ᠮᠧᠩ ᠰᠢ ᠪᠠᠯᠭᠠᠰᠤ
ᠨᠡᠶᠢᠲᠡᠯᠡᠭᠰᠡᠨ ᠴᠠᠭ᠄
2018-06-06
               ᠮᠧᠩ ᠰᠢ ᠪᠠᠯᠭᠠᠰᠤ      ᠮᠧᠩ ᠰᠢ ᠪᠠᠯᠭᠠᠰᠤ ᠨᠢ ︽ᠨᠢᠭᠡ ᠠᠶᠢᠮᠠᠭ ᠭᠤᠷᠪᠠᠨ ᠬᠤᠳᠠ︾ ︵ᠠᠯᠠᠱᠠᠨ ᠠᠶᠢᠮᠠᠭ᠂ ᠣᠷᠳᠣᠰ ᠬᠤᠳᠠ ᠦᠬᠠᠢ ᠬᠤᠳᠠ᠂ ᠪᠠᠶᠠᠨᠨᠠᠭᠤᠷ ᠬᠤᠳᠠ︶ ᠶᠢᠨ ᠠᠭᠤᠯᠵᠠᠷ ᠲᠤ ᠪᠠᠶᠢᠷᠢᠯᠠᠵᠤ᠂ ᠵᠡᠭᠦᠨᠳᠡᠬᠦᠷ ᠢᠶᠠᠨ ᠡᠯᠪᠡᠭ ᠳᠡᠯᠪᠡᠭ ᠠᠭᠤᠷᠬᠠᠢ ᠶᠢᠨ ᠡᠬᠢ ᠪᠠᠶᠠᠯᠢᠭ ᠲᠠᠢ ᠴᠡᠭᠡᠯ ᠤᠨ ᠠᠭᠤᠯᠠ ᠪᠠᠷ ᠲᠦᠰᠢᠭ ᠪᠣᠯᠭᠠᠨ᠂ ᠡᠮᠦᠨᠡᠭᠦᠷ ᠢᠶᠠᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢᠨ ᠬᠤᠳᠠ ᠦᠬᠠᠢ ᠬᠤᠳᠠ ᠯᠦᠭᠡ ᠵᠠᠯᠭᠠᠯᠳᠤᠵᠤ᠂ ᠪᠠᠷᠠᠭᠤᠨᠳᠠᠭᠤᠷ ᠢᠶᠠᠨ ᠬᠠᠲᠤᠨ ᠭᠤᠣᠯ ᠤᠨ ᠵᠡᠭᠦᠨ ᠡᠷᠭᠢ ᠲᠠᠢ ᠬᠥᠷᠰᠢᠯᠡᠨ᠂ ᠬᠤᠶᠢᠭᠤᠷ ᠢᠶᠠᠨ ᠪᠦᠬᠦ ᠤᠯᠤᠰ ᠤᠨ ᠲᠠᠸᠠᠷ ᠤᠨ ᠠᠮᠤ ᠪᠤᠳᠠᠭᠠᠨ ᠤ ᠰᠠᠭᠤᠷᠢᠨ ᠭᠠᠵᠠᠷ ᠪᠣᠷᠣᠲᠣᠬᠠᠢ ᠶᠢᠨ ᠲᠠᠯ᠎ᠠ ᠭᠠᠵᠠᠷ ᠢ ᠲᠦᠰᠢᠵᠦ ᠪᠤᠢ᠃ ᠬᠢᠯᠢ ᠶᠢᠨ ᠳᠣᠲᠣᠷᠠᠬᠢ ᠬᠠᠳᠤᠨ ᠭᠤᠣᠯ ᠤᠨ ᠤᠷᠤᠰᠬᠠᠯ 51 ᠺᠢᠯᠣᠮᠧᠲᠷ᠂ ᠵᠠᠮ ᠬᠠᠷᠢᠯᠴᠠᠭᠠᠨ ᠤ ᠵᠠᠮ ᠱᠤᠭᠤᠮ ᠤᠳ ᠨᠢ ᠨᠢᠭᠡᠨᠲᠡ ᠪᠤᠭᠤᠲᠤ ᠠᠴᠠ ᠯᠠᠨᠵᠸᠣ ᠬᠦᠷᠬᠦ ᠲᠡᠮᠦᠷ ᠵᠠᠮ᠂ ᠪᠡᠭᠡᠵᠢᠩ ᠠᠴᠠ ᠬᠥᠬᠡᠨᠠᠭᠤᠷ ᠬᠦᠷᠬᠦ ᠲᠦᠷᠭᠡᠨ ᠤ ᠵᠠᠮ ᠪᠠ 110 ᠤᠯᠤᠰ ᠤᠨ ᠵᠠᠮ ᠲᠠᠢ ᠵᠠᠯᠭᠠᠯᠳᠤᠪᠠ᠃ ᠪᠦᠬᠦ ᠪᠠᠯᠭᠠᠰᠤᠨ ᠤ ᠶᠡᠷᠦᠩᠬᠡᠢ ᠲᠠᠯᠠᠪᠠᠢ ᠨᠢ 1938 ᠲᠡᠭᠰᠢ ᠳᠥᠷᠪᠡᠯᠵᠢᠨ ᠺᠢᠯᠣᠮᠧᠲᠷ᠂ 8 ᠭᠠᠴᠠᠭ᠎ᠠ ᠲᠣᠰᠬᠤᠨ᠂ 2 ᠨᠡᠶᠢᠭᠡᠮ ᠲᠣᠭᠤᠷᠢᠭ ᠲᠠᠢ᠂ ᠶᠡᠷᠦᠩᠬᠡᠢ ᠬᠥᠮᠥᠨ ᠠᠮᠠ ᠨᠢ 1.8 ᠲᠦᠮᠡ ᠂ ᠡᠷᠦᠬᠡ ᠠᠮᠠᠨ ᠳᠠᠩᠰᠠᠨ ᠳᠤ ᠪᠠᠶᠢᠭ᠎ᠠ ᠬᠥᠮᠥᠨ ᠠᠮᠠ ᠨᠢ 3981 ᠡᠷᠦᠬᠡ᠂ 9880 ᠬᠥᠮᠥᠨ᠂ ᠡᠭᠦᠨ ᠳᠤ ᠮᠠᠯ ᠲᠠᠷᠢᠶᠠᠯᠠᠩ ᠠᠵᠣ ᠠᠬᠤᠢ ᠶᠢᠨ ᠬᠥᠮᠥᠨ ᠠᠮᠠ ᠨᠢ 3303 ᠡᠷᠦᠬᠡ᠂ 8623 ᠬᠥᠮᠥᠨ ᠪᠤᠢ᠃ ᠣᠷᠴᠢᠮ ᠤᠨ ᠵᠢᠯ ᠤᠳ ᠲᠤ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠣᠯᠵᠤ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠤᠬᠠᠮᠰᠠᠷ ᠠᠴᠠ ᠪᠠᠨ ᠢᠳᠡᠪᠬᠢᠲᠡᠢ ᠠᠵᠢᠯᠯᠠᠵᠤ᠂ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠪᠦᠬᠦ ᠲᠠᠯ᠎ᠠ ᠪᠠᠷ ᠴᠢᠷᠮᠠᠶᠢᠨ ᠣᠯᠬᠤ ᠦᠢᠯᠭᠠᠭᠲᠠᠬᠠᠣᠨ ᠢ ᠪᠤᠢ ᠪᠣᠯᠭᠠᠨ᠂ ᠥᠪᠡᠷᠲᠡᠭᠡᠨ ᠵᠠᠰᠠᠬᠤ ᠣᠷᠣᠨ ᠤ ᠰᠢᠨ᠎ᠡ ᠮᠠᠯᠵᠢᠬᠤ ᠲᠠᠷᠢᠶᠠᠯᠠᠬᠤ ᠣᠷᠣᠨ ᠤ ᠠᠩᠬᠠᠨ ᠨᠢᠭᠡ ᠪᠦᠯᠦᠭ ᠵᠢᠱᠢᠶ᠎ᠡ ᠦᠵᠡᠭᠦᠯᠬᠦ ᠰᠤᠮᠤ ᠪᠠᠯᠭᠠᠰᠤ᠂ ᠪᠦᠬᠦ ᠣᠷᠣᠨ ᠤ ᠭᠤᠣᠯᠳᠠᠯᠭᠠᠳᠣ ᠪᠠᠯᠭᠠᠰᠤ᠂ ᠣᠷᠳᠣᠰ ᠬᠤᠳᠠ ᠶᠢᠨ ᠠᠩᠬᠠᠨ ᠪᠠᠶᠢᠭᠤᠯᠤᠭᠳᠠᠭᠰᠠᠨ ᠵᠢᠵᠢᠭ ᠬᠤᠳᠠ ᠪᠠᠯᠭᠠᠰᠤ᠂ ᠪᠦᠬᠦ ᠬᠤᠳᠠ ᠶᠢᠨ ᠰᠢᠶᠠᠨ ᠪᠠᠯᠭᠠᠰᠤᠨ ᠤ ᠲᠣᠭᠤᠷᠢᠭ ᠤᠨ ᠠᠵᠤ ᠠᠬᠤᠢ ᠶᠢᠨ ᠵᠢᠱᠢᠶ᠎ᠡ ᠦᠵᠡᠭᠦᠯᠬᠦ ᠰᠤᠮᠤ ᠪᠠᠯᠭᠠᠰᠤᠨ ᠳᠤ ᠵᠢᠭᠰᠠᠭᠠᠭᠳᠠᠵᠤ᠂ ᠬᠤᠳᠠ ᠬᠥᠳᠡᠭᠡ ᠶᠢ ᠴᠣᠭᠴᠠᠵᠢᠭᠤᠯᠤᠨ ᠬᠥᠭᠵᠢᠭᠦᠯᠬᠦ ᠳᠤ ᠤᠷᠢᠳᠠ ᠪᠠᠶᠢᠭ᠎ᠠ ᠦᠭᠡᠢ ᠲᠣᠬᠢᠶᠠᠯ ᠠᠪᠴᠢᠷᠠᠭᠰᠠᠨ ᠪᠠᠶᠢᠨ᠎ᠠ᠃      ᠥᠨᠥ ᠵᠢᠯ ᠠᠴᠠ ᠨᠠᠰᠢ᠂ ᠮᠧᠩ ᠰᠢ ᠪᠠᠯᠭᠠᠰᠤ ᠨᠢ ᠨᠠᠮ ᠤᠨ ᠣᠯᠠᠨ ᠲᠥᠮᠡᠨᠴᠢ ᠬᠥᠮᠥᠵᠢᠯ ᠦᠢᠯᠡᠳᠦᠯᠭᠡ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠪᠠᠨ ᠪᠣᠳᠠᠲᠤ ᠪᠠᠶᠢᠳᠠᠯ ᠠᠴᠠ ᠡᠭᠦᠰᠦᠨ᠂ ︽ᠭᠤᠷᠪᠡ ᠲᠠᠢ ᠬᠤᠯᠪᠣᠭᠠᠯᠠᠨ ᠵᠢᠷᠭᠤᠭ᠎ᠠ ᠶᠢ ᠲᠡᠳᠬᠦᠬᠦ ᠠᠵᠢᠯᠯᠠᠭ᠎ᠠ︾ ᠳᠠᠬᠢ ᠦᠵᠡᠰᠭᠦᠯᠡᠩᠳᠣ ᠰᠠᠶᠢᠬᠠᠨ ᠬᠥᠳᠡᠭᠡ ᠲᠣᠰᠬᠤᠨ ᠤ ᠠᠵᠢᠯᠯᠠᠭ᠎ᠠ ᠪᠠ ︽ᠬᠥᠳᠡᠭᠡ ᠲᠣᠰᠬᠤᠨ ᠤ ᠪᠣᠯᠪᠠᠰᠤᠨ ᠰᠤᠷᠲᠠᠯ ᠤᠨ ᠠᠵᠢᠯᠯᠠᠭ᠎ᠠ︾ ᠲᠠᠢ ᠤᠶᠠᠯᠳᠤᠭᠤᠯᠵᠤ᠂ ︽ᠵᠠᠰᠠᠭ ᠤᠨ ᠣᠷᠳᠣᠨ ᠠᠴᠠ ᠤᠳᠤᠷᠢᠳᠬᠤ᠂ ᠪᠦᠬᠦ ᠠᠷᠠᠳ ᠢᠶᠠᠷ ᠢᠶᠠᠨ ᠣᠷᠣᠯᠴᠠᠬᠤ᠂ ᠴᠡᠭ ᠢᠶᠠᠷ ᠪᠦᠬᠦ ᠲᠠᠯ᠎ᠠ ᠶᠢ ᠳᠠᠶᠢᠴᠢᠯᠠᠬᠤ᠂ ᠶᠡᠷᠦᠩᠬᠡᠶᠢᠯᠡᠨ ᠵᠠᠰᠠᠬᠤ︾ ᠵᠠᠷᠴᠢᠮ ᠢ ᠪᠠᠷᠢᠮᠲᠠᠯᠠᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠵᠦ᠂ ᠪᠣᠯᠪᠠᠰᠤᠨ ᠰᠤᠷᠲᠠᠯ ᠢ ᠪᠤᠢ ᠪᠣᠯᠭᠠᠨ᠂ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠣᠯᠠᠨ ᠠᠷᠭ᠎ᠠ ᠪᠠᠷ ᠬᠥᠳᠡᠭᠡ ᠲᠣᠰᠬᠤᠨ ᠤ ᠪᠣᠯᠪᠠᠰᠤᠨ ᠢ ᠠᠬᠢᠭᠤᠯᠤᠨ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠠᠶᠢᠭᠤᠯᠵᠤ᠂ ᠪᠠᠯᠭᠠᠰᠤᠨ ᠤ ᠪᠠᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠬᠢᠭᠡᠳ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠬᠦᠴᠦᠯᠡᠨ ᠰᠠᠶᠢᠵᠢᠷᠠᠭᠤᠯᠬᠤ ᠪᠠᠷ ᠴᠢᠷᠮᠠᠶᠢᠵᠤ ᠪᠤᠢ᠃ ︽ᠭᠤᠣᠯᠳᠠᠯᠭ᠎ᠠ ᠶᠢ ᠳᠣᠪᠣᠶᠢᠯᠭᠠᠵᠤ᠂ ᠬᠡᠷᠡᠭᠴᠡᠭᠡ ᠪᠠᠷ ᠢᠶᠠᠨ ᠲᠥᠯᠥᠪᠵᠢᠭᠦᠯᠬᠦ᠂ ᠲᠥᠷᠥᠯ ᠵᠦᠢᠯ ᠢ ᠨᠢᠭᠡᠳᠬᠡᠵᠦ᠂ ᠣᠯᠠᠨ ᠲᠠᠯ᠎ᠠ ᠠᠴᠠ ᠪᠡᠯᠡ ᠴᠤᠭᠯᠠᠭᠤᠯᠤᠨ᠂ ᠦᠷ᠎ᠡ ᠠᠰᠢᠭ ᠢ ᠴᠢᠬᠤᠯᠠᠴᠢᠯᠠᠵᠤ᠂ ᠬᠤᠳᠠ ᠬᠥᠳᠡᠭᠡ ᠶᠢ ᠴᠣᠭᠴᠠᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠲᠦᠷᠭᠡᠨ ᠪᠠᠶᠢᠭᠤᠯᠬᠤ︾ ᠠᠵᠢᠯ ᠤᠨ ᠰᠡᠳᠬᠢᠴᠡ ᠪᠠᠷ᠂ ᠠᠵᠢᠯ ᠤᠨ ᠬᠠᠷᠠᠯᠳᠠᠳᠣ ᠡᠭᠦᠷᠭᠡ ᠶᠢ ᠨᠠᠷᠢᠯᠢᠭᠵᠢᠭᠤᠯᠵᠤ᠂ ᠲᠤᠬᠠᠢ ᠶᠢᠨ ᠭᠠᠵᠠᠷ ᠤᠨ ᠣᠨᠴᠠᠯᠢᠭ ᠲᠤᠨᠢ ᠲᠣᠬᠢᠷᠠᠭᠤᠯᠤᠨ᠂ ᠮᠠᠯᠴᠢᠨ ᠲᠠᠷᠢᠶᠠᠴᠢᠨ ᠤ ᠠᠮᠢᠳᠤᠷᠠᠯ ᠤᠨ ᠶᠠᠰᠤ ᠴᠢᠨᠠᠷ ᠢ ᠤᠯᠠᠮ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠳ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠴᠢᠷᠮᠠᠶᠢᠨ ᠠᠵᠢᠯᠯᠠᠵᠤ ᠪᠤᠢ᠃
 
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号