ᠨᠤᠮ ᠲᠠᠢ ᠨᠦᠬᠦᠷᠯᠠᠪᠠᠯ ᠨᠢᠳᠦ ᠨᠡᠭᠡᠭᠡᠭᠳᠡᠨ᠎ᠠ
ᠨᠡᠶᠢᠲᠡᠯᠡᠭᠰᠡᠨ ᠴᠠᠭ᠄
2020/10/13
     ᠪᠢᠴᠢᠭ ᠤᠨ ᠪᠠᠯᠠᠢ ᠠᠴᠠ ᠪᠠᠨ ᠦᠰᠦᠭ ᠨᠢᠳᠦᠯᠡᠵᠦ ᠪᠢᠴᠢᠭ ᠪᠢᠴᠢᠨ ᠰᠤᠷᠴᠤ ᠰᠠᠯᠳᠠᠭ ᠤᠨ ᠵᠢᠮ᠎ᠡ ᠪᠠᠷ᠂ ᠰᠤᠶᠤᠯ ᠤᠨ ᠮᠦᠷ ᠬᠦᠭᠡᠭᠡᠵᠦ ᠪᠢᠴᠢᠭ ᠨᠤᠮ ᠰᠤᠷᠴᠤ ᠶᠠᠪᠤᠭ᠎ᠠ ᠦᠰᠪᠦᠷᠢ ᠶᠢᠨ ᠬᠡᠦᠬᠡᠳ ᠤᠳ ᠲᠤ ᠨᠤᠮ ᠤᠩᠰᠢᠬᠤ ᠪᠤᠯ ᠶᠢᠷᠲᠢᠨᠴᠦ ᠶᠢ ᠬᠠᠷᠠᠬᠤ ᠭᠡᠭᠡᠪᠴᠢ ᠪᠠᠨ ᠲᠡᠯᠡᠬᠦ ᠬᠠᠮᠤᠭ ᠤᠨ ᠲᠦᠳᠡ᠂ ᠮᠦᠨᠴᠦ ᠬᠠᠮᠤᠭ ᠤᠨ ᠰᠠᠶᠢᠨ ᠠᠷᠭ᠎ᠠ ᠪᠤᠯᠬᠤ ᠶᠤᠮ᠃      ᠰᠤᠷᠭᠠᠭᠤᠯᠢ ᠶᠢᠨ ᠨᠠᠰᠤᠨ ᠤ ᠮᠤᠩᠭᠤᠯ ᠬᠡᠦᠬᠡᠳ ᠤᠳ ᠤᠨ ᠨᠤᠮ ᠤᠩᠰᠢᠬᠤ ᠤᠷᠮᠠᠰᠢᠯ ᠢ ᠶᠠᠭᠠᠬᠢᠵᠤ ᠳᠡᠭᠡᠭᠰᠢᠯᠡᠭᠦᠯᠬᠦ ᠪᠤᠢ︖ ᠨᠤᠮ ᠢ ᠤᠩᠰᠢᠬᠤ ᠶᠢᠨ ᠲᠦᠯᠦᠭᠡ ᠯᠠ ᠤᠩᠰᠢᠬᠤ ᠪᠢᠰᠢ᠂ ᠬᠠᠷᠢᠨ ᠬᠡᠷᠬᠢᠨ ᠤᠯᠤᠯᠲᠠ ᠳᠠᠪᠰᠢᠯᠲᠠ ᠲᠠᠢ ᠪᠤᠯᠭᠠᠬᠤ ᠪᠤᠢ︖ ︽ᠪᠢᠯᠢᠭ ᠤᠨ ᠰᠠᠩ︾ ᠮᠤᠩᠭᠤᠯ ᠨᠤᠮ ᠤᠨ ᠦᠷᠦᠭᠡ ᠠᠴᠠ ᠵᠤᠬᠢᠶᠠᠨ ᠪᠠᠶᠢᠭᠤᠯᠵᠤ ᠢᠷᠡᠭᠰᠡᠨ ᠨᠤᠮ ᠤᠨ ᠤᠪᠤᠭᠠᠨ ᠤ ᠳᠠᠬᠢᠯᠭ᠎ᠠ᠂ ᠨᠤᠮ ᠤᠨ ᠳᠠᠬᠢᠯᠭ᠎ᠠ ᠶᠢᠨ ᠠᠵᠢᠯᠯᠠᠭ᠎ᠠ ᠨᠢ ᠨᠤᠮ ᠪᠢᠴᠢᠭ ᠢ ᠳᠡᠭᠡᠳᠦᠯᠡᠬᠦ ᠵᠤᠷᠢᠯᠲᠠ ᠪᠠᠷ᠂ ᠨᠤᠮ ᠤᠨ ᠤᠪᠤᠭ᠎ᠠ᠂ ᠨᠤᠮ ᠤᠨ ᠳᠠᠬᠢᠯᠭ᠎ᠠ ᠶᠢᠨ ᠵᠠᠩ ᠦᠢᠯᠡ ᠶᠢ ᠦᠵᠡᠭᠦᠯᠳᠡᠭ ᠪᠠᠶᠢᠭᠰᠠᠨ ᠠᠴᠠ ᠪᠠᠨ ︽ᠪᠢᠯᠢᠭ ᠤᠨ ᠰᠠᠩ — ᠨᠤᠮ ᠲᠠᠢ ᠮᠤᠩᠭᠤᠯ︾᠂ ︽ᠪᠢᠯᠢᠭ ᠤᠨ ᠰᠠᠩ — ᠨᠤᠮ ᠲᠠᠢ ᠮᠤᠩᠭᠤᠯ ᠬᠡᠦᠬᠡᠳ︾ ᠰᠢᠷᠢᠰ ᠠᠵᠢᠯᠯᠠᠭ᠎ᠠ᠂ ᠳᠤᠬᠠᠶᠢᠢᠯᠠᠪᠠᠯ ᠤᠷᠳᠤᠰ ᠬᠤᠲᠠ ᠶᠢᠨ ᠮᠤᠩᠭᠤᠯ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠶᠠᠷᠢᠶ᠎ᠠ ᠢᠯᠡᠳᠭᠡᠯ ᠤᠨ ᠤᠷᠤᠯᠳᠤᠭᠠᠨ᠂ ᠮᠤᠩᠭᠤᠯ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠷᠠᠨ ᠤᠩᠰᠢᠯᠭ᠎ᠠ ᠶᠢᠨ ᠤᠷᠤᠯᠳᠤᠭᠠᠨ᠂ ᠮᠤᠩᠭᠤᠯ ᠨᠤᠮ ᠪᠢᠴᠢᠭ ᠤᠨ ᠳᠤᠬᠠᠢ ᠨᠡᠶᠢᠬᠡᠮ ᠤᠨ ᠬᠦᠮᠦᠰ ᠤᠨ ᠦᠭᠦᠯᠡᠯ ᠵᠤᠬᠢᠶᠠᠯ ᠤᠨ ᠤᠷᠤᠯᠳᠤᠭᠠᠨ ︵ᠨᠤᠮ ᠬᠠᠶᠠᠯᠴᠠᠬᠤ ᠰᠢᠨᠵᠢᠲᠡᠢ︶ ᠵᠡᠷᠭᠡ ᠶᠢ ᠦᠷᠨᠢᠭᠦᠯᠵᠦ᠂ ᠡᠨᠡ ᠵᠢᠯ ᠪᠠᠰᠠ ᠬᠡᠦᠬᠡᠳ ᠤᠨ ᠨᠤᠮ ᠪᠢᠴᠢᠭ ᠤᠨ ᠳᠤᠬᠠᠢ ᠶᠠᠷᠢᠯᠴᠠᠬᠤ ᠬᠤᠷᠠᠯ ᠬᠢᠵᠦ᠂ ᠭᠡᠷ ᠤᠨ ᠠᠬᠠᠮᠠᠳ᠂ ᠵᠤᠬᠢᠶᠠᠯᠴᠢ᠂ ᠰᠤᠷᠤᠭᠴᠢ ᠬᠠᠮᠲᠤ ᠪᠠᠷ ᠮᠤᠩᠭᠤᠯ ᠬᠡᠦᠬᠡᠳ ᠤᠨ ᠨᠤᠮ ᠤᠩᠰᠢᠬᠤ ᠠᠵᠢᠯᠯᠠᠭ᠎ᠠ ᠶᠢᠨ ᠲᠤᠭᠤᠷᠢᠨ ᠳᠤ ᠳᠤᠰᠬᠠᠢ ᠶᠠᠷᠢᠯᠴᠠᠭ᠎ᠠ ᠰᠤᠯᠢᠯᠴᠠᠭ᠎ᠠ ᠬᠢᠭᠰᠡᠨ ᠪᠠᠶᠢᠯ᠎ᠠ᠃ ᠢᠯᠠᠩᠭᠤᠶ᠎ᠠ ᠤᠯᠠᠮ ᠢᠶᠠᠷ ᠦᠷᠭᠡᠵᠢᠨ ᠳᠡᠯᠡᠵᠦ ᠪᠠᠶᠢᠭ᠎ᠠ ︽ᠪᠠᠭ᠋ᠠᠲᠠᠢ ᠤᠩᠰᠢᠯᠭ᠎ᠠ ᠠᠮᠢᠳᠤᠷᠠᠯ ᠳᠤ ᠨᠦᠯᠦᠭᠡᠯᠡᠨ᠎ᠡ︾ ᠰᠤᠷᠤᠭᠴᠢᠳ ᠤᠨ ᠨᠤᠮ ᠤᠩᠰᠢᠬᠰᠠᠨ ᠲᠦᠷᠦᠭᠳᠡᠯ ᠢ ᠰᠢᠯᠭᠠᠷᠠᠭᠤᠯᠤᠨ ᠱᠠᠩᠨᠠᠬᠤ ᠠᠵᠢᠯᠯᠠᠭ᠎ᠠ ᠵᠡᠷᠭᠡ ᠠᠯᠢ ᠤᠯᠠᠨ ᠰᠢᠷᠢᠰ ᠠᠵᠢᠯᠯᠠᠭ᠎ᠠ ᠶᠢ ᠵᠤᠬᠢᠶᠠᠨ ᠪᠠᠶᠢᠭᠤᠯᠵᠤ ᠦᠷᠨᠢᠭᠦᠯᠦᠨ᠂ ᠤᠷᠳᠤᠰ ᠬᠤᠲᠠ ᠶᠢᠨ ᠬᠡᠪᠴᠢᠶᠡᠨ ᠠᠴᠠ ᠪᠠᠨ ᠳᠠᠪᠠᠵᠤ᠂ ᠰᠢᠯᠢ ᠶᠢᠨ ᠭᠤᠤᠯ ᠠᠶᠢᠮᠠᠭ ᠤᠨ ᠬᠦᠪᠡᠭᠡᠲᠦ ᠰᠢᠷ᠎ᠠ ᠬᠤᠰᠢᠭᠤ ᠵᠡᠷᠭᠡ ᠪᠤᠰᠤᠳ ᠭᠠᠵᠠᠷ ᠲᠤ ᠠᠳᠠᠯᠢ ᠪᠤᠰᠤ ᠭᠤᠤᠯ ᠰᠡᠳᠦᠪ ᠢᠶᠠᠷ ᠶᠠᠪᠤᠭᠳᠠᠵᠤ ᠪᠠᠶᠢᠨ᠎ᠠ᠃ ᠡᠳᠡᠭᠡᠷ ᠰᠢᠷᠢᠰ ᠠᠵᠢᠯᠯᠠᠭ᠎ᠠ ᠶᠢᠨ ᠵᠢᠯ ᠪᠦᠷᠢ ᠶᠢᠨ ᠭᠤᠤᠯ ᠰᠡᠳᠦᠪ᠂ ᠬᠡᠯᠪᠡᠷᠢ ᠠᠭᠤᠯᠭ᠎ᠠ ᠨᠢ ᠠᠰᠳᠠᠭᠠᠨ ᠪᠠᠶᠢᠳᠠᠭ ᠴᠤ ᠲᠡᠭᠦᠨ ᠤ ᠰᠢᠭᠤᠳ ᠦᠷ᠎ᠡ ᠨᠦᠯᠦᠭᠡ ᠪᠤᠶᠤ ᠦᠷ᠎ᠡ ᠪᠦᠲᠦᠮᠵᠢ ᠭᠡᠪᠡᠯ᠂ ︽ᠨᠡᠶᠢᠬᠡᠮ ᠤᠨ ᠬᠦᠴᠦᠨ ᠬᠠᠮᠲᠤᠷᠠᠵᠤ ᠬᠡᠦᠬᠡᠳ ᠪᠠᠭᠠᠴᠤᠳ ᠤᠨ᠂ ᠬᠤᠶᠢᠴᠢ ᠦᠶ᠎ᠡ ᠶᠢᠨ ᠢᠶᠠᠨ ᠨᠤᠮ ᠤᠩᠰᠢᠬᠤ ᠠᠵᠢᠯᠯᠠᠭ᠎ᠠ ᠶᠢ ᠬᠠᠯᠠᠮᠵᠢᠯᠠᠬᠤ᠂ ᠲᠠᠯ᠎ᠠ ᠲᠠᠯ᠎ᠠ ᠠᠴᠠ ᠳᠡᠮᠵᠢᠬᠦ︾ ᠠᠩᠬᠠᠨ ᠤ ᠵᠤᠷᠢᠯᠲᠠ ᠪᠠᠷ ᠢᠶᠠᠨ ᠳᠤᠮᠳᠠᠳᠤ ᠪᠠᠭ᠎ᠠ ᠰᠤᠷᠭᠠᠭᠤᠯᠢ ᠶᠢᠨ ᠮᠤᠩᠭᠤᠯ ᠰᠤᠷᠤᠭᠴᠢᠳ ᠤᠨ ᠬᠢᠴᠢᠶᠡᠯ ᠤᠨ ᠭᠠᠳᠠᠭᠤᠷᠬᠢ ᠨᠤᠮ ᠤᠩᠰᠢᠯᠭ᠎ᠠ ᠶᠢᠨ ᠴᠢᠨᠠᠷ ᠪᠠ ᠳᠦᠪᠰᠢᠨ᠂ ᠶᠠᠷᠦ ᠶᠢᠨ ᠮᠡᠳᠡᠯᠭᠡ ᠶᠢᠨ ᠦᠷᠭᠡᠵᠢᠯ ᠪᠠ ᠶᠠᠷᠦᠩᠬᠡᠢ ᠬᠡᠪ ᠪᠤᠯᠪᠠᠰᠤᠷᠠᠯ ᠤᠨ ᠳᠡᠭᠡᠭᠰᠢᠯᠡᠯᠲᠡ ᠳᠤ ᠰᠢᠭᠤᠳ ᠳᠤᠰᠠᠯᠠᠭᠰᠠᠨ ᠭᠡᠳᠡᠭ ᠨᠢ ᠡᠯ᠎ᠡ ᠲᠠᠯ᠎ᠠ ᠪᠠᠷ ᠢᠯᠡᠷᠡᠵᠦ ᠪᠠᠶᠢᠨ᠎ᠠ᠃      ᠬᠡᠦᠬᠡᠳ ᠤᠨ ᠵᠢᠷᠭᠢᠶ᠎ᠡ ᠬᠠᠷᠠᠬᠤ ᠳᠤᠷᠠᠲᠠᠢ ᠤᠨᠴᠠᠯᠢᠭ ᠢ ᠠᠰᠢᠬᠯᠠᠨ᠂ ᠦᠦᠰᠢᠨ ᠬᠤᠰᠢᠭᠤᠨ ᠤ ᠮᠤᠩᠭᠤᠯ ᠦᠨᠳᠦᠰᠦᠲᠡᠨ ᠤ ᠳᠤᠷᠰᠢᠯᠲᠠ ᠶᠢᠨ ᠪᠠᠭ᠎ᠠ ᠰᠤᠷᠭᠠᠭᠤᠯᠢ ᠶᠢᠨ 3.1 ᠶᠢᠨ ᠠᠩᠭᠢ ᠶᠢᠨ ᠡᠷᠬᠢᠯᠡᠭᠴᠢ᠂ ᠬᠡᠯᠡ ᠪᠢᠴᠢᠭ ᠤᠨ ᠪᠠᠭᠰᠢ ᠲᠦᠮᠡᠨᠴᠡᠴᠡᠭ ᠭᠡᠷ ᠤᠨ ᠠᠬᠠᠮᠠᠳ ᠲᠠᠢ ᠬᠤᠯᠪᠤᠭᠠᠯᠠᠨ ᠵᠢᠷᠭᠢᠶ᠎ᠡ ᠶᠢᠨ ᠬᠤᠯᠪᠤᠭ᠎ᠠ ᠪᠠᠶᠢᠭᠤᠯᠵᠤ᠂ ᠬᠡᠦᠬᠡᠳ ᠤᠳ ᠢ ᠤᠷᠤᠢ ᠪᠤᠯᠭᠠᠨ ᠵᠢᠷᠭᠢᠶ᠎ᠡ ᠳᠡᠭᠡᠷ᠎ᠡ ᠨᠤᠮ ᠵᠤᠭᠢᠶᠠᠯ ᠤᠩᠰᠢᠭᠤᠯᠬᠤ ᠠᠵᠢᠯᠯᠠᠭ᠎ᠠ ᠦᠷᠨᠢᠭᠦᠯᠵᠡᠢ᠃ ᠨᠢᠭᠡ ᠵᠤᠬᠢᠶᠠᠯ ᠢ ᠨᠢᠭᠡ ᠠᠩᠭᠢ ᠶᠢᠨ ᠬᠤᠷᠢᠨ ᠬᠡᠳᠦᠨ ᠬᠡᠦᠬᠡᠳ ᠨᠢᠭᠡ ᠨᠢ ᠨᠢᠭᠡ ᠭᠡᠰᠡᠭ ᠢ ᠤᠩᠰᠢᠬᠤ ᠳᠤ᠂ ᠨᠢᠭᠡ ᠰᠠᠷ᠎ᠠ ᠨᠢᠭᠡ ᠨᠤᠮ ᠢ ᠤᠩᠰᠢᠭᠠᠳ ᠪᠠᠷᠠᠴᠢᠬᠠᠳᠠᠭ᠂ ᠬᠡᠦᠬᠡᠳ ᠤᠩᠰᠢᠬᠤ ᠪᠠᠷ ᠪᠠᠷᠠᠬᠤ ᠦᠭᠡᠢ᠂ ᠭᠡᠷ ᠤᠨ ᠠᠬᠠᠮᠠᠳ ᠪᠠᠰᠠ ᠤᠩᠰᠢᠳᠠᠭ ᠭᠡᠨ᠎ᠡ᠃ ︽ᠮᠠᠨ ᠤ ᠠᠩᠬᠢ ᠶᠢᠨ ᠬᠢᠨ ᠭᠤᠷᠪᠠᠨ ᠵᠢᠯ ᠳᠠᠷᠠᠭᠠᠯᠠᠨ ︿ᠪᠢᠯᠢᠭ ᠤᠨ ᠰᠠᠩ — ᠨᠤᠮ ᠲᠠᠢ ᠮᠤᠩᠭᠤᠯ﹀ ᠰᠢᠷᠢᠰ ᠠᠵᠢᠯᠯᠠᠭ᠎ᠠ ᠶᠢ ᠰᠤᠨᠢᠷᠬᠠᠭᠰᠠᠭᠠᠷ ᠢᠷᠡᠵᠡᠢ᠂ ᠠᠵᠢᠯᠯᠯᠠᠭ᠎ᠠ ᠳᠤ ᠤᠷᠤᠯᠴᠠᠵᠦ ᠢᠷᠡᠵᠡᠢ ᠃ ᠁ ᠳᠠᠩᠳᠠ ᠨᠤᠮ ᠪᠢᠴᠢᠭ ᠤᠩᠰᠢᠬᠤ ᠨᠢ ᠲᠠᠨ ᠤ ᠬᠤᠪᠢ ᠵᠠᠶᠠᠭ᠎ᠠ ᠶᠢ ᠦᠭᠡᠷᠡᠴᠢᠯᠡᠳᠡᠭ᠂ ᠡᠶᠢᠮᠦ ᠠᠴᠠ ᠪᠢᠳᠡ ᠨᠤᠮ ᠢᠶᠠᠨ ᠢᠯᠡᠭᠦᠦ ᠤᠩᠰᠢᠵᠤ᠂ ᠨᠤᠮ ᠤᠩᠰᠢᠬᠤ ᠤᠷᠮᠠᠰᠢᠯ ᠢᠶᠠᠨ ᠨᠡᠩ ᠰᠠᠶᠢᠨ ᠳᠡᠭᠡᠭᠰᠢᠯᠡᠭᠦᠯᠪᠡᠯ ᠵᠤᠬᠢᠨ᠎ᠠ ᠂ ᠨᠤᠮ ᠢᠶᠠᠨ ᠢᠯᠡᠭᠦᠦ ᠤᠩᠰᠢᠶ᠎ᠠ᠂ ᠨᠤᠮ ᠲᠠᠢ ᠬᠡᠦᠬᠡᠳ ᠪᠤᠯᠤᠶ᠎ᠠ︕︾ ᠭᠡᠵᠦ ᠲᠤᠰ ᠠᠩᠭᠢ ᠶᠢᠨ ᠰᠤᠷᠤᠭᠴᠢ ᠪᠠᠶᠠᠭᠤᠳ · ᠭᠠᠪᠢᠷ᠎ᠠ ᠡᠳᠡᠭᠡᠷ ᠰᠢᠷᠢᠰ ᠠᠵᠢᠯᠯᠠᠭ᠎ᠠ ᠳᠤ ᠤᠷᠤᠯᠴᠠᠭᠰᠠᠨ ᠲᠦᠷᠦᠭᠳᠡᠯ ᠳᠡᠭᠡᠨ ᠪᠢᠴᠢᠭᠰᠡᠨ ᠪᠠᠶᠢᠯ᠎ᠠ᠃ ᠪᠠᠭ᠎ᠠ ᠰᠤᠷᠭᠠᠭᠤᠯᠢ ᠶᠢᠨ ᠭᠤᠷᠪᠠᠳᠤᠭᠠᠷ ᠤᠨ ᠤ ᠰᠤᠷᠤᠭᠴᠢ ᠴᠤ ᠭᠡᠰᠡᠨ ᠲᠤᠮᠤᠴᠤᠤᠯ ᠤᠨ ᠬᠢ ᠭᠡᠮᠡᠷ ᠤᠶᠤᠨᠯᠢᠭ ᠲᠤᠩᠭᠠᠯᠲᠠ ᠲᠠᠢ ᠦᠭᠡ ᠦᠭᠦᠯᠡᠪᠦᠷᠢ ᠬᠡᠷᠡᠭᠯᠡᠭᠰᠡᠨ ᠠᠴᠠ ᠨᠢ ᠦᠵᠡᠬᠦ ᠳᠤ᠂ ᠨᠤᠮ ᠢ ᠤᠩᠰᠢᠵᠤ ᠤᠶᠢᠢᠯᠠᠭᠠᠬᠤ ᠪᠦᠭᠡᠳ ᠰᠡᠳᠬᠢᠵᠦ ᠪᠤᠳᠤᠯᠬᠢᠯᠠᠬᠤ ᠶᠢᠨ ᠤᠴᠢᠷ ᠢ ᠮᠡᠳᠡᠭᠰᠡᠨ᠂ ᠮᠦᠨ ᠨᠦᠭᠦᠭᠡ ᠲᠠᠯ᠎ᠠ ᠠᠴᠠ ᠰᠤᠷᠤᠭᠴᠢᠳ ᠤᠨ ᠨᠤᠮ ᠤᠩᠰᠢᠬᠤ ᠶᠢ ᠬᠠᠯᠠᠮᠵᠢᠯᠠᠨ ᠳᠡᠮᠵᠢᠵᠦ ᠪᠠᠶᠢᠭ᠎ᠠ ᠡᠳᠡᠭᠡᠷ ᠠᠵᠢᠯᠯᠠᠭ᠎ᠠ ᠶᠢᠨ ᠤᠳᠬ᠎ᠠ ᠤᠴᠢᠷ ᠢ ᠤᠶᠢᠢᠯᠠᠭᠠᠨ ᠮᠡᠳᠡᠷᠡᠭᠰᠡᠨ ᠨᠢ ᠢᠯᠡᠬᠡᠨ᠃      ᠪᠢᠳᠡ ᠶᠠᠭᠤᠨ ᠳᠤ ᠨᠤᠮ ᠤᠩᠰᠢᠬᠤ ᠪᠤᠢ︖ ᠨᠤᠮ ᠢ ᠤᠩᠰᠢᠭᠠᠳ ᠤᠶᠢᠢᠯᠠᠭᠠᠬᠤ ᠨᠢ ᠴᠢᠬᠤᠯᠠ᠂ ᠤᠯᠤᠯᠲᠠ ᠲᠠᠢ ᠪᠠᠶᠢᠬᠤ ᠨᠢ ᠴᠢᠬᠤᠯᠠ᠃ ᠢᠯᠠᠩᠭᠤᠶ᠎ᠠ ᠬᠡᠦᠬᠡᠳ ᠤᠳ ᠲᠤ ᠠᠪᠴᠤ ᠬᠡᠯᠡᠪᠡᠯ ᠤᠩᠰᠢᠬᠤ ᠶᠢᠨ ᠲᠦᠯᠦᠭᠡ ᠤᠩᠰᠢᠭᠠᠳ ᠲᠤᠭ᠎ᠠ ᠪᠦᠭᠯᠡᠬᠦ ᠶᠢᠨ ᠲᠦᠯᠦᠭᠡ ᠪᠢᠰᠢ᠂ ᠨᠤᠮ ᠤᠨ ᠲᠦᠷᠦᠭᠳᠡᠯ ᠪᠢᠴᠢᠭᠦᠯᠭᠦ ᠨᠢ ᠬᠡᠦᠬᠡᠳ ᠤᠳ ᠤᠨ ᠨᠤᠮ ᠢ ᠤᠩᠰᠢᠭᠠᠳ ᠶᠠᠮᠠᠷ ᠤᠯᠤᠯᠲᠠ ᠲᠠᠢ ᠪᠤᠯᠤᠭᠰᠠᠨ ᠢ ᠨᠢ ᠪᠤᠳᠤᠭᠤᠯᠬᠤ᠂ ᠵᠤᠬᠢᠶᠠᠨ ᠪᠢᠴᠢᠯᠭᠡ ᠶᠢᠨ ᠴᠢᠳᠠᠪᠤᠷᠢ ᠶᠢ ᠨᠢ ᠳᠡᠭᠡᠭᠰᠢᠯᠡᠭᠦᠯᠬᠦ ᠳᠤ ᠰᠢᠭᠤᠳ ᠳᠤᠰᠠᠯᠠᠨ᠎ᠠ᠃ ︽ᠪᠢᠯᠢᠭ ᠤᠨ ᠰᠠᠩ︾ ᠤᠨ ᠬᠢᠨ ᠤ ᠰᠢᠷᠢᠰ ᠠᠵᠢᠯᠯᠠᠭ᠎ᠠ ᠡᠨᠡ ᠲᠠᠯ᠎ᠠ ᠪᠠᠷ ᠢᠯᠡᠭᠦᠦ ᠬᠦᠴᠦᠯᠡᠵᠦ᠂ ᠮᠦᠨ ᠨᠡᠯᠢᠶᠡᠳ ᠰᠠᠶᠢᠨ ᠦᠷ᠎ᠡ ᠪᠦᠲᠦᠮᠵᠢ ᠪᠤᠶᠤ ᠨᠡᠶᠢᠬᠡᠮ ᠤᠨ ᠦᠷ᠎ᠡ ᠨᠦᠯᠦᠭᠡ ᠭᠠᠷᠭᠠᠭᠰᠠᠨ ᠪᠠᠶᠢᠨ᠎ᠠ᠃ ᠨᠤᠮ ᠲᠠᠢ ᠨᠦᠬᠦᠷᠯᠡᠭᠰᠡᠨ ᠬᠡᠦᠬᠡᠳ ᠢᠷᠡᠭᠡᠳᠦᠢ ᠳᠤ ᠨᠡᠩ ᠦᠷᠭᠡᠨ ᠳᠡᠯᠭᠡᠷ ᠶᠢᠷᠲᠢᠨᠴᠦ ᠶᠢ ᠬᠠᠷᠠᠵᠤ ᠶᠠᠪᠤᠨ᠎ᠠ ᠳ᠋ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号