ᠰᠠᠶᠢᠨ ᠪᠠᠶᠢᠨ᠎ᠠ ᠤᠤ︕
ᠨᠡᠶᠢᠲᠡᠯᠡᠭᠰᠡᠨ ᠴᠠᠭ᠄
2018-08-08
                 ᠰᠠᠶᠢᠨ ᠪᠠᠶᠢᠨ᠎ᠠ ᠤᠤ︕      ︽ᠮᠤᠩᠭᠤᠯ ᠤᠨ ᠨᠢᠭᠤᠴᠠ ᠳᠣᠪᠴᠢᠶᠠᠨ︾ ᠤ ᠮᠦᠽᠸᠢ ᠳᠤ ᠮᠣᠷᠢᠯᠠᠨ ᠰᠠᠭᠠᠲᠠᠭᠰᠠᠨ ᠳᠤ ᠪᠠᠶᠠᠷᠯᠠᠨ ᠤᠭᠲᠤᠵᠤ ᠪᠠᠶᠢᠨ᠎ᠠ︕ ᠮᠠᠨ ᠤ ᠮᠦᠽᠸᠢ ᠪᠤᠯ ︽ ᠮᠣᠩᠭᠤᠯ ᠤᠨ ᠨᠢᠭᠤᠴᠠ ᠳᠣᠪᠴᠢᠶᠠᠨ︾ ᠭᠡᠮᠡᠬᠦ ᠲᠡᠦᠬᠡ ᠶᠢᠨ ᠤᠷᠠᠨ ᠵᠤᠬᠢᠶᠠᠯ ᠢᠶᠠᠷ ᠭᠤᠤᠯ ᠰᠡᠳᠦᠪ   ᠢᠶᠠᠨ ᠪᠣᠯᠭᠠᠭᠰᠠᠨ ᠳᠣᠰᠬᠠᠢ ᠰᠡᠳᠣᠪᠲᠣ ᠮᠦᠽᠸᠢ ᠪᠤᠯᠤᠨ᠎ᠠ᠃      ︽ᠮᠣᠩᠭᠤᠯ ᠤᠨ ᠨᠢᠭᠤᠴᠠ ᠳᠣᠪᠴᠢᠶᠠᠨ︾ ᠨᠢ ᠮᠠᠨ ᠤ ᠮᠣᠩᠭᠤᠯ ᠦᠨᠳᠦᠰᠦᠲᠡᠨ ᠤ 500 ᠭᠠᠷᠣᠢ ᠵᠢᠯ  ᠤᠨ ᠲᠡᠥᠬᠡ᠂ ᠨᠡᠩ ᠢᠯᠠᠩᠭᠤᠶ᠎ᠠ ᠴᠢᠩᠭᠢᠰ ᠬᠠᠭᠠᠨ ᠤ ᠨᠢᠭᠡ ᠨᠠᠰᠣ ᠪᠠ ᠥᠭᠡᠳᠡᠢ ᠬᠠᠭᠠᠨ ᠤ ᠬᠠᠭᠠᠨ ᠰᠠᠭᠤᠷᠢᠨ ᠳᠤ ᠪᠠᠶᠢᠬᠤ ᠦᠶᠡᠰ ᠤᠨ ᠦᠢᠯᠡ ᠶᠠᠪᠤᠳᠠᠯ ᠢ ᠳᠡᠭᠡᠳᠦ ᠬᠡᠮᠵᠢᠶ᠎ᠡ ᠪᠠᠷ ᠬᠤᠷᠢᠶᠠᠩᠭᠤᠶᠢᠯᠠᠨ ᠪᠢᠴᠢᠭᠰᠡᠨ ᠪᠠᠶᠢᠨ᠎ᠠ᠃ ᠡᠨᠡᠬᠦ ᠤᠷᠠᠨ ᠵᠣᠬᠢᠶᠠᠯ ᠨᠢ ᠳᠣᠬᠠᠢ ᠶᠢᠨ ᠦᠶ᠎ᠡ ᠶᠢᠨ ᠰᠣᠶᠣᠯ ᠲᠡᠤᠬᠡ᠂ ᠵᠠᠩ ᠦᠢᠯᠡ᠂ ᠳᠠᠶᠢᠨ ᠳᠠᠵᠢᠨ᠂ ᠭᠠᠵᠠᠷ ᠵᠦᠢ᠂ ᠬᠠᠥᠯᠢ ᠴᠠᠭᠠᠵᠠ ᠵᠡᠷᠭᠡ ᠣᠯᠠᠨ ᠲᠠᠯ᠎ᠠ ᠶᠢ ᠲᠡᠮᠲᠡᠭᠯᠡᠨ ᠦᠯᠡᠳᠡᠭᠡᠭᠰᠡᠨ ᠢᠶᠠᠷ ᠢᠶᠠᠨ ᠮᠠᠰᠢ ᠶᠡᠭᠡ ᠲᠡᠥᠬᠡ ᠶᠢᠨ ᠠᠴᠢ ᠬᠤᠯᠪᠤᠭᠳᠠᠯ ᠲᠠᠢ ᠪᠠᠶᠢᠳᠠᠭ ᠢᠶᠠᠷ ᠪᠠᠷᠠᠬᠤ ᠦᠭᠡᠢ ᠪᠠᠰᠠ ᠳᠡᠯᠡᠬᠡᠢ ᠶᠢᠨ ᠤᠷᠠᠨ ᠵᠣᠬᠢᠶᠠᠯ ᠤᠨ ᠥᠪ ᠪᠣᠯᠣᠨ᠎ᠠ᠃ ᠵᠣᠬᠢᠶᠠᠯ ᠳᠤ ᠰᠢᠭᠢᠳᠬᠡᠮᠡᠯ ᠰᠢᠯᠦᠭ ᠨᠠᠶᠢᠷᠠᠭ ᠵᠠᠭᠤ ᠭᠠᠷᠣᠢ ᠪᠣᠢ ᠪᠦᠭᠡᠳ ᠵᠠᠷᠢᠮ ᠪᠠᠳᠠᠭ ᠨᠢ ᠨᠠᠷᠢᠯᠢᠭ ᠣᠷᠠᠯᠠᠭᠰᠠᠨ ᠨᠠᠶᠢᠷᠠᠭ ᠲᠣᠣᠯᠢᠰ ᠤᠨ ᠬᠡᠪ ᠨᠠᠮᠪᠠ ᠲᠠᠢ᠂ ᠦᠨᠡᠭᠡᠷ ᠮᠣᠩᠭᠤᠯ ᠤᠨ ᠠᠮᠠᠨ ᠵᠣᠬᠢᠶᠠᠯ ᠤᠨ ᠠᠭᠤᠲᠠᠯᠠᠭᠠᠳ ᠪᠠᠷᠠᠰᠢ ᠦᠭᠡᠢ ᠡᠷᠳᠢᠨᠢᠰ ᠤᠨ ᠰᠠᠩ ᠶᠣᠮ ᠰᠠᠨ᠃  ᠲᠡᠶᠢᠮᠦ ᠴᠦ ᠪᠣᠯᠬᠤᠷ ᠲᠣᠰ ᠨᠣᠮ ᠮᠠᠨᠢ 1989 ᠤᠨ ᠳᠤ ᠤᠯᠠᠨ ᠣᠯᠣᠰ ᠤᠨ ᠬᠤᠯᠪᠤᠭᠠᠲᠤ ᠪᠠᠶᠢᠭᠤᠯᠭ᠎ᠠ ᠶᠢᠨ ᠪᠤᠯᠪᠠᠰᠣᠷᠠᠯ ᠰᠢᠨᠵᠢᠯᠡᠬᠦ ᠣᠬᠠᠭᠠᠨ ᠤ ᠵᠥᠪᠯᠡᠯ ᠠᠴᠠ ︽ᠳᠡᠯᠡᠬᠡᠢ ᠶᠢᠨ ᠣᠷᠠᠨ ᠪᠦᠲᠦᠬᠡᠯ︾ ᠤᠨ ᠡᠩᠨᠡᠭᠡᠨ ᠳᠤ ᠵᠢᠭᠰᠠᠭᠠᠭᠳᠠᠭᠰᠠᠨ ᠠᠴᠠ ᠨᠡᠩ ᠴᠤ ᠳᠡᠯᠡᠬᠡᠢ ᠳᠠᠶᠠᠭᠠᠷ ᠤᠨ ᠠᠩᠬᠠᠷᠣᠯ ᠢ ᠳᠠᠲᠠᠬᠤ ᠪᠤᠯᠵᠠᠢ᠃ ᠮᠠᠨ ᠤ ᠳᠣᠮᠳᠠᠳᠣ ᠣᠯᠣᠰ ᠤᠨ ᠬᠤᠪᠢ ᠳᠤ ᠠᠪᠴᠣ ᠬᠡᠯᠡᠪᠡᠯ ᠲᠣᠰ ᠵᠤᠬᠢᠶᠠᠯ ᠨᠢ ᠠᠩᠬᠠᠨ ᠤ ᠮᠥᠨ ᠲᠤᠭᠠᠲᠠᠢ ᠬᠡᠳᠦᠨ ᠴᠤᠯᠠᠯᠠᠭᠳᠠᠭᠰᠠᠨ ᠣᠷᠠᠨ ᠪᠦᠲᠦᠭᠡᠯ ᠤᠨ ᠨᠢᠭᠡ ᠪᠤᠯᠤᠨ᠎ᠠ᠃
 
ᠢᠷᠡᠯᠲᠡ᠄ ᠮᠣᠩᠭᠤᠯ ᠤᠨ ᠨᠢᠭᠤᠴᠠ ᠳᠣᠪᠴᠢᠶᠠᠨ ᠤ ᠮᠦᠽᠧᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号