ᠵᠢᠭᠠᠬᠤ ᠶᠢ ᠰᠤᠳᠤᠯᠬᠤ ᠲᠦᠪ ᠤᠨ ᠵᠢᠭᠠᠨ ᠰᠤᠳᠤᠯᠤᠭᠴᠢ ᠨᠠᠷ ᠮᠤᠩᠭᠤᠯ ᠦᠨᠳᠦᠰᠦᠳᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ ᠳᠤ ᠤᠴᠢᠵᠤ ᠭᠡᠷᠰᠡᠭ ᠪᠠᠭᠰᠢ ᠨᠠᠷ ᠤᠨ ᠬᠢᠴᠢᠶᠡᠯ ᠢ ᠰᠤᠨᠤᠰᠤᠨ ᠵᠢᠭᠠᠨ ᠵᠢᠯᠤᠭᠤᠳᠤᠯᠭ᠎ᠠ ᠬᠢᠪᠡ
ᠨᠡᠶᠢᠲᠡᠯᠡᠭᠰᠡᠨ ᠴᠠᠭ᠄
2019-03-06
     ᠲᠤᠰ ᠬᠤᠭᠤᠴᠠᠭᠠᠨ ᠤ ᠮᠤᠩᠭᠤᠯ ᠦᠨᠳᠦᠰᠦᠳᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ ᠶᠢᠨ ᠭᠤᠤᠯᠳᠠᠯᠭ᠎ᠠ ᠪᠤᠯᠬᠤ ᠰᠤᠷᠤᠭᠴᠢᠳ ᠤᠨ ᠶᠤᠰᠤ ᠰᠤᠷᠳᠠᠬᠤᠨ ᠪᠤᠯᠤᠨ ᠠᠮᠢᠳᠤᠷᠠᠯ ᠤᠨ ᠰᠠᠶᠢᠨ ᠰᠠᠶᠢᠬᠠᠨ ᠲᠠᠳᠬᠠᠯ ᠢ ᠬᠦᠮᠦᠵᠢᠭᠦᠯᠵᠤ᠂ ᠵᠢᠭᠠᠨ ᠰᠤᠷᠭᠠᠯᠳᠠ ᠶᠢᠨ ᠶᠠᠰᠤ ᠴᠢᠨᠠᠷ ᠢ ᠲᠡᠭᠡᠭᠰᠢᠯᠡᠭᠦᠯᠬᠦ ᠶᠢᠨ ᠲᠦᠯᠦᠭᠡ ᠬᠤᠰᠢᠭᠤ ᠰᠤᠷᠭᠠᠨ ᠬᠦᠮᠦᠵᠢᠯ ᠪᠡᠶ᠎ᠡ ᠲᠠᠮᠢᠷ ᠤᠨ ᠲᠤᠪᠴᠢᠶᠠᠨ ᠤ ᠲᠤᠬᠢᠷᠠᠭᠤᠯᠭ᠎ᠠ ᠶᠤᠰᠤᠭᠠᠷ ᠬᠤᠶᠠᠷ ᠰᠠᠷ᠎ᠠ ᠶᠢᠨ ᠬᠤᠷᠢᠨ ᠲᠠᠪᠤᠨ ᠤ ᠡᠳᠦᠷ ᠵᠢᠭᠠᠬᠤ ᠶᠢ ᠰᠤᠳᠤᠯᠬᠤ ᠲᠦᠪ ᠤᠨ ᠵᠢᠭᠠᠨ ᠰᠤᠳᠤᠯᠤᠭᠴᠢ ᠨᠠᠷ ᠮᠤᠩᠭᠤᠯ ᠦᠨᠳᠦᠰᠦᠳᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ ᠳᠤ ᠢᠷᠡᠵᠦ ᠭᠡᠰᠡᠭ ᠪᠠᠭᠰᠢ ᠨᠠᠷ ᠤᠨ ᠬᠢᠴᠢᠶᠡᠯ ᠢ ᠰᠤᠨᠤᠰᠤᠨ ᠵᠢᠭᠠᠨ ᠵᠢᠯᠤᠭᠤᠳᠤᠯᠭ᠎ᠠ ᠬᠢᠪᠡ᠃ ᠲᠤᠬᠠᠶᠢᠯᠠᠪᠠᠯ ᠪᠠᠭᠰᠢ ᠨᠠᠷ ᠤᠨ ᠬᠦᠳᠦᠯᠪᠦᠷᠢ ᠳᠠᠬᠢ ᠬᠤᠯᠪᠤᠭᠳᠠᠯ ᠪᠦᠬᠦᠢ ᠠᠭᠤᠯᠭ᠎ᠠ ᠪᠠᠨ ᠰᠤᠷᠤᠭᠴᠢᠳ ᠲᠤ ᠬᠡᠷᠬᠢᠨ ᠤᠯᠠᠮᠵᠢᠯᠠᠵᠤ ᠪᠠᠶᠢᠬᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠳᠠ ᠲᠤᠮᠳᠠ ᠰᠤᠷᠤᠭᠴᠢᠳ ᠲᠤ ᠦᠵᠡᠯ ᠰᠠᠨᠠᠭ᠎ᠠ ᠶᠤᠰᠤ ᠰᠤᠷᠳᠠᠬᠤᠨ ᠪᠤᠯᠤᠨ ᠠᠮᠤᠷ ᠲᠦᠪᠰᠢᠨ ᠤ ᠬᠦᠮᠦᠵᠢᠯ ᠢ ᠬᠡᠷᠬᠢᠨ ᠬᠢᠵᠤ ᠲᠤᠤᠱᠯᠠᠭᠤᠯᠤᠭᠰᠠᠨ ᠪᠠᠶᠢᠳᠠᠯ ᠵᠢᠴᠢ ᠲᠡᠭᠡᠷ᠎ᠡ ᠬᠤᠭᠤᠴᠠᠭᠠᠨ ᠤ ᠬᠤᠭᠤᠴᠠᠭ᠎ᠠ ᠡᠴᠦᠰ ᠤᠨ ᠰᠢᠯᠭᠠᠯᠳᠠ ᠶᠢᠨ ᠪᠤᠷᠤᠭᠤ ᠶᠢ ᠵᠠᠯᠠᠷᠠᠭᠤᠯᠵᠤ ᠪᠠᠶᠢᠭ᠎ᠠ ᠪᠠᠶᠢᠳᠠᠯ ᠢ ᠤᠶᠢᠯᠠᠭᠠᠭᠰᠠᠨ ᠪᠠᠶᠢᠨ᠎ᠠ᠃
 
ᠢᠷᠡᠯᠲᠡ᠄ ᠤᠳᠤᠭ ᠬᠤᠰᠢᠭᠤᠨ ᠤ ᠮᠤᠩᠭᠤᠯ ᠦᠨᠳᠦᠰᠦᠳᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号