ᠤᠯᠠᠭᠠᠨᠪᠠᠯᠭᠠᠰᠣ
ᠨᠡᠶᠢᠲᠡᠯᠡᠭᠰᠡᠨ ᠴᠠᠭ᠄
2018-06-06
               ᠤᠯᠠᠭᠠᠨᠪᠠᠯᠭᠠᠰᠣ      ᠤᠲᠤᠭ ᠬᠤᠰᠢᠭᠤᠨ ᠤ ᠤᠯᠠᠭᠠᠨᠪᠠᠯᠭᠠᠰᠣ ᠨᠢ ᠣᠲᠤᠭ ᠬᠤᠰᠢᠭᠤᠨ ᠤ ᠳᠤᠮᠳᠠ ᠬᠡᠰᠡᠭ ᠲᠤ ᠪᠠᠶᠢᠷᠢᠯᠠᠵᠤ᠂ ᠵᠡᠭᠦᠨᠰᠢ ᠠᠴᠠ ᠦᠮᠡᠬᠡᠶᠢᠨᠠᠭᠤᠷ ᠪᠠᠯᠭᠠᠰᠤ ᠲᠠᠢ ᠵᠠᠭᠠᠭᠯᠠᠨ᠂ ᠡᠮᠦᠨᠡᠰᠢ ᠪᠠᠨ ᠰᠦᠮᠡᠲᠦ ᠰᠣᠮᠣ ᠲᠠᠢ ᠵᠠᠯᠭᠠᠯᠳᠤᠵᠤ᠂ ᠪᠠᠷᠠᠭᠤᠨᠳᠠᠭᠤᠷ ᠪᠠ ᠬᠤᠶᠢᠭᠤᠷ ᠢᠶᠠᠨ ᠠᠷᠪᠠᠰ ᠰᠣᠮᠣ ᠲᠠᠢ ᠬᠥᠷᠰᠢᠯᠡᠵᠦ᠂ ᠣᠲᠤᠭ ᠬᠤᠰᠢᠭᠤᠨ ᠤ ᠤᠯᠤᠰ ᠲᠥᠷᠥ᠂ ᠰᠣᠶᠣᠯ᠂ ᠨᠡᠶᠢᠭᠡᠮ ᠤᠨ ᠠᠵᠢᠯᠯᠠᠭᠠᠨ ᠤ ᠲᠥᠪ᠂ ᠬᠤᠰᠢᠭᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠪᠣᠯᠬᠤ ᠪᠠᠷ ᠪᠠᠷᠠᠬᠤ ᠦᠭᠡᠢ ︽ᠳᠡᠯᠡᠬᠡᠢ ᠶᠢᠨ ᠵᠠᠮᠠᠭ ᠤᠨ ᠬᠤᠳᠠ︾᠂ ︽ᠮᠣᠩᠭᠤᠯ ᠤᠨ ᠶᠣᠸᠠᠨ ᠤ ᠰᠣᠶᠣᠯ ᠤᠨ ᠲᠠᠷᠬᠠᠨ ᠣᠷᠣᠨ᠂ ᠲᠠᠯ᠎ᠠ ᠨᠤᠲᠤᠭ ᠤᠨ ᠬᠠᠯᠭᠤᠨ ᠷᠠᠰᠢᠶᠠᠨ ᠤ ᠬᠤᠳᠠ︾ ᠪᠠᠷ ᠨᠡᠷᠡᠶᠢᠳᠦᠭᠳᠡᠵᠦ᠂ ᠣᠷᠳᠣᠰ ᠬᠤᠳᠠ ᠶᠢᠨ ᠪᠠᠷᠠᠭᠤᠨ ᠬᠡᠰᠡᠭ ᠤᠨ ᠬᠠᠮᠤᠭ ᠤᠨ ᠶᠡᠭᠡ ᠪᠣᠳᠠᠰ ᠤᠨ ᠭᠦᠢᠯᠭᠡᠬᠡᠨ ᠤ ᠰᠠᠭᠤᠷᠢᠨ ᠭᠠᠵᠠᠷ ᠪᠠ ᠴᠢᠬᠤᠯᠠ ᠵᠠᠮ ᠬᠠᠷᠢᠯᠴᠠᠭᠠᠨ ᠤ ᠪᠠᠯᠴᠢᠷ ᠪᠣᠯᠬᠤ ᠶᠤᠮ᠃      109 ᠤᠯᠤᠰ ᠤᠨ ᠵᠠᠮ᠂ ᠳ᠋ᠦᠩᠱᠧᠩ ᠠᠴᠠ ᠦᠬᠠᠢ ᠬᠦᠷᠬᠦ ᠲᠦᠷᠭᠡᠨ ᠤ ᠵᠠᠮ᠂ ᠮᠤᠵᠢ ᠶᠢᠨ ᠵᠠᠮ ᠤᠨ ᠹᠦ᠋ ᠱᠧᠨ ᠱᠤᠭᠤᠮ ᠪᠠ ᠡᠦ ᠯᠢᠨ ᠱᠤᠭᠤᠮ᠂ ︽ᠳ᠋ᠦᠩᠱᠧᠩ ᠠᠴᠠ ᠦᠬᠠᠢ ᠬᠦᠷᠬᠦ︾ ᠲᠡᠮᠦᠷ ᠵᠠᠮ ᠤᠳ ᠪᠠᠯᠭᠠᠰᠤᠨ ᠤ ᠲᠣᠭᠤᠷᠢᠭ ᠢᠶᠠᠷ ᠣᠭᠲᠣᠯᠵᠤ᠂ ᠦᠬᠠᠢ ᠶᠢᠨ ᠨᠢᠰᠬᠡᠯ ᠤᠨ ᠲᠠᠯᠠᠪᠡᠢ ᠠᠴᠠ 140 ᠺᠢᠯᠣᠮᠧᠲᠷ᠂ ᠣᠲᠤᠭ ᠤᠨ ᠠᠵᠤ ᠠᠬᠤᠢ ᠶᠢᠨ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠪᠠ ᠤᠯᠤᠰ ᠤᠨ ᠲᠡᠰ ᠤᠨ ᠭᠤᠣᠯᠳᠠᠯᠭᠠᠳᠣ ᠲᠡᠣᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠠᠷᠵᠠᠢ ᠤᠯᠢᠶᠠᠰᠤᠨ ᠠᠭᠤᠢ ᠠᠴᠠ 100 ᠺᠢᠯᠣᠮᠧᠲᠷ᠂ ᠰᠢᠭᠦᠷᠬᠡᠢ ᠶᠢᠨ ᠰᠦᠮ᠎ᠡ ᠠᠴᠠ 60 ᠺᠢᠯᠣᠮᠧᠲᠷ᠂ ᠴᠠᠪ ᠵᠤᠭᠠᠩ ᠤᠨ ᠠᠵᠤ ᠦᠢᠯᠡᠳᠪᠦᠷᠢ ᠶᠢᠨ ᠬᠦᠷᠢᠶᠡᠯᠡᠩ ᠠᠴᠠ 60 ᠺᠢᠯᠣᠮᠧᠲᠷ ᠵᠠᠢ ᠲᠠᠢ᠃      ᠤᠯᠠᠭᠠᠨᠪᠠᠯᠭᠠᠰᠣ ᠨᠢ ᠳᠣᠰᠣᠳᠣ ᠶᠢᠨ ᠭᠤᠣᠯ ᠠᠴᠠ ᠡᠭᠦᠰᠦᠭᠰᠡᠨ ᠭᠠᠵᠠᠷ ᠤᠨ ᠨᠢᠭᠡ ᠨᠢ ᠪᠣᠯᠬᠤ ᠪᠠᠷ ᠪᠠᠷᠠᠬᠤ ᠦᠭᠡᠢ᠂ ᠤᠰᠤᠨ ᠤ ᠡᠬᠢ ᠪᠠᠶᠠᠯᠢᠭ᠂ ᠪᠠᠶᠢᠭᠠᠯᠢᠯᠢᠭ ᠬᠤᠵᠢᠷ ᠢᠶᠠᠷ ᠡᠯᠪᠡᠭ ᠪᠠᠶᠢᠵᠣ᠂  ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠪᠣᠯᠪᠠᠰᠤᠷᠠᠭᠤᠯᠵᠤ᠂ ᠦᠨᠳᠦᠰᠦᠲᠡᠨ ᠤ ᠣᠨᠴᠠᠯᠢᠭᠲᠤ ᠭᠠᠷ ᠤᠷᠠᠯᠠᠯ ᠤᠨ ᠪᠦᠲᠦᠭᠡᠭᠳᠡᠬᠦᠨ ᠬᠢᠬᠦ ᠳᠠᠪᠰᠢᠭᠰᠠᠨ ᠦᠢᠯᠡᠳᠬᠡᠯ ᠲᠠᠢ᠂ ︽ᠣᠯᠠᠭᠠᠬᠤᠪᠣᠭ᠎ᠠ︾᠂ ︽ᠲᠣᠯᠣᠢ ᠶᠢᠨ ᠡᠵᠡᠨ ᠤ ᠲᠠᠬᠢᠯᠭ᠎ᠠ︾᠂ ︽ᠸᠠᠩ ᠤᠨ ᠣᠷᠳᠣᠨ︾ ᠵᠡᠷᠬᠡ ᠰᠣᠶᠣᠯ ᠵᠤᠭᠠᠴᠠᠯ ᠤᠨ ᠦᠵᠡᠮᠵᠢ ᠶᠢᠨ ᠣᠷᠣᠨ ᠲᠠᠢ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠦᠢᠯᠡᠰ᠂ ᠨᠢᠰᠬᠡᠯ ᠢᠶᠠᠷ ᠲᠠᠷᠢᠶ᠎ᠠ ᠲᠠᠷᠢᠬᠤ᠂ ᠠᠮᠢᠳᠤ ᠪᠣᠳᠠᠰ ᠢᠶᠠᠷ ᠡᠮ ᠦᠢᠯᠡᠳᠬᠦ ᠦᠢᠯᠡᠰ᠂ ᠰᠡᠯᠡᠭᠦᠴᠡᠨ ᠠᠮᠠᠷᠠᠵᠤ ᠵᠤᠭᠠᠴᠠᠬᠤ ᠦᠢᠯᠡᠰ᠂ ᠢᠳᠡᠭᠡᠨ ᠪᠣᠯᠪᠠᠰᠤᠷᠠᠭᠤᠯᠬᠤ ᠦᠢᠯᠡᠰ ᠪᠠ ᠦᠢᠯᠡᠴᠢᠯᠡᠭᠡᠨ ᠤ ᠦᠢᠯᠡᠰ ᠵᠡᠷᠬᠡ ᠵᠢᠷᠭᠤᠭᠠᠨ ᠶᠡᠭᠡ ᠠᠵᠤ ᠦᠢᠯᠡᠰ ᠤᠨ ᠪᠦᠲᠦᠴᠡ  ᠲᠠᠢ᠃      ᠪᠦᠬᠦ ᠪᠠᠯᠭᠠᠰᠤᠨ ᠤ ᠶᠡᠷᠦᠩᠬᠡᠢ ᠲᠠᠯᠠᠪᠡᠢ ᠨᠢ 3324.44 ᠲᠡᠭᠰᠢ ᠳᠥᠷᠪᠡᠯᠵᠢᠨ ᠮᠧᠲᠷ︔ ᠶᠡᠷᠦᠩᠬᠡᠢ ᠬᠥᠮᠥᠨ ᠠᠮᠠ ᠨᠢ 4 ᠲᠦᠮᠡ ᠭᠠᠷᠤᠢ᠂ ᠡᠭᠦᠨ ᠳᠤ ᠬᠤᠳᠠ ᠶᠢᠨ ᠬᠥᠮᠥᠨ ᠠᠮᠠ 3.4 ᠲᠦᠮᠡ᠂ ᠮᠠᠯ ᠲᠠᠷᠢᠶᠠᠯᠠᠩ ᠠᠵᠤ ᠠᠬᠤᠢ ᠶᠢᠨ ᠬᠥᠮᠥᠨ ᠠᠮᠠ 0.6 ᠲᠦᠮᠡ ᠪᠤᠢ︔ ᠤᠳᠦ ᠪᠠᠶᠢᠭ᠎ᠠ ᠮᠠᠯ ᠤᠨ ᠶᠡᠷᠦᠩᠬᠡᠢ ᠲᠤᠭ᠎ᠠ ᠲᠣᠯᠣᠭᠠᠢ 22 ᠲᠦᠮᠡ᠂ ᠠᠰᠢᠭᠯᠠᠵᠤ ᠪᠣᠯᠬᠤ ᠪᠡᠯᠴᠢᠭᠡᠷ ᠤᠨ ᠲᠠᠯᠠᠪᠠᠢ 442 ᠲᠦᠮᠡᠨ ᠮᠦ᠂ ᠲᠠᠷᠢᠮᠠᠯ ᠲᠠᠷᠢᠬᠤ ᠲᠠᠯᠠᠪᠡᠢ 3 ᠲᠦᠮᠡᠨ ᠮᠦ ᠪᠤᠢ︔ ᠤᠳᠦ ᠰᠠᠶᠢᠬᠠᠨᠲᠠᠯ᠎ᠠ᠂ ᠰᠢᠷᠢᠪᠦ᠋ᠷᠢᠳᠣ᠂ ᠤᠯᠠᠭᠠᠨᠴᠠᠶᠢᠳᠠᠮ᠂ ᠬᠠᠮᠠᠷᠠᠭᠳᠠᠢ᠂ ᠴᠠᠭᠠᠨᠨᠠᠭᠤᠷ᠂ ᠰᠦᠵᠢ᠂ ᠴᠠᠭᠠᠨᠲᠣᠯᠣᠭᠠᠢ᠂ ᠪᠣᠷᠣᠲᠠᠯ᠎ᠠ᠂ ᠮᠠᠰᠢᠨᠪᠣᠯᠠᠭ᠂ ᠳᠡᠷᠡᠰᠦ᠂ ᠪᠣᠷᠣᠬᠤᠰᠢᠭᠤ᠂ ᠣᠯᠠᠨᠨᠠᠭᠤᠷ᠂ ᠤᠯᠠᠭᠠᠨᠳᠤᠭ᠂ ᠬᠠᠶᠢᠳᠠᠢ᠂ ᠤᠯᠠᠭᠠᠨ ᠰᠢᠨ᠎ᠡ ᠲᠣᠰᠬᠤᠨ 15 ᠭᠠᠴᠠᠭ᠎ᠠ ᠲᠣᠰᠬᠤᠨ ᠪᠠ ᠱᠤᠸᠠᠢ ᠹᠧᠩ᠂ ᠤᠯᠠᠭᠠᠨ᠂ ᠺᠠᠩ ᠨᠢᠩ᠂ ᠠᠮᠤᠭᠤᠯᠠᠩ᠂ ᠢᠣᠢ ᠶᠢᠩ᠂ ᠲᠣᠰᠣᠳᠣ᠂ ᠴᠠᠭᠠᠨᠨᠠᠭᠤᠷ᠂ ᠬᠠᠮᠠᠷᠠᠭᠳᠠᠢ᠂ ᠵᠧᠩ ᠾᠧ ᠶᠣᠸᠠᠨ 9 ᠨᠡᠶᠢᠭᠡᠮ ᠲᠣᠭᠤᠷᠢᠭ ᠲᠠᠢ᠃ ᠪᠠᠯᠭᠠᠰᠤᠨ ᠤ ᠲᠣᠭᠤᠷᠢᠭ ᠲᠤ 130 ᠭᠠᠷᠤᠢ ᠬᠤᠳᠠ ᠶᠢᠨ ᠰᠢᠭᠤᠳ ᠬᠠᠷᠢᠶ᠎ᠠ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ᠂ 2000 ᠭᠠᠷᠤᠢ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠲᠠᠢ᠃      ᠦᠢᠷ᠎ᠠ ᠶᠢᠨ ᠵᠢᠯ ᠤᠳ ᠲᠤ᠂ ᠤᠯᠠᠭᠠᠨᠪᠠᠯᠭᠠᠰᠣᠨ ᠤ ᠨᠡᠶᠢᠭᠡᠮ ᠠᠮᠤᠷ ᠲᠣᠭᠲᠠᠭᠤᠨ᠂ ᠠᠵᠤ ᠠᠬᠤᠢ ᠬᠦᠭᠵᠢᠶᠡᠬᠡᠨ ᠲᠠᠢ᠂ ᠣᠷᠴᠢᠨ ᠲᠣᠭᠤᠷᠢᠨ ᠨᠢ ᠭᠤᠶᠢᠳᠠ ᠰᠠᠶᠢᠬᠠᠨ᠂ ᠬᠤᠳᠠ ᠬᠥᠳᠡᠭᠡ ᠶᠢᠨ ᠲᠥᠷᠢ ᠲᠥᠷᠬᠦ ᠨᠢ ᠡᠳᠦᠷ ᠢᠷᠡᠬᠦᠶ᠎ᠡ ᠰᠣᠯᠢᠭᠳᠠᠵᠤ᠂ ︽ᠣᠷᠣᠨ ᠰᠠᠭᠤᠷᠢᠰᠢᠬᠤ ᠳᠤ ᠲᠣᠬᠢᠯᠢᠭ ᠲᠠᠯ᠎ᠠ ᠨᠤᠲᠤᠭ ᠤᠨ ᠵᠢᠵᠢᠭ ᠬᠤᠳᠠ ᠪᠠᠯᠭᠠᠰᠤ︾ ᠪᠠᠷ ᠨᠡᠷᠡᠶᠢᠳᠦᠭᠳᠡᠵᠡᠢ᠃ 2012 ᠣᠨ ᠳᠤ᠂ ᠪᠦᠬᠦ ᠪᠠᠯᠭᠠᠰᠤᠨ ᠤ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠲᠤᠲᠤᠮ ᠤᠨ ᠡᠵᠡᠮᠳᠡᠵᠦ ᠪᠣᠯᠬᠤ ᠣᠷᠣᠯᠭ᠎ᠠ ᠨᠢ 26000 ᠲᠥᠭᠦᠷᠢᠭ ᠬᠦᠷᠴᠦ᠂ ᠮᠠᠯᠴᠢᠨ ᠲᠠᠷᠢᠶᠠᠴᠢᠳ ᠤᠨ ᠬᠥᠮᠥᠨ ᠳᠣᠳᠥᠮ ᠤᠨ ᠴᠡᠪᠡᠷ ᠣᠷᠣᠯᠭ᠎ᠠ ᠨᠢ 9000 ᠲᠥᠭᠦᠷᠢᠭ ᠬᠦᠷᠴᠡᠢ᠃ ︽ᠠᠷᠪᠠᠨ ᠬᠤᠶᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠣᠷᠣᠭᠰᠠᠨ ᠤ ᠳᠠᠷᠠᠭ᠎ᠠ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠬᠥᠭᠵᠢᠯᠲᠡ ᠶᠢᠨ ᠰᠡᠳᠬᠢᠴᠡ ᠪᠠᠨ ᠤᠯᠠᠮ ᠲᠣᠳᠣᠷᠬᠠᠶᠢᠯᠠᠪᠠ᠄ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠪᠠᠷ ᠵᠢᠯᠣᠭᠤᠳᠤᠭᠤᠯᠵᠤ᠂ ᠪᠦᠬᠦ ᠬᠤᠳᠠ ᠶᠢᠨ ︽ᠪᠦᠲᠦᠴᠡ ᠪᠠᠨ ᠬᠤᠪᠢᠷᠠᠭᠤᠯᠤᠨ᠂ ᠰᠢᠨ᠎ᠡ ᠶᠢ ᠡᠭᠦᠳᠬᠦ ᠪᠠᠷ ᠬᠤᠳᠠ ᠪᠠᠨ ᠬᠦᠴᠦᠷᠬᠡᠭᠵᠢᠭᠦᠯᠬᠦ︾᠂ ︽ᠬᠤᠳᠠ ᠬᠥᠳᠡᠭᠡ ᠶᠢ ᠨᠢᠭᠡᠳᠦᠯᠲᠡᠢ ᠲᠥᠯᠥᠪᠯᠡᠵᠦ᠂ ᠡᠷᠴᠢᠮᠵᠢᠭᠦᠯᠦᠨ ᠬᠥᠭᠵᠢᠭᠦᠯᠬᠦ︾ ᠵᠢᠴᠢ ︽ᠭᠤᠷᠪᠠᠨ ᠵᠢᠯ ᠶᠡᠬᠡᠪᠡᠷ ᠪᠠᠶᠢᠭᠤᠯᠵᠤ᠂ ᠭᠤᠷᠪᠠᠨ ᠵᠢᠯ ᠳᠤ ᠶᠡᠬᠡᠬᠡᠨ ᠬᠤᠪᠢᠷᠠᠯᠲᠠ ᠭᠠᠷᠭᠠᠬᠤ︾ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠪᠠ ᠪᠦᠬᠦ ᠬᠤᠰᠢᠭᠤᠨ ᠤ ︽ᠵᠢᠷᠭᠤᠭᠠᠵᠢᠭᠤᠯᠬᠤ︾ ᠪᠠᠶᠢᠭᠤᠯᠤᠯᠲᠠ ᠶᠢᠨ ᠠᠷᠭ᠎ᠠ ᠵᠠᠮ ᠢ ᠨᠢᠮᠪᠡᠢ ᠲᠣᠣᠱᠯᠭᠤᠯᠣᠨ ᠨᠠᠶᠢᠳᠠᠪᠤᠷᠢᠵᠢᠭᠤᠯᠵᠤ᠂ ︽ᠠᠷᠠᠳ ᠢᠶᠠᠨ ᠪᠠᠶᠠᠵᠢᠭᠤᠯᠤᠨ᠂ ᠬᠤᠰᠢᠭᠤ ᠪᠠᠨ ᠬᠦᠴᠦᠷᠬᠡᠭᠵᠢᠭᠦᠯᠬᠦ︾ ᠬᠤᠶᠠᠷ ᠶᠡᠭᠡ ᠭᠤᠣᠯ ᠰᠡᠳᠦᠪ ᠲᠤ ᠲᠣᠭᠤᠷᠢᠭᠤᠯᠤᠨ᠂ ᠪᠣᠬᠢᠷᠲᠤᠯ ᠦᠭᠡᠢ ᠤᠯᠠᠭᠠᠨᠪᠠᠯᠭᠠᠰᠣ᠂ ᠰᠠᠭᠤᠷᠢᠰᠢᠬᠤ ᠳᠤ ᠲᠣᠬᠢᠯᠢᠭ ᠤᠯᠠᠭᠠᠨᠪᠠᠯᠭᠠᠰᠣ᠂ ᠡᠶ᠎ᠡ ᠵᠣᠬᠢᠴᠠᠯ ᠲᠠᠢ ᠤᠯᠠᠭᠠᠨᠪᠠᠯᠭᠠᠰᠣ᠂ ᠰᠣᠶᠣᠯ ᠤᠨ ᠤᠯᠠᠭᠠᠨᠪᠠᠯᠭᠠᠰᠣ᠂ ᠨᠡᠷᠡᠲᠡᠢ ᠤᠯᠠᠭᠠᠨᠪᠠᠯᠭᠠᠰᠣ︾ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠠᠮᠢ ᠠᠬᠤᠢ ᠶᠢᠨ ᠮᠠᠯ ᠲᠠᠷᠢᠶᠠᠯᠠᠩ ᠠᠵᠤ ᠠᠬᠤᠢ᠂ ᠪᠣᠬᠢᠷᠲᠤᠯ ᠦᠭᠡᠢ ᠬᠥᠩᠭᠡᠨ ᠠᠵᠤ ᠦᠢᠯᠡᠳᠪᠦᠷᠢ᠂ ᠤᠳᠦ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠪᠠᠶᠢᠭᠤᠯᠤᠯᠲᠠ ᠶᠢ ᠠᠬᠢᠭᠤᠯᠤᠨ᠂ ᠨᠠᠮ ᠤᠨ ᠪᠠᠶᠢᠭᠤᠯᠤᠯᠲᠠ ᠪᠠᠷ ᠠᠷᠠᠳ ᠢᠶᠠᠨ ᠪᠠᠶᠠᠵᠢᠭᠤᠯᠤᠭᠰᠠᠨ᠂ ᠬᠤᠳᠠ ᠪᠠᠯᠭᠠᠰᠤᠨ ᠤ ᠵᠡᠷᠬᠡ ᠲᠡᠰ ᠢ ᠳᠡᠭᠡᠭᠰᠢᠯᠡᠭᠦᠯᠦᠭᠰᠡᠨ᠂ ᠠᠷᠠᠳ ᠤᠨ ᠠᠮᠢᠳᠤᠷᠠᠯ ᠢ ᠪᠠᠲᠤᠯᠠᠭᠰᠠᠨ ᠬᠠᠷᠠᠯᠲᠠ ᠶᠢ ᠴᠢᠷᠮᠠᠶᠢᠨ ᠪᠡᠶᠡᠯᠡᠭᠦᠯᠵᠦ᠂ ᠬᠤᠳᠠ ᠬᠥᠳᠡᠭᠡ ᠶᠢᠨ ᠲᠥᠷᠢ ᠲᠥᠷᠬᠦ ᠶᠢ ᠪᠦᠬᠦ ᠲᠠᠯ᠎ᠠ ᠪᠠᠷ ᠰᠠᠶᠢᠵᠢᠷᠠᠭᠤᠯᠤᠨ᠂ ᠠᠵᠤ ᠦᠢᠯᠡᠰ ᠤᠨ ᠬᠡᠯᠪᠡᠷᠢ ᠶᠢᠨ ᠬᠤᠪᠢᠷᠠᠭᠤᠯᠤᠯᠲᠠ ᠶᠢ ᠪᠦᠬᠦ ᠲᠠᠯ᠎ᠠ ᠪᠠᠷ ᠲᠦᠷᠭᠡᠳᠬᠡᠵᠦ᠂ ᠠᠷᠠᠳ ᠤᠨ ᠠᠮᠢᠳᠤᠷᠠᠯ ᠢ ᠪᠦᠬᠦ ᠲᠠᠯ᠎ᠠ ᠪᠠᠷ ᠰᠠᠶᠢᠵᠢᠷᠠᠭᠤᠯᠤᠨ᠂ ᠵᠠᠰᠠᠭ ᠪᠠᠷᠢᠬᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠦᠬᠦ ᠬᠤᠰᠢᠭᠤᠨ ᠤ ᠬᠥᠭᠵᠢᠯᠲᠡ ᠶᠢ ᠲᠦᠷᠭᠡᠳᠬᠡᠬᠦ ᠪᠠᠷ ᠴᠢᠷᠮᠠᠶᠢᠵᠤ ᠪᠤᠢ᠃
 
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号