ᠬᠤᠰᠢᠭᠤ ᠠᠷᠪᠡᠨ ᠵᠢᠷᠭᠤᠳᠣᠭᠠᠷ ᠬᠤᠭᠤᠴᠡᠭᠠᠨ ᠤ ᠠᠷᠡᠳ ᠤᠨ ᠲᠦᠯᠣᠭᠡᠯᠡᠭᠴᠢᠳ ᠤᠨ ᠶᠡᠭᠡ | ᠬᠤᠷᠠᠯ ᠤᠨ ᠵᠢᠷᠭᠤᠳᠤᠭᠠᠷ ᠬᠤᠷᠡᠯᠳᠣᠭᠠᠨ ᠤ ᠪᠢᠴᠢᠭ ᠮᠡᠲ᠋ᠧᠷᠢᠶᠡᠯ ︵ᠠᠷᠪᠡᠨ ᠳᠥᠷᠪᠡ︶ | | | ᠵᠠᠰᠠᠭ ᠤᠨ ᠣᠷᠳᠣᠨ ᠤ ᠠᠵᠢᠯ ᠤᠨ ᠢᠯᠡᠳᠭᠡᠯ | | | — 2017 ᠣᠨ ᠤ 2 ᠳ᠋ᠤᠭᠠᠷ ᠰᠠᠷ᠎ᠠ ᠶᠢᠨ 21 ᠤ ᠡᠳᠣᠷ ᠣᠳᠤᠭ | ᠬᠤᠰᠢᠭᠤᠨ ᠤ ᠠᠷᠪᠠᠨ ᠵᠢᠷᠭᠤᠳᠣᠭᠠᠷ ᠬᠤᠭᠤᠴᠠᠭᠠᠨ ᠤ ᠠᠷᠠᠳ ᠤᠨ | ᠲᠦᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯᠳᠣᠭᠠᠨ ᠲᠡᠭᠡᠷ᠎ᠡ | | | ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠲᠠᠷᠤᠭ᠎ᠠ | ᠼᠣᠣ ᠸᠧᠨ ᠴᠢᠩ | | | ᠲᠥᠯᠦᠭᠡᠯᠡᠭᠴᠢᠳ ᠡ᠄ | ᠤᠳᠤ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠥᠯᠥᠭᠡᠯᠡᠵᠦ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠤᠯᠪᠠᠤ᠂ | ᠲᠡᠷᠡᠴᠢᠯᠡᠨ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠬᠡᠰᠢᠭᠦᠳ ᠵᠢᠴᠢ ᠬᠤᠷᠠᠯ ᠳᠤ ᠰᠤᠯᠠ ᠤᠷᠤᠯᠴᠠᠵᠤ ᠪᠠᠶᠢᠭ᠎ᠠ ᠨᠥᠬᠦᠳ ᠰᠠᠨᠠᠯ ᠢᠶᠠᠨ ᠳᠤᠷᠠᠳᠬᠤ | ᠪᠤᠯᠪᠠᠤ᠃ | ᠨᠢᠭᠡ᠂ 2016 ᠤᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠳᠤ᠂ ᠬᠦᠴᠢᠷ ᠪᠤᠳᠤᠯᠢᠶᠠᠨᠲᠠᠢ ᠠᠵᠦ ᠠᠬᠤᠢ ᠶᠢᠨ ᠪᠠᠶᠢᠳᠠᠯ ᠪᠠ ᠬᠠᠳᠠᠭᠤ ᠪᠡᠷᠭᠡᠰᠢᠶᠡᠯᠲᠠᠢ ᠬᠥᠭᠵᠢᠯᠲᠠ ᠶᠢᠨ ᠡᠭᠦᠷᠭᠡ ᠳᠤ | ᠬᠠᠨᠳᠤᠭᠤᠯᠤᠨ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠨᠢ ᠲᠥᠪ ᠬᠤᠷᠢᠶ᠎ᠠ ᠪᠠ ᠪᠦᠬᠦ ᠣᠷᠤᠨ ᠪᠦᠬᠦ ᠬᠤᠳᠠ ᠶᠢᠨ ᠴᠢᠬᠤᠯᠠ ᠶᠡᠭᠡ ᠪᠠᠶᠢᠯᠲᠤᠬᠤ | ᠪᠣᠳᠤᠯᠭ᠎ᠠ ᠶᠢᠨ ᠰᠢᠢᠳᠪᠦᠷᠢᠲᠦ ᠪᠠᠶᠢᠷᠢᠯᠠᠭᠤᠯᠤᠯᠲᠠ ᠶᠢ ᠨᠢᠮᠪᠠᠢ ᠲᠤᠤᠱᠯᠠᠭᠤᠯᠵᠦ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ᠂ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠪᠠᠷ | ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠥᠮᠡᠨ ᠢ ᠪᠥᠯᠬᠦᠮᠳᠡᠭᠦᠯᠦᠨ ᠳᠠᠶᠢᠴᠢᠯᠠᠵᠤ᠂ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ | ᠪᠠᠨ ᠵᠣᠬᠢᠴᠠᠨ᠂ ᠰᠢᠨ᠎ᠡ ᠠᠵᠠ ᠲᠣᠬᠢᠶᠠᠯ ᠢ ᠰᠠᠶᠢᠲᠤᠷ ᠠᠳᠬᠤᠵᠤ᠂ ᠰᠢᠨ᠎ᠡ ᠥᠷᠢᠰᠦᠯᠳᠦᠭᠡᠨ ᠢ ᠪᠦᠲᠦᠮᠵᠢᠲᠡᠢ ᠠᠷᠭᠠᠴᠠᠭᠠᠳ ᠠᠵᠤ ᠠᠬᠤᠢ ᠨᠡᠶᠢᠭᠡᠮ ᠤᠨ | ᠬᠥᠭᠵᠢᠯᠲᠡ ᠳᠡᠭᠡᠷ᠎ᠡ ᠰᠢᠨ᠎ᠡ ᠦᠷ᠎ᠡ ᠪᠦᠲᠦᠮᠵᠢ ᠭᠠᠷᠭᠠᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠰᠠᠶᠢᠬᠠᠨ | ᠡᠬᠢᠯᠡᠯᠲᠡ ᠶᠢ ᠪᠡᠶᠡᠯᠡᠭᠦᠯᠦᠭᠰᠡᠨ ᠪᠠᠶᠢᠨ᠎ᠠ᠃ | — ᠪᠦᠬᠦᠶᠢᠯᠡ ᠠᠵᠦ ᠠᠬᠤᠢ ᠳᠤᠭᠲᠠᠭᠤᠨ ᠢᠶᠠᠷ ᠡᠷᠭᠢᠯᠳᠤᠪᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠠᠯᠲᠠ ᠳᠤ | ᠠᠩᠬᠠᠷᠤᠯ ᠢᠶᠠᠨ ᠲᠥᠪᠯᠡᠷᠡᠭᠦᠯᠦᠨ᠂ ᠲᠥᠷᠦᠯ ᠵᠦᠢᠯ ᠤᠨ ᠪᠠᠶᠢᠭᠤᠯᠤᠯᠲᠠ ᠶᠢ ᠲᠣᠪᠣᠶᠢᠯᠭᠠᠨ ᠠᠳᠬᠤᠭᠠᠳ ᠠᠵᠦ ᠠᠬᠤᠢ ᠶᠡᠷᠦᠩᠬᠡᠢ ᠳᠡᠭᠡᠨ ᠲᠣᠭᠲᠠᠭᠤᠨ ᠢᠶᠠᠷ | ᠡᠷᠭᠢᠯᠳᠦᠵᠦ᠂ ᠲᠣᠭᠲᠠᠭᠤᠨ ᠤ ᠳᠤᠮᠳᠠ ᠤᠷᠤᠭᠰᠢᠯᠠᠵᠠᠢ᠃ ᠪᠦᠬᠦ ᠵᠢᠯ ᠳᠤ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 453.5 | ᠳ᠋ᠦᠩᠰᠢᠭᠤᠷ ᠲᠥᠭᠦᠷᠢᠭ ᠪᠡᠶᠡᠯᠡᠬᠦᠯᠵᠦ᠂ 8.2% ᠢᠶᠠᠷ ᠨᠡᠮᠡᠭᠳᠡᠪᠡ︔ ᠬᠡᠪᠴᠢᠶᠠᠵᠢᠯ ᠠᠴᠠ ᠳᠡᠭᠡᠭᠰᠢᠬᠢ ᠠᠵᠦ ᠦᠢᠯᠡᠳᠪᠦᠷᠢ ᠶᠢᠨ ᠨᠡᠮᠡᠭᠳᠡᠯ ᠥᠷᠲᠡᠭ ᠢ 262.2 | ᠳ᠋ᠦᠩᠰᠢᠭᠤᠷ ᠲᠥᠭᠦᠷᠢᠭ ᠪᠡᠶᠡᠯᠡᠬᠦᠯᠵᠦ᠂ 9.8% ᠢᠶᠠᠷ ᠨᠡᠮᠡᠭᠳᠡᠪᠠ︔ ᠳᠤᠭᠲᠠᠮᠠᠯ ᠬᠥᠷᠥᠩᠭᠡ ᠶᠢᠨ ᠪᠡᠯᠡ ᠤᠷᠤᠭᠤᠯᠤᠯᠲᠠ ᠶᠢ 340.7 ᠳ᠋ᠦᠩᠰᠢᠭᠤᠷ ᠲᠥᠭᠦᠷᠢᠭ | ᠪᠡᠶᠡᠯᠡᠬᠦᠯᠵᠦ᠂ 13.6% ᠢᠶᠠᠷ ᠨᠡᠮᠡᠭᠳᠡᠪᠡ︔ ᠤᠯᠠᠨ ᠨᠡᠶᠢᠲᠡ ᠶᠢᠨ ᠡᠳ᠋ ᠤᠨ ᠵᠠᠰᠠᠭ ᠤᠨ ᠳᠥᠰᠥᠪ ᠤᠨ ᠤᠷᠤᠯᠭ᠎ᠠ ᠶᠢ 38 ᠳ᠋ᠦᠩᠰᠢᠭᠤᠷ ᠲᠥᠭᠦᠷᠢᠭ | ᠪᠡᠶᠡᠯᠡᠬᠦᠯᠵᠦ᠂ 7.2% ᠢᠶᠠᠷ ᠨᠡᠮᠡᠭᠳᠡᠪᠡ︔ ᠨᠡᠶᠢᠬᠡᠮ ᠤᠨ ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠬᠡᠮᠵᠢᠶ᠎ᠡ ᠶᠢ 43.5 | ᠳ᠋ᠦᠩᠰᠢᠭᠤᠷ ᠲᠥᠭᠦᠷᠢᠭ ᠪᠡᠶᠡᠯᠡᠬᠦᠯᠵᠦ᠂ 11.6% ᠢᠶᠠᠷ ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠲᠤᠰ ᠲᠤᠰ 39668 | ᠲᠥᠭᠦᠷᠢᠭ ᠪᠠ 15485 ᠲᠥᠭᠦᠷᠢᠭ ᠬᠦᠷᠴᠦ᠂ 7.7% ᠪᠠ 7.4% ᠢᠶᠠᠷ ᠨᠡᠮᠡᠭᠳᠡᠪᠡ᠃ ︽ᠭᠤᠷᠪᠠ ᠶᠢ ᠪᠠᠭᠠᠰᠬᠠᠵᠤ ᠨᠢᠭᠡ ᠶᠢ ᠪᠠᠭᠤᠷᠠᠭᠤᠯᠤᠨ ᠨᠢᠭᠡ ᠶᠢ | ᠨᠥᠬᠦᠪᠦᠷᠢᠯᠡᠬᠦ︾ ᠡᠭᠦᠷᠭᠡ ᠶᠢ ᠠᠮᠵᠢᠯᠲᠠᠲᠠᠢ ᠪᠡᠶᠡᠯᠡᠭᠦᠯᠦᠨ᠂ 260 ᠲᠦᠮᠡᠨ ᠲᠣᠨ ᠬᠡᠦᠷᠡᠰᠦ᠂ ᠱᠦᠢᠨᠢ᠂ ᠴᠠᠬᠢᠯᠠᠭᠤᠷ ᠴᠢᠯᠠᠭᠤᠨ ᠤ ᠦᠢᠯᠡᠳᠪᠦᠷᠢᠯᠡᠯ ᠤᠨ | ᠴᠢᠳᠠᠪᠤᠷᠢ ᠶᠢ ᠲᠠᠶᠠᠭᠳᠠᠵᠤ᠂ ᠬᠠᠳᠠᠭᠠᠯᠠᠭᠳᠠᠵᠦ ᠪᠠᠶᠢᠭ᠎ᠠ ᠣᠷᠣᠨ ᠰᠠᠭᠤᠴᠠ ᠶᠢ 2218 ᠰᠢᠩᠭᠡᠭᠡᠨ ᠰᠢᠢᠳᠪᠦᠷᠢᠯᠡᠵᠦ᠂ ᠴᠠᠬᠢᠯᠭᠠᠨ ᠤ ᠦᠨ᠎ᠡ ᠶᠢ ᠨᠥᠬᠦᠪᠦᠷᠢᠯᠡᠬᠦ᠂ | ᠵᠠᠰᠠᠭ ᠵᠠᠬᠢᠷᠭᠠᠨ ᠤ ᠵᠠᠷᠤᠳᠠᠯ ᠬᠤᠷᠢᠶᠠᠯᠲᠠ ᠶᠢ ᠬᠠᠰᠤᠵᠦ ᠬᠡᠯᠲᠦᠷᠢᠭᠦᠯᠬᠦ᠂ ᠨᠡᠶᠢᠭᠡᠮ ᠤᠨ ᠳᠠᠭᠠᠳᠬᠠᠯ ᠢ ᠠᠯᠭᠤᠷᠯᠠᠭᠤᠯᠤᠨ ᠲᠤᠰᠢᠶᠠᠬᠤ ᠵᠡᠷᠭᠡ ᠲᠥᠷᠦ ᠶᠢᠨ | ᠪᠤᠳᠤᠯᠭ᠎ᠠ ᠶᠢ ᠢᠳᠡᠪᠬᠢᠲᠠᠢ ᠨᠠᠶᠢᠳᠠᠪᠤᠷᠢᠵᠢᠭᠤᠯᠤᠨ᠂ ᠠᠵᠦ ᠠᠬᠤᠶᠢᠯᠠᠯ ᠤᠨ ᠳᠠᠷᠤᠭᠠᠰᠤ ᠶᠢ 5 ᠳ᠋ᠦᠩᠰᠢᠭᠤᠷ ᠲᠥᠭᠦᠷᠢᠭ ᠠᠴᠠ ᠳᠡᠭᠡᠭᠰᠢ ᠬᠥᠩᠭᠡᠯᠡᠵᠦ᠂ | ᠥᠪᠡᠷᠲᠡᠭᠡᠨ ᠵᠠᠰᠠᠬᠤ ᠣᠷᠣᠨ ᠤ ᠰᠲ᠋ᠤᠺ ᠤᠨ ᠡᠷᠬᠡ ᠶᠢᠨ ᠰᠣᠯᠢᠯᠴᠠᠭᠠᠨ ᠤ ᠲᠥᠪ ᠲᠤ 27 ᠠᠵᠦ ᠠᠬᠤᠶᠢᠯᠠᠯ ᠫᠠᠶᠢᠰᠠ ᠡᠯᠭᠦᠨ᠂ ᠭᠤᠣᠯᠳᠠᠯᠭᠠᠲᠤ ᠠᠵᠦ | ᠠᠬᠤᠶᠢᠯᠠᠯ ᠢ ᠬᠠᠪᠰᠤᠷᠤᠨ 149 ᠳ᠋ᠦᠩᠰᠢᠭᠤᠷ ᠲᠥᠭᠦᠷᠢᠭ ᠤᠨ ᠪᠡᠯᠡ ᠬᠤᠷᠠᠮᠳᠤᠭᠤᠯᠵᠤ᠂ ᠲᠥᠰᠥᠪ ᠲᠣᠬᠢᠷᠠᠭᠤᠯᠬᠤ᠂ ᠵᠢᠭᠡᠯᠡᠯᠭᠡ ᠶᠢᠨ ᠲᠡᠮᠳᠡᠭᠲᠦ ᠰᠣᠯᠢᠬᠤ ᠵᠡᠷᠭᠡ | ᠠᠷᠭ᠎ᠠ ᠪᠠᠷᠢᠯ ᠢᠶᠠᠷ 18 ᠳ᠋ᠦᠩᠰᠢᠭᠤᠷ ᠲᠥᠭᠦᠷᠢᠭ ᠤᠨ ᠵᠠᠰᠠᠭ ᠤᠨ ᠣᠷᠳᠤᠨ ᠤ ᠥᠷᠢ ᠶᠢ ᠢᠯᠭᠠᠷᠠᠭᠤᠯᠤᠨ᠂ ᠰᠠᠭᠤᠷᠢ ᠲᠥᠭᠦᠭᠡᠷᠦᠮᠵᠢ᠂ ᠣᠯᠠᠨ ᠨᠡᠶᠢᠲᠡ ᠶᠢᠨ | ᠦᠢᠯᠡᠴᠢᠯᠡᠭᠡ᠂ ᠣᠷᠴᠢᠨ ᠲᠣᠭᠤᠷᠢᠨ ᠤ ᠵᠠᠰᠠᠯᠲᠠ ᠵᠡᠷᠭᠡ ᠲᠠᠯ᠎ᠠ ᠪᠠᠷ ᠬᠢ ᠳᠤᠲᠠᠭᠤᠳᠠᠯ ᠢ ᠠᠯᠬᠤᠮ ᠠᠯᠬᠤᠮ ᠢᠶᠠᠷ ᠨᠥᠬᠦᠪᠦᠷᠢᠯᠡᠪᠡ᠃ ᠳ᠋ᠦᠩᠰᠢᠭᠤᠷ ᠲᠥᠭᠦᠷᠢᠭ | ᠠᠴᠠ ᠳᠡᠭᠡᠭᠰᠢᠬᠢ ᠴᠢᠬᠤᠯᠠ ᠶᠡᠭᠡ ᠲᠥᠷᠦᠯ ᠵᠦᠢᠯ ᠢ 31 ᠬᠡᠷᠡᠭᠵᠢᠬᠦᠯᠵᠦ᠂ ᠣᠷᠳᠣᠰ ᠴᠠᠬᠢᠯᠠᠭᠤᠷ ᠴᠢᠯᠠᠭᠤᠨ ᠵᠤᠤᠬᠠᠨ ᠤ ᠮᠡᠷᠭᠡᠵᠢᠯ ᠤᠨ ᠥᠭᠡᠷᠡᠴᠢᠯᠠᠯᠲᠠ᠂ | ᠱᠤᠸᠠᠩ ᠰᠢᠨ ᠤ ᠼᠤᠤ ᠬᠦᠴᠢᠯ ᠤᠨ ᠡᠲ᠋ᠧᠨ᠂ ᠭᠤᠸᠠᠩ ᠰᠢᠨ ᠤ ᠬᠤᠯᠤᠰᠤ ᠪᠠᠷ ᠰᠠᠭᠤᠷᠢ ᠪᠣᠯᠭᠠᠭᠰᠠᠨ ᠨᠡᠶᠢᠯᠡᠮᠡᠯ ᠮᠠᠲ᠋ᠧᠷᠢᠶᠠᠯ ᠵᠡᠷᠭᠡ 14 ᠲᠥᠷᠦᠯ ᠵᠦᠢᠯ ᠢ | ᠠᠰᠢᠭᠯᠠᠯᠲᠠ ᠳᠤ ᠣᠷᠣᠭᠤᠯᠤᠨ᠂ ᠵᠢᠶᠠᠨ ᠶᠤᠸᠠᠨ — ᠵᠦᠩ ᠬᠤᠸ᠋ᠨ ᠨᠡᠭᠦᠷᠡᠰᠦᠨ ᠬᠡᠢ᠂ ᠱᠤᠸᠠᠩ ᠰᠢᠨ — ᠵᠢᠩ ᠨᠧᠩ᠂ ᠵᠢᠶᠦ᠋ᠨ ᠵᠧᠩ — ᠱᠠᠩᠬᠠᠢ | ᠡᠾᠯᠤᠷᠲᠦ ᠬᠤᠵᠢᠷ ᠵᠡᠷᠭᠡ ᠨᠢᠭᠡ ᠪᠦᠯᠦᠭ ᠬᠤᠷᠰᠢᠯᠴᠠᠵᠦ ᠬᠡᠯᠬᠢᠶ᠎ᠡ ᠪᠠᠨ ᠤᠷᠲᠤᠳᠬᠠᠬᠤ ᠲᠥᠷᠦᠯ ᠵᠦᠢᠯ ᠢ ᠡᠬᠢᠯᠡᠭᠦᠯᠵᠦ᠂ ᠴᠢ ᠫᠠᠨ ᠵᠢᠩ᠂ ᠮᠧᠩ ᠰᠢ | ᠬᠦᠷᠢᠶᠡᠯᠡᠩ ᠪᠣᠷᠣᠯᠠᠭᠤᠯᠭ᠎ᠠ ᠶᠢᠨ ᠣᠷᠣᠯᠭ᠎ᠠ ᠶᠢ ᠲᠤᠰ ᠲᠤᠰ 575 ᠳ᠋ᠦᠩᠰᠢᠭᠤᠷ ᠲᠥᠭᠦᠷᠢᠭ ᠪᠠ 260 ᠳ᠋ᠦᠩᠰᠢᠭᠤᠷ ᠲᠥᠭᠦᠷᠢᠭ ᠪᠡᠶᠡᠯᠡᠬᠦᠯᠦᠨ᠂ 2.7% ᠪᠠ | 10.9% ᠢᠶᠠᠷ ᠨᠡᠮᠡᠭᠳᠡᠪᠡ᠃ | — ᠭᠤᠷᠪᠠᠨ ᠠᠵᠤ ᠦᠢᠯᠡᠰ ᠵᠣᠬᠢᠴᠠᠩᠭᠤᠢ ᠬᠥᠭᠵᠢᠪᠠ᠃ ᠣᠳᠣ ᠦᠶ᠎ᠡ ᠶᠢᠨ ᠮᠠᠯ ᠲᠠᠷᠢᠶᠠᠯᠠᠩ ᠠᠵᠦ ᠠᠬᠤᠢ ᠶᠢᠨ ᠬᠡᠪᠴᠢᠶ᠎ᠡ ᠥᠷᠭᠡᠳᠴᠦ ᠦᠷ᠎ᠡ | ᠠᠰᠢᠭ ᠨᠡᠮᠡᠭᠳᠡᠨ᠂ ᠠᠮᠤ ᠪᠤᠳᠠᠭᠠᠨ ᠤ ᠤᠨᠠᠯᠲᠠ 2.2 ᠳ᠋ᠦᠩᠰᠢᠭᠤᠷ ᠵᠢᠩ᠂ ᠣᠳᠣ ᠪᠠᠶᠢᠭ᠎ᠠ ᠮᠠᠯ 185 ᠲᠦᠮᠡ ᠬᠦᠷᠴᠦ᠂ ᠠᠮᠢ ᠠᠬᠤᠶᠢᠴᠢ ᠭᠡᠷ ᠪᠦᠯᠢ ᠶᠢᠨ | ᠮᠠᠯᠵᠢᠯ ᠤᠨ ᠲᠠᠯᠠᠪᠠᠢ ᠲᠠᠢ ᠡᠷᠦᠬᠡ ᠶᠢ 88᠂ ᠠᠷᠠᠴᠢᠯᠠᠨ ᠲᠡᠵᠢᠭᠡᠬᠦ ᠡᠷᠦᠬᠡ ᠶᠢ 328 ᠭᠠᠷᠭᠠᠨ᠂ ᠪᠠᠷᠢᠮᠵᠢᠶᠠᠵᠢᠭᠰᠠᠨ ᠬᠠᠰᠢᠶ᠎ᠠ ᠰᠠᠷᠠᠪᠴᠢ ᠶᠢ 4068 | ᠪᠠᠶᠢᠭᠤᠯᠵᠤ᠂ ᠰᠢᠨ᠎ᠡ ᠪᠠᠷ ᠥᠪᠡᠷᠲᠡᠭᠡᠨ ᠵᠠᠰᠠᠬᠤ ᠣᠷᠣᠨ ᠤ ᠲᠡᠰ ᠤᠨ ᠮᠠᠯ ᠲᠠᠷᠢᠶᠠᠯᠠᠩ ᠤᠨ ᠠᠵᠦ ᠦᠢᠯᠡᠰᠵᠢᠯᠲᠡ ᠶᠢᠨ ᠳᠠᠭᠠᠭᠤᠯᠤᠭᠴᠢ ᠠᠵᠦ ᠠᠬᠤᠶᠢᠯᠠᠯ ᠢ 3᠂ | ᠲᠤᠰᠬᠠᠢ ᠬᠤᠷᠰᠢᠶ᠎ᠠ ᠶᠢ 50 ᠨᠡᠮᠡᠭᠳᠡᠭᠦᠯᠦᠨ᠂ ᠮᠠᠯᠴᠢᠨ ᠲᠠᠷᠢᠶᠠᠴᠢᠨ ᠪᠠ ᠠᠵᠦ ᠠᠬᠤᠶᠢᠯᠠᠯ ᠤᠨ ᠠᠰᠢᠭ ᠲᠤᠰᠠ ᠶᠢ ᠬᠤᠯᠪᠤᠬᠤ ᠪᠠᠷ ᠳᠠᠮᠵᠢᠨ ᠮᠠᠯᠴᠢᠨ | ᠲᠠᠷᠢᠶᠠᠴᠢᠳ ᠤᠨ ᠬᠥᠮᠦᠨ ᠳᠣᠲᠣᠮ ᠤᠨ ᠣᠷᠣᠯᠭ᠎ᠠ ᠶᠢ 2600 ᠲᠥᠭᠦᠷᠢᠭ ᠨᠡᠮᠡᠭᠳᠡᠭᠦᠯᠵᠦ᠂ ᠲᠢᠶᠠᠨ ᠲᠠᠢ ᠸᠠᠨ ᠰᠢᠨ᠂ ᠡᠵᠡᠨ ᠬᠠᠭᠠᠨ᠂ ᠽᠠᠢ ᠬᠤᠢ ᠱᠸᠦ᠂ | ᠱᠦᠸᠧ ᠮᠦᠸᠧ ᠸᠠᠩ ᠵᠡᠷᠭᠡ ᠨᠢ ᠥᠪᠡᠷᠲᠡᠭᠡᠨ ᠵᠠᠰᠠᠬᠤ ᠣᠷᠣᠨ ᠤ ᠨᠡᠷᠡᠲᠦ ᠲᠡᠮᠳᠡᠭ ᠢᠶᠠᠷ ᠦᠨᠡᠯᠡᠭᠳᠡᠵᠡᠢ᠃ ᠠᠵᠦ ᠦᠢᠯᠡᠳᠪᠦᠷᠢ ᠶᠢᠨ ᠠᠵᠦ ᠠᠬᠤᠢ ᠲᠣᠭᠲᠠᠭᠤᠨ | ᠤ ᠳᠤᠮᠳᠠ ᠴᠢᠨᠠᠷ ᠢᠶᠠᠨ ᠰᠠᠶᠢᠵᠢᠷᠠᠭᠤᠯᠵᠦ᠂ ᠲᠦᠭᠦᠬᠡᠢ ᠨᠡᠭᠦᠷᠡᠰᠦ᠂ ᠬᠡᠦᠷᠡᠰᠦᠨ ᠨᠡᠭᠦᠷᠡᠰᠦ᠂ PVC ᠵᠡᠷᠭᠡ ᠭᠤᠣᠯ ᠪᠣᠯᠬᠤ ᠠᠵᠦ ᠦᠢᠯᠡᠳᠪᠦᠷᠢ ᠶᠢᠨ | ᠪᠦᠲᠦᠭᠡᠭᠳᠡᠬᠦᠨ ᠤ ᠭᠠᠷᠤᠯᠲᠠ ᠲᠣᠭᠲᠠᠭᠤᠨ ᠤ ᠳᠤᠮᠳᠠ ᠨᠡᠮᠡᠭᠳᠡᠯ ᠲᠠᠢ ᠪᠠᠶᠢᠵᠦ᠂ ᠦᠨ᠎ᠡ ᠬᠠᠩᠰᠢ ᠨᠢ ᠴᠤ ᠦᠰᠦᠨ᠂ ᠠᠵᠦ ᠦᠢᠯᠡᠳᠪᠦᠷᠢ ᠳᠤ ᠬᠡᠷᠡᠭᠯᠡᠭᠰᠡᠨ | ᠴᠠᠬᠢᠯᠭᠠᠨ ᠤ ᠬᠡᠮᠵᠢᠶ᠎ᠡ 189 ᠳ᠋ᠦᠩᠰᠢᠭᠤᠷ ᠺᠢᠯᠤᠸᠠᠲ ᠬᠦᠷᠴᠦ᠂ 6.7% ᠢᠶᠠᠷ ᠨᠡᠮᠡᠭᠳᠡᠨ᠂ ᠨᠡᠭᠦᠷᠡᠰᠦᠨ ᠤ ᠪᠤᠰᠤ ᠠᠵᠦ ᠦᠢᠯᠡᠰ ᠤᠨ ᠪᠡᠯᠡ ᠣᠷᠣᠭᠤᠯᠵᠤ᠂ | ᠨᠡᠮᠡᠭᠳᠡᠯ ᠥᠷᠲᠡᠭ ᠢ ᠪᠡᠶᠡᠯᠡᠭᠦᠯᠦᠭᠰᠡᠨ ᠨᠢ ᠲᠤᠰ ᠲᠤᠰ ᠬᠡᠪᠴᠢᠶᠡᠵᠢᠯ ᠠᠴᠠ ᠳᠡᠭᠡᠭᠰᠢᠬᠢ ᠠᠵᠦ ᠠᠬᠤᠶᠢᠯᠠᠯ ᠤᠨ 89% ᠪᠠ 82% ᠢ ᠡᠵᠡᠯᠡᠵᠡᠢ᠃ ᠣᠳᠣ ᠦᠶ᠎ᠡ | ᠶᠢᠨ ᠦᠢᠯᠡᠴᠢᠯᠡᠭᠡᠨ ᠤ ᠦᠢᠯᠡᠰ ᠲᠦᠷᠭᠡᠨ ᠬᠥᠭᠵᠢᠵᠦ᠂ ᠭᠤᠷᠪᠠᠳᠤᠭᠠᠷ ᠠᠵᠦ ᠦᠢᠯᠡᠰ ᠤᠨ GDP ᠳᠠᠬᠢ ᠬᠤᠪᠢ ᠶᠢᠨ ᠵᠢᠩ ᠲᠦᠷᠦᠭᠦᠦ ᠵᠢᠯ ᠤᠨ ᠬᠢ ᠠᠴᠠ 0. | 9 ᠵᠠᠭᠤᠨ ᠤ ᠬᠤᠪᠢ ᠨᠡᠮᠡᠭᠳᠡᠨ᠂ ᠪᠤᠯᠤᠩ ᠨᠠᠭᠤᠷ᠂ ᠪᠢ ᠬᠠᠢ ᠶᠠᠩ ᠭᠤᠸᠠᠩ ᠵᠡᠷᠭᠡ ᠦᠵᠡᠮᠵᠢ ᠶᠢᠨ ᠣᠷᠣᠨ ᠤ ᠴᠢᠳᠡᠮᠵᠢ ᠶᠢ ᠲᠠᠰᠤᠷᠠᠯᠲᠡ ᠦᠭᠡᠢ | ᠲᠡᠭᠦᠯᠳᠡᠷᠵᠢᠭᠦᠯᠵᠦ᠂ ᠰᠢᠯᠢ ᠶᠢᠨ ᠲᠠᠯ᠎ᠠ ᠵᠤᠭᠠᠴᠠᠯ ᠤᠨ ᠭᠠᠵᠠᠷ ᠨᠢ ᠤᠯᠤᠰ ᠤᠨ 3A ᠲᠡᠰ ᠤᠨ ᠵᠤᠭᠠᠴᠠᠯ ᠤᠨ ᠦᠵᠡᠮᠵᠢ ᠶᠢᠨ ᠣᠷᠣᠨ ᠢᠶᠠᠷ ᠨᠡᠷᠡᠶᠢᠳᠦᠭᠳᠡᠨ᠂ | ᠪᠤᠷᠤᠲᠠᠯ᠎ᠠ ᠭᠠᠴᠠᠭ᠎ᠠ ᠥᠪᠡᠷᠲᠡᠭᠡᠨ ᠵᠠᠰᠠᠬᠤ ᠣᠷᠣᠨ ᠤ ᠥᠪᠡᠷᠮᠢᠴᠡ ᠣᠨᠴᠠᠯᠢᠭ ᠪᠦᠬᠦᠢ ᠵᠤᠭᠠᠴᠠᠯ ᠦᠵᠡᠮᠵᠢ ᠶᠢᠨ ᠨᠡᠷᠡᠲᠦ ᠭᠠᠴᠠᠭ᠎ᠠ ᠲᠣᠰᠬᠤᠨ ᠢᠶᠠᠷ ᠦᠨᠡᠯᠡᠭᠳᠡᠵᠦ | ᠂ ᠮᠠᠯᠴᠢᠨ ᠲᠠᠷᠢᠶᠠᠴᠢᠨ ᠠᠶᠢᠯ ᠤᠨ ᠵᠤᠭᠠᠴᠠᠯ ᠰᠡᠯᠡᠭᠦᠴᠡᠯ ᠤᠨ ᠭᠠᠵᠠᠷ ᠢ 53 ᠪᠠᠶᠢᠭᠤᠯᠤᠨ᠂ ᠲᠡᠷᠭᠡ ᠵᠢᠯᠤᠭᠤᠳᠴᠦ ᠵᠤᠭᠠᠴᠠᠬᠤ ᠰᠣᠳᠣᠨ ᠱᠤᠭᠤᠮ ᠢ 4 | ᠪᠦᠷᠢᠯᠳᠦᠭᠦᠯᠵᠦ᠂ ᠵᠤᠭᠠᠴᠠᠭᠰᠠᠳ ᠤᠨ ᠲᠤᠭ᠎ᠠ ᠪᠠ ᠣᠷᠣᠯᠭ᠎ᠠ ᠲᠤᠰ ᠲᠤᠰ 14.5% ᠪᠠ 22.7% ᠢᠶᠠᠷ ᠨᠠᠮᠡᠭᠳᠡᠪᠡ︔ ᠣᠳᠣ ᠦᠶ᠎ᠡ ᠶᠢᠨ ᠪᠠᠷᠠᠭᠠᠨ ᠤ | ᠬᠦᠢᠯᠬᠡᠬᠡ ᠬᠢᠭᠡᠳ ᠬᠥᠳᠡᠭᠡ ᠲᠣᠰᠬᠤᠨ ᠤ ᠡᠯᠧᠺᠲᠷᠦᠨ ᠬᠤᠳᠠᠯᠳᠤᠭᠠᠨ ᠤ ᠠᠵᠦ ᠦᠢᠯᠡᠰ ᠤᠨ ᠬᠥᠭᠵᠢᠯᠲᠡ ᠶᠢ ᠳᠡᠮᠵᠢᠬᠦ ᠲᠥᠷᠦ ᠶᠢᠨ ᠪᠣᠳᠤᠯᠭ᠎ᠠ ᠲᠣᠭᠲᠠᠭᠠᠵᠦ᠂ | ᠱᠠᠩᠬᠠᠢ ᠶᠢᠨ ᠷᠦᠩ ᠯᠢᠶᠠᠨ᠂ ᠲᠢᠶᠠᠨᠵᠢᠨ ᠤ ᠡᠦ ᠴᠠᠨ ᠵᠡᠷᠭᠡ ᠪᠠᠷᠠᠭᠠᠨ ᠤ ᠬᠦᠢᠯᠬᠡᠬᠡ ᠶᠢᠨ ᠨᠡᠷᠡᠲᠡᠢ ᠠᠵᠦ ᠠᠬᠤᠶᠢᠯᠠᠯ ᠪᠣᠯᠣᠨ ᠢ ᠶᠠᠩ ᠮᠧᠩ ᠰᠢ᠂ ᠣᠷᠳᠤᠰ | ᠪᠦᠯᠦᠭᠯᠡᠯ ᠵᠡᠷᠭᠡ ᠣᠷᠣᠨ ᠨᠤᠲᠤᠭ ᠤᠨ ᠪᠠᠷᠠᠭᠠᠨ ᠤ ᠬᠦᠢᠯᠬᠡᠬᠡ ᠶᠢᠨ ᠠᠵᠦ ᠠᠬᠤᠶᠢᠯᠠᠯ ᠢ ᠬᠤᠷᠰᠢᠯᠴᠠᠭᠤᠯᠤᠨ᠂ ᠡᠯᠧᠺᠲᠷᠦᠨ ᠬᠤᠳᠠᠯᠳᠤᠭ᠎ᠠ ᠶᠢᠨ ᠦᠢᠯᠡᠴᠢᠯᠡᠭᠡᠨ ᠤ | ᠲᠥᠪ ᠢ 26 ᠪᠠᠶᠢᠭᠤᠯᠤᠭᠠᠳ ᠥᠪᠡᠷᠲᠡᠭᠡᠨ ᠵᠠᠰᠠᠬᠤ ᠣᠷᠣᠨ ᠤ ᠲᠡᠰ ᠤᠨ ᠡᠯᠧᠺᠲᠷᠦᠨ ᠬᠤᠳᠠᠯᠳᠤᠭᠠᠨ ᠤ ᠵᠢᠱᠢᠶ᠎ᠠ ᠦᠵᠡᠭᠦᠯᠬᠦ ᠬᠤᠰᠢᠭᠤ ᠪᠣᠯᠵᠠᠢ᠃ | — ᠰᠠᠭᠤᠷᠢᠰᠢᠬᠤ ᠣᠷᠴᠢᠨ ᠦᠷᠭᠦᠯᠵᠢᠯᠡᠨ ᠰᠠᠶᠢᠵᠢᠷᠠᠪᠠ᠃ ᠬᠤᠲᠠ ᠪᠠᠯᠭᠠᠰᠤᠨ ᠤ ᠴᠢᠳᠠᠮᠵᠢ ᠲᠠᠰᠤᠷᠠᠯᠲᠠ ᠦᠭᠡᠢ ᠲᠡᠭᠦᠯᠳᠡᠷᠵᠢᠵᠦ᠂ ᠮᠣᠩᠭᠤᠯ ᠤᠨ | ᠨᠢᠭᠤᠴᠠ ᠲᠣᠪᠴᠢᠶᠠᠨ ᠤ ᠮᠦᠽᠸᠢ᠂ ᠰᠣᠨᠢᠨ ᠮᠡᠳᠡᠭᠡᠨ ᠤ ᠲᠥᠪ᠂ ᠴᠢ ᠫᠠᠨ ᠵᠢᠩ ᠤᠨ ᠠᠵᠢᠯᠲᠠᠨ ᠠᠵᠢᠯᠴᠢᠨ ᠤ ᠰᠣᠶᠤᠯ ᠤᠨ ᠠᠵᠢᠯᠯᠠᠭᠠᠨ ᠤ ᠲᠥᠪ ᠤᠨ | ᠪᠠᠶᠢᠭᠤᠯᠤᠯᠲᠠ ᠶᠢ ᠲᠦᠷᠭᠡᠳᠬᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠢ ᠠᠰᠢᠭᠯᠠᠯᠲᠠ ᠳᠤ ᠣᠷᠣᠭᠤᠯᠬᠤ ᠪᠠᠷ ᠪᠡᠯᠡᠬᠡᠨ ᠪᠣᠯᠭᠠᠨ᠂ 8.7 | ᠺᠢᠯᠤᠮᠧᠲᠷ ᠬᠤᠲᠠ ᠶᠢᠨ ᠶᠠᠪᠤᠳᠠᠯ ᠤᠨ ᠵᠠᠮ ᠵᠠᠰᠠᠵᠤ᠂ 17 ᠲᠦᠮᠡᠨ ᠲᠡᠭᠰᠢ ᠳᠥᠷᠪᠡᠯᠵᠢᠨ ᠮᠧᠲᠷ ᠵᠡᠭᠡᠯᠢ ᠭᠤᠳᠤᠮᠵᠢ ᠶᠢ ᠬᠠᠲᠠᠭᠤᠷᠠᠭᠤᠯᠤᠨ᠂ 137 ᠺᠢᠯᠤᠮᠧᠲᠷ | ᠶᠡᠷᠦᠩᠬᠡᠶᠢᠯᠡᠭᠰᠡᠨ ᠬᠤᠭᠤᠯᠠᠢ ᠲᠤᠤᠷ ᠲᠠᠲᠠᠵᠤ᠂ 3.1 ᠺᠢᠯᠤᠮᠧᠲᠷ ᠵᠡᠭᠡᠯᠢ ᠶᠢᠨ ᠳ᠋ᠧᠩ ᠤᠭᠰᠠᠷᠠᠨ᠂ ᠬᠤᠲᠠ ᠪᠠᠯᠭᠠᠰᠤᠨ ᠤ ᠨᠤᠭᠤᠭᠠᠷᠠᠭᠤᠯᠤᠯᠲᠠ ᠶᠢᠨ ᠭᠠᠵᠠᠷ ᠢ | ᠰᠢᠨ᠎ᠠ ᠪᠠᠷ 52 ᠲᠦᠮᠡᠨ ᠲᠡᠭᠰᠢ ᠳᠥᠷᠪᠡᠯᠵᠢᠨ ᠮᠧᠲᠷ ᠨᠡᠮᠡᠭᠳᠡᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠡ ᠪᠠ ᠥᠪᠡᠷᠲᠡᠭᠡᠨ ᠵᠠᠰᠠᠬᠤ | ᠣᠷᠣᠨ ᠤ ᠪᠣᠯᠪᠠᠰᠤᠨ ᠬᠤᠰᠢᠭᠤ ᠰᠢᠶᠠᠨ ᠤ ᠬᠤᠲᠠ ᠶᠢᠨ ᠳᠠᠬᠢᠨ ᠪᠠᠶᠢᠴᠠᠭᠠᠯᠲᠠ ᠰᠢᠯᠭᠠᠨ ᠬᠤᠷᠢᠶᠠᠯᠲᠠ ᠶᠢ ᠠᠮᠵᠢᠯᠲᠠᠲᠠᠢ ᠥᠩᠭᠡᠷᠡᠭᠡᠪᠡ᠃ ︽ᠠᠷᠪᠠ ᠶᠢ | ᠪᠦᠷᠬᠦᠭᠦᠯᠬᠦ︾ ᠢᠨᠵᠧᠨᠧᠷᠢᠩ ᠢᠶᠠᠷ ᠳᠠᠮᠵᠢᠵᠤ ᠮᠠᠯᠵᠢᠬᠤ ᠲᠠᠷᠢᠶᠠᠯᠠᠬᠤ ᠣᠷᠣᠨ ᠤ ᠳᠦᠷᠢ ᠲᠦᠷᠬᠦ ᠶᠢ ᠶᠡᠬᠡᠳᠡ ᠬᠤᠪᠢᠷᠠᠭᠤᠯᠤᠨ᠂ 6237 ᠨᠤᠷᠠᠬᠤ ᠠᠶᠤᠯᠲᠠᠢ ᠭᠡᠷ | ᠪᠠᠶᠢᠰᠢᠩ ᠢ ᠰᠢᠨᠠᠳᠬᠡᠨ ᠵᠠᠰᠠᠵᠦ᠂ ᠤᠮᠳᠠ ᠤᠰᠤᠨ ᠤ ᠠᠮᠦᠷ ᠲᠦᠪᠰᠢᠨ ᠤ ᠢᠨᠵᠧᠨᠧᠷᠢᠩ ᠢ 52 ᠬᠡᠷᠡᠭᠵᠢᠬᠦᠯᠦᠨ᠂ 1061 ᠺᠢᠯᠤᠮᠧᠲᠷ ᠵᠡᠭᠡᠯᠢ ᠭᠤᠳᠤᠮᠵᠢ ᠶᠢ | ᠬᠠᠲᠠᠭᠤᠷᠠᠭᠤᠯᠵᠦ᠂ 935 ᠺᠢᠯᠤᠮᠧᠲᠷ ᠬᠥᠳᠡᠭᠡ ᠲᠣᠰᠬᠤᠨ ᠤ ᠵᠠᠰᠠᠮᠠᠯ ᠵᠠᠮ ᠵᠠᠰᠠᠨ᠂ 499 ᠺᠢᠯᠤᠮᠧᠲᠷ ᠲᠠᠷᠢᠶᠠᠯᠠᠩ ᠤᠨ ᠴᠠᠬᠢᠯᠭᠠᠨ ᠲᠤᠤᠷ ᠢ ᠥᠭᠡᠷᠡᠴᠢᠯᠡᠵᠦ᠂ | ᠷᠠᠳᠢᠤ᠋ ᠨᠡᠪᠲᠡᠷᠡᠭᠦᠯᠬᠡ ᠲᠧᠯᠸᠢᠰ ᠤᠨ ᠲᠤᠭᠠᠴᠠᠯᠠᠭᠰᠠᠨ ᠥᠷᠲᠡᠭᠡ ᠶᠢ 4 ᠪᠠᠶᠢᠭᠤᠯᠤᠨ᠂ ᠰᠣᠶᠤᠯ ᠤᠨ ᠥᠷᠦᠭᠡ᠂ ᠡᠷᠡᠭᠦᠯ ᠬᠠᠮᠠᠭᠠᠯᠠᠯ ᠤᠨ ᠲᠠᠰᠤᠭ᠂ ᠠᠷᠠᠳ ᠲᠤ | ᠳᠦᠭᠦᠮ ᠦᠵᠡᠭᠦᠯᠬᠦ ᠴᠢᠯᠦᠭᠡᠲᠦ ᠳᠡᠯᠭᠡᠭᠦᠷ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠢᠵᠢ ᠪᠦᠷᠢᠳᠦᠭᠦᠯᠵᠦ᠂ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠤᠨ ᠦᠷᠭᠦᠯᠵᠢ ᠶᠢᠨ ᠴᠢᠨᠠᠷᠲᠠᠢ ᠶᠡᠷᠦᠩᠬᠡᠶᠢᠯᠡᠭᠰᠡᠨ ᠬᠠᠮᠢᠶᠠᠷᠤᠯᠲᠠ ᠶᠢ ᠪᠤᠢ ᠪᠤᠯᠭᠠᠨ᠂ ᠬᠤᠲᠠ ᠶᠢᠨ ᠲᠡᠰ ᠠᠴᠠ ᠳᠡᠭᠡᠭᠰᠢᠬᠢ ᠪᠣᠯᠪᠠᠰᠤᠨ | ᠭᠠᠴᠠᠭ᠎ᠠ ᠲᠣᠰᠬᠤᠨ ᠰᠤᠮᠤ ᠪᠠᠯᠭᠠᠰᠤ ᠶᠢ ᠰᠢᠨ᠎ᠠ ᠪᠠᠷ 7 ᠨᠡᠮᠡᠭᠳᠡᠬᠦᠯᠪᠡ᠃ ᠠᠮᠢ ᠠᠬᠤᠢ ᠶᠢᠨ ᠣᠷᠴᠢᠨ ᠢᠯᠡᠤᠳᠠ ᠰᠠᠶᠢᠵᠢᠷᠠᠵᠤ᠂ ᠪᠡᠯᠴᠢᠭᠡᠷᠯᠡᠭᠦᠯᠬᠦ ᠶᠢ ᠬᠤᠷᠢᠵᠦ | ᠰᠡᠯᠬᠦᠨ ᠮᠠᠯᠵᠢᠬᠤ᠂ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠬᠢᠭᠡᠳ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠲᠥᠷᠥ ᠶᠢᠨ ᠪᠣᠳᠤᠯᠭ᠎ᠠ ᠶᠢ ᠴᠢᠩᠭ᠎ᠠ | ᠬᠡᠷᠡᠭᠵᠢᠬᠦᠯᠦᠨ᠂ 23.6 ᠲᠦᠮᠡᠨ ᠮᠤ᠋ ᠣᠢ ᠰᠢᠭᠤᠢ ᠶᠢᠨ ᠠᠮᠢ ᠠᠬᠤᠢ ᠶᠢᠨ ᠲᠥᠷᠦᠯ ᠵᠦᠢᠯ ᠢ ᠬᠡᠷᠡᠭᠵᠢᠬᠦᠯᠵᠦ᠂ 4.4 ᠲᠦᠮᠡᠨ ᠮᠤ᠋ ᠠᠶᠢᠯ ᠲᠤᠰᠬᠤᠨ ᠢ | ᠨᠣᠭᠤᠭᠠᠷᠠᠭᠤᠯᠤᠨ᠂ 21 ᠲᠦᠮᠡᠨ ᠮᠤ᠋ ᠬᠦᠷᠦᠰᠦ ᠰᠢᠷᠤᠢ ᠶᠢᠨ ᠢᠳᠡᠭᠳᠡᠯ ᠢ ᠵᠠᠰᠠᠪᠠ᠃ ᠴᠢ ᠫᠠᠨ ᠵᠢᠩ ᠮᠧᠩ ᠰᠢ ᠣᠷᠣᠨ ᠤ ᠣᠷᠴᠢᠨ ᠲᠣᠭᠤᠷᠢᠨ ᠢ | ᠶᠡᠷᠦᠩᠬᠡᠶᠢᠯᠡᠨ ᠴᠡᠭᠴᠡᠯᠡᠬᠦ ᠠᠵᠢᠯ ᠱᠠᠲᠤᠴᠢ ᠴᠢᠨᠠᠷᠲᠠᠢ ᠠᠮᠵᠢᠯᠲᠠ ᠣᠯᠵᠤ᠂ ᠭᠠᠯ ᠤᠨ ᠠᠶᠤᠯ ᠤᠨ ᠳᠠᠷᠠᠭᠠᠬᠢ ᠪᠢᠲᠡᠭᠦᠮᠵᠢᠯᠡᠭᠰᠡᠨ ᠣᠷᠣᠨ ᠢ ᠵᠠᠰᠠᠬᠤ᠂ ᠬᠠᠲᠠᠭᠤ | ᠬᠠᠶᠠᠭᠳᠠᠮᠠᠯ ᠢ ᠴᠡᠪᠡᠷᠯᠡᠬᠦ᠂ ᠬᠠᠶᠠᠭᠳᠠᠮᠠᠯ ᠪᠣᠳᠠᠰ ᠤᠪᠤᠭᠠᠯᠠᠬᠤ ᠲᠠᠯᠠᠪᠤᠷ ᠢ ᠪᠢᠲᠡᠭᠦᠮᠵᠢᠯᠡᠬᠦ᠂ ᠬᠦᠬᠦᠷ ᠱᠠᠤ ᠦᠭᠡᠶᠢᠳᠡᠭᠦᠯᠬᠦ ᠵᠡᠷᠭᠡ 17 ᠲᠥᠷᠦᠯ ᠤᠨ 290 ᠵᠦᠢᠯ | ᠤᠨ ᠡᠭᠦᠷᠭᠡ ᠶᠢ ᠪᠡᠶᠡᠯᠡᠭᠦᠯᠦᠨ᠂ ᠤᠲᠤᠭ᠎ᠠ ᠲᠣᠭᠤᠰᠤᠨ ᠤ ᠪᠤᠬᠢᠷᠳᠤᠯ ᠢ ᠪᠦᠲᠦᠮᠵᠢᠲᠠᠢ ᠬᠤᠷᠢᠭᠯᠠᠭᠠᠳ ᠠᠭᠤᠷᠬᠠᠢ ᠶᠢᠨ ᠣᠷᠣᠨ᠂ ᠬᠦᠷᠢᠶᠡᠯᠡᠩ ᠤᠨ ᠣᠨᠴᠠ | ᠴᠡᠪᠡᠷ ᠡᠳᠦᠷ ᠤᠨ ᠲᠤᠭ᠎ᠠ ᠨᠢᠳᠤᠨᠤᠨ ᠤ ᠬᠢ ᠠᠴᠠ 22 ᠡᠳᠦᠷ ᠨᠡᠮᠡᠭᠳᠡᠵᠦ᠂ PM 2.5 ᠶᠢᠨ ᠥᠳᠬᠡᠴᠡ ᠠᠳᠠᠯᠢ ᠬᠤᠭᠤᠴᠠᠭᠠᠨ ᠤ ᠬᠢ ᠠᠴᠠ 10% ᠢᠶᠠᠷ | ᠪᠠᠭᠤᠷᠠᠪᠠ᠃ | — ᠥᠭᠡᠷᠡᠴᠢᠯᠡᠯᠲᠡ ᠰᠢᠨᠠᠴᠢᠯᠠᠯᠲᠠ ᠳᠤ ᠪᠣᠳᠠᠲᠦ ᠠᠮᠵᠢᠯᠲᠠ ᠣᠯᠪᠠ᠃ ᠥᠭᠡᠷᠡᠴᠢᠯᠠᠯᠲᠠ ᠶᠢ ᠬᠦᠨᠵᠡᠭᠡᠶᠢᠷᠡᠭᠦᠯᠬᠦ 218 ᠡᠭᠦᠷᠭᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠭᠠᠳ ᠴᠢᠬᠤᠯᠠ ᠶᠡᠭᠡ ᠥᠭᠡᠷᠡᠴᠢᠯᠡᠯᠲᠡ ᠶᠢᠨ ᠦᠷ᠎ᠡ ᠪᠦᠲᠦᠭᠡᠯ ᠢ 187 ᠭᠠᠷᠭᠠᠵᠤ᠂ ᠨᠤᠲᠤᠭ ᠪᠡᠯᠴᠢᠭᠡᠷ ᠤᠨ ᠡᠷᠭᠡ ᠶᠢ ᠲᠣᠳᠣᠷᠬᠠᠶᠢᠯᠠᠵᠤ | ᠳᠠᠩᠰᠠᠯᠠᠬᠤ᠂ ᠬᠥᠳᠡᠯᠬᠦ ᠦᠭᠡᠢ ᠬᠦᠷᠦᠩᠭᠡ ᠶᠢ ᠳᠠᠩᠰᠠᠯᠠᠬᠤ᠂ ᠭᠠᠶᠢᠯᠢ ᠶᠢᠨ ᠶᠠᠪᠤᠳᠠᠯ ᠢ ᠬᠤᠯᠪᠤᠭᠠᠯᠠᠨ ᠭᠦᠢᠴᠡᠳᠭᠡᠬᠦ᠂ ᠴᠠᠬᠢᠯᠭᠠᠨ ᠬᠦᠴᠦᠨ ᠢ ᠵᠠᠬ᠎ᠠ | ᠳᠡᠯᠭᠡᠭᠦᠷᠴᠢᠯᠡᠬᠦ ᠵᠡᠷᠭᠡ ᠬᠡᠪᠴᠢᠶᠠᠨ ᠳᠠᠬᠢ ᠥᠭᠡᠷᠡᠴᠢᠯᠠᠯᠲᠡ ᠶᠢᠨ ᠠᠰᠢᠭ ᠢ ᠡᠬᠢᠯᠡᠵᠦ ᠴᠢᠯᠦᠭᠡᠲᠡᠢ ᠪᠣᠯᠭᠠᠨ᠂ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠳᠤ | ᠬᠡᠷᠡᠭᠯᠡᠬᠦ ᠲᠡᠷᠭᠡᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠬᠦᠯᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠢᠯᠡᠤᠳᠡ ᠠᠮᠵᠢᠯᠲᠡ | ᠣᠯᠣᠨ᠂ ᠡᠷᠬᠡ ᠶᠢ ᠬᠦᠴᠦᠨ ᠦᠭᠡᠢ ᠪᠣᠯᠭᠠᠬᠤ ᠶᠠᠪᠤᠳᠠᠯ ᠢ 150 ᠬᠢᠵᠦ᠂ ᠬᠠᠷᠢᠭᠤᠴᠠᠯᠭ᠎ᠠ ᠶᠢᠨ ᠨᠠᠷᠢᠨ ᠳᠠᠩᠰᠠ ᠶᠢ 7687 ᠳᠤᠭᠲᠠᠭᠠᠵᠤ ᠨᠡᠶᠢᠲᠡᠯᠡᠨ᠂ ᠠᠵᠦ | ᠠᠬᠤᠶᠢᠯᠠᠯ ᠪᠠ ᠣᠯᠠᠨ ᠲᠦᠮᠡᠨ ᠤ ᠤᠴᠢᠷ ᠶᠠᠪᠤᠳᠠᠯ ᠭᠦᠢᠴᠡᠳᠭᠡᠬᠦ ᠴᠠᠭ ᠢ 70% ᠠᠴᠠ ᠳᠡᠭᠡᠭᠰᠢ ᠤᠬᠤᠷᠳᠠᠭᠤᠯᠪᠠ᠃ ᠣᠯᠠᠨ ᠢᠶᠠᠷ ᠢᠶᠠᠨ ᠦᠢᠯᠡᠰ ᠪᠦᠲᠦᠭᠡᠬᠦ᠂ | ᠣᠯᠠᠨ ᠢᠶᠠᠷ ᠢᠶᠠᠨ ᠰᠢᠨ᠎ᠠ ᠶᠢ ᠡᠭᠦᠳᠬᠦ ᠶᠢ ᠭᠦᠨᠵᠡᠭᠡᠢ ᠠᠬᠢᠭᠤᠯᠵᠦ᠂ ᠣᠷᠳᠣᠰ ᠪᠦᠯᠦᠭᠯᠡᠯ ᠬᠢᠭᠡᠳ ᠱᠠᠩᠬᠠᠢ ᠶᠡᠭᠡ ᠰᠤᠷᠭᠠᠭᠤᠯᠢ ᠬᠤᠷᠰᠢᠯᠴᠠᠵᠤ ᠲᠡᠷᠢᠬᠦᠨ ᠤ | ᠮᠠᠲ᠋ᠧᠷᠢᠶᠠᠯ ᠰᠤᠳᠤᠯᠤᠨ ᠡᠭᠦᠳᠬᠦ ᠲᠥᠪ ᠢ ᠪᠠᠶᠢᠭᠤᠯᠤᠨ᠂ ᠣᠷᠳᠤᠰ ᠪᠦᠯᠦᠭᠯᠡᠯ ᠤᠨ ᠴᠠᠬᠢᠭᠤᠷ ᠢᠶᠠᠷ ᠰᠠᠭᠤᠷᠢ ᠪᠣᠯᠭᠠᠭᠰᠠᠨ ᠮᠠᠲ᠋ᠧᠷᠢᠶᠠᠯ ᠤᠨ ᠠᠺᠠᠳᠧᠮᠢᠴᠢ ᠤᠨ | ᠠᠵᠢᠯ ᠤᠨ ᠥᠷᠲᠡᠭᠡ᠂ ᠱᠤᠸᠠᠩ ᠰᠢᠨ ᠤ ᠳᠡᠭᠡᠳᠦ ᠮᠣᠯᠧᠺᠦ᠋ᠯᠲᠦ ᠮᠠᠲ᠋ᠧᠷᠢᠶᠠᠯ ᠤᠨ ᠰᠤᠳᠤᠯᠭᠠᠨ ᠤ ᠬᠦᠷᠢᠶᠡᠯᠡᠩ᠂ ᠰᠢᠩ ᠭᠤᠸᠠᠩ ᠤᠨ ᠣᠨᠴᠠᠭᠠᠢ ᠪᠣᠯᠤᠳ ᠤᠨ | ᠰᠤᠳᠤᠯᠭᠠᠨ ᠤ ᠬᠦᠷᠢᠶᠡᠯᠡᠩ ᠵᠡᠷᠭᠡ ᠨᠢ ᠥᠪᠡᠷᠲᠡᠭᠡᠨ ᠵᠠᠰᠠᠬᠤ ᠣᠷᠣᠨ ᠤ ᠲᠡᠰ ᠤᠨ ᠰᠢᠨᠵᠢᠯᠡᠬᠦ ᠤᠬᠠᠭᠠᠨ ᠮᠡᠷᠭᠡᠵᠢᠯ ᠰᠤᠳᠤᠯᠤᠨ ᠡᠭᠦᠳᠬᠦ ᠪᠠᠶᠢᠭᠤᠯᠤᠮᠵᠢ ᠪᠣᠯᠵᠦ᠂ | ᠮᠡᠷᠭᠡᠵᠢᠯ ᠰᠤᠳᠤᠯᠤᠨ ᠡᠭᠦᠳᠬᠦ ᠲᠥᠷᠦᠯ ᠵᠦᠢᠯ ᠢ 15 ᠬᠡᠷᠡᠭᠵᠢᠬᠦᠯᠦᠨ᠂ 36 ᠵᠦᠢᠯ ᠤᠨ ᠲᠤᠰᠬᠠᠢ ᠠᠰᠢᠭ ᠤᠨ ᠡᠭᠦᠳᠦᠯᠲᠡ ᠶᠢ ᠭᠤᠶᠤᠴᠢᠯᠠᠪᠠ᠃ ᠦᠢᠯᠡᠰ | ᠪᠦᠲᠦᠭᠡᠬᠦ ᠶᠢ ᠲᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠦ᠂ ᠣᠶᠣᠲᠠᠨ᠂ ᠮᠠᠯᠴᠢᠨ ᠲᠠᠷᠢᠶᠠᠴᠢᠨ ᠨᠤᠲᠤᠭ ᠲᠠᠭᠠᠨ ᠪᠤᠴᠠᠵᠤ ᠦᠢᠯᠡᠰ ᠪᠦᠲᠦᠭᠡᠬᠦ | ᠬᠦᠷᠢᠶᠡᠯᠡᠩ ᠪᠠ ᠴᠢ ᠫᠠᠨ ᠵᠢᠩ᠂ ᠮᠧᠩ ᠰᠢ ᠬᠦᠷᠢᠶᠡᠯᠡᠩ ᠤᠨ ᠦᠢᠯᠡᠰ ᠪᠦᠲᠦᠭᠡᠭᠴᠢᠳ ᠤᠨ ᠰᠠᠭᠤᠷᠢᠨ ᠭᠠᠵᠠᠷ ᠢ ᠪᠠᠶᠢᠭᠤᠯᠤᠨ᠂ 2500 ᠲᠦᠮᠡᠨ ᠲᠥᠭᠦᠷᠢᠭ | ᠤᠨ ᠪᠠᠭ᠎ᠠ ᠲᠣᠭᠠᠨ ᠤ ᠵᠢᠭᠡᠯᠡᠯᠬᠡ ᠲᠠᠯᠪᠢᠵᠤ᠂ 417 ᠬᠥᠮᠦᠨ ᠤ ᠦᠢᠯᠡᠰ ᠪᠦᠲᠦᠭᠡᠬᠦ ᠶᠢ ᠳᠡᠮᠵᠢᠨ᠂ ᠵᠠᠬ᠎ᠠ ᠳᠡᠯᠭᠡᠭᠦᠷ ᠤᠨ ᠭᠤᠣᠯ ᠴᠤᠭᠴᠠ ᠶᠢ ᠰᠢᠨ᠎ᠠ ᠪᠠᠷ | 3841 ᠨᠡᠮᠡᠭᠳᠡᠭᠦᠯᠵᠦ᠂ 40.3% ᠢᠶᠠᠷ ᠨᠡᠮᠡᠭᠳᠡᠪᠡ᠃ | — ᠠᠷᠠᠳ ᠤᠨ ᠠᠮᠢᠳᠤᠷᠠᠯ ᠢ ᠤᠯᠠᠮ ᠬᠦᠴᠦᠲᠡᠢ ᠪᠠᠲᠤᠯᠠᠪᠠ᠃ ᠡᠳ᠋ ᠤᠨ ᠵᠠᠰᠠᠭ ᠪᠡᠯᠡ ᠮᠥᠩᠭᠦ ᠪᠠᠷ ᠬᠤᠮᠰᠠᠳᠠᠵᠦ ᠪᠠᠶᠢᠭ᠎ᠠ ᠪᠠᠶᠢᠳᠠᠯ ᠳᠤ᠂ ᠠᠷᠠᠳ ᠤᠨ | ᠠᠮᠢᠳᠤᠷᠠᠯ ᠤᠨ ᠦᠢᠯᠡᠰ ᠲᠤ 47 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠪᠦᠬᠦ ᠵᠠᠷᠤᠯᠭ᠎ᠠ ᠶᠢᠨ 87.6% ᠢ ᠡᠵᠡᠯᠡᠪᠡ᠃ 5.2 ᠳ᠋ᠦᠩᠰᠢᠭᠤᠷ ᠲᠥᠭᠦᠷᠢᠭ | ᠤᠨ ᠠᠷᠠᠳ ᠢ ᠬᠠᠷᠠᠭᠠᠯᠵᠠᠬᠤ ᠡᠯ᠎ᠡ ᠲᠥᠷᠦᠯ ᠤᠨ ᠨᠥᠬᠦᠪᠦᠷᠢ ᠪᠠᠭᠤᠯᠭᠠᠵᠤ᠂ 8 ᠲᠦᠮᠡᠨ ᠬᠥᠮᠦᠨ ᠳᠤ ᠬᠠᠷᠠᠭᠠᠯᠵᠠᠯ ᠦᠵᠡᠭᠦᠯᠪᠡ᠃ ᠠᠵᠢᠯ ᠣᠯᠭᠤᠬᠤ ᠬᠡᠪᠴᠢᠶ᠎ᠡ | ᠶᠢ ᠲᠠᠰᠤᠷᠠᠯᠲᠠ ᠦᠭᠡᠢ ᠦᠷᠭᠡᠳᠬᠡᠨ᠂ 208 ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠭᠠᠷᠭᠠᠵᠤ᠂ ᠬᠤᠲᠠ ᠪᠠᠯᠭᠠᠰᠤᠨ ᠤ 2306 ᠬᠥᠮᠥᠨ | ᠳᠤ ᠰᠢᠨ᠎ᠠ ᠪᠠᠷ ᠠᠵᠢᠯ ᠣᠯᠭᠤᠨ᠂ ᠡᠷᠦᠬᠡ ᠪᠦᠷᠢ ᠳᠤ ᠠᠳᠠᠭ ᠲᠠᠭᠠᠨ ᠨᠢᠭᠡ ᠠᠵᠢᠯ ᠲᠠᠢ ᠬᠥᠮᠥᠨ ᠪᠠᠶᠢᠬᠤ ᠶᠢ ᠪᠠᠲᠤᠯᠠᠵᠤ᠂ ᠬᠤᠲᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠲᠠᠯᠲᠠ ᠶᠢᠨ ᠨᠣᠷᠮ᠎ᠡ ᠶᠢ 2.8% ᠤᠨ ᠳᠣᠲᠤᠷ᠎ᠠ ᠬᠢᠵᠠᠭᠠᠷᠯᠠᠵᠠᠢ᠃ ᠳᠦᠭᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠬᠦ | ᠠᠵᠢᠯ ᠢ ᠡᠮᠬᠢ ᠳᠢᠭᠯᠢᠮ ᠲᠠᠢ ᠠᠬᠢᠭᠤᠯᠵᠦ᠂ 1200 ᠡᠷᠦᠬᠡ ᠲᠠᠢ ᠳᠥᠭᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠨ ᠵᠠᠰᠠᠬᠤ ᠬᠡᠯᠡᠯᠴᠡᠭᠡᠷ ᠪᠢᠴᠢᠭ | ᠲᠣᠭᠲᠠᠭᠠᠨ᠂ ᠴᠢ ᠫᠠᠨ ᠵᠢᠩ ᠤᠨ ᠮᠠ ᠬᠤᠣ ᠭᠧ ᠳ᠋ᠠᠨ ᠦᠢᠯᠡᠳᠪᠦᠷᠢ ᠠᠭᠤᠷᠬᠠᠢ ᠶᠢᠨ ᠣᠷᠣᠨ ᠤ ᠰᠠᠭᠤᠭᠠᠯᠢ ᠠᠷᠠᠳ ᠢ ᠨᠡᠭᠦᠯᠭᠡᠵᠦ ᠲᠦᠪᠬᠢᠨᠡᠬᠦᠯᠬᠦ ᠠᠵᠢᠯ ᠢ ᠪᠦᠬᠦ | ᠲᠠᠯ᠎ᠠ ᠪᠠᠷ ᠡᠬᠢᠯᠡᠭᠦᠯᠪᠡ᠃ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠬᠤ ᠠᠵᠢᠯ ᠰᠢᠢᠳᠪᠦᠷᠢᠲᠦ ᠴᠢᠨᠠᠷᠲᠠᠢ ᠠᠮᠵᠢᠯᠲᠠ ᠣᠯᠵᠦ᠂ 1.5 ᠳ᠋ᠦᠩᠰᠢᠭᠤᠷ | ᠲᠥᠭᠦᠷᠢᠭ ᠤᠨ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠪᠡᠯᠡ ᠮᠥᠩᠬᠦ ᠪᠠᠭᠤᠯᠭᠠᠨ᠂ ᠤᠯᠤᠰ ᠤᠨ ᠲᠡᠰ ᠤᠨ 805 ᠶᠠᠳᠠᠭᠤ ᠬᠦᠴᠢᠷᠳᠡᠯᠲᠡᠢ ᠬᠥᠮᠦᠨ ᠢ | ᠶᠠᠳᠠᠭᠤ ᠠᠴᠠ ᠠᠩᠭᠢᠵᠢᠷᠠᠭᠤᠯᠵᠦ᠂ ᠬᠤᠲᠠ ᠶᠢᠨ ᠲᠡᠰ ᠤᠨ 5778 ᠶᠠᠳᠠᠭᠤ ᠬᠦᠴᠢᠷᠲᠡᠯᠲᠡᠢ ᠬᠦᠮᠦᠨ ᠤ ᠬᠥᠮᠦᠨ ᠳᠤᠳᠤᠮ ᠤᠨ ᠴᠡᠪᠠᠷ ᠣᠷᠣᠯᠭ᠎ᠠ ᠶᠢ 20% | ᠠᠴᠠ ᠳᠡᠭᠡᠭᠰᠢ ᠨᠡᠮᠡᠭᠳᠡᠭᠦᠯᠪᠡ᠃ ᠨᠡᠶᠢᠭᠡᠮ ᠤᠨ ᠪᠠᠲᠤᠯᠠᠭ᠎ᠠ ᠶᠢᠨ ᠲᠣᠭᠲᠠᠯᠴᠠᠭ᠎ᠠ ᠶᠢ ᠲᠠᠰᠤᠷᠠᠯᠲᠡ ᠦᠭᠡᠢ ᠲᠡᠭᠦᠯᠲᠡᠷᠵᠢᠬᠦᠯᠵᠦ᠂ ᠠᠯᠪᠠᠨ ᠪᠠᠶᠢᠭᠤᠯᠭ᠎ᠠ ᠠᠵᠢᠯ | ᠦᠢᠯᠡᠰ ᠤᠨ ᠨᠢᠭᠡᠴᠢ ᠶᠢᠨ ᠨᠠᠰᠤᠵᠢᠯ ᠤᠨ ᠳᠠᠭᠠᠳᠬᠠᠯ ᠤᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠂ ᠬᠤᠲᠠ ᠬᠥᠳᠡᠭᠡ ᠶᠢᠨ ᠡᠮᠨᠡᠯᠭᠡ ᠶᠢᠨ ᠳᠠᠭᠠᠳᠬᠠᠯ ᠤᠨ | ᠪᠡᠯᠡ ᠴᠤᠭᠯᠠᠭᠤᠯᠬᠤ ᠪᠠᠷᠢᠮᠵᠢᠶ᠎ᠠ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠰᠠᠭᠤᠷᠢ ᠨᠠᠰᠤᠵᠢᠯ ᠤᠨ ᠮᠥᠩᠭᠦ ᠶᠢ ᠨᠡᠶᠢᠳᠡᠮ ᠳᠡᠭᠡᠭᠰᠢᠯᠡᠭᠦᠯᠵᠦ᠂ ᠬᠠᠷᠢᠯᠴᠠᠨ | ᠬᠠᠪᠰᠤᠷᠤᠯᠴᠠᠬᠤ ᠵᠢᠷᠭᠠᠯᠠᠩᠲᠦ ᠬᠦᠷᠢᠶᠡᠯᠡᠩ ᠢ 5 ᠪᠠᠶᠢᠭᠤᠯᠵᠠᠢ᠃ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠮᠡᠳᠡᠭᠳᠡᠮ᠎ᠡ ᠠᠮᠵᠢᠯᠲᠠ ᠣᠯᠵᠦ᠂ | ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠨᠥᠬᠡᠴᠡᠯᠡᠬᠦ ᠬᠦᠮᠦᠷᠭᠡ ᠪᠠ ᠬᠦᠮᠦᠨ ᠤ ᠬᠦᠴᠦ ᠪᠠᠷ ᠮᠦᠨᠳᠦᠷ ᠰᠡᠷᠭᠡᠶᠢᠯᠡᠵᠦ ᠬᠤᠷ᠎ᠠ ᠲᠤᠨᠤᠳᠠᠰᠤ ᠨᠡᠮᠡᠭᠳᠡᠭᠦᠯᠬᠦ ᠭᠠᠵᠠᠷ | ᠢ 2 ᠪᠠᠶᠢᠭᠤᠯᠤᠨ᠂ 848 ᠲᠦᠮᠡᠨ ᠲᠥᠭᠦᠷᠢᠭ ᠤᠨ ᠭᠠᠮᠰᠢᠭ ᠠᠴᠠ ᠠᠪᠤᠷᠠᠬᠤ ᠪᠡᠯᠡ ᠮᠥᠩᠬᠦ ᠪᠠᠭᠤᠯᠭᠠᠵᠦ᠂ ᠭᠠᠮᠰᠢᠭᠳᠠᠭᠰᠠᠨ ᠠᠷᠠᠳ ᠣᠯᠠᠨ ᠤ ᠦᠨᠳᠦᠰᠦᠨ | ᠦᠢᠯᠡᠳᠪᠦᠷᠢᠯᠡᠯ ᠠᠮᠢᠳᠤᠷᠠᠯ ᠢ ᠪᠦᠲᠦᠮᠵᠢᠲᠡᠢ ᠪᠠᠲᠤᠯᠠᠪᠠ᠃ | — ᠨᠡᠶᠢᠬᠡᠮ ᠤᠨ ᠦᠢᠯᠡᠰ ᠪᠥᠬᠦ ᠲᠠᠯ᠎ᠠ ᠪᠠᠷ ᠳᠡᠪᠰᠢᠪᠡ᠃ 1.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠡᠦᠬᠡᠳ ᠤᠨ ᠬᠦᠯ ᠪᠦᠮᠪᠦᠭᠡᠨ ᠤ | ᠪᠣᠯᠪᠠᠰᠤᠷᠠᠯ ᠤᠨ ᠰᠠᠭᠤᠷᠢᠨ ᠭᠠᠵᠠᠷ ᠢ ᠰᠢᠨ᠎ᠡ ᠪᠠᠷ 2 ᠪᠠᠶᠢᠭᠤᠯᠤᠨ᠂ 8 ᠳᠤᠮᠳᠠᠳᠤ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠤᠷ ᠢ ᠪᠠᠶᠢᠭᠤᠯᠬᠤ ᠪᠠ 17 | ᠰᠤᠷᠭᠠᠭᠤᠯᠢ ᠶᠢᠨ ᠭᠠᠯ ᠤᠨᠲᠠᠷᠠᠭᠠᠬᠤ ᠲᠥᠬᠦᠭᠡᠷᠦᠮᠵᠢ ᠶᠢ ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠵᠦ᠂ ᠮᠣᠩᠭᠤᠯ ᠲᠤᠷᠰᠢᠯᠲᠡ ᠶᠢᠨ ᠪᠠᠭ᠎ᠠ ᠰᠤᠷᠭᠠᠭᠤᠯᠢ ᠶᠢ | ᠠᠰᠢᠭᠯᠡᠯᠲᠡ ᠳᠤ ᠣᠷᠣᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠢ ᠬᠥᠭᠵᠢᠬᠦᠯᠬᠦ ᠤᠯᠤᠰ ᠤᠨ ᠰᠢᠯᠭᠠᠨ ᠬᠤᠷᠢᠶᠠᠯᠲᠠ ᠶᠢ ᠳᠠᠪᠠᠭᠤᠯᠤᠨ | ᠪᠡᠶᠡᠯᠡᠭᠦᠯᠪᠡ᠃ ᠭᠡᠷ ᠪᠦᠯᠢ ᠶᠢᠨ ᠡᠮᠴᠢ ᠲᠠᠢ ᠭᠡᠷ᠎ᠡ ᠳᠤᠭᠲᠠᠭᠠᠬᠤ ᠦᠢᠯᠡᠴᠢᠯᠡᠭᠡ ᠶᠢ ᠭᠦᠨᠵᠡᠭᠡᠢ ᠥᠷᠨᠢᠬᠦᠯᠵᠦ᠂ ᠮᠣᠩᠭᠤᠯ ᠡᠮᠨᠡᠯᠬᠡ ᠶᠢᠨ ᠬᠤᠷᠢᠶᠠᠨ ᠤ ᠶᠠᠰᠤᠨ | ᠬᠡᠮᠲᠤᠯ ᠤᠨ ᠰᠠᠯᠠᠭ᠎ᠠ ᠥᠪᠡᠷᠲᠡᠭᠡᠨ ᠵᠠᠰᠠᠬᠤ ᠣᠷᠤᠨ ᠤ ᠥᠪᠡᠷᠮᠢᠴᠡ ᠣᠨᠴᠠᠯᠢᠭᠲᠤ ᠳᠠᠪᠠᠭᠤᠯᠢᠭ ᠲᠠᠢ ᠭᠤᠣᠯᠳᠠᠯᠭᠠᠲᠤ ᠲᠤᠰᠬᠠᠢ ᠰᠠᠯᠠᠭᠠᠨ ᠤ ᠲᠥᠷᠦᠯ ᠵᠦᠢᠯ ᠢᠶᠠᠷ | ᠲᠣᠭᠲᠠᠭᠠᠭᠳᠠᠪᠠ᠃ ︽ᠬᠤᠶᠠᠷ ᠬᠡᠦᠬᠡᠳ ᠠᠪᠴᠦ ᠪᠣᠯᠬᠤ︾ ᠲᠥᠷᠦ ᠶᠢᠨ ᠪᠣᠳᠤᠯᠭ᠎ᠠ ᠶᠢ ᠨᠠᠶᠢᠳᠠᠪᠤᠷᠢᠵᠢᠭᠤᠯᠤᠨ᠂ ︽ᠡᠷᠦᠬᠡ ᠠᠮᠠ ᠦᠭᠡᠢ ᠬᠥᠮᠣᠨ︾ ᠢ ᠡᠷᠦᠬᠡ | ᠠᠮᠠᠨ ᠳᠠᠩᠰᠠᠨ ᠳᠤ ᠣᠷᠣᠭᠤᠯᠬᠤ ᠠᠵᠢᠯ ᠢ ᠪᠦᠬᠦ ᠬᠤᠲᠠ ᠳᠤ ᠲᠦᠷᠦᠭᠦᠯᠡᠨ ᠬᠢᠪᠡ᠃ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠢ ᠰᠣᠶᠤᠯ ᠲᠠᠮᠢᠷ ᠤᠨ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠳᠥᠷᠪᠡᠳᠦᠭᠡᠷ ᠪᠦᠯᠦᠭ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠬᠦ ᠠᠵᠢᠯᠯᠠᠭ᠎ᠠ ᠶᠢᠨ | ᠵᠢᠱᠢᠶ᠎ᠠ ᠦᠵᠡᠭᠦᠯᠬᠦ ᠨᠢᠭᠡᠴᠢ ᠪᠣᠯᠵᠠᠢ᠃ ᠬᠠᠤᠯᠢᠵᠢᠯ ᠣᠲᠤᠭ᠂ ᠠᠮᠤᠭᠤᠯᠠᠩ ᠣᠲᠤᠭ ᠤᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠦ᠂ ᠢᠳᠡᠭᠡᠨ ᠢ ᠬᠢᠨᠠᠨ | ᠰᠢᠯᠭᠠᠬᠤ ᠲᠥᠪ᠂ ᠢᠳᠡᠭᠡᠨ ᠤ ᠶᠠᠰᠤ ᠴᠢᠨᠠᠷ ᠠᠮᠤᠷ ᠲᠦᠪᠰᠢᠨ ᠳᠤ ᠬᠢᠨᠠᠯᠲᠠ ᠲᠠᠯᠪᠢᠬᠤ ᠲᠠᠪᠴᠠᠩ ᠬᠢᠭᠡᠳ ᠤᠯᠠᠭᠠᠨᠪᠠᠯᠭᠠᠰᠤᠨ ᠤ ᠢᠳᠡᠭᠡᠨ ᠪᠣᠯᠪᠠᠰᠤᠷᠠᠭᠤᠯᠬᠤ | ᠬᠦᠷᠢᠶᠡᠯᠡᠩ ᠢ ᠪᠠᠶᠢᠭᠤᠯᠵᠦ᠂ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠲᠣᠨᠤᠭ ᠲᠥᠬᠦᠭᠡᠷᠦᠮᠵᠢ ᠬᠢᠭᠡᠳ ᠴᠢᠳᠠᠪᠤᠷᠢ ᠶᠢ ᠲᠠᠰᠤᠷᠠᠯᠲᠠ ᠦᠭᠡᠢ | ᠰᠠᠶᠢᠵᠢᠷᠠᠭᠤᠯᠤᠨ᠂ ᠮᠡᠷᠭᠡᠵᠢᠯ ᠢᠶᠠᠷ ᠰᠡᠷᠭᠡᠶᠢᠯᠡᠬᠦ ᠲᠣᠭᠲᠠᠯᠴᠠᠭ᠎ᠠ ᠶᠢ ᠲᠦᠭᠡᠮᠡᠯᠵᠢᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠠᠳᠡᠯ ᠭᠡᠷᠡᠭ ᠤᠨ ᠲᠤᠭ᠎ᠠ ᠪᠠ | ᠠᠳᠡᠬᠦ ᠬᠥᠮᠦᠨ ᠤ ᠲᠤᠭ᠎ᠠ ᠶᠢᠨ ︽ᠬᠤᠣᠰ ᠪᠠᠭᠤᠷᠠᠯᠲᠠ︾ ᠶᠢ ᠪᠡᠶᠡᠯᠡᠭᠦᠯᠦᠨ᠂ ᠡᠷᠡᠭᠦᠦ ᠶᠢᠨ ᠬᠡᠷᠡᠭ ᠡᠭᠦᠰᠬᠦ ᠨᠣᠷᠮ᠎ᠡ ᠶᠢ 9.6% ᠢᠶᠠᠷ ᠪᠠᠭᠤᠷᠠᠭᠤᠯᠵᠤ᠂ ᠨᠢᠭᠡ | ᠪᠦᠯᠦᠭ ᠲᠦᠪᠡᠭ ᠪᠤᠳᠤᠯᠢᠶᠠᠨᠲᠠᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠲᠣᠬᠢᠲᠠᠢ ᠰᠢᠢᠳᠪᠦᠷᠢᠯᠡᠭᠡᠳ ᠨᠡᠶᠢᠭᠡᠮ ᠤᠨ ᠠᠮᠤᠷ ᠲᠣᠭᠲᠠᠭᠤᠨ ᠢ ᠪᠠᠲᠤᠯᠠᠪᠠ᠃ ᠡᠭᠦᠨ | ᠤ ᠬᠠᠮᠲᠦ᠂ ᠤᠶᠤᠨ ᠤ ᠪᠤᠯᠪᠠᠰᠤᠨ᠂ ᠨᠢᠭᠡᠳᠤᠮᠡᠯ ᠹᠷᠤᠨᠲ᠂ ᠴᠡᠷᠢᠭ ᠠᠷᠠᠳ ᠬᠠᠮᠲᠤᠪᠡᠷ ᠪᠠᠶᠢᠭᠤᠯᠬᠤ᠂ ᠡᠮᠡᠭᠲᠡᠶᠢᠴᠦᠳ ᠬᠡᠦᠬᠡᠳ᠂ ᠰᠣᠨᠢᠨ ᠮᠡᠳᠡᠭᠡ ᠷᠠᠳᠢᠤ᠋ | ᠨᠡᠪᠲᠡᠷᠡᠭᠦᠯᠬᠡ ᠲᠧᠯᠸᠢᠰ᠂ ᠠᠮᠦ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ᠂ ᠳᠠᠩᠰᠠ ᠡᠪᠬᠡᠮᠡᠯ ᠲᠡᠦᠬᠡ ᠤᠶᠢᠯᠠᠯᠭ᠎ᠠ᠂ ᠲᠤᠭ᠎ᠠ ᠪᠥᠷᠢᠳᠬᠡᠯ ᠶᠠᠩᠵᠤ ᠠᠪᠴᠤ | ᠪᠠᠶᠢᠴᠠᠭᠠᠬᠤ᠂ ᠠᠷᠠᠳ ᠤᠨ ᠠᠭᠠᠷ ᠤᠨ ᠰᠡᠷᠭᠡᠶᠢᠯᠡᠯᠲᠡ ᠭᠠᠵᠠᠷ ᠬᠥᠳᠡᠯᠦᠯᠲᠡ᠂ ᠬᠠᠩᠭᠠᠨ ᠪᠤᠷᠤᠯᠠᠭᠤᠯᠭ᠎ᠠ ᠳᠠᠪᠤᠰᠤᠨ ᠤ ᠶᠠᠪᠤᠳᠠᠯ᠂ ᠵᠡᠮᠲᠡᠭᠴᠦᠳ ᠪᠠ | ᠨᠢᠭᠦᠯᠡᠰᠦᠩᠭᠦᠢ ᠶᠢᠨ ᠦᠢᠯᠡᠰ ᠵᠡᠷᠭᠡ ᠡᠯ᠎ᠡ ᠲᠥᠷᠦᠯ ᠤᠨ ᠠᠵᠢᠯ ᠴᠥᠮ ᠰᠢᠨ᠎ᠠ ᠠᠬᠢᠴᠠ ᠲᠠᠢ ᠪᠣᠯᠪᠠ᠃ | — ᠵᠠᠰᠠᠭ ᠤᠨ ᠤᠷᠳᠤᠨ ᠤ ᠴᠢᠳᠠᠪᠤᠷᠢ ᠪᠥᠲᠥᠮᠵᠢᠲᠡᠢ ᠳᠡᠭᠡᠭᠰᠢᠯᠡᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠶᠢ ᠡᠷᠡᠰ ᠬᠦᠷᠢᠶᠡᠯᠡᠵᠦ | ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠶᠤᠰᠤᠨ ᠤ ᠬᠢᠨᠠᠯᠲᠠ ᠪᠠ ᠠᠵᠢᠯ ᠤᠨ ᠬᠢᠨᠠᠯᠲᠠ ᠵᠢᠴᠢ ᠤᠯᠤᠰ | ᠲᠦᠷᠦ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠂ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠢᠳᠡᠪᠬᠢᠲᠡᠢ ᠬᠦᠯᠢᠶᠡᠨ | ᠠᠪᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠦᠭᠡᠯᠡᠭᠴᠢᠳ ᠤᠨ 54 ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ | 73 ᠰᠠᠨᠠᠯ ᠳᠤᠷᠠᠳᠤᠯᠭ᠎ᠠ ᠶᠢ ᠭᠦᠢᠴᠡᠳᠭᠡᠵᠦ ᠳᠠᠭᠤᠰᠬᠠᠨ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ ᠬᠠᠤᠯᠢ ᠶᠣᠰᠣᠭᠠᠷ 3 ᠰᠢᠢᠳᠪᠦᠷᠢᠯᠡᠵᠦ᠂ ᠵᠢᠷᠤᠮᠵᠢᠯ | ᠤᠨ ᠴᠢᠨᠠᠷᠲᠠᠢ 9 ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠨ᠂ ᠬᠠᠤᠯᠢ ᠶᠢᠨ ᠵᠥᠪᠯᠡᠭᠴᠢ ᠬᠠᠤᠯᠢ ᠴᠠᠭᠠᠵᠠ ᠶᠢᠨ ᠦᠢᠯᠡᠴᠢᠯᠡᠭᠡ ᠶᠢ 38 ᠤᠳᠠᠭ᠎ᠠ | ᠬᠠᠩᠭᠠᠵᠠᠢ᠃ ︽ᠬᠤᠶᠠᠷ ᠢ ᠰᠤᠷᠤᠯᠴᠠᠵᠦ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠢ ᠯᠠᠪᠳᠠᠭᠤᠨ ᠢᠶᠠᠷ ᠥᠷᠨᠢᠭᠦᠯᠦᠨ᠂ | ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ︽ᠶᠣᠰᠣ ᠵᠢᠷᠤᠮ ᠢ ᠵᠢᠷᠤᠮᠯᠠᠨ᠂ ᠵᠣᠷᠢᠭᠲᠠᠢ ᠡᠭᠦᠷᠭᠡᠯᠡᠵᠦ᠂ ᠬᠤᠪᠢ ᠨᠡᠮᠡᠷᠢ ᠦᠵᠡᠭᠦᠯᠬᠦ︾ ᠠᠵᠢᠯ ᠤᠨ ᠰᠤᠷᠲᠠᠯ ᠢ | ᠭᠦᠢᠴᠡᠳ ᠢᠯᠡᠷᠡᠭᠦᠯᠵᠦ᠂ ᠣᠯᠠᠨ ᠲᠦᠮᠡᠨ ᠤ ᠲᠤᠰᠬᠠᠭᠰᠠᠨ ᠪᠠ ᠲᠡᠦᠬᠡ ᠠᠴᠠ ᠦᠯᠡᠳᠡᠭᠳᠡᠵᠦ ᠢᠷᠡᠭᠰᠡᠨ 300 ᠭᠠᠷᠤᠢ ᠠᠰᠠᠭᠤᠳᠠᠯ ᠢ ᠳᠤᠬᠠᠢ ᠶᠢᠨ ᠭᠠᠵᠠᠷ | ᠲᠤᠨᠢ ᠭᠦᠨᠵᠡᠭᠡᠶᠢᠷᠡᠨ ᠰᠢᠢᠳᠪᠦᠷᠢᠯᠡᠵᠡᠢ᠃ ︽ᠰᠢᠨ᠎ᠠ ᠪᠠᠶᠢᠳᠠᠯ ᠳᠠᠬᠢ ᠨᠠᠮ ᠤᠨ ᠳᠣᠲᠣᠭᠠᠳᠤᠬᠢ ᠤᠯᠤᠰ ᠲᠥᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ | ︾ ᠪᠠ ︽ᠳᠤᠮᠳᠠᠳᠤ ᠤᠯᠤᠰ ᠤᠨ ᠡᠪ ᠬᠠᠮᠲᠦ ᠨᠠᠮ ᠤᠨ ᠨᠠᠮ ᠤᠨ ᠳᠣᠲᠣᠭᠠᠳᠤ ᠳᠤ ᠬᠢᠨᠠᠯᠲᠠ ᠲᠠᠯᠪᠢᠬᠤ ᠳᠦᠷᠢᠮ︾ ᠢ ᠨᠢᠮᠪᠠᠢ ᠲᠤᠤᠱᠯᠠᠭᠤᠯᠤᠨ᠂ ︽ᠭᠤᠷᠪᠠᠨ | ᠴᠢᠬᠤᠯᠠ ᠨᠢᠭᠡ ᠶᠡᠭᠡ︾ ᠶᠠᠪᠤᠳᠠᠯ ᠳᠤ ᠬᠠᠮᠲᠤ ᠪᠠᠷ ᠰᠢᠢᠳᠪᠦᠷᠢ ᠭᠠᠷᠭᠠᠬᠤ ᠳᠦᠷᠢᠮ ᠢ ᠴᠢᠩᠭ᠎ᠠ ᠬᠡᠷᠡᠭᠵᠢᠬᠦᠯᠵᠦ᠂ ᠰᠢᠢᠳᠪᠦᠷᠢ ᠶᠢ ᠬᠡᠷᠡᠭᠵᠢᠬᠦᠯᠬᠦ ᠪᠠ ᠠᠵᠢᠯ ᠢ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠂ ᠵᠠᠰᠠᠭ ᠵᠠᠬᠢᠷᠭᠠᠨ ᠤ ᠴᠢᠳᠠᠪᠤᠷᠢ ᠬᠢᠭᠡᠳ ᠦᠢᠯᠡᠴᠢᠯᠡᠭᠡᠨ ᠤ ᠲᠦᠪᠰᠢᠨ ᠢ ᠲᠠᠰᠤᠷᠠᠯᠲᠡ ᠦᠭᠡᠢ ᠳᠡᠭᠡᠭᠰᠢᠯᠡᠬᠦᠯᠪᠠ᠃ | ︽ᠲᠧᠯᠸᠢᠰ ᠢᠶᠠᠷ ᠵᠠᠰᠠᠭ ᠤᠨ ᠶᠠᠪᠤᠳᠠᠯ ᠢ ᠠᠰᠠᠭᠤᠬᠤ︾ ᠶᠢ ᠶᠡᠭᠡᠪᠡᠷ ᠳᠡᠯᠭᠡᠷᠡᠭᠦᠯᠵᠦ᠂ ᠠᠷᠠᠳ ᠣᠯᠠᠨ ᠤ ᠠᠰᠢᠭ ᠲᠤᠰᠠ ᠲᠠᠢ ᠬᠤᠯᠪᠤᠭᠳᠠᠭᠰᠠᠨ 44 ᠠᠰᠠᠭᠤᠳᠠᠯ | ᠢ ᠰᠢᠢᠳᠪᠦᠷᠢᠯᠡᠨ᠂ ᠬᠤᠲᠠ ᠶᠢᠨ ᠳᠠᠷᠤᠭ᠎ᠠ ᠶᠢᠨ ᠬᠠᠯᠠᠮᠰᠢᠯ ᠤᠲᠠᠰᠤ ᠪᠠ ᠬᠤᠰᠢᠭᠤ ᠳᠠᠷᠤᠭ᠎ᠠ ᠶᠢᠨ ᠬᠠᠯᠠᠮᠰᠢᠯ ᠤᠲᠠᠰᠤ ᠪᠠᠷ ᠲᠤᠰᠬᠠᠭᠰᠠᠨ 2101 ᠬᠡᠷᠡᠭ ᠢ | ᠰᠢᠢᠳᠪᠦᠷᠢᠯᠡᠪᠡ᠃ ᠲᠥᠪ ᠬᠤᠷᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ᠂ ᠬᠤᠲᠠ ᠶᠢᠨ ᠨᠠᠮ ᠤᠨ ᠬᠤᠷᠢᠶ᠎ᠠ ᠶᠢᠨ ᠲᠣᠭᠤᠷᠢᠨ | ᠪᠠᠶᠢᠴᠠᠭᠠᠯᠲᠠ ᠳᠤ ᠲᠤᠰᠬᠠᠭᠰᠠᠨ ᠠᠰᠠᠭᠤᠳᠠᠯ ᠢ ᠪᠦᠲᠦᠮᠵᠢᠲᠡᠢ ᠴᠡᠭᠴᠡᠯᠡᠨ ᠵᠠᠯᠠᠷᠠᠭᠤᠯᠵᠤ᠂ ᠬᠢᠨᠠᠨ ᠪᠣᠳᠤᠯᠲᠠ ᠶᠢᠨ ᠬᠢᠨᠠᠯᠲᠠ ᠪᠠ ᠵᠠᠰᠠᠭ ᠵᠠᠬᠢᠷᠭᠠᠨ ᠤ ᠬᠢᠨᠠᠨ | ᠪᠠᠶᠢᠴᠠᠭᠠᠯᠲᠠ ᠶᠢ ᠦᠷᠭᠦᠯᠵᠢᠯᠡᠨ ᠴᠢᠩᠭᠠᠷᠠᠭᠤᠯᠤᠭᠠᠳ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠬᠢᠭᠡᠳ ᠢᠯᠵᠢᠷᠡᠯ ᠢ ᠡᠰᠡᠷᠭᠦᠴᠡᠬᠦ ᠲᠡᠮᠡᠴᠡᠯ | ᠢᠯᠡᠷᠬᠡᠢ ᠪᠦᠲᠦᠮᠵᠢ ᠣᠯᠪᠠ᠃ | ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠳᠤ ᠪᠢᠳᠠ ᠭᠠᠷ ᠭᠠᠷ ᠢᠶᠠᠨ ᠬᠤᠯᠪᠣᠵᠤ ᠰᠢᠷᠭᠠᠭᠤ ᠴᠢᠷᠮᠠᠶᠢᠨ᠂ ᠬᠦᠴᠢᠷ ᠢ ᠲᠤᠭᠤᠯᠵᠤ ᠵᠣᠷᠢᠭᠲᠠᠢ | ᠤᠷᠤᠭᠰᠢᠯᠠᠭᠠᠳ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ ᠪᠠᠲᠤ ᠰᠠᠭᠤᠷᠢ ᠲᠠᠯᠪᠢᠪᠠ᠃ ᠡᠳᠡᠭᠡᠷ ᠠᠮᠵᠢᠯᠲᠠ ᠪᠦᠲᠦᠮᠵᠢ ᠪᠣᠯ ᠬᠤᠰᠢᠭᠤᠨ ᠤ ᠨᠠᠮ | ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠤᠯᠭ᠎ᠠ ᠳᠤᠭᠲᠠᠭᠠᠭᠰᠠᠨ ᠤ ᠦᠷ᠎ᠡ ᠳ᠋ᠦᠩ ᠮᠥᠨ᠂ | ᠬᠤᠰᠢᠭᠤᠨ ᠤ ᠠᠷᠠᠳ ᠤᠨ ᠲᠥᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ᠂ | ᠬᠠᠮᠲᠦ ᠶᠢᠨ ᠴᠢᠷᠮᠠᠶᠢᠯᠭ᠎ᠠ ᠶᠢᠨ ᠦᠷ᠎ᠡ ᠳ᠋ᠦᠩ ᠮᠥᠨ᠂ ᠪᠦᠬᠦ ᠬᠤᠰᠢᠭᠤᠨ ᠤ ᠺᠠᠳ᠋ᠷ ᠣᠯᠠᠨ ᠲᠦᠮᠡᠨ ᠤ ᠰᠢᠨ᠎ᠠ ᠶᠢ ᠡᠭᠦᠳᠦᠨ ᠤᠷᠤᠭᠰᠢᠯᠡᠵᠦ᠂ ᠰᠢᠷᠭᠠᠭᠤ | ᠴᠢᠷᠮᠠᠶᠢᠭᠰᠠᠨ ᠤ ᠦᠷ᠎ᠡ ᠳ᠋ᠦᠩ ᠮᠥᠨ᠂ ᠮᠦᠨᠴᠦ ᠨᠡᠶᠢᠬᠡᠮ ᠤᠨ ᠡᠯ᠎ᠡ ᠡᠲᠡᠭᠡᠳ ᠤᠨ ᠬᠢᠨ ᠤ ᠢᠳᠡᠪᠬᠢᠲᠡᠢ ᠣᠷᠤᠯᠴᠠᠵᠦ᠂ ᠬᠠᠷᠠᠮ ᠦᠭᠡᠢ ᠳᠡᠮᠵᠢᠭᠰᠡᠨ ᠤ ᠦᠷ᠎ᠡ | ᠳ᠋ᠦᠩ ᠮᠥᠨ᠃ ᠠᠳᠡ᠂ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠥᠯᠥᠭᠡᠯᠡᠵᠦ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ | ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠣᠯᠣᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ᠂ ᠤᠲᠤᠭ ᠤᠨ | ᠪᠠᠶᠢᠭᠤᠯᠤᠯᠲᠠ ᠬᠥᠭᠵᠢᠬᠦᠯᠦᠯᠲᠡ ᠳᠤ ᠣᠷᠣᠯᠴᠠᠭᠰᠠᠨ ᠡᠯ᠎ᠡ ᠡᠲᠡᠭᠡᠳ ᠤᠨ ᠬᠦᠮᠦᠰ ᠲᠤ ᠴᠢᠩ ᠦᠨᠡᠨᠴᠢ ᠲᠠᠯᠠᠷᠬᠠᠯ ᠪᠤᠯᠤᠨ ᠡᠷᠬᠢᠮ ᠳᠡᠭᠡᠲᠦ ᠬᠦᠨᠳᠦᠳᠬᠡᠯ ᠢᠶᠠᠨ | ᠳᠡᠪᠰᠢᠭᠦᠯᠦᠶ᠎ᠡ︕ | ᠪᠢᠳᠠ ᠠᠮᠵᠢᠯᠲᠠ ᠪᠠᠨ ᠣᠯᠵᠤ ᠬᠠᠷᠠᠬᠤ ᠶᠢᠨ ᠵᠡᠷᠭᠡᠪᠡᠷ ᠣᠷᠣᠰᠢᠵᠤ ᠪᠠᠶᠢᠭ᠎ᠠ ᠬᠦᠴᠢᠷᠳᠡᠯ ᠪᠠ ᠲᠤᠯᠭᠠᠷᠠᠵᠤ ᠪᠦᠬᠦᠢ ᠥᠷᠢᠰᠦᠯᠳᠦᠭᠡᠨ ᠢ ᠴᠦ ᠰᠡᠷᠭᠡᠭ ᠢᠶᠠᠷ ᠲᠠᠨᠢᠬᠤ | ᠴᠢᠬᠤᠯᠠᠲᠠᠢ ᠪᠠᠶᠢᠨ᠎ᠠ᠃ ᠭᠤᠣᠯ ᠢᠯᠡᠷᠡᠯ ᠨᠢ᠄ ᠠᠵᠦ ᠦᠢᠯᠡᠰ ᠤᠨ ᠲᠡᠰ ᠳᠠᠪᠬᠤᠷᠭ᠎ᠠ ᠳᠣᠣᠷ᠎ᠠ᠂ ᠬᠡᠯᠬᠢᠶ᠎ᠡ ᠣᠬᠤᠷ᠂ ᠥᠷᠢᠰᠦᠯᠲᠦᠬᠦ ᠬᠦᠴᠦᠨ ᠪᠠᠭᠤᠷᠠᠢ᠂ ᠬᠡᠯᠪᠡᠷᠢ | ᠪᠠᠨ ᠬᠤᠪᠢᠷᠠᠭᠤᠯᠵᠦ ᠲᠡᠰ ᠳᠠᠪᠰᠢᠬᠦᠯᠬᠦ ᠡᠭᠦᠷᠭᠡ ᠬᠦᠨᠳᠦ ᠪᠠᠶᠢᠭᠰᠠᠭᠠᠷ︔ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠬᠦ ᠴᠢᠳᠠᠪᠤᠷᠢ ᠳᠣᠷᠣᠢ᠂ | ᠲᠤᠰᠬᠠᠢ ᠮᠡᠷᠭᠡᠵᠢᠯᠲᠡᠨ ᠲᠤᠳᠠᠮᠠᠭ᠂ ᠠᠵᠦ ᠠᠬᠤᠢ ᠶᠢᠨ ᠨᠡᠮᠡᠭᠳᠡᠯ ᠤᠨ ᠳᠣᠲᠣᠭᠠᠲᠦ ᠬᠦᠴᠦᠨ ᠬᠦᠷᠦᠯᠴᠡᠬᠦ ᠦᠭᠡᠢ ᠪᠠᠶᠢᠭᠰᠠᠭᠠᠷ︔ ᠬᠤᠲᠠ ᠬᠥᠳᠡᠭᠡ ᠶᠢᠨ | ᠬᠥᠭᠵᠢᠯᠲᠡ ᠲᠡᠩᠴᠡᠭᠦᠷᠢ ᠦᠭᠡᠢ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢᠨ ᠬᠠᠩᠭᠠᠯᠭ᠎ᠠ ᠲᠤᠲᠠᠮᠠᠭ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ | ᠨᠢ ᠣᠯᠠᠨ ᠲᠦᠮᠡᠨ ᠤ ᠬᠦᠰᠡᠯ ᠡᠷᠡᠮᠡᠯᠵᠡᠯ ᠲᠠᠢ ᠵᠣᠬᠢᠬᠤ ᠵᠥᠷᠢᠶ᠎ᠡ ᠲᠠᠢ ᠪᠠᠶᠢᠭᠰᠠᠭᠠᠷ︔ ᠠᠮᠢ ᠠᠬᠤᠢ ᠶᠢᠨ ᠣᠷᠴᠢᠨ ᠬᠡᠪᠡᠷᠡᠭ᠂ ᠣᠷᠴᠢᠨ ᠲᠣᠭᠤᠷᠢᠨ ᠢ ᠴᠡᠭᠴᠡᠯᠡᠬᠦ | ᠳᠠᠷᠣᠭᠠᠰᠤ ᠶᠡᠭᠡ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠡᠭᠦᠷᠭᠡ ᠬᠦᠨᠳᠦ ᠵᠠᠮ ᠬᠤᠯᠠ ᠪᠠᠶᠢᠭᠰᠠᠭᠠᠷ︔ ᠠᠶᠤᠯ ᠦᠭᠡᠢ ᠦᠢᠯᠡᠳᠪᠦᠷᠢᠯᠡᠯ᠂ ᠵᠠᠬᠢᠳᠠᠯ | ᠰᠤᠷᠪᠤᠯᠵᠢᠯᠠᠭ᠎ᠠ ᠠᠮᠤᠷ ᠲᠣᠭᠲᠠᠭᠤᠨ ᠢ ᠬᠠᠮᠠᠭᠠᠯᠠᠬᠤ ᠵᠡᠷᠭᠡ ᠲᠠᠯ᠎ᠠ ᠳᠤ ᠪᠠᠰᠠᠯᠠ ᠠᠶᠤᠯ ᠲᠦᠭᠰᠢᠬᠦᠷᠢ ᠳᠠᠯᠳᠠ ᠬᠡᠮ ᠣᠷᠣᠰᠢᠵᠦ᠂ ᠨᠡᠶᠢᠭᠡᠮ ᠢ ᠵᠠᠰᠠᠬᠤ ᠠᠵᠢᠯ ᠳᠤ | ᠮᠥᠨ ᠴᠥᠭᠡᠨ ᠪᠤᠰᠤ ᠰᠢᠨ᠎ᠠ ᠪᠠᠶᠢᠳᠠᠯ ᠰᠢᠨ᠎ᠡ ᠠᠰᠠᠭᠤᠳᠠᠯ ᠲᠤᠯᠭᠠᠷᠠᠵᠦ ᠪᠣᠢ︔ ᠥᠷᠭᠡᠨ ᠣᠯᠠᠨ ᠺᠠᠳ᠋ᠷᠴᠤᠳ ᠤᠨ ᠬᠠᠤᠯᠢᠵᠢᠯ ᠰᠡᠳᠬᠢᠬᠦᠢ᠂ ᠥᠭᠡᠷᠡᠴᠢᠯᠡᠯᠲᠡ | ᠬᠢᠵᠦ ᠰᠢᠨ᠎ᠠ ᠶᠢ ᠡᠭᠦᠳᠬᠦ ᠠᠷᠭ᠎ᠠ ᠪᠠᠷ ᠬᠥᠭᠵᠢᠯᠲᠡ ᠳᠠᠬᠢ ᠬᠦᠴᠢᠷ ᠠᠰᠠᠭᠤᠳᠠᠯ ᠰᠢᠢᠳᠪᠦᠷᠢᠯᠡᠬᠦ ᠴᠢᠳᠠᠪᠤᠷᠢ ᠶᠢ ᠤᠯᠠᠮ ᠳᠡᠭᠡᠭᠰᠢᠯᠡᠬᠦᠯᠵᠦ᠂ ᠵᠠᠰᠠᠭ ᠤᠨ ᠣᠷᠳᠤᠨ | ᠤ ᠠᠵᠢᠯ ᠤᠨ ᠦᠷ᠎ᠡ ᠪᠦᠲᠦᠮᠵᠢ ᠶᠢ ᠤᠯᠠᠮ ᠳᠡᠭᠡᠭᠰᠢᠯᠡᠬᠦᠯᠬᠦ ᠴᠢᠬᠤᠯᠠᠲᠠᠢ ᠪᠠᠶᠢᠨ᠎ᠠ᠃ ᠪᠢᠳᠠ ᠡᠳᠡᠭᠡᠷ ᠠᠰᠠᠭᠤᠳᠠᠯ ᠳᠤ ᠨᠢᠮᠪᠠᠢ ᠬᠠᠨᠲᠤᠵᠤ᠂ ᠨᠠᠷᠢᠯᠢᠭ ᠵᠠᠳᠠᠯᠤᠨ᠂ | ᠦᠨᠡᠨᠬᠦ ᠰᠢᠢᠳᠪᠦᠷᠢᠯᠡᠵᠦ᠂ ᠠᠷᠠᠳ ᠲᠦᠮᠡᠨ ᠢ ᠰᠡᠳᠬᠢᠯ ᠬᠠᠨᠤᠮᠵᠢᠲᠠᠢ ᠪᠣᠯᠭᠠᠨ᠎ᠠ᠃ | ᠬᠤᠶᠠᠷ᠂ 2017 ᠣᠨ ᠤ ᠠᠵᠢᠯ ᠤᠨ ᠲᠣᠬᠢᠷᠠᠭᠤᠯᠭ᠎ᠠ | 2017 ᠣᠨ ᠪᠣᠯ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠦᠪᠵᠢᠭᠦᠯᠬᠡ ᠶᠢᠨ ᠴᠢᠬᠤᠯᠠ ᠨᠢᠭᠡ ᠵᠢᠯ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ | ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠨᠢᠭᠡ ᠵᠢᠯ ᠮᠥᠨ᠃ ᠬᠤᠰᠢᠭᠤᠨ ᠤ ᠠᠷᠪᠠᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠦᠭᠡᠯᠡᠭᠴᠢᠳ ᠤᠨ | ᠶᠡᠭᠡ ᠬᠤᠷᠠᠯ ᠬᠢᠭᠡᠳ ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠳᠤ | ᠦᠨᠳᠦᠰᠦᠯᠡᠵᠦ ᠪᠠᠶᠢᠭᠠᠳ ᠥᠨᠦ ᠵᠢᠯ ᠤᠨ ᠵᠠᠰᠠᠭ ᠤᠨ ᠣᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠡᠶᠢᠨᠬᠦ ᠲᠣᠭᠲᠠᠭᠠᠪᠠ᠄ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠬᠢᠭᠡᠳ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠥᠭᠦᠳᠡ ᠬᠤᠷᠠᠯ ᠤᠨ | ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠠᠯᠢ ᠤᠯᠠᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠ ᠤᠯᠤᠰ | ᠢ ᠵᠠᠰᠠᠵᠤ ᠲᠦᠷᠦ ᠪᠠᠷᠢᠬᠤ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠲᠤᠬᠤ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ᠂ ᠶᠡᠷᠦᠩᠬᠡᠢ | ᠱᠦᠵᠢ ᠰᠢ ᠶᠢᠨ ᠫᠢᠩ ᠤᠨ ᠥᠪᠦᠷ ᠮᠣᠩᠭᠤᠯ ᠳᠤ ᠰᠢᠨᠵᠢᠯᠠᠨ ᠪᠠᠶᠢᠴᠠᠭᠠᠯᠲᠠ ᠬᠢᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠢ | ᠲᠣᠣᠱᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠥᠯᠦᠭᠡᠯᠡᠭᠴᠢᠳ ᠤᠨ ᠶᠡᠭᠡ ᠬᠤᠷᠠᠯ᠂ ᠥᠪᠡᠷᠲᠡᠭᠡᠨ ᠵᠠᠰᠠᠬᠤ ᠣᠷᠣᠨ | ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ ᠪᠠ ᠬᠤᠲᠠ ᠶᠢᠨ ᠳᠥᠷᠪᠡᠳᠦᠭᠡᠷ ᠤᠳᠠᠭ᠎ᠠ ᠶᠢᠨ ᠨᠠᠮ ᠤᠨ | ᠲᠥᠯᠦᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠤ ᠨᠢᠭᠲᠠ ᠲᠣᠭᠤᠷᠢᠭᠤᠯᠵᠤ ᠪᠠᠶᠢᠭᠠᠳ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ | ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ︽ᠳᠥᠷᠪᠡᠨ ᠪᠥᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ | ᠵᠣᠬᠢᠴᠠᠩᠭᠤᠢ ᠠᠬᠢᠭᠤᠯᠤᠨ᠂ ᠳᠤᠭᠲᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠢ ᠭᠤᠤᠯ ᠰᠠᠨᠠᠭ᠎ᠠ ᠶᠢ ᠪᠠᠷᠢᠮᠲᠠᠯᠠᠵᠤ᠂ ᠬᠥᠭᠵᠢᠯᠲᠡ ᠶᠢᠨ ᠰᠢᠨ᠎ᠠ | ᠤᠶᠢᠯᠠᠭᠠᠭᠳᠠᠬᠤᠨ ᠢ ᠪᠠᠲᠤ ᠪᠥᠷᠢᠯᠳᠦᠭᠦᠯᠦᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠢ ᠬᠥᠲᠥᠯᠥᠨ ᠳᠠᠭᠠᠭᠤᠯᠬᠤ ᠳᠤ | ᠵᠣᠬᠢᠴᠠᠨ᠂ ᠬᠥᠭᠵᠢᠯᠲᠡ ᠶᠢᠨ ᠴᠢᠨᠠᠷ ᠴᠢᠨᠰᠠᠭ᠎ᠠ ᠪᠤᠯᠤᠨ ᠦᠷ᠎ᠡ ᠠᠰᠢᠭ ᠢ ᠳᠡᠭᠡᠭᠰᠢᠯᠡᠭᠦᠯᠬᠦ ᠪᠠᠷ ᠭᠤᠤᠯ ᠪᠤᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠢ ᠥᠭᠡᠷᠡᠴᠢᠯᠡᠯᠲᠡ ᠶᠢ ᠠᠬᠢᠭᠤᠯᠬᠤ ᠪᠠᠷ ᠭᠤᠣᠯ ᠱᠤᠭᠤᠮ ᠪᠣᠯᠭᠠᠨ᠂ ᠬᠥᠭᠵᠢᠯᠲᠡ᠂ ᠠᠮᠢ ᠠᠬᠤᠢ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ | ᠡᠷᠡᠰ ᠰᠠᠬᠢᠵᠤ᠂ ᠬᠡᠯᠪᠡᠷᠢ ᠪᠠᠨ ᠬᠤᠪᠢᠷᠠᠭᠤᠯᠵᠤ ᠲᠡᠰ ᠳᠡᠪᠰᠢᠭᠦᠯᠬᠦ ᠶᠢ ᠲᠦᠷᠭᠡᠳᠬᠡᠨ᠂ ︽ᠲᠠᠪᠤ ᠶᠢ ᠵᠣᠬᠢᠴᠠᠭᠤᠯᠤᠨ ᠬᠥᠭᠵᠢᠭᠦᠯᠬᠦ︾ ᠶᠢ ᠶᠡᠬᠡᠪᠡᠷ ᠠᠬᠢᠭᠤᠯᠵᠤ᠂ | ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠳᠤ ᠲᠣᠬᠢᠷᠠᠭᠤᠯᠤᠯᠲᠠ ᠬᠢᠬᠦ᠂ ᠠᠷᠠᠳ ᠲᠤ ᠠᠰᠢᠭ ᠬᠦᠷᠲᠡᠭᠡᠬᠦ᠂ ᠠᠶᠤᠯ | ᠲᠦᠭᠰᠢᠭᠦᠷᠢ ᠶᠢ ᠰᠡᠷᠭᠡᠶᠢᠯᠡᠬᠦ ᠡᠯ᠎ᠡ ᠲᠥᠷᠦᠯ ᠤᠨ ᠠᠵᠢᠯ ᠢ ᠪᠦᠬᠦ ᠲᠠᠯ᠎ᠠ ᠪᠠᠷ ᠰᠠᠶᠢᠨ ᠬᠢᠵᠦ᠂ ᠠᠵᠤ ᠠᠬᠤᠢ ᠶᠢᠨ ᠲᠣᠭᠲᠠᠭᠤᠨ ᠮᠥᠷᠲᠡᠭᠡᠨ ᠡᠷᠡᠭᠦᠯ ᠬᠥᠭᠵᠢᠯᠲᠡ | ᠪᠠ ᠨᠡᠶᠢᠭᠡᠮ ᠤᠨ ᠡᠶ᠎ᠡ ᠵᠣᠬᠢᠴᠠᠯ ᠠᠮᠤᠷ ᠲᠣᠭᠲᠠᠭᠤᠨ ᠢ ᠠᠬᠢᠭᠤᠯᠤᠨ᠂ ᠰᠢᠯᠢᠳᠡᠭ ᠪᠦᠲᠦᠮᠵᠢ ᠪᠠᠷ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ | ᠤᠨ ᠣᠢ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠲᠠᠲᠠᠢ ᠬᠤᠷᠠᠯᠳᠤᠬᠤ ᠶᠢ ᠤᠭᠲᠤᠨ᠎ᠠ᠃ ᠵᠢᠱᠢᠭᠰᠡᠨ ᠭᠤᠣᠯ ᠬᠠᠷᠠᠯᠲᠠ ᠪᠣᠯ᠄ ᠭᠠᠵᠠᠷ ᠤᠷᠤᠨ | ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 8% ᠤᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠦ ᠦᠢᠯᠡᠳᠪᠦᠷᠢ ᠶᠢᠨ ᠨᠡᠮᠡᠭᠳᠡᠯ ᠥᠷᠲᠡᠭ ᠢ | 9.5% ᠣᠷᠴᠢᠮ ᠨᠡᠮᠡᠭᠳᠡᠭᠦᠯᠦᠨ᠂ ᠳᠤᠭᠲᠠᠮᠠᠯ ᠬᠥᠷᠥᠩᠭᠡ ᠶᠢᠨ ᠪᠡᠯᠡ ᠤᠷᠤᠭᠤᠯᠤᠯᠲᠠ ᠶᠢ 12% ᠤᠷᠴᠢᠮ ᠨᠡᠮᠡᠭᠳᠡᠭᠦᠯᠵᠦ᠂ ᠤᠯᠠᠨ ᠨᠡᠶᠢᠲᠡ ᠶᠢᠨ ᠡᠳ᠋ ᠤᠨ | ᠵᠠᠰᠠᠭ ᠤᠨ ᠳᠥᠰᠥᠪ ᠤᠨ ᠤᠷᠤᠯᠭ᠎ᠠ ᠶᠢ 3% ᠤᠷᠴᠢᠮ ᠨᠡᠮᠡᠭᠳᠡᠭᠦᠯᠦᠨ᠂ ᠨᠡᠶᠢᠬᠡᠮ ᠤᠨ ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠪᠤᠷᠤᠯᠠᠭᠤᠯᠬᠤ ᠶᠡᠷᠦᠩᠬᠡᠢ | ᠬᠡᠮᠵᠢᠶ᠎ᠡ ᠶᠢ 10% ᠤᠷᠴᠢᠮ ᠨᠡᠮᠡᠭᠳᠡᠭᠦᠯᠵᠦ᠂ ᠬᠤᠲᠠ ᠬᠥᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠬᠦᠮᠦᠨ ᠳᠤᠲᠤᠮ ᠤᠨ ᠡᠵᠡᠮᠳᠡᠬᠦ ᠤᠷᠤᠯᠭ᠎ᠠ ᠶᠢ ᠲᠤᠰ | ᠲᠤᠰ 8% ᠪᠠ 9% ᠤᠷᠴᠢᠮ ᠨᠡᠮᠡᠭᠳᠡᠭᠦᠯᠦᠨ᠎ᠡ᠃ ᠳᠣᠯᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠨ ᠬᠢᠨ᠎ᠡ᠃ | ︵ᠨᠢᠭᠡ︶ ᠲᠣᠭᠲᠠᠭᠤᠨ ᠤ ᠳᠤᠮᠳᠠ ᠤᠷᠤᠭᠰᠢᠯᠠᠵᠤ᠂ ᠠᠵᠤ ᠠᠬᠤᠢ ᠶᠢᠨ ᠨᠡᠮᠡᠭᠳᠡᠯ ᠤᠨ ᠣᠷᠣᠨ ᠵᠠᠢ ᠶᠢ ᠥᠷᠭᠡᠳᠬᠡᠨ᠎ᠡ᠃ ᠲᠥᠷᠥᠯ ᠵᠦᠢᠯ᠂ ᠲᠥᠷᠥ ᠶᠢᠨ | ᠪᠣᠳᠣᠯᠭ᠎ᠠ ᠪᠠᠷ ᠳᠠᠶᠢᠴᠢᠯᠠᠬᠤ ᠶᠢ ᠳᠣᠪᠣᠶᠢᠯᠭᠠᠵᠤ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠬᠦᠴᠦᠯᠡᠨ ᠪᠣᠶᠢᠵᠢᠭᠤᠯᠤᠨ᠎ᠠ᠃ ᠨᠢᠭᠡ ᠳᠤ ᠲᠥᠷᠥᠯ ᠵᠦᠢᠯ ᠤᠨ | ᠪᠠᠶᠢᠭᠤᠯᠤᠯᠲᠠ ᠶᠢ ᠪᠦᠬᠦ ᠬᠦᠷᠢᠶ᠎ᠡ ᠬᠡᠪᠴᠢᠶᠡᠨ ᠳᠤ ᠠᠬᠢᠭᠤᠯᠤᠨ᠎ᠠ᠃ ᠶᠡᠭᠡ ᠪᠠᠭ᠎ᠠ ᠲᠥᠷᠥᠯ ᠵᠦᠢᠯ ᠢ ᠵᠡᠷᠬᠡᠪᠡᠷ ᠠᠳᠬᠤᠬᠤ ᠶᠢ ᠪᠠᠷᠢᠮᠲᠠᠯᠠᠵᠤ᠂ ᠠᠵᠤ | ᠦᠢᠯᠡᠳᠪᠦᠷᠢ ᠶᠢᠨ ᠬᠡᠯᠪᠡᠷᠢ ᠶᠢᠨ ᠬᠤᠪᠢᠷᠠᠭᠤᠯᠤᠯᠲᠠ᠂ ᠰᠠᠭᠤᠷᠢ ᠪᠠᠶᠢᠭᠤᠯᠤᠯᠲᠠ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠨᠡᠶᠢᠭᠡᠮ ᠠᠷᠠᠳ ᠤᠨ | ᠠᠮᠢᠳᠤᠷᠠᠯ᠂ ᠰᠣᠶᠣᠯ ᠵᠤᠭᠠᠴᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠵᠡᠷᠭᠡ ᠭᠤᠣᠯᠳᠠᠯᠭᠠᠳᠤ ᠬᠦᠷᠢᠶ᠎ᠡ ᠬᠡᠪᠴᠢᠶᠡᠨ ᠳᠤ ᠠᠩᠬᠠᠷᠤᠯ ᠢᠶᠠᠨ | ᠲᠥᠪᠯᠡᠷᠡᠭᠦᠯᠦᠨ᠂ ᠴᠢᠬᠤᠯᠠ ᠶᠡᠭᠡ ᠲᠥᠷᠥᠯ ᠵᠦᠢᠯ ᠢ ᠬᠠᠪᠤᠷ ᠨᠠᠮᠤᠷ ᠲᠤ ᠲᠥᠪᠯᠡᠷᠡᠭᠦᠯᠦᠨ ᠠᠵᠢᠯ ᠡᠬᠢᠯᠡᠭᠦᠯᠬᠦ ᠶᠢ ᠶᠡᠬᠡᠪᠡᠷ ᠠᠬᠢᠭᠤᠯᠵᠤ᠂ 500 ᠲᠦᠮᠡᠨ | ᠲᠥᠭᠦᠷᠢᠭ ᠠᠴᠠ ᠳᠡᠭᠡᠭᠰᠢᠬᠢ 165 ᠲᠥᠷᠥᠯ ᠵᠦᠢᠯ᠂ ᠡᠭᠦᠨ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 20 ᠭᠤᠣᠯᠳᠠᠯᠭᠠᠳᠤ ᠲᠥᠷᠥᠯ ᠵᠦᠢᠯ ᠢ ᠵᠣᠬᠢᠶᠠᠨ | ᠪᠠᠶᠢᠭᠤᠯᠵᠤ ᠬᠡᠷᠡᠭᠵᠢᠭᠦᠯᠦᠨ᠂ ᠣᠷᠳᠣᠰ ᠪᠦᠯᠦᠭᠯᠡᠯ ᠤᠨ 8000 ᠲᠣᠨ ᠣᠯᠠᠨ ᠲᠠᠯᠠᠰᠲᠤ ᠴᠠᠬᠢᠭᠤᠷ ᠂ ᠱᠤᠸᠠᠩ ᠰᠢᠨ ᠤ 2×35 ᠲᠦᠮᠡᠨ ᠺᠢᠯᠣᠸᠠᠲ ᠤᠨ | ᠴᠠᠬᠢᠯᠭᠠᠨ ᠦᠢᠯᠡᠳᠪᠦᠷᠢ᠂ ᠵᠦᠩ ᠬᠦ᠋ ᠶᠢᠨ 20 ᠲᠦᠮᠡᠨ ᠲᠣᠨ ᠬᠠᠲᠠᠭᠤ ᠬᠤᠵᠢᠷ ᠵᠡᠷᠭᠡ 9 ᠴᠢᠬᠤᠯᠠ ᠶᠡᠭᠡ ᠲᠥᠷᠥᠯ ᠵᠦᠢᠯ ᠢ ᠪᠠᠶᠢᠭᠤᠯᠵᠤ ᠠᠰᠢᠭᠯᠠᠯᠲᠠ ᠳᠤ | ᠣᠷᠣᠭᠤᠯᠤᠨ᠎ᠠ᠃ ᠬᠤᠶᠠᠷ ᠲᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠪᠦᠬᠦ ᠲᠠᠯ᠎ᠠ ᠪᠠᠷ ᠥᠷᠨᠢᠭᠦᠯᠦᠨ᠎ᠡ᠃ ︽ᠭᠠᠳᠠᠭᠰᠢ ᠭᠠᠷᠭᠠᠬᠤ᠂ ᠤᠷᠢᠵᠤ | ᠣᠷᠣᠭᠤᠯᠬᠤ︾ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠠ ᠵᠠᠬ᠎ᠠ ᠳᠡᠯᠭᠡᠭᠦᠷ ᠤᠨ ᠬᠥᠭᠵᠢᠯᠲᠡ ᠶᠢᠨ ᠬᠠᠨᠳᠤᠰᠢ | ᠶᠢ ᠣᠨᠣᠪᠴᠢᠲᠠᠢ ᠡᠵᠡᠮᠰᠢᠨ᠂ ᠬᠦᠷᠢᠶᠡᠯᠡᠩ ᠢᠶᠠᠷ ᠭᠤᠣᠯ ᠲᠠᠯᠠᠪᠤᠷ ᠪᠣᠯᠭᠠᠵᠤ᠂ ᠠᠵᠤ ᠠᠬᠤᠶᠢᠯᠠᠯ ᠢᠶᠠᠷ ᠠᠴᠢᠶᠠᠯᠠᠪᠤᠷᠢ ᠪᠣᠯᠭᠠᠨ᠂ ᠠᠵᠤ ᠠᠬᠤᠶᠢᠯᠠᠯ ᠢᠶᠠᠷ | ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ᠂ ᠦᠵᠡᠭᠦᠯᠭᠡ ᠪᠠᠷ ᠬᠤᠳᠠᠯᠳᠤᠭᠠᠴᠢᠨ ᠤᠷᠢᠬᠤ ᠵᠡᠷᠭᠡ ᠣᠨᠣᠪᠴᠢᠲᠠᠢ | ᠠᠷᠭ᠎ᠠ ᠪᠠᠷᠢᠯ ᠢᠶᠠᠷ ᠨᠠᠷᠢᠯᠢᠭ ᠪᠣᠯᠪᠠᠰᠤᠷᠠᠭᠤᠯᠬᠤ ᠬᠢᠮᠢ ᠶᠢᠨ ᠠᠵᠤ ᠦᠢᠯᠡᠳᠪᠦᠷᠢ᠂ ᠴᠡᠪᠡᠷ ᠡᠨᠧᠷᠬᠢ᠂ ᠣᠳᠣ ᠦᠶ᠎ᠡ ᠶᠢᠨ ᠪᠠᠷᠠᠭᠠᠨ ᠤ ᠭᠦᠢᠯᠬᠡᠬᠡ᠂ ᠪᠦᠬᠦ ᠣᠷᠣᠨ | ᠲᠣᠭᠤᠷᠢᠭ ᠤᠨ ᠵᠤᠭᠠᠴᠠᠯ ᠵᠡᠷᠭᠡ ᠲᠠᠯ᠎ᠠ ᠳᠤ ᠨᠢᠭᠡ ᠪᠦᠯᠦᠭ ᠶᠡᠭᠡ ᠲᠥᠷᠥᠯ ᠵᠦᠢᠯ᠂ ᠰᠠᠶᠢᠨ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠰᠠᠭᠤᠷᠢ | ᠪᠠᠶᠢᠭᠤᠯᠤᠯᠲᠠ᠂ ᠠᠮᠢ ᠠᠬᠤᠢ ᠶᠢᠨ ᠬᠠᠮᠠᠭᠠᠯᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠲᠠᠯ᠎ᠠ ᠳᠤ ᠨᠢᠭᠡ ᠪᠦᠯᠦᠭ ᠳᠤᠮᠳᠠ ᠪᠠᠭ᠎ᠠ ᠲᠥᠷᠥᠯ ᠵᠦᠢᠯ ᠢ | ᠢᠵᠢ ᠪᠦᠷᠢᠳᠦᠭᠦᠯᠦᠨ ᠬᠡᠷᠡᠭᠵᠢᠭᠦᠯᠵᠦ᠂ ᠪᠡᠯᠡ ᠮᠥᠩᠭᠦ ᠶᠢ 200 ᠳ᠋ᠦᠩᠰᠢᠭᠤᠷ ᠲᠥᠭᠦᠷᠢᠭ ᠠᠴᠠ ᠳᠡᠭᠡᠭᠰᠢ ᠣᠷᠣᠭᠤᠯᠬᠤ ᠪᠠᠷ ᠴᠢᠷᠮᠠᠶᠢᠨ᠂ ᠭᠡᠷ᠎ᠡ ᠲᠣᠭᠲᠠᠭᠰᠠᠨ | ᠲᠥᠷᠥᠯ ᠵᠦᠢᠯ ᠢ ᠬᠦᠴᠦ ᠪᠠᠨ ᠲᠥᠪᠯᠡᠷᠡᠭᠦᠯᠦᠨ ᠬᠡᠷᠡᠭᠵᠢᠭᠦᠯᠵᠦ᠂ ᠶᠡᠭᠡ ᠲᠥᠷᠥᠯ ᠵᠦᠢᠯ ᠢᠶᠠᠷ ᠲᠤᠯᠭᠠᠭᠤᠷᠢᠯᠠᠭᠤᠯᠤᠭᠰᠠᠨ᠂ ᠳᠤᠮᠳᠠ ᠪᠠᠭ᠎ᠠ ᠲᠥᠷᠥᠯ ᠵᠦᠢᠯ ᠢ | ᠲᠦᠭᠡᠮᠡᠯᠵᠢᠭᠦᠯᠦᠭᠰᠡᠨ ᠬᠥᠭᠵᠢᠯᠲᠡ ᠶᠢᠨ ᠪᠠᠶᠢᠳᠠᠯ ᠢ ᠪᠦᠷᠢᠯᠳᠦᠭᠦᠯᠦᠨ᠎ᠡ᠃ ᠭᠤᠷᠪᠠ ᠳᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠣᠯᠠᠨ ᠳᠠᠪᠬᠤᠷᠭ᠎ᠠ ᠪᠠᠷ ᠠᠬᠢᠭᠤᠯᠤᠨ᠎ᠠ᠃ ᠦᠢᠯᠡᠳᠪᠦᠷᠢᠯᠡᠯ ᠤᠨ ᠴᠢᠳᠠᠪᠤᠷᠢ ᠶᠢᠨ ᠦᠯᠡᠬᠦᠳᠠᠯ ᠢ ᠰᠢᠢᠳᠪᠣᠷᠢᠯᠡᠬᠦ ᠲᠠᠯ᠎ᠠ ᠪᠠᠷ᠂ ᠲᠣᠭᠲᠠᠭᠠᠯ | ᠪᠠᠷᠢᠮᠵᠢᠶ᠎ᠠ ᠳᠤ ᠨᠡᠶᠢᠴᠡᠬᠦ ᠦᠭᠡᠢ ᠦᠢᠯᠡᠳᠪᠦᠷᠢᠯᠡᠯ ᠤᠨ ᠴᠢᠳᠠᠪᠤᠷᠢ ᠶᠢ ᠬᠠᠤᠯᠢ ᠲᠣᠭᠲᠠᠭᠠᠯ ᠶᠣᠰᠣᠭᠠᠷ ᠲᠠᠶᠠᠭᠳᠠᠵᠤ᠂ ᠤᠯᠠᠮᠵᠢᠯᠠᠯᠲᠤ ᠠᠵᠤ ᠦᠢᠯᠡᠰ ᠢ ᠲᠡᠰ | ᠳᠡᠪᠰᠢᠭᠦᠯᠦᠨ ᠥᠭᠡᠷᠡᠴᠢᠯᠡᠬᠦ ᠪᠠ ᠬᠡᠯᠬᠢᠶ᠎ᠡ ᠶᠢ ᠤᠷᠲᠤᠳᠬᠠᠬᠤ ᠶᠢ ᠭᠤᠣᠯᠳᠠᠯᠭ᠎ᠠ ᠲᠠᠢ ᠰᠠᠶᠢᠲᠤᠷ ᠠᠳᠬᠤᠨ᠂ ᠬᠥᠭᠵᠢᠯᠲᠡ ᠶᠢᠨ ᠰᠢᠨ᠎ᠡ ᠬᠥᠳᠡᠯᠭᠡᠭᠴᠢ ᠬᠦᠴᠦᠨ ᠢ | ᠪᠣᠶᠢᠵᠢᠭᠤᠯᠤᠨ᠂ ᠦᠢᠯᠡᠳᠪᠦᠷᠢᠯᠡᠯ ᠤᠨ ᠴᠢᠳᠠᠪᠤᠷᠢ ᠶᠢᠨ ᠦᠯᠡᠬᠦᠳᠠᠯ ᠢ ᠰᠢᠢᠳᠪᠣᠷᠢᠯᠡᠬᠦ ᠪᠠ ᠪᠦᠲᠦᠴᠡ ᠶᠢ ᠲᠣᠬᠢᠷᠠᠭᠤᠯᠬᠤ ᠶᠢ ᠵᠡᠷᠬᠡᠪᠡᠷ ᠪᠡᠶᠡᠯᠡᠭᠦᠯᠦᠨ᠎ᠡ᠃ ᠭᠡᠷ | ᠭᠠᠵᠠᠷ ᠬᠥᠷᠥᠩᠭᠡ ᠶᠢᠨ ᠬᠠᠳᠠᠭᠠᠯᠠᠭᠳᠠᠵᠤ ᠪᠠᠶᠢᠭ᠎ᠠ ᠠᠰᠠᠷ ᠪᠠᠷᠢᠯᠭ᠎ᠠ ᠶᠢ ᠰᠢᠩᠭᠡᠭᠡᠨ ᠰᠢᠢᠳᠪᠣᠷᠢᠯᠡᠬᠦ ᠲᠠᠯ᠎ᠠ ᠪᠠᠷ ᠳᠥᠭᠦᠮ ᠪᠦᠳᠣᠴᠠᠳᠣ ᠣᠷᠣᠨ ᠰᠠᠭᠤᠴᠠ ᠶᠢ | ᠥᠭᠡᠷᠡᠴᠢᠯᠡᠬᠦ ᠪᠠ ᠭᠡᠷ ᠭᠠᠵᠠᠷ ᠬᠥᠷᠥᠩᠭᠡ ᠶᠢᠨ ᠬᠠᠳᠠᠭᠠᠯᠠᠭᠳᠠᠵᠤ ᠪᠠᠶᠢᠭ᠎ᠠ ᠠᠰᠠᠷ ᠪᠠᠷᠢᠯᠭ᠎ᠠ ᠶᠢ ᠰᠢᠩᠭᠡᠭᠡᠨ ᠰᠢᠢᠳᠪᠣᠷᠢᠯᠡᠬᠦ ᠶᠢ ᠤᠶᠠᠯᠳᠤᠭᠤᠯᠵᠤ᠂ ︽ᠳᠤᠲᠠᠭᠤ | ᠲᠣᠷᠭᠤᠨ︾ ᠪᠠᠷᠢᠭᠰᠠᠨ ᠠᠰᠠᠷ ᠪᠠᠷᠢᠯᠭ᠎ᠠ ᠶᠢᠨ ᠠᠵᠢᠯ ᠢ ᠰᠡᠷᠭᠦᠭᠡᠨ᠂ ᠪᠠᠶᠢᠭᠤᠯᠵᠤ ᠪᠠᠶᠢᠭ᠎ᠠ ᠲᠥᠷᠥᠯ ᠵᠦᠢᠯ ᠤᠨ ︽ᠬᠤᠳᠠᠯᠳᠤᠭᠠᠨ ᠤ ᠴᠢᠨᠠᠷᠲᠠᠢ ᠭᠡᠷ ᠪᠠᠶᠢᠰᠢᠩ ᠢ | ᠣᠷᠣᠨ ᠰᠠᠭᠤᠴᠠ ᠶᠢᠨ ᠴᠢᠨᠠᠷᠲᠠᠢ ᠭᠡᠷ ᠪᠠᠶᠢᠰᠢᠩ ᠪᠣᠯᠭᠠᠨ ᠬᠤᠪᠢᠷᠠᠭᠤᠯᠬᠤ︾ ᠪᠤᠶᠤ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠥᠵᠢᠯ᠂ ᠰᠣᠶᠣᠯ ᠲᠠᠮᠢᠷ᠂ | ᠨᠠᠰᠤᠲᠠᠨ ᠢ ᠠᠰᠠᠷᠠᠬᠤ ᠵᠡᠷᠭᠡ ᠳᠤ ᠬᠡᠷᠡᠭᠯᠡᠭᠦᠯᠬᠦ ᠪᠠᠷ ᠬᠤᠪᠢᠷᠠᠭᠤᠯᠬᠤ ᠶᠢ ᠬᠥᠬᠢᠭᠦᠯᠵᠦ᠂ ᠬᠤᠳᠠ ᠪᠠᠯᠭᠠᠰᠤᠨ ᠤ 1000 ᠡᠷᠦᠬᠡ ᠶᠢᠨ ᠳᠥᠭᠦᠮ ᠪᠦᠳᠣᠴᠠᠳᠣ | ᠣᠷᠣᠨ ᠰᠠᠭᠤᠴᠠ ᠶᠢ ᠥᠭᠡᠷᠡᠴᠢᠯᠡᠬᠦ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠂ ᠬᠠᠳᠠᠭᠠᠯᠠᠭᠳᠠᠵᠤ ᠪᠠᠶᠢᠭ᠎ᠠ ᠣᠷᠣᠨ ᠰᠠᠭᠤᠴᠠ ᠶᠢ 2000 ᠭᠠᠷᠤᠢ ᠰᠢᠩᠭᠡᠭᠡᠨ | ᠰᠢᠢᠳᠪᠣᠷᠢᠯᠡᠨ᠎ᠡ᠃ ᠬᠥᠰᠢᠭᠦᠷᠭᠡ ᠶᠢ ᠦᠭᠡᠶᠢᠰᠬᠡᠬᠦ ᠲᠠᠯ᠎ᠠ ᠪᠠᠷ᠂ ᠵᠠᠰᠠᠭ ᠤᠨ ᠣᠷᠳᠣᠨ ᠪᠠᠩᠬᠢ ᠠᠵᠤ ᠠᠬᠤᠶᠢᠯᠠᠯ ᠤᠨ ᠬᠤᠷᠰᠢᠯᠴᠠᠭ᠎ᠠ ᠶᠢ ᠦᠷᠭᠦᠯᠵᠢᠯᠡᠨ | ᠴᠢᠩᠭᠠᠳᠬᠠᠵᠤ᠂ ᠮᠥᠩᠭᠦᠨ ᠭᠦᠢᠯᠬᠡᠬᠡᠨ ᠤ ᠲᠦᠭᠰᠢᠭᠦᠷᠢ ᠶᠢᠨ ᠰᠡᠷᠭᠡᠶᠢᠯᠡᠯᠲᠡ ᠶᠢ ᠳᠣᠪᠤᠶᠢᠯᠭᠠᠨ ᠠᠳᠬᠤᠵᠤ᠂ ᠳᠦᠭᠰᠢᠭᠦᠷᠢᠲᠡᠢ ᠠᠵᠤ ᠠᠬᠤᠶᠢᠯᠠᠯ ᠢ ᠲᠡᠳᠬᠦᠬᠦ ᠪᠠ | ᠠᠰᠠᠭᠤᠳᠠᠯ ᠲᠠᠢ ᠵᠢᠭᠡᠯᠡᠯᠭᠡ ᠶᠢ ᠨᠠᠮᠳᠠᠭᠤᠯᠬᠤ ᠲᠤᠰᠬᠠᠢ ᠲᠥᠷᠥᠯ ᠤᠨ ᠠᠵᠢᠯᠯᠠᠭ᠎ᠠ ᠥᠷᠨᠢᠭᠦᠯᠦᠨ᠂ ᠥᠷᠭᠡᠨ ᠣᠯᠠᠨ ᠠᠵᠤ ᠠᠬᠤᠶᠢᠯᠠᠯ ᠪᠠ ᠮᠥᠩᠭᠦᠨ ᠭᠦᠢᠯᠬᠡᠬᠡᠨ ᠤ | ᠪᠠᠶᠢᠭᠤᠯᠤᠮᠵᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ︔ ᠵᠠᠰᠠᠭ ᠤᠨ ᠣᠷᠳᠣᠨ ᠤ ᠵᠢᠭᠡᠯᠡᠯᠭᠡ ᠠᠪᠬᠤ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ | ᠵᠠᠰᠠᠭ ᠤᠨ ᠣᠷᠳᠣᠨ ᠵᠢᠭᠡᠯᠡᠯᠭᠡ ᠶᠢᠨ ᠭᠡᠷ᠎ᠡ ᠵᠥᠷᠢᠴᠡᠬᠦ ᠦᠵᠡᠭᠳᠡᠯ ᠡᠭᠦᠰᠬᠡᠬᠦ ᠶᠢ ᠡᠷᠡᠰ ᠲᠡᠪᠴᠢᠨ᠂ ᠰᠢᠰᠲ᠋ᠧᠮᠵᠢ ᠶᠢᠨ ᠴᠢᠨᠠᠷᠲᠠᠢ᠂ ᠣᠷᠣᠨ ᠲᠣᠭᠤᠷᠢᠭ ᠤᠨ | ᠴᠢᠨᠠᠷᠲᠠᠢ ᠲᠦᠭᠰᠢᠭᠦᠷᠢ ᠡᠭᠦᠰᠬᠡᠬᠦ ᠦᠭᠡᠢ ᠪᠠᠶᠢᠬᠤ ᠶᠢ ᠪᠠᠲᠤᠯᠠᠨ᠎ᠠ᠃᠂ ᠥᠪᠡᠷ ᠤᠨ ᠥᠷᠲᠡᠭ ᠢ ᠪᠠᠭᠤᠷᠠᠭᠤᠯᠬᠤ ᠲᠠᠯ᠎ᠠ ᠪᠠᠷ᠂ ᠵᠠᠰᠠᠭ ᠢ ᠴᠣᠮᠬᠠᠳᠬᠠᠨ ᠡᠷᠬᠡ ᠶᠢ | ᠲᠠᠯᠪᠢᠬᠤ᠂ ᠭᠠᠶᠢᠯᠢ ᠵᠠᠷᠤᠳᠠᠯ ᠢ ᠪᠠᠭᠤᠷᠠᠭᠤᠯᠬᠤ᠂ ᠮᠥᠩᠭᠦᠨ ᠭᠦᠢᠯᠬᠡᠬᠡ ᠪᠠᠷ ᠳᠡᠮᠵᠢᠬᠦ᠂ ᠴᠠᠬᠢᠯᠭᠠᠨ ᠬᠦᠴᠦᠨ ᠢ ᠣᠯᠠᠨ ᠲᠠᠯ᠎ᠠ ᠪᠠᠷ ᠠᠷᠠᠯᠵᠢᠶᠠᠯᠠᠬᠤ ᠵᠡᠷᠭᠡ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠤᠳᠤᠷᠢᠳᠤᠨ ᠮᠡᠷᠭᠡᠵᠢᠯ᠂ ᠬᠠᠮᠢᠶᠠᠷᠤᠯᠲᠠ ᠪᠠ ᠡᠵᠡᠩᠨᠡᠯᠲᠡ ᠪᠣᠷᠣᠯᠠᠭᠤᠯᠤᠯᠲᠠ ᠶᠢᠨ ᠵᠠᠭᠪᠤᠷ | ᠢ ᠰᠢᠨᠡᠴᠢᠯᠡᠨ᠂ ᠠᠵᠤ ᠠᠬᠤᠶᠢᠯᠠᠯ ᠤᠨ ᠭᠠᠶᠢᠯᠢ ᠵᠠᠷᠤᠳᠠᠯ ᠤᠨ ᠳᠠᠷᠤᠭᠠᠰᠤ ᠪᠠ ᠪᠡᠯᠡ ᠴᠤᠭᠯᠠᠭᠤᠯᠬᠤ᠂ ᠬᠥᠮᠥᠨ ᠤ ᠬᠦᠴᠦ᠂ ᠪᠠᠷᠠᠭᠠᠨ ᠤ ᠭᠦᠢᠯᠬᠡᠬᠡ᠂ ᠭᠠᠵᠠᠷ | ᠬᠡᠷᠡᠭᠯᠡᠬᠦ᠂ ᠡᠨᠧᠷᠬᠢ ᠬᠡᠷᠡᠭᠯᠡᠬᠦ ᠥᠪᠡᠷ ᠤᠨ ᠥᠷᠲᠡᠭ ᠢ ᠦᠨᠡᠨᠬᠦ ᠪᠠᠭᠤᠷᠠᠭᠤᠯᠤᠨ᠎ᠠ᠃ ᠳᠣᠳᠠᠭᠤᠳᠠᠯ ᠢ ᠨᠥᠬᠦᠪᠦᠷᠢᠯᠡᠬᠦ ᠲᠠᠯ᠎ᠠ ᠪᠠᠷ᠂ ᠰᠠᠭᠤᠷᠢ ᠲᠥᠬᠦᠭᠡᠷᠦᠮᠵᠢ᠂ | ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠳᠣᠯᠬᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ | ᠬᠥᠮᠥᠵᠢᠯ᠂ ᠠᠮᠢ ᠠᠬᠤᠢ ᠣᠷᠴᠢᠨ ᠲᠣᠭᠤᠷᠢᠨ ᠵᠡᠷᠭᠡ ᠬᠡᠪᠴᠢᠶᠡᠨ ᠳᠤ ᠣᠷᠣᠰᠢᠵᠤ ᠪᠦᠬᠦᠢ ᠳᠣᠪᠣᠶᠢᠮ᠎ᠠ ᠳᠣᠳᠠᠭᠤᠳᠠᠯ ᠢ ᠬᠦᠴᠦ ᠪᠠᠨ ᠲᠥᠪᠯᠡᠷᠡᠭᠦᠯᠦᠨ | ᠨᠥᠬᠦᠪᠦᠷᠢᠯᠡᠵᠦ᠂ ᠬᠥᠭᠵᠢᠯᠲᠡ ᠶᠢᠨ ᠵᠣᠬᠢᠴᠠᠩᠭᠤᠢ ᠴᠢᠨᠠᠷ ᠪᠠ ᠲᠡᠩᠴᠡᠭᠦᠷᠢᠲᠡᠢ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠳᠥᠷᠪᠡ ᠳᠤ ᠪᠣᠳᠠᠲᠤ ᠠᠵᠤ | ᠠᠬᠤᠢ ᠶᠢ ᠶᠡᠬᠡᠪᠡᠷ ᠳᠠᠮᠵᠢᠨ᠎ᠠ᠃ ᠦᠢᠯᠡᠰ ᠪᠣᠰᠬᠠᠬᠤ ᠳᠤ ᠪᠦᠲᠦᠭᠡᠭᠳᠡᠬᠦᠨ ᠤ ᠶᠠᠰᠤ ᠴᠢᠨᠠᠷ ᠢ ᠴᠢᠬᠤᠯᠠᠴᠢᠯᠠᠬᠤ᠂ ᠠᠵᠤ ᠠᠬᠤᠶᠢᠯᠠᠯ ᠢᠶᠠᠨ ᠨᠡᠷ᠎ᠡ ᠲᠡᠮᠳᠡᠭᠴᠢᠯᠠᠨ | ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠡᠯ᠎ᠡ ᠲᠥᠷᠥᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠢᠮᠪᠠᠢ ᠨᠠᠶᠢᠳᠠᠪᠤᠷᠢᠵᠢᠭᠤᠯᠤᠨ᠂ ᠨᠠᠵᠠᠭᠠᠢ ᠲᠠᠯ᠎ᠠ ᠶᠢᠨ | ᠨᠠᠷᠢᠨ ᠳᠠᠩᠰᠠᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠠᠵᠤ ᠠᠬᠤᠶᠢᠯᠠᠯ ᠢ ᠬᠠᠪᠰᠤᠷᠤᠨ ᠭᠠᠵᠠᠷ ᠤᠰᠤ ᠬᠡᠷᠡᠭᠯᠡᠬᠦ᠂ ᠠᠶᠤᠯ ᠦᠭᠡᠢ ᠶᠢᠨ ᠦᠨᠡᠯᠡᠯᠲᠡ ᠪᠠ | ᠣᠷᠴᠢᠨ ᠲᠣᠭᠤᠷᠢᠨ ᠤ ᠦᠨᠡᠯᠡᠯᠲᠡ ᠬᠢᠯᠭᠡᠬᠦ᠂ ᠴᠢᠬᠤᠯᠠ ᠡᠯᠧᠮᠧᠨ᠋ᠲ ᠢ ᠲᠣᠬᠢᠷᠠᠭᠤᠯᠬᠤ ᠵᠡᠷᠭᠡ ᠠᠰᠠᠭᠤᠳᠠᠯ ᠤᠳ ᠢ ᠰᠠᠶᠢᠨ ᠰᠢᠢᠳᠪᠣᠷᠢᠯᠡᠵᠤ᠂ ᠠᠵᠤ ᠠᠬᠤᠶᠢᠯᠠᠯ | ᠤᠨ ᠥᠷᠢᠰᠦᠯᠳᠦᠬᠦ ᠭᠤᠣᠯ ᠬᠦᠴᠦᠨ ᠢ ᠳᠡᠭᠡᠭᠰᠢᠯᠡᠭᠦᠯᠦᠨ᠂ ︽ᠨᠥᠬᠦᠷᠰᠡᠭ︾᠂ ︽ᠠᠷᠢᠭᠤᠨ ᠴᠢᠬᠡᠴᠢ︾ ᠮᠠᠶ᠋ᠢᠭ ᠤᠨ ᠵᠠᠰᠠᠭ ᠤᠨ ᠣᠷᠳᠣᠨ ᠬᠤᠳᠠᠯᠳᠤᠭᠠᠴᠢᠨ ᠤ | ᠬᠠᠷᠢᠴᠠᠭ᠎ᠠ ᠶᠢ ᠬᠦᠴᠦᠯᠡᠨ ᠪᠠᠶᠢᠭᠤᠯᠵᠤ᠂ ᠠᠵᠤ ᠠᠬᠤᠶᠢᠯᠠᠯ ᠢ ᠦᠨᠡᠨᠬᠦ ᠴᠢᠯᠦᠭᠡᠲᠡᠢ ᠪᠣᠯᠭᠠᠨ᠂ ᠬᠥᠭᠵᠢᠯᠲᠡ ᠶᠢ ᠨᠢ ᠲᠦᠷᠭᠡᠳᠬᠡᠵᠦ᠂ ᠬᠦᠴᠦᠷᠬᠡᠭᠵᠢᠭᠦᠯᠦᠨ | ᠪᠤᠵᠠᠭᠠᠶᠢᠷᠠᠭᠤᠯᠤᠨ᠎ᠠ᠃ ᠲᠠᠪᠤ ᠳᠤ ᠣᠯᠠᠨ ᠠᠷᠭ᠎ᠠ ᠪᠠᠷᠢᠯ ᠢᠶᠠᠷ ᠬᠡᠷᠡᠭᠯᠡᠵᠦ ᠪᠣᠯᠬᠤᠶᠢᠴᠠ ᠡᠳ᠋ ᠤᠨ ᠬᠦᠴᠦᠨ ᠢ ᠨᠡᠮᠡᠭᠳᠡᠭᠦᠯᠦᠨ᠎ᠡ᠃ ᠲᠠᠷᠢᠶᠠᠨ ᠭᠠᠵᠠᠷ ᠡᠵᠡᠯᠡᠨ | ᠬᠡᠷᠡᠭᠯᠡᠬᠦ᠂ ᠪᠠᠶᠢᠭᠠᠯᠢ ᠶᠢᠨ ᠰᠢᠲᠠᠮᠠᠬᠠᠢ ᠬᠡᠢ ᠨᠡᠭᠡᠭᠡᠨ ᠬᠥᠭᠵᠢᠭᠦᠯᠬᠦ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠬᠡᠪᠴᠢᠶᠡᠨ ᠳᠠᠬᠢ ᠭᠠᠶᠢᠯᠢ ᠵᠠᠷᠤᠳᠠᠯ ᠤᠨ | ᠲᠠᠳᠠᠪᠣᠷᠢᠯᠠᠯᠳᠡ ᠬᠠᠮᠢᠶᠠᠷᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠡᠯ᠎ᠡ ᠵᠦᠢᠯ ᠤᠨ ᠬᠤᠷᠢᠶᠠᠬᠤ ᠶᠣᠰᠣᠲᠠᠢ ᠭᠠᠶᠢᠯᠢ ᠶᠢ ᠠᠯᠢ ᠪᠣᠯᠬᠤ ᠪᠠᠷ | ᠬᠤᠷᠢᠶᠠᠬᠤ ᠶᠢ ᠪᠠᠲᠤᠯᠠᠨ᠎ᠠ᠃ ᠲᠥᠷᠥᠯ ᠵᠦᠢᠯ ᠤᠨ ᠪᠡᠯᠡ ᠮᠥᠩᠭᠦ ᠶᠢ ᠴᠢᠷᠮᠠᠶᠢᠨ ᠣᠯᠬᠤ ᠡᠷᠴᠢᠮ ᠢᠶᠠᠨ ᠴᠢᠩᠭᠠᠷᠠᠭᠤᠯᠵᠤ᠂ ᠭᠤᠣᠯᠳᠠᠭᠤ ᠰᠠᠭᠤᠷᠢ ᠲᠥᠬᠦᠭᠡᠷᠦᠮᠵᠢ᠂ | ᠮᠠᠯ ᠲᠠᠷᠢᠶᠠᠯᠠᠩ ᠠᠵᠤ ᠠᠬᠤᠢ ᠣᠢ ᠰᠢᠭᠤᠢ ᠤᠰᠤᠨ ᠠᠰᠢᠭᠯᠠᠯᠲᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠶᠠᠳᠠᠭᠤ ᠶᠢ ᠲᠡᠳᠬᠦᠬᠦ ᠨᠡᠭᠡᠭᠡᠨ | ᠬᠥᠭᠵᠢᠭᠦᠯᠦᠯᠲᠡ ᠵᠡᠷᠭᠡ ᠬᠡᠪᠴᠢᠶᠡᠨ ᠳᠤ ᠲᠣᠭᠤᠷᠢᠭᠤᠯᠤᠨ᠂ ᠳᠡᠭᠡᠳᠦ ᠱᠠᠲᠤᠨ ᠠᠴᠠ ᠲᠥᠷᠥᠯ ᠵᠦᠢᠯ᠂ ᠪᠡᠯᠡ ᠮᠥᠩᠭᠦ ᠣᠯᠬᠤ ᠪᠠᠷ ᠴᠢᠷᠮᠠᠶᠢᠵᠤ᠂ ᠡᠳ᠋ ᠤᠨ | ᠵᠠᠰᠠᠭ ᠤᠨ ᠳᠠᠷᠤᠭᠠᠰᠤ ᠶᠢ ᠬᠠᠮᠤᠭ ᠤᠨ ᠶᠡᠭᠡ ᠬᠡᠮᠵᠢᠶ᠎ᠡ ᠪᠠᠷ ᠨᠠᠮᠳᠠᠭᠤᠯᠤᠨ᠎ᠠ᠃ ᠠᠷᠪᠢᠯᠠᠨ ᠭᠠᠮᠨᠠᠵᠤ᠂ ᠴᠢᠬᠤᠯᠠ ᠦᠭᠡᠢ ᠵᠠᠷᠤᠳᠠᠯ ᠢ ᠪᠠᠭᠠᠰᠬᠠᠨ᠂ ᠡᠳ᠋ ᠤᠨ | ᠬᠦᠴᠦᠨ ᠢ ᠠᠷᠠᠳ ᠤᠨ ᠠᠮᠢᠳᠤᠷᠠᠯ ᠳᠠᠬᠢ ᠵᠠᠷᠤᠯᠭ᠎ᠠ ᠳᠤ ᠲᠥᠪᠯᠡᠷᠡᠭᠦᠯᠦᠨ ᠬᠡᠷᠡᠭᠯᠡᠨ᠎ᠡ᠃ | ︵ᠬᠤᠶᠠᠷ︶ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠣᠳᠣ ᠦᠶ᠎ᠡ ᠶᠢᠨ ᠠᠵᠤ ᠦᠢᠯᠡᠰ ᠤᠨ ᠲᠣᠭᠲᠠᠯᠴᠠᠭ᠎ᠠ ᠶᠢ | ᠪᠠᠶᠢᠭᠤᠯᠤᠨ᠎ᠠ᠃ᠬᠠᠳᠠᠭᠠᠯᠠᠭᠳᠠᠴᠠ ᠶᠢ ᠲᠣᠬᠢᠷᠠᠭᠤᠯᠤᠨ ᠰᠢᠯᠢᠳᠡᠭᠴᠢᠯᠡᠵᠦ᠂ ᠨᠡᠮᠡᠭᠳᠡᠯ ᠢ ᠥᠷᠭᠡᠳᠬᠡᠨ᠂ ᠠᠮᠢᠵᠢᠷᠠᠯ ᠤᠨ ᠬᠦᠴᠦᠨ᠂ ᠥᠷᠢᠰᠦᠯᠳᠦᠬᠦ ᠬᠦᠴᠦᠨ ᠢᠶᠠᠷ | ᠴᠢᠩᠭ᠎ᠠ ᠣᠳᠣ ᠦᠶ᠎ᠡ ᠶᠢᠨ ᠠᠵᠤ ᠦᠢᠯᠡᠰ ᠤᠨ ᠲᠣᠭᠲᠠᠯᠴᠠᠭ᠎ᠠ ᠶᠢ ᠪᠣᠢ ᠪᠣᠯᠭᠠᠨ᠎ᠠ᠃ ᠨᠢᠭᠡ ᠳᠤ ᠮᠠᠯ ᠲᠠᠷᠢᠶᠠᠯᠠᠩ ᠠᠵᠤ ᠠᠬᠤᠢ ᠶᠢᠨ ᠡᠷᠴᠢᠮᠵᠢᠭᠰᠡᠨ᠂ ᠪᠣᠬᠢᠷᠲᠤᠯ | ᠦᠭᠡᠢ ᠬᠥᠭᠵᠢᠯᠲᠡ ᠶᠢ ᠠᠬᠢᠭᠤᠯᠤᠨ᠎ᠠ᠃ ᠮᠠᠯ ᠲᠠᠷᠢᠶᠠᠯᠠᠩ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠳᠣᠪᠣᠶᠢᠯᠭᠠᠨ ᠠᠳᠬᠤᠵᠤ᠂ ᠮᠠᠯ ᠲᠠᠷᠢᠶᠠᠯᠠᠩ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠠᠳᠠᠷᠠᠭᠤᠯᠤᠨ᠎ᠠ᠃ ᠠᠵᠤ ᠦᠢᠯᠡᠰ ᠤᠨ ᠪᠦᠲᠦᠴᠡ ᠶᠢ | ᠰᠢᠯᠢᠳᠡᠭᠴᠢᠯᠡᠵᠦ᠂ ︽ᠠᠮᠤ ᠪᠤᠳᠠᠭ᠎ᠠ ᠲᠠᠷᠢᠬᠤ ᠶᠢ ᠲᠡᠵᠢᠭᠡᠯ ᠡᠪᠡᠰᠦ ᠪᠣᠷᠳᠤᠭ᠎ᠠ ᠲᠠᠷᠢᠬᠤ ᠪᠣᠯᠭᠠᠨ ᠬᠤᠪᠢᠷᠠᠭᠤᠯᠬᠤ︾ ᠪᠠ ︽ᠢᠮᠠᠭ᠎ᠠ ᠬᠤᠨᠢᠨ ᠤ ᠲᠤᠭ᠎ᠠ ᠶᠢ | ᠲᠣᠭᠲᠠᠪᠤᠷᠢᠵᠢᠭᠤᠯᠵᠤ ᠦᠬᠡᠷ ᠥᠰᠭᠡᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠦᠨ᠂ ᠬᠡᠪᠴᠢᠶᠡᠵᠢᠭᠰᠡᠨ ᠡᠵᠡᠩᠨᠡᠯᠲᠡ ᠶᠢ ᠯᠠᠪᠳᠠᠭᠤᠨ ᠠᠬᠢᠭᠤᠯᠵᠤ᠂ | ᠠᠷᠪᠠᠰ ᠤᠨ ᠢᠮᠠᠭᠠᠨ ᠮᠢᠬ᠎ᠠ᠂ ᠦᠮᠡᠬᠡᠶᠢᠨᠠᠭᠤᠷ ᠤᠨ ᠨᠤᠲᠤᠭ ᠤᠨ ᠲᠠᠬᠢᠶ᠎ᠠ᠂ ᠣᠷᠢᠶᠠᠮᠠᠭ ᠵᠠᠮᠠᠭ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠢ ᠶᠡᠬᠡᠪᠡᠷ | ᠬᠥᠭᠵᠢᠭᠦᠯᠦᠨ᠂ ᠪᠣᠷᠣ ᠴᠠᠷᠭᠠᠰᠣ᠂ ᠳᠤᠯᠠᠭᠠᠨ ᠬᠦᠯᠡᠮᠵᠢ ᠶᠢᠨ ᠢᠳᠡᠰᠢᠨ ᠨᠤᠭᠤᠭ᠎ᠠ᠂ ᠢᠳᠡᠰᠢᠨ ᠦᠬᠡᠷ ᠬᠤᠨᠢ ᠢᠮᠠᠭ᠎ᠠ ᠵᠢᠴᠢ ᠭᠠᠭ᠋ᠠᠢ ᠵᠡᠷᠭᠡ ᠠᠵᠤ ᠦᠢᠯᠡᠰ ᠤᠨ | ᠬᠡᠪᠴᠢᠶ᠎ᠡ ᠶᠢ ᠲᠣᠬᠢᠷᠠᠮᠵᠢᠲᠠᠢ ᠥᠷᠭᠡᠳᠬᠡᠵᠦ᠂ ᠠᠷᠠᠰᠤ ᠰᠢᠷᠢ ᠨᠣᠣᠰᠣ ᠨᠣᠯᠣᠣᠷ ᠮᠢᠬ᠎ᠠ ᠬᠢᠭᠡᠳ ᠴᠠᠭᠠᠨ ᠢᠳᠡᠭᠡ ᠪᠣᠯᠪᠠᠰᠤᠷᠠᠭᠤᠯᠬᠤ ᠠᠵᠤ ᠦᠢᠯᠡᠰ ᠢ ᠢᠵᠢ | ᠪᠦᠷᠢᠳᠦᠭᠦᠯᠦᠨ ᠬᠥᠭᠵᠢᠭᠦᠯᠵᠦ᠂ ᠵᠢᠶ᠋ᠨ ᠢ ᠺᠣᠮᠫᠠᠨᠢ ᠶᠢᠨ 300 ᠲᠦᠮᠡᠨ ᠲᠦᠭᠦᠬᠡᠢ ᠠᠷᠠᠰᠤ ᠡᠳ᠋ᠰᠢᠭᠦᠯᠬᠦ ᠪᠠ 1000 ᠲᠣᠨ ᠨᠣᠣᠰᠣ ᠨᠣᠯᠣᠣᠷ ᠰᠠᠮᠨᠠᠬᠤ ᠵᠡᠷᠭᠡ | ᠬᠡᠯᠪᠡᠷᠢ ᠶᠢ ᠬᠤᠪᠢᠷᠠᠭᠤᠯᠬᠤ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠰᠢᠯᠢᠳᠡᠭ | ᠪᠦᠲᠦᠭᠡᠭᠳᠡᠬᠦᠨ ᠤ ᠪᠦᠲᠦᠮᠵᠢᠲᠡᠢ ᠬᠠᠩᠭᠠᠯᠭ᠎ᠠ ᠶᠢ ᠨᠡᠮᠡᠭᠳᠡᠭᠦᠯᠦᠨ᠎ᠡ᠃ ᠡᠵᠡᠩᠨᠡᠯᠲᠡ ᠶᠢᠨ ᠭᠤᠣᠯ ᠴᠣᠭᠴᠠ ᠶᠢ ᠪᠤᠵᠠᠭᠠᠶᠢᠷᠠᠭᠤᠯᠵᠤ᠂ ᠲᠢᠶᠠᠨ ᠲᠠᠢ ᠸᠠᠨ ᠰᠢᠨ᠂ | ᠡᠵᠡᠨ ᠬᠠᠭᠠᠨ ᠵᠡᠷᠭᠡ ᠲᠣᠯᠣᠭᠠᠶᠢᠯᠠᠭᠴᠢ ᠠᠵᠤ ᠠᠬᠤᠶᠢᠯᠠᠯ ᠢ ᠪᠦᠬᠦ ᠬᠦᠴᠦᠨ ᠢᠶᠠᠷ ᠢᠶᠠᠨ ᠳᠡᠮᠵᠢᠨ᠂ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ ᠤᠨ | ᠬᠥᠭᠵᠢᠯᠲᠡ ᠶᠢ ᠵᠢᠷᠤᠮᠵᠢᠭᠤᠯᠵᠤ᠂ ᠳᠠᠶᠢᠴᠢᠯᠠᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠬᠢᠬᠦ ᠪᠠ | ᠠᠵᠤ ᠦᠢᠯᠡᠰ ᠤᠨ ᠬᠥᠭᠵᠢᠯᠲᠡ ᠶᠢᠨ ᠨᠡᠶᠢᠲᠡᠯᠢᠭ ᠵᠢᠱᠢᠶ᠎ᠡ ᠦᠵᠡᠭᠦᠯᠬᠦ ᠲᠣᠰᠬᠤᠨ ᠢ 10 ᠭᠠᠷᠤᠢ ᠪᠠᠶᠢᠭᠤᠯᠵᠤ᠂ ᠠᠵᠤ ᠦᠢᠯᠡᠰ ᠤᠨ ᠪᠦᠲᠦᠴᠡ ᠶᠢᠨ | ᠲᠣᠬᠢᠷᠠᠭᠤᠯᠤᠯᠲᠠ ᠬᠢᠬᠦ ᠵᠢᠱᠢᠶ᠎ᠡ ᠦᠵᠡᠭᠦᠯᠬᠦ ᠡᠷᠦᠬᠡ ᠶᠢ 100᠂ ᠭᠡᠷ ᠪᠦᠯᠢ ᠶᠢᠨ ᠮᠠᠯᠵᠢᠯ ᠤᠨ ᠲᠠᠯᠠᠪᠠᠢ ᠬᠢᠭᠡᠳ ᠲᠡᠵᠢᠭᠡᠨ ᠦᠷᠡᠵᠢᠭᠦᠯᠬᠦ ᠲᠣᠮᠣ ᠡᠷᠦᠬᠡ ᠶᠢ | 300 ᠭᠠᠷᠤᠢ ᠭᠠᠷᠭᠠᠨ᠎ᠠ᠃ ᠪᠣᠷᠣᠯᠠᠭᠤᠯᠬᠤ ᠠᠷᠭ᠎ᠠ ᠵᠠᠮ ᠢ ᠥᠷᠭᠡᠳᠬᠡᠵᠦ᠂ ᠡᠯ᠎ᠡ ᠭᠠᠵᠠᠷ ᠤᠨ ᠮᠠᠯ ᠠᠷᠠᠯᠵᠢᠶᠠᠯᠠᠬᠤ ᠵᠠᠬ᠎ᠠ ᠳᠡᠯᠭᠡᠭᠦᠷ ᠢ ᠲᠡᠭᠦᠯᠳᠡᠷᠵᠢᠭᠦᠯᠦᠨ᠂ | ᠡᠯᠧᠺᠲᠷᠣᠨ ᠬᠤᠳᠠᠯᠳᠤᠭ᠎ᠠ ᠬᠢᠭᠡᠳ ᠬᠦᠢᠲᠡᠨ ᠢᠶᠠᠷ ᠬᠠᠳᠠᠭᠠᠯᠠᠬᠤ ᠪᠠᠷᠠᠭᠠᠨ ᠤ ᠭᠦᠢᠯᠬᠡᠬᠡᠨ ᠤ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠵᠠᠬᠢᠶᠠᠯᠠᠵᠤ | ᠪᠣᠷᠣᠯᠠᠭᠤᠯᠬᠤ᠂ ᠲᠠᠷᠢᠶᠠᠯᠠᠩ ᠤᠨ ᠪᠦᠲᠦᠭᠡᠭᠳᠡᠬᠦᠨ ᠢ ᠴᠢᠯᠦᠭᠡᠲᠦ ᠳᠡᠯᠭᠡᠭᠦᠷ ᠲᠠᠢ ᠠᠪᠴᠠᠯᠳᠤᠭᠤᠯᠬᠤ᠂ ᠲᠣᠭᠲᠠᠭᠰᠠᠨ ᠭᠠᠵᠠᠷ ᠪᠣᠷᠣᠯᠠᠭᠤᠯᠬᠤ ᠵᠠᠭᠪᠤᠷ ᠢ | ᠳᠡᠯᠭᠡᠷᠡᠭᠦᠯᠦᠨ᠂ ᠰᠦᠯᠵᠢᠶᠡᠨ ᠳᠡᠭᠡᠷᠡᠬᠢ ᠳᠣᠣᠷᠠᠬᠢ ᠶᠢ ᠤᠶᠠᠯᠳᠤᠭᠤᠯᠤᠭᠰᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ | ᠰᠦᠯᠵᠢᠶ᠎ᠡ ᠶᠢ ᠪᠠᠶᠢᠭᠤᠯᠵᠤ᠂ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠴᠢᠨᠠᠷ ᠢ ᠪᠠᠲᠤᠯᠠᠨ ᠦᠨ᠎ᠡ ᠳᠤ ᠬᠦᠷᠭᠡᠨ᠎ᠡ᠃ ᠨᠡᠷᠡᠲᠦ | ᠲᠡᠮᠳᠡᠭᠵᠢᠬᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠢᠮᠠᠭᠠᠨ ᠨᠤᠯᠣᠣᠷ ᠤᠨ ᠠᠵᠤ ᠦᠢᠯᠡᠰ ᠢ ᠬᠥᠭᠵᠢᠭᠦᠯᠦᠨ᠂ ᠰᠠᠭᠤᠷᠢ ᠢᠵᠢ ᠪᠦᠷᠢᠳᠣᠬᠦᠯᠣᠯᠳᠡ᠂ | ᠡᠭᠦᠯᠳᠡᠷ ᠤᠨ ᠰᠦᠷᠦᠭᠵᠢᠯ ᠤᠨ ᠬᠠᠮᠠᠭᠠᠯᠠᠯᠲᠠ᠂ ᠨᠡᠷᠡᠲᠦ ᠲᠡᠮᠳᠡᠭ ᠤᠨ ᠡᠷᠭᠢᠯᠲᠡ᠂ ᠬᠢᠨᠠᠯᠲᠠ ᠲᠠᠯᠪᠢᠬᠤ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠡᠷᠴᠢᠮ ᠢ | ᠴᠢᠩᠭᠠᠷᠠᠭᠤᠯᠵᠤ᠂ ᠨᠠᠷᠢᠨ ᠨᠣᠯᠣᠣᠷᠳᠣ ᠢᠮᠠᠭᠠᠨ ᠤ ᠭᠤᠣᠯ ᠰᠥᠷᠦᠭ ᠢ 10 ᠪᠠᠶᠢᠭᠤᠯᠵᠤ᠂ ᠨᠣᠯᠣᠣᠷ ᠤᠨ ᠢᠮᠠᠭᠠᠨ ᠤ ᠬᠡᠭᠡᠯᠳᠣᠯᠭᠡ ᠶᠢᠨ ᠥᠷᠲᠡᠭᠡ ᠶᠢ 20 | ᠪᠠᠶᠢᠭᠤᠯᠤᠨ᠂ ᠨᠣᠯᠣᠣᠷ ᠤᠨ ᠢᠮᠠᠭᠠᠨ ᠤ ᠭᠡᠷ ᠪᠦᠯᠢ ᠶᠢᠨ ᠮᠠᠯᠵᠢᠯ ᠤᠨ ᠲᠠᠯᠠᠪᠠᠢ ᠲᠠᠢ ᠡᠷᠦᠬᠡ ᠶᠢ 100 ᠭᠠᠷᠭᠠᠵᠦ᠂ ︽ᠣᠲᠤᠭ ᠤᠨ ᠠᠷᠪᠠᠰ ᠤᠨ ᠢᠮᠠᠭᠠᠨ | ᠨᠣᠯᠣᠣᠷ︾ ᠢ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠪᠡᠯᠭᠡ ᠲᠡᠮᠳᠡᠭ ᠢᠶᠠᠷ ᠢᠳᠡᠪᠬᠢᠲᠡᠢ ᠭᠤᠶᠤᠴᠢᠯᠠᠨ᠂ ᠠᠷᠪᠠᠰ ᠤᠨ ᠨᠣᠯᠣᠣᠷ ᠤᠨ | ᠴᠠᠭᠠᠨ ᠢᠮᠠᠭᠠᠨ ᠤ ᠨᠡᠷᠡᠲᠦ ᠲᠡᠮᠳᠡᠭ ᠢ ᠠᠯᠳᠠᠷᠰᠢᠭᠤᠯᠵᠤ᠂ ᠣᠷᠳᠣᠰ ᠤᠨ ︽1436︾ ᠲᠡᠷᠢᠭᠦᠨ ᠤ ᠲᠡᠰ ᠤᠨ ᠢᠮᠠᠭᠠᠨ ᠨᠣᠯᠣᠣᠷ ᠦᠢᠯᠡᠳᠪᠦᠷᠢᠯᠡᠬᠦ ᠶᠢ | ᠪᠠᠲᠤᠯᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠬᠦ ᠦᠭᠡᠢ | ᠬᠥᠷᠥᠩᠭᠡ ᠶᠢᠨ ᠡᠷᠬᠡ ᠶᠢ ᠠᠷᠠᠯᠵᠢᠶᠠᠯᠠᠬᠤ᠂ ᠮᠥᠩᠭᠦᠨ ᠭᠦᠢᠯᠬᠡᠬᠡᠨ ᠤ ᠲᠣᠭᠲᠠᠯᠴᠠᠭ᠎ᠠ ᠶᠢᠨ ᠰᠢᠨ᠎ᠡ ᠶᠢ ᠡᠭᠦᠳᠬᠦ᠂ ᠮᠠᠯᠴᠢᠨ ᠲᠠᠷᠢᠶᠠᠴᠢᠨ ᠪᠠ ᠠᠵᠤ ᠠᠬᠤᠶᠢᠯᠠᠯ ᠤᠨ | ᠠᠰᠢᠭ ᠲᠤᠰᠠ ᠶᠢ ᠬᠤᠯᠪᠣᠬᠤ ᠲᠣᠭᠲᠠᠴᠠ ᠵᠡᠷᠭᠡ ᠭᠤᠣᠯᠳᠠᠯᠭᠠᠳᠤ ᠥᠭᠡᠷᠡᠴᠢᠯᠡᠯᠲᠡ ᠶᠢ ᠲᠦᠷᠭᠡᠳᠬᠡᠨ᠂ ᠮᠠᠯᠴᠢᠨ ᠲᠠᠷᠢᠶᠠᠴᠢᠳ ᠤᠨ ᠭᠠᠵᠠᠷ ᠰᠢᠷᠣᠢ ᠨᠤᠲᠤᠭ | ᠪᠡᠯᠴᠢᠭᠡᠷ ᠢᠶᠠᠨ ᠡᠷᠭᠢᠯᠳᠦᠭᠦᠯᠬᠦ᠂ ᠨᠠᠶᠢᠳᠠᠨ ᠬᠠᠮᠢᠶᠠᠷᠤᠭᠤᠯᠬᠤ᠂ ᠬᠤᠪᠢ ᠣᠷᠣᠭᠤᠯᠬᠤ᠂ ᠡᠵᠡᠩᠨᠡᠯᠲᠡ ᠶᠢᠨ ᠡᠷᠬᠡ ᠪᠠ ᠭᠡᠷ ᠪᠠᠶᠢᠰᠢᠩ ᠢᠶᠠᠨ ᠪᠠᠷᠢᠴᠠᠭᠠᠯᠠᠵᠤ ᠵᠢᠭᠡᠯᠡᠯᠭᠡ | ᠠᠪᠬᠤ᠂ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠵᠠᠬ᠎ᠠ ᠳᠡᠯᠭᠡᠭᠦᠷ ᠲᠤ ᠣᠷᠣᠭᠤᠯᠬᠤ ᠵᠡᠷᠭᠡ ᠠᠷᠭ᠎ᠠ ᠪᠠᠷᠢᠯ ᠢᠶᠠᠷ | ᠡᠳ᠋ ᠬᠥᠷᠥᠩᠭᠡ ᠶᠢᠨ ᠡᠷᠬᠡ ᠮᠡᠳᠡᠯ ᠣᠯᠬᠤ ᠶᠢ ᠵᠣᠷᠢᠭᠵᠢᠭᠤᠯᠤᠨ᠎ᠠ᠃ ᠬᠤᠶᠠᠷ ᠲᠤ ᠠᠵᠤ ᠦᠢᠯᠡᠳᠪᠦᠷᠢ ᠶᠢᠨ ᠣᠷᠴᠢᠯᠳᠣᠭᠰᠠᠨ᠂ ᠣᠯᠠᠨ ᠡᠰᠢᠵᠢᠭᠰᠡᠨ | ᠬᠥᠭᠵᠢᠯᠲᠡ ᠶᠢ ᠠᠬᠢᠭᠤᠯᠤᠨ᠎ᠠ᠃ ᠨᠡᠭᠦᠷᠡᠰᠦ ᠶᠢ ᠲᠡᠰ ᠴᠢᠨᠠᠷ ᠬᠤᠪᠢᠶᠠᠵᠤ ᠣᠷᠴᠢᠯᠳᠣᠭᠤᠯᠣᠨ ᠠᠰᠢᠭᠯᠠᠬᠤ ᠶᠢ ᠠᠬᠢᠭᠤᠯᠵᠤ᠂ ᠨᠡᠭᠦᠷᠡᠰᠦ ᠡᠭᠡᠭᠦᠯᠦᠨ ᠮᠠᠯᠲᠠᠬᠤ | ᠨᠣᠷᠮ᠎ᠠ ᠶᠢ 80% ᠠᠴᠠ ᠳᠡᠭᠡᠭᠰᠢ ᠬᠦᠷᠭᠡᠬᠦ ᠪᠠᠷ ᠴᠢᠷᠮᠠᠶᠢᠨ᠂ ᠨᠡᠭᠡᠭᠡᠨ ᠮᠠᠯᠲᠠᠬᠤ ᠮᠧᠬᠠᠨᠢᠭᠴᠢᠯᠠᠯᠳᠡ ᠶᠢᠨ ᠬᠡᠮᠵᠢᠶ᠎ᠡ ᠶᠢ 95% ᠠᠴᠠ ᠳᠡᠭᠡᠭᠰᠢ ᠬᠦᠷᠭᠡᠨ᠎ᠡ᠃ | ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠪᠦᠲᠦᠭᠡᠭᠳᠡᠬᠦᠨ ᠢ ᠤᠯᠠᠷᠢᠭᠤᠯᠵᠤ ᠥᠷᠲᠡᠭ ᠢ ᠨᠡᠮᠡᠭᠳᠡᠭᠦᠯᠬᠦ ᠪᠠᠷ ᠭᠤᠣᠯᠳᠠᠯᠭ᠎ᠠ ᠪᠣᠯᠭᠠᠵᠤ᠂ ᠳᠣᠣᠷ᠎ᠠ ᠢᠯᠴᠢᠲᠦ | ᠨᠡᠭᠦᠷᠡᠰᠦ ᠪᠠᠷ ᠴᠠᠬᠢᠯᠭᠠᠨ ᠭᠠᠷᠭᠠᠬᠤ᠂ ᠬᠡᠦᠷᠠᠰᠣᠨ ᠲᠣᠰᠣ ᠶᠢ ᠶᠡᠷᠦᠩᠬᠡᠶᠢᠯᠡᠨ ᠠᠰᠢᠭᠯᠠᠬᠤ᠂ ᠨᠡᠭᠦᠷᠠᠰᠣᠳᠦ᠋ᠷᠦᠭᠴᠢ ᠰᠢᠷᠬᠡᠭ ᠵᠡᠷᠭᠡ ᠠᠵᠤ ᠦᠢᠯᠡᠰ ᠢ ᠤᠷᠲᠤᠳᠬᠠᠨ | ᠬᠥᠭᠵᠢᠭᠦᠯᠵᠦ᠂ ᠮᠸᠢ ᠯᠢ ᠵᠢᠶᠠᠨ ᠤ ᠰᠢᠨ᠎ᠡ ᠮᠠᠲ᠋ᠧᠷᠢᠶᠠᠯ ᠤᠨ 12 ᠲᠦᠮᠡᠨ ᠲᠣᠨ ᠨᠠᠷᠢᠯᠢᠭ ᠨᠠᠹᠲ᠋ᠠᠯᠢᠨ ᠵᠢᠴᠢ ᠳᠠᠭᠠᠯᠲᠠ ᠪᠦᠲᠦᠭᠡᠭᠳᠡᠬᠦᠨ ᠤ ᠲᠥᠷᠥᠯ ᠵᠦᠢᠯ ᠢ | ᠲᠦᠷᠭᠡᠳᠬᠡᠨ ᠠᠬᠢᠭᠤᠯᠵᠤ᠂ ᠨᠡᠭᠦᠷᠡᠰᠦ ᠴᠠᠬᠢᠯᠭᠠᠨ ᠢ ᠴᠣᠭᠴᠠᠵᠢᠭᠤᠯᠤᠨ ᠠᠪᠴᠠᠯᠳᠤᠭᠤᠯᠤᠭᠰᠠᠨ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠳᠡᠭᠡᠳᠦ | ᠲᠡᠰᠵᠢᠭᠰᠡᠨ ᠬᠥᠭᠵᠢᠯᠲᠡ ᠶᠢ ᠠᠬᠢᠭᠤᠯᠤᠨ᠎ᠠ᠃ ᠡᠾᠯᠣᠷᠳᠣ ᠬᠤᠵᠢᠷ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠥᠪᠡᠷ ᠤᠨ ᠥᠷᠲᠡᠭ ᠤᠨ | ᠳᠠᠪᠠᠭᠤᠯᠢᠭ ᠢ ᠪᠠᠳᠠᠷᠠᠭᠤᠯᠵᠤ᠂ PVC᠂ PVA ᠤᠨ ᠨᠠᠷᠢᠯᠢᠭ ᠪᠣᠯᠪᠠᠰᠤᠷᠠᠭᠤᠯᠬᠤ ᠠᠵᠤ ᠦᠢᠯᠡᠰ ᠤᠨ ᠬᠡᠯᠬᠢᠶ᠎ᠡ ᠶᠢ ᠤᠯᠠᠮ ᠤᠷᠲᠤᠳᠬᠠᠨ᠂ ᠵᠢᠶᠦ᠋ᠨ ᠵᠧᠩ | ᠲᠢᠶᠠᠨ ᠶᠣᠸᠠᠨ ᠤ ᠬᠢᠮᠢ ᠶᠢᠨ ᠠᠵᠤ ᠦᠢᠯᠡᠳᠪᠦᠷᠢ ᠶᠢᠨ 20 ᠲᠦᠮᠡᠨ ᠲᠣᠨ ᠨᠠᠭᠠᠯᠳᠤᠩᠬᠠᠢ ᠮᠣᠳᠣᠨ ᠳᠠᠪᠠᠷᠬᠠᠢ ᠵᠡᠷᠭᠡ ᠬᠡᠯᠬᠢᠶ᠎ᠡ ᠤᠷᠲᠤᠳᠬᠠᠭᠰᠠᠨ ᠲᠥᠷᠥᠯ ᠵᠦᠢᠯ | ᠢ ᠲᠦᠷᠭᠡᠨ ᠬᠡᠷᠡᠭᠵᠢᠭᠦᠯᠵᠦ᠂ ᠤᠯᠤᠰ ᠤᠨ ᠳᠣᠲᠣᠭᠠᠳᠤᠬᠢ ᠵᠠᠬ᠎ᠠ ᠳᠡᠯᠭᠡᠭᠦᠷ ᠤᠨ ᠡᠵᠡᠯᠡᠬᠦ ᠬᠡᠮᠵᠢᠶ᠎ᠡ ᠶᠢ ᠨᠡᠮᠡᠭᠳᠡᠭᠦᠯᠦᠨ᠂ ᠳᠡᠯᠡᠬᠡᠢ ᠶᠢᠨ ᠵᠠᠬ᠎ᠠ ᠳᠡᠯᠭᠡᠭᠦᠷ ᠲᠠᠬᠢ | ᠣᠷᠣᠨ ᠵᠠᠢ ᠶᠢ ᠥᠷᠭᠡᠳᠬᠡᠵᠦ᠂ ᠥᠪᠡᠷ ᠤᠨ ᠥᠷᠲᠡᠭ ᠢᠶᠠᠷ ᠳᠣᠣᠷ᠎ᠠ᠂ ᠦᠷ᠎ᠡ ᠠᠰᠢᠭ ᠢᠶᠠᠷ ᠥᠨᠳᠥᠷ ᠬᠥᠭᠵᠢᠯᠲᠡ ᠶᠢᠨ ᠪᠠᠶᠢᠳᠠᠯ ᠢ ᠪᠦᠷᠢᠯᠳᠦᠭᠦᠯᠦᠨ᠎ᠡ᠃ ᠣᠷᠳᠣᠰ | ᠪᠦᠯᠦᠭᠯᠡᠯ ᠤᠨ ᠣᠯᠠᠨ ᠲᠠᠯᠠᠰᠲᠤ ᠴᠠᠬᠢᠭᠤᠷ ᠤᠨ ᠲᠥᠷᠥᠯ ᠵᠦᠢᠯ ᠳᠤ ᠲᠦᠰᠢᠭᠯᠡᠵᠦ᠂ ᠣᠯᠠᠨ ᠲᠠᠯᠠᠰᠲᠤ ᠴᠠᠬᠢᠭᠤᠷ ᠦᠢᠯᠡᠳᠪᠦᠷᠢᠯᠡᠬᠦ ᠳᠡᠯᠡᠬᠡᠢ ᠶᠢᠨ ᠲᠡᠰ ᠤᠨ | ᠰᠠᠭᠤᠷᠢᠨ ᠭᠠᠵᠠᠷ ᠪᠠᠶᠢᠭᠤᠯᠬᠤ ᠠᠬᠢᠴᠠ ᠶᠢ ᠲᠦᠷᠭᠡᠳᠬᠡᠨ᠎ᠡ᠃ ᠨᠤᠨᠳᠠᠭ ᠨᠡᠭᠦᠷᠡᠰᠦᠨ ᠦᠨᠡᠰᠦ ᠠᠴᠠ ᠢᠰᠦᠯᠳᠦᠭᠰᠡᠨ ᠬᠥᠩᠭᠡᠨᠴᠠᠭᠠᠨ ᠢᠯᠭᠠᠷᠠᠭᠤᠯᠬᠤ ᠵᠢᠴᠢ | ᠬᠥᠩᠭᠡᠨᠴᠠᠭᠠᠨ ᠢ ᠭᠦᠨᠵᠡᠭᠡᠢ ᠪᠣᠯᠪᠠᠰᠤᠷᠠᠭᠤᠯᠬᠤ ᠲᠥᠷᠥᠯ ᠵᠦᠢᠯ ᠢ ᠶᠡᠬᠡᠪᠡᠷ ᠬᠥᠭᠵᠢᠭᠦᠯᠵᠦ᠂ ᠪᠣᠬᠢᠷᠲᠤᠯ ᠦᠭᠡᠢ ᠣᠷᠴᠢᠯ ᠬᠥᠭᠵᠢᠯᠲᠡ ᠲᠠᠢ ᠬᠥᠩᠭᠡᠨᠴᠠᠭᠠᠨ ᠤ ᠠᠵᠤ | ᠦᠢᠯᠡᠰ ᠤᠨ ᠬᠡᠯᠬᠢᠶ᠎ᠡ ᠶᠢ ᠪᠠᠶᠢᠭᠤᠯᠤᠨ᠎ᠠ᠃ ᠲᠡᠮᠦᠷ ᠤᠨ ᠬᠠᠶᠢᠯᠤᠰᠢ ᠶᠢᠨ ᠠᠵᠤ ᠦᠢᠯᠡᠰ ᠢ ᠲᠡᠰ ᠳᠡᠪᠰᠢᠭᠦᠯᠦᠨ ᠥᠭᠡᠷᠡᠴᠢᠯᠡᠵᠦ᠂ ᠪᠦᠲᠦᠭᠡᠭᠳᠡᠬᠦᠨ ᠤ ᠨᠡᠮᠡᠯᠲᠡ | ᠥᠷᠲᠡᠭ ᠢ ᠨᠡᠮᠡᠭᠳᠡᠭᠦᠯᠦᠨ᠂ ᠵᠠᠬ᠎ᠠ ᠳᠡᠯᠭᠡᠭᠦᠷ ᠲᠠᠬᠢ ᠪᠣᠳᠣᠯ ᠰᠠᠨᠠᠯ ᠢᠶᠠᠨ ᠳᠡᠯᠭᠡᠬᠦ ᠡᠷᠬᠡ ᠶᠢ ᠡᠵᠡᠮᠳᠡᠨ᠎ᠡ᠃ ᠪᠠᠶᠢᠭᠠᠯᠢ ᠶᠢᠨ ᠰᠢᠲᠠᠮᠠᠬᠠᠢ ᠬᠡᠢ᠂ ᠬᠡᠷᠡᠯ ᠴᠡᠨᠡᠭ ᠵᠡᠷᠭᠡ | ᠴᠡᠪᠡᠷ ᠡᠨᠧᠷᠬᠢ ᠶᠢᠨ ᠠᠵᠤ ᠦᠢᠯᠡᠰ ᠤᠨ ᠬᠡᠪᠴᠢᠶᠡᠵᠢᠯ ᠢ ᠥᠷᠭᠡᠳᠬᠡᠵᠦ᠂ ᠦᠮᠡᠬᠡᠶᠢᠨᠠᠭᠤᠷ ᠤᠨ ᠴᠡᠪᠡᠷ ᠡᠨᠧᠷᠬᠢ ᠶᠢᠨ ᠰᠠᠭᠤᠷᠢᠨ ᠭᠠᠵᠠᠷ ᠤᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠣᠷᠳᠣᠰ ᠪᠦᠯᠦᠭᠯᠡᠯ ᠤᠨ 500 ᠰᠠᠶ᠎ᠠ ᠸᠠᠲ ᠭᠡᠷᠡᠯ ᠴᠡᠨᠡᠭ ᠤᠨ ᠴᠠᠬᠢᠯᠭᠠᠨ ᠭᠠᠷᠭᠠᠬᠤ ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠵᠦ | ᠂ ᠬᠤᠸᠠᠨ ᠵᠢᠣᠢ ᠶᠢᠨ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠴᠠᠬᠢᠯᠭᠠᠨ ᠭᠠᠷᠭᠠᠬᠤ ᠶᠢ ᠪᠠᠲᠤᠯᠠᠨ᠎ᠠ᠃ ᠱᠦᠢᠨᠢ᠂ ᠵᠣᠭᠠᠩ ᠵᠡᠷᠭᠡ ᠠᠵᠤ | ᠦᠢᠯᠡᠰ ᠢ ᠡᠨᠧᠷᠬᠢ ᠠᠷᠪᠢᠯᠠᠨ ᠤᠷᠴᠢᠨ ᠲᠤᠭᠤᠷᠢᠨ ᠢ ᠬᠠᠮᠠᠭᠠᠯᠠᠬᠤ᠂ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠲᠡᠰᠢ ᠬᠥᠭᠵᠢᠭᠦᠯᠬᠦ ᠶᠢ ᠨᠢᠭᠡᠳᠦᠯᠲᠡᠢ ᠲᠥᠯᠥᠪᠯᠡᠨ | ᠠᠬᠢᠭᠤᠯᠵᠤ᠂ ᠬᠤᠣᠨᠳᠤᠭ ᠳᠣᠣᠷᠠᠬᠢ ᠬᠥᠨᠳᠡᠶᠢᠷᠡᠭᠰᠡᠨ ᠬᠡᠰᠡᠭ ᠢ ᠪᠥᠭᠯᠡᠵᠦ ᠨᠡᠭᠡᠭᠡᠨ ᠮᠠᠯᠲᠠᠬᠤ ᠠᠷᠭ᠎ᠠ ᠶᠢ ᠶᠡᠬᠡᠪᠡᠷ ᠳᠡᠯᠭᠡᠷᠡᠭᠦᠯᠦᠨ᠂ ᠨᠡᠭᠦᠷᠡᠰᠦᠨ ᠴᠢᠯᠠᠭᠤ᠂ | ᠴᠠᠬᠢᠯᠠᠭᠤᠷ ᠴᠢᠯᠠᠭᠤ ᠶᠢᠨ ᠰᠢᠭᠠᠷᠤ᠂ ᠱᠣᠷᠪᠣᠭ ᠤᠰᠤ᠂ ᠬᠡᠦᠷᠠᠰᠣᠨ ᠤ ᠬᠠᠶᠠᠭᠳᠠᠮᠠᠯ ᠬᠡᠢ ᠵᠡᠷᠭᠡ ᠶᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠤᠯᠠᠮ | ᠳᠡᠭᠡᠭᠰᠢᠯᠡᠭᠦᠯᠦᠨ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠭᠤᠷᠪᠠ ᠳᠤ ᠣᠳᠣ ᠦᠶ᠎ᠡ ᠶᠢᠨ | ᠦᠢᠯᠡᠴᠢᠯᠡᠭᠡᠨ ᠤ ᠠᠪᠴᠠᠯᠳᠤᠭᠰᠠᠨ᠂ ᠲᠥᠪᠯᠡᠷᠡᠭᠰᠡᠨ ᠬᠥᠭᠵᠢᠯᠲᠡ ᠶᠢ ᠠᠬᠢᠭᠤᠯᠤᠨ᠎ᠠ᠃ ᠰᠣᠶᠣᠯ ᠵᠤᠭᠠᠴᠠᠯ ᠤᠨ ᠲᠠᠯ᠎ᠠ ᠪᠠᠷ᠂ 2000 ᠲᠦᠮᠡᠨ ᠲᠥᠭᠦᠷᠢᠭ ᠤᠨ | ᠰᠣᠶᠣᠯ ᠵᠤᠭᠠᠴᠠᠯ ᠤᠨ ᠠᠵᠤ ᠦᠢᠯᠡᠰ ᠢ ᠬᠥᠭᠵᠢᠭᠦᠯᠬᠦ ᠪᠡᠯᠡ ᠮᠥᠩᠭᠦ ᠳᠤᠬᠢᠷᠠᠭᠤᠯᠤᠨ᠂ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ | ᠣᠢ ᠳᠤ ᠵᠣᠷᠢᠭᠤᠯᠤᠭᠰᠠᠨ ︽ᠵᠢᠷᠭᠤᠭᠠᠨ ᠨᠢᠭᠡ︾ ᠰᠣᠶᠣᠯ ᠤᠨ ᠢᠨᠵᠧᠨᠧᠷᠢᠩ ᠢ ᠬᠡᠷᠡᠭᠵᠢᠭᠦᠯᠵᠦ᠂ ᠸᠠᠩ ᠤᠨ ᠣᠷᠳᠣᠨ ᠢ ᠲᠦᠷᠭᠡᠨ ᠵᠠᠰᠠᠵᠤ ᠰᠡᠯᠪᠢᠨ᠂ | ᠮᠣᠩᠭᠤᠯ ᠤᠨ ᠨᠢᠭᠤᠴᠠ ᠲᠣᠪᠴᠢᠶᠠᠨ ᠤ ᠮᠦᠽᠸᠢ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠠᠷᠵᠠᠢ ᠴᠢᠯᠠᠭᠤᠨ ᠠᠭᠤᠢ᠂ ᠠᠪᠤᠷᠭᠤ ᠭᠦᠷᠪᠡᠯ ᠤᠨ | ᠮᠥᠷ ᠤᠨ ᠴᠢᠯᠠᠭᠤᠵᠢᠮᠠᠯ᠂ ᠣᠯᠠᠨ ᠨᠣᠬᠠᠢ ᠶᠢᠨ ᠬᠤᠣᠨᠳᠤᠭ ᠵᠡᠷᠭᠡ ᠣᠨᠴᠠᠯᠢᠭᠲᠤ ᠰᠣᠶᠣᠯ ᠵᠤᠭᠠᠴᠠᠯ ᠤᠨ ᠡᠬᠢ ᠪᠠᠶᠠᠯᠢᠭ ᠢ ᠭᠦᠨ ᠠᠭᠤᠳᠠᠯᠯᠠᠵᠤ ᠬᠥᠭᠵᠢᠭᠦᠯᠦᠨ᠂ | ︽ᠵᠤᠭᠠᠴᠠᠯ +︾ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠪᠦᠬᠦ ᠣᠷᠣᠨ ᠲᠣᠭᠤᠷᠢᠭ ᠲᠠᠬᠢ ᠵᠤᠭᠠᠴᠠᠯ ᠤᠨ ᠶᠡᠷᠦᠩᠬᠡᠢ ᠲᠥᠯᠥᠪᠵᠢᠭᠦᠯᠭᠡ ᠪᠠ ᠨᠠᠷᠢᠨ | ᠲᠥᠯᠥᠪᠵᠢᠭᠦᠯᠭᠡ ᠶᠢ ᠨᠠᠶᠢᠷᠠᠭᠤᠯᠤᠨ᠂ ᠪᠦᠬᠦ ᠣᠷᠣᠨ ᠲᠣᠭᠤᠷᠢᠭ ᠤᠨ ᠵᠤᠭᠠᠴᠠᠯ ᠤᠨ ᠬᠥᠭᠵᠢᠭᠦᠯᠦᠯᠲᠡ ᠶᠢᠨ ᠬᠡᠷᠡᠭᠵᠢᠭᠦᠯᠬᠦ ᠰᠠᠨᠠᠯ ᠪᠠ ᠠᠬᠢᠭᠤᠯᠬᠤ ᠲᠥᠰᠥᠯ ᠢ | ᠲᠣᠭᠲᠠᠭᠠᠨ ᠨᠡᠶᠢᠲᠡᠯᠡᠵᠦ᠂ ᠰᠢᠯᠢ ᠶᠢᠨ ᠲᠠᠯ᠎ᠠ ᠶᠢᠨ ᠵᠤᠭ᠎ᠠ ᠰᠡᠯᠡᠭᠦᠴᠡᠯ ᠤᠨ ᠭᠠᠵᠠᠷ᠂ ᠣᠯᠠᠭᠠᠬᠤᠰᠣ ᠪᠠ ᠪᠣᠷᠣᠳᠠᠯ᠎ᠠ ᠶᠢᠨ ᠲᠡᠷᠭᠡ ᠵᠢᠯᠣᠭᠤᠳᠴᠤ ᠵᠤᠭᠠᠴᠠᠬᠤ ᠭᠠᠵᠠᠷ | ᠵᠢᠴᠢ ᠪᠣᠯᠣᠩ ᠨᠠᠭᠤᠷ ᠤᠨ ᠵᠤᠭ᠎ᠠ ᠨᠠᠭᠠᠳᠤᠮ ᠤᠨ ᠭᠠᠵᠠᠷ᠂ ᠨᠠᠭᠤᠷ ᠲᠣᠭᠤᠷᠢᠭᠰᠠᠨ ᠤᠷᠤᠯᠳᠤᠭᠠᠨ ᠤ ᠵᠠᠮ᠂ ᠲᠡᠷᠭᠡ ᠵᠢᠯᠣᠭᠤᠳᠴᠤ ᠵᠤᠭᠠᠴᠠᠬᠤ ᠭᠠᠵᠠᠷ ᠵᠡᠷᠭᠡ | ᠲᠥᠷᠥᠯ ᠵᠦᠢᠯ ᠢ ᠭᠤᠣᠯᠳᠠᠯᠭ᠎ᠠ ᠲᠠᠢ ᠪᠠᠶᠢᠭᠤᠯᠤᠨ᠂ ᠪᠣᠯᠣᠩ ᠨᠠᠭᠤᠷ᠂ ᠪᠢ ᠬᠠᠢ ᠶᠠᠩ ᠭᠤᠸᠠᠩ ᠦᠵᠡᠮᠵᠢ ᠶᠢᠨ ᠣᠷᠣᠨ ᠢ ᠤᠯᠤᠰ ᠤᠨ ᠬᠢᠲᠠᠳ ᠮᠣᠩᠭᠤᠯ ᠡᠮ | ᠡᠮᠨᠡᠯᠭᠡ ᠡᠷᠡᠭᠦᠯ ᠡᠩᠬᠡ ᠵᠤᠭᠠᠴᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠭᠠᠬᠤ ᠪᠠᠷ ᠴᠢᠷᠮᠠᠶᠢᠵᠤ᠂ 3A ᠲᠡᠰ ᠤᠨ ᠦᠵᠡᠮᠵᠢ ᠶᠢᠨ ᠣᠷᠣᠨ ᠢ 1᠂ | ᠭᠤᠷᠪᠠᠨ ᠤᠳᠤᠨ ᠲᠡᠰ ᠤᠨ ᠪᠠᠭᠤᠳᠠᠯ ᠢ 2 ᠭᠠᠷᠭᠠᠵᠤ᠂ ᠬᠥᠳᠡᠭᠡ ᠲᠣᠰᠬᠤᠨ ᠤ ᠵᠤᠭᠠᠴᠠᠯ ᠤᠨ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠢ 6᠂ ᠮᠠᠯᠴᠢᠨ | ᠲᠠᠷᠢᠶᠠᠴᠢᠨ ᠠᠶᠢᠯ ᠤᠨ ᠵᠤᠭᠠᠴᠠᠯ ᠰᠡᠯᠡᠭᠦᠴᠡᠯ ᠤᠨ ᠭᠠᠵᠠᠷ ᠢ 20 ᠪᠠᠶᠢᠭᠤᠯᠤᠨ᠂ ᠵᠤᠭᠠᠴᠠᠭᠰᠠᠳ ᠢ ᠲᠥᠪᠯᠡᠷᠡᠭᠦᠯᠬᠦ ᠪᠠ ᠲᠠᠷᠠᠭᠠᠬᠤ ᠲᠥᠪ ᠢ 1᠂ ᠠᠰᠠᠭᠤᠨ | ᠯᠠᠪᠯᠠᠬᠤ ᠦᠢᠯᠡᠴᠢᠯᠡᠭᠡᠨ ᠤ ᠲᠥᠪ ᠢ 3᠂ ᠵᠤᠭᠠᠴᠠᠯ ᠤᠨ ᠣᠷᠣᠨ ᠤ ᠵᠣᠷᠯᠣᠩ ᠢ 29 ᠪᠠᠶᠢᠭᠤᠯᠤᠨ᠎ᠠ᠃ ᠣᠳᠣ ᠦᠶ᠎ᠡ ᠶᠢᠨ ᠪᠠᠷᠠᠭᠠᠨ ᠤ ᠭᠦᠢᠯᠬᠡᠬᠡ ᠶᠢᠨ ᠲᠠᠯ᠎ᠠ ᠪᠠᠷ | ᠂ ᠴᠢ ᠫᠠᠨ ᠵᠢᠩ᠂ ᠮᠧᠩ ᠰᠢ ᠶᠢᠨ ᠣᠳᠣ ᠦᠶ᠎ᠡ ᠶᠢᠨ ᠪᠠᠷᠠᠭᠠᠨ ᠤ ᠭᠦᠢᠯᠬᠡᠬᠡ ᠲᠥᠪᠯᠡᠷᠡᠭᠰᠡᠨ ᠣᠷᠣᠨ ᠤ ᠪᠠᠶᠢᠭᠤᠯᠤᠯᠲᠠ ᠶᠢ ᠠᠬᠢᠭᠤᠯᠵᠤ᠂ ᠪᠠᠷᠠᠭᠠᠨ ᠤ ᠭᠦᠢᠯᠬᠡᠬᠡᠨ | ᠤ ᠬᠥᠭᠵᠢᠯᠲᠡ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠰᠠᠶᠢᠨ ᠨᠠᠶᠢᠳᠠᠪᠤᠷᠢᠵᠢᠭᠤᠯᠤᠨ᠂ ᠢ ᠶᠠᠩ ᠮᠧᠩ ᠰᠢ᠂ ᠲᠠᠢ ᠹᠠ ᠰᠢᠶᠠᠩ ᠵᠡᠷᠭᠡ ᠪᠠᠷᠠᠭᠠᠨ ᠤ | ᠭᠦᠢᠯᠬᠡᠬᠡ ᠶᠢᠨ ᠨᠤᠲᠤᠭ ᠤᠨ ᠠᠵᠤ ᠠᠬᠤᠶᠢᠯᠠᠯ ᠢ ᠪᠤᠵᠠᠭᠠᠶᠢᠷᠠᠭᠤᠯᠵᠤ᠂ ᠪᠠᠷᠠᠭᠠᠨ ᠤ ᠭᠦᠢᠯᠬᠡᠬᠡ ᠶᠢᠨ ᠰᠢᠨ᠎ᠡ ᠠᠵᠤ ᠠᠬᠤᠶᠢᠯᠠᠯ ᠢ ᠬᠦᠷᠢᠶᠡᠯᠡᠩ ᠳᠤ ᠣᠷᠣᠭᠤᠯᠵᠤ | ᠬᠥᠭᠵᠢᠭᠦᠯᠬᠦ ᠶᠢ ᠵᠣᠷᠢᠭᠵᠢᠭᠤᠯᠤᠨ᠂ ᠲᠢᠶᠠᠨᠵᠢᠨ ᠤ ᠡᠣ ᠴᠠᠨ ᠪᠦᠯᠦᠭᠯᠡᠯ ᠤᠨ ᠶᠡᠭᠡ ᠬᠡᠮᠵᠢᠶᠡᠨ ᠤ ᠪᠠᠷᠠᠭᠠᠨ ᠤ ᠭᠦᠢᠯᠬᠡᠬᠡ ᠶᠢ ᠰᠢᠭᠤᠳ ᠬᠠᠮᠢᠶᠠᠷᠬᠤ ᠬᠥᠮᠥᠷᠭᠡ ᠶᠢᠨ | ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ ᠪᠠᠷᠠᠭᠠᠨ ᠤ ᠭᠦᠢᠯᠬᠡᠬᠡ ᠶᠢᠨ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠲᠠᠪᠴᠠᠩ ᠢ ᠤᠯᠠᠮ ᠲᠡᠭᠦᠯᠳᠡᠷᠵᠢᠭᠦᠯᠦᠨ᠂ | ᠲᠦᠭᠦᠬᠡᠢ ᠮᠠᠲ᠋ᠧᠷᠢᠶᠠᠯ ᠬᠤᠳᠠᠯᠳᠤᠨ ᠠᠪᠬᠤ᠂ ᠬᠠᠳᠠᠭᠠᠯᠠᠯᠲᠠ ᠶᠢ ᠬᠠᠮᠢᠶᠠᠷᠤᠨ ᠡᠵᠡᠮᠳᠡᠬᠦ᠂ ᠬᠤᠪᠢᠶᠠᠨ ᠪᠣᠷᠣᠯᠠᠭᠤᠯᠵᠤ ᠲᠣᠬᠢᠷᠠᠭᠤᠯᠤᠨ ᠬᠦᠷᠭᠡᠬᠦ᠂ ᠮᠡᠳᠡᠭᠡ | ᠵᠠᠩᠭᠢ ᠶᠢ ᠮᠥᠷᠳᠡᠬᠦ ᠵᠡᠷᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢᠨ ᠦᠢᠯᠡᠴᠢᠯᠡᠭᠡ ᠶᠢ ᠪᠡᠶᠡᠯᠡᠭᠦᠯᠵᠦ᠂ ᠬᠥᠬᠡᠬᠤᠲᠠ ᠪᠤᠭᠤᠲᠤ ᠣᠷᠳᠣᠰ ᠵᠢᠴᠢ ᠪᠠᠷᠠᠭᠤᠨ | ᠬᠤᠶᠢᠲᠤ ᠣᠷᠣᠨ ᠤ ᠬᠠᠮᠤᠭ ᠤᠨ ᠶᠡᠭᠡ ᠠᠵᠤ ᠦᠢᠯᠡᠳᠪᠦᠷᠢ ᠶᠢᠨ ᠪᠦᠲᠦᠭᠡᠭᠳᠡᠬᠦᠨ ᠢ ᠲᠥᠪᠯᠡᠷᠡᠭᠦᠯᠬᠦ ᠪᠠ ᠲᠠᠷᠬᠠᠭᠠᠬᠤ ᠲᠥᠪ ᠢ ᠪᠠᠶᠢᠭᠤᠯᠤᠨ᠎ᠠ᠃ ᠡᠭᠦᠨ ᠤ ᠳᠠᠭᠠᠤ᠂ | ᠨᠠᠰᠤᠲᠠᠨ ᠢ ᠠᠰᠠᠷᠠᠬᠤ᠂ ᠬᠤᠳᠠᠯᠳᠤᠭ᠎ᠠ ᠠᠷᠠᠯᠵᠢᠶ᠎ᠠ ᠢᠳᠡᠭᠡᠨ ᠤᠮᠳᠠᠭᠠᠨ᠂ ᠰᠣᠶᠣᠯ ᠲᠠᠮᠢᠷ ᠵᠤᠭ᠎ᠠ ᠴᠡᠩᠭᠡᠯ᠂ ᠮᠥᠩᠭᠦᠨ ᠭᠦᠢᠯᠬᠡᠬᠡᠨ ᠤ ᠦᠢᠯᠡᠴᠢᠯᠡᠭᠡ ᠵᠡᠷᠭᠡ | ᠠᠵᠤ ᠦᠢᠯᠡᠰ ᠢ ᠨᠠᠷᠢᠯᠢᠭᠵᠢᠭᠤᠯᠤᠭᠰᠠᠨ᠂ ᠳᠡᠭᠡᠳᠦ ᠲᠡᠰᠵᠢᠬᠦᠯᠦᠭᠰᠡᠨ ᠬᠥᠭᠵᠢᠯᠲᠡ ᠲᠡᠰᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠠᠭᠤᠭᠠᠯᠢ ᠠᠷᠠᠳ ᠤᠨ | ᠬᠡᠷᠡᠭᠯᠡᠭᠡᠨ ᠤ ᠥᠨᠳᠥᠷ ᠱᠠᠭᠠᠷᠳᠠᠯᠭ᠎ᠠ ᠶᠢ ᠬᠠᠩᠭᠠᠨ᠎ᠠ᠃ | ︵ᠭᠤᠷᠪᠠ︶ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠪᠠᠷᠢᠮᠲᠠᠯᠠᠵᠤ᠂ ᠬᠤᠳᠠ ᠬᠥᠳᠡᠭᠡ ᠶᠢᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ | ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ᠂ ᠨᠠᠷᠢᠯᠢᠭ ᠪᠠᠶᠢᠭᠤᠯᠤᠨ ᠬᠠᠮᠢᠶᠠᠷᠬᠤ ᠶᠢ ᠳᠣᠪᠣᠶᠢᠯᠭᠠᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ | ᠪᠦᠬᠦ ᠲᠠᠯ᠎ᠠ ᠪᠠᠷ ᠳᠡᠭᠡᠭᠰᠢᠯᠡᠭᠦᠯᠦᠨ᠂ ᠬᠤᠳᠠ ᠬᠥᠳᠡᠭᠡᠨ ᠤ ᠬᠠᠮᠲᠤ ᠶᠢᠨ ᠬᠥᠭᠵᠢᠯᠲᠡ ᠶᠢ ᠠᠬᠢᠭᠤᠯᠤᠨ᠎ᠠ᠃ ᠨᠢᠭᠡ ᠳᠤ ᠴᠢᠨᠠᠷᠯᠢᠭ ᠬᠤᠳᠠ ᠪᠠᠯᠭᠠᠰᠤ ᠶᠢ ᠴᠢᠷᠮᠠᠶᠢᠨ | ᠪᠠᠶᠢᠭᠤᠯᠤᠨ᠎ᠠ᠃ ᠲᠥᠯᠥᠪᠵᠢᠭᠦᠯᠭᠡ ᠶᠢᠨ ᠵᠢᠯᠣᠭᠤᠳᠤᠮᠵᠢ ᠶᠢ ᠴᠢᠩᠭᠠᠳᠬᠠᠵᠤ᠂ ᠬᠥᠮᠥᠨ ᠢᠶᠠᠷ ᠦᠨᠳᠦᠰᠦ ᠪᠣᠯᠭᠠᠬᠤ᠂ ᠪᠠᠶᠢᠭᠠᠯᠢ ᠶᠢ ᠬᠠᠶᠢᠷᠠᠯᠠᠬᠤ᠂ ᠲᠡᠦᠬᠡ ᠶᠢ | ᠤᠯᠠᠮᠵᠢᠯᠠᠬᠤ᠂ ᠳᠣᠣᠷ᠎ᠠ ᠨᠡᠬᠦᠰᠣᠳᠦ᠋ᠷᠦᠭᠴᠢᠳᠣ ᠪᠣᠬᠢᠷᠲᠤᠯ ᠦᠭᠡᠢ ᠲᠥᠯᠥᠪᠵᠢᠭᠦᠯᠭᠡ ᠶᠢᠨ ᠣᠶᠢᠯᠠᠭᠠᠭᠳᠠᠬᠤᠨ ᠢ ᠪᠣᠢ ᠪᠣᠯᠭᠠᠨ᠂ ᠬᠤᠰᠢᠭᠤᠨ ᠤ ᠣᠷᠣᠨ | ᠲᠣᠭᠤᠷᠢᠭ ᠤᠨ ᠶᠡᠷᠦᠩᠬᠡᠢ ᠲᠥᠯᠥᠪᠵᠢᠭᠦᠯᠭᠡ ᠪᠠ ᠬᠤᠳᠠ ᠪᠠᠯᠭᠠᠰᠤᠨ ᠤ ᠲᠥᠯᠥᠪᠵᠢᠭᠦᠯᠭᠡ᠂ ᠬᠥᠳᠡᠭᠡ ᠲᠣᠰᠬᠤᠨ ᠤ ᠲᠥᠯᠥᠪᠵᠢᠭᠦᠯᠭᠡ ᠵᠢᠴᠢ ᠵᠠᠮ ᠬᠠᠷᠢᠯᠴᠠᠭ᠎ᠠ᠂ | ᠰᠣᠶᠣᠯ ᠦᠵᠡᠮᠦᠷᠢ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠲᠤᠰᠬᠠᠢ ᠲᠥᠯᠥᠪᠵᠢᠭᠦᠯᠭᠡ ᠶᠢ ᠤᠯᠠᠮ ᠲᠡᠭᠦᠯᠳᠡᠷᠵᠢᠭᠦᠯᠵᠦ᠂ ᠪᠠᠷᠢᠯᠭ᠎ᠠ ᠪᠠᠷᠢᠬᠤ ᠳᠤ ᠣᠯᠠᠨ | ᠨᠡᠶᠢᠲᠡ ᠶᠢᠨ ᠣᠷᠣᠨ ᠵᠠᠢ ᠦᠯᠡᠳᠡᠭᠡᠬᠦ᠂ ᠣᠶᠢᠵᠢᠭᠤᠯᠤᠯᠲᠠ ᠶᠢᠨ ᠬᠤᠷᠢᠭ᠎ᠠ ᠱᠤᠭᠤᠮ᠂ ᠡᠵᠡᠯᠡᠬᠦᠨ ᠤ ᠨᠣᠷᠮ᠎ᠠ ᠵᠡᠷᠭᠡ ᠡᠵᠡᠮᠳᠡᠬᠦ ᠭᠦᠢᠴᠡᠳᠬᠡᠯ ᠲᠤᠭ᠎ᠠ ᠶᠢ ᠴᠢᠩᠭ᠎ᠠ | ᠬᠡᠷᠡᠭᠵᠢᠭᠦᠯᠦᠨ᠂ ᠬᠤᠳᠠ ᠪᠠᠯᠭᠠᠰᠤᠨ ᠤ ᠣᠷᠣᠨ ᠨᠤᠲᠤᠭ ᠤᠨ ᠣᠨᠴᠠᠯᠢᠭ᠂ ᠦᠨᠳᠦᠰᠦᠲᠡᠨ ᠤ ᠣᠨᠴᠠᠯᠢᠭ ᠬᠢᠭᠡᠳ ᠴᠠᠭ ᠦᠶ᠎ᠡ ᠶᠢᠨ ᠣᠨᠴᠠᠯᠢᠭ ᠢ ᠭᠦᠢᠴᠡᠳ | ᠢᠯᠡᠷᠡᠭᠦᠯᠦᠨ᠎ᠡ᠃ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ 8 ᠺᠢᠯᠣᠮᠧᠲᠷ ᠬᠤᠳᠠ ᠶᠢᠨ ᠶᠠᠪᠤᠳᠠᠯ ᠤᠨ ᠵᠠᠮ ᠵᠠᠰᠠᠨ᠂ 15 ᠲᠦᠮᠡᠨ ᠲᠡᠭᠰᠢ | ᠳᠥᠷᠪᠡᠯᠵᠢᠨ ᠮᠧᠲᠷ ᠵᠡᠭᠡᠯᠢ ᠭᠤᠳᠤᠮᠵᠢ ᠶᠢ ᠬᠠᠲᠠᠭᠤᠷᠠᠭᠤᠯᠵᠤ᠂ 43 ᠺᠢᠯᠣᠮᠧᠲᠷ ᠶᠡᠷᠦᠩᠬᠡᠶᠢᠯᠡᠭᠰᠡᠨ ᠬᠤᠭᠤᠯᠠᠢ ᠲᠣᠣᠷ ᠢ ᠲᠠᠲᠠᠨ᠂ 45 ᠲᠦᠮᠡᠨ ᠲᠡᠭᠰᠢ | ᠳᠥᠷᠪᠡᠯᠵᠢᠨ ᠮᠧᠲᠷ ᠭᠠᠵᠠᠷ ᠢ ᠰᠢᠨ᠎ᠡ ᠪᠠᠷ ᠨᠣᠭᠤᠭᠠᠷᠠᠭᠤᠯᠵᠤ᠂ ᠨᠣᠮ ᠤᠨ ᠰᠠᠩ ᠳᠠᠩᠰᠠ ᠡᠪᠬᠡᠮᠡᠯ ᠤᠨ ᠭᠠᠵᠠᠷ᠂ ᠰᠢᠩ ᠲᠠᠢ ᠰᠢᠩ ᠶᠧ ᠲᠣᠮᠣ ᠠᠰᠠᠷ᠂ 110 | ᠵᠢᠯᠣᠭᠤᠳᠬᠤ ᠲᠥᠪ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠰᠣᠨᠢᠨ ᠮᠡᠳᠡᠭᠡᠨ ᠤ ᠲᠥᠪ᠂ | ᠪᠡᠶ᠎ᠡ ᠶᠢᠨ ᠲᠠᠮᠢᠷ ᠤᠨ ᠣᠷᠳᠣᠨ ᠢ ᠪᠠᠶᠢᠭᠤᠯᠵᠤ ᠠᠰᠢᠭᠯᠠᠯᠲᠠ ᠳᠤ ᠣᠷᠣᠭᠤᠯᠤᠨ᠂ ᠠᠮᠤᠭᠤᠯᠠᠩ᠂ ᠺᠠᠩ ᠨᠢᠩ᠂ ᠲᠣᠰᠣᠲᠤ ᠨᠡᠶᠢᠭᠡᠮ ᠲᠣᠭᠤᠷᠢᠭ ᠤᠨ | ᠦᠢᠯᠡᠴᠢᠯᠡᠭᠡᠨ ᠤ ᠲᠥᠪ ᠤᠨ ᠪᠠᠷᠢᠯᠭ᠎ᠠ ᠶᠢ ᠡᠬᠢᠯᠡᠭᠦᠯᠵᠦ᠂ ᠬᠤᠳᠠ ᠪᠠᠯᠭᠠᠰᠤᠨ ᠤ ᠶᠡᠷᠦᠩᠬᠡᠶᠢᠯᠡᠭᠰᠡᠨ ᠠᠴᠢᠶᠠᠯᠠᠬᠤ ᠴᠢᠳᠠᠪᠤᠷᠢ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ ᠬᠠᠮᠢᠶᠠᠷᠤᠯᠲᠠ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ᠂ ᠵᠠᠮ ᠬᠠᠷᠢᠯᠴᠠᠭᠠᠨ ᠤ ᠡᠮᠬᠢ ᠳᠢᠭᠯᠢᠮ᠂ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠳᠤᠷ᠎ᠠ ᠪᠠᠷ ᠢᠶᠠᠨ ᠪᠠᠷᠢᠵᠤ ᠪᠣᠰᠬᠠᠬᠤ ᠠᠵᠢᠯᠯᠠᠭ᠎ᠠ ᠵᠡᠷᠭᠡ ᠳᠤ ᠲᠤᠰᠬᠠᠢ ᠴᠡᠭᠴᠡᠯᠠᠯᠳᠡ ᠬᠢᠬᠦ ᠶᠢ ᠳᠣᠪᠣᠶᠢᠯᠭᠠᠨ | ᠰᠠᠶᠢᠲᠤᠷ ᠠᠳᠬᠤᠵᠤ᠂ ᠬᠤᠳᠠ ᠪᠠᠯᠭᠠᠰᠤᠨ ᠤ ᠦᠶᠡᠷ ᠤᠰᠤᠳᠤᠯ ᠢ ᠵᠠᠰᠠᠬᠤ ᠶᠢ ᠨᠢᠭᠡᠳᠦᠯᠲᠡᠢ ᠲᠥᠯᠥᠪᠯᠡᠵᠦ ᠠᠬᠢᠭᠤᠯᠤᠨ᠂ ᠪᠤᠴᠠᠵᠤ ᠨᠡᠭᠦᠯᠭᠡᠨ ᠲᠥᠪᠬᠢᠨᠡᠭᠦᠯᠬᠦ᠂ | ᠠᠮᠢ ᠠᠬᠤᠢ ᠶᠢᠨ ᠨᠡᠭᠦᠳᠡᠯ ᠠᠷᠠᠳ ᠵᠡᠷᠭᠡ ᠰᠠᠭᠤᠭᠠᠯᠢ ᠠᠷᠠᠳ ᠤᠨ ᠲᠣᠭᠤᠷᠢᠭ ᠤᠨ ᠰᠠᠭᠤᠷᠢ ᠢᠵᠢ ᠪᠦᠷᠢᠳᠣᠬᠦᠯᠣᠯᠳᠡ ᠨᠢ ᠲᠡᠭᠦᠯᠳᠡᠷᠵᠢᠭᠡᠳᠦᠢ ᠪᠠ ᠭᠡᠷ | ᠪᠠᠶᠢᠰᠢᠩ ᠤᠨ ᠥᠮᠴᠢᠯᠡᠬᠦ ᠡᠷᠬᠡ ᠶᠢᠨ ᠦᠨᠡᠮᠯᠡᠯ ᠢ ᠣᠯᠭᠤᠭᠠᠳᠤᠢ ᠵᠡᠷᠭᠡ ᠠᠰᠠᠭᠤᠳᠠᠯ ᠢ ᠪᠦᠬᠦ ᠲᠠᠯ᠎ᠠ ᠪᠠᠷ ᠰᠢᠢᠳᠪᠣᠷᠢᠯᠡᠨ᠂ ᠠᠳᠠᠯ ᠠᠬᠤᠢ ᠶᠢᠨ ᠬᠠᠮᠢᠶᠠᠷᠤᠯᠲᠠ | ᠦᠢᠯᠡᠴᠢᠯᠡᠭᠡ ᠶᠢ ᠤᠯᠠᠮ ᠵᠢᠷᠤᠮᠵᠢᠭᠤᠯᠵᠤ᠂ ᠲᠣᠭᠠᠴᠠᠯᠠᠭᠰᠠᠨ ᠬᠤᠳᠠ ᠶᠢᠨ ᠬᠠᠮᠢᠶᠠᠷᠤᠯᠲᠠ᠂ ᠠᠶᠤᠯ ᠦᠭᠡᠢ ᠦᠢᠯᠡᠳᠪᠦᠷᠢᠯᠡᠯ ᠣᠷᠴᠢᠨ ᠲᠣᠭᠤᠷᠢᠨ ᠤ ᠬᠠᠮᠠᠭᠠᠯᠠᠯᠲᠠ | ᠂ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠰᠢᠯᠳᠡ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠵᠡᠷᠭᠡ ᠮᠡᠳᠡᠭᠡ | ᠵᠠᠩᠭᠢ ᠶᠢᠨ ᠡᠬᠢ ᠪᠠᠶᠠᠯᠢᠭ ᠢ ᠨᠡᠶᠢᠯᠡᠭᠦᠯᠦᠨ ᠬᠠᠮᠳᠣᠪᠡᠷ ᠠᠰᠢᠭᠯᠠᠵᠤ᠂ ᠬᠤᠰᠢᠭᠤᠨ ᠤ ᠲᠣᠮᠣ ᠲᠤᠭ᠎ᠠ ᠪᠠᠷᠢᠮᠲᠠ ᠶᠢᠨ ᠲᠥᠪ ᠪᠠ ᠮᠡᠳᠡᠭᠡ ᠵᠠᠩᠭᠢᠴᠢᠯᠠᠭᠰᠠᠨ ᠲᠠᠪᠴᠠᠩ | ᠢ ᠪᠠᠶᠢᠭᠤᠯᠤᠨ᠂ ᠬᠤᠳᠠ ᠪᠠᠯᠭᠠᠰᠤᠨ ᠤ ᠬᠠᠮᠢᠶᠠᠷᠤᠯᠲᠠ ᠶᠢ ᠣᠶᠤᠨᠴᠢᠯᠠᠭᠰᠠᠨ᠂ ᠳᠣᠣᠷᠴᠢᠯᠠᠭᠰᠠᠨ ᠲᠡᠰᠢ ᠬᠥᠭᠵᠢᠭᠦᠯᠬᠦ ᠶᠢ ᠠᠬᠢᠭᠤᠯᠤᠨ᠎ᠠ᠃ ᠬᠤᠶᠠᠷ ᠲᠤ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠠᠶᠢᠭᠤᠯᠤᠯᠲᠠ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠤ | ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠳᠠᠭᠠᠭᠠᠮᠠᠭᠠᠢ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠵᠠᠬᠢᠷᠭ᠎ᠠ ᠶᠢᠨ ᠭᠠᠴᠠᠭ᠎ᠠ ᠲᠣᠰᠬᠤᠨ ᠤ ᠬᠤᠭ ᠨᠣᠪᠰᠢ᠂ ᠪᠤᠵᠠᠷ | ᠤᠰᠤ ᠶᠢ ᠲᠥᠪᠯᠡᠷᠡᠭᠦᠯᠦᠨ ᠬᠤᠷᠢᠶᠠᠵᠤ ᠰᠢᠢᠳᠪᠣᠷᠢᠯᠡᠬᠦ ᠠᠵᠢᠯ ᠢ ᠶᠡᠬᠡᠪᠡᠷ ᠥᠷᠨᠢᠭᠦᠯᠦᠨ᠂ ᠤᠰᠤ᠂ ᠴᠠᠬᠢᠯᠭᠠᠨ᠂ ᠬᠠᠰᠢᠶ᠎ᠠ ᠰᠠᠷᠠᠪᠴᠢ ᠵᠡᠷᠭᠡ ᠰᠠᠭᠤᠷᠢ | ᠲᠥᠬᠦᠭᠡᠷᠦᠮᠵᠢ ᠶᠢ ᠢᠵᠢ ᠪᠦᠷᠢᠳᠦᠭᠦᠯᠬᠦ ᠲᠦᠪᠰᠢᠨ ᠢ ᠳᠡᠭᠡᠭᠰᠢᠯᠡᠭᠦᠯᠵᠦ᠂ ᠬᠠᠳᠤᠨ ᠭᠤᠣᠯ ᠤᠨ ᠦᠶᠡᠷ ᠢ ᠰᠡᠷᠭᠡᠶᠢᠯᠡᠬᠦ᠂ ᠤᠰᠤ ᠠᠷᠪᠢᠯᠠᠨ ᠤᠰᠤᠯᠠᠬᠤ᠂ ᠮᠠᠯᠵᠢᠬᠤ | ᠣᠷᠣᠨ ᠤ ᠤᠰᠤ ᠬᠠᠳᠠᠭᠠᠯᠠᠬᠤ ᠵᠣᠭᠤᠷᠢ᠂ ᠤᠮᠳᠠ ᠤᠰᠤᠨ ᠤ ᠠᠮᠤᠷ ᠲᠦᠪᠰᠢᠨ᠂ ᠪᠠᠭ᠎ᠠ ᠬᠡᠯᠪᠡᠷᠢ ᠶᠢᠨ ᠲᠠᠷᠢᠶᠠᠨ ᠭᠠᠵᠠᠷ ᠤᠨ ᠤᠰᠤᠨ ᠠᠰᠢᠭᠯᠠᠯᠲᠠ ᠵᠡᠷᠭᠡ | ᠤᠰᠤᠨ ᠠᠰᠢᠭᠯᠠᠯᠲᠠ ᠶᠢᠨ ᠳᠣᠯᠣᠭᠠᠨ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠦᠨ᠂ ᠤᠰᠤ ᠠᠷᠪᠢᠯᠠᠨ ᠤᠰᠤᠯᠠᠬᠤ ᠲᠠᠯᠠᠪᠠᠢ ᠶᠢ ᠰᠢᠨ᠎ᠡ ᠪᠠᠷ 5.5 ᠲᠦᠮᠡᠨ | ᠮᠦ ᠨᠡᠮᠡᠭᠳᠡᠭᠦᠯᠦᠨ᠎ᠡ︔ ᠴᠠᠬᠢᠯᠭᠠᠨ ᠬᠦᠴᠦᠨ ᠬᠢᠭᠡᠳ ᠬᠤᠷᠤᠭ᠎ᠠ ᠰᠠᠷᠠᠪᠴᠢ ᠪᠠᠶᠢᠭᠤᠯᠬᠤ ᠢᠨᠵᠧᠨᠧᠷᠢᠩ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠴᠠᠬᠢᠯᠭᠠᠨ | ᠬᠦᠷᠭᠡᠬᠦ ᠵᠠᠮ ᠱᠤᠭᠤᠮ ᠢ 644 ᠺᠢᠯᠣᠮᠧᠲᠷ ᠲᠠᠲᠠᠵᠤ᠂ ᠬᠦᠴᠦᠳᠡᠯ ᠥᠭᠡᠷᠡᠴᠢᠯᠡᠭᠴᠢ ᠶᠢ 1161 ᠤᠭᠰᠠᠷᠠᠨ᠂ ᠪᠠᠷᠢᠮᠵᠢᠶᠠᠵᠢᠭᠰᠠᠨ ᠬᠠᠰᠢᠶ᠎ᠠ ᠰᠠᠷᠠᠪᠴᠢ ᠶᠢ | 2000 ᠭᠠᠷᠤᠢ ᠰᠢᠨ᠎ᠡ ᠪᠠᠷ ᠪᠠᠷᠢᠨ᠎ᠠ︔ ᠵᠤᠭᠠᠴᠠᠯ᠂ ᠠᠮᠢ ᠠᠬᠤᠢ᠂ ᠲᠠᠷᠢᠵᠤ ᠲᠡᠵᠢᠭᠡᠨ ᠦᠷᠡᠵᠢᠭᠦᠯᠬᠦ ᠵᠡᠷᠭᠡ ᠬᠠᠮᠲᠤ ᠶᠢᠨ ᠡᠬᠢ ᠪᠠᠶᠠᠯᠢᠭ ᠢ ᠠᠮᠢᠳᠤᠯᠢᠭ ᠢᠶᠠᠷ | ᠠᠰᠢᠭᠯᠠᠵᠤ᠂ ᠭᠠᠴᠠᠭ᠎ᠠ ᠲᠣᠰᠬᠤᠨ ᠪᠦᠬᠦᠨ ᠳᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠲᠠᠢ ᠪᠣᠯᠭᠠᠬᠤ ᠪᠠᠷ ᠴᠢᠷᠮᠠᠶᠢᠨ᠂ ︽ᠪᠠᠯᠭᠠᠰᠤ ᠪᠦᠬᠦᠨ ᠨᠢ | ᠣᠨᠴᠠᠯᠢᠭ ᠲᠠᠢ᠂ ᠲᠣᠰᠬᠤᠨ ᠪᠣᠯᠭᠠᠨ ᠳᠤ ᠠᠵᠤ ᠦᠢᠯᠡᠰ ᠲᠠᠢ︾ ᠪᠠᠶᠢᠯᠭᠠᠬᠤ ᠬᠥᠭᠵᠢᠯᠲᠡ ᠶᠢᠨ ᠪᠠᠶᠢᠳᠠᠯ ᠢ ᠲᠦᠷᠭᠡᠨ ᠪᠦᠷᠢᠯᠳᠦᠭᠦᠯᠵᠦ᠂ ᠣᠨᠴᠠᠯᠢᠭᠲᠤ ᠵᠢᠵᠢᠭ | ᠪᠠᠯᠭᠠᠰᠤ ᠶᠢ 2᠂ ᠦᠵᠡᠰᠬᠦᠯᠡᠩᠳᠣ ᠰᠠᠶᠢᠬᠠᠨ ᠬᠥᠳᠡᠭᠡ ᠲᠣᠰᠬᠤᠨ ᠢ 10 ᠭᠠᠷᠤᠢ ᠭᠠᠷᠭᠠᠨ᠎ᠠ᠃ ᠭᠤᠷᠪᠠ ᠳᠤ ᠬᠦᠷᠢᠶᠡᠯᠡᠩ ᠤᠨ ᠬᠥᠭᠵᠢᠯᠲᠡ ᠶᠢᠨ ᠲᠦᠪᠰᠢᠨ ᠢ | ᠳᠡᠭᠡᠭᠰᠢᠯᠡᠭᠦᠯᠦᠨ᠎ᠡ᠃ ᠭᠠᠵᠠᠷ ᠰᠢᠷᠣᠢ ᠶᠢ ᠠᠷᠪᠢᠯᠠᠨ ᠬᠡᠷᠡᠭᠯᠡᠬᠦ᠂ ᠲᠥᠷᠥᠯ ᠵᠦᠢᠯ ᠢ ᠲᠥᠪᠯᠡᠷᠡᠭᠦᠯᠬᠦ᠂ ᠠᠵᠤ ᠦᠢᠯᠡᠰ ᠢ ᠰᠦᠷᠦᠭᠵᠢᠭᠦᠯᠬᠦ ᠵᠠᠷᠴᠢᠮ ᠢᠶᠠᠷ | ᠬᠦᠷᠢᠶᠡᠯᠡᠩ ᠤᠨ ᠴᠢᠳᠠᠮᠵᠢ ᠪᠠᠶᠢᠷᠢᠯᠠᠭᠤᠯᠤᠯᠲᠠ ᠶᠢ ᠤᠯᠠᠮ ᠰᠢᠯᠢᠳᠡᠭᠴᠢᠯᠡᠵᠦ᠂ ᠦᠢᠯᠡᠴᠢᠯᠡᠭᠡᠨ ᠤ ᠴᠢᠳᠠᠮᠵᠢ ᠬᠢᠭᠡᠳ ᠰᠠᠭᠤᠷᠢ ᠲᠥᠬᠦᠭᠡᠷᠦᠮᠵᠢ ᠶᠢ ᠭᠤᠣᠯᠳᠠᠯᠭ᠎ᠠ ᠲᠠᠢ | ᠲᠡᠭᠦᠯᠳᠡᠷᠵᠢᠭᠦᠯᠦᠨ᠂ ᠲᠥᠷᠥᠯ ᠵᠦᠢᠯ ᠤᠨ ᠠᠴᠢᠶᠠᠯᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠤᠶᠤ ᠰᠠᠶᠢᠬᠠᠨ ᠣᠷᠴᠢᠨ ᠲᠣᠭᠤᠷᠢᠨ ᠢᠶᠠᠷ ᠠᠵᠤ | ᠠᠬᠤᠶᠢᠯᠠᠯ ᠢ ᠬᠦᠷᠢᠶᠡᠯᠡᠩ ᠳᠤ ᠣᠷᠣᠭᠤᠯᠵᠤ᠂ ᠪᠡᠯᠡ ᠣᠷᠣᠭᠤᠯᠬᠤ ᠪᠣᠯᠭᠠᠨ᠎ᠠ᠃ ᠴᠢ ᠫᠠᠨ ᠵᠢᠩ ᠬᠦᠷᠢᠶᠡᠯᠡᠩ ᠨᠢ ᠠᠵᠤ ᠦᠢᠯᠡᠰ ᠢ ᠤᠷᠲᠤᠳᠬᠠᠬᠤ ᠬᠢᠭᠡᠳ ᠡᠬᠢ | ᠪᠠᠶᠠᠯᠢᠭ ᠢ ᠤᠯᠠᠷᠢᠭᠤᠯᠬᠤ ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠵᠦ᠂ ᠠᠵᠤ ᠦᠢᠯᠡᠰ ᠤᠨ ᠢᠵᠢ ᠲᠥᠬᠦᠭᠡᠷᠦᠮᠵᠢ ᠪᠠ ᠠᠵᠢᠯᠲᠠᠨ ᠠᠵᠢᠯᠴᠢᠨ ᠤ ᠰᠣᠶᠣᠯ ᠤᠨ | ᠠᠵᠢᠯᠯᠠᠭ᠎ᠠ ᠦᠷᠨᠢᠭᠦᠯᠬᠦ᠂ ᠪᠡᠶ᠎ᠡ ᠪᠠᠨ ᠴᠢᠭᠢᠷᠠᠭᠵᠢᠭᠤᠯᠬᠤ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠲᠠᠰᠤᠷᠠᠯᠲᠠ ᠦᠭᠡᠢ | ᠲᠡᠭᠦᠯᠳᠡᠷᠵᠢᠭᠦᠯᠦᠨ᠂ ᠵᠡᠭᠦᠨ ᠲᠥᠷᠥᠯ ᠵᠦᠢᠯ ᠤᠨ ᠲᠣᠭᠤᠷᠢᠭ ᠤᠨ ᠪᠠᠶᠢᠭᠤᠯᠤᠯᠲᠠ ᠶᠢ ᠲᠦᠷᠭᠡᠳᠬᠡᠵᠦ᠂ ᠪᠣᠷᠣᠯᠠᠭᠤᠯᠭ᠎ᠠ ᠶᠢᠨ ᠣᠷᠣᠯᠭ᠎ᠠ ᠶᠢ 600 ᠳ᠋ᠦᠩᠰᠢᠭᠤᠷ | ᠲᠥᠭᠦᠷᠢᠭ ᠠᠴᠠ ᠳᠠᠪᠠᠭᠤᠯᠤᠨ᠂ ᠮᠢᠩᠭᠠᠨ ᠳ᠋ᠦᠩᠰᠢᠭᠤᠷ ᠲᠥᠭᠦᠷᠢᠭ ᠤᠨ ᠪᠤᠷᠤᠯᠠᠭᠤᠯᠭ᠎ᠠ ᠶᠢᠨ ᠤᠷᠤᠯᠭ᠎ᠠ ᠲᠠᠢ ᠬᠦᠷᠢᠶᠡᠯᠡᠩ ᠪᠤᠯᠬᠤ ᠪᠠᠷ ᠴᠢᠷᠮᠠᠶᠢᠨ᠎ᠠ᠃ ᠮᠧᠩ ᠰᠢ | ᠬᠦᠷᠢᠶᠡᠯᠡᠩ ᠨᠢ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠬᠢᠭᠡᠳ ᠮᠡᠷᠭᠡᠵᠢᠯ ᠢ ᠰᠤᠳᠤᠯᠬᠤ ᠴᠢᠳᠠᠪᠤᠷᠢ ᠪᠠᠨ ᠬᠦᠴᠦᠯᠡᠨ ᠳᠡᠭᠡᠭᠰᠢᠯᠡᠭᠦᠯᠵᠦ᠂ ᠭᠠᠯ ᠤᠨᠲᠠᠷᠠᠭᠠᠬᠤ | ᠲᠥᠬᠦᠭᠡᠷᠦᠮᠵᠢ᠂ ᠪᠤᠵᠠᠷ ᠤᠰᠤ ᠰᠢᠢᠳᠪᠣᠷᠢᠯᠡᠬᠦ᠂ ᠬᠠᠶᠠᠭᠳᠠᠮᠠᠯ ᠪᠣᠳᠠᠰ ᠪᠤᠯᠠᠬᠤ ᠵᠡᠷᠭᠡ ᠰᠠᠭᠤᠷᠢ ᠲᠥᠬᠦᠭᠡᠷᠦᠮᠵᠢ ᠶᠢ ᠢᠵᠢ ᠪᠥᠷᠢᠳᠦᠭᠦᠯᠬᠦ ᠶᠢ ᠨᠢᠭᠡᠳᠦᠯᠲᠡᠢ | ᠲᠥᠯᠥᠪᠯᠡᠨ ᠠᠳᠬᠤᠵᠤ᠂ ᠪᠣᠷᠣᠯᠠᠭᠤᠯᠭ᠎ᠠ ᠶᠢᠨ ᠣᠷᠣᠯᠭ᠎ᠠ ᠶᠢ 300 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠂ 500 ᠳ᠋ᠦᠩᠰᠢᠭᠤᠷ | ᠲᠥᠭᠦᠷᠢᠭ ᠤᠨ ᠪᠤᠷᠤᠯᠠᠭᠤᠯᠭ᠎ᠠ ᠶᠢᠨ ᠤᠷᠤᠯᠭ᠎ᠠ ᠲᠠᠢ ᠬᠦᠷᠢᠶᠡᠯᠡᠩ ᠪᠤᠯᠬᠤ ᠪᠠᠷ ᠴᠢᠷᠮᠠᠶᠢᠨ᠎ᠠ᠃ ᠴᠠᠪ ᠵᠤᠭᠠᠩ ᠤᠨ ᠬᠦᠷᠢᠶᠡᠯᠡᠩ᠂ ᠣᠷᠢᠶᠠᠮᠠᠭ ᠵᠠᠮᠠᠭ ᠤᠨ ᠠᠵᠤ | ᠦᠢᠯᠡᠰ ᠤᠨ ᠬᠦᠷᠢᠶᠡᠯᠡᠩ ᠪᠠ ᠤᠯᠠᠭᠠᠠᠪᠠᠯᠭᠠᠰᠣᠨ ᠤ ᠬᠥᠩᠭᠡᠨ ᠠᠵᠤ ᠦᠢᠯᠡᠳᠪᠦᠷᠢ ᠶᠢᠨ ᠬᠦᠷᠢᠶᠡᠯᠡᠩ ᠨᠢ ᠳᠠᠪᠠᠭᠤᠯᠢᠭ ᠢᠶᠠᠨ ᠪᠠᠳᠠᠷᠠᠭᠤᠯᠵᠤ᠂ ᠥᠪᠡᠷᠮᠢᠴᠡ | ᠤᠨᠴᠠᠯᠢᠭ ᠢᠶᠠᠨ ᠢᠯᠡᠷᠡᠭᠦᠯᠦᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠴᠢᠭᠯᠡᠯᠲᠦ ᠴᠢᠨᠠᠷ ᠬᠢᠭᠡᠳ ᠪᠦᠳᠣᠮᠵᠢᠳᠣ ᠴᠢᠨᠠᠷ ᠢ ᠳᠡᠭᠡᠭᠰᠢᠯᠡᠭᠦᠯᠵᠦ᠂ ᠨᠢᠭᠡ | ᠪᠦᠯᠦᠭ ᠨᠠᠷᠢᠯᠢᠭ ᠭᠦᠨᠵᠡᠭᠡᠢ ᠪᠣᠯᠪᠠᠰᠤᠷᠠᠭᠤᠯᠬᠤ᠂ ᠳᠠᠶᠢᠴᠢᠯᠠᠬᠤ ᠬᠦᠴᠦᠨ ᠢᠶᠠᠷ ᠴᠢᠩᠭ᠎ᠠ ᠲᠥᠷᠥᠯ ᠵᠦᠢᠯ ᠢ ᠴᠢᠷᠮᠠᠶᠢᠨ ᠨᠠᠶᠢᠳᠠᠪᠤᠷᠢᠵᠢᠭᠤᠯᠤᠨ᠎ᠠ᠃ ᠳᠥᠷᠪᠡ ᠳᠤ | ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ︽ᠳᠥᠷᠪᠡᠨ ᠵᠠᠮ ᠨᠢᠭᠡ ᠨᠢᠰᠬᠡᠯ ᠤᠨ ᠪᠠᠭᠤᠳᠠᠯ ᠨᠢᠭᠡ ᠪᠠᠶᠢᠭᠠᠯᠢ ᠶᠢᠨ | ᠰᠢᠲᠠᠮᠠᠬᠠᠢ ᠶᠢᠨ ᠬᠡᠢ ᠬᠤᠶᠠᠷ ᠰᠦᠯᠵᠢᠶ᠎ᠡ︾ ᠶᠢᠨ ᠢᠨᠵᠧᠨᠧᠷᠢᠩ ᠢ ᠭᠤᠣᠯᠳᠠᠯᠭ᠎ᠠ ᠲᠠᠢ ᠠᠬᠢᠭᠤᠯᠵᠤ᠂ ᠣᠯᠠᠭᠠᠠᠪᠠᠯᠭᠠᠰᠣ ᠠᠴᠠ ᠲᠣᠣ ᠯᠧ ᠬᠦᠷᠬᠦ ᠵᠤᠭᠠᠴᠠᠯ ᠤᠨ | ᠲᠤᠰᠬᠠᠢ ᠵᠠᠮ᠂ ᠴᠢ ᠫᠠᠨ ᠵᠢᠩ ᠠᠴᠠ ᠮᠧᠩ ᠰᠢ ᠬᠦᠷᠬᠦ ᠲᠡᠭᠡᠭᠡᠪᠦᠷᠢ ᠶᠢᠨ ᠵᠠᠮ᠂ ᠣᠯᠠᠭᠠᠠᠪᠠᠯᠭᠠᠰᠣ ᠠᠴᠠ ᠰᠦᠮᠡᠲᠦ ᠬᠦᠷᠬᠦ᠂ ᠭᠦᠨᠴᠢᠷᠭ᠎ᠠ ᠠᠴᠠ ᠣᠯᠠᠭᠠᠠᠪᠠᠯᠭᠠᠰᠣ | ᠬᠦᠷᠬᠦ ᠳᠦᠷᠪᠡᠨ ᠵᠤᠷᠪᠤᠰ ᠨᠢᠭᠡᠳᠦᠭᠡᠷ ᠲᠡᠰ ᠤᠨ ᠵᠠᠰᠠᠮᠠᠯ ᠵᠠᠮ ᠢ ᠲᠦᠷᠭᠡᠨ ᠪᠠᠶᠢᠭᠤᠯᠵᠤ᠂ ᠵᠡᠭᠦᠨ ᠪᠠᠷᠠᠭᠤᠨ᠂ ᠬᠤᠶᠢᠨ᠎ᠠ ᠡᠮᠦᠨ᠎ᠡ ᠶᠢ ᠬᠤᠯᠪᠣᠭᠰᠠᠨ᠂ ᠣᠶᠢᠷ᠎ᠠ | ᠬᠠᠪᠢ ᠶᠢ ᠵᠠᠯᠭᠠᠭᠰᠠᠨ ᠳᠡᠭᠡᠳᠦ ᠲᠡᠰᠳᠣ ᠵᠠᠰᠠᠮᠠᠯ ᠵᠠᠮ ᠤᠨ ᠲᠣᠣᠷ ᠢ ᠪᠦᠷᠢᠳᠦᠭᠦᠯᠦᠨ᠎ᠡ︔ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠪᠠ ᠪᠣᠭᠤᠨᠢ ᠨᠢᠰᠦᠯᠲᠡ ᠶᠢᠨ | ᠪᠣᠯᠪᠠᠰᠤᠷᠠᠭᠤᠯᠤᠯ ᠤᠨ ᠰᠠᠭᠤᠷᠢᠨ ᠭᠠᠵᠠᠷ᠂ ᠰᠢᠬᠦᠷ ᠢᠶᠠᠷ ᠪᠠᠭᠤᠬᠤ ᠰᠠᠭᠤᠷᠢᠨ ᠭᠠᠵᠠᠷ ᠢ ᠡᠬᠢᠯᠡᠭᠦᠯᠦᠨ ᠪᠠᠶᠢᠭᠤᠯᠬᠤ ᠪᠠᠷ ᠴᠢᠷᠮᠠᠶᠢᠨ᠎ᠠ︔ ︽ᠪᠠᠶᠢᠭᠠᠯᠢ ᠶᠢᠨ | ᠰᠢᠲᠠᠮᠠᠬᠠᠢ ᠬᠡᠢ ᠶᠢ ᠨᠡᠶᠢᠳᠡᠮ ᠨᠡᠪᠲᠡᠷᠡᠭᠦᠯᠦᠭᠰᠡᠨ ᠣᠲᠤᠭ︾ ᠤᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠰᠤᠮᠤ ᠪᠠᠯᠭᠠᠰᠤᠨ ᠤ ᠲᠣᠭᠤᠷᠢᠭ ᠪᠦᠬᠦᠨ ᠳᠤ | ᠪᠠᠶᠢᠭᠠᠯᠢ ᠶᠢᠨ ᠰᠢᠲᠠᠮᠠᠬᠠᠢ ᠬᠡᠢ ᠶᠢᠨ ᠭᠤᠣᠯ ᠬᠤᠭᠤᠯᠠᠢ ᠲᠣᠣᠷ ᠢ ᠨᠡᠪᠲᠡᠷᠡᠭᠦᠯᠬᠦ ᠪᠠᠷ ᠴᠢᠷᠮᠠᠶᠢᠨ᠂ ᠮᠠᠯᠵᠢᠬᠤ ᠲᠠᠷᠢᠶᠠᠯᠠᠬᠤ ᠣᠷᠣᠨ ᠳᠤ ᠴᠡᠪᠡᠷ ᠡᠨᠧᠷᠬᠢ ᠶᠢ | ᠲᠦᠭᠡᠮᠡᠯᠵᠢᠭᠦᠯᠬᠦ ᠨᠤᠷᠮ᠎ᠠ ᠶᠢ ᠳᠡᠭᠡᠭᠰᠢᠯᠡᠭᠦᠯᠦᠨ᠎ᠡ︔ ︽ᠥᠷᠭᠡᠨ ᠪᠦᠰᠡᠲᠦ ᠰᠦᠯᠵᠢᠶ᠎ᠡ ᠶᠢ ᠬᠥᠳᠡᠭᠡ ᠲᠣᠰᠬᠤᠨ ᠳᠤ ᠨᠡᠪᠲᠡᠷᠡᠭᠦᠯᠬᠦ︾ ᠪᠠ ᠮᠠᠯᠵᠢᠬᠤ ᠲᠠᠷᠢᠶᠠᠯᠠᠬᠤ | ᠣᠷᠣᠨ ᠳᠤ ᠴᠢᠮᠡᠭᠡ ᠬᠤᠯᠪᠣᠭ᠎ᠠ ᠨᠡᠪᠲᠡᠷᠡᠭᠦᠯᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠥᠷᠭᠡᠨ ᠪᠦᠰᠡᠲᠦ ᠰᠦᠯᠵᠢᠶ᠎ᠡ ᠪᠠ ᠭᠠᠷ ᠤᠲᠠᠰᠤᠨ ᠤ ᠳᠣᠬᠢᠶ᠎ᠠ | ᠨᠡᠪᠲᠡᠷᠡᠬᠦ ᠬᠡᠪᠴᠢᠶ᠎ᠡ ᠶᠢ ᠪᠦᠲᠦᠮᠵᠢᠲᠡᠢ ᠥᠷᠭᠡᠳᠬᠡᠨ᠎ᠡ᠃ | ︵ᠳᠥᠷᠪᠡ︶ ᠪᠤᠬᠢᠷᠳᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠠᠬᠢᠭᠤᠯᠤᠨ᠎ᠠ᠃ ᠠᠮᠢ ᠠᠬᠤᠢ᠂ | ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠤᠷᠢᠭ᠎ᠠ ᠴᠠᠭᠠᠵᠠ ᠶᠢ ᠡᠷᠡᠰ ᠪᠠᠷᠢᠮᠲᠠᠯᠠᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠠᠵᠤ ᠠᠬᠤᠢ | ᠨᠡᠶᠢᠬᠡᠮ ᠤᠨ ᠬᠥᠭᠵᠢᠯᠲᠡ ᠶᠢᠨ ᠪᠥᠬᠦᠶᠢᠯᠡ ᠶᠠᠪᠤᠴᠠ ᠳᠤ ᠲᠤᠤᠱᠯᠠᠭᠤᠯᠤᠨ᠂ ᠠᠮᠢ ᠠᠬᠤᠢ ᠶᠢ ᠬᠠᠮᠠᠭᠠᠯᠠᠬᠤ ᠪᠠ ᠬᠥᠭᠵᠢᠭᠦᠯᠬᠦ ᠶᠢ ᠵᠡᠷᠭᠡᠪᠡᠷ ᠪᠡᠶᠡᠯᠡᠭᠦᠯᠬᠦ ᠪᠠᠷ | ᠴᠢᠷᠮᠠᠶᠢᠨ᠎ᠠ᠃ ᠨᠢᠭᠡ ᠳᠤ ᠠᠮᠢ ᠠᠬᠤᠢ ᠶᠢᠨ ᠰᠡᠷᠭᠦᠭᠡᠯᠲᠡ ᠶᠢ ᠪᠥᠬᠦ ᠲᠠᠯ᠎ᠠ ᠪᠠᠷ ᠠᠬᠢᠭᠤᠯᠤᠨ᠎ᠠ᠃ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ᠂ ᠪᠡᠯᠴᠢᠭᠡᠷ | ᠢᠶᠠᠨ ᠬᠡᠰᠡᠭᠯᠡᠵᠦ ᠡᠭᠡᠯᠵᠢᠯᠡᠨ ᠮᠠᠯᠵᠢᠬᠤ ᠵᠢᠴᠢ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠳᠥᠷᠢᠮ ᠢ ᠡᠷᠡᠰ ᠬᠡᠷᠡᠭᠵᠢᠭᠦᠯᠵᠦ᠂ ᠳᠤᠷ᠎ᠠ ᠪᠠᠷ ᠠᠲᠠᠷ | ᠬᠠᠭᠠᠯᠪᠤᠷᠢᠯᠠᠬᠤ᠂ ᠪᠡᠯᠴᠢᠭᠡᠷ ᠤᠨ ᠳᠠᠭᠠᠭᠠᠴᠠ ᠠᠴᠠ ᠭᠡᠲᠦᠷᠡᠭᠦᠯᠦᠨ ᠮᠠᠯᠵᠢᠬᠤ ᠠᠵᠢᠯᠯᠠᠭ᠎ᠠ ᠶᠢ ᠪᠠᠶᠢᠴᠠᠭᠠᠵᠤ ᠰᠢᠢᠳᠪᠦᠷᠢᠯᠡᠨ᠂ ᠰᠢᠨ᠎ᠡ ᠡᠭᠡᠯᠵᠢ ᠶᠢᠨ ᠨᠤᠲᠤᠭ | ᠪᠡᠯᠴᠢᠭᠡᠷ ᠤᠨ ᠠᠮᠢ ᠠᠬᠤᠢ ᠶᠢᠨ ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠲᠠᠪᠤᠷᠢᠵᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ | ᠦᠷ᠎ᠡ ᠪᠥᠲᠥᠭᠡᠯ ᠢ ᠪᠠᠬᠢᠵᠢᠭᠦᠯᠦᠨ᠎ᠡ᠃ ᠠᠮᠢ ᠠᠬᠤᠢ ᠶᠢ ᠰᠡᠷᠭᠦᠭᠡᠬᠦ ᠪᠠ ᠤᠶᠢᠵᠢᠭᠤᠯᠬᠤ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ︽ᠣᠶᠢᠷ᠎ᠠ ᠬᠠᠪᠢ ᠶᠢᠨ | ᠣᠷᠴᠢᠨ ᠲᠣᠭᠤᠷᠢᠨ ᠢᠶᠠᠨ ᠨᠣᠭᠤᠭᠠᠷᠠᠭᠤᠯᠬᠤ︾ ᠢᠨᠵᠧᠨᠧᠷᠢᠩ ᠬᠢᠭᠡᠳ ︽ᠬᠠᠷᠭᠠᠨ᠎ᠠ ᠲᠠᠷᠢᠬᠤ ᠪᠠᠶᠢᠯᠲᠤᠬᠤ ᠪᠣᠳᠣᠯᠭ᠎ᠠ︾ ᠶᠢ ᠭᠦᠨᠵᠡᠭᠡᠢ ᠠᠬᠢᠭᠤᠯᠤᠨ᠂ ᠪᠡᠭᠡᠵᠢᠩ | ᠲᠢᠶᠠᠨᠵᠢᠨ ᠤ ᠡᠯᠡᠰᠦᠨ ᠤ ᠡᠬᠢ ᠡᠭᠦᠰᠦᠯ ᠢ ᠵᠠᠰᠠᠬᠤ ᠬᠤᠶᠠᠳᠤᠭᠠᠷ ᠬᠤᠭᠤᠴᠠᠭᠠᠨ ᠤ ᠠᠵᠢᠯ ᠥᠷᠨᠢᠭᠦᠯᠬᠦ᠂ ︽ᠤᠮᠠᠷᠠᠲᠤ ᠶᠢᠨ ᠭᠤᠷᠪᠠᠨ︾ ᠰᠡᠷᠭᠡᠶᠢᠯᠡᠯᠲᠡ ᠶᠢᠨ | ᠤᠢ ᠲᠠᠷᠢᠬᠤ᠂ ᠪᠠᠶᠢᠭᠠᠯᠢ ᠶᠢᠨ ᠤᠢ ᠶᠢ ᠬᠠᠮᠠᠭᠠᠯᠠᠬᠤ ᠵᠡᠷᠭᠡ ᠭᠤᠤᠯᠳᠠᠯᠭᠠᠲᠤ ᠠᠮᠢ ᠠᠬᠤᠢ ᠶᠢᠨ ᠲᠥᠷᠥᠯ ᠵᠦᠢᠯ ᠢ 20 ᠲᠥᠮᠡ ᠭᠠᠷᠤᠢ ᠮᠤ᠋ ᠬᠡᠷᠡᠭᠵᠢᠭᠦᠯᠦᠨ᠎ᠡ᠃ | ᠡᠭᠦᠨ ᠤ ᠵᠡᠷᠭᠡᠪᠡᠷ᠂ ᠮᠠᠯᠴᠢᠨ ᠲᠠᠷᠢᠶᠠᠴᠢᠳ ᠨᠤᠬᠠᠢ ᠶᠢᠨ ᠬᠠᠷᠠᠮᠠᠭ ᠵᠡᠷᠭᠡ ᠤᠢ ᠡᠯᠡᠰᠦᠨ ᠤ ᠠᠵᠤ ᠠᠬᠤᠢ ᠶᠢᠨ ᠲᠠᠷᠢᠮᠠᠯ ᠲᠠᠷᠢᠬᠤ ᠶᠢ ᠵᠤᠷᠢᠭᠵᠢᠭᠤᠯᠵᠤ ᠳᠡᠮᠵᠢᠨ᠂ | ᠤᠢ ᠡᠯᠡᠰᠦᠨ ᠤ ᠤᠨᠴᠠᠯᠢᠭᠲᠤ ᠠᠵᠤ ᠦᠢᠯᠡᠰ ᠤᠨ ᠰᠠᠭᠤᠷᠢᠨ ᠢ ᠬᠦᠴᠦᠯᠡᠨ ᠪᠠᠶᠢᠭᠤᠯᠵᠤ᠂ ᠠᠮᠢ ᠠᠬᠤᠢ ᠰᠠᠶᠢᠵᠢᠷᠠᠭᠰᠠᠨ᠂ ᠤᠯᠠᠨ ᠲᠥᠮᠡᠨ ᠤ ᠤᠷᠤᠯᠭ᠎ᠠ | ᠨᠡᠮᠡᠭᠳᠡᠭᠰᠡᠨ ᠦᠷᠭᠦᠯᠵᠢᠯᠡᠬᠦᠶᠢᠴᠡ ᠬᠥᠭᠵᠢᠯᠲᠡ ᠶᠢᠨ ᠵᠠᠮ ᠢᠶᠠᠷ ᠵᠠᠮᠨᠠᠨ᠎ᠠ᠃ ᠬᠤᠶᠠᠷ ᠲᠤ ᠤᠷᠴᠢᠨ ᠲᠤᠭᠤᠷᠢᠨ ᠤ ᠴᠡᠭᠴᠡᠯᠡᠯᠲᠡ ᠶᠢ ᠴᠢᠩᠭᠠᠳᠬᠠᠨ᠎ᠠ᠃ ᠴᠢ ᠫᠠᠨ | ᠵᠢᠩ ᠮᠧᠩ ᠰᠢ ᠤᠷᠤᠨ ᠤ ᠤᠷᠴᠢᠨ ᠲᠤᠭᠤᠷᠢᠨ ᠤ ᠶᠡᠷᠦᠩᠬᠡᠶᠢᠯᠡᠭᠰᠡᠨ ᠴᠡᠭᠴᠡᠯᠡᠯᠲᠡ ᠶᠢ ᠦᠷᠭᠦᠯᠵᠢᠯᠡᠨ ᠠᠬᠢᠭᠤᠯᠵᠤ᠂ ᠭᠠᠯ ᠤᠨ ᠠᠶᠤᠯ ᠤᠨ ᠳᠠᠷᠠᠭᠠᠬᠢ | ᠪᠢᠲᠡᠭᠦᠮᠵᠢᠯᠡᠭᠰᠡᠨ ᠣᠷᠣᠨ ᠢ ᠵᠠᠰᠠᠬᠤ᠂ ᠬᠦᠬᠦᠷ ᠱᠠᠤ ᠦᠭᠡᠶᠢᠳᠡᠭᠦᠯᠬᠦ ᠵᠡᠷᠭᠡ 14 ᠲᠥᠷᠦᠯ ᠤᠨ 71 ᠴᠡᠭᠴᠡᠯᠡᠯᠲᠡ ᠶᠢᠨ ᠠᠵᠢᠯ ᠦᠷᠨᠢᠭᠦᠯᠦᠨ᠂ ᠠᠭᠤᠷᠬᠠᠢ ᠶᠢᠨ | ᠤᠷᠤᠨ ᠤ 29.5 ᠺᠢᠯᠤᠮᠧᠲᠷ ᠤᠨ 33 ᠵᠤᠷᠪᠤᠰ ᠵᠠᠮ ᠢ ᠨᠤᠭᠤᠭᠠᠷᠠᠭᠤᠯᠵᠤ᠂ ᠠᠭᠠᠷ ᠮᠠᠨᠳᠠᠯ᠂ ᠤᠰᠤ᠂ ᠬᠥᠷᠥᠰᠥᠨ ᠤ ᠪᠤᠬᠢᠷᠳᠤᠯ ᠵᠡᠷᠭᠡ ᠤᠷᠴᠢᠨ ᠲᠤᠭᠤᠷᠢᠨ ᠤ | ᠳᠤᠪᠤᠶᠢᠮ᠎ᠠ ᠠᠰᠠᠭᠤᠳᠠᠯ ᠢ ᠨᠢᠭᠡᠳᠦᠯᠲᠡᠢ ᠲᠥᠯᠥᠪᠯᠡᠵᠦ ᠰᠢᠢᠳᠪᠦᠷᠢᠯᠡᠨ᠂ ᠠᠵᠤ ᠠᠬᠤᠶᠢᠯᠠᠯ ᠢ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠠᠴᠠ ᠭᠠᠷᠭᠠᠬᠤ ᠪᠠ ᠠᠮᠢ | ᠠᠬᠤᠢ ᠶᠢ ᠵᠠᠰᠠᠬᠤ ᠠᠵᠢᠯ ᠢ ᠪᠥᠬᠦ ᠭᠦᠴᠦ ᠪᠠᠷ ᠢᠶᠠᠨ ᠰᠠᠶᠢᠲᠤᠷ ᠬᠢᠵᠦ᠂ ᠬᠠᠮᠠᠭᠠᠯᠠᠵᠤ ᠬᠢᠨᠠᠨ ᠬᠠᠮᠢᠶᠠᠷᠬᠤ ᠳᠠᠭᠠᠭᠠᠮᠠᠭᠠᠢ ᠳᠤᠭᠲᠠᠴᠠ ᠶᠢ ᠪᠠᠶᠢᠭᠤᠯᠤᠨ᠂ ᠪᠤᠬᠢᠷᠳᠤᠯ | ᠦᠭᠡᠢ ᠠᠭᠤᠷᠬᠠᠢ᠂ ᠡᠶ᠎ᠡ ᠵᠤᠬᠢᠴᠠᠯᠲᠠᠢ ᠠᠭᠤᠷᠬᠠᠢ ᠶᠢᠨ ᠤᠷᠤᠨ ᠪᠠ ᠤᠷᠴᠢᠯᠳᠤᠭᠰᠠᠨ ᠬᠥᠭᠵᠢᠯᠲᠡ ᠲᠠᠢ᠂ ᠳᠤᠤᠷ᠎ᠠ ᠨᠡᠭᠦᠷᠡᠰᠦᠳᠦ᠋ᠷᠦᠭᠴᠢᠲᠦ ᠠᠵᠤ ᠠᠬᠤᠶᠢᠯᠠᠯ | ᠪᠦᠬᠦᠢ ᠬᠦᠷᠢᠶᠡᠯᠡᠩ ᠢ ᠪᠠᠶᠢᠭᠤᠯᠵᠤ᠂ ᠠᠭᠤᠷᠬᠠᠢ ᠶᠢᠨ ᠤᠷᠤᠨ ᠪᠠ ᠬᠦᠷᠢᠶᠡᠯᠡᠩ ᠤᠨ ᠠᠭᠠᠷ ᠮᠠᠨᠳᠠᠯ ᠤᠨ ᠴᠡᠪᠡᠷᠵᠢᠯ ᠤᠨ ᠨᠤᠷᠮ᠎ᠠ ᠶᠢ 80% ᠠᠴᠠ ᠳᠡᠭᠡᠭᠰᠢ | ᠬᠦᠷᠭᠡᠨ᠂ PM2.5 ᠶᠢᠨ ᠥᠳᠬᠡᠴᠡ ᠶᠢ 8% ᠠᠴᠠ ᠳᠡᠭᠡᠭᠰᠢ ᠪᠠᠭᠤᠷᠠᠭᠤᠯᠤᠨ᠎ᠠ᠃ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠮᠤᠭ ᠤᠨ ᠴᠢᠩᠭ᠎ᠠ | ᠳᠦᠷᠢᠮ ᠢ ᠳᠤᠭᠲᠠᠭᠠᠵᠤ᠂ ᠨᠡᠭᠦᠷᠡᠰᠦ ᠴᠠᠬᠢᠯᠭᠠᠨ᠂ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠬᠠᠶᠢᠯᠤᠰᠢ ᠵᠡᠷᠭᠡ ᠭᠤᠤᠯᠳᠠᠯᠭᠠᠲᠤ ᠠᠵᠢᠯ ᠲᠥᠷᠥᠯ ᠤᠨ ᠠᠵᠤ | ᠠᠬᠤᠶᠢᠯᠠᠯ ᠢ ᠱᠠᠭᠠᠷᠳᠠᠵᠤ ᠤᠷᠴᠢᠨ ᠲᠤᠭᠤᠷᠢᠨ ᠤ ᠰᠢᠨ᠎ᠡ ᠪᠠᠷᠢᠮᠵᠢᠶ᠎ᠠ ᠪᠠᠷ ᠮᠡᠷᠭᠡᠵᠢᠯ ᠤᠨ ᠥᠭᠡᠷᠡᠴᠢᠯᠡᠯᠲᠡ ᠬᠢᠯᠭᠡᠨ᠂ ᠤᠷᠴᠢᠨ ᠲᠤᠭᠤᠷᠢᠨ ᠤ ᠬᠠᠤᠯᠢ | ᠵᠥᠷᠢᠴᠡᠭᠰᠡᠨ ᠡᠯ᠎ᠡ ᠲᠥᠷᠥᠯ ᠤᠨ ᠠᠵᠢᠯᠯᠠᠭ᠎ᠠ ᠳᠤ ᠡᠷᠡᠰ ᠴᠤᠬᠢᠯᠲᠠ ᠥᠭᠴᠦ᠂ ᠲᠥᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ | ᠪᠠᠷ ᠳᠤᠰᠬᠠᠭᠰᠠᠨ ᠠᠰᠠᠭᠤᠳᠠᠯ ᠢ ᠴᠡᠭᠴᠡᠯᠡᠨ ᠵᠠᠯᠠᠷᠠᠭᠤᠯᠬᠤ ᠠᠵᠢᠯ ᠢ ᠦᠨᠡᠨᠬᠦ ᠰᠠᠶᠢᠲᠤᠷ ᠠᠳᠬᠤᠨ᠎ᠠ᠃ ᠭᠤᠷᠪᠠ ᠳᠤ ᠳᠥᠷᠢᠮ ᠤᠨ ᠲᠣᠭᠲᠠᠯᠴᠠᠭᠠᠨ ᠤ | ᠪᠠᠶᠢᠭᠤᠯᠤᠯᠲᠠ ᠶᠢ ᠴᠢᠩᠭᠠᠳᠬᠠᠨ᠎ᠠ᠃ ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠠᠶᠢᠭᠠᠯᠢ ᠶᠢᠨ ᠡᠬᠢ | ᠪᠠᠶᠠᠯᠢᠭ ᠡᠳ᠋ ᠬᠥᠷᠥᠩᠭᠡ ᠶᠢ ᠬᠠᠮᠢᠶᠠᠷᠬᠤ᠂ ᠠᠮᠢ ᠠᠬᠤᠢ ᠤᠷᠴᠢᠨ ᠲᠤᠭᠤᠷᠢᠨ ᠢ ᠡᠪᠳᠡᠵᠦ ᠪᠤᠬᠢᠷᠳᠤᠭᠤᠯᠤᠭᠰᠠᠨ ᠠᠵᠢᠯᠯᠠᠭ᠎ᠠ ᠠᠴᠠ ᠬᠠᠷᠢᠭᠤᠴᠠᠯᠭ᠎ᠠ ᠨᠡᠬᠡᠮᠵᠢᠯᠡᠬᠦ᠂ | ᠤᠷᠴᠢᠨ ᠲᠤᠭᠤᠷᠢᠨ ᠤ ᠮᠡᠳᠡᠭᠡ ᠵᠠᠩᠭᠢ ᠶᠢ ᠢᠯᠡ ᠨᠡᠶᠢᠲᠡᠯᠡᠬᠦ ᠵᠡᠷᠭᠡ ᠳᠥᠷᠢᠮ ᠢ ᠲᠡᠭᠦᠯᠳᠡᠷᠵᠢᠭᠦᠯᠦᠨ᠂ ᠪᠠᠶᠢᠭᠠᠯᠢ ᠶᠢᠨ ᠡᠬᠢ ᠰᠤᠷᠪᠤᠯᠵᠢ ᠡᠳ᠋ ᠬᠥᠷᠥᠩᠭᠡ ᠶᠢᠨ | ᠥᠷᠢ ᠥᠭᠴᠡᠭᠡᠨ ᠤ ᠦᠨᠡᠯᠡᠯᠲᠡ ᠬᠢᠨᠠᠨ ᠪᠤᠳᠤᠯᠲᠠ ᠪᠠ ᠳᠤᠰᠢᠶᠠᠯ ᠠᠴᠠ ᠪᠠᠨ ᠰᠠᠯᠬᠤ ᠬᠢᠨᠠᠨ ᠪᠤᠳᠤᠯᠲᠠ ᠬᠢᠨ᠎ᠡ᠃ ᠠᠵᠢᠯᠴᠢ ᠠᠷᠪᠢᠴᠢ᠂ ᠪᠤᠬᠢᠷᠳᠤᠯ ᠦᠭᠡᠢ | ᠳᠤᠤᠷ᠎ᠠ ᠨᠡᠭᠦᠷᠡᠰᠦᠳᠦ᠋ᠷᠦᠭᠴᠢᠲᠦ᠂ ᠡᠷᠡᠭᠦᠯ ᠪᠤᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠪᠠ ᠬᠡᠷᠡᠭᠯᠡᠭᠡᠨ ᠤ ᠠᠷᠭ᠎ᠠ ᠮᠠᠶ᠋ᠢᠭ ᠢ ᠰᠤᠷᠲᠠᠯᠴᠢᠯᠠᠵᠤ᠂ ᠠᠮᠢ ᠠᠬᠤᠢ | ᠤᠷᠴᠢᠨ ᠲᠤᠭᠤᠷᠢᠨ ᠢ ᠬᠠᠮᠠᠭᠠᠯᠠᠭᠰᠠᠨ᠂ ᠠᠮᠢ ᠠᠬᠤᠢ ᠶᠢᠨ ᠪᠤᠯᠪᠠᠰᠤᠨ ᠢ ᠳᠡᠭᠡᠳᠦᠯᠡᠭᠰᠡᠨ ᠰᠠᠶᠢᠨ ᠰᠠᠶᠢᠬᠠᠨ ᠬᠡᠪ ᠰᠤᠷᠲᠠᠯ ᠢ ᠴᠢᠷᠮᠠᠶᠢᠨ ᠪᠥᠷᠢᠯᠳᠦᠭᠦᠯᠦᠨ᠎ᠡ᠃ | ︵ᠲᠠᠪᠤ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠨ᠂ ᠦᠷᠭᠦᠯᠵᠢᠯᠡᠬᠦᠶᠢᠴᠡ ᠬᠥᠭᠵᠢᠯᠲᠡ ᠶᠢᠨ ᠬᠥᠳᠡᠯᠭᠡᠭᠴᠢ ᠬᠦᠴᠦᠨ ᠢ | ᠪᠥᠷᠢᠯᠳᠦᠭᠦᠯᠦᠨ᠎ᠡ᠃ ᠳᠠᠪᠠᠭᠤᠯᠢᠭ ᠢᠶᠠᠨ ᠪᠠᠳᠠᠷᠠᠭᠤᠯᠵᠤ ᠳᠤᠲᠠᠭᠤᠳᠠᠯ ᠢᠶᠠᠨ ᠨᠥᠬᠦᠪᠥᠷᠢᠯᠡᠨ᠂ ᠤᠷᠢᠳᠠᠪᠡᠷ ᠬᠥᠳᠡᠯᠦᠯᠴᠡᠵᠦ ᠤᠷᠢᠳᠠᠪᠡᠷ ᠳᠤᠷᠰᠢᠨ᠂ ᠥᠭᠡᠷᠡᠴᠢᠯᠡᠯᠲᠡ | ᠬᠢᠵᠦ ᠴᠢᠯᠦᠭᠡᠲᠡᠢ ᠶᠠᠪᠤᠯᠴᠠᠬᠤ ᠪᠠᠷ ᠬᠥᠳᠡᠯᠭᠡᠭᠴᠢ ᠬᠦᠴᠦᠨ ᠪᠤᠯᠭᠠᠵᠤ᠂ ᠰᠢᠨ᠎ᠡ ᠶᠢ ᠡᠭᠦᠳᠴᠦ ᠦᠢᠯᠡᠰ ᠪᠥᠲᠥᠭᠡᠬᠦ ᠪᠠᠷ ᠠᠮᠢᠵᠢᠷᠠᠯ ᠤᠨ ᠬᠦᠴᠦᠨ ᠪᠤᠯᠭᠠᠨ᠂ | ᠴᠢᠬᠤᠯᠠ ᠡᠯᠧᠮᠧᠨ᠋ᠲ ᠢ ᠡᠮᠬᠢᠲᠡᠢ ᠡᠷᠬᠢᠯᠳᠦᠭᠦᠯᠵᠦ᠂ ᠡᠬᠢ ᠪᠠᠶᠠᠯᠢᠭ ᠢ ᠪᠥᠲᠥᠮᠵᠢᠲᠡᠢ ᠳᠤᠬᠢᠷᠠᠭᠤᠯᠤᠨ᠂ ᠵᠠᠬ᠎ᠠ ᠳᠡᠯᠭᠡᠭᠦᠷ ᠲᠠᠢ ᠰᠠᠶᠢᠲᠤᠷ ᠠᠪᠴᠠᠯᠳᠤᠭᠤᠯᠤᠨ᠎ᠠ᠃ | ᠨᠢᠭᠡ ᠳᠤ ᠭᠤᠤᠯᠳᠠᠯᠭᠠᠲᠤ ᠬᠦᠷᠢᠶ᠎ᠡ ᠬᠡᠪᠴᠢᠶᠡᠨ ᠳᠠᠬᠢ ᠥᠭᠡᠷᠡᠴᠢᠯᠡᠯᠲᠡ ᠶᠢ ᠲᠦᠷᠭᠡᠬᠡᠨ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠭᠪᠤᠷ | ᠤᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠲᠢᠩᠬᠢᠮ ᠢ ᠠᠰᠢᠭᠯᠠᠯᠲᠠ ᠳᠤ ᠣᠷᠣᠭᠤᠯᠤᠨ᠂ ︽ᠭᠤᠷᠪᠠ | ᠶᠢ ᠲᠥᠪᠯᠡᠷᠡᠭᠦᠯᠵᠦ ᠭᠤᠷᠪᠠ ᠶᠢ ᠳᠤᠬᠢᠷᠠᠭᠤᠯᠬᠤ︾ ᠱᠠᠭᠠᠷᠳᠠᠯᠭ᠎ᠠ ᠪᠠᠷ ᠪᠠᠶᠢᠭᠤᠯᠭ᠎ᠠ ᠨᠤᠭᠤᠳ ᠢ ᠲᠥᠪᠯᠡᠷᠡᠭᠦᠯᠦᠨ ᠳᠤᠬᠢᠷᠠᠭᠤᠯᠬᠤ᠂ ᠨᠢᠭᠡᠯᠡ ᠴᠤᠩᠬᠤᠪᠴᠢ ᠪᠠᠷ | ᠬᠦᠯᠢᠶᠡᠨ ᠰᠢᠢᠳᠪᠦᠷᠢᠯᠡᠬᠦ᠂ ︽ᠨᠢᠭᠡ ᠥᠷᠲᠡᠭᠡ ᠮᠠᠶ᠋ᠢᠭ︾ ᠤᠨ ᠰᠦᠯᠵᠢᠶᠡᠨ ᠳᠡᠭᠡᠷ᠎ᠡ ᠵᠡᠷᠭᠡᠴᠡᠭᠦᠯᠦᠨ ᠬᠢᠨᠠᠵᠤ ᠵᠥᠪᠰᠢᠶᠡᠷᠡᠬᠦ ᠪᠠ ᠬᠤᠭᠤᠴᠠᠭ᠎ᠠ ᠬᠢᠵᠠᠭᠠᠷᠯᠠᠨ | ᠰᠢᠢᠳᠪᠦᠷᠢᠯᠡᠵᠦ ᠳᠠᠭᠤᠰᠬᠠᠬᠤ ᠳᠥᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠥᠪᠡᠷᠲᠡᠭᠡᠨ ᠵᠠᠰᠠᠬᠤ ᠤᠷᠤᠨ ᠤ ᠪᠠᠷᠠᠭᠤᠨ ᠪᠡᠶ᠎ᠡ ᠶᠢᠨ ᠲᠡᠷᠢᠭᠦᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ᠢ ᠪᠠᠶᠢᠭᠤᠯᠤᠨ᠂ ︽ᠨᠢᠭᠡ ᠭᠠᠵᠠᠷ ᠲᠤ ᠤᠯᠠᠨ ᠲᠥᠷᠥᠯ ᠤᠨ ᠭᠠᠷ ᠭᠦᠢᠴᠡᠳᠬᠡᠯ ᠬᠢᠬᠦ︾ ᠪᠤᠯᠭᠠᠨ᠎ᠠ᠃ ᠬᠤᠳᠠᠯᠳᠤᠭᠠᠨ ᠤ | ᠶᠠᠪᠤᠳᠠᠯ ᠤᠨ ᠳᠥᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠢᠯᠡᠳᠪᠦᠷᠢ ᠬᠤᠳᠠᠯᠳᠤᠭᠠᠨ ᠤ ᠳᠠᠩᠰᠠᠯᠠᠯ ᠤᠨ ᠪᠥᠬᠦᠶᠢᠯᠡ ᠶᠠᠪᠤᠴᠠ ᠶᠢ | ᠴᠥᠮ ᠺᠣᠮᠫᠢᠦ᠋ᠲ᠋ᠧᠷ ᠢᠶᠠᠷ ᠠᠵᠢᠯᠯᠠᠭᠤᠯᠤᠨ᠂ ᠳᠠᠩᠰᠠᠯᠠᠯ ᠠᠴᠠ ᠭᠠᠷᠭᠠᠬᠤ ᠭᠠᠷᠳᠠᠮ ᠢ ᠳᠥᠭᠦᠮᠴᠢᠯᠡᠵᠦ᠂ ᠵᠠᠬ᠎ᠠ ᠳᠡᠯᠭᠡᠭᠦᠷ ᠤᠨ ᠠᠮᠢᠯᠠᠯ ᠤᠨ ᠬᠦᠴᠦᠨ ᠪᠠ ᠨᠡᠶᠢᠬᠡᠮ | ᠤᠨ ᠪᠥᠲᠥᠭᠡᠯᠴᠢ ᠬᠦᠴᠦᠨ ᠢ ᠳᠠᠶᠢᠴᠢᠯᠠᠨ᠎ᠠ᠃ ᠴᠢ ᠫᠠᠨ ᠵᠢᠩ᠂ ᠮᠧᠩ ᠰᠢ ᠬᠦᠷᠢᠶᠡᠯᠡᠩ ᠤᠨ ᠴᠠᠬᠢᠯᠭᠠᠨ ᠭᠠᠷᠭᠠᠬᠤ ᠪᠠ ᠬᠤᠳᠠᠯᠳᠤᠬᠤ ᠥᠭᠡᠷᠡᠴᠢᠯᠡᠯᠲᠡ ᠶᠢ | ᠲᠦᠷᠭᠡᠳᠬᠡᠨ᠂ ᠴᠠᠬᠢᠯᠭᠠᠨ ᠬᠦᠴᠦᠨ ᠤ ᠥᠪᠡᠷ ᠤᠨ ᠥᠷᠲᠡᠭ ᠢᠶᠠᠷ ᠬᠠᠮᠤᠭ ᠤᠨ ᠳᠣᠣᠷ᠎ᠠ ᠠᠵᠤ ᠦᠢᠯᠡᠳᠪᠦᠷᠢ ᠶᠢᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ | ᠃ PPP ᠬᠠᠮᠲᠤᠷᠠᠯᠴᠠᠭᠠᠨ ᠤ ᠵᠠᠭᠪᠤᠷ ᠢ ᠢᠳᠡᠪᠬᠢᠲᠡᠢ ᠳᠡᠯᠭᠡᠷᠡᠭᠦᠯᠦᠨ ᠬᠡᠷᠡᠭᠯᠡᠵᠦ᠂ ᠨᠡᠩ ᠤᠯᠠᠨ ᠨᠡᠶᠢᠬᠡᠮ ᠤᠨ ᠡᠳ᠋ ᠬᠥᠷᠥᠩᠭᠡ ᠶᠢ ᠰᠠᠭᠤᠷᠢ ᠳᠥᠭᠦᠭᠡᠷᠦᠮᠵᠢ᠂ | ᠨᠡᠶᠢᠬᠡᠮ ᠤᠨ ᠦᠢᠯᠡᠰ ᠤᠨ ᠪᠠᠶᠢᠭᠤᠯᠤᠯᠲᠠ ᠳᠤ ᠤᠷᠤᠭᠤᠯᠬᠤ ᠪᠠᠷ ᠳᠠᠶᠢᠴᠢᠯᠠᠨ᠂ ᠰᠤᠶᠤᠯ ᠰᠤᠷᠭᠠᠨ ᠬᠦᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠨᠡᠶᠢᠬᠡᠮ ᠤᠨ | ᠪᠠᠲᠤᠯᠠᠭ᠎ᠠ ᠵᠡᠷᠭᠡ ᠬᠦᠷᠢᠶ᠎ᠡ ᠬᠡᠪᠴᠢᠶᠡᠨ ᠤ ᠥᠭᠡᠷᠡᠴᠢᠯᠡᠯᠲᠡ ᠶᠢ ᠰᠢᠪᠲᠤᠯᠤᠯᠲᠠ ᠶᠢᠨ ᠴᠢᠨᠠᠷᠲᠠᠢ ᠪᠠᠷ ᠠᠬᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ | ᠬᠡᠪ ᠪᠠᠶᠢᠳᠠᠯ ᠢ ᠬᠥᠲᠥᠯᠥᠨ ᠳᠠᠭᠠᠭᠤᠯᠵᠤ ᠴᠢᠳᠠᠬᠤ ᠪᠠᠶᠢᠭᠤᠯᠤᠮᠵᠢ ᠳᠤᠭᠲᠠᠴᠠ ᠪᠠ ᠬᠥᠭᠵᠢᠯᠲᠡ ᠶᠢᠨ ᠬᠡᠯᠪᠡᠷᠢ ᠶᠢ ᠲᠦᠷᠭᠡᠨ ᠪᠥᠷᠢᠯᠳᠦᠭᠦᠯᠦᠨ᠎ᠡ᠃ ᠬᠤᠶᠠᠷ ᠲᠤ | ᠰᠢᠨ᠎ᠡ ᠶᠢ ᠡᠭᠦᠳᠬᠦ ᠬᠥᠳᠡᠯᠭᠡᠭᠴᠢ ᠬᠦᠴᠦᠨ ᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠨᠡᠭᠦᠷᠡᠰᠦ᠂ ᠴᠠᠬᠢᠯᠭᠠᠨ ᠬᠦᠴᠦ᠂ ᠲᠡᠮᠦᠷᠯᠢᠭ | ᠬᠠᠶᠢᠯᠤᠰᠢ ᠵᠡᠷᠭᠡ ᠤᠯᠠᠮᠵᠢᠯᠠᠯᠲᠤ ᠠᠵᠤ ᠦᠢᠯᠡᠰ ᠢ ᠲᠡᠰ ᠳᠡᠪᠰᠢᠭᠦᠯᠬᠦ ᠪᠠ ᠪᠥᠲᠥᠭᠡᠭᠳᠡᠭᠦᠨ ᠤ ᠶᠠᠰᠤ ᠴᠢᠨᠠᠷ ᠢ ᠳᠡᠭᠡᠭᠰᠢᠯᠡᠭᠦᠯᠬᠦ ᠳᠡᠭᠡᠷ᠎ᠡ ᠵᠠᠩᠭᠢᠯᠠᠭ᠎ᠠ ᠶᠢᠨ ᠴᠢᠨᠠᠷᠲᠠᠢ | ᠮᠡᠷᠭᠡᠵᠢᠯ ᠤᠨ ᠰᠢᠪᠲᠤᠯᠤᠯᠲᠠ ᠭᠠᠷᠭᠠᠬᠤ ᠪᠠᠷ ᠬᠦᠴᠦᠯᠡᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠵᠤ ᠦᠢᠯᠡᠰ ᠤᠨ ᠬᠡᠯᠬᠢᠶ᠎ᠡ ᠶᠢ ᠤᠷᠳᠤᠳᠬᠠᠵᠤ᠂ ᠥᠷᠲᠡᠭ ᠢ | ᠨᠡᠮᠡᠭᠳᠡᠭᠦᠯᠦᠨ᠂ ᠤᠯᠠᠮᠵᠢᠯᠠᠯᠲᠤ ᠠᠵᠤ ᠦᠢᠯᠡᠰ ᠢ ᠠᠮᠢᠯᠠᠯ ᠤᠨ ᠬᠦᠴᠦᠨ ᠪᠠ ᠥᠷᠢᠰᠦᠯᠳᠦᠬᠦ ᠬᠦᠴᠦᠨ ᠲᠠᠢ ᠪᠣᠯᠭᠠᠨ᠎ᠠ᠃ ᠵᠠᠰᠠᠭ ᠤᠨ ᠤᠷᠳᠤᠨ᠂ ᠬᠦᠷᠢᠶᠡᠯᠡᠩ᠂ | ᠠᠵᠤ ᠠᠬᠤᠶᠢᠯᠠᠯ ᠬᠠᠮᠲᠤᠷᠠᠭᠰᠠᠨ ᠰᠢᠨ᠎ᠡ ᠶᠢ ᠡᠭᠦᠳᠬᠦ ᠳᠠᠪᠴᠠᠩ ᠪᠠᠶᠢᠭᠤᠯᠵᠤ᠂ ᠳᠤᠰᠬᠠᠢ ᠮᠡᠷᠭᠡᠵᠢᠯ ᠤᠨ ᠴᠢᠳᠠᠪᠤᠷᠢᠲᠠᠳ ᠢ ᠢᠳᠡᠪᠬᠢᠲᠡᠢ ᠴᠤᠭᠯᠠᠭᠤᠯᠤᠨ | ᠬᠦᠮᠦᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠥᠲᠥᠭᠡᠯ ᠢ ᠪᠦᠲᠦᠮᠵᠢᠲᠡᠢ ᠤᠯᠠᠷᠢᠭᠤᠯᠤᠨ ᠠᠰᠢᠭᠯᠠᠵᠤ᠂ ᠤᠷᠢᠶᠠᠮᠠᠭ ᠵᠠᠮᠠᠭ ᠤᠨ ᠬᠦᠷᠢᠶᠡᠯᠡᠩ ᠢ | ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ᠂ ᠵᠧᠵᠢᠶᠠᠩ ᠤᠨ ᠶᠡᠭᠡ ᠰᠤᠷᠭᠠᠭᠤᠯᠢ᠂ ᠳᠠᠯᠠᠢ ᠳᠠᠩᠭᠢᠰ ᠤᠨ ᠶᠡᠭᠡ ᠰᠤᠷᠭᠠᠭᠤᠯᠢ | ᠲᠠᠢ ᠪᠥᠬᠦ ᠲᠠᠯ᠎ᠠ ᠪᠠᠷ ᠬᠤᠷᠰᠢᠯᠴᠠᠬᠤ ᠶᠢ ᠠᠬᠢᠭᠤᠯᠵᠤ᠂ ᠱᠤᠸᠠᠩ ᠰᠢᠨ ᠪᠥᠯᠥᠭᠯᠡᠯ ᠤᠨ ᠰᠢᠨ᠎ᠡ ᠶᠢ ᠡᠭᠦᠳᠴᠦ ᠦᠢᠯᠡᠰ ᠪᠥᠲᠥᠭᠡᠬᠦ ᠬᠦᠷᠢᠶᠡᠯᠡᠩ ᠤᠨ ᠰᠠᠭᠤᠷᠢᠨ | ᠭᠠᠵᠠᠷ ᠪᠠ ᠠᠬᠠᠯᠠᠭᠴᠢ ᠳ᠋ᠤᠺᠲ᠋ᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠠᠵᠢᠯ ᠤᠨ ᠥᠷᠲᠡᠭᠡ ᠶᠢ ᠪᠠᠶᠢᠭᠤᠯᠵᠤ ᠠᠰᠢᠭᠯᠠᠯᠲᠠ ᠳᠤ ᠤᠷᠤᠭᠤᠯᠬᠤ | ᠶᠢ ᠪᠠᠲᠤᠯᠠᠨ᠂ ᠮᠡᠷᠭᠡᠵᠢᠯ ᠤᠨ ᠰᠤᠳᠤᠯᠤᠨ ᠦᠢᠯᠡᠳᠬᠦ ᠲᠥᠷᠥᠯ ᠵᠦᠢᠯ ᠢ ᠠᠷᠪᠠ ᠭᠠᠷᠤᠢ ᠭᠤᠶᠤᠴᠢᠯᠠᠨ ᠮᠡᠳᠡᠭᠦᠯᠵᠦ᠂ ᠠᠵᠤ ᠠᠬᠤᠶᠢᠯᠠᠯ ᠢᠶᠠᠷ ᠭᠤᠤᠯ ᠴᠤᠭᠴᠠ | ᠪᠤᠯᠭᠠᠭᠰᠠᠨ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠤᠯᠭᠠᠭᠰᠠᠨ᠂ ᠦᠢᠯᠡᠳᠪᠦᠷᠢᠯᠡᠬᠦ ᠰᠤᠷᠤᠯᠴᠠᠬᠤ ᠰᠤᠳᠤᠯᠬᠤ ᠶᠢ ᠤᠶᠠᠯᠳᠤᠭᠤᠯᠤᠭᠰᠠᠨ ᠮᠡᠷᠭᠡᠵᠢᠯ ᠤᠨ ᠰᠢᠨ᠎ᠡ | ᠶᠢ ᠡᠭᠦᠳᠬᠦ ᠳᠤᠭᠲᠠᠯᠴᠠᠭ᠎ᠠ ᠶᠢ ᠲᠦᠷᠭᠡᠬᠡᠨ ᠪᠥᠷᠢᠯᠳᠦᠭᠦᠯᠦᠨ᠎ᠡ᠃ ᠡᠭᠦᠨ ᠤ ᠵᠡᠷᠭᠡᠪᠡᠷ᠂ ᠦᠢᠯᠡᠰ ᠪᠥᠲᠥᠭᠡᠬᠦ ᠬᠦᠷᠢᠶᠡᠯᠡᠩ᠂ ᠦᠢᠯᠡᠰ ᠪᠥᠲᠥᠭᠡᠭᠴᠢᠳ ᠤᠨ | ᠳᠠᠪᠴᠠᠩ᠂ ᠰᠢᠨ᠎ᠡ ᠶᠢ ᠡᠭᠦᠳᠬᠦ ᠦᠢᠯᠡᠳᠬᠡᠯ ᠵᠡᠷᠭᠡ ᠰᠢᠨ᠎ᠡ ᠮᠠᠶ᠋ᠢᠭ ᠤᠨ ᠦᠢᠯᠡᠰ ᠪᠥᠲᠥᠭᠡᠬᠦ ᠳᠠᠪᠴᠠᠩ ᠢ ᠶᠡᠬᠡᠪᠡᠷ ᠬᠥᠭᠵᠢᠭᠦᠯᠦᠨ᠂ ᠡᠯ᠎ᠡ ᠲᠥᠷᠥᠯ ᠤᠨ | ᠡᠯᠧᠮᠧᠨ᠋ᠲ ᠪᠠ ᠡᠬᠢ ᠪᠠᠶᠠᠯᠢᠭ ᠢ ᠬᠤᠷᠠᠮᠳᠤᠭᠤᠯᠤᠨ ᠬᠠᠮᠲᠤᠪᠡᠷ ᠠᠰᠢᠭᠯᠠᠬᠤ ᠶᠢ ᠠᠬᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ | ᠬᠦᠴᠦᠨ ᠢ ᠪᠤᠢ ᠪᠤᠯᠭᠠᠨ᠎ᠠ᠃ ᠭᠤᠷᠪᠠ ᠳᠤ ᠤᠷᠤᠨ ᠲᠤᠭᠤᠷᠢᠭ ᠤᠨ ᠬᠤᠷᠰᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ︽ᠨᠢᠭᠡ ᠪᠥᠰᠡ ᠨᠢᠭᠡ ᠵᠠᠮ︾ | ᠪᠠ ᠬᠥᠬᠡᠬᠤᠲᠠ ᠪᠤᠭᠤᠲᠤ ᠤᠷᠳᠤᠰ ᠢ ᠵᠣᠬᠢᠴᠠᠭᠤᠯᠤᠨ ᠬᠥᠭᠵᠢᠭᠦᠯᠬᠦ ᠪᠠᠶᠢᠯᠳᠤᠬᠤ ᠪᠤᠳᠤᠯᠭ᠎ᠠ ᠳᠤ ᠰᠠᠨᠠᠭᠠᠴᠢᠯᠠᠭ᠎ᠠ ᠠᠴᠠ ᠪᠠᠨ ᠤᠷᠤᠯᠴᠠᠵᠤ᠂ ᠬᠥᠭᠵᠢᠯᠲᠡ ᠶᠢᠨ | ᠪᠠᠶᠢᠷᠢ ᠪᠠᠨ ᠵᠥᠪ ᠳᠤᠭᠲᠠᠭᠠᠨ᠂ ᠰᠠᠭᠤᠷᠢ ᠳᠥᠭᠦᠭᠡᠷᠦᠮᠵᠢ ᠶᠢ ᠬᠠᠮᠲᠤᠪᠡᠷ ᠠᠰᠢᠭᠯᠠᠵᠤ᠂ ᠠᠵᠤ ᠦᠢᠯᠡᠰ ᠤᠨ ᠬᠥᠭᠵᠢᠯᠲᠡ ᠶᠢ ᠬᠠᠷᠢᠯᠴᠠᠨ ᠨᠥᠬᠦᠪᠥᠷᠢᠯᠡᠭᠦᠯᠦᠨ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠬᠠᠮᠲᠤᠷᠠᠨ ᠪᠡᠶᠡᠯᠡᠭᠦᠯᠬᠦ ᠳᠡᠭᠡᠷ᠎ᠡ ᠪᠤᠳᠠᠲᠠᠢ ᠪᠠᠷ ᠬᠤᠷᠰᠢᠯᠴᠠᠨᠠ︔ ᠡᠬᠢ ᠪᠠᠶᠠᠯᠢᠭ᠂ ᠤᠷᠤᠨ ᠪᠠᠶᠢᠷᠢ᠂ | ᠥᠪᠡᠷ ᠤᠨ ᠥᠷᠲᠡᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠳᠠᠯᠠᠢ ᠳᠠᠭᠠᠤ ᠤᠷᠤᠨ ᠤ ᠲᠡᠷᠢᠭᠦᠨ ᠤ ᠠᠵᠤ ᠦᠢᠯᠡᠰ ᠤᠨ ᠰᠢᠯᠵᠢᠯᠲᠡ ᠯᠦᠭᠡ ᠢᠳᠡᠪᠬᠢᠲᠡᠢ | ᠠᠪᠴᠠᠯᠳᠤᠭᠤᠯᠤᠨ᠂ ᠬᠦᠷᠢᠶᠡᠯᠡᠩ ᠢ ᠬᠠᠮᠲᠤᠪᠡᠷ ᠪᠠᠶᠢᠭᠤᠯᠬᠤ᠂ ᠲᠥᠷᠥᠯ ᠵᠦᠢᠯ ᠢ ᠬᠠᠮᠲᠤᠪᠡᠷ ᠬᠠᠮᠢᠶᠠᠷᠬᠤ᠂ ᠦᠷ᠎ᠡ ᠠᠰᠢᠭ ᠢ ᠬᠠᠮᠲᠤᠪᠡᠷ ᠡᠳ᠋ᠯᠡᠬᠦ ᠬᠤᠷᠰᠢᠯᠴᠠᠭᠠᠨ | ᠤ ᠵᠠᠭᠪᠤᠷ ᠢ ᠡᠷᠢᠯᠬᠢᠯᠡᠨ ᠪᠠᠶᠢᠭᠤᠯᠤᠨ᠎ᠠ︔ ᠰᠤᠶᠤᠯ ᠵᠤᠭᠠᠴᠠᠯ ᠤᠨ ᠡᠬᠢ ᠪᠠᠶᠠᠯᠢᠭ ᠢ ᠬᠠᠮᠲᠤᠪᠡᠷ ᠠᠰᠢᠭᠯᠠᠬᠤ᠂ ᠦᠵᠡᠮᠵᠢ ᠶᠢᠨ ᠤᠷᠤᠨ ᠲᠠᠢ ᠬᠠᠷᠢᠯᠴᠠᠬᠤ᠂ | ᠬᠠᠮᠲᠤᠪᠡᠷ ᠠᠵᠢᠯᠯᠠᠭ᠎ᠠ ᠦᠷᠨᠢᠭᠦᠯᠬᠦ᠂ ᠬᠠᠷᠢᠯᠴᠠᠨ ᠤᠬᠠᠭᠤᠯᠬᠤ ᠵᠠᠭᠪᠤᠷ ᠢᠶᠠᠷ ᠨᠢᠩᠰᠢᠶᠠ ᠲᠠᠢ ᠬᠤᠷᠰᠢᠯᠴᠠᠵᠦ᠂ ︽ᠨᠢᠩᠰᠢᠶᠠ ᠶᠢᠨ ᠵᠡᠭᠦᠨ ᠪᠡᠶ᠎ᠡ ᠥᠪᠥᠷ ᠮᠣᠩᠭᠤᠯ | ᠤᠨ ᠪᠠᠷᠠᠭᠤᠨ ᠪᠡᠶ᠎ᠡ︾ ᠶᠢᠨ ᠰᠣᠶᠣᠯ ᠵᠤᠭᠠᠴᠠᠯ ᠤᠨ ᠬᠠᠮᠲᠤᠷᠠᠯᠴᠠᠭ᠎ᠠ ᠶᠢ ᠪᠣᠢ ᠪᠣᠯᠭᠠᠨ᠎ᠠ︔ ᠦᠬᠠᠢ ᠪᠠ ᠲᠡᠭᠦᠨ ᠤ ᠤᠶᠢᠷ᠎ᠠ ᠬᠠᠪᠢ ᠶᠢᠨ ᠭᠠᠵᠠᠷ ᠲᠠᠢ ᠠᠭᠠᠷ | ᠮᠠᠨᠳᠠᠯ ᠤᠨ ᠪᠤᠬᠢᠷᠳᠤᠯ ᠢ ᠬᠤᠯᠪᠤᠭᠠᠯᠠᠨ ᠰᠡᠷᠭᠡᠶᠢᠯᠡᠵᠦ ᠵᠠᠰᠠᠬᠤ᠂ ᠤᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤᠪᠡᠷ ᠬᠢᠵᠦ ᠬᠠᠮᠲᠤᠪᠡᠷ ᠠᠰᠢᠭᠯᠠᠬᠤ᠂ ᠨᠡᠶᠢᠬᠡᠮ ᠤᠨ | ᠵᠠᠰᠠᠯᠲᠠ ᠶᠢ ᠬᠤᠯᠪᠤᠭᠠᠯᠠᠨ ᠬᠢᠬᠦ ᠳᠡᠭᠡᠷ᠎ᠡ ᠰᠢᠪᠲᠤᠯᠤᠯᠲᠠ ᠭᠠᠷᠭᠠᠵᠤ᠂ ᠬᠠᠷᠢᠯᠴᠠᠨ ᠠᠰᠢᠭᠲᠠᠢ ᠪᠠᠶᠢᠬᠤ ᠤᠷᠢᠳᠠᠯ ᠳᠤ ᠨᠡᠩ ᠰᠠᠶᠢᠨ ᠬᠥᠭᠵᠢᠬᠦ ᠶᠢ ᠪᠡᠶᠡᠯᠡᠭᠦᠯᠦᠨ᠎ᠡ᠃ | ︵ᠵᠢᠷᠭᠤᠭ᠎ᠠ︶ ᠠᠷᠠᠳ ᠤᠯᠠᠨ ᠳᠤ ᠨᠡᠶᠢᠲᠡᠮ ᠠᠰᠢᠭ ᠬᠦᠷᠲᠡᠭᠡᠬᠦ ᠶᠢ ᠪᠠᠷᠢᠮᠲᠠᠯᠠᠵᠤ᠂ ᠠᠷᠠᠳ ᠤᠯᠠᠨ ᠢ ᠨᠡᠩ ᠵᠢᠷᠭᠠᠯᠲᠠᠢ ᠬᠠᠨᠤᠮᠵᠢᠲᠠᠢ ᠪᠤᠯᠭᠠᠨ᠎ᠠ᠃ ᠤᠯᠠᠨ | ᠲᠥᠮᠡᠨ ᠤ ᠬᠠᠮᠤᠭ ᠠᠴᠠ ᠬᠠᠯᠠᠮᠵᠢᠯᠠᠵᠤ ᠪᠠᠶᠢᠭ᠎ᠠ ᠠᠰᠠᠭᠤᠳᠠᠯ ᠠᠴᠠ ᠭᠠᠷᠳᠠᠵᠤ᠂ ᠤᠯᠠᠨ ᠲᠥᠮᠡᠨ ᠤ ᠬᠠᠮᠤᠭ ᠠᠴᠠ ᠬᠦᠰᠡᠵᠦ ᠪᠠᠶᠢᠭ᠎ᠠ ᠠᠵᠢᠯ ᠠᠴᠠ ᠡᠬᠢᠯᠡᠭᠦᠯᠦᠨ᠂ | ᠦᠨᠳᠦᠰᠦᠲᠡᠨ ᠨᠦᠭᠦᠳ ᠤᠨ ᠠᠷᠠᠳ ᠲᠥᠮᠡᠨ ᠤ ᠵᠢᠷᠭᠠᠯᠲᠤ ᠠᠮᠢᠳᠤᠷᠠᠯ ᠪᠠ ᠪᠥᠬᠦ ᠬᠤᠰᠢᠭᠤᠨ ᠤ ᠡᠶ᠎ᠡ ᠵᠤᠬᠢᠴᠠᠩᠭᠤᠢ ᠠᠮᠤᠷ ᠳᠤᠭᠲᠠᠭᠤᠨ ᠪᠠᠶᠢᠳᠠᠯ ᠢ ᠪᠠᠲᠤᠯᠠᠨ᠎ᠠ | ᠃ ᠨᠢᠭᠡ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠨ᠎ᠠ᠃ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠬᠤ ᠲᠠᠯ᠎ᠠ ᠪᠠᠷ ᠬᠢ ᠲᠠᠨᠢᠯᠲᠠ | ᠪᠠᠨ ᠳᠡᠭᠡᠭᠰᠢᠯᠡᠭᠦᠯᠵᠦ᠂ ᠳᠡᠮᠵᠢᠬᠦ ᠬᠦᠴᠦᠯᠡᠴᠡ᠂ ᠠᠷᠭ᠎ᠠ ᠪᠠᠷᠢᠯ᠂ ᠪᠡᠯᠡ ᠤᠷᠤᠭᠤᠯᠤᠯᠲᠠ ᠶᠢ ᠬᠤᠪᠢᠷᠠᠭᠤᠯᠬᠤ ᠦᠭᠡᠢ ᠪᠠᠷ ᠪᠠᠷᠢᠮᠲᠠᠯᠠᠨ᠂ ᠶᠠᠳᠠᠭᠤ ᠭᠦᠴᠢᠷᠳᠡᠯᠲᠡᠢ | ᠤᠯᠠᠨ ᠲᠥᠮᠡᠨ ᠤ ᠬᠡᠷᠡᠭᠴᠡᠭᠡ ᠱᠠᠭᠠᠷᠳᠠᠯᠭ᠎ᠠ ᠪᠠᠷ ᠠᠵᠤ ᠦᠢᠯᠡᠰ ᠢᠶᠠᠷ ᠶᠠᠳᠠᠭᠤ ᠶᠢ ᠳᠡᠳᠬᠦᠬᠦ᠂ ᠡᠷᠡᠭᠦᠯ ᠡᠩᠬᠡ ᠪᠠᠷ ᠶᠠᠳᠠᠭᠤ ᠶᠢ ᠳᠡᠳᠬᠦᠬᠦ᠂ ᠰᠤᠷᠭᠠᠨ ᠬᠦᠮᠦᠵᠢᠯ | ᠢᠶᠠᠷ ᠶᠠᠳᠠᠭᠤ ᠶᠢ ᠳᠡᠳᠬᠦᠬᠦ᠂ ᠠᠵᠢᠯ ᠤᠯᠭᠤᠯᠲᠠ ᠪᠠᠷ ᠶᠠᠳᠠᠭᠤ ᠶᠢ ᠳᠡᠳᠬᠦᠬᠦ᠂ ᠮᠥᠩᠭᠦᠨ ᠭᠦᠢᠯᠭᠡᠭᠡ ᠪᠠᠷ ᠶᠠᠳᠠᠭᠤ ᠶᠢ ᠳᠡᠳᠬᠦᠬᠦ ᠵᠡᠷᠭᠡ ᠤᠨᠤᠪᠴᠢᠲᠠᠢ ᠠᠷᠭ᠎ᠠ | ᠪᠠᠷᠢᠯ ᠢᠶᠠᠷ ᠤᠯᠠᠨ ᠲᠥᠮᠡᠨ ᠤ ᠢᠳᠡᠪᠬᠢᠵᠢᠯ ᠪᠠ ᠤᠬᠠᠮᠰᠠᠷᠲᠤ ᠴᠢᠨᠠᠷ ᠢ ᠳᠠᠶᠢᠴᠢᠯᠠᠬᠤ ᠶᠢ ᠴᠢᠬᠤᠯᠠᠴᠢᠯᠠᠵᠤ᠂ ᠶᠠᠳᠠᠭᠤ ᠭᠦᠴᠢᠷᠲᠡᠯᠲᠡᠢ ᠤᠯᠠᠨ ᠲᠥᠮᠡᠨ ᠤ ᠭᠠᠵᠠᠷ | ᠨᠤᠲᠤᠭ ᠢᠶᠠᠨ ᠰᠢᠯᠵᠢᠭᠦᠯᠵᠦ ᠳᠦᠷᠢᠶᠡᠰᠦᠨ ᠮᠥᠩᠭᠦ ᠤᠯᠬᠤ᠂ ᠡᠳ᠋ ᠬᠥᠷᠥᠩᠭᠡ ᠪᠠᠷ ᠬᠤᠪᠢ ᠤᠷᠤᠭᠤᠯᠤᠨ ᠬᠤᠪᠢ ᠬᠤᠪᠢᠶᠠᠬᠤ᠂ ᠨᠤᠲᠤᠭ ᠤᠰᠤ ᠠᠴᠠ ᠪᠠᠨ | ᠤᠶᠢᠷ᠎ᠠ ᠭᠠᠵᠠᠷ ᠢᠶᠠᠷ ᠬᠥᠯᠥᠰᠥᠨ ᠠᠵᠢᠯ ᠬᠢᠵᠦ ᠴᠠᠯᠢᠩ ᠣᠯᠭᠤᠮᠵᠢ ᠤᠯᠬᠤ ᠶᠢ ᠳᠡᠮᠵᠢᠨ᠂ ᠤᠯᠠᠨ ᠲᠠᠯ᠎ᠠ ᠪᠠᠷ ᠳᠡᠮᠵᠢᠬᠦ ᠪᠠ ᠥᠪᠡᠷᠲᠡᠭᠡᠨ ᠶᠠᠳᠠᠭᠤ ᠠᠴᠠ | ᠠᠩᠭᠢᠵᠢᠷᠠᠬᠤ ᠶᠢ ᠤᠶᠠᠯᠳᠤᠭᠤᠯᠤᠭᠰᠠᠨ ᠰᠠᠶᠢᠨ ᠤᠷᠴᠢᠯ ᠢ ᠪᠥᠷᠢᠯᠳᠦᠭᠦᠯᠵᠦ᠂ ᠶᠠᠳᠠᠭᠤ ᠭᠦᠴᠢᠷᠳᠡᠯᠲᠡᠢ ᠬᠦᠮᠦᠨ ᠠᠮᠠ ᠶᠢ ᠦᠨᠡᠨᠬᠦ ᠶᠠᠳᠠᠭᠤ ᠠᠴᠠ | ᠠᠩᠭᠢᠵᠢᠷᠠᠭᠤᠯᠤᠨ ᠳᠠᠬᠢᠨ ᠶᠠᠳᠠᠭᠤᠷᠠᠬᠤ ᠦᠭᠡᠢ ᠪᠠᠶᠢᠬᠤ᠂ ᠤᠷᠤᠯᠭ᠎ᠠ ᠨᠢ ᠦᠷᠭᠦᠯᠵᠢᠯᠡᠨ ᠨᠡᠮᠡᠭᠳᠡᠬᠦ ᠶᠢ ᠪᠠᠲᠤᠯᠠᠨ᠎ᠠ᠃ ᠬᠤᠶᠠᠷ ᠲᠤ ᠠᠵᠢᠯ ᠤᠯᠭᠤᠯᠲᠠ ᠦᠢᠯᠡᠰ | ᠪᠥᠲᠥᠭᠡᠯᠲᠡ ᠶᠢ ᠠᠬᠢᠭᠤᠯᠤᠨ᠎ᠠ᠃ ᠠᠵᠢᠯ ᠤᠨ ᠪᠠᠶᠢᠷᠢ ᠶᠢ ᠢᠳᠡᠪᠬᠢᠲᠡᠢ ᠨᠡᠮᠡᠭᠳᠡᠭᠦᠯᠦᠨ᠂ ᠠᠵᠢᠯ ᠤᠯᠭᠤᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ | ᠲᠡᠭᠦᠯᠳᠡᠷᠵᠢᠭᠦᠯᠵᠦ᠂ ᠶᠡᠭᠡ ᠰᠤᠷᠭᠠᠭᠤᠯᠢ ᠲᠡᠭᠦᠰᠦᠭᠰᠡᠨ ᠤᠶᠤᠲᠠᠳ᠂ ᠬᠤᠲᠠ ᠳᠤ ᠨᠡᠭᠦᠭᠰᠡᠨ ᠮᠠᠯᠴᠢᠨ ᠲᠠᠷᠢᠶᠠᠴᠢᠳ᠂ ᠠᠵᠢᠯ ᠠᠯᠳᠠᠭᠰᠠᠳ᠂ ᠴᠡᠷᠢᠭ ᠠᠴᠠ | ᠬᠠᠯᠠᠭᠳᠠᠭᠰᠠᠳ ᠵᠡᠷᠭᠡ ᠬᠥᠮᠥᠰ ᠲᠤ ᠠᠵᠢᠯ ᠣᠯᠭᠤᠬᠤ ᠶᠢ ᠳᠡᠮᠵᠢᠬᠦ ᠡᠷᠴᠢᠮ ᠢ ᠴᠢᠩᠭᠠᠷᠠᠭᠤᠯᠤᠨ᠂ ᠬᠤᠲᠠ ᠪᠠᠯᠭᠠᠰᠤᠨ ᠳᠤ 2300 ᠬᠦᠮᠦᠨ ᠳᠤ ᠰᠢᠨ᠎ᠡ ᠪᠠᠷ | ᠠᠵᠢᠯ ᠤᠯᠭᠤᠵᠤ᠂ 400 ᠬᠦᠮᠦᠨ ᠤ ᠦᠢᠯᠡᠰ ᠪᠥᠲᠥᠭᠡᠬᠦ ᠶᠢ ᠳᠡᠮᠵᠢᠨ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3. | 1% ᠶᠢᠨ ᠳᠤᠲᠤᠷ᠎ᠠ ᠬᠢᠵᠠᠭᠠᠷᠯᠠᠨ᠎ᠠ᠃ ᠭᠤᠷᠪᠠ ᠳᠤ ᠨᠡᠶᠢᠬᠡᠮ ᠤᠨ ᠦᠢᠯᠡᠰ ᠢ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠦᠨ᠎ᠡ᠃ ᠰᠤᠷᠭᠠᠨ ᠬᠦᠮᠦᠵᠢᠯ ᠪᠠ | ᠵᠢᠭᠠᠨ ᠰᠤᠷᠭᠠᠯᠲᠠ ᠶᠢᠨ ᠶᠠᠰᠤ ᠴᠢᠨᠠᠷ ᠢ ᠤᠯᠠᠮ ᠳᠡᠭᠡᠭᠰᠢᠯᠡᠭᠦᠯᠦᠨ᠂ ᠠᠯᠪᠠᠨ ᠵᠢᠷᠤᠮ ᠤᠨ ᠰᠤᠷᠭᠠᠨ ᠬᠦᠮᠦᠵᠢᠯ ᠢ ᠲᠡᠩᠴᠡᠭᠦᠷᠢᠲᠡᠢ ᠬᠥᠭᠵᠢᠭᠦᠯᠦᠭᠰᠡᠨ ᠦᠷ᠎ᠡ | ᠪᠥᠲᠥᠭᠡᠯ ᠢ ᠪᠠᠬᠢᠵᠢᠭᠦᠯᠵᠦ᠂ ᠦᠨᠳᠦᠰᠦᠲᠡᠨ ᠤ ᠰᠤᠷᠭᠠᠨ ᠬᠦᠮᠦᠵᠢᠯ ᠢ ᠤᠷᠢᠳᠠᠪᠡᠷ ᠬᠥᠭᠵᠢᠭᠦᠯᠦᠨ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ᠂ | ᠦᠨᠳᠦᠷ ᠳᠤᠮᠳᠠᠳᠤ ᠶᠢᠨ ᠰᠤᠷᠭᠠᠨ ᠬᠦᠮᠦᠵᠢᠯ ᠪᠠ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ ᠶᠡᠬᠡᠪᠡᠷ ᠬᠥᠭᠵᠢᠭᠦᠯᠵᠦ᠂ ︽ᠨᠡᠷᠡᠲᠦ ᠪᠠᠭᠰᠢ ᠶᠢᠨ ᠱᠠᠲᠤᠴᠢ | ᠡᠩᠨᠡᠭᠡᠨ ᠤ ᠢᠨᠵᠧᠨᠧᠷᠢᠩ︾ ᠪᠠ ᠰᠤᠷᠭᠠᠭᠤᠯᠢ ᠶᠢᠨ ᠵᠠᠬᠢᠷᠤᠯ᠂ ᠪᠠᠭᠰᠢ ᠨᠠᠷ ᠤᠨ ᠳᠤᠷᠰᠢᠯᠭ᠎ᠠ ᠪᠠᠨ ᠰᠤᠯᠢᠯᠴᠠᠨ ᠠᠵᠢᠯ ᠤᠨ ᠪᠠᠶᠢᠷᠢ ᠪᠠᠨ ᠡᠭᠡᠯᠵᠢᠯᠡᠭᠦᠯᠬᠦ ᠶᠢ | ᠭᠦᠨᠵᠡᠭᠡᠶᠢᠷᠡᠭᠦᠯᠦᠨ᠂ ᠮᠠᠯᠵᠢᠬᠤ ᠲᠠᠷᠢᠶᠠᠯᠠᠬᠤ ᠤᠷᠤᠨ ᠤ ᠪᠠᠭᠰᠢ ᠨᠠᠷ ᠤᠨ ᠠᠮᠢᠳᠤᠷᠠᠯ ᠤᠨ ᠨᠥᠬᠦᠴᠡᠯ ᠢ ᠤᠯᠠᠮ ᠰᠠᠶᠢᠵᠢᠷᠠᠭᠤᠯᠵᠤ᠂ ᠥᠪᠡᠷᠲᠡᠭᠡᠨ ᠵᠠᠰᠠᠬᠤ ᠤᠷᠤᠨ | ᠤ ᠴᠢᠨᠠᠷ ᠰᠠᠶᠢᠲᠠᠢ ᠦᠨᠳᠦᠷ ᠳᠤᠮᠳᠠᠳᠤ ᠰᠤᠷᠭᠠᠭᠤᠯᠢ ᠶᠢ ᠢᠳᠡᠪᠬᠢᠲᠡᠢ ᠪᠠᠶᠢᠭᠤᠯᠤᠨ᠂ ᠴᠢ ᠫᠠᠨ ᠵᠢᠩ ᠤᠨ ᠳᠤᠷᠰᠢᠯᠲᠠ ᠶᠢᠨ ᠪᠠᠭ᠎ᠠ ᠰᠤᠷᠭᠠᠭᠤᠯᠢ ᠶᠢᠨ | ᠶᠡᠷᠦᠩᠬᠡᠶᠢᠯᠡᠭᠰᠡᠨ ᠠᠰᠠᠷ ᠪᠠ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠳᠠᠳᠤᠯᠭ᠎ᠠ ᠪᠤᠯᠪᠠᠰᠤᠷᠠᠭᠤᠯᠤᠯ ᠤᠨ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠵᠤ | ᠂ ᠮᠤᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢ ᠬᠥᠯ ᠪᠥᠮᠪᠥᠭᠡᠨ ᠤ ᠤᠨᠴᠠᠯᠢᠭᠲᠤ ᠰᠤᠷᠭᠠᠭᠤᠯᠢ ᠪᠤᠯᠭᠠᠨ᠂ ᠤᠤᠯ ᠤᠨ ᠮᠤᠩᠭᠤᠯ ᠦᠨᠳᠦᠰᠦᠲᠡᠨ ᠤ | ᠳᠤᠷᠰᠢᠯᠲᠠ ᠶᠢᠨ ᠪᠠᠭ᠎ᠠ ᠰᠤᠷᠭᠠᠭᠤᠯᠢ ᠶᠢ ᠬᠡᠦᠬᠡᠳ ᠤᠨ ᠴᠡᠴᠡᠷᠯᠢᠭ ᠪᠠ ᠬᠡᠦᠬᠡᠳ ᠢ ᠡᠷᠲᠡ ᠬᠦᠮᠦᠵᠢᠭᠦᠯᠬᠦ ᠲᠥᠪ ᠪᠤᠯᠭᠠᠨ᠎ᠠ᠃ ᠡᠷᠡᠭᠦᠯ ᠡᠩᠬᠡ ᠤᠲᠤᠭ ᠤᠨ | ᠪᠠᠶᠢᠭᠤᠯᠤᠯᠲᠠ ᠶᠢ ᠠᠬᠢᠭᠤᠯᠤᠨ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠷᠡᠭᠦᠯ ᠬᠠᠮᠠᠭᠠᠯᠠᠯ | ᠲᠥᠯᠥᠪᠯᠡᠭᠡᠲᠦ ᠦᠷᠡᠵᠢᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠡᠮᠨᠡᠬᠦ ᠰᠤᠪᠢᠯᠠᠬᠤ ᠶᠢ ᠤᠶᠠᠯᠳᠤᠭᠤᠯᠤᠭᠰᠠᠨ ᠪᠠ ᠭᠡᠷ ᠪᠥᠯᠢ ᠶᠢᠨ ᠡᠮᠴᠢ ᠲᠠᠢ ᠭᠡᠷ᠎ᠡ | ᠳᠤᠭᠲᠠᠭᠠᠵᠤ ᠦᠢᠯᠡᠴᠢᠯᠡᠭᠡ ᠬᠢᠬᠦ ᠶᠢ ᠶᠡᠬᠡᠪᠡᠷ ᠠᠬᠢᠭᠤᠯᠵᠤ᠂ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠪᠠ ᠬᠢᠵᠢᠭ ᠰᠡᠷᠭᠡᠶᠢᠯᠡᠬᠦ ᠲᠥᠪ ᠤᠨ ᠬᠡᠷᠡᠭᠯᠡᠭᠡᠨ | ᠤ ᠴᠢᠳᠠᠮᠵᠢᠲᠤ ᠭᠡᠷ ᠤᠷᠤᠨ ᠢ ᠥᠷᠭᠡᠳᠬᠡᠨ ᠪᠠᠶᠢᠭᠤᠯᠵᠤ᠂ ᠤᠨᠴᠠᠯᠢᠭᠲᠤ ᠳᠤᠰᠬᠠᠢ ᠰᠠᠯᠠᠭ᠎ᠠ ᠪᠠ ᠮᠤᠩᠭᠤᠯ ᠬᠢᠲᠠᠳ ᠡᠮᠨᠡᠯᠭᠡ ᠶᠢᠨ ᠴᠢᠳᠠᠪᠤᠷᠢᠲᠠᠨ ᠬᠦᠮᠦᠵᠢᠭᠦᠯᠬᠦ | ᠶᠢ ᠲᠦᠷᠭᠡᠳᠬᠡᠨ᠂ ᠮᠤᠩᠭᠤᠯ ᠡᠮᠨᠡᠯᠭᠡ ᠶᠢᠨ ᠬᠤᠷᠢᠶᠠᠨ ᠤ ᠡᠮᠨᠡᠯᠭᠡ ᠳᠤ ᠰᠠᠭᠤᠬᠤ ᠠᠰᠠᠷ ᠢ ᠪᠠᠶᠢᠭᠤᠯᠤᠨ ᠠᠰᠢᠭᠯᠠᠯᠲᠠ ᠳᠤ ᠤᠷᠤᠭᠤᠯᠵᠤ᠂ ᠪᠥᠬᠦ ᠤᠯᠤᠰ ᠤᠨ | ᠮᠤᠩᠭᠤᠯ ᠬᠢᠲᠠᠳ ᠡᠮᠨᠡᠯᠭᠡ ᠶᠢᠨ ᠲᠡᠷᠢᠭᠦᠨ ᠤ ᠬᠤᠰᠢᠭᠤ ᠶᠢ ᠪᠠᠶᠢᠭᠤᠯᠤᠨ᠎ᠠ᠃ ᠰᠤᠶᠤᠯ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠬᠤᠰᠢᠭᠤ᠂ ᠰᠤᠮᠤ | ᠪᠠᠯᠭᠠᠰᠤ᠂ ᠭᠠᠴᠠᠭ᠎ᠠ ᠳᠤᠰᠬᠤᠨ᠂ ᠰᠤᠶᠤᠯ ᠤᠨ ᠡᠷᠦᠬᠡ ᠳᠥᠷᠪᠡᠨ ᠱᠠᠲᠤᠨ ᠤ ᠤᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠳᠤᠭᠲᠠᠯᠴᠠᠭ᠎ᠠ ᠶᠢ ᠤᠯᠠᠮ | ᠲᠡᠭᠦᠯᠳᠡᠷᠵᠢᠭᠦᠯᠦᠨ᠂ ᠦᠢᠯᠡᠴᠢᠯᠡᠭᠡᠨ ᠤ ᠳᠤᠮᠳᠠᠴᠢ ᠳᠥᠪᠰᠢᠨ ᠢ ᠳᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠦᠨᠳᠦᠰᠦᠲᠡᠨ ᠤ ᠪᠥᠯᠬᠦᠮᠳᠡᠯ ᠳᠠᠪᠰᠢᠯᠲᠠ ᠶᠢᠨ | ᠦᠷ᠎ᠡ ᠪᠥᠲᠥᠭᠡᠯ ᠢ ᠪᠠᠲᠤᠳᠬᠠᠵᠤ᠂ ᠴᠥᠭᠡᠨ ᠲᠤᠭᠠᠳᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢ ᠢᠳᠡᠭ ᠢᠳᠡᠭ ᠢᠶᠠᠷ ᠨᠡᠮᠡᠭᠳᠡᠭᠦᠯᠦᠨ᠂ ᠴᠥᠭᠡᠨ | ᠲᠤᠭᠠᠳᠤ ᠦᠨᠳᠦᠰᠦᠲᠡᠨ ᠤ ᠠᠵᠢᠯ ᠦᠢᠯᠡᠰ ᠪᠠ ᠦᠨᠳᠦᠰᠦᠲᠡᠨ ᠤ ᠤᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠶᠡᠬᠡᠪᠡᠷ ᠳᠡᠮᠵᠢᠵᠦ᠂ ᠦᠨᠳᠦᠰᠦᠲᠡᠨ ᠤ | ᠤᠯᠠᠮᠵᠢᠯᠠᠯᠲᠤ ᠰᠤᠶᠤᠯ ᠢ ᠤᠯᠠᠮᠵᠢᠯᠠᠵᠤ ᠵᠠᠯᠭᠠᠮᠵᠢᠯᠠᠨ᠂ ᠦᠨᠳᠦᠰᠦᠲᠡᠨ ᠨᠦᠭᠦᠳ ᠤᠨ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠪᠥᠷᠢᠯᠳᠦᠭᠦᠯᠦᠨ᠎ᠡ᠃ | ᠤᠷᠤᠨ ᠲᠤᠭᠤᠷᠢᠭ ᠤᠨ ᠬᠥᠭᠵᠢᠯᠲᠡ ᠶᠢᠨ ᠪᠤᠳᠠᠲᠤ ᠪᠠᠶᠢᠳᠠᠯ ᠬᠢᠭᠡᠳ ᠮᠠᠯᠴᠢᠨ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠳᠤ ᠦᠨᠳᠦᠰᠦᠯᠡᠨ | ᠂ ᠨᠢᠭᠡ ᠪᠥᠯᠥᠭ ᠰᠤᠮᠤ ᠪᠠᠯᠭᠠᠰᠤᠨ ᠤ ᠵᠠᠰᠠᠭ ᠵᠠᠬᠢᠷᠭᠠᠨ ᠤ ᠬᠤᠪᠢᠶᠠᠷᠢᠯᠠᠯ ᠳᠤ ᠳᠤᠬᠢᠷᠠᠭᠤᠯᠤᠯᠲᠠ ᠬᠢᠬᠦ ᠠᠵᠢᠯ ᠢ ᠢᠳᠡᠪᠬᠢᠲᠡᠢ ᠬᠢᠨ᠎ᠡ᠃ ᠭᠤᠷᠪᠠᠳᠤᠭᠠᠷ ᠤᠳᠠᠭᠠᠨ | ᠤ ᠪᠥᠬᠦ ᠤᠯᠤᠰ ᠤᠨ ᠲᠠᠷᠢᠶᠠᠯᠠᠩ ᠠᠵᠤ ᠠᠬᠤᠢ ᠶᠢᠨ ᠨᠡᠶᠢᠲᠡᠮ ᠪᠠᠶᠢᠴᠠᠭᠠᠯᠲᠠ ᠶᠢ ᠯᠠᠪᠳᠠᠭᠤᠨ ᠦᠷᠨᠢᠭᠦᠯᠵᠦ᠂ ᠪᠥᠬᠦ ᠬᠤᠰᠢᠭᠤᠨ ᠤ ︽ᠮᠠᠯ ᠲᠠᠷᠢᠶᠠᠯᠠᠩ ᠠᠵᠤ | ᠠᠬᠤᠢ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠤ ᠬᠥᠭᠵᠢᠯᠲᠡ ᠶᠢᠨ ᠪᠠᠶᠢᠳᠠᠯ ᠢ ᠤᠨᠤᠪᠴᠢᠲᠠᠢ ᠤᠶᠢᠯᠠᠭᠠᠨ᠎ᠠ᠃ ᠠᠮᠤ ᠪᠤᠳᠠᠭᠠᠨ ᠤ | ᠬᠠᠳᠠᠭᠠᠯᠠᠯᠲᠠ ᠶᠢᠨ ᠳᠥᠬᠦᠭᠡᠷᠦᠮᠵᠢ ᠶᠢ ᠲᠡᠭᠦᠯᠳᠡᠷᠵᠢᠭᠦᠯᠵᠦ᠂ ᠠᠮᠤ ᠪᠤᠳᠠᠭ᠎ᠠ ᠬᠤᠳᠠᠯᠳᠤᠨ ᠠᠪᠬᠤ ᠪᠠ ᠪᠤᠷᠤᠯᠠᠭᠤᠯᠬᠤ᠂ ᠬᠠᠳᠠᠭᠠᠯᠠᠬᠤ ᠠᠵᠢᠯ ᠢ ᠰᠠᠶᠢᠲᠤᠷ | ᠠᠳᠬᠤᠨ᠎ᠠ᠃ ᠠᠷᠠᠳ ᠤᠯᠠᠨ ᠪᠥᠬᠦᠨ ᠢᠶᠠᠷ ᠢᠶᠠᠨ ᠳᠠᠭᠠᠳᠬᠠᠯ ᠳᠤ ᠤᠷᠤᠬᠤ ᠲᠥᠯᠥᠪᠯᠡᠭᠡ ᠶᠢ ᠬᠡᠷᠡᠭᠵᠢᠭᠦᠯᠵᠦ᠂ ᠬᠤᠲᠠ ᠬᠥᠳᠡᠭᠡᠨ ᠤ ᠰᠠᠭᠤᠭᠠᠯᠢ ᠠᠷᠠᠳ ᠤᠨ | ᠦᠨᠳᠦᠰᠦᠨ ᠡᠮᠨᠡᠯᠭᠡ ᠶᠢᠨ ᠳᠠᠭᠠᠳᠬᠠᠯ ᠢ ᠨᠡᠶᠢᠯᠡᠭᠦᠯᠦᠨ᠂ ᠨᠡᠶᠢᠬᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠬᠤᠲᠠ ᠬᠥᠳᠡᠭᠡᠨ ᠤ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠪᠤᠷᠢ ᠶᠢᠨ ᠪᠠᠷᠢᠮᠵᠢᠶ᠎ᠠ ᠶᠢ ᠲᠤᠰ ᠲᠤᠰ 6% ᠢᠶᠠᠷ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠤᠨᠴᠠ | ᠬᠦᠴᠢᠷᠳᠡᠯᠲᠡᠢ ᠬᠦᠮᠦᠰ ᠢ ᠲᠥᠪᠯᠡᠷᠡᠩᠭᠦᠢ ᠪᠠ ᠲᠠᠷᠠᠬᠠᠢ ᠪᠠᠷ ᠠᠰᠠᠷᠠᠬᠤ ᠪᠠᠷᠢᠮᠵᠢᠶ᠎ᠠ ᠶᠢ ᠲᠤᠰ ᠲᠤᠰ ᠬᠦᠮᠦᠨ ᠪᠤᠯᠭᠠᠨ ᠵᠢᠯ ᠳᠤ 1 ᠲᠥᠮᠡᠨ ᠲᠥᠭᠦᠷᠢᠭ ᠪᠠ | 6852 ᠲᠥᠭᠦᠷᠢᠭ ᠪᠤᠯᠭᠠᠨ ᠨᠡᠮᠡᠭᠳᠡᠭᠦᠯᠵᠦ᠂ ᠤᠯᠠᠭᠠᠨᠪᠠᠯᠭᠠᠰᠤᠨ ᠤ ᠨᠠᠰᠤᠲᠠᠶᠢᠴᠤᠳ ᠤᠨ ᠠᠰᠠᠷᠠᠮᠵᠢ ᠶᠢᠨ ᠪᠠᠶᠢᠷᠢ ᠶᠢ ᠥᠭᠡᠷᠡᠴᠢᠯᠡᠵᠦ ᠪᠠᠶᠢᠭᠤᠯᠤᠨ᠂ ᠤᠨᠴᠠ | ᠭᠦᠴᠢᠷᠳᠡᠯᠲᠡᠢ ᠤᠯᠠᠨ ᠲᠥᠮᠡᠨ ᠤ ᠦᠨᠳᠦᠰᠦᠨ ᠠᠮᠢᠳᠤᠷᠠᠯ ᠢ ᠤᠯᠠᠨ ᠠᠷᠭ᠎ᠠ ᠪᠠᠷ ᠪᠠᠲᠤᠯᠠᠵᠤ᠂ ᠤᠯᠠᠨ ᠲᠥᠮᠡᠨ ᠳᠤ ᠨᠡᠩ ᠶᠡᠭᠡ ᠤᠯᠤᠯᠲᠠ ᠲᠠᠢ᠂ ᠵᠢᠷᠭᠠᠯᠲᠠᠢ | ᠰᠡᠳᠬᠢᠭᠳᠡᠯ ᠤᠯᠭᠤᠨ᠎ᠠ᠃ ᠳᠥᠷᠪᠡ ᠳᠤ ᠠᠮᠤᠷ ᠳᠥᠪᠰᠢᠨ ᠠᠮᠤᠷ ᠳᠤᠭᠲᠠᠭᠤᠨ ᠢ ᠪᠥᠬᠦ ᠬᠦᠴᠦ ᠪᠠᠷ ᠢᠶᠠᠨ ᠠᠳᠬᠤᠨ᠎ᠠ᠃ ᠨᠠᠮ ᠵᠠᠰᠠᠭ ᠠᠳᠠᠯᠢᠬᠠᠨ ᠬᠠᠷᠢᠭᠤᠴᠠᠵᠤ | ᠂ ᠨᠢᠭᠡ ᠠᠵᠢᠯ ᠤᠨ ᠪᠠᠶᠢᠷᠢᠨ ᠳᠤ ᠬᠤᠶᠠᠷ ᠬᠠᠷᠢᠭᠤᠴᠠᠯᠭ᠎ᠠ ᠡᠭᠦᠷᠭᠡᠯᠡᠭᠦᠯᠦᠨ᠂ ᠬᠠᠮᠲᠤᠪᠡᠷ ᠬᠠᠮᠢᠶᠠᠷᠴᠤ᠂ ᠳᠤᠰᠢᠶᠠᠯ ᠳᠠᠭᠠᠨ ᠤᠰᠤᠯᠳᠠᠪᠠᠯ ᠬᠠᠷᠢᠭᠤᠴᠠᠯᠭ᠎ᠠ | ᠨᠡᠬᠡᠮᠵᠢᠯᠡᠨ᠂ ᠪᠠᠶᠢᠭᠤᠯᠭ᠎ᠠ ᠶᠢᠨ ᠬᠢᠨᠠᠵᠤ ᠬᠠᠮᠢᠶᠠᠷᠬᠤ ᠳᠤᠰᠢᠶᠠᠯ ᠬᠠᠷᠢᠭᠤᠴᠠᠯᠭ᠎ᠠ ᠶᠢ ᠤᠯᠠᠮ ᠳᠤᠲᠤᠷᠬᠠᠶᠢᠯᠠᠵᠤ᠂ ᠠᠵᠤ ᠠᠬᠤᠶᠢᠯᠠᠯ ᠢ ᠱᠠᠭᠠᠷᠳᠠᠨ ᠭᠤᠤᠯ ᠴᠤᠭᠴᠠ | ᠶᠢᠨ ᠬᠠᠷᠢᠭᠤᠴᠠᠯᠭ᠎ᠠ ᠶᠢ ᠨᠢ ᠨᠠᠶᠢᠲᠠᠪᠤᠷᠢᠵᠢᠭᠤᠯᠵᠤ᠂ ᠠᠮᠤᠷ ᠳᠥᠪᠰᠢᠨ ᠤ ᠬᠢᠨᠠᠯᠲᠠ ᠬᠠᠮᠢᠶᠠᠷᠤᠯᠲᠠ ᠪᠠ ᠭᠠᠯ ᠤᠨᠲᠠᠷᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠂ | ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠦᠷᠭᠦᠯᠵᠢᠯᠡᠨ ᠦᠷᠨᠢᠭᠦᠯᠵᠦ᠂ ᠠᠶᠤᠯ ᠦᠭᠡᠢ ᠦᠢᠯᠡᠳᠪᠦᠷᠢᠯᠡᠯ ᠳᠠᠬᠢ ᠨᠠᠭᠠᠳᠤ ᠵᠠᠬ᠎ᠠ ᠶᠢᠨ ᠪᠡᠯᠡ | ᠤᠷᠤᠭᠤᠯᠤᠯᠲᠠ ᠶᠢ ᠶᠡᠬᠡᠰᠬᠡᠨ᠂ ᠠᠶᠤᠯ ᠦᠭᠡᠢ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠳᠤᠰᠠᠯᠠᠬᠤ ᠮᠡᠳᠡᠭᠡ ᠵᠠᠩᠭᠢ ᠶᠢᠨ ᠳᠠᠪᠴᠠᠩ ᠢ | ᠲᠡᠭᠦᠯᠳᠡᠷᠵᠢᠭᠦᠯᠦᠨ ᠠᠰᠢᠭᠯᠠᠵᠤ᠂ ᠭᠤᠤᠯᠳᠠᠯᠭᠠᠲᠤ ᠠᠵᠤ ᠠᠬᠤᠶᠢᠯᠠᠯ᠂ ᠭᠤᠤᠯᠳᠠᠯᠭᠠᠲᠤ ᠣᠷᠣᠨ ᠪᠠᠶᠢᠷᠢ᠂ ᠬᠦᠨᠳᠦ ᠨᠤᠴᠢᠲᠠᠢ ᠠᠶᠤᠯ ᠳᠦᠭᠰᠢᠭᠦᠷᠢ ᠶᠢᠨ ᠤᠭ | ᠰᠤᠷᠪᠤᠯᠵᠢ ᠶᠢ ᠪᠥᠬᠦ ᠲᠠᠯ᠎ᠠ ᠪᠠᠷ ᠪᠠᠶᠢᠴᠠᠭᠠᠬᠤ᠂ ᠴᠠᠭ ᠢᠮᠠᠭᠲᠠ ᠬᠢᠨᠠᠨ ᠡᠵᠡᠮᠳᠡᠬᠦ ᠶᠢ ᠪᠡᠶᠡᠯᠡᠭᠦᠯᠦᠨ᠂ ᠡᠯ᠎ᠡ ᠲᠥᠷᠥᠯ ᠤᠨ ᠠᠳᠡᠯ ᠬᠡᠷᠡᠭ ᠡᠭᠦᠰᠬᠦ ᠠᠴᠠ | ᠰᠡᠷᠭᠡᠶᠢᠯᠡᠨ᠎ᠡ᠃ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠴᠡᠭᠴᠡᠯᠡᠨ ᠵᠢᠷᠤᠮᠵᠢᠭᠤᠯᠵᠤ᠂ ᠢᠳᠡᠭᠡᠨ ᠪᠠ ᠡᠮ ᠤᠨ ᠵᠦᠢᠯᠡᠰ ᠤᠨ ᠶᠠᠰᠤ ᠴᠢᠨᠠᠷ ᠪᠠ ᠠᠮᠤᠷ ᠳᠥᠪᠰᠢᠨ | ᠳᠤ ᠬᠢᠨᠠᠯᠲᠠ ᠲᠠᠯᠪᠢᠬᠤ ᠳᠤᠭᠲᠠᠯᠴᠠᠭ᠎ᠠ ᠶᠢ ᠲᠡᠭᠦᠯᠳᠡᠷᠵᠢᠭᠦᠯᠦᠨ᠂ ᠤᠯᠠᠭᠠᠨᠪᠠᠯᠭᠠᠰᠤᠨ ᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠶᠢ ᠰᠢᠨ᠎ᠡ ᠪᠠᠷ ᠭᠠᠷᠭᠠᠵᠤ᠂ ᠰᠢᠤᠢ | ᠾᠧ ᠦᠬᠡᠷ ᠮᠠᠯ ᠨᠢᠲᠤᠯᠬᠤ ᠭᠠᠵᠠᠷ᠂ ᠴᠢ ᠫᠠᠨ ᠵᠢᠩ ᠤᠨ ᠢᠳᠡᠭᠡᠨ ᠪᠤᠯᠪᠠᠰᠤᠷᠠᠭᠤᠯᠬᠤ ᠬᠦᠷᠢᠶᠡᠯᠡᠩ ᠢ ᠪᠠᠶᠢᠭᠤᠯᠵᠤ ᠠᠰᠢᠭᠯᠠᠬᠤ ᠶᠢ ᠪᠠᠲᠤᠯᠠᠨ᠂ ᠤᠯᠠᠨ ᠲᠥᠮᠡᠨ | ᠤ ᠢᠳᠡᠭᠡᠨ ᠤᠮᠳᠠᠭᠠᠨ ᠤ ᠠᠮᠤᠷ ᠳᠥᠪᠰᠢᠨ ᠢ ᠦᠨᠡᠨᠬᠦ ᠪᠠᠲᠤᠯᠠᠨ᠎ᠠ᠃ ᠠᠮᠤᠭᠤᠯᠠᠩ ᠤᠲᠤᠭ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ︽ᠮᠡᠷᠭᠡᠵᠢᠯ ᠢᠶᠠᠷ | ᠰᠡᠷᠭᠡᠶᠢᠯᠡᠬᠦ ᠭᠠᠴᠠᠭ᠎ᠠ ᠳᠤᠰᠬᠤᠨ︾ ᠤ ᠢᠨᠵᠧᠨᠧᠷᠢᠩ ᠢ ᠡᠮᠬᠢᠲᠡᠢ ᠬᠡᠷᠡᠭᠵᠢᠭᠦᠯᠵᠦ᠂ ᠠᠮᠤᠷ ᠢ ᠬᠠᠮᠠᠭᠠᠯᠠᠵᠤ ᠰᠡᠷᠭᠡᠶᠢᠯᠡᠨ ᠡᠵᠡᠮᠳᠡᠬᠦ ᠳᠤᠭᠲᠠᠯᠴᠠᠭ᠎ᠠ ᠶᠢ ᠲᠡᠰ | ᠳᠡᠪᠰᠢᠭᠦᠯᠬᠦ ᠶᠢ ᠠᠬᠢᠭᠤᠯᠤᠨ᠎ᠠ᠃ ᠨᠡᠶᠢᠬᠡᠮ ᠤᠨ ᠵᠠᠰᠠᠯᠲᠠ ᠶᠢ ᠴᠢᠩᠭᠠᠳᠬᠠᠨ ᠰᠢᠨᠡᠴᠢᠯᠡᠵᠦ᠂ ᠵᠠᠬᠢᠳᠠᠯ ᠰᠤᠷᠪᠤᠯᠵᠢᠯᠠᠭ᠎ᠠ ᠶᠢ ᠢᠯᠡ ᠪᠤᠯᠭᠠᠬᠤ᠂ ᠵᠠᠬᠢᠳᠠᠯ | ᠰᠤᠷᠪᠤᠯᠵᠢᠯᠠᠭ᠎ᠠ ᠳᠤ ᠬᠠᠷᠢᠭᠤᠴᠠᠯᠭ᠎ᠠ ᠡᠭᠦᠷᠭᠡᠯᠡᠬᠦ᠂ ᠵᠠᠬᠢᠳᠠᠯ ᠰᠤᠷᠪᠤᠯᠵᠢᠯᠠᠭ᠎ᠠ ᠶᠢ ᠬᠠᠤᠯᠢ ᠪᠠᠷ ᠵᠠᠰᠠᠬᠤ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ︽ᠬᠠᠷᠢᠶᠠᠲᠤ | ᠭᠠᠵᠠᠷ ᠠᠴᠠ ᠬᠠᠮᠢᠶᠠᠷᠬᠤ᠂ ᠨᠢᠭᠡ ᠠᠵᠢᠯ ᠤᠨ ᠪᠠᠶᠢᠷᠢᠨ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠱᠠᠭᠠᠷᠳᠠᠯᠭ᠎ᠠ ᠪᠠᠷ᠂ ᠤᠳᠤᠷᠢᠳᠤᠯᠭ᠎ᠠ ᠠᠴᠠ ᠠᠰᠠᠭᠤᠳᠠᠯ ᠢ | ᠪᠡᠶ᠎ᠡ ᠪᠠᠷ ᠢᠶᠠᠨ ᠳᠠᠭᠠᠭᠠᠴᠢᠯᠠᠨ ᠰᠢᠢᠳᠪᠦᠷᠢᠯᠡᠬᠦ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠰᠢᠢᠳᠪᠦᠷᠢᠯᠡᠬᠦ ᠵᠡᠷᠭᠡ ᠠᠷᠭ᠎ᠠ ᠠᠪᠴᠠᠯ ᠢᠶᠠᠷ ᠤᠯᠠᠨ ᠲᠥᠮᠡᠨ ᠤ | ᠲᠤᠰᠬᠠᠭᠰᠠᠨ ᠲᠣᠪᠣᠶᠢᠮ᠎ᠠ ᠠᠰᠠᠭᠤᠳᠠᠯ ᠢ ᠬᠠᠤᠯᠢ ᠶᠤᠰᠤᠭᠠᠷ ᠳᠤᠬᠢᠲᠠᠢ ᠰᠢᠢᠳᠪᠦᠷᠢᠯᠡᠨ᠂ ᠨᠡᠶᠢᠬᠡᠮ ᠤᠨ ᠡᠶ᠎ᠡ ᠵᠤᠬᠢᠴᠠᠯ ᠠᠮᠤᠷ ᠳᠤᠭᠲᠠᠭᠤᠨ ᠢ ᠦᠨᠡᠨᠬᠦ ᠬᠠᠮᠠᠭᠠᠯᠠᠨ᠎ᠠ | ᠃ | ︵ᠳᠤᠯᠤᠭ᠎ᠠ︶ ᠠᠷᠠᠳ ᠤᠨ ᠲᠥᠯᠥᠭᠡ ᠵᠠᠰᠠᠭ ᠪᠠᠷᠢᠬᠤ ᠶᠢ ᠪᠠᠷᠢᠮᠲᠠᠯᠠᠨ᠂ ᠦᠷ᠎ᠡ ᠠᠰᠢᠭ ᠰᠠᠶᠢᠲᠠᠢ ᠵᠠᠰᠠᠭ ᠤᠨ ᠤᠷᠳᠤᠨ ᠤ ᠳᠦᠷᠢ ᠳᠦᠷᠬᠦ ᠶᠢ | ᠪᠥᠷᠢᠯᠳᠦᠭᠦᠯᠦᠨ᠎ᠡ᠃ ᠵᠠᠰᠠᠭ ᠤᠨ ᠤᠷᠳᠤᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠵᠠᠰᠠᠭ ᠪᠠᠷᠢᠬᠤ ᠴᠢᠳᠠᠪᠤᠷᠢ ᠪᠠ ᠦᠢᠯᠡᠴᠢᠯᠡᠭᠡᠨ ᠤ ᠳᠥᠪᠰᠢᠨ | ᠢ ᠳᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠨᠢᠭᠡ ᠳᠤ ᠬᠠᠤᠯᠢ ᠪᠠᠷ ᠵᠠᠰᠠᠭ ᠶᠠᠪᠤᠭᠤᠯᠵᠤ᠂ ᠬᠠᠤᠯᠢᠵᠢᠯ ᠵᠠᠰᠠᠭ ᠤᠨ ᠤᠷᠳᠤᠨ ᠢ ᠪᠠᠶᠢᠭᠤᠯᠤᠨ᠎ᠠ᠃ ︽ᠳᠥᠷᠪᠡᠨ | ᠤᠬᠠᠮᠰᠠᠷ︾᠂ ᠤᠨᠴᠠᠭᠠᠶᠢᠯᠠᠨ ᠭᠤᠤᠯᠯᠠᠬᠤ ᠤᠬᠠᠮᠰᠠᠷ᠂ ᠨᠢᠭᠡᠳᠦᠯᠲᠡᠢ ᠪᠠᠶᠢᠬᠤ ᠤᠬᠠᠮᠰᠠᠷ ᠢ ᠪᠠᠲᠤ ᠪᠥᠷᠢᠯᠳᠦᠭᠦᠯᠵᠦ᠂ ᠬᠠᠤᠯᠢ ᠶᠤᠰᠤᠨ ᠤ ᠡᠷᠬᠡ ᠶᠢᠨ ᠬᠢᠵᠠᠭᠠᠷᠯᠠᠯ | ᠪᠠ ᠠᠯᠬᠤᠮ ᠳᠠᠷᠠᠭᠠᠯᠠᠯ ᠢᠶᠠᠷ ᠡᠷᠬᠡ ᠪᠠᠨ ᠬᠡᠷᠡᠭᠵᠢᠭᠦᠯᠦᠨ᠂ ᠳᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠬᠤᠰᠢᠭᠤᠨ ᠤ ᠨᠠᠮ ᠤᠨ ᠬᠤᠷᠢᠶ᠎ᠠ ᠶᠢᠨ | ᠤᠳᠤᠷᠢᠳᠤᠯᠭ᠎ᠠ ᠶᠢ ᠡᠷᠡᠰ ᠬᠦᠷᠢᠶᠡᠯᠡᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ | ᠰᠢᠢᠳᠪᠦᠷᠢ ᠪᠠ ᠳᠤᠭᠲᠠᠭᠠᠯ ᠢ ᠬᠢᠨᠠᠮᠠᠭᠠᠢ ᠬᠡᠷᠡᠭᠵᠢᠭᠦᠯᠵᠦ᠂ ᠴᠢᠬᠤᠯᠠ ᠶᠡᠭᠡ ᠬᠡᠷᠡᠭ ᠶᠠᠪᠤᠳᠠᠯ ᠢ ᠮᠡᠳᠡᠭᠦᠯᠬᠦ ᠳᠥᠷᠢᠮ ᠢ ᠪᠠᠷᠢᠮᠲᠠᠯᠠᠨ᠂ ᠵᠠᠰᠠᠭ ᠤᠨ ᠤᠷᠳᠤᠨ ᠤ | ᠵᠥᠪᠯᠡᠯᠭᠡᠨ ᠤ ᠲᠥᠯᠥᠪᠯᠡᠭᠡ ᠶᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠰᠠᠨᠠᠭᠤᠯᠭ᠎ᠠ ᠪᠠ ᠰᠠᠨᠠᠯ ᠳᠤᠷᠠᠳᠤᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠨ᠎ᠡ᠃ ᠨᠡᠶᠢᠬᠡᠮ | ᠤᠨ ᠤᠯᠠᠨ ᠲᠥᠮᠡᠨ ᠪᠠ ᠰᠤᠨᠢᠨ ᠮᠡᠳᠡᠭᠡᠨ ᠤ ᠶᠠᠷᠢᠶ᠎ᠠ ᠬᠡᠯᠡᠯᠴᠡᠭᠡ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠵᠠᠰᠠᠭ ᠤᠨ ᠶᠠᠪᠤᠳᠠᠯ ᠢ ᠢᠯᠡ ᠨᠡᠶᠢᠲᠡᠯᠡᠬᠦ | ᠠᠵᠢᠯ ᠢ ᠰᠠᠶᠢᠲᠤᠷ ᠪᠡᠶᠡᠯᠡᠭᠦᠯᠦᠨ᠂ ᠬᠠᠤᠯᠢ ᠶᠤᠰᠤᠭᠠᠷ ᠡᠷᠬᠡ ᠪᠠᠨ ᠬᠡᠷᠡᠭᠵᠢᠭᠦᠯᠬᠦ ᠶᠢ ᠪᠠᠲᠤᠯᠠᠨ᠎ᠠ᠃ ︽ᠳᠣᠯᠤᠭ᠎ᠠ ᠲᠠᠪᠤ︾ ᠬᠠᠤᠯᠢ ᠲᠦᠭᠡᠮᠡᠯᠵᠢᠭᠦᠯᠦᠯᠲᠡ ᠶᠢ | ᠭᠦᠨᠵᠡᠭᠡᠶᠢᠷᠡᠭᠦᠯᠵᠦ᠂ ︽ᠬᠡᠨ ᠬᠠᠤᠯᠢ ᠬᠡᠷᠡᠭᠵᠢᠭᠦᠯᠪᠡᠯ᠂ ᠬᠡᠨ ᠬᠠᠤᠯᠢ ᠶᠢ ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠃ ︽ | ᠬᠤᠶᠠᠷ ᠢ ᠰᠤᠭᠤᠴᠢᠨ ᠪᠠᠶᠢᠴᠠᠭᠠᠵᠤ᠂ ᠨᠢᠭᠡ ᠶᠢ ᠢᠯᠡ ᠨᠡᠶᠢᠲᠡᠯᠡᠬᠦ︾ ᠬᠢᠨᠠᠨ ᠬᠠᠮᠢᠶᠠᠷᠤᠯᠲᠠ ᠶᠢᠨ ᠳᠥᠷᠢᠮ ᠢ ᠪᠥᠬᠦ ᠲᠠᠯ᠎ᠠ ᠪᠠᠷ ᠳᠡᠯᠭᠡᠷᠡᠭᠦᠯᠦᠨ᠂ ᠵᠠᠰᠠᠭ ᠵᠠᠬᠢᠷᠭᠠᠨ | ᠤ ᠬᠠᠤᠯᠢ ᠬᠡᠷᠡᠭᠵᠢᠭᠦᠯᠦᠯᠲᠡ ᠶᠢᠨ ᠪᠤᠯᠪᠠᠰᠤᠨ ᠳᠥᠷᠢᠮᠵᠢᠭᠦᠨ᠂ ᠲᠥᠪ ᠭᠤᠤᠯᠴᠢ ᠪᠠᠶᠢᠬᠤ ᠶᠢ ᠪᠠᠲᠤᠯᠠᠨ᠎ᠠ᠃ ᠬᠤᠶᠠᠷ ᠲᠤ ᠵᠤᠷᠢᠭᠲᠠᠢ ᠡᠭᠦᠷᠭᠡᠯᠡᠨ᠂ ᠦᠷ᠎ᠡ | ᠪᠥᠲᠥᠮᠵᠢᠲᠦ ᠵᠠᠰᠠᠭ ᠤᠨ ᠤᠷᠳᠤᠨ ᠢ ᠪᠠᠶᠢᠭᠤᠯᠤᠨ᠎ᠠ᠃ ᠰᠢᠷᠭᠠᠭᠤ ᠠᠵᠢᠯᠯᠠᠨ᠂ ᠵᠤᠷᠢᠭᠲᠠᠢ ᠡᠭᠦᠷᠭᠡᠯᠡᠬᠦ ᠶᠢ ᠪᠠᠷᠢᠮᠲᠠᠯᠠᠵᠤ᠂ ᠳᠤᠭᠲᠠᠭᠰᠠᠨ ᠬᠠᠷᠠᠯᠲᠠ ᠳᠠᠭᠠᠨ ᠬᠦᠷᠬᠦ | ᠪᠠᠷ ᠬᠠᠨᠴᠤᠢ ᠰᠢᠮᠠᠯᠠᠨ ᠲᠡᠮᠡᠴᠡᠵᠦ᠂ ᠨᠢᠭᠡᠯᠡ ᠰᠡᠳᠬᠢᠯ ᠢᠶᠠᠷ ᠨᠠᠶᠢᠲᠠᠪᠤᠷᠢᠵᠢᠭᠤᠯᠤᠨ᠂ ᠨᠢᠭᠡᠳ ᠨᠢᠭᠡ ᠪᠠᠷ ᠪᠡᠶᠡᠯᠡᠭᠦᠯᠵᠦ᠂ ᠨᠢᠭᠡᠳ ᠨᠢᠭᠡ ᠪᠠᠷ ᠠᠬᠢᠭᠤᠯᠤᠨ᠂ | ᠵᠠᠩᠭᠢᠯᠠᠭ᠎ᠠ ᠶᠢᠨ ᠴᠠᠭ ᠲᠤ ᠵᠤᠷᠢᠭᠲᠠᠢ ᠬᠠᠷᠢᠭᠤᠴᠠᠬᠤ᠂ ᠴᠢᠬᠤᠯᠠ ᠶᠡᠭᠡ ᠠᠰᠠᠭᠤᠳᠠᠯ ᠢ ᠵᠤᠷᠢᠭᠲᠠᠢ ᠡᠭᠦᠷᠭᠡᠯᠡᠬᠦ᠂ ᠳᠤᠪᠤᠶᠢᠮ᠎ᠠ ᠵᠥᠷᠢᠴᠡᠯ ᠢ ᠰᠢᠭᠤᠷᠬᠠᠶᠢᠯᠠᠨ | ᠰᠢᠢᠳᠪᠤᠷᠢᠯᠡᠬᠦ ᠪᠠᠷ ᠴᠢᠷᠮᠠᠶᠢᠨ᠎ᠠ᠃ ᠬᠡᠯᠡᠪᠡᠯ ᠬᠢᠵᠦ᠂ ᠬᠡᠯᠡᠭᠰᠡᠨ ᠳᠡᠭᠡᠨ ᠬᠦᠷᠳᠡᠭ ᠬᠡᠪ ᠰᠤᠷᠲᠠᠯ ᠢ ᠰᠤᠷᠲᠠᠯᠴᠢᠯᠠᠨ᠂ ᠳᠡᠭᠡᠳᠦ ᠱᠠᠲᠤᠨ ᠤ ᠨᠠᠮ ᠤᠨ ᠬᠤᠷᠢᠶ᠎ᠠ᠂ | ᠵᠠᠰᠠᠭ ᠤᠨ ᠤᠷᠳᠤᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢ ᠪᠠᠶᠢᠷᠢᠯᠠᠭᠤᠯᠤᠯᠲᠠ ᠶᠢ ᠳᠠᠷᠤᠢ ᠲᠦᠷᠭᠡᠨ ᠨᠠᠶᠢᠲᠠᠪᠤᠷᠢᠵᠢᠭᠤᠯᠵᠤ᠂ ᠠᠯᠢ ᠲᠥᠷᠭᠡᠨ | ᠢᠶᠠᠷ ᠪᠤᠳᠠᠲᠤ ᠪᠥᠲᠥᠮᠵᠢ ᠭᠠᠷᠭᠠᠬᠤ ᠶᠢ ᠪᠠᠲᠤᠯᠠᠨ᠎ᠠ᠃ ᠤᠰᠤᠯ ᠪᠤᠷᠤᠭᠤ ᠶᠢ ᠠᠭᠤᠴᠢᠯᠠᠨ ᠪᠠᠭᠲᠠᠭᠠᠬᠤ ᠵᠤᠬᠢᠰᠲᠠᠢ ᠳᠤᠭᠲᠠᠴᠠ ᠶᠢ ᠡᠷᠢᠯᠬᠢᠯᠡᠨ ᠪᠠᠶᠢᠭᠤᠯᠵᠤ᠂ | ᠠᠵᠢᠯᠯᠠᠬᠤ ᠵᠤᠷᠢᠭᠲᠠᠢ᠂ ᠠᠵᠢᠯᠯᠠᠵᠤ ᠳᠡᠶᠢᠯᠬᠦ᠂ ᠠᠵᠢᠯ ᠬᠢᠵᠦ ᠪᠥᠲᠥᠭᠡᠬᠦ ᠠᠭᠤᠷ ᠠᠮᠢᠰᠬᠤᠯ ᠢ ᠢᠳᠡᠪᠬᠢᠲᠡᠢ ᠪᠥᠷᠢᠯᠳᠦᠭᠦᠯᠦᠨ᠂ ᠵᠠᠰᠠᠭ ᠤᠨ ᠤᠷᠳᠤᠨ ᠤ | ᠭᠦᠢᠴᠡᠳᠬᠡᠬᠦ ᠴᠢᠳᠠᠪᠤᠷᠢ᠂ ᠨᠠᠶᠢᠲᠠᠪᠤᠷᠢᠵᠢᠭᠤᠯᠬᠤ ᠴᠢᠳᠠᠪᠤᠷᠢ ᠪᠠ ᠢᠲᠡᠭᠡᠮᠵᠢ ᠶᠢ ᠦᠨᠡᠨᠬᠦ ᠳᠡᠭᠡᠭᠰᠢᠯᠡᠭᠦᠯᠦᠨ᠎ᠡ᠃ ᠭᠤᠷᠪᠠ ᠳᠤ ᠠᠷᠠᠳ ᠤᠨ ᠲᠥᠯᠥᠭᠡ ᠵᠠᠰᠠᠭ | ᠪᠠᠷᠢᠵᠤ᠂ ᠬᠠᠷᠢᠭᠤᠴᠠᠯᠭ᠎ᠠ ᠲᠠᠢ ᠵᠠᠰᠠᠭ ᠤᠨ ᠤᠷᠳᠤᠨ ᠢ ᠪᠠᠶᠢᠭᠤᠯᠤᠨ᠎ᠠ᠃ ᠪᠥᠬᠦ ᠰᠡᠳᠬᠢᠯ ᠪᠥᠬᠦ ᠵᠤᠷᠢᠭ ᠢᠶᠠᠷ ᠠᠷᠠᠳ ᠲᠤ ᠦᠢᠯᠡᠴᠢᠯᠡᠬᠦ ᠵᠤᠷᠢᠯᠲᠠ ᠶᠢ ᠪᠠᠲᠤ | ᠴᠡᠭᠡᠵᠢᠯᠡᠵᠦ᠂ ᠰᠤᠳᠤᠯᠤᠨ ᠪᠠᠶᠢᠴᠠᠭᠠᠬᠤ ᠶᠢ ᠴᠢᠬᠤᠯᠠᠴᠢᠯᠠᠨ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠤᠯᠠᠨ ᠲᠥᠮᠡᠨ ᠳᠤ ᠪᠤᠳᠠᠲᠠᠢ ᠠᠵᠢᠯ ᠬᠢᠵᠦ | ᠭᠦᠴᠢᠷᠳᠡᠢ ᠠᠰᠠᠭᠤᠳᠠᠯ ᠢ ᠨᠢ ᠰᠢᠢᠳᠪᠦᠷᠢᠯᠡᠨ᠂ ᠨᠤᠲᠤᠭ ᠤᠰᠤᠨ ᠤ ᠪᠠᠨ ᠠᠮᠤᠷ ᠲᠠᠶᠢᠪᠤᠩ ᠢ ᠬᠠᠮᠠᠭᠠᠯᠠᠵᠤ᠂ ᠨᠤᠲᠤᠭ ᠤᠰᠤᠨ ᠤ ᠪᠠᠨ ᠠᠷᠠᠳ ᠤᠯᠠᠨ ᠢ | ᠪᠠᠶᠠᠵᠢᠭᠤᠯᠤᠨ᠎ᠠ᠃ ᠴᠢᠬᠤᠯᠠ ᠶᠡᠭᠡ ᠬᠡᠷᠡᠭ ᠶᠠᠪᠤᠳᠠᠯ ᠳᠤ ᠬᠠᠮᠲᠤᠪᠡᠷ ᠰᠢᠢᠳᠪᠦᠷᠢ ᠭᠠᠷᠭᠠᠬᠤ᠂ ᠳᠤᠰᠬᠠᠢ ᠮᠡᠷᠭᠡᠵᠢᠯᠲᠡᠨ ᠠᠴᠠ ᠯᠠᠪᠯᠠᠬᠤ᠂ ᠨᠡᠶᠢᠬᠡᠮ ᠳᠤ ᠢᠯᠡ | ᠨᠡᠶᠢᠲᠡᠯᠡᠬᠦ᠂ ᠭᠡᠷᠡᠴᠢᠯᠡᠭᠡ ᠰᠤᠨᠤᠰᠴᠤ ᠦᠨᠡᠯᠡᠯᠲᠡ ᠬᠢᠯᠭᠡᠬᠦ ᠵᠡᠷᠭᠡ ᠳᠥᠷᠢᠮ ᠢ ᠤᠯᠠᠮ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠠᠵᠢᠯ ᠤᠨ ᠪᠠᠶᠢᠳᠠᠯ ᠨᠢ | ᠲᠤᠳᠤᠷᠬᠠᠢ᠂ ᠲᠤᠭ᠎ᠠ ᠪᠠᠷᠢᠮᠲᠠ ᠨᠢ ᠤᠨᠤᠪᠴᠢᠲᠠᠢ ᠪᠠᠶᠢᠬᠤ ᠶᠢ ᠪᠡᠶᠡᠯᠡᠭᠦᠯᠦᠨ᠂ ᠵᠠᠰᠠᠭ ᠤᠨ ᠤᠷᠳᠤᠨ ᠤ ᠰᠢᠢᠳᠪᠦᠷᠢ ᠨᠢ ᠴᠠᠭ ᠪᠠ ᠦᠢᠯᠡᠳᠦᠯᠭᠡ ᠶᠢᠨ ᠰᠢᠯᠭᠠᠯᠲᠠ | ᠶᠢ ᠳᠠᠭᠠᠭᠠᠵᠤ ᠳᠡᠶᠢᠯᠬᠦ ᠶᠢ ᠪᠠᠲᠤᠯᠠᠨ᠎ᠠ᠃ ᠳᠥᠷᠪᠡ ᠳᠤ ᠰᠠᠬᠢᠯᠭ᠎ᠠ ᠪᠠᠲᠤ ᠶᠢ ᠴᠢᠩᠳᠠᠯᠠᠵᠤ᠂ ᠠᠷᠢᠭᠤᠨ ᠴᠢᠭᠡᠴᠢ ᠵᠠᠰᠠᠭ ᠤᠨ ᠤᠷᠳᠤᠨ ᠢ ᠪᠠᠶᠢᠭᠤᠯᠤᠨ᠎ᠠ᠃ ︽ | ᠠᠷᠢᠭᠤᠨ ᠴᠢᠭᠡᠴᠢ ᠪᠠᠷ ᠥᠪᠡᠷ ᠢ ᠪᠠᠨ ᠱᠠᠭᠠᠷᠳᠠᠬᠤ ᠪᠠᠷᠢᠮᠵᠢᠶ᠎ᠠ︾᠂ ︽ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠥᠷᠢᠮ︾ ᠪᠠ ︽ᠬᠠᠷᠢᠭᠤᠴᠠᠯᠭ᠎ᠠ ᠨᠡᠬᠡᠮᠵᠢᠯᠡᠬᠦ | ᠳᠥᠷᠢᠮ︾ ᠢ ᠨᠠᠷᠢᠨ ᠬᠢᠨᠠᠮᠠᠭᠠᠢ ᠲᠤᠤᠱᠯᠠᠭᠤᠯᠵᠤ᠂ ᠲᠥᠪ ᠤᠨ ︽ᠨᠠᠢᠮᠠᠨ ᠳᠤᠭᠲᠠᠭᠠᠯ︾ ᠬᠢᠭᠡᠳ ᠡᠯ᠎ᠡ ᠱᠠᠲᠤᠨ ᠤ ᠢᠵᠢ ᠪᠥᠷᠢᠳᠦᠭᠦᠯᠦᠭᠰᠡᠨ ᠳᠤᠭᠲᠠᠭᠠᠯ ᠢ | ᠬᠡᠷᠡᠭᠵᠢᠭᠦᠯᠦᠨ᠂ ︽ᠳᠥᠷᠪᠡᠨ ᠰᠤᠷᠲᠠᠯ︾ ᠢ ᠦᠷᠭᠦᠯᠵᠢᠯᠡᠨ ᠴᠡᠭᠴᠡᠯᠡᠵᠦ᠂ ᠤᠯᠠᠨ ᠲᠥᠮᠡᠨ ᠤ ᠠᠰᠢᠭ ᠳᠤᠰᠠ ᠶᠢ ᠬᠤᠬᠢᠷᠠᠭᠤᠯᠤᠭᠰᠠᠨ ᠲᠥᠪ ᠪᠤᠰᠤ ᠰᠤᠷᠲᠠᠯ ᠪᠠ | ᠳᠤᠪᠤᠶᠢᠮ᠎ᠠ ᠠᠰᠠᠭᠤᠳᠠᠯ ᠳᠤ ᠡᠷᠡᠰ ᠴᠤᠬᠢᠯᠲᠠ ᠥᠭᠭᠦᠨ᠎ᠡ᠃ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ︽ᠬᠤᠶᠠᠷ ᠬᠠᠷᠢᠭᠤᠴᠠᠯᠭ᠎ᠠ︾ ᠶᠢ | ᠪᠥᠬᠦ ᠲᠠᠯ᠎ᠠ ᠪᠠᠷ ᠨᠠᠶᠢᠲᠠᠪᠤᠷᠢᠵᠢᠭᠤᠯᠵᠤ᠂ ᠨᠠᠮ ᠤᠨ ᠰᠠᠬᠢᠯᠭ᠎ᠠ ᠤᠯᠤᠰ ᠤᠨ ᠬᠠᠤᠯᠢ ᠪᠠᠷ ᠠᠵᠢᠯᠯᠠᠬᠤ᠂ ᠲᠦᠷᠦ ᠶᠢᠨ ᠪᠤᠳᠤᠯᠭ᠎ᠠ ᠶᠢᠨ ᠳᠥᠷᠢᠮ ᠳᠤᠭᠲᠠᠭᠠᠯ ᠢᠶᠠᠷ | ᠠᠵᠢᠯᠯᠠᠬᠤ᠂ ᠳᠥᠷᠢᠮ ᠳᠤᠭᠲᠠᠭᠠᠯ ᠠᠯᠬᠤᠮ ᠳᠠᠷᠠᠭᠠᠯᠠᠯ ᠢᠶᠠᠷ ᠠᠵᠢᠯᠯᠠᠬᠤ ᠶᠢ ᠴᠢᠩᠭᠠᠳᠬᠠᠨ᠂ ᠬᠢᠨᠠᠨ ᠪᠤᠳᠤᠬᠤ᠂ ᠬᠢᠨᠠᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ | ᠂ ᠤᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠤᠯᠤᠰ ᠤᠨ ᠡᠬᠢ ᠪᠠᠶᠠᠯᠢᠭ ᠪᠠ ᠤᠳᠤᠷᠢᠳᠤᠯᠭ᠎ᠠ ᠺᠠᠳ᠋ᠷᠴᠤᠳ ᠤᠨ ᠠᠵᠤ | ᠠᠬᠤᠢ ᠶᠢᠨ ᠬᠠᠷᠢᠭᠤᠴᠠᠯᠭ᠎ᠠ ᠪᠠᠨ ᠪᠡᠶᠡᠯᠡᠭᠦᠯᠦᠭᠰᠡᠨ ᠪᠠᠶᠢᠳᠠᠯ ᠳᠤ ᠬᠢᠨᠠᠨ ᠪᠤᠳᠤᠯᠲᠠ ᠬᠢᠬᠦ ᠶᠢ ᠨᠡᠶᠢᠲᠡᠮ ᠦᠷᠨᠢᠭᠦᠯᠵᠦ᠂ ᠠᠵᠢᠯ ᠬᠢᠬᠦ ᠦᠭᠡᠢ᠂ ᠠᠵᠢᠯ ᠢᠶᠠᠨ | ᠤᠳᠠᠭᠠᠨ ᠬᠢᠭᠰᠡᠨ᠂ ᠳᠤᠷ᠎ᠠ ᠪᠠᠷ ᠦᠢᠯᠡᠳᠦᠭᠰᠡᠨ ᠵᠡᠷᠭᠡ ᠠᠵᠢᠯᠯᠠᠭ᠎ᠠ ᠶᠢ ᠡᠷᠡᠰ ᠴᠡᠭᠴᠡᠯᠡᠨ᠂ ᠲᠥᠪ ᠴᠢᠭᠡᠴᠢ ᠤᠯᠤᠰ ᠲᠦᠷᠦ ᠶᠢᠨ ᠠᠭᠤᠷ ᠠᠮᠢᠰᠬᠤᠯ ᠢ | ᠪᠥᠷᠢᠯᠳᠦᠭᠦᠯᠦᠨ᠎ᠡ᠃ | ᠲᠥᠯᠥᠭᠡᠯᠡᠭᠴᠢᠳ ᠡ᠂ ᠬᠠᠯᠭᠢᠶᠠᠯᠠᠬᠤ ᠮᠥᠷᠡᠨ ᠬᠦᠷᠬᠢᠷᠡᠨ ᠤᠷᠤᠰᠬᠤᠶ᠎ᠠ᠂ ᠬᠠᠮᠤᠭ ᠤᠩᠭᠤᠴᠠ ᠤᠷᠤᠰᠬᠠᠯ ᠢ ᠰᠥᠷᠥᠨᠡᠮ︔ ᠬᠠᠲᠠᠭᠤ ᠰᠢᠷᠦᠭᠦᠨ | ᠥᠷᠢᠰᠦᠯᠳᠦᠭᠡᠨ ᠢ ᠤᠭᠲᠤᠬᠤᠶ᠎ᠠ᠂ ᠬᠠᠲᠠᠨ ᠵᠤᠷᠢᠭᠲᠤ ᠤᠯᠠᠨ ᠠᠴᠠ ᠲᠡᠷᠢᠭᠦᠯᠡᠨᠡᠮ᠃ ᠢᠷᠡᠭᠡᠳᠦᠢ ᠪᠠᠨ ᠪᠠᠷᠠᠯᠠᠬᠤ ᠳᠤ ᠶᠠᠮᠠᠷᠪᠠ ᠭᠦᠴᠢᠷᠳᠡᠯ ᠴᠦ ᠪᠢᠳᠠᠨ ᠤ ᠬᠡᠯᠪᠡᠷᠢ | ᠪᠠᠨ ᠬᠤᠪᠢᠷᠠᠭᠤᠯᠤᠨ ᠬᠥᠭᠵᠢᠭᠦᠯᠬᠦ ᠠᠯᠬᠤᠭ᠎ᠠ ᠶᠢ ᠰᠠᠭᠠᠲᠠᠭᠠᠵᠤ ᠴᠢᠳᠠᠬᠤ ᠦᠭᠡᠢ᠂ ᠶᠠᠮᠠᠷᠪᠠ ᠥᠷᠢᠰᠦᠯᠳᠦᠭᠡᠨ ᠴᠦ ᠪᠢᠳᠠᠨ ᠤ ᠰᠠᠶᠢᠨ ᠰᠠᠶᠢᠬᠠᠨ ᠨᠤᠲᠤᠭ ᠤᠰᠤ | ᠪᠠᠨ ᠴᠤᠭᠴᠠᠯᠠᠬᠤ ᠵᠤᠷᠢᠭ ᠢ ᠭᠤᠶᠢᠪᠢᠯᠵᠠᠭᠤᠯᠵᠤ ᠴᠢᠳᠠᠬᠤ ᠦᠭᠡᠢ︕ ᠪᠢᠳᠠ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠪᠠᠷ ᠪᠥᠬᠦ ᠬᠤᠰᠢᠭᠤᠨ ᠤ | ᠡᠯ᠎ᠡ ᠦᠨᠳᠦᠰᠦᠲᠡᠨ ᠤ ᠺᠠᠳ᠋ᠷ ᠤᠯᠠᠨ ᠲᠥᠮᠡᠨ ᠳᠤ ᠳᠦᠰᠢᠭᠯᠡᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠪᠥᠯᠬᠦᠮᠳᠡᠨ ᠲᠡᠮᠡᠴᠡᠵᠦ᠂ ᠴᠤᠴᠠᠯᠲᠠ ᠦᠭᠡᠢ | ᠤᠷᠤᠭᠰᠢᠯᠠᠨ᠂ ᠨᠡᠩ ᠪᠠᠶᠠᠨ ᠴᠢᠨᠡᠭᠡᠯᠢᠭ᠂ ᠨᠡᠩ ᠦᠵᠡᠰᠭᠦᠯᠡᠩᠲᠦ ᠰᠠᠶᠢᠬᠠᠨ᠂ ᠨᠡᠩ ᠴᠡᠴᠡᠭᠯᠡᠨ ᠬᠥᠭᠵᠢᠭᠰᠡᠨ ᠤᠳᠤᠬᠢᠴᠢᠯᠠᠭᠰᠠᠨ ᠤᠲᠤᠭ ᠤᠨ ᠪᠠᠶᠢᠭᠤᠯᠤᠯᠲᠠ ᠶᠢ | ᠲᠦᠷᠭᠡᠳᠬᠡᠨ᠂ ᠴᠢᠨᠠᠷᠯᠢᠭ ᠪᠥᠬᠦᠢ ᠴᠢᠨᠡᠭᠡᠯᠢᠭ ᠨᠡᠶᠢᠬᠡᠮ ᠢ ᠪᠥᠬᠦ ᠲᠠᠯ᠎ᠠ ᠪᠠᠷ ᠪᠡᠶᠡᠯᠡᠭᠦᠯᠬᠦ ᠪᠠᠷ ᠴᠢᠷᠮᠠᠶᠢᠨ ᠲᠡᠮᠡᠴᠡᠵᠡᠭᠡᠶ᠎ᠡ︕ | | | | ᠨᠡᠷᠡᠰ ᠤᠨ ᠲᠠᠶᠢᠯᠪᠦᠷᠢ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ᠄ ᠬᠠᠩᠭᠠᠯᠭ᠎ᠠ᠂ ᠦᠢᠯᠡᠳᠪᠦᠷᠢᠯᠡᠯ ᠬᠤᠶᠠᠷ ᠲᠠᠯ᠎ᠠ ᠠᠴᠠ ᠭᠠᠷᠳᠠᠵᠤ᠂ | ᠬᠤᠴᠣᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠲᠠᠶᠠᠭᠳᠠᠨ᠂ ᠨᠡᠶᠢᠭᠡᠮ ᠤᠨ ᠬᠠᠩᠭᠠᠯᠭ᠎ᠠ ᠶᠢ ᠨᠡᠮᠡᠭᠳᠡᠭᠦᠯᠬᠦ ᠪᠠᠷ ᠳᠠᠮᠵᠢᠨ ᠠᠵᠤ ᠠᠬᠤᠢ ᠶᠢᠨ ᠨᠡᠮᠡᠭᠳᠡᠯ ᠢ | ᠠᠬᠢᠭᠤᠯᠬᠤ ᠶᠢ ᠵᠢᠭᠠᠵᠤ ᠪᠣᠢ᠃ | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ᠄ ᠵᠠᠰᠠᠭ ᠢ ᠴᠣᠮᠬᠠᠳᠬᠠᠨ ᠡᠷᠬᠡ ᠶᠢ ᠲᠠᠯᠪᠢᠵᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠤᠨ᠂ | ᠦᠢᠯᠡᠴᠢᠯᠡᠭᠡ ᠶᠢ ᠰᠢᠯᠢᠳᠡᠭᠴᠢᠯᠡᠬᠦ ᠥᠭᠡᠷᠡᠴᠢᠯᠡᠯᠲᠡ ᠶᠢ ᠵᠢᠭᠠᠨ᠎ᠠ᠃ | ᠭᠤᠷᠪᠠᠨ ᠴᠢᠬᠤᠯᠠ ᠨᠢᠭᠡ ᠶᠡᠭᠡ᠄ ᠴᠢᠬᠤᠯᠠ ᠶᠡᠭᠡ ᠤᠴᠢᠷ ᠶᠠᠪᠤᠳᠠᠯ ᠳᠤ ᠰᠢᠢᠳᠪᠦᠷᠢ ᠭᠠᠷᠭᠠᠬᠤ᠂ ᠴᠢᠬᠤᠯᠠ ᠺᠠᠳ᠋ᠷ ᠢ ᠲᠤᠰᠢᠶᠠᠯ ᠳᠤ ᠲᠣᠮᠢᠯᠠᠬᠤ | ᠣᠭᠴᠣᠷᠠᠭᠤᠯᠬᠤ᠂ ᠴᠢᠬᠤᠯᠠ ᠲᠥᠷᠥᠯ ᠵᠦᠢᠯ ᠢ ᠲᠣᠬᠢᠷᠠᠭᠤᠯᠬᠤ ᠪᠠ ᠶᠡᠭᠡ ᠲᠣᠭᠠᠨ ᠤ ᠪᠡᠯᠡ ᠮᠥᠩᠭᠦ ᠬᠡᠷᠡᠭᠯᠡᠬᠦ ᠶᠢ ᠬᠡᠯᠡᠵᠦ ᠪᠣᠢ᠃ | ᠲᠠᠪᠤ ᠶᠢ ᠵᠣᠬᠢᠴᠠᠭᠤᠯᠤᠨ ᠬᠥᠭᠵᠢᠭᠦᠯᠬᠦ᠄ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠬᠢᠴᠢᠯᠠᠯᠲᠠ᠂ ᠬᠤᠲᠠ ᠪᠠᠯᠭᠠᠰᠤᠵᠢᠯᠲᠠ᠂ ᠮᠠᠯ | ᠲᠠᠷᠢᠶᠠᠯᠠᠩ ᠠᠵᠦ ᠠᠬᠤᠢ ᠶᠢᠨ ᠣᠳᠣᠬᠢᠴᠢᠯᠠᠯᠲᠠ ᠬᠢᠭᠡᠳ ᠪᠣᠬᠢᠷᠲᠤᠯ ᠦᠭᠡᠢ ᠵᠣᠬᠢᠴᠠᠩᠭᠤᠢ ᠬᠥᠭᠵᠢᠯᠲᠡ ᠶᠢ ᠵᠢᠭᠠᠨ᠎ᠠ᠃ | ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠳᠤ ᠵᠣᠷᠢᠭᠤᠯᠤᠭᠰᠠᠨ ︽ᠵᠢᠷᠭᠤᠭᠠᠨ ᠨᠢᠭᠡ︾ ᠰᠣᠶᠣᠯ ᠤᠨ ᠢᠨᠵᠧᠨᠧᠷᠢᠩ᠄ | ᠤᠲᠤᠭ ᠤᠨ ᠲᠡᠦᠬᠡ ᠶᠢ ᠬᠠᠷᠠᠭᠤᠯᠤᠭᠰᠠᠨ ᠨᠣᠮ ᠢ ᠨᠢᠭᠡ ᠲᠤᠭᠤᠷᠪᠢᠵᠤ᠂ ᠤᠲᠤᠭ ᠤᠨ ᠬᠥᠭᠵᠢᠯ ᠬᠤᠪᠢᠰᠤᠯ ᠢ ᠲᠤᠰᠬᠠᠭᠰᠠᠨ ᠳᠠᠭᠤᠤ ᠶᠢ ᠨᠢᠭᠡ ᠵᠣᠬᠢᠶᠠᠨ᠂ | ᠣᠲᠤᠭ ᠤᠨ ᠲᠠᠯ᠎ᠠ ᠨᠤᠲᠤᠭ ᠤᠨ ᠰᠡᠳᠦᠪᠲᠦ ᠺᠢᠨᠣ᠋ ᠶᠢ ᠨᠢᠭᠡ ᠰᠢᠩᠭᠡᠭᠡᠵᠦ᠂ ᠤᠲᠤᠭ ᠤᠨ ᠳᠦᠷᠢ ᠲᠥᠷᠬᠦ ᠶᠢ ᠭᠠᠶᠢᠬᠠᠭᠤᠯᠤᠭᠰᠠᠨ ᠺᠠᠷᠲ ᠢ ᠨᠢᠭᠡ ᠬᠢᠵᠦ᠂ ᠣᠲᠤᠭ | ᠤᠨ ᠣᠨᠴᠠᠯᠢᠭ ᠲᠠᠢ ᠲᠠᠶᠢᠰᠠᠨ ᠤ ᠵᠦᠴᠦᠭᠡ ᠶᠢ ᠨᠢᠭᠡ ᠪᠦᠲᠦᠭᠡᠨ᠂ ᠮᠣᠩᠭᠤᠯ ᠤᠨ ᠨᠢᠭᠤᠴᠠ ᠲᠣᠪᠴᠢᠶᠠᠨ ᠤ ᠭᠤᠣᠯ ᠰᠡᠳᠦᠪᠲᠦ ᠮᠦᠽᠧᠢ ᠶᠢ ᠨᠢᠭᠡ ᠪᠠᠶᠢᠭᠤᠯᠵᠤ | ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠳᠤ ᠪᠡᠯᠡᠭᠯᠡᠬᠦ ᠶᠢ ᠵᠢᠭᠠᠵᠦ ᠪᠣᠢ᠃ | ︽ᠭᠤᠷᠪᠠ ᠶᠢ ᠲᠥᠪᠯᠡᠷᠡᠭᠦᠯᠵᠦ ᠭᠤᠷᠪᠠ ᠶᠢ ᠳᠤᠬᠢᠷᠠᠭᠤᠯᠬᠤ︾᠄ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠴᠢᠳᠠᠮᠵᠢ ᠶᠢ ᠨᠢᠭᠡ | ᠰᠠᠯᠠᠭ᠎ᠠ ᠳᠠᠰᠤᠭ ᠲᠤ ᠲᠥᠪᠯᠡᠷᠡᠭᠦᠯᠵᠦ᠂ ᠬᠢᠨᠠᠨ ᠵᠥᠪᠰᠢᠶᠡᠷᠡᠬᠦ ᠰᠠᠯᠠᠭ᠎ᠠ ᠳᠠᠰᠤᠭ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠲᠥᠪᠯᠡᠷᠡᠭᠦᠯᠦᠨ᠂ | ᠬᠢᠨᠠᠨ ᠵᠥᠪᠰᠢᠶᠡᠷᠡᠬᠦ ᠶᠠᠪᠤᠳᠠᠯ ᠢ ᠵᠠᠰᠠᠭ ᠤᠨ ᠶᠠᠪᠤᠳᠠᠯ ᠤᠨ ᠡᠯᠧᠺᠲᠷᠤᠨ ᠳᠠᠪᠴᠠᠩ ᠳᠤ ᠲᠥᠪᠯᠡᠷᠡᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ | ᠶᠠᠪᠤᠳᠠᠯ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠳᠤᠬᠢᠷᠠᠭᠤᠯᠤᠨ᠂ ᠴᠤᠩᠬᠤᠪᠴᠢ ᠪᠠᠷ ᠬᠢᠨᠠᠨ ᠵᠥᠪᠰᠢᠶᠡᠷᠡᠬᠦ ᠳᠤ ᠡᠷᠬᠡ ᠤᠯᠭᠤᠵᠤ᠂ | ᠡᠯᠧᠺᠲᠷᠤᠨ ᠢᠶᠠᠷ ᠬᠢᠨᠠᠨ ᠪᠠᠶᠢᠴᠠᠭᠠᠬᠤ ᠶᠢ ᠵᠢᠭᠠᠵᠤ ᠪᠤᠢ᠃ | PPP ᠬᠠᠮᠲᠤᠷᠠᠯᠴᠠᠭᠠᠨ ᠤ ᠵᠠᠭᠪᠤᠷ᠄ ᠠᠯᠪᠠᠨ ᠪᠠ ᠬᠤᠪᠢ ᠬᠠᠮᠲᠤᠷᠠᠬᠤ ᠵᠠᠭᠪᠤᠷ ᠢ ᠵᠢᠭᠠᠵᠤ ᠪᠤᠢ᠂ ᠲᠤᠰ ᠵᠠᠭᠪᠤᠷ ᠲᠤ ᠬᠤᠪᠢ ᠶᠢᠨ ᠡᠵᠡᠩᠨᠡᠯᠲᠡ ᠶᠢᠨ | ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠬᠥᠷᠥᠩᠭᠡ ᠪᠠ ᠵᠠᠰᠠᠭ ᠤᠨ ᠤᠷᠳᠤᠨ ᠬᠤᠷᠰᠢᠯᠴᠠᠵᠤ᠂ ᠤᠯᠠᠨ ᠨᠡᠶᠢᠲᠡ ᠶᠢᠨ ᠰᠠᠭᠤᠷᠢ ᠳᠥᠭᠦᠭᠡᠷᠦᠮᠵᠢ ᠶᠢᠨ | ᠪᠠᠶᠢᠭᠤᠯᠤᠯᠲᠠ ᠳᠤ ᠤᠷᠤᠯᠴᠠᠬᠤ ᠶᠢ ᠵᠢᠭᠠᠨ᠎ᠠ᠃ | ᠬᠤᠶᠠᠷ ᠢ ᠰᠤᠭᠤᠴᠢᠨ ᠪᠠᠶᠢᠴᠠᠭᠠᠵᠤ᠂ ᠨᠢᠭᠡ ᠶᠢ ᠢᠯᠠ ᠨᠡᠶᠢᠲᠡᠯᠡᠬᠦ᠄ ᠬᠢᠨᠠᠨ ᠬᠠᠮᠢᠶᠠᠷᠤᠯᠲᠠ ᠶᠢᠨ ᠶᠠᠪᠤᠴᠠ ᠳᠤ ᠪᠠᠶᠢᠴᠠᠭᠠᠭᠴᠢ ᠪᠠ ᠪᠠᠶᠢᠴᠠᠭᠠᠭᠳᠠᠭᠴᠢ ᠶᠢ | ᠰᠤᠭᠤᠴᠢᠨ ᠪᠠᠶᠢᠴᠠᠭᠠᠵᠤ᠂ ᠰᠤᠭᠤᠴᠢᠨ ᠪᠠᠶᠢᠴᠠᠭᠠᠭᠰᠠᠨ ᠪᠠᠶᠢᠳᠠᠯ ᠵᠢᠴᠢ ᠪᠠᠶᠢᠴᠠᠭᠠᠨ ᠰᠢᠢᠳᠪᠦᠷᠢᠯᠡᠭᠰᠡᠨ ᠦᠷ᠎ᠡ ᠳ᠋ᠦᠩ ᠢ ᠴᠠᠭ ᠳᠠᠷᠤᠢ ᠳᠤᠨᠢ ᠨᠡᠶᠢᠭᠡᠮ ᠳᠤ ᠢᠯᠠ | ᠨᠡᠶᠢᠲᠡᠯᠡᠬᠦ ᠶᠢ ᠵᠢᠭᠠᠨ᠎ᠠ᠃ | | |