ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨ ᠱᠠᠭᠠᠷᠳᠠᠨ ᠪᠠᠶᠢᠴᠠᠭᠠᠵᠤ ᠰᠠᠬᠢᠯᠭ᠎ᠠ ᠶᠢ ᠴᠢᠩᠳᠡᠯᠡᠨ᠂ ᠶᠠᠳᠠᠭᠤ ᠠᠴᠠ ᠠᠩᠭᠢᠵᠢᠷᠠᠭᠤᠯᠵᠤ ᠪᠤᠭᠤᠮᠲᠠ ᠰᠢᠪᠲᠤᠯᠬᠤ ᠠᠵᠢᠯ ᠳᠤ ᠬᠦᠴᠦᠯᠡᠵᠦ ᠪᠤᠢ
ᠨᠡᠶᠢᠲᠡᠯᠡᠭᠰᠡᠨ ᠴᠠᠭ᠄
2018/9/29
                 ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨ ᠱᠠᠭᠠᠷᠳᠠᠨ ᠪᠠᠶᠢᠴᠠᠭᠠᠵᠤ ᠰᠠᠬᠢᠯᠭ᠎ᠠ ᠶᠢ ᠴᠢᠩᠳᠡᠯᠡᠨ᠂ ᠶᠠᠳᠠᠭᠤ ᠠᠴᠠ ᠠᠩᠭᠢᠵᠢᠷᠠᠭᠤᠯᠵᠤ ᠪᠤᠭᠤᠮᠲᠠ ᠰᠢᠪᠲᠤᠯᠬᠤ ᠠᠵᠢᠯ ᠳᠤ ᠬᠦᠴᠦᠯᠡᠵᠦ ᠪᠤᠢ      ᠥᠨᠥ ᠵᠢᠯ ᠠᠴᠠ ᠨᠠᠰᠢ᠂ ᠮᠠᠨ ᠤ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ︽ᠶᠠᠳᠠᠭᠤ ᠠᠴᠠ ᠠᠩᠭᠢᠵᠢᠷᠠᠭᠤᠯᠵᠤ ᠪᠤᠭᠤᠮᠲᠠ ᠰᠢᠪᠲᠤᠯᠬᠤ ᠬᠡᠪ ᠰᠤᠷᠲᠠᠯ ᠤᠨ ᠪᠠᠶᠢᠭᠤᠯᠤᠯᠲᠠ ᠶᠢᠨ ᠵᠢᠯ︾ ᠤᠨ ᠠᠵᠢᠯᠯᠠᠭ᠎ᠠ ᠶᠢ ᠳᠤᠬᠢᠶᠠᠯᠳᠤᠭᠤᠯᠤᠨ᠂ ᠪᠥᠬᠦ ᠬᠤᠰᠢᠭᠤᠨ ᠤ ᠶᠠᠳᠠᠭᠤ ᠶᠢ ᠳᠡᠳᠬᠦᠬᠦ ᠠᠵᠢᠯ ᠤᠨ ᠬᠡᠪᠴᠢᠶᠡᠨ ᠳᠠᠬᠢ ᠢᠯᠵᠠᠷᠠᠮᠠᠯ ᠪᠠ ᠬᠡᠪ ᠰᠤᠷᠲᠠᠯ ᠤᠨ ᠠᠰᠠᠭᠤᠳᠠᠯ ᠳᠤ ᠳᠤᠰᠬᠠᠢ ᠴᠡᠭᠴᠡᠯᠡᠯᠲᠡ ᠬᠢᠵᠦ᠂ ︽ᠰᠡᠷᠭᠡᠶᠢᠯᠡᠬᠦ ᠪᠠᠷ ᠭᠤᠤᠯᠯᠠᠭᠤᠯᠤᠨ᠂ ᠪᠥᠬᠦᠶᠢᠯᠡ ᠶᠠᠪᠤᠴᠠ ᠳᠤ ᠬᠢᠨᠠᠯᠲᠠ ᠲᠠᠯᠪᠢᠵᠤ᠂ ᠬᠠᠷᠢᠭᠤᠴᠠᠯᠭ᠎ᠠ ᠨᠡᠬᠡᠮᠵᠢᠯᠡᠬᠦ  ᠶᠢ ᠴᠢᠩᠭᠠᠳᠬᠠᠬᠤ︾ ᠵᠡᠷᠭᠡ ᠭᠦᠴᠦᠲᠡᠢ ᠠᠷᠭ᠎ᠠ ᠪᠠᠷ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠵᠤ ᠪᠤᠭᠤᠮᠲᠠ ᠰᠢᠪᠲᠤᠯᠬᠤ ᠢᠯᠠᠯᠲᠠ ᠶᠢ ᠤᠯᠬᠤ ᠳᠤ ᠭᠦᠴᠦᠯᠡᠪᠡ᠃      ᠢᠨᠲ᠋ᠧᠷᠨᠧᠲ ᠰᠦᠯᠵᠢᠶ᠎ᠡ + ᠭᠤᠷᠪᠠᠨ ᠶᠠᠪᠤᠳᠠᠯ ᠢ ᠢᠯᠡ ᠨᠡᠶᠢᠲᠡᠯᠡᠬᠦ ᠠᠵᠢᠯᠯᠠᠬᠤ ᠠᠷᠭ᠎ᠠ ᠶᠢ ᠬᠡᠷᠡᠭᠵᠢᠭᠦᠯᠵᠦ ᠂ ᠡᠷᠬᠡ ᠶᠢ ᠢᠯᠡ ᠲᠤᠳᠤ ᠪᠤᠯᠭᠠᠪᠠ᠃ ᠲᠤᠭ᠎ᠠ ᠪᠠᠷᠢᠮᠲᠠ ᠶᠢᠨ ᠬᠥᠮᠥᠷᠭᠡ ᠶᠢ ᠭᠦᠢᠴᠡᠳ ᠠᠰᠢᠭᠯᠠᠵᠤ᠂ ᠭᠠᠴᠠᠭ᠎ᠠ ᠳᠤᠰᠬᠤᠨ ︵ᠨᠡᠶᠢᠬᠡᠮ ᠲᠤᠭᠤᠷᠢᠭ︶ ᠤᠨ ᠶᠠᠳᠠᠭᠤ ᠶᠢ ᠳᠡᠳᠬᠦᠬᠦ ᠠᠵᠢᠯ ᠤᠨ ᠬᠡᠪᠴᠢᠶᠡᠨ ᠳᠠᠬᠢ ᠠᠷᠠᠳ ᠢ ᠬᠠᠷᠠᠭᠠᠯᠵᠠᠬᠤ ᠡᠯ᠎ᠡ ᠲᠥᠷᠥᠯ ᠤᠨ ᠪᠡᠯᠡ ᠮᠥᠩᠭᠦ᠂ ᠡᠳ᠋ ᠪᠤᠳᠠᠰ ᠤᠨ ᠳᠤᠬᠢᠷᠠᠭᠤᠯᠤᠯᠲᠠ ᠪᠠ ᠬᠥᠳᠡᠭᠡ ᠳᠤᠰᠬᠤᠨ ᠤ ᠨᠡᠶᠢᠲᠡ ᠶᠢᠨ ︽ᠭᠤᠷᠪᠠᠨ ᠬᠥᠷᠥᠩᠭᠡ︾ ᠶᠢᠨ ᠬᠠᠮᠢᠶᠠᠷᠤᠯᠲᠠ ᠶᠢ ᠢᠯᠡ ᠨᠡᠶᠢᠲᠡᠯᠡᠭᠰᠡᠨ ᠪᠠᠶᠢᠳᠠᠯ ᠳᠤ ᠴᠠᠭ ᠢᠮᠠᠭᠲᠠ ᠬᠢᠨᠠᠯᠲᠠ ᠲᠠᠯᠪᠢᠪᠠ᠃ 6 ᠰᠤᠮᠤ ᠪᠠᠯᠭᠠᠰᠤᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠢᠩᠬᠢᠮ ᠳᠤ ᠡᠯᠧᠺᠲᠷᠤᠨ ᠬᠦᠷᠦᠯᠴᠡᠬᠦ ᠰᠡᠷᠡᠯ ᠤᠨ ᠳᠡᠯᠭᠡᠴᠡ ᠳᠤᠬᠢᠷᠠᠭᠤᠯᠵᠤ᠂ 75 ᠭᠠᠴᠠᠭ᠎ᠠ ᠳᠤᠰᠬᠤᠨ ᠳᠤ LED ᠡᠯᠧᠺᠲᠷᠤᠨ ᠳᠡᠯᠭᠡᠴᠡ ᠪᠥᠬᠦᠢ ᠢᠯᠡ ᠨᠡᠶᠢᠲᠡᠯᠡᠬᠦ ᠳᠠᠪᠴᠠᠩ ᠭᠠᠷᠭᠠᠨ᠂ ︽ᠲᠤᠭᠠᠴᠠᠯᠠᠭᠰᠠᠨ ᠨᠠᠮ ᠤᠨ ᠪᠠᠶᠢᠭᠤᠯᠤᠯᠲᠠ ᠤᠶᠤᠨᠴᠢ ᠳᠤᠰᠬᠤᠨ︾ ᠬᠡᠮᠡᠬᠦ ᠭᠠᠷ ᠤᠲᠠᠰᠤᠨ ᠤ ᠵᠥᠭᠡᠯᠡᠨ ᠲᠤᠨᠤᠭ ᠳᠤᠬᠢᠷᠠᠭᠤᠯᠵᠤ᠂ ᠪᠥᠬᠦ ᠬᠤᠰᠢᠭᠤᠨ ᠤ ᠡᠯ᠎ᠡ ᠭᠠᠴᠠᠭ᠎ᠠ ᠳᠤᠰᠬᠤᠨ ᠤ ︽ᠭᠤᠷᠪᠠᠨ ᠶᠠᠪᠤᠳᠠᠯ ᠢ ᠢᠯᠡ ᠨᠡᠶᠢᠲᠡᠯᠡᠬᠦ︾ ᠠᠵᠢᠯ ᠢ ᠴᠠᠭ ᠳᠠᠷᠤᠢ  ᠳᠤ ᠨᠢ ᠯᠠᠪᠯᠠᠨ ᠪᠠᠶᠢᠴᠠᠭᠠᠵᠤ ᠬᠢᠨᠠᠨ ᠱᠠᠭᠠᠷᠳᠠᠪᠠ᠃ ᠭᠠᠴᠠᠭ᠎ᠠ ᠳᠤᠰᠬᠤᠨ ᠤ LED ᠡᠯᠧᠺᠲᠷᠤᠨ ᠢᠯᠡ ᠨᠡᠶᠢᠲᠡᠯᠡᠬᠦ ᠳᠠᠪᠴᠠᠩ ᠳᠤ ᠢᠯᠡᠷᠡᠭᠦᠯᠦᠭᠰᠡᠨ ᠠᠭᠤᠯᠭ᠎ᠠ ᠶᠢ ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ︽ᠤᠶᠤᠨᠴᠢ ᠨᠠᠮ ᠤᠨ ᠪᠠᠶᠢᠭᠤᠯᠤᠯᠲᠠ + ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ︾ ᠲᠤᠭ᠎ᠠ ᠪᠠᠷᠢᠮᠲᠠ ᠶᠢᠨ ᠬᠥᠮᠥᠷᠭᠡ ᠶᠢᠨ ᠳᠠᠪᠴᠠᠩ ᠤᠨ ᠬᠠᠮᠢᠶᠠᠷᠤᠯᠲᠠ ᠠᠴᠠ ᠴᠠᠭ ᠢᠮᠠᠭᠲᠠ ᠠᠯᠤᠰ ᠡᠵᠡᠮᠰᠢᠯ ᠢᠶᠠᠷ ᠬᠢᠨᠠᠨ ᠡᠵᠡᠮᠳᠡᠵᠦ ᠪᠤᠢ᠃ ᠵᠤᠭᠤᠰ ᠢ ᠢᠯᠡ ᠨᠡᠶᠢᠲᠡᠯᠡᠬᠦ᠂ ᠬᠡᠷᠡᠭ ᠶᠠᠪᠤᠳᠠᠯ ᠢ ᠢᠯᠡ ᠨᠡᠶᠢᠲᠡᠯᠡᠬᠦ᠂ ᠬᠦᠮᠦᠨ ᠢ ᠢᠯᠡ ᠨᠡᠶᠢᠲᠡᠯᠡᠬᠦ᠂ ᠤᠴᠢᠷ ᠶᠠᠪᠤᠳᠠᠯ ᠤᠨ ᠦᠷ᠎ᠡ ᠳ᠋ᠦᠩ ᠢ ᠢᠯᠡ ᠨᠡᠶᠢᠲᠡᠯᠡᠬᠦ ᠶᠢ ᠪᠡᠶᠡᠯᠡᠭᠦᠯᠵᠦ᠂ ᠴᠠᠭᠠᠰᠤᠨ ᠳᠡᠭᠡᠷ᠎ᠡ ᠪᠤᠶᠤ ᠱᠠᠯᠠᠨ ᠳᠡᠭᠡᠷ᠎ᠡ ᠢᠯᠡ ᠨᠡᠶᠢᠲᠡᠯᠡᠳᠡᠭ ᠠᠴᠠ ᠪᠠᠨ ᠭᠠᠷ ᠤᠲᠠᠰᠤᠨ ᠤ APP ᠳᠡᠭᠡᠷ᠎ᠡ ᠢᠯᠡ ᠨᠡᠶᠢᠲᠡᠯᠡᠬᠦ ᠪᠤᠯᠵᠤ᠂ ᠦᠨᠳᠦᠰᠦᠨ ᠱᠠᠲᠤᠨ ᠤ ᠪᠠᠭ᠎ᠠ ᠡᠷᠬᠡ ᠶᠢ ᠳᠥᠷᠢᠮᠵᠢᠭᠦᠯᠦᠨ᠂ ᠤᠯᠠᠨ ᠲᠥᠮᠡᠨ ᠳᠤ ᠤᠶᠢᠯᠠᠭᠠᠮᠵᠢᠲᠠᠢ᠂ ᠺᠠᠳ᠋ᠷᠴᠤᠳ ᠢ ᠦᠨᠡᠨᠴᠢ ᠴᠠᠭᠠᠪᠤᠷ ᠪᠠᠶᠢᠯᠭᠠᠨ᠂ ᠭᠠᠴᠠᠭ᠎ᠠ ᠳᠤᠰᠬᠤᠨ ᠤ ᠶᠠᠪᠤᠳᠠᠯ ᠢ ᠢᠯᠡ ᠨᠡᠶᠢᠲᠡᠯᠡᠬᠦ ᠡᠷᠴᠢᠮ ᠢ ᠴᠢᠩᠭᠠᠳᠬᠠᠵᠤ᠂ ᠶᠠᠳᠠᠭᠤ ᠶᠢ ᠳᠡᠳᠬᠦᠬᠦ ᠪᠡᠯᠡ ᠮᠥᠩᠭᠦ ᠠᠴᠠ ᠬᠡᠭᠡᠯᠢ ᠬᠠᠭ᠋ᠤᠤᠯᠢ ᠢᠳᠡᠬᠦ᠂ ᠲᠠᠯ᠎ᠠ ᠵᠠᠮ ᠠᠴᠠ ᠨᠢ ᠳᠠᠰᠤᠯᠤᠨ ᠦᠯᠡᠳᠡᠭᠡᠬᠦ᠂ ᠬᠤᠳᠠᠯ ᠬᠠᠭᠤᠷᠮᠠᠭ ᠢᠶᠠᠷ ᠮᠡᠳᠡᠭᠦᠯᠬᠦ ᠵᠡᠷᠭᠡ ᠤᠯᠠᠨ ᠲᠥᠮᠡᠨ ᠤ ᠠᠰᠢᠭ ᠳᠤᠰᠠ ᠳᠤ ᠬᠠᠯᠳᠠᠭᠰᠠᠨ ᠲᠥᠪ ᠪᠤᠰᠤ ᠰᠤᠷᠲᠠᠯ ᠪᠠ ᠢᠯᠵᠠᠷᠠᠮᠠᠯ ᠤᠨ ᠠᠰᠠᠭᠤᠳᠠᠯ ᠢ ᠡᠷᠡᠰ ᠰᠡᠷᠭᠡᠶᠢᠯᠡᠪᠡ᠃      ᠬᠤᠶᠠᠷ ᠬᠠᠷᠢᠭᠤᠴᠠᠯᠭ᠎ᠠ ᠶᠢ ᠡᠷᠡᠰ ᠴᠢᠩᠭ᠎ᠠ ᠱᠠᠭᠠᠷᠳᠠᠵᠤ᠂ ᠭᠦᠴᠦᠲᠡᠢ ᠳᠠᠷᠤᠯᠲᠠ ᠦᠵᠡᠭᠦᠯᠪᠡ᠃ ︽ᠬᠤᠶᠠᠷ ᠬᠠᠷᠢᠭᠤᠴᠠᠯᠭ᠎ᠠ︾ ᠶᠢ ᠱᠠᠭᠠᠷᠳᠠᠨ ᠵᠢᠯᠤᠭᠤᠳᠬᠤ ᠠᠵᠢᠯ ᠲᠠᠢ ᠤᠶᠠᠯᠳᠤᠭᠤᠯᠵᠤ᠂ ᠪᠥᠬᠦ ᠬᠤᠰᠢᠭᠤᠨ ᠤ 6 ᠰᠤᠮᠤ ᠪᠠᠯᠭᠠᠰᠤ ᠪᠠ ᠬᠠᠮᠢᠶ᠎ᠠ ᠪᠦᠬᠦᠢ ᠪᠠᠶᠢᠭᠤᠯᠭ᠎ᠠ ᠶᠢᠨ ᠶᠠᠳᠠᠭᠤ ᠶᠢ ᠳᠡᠳᠬᠦᠬᠦ ᠠᠵᠢᠯ ᠦᠷᠨᠢᠭᠦᠯᠦᠭᠰᠡᠨ ᠪᠠᠶᠢᠳᠠᠯ ᠢ ᠱᠠᠭᠠᠷᠳᠠᠨ ᠵᠢᠯᠤᠭᠤᠳᠴᠤ᠂ ᠨᠡᠶᠢᠲᠡ 31 ᠠᠰᠠᠭᠤᠳᠠᠯ ᠢᠯᠡᠷᠡᠭᠦᠯᠦᠨ᠂ ᠥᠭᠡᠷᠡᠴᠢᠯᠡᠨ ᠵᠠᠯᠠᠷᠠᠭᠤᠯᠬᠤ ᠮᠡᠳᠡᠭᠳᠡᠯ ᠪᠠᠭᠤᠯᠭᠠᠵᠤ᠂ ᠱᠠᠭᠠᠷᠳᠠᠨ ᠵᠠᠯᠠᠷᠠᠭᠤᠯᠭᠠᠪᠠ᠃ ︽ᠤᠲᠤᠭ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠵᠤ ᠪᠤᠭᠤᠮᠲᠠ ᠰᠢᠪᠲᠤᠯᠬᠤ ᠨᠠᠮ ᠵᠠᠰᠠᠭ ᠤᠨ ᠤᠳᠤᠷᠢᠳᠤᠯᠭ᠎ᠠ ᠺᠠᠳ᠋ᠷᠴᠤᠳ ᠤᠨ ᠪᠤᠯᠵᠤᠨ ᠶᠠᠷᠢᠯᠴᠠᠬᠤ ᠠᠷᠭ᠎ᠠ︾᠂ ︽ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠶᠠᠳᠠᠭᠤ ᠠᠴᠠ ᠠᠩᠭᠢᠵᠢᠷᠠᠭᠤᠯᠵᠤ ᠪᠤᠭᠤᠮᠲᠠ ᠰᠢᠪᠲᠤᠯᠬᠤ ᠶᠢ ᠱᠠᠭᠠᠷᠳᠠᠨ ᠪᠠᠶᠢᠴᠠᠭᠠᠬᠤ ᠬᠠᠮᠢᠶᠠᠷᠤᠯᠲᠠ ᠶᠢᠨ ᠠᠷᠭ᠎ᠠ︾ ᠵᠡᠷᠭᠡ ᠠᠯᠢ ᠤᠯᠠᠨ ᠳᠥᠷᠢᠮ ᠳᠤᠭᠲᠠᠭᠠᠯ  ᠢ ᠳᠤᠭᠲᠠᠭᠠᠪᠠ᠃ ᠰᠤᠮᠤ ᠪᠠᠯᠭᠠᠰᠤ ᠪᠠ ᠴᠢᠳᠠᠮᠵᠢᠲᠤ ᠪᠠᠶᠢᠭᠤᠯᠭ᠎ᠠ ᠠᠴᠠ ᠶᠠᠳᠠᠭᠤ ᠶᠢ ᠳᠡᠳᠬᠦᠬᠦ ᠺᠠᠳ᠋ᠷᠴᠤᠳ ᠵᠢᠴᠢ ᠶᠠᠳᠠᠭᠤ ᠶᠢ ᠳᠡᠳᠬᠦᠵᠦ ᠮᠠᠯᠴᠢᠨ ᠲᠠᠷᠢᠶᠠᠴᠢᠳ ᠲᠤ ᠬᠠᠷᠠᠭᠠᠯᠵᠠᠯ ᠦᠵᠡᠭᠦᠯᠬᠦ ᠲᠦᠷᠦ ᠶᠢᠨ ᠪᠤᠳᠤᠯᠭ᠎ᠠ᠂ ᠲᠥᠷᠥᠯ ᠵᠦᠢᠯ ᠤᠨ ᠪᠡᠯᠡ ᠮᠥᠩᠭᠦ ᠶᠢ ᠬᠡᠷᠡᠭᠵᠢᠭᠦᠯᠦᠨ ᠲᠤᠤᠱᠯᠠᠭᠤᠯᠤᠭᠰᠠᠨ ᠪᠠᠶᠢᠳᠠᠯ ᠳᠤ ᠬᠢᠨᠠᠯᠲᠠ ᠬᠠᠮᠢᠶᠠᠷᠤᠯᠲᠠ ᠬᠢᠵᠦ᠂ ᠰᠤᠮᠤ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠶᠠᠳᠠᠭᠤ ᠶᠢ ᠳᠡᠳᠬᠦᠬᠦ ᠬᠡᠪᠴᠢᠶᠡᠨ ᠳᠠᠬᠢ ᠱᠠᠭᠠᠷᠳᠠᠨ ᠪᠠᠶᠢᠴᠠᠭᠠᠬᠤ ᠠᠵᠢᠯ ᠢ ᠴᠢᠩᠭᠠᠳᠬᠠᠨ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠳᠦᠰᠦᠨ ᠱᠠᠲᠤᠨ ᠳᠤ ᠨᠠᠶᠢᠲᠠᠪᠤᠷᠢᠵᠢᠭᠤᠯᠬᠤ ᠶᠢ ᠠᠬᠢᠭᠤᠯᠪᠠ᠃ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠠᠰᠠᠭᠤᠬᠤ ᠡᠷᠴᠢᠮ ᠢ ᠴᠢᠩᠭᠠᠳᠬᠠᠨ᠂ ᠠᠵᠢᠯ ᠳᠠᠭᠠᠨ ᠬᠢᠨᠠᠮᠠᠭᠠᠢ ᠯᠠᠪᠳᠠᠭᠤᠨ ᠢᠶᠠᠷ ᠬᠠᠨᠳᠤᠬᠤ ᠦᠭᠡᠢ᠂ ᠠᠰᠠᠭᠤᠳᠠᠯ ᠢᠶᠠᠨ ᠥᠭᠡᠷᠡᠴᠢᠯᠡᠨ ᠵᠠᠯᠠᠷᠠᠭᠤᠯᠬᠤ ᠦᠭᠡᠢ᠂ ᠤᠯᠠᠨ ᠲᠥᠮᠡᠨ ᠤ ᠳᠤᠰᠬᠠᠯ ᠶᠡᠬᠡᠲᠡᠢ ᠠᠰᠠᠭᠤᠳᠠᠯ ᠳᠤ ᠲᠤᠬᠠᠢ ᠶᠢᠨ ᠬᠠᠷᠢᠭᠤᠴᠠᠯᠭᠠᠲᠠᠨ ᠠᠴᠠ ᠨᠢ ᠬᠠᠷᠢᠭᠤᠴᠠᠯᠭ᠎ᠠ ᠨᠡᠬᠡᠮᠵᠢᠯᠡᠵᠦ᠂ ᠤᠳᠤᠷᠢᠳᠤᠯᠭ᠎ᠠ ᠶᠢᠨ ᠬᠢᠨᠢ ᠬᠠᠷᠢᠭᠤᠴᠠᠯᠭ᠎ᠠ ᠪᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠠᠷᠢᠭᠤᠴᠠᠯᠭ᠎ᠠ ᠶᠢ ᠨᠢ ᠴᠦ ᠨᠡᠬᠡᠮᠵᠢᠯᠡᠨ᠎ᠡ᠃      ᠪᠥᠬᠦ ᠲᠠᠯ᠎ᠠ ᠪᠠᠷ ᠬᠢᠨᠠᠯᠲᠠ ᠲᠠᠯᠪᠢᠨ ᠪᠠᠶᠢᠴᠠᠭᠠᠵᠤ᠂ ᠥᠨᠴᠥᠭ ᠪᠤᠯᠤᠩ ᠦᠯᠡᠳᠡᠭᠡᠯ ᠦᠭᠡᠢ ᠪᠠᠷ ᠴᠡᠭᠴᠡᠯᠡᠨ ᠵᠠᠯᠠᠷᠠᠭᠤᠯᠪᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠠ ᠱᠠᠭᠠᠷᠳᠠᠨ ᠪᠠᠶᠢᠴᠠᠭᠠᠬᠤ᠂ ᠶᠠᠳᠠᠭᠤ ᠶᠢ ᠳᠡᠳᠬᠦᠬᠦ᠂ ᠬᠢᠨᠠᠨ ᠪᠤᠳᠤᠬᠤ᠂ ᠡᠳ᠋ ᠤᠨ ᠵᠠᠰᠠᠭ᠂ ᠤᠷᠤᠨ ᠰᠠᠭᠤᠴᠠ ᠵᠡᠷᠭᠡ ᠪᠠᠶᠢᠭᠤᠯᠭ᠎ᠠ ᠳᠤᠰᠬᠠᠢ ᠱᠠᠭᠠᠷᠳᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠰᠤᠭᠤᠴᠢᠨ ᠪᠠᠶᠢᠴᠠᠭᠠᠬᠤ᠂ ᠳᠤᠰᠬᠠᠢ ᠪᠠᠶᠢᠴᠠᠭᠠᠯᠲᠠ ᠬᠢᠬᠦ ᠵᠡᠷᠭᠡ ᠠᠷᠭ᠎ᠠ ᠪᠠᠷ ᠪᠥᠬᠦ ᠬᠤᠰᠢᠭᠤᠨ ᠤ ᠡᠯ᠎ᠡ ᠭᠠᠵᠠᠷ ᠡᠯ᠎ᠡ ᠪᠠᠶᠢᠭᠤᠯᠭ᠎ᠠ ᠶᠢᠨ ᠶᠠᠳᠠᠭᠤ ᠠᠴᠠ ᠠᠩᠭᠢᠵᠢᠷᠠᠭᠤᠯᠵᠤ ᠪᠤᠭᠤᠮᠲᠠ ᠰᠢᠪᠲᠤᠯᠬᠤ ᠠᠵᠢᠯ ᠤᠨ ᠲᠥᠷᠥᠯ ᠵᠦᠢᠯ ᠢ ᠳᠤᠬᠢᠷᠠᠭᠤᠯᠤᠭᠰᠠᠨ᠂ ᠪᠡᠯᠡ ᠮᠥᠩᠭᠦ ᠶᠢ ᠬᠡᠷᠡᠭᠯᠡᠭᠰᠡᠨ᠂ ᠠᠵᠢᠯ ᠦᠷᠨᠢᠭᠦᠯᠦᠭᠰᠡᠨ᠂ ᠬᠠᠷᠢᠭᠤᠴᠠᠯᠭ᠎ᠠ ᠪᠠᠨ ᠪᠡᠶᠡᠯᠡᠭᠦᠯᠦᠭᠰᠡᠨ᠂ ᠰᠠᠬᠢᠯᠭ᠎ᠠ ᠪᠠᠲᠤ ᠠᠵᠢᠯ ᠤᠨ ᠬᠡᠪ ᠰᠤᠷᠲᠠᠯ ᠵᠡᠷᠭᠡ ᠲᠠᠯ᠎ᠠ ᠪᠠᠷ ᠱᠠᠭᠠᠷᠳᠠᠨ ᠪᠠᠶᠢᠴᠠᠭᠠᠵᠤ ᠰᠤᠭᠤᠴᠢᠨ ᠪᠠᠶᠢᠴᠠᠭᠠᠪᠠ᠃ ︽ᠳᠥᠷᠪᠡᠨ ᠦᠭᠡᠢ ᠬᠤᠶᠠᠷ ᠰᠢᠭᠤᠳ︾᠂ ︽ᠡᠷᠭᠢᠨ ᠪᠠᠶᠢᠴᠠᠭᠠᠬᠤ︾ ᠵᠡᠷᠭᠡ ᠠᠷᠭ᠎ᠠ ᠪᠠᠷ ᠰᠢᠭᠤᠳ ᠪᠠᠶᠢᠴᠠᠭᠠᠬᠤ ᠪᠤᠶᠤ ᠳᠠᠯᠳᠠ ᠪᠠᠷ ᠪᠠᠶᠢᠴᠠᠭᠠᠵᠤ᠂ ᠭᠠᠴᠠᠭ᠎ᠠ ᠳᠤᠰᠬᠤᠨ᠂ ᠮᠠᠯᠴᠢᠨ ᠲᠠᠷᠢᠶᠠᠴᠢᠨ ᠡᠷᠦᠬᠡ ᠪᠠᠷ ᠲᠤᠭᠤᠷᠢᠨ ᠪᠠᠶᠢᠴᠠᠭᠠᠵᠤ ᠦᠵᠡᠨ᠂ ᠬᠤᠳᠠᠯ ᠬᠠᠭᠤᠷᠮᠠᠭ  ᠢᠶᠠᠷ ᠮᠡᠳᠡᠭᠦᠯᠵᠦ ᠬᠠᠷᠠᠭᠠᠯᠵᠠᠯ ᠤᠨ ᠡᠳ᠋ ᠪᠤᠳᠠᠰ ᠠᠪᠤᠭᠰᠠᠨ᠂ ᠲᠠᠯ᠎ᠠ ᠵᠠᠮ ᠠᠴᠠ ᠨᠢ ᠰᠢᠯᠵᠢᠭᠦᠯᠦᠨ ᠬᠡᠷᠡᠭᠯᠡᠭᠰᠡᠨ᠂ ᠬᠤᠪᠢ ᠶᠢᠨ ᠶᠠᠭᠤᠮ᠎ᠠ ᠪᠤᠯᠭᠠᠵᠤ ᠡᠵᠡᠯᠡᠨ ᠠᠪᠤᠭᠰᠠᠨ ᠵᠡᠷᠭᠡ ᠠᠰᠠᠭᠤᠳᠠᠯ ᠢ ᠡᠷᠡᠰ ᠴᠢᠩᠭ᠎ᠠ ᠪᠠᠶᠢᠴᠠᠭᠠᠪᠠ᠃ ᠭᠤᠶᠤᠴᠢᠯᠠᠯ ᠤᠨ ᠪᠢᠴᠢᠭ ᠮᠠᠲ᠋ᠧᠷᠢᠶᠠᠯ ᠪᠠ ᠴᠤᠬᠤᠯᠠᠪᠤᠷᠢᠯᠠᠭᠰᠠᠨ ᠪᠢᠴᠢᠭ ᠮᠠᠲ᠋ᠧᠷᠢᠶᠠᠯ᠂ ᠪᠡᠯᠡ ᠮᠥᠩᠭᠦᠨ ᠤ ᠤᠷᠤᠨ ᠲᠤᠭ᠎ᠠ ᠵᠡᠷᠭᠡ ᠶᠢ ᠬᠠᠷᠭᠤᠭᠤᠯᠤᠨ ᠪᠠᠶᠢᠴᠠᠭᠠᠬᠤ ᠪᠠᠷ ᠳᠠᠮᠵᠢᠨ᠂ ᠲᠥᠷᠥᠯ ᠵᠦᠢᠯ ᠤᠨ ᠪᠡᠯᠡ ᠮᠥᠩᠭᠦᠨ ᠤ ᠬᠤᠪᠢᠶᠠᠷᠢᠯᠠᠯᠲᠠ ᠶᠢᠨ ᠪᠠᠶᠢᠳᠠᠯ ᠪᠠ ᠪᠠᠭᠤᠯᠭᠠᠨ ᠬᠡᠷᠡᠭᠯᠡᠭᠰᠡᠨ ᠪᠠᠶᠢᠳᠠᠯ ᠢ ᠲᠤᠳᠤᠷᠬᠠᠢ ᠪᠠᠶᠢᠴᠠᠭᠠᠪᠠ︔ ᠪᠠᠷᠢᠯᠭ᠎ᠠ ᠶᠢᠨ ᠲᠤᠬᠠᠢ ᠶᠢᠨ ᠭᠠᠵᠠᠷ ᠪᠠ ᠪᠤᠳᠠᠲᠠᠢ ᠪᠠᠷᠢᠯᠭ᠎ᠠ ᠶᠢᠨ ᠬᠡᠮᠵᠢᠶ᠎ᠡ ᠶᠢ ᠬᠠᠷᠭᠤᠭᠤᠯᠤᠨ ᠪᠠᠶᠢᠴᠠᠭᠠᠬᠤ ᠪᠠᠷ ᠳᠠᠮᠵᠢᠨ᠂ ᠪᠡᠯᠡ ᠮᠥᠩᠭᠦᠨ ᠤ ᠬᠡᠷᠡᠭᠯᠡᠯᠲᠡ ᠪᠠ ᠡᠴᠦᠰ ᠤᠨ ᠵᠠᠷᠤᠯᠭ᠎ᠠ ᠶᠢᠨ ᠪᠠᠶᠢᠳᠠᠯ ᠢ ᠲᠤᠳᠤᠷᠬᠠᠢ ᠤᠶᠢᠯᠠᠭᠠᠪᠠ︔ ᠤᠯᠠᠨ ᠲᠥᠮᠡᠨ  ᠤ ᠳᠤᠮᠳᠠ ᠭᠦᠨᠵᠡᠭᠡᠶᠢᠷᠡᠵᠦ᠂ ᠤᠯᠠᠨ ᠲᠥᠮᠡᠨ ᠤ ᠠᠰᠢᠭ ᠳᠤᠰᠠ ᠶᠢ ᠦᠨᠡᠨᠬᠦ ᠪᠠᠲᠤᠯᠠᠭᠰᠠᠨ ᠡᠰᠡᠭᠦ ᠶᠢ ᠬᠠᠷᠭᠤᠭᠤᠯᠤᠨ ᠪᠠᠶᠢᠴᠠᠭᠠᠪᠠ᠃ ᠰᠤᠮᠤ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ 2016 ᠤᠨ  ᠠᠴᠠ ᠨᠠᠰᠢᠬᠢ ᠶᠠᠳᠠᠭᠤ ᠶᠢ ᠳᠡᠳᠬᠦᠬᠦ ᠠᠵᠢᠯ ᠢ ᠨᠢᠭᠡᠳ ᠨᠢᠭᠡ ᠪᠠᠷ ᠰᠢᠭᠦᠨ ᠪᠠᠶᠢᠴᠠᠭᠠᠵᠤ᠂ ᠠᠳᠡᠭᠦᠦ ᠪᠤᠷᠤᠭᠤ᠂ ᠬᠡᠯᠪᠡᠶᠢᠭᠦᠦ ᠵᠦᠢᠯᠡᠰ ᠢ ᠴᠡᠭᠴᠡᠯᠡᠨ ᠵᠠᠯᠠᠷᠠᠭᠤᠯᠵᠤ᠂ ᠶᠠᠳᠠᠭᠤ ᠶᠢ ᠳᠡᠳᠬᠦᠬᠦ ᠰᠢᠨ᠎ᠡ ᠠᠵᠢᠯ ᠤᠨ ᠪᠥᠬᠦᠶᠢᠯᠡ ᠶᠠᠪᠤᠴᠠ  ᠶᠢ ᠮᠥᠷᠲᠡᠨ ᠪᠠᠶᠢᠴᠠᠭᠠᠵᠤ᠂ ᠠᠰᠠᠭᠤᠳᠠᠯ ᠢ ᠴᠠᠭ ᠳᠠᠷᠤᠢ ᠳᠤ ᠨᠢ ᠢᠯᠡᠷᠡᠭᠦᠯᠦᠨ᠂ ᠴᠠᠭ ᠳᠠᠷᠤᠢ ᠳᠤ ᠨᠢ ᠰᠢᠢᠳᠪᠦᠷᠢᠯᠡᠵᠦ᠂ ᠠᠵᠢᠯ ᠤᠨ ᠡᠬᠡ ᠳᠠᠩᠰᠠ ᠪᠠᠶᠢᠭᠤᠯᠤᠨ᠂ ᠨᠢᠭᠡᠳ ᠨᠢᠭᠡ ᠪᠠᠷ ᠳᠠᠷᠠᠭᠠᠯᠠᠨ ᠪᠡᠶᠡᠯᠡᠭᠦᠯᠪᠡ᠃ ᠥᠨᠥ ᠵᠢᠯ ᠠᠴᠠ ᠨᠠᠰᠢ᠂ ᠨᠡᠶᠢᠲᠡ 7 ᠤᠳᠠᠭᠠᠨ ᠤ ᠳᠤᠰᠬᠠᠢ ᠪᠠᠶᠢᠴᠠᠭᠠᠯᠲᠠ ᠬᠢᠵᠦ᠂ 26 ᠠᠰᠠᠭᠤᠳᠠᠯ ᠢ ᠢᠯᠡᠷᠡᠭᠦᠯᠪᠡ᠃      ᠥᠴᠦᠬᠡᠨ ᠴᠦ ᠠᠭᠤᠴᠢᠯᠠᠬᠤ ᠦᠭᠡᠢ ᠪᠠᠷ ᠬᠢᠨᠠᠨ ᠪᠠᠶᠢᠴᠠᠭᠠᠬᠤ ᠳᠥᠷᠢᠮ ᠢ ᠬᠡᠷᠡᠭᠵᠢᠭᠦᠯᠦᠨ᠂ ᠰᠢᠭᠤᠳ ᠪᠠᠶᠢᠴᠠᠭᠠᠨ ᠬᠤᠷᠳᠤᠨ ᠰᠢᠢᠳᠪᠦᠷᠢᠯᠡᠵᠦ᠂ ᠪᠤᠳᠠᠲᠤ ᠦᠷ᠎ᠡ ᠪᠥᠲᠥᠮᠵᠢ ᠶᠢ ᠴᠢᠬᠤᠯᠠᠴᠢᠯᠠᠪᠠ᠃ ᠥᠨᠥ ᠵᠢᠯ ᠠᠴᠠ ᠨᠠᠰᠢ᠂ 42 ᠠᠰᠠᠭᠤᠳᠠᠯ ᠤᠨ ᠰᠥᠪᠡᠭᠴᠢ ᠶᠢ ᠢᠯᠡᠷᠡᠭᠦᠯᠦᠨ ᠰᠢᠢᠳᠪᠦᠷᠢᠯᠡᠵᠦ᠂ 6 ᠬᠡᠷᠡᠭ ᠢ ᠳᠠᠩᠰᠠᠯᠠᠨ᠂ 6 ᠬᠦᠮᠦᠨ ᠳᠤ ᠨᠠᠮ ᠤᠨ ᠰᠠᠬᠢᠯᠭ᠎ᠠ ᠵᠠᠰᠠᠭ ᠤᠨ ᠶᠠᠪᠤᠳᠠᠯ ᠤᠨ ᠳᠥᠷᠢᠮ ᠵᠥᠷᠢᠴᠡᠭᠰᠡᠨ ᠰᠢᠢᠳᠬᠡᠯ ᠤᠯᠭᠤᠵᠤ᠂ 29 ᠬᠦᠮᠦᠨ ᠳᠤ ᠵᠤᠬᠢᠶᠠᠨ ᠪᠠᠶᠢᠭᠤᠯᠤᠯᠲᠠ ᠶᠢᠨ ᠰᠢᠢᠳᠬᠡᠯ ᠦᠵᠡᠭᠦᠯᠦᠨ᠂ 22 ᠲᠥᠮᠡᠨ ᠲᠥᠭᠦᠷᠢᠭ ᠤᠨ ᠳᠥᠷᠢᠮ  ᠠᠴᠠ ᠵᠥᠷᠢᠴᠡᠵᠦ ᠬᠤᠪᠢᠶᠠᠭᠰᠠᠨ ᠨᠥᠬᠦᠪᠥᠷᠢ ᠮᠥᠩᠭᠦ ᠶᠢ ᠨᠡᠬᠡᠨ ᠠᠪᠴᠢᠷᠠᠪᠠ᠃ ᠦᠷᠭᠦᠯᠵᠢ ᠶᠢᠨ ᠴᠢᠨᠠᠷᠲᠠᠢ ᠮᠡᠳᠡᠭᠡᠯᠡᠨ ᠢᠯᠡᠴᠢᠯᠡᠵᠦ᠂ ᠰᠡᠷᠡᠮᠵᠢᠯᠡᠭᠦᠯᠦᠨ ᠰᠦᠷᠳᠡᠭᠦᠯᠬᠦ ᠦᠷ᠎ᠡ ᠪᠥᠲᠥᠮᠵᠢ ᠴᠦ ᠨᠡᠯᠢᠶᠡᠳ ᠢᠯᠡᠷᠬᠡᠢ ᠪᠤᠯᠪᠠ᠃ ᠶᠠᠳᠠᠭᠤ ᠶᠢ ᠳᠡᠳᠬᠦᠬᠦ ᠬᠡᠪᠴᠢᠶᠡᠨ ᠳᠠᠬᠢ ᠬᠡᠪ ᠰᠤᠷᠲᠠᠯ ᠪᠠ ᠢᠯᠵᠠᠷᠠᠮᠠᠯ ᠤᠨ ᠠᠰᠠᠭᠤᠳᠠᠯ ᠢ ᠢᠯᠡᠴᠢᠯᠡᠨ ᠮᠡᠳᠡᠭᠡᠯᠡᠬᠦ ᠳᠤᠭᠲᠠᠴᠠ ᠪᠠᠶᠢᠭᠤᠯᠤᠨ᠂ ᠮᠡᠳᠡᠭᠡᠯᠡᠯ ᠢ ᠳᠠᠷᠤᠮᠠᠯᠯᠠᠨ ᠳᠠᠷᠬᠠᠭᠠᠬᠤ᠂ ᠰᠦᠯᠵᠢᠶᠡᠨ ᠳᠡᠭᠡᠷ᠎ᠡ ᠨᠡᠶᠢᠲᠡᠯᠡᠬᠦ᠂ ᠰᠡᠷᠡᠮᠵᠢᠯᠡᠭᠦᠯᠦᠨ ᠬᠦᠮᠦᠵᠢᠭᠦᠯᠬᠦ ᠬᠤᠷᠠᠯ ᠬᠢᠬᠦ ᠵᠡᠷᠭᠡ ᠬᠡᠯᠪᠡᠷᠢ ᠪᠠᠷ ᠨᠡᠶᠢᠲᠡᠯᠢᠭ ᠵᠢᠱᠢᠶ᠎ᠡ ᠪᠤᠯᠤᠭᠰᠠᠨ ᠬᠡᠷᠡᠭ ᠤᠴᠢᠷ  ᠲᠤ ᠬᠤᠯᠪᠤᠭᠳᠠᠭᠰᠠᠨ ᠬᠦᠮᠦᠰ ᠤᠨ ᠨᠡᠷ᠎ᠡ ᠤᠰᠤ ᠶᠢ ᠢᠯᠡ ᠪᠠᠷ ᠮᠡᠳᠡᠭᠡᠯᠡᠨ ᠢᠯᠡᠴᠢᠯᠡᠵᠦ᠂ ᠬᠠᠵᠠᠭᠤᠳᠡᠬᠢ ᠬᠦᠮᠦᠨ  ᠤ ᠬᠡᠷᠡᠭ ᠶᠠᠪᠤᠳᠠᠯ ᠢᠶᠠᠷ ᠬᠦᠮᠦᠰ ᠢ ᠬᠦᠮᠦᠵᠢᠭᠦᠯᠦᠨ᠂ ᠰᠡᠷᠡᠮᠵᠢᠯᠡᠭᠦᠯᠦᠨ ᠰᠦᠷᠳᠡᠭᠦᠯᠬᠦ ᠶᠢ ᠴᠢᠩᠭᠠᠳᠬᠠᠪᠠ᠃ 2018 ᠤᠨ ᠠᠴᠠ ᠨᠠᠰᠢ᠂ ᠶᠠᠳᠠᠭᠤ ᠶᠢ ᠳᠡᠳᠬᠦᠬᠦ ᠠᠵᠢᠯ ᠤᠨ ᠬᠡᠪᠴᠢᠶᠡᠨ ᠳᠠᠬᠢ ᠢᠯᠵᠠᠷᠠᠮᠠᠯ ᠪᠠ ᠬᠡᠪ ᠰᠤᠷᠲᠠᠯ  ᠤᠨ ᠠᠰᠠᠭᠤᠳᠠᠯ ᠢ ᠨᠡᠶᠢᠲᠡ 5 ᠮᠡᠳᠡᠭᠡᠯᠡᠨ ᠨᠡᠶᠢᠲᠡᠯᠡᠪᠡ᠃
ᠢᠷᠡᠯᠲᠡ᠄ ᠤᠲᠤᠭ ᠤᠨ ᠰᠤᠨᠢᠨ ᠤ ᠬᠤᠷᠢᠶ᠎ᠠ