠢᠯᠲᠡ ᠬᠢᠭᠡᠳ ᠠᠷᠠᠳ ᠤᠨ | ᠠᠮᠢᠳᠤᠷᠠᠯ ᠤᠨ ᠬᠡᠷᠡᠭᠴᠡᠭᠡ ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠬᠤᠳᠠ ᠶᠢᠨ ᠵᠠᠮ ᠢ 5 ᠵᠤᠷᠪᠤᠰ 8.5 ᠺᠢᠯᠣᠮᠧᠲᠷ᠂ ᠵᠡᠭᠡᠯᠢ ᠭᠤᠳᠤᠮᠵᠢ ᠶᠢ 3 | ᠲᠦᠮᠡᠨ ᠲᠡᠭᠰᠢ ᠳᠥᠷᠪᠡᠯᠵᠢᠨ ᠮᠧᠲᠷ ᠬᠠᠲᠠᠭᠤᠷᠠᠭᠤᠯᠬᠤ᠂ ᠶᠡᠷᠦᠩᠬᠡᠢ ᠬᠤᠭᠤᠯᠠᠢ ᠲᠣᠣᠷ ᠢ 37 ᠺᠢᠯᠣᠮᠧᠲᠷ᠂ 41 ᠲᠦᠮᠡᠨ ᠲᠡᠭᠰᠢ ᠳᠥᠷᠪᠡᠯᠵᠢᠨ ᠮᠧᠲᠷ ᠤᠨ | ᠨᠣᠭᠤᠭᠠᠷᠠᠭᠤᠯᠤᠯᠲᠠ ᠶᠢ ᠭᠤᠣᠯᠳᠠᠯᠭ᠎ᠠ ᠲᠠᠢ ᠬᠡᠷᠡᠭᠵᠢᠭᠦᠯᠦᠨ᠎ᠡ᠃ ᠦᠮᠡᠬᠡᠶᠢᠨᠠᠭᠤᠷ ᠪᠠᠯᠭᠠᠰᠤ᠂ ᠠᠷᠪᠠᠰ ᠰᠤᠮᠤ᠂ ᠰᠦᠮᠡᠲᠦ ᠰᠤᠮᠤ ᠳᠤ ︽ᠠᠷᠪᠠ ᠶᠢ ᠪᠦᠷᠬᠦᠭᠦᠯᠬᠦ︾ | ᠢᠨᠵᠧᠨᠧᠷᠢᠩ ᠲᠠᠢ ᠤᠶᠠᠯᠳᠤᠭᠤᠯᠵᠤ᠂ ᠲᠤᠬᠠᠢ ᠶᠢᠨ ᠭᠠᠵᠠᠷ ᠲᠤᠨᠢ ᠲᠣᠬᠢᠷᠠᠭᠤᠯᠤᠨ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠬᠦ ᠬᠢᠭᠡᠳ ᠤᠯᠠᠨ ᠨᠡᠶᠢᠲᠡ | ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠠᠨ ᠴᠢᠩᠭᠠᠳᠬᠠᠨ᠎ᠠ᠃ | ᠬᠤᠶᠠᠷ ᠲᠤ ᠬᠤᠳᠠ ᠶᠢᠨ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠶᠢ ᠲᠠᠰᠤᠷᠠᠯᠲᠠ ᠦᠭᠡᠢ | ᠥᠷᠭᠡᠳᠬᠡᠨ᠂ ᠬᠤᠳᠠ ᠶᠢᠨ ᠳᠦᠷᠢ ᠲᠥᠷᠬᠦ᠂ ᠬᠤᠳᠠ ᠶᠢᠨ ᠲᠣᠨᠤᠭ ᠲᠥᠬᠦᠭᠡᠷᠦᠮᠵᠢ᠂ ᠴᠡᠴᠡᠷᠯᠢᠭᠵᠢᠭᠦᠯᠣᠯᠳᠡ ᠨᠣᠭᠤᠭᠠᠷᠠᠭᠤᠯᠤᠯᠲᠠ᠂ ᠪᠠᠷᠢᠯᠭ᠎ᠠ ᠶᠢᠨ ᠭᠠᠵᠠᠷ᠂ | ᠬᠤᠳᠠ ᠶᠢᠨ ᠲᠡᠭᠦᠷᠭᠡ ᠶᠢᠨ ᠵᠠᠯᠭᠠᠯᠳᠤᠯ ᠬᠡᠰᠡᠭ ᠵᠡᠷᠭᠡ ᠭᠤᠣᠯᠳᠠᠯᠭ᠎ᠠ ᠲᠠᠢ ᠬᠡᠪᠴᠢᠶᠡᠨ ᠳᠠᠬᠢ ᠬᠢᠨᠠᠨ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠤᠳᠠ | ᠪᠠᠯᠭᠠᠰᠤᠨ ᠤ ᠭᠠᠵᠠᠷ ᠳᠣᠣᠷᠠᠬᠢ ᠬᠤᠭᠤᠯᠠᠢ ᠭᠤᠣᠷᠰᠣᠨ ᠤ ᠨᠡᠶᠢᠳᠡᠮ ᠪᠠᠶᠢᠴᠠᠭᠠᠯᠲᠠ ᠶᠢ ᠪᠡᠶᠡᠯᠡᠭᠦᠯᠦᠨ᠂ ᠲᠣᠭᠠᠴᠢᠯᠠᠭᠰᠠᠨ ᠬᠤᠳᠠ ᠶᠢᠨ ᠬᠠᠮᠢᠶᠠᠷᠤᠯᠲᠠ᠂ | ᠣᠶᠤᠨᠴᠢ ᠵᠠᠮ ᠬᠠᠷᠢᠯᠴᠠᠭ᠎ᠠ ᠬᠢᠭᠡᠳ ᠠᠶᠤᠯ ᠠᠴᠠ ᠰᠡᠷᠭᠡᠶᠢᠯᠡᠬᠦ ᠬᠢᠨᠠᠨ ᠡᠵᠡᠮᠰᠢᠭᠦᠷ ᠤᠨ ᠪᠠᠶᠢᠭᠤᠯᠤᠯᠲᠠ ᠶᠢ ᠨᠢᠭᠡᠳᠦᠯᠲᠡᠢ ᠰᠠᠶᠢᠲᠤᠷ ᠠᠳᠬᠤᠨ᠂ ᠨᠡᠶᠢᠲᠡ ᠶᠢᠨ | ᠮᠠᠰᠢᠨ ᠤ ᠠᠶᠠᠯᠠᠬᠤ ᠵᠠᠮ ᠱᠤᠭᠤᠮ ᠢ ᠤᠯᠠᠮ ᠲᠣᠬᠢᠷᠠᠮᠵᠢᠲᠠᠢ ᠪᠣᠯᠭᠠᠨ᠂ ᠲᠦᠷᠢᠶᠡᠰᠦᠨ ᠮᠠᠰᠢᠨ ᠤ ᠲᠡᠭᠡᠭᠡᠪᠦᠷᠢ ᠡᠵᠡᠩᠨᠡᠯᠲᠡ ᠶᠢ ᠵᠢᠷᠤᠮᠵᠢᠭᠤᠯᠤᠨ᠎ᠠ᠃ ᠬᠠᠮᠢᠶᠠᠷᠤᠯᠲᠠ | ᠶᠢᠨ ᠵᠠᠭᠪᠤᠷ ᠤᠨ ᠰᠢᠨ᠎ᠡ ᠶᠢ ᠡᠭᠦᠳᠴᠦ᠂ ᠵᠠᠷᠤᠳᠠᠯ ᠬᠤᠷᠢᠶᠠᠬᠤ ᠪᠠᠷᠢᠮᠵᠢᠶ᠎ᠠ ᠶᠢ ᠵᠢᠷᠤᠮᠵᠢᠭᠤᠯᠤᠨ᠂ ᠮᠡᠷᠭᠡᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠠᠳᠠᠯ | ᠠᠬᠤᠢ ᠶᠢᠨ ᠬᠠᠮᠢᠶᠠᠷᠤᠯᠲᠠ ᠶᠢᠨ ᠵᠢᠷᠤᠮᠵᠢᠭᠰᠠᠨ᠂ ᠲᠣᠰᠬᠠᠶᠢᠵᠢᠭᠰᠠᠨ ᠲᠦᠪᠰᠢᠨ ᠢ ᠦᠨᠡᠨᠬᠦ ᠳᠡᠭᠡᠭᠰᠢᠯᠡᠭᠦᠯᠦᠨ᠎ᠡ᠃ ᠣᠳᠣ ᠶᠢᠨ ᠨᠡᠶᠢᠭᠡᠮ ᠲᠣᠭᠤᠷᠢᠭ ᠤᠨ ᠴᠢᠳᠠᠮᠵᠢ | ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠭᠤᠷᠪᠠᠨ ᠵᠢᠯ ᠤᠨ ᠬᠤᠭᠤᠴᠠᠭ᠎ᠠ ᠬᠡᠷᠡᠭᠯᠡᠵᠦ ᠪᠠᠶᠢᠭᠠᠳ ᠨᠡᠶᠢᠭᠡᠮ ᠲᠣᠭᠤᠷᠢᠭ ᠪᠦᠭᠦᠳᠡ ᠳᠤ ᠤᠯᠠᠨ ᠨᠡᠶᠢᠲᠡ ᠶᠢᠨ | ᠦᠢᠯᠡᠴᠢᠯᠡᠭᠡᠨ ᠤ ᠲᠥᠬᠦᠭᠡᠷᠦᠮᠵᠢ ᠶᠢ ᠪᠦᠬᠦᠨ ᠢ ᠨᠢ ᠢᠵᠢ ᠪᠦᠷᠢᠳᠦᠭᠦᠯᠬᠦ ᠶᠢ ᠪᠡᠶᠡᠯᠡᠭᠦᠯᠵᠦ᠂ ᠣᠷᠴᠢᠨ ᠲᠣᠭᠤᠷᠢᠨ ᠴᠡᠪᠡᠷ ᠴᠡᠮᠴᠡᠭᠡᠷ᠂ ᠴᠢᠳᠠᠮᠵᠢ ᠲᠡᠭᠦᠯᠳᠡᠷ᠂ | ᠦᠢᠯᠡᠴᠢᠯᠡᠭᠡ ᠲᠥᠬᠦᠮ ᠲᠦᠳᠡ᠂ ᠬᠠᠮᠢᠶᠠᠷᠤᠯᠲᠠ ᠥᠨᠳᠥᠷ ᠪᠦᠲᠦᠮᠵᠢᠲᠡᠢ ᠨᠡᠶᠢᠭᠡᠮ ᠲᠣᠭᠤᠷᠢᠭ ᠤᠨ ᠰᠢᠨ᠎ᠡ ᠪᠠᠶᠢᠳᠠᠯ ᠢ ᠴᠢᠷᠮᠠᠶᠢᠨ ᠪᠠᠶᠢᠭᠤᠯᠤᠨ᠎ᠠ᠃ | ᠭᠤᠷᠪᠠ ᠳᠤ ᠳᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠰᠠᠭᠤᠷᠢ ᠪᠠᠶᠢᠭᠤᠯᠤᠯᠲᠠ ᠶᠢ | ᠴᠢᠩᠭᠠᠳᠬᠠᠬᠤ ᠠᠰᠢᠭᠲᠠᠢ ᠲᠣᠬᠢᠶᠠᠯ ᠢ ᠠᠳᠬᠤᠵᠤ᠂ ᠬᠤᠳᠠ ᠶᠢᠨ ᠶᠠᠪᠤᠳᠠᠯ ᠤᠨ ᠬᠤᠭᠤᠯᠠᠢ ᠲᠣᠣᠷ᠂ ᠴᠢᠮᠡᠭᠡ ᠨᠡᠪᠳᠡᠷᠡᠯᠬᠡ ᠶᠢᠨ ᠰᠦᠯᠵᠢᠶ᠎ᠡ ᠵᠡᠷᠭᠡ ᠬᠡᠪᠴᠢᠶᠡᠨ | ᠳᠠᠬᠢ ᠲᠥᠷᠥᠯ ᠵᠦᠢᠯ ᠤᠨ ᠳᠡᠮᠵᠢᠯᠭᠡ ᠶᠢ ᠴᠢᠷᠮᠠᠶᠢᠨ ᠣᠯᠵᠤ᠂ ᠬᠤᠳᠠ ᠪᠠᠯᠭᠠᠰᠤᠨ ᠤ ᠰᠠᠭᠤᠷᠢ ᠢᠵᠢ ᠪᠦᠷᠢᠳᠣᠬᠦᠯᠣᠯᠳᠡ ᠶᠢᠨ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ ᠴᠢ ᠫᠠᠨ ᠵᠢᠩ ᠠᠴᠠ ᠮᠧᠩ ᠰᠢ ᠬᠦᠷᠬᠦ ᠲᠦᠷᠭᠡᠨ ᠨᠡᠪᠲᠡᠷᠡᠬᠦ ᠵᠠᠮ᠂ ᠤᠯᠠᠭᠠᠨᠪᠠᠯᠭᠠᠰᠣ ᠠᠴᠠ ᠴᠠᠪ ᠬᠦᠷᠬᠦ ᠵᠤᠭᠠᠴᠠᠯ ᠤᠨ ᠲᠤᠰᠬᠠᠢ ᠱᠤᠭᠤᠮ | ᠬᠢᠭᠡᠳ ᠬᠥᠳᠡᠭᠡ ᠲᠣᠰᠬᠤᠨ ᠤ ᠵᠠᠮ ᠢ 7 ᠵᠤᠷᠪᠤᠰ 164 ᠺᠢᠯᠣᠮᠧᠲᠷ ᠵᠠᠰᠠᠬᠤ ᠪᠠᠷ ᠴᠢᠷᠮᠠᠶᠢᠵᠤ᠂ ᠤᠯᠠᠭᠠᠨᠪᠠᠯᠭᠠᠰᠣ ᠠᠴᠠ ᠭᠠᠯᠠᠭᠤᠲᠤ ᠬᠦᠷᠬᠦ ᠨᠢᠭᠡᠳᠦᠭᠡᠷ ᠲᠡᠰ | ᠤᠨ ᠵᠠᠰᠠᠮᠠᠯ ᠵᠠᠮ᠂ ᠤᠯᠠᠭᠠᠨᠪᠠᠯᠭᠠᠰᠣ ᠠᠴᠠ ᠣᠯᠵᠠᠴᠢ ᠪᠠᠯᠭᠠᠰᠤ ᠬᠦᠷᠬᠦ ᠨᠢᠭᠡᠳᠦᠭᠡᠷ ᠲᠡᠰ ᠤᠨ ᠵᠠᠮ ᠢ ᠲᠦᠷᠭᠡᠨ ᠤ ᠵᠠᠮ ᠪᠣᠯᠭᠠᠨ ᠥᠭᠡᠷᠡᠴᠢᠯᠡᠬᠦ ᠲᠥᠷᠥᠯ ᠵᠦᠢᠯ ᠢ | ᠠᠬᠢᠭᠤᠯᠵᠤ᠂ ᠭᠠᠷᠴᠤ ᠣᠷᠣᠬᠤ ᠳᠦᠷᠪᠡᠨ ᠡᠭᠦᠳᠡ ᠶᠢ ᠴᠥᠮ ᠲᠦᠷᠭᠡᠨ ᠤ ᠵᠠᠮ ᠪᠣᠯᠭᠠᠬᠤ ᠶᠢ ᠲᠦᠷᠭᠡᠬᠡᠨ ᠪᠡᠶᠡᠯᠡᠭᠦᠯᠵᠦ᠂ ᠬᠤᠳᠠ ᠬᠥᠳᠡᠭᠡ ᠶᠢ ᠵᠣᠯᠭᠠᠭᠤᠯᠬᠤ ︽ | ᠨᠠᠷᠢᠨ ᠰᠤᠳᠠᠰᠤ︾ ᠶᠢ ᠨᠡᠪᠲᠡᠷᠡᠭᠦᠯᠦᠨ᠎ᠡ᠃ ᠡᠭᠦᠨ ᠤ ᠬᠠᠮᠲᠤ᠂ ᠠᠵᠤ ᠦᠢᠯᠡᠰ ᠬᠤᠳᠠ ᠶᠢ ᠠᠭᠤᠰᠤᠯᠴᠠᠭᠤᠯᠬᠤ᠂ ᠠᠵᠤ ᠦᠢᠯᠡᠰ ᠬᠤᠳᠠ ᠶᠢ ᠬᠠᠷᠢᠯᠴᠠᠨ | ᠳᠠᠶᠢᠴᠢᠯᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠳᠠ ᠳᠤ ᠨᠡᠭᠦᠯᠭᠡᠭᠰᠡᠨ ᠮᠠᠯᠴᠢᠨ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠤᠨ ᠠᠰᠠᠭᠤᠳᠠᠯ ᠢ | ᠢᠳᠡᠪᠬᠢᠲᠡᠢ ᠰᠢᠢᠳᠪᠣᠷᠢᠯᠡᠨ᠎ᠡ᠃ | ︵ᠲᠠᠪᠤ︶ ᠲᠣᠯᠭᠠᠭᠤᠷᠢᠭᠤᠯᠬᠤ ᠪᠠᠲᠤᠯᠠᠭ᠎ᠠ ᠶᠢ ᠠᠳᠬᠤᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠰᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠷᠭ᠎ᠠ | ᠪᠣᠳᠣᠯᠭ᠎ᠠ ᠶᠢ ᠨᠢᠮᠪᠠᠢ ᠰᠤᠳᠤᠯᠵᠤ᠂ ᠠᠶᠤᠯ ᠦᠭᠡᠢ ᠶᠢᠨ ᠪᠠᠶᠢᠳᠠᠯ ᠤᠨ ᠲᠣᠭᠲᠠᠪᠤᠷᠢᠵᠢᠭᠤᠯᠤᠯᠲᠠ᠂ ᠣᠷᠴᠢᠨ ᠲᠣᠭᠤᠷᠢᠨ ᠤ ᠳᠦᠷᠢ ᠲᠥᠷᠬᠦ ᠶᠢᠨ | ᠰᠠᠶᠢᠵᠢᠷᠠᠭᠤᠯᠤᠯᠲᠠ᠂ ᠡᠳ᠋ ᠤᠨ ᠵᠠᠰᠠᠭ ᠤᠨ ᠰᠢᠰᠲ᠋ᠧᠮ ᠤᠨ ᠡᠷᠭᠢᠯᠲᠡ ᠶᠢ ᠪᠠᠲᠤᠯᠠᠨ᠎ᠠ᠃ | ᠨᠢᠭᠡ ᠳᠤ ᠠᠶᠤᠯ ᠦᠭᠡᠢ ᠦᠢᠯᠡᠳᠪᠦᠷᠢᠯᠡᠯ ᠤᠨ ᠤᠯᠠᠭᠠᠨ ᠱᠤᠭᠤᠮ ᠢ ᠴᠢᠩᠭ᠎ᠠ ᠪᠠᠷᠢᠮᠲᠠᠯᠠᠨ᠎ᠠ᠃ ᠰᠢᠨ᠎ᠡ ︽ᠠᠶᠤᠯ ᠦᠭᠡᠢ ᠦᠢᠯᠡᠳᠪᠦᠷᠢᠯᠡᠯ ᠤᠨ ᠬᠠᠤᠯᠢ︾ | ᠶᠢ ᠨᠢᠮᠪᠠᠢ ᠲᠣᠣᠱᠯᠠᠭᠤᠯᠵᠣ᠂ ᠤᠬᠠᠭᠤᠯᠭ᠎ᠠ ᠬᠥᠮᠥᠵᠢᠯ ᠢᠶᠠᠨ ᠴᠢᠩᠭᠠᠳᠬᠠᠨ᠂ ᠪᠦᠬᠦ ᠠᠷᠠᠳ ᠤᠨ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠵᠦ᠂ | ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠠᠵᠢᠯᠴᠢᠳ ᠤᠨ ᠠᠶᠤᠯ ᠦᠭᠡᠢ ᠦᠢᠯᠡᠳᠪᠦᠷᠢᠯᠡᠯ ᠤᠨ ᠮᠡᠷᠭᠡᠵᠢᠯ ᠤᠨ ᠪᠣᠯᠪᠠᠰᠤᠷᠠᠭᠤᠯᠤᠯ ᠢ ᠦᠨᠡᠨᠬᠦ ᠴᠢᠩᠭᠠᠳᠬᠠᠨ᠂ | ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠬᠢᠭᠡᠳ ︽ᠨᠠᠮ ᠵᠠᠰᠠᠭ ᠬᠠᠮᠲᠤ ᠳᠠᠭᠠᠨ ᠬᠠᠷᠢᠭᠤᠴᠠᠬᠤ᠂ ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ᠂ | ᠬᠠᠮᠳᠣᠪᠡᠷ ᠠᠳᠬᠤᠵᠤ ᠬᠠᠮᠳᠣᠪᠡᠷ ᠬᠠᠮᠢᠶᠠᠷᠬᠤ︾ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠴᠢᠮᠡᠭᠡ ᠵᠠᠩᠭᠢ ᠶᠢᠨ ᠲᠠᠪᠴᠠᠩ ᠢ ᠪᠦᠬᠦ ᠲᠠᠯ᠎ᠠ ᠪᠠᠷ ᠬᠡᠷᠡᠭᠵᠢᠭᠦᠯᠦᠨ᠂ ︽ᠵᠠᠰᠠᠭ ᠤᠨ ᠣᠷᠳᠣᠨ ᠠᠴᠠ ᠬᠢᠨᠠᠨ ᠬᠠᠮᠢᠶᠠᠷᠤᠯᠲᠠ ᠶᠢ | ᠠᠳᠬᠤᠬᠤ᠂ ᠲᠤᠰᠬᠠᠢ ᠮᠡᠷᠭᠡᠵᠢᠯᠲᠡᠨ ᠳᠠᠯᠳᠠ ᠭᠡᠮ ᠢ ᠪᠠᠶᠢᠴᠠᠭᠠᠬᠤ᠂ ᠠᠵᠤ ᠠᠬᠤᠶᠢᠯᠠᠯ ᠨᠠᠶᠢᠳᠠᠪᠤᠷᠢᠵᠢᠭᠤᠯᠬᠤ︾ ᠳᠠᠯᠳᠠ ᠭᠡᠮ ᠢ ᠳᠠᠷᠠᠭᠠᠯᠠᠨ ᠪᠠᠶᠢᠴᠠᠭᠠᠵᠤ | ᠴᠡᠭᠴᠡᠯᠡᠨ ᠵᠠᠰᠠᠬᠤ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠪᠠᠷᠢᠮᠵᠢᠶᠠᠲᠤ ᠪᠠᠶᠢᠭᠤᠯᠤᠯᠲᠠ᠂ ᠡᠭᠡᠯᠵᠢ ᠳᠤᠭᠤᠶᠢᠯᠠᠩ ᠤᠨ ᠪᠠᠶᠢᠭᠤᠯᠤᠯᠲᠠ | ᠬᠢᠭᠡᠳ ᠰᠠᠭᠤᠷᠢ ᠢᠵᠢ ᠪᠦᠷᠢᠳᠣᠬᠦᠯᠣᠯᠳᠡ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠯᠲᠠ ᠵᠡᠷᠭᠡ ᠭᠤᠣᠯ ᠭᠤᠭᠴᠤᠭ᠎ᠠ ᠶᠢ ᠰᠠᠶᠢᠲᠤᠷ ᠠᠳᠬᠤᠨ᠂ | ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ᠂ ᠵᠠᠰᠠᠮᠠᠯ ᠵᠠᠮ ᠬᠠᠷᠢᠯᠴᠠᠭ᠎ᠠ᠂ ᠠᠮᠠᠷᠬᠠᠨ ᠨᠣᠴᠣᠵᠤ ᠳᠡᠯᠪᠡᠷᠡᠬᠦ ᠪᠣᠳᠠᠰ ᠬᠢᠭᠡᠳ ᠬᠥᠮᠥᠨ ᠠᠷᠪᠢᠨ ᠬᠤᠷᠠᠨ | ᠴᠤᠭᠯᠠᠷᠠᠭᠰᠠᠨ ᠲᠠᠯᠠᠪᠤᠷ ᠵᠡᠷᠭᠡ ᠬᠡᠪᠴᠢᠶᠡᠨ ᠳᠠᠬᠢ ᠬᠢᠨᠠᠨ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠴᠢ ᠫᠠᠨ ᠵᠢᠩ᠂ ᠮᠧᠩ ᠰᠢ ᠬᠦᠷᠢᠶᠡᠯᠡᠩ ᠤᠨ | ᠭᠠᠯ ᠤᠨᠲᠠᠷᠠᠭᠠᠬᠤ ᠡᠩᠨᠡᠭᠡ ᠬᠢᠭᠡᠳ ᠲᠣᠨᠣᠭᠯᠠᠯ ᠤᠨ ᠴᠢᠳᠠᠪᠤᠷᠢ ᠶᠢᠨ ᠪᠠᠶᠢᠭᠤᠯᠤᠯᠲᠠ ᠶᠢ ᠭᠤᠣᠯᠳᠠᠯᠭ᠎ᠠ ᠲᠠᠢ ᠴᠢᠩᠭᠠᠳᠬᠠᠨ᠂ ᠠᠶᠤᠯ ᠦᠭᠡᠢ ᠶᠢᠨ ᠳᠠᠯᠳᠠ ᠭᠡᠮ | ᠤᠨ ᠬᠡᠷᠡᠭ ᠢ ᠰᠢᠳᠬᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ | ᠲᠣᠭᠲᠠᠭᠤᠨ ᠪᠠᠶᠢᠬᠤ ᠶᠢ ᠪᠠᠲᠤᠯᠠᠨ᠎ᠠ᠃ | ᠬᠤᠶᠠᠷ ᠲᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠰᠢᠨ᠎ᠡ ︽ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠠᠤᠯᠢ︾ ᠶᠢ ᠨᠢᠮᠪᠠᠢ ᠲᠣᠣᠱᠯᠠᠭᠤᠯᠵᠣ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠭᠤᠷᠪᠠ ᠶᠢ ᠵᠡᠷᠬᠡᠪᠡᠷ ᠬᠢᠬᠦ︾ ᠳᠦᠷᠢᠮ ᠢ ᠴᠢᠩᠭ᠎ᠠ ᠬᠡᠷᠡᠭᠵᠢᠭᠦᠯᠦᠨ᠂ | ᠣᠷᠴᠢᠨ ᠲᠣᠭᠤᠷᠢᠨ ᠤ ᠬᠠᠤᠯᠢ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠵᠠᠯᠬᠠᠭᠠᠵᠤ᠂ ᠴᠢᠩᠭ᠎ᠠ ᠴᠣᠬᠢᠯᠲᠠ ᠥᠭᠭᠦᠨ᠂ ᠴᠢᠩᠭ᠎ᠠ ᠪᠠᠷ ᠰᠢᠳᠬᠡᠵᠣ | ᠂ ᠪᠠᠷᠢᠮᠵᠢᠶ᠎ᠠ ᠠᠴᠠ ᠬᠡᠲᠦᠷᠡᠭᠦᠯᠦᠨ ᠪᠣᠬᠢᠷᠲᠤᠯ ᠭᠠᠳᠠᠭᠰᠢᠯᠠᠭᠤᠯᠬᠤ᠂ ᠨᠢᠭᠤᠵᠤ ᠭᠠᠳᠠᠭᠰᠢᠯᠠᠭᠤᠯᠬᠤ ᠠᠵᠢᠯᠯᠠᠭ᠎ᠠ ᠳᠠᠬᠢ ᠰᠢᠳᠬᠡᠬᠦ ᠡᠷᠴᠢᠮ ᠢᠶᠠᠨ ᠴᠢᠩᠭᠠᠷᠠᠭᠤᠯᠵᠤ᠂ | ᠮᠡᠷᠭᠡᠵᠢᠯ ᠬᠤᠴᠣᠷᠤᠩᠭᠤᠢ᠂ ᠣᠷᠴᠢᠨ ᠲᠣᠭᠤᠷᠢᠨ ᠢ ᠬᠠᠮᠠᠭᠠᠯᠠᠬᠤ ᠲᠥᠬᠦᠭᠡᠷᠦᠮᠵᠢ ᠨᠠᠶᠢᠳᠠᠪᠤᠷᠢᠵᠢᠭᠰᠠᠨ ᠦᠭᠡᠢ ᠲᠥᠷᠥᠯ ᠵᠦᠢᠯ ᠤᠨ ᠠᠵᠢᠯ ᠡᠬᠢᠯᠡᠭᠦᠯᠦᠨ | ᠪᠠᠶᠢᠭᠤᠯᠬᠤ ᠶᠢ ᠡᠷᠡᠰ ᠲᠡᠪᠴᠢᠨ᠂ ᠬᠠᠭᠤᠴᠢᠨ ᠥᠷᠢ ᠪᠠᠨ ᠲᠥᠯᠥᠵᠦ᠂ ᠰᠢᠨ᠎ᠡ ᠥᠷᠢ ᠭᠠᠷᠭᠠᠬᠤ ᠦᠭᠡᠢ ᠶᠢ ᠪᠡᠶᠡᠯᠡᠭᠦᠯᠦᠨ᠎ᠡ᠃ ᠠᠭᠤᠷᠬᠠᠢ ᠶᠢᠨ ᠣᠷᠣᠨ ᠤ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠴᠡᠪᠡᠷᠯᠡᠬᠦ ᠲᠥᠰᠥᠯ ᠢ ᠲᠣᠭᠲᠠᠭᠠᠵᠤ᠂ ᠲᠡᠮᠡᠬᠡᠳᠣ ᠠᠭᠤᠯᠠᠨ ᠤ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠤ | ᠴᠡᠭᠴᠡᠯᠡᠨ ᠵᠠᠰᠠᠯᠲᠠ ᠶᠢ ᠳᠣᠪᠣᠶᠢᠯᠭᠠᠨ ᠰᠠᠶᠢᠲᠤᠷ ᠠᠳᠬᠤᠨ᠂ ᠠᠭᠤᠷᠬᠠᠢ ᠶᠢᠨ ᠬᠤᠤᠨᠳᠤᠭ ᠤᠨ ᠤᠰᠤ ᠦᠭᠡᠶᠢᠳᠡᠭᠦᠯᠬᠦ᠂ ᠬᠦᠷᠢᠶᠡᠯᠡᠩ ᠲᠣᠭᠤᠷᠢᠭ ᠤᠨ | ᠳᠠᠪᠤᠰᠤᠯᠢᠭ ᠤᠰᠤ ᠬᠢᠭᠡᠳ ᠪᠠᠶᠢᠭᠠᠯᠢ ᠶᠢᠨ ᠰᠢᠲᠠᠮᠠᠬᠠᠢ ᠬᠡᠢ ᠶᠢᠨ ᠰᠢᠪᠠᠷ ᠱᠠᠯᠴᠢᠭ ᠤᠨ ᠴᠥᠭᠦᠷᠥᠮ ᠤᠨ ᠠᠰᠠᠭᠤᠳᠠᠯ ᠢ ᠪᠦᠬᠦ ᠬᠦᠴᠦ ᠪᠠᠷ ᠢᠶᠠᠨ ᠰᠠᠶᠢᠲᠤᠷ | ᠰᠢᠢᠳᠪᠣᠷᠢᠯᠡᠵᠤ᠂ ᠮᠧᠩ ᠰᠢ ᠶᠢᠨ ᠴᠡᠪᠡᠷᠵᠢᠬᠦᠯᠥᠭᠰᠡᠨ ᠤᠰᠤ ᠶᠢ ᠲᠠᠬᠢᠵᠤ ᠬᠡᠷᠡᠭᠯᠡᠬᠦ᠂ ᠨᠡᠭᠦᠷᠡᠰᠦᠨ ᠤ ᠪᠤᠰᠤ ᠠᠭᠤᠷᠬᠠᠢ ᠶᠢᠨ ᠠᠭᠤᠷᠬᠠᠢ ᠳᠤ ᠣᠷᠣᠬᠤ ᠵᠠᠮ ᠵᠡᠷᠭᠡ | ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠂ ᠬᠦᠨᠳᠦ ᠶᠡᠭᠡ ᠪᠣᠬᠢᠷᠲᠤᠯ ᠤᠨ ᠬᠡᠷᠡᠭ ᠡᠭᠦᠰᠬᠦ ᠶᠢ ᠡᠷᠡᠰ ᠬᠤᠷᠢᠭᠯᠠᠵᠤ᠂ ᠤᠰᠤ᠂ | ᠠᠭᠠᠷ ᠮᠠᠨᠳᠠᠯ᠂ ᠬᠥᠷᠥᠰᠥ ᠰᠢᠷᠣᠢ ᠵᠡᠷᠭᠡ ᠭᠤᠣᠯᠳᠠᠯᠭ᠎ᠠ ᠲᠠᠢ ᠬᠡᠪᠴᠢᠶᠡᠨ ᠳᠠᠬᠢ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ | ᠬᠢᠵᠦ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠡᠨ᠋ᠷᠧᠬᠢ ᠠᠷᠪᠢᠯᠠᠵᠤ ᠪᠣᠬᠢᠷᠲᠤᠯ ᠢ ᠪᠠᠭᠠᠰᠬᠠᠬᠤ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠦᠨ᠎ᠡ᠃ | ᠭᠤᠷᠪᠠ ᠳᠤ ᠣᠷᠣᠯᠭ᠎ᠠ ᠪᠠᠨ ᠨᠡᠮᠡᠭᠳᠡᠭᠦᠯᠵᠦ ᠵᠠᠷᠤᠯᠭ᠎ᠠ ᠪᠠᠨ ᠪᠠᠭᠠᠰᠬᠠᠬᠤ ᠠᠷᠭ᠎ᠠ ᠪᠠᠷᠢᠯ ᠢ ᠴᠢᠩᠭᠠᠳᠬᠠᠨ᠎ᠠ᠃ ᠨᠡᠭᠦᠷᠡᠰᠦᠨ ᠤ ᠡᠬᠢ ᠰᠤᠷᠪᠤᠯᠵᠢ ᠶᠢᠨ | ᠭᠠᠶᠢᠯᠢ ᠶᠢ ᠦᠨ᠎ᠡ ᠬᠠᠩᠰᠢ ᠪᠠᠷ ᠲᠠᠲᠠᠪᠤᠷᠢᠯᠠᠬᠤ ᠠᠵᠢᠯ ᠢ ᠨᠢᠮᠪᠠᠢ ᠰᠠᠶᠢᠲᠤᠷ ᠠᠳᠬᠤᠵᠤ᠂ ᠲᠠᠷᠢᠶᠠᠨ ᠭᠠᠵᠠᠷ ᠡᠵᠡᠯᠡᠬᠦ᠂ ᠪᠠᠶᠢᠭᠠᠯᠢ ᠶᠢᠨ ᠰᠢᠲᠠᠮᠠᠬᠠᠢ ᠬᠡᠢ ᠨᠡᠭᠡᠭᠡᠨ | ᠬᠥᠭᠵᠢᠭᠦᠯᠬᠦ᠂ ᠵᠠᠮ ᠬᠠᠷᠢᠯᠴᠠᠭ᠎ᠠ ᠲᠡᠭᠡᠭᠡᠪᠦᠷᠢ᠂ ᠰᠲ᠋ᠣᠺ ᠤᠨ ᠡᠷᠬᠡ ᠶᠢ ᠰᠢᠯᠵᠢᠭᠦᠯᠦᠨ ᠥᠭᠬᠦ ᠵᠡᠷᠭᠡ ᠬᠡᠪᠴᠢᠶᠡᠨ ᠳᠠᠬᠢ ᠭᠠᠶᠢᠯᠢ ᠲᠠᠲᠠᠪᠤᠷᠢᠯᠠᠨ ᠬᠠᠮᠢᠶᠠᠷᠬᠤ ᠡᠷᠴᠢᠮ | ᠢᠶᠠᠨ ᠴᠢᠩᠭᠠᠷᠠᠭᠤᠯᠤᠨ᠂ ᠳᠡᠭᠡᠳᠦ ᠱᠠᠲᠤᠨ ᠤ ᠡᠳ᠋ ᠤᠨ ᠵᠠᠰᠠᠭ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠬᠢᠭᠡᠳ ᠡᠯ᠎ᠡ ᠲᠥᠷᠥᠯ ᠤᠨ ᠲᠤᠰᠬᠠᠢ ᠪᠡᠯᠡ ᠮᠥᠩᠭᠦ | ᠶᠢ ᠴᠢᠷᠮᠠᠶᠢᠨ ᠣᠯᠵᠤ᠂ ᠬᠡᠷᠡᠭᠯᠡᠵᠦ ᠪᠣᠯᠬᠤᠶᠢᠴᠨ ᠡᠳ᠋ ᠤᠨ ᠬᠦᠴᠦᠨ ᠢ ᠬᠠᠮᠤᠭ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠎ᠡ᠃ ᠤᠷᠳᠤ ᠬᠤᠭᠤᠴᠠᠭ᠎ᠠ ᠪᠠᠷ ᠨᠠᠷᠢᠯᠠᠵᠤ | ᠠᠮᠢᠳᠤᠷᠠᠬᠤ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ︽ᠭᠤᠷᠪᠠᠨ ᠠᠯᠪᠠᠨ︾ ᠤ ᠵᠠᠷᠤᠳᠠᠯ ᠬᠢᠭᠡᠳ ᠵᠠᠰᠠᠭ ᠤᠨ ᠣᠷᠳᠣᠨ ᠠᠴᠠ ᠪᠡᠯᠡ ᠣᠷᠣᠭᠤᠯᠬᠤ | ᠲᠥᠷᠥᠯ ᠵᠦᠢᠯ ᠤᠨ ᠬᠡᠪᠴᠢᠶᠡᠵᠢᠯ ᠢ ᠶᠡᠬᠡᠪᠡᠷ ᠪᠠᠭᠠᠰᠬᠠᠵᠤ᠂ ᠡᠳ᠋ ᠤᠨ ᠬᠦᠴᠦ ᠪᠠᠨ ᠲᠥᠪᠯᠡᠷᠡᠭᠦᠯᠦᠨ ᠬᠡᠪ ᠤᠨ ᠠᠵᠢᠯᠯᠠᠭ᠎ᠠ ᠶᠢ ᠪᠠᠲᠤᠯᠠᠬᠤ᠂ ᠠᠷᠠᠳ ᠤᠨ | ᠠᠮᠢᠳᠤᠷᠠᠯ ᠢ ᠪᠠᠲᠤᠯᠠᠬᠤ᠂ ᠥᠷᠢ ᠰᠢᠷᠢ ᠪᠠᠨ ᠨᠠᠮᠳᠠᠭᠤᠯᠬᠤ ᠶᠢ ᠪᠠᠲᠤᠯᠠᠬᠤ᠂ ᠭᠤᠣᠯᠳᠠᠯᠭ᠎ᠠ ᠲᠠᠢ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠢ ᠪᠠᠲᠤᠯᠠᠬᠤ ᠶᠢ | ᠪᠡᠶᠡᠯᠡᠭᠦᠯᠵᠦ᠂ ᠥᠨᠥ ᠵᠢᠯ ᠠᠷᠠᠳ ᠤᠨ ᠠᠮᠢᠳᠤᠷᠠᠯ ᠤᠨ ᠲᠥᠷᠥᠯ ᠵᠦᠢᠯ ᠪᠠ ᠬᠡᠰᠡᠭ ᠤᠯᠠᠨ ᠨᠡᠶᠢᠲᠡ ᠶᠢᠨ ᠦᠢᠯᠡᠴᠢᠯᠡᠭᠡᠨ ᠤ ᠲᠥᠷᠥᠯ ᠵᠦᠢᠯ ᠠᠴᠠ ᠭᠠᠳᠠᠨ᠎ᠠ᠂ | ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠰᠢᠨ᠎ᠡ ᠲᠥᠷᠥᠯ ᠵᠦᠢᠯ ᠢ ᠠᠵᠢᠯ ᠡᠬᠢᠯᠡᠭᠦᠯᠦᠨ ᠪᠠᠶᠢᠭᠤᠯᠬᠤ ᠦᠭᠡᠢ᠃ ᠥᠷᠢ ᠰᠢᠷᠢ ᠰᠢᠨ᠎ᠡ ᠪᠠᠷ ᠨᠡᠮᠡᠭᠳᠡᠬᠦ ᠶᠢ | ᠴᠢᠩᠭ᠎ᠠ ᠬᠢᠵᠠᠭᠠᠷᠯᠠᠵᠤ᠂ ᠵᠠᠰᠠᠭ ᠤᠨ ᠣᠷᠳᠣᠨ ᠤ ᠴᠢᠨᠠᠷᠲᠠᠢ ᠪᠠᠷᠢᠯᠭ᠎ᠠ ᠶᠢ ᠠᠵᠢᠯ ᠲᠡᠭᠦᠰᠬᠡᠨ ᠳ᠋ᠦᠩᠨᠡᠨ ᠬᠢᠨᠠᠨ ᠪᠤᠳᠤᠬᠤ ᠶᠢ ᠴᠢᠩᠭᠠᠳᠬᠠᠵᠤ᠂ ᠲᠥᠰᠥᠪ ᠢ | ᠲᠣᠬᠢᠷᠠᠭᠤᠯᠬᠤ᠂ ᠰᠤᠯᠠ ᠪᠠᠶᠢᠬᠤ ᠤᠯᠤᠰ ᠤᠨ ᠦᠮᠴᠢᠳᠤ ᠡᠳ᠋ ᠬᠥᠷᠥᠩᠭᠡ ᠶᠢ ᠠᠮᠢᠳᠤᠯᠢᠭᠵᠢᠭᠤᠯᠬᠤ ᠵᠡᠷᠭᠡ ᠬᠡᠯᠪᠡᠷᠢ ᠪᠠᠷ ᠦᠯᠡᠳᠡᠪᠦᠷᠢ ᠥᠷᠢ ᠰᠢᠷᠢ ᠪᠠᠨ ᠠᠭᠠᠵᠢᠮ | ᠢᠶᠠᠷ ᠨᠠᠮᠳᠠᠭᠤᠯᠤᠨ᠎ᠠ᠃ ᠡᠭᠦᠨ ᠤ ᠬᠠᠮᠲᠤ᠂ ᠠᠷᠠᠳ ᠤᠨ ᠵᠢᠭᠡᠯᠡᠯᠭᠡ ᠶᠢᠨ ᠠᠰᠠᠭᠤᠳᠠᠯ ᠢ ᠬᠠᠤᠯᠢ ᠶᠣᠰᠣᠭᠠᠷ ᠴᠢᠩᠭ᠎ᠠ ᠰᠢᠢᠳᠪᠣᠷᠢᠯᠡᠵᠣ᠂ ᠤᠯᠠᠨ ᠲᠦᠮᠡᠨ ᠤ ᠬᠠᠤᠯᠢ | ᠶᠣᠰᠣᠨ ᠤ ᠡᠷᠬᠡ ᠠᠰᠢᠭ ᠢ ᠪᠠᠲᠤᠯᠠᠨ᠎ᠠ᠃ | ︵ᠵᠢᠷᠭᠤᠭ᠎ᠠ︶ ᠥᠭᠡᠷᠡᠴᠢᠯᠡᠯᠲᠡ ᠰᠢᠨᠡᠴᠢᠯᠡᠯᠲᠡ ᠶᠢ ᠠᠳᠬᠤᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ | ᠬᠥᠭᠵᠢᠯᠲᠡ ᠶᠢᠨ ᠪᠣᠳᠠᠲᠠᠢ ᠳᠤ ᠰᠠᠭᠤᠷᠢᠯᠠᠨ᠂ ᠣᠷᠢᠳᠠᠪᠠᠷ ᠲᠤᠷᠰᠢᠨ ᠬᠢᠵᠦ᠂ ᠰᠢᠨ᠎ᠡ ᠶᠢ ᠡᠭᠦᠳᠬᠦ ᠶᠢ ᠰᠦᠪᠡᠭᠴᠢᠯᠡᠨ᠂ ᠥᠭᠡᠷᠡᠴᠢᠯᠡᠯᠲᠡ ᠶᠢᠨ ᠠᠰᠢᠭ ᠣᠯᠵᠠᠪᠤᠷᠢ | ᠶᠢ ᠬᠠᠮᠤᠭ ᠤᠨ ᠶᠡᠭᠡ ᠬᠡᠮᠵᠢᠶ᠎ᠡ ᠪᠠᠷ ᠶᠡᠬᠡᠰᠬᠡᠨ᠎ᠡ᠃ | ᠨᠢᠭᠡ ᠳᠤ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠳᠠᠬᠢ ᠥᠭᠡᠷᠡᠴᠢᠯᠡᠯᠲᠡ ᠶᠢ ᠠᠬᠢᠭᠤᠯᠤᠨ᠎ᠠ᠃ ᠬᠤᠰᠢᠭᠤ ᠨᠠᠮ ᠤᠨ ᠬᠤᠷᠢᠶ᠎ᠠ ᠠᠴᠠ ᠲᠣᠭᠲᠠᠭᠠᠭᠰᠠᠨ | 13 ᠬᠦᠷᠢᠶ᠎ᠡ ᠬᠡᠪᠴᠢᠶᠡᠨ ᠳᠠᠬᠢ 212 ᠲᠥᠷᠥᠯ ᠤᠨ ᠥᠭᠡᠷᠡᠴᠢᠯᠡᠯᠲᠡ ᠶᠢᠨ ᠡᠭᠦᠷᠭᠡ ᠶᠢ ᠨᠢᠮᠪᠠᠢ ᠰᠠᠶᠢᠲᠤᠷ ᠠᠳᠬᠤᠵᠤ᠂ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠯ᠂ ᠡᠳ᠋ ᠤᠨ ᠵᠠᠰᠠᠭ ᠤᠨ ᠪᠠᠶᠢᠭᠤᠯᠤᠮᠵᠢ᠂ ᠮᠠᠯᠵᠢᠬᠤ ᠲᠠᠷᠢᠶᠠᠯᠠᠬᠤ ᠣᠷᠣᠨ᠂ ᠨᠡᠶᠢᠭᠡᠮ ᠤᠨ ᠠᠵᠢᠯ ᠦᠢᠯᠡᠰ᠂ ᠠᠮᠢ ᠠᠬᠤᠢ ᠶᠢᠨ ᠪᠣᠯᠪᠠᠰᠤᠨ ᠲᠠᠪᠤᠨ | ᠲᠠᠯ᠎ᠠ ᠪᠠᠷ ᠪᠣᠳᠠᠲᠤ ᠠᠬᠢᠴᠠ ᠲᠠᠢ ᠪᠣᠯᠬᠤ ᠪᠠᠷ ᠴᠢᠷᠮᠠᠶᠢᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠲᠠᠯ᠎ᠠ ᠪᠠᠷ᠂ ᠡᠷᠬᠡ ᠶᠢᠨ ᠨᠠᠷᠢᠨ ᠳᠠᠩᠰᠠ᠂ ᠨᠠᠵᠠᠭᠠᠢ | ᠲᠠᠯ᠎ᠠ ᠶᠢᠨ ᠨᠠᠷᠢᠨ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ ︽ᠭᠤᠷᠪᠠᠨ ᠳᠠᠩᠰᠠᠨ︾ ᠤ ᠬᠠᠮᠢᠶᠠᠷᠤᠯᠲᠠ ᠬᠢᠭᠡᠳ ᠬᠤᠯᠪᠣᠭᠠᠯᠠᠨ ᠵᠡᠷᠬᠡᠪᠡᠷ ᠬᠢᠨᠠᠨ | ᠵᠥᠪᠰᠢᠶᠡᠷᠡᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠤ ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ᠂ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠮᠵᠢ ᠶᠢᠨ ᠣᠷᠣᠯᠠᠬᠤ ᠦᠨᠡᠮᠯᠡᠯ᠂ ᠭᠠᠶᠢᠯᠢ ᠶᠢᠨ ᠳᠠᠩᠰᠠᠯᠠᠯ ᠤᠨ ᠦᠨᠡᠮᠯᠡᠯ ︽ᠭᠤᠷᠪᠠᠨ ᠦᠨᠡᠮᠯᠡᠯ ᠢ ᠨᠢᠭᠡᠳᠬᠡᠬᠦ︾ ᠳᠠᠩᠰᠠᠯᠠᠯ ᠤᠨ ᠳᠦᠷᠢᠮ ᠢ | ᠡᠬᠢᠯᠡᠭᠦᠯᠦᠨ ᠬᠡᠷᠡᠭᠵᠢᠭᠦᠯᠦᠨ᠎ᠡ᠃ ᠡᠭᠦᠨ ᠤ ᠬᠠᠮᠲᠤ᠂ ᠢᠳᠡᠭᠡᠨ ᠡᠮ ᠤᠨ ᠵᠦᠢᠯᠡᠰ᠂ ᠠᠵᠤ ᠦᠢᠯᠡᠳᠪᠦᠷᠢ ᠬᠤᠳᠠᠯᠳᠤᠭ᠎ᠠ᠂ ᠶᠠᠰᠤ ᠴᠢᠨᠠᠷ ᠤᠨ ᠪᠠᠶᠢᠴᠠᠭᠠᠯᠲᠠ ᠵᠡᠷᠭᠡ | ᠬᠡᠪᠴᠢᠶᠡᠨ ᠳᠠᠬᠢ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠢ ᠢᠳᠡᠪᠬᠢᠲᠡᠢ ᠰᠠᠶᠢᠲᠤᠷ ᠬᠢᠨ᠎ᠡ᠃ ᠡᠳ᠋ ᠤᠨ ᠵᠠᠰᠠᠭ ᠤᠨ ᠪᠠᠶᠢᠭᠤᠯᠤᠮᠵᠢ ᠶᠢᠨ ᠲᠠᠯ᠎ᠠ ᠪᠠᠷ᠂ | ᠰᠢᠨ᠎ᠡ ︽ᠲᠥᠰᠥᠪ ᠤᠨ ᠬᠠᠤᠯᠢ︾ ᠶᠢ ᠨᠢᠮᠪᠠᠢ ᠲᠣᠣᠱᠯᠠᠭᠤᠯᠵᠣ᠂ ᠲᠥᠰᠥᠪ ᠤᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠂ ᠪᠥᠬᠦ ᠲᠥᠷᠥᠯᠵᠢᠯ | ᠲᠥᠰᠥᠪ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ ᠪᠡᠯᠡ ᠮᠥᠩᠭᠦᠨ ᠤ ᠬᠡᠷᠡᠭᠯᠡᠯᠲᠡ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠪᠡᠯᠡ ᠮᠥᠩᠭᠦᠨ ᠤ ᠦᠷ᠎ᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠲᠠᠯ᠎ᠠ ᠪᠠᠷ᠂ ᠨᠤᠲᠤᠭ ᠪᠡᠯᠴᠢᠭᠡᠷ ᠤᠨ | ᠡᠷᠬᠡ ᠶᠢ ᠲᠣᠳᠣᠯᠠᠨ ᠳᠠᠩᠰᠠᠯᠠᠵᠤ ᠦᠨᠡᠮᠯᠡᠯ ᠣᠯᠭᠤᠬᠤ ᠠᠵᠢᠯ ᠢ ᠰᠠᠶᠢᠲᠤᠷ ᠬᠢᠵᠦ᠂ ᠰᠦᠮᠡᠲᠦ ᠰᠤᠮᠤᠨ ᠤ ᠡᠷᠬᠡ ᠶᠢ ᠲᠣᠳᠣᠯᠠᠨ ᠳᠠᠩᠰᠠᠯᠠᠬᠤ ᠲᠤᠷᠰᠢᠯᠲᠠ ᠶᠢᠨ | ᠴᠡᠭ ᠤᠨ ᠠᠵᠢᠯ ᠪᠠ ᠪᠣᠷᠣᠲᠠᠯ᠎ᠠ ᠵᠡᠷᠭᠡ ᠭᠠᠵᠠᠷ ᠣᠷᠣᠨ ᠤ ᠭᠠᠵᠠᠷ ᠰᠢᠷᠣᠢ ᠶᠢ ᠴᠡᠭᠴᠡᠯᠡᠨ ᠵᠠᠰᠠᠬᠤ ᠲᠥᠷᠥᠯ ᠵᠦᠢᠯ ᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ | ᠲᠤᠷᠰᠢᠯᠭ᠎ᠠ ᠪᠠᠨ ᠳ᠋ᠦᠩᠨᠡᠨ᠂ ᠠᠯᠬᠤᠮ ᠠᠯᠬᠤᠮ ᠢᠶᠠᠷ ᠥᠷᠭᠡᠳᠬᠡᠵᠦ᠂ ᠳᠠᠭᠠᠭᠠᠴᠢᠯᠠᠨ ᠡᠵᠡᠩᠨᠡᠬᠦ ᠡᠷᠬᠡ ᠶᠢ ᠡᠮᠬᠢ ᠵᠢᠷᠤᠮ ᠲᠠᠢ ᠪᠠᠷ ᠰᠢᠯᠵᠢᠭᠦᠯᠦᠨ ᠡᠷᠭᠢᠯᠳᠦᠭᠦᠯᠬᠦ᠂ | ᠵᠣᠬᠢᠰᠲᠠᠢ ᠬᠡᠪᠴᠢᠶᠡᠵᠢᠯ ᠡᠵᠡᠩᠨᠡᠯᠲᠡ ᠶᠢ ᠬᠥᠭᠵᠢᠭᠦᠯᠬᠦ ᠳᠤ ᠨᠥᠬᠦᠴᠡᠯ ᠪᠦᠷᠢᠯᠳᠦᠭᠦᠯᠦᠨ᠎ᠡ᠃ ᠨᠡᠶᠢᠭᠡᠮ ᠤᠨ ᠦᠢᠯᠡᠰ ᠤᠨ ᠲᠠᠯ᠎ᠠ ᠪᠠᠷ᠂ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠨᠠᠰᠤᠵᠢᠯ ᠤᠨ ᠦᠢᠯᠡᠴᠢᠯᠡᠭᠡ ᠶᠢ ᠬᠤᠳᠠᠯᠳᠤᠨ | ᠠᠪᠬᠤ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠴᠢᠩᠭᠠᠳᠬᠠᠨ᠂ ᠣᠯᠠᠨ ᠨᠡᠶᠢᠲᠡ ᠶᠢᠨ ᠦᠢᠯᠡᠴᠢᠯᠡᠭᠡ ᠶᠢ ᠬᠤᠳᠠᠯᠳᠤᠨ ᠠᠪᠬᠤ ᠪᠦᠷᠬᠦᠯᠲᠡ ᠶᠢᠨ ᠬᠡᠪᠴᠢᠶ᠎ᠡ | ᠶᠢ ᠯᠠᠪᠳᠠᠭᠤᠨ ᠢᠶᠠᠷ ᠥᠷᠭᠡᠳᠬᠡᠨ᠎ᠡ᠃ ᠠᠮᠢ ᠠᠬᠤᠢ ᠶᠢᠨ ᠪᠣᠯᠪᠠᠰᠤᠨ ᠤ ᠲᠠᠯ᠎ᠠ ᠪᠠᠷ᠂ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠰᠢᠯᠭᠠᠷᠠᠭᠤᠯᠬᠤ ᠨᠡᠩ | ᠴᠢᠩᠭ᠎ᠠ ᠲᠣᠭᠲᠠᠴᠠ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠬᠡᠷᠡᠭᠵᠢᠭᠦᠯᠵᠦ᠂ ᠤᠰᠤᠨ ᠤ ᠡᠬᠢ ᠰᠤᠷᠪᠤᠯᠵᠢ ᠶᠢ ᠬᠠᠮᠢᠶᠠᠷᠬᠤ ᠬᠠᠮᠤᠭ ᠴᠢᠩᠭ᠎ᠠ ᠳᠦᠷᠢᠮ ᠢ | ᠬᠡᠷᠡᠭᠵᠢᠭᠦᠯᠦᠨ᠂ ᠪᠣᠬᠢᠷᠲᠤᠯ ᠭᠠᠳᠠᠭᠰᠢᠯᠠᠭᠤᠯᠬᠤ ᠡᠷᠬᠡ ᠶᠢ ᠲᠥᠯᠦᠪᠦᠷᠢᠲᠡᠢ ᠬᠡᠷᠡᠭᠯᠡᠬᠦ ᠠᠵᠢᠯ ᠢ ᠰᠠᠶᠢᠨ ᠬᠢᠨ᠎ᠡ᠃ | ᠬᠤᠶᠠᠷ ᠲᠤ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠬᠡᠯᠪᠡᠷᠢ ᠶᠢᠨ | ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠳᠬᠤᠵᠤ᠂ ᠣᠷᠳᠣᠰ ᠢᠮᠠᠭᠠᠨ ᠨᠣᠯᠤᠤᠷ ᠤᠨ ᠪᠦᠯᠦᠭᠯᠡᠯ᠂ | ᠮᠧᠩ ᠰᠢ᠂ ᠱᠤᠸᠠᠩ ᠰᠢᠨ᠂ ᠰᠢᠩ ᠭᠤᠸᠠᠩ᠂ ᠵᠢᠶᠠᠨ ᠶᠤᠸᠠᠨ ᠵᠡᠷᠭᠡ ᠣᠷᠣᠨ ᠨᠤᠲᠤᠭ ᠤᠨ ᠭᠤᠣᠯᠯᠠᠭᠴᠢ ᠠᠵᠤ ᠠᠬᠤᠶᠢᠯᠠᠯ ᠢ ᠭᠤᠣᠯᠳᠠᠯᠭ᠎ᠠ ᠲᠠᠢ ᠲᠡᠳᠬᠦᠨ᠂ | ᠳᠤᠮᠳᠠ ᠵᠢᠵᠢᠭ ᠬᠡᠯᠪᠡᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠢ ᠢᠳᠡᠪᠬᠢᠲᠡᠢ ᠪᠣᠶᠢᠵᠢᠭᠤᠯᠵᠤ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ | ᠥᠪᠡᠷᠮᠢᠴᠡ ᠣᠨᠴᠠᠯᠢᠭᠲᠤ ᠲᠡᠮᠦᠷᠯᠢᠭ ᠬᠠᠶᠢᠯᠤᠰᠢ᠂ ᠡᠾᠯᠤᠷᠲᠦ ᠬᠤᠵᠢᠷ ᠤᠨ ᠬᠢᠮᠢ ᠶᠢᠨ ᠠᠵᠤ ᠦᠢᠯᠡᠳᠪᠦᠷᠢ ᠵᠡᠷᠭᠡ ᠬᠦᠷᠢᠶ᠎ᠡ ᠬᠡᠪᠴᠢᠶᠡᠨ ᠳᠤ ᠲᠣᠭᠤᠷᠢᠭᠤᠯᠵᠤ | ᠪᠠᠶᠢᠭᠠᠳ ᠲᠥᠷᠥᠯ ᠵᠦᠢᠯ ᠤᠨ ᠪᠣᠭᠤᠮᠲᠠ ᠰᠢᠪᠲᠤᠯᠬᠤ ᠪᠠ ᠪᠦᠲᠦᠭᠡᠭᠳᠡᠬᠦᠨ ᠤ ᠰᠢᠨ᠎ᠡ ᠶᠢ ᠡᠭᠦᠳᠬᠦ ᠠᠵᠢᠯ ᠢ ᠶᠡᠬᠡᠪᠡᠷ ᠥᠷᠨᠢᠭᠦᠯᠦᠨ᠂ ᠨᠢᠭᠡ ᠪᠦᠯᠦᠭ | ᠵᠠᠩᠭᠢᠯᠠᠭᠠᠲᠤ ᠭᠤᠣᠯ ᠮᠡᠷᠭᠡᠵᠢᠯ ᠢ ᠡᠵᠡᠮᠰᠢᠵᠦ᠂ ᠠᠵᠢᠯ ᠲᠥᠷᠥᠯ ᠤᠨ ᠬᠥᠭᠵᠢᠯᠲᠡ ᠶᠢ ᠳᠠᠶᠢᠴᠢᠯᠠᠨ ᠳᠠᠭᠠᠭᠤᠯᠤᠨ᠎ᠠ᠃ ᠰᠤᠳᠤᠯᠵᠤ ᠨᠡᠭᠡᠭᠡᠨ ᠬᠥᠭᠵᠢᠭᠦᠯᠬᠦ ᠲᠥᠪ | ᠤᠨ ᠪᠠᠶᠢᠭᠤᠯᠤᠯᠲᠠ ᠶᠢ ᠴᠢᠩᠭᠠᠳᠬᠠᠵᠤ᠂ ᠣᠷᠳᠣᠰ ᠢᠮᠠᠭᠠᠨ ᠨᠣᠯᠤᠤᠷ ᠤᠨ ᠪᠦᠯᠦᠭᠯᠡᠯ ᠱᠠᠩᠬᠠᠢ ᠳᠤ ᠳ᠋ᠣᠺᠲ᠋ᠣᠷ ᠤᠨ ᠥᠷᠲᠡᠭᠡ ᠪᠠᠶᠢᠭᠤᠯᠵᠤ᠂ ᠳᠡᠷᠡᠰᠦ ᠣᠳᠣ | ᠦᠶ᠎ᠡ ᠶᠢᠨ ᠮᠠᠯ ᠲᠠᠷᠢᠶᠠᠯᠠᠩ ᠠᠵᠤ ᠠᠬᠤᠢ ᠶᠢᠨ ᠡᠳ᠋ᠯᠡᠩ ᠢ ᠥᠪᠡᠷᠲᠡᠭᠡᠨ ᠵᠠᠰᠠᠬᠤ ᠣᠷᠣᠨ ᠤ ᠲᠡᠰ ᠤᠨ ᠮᠠᠯ ᠲᠠᠷᠢᠶᠠᠯᠠᠩ ᠠᠵᠤ ᠠᠬᠤᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠦᠷᠢᠶᠡᠯᠡᠩ ᠳᠤ ᠣᠷᠣᠭᠤᠯᠬᠤ ᠪᠠᠷ ᠴᠢᠷᠮᠠᠶᠢᠨ᠎ᠠ᠃ ᠰᠢᠨ᠎ᠡ ᠶᠢ ᠡᠭᠦᠳᠬᠦ ᠬᠡᠯᠪᠡᠷᠢ ᠶᠢᠨ ᠴᠢᠳᠠᠪᠤᠷᠢᠲᠠᠨ ᠢ ᠬᠥᠮᠥᠵᠢᠭᠦᠯᠬᠦ ᠶᠢ ᠲᠦᠷᠭᠡᠳᠬᠡᠵᠦ᠂ | ᠣᠷᠣᠭᠤᠯᠵᠤ ᠠᠪᠴᠢᠷᠠᠬᠤ ᠪᠠ ᠬᠥᠮᠥᠵᠢᠭᠦᠯᠬᠦ ᠶᠢ ᠬᠠᠷᠢᠯᠴᠠᠨ ᠤᠶᠠᠯᠳᠤᠭᠤᠯᠤᠨ᠂ ᠠᠵᠤ ᠦᠢᠯᠡᠰ ᠤᠨ ᠣᠨᠴᠠᠯᠢᠭ ᠲᠤᠨᠢ ᠬᠠᠨᠳᠤᠭᠤᠯᠵᠤ ᠪᠠᠶᠢᠭᠠᠳ ᠠᠵᠢᠯ ᠮᠡᠷᠭᠡᠵᠢᠯ | ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠠᠵᠤ ᠦᠢᠯᠡᠰ ᠤᠨ ᠬᠥᠭᠵᠢᠯᠲᠡ ᠳᠤ ᠲᠣᠬᠢᠷᠠᠭᠰᠠᠨ ᠥᠨᠳᠥᠷ ᠬᠡᠪ ᠪᠣᠯᠪᠠᠰᠤᠷᠠᠯ ᠲᠠᠢ ᠨᠢᠭᠡ ᠪᠦᠯᠦᠭ | ᠠᠵᠢᠯᠲᠠᠨ ᠤ ᠡᠩᠨᠡᠭᠡ ᠶᠢ ᠴᠢᠷᠮᠠᠶᠢᠨ ᠪᠠᠶᠢᠭᠤᠯᠤᠨ᠎ᠠ᠃ | ︵ᠳᠣᠯᠤᠭ᠎ᠠ︶ ᠠᠷᠠᠳ ᠤᠨ ᠠᠮᠢᠳᠤᠷᠠᠯ ᠤᠨ ᠰᠠᠶᠢᠵᠢᠷᠠᠭᠤᠯᠤᠯᠲᠠ ᠶᠢ ᠠᠳᠬᠤᠵᠤ᠂ ᠨᠡᠶᠢᠭᠡᠮ ᠤᠨ ᠡᠶ᠎ᠡ ᠵᠣᠬᠢᠴᠠᠯ ᠠᠮᠤᠷ ᠲᠣᠭᠲᠠᠭᠤᠨ ᠢ ᠪᠠᠲᠤᠯᠠᠨ᠎ᠠ᠃ | ᠦᠨᠳᠦᠰᠦ ᠶᠢ ᠪᠠᠲᠤᠯᠠᠬᠤ᠂ ᠭᠤᠣᠯᠳᠠᠯᠭ᠎ᠠ ᠶᠢ ᠲᠣᠪᠣᠶᠢᠯᠭᠠᠬᠤ᠂ ᠳᠦᠷᠢᠮ ᠢ ᠲᠡᠭᠦᠯᠳᠡᠷᠵᠢᠭᠦᠯᠬᠦ᠂ ᠶᠠᠷᠢᠶ᠎ᠠ ᠬᠡᠯᠡᠯᠴᠡᠭᠡ ᠶᠢ ᠵᠢᠯᠣᠭᠤᠳᠬᠤ ᠦᠨᠳᠦᠰᠦᠨ ᠰᠡᠳᠬᠢᠴᠡ | ᠶᠢ ᠪᠠᠷᠢᠮᠲᠠᠯᠠᠨ᠂ ᠡᠳ᠋ ᠤᠨ ᠬᠦᠴᠦᠨ ᠤ ᠨᠡᠮᠡᠭᠳᠡᠯ ᠤᠨ ᠪᠠᠶᠢᠳᠠᠯ ᠢᠶᠠᠨ ᠦᠨᠳᠦᠰᠦᠯᠡᠵᠦ ᠪᠠᠶᠢᠭᠠᠳ ᠠᠷᠠᠳ ᠤᠨ ᠠᠮᠢᠳᠤᠷᠠᠯ ᠤᠨ ᠰᠠᠶᠢᠵᠢᠷᠠᠭᠤᠯᠤᠯᠲᠠ ᠪᠠ ᠨᠡᠶᠢᠭᠡᠮ | ᠤᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠲᠣᠪᠣᠶᠢᠮ᠎ᠠ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠨ᠎ᠡ᠃ | ᠨᠢᠭᠡ ᠳᠤ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠤᠨ᠎ᠠ᠃ ︽ᠳᠠᠭᠠᠷᠠᠭᠰᠠᠨ ᠬᠥᠮᠥᠨ ᠳᠤ ᠳᠠᠬᠤ ᠬᠦᠷᠭᠡᠬᠦ︾ ᠵᠠᠷᠴᠢᠮ ᠢ ᠪᠠᠷᠢᠮᠲᠠᠯᠠᠨ᠂ | ᠮᠠᠯᠵᠢᠬᠤ ᠲᠠᠷᠢᠶᠠᠯᠠᠬᠤ ᠣᠷᠣᠨ ᠪᠠ ᠪᠠᠭᠤᠷᠠᠶᠢᠴᠤᠤᠯ ᠢ ᠳᠣᠪᠣᠶᠢᠯᠭᠠᠨ ᠲᠡᠳᠬᠦᠵᠦ᠂ ᠪᠦᠬᠦ ᠬᠤᠰᠢᠭᠤᠨ ᠤ ᠣᠳᠣ ᠶᠢᠨ ᠬᠡᠷᠡᠭᠵᠢᠭᠦᠯᠵᠦ ᠪᠠᠶᠢᠭ᠎ᠠ ᠠᠷᠠᠳ ᠢ | ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠤᠯᠠᠮ ᠰᠢᠯᠤᠭᠤᠳᠬᠠᠨ ᠡᠮᠬᠢᠯᠡᠵᠦ᠂ ᠪᠦᠬᠦ ᠬᠤᠲᠠ ᠠᠴᠠ ᠳᠤᠷᠠᠳᠤᠭᠰᠠᠨ ᠠᠷᠠᠳ ᠢ ᠬᠠᠷᠠᠭᠠᠯᠵᠠᠬᠤ ᠡᠯ᠎ᠡ ᠲᠥᠷᠥᠯ ᠤᠨ | ᠢᠨᠵᠧᠨᠧᠷᠢᠩ ᠢ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠢᠯᠡᠰ ᠪᠣᠰᠬᠠᠵᠤ ᠠᠵᠢᠯ ᠣᠯᠭᠤᠬᠤ ᠢᠨᠵᠧᠨᠧᠷᠢᠩ ᠢ ᠯᠠᠪᠳᠠᠭᠤᠨ ᠠᠬᠢᠭᠤᠯᠵᠤ᠂ | ᠦᠢᠯᠡᠴᠢᠯᠡᠭᠡᠨ ᠤ ᠦᠢᠯᠡᠰ ᠬᠢᠭᠡᠳ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠶᠡᠬᠡᠪᠡᠷ ᠲᠡᠳᠬᠦᠨ᠂ ᠵᠠᠰᠠᠭ ᠤᠨ ᠣᠷᠳᠣᠨ ᠤ ᠣᠯᠠᠨ ᠨᠡᠶᠢᠲᠡ ᠶᠢᠨ | ᠠᠵᠢᠯ ᠣᠯᠭᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠬᠤᠰᠢᠭᠤᠨ ᠤ ᠡᠷᠦᠬᠡ ᠠᠮᠠ ᠲᠠᠢ ᠳᠡᠭᠡᠳᠦ ᠰᠤᠷᠭᠠᠭᠤᠯᠢ ᠠᠴᠠ | ᠲᠡᠭᠦᠰᠦᠭᠰᠡᠳ ᠣᠨᠴᠠᠭᠠᠶᠢᠯᠠᠨ ᠮᠣᠩᠭᠤᠯ ᠬᠡᠯᠡ ᠪᠠᠷ ᠬᠢᠴᠢᠶᠡᠯᠯᠡᠭᠰᠡᠨ ᠣᠶᠤᠲᠠᠳ ᠢᠶᠠᠷ ᠭᠤᠣᠯᠳᠠᠯᠭ᠎ᠠ ᠪᠣᠯᠭᠠᠨ᠂ ᠬᠤᠲᠠ ᠪᠠᠯᠭᠠᠰᠤᠨ ᠤ ᠵᠠᠯᠠᠭᠤᠴᠤᠳ᠂ ᠮᠠᠯᠵᠢᠬᠤ | ᠲᠠᠷᠢᠶᠠᠯᠠᠬᠤ ᠣᠷᠣᠨ ᠤ ᠨᠡᠭᠦᠯᠭᠡᠭᠰᠡᠨ ᠬᠥᠳᠡᠯᠮᠦᠷᠢ ᠬᠦᠴᠦ᠂ ᠬᠤᠲᠠ ᠪᠠᠯᠭᠠᠰᠤᠨ ᠤ ᠠᠮᠢᠳᠤᠷᠠᠯ ᠬᠦᠴᠢᠷᠳᠡᠯᠲᠡᠢ ᠬᠥᠮᠥᠰ ᠵᠢᠴᠢ ᠴᠡᠷᠢᠭ ᠠᠴᠠ ᠬᠠᠯᠠᠭᠳᠠᠭᠰᠠᠳ | ᠵᠡᠷᠭᠡ ᠬᠥᠮᠥᠰ ᠤᠨ ᠠᠵᠢᠯ ᠣᠯᠭᠤᠯᠲᠠ ᠪᠠ ᠦᠢᠯᠡᠰ ᠪᠤᠰᠬᠠᠯᠲᠠ ᠶᠢ ᠲᠡᠳᠬᠦᠬᠦ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠬᠤᠲᠠ ᠪᠠᠯᠭᠠᠰᠤᠨ ᠳᠤ | ᠰᠢᠨ᠎ᠡ ᠪᠠᠷ 2300 ᠬᠥᠮᠥᠨ ᠳᠤ ᠠᠵᠢᠯ ᠣᠯᠭᠤᠵᠤ᠂ 660 ᠬᠥᠮᠥᠨ ᠤ ᠦᠢᠯᠡᠰ ᠪᠣᠰᠬᠠᠬᠤ ᠶᠢ ᠲᠡᠳᠬᠦᠨ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ | ᠠᠯᠲᠠᠯᠲᠠ ᠶᠢᠨ ᠨᠣᠷᠮ᠎ᠠ ᠶᠢ 3.5% ᠤᠨ ᠳᠣᠲᠣᠷ᠎ᠠ ᠬᠢᠵᠠᠭᠠᠷᠯᠠᠨ᠎ᠠ᠃ ᠶᠠᠳᠠᠭᠤ ᠶᠢ ᠲᠡᠳᠬᠦᠨ ᠪᠣᠭᠤᠮᠲᠠ ᠰᠢᠪᠲᠤᠯᠬᠤ ᠠᠵᠢᠯ ᠢ ᠦᠨᠡᠨ ᠬᠦ ᠰᠠᠶᠢᠨ ᠬᠢᠵᠦ᠂ ᠡᠯ᠎ᠡ | ᠲᠥᠷᠥᠯ ᠤᠨ ᠪᠡᠯᠡ ᠮᠥᠩᠭᠦ ᠶᠢ ᠲᠥᠪᠯᠡᠷᠡᠭᠦᠯᠦᠨ ᠬᠡᠷᠡᠭᠯᠡᠵᠦ᠂ ᠨᠠᠷᠢᠯᠢᠭ ᠮᠥᠷᠲᠡᠭᠡᠨ ᠵᠥᠪ ᠣᠨᠣᠪᠴᠢᠲᠠᠢ ᠪᠠᠷ ᠶᠠᠳᠠᠭᠤ ᠶᠢ ᠲᠡᠳᠬᠦᠬᠦ ᠶᠢ ᠶᠡᠬᠡᠪᠡᠷ ᠥᠷᠨᠢᠭᠦᠯᠦᠨ᠂ | 3000 ᠬᠥᠮᠥᠨ ᠢ ᠲᠣᠭᠲᠠᠭᠤᠨ ᠢᠶᠠᠷ ᠶᠠᠳᠠᠭᠤ ᠠᠴᠠ ᠨᠢ ᠠᠩᠭᠢᠵᠢᠷᠠᠭᠤᠯᠤᠨ᠎ᠠ᠃ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠢᠨᠵᠧᠨᠧᠷᠢᠩ ᠢ | ᠦᠷᠭᠦᠯᠵᠢᠯᠡᠨ ᠠᠬᠢᠭᠤᠯᠵᠤ᠂ ᠨᠡᠩ ᠣᠯᠠᠨ ᠣᠷᠣᠯᠭ᠎ᠠ ᠪᠠᠭᠠᠲᠠᠢ ᠬᠥᠮᠥᠰ ᠢ ᠣᠷᠣᠨ ᠰᠠᠭᠤᠴᠠ ᠲᠠᠢ ᠪᠣᠯᠭᠠᠨ᠎ᠠ᠃ ᠡᠭᠦᠨ ᠤ ᠬᠠᠮᠲᠤ᠂ ᠠᠵᠤ ᠠᠬᠤᠶᠢᠯᠠᠯ ᠤᠨ ᠠᠵᠢᠯ | ᠠᠴᠠ ᠪᠠᠨ ᠠᠮᠠᠷᠠᠭᠰᠠᠨ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠤᠨ ᠪᠠᠷᠢᠮᠵᠢᠶ᠎ᠠ᠂ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ | ᠪᠠᠲᠤᠯᠠᠪᠤᠷᠢ ᠶᠢᠨ ᠪᠠᠷᠢᠮᠵᠢᠶ᠎ᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠪᠡᠯᠡ ᠴᠤᠭᠯᠠᠭᠤᠯᠬᠤ ᠪᠠᠷᠢᠮᠵᠢᠶ᠎ᠠ ᠵᠢᠴᠢ | ᠨᠠᠰᠤᠵᠢᠯ ᠤᠨ ᠮᠥᠩᠭᠦᠨ ᠤ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ | ᠬᠤᠶᠠᠷ ᠲᠤ ᠡᠯ᠎ᠡ ᠲᠥᠷᠥᠯ ᠤᠨ ᠨᠡᠶᠢᠭᠡᠮ ᠤᠨ ᠦᠢᠯᠡᠰ ᠢ ᠰᠠᠶᠢᠲᠤᠷ ᠠᠳᠬᠤᠨ᠎ᠠ᠃ ᠰᠤᠷᠭᠠᠭᠤᠯᠢ ᠡᠷᠬᠢᠯᠡᠬᠦ ᠨᠥᠬᠦᠴᠡᠯ ᠢ ᠢᠳᠡᠪᠬᠢᠲᠡᠢ ᠰᠠᠶᠢᠵᠢᠷᠠᠭᠤᠯᠤᠨ᠂ | ᠮᠣᠩᠭᠤᠯ ᠲᠤᠷᠰᠢᠯᠲᠠ ᠶᠢᠨ ᠪᠠᠭ᠎ᠠ ᠰᠤᠷᠭᠠᠭᠤᠯᠢ᠂ ᠦᠮᠡᠬᠡᠶᠢᠨᠠᠭᠤᠷ ᠪᠠᠯᠭᠠᠰᠤᠨ ᠤ ᠬᠡᠦᠬᠡᠳ ᠤᠨ ᠴᠡᠴᠡᠷᠯᠢᠭ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠮᠧᠩ | ᠰᠢ ᠶᠢᠨ ᠶᠠᠩ ᠭᠤᠸᠠᠩ ᠬᠡᠦᠬᠡᠳ ᠤᠨ ᠴᠡᠴᠡᠷᠯᠢᠭ ᠢ ᠡᠬᠢᠯᠡᠭᠦᠯᠦᠨ ᠪᠠᠶᠢᠭᠤᠯᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠤᠯᠠᠮ ᠴᠢᠩᠭᠠᠳᠬᠠᠨ᠂ ᠰᠢᠯᠢᠳᠡᠭ | ᠰᠤᠷᠭᠠᠨ ᠬᠥᠮᠥᠵᠢᠯ ᠤᠨ ᠡᠬᠢ ᠰᠤᠷᠪᠤᠯᠵᠢ ᠶᠢᠨ ᠪᠦᠷᠬᠦᠯᠲᠡ ᠶᠢᠨ ᠬᠡᠪᠴᠢᠶ᠎ᠡ ᠶᠢ ᠥᠷᠭᠡᠳᠬᠡᠨ᠎ᠡ᠃ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ᠂ ᠡᠬᠡ ᠨᠢᠯᠬᠠᠰ | ᠤᠨ ᠡᠷᠡᠭᠦᠯ ᠮᠡᠨᠳᠦ ᠶᠢ ᠬᠠᠮᠠᠭᠠᠯᠠᠬᠤ᠂ ᠬᠢᠲᠠᠳ ᠮᠣᠩᠭᠤᠯ ᠡᠮ ᠡᠮᠨᠡᠯᠭᠡ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠡᠮᠨᠡᠯᠭᠡ ᠶᠢᠨ ᠠᠵᠢᠯᠲᠠᠳ ᠤᠨ ᠮᠡᠷᠭᠡᠵᠢᠯ ᠤᠨ ᠲᠦᠪᠰᠢᠨ ᠢ ᠳᠡᠭᠡᠭᠰᠢᠯᠡᠭᠦᠯᠦᠨ᠂ ᠰᠢᠯᠢᠳᠡᠭ ᠡᠮ ᠡᠮᠨᠡᠯᠭᠡ ᠶᠢᠨ ᠡᠬᠢ ᠰᠤᠷᠪᠤᠯᠵᠢ ᠶᠢ | ᠳᠣᠷᠣᠭᠰᠢ ᠦᠨᠳᠦᠰᠦᠨ ᠱᠠᠲᠤᠨ ᠳᠤ ᠪᠠᠭᠤᠯᠭᠠᠬᠤ ᠶᠢ ᠠᠬᠢᠭᠤᠯᠵᠤ᠂ ᠬᠥᠳᠡᠭᠡ ᠲᠣᠰᠬᠤᠨ ᠤ ᠡᠮᠴᠢ ᠶᠢᠨ ︽ᠲᠣᠰᠬᠤᠨ ᠠᠴᠠ ᠪᠠᠨ ᠭᠠᠷᠴᠤ ᠰᠤᠷᠤᠯᠴᠠᠨ | ᠲᠣᠰᠬᠤᠨ ᠳᠤ ᠪᠠᠨ ᠡᠮᠴᠢᠯᠡᠬᠦ︾ ᠰᠣᠩᠭᠤᠨ ᠲᠣᠮᠢᠯᠠᠯᠲᠠ ᠶᠢᠨ ᠠᠵᠢᠯ ᠢ ᠰᠦᠪᠡᠭᠴᠢᠯᠡᠨ ᠬᠡᠷᠡᠭᠵᠢᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠠᠮᠤᠷ | ᠲᠦᠪᠰᠢᠨ ᠪᠦᠲᠦᠮᠵᠢᠲᠡᠢ᠂ ᠳᠥᠭᠦᠮ ᠳᠥᠲᠡ ᠬᠢᠮᠳᠠ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠨ᠎ᠠ᠃ ᠦᠨᠳᠦᠰᠦᠲᠡᠨ ᠤ ᠭᠠᠵᠠᠷ | ᠣᠷᠣᠨ ᠤ ᠰᠣᠶᠣᠯ ᠤᠨ ᠲᠡᠮᠳᠡᠭ ᠢ ᠡᠭᠦᠳᠴᠦ᠂ ︽ᠰᠢ ᠵᠦᠴᠦᠭᠡ ᠶᠢ ᠬᠥᠳᠡᠭᠡ ᠲᠣᠰᠬᠤᠨ ᠳᠤ ᠬᠦᠷᠭᠡᠬᠦ︾ ᠠᠵᠢᠯᠯᠠᠭ᠎ᠠ ᠶᠢ ᠥᠷᠨᠢᠭᠦᠯᠦᠨ᠂ ᠣᠯᠠᠨ ᠲᠦᠮᠡᠨᠴᠢ | ᠰᠣᠶᠣᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ ᠮᠣᠩᠭᠤᠯ ᠤᠨ ᠨᠢᠭᠤᠴᠠ ᠲᠣᠪᠴᠢᠶᠠᠨ ᠤ ᠮᠦᠽᠧᠢ ᠶᠢ ᠪᠠᠷᠢᠵᠤ ᠳᠠᠭᠤᠰᠬᠠᠨ᠎ᠠ᠃ ᠬᠥᠯ ᠪᠥᠮᠪᠦᠭᠡ | ᠶᠢᠨ ᠦᠢᠯᠡᠰ ᠢ ᠶᠡᠬᠡᠪᠡᠷ ᠬᠥᠭᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠪᠣᠯᠪᠠᠰᠤᠷᠠᠯ ᠤᠨ ᠠᠵᠢᠯ ᠢ ᠢᠳᠡᠪᠬᠢᠲᠡᠢ ᠰᠠᠶᠢᠨ ᠠᠳᠬᠤᠨ᠎ᠠ᠃ | ᠡᠯ᠎ᠡ ᠱᠠᠲᠤᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠣᠣᠱᠯᠠᠭᠤᠯᠵᠦ᠂ ᠴᠥᠭᠡᠨ ᠲᠣᠭᠠᠲᠤ ᠦᠨᠳᠦᠰᠦᠲᠡᠨ ᠤ | ᠬᠥᠭᠵᠢᠭᠦᠯᠦᠯᠲᠡ ᠶᠢᠨ ᠪᠡᠯᠡ ᠮᠥᠩᠭᠦ᠂ ᠦᠨᠳᠦᠰᠦᠲᠡᠨ ᠤ ᠰᠤᠷᠭᠠᠨ ᠬᠥᠮᠥᠵᠢᠯ ᠤᠨ ᠲᠤᠰᠬᠠᠢ ᠨᠥᠬᠦᠪᠦᠷᠢ ᠶᠢᠨ ᠮᠥᠩᠭᠦ ᠪᠠ ᠶᠠᠳᠠᠭᠤ ᠪᠠᠭᠤᠷᠠᠶᠢᠴᠤᠤᠯ ᠢ ᠲᠤᠰᠠᠯᠠᠨ | ᠳᠡᠮᠵᠢᠬᠦ ᠪᠡᠯᠡ ᠮᠥᠩᠭᠦᠨ ᠤ ᠨᠡᠮᠡᠭᠳᠡᠯ ᠤᠨ ᠬᠠᠷᠢᠴᠠᠯ ᠢ ᠨᠡᠮᠡᠭᠳᠡᠭᠦᠯᠵᠦ᠂ ᠦᠨᠳᠦᠰᠦᠲᠡᠨ ᠤ ᠰᠣᠶᠣᠯ ᠤᠨ ᠥᠪ ᠬᠥᠷᠥᠩᠭᠡ ᠶᠢᠨ ᠬᠠᠮᠠᠭᠠᠯᠠᠯᠲᠠ ᠶᠢᠨ ᠠᠵᠢᠯ ᠢ | ᠶᠡᠬᠡᠪᠡᠷ ᠥᠷᠨᠢᠭᠦᠯᠦᠨ᠂ ᠮᠣᠩᠭᠤᠯ ᠬᠡᠯᠡ ᠪᠢᠴᠢᠭ ᠤᠨ ᠠᠵᠢᠯ ᠤᠨ ᠵᠢᠷᠤᠮᠵᠢᠭᠤᠯᠤᠯᠲᠠ᠂ ᠪᠠᠷᠢᠮᠵᠢᠶᠠᠵᠢᠭᠤᠯᠤᠯᠲᠠ᠂ ᠴᠢᠮᠡᠭᠡ ᠵᠠᠩᠬᠢᠴᠢᠯᠠᠯᠲᠠ ᠶᠢᠨ ᠪᠠᠶᠢᠭᠤᠯᠤᠯᠲᠠ ᠶᠢ | ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠪᠠᠬᠢᠵᠢᠭᠦᠯᠦᠨ᠎ᠡ᠃ ᠡᠭᠦᠨ ᠤ ᠬᠠᠮᠲᠤ᠂ ᠪᠦᠬᠦ ᠤᠯᠤᠰ | ᠤᠨ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠬᠤᠯᠪᠣᠭᠳᠠᠯ ᠪᠦᠬᠦᠢ ᠠᠵᠢᠯ ᠢ ᠬᠠᠮᠵᠢᠯᠴᠠᠨ ᠰᠠᠶᠢᠨ ᠬᠢᠨ᠎ᠡ᠃ | ᠭᠤᠷᠪᠠ ᠳᠤ ᠨᠡᠶᠢᠭᠡᠮ ᠤᠨ ᠡᠶ᠎ᠡ ᠵᠣᠬᠢᠴᠠᠯ ᠠᠮᠤᠷ ᠲᠣᠭᠲᠠᠭᠤᠨ ᠢ ᠪᠠᠲᠤᠯᠠᠨ᠎ᠠ᠃ ᠣᠶᠣᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠭᠡᠨ | ᠳᠡᠯᠭᠡᠷᠡᠩᠭᠦᠢ ᠥᠷᠨᠢᠭᠦᠯᠵᠦ᠂ ᠪᠦᠬᠦ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠡᠶᠢᠭᠡᠮ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠥᠪ᠂ | ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠲᠥᠪ ᠵᠡᠷᠭᠡ ᠪᠠᠶᠢᠭᠤᠯᠤᠮᠵᠢ ᠶᠢᠨ ᠴᠢᠳᠠᠪᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠵᠠᠬᠢᠳᠠᠯ ᠰᠤᠷᠪᠤᠯᠵᠢᠯᠠᠭ᠎ᠠ | ᠶᠢᠨ ᠠᠯᠬᠤᠮ ᠳᠠᠷᠠᠭᠠᠯᠠᠯ ᠪᠠ ᠠᠵᠢᠯ ᠤᠨ ᠲᠣᠭᠲᠠᠴᠠ ᠶᠢ ᠤᠯᠠᠮ ᠲᠡᠭᠦᠯᠳᠡᠷᠵᠢᠭᠦᠯᠵᠦ᠂ ᠤᠳᠤᠷᠢᠳᠬᠤ ᠺᠠᠳ᠋ᠷᠴᠤᠳ ᠢᠯᠠ ᠪᠠᠷ ᠵᠠᠬᠢᠳᠠᠯ ᠰᠤᠷᠪᠤᠯᠵᠢᠯᠠᠭ᠎ᠠ ᠬᠦᠯᠢᠶᠡᠬᠦ | ᠂ ᠤᠴᠢᠷ ᠶᠠᠪᠤᠳᠠᠯ ᠢ ᠪᠡᠶ᠎ᠡ ᠪᠠᠷ ᠢᠶᠠᠨ ᠬᠠᠷᠢᠭᠤᠴᠠᠵᠤ ᠳᠣᠷᠣᠭᠰᠢ ᠪᠠᠭᠤᠵᠤ ᠪᠠᠶᠢᠳᠠᠯ ᠣᠶᠢᠯᠠᠭᠠᠬᠤ ᠵᠡᠷᠭᠡ ᠳᠦᠷᠢᠮ ᠢ ᠦᠷᠭᠦᠯᠵᠢᠯᠡᠨ ᠬᠡᠷᠡᠭᠵᠢᠭᠦᠯᠵᠦ᠂ ᠬᠠᠤᠯᠢ | ᠶᠣᠰᠣᠭᠠᠷ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ᠂ ︽ᠲᠠᠪᠤᠨ ᠡᠭᠦᠰᠬᠦ ᠦᠭᠡᠢ︾ ᠪᠠᠶᠢᠬᠤ ᠶᠢ ᠪᠠᠲᠤᠯᠠᠨ᠎ᠠ᠃ ᠮᠠᠯᠴᠢᠨ ᠲᠠᠷᠢᠶᠠᠴᠢᠨ ᠬᠦᠴᠦ | ᠶᠠᠪᠤᠭᠰᠠᠳ ᠤᠨ ᠴᠠᠯᠢᠩ ᠢ ᠢᠯᠭᠠᠷᠠᠭᠤᠯᠬᠤ ᠡᠷᠴᠢᠮ ᠢ ᠴᠢᠩᠭᠠᠷᠠᠭᠤᠯᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠪᠠᠷ ᠬᠠᠮᠠᠭᠠᠯᠠᠨ᠎ᠠ᠃ | ︽ᠠᠮᠤᠭᠤᠯᠠᠩ ᠣᠲᠤᠭ︾ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠂ ᠬᠠᠤᠯᠢ ᠵᠥᠷᠢᠴᠡᠭᠰᠡᠨ ᠡᠯ᠎ᠡ ᠲᠥᠷᠥᠯ ᠤᠨ ᠶᠠᠯᠠᠲᠤ ᠠᠵᠢᠯᠯᠠᠭ᠎ᠠ ᠳᠤ ᠬᠦᠴᠦᠲᠡᠢ | ᠴᠣᠬᠢᠯᠲᠠ ᠥᠭᠴᠦ᠂ ᠣᠨᠴᠠᠭᠠᠶᠢᠯᠠᠨ ᠴᠢ ᠫᠠᠨ ᠵᠢᠩ ᠵᠡᠷᠭᠡ ᠭᠤᠣᠯᠳᠠᠯᠭᠠᠲᠤ ᠭᠠᠵᠠᠷ ᠣᠷᠣᠨ ᠤ ᠠᠮᠤᠷ ᠢ ᠬᠠᠮᠠᠭᠠᠯᠠᠬᠤ ᠬᠠᠮᠢᠶᠠᠷᠤᠯᠲᠠ ᠡᠵᠡᠮᠰᠢᠯ ᠤᠨ ᠡᠷᠴᠢᠮ ᠢ | ᠴᠢᠩᠭᠠᠷᠠᠭᠤᠯᠤᠨ᠎ᠠ᠃ ᠦᠨ᠎ᠡ ᠬᠠᠩᠰᠢ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠨ᠂ ᠵᠠᠷᠤᠳᠠᠯ ᠬᠤᠷᠢᠶᠠᠬᠤ ᠡᠮᠬᠢ ᠳᠢᠭᠯᠢᠮ ᠢ ᠵᠢᠷᠤᠮᠵᠢᠭᠤᠯᠤᠨ᠎ᠠ᠃ ᠢᠳᠡᠭᠡᠨ ᠤ | ᠴᠢᠨᠠᠷ ᠴᠢᠨᠰᠠᠭ᠎ᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠯᠴᠠᠭ᠎ᠠ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠢᠳᠡᠭᠡᠨ ᠡᠮ ᠤᠨ | ᠵᠦᠢᠯᠡᠰ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ᠃ ᠪᠠᠴᠢᠮ ᠪᠠᠶᠢᠳᠠᠯ ᠢ ᠠᠷᠭᠠᠴᠠᠬᠤ ᠲᠣᠭᠲᠠᠯᠴᠠᠭ᠎ᠠ ᠶᠢᠨ ᠪᠠᠶᠢᠭᠤᠯᠤᠯᠲᠠ ᠶᠢ | ᠲᠡᠭᠦᠯᠳᠡᠷᠵᠢᠭᠦᠯᠵᠦ᠂ ᠴᠠᠭ ᠠᠭᠤᠷ ᠤᠨ ᠦᠢᠯᠡᠴᠢᠯᠡᠭᠡ ᠶᠢ ᠰᠠᠶᠢᠲᠤᠷ ᠠᠳᠬᠤᠨ᠂ ᠪᠠᠶᠢᠭᠠᠯᠢ ᠶᠢᠨ ᠭᠠᠮᠰᠢᠭ ᠢ ᠤᠷᠢᠳᠴᠢᠯᠠᠨ ᠰᠡᠷᠭᠡᠶᠢᠯᠡᠬᠦ ᠴᠢᠳᠠᠪᠤᠷᠢ ᠪᠠᠨ | ᠳᠡᠭᠡᠭᠰᠢᠯᠡᠭᠦᠯᠦᠨ᠎ᠡ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠵᠣᠬᠢᠶᠠᠬᠤ ᠠᠵᠢᠯ ᠢ ᠬᠢᠨᠠᠮᠠᠭᠠᠢ ᠰᠠᠶᠢᠨ ᠬᠢᠨ᠎ᠡ᠃ ᠠᠷᠠᠳᠴᠢᠯᠠᠯ | ᠬᠠᠤᠯᠢᠵᠢᠯ ᠪᠠᠶᠢᠭᠤᠯᠤᠯᠲᠠ ᠪᠠ ᠲᠥᠯᠥᠪᠯᠡᠭᠡ ᠲᠠᠢ ᠪᠠᠷ ᠬᠡᠦᠬᠡᠳ ᠠᠪᠬᠤ ᠬᠠᠮᠢᠶᠠᠷᠤᠯᠲᠠ ᠶᠢᠨ ᠦᠢᠯᠡᠴᠢᠯᠡᠭᠡ ᠶᠢ ᠴᠢᠩᠭᠠᠳᠬᠠᠵᠤ᠂ ᠲᠤᠭ᠎ᠠ ᠪᠦᠷᠢᠳᠬᠡᠯ ᠠᠷᠠᠳ ᠤᠨ | ᠠᠭᠠᠷ ᠤᠨ ᠰᠡᠷᠭᠡᠶᠢᠯᠡᠯᠲᠡ᠂ ᠬᠠᠩᠭᠠᠨ ᠪᠣᠷᠣᠯᠠᠭᠤᠯᠭ᠎ᠠ ᠬᠦᠢᠯᠭᠡᠭᠡ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠰᠤᠷᠭᠠᠨ | ᠬᠥᠮᠥᠵᠢᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠠ ᠨᠡᠶᠢᠭᠡᠮ ᠤᠨ ᠨᠢᠭᠦᠯᠡᠰᠦᠩᠭᠦᠢ ᠦᠢᠯᠡᠰ ᠵᠡᠷᠭᠡ ᠶᠢ ᠴᠢᠬᠤᠯᠠᠴᠢᠯᠠᠨ ᠬᠥᠭᠵᠢᠭᠦᠯᠦᠨ᠎ᠡ᠃ | ︵ᠨᠠᠢᠮᠠ︶ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠳᠬᠤᠵᠤ᠂ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠤᠨ᠎ᠠ᠃ ᠬᠠᠤᠯᠢᠵᠢᠯ | ᠣᠶᠢᠯᠠᠭᠠᠭᠳᠠᠬᠤᠨ ᠢ ᠪᠠᠲᠤ ᠪᠠᠬᠢ ᠪᠣᠢ ᠪᠣᠯᠭᠠᠵᠤ᠂ ᠡᠭᠦᠷᠭᠡ ᠲᠤᠰᠢᠶᠠᠯ ᠨᠢ ᠰᠢᠨᠵᠢᠯᠡᠬᠦ ᠤᠬᠠᠭᠠᠨᠴᠢ᠂ ᠡᠷᠬᠡ ᠬᠠᠷᠢᠭᠤᠴᠠᠯᠭ᠎ᠠ ᠨᠢ ᠬᠠᠤᠯᠢ ᠪᠠᠷ ᠲᠣᠭᠲᠠᠭᠠᠭᠳᠠᠭᠰᠠᠨ᠂ | ᠬᠠᠤᠯᠢ ᠶᠢ ᠰᠠᠬᠢᠭᠰᠠᠨ ᠦᠨᠡᠨᠴᠢ ᠢᠲᠡᠭᠡᠯᠲᠡᠢ ᠬᠠᠤᠯᠢᠵᠢᠯ᠂ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ | ᠨᠢᠭᠡ ᠳᠤ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠨ᠎ᠠ᠃ ᠬᠤᠰᠢᠭᠤ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠶᠢ | ᠡᠷᠡᠰ ᠳᠠᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ | ᠬᠢᠨᠠᠯᠲᠠ ᠬᠢᠭᠡᠳ ᠣᠯᠠᠨ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠣᠯᠠᠨ ᠲᠦᠮᠡᠨ ᠣᠷᠣᠯᠴᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠬᠦ᠂ ᠬᠠᠤᠯᠢ ᠶᠣᠰᠣᠭᠠᠷ ᠬᠢᠨᠠᠨ | ᠪᠠᠶᠢᠴᠠᠭᠠᠬᠤ᠂ ᠳᠠᠶᠠᠭᠠᠷ ᠶᠠᠷᠢᠯᠴᠠᠨ ᠲᠣᠭᠲᠠᠭᠠᠬᠤ ᠵᠡᠷᠭᠡ ᠶᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢᠨ ᠬᠠᠤᠯᠢ ᠪᠠᠷ | ᠲᠣᠭᠲᠠᠭᠠᠭᠰᠠᠨ ᠠᠯᠬᠤᠮ ᠳᠠᠷᠠᠭ᠎ᠠ ᠪᠣᠯᠭᠠᠵᠤ᠂ ᠵᠠᠰᠠᠭ ᠤᠨ ᠣᠷᠳᠣᠨ ᠤ ᠬᠠᠤᠯᠢ ᠵᠥᠪᠯᠡᠭᠴᠢ ᠶᠢᠨ ᠳᠦᠷᠢᠮ ᠢ ᠬᠡᠷᠡᠭᠵᠢᠭᠦᠯᠦᠨ᠂ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠶᠢᠨ ᠬᠠᠷᠢᠭᠤᠴᠠᠯᠭ᠎ᠠ ᠨᠡᠬᠡᠮᠵᠢᠯᠡᠵᠦ ᠭᠡᠳᠡᠷᠭᠦ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ ᠬᠠᠤᠯᠢ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ | ᠵᠠᠪᠠᠯ ᠭᠦᠢᠴᠡᠳᠬᠡᠵᠦ᠂ ᠬᠠᠤᠯᠢ ᠳᠤ ᠡᠷᠬᠡ ᠣᠯᠭᠤᠭᠰᠠᠨ ᠦᠭᠡᠢ ᠶᠢ ᠣᠭᠲᠣ ᠬᠢᠬᠦ ᠦᠭᠡᠢ ᠪᠠᠶᠢᠬᠤ ᠶᠢ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠢ ᠢᠯᠠ ᠪᠣᠯᠭᠠᠬᠤ | ᠶᠢ ᠴᠢᠩᠭᠠᠳᠬᠠᠨ᠂ ᠡᠳ᠋ ᠤᠨ ᠵᠠᠰᠠᠭ ᠤᠨ ᠲᠥᠰᠥᠪ᠂ ᠲᠥᠰᠥᠪ ᠤᠨ ᠭᠦᠢᠴᠡᠳᠬᠡᠯ᠂ ᠣᠯᠠᠨ ᠨᠡᠶᠢᠲᠡ ᠶᠢᠨ ᠡᠬᠢ ᠰᠤᠷᠪᠤᠯᠵᠢ ᠶᠢᠨ ᠲᠣᠬᠢᠷᠠᠭᠤᠯᠭ᠎ᠠ᠂ ᠴᠢᠬᠤᠯᠠ | ᠶᠡᠭᠡ ᠲᠥᠷᠥᠯ ᠵᠦᠢᠯ ᠤᠨ ᠪᠠᠶᠢᠭᠤᠯᠤᠯᠲᠠ ᠪᠠ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠤᠪᠢᠶᠠᠷᠢᠯᠠᠯᠲᠠ᠂ ᠡᠮ ᠡᠮᠨᠡᠯᠭᠡ ᠶᠢᠨ ᠦᠢᠯᠡᠴᠢᠯᠡᠭᠡ᠂ | ᠰᠤᠷᠭᠠᠨ ᠬᠥᠮᠥᠵᠢᠯ ᠤᠨ ᠬᠥᠭᠵᠢᠭᠦᠯᠦᠯᠲᠡ ᠵᠡᠷᠭᠡ ᠬᠦᠷᠢᠶ᠎ᠡ ᠬᠡᠪᠴᠢᠶᠡᠨ ᠤ ᠴᠢᠮᠡᠭᠡ ᠵᠠᠩᠭᠢ ᠶᠢ ᠢᠯᠠ ᠪᠣᠯᠭᠠᠬᠤ ᠠᠵᠢᠯ ᠢ ᠭᠤᠣᠯᠳᠠᠯᠭ᠎ᠠ ᠲᠠᠢ ᠠᠬᠢᠭᠤᠯᠵᠤ᠂ | ᠮᠠᠯᠴᠢᠨ ᠲᠠᠷᠢᠶᠠᠴᠢᠳ ᠢ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠦᠷᠢᠯᠠᠬᠤ ᠡᠷᠴᠢᠮ ᠢᠶᠠᠨ ᠴᠢᠩᠭᠠᠷᠠᠭᠤᠯᠤᠨ᠂ ᠡᠷᠬᠡ ᠶᠢ ᠢᠯᠠ ᠲᠣᠳᠣ | ᠪᠠᠶᠢᠯᠭᠠᠨ᠎ᠠ᠃ | ᠬᠤᠶᠠᠷ ᠲᠤ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ ᠶᠢ ᠪᠠᠷᠢᠮᠲᠠᠯᠠᠨ᠎ᠠ᠃ ᠬᠠᠤᠯᠢ ᠬᠡᠷᠡᠭᠵᠢᠭᠦᠯᠬᠦ ᠡᠬᠢ ᠰᠤᠷᠪᠤᠯᠵᠢ ᠶᠢ ᠨᠢᠭᠡᠳᠬᠡᠵᠦ᠂ ᠬᠠᠤᠯᠢ | ᠬᠡᠷᠡᠭᠵᠢᠭᠦᠯᠬᠦ ᠱᠠᠲᠤ ᠳᠠᠪᠬᠤᠷᠭ᠎ᠠ ᠶᠢ ᠴᠥᠭᠡᠳᠬᠡᠨ᠂ ᠬᠠᠤᠯᠢ ᠬᠡᠷᠡᠭᠵᠢᠭᠦᠯᠬᠦ ᠠᠯᠬᠤᠮ ᠳᠠᠷᠠᠭ᠎ᠠ ᠶᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠪᠣᠯᠪᠠᠰᠤᠷᠠᠭᠤᠯᠤᠯ | ᠢ ᠴᠢᠩᠭᠠᠳᠬᠠᠨ᠂ ᠰᠣᠯᠪᠢᠴᠠᠭᠤᠯᠤᠨ ᠬᠠᠤᠯᠢ ᠬᠡᠷᠡᠭᠵᠢᠭᠦᠯᠬᠦ᠂ ᠣᠯᠠᠨ ᠲᠠᠯ᠎ᠠ ᠪᠠᠷ ᠬᠠᠤᠯᠢ ᠬᠡᠷᠡᠭᠵᠢᠭᠦᠯᠬᠦ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠢᠳᠡᠭᠡᠨ | ᠡᠮ ᠤᠨ ᠵᠦᠢᠯᠡᠰ᠂ ᠠᠮᠢ ᠠᠬᠤᠢ ᠶᠢᠨ ᠣᠷᠴᠢᠨ ᠲᠣᠭᠤᠷᠢᠨ᠂ ᠠᠶᠤᠯ ᠦᠭᠡᠢ ᠦᠢᠯᠡᠳᠪᠦᠷᠢᠯᠡᠯ ᠵᠡᠷᠭᠡ ᠭᠤᠣᠯᠳᠠᠯᠭᠠᠲᠤ ᠬᠦᠷᠢᠶᠡᠨ ᠤ ᠬᠠᠤᠯᠢ ᠬᠡᠷᠡᠭᠵᠢᠭᠦᠯᠬᠦ ᠡᠷᠴᠢᠮ | ᠢ ᠴᠢᠩᠭᠠᠷᠠᠭᠤᠯᠤᠨ᠂ ᠬᠠᠤᠯᠢ ᠵᠥᠷᠢᠴᠡᠭᠰᠡᠨ ᠡᠯ᠎ᠡ ᠲᠥᠷᠥᠯ ᠤᠨ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠳᠬᠡᠵᠦ᠂ ᠨᠡᠶᠢᠭᠡᠮ ᠤᠨ ᠡᠷᠬᠡ ᠲᠡᠭᠰᠢ ᠲᠥᠪ ᠭᠤᠣᠯᠴᠢ ᠶᠢ | ᠦᠨᠡᠨ ᠬᠦ ᠬᠠᠮᠠᠭᠠᠯᠠᠨ᠎ᠠ᠃ ᠬᠢᠨᠠᠨ ᠪᠣᠳᠣᠯᠲᠠ ᠶᠢᠨ ᠬᠢᠨᠠᠯᠲᠠ ᠪᠠ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠶᠢᠨ ᠦᠢᠯᠡᠳᠦᠯ ᠢ ᠪᠠᠳᠠᠷᠠᠭᠤᠯᠤᠨ᠂ ᠡᠳ᠋ ᠤᠨ ᠵᠠᠰᠠᠭ | ᠤᠨ ᠪᠡᠯᠡ ᠮᠥᠩᠭᠦᠨ ᠤ ᠬᠡᠷᠡᠭᠯᠡᠯᠲᠡ ᠬᠤᠪᠢᠶᠠᠷᠢᠯᠠᠯᠲᠠ᠂ ᠣᠯᠠᠨ ᠨᠡᠶᠢᠲᠡ ᠶᠢᠨ ᠡᠬᠢ ᠰᠤᠷᠪᠤᠯᠵᠢ ᠶᠢᠨ ᠠᠷᠠᠯᠵᠢᠶ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ | ᠶᠢᠨ ᠰᠢᠢᠳᠪᠦᠷᠢᠯᠡᠯᠲᠡ᠂ ᠭᠠᠵᠠᠷ ᠰᠢᠷᠣᠢ ᠬᠡᠷᠡᠭᠯᠡᠬᠦ ᠡᠷᠬᠡ ᠪᠠᠨ ᠰᠢᠯᠵᠢᠭᠦᠯᠦᠨ ᠬᠤᠳᠠᠯᠳᠤᠬᠤ ᠵᠡᠷᠭᠡ ᠲᠠᠯ᠎ᠠ ᠶᠢᠨ ᠳᠦᠷᠢᠮ ᠤᠨ ᠪᠠᠶᠢᠭᠤᠯᠤᠯᠲᠠ ᠶᠢ ᠰᠠᠶᠢᠲᠤᠷ | ᠠᠳᠬᠤᠵᠤ᠂ ᠡᠷᠬᠡ ᠶᠢᠨ ᠬᠢᠨᠠᠯᠲᠠ ᠬᠦᠯᠢᠶᠡᠰᠦᠯᠡᠯ ᠢ ᠴᠢᠩᠭᠠᠳᠬᠠᠨ᠎ᠠ᠃ | ᠭᠤᠷᠪᠠ ᠳᠤ ᠤᠬᠠᠮᠰᠠᠷ ᠠᠴᠠ ᠪᠠᠨ ᠬᠠᠤᠯᠢ ᠰᠠᠬᠢᠬᠤ ᠶᠢ ᠪᠠᠷᠢᠮᠲᠠᠯᠠᠨ᠎ᠠ᠃ ᠬᠠᠤᠯᠢ ᠴᠠᠭᠠᠵᠠ ᠠᠴᠠ ᠰᠦᠷᠳᠡᠨ᠂ ᠬᠠᠤᠯᠢ ᠴᠠᠭᠠᠵᠠ ᠶᠢ ᠵᠢᠷᠤᠮᠯᠠᠵᠤ᠂ | ᠬᠠᠤᠯᠢᠵᠢᠯ ᠬᠠᠷᠢᠭᠤᠴᠠᠯᠭ᠎ᠠ ᠪᠠᠨ ᠴᠢᠩᠭᠠᠳᠬᠠᠨ᠂ ᠬᠠᠤᠯᠢᠵᠢᠯ ᠰᠡᠳᠬᠢᠬᠦᠢ ᠪᠠ ᠠᠷᠭ᠎ᠠ ᠪᠠᠷᠢᠯ ᠢᠶᠠᠷ ᠠᠰᠠᠭᠤᠳᠠᠯ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ | ᠃ ︽ᠵᠢᠷᠭᠤᠭ᠎ᠠ ᠲᠠᠪᠤ︾ ᠶᠢᠨ ᠬᠠᠤᠯᠢ ᠲᠦᠭᠡᠮᠡᠯᠵᠢᠭᠦᠯᠬᠦ ᠶᠢ ᠭᠦᠨᠵᠡᠭᠡᠢ ᠠᠬᠢᠭᠤᠯᠵᠤ᠂ ᠬᠠᠤᠯᠢ ᠪᠠᠷ ᠬᠠᠪᠰᠤᠷᠤᠭᠤᠯᠬᠤ ᠪᠠ ᠬᠠᠤᠯᠢ ᠴᠠᠭᠠᠵᠠ ᠪᠠᠷ ᠲᠤᠰᠠᠯᠠᠭᠤᠯᠬᠤ | ᠳᠦᠷᠢᠮ ᠢ ᠲᠡᠭᠦᠯᠳᠡᠷᠵᠢᠭᠦᠯᠦᠨ᠂ ᠬᠠᠤᠯᠢᠵᠢᠯ ᠬᠥᠮᠥᠵᠢᠯ ᠢ ᠰᠤᠷᠭᠠᠭᠤᠯᠢ᠂ ᠪᠠᠶᠢᠭᠤᠯᠭ᠎ᠠ ᠨᠢᠭᠡᠴᠢ᠂ ᠨᠡᠶᠢᠭᠡᠮ ᠲᠣᠭᠤᠷᠢᠭ᠂ ᠠᠵᠤ ᠠᠬᠤᠶᠢᠯᠠᠯ᠂ ᠬᠥᠳᠡᠭᠡ ᠲᠣᠰᠬᠤᠨ | ᠳᠤ ᠬᠦᠷᠭᠡᠵᠦ᠂ ᠪᠦᠬᠦ ᠨᠡᠶᠢᠭᠡᠮ ᠤᠨ ᠬᠠᠤᠯᠢᠵᠢᠯ ᠦᠵᠡᠯ ᠤᠬᠠᠮᠰᠠᠷ ᠢ ᠴᠢᠩᠭᠠᠳᠬᠠᠨ᠂ ᠣᠯᠠᠨ ᠲᠦᠮᠡᠨ ᠤᠬᠠᠮᠰᠠᠷ ᠠᠴᠠ ᠪᠠᠨ ᠬᠠᠤᠯᠢ ᠰᠠᠬᠢᠨ᠂ ᠤᠴᠢᠷ | ᠲᠣᠬᠢᠶᠠᠯᠳᠤᠪᠠᠯ ᠬᠠᠤᠯᠢ ᠪᠠᠷ ᠰᠢᠢᠳᠪᠦᠷᠢᠯᠡᠬᠦ ᠶᠢ ᠵᠢᠯᠣᠭᠤᠳᠴᠤ᠂ ᠬᠠᠤᠯᠢᠵᠢᠯ ᠣᠲᠤᠭ ᠢ ᠬᠦᠴᠦᠯᠡᠨ ᠪᠠᠶᠢᠭᠤᠯᠤᠨ᠎ᠠ᠃ | ᠭᠤᠷᠪᠠ᠂ ᠣᠪᠣᠷ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ | ᠮᠢᠩᠭ᠎ᠠ ᠲᠦᠮᠡᠨ ᠵᠦᠢᠯ ᠵᠤᠷᠪᠤᠰ ᠪᠠᠶᠢᠯ᠎ᠠ ᠴᠤ ᠭᠡᠰᠡᠨ ᠬᠡᠷᠡᠭᠵᠢᠭᠦᠯᠬᠦ ᠦᠭᠡᠢ ᠪᠣᠯ ᠲᠠᠯᠠᠭᠠᠷ ᠪᠣᠯᠣᠮᠤᠢ︔ ᠬᠡᠳᠦᠢ ᠶᠡᠭᠡ ᠬᠦᠴᠢᠷ ᠪᠡᠷᠬᠡᠰᠢᠶᠡᠯ ᠲᠠᠢ ᠪᠣᠯᠪᠠᠴᠤ | ᠴᠢᠳᠠᠮᠠᠭᠠᠢ ᠠᠳᠬᠤᠵᠤ ᠨᠠᠶᠢᠳᠠᠪᠤᠷᠢᠵᠢᠭᠤᠯᠪᠠᠯ ᠠᠮᠠᠷᠬᠠᠨ ᠪᠣᠯᠠᠢ᠃ ᠣᠳᠣᠬᠠᠨ ᠳᠤ ᠣᠲᠤᠭ ᠶᠠᠭ ᠬᠦᠴᠢᠷ ᠢ ᠲᠤᠭᠤᠯᠵᠤ ᠪᠠᠶᠢᠭ᠎ᠠ ᠵᠠᠩᠭᠢᠯᠠᠭᠠᠲᠤ ᠬᠤᠭᠤᠴᠠᠭᠠᠨ | ᠳᠠᠭᠠᠨ ᠪᠠᠶᠢᠨ᠎ᠠ᠂ ᠪᠢᠳᠠ ᠵᠥᠪᠬᠡᠨ ᠣᠪᠣᠷ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠤ᠂ ᠬᠦᠴᠦᠲᠡᠢ ᠠᠳᠬᠤᠨ ᠨᠠᠶᠢᠳᠠᠪᠤᠷᠢᠵᠢᠭᠤᠯᠪᠠᠯ ᠰᠠᠶ᠋ᠢ ᠣᠲᠤᠭ ᠤᠨ | ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠰᠢᠨ᠎ᠡ ᠪᠠᠶᠢᠳᠠᠯ ᠢ ᠡᠭᠦᠳᠴᠦ ᠴᠢᠳᠠᠨ᠎ᠠ᠃ | — ᠦᠵᠡᠯ ᠰᠠᠨᠠᠭ᠎ᠠ ᠪᠠᠨ ᠴᠢᠯᠦᠭᠡᠯᠡᠵᠦ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ᠰᠢᠨ᠎ᠡ ᠬᠡᠪ ᠪᠠᠶᠢᠳᠠᠯ ᠨᠢ ᠵᠠᠰᠠᠭ ᠤᠨ ᠣᠷᠳᠣᠨ ᠤ ᠪᠠᠶᠢᠭᠤᠯᠤᠯᠲᠠ | ᠳᠤ ᠰᠢᠨ᠎ᠡ ᠱᠠᠭᠠᠷᠳᠠᠯᠭ᠎ᠠ ᠳᠤᠷᠠᠳᠪᠠ᠂ ᠪᠢᠳᠠ ᠦᠵᠡᠯ ᠰᠠᠨᠠᠭ᠎ᠠ ᠲᠠᠨᠢᠯᠲᠠ ᠪᠠᠨ ᠬᠤᠪᠢᠷᠠᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠪᠠᠶᠢᠳᠠᠯ ᠳᠤ | ᠵᠣᠬᠢᠴᠠᠬᠤ ᠦᠭᠡᠢ ᠬᠠᠭᠤᠴᠢᠨ ᠦᠵᠡᠯᠲᠡ᠂ ᠬᠠᠭᠤᠴᠢᠨ ᠠᠷᠭ᠎ᠠ ᠪᠠᠷᠢᠯ ᠢᠶᠠᠨ ᠡᠷᠡᠰ ᠲᠡᠪᠴᠢᠨ᠂ ᠰᠢᠨ᠎ᠡ ᠬᠤᠪᠢᠷᠠᠯᠲᠠ ᠳᠤ ᠰᠠᠭᠤᠷᠢᠯᠠᠵᠤ᠂ ᠰᠢᠨ᠎ᠡ ᠪᠠᠶᠢᠳᠠᠯ ᠢ | ᠰᠤᠳᠤᠯᠤᠨ᠂ ᠰᠢᠨ᠎ᠡ ᠠᠰᠠᠭᠤᠳᠠᠯ ᠢ ᠰᠢᠢᠳᠪᠦᠷᠢᠯᠡᠵᠦ᠂ ᠲᠤᠰᠢᠶᠠᠯᠲᠤ ᠦᠵᠡᠯ ᠤᠬᠠᠮᠰᠠᠷ᠂ ᠠᠶᠤᠯ ᠲᠦᠭᠰᠢᠭᠦᠷᠢᠲᠦ ᠦᠵᠡᠯ ᠤᠬᠠᠮᠰᠠᠷ᠂ ᠬᠠᠷᠢᠭᠤᠴᠠᠯᠭᠠᠲᠤ ᠦᠵᠡᠯ | ᠤᠬᠠᠮᠰᠠᠷ ᠢᠶᠠᠷ ᠵᠠᠩᠭᠢᠯᠠᠭᠠᠲᠤ ᠭᠤᠭᠴᠤᠭ᠎ᠠ ᠬᠢᠭᠡᠳ ᠭᠤᠣᠯ ᠵᠥᠷᠢᠴᠡᠯ ᠢ ᠠᠳᠬᠤᠵᠤ᠂ ᠰᠢᠨ᠎ᠡ ᠶᠢ ᠡᠭᠦᠳᠬᠦ ᠰᠡᠳᠬᠢᠬᠦᠢ ᠪᠠᠷ ᠠᠵᠢᠯ ᠢᠶᠠᠨ ᠲᠣᠬᠢᠷᠠᠭᠤᠯᠤᠨ᠂ | ᠡᠭᠦᠳᠦᠯᠲᠦ ᠴᠢᠨᠠᠷᠲᠠᠢ ᠠᠷᠭ᠎ᠠ ᠪᠠᠷᠢᠯ ᠢᠶᠠᠷ ᠬᠡᠯᠪᠡᠷᠢ ᠪᠠᠨ ᠬᠤᠪᠢᠷᠠᠭᠤᠯᠵᠤ᠂ ᠰᠢᠨ᠎ᠡ ᠪᠠᠶᠢᠳᠠᠯ ᠳᠠᠬᠢ ᠠᠵᠢᠯᠯᠠᠬᠤ ᠦᠢᠯᠡᠰ ᠪᠣᠰᠬᠠᠬᠤ ᠴᠢᠳᠠᠪᠤᠷᠢ ᠪᠠ ᠬᠢᠷᠢ | ᠲᠦᠪᠰᠢᠨ ᠢᠶᠠᠨ ᠲᠡᠰᠦᠷᠡᠯᠲᠡ ᠦᠭᠡᠢ ᠳᠡᠭᠡᠭᠰᠢᠯᠡᠭᠦᠯᠦᠨ᠂ ᠡᠯ᠎ᠡ ᠲᠥᠷᠥᠯ ᠤᠨ ᠠᠵᠢᠯ ᠢ ᠰᠢᠨ᠎ᠡ ᠳᠡᠭᠲᠡᠷ ᠲᠤ ᠭᠠᠷᠭᠠᠵᠤ᠂ ᠰᠢᠨ᠎ᠡ ᠲᠦᠪᠰᠢᠨ ᠳᠤ ᠬᠦᠷᠭᠡᠨ᠎ᠡ᠃ | — ᠬᠠᠷᠢᠭᠤᠴᠠᠯᠭ᠎ᠠ ᠶᠢ ᠲᠣᠳᠣᠷᠬᠠᠶᠢᠯᠠᠵᠤ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ᠬᠠᠷᠢᠭᠤᠴᠠᠯᠭᠠᠲᠤ ᠭᠤᠣᠯ ᠴᠣᠭᠴᠠ ᠶᠢ ᠲᠣᠳᠣᠷᠬᠠᠶᠢᠯᠠᠵᠤ᠂ | ᠭᠤᠣᠯᠳᠠᠯᠭᠠᠲᠤ ᠠᠵᠢᠯ᠂ ᠴᠢᠬᠤᠯᠠ ᠶᠡᠭᠡ ᠲᠥᠷᠥᠯ ᠵᠦᠢᠯ ᠤᠨ ᠲᠦᠷᠦᠭᠦᠯᠡᠨ ᠬᠢᠬᠦ ᠤᠳᠤᠷᠢᠳᠤᠯᠭ᠎ᠠ᠂ ᠬᠠᠷᠢᠭᠤᠴᠠᠯᠭᠠᠲᠤ ᠪᠠᠶᠢᠭᠤᠯᠭ᠎ᠠ ᠶᠢ ᠴᠥᠮ ᠲᠣᠳᠣᠷᠬᠠᠶᠢᠯᠠᠨ᠂ | ᠠᠵᠢᠯ ᠤᠨ ᠡᠭᠦᠷᠭᠡ ᠶᠢ ᠨᠢ ᠬᠡᠮᠵᠢᠶᠡᠴᠢᠯᠡᠨ ᠬᠤᠪᠢᠶᠠᠷᠢᠯᠠᠵᠤ᠂ ᠬᠥᠮᠥᠨ ᠳᠤ ᠨᠠᠶᠢᠳᠠᠪᠤᠷᠢᠵᠢᠭᠤᠯᠤᠨ᠂ ᠨᠢᠭᠡ ᠱᠠᠲᠤ ᠨᠢ ᠨᠢᠭᠡ ᠱᠠᠲᠤ ᠪᠠᠨ ᠬᠠᠮᠢᠶᠠᠷᠬᠤ᠂ ᠱᠠᠲᠤ | ᠱᠠᠲᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠬᠠᠷᠢᠭᠤᠴᠠᠯᠭᠠᠲᠤ ᠲᠣᠭᠲᠠᠯᠴᠠᠭ᠎ᠠ ᠶᠢ ᠪᠠᠶᠢᠭᠤᠯᠬᠤ ᠪᠠᠷ ᠪᠠᠷᠠᠬᠤ ᠦᠭᠡᠢ ᠱᠠᠭᠠᠷᠳᠠᠨ ᠪᠠᠶᠢᠴᠠᠭᠠᠬᠤ ᠪᠠᠨ | ᠴᠢᠩᠭᠠᠳᠬᠠᠵᠤ᠂ ᠪᠦᠲᠦᠮᠵᠢᠲᠡᠢ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ᠂ ᠬᠠᠷᠠᠯᠲᠠ ᠶᠢ ᠬᠡᠷᠡᠭᠵᠢᠭᠦᠯᠬᠦ ᠪᠦᠬᠦ ᠶᠠᠪᠤᠴᠠ ᠳᠠᠬᠢ ᠬᠢᠨᠠᠨ ᠡᠵᠡᠮᠰᠢᠯ ᠢ | ᠴᠢᠩᠭᠠᠳᠬᠠᠵᠤ᠂ ᠱᠠᠭᠠᠷᠳᠠᠨ ᠪᠠᠶᠢᠴᠠᠭᠠᠵᠤ ᠬᠢᠯᠭᠡᠬᠦ ᠡᠷᠴᠢᠮ ᠢᠶᠠᠨ ᠴᠢᠩᠭᠠᠷᠠᠭᠤᠯᠤᠨ᠂ ᠡᠯ᠎ᠡ ᠲᠥᠷᠥᠯ ᠤᠨ ᠠᠵᠢᠯ ᠠᠮᠵᠢᠯᠲᠠᠲᠠᠢ ᠥᠷᠨᠢᠵᠦ᠂ ᠪᠦᠲᠦᠮᠵᠢᠲᠡᠢ | ᠶᠠᠪᠤᠭᠳᠠᠬᠤ ᠶᠢ ᠠᠬᠢᠭᠤᠯᠤᠨ᠎ᠠ᠃ | — ᠠᠷᠭ᠎ᠠ ᠪᠠᠷᠢᠯ ᠢᠶᠠᠨ ᠴᠢᠩᠭᠠᠳᠬᠠᠵᠤ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ | ᠣᠷᠳᠣᠨ ᠤ ︽ᠬᠡᠷᠡᠭᠵᠢᠭᠦᠯᠦᠯᠲᠡ ᠶᠢᠨ ᠬᠦᠴᠦᠨ ᠢ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠠᠬᠢᠭᠤᠯᠬᠤ ᠲᠤᠬᠠᠢ ᠲᠣᠭᠲᠠᠭᠠᠯ︾ ᠢ ᠴᠢᠩᠭ᠎ᠠ | ᠬᠡᠷᠡᠭᠵᠢᠭᠦᠯᠵᠦ᠂ ᠲᠣᠭᠲᠠᠭᠠᠭᠰᠠᠨ ᠡᠭᠦᠷᠭᠡ ᠬᠠᠷᠠᠯᠲᠠ ᠳᠠᠭᠠᠨ ᠴᠢᠩᠭ᠎ᠠ ᠲᠣᠭᠤᠷᠢᠭᠤᠯᠤᠨ ᠵᠣᠷᠢᠭᠲᠠᠢ ᠡᠭᠦᠷᠭᠡᠯᠡᠵᠦ᠂ ᠵᠥᠷᠢᠴᠡᠯ ᠵᠢᠭᠤᠷᠠᠯᠳᠤᠭᠠᠨ ᠠᠴᠠ ᠵᠠᠶᠢᠯᠠᠰᠬᠢᠬᠤ | ᠦᠭᠡᠢ᠂ ᠬᠠᠷᠢᠭᠤᠴᠠᠯᠭ᠎ᠠ ᠪᠠᠨ ᠲᠦᠯᠬᠢᠬᠦ ᠦᠭᠡᠢ ᠪᠠᠶᠢᠵᠤ᠂ ᠪᠤᠰᠢᠭᠤ ᠱᠠᠯᠠᠮᠠᠭᠠᠢ᠂ ᠲᠡᠷᠡ ᠳᠣᠣᠷ᠎ᠠ ᠨᠢ ᠵᠠᠯᠠᠷᠠᠭᠤᠯᠬᠤ ᠠᠵᠢᠯ ᠤᠨ ᠰᠤᠷᠲᠠᠯ ᠢᠶᠠᠷ | ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ᠰᠢᠷᠭᠠᠭᠤ ᠬᠠᠲᠠᠭᠤᠵᠢᠯᠲᠠᠢ᠂ ᠦᠨᠡᠨ ᠪᠣᠳᠠᠲᠠᠢ ᠠᠵᠢᠯᠯᠠᠬᠤ ᠶᠢ ᠠᠵᠢᠯ ᠤᠨ ᠢᠶᠠᠨ ᠰᠢᠨ᠎ᠡ ᠬᠡᠪᠰᠢᠯ ᠪᠣᠯᠭᠠᠬᠤ ᠶᠢ | ᠪᠠᠷᠢᠮᠲᠠᠯᠠᠵᠤ᠂ ︽ᠬᠠᠰᠢ ᠶᠠᠰᠢ ᠪᠠᠷ ᠡᠳᠦᠷ ᠥᠩᠭᠡᠷᠡᠭᠡᠬᠦ︾᠂ ︽ᠬᠡᠪ ᠢᠶᠠᠨ ᠦᠬᠦᠨ ᠰᠠᠬᠢᠬᠤ︾᠂ ︽ᠳᠠᠷᠤᠭ᠎ᠠ ᠶᠢᠨ ᠲᠤᠰᠢᠶᠠᠯ ᠢᠶᠠᠨ ᠭᠦᠢᠴᠡᠳᠬᠡᠬᠦ ᠦᠭᠡᠢ︾ | ᠵᠡᠷᠭᠡ ᠠᠯᠵᠠᠭᠤ ᠬᠤᠶᠢᠷᠭᠤ ᠦᠵᠡᠭᠳᠡᠯ ᠢ ᠡᠷᠡᠰ ᠴᠡᠭᠴᠡᠯᠡᠵᠦ᠂ ︽ᠡᠮᠦᠨ᠎ᠡ ᠹᠷᠤᠨᠲ ᠲᠤ ᠠᠵᠢᠯᠯᠠᠬᠤ ᠠᠷᠭ᠎ᠠ︾ ᠶᠢ ᠶᠡᠬᠡᠪᠡᠷ ᠬᠡᠷᠡᠭᠵᠢᠭᠦᠯᠵᠦ᠂ ᠨᠢᠭᠡ ᠨᠢᠭᠡ ᠶᠠᠪᠤᠳᠠᠯ | ᠢᠶᠠᠷ ᠠᠬᠢᠴᠠ ᠶᠢ ᠨᠢ ᠠᠳᠬᠤᠨ᠂ ᠨᠢᠭᠡ ᠨᠢᠭᠡ ᠲᠥᠷᠥᠯ ᠵᠦᠢᠯ ᠢᠶᠠᠷ ᠰᠢᠪᠲᠤᠯᠤᠯᠲᠠ ᠭᠠᠷᠭᠠᠵᠤ᠂ ᠪᠠᠶᠢᠳᠠᠯ ᠢ ᠡᠮᠦᠨ᠎ᠡ ᠹᠷᠤᠨᠲ ᠲᠤ ᠡᠵᠡᠮᠰᠢᠨ᠂ ᠠᠰᠠᠭᠤᠳᠠᠯ ᠢ | ᠡᠮᠦᠨ᠎ᠡ ᠹᠷᠤᠨᠲ ᠲᠤ ᠰᠢᠢᠳᠪᠦᠷᠢᠯᠡᠬᠦ ᠶᠢ ᠦᠨᠡᠨ ᠬᠦ ᠪᠡᠶᠡᠯᠡᠭᠦᠯᠦᠨ᠎ᠡ᠃ | — ᠠᠵᠢᠯᠴᠢ ᠬᠢᠴᠢᠶᠡᠩᠭᠦᠢ ᠠᠷᠢᠭᠤᠨ ᠴᠢᠭᠡᠴᠢ ᠪᠠᠷ ᠵᠠᠰᠠᠭ ᠪᠠᠷᠢᠵᠤ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ᠲᠥᠪ ᠤᠨ ᠨᠠᠢᠮᠠᠨ ᠲᠣᠭᠲᠠᠭᠠᠯ ᠢ | ᠬᠢᠨᠠᠮᠠᠭᠠᠢ ᠬᠡᠷᠡᠭᠵᠢᠭᠦᠯᠵᠦ᠂ ︽ᠳᠥᠷᠪᠡᠨ ᠰᠤᠷᠲᠠᠯ︾ ᠤᠨ ᠠᠰᠠᠭᠤᠳᠠᠯ ᠢ ᠴᠥᠬᠦᠷᠡᠰᠢ ᠦᠭᠡᠢ ᠴᠡᠭᠴᠡᠯᠡᠬᠦ ᠶᠢ ᠪᠠᠷᠢᠮᠲᠠᠯᠠᠨ᠂ ᠠᠷᠪᠢᠯᠠᠨ ᠭᠠᠮᠨᠠᠬᠤ ᠶᠢ ᠴᠢᠩᠭ᠎ᠠ | ᠬᠡᠷᠡᠭᠵᠢᠭᠦᠯᠵᠦ᠂ ᠡᠯ᠎ᠡ ᠲᠥᠷᠥᠯ ᠤᠨ ᠬᠤᠷᠠᠯ ᠪᠢᠴᠢᠭ ᠮᠠᠲ᠋ᠧᠷᠢᠶᠠᠯ ᠪᠤᠯᠤᠨ ᠪᠠᠶᠠᠷ ᠲᠤᠷᠠᠰᠬᠠᠯ ᠤᠨ ᠠᠵᠢᠯᠯᠠᠭ᠎ᠠ ᠶᠢ ᠴᠣᠮᠬᠠᠳᠬᠠᠨ᠂ ᠬᠦᠯᠢᠶᠡᠨ ᠵᠣᠴᠢᠯᠠᠬᠤ ᠠᠵᠢᠯ ᠢ | ᠵᠢᠷᠤᠮᠵᠢᠭᠤᠯᠵᠤ᠂ ᠬᠢᠵᠠᠭᠠᠷᠲᠠᠢ ᠡᠳ᠋ ᠤᠨ ᠬᠦᠴᠦᠨ ᠢ ᠣᠨᠢᠨ ᠳᠡᠭᠡᠷ᠎ᠡ ᠨᠢ ᠣᠨᠣᠭᠠᠨ ᠬᠡᠷᠡᠭᠯᠡᠵᠦ᠂ ᠬᠦᠴᠦᠨ ᠢᠶᠠᠨ ᠲᠥᠪᠯᠡᠷᠡᠭᠦᠯᠦᠨ ᠪᠣᠳᠠᠲᠤ ᠠᠵᠢᠯ ᠢ ᠠᠳᠬᠤᠨ᠂ | ᠪᠣᠳᠠᠲᠠᠢ ᠠᠰᠠᠭᠤᠳᠠᠯ ᠢ ᠰᠢᠢᠳᠪᠦᠷᠢᠯᠡᠨ᠎ᠡ᠃ ︽ᠭᠤᠷᠪᠠᠨ ᠴᠢᠩᠭ᠎ᠠ ᠭᠤᠷᠪᠠᠨ ᠪᠣᠳᠠᠲᠠᠢ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ | ᠥᠷᠨᠢᠭᠦᠯᠵᠦ᠂ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ︽ᠬᠤᠶᠠᠷ ᠬᠠᠷᠢᠭᠤᠴᠠᠯᠭ᠎ᠠ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ | ᠰᠡᠳᠬᠢᠯ ᠳᠡᠭᠡᠨ ᠨᠠᠮ ᠲᠠᠢ᠂ ᠠᠷᠠᠳ ᠲᠠᠢ᠂ ᠬᠠᠷᠢᠭᠤᠴᠠᠯᠭ᠎ᠠ ᠲᠠᠢ᠂ ᠬᠤᠷᠢᠭ᠎ᠠ ᠴᠡᠭᠡᠷ ᠲᠠᠢ ᠪᠠᠶᠢᠬᠤ ᠶᠢ ᠪᠡᠶᠡᠯᠡᠭᠦᠯᠵᠦ᠂ ᠠᠷᠢᠭᠤᠨ ᠴᠢᠭᠡᠴᠢ ᠪᠠᠷ ᠠᠷᠠᠳ ᠤᠨ | ᠢᠲᠡᠭᠡᠯ ᠢ ᠣᠯᠣᠨ᠂ ᠡᠷᠬᠡ ᠪᠠᠨ ᠭᠤᠣᠯᠴᠢ ᠪᠠᠷ ᠬᠡᠷᠡᠭᠯᠡᠵᠦ ᠠᠷᠠᠳ ᠲᠤ ᠪᠤᠶᠠᠨ ᠦᠢᠯᠡᠳᠦᠨ᠎ᠡ᠃ | ᠲᠦᠯᠣᠭᠡᠯᠡᠭᠴᠢᠳ ᠡ᠂ ᠨᠥᠬᠦᠳ ᠡ᠂ ᠴᠠᠭ ᠡᠷᠡᠨ ᠠᠴᠠ ᠪᠢᠳᠠᠨ ᠳᠤ ᠬᠦᠨᠳᠦ ᠡᠭᠦᠷᠭᠡ ᠲᠤᠰᠢᠶᠠᠬᠤᠶᠠ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠪᠠᠷ | ᠦᠨᠡᠨ ᠪᠣᠳᠠᠲᠠᠢ ᠠᠵᠢᠯᠯᠠᠨᠠᠮ᠃ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠬᠤ ᠬᠦᠰᠡᠯ ᠡᠷᠡᠮᠡᠯᠵᠡᠯ ᠪᠣᠯ ᠳᠠᠷᠤᠢ ᠪᠢᠳᠠᠨ ᠤ ᠲᠡᠮᠡᠴᠡᠬᠦ ᠬᠠᠷᠠᠯᠲᠠ ᠪᠣᠯᠣᠨ᠎ᠠ᠃ | ᠪᠢᠳᠠ ᠬᠤᠰᠢᠭᠤ ᠨᠡᠮ ᠤᠨ ᠬᠤᠷᠢᠶ᠎ᠠ ᠶᠢᠨ ᠪᠡᠳᠣ ᠴᠢᠩᠭ᠎ᠠ ᠣᠳᠣᠷᠢᠳᠣᠯᠭ᠎ᠠ ᠲᠣᠣᠷ᠎ᠠ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠡᠭᠡᠨ | ᠨᠢᠭᠲᠠ ᠲᠦᠰᠢᠭᠯᠡᠨ᠂ ᠬᠥᠭᠵᠢᠭᠦᠯᠦᠯᠲᠡ ᠶᠢ ᠰᠤᠯᠠᠷᠠᠭᠤᠯᠬᠤ ᠦᠭᠡᠢ᠂ ᠬᠦᠴᠢᠷ ᠠᠴᠠ ᠠᠶᠤᠬᠤ ᠦᠭᠡᠢ᠂ ᠰᠢᠨ᠎ᠡ ᠶᠢ ᠡᠭᠦᠳᠬᠦ ᠳᠤ ᠴᠥᠬᠦᠷᠡᠬᠦ ᠦᠭᠡᠢ ᠪᠠᠶᠢᠵᠤ᠂ | ᠰᠡᠳᠬᠢᠯ ᠨᠢᠭᠡᠳᠦᠨ ᠬᠦᠴᠦᠨ ᠢᠶᠠᠨ ᠬᠠᠮᠲᠤᠳᠬᠠᠵᠤ᠂ ᠬᠠᠷᠢᠯᠴᠠᠨ ᠬᠠᠪᠰᠤᠷᠤᠯᠴᠠᠨ ᠵᠣᠷᠢᠭᠲᠠᠢ ᠤᠷᠤᠭᠰᠢᠯᠠᠵᠤ᠂ ᠰᠢᠨ᠎ᠡ ᠬᠡᠪ ᠪᠠᠶᠢᠳᠠᠯ ᠳᠣᠣᠷ᠎ᠠ ᠬᠡᠯᠪᠡᠷᠢ ᠪᠠᠨ | ᠬᠤᠪᠢᠷᠠᠭᠤᠯᠵᠤ ᠬᠥᠭᠵᠢᠭᠦᠯᠬᠦ ᠰᠢᠨ᠎ᠡ ᠠᠶᠠᠨ ᠢᠶᠠᠨ ᠪᠦᠬᠦ ᠲᠠᠯ᠎ᠠ ᠪᠠᠷ ᠡᠬᠢᠯᠡᠭᠦᠯᠦᠨ᠂ ᠣᠲᠤᠭ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠲᠠᠬᠢᠨᠲᠠ | ᠪᠢᠴᠢᠭᠯᠡᠵᠡᠭᠡᠶ᠎ᠡ︕ | | |