ᠤᠲᠤᠭ ᠬᠤᠰᠢᠭᠤᠨ ᠤ ᠦᠨᠳᠦᠰᠦᠲᠡᠨ ᠤ ᠶᠡᠷᠦᠩᠬᠡᠶᠢᠯᠡᠭᠰᠡᠨ ᠳᠤᠰᠬᠠᠢ ᠮᠡᠷᠭᠡᠵᠢᠯ  ᠤᠨ ᠳᠤᠮᠳᠠᠳᠤ ᠰᠤᠷᠭᠠ᠊
ᠨᠡᠶᠢᠲᠡᠯᠡᠭᠰᠡᠨ ᠴᠠᠭ᠄
2018-06-29
               ᠤᠲᠤᠭ ᠬᠤᠰᠢᠭᠤᠨ ᠤ ᠦᠨᠳᠦᠰᠦᠲᠡᠨ ᠤ ᠶᠡᠷᠦᠩᠬᠡᠶᠢᠯᠡᠭᠰᠡᠨ ᠳᠤᠰᠬᠠᠢ                ᠮᠡᠷᠭᠡᠵᠢᠯ ᠤᠨ ᠳᠤᠮᠳᠠᠳᠤ ᠰᠤᠷᠭᠠᠭᠤᠯᠢ      ᠤᠲᠤᠭ ᠬᠤᠰᠢᠭᠤᠨ ᠤ ᠦᠨᠳᠦᠰᠦᠲᠡᠨ ᠤ ᠶᠡᠷᠦᠩᠬᠡᠶᠢᠯᠡᠭᠰᠡᠨ ᠳᠤᠰᠬᠠᠢ ᠮᠡᠷᠭᠡᠵᠢᠯ ᠤᠨ ᠳᠤᠮᠳᠠᠳᠤ ᠰᠤᠷᠭᠠᠭᠤᠯᠢ 1987 ᠤᠨ ᠤ 7 ᠳ᠋ᠤᠭᠠᠷ ᠰᠠᠷ᠎ᠠ ᠳᠤ ᠪᠠᠶᠢᠭᠤᠯᠤᠭᠳᠠᠵᠠᠢ᠃ ᠰᠤᠷᠭᠠᠭᠤᠯᠢ ᠶᠢᠨ ᠬᠦᠷᠢᠶᠡᠨ ᠤ ᠲᠠᠯᠠᠪᠠᠢ 136000 ᠳᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠢ 33597 ᠳᠡᠭᠰᠢ ᠳᠥᠷᠪᠡᠯᠵᠢᠨ ᠮᠧᠲᠷ ᠪᠠᠶᠢᠳᠠᠭ᠃ ᠤᠳᠤᠬᠠᠨ ᠳᠤ᠂ ᠺᠤᠮᠫᠢᠤᠲ᠋ᠧᠷ ᠤᠨ ᠮᠡᠷᠭᠡᠵᠢᠯ ᠤᠨ ᠮᠠᠰᠢᠨ ᠤ ᠳᠠᠰᠤᠭ ᠲᠠᠪᠤ᠂ ᠤᠷᠠᠨ ᠵᠢᠷᠤᠭ  ᠤᠨ ᠮᠡᠷᠭᠡᠵᠢᠯ ᠤᠨ ᠵᠢᠷᠤᠭ ᠵᠢᠷᠤᠬᠤ ᠳᠠᠰᠤᠭ ᠭᠤᠷᠪᠠ᠂ ᠪᠥᠵᠢᠭ ᠪᠤᠯᠪᠠᠰᠤᠷᠠᠬᠤ ᠳᠠᠰᠤᠭ ᠬᠤᠶᠠᠷ᠂ ᠬᠥᠭᠵᠢᠮ ᠪᠤᠯᠪᠠᠰᠤᠷᠠᠬᠤ ᠳᠠᠰᠤᠭ ᠶᠢᠰᠦ᠂ ᠤᠩᠰᠢᠯᠭ᠎ᠠ ᠶᠢᠨ ᠳᠠᠰᠤᠭ ᠳᠥᠷᠪᠡ᠂ ᠤᠯᠠᠨ ᠴᠢᠳᠠᠮᠵᠢᠲᠤ ᠲᠤᠭᠯᠠᠯᠲᠠ ᠭᠠᠷᠭᠠᠬᠤ ᠲᠢᠩᠬᠢᠮ 1 ᠪᠠᠶᠢᠵᠤ᠂ ᠪᠤᠯᠪᠠᠰᠤᠷᠠᠯ ᠬᠢᠬᠦ ᠳᠠᠰᠤᠭ ᠤᠳ ᠲᠤ ᠮᠠᠰᠢᠨ ᠲᠡᠷᠭᠡ ᠰᠡᠯᠪᠢᠨ ᠵᠠᠰᠠᠬᠤ ᠪᠠ ᠡᠷᠭᠢᠯᠳᠦᠭᠦᠯᠬᠦ ᠮᠡᠷᠭᠡᠵᠢᠯ ᠤᠨ ᠳᠠᠰᠤᠯᠭ᠎ᠠ ᠳᠤᠬᠢᠷᠠᠭᠤᠯᠤᠨ᠂ ᠦᠰᠦ ᠠᠪᠴᠤ ᠵᠢᠰᠦ ᠭᠤᠶᠤᠯᠠᠬᠤ ᠳᠤᠰᠬᠠᠢ ᠮᠡᠷᠭᠡᠵᠢᠯ ᠤᠨ ᠪᠤᠯᠪᠠᠰᠤᠷᠠᠯ ᠤᠨ ᠳᠠᠰᠤᠭ᠂ ᠭᠠᠷ ᠤᠷᠠᠯᠠᠯ ᠤᠨ ᠳᠠᠰᠤᠭ ᠪᠠ ᠱᠤᠭᠤᠮᠠᠯ ᠤᠨ ᠳᠠᠰᠤᠭ ᠴᠦ ᠡᠳᠦᠢ ᠲᠡᠳᠦᠢ ᠪᠠᠶᠢᠵᠤ᠂ ᠰᠤᠷᠭᠠᠭᠤᠯᠢ ᠶᠢᠨ ᠭᠠᠳᠠᠨ᠎ᠠ ᠪᠠᠰᠠ 100 ᠮᠤ᠋ ᠶᠢᠨ ᠶᠡᠷᠦᠩᠬᠡᠶᠢᠯᠡᠭᠰᠡᠨ ᠪᠤᠯᠪᠠᠰᠤᠷᠠᠯ ᠬᠢᠬᠦ ᠰᠠᠭᠤᠷᠢᠨ ᠭᠠᠵᠠᠷ ᠪᠤᠢ᠃ ᠤᠳᠤᠬᠠᠨ ᠳᠤ ᠮᠠᠯ ᠤᠨ ᠡᠮᠴᠢ᠂ ᠮᠠᠰᠢᠨ ᠲᠡᠷᠭᠡ ᠰᠡᠯᠪᠢᠨ ᠵᠠᠰᠠᠬᠤ ᠪᠠ ᠬᠡᠷᠡᠭᠯᠡᠯᠲᠡ᠂ ᠡᠯᠧᠺᠲᠷᠤᠨ ᠪᠠ ᠮᠡᠳᠡᠭᠡ ᠵᠠᠩᠭᠢᠴᠢᠯᠠᠯᠲᠠ ᠶᠢᠨ ᠮᠡᠷᠭᠡᠵᠢᠯ᠂ ᠤᠷᠠᠨ ᠵᠢᠷᠤᠭ᠂ ᠳᠠᠭᠤᠤ ᠬᠥᠭᠵᠢᠮ᠂ ᠲᠠᠮᠢᠷ ᠤᠨ ᠪᠤᠯᠪᠠᠰᠤᠷᠠᠯ᠂ ᠦᠨᠳᠦᠰᠦᠲᠡᠨ  ᠤ ᠨᠠᠶᠢᠷ ᠤᠨ ᠪᠠᠭᠠᠵᠢ ᠰᠡᠯᠪᠢᠨ ᠵᠠᠰᠠᠬᠤ᠂ ᠵᠢᠰᠦ ᠭᠤᠶᠤᠯᠠᠵᠤ ᠮᠠᠷᠢᠶ᠎ᠠ ᠰᠢᠭᠤᠷᠠᠭᠤᠯᠬᠤ᠂ ᠦᠰᠦ ᠭᠤᠶᠤᠯᠠᠬᠤ ᠪᠠ ᠳᠦᠷᠢ ᠳᠦᠷᠬᠦ ᠶᠢᠨ ᠳᠥᠰᠥᠪᠯᠡᠯ ᠬᠢᠬᠦ᠂ ᠪᠠᠭᠤᠳᠠᠯ ᠤᠨ ᠦᠢᠯᠡᠴᠢᠯᠡᠭᠡ ᠪᠠ ᠬᠠᠮᠢᠶᠠᠷᠤᠯᠲᠠ᠂ ᠪᠥᠵᠢᠭ ᠤᠨ ᠲᠤᠭᠯᠠᠯᠲᠠ᠂ ᠨᠡᠪᠲᠡᠷᠡᠭᠦᠯᠦᠭᠴᠢ ᠪᠠ ᠲᠤᠭᠯᠠᠯᠲᠠ ᠶᠢᠨ ᠬᠥᠲᠥᠯᠥᠭᠴᠢ᠂ ᠨᠢᠭᠲᠠᠯᠠᠨ ᠪᠤᠳᠤᠭᠴᠢ᠂ ᠤᠷᠭᠤᠮᠠᠯ ᠤᠨ ᠬᠠᠮᠠᠭᠠᠯᠠᠯᠲᠠ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠵᠡᠷᠭᠡ 15 ᠳᠤᠰᠬᠠᠢ ᠮᠡᠷᠭᠡᠵᠢᠯ ᠲᠠᠢ᠂ ᠪᠦᠬᠦᠯᠢ ᠡᠳᠦᠷ ᠢᠶᠠᠷ ᠬᠢᠴᠢᠶᠡᠯᠯᠡᠬᠦ ᠳᠥᠷᠢᠮᠲᠦ ᠰᠤᠷᠭᠠᠨ ᠬᠦᠮᠦᠵᠢᠯ ᠢ ᠰᠠᠶᠢᠲᠤᠷ ᠬᠢᠬᠦ ᠶᠢᠨ ᠳᠠᠭᠠᠤ ᠰᠤᠷᠭᠠᠭᠤᠯᠢ  ᠠᠴᠠ ᠰᠠᠭᠤᠷᠢ ᠳᠥᠭᠦᠭᠡᠷᠦᠮᠵᠢ ᠪᠠ ᠪᠠᠭᠰᠢ ᠶᠢᠨ ᠬᠢᠷᠢ ᠬᠡᠮ ᠤᠨ ᠳᠠᠪᠠᠭᠤᠯᠢᠭ ᠢ ᠭᠦᠢᠴᠡᠳ ᠠᠰᠢᠭᠯᠠᠵᠤ᠂ ᠤᠷᠲᠤ ᠬᠤᠭᠤᠴᠠᠭᠠᠨ ᠤ ᠪᠤᠶᠤ ᠤᠬᠤᠷ ᠬᠤᠭᠤᠴᠠᠭᠠᠨ ᠤ ᠪᠤᠯᠪᠠᠰᠤᠷᠠᠯ ᠪᠠ ᠰᠢᠨ᠎ᠡ ᠮᠠᠶ᠋ᠢᠭ ᠤᠨ ᠮᠠᠯᠴᠢᠨ ᠲᠠᠷᠢᠶᠠᠴᠢᠨ ᠢ ᠬᠦᠮᠦᠵᠢᠭᠦᠯᠬᠦ ᠶᠢ ᠤᠶᠠᠯᠳᠤᠭᠤᠯᠤᠭᠰᠠᠨ ᠠᠮᠢᠳᠤᠯᠢᠭ ᠵᠢᠭᠠᠨ ᠰᠤᠷᠭᠠᠬᠤ ᠠᠷᠭ᠎ᠠ ᠪᠠᠷ ᠢᠶᠠᠨ ᠪᠦᠬᠦ ᠬᠤᠰᠢᠭᠤᠨ ᠤ ᠠᠵᠢᠯ ᠬᠦᠯᠢᠶᠡᠭᠰᠡᠳ ᠲᠤ ᠠᠵᠢᠯ ᠤᠯᠭᠤᠬᠤ ᠪᠠ ᠳᠠᠬᠢᠨ ᠠᠵᠢᠯ ᠤᠯᠭᠤᠬᠤ ᠲᠠᠯ᠎ᠠ ᠪᠠᠷ ᠴᠢᠨᠠᠷ ᠰᠠᠶᠢᠲᠠᠢ᠂ ᠳᠥᠭᠦᠮ ᠲᠦᠳᠡ ᠦᠢᠯᠡᠴᠢᠯᠡᠭᠡ ᠬᠠᠩᠭᠠᠵᠠᠢ᠃
 
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号