ᠨᠠᠬᠤ ᠲᠢᠩᠬᠢᠮ
ᠨᠡᠶᠢᠲᠡᠯᠡᠭᠰᠡᠨ ᠴᠠᠭ᠄
2018-08-08
               ᠨᠠᠬᠤ ᠲᠢᠩᠬᠢᠮ      ᠡᠨᠡ ᠪᠣᠯ ᠶᠤᠸᠠᠨ ᠤ ᠦᠶ᠎ᠡ ᠶᠢᠨ ᠨᠢᠱᠠᠨ ᠪᠣᠯᠣᠨ᠎ᠠ᠃ ᠨᠢᠱᠠᠨ ᠭᠡᠳᠡᠭ ᠨᠢ ᠲᠠᠮᠠᠭ᠎ᠠ ᠭᠡᠰᠡᠨ ᠣᠳᠬ᠎ᠠ ᠲᠠᠢ ᠪᠣᠯᠣᠨ᠎ᠠ᠃ ᠨᠢᠱᠠᠨ ᠨᠢ ᠰᠦᠩ ᠤᠨ ᠦᠶ᠎ᠡ ᠳᠤ ᠬᠡᠷᠡᠭᠯᠡᠭᠳᠡᠵᠦ ᠡᠬᠢᠯᠡᠵᠦ᠂ ᠶᠤᠸᠠᠨ ᠤ ᠦᠶ᠎ᠡ ᠳᠤ ᠥᠷᠭᠡᠨ ᠳᠡᠯᠭᠡᠷᠡᠭᠰᠡᠨ ᠪᠠᠶᠢᠨ᠎ᠠ᠃ ᠳᠣᠬᠠᠢ ᠶᠢᠨ ᠦᠶ᠎ᠡ ᠳᠤ ᠣᠯᠠᠨ ᠠᠷᠪᠢᠨ ᠦᠨᠳᠦᠰᠦᠲᠡᠨ ᠬᠠᠮᠲᠤ ᠣᠷᠣᠰᠢᠨ ᠳᠣᠭᠲᠠᠨᠢᠵᠤ ᠪᠠᠶᠢᠵᠠᠢ᠃ ᠣᠯᠠᠨ ᠦᠨᠳᠡᠰᠦᠲᠡᠨ ᠤ ᠦᠭᠡ ᠬᠡᠯᠡ ᠦᠰᠦᠭ ᠪᠢᠴᠢᠭ ᠨᠢ ᠠᠳᠠᠯᠢ ᠦᠭᠡᠢ ᠪᠣᠯᠬᠤᠷ ᠶᠠᠮᠣᠨ ᠱᠠᠩ ᠤᠨ ᠠᠯᠪᠠᠨ ᠪᠢᠴᠢᠭ ᠳᠡᠭᠡᠷ᠎ᠡ ᠨᠢᠱᠠᠨ ᠳᠠᠷᠣᠵᠣ ᠲᠣᠳᠣᠷᠬᠠᠶᠢᠯᠠᠵᠤ ᠪᠠᠶᠢᠭᠰᠠᠨ ᠠᠴᠠ ᠢᠶᠠᠨ ᠠᠷᠠᠳ ᠲᠦᠮᠡᠨ ᠤ ᠳᠣᠮᠳᠠ ᠴᠣ᠋ ᠦᠷᠭᠡᠨ ᠳᠡᠯᠭᠡᠷᠡᠬᠦ ᠪᠣᠯᠣᠭᠰᠠᠨ ᠪᠠᠶᠢᠨ᠎ᠠ᠃ ᠲᠡᠭᠦᠨ ᠤ ᠬᠡᠯᠪᠡᠷᠢ ᠳᠦᠷᠰᠦ ᠥᠭᠡᠷ᠎ᠡ ᠥᠭᠡᠷ᠎ᠡ ᠪᠠᠶᠢᠵᠦ᠂ ᠬᠡᠷᠡᠭᠯᠡᠵᠦ ᠪᠠᠶᠢᠭ᠎ᠠ ᠬᠦᠮᠦᠨ ᠤ ᠪᠠᠶᠢᠷᠢ ᠰᠠᠭᠤᠷᠢ᠂ ᠡᠷᠬᠡ ᠰᠦᠷ ᠵᠡᠷᠭᠡ ᠶᠢ ᠴᠣ᠋ ᠢᠯᠡᠳᠬᠡᠵᠦ ᠳᠡᠶᠢᠯᠳᠡᠭ ᠪᠠᠶᠢᠨ᠎ᠠ᠃ ᠡᠭᠦᠨ ᠳᠤ ᠮᠣᠩᠭᠤᠯ ᠬᠦᠮᠦᠨ ᠤ ᠨᠢᠱᠠᠨ ᠨᠢ ᠨᠢᠭᠡ ᠰᠦᠪᠡᠭᠴᠢ ᠦᠯᠡᠳᠡᠭᠡᠵᠦ ᠪᠠᠶᠢᠳᠠᠭ᠃ ᠡᠨᠡ ᠨᠢ ᠮᠣᠩᠭᠤᠯᠴᠣᠳ  ᠤᠨ ᠬᠢᠲᠤᠭ᠎ᠠ᠂ ᠲᠠᠮᠠᠭ᠎ᠠ ᠵᠡᠷᠭᠡ ᠪᠠᠨ ᠪᠦᠰᠡᠨ ᠳᠤ ᠪᠠᠨ ᠵᠡᠬᠦᠵᠦ ᠪᠡᠶ᠎ᠡ ᠪᠠᠨ ᠴᠢᠮᠡᠳᠡᠭ ᠲᠠᠢ ᠬᠤᠯᠪᠣᠭᠳᠠᠯ ᠲᠠᠢ ᠪᠠᠶᠢᠳᠠᠭ᠃
     ᠡᠨᠡ ᠪᠣᠯ ᠲᠡᠮᠡᠭᠡᠨ ᠤ ᠰᠢᠯᠪᠢᠨ ᠶᠠᠰᠣᠨ ᠳᠡᠭᠡᠷ᠎ᠡ ᠰᠡᠶᠢᠯᠦᠭᠰᠡᠨ ︽ᠮᠤᠩᠭᠤᠯ ᠤᠨ ᠨᠢᠭᠤᠴᠠ ᠳᠣᠪᠴᠢᠶᠠᠨ︾ ᠪᠣᠯᠣᠨ᠎ᠠ᠃ ᠨᠡᠶᠢᠲᠡ 691 ᠭᠡᠰᠡᠭ ᠪᠠᠶᠢᠵᠣ᠂ ᠬᠤᠶᠠᠷ ᠲᠠᠯ᠎ᠠ ᠳᠤ ᠨᠢ 300 ᠭᠷᠡᠮ ᠤᠨ ᠮᠦᠩᠭᠦ ᠪᠠᠷ ᠤᠷᠠᠯᠠᠵᠠᠢ᠃ ᠡᠨᠡ ᠪᠣᠯ ᠦᠬᠡᠷ ᠤᠨ ᠰᠢᠷᠢᠨ ᠳᠡᠭᠡᠷ᠎ᠡ ᠬᠤᠲᠣᠶᠢᠯᠭᠠᠨ ᠰᠡᠶᠢᠯᠦᠭᠰᠡᠨ ︽ᠮᠤᠩᠭᠤᠯ ᠤᠨ ᠨᠢᠭᠤᠴᠠ ᠳᠣᠪᠠᠴᠢᠶᠠᠨ︾ ᠪᠣᠯᠣᠨ᠎ᠠ᠃ ᠨᠡᠶᠢᠲᠡ185 ᠭᠡᠰᠡᠭ ᠪᠤᠢ᠃ ᠲᠣᠰ ᠪᠦᠲᠦᠭᠡᠯ ᠮᠠᠨᠢ ᠣᠷᠠᠨ ᠵᠣᠬᠢᠶᠠᠯ ᠤᠨ ᠬᠦᠷᠢᠶᠡᠨ ᠳᠤ ᠭᠡᠰᠡᠭ ᠪᠦᠯᠦᠭ ᠤᠨ ᠲᠤᠭ᠎ᠠ  ᠤᠯᠠᠨ ᠢᠶᠠᠷ ᠢᠶᠠᠨ ᠭᠢᠨᠢᠰ ᠤᠨ ᠲᠡᠮᠲᠡᠭᠯᠡᠯ ᠢ ᠡᠭᠦᠳᠦᠭᠰᠡᠨ ᠪᠣᠯᠣᠨ᠎ᠠ᠃
 
ᠢᠷᠡᠯᠲᠡ᠄ ᠮᠣᠩᠭᠤᠯ ᠤᠨ ᠨᠢᠭᠤᠴᠠ ᠳᠣᠪᠴᠢᠶᠠᠨ ᠤ ᠮᠦᠽᠧᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号