ᠤᠬᠤᠷ ᠰᠡᠭᠦᠯᠲᠦ ᠦᠯᠴᠢᠷ ᠬᠤᠨᠢ ᠶᠢ ᠰᠢᠨᠵᠢᠯᠠᠭᠦ ᠤᠬᠠᠭᠠᠨᠴᠢ ᠪᠠᠷ ᠠᠷᠠᠴᠢᠯᠠᠨ ᠳᠡᠵᠢᠭᠡᠬᠦ ᠠᠷᠭ᠎ᠠ
ᠨᠡᠶᠢᠲᠡᠯᠡᠭᠰᠡᠨ ᠴᠠᠭ᠄
2020/10/1
         ᠤᠬᠤᠷ ᠰᠡᠭᠦᠯᠲᠦ ᠦᠯᠴᠢᠷ ᠬᠤᠨᠢ ᠶᠢ ᠰᠢᠨᠵᠢᠯᠠᠭᠦ ᠤᠬᠠᠭᠠᠨᠴᠢ ᠪᠠᠷ ᠠᠷᠠᠴᠢᠯᠠᠨ ᠳᠡᠵᠢᠭᠡᠬᠦ ᠠᠷᠭ᠎ᠠ      ᠤᠬᠤᠷ ᠰᠡᠭᠦᠯᠲᠦ ᠦᠯᠴᠢᠷ ᠬᠤᠨᠢᠨ ᠤ ᠣᠨᠴᠠᠯᠢᠭ ᠪᠣᠯ ᠦᠷᠡᠵᠢᠯᠲᠡ ᠶᠢᠨ ᠨᠤᠷᠮ᠎ᠠ ᠨᠢ ᠦᠨᠳᠦᠷ᠂ ᠬᠤᠷᠠᠭᠠᠯᠠᠬᠤ ᠲᠤᠭ᠎ᠠ ᠠᠷᠪᠢᠨ᠂ ᠦᠰᠦᠯᠲᠡ ᠪᠤᠶᠢᠵᠢᠯᠲᠠ ᠲᠦᠷᠭᠡᠨ ᠪᠠᠶᠢᠳᠠᠭ᠃ ᠤᠬᠤᠷ ᠰᠡᠭᠦᠯᠲᠦ ᠦᠯᠴᠢᠷ ᠬᠤᠨᠢᠨ ᠤ ᠡᠭᠦᠯᠳᠡᠷ ᠢ ᠬᠤᠳᠠᠯᠳᠤᠨ ᠣᠷᠤᠭᠤᠯᠬᠤ ᠨᠢ ᠳᠡᠬᠦᠨ ᠤ ᠬᠡᠭᠡᠯ ᠣᠯᠠᠨ ᠦᠷᠡᠵᠢᠯᠲᠡ ᠰᠠᠶᠢᠲᠠᠢ ᠡᠭᠦᠯᠳᠡᠷ ᠤᠨ ᠣᠨᠴᠠᠯᠢᠭ ᠢ ᠠᠰᠢᠭᠯᠠᠨ ᠡᠷᠯᠢᠰᠡᠵᠢᠭᠦᠯᠭᠡ ᠬᠢᠵᠦ᠂ ᠠᠯᠠᠰᠢᠨ ᠬᠤᠨᠢ ᠶᠢᠨ ᠦᠢᠯᠡᠳᠪᠦᠷᠢᠯᠡᠯ ᠢ ᠬᠦᠭᠵᠢᠭᠦᠯᠬᠦ ᠶᠢᠨ ᠲᠦᠯᠦᠭᠡ ᠶᠤᠮ᠃      ᠤᠬᠤᠷ ᠰᠠᠭᠦᠯᠲᠦ ᠦᠯᠴᠢᠷ ᠬᠤᠨᠢ ᠶᠢ ᠬᠠᠰᠢᠶᠠᠯᠠᠵᠦ ᠳᠡᠵᠢᠭᠡᠬᠦ ᠪᠠᠷ ᠭᠤᠣᠯᠯᠠᠵᠤ᠂ ᠵᠤᠨ᠂ ᠨᠠᠮᠤᠷ ᠤᠨ ᠤᠯᠠᠷᠢᠯ ᠤᠨ ᠡᠪᠡᠰᠦ ᠨᠤᠭᠤᠭ᠎ᠠ ᠰᠠᠶᠢᠨ ᠦᠶᠡᠰ ᠵᠣᠬᠢᠰᠳᠠᠢ ᠪᠠᠯᠴᠢᠭᠡᠷᠯᠡᠭᠦᠯᠵᠤ ᠪᠣᠯᠤᠨ᠎ᠠ᠂ ᠢᠩᠬᠢᠪᠠᠯ ᠬᠤᠨᠢ ᠶᠢ ᠬᠦᠴᠦ ᠲᠠᠷᠭᠤ ᠠᠪᠤᠭᠤᠯᠵᠦ᠂ ᠬᠡᠮ ᠬᠢᠵᠢᠭ ᠢ ᠡᠰᠡᠷᠭᠦᠴᠡᠬᠦ ᠴᠢᠳᠠᠪᠤᠷᠢ ᠶᠢ ᠨᠢ ᠨᠡᠮᠡᠭᠳᠡᠭᠦᠯᠵᠦ ᠴᠢᠳᠠᠨ᠎ᠠ᠃ ᠭᠡᠪᠡᠴᠦ ᠳᠡᠩᠳᠠᠭᠦᠦ ᠬᠡᠲᠤᠷᠡᠲᠡᠯ᠎ᠡ ᠪᠡᠯᠴᠢᠭᠡᠷᠯᠡᠭᠦᠯᠵᠦ ᠪᠣᠯᠬᠤ ᠦᠭᠡᠢ᠂ ᠤᠴᠢᠷ ᠨᠢ ᠤᠬᠤᠷ ᠰᠡᠭᠦᠯᠲᠦ ᠦᠯᠴᠢᠷ ᠬᠤᠨᠢᠨ ᠤ ᠪᠡᠶ᠎ᠡ ᠨᠢ ᠪᠦᠳᠦᠭᠦᠨ᠂ ᠲᠦᠷᠪᠡᠨ ᠮᠦᠴᠢ ᠨᠢ ᠨᠠᠷᠢᠨ ᠣᠷᠲᠤ᠂ ᠳᠠᠭᠠᠭᠠᠴᠠ ᠪᠠᠷ ᠠᠨᠠᠶ ᠲᠣᠯᠠ ᠠᠭᠤᠯᠠ ᠳᠠᠪᠠᠭ᠋ᠤ ᠪᠣᠶᠤ ᠦᠩᠭᠡᠷᠡᠦ ᠬᠤᠯᠠ ᠪᠡᠯᠴᠢᠭᠡᠷᠯᠡᠬᠦᠯᠬᠦ ᠳᠤ ᠵᠣᠬᠢᠬᠤ ᠦᠭᠡᠢ᠃ ᠡᠩ ᠤᠨ ᠪᠠᠶᠢᠳᠠᠯ ᠳᠤ ᠡᠳᠦᠷ ᠪᠦᠷᠢ 1.5 - 2 ᠺᠢᠯᠦᠮᠧᠳ᠋ᠷ ᠠᠴᠠ ᠬᠤᠯᠠ ᠪᠠᠯᠴᠢᠭᠡᠷᠯᠡᠭᠦᠯᠵᠤ ᠪᠣᠯᠬᠤ ᠦᠭᠡᠢ᠃ ᠡᠭᠦᠨ ᠠᠴᠠ ᠭᠠᠳᠠᠨ᠎ᠠ᠂ ᠤᠬᠤᠷ ᠰᠡᠭᠦᠯᠲᠦ ᠦᠯᠴᠢᠷ ᠬᠤᠨᠢ ᠨᠢ ᠬᠠᠯᠠᠭᠤᠨ ᠳᠤ ᠳᠠᠭᠠᠭᠠᠮᠠᠭᠠᠢ ᠪᠣᠰᠤ ᠪᠠᠶᠢᠳᠠᠭ ᠠᠴᠠ ᠠᠭᠠᠬᠢᠮ᠎ᠠ ᠬᠠᠯᠠᠭᠤᠨ ᠦᠳᠡ ᠳᠤ ᠪᠡᠯᠴᠢᠭᠡᠷᠯᠡᠭᠦᠯᠬᠦ ᠠᠴᠠ ᠵᠠᠶᠢᠯᠠᠰᠬᠢᠵᠦ᠂ ᠵᠤᠨ ᠤ ᠤᠯᠠᠷᠢᠯ ᠳᠤ ᠬᠤᠨᠢᠨ ᠬᠠᠰᠢᠶ᠎ᠠ ᠳᠤ ᠨᠠᠷᠠ ᠬᠠᠯᠬᠠᠯᠠᠬᠤ ᠠᠷᠭ᠎ᠠ ᠠᠪᠬᠤ ᠶᠢ ᠠᠩᠬᠠᠷᠴᠤ᠂ ᠨᠠᠷᠠᠨ ᠤ ᠰᠢᠭᠤᠳ ᠲᠤᠰᠤᠯᠲᠠ ᠠᠴᠠ ᠵᠠᠶᠢᠯᠠᠰᠬᠢᠨ᠎ᠠ᠃ ᠡᠪᠦᠯ ᠤᠨ ᠤᠯᠠᠷᠢᠯ ᠳᠤ ᠳᠤᠯᠠᠭᠠᠨ ᠬᠦᠯᠡᠮᠵᠢ ᠳᠤ ᠲᠡᠵᠢᠭᠡᠬᠦ ᠦᠶᠡᠰ᠂ ᠠᠭᠠᠷ ᠰᠠᠯᠬᠢ ᠨᠡᠪᠲᠡᠷᠡᠭᠦᠯᠬᠦ ᠶᠢ ᠨᠡᠩ ᠠᠩᠬᠠᠷᠪᠠᠯ ᠵᠣᠬᠢᠨ᠎ᠠ᠃ ᠳᠡᠵᠢᠭᠡᠯ ᠪᠣᠷᠳᠤᠭ᠎ᠠ ᠶᠢᠨ ᠰᠢᠮ᠎ᠠ ᠲᠡᠵᠢᠭᠡᠯ ᠢ ᠭᠦᠢᠴᠡᠳ ᠪᠠᠶᠢᠯᠭᠠᠬᠤ ᠮᠦᠷᠲᠡᠭᠡᠨ ᠡᠷᠬᠡᠪᠰᠢ ᠵᠣᠬᠢᠬᠤ ᠬᠡᠮᠵᠢᠶᠡᠨ ᠤ ᠨᠠᠷᠢᠯᠢᠬ ᠪᠣᠷᠳᠤᠭ᠎ᠠ ᠨᠡᠮᠡᠬᠦ ᠬᠡᠷᠡᠭᠲᠡᠢ᠃      ᠤᠨᠴᠠᠭᠠᠶᠢᠯᠠᠨ ᠤᠬᠤᠷ ᠰᠡᠭᠦᠯᠲᠦ ᠦᠯᠴᠢᠷ ᠬᠤᠨᠢᠨ ᠤ ᠡᠮ᠎ᠡ ᠬᠤᠨᠢ ᠶᠢᠨ ᠠᠷᠠᠴᠢᠯᠠᠭ᠎ᠠ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠢ᠃ ᠬᠡᠭᠡᠯ ᠲᠠᠢ ᠡᠮ᠎ᠡ ᠬᠤᠨᠢ ᠶᠢ ᠬᠡᠭᠡᠯ ᠤᠨ ᠳᠤᠮᠳᠠ ᠬᠤᠭᠤᠴᠠᠭ᠎ᠠ ᠪᠠ ᠬᠡᠭᠡᠯ ᠤᠨ ᠰᠠᠭᠦᠯᠴᠢ ᠶᠢᠨ ᠬᠤᠭᠤᠴᠠᠭ᠎ᠠ ᠭᠡᠰᠡᠨ ᠦᠭᠡᠢ ᠡᠳᠦᠷ ᠪᠦᠷᠢ 0.3 - 0.5 ᠺᠢᠯᠦᠭᠷᠡᠮ ᠨᠡᠷᠢᠯᠢᠬ ᠪᠣᠷᠳᠤᠭ᠎ᠠ ᠨᠦᠬᠦᠪᠦᠷᠢᠯᠡᠨ ᠳᠡᠵᠢᠭᠡᠬᠦ ᠶᠢᠨ ᠬᠠᠮᠲᠤ ᠪᠠᠰᠠ 15 ᠭᠷᠡᠮ ᠢᠳᠡᠭᠡᠨ ᠤ ᠲᠠᠪᠤᠰᠤ ᠪᠠ ᠶᠠᠰᠦᠨ ᠲᠠᠯᠬ᠎ᠠ ᠨᠡᠮᠡᠨ ᠳᠡᠵᠢᠭᠡᠵᠦ᠂ ᠬᠡᠭᠡᠯ ᠬᠠᠮᠠᠭᠠᠯᠠᠬᠤ ᠪᠠ ᠬᠡᠭᠡᠯ ᠤᠨ ᠪᠤᠶᠢᠵᠢᠯᠲᠠ ᠶᠢ ᠠᠬᠢᠭᠤᠯᠤᠨ᠎ᠠ᠃      ᠬᠦᠬᠦᠯ ᠤᠨ ᠬᠤᠭᠤᠴᠠᠭᠠᠨ ᠳᠤ᠂ ᠬᠤᠷᠠᠭᠠᠨ ᠳᠤ ᠭᠦᠢᠴᠡᠳ ᠰᠦ ᠬᠠᠩᠭᠠᠬᠤ ᠶᠢ ᠪᠠᠲᠤᠯᠠᠬᠤ ᠬᠡᠷᠡᠭᠲᠡᠢ᠂ ᠡᠮ᠎ᠡ ᠬᠤᠨᠢ ᠶᠢᠨ ᠰᠦ ᠠᠷᠪᠢᠨ ᠪᠣᠯ ᠬᠤᠷᠠᠭ᠎ᠠ ᠶᠢᠨ ᠪᠤᠶᠢᠵᠢᠯᠲᠠ ᠳᠤ ᠰᠠᠶᠢᠨ᠂ ᠬᠡᠮ ᠬᠢᠵᠢᠭ ᠢ ᠡᠰᠡᠷᠭᠦᠴᠡᠬᠦ ᠴᠢᠳᠠᠪᠤᠷᠢ ᠴᠤ ᠰᠠᠶᠢᠨ ᠠᠴᠠ ᠪᠤᠶᠢᠵᠢᠯᠲᠠ ᠶᠢᠨ ᠨᠤᠷᠮ᠎ᠠ ᠨᠢ ᠦᠨᠳᠦᠷ ᠪᠠᠶᠢᠳᠠᠭ᠃ ᠤᠬᠤᠷ ᠰᠡᠭᠦᠯᠲᠦ ᠦᠯᠴᠢᠷ ᠬᠤᠨᠢ ᠨᠡᠯᠢᠶᠡᠳ ᠠᠷᠪᠢᠨ ᠬᠤᠷᠠᠭᠠᠯᠠᠳᠠᠭ ᠠᠴᠠ ᠰᠦ ᠶᠢᠨ ᠱᠠᠭᠠᠷᠳᠠᠯᠭ᠎ᠠ ᠶᠢᠨ ᠬᠡᠮᠵᠢᠶ᠎ᠡ ᠴᠤ ᠠᠷᠪᠢᠨ ᠪᠠᠶᠢᠳᠠᠭ᠃ ᠡᠶᠢᠮᠦ ᠠᠴᠠ ᠡᠮ᠎ᠠ ᠬᠤᠨᠢ ᠶᠢ ᠡᠷᠭᠡᠪᠰᠢ ᠴᠢᠨᠠᠷ ᠰᠠᠶᠢᠲᠠᠢ ᠬᠠᠭᠤᠷᠠᠢ ᠡᠪᠡᠰᠦ᠂ ᠰᠢᠭᠦᠰᠦᠯᠢᠭ ᠪᠣᠷᠳᠤᠭ᠎ᠠ ᠪᠣᠯᠤᠨ ᠨᠠᠷᠢᠯᠢᠬ ᠪᠣᠷᠳᠤᠭ᠎ᠠ ᠪᠠᠷ ᠳᠡᠵᠢᠭᠡᠬᠦ ᠶᠢᠨ ᠬᠠᠮᠲᠦ ᠡᠷᠦᠳᠡᠰᠦ ᠪᠣᠳᠠᠰ ᠪᠣᠶᠤ ᠪᠢᠴᠢᠯ ᠡᠯᠧᠮᠧᠨ᠋ᠲ ᠬᠠᠩᠭᠠᠬᠤ ᠶᠢ ᠴᠤ ᠠᠩᠬᠠᠷᠬᠤ ᠬᠡᠷᠡᠭᠲᠡᠢ᠃ ᠤᠬᠤᠷ ᠰᠡᠭᠦᠯᠲᠦ ᠦᠯᠴᠢᠷ ᠬᠤᠨᠢ ᠳᠡᠵᠢᠭᠡᠬᠦ ᠬᠡᠪᠴᠢᠶ᠎ᠡ ᠶᠢ ᠦᠩᠭᠡᠷᠡᠦ ᠶᠡᠭᠡ ᠪᠠᠶᠢᠯᠭᠠᠵᠤ ᠪᠣᠯᠬᠤ ᠦᠭᠡᠢ᠃ ᠳᠡᠵᠢᠭᠡᠬᠦ ᠲᠤᠭ᠎ᠠ ᠶᠢᠨ ᠲᠠᠯ᠎ᠠ ᠪᠠᠷ ᠡᠷᠦᠭᠡ ᠪᠦᠷᠢ 8-15 ᠡᠮ᠎ᠡ ᠬᠤᠨᠢ ᠣᠷᠴᠢᠮ ᠪᠠᠶᠢᠯᠭᠠᠪᠠᠯ ᠵᠣᠬᠢᠨ᠎ᠠ᠃ ᠤᠬᠤᠷ ᠰᠠᠭᠦᠯᠲᠦ ᠦᠯᠴᠢᠷ ᠬᠤᠨᠢ ᠵᠢᠯ ᠲᠤᠷᠰᠢ ᠣᠷᠤᠭ᠎ᠠ ᠣᠷᠤᠳᠠᠭ ᠪᠣᠯᠬᠤᠷ ᠦᠷᠡᠵᠢᠭᠦᠯᠬᠦ ᠲᠦᠯᠦᠪᠯᠡᠭᠡ ᠶᠢ ᠨᠠᠷᠢᠨ ᠬᠢᠨᠠᠮᠠᠭᠠᠢ ᠲᠣᠬᠢᠷᠠᠭᠤᠯᠵᠤ᠂ ᠬᠡᠬᠡᠯᠲᠦᠭᠦᠯᠬᠦ ᠬᠤᠭᠤᠴᠠᠭ᠎ᠠ ᠶᠢ ᠵᠣᠬᠢᠰᠲᠡᠢ ᠲᠤᠭᠲᠠᠭᠠᠪᠠᠯ᠂ 1 ᠵᠢᠯ ᠳᠤ ᠬᠤᠶᠠᠷ ᠬᠡᠭᠡᠯ ᠪᠣᠶᠤ 2 ᠵᠢᠯ ᠳᠤ 3 ᠬᠡᠭᠡᠯ ᠲᠠᠢ ᠪᠣᠯᠵᠤ ᠳᠡᠶᠢᠯᠤᠨ᠎ᠡ᠃ ᠤᠬᠤᠷ ᠰᠡᠭᠦᠯᠲᠦ ᠦᠯᠴᠢᠷ ᠬᠤᠨᠢᠨ ᠤ ᠬᠡᠭᠡᠯ ᠤᠨ ᠬᠤᠭᠤᠴᠠᠭ᠎ᠠ ᠳᠤᠮᠳᠠᠴᠢ ᠪᠠᠷ 148 ᠡᠳᠦᠷ ᠪᠠᠶᠢᠵᠤ᠂ ᠬᠤᠷᠠᠭᠠᠯᠠᠭᠠᠳ 40 ᠭᠠᠷᠤᠢ ᠡᠳᠦᠷ ᠪᠣᠯᠪᠠᠯ ᠣᠯᠠᠩᠬᠢ ᠡᠮ᠎ᠡ ᠬᠤᠨᠢ ᠳᠡᠬᠢᠨ ᠣᠷᠤᠭ᠎ᠠ ᠣᠷᠤᠵᠤ ᠬᠡᠭᠡᠯ ᠳᠣᠭᠲᠠᠳᠠᠭ ᠮᠦᠷᠲᠡᠭᠡᠨ ᠬᠠᠪᠤᠷ ᠨᠠᠮᠤᠷ ᠤᠨ ᠤᠯᠠᠷᠢᠯ ᠳᠤ ᠲᠦᠪᠯᠡᠷᠡᠨ ᠣᠷᠤᠭ᠎ᠠ ᠣᠷᠤᠳᠠᠭ᠃ ᠲᠤᠰ ᠵᠢᠯ ᠤᠨ ᠬᠤᠷᠠᠭ᠎ᠠ ᠶᠢ ᠮᠦᠨ ᠵᠢᠯ ᠳᠤ ᠨᠢ ᠪᠣᠷᠳᠤᠵᠤ ᠵᠠᠬ᠎ᠠ ᠳᠡᠯᠭᠡᠭᠦᠷ ᠲᠤ ᠭᠠᠷᠭᠠᠵᠤ᠂ ᠬᠤᠨᠢ ᠳᠡᠵᠢᠭᠡᠬᠦ ᠦᠷ᠎ᠡ ᠠᠰᠢᠭ ᠢ ᠳᠡᠭᠡᠭᠰᠢᠯᠡᠭᠦᠯᠦᠨ᠎ᠡ᠃ ᠬᠤᠷᠠᠭᠠᠨ ᠤ ᠦᠰᠦᠨ ᠪᠤᠶᠢᠵᠢᠯᠲᠠ ᠶᠢᠨ ᠬᠦᠨᠳᠦ ᠶᠢᠨ ᠨᠡᠮᠡᠭᠳᠡᠯ ᠤᠨ ᠵᠢᠮ᠎ᠡ ᠶᠣᠰᠤ ᠪᠣᠯ ᠡᠮᠤᠨᠡᠬᠢ ᠬᠤᠭᠤᠴᠠᠭᠠᠨ ᠳᠤ ᠬᠤᠷᠳᠤᠨ᠂ ᠰᠡᠭᠦᠯ ᠤᠨ ᠬᠤᠭᠤᠴᠠᠭᠠᠨ ᠳᠤ ᠤᠳᠠᠭᠠᠨ ᠪᠠᠶᠢᠵᠤ᠂ 4 - 6 ᠰᠠᠷ᠎ᠠ ᠪᠣᠯᠤᠭᠰᠠᠨ ᠬᠤᠷᠠᠭᠠᠨ ᠤ ᠪᠣᠯᠴᠢᠩ ᠪᠣᠯᠤᠨ ᠪᠡᠶ᠎ᠡ ᠶᠢᠨ ᠬᠦᠨᠳᠦ ᠶᠢᠨ ᠨᠡᠮᠡᠭᠳᠡᠯ ᠨᠢ ᠬᠠᠮᠤᠭ ᠲᠦᠷᠭᠡᠨ᠂ ᠪᠣᠷᠳᠤᠭᠠᠨ ᠤ ᠬᠠᠷᠠᠮᠵᠢ ᠬᠠᠮᠤᠭ ᠦᠨᠳᠦᠷ ᠲᠣᠯᠠ 5 — 6 ᠰᠠᠷ᠎ᠠ ᠪᠣᠯᠤᠭᠰᠠᠨ ᠬᠤᠷᠠᠭ᠎ᠠ ᠶᠢ ᠵᠠᠬ᠎ᠠ ᠳᠡᠯᠭᠡᠭᠦᠷ ᠲᠤ ᠭᠠᠷᠭᠠᠪᠠᠯ ᠬᠠᠮᠤᠭ ᠰᠠᠶᠢᠨ ᠶᠤᠮ᠃
ᠢᠷᠡᠯᠲᠡ᠄ ᠤᠷᠳᠤᠰ ᠤᠨ ᠡᠳᠤᠷ ᠤᠨ ᠰᠤᠨᠢᠨ