| ᠲᠥᠯᠦᠭᠡᠯᠡᠭᠴᠢᠳ ᠡ᠄ | ᠤᠳᠤ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠥᠯᠥᠭᠡᠯᠡᠵᠦ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ︽ᠤᠲᠤᠭ ᠬᠤᠰᠢᠭᠤᠨ | ᠤ ᠤᠯᠤᠰ ᠠᠷᠠᠳ ᠤᠨ ᠠᠵᠤ ᠠᠬᠤᠢ ᠪᠤᠯᠤᠨ ᠨᠡᠶᠢᠬᠡᠮ ᠤᠨ ᠬᠥᠭᠵᠢᠯᠲᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠥᠲᠥᠯᠪᠥᠷᠢ ︵ | ᠡᠬᠡ ᠨᠤᠤᠷᠠᠭ︶︾ ᠶᠢ ᠬᠠᠮᠲᠤ ᠳᠤᠨᠢ ᠬᠢᠨᠠᠨ ᠵᠥᠪᠯᠡᠬᠦ ᠪᠤᠯᠪᠠᠤ᠂ ᠲᠡᠷᠡᠴᠢᠯᠡᠨ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠬᠡᠰᠢᠭᠦᠳ ᠵᠢᠴᠢ ᠬᠤᠷᠠᠯ ᠳᠤ | ᠰᠤᠯᠠ ᠤᠷᠤᠯᠴᠠᠵᠤ ᠪᠠᠶᠢᠭ᠎ᠠ ᠨᠥᠬᠦᠳ ᠰᠠᠨᠠᠯ ᠢᠶᠠᠨ ᠳᠤᠷᠠᠳᠬᠤ ᠪᠤᠯᠪᠠᠤ᠃ | ᠨᠢᠭᠡ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭ᠎ᠠ ᠪᠤᠯᠤᠨ 2015 ᠤᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠲᠠᠪᠤᠨ ᠵᠢᠯ ᠪᠤᠯ ᠤᠲᠤᠭ ᠤᠨ ᠲᠡᠦᠬᠡᠨ ᠳᠠᠬᠢ ᠴᠢᠩᠭ᠎ᠠ ᠰᠢᠯᠭᠠᠯᠲᠠ᠂ ᠰᠢᠷᠦᠭᠦᠨ ᠥᠷᠢᠰᠦᠯᠳᠦᠭᠡᠨ ᠳᠤ ᠲᠤᠯᠭᠠᠷᠠᠭᠰᠠᠨ ᠲᠠᠪᠤᠨ ᠵᠢᠯ᠂ | ᠬᠠᠲᠠᠭᠤᠵᠢᠯᠲᠠᠢ ᠲᠡᠮᠡᠴᠡᠨ ᠭᠠᠪᠰᠢᠭᠠᠶᠢᠯᠠᠨ ᠤᠷᠤᠭᠰᠢᠯᠠᠵᠤ᠂ ᠪᠠᠬᠢᠯᠡᠯᠲᠡ ᠰᠢᠪᠲᠤᠯᠤᠨ ᠪᠡᠷᠬᠡᠰᠢᠶᠡᠯ ᠢ ᠳᠠᠪᠠᠭᠰᠠᠨ ᠲᠠᠪᠤᠨ ᠵᠢᠯ᠂ ᠦᠷᠭᠦᠯᠵᠢᠯᠡᠨ ᠳᠠᠪᠰᠢᠵᠤ᠂ | ᠡᠷᠡᠭᠦᠯ ᠳᠤᠭᠲᠠᠭᠤᠨ ᠢᠶᠠᠷ ᠬᠥᠭᠵᠢᠭᠰᠡᠨ ᠲᠠᠪᠤᠨ ᠵᠢᠯ ᠮᠥᠨ᠃ ᠲᠠᠪᠤᠨ ᠵᠢᠯ ᠤᠨ ᠳᠤᠷᠰᠢ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠨᠢ ᠬᠤᠰᠢᠭᠤᠨ ᠤ | ᠨᠠᠮ ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠳᠤᠤᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ | ᠵᠥᠪᠯᠡᠯᠭᠡᠨ ᠤ ᠬᠢᠨᠠᠯᠲᠠ ᠳᠡᠮᠵᠢᠯᠭᠡ ᠳᠤᠤᠷ᠎ᠠ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠥᠮᠡᠨ ᠢ ᠪᠥᠯᠬᠦᠮᠳᠡᠭᠦᠯᠦᠨ ᠳᠠᠶᠢᠴᠢᠯᠠᠵᠤ᠂ | ᠳᠠᠲᠠᠨ ᠳᠤ ᠳᠦᠰᠢᠭᠯᠡᠨ᠂ ᠠᠵᠤ ᠠᠬᠤᠢ ᠤᠷᠤᠭᠤᠳᠠᠭᠰᠠᠨ ᠳᠠᠷᠤᠭᠠᠰᠤ ᠶᠢ ᠯᠠᠪᠳᠠᠭᠤᠨ ᠢᠶᠠᠷ ᠠᠷᠭᠠᠴᠠᠵᠤ᠂ ᠬᠥᠭᠵᠢᠭᠦᠯᠦᠯᠲᠡ ᠶᠢᠨ ᠬᠦᠴᠢᠷᠳᠡᠯ ᠢ ᠰᠠᠨᠠᠭᠠᠴᠢᠯᠠᠭ᠎ᠠ | ᠠᠴᠠ ᠪᠠᠨ ᠢᠯᠠᠨ ᠳᠠᠪᠠᠭᠠᠳ᠂ ᠡᠯ᠎ᠡ ᠲᠥᠷᠥᠯ ᠤᠨ ᠦᠢᠯᠡᠰ ᠪᠤᠳᠤᠯᠢᠶᠠᠨ ᠶᠡᠬᠡᠲᠡᠢ ᠬᠤᠪᠢᠷᠠᠯᠲᠠ ᠤᠯᠠᠨᠲᠠᠢ ᠪᠠᠶᠢᠳᠠᠯ ᠳᠤ ᠰᠢᠨ᠎ᠡ ᠰᠠᠶᠢᠵᠢᠷᠠᠯᠲᠠ ᠲᠠᠢ ᠪᠤᠯᠵᠤ᠂ | ᠰᠢᠨ᠎ᠡ ᠠᠮᠵᠢᠯᠲᠠ ᠤᠯᠤᠭᠰᠠᠨ ᠪᠠᠶᠢᠨ᠎ᠠ᠃ | — ᠶᠡᠷᠦᠩᠬᠡᠶᠢᠯᠡᠭᠰᠡᠨ ᠪᠤᠳᠠᠲᠤ ᠬᠦᠴᠦᠨ ᠳᠤᠭᠲᠠᠭᠤᠨ ᠢᠶᠠᠷ ᠳᠡᠭᠡᠭᠰᠢᠯᠡᠪᠡ᠃ ᠬᠥᠭᠵᠢᠭᠦᠯᠬᠦ ᠪᠤᠯ ᠲᠡᠷᠢᠭᠦᠨ ᠴᠢᠬᠤᠯᠠ ᠡᠭᠦᠷᠭᠡ ᠭᠡᠬᠦ ᠶᠢ ᠢᠮᠠᠭᠲᠠ | ᠪᠠᠷᠢᠮᠲᠠᠯᠠᠵᠤ᠂ ᠠᠵᠤ ᠠᠬᠤᠢ ᠶᠢᠨ ᠪᠠᠶᠢᠳᠠᠯ ᠢ ᠨᠢᠮᠪᠠᠢ ᠰᠤᠳᠤᠯᠤᠨ᠂ ᠵᠤᠷᠢᠭ ᠲᠡᠭᠦᠯᠳᠡᠷ ᠢᠶᠠᠷ ᠨᠠᠶᠢᠲᠠᠪᠤᠷᠢᠵᠢᠭᠤᠯᠤᠯᠲᠠ ᠶᠢ ᠠᠬᠢᠭᠤᠯᠵᠤ᠂ ᠨᠡᠮᠡᠭᠳᠡᠯ ᠢ ᠳᠤᠭᠲᠠᠭᠤᠨ | ᠪᠤᠯᠭᠠᠬᠤ ᠪᠠ ᠦᠷ᠎ᠡ ᠠᠰᠢᠭ ᠢ ᠳᠡᠭᠡᠭᠰᠢᠯᠡᠭᠦᠯᠬᠦ ᠶᠢ ᠤᠷᠭᠠᠨᠢᠭ ᠢᠶᠠᠷ ᠨᠢᠭᠡᠳᠦᠭᠦᠯᠪᠡ᠃ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠤᠬᠢᠴᠠᠵᠤ᠂ ᠠᠵᠤ | ᠠᠬᠤᠢ ᠶᠢᠨ ᠵᠢᠮ᠎ᠡ ᠶᠤᠰᠤ ᠶᠢ ᠵᠢᠷᠤᠮᠯᠠᠨ᠂ ᠬᠥᠭᠵᠢᠯᠲᠡ ᠶᠢᠨ ᠶᠠᠰᠤ ᠴᠢᠨᠠᠷ ᠢ ᠴᠢᠬᠤᠯᠠᠴᠢᠯᠠᠵᠤ᠂ ᠠᠵᠤ ᠠᠬᠤᠢ ᠶᠢᠨ ᠡᠷᠭᠢᠯᠲᠡ ᠶᠢᠨ ᠬᠤᠷᠳᠤᠴᠠ ᠪᠠᠭᠤᠷᠠᠬᠤ ᠳᠤ | ᠡᠷᠴᠢᠮ ᠰᠤᠯᠠᠷᠠᠬᠤ ᠦᠭᠡᠢ᠂ ᠬᠡᠮᠵᠢᠶ᠎ᠡ ᠨᠡᠮᠡᠭᠳᠡᠬᠦ ᠳᠤ ᠴᠢᠨᠠᠷ ᠢ ᠨᠡᠩ ᠰᠢᠯᠢᠳᠡᠭᠵᠢᠭᠦᠯᠵᠡᠢ᠃ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ︽ | ᠠᠷᠪᠠᠨ ᠨᠢᠭᠡᠳᠦᠭᠡᠷ ᠲᠠᠪᠤᠨ ᠵᠢᠯ︾ ᠤᠨ ᠡᠴᠦᠰ ᠤᠨ 273.4 ᠳ᠋ᠦᠩᠰᠢᠭᠤᠷ ᠲᠥᠭᠦᠷᠢᠭ ᠪᠠᠶᠢᠭᠰᠠᠨ ᠠᠴᠠ 435.8 ᠳ᠋ᠦᠩᠰᠢᠭᠤᠷ ᠲᠥᠭᠦᠷᠢᠭ ᠪᠤᠯᠵᠤ ᠨᠡᠮᠡᠭᠳᠡᠨ᠂ | ᠵᠢᠯ ᠪᠦᠷᠢ ᠳᠤᠮᠳᠠᠴᠢ ᠪᠠᠷ 9.8% ᠨᠡᠮᠡᠭᠳᠡᠵᠦ᠂ ᠲᠠᠪᠤᠨ ᠵᠢᠯ ᠳᠤ ᠨᠡᠶᠢᠲᠡ 1969 ᠳ᠋ᠦᠩᠰᠢᠭᠤᠷ ᠲᠥᠭᠦᠷᠢᠭ ᠢ ᠪᠡᠶᠡᠯᠡᠭᠦᠯᠪᠡ︔ ᠤᠯᠠᠨ ᠨᠡᠶᠢᠲᠡ ᠶᠢᠨ ᠡᠳ᠋ | ᠤᠨ ᠵᠠᠰᠠᠭ ᠤᠨ ᠳᠥᠰᠥᠪ ᠤᠨ ᠤᠷᠤᠯᠭ᠎ᠠ 13.3 ᠳ᠋ᠦᠩᠰᠢᠭᠤᠷ ᠲᠥᠭᠦᠷᠢᠭ ᠪᠠᠶᠢᠭᠰᠠᠨ ᠠᠴᠠ 35.4 ᠳ᠋ᠦᠩᠰᠢᠭᠤᠷ ᠲᠥᠭᠦᠷᠢᠭ ᠪᠤᠯᠵᠤ ᠨᠡᠮᠡᠭᠳᠡᠨ᠂ ᠵᠢᠯ ᠪᠦᠷᠢ | ᠳᠤᠮᠳᠠᠴᠢ ᠪᠠᠷ 21.6% ᠨᠡᠮᠡᠭᠳᠡᠵᠦ᠂ ᠨᠡᠶᠢᠲᠡ 127.6 ᠳ᠋ᠦᠩᠰᠢᠭᠤᠷ ᠲᠥᠭᠦᠷᠢᠭ ᠢ ᠪᠡᠶᠡᠯᠡᠭᠦᠯᠵᠡᠢ︔ ᠳᠤᠭᠲᠠᠮᠠᠯ ᠬᠥᠷᠥᠩᠭᠡ ᠶᠢᠨ ᠪᠡᠯᠡ ᠤᠷᠤᠭᠤᠯᠤᠯᠲᠠ | 200 ᠳ᠋ᠦᠩᠰᠢᠭᠤᠷ ᠲᠥᠭᠦᠷᠢᠭ ᠠᠴᠠ 300 ᠳ᠋ᠦᠩᠰᠢᠭᠤᠷ ᠲᠥᠭᠦᠷᠢᠭ ᠪᠤᠯᠵᠤ ᠨᠡᠮᠡᠭᠳᠡᠨ᠂ ᠵᠢᠯ ᠪᠦᠷᠢ ᠳᠤᠮᠳᠠᠴᠢ ᠪᠠᠷ 15% ᠨᠡᠮᠡᠭᠳᠡᠵᠦ᠂ ᠨᠡᠶᠢᠲᠡ 1447. | 8 ᠳ᠋ᠦᠩᠰᠢᠭᠤᠷ ᠲᠥᠭᠦᠷᠢᠭ ᠢ ᠪᠡᠶᠡᠯᠡᠭᠦᠯᠪᠡ︔ ᠨᠡᠶᠢᠬᠡᠮ ᠤᠨ ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠬᠡᠮᠵᠢᠶ᠎ᠡ 28 ᠳ᠋ᠦᠩᠰᠢᠭᠤᠷ | ᠲᠥᠭᠦᠷᠢᠭ ᠠᠴᠠ 39 ᠳ᠋ᠦᠩᠰᠢᠭᠤᠷ ᠲᠥᠭᠦᠷᠢᠭ ᠪᠤᠯᠵᠤ ᠨᠡᠮᠡᠭᠳᠡᠨ᠂ ᠵᠢᠯ ᠪᠦᠷᠢ ᠳᠤᠮᠳᠠᠴᠢ ᠪᠠᠷ 6.9% ᠨᠡᠮᠡᠭᠳᠡᠵᠦ᠂ ᠨᠡᠶᠢᠲᠡ 166.4 ᠳ᠋ᠦᠩᠰᠢᠭᠤᠷ | ᠲᠥᠭᠦᠷᠢᠭ ᠢ ᠪᠡᠶᠡᠯᠡᠭᠦᠯᠵᠡᠢ᠃ ᠬᠤᠲᠠ ᠬᠥᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠬᠦᠮᠦᠨ ᠳᠤᠲᠤᠮ ᠤᠨ ᠡᠵᠡᠮᠳᠡᠬᠦ ᠤᠷᠤᠯᠭ᠎ᠠ ᠲᠤᠰ ᠲᠤᠰ 36832 | ᠲᠥᠭᠦᠷᠢᠭ ᠪᠠ 14418 ᠲᠥᠭᠦᠷᠢᠭ ᠬᠦᠷᠴᠦ᠂ ᠵᠢᠯ ᠪᠦᠷᠢ ᠳᠤᠮᠳᠠᠴᠢ ᠪᠠᠷ 13.2% ᠪᠠ 11.8% ᠨᠡᠮᠡᠭᠳᠡᠪᠡ᠃ | — ᠠᠵᠤ ᠦᠢᠯᠡᠰ ᠤᠨ ᠪᠥᠲᠥᠴᠡ ᠳᠠᠰᠤᠷᠠᠯᠲᠠ ᠦᠭᠡᠢ ᠰᠢᠯᠢᠳᠡᠭᠵᠢᠪᠡ᠃ ᠬᠡᠯᠪᠡᠷᠢ ᠪᠠᠨ ᠬᠤᠪᠢᠷᠠᠭᠤᠯᠵᠤ ᠲᠡᠰ ᠳᠡᠪᠰᠢᠭᠦᠯᠬᠦ ᠶᠢ ᠪᠥᠬᠦ ᠬᠦᠴᠦᠨ ᠢᠶᠠᠷ | ᠢᠶᠠᠨ ᠠᠬᠢᠭᠤᠯᠤᠨ᠂ ᠬᠥᠭᠵᠢᠯᠲᠡ ᠶᠢᠨ ᠬᠥᠳᠡᠯᠭᠡᠭᠴᠢ ᠬᠦᠴᠦᠨ ᠢ ᠲᠦᠷᠭᠡᠨ ᠪᠤᠶᠢᠵᠢᠭᠤᠯᠵᠤ᠂ ᠤᠷᠤᠨ ᠪᠦᠰᠡ ᠶᠢᠨ ᠦᠷᠢᠰᠦᠯᠳᠦᠬᠦ ᠳᠠᠪᠠᠭᠤᠯᠢᠭ ᠢ | ᠪᠥᠷᠢᠯᠳᠦᠭᠦᠯᠦᠨ᠂ ᠬᠡᠯᠪᠡᠷᠢ ᠶᠢᠨ ᠬᠤᠪᠢᠷᠠᠭᠤᠯᠤᠯᠲᠠ ᠪᠤᠯᠤᠨ ᠪᠥᠲᠥᠴᠡ ᠶᠢᠨ ᠳᠤᠬᠢᠷᠠᠭᠤᠯᠤᠯᠲᠠ ᠶᠢ ᠵᠡᠷᠭᠡᠪᠡᠷ ᠠᠬᠢᠭᠤᠯᠪᠠ᠃ ᠮᠠᠯ ᠲᠠᠷᠢᠶᠠᠯᠠᠩ ᠤᠨ ᠠᠵᠤ ᠦᠢᠯᠡᠰ | ᠤᠨ ᠠᠯᠬᠤᠴᠠ ᠳᠤᠭᠲᠠᠭᠤᠨ ᠪᠤᠯᠵᠤ᠂ ᠬᠤᠲᠠ ᠶᠢᠨ ᠲᠡᠰ ᠠᠴᠠ ᠳᠡᠭᠡᠭᠰᠢᠬᠢ ᠲᠤᠯᠤᠭᠠᠶᠢᠯᠠᠭᠴᠢ ᠠᠵᠤ ᠠᠬᠤᠶᠢᠯᠠᠯ ᠢ 43 ᠪᠤᠶᠢᠵᠢᠭᠤᠯᠤᠨ᠂ ᠠᠷᠪᠠᠰ ᠤᠨ ᠨᠤᠯᠤᠤᠷ | ᠤᠨ ᠴᠠᠭᠠᠨ ᠢᠮᠠᠭ᠎ᠠ᠂ ᠢᠳᠡᠰᠢᠨ ᠦᠬᠡᠷ ᠬᠤᠨᠢ ᠢᠮᠠᠭ᠎ᠠ᠂ ᠴᠢᠨᠠᠷ ᠰᠠᠶᠢᠲᠠᠢ ᠡᠪᠡᠰᠦ᠂ ᠤᠷᠢᠶᠠᠮᠠᠭ ᠵᠠᠮᠠᠭ ᠵᠡᠷᠭᠡ ᠠᠵᠤ ᠦᠢᠯᠡᠰ ᠳᠤᠭᠲᠠᠭᠤᠨ ᠢᠶᠠᠷ ᠬᠥᠭᠵᠢᠵᠦ᠂ | ᠤᠳᠤ ᠦᠶ᠎ᠡ ᠶᠢᠨ ᠮᠠᠯ ᠲᠠᠷᠢᠶᠠᠯᠠᠩ ᠠᠵᠤ ᠠᠬᠤᠢ ᠶᠢᠨ ᠰᠠᠭᠤᠷᠢᠨ ᠤ ᠪᠠᠶᠢᠭᠤᠯᠤᠯᠲᠠ ᠶᠢ 17 ᠲᠥᠮᠡᠨ ᠮᠤ᠋ ᠪᠡᠶᠡᠯᠡᠭᠦᠯᠦᠨ᠂ ᠪᠤᠷᠤ ᠴᠠᠷᠭᠠᠰᠤ ︵ᠬᠤᠰᠢᠶᠠᠩᠭᠤᠷ︶ | ᠶᠢ 10 ᠲᠥᠮᠡᠨ ᠮᠤ᠋ ᠠᠴᠠ ᠳᠡᠭᠡᠭᠰᠢ ᠳᠠᠷᠢᠵᠤ᠂ ᠤᠳᠤ ᠪᠠᠶᠢᠭ᠎ᠠ ᠮᠠᠯ ᠤᠨ ᠲᠤᠭ᠎ᠠ ᠲᠤᠯᠤᠭᠠᠢ 182 ᠲᠥᠮᠡ ᠬᠦᠷᠴᠦ᠂ ︽ᠤᠲᠤᠭ ᠤᠨ ᠠᠷᠪᠠᠰ ᠤᠨ ᠢᠮᠠᠭᠠᠨ | ᠮᠢᠬᠠᠨ︾ ᠤ ᠭᠠᠵᠠᠷ ᠵᠦᠢ ᠶᠢᠨ ᠢᠯᠡᠷᠬᠡᠶᠢᠯᠡᠯᠲᠦ ᠲᠠᠸᠠᠷ ᠤᠨ ᠲᠡᠮᠲᠡᠭ ᠢ ᠭᠡᠷᠡᠴᠢᠯᠡᠭᠦᠯᠵᠡᠢ᠃ ᠠᠵᠤ ᠦᠢᠯᠡᠳᠪᠦᠷᠢ ᠶᠢᠨ ᠠᠵᠤ ᠠᠬᠤᠢ ᠶᠢᠨ ᠳᠤᠭᠲᠠᠯᠴᠠᠭ᠎ᠠ ᠪᠥᠷᠢᠨ | ᠲᠡᠭᠦᠯᠳᠡᠷᠵᠢᠵᠦ᠂ ᠬᠤᠶᠠᠷ ᠶᠡᠭᠡ ᠠᠵᠤ ᠦᠢᠯᠡᠳᠪᠦᠷᠢ ᠶᠢᠨ ᠬᠦᠷᠢᠶᠡᠯᠡᠩ ᠪᠠ ᠨᠤᠲᠤᠭ ᠤᠨ ᠭᠤᠤᠯ ᠬᠦᠴᠦᠨ ᠤ ᠠᠵᠤ ᠠᠬᠤᠶᠢᠯᠠᠯ ᠵᠠᠬ᠎ᠠ ᠳᠡᠯᠭᠡᠭᠦᠷ ᠤᠨ ᠴᠢᠩᠭ᠎ᠠ | ᠰᠢᠯᠭᠠᠯᠲᠠ ᠳᠤ ᠤᠴᠠᠷᠠᠭᠰᠠᠨ ᠠᠴᠠ ᠬᠡᠯᠪᠡᠷᠢ ᠪᠠᠨ ᠬᠤᠪᠢᠷᠠᠭᠤᠯᠤᠨ ᠪᠠᠬᠢᠯᠡᠯᠲᠡ ᠰᠢᠪᠲᠤᠯᠬᠤ ᠶᠠᠪᠤᠴᠠ ᠳᠤ ᠤᠷᠤᠰᠢᠵᠤ᠂ ᠨᠡᠭᠦᠷᠡᠰᠦ ᠴᠠᠬᠢᠯᠭᠠᠨ᠂ ᠬᠢᠮᠢ ᠶᠢᠨ ᠠᠵᠤ | ᠦᠢᠯᠡᠳᠪᠦᠷᠢ᠂ ᠲᠡᠮᠦᠷᠯᠢᠭ ᠬᠠᠶᠢᠯᠤᠰᠢ ᠵᠡᠷᠭᠡ ᠤᠳᠤᠷᠢᠳᠤᠮᠵᠢ ᠠᠵᠤ ᠦᠢᠯᠡᠰ ᠢ ᠤᠷᠴᠢᠯᠳᠤᠭᠤᠯᠤᠨ ᠤᠯᠠᠷᠢᠭᠤᠯᠵᠤ᠂ ᠶᠡᠭᠡ ᠠᠴᠠ ᠬᠦᠴᠦᠷᠬᠡᠭᠵᠢᠭᠦᠯᠵᠦ᠂ ᠴᠢ ᠫᠠᠨ | ᠵᠢᠩ᠂ ᠮᠧᠩ ᠰᠢ ᠠᠵᠤ ᠦᠢᠯᠡᠳᠪᠦᠷᠢ ᠶᠢᠨ ᠬᠦᠷᠢᠶᠡᠯᠡᠩ ᠤᠨ ᠪᠤᠷᠤᠯᠠᠭᠤᠯᠤᠯᠲᠠ ᠶᠢᠨ ᠤᠷᠤᠯᠭ᠎ᠠ 800 ᠳ᠋ᠦᠩᠰᠢᠭᠤᠷ ᠲᠥᠭᠦᠷᠢᠭ ᠢ ᠰᠢᠪᠲᠤᠯᠤᠨ᠂ ᠦᠢᠯᠡᠳᠭᠦᠨ | ᠤ ᠥᠷᠲᠡᠭ ᠨᠢ ᠳ᠋ᠦᠩᠰᠢᠭᠤᠷ ᠲᠥᠭᠦᠷᠢᠭ ᠢ ᠰᠢᠪᠲᠤᠯᠤᠭᠰᠠᠨ ᠠᠵᠤ ᠠᠬᠤᠶᠢᠯᠠᠯ 19 ᠬᠦᠷᠴᠦ᠂ ᠤᠷᠳᠤᠰ ᠪᠥᠯᠥᠭᠯᠡᠯ᠂ ᠱᠤᠸᠠᠩ ᠰᠢᠨ ᠪᠥᠯᠥᠭᠯᠡᠯ ᠳᠤᠮᠳᠠᠳᠤ | ᠤᠯᠤᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 500 ᠬᠦᠴᠦᠷᠬᠡᠭ ᠤᠨ ᠡᠩᠨᠡᠭᠡ ᠳᠤ ᠤᠷᠤᠭᠰᠠᠨ ᠪᠠᠶᠢᠨ᠎ᠠ᠃ ᠭᠤᠷᠪᠠᠳᠤᠭᠠᠷ ᠠᠵᠤ ᠦᠢᠯᠡᠰ | ᠡᠷᠡᠭᠦᠯ ᠢᠶᠠᠷ ᠬᠥᠭᠵᠢᠵᠦ᠂ ᠪᠢ ᠬᠠᠢ ᠶᠠᠩ ᠭᠤᠸᠠᠩ᠂ ᠪᠤᠯᠤᠩ ᠨᠠᠭᠤᠷ ᠢ ᠤᠯᠤᠰ ᠤᠨ 4A ᠲᠡᠰ ᠤᠨ 2 ᠦᠵᠡᠮᠵᠢ ᠶᠢᠨ ᠭᠠᠵᠠᠷ ᠪᠤᠯᠭᠠᠨ ᠪᠠᠶᠢᠭᠤᠯᠵᠤ᠂ | ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ᠂ ᠡᠯᠧᠺᠲᠷᠤᠨ ᠬᠤᠳᠠᠯᠳᠤᠭ᠎ᠠ ᠵᠡᠷᠭᠡ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠲᠦᠷᠭᠡᠨ ᠬᠥᠭᠵᠢᠵᠦ᠂ | ᠭᠤᠷᠪᠠᠳᠤᠭᠠᠷ ᠠᠵᠤ ᠦᠢᠯᠡᠰ ᠤᠨ ᠬᠤᠪᠢ ᠶᠢᠨ ᠵᠢᠩ 20.6% ᠪᠠᠶᠢᠭᠰᠠᠨ ᠠᠴᠠ 21.9% ᠪᠤᠯᠵᠤ ᠳᠡᠭᠡᠭᠰᠢᠯᠡᠪᠡ᠃ | — ᠬᠤᠲᠠ ᠬᠥᠳᠡᠭᠡ ᠶᠢᠨ ᠪᠠᠶᠢᠭᠤᠯᠤᠯᠲᠠ ᠯᠠᠪᠳᠠᠭᠤᠨ ᠢᠶᠠᠷ ᠠᠬᠢᠪᠠ᠃ ᠬᠥᠭᠵᠢᠯᠲᠡ ᠶᠢᠨ ᠪᠠᠭᠤᠷᠠᠢ ᠭᠤᠭᠴᠤᠭ᠎ᠠ ᠳᠤ ᠴᠢᠭᠯᠡᠭᠦᠯᠦᠨ᠂ ᠡᠷᠡᠰ ᠭᠤᠶᠢᠪᠢᠰᠢ | ᠦᠭᠡᠢ ᠪᠠᠷ ᠳᠤᠲᠠᠭᠳᠠᠯ ᠢᠶᠠᠨ ᠨᠥᠬᠦᠪᠥᠷᠢᠯᠡᠨ ᠶᠠᠰᠤ ᠴᠢᠨᠠᠷ ᠢ ᠰᠢᠯᠢᠳᠡᠭᠴᠢᠯᠡᠵᠦ᠂ ᠲᠤᠯᠭᠠᠭᠤᠷᠢᠯᠠᠯ ᠤᠨ ᠴᠢᠳᠠᠪᠤᠷᠢ ᠶᠢ ᠳᠠᠰᠤᠷᠠᠯᠲᠠ ᠦᠭᠡᠢ ᠳᠡᠭᠡᠭᠰᠢᠯᠡᠭᠦᠯᠦᠨ᠂ | ᠳᠤᠲᠠᠭᠳᠠᠯ ᠢᠶᠠᠨ ᠨᠥᠬᠦᠪᠥᠷᠢᠯᠡᠵᠦ ᠰᠠᠭᠤᠷᠢ ᠶᠢ ᠪᠠᠬᠢᠵᠢᠭᠦᠯᠬᠦ ᠶᠢᠨ ᠬᠠᠷᠢᠯᠴᠠᠨ ᠠᠬᠢᠭᠤᠯᠵᠤ ᠬᠠᠮᠲᠤᠪᠡᠷ ᠳᠡᠪᠰᠢᠬᠦ ᠶᠢ ᠪᠡᠶᠡᠯᠡᠭᠦᠯᠵᠡᠢ᠃ ᠤᠷᠤᠰᠢᠨ ᠠᠮᠢᠳᠤᠷᠠᠬᠤ | ᠤᠷᠴᠢᠨ ᠲᠤᠭᠤᠷᠢᠨ ᠢ ᠳᠠᠰᠤᠷᠠᠯᠲᠠ ᠦᠭᠡᠢ ᠰᠠᠶᠢᠵᠢᠷᠠᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠭᠤᠳᠠᠮ ᠲᠠᠯᠠᠪᠠᠢ᠂ ᠡᠳ᠋ ᠪᠠᠷᠠᠭᠠᠨ ᠤ ᠰᠤᠯᠢᠯᠴᠠᠭᠠᠨ | ᠤ ᠲᠠᠯᠠᠪᠤᠷ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠲᠥᠷᠥᠯ ᠵᠦᠢᠯ ᠢ ᠪᠠᠶᠢᠭᠤᠯᠤᠨ ᠬᠡᠷᠡᠭᠯᠡᠭᠦᠯᠵᠦ᠂ ᠪᠤᠴᠠᠵᠤ ᠨᠡᠭᠦᠬᠦ ᠶᠢᠨ ᠳᠥᠪᠬᠢᠨᠡᠭᠦᠯᠬᠦ ᠠᠵᠢᠯ ᠢ ᠪᠥᠬᠦ | ᠲᠠᠯ᠎ᠠ ᠪᠠᠷ ᠪᠡᠶᠡᠯᠡᠭᠦᠯᠦᠨ᠂ ︽ᠬᠤᠲᠠ ᠶᠢᠨ ᠲᠤᠭᠠᠴᠠᠯᠠᠭᠰᠠᠨ ᠬᠠᠮᠢᠶᠠᠷᠤᠯᠲᠠ︾ ᠶᠢ ᠡᠬᠢᠯᠡᠭᠦᠯᠦᠨ ᠬᠡᠷᠡᠭᠵᠢᠭᠦᠯᠵᠦ᠂ ᠪᠥᠬᠦ ᠬᠤᠰᠢᠭᠤᠨ ᠤ ᠬᠤᠲᠠ ᠪᠠᠯᠭᠠᠰᠤᠨ ᠤ | ᠲᠥᠪᠯᠡᠷᠡᠭᠦᠯᠦᠨ ᠢᠯᠴᠢ ᠬᠠᠩᠭᠠᠭᠰᠠᠨ ᠲᠠᠯᠠᠪᠠᠢ 670 ᠲᠥᠮᠡᠨ ᠳᠡᠭᠰᠢ ᠳᠥᠷᠪᠡᠯᠵᠢᠨ ᠮᠧᠲᠷ ᠬᠦᠷᠴᠦ᠂ ᠪᠤᠵᠠᠷ ᠤᠰᠤ ᠪᠠ ᠬᠤᠭ ᠨᠤᠪᠰᠢ ᠰᠢᠢᠳᠪᠦᠷᠢᠯᠡᠭᠰᠡᠨ | ᠨᠤᠷᠮ᠎ᠠ ᠲᠤᠰ ᠲᠤᠰ 82% ᠪᠠ 91% ᠬᠦᠷᠴᠦ ᠤᠯᠤᠰ ᠤᠨ ᠡᠷᠡᠭᠦᠯ ᠬᠠᠮᠠᠭᠠᠯᠠᠯ ᠤᠨ ᠬᠤᠰᠢᠭᠤ ᠰᠢᠶᠠᠨ ᠤ ᠬᠤᠲᠠ᠂ ᠤᠯᠤᠰ ᠤᠨ ᠴᠡᠴᠡᠷᠯᠢᠭᠵᠢᠭᠰᠡᠨ | ᠬᠤᠰᠢᠭᠤ ᠰᠢᠶᠠᠨ ᠤ ᠬᠤᠲᠠ᠂ ᠥᠪᠡᠷᠲᠡᠭᠡᠨ ᠵᠠᠰᠠᠬᠤ ᠤᠷᠤᠨ ᠤ ᠪᠤᠯᠪᠠᠰᠤᠨ ᠬᠤᠰᠢᠭᠤ ᠰᠢᠶᠠᠨ ᠤ ᠬᠤᠲᠠ ᠪᠠᠷ ᠦᠨᠡᠯᠡᠭᠳᠡᠵᠦ᠂ ᠤᠯᠠᠭᠠᠨ ᠪᠠᠯᠭᠠᠰᠤ ᠳᠤᠮᠳᠠᠳᠤ | ᠤᠯᠤᠰ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠤ ᠳᠠᠭᠤᠷᠢᠶᠠᠯ ᠤᠨ ᠱᠠᠩᠨᠠᠯ ᠬᠦᠷᠲᠡᠪᠡ᠃ ᠦᠵᠡᠰᠭᠦᠯᠡᠩᠲᠦ ᠰᠠᠶᠢᠬᠠᠨ ᠬᠥᠳᠡᠭᠡ ᠨᠤᠲᠤᠭ ᠢ | ᠪᠠᠶᠢᠭᠤᠯᠬᠤ ᠦᠷ᠎ᠡ ᠪᠥᠲᠥᠮᠵᠢ ᠢᠯᠡᠷᠬᠡᠢ ᠪᠤᠯᠵᠤ᠂ ︽ᠠᠷᠪᠠ ᠶᠢ ᠪᠥᠷᠬᠦᠭᠦᠯᠬᠦ︾ ᠢᠨᠵᠧᠨᠧᠷᠢᠩ ᠢ ᠭᠦᠨᠵᠡᠭᠡᠶᠢᠷᠡᠭᠦᠯᠦᠨ᠂ ᠮᠠᠯᠵᠢᠬᠤ ᠲᠠᠷᠢᠶᠠᠯᠠᠬᠤ ᠤᠷᠤᠨ ᠤ | ᠳᠦᠷᠰᠦ ᠪᠠᠶᠢᠳᠠᠯ ᠴᠤ᠋ ᠰᠢᠨ᠎ᠡ ᠪᠠᠷ ᠰᠤᠯᠢᠭᠳᠠᠪᠠ᠃ ᠰᠠᠭᠤᠷᠢ ᠲᠤᠯᠭᠠᠭᠤᠷᠢᠯᠠᠯ ᠤᠨ ᠴᠢᠳᠠᠪᠤᠷᠢ ᠦᠷᠭᠦᠯᠵᠢᠯᠡᠨ ᠳᠡᠭᠡᠭᠰᠢᠯᠡᠵᠦ᠂ ᠬᠠᠲᠤᠨ ᠭᠤᠤᠯ ᠤᠨ ᠤᠰᠤ ᠶᠢ 1. | 7 ᠳ᠋ᠦᠩᠰᠢᠭᠤᠷ ᠪᠤᠰᠤᠭ᠎ᠠ ᠳᠥᠷᠪᠡᠯᠵᠢᠨ ᠮᠧᠲᠷ ᠳᠠᠲᠠᠷᠠᠭᠤᠯᠤᠨ ᠤᠰᠤ ᠬᠠᠩᠭᠠᠵᠤ᠂ ᠤᠯᠠᠭᠠᠨ ᠪᠠᠯᠭᠠᠰᠤ ᠠᠴᠠ ᠤᠯᠵᠠᠴᠢ ᠪᠠᠯᠭᠠᠰᠤ᠂ ᠴᠠᠭᠠᠨᠨᠠᠭᠤᠷ ᠠᠴᠠ ᠴᠢ ᠫᠠᠨ | ᠵᠢᠩ ᠬᠦᠷᠬᠦ ᠨᠢᠭᠡᠳᠦᠭᠡᠷ ᠲᠡᠰ ᠤᠨ ᠵᠠᠰᠠᠮᠠᠯ ᠵᠠᠮ ᠢ ᠳᠡᠪᠢᠰᠦᠨ ᠲᠡᠷᠭᠡ ᠨᠡᠪᠲᠡᠷᠡᠭᠦᠯᠵᠦ᠂ ᠬᠥᠳᠡᠭᠡ ᠳᠤᠰᠬᠤᠨ ᠤ ᠵᠠᠰᠠᠮᠠᠯ ᠵᠠᠮ ᠢ 689 ᠺᠢᠯᠤᠮᠧᠲᠷ ᠰᠢᠨ᠎ᠡ ᠪᠠᠷ | ᠵᠠᠰᠠᠭᠠᠳ ᠵᠠᠰᠠᠮᠠᠯ ᠵᠠᠮ ᠤᠨ ᠶᠡᠷᠦᠩᠬᠡᠢ ᠬᠡᠮᠵᠢᠶ᠎ᠡ 3825 ᠺᠢᠯᠤᠮᠧᠲᠷ ᠬᠦᠷᠴᠡᠢ᠃ 220 ᠺᠢᠯᠤᠸᠤᠯᠲ ᠢᠶᠠᠷ ᠭᠤᠤᠯᠯᠠᠭᠤᠯᠤᠭᠰᠠᠨ᠂ 110 ᠺᠢᠯᠤᠸᠤᠯᠲ ᠢᠶᠠᠷ | ᠲᠤᠯᠭᠠᠭᠤᠷᠢᠯᠠᠭᠤᠯᠤᠭᠰᠠᠨ ᠴᠠᠬᠢᠯᠭᠠᠨ ᠬᠠᠩᠭᠠᠬᠤ ᠭᠤᠤᠯ ᠲᠤᠤᠷ ᠤᠨ ᠲᠥᠯᠥᠪ ᠢ ᠠᠩᠬ᠎ᠠ ᠪᠥᠷᠢᠳᠦᠭᠦᠯᠵᠦ᠂ ᠮᠡᠳᠡᠭᠡ ᠬᠤᠯᠪᠤᠭᠠᠨ ᠤ ᠰᠦᠯᠵᠢᠶ᠎ᠡ ᠶᠢ ᠦᠨᠳᠦᠰᠦᠨ | ᠳᠡᠭᠡᠨ ᠲᠥᠭᠡᠮᠡᠯᠵᠢᠭᠦᠯᠪᠡ᠃ | — ᠬᠥᠭᠵᠢᠭᠦᠯᠦᠯᠲᠡ ᠶᠢᠨ ᠤᠷᠴᠢᠨ ᠠᠬᠤᠢ ᠦᠷᠭᠦᠯᠵᠢᠯᠡᠨ ᠰᠠᠶᠢᠵᠢᠷᠠᠪᠠ᠃ ᠪᠥᠬᠦ ᠲᠠᠯ᠎ᠠ ᠶᠢᠨ ᠦᠵᠡᠯ ᠤᠬᠠᠮᠰᠠᠷ ᠢ ᠪᠠᠲᠤ ᠪᠠᠬᠢ ᠪᠤᠢ ᠪᠤᠯᠭᠠᠨ᠂ ᠠᠮᠢ | ᠠᠬᠤᠢ ᠶᠢᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠥᠭᠡᠷᠡᠴᠢᠯᠡᠯᠲᠡ ᠶᠢᠨ ᠪᠠᠬᠢᠯᠡᠯᠲᠡ ᠰᠢᠪᠲᠤᠯᠬᠤ ᠶᠢ ᠲᠥᠪᠯᠡᠷᠡᠭᠦᠯᠦᠨ ᠰᠠᠶᠢᠨ | ᠠᠳᠬᠤᠭᠠᠳ ᠤᠳᠠᠭᠠᠨ ᠳᠠᠭᠠᠭᠠᠮᠠᠭᠠᠢ ᠮᠥᠷᠲᠡᠭᠡᠨ ᠢᠳᠡᠪᠬᠢᠵᠢᠭᠦᠯᠬᠦ ᠬᠦᠴᠦᠨ ᠪᠥᠬᠦᠢ ᠬᠤᠶᠠᠷ ᠲᠠᠯ᠎ᠠ ᠶᠢᠨ ᠳᠡᠭᠡᠭᠰᠢᠯᠡᠯᠲᠡ ᠶᠢ ᠪᠡᠶᠡᠯᠡᠭᠦᠯᠪᠡ᠃ ︽ᠭᠤᠷᠪᠠᠨ ᠤᠷᠤᠨ | ︾ ᠤ ᠲᠥᠯᠥᠪᠵᠢᠭᠦᠯᠭᠡ ᠪᠠ ᠮᠠᠯ ᠬᠠᠰᠢᠶᠠᠯᠠᠬᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠲᠦᠷᠦ ᠶᠢᠨ ᠪᠤᠳᠤᠯᠭ᠎ᠠ ᠶᠢ ᠴᠢᠩᠭ᠎ᠠ ᠬᠡᠷᠡᠭᠵᠢᠭᠦᠯᠦᠨ᠂ ︽ᠬᠦᠮᠦᠨ | ᠤ ᠬᠦᠴᠦ ᠪᠠᠷ ᠡᠪᠡᠰᠦ ᠲᠠᠷᠢᠬᠤ ᠪᠠᠶᠢᠭᠤᠯᠤᠯᠲᠠ ᠶᠢ ᠵᠢᠷᠤᠮᠵᠢᠭᠤᠯᠬᠤ ᠰᠠᠨᠠᠯ︾ ᠪᠤᠯᠤᠨ ︽ᠠᠮᠢ ᠠᠬᠤᠢ ᠶᠢᠨ ᠪᠠᠶᠢᠭᠤᠯᠤᠯᠲᠠ ᠶᠢᠨ ᠱᠠᠩᠨᠠᠯ ᠤᠨ ᠠᠷᠭ᠎ᠠ︾ ᠶᠢ | ᠳᠤᠭᠲᠠᠭᠠᠨ ᠨᠡᠶᠢᠲᠡᠯᠡᠵᠦ᠂ ᠡᠯ᠎ᠡ ᠵᠦᠢᠯ ᠤᠨ ᠠᠮᠢ ᠠᠬᠤᠢ ᠶᠢᠨ ᠲᠥᠷᠥᠯ ᠵᠦᠢᠯ ᠢ 504 ᠲᠥᠮᠡᠨ ᠮᠤ᠋ ᠬᠡᠷᠡᠭᠵᠢᠭᠦᠯᠵᠦ᠂ ᠤᠢ ᠰᠢᠭᠤᠢ ᠶᠢᠨ ᠪᠥᠷᠬᠦᠯᠲᠡ ᠶᠢᠨ | ᠨᠤᠷᠮ᠎ᠠ ᠶᠢ 23.3% ᠪᠤᠯᠭᠠᠨ ᠳᠡᠭᠡᠭᠰᠢᠯᠡᠭᠦᠯᠵᠡᠢ᠃ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠵᠠᠯᠭᠠᠭ᠎ᠠ ᠪᠠᠷ ᠲᠠᠪᠤᠨ ᠵᠢᠯ ᠲᠥᠪᠯᠡᠷᠡᠭᠦᠯᠦᠨ | ᠶᠠᠪᠤᠭᠳᠠᠭᠤᠯᠵᠤ᠂ ᠠᠭᠤᠷᠬᠠᠢ ᠶᠢᠨ ᠠᠵᠤ ᠠᠬᠤᠶᠢᠯᠠᠯ ᠤᠨ ᠬᠡᠮᠵᠢᠶ᠎ᠡ ᠶᠢ 2\3 ᠢᠶᠠᠷ ᠬᠠᠰᠤᠭᠳᠠᠭᠤᠯᠤᠨ᠂ ᠬᠠᠲᠠᠭᠤ ᠪᠡᠶᠡᠲᠦ ᠬᠠᠶᠠᠭᠳᠠᠮᠠᠯ ᠪᠤᠳᠠᠰ ᠢ 850 ᠲᠥᠮᠡᠨ | ᠲᠤᠨ ᠴᠡᠪᠡᠷᠯᠡᠵᠦ᠂ ᠬᠤᠴᠤᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ 127.5 ᠲᠥᠮᠡᠨ ᠲᠤᠨ ᠰᠢᠭᠰᠢᠨ ᠳᠠᠶᠠᠭᠳᠠᠵᠤ᠂ ᠴᠢ ᠫᠠᠨ ᠵᠢᠩ ᠤᠨ ᠱᠤᠷᠪᠤᠭ ᠤᠰᠤ | ᠰᠢᠢᠳᠪᠦᠷᠢᠯᠡᠬᠦ ᠲᠥᠷᠥᠯ ᠵᠦᠢᠯ ᠪᠠ ᠮᠧᠩ ᠰᠢ ᠶᠢᠨ ᠠᠵᠤ ᠦᠢᠯᠡᠳᠪᠦᠷᠢ ᠶᠢᠨ ᠪᠤᠵᠠᠷ ᠤᠰᠤ ᠴᠡᠪᠡᠷᠰᠢᠭᠦᠯᠬᠦ ᠦᠢᠯᠡᠳᠪᠦᠷᠢ ᠶᠢᠨ ᠪᠠᠶᠢᠭᠤᠯᠤᠯᠲᠠ ᠶᠢ ᠳᠠᠭᠤᠰᠬᠠᠨ᠂ | ᠡᠨᠧᠷᠭᠢ ᠶᠢᠨ ᠬᠤᠷᠤᠭᠳᠠᠯ ᠶᠡᠭᠡ ᠭᠤᠤᠯᠳᠠᠯᠭᠠᠳᠤ ᠠᠵᠤ ᠠᠬᠤᠶᠢᠯᠠᠯ ᠢ ᠪᠠᠷᠢᠮᠵᠢᠶ᠎ᠠ ᠶᠤᠰᠤᠭᠠᠷ ᠠᠵᠢᠯᠯᠠᠭᠤᠯᠵᠤ᠂ ᠬᠥᠬᠦᠷ ᠤᠨ ᠳᠠᠪᠬᠤᠷ ᠢᠰᠦᠯ ᠢ 4.75 ᠲᠥᠮᠡᠨ | ᠲᠤᠨ᠂ ᠠᠽᠤᠲ ᠭᠦᠴᠢᠯᠳᠦ᠋ᠷᠦᠭᠴᠢ ᠶᠢᠨ ᠨᠢᠭᠡᠳᠪᠦᠷᠢ ᠶᠢ 3.05 ᠲᠥᠮᠡᠨ ᠲᠤᠨ ᠪᠠᠭᠠᠰᠬᠠᠵᠤ᠂ ᠲᠥᠮᠡᠨ ᠲᠥᠭᠦᠷᠢᠭ GDP ᠳᠠᠬᠢ ᠡᠨᠧᠷᠭᠢ ᠶᠢᠨ ᠬᠤᠷᠤᠭᠳᠠᠯ | ᠢ 3.34% ᠪᠠᠭᠤᠷᠠᠭᠤᠯᠵᠠᠢ᠃ ᠵᠠᠰᠠᠭ ᠵᠠᠬᠢᠷᠭᠠᠨ ᠤ ᠪᠠᠶᠢᠭᠤᠯᠤᠮᠵᠢ᠂ ᠠᠮᠢ ᠠᠬᠤᠢ ᠶᠢᠨ ᠪᠤᠯᠪᠠᠰᠤᠨ ᠵᠡᠷᠭᠡ ᠭᠤᠤᠯᠳᠠᠯᠭᠠᠲᠤ ᠥᠭᠡᠷᠡᠴᠢᠯᠡᠯᠲᠡ ᠶᠢᠨ ᠵᠦᠢᠯᠡᠰ ᠢ | 144 ᠪᠡᠶᠡᠯᠡᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠵᠦᠢᠯᠡᠰ ᠢ 28%᠂ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠵᠠᠷᠤᠳᠠᠯ ᠬᠤᠷᠢᠶᠠᠬᠤ | ᠲᠥᠷᠥᠯ ᠵᠦᠢᠯ ᠢ 35% ᠪᠠᠭᠤᠷᠠᠭᠤᠯᠤᠨ᠂ ᠵᠠᠬ᠎ᠠ ᠳᠡᠯᠭᠡᠭᠦᠷ ᠤᠨ ᠭᠤᠤᠯ ᠴᠤᠭᠴᠠ ᠶᠢᠨ ᠠᠮᠢᠵᠢᠷᠠᠯ ᠢ ᠤᠯᠠᠮ ᠬᠥᠭᠵᠢᠭᠡᠵᠦ᠂ ᠦᠢᠯᠡᠰ ᠪᠤᠰᠬᠠᠬᠤ ᠠᠵᠢᠯᠯᠠᠭ᠎ᠠ | ᠬᠥᠭᠵᠢᠨ ᠳᠡᠯᠭᠡᠷᠡᠵᠦ᠂ ᠰᠢᠨ᠎ᠡ ᠪᠠᠷ ᠨᠡᠮᠡᠭᠳᠡᠭᠰᠡᠨ ᠪᠠᠭ᠎ᠠ ᠵᠢᠵᠢᠭ ᠠᠵᠤ ᠠᠬᠤᠶᠢᠯᠠᠯ ᠪᠠ ᠦᠢᠯᠡᠳᠪᠦᠷᠢ ᠬᠤᠳᠠᠯᠳᠤᠭᠠᠨ ᠤ ᠡᠷᠦᠬᠡ ᠬᠤᠶᠠᠷ ᠵᠢᠯ ᠵᠠᠯᠭᠠᠭ᠎ᠠ ᠪᠠᠷ | 20% ᠢ ᠳᠠᠪᠠᠭᠰᠠᠨ ᠪᠠᠶᠢᠨ᠎ᠠ᠃ | — ᠨᠡᠶᠢᠬᠡᠮ ᠤᠨ ᠦᠢᠯᠡᠰ ᠪᠥᠬᠦ ᠲᠠᠯ᠎ᠠ ᠪᠠᠷ ᠳᠡᠪᠰᠢᠪᠡ᠃ ᠤᠯᠠᠨ ᠲᠥᠮᠡᠨ ᠤ ᠪᠤᠳᠠᠲᠤ ᠬᠡᠷᠡᠭᠴᠡᠭᠡ ᠳᠤ ᠰᠠᠭᠤᠷᠢᠯᠠᠨ᠂ ᠵᠤᠷᠢᠭ ᠰᠢᠨᠲᠠᠷᠠᠰᠢ ᠦᠭᠡᠢ ᠪᠠᠷ | ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠡᠶ᠎ᠡ ᠵᠤᠬᠢᠴᠠᠯᠲᠠᠢ ᠨᠡᠶᠢᠬᠡᠮ ᠢ ᠴᠢᠷᠮᠠᠶᠢᠨ ᠪᠠᠶᠢᠭᠤᠯᠵᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠳᠤᠭᠲᠠᠭᠤᠨ ᠢ | ᠪᠠᠲᠤᠯᠠᠬᠤ ᠶᠢ ᠨᠢᠭᠡᠳᠦᠯᠲᠡᠢ ᠲᠥᠯᠥᠪᠯᠡᠨ ᠨᠡᠶᠢᠲᠡ ᠳᠤᠨᠢ ᠬᠠᠷᠠᠭᠠᠯᠵᠠᠵᠠᠢ᠃ ᠠᠷᠠᠳ ᠤᠨ ᠠᠮᠢᠳᠤᠷᠠᠯ ᠳᠤ 152.3 ᠳ᠋ᠦᠩᠰᠢᠭᠤᠷ ᠲᠥᠭᠦᠷᠢᠭ ᠪᠡᠯᠡ | ᠤᠷᠤᠭᠤᠯᠤᠭᠰᠠᠨ ᠨᠢ ᠡᠳ᠋ ᠤᠨ ᠵᠠᠰᠠᠭ ᠤᠨ ᠶᠡᠷᠦᠩᠬᠡᠢ ᠵᠠᠷᠤᠯᠭ᠎ᠠ ᠶᠢᠨ 84.5% ᠢ ᠡᠵᠡᠯᠡᠪᠡ᠃ ᠬᠤᠲᠠ ᠪᠠᠯᠭᠠᠰᠤᠨ ᠳᠤ ᠰᠢᠨ᠎ᠡ ᠪᠠᠷ 1.5 ᠲᠥᠮᠡᠨ ᠬᠦᠮᠦᠨ ᠳᠤ | ᠠᠵᠢᠯ ᠤᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3% ᠤᠨ ᠳᠤᠲᠤᠷ᠎ᠠ ᠬᠢᠵᠠᠭᠠᠷᠯᠠᠪᠠ᠃ ᠰᠤᠷᠭᠠᠨ ᠬᠦᠮᠦᠵᠢᠯ | ᠤᠨ ᠦᠢᠯᠡᠰ ᠢ ᠲᠡᠩᠴᠡᠭᠦᠷᠢᠲᠡᠢ ᠬᠥᠭᠵᠢᠭᠦᠯᠦᠨ᠂ ᠰᠤᠷᠭᠠᠭᠤᠯᠢ ᠶᠢᠨ ᠭᠡᠷ ᠪᠠᠶᠢᠰᠢᠩ ᠢ ᠰᠢᠨ᠎ᠡ ᠪᠠᠷ 28.9 ᠲᠥᠮᠡᠨ ᠳᠡᠭᠰᠢ ᠳᠥᠷᠪᠡᠯᠵᠢᠨ ᠮᠧᠲᠷ ᠪᠠᠷᠢᠵᠠᠢ᠃ | ᠡᠮᠨᠡᠯᠭᠡ ᠡᠷᠡᠭᠦᠯ ᠬᠠᠮᠠᠭᠠᠯᠠᠯ ᠤᠨ ᠳᠤᠭᠲᠠᠯᠴᠠᠭ᠎ᠠ ᠶᠢ ᠳᠠᠰᠤᠷᠠᠯᠲᠠ ᠦᠭᠡᠢ ᠪᠥᠷᠢᠨ ᠲᠡᠭᠦᠯᠳᠡᠷᠵᠢᠭᠦᠯᠵᠦ᠂ ᠮᠤᠩᠭᠤᠯ ᠬᠢᠲᠠᠳ ᠡᠮ ᠡᠮᠨᠡᠯᠭᠡ ᠶᠢᠨ ᠦᠢᠯᠡᠰ ᠢ ᠪᠥᠬᠦ | ᠲᠠᠯ᠎ᠠ ᠪᠠᠷ ᠬᠥᠭᠵᠢᠭᠦᠯᠪᠡ᠃ ᠤᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠲᠠᠯᠠᠪᠤᠷ ᠢ 277 ᠲᠥᠮᠡᠨ ᠳᠡᠭᠰᠢ ᠳᠥᠷᠪᠡᠯᠵᠢᠨ ᠮᠧᠲᠷ ᠪᠠᠶᠢᠭᠤᠯᠤᠭᠰᠠᠨ | ᠮᠥᠷᠲᠡᠭᠡᠨ ᠪᠥᠬᠦᠨ ᠢ ᠵᠠᠷᠤᠳᠠᠯ ᠬᠤᠷᠢᠶᠠᠬᠤ ᠦᠭᠡᠢ ᠪᠠᠷ ᠤᠯᠠᠨ ᠲᠥᠮᠡᠨ ᠳᠤ ᠠᠰᠢᠭᠯᠠᠭᠤᠯᠵᠤ᠂ ᠤᠯᠤᠰ ᠤᠨ ᠤᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ | ᠤ ᠳᠤᠭᠲᠠᠯᠴᠠᠭ᠎ᠠ ᠶᠢᠨ ᠵᠢᠱᠢᠶ᠎ᠡ ᠦᠵᠡᠭᠦᠯᠬᠦ ᠭᠠᠵᠠᠷ ᠤᠷᠤᠨ ᠢᠶᠠᠷ ᠰᠢᠯᠭᠠᠨ ᠬᠤᠷᠢᠶᠠᠬᠤ ᠶᠢ ᠥᠩᠭᠡᠷᠡᠭᠡᠵᠡᠢ᠃ ᠤᠯᠤᠰ ᠤᠨ ᠭᠤᠤᠯᠳᠠᠯᠭᠠᠲᠤ ᠳᠤᠷᠰᠢᠯᠲᠠ ᠶᠢᠨ | ᠳᠠᠰᠤᠭ ᠢ 1 ᠪᠠᠶᠢᠭᠤᠯᠵᠤ᠂ ᠳᠤᠰᠬᠠᠢ ᠠᠰᠢᠭ ᠤᠨ ᠡᠷᠬᠡ ᠶᠢ 139 ᠤᠯᠤᠨ᠂ ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠲᠥᠭᠡᠮᠡᠯᠵᠢᠭᠦᠯᠦᠯᠲᠡ ᠶᠢᠨ | ᠵᠢᠱᠢᠶ᠎ᠡ ᠦᠵᠡᠭᠦᠯᠬᠦ ᠬᠤᠰᠢᠭᠤ ᠪᠠᠷ ᠨᠡᠷᠡᠶᠢᠳᠦᠭᠳᠡᠪᠡ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠪᠤᠷᠢ᠂ ᠡᠮᠨᠡᠯᠭᠡ ᠶᠢᠨ ᠳᠠᠭᠠᠳᠬᠠᠯ ᠪᠠ ᠨᠠᠰᠤᠵᠢᠯ ᠤᠨ | ᠳᠠᠭᠠᠳᠬᠠᠯ ᠤᠨ ᠬᠡᠪᠴᠢᠶ᠎ᠡ ᠶᠢ ᠥᠷᠭᠡᠳᠬᠡᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠪᠠᠲᠤᠯᠠᠪᠤᠷᠢ ᠶᠢᠨ ᠴᠢᠨᠠᠷᠲᠠᠢ ᠤᠷᠤᠨ ᠰᠠᠭᠤᠴᠠ ᠶᠢ 14 ᠲᠥᠮᠡᠨ ᠳᠡᠭᠰᠢ | ᠳᠥᠷᠪᠡᠯᠵᠢᠨ ᠮᠧᠲᠷ ᠪᠠᠷᠢᠵᠤ᠂ 9100 ᠶᠠᠳᠠᠭᠤ ᠭᠦᠴᠢᠷᠳᠡᠢ ᠬᠦᠮᠦᠨ ᠠᠮᠠ ᠶᠢ ᠳᠤᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠠᠢ᠃ ᠤᠷᠤᠰᠢᠭᠤᠯᠭ᠎ᠠ ᠶᠢᠨ | ᠭᠠᠵᠠᠷ ᠢ ᠪᠠᠶᠢᠭᠤᠯᠤᠨ ᠠᠰᠢᠭᠯᠠᠭᠤᠯᠪᠠ᠃ ᠬᠦᠮᠦᠨ ᠠᠮᠠ ᠪᠠ ᠲᠥᠯᠥᠪᠯᠡᠭᠡ ᠲᠠᠢ ᠪᠠᠷ ᠬᠡᠦᠬᠡᠳ ᠠᠪᠬᠤ᠂ ᠤᠶᠤᠨ ᠤ ᠪᠤᠯᠪᠠᠰᠤᠨ᠂ ᠴᠡᠷᠢᠭ ᠠᠷᠠᠳ ᠬᠠᠮᠲᠤᠪᠡᠷ | ᠪᠠᠶᠢᠭᠤᠯᠬᠤ᠂ ᠡᠮᠡᠭᠲᠡᠶᠢᠴᠦᠳ ᠬᠡᠦᠬᠡᠳ᠂ ᠬᠠᠤᠯᠢ ᠪᠠᠷ ᠵᠠᠰᠠᠬᠤ ᠪᠠᠶᠢᠭᠤᠯᠤᠯᠲᠠ᠂ ᠠᠮᠤ ᠪᠤᠳᠠᠭ᠎ᠠ ᠬᠤᠳᠠᠯᠳᠤᠨ ᠠᠪᠬᠤ᠂ ᠳᠠᠩᠰᠠ ᠡᠪᠬᠡᠮᠡᠯ ᠲᠡᠦᠬᠡ ᠤᠶᠢᠯᠠᠯᠭ᠎ᠠ᠂ | ᠲᠤᠭ᠎ᠠ ᠪᠥᠷᠢᠳᠬᠡᠯ ᠶᠠᠩᠵᠤ ᠠᠪᠴᠤ ᠪᠠᠶᠢᠴᠠᠭᠠᠬᠤ᠂ ᠠᠷᠠᠳ ᠤᠨ ᠠᠭᠠᠷ ᠤᠨ ᠰᠡᠷᠭᠡᠶᠢᠯᠡᠯᠲᠡ ᠴᠠᠭ ᠠᠭᠤᠷ᠂ ᠰᠤᠨᠢᠨ ᠮᠡᠳᠡᠭᠡ ᠷᠠᠳᠢᠤ᠋ ᠨᠡᠪᠲᠡᠷᠡᠭᠦᠯᠭᠡ ᠲᠧᠯᠸᠢᠰ᠂ | ᠤᠯᠠᠨ ᠲᠥᠮᠡᠨᠴᠢ ᠪᠡᠶ᠎ᠡ ᠶᠢᠨ ᠲᠠᠮᠢᠷ᠂ ᠬᠠᠩᠭᠠᠨ ᠪᠤᠷᠤᠯᠠᠭᠤᠯᠭ᠎ᠠ ᠳᠠᠪᠤᠰᠤᠨ ᠤ ᠶᠠᠪᠤᠳᠠᠯ᠂ ᠵᠡᠮᠲᠡᠭᠴᠦᠳ ᠪᠠ ᠨᠢᠭᠦᠯᠡᠰᠦᠩᠭᠦᠢ ᠶᠢᠨ ᠦᠢᠯᠡᠰ ᠵᠡᠷᠭᠡ ᠠᠵᠢᠯ ᠴᠥᠮ | ᠪᠠᠶᠠᠷᠯᠠᠭᠤᠰᠢᠲᠠᠢ ᠠᠮᠵᠢᠯᠲᠠ ᠤᠯᠪᠠ᠃ | — ᠵᠠᠰᠠᠭ ᠤᠨ ᠤᠷᠳᠤᠨ ᠤ ᠴᠢᠳᠠᠪᠤᠷᠢ ᠪᠥᠲᠥᠮᠵᠢᠲᠡᠢ ᠳᠡᠭᠡᠭᠰᠢᠯᠡᠪᠡ᠃ ᠠᠷᠠᠳ ᠤᠨ ᠲᠥᠯᠥᠭᠡ ᠵᠠᠰᠠᠭ ᠪᠠᠷᠢᠬᠤ ᠵᠤᠷᠢᠯᠲᠠ ᠶᠢ ᠪᠠᠲᠤ ᠴᠡᠭᠡᠵᠢᠯᠡᠵᠦ᠂ | ᠠᠵᠢᠯᠴᠢ ᠬᠢᠴᠢᠶᠡᠩᠭᠦᠢ ᠪᠠᠷ ᠵᠠᠰᠠᠭ ᠪᠠᠷᠢᠵᠤ ᠪᠤᠳᠠᠲᠠᠢ ᠶᠢ ᠡᠷᠭᠢᠮᠯᠡᠬᠦ ᠠᠵᠢᠯ ᠢ ᠦᠷᠨᠢᠭᠦᠯᠦᠨ᠂ ᠠᠷᠠᠳ ᠲᠥᠮᠡᠨ ᠳᠤ ᠳᠠᠭᠠᠰᠢᠶᠠᠭᠳᠠᠭᠰᠠᠨ ᠵᠠᠰᠠᠭ ᠤᠨ ᠤᠷᠳᠤᠨ ᠢ | ᠴᠢᠷᠮᠠᠶᠢᠨ ᠪᠠᠶᠢᠭᠤᠯᠵᠤ᠂ ᠰᠤᠷᠲᠠᠯ ᠢᠶᠠᠨ ᠰᠠᠶᠢᠵᠢᠷᠠᠭᠤᠯᠵᠤ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠪᠡ᠃ ᠨᠠᠮ ᠤᠨ ᠤᠯᠠᠨ ᠲᠥᠮᠡᠨᠴᠢ ᠱᠤᠭᠤᠮ ᠤᠨ ᠬᠦᠮᠦᠵᠢᠯ | ᠦᠢᠯᠡᠳᠦᠯᠭᠡ ᠶᠢᠨ ᠠᠵᠢᠯᠯᠠᠭ᠎ᠠ ᠪᠤᠯᠤᠨ ︽ᠭᠤᠷᠪᠠᠨ ᠴᠢᠩᠭ᠎ᠠ ᠭᠤᠷᠪᠠᠨ ᠪᠤᠳᠠᠲᠠᠢ︾ ᠳᠤᠰᠬᠠᠢ ᠬᠦᠮᠦᠵᠢᠯ ᠤᠨ ᠠᠵᠢᠯᠯᠠᠭ᠎ᠠ ᠶᠢ ᠯᠠᠪᠳᠠᠭᠤᠨ ᠢᠶᠠᠷ ᠦᠷᠨᠢᠭᠦᠯᠵᠦ᠂ | ᠤᠯᠠᠨ ᠲᠥᠮᠡᠨ ᠤ ᠳᠤᠰᠬᠠᠭᠰᠠᠨ 352 ᠳᠤᠪᠤᠶᠢᠮ᠎ᠠ ᠠᠰᠠᠭᠤᠳᠠᠯ ᠢ ᠰᠢᠢᠳᠪᠦᠷᠢᠯᠡᠨ᠂ ︽ᠪᠤᠯᠬᠢ ᠪᠦᠳᠦᠭᠦᠯᠢᠭ ᠵᠠᠯᠬᠠᠭᠤ ᠬᠤᠶᠢᠷᠭᠤ ᠰᠤᠯᠠ ᠵᠠᠳᠠᠭᠠᠢ︾ ᠵᠡᠷᠭᠡ | ᠠᠰᠠᠭᠤᠳᠠᠯ ᠪᠥᠲᠥᠮᠵᠢᠲᠡᠢ ᠵᠠᠯᠠᠷᠠᠭᠤᠯᠤᠭᠳᠠᠵᠠᠢ᠃ ᠬᠤᠰᠢᠭᠤᠨ ᠤ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠶᠢ ᠡᠷᠡᠰ ᠬᠦᠷᠢᠶᠡᠯᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠨ ᠤ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠵᠢᠴᠢ ᠤᠯᠠᠨ | ᠲᠥᠮᠡᠨ ᠤ ᠬᠢᠨᠠᠯᠲᠠ ᠶᠢ ᠤᠬᠠᠮᠰᠠᠷ ᠠᠴᠠ ᠬᠦᠯᠢᠶᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠤᠯᠤᠨ ᠡᠯ᠎ᠡ | ᠡᠲᠡᠭᠡᠳ ᠤᠨ ᠬᠢᠨ ᠤ ᠡᠷᠳᠡᠮᠲᠡᠨ ᠮᠡᠷᠭᠡᠳ ᠤᠨ ᠰᠤᠳᠤᠯᠭᠠᠨ ᠤ ᠮᠡᠳᠡᠭᠦᠯᠦᠯᠲᠡ ᠶᠢ 45 ᠬᠡᠷᠡᠭᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠦᠭᠡᠯᠡᠭᠴᠢᠳ ᠤᠨ ᠰᠠᠨᠠᠭᠤᠯᠭ᠎ᠠ ᠪᠤᠯᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠳᠤ ᠬᠠᠷᠢᠭᠤᠯᠲᠠ ᠥᠭᠭᠦᠭᠰᠡᠨ ᠨᠤᠷᠮ᠎ᠠ 100% | ᠬᠦᠷᠪᠡ᠃ ᠵᠠᠰᠠᠭ ᠤᠨ ᠶᠠᠪᠤᠳᠠᠯ ᠢ ᠢᠯᠡ ᠪᠤᠯᠭᠠᠬᠤ ᠬᠡᠪᠴᠢᠶ᠎ᠡ ᠶᠢ ᠪᠥᠬᠦ ᠲᠠᠯ᠎ᠠ ᠪᠠᠷ ᠥᠷᠭᠡᠳᠬᠡᠨ᠂ ᠵᠠᠰᠠᠭ ᠤᠨ ᠤᠷᠳᠤᠨ ᠤ ᠪᠠᠶᠢᠭᠤᠯᠭ᠎ᠠ ᠨᠢᠭᠡᠴᠢ ᠶᠢᠨ ᠡᠷᠬᠡ ᠶᠢᠨ | ᠨᠠᠷᠢᠨ ᠳᠠᠩᠰᠠ ᠶᠢ ᠳᠤᠭᠲᠠᠭᠠᠨ ᠨᠡᠶᠢᠲᠡᠯᠡᠵᠦ᠂ ᠬᠤᠰᠢᠭᠤ ᠰᠤᠮᠤ ᠪᠠᠯᠭᠠᠰᠤ ᠬᠤᠶᠠᠷ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠢ ᠪᠠᠶᠢᠭᠤᠯᠤᠨ | ᠠᠰᠢᠭᠯᠠᠯᠲᠠ ᠳᠤ ᠤᠷᠤᠭᠤᠯᠪᠠ᠃ ᠡᠷᠬᠡ ᠶᠢᠨ ᠬᠢᠨᠠᠨ ᠬᠢᠵᠠᠭᠠᠷᠯᠠᠯ ᠢ ᠴᠢᠩᠭᠠᠳᠬᠠᠵᠤ᠂ ᠲᠥᠪ ᠤᠨ ᠨᠠᠢᠮᠠᠨ ᠳᠤᠭᠲᠠᠭᠠᠯ ᠢ ᠴᠢᠩᠭ᠎ᠠ ᠬᠡᠷᠡᠭᠵᠢᠭᠦᠯᠦᠨ᠂ ︽ᠠᠯᠪᠠᠨ ᠤ | ᠭᠤᠷᠪᠠᠨ︾ ᠵᠠᠷᠤᠳᠠᠯ ᠢ ᠶᠡᠬᠡᠪᠡᠷ ᠪᠠᠭᠠᠰᠬᠠᠵᠤ᠂ ᠳᠥᠷᠢᠮ ᠳᠤᠭᠲᠠᠭᠠᠯ ᠢ 42᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ 25 ᠳᠤᠭᠲᠠᠭᠠᠨ ᠬᠡᠷᠡᠭᠵᠢᠭᠦᠯᠵᠡᠢ | ᠃ ᠬᠢᠨᠠᠨ ᠪᠤᠳᠤᠬᠤ᠂ ᠬᠢᠨᠠᠨ ᠪᠠᠶᠢᠴᠠᠭᠠᠬᠤ ᠡᠷᠴᠢᠮ ᠢ ᠦᠨᠡᠨ ᠬᠦ ᠴᠢᠩᠭᠠᠳᠬᠠᠨ᠂ ᠤᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ᠂ ᠤᠯᠤᠰ ᠤᠨ ᠡᠳ᠋ | ᠬᠥᠷᠥᠩᠭᠡ ᠶᠢ ᠰᠢᠢᠳᠪᠦᠷᠢᠯᠡᠬᠦ ᠡᠮᠬᠢ ᠵᠢᠷᠤᠮ ᠢ ᠪᠥᠬᠦ ᠲᠠᠯ᠎ᠠ ᠪᠠᠷ ᠵᠢᠷᠤᠮᠵᠢᠭᠤᠯᠵᠤ᠂ ᠨᠡᠶᠢᠲᠡ 5.4 ᠳ᠋ᠦᠩᠰᠢᠭᠤᠷ ᠲᠥᠭᠦᠷᠢᠭ ᠠᠷᠪᠢᠯᠠᠨ᠂ ᠢᠯᠡ ᠲᠤᠳᠤ ᠵᠠᠰᠠᠭ | ᠤᠨ ᠤᠷᠳᠤᠨ᠂ ᠦᠢᠯᠡᠴᠢᠯᠡᠭᠡᠨ ᠤ ᠵᠠᠰᠠᠭ ᠤᠨ ᠤᠷᠳᠤᠨ᠂ ᠬᠠᠤᠯᠢᠵᠢᠯ ᠵᠠᠰᠠᠭ ᠤᠨ ᠤᠷᠳᠤᠨ ᠤ ᠪᠠᠶᠢᠭᠤᠯᠤᠯᠲᠠ ᠪᠤᠳᠠᠲᠤ ᠠᠬᠢᠴᠠ ᠲᠠᠢ ᠪᠤᠯᠪᠠ᠃ | ᠰᠠᠶ᠋ᠢᠬᠠᠨ ᠥᠩᠭᠡᠷᠡᠭᠰᠡᠨ 2015 ᠤᠨ ᠳᠤ᠂ ᠪᠢᠳᠠ ᠠᠯᠢᠪᠠ ᠪᠥᠬᠦᠨ ᠳᠤ ᠪᠤᠳᠠᠲᠠᠢ ᠠᠴᠠ ᠡᠭᠦᠰᠬᠦ ᠶᠢ ᠪᠠᠷᠢᠮᠲᠠᠯᠠᠨ᠂ ᠵᠠᠩᠭᠢᠯᠠᠭ᠎ᠠ ᠶᠢᠨ ᠭᠤᠭᠴᠤᠭ᠎ᠠ ᠪᠤᠯᠤᠨ | ᠭᠤᠤᠯ ᠵᠥᠷᠢᠴᠡᠯ ᠢ ᠠᠳᠬᠤᠵᠤ᠂ ᠰᠢᠨ᠎ᠡ ᠶᠢ ᠡᠭᠦᠳᠬᠦ ᠰᠡᠳᠬᠢᠬᠦᠢ ᠪᠠᠷ ᠠᠵᠢᠯ ᠢᠶᠠᠨ ᠰᠥᠪᠡᠭᠴᠢᠯᠡᠨ ᠬᠢᠵᠦ᠂ ᠪᠥᠲᠥᠭᠡᠯᠴᠢ ᠠᠷᠭ᠎ᠠ ᠪᠤᠳᠤᠯᠭ᠎ᠠ ᠪᠠᠷ | ᠨᠠᠶᠢᠲᠠᠪᠤᠷᠢᠵᠢᠯᠲᠠ ᠶᠢ ᠠᠬᠢᠭᠤᠯᠤᠨ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠰᠡᠭᠦᠯ ᠰᠢᠪᠲᠤᠷᠤᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ | ᠪᠥᠬᠦᠯᠢ ᠠᠵᠤ ᠠᠬᠤᠢ ᠦᠷᠭᠦᠯᠵᠢᠯᠡᠨ ᠤᠷᠤᠭᠤᠳᠠᠭᠰᠠᠨ ᠳᠠᠷᠤᠭᠠᠰᠤ ᠲᠠᠢ ᠪᠠᠶᠢᠳᠠᠯ ᠳᠤ᠂ ᠳᠤᠭᠲᠠᠭᠤᠨ ᠢᠶᠠᠷ ᠨᠡᠮᠡᠭᠳᠡᠭᠦᠯᠬᠦ ᠶᠢᠰᠦᠨ ᠲᠠᠯ᠎ᠠ ᠶᠢᠨ 31 ᠠᠷᠭ᠎ᠠ | ᠬᠡᠮᠵᠢᠶ᠎ᠡ ᠶᠢ ᠳᠤᠭᠲᠠᠭᠠᠨ ᠬᠡᠷᠡᠭᠵᠢᠭᠦᠯᠵᠦ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠤᠯᠳᠠᠯᠭᠠᠲᠤ ᠲᠥᠷᠥᠯ ᠵᠦᠢᠯ ᠢ 26 ᠡᠬᠢᠯᠡᠭᠦᠯᠦᠨ ᠪᠠᠶᠢᠭᠤᠯᠤᠭᠰᠠᠨ | ᠪᠤᠶᠤ ᠰᠡᠷᠭᠦᠭᠡᠨ ᠪᠠᠶᠢᠭᠤᠯᠵᠤ᠂ ᠤᠷᠳᠤᠰ ᠤᠨ ᠴᠠᠬᠢᠯᠭᠠᠨ ᠦᠢᠯᠡᠳᠪᠦᠷᠢ᠂ ᠱᠤᠸᠠᠩ ᠰᠢᠨ ᠤ PVA ᠶᠢᠨ ᠮᠡᠷᠭᠡᠵᠢᠯ ᠤᠨ ᠰᠢᠨᠡᠴᠢᠯᠡᠯᠲᠡ ᠵᠡᠷᠭᠡ 11 ᠲᠥᠷᠥᠯ | ᠵᠦᠢᠯ ᠢ ᠪᠠᠶᠢᠭᠤᠯᠵᠤ ᠠᠰᠢᠭᠯᠠᠭᠤᠯᠤᠨ᠂ ᠠᠵᠤ ᠠᠬᠤᠢ ᠶᠢᠨ ᠡᠷᠭᠢᠯᠲᠡ ᠠᠯᠭᠤᠷ ᠠᠴᠠ ᠪᠠᠨ ᠳᠤᠭᠲᠠᠭᠤᠨ᠂ ᠳᠤᠭᠲᠠᠭᠤᠨ ᠠᠴᠠ ᠪᠠᠨ ᠤᠷᠤᠭᠰᠢᠯᠠᠯᠲᠠ ᠲᠠᠢ ᠪᠤᠯᠵᠤ | ᠂ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 9%᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 11.2%᠂ | ᠳᠤᠭᠲᠠᠮᠠᠯ ᠬᠥᠷᠥᠩᠭᠡ ᠶᠢᠨ ᠪᠡᠯᠡ ᠤᠷᠤᠭᠤᠯᠤᠯᠲᠠ 13.2% ᠨᠡᠮᠡᠭᠳᠡᠵᠦ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠳᠥᠰᠥᠪ ᠤᠨ ᠤᠷᠤᠯᠭ᠎ᠠ 7.2% | ᠨᠡᠮᠡᠭᠳᠡᠨ᠂ ᠨᠡᠶᠢᠬᠡᠮ ᠤᠨ ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠬᠡᠮᠵᠢᠶ᠎ᠡ 8.5% ᠨᠡᠮᠡᠭᠳᠡᠵᠦ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠤᠷᠤᠯᠭ᠎ᠠ ᠲᠤᠰ ᠲᠤᠰ 7.4% ᠪᠠ 7.3% ᠨᠡᠮᠡᠭᠳᠡᠪᠡ᠃ ᠬᠤᠷᠸ᠎ᠠ ᠲᠦᠷᠦ ᠶᠢᠨ ᠪᠤᠳᠤᠯᠭ᠎ᠠ ᠶᠢ ᠳᠠᠰᠤᠷᠠᠯᠲᠠ ᠦᠭᠡᠢ ᠬᠤᠮᠢᠨ ᠠᠪᠠᠴᠢᠭᠰᠠᠨ | ᠪᠠᠶᠢᠳᠠᠯ ᠳᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠴᠢᠷᠮᠠᠶᠢᠨ ᠠᠬᠢᠭᠤᠯᠵᠤ᠂ ᠨᠡᠭᠦᠷᠡᠰᠦᠨ ᠤ ᠪᠤᠰᠤ ᠠᠵᠤ ᠦᠢᠯᠡᠰ ᠤᠨ | ᠪᠡᠶᠡᠯᠡᠭᠦᠯᠦᠭᠰᠡᠨ ᠪᠡᠯᠡ ᠤᠷᠤᠭᠤᠯᠤᠯᠲᠠ ᠨᠢ ᠪᠥᠬᠦ ᠪᠡᠯᠡ ᠤᠷᠤᠭᠤᠯᠤᠯᠲᠠ ᠶᠢᠨ 85.6% ᠢ ᠡᠵᠡᠯᠡᠨ᠂ ᠬᠤᠪᠢ ᠨᠡᠮᠡᠷᠢ ᠶᠢᠨ ᠨᠡᠮᠡᠭᠳᠡᠯ ᠥᠷᠲᠡᠭ ᠨᠢ ᠬᠡᠪᠴᠢᠶᠡᠵᠢᠯ | ᠠᠴᠠ ᠳᠡᠭᠡᠭᠰᠢᠬᠢ ᠠᠵᠤ ᠦᠢᠯᠡᠳᠪᠦᠷᠢ ᠶᠢᠨ 72.6% ᠢ ᠡᠵᠡᠯᠡᠵᠡᠢ︔ ᠲᠠᠷᠢᠬᠤ ᠲᠡᠵᠢᠭᠡᠬᠦ ᠪᠥᠲᠥᠴᠡ ᠶᠢ ᠰᠢᠯᠢᠳᠡᠭᠵᠢᠭᠦᠯᠦᠨ ᠳᠤᠬᠢᠷᠠᠭᠤᠯᠵᠤ᠂ ᠰᠢᠨ᠎ᠡ ᠪᠠᠷ | ᠤᠰᠤ ᠠᠷᠪᠢᠯᠠᠨ ᠤᠰᠤᠯᠠᠬᠤ ᠲᠠᠯᠠᠪᠠᠢ ᠶᠢ 5 ᠲᠥᠮᠡᠨ ᠮᠤ᠋᠂ ᠬᠦᠮᠦᠨ ᠤ ᠬᠦᠴᠦᠨ ᠢᠶᠠᠷ ᠡᠪᠡᠰᠦ ᠲᠠᠷᠢᠬᠤ ᠶᠢ 2.4 ᠲᠥᠮᠡᠨ ᠮᠤ᠋᠂ ᠭᠡᠷ ᠪᠥᠯᠢ ᠶᠢᠨ ᠮᠠᠯᠵᠢᠯ ᠤᠨ | ᠲᠠᠯᠠᠪᠠᠢ ᠶᠢ 145 ᠨᠡᠮᠡᠭᠳᠡᠭᠦᠯᠵᠦ᠂ ᠶᠡᠭᠡ ᠭᠠᠩ ᠭᠠᠴᠢᠭ ᠵᠢᠯ ᠳᠤ ᠴᠦ ᠦᠢᠯᠡᠳᠪᠦᠷᠢᠯᠡᠯ ᠤᠨ ᠦᠷ᠎ᠡ ᠠᠰᠢᠭ ᠳᠡᠭᠡᠭᠰᠢᠯᠡᠵᠦ᠂ ᠤᠷᠤᠯᠭ᠎ᠠ ᠨᠡᠮᠡᠭᠳᠡᠪᠡ︔ ᠤᠳᠤ | ᠦᠶ᠎ᠡ ᠶᠢᠨ ᠦᠢᠯᠡᠴᠢᠯᠡᠭᠡᠨ ᠤ ᠦᠢᠯᠡᠰ ᠡᠷᠡᠭᠦᠯ ᠢᠶᠠᠷ ᠬᠥᠭᠵᠢᠨ᠂ ᠭᠤᠷᠪᠠᠳᠤᠭᠠᠷ ᠠᠵᠤ ᠦᠢᠯᠡᠰ ᠤᠨ ᠬᠤᠪᠢ ᠶᠢᠨ ᠵᠢᠩ ᠨᠢᠳᠤᠨᠤᠨ ᠤ ᠬᠢ ᠠᠴᠠ ᠵᠠᠭᠤᠨ ᠤ | ᠨᠢᠭᠡᠴᠢ ᠪᠠᠷ 0.5 ᠬᠤᠪᠢ ᠳᠡᠭᠡᠭᠰᠢᠯᠡᠪᠡ᠃ ᠬᠡᠷᠡᠭᠯᠡᠵᠦ ᠪᠤᠯᠬᠤᠶᠢᠴᠠ ᠡᠳ᠋ ᠤᠨ ᠬᠦᠴᠦᠨ ᠲᠤᠶᠢᠯ ᠤᠨ ᠬᠦᠴᠢᠷᠲᠡᠢ ᠪᠠᠶᠢᠳᠠᠯ ᠳᠤ᠂ 80% ᠠᠴᠠ ᠳᠡᠭᠡᠭᠰᠢᠬᠢ ᠡᠳ᠋ | ᠤᠨ ᠬᠦᠴᠦᠨ ᠢᠶᠠᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠳᠤᠬᠢᠷᠠᠭᠤᠯᠵᠤ᠂ ︽ᠠᠷᠪᠠ ᠶᠢ ᠪᠥᠷᠬᠦᠭᠦᠯᠬᠦ︾ ᠢᠨᠵᠧᠨᠧᠷᠢᠩ ᠢ ᠯᠠᠪᠳᠠᠭᠤᠨ ᠢᠶᠠᠷ | ᠠᠬᠢᠭᠤᠯᠤᠨ᠂ 3714 ᠨᠤᠷᠠᠬᠤ ᠠᠶᠤᠯᠲᠠᠢ ᠭᠡᠷ ᠪᠠᠶᠢᠰᠢᠩ ᠲᠠᠢ ᠡᠷᠦᠬᠡ ᠶᠢ ᠰᠢᠨ᠎ᠡ ᠰᠠᠭᠤᠴᠠ ᠲᠠᠢ ᠪᠤᠯᠭᠠᠵᠤ᠂ 6018 ᠬᠦᠮᠦᠨ ᠤ ᠤᠮᠳᠠ ᠤᠰᠤᠨ ᠤ ᠬᠦᠴᠢᠷ | ᠠᠰᠠᠭᠤᠳᠠᠯ ᠢ ᠰᠢᠢᠳᠪᠦᠷᠢᠯᠡᠨ᠂ ᠵᠡᠭᠡᠯᠢ ᠭᠤᠳᠤᠮᠵᠢ ᠶᠢ ᠰᠢᠨ᠎ᠡ ᠪᠠᠷ 180.8 ᠺᠢᠯᠤᠮᠧᠲᠷ ᠬᠠᠲᠠᠭᠤᠷᠠᠭᠤᠯᠵᠤ᠂ ᠲᠠᠷᠢᠶᠠᠯᠠᠩ ᠤᠨ ᠴᠠᠬᠢᠯᠭᠠᠨ ᠲᠤᠤᠷ ᠢ 459.7 | ᠺᠢᠯᠤᠮᠧᠲᠷ ᠥᠭᠡᠷᠡᠴᠢᠯᠡᠨ᠂ 1.2 ᠲᠥᠮᠡᠨ ᠮᠠᠯᠴᠢᠨ ᠲᠠᠷᠢᠶᠠᠴᠢᠨ ᠡᠷᠦᠬᠡ ᠳᠤ ᠭᠠᠵᠠᠷ ᠤᠨ ᠭᠠᠳᠠᠷᠭᠤ ᠶᠢᠨ ᠳᠤᠯᠭᠢᠶᠠᠨ ᠢ ᠠᠰᠢᠭᠯᠠᠬᠤ ᠲᠤᠭᠠᠴᠠᠯᠠᠭᠰᠠᠨ ᠲᠧᠯᠸᠢᠰ | ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠰᠤᠷᠭᠠᠭᠤᠯᠢ᠂ ᠬᠡᠦᠬᠡᠳ ᠤᠨ ᠴᠡᠴᠡᠷᠯᠢᠭ ᠢ 3᠂ ᠡᠷᠡᠭᠦᠯ ᠬᠠᠮᠠᠭᠠᠯᠠᠯ ᠤᠨ ᠳᠠᠰᠤᠭ ᠢ 4᠂ ᠰᠤᠶᠤᠯ ᠤᠨ ᠥᠷᠦᠭᠡ ᠶᠢ | 12᠂ ᠠᠷᠠᠳ ᠲᠤ ᠳᠥᠭᠦᠮ ᠦᠵᠡᠭᠦᠯᠬᠦ ᠴᠢᠯᠦᠭᠡᠲᠦ ᠳᠡᠯᠭᠡᠭᠦᠷ ᠢ 10 ᠪᠠᠶᠢᠭᠤᠯᠵᠤ᠂ ᠠᠮᠢ ᠠᠬᠤᠢ ᠶᠢᠨ ᠲᠥᠷᠥᠯ ᠵᠦᠢᠯ ᠢ 37 ᠲᠥᠮᠡᠨ ᠮᠤ᠋ ᠨᠢᠭᠡᠳᠦᠯᠲᠡᠢ | ᠲᠥᠯᠥᠪᠵᠢᠭᠦᠯᠦᠨ ᠬᠡᠷᠡᠭᠵᠢᠭᠦᠯᠵᠦ᠂ ᠡᠪᠳᠡᠷᠬᠡᠢ ᠬᠠᠭᠤᠴᠢᠨ ᠰᠢᠪᠠᠷ ᠬᠦᠷᠢᠶ᠎ᠡ ᠬᠡᠷᠡᠮ ᠢ 1.1 ᠲᠦᠮᠡ ᠨᠤᠷᠠᠭᠠᠨ᠂ ︽ᠲᠠᠪᠤᠨ ᠤᠪᠤᠭ᠎ᠠ︾ ︵ᠲᠦᠯᠡᠭᠡᠨ ᠤᠪᠤᠭ᠎ᠠ᠂ | ᠡᠪᠡᠰᠦᠨ ᠤᠪᠤᠭ᠎ᠠ᠂ ᠰᠢᠭᠡᠭ ᠤᠨ ᠤᠪᠤᠭ᠎ᠠ᠂ ᠰᠢᠪᠠᠷ ᠴᠢᠯᠠᠭᠤᠨ ᠤᠪᠤᠭ᠎ᠠ᠂ ᠬᠤᠭ ᠦᠨᠡᠰᠦᠨ ᠤᠪᠤᠭ᠎ᠠ︶ ᠶᠢ 58 ᠲᠥᠮᠡᠨ ᠲᠤᠨ ᠴᠡᠪᠡᠷᠯᠡᠵᠦ᠂ ᠮᠠᠯᠴᠢᠨ | ᠲᠠᠷᠢᠶᠠᠴᠢᠳ ᠤᠨ ᠠᠮᠢᠳᠤᠷᠠᠯ ᠤᠨ ᠳᠥᠪᠰᠢᠨ ᠪᠤᠯᠤᠨ ᠤᠶᠤᠨ ᠰᠠᠨᠠᠭᠠᠨ ᠤ ᠬᠡᠪ ᠪᠠᠶᠢᠳᠠᠯ ᠢ ᠳᠡᠭᠡᠭᠰᠢᠯᠡᠭᠦᠯᠪᠡ᠃ ᠮᠠᠰᠢᠨ ᠲᠡᠷᠭᠡᠨ ᠤ ᠥᠷᠲᠡᠭᠡ ᠶᠢ ᠪᠠᠶᠢᠭᠤᠯᠵᠤ | ᠳᠠᠭᠤᠰᠬᠠᠨ᠂ ᠮᠤᠩᠭᠤᠯ ᠳᠤᠷᠰᠢᠯᠲᠠ ᠶᠢᠨ ᠪᠠᠭ᠎ᠠ ᠰᠤᠷᠭᠠᠭᠤᠯᠢ ᠶᠢᠨ ᠪᠠᠶᠢᠭᠤᠯᠤᠯᠲᠠ ᠶᠢ ᠲᠦᠷᠭᠡᠳᠬᠡᠵᠦ᠂ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠮᠡᠷᠭᠡᠵᠢᠯ᠂ | ᠰᠤᠶᠤᠯ ᠡᠷᠡᠭᠦᠯ ᠬᠠᠮᠠᠭᠠᠯᠠᠯ᠂ ᠦᠨᠳᠦᠰᠦᠲᠡᠨ ᠱᠠᠰᠢᠨ ᠰᠤᠷᠲᠠᠬᠤᠨ᠂ ᠨᠡᠶᠢᠬᠡᠮ ᠤᠨ ᠪᠠᠲᠤᠯᠠᠪᠤᠷᠢ ᠵᠡᠷᠭᠡ ᠦᠢᠯᠡᠰ ᠪᠥᠬᠦ ᠲᠠᠯ᠎ᠠ ᠪᠠᠷ ᠤᠷᠤᠭᠰᠢ ᠳᠠᠪᠰᠢᠨ᠂ ᠶᠠᠳᠠᠭᠤ | ᠶᠢ ᠳᠡᠳᠬᠦᠨ ᠪᠠᠬᠢᠯᠡᠯᠲᠡ ᠰᠢᠪᠲᠤᠯᠬᠤ ᠶᠢ ᠭᠦᠨᠵᠡᠭᠡᠶᠢᠷᠡᠭᠦᠯᠵᠦ᠂ 2000 ᠬᠦᠮᠦᠨ ᠢ ᠶᠠᠳᠠᠭᠤ ᠠᠴᠠ ᠳᠤᠭᠲᠠᠭᠤᠨ ᠢᠶᠠᠷ ᠠᠩᠭᠢᠵᠢᠷᠠᠭᠤᠯᠪᠠ᠃ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠᠬᠢᠯᠡᠯᠲᠡ ᠰᠢᠪᠲᠤᠯᠤᠭᠰᠠᠨ ᠪᠠᠶᠢᠳᠠᠯ ᠳᠤ᠂ ᠠᠷᠠᠳ ᠤᠯᠠᠨ ᠤ ᠠᠮᠢ ᠪᠡᠶ᠎ᠡ ᠶᠢᠨ ᠠᠰᠢᠭ ᠳᠤᠰᠠ ᠲᠠᠢ ᠬᠤᠯᠪᠤᠭᠳᠠᠭᠰᠠᠨ ᠴᠢᠬᠤᠯᠠ ᠶᠡᠭᠡ | ᠥᠭᠡᠷᠡᠴᠢᠯᠡᠯᠲᠡ ᠶᠢ ᠳᠤᠪᠤᠶᠢᠯᠭᠠᠨ ᠠᠳᠬᠤᠵᠤ᠂ ᠮᠠᠯᠴᠢᠨ ᠲᠠᠷᠢᠶᠠᠴᠢᠳ ᠪᠠ ᠠᠵᠤ ᠠᠬᠤᠶᠢᠯᠠᠯ ᠤᠨ ᠠᠰᠢᠭ ᠳᠤᠰᠠ ᠶᠢ ᠬᠤᠯᠪᠤᠬᠤ ᠳᠤᠭᠲᠠᠴᠠ ᠶᠢ ᠠᠩᠬ᠎ᠠ | ᠠᠯᠬᠤᠮ ᠪᠠᠶᠢᠭᠤᠯᠤᠨ᠂ ᠰᠦᠮᠡᠲᠦ ᠰᠤᠮᠤᠨ ᠤ ᠭᠠᠵᠠᠷ ᠰᠢᠷᠤᠢ ᠪᠤᠯᠤᠨ ᠨᠤᠲᠤᠭ ᠪᠡᠯᠴᠢᠭᠡᠷ ᠤᠨ ᠡᠷᠬᠡ ᠶᠢ ᠲᠤᠳᠤᠷᠬᠠᠶᠢᠯᠠᠨ ᠳᠠᠩᠰᠠᠯᠠᠬᠤ ᠳᠤᠷᠰᠢᠯᠲᠠ ᠶᠢᠨ ᠡᠭᠦᠷᠭᠡ | ᠶᠢ ᠪᠥᠬᠦ ᠲᠠᠯ᠎ᠠ ᠪᠠᠷ ᠪᠡᠶᠡᠯᠡᠭᠦᠯᠪᠡ᠃ ᠪᠥᠬᠦ ᠤᠷᠤᠨ ᠳᠤ ᠬᠠᠮᠤᠭ ᠤᠷᠢᠳᠠᠪᠡᠷ ︽ᠤᠯᠠᠨ ᠦᠨᠡᠮᠯᠡᠯ ᠢ ᠨᠢᠭᠡᠳᠬᠡᠬᠦ᠂ ᠨᠢᠭᠡ ᠭᠡᠷᠡᠴᠢ ᠳᠤ ᠨᠢᠭᠡ ᠺᠤᠳ᠋ ᠬᠠᠳᠠᠬᠤ︾ | ᠳᠠᠩᠰᠠᠯᠠᠬᠤ ᠠᠵᠢᠯ ᠢ ᠦᠷᠨᠢᠭᠦᠯᠦᠨ᠂ ᠪᠥᠬᠦ ᠬᠤᠲᠠ ᠳᠠᠭᠠᠨ ᠬᠠᠮᠤᠭ ᠲᠦᠷᠦᠭᠦᠨ ᠳᠤ ᠵᠠᠰᠠᠭ ᠤᠨ ᠤᠷᠳᠤᠨ ᠠᠴᠠ ᠨᠠᠰᠤᠲᠠᠨ ᠢ ᠠᠰᠠᠷᠠᠬᠤ ᠦᠢᠯᠡᠴᠢᠯᠡᠭᠡ ᠶᠢ | ᠬᠤᠳᠠᠯᠳᠤᠨ ᠠᠪᠬᠤ ᠳᠤᠷᠰᠢᠯᠲᠠ ᠶᠢᠨ ᠠᠵᠢᠯ ᠢ ᠬᠢᠪᠡ᠃ ᠬᠥᠳᠡᠯᠬᠦ ᠦᠭᠡᠢ ᠬᠥᠷᠥᠩᠭᠡ ᠶᠢ ᠳᠠᠩᠰᠠᠯᠠᠬᠤ ᠠᠵᠢᠯ ᠢ ᠡᠬᠢᠯᠡᠭᠦᠯᠦᠨ ᠬᠢᠪᠡ᠃ ᠠᠶᠤᠯ ᠳᠦᠭᠰᠢᠭᠦᠷᠢ | ᠳᠠᠯᠳᠠ ᠭᠡᠮ ᠳᠠᠪᠬᠤᠴᠠᠭᠰᠠᠨ ᠪᠠᠶᠢᠳᠠᠯ ᠳᠤ᠂ ᠠᠶᠤᠯ ᠦᠭᠡᠢ ᠦᠢᠯᠡᠳᠪᠦᠷᠢᠯᠡᠯ᠂ ᠤᠷᠴᠢᠨ ᠲᠤᠭᠤᠷᠢᠨ ᠤ ᠬᠠᠮᠠᠭᠠᠯᠠᠯᠲᠠ᠂ ᠨᠡᠶᠢᠬᠡᠮ ᠤᠨ ᠵᠠᠰᠠᠯᠲᠠ ᠶᠢ ᠡᠮᠬᠢ | ᠵᠠᠮᠪᠠᠷᠠᠭ᠎ᠠ ᠲᠠᠢ ᠰᠠᠶᠢᠲᠤᠷ ᠠᠳᠬᠤᠵᠤ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠳᠤᠭᠤᠶᠢᠯᠠᠩ ᠪᠤᠯᠤᠨ ᠡᠯ᠎ᠡ ᠱᠠᠲᠤᠨ ᠤ | ᠬᠢᠨᠠᠨ ᠪᠤᠳᠤᠬᠤ ᠳᠤᠭᠤᠶᠢᠯᠠᠩ ᠤᠨ ᠬᠢᠨ ᠤ ᠳᠤᠰᠬᠠᠭᠰᠠᠨ ᠠᠰᠠᠭᠤᠳᠠᠯ ᠢ ᠤᠶᠤᠨ ᠴᠢᠳᠠᠯ ᠢᠶᠠᠨ ᠲᠥᠪᠯᠡᠷᠡᠭᠦᠯᠦᠨ ᠴᠡᠭᠴᠡᠯᠡᠨ ᠵᠠᠯᠠᠷᠠᠭᠤᠯᠵᠤ᠂ ᠵᠠᠬᠢᠳᠠᠯ | ᠰᠤᠷᠪᠤᠯᠵᠢᠯᠠᠭ᠎ᠠ ᠶᠢᠨ 513 ᠬᠡᠷᠡᠭ ᠢ ᠰᠢᠢᠳᠪᠦᠷᠢᠯᠡᠨ᠂ ᠵᠠᠰᠠᠭ ᠤᠨ ᠤᠷᠳᠤᠨ ᠤ ᠴᠢᠨᠠᠷᠲᠠᠢ ᠥᠷᠢ ᠰᠢᠷᠢ ᠶᠢ 5.5 ᠳ᠋ᠦᠩᠰᠢᠭᠤᠷ ᠲᠥᠭᠦᠷᠢᠭ ᠢᠯᠭᠠᠷᠠᠭᠤᠯᠵᠤ᠂ | ᠡᠷᠡᠭᠦᠦ ᠶᠢᠨ ᠬᠡᠷᠡᠭ ᠤᠨ ᠡᠭᠦᠰᠦᠯᠲᠡ᠂ ᠠᠶᠤᠯ ᠦᠭᠡᠢ ᠦᠢᠯᠡᠳᠪᠦᠷᠢᠯᠡᠯ ᠤᠨ ᠠᠳᠡᠯ ᠤᠨ ᠡᠭᠦᠰᠦᠯᠲᠡ ᠲᠤᠰ ᠲᠤᠰ 4.9% ᠪᠠ 55.6 % ᠪᠠᠭᠤᠷᠠᠨ᠂ | ᠨᠡᠶᠢᠬᠡᠮ ᠤᠨ ᠶᠡᠭᠡ ᠲᠠᠯ᠎ᠠ ᠶᠢᠨ ᠳᠤᠭᠲᠠᠭᠤᠨ ᠢ ᠶᠡᠷᠦᠩᠬᠡᠢ ᠳᠡᠭᠡᠨ ᠪᠠᠲᠤᠯᠠᠪᠠ᠃ | ᠲᠥᠯᠥᠭᠡᠯᠡᠭᠴᠢᠳ ᠡ᠂ ᠲᠠᠪᠤᠨ ᠵᠢᠯ ᠤᠨ ᠥᠭᠡᠷᠡᠴᠢᠯᠡᠯᠲᠡ ᠬᠥᠭᠵᠢᠭᠦᠯᠦᠯᠲᠡ ᠪᠠᠨ ᠡᠷᠭᠢᠴᠡᠭᠦᠯᠬᠦᠶ᠎ᠡ᠂ ᠬᠤᠷᠳᠤᠴᠠ ᠨᠡᠮᠡᠨ ᠵᠠᠯᠭᠠᠯᠲᠠ ᠰᠤᠯᠢᠬᠤ᠂ ᠪᠥᠲᠥᠴᠡ | ᠪᠠᠨ ᠬᠤᠪᠢᠷᠠᠭᠤᠯᠬᠤ᠂ ᠬᠥᠳᠡᠯᠭᠡᠭᠴᠢ ᠬᠦᠴᠦᠨ ᠢ ᠤᠯᠠᠷᠢᠭᠤᠯᠬᠤ ᠰᠢᠨ᠎ᠡ ᠬᠡᠪ ᠪᠠᠶᠢᠳᠠᠯ ᠳᠤᠤᠷ᠎ᠠ᠂ ᠪᠢᠳᠠ ᠠᠵᠤ ᠠᠬᠤᠢ ᠤᠷᠤᠭᠤᠳᠠᠭᠰᠠᠨ ᠪᠠ ︽ᠭᠤᠷᠪᠠᠨ | ᠬᠤᠭᠤᠴᠠᠭ᠎ᠠ ᠳᠠᠪᠬᠤᠷᠳᠠᠭᠰᠠᠨ︾ ᠴᠢᠩᠭ᠎ᠠ ᠰᠢᠯᠭᠠᠯᠲᠠ ᠶᠢ ᠲᠤᠭᠤᠯᠤᠨ᠂ ᠤᠷᠢᠳ ᠡᠮᠦᠨ᠎ᠡ ᠳᠤᠬᠢᠶᠠᠯᠳᠤᠭᠠᠳᠤᠢ ᠭᠦᠴᠢᠷᠳᠡᠯ ᠳᠤ ᠲᠤᠯᠭᠠᠷᠠᠵᠤ᠂ ᠠᠮᠵᠢᠯᠲᠠ | ᠪᠥᠲᠥᠮᠵᠢ ᠶᠢ ᠬᠢᠯᠪᠠᠷ ᠪᠤᠰᠤ ᠪᠠᠷ ᠤᠯᠵᠠᠢ᠃ ᠲᠠᠪᠤᠨ ᠵᠢᠯ ᠤᠨ ᠳᠤᠷᠰᠢ᠂ ᠪᠢᠳᠠ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠱᠠᠲᠤᠴᠢ ᠴᠢᠨᠠᠷᠲᠠᠢ ᠬᠥᠭᠵᠢᠯᠲᠡ | ᠶᠢᠨ ᠤᠨᠴᠠᠯᠢᠭ ᠲᠤ ᠰᠠᠭᠤᠷᠢᠯᠠᠨ᠂ ᠳᠡᠭᠡᠳᠦ ᠱᠠᠲᠤᠨ ᠤ ᠲᠦᠷᠦ ᠶᠢᠨ ᠪᠤᠳᠤᠯᠭ᠎ᠠ ᠶᠢ ᠲᠤᠰ ᠪᠡᠶ᠎ᠡ ᠶᠢᠨ ᠪᠤᠳᠠᠲᠤ ᠪᠠᠶᠢᠳᠠᠯ ᠲᠠᠢ ᠠᠮᠠ ᠰᠡᠭᠡᠷ ᠵᠤᠯᠭᠠᠭᠤᠯᠵᠤ᠂ ᠲᠥᠪ | ᠪᠠ ᠪᠥᠬᠦ ᠤᠷᠤᠨ ᠪᠥᠬᠦ ᠬᠤᠲᠠ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠲᠠᠪᠤᠷᠢᠵᠢᠭᠤᠯᠤᠨ ᠦᠨᠳᠦᠰᠦ ᠬᠠᠳᠬᠤᠭᠤᠯᠪᠠ︔ | ᠪᠢᠳᠠ ᠦᠵᠡᠯ ᠰᠠᠨᠠᠭ᠎ᠠ ᠪᠠᠨ ᠨᠢᠭᠡᠳᠬᠡᠬᠦ ᠶᠢ ᠪᠠᠷᠢᠮᠲᠠᠯᠠᠨ᠂ ᠬᠠᠮᠲᠤ ᠶᠢᠨ ᠤᠶᠤᠨ ᠴᠢᠳᠠᠯ ᠢ ᠨᠢᠭᠲᠠᠷᠠᠭᠤᠯᠵᠤ᠂ ᠪᠢᠯᠢᠭ ᠤᠬᠠᠭᠠᠨ ᠪᠢᠷ᠎ᠠ ᠴᠢᠳᠠᠯ ᠢᠶᠠᠨ ᠪᠥᠬᠦ | ᠬᠤᠰᠢᠭᠤᠨ ᠤ ᠪᠥᠲᠥᠭᠡᠨ ᠪᠠᠶᠢᠭᠤᠯᠤᠯᠲᠠ ᠬᠥᠭᠵᠢᠭᠦᠯᠦᠯᠲᠡ ᠶᠢᠨ ᠲᠤᠮᠤ ᠦᠢᠯᠡᠰ ᠲᠤ ᠵᠤᠷᠢᠭᠤᠯᠤᠨ᠂ ᠴᠢᠳᠠᠯ ᠤᠬᠠᠭᠠᠨ ᠢᠶᠠᠨ ᠲᠥᠪᠯᠡᠷᠡᠭᠦᠯᠦᠨ ᠠᠵᠤ ᠠᠬᠤᠢ ᠶᠢᠨ | ᠬᠥᠭᠵᠢᠯᠲᠡ᠂ ᠨᠡᠶᠢᠬᠡᠮ ᠤᠨ ᠡᠶ᠎ᠡ ᠵᠤᠬᠢᠴᠠᠯ᠂ ᠬᠤᠲᠠ ᠬᠥᠳᠡᠭᠡ ᠶᠢᠨ ᠪᠠᠶᠢᠭᠤᠯᠤᠯᠲᠠ᠂ ᠦᠨᠳᠦᠰᠦᠲᠡᠨ ᠤ ᠪᠥᠯᠬᠦᠮᠳᠡᠯ ᠪᠤᠯᠤᠨ ᠠᠷᠠᠳ ᠤᠨ ᠠᠮᠢᠳᠤᠷᠠᠯ ᠤᠨ | ᠰᠠᠶᠢᠵᠢᠷᠠᠭᠤᠯᠤᠯᠲᠠ ᠶᠢ ᠠᠬᠢᠭᠤᠯᠵᠤ᠂ ᠬᠥᠭᠵᠢᠯᠲᠡ ᠶᠢᠨ ᠪᠠᠲᠤ ᠪᠠᠬᠢ ᠰᠠᠭᠤᠷᠢ ᠶᠢ ᠲᠠᠯᠪᠢᠪᠠ︔ ᠪᠢᠳᠠ ᠠᠷᠠᠳ ᠤᠨ ᠲᠥᠯᠥᠭᠡ ᠵᠠᠰᠠᠭ ᠪᠠᠷᠢᠬᠤ ᠶᠢ ᠪᠠᠷᠢᠮᠲᠠᠯᠠᠨ᠂ | ᠠᠷᠠᠳ ᠤᠯᠠᠨ ᠤ ᠭᠤᠤᠯ ᠴᠤᠭᠴᠠ ᠶᠢᠨ ᠪᠠᠶᠢᠷᠢ ᠰᠠᠭᠤᠷᠢ ᠪᠤᠯᠤᠨ ᠡᠭᠦᠳᠦᠨ ᠪᠥᠲᠥᠭᠡᠬᠦ ᠵᠤᠷᠢᠭ ᠰᠠᠨᠠᠭ᠎ᠠ ᠶᠢ ᠭᠦᠨᠳᠦᠳᠬᠡᠵᠦ᠂ ᠪᠥᠬᠦ ᠬᠤᠰᠢᠭᠤᠨ ᠤ | ᠦᠨᠳᠦᠰᠦᠲᠡᠨ ᠨᠦᠭᠦᠳ ᠤᠨ ᠺᠠᠳ᠋ᠷ ᠲᠥᠮᠡᠨ ᠤ ᠤᠷᠤᠯᠴᠠᠭ᠎ᠠ ᠬᠢᠬᠦ ᠬᠠᠯᠠᠭᠤᠨ ᠰᠡᠳᠬᠢᠯᠭᠡ ᠪᠤᠯᠤᠨ ᠡᠭᠦᠳᠦᠨ ᠪᠥᠲᠥᠭᠡᠬᠦ ᠠᠮᠢᠵᠢᠷᠠᠯ ᠤᠨ ᠬᠦᠴᠦᠨ ᠢ ᠬᠠᠮᠤᠭ ᠶᠡᠭᠡ | ᠬᠡᠮᠵᠢᠶ᠎ᠡ ᠪᠠᠷ ᠬᠥᠭᠵᠢᠭᠡᠨ᠂ ᠬᠥᠭᠵᠢᠯᠲᠡ ᠶᠢᠨ ᠬᠦᠴᠦᠷᠬᠡᠭ ᠶᠡᠭᠡ ᠬᠠᠮᠲᠤᠷᠠᠯ ᠬᠦᠴᠦᠨ ᠢ ᠪᠥᠷᠢᠯᠳᠦᠭᠦᠯᠦᠭᠡᠳ᠂ ᠤᠲᠤᠭ ᠰᠢᠨ᠎ᠡ ᠲᠡᠦᠬᠡᠨ ᠡᠬᠢᠯᠡᠯᠲᠡ ᠪᠠᠨ | ᠤᠭᠲᠤᠭᠰᠠᠨ ᠪᠠᠶᠢᠨ᠎ᠠ᠃ ᠡᠨᠡ ᠪᠤᠯ ᠬᠤᠰᠢᠭᠤᠨ ᠤ ᠨᠠᠮ ᠤᠨ ᠬᠤᠷᠢᠶ᠎ᠠ ᠪᠥᠬᠦ ᠲᠠᠯ᠎ᠠ ᠶᠢ ᠶᠡᠷᠦᠩᠬᠡᠶᠢᠯᠡᠨ ᠵᠠᠬᠢᠷᠴᠤ᠂ ᠰᠢᠨᠵᠢᠯᠡᠬᠦ ᠤᠬᠠᠭᠠᠨᠴᠢ ᠰᠢᠢᠳᠪᠦᠷᠢᠲᠦ | ᠪᠤᠳᠤᠯᠭ᠎ᠠ ᠳᠤᠭᠲᠠᠭᠠᠭᠰᠠᠨ ᠤ ᠦᠷ᠎ᠡ ᠳ᠋ᠦᠩ ᠮᠥᠨ᠂ ᠤᠳᠤᠷᠢᠳᠬᠤ ᠪᠠᠭ ᠤᠨ ᠬᠢᠨ ᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠨᠡᠭᠡᠭᠡᠯᠲᠡ ᠭᠠᠷᠭᠠᠨ | ᠰᠢᠨ᠎ᠡ ᠶᠢ ᠡᠭᠦᠳᠦᠭᠰᠡᠨ ᠤ ᠦᠷ᠎ᠡ ᠳ᠋ᠦᠩ ᠮᠥᠨ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠲᠥᠮᠡᠨ ᠤᠶᠤᠨ ᠴᠢᠳᠠᠯ ᠢᠶᠠᠨ ᠰᠢᠪᠬᠠᠨ ᠤᠷᠤᠨ | ᠨᠤᠲᠤᠭ ᠢᠶᠠᠨ ᠴᠤᠭᠴᠠᠯᠠᠵᠤ᠂ ᠪᠥᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠂ ᠨᠡᠶᠢᠬᠡᠮ ᠤᠨ ᠡᠯ᠎ᠡ ᠡᠲᠡᠭᠡᠳ ᠤᠨ ᠬᠢᠨ ᠤ ᠬᠠᠷᠠᠮ ᠦᠭᠡᠢ ᠳᠡᠮᠵᠢᠯᠭᠡ | ᠦᠵᠡᠭᠦᠯᠵᠦ᠂ ᠬᠠᠲᠠᠭᠤᠵᠢᠯᠲᠠᠢ ᠪᠠᠷ ᠦᠢᠯᠡᠰ ᠪᠤᠰᠬᠠᠭᠰᠠᠨ ᠤ ᠦᠷ᠎ᠡ ᠳ᠋ᠦᠩ ᠮᠥᠨ᠃ ᠠᠳᠡ᠂ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ | ᠲᠥᠯᠥᠭᠡᠯᠡᠵᠦ᠂ ᠡᠯ᠎ᠡ ᠹᠷᠤᠨᠲ ᠲᠤ ᠭᠠᠪᠰᠢᠭᠠᠶᠢᠯᠠᠨ ᠠᠵᠢᠯᠯᠠᠵᠤ ᠪᠠᠶᠢᠭ᠎ᠠ ᠥᠷᠭᠡᠨ ᠤᠯᠠᠨ ᠺᠠᠳ᠋ᠷ ᠲᠥᠮᠡᠨ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠲᠥᠯᠥᠭᠡᠯᠡᠭᠴᠢᠳ ᠪᠣᠯᠣᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤ᠂ ᠤᠲᠤᠭ ᠤᠨ ᠥᠭᠡᠷᠡᠴᠢᠯᠡᠯᠲᠡ ᠬᠥᠭᠵᠢᠯᠲᠡ ᠳᠤᠭᠲᠠᠭᠤᠨ ᠳᠤ ᠨᠡᠮᠡᠷᠢ | ᠬᠠᠨᠳᠢᠪ ᠦᠵᠡᠭᠦᠯᠦᠭᠰᠡᠨ ᠡᠯ᠎ᠡ ᠡᠲᠡᠭᠡᠳ ᠤᠨ ᠬᠦᠮᠦᠰ ᠲᠤ ᠴᠢᠩ ᠦᠨᠡᠨᠴᠢ ᠲᠠᠯᠠᠷᠬᠠᠯ ᠪᠤᠯᠤᠨ ᠡᠷᠬᠢᠮ ᠳᠡᠭᠡᠲᠦ ᠬᠦᠨᠳᠦᠳᠬᠡᠯ ᠢᠶᠠᠨ ᠳᠡᠪᠰᠢᠭᠦᠯᠦᠶ᠎ᠡ︕ | ᠪᠢᠳᠠ ᠠᠮᠵᠢᠯᠲᠠ ᠪᠠᠨ ᠨᠤᠲᠠᠯᠠᠵᠤ᠂ ᠳᠤᠷᠰᠢᠯᠭ᠎ᠠ ᠪᠠᠨ ᠳ᠋ᠦᠩᠨᠡᠬᠦ ᠶᠢᠨ ᠬᠠᠮᠲᠤ ᠤᠷᠤᠭᠰᠢᠯᠠᠯᠲᠠ ᠶᠢᠨ ᠵᠠᠮ ᠳᠠᠬᠢ ᠭᠦᠴᠢᠷᠳᠡᠯ ᠪᠤᠯᠤᠨ ᠥᠷᠢᠰᠦᠯᠳᠦᠭᠡᠨ ᠢ | ᠴᠦ ᠰᠡᠷᠭᠡᠭ ᠢᠶᠠᠷ ᠲᠠᠨᠢᠬᠤ ᠴᠢᠬᠤᠯᠠᠲᠠᠢ ᠪᠠᠶᠢᠨ᠎ᠠ᠂ ᠭᠤᠤᠯᠳᠠᠭᠤ᠄ ᠤᠯᠠᠮᠵᠢᠯᠠᠯᠲᠤ ᠠᠵᠤ ᠦᠢᠯᠡᠰ ᠤᠨ ᠨᠡᠮᠡᠭᠳᠡᠯ ᠤᠨ ᠬᠥᠳᠡᠯᠭᠡᠬᠦ ᠬᠦᠴᠦᠨ ᠳᠤᠯᠢᠮᠠᠭ᠂ ᠰᠢᠨ᠎ᠡ ᠪᠠᠷ | ᠮᠠᠨᠳᠤᠭᠰᠠᠨ ᠠᠵᠤ ᠦᠢᠯᠡᠰ ᠤᠬᠤᠷᠬᠠᠨ ᠬᠤᠭᠤᠴᠠᠭᠠᠨ ᠳᠤ ᠪᠥᠲᠥᠮᠵᠢᠲᠡᠢ ᠲᠤᠯᠭᠠᠭᠤᠷᠢᠯᠠᠯ ᠪᠤᠯᠵᠤ ᠪᠥᠷᠢᠯᠳᠦᠬᠦ ᠳᠤ ᠭᠦᠴᠢᠷ ᠪᠤᠯᠬᠤᠷ ᠳᠤᠭᠲᠠᠭᠤᠨ ᠢᠶᠠᠷ | ᠨᠡᠮᠡᠭᠳᠡᠭᠦᠯᠬᠦ ᠳᠠᠷᠤᠭᠠᠰᠤ ᠦᠷᠭᠦᠯᠵᠢᠯᠡᠨ ᠬᠦᠨᠳᠦᠷᠡᠨ᠎ᠡ︔ ᠠᠵᠤ ᠠᠬᠤᠢ ᠶᠢᠨ ᠪᠥᠲᠥᠴᠡ ᠶᠡᠷᠦᠮᠳᠡᠭ᠂ ᠠᠵᠤ ᠦᠢᠯᠡᠰ ᠪᠤᠭᠤᠨᠢ ᠲᠡᠰᠵᠢᠯ ᠢᠶᠠᠷ ᠤᠷᠤᠰᠢᠨ᠂ | ᠪᠦᠲᠦᠭᠡᠭᠳᠡᠭᠦᠨ ᠤ ᠠᠩᠬ᠎ᠠ ᠪᠤᠯᠪᠠᠰᠤᠷᠠᠭᠤᠯᠤᠯᠲᠠ ᠶᠢᠨ ᠤᠨᠴᠠᠯᠢᠭ ᠢᠯᠡᠷᠬᠡᠢ ᠪᠠᠶᠢᠵᠤ᠂ ᠬᠡᠯᠪᠡᠷᠢ ᠪᠠᠨ ᠬᠤᠪᠢᠷᠠᠭᠤᠯᠵᠤ ᠲᠡᠰ ᠳᠡᠪᠰᠢᠭᠦᠯᠬᠦ ᠡᠭᠦᠷᠭᠡ ᠬᠠᠲᠠᠭᠤᠵᠢᠯᠲᠠᠢ | ᠪᠠᠶᠢᠨ᠎ᠠ︔ ᠭᠤᠷᠪᠠᠳᠤᠭᠠᠷ ᠠᠵᠤ ᠦᠢᠯᠡᠰ ᠤᠨ ︽ᠳᠤᠲᠠᠭᠳᠠᠯ︾ ᠠᠰᠠᠭᠤᠳᠠᠯ ᠮᠥᠨ ᠳᠤᠪᠤᠶᠢᠮ᠎ᠠ ᠪᠠᠶᠢᠵᠤ᠂ ᠰᠤᠶᠤᠯ ᠵᠢᠭᠤᠯᠴᠢᠯᠠᠯ᠂ ᠤᠳᠤ ᠦᠶ᠎ᠡ ᠶᠢᠨ ᠪᠠᠷᠠᠭᠠᠨ | ᠤ ᠭᠦᠢᠯᠭᠡᠭᠡᠨ ᠤ ᠠᠵᠤ ᠦᠢᠯᠡᠰ ᠬᠡᠪᠴᠢᠶᠡᠵᠢᠭᠡᠳᠦᠢ︔ ᠰᠢᠨ᠎ᠡ ᠶᠢ ᠡᠭᠦᠳᠬᠦ ᠬᠥᠳᠡᠯᠭᠡᠬᠦ ᠴᠢᠳᠠᠪᠤᠷᠢ ᠳᠤᠷᠤᠢ᠂ ᠥᠭᠡᠷᠡᠴᠢᠯᠡᠯᠲᠡ ᠶᠢᠨ ︽ᠪᠡᠷᠬᠡ ᠰᠠᠭᠠᠳ︾ ᠤᠯᠠᠨ | ᠪᠠᠶᠢᠭᠰᠠᠭᠠᠷ︔ ᠬᠤᠲᠠ ᠬᠥᠳᠡᠭᠡ ᠶᠢᠨ ᠬᠥᠭᠵᠢᠯᠲᠡ ᠲᠡᠩᠴᠡᠭᠦᠷᠢ ᠦᠭᠡᠢ᠂ ᠠᠮᠢ ᠠᠬᠤᠢ ᠶᠢᠨ ᠤᠷᠴᠢᠨ ᠲᠤᠭᠤᠷᠢᠨ ᠬᠡᠪᠡᠷᠡᠭ᠂ ᠦᠨᠳᠦᠰᠦᠨ ᠤᠯᠠᠨ ᠨᠡᠶᠢᠲᠡ ᠶᠢᠨ | ᠦᠢᠯᠡᠴᠢᠯᠡᠭᠡᠨ ᠤ ᠬᠠᠩᠭᠠᠯᠭ᠎ᠠ ᠳᠤᠲᠠᠮᠠᠭ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢᠨ ᠪᠠᠭᠤᠷᠠᠢ ᠭᠤᠭᠴᠤᠭ᠎ᠠ ᠠᠷᠪᠢᠨ ᠪᠠᠶᠢᠭᠰᠠᠭᠠᠷ︔ ᠬᠠᠤᠯᠢ ᠪᠠᠷ ᠵᠠᠰᠠᠭ | ᠶᠠᠪᠤᠭᠤᠯᠬᠤ ᠤᠬᠠᠮᠰᠠᠷ ᠴᠢᠳᠠᠪᠤᠷᠢ ᠶᠢ ᠳᠡᠭᠡᠭᠰᠢᠯᠡᠭᠦᠯᠵᠦ᠂ ᠵᠠᠰᠠᠭ ᠤᠨ ᠤᠷᠳᠤᠨ ᠤ ᠴᠢᠳᠠᠪᠤᠷᠢ ᠶᠢ ᠤᠯᠠᠮ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠪᠢᠳᠠ ᠡᠳᠡᠭᠡᠷ | ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠢᠮᠪᠠᠢ ᠬᠠᠨᠲᠤᠵᠤ᠂ ᠨᠠᠷᠢᠯᠢᠭ ᠵᠠᠳᠠᠯᠤᠨ᠂ ᠦᠨᠡᠨ ᠬᠦ ᠰᠢᠢᠳᠪᠦᠷᠢᠯᠡᠨ᠎ᠡ᠃ | ᠬᠤᠶᠠᠷ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠥᠭᠵᠢᠭᠦᠯᠦᠯᠲᠡ ᠶᠢᠨ ᠰᠡᠳᠬᠢᠴᠡ ᠪᠤᠯᠤᠨ ᠭᠤᠤᠯ ᠡᠭᠦᠷᠭᠡ | ︽ᠠᠷᠪᠠᠨ ᠭᠤᠷᠪᠠᠳᠤᠭᠠᠷ ᠲᠠᠪᠤᠨ ᠵᠢᠯ︾ ᠪᠤᠯ ᠴᠢᠨᠡᠭᠡᠯᠢᠭ ᠨᠡᠶᠢᠬᠡᠮ ᠢ ᠪᠥᠬᠦ ᠲᠠᠯ᠎ᠠ ᠪᠠᠷ ᠪᠡᠶᠡᠯᠡᠭᠦᠯᠬᠦ ᠶᠢᠨ ᠰᠢᠢᠳᠪᠦᠷᠢᠯᠡᠭᠴᠢ ᠬᠤᠭᠤᠴᠠᠭ᠎ᠠ᠂ ᠡᠯ᠎ᠡ ᠲᠥᠷᠥᠯ | ᠤᠨ ᠦᠢᠯᠡᠰ ᠢ ᠵᠤᠬᠢᠴᠠᠩᠭᠤᠢ ᠪᠠᠷ ᠠᠬᠢᠭᠤᠯᠬᠤ ᠶᠢᠨ ᠪᠠᠬᠢᠯᠡᠯᠲᠡ ᠰᠢᠪᠲᠤᠯᠬᠤ ᠬᠤᠭᠤᠴᠠᠭ᠎ᠠ ᠪᠤᠯᠤᠨ᠎ᠠ᠃ ᠬᠤᠲᠠ ᠶᠢᠨ ᠭᠤᠷᠪᠠᠳᠤᠭᠠᠷ ᠬᠤᠭᠤᠴᠠᠭᠠᠨ ᠤ | ᠳᠥᠷᠪᠡᠳᠦᠭᠡᠷ ᠤᠳᠠᠭ᠎ᠠ ᠶᠢᠨ ᠠᠷᠠᠳ ᠤᠨ ᠲᠥᠯᠥᠭᠡᠯᠡᠭᠴᠢᠳ ᠤᠨ ᠬᠤᠷᠠᠯ ᠪᠤᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ ᠳᠥᠷᠪᠡᠳᠦᠭᠡᠷ ᠬᠤᠭᠤᠴᠠᠭᠠᠨ | ᠤ ᠶᠢᠰᠦᠳᠦᠭᠡᠷ ᠤᠳᠠᠭ᠎ᠠ ᠶᠢᠨ ᠪᠥᠬᠦ ᠭᠡᠰᠢᠭᠦᠨ ᠤ ᠬᠤᠷᠠᠯ᠂ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠦᠨᠳᠦᠰᠦᠯᠡᠵᠦ | ᠂ ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠨᠢ᠄ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ | ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠭᠦᠳᠡ ᠬᠤᠷᠠᠯ ᠤᠨ ᠵᠤᠷᠢᠭ ᠰᠠᠨᠠᠭ᠎ᠠ ᠪᠤᠯᠤᠨ ᠶᠡᠷᠦᠩᠬᠡᠢ ᠱᠦᠵᠢ ᠰᠢ ᠶᠢᠨ ᠫᠢᠩ ᠤᠨ ᠠᠯᠢ ᠤᠯᠠᠨ ᠴᠢᠬᠤᠯᠠ | ᠶᠠᠷᠢᠶᠠᠨ ᠤ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠥᠬᠦ ᠤᠷᠤᠨ ᠪᠥᠬᠦ ᠬᠤᠲᠠ ᠶᠢᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠲᠠᠪᠤᠷᠢᠵᠢᠭᠤᠯᠤᠨ᠂ ︽ᠲᠠᠪᠤ ᠶᠢ ᠴᠤᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠪᠤᠯᠤᠨ ︽ᠳᠥᠷᠪᠡᠨ ᠪᠥᠬᠦ ᠲᠠᠯ᠎ᠠ︾ | ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠤᠰᠤᠭᠠᠷ ᠰᠢᠨ᠎ᠡ ᠶᠢ ᠡᠭᠦᠳᠬᠦ᠂ ᠵᠤᠬᠢᠴᠠᠩᠭᠤᠢ᠂ ᠪᠤᠬᠢᠷᠳᠤᠯ ᠦᠭᠡᠢ᠂ ᠨᠡᠭᠡᠭᠡᠯᠲᠡᠲᠦ᠂ ᠬᠠᠮᠲᠤᠪᠡᠷ ᠡᠳ᠋ᠯᠡᠬᠦ | ᠬᠥᠭᠵᠢᠭᠦᠯᠦᠯᠲᠡ ᠶᠢᠨ ᠤᠶᠢᠯᠠᠭᠠᠭᠳᠠᠬᠤᠨ ᠢ ᠪᠠᠲᠤ ᠪᠠᠬᠢ ᠪᠤᠢ ᠪᠤᠯᠭᠠᠵᠤ᠂ ᠳᠤᠭᠲᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠢ ᠭᠤᠤᠯ ᠰᠠᠨᠠᠭ᠎ᠠ ᠶᠢ | ᠪᠠᠷᠢᠮᠲᠠᠯᠠᠨ᠂ ᠶᠠᠰᠤ ᠴᠢᠨᠠᠷ ᠪᠤᠯᠤᠨ ᠦᠷ᠎ᠡ ᠠᠰᠢᠭ ᠢ ᠳᠡᠭᠡᠭᠰᠢᠯᠡᠭᠦᠯᠬᠦ ᠪᠠᠷ ᠭᠤᠤᠯ ᠪᠤᠯᠭᠠᠵᠤ᠂ ᠬᠥᠭᠵᠢᠭᠦᠯᠦᠯᠲᠡ ᠶᠢᠨ ᠳᠠᠪᠠᠭᠤᠯᠢᠭ ᠢ ᠬᠦᠴᠦᠯᠡᠨ | ᠪᠤᠵᠠᠭᠠᠶᠢᠷᠠᠭᠤᠯᠵᠤ᠂ ᠬᠥᠭᠵᠢᠭᠦᠯᠦᠯᠲᠡ ᠶᠢᠨ ᠬᠦᠴᠢᠷᠳᠡᠯ ᠢ ᠬᠦᠴᠦᠯᠡᠨ ᠰᠢᠢᠳᠪᠦᠷᠢᠯᠡᠵᠦ᠂ ᠬᠥᠭᠵᠢᠭᠦᠯᠦᠯᠲᠡ ᠶᠢᠨ ᠳᠤᠲᠠᠭᠳᠠᠯ ᠢ ᠬᠦᠴᠦᠯᠡᠨ ᠨᠥᠬᠦᠪᠥᠷᠢᠯᠡᠵᠦ᠂ | ᠠᠵᠤ ᠠᠬᠤᠢ ᠨᠡᠶᠢᠬᠡᠮ ᠤᠨ ᠦᠷᠭᠦᠯᠵᠢᠯᠡᠨ ᠳᠤᠭᠲᠠᠭᠤᠨ ᠮᠥᠷᠲᠡᠭᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠂ ᠨᠡᠯᠢᠶᠡᠳ ᠦᠨᠳᠦᠷ ᠴᠢᠨᠠᠷᠯᠢᠭ ᠪᠥᠬᠦᠢ ᠴᠢᠨᠡᠭᠡᠯᠢᠭ | ᠨᠡᠶᠢᠬᠡᠮ ᠢ ᠪᠥᠬᠦ ᠲᠠᠯ᠎ᠠ ᠪᠠᠷ ᠪᠡᠶᠡᠯᠡᠭᠦᠯᠵᠦ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ᠂ ᠠᠷᠠᠳ ᠢᠶᠠᠨ ᠪᠠᠶᠠᠵᠢᠭᠤᠯᠵᠤ ᠬᠤᠰᠢᠭᠤ ᠪᠠᠨ ᠬᠦᠴᠦᠷᠬᠡᠭᠵᠢᠭᠦᠯᠬᠦ | ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃ | ᠶᠡᠷᠦᠩᠬᠡᠢ ᠬᠠᠷᠠᠯᠲᠠ ᠨᠢ᠄ 2020 ᠤᠨ ᠪᠤᠯᠬᠤ ᠳᠤ᠂ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠵᠢᠯ ᠳᠤᠮᠳᠠᠴᠢ ᠪᠠᠷ 7.5% | ᠤᠷᠴᠢᠮ ᠨᠡᠮᠡᠭᠳᠡᠭᠦᠯᠵᠦ᠂ 600 ᠳ᠋ᠦᠩᠰᠢᠭᠤᠷ ᠲᠥᠭᠦᠷᠢᠭ ᠢ ᠳᠠᠪᠠᠭᠤᠯᠤᠨ᠂ 2010 ᠤᠨ ᠤ ᠬᠢ ᠠᠴᠠ ᠨᠢᠭᠡ ᠳᠠᠬᠢᠨ ᠠᠴᠠ ᠳᠡᠭᠡᠭᠰᠢ ᠨᠡᠮᠡᠭᠳᠡᠭᠦᠯᠦᠨ᠎ᠡ︔ | ᠤᠯᠠᠨ ᠨᠡᠶᠢᠲᠡ ᠶᠢᠨ ᠡᠳ᠋ ᠤᠨ ᠵᠠᠰᠠᠭ ᠤᠨ ᠳᠥᠰᠥᠪ ᠤᠨ ᠤᠷᠤᠯᠭ᠎ᠠ ᠶᠢ ᠵᠢᠯ ᠳᠤᠮᠳᠠᠴᠢ ᠪᠠᠷ 3% ᠤᠷᠴᠢᠮ ᠨᠡᠮᠡᠭᠳᠡᠭᠦᠯᠵᠦ᠂ 40 ᠳ᠋ᠦᠩᠰᠢᠭᠤᠷ ᠲᠥᠭᠦᠷᠢᠭ ᠢ | ᠳᠠᠪᠠᠭᠤᠯᠤᠨ᠎ᠠ︔ ᠳᠤᠭᠲᠠᠮᠠᠯ ᠬᠥᠷᠥᠩᠭᠡ ᠶᠢᠨ ᠪᠡᠯᠡ ᠤᠷᠤᠭᠤᠯᠤᠯᠲᠠ ᠶᠢ ᠵᠢᠯ ᠳᠤᠮᠳᠠᠴᠢ ᠪᠠᠷ 10% ᠤᠷᠴᠢᠮ ᠨᠡᠮᠡᠭᠳᠡᠭᠦᠯᠵᠦ᠂ ᠲᠠᠪᠤᠨ ᠵᠢᠯ ᠳᠤ 2000 | ᠳ᠋ᠦᠩᠰᠢᠭᠤᠷ ᠲᠥᠭᠦᠷᠢᠭ ᠪᠡᠶᠡᠯᠡᠭᠦᠯᠦᠨ᠎ᠡ︔ ᠨᠡᠶᠢᠬᠡᠮ ᠤᠨ ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠪᠤᠷᠤᠯᠠᠭᠤᠯᠬᠤ ᠶᠡᠷᠦᠩᠬᠡᠢ ᠬᠡᠮᠵᠢᠶ᠎ᠡ ᠶᠢ ᠵᠢᠯ ᠳᠤᠮᠳᠠᠴᠢ ᠪᠠᠷ | 10% ᠤᠷᠴᠢᠮ ᠨᠡᠮᠡᠭᠳᠡᠭᠦᠯᠵᠦ᠂ 60 ᠳ᠋ᠦᠩᠰᠢᠭᠤᠷ ᠲᠥᠭᠦᠷᠢᠭ ᠬᠦᠷᠭᠡᠨ᠎ᠡ︔ ᠬᠤᠲᠠ ᠬᠥᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠬᠦᠮᠦᠨ ᠳᠤᠲᠤᠮ ᠤᠨ | ᠡᠵᠡᠮᠳᠡᠬᠦ ᠤᠷᠤᠯᠭ᠎ᠠ ᠶᠢ ᠵᠢᠯ ᠳᠤᠮᠳᠠᠴᠢ ᠪᠠᠷ ᠲᠤᠰ ᠲᠤᠰ 8% ᠪᠠ 9% ᠤᠷᠴᠢᠮ ᠨᠡᠮᠡᠭᠳᠡᠭᠦᠯᠵᠦ᠂ 54000 ᠲᠥᠭᠦᠷᠢᠭ ᠪᠠ 22000 ᠲᠥᠭᠦᠷᠢᠭ | ᠬᠦᠷᠭᠡᠵᠦ᠂ 2010 ᠤᠨ ᠤ ᠬᠢ ᠠᠴᠠ ᠨᠢᠭᠡ ᠳᠠᠬᠢᠨ ᠠᠴᠠ ᠳᠡᠭᠡᠭᠰᠢ ᠨᠡᠮᠡᠭᠳᠡᠭᠦᠯᠦᠨ᠎ᠡ᠃ | ᠡᠳᠡᠭᠡᠷ ᠬᠠᠷᠠᠯᠲᠠ ᠨᠢ ᠤᠲᠤᠭ ᠢ ᠨᠡᠩ ᠦᠨᠳᠦᠷ ᠳᠠᠪᠬᠤᠷᠭ᠎ᠠ ᠳᠤ ᠠᠪᠢᠷᠠᠭᠤᠯᠵᠤ᠂ ᠨᠡᠩ ᠶᠡᠭᠡ ᠬᠥᠭᠵᠢᠯᠲᠡ ᠶᠢᠨ ᠰᠢᠨ᠎ᠡ ᠡᠭᠦᠷᠭᠡ ᠶᠢ ᠭᠦᠢᠴᠡᠳᠬᠡᠭᠦᠯᠬᠦ | ᠪᠤᠯᠤᠨ᠎ᠠ᠂ ᠮᠥᠨᠴᠦ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠥᠮᠡᠨ ᠤ ᠰᠠᠶᠢᠨ ᠰᠠᠶᠢᠬᠠᠨ ᠠᠮᠢᠳᠤᠷᠠᠯ ᠢᠶᠠᠨ ᠴᠤᠭᠴᠠᠯᠠᠨ ᠪᠠᠶᠢᠭᠤᠯᠬᠤ ᠰᠢᠨ᠎ᠡ | ᠬᠦᠰᠡᠯ ᠵᠤᠷᠢᠯᠲᠠ ᠪᠤᠯᠬᠤ ᠶᠤᠮ᠃ ᠪᠢᠳᠠ ᠪᠠᠶᠢᠯᠳᠤᠬᠤ ᠪᠤᠳᠤᠯᠭ᠎ᠠ ᠶᠢᠨ ᠠᠯᠤᠰ ᠤᠨ ᠬᠠᠷᠠᠯᠲᠠ ᠶᠢ ᠪᠤᠢ ᠪᠤᠯᠭᠠᠵᠤ᠂ ᠪᠥᠬᠦ ᠲᠠᠯ᠎ᠠ ᠶᠢᠨ ᠤᠬᠠᠮᠰᠠᠷ ᠢ | ᠡᠷᠴᠢᠮᠵᠢᠭᠦᠯᠦᠨ᠂ ᠠᠵᠢᠯᠯᠠᠬᠤ ᠠᠷᠭ᠎ᠠ ᠶᠢᠨ ᠰᠢᠨ᠎ᠡ ᠶᠢ ᠡᠭᠦᠳᠴᠦ᠂ ᠡᠯ᠎ᠡ ᠲᠥᠷᠥᠯ ᠤᠨ ᠦᠢᠯᠡᠰ ᠢ ᠬᠥᠭᠵᠢᠭᠦᠯᠬᠦ ᠳᠤ ᠰᠢᠨ᠎ᠡ ᠠᠬᠤᠢ ᠪᠠᠶᠢᠳᠠᠯ ᠢ ᠪᠥᠬᠦ ᠲᠠᠯ᠎ᠠ ᠪᠠᠷ | ᠡᠭᠦᠳᠦᠨ᠎ᠡ᠃ | — ᠰᠢᠨ᠎ᠡ ᠶᠢ ᠡᠭᠦᠳᠦᠨ ᠬᠥᠭᠵᠢᠭᠦᠯᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠳᠤ ᠰᠢᠨ᠎ᠡ ᠰᠢᠪᠲᠤᠯᠤᠯᠲᠠ ᠭᠠᠷᠭᠠᠨ᠎ᠠ᠃ | ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢᠶᠠᠷ ᠬᠥᠳᠣᠯᠣᠮᠵᠢ ᠪᠣᠯᠭᠠᠬᠤ ᠶᠢ ᠴᠢᠬᠤᠯᠠᠴᠢᠯᠠᠵᠤ᠂ ᠠᠵᠤ ᠦᠢᠯᠡᠰ ᠤᠨ ᠳᠤᠮᠳᠠ ᠳᠡᠭᠡᠳᠦ ᠬᠢᠷᠢ ᠲᠦᠪᠰᠢᠨ ᠳᠤ | ᠲᠠᠪᠰᠢᠬᠤ ᠶᠢ ᠪᠥᠬᠦ ᠲᠠᠯ᠎ᠠ ᠪᠠᠷ ᠠᠬᠢᠭᠤᠯᠤᠨ᠂ ᠤᠳᠤᠭ ᠤᠨ ᠠᠵᠤ ᠠᠬᠤᠢ ᠶᠢᠨ ᠲᠡᠰ ᠳᠡᠪᠰᠢᠯᠲᠡ ᠶᠢᠨ ᠵᠠᠭᠪᠤᠷ ᠢ ᠪᠠᠶᠢᠭᠤᠯᠤᠨ᠎ᠠ᠃ ᠲᠥᠪᠯᠡᠷᠡᠭᠦᠯᠦᠨ ᠬᠥᠭᠵᠢᠭᠦᠯᠬᠦ | ᠣᠶᠢᠯᠠᠭᠠᠭᠳᠠᠬᠤᠨ ᠢ ᠪᠤᠢ ᠪᠣᠯᠭᠠᠵᠤ᠂ ᠨᠢᠭᠡᠳᠦᠭᠡᠷ ᠠᠵᠤ ᠦᠢᠯᠡᠰ ᠢ ᠨᠠᠷᠢᠯᠢᠭᠵᠢᠭᠤᠯᠤᠨ᠎ᠠ᠃ ᠺᠣᠮᠫᠠᠨᠢᠴᠢᠯᠠᠭᠰᠠᠨ ᠡᠵᠡᠩᠨᠡᠯᠲᠡ᠂ ᠠᠵᠤ ᠦᠢᠯᠡᠰᠵᠢᠭᠰᠡᠨ | ᠳᠠᠶᠢᠴᠢᠯᠠᠯᠲᠠ᠂ ᠲᠥᠷᠥᠯ ᠳᠡᠮᠳᠡᠭᠴᠢᠯᠡᠭᠰᠠᠨ ᠬᠥᠭᠵᠢᠯᠲᠡ ᠪᠠᠷ ᠴᠢᠭᠯᠡᠯ ᠪᠣᠯᠭᠠᠵᠤ᠂ ᠠᠮᠢ ᠠᠬᠤᠢ ᠶᠢ ᠰᠠᠶᠢᠵᠢᠷᠠᠭᠤᠯᠬᠤ᠂ ᠠᠵᠤ ᠦᠢᠯᠡᠰ ᠤᠨ ᠦᠷ᠎ᠡ ᠠᠰᠢᠭ ᠢ | ᠨᠡᠮᠡᠭᠳᠡᠭᠦᠯᠬᠦ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠭᠤᠷᠪᠠᠨ ᠵᠠᠩᠭᠢᠯᠠᠭ᠎ᠠ ᠶᠢ ᠭᠤᠣᠯ ᠠᠳᠬᠤᠨ᠂ ᠮᠠᠯ ᠠᠵᠤ ᠠᠬᠤᠢ ᠶᠢᠨ ᠬᠦᠴᠦᠷᠬᠡᠭ | ᠬᠤᠰᠢᠭᠤ ᠶᠢ ᠪᠠᠶᠢᠭᠤᠯᠤᠨ᠎ᠠ᠃ ᠭᠠᠵᠠᠷ ᠣᠷᠣᠨ ᠤ ᠣᠨᠴᠠᠯᠢᠭ ᠤᠨ ᠲᠣᠭᠤᠷᠢᠨ ᠳᠤ᠂ ᠠᠷᠪᠠᠰ ᠤᠨ ᠨᠣᠯᠣᠣᠷ ᠤᠨ ᠴᠠᠭᠠᠨ ᠢᠮᠠᠭ᠎ᠠ ᠶᠢᠨ ᠲᠥᠷᠥᠯ ᠲᠡᠮᠳᠡᠭ ᠢ | ᠠᠮᠢᠳᠤᠯᠢᠭ ᠬᠠᠩᠭᠠᠮᠵᠢᠲᠠᠢ ᠠᠰᠢᠭᠯᠠᠵᠤ᠂ ᠨᠣᠣᠰᠣ ᠨᠣᠯᠣᠣᠷ ᠮᠢᠬ᠎ᠠ ᠵᠢᠴᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ | ᠪᠣᠯᠪᠠᠰᠤᠷᠠᠭᠤᠯᠬᠤ ᠶᠢ ᠠᠬᠢᠭᠤᠯᠤᠨ᠂ ᠪᠦᠲᠦᠭᠡᠭᠳᠡᠬᠦᠨ ᠤ ᠨᠡᠮᠡᠯᠲᠡ ᠥᠷᠲᠡᠭ ᠢ ᠬᠠᠮᠤᠭ ᠶᠡᠭᠡ ᠬᠡᠮᠵᠢᠶ᠎ᠡ ᠪᠠᠷ ᠨᠡᠮᠡᠭᠳᠡᠭᠦᠯᠵᠦ᠂ 2020 ᠣᠨ ᠪᠣᠯᠬᠤ ᠳᠤ ᠤᠯᠤᠰ | ᠤᠨ ᠲᠡᠰ ᠤᠨ ᠲᠣᠯᠣᠭᠠᠶᠢᠯᠠᠭᠴᠢ ᠠᠵᠤ ᠠᠬᠤᠶᠢᠯᠠᠯ ᠢ 1 ᠠᠴᠠ ᠳᠡᠭᠡᠭᠰᠢ᠂ ᠥᠪᠡᠷᠲᠡᠭᠡᠨ ᠵᠠᠰᠠᠬᠤ ᠣᠷᠣᠨ ᠤ ᠲᠡᠰ ᠤᠨ ᠲᠣᠯᠣᠭᠠᠶᠢᠯᠠᠭᠴᠢ ᠠᠵᠤ ᠠᠬᠤᠶᠢᠯᠠᠯ ᠢ | 10 ᠠᠴᠠ ᠳᠡᠭᠡᠭᠰᠢ ᠪᠣᠶᠢᠵᠢᠭᠤᠯᠤᠨ᠎ᠠ᠃ ᠪᠠᠶᠢᠭᠠᠯᠢ ᠶᠢᠨ ᠨᠥᠬᠦᠴᠡᠯ ᠳᠡᠭᠡᠨ ᠰᠠᠭᠤᠷᠢᠯᠠᠵᠤ᠂ ᠴᠢᠨᠠᠷ ᠰᠠᠶᠢᠲᠠᠢ ᠡᠪᠡᠰᠦᠨ ᠤ ᠠᠵᠤ ᠦᠢᠯᠡᠰ ᠢ ᠰᠢᠨᠵᠢᠯᠡᠬᠦ ᠤᠬᠠᠭᠠᠨᠴᠢ | ᠪᠠᠷ ᠬᠥᠭᠵᠢᠭᠦᠯᠦᠨ᠂ ᠲᠠᠷᠢᠮᠠᠯ ᠤᠨ ᠪᠦᠲᠦᠴᠡ ᠶᠢ ᠤᠯᠠᠮ ᠰᠢᠯᠢᠳᠡᠭᠴᠢᠯᠡᠵᠦ᠂ ᠮᠧᠬᠠᠨᠢᠭᠴᠢᠯᠠᠬᠤ ᠲᠦᠪᠰᠢᠨ ᠢᠶᠠᠨ ᠳᠡᠭᠡᠭᠰᠢᠯᠡᠭᠦᠯᠦᠨ᠂ ᠲᠠᠷᠢᠵᠤ ᠲᠡᠵᠢᠭᠡᠬᠦ ᠶᠢ | ᠬᠠᠷᠢᠯᠴᠠᠨ ᠨᠥᠬᠦᠪᠦᠷᠢᠯᠡᠭᠦᠯᠵᠦ᠂ 2020 ᠣᠨ ᠪᠣᠯᠬᠤ ᠳᠤ ᠤᠰᠤ ᠠᠷᠪᠢᠯᠠᠬᠤ ᠬᠡᠯᠪᠡᠷᠢ ᠪᠠᠷ ᠴᠢᠨᠠᠷ ᠰᠠᠶᠢᠲᠠᠢ ᠡᠪᠡᠰᠦ ᠲᠠᠷᠢᠬᠤ ᠬᠡᠪᠴᠢᠶᠡᠵᠢᠯ ᠢ 20 ᠲᠦᠮᠡᠨ ᠮᠦ | ᠬᠦᠷᠭᠡᠨ᠎ᠡ᠃ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ᠂ ᠣᠷᠢᠶᠠᠮᠠᠭ ᠵᠠᠮᠠᠭ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠥᠷᠭᠡᠳᠬᠡᠵᠦ᠂ | ᠣᠷᠢᠶᠠᠮᠠᠭ ᠵᠠᠮᠠᠭ ᠤᠨ ᠢᠳᠡᠭᠡᠨ ᠤᠮᠳᠠᠭᠠᠨ ᠵᠡᠷᠭᠡ ᠨᠠᠷᠢᠯᠢᠭ ᠪᠣᠯᠪᠠᠰᠤᠷᠠᠭᠤᠯᠤᠭᠰᠠᠨ ᠪᠦᠲᠦᠭᠡᠭᠳᠡᠬᠦᠨ ᠢ ᠢᠳᠡᠪᠬᠢᠲᠡᠢ ᠰᠤᠳᠤᠯᠤᠨ ᠦᠢᠯᠡᠳᠴᠦ᠂ 2020 ᠣᠨ | ᠪᠣᠯᠬᠤ ᠳᠤ ᠣᠷᠢᠶᠠᠮᠠᠭ ᠵᠠᠮᠠᠭ ᠲᠠᠷᠢᠬᠤ ᠲᠠᠯᠠᠪᠠᠢ ᠶᠢ 3800 ᠮᠦ ᠬᠦᠷᠭᠡᠨ᠎ᠡ᠃ ᠣᠷᠴᠢᠯᠳᠣᠭᠤᠯᠣᠨ ᠬᠥᠭᠵᠢᠭᠦᠯᠬᠦ ᠣᠶᠢᠯᠠᠭᠠᠭᠳᠠᠬᠤᠨ ᠢ ᠪᠣᠢ ᠪᠣᠯᠭᠠᠵᠤ᠂ | ᠬᠤᠶᠠᠳᠤᠭᠠᠷ ᠠᠵᠤ ᠦᠢᠯᠡᠰ ᠢ ᠬᠦᠴᠦᠷᠬᠡᠭᠵᠢᠭᠦᠯᠦᠨ᠎ᠡ᠃ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢᠶᠠᠷ ᠭᠤᠣᠯᠯᠠᠭᠤᠯᠣᠭᠰᠠᠨ᠂ ᠨᠡᠭᠦᠷᠡᠰᠦ ᠴᠠᠬᠢᠯᠭᠠᠨ | ᠤ ᠠᠵᠤ ᠦᠢᠯᠡᠰ ᠢᠶᠠᠷ ᠲᠤᠯᠭᠠᠭᠤᠷᠢᠯᠠᠭᠤᠯᠤᠭᠰᠠᠨ᠂ ᠤᠯᠠᠮᠵᠢᠯᠠᠯᠲᠤ ᠠᠵᠤ ᠦᠢᠯᠡᠰ ᠢᠶᠠᠷ ᠨᠥᠬᠦᠪᠦᠷᠢᠯᠡᠭᠦᠯᠦᠭᠰᠡᠨ᠂ ᠰᠢᠨ᠎ᠡ ᠬᠡᠯᠪᠡᠷᠢ ᠶᠢᠨ ᠠᠵᠤ ᠦᠢᠯᠡᠰ ᠢᠶᠠᠷ | ᠭᠥᠳᠣᠯᠣᠮᠵᠢ ᠪᠣᠯᠭᠠᠭᠰᠠᠨ ᠳᠡᠭᠡᠳᠦ ᠲᠡᠰ ᠤᠨ ᠠᠵᠤ ᠦᠢᠯᠡᠳᠪᠦᠷᠢ ᠶᠢ ᠢᠳᠡᠪᠬᠢᠲᠡᠢ ᠪᠠᠶᠢᠭᠤᠯᠤᠨ᠎ᠠ᠃ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ | ᠨᠡᠭᠦᠷᠡᠰᠦᠨ ᠬᠡᠦᠳᠡᠰᠣ ᠣᠰᠣᠳᠦ᠋ᠷᠦᠭᠴᠢ ᠶᠢᠨ ᠨᠢᠭᠡᠳᠤᠯ᠂ ᠡᠲ᠋ᠢᠯ ᠬᠤᠶᠠᠷᠴᠢ ᠠᠯᠺᠣᠣᠯ ᠵᠡᠷᠭᠡ ᠰᠠᠭᠤᠷᠢ ᠴᠢᠨᠠᠷᠲᠠᠢ ᠲᠥᠷᠥᠯ ᠵᠦᠢᠯ ᠢ ᠶᠡᠬᠡᠪᠡᠷ ᠠᠬᠢᠭᠤᠯᠵᠤ᠂ | ᠨᠡᠬᠦᠷᠡᠰᠣᠳᠦ᠋ᠷᠥᠭᠴᠢ ᠰᠢᠷᠬᠡᠭ᠂ ᠪᠦᠬᠡᠬᠡᠨᠡᠷᠡᠯ ᠡᠰᠲ᠋ᠧᠷ᠂ PVB᠂ EVA᠂ ᠷᠧᠰᠢᠨ ︵ᠳᠠᠪᠠᠷᠬᠠᠢ︶ ᠵᠡᠷᠭᠡ ᠨᠠᠷᠢᠯᠢᠭ ᠪᠣᠯᠪᠠᠰᠤᠷᠠᠭᠤᠯᠬᠤ ᠲᠥᠷᠥᠯ ᠵᠦᠢᠯ ᠢ | ᠰᠦᠪᠡᠭᠴᠢᠯᠡᠵᠦ ᠬᠡᠷᠡᠭᠵᠢᠭᠦᠯᠦᠨ᠂ 2020 ᠣᠨ ᠪᠣᠯᠬᠤ ᠳᠤ ᠠᠵᠤ ᠦᠢᠯᠡᠰ ᠤᠨ ᠨᠢᠭᠡ ᠴᠣᠭᠴᠠ ᠪᠠᠷ ᠢᠵᠢ ᠪᠦᠷᠢᠳᠦᠭᠰᠡᠨ᠂ ᠪᠦᠲᠦᠭᠡᠭᠳᠡᠬᠦᠨ ᠣᠯᠠᠨ ᠡᠰᠢᠵᠢᠵᠣ | ᠬᠥᠭᠵᠢᠭᠰᠡᠨ᠂ ᠪᠦᠬᠦ ᠤᠯᠤᠰ ᠤᠨ ᠵᠠᠬ᠎ᠠ ᠳᠡᠯᠭᠡᠭᠦᠷ ᠢ ᠬᠠᠮᠤᠷᠤᠭᠰᠠᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠦᠷᠦᠭᠵᠢᠯ ᠢ ᠪᠦᠷᠢᠯᠳᠦᠭᠦᠯᠦᠨ᠎ᠡ᠃ | ᠨᠡᠭᠦᠷᠡᠰᠦ ᠴᠠᠬᠢᠯᠭᠠᠨ ᠤ ᠠᠵᠤ ᠦᠢᠯᠡᠰ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠬᠤᠪᠣᠷ ᠴᠤᠬᠠᠭ | ᠬᠡᠦᠷᠠᠰᠣᠨ ᠤ ᠡᠬᠢ ᠪᠠᠶᠠᠯᠢᠭ ᠢ ᠬᠠᠮᠠᠭᠠᠯᠠᠯᠲᠠ ᠲᠠᠢ ᠪᠠᠷ ᠨᠡᠭᠡᠭᠡᠨ᠂ ᠪᠡᠯᠡᠳᠬᠡᠯ ᠴᠠᠬᠢᠯᠭᠠᠨ ᠦᠢᠯᠡᠳᠪᠦᠷᠢ᠂ ᠨᠡᠭᠦᠷᠡᠰᠦᠨ ᠴᠢᠯᠠᠭᠤᠨ ᠤ ᠴᠠᠬᠢᠯᠭᠠᠨ ᠦᠢᠯᠡᠳᠪᠦᠷᠢ ᠶᠢᠨ | ᠲᠥᠷᠥᠯ ᠵᠦᠢᠯ ᠢ ᠢᠳᠡᠪᠬᠢᠲᠡᠢ ᠬᠥᠭᠵᠢᠭᠦᠯᠵᠦ᠂ ᠡᠬᠢ ᠪᠠᠶᠠᠯᠢᠭ ᠤᠨ ᠥᠷᠲᠡᠭ ᠢ ᠨᠡᠮᠡᠭᠳᠡᠭᠦᠯᠦᠨ ᠤᠯᠠᠷᠢᠭᠤᠯᠬᠤ᠂ ᠠᠵᠤ ᠦᠢᠯᠡᠰ ᠤᠨ ᠤᠷᠴᠢᠯᠳᠣᠨ ᠬᠥᠭᠵᠢᠬᠦ ᠶᠢ | ᠠᠬᠢᠭᠤᠯᠤᠨ᠂ 2020 ᠣᠨ ᠪᠣᠯᠬᠤ ᠳᠤ ᠴᠠᠬᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 600 ᠲᠦᠮᠡᠨ ᠺᠢᠯᠣᠸᠠᠲ ᠢ | ᠳᠠᠪᠠᠭᠤᠯᠤᠨ᠎ᠠ᠃ ᠤᠯᠠᠮᠵᠢᠯᠠᠯᠲᠤ ᠠᠵᠤ ᠦᠢᠯᠡᠰ ᠬᠤᠴᠣᠷᠤᠩᠭᠤᠢ ᠤᠷ᠎ᠠ ᠮᠡᠷᠭᠡᠰᠢᠯ ᠢᠶᠠᠨ ᠲᠦᠷᠭᠡᠬᠡᠨ ᠲᠠᠶᠠᠭᠳᠠᠵᠤ᠂ ᠭᠤᠣᠯᠳᠠᠭᠤ ᠦᠢᠯᠡᠳᠪᠦᠷᠢᠯᠡᠯ ᠤᠨ ᠤᠷ᠎ᠠ | ᠮᠡᠷᠭᠡᠰᠢᠯ ᠢ ᠰᠢᠨᠡᠴᠢᠯᠡᠬᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠶᠢ ᠢᠵᠢ ᠪᠦᠷᠢᠳᠦᠭᠦᠯᠬᠦ᠂ ᠨᠠᠷᠢᠯᠢᠭ ᠪᠣᠯᠪᠠᠰᠤᠷᠠᠭᠤᠯᠬᠤ ᠠᠵᠤ ᠦᠢᠯᠡᠰ ᠤᠨ | ᠬᠡᠯᠬᠢᠶ᠎ᠡ ᠶᠢ ᠤᠷᠲᠤᠳᠬᠠᠬᠤ ᠳᠡᠭᠡᠷ᠎ᠡ ᠬᠦᠴᠦᠯᠡᠵᠦ᠂ ᠲᠡᠮᠦᠷᠯᠢᠭ ᠬᠠᠶᠢᠯᠤᠰᠢ᠂ ᠪᠠᠷᠢᠯᠭ᠎ᠠ ᠶᠢᠨ ᠮᠠᠲ᠋ᠧᠷᠢᠶᠠᠯ᠂ ᠱᠦᠢᠨᠢ᠂ ᠵᠤᠭᠠᠩ ᠵᠡᠷᠭᠡ ᠠᠵᠤ ᠦᠢᠯᠡᠰ ᠢ ᠡᠨᠧᠷᠬᠢ | ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ ᠲᠡᠰᠢ ᠬᠥᠭᠵᠢᠭᠦᠯᠦᠨ᠎ᠡ᠃ ᠡᠭᠦᠨ ᠤ ᠬᠠᠮᠲᠤ᠂ ᠣᠷᠢᠶᠠᠮᠠᠭ ᠵᠠᠮᠠᠭ ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠪᠠ | ᠪᠠᠶᠢᠭᠠᠯᠢ ᠶᠢᠨ ᠰᠢᠲᠠᠮᠠᠬᠠᠢ ᠬᠡᠢ᠂ ᠨᠡᠭᠦᠷᠡᠰᠦᠨ ᠳᠠᠪᠬᠤᠷᠭ᠎ᠠ ᠶᠢᠨ ᠬᠡᠢ᠂ ᠭᠠᠵᠠᠷ ᠤᠨ ᠢᠯᠴᠢ ᠶᠢᠨ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠶᠡᠬᠡᠪᠡᠷ | ᠬᠢᠵᠦ᠂ ᠭᠡᠷᠡᠯ ᠴᠡᠨᠡᠭ᠂ ᠭᠡᠷᠡᠯ ᠢᠯᠴᠢ ᠪᠠᠷ ᠴᠠᠬᠢᠯᠭᠠᠨ ᠭᠠᠷᠭᠠᠬᠤ ᠠᠵᠤ ᠦᠢᠯᠡᠰ ᠢ ᠲᠣᠬᠢᠲᠠᠢ ᠬᠥᠭᠵᠢᠭᠦᠯᠦᠨ᠂ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ | ᠰᠢᠨ᠎ᠡ ᠬᠦᠷᠢᠶ᠎ᠡ ᠬᠡᠪᠴᠢᠶ᠎ᠡ ᠶᠢ ᠨᠡᠭᠡᠭᠡᠨ᠎ᠡ᠃ 2020 ᠣᠨ ᠪᠣᠯᠬᠤ ᠳᠤ ᠨᠡᠭᠦᠷᠡᠰᠦᠨ ᠤ ᠪᠤᠰᠤ ᠠᠵᠤ ᠦᠢᠯᠡᠰ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ | ᠲᠠᠬᠢ ᠬᠤᠪᠢ ᠶᠢᠨ ᠵᠢᠩ ᠢ 90% ᠠᠴᠠ ᠳᠡᠭᠡᠭᠰᠢ ᠬᠦᠷᠭᠡᠨ᠎ᠡ᠃ ᠣᠯᠠᠨ ᠡᠰᠢᠵᠢᠭᠰᠡᠨ ᠬᠥᠭᠵᠢᠯᠲᠡ ᠶᠢᠨ ᠣᠶᠢᠯᠠᠭᠠᠭᠳᠠᠬᠤᠨ ᠢ ᠪᠤᠢ ᠪᠣᠯᠭᠠᠵᠤ᠂ ᠭᠤᠷᠪᠠᠳᠤᠭᠠᠷ | ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠰᠣᠶᠣᠯ ᠵᠢᠭᠤᠯᠴᠢᠯᠠᠯ ᠢᠶᠠᠷ ᠭᠤᠣᠯ ᠪᠣᠯᠭᠠᠭᠰᠠᠨ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ | ᠭᠤᠣᠯᠳᠠᠯᠭ᠎ᠠ ᠲᠠᠢ ᠬᠥᠭᠵᠢᠭᠦᠯᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠵᠠᠷ ᠮᠡᠳᠡᠭᠡᠨ ᠤ ᠤᠬᠠᠭᠤᠯᠭ᠎ᠠ ᠬᠢᠭᠡᠳ | ᠡᠵᠡᠩᠨᠡᠨ ᠪᠣᠷᠣᠯᠠᠭᠤᠯᠬᠤ ᠲᠥᠯᠥᠪᠯᠡᠭᠡ ᠶᠢ ᠴᠢᠩᠭᠠᠳᠬᠠᠵᠤ᠂ ᠪᠠᠶᠢᠭᠠᠯᠢᠯᠢᠭ ᠲᠠᠯ᠎ᠠ ᠨᠤᠲᠤᠭ᠂ ᠬᠠᠳᠠᠨ ᠵᠢᠷᠤᠭ ᠴᠢᠯᠠᠭᠤᠨ ᠠᠭᠤᠢ᠂ ᠠᠪᠤᠷᠭᠤ ᠭᠦᠷᠪᠡᠯ ᠤᠨ ᠤᠯᠠ | ᠮᠥᠷ ᠵᠡᠷᠭᠡ ᠰᠣᠶᠣᠯ ᠤᠨ ᠡᠯᠧᠮᠧᠨ᠋ᠲ ᠢ ᠭᠦᠨ ᠠᠭᠤᠳᠠᠯᠯᠠᠵᠤ᠂ ᠭᠤᠣᠯᠳᠠᠯᠭᠠᠳᠤ ᠦᠵᠡᠮᠵᠢ ᠶᠢᠨ ᠣᠷᠣᠨ ᠤ ᠲᠡᠰ ᠲᠣᠭᠲᠠᠭᠠᠵᠤ ᠵᠡᠷᠭᠡ ᠳᠡᠪᠰᠢᠭᠦᠯᠬᠦ ᠶᠢ | ᠠᠬᠢᠭᠤᠯᠤᠨ᠂ ᠺᠢᠨᠣ᠋ ᠲᠧᠯᠸᠢᠰ ᠦᠢᠯᠡᠳᠬᠦ᠂ ᠪᠠᠶᠠᠷ ᠳᠤᠷᠠᠰᠬᠠᠯ ᠤᠨ ᠡᠳᠦᠷ ᠤᠨ ᠦᠵᠡᠬᠦᠯᠣᠯᠭᠡ ᠬᠢᠬᠦ᠂ ᠤᠷᠤᠯᠳᠤᠭᠠᠨ ᠮᠥᠷᠥᠶᠢᠴᠡᠭᠡᠨ ᠥᠷᠨᠢᠭᠦᠯᠬᠦ ᠵᠡᠷᠭᠡ ᠢᠵᠢ | ᠪᠦᠷᠢᠳᠦᠭᠦᠯᠬᠦ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠥᠷᠭᠡᠳᠬᠡᠵᠦ᠂ ᠢᠳᠡᠭᠡᠨ ᠤᠮᠳᠠᠭᠠᠨ ᠬᠤᠨᠣᠬᠤ ᠰᠠᠭᠤᠬᠤ᠂ ᠵᠤᠭ᠎ᠠ ᠴᠡᠩᠭᠡᠯ ᠰᠡᠯᠡᠭᠦᠴᠡᠯ ᠵᠡᠷᠭᠡ | ᠬᠡᠷᠡᠭᠯᠡᠭᠡ ᠶᠢ ᠳᠠᠭᠠᠯᠳᠤᠭᠤᠯᠤᠨ ᠬᠥᠭᠵᠢᠭᠦᠯᠵᠦ᠂ ᠤᠲᠤᠭ ᠤᠨ ᠰᠣᠶᠣᠯ ᠵᠢᠭᠤᠯᠴᠢᠯᠠᠯ ᠤᠨ ᠲᠥᠷᠥᠯ ᠲᠡᠮᠳᠡᠭ ᠢ ᠡᠭᠦᠳᠦᠨ᠎ᠡ᠃ ᠣᠳᠣ ᠦᠶ᠎ᠡ ᠶᠢᠨ ᠪᠠᠷᠠᠭᠠᠨ ᠤ | ᠭᠦᠢᠯᠬᠡᠬᠡ ᠪᠠᠷ ᠭᠤᠣᠯᠯᠠᠭᠤᠯᠤᠭᠰᠠᠨ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠵᠦ᠂ ᠨᠢᠭᠡ ᠴᠣᠭᠴᠠᠵᠢᠭᠤᠯᠤᠭᠰᠠᠨ | ᠪᠠᠷᠠᠭᠠᠨ ᠤ ᠭᠦᠢᠯᠬᠡᠬᠡ ᠶᠢᠨ ᠰᠤᠷᠠᠭ ᠵᠠᠩᠭᠢ ᠶᠢᠨ ᠲᠠᠪᠴᠠᠩ ᠢ ᠪᠠᠶᠢᠭᠤᠯᠤᠨ᠂ ᠪᠦᠬᠦ ᠤᠯᠤᠰ ᠤᠨ ᠴᠢᠬᠤᠯᠠ ᠬᠢᠮᠢ ᠶᠢᠨ ᠠᠵᠤ ᠦᠢᠯᠡᠳᠪᠦᠷᠢ ᠶᠢᠨ ᠪᠦᠲᠦᠭᠡᠭᠳᠡᠬᠦᠨ ᠢ | ᠲᠥᠪᠯᠡᠷᠡᠭᠦᠯᠦᠨ ᠲᠠᠷᠬᠠᠭᠠᠬᠤ ᠭᠠᠵᠠᠷ ᠢ ᠪᠠᠶᠢᠭᠤᠯᠤᠨ᠎ᠠ᠃ ᠨᠠᠰᠤᠲᠠᠨ ᠢ ᠠᠰᠠᠷᠠᠬᠤ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠮᠥᠩᠭᠦᠨ ᠭᠦᠢᠯᠭᠡᠭᠡ | ᠬᠤᠳᠠᠯᠳᠤᠭ᠎ᠠ ᠠᠷᠠᠯᠵᠢᠶ᠎ᠠ ᠵᠡᠷᠭᠡ ᠦᠢᠯᠡᠴᠢᠯᠡᠭᠡᠨ ᠤ ᠦᠢᠯᠡᠰ ᠢ ᠰᠠᠶᠢᠲᠤᠷ ᠠᠳᠬᠤᠵᠤ᠂ ᠣᠯᠠᠨ ᠲᠡᠰ ᠳᠠᠪᠬᠤᠷᠭᠠᠲᠤ ᠠᠭᠤᠰᠤᠯᠴᠠᠭᠰᠠᠨ ᠦᠢᠯᠡᠴᠢᠯᠡᠭᠡᠨ ᠤ ᠦᠢᠯᠡᠰ | ᠤᠨ ᠲᠣᠭᠲᠠᠯᠴᠠᠭ᠎ᠠ ᠶᠢ ᠪᠠᠶᠢᠭᠤᠯᠤᠨ᠎ᠠ᠃ 2020 ᠣᠨ ᠪᠣᠯᠬᠤ ᠳᠤ ᠪᠠᠷᠠᠭᠠᠨ ᠤ ᠭᠦᠢᠯᠬᠡᠬᠡ ᠶᠢᠨ ᠡᠵᠡᠩᠨᠡᠯᠲᠡ ᠶᠢᠨ ᠬᠡᠮᠵᠢᠶ᠎ᠡ ᠳ᠋ᠦᠩᠰᠢᠭᠤᠷ ᠲᠥᠭᠦᠷᠢᠭ ᠢ | ᠳᠠᠪᠠᠭᠰᠠᠨ ᠠᠵᠤ ᠠᠬᠤᠶᠢᠯᠠᠯ ᠢ 5 ᠠᠴᠠ ᠳᠡᠭᠡᠭᠰᠢ ᠬᠦᠷᠭᠡᠵᠦ᠂ ᠵᠢᠭᠤᠯᠴᠢᠯᠠᠯ ᠤᠨ ᠶᠡᠷᠦᠩᠬᠡᠢ ᠣᠷᠣᠯᠭ᠎ᠠ ᠶᠢ 30 ᠳ᠋ᠦᠩᠰᠢᠭᠤᠷ ᠲᠥᠭᠦᠷᠢᠭ᠂ ᠭᠤᠷᠪᠠᠳᠤᠭᠠᠷ ᠠᠵᠤ | ᠦᠢᠯᠡᠰ ᠤᠨ ᠬᠤᠪᠢ ᠶᠢᠨ ᠵᠢᠩ ᠢ 30% ᠠᠴᠠ ᠳᠡᠭᠡᠭᠰᠢ ᠬᠦᠷᠭᠡᠨ᠎ᠡ᠃ | — ᠵᠣᠬᠢᠴᠠᠩᠭᠤᠢ ᠬᠥᠭᠵᠢᠯᠲᠡ ᠶᠢ ᠪᠠᠷᠢᠮᠲᠠᠯᠠᠨ᠂ ᠬᠤᠳᠠ ᠬᠥᠳᠡᠭᠡ ᠶᠢ ᠨᠢᠭᠡ ᠴᠣᠭᠴᠠᠵᠢᠭᠤᠯᠬᠤ ᠪᠠᠶᠢᠭᠤᠯᠤᠯᠲᠠ ᠰᠢᠨ᠎ᠡ ᠪᠦᠲᠦᠮᠵᠢ ᠣᠯᠬᠤ ᠶᠢ | ᠪᠠᠲᠤᠯᠠᠨ᠎ᠠ᠃ ᠬᠥᠭᠵᠢᠯᠲᠡ ᠶᠢᠨ ᠳᠤᠲᠠᠭᠳᠠᠯ ᠲᠠᠢ ᠲᠠᠯ᠎ᠠ ᠠᠴᠠ ᠭᠠᠷᠳᠠᠵᠤ᠂ ᠪᠠᠶᠢᠷᠢᠯᠠᠭᠤᠯᠤᠯᠲᠠ ᠶᠢ ᠰᠢᠯᠢᠳᠡᠭᠴᠢᠯᠡᠨ᠂ ᠰᠠᠭᠤᠷᠢ ᠶᠢ ᠪᠠᠬᠢᠵᠢᠭᠦᠯᠵᠦ᠂ ᠴᠢᠳᠠᠮᠵᠢ ᠪᠠᠨ | ᠲᠡᠭᠦᠯᠳᠡᠷᠵᠢᠭᠦᠯᠦᠨ᠂ ᠤᠲᠤᠭ ᠤᠨ ᠬᠥᠭᠵᠢᠯᠲᠡ ᠶᠢᠨ ᠲᠤᠯᠭᠠᠭᠤᠷᠢᠯᠠᠬᠤ ᠬᠦᠴᠦᠨ ᠢ ᠳᠡᠭᠡᠭᠰᠢᠯᠡᠭᠦᠯᠦᠨ᠎ᠡ᠃ ᠰᠢᠰᠲ᠋ᠧᠮ ᠤᠨ ᠰᠡᠳᠬᠢᠬᠦᠢ ᠶᠢ ᠲᠣᠪᠣᠶᠢᠯᠭᠠᠵᠤ ᠣᠷᠣᠨ | ᠵᠠᠢ ᠶᠢᠨ ᠪᠠᠶᠢᠷᠢᠯᠠᠭᠤᠯᠤᠯᠲᠠ ᠶᠢ ᠲᠥᠯᠥᠪᠯᠡᠨ᠎ᠡ᠃ ︽ᠣᠯᠠᠨ ᠲᠥᠯᠥᠪᠵᠢᠭᠦᠯᠭᠡ ᠶᠢ ᠨᠢᠭᠡᠳᠦᠭᠦᠯᠬᠦ︾ ᠶᠢ ᠴᠢᠩᠭᠠᠳᠬᠠᠵᠤ᠂ ᠬᠤᠰᠢᠭᠤᠨ ᠤ ᠶᠡᠷᠦᠩᠬᠡᠢ | ᠲᠥᠯᠥᠪᠵᠢᠭᠦᠯᠭᠡ ᠬᠢᠭᠡᠳ ᠬᠤᠳᠠ ᠪᠠᠯᠭᠠᠰᠤᠨ ᠤ ᠲᠥᠯᠥᠪᠵᠢᠭᠦᠯᠭᠡ᠂ ᠬᠥᠳᠡᠭᠡ ᠨᠤᠲᠤᠭ ᠤᠨ ᠲᠥᠯᠥᠪᠵᠢᠭᠦᠯᠭᠡ ᠵᠢᠴᠢ ᠵᠠᠮ ᠬᠠᠷᠢᠯᠴᠠᠭ᠎ᠠ᠂ ᠰᠣᠶᠣᠯ ᠤᠨ ᠦᠵᠡᠮᠵᠢ | ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠲᠤᠰᠬᠠᠢ ᠲᠥᠯᠥᠪᠵᠢᠭᠦᠯᠭᠡ ᠶᠢ ᠲᠡᠭᠦᠯᠳᠡᠷᠵᠢᠭᠦᠯᠦᠨ᠂ ᠪᠠᠷᠢᠯᠭ᠎ᠠ ᠪᠠᠷᠢᠬᠤ ᠳᠤ ᠣᠯᠠᠨ ᠨᠡᠶᠢᠲᠡ ᠶᠢᠨ ᠣᠷᠣᠨ ᠵᠠᠢ | ᠦᠯᠡᠳᠡᠭᠡᠬᠦ᠂ ᠣᠶᠢᠵᠢᠭᠤᠯᠤᠯᠲᠠ ᠶᠢᠨ ᠬᠤᠷᠢᠭ᠎ᠠ ᠱᠤᠭᠤᠮ᠂ ᠡᠵᠡᠯᠡᠬᠦᠨ ᠨᠤᠷᠮ᠎ᠠ ᠵᠡᠷᠭᠡ ᠡᠵᠡᠮᠳᠡᠬᠦ ᠭᠦᠢᠴᠡᠳᠬᠡᠯ ᠲᠤᠭ᠎ᠠ ᠶᠢ ᠴᠢᠩᠭ᠎ᠠ ᠬᠡᠷᠡᠭᠵᠢᠭᠦᠯᠵᠦ᠂ | ᠦᠢᠯᠡᠳᠪᠦᠷᠢᠯᠡᠯ ᠤᠨ ᠣᠷᠣᠨ ᠵᠠᠢ ᠶᠢ ᠡᠷᠴᠢᠮᠯᠢᠭ ᠪᠦᠲᠦᠮᠵᠢᠲᠡᠢ᠂ ᠠᠮᠢᠳᠤᠷᠠᠯ ᠤᠨ ᠣᠷᠣᠨ ᠵᠠᠢ ᠴᠡᠮᠴᠡᠭᠡᠷ ᠲᠣᠬᠢᠯᠢᠭ᠂ ᠠᠮᠢ ᠠᠬᠤᠢ ᠶᠢᠨ ᠣᠷᠣᠨ ᠵᠠᠢ ᠨᠣᠮᠢᠨ | ᠠᠭᠤᠯᠠ ᠴᠡᠩᠬᠡᠷ ᠤᠰᠤ ᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠬᠦᠴᠦᠯᠡᠨ ᠪᠣᠢ ᠪᠣᠯᠭᠠᠨ᠎ᠠ᠃ ᠰᠠᠭᠤᠷᠢᠰᠢᠬᠤ ᠳᠤ ᠲᠣᠬᠢᠯᠢᠭ ᠣᠶᠢᠯᠠᠭᠠᠭᠳᠠᠬᠤᠨ ᠢ | ᠲᠣᠪᠣᠶᠢᠯᠭᠠᠵᠤ ᠬᠤᠳᠠ ᠪᠠᠯᠭᠠᠰᠤᠨ ᠤ ᠴᠢᠳᠠᠮᠵᠢ ᠶᠢ ᠲᠡᠭᠦᠯᠳᠡᠷᠵᠢᠭᠦᠯᠦᠨ᠎ᠡ᠃ ︽ᠨᠢᠭᠡ ᠲᠥᠪ ᠪᠠᠯᠭᠠᠰᠤ᠂ ᠬᠤᠶᠠᠷ ᠠᠵᠤ ᠦᠢᠯᠡᠰ ᠤᠨ ᠭᠤᠣᠯᠳᠠᠯᠭᠠᠳᠤ ᠪᠠᠯᠭᠠᠰᠤ᠂ | ᠭᠤᠷᠪᠠᠨ ᠡᠩ ᠤᠨ ᠪᠠᠶᠢᠭᠤᠯᠣᠯᠳᠣ ᠪᠠᠯᠭᠠᠰᠤ︾ ᠶᠢ ᠬᠥᠭᠵᠢᠭᠦᠯᠬᠦ ᠲᠥᠯᠥᠪ ᠶᠣᠰᠣᠭᠠᠷ᠂ ᠴᠢᠳᠠᠮᠵᠢ ᠪᠠᠨ ᠲᠡᠭᠦᠯᠳᠡᠷᠵᠢᠭᠦᠯᠬᠦ ᠪᠠ ᠵᠡᠷᠭᠡ ᠲᠡᠰ ᠢᠶᠠᠨ ᠳᠡᠭᠡᠭᠰᠢᠯᠡᠭᠦᠯᠬᠦ | ᠶᠢ ᠵᠡᠷᠬᠡᠪᠡᠷ ᠴᠢᠬᠤᠯᠠᠴᠢᠯᠠᠵᠤ᠂ ᠭᠠᠵᠠᠷ ᠳᠣᠣᠷᠠᠬᠢ ᠪᠠ ᠭᠠᠵᠠᠷ ᠳᠡᠭᠡᠷᠡᠬᠢ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠣᠷᠣᠰᠢᠨ | ᠰᠠᠭᠤᠷᠢᠰᠢᠬᠤ ᠦᠢᠯᠡᠰ ᠪᠣᠰᠬᠠᠬᠤ ᠳᠤ ᠲᠣᠬᠢᠷᠠᠮᠵᠢᠲᠠᠢ ᠲᠠᠯ᠎ᠠ ᠨᠤᠲᠤᠭ ᠤᠨ ᠰᠣᠳᠣᠨ ᠨᠡᠷᠡᠲᠦ ᠬᠤᠳᠠ ᠶᠢ ᠬᠦᠴᠦᠯᠡᠨ ᠪᠠᠶᠢᠭᠤᠯᠤᠨ᠎ᠠ᠃ ᠤᠯᠠᠭᠠᠨ ᠪᠠᠯᠭᠠᠰᠤ ᠶᠢ ︽ | ᠵᠢᠭᠤᠯᠴᠢᠯᠠᠯ ᠤᠨ ᠬᠤᠳᠠ ᠪᠠᠯᠭᠠᠰᠤ︾ ᠲᠡᠰᠢ ᠬᠥᠭᠵᠢᠭᠦᠯᠵᠦ᠂ ᠰᠠᠭᠤᠷᠢ ᠲᠥᠬᠦᠭᠡᠷᠦᠮᠵᠢ᠂ ᠣᠯᠠᠨ ᠨᠡᠶᠢᠲᠡ ᠶᠢᠨ ᠲᠥᠬᠦᠭᠡᠷᠦᠮᠵᠢ ᠪᠠ ᠠᠷᠠᠳ ᠲᠤ ᠳᠥᠭᠦᠮ | ᠦᠵᠡᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠴᠡᠴᠡᠷᠯᠢᠭᠵᠢᠭᠦᠯᠦᠯᠲᠡ ᠨᠣᠭᠤᠭᠠᠷᠠᠭᠤᠯᠤᠯᠲᠠ᠂ ᠭᠤᠶᠣᠵᠢᠭᠤᠯᠣᠯᠳᠡ ᠭᠡᠷᠡᠯᠲᠦᠭᠦᠯᠭᠡ ᠶᠢᠨ ᠢᠨᠵᠧᠨᠧᠷᠢᠩ ᠢ | ᠰᠠᠶᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠪᠠᠭ᠎ᠠ ᠬᠤᠳᠠ ᠪᠠᠯᠭᠠᠰᠤᠨ ᠤ ᠪᠠᠶᠢᠭᠤᠯᠤᠯᠲᠠ ᠶᠢᠨ ᠰᠢᠨ᠎ᠡ ᠬᠡᠪ ᠳᠠᠭᠤᠷᠢᠶᠠᠯ ᠪᠣᠯᠭᠠᠨ᠎ᠠ᠃ ᠴᠢ ᠫᠠᠨ ᠵᠢᠩ | ᠪᠠᠯᠭᠠᠰᠤ᠂ ᠮᠧᠩ ᠰᠢ ᠪᠠᠯᠭᠠᠰᠤ ᠳᠠᠪᠠᠭᠤᠯᠢᠭᠳᠣ ᠠᠵᠤ ᠦᠢᠯᠡᠰ ᠪᠠ ᠭᠤᠣᠯᠳᠠᠯᠭᠠᠳᠤ ᠠᠵᠤ ᠠᠬᠤᠶᠢᠯᠠᠯ ᠤᠨ ᠲᠣᠭᠤᠷᠢᠨ ᠳᠤ᠂ ᠰᠠᠭᠤᠷᠢ ᠢᠵᠢ ᠪᠦᠷᠢᠳᠣᠬᠦᠯᠣᠯᠳᠡ | ᠪᠠᠨ ᠲᠡᠭᠦᠯᠳᠡᠷᠵᠢᠭᠦᠯᠦᠨ᠂ ᠦᠢᠯᠡᠴᠢᠯᠡᠭᠡᠨ ᠤ ᠲᠠᠪᠴᠠᠩ ᠢᠶᠠᠨ ᠰᠢᠯᠢᠳᠡᠭᠴᠢᠯᠡᠵᠦ᠂ ᠭᠠᠯ ᠤᠨᠲᠠᠷᠠᠭᠠᠬᠤ ᠲᠥᠬᠦᠭᠡᠷᠦᠮᠵᠢ᠂ ᠠᠮᠤᠷ ᠲᠦᠪᠰᠢᠨ ᠤ ᠲᠥᠬᠦᠭᠡᠷᠦᠮᠵᠢ᠂ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠶᠢ ᠢᠵᠢ ᠪᠦᠷᠢᠳᠦᠭᠦᠯᠦᠨ᠂ ᠠᠵᠤ ᠦᠢᠯᠡᠰ ᠤᠨ ᠲᠤᠯᠭᠠᠭᠤᠷᠢᠯᠠᠯ ᠬᠢᠭᠡᠳ ᠳᠠᠶᠢᠴᠢᠯᠠᠬᠤ ᠴᠢᠳᠠᠪᠤᠷᠢ | ᠪᠠᠨ ᠳᠡᠭᠡᠭᠰᠢᠯᠡᠭᠦᠯᠦᠨ᠎ᠡ᠃ ᠦᠮᠡᠬᠡᠶᠢᠨᠠᠭᠤᠷ ᠪᠠᠯᠭᠠᠰᠤ᠂ ᠠᠷᠪᠠᠰ ᠰᠤᠮᠤ᠂ ᠰᠦᠮᠡᠲᠦ ᠰᠤᠮᠤ ᠭᠠᠵᠠᠷ ᠣᠷᠣᠨ ᠤ ᠣᠨᠴᠠᠯᠢᠭ ᠢᠶᠠᠨ ᠳᠣᠪᠣᠶᠢᠯᠭᠠᠵᠤ᠂ ᠳᠠᠪᠠᠭᠤᠯᠢᠭᠳᠤ | ᠠᠵᠤ ᠦᠢᠯᠡᠰ ᠢ ᠲᠦᠷᠭᠡᠳᠬᠡᠨ ᠪᠣᠶᠢᠵᠢᠭᠤᠯᠵᠤ᠂ ᠰᠠᠭᠤᠷᠢ ᠲᠥᠬᠦᠭᠡᠷᠦᠮᠵᠢ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠶᠢᠭᠤᠯᠤᠯᠲᠠ ᠶᠢ | ᠭᠤᠣᠯᠳᠠᠯᠭ᠎ᠠ ᠲᠠᠢ ᠴᠢᠩᠭᠠᠳᠬᠠᠨ᠂ ᠬᠥᠮᠥᠨ ᠠᠮᠠ ᠶᠢᠨ ᠨᠢᠭᠲᠠᠷᠠᠯ ᠤᠨ ᠬᠡᠮᠵᠢᠶ᠎ᠡ ᠬᠢᠭᠡᠳ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ | 2020 ᠣᠨ ᠪᠣᠯᠬᠤ ᠳᠤ ᠡᠷᠦᠬᠡ ᠠᠮᠠ ᠶᠢᠨ ᠬᠤᠳᠠ ᠪᠠᠯᠭᠠᠰᠣᠵᠢᠯᠳᠡ ᠶᠢᠨ ᠨᠤᠷᠮ᠎ᠠ ᠶᠢ 50% ᠠᠴᠠ ᠳᠡᠭᠡᠭᠰᠢ ᠬᠦᠷᠭᠡᠨ᠎ᠡ᠃ ᠠᠷᠠᠳ ᠤᠨ ᠠᠮᠢᠳᠤᠷᠠᠯ ᠤᠨ | ᠬᠥᠲᠣᠯᠣᠮᠵᠢ ᠶᠢ ᠲᠣᠪᠣᠶᠢᠯᠭᠠᠵᠤ ᠬᠥᠳᠡᠭᠡ ᠨᠤᠲᠤᠭ ᠤᠨ ᠳᠦᠷᠰᠦ ᠪᠠᠶᠢᠳᠠᠯ ᠢ ᠰᠠᠶᠢᠵᠢᠷᠠᠭᠤᠯᠤᠨ᠎ᠠ᠃ ᠰᠠᠭᠤᠷᠢ ᠲᠥᠬᠦᠭᠡᠷᠦᠮᠵᠢ ᠶᠢ ᠮᠠᠯᠵᠢᠬᠤ ᠲᠠᠷᠢᠶᠠᠯᠠᠬᠤ ᠣᠷᠣᠨ | ᠲᠡᠰᠢ ᠥᠷᠭᠡᠳᠬᠡᠬᠦ᠂ ᠣᠯᠠᠨ ᠨᠡᠶᠢᠲᠡ ᠶᠢᠨ ᠦᠢᠯᠡᠴᠢᠯᠡᠭᠡ ᠶᠢ ᠮᠠᠯᠵᠢᠬᠤ ᠲᠠᠷᠢᠶᠠᠯᠠᠬᠤ ᠣᠷᠣᠨ ᠳᠤ ᠪᠦᠷᠬᠦᠭᠦᠯᠬᠦ᠂ ᠣᠳᠣ ᠦᠶ᠎ᠡ ᠶᠢᠨ ᠪᠣᠯᠪᠠᠰᠤᠨ ᠢ ᠮᠠᠯᠵᠢᠬᠤ | ᠲᠠᠷᠢᠶᠠᠯᠠᠬᠤ ᠣᠷᠣᠨ ᠲᠡᠰᠢ ᠳᠡᠯᠭᠡᠷᠡᠭᠦᠯᠬᠦ ᠶᠢ ᠭᠦᠨᠵᠡᠭᠡᠢ ᠠᠬᠢᠭᠤᠯᠵᠤ᠂ ︽ᠠᠷᠪᠠ ᠶᠢ ᠪᠦᠷᠬᠦᠭᠦᠯᠬᠦ︾ ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠭᠦᠯᠦᠨ᠂ ᠲᠤᠬᠠᠢ | ᠶᠢᠨ ᠭᠠᠵᠠᠷ ᠲᠠᠭᠠᠨ ᠲᠣᠬᠢᠷᠠᠭᠤᠯᠤᠨ ᠬᠠᠮᠲᠤ ᠶᠢᠨ ᠠᠵᠤ ᠠᠬᠤᠢ ᠶᠢ ᠬᠥᠭᠵᠢᠭᠦᠯᠵᠦ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠬᠠᠮᠢᠶᠠᠷᠤᠯᠲᠠ ᠶᠢᠨ ᠲᠣᠭᠲᠠᠴᠠ | ᠶᠢ ᠪᠠᠶᠢᠭᠤᠯᠵᠤ ᠲᠡᠭᠦᠯᠳᠡᠷᠵᠢᠭᠦᠯᠦᠨ᠂ ᠲᠣᠰᠬᠤᠨ ᠤ ᠳᠦᠷᠢᠮ ᠠᠷᠠᠳ ᠤᠨ ᠭᠡᠷ᠎ᠡ ᠪᠠ ᠭᠡᠷ ᠤᠨ ᠰᠤᠷᠲᠠᠯ ᠰᠤᠷᠭᠠᠯ ᠢ ᠶᠡᠬᠡᠪᠡᠷ ᠬᠢᠵᠦ᠂ ᠭᠠᠴᠠᠭ᠎ᠠ ᠲᠣᠰᠬᠤᠨ ᠤ | ᠬᠠᠮᠲᠤ ᠶᠢᠨ ︽ᠭᠤᠷᠪᠠᠨ ᠬᠥᠷᠥᠩᠭᠡ︾ ᠶᠢᠨ ᠬᠠᠮᠢᠶᠠᠷᠤᠯᠲᠠ ᠶᠢ ᠴᠢᠩᠭᠠᠳᠬᠠᠨ᠂ ᠮᠠᠯ ᠲᠠᠷᠢᠶᠠᠯᠠᠩ ᠠᠵᠤ ᠠᠬᠤᠢ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ | ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠳ ᠤᠨ ᠮᠡᠷᠭᠡᠵᠢᠯ ᠤᠨ ᠪᠣᠯᠪᠠᠰᠤᠷᠠᠭᠤᠯᠤᠯ ᠢ ᠬᠦᠴᠦᠯᠡᠨ ᠴᠢᠩᠭᠠᠳᠬᠠᠨ᠂ ᠰᠢᠨ᠎ᠡ ᠮᠠᠶ᠋ᠢᠭ ᠤᠨ ᠲᠤᠰᠬᠠᠶᠢᠵᠢᠭᠰᠠᠨ ᠮᠠᠯᠴᠢᠨ | ᠲᠠᠷᠢᠶᠠᠴᠢᠨ ᠢ ᠲᠦᠷᠭᠡᠳᠬᠡᠨ ᠬᠥᠮᠥᠵᠢᠭᠦᠯᠵᠦ᠂ ᠨᠢᠭᠡ ᠪᠦᠯᠦᠭ ᠣᠷᠴᠢᠨ ᠲᠣᠭᠤᠷᠢᠨ ᠭᠤᠶᠢᠳᠠ ᠰᠠᠶᠢᠬᠠᠨ᠂ ᠠᠷᠠᠳ ᠢᠷᠭᠡᠳ ᠪᠠᠶᠠᠨ ᠴᠢᠨᠡᠭᠡᠯᠢᠭ ᠦᠵᠡᠰᠬᠦᠯᠡᠩᠳᠣ | ᠰᠠᠶᠢᠬᠠᠨ ᠬᠥᠳᠡᠭᠡ ᠨᠤᠲᠤᠭ ᠢ ᠬᠦᠴᠦᠯᠡᠨ ᠪᠠᠶᠢᠭᠤᠯᠤᠨ᠎ᠠ᠃ ᠰᠠᠭᠤᠷᠢ ᠪᠠᠶᠢᠭᠤᠯᠤᠯᠲᠠ ᠶᠢ ᠲᠣᠪᠣᠶᠢᠯᠭᠠᠵᠤ ᠲᠣᠯᠭᠠᠭᠤᠷᠢᠯᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ | ᠳᠣᠮᠳᠡ ᠵᠢᠵᠢᠭ ᠤᠷᠤᠰᠬᠠᠯ ᠤᠨ ᠰᠠᠪᠠ ᠶᠢᠨ ᠵᠠᠰᠠᠯᠲᠠ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠬᠠᠲᠤᠨ | ᠭᠤᠣᠯ ᠠᠴᠠ ᠤᠰᠤ ᠠᠪᠬᠤ ᠭᠦᠢᠴᠡᠳᠬᠡᠯ ᠲᠤᠭ᠎ᠠ ᠶᠢ ᠢᠳᠡᠪᠬᠢᠲᠡᠢ ᠴᠢᠷᠮᠠᠶᠢᠨ ᠣᠯᠵᠤ᠂ ᠬᠠᠳᠤᠨ ᠭᠤᠣᠯ ᠤᠨ ᠤᠰᠤ ᠶᠢ ᠲᠠᠲᠠᠷᠠᠭᠤᠯᠤᠨ ᠤᠰᠤ ᠬᠠᠩᠭᠠᠬᠤ | ᠬᠡᠪᠴᠢᠶᠡᠵᠢᠯ ᠢ 2 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠢ ᠳᠠᠪᠠᠭᠤᠯᠬᠤ ᠪᠠᠷ ᠴᠢᠷᠮᠠᠶᠢᠨ᠎ᠠ᠃ 35 ᠺᠢᠯᠣᠸᠣᠯᠲ ᠠᠴᠠ ᠳᠡᠭᠡᠭᠰᠢᠬᠢ ᠬᠦᠴᠦᠳᠡᠯ | ᠥᠭᠡᠷᠡᠴᠢᠯᠡᠬᠦ ᠥᠷᠲᠡᠭᠡ ᠶᠢ 29 ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠵᠤ᠂ ᠪᠠᠶᠢᠷᠢᠯᠠᠭᠤᠯᠤᠯᠲᠠ ᠪᠠᠷ ᠵᠣᠬᠢᠰᠲᠠᠢ᠂ ᠥᠨᠳᠥᠷ ᠪᠦᠲᠦᠮᠵᠢᠲᠡᠢ | ᠠᠮᠤᠷ ᠲᠦᠪᠰᠢᠨ ᠴᠠᠬᠢᠯᠭᠠᠨ ᠬᠠᠩᠭᠠᠬᠤ ᠭᠤᠣᠯ ᠲᠣᠣᠷ ᠪᠦᠲᠦᠴᠡ ᠶᠢ ᠪᠠᠶᠢᠭᠤᠯᠤᠨ᠎ᠠ᠃ ᠬᠤᠲᠠ ᠠᠴᠠ ᠭᠠᠷᠬᠤ ᠵᠠᠮ ᠢ ᠳᠡᠭᠡᠳᠦ ᠬᠤᠷᠳᠣᠴᠢᠯᠠᠬᠤ᠂ ᠬᠥᠳᠡᠭᠡ | ᠲᠣᠰᠬᠤᠨ ᠤ ᠵᠠᠰᠠᠮᠠᠯ ᠵᠠᠮ ᠢ ᠲᠡᠰᠵᠢᠬᠦᠯᠬᠦ᠂ ᠲᠡᠮᠦᠷ ᠵᠠᠮ ᠤᠨ ᠪᠠᠶᠢᠭᠤᠯᠤᠯᠲᠠ ᠶᠢ ᠰᠦᠯᠵᠢᠶᠡᠵᠢᠬᠦᠯᠬᠦ ᠱᠠᠭᠠᠷᠳᠠᠯᠭ᠎ᠠ ᠶᠣᠰᠣᠭᠠᠷ᠂ ᠮᠧᠩ ᠰᠢ ᠠᠴᠠ ᠺᠡᠷᠬᠦ᠋ᠯ ᠬᠤᠨᠢᠨ | ᠲᠠᠯᠠᠪᠠᠢ ᠬᠦᠷᠬᠦ ᠲᠡᠮᠦᠷ ᠵᠠᠮ᠂ ᠤᠯᠠᠭᠠᠨ ᠪᠠᠯᠭᠠᠰᠤ ᠠᠴᠠ ᠲᠣᠣ ᠯᠧ ᠬᠦᠷᠬᠦ ᠵᠢᠭᠤᠯᠴᠢᠯᠠᠯ ᠤᠨ ᠵᠠᠮ ᠵᠡᠷᠭᠡ ᠴᠢᠬᠤᠯᠠ ᠶᠡᠭᠡ ᠵᠠᠮ ᠨᠡᠪᠳᠡᠷᠡᠯᠭᠡ ᠶᠢᠨ ᠪᠠᠶᠢᠭᠤᠯᠤᠯᠲᠠ | ᠶᠢ ᠳᠣᠪᠣᠶᠢᠯᠭᠠᠨ ᠠᠳᠬᠤᠵᠤ᠂ ᠲᠡᠰᠳᠣ ᠵᠠᠰᠠᠮᠠᠯ ᠵᠠᠮ ᠢ 1152 ᠺᠢᠯᠣᠮᠧᠲᠷ᠂ ᠲᠡᠮᠦᠷ ᠵᠠᠮ ᠢ 179 ᠺᠢᠯᠣᠮᠧᠲᠷ ᠰᠢᠨ᠎ᠡ ᠪᠠᠷ ᠵᠠᠰᠠᠵᠤ᠂ ᠪᠠᠭ᠎ᠠ ᠬᠡᠯᠪᠡᠷᠢ ᠶᠢᠨ | ᠨᠢᠰᠬᠡᠯ ᠤᠨ ᠪᠠᠭᠤᠳᠠᠯ ᠪᠠᠶᠢᠭᠤᠯᠤᠨ᠂ ᠵᠦᠷᠢᠯᠢᠭ ᠵᠠᠮ ᠬᠠᠷᠢᠯᠴᠠᠭᠠᠨ ᠤ ᠰᠢᠨ᠎ᠡ ᠪᠠᠶᠢᠳᠠᠯ ᠢ ᠪᠦᠷᠢᠯᠳᠦᠭᠦᠯᠦᠨ᠎ᠡ᠃ ᠠᠮᠤᠷ ᠲᠦᠪᠰᠢᠨ ᠤ ᠰᠡᠷᠭᠡᠶᠢᠯᠡᠯᠲᠡ᠂ ᠨᠡᠶᠢᠭᠡᠮ | ᠤᠨ ᠬᠠᠮᠢᠶᠠᠷᠤᠯᠲᠠ᠂ ᠦᠢᠯᠡᠳᠪᠦᠷᠢᠯᠡᠯ ᠤᠨ ᠬᠢᠨᠠᠨ ᠡᠵᠡᠮᠰᠢᠯᠳᠡ᠂ ᠠᠮᠢᠳᠤᠷᠠᠯ ᠤᠨ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ︽ᠣᠶᠤᠨᠴᠢ ᠣᠲᠤᠭ︾ ᠢ | ᠲᠦᠷᠭᠡᠬᠡᠨ ᠪᠠᠶᠢᠭᠤᠯᠵᠤ᠂ ᠰᠤᠷᠠᠭ ᠵᠠᠩᠬᠢᠴᠢᠯᠠᠯᠲᠠ ᠶᠢ ᠲᠦᠭᠡᠮᠡᠯᠵᠢᠭᠦᠯᠬᠦ ᠨᠣᠷᠮ᠎ᠠ ᠬᠢᠭᠡᠳ ᠠᠭᠤᠰᠤᠯᠴᠠᠭᠤᠯᠬᠤ ᠲᠦᠪᠰᠢᠨ ᠢᠶᠠᠨ ᠳᠡᠭᠡᠭᠰᠢᠯᠡᠭᠦᠯᠦᠨ᠎ᠡ᠃ | — ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠰᠠᠶᠢᠵᠢᠷᠠᠭᠤᠯᠤᠯᠲᠠ ᠳᠤ ᠰᠢᠨ᠎ᠡ ᠳᠠᠪᠰᠢᠯᠲᠠ | ᠭᠠᠷᠭᠠᠨ᠎ᠠ᠃ ᠠᠮᠢ ᠠᠬᠤᠢ ᠬᠡᠪᠡᠷᠡᠭ ᠪᠠᠶᠢᠬᠤ ᠬᠤᠰᠢᠭᠤᠨ ᠤ ᠪᠠᠨ ᠦᠨᠳᠦᠰᠦᠨ ᠪᠠᠶᠢᠳᠠᠯ ᠢ ᠪᠠᠲᠤ ᠴᠡᠭᠡᠵᠢᠯᠡᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ | ᠶᠢ ᠶᠡᠬᠡᠪᠡᠷ ᠠᠬᠢᠭᠤᠯᠤᠨ᠂ ᠣᠲᠤᠭ ᠤᠨ ᠠᠮᠢ ᠠᠬᠤᠢ ᠶᠢᠨ ᠰᠢᠨ᠎ᠡ ᠬᠠᠯᠬᠠᠪᠴᠢ ᠶᠢ ᠪᠠᠶᠢᠭᠤᠯᠤᠨ᠎ᠠ᠃ ᠬᠠᠮᠠᠭᠠᠯᠠᠯᠲᠠ ᠶᠢᠨ ᠤᠬᠠᠮᠰᠠᠷ ᠢ ᠪᠣᠢ ᠪᠣᠯᠭᠠᠵᠤ᠂ ᠠᠮᠢ | ᠠᠬᠤᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠎ᠠ᠃ ︽ᠭᠤᠷᠪᠠᠨ ᠣᠷᠣᠨ︾ ᠤ ᠲᠥᠯᠥᠪᠵᠢᠭᠦᠯᠭᠡ ᠪᠠ ᠮᠠᠯ ᠬᠠᠰᠢᠶᠠᠯᠠᠬᠤ᠂ ᠮᠠᠯ ᠪᠡᠯᠴᠢᠭᠡᠷ ᠢ | ᠲᠡᠩᠴᠡᠭᠦᠷᠢᠲᠡᠢ ᠪᠠᠶᠢᠯᠭᠠᠬᠤ ᠲᠥᠷᠥ ᠶᠢᠨ ᠪᠣᠳᠣᠯᠭ᠎ᠠ ᠶᠢ ᠡᠷᠡᠰ ᠭᠤᠶᠢᠪᠢᠰᠢ ᠦᠭᠡᠢ ᠬᠡᠷᠡᠭᠵᠢᠭᠦᠯᠵᠦ᠂ ᠪᠥᠬᠦ ᠰᠢᠰᠲ᠋ᠧᠮ ᠤᠨ ᠠᠮᠢ ᠠᠬᠤᠢ ᠶᠢᠨ ᠰᠡᠷᠭᠦᠭᠡᠯᠲᠡ ᠶᠢ | ᠥᠷᠨᠢᠭᠦᠯᠦᠨ᠂ 2960 ᠲᠦᠮᠡᠨ ᠮᠦ ᠦᠩᠰᠢᠩ ᠰᠠᠶᠢᠬᠠᠨ ᠪᠠᠶᠢᠭᠠᠯᠢ ᠶᠢᠨ ᠪᠡᠯᠴᠢᠭᠡᠷ ᠢ ᠰᠠᠶᠢᠲᠤᠷ ᠬᠠᠮᠠᠭᠠᠯᠠᠨ᠎ᠠ᠃ ᠤᠯᠤᠰ ᠤᠨ ᠭᠠᠵᠠᠷ ᠰᠢᠷᠣᠢ ᠶᠢ | ᠨᠣᠭᠤᠭᠠᠷᠠᠭᠤᠯᠬᠤ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠲᠤᠬᠠᠢ ᠶᠢᠨ ᠭᠠᠵᠠᠷ ᠲᠠᠭᠠᠨ ᠲᠣᠬᠢᠷᠠᠭᠤᠯᠤᠨ ᠠᠮᠢ ᠠᠬᠤᠢ ᠶᠢᠨ ᠲᠥᠷᠥᠯ ᠵᠦᠢᠯ ᠢ | ᠬᠡᠷᠡᠭᠵᠢᠭᠦᠯᠦᠨ᠂ ᠭᠤᠤᠯᠳᠠᠯᠭᠠᠳᠤ ᠣᠷᠣᠨ ᠪᠦᠰᠡ ᠶᠢᠨ ᠨᠣᠭᠤᠭᠠᠷᠠᠭᠤᠯᠤᠯᠲᠠ ᠶᠢ ᠢᠳᠡᠪᠬᠢᠲᠡᠢ ᠥᠷᠨᠢᠭᠦᠯᠵᠦ᠂ 2020 ᠣᠨ ᠪᠣᠯᠬᠤ ᠳᠤ ᠣᠢ ᠰᠢᠭᠤᠢ ᠶᠢᠨ | ᠪᠦᠷᠬᠦᠯᠲᠡ ᠶᠢᠨ ᠨᠤᠷᠮ᠎ᠠ ᠬᠢᠭᠡᠳ ᠤᠷᠭᠤᠮᠠᠯ ᠤᠨ ᠬᠤᠴᠢᠯᠳᠡ ᠶᠢᠨ ᠨᠤᠷᠮ᠎ᠠ ᠶᠢ ᠲᠣᠰᠪᠤᠷᠢ 25% ᠪᠠ 45% ᠠᠴᠠ ᠳᠡᠭᠡᠭᠰᠢ ᠬᠦᠷᠭᠡᠨ᠎ᠡ᠃ ᠬᠤᠷᠢᠭ᠎ᠠ ᠱᠤᠭᠤᠮ | ᠤᠨ ᠤᠬᠠᠮᠰᠠᠷ ᠢ ᠪᠣᠢ ᠪᠣᠯᠭᠠᠵᠤ᠂ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢ ᠶᠡᠬᠡᠪᠡᠷ ᠥᠷᠨᠢᠭᠦᠯᠦᠨ᠎ᠡ᠃ ᠣᠷᠴᠢᠨ ᠲᠣᠭᠤᠷᠢᠨ ᠢ ᠬᠠᠮᠠᠭᠠᠯᠠᠬᠤ ᠬᠤᠷᠢᠭ᠎ᠠ | ᠱᠤᠭᠤᠮ ᠤᠨ ᠳᠦᠷᠢᠮ ᠢ ᠪᠠᠶᠢᠭᠤᠯᠵᠤ᠂ ᠡᠨᠧᠷᠬᠢ᠂ ᠤᠰᠤᠨ ᠰᠤᠷᠪᠤᠯᠵᠢ᠂ ᠭᠠᠵᠠᠷ ᠬᠡᠷᠡᠭᠯᠡᠬᠦ ᠶᠡᠷᠦᠩᠬᠡᠢ ᠬᠡᠮᠵᠢᠶ᠎ᠡ ᠬᠢᠭᠡᠳ ᠬᠡᠷᠡᠭᠯᠡᠬᠦ ᠡᠷᠴᠢᠮ ᠢ ᠬᠤᠣᠰ ᠴᠢᠭᠯᠡᠯ | ᠢᠶᠠᠷ ᠬᠢᠵᠠᠭᠠᠷᠯᠠᠬᠤ ᠲᠣᠭᠲᠠᠴᠠ ᠶᠢ ᠪᠦᠷᠢᠯᠳᠦᠭᠦᠯᠦᠨ᠂ ᠠᠮᠢ ᠠᠬᠤᠢ ᠶᠢ ᠬᠠᠮᠠᠭᠠᠯᠠᠬᠤ ᠨᠥᠬᠦᠪᠦᠷᠢ ᠶᠢᠨ ᠲᠣᠭᠲᠠᠴᠠ ᠪᠠ ᠣᠷᠴᠢᠨ ᠲᠣᠭᠤᠷᠢᠨ ᠤ ᠰᠤᠷᠠᠭ ᠵᠠᠩᠭᠢ ᠶᠢ | ᠢᠯᠡ ᠨᠡᠶᠢᠲᠡᠯᠡᠬᠦ ᠳᠦᠷᠢᠮ ᠢ ᠲᠡᠭᠦᠯᠳᠡᠷᠵᠢᠭᠦᠯᠵᠦ᠂ ᠣᠷᠴᠢᠨ ᠲᠣᠭᠤᠷᠢᠨ ᠢ ᠬᠠᠮᠠᠭᠠᠯᠠᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ᠂ ᠠᠮᠢ | ᠠᠬᠤᠢ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ ᠬᠠᠷᠢᠭᠤᠴᠠᠯᠭ᠎ᠠ ᠶᠢ ᠨᠠᠰᠤᠨ ᠲᠤᠷᠰᠢᠲᠠ ᠨᠡᠬᠡᠮᠵᠢᠯᠡᠬᠦ ᠳᠦᠷᠢᠮ ᠢ ᠬᠡᠷᠡᠭᠵᠢᠭᠦᠯᠦᠨ᠎ᠡ᠃ ᠴᠢ ᠫᠠᠨ ᠵᠢᠩ᠂ | ᠮᠧᠩ ᠰᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠭᠤᠷᠪᠠᠨ ᠲᠣᠭᠤᠰᠣ ᠭᠤᠷᠪᠠᠨ | ᠬᠠᠶᠠᠭᠳᠠᠮᠠᠯ︾ ᠤᠨ ᠵᠠᠰᠠᠯᠲᠠ ᠶᠢ ᠭᠤᠣᠯᠳᠠᠯᠭ᠎ᠠ ᠲᠠᠢ ᠥᠷᠨᠢᠭᠦᠯᠦᠨ᠂ ᠠᠭᠠᠷ ᠮᠠᠨᠳᠠᠯ᠂ ᠤᠰᠤᠨ ᠰᠤᠷᠪᠤᠯᠵᠢ᠂ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ | ᠵᠠᠰᠠᠬᠤ ᠪᠠ ᠭᠤᠣᠯ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠢ ᠨᠢᠭᠡᠳᠦᠯᠲᠡᠢ ᠰᠠᠶᠢᠲᠤᠷ ᠠᠳᠬᠤᠵᠤ᠂ ᠠᠵᠤ ᠠᠬᠤᠢ ᠶᠢᠨ ᠬᠥᠭᠵᠢᠯᠲᠡ ᠲᠠᠢ | ᠲᠣᠬᠢᠷᠠᠭᠰᠠᠨ ᠠᠮᠢ ᠠᠬᠤᠢ ᠶᠢᠨ ᠣᠷᠴᠢᠨ ᠲᠣᠭᠤᠷᠢᠨ ᠢ ᠪᠦᠷᠢᠯᠳᠦᠭᠦᠯᠦᠨ᠎ᠡ᠃ ᠠᠷᠪᠢᠯᠠᠨ ᠭᠠᠮᠨᠠᠬᠤ ᠤᠬᠠᠮᠰᠠᠷ ᠢ ᠪᠤᠢ ᠪᠣᠯᠭᠠᠵᠤ᠂ ᠪᠣᠬᠢᠷᠲᠤᠯ ᠦᠭᠡᠢ ᠠᠵᠤ ᠠᠬᠤᠢ | ᠶᠢ ᠢᠳᠡᠪᠬᠢᠲᠡᠢ ᠬᠥᠭᠵᠢᠭᠦᠯᠦᠨ᠎ᠡ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠬᠢᠭᠡᠳ ᠠᠵᠤ ᠠᠬᠤᠢ ᠨᠡᠶᠢᠭᠡᠮ ᠤᠨ ᠪᠠᠶᠢᠭᠤᠯᠤᠯᠲᠠ ᠬᠥᠭᠵᠢᠯᠲᠡ ᠶᠢᠨ ᠬᠠᠷᠢᠴᠠᠭ᠎ᠠ | ᠶᠢ ᠨᠢᠭᠡᠳᠦᠯᠲᠡᠢ ᠲᠥᠯᠥᠪᠯᠡᠨ ᠰᠢᠢᠳᠪᠣᠷᠢᠯᠡᠵᠤ᠂ ᠦᠵᠡᠰᠬᠦᠯᠡᠩᠳᠣ ᠰᠠᠶᠢᠬᠠᠨ ᠪᠠ ᠥᠷᠨᠢᠩᠭᠦᠢ ᠬᠥᠭᠵᠢᠯᠲᠡ ᠶᠢᠨ ᠬᠤᠣᠰ ᠠᠮᠵᠢᠯᠲᠠ ᠶᠢ ᠪᠡᠶᠡᠯᠡᠭᠦᠯᠦᠨ᠎ᠡ᠃ ᠭᠠᠵᠠᠷ | ᠳᠣᠣᠷᠠᠬᠢ ᠤᠰᠤ ᠶᠢ ᠬᠡᠲᠦᠷᠡᠭᠦᠯᠦᠨ ᠬᠡᠷᠡᠭᠯᠡᠬᠦ ᠶᠢ ᠶᠡᠷᠦᠩᠬᠡᠶᠢᠯᠡᠨ ᠵᠠᠰᠠᠬᠤ ᠶᠢ ᠲᠦᠷᠭᠡᠳᠬᠡᠵᠦ᠂ ᠤᠰᠤ ᠠᠷᠪᠢᠯᠠᠨ ᠤᠰᠤᠯᠠᠬᠤ ᠶᠢ ᠶᠡᠬᠡᠪᠡᠷ ᠥᠷᠨᠢᠭᠦᠯᠦᠨ᠎ᠡ᠃ | ᠣᠷᠴᠢᠯ ᠠᠵᠤ ᠠᠬᠤᠢ ᠪᠠ ᠡᠨᠧᠷᠬᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠢ ᠲᠦᠷᠭᠡᠬᠡᠨ ᠬᠥᠭᠵᠢᠭᠦᠯᠵᠦ᠂ ︽ᠭᠤᠷᠪᠠ ᠥᠨᠳᠥᠷ︾ | ᠲᠥᠷᠥᠯ ᠵᠦᠢᠯ ᠤᠨ ᠰᠢᠨ᠎ᠡ ᠪᠠᠷ ᠪᠠᠶᠢᠭᠤᠯᠬᠤ ᠶᠢ ᠡᠷᠡᠰ ᠬᠤᠷᠢᠭᠯᠠᠨ᠂ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠦᠪᠰᠢᠨ ᠢᠶᠠᠨ ᠳᠡᠭᠡᠭᠰᠢᠯᠡᠭᠦᠯᠵᠦ᠂ | 2020 ᠣᠨ ᠪᠣᠯᠬᠤ ᠳᠤ ᠨᠡᠭᠦᠷᠡᠰᠦᠨ ᠴᠢᠯᠠᠭᠤ᠂ ᠨᠤᠨᠳᠠᠭ ᠨᠡᠭᠦᠷᠡᠰᠦᠨ ᠦᠨᠡᠰᠦ ᠶᠢ ᠶᠡᠷᠦᠩᠬᠡᠶᠢᠯᠡᠨ ᠠᠰᠢᠭᠯᠠᠬᠤ ᠨᠤᠷᠮ᠎ᠠ ᠶᠢ 80% ᠠᠴᠠ ᠳᠡᠭᠡᠭᠰᠢ ᠬᠦᠷᠭᠡᠨ᠎ᠡ᠃ | ᠪᠣᠬᠢᠷᠲᠤᠯ ᠦᠭᠡᠢ ᠪᠠᠷᠢᠯᠭ᠎ᠠ᠂ ᠪᠣᠬᠢᠷᠲᠤᠯ ᠦᠭᠡᠢ ᠵᠠᠮ ᠬᠠᠷᠢᠯᠴᠠᠭ᠎ᠠ᠂ ᠪᠣᠬᠢᠷᠲᠤᠯ ᠦᠭᠡᠢ ᠬᠡᠷᠡᠭᠯᠡᠭᠡ ᠶᠢ ᠶᠡᠬᠡᠪᠡᠷ ᠲᠦᠭᠡᠮᠡᠯᠵᠢᠭᠦᠯᠵᠦ᠂ ᠪᠦᠬᠦ ᠨᠡᠶᠢᠭᠡᠮ ᠳᠤ ᠠᠮᠢ | ᠠᠬᠤᠢ ᠶᠢᠨ ᠪᠣᠯᠪᠠᠰᠤᠨ ᠤ ᠣᠷᠴᠢᠨ ᠠᠬᠤᠢ ᠶᠢ ᠪᠣᠢ ᠪᠣᠯᠭᠠᠨ᠂ ᠣᠲᠤᠭ ᠤᠨ ᠠᠭᠤᠯᠠ ᠤᠰᠤ ᠪᠠᠨ ᠣᠩᠭᠤᠨ ᠲᠠᠷᠬᠠᠨ ᠢᠶᠠᠷ ᠢᠶᠠᠨ ᠪᠠᠶᠢᠯᠭᠠᠨ᠎ᠠ᠃ | — ᠨᠡᠭᠡᠭᠡᠯᠲᠡ ᠲᠠᠢ ᠬᠥᠭᠵᠢᠯᠲᠡ ᠶᠢ ᠪᠠᠷᠢᠮᠲᠠᠯᠠᠵᠤ᠂ ᠥᠭᠡᠷᠡᠴᠢᠯᠡᠯᠲᠡ ᠶᠢᠨ ᠠᠮᠢᠵᠢᠷᠠᠯ ᠤᠨ ᠬᠦᠴᠦᠨ ᠢᠶᠠᠷ ᠰᠢᠨ᠎ᠡ ᠪᠦᠲᠦᠮᠵᠢ ᠭᠠᠷᠭᠠᠨ᠎ᠠ᠃ ᠵᠠᠬ᠎ᠠ | ᠳᠡᠯᠭᠡᠭᠦᠷ ᠤᠨ ᠡᠬᠢ ᠪᠠᠶᠠᠯᠢᠭ ᠤᠨ ᠲᠣᠬᠢᠷᠠᠭᠤᠯᠤᠯᠲᠠ ᠳᠠᠬᠢ ᠰᠢᠢᠳᠪᠣᠷᠢᠯᠡᠭᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠲᠠᠯ᠎ᠠ ᠶᠢᠨ ᠬᠢᠨ ᠤ ᠠᠮᠢᠵᠢᠷᠠᠯ ᠤᠨ | ᠬᠦᠴᠦᠨ ᠢ ᠬᠥᠭᠵᠢᠭᠡᠨ᠂ ᠤᠲᠤᠭ ᠤᠨ ᠣᠷᠣᠨ ᠪᠦᠰᠡ ᠶᠢᠨ ᠥᠷᠢᠰᠦᠯᠳᠦᠬᠦ ᠬᠦᠴᠦᠨ ᠢ ᠨᠡᠮᠡᠭᠳᠡᠭᠦᠯᠦᠨ᠎ᠡ᠃ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠵᠤ᠂ | ᠥᠭᠡᠷᠡᠴᠢᠯᠡᠯᠲᠡ ᠪᠠᠷ ᠪᠠᠬᠢᠯᠡᠯᠲᠡ ᠰᠢᠪᠲᠤᠯᠬᠤ ᠶᠢ ᠰᠠᠶᠢᠲᠤᠷ ᠠᠳᠬᠤᠨ᠎ᠠ᠃ ᠵᠠᠰᠠᠭ ᠢ ᠴᠣᠮᠬᠠᠳᠬᠠᠨ ᠡᠷᠬᠡ ᠶᠢ ᠪᠠᠭᠤᠯᠭᠠᠬᠤ ᠶᠢ ᠦᠷᠭᠦᠯᠵᠢᠯᠡᠨ ᠠᠬᠢᠭᠤᠯᠵᠤ᠂ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠲᠣᠭᠲᠠᠴᠠ ᠶᠢᠨ ᠥᠭᠡᠷᠡᠴᠢᠯᠡᠯᠲᠡ ᠶᠢ ᠶᠡᠬᠡᠪᠡᠷ ᠥᠷᠨᠢᠭᠦᠯᠦᠨ᠂ ᠬᠡᠷᠡᠭ ᠤᠨ ᠳᠤᠮᠳᠠ ᠬᠡᠷᠡᠭ ᠤᠨ ᠰᠡᠭᠦᠯᠡᠷ ᠲᠠᠬᠢ | ᠬᠢᠨᠠᠨ ᠬᠠᠮᠢᠶᠠᠷᠤᠯᠲᠠ ᠪᠠᠨ ᠴᠢᠩᠭᠠᠳᠬᠠᠵᠤ᠂ ᠵᠠᠰᠠᠭ ᠵᠠᠬᠢᠷᠭᠠᠨ ᠤ ᠥᠪᠡᠷ ᠤᠨ ᠥᠷᠲᠡᠭ ᠢ ᠪᠠᠭᠤᠷᠠᠭᠤᠯᠤᠨ᠂ ᠵᠠᠰᠠᠭ ᠤᠨ ᠣᠷᠳᠣᠨ ᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠰᠢᠨ᠎ᠡ ᠮᠠᠶ᠋ᠢᠭ ᠤᠨ ᠮᠠᠯ ᠲᠠᠷᠢᠶᠠᠯᠠᠩ ᠠᠵᠤ ᠠᠬᠤᠢ ᠶᠢᠨ ᠡᠵᠡᠩᠨᠡᠯᠲᠡ ᠶᠢᠨ ᠲᠣᠭᠲᠠᠯᠴᠠᠭ᠎ᠠ ᠶᠢ ᠪᠠᠶᠢᠭᠤᠯᠵᠤ᠂ ᠮᠠᠯᠴᠢᠨ ᠲᠠᠷᠢᠶᠠᠴᠢᠳ ᠪᠣᠯᠣᠨ | ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠭᠠᠵᠠᠷ ᠰᠢᠷᠣᠢ ᠶᠢᠨ ᠡᠷᠭᠢᠯᠲᠡ ᠬᠢᠭᠡᠳ ᠬᠡᠪᠴᠢᠶᠡᠵᠢᠯ | ᠡᠵᠡᠩᠨᠡᠯᠲᠡ ᠶᠢ ᠰᠢᠨᠵᠢᠯᠡᠬᠦ ᠤᠬᠠᠭᠠᠨᠴᠢ ᠪᠠᠷ ᠲᠣᠬᠢᠲᠠᠢ ᠠᠬᠢᠭᠤᠯᠤᠨ᠂ ᠮᠠᠯ ᠲᠠᠷᠢᠶᠠᠯᠠᠩ ᠠᠵᠤ ᠠᠬᠤᠢ ᠶᠢᠨ ᠮᠥᠩᠭᠦᠨ ᠭᠦᠢᠯᠬᠡᠬᠡ ᠳᠠᠭᠠᠳᠬᠠᠯ ᠢ ᠳᠡᠮᠵᠢᠨ | ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠷᠦᠬᠡ ᠠᠮᠠ ᠶᠢᠨ ᠳᠦᠷᠢᠮ ᠤᠨ ᠥᠭᠡᠷᠡᠴᠢᠯᠡᠯᠲᠡ ᠶᠢ ᠨᠠᠶᠢᠳᠠᠪᠤᠷᠢᠲᠠᠢ ᠥᠷᠨᠢᠭᠦᠯᠵᠦ᠂ ᠤᠯᠤᠰ ᠤᠨ | ᠦᠮᠴᠢᠯᠡᠯᠳᠣ ᠠᠵᠤ ᠠᠬᠤᠶᠢᠯᠠᠯ᠂ ᠨᠡᠶᠢᠭᠡᠮ ᠤᠨ ᠬᠡᠪᠴᠢᠶᠡᠨ ᠤ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠨ᠎ᠠ᠃ ᠣᠨᠢᠨ ᠳᠡᠭᠡᠷ᠎ᠡ ᠨᠢ | ᠬᠦᠴᠦᠯᠡᠵᠦ᠂ ᠨᠡᠭᠡᠭᠡᠯᠲᠡ ᠲᠠᠢ ᠬᠠᠮᠲᠤᠷᠠᠯᠴᠠᠭ᠎ᠠ ᠶᠢ ᠰᠠᠶᠢᠲᠤᠷ ᠠᠳᠬᠤᠨ᠎ᠠ᠃ ︽ᠨᠢᠭᠡ ᠪᠦᠰᠡ ᠨᠢᠭᠡ ᠵᠠᠮ︾᠂ ᠳᠤᠮᠳᠠᠳᠤ ᠮᠣᠩᠭᠤᠯ ᠣᠷᠣᠰ ᠤᠨ ᠠᠵᠤ ᠠᠬᠤᠢ | ᠶᠢᠨ ᠬᠤᠩᠭᠢᠯ ᠪᠠ ᠥᠪᠥᠷ ᠮᠣᠩᠭᠤᠯ ᠱᠠᠨᠰᠢ ᠨᠢᠩᠰᠢᠶ᠋ᠨ ᠶᠢᠨ ᠤᠯᠤᠰ ᠤᠨ ᠡᠨᠧᠷᠬᠢ ᠬᠢᠮᠢ ᠶᠢᠨ ᠠᠵᠤ ᠦᠢᠯᠡᠳᠪᠦᠷᠢ ᠶᠢᠨ ᠲᠣᠭᠤᠷᠢᠭ ᠲᠤ ᠰᠠᠨᠠᠭᠠᠴᠢᠯᠠᠭ᠎ᠠ ᠠᠴᠠ | ᠪᠠᠨ ᠠᠭᠤᠰᠤᠯᠴᠠᠵᠤ᠂ ᠬᠠᠨᠳᠤᠯᠭ᠎ᠠ ᠲᠠᠢ ᠪᠠᠷ ᠨᠡᠭᠡᠭᠡᠯᠲᠡ ᠬᠢᠬᠦ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠢᠩᠰᠢᠶ᠋ᠨ ᠯᠤᠭ᠎ᠠ ᠰᠠᠨᠠᠭᠠᠴᠢᠯᠠᠭ᠎ᠠ ᠠᠴᠠ | ᠪᠠᠨ ᠬᠤᠷᠰᠢᠨ᠂ ᠭᠤᠣᠯᠳᠠᠯᠭ᠎ᠠ ᠲᠠᠢ ᠵᠠᠮ ᠢ ᠬᠠᠮᠳᠣᠪᠡᠷ ᠪᠠᠶᠢᠭᠤᠯᠤᠨ ᠬᠠᠮᠢᠶᠠᠷᠬᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠨᠡᠭᠡᠭᠡᠨ ᠬᠥᠭᠵᠢᠭᠦᠯᠬᠦ ᠬᠠᠷᠢᠯᠴᠠᠨ | ᠠᠰᠢᠭᠲᠠᠢ ᠬᠠᠮᠲᠤᠷᠠᠯᠴᠠᠭ᠎ᠠ ᠶᠢᠨ ᠲᠣᠭᠲᠠᠴᠠ ᠶᠢ ᠳᠠᠷᠤᠶᠢᠬᠠᠨ ᠪᠦᠷᠢᠯᠳᠦᠭᠦᠯᠦᠨ᠎ᠡ︔ ᠦᠬᠠᠢ᠂ ᠠᠯᠠᠱᠨ ᠲᠠᠢ ᠰᠠᠨᠠᠭᠠᠴᠢᠯᠠᠭ᠎ᠠ ᠠᠴᠠ ᠪᠠᠨ ᠬᠠᠮᠲᠤᠷᠠᠵᠤ᠂ | ᠭᠤᠣᠯᠳᠠᠭᠤ ᠣᠷᠣᠨ ᠪᠦᠰᠡ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠠᠵᠤ ᠦᠢᠯᠡᠰ ᠤᠨ ᠲᠥᠷᠥᠯ ᠵᠦᠢᠯ ᠢᠶᠠᠷ ᠬᠤᠷᠰᠢᠬᠤ ᠲᠠᠯ᠎ᠠ ᠪᠠᠷ ᠬᠠᠮᠲᠤ ᠶᠢᠨ | ᠲᠠᠨᠢᠯᠲᠠ ᠲᠠᠢ ᠪᠣᠯᠭᠠᠨ᠎ᠠ᠃ ᠪᠣᠳᠠᠲᠤ ᠠᠵᠤ ᠠᠬᠤᠢ ᠶᠢᠨ ᠭᠤᠣᠯ ᠬᠦᠴᠦᠨ ᠤ ᠪᠠᠶᠢᠷᠢ ᠰᠠᠭᠤᠷᠢ ᠶᠢ ᠪᠠᠬᠢᠵᠢᠭᠦᠯᠦᠨ ᠪᠤᠵᠠᠭᠠᠶᠢᠷᠠᠭᠤᠯᠵᠤ᠂ ᠬᠤᠳᠠᠯᠳᠤᠭᠠᠴᠢᠨ ᠢᠶᠠᠷ | ᠬᠤᠳᠠᠯᠳᠤᠭᠠᠴᠢᠨ ᠤᠷᠢᠬᠤ ᠶᠢ ᠳᠣᠪᠣᠶᠢᠯᠭᠠᠨ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠴᠠᠬᠢᠯᠭᠠᠨ ᠬᠦᠴᠦᠨ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠬᠢᠮᠢ | ᠶᠢᠨ ᠠᠵᠤ ᠦᠢᠯᠡᠳᠪᠦᠷᠢ ᠵᠡᠷᠭᠡ ᠠᠵᠤ ᠦᠢᠯᠡᠰ ᠤᠨ ᠲᠣᠭᠤᠷᠢᠨ ᠳᠤ᠂ ᠨᠢᠭᠡ ᠪᠦᠯᠦᠭ ᠠᠵᠤ ᠦᠢᠯᠡᠰ ᠤᠨ ᠤᠷᠲᠤᠳᠬᠠᠯ ᠪᠠ ᠣᠷᠴᠢᠯ ᠬᠥᠭᠵᠢᠯᠲᠡ ᠲᠠᠢ ᠲᠣᠮᠣ | ᠲᠥᠷᠥᠯ ᠵᠦᠢᠯ᠂ ᠲᠣᠮᠣ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠨᠢᠭᠡ ᠪᠦᠯᠦᠭ ᠰᠢᠨ᠎ᠡ ᠶᠢ ᠡᠭᠦᠳᠬᠦ ᠬᠡᠯᠪᠡᠷᠢ᠂ ᠰᠢᠨᠵᠢᠯᠡᠬᠦ ᠤᠬᠠᠭᠠᠨ ᠮᠡᠷᠭᠡᠵᠢᠯ ᠤᠨ | ᠬᠡᠯᠪᠡᠷᠢ ᠪᠠ ᠦᠢᠯᠡᠴᠢᠯᠡᠭᠡᠨ ᠤ ᠬᠡᠯᠪᠡᠷᠢ ᠶᠢᠨ ᠲᠥᠷᠥᠯ ᠵᠦᠢᠯ ᠢ ᠢᠵᠢ ᠪᠦᠷᠢᠳᠦᠭᠦᠯᠦᠨ ᠬᠡᠷᠡᠭᠵᠢᠭᠦᠯᠵᠦ᠂ ᠪᠠᠶᠢᠷᠢᠯᠠᠭᠤᠯᠤᠯᠲᠠ ᠲᠥᠪᠯᠡᠷᠡᠭᠰᠡᠨ᠂ ᠠᠵᠤ ᠠᠬᠤᠶᠢᠯᠠᠯ | ᠰᠦᠷᠦᠭᠵᠢᠭᠰᠡᠨ᠂ ᠠᠵᠤ ᠦᠢᠯᠡᠰ ᠨᠢᠭᠲᠠᠷᠠᠭᠰᠠᠨ ᠬᠥᠭᠵᠢᠯᠲᠡ ᠶᠢᠨ ᠲᠥᠯᠥᠪ ᠢ ᠪᠦᠷᠢᠯᠳᠦᠭᠦᠯᠦᠨ᠎ᠡ᠃ ᠲᠣᠭᠲᠠᠴᠠ ᠶᠢ ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ | ᠬᠥᠳᠡᠯᠭᠡᠬᠦ ᠬᠦᠴᠦᠨ ᠢ ᠰᠠᠶᠢᠲᠤᠷ ᠠᠳᠬᠤᠨ᠎ᠠ᠃ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠨ᠂ ᠵᠠᠬ᠎ᠠ ᠳᠡᠯᠭᠡᠭᠦᠷ ᠢᠶᠠᠷ ᠬᠥᠳᠣᠯᠣᠮᠵᠢ ᠪᠣᠯᠭᠠᠭᠰᠠᠨ᠂ | ᠦᠢᠯᠡᠳᠪᠦᠷᠢᠯᠡᠬᠦ ᠰᠣᠷᠣᠯᠴᠠᠬᠤ ᠰᠤᠳᠤᠯᠬᠤ ᠶᠢ ᠤᠶᠠᠯᠳᠤᠭᠤᠯᠤᠭᠰᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠭᠲᠠᠯᠴᠠᠭ᠎ᠠ ᠶᠢ ᠲᠦᠷᠭᠡᠬᠡᠨ ᠪᠠᠶᠢᠭᠤᠯᠵᠤ᠂ ᠤᠯᠤᠰ | ᠤᠨ ᠲᠡᠰ ᠤᠨ ᠰᠤᠳᠤᠯᠤᠨ ᠨᠡᠭᠡᠭᠡᠬᠦ ᠲᠥᠪ ᠢ 3 —5 ᠪᠣᠶᠢᠵᠢᠭᠤᠯᠤᠨ᠂ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠬᠠᠶᠢᠯᠤᠰᠢ ᠵᠡᠷᠭᠡ ᠠᠵᠤ ᠦᠢᠯᠡᠰ ᠤᠨ | ᠮᠡᠷᠭᠡᠵᠢᠯ ᠤᠨ ᠰᠤᠳᠤᠯᠤᠨ ᠨᠡᠭᠡᠭᠡᠬᠦ ᠬᠢᠭᠡᠳ ᠨᠠᠷᠢᠯᠢᠭ ᠪᠣᠯᠪᠠᠰᠤᠷᠠᠭᠤᠯᠬᠤ ᠲᠥᠷᠥᠯ ᠵᠦᠢᠯ ᠤᠨ ᠤᠷᠲᠤᠳᠬᠠᠯ ᠢ ᠠᠬᠢᠭᠤᠯᠤᠨ᠂ ᠠᠵᠢᠯ ᠲᠥᠷᠥᠯ ᠤᠨ ᠪᠠᠷᠢᠮᠵᠢᠶ᠎ᠠ ᠶᠢ | ᠲᠣᠭᠲᠠᠭᠠᠬᠤ ᠳᠤ ᠢᠳᠡᠪᠬᠢᠲᠡᠢ ᠣᠷᠣᠯᠴᠠᠵᠤ᠂ ᠳᠠᠪᠠᠭᠤᠯᠢᠭᠳᠣ ᠠᠵᠤ ᠦᠢᠯᠡᠰ ᠤᠨ ᠬᠥᠭᠵᠢᠯᠲᠡ ᠶᠢᠨ ᠦᠵᠡᠯᠲᠡ ᠪᠠᠨ ᠳᠡᠯᠭᠡᠬᠦ ᠡᠷᠬᠡ ᠶᠢ ᠡᠵᠡᠮᠰᠢᠨ᠎ᠡ᠃ ︽ | ᠴᠢᠳᠠᠪᠤᠷᠢᠲᠠᠨ ᠢᠶᠠᠷ ᠬᠤᠰᠢᠭᠤ ᠪᠠᠨ ᠬᠦᠴᠦᠷᠬᠡᠭᠵᠢᠭᠦᠯᠬᠦ︾ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶᠢᠷᠡᠭᠦᠯᠵᠦ᠂ ᠡᠨᠧᠷᠬᠢ ᠬᠢᠮᠢ ᠶᠢᠨ ᠠᠵᠤ ᠦᠢᠯᠡᠳᠪᠦᠷᠢ᠂ | ᠲᠡᠮᠦᠷᠯᠢᠭ ᠬᠠᠶᠢᠯᠤᠰᠢ ᠪᠠᠷᠢᠯᠭ᠎ᠠ ᠶᠢᠨ ᠮᠠᠲ᠋ᠧᠷᠢᠶᠠᠯ᠂ ᠮᠠᠯ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ᠂ ᠡᠯᠧᠺᠲᠷᠣᠨ ᠰᠤᠷᠠᠭ ᠵᠠᠩᠭᠢ᠂ ᠰᠣᠶᠣᠯ ᠵᠢᠭᠤᠯᠴᠢᠯᠠᠯ᠂ | ᠣᠳᠣ ᠦᠶ᠎ᠡ ᠶᠢᠨ ᠪᠠᠷᠠᠭᠠᠨ ᠤ ᠭᠦᠢᠯᠬᠡᠬᠡ ᠵᠡᠷᠭᠡ ᠠᠵᠤ ᠦᠢᠯᠡᠰ ᠤᠨ ᠲᠣᠭᠤᠷᠢᠨ ᠳᠤ᠂ ᠨᠢᠭᠡ ᠪᠦᠯᠦᠭ ᠳᠡᠭᠡᠳᠦ ᠲᠡᠰ ᠤᠨ ᠴᠢᠳᠠᠪᠤᠷᠢᠲᠠᠨ ᠬᠢᠭᠡᠳ ᠰᠢᠨ᠎ᠡ ᠶᠢ | ᠡᠭᠦᠳᠬᠦ ᠪᠦᠯᠬᠦᠮ ᠢ ᠤᠷᠢᠨ ᠠᠪᠴᠢᠷᠠᠨ᠎ᠠ︔ ᠰᠤᠷᠭᠠᠨ ᠬᠥᠮᠥᠵᠢᠯ᠂ ᠡᠷᠡᠭᠦᠯ ᠬᠠᠮᠠᠭᠠᠯᠠᠯ᠂ ᠰᠣᠶᠣᠯ ᠤᠨ ᠦᠢᠯᠡᠰ ᠤᠨ ᠲᠣᠭᠤᠷᠢᠨ ᠳᠤ᠂ ᠨᠢᠭᠡ ᠪᠦᠯᠦᠭ ᠲᠤᠰᠬᠠᠢ | ᠮᠡᠷᠭᠡᠵᠢᠯᠲᠡᠨ᠂ ᠮᠡᠷᠭᠡᠵᠢᠯ ᠤᠨ ᠬᠡᠯᠪᠡᠷᠢ ᠶᠢᠨ ᠴᠢᠳᠠᠪᠤᠷᠢᠲᠠᠨ ᠢ ᠤᠷᠢᠨ ᠠᠪᠴᠢᠷᠠᠨ᠎ᠠ᠃ ︽ᠣᠯᠠᠨ ᠢᠶᠠᠷ ᠢᠶᠠᠨ ᠦᠢᠯᠡᠰ ᠪᠣᠰᠬᠠᠵᠤ᠂ ᠪᠦᠭᠦᠳᠡᠭᠡᠷ ᠢᠶᠠᠨ ᠰᠢᠨ᠎ᠡ ᠶᠢ | ᠡᠭᠦᠳᠬᠦ︾ ᠶᠢ ᠠᠬᠢᠭᠤᠯᠵᠤ᠂ ︽ᠢᠨᠲ᠋ᠧᠷ ᠰᠦᠯᠵᠢᠶ᠎ᠡ +︾ ᠵᠡᠷᠭᠡ ᠰᠢᠨ᠎ᠡ ᠵᠠᠭᠪᠤᠷ ᠲᠤ ᠲᠦᠰᠢᠭᠯᠡᠨ᠂ ᠨᠢᠭᠡ ᠪᠦᠯᠦᠭ ᠰᠢᠨ᠎ᠡ ᠶᠢ ᠡᠭᠦᠳᠦᠨ ᠦᠢᠯᠡᠰ ᠪᠣᠰᠬᠠᠬᠤ | ᠰᠠᠭᠤᠷᠢᠨ ᠭᠠᠵᠠᠷ ᠢ ᠪᠠᠶᠢᠭᠤᠯᠵᠤ᠂ ᠣᠯᠠᠨ ᠢᠶᠠᠷ ᠢᠶᠠᠨ ᠰᠢᠨ᠎ᠡ ᠶᠢ ᠡᠭᠦᠳᠦᠨ ᠦᠢᠯᠡᠰ ᠪᠣᠰᠬᠠᠬᠤ᠂ ᠣᠯᠠᠨ ᠢᠶᠠᠷ ᠢᠶᠠᠨ ᠳᠠᠭᠠᠭᠠᠴᠢᠯᠠᠬᠤ᠂ ᠣᠯᠠᠨ ᠢᠶᠠᠷ ᠢᠶᠠᠨ | ᠳᠡᠮᠵᠢᠬᠦ᠂ ᠣᠯᠠᠨ ᠢᠶᠠᠷ ᠢᠶᠠᠨ ᠪᠡᠯᠡ ᠬᠤᠷᠠᠮᠳᠤᠭᠤᠯᠬᠤ ᠣᠷᠣᠨ ᠵᠠᠢ ᠶᠢ ᠵᠣᠷᠢᠭᠵᠢᠭᠤᠯᠤᠨ ᠬᠥᠭᠵᠢᠭᠦᠯᠵᠦ᠂ ᠰᠢᠨ᠎ᠡ ᠪᠦᠲᠦᠭᠡᠭᠳᠡᠬᠦᠨ᠂ ᠰᠢᠨ᠎ᠡ ᠮᠡᠷᠭᠡᠵᠢᠯ ᠨᠡᠭᠡᠭᠡᠨ | ᠬᠥᠭᠵᠢᠭᠦᠯᠬᠦ ᠥᠨᠢᠳᠡ ᠶᠢᠨ ᠬᠥᠳᠡᠯᠭᠡᠬᠦ ᠬᠦᠴᠦᠨ ᠢ ᠪᠦᠷᠢᠯᠳᠦᠭᠦᠯᠦᠨ᠎ᠡ᠃ | — ᠬᠠᠮᠲᠤᠪᠡᠷ ᠡᠳ᠋ᠯᠡᠬᠦ ᠬᠥᠭᠵᠢᠯᠲᠡ ᠶᠢ ᠪᠠᠷᠢᠮᠲᠠᠯᠠᠵᠤ᠂ ᠠᠷᠠᠳ ᠤᠯᠠᠨ ᠤ ᠵᠤᠯ ᠵᠢᠷᠭᠠᠯ ᠤᠨ ᠲᠥᠯᠥᠭᠡ ᠦᠨᠡᠨᠬᠦ ᠰᠢᠨ᠎ᠡ ᠠᠵᠢᠯ ᠬᠢᠬᠦ ᠶᠢ ᠪᠠᠲᠤᠯᠠᠨ᠎ᠠ᠃ | ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠦᠷᠭᠦᠯᠵᠢᠯᠡᠨ ᠨᠡᠮᠡᠭᠳᠡᠭᠦᠯᠵᠦ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠥᠲᠥᠭᠡᠯ ᠢ ᠤᠯᠠᠨ ᠲᠥᠮᠡᠨ | ᠳᠤ ᠡᠳ᠋ᠯᠡᠭᠦᠯᠦᠨ᠂ ᠤᠲᠤᠭ ᠤᠨ ᠬᠥᠭᠵᠢᠯᠲᠡ ᠶᠢᠨ ᠲᠥᠪᠯᠡᠷᠡᠩᠭᠦᠢ ᠬᠦᠴᠦ ᠶᠢ ᠨᠢᠭᠡᠳᠬᠡᠨ᠎ᠡ᠃ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ | ᠳᠠᠶᠢᠯᠠᠯᠳᠤᠭᠠᠨ ᠳᠤ ᠢᠯᠠᠯᠲᠠ ᠣᠯᠣᠨ᠎ᠠ᠃ ᠦᠢᠯᠡᠳᠪᠦᠷᠢᠯᠡᠯ ᠢᠶᠠᠷ ᠨᠢᠭᠡ ᠪᠥᠯᠥᠭ ᠢ ᠶᠠᠳᠠᠭᠤ ᠠᠴᠠ ᠠᠩᠭᠢᠵᠢᠷᠠᠭᠤᠯᠬᠤ᠂ ᠣᠨᠳᠣᠣ ᠭᠠᠵᠠᠷ ᠲᠤ ᠨᠡᠭᠦᠯᠭᠡᠨ ᠨᠢᠭᠡ | ᠪᠥᠯᠥᠭ ᠢ ᠶᠠᠳᠠᠭᠤ ᠠᠴᠠ ᠠᠩᠭᠢᠵᠢᠷᠠᠭᠤᠯᠬᠤ᠂ ᠠᠮᠢ ᠠᠬᠤᠢ ᠶᠢᠨ ᠨᠥᠬᠦᠪᠥᠷᠢ ᠪᠠᠷ ᠨᠢᠭᠡ ᠪᠥᠯᠥᠭ ᠢ ᠶᠠᠳᠠᠭᠤ ᠠᠴᠠ ᠠᠩᠭᠢᠵᠢᠷᠠᠭᠤᠯᠬᠤ᠂ ᠰᠤᠷᠭᠠᠨ ᠬᠦᠮᠦᠵᠢᠯ ᠢ | ᠬᠥᠭᠵᠢᠭᠦᠯᠬᠦ ᠪᠠᠷ ᠨᠢᠭᠡ ᠪᠥᠯᠥᠭ ᠢ ᠶᠠᠳᠠᠭᠤ ᠠᠴᠠ ᠠᠩᠭᠢᠵᠢᠷᠠᠭᠤᠯᠬᠤ᠂ ᠨᠡᠶᠢᠬᠡᠮ ᠤᠨ ᠪᠠᠲᠤᠯᠠᠭ᠎ᠠ ᠪᠠᠷ ᠨᠢᠭᠡ ᠪᠥᠯᠥᠭ ᠢ ᠶᠠᠳᠠᠭᠤ ᠠᠴᠠ ᠠᠩᠭᠢᠵᠢᠷᠠᠭᠤᠯᠬᠤ ᠵᠡᠷᠭᠡ | ᠠᠷᠭ᠎ᠠ ᠪᠠᠷᠢᠯ ᠢ ᠬᠡᠷᠡᠭᠵᠢᠭᠦᠯᠦᠨ᠂ 2020 ᠤᠨ ᠪᠤᠯᠲᠠᠯ᠎ᠠ ᠪᠥᠬᠦ ᠬᠤᠲᠠ ᠶᠢᠨ ᠤᠳᠤᠬᠢ ᠮᠠᠯᠵᠢᠬᠤ ᠲᠠᠷᠢᠶᠠᠯᠠᠬᠤ ᠤᠷᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠪᠤᠷᠢ ᠶᠢᠨ ᠪᠠᠷᠢᠮᠵᠢᠶ᠎ᠠ ᠠᠴᠠ ᠳᠤᠷᠤᠭᠰᠢᠬᠢ 4015 ᠶᠠᠳᠠᠭᠤ ᠭᠦᠴᠢᠷᠳᠡᠯᠲᠡᠢ ᠬᠦᠮᠦᠨ ᠠᠮᠠ ᠶᠢᠨ ᠬᠦᠮᠦᠨ ᠳᠤᠲᠤᠮ ᠤᠨ ᠤᠷᠤᠯᠭ᠎ᠠ ᠶᠢᠨ ᠳᠥᠪᠰᠢᠨ ᠢ | ᠤᠳᠤ ᠶᠢᠨ ᠬᠡᠷᠡᠭᠵᠢᠭᠦᠯᠵᠦ ᠪᠥᠬᠦᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠪᠤᠷᠢ ᠠᠴᠠ ᠨᠢᠭᠡ ᠳᠠᠬᠢᠨ ᠢᠯᠡᠭᠦᠦ ᠪᠠᠷ ᠥᠰᠭᠡᠨ᠎ᠡ᠃ ᠪᠠᠲᠤᠯᠠᠭᠠᠨ ᠤ | ᠳᠤᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠠᠵᠢᠯ ᠤᠯᠭᠤᠯᠲᠠ ᠶᠢ ᠳᠡᠮᠵᠢᠬᠦ ᠢᠳᠡᠪᠬᠢᠲᠡᠢ ᠲᠦᠷᠦ ᠶᠢᠨ ᠪᠤᠳᠤᠯᠭ᠎ᠠ ᠬᠡᠷᠡᠭᠵᠢᠭᠦᠯᠵᠦ᠂ ᠲᠠᠪᠤᠨ ᠵᠢᠯ ᠳᠤ | ᠬᠤᠲᠠ ᠪᠠᠯᠭᠠᠰᠤᠨ ᠤ ᠠᠵᠢᠯ ᠤᠯᠭᠤᠯᠲᠠ ᠶᠢᠨ ᠬᠦᠮᠦᠨ ᠤ ᠲᠤᠭ᠎ᠠ ᠶᠢ ᠨᠡᠶᠢᠲᠡ 1.4 ᠲᠥᠮᠡ ᠬᠦᠷᠭᠡᠨ᠎ᠡ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠤᠷᠤᠬᠤ | ᠳᠠᠩᠰᠠᠯᠠᠯᠲᠠ ᠶᠢᠨ ᠲᠥᠯᠥᠪᠯᠡᠭᠡ ᠶᠢ ᠬᠡᠷᠡᠭᠵᠢᠭᠦᠯᠦᠨ᠂ ᠡᠮᠨᠡᠯᠭᠡ ᠶᠢᠨ ᠳᠠᠭᠠᠳᠬᠠᠯ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠪᠤᠷᠢ᠂ ᠮᠠᠯᠵᠢᠬᠤ ᠲᠠᠷᠢᠶᠠᠯᠠᠬᠤ | ᠤᠷᠤᠨ ᠤ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠭᠡ ᠶᠢᠨ ᠪᠠᠲᠤᠯᠠᠭ᠎ᠠ ᠶᠢᠨ ᠬᠡᠪᠴᠢᠶ᠎ᠡ ᠶᠢ ᠤᠯᠠᠮ ᠥᠷᠭᠡᠳᠬᠡᠵᠦ᠂ ᠬᠤᠲᠠ ᠬᠥᠳᠡᠭᠡ ᠶᠢ ᠬᠠᠮᠤᠷᠤᠭᠰᠠᠨ ᠨᠡᠶᠢᠬᠡᠮ | ᠤᠨ ᠪᠠᠲᠤᠯᠠᠭᠠᠨ ᠤ ᠳᠤᠭᠲᠠᠯᠴᠠᠭ᠎ᠠ ᠶᠢ ᠪᠠᠶᠢᠭᠤᠯᠤᠨ᠎ᠠ᠃ ᠪᠠᠲᠤᠯᠠᠪᠤᠷᠢ ᠶᠢᠨ ᠴᠢᠨᠠᠷᠲᠠᠢ ᠤᠷᠤᠨ ᠰᠠᠭᠤᠴᠠ ᠶᠢᠨ ᠪᠠᠶᠢᠭᠤᠯᠤᠯᠲᠠ ᠶᠢ ᠴᠢᠩᠭᠠᠳᠬᠠᠨ᠂ ᠭᠦᠴᠢᠷᠳᠡᠯᠲᠡᠢ | ᠭᠡᠷ ᠪᠥᠯᠢ ᠶᠢᠨ ᠦᠨᠳᠦᠰᠦᠨ ᠬᠡᠷᠡᠭᠴᠡᠭᠡ ᠶᠢ ᠬᠠᠩᠭᠠᠨ᠎ᠠ᠃ ᠪᠥᠬᠦ ᠠᠷᠠᠳ ᠤᠨ ᠵᠤᠯ ᠵᠢᠷᠭᠠᠯ ᠤᠨ ᠵᠢᠭᠠᠯᠲᠠ ᠲᠤᠭ᠎ᠠ ᠶᠢ ᠨᠡᠮᠡᠭᠳᠡᠭᠦᠯᠦᠨ᠎ᠡ᠃ ᠠᠷᠠᠳ ᠲᠥᠮᠡᠨ ᠢᠶᠠᠷ | ᠭᠤᠤᠯᠳᠠᠯᠭ᠎ᠠ ᠪᠤᠯᠭᠠᠭᠰᠠᠨ ᠦᠵᠡᠯ ᠰᠠᠨᠠᠭ᠎ᠠ ᠶᠢ ᠪᠠᠷᠢᠮᠲᠠᠯᠠᠵᠤ᠂ ᠢᠯᠡ ᠲᠤᠳᠤᠷᠬᠠᠢ ᠠᠰᠠᠭᠤᠳᠠᠯ ᠤᠨ ᠤᠳᠤᠷᠢᠳᠤᠮᠵᠢ᠂ ᠦᠨᠡᠨᠴᠢ ᠬᠠᠯᠠᠭᠤᠮᠰᠤᠭ ᠠᠷᠠᠳ ᠤᠯᠠᠨ ᠤ | ᠤᠷᠮ᠎ᠠ ᠰᠡᠳᠬᠢᠯᠭᠡ᠂ ᠨᠠᠷᠢᠯᠢᠭ ᠲᠤᠳᠤᠷᠬᠠᠢ ᠳᠥᠷᠢᠮ ᠳᠤᠭᠲᠠᠭᠠᠯ ᠤᠨ ᠳᠤᠬᠢᠷᠠᠭᠤᠯᠭ᠎ᠠ ᠪᠠᠷ ᠰᠤᠷᠭᠠᠨ ᠬᠦᠮᠦᠵᠢᠯ᠂ ᠡᠮ ᠡᠮᠨᠡᠯᠭᠡ᠂ ᠰᠤᠶᠤᠯ ᠵᠡᠷᠭᠡ ᠲᠠᠯ᠎ᠠ ᠪᠠᠷ | ᠳᠠᠰᠤᠷᠠᠯᠲᠠ ᠦᠭᠡᠢ ᠬᠦᠴᠦᠯᠡᠨ᠂ ᠲᠥᠪ ᠭᠤᠤᠯᠴᠢ ᠪᠠᠶᠢᠬᠤ ᠶᠢ ᠠᠬᠢᠭᠤᠯᠵᠤ᠂ ᠬᠦᠮᠦᠨ ᠤ ᠪᠥᠬᠦ ᠲᠠᠯ᠎ᠠ ᠶᠢᠨ ᠬᠥᠭᠵᠢᠯᠲᠡ ᠶᠢ ᠪᠡᠶᠡᠯᠡᠭᠦᠯᠦᠨ᠎ᠡ᠃ ᠴᠥᠭᠡᠨ | ᠲᠤᠭᠠᠳᠤ ᠦᠨᠳᠦᠰᠦᠲᠡᠨ ᠤ ᠬᠥᠭᠵᠢᠯᠲᠡ ᠶᠢᠨ ᠲᠦᠷᠦ ᠶᠢᠨ ᠪᠤᠳᠤᠯᠭ᠎ᠠ ᠶᠢ ᠬᠢᠨᠠᠮᠠᠭᠠᠢ ᠨᠠᠶᠢᠲᠠᠪᠤᠷᠢᠵᠢᠭᠤᠯᠵᠤ᠂ ᠦᠨᠳᠦᠰᠦᠲᠡᠨ ᠤ ᠰᠤᠶᠤᠯ ᠢ ᠤᠯᠠᠮᠵᠢᠯᠠᠨ | ᠪᠠᠳᠠᠷᠠᠭᠤᠯᠬᠤ ᠪᠠᠷ ᠬᠦᠴᠦᠯᠡᠨ᠎ᠡ᠃ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠥᠷᠢᠮ ᠢ ᠴᠢᠩᠭ᠎ᠠ ᠨᠠᠶᠢᠲᠠᠪᠤᠷᠢᠵᠢᠭᠤᠯᠤᠨ᠂ ᠨᠡᠶᠢᠬᠡᠮ ᠤᠨ | ᠵᠠᠰᠠᠯᠲᠠ ᠶᠢ ᠴᠢᠩᠭᠠᠳᠬᠠᠵᠤ᠂ ᠨᠡᠶᠢᠬᠡᠮ ᠤᠨ ᠠᠮᠤᠷ ᠳᠤᠭᠲᠠᠭᠤᠨ ᠢ ᠬᠠᠮᠠᠭᠠᠯᠠᠨ᠎ᠠ᠃ ᠰᠠᠭᠤᠭᠠᠯᠢ ᠠᠷᠠᠳ ᠤᠨ ᠤᠷᠤᠯᠭ᠎ᠠ ᠶᠢ ᠤᠯᠠᠨ ᠠᠷᠭ᠎ᠠ ᠪᠠᠷ ᠨᠡᠮᠡᠭᠳᠡᠭᠦᠯᠵᠦ᠂ | ᠨᠡᠶᠢᠬᠡᠮ ᠤᠨ ᠪᠤᠯᠪᠠᠰᠤᠨ ᠤ ᠳᠥᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠠᠷᠠᠳ ᠤᠯᠠᠨ ᠢ ᠨᠡᠩ ᠬᠠᠨᠤᠮᠵᠢᠲᠠᠢ᠂ ᠵᠢᠷᠭᠠᠯᠲᠠᠢ ᠪᠤᠯᠭᠠᠵᠤ᠂ ᠬᠠᠮᠲᠤᠪᠡᠷ | ᠴᠢᠨᠡᠭᠡᠯᠢᠭ ᠨᠡᠶᠢᠬᠡᠮ ᠢ ᠤᠭᠲᠤᠨ᠎ᠠ᠃ | ᠭᠤᠷᠪᠠ᠂ 2016 ᠤᠨ ᠤ ᠭᠤᠤᠯᠳᠠᠯᠭᠠᠲᠤ ᠠᠵᠢᠯ ᠤᠨ ᠡᠭᠦᠷᠭᠡ | ᠥᠨᠥ ᠵᠢᠯ ᠪᠤᠯ ︽ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠡᠬᠢᠯᠡᠯᠲᠡ ᠶᠢᠨ ᠵᠢᠯ ᠪᠤᠯᠬᠤᠷ ᠲᠤᠰ ᠵᠢᠯ ᠤᠨ ᠠᠵᠢᠯ ᠢ ᠰᠠᠶᠢᠲᠤᠷ | ᠬᠢᠬᠦ ᠨᠢ ᠪᠥᠬᠦᠯᠢ ᠴᠤᠭᠴᠠ ᠶᠢ ᠨᠥᠯᠥᠭᠡᠯᠡᠬᠦ ᠴᠢᠬᠤᠯᠠ ᠠᠴᠢ ᠬᠤᠯᠪᠤᠭᠳᠠᠯ ᠲᠠᠢ ᠶᠤᠮ᠃ ᠪᠥᠬᠦ ᠵᠢᠯ ᠤᠨ ᠠᠵᠤ ᠠᠬᠤᠢ ᠨᠡᠶᠢᠬᠡᠮ ᠤᠨ ᠬᠥᠭᠵᠢᠯᠲᠡ ᠶᠢᠨ ᠵᠢᠱᠢᠭᠰᠡᠨ | ᠭᠤᠤᠯ ᠬᠠᠷᠠᠯᠲᠠ ᠪᠤᠯ᠄ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 8% ᠨᠡᠮᠡᠭᠳᠡᠭᠦᠯᠵᠦ᠂ ᠳᠤᠭᠲᠠᠮᠠᠯ ᠬᠥᠷᠥᠩᠭᠡ ᠶᠢᠨ ᠪᠡᠯᠡ | ᠤᠷᠤᠭᠤᠯᠤᠯᠲᠠ ᠶᠢ 13% ᠳᠡᠭᠡᠭᠰᠢᠯᠡᠭᠦᠯᠦᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 9% ᠬᠦᠷᠭᠡᠵᠦ᠂ ᠤᠯᠠᠨ | ᠨᠡᠶᠢᠲᠡ ᠶᠢᠨ ᠡᠳ᠋ ᠤᠨ ᠵᠠᠰᠠᠭ ᠤᠨ ᠳᠥᠰᠥᠪ ᠤᠨ ᠤᠷᠤᠯᠭ᠎ᠠ ᠶᠢ 6% ᠨᠡᠮᠡᠭᠳᠡᠭᠦᠯᠦᠨ᠂ ᠨᠡᠶᠢᠬᠡᠮ ᠤᠨ ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠪᠤᠷᠤᠯᠠᠭᠤᠯᠬᠤ | ᠶᠡᠷᠦᠩᠬᠡᠢ ᠬᠡᠮᠵᠢᠶ᠎ᠡ ᠶᠢ 10% ᠳᠡᠭᠡᠭᠰᠢᠯᠡᠭᠦᠯᠵᠦ᠂ ᠬᠤᠲᠠ ᠬᠥᠳᠡᠭᠡᠨ ᠤ ᠪᠠᠶᠢᠩᠭᠤ ᠰᠠᠭᠤᠭᠠᠯᠢ ᠠᠷᠠᠳ ᠤᠨ ᠬᠦᠮᠦᠨ ᠳᠤᠲᠤᠮ ᠤᠨ ᠡᠵᠡᠮᠳᠡᠵᠦ ᠪᠤᠯᠬᠤᠶᠢᠴᠠ | ᠤᠷᠤᠯᠭ᠎ᠠ ᠶᠢ ᠲᠤᠰ ᠲᠤᠰ 9% ᠪᠠ 10% ᠨᠡᠮᠡᠭᠳᠡᠭᠦᠯᠦᠨ᠎ᠡ᠃ ᠳᠡᠭᠡᠷᠡᠬᠢ ᠬᠠᠷᠠᠯᠲᠠ ᠶᠢᠨ ᠲᠤᠭᠤᠷᠢᠨ ᠳᠤ᠂ ᠬᠠᠩᠭᠠᠯᠭ᠎ᠠ ᠶᠢᠨ ᠲᠠᠯ᠎ᠠ ᠪᠠᠷ ᠬᠢ ᠪᠥᠲᠥᠴᠡ ᠶᠢᠨ | ᠴᠢᠨᠠᠷᠲᠠᠢ ᠥᠭᠡᠷᠡᠴᠢᠯᠡᠯᠲᠡ ᠶᠢ ᠴᠢᠷᠮᠠᠶᠢᠨ ᠠᠬᠢᠭᠤᠯᠵᠤ᠂ ᠳᠤᠯᠤᠭᠠᠨ ᠲᠠᠯ᠎ᠠ ᠶᠢᠨ ᠠᠵᠢᠯ ᠢ ᠭᠤᠤᠯᠳᠠᠯᠭᠠᠲᠠᠢ ᠠᠳᠬᠤᠬᠤ ᠪᠠᠷ ᠪᠤᠢ᠃ | ︵ᠨᠢᠭᠡ︶ ᠠᠵᠤ ᠠᠬᠤᠢ ᠶᠢᠨ ᠯᠠᠪᠳᠠᠭᠤᠨ ᠡᠷᠭᠢᠯᠲᠡ ᠶᠢ ᠰᠠᠶᠢᠲᠤᠷ ᠠᠳᠬᠤᠨ᠎ᠠ᠃ ᠳᠤᠭᠲᠠᠭᠤᠨ ᠤ ᠳᠤᠮᠳᠠ ᠤᠷᠤᠭᠰᠢᠯᠠᠬᠤ ᠶᠢ ᠪᠠᠷᠢᠮᠲᠠᠯᠠᠵᠤ᠂ | ᠳᠠᠪᠠᠭᠤᠯᠢᠭ ᠢᠶᠠᠨ ᠪᠠᠳᠠᠷᠠᠭᠤᠯᠤᠨ ᠳᠤᠲᠠᠭᠳᠠᠯ ᠢᠶᠠᠨ ᠨᠥᠬᠦᠪᠥᠷᠢᠯᠡᠵᠦ ᠠᠵᠤ ᠠᠬᠤᠢ ᠶᠢᠨ ᠳᠤᠭᠲᠠᠭᠤᠨ ᠥᠰᠥᠯᠲᠡ ᠶᠢ ᠪᠠᠲᠤᠯᠠᠨ᠂ ᠭᠦᠴᠢᠷᠳᠡᠯᠲᠡᠢ ᠬᠥᠭᠵᠢᠯᠲᠡ | ᠶᠢᠨ ᠤᠷᠴᠢᠨ ᠳᠤ ᠴᠢᠨᠠᠷᠯᠢᠭ᠂ ᠪᠥᠲᠥᠮᠵᠢᠲᠡᠢ ᠠᠵᠤ ᠠᠬᠤᠢ ᠶᠢᠨ ᠨᠡᠮᠡᠭᠳᠡᠯ ᠢ ᠪᠥᠷᠢᠯᠳᠦᠭᠦᠯᠬᠦ ᠪᠠᠷ ᠴᠢᠷᠮᠠᠶᠢᠨ᠎ᠠ᠃ ᠨᠢᠭᠡ ᠳᠤ ᠠᠵᠤ ᠠᠬᠤᠶᠢᠯᠠᠯ ᠤᠨ ᠡᠷᠭᠢᠯᠲᠡ ᠶᠢ | ᠳᠤᠭᠲᠠᠭᠤᠨ ᠪᠠᠶᠢᠯᠭᠠᠨ᠎ᠠ᠃ ᠲᠦᠷᠦ ᠶᠢᠨ ᠪᠤᠳᠤᠯᠭ᠎ᠠ ᠶᠢᠨ ᠬᠠᠨᠳᠤᠰᠢ ᠶᠢ ᠰᠠᠶᠢᠲᠤᠷ ᠠᠳᠬᠤᠵᠤ᠂ ᠡᠷᠭᠢᠯᠲᠡ ᠶᠢᠨ ᠳᠤᠬᠢᠷᠠᠭᠤᠯᠤᠯᠲᠠ ᠶᠢ ᠴᠢᠩᠭᠠᠳᠬᠠᠨ᠂ ᠲᠥᠷᠥᠯ | ᠠᠩᠭᠢᠯᠠᠨ ᠠᠷᠭ᠎ᠠ ᠠᠪᠴᠠᠯ ᠠᠪᠴᠤ᠂ ᠲᠦᠷᠦ ᠶᠢᠨ ᠪᠤᠳᠤᠯᠭ᠎ᠠ ᠶᠢᠨ ︽ᠬᠠᠮ ᠨᠢᠳᠤᠷᠭ᠎ᠠ ᠶᠢᠨ ᠡᠷᠳᠡᠮ︾ ᠳᠤ ᠴᠠᠭᠠᠷᠠᠨ᠂ ᠠᠵᠤ ᠠᠬᠤᠶᠢᠯᠠᠯ ᠳᠤ ᠬᠤᠯᠪᠤᠭᠳᠠᠬᠤ | ᠵᠠᠷᠤᠳᠠᠯ ᠬᠤᠷᠢᠶᠠᠬᠤ᠂ ᠴᠠᠬᠢᠯᠭᠠᠨ ᠬᠦᠴᠦᠨ ᠤ ᠤᠯᠠᠨ ᠲᠠᠯᠠᠲᠤ ᠰᠤᠯᠢᠯᠴᠠᠭᠠᠨ ᠤ ᠬᠡᠪᠴᠢᠶ᠎ᠡ ᠶᠢ ᠥᠷᠭᠡᠳᠬᠡᠬᠦ᠂ ᠴᠠᠬᠢᠯᠭᠠᠨ ᠤ ᠦᠨ᠎ᠡ ᠶᠢᠨ ᠨᠥᠬᠦᠪᠥᠷᠢ ᠬᠢᠭᠡᠳ | ᠪᠥᠲᠥᠴᠡ ᠶᠢᠨ ᠴᠢᠨᠠᠷᠲᠠᠢ ᠭᠠᠶᠢᠯᠢ ᠶᠢ ᠪᠠᠭᠠᠰᠬᠠᠬᠤ ᠲᠦᠷᠦ ᠶᠢᠨ ᠪᠤᠳᠤᠯᠭ᠎ᠠ ᠶᠢ ᠨᠠᠶᠢᠲᠠᠪᠤᠷᠢᠵᠢᠭᠤᠯᠬᠤ᠂ ᠵᠠᠭᠤᠴᠢ ᠶᠢᠨ ᠦᠢᠯᠡᠴᠢᠯᠡᠭᠡ ᠶᠢ ᠵᠢᠷᠤᠮᠵᠢᠭᠤᠯᠬᠤ᠂ ᠬᠡᠢ | ᠶᠢᠨ ᠦᠨ᠎ᠡ ᠶᠢ ᠬᠢᠮᠳᠠᠷᠠᠭᠤᠯᠬᠤ ᠪᠠᠷ ᠴᠢᠷᠮᠠᠶᠢᠬᠤ᠂ ᠨᠡᠶᠢᠬᠡᠮ ᠤᠨ ᠳᠠᠭᠠᠳᠬᠠᠯ ᠢ ᠠᠯᠭᠤᠷᠯᠠᠭᠤᠯᠤᠨ ᠳᠤᠰᠢᠶᠠᠬᠤ᠂ ᠪᠡᠯᠡ ᠤᠷᠤᠭᠤᠯᠬᠤ ᠥᠪᠡᠷ ᠤᠨ ᠥᠷᠲᠡᠭ ᠢ | ᠪᠠᠭᠤᠷᠠᠭᠤᠯᠬᠤ᠂ ᠵᠠᠮ ᠤᠨ ᠵᠠᠷᠤᠳᠠᠯ ᠢ ᠪᠠᠭᠠᠰᠬᠠᠨ ᠬᠡᠯᠲᠦᠷᠢᠭᠦᠯᠬᠦ ᠶᠢ ᠵᠤᠬᠢᠴᠠᠭᠤᠯᠬᠤ ᠵᠡᠷᠭᠡ ᠠᠷᠭ᠎ᠠ ᠠᠪᠴᠠᠯ ᠢᠶᠠᠷ ᠠᠵᠤ ᠠᠬᠤᠶᠢᠯᠠᠯ ᠤᠨ ᠥᠪᠡᠷ ᠤᠨ ᠥᠷᠲᠡᠭ ᠢ | ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠂ ᠡᠯ᠎ᠡ ᠲᠥᠷᠥᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠤᠨᠴᠠᠭᠠᠶᠢᠯᠠᠨ ᠬᠡᠪᠴᠢᠶᠡᠵᠢᠯ ᠠᠴᠠ | ᠳᠡᠭᠡᠭᠰᠢᠬᠢ ᠠᠵᠤ ᠠᠬᠤᠶᠢᠯᠠᠯ ᠤᠨ ᠳᠤᠭᠲᠠᠭᠤᠨ ᠦᠢᠯᠡᠳᠪᠦᠷᠢᠯᠡᠯ ᠢ ᠪᠠᠲᠤᠯᠠᠨ᠎ᠠ᠃ ᠠᠵᠤ ᠠᠬᠤᠶᠢᠯᠠᠯ ᠤᠨ ᠭᠡᠷ᠎ᠡ ᠪᠠᠨ ᠪᠡᠶᠡᠯᠡᠭᠦᠯᠬᠦ ᠳᠠᠭᠠᠳᠬᠠᠯ᠂ ᠪᠡᠯᠡ | ᠤᠷᠤᠭᠤᠯᠤᠨ ᠳᠦᠷᠢᠶᠡᠰᠦᠯᠡᠬᠦ᠂ ᠵᠢᠭᠡᠯᠡᠯᠭᠡ ᠶᠢ ᠬᠤᠶᠢᠰᠢᠯᠠᠭᠤᠯᠬᠤ ᠵᠡᠷᠭᠡ ᠬᠡᠯᠪᠡᠷᠢ ᠶᠢ ᠬᠠᠶᠢᠨ ᠰᠥᠪᠡᠭᠴᠢᠯᠡᠵᠦ᠂ ᠳᠤᠮᠳᠠ ᠪᠠᠭ᠎ᠠ ᠠᠵᠤ ᠠᠬᠤᠶᠢᠯᠠᠯ ᠤᠨ ᠪᠡᠯᠡ | ᠤᠷᠤᠭᠤᠯᠤᠯᠲᠠ ᠶᠢᠨ ᠭᠦᠴᠢᠷᠳᠡᠯ ᠢ ᠬᠦᠴᠦᠯᠡᠨ ᠰᠢᠢᠳᠪᠦᠷᠢᠯᠡᠨ᠎ᠡ᠃ ᠨᠤᠲᠤᠭ ᠤᠨ ᠠᠵᠤ ᠠᠬᠤᠶᠢᠯᠠᠯ ᠬᠠᠮᠲᠤᠷᠠᠨ ᠬᠤᠷᠰᠢᠯᠴᠠᠵᠤ ᠬᠠᠷᠢᠯᠴᠠᠨ ᠵᠠᠬ᠎ᠠ ᠳᠡᠯᠭᠡᠭᠦᠷ | ᠤᠯᠭᠤᠬᠤ ᠶᠢ ᠵᠤᠷᠢᠭᠵᠢᠭᠤᠯᠤᠨ᠂ ᠴᠠᠬᠢᠯᠭᠠᠨ ᠬᠦᠴᠦᠨ ᠤ ᠠᠵᠤ ᠠᠬᠤᠶᠢᠯᠠᠯ ᠳᠤ ᠪᠤᠯᠬᠤ ᠶᠢᠨ ᠳᠤᠲᠤᠷ᠎ᠠ ᠤᠶᠢᠷ᠎ᠠ ᠲᠤᠭᠤᠷᠢᠨ ᠤ ᠨᠤᠲᠤᠭ ᠤᠨ ᠨᠡᠭᠦᠷᠡᠰᠦ ᠪᠠᠨ | ᠬᠡᠷᠡᠭᠯᠡᠬᠦ ᠶᠢ ᠵᠤᠬᠢᠴᠠᠭᠤᠯᠵᠤ᠂ ᠪᠥᠬᠦ ᠵᠢᠯ ᠤᠨ ᠳᠤᠲᠤᠭᠠᠳᠤ ᠳᠠᠭᠠᠨ ᠪᠤᠷᠤᠯᠠᠭᠤᠯᠬᠤ ᠲᠦᠭᠦᠬᠡᠢ ᠨᠡᠭᠦᠷᠡᠰᠦ ᠶᠢ 1000 ᠲᠥᠮᠡᠨ ᠲᠤᠨ ᠠᠴᠠ ᠳᠡᠭᠡᠭᠰᠢ ᠬᠦᠷᠭᠡᠬᠦ | ᠪᠠᠷ ᠴᠢᠷᠮᠠᠶᠢᠨ᠂ ᠳᠤᠲᠤᠭᠠᠳᠤ ᠳᠠᠭᠠᠨ ᠦᠢᠯᠡᠳᠪᠦᠷᠢᠯᠡᠯ ᠤᠨ ᠴᠢᠳᠠᠪᠤᠷᠢ ᠶᠢ ᠰᠢᠩᠭᠡᠭᠡᠬᠦ ᠬᠡᠪᠴᠢᠶᠡᠵᠢᠯ ᠢ ᠥᠷᠭᠡᠳᠬᠡᠵᠦ᠂ ᠠᠵᠤ ᠠᠬᠤᠢ ᠶᠢᠨ ᠴᠡᠪᠳᠡᠭ ᠬᠥᠢᠲᠡᠨ | ᠴᠠᠭ ᠦᠶ᠎ᠡ ᠶᠢ ᠬᠠᠮᠲᠤᠪᠡᠷ ᠲᠤᠭᠤᠯᠤᠨ᠎ᠠ᠃ ᠬᠤᠶᠠᠷ ᠲᠤ ᠪᠡᠯᠡ ᠤᠷᠤᠭᠤᠯᠤᠯᠲᠠ ᠶᠢᠨ ᠴᠢᠨᠠᠷ ᠴᠢᠨᠰᠠᠭ᠎ᠠ ᠶᠢ ᠰᠠᠶᠢᠵᠢᠷᠠᠭᠤᠯᠤᠨ᠎ᠠ᠃ ᠵᠠᠰᠠᠭ ᠤᠨ ᠤᠷᠳᠤᠨ ᠤ ᠪᠡᠯᠡ | ᠮᠥᠩᠭᠦ ᠶᠢᠨ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠵᠤ ᠠᠬᠤᠶᠢᠯᠠᠯ ᠢ ᠵᠤᠷᠢᠭᠵᠢᠭᠤᠯᠤᠨ ᠪᠡᠯᠡ ᠤᠷᠤᠭᠤᠯᠬᠤ ᠢᠲᠡᠭᠡᠯ ᠢ ᠨᠢ ᠡᠷᠴᠢᠯᠡᠵᠦ | ᠂ ᠣᠯᠠᠨ ᠲᠠᠯ᠎ᠠ ᠠᠴᠠ ᠬᠦᠴᠦᠯᠡᠨ ᠪᠡᠯᠡ ᠤᠷᠤᠭᠤᠯᠬᠤ ᠬᠡᠪᠴᠢᠶ᠎ᠡ ᠶᠢ ᠥᠷᠭᠡᠳᠬᠡᠨ᠎ᠡ᠃ ᠲᠥᠷᠥᠯ ᠵᠦᠢᠯ ᠤᠨ ᠪᠠᠶᠢᠭᠤᠯᠤᠯᠲᠠ ᠶᠢ ᠡᠷᠴᠢᠮᠲᠡᠢ ᠠᠳᠬᠤᠵᠤ᠂ ᠰᠢᠶᠠᠨ | ᠤ ᠲᠡᠰ ᠤᠨ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠤᠭᠠᠯᠠᠬᠤ ᠵᠢᠴᠢ ᠰᠠᠭᠠᠳ ᠦᠭᠡᠢ ᠨᠡᠪᠲᠡᠷᠡᠬᠦ ᠳᠥᠷᠢᠮ ᠢ ᠭᠦᠨᠵᠡᠭᠡᠶᠢᠷᠡᠭᠦᠯᠵᠦ᠂ ᠬᠢᠨᠠᠨ ᠵᠥᠪᠰᠢᠶᠡᠷᠡᠭᠦᠯᠬᠦ | ᠭᠠᠷᠲᠠᠮ᠂ ᠤᠰᠤ ᠬᠡᠷᠡᠭᠯᠡᠬᠦ ᠭᠦᠢᠴᠡᠳᠬᠡᠯ ᠲᠤᠭ᠎ᠠ᠂ ᠤᠷᠴᠢᠨ ᠲᠤᠭᠤᠷᠢᠨ ᠤ ᠪᠠᠭᠲᠠᠭᠠᠮᠵᠢ᠂ ᠭᠠᠵᠠᠷ ᠰᠢᠷᠤᠢ ᠶᠢᠨ ᠬᠠᠩᠭᠠᠯᠭ᠎ᠠ᠂ ᠡᠬᠢ ᠪᠠᠶᠠᠯᠢᠭ ᠤᠨ | ᠳᠤᠬᠢᠷᠠᠭᠤᠯᠤᠯᠲᠠ᠂ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠵᠡᠷᠭᠡ ᠲᠤᠯᠭᠠᠭᠤᠷᠢᠯᠠᠬᠤ ᠡᠯᠧᠮᠧᠨ᠋ᠲ ᠢ ᠬᠠᠪᠰᠤᠷᠤᠨ ᠨᠠᠶᠢᠲᠠᠪᠤᠷᠢᠵᠢᠭᠤᠯᠵᠤ᠂ ᠳ᠋ᠦᠩᠰᠢᠭᠤᠷ | ᠲᠥᠭᠦᠷᠢᠭ ᠠᠴᠠ ᠳᠡᠭᠡᠭᠰᠢᠬᠢ 33 ᠴᠢᠬᠤᠯᠠ ᠶᠡᠭᠡ ᠲᠥᠷᠥᠯ ᠵᠦᠢᠯ ᠢ 4 ᠳ᠋ᠤᠭᠡᠷ ᠰᠠᠷ᠎ᠠ ᠠᠴᠠ ᠴᠥᠮ ᠡᠬᠢᠯᠡᠭᠦᠯᠬᠦ ᠪᠤᠶᠤ ᠰᠡᠷᠭᠦᠭᠡᠬᠦ ᠪᠠᠷ ᠴᠢᠷᠮᠠᠶᠢᠨ᠂ ᠱᠤᠸᠠᠩ | ᠰᠢᠨ ᠤ 5 ᠲᠥᠮᠡᠨ ᠲᠤᠨ ᠼᠤᠤ ᠭᠦᠴᠢᠯ ᠤᠨ ᠡᠲ᠋ᠧᠨ᠂ ᠵᠧᠩ ᠲᠠᠢ ᠶᠢᠨ 50 ᠰᠠᠶ᠎ᠠ ᠸᠠᠲ ᠭᠡᠷᠡᠯ ᠴᠡᠨᠡᠭ ᠤᠨ ᠴᠠᠬᠢᠯᠭᠠᠨ ᠭᠠᠷᠭᠠᠯᠲᠠ᠂ ᠰᠢᠩ ᠭᠤᠸᠠᠩ ᠤᠨ | ᠨᠠᠷᠢᠯᠢᠭᠵᠢᠭᠤᠯᠤᠭᠰᠠᠨ ᠳᠠᠪᠳᠠᠯᠲᠠ ᠵᠡᠷᠭᠡ 12 ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠠᠶᠢᠭᠤᠯᠤᠯᠲᠠ ᠶᠢ ᠪᠡᠶᠡᠯᠡᠭᠦᠯᠬᠦ ᠪᠠᠷ ᠪᠠᠲᠤᠯᠠᠨ᠎ᠠ᠃ ᠲᠥᠷᠥᠯ ᠵᠦᠢᠯ | ᠤᠨ ᠪᠥᠲᠥᠴᠡ ᠶᠢ ᠰᠢᠯᠢᠳᠡᠭᠵᠢᠭᠦᠯᠵᠦ᠂ ᠠᠵᠤ ᠦᠢᠯᠡᠰ ᠤᠨ ᠲᠥᠷᠥᠯ ᠵᠦᠢᠯ ᠬᠢᠭᠡᠳ ᠰᠠᠭᠤᠷᠢ ᠲᠥᠷᠥᠯ ᠵᠦᠢᠯ ᠢ ᠵᠡᠷᠭᠡᠪᠡᠷ ᠠᠳᠬᠤᠬᠤ ᠶᠢ ᠪᠠᠷᠢᠮᠲᠠᠯᠠᠨ᠂ ᠵᠠᠮ | ᠬᠤᠭᠤᠯᠠᠢ ᠲᠤᠤᠷ᠂ ᠬᠤᠲᠠ ᠶᠢᠨ ᠶᠠᠪᠤᠳᠠᠯ ᠤᠨ ᠢᠨᠵᠧᠨᠧᠷᠢᠩ ᠬᠢᠭᠡᠳ ᠠᠷᠠᠳ ᠤᠨ ᠠᠮᠢᠳᠤᠷᠠᠯ ᠤᠨ ᠬᠦᠷᠢᠶᠡᠨ ᠳᠠᠬᠢ 38 ᠭᠤᠤᠯᠳᠠᠯᠭᠠᠲᠤ ᠲᠥᠷᠥᠯ ᠵᠦᠢᠯ ᠢ | ᠨᠢᠭᠡᠳᠦᠯᠲᠡᠢ ᠬᠡᠷᠡᠭᠵᠢᠭᠦᠯᠵᠦ᠂ ᠷᠦᠩ ᠴᠧᠩ ᠠᠴᠠ ᠦᠬᠠᠢ ᠬᠦᠷᠬᠦ ᠲᠦᠷᠭᠡᠨ ᠤ ᠵᠠᠮ ᠤᠨ ᠴᠢ ᠫᠠᠨ ᠵᠢᠩ ᠠᠴᠠ ᠦᠬᠠᠢ ᠬᠦᠷᠬᠦ ᠬᠡᠰᠡᠭ᠂ ᠴᠢ ᠫᠠᠨ ᠵᠢᠩ ᠠᠴᠠ | ᠮᠧᠩ ᠰᠢ ᠬᠦᠷᠬᠦ ᠨᠢᠭᠡᠳᠦᠭᠡᠷ ᠲᠡᠰ ᠤᠨ ᠵᠠᠰᠠᠮᠠᠯ ᠵᠠᠮ᠂ ᠤᠯᠠᠭᠠᠨ ᠪᠠᠯᠭᠠᠰᠤ ᠠᠴᠠ ᠭᠠᠯᠠᠭᠤᠲᠤ ᠪᠠᠯᠭᠠᠰᠤ ᠬᠦᠷᠬᠦ ᠨᠢᠭᠡᠳᠦᠭᠡᠷ ᠲᠡᠰ ᠤᠨ ᠵᠠᠰᠠᠮᠠᠯ ᠵᠠᠮ ᠬᠢᠭᠡᠳ ᠴᠢ | ᠫᠠᠨ ᠵᠢᠩ ᠪᠠᠯᠭᠠᠰᠤᠨ ᠤ ᠡᠮᠦᠨᠡᠬᠢ 110 ᠺᠢᠯᠤᠸᠤᠯᠲ ᠤᠨ ᠴᠠᠬᠢᠯᠭᠠᠨ ᠬᠤᠪᠢᠰᠬᠠᠭᠤᠷ ᠤᠨ ᠥᠷᠲᠡᠭᠡ ᠵᠡᠷᠭᠡ ᠰᠠᠭᠤᠷᠢ ᠳᠥᠬᠦᠭᠡᠷᠦᠮᠵᠢ ᠶᠢᠨ ᠲᠥᠷᠥᠯ ᠵᠦᠢᠯ ᠳᠤ | ᠪᠤᠳᠠᠲᠠᠢ ᠠᠬᠢᠴᠠ ᠭᠠᠷᠭᠠᠬᠤ ᠪᠠᠷ ᠴᠢᠷᠮᠠᠶᠢᠨ᠎ᠠ᠃ ᠲᠥᠷᠥᠯ ᠵᠦᠢᠯ ᠤᠨ ᠨᠥᠭᠡᠴᠡ ᠶᠢ ᠴᠢᠩᠭᠠᠳᠬᠠᠵᠤ᠂ ᠨᠤᠲᠤᠭ ᠤᠨ ᠭᠤᠤᠯᠯᠠᠭᠴᠢ ᠬᠦᠴᠦᠨ ᠪᠤᠯᠤᠭᠰᠠᠨ ᠠᠵᠤ | ᠠᠬᠤᠶᠢᠯᠠᠯ ᠳᠤ ᠳᠦᠰᠢᠭᠯᠡᠨ᠂ ᠪᠡᠭᠡᠵᠢᠩ ᠲᠢᠶᠠᠨᠵᠢᠨ ᠾᠧᠪᠸᠢ᠂ ᠪᠦᠸᠧᠬᠠᠢ ᠲᠠᠩᠬᠢᠰ ᠢ ᠲᠤᠭᠤᠷᠢᠭᠰᠠᠨ ᠭᠠᠵᠠᠷ ᠤᠷᠤᠨ ᠲᠠᠢ ᠰᠠᠨᠠᠭᠠᠴᠢᠯᠠᠭᠠᠲᠠᠢ ᠬᠠᠷᠢᠯᠴᠠᠵᠤ᠂ | ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠴᠢᠨᠠᠷ ᠴᠢᠨᠰᠠᠭ᠎ᠠ ᠶᠢ ᠰᠠᠶᠢᠵᠢᠷᠠᠭᠤᠯᠤᠨ᠂ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠤᠨᠴᠠᠯᠢᠭᠲᠤ ᠲᠡᠮᠦᠷᠯᠢᠭ | ᠬᠠᠶᠢᠯᠤᠰᠢ᠂ ᠴᠡᠪᠡᠷ ᠡᠨᠧᠷᠭᠢ ᠶᠢᠨ ᠠᠵᠤ ᠦᠢᠯᠡᠰ ᠤᠨ ᠲᠠᠯ᠎ᠠ ᠪᠠᠷ ᠰᠠᠶᠢᠨ ᠲᠥᠷᠥᠯ ᠵᠦᠢᠯ ᠤᠳ ᠢ ᠦᠷᠭᠦᠯᠵᠢᠯᠡᠨ ᠨᠥᠭᠡᠴᠡᠯᠡᠵᠦ᠂ ᠲᠥᠷᠥᠯ ᠵᠦᠢᠯ ᠤᠨ ᠬᠥᠮᠥᠷᠭᠡ | ᠶᠢ ᠤᠯᠠᠮ ᠰᠠᠶᠢᠨ ᠤᠯᠠᠮ ᠶᠡᠭᠡ ᠪᠤᠯᠭᠠᠨ᠂ ᠦᠷᠭᠦᠯᠵᠢᠯᠡᠭᠰᠡᠨ ᠪᠡᠯᠡ ᠤᠷᠤᠭᠤᠯᠤᠯᠲᠠ ᠶᠢ ᠳᠠᠰᠤᠯᠳᠤᠭᠤᠯᠬᠤ ᠦᠭᠡᠢ ᠪᠠᠶᠢᠬᠤ ᠶᠢ ᠪᠠᠲᠤᠯᠠᠨ᠎ᠠ᠃ ᠭᠤᠷᠪᠠ ᠳᠤ ᠡᠳ᠋ | ᠤᠨ ᠢᠷᠡᠯᠲᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠤᠷᠤᠯᠭ᠎ᠠ ᠨᠡᠮᠡᠭᠳᠡᠭᠦᠯᠬᠦ ᠰᠡᠳᠬᠢᠴᠡ ᠳᠤ ᠰᠢᠨ᠎ᠡ ᠶᠢ ᠡᠭᠦᠳᠦᠨ᠂ ᠤᠷᠤᠯᠭ᠎ᠠ ᠨᠡᠮᠡᠭᠳᠡᠭᠦᠯᠬᠦ ᠠᠷᠭ᠎ᠠ ᠵᠠᠮ ᠢ | ᠥᠷᠭᠡᠳᠬᠡᠵᠦ᠂ ᠡᠳ᠋ ᠤᠨ ᠵᠠᠰᠠᠭ ᠤᠨ ᠳᠤᠭᠲᠠᠭᠤᠨ ᠢᠶᠠᠷ ᠡᠷᠭᠢᠯᠳᠦᠬᠦ ᠶᠢ ᠪᠠᠲᠤᠯᠠᠨ᠎ᠠ᠃ ᠤᠷᠤᠯᠭ᠎ᠠ ᠨᠡᠮᠡᠭᠳᠡᠭᠦᠯᠬᠦ ᠳᠠᠯᠳᠠ ᠬᠦᠴᠦᠨ ᠢ ᠭᠦᠨᠵᠡᠭᠡᠢ ᠠᠭᠤᠳᠠᠯᠯᠠᠨ᠂ | ᠭᠤᠤᠯᠳᠠᠯᠭᠠᠲᠤ ᠠᠵᠤ ᠠᠬᠤᠶᠢᠯᠠᠯ᠂ ᠠᠵᠢᠯ ᠲᠥᠷᠥᠯ ᠤᠨ ᠭᠠᠶᠢᠯᠢ ᠳᠠᠲᠠᠪᠤᠷᠢᠯᠠᠬᠤ ᠪᠠ ᠳᠤᠰᠢᠶᠠᠬᠤ ᠠᠵᠢᠯ ᠢ ᠳᠤᠪᠤᠶᠢᠯᠭᠠᠨ ᠠᠳᠬᠤᠵᠤ᠂ ᠪᠠᠶᠢᠭᠠᠯᠢ ᠶᠢᠨ | ᠰᠢᠲᠠᠮᠠᠬᠠᠢ ᠬᠡᠢ ᠶᠢ ᠨᠡᠭᠡᠭᠡᠨ ᠠᠰᠢᠭᠯᠠᠬᠤ᠂ ᠪᠠᠷᠠᠭᠠᠨ ᠤ ᠭᠦᠢᠯᠭᠡᠭᠡ ᠶᠢᠨ ᠲᠡᠭᠡᠭᠡᠪᠦᠷᠢᠯᠡᠨ ᠪᠤᠷᠤᠯᠠᠭᠤᠯᠬᠤ ᠲᠠᠯ᠎ᠠ ᠪᠠᠷ ᠬᠢ ᠳᠠᠲᠠᠪᠤᠷᠢᠯᠠᠯᠲᠠ ᠬᠠᠮᠢᠶᠠᠷᠤᠯᠲᠠ ᠶᠢᠨ | ᠠᠷᠭ᠎ᠠ ᠬᠡᠮᠵᠢᠶ᠎ᠡ ᠶᠢ ᠳᠤᠭᠲᠠᠭᠠᠨ᠂ ᠠᠯᠳᠠᠰᠢ ᠭᠠᠷᠭᠠᠬᠤ ᠠᠴᠠ ᠬᠢᠴᠢᠶᠡᠵᠦ᠂ ᠭᠡᠭᠡᠭᠳᠡᠭᠦᠯᠵᠦ ᠤᠷᠬᠢᠭᠳᠠᠭᠤᠯᠬᠤ ᠠᠴᠠ ᠰᠡᠷᠭᠡᠶᠢᠯᠡᠨ᠂ ᠬᠤᠷᠢᠶᠠᠬᠤ ᠶᠤᠰᠤᠲᠠᠢ ᠭᠠᠶᠢᠯᠢ | ᠶᠢ ᠡᠷᠬᠡᠪᠰᠢ ᠬᠤᠷᠢᠶᠠᠬᠤ ᠶᠢ ᠪᠠᠲᠤᠯᠠᠨ᠎ᠠ᠃ ᠪᠡᠯᠡ ᠤᠷᠤᠭᠤᠯᠬᠤ ᠠᠷᠭ᠎ᠠ ᠵᠠᠮ ᠢ ᠥᠷᠭᠡᠳᠬᠡᠨ᠂ ᠵᠢᠭᠡᠯᠡᠯᠭᠡ ᠶᠢᠨ ᠲᠡᠮᠲᠡᠭ ᠳᠠᠷᠬᠠᠭᠠᠬᠤ᠂ ᠪᠡᠯᠡ ᠤᠷᠤᠭᠤᠯᠤᠨ | ᠳᠦᠷᠢᠶᠡᠰᠦᠯᠡᠬᠦ ᠵᠡᠷᠭᠡ ᠵᠠᠭᠪᠤᠷ ᠢᠶᠠᠷ ᠬᠦᠦ ᠨᠤᠷᠮ᠎ᠠ ᠪᠠᠷ ᠳᠤᠤᠷ᠎ᠠ᠂ ᠤᠷᠲᠤ ᠬᠤᠭᠤᠴᠠᠭᠠᠨ ᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠤᠯᠬᠤ ᠪᠠᠷ ᠴᠢᠷᠮᠠᠶᠢᠵᠤ᠂ | ᠭᠤᠤᠯᠳᠠᠭᠤ ᠳᠥᠭᠦᠮ ᠪᠥᠲᠥᠴᠡᠲᠦ ᠤᠷᠤᠨ ᠰᠠᠭᠤᠴᠠ ᠶᠢᠨ ᠲᠤᠭᠤᠷᠢᠭ ᠤᠨ ᠥᠭᠡᠷᠡᠴᠢᠯᠡᠯᠲᠡ ᠬᠢᠭᠡᠳ ︽ᠠᠷᠪᠠ ᠶᠢ ᠪᠥᠷᠬᠦᠭᠦᠯᠬᠦ︾ ᠢᠨᠵᠧᠨᠧᠷᠢᠩ ᠤᠨ ᠪᠡᠯᠡ | ᠮᠥᠩᠭᠦ ᠶᠢ ᠴᠢᠷᠮᠠᠶᠢᠨ ᠤᠯᠬᠤ ᠲᠠᠯ᠎ᠠ ᠪᠠᠷ ᠰᠢᠪᠲᠤᠯᠤᠯᠲᠠ ᠭᠠᠷᠭᠠᠨ᠎ᠠ᠃ ᠡᠳ᠋ ᠤᠨ ᠵᠠᠰᠠᠭ ᠤᠨ ᠤᠷᠤᠯᠭ᠎ᠠ ᠶᠢᠨ ᠵᠤᠬᠢᠶᠠᠨ ᠪᠠᠶᠢᠭᠤᠯᠤᠯᠲᠠ ᠶᠢᠨ ᠳᠤᠬᠢᠷᠠᠭᠤᠯᠭ᠎ᠠ ᠶᠢ | ᠴᠢᠩᠭᠠᠳᠬᠠᠵᠤ᠂ ᠡᠳ᠋ ᠤᠨ ᠵᠠᠰᠠᠭ ᠭᠠᠶᠢᠯᠢ ᠳᠠᠲᠠᠪᠤᠷᠢ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠴᠢᠳᠠᠮᠵᠢ ᠶᠢ ᠪᠠᠳᠠᠷᠠᠭᠤᠯᠤᠨ᠂ ᠡᠳ᠋ ᠤᠨ ᠵᠠᠰᠠᠭ ᠤᠨ | ᠤᠷᠤᠯᠭ᠎ᠠ ᠶᠢ ᠰᠠᠷ᠎ᠠ ᠪᠠᠷ ᠲᠡᠩᠴᠡᠭᠦᠷᠢᠰᠢᠭᠦᠯᠦᠨ ᠬᠥᠮᠥᠷᠭᠡ ᠳᠤ ᠤᠷᠤᠭᠤᠯᠤᠨ᠎ᠠ᠃ ᠤᠷᠤᠯᠭ᠎ᠠ ᠶᠢ ᠨᠡᠮᠡᠭᠳᠡᠭᠦᠯᠦᠨ ᠵᠠᠷᠤᠯᠭ᠎ᠠ ᠶᠢ ᠪᠠᠭᠠᠰᠬᠠᠬᠤ ᠶᠢ ᠪᠠᠷᠢᠮᠲᠠᠯᠠᠨ᠂ ︽ | ᠠᠯᠪᠠᠨ ᠤ ᠭᠤᠷᠪᠠᠨ︾ ᠵᠠᠷᠤᠳᠠᠯ ᠬᠢᠭᠡᠳ ᠵᠠᠰᠠᠭ ᠤᠨ ᠤᠷᠳᠤᠨ ᠤ ᠪᠡᠯᠡ ᠤᠷᠤᠭᠤᠯᠤᠯᠲᠠ ᠶᠢᠨ ᠲᠥᠷᠥᠯ ᠵᠦᠢᠯ ᠤᠨ ᠬᠡᠪᠴᠢᠶ᠎ᠡ ᠶᠢ ᠠᠭᠰᠢᠭᠠᠵᠤ᠂ ᠡᠳ᠋ ᠤᠨ | ᠬᠦᠴᠦᠨ ᠢ ᠲᠥᠪᠯᠡᠷᠡᠭᠦᠯᠵᠦ ᠡᠷᠭᠢᠯᠲᠡ ᠶᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠥᠷᠢ ᠰᠢᠷᠢ ᠪᠥᠭᠯᠡᠬᠦ ᠠᠵᠢᠯ ᠢ ᠪᠠᠲᠤᠯᠠᠨ᠎ᠠ᠃ | ︵ᠬᠤᠶᠠᠷ︶ ᠠᠵᠤ ᠦᠢᠯᠡᠰ ᠤᠨ ᠪᠥᠲᠥᠴᠡ ᠶᠢᠨ ᠳᠤᠬᠢᠷᠠᠭᠤᠯᠤᠯᠲᠠ ᠶᠢ ᠰᠠᠶᠢᠲᠤᠷ ᠠᠳᠬᠤᠨ᠎ᠠ᠃ ᠲᠤᠭ᠎ᠠ ᠴᠢᠨᠠᠷ ᠢ ᠵᠡᠷᠭᠡᠪᠡᠷ ᠴᠢᠬᠤᠯᠠᠴᠢᠯᠠᠬᠤ ᠶᠢ | ᠪᠠᠲᠤᠯᠠᠵᠤ᠂ ᠪᠤᠳᠠᠲᠠᠢ ᠲᠠᠢ ᠤᠶᠠᠯᠳᠤᠭᠤᠯᠤᠨ ᠬᠠᠩᠭᠠᠯᠭ᠎ᠠ ᠶᠢᠨ ᠲᠠᠯ᠎ᠠ ᠪᠠᠷ ᠬᠢ ᠪᠥᠲᠥᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠵᠤ᠂ ᠬᠠᠳᠠᠭᠠᠯᠠᠭᠳᠠᠴᠠ | ᠶᠢ ᠤᠯᠠᠮ ᠠᠮᠢᠳᠤᠯᠢᠭᠵᠢᠭᠤᠯᠬᠤ᠂ ᠨᠡᠮᠡᠭᠳᠡᠯ ᠢ ᠶᠡᠬᠡᠰᠬᠡᠬᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠪᠥᠬᠦ ᠬᠦᠴᠦ ᠪᠠᠷ | ᠠᠬᠢᠭᠤᠯᠤᠨ᠎ᠠ᠃ ᠨᠢᠭᠡ ᠳᠤ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ᠂ ᠤᠷᠴᠢᠯ ᠬᠥᠭᠵᠢᠯᠲᠡ ᠶᠢ ᠪᠠᠷᠢᠮᠲᠠᠯᠠᠵᠤ᠂ ᠠᠵᠤ | ᠦᠢᠯᠡᠳᠪᠦᠷᠢ ᠶᠢᠨ ᠳᠡᠭᠡᠳᠦ ᠳᠡᠰᠵᠢᠯᠲᠡ ᠶᠢ ᠠᠬᠢᠭᠤᠯᠤᠨ᠎ᠠ᠃ ᠬᠦᠷᠢᠶᠡᠯᠡᠩ ᠲᠤᠭᠤᠷᠢᠭ ᠢᠶᠠᠷ ᠭᠤᠤᠯ ᠲᠠᠯᠠᠪᠤᠷ ᠪᠤᠯᠭᠠᠵᠤ᠂ ᠪᠤᠳᠠᠲᠤ ᠠᠵᠤ ᠠᠬᠤᠢ ᠶᠢᠨ ᠭᠤᠤᠯ | ᠬᠦᠴᠦᠨ ᠴᠡᠷᠢᠭ ᠤᠨ ᠦᠢᠯᠡᠳᠦᠯ ᠢ ᠪᠠᠳᠠᠷᠠᠭᠤᠯᠤᠨ᠂ ᠬᠥᠭᠵᠢᠯᠲᠡ ᠶᠢᠨ ᠤᠷᠴᠢᠨ ᠲᠤᠭᠤᠷᠢᠨ ᠢ ᠰᠢᠯᠢᠳᠡᠭᠵᠢᠭᠦᠯᠵᠦ᠂ ᠠᠩᠬᠠᠨ ᠤ ᠱᠠᠲᠤᠨ ᠤ ᠦᠢᠯᠡᠳᠪᠦᠷᠢᠯᠡᠯ ᠤᠨ | ᠴᠢᠳᠠᠪᠤᠷᠢ ᠶᠢ ᠴᠢᠩᠭ᠎ᠠ ᠡᠵᠡᠮᠳᠡᠨ᠂ ᠮᠡᠷᠭᠡᠵᠢᠯ ᠤᠨ ᠰᠢᠨ᠎ᠡ ᠡᠭᠦᠳᠦᠯᠲᠡ ᠶᠢ ᠡᠷᠴᠢᠮᠵᠢᠭᠦᠯᠵᠦ᠂ ᠠᠵᠤ ᠦᠢᠯᠡᠰ ᠢ ᠥᠷᠲᠡᠭ ᠤᠨ ᠳᠡᠭᠡᠳᠦ ᠳᠡᠰᠵᠢᠯᠲᠡ ᠶᠢ | ᠠᠬᠢᠭᠤᠯᠤᠨ᠎ᠠ᠃ ᠨᠡᠭᠦᠷᠡᠰᠦ ᠪᠠᠷ ᠰᠠᠭᠤᠷᠢ ᠪᠤᠯᠭᠠᠭᠰᠠᠨ ᠠᠵᠤ ᠦᠢᠯᠡᠰ ᠤᠨ ᠲᠠᠯ᠎ᠠ ᠪᠠᠷ᠂ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠠᠴᠠ ᠬᠦᠴᠦᠯᠡᠵᠦ᠂ ᠳᠡᠭᠡᠳᠦ | ᠤᠷᠤᠰᠬᠠᠯ ᠳᠤ ᠨᠡᠭᠦᠷᠡᠰᠦ ᠮᠠᠯᠲᠠᠬᠤ ᠶᠡᠷᠦᠩᠬᠡᠶᠢᠯᠡᠭᠰᠡᠨ ᠥᠪᠡᠷ ᠤᠨ ᠥᠷᠲᠡᠭ ᠢ ᠳᠤᠷᠤᠭᠰᠢᠯᠠᠭᠤᠯᠵᠤ᠂ ᠨᠡᠭᠦᠷᠡᠰᠦ ᠴᠠᠬᠢᠯᠭᠠᠨ᠂ ᠨᠡᠭᠦᠷᠡᠰᠦ ᠬᠢᠮᠢ ᠶᠢᠨ | ᠬᠤᠯᠪᠤᠭᠠᠯᠠᠭᠰᠠᠨ ᠡᠵᠡᠩᠨᠡᠯᠲᠡ ᠶᠢᠨ ᠬᠠᠷᠰᠢ ᠰᠠᠭᠠᠳ ᠪᠤᠯᠬᠤ ᠭᠤᠭᠴᠤᠭ᠎ᠠ ᠶᠢ ᠨᠡᠪᠲᠡᠷᠡᠭᠦᠯᠦᠨ᠂ ᠨᠠᠷᠢᠯᠢᠭ ᠪᠤᠯᠪᠠᠰᠤᠷᠠᠭᠤᠯᠬᠤ ᠬᠡᠯᠬᠢᠶ᠎ᠡ ᠶᠢ ᠤᠷᠳᠤᠳᠬᠠᠵᠤ᠂ | ᠨᠠᠷᠢᠯᠢᠭ ᠭᠦᠨᠵᠡᠭᠡᠢ ᠪᠤᠯᠪᠠᠰᠤᠷᠠᠭᠤᠯᠤᠨ᠂ ᠱᠤᠸᠠᠩ ᠰᠢᠨ ᠤ ᠵᠢᠩ ᠨᠧᠩ 2×35 ᠲᠥᠮᠡᠨ ᠺᠢᠯᠤᠸᠠᠲ ᠤᠨ ᠪᠡᠯᠡᠳᠬᠡᠯ ᠴᠠᠬᠢᠯᠭᠠᠨ ᠦᠢᠯᠡᠳᠪᠦᠷᠢ ᠬᠢᠭᠡᠳ ᠵᠢᠶᠠᠨ | ᠶᠤᠸᠠᠨ ᠤ ᠬᠡᠦᠷᠡᠰᠢᠭᠦᠯᠬᠦ ᠬᠤᠶᠠᠳᠤᠭᠠᠷ ᠬᠤᠭᠤᠴᠠᠭ᠎ᠠ᠂ ᠬᠡᠦᠷᠡᠰᠢᠭᠦᠯᠬᠦ ᠵᠤᠤᠬᠠᠨ ᠤ ᠰᠡᠭᠦᠯ ᠤᠨ ᠬᠡᠢ ᠪᠠᠷ LNG ᠦᠢᠯᠡᠳᠬᠦ ᠵᠡᠷᠭᠡ ᠲᠥᠷᠥᠯ ᠵᠦᠢᠯ ᠢ | ᠳᠤᠪᠤᠶᠢᠯᠭᠠᠨ ᠠᠳᠬᠤᠵᠤ᠂ ᠴᠢ ᠫᠠᠨ ᠵᠢᠩ ᠤᠨ ᠴᠠᠬᠢᠯᠭᠠᠨ ᠬᠠᠩᠭᠠᠵᠤ ᠬᠤᠳᠠᠯᠳᠤᠬᠤ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠤᠨ᠂ ᠪᠢᠴᠢᠯ ᠲᠤᠤᠷ ᠤᠨ | ᠡᠷᠭᠢᠯᠲᠡ ᠶᠢ ᠠᠯᠢ ᠲᠦᠷᠭᠡᠨ ᠪᠡᠶᠡᠯᠡᠭᠦᠯᠬᠦ ᠪᠠᠷ ᠴᠢᠷᠮᠠᠶᠢᠨ᠎ᠠ᠃ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠲᠠᠯ᠎ᠠ ᠪᠠᠷ᠂ ᠡᠴᠦᠰ ᠤᠨ ᠭᠤᠭᠴᠤᠭ᠎ᠠ | ᠶᠢᠨ ᠵᠠᠬ᠎ᠠ ᠳᠡᠯᠭᠡᠭᠦᠷ ᠤᠨ ᠲᠤᠭᠤᠷᠢᠨ ᠳᠤ ᠨᠠᠷᠢᠯᠢᠭ ᠪᠤᠯᠪᠠᠰᠤᠷᠠᠭᠤᠯᠬᠤ ᠲᠥᠷᠥᠯ ᠵᠦᠢᠯ ᠤᠨ ᠰᠢᠪᠲᠤᠯᠤᠯᠲᠠ ᠶᠢᠨ ᠴᠢᠨᠠᠷᠲᠠᠢ ᠰᠤᠳᠤᠯᠭᠠᠨ ᠬᠢᠬᠦ ᠶᠢ ᠶᠡᠬᠡᠪᠡᠷ | ᠦᠷᠨᠢᠭᠦᠯᠦᠨ᠂ ᠱᠤᠸᠠᠩ ᠰᠢᠨ ᠤ 10 ᠲᠥᠮᠡᠨ ᠲᠤᠨ ᠡᠲ᠋ᠢᠯ ᠬᠤᠶᠠᠷᠴᠢ ᠠᠯᠺᠤᠤᠯ᠂ 5 ᠲᠥᠮᠡᠨ ᠲᠤᠨ ᠼᠤᠤ ᠭᠦᠴᠢᠯ ᠤᠨ ᠡᠲ᠋ᠧᠨ ᠵᠡᠷᠭᠡ ᠭᠤᠤᠯᠳᠠᠯᠭᠠᠲᠤ | ᠲᠥᠷᠥᠯ ᠵᠦᠢᠯ ᠢ ᠳᠤᠪᠤᠶᠢᠯᠭᠠᠨ ᠠᠳᠬᠤᠵᠤ᠂ ᠪᠥᠬᠦ ᠤᠷᠤᠨ ᠳᠤ ᠬᠠᠮᠤᠭ ᠠᠴᠠ ᠤᠷᠢᠳ ᠡᠲ᠋ᠢᠯ ᠬᠤᠶᠠᠷᠴᠢ ᠠᠯᠺᠤᠤᠯ ᠤᠨ ᠠᠵᠤ ᠦᠢᠯᠡᠰ ᠤᠨ ᠬᠥᠭᠵᠢᠯᠲᠡ ᠶᠢᠨ | ᠰᠢᠨ᠎ᠡ ᠵᠠᠮ ᠢ ᠰᠥᠪᠡᠭᠴᠢᠯᠡᠵᠦ ᠭᠠᠷᠭᠠᠨ᠎ᠠ᠃ ᠴᠡᠪᠡᠷ ᠡᠨᠧᠷᠭᠢ ᠶᠢᠨ ᠠᠵᠤ ᠦᠢᠯᠡᠰ ᠤᠨ ᠲᠠᠯ᠎ᠠ ᠪᠠᠷ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠬᠡᠪ ᠤᠨ ᠭᠠᠷᠭᠠᠯᠲᠠ | ᠶᠢ ᠳᠤᠭᠲᠠᠭᠤᠨ ᠢᠶᠠᠷ ᠨᠡᠮᠡᠭᠳᠡᠭᠦᠯᠦᠨ᠂ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠤᠯᠤᠰ ᠤᠨ ᠨᠥᠭᠡᠴᠡ ᠡᠨᠧᠷᠭᠢ | ᠶᠢᠨ ᠰᠤᠷᠪᠤᠯᠵᠢ ᠶᠢᠨ 72 ᠲᠥᠮᠡᠨ ᠲᠤᠨ᠂ ᠶᠢᠨ ᠷᠦᠩ ᠳ᠋ᠠ ᠶᠢᠨ 40 ᠲᠥᠮᠡᠨ ᠲᠤᠨ LNG ᠲᠥᠷᠥᠯ ᠵᠦᠢᠯ ᠢ ᠭᠤᠤᠯᠳᠠᠯᠭᠠᠲᠠᠢ ᠠᠳᠬᠤᠨ᠂ ᠪᠠᠶᠢᠭᠠᠯᠢ ᠶᠢᠨ | ᠰᠢᠲᠠᠮᠠᠬᠠᠢ ᠬᠡᠢ ᠶᠢᠨ ᠬᠢᠮᠢ ᠶᠢᠨ ᠠᠵᠤ ᠦᠢᠯᠡᠳᠪᠦᠷᠢ ᠶᠢᠨ ᠨᠠᠷᠢᠯᠢᠭ ᠪᠤᠯᠪᠠᠰᠤᠷᠠᠭᠤᠯᠬᠤ ᠲᠥᠷᠥᠯ ᠵᠦᠢᠯ ᠢ ᠦᠷᠭᠦᠯᠵᠢᠯᠡᠭᠦᠯᠦᠨ ᠬᠥᠭᠵᠢᠭᠦᠯᠵᠦ᠂ ᠰᠢᠨ᠎ᠡ ᠡᠨᠧᠷᠭᠢ | ᠶᠢᠨ ᠰᠤᠷᠪᠤᠯᠵᠢ ᠶᠢᠨ ᠠᠵᠤ ᠠᠬᠤᠢ ᠶᠢᠨ ᠨᠡᠮᠡᠭᠳᠡᠯ ᠢ ᠪᠤᠢ ᠪᠤᠯᠭᠠᠨ᠎ᠠ᠃ ᠤᠯᠠᠮᠵᠢᠯᠠᠯᠲᠤ ᠠᠵᠤ ᠦᠢᠯᠡᠰ ᠤᠨ ᠲᠠᠯ᠎ᠠ ᠪᠠᠷ᠂ ᠰᠢᠩ ᠭᠤᠸᠠᠩ ᠤᠨ ᠪᠸᠡᠶᠢᠨ ᠤᠪᠤᠭᠲᠤ | ᠶᠢᠨ ᠪᠤᠯᠤᠳ᠂ ᠬᠤᠸᠠ ᠴᠧᠨ ᠤ ᠴᠢᠯᠠᠭᠤᠨ ᠳᠤᠰᠤᠨ ᠤ ᠤᠭᠯᠠᠭᠤᠷ ᠬᠤᠭᠤᠯᠠᠢ ᠵᠡᠷᠭᠡ ᠬᠡᠯᠪᠡᠷᠢ ᠪᠠᠨ ᠬᠤᠪᠢᠷᠠᠭᠤᠯᠤᠭᠰᠠᠨ ᠲᠥᠷᠥᠯ ᠵᠦᠢᠯ ᠬᠢᠭᠡᠳ ᠤᠷᠳᠤᠰ ᠤᠨ | ᠴᠠᠬᠢᠯᠤᠭᠤᠷ ᠴᠢᠯᠠᠭᠤᠨ ᠤ ᠵᠤᠤᠬ᠎ᠠ ᠶᠢᠨ ᠥᠭᠡᠷᠡᠴᠢᠯᠡᠯᠲᠡ ᠵᠡᠷᠭᠡ ᠮᠡᠷᠭᠡᠵᠢᠯ ᠤᠨ ᠰᠢᠨᠡᠴᠢᠯᠡᠯᠲᠡ ᠶᠢᠨ ᠲᠥᠷᠥᠯ ᠵᠦᠢᠯ ᠢ ᠳᠤᠪᠤᠶᠢᠯᠭᠠᠨ ᠠᠳᠬᠤᠵᠤ᠂ ᠤᠯᠠᠮᠵᠢᠯᠠᠯᠲᠤ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠤᠯᠠᠨ ᠠᠷᠭ᠎ᠠ ᠪᠠᠷ ᠠᠬᠢᠭᠤᠯᠤᠨ᠎ᠠ᠃ ᠡᠭᠦᠨ ᠤ ᠬᠠᠮᠲᠤ᠂ ᠦᠢᠯᠡᠳᠪᠦᠷᠢᠯᠡᠯ ᠤᠨ ᠴᠢᠳᠠᠪᠤᠷᠢ | ᠶᠢ ᠰᠢᠩᠭᠡᠭᠡᠬᠦ ᠪᠠᠷ ᠳᠠᠮᠵᠢᠨ᠂ ᠬᠤᠵᠢᠭᠳᠠᠮᠠᠯ ᠦᠢᠯᠡᠳᠪᠦᠷᠢᠯᠡᠯ ᠤᠨ ᠴᠢᠳᠠᠪᠤᠷᠢ ᠢ ᠡᠷᠡᠰ ᠲᠠᠶᠠᠭᠳᠠᠵᠤ᠂ ᠡᠬᠢ ᠪᠠᠶᠠᠯᠢᠭ ᠤᠨ ᠭᠤᠤᠯ ᠡᠯᠧᠮᠧᠨ᠋ᠲ ᠢ ᠵᠠᠶᠢᠴᠢᠯᠠᠨ᠂ | ᠤᠬᠤᠷᠢᠬᠤ ᠪᠠᠷ ᠤᠷᠤᠭᠰᠢᠯᠠᠯᠲᠠ ᠪᠤᠯᠭᠠᠵᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠤᠨ᠎ᠠ᠃ ᠮᠡᠷᠭᠡᠵᠢᠯ ᠤᠨ ᠲᠠᠯ᠎ᠠ ᠪᠠᠷ | ᠬᠤᠵᠢᠭᠳᠠᠮᠠᠯ᠂ ᠥᠷᠢ ᠲᠥᠯᠥᠭᠡᠰᠦ ᠶᠡᠬᠡᠲᠡᠢ ᠠᠵᠤ ᠠᠬᠤᠶᠢᠯᠠᠯ ᠢ ᠨᠢᠭᠡᠳᠬᠡᠨ ᠴᠤᠮᠬᠠᠳᠬᠠᠬᠤ᠂ ᠥᠭᠡᠷᠡᠴᠢᠯᠡᠨ ᠲᠡᠰ ᠳᠡᠪᠰᠢᠭᠦᠯᠬᠦ ᠶᠢ ᠲᠦᠷᠭᠡᠳᠬᠡᠨ᠎ᠡ︔ ᠮᠥᠩᠭᠦᠨ | ᠭᠦᠢᠯᠭᠡᠭᠡᠨ ᠤ ᠳᠦᠭᠰᠢᠭᠦᠷᠢ ᠪᠠᠭ᠎ᠠ᠂ ᠵᠠᠬ᠎ᠠ ᠳᠡᠯᠭᠡᠭᠦᠷ ᠤᠨ ᠰᠢᠯᠲᠠᠭᠠᠨ ᠠᠴᠠ ᠪᠤᠯᠵᠤ ᠲᠦᠷ ᠴᠠᠭ ᠦᠢᠯᠡᠳᠪᠦᠷᠢᠯᠡᠯ ᠢᠶᠠᠨ ᠵᠤᠭᠰᠤᠭᠰᠠᠨ ᠠᠵᠤ ᠠᠬᠤᠶᠢᠯᠠᠯ ᠢ | ᠪᠠᠶᠢᠴᠠᠭᠠᠨ ᠵᠠᠯᠠᠷᠠᠭᠤᠯᠬᠤ᠂ ᠠᠵᠢᠯᠲᠠᠨ ᠢ ᠪᠤᠯᠪᠠᠰᠤᠷᠠᠭᠤᠯᠤᠯ ᠳᠤ ᠤᠷᠤᠯᠴᠠᠭᠤᠯᠬᠤ ᠵᠡᠷᠭᠡ ᠠᠵᠢᠯ ᠢ ᠬᠠᠪᠰᠤᠷᠤᠨ ᠬᠢᠨ᠎ᠡ︔ ᠥᠭᠡᠷᠡᠴᠢᠯᠡᠯᠲᠡ ᠬᠢᠬᠦ ᠠᠷᠭ᠎ᠠ ᠦᠭᠡᠢ | ᠪᠤᠶᠤ ᠳᠠᠬᠢᠨ ᠨᠢᠭᠡᠳᠬᠡᠬᠦ ᠠᠷᠭ᠎ᠠ ᠦᠭᠡᠢ ︽ᠦᠬᠦᠰᠢᠷᠡᠭᠰᠡᠨ ᠠᠵᠤ ᠠᠬᠤᠶᠢᠯᠠᠯ︾ ᠳᠤ ᠨᠢᠭᠡᠳ ᠨᠢᠭᠡ ᠪᠠᠷ ᠵᠠᠬ᠎ᠠ ᠳᠡᠯᠭᠡᠭᠦᠷ ᠠᠴᠠ ᠭᠠᠷᠭᠠᠬᠤ ᠨᠠᠷᠢᠯᠢᠭ ᠳᠥᠰᠥᠪ | ᠳᠤᠭᠲᠠᠭᠠᠵᠤ᠂ ᠠᠵᠤ ᠠᠬᠤᠶᠢᠯᠠᠯ ᠤᠨ ᠠᠵᠢᠯᠲᠠᠳ ᠢ ᠡᠪᠲᠡᠢ ᠳᠥᠪᠬᠢᠨᠡᠭᠦᠯᠦᠨ᠂ ᠬᠠᠤᠯᠢ ᠶᠤᠰᠤᠭᠠᠷ ᠲᠠᠮᠫᠤᠷᠠᠯ ᠤᠨ ᠲᠤᠭᠠᠴᠠᠭ᠎ᠠ ᠬᠢᠵᠦ᠂ ᠵᠠᠬ᠎ᠠ ᠳᠡᠯᠭᠡᠭᠦᠷ ᠠᠴᠠ | ᠭᠠᠷᠭᠠᠨ᠎ᠠ᠃ ᠬᠤᠶᠠᠷ ᠲᠤ ᠨᠠᠷᠢᠯᠢᠭ ᠮᠠᠯᠵᠢᠵᠤ ᠲᠠᠷᠢᠶᠠᠯᠠᠨ᠂ ᠣᠨᠴᠠᠯᠢᠭᠲᠤ ᠬᠥᠭᠵᠢᠯᠲᠡ ᠶᠢ ᠪᠠᠷᠢᠮᠲᠠᠯᠠᠵᠤ᠂ ᠮᠠᠯ ᠲᠠᠷᠢᠶᠠᠯᠠᠩ ᠦᠢᠯᠡᠰ ᠤᠨ ᠤᠳᠤᠬᠢᠴᠢᠯᠠᠭᠰᠠᠨ | ᠬᠥᠭᠵᠢᠯᠲᠡ ᠶᠢ ᠠᠬᠢᠭᠤᠯᠤᠨ᠎ᠠ᠃ ᠰᠠᠭᠤᠷᠢ ᠳᠥᠬᠦᠭᠡᠷᠦᠮᠵᠢ ᠶᠢᠨ ᠢᠵᠢ ᠪᠥᠷᠢᠳᠦᠭᠦᠯᠬᠦ ᠶᠢ ᠴᠢᠩᠭᠠᠳᠬᠠᠵᠤ᠂ ᠤᠰᠤ ᠴᠠᠬᠢᠯᠭᠠᠨ᠂ ᠬᠤᠷᠤᠭ᠎ᠠ ᠬᠠᠰᠢᠶ᠎ᠠ᠂ ᠲᠤᠤᠷ | ᠬᠦᠷᠢᠶ᠎ᠡ ᠵᠡᠷᠭᠡ ᠰᠠᠭᠤᠷᠢ ᠳᠥᠬᠦᠭᠡᠷᠦᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠵᠢᠶᠠᠠᠭᠦ᠋ᠢ ᠶᠢᠨ ᠤᠰᠤᠯᠠᠯᠲᠠ ᠶᠢᠨ ᠤᠷᠤᠨ ᠤ | ᠥᠭᠡᠷᠡᠴᠢᠯᠡᠯᠲᠡ᠂ ᠬᠠᠲᠤᠨ ᠭᠤᠤᠯ ᠤᠨ ᠳᠠᠯᠠᠩ ᠬᠠᠰᠢᠯᠭ᠎ᠠ ᠶᠢᠨ ᠬᠤᠶᠠᠳᠤᠭᠠᠷ ᠬᠤᠭᠤᠴᠠᠭᠠᠨ ᠤ ᠠᠵᠢᠯ ᠵᠡᠷᠭᠡ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ | ᠢᠨᠵᠧᠨᠧᠷᠢᠩ ᠢ ᠬᠡᠷᠡᠭᠵᠢᠭᠦᠯᠬᠦ ᠪᠠᠷ ᠴᠢᠷᠮᠠᠶᠢᠨ᠂ ᠲᠡᠵᠢᠭᠡᠯ ᠡᠪᠡᠰᠦ ᠪᠤᠷᠳᠤᠭᠠᠨ ᠤ ᠰᠠᠭᠤᠷᠢᠨ ᠢ ᠰᠢᠨᠵᠢᠯᠡᠬᠦ ᠤᠬᠠᠭᠠᠨᠴᠢ ᠪᠠᠷ ᠬᠥᠭᠵᠢᠭᠦᠯᠵᠦ᠂ ᠨᠤᠭᠤᠭᠠᠨ ᠢᠶᠠᠷ | ᠳᠠᠷᠤᠰᠢᠭᠤᠯᠬᠤ ᠡᠷᠳᠡᠨᠢ ᠰᠢᠰᠢ ᠪᠠ ᠪᠤᠷᠤ ᠴᠠᠷᠭᠠᠰᠤ ᠲᠠᠷᠢᠬᠤ ᠬᠡᠪᠴᠢᠶ᠎ᠡ ᠶᠢ ᠥᠷᠭᠡᠳᠬᠡᠨ᠂ ᠪᠠᠷᠢᠮᠵᠢᠶᠠᠵᠢᠭᠰᠠᠨ ᠬᠤᠷᠤᠭ᠎ᠠ ᠬᠠᠰᠢᠶ᠎ᠠ ᠶᠢ 4000 ᠭᠠᠷᠤᠢ | ᠪᠠᠶᠢᠭᠤᠯᠬᠤ ᠪᠠᠷ ᠴᠢᠷᠮᠠᠶᠢᠵᠤ᠂ ᠤᠰᠤ ᠠᠷᠪᠢᠯᠠᠬᠤ ᠤᠰᠤᠯᠠᠯᠲᠠ ᠶᠢᠨ ᠲᠠᠷᠢᠶᠠᠨ ᠤ ᠲᠠᠯᠠᠪᠠᠢ 4 ᠲᠥᠮᠡ ᠭᠠᠷᠤᠢ ᠮᠤ᠋ ᠰᠢᠨ᠎ᠡ ᠪᠠᠷ ᠨᠡᠮᠡᠨ ᠬᠠᠭᠠᠯᠪᠤᠷᠢᠯᠠᠨᠠ᠃ ᠵᠠᠬ᠎ᠠ | ᠳᠡᠯᠭᠡᠭᠦᠷ ᠤᠨ ᠭᠤᠤᠯ ᠴᠤᠭᠴᠠ ᠶᠢ ᠬᠦᠴᠦᠷᠬᠡᠭᠵᠢᠭᠦᠯᠵᠦ᠂ ᠭᠡᠷ ᠪᠥᠯᠢ ᠶᠢᠨ ᠳᠠᠭᠠᠭᠠᠴᠢᠯᠠᠯᠲᠠ ᠡᠵᠡᠩᠨᠡᠯᠲᠡ ᠶᠢᠨ ᠭᠤᠤᠯ ᠴᠤᠭᠴᠠ ᠶᠢᠨ ᠪᠠᠶᠢᠷᠢ ᠰᠠᠭᠤᠷᠢ ᠶᠢ | ᠪᠠᠷᠢᠮᠲᠠᠯᠠᠨ᠂ ᠮᠠᠯᠴᠢᠨ ᠲᠠᠷᠢᠶᠠᠴᠢᠳ ᠤᠨ ᠳᠤᠰᠬᠠᠢ ᠬᠤᠷᠰᠢᠶᠠᠵᠢᠯ ᠤᠨ ᠵᠤᠬᠢᠶᠠᠨ ᠪᠠᠶᠢᠭᠤᠯᠤᠯᠲᠠ ᠶᠢ ᠵᠢᠷᠤᠮᠵᠢᠭᠤᠨ ᠬᠥᠭᠵᠢᠭᠦᠯᠵᠦ᠂ ᠭᠠᠵᠠᠷ ᠰᠢᠷᠤᠢ ᠶᠢᠨ | ᠡᠷᠭᠢᠯᠲᠡ ᠶᠢᠨ ᠳᠠᠪᠴᠠᠩ ᠢ ᠲᠡᠭᠦᠯᠳᠡᠷᠵᠢᠭᠦᠯᠦᠨ᠂ ᠭᠠᠵᠠᠷ ᠰᠢᠷᠤᠢ ᠪᠡᠯᠴᠢᠭᠡᠷ ᠤᠰᠤ ᠶᠢ ᠳᠤᠰᠬᠠᠢ ᠲᠤᠮᠤ ᠡᠷᠦᠬᠡ᠂ ᠲᠤᠯᠤᠭᠠᠶᠢᠯᠠᠭᠴᠢ ᠠᠵᠤ ᠠᠬᠤᠶᠢᠯᠠᠯ ᠵᠡᠷᠭᠡ | ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠤᠭᠴᠠ ᠤᠷᠤᠭᠤ ᠡᠮᠬᠢ ᠴᠡᠭᠴᠡᠲᠡᠢ ᠲᠥᠪᠯᠡᠷᠡᠭᠦᠯᠦᠨ᠂ ᠭᠠᠵᠠᠷ ᠰᠢᠷᠤᠢ ᠶᠢ 1 ᠲᠥᠮᠡᠨ ᠮᠤ᠋᠂ ᠪᠡᠯᠴᠢᠭᠡᠷ ᠨᠤᠲᠤᠭ | ᠢ 5 ᠲᠥᠮᠡᠨ ᠮᠤ᠋ ᠠᠴᠠ ᠳᠡᠭᠡᠭᠰᠢ ᠰᠢᠯᠵᠢᠭᠦᠯᠦᠨ ᠡᠷᠭᠢᠯᠳᠦᠭᠦᠯᠵᠦ᠂ ᠺᠤᠮᠫᠠᠨᠢᠴᠢᠯᠠᠭᠰᠠᠨ ᠲᠡᠵᠢᠭᠡᠨ ᠦᠷᠡᠵᠢᠭᠦᠯᠬᠦ ᠬᠦᠷᠢᠶᠡᠯᠡᠩ ᠲᠤᠭᠤᠷᠢᠭ 3᠂ ᠠᠮᠢ ᠠᠬᠤᠢ ᠶᠢᠨ | ᠬᠡᠯᠪᠡᠷᠢ ᠶᠢᠨ ᠭᠡᠷ ᠪᠥᠯᠢ ᠶᠢᠨ ᠮᠠᠯᠵᠢᠯ ᠤᠨ ᠲᠠᠯᠠᠪᠠᠢ ᠶᠢ 50᠂ ᠲᠡᠵᠢᠭᠡᠨ ᠦᠷᠡᠵᠢᠭᠦᠯᠬᠦ ᠲᠤᠮᠤ ᠡᠷᠦᠬᠡ ᠶᠢ 50 ᠲᠤᠰ ᠲᠤᠰ ᠰᠢᠨ᠎ᠡ ᠪᠠᠷ ᠪᠠᠶᠢᠭᠤᠯᠤᠨ᠎ᠠ᠃ | ᠠᠵᠤ ᠦᠢᠯᠡᠰ ᠤᠨ ᠳᠠᠪᠬᠤᠷᠭ᠎ᠠ ᠶᠢ ᠨᠡᠮᠡᠭᠳᠡᠭᠦᠯᠵᠦ᠂ ᠪᠠᠶᠢᠭᠠᠯᠢᠯᠢᠭ ᠤᠷᠭᠠᠨᠢᠭ ᠪᠥᠲᠥᠭᠡᠭᠳᠡᠭᠦᠨ ᠢ ᠭᠤᠤᠯᠯᠠᠨ ᠦᠢᠯᠡᠳᠴᠦ᠂ ᠠᠷᠪᠠᠰ ᠤᠨ ᠲᠥᠷᠥᠯ ᠲᠡᠮᠲᠡᠭ ᠢ | ᠭᠤᠤᠯᠳᠠᠯᠭ᠎ᠠ ᠲᠠᠢ ᠪᠠᠶᠢᠭᠤᠯᠤᠨ᠂ ᠭᠠᠵᠠᠷ ᠭᠠᠵᠠᠷ ᠤᠨ ᠤᠨᠴᠠᠯᠢᠭ ᠲᠤ ᠳᠤᠬᠢᠷᠠᠭᠤᠯᠵᠤ ᠢᠳᠡᠰᠢᠨ ᠦᠬᠡᠷ ᠬᠤᠨᠢ ᠢᠮᠠᠭ᠎ᠠ᠂ ᠤᠨᠴᠠᠯᠢᠭᠲᠤ ᠲᠠᠷᠢᠵᠤ ᠲᠡᠵᠢᠭᠡᠬᠦ ᠠᠵᠤ | ᠦᠢᠯᠡᠰ ᠢ ᠬᠥᠭᠵᠢᠭᠦᠯᠦᠨ᠂ ᠪᠠᠷᠢᠮᠵᠢᠶᠠᠵᠢᠭᠰᠠᠨ᠂ ᠨᠠᠷᠢᠯᠢᠭᠵᠢᠭᠰᠠᠨ ᠦᠢᠯᠡᠳᠪᠦᠷᠢᠯᠡᠯ ᠪᠤᠯᠪᠠᠰᠤᠷᠠᠭᠤᠯᠤᠯᠲᠠ ᠬᠢᠵᠦ᠂ ᠠᠵᠤ ᠦᠢᠯᠡᠰ ᠤᠨ ᠪᠥᠲᠥᠴᠡ ᠶᠢᠨ | ᠳᠤᠬᠢᠷᠠᠭᠤᠯᠤᠯᠲᠠ ᠬᠢᠬᠦ ᠵᠢᠱᠢᠶ᠎ᠡ ᠦᠵᠡᠭᠦᠯᠬᠦ ᠭᠠᠴᠠᠭ᠎ᠠ ᠳᠤᠰᠬᠤᠨ ᠢ 10 ᠠᠴᠠ ᠳᠡᠭᠡᠭᠰᠢ᠂ ᠠᠵᠤ ᠦᠢᠯᠡᠰ ᠤᠨ ᠬᠥᠭᠵᠢᠯᠲᠡ ᠶᠢᠨ ᠭᠤᠤᠯᠳᠠᠯᠭᠠᠲᠤ ᠭᠠᠴᠠᠭ᠎ᠠ | ᠳᠤᠰᠬᠤᠨ ᠢ 30 ᠭᠠᠷᠤᠢ ᠪᠠᠶᠢᠭᠤᠯᠬᠤ ᠪᠠᠷ ᠴᠢᠷᠮᠠᠶᠢᠨ᠎ᠠ᠃ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠮᠠᠯ ᠤᠨ ᠡᠭᠦᠯᠳᠡᠷ ᠰᠠᠶᠢᠵᠢᠷᠠᠭᠤᠯᠤᠯᠲᠠ᠂ | ᠬᠥᠷᠥᠰᠥ ᠶᠢ ᠰᠢᠨᠵᠢᠯᠡᠨ ᠪᠤᠷᠳᠤᠭᠤᠷ ᠤᠷᠤᠭᠤᠯᠬᠤ᠂ ᠪᠠᠷᠢᠮᠵᠢᠶᠠᠵᠢᠭᠰᠠᠨ ᠲᠡᠵᠢᠭᠡᠵᠦ ᠪᠤᠷᠳᠤᠬᠤ ᠵᠡᠷᠭᠡ ᠲᠠᠯ᠎ᠠ ᠪᠠᠷ ᠬᠢ ᠮᠡᠷᠭᠡᠵᠢᠯ ᠤᠨ ᠵᠢᠯᠤᠭᠤᠳᠤᠯᠭ᠎ᠠ ᠶᠢ | ᠰᠠᠶᠢᠲᠤᠷ ᠦᠷᠨᠢᠭᠦᠯᠦᠨ᠂ ᠬᠢᠵᠢᠭ ᠠᠴᠠ ᠰᠡᠷᠭᠡᠶᠢᠯᠡᠬᠦ ᠠᠵᠢᠯ ᠢ ᠳᠤᠪᠤᠶᠢᠯᠭᠠᠨ ᠠᠳᠬᠤᠵᠤ᠂ ᠦᠨᠳᠦᠰᠦᠨ ᠱᠠᠲᠤᠨ ᠤ ᠮᠠᠯ ᠤᠨ ᠡᠮᠴᠢ 80 ᠭᠠᠷᠤᠢ ᠬᠦᠮᠦᠨ ᠢ | ᠪᠤᠯᠪᠠᠰᠤᠷᠠᠭᠤᠯᠤᠯ ᠳᠤ ᠤᠷᠤᠯᠴᠠᠭᠤᠯᠬᠤ ᠶᠢ ᠪᠠᠲᠤᠯᠠᠨ᠎ᠠ᠃ ᠮᠠᠯᠵᠢᠬᠤ ᠤᠷᠤᠨ ᠳᠤ ᠦᠬᠡᠷ ᠮᠠᠯ ᠢ ᠴᠠᠭ ᠠᠭᠤᠷ ᠤᠨ ᠵᠢᠭᠠᠯᠲᠠ ᠲᠤᠭᠠᠨ ᠤ ᠳᠠᠭᠠᠳᠬᠠᠯ ᠳᠤ | ᠤᠷᠤᠭᠤᠯᠬᠤ ᠪᠠᠷ ᠰᠥᠪᠡᠭᠴᠢᠯᠡᠵᠦ᠂ ᠨᠢᠩᠰᠢᠶᠠ ᠶᠢᠨ ᠴᠠᠭ ᠠᠭᠤᠷ ᠤᠨ ᠰᠢᠨᠵᠢᠯᠡᠬᠦ ᠤᠬᠠᠭᠠᠨ ᠤ ᠬᠦᠷᠢᠶᠡᠯᠡᠩ ᠲᠠᠢ ᠬᠤᠷᠰᠢᠯᠴᠠᠭ᠎ᠠ ᠪᠠᠨ ᠴᠢᠩᠭᠠᠳᠬᠠᠨ᠂ ᠨᠢᠰᠭᠡᠯ | ᠢᠶᠠᠷ ᠵᠤᠬᠢᠶᠠᠮᠠᠯ ᠪᠤᠷᠤᠭ᠎ᠠ ᠤᠷᠤᠭᠤᠯᠤᠨ ᠲᠤᠨᠤᠳᠠᠰᠤᠨ ᠤ ᠬᠡᠮᠵᠢᠶ᠎ᠡ ᠶᠢ ᠨᠡᠮᠡᠭᠳᠡᠭᠦᠯᠬᠦ ᠠᠵᠢᠯ ᠤᠨ ᠪᠤᠳᠠᠲᠤ ᠪᠥᠲᠥᠮᠵᠢ ᠶᠢ ᠳᠡᠭᠡᠭᠰᠢᠯᠡᠭᠦᠯᠵᠦ᠂ ᠬᠦᠨᠳᠦ ᠰᠦᠷᠡᠬᠡᠢ | ᠪᠠᠶᠢᠭᠠᠯᠢ ᠶᠢᠨ ᠭᠠᠮᠰᠢᠭ ᠴᠠᠭ ᠠᠭᠤᠷ ᠢ ᠪᠥᠲᠥᠮᠵᠢᠲᠡᠢ ᠠᠷᠭᠠᠴᠠᠨ᠎ᠠ᠃ ᠭᠤᠷᠪᠠ ᠳᠤ ᠬᠤᠷᠳᠤᠴᠠ ᠦᠷ᠎ᠡ ᠠᠰᠢᠭ ᠢ ᠨᠡᠮᠡᠭᠳᠡᠭᠦᠯᠦᠨ᠂ ᠰᠢᠨ᠎ᠡ ᠶᠢ ᠡᠭᠦᠳᠬᠦ | ᠬᠥᠭᠵᠢᠯᠲᠡ ᠶᠢ ᠪᠠᠷᠢᠮᠲᠠᠯᠠᠵᠤ᠂ ᠭᠤᠷᠪᠠᠳᠤᠭᠠᠷ ᠠᠵᠤ ᠦᠢᠯᠡᠰ ᠤᠨ ᠤᠯᠠᠨ ᠡᠰᠢᠵᠢᠯᠲᠡ ᠶᠢ ᠠᠬᠢᠭᠤᠯᠤᠨ᠎ᠠ᠃ ᠰᠤᠶᠤᠯ ᠵᠢᠭᠤᠯᠴᠢᠯᠠᠯ ᠤᠨ ᠠᠵᠤ ᠦᠢᠯᠡᠰ ᠤᠨ | ᠲᠠᠯ᠎ᠠ ᠪᠠᠷ᠂ ᠲᠡᠷᠢᠭᠦᠨ ᠤ ᠭᠠᠵᠠᠷ ᠤᠷᠤᠨ ᠤ ᠳᠤᠷᠰᠢᠯᠭ᠎ᠠ ᠶᠢ ᠲᠤᠯᠢᠳᠠᠵᠤ᠂ ᠪᠠᠷᠢᠮᠵᠢᠶᠠᠵᠢᠭᠰᠠᠨ ᠦᠢᠯᠡᠴᠢᠯᠡᠭᠡᠨ ᠤ ᠳᠥᠪᠰᠢᠨ ᠢ ᠳᠡᠭᠡᠭᠰᠢᠯᠡᠭᠦᠯᠦᠨ᠂ ᠭᠤᠤᠯᠳᠠᠭᠤ | ᠦᠵᠡᠮᠵᠢ ᠶᠢᠨ ᠤᠷᠤᠨ ᠤ ᠲᠠᠶᠢᠯᠪᠤᠷᠢ ᠶᠠᠷᠢᠶ᠎ᠠ᠂ ᠢᠳᠡᠭᠡᠨ ᠤᠮᠳᠠᠭᠠᠨ ᠤ ᠡᠷᠡᠭᠦᠯ ᠬᠠᠮᠠᠭᠠᠯᠠᠯ᠂ ᠤᠷᠴᠢᠨ ᠲᠤᠭᠤᠷᠢᠨ ᠤ ᠵᠠᠰᠠᠯᠲᠠ ᠵᠡᠷᠭᠡ ᠲᠠᠯ᠎ᠠ ᠳᠤ ᠬᠦᠴᠦ | ᠲᠠᠯᠪᠢᠵᠤ᠂ ᠤᠳᠬ᠎ᠠ ᠤᠷᠠᠯᠢᠭ ᠤᠨ ᠲᠤᠭᠯᠠᠯᠲᠠ ᠶᠢ ᠦᠵᠡᠮᠵᠢ ᠶᠢᠨ ᠤᠷᠤᠨ ᠳᠤ ᠭᠠᠷᠭᠠᠬᠤ ᠠᠵᠢᠯ ᠢ ᠶᠡᠬᠡᠪᠡᠷ ᠦᠷᠨᠢᠭᠦᠯᠦᠨ᠂ ᠲᠠᠨᠢᠯ ᠬᠠᠭᠤᠴᠢᠨ ᠵᠤᠴᠢᠳ ᠢ | ᠢᠯᠡᠭᠦᠬᠡᠨ ᠲᠠᠲᠠᠵᠤ᠂ ᠪᠠᠭᠤᠳᠠᠯᠯᠠᠬᠤ ᠵᠤᠭᠠᠴᠠᠭᠰᠠᠳ ᠢ ᠨᠡᠮᠡᠭᠳᠡᠭᠦᠯᠦᠨ᠂ ᠨᠡᠶᠢᠬᠡᠮ ᠳᠠᠶᠠᠭᠠᠷ ᠲᠤ ᠠᠯᠳᠠᠷᠰᠢᠭᠤᠯᠤᠨ᠎ᠠ᠃ ᠰᠤᠶᠤᠯ ᠵᠢᠭᠤᠯᠴᠢᠯᠠᠯ ᠬᠢᠭᠡᠳ ︽ᠮᠠᠯᠴᠢᠨ | ᠲᠠᠷᠢᠶᠠᠴᠢᠨ ᠠᠶᠢᠯ ᠤᠨ ᠠᠮᠲᠠᠲᠤ ᠵᠤᠭᠤᠭ︾᠂ ᠲᠠᠮᠢᠷ ᠤᠨ ᠤᠷᠤᠯᠳᠤᠭᠠᠨ᠂ ᠰᠤᠶᠤᠯ ᠤᠷᠠᠯᠢᠭ ᠤᠨ ᠲᠤᠭᠯᠠᠯᠲᠠ ᠵᠡᠷᠭᠡ ᠶᠢᠨ ᠠᠭᠤᠰᠤᠯᠴᠠᠯ ᠢ ᠢᠳᠡᠪᠬᠢᠲᠡᠢ | ᠠᠬᠢᠭᠤᠯᠵᠤ᠂ ᠡᠯ᠎ᠡ ᠲᠥᠷᠥᠯ ᠤᠨ ᠵᠢᠭᠤᠯᠴᠢᠯᠠᠯ ᠤᠨ ᠡᠬᠢ ᠪᠠᠶᠠᠯᠢᠭ ᠢ ᠢᠯᠡᠷᠡᠭᠦᠯᠦᠨ ᠨᠢᠭᠡᠳᠬᠡᠵᠦ᠂ ᠠᠮᠢ ᠠᠬᠤᠢ ᠶᠢᠨ ᠵᠢᠭᠤᠯᠴᠢᠯᠠᠯ᠂ ᠰᠡᠯᠡᠭᠦᠴᠡᠯ ᠵᠢᠭᠤᠯᠴᠢᠯᠠᠯ᠂ | ᠬᠥᠳᠡᠭᠡ ᠳᠤᠰᠬᠤᠨ ᠤ ᠵᠢᠭᠤᠯᠴᠢᠯᠠᠯ ᠢ ᠬᠦᠴᠦᠯᠡᠨ ᠬᠥᠭᠵᠢᠭᠦᠯᠵᠦ᠂ 50 ︽ᠮᠠᠯᠴᠢᠨ ᠲᠠᠷᠢᠶᠠᠴᠢᠨ ᠠᠶᠢᠯ ᠤᠨ ᠠᠮᠲᠠᠲᠤ ᠵᠤᠭᠤᠭ︾ ᠤᠨ ᠭᠠᠵᠠᠷ ᠢ | ᠪᠠᠷᠢᠮᠵᠢᠶᠠᠵᠢᠭᠤᠯᠤᠨ ᠪᠠᠶᠢᠭᠤᠯᠤᠨ᠎ᠠ᠃ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠲᠠᠯ᠎ᠠ ᠪᠠᠷ᠂ ᠪᠠᠷᠠᠭᠠᠨ ᠤ ᠭᠦᠢᠯᠭᠡᠭᠡ ᠶᠢᠨ ᠦᠢᠯᠡᠰ ᠢ | ᠳᠡᠮᠵᠢᠬᠦ ᠲᠦᠷᠦ ᠶᠢᠨ ᠪᠤᠳᠤᠯᠭ᠎ᠠ ᠳᠤᠭᠲᠠᠭᠠᠨ᠂ ᠰᠠᠭᠤᠷᠢ ᠳᠥᠬᠦᠭᠡᠷᠦᠮᠵᠢ ᠶᠢ ᠢᠵᠢ ᠪᠥᠷᠢᠳᠦᠭᠦᠯᠬᠦ ᠶᠢ ᠴᠢᠩᠭᠠᠳᠬᠠᠵᠤ᠂ ᠲᠤᠮᠤ ᠬᠡᠯᠪᠡᠷᠢ ᠶᠢᠨ ᠪᠠᠷᠠᠭᠠᠨ ᠤ | ᠭᠦᠢᠯᠭᠡᠭᠡ ᠶᠢᠨ ᠠᠵᠤ ᠠᠬᠤᠶᠢᠯᠠᠯ ᠳᠤ ᠬᠤᠳᠠᠯᠳᠤᠭᠠᠴᠢᠨ ᠤᠷᠢᠵᠤ᠂ ᠡᠬᠢ ᠪᠠᠶᠠᠯᠢᠭ ᠤᠨ ᠬᠡᠯᠪᠡᠷᠢ ᠶᠢᠨ ᠪᠥᠲᠥᠭᠡᠭᠳᠡᠭᠦᠨ ᠤ ᠪᠠᠷᠠᠭᠠᠨ ᠤ ᠭᠦᠢᠯᠭᠡᠭᠡ ᠶᠢᠨ | ᠲᠥᠪᠯᠡᠷᠡᠭᠦᠯᠦᠨ ᠳᠠᠷᠬᠠᠭᠠᠬᠤ ᠲᠥᠪ ᠢ ᠲᠥᠯᠥᠪᠵᠢᠭᠦᠯᠦᠨ ᠪᠠᠶᠢᠭᠤᠯᠤᠨ᠎ᠠ᠃ ᠡᠯᠧᠺᠲᠷᠤᠨ ᠬᠤᠳᠠᠯᠳᠤᠭ᠎ᠠ ᠶᠢᠨ ᠠᠵᠤ ᠦᠢᠯᠡᠰ ᠤᠨ ᠲᠠᠯ᠎ᠠ ᠪᠠᠷ᠂ ᠪᠥᠬᠦ ᠬᠤᠲᠠ | ᠶᠢᠨ ᠡᠯᠧᠺᠲᠷᠤᠨ ᠬᠤᠳᠠᠯᠳᠤᠭ᠎ᠠ ᠶᠢᠨ ᠳᠠᠪᠴᠠᠩ ᠢ ᠠᠰᠢᠭᠯᠠᠵᠤ᠂ ᠤᠲᠤᠭ ᠤᠨ ᠤᠨᠴᠠᠯᠢᠭᠲᠤ ᠬᠤᠳᠠᠯᠳᠤᠭ᠎ᠠ ᠬᠢᠭᠡᠳ 2 — 3 ︽ᠲᠤᠤ ᠪᠤᠤ ᠬᠤᠳᠠᠯᠳᠤᠭ᠎ᠠ︾ | ᠶᠢ ᠪᠠᠶᠢᠭᠤᠯᠤᠨ᠂ ᠤᠷᠢᠶᠠᠮᠠᠭ ᠵᠠᠮᠠᠭ᠂ ᠠᠷᠪᠠᠰ ᠤᠨ ᠨᠤᠯᠤᠤᠷ ᠤᠨ ᠴᠠᠭᠠᠨ ᠢᠮᠠᠭ᠎ᠠ᠂ ᠦᠨᠳᠦᠰᠦᠲᠡᠨ ᠤ ᠭᠠᠷ ᠤᠷᠠᠯᠠᠯ ᠤᠨ ᠪᠥᠲᠥᠭᠡᠭᠳᠡᠬᠦᠨ ᠵᠡᠷᠭᠡ ᠨᠤᠲᠤᠭ ᠤᠨ | ᠤᠨᠴᠠ ᠭᠠᠷᠤᠯᠲᠠ ᠶᠢᠨ ᠲᠤᠭᠤᠷᠢᠨ ᠳᠤ ᠡᠯᠧᠺᠲᠷᠤᠨ ᠬᠤᠳᠠᠯᠳᠤᠭ᠎ᠠ ᠶᠢᠨ ᠡᠷᠭᠢᠯᠲᠡ ᠶᠢᠨ ᠪᠠᠷᠢᠮᠵᠢᠶ᠎ᠠ ᠳᠠᠷᠠᠭᠠᠯᠠᠯ ᠢ ᠳᠤᠭᠲᠠᠭᠠᠵᠤ᠂ ᠪᠥᠲᠥᠭᠡᠭᠳᠡᠭᠦᠨ ᠤ ᠨᠡᠷᠡᠰ᠂ | ᠶᠠᠰᠤ ᠴᠢᠨᠠᠷ ᠢ ᠬᠢᠨᠠᠬᠤ᠂ ᠰᠤᠯᠢᠯᠴᠠᠭᠠᠨ ᠤ ᠳᠠᠷᠠᠭᠠᠯᠠᠯ᠂ ᠪᠠᠷᠠᠭᠠᠨ ᠤ ᠭᠦᠢᠯᠭᠡᠭᠡ ᠶᠢ ᠬᠦᠷᠭᠡᠬᠦ ᠵᠡᠷᠭᠡ ᠲᠠᠯ᠎ᠠ ᠪᠠᠷ ︽ᠨᠢᠭᠡ ᠴᠤᠭᠴᠠᠵᠢᠭᠰᠠᠨ︾ ᠬᠥᠭᠵᠢᠯᠲᠡ ᠶᠢ | ᠪᠥᠷᠢᠯᠳᠦᠭᠦᠯᠦᠨ᠂ ᠳᠥᠷᠢᠮᠵᠢᠭᠦᠨ ᠡᠷᠭᠢᠯᠲᠡ᠂ ᠲᠥᠷᠥᠯ ᠲᠡᠮᠲᠡᠭ ᠤᠨ ᠡᠷᠭᠢᠯᠲᠡ ᠶᠢ ᠪᠡᠶᠡᠯᠡᠭᠦᠯᠦᠨ᠎ᠡ᠃ ᠨᠠᠰᠤᠲᠠᠶᠢᠴᠤᠳ ᠢ ᠠᠰᠠᠷᠠᠬᠤ ᠠᠵᠤ ᠦᠢᠯᠡᠰ ᠤᠨ ᠲᠠᠯ᠎ᠠ | ᠪᠠᠷ᠂ ᠵᠠᠰᠠᠭ ᠤᠨ ᠤᠷᠳᠤᠨ ᠤ ᠤᠯᠠᠨ ᠨᠡᠶᠢᠲᠡ ᠶᠢᠨ ᠦᠢᠯᠡᠴᠢᠯᠡᠭᠡ ᠬᠢᠭᠡᠳ ᠨᠡᠶᠢᠬᠡᠮ ᠤᠨ ᠬᠡᠷᠡᠭᠯᠡᠭᠡᠨ ᠤ ᠦᠢᠯᠡᠴᠢᠯᠡᠭᠡ ᠶᠢ ᠤᠶᠠᠯᠳᠤᠭᠤᠯᠬᠤ ᠶᠢ ᠠᠬᠢᠭᠤᠯᠵᠤ᠂ | ᠨᠡᠶᠢᠬᠡᠮ ᠤᠨ ᠪᠡᠯᠡ ᠤᠷᠤᠭᠤᠯᠤᠯᠲᠠ ᠶᠢ ᠵᠤᠷᠢᠭᠵᠢᠭᠤᠯᠤᠨ ᠨᠠᠰᠤᠲᠠᠶᠢᠴᠤᠳ ᠢ ᠠᠰᠠᠷᠠᠬᠤ ᠪᠠᠶᠢᠭᠤᠯᠤᠮᠵᠢ ᠪᠠᠶᠢᠭᠤᠯᠵᠤ᠂ ᠨᠠᠰᠤᠲᠠᠶᠢᠴᠤᠳ ᠢ ᠠᠰᠠᠷᠠᠬᠤ ᠤᠯᠠᠨ | ᠬᠡᠯᠪᠡᠷᠢ ᠶᠢᠨ ᠬᠡᠷᠡᠭᠯᠡᠭᠡᠨ ᠤ ᠵᠠᠭᠪᠤᠷ ᠢ ᠪᠥᠷᠢᠯᠳᠦᠭᠦᠯᠦᠨ᠂ ᠢᠵᠢ ᠪᠥᠷᠢᠳᠦᠭᠰᠡᠨ ᠡᠮᠨᠡᠯᠭᠡ ᠡᠷᠡᠭᠦᠯ ᠬᠠᠮᠠᠭᠠᠯᠠᠯ᠂ ᠭᠡᠷ ᠠᠬᠤᠢ ᠶᠢᠨ ᠦᠢᠯᠡᠴᠢᠯᠡᠭᠡ ᠵᠡᠷᠭᠡ | ᠬᠤᠯᠪᠤᠯᠳᠤᠭᠰᠠᠨ ᠠᠵᠤ ᠦᠢᠯᠡᠰ ᠢ ᠬᠥᠭᠵᠢᠭᠦᠯᠵᠦ᠂ ᠪᠠᠭ᠎ᠠ ᠠᠵᠤ ᠦᠢᠯᠡᠰ ᠤᠨ ᠶᠡᠭᠡ ᠬᠥᠭᠵᠢᠯᠲᠡ ᠶᠢ ᠪᠡᠶᠡᠯᠡᠭᠦᠯᠦᠨ᠎ᠡ᠃ | ︵ᠭᠤᠷᠪᠠ︶ ᠬᠤᠲᠠ ᠬᠥᠳᠡᠭᠡᠨ ᠤ ᠵᠤᠬᠢᠴᠠᠩᠭᠤᠢ ᠬᠥᠭᠵᠢᠯᠲᠡ ᠶᠢ ᠰᠠᠶᠢᠲᠤᠷ ᠠᠳᠬᠤᠨ᠎ᠠ᠃ ᠤᠷᠤᠨ ᠪᠥᠰᠡ ᠶᠢ ᠨᠢᠭᠡᠳᠦᠯᠲᠡᠢ ᠲᠥᠯᠥᠪᠵᠢᠭᠦᠯᠬᠦ ᠶᠢ | ᠪᠠᠷᠢᠮᠲᠠᠯᠠᠵᠤ᠂ ᠬᠤᠰᠢᠭᠤᠨ ᠤ ᠤᠷᠤᠨ ᠪᠥᠰᠡ ᠶᠢᠨ ᠪᠠᠶᠢᠷᠢᠰᠢᠭᠤᠯᠤᠯ ᠢ ᠤᠯᠠᠮ ᠰᠢᠯᠢᠳᠡᠭᠵᠢᠭᠦᠯᠦᠨ᠂ ᠰᠠᠭᠤᠷᠢ ᠳᠥᠬᠦᠭᠡᠷᠦᠮᠵᠢ ᠶᠢᠨ ᠪᠠᠶᠢᠭᠤᠯᠤᠯᠲᠠ ᠬᠢᠭᠡᠳ | ᠴᠢᠳᠠᠮᠵᠢ ᠶᠢᠨ ᠲᠡᠭᠦᠯᠳᠡᠷᠵᠢᠯ ᠢ ᠤᠯᠠᠮ ᠠᠩᠬᠠᠷᠴᠤ᠂ ᠬᠤᠲᠠ ᠬᠥᠳᠡᠭᠡ ᠶᠢ ᠨᠢᠭᠡ ᠴᠤᠭᠴᠠᠵᠢᠭᠤᠯᠤᠭᠰᠠᠨ ᠬᠥᠭᠵᠢᠯᠲᠡ ᠶᠢᠨ ᠪᠠᠶᠢᠳᠠᠯ ᠢ ᠪᠥᠷᠢᠯᠳᠦᠭᠦᠯᠦᠨ᠎ᠡ᠃ ᠨᠢᠭᠡ | ᠳᠤ ᠦᠵᠡᠰᠭᠦᠯᠡᠩᠲᠦ ᠰᠠᠶᠢᠬᠠᠨ ᠬᠥᠳᠡᠭᠡ ᠨᠣᠲᠤᠭ ᠢ ᠪᠠᠶᠢᠭᠤᠯᠬᠤ ᠪᠠᠷ ᠴᠢᠷᠮᠠᠶᠢᠨ᠎ᠠ᠃ ︽ᠠᠷᠪᠠ ᠶᠢ ᠪᠥᠷᠬᠦᠭᠦᠯᠬᠦ︾ ᠢᠨᠵᠧᠨᠧᠷᠢᠩ ᠢᠶᠠᠷ ᠪᠥᠬᠦᠨ ᠢ ᠬᠠᠮᠤᠷᠴᠤ᠂ | ᠮᠠᠯᠵᠢᠬᠤ ᠲᠠᠷᠢᠶᠠᠯᠠᠬᠤ ᠤᠷᠤᠨ ᠤ ᠠᠵᠤ ᠦᠢᠯᠡᠰ ᠤᠨ ᠬᠥᠭᠵᠢᠯᠲᠡ ᠬᠢᠭᠡᠳ ᠠᠵᠤ ᠦᠢᠯᠡᠰ ᠤᠨ ᠪᠥᠲᠥᠴᠡ ᠶᠢᠨ ᠳᠤᠬᠢᠷᠠᠭᠤᠯᠤᠯᠲᠠ᠂ ᠮᠠᠯᠵᠢᠬᠤ ᠲᠠᠷᠢᠶᠠᠯᠠᠬᠤ | ᠤᠷᠤᠨ ᠤ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠴᠤᠭᠴᠠᠯᠠᠯᠲᠠ ᠶᠢ ᠨᠢᠭᠡᠳᠦᠯᠲᠡᠢ ᠠᠬᠢᠭᠤᠯᠤᠨ᠂ ᠮᠠᠯᠵᠢᠬᠤ ᠲᠠᠷᠢᠶᠠᠯᠠᠬᠤ ᠤᠷᠤᠨ ᠤ | ᠬᠥᠭᠵᠢᠯᠲᠡ ᠶᠢᠨ ᠳᠦᠷᠰᠦ ᠪᠠᠶᠢᠳᠠᠯ ᠢ ᠪᠥᠬᠦ ᠲᠠᠯ᠎ᠠ ᠪᠠᠷ ᠰᠠᠶᠢᠵᠢᠷᠠᠭᠤᠯᠤᠨ᠎ᠠ᠃ ᠪᠠᠷᠢᠯᠭ᠎ᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠳᠬᠤᠵᠤ᠂ 5964 | ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ᠂ 1.4 ᠲᠥᠮᠡᠨ ᠬᠦᠮᠦᠨ ᠤ ᠤᠮᠳᠠ ᠤᠰᠤᠨ ᠤ ᠠᠰᠠᠭᠤᠳᠠᠯ ᠢ ᠰᠢᠢᠳᠪᠦᠷᠢᠯᠡᠬᠦ᠂ ᠬᠥᠳᠡᠭᠡ ᠳᠤᠰᠬᠤᠨ | ᠤ ᠴᠠᠬᠢᠯᠭᠠᠨ ᠲᠤᠤᠷ ᠤᠨ ᠲᠡᠰ ᠳᠡᠪᠰᠢᠭᠦᠯᠬᠦ ᠥᠭᠡᠷᠡᠴᠢᠯᠡᠯᠲᠡ ᠳᠤ 499 ᠺᠢᠯᠤᠮᠧᠲᠷ ᠴᠠᠬᠢᠯᠭᠠᠨ ᠳᠠᠲᠠᠬᠤ᠂ ᠬᠥᠳᠡᠭᠡ ᠳᠤᠰᠬᠤᠨ ᠤ ᠵᠠᠰᠠᠮᠠᠯ ᠵᠠᠮ ᠢ 644 | ᠺᠢᠯᠤᠮᠧᠲᠷ ᠳᠡᠪᠢᠰᠬᠦ᠂ ᠵᠡᠭᠡᠯᠢ ᠭᠤᠳᠤᠮᠵᠢ ᠶᠢ 896 ᠺᠢᠯᠤᠮᠧᠲᠷ ᠬᠠᠲᠠᠭᠤᠷᠠᠭᠤᠯᠬᠤ᠂ ᠡᠷᠡᠭᠦᠯ ᠬᠠᠮᠠᠭᠠᠯᠠᠯ ᠤᠨ ᠳᠠᠰᠤᠭ 7᠂ ᠰᠤᠶᠤᠯ ᠤᠨ ᠥᠷᠦᠭᠡ 27᠂ | ᠠᠷᠠᠳ ᠲᠤ ᠳᠥᠭᠦᠮ ᠦᠵᠡᠭᠦᠯᠬᠦ ᠬᠡᠲᠦ ᠳᠡᠯᠭᠡᠭᠦᠷ ᠢ 33 ᠲᠤᠰ ᠲᠤᠰ ᠪᠠᠶᠢᠭᠤᠯᠬᠤ᠂ ᠪᠠᠶᠢᠭᠠᠯᠢᠯᠢᠭ ᠳᠤᠰᠬᠤᠨ ᠢ 29 ᠲᠥᠪᠯᠡᠷᠡᠭᠦᠯᠦᠨ ᠪᠠᠶᠢᠭᠤᠯᠬᠤ ᠪᠠᠷ | ᠲᠥᠯᠥᠪᠯᠡᠨ᠂ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠠᠷᠢᠮᠵᠢᠶ᠎ᠠ ᠱᠠᠭᠠᠷᠳᠠᠯᠭ᠎ᠠ ᠪᠠᠷ ᠪᠥᠲᠥᠭᠡᠨ ᠪᠠᠶᠢᠭᠤᠯᠬᠤ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ | ᠴᠢᠳᠠᠮᠵᠢ ᠪᠠᠷ ᠪᠥᠬᠦᠨ ᠢ ᠬᠠᠮᠤᠷᠤᠭᠰᠠᠨ᠂ ᠠᠶᠢᠯ ᠳᠤᠰᠬᠤᠨ ᠪᠥᠬᠦᠨ ᠢ ᠬᠠᠮᠤᠷᠤᠭᠰᠠᠨ᠂ ᠬᠦᠮᠦᠨ ᠠᠮᠠ ᠪᠥᠬᠦᠨ ᠢ ᠬᠠᠮᠤᠷᠤᠭᠰᠠᠨ ᠪᠠᠶᠢᠳᠠᠯ ᠢ ᠪᠡᠶᠡᠯᠡᠭᠦᠯᠦᠨ᠎ᠡ᠃ | ᠦᠷᠭᠦᠯᠵᠢᠯᠡᠭᠰᠡᠨ ᠬᠠᠮᠢᠶᠠᠷᠤᠯᠲᠠ ᠶᠢ ᠴᠠᠭ ᠳᠠᠷᠤᠢ ᠳᠤᠨᠢ ᠦᠷᠨᠢᠭᠦᠯᠵᠦ᠂ ᠠᠵᠢᠯ ᠲᠥᠷᠥᠯ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠬᠢᠭᠡᠳ ᠰᠤᠮᠤ ᠪᠠᠯᠭᠠᠰᠤ᠂ | ᠭᠠᠴᠠᠭ᠎ᠠ ᠳᠤᠰᠬᠤᠨ ᠤ ︽ᠭᠤᠷᠪᠠᠨ ᠱᠠᠲᠤᠨ︾ ᠤ ᠬᠠᠮᠢᠶᠠᠷᠤᠯᠲᠠ ᠶᠢᠨ ᠬᠡᠪᠴᠢᠶ᠎ᠡ ᠬᠢᠵᠠᠭᠠᠷ ᠢ ᠲᠥᠯᠥᠪᠵᠢᠭᠦᠯᠦᠨ᠂ ᠬᠤᠪᠢᠶᠠᠷᠢᠯᠠᠨ ᠬᠠᠮᠢᠶᠠᠷᠬᠤ ᠭᠤᠤᠯ ᠴᠤᠭᠴᠠ | ᠶᠢᠨ ᠬᠠᠷᠢᠭᠤᠴᠠᠯᠭ᠎ᠠ ᠶᠢ ᠨᠠᠷᠢᠰᠬᠠᠵᠤ᠂ ᠬᠠᠮᠢᠶᠠᠷᠤᠯᠲᠠ ᠬᠤᠭᠤᠰᠤᠳᠠᠬᠤ ᠭᠠᠵᠠᠷ ᠦᠯᠡᠳᠡᠭᠡᠬᠦ ᠦᠭᠡᠢ ᠶᠢ ᠪᠠᠲᠤᠯᠠᠨ᠎ᠠ᠃ ᠭᠠᠵᠠᠷ ᠰᠢᠷᠤᠢ ᠶᠢᠨ ᠥᠭᠡᠷᠡᠴᠢᠯᠡᠯᠲᠡ᠂ | ᠲᠠᠷᠢᠵᠤ ᠲᠡᠵᠢᠭᠡᠬᠦ ᠦᠢᠯᠡᠰ ᠢ ᠬᠥᠭᠵᠢᠭᠦᠯᠬᠦ ᠵᠡᠷᠭᠡ ᠠᠷᠭ᠎ᠠ ᠪᠠᠷᠢᠯ ᠢᠶᠠᠷ ᠬᠠᠮᠲᠤ ᠶᠢᠨ ᠠᠵᠤ ᠠᠬᠤᠢ ᠶᠢ ᠬᠦᠴᠦᠷᠬᠡᠭᠵᠢᠭᠦᠯᠦᠨ ᠪᠠᠬᠢᠵᠢᠭᠦᠯᠵᠦ᠂ ᠮᠠᠯᠴᠢᠨ | ᠲᠠᠷᠢᠶᠠᠴᠢᠳ ᠲᠤ ᠤᠷᠲᠤ ᠬᠤᠭᠤᠴᠠᠭᠠᠨ ᠤ ᠠᠰᠢᠭ ᠬᠦᠷᠲᠡᠭᠡᠬᠦ ᠶᠢ ᠪᠠᠲᠤᠯᠠᠨ᠎ᠠ᠃ ᠭᠠᠵᠠᠷ ᠭᠠᠵᠠᠷ ᠤᠨ ᠤᠨᠴᠠᠯᠢᠭ ᠲᠤ ᠳᠤᠬᠢᠷᠠᠭᠤᠯᠤᠨ ᠠᠮᠢ ᠠᠬᠤᠢ ᠶᠢ | ᠰᠠᠶᠢᠵᠢᠷᠠᠭᠤᠯᠵᠤ᠂ ᠮᠠᠯ ᠬᠠᠰᠢᠶᠠᠯᠠᠬᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷ ᠢᠶᠠᠨ ᠬᠡᠰᠡᠭᠯᠡᠨ ᠡᠭᠡᠯᠵᠢᠯᠡᠨ ᠮᠠᠯᠵᠢᠬᠤ ᠲᠦᠷᠦ ᠶᠢᠨ | ᠪᠤᠳᠤᠯᠭ᠎ᠠ ᠶᠢ ᠡᠷᠡᠰ ᠬᠡᠷᠡᠭᠵᠢᠭᠦᠯᠦᠨ᠂ ᠬᠠᠤᠯᠢ ᠪᠤᠰᠤ ᠪᠠᠷ ᠠᠲᠠᠷ ᠬᠠᠭᠠᠯᠪᠤᠷᠢᠯᠠᠭᠰᠠᠨ ᠠᠵᠢᠯᠯᠠᠭ᠎ᠠ ᠳᠤ ᠬᠦᠴᠦᠲᠡᠢ ᠴᠤᠬᠢᠯᠲᠠ ᠥᠭᠴᠦ᠂ ᠬᠠᠷᠢᠭᠤᠴᠠᠯᠭ᠎ᠠ | ᠨᠡᠬᠡᠮᠵᠢᠯᠡᠬᠦ ᠬᠦᠴᠦᠯᠡᠴᠡ ᠪᠠᠨ ᠴᠢᠩᠭᠠᠳᠬᠠᠨ᠂ ᠠᠮᠢ ᠠᠬᠤᠢ ᠶᠢ ᠬᠠᠮᠠᠭᠠᠯᠠᠬᠤ ᠤᠬᠠᠮᠰᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠬᠠᠷᠭᠠᠨ᠎ᠠ ᠶᠢᠨ ᠪᠠᠶᠢᠯᠳᠤᠬᠤ | ᠪᠤᠳᠤᠯᠭ᠎ᠠ︾ ᠶᠢ ᠦᠷᠭᠦᠯᠵᠢᠯᠡᠨ ᠶᠠᠪᠤᠭᠤᠯᠵᠤ᠂ 10 ᠲᠥᠮᠡ ᠭᠠᠷᠤᠢ ᠮᠤ᠋ ᠬᠠᠷᠭᠠᠨ᠎ᠠ ᠲᠠᠷᠢᠨ᠎ᠠ᠃ ᠪᠥᠬᠦ ᠵᠢᠯ ᠳᠤ ᠪᠡᠭᠡᠵᠢᠩ ᠲᠢᠶᠠᠨᠵᠢᠨ ᠤ ᠡᠯᠡᠰᠦᠨ ᠰᠢᠭᠤᠷᠭ᠎ᠠ | ᠶᠢᠨ ᠤᠭ ᠡᠬᠢ ᠶᠢᠨ ᠵᠠᠰᠠᠯᠲᠠ᠂ ᠤᠮᠠᠷᠠᠲᠤ ᠶᠢᠨ ᠭᠤᠷᠪᠠᠨ ᠤᠷᠤᠨ ᠤ ᠬᠠᠮᠠᠭᠠᠯᠠᠯᠲᠠ ᠶᠢᠨ ᠤᠢ ᠵᠡᠷᠭᠡ ᠭᠤᠤᠯᠳᠠᠯᠭᠠᠲᠤ ᠠᠮᠢ ᠠᠬᠤᠢ ᠶᠢᠨ ᠲᠥᠷᠥᠯ ᠵᠦᠢᠯ ᠢ 25 | ᠲᠥᠮᠡᠨ ᠮᠤ᠋ ᠪᠡᠶᠡᠯᠡᠭᠦᠯᠵᠦ᠂ ᠭᠤᠤᠯᠳᠠᠯᠭᠠᠲᠤ ᠤᠷᠤᠨ ᠤ ᠤᠶᠢᠵᠢᠭᠤᠯᠤᠯᠲᠠ ᠶᠢ 5430 ᠮᠤ᠋ ᠬᠦᠷᠭᠡᠨ᠎ᠡ᠃ ︽ᠵᠢᠱᠢᠶ᠎ᠡ ᠦᠵᠡᠭᠦᠯᠦᠨ ᠳᠠᠶᠢᠴᠢᠯᠠᠵᠤ᠂ ᠢᠳᠡᠭ | ᠢᠳᠡᠭ ᠢᠶᠠᠷ ᠥᠷᠭᠡᠳᠬᠡᠬᠦ︾ ᠶᠢ ᠪᠠᠷᠢᠮᠲᠠᠯᠠᠨ᠂ ᠮᠠᠯᠴᠢᠨ ᠲᠠᠷᠢᠶᠠᠴᠢᠳ ᠤᠨ ᠤᠢ ᠡᠯᠡᠰᠦᠨ ᠤ ᠦᠢᠯᠡᠰ ᠡᠷᠬᠢᠯᠡᠬᠦ ᠶᠢ ᠢᠳᠡᠪᠬᠢᠲᠡᠢ ᠵᠤᠷᠢᠭᠵᠢᠭᠤᠯᠤᠨ ᠵᠢᠯᠤᠭᠤᠳᠴᠤ᠂ | ᠲᠠᠷᠢᠬᠤ ᠳᠤ ᠳᠤᠬᠢᠷᠠᠮᠵᠢᠲᠠᠢ᠂ ᠭᠠᠩ ᠳᠤ ᠳᠡᠰᠪᠦᠷᠢᠲᠡᠢ᠂ ᠬᠢᠮᠳᠠ ᠳᠤᠬᠢᠲᠠᠢ ᠮᠤᠳᠤ ᠶᠢ 2000 ᠮᠤ᠋ ᠲᠠᠷᠢᠬᠤ ᠪᠠᠷ ᠤᠷᠤᠭᠤᠯᠤᠨ᠂ ᠠᠮᠢ ᠠᠬᠤᠢ ᠰᠡᠷᠭᠦᠭᠰᠡᠨ᠂ | ᠦᠢᠯᠡᠳᠪᠦᠷᠢᠯᠡᠯ ᠬᠥᠭᠵᠢᠭᠰᠡᠨ ︽ᠬᠤᠤᠰ ᠤᠯᠤᠯᠲᠠ ᠲᠠᠢ︾ ᠪᠠᠶᠢᠳᠠᠯ ᠢ ᠪᠥᠷᠢᠯᠳᠦᠭᠦᠯᠦᠨ᠎ᠡ᠃ | ᠬᠤᠶᠠᠷ ᠲᠤ ᠴᠢᠨᠠᠷᠯᠢᠭ ᠬᠤᠳᠠ ᠪᠠᠯᠭᠠᠰᠤ ᠶᠢ ᠲᠦᠷᠭᠡᠨ ᠪᠠᠶᠢᠭᠤᠯᠤᠨ᠎ᠠ᠃ ︽ᠲᠠᠪᠤ ᠶᠢ ᠨᠢᠭᠡᠳᠦᠯᠲᠡᠢ ᠲᠥᠯᠦᠪᠵᠢᠬᠦᠯᠬᠦ︾ ᠱᠠᠭᠠᠷᠳᠠᠯᠭ᠎ᠠ ᠶᠣᠰᠣᠭᠠᠷ ᠰᠠᠭᠤᠷᠢ | ᠲᠥᠬᠦᠭᠡᠷᠦᠮᠵᠢ᠂ ᠣᠯᠡᠨ ᠨᠡᠶᠢᠲᠡ ᠶᠢᠨ ᠦᠢᠯᠡᠴᠢᠯᠡᠭᠡ᠂ ᠬᠤᠲᠡ ᠪᠠᠯᠭᠠᠰᠤᠨ ᠤ ᠬᠠᠮᠢᠶᠠᠷᠤᠯᠲᠠ ᠶᠢ ᠨᠢᠭᠡ ᠴᠣᠭᠴᠠᠵᠢᠭᠤᠯᠤᠭᠰᠠᠨ ᠪᠠᠶᠢᠭᠤᠯᠤᠯᠲᠠ ᠶᠢ ᠲᠦᠷᠭᠡᠨ | ᠠᠬᠢᠭᠤᠯᠤᠨ᠎ᠠ᠃ ᠲᠥᠯᠥᠪᠵᠢᠭᠦᠯᠭᠡ ᠶᠢᠨ ᠵᠢᠯᠣᠭᠤᠳᠤᠯᠭ᠎ᠠ ᠶᠢ ᠴᠢᠩᠭᠠᠳᠬᠠᠨ᠂ ᠬᠤᠲᠠ ᠪᠠᠯᠭᠠᠰᠤᠨ ᠤ ᠬᠡᠪᠴᠢᠶᠡᠵᠢᠯ ᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ | ᠬᠤᠲᠡ ᠪᠠᠯᠭᠠᠰᠤᠨ ᠤ ᠪᠠᠶᠢᠭᠤᠯᠤᠯᠲᠠ ᠶᠢᠨ ᠶᠡᠷᠦᠩᠬᠡᠢ ᠲᠥᠯᠥᠪᠵᠢᠬᠦᠯᠬᠡ ᠶᠢᠨ ᠲᠤᠭᠤᠷᠢᠨ ᠳᠤ ᠪᠤᠷᠤᠭᠠᠨ ᠤ ᠤᠰᠤ ᠪᠠ ᠪᠣᠵᠠᠷ ᠤᠰᠤ ᠶᠢᠨ ᠭᠠᠳᠠᠭᠰᠢᠯᠠᠭᠤᠯᠤᠯᠲᠠ | ᠴᠠᠬᠢᠯᠭᠠᠨ ᠬᠦᠴᠦ᠂ ᠷᠠᠳᠢᠤ᠋ ᠨᠡᠪᠲᠡᠷᠡᠭᠦᠯᠬᠡ ᠲᠧᠯᠸᠢᠰ ᠴᠢᠮᠡᠭᠡ ᠬᠤᠯᠪᠤᠭ᠎ᠠ᠂ ᠰᠢᠲᠠᠮᠠᠬᠠᠢ ᠬᠡᠢ ᠶᠢᠨ ᠢᠯᠴᠢ ᠬᠠᠩᠭᠠᠯᠭ᠎ᠠ ᠵᠡᠷᠭᠡ ᠬᠦᠷᠢᠶ᠎ᠡ ᠬᠡᠪᠴᠢᠶᠠᠨ ᠤ | ᠲᠥᠯᠦᠪᠵᠢᠬᠦᠯᠬᠡ ᠲᠥᠯᠥᠪᠯᠡᠭᠡ ᠶᠢ ᠰᠢᠰᠲ᠋ᠧᠮᠴᠢᠯᠡᠨ ᠲᠡᠭᠦᠯᠳᠡᠷᠵᠢᠭᠦᠯᠵᠦ᠂ ᠲᠥᠯᠦᠪᠵᠢᠬᠦᠯᠭᠡ ᠶᠢᠨ ᠬᠤᠭᠤᠷᠤᠨᠳᠤᠬᠢ ᠵᠣᠬᠢᠴᠠᠩᠭᠤᠢ ᠠᠪᠴᠠᠯᠳᠤᠯ ᠢ ᠴᠢᠩᠭᠠᠳᠬᠠᠨ᠂ | ᠭᠠᠵᠠᠷ ᠳᠡᠭᠡᠷᠡᠬᠢ ᠪᠠ ᠭᠠᠵᠠᠷ ᠳᠣᠣᠷᠠᠬᠢ ᠬᠠᠷᠢᠴᠠᠭ᠎ᠠ ᠶᠢ ᠰᠠᠶᠢᠲᠤᠷ ᠡᠵᠡᠮᠰᠢᠵᠦ᠂ ᠲᠥᠯᠦᠪᠵᠢᠬᠦᠯᠬᠡ ᠶᠢᠨ ᠠᠯᠬᠤᠮ ᠳᠠᠷᠠᠭᠠᠯᠠᠯ ᠶᠣᠰᠤᠭᠠᠷ ᠪᠠᠶᠢᠭᠤᠯᠤᠨ᠂ ᠪᠠᠷᠢᠯᠭ᠎ᠠ | ᠳᠤ ᠠᠵᠢᠯ ᠳᠠᠪᠲᠠᠬᠤ ᠦᠭᠡᠢ᠂ ᠪᠦᠷᠢᠯᠭᠡᠨ ᠰᠦᠢᠳᠬᠡᠬᠦ ᠦᠭᠡᠢ ᠪᠠᠶᠢᠬᠤ ᠶᠢ ᠪᠠᠲᠤᠯᠠᠨ᠎ᠠ᠃ ᠬᠤᠲᠠ ᠪᠠᠯᠭᠠᠰᠤᠨ ᠤ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ | ᠠᠬᠢᠭᠤᠯᠵᠤ᠂ ᠵᠠᠰᠠᠵᠤ ᠪᠠᠷᠠᠭᠠᠳᠤᠢ ᠵᠠᠮ᠂ ᠪᠠᠶᠢᠭᠤᠯᠵᠤ ᠳᠠᠭᠤᠰᠤᠭᠠᠳᠤᠢ ᠪᠠᠷᠢᠯᠭ᠎ᠠ ᠵᠡᠷᠭᠡ ︽ᠲᠤᠲᠠᠭᠤ ᠲᠤᠷᠭᠤᠨ︾ ᠢᠨᠵᠧᠨᠧᠷᠢᠩ ᠤᠨ ᠪᠠᠶᠢᠭᠤᠯᠤᠯᠲᠠ ᠶᠢ | ᠭᠤᠣᠯᠳᠠᠯᠭ᠎ᠠ ᠲᠠᠢ ᠰᠠᠶᠢᠲᠤᠷ ᠬᠢᠵᠦ᠂ ᠪᠡᠯᠡᠨ ᠪᠠᠶᠢᠭ᠎ᠠ ᠠᠰᠠᠷ ᠪᠠᠷᠢᠯᠭ᠎ᠠ ᠶᠢ ᠰᠢᠩᠭᠡᠭᠡᠨ ᠰᠢᠢᠳᠪᠦᠷᠢᠯᠡᠬᠦ ᠠᠷᠭ᠎ᠠ ᠵᠠᠮ ᠢ ᠪᠦᠬᠦ ᠲᠠᠯ᠎ᠠ ᠪᠠᠷ ᠰᠦᠪᠡᠭᠴᠢᠯᠡᠨ᠂ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠮᠥᠩᠭᠦᠨ ᠤ ᠲᠡᠮᠵᠢᠬᠦ ᠬᠡᠪᠴᠢᠶ᠎ᠡ ᠶᠢ ᠵᠣᠬᠢᠴᠠᠩᠭᠤᠢ ᠥᠷᠭᠡᠳᠬᠡᠵᠦ᠂ ᠳᠥᠬᠦᠮ ᠪᠦᠲᠦᠴᠡᠲᠦ ᠣᠷᠣᠨ ᠰᠠᠭᠤᠴᠠ ᠶᠢ | ᠥᠭᠡᠷᠡᠴᠢᠯᠡᠬᠦ᠂ ᠠᠵᠦ ᠠᠬᠤᠶᠢᠯᠠᠯ ᠪᠦᠯᠬᠦᠮ ᠢᠶᠠᠷ ᠬᠤᠳᠠᠯᠳᠤᠨ ᠠᠪᠬᠤ ᠵᠡᠷᠭᠡ ᠠᠷᠭ᠎ᠠ ᠪᠠᠷᠢᠯ ᠢᠶᠠᠷ ᠬᠤᠪᠢᠷᠠᠰᠢ ᠦᠭᠡᠢ ᠬᠡᠷᠡᠭᠴᠡᠭᠡ ᠱᠠᠭᠠᠷᠳᠠᠯᠭ᠎ᠠ ᠶᠢ ᠴᠢᠯᠦᠭᠡᠲᠡᠢ | ᠪᠣᠯᠭᠠᠵᠦ᠂ ᠬᠤᠲᠠ ᠪᠠᠯᠭᠠᠰᠤᠨ ᠤ ᠳᠦᠬᠦᠮ ᠪᠦᠲᠦᠴᠡᠲᠦ ᠣᠷᠣᠨ ᠰᠠᠭᠤᠴᠠ ᠶᠢ 1200 ᠥᠭᠡᠷᠡᠴᠢᠯᠡᠨ᠂ ᠮᠠ ᠬᠤᠤ ᠭᠧ ᠳ᠋ᠠᠨ ︵马壕圪旦︶ | ᠦᠢᠯᠡᠳᠪᠦᠷᠢ ᠠᠭᠤᠷᠬᠠᠢ ᠶᠢᠨ ᠳᠦᠬᠦᠮ ᠪᠦᠲᠦᠴᠡᠲᠦ ᠣᠷᠣᠨ ᠰᠠᠭᠤᠴᠠ ᠶᠢ 478 ᠥᠭᠡᠷᠡᠴᠢᠯᠡᠵᠦ᠂ ᠪᠡᠯᠡᠨ ᠪᠠᠶᠢᠭ᠎ᠠ ᠠᠰᠠᠷ ᠪᠠᠷᠢᠯᠭ᠎ᠠ ᠶᠢ 10 ᠲᠦᠮᠡᠨ ᠲᠡᠭᠰᠢ | ᠳᠥᠷᠪᠡᠯᠵᠢᠨ ᠮᠧᠲᠷ ᠠᠴᠠ ᠳᠡᠭᠡᠭᠰᠢ ᠰᠢᠩᠬᠡᠬᠡᠨ ᠰᠢᠢᠳᠪᠦᠷᠢᠯᠡᠨ᠎ᠡ᠃ ᠰᠠᠭᠤᠷᠢ ᠲᠦᠬᠦᠭᠡᠷᠦᠮᠵᠢ ᠪᠠ ᠣᠯᠠᠨ ᠨᠡᠶᠢᠲᠡ ᠶᠢᠨ ᠲᠥᠬᠦᠭᠡᠷᠦᠮᠵᠢ ᠶᠢᠨ ᠪᠠᠶᠢᠭᠤᠯᠤᠯᠲᠠ ᠶᠢ | ᠨᠢᠭᠡᠳᠦᠯᠲᠡᠢ ᠲᠥᠯᠥᠪᠯᠡᠨ ᠠᠬᠢᠭᠤᠯᠵᠦ᠂ ᠬᠤᠳᠠ ᠶᠢᠨ ᠵᠠᠮ ᠢ 7.8 ᠺᠢᠯᠣᠮᠧᠲᠷ ᠳᠡᠪᠢᠰᠦᠨ᠂ ᠵᠡᠭᠡᠯᠢ ᠭᠤᠳᠤᠮᠵᠢ ᠶᠢ 1.8 ᠲᠦᠮᠡᠨ ᠲᠡᠭᠰᠢ ᠳᠥᠷᠪᠡᠯᠵᠢᠨ ᠮᠧᠲᠷ | ᠬᠠᠲᠠᠭᠤᠷᠠᠭᠤᠯᠵᠦ᠂ ᠪᠤᠷᠤᠭᠠᠨ ᠤ ᠤᠰᠤ ᠪᠠ ᠪᠤᠵᠠᠷ ᠤᠰᠤ ᠭᠠᠳᠠᠭᠰᠢᠯᠠᠭᠤᠯᠬᠤ ᠬᠤᠭᠤᠯᠠᠢ ᠲᠤᠤᠷ ᠢ 8.5 ᠺᠢᠯᠤᠮᠧᠲᠷ ᠪᠠᠶᠢᠭᠤᠯᠤᠨ᠂ ᠵᠡᠭᠡᠯᠢ ᠭᠤᠳᠤᠮᠵᠢ ᠶᠢ 3 | ᠺᠢᠯᠤᠮᠧᠲᠷ ᠭᠡᠷᠡᠯᠲᠦᠭᠦᠯᠦᠨ᠂ ᠬᠤᠲᠠ ᠪᠠᠯᠭᠠᠰᠤᠨ ᠤ ᠨᠣᠭᠤᠭᠠᠷᠠᠭᠤᠯᠤᠯᠲᠠ ᠶᠢ ᠰᠢᠨ᠎ᠡ ᠪᠠᠷ 15 ᠲᠦᠮᠡᠨ ᠲᠡᠭᠰᠢ ᠳᠥᠷᠪᠡᠯᠵᠢᠨ ᠮᠧᠲᠷ ᠨᠡᠮᠡᠭᠳᠡᠭᠦᠯᠦᠨ᠎ᠡ᠃ ᠮᠠᠰᠢᠨ | ᠲᠡᠷᠭᠡᠨ ᠤ ᠥᠷᠲᠡᠭᠡ ᠶᠢ ᠠᠰᠢᠭᠯᠠᠯᠲᠠ ᠳᠤ ᠣᠷᠣᠭᠤᠯᠤᠨ᠎ᠠ᠃ ᠨᠠᠷᠢᠯᠢᠭ ᠬᠠᠮᠢᠶᠠᠷᠤᠯᠲᠠ ᠶᠢᠨ ᠪᠠᠶᠢᠷᠢᠯᠠᠭᠤᠯᠤᠯᠲᠠ ᠶᠢ ᠪᠠᠶᠢᠭᠤᠯᠤᠨ᠂ ᠬᠤᠲᠠ ᠶᠢᠨ ᠶᠠᠪᠤᠳᠠᠯ ᠤᠨ | ᠬᠠᠮᠢᠶᠠᠷᠤᠯᠲᠠ ᠶᠢ ᠴᠢᠩᠭᠠᠳᠬᠠᠵᠦ᠂ ᠬᠤᠲᠠ ᠶᠢᠨ ᠳᠦᠷᠢ ᠲᠦᠷᠬᠦ ᠬᠢᠭᠡᠳ ᠬᠤᠲᠠ ᠠᠴᠠ ᠭᠠᠷᠬᠤ ᠵᠠᠮ ᠤᠨ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢ | ᠥᠷᠨᠢᠭᠦᠯᠵᠦ᠂ ᠳᠦᠷᠢᠮ ᠵᠥᠷᠢᠴᠡᠨ ᠪᠠᠷᠢᠯᠭ᠎ᠠ ᠪᠠᠷᠢᠭᠰᠠᠨ ᠪᠠ ᠬᠠᠤᠯᠢ ᠵᠥᠷᠢᠴᠡᠨ ᠭᠠᠵᠠᠷ ᠡᠵᠡᠯᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠡ ᠥᠭᠬᠦᠨ᠎ᠡ᠃ ᠨᠡᠶᠢᠲᠡ | ᠶᠢᠨ ᠮᠠᠰᠢᠨ ᠲᠡᠷᠭᠡᠨ ᠤ ᠠᠵᠢᠯᠯᠠᠬᠤ ᠴᠠᠭ ᠪᠠ ᠶᠠᠪᠤᠬᠤ ᠵᠠᠮ ᠱᠤᠭᠤᠮ ᠢ ᠵᠢᠷᠤᠮᠵᠢᠭᠤᠯᠵᠤ᠂ ᠨᠡᠶᠢᠲᠡ ᠶᠢᠨ ᠮᠠᠰᠢᠨ ᠲᠡᠷᠭᠡᠨ ᠤ ᠥᠷᠲᠡᠭᠡ ᠴᠡᠭ ᠲᠤ ᠲᠡᠷᠭᠡ | ᠬᠦᠯᠢᠶᠡᠬᠦ ᠰᠠᠷᠠᠪᠴᠢ ᠪᠠᠶᠢᠭᠤᠯᠤᠨ᠂ ᠲᠦᠷᠢᠶᠡᠰᠦᠨ ᠮᠠᠰᠢᠨ ᠲᠡᠷᠭᠡ ᠪᠣᠯᠪᠠᠰᠤᠨ ᠢᠶᠠᠷ ᠡᠵᠡᠩᠨᠡᠯᠲᠡ ᠬᠢᠬᠦ ᠶᠢ ᠰᠤᠷᠲᠠᠯᠴᠢᠯᠠᠵᠤ᠂ ᠵᠠᠮ ᠬᠠᠷᠢᠯᠴᠠᠭᠠᠨ ᠤ ᠡᠮᠬᠢ ᠳᠢᠭᠯᠢᠮ | ᠠᠯᠬᠤᠮ ᠠᠯᠬᠤᠮ ᠢᠶᠠᠷ ᠰᠠᠶᠢᠵᠢᠷᠠᠬᠤ ᠶᠢ ᠠᠬᠢᠭᠤᠯᠤᠨ᠎ᠠ᠃ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠲᠦᠪᠰᠢᠨ ᠢ | ᠳᠡᠭᠡᠭᠰᠢᠯᠡᠭᠦᠯᠵᠦ᠂ ︽ᠣᠶᠤᠨᠴᠢ ᠣᠲᠤᠭ︾ ᠬᠠᠮᠢᠶᠠᠷᠤᠯᠲᠠ ᠶᠢᠨ ᠵᠠᠭᠪᠤᠷ ᠢ ᠡᠬᠢᠯᠡᠭᠦᠯᠦᠨ ᠬᠡᠷᠡᠭᠵᠢᠭᠦᠯᠦᠨ᠎ᠡ᠃ | ︵ᠳᠥᠷᠪᠡ︶ ᠥᠭᠡᠷᠡᠴᠢᠯᠡᠯᠲᠡ ᠰᠢᠨᠡᠴᠢᠯᠡᠯᠲᠡ ᠶᠢᠨ ᠪᠣᠭᠤᠮᠲᠠ ᠰᠢᠪᠲᠤᠯᠬᠤ ᠶᠢ ᠰᠠᠶᠢᠲᠤᠷ ᠠᠳᠬᠤᠨ᠎ᠠ᠃ ᠣᠨᠢᠨ ᠳᠡᠭᠡᠷ᠎ᠡ ᠨᠢ ᠬᠦᠴᠦᠯᠡᠬᠦ ᠶᠢ ᠪᠠᠷᠢᠮᠲᠠᠯᠠᠨ᠂ | ᠣᠷᠣᠰᠢᠵᠤ ᠪᠠᠶᠢᠭ᠎ᠠ ᠠᠰᠠᠭᠤᠳᠠᠯ ᠢ ᠲᠥᠪᠯᠡᠷᠡᠭᠦᠯᠵᠦ᠂ ᠭᠤᠣᠯᠳᠠᠯᠭᠠᠲᠤ ᠬᠦᠷᠢᠶ᠎ᠡ ᠬᠡᠪᠴᠢᠶᠡᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠤᠨ᠂ ᠡᠯ᠎ᠡ | ᠲᠥᠷᠥᠯ ᠤᠨ ᠥᠭᠡᠷᠡᠴᠢᠯᠡᠯᠲᠡ ᠶᠢᠨ ᠠᠷᠭ᠎ᠠ ᠪᠠᠷᠢᠯ ᠢ ᠨᠠᠶᠢᠲᠠᠪᠤᠷᠢᠵᠢᠭᠤᠯᠵᠤ᠂ ᠪᠣᠳᠠᠲᠤ ᠪᠦᠲᠦᠮᠵᠢ ᠭᠠᠷᠭᠠᠬᠤ ᠶᠢ ᠪᠠᠲᠤᠯᠠᠨ᠎ᠠ᠃ ᠨᠢᠭᠡ ᠳᠤ ᠴᠢᠬᠤᠯᠠ ᠶᠡᠭᠡ | ᠥᠭᠡᠷᠡᠴᠢᠯᠡᠯᠲᠡ ᠶᠢᠨ ᠵᠦᠢᠯᠡᠰ ᠢ ᠠᠬᠢᠭᠤᠯᠤᠨ᠎ᠠ᠃ ᠵᠠᠰᠠᠭ ᠤᠨ ᠣᠷᠳᠣᠨ ᠤ ᠴᠢᠳᠠᠪᠤᠷᠢ ᠶᠢ ᠦᠷᠭᠦᠯᠵᠢᠯᠡᠨ ᠬᠤᠪᠢᠷᠠᠭᠤᠯᠵᠤ᠂ ᠵᠠᠰᠠᠭ ᠵᠠᠬᠢᠷᠭᠠᠨ ᠤ ᠵᠥᠪᠰᠢᠶᠡᠷᠡᠯ | ᠪᠠ ᠵᠠᠰᠠᠭ ᠵᠠᠬᠢᠷᠭᠠᠨ ᠤ ᠲᠣᠷᠭᠠᠭᠤᠯᠢ ᠶᠢ ᠢᠯᠠ ᠨᠡᠶᠢᠲᠡᠯᠡᠬᠦ ᠠᠵᠢᠯ ᠢ ᠰᠠᠶᠢᠲᠤᠷ ᠬᠢᠵᠦ᠂ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠨᠠᠶᠢᠷᠠᠭᠤᠯᠵᠤ ᠳᠠᠭᠤᠰᠬᠠᠨ᠂ | ᠨᠢᠭᠡ ᠥᠷᠲᠡᠭᠡ ᠬᠡᠯᠪᠡᠷᠢ ᠶᠢᠨ᠂ ᠬᠤᠯᠪᠣᠭᠠᠯᠠᠬᠤ ᠮᠠᠶ᠋ᠢᠭ ᠤᠨ ᠪᠤᠶᠤ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠶᠢ ᠶᠡᠬᠡᠪᠡᠷ ᠠᠬᠢᠭᠤᠯᠤᠨ᠂ ᠬᠤᠯᠪᠣᠭᠠᠯᠠᠨ ᠭᠠᠶᠢᠯᠢ | ᠶᠢᠨ ᠶᠠᠪᠤᠳᠠᠯ ᠢ ᠭᠦᠢᠴᠡᠳᠬᠡᠬᠦ ᠰᠢᠰᠲ᠋ᠧᠮ ᠪᠠ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠰᠦᠯᠵᠢᠶᠡᠨ ᠳᠡᠭᠡᠷ᠎ᠡ ᠳᠠᠩᠰᠠᠯᠠᠬᠤ ᠰᠢᠰᠲ᠋ᠧᠮ ᠢ ᠪᠠᠶᠢᠭᠤᠯᠵᠤ᠂ ᠵᠠᠬ᠎ᠠ | ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠬᠥᠭᠵᠢᠶᠡᠨᠡ᠃ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠶᠠᠪᠤᠳᠠᠯ ᠢ ᠴᠥᠮ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠢᠩᠬᠢᠮ ᠳᠤ ᠭᠦᠢᠴᠡᠳᠬᠡᠭᠦᠯᠬᠦ ᠪᠠᠷ ᠴᠢᠷᠮᠠᠶᠢᠵᠤ᠂ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ | ᠥᠷᠨᠢᠭᠦᠯᠦᠨ᠂ ︽ᠮᠣᠩᠭᠤᠯ ᠬᠢᠲᠠᠳ︾ ᠬᠤᠣᠰ ᠬᠡᠯᠡᠨ ᠤ ᠠᠵᠢᠯ ᠤᠨ ᠪᠠᠶᠢᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠴᠢᠷ ᠶᠠᠪᠤᠳᠠᠯ ᠰᠢᠢᠳᠪᠦᠷᠢᠯᠡᠬᠦ ᠴᠠᠭ | ᠢ ᠬᠠᠮᠤᠭ ᠶᠡᠭᠡ ᠪᠠᠷ ᠬᠤᠷᠳᠤᠳᠬᠠᠨ᠎ᠠ᠃ ᠭᠠᠵᠠᠷ ᠰᠢᠷᠣᠢ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠶᠢ ᠲᠣᠳᠣᠷᠬᠠᠶᠢᠯᠠᠨ ᠳᠠᠩᠰᠠᠯᠠᠵᠤ ᠦᠨᠡᠮᠯᠡᠯ ᠣᠯᠭᠤᠬᠤ | ᠠᠵᠢᠯ ᠢ ᠪᠦᠬᠦ ᠲᠠᠯ᠎ᠠ ᠪᠠᠷ ᠪᠡᠶᠡᠯᠡᠭᠦᠯᠦᠨ᠂ ᠮᠠᠯᠴᠢᠨ ᠲᠠᠷᠢᠶᠠᠴᠢᠳ ᠪᠠ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠳ ᠤᠨ ᠠᠵᠤ ᠦᠢᠯᠡᠰᠵᠢᠯᠲᠡ ᠶᠢᠨ ᠡᠵᠡᠩᠨᠡᠯᠲᠡ ᠳᠠᠬᠢ ᠰᠠᠨᠠᠯ ᠪᠣᠳᠣᠯ ᠢᠶᠠᠨ ᠢᠯᠡᠳᠬᠡᠬᠦ ᠡᠷᠬᠡ ᠵᠢᠴᠢ ᠠᠰᠢᠭ ᠣᠯᠵᠠᠪᠤᠷᠢ | ᠬᠤᠪᠢᠶᠠᠷᠢᠯᠠᠬᠤ ᠨᠣᠷᠮ᠎ᠠ ᠶᠢ ᠳᠡᠭᠡᠭᠰᠢᠯᠡᠭᠦᠯᠵᠦ᠂ ᠲᠣᠯᠣᠭᠠᠶᠢᠯᠠᠭᠴᠢ ᠠᠵᠤ ᠠᠬᠤᠶᠢᠯᠠᠯ ᠬᠢᠭᠡᠳ ᠲᠤᠰᠬᠠᠢ ᠬᠤᠷᠰᠢᠶ᠎ᠠ ᠶᠢᠨ ᠵᠣᠬᠢᠶᠠᠨ ᠪᠠᠶᠢᠭᠤᠯᠤᠯᠲᠠ ᠶᠢᠨ 40% | ᠠᠴᠠ ᠳᠡᠭᠡᠭᠰᠢᠬᠢ ᠶᠢ ᠮᠠᠯᠴᠢᠨ ᠲᠠᠷᠢᠶᠠᠴᠢᠨ ᠡᠷᠦᠬᠡ ᠳᠤ ᠪᠦᠷᠬᠦᠭᠦᠯᠬᠦ ᠪᠠᠷ ᠴᠢᠷᠮᠠᠶᠢᠨ᠎ᠠ᠃ ︽PPP︾ ᠵᠠᠭᠪᠤᠷ ᠢᠶᠠᠷ ᠴᠢ ᠫᠠᠨ ᠵᠢᠩ ᠠᠴᠠ ᠮᠧᠩ ᠰᠢ ᠬᠦᠷᠬᠦ | ᠲᠦᠷᠭᠡᠨ ᠤ ᠵᠠᠮ᠂ ᠤᠯᠠᠭᠠᠨ ᠪᠠᠯᠭᠠᠰᠤ ᠠᠴᠠ ᠲᠤᠤ ᠯᠧ ᠬᠦᠷᠬᠦ ᠵᠢᠭᠤᠯᠴᠢᠯᠠᠯ ᠤᠨ ᠵᠠᠮ ᠢ ᠲᠦᠷᠭᠡᠨ ᠵᠠᠰᠠᠨ᠎ᠠ᠃ ᠮᠥᠩᠭᠦᠨ ᠬᠦᠢᠯᠭᠡᠭᠡᠨ ᠤ ᠲᠣᠭᠲᠠᠯᠴᠠᠭ᠎ᠠ ᠶᠢᠨ | ᠪᠠᠶᠢᠭᠤᠯᠤᠯᠲᠠ ᠶᠢ ᠴᠢᠩᠭᠠᠳᠬᠠᠵᠤ᠂ ᠥᠪᠥᠷ ᠮᠣᠩᠭᠤᠯ ᠤᠨ ᠪᠠᠩᠬᠢ ᠶᠢᠨ ᠴᠡᠭ ᠢ ᠭᠠᠷᠭᠠᠨ᠎ᠠ᠃ ᠵᠠᠰᠠᠭ ᠤᠨ ᠣᠷᠳᠣᠨ ᠠᠴᠠ ᠣᠯᠠᠨ ᠨᠡᠶᠢᠲᠡ ᠶᠢᠨ ᠦᠢᠯᠡᠴᠢᠯᠡᠭᠡ | ᠶᠢ ᠬᠤᠳᠠᠯᠳᠤᠨ ᠠᠪᠬᠤ ᠡᠷᠴᠢᠮ ᠢ ᠴᠢᠩᠭᠠᠷᠠᠭᠤᠯᠵᠤ᠂ ᠰᠤᠷᠭᠠᠨ ᠬᠥᠮᠥᠵᠢᠯ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠪᠤᠷᠢ ᠶᠢᠨ ᠥᠭᠡᠷᠡᠴᠢᠯᠡᠯᠲᠡ ᠶᠢᠨ ᠠᠵᠢᠯ ᠢ | ᠲᠣᠪᠣᠶᠢᠯᠭᠠᠨ ᠰᠠᠶᠢᠲᠤᠷ ᠠᠳᠬᠤᠵᠤ᠂ ᠬᠥᠯ ᠪᠥᠮᠪᠥᠭᠡᠨ ᠤ ᠦᠢᠯᠡᠰ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠡᠷᠦᠬᠡ ᠠᠮᠠ ᠶᠢᠨ ᠳᠦᠷᠢᠮ ᠤᠨ | ᠥᠭᠡᠷᠡᠴᠢᠯᠡᠯᠲᠡ ᠶᠢ ᠯᠠᠪᠳᠠᠭᠤᠨ ᠠᠬᠢᠭᠤᠯᠵᠤ᠂ ᠥᠭᠡᠷᠡᠴᠢᠯᠡᠯᠲᠡ ᠶᠢᠨ ᠠᠰᠢᠭ ᠢ ᠨᠡᠩ ᠣᠯᠠᠨ ᠠᠷᠠᠳ ᠲᠦᠮᠡᠨ ᠳᠤ ᠬᠦᠷᠲᠡᠭᠡᠨ᠎ᠡ᠃ ᠬᠤᠶᠠᠷ ᠲᠤ ᠰᠢᠨ᠎ᠡ ᠶᠢ | ᠡᠭᠦᠳᠬᠦ ᠬᠥᠳᠡᠯᠭᠡᠭᠴᠢ ᠬᠦᠴᠦᠨ ᠢ ᠨᠡᠮᠡᠭᠳᠡᠭᠦᠯᠦᠨ᠎ᠡ᠃ ᠨᠤᠲᠤᠭ ᠤᠨ ᠠᠵᠤ ᠠᠬᠤᠶᠢᠯᠠᠯ ᠨᠡᠷᠡᠲᠡᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠮᠡᠷᠭᠡᠵᠢᠯ | ᠤᠨ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠰᠢᠨ᠎ᠡ ᠶᠢ ᠡᠭᠦᠳᠬᠦ ᠬᠤᠯᠪᠣᠭ᠎ᠠ ᠪᠠᠶᠢᠭᠤᠯᠬᠤ ᠶᠢ ᠵᠣᠷᠢᠭᠵᠢᠭᠤᠯᠤᠨ᠂ ᠮᠡᠷᠭᠡᠵᠢᠯ ᠤᠨ ᠬᠦᠴᠢᠷ ᠠᠰᠠᠭᠤᠳᠠᠯ ᠢ | ᠬᠠᠮᠲᠤᠷᠠᠨ ᠰᠢᠢᠳᠪᠦᠷᠢᠯᠡᠵᠦ᠂ ᠨᠡᠭᠦᠷᠡᠰᠦᠲᠦ᠋ᠷᠦᠭᠴᠢ ᠰᠢᠷᠬᠡᠭ᠂ ᠪᠥᠭᠡᠭᠡᠨᠡᠷᠡᠯ ᠡᠾᠯᠤᠷᠲᠦ ᠡᠲ᠋ᠧᠨ᠂ ᠪᠥᠭᠡᠭᠡᠨᠡᠷᠡᠯ ᠡᠰᠲ᠋ᠧᠷ ᠵᠡᠷᠭᠡ ᠦᠵᠦᠭᠦᠷ ᠪᠦᠲᠦᠭᠡᠭᠳᠡᠬᠦᠨ ᠤ | ᠰᠤᠳᠤᠯᠤᠨ ᠬᠥᠭᠵᠢᠭᠦᠯᠦᠯᠲᠡ ᠶᠢ ᠭᠤᠣᠯᠳᠠᠯᠭ᠎ᠠ ᠲᠠᠢ ᠰᠠᠶᠢᠲᠤᠷ ᠬᠢᠵᠦ᠂ ᠣᠷᠢᠶᠠᠮᠠᠭ ᠵᠠᠮᠠᠭ ᠤᠨ ᠬᠦᠷᠢᠶᠡᠯᠡᠩ ᠳᠤ ᠳᠤᠮᠳᠠᠳᠤ ᠤᠯᠤᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠦᠷᠢᠶᠡᠯᠡᠩ ᠤᠨ ᠳ᠋ᠠᠯᠢᠶᠠᠨ ᠳᠠᠬᠢ ᠪᠠᠶᠢᠭᠠᠯᠢ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ ᠶᠢᠨ ᠠᠺᠠᠳᠧᠮᠢᠴᠢ ᠶᠢᠨ ᠠᠵᠢᠯ ᠤᠨ ᠥᠷᠲᠡᠭᠡ ᠶᠢ | ᠪᠠᠶᠢᠭᠤᠯᠬᠤ ᠪᠠᠷ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ ᠤ ᠲᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢᠲᠦ ᠠᠵᠤ ᠠᠬᠤᠶᠢᠯᠠᠯ ᠢ 2 ᠠᠴᠠ | ᠳᠡᠭᠡᠭᠰᠢ ᠭᠤᠶᠤᠴᠢᠯᠠᠨ ᠮᠡᠳᠡᠭᠦᠯᠦᠨ᠎ᠡ᠃ ᠮᠧᠩ ᠰᠢ ᠳᠤ ᠭᠠᠵᠠᠷ ᠬᠥᠳᠡᠯᠦᠯᠲᠡ ᠶᠢᠨ ᠤᠷᠢᠳᠴᠢᠯᠠᠨ ᠮᠠᠭᠠᠳᠯᠠᠬᠤ ᠲᠠᠪᠴᠠᠩ ᠢ ᠪᠠᠶᠢᠭᠤᠯᠤᠨ᠎ᠠ᠃ ᠮᠡᠷᠭᠡᠵᠢᠯ | ᠪᠣᠯᠪᠠᠰᠤᠷᠠᠩᠭᠤᠢ ᠬᠤᠳᠠᠯᠳᠤᠭᠠᠨ ᠤ ᠡᠷᠭᠢᠯᠲᠡ ᠶᠢ ᠴᠢᠩᠭᠠᠳᠬᠠᠨ᠂ ᠨᠡᠭᠦᠷᠡᠰᠦᠨ ᠴᠢᠯᠠᠭᠤ ᠪᠤᠯᠠᠬᠤ ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ ᠬᠥᠨᠳᠡᠶᠢᠯᠡᠨ ᠮᠠᠯᠲᠠᠵᠤ | ᠬᠤᠭᠤᠰᠤᠷᠠᠭᠤᠯᠤᠭᠰᠠᠨ᠂ ᠨᠡᠭᠦᠷᠡᠰᠦᠨ ᠴᠢᠯᠠᠭᠤ ᠰᠢᠲᠠᠭᠰᠠᠨ᠂ ᠭᠠᠵᠠᠷ ᠤᠨ ᠭᠠᠳᠠᠷᠭᠤ ᠬᠤᠲᠣᠶᠢᠵᠤ ᠶᠡᠭᠦᠷᠡᠭᠰᠡᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠎ᠡ᠃ | ᠭᠤᠣᠯᠳᠠᠯᠭᠠᠲᠤ ᠠᠵᠤ ᠠᠬᠤᠶᠢᠯᠠᠯ ︽ᠢᠨᠲ᠋ᠧᠷ ᠰᠦᠯᠵᠢᠶ᠎ᠡ +︾ ᠶᠢ ᠠᠰᠢᠭᠯᠠᠨ ᠰᠦᠯᠵᠢᠶᠡᠨ ᠳᠡᠭᠡᠷ᠎ᠡ ᠳᠣᠣᠷᠠᠬᠢ ᠬᠤᠶᠠᠷ ᠵᠦᠢᠯ ᠤᠨ ᠡᠬᠢ ᠪᠠᠶᠠᠯᠢᠭ ᠢ ᠰᠠᠶᠢᠲᠤᠷ | ᠬᠡᠷᠡᠭᠯᠡᠬᠦ ᠶᠢ ᠵᠢᠯᠣᠭᠤᠳᠴᠤ᠂ ᠨᠡᠭᠦᠷᠡᠰᠦᠨ ᠤ ᠡᠯᠧᠺᠲᠷᠦᠨ ᠪᠡᠯᠡᠨ ᠪᠠᠷᠠᠭ᠎ᠠ᠂ ᠵᠠᠬᠢᠶᠠᠯᠠᠭᠠᠲᠤ ᠪᠠᠷᠠᠭ᠎ᠠ ᠶᠢᠨ ᠰᠣᠯᠢᠯᠴᠠᠭ᠎ᠠ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ᠂ | ᠰᠢᠨ᠎ᠡ ᠬᠡᠪ ᠵᠠᠭᠪᠤᠷ ᠢ ᠢᠳᠡᠪᠬᠢᠲᠡᠢ ᠳᠡᠯᠭᠡᠷᠡᠭᠦᠯᠵᠦ᠂ ᠱᠤᠸᠠᠩ ᠰᠢᠨ ᠪᠦᠯᠦᠭᠯᠡᠯ ᠢ ᠠᠮᠵᠢᠯᠲᠠᠲᠠᠢ ᠪᠠᠷ ᠵᠠᠬ᠎ᠠ ᠳᠡᠯᠭᠡᠭᠦᠷ ᠲᠤ ᠭᠠᠷᠭᠠᠵᠤ ᠠᠷᠠᠯᠵᠢᠶ᠎ᠠ ᠶᠢ ᠨᠢ | ᠡᠬᠢᠯᠡᠭᠦᠯᠦᠨ᠎ᠡ᠃ | ︵ᠲᠠᠪᠤ︶ ᠲᠦᠭᠰᠢᠭᠦᠷᠢ ᠶᠢᠨ ᠳᠠᠯᠳᠠ ᠭᠡᠮ ᠤᠨ ᠵᠠᠰᠠᠯᠲᠠ ᠶᠢ ᠰᠠᠶᠢᠲᠤᠷ ᠠᠳᠬᠤᠨ᠎ᠠ᠃ ᠠᠰᠠᠭᠤᠳᠠᠯ ᠤᠨ ᠬᠦᠲᠦᠯᠦᠮᠵᠢ ᠶᠢ ᠪᠠᠷᠢᠮᠲᠠᠯᠠᠵᠤ᠂ ᠡᠯ᠎ᠡ ᠵᠦᠢᠯ | ᠤᠨ ᠲᠦᠭᠰᠢᠭᠦᠷᠢ ᠶᠢᠨ ᠡᠬᠢ ᠶᠢ ᠰᠤᠳᠤᠯᠤᠨ ᠮᠠᠭᠠᠳᠯᠠᠵᠤ ᠵᠠᠳᠠᠯᠬᠤ ᠶᠢ ᠴᠢᠩᠭᠠᠳᠬᠠᠨ᠂ ᠬᠥᠳᠡᠯᠦᠩᠭᠦᠢ ᠬᠢᠨᠠᠨ ᠬᠡᠮᠵᠢᠯᠲᠡ ᠪᠠ ᠲᠤᠬᠠᠢ ᠶᠢᠨ ᠦᠶ᠎ᠡ ᠳᠤᠨᠢ | ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠡᠯ᠎ᠡ ᠵᠦᠢᠯ ᠤᠨ ᠲᠦᠭᠰᠢᠭᠦᠷᠢ ᠶᠢᠨ ᠳᠠᠯᠳᠠ ᠭᠡᠮ ᠢ ᠪᠦᠲᠦᠮᠵᠢᠲᠡᠢ ᠰᠢᠢᠳᠪᠦᠷᠢᠯᠡᠨ᠎ᠡ᠃ ᠨᠢᠭᠡ | ᠳᠤ ᠠᠶᠤᠯ ᠦᠭᠡᠢ ᠶᠢᠨ ᠬᠠᠮᠤᠭ ᠤᠨ ᠳᠣᠣᠷᠠᠳᠤ ᠪᠠᠷᠢᠮᠵᠢᠶ᠎ᠠ ᠶᠢ ᠡᠷᠡᠰ ᠪᠠᠷᠢᠮᠲᠠᠯᠠᠨ᠎ᠠ᠃ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ᠂ ︽ᠨᠢᠭᠡ ᠠᠵᠢᠯ | ᠤᠨ ᠪᠠᠶᠢᠷᠢ ᠳᠤ ᠬᠤᠣᠰ ᠬᠠᠷᠢᠭᠤᠴᠠᠯᠭ᠎ᠠ ᠲᠣᠬᠢᠷᠠᠭᠤᠯᠬᠤ︾ ᠬᠢᠭᠡᠳ ︽ᠭᠤᠷᠪᠠ ᠶᠢ ᠵᠡᠷᠭᠡᠪᠡᠷ ᠬᠢᠬᠦ︾ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠮᠡᠷᠭᠡᠵᠢᠯ ᠤᠨ | ᠪᠡᠯᠡᠳᠬᠡᠮᠵᠢ᠂ ᠲᠤᠰᠬᠠᠢ ᠮᠡᠷᠭᠡᠵᠢᠯᠲᠡᠨ ᠤ ᠡᠩᠨᠡᠭᠡ ᠶᠢᠨ ᠬᠢᠨᠠᠨ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠂ ᠠᠶᠤᠯ ᠦᠭᠡᠢ ᠦᠢᠯᠡᠳᠪᠦᠷᠢᠯᠡᠯ ᠤᠨ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠤᠷᠠᠭ ᠵᠠᠩᠭᠢ ᠶᠢᠨ ᠲᠠᠪᠴᠠᠩ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠤ ᠠᠬᠤᠶᠢᠯᠠᠯ ᠤᠨ ᠪᠠᠷᠢᠮᠵᠢᠶᠠᠲᠤ | ᠪᠠᠶᠢᠭᠤᠯᠤᠯᠲᠠ᠂ ᠡᠭᠡᠯᠵᠢ ᠳᠤᠭᠤᠶᠢᠯᠠᠩ ᠤᠨ ᠪᠠᠶᠢᠭᠤᠯᠤᠯᠲᠠ ᠬᠢᠭᠡᠳ ᠰᠠᠭᠤᠷᠢ ᠢᠵᠢ ᠪᠦᠷᠢᠳᠣᠬᠦᠯᠣᠯᠳᠡ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠯᠲᠠ | ᠵᠡᠷᠭᠡ ᠭᠤᠣᠯ ᠭᠤᠭᠴᠤᠭ᠎ᠠ ᠶᠢ ᠰᠠᠶᠢᠲᠤᠷ ᠠᠳᠬᠤᠨ᠂ ᠠᠶᠤᠯᠲᠠᠢ ᠬᠢᠮᠢ ᠶᠢᠨ ᠠᠵᠤ ᠠᠬᠤᠶᠢᠯᠠᠯ᠂ ᠵᠠᠮ ᠬᠠᠷᠢᠯᠴᠠᠭ᠎ᠠ᠂ ᠠᠮᠠᠷᠬᠠᠨ ᠨᠣᠴᠣᠵᠤ ᠳᠡᠯᠪᠡᠷᠡᠬᠦ ᠪᠣᠳᠠᠰ | ᠬᠢᠭᠡᠳ ᠬᠥᠮᠥᠨ ᠠᠷᠪᠢᠨ ᠬᠤᠷᠠᠨ ᠴᠤᠭᠯᠠᠷᠠᠭᠰᠠᠨ ᠲᠠᠯᠠᠪᠤᠷ ᠵᠡᠷᠭᠡ ᠭᠤᠣᠯᠳᠠᠯᠭᠠᠲᠤ ᠬᠡᠪᠴᠢᠶᠡᠨ ᠳᠠᠬᠢ ᠬᠢᠨᠠᠨ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ | ᠴᠢ ᠫᠠᠨ ᠵᠢᠩ᠂ ᠮᠧᠩ ᠰᠢ ᠬᠦᠷᠢᠶᠡᠯᠡᠩ ᠤᠨ ᠭᠠᠯ ᠤᠨᠲᠠᠷᠠᠭᠠᠬᠤ ᠡᠩᠨᠡᠭᠡ ᠪᠠ ᠪᠡᠯᠡᠳᠬᠡᠯ ᠲᠣᠨᠣᠭᠯᠠᠯ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ | ᠣᠨᠴᠠᠭᠠᠢ ᠶᠡᠭᠡ ᠠᠶᠤᠯ ᠤᠨ ᠠᠳᠡᠯ ᠬᠡᠷᠡᠭ ᠡᠭᠦᠰᠬᠦ ᠶᠢ ᠡᠷᠡᠰ ᠬᠤᠷᠢᠭᠯᠠᠨ᠎ᠠ᠃ ᠬᠤᠶᠠᠷ ᠲᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠢᠭ᠎ᠠ ᠱᠤᠭᠤᠮ ᠢ | ᠪᠠᠲᠤ ᠰᠠᠬᠢᠨ᠎ᠠ᠃ ᠬᠦᠷᠢᠶᠡᠯᠡᠩ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢ ᠲᠣᠪᠣᠶᠢᠯᠭᠠᠨ ᠠᠳᠬᠤᠵᠤ᠂ ᠬᠡᠦᠷᠡᠰᠦ᠂ | ᠴᠠᠬᠢᠯᠤᠭᠤᠷ ᠴᠢᠯᠠᠭᠤ᠂ ᠲᠡᠮᠦᠷ ᠤᠨ ᠬᠠᠶᠢᠯᠤᠰᠢ᠂ ᠴᠠᠬᠢᠯᠭᠠᠨ ᠬᠦᠴᠦᠨ ᠵᠡᠷᠭᠡ ᠠᠵᠢᠯ ᠲᠥᠷᠥᠯ ᠳᠠᠬᠢ ᠬᠢᠨᠠᠨ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠂ | ᠰᠦᠯᠵᠢᠶᠡᠨ ᠳᠡᠭᠡᠷ᠎ᠡ ᠬᠢᠨᠠᠨ ᠪᠠᠶᠢᠴᠠᠭᠠᠬᠤ ᠶᠢ ᠯᠠᠪᠳᠠᠭᠤᠨ ᠢᠶᠠᠷ ᠪᠡᠶᠡᠯᠡᠭᠦᠯᠵᠦ᠂ ᠬᠠᠲᠠᠭᠤ ᠬᠠᠶᠠᠭᠳᠠᠮᠠᠯ ᠪᠣᠳᠠᠰ ᠢ 4400 ᠲᠦᠮᠡᠨ ᠲᠣᠨ ᠴᠡᠪᠡᠷᠯᠡᠨ | ᠢᠯᠭᠠᠷᠠᠭᠤᠯᠵᠤ᠂ ᠭᠠᠯ ᠤᠨ ᠠᠶᠤᠯ ᠡᠭᠦᠰᠦᠭᠰᠡᠨ ᠤ ᠳᠠᠷᠠᠭ᠎ᠠ ᠪᠢᠲᠡᠭᠦᠮᠵᠢᠯᠡᠭᠰᠡᠨ ᠣᠷᠣᠨ ᠢ 36.1 ᠲᠦᠮᠡᠨ ᠲᠡᠭᠰᠢ ᠳᠥᠷᠪᠡᠯᠵᠢᠨ ᠮᠧᠲᠷ ᠵᠠᠰᠠᠨ᠂ ᠠᠭᠤᠷᠬᠠᠢ ᠳᠤ | ᠣᠷᠣᠬᠤ ᠵᠠᠮ ᠢ 70.9 ᠺᠢᠯᠤᠮᠧᠲᠷ ᠰᠢᠨ᠎ᠡ ᠪᠠᠷ ᠵᠠᠰᠠᠬᠤ ᠪᠤᠶᠤ ᠰᠡᠯᠪᠢᠨ ᠵᠠᠰᠠᠵᠤ᠂ ᠨᠡᠭᠦᠷᠡᠰᠦ ᠮᠠᠯᠲᠠᠭᠰᠠᠨ ᠠᠴᠠ ᠬᠤᠲᠣᠶᠢᠵᠤ ᠶᠡᠭᠦᠷᠡᠭᠰᠡᠨ ᠣᠷᠣᠨ ᠢ 59.3 | ᠲᠦᠮᠡᠨ ᠲᠡᠭᠰᠢ ᠳᠥᠷᠪᠡᠯᠵᠢᠨ ᠮᠧᠲᠷ ᠵᠠᠰᠠᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠭᠤᠷᠪᠠ ᠶᠢ ᠵᠡᠷᠬᠡᠪᠡᠷ ᠬᠢᠬᠦ︾ ᠳᠦᠷᠢᠮ ᠢ ᠴᠢᠩᠭ᠎ᠠ | ᠬᠡᠷᠡᠭᠵᠢᠭᠦᠯᠦᠨ᠂ ᠠᠭᠤᠷᠬᠠᠢ ᠶᠢᠨ ᠪᠤᠵᠠᠷ ᠤᠰᠤᠨ ᠤ ᠳᠠᠬᠢᠨ ᠠᠰᠢᠭᠯᠠᠯᠲᠠ᠂ ᠬᠦᠷᠢᠶᠡᠯᠡᠩ ᠤᠨ ᠱᠣᠷᠪᠣᠭ ᠤᠰᠤ ᠪᠠ ᠪᠠᠶᠢᠭᠠᠯᠢ ᠶᠢᠨ ᠰᠢᠲᠠᠮᠠᠬᠠᠢ ᠬᠡᠢ ᠶᠢᠨ ᠰᠢᠪᠠᠷ | ᠱᠠᠯᠪᠠᠭᠲᠦ ᠭᠠᠵᠠᠷ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠬᠦᠨᠳᠦ ᠶᠡᠭᠡ ᠪᠣᠬᠢᠷᠲᠤᠯ ᠤᠨ ᠬᠡᠷᠡᠭ ᠡᠭᠦᠰᠬᠦ ᠶᠢ ᠡᠷᠡᠰ ᠬᠤᠷᠢᠭᠯᠠᠨ᠎ᠠ᠃ ᠭᠤᠷᠪᠠ ᠳᠤ ᠠᠮᠤᠷ | ᠲᠣᠭᠲᠠᠭᠤᠨ ᠤ ᠰᠡᠷᠭᠡᠶᠢᠯᠡᠯᠲᠡ ᠶᠢᠨ ᠱᠤᠭᠤᠮ ᠢ ᠴᠢᠩᠭ᠎ᠠ ᠪᠠᠬᠢᠯᠡᠨ᠎ᠡ᠃ ᠠᠮᠤᠭᠤᠯᠠᠩ ᠣᠲᠤᠭ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠬᠠᠤᠯᠢ | ᠵᠥᠷᠢᠴᠡᠭᠰᠡᠨ ᠡᠯ᠎ᠡ ᠲᠥᠷᠥᠯ ᠤᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ ᠤᠳᠤᠷᠢᠳᠤᠯᠭ᠎ᠠ ᠪᠡᠶ᠎ᠡ ᠪᠠᠷ ᠢᠶᠠᠨ ᠬᠡᠷᠡᠭ ᠢ | ᠳᠠᠭᠠᠭᠠᠨ ᠠᠪᠴᠤ ᠵᠠᠬᠢᠳᠠᠯ ᠰᠤᠷᠪᠤᠯᠵᠢᠯᠠᠭ᠎ᠠ ᠬᠦᠯᠢᠶᠡᠵᠦ ᠰᠢᠢᠳᠪᠦᠷᠢᠯᠡᠬᠦ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠤᠲᠤᠭ ᠪᠡᠯᠴᠢᠭᠡᠷ ᠤᠨ | ᠡᠷᠬᠡ ᠶᠢᠨ ᠬᠠᠷᠢᠶᠠᠯᠠᠯ᠂ ᠣᠷᠴᠢᠨ ᠲᠣᠭᠤᠷᠢᠨ ᠤ ᠨᠥᠬᠦᠪᠦᠷᠢ᠂ ᠭᠠᠵᠠᠷ ᠰᠢᠷᠣᠢ ᠶᠢᠨ ᠲᠠᠲᠠᠪᠤᠷᠢᠯᠠᠯᠲᠠ ᠵᠡᠷᠭᠡ ᠲᠠᠯ᠎ᠠ ᠳᠠᠬᠢ ᠵᠥᠷᠢᠴᠡᠯ ᠵᠢᠭᠤᠷᠠᠯᠳᠤᠭᠠᠨ ᠢ | ᠰᠡᠷᠭᠡᠶᠢᠯᠡᠨ ᠨᠠᠮᠳᠠᠭᠤᠯᠤᠨ᠎ᠠ᠃ ᠵᠢᠭᠡᠯᠡᠯᠭᠡ ᠶᠢᠨ ᠲᠡᠮᠳᠡᠭ ᠢᠶᠠᠷ ᠪᠡᠯᠡ ᠮᠥᠩᠭᠦ ᠰᠣᠯᠢᠬᠤ᠂ ᠡᠳ᠋ ᠤᠨ ᠵᠠᠰᠠᠭ ᠤᠨ ᠲᠥᠰᠥᠪ ᠢ ᠲᠣᠬᠢᠷᠠᠭᠤᠯᠬᠤ ᠵᠡᠷᠭᠡ ᠠᠷᠭ᠎ᠠ ᠪᠠᠷᠢᠯ | ᠢᠶᠠᠷ ᠵᠠᠰᠠᠭ ᠤᠨ ᠣᠷᠳᠣᠨ ᠤ ᠴᠢᠨᠠᠷᠲᠠᠢ ᠥᠷᠢ ᠰᠢᠷᠢ ᠶᠢ ᠨᠠᠮᠳᠠᠭᠤᠯᠬᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠮᠥᠩᠭᠦᠨ ᠬᠦᠢᠯᠭᠡᠭᠡᠨ ᠤ ᠥᠷᠢ | ᠰᠢᠷᠢ ᠠᠴᠠ ᠵᠠᠶᠢᠯᠠᠭᠰᠠᠨ ᠪᠤᠶᠤ ᠬᠠᠤᠯᠢ ᠪᠤᠰᠤ ᠪᠠᠷ ᠪᠡᠯᠡ ᠬᠤᠷᠠᠮᠳᠤᠭᠤᠯᠤᠭᠰᠠᠨ ᠠᠵᠢᠯᠯᠠᠭ᠎ᠠ ᠳᠤ ᠬᠦᠴᠦᠲᠡᠢ ᠴᠣᠬᠢᠯᠲᠠ ᠥᠭᠴᠦ᠂ ᠮᠥᠩᠭᠦᠨ ᠬᠦᠢᠯᠭᠡᠭᠡᠨ ᠤ | ᠲᠦᠭᠰᠢᠭᠦᠷᠢ ᠪᠠ ᠠᠷᠠᠳ ᠤᠨ ᠵᠢᠭᠡᠯᠡᠯᠭᠡ ᠶᠢᠨ ᠲᠦᠭᠰᠢᠭᠦᠷᠢ ᠶᠢ ᠪᠦᠲᠦᠮᠵᠢᠲᠡᠢ ᠨᠠᠮᠳᠠᠭᠤᠯᠤᠨ᠎ᠠ᠃ ᠢᠳᠡᠭᠡᠨ ᠤ ᠠᠶᠤᠯ ᠦᠭᠡᠢ ᠶᠢᠨ ᠬᠢᠨᠠᠨ ᠬᠠᠮᠢᠶᠠᠷᠤᠯᠲᠠ ᠶᠢ | ᠴᠢᠩᠭᠠᠳᠬᠠᠨ᠂ ᠨᠢᠭᠡᠳᠦᠭᠡᠷ ᠵᠠᠬ᠎ᠠ ᠳᠡᠯᠭᠡᠭᠦᠷ ᠤᠨ ᠴᠡᠭᠴᠡᠯᠡᠨ ᠵᠠᠯᠠᠷᠠᠭᠤᠯᠤᠯᠲᠠ ᠶᠢ ᠲᠥᠪᠯᠡᠷᠡᠭᠦᠯᠦᠨ ᠥᠷᠨᠢᠭᠦᠯᠵᠦ᠂ ᠤᠯᠠᠭᠠᠨ ᠪᠠᠯᠭᠠᠰᠤᠨ ᠤ ᠢᠳᠡᠭᠡᠨ | ᠪᠣᠯᠪᠠᠰᠤᠷᠠᠭᠤᠯᠬᠤ ᠬᠦᠷᠢᠶᠡᠯᠡᠩ ᠢ ᠡᠬᠢᠯᠡᠭᠦᠯᠦᠨ ᠪᠠᠶᠢᠭᠤᠯᠤᠨ᠎ᠠ᠃ | ︵ᠵᠢᠷᠭᠤᠭ᠎ᠠ︶ ᠨᠡᠶᠢᠭᠡᠮ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠶᠢ ᠰᠠᠶᠢᠲᠤᠷ ᠠᠳᠬᠤᠨ᠎ᠠ᠃ ᠠᠷᠠᠳ ᠤᠨ ᠠᠮᠢᠳᠤᠷᠠᠯ ᠢ | ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠪᠦᠬᠦ ᠬᠦᠴᠦᠨ ᠢᠶᠠᠷ ᠢᠶᠠᠨ ᠠᠷᠠᠳ ᠣᠯᠠᠨ ᠳᠤ ᠰᠠᠶᠢᠨ ᠦᠢᠯᠡ ᠠᠵᠢᠯᠯᠠᠭ᠎ᠠ᠂ ᠪᠣᠳᠠᠲᠤ ᠶᠠᠪᠤᠳᠠᠯ ᠬᠢᠵᠦ᠂ | ᠬᠦᠴᠢᠷᠳᠡᠯᠲᠡᠢ ᠣᠯᠠᠨ ᠲᠦᠮᠡᠨ ᠢ ᠬᠠᠪᠰᠤᠷᠤᠨ ᠲᠡᠳᠬᠦᠵᠦ᠂ ᠠᠷᠠᠳ ᠣᠯᠠᠨ ᠤ ᠠᠮᠢᠳᠤᠷᠠᠯ ᠤᠨ ᠲᠦᠪᠰᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃ ᠨᠢᠭᠡ ᠳᠤ | ᠶᠠᠳᠠᠭᠤ ᠶᠢ ᠲᠡᠳᠬᠦᠨ ᠨᠡᠭᠡᠭᠡᠨ ᠬᠥᠭᠵᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ︽ᠵᠢᠷᠭᠤᠭᠠᠨ ᠣᠨᠣᠪᠴᠢᠲᠠᠢ︾ ᠱᠠᠭᠠᠷᠳᠠᠯᠭ᠎ᠠ ᠪᠠᠷ ︽ᠬᠡᠨ ᠢ | ᠲᠡᠳᠬᠦᠬᠦ᠂ ᠬᠡᠨ ᠲᠡᠳᠬᠦᠬᠦ᠂ ᠬᠡᠷᠬᠢᠨ ᠲᠡᠳᠬᠦᠬᠦ᠂ ᠬᠡᠷᠬᠢᠨ ᠪᠤᠴᠠᠭᠠᠬᠤ︾ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠵᠢᠭᠡᠯᠡᠯᠭᠡ ᠪᠠᠷ ᠶᠠᠳᠠᠭᠤ ᠶᠢ ᠲᠡᠳᠬᠦᠬᠦ᠂ | ᠶᠠᠳᠠᠭᠤ ᠬᠦᠴᠢᠷᠳᠡᠯᠲᠡᠢ ᠣᠶᠤᠲᠠᠳ ᠢ ᠳᠡᠮᠵᠢᠬᠦ᠂ ᠣᠨᠴᠠ ᠬᠦᠴᠢᠷᠳᠡᠯᠲᠡᠢ ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠪᠠ ᠡᠮ ᠡᠮᠨᠡᠯᠭᠡ | ᠪᠠᠷ ᠲᠤᠰᠠᠯᠠᠬᠤ᠂ ᠲᠦᠷ ᠴᠠᠭ ᠠᠪᠤᠷᠠᠨ ᠲᠤᠰᠠᠯᠠᠬᠤ ᠵᠡᠷᠭᠡ ᠪᠦᠬᠦᠨ ᠢ ᠬᠠᠮᠤᠷᠤᠭᠰᠠᠨ ᠲᠡᠳᠬᠦᠨ ᠳᠡᠮᠵᠢᠬᠦ ᠠᠷᠭ᠎ᠠ ᠪᠠᠷᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠦᠢᠯᠡᠳᠪᠦᠷᠢᠯᠡᠯ ᠢ ᠬᠥᠭᠵᠢᠭᠦᠯᠬᠦ᠂ ᠣᠨᠳᠣᠣ ᠭᠠᠵᠠᠷ ᠲᠤ ᠨᠡᠭᠦᠯᠭᠡᠵᠦ ᠶᠠᠳᠠᠭᠤ ᠶᠢ ᠲᠡᠳᠬᠦᠬᠦ᠂ ᠠᠮᠢ ᠠᠬᠤᠢ ᠶᠢᠨ ᠨᠥᠬᠦᠪᠦᠷᠢ᠂ ᠬᠥᠮᠥᠵᠢᠯ ᠪᠣᠯᠪᠠᠰᠤᠷᠠᠭᠤᠯᠤᠯ᠂ | ᠨᠡᠶᠢᠭᠡᠮ ᠤᠨ ᠪᠠᠲᠤᠯᠠᠪᠤᠷᠢ᠂ ᠬᠠᠷᠢᠯᠴᠠᠨ ᠲᠤᠰᠠᠯᠠᠯᠴᠠᠬᠤ ᠵᠢᠷᠭᠠᠯᠠᠩᠲᠤ ᠬᠦᠷᠢᠶᠡᠯᠡᠩ ᠤᠨ ᠪᠠᠶᠢᠭᠤᠯᠤᠯᠲᠠ ᠵᠡᠷᠭᠡ ︽ᠵᠢᠷᠭᠤᠭᠠᠨ ᠨᠢᠭᠡ ᠪᠦᠯᠦᠭ︾ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠥᠨᠥ ᠵᠢᠯ 1500 ᠶᠠᠳᠠᠭᠤ ᠬᠦᠴᠢᠷᠳᠡᠯᠲᠡᠢ ᠬᠥᠮᠥᠨ ᠢ ᠶᠠᠳᠠᠭᠤ | ᠠᠴᠠ ᠨᠢ ᠠᠩᠭᠢᠵᠢᠷᠠᠭᠤᠯᠤᠨ᠎ᠠ᠂ ᠡᠭᠦᠨ ᠳᠤ ᠤᠯᠤᠰ ᠤᠨ ᠣᠳᠣ ᠶᠢᠨ ᠬᠡᠷᠡᠭᠵᠢᠭᠦᠯᠵᠦ ᠪᠦᠬᠦᠢ ᠪᠠᠷᠢᠮᠵᠢᠶ᠎ᠠ ᠠᠴᠠ ᠳᠣᠣᠷ᠎ᠠ ᠪᠠᠶᠢᠭ᠎ᠠ ᠶᠠᠳᠠᠭᠤ ᠬᠦᠴᠢᠷᠳᠡᠯᠲᠡᠢ 805 | ᠬᠥᠮᠥᠨ ᠢ ᠴᠥᠮ ᠶᠠᠳᠠᠭᠤ ᠠᠴᠠ ᠨᠢ ᠠᠩᠭᠢᠵᠢᠷᠠᠭᠤᠯᠵᠤ᠂ 628 ᠬᠥᠮᠥᠨ ᠢ ᠣᠨᠳᠣᠣ ᠭᠠᠵᠠᠷ ᠲᠤ ᠨᠡᠭᠦᠯᠭᠡᠨ ᠲᠡᠳᠬᠦᠬᠦ ᠠᠵᠢᠯ ᠢ ᠭᠤᠣᠯᠳᠠᠯᠭ᠎ᠠ ᠲᠠᠢ ᠰᠠᠶᠢᠨ | ᠬᠢᠨ᠎ᠡ᠃ ᠬᠤᠶᠠᠷ ᠲᠤ ᠠᠵᠢᠯ ᠣᠯᠭᠤᠯᠲᠠ ᠦᠢᠯᠡᠰ ᠪᠣᠰᠬᠠᠯᠲᠠ ᠶᠢ ᠶᠡᠬᠡᠪᠡᠷ ᠠᠬᠢᠭᠤᠯᠤᠨ᠎ᠠ᠃ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠣᠨᠴᠠᠭᠠᠶᠢᠯᠠᠨ | ᠮᠣᠩᠭᠤᠯ ᠬᠡᠯᠡ ᠪᠠᠷ ᠬᠢᠴᠢᠶᠡᠯᠯᠡᠭᠰᠡᠨ ᠣᠶᠤᠲᠠᠳ᠂ ︽ᠠᠵᠢᠯ ᠲᠠᠢ ᠬᠥᠮᠥᠨ ᠦᠭᠡᠢ︾ ᠭᠡᠷ ᠪᠦᠯᠢ ᠪᠠ ᠬᠤᠲᠠ ᠳᠤ ᠨᠡᠭᠦᠯᠭᠡᠭᠰᠡᠨ ᠮᠠᠯᠴᠢᠨ ᠲᠠᠷᠢᠶᠠᠴᠢᠳ᠂ ᠨᠤᠲᠤᠭ | ᠲᠠᠭᠠᠨ ᠪᠤᠴᠠᠭᠰᠠᠨ ᠦᠢᠯᠡᠰ ᠪᠣᠰᠬᠠᠭᠴᠢ᠂ ᠴᠡᠷᠢᠭ ᠠᠴᠠ ᠬᠠᠯᠠᠭᠳᠠᠭᠰᠠᠳ ᠵᠡᠷᠭᠡ ᠬᠦᠮᠦᠰ ᠤᠨ ᠲᠤᠭᠤᠷᠢᠨ ᠳᠤ ᠪᠦᠲᠦᠴᠡ ᠶᠢᠨ ᠴᠢᠨᠠᠷᠲᠠᠢ ᠭᠠᠶᠢᠯᠢ ᠶᠢ ᠪᠠᠭᠠᠰᠬᠠᠬᠤ | ᠂ ᠦᠢᠯᠡᠰ ᠪᠣᠰᠬᠠᠬᠤ ᠵᠢᠭᠡᠯᠡᠯᠭᠡ ᠲᠠᠯᠪᠢᠬᠤ ᠵᠡᠷᠭᠡ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠷᠭ᠎ᠠ ᠪᠠᠷᠢᠯ ᠢ ᠨᠢᠮᠪᠠᠢ ᠨᠠᠶᠢᠳᠠᠪᠤᠷᠢᠵᠢᠭᠤᠯᠵᠤ᠂ ᠬᠤᠲᠠ ᠬᠥᠳᠡᠭᠡ ᠶᠢᠨ | ᠭᠦᠢᠴᠡᠳ ᠠᠵᠢᠯ ᠣᠯᠭᠤᠯᠲᠠ ᠶᠢ ᠠᠬᠢᠭᠤᠯᠤᠨ᠎ᠠ᠃ ᠦᠢᠯᠡᠰ ᠪᠣᠰᠬᠠᠬᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠵᠤ ᠠᠬᠤᠶᠢᠯᠠᠯᠲᠠᠳ ᠤᠨ ︽ᠰᠣᠳᠣᠴᠤᠤᠯ | ᠦᠢᠯᠡᠰ ᠪᠣᠰᠬᠠᠬᠤ︾ ᠶᠢ ᠴᠢᠬᠤᠯᠠᠴᠢᠯᠠᠬᠤ ᠪᠠᠷ ᠪᠠᠷᠠᠬᠤ ᠦᠭᠡᠢ ᠪᠠᠰᠠ ︽ᠣᠯᠠᠨ ᠢᠶᠠᠷ ᠢᠶᠠᠨ ᠦᠢᠯᠡᠰ ᠪᠣᠰᠬᠠᠬᠤ︾ ᠶᠢ ᠨᠡᠩ ᠴᠢᠬᠤᠯᠠᠴᠢᠯᠠᠨ᠂ ᠵᠠᠷ ᠮᠡᠳᠡᠭᠡᠨ ᠤ | ᠰᠢᠨ᠎ᠡ ᠰᠡᠳᠦᠯᠲᠡ᠂ ᠣᠨᠴᠠᠯᠢᠭᠲᠤ ᠢᠳᠡᠭᠡᠨ ᠤᠮᠳᠠᠭᠠᠨ᠂ ᠵᠢᠭᠤᠯᠴᠢᠯᠠᠯ ᠰᠡᠯᠡᠭᠦᠴᠡᠯ᠂ ᠪᠡᠶ᠎ᠡ ᠶᠢᠨ ᠲᠠᠮᠢᠷ ᠰᠣᠶᠣᠯ ᠵᠡᠷᠭᠡ ᠠᠵᠤ ᠦᠢᠯᠡᠰ ᠤᠨ ᠲᠠᠪᠴᠠᠩ ᠢ | ᠪᠠᠶᠢᠭᠤᠯᠵᠤ᠂ ᠪᠢᠨ ᠭᠦᠸᠧ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠡᠯᠧᠺᠲᠷᠦᠨ ᠬᠤᠳᠠᠯᠳᠤᠭ᠎ᠠ᠂ ᠪᠠᠶᠢᠭᠠᠯᠢ ᠡᠯᠧᠺᠲᠷᠦᠨ ᠬᠤᠳᠠᠯᠳᠤᠭ᠎ᠠ | ᠪᠠᠷᠠᠭᠠᠨ ᠤ ᠬᠦᠢᠯᠬᠡᠬᠡ ᠵᠡᠷᠭᠡ ᠦᠢᠯᠡᠰ ᠪᠣᠰᠬᠠᠬᠤ ᠲᠥᠷᠥᠯ ᠵᠦᠢᠯ ᠢ ᠲᠦᠷᠭᠡᠨ ᠠᠬᠢᠭᠤᠯᠵᠤ᠂ ᠣᠶᠤᠲᠠᠳ ᠤᠨ ᠦᠢᠯᠡᠰ ᠪᠣᠰᠬᠠᠬᠤ ᠬᠦᠷᠢᠶᠡᠯᠡᠩ ᠢ ᠠᠰᠢᠭᠯᠠᠯᠲᠠ | ᠳᠤ ᠣᠷᠣᠭᠤᠯᠵᠤ᠂ ︽ᠰᠢᠨ᠎ᠡ ᠶᠢ ᠡᠭᠦᠳᠦᠨ ᠦᠢᠯᠡᠰ ᠪᠣᠰᠬᠠᠬᠤ︾ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 1 ᠪᠠᠶᠢᠭᠤᠯᠤᠨ᠎ᠠ᠃ ᠬᠤᠲᠠ ᠪᠠᠯᠭᠠᠰᠤᠨ ᠳᠤ ᠰᠢᠨ᠎ᠡ | ᠪᠠᠷ 2300 ᠬᠥᠮᠥᠨ ᠳᠤ ᠠᠵᠢᠯ ᠣᠯᠭᠤᠵᠤ᠂ 500 ᠬᠥᠮᠥᠨ ᠳᠤ ᠦᠢᠯᠡᠰ ᠪᠣᠰᠬᠠᠬᠤ ᠪᠣᠯᠪᠠᠰᠤᠷᠠᠭᠤᠯᠤᠯ ᠬᠦᠷᠲᠡᠭᠡᠨ᠂ ᠬᠤᠲᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠲᠠᠯᠲᠠ ᠶᠢᠨ ᠨᠣᠷᠮ᠎ᠠ ᠶᠢ 3.5% ᠤᠨ ᠳᠣᠲᠣᠷ᠎ᠠ ᠬᠢᠵᠠᠭᠠᠷᠯᠠᠨ᠎ᠠ᠃ ᠭᠤᠷᠪᠠ ᠳᠤ ᠡᠯ᠎ᠡ ᠲᠥᠷᠥᠯ ᠤᠨ ᠨᠡᠶᠢᠭᠡᠮ ᠤᠨ ᠦᠢᠯᠡᠰ ᠢ | ᠰᠠᠶᠢᠲᠤᠷ ᠠᠳᠬᠤᠨ᠎ᠠ᠃ ᠰᠤᠷᠭᠠᠭᠤᠯᠢ ᠡᠷᠬᠢᠯᠡᠬᠦ ᠨᠥᠬᠦᠴᠡᠯ ᠢ ᠢᠳᠡᠪᠬᠢᠲᠡᠢ ᠰᠠᠶᠢᠵᠢᠷᠠᠭᠤᠯᠤᠨ᠂ ᠮᠣᠩᠭᠤᠯ ᠲᠤᠷᠰᠢᠯᠲᠠ ᠶᠢᠨ ᠪᠠᠭ᠎ᠠ ᠰᠤᠷᠭᠠᠭᠤᠯᠢ᠂ ᠵᠢᠶᠠᠨᠬᠦ᠋ᠢ | ᠪᠠᠭ᠎ᠠ ᠰᠤᠷᠭᠠᠭᠤᠯᠢ ᠶᠢ ᠠᠰᠢᠭᠯᠠᠯᠲᠠ ᠳᠤ ᠣᠷᠣᠭᠤᠯᠵᠤ᠂ ᠴᠢ ᠫᠠᠨ ᠵᠢᠩ ᠨᠢᠭᠡᠳᠦᠭᠡᠷ ᠪᠠᠭ᠎ᠠ ᠰᠤᠷᠭᠠᠭᠤᠯᠢ ᠶᠢᠨ ᠬᠤᠭᠤᠯᠠᠨ ᠲᠢᠩᠬᠢᠮ ᠪᠠᠶᠢᠷᠢ ᠶᠢᠨ ᠠᠰᠠᠷ ᠪᠠ | ᠬᠤᠰᠢᠭᠤᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠬᠤᠭᠤᠯᠠᠨ ᠲᠢᠩᠬᠢᠮ ᠵᠢᠴᠢ ᠲᠣᠭᠤᠷᠢᠮ ᠪᠠᠭ᠎ᠠ ᠰᠤᠷᠭᠠᠭᠤᠯᠢ᠂ ᠠᠵᠢᠯ ᠮᠡᠷᠭᠡᠵᠢᠯ ᠤᠨ ᠳᠤᠮᠳᠠᠳᠤ | ᠰᠤᠷᠭᠠᠭᠤᠯᠢ᠂ ᠴᠢ ᠫᠠᠨ ᠵᠢᠩ ᠤᠨ ᠳᠤᠮᠳᠠᠳᠤ ᠰᠤᠷᠭᠠᠭᠤᠯᠢ ᠵᠡᠷᠭᠡ 6 ᠰᠤᠷᠭᠠᠭᠤᠯᠢ ᠶᠢᠨ ᠲᠠᠮᠢᠷ ᠤᠨ ᠲᠠᠯᠠᠪᠠᠢ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠵᠦ᠂ | ᠠᠯᠪᠠᠨ ᠵᠢᠷᠤᠮ ᠤᠨ ᠰᠤᠷᠭᠠᠨ ᠬᠥᠮᠥᠵᠢᠯ ᠢ ᠲᠡᠩᠴᠡᠭᠦᠷᠢᠲᠡᠢ ᠬᠥᠭᠵᠢᠭᠦᠯᠬᠦ ᠰᠢᠯᠭᠠᠨ ᠬᠤᠷᠢᠶᠠᠯᠲᠠ ᠶᠢᠨ ᠠᠵᠢᠯ ᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠠᠯᠪᠠᠨ ᠤ | ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠯᠢᠳᠡᠭ ᠡᠮ ᠡᠮᠨᠡᠯᠭᠡ ᠶᠢᠨ ᠡᠬᠢ ᠪᠠᠶᠠᠯᠢᠭ ᠢ ᠦᠨᠳᠦᠰᠦᠨ ᠱᠠᠲᠤᠨ ᠳᠤ ᠪᠠᠭᠤᠯᠭᠠᠬᠤ ᠶᠢ | ᠠᠬᠢᠭᠤᠯᠤᠨ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠡᠪᠡᠳᠴᠢᠨ ᠡᠮᠭᠡᠭ ᠢ | ᠰᠡᠷᠭᠡᠶᠢᠯᠡᠨ ᠬᠤᠷᠢᠭᠯᠠᠬᠤ᠂ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ᠂ ᠬᠢᠲᠠᠳ ᠮᠣᠩᠭᠤᠯ ᠡᠮ ᠡᠮᠨᠡᠯᠭᠡ ᠶᠢᠨ ᠦᠢᠯᠡᠰ ᠢ ᠬᠥᠭᠵᠢᠭᠦᠯᠬᠦ ᠶᠢ ᠢᠳᠡᠪᠬᠢᠲᠡᠢ | ᠰᠠᠶᠢᠲᠤᠷ ᠠᠳᠬᠤᠨ᠎ᠠ᠃ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠦᠨᠳᠦᠰᠦᠲᠡᠨ ᠤ ᠣᠨᠴᠠᠯᠢᠭ ᠢᠶᠠᠷ | ᠲᠣᠪᠣᠶᠢᠮ᠎ᠠ ᠰᠣᠶᠣᠯ ᠤᠨ ᠰᠣᠳᠣᠨ ᠵᠦᠴᠦᠭᠡ ᠶᠢ 1 — 2 ᠵᠣᠬᠢᠶᠠᠨ ᠦᠢᠯᠡᠳᠴᠦ᠂ ᠪᠡᠶ᠎ᠡ ᠶᠢᠨ ᠲᠠᠮᠢᠷ ᠤᠨ ᠣᠷᠳᠣᠨ ᠢ ᠡᠬᠢᠯᠡᠭᠦᠯᠦᠨ ᠪᠠᠶᠢᠭᠤᠯᠵᠤ᠂ ᠮᠣᠩᠭᠤᠯ | ᠤᠨ ᠨᠢᠭᠤᠴᠠ ᠲᠣᠪᠴᠢᠶᠠᠨ ᠤ ᠮᠦᠽᠧᠢ ᠶᠢ ᠪᠠᠷᠢᠵᠤ ᠳᠠᠭᠤᠰᠬᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠲᠤᠬᠠᠢ ᠲᠥᠷᠥ ᠶᠢᠨ | ᠪᠣᠳᠣᠯᠭ᠎ᠠ ᠶᠢ ᠨᠢᠮᠪᠠᠢ ᠲᠣᠣᠱᠯᠠᠭᠤᠯᠵᠦ᠂ ᠦᠨᠳᠦᠰᠦᠲᠡᠨ ᠤ ᠦᠢᠯᠡᠰ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠨᠡᠶᠢᠭᠡᠮ ᠤᠨ ᠪᠠᠲᠤᠯᠠᠪᠤᠷᠢ ᠶᠢᠨ ᠲᠣᠣᠷ ᠢ | ᠪᠦᠷᠢᠨᠰᠢᠭᠦᠯᠵᠦ᠂ ᠵᠡᠮᠳᠡᠭᠴᠦᠳ᠂ ︽ᠭᠤᠷᠪᠠ ᠦᠭᠡᠢ︾ ᠬᠥᠮᠥᠰ᠂ ᠭᠡᠷ ᠲᠡᠭᠡᠨ ᠬᠤᠴᠣᠷᠤᠭᠰᠠᠨ ᠬᠡᠦᠬᠡᠳ ᠵᠡᠷᠭᠡ ᠬᠦᠴᠢᠷᠳᠡᠯᠲᠡᠢ ᠬᠥᠮᠥᠰ ᠤᠨ ᠠᠮᠢᠳᠤᠷᠠᠯ ᠤᠨ | ᠠᠰᠠᠭᠤᠳᠠᠯ ᠢ ᠬᠠᠪᠰᠤᠷᠤᠨ ᠰᠢᠢᠳᠪᠦᠷᠢᠯᠡᠨ᠎ᠡ᠃ ᠬᠤᠶᠠᠷ ᠬᠡᠦᠬᠡᠳ ᠠᠪᠴᠤ ᠪᠣᠯᠬᠤ ᠲᠥᠷᠥ ᠶᠢᠨ ᠪᠣᠳᠣᠯᠭ᠎ᠠ ᠶᠢ ᠬᠠᠤᠯᠢ ᠶᠣᠰᠣᠭᠠᠷ ᠯᠠᠪᠳᠠᠭᠤᠨ ᠠᠬᠢᠭᠤᠯᠤᠨ᠎ᠠ᠃ | ᠣᠶᠣᠨ ᠤ ᠪᠣᠯᠪᠠᠰᠤᠨ ᠤ ᠪᠠᠶᠢᠭᠤᠯᠤᠯᠲᠠ᠂ ᠠᠷᠠᠳᠴᠢᠯᠠᠯ ᠬᠠᠤᠯᠢᠵᠢᠯ ᠤᠨ ᠪᠠᠶᠢᠭᠤᠯᠤᠯᠲᠠ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠥᠵᠢᠯ ᠢ | ᠴᠢᠩᠭᠠᠳᠬᠠᠨ᠂ ᠠᠷᠠᠳ ᠤᠨ ᠠᠭᠠᠷ ᠤᠨ ᠰᠡᠷᠭᠡᠶᠢᠯᠡᠯᠲᠡ ᠴᠠᠭ ᠠᠭᠤᠷ᠂ ᠬᠤᠶᠠᠷ ᠢ ᠬᠦᠷᠢᠶᠡᠯᠡᠬᠦ᠂ ᠨᠠᠰᠤᠲᠠᠶᠢᠴᠤᠳ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ | ᠲᠤᠭ᠎ᠠ ᠪᠦᠷᠢᠳᠬᠡᠯ ᠶᠠᠩᠵᠤ ᠠᠪᠴᠤ ᠪᠠᠶᠢᠴᠠᠭᠠᠬᠤ ᠪᠠ ᠨᠡᠶᠢᠭᠡᠮ ᠤᠨ ᠨᠢᠭᠦᠯᠡᠰᠦᠩᠭᠦᠢ ᠦᠢᠯᠡᠰ ᠢ ᠴᠢᠬᠤᠯᠠᠴᠢᠯᠠᠨ ᠬᠥᠭᠵᠢᠭᠦᠯᠦᠨ᠎ᠡ᠃ | ︵ᠳᠣᠯᠤᠭ᠎ᠠ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠠᠵᠢᠯ ᠤᠨ ᠰᠤᠷᠲᠠᠯ ᠢᠶᠠᠨ ᠬᠠᠯᠠᠨ | ᠰᠠᠶᠢᠵᠢᠷᠠᠭᠤᠯᠬᠤ ᠶᠢ ᠪᠠᠷᠢᠮᠲᠠᠯᠠᠵᠤ᠂ ᠴᠠᠭ ᠢᠮᠠᠭᠲᠠ ᠬᠠᠤᠯᠢᠵᠢᠯ ᠰᠡᠳᠬᠢᠬᠦᠢ ᠪᠠ ᠦᠢᠯᠡᠴᠢᠯᠡᠬᠦ ᠤᠬᠠᠮᠰᠠᠷ ᠢᠶᠠᠷ ᠵᠠᠰᠠᠭ ᠤᠨ ᠣᠷᠳᠣᠨ ᠤ ᠥᠭᠡᠷᠡᠴᠢᠯᠡᠯᠲᠡ | ᠪᠠᠶᠢᠭᠤᠯᠤᠯᠲᠠ ᠶᠢ ᠳᠠᠶᠢᠴᠢᠯᠠᠨ᠂ ᠵᠠᠰᠠᠭ ᠤᠨ ᠣᠷᠳᠣᠨ ᠤ ᠴᠢᠳᠠᠪᠤᠷᠢ ᠶᠢᠨ ᠬᠤᠪᠢᠷᠠᠭᠤᠯᠤᠯᠲᠠ ᠶᠢ ᠠᠳᠬᠤᠵᠤ᠂ ᠵᠠᠰᠠᠭ ᠤᠨ ᠣᠷᠳᠣᠨ ᠤ ᠡᠯ᠎ᠡ ᠲᠥᠷᠥᠯ ᠤᠨ | ᠠᠵᠢᠯ ᠢ ᠲᠣᠣᠱᠯᠠᠭᠤᠯᠤᠨᠠ᠃ ᠦᠵᠡᠯ ᠰᠠᠨᠠᠭ᠎ᠠ ᠪᠠᠨ ᠴᠢᠯᠦᠭᠡᠯᠡᠵᠦ᠂ ᠵᠣᠷᠢᠭᠲᠠᠢ ᠪᠠᠷ ᠰᠢᠨ᠎ᠡ ᠶᠢ ᠡᠭᠦᠳᠦᠨ᠂ ᠰᠢᠪᠲᠤᠯᠤᠯᠲᠠ ᠭᠠᠷᠭᠠᠨ᠎ᠠ᠃ ᠲᠠᠪᠤᠨ ᠶᠡᠭᠡ | ᠬᠥᠭᠵᠢᠯᠲᠡ ᠶᠢᠨ ᠣᠶᠢᠯᠠᠭᠠᠭᠲᠠᠬᠤᠨ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠦᠵᠡᠯ ᠰᠠᠨᠠᠭᠠᠨ ᠤ ᠬᠠᠷᠰᠢ ᠰᠠᠭᠠᠳ | ᠢ ᠠᠷᠢᠯᠭᠠᠨ᠂ ᠰᠢᠨ᠎ᠡ ᠬᠡᠪ ᠪᠠᠶᠢᠳᠠᠯ ᠳᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠠᠷᠭ᠎ᠠ ᠲᠤᠷᠰᠢᠯᠭ᠎ᠠ ᠶᠢ ᠢᠳᠡᠪᠬᠢᠲᠡᠢ ᠰᠦᠪᠡᠭᠴᠢᠯᠡᠵᠦ᠂ ᠬᠥᠭᠵᠢᠯᠲᠡ ᠶᠢᠨ | ᠠᠷᠭ᠎ᠠ ᠵᠠᠮ ᠢ ᠰᠢᠨᠡᠴᠢᠯᠡᠨ᠂ ᠠᠷᠭ᠎ᠠ ᠪᠠᠷᠢᠯ ᠢ ᠲᠡᠭᠦᠯᠳᠡᠷᠵᠢᠭᠦᠯᠵᠦ᠂ ᠪᠦᠲᠦᠴᠡ ᠶᠢ ᠰᠢᠯᠢᠳᠡᠭᠵᠢᠭᠦᠯᠬᠦ᠂ ᠬᠥᠳᠡᠯᠭᠡᠭᠴᠢ ᠬᠦᠴᠦᠨ ᠢ ᠴᠢᠩᠭᠠᠳᠬᠠᠬᠤ᠂ ᠵᠥᠷᠢᠴᠡᠯ ᠢ | ᠨᠠᠮᠳᠠᠭᠤᠯᠬᠤ᠂ ᠳᠤᠲᠠᠭᠳᠠᠯ ᠢ ᠨᠥᠬᠦᠪᠦᠷᠢᠯᠡᠬᠦ ᠲᠠᠯ᠎ᠠ ᠪᠠᠷ ᠪᠣᠳᠠᠲᠤ ᠠᠬᠢᠴᠠ ᠭᠠᠷᠭᠠᠨ᠎ᠠ᠃ ᠴᠢᠳᠠᠪᠤᠷᠢ ᠪᠠᠨ ᠬᠤᠪᠢᠷᠠᠭᠤᠯᠵᠤ᠂ ᠬᠠᠮᠢᠶᠠᠷᠤᠯᠲᠠ ᠪᠠᠨ ᠴᠢᠩᠭᠠᠳᠬᠠᠨ᠂ | ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ ᠴᠢᠳᠠᠪᠤᠷᠢ ᠶᠢᠨ ᠬᠤᠪᠢᠷᠠᠭᠤᠯᠤᠯᠲᠠ ᠶᠢ ᠵᠠᠰᠠᠭ ᠵᠠᠬᠢᠷᠭᠠᠨ ᠤ ᠲᠣᠭᠲᠠᠴᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠭᠤᠣᠯ ᠠᠭᠤᠯᠭ᠎ᠠ ᠪᠣᠯᠭᠠᠬᠤ ᠶᠢ ᠪᠠᠷᠢᠮᠲᠠᠯᠠᠵᠤ᠂ ᠡᠯ᠎ᠡ ᠲᠥᠷᠥᠯ ᠤᠨ ᠶᠠᠷᠰᠢᠭ ᠲᠦᠪᠡᠭᠲᠡᠢ ᠭᠠᠷᠳᠠᠮ ᠢ ᠳᠥᠭᠦᠮᠴᠢᠯᠡᠨ᠂ | ᠵᠠᠰᠠᠭ ᠤᠨ ᠶᠠᠪᠤᠳᠠᠯ ᠢ ᠢᠯᠠ ᠪᠣᠯᠭᠠᠬᠤ ᠶᠢ ᠶᠡᠬᠡᠪᠡᠷ ᠠᠬᠢᠭᠤᠯᠵᠤ᠂ ᠠᠵᠢᠯ ᠬᠢᠬᠦ ᠦᠭᠡᠢ ᠪᠤᠶᠤ ᠳᠤᠷ᠎ᠠ ᠪᠠᠷ ᠢᠶᠠᠨ ᠬᠢᠬᠦ᠂ ︽ᠢᠳᠡᠬᠦ ᠠᠪᠬᠤ ᠭᠠᠴᠢᠬᠤ ᠬᠢᠬᠠᠬᠤ︾ | ᠵᠡᠷᠭᠡ ᠠᠵᠢᠯᠯᠠᠭ᠎ᠠ ᠳᠤ ᠴᠣᠬᠢᠯᠲᠠ ᠥᠭᠴᠦ᠂ ᠬᠠᠤᠯᠢᠵᠢᠵᠤ ᠲᠦᠳᠡᠴᠢᠯᠡᠭᠰᠠᠨ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠴᠢᠷᠮᠠᠶᠢᠨ ᠡᠭᠦᠳᠴᠦ᠂ ᠠᠷᠠᠳ | ᠣᠯᠠᠨ᠂ ᠠᠵᠤ ᠠᠬᠤᠶᠢᠯᠠᠯ᠂ ᠦᠨᠳᠦᠰᠦᠨ ᠱᠠᠲᠤᠨ ᠳᠤ ᠬᠠᠮᠤᠭ ᠶᠡᠭᠡ ᠬᠡᠮᠵᠢᠶ᠎ᠡ ᠪᠠᠷ ᠳᠥᠭᠦᠮ ᠦᠵᠡᠭᠦᠯᠦᠨ᠎ᠡ᠃ ᠬᠠᠤᠯᠢ ᠶᠣᠰᠣᠭᠠᠷ ᠵᠠᠰᠠᠭ ᠶᠠᠪᠤᠭᠤᠯᠵᠤ᠂ | ᠬᠠᠤᠯᠢᠵᠢᠯ ᠢ ᠴᠢᠬᠤᠯᠠᠴᠢᠯᠠᠨ᠂ ᠵᠢᠷᠤᠮᠵᠢᠯ ᠢ ᠴᠢᠩᠭᠠᠷᠠᠭᠤᠯᠤᠨ᠎ᠠ᠃ ᠬᠤᠰᠢᠭᠤᠨ ᠤ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠶᠢ ᠡᠷᠡᠰ ᠬᠦᠷᠢᠶᠡᠯᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠪᠠ ᠨᠡᠶᠢᠭᠡᠮ ᠤᠨ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠂ ᠠᠷᠠᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠬᠢᠭᠡᠳ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ | ᠤᠨ ᠰᠠᠨᠠᠯ ᠳᠤᠷᠠᠳᠤᠯᠭ᠎ᠠ ᠶᠢ ᠬᠢᠨᠠᠮᠠᠭᠠᠢ ᠰᠢᠢᠳᠪᠦᠷᠢᠯᠡᠨ᠎ᠡ᠃ ᠵᠠᠰᠠᠭ ᠵᠠᠬᠢᠷᠭᠠᠨ ᠤ ᠡᠷᠬᠡ ᠶᠢᠨ ᠬᠢᠨᠠᠯᠲᠠ ᠬᠦᠯᠢᠶᠡᠰᠦᠯᠡᠯ ᠢ ᠴᠢᠩᠭᠠᠳᠬᠠᠨ᠂ ︽ᠭᠤᠷᠪᠠᠨ ᠴᠢᠬᠤᠯᠠ | ᠨᠢᠭᠡ ᠶᠡᠭᠡ︾ ᠳᠦᠷᠢᠮ ᠢ ᠴᠢᠩᠭ᠎ᠠ ᠬᠡᠷᠡᠭᠵᠢᠭᠦᠯᠵᠦ᠂ ︽ᠲᠡᠷᠢᠭᠦᠨ ᠬᠠᠷᠢᠭᠤᠴᠠᠯᠭᠠᠲᠠᠨ︾ ᠨᠢ ᠺᠠᠳ᠋ᠷ ᠠᠵᠢᠯᠲᠠᠨ ᠤ ᠶᠠᠪᠤᠳᠠᠯ᠂ ᠡᠳ᠋ ᠤᠨ ᠶᠠᠪᠤᠳᠠᠯ ᠤᠨ ᠣᠷᠣᠯᠭ᠎ᠠ | ᠵᠠᠷᠤᠯᠭ᠎ᠠ᠂ ᠢᠨᠵᠧᠨᠧᠷᠢᠩ ᠤᠨ ᠲᠥᠷᠥᠯ ᠵᠦᠢᠯ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠡᠳ᠋ ᠪᠣᠳᠠᠰ ᠤᠨ ᠬᠤᠳᠠᠯᠳᠤᠨ ᠠᠪᠤᠯᠲᠠ ᠵᠡᠷᠭᠡ ᠠᠵᠢᠯ ᠢ ᠰᠢᠭᠤᠳ | ᠬᠤᠪᠢᠶᠠᠨ ᠬᠠᠮᠢᠶᠠᠷᠬᠤ ᠦᠭᠡᠢ ᠪᠠᠷ ᠣᠶᠣᠨ ᠤᠬᠠᠭᠠᠨ ᠢᠶᠠᠨ ᠲᠥᠪᠯᠡᠷᠡᠭᠦᠯᠦᠨ ᠪᠦᠬᠦ ᠲᠠᠯ᠎ᠠ ᠶᠢ ᠲᠥᠯᠥᠪᠯᠡᠵᠦ᠂ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ | ᠠᠵᠢᠯ ᠤᠨ ᠰᠤᠷᠲᠠᠯ ᠢᠶᠠᠨ ᠬᠠᠯᠠᠨ ᠰᠠᠶᠢᠵᠢᠷᠠᠭᠤᠯᠵᠤ᠂ ᠵᠣᠷᠢᠭᠲᠠᠢ ᠡᠭᠦᠷᠭᠡᠯᠡᠨ᠂ ᠪᠦᠲᠦᠮᠵᠢ ᠭᠠᠷᠭᠠᠨ᠎ᠠ᠃ ᠲᠥᠪ ᠤᠨ ︽ᠨᠠᠢᠮᠠᠨ ᠲᠣᠭᠲᠠᠭᠠᠯ︾ ᠬᠢᠭᠡᠳ ᠡᠯ᠎ᠡ | ᠱᠠᠲᠤᠨ ᠤ ᠢᠵᠢ ᠪᠦᠷᠢᠳᠦᠭᠰᠡᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ︽ᠳᠥᠷᠪᠡᠨ ᠰᠤᠷᠲᠠᠯ︾ ᠢ ᠴᠤᠴᠠᠯᠲᠠ ᠦᠭᠡᠢ ᠵᠠᠯᠠᠷᠠᠭᠤᠯᠤᠨ᠂ ︽ᠭᠤᠷᠪᠠᠨ ᠴᠢᠩᠭ᠎ᠠ | ᠭᠤᠷᠪᠠᠨ ᠪᠣᠳᠠᠲᠠᠢ︾ ᠶᠢ ᠨᠢᠮᠪᠠᠢ ᠦᠢᠯᠡᠳᠦᠯᠭᠡᠵᠢᠭᠦᠯᠵᠦ᠂ ᠰᠢᠷᠭᠠᠭᠤ ᠬᠠᠲᠠᠭᠤᠵᠢᠯᠲᠠᠢ ᠦᠨᠡᠨ ᠪᠣᠳᠠᠲᠠᠢ ᠠᠵᠢᠯᠯᠠᠬᠤ ᠠᠵᠢᠯ ᠤᠨ ᠰᠤᠷᠲᠠᠯ ᠢ ᠬᠡᠪᠰᠢᠵᠢᠭᠦᠯᠦᠨ᠂ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠬᠢᠨᠠᠨ ᠰᠢᠯᠭᠠᠷᠠᠭᠤᠯᠵᠤ ᠤᠷᠮᠠᠰᠢᠭᠤᠯᠤᠨ ᠵᠣᠷᠢᠭᠵᠢᠭᠤᠯᠬᠤ ᠪᠠ ᠱᠠᠭᠠᠷᠳᠠᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ | ᠳᠦᠷᠢᠮ ᠢ ᠲᠡᠭᠦᠯᠳᠡᠷᠵᠢᠭᠦᠯᠦᠨ᠂ ᠨᠠᠶᠢᠳᠠᠪᠤᠷᠢᠵᠢᠭᠤᠯᠤᠯᠲᠠ ᠶᠢ ᠬᠦᠴᠦᠯᠡᠨ ᠠᠳᠬᠤᠵᠤ᠂ ︽ᠳᠤᠮᠳᠠ ᠠᠴᠠ ᠬᠠᠰᠢᠬᠤ︾ ᠶᠢ ᠦᠭᠡᠶᠢᠰᠬᠡᠨ᠂ ︽ᠡᠴᠦᠰ ᠤᠨ ᠨᠢᠭᠡ | ᠺᠢᠯᠤᠮᠧᠲᠷ︾ ᠤᠨ ᠠᠵᠢᠯ ᠢ ᠪᠡᠶᠡᠯᠡᠭᠦᠯᠦᠨ᠎ᠡ᠃ ᠠᠷᠢᠭᠤᠨ ᠴᠢᠭᠡᠴᠢ ᠪᠠᠷ ᠪᠡᠶ᠎ᠡ ᠪᠠᠨ ᠱᠠᠭᠠᠷᠳᠠᠵᠤ᠂ ᠰᠠᠬᠢᠯᠭ᠎ᠠ ᠪᠠᠲᠤ ᠶᠢ ᠰᠠᠬᠢᠨ᠂ ᠳᠦᠷᠢᠮ ᠲᠣᠭᠲᠠᠭᠠᠯ ᠢ | ᠵᠢᠷᠤᠮᠯᠠᠨ᠎ᠠ᠃ ᠰᠠᠬᠢᠯᠭ᠎ᠠ ᠪᠠᠲᠤ ᠶᠢ ᠲᠡᠷᠢᠭᠦᠨ ᠳᠤ ᠲᠠᠯᠪᠢᠵᠤ᠂ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠢᠨᠠᠨ ᠪᠣᠳᠣᠯᠲᠠ ᠶᠢᠨ ᠬᠢᠨᠠᠯᠲᠠ ᠪᠠ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠶᠢ ᠴᠢᠩᠭᠠᠳᠬᠠᠨ᠂ | ᠰᠠᠬᠢᠯᠭ᠎ᠠ ᠪᠠᠲᠤ ᠬᠠᠤᠯᠢ ᠴᠠᠭᠠᠵᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠢᠯᠵᠢᠷᠡᠭᠰᠡᠨ ᠢ ᠵᠠᠪᠠᠯ ᠵᠠᠯᠬᠠᠭᠠᠨ᠂ | ᠬᠡᠭᠡᠯᠢ ᠬᠠᠭ᠋ᠤᠤᠯᠢ ᠢᠳᠡᠭᠰᠡᠨ ᠢ ᠵᠠᠪᠠᠯ ᠰᠢᠳᠬᠡᠵᠦ᠂ ᠺᠠᠳ᠋ᠷ ᠨᠢ ᠲᠥᠪ ᠬᠢᠴᠢᠶᠡᠩᠭᠦᠢ᠂ ᠵᠠᠰᠠᠭ ᠤᠨ ᠣᠷᠳᠣᠨ ᠨᠢ ᠠᠷᠢᠭᠤᠨ ᠴᠢᠭᠡᠴᠢ᠂ ᠤᠯᠤᠰ ᠲᠥᠷᠥ ᠨᠢ ᠢᠯᠠ | ᠲᠣᠳᠣ ᠪᠠᠶᠢᠬᠤ ᠶᠢ ᠴᠢᠷᠮᠠᠶᠢᠨ ᠪᠡᠶᠡᠯᠡᠭᠦᠯᠦᠨ᠎ᠡ᠃ | ᠲᠦᠯᠣᠭᠡᠯᠡᠭᠴᠢᠳ ᠡ᠂ ᠨᠥᠬᠦᠳ ᠡ᠂ ᠰᠢᠨ᠎ᠡ ᠬᠠᠷᠠᠯᠲᠠ ᠪᠢᠳᠠᠨ ᠢ ᠤᠷᠮᠠᠰᠢᠭᠤᠯᠬᠤᠶᠠ᠂ ᠰᠢᠨ᠎ᠡ ᠪᠠᠶᠢᠳᠠᠯ ᠪᠢᠳᠠᠨ ᠢ ᠤᠷᠤᠭᠰᠢᠯᠠᠭᠤᠯᠤᠨᠠᠮ᠂ ᠰᠢᠨ᠎ᠡ ᠠᠶᠠᠨ | ᠤ ᠡᠭᠦᠷᠭᠡ ᠬᠦᠨᠳᠦ ᠵᠠᠮ ᠬᠤᠯᠠ ᠪᠠᠶᠢᠨ᠎ᠠ᠃ ᠪᠢᠳᠠ ᠬᠤᠰᠢᠭᠤᠨ ᠤ ᠨᠡᠮ ᠤᠨ ᠬᠤᠷᠢᠶ᠎ᠠ ᠶᠢᠨ ᠪᠡᠳᠣ ᠴᠢᠩᠭ᠎ᠠ ᠣᠳᠣᠷᠢᠳᠣᠯᠭ᠎ᠠ ᠲᠣᠣᠷ᠎ᠠ᠂ ᠬᠥᠭᠵᠢᠯᠲᠡ ᠶᠢᠨ ᠡᠭᠦᠷᠭᠡ | ᠂ ᠲᠤᠰᠢᠶᠠᠯ ᠬᠠᠷᠢᠭᠤᠴᠠᠯᠭ᠎ᠠ᠂ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠷᠡᠯᠬᠡᠭᠯᠡᠨ ᠤᠷᠤᠭᠰᠢᠯᠠᠵᠤ᠂ ᠵᠣᠷᠢᠭᠲᠠᠢ ᠡᠭᠦᠷᠭᠡᠯᠡᠨ᠂ ᠪᠣᠳᠠᠲᠠᠢ | ᠠᠵᠢᠯᠯᠠᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠰᠠᠶᠢᠨ ᠡᠬᠢᠯᠡᠯᠲᠡ ᠶᠢ ᠨᠡᠭᠡᠭᠡᠨ᠂ ᠯᠠᠪᠳᠠᠭᠤᠨ ᠢᠶᠠᠷ ᠠᠯᠤᠰ ᠢ ᠵᠣᠷᠢᠵᠤ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠬᠦ ᠪᠠᠷ ᠴᠢᠷᠮᠠᠶᠢᠵᠠᠭᠠᠶ᠎ᠠ︕ | | | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠠᠬᠢ ᠨᠡᠷᠡᠰ ᠤᠨ ᠲᠠᠶᠢᠯᠪᠦᠷᠢ | ᠬᠠᠩᠭᠠᠯᠭ᠎ᠠ ᠶᠢᠨ ᠲᠠᠯ᠎ᠠ ᠪᠠᠷ ᠬᠢ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ᠄ 2015 ᠣᠨ ᠤ 12 ᠳ᠋ᠤᠭᠠᠷ ᠰᠠᠷ᠎ᠠ ᠳᠤ ᠪᠣᠯᠤᠭᠰᠠᠨ ᠲᠥᠪ ᠤᠨ ᠠᠵᠤ | ᠠᠬᠤᠢ ᠶᠢᠨ ᠠᠵᠢᠯ ᠤᠨ ᠬᠤᠷᠠᠯ ᠳᠡᠭᠡᠷ᠎ᠡ ᠳᠤᠷᠠᠳᠤᠭᠰᠠᠨ ᠭᠤᠣᠯᠳᠠᠯᠭᠠᠲᠤ ᠠᠵᠢᠯ ᠤᠨ ᠡᠭᠦᠷᠭᠡ ᠪᠣᠯᠣᠨ᠎ᠠ᠃ ᠭᠤᠣᠯᠳᠠᠭᠤ ᠠᠵᠤ ᠠᠬᠤᠢ ᠶᠢᠨ ᠪᠦᠲᠦᠴᠡ ᠶᠢ | ᠲᠣᠬᠢᠷᠠᠭᠤᠯᠵᠤ᠂ ᠬᠥᠳᠡᠯᠮᠦᠷᠢ ᠬᠦᠴᠦ᠂ ᠭᠠᠵᠠᠷ ᠰᠢᠷᠣᠢ᠂ ᠬᠥᠷᠥᠩᠭᠡ ᠮᠥᠩᠭᠦ᠂ ᠰᠢᠨ᠎ᠡ ᠡᠭᠦᠳᠦᠯᠲᠡ ᠳᠥᠷᠪᠡᠨ ᠡᠯᠧᠮᠧᠨ᠋ᠲ ᠢ ᠠᠬᠢᠭᠤᠯᠤᠨ ᠬᠠᠮᠤᠭ ᠰᠢᠯᠢᠳᠡᠭ | ᠲᠣᠬᠢᠷᠠᠭᠤᠯᠭ᠎ᠠ ᠶᠢ ᠪᠡᠶᠡᠯᠡᠭᠦᠯᠵᠦ᠂ ᠦᠢᠯᠡᠳᠪᠦᠷᠢᠯᠡᠯ ᠤᠨ ᠴᠢᠳᠠᠪᠤᠷᠢ ᠶᠢᠨ ᠦᠯᠡᠭᠦᠳᠡᠯ ᠢ ᠰᠢᠢᠳᠪᠦᠷᠢᠯᠡᠬᠦ᠂ ᠭᠡᠷ ᠭᠠᠵᠠᠷ ᠬᠥᠷᠥᠩᠭᠡ ᠶᠢᠨ ᠪᠡᠯᠡᠨ ᠪᠠᠶᠢᠭ᠎ᠠ ᠠᠰᠠᠷ | ᠪᠠᠷᠢᠯᠭ᠎ᠠ ᠶᠢ ᠰᠢᠢᠳᠪᠦᠷᠢᠯᠡᠬᠦ᠂ ᠬᠥᠰᠢᠭᠦᠷᠭᠡ ᠶᠢ ᠦᠭᠡᠶᠢᠰᠬᠡᠬᠦ᠂ ᠥᠪᠡᠷ ᠤᠨ ᠥᠷᠲᠡᠭ ᠢ ᠪᠠᠭᠤᠷᠠᠭᠤᠯᠬᠤ᠂ ᠳᠤᠲᠠᠭᠳᠠᠯ ᠢ ᠨᠥᠬᠦᠪᠦᠷᠢᠯᠡᠬᠦ ᠲᠠᠪᠤᠨ ᠶᠡᠭᠡ ᠡᠭᠦᠷᠭᠡ ᠶᠢ | ᠭᠤᠣᠯᠳᠠᠯᠭ᠎ᠠ ᠲᠠᠢ ᠰᠠᠶᠢᠲᠤᠷ ᠠᠳᠬᠤᠨ᠂ ᠭᠤᠷᠪᠠᠳᠤᠭᠠᠷ ᠠᠵᠤ ᠦᠢᠯᠡᠰ ᠤᠨ ᠬᠤᠪᠢ ᠶᠢᠨ ᠵᠢᠩ ᠤᠨ ᠳᠡᠭᠡᠭᠰᠢᠯᠡᠯᠲᠡ ᠶᠢ ᠠᠬᠢᠭᠤᠯᠵᠤ᠂ ᠠᠵᠤ ᠦᠢᠯᠡᠳᠪᠦᠷᠢ ᠶᠢᠨ | ᠳᠣᠲᠣᠭᠠᠳᠤ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠬᠠᠮᠤᠭ ᠰᠡᠭᠦᠯ ᠳᠤ ᠠᠵᠤ ᠠᠬᠤᠶᠢᠯᠠᠯ ᠤᠨ ᠠᠰᠢᠭ ᠬᠤᠨᠵᠢᠪᠤᠷᠢ ᠶᠢᠨ ᠣᠷᠣᠨ ᠵᠠᠢ ᠶᠢᠨ | ᠥᠷᠭᠡᠳᠦᠯ᠂ ᠬᠥᠳᠡᠯᠮᠦᠷᠢᠴᠢᠳ ᠤᠨ ᠣᠷᠣᠯᠭ᠎ᠠ ᠶᠢᠨ ᠨᠡᠮᠡᠭᠳᠡᠯ᠂ ᠠᠵᠤ ᠠᠬᠤᠢ ᠶᠢᠨ ᠨᠡᠮᠡᠭᠳᠡᠯ ᠤᠨ ᠶᠠᠰᠤ ᠴᠢᠨᠠᠷ ᠤᠨ ᠳᠡᠭᠡᠭᠰᠢᠯᠡᠯᠲᠡ ᠶᠢ ᠪᠡᠶᠡᠯᠡᠭᠦᠯᠬᠦ ᠶᠢ ᠵᠢᠭᠠᠵᠤ | ᠪᠣᠢ᠃ | ᠵᠢᠷᠭᠤᠭᠠᠨ ᠣᠨᠣᠪᠴᠢᠲᠠᠢ᠄ ᠲᠡᠳᠬᠦᠬᠦ ᠡᠲᠡᠭᠡᠳ ᠣᠨᠣᠪᠴᠢᠲᠠᠢ᠂ ᠲᠥᠷᠥᠯ ᠵᠦᠢᠯ ᠤᠨ ᠲᠣᠬᠢᠷᠠᠭᠤᠯᠭ᠎ᠠ ᠣᠨᠣᠪᠴᠢᠲᠠᠢ᠂ ᠪᠡᠯᠡ ᠮᠥᠩᠭᠦᠨ ᠤ ᠬᠡᠷᠡᠭᠯᠡᠯᠲᠡ | ᠣᠨᠣᠪᠴᠢᠲᠠᠢ᠂ ᠠᠷᠭ᠎ᠠ ᠪᠠᠷᠢᠯ ᠢ ᠡᠷᠦᠬᠡ ᠳᠤ ᠨᠠᠶᠢᠳᠠᠪᠤᠷᠢᠵᠢᠭᠤᠯᠬᠤ ᠨᠢ ᠣᠨᠣᠪᠴᠢᠲᠠᠢ᠂ ᠭᠠᠴᠠᠭ᠎ᠠ ᠲᠣᠰᠬᠤᠨ ᠳᠤ ᠲᠣᠮᠢᠯᠠᠭᠰᠠᠨ ᠬᠥᠮᠥᠨ ︵ᠨᠢᠭᠡᠳᠦᠭᠡᠷ ᠱᠦᠵᠢ︶ | ᠣᠨᠣᠪᠴᠢᠲᠠᠢ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠣᠨᠣᠪᠴᠢᠲᠠᠢ ᠪᠠᠶᠢᠬᠤ ᠶᠢ ᠵᠢᠭᠠᠨ᠎ᠠ᠃ | ︽ᠣᠯᠠᠨ ᠦᠨᠡᠮᠯᠡᠯ ᠢ ᠨᠢᠭᠡᠳᠬᠡᠬᠦ᠂ ᠨᠢᠭᠡ ᠭᠡᠷᠡᠴᠢ ᠳᠤ ᠨᠢᠭᠡ ᠺᠣᠳ᠋ ᠬᠠᠳᠠᠬᠤ︾ ᠳᠠᠩᠰᠠᠯᠠᠬᠤ ᠳᠦᠷᠢᠮ᠄ ︽ᠨᠢᠭᠡ ᠴᠣᠩᠬᠤᠪᠴᠢ ᠦᠢᠯᠡᠴᠢᠯᠡᠭᠡᠨ ᠤ | ᠪᠠᠶᠢᠭᠤᠯᠭ᠎ᠠ ᠬᠦᠯᠢᠶᠡᠨ ᠰᠢᠢᠳᠪᠦᠷᠢᠯᠡᠵᠦ᠂ ᠣᠯᠠᠨ ᠪᠠᠶᠢᠭᠤᠯᠭ᠎ᠠ ᠬᠤᠯᠪᠣᠭᠠᠯᠠᠨ ᠬᠢᠨᠠᠨ ᠵᠥᠪᠰᠢᠶᠡᠷᠡᠵᠦ᠂ ᠰᠤᠷᠠᠭ ᠵᠠᠩᠭᠢ ᠶᠢ ᠬᠠᠮᠲᠤᠪᠠᠷ ᠡᠳ᠋ᠯᠡᠨ᠂ ᠨᠢᠭᠡ ᠦᠨᠡᠮᠯᠡᠯ | ᠬᠢᠨᠠᠨ ᠣᠯᠭᠤᠬᠤ︾ ᠤᠴᠢᠷ ᠶᠠᠪᠤᠳᠠᠯ ᠭᠦᠢᠴᠡᠳᠬᠡᠬᠦ ᠵᠠᠭᠪᠤᠷ ᠢᠶᠠᠷ ᠦᠢᠯᠡᠳᠪᠦᠷᠢ ᠬᠤᠳᠠᠯᠳᠤᠭ᠎ᠠ᠂ ᠶᠠᠰᠤ ᠴᠢᠨᠠᠷ ᠲᠤ ᠬᠢᠨᠠᠯᠲᠠ ᠲᠠᠯᠪᠢᠬᠤ᠂ ᠭᠠᠶᠢᠯᠢ ᠶᠢᠨ ᠶᠠᠪᠤᠳᠠᠯ | ᠵᠡᠷᠭᠡ ᠣᠯᠠᠨ ᠪᠠᠶᠢᠭᠤᠯᠭ᠎ᠠ ᠠᠴᠠ ᠲᠤᠰ ᠲᠤᠰ ᠠᠳᠠᠯᠢ ᠪᠤᠰᠤ ᠦᠨᠡᠮᠯᠡᠯ ᠭᠡᠷᠡᠴᠢ ᠲᠠᠷᠬᠠᠭᠠᠵᠤ ᠪᠠᠶᠢᠭᠰᠠᠨ ᠢ ᠵᠠᠬ᠎ᠠ ᠳᠡᠯᠭᠡᠭᠦᠷ ᠢ ᠬᠢᠨᠠᠨ ᠬᠠᠮᠢᠶᠠᠷᠴᠤ ᠪᠦᠬᠦᠢ | ᠪᠠᠶᠢᠭᠤᠯᠭ᠎ᠠ ᠠᠴᠠ ᠰᠢᠭᠤᠳ ᠬᠢᠨᠠᠨ ᠲᠠᠷᠬᠠᠭᠠᠭᠰᠠᠨ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ ᠢᠲᠡᠭᠡᠮᠵᠢ ᠶᠢᠨ | ᠲᠥᠯᠥᠭᠡᠯᠡᠬᠦ ᠲᠡᠮᠳᠡᠭ ᠤᠨ ᠡᠵᠡᠩᠨᠡᠯᠲᠡ ᠶᠢᠨ ᠦᠨᠡᠮᠯᠡᠯ ᠪᠣᠯᠭᠠᠨ ᠥᠭᠡᠷᠡᠴᠢᠯᠡᠬᠦ ᠳᠦᠷᠢᠮ ᠢ ᠵᠢᠭᠠᠨ᠎ᠠ᠃ | ︽PPP︾ ᠵᠠᠭᠪᠤᠷ᠄ ᠳᠠᠷᠤᠢ ᠠᠯᠪᠠᠨ ᠪᠠ ᠬᠤᠪᠢ ᠬᠤᠷᠰᠢᠨ ᠠᠵᠢᠯᠯᠠᠬᠤ ᠵᠠᠭᠪᠤᠷ ᠢ ᠬᠡᠯᠡᠵᠦ ᠪᠣᠢ᠂ ᠡᠨᠡ ᠬᠦ ᠵᠠᠭᠪᠤᠷ ᠲᠤ ᠬᠤᠪᠢ ᠶᠢᠨ ᠡᠵᠡᠩᠨᠡᠯᠲᠡ | ᠶᠢᠨ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠬᠥᠷᠥᠩᠭᠡ ᠮᠥᠩᠭᠦ ᠨᠢ ᠵᠠᠰᠠᠭ ᠤᠨ ᠣᠷᠳᠣᠨ ᠯᠤᠭ᠎ᠠ ᠬᠤᠷᠰᠢᠨ ᠠᠵᠢᠯᠯᠠᠵᠤ᠂ ᠣᠯᠠᠨ ᠨᠡᠶᠢᠲᠡ ᠶᠢᠨ ᠰᠠᠭᠤᠷᠢ | ᠲᠥᠬᠦᠭᠡᠷᠦᠮᠵᠢ ᠶᠢᠨ ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠤᠨ᠎ᠠ᠃ | ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭ ᠢ ᠰᠣᠯᠢᠬᠤ᠄ ᠣᠷᠣᠨ ᠨᠤᠲᠤᠭ ᠤᠨ ᠵᠠᠰᠠᠭ ᠤᠨ ᠣᠷᠳᠣᠨ ᠵᠢᠭᠡᠯᠡᠯᠭᠡ ᠶᠢᠨ ᠲᠡᠮᠳᠡᠭ ᠢ ᠰᠢᠭᠤᠳ | ᠲᠠᠷᠬᠠᠭᠠᠵᠤ ᠤᠯᠤᠰ ᠤᠨ ᠰᠠᠩ ᠳᠠᠬᠢ ᠥᠷᠢ ᠰᠢᠷᠢ ᠶᠢ ᠣᠷᠣᠯᠠᠭᠤᠯᠬᠤ ᠪᠤᠶᠤ ᠳᠠᠬᠢᠨ ᠪᠡᠯᠡ ᠬᠤᠷᠠᠮᠳᠤᠭᠤᠯᠬᠤ ᠶᠢ ᠬᠡᠯᠡᠵᠦ ᠪᠣᠢ᠂ ᠣᠷᠣᠨ ᠨᠤᠲᠤᠭ ᠤᠨ ᠵᠠᠰᠠᠭ ᠤᠨ | ᠣᠷᠳᠣᠨ ᠥᠷᠢ ᠰᠢᠷᠢ ᠶᠢᠨ ᠲᠦᠭᠰᠢᠭᠦᠷᠢ ᠶᠢ ᠠᠷᠭᠠᠴᠠᠬᠤ ᠳᠤ ᠬᠡᠷᠡᠭᠯᠡᠳᠡᠭ ᠬᠤᠭᠤᠴᠠᠭ᠎ᠠ ᠲᠤᠯᠤᠭᠰᠠᠨ ᠥᠷᠢ ᠰᠢᠷᠢ ᠶᠢᠨ ᠬᠤᠭᠤᠴᠠᠭ᠎ᠠ ᠶᠢ ᠨᠢ ᠤᠷᠲᠤᠳᠬᠠᠬᠤ | ᠨᠢᠭᠡ ᠵᠦᠢᠯ ᠤᠨ ᠠᠷᠭ᠎ᠠ ᠪᠣᠯᠣᠨ᠎ᠠ᠃ | ᠣᠯᠠᠨ ᠲᠥᠯᠥᠪᠵᠢᠭᠦᠯᠭᠡ ᠶᠢ ᠨᠢᠭᠡᠳᠬᠡᠬᠦ᠄ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠪᠠᠷ ᠦᠨᠳᠦᠰᠦᠯᠡᠯ | ᠪᠣᠯᠭᠠᠨ᠂ ᠬᠤᠲᠠ ᠬᠥᠳᠡᠭᠡ ᠶᠢᠨ ᠪᠠᠶᠢᠭᠤᠯᠤᠯᠲᠠ᠂ ᠭᠠᠵᠠᠷ ᠰᠢᠷᠣᠢ ᠶᠢᠨ ᠠᠰᠢᠭᠯᠠᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠡᠯ᠎ᠡ ᠲᠥᠷᠥᠯ ᠤᠨ | ᠲᠥᠯᠥᠪᠵᠢᠭᠦᠯᠭᠡ ᠶᠢ ᠪᠦᠲᠦᠮᠵᠢᠲᠡᠢ ᠵᠠᠯᠭᠠᠯᠳᠤᠭᠤᠯᠵᠤ᠂ ︽ᠣᠯᠠᠨ ᠲᠥᠯᠥᠪᠵᠢᠭᠦᠯᠬᠡ︾ ᠲᠣᠭᠲᠠᠭᠠᠬᠤ ᠴᠢᠬᠤᠯᠠ ᠣᠷᠣᠨ ᠵᠠᠢ ᠶᠢᠨ ᠪᠣᠯᠵᠣᠯᠲᠤ ᠲᠤᠭ᠎ᠠ ᠶᠢ | ᠨᠢᠭᠡᠳᠦᠯᠲᠡᠢ ᠪᠣᠯᠭᠠᠬᠤ ᠶᠢ ᠪᠠᠲᠤᠯᠠᠨ᠂ ᠣᠷᠣᠨ ᠵᠠᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ᠂ ᠡᠬᠢ ᠰᠤᠷᠪᠤᠯᠵᠢ ᠶᠢ ᠪᠦᠲᠦᠮᠵᠢᠲᠡᠢ ᠲᠣᠬᠢᠷᠠᠭᠤᠯᠬᠤ᠂ ᠵᠠᠰᠠᠭ | ᠤᠨ ᠣᠷᠳᠣᠨ ᠤ ᠬᠠᠮᠢᠶᠠᠷᠤᠨ ᠡᠵᠡᠮᠰᠢᠬᠦ ᠲᠦᠪᠰᠢᠨ ᠪᠠ ᠵᠠᠰᠠᠯᠲᠠ ᠬᠢᠬᠦ ᠴᠢᠳᠠᠪᠤᠷᠢ ᠶᠢ ᠳᠡᠭᠡᠭᠰᠢᠯᠡᠭᠦᠯᠬᠦ ᠶᠢ ᠵᠢᠭᠠᠨ᠎ᠠ᠃ | ︽ᠲᠠᠪᠤ ᠶᠢ ᠨᠢᠭᠡᠳᠦᠯᠲᠡᠢ ᠲᠥᠯᠥᠪᠵᠢᠭᠦᠯᠬᠦ︾᠄ 2015 ᠣᠨ ᠤ 12 ᠳ᠋ᠤᠭᠠᠷ ᠰᠠᠷ᠎ᠠ ᠳᠤ ᠪᠣᠯᠤᠭᠰᠠᠨ ᠲᠥᠪ ᠤᠨ ᠬᠤᠲᠠ ᠶᠢᠨ ᠠᠵᠢᠯ ᠤᠨ ᠬᠤᠷᠠᠯ | ᠳᠡᠭᠡᠷ᠎ᠡ ᠳᠤᠷᠠᠳᠤᠭᠰᠠᠨ ᠬᠤᠵᠢᠮ ᠤᠨ ᠬᠤᠲᠠ ᠶᠢᠨ ᠬᠥᠭᠵᠢᠯᠲᠡ ᠪᠠᠶᠢᠭᠤᠯᠤᠯᠲᠠ ᠶᠢᠨ ᠲᠠᠪᠤᠨ ᠶᠡᠭᠡ ᠨᠢᠭᠡᠳᠦᠯᠲᠡᠢ ᠲᠥᠯᠥᠪᠵᠢᠭᠦᠯᠭᠡ ᠶᠢ ᠬᠡᠯᠡᠵᠦ ᠪᠣᠢ᠂ ᠣᠷᠣᠨ | ᠵᠠᠢ᠂ ᠬᠡᠪᠴᠢᠶᠡᠵᠢᠯ᠂ ᠠᠵᠤ ᠦᠢᠯᠡᠰ ᠭᠤᠷᠪᠠᠨ ᠶᠡᠭᠡ ᠪᠦᠲᠦᠴᠡ ᠶᠢ ᠨᠢᠭᠡᠳᠦᠯᠲᠡᠢ ᠲᠥᠯᠥᠪᠵᠢᠭᠦᠯᠬᠦ᠂ ᠲᠥᠯᠥᠪᠵᠢᠭᠦᠯᠭᠡ᠂ ᠪᠠᠶᠢᠭᠤᠯᠤᠯᠲᠠ᠂ ᠬᠠᠮᠢᠶᠠᠷᠤᠯᠲᠠ | ᠭᠤᠷᠪᠠᠨ ᠶᠡᠭᠡ ᠭᠤᠭᠴᠤᠭ᠎ᠠ ᠶᠢ ᠨᠢᠭᠡᠳᠦᠯᠲᠡᠢ ᠲᠥᠯᠥᠪᠵᠢᠭᠦᠯᠬᠦ᠂ ᠥᠭᠡᠷᠡᠴᠢᠯᠡᠯᠲᠡ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠭᠤᠷᠪᠠᠨ ᠶᠡᠭᠡ ᠬᠥᠳᠡᠯᠭᠡᠭᠴᠢ | ᠬᠦᠴᠦᠨ ᠢ ᠨᠢᠭᠡᠳᠦᠯᠲᠡᠢ ᠲᠥᠯᠥᠪᠵᠢᠭᠦᠯᠬᠦ᠂ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠭᠤᠷᠪᠠᠨ ᠶᠡᠭᠡ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠬᠦ᠂ | ᠵᠠᠰᠠᠭ ᠤᠨ ᠣᠷᠳᠣᠨ᠂ ᠨᠡᠶᠢᠭᠡᠮ᠂ ᠬᠤᠲᠠ ᠶᠢᠨ ᠠᠷᠠᠳ ᠭᠤᠷᠪᠠᠨ ᠶᠡᠭᠡ ᠭᠤᠣᠯ ᠴᠣᠭᠴᠠ ᠶᠢ ᠨᠢᠭᠡᠳᠦᠯᠲᠡᠢ ᠲᠥᠯᠥᠪᠵᠢᠭᠦᠯᠬᠦ ᠶᠢ ᠪᠠᠭᠲᠠᠭᠠᠨ᠎ᠠ᠃ | ᠭᠠᠴᠠᠭ᠎ᠠ ᠲᠣᠰᠬᠤᠨ ᠤ ︽ᠭᠤᠷᠪᠠᠨ ᠬᠥᠷᠥᠩᠭᠡ︾᠄ ᠬᠠᠮᠲᠤ ᠶᠢᠨ ᠠᠵᠤ ᠠᠬᠤᠢ ᠳᠠᠬᠢ ᠪᠡᠯᠡ ᠮᠥᠩᠭᠦ᠂ ᠬᠥᠷᠥᠩᠭᠡ᠂ ᠡᠬᠢ ᠪᠠᠶᠠᠯᠢᠭ ᠢ ᠵᠢᠭᠠᠨ᠎ᠠ᠃ | ᠬᠠᠮᠲᠤ ᠶᠢᠨ ᠪᠡᠯᠡ ᠮᠥᠩᠭᠦ ᠭᠡᠳᠡᠭ ᠨᠢ ᠭᠠᠴᠠᠭ᠎ᠠ ᠲᠣᠰᠬᠤᠨ ᠮᠠᠯᠵᠢᠯ ᠤᠨ ᠳᠤᠭᠤᠶᠢᠯᠠᠩ ᠤᠨ ᠬᠠᠮᠲᠤ ᠶᠢᠨ ᠥᠮᠴᠢᠯᠡᠯᠲᠦ ᠵᠣᠭᠤᠰ ᠢ ᠬᠡᠯᠡᠵᠦ ᠪᠣᠢ᠂ ᠡᠭᠦᠨ ᠳᠤ | ᠪᠡᠯᠡᠨ ᠵᠣᠭᠤᠰ ᠪᠠ ᠪᠠᠩᠬᠢ ᠶᠢᠨ ᠬᠠᠳᠠᠭᠠᠯᠠᠮᠵᠢ ᠪᠠᠭᠲᠠᠨ᠎ᠠ︔ ᠬᠠᠮᠲᠤ ᠶᠢᠨ ᠬᠥᠷᠥᠩᠭᠡ ᠭᠡᠳᠡᠭ ᠨᠢ ᠭᠠᠴᠠᠭ᠎ᠠ ᠲᠣᠰᠬᠤᠨ ᠮᠠᠯᠵᠢᠯ ᠤᠨ ᠳᠤᠭᠤᠶᠢᠯᠠᠩ ᠤᠨ ᠬᠠᠮᠲᠤ | ᠪᠠᠷ ᠪᠡᠯᠡ ᠣᠷᠣᠭᠤᠯᠵᠤ ᠪᠠᠶᠢᠭᠤᠯᠤᠭᠰᠠᠨ ᠭᠡᠷ ᠪᠠᠶᠢᠰᠢᠩ᠂ ᠪᠠᠷᠢᠯᠭ᠎ᠠ᠂ ᠮᠠᠰᠢᠨ ᠲᠣᠨᠣᠭᠯᠠᠯ᠂ ᠲᠥᠬᠦᠭᠡᠷᠦᠮᠵᠢ ᠵᠡᠷᠭᠡ ᠲᠣᠭᠲᠠᠮᠠᠯ ᠬᠥᠷᠥᠩᠭᠡ ᠶᠢ ᠵᠢᠭᠠᠬᠤ ᠪᠠᠷ | ᠪᠠᠷᠠᠬᠤ ᠦᠭᠡᠢ ᠪᠠᠰᠠ ᠤᠰᠤᠨ ᠠᠰᠢᠭᠯᠠᠯᠲᠠ᠂ ᠵᠠᠮ ᠬᠠᠷᠢᠯᠴᠠᠭ᠎ᠠ᠂ ᠰᠣᠶᠣᠯ᠂ ᠰᠤᠷᠭᠠᠨ ᠬᠥᠮᠥᠵᠢᠯ ᠵᠡᠷᠭᠡ ᠨᠡᠶᠢᠲᠡ ᠶᠢᠨ ᠠᠰᠠᠷᠠᠮᠵᠢ ᠶᠢᠨ ᠲᠥᠬᠦᠭᠡᠷᠦᠮᠵᠢ ᠵᠢᠴᠢ | ᠮᠠᠯ ᠲᠠᠷᠢᠶᠠᠯᠠᠩ ᠠᠵᠤ ᠠᠬᠤᠢ ᠶᠢᠨ ᠬᠥᠷᠥᠩᠭᠡ᠂ ᠮᠠᠲ᠋ᠧᠷᠢᠶᠠᠯ ᠡᠳ᠋ ᠪᠣᠳᠠᠰ᠂ ᠠᠪᠴᠠᠭ᠎ᠠ ᠵᠡᠷᠭᠡ ᠪᠤᠰᠤᠳ ᠬᠥᠷᠥᠩᠭᠡ ᠶᠢ ᠵᠢᠭᠠᠨ᠎ᠠ︔ ᠬᠠᠮᠲᠤ ᠶᠢᠨ ᠡᠬᠢ ᠪᠠᠶᠠᠯᠢᠭ | ᠭᠡᠳᠡᠭ ᠨᠢ ᠬᠠᠤᠯᠢ ᠲᠣᠭᠲᠠᠭᠠᠯ ᠢᠶᠠᠷ ᠬᠠᠮᠲᠤ ᠶᠢᠨ ᠥᠮᠴᠢᠯᠡᠯ ᠳᠤ ᠬᠠᠷᠢᠶᠠᠯᠠᠭᠳᠠᠬᠤ ᠭᠠᠵᠠᠷ ᠰᠢᠷᠣᠢ᠂ ᠣᠶᠢᠲᠤ ᠣᠷᠣᠨ᠂ ᠠᠭᠤᠯᠠ ᠳᠠᠪᠠᠭ᠎ᠠ᠂ ᠵᠦᠯᠭᠡ ᠭᠠᠵᠠᠷ᠂ | ᠠᠲᠠᠷ ᠭᠠᠵᠠᠷ᠂ ᠭᠤᠣᠯ ᠤᠨ ᠰᠠᠶᠢᠷᠬᠠᠯ᠂ ᠤᠰᠤᠨ ᠤ ᠭᠠᠳᠠᠷᠭᠤ ᠵᠡᠷᠭᠡ ᠪᠠᠶᠢᠭᠠᠯᠢ ᠶᠢᠨ ᠡᠬᠢ ᠪᠠᠶᠠᠯᠢᠭ ᠢ ᠬᠡᠯᠡᠨ᠎ᠡ᠃ | ︽ᠭᠤᠷᠪᠠᠨ ᠲᠣᠭᠤᠰᠣ ᠭᠤᠷᠪᠠᠨ ᠬᠠᠶᠠᠭᠳᠠᠮᠠᠯ︾᠄ ᠲᠣᠭᠤᠰᠣ᠂ ᠤᠲᠤᠭ᠎ᠠ᠂ ᠨᠤᠨᠳᠠᠭ ᠲᠣᠭᠤᠰᠣ ᠬᠢᠭᠡᠳ ᠬᠠᠶᠠᠭᠳᠠᠮᠠᠯ ᠬᠡᠢ᠂ ᠤᠰᠤ᠂ ᠰᠢᠭᠠᠷᠤ ᠶᠢ | ᠵᠢᠭᠠᠨ᠎ᠠ᠃ | ︽ᠭᠤᠷᠪᠠᠨ ᠥᠨᠳᠥᠷ︾ ᠲᠥᠷᠥᠯ ᠵᠦᠢᠯ᠄ ᠥᠨᠳᠥᠷ ᠪᠣᠬᠢᠷᠲᠤᠯ᠂ ᠥᠨᠳᠥᠷ ᠡᠨᠧᠷᠭᠢ ᠶᠢᠨ ᠬᠤᠷᠣᠭᠳᠠᠯ᠂ ᠪᠣᠬᠢᠷᠲᠤᠯ ᠶᠡᠭᠡ ᠭᠠᠳᠠᠭᠰᠢᠯᠠᠭᠤᠯᠬᠤ ᠲᠥᠷᠥᠯ | ᠵᠦᠢᠯ ᠢ ᠬᠡᠯᠡᠨ᠎ᠡ᠃ | ᠣᠯᠠᠨ ᠢᠶᠠᠷ ᠢᠶᠠᠨ ᠰᠢᠨ᠎ᠡ ᠶᠢ ᠡᠭᠦᠳᠦᠨ ᠦᠢᠯᠡᠰ ᠪᠣᠰᠬᠠᠬᠤ᠂ ᠣᠯᠠᠨ ᠢᠶᠠᠷ ᠢᠶᠠᠨ ᠳᠠᠭᠠᠭᠠᠴᠢᠯᠠᠬᠤ᠂ ᠣᠯᠠᠨ ᠢᠶᠠᠷ ᠢᠶᠠᠨ ᠳᠡᠮᠵᠢᠬᠦ᠂ ᠣᠯᠠᠨ ᠢᠶᠠᠷ ᠢᠶᠠᠨ | ᠪᠡᠯᠡ ᠬᠤᠷᠠᠮᠳᠤᠭᠤᠯᠬᠤ᠄ ᠢᠨᠲ᠋ᠧᠷ ᠰᠦᠯᠵᠢᠶ᠎ᠡ ᠳᠤ ᠰᠠᠭᠤᠷᠢᠯᠠᠭᠰᠠᠨ ᠰᠢᠨ᠎ᠡ ᠶᠢ ᠡᠭᠦᠳᠴᠦ ᠦᠢᠯᠡᠰ ᠪᠣᠰᠬᠠᠬᠤ ᠵᠠᠭᠪᠤᠷ ᠢ ᠵᠢᠭᠠᠵᠤ ᠪᠣᠢ᠃ ᠣᠯᠠᠨ ᠢᠶᠠᠷ ᠢᠶᠠᠨ | ᠰᠢᠨ᠎ᠡ ᠶᠢ ᠡᠭᠦᠳᠦᠨ ᠦᠢᠯᠡᠰ ᠪᠣᠰᠬᠠᠬᠤ ᠭᠡᠳᠡᠭ ᠨᠢ ᠰᠢᠨ᠎ᠡ ᠶᠢ ᠡᠭᠦᠳᠴᠦ ᠦᠢᠯᠡᠰ ᠪᠣᠰᠬᠠᠬᠤ ᠲᠠᠪᠴᠠᠩ ᠢᠶᠠᠷ ᠳᠠᠮᠵᠢᠨ ᠪᠦᠬᠦ ᠨᠡᠶᠢᠭᠡᠮ ᠤᠨ ᠡᠯ᠎ᠡ ᠲᠥᠷᠥᠯ ᠤᠨ | ᠰᠢᠨ᠎ᠡ ᠡᠭᠦᠳᠦᠯᠲᠡ ᠶᠢᠨ ᠡᠬᠢ ᠪᠠᠶᠠᠯᠢᠭ ᠢ ᠴᠤᠭᠯᠠᠷᠠᠭᠤᠯᠵᠤ᠂ ᠰᠢᠨ᠎ᠡ ᠶᠢ ᠡᠭᠦᠳᠴᠦ ᠦᠢᠯᠡᠰ ᠪᠣᠰᠬᠠᠬᠤ ᠥᠪᠡᠷ ᠤᠨ ᠥᠷᠲᠡᠭ ᠢ ᠪᠠᠭᠤᠷᠠᠭᠤᠯᠬᠤ ᠶᠢ ᠬᠡᠯᠡᠨ᠎ᠡ︔ | ᠣᠯᠠᠨ ᠢᠶᠠᠷ ᠢᠶᠠᠨ ᠳᠠᠭᠠᠭᠠᠴᠢᠯᠠᠬᠤ ᠭᠡᠳᠡᠭ ᠨᠢ ᠥᠩᠭᠡᠷᠡᠭᠰᠡᠨ ᠤ ᠠᠵᠢᠯᠲᠠᠨ ᠤ ᠪᠡᠶᠡᠯᠡᠭᠦᠯᠵᠦ ᠪᠠᠶᠢᠭᠰᠠᠨ ᠠᠵᠢᠯ ᠤᠨ ᠡᠭᠦᠷᠭᠡ ᠶᠢ ᠡᠷᠬᠡ ᠴᠢᠯᠦᠭᠡᠲᠡᠢ ᠰᠠᠶᠢᠨ ᠳᠤᠷ᠎ᠠ | ᠠᠴᠠ ᠪᠠᠨ ᠪᠠᠶᠢᠬᠤ ᠬᠡᠯᠪᠡᠷᠢ ᠪᠠᠷ ᠭᠠᠳᠠᠭᠰᠢ ᠥᠯᠥ ᠲᠣᠭᠲᠠᠭᠠᠭᠰᠠᠨ ︵ᠡᠩ ᠤᠨ ᠦᠶ᠎ᠡ ᠳᠤ ᠴᠥᠮ ᠲᠣᠮᠣ ᠬᠡᠯᠪᠡᠷᠢ ᠶᠢᠨ ᠬᠢ ᠶᠢ ᠵᠢᠭᠠᠳᠠᠭ︶ ᠣᠯᠠᠨ ᠨᠡᠶᠢᠲᠡ ᠶᠢᠨ | ᠰᠦᠯᠵᠢᠶ᠎ᠡ ᠳᠤ ᠳᠠᠭᠠᠭᠠᠴᠢᠯᠠᠨ ᠥᠭᠴᠦ᠂ ᠣᠯᠠᠨ ᠨᠡᠶᠢᠲᠡ ᠶᠢᠨ ᠬᠦᠴᠦᠨ ᠴᠢᠳᠠᠯ ᠢ ᠬᠠᠮᠤᠭ ᠶᠡᠭᠡ ᠬᠡᠮᠵᠢᠶ᠎ᠡ ᠪᠠᠷ ᠠᠰᠢᠭᠯᠠᠬᠤ ᠶᠢ ᠬᠡᠯᠡᠨ᠎ᠡ︔ ᠣᠯᠠᠨ ᠢᠶᠠᠷ ᠢᠶᠠᠨ | ᠳᠡᠮᠵᠢᠬᠦ ᠭᠡᠳᠡᠭ ᠨᠢ ᠵᠠᠰᠠᠭ ᠤᠨ ᠣᠷᠳᠣᠨ ᠪᠠ ᠣᠯᠠᠨ ᠨᠡᠶᠢᠲᠡ ᠶᠢᠨ ᠠᠰᠠᠷᠠᠮᠵᠢ ᠶᠢᠨ ᠪᠠᠶᠢᠭᠤᠯᠤᠮᠵᠢ ᠶᠢᠨ ᠳᠡᠮᠵᠢᠯᠭᠡ᠂ ᠠᠵᠤ ᠠᠬᠤᠶᠢᠯᠠᠯ ᠤᠨ ᠬᠠᠪᠰᠤᠷᠤᠨ | ᠲᠡᠳᠬᠦᠯᠭᠡ᠂ ᠬᠤᠪᠢ ᠬᠥᠮᠥᠨ ᠤ ᠬᠠᠷᠢᠯᠴᠠᠨ ᠲᠤᠰᠠᠯᠠᠯᠲᠠ ᠵᠡᠷᠭᠡ ᠣᠯᠠᠨ ᠵᠦᠢᠯ ᠤᠨ ᠬᠡᠯᠪᠡᠷᠢ ᠪᠠᠷ ᠳᠤᠮᠳᠠ ᠪᠠᠭ᠎ᠠ ᠵᠢᠵᠢᠭ ᠠᠵᠤ ᠠᠬᠤᠶᠢᠯᠠᠯ ᠬᠢᠭᠡᠳ ᠦᠢᠯᠡᠰ | ᠪᠣᠰᠬᠠᠭᠴᠢᠳ ᠤᠨ ᠬᠥᠭᠵᠢᠯᠲᠡ ᠶᠢ ᠬᠠᠮᠲᠤᠪᠠᠷ ᠳᠡᠮᠵᠢᠬᠦ ᠶᠢ ᠵᠢᠭᠠᠨ᠎ᠠ︔ ᠣᠯᠠᠨ ᠢᠶᠠᠷ ᠢᠶᠠᠨ ᠪᠡᠯᠡ ᠬᠤᠷᠠᠮᠳᠤᠭᠤᠯᠬᠤ ᠭᠡᠳᠡᠭ ᠨᠢ ᠢᠨᠲ᠋ᠧᠷ ᠰᠦᠯᠵᠢᠶ᠎ᠡ ᠪᠠᠷ ᠳᠠᠮᠵᠢᠨ | ᠨᠡᠶᠢᠭᠡᠮ ᠠᠴᠠ ᠪᠡᠯᠡ ᠮᠥᠩᠭᠦ ᠬᠤᠷᠠᠮᠳᠤᠭᠤᠯᠤᠨ᠂ ᠰᠢᠨ᠎ᠡ ᠶᠢ ᠡᠭᠦᠳᠴᠦ ᠦᠢᠯᠡᠰ ᠪᠣᠰᠬᠠᠬᠤ ᠪᠡᠯᠡ ᠣᠷᠤᠭᠤᠯᠤᠯᠲᠠ ᠶᠢᠨ ᠰᠢᠨ᠎ᠡ ᠠᠷᠭ᠎ᠠ ᠵᠠᠮ ᠨᠡᠭᠡᠭᠡᠬᠦ ᠶᠢ ᠬᠡᠯᠡᠨ᠎ᠡ | ᠃ | | |