ᠤᠲᠤᠭ ᠬᠤᠰᠢᠭᠤᠨ ᠤ ᠮᠤᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ
ᠨᠡᠶᠢᠲᠡᠯᠡᠭᠰᠡᠨ ᠴᠠᠭ᠄
2018-06-29
               ᠤᠲᠤᠭ ᠬᠤᠰᠢᠭᠤᠨ ᠤ ᠮᠤᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ      ᠤᠲᠤᠭ ᠬᠤᠰᠢᠭᠤᠨ ᠤ ᠮᠤᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ 1975 ᠤᠨ ᠳᠤ ᠪᠠᠶᠢᠭᠤᠯᠤᠭᠳᠠᠵᠤ᠂ 68395 ᠳᠡᠭᠰᠢ ᠳᠥᠷᠪᠡᠯᠵᠢᠨ ᠮᠧᠲᠷ ᠲᠠᠯᠠᠪᠠᠢ ᠲᠠᠢ᠂ ᠰᠤᠷᠭᠠᠭᠤᠯᠢ ᠶᠢᠨ ᠪᠠᠷᠢᠯᠭ᠎ᠠ ᠶᠢᠨ ᠲᠠᠯᠠᠪᠠᠢ ᠨᠢ 17591 ᠳᠡᠭᠰᠢ ᠳᠥᠷᠪᠡᠯᠵᠢᠨ ᠮᠧᠲᠷ᠂ ᠡᠭᠦᠨ ᠳᠤ ᠵᠢᠭᠠᠨ ᠰᠤᠷᠭᠠᠬᠤ ᠠᠰᠠᠷ ᠤᠨ ᠪᠠᠷᠢᠯᠭ᠎ᠠ ᠶᠢᠨ ᠲᠠᠯᠠᠪᠠᠢ 3931 ᠳᠡᠭᠰᠢ ᠳᠥᠷᠪᠡᠯᠵᠢᠨ ᠮᠧᠲᠷ᠂ ᠳᠤᠷᠰᠢᠯᠲᠠ ᠶᠢᠨ ᠶᠡᠷᠦᠩᠬᠡᠶᠢᠯᠡᠭᠰᠡᠨ ᠠᠰᠠᠷ ᠤᠨ ᠲᠠᠯᠠᠪᠠᠢ 3480 ᠳᠡᠭᠰᠢ ᠳᠥᠷᠪᠡᠯᠵᠢᠨ ᠮᠧᠲᠷ᠂ ᠶᠡᠷᠦᠩᠬᠡᠶᠢᠯᠡᠭᠰᠡᠨ ᠬᠥᠳᠡᠯᠭᠡᠭᠡᠨ ᠤ ᠠᠰᠠᠷ ᠤᠨ ᠲᠠᠯᠠᠪᠠᠢ 1607 ᠳᠡᠭᠰᠢ ᠳᠥᠷᠪᠡᠯᠵᠢᠨ ᠮᠧᠲᠷ᠂ ᠶᠡᠷᠦᠩᠬᠡᠶᠢᠯᠡᠭᠰᠡᠨ ᠬᠤᠭᠤᠯᠠᠨ ᠲᠢᠩᠬᠢᠮ 3665 ᠳᠡᠭᠰᠢ ᠳᠥᠷᠪᠡᠯᠵᠢᠨ ᠮᠧᠲᠷ᠂ ᠤᠯᠤᠰ  ᠤᠨ ᠪᠠᠷᠢᠮᠵᠢᠶ᠎ᠠ ᠳᠤ ᠨᠡᠶᠢᠴᠡᠭᠰᠡᠨ ᠲᠠᠮᠢᠷ ᠤᠨ ᠲᠠᠯᠠᠪᠠᠢ 27120 ᠳᠡᠭᠰᠢ ᠳᠥᠷᠪᠡᠯᠵᠢᠨ ᠮᠧᠲᠷ ᠪᠠᠶᠢᠳᠠᠭ᠃ ᠤᠷᠴᠢᠮ ᠤᠨ ᠵᠢᠯ ᠤᠳ ᠲᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠦᠨᠳᠦᠰᠦᠲᠡᠨ ᠤ ᠰᠤᠷᠭᠠᠨ ᠬᠦᠮᠦᠵᠢᠯ ᠢ ᠤᠨᠴᠠ ᠴᠢᠬᠤᠯᠠᠴᠢᠯᠠᠨ᠂ 2008 ᠤᠨ ᠠᠴᠠ 2012 ᠤᠨ ᠪᠤᠯᠲᠠᠯ᠎ᠠ ᠤᠷᠢᠳ ᠬᠤᠵᠢᠳ 3100 ᠭᠠᠷᠤᠢ ᠲᠥᠮᠡᠨ ᠲᠥᠭᠦᠷᠢᠭ ᠤᠨ ᠪᠡᠯᠡ ᠤᠷᠤᠭᠤᠯᠵᠤ᠂ ᠲᠠᠮᠢᠷ ᠤᠨ ᠲᠠᠯᠠᠪᠠᠢ᠂ ᠬᠤᠭᠤᠯᠠᠨ ᠲᠢᠩᠬᠢᠮ ᠪᠠ ᠰᠤᠷᠭᠠᠭᠤᠯᠢ ᠶᠢᠨ ᠡᠭᠦᠳᠡ ᠵᠠᠰᠠᠭᠤᠯᠤᠨ᠂ ᠰᠤᠷᠭᠠᠭᠤᠯᠢ ᠶᠢᠨ ᠬᠦᠷᠢᠶ᠎ᠡ ᠶᠢ ᠬᠠᠲᠠᠭᠤᠷᠠᠭᠤᠯᠤᠨ ᠭᠤᠶᠤᠯᠠᠵᠤ᠂ ᠳᠥᠭᠦᠭᠡᠷᠦᠮᠵᠢ ᠶᠢ ᠰᠢᠨᠡᠳᠬᠡᠪᠡ᠃ ︽ᠪᠦᠬᠦ ᠤᠯᠤᠰ ᠤᠨ ᠰᠤᠷᠭᠠᠭᠤᠯᠢ ᠶᠢᠨ ᠪᠠᠷᠢᠯᠭ᠎ᠠ ᠶᠢᠨ ᠠᠮᠤᠷ ᠳᠥᠪᠰᠢᠨ ᠢ ᠪᠠᠬᠢᠯᠡᠬᠦ ᠢᠨᠵᠧᠨᠧᠷᠢᠩ︾ ᠢ ᠬᠡᠷᠡᠭᠵᠢᠭᠦᠯᠵᠦ᠂ ᠵᠢᠭᠠᠨ ᠰᠤᠷᠭᠠᠬᠤ ᠠᠰᠠᠷ᠂ ᠶᠡᠷᠦᠩᠬᠡᠶᠢᠯᠡᠭᠰᠡᠨ ᠦᠢᠯᠡᠳᠦᠯᠭᠡ ᠶᠢᠨ ᠠᠰᠠᠷ᠂ ᠪᠠᠶᠢᠷᠢ ᠶᠢᠨ ᠠᠰᠠᠷ ᠢ ᠴᠥᠮ ᠪᠠᠬᠢᠯᠡᠵᠦ᠂ ᠥᠪᠡᠷᠲᠡᠭᠡᠨ ᠵᠠᠰᠠᠬᠤ ᠤᠷᠤᠨ ᠤ ᠡᠩ ᠤᠨ ᠰᠤᠷᠭᠠᠭᠤᠯᠢ ᠶᠢᠨ ᠪᠠᠷᠢᠮᠵᠢᠶ᠎ᠠ ᠪᠠᠷ ᠵᠢᠭᠠᠨ ᠰᠤᠷᠭᠠᠬᠤ ᠳᠥᠭᠦᠭᠡᠷᠦᠮᠵᠢ ᠤᠭᠰᠠᠷᠠᠨ᠂ ᠤᠲᠤᠭ ᠬᠤᠰᠢᠭᠤᠨ ᠤ ᠮᠤᠩᠭᠤᠯ ᠦᠨᠳᠦᠰᠦᠲᠡᠨ  ᠤ ᠳᠤᠮᠳᠠᠳᠤ ᠰᠤᠷᠭᠠᠭᠤᠯᠢ ᠶᠢ ᠦᠨᠳᠦᠰᠦᠲᠡᠨ ᠤ ᠤᠨᠴᠠᠯᠢᠭ ᠲᠠᠢ ᠤᠯᠤᠰ ᠤᠨ ᠲᠡᠰ ᠤᠨ ᠬᠥᠯ ᠪᠥᠮᠪᠥᠭᠡᠨ ᠤ ᠳᠤᠷᠰᠢᠯᠲᠠ ᠶᠢᠨ ᠰᠤᠷᠭᠠᠭᠤᠯᠢ᠂ ᠥᠪᠡᠷᠲᠡᠭᠡᠨ ᠵᠠᠰᠠᠬᠤ ᠤᠷᠤᠨ ᠤ ᠲᠡᠰ ᠤᠨ ᠮᠡᠳᠡᠭᠡ ᠵᠠᠩᠭᠢᠴᠢᠯᠠᠯᠲᠠ ᠶᠢᠨ ᠮᠡᠷᠭᠡᠵᠢᠯ ᠤᠨ ᠳᠤᠷᠰᠢᠯᠲᠠ ᠶᠢᠨ ᠴᠡᠭ ᠪᠤᠯᠭᠠᠭᠰᠠᠨ ᠮᠤᠩᠭᠤᠯ ᠦᠨᠳᠦᠰᠦᠲᠡᠨ ᠤ ᠪᠥᠷᠢᠨ ᠳᠤᠮᠳᠠᠳᠤ ᠰᠤᠷᠭᠠᠭᠤᠯᠢ ᠪᠤᠯᠭᠠᠨ ᠪᠠᠶᠢᠭᠤᠯᠪᠠ᠃ ᠤᠳᠤᠬᠠᠨ ᠳᠤ 28 ᠵᠢᠭᠠᠨ ᠰᠤᠷᠭᠠᠬᠤ ᠠᠩᠭᠢ ᠲᠠᠢ᠂ 697 ᠰᠤᠷᠤᠭᠴᠢ ᠲᠠᠢ᠂ 144 ᠪᠠᠭᠰᠢ ᠠᠵᠢᠯᠲᠠᠨ ᠲᠠᠢ᠂ ᠡᠭᠦᠨ ᠳᠤ ᠥᠪᠡᠷᠲᠡᠭᠡᠨ ᠵᠠᠰᠠᠬᠤ ᠤᠷᠤᠨ ᠤ ᠤᠨᠴᠠ ᠲᠡᠰ ᠤᠨ ᠪᠠᠭᠰᠢ 1᠂ ᠳᠡᠭᠡᠳᠦ ᠵᠡᠷᠭᠡ ᠶᠢᠨ ᠪᠠᠭᠰᠢ 41᠂ ᠬᠤᠲᠠ ᠶᠢᠨ ᠲᠡᠰ ᠠᠴᠠ ᠳᠡᠭᠡᠭᠰᠢᠬᠢ ᠵᠢᠭᠠᠨ ᠰᠤᠷᠭᠠᠬᠤ ᠴᠢᠳᠠᠪᠤᠷᠢᠲᠠᠨ ᠪᠠ ᠬᠢᠴᠢᠶᠡᠯ ᠲᠥᠷᠥᠯ ᠤᠨ ᠳᠠᠭᠠᠭᠤᠯᠤᠭᠴᠢ 34 ᠪᠠᠶᠢᠵᠤ᠂ ᠠᠰᠫᠢᠷᠠᠨᠲ ᠤᠨ ᠡᠷᠳᠡᠮ ᠤᠨ ᠴᠤᠯᠠ ᠲᠠᠢ ᠪᠠᠭᠰᠢ 8᠂ ᠦᠨᠳᠦᠷ ᠳᠤᠮᠳᠠᠳᠤ ᠶᠢᠨ ᠪᠠᠭᠰᠢ ᠶᠢᠨ ᠬᠢᠷᠢ ᠬᠡᠮ ᠳᠤ ᠬᠦᠷᠦᠭᠰᠡᠨ ᠨᠤᠷᠮ᠎ᠠ 96.5% ᠪᠤᠯᠵᠠᠢ᠃
 
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号