ᠣᠷᠳᠣᠰ ᠬᠤᠲᠠ ᠶᠢᠨ ᠬᠥᠳᠡᠭᠡ ᠲᠣᠰᠬᠤᠨ ᠤ ᠡᠮᠴᠢ ᠶᠢᠨ ᠨᠠᠰᠤᠵᠢᠯ ᠤᠨ ᠠᠰᠠᠷᠠᠮᠵᠢ ᠶᠢᠨ ᠨᠥᠬᠦᠪᠦᠷᠢ ᠶᠢᠨ ᠬᠡᠷᠡᠭᠵᠢᠭᠦᠯᠬᠦ ᠲᠥᠰᠥᠯ ᠢ ᠤᠯᠠᠮᠵᠢᠯᠠᠨ ᠲᠠᠷᠬᠠᠭᠠᠬᠤ ᠲᠣᠬᠠᠢ ᠣᠳᠤᠭ ᠬᠤᠰᠢᠭᠤᠨ ᠤ ᠠᠷᠡᠳ ᠤᠨ ᠵᠠᠰᠠᠭ  ᠤᠨ ᠣᠷᠳᠣᠨ ᠤ ᠠᠯᠪᠡᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2020/11/13
               ᠣᠳᠤᠭ ᠵᠡᠰᠠᠭ ᠠᠯᠪᠡᠨ ᠲᠡᠷᠬᠠᠭᠠᠭᠰᠡᠨ  ﹇2020﹈ 65 ᠳ᠋ᠤᠭᠠᠷ ᠲᠣᠭᠠᠳᠣ            ᠣᠷᠳᠣᠰ ᠬᠤᠲᠠ ᠶᠢᠨ ᠬᠥᠳᠡᠭᠡ ᠲᠣᠰᠬᠤᠨ ᠤ ᠡᠮᠴᠢ ᠶᠢᠨ ᠨᠠᠰᠤᠵᠢᠯ ᠤᠨ ᠠᠰᠠᠷᠠᠮᠵᠢ ᠶᠢᠨ ᠨᠥᠬᠦᠪᠦᠷᠢ ᠶᠢᠨ ᠬᠡᠷᠡᠭᠵᠢᠭᠦᠯᠬᠦ ᠲᠥᠰᠥᠯ ᠢ ᠤᠯᠠᠮᠵᠢᠯᠠᠨ ᠲᠠᠷᠬᠠᠭᠠᠬᠤ ᠲᠣᠬᠠᠢ ᠣᠳᠤᠭ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ ᠤᠨ ᠮᠡᠳᠡᠭᠳᠡᠯᠡᠯ᠎ᠠ ᠰᠣᠮᠣ ᠪᠡᠯᠭᠠᠰᠥᠨ ᠤ ᠠᠷᠡᠳ ᠤᠨ ᠵᠡᠰᠠᠭ ᠤᠨ ᠣᠷᠳᠣᠨ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠳᠤ᠄      ︽ᠣᠷᠳᠣᠰ ᠬᠤᠲᠠ ᠶᠢᠨ ᠬᠥᠳᠡᠭᠡ ᠲᠣᠰᠬᠤᠨ ᠤ ᠡᠮᠴᠢ ᠶᠢᠨ ᠨᠠᠰᠤᠵᠢᠯ ᠤᠨ ᠠᠰᠠᠷᠠᠮᠵᠢ ᠶᠢᠨ ᠨᠥᠬᠦᠪᠦᠷᠢ ᠶᠢᠨ ᠬᠡᠷᠡᠭᠵᠢᠭᠦᠯᠬᠦ ᠲᠥᠰᠥᠯ︾ ︵ᠣᠷᠳᠣᠰ ᠡᠷᠡᠭᠦᠯ ᠮᠡᠨᠳᠦ ᠲᠠᠷᠬᠠᠭᠠᠭᠰᠠᠨ 50 ᠳ᠋ᠤᠭᠠᠷ ᠲᠣᠭᠠᠲᠤ︶ ᠢ ᠡᠳᠦᠭᠡ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠵᠢᠷᠤᠮᠯᠠᠨ ᠬᠡᠷᠡᠭᠵᠢᠭᠦᠯᠲᠦᠭᠡᠢ᠃                                                                             ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                             2020 ᠣᠨ ᠤ 11 ᠳ᠋ᠦ᠋ᠭᠡᠷ ᠰᠠᠷ᠎ᠠ ᠶᠢᠨ 13 ᠤ ᠡᠳ᠋᠊ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ          2020 ᠣᠨ ᠤ 11 ᠳ᠋ᠦ᠋ᠭᠡᠷ ᠰᠠᠷ᠎ᠠ ᠶᠢᠨ 13 ᠤ ᠡᠳᠦᠷ ᠳᠠᠷᠤᠮᠠᠯᠯᠠᠨ ᠲᠠᠷᠬᠠᠭᠠᠪᠠ               ᠣᠷᠳᠣᠰ ᠡᠷᠡᠭᠦᠯ ᠮᠡᠨᠳᠦ ᠲᠠᠷᠬᠠᠭᠠᠭᠰᠠᠨ  ﹇2020﹈ 50 ᠳ᠋ᠤᠭᠠᠷ ᠲᠣᠭᠠᠲᠤ           ᠣᠷᠳᠣᠰ ᠬᠤᠲᠠ ᠶᠢᠨ ᠬᠥᠳᠡᠭᠡ ᠲᠣᠰᠬᠤᠨ ᠤ ᠡᠮᠴᠢ ᠶᠢᠨ ᠨᠠᠰᠤᠵᠢᠯ ᠤᠨ ᠠᠰᠠᠷᠠᠮᠵᠢ ᠶᠢᠨ ᠨᠥᠬᠦᠪᠦᠷᠢ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ᠄      ︽ᠬᠥᠳᠡᠭᠡ ᠲᠣᠰᠬᠤᠨ ᠤ ᠡᠮᠴᠢ ᠶᠢᠨ ᠡᠩᠨᠡᠭᠡᠨ ᠤ ᠪᠠᠶᠢᠭᠤᠯᠤᠯᠲᠠ ᠶᠢ ᠤᠯᠠᠮ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠥᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2015﹈ 114 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠡᠮᠴᠢ ᠶᠢᠨ ᠨᠠᠰᠤᠵᠢᠯ ᠤᠨ ᠴᠠᠯᠢᠩ ᠣᠯᠭᠤᠮᠵᠢ ᠶᠢ ᠪᠦᠲᠦᠮᠵᠢᠲᠡᠢ ᠪᠠᠲᠤᠯᠠᠬᠤ ᠶᠢᠨ ᠲᠤᠰᠠᠳᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠦᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠬᠠᠮᠲᠤᠷᠠᠨ ᠲᠣᠭᠲᠠᠭᠠᠭᠰᠠᠨ ︽ᠣᠷᠳᠣᠰ ᠬᠤᠲᠠ ᠶᠢᠨ ᠬᠥᠳᠡᠭᠡ ᠲᠣᠰᠬᠤᠨ ᠤ ᠡᠮᠴᠢ ᠶᠢᠨ ᠨᠠᠰᠤᠵᠢᠯ ᠤᠨ ᠠᠰᠠᠷᠠᠮᠵᠢ ᠶᠢᠨ ᠨᠥᠬᠦᠪᠦᠷᠢ ᠶᠢᠨ ᠬᠡᠷᠡᠭᠵᠢᠭᠦᠯᠬᠦ ᠲᠥᠰᠥᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2019 ᠣᠨ ᠤ ᠠᠷᠪᠠᠨ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠪᠠ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ 119 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠶᠠᠷᠢᠯᠴᠠᠭᠠᠳ᠂ ᠡᠳᠦᠭᠡ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠨᠠᠷᠢᠨ ᠬᠢᠨᠠᠮᠠᠭᠠᠢ ᠲᠣᠭᠤᠰᠢᠯᠠᠭᠤᠨ ᠬᠡᠷᠡᠭᠵᠢᠭᠦᠯᠲᠦᠭᠡᠢ᠃                                                                       ᠣᠷᠳᠣᠰ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ                               ᠣᠷᠳᠣᠰ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ                               ᠣᠷᠳᠣᠰ ᠬᠤᠲᠠ ᠶᠢᠨ ᠬᠦᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ                               2020 ᠣᠨ ᠤ 2 ᠰᠠᠷ᠎ᠠ ᠶᠢᠨ 27 ᠤ ᠡᠳᠦᠷ            ᠣᠷᠳᠣᠰ ᠬᠤᠲᠠ ᠶᠢᠨ ᠬᠥᠳᠡᠭᠡ ᠲᠣᠰᠬᠤᠨ ᠤ ᠡᠮᠴᠢ ᠶᠢᠨ ᠨᠠᠰᠤᠵᠢᠯ ᠤᠨ ᠠᠰᠠᠷᠠᠮᠵᠢ ᠶᠢᠨ ᠨᠥᠬᠦᠪᠦᠷᠢ ᠶᠢᠨ ᠬᠡᠷᠡᠭᠵᠢᠭᠦᠯᠬᠦ ᠲᠥᠰᠥᠯ      ᠮᠠᠯᠵᠢᠬᠤ ᠲᠠᠷᠢᠶᠠᠯᠠᠬᠤ ᠣᠷᠣᠨ ᠤ ᠡᠮᠨᠡᠯᠭᠡ ᠡᠷᠡᠭᠦᠯ ᠬᠠᠮᠠᠭᠠᠯᠠᠯ ᠤᠨ ᠰᠦᠯᠵᠢᠶᠡᠨ ᠤ ᠪᠠᠶᠢᠭᠤᠯᠤᠯᠲᠠ ᠶᠢ ᠤᠯᠠᠮ ᠴᠢᠩᠭᠠᠳᠬᠠᠵᠤ᠂ ᠬᠥᠳᠡᠭᠡ ᠲᠣᠰᠬᠤᠨ ᠤ ᠡᠮᠴᠢ ᠶᠢᠨ ᠡᠩᠨᠡᠭᠡ ᠶᠢ ᠲᠣᠭᠲᠠᠪᠤᠷᠢᠵᠢᠭᠤᠯᠵᠤ ᠬᠥᠭᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠶᠢᠨ ᠲᠤᠰᠠᠳᠠ᠂ ︽ᠬᠥᠳᠡᠭᠡ ᠲᠣᠰᠬᠤᠨ ᠤ ᠡᠮᠴᠢ ᠶᠢᠨ ᠡᠩᠨᠡᠭᠡᠨ ᠤ ᠪᠠᠶᠢᠭᠤᠯᠤᠯᠲᠠ ᠶᠢ ᠤᠯᠠᠮ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠥᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2015﹈ 114 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠳᠤ ᠦᠨᠳᠦᠰᠦᠯᠡᠨ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ ᠪᠠᠶᠢᠭᠠᠳ ᠲᠤᠰ ᠬᠡᠷᠡᠭᠵᠢᠭᠦᠯᠬᠦ ᠲᠥᠰᠥᠯ ᠢ ᠣᠨᠴᠠᠭᠠᠶᠢᠯᠠᠨ ᠲᠣᠭᠲᠠᠭᠠᠪᠠ᠃      ᠨᠢᠭᠡ᠂ ᠬᠥᠳᠡᠭᠡ ᠲᠣᠰᠬᠤᠨ ᠤ ᠡᠮᠴᠢ ᠶᠢᠨ ᠨᠥᠬᠦᠪᠦᠷᠢ ᠶᠢᠨ ᠬᠦᠷᠢᠶ᠎ᠡ ᠬᠡᠪᠴᠢᠶ᠎ᠡ ᠪᠠ ᠪᠠᠷᠢᠮᠵᠢᠶ᠎ᠠ      ︵ᠨᠢᠭᠡ︶ ᠠᠵᠢᠯ ᠤᠨ ᠪᠠᠶᠢᠷᠢᠨ ᠳᠤ ᠪᠠᠶᠢᠭ᠎ᠠ ᠬᠥᠳᠡᠭᠡ ᠲᠣᠰᠬᠤᠨ ᠤ ᠡᠮᠴᠢ      ⒈ᠨᠥᠬᠦᠪᠦᠷᠢ ᠬᠦᠷᠲᠡᠬᠦ ᠬᠦᠮᠦᠰ᠄ 2020 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ ᠣᠷᠳᠣᠰ ᠬᠤᠲᠠ ᠶᠢᠨ ᠬᠡᠪᠴᠢᠶᠡᠨ ᠳᠣᠲᠣᠷᠠᠬᠢ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠬᠥᠳᠡᠭᠡ ᠲᠣᠰᠬᠤᠨ ᠤ ᠡᠮᠴᠢ ᠪᠠᠷ ᠠᠵᠢᠯᠯᠠᠵᠦ ᠪᠠᠶᠢᠭ᠎ᠠ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠤ ᠡᠮᠴᠢ ᠶᠢᠨ ᠠᠵᠢᠯ ᠡᠷᠬᠢᠯᠡᠬᠦ ᠦᠨᠡᠮᠯᠡᠯ ᠪᠤᠶᠤ ᠠᠵᠢᠯ ᠡᠷᠬᠢᠯᠡᠬᠦ ︵ᠲᠤᠰᠠᠯᠠᠬᠤ︶ ᠡᠮᠴᠢ ᠶᠢᠨ ᠦᠨᠡᠮᠯᠡᠯ ᠲᠠᠢ ᠪᠥᠭᠡᠳ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠳᠤ ᠳᠠᠩᠰᠠᠯᠠᠭᠤᠯᠵᠤ᠂ ᠬᠤᠯᠪᠣᠭᠳᠠᠯ ᠪᠦᠬᠦᠢ ᠠᠵᠢᠯ ᠡᠷᠬᠢᠯᠡᠬᠦ ᠵᠥᠪᠰᠢᠶᠡᠷᠡᠯ ᠤᠨ ᠦᠨᠡᠮᠯᠡᠯ ᠲᠠᠢ ᠬᠦᠮᠦᠰ᠃      ⒉ᠨᠥᠬᠦᠪᠦᠷᠢ ᠶᠢᠨ ᠪᠠᠷᠢᠮᠵᠢᠶ᠎ᠠ᠃ 2020 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ᠂ ᠬᠦᠮᠥᠨ ᠪᠦᠷᠢ ᠳᠤ ᠵᠢᠯ ᠤᠨ 2000 ᠲᠥᠭᠦᠷᠢᠭ ᠤᠨ ᠪᠠᠷᠢᠮᠵᠢᠶ᠎ᠠ ᠪᠠᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠲᠤᠰᠢᠶᠠᠨ᠎ᠠ᠂ 1500 ᠲᠥᠭᠦᠷᠢᠭ ᠢ ᠤᠷᠢᠳᠠᠪᠠᠷ ᠲᠤᠰᠢᠶᠠᠵᠤ ᠰᠡᠭᠦᠯᠡᠷ ᠨᠢ ᠪᠤᠴᠠᠭᠠᠬᠤ ᠬᠡᠯᠪᠡᠷᠢ ᠪᠠᠷ ᠵᠠᠰᠠᠭ ᠤᠨ ᠣᠷᠳᠣᠨ ᠠᠴᠠ ᠣᠷᠣᠯᠠᠨ ᠲᠤᠰᠢᠶᠠᠵᠤ᠂ ᠦᠯᠡᠳᠡᠭᠰᠡᠨ 500 ᠲᠥᠭᠦᠷᠢᠭ ᠢ ᠬᠤᠪᠢ ᠬᠦᠮᠥᠨ ᠥᠪᠡᠰᠦᠪᠡᠨ ᠲᠤᠰᠢᠶᠠᠨ᠂ ᠪᠦᠬᠦᠯᠢ 60 ᠨᠠᠰᠤ ᠬᠦᠷᠲᠡᠯ᠎ᠡ ᠲᠤᠰᠢᠶᠠᠨ᠎ᠠ᠃ ᠪᠦᠬᠦᠯᠢ 60 ᠨᠠᠰᠤ ᠬᠦᠷᠦᠭᠡᠳ ᠠᠵᠢᠯ ᠤᠨ ᠪᠠᠶᠢᠷᠢ ᠠᠴᠠ ᠪᠠᠨ ᠪᠠᠭᠤᠬᠤ ᠳᠤ᠂ ᠳᠠᠭᠠᠳᠬᠠᠯ ᠤᠨ ᠵᠠᠷᠤᠳᠠᠯ ᠢ 15 ᠵᠢᠯ ᠲᠤᠰᠢᠶᠠᠵᠤ ᠭᠦᠢᠴᠡᠭᠰᠡᠨ ᠦᠭᠡᠢ ᠮᠥᠷᠲᠡᠭᠡᠨ ᠬᠥᠳᠡᠭᠡ ᠲᠣᠰᠬᠤᠨ ᠳᠤ ᠵᠠᠯᠭᠠᠭ᠎ᠠ ᠪᠠᠷ 10 ᠵᠢᠯ ᠠᠴᠠ ᠢᠯᠡᠭᠦᠦ ᠦᠢᠯᠡᠴᠢᠯᠡᠭᠰᠡᠨ ᠪᠣᠯ᠂ ᠡᠳ᠋ ᠤᠨ ᠵᠠᠰᠠᠭ ᠠᠴᠠ ᠦᠯᠡᠳᠡᠭᠰᠡᠨ ᠵᠢᠯ ᠤᠨ ᠳᠠᠭᠠᠳᠬᠠᠯ ᠢ ᠵᠢᠯ ᠳᠤ 1500 ᠲᠥᠭᠦᠷᠢᠭ ᠤᠨ ᠪᠠᠷᠢᠮᠵᠢᠶ᠎ᠠ ᠪᠠᠷ ᠨᠢᠭᠡᠯᠡ ᠳᠣᠣᠷ᠎ᠠ ᠲᠤᠰᠢᠶᠠᠵᠤ ᠥᠭᠭᠦᠨ᠎ᠡ᠂ ᠡᠭᠦᠨ ᠳᠤ᠂ 2020 ᠣᠨ ᠤ 1 ᠰᠠᠷ᠎ᠠ ᠶᠢᠨ 1 ᠤ ᠡᠳᠦᠷ ᠠᠴᠠ ᠡᠮᠦᠨ᠎ᠡ ᠨᠠᠰᠤᠵᠢᠯ ᠤᠨ ᠳᠠᠭᠠᠳᠬᠠᠯ ᠢᠶᠠᠨ ᠥᠪᠡᠰᠦᠪᠡᠨ ᠲᠤᠰᠢᠶᠠᠭᠰᠠᠨ ᠪᠣᠯ᠂ ᠡᠳ᠋ ᠤᠨ ᠵᠠᠰᠠᠭ ᠠᠴᠠ 15 ᠵᠢᠯ ᠪᠣᠯᠣᠭᠠᠳᠤᠢ ᠬᠡᠰᠡᠭ ᠤᠨ ᠳᠠᠭᠠᠳᠬᠠᠯ ᠢ ᠨᠢᠭᠡᠯᠡ ᠳᠣᠣᠷ᠎ᠠ ᠬᠤᠪᠢ ᠬᠦᠮᠥᠨ ᠳᠤ ᠨᠥᠬᠦᠪᠦᠷᠢᠯᠡᠵᠦ ᠪᠣᠯᠣᠨ᠎ᠠ᠃      ᠠᠵᠢᠯ ᠤᠨ ᠪᠠᠶᠢᠷᠢᠨ ᠳᠤ ᠪᠠᠶᠢᠭ᠎ᠠ ᠬᠥᠳᠡᠭᠡ ᠲᠣᠰᠬᠤᠨ ᠤ ᠡᠮᠴᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ ᠣᠷᠣᠯᠴᠠᠬᠤ ᠡᠷᠬᠡ ᠪᠠᠨ ᠰᠠᠶᠢᠨ ᠳᠤᠷ᠎ᠠ ᠠᠴᠠ ᠪᠠᠨ ᠲᠠᠶᠠᠭᠳᠠᠭᠰᠠᠨ ᠪᠣᠯ ᠂ ᠬᠥᠳᠡᠭᠡ ᠲᠣᠰᠬᠤᠨ ᠤ ᠡᠮᠴᠢ ᠶᠢᠨ ᠡᠩᠨᠡᠭᠡ ᠠᠴᠠ ᠭᠠᠷᠤᠭᠰᠠᠨ ᠤ ᠳᠠᠷᠠᠭ᠎ᠠ᠂ ᠠᠵᠢᠯ ᠤᠨ ᠪᠠᠶᠢᠷᠢ ᠠᠴᠠ ᠪᠠᠨ ᠰᠠᠯᠤᠭᠰᠠᠨ ᠬᠥᠳᠡᠭᠡ ᠲᠣᠰᠬᠤᠨ ᠤ ᠡᠮᠴᠢ ᠶᠢᠨ ᠨᠠᠰᠤᠵᠢᠯ ᠤᠨ ᠠᠰᠠᠷᠠᠮᠵᠢ ᠶᠢᠨ ᠨᠥᠬᠦᠪᠦᠷᠢ ᠬᠦᠷᠲᠡᠭᠡᠬᠦ ᠦᠭᠡᠢ᠃ ᠰᠠᠶᠢᠨ ᠳᠤᠷ᠎ᠠ ᠠᠴᠠ ᠪᠠᠨ ᠲᠤᠰ ᠪᠠᠷᠢᠮᠵᠢᠶ᠎ᠠ ᠠᠴᠠ ᠢᠯᠡᠭᠦᠦ ᠵᠣᠭᠤᠰ ᠲᠤᠰᠢᠶᠠᠭᠰᠠᠨ ᠴᠤ ᠣᠷᠣᠯᠠᠨ ᠲᠤᠰᠢᠶᠠᠬᠤ ᠪᠠᠷᠢᠮᠵᠢᠶ᠎ᠠ ᠶᠢ ᠬᠤᠪᠢᠷᠠᠭᠤᠯᠬᠤ ᠦᠭᠡᠢ︔ ᠠᠵᠦ ᠠᠬᠤᠶᠢᠯᠠᠯ ᠤᠨ ᠠᠵᠢᠯᠲᠠᠨ ᠤ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠪᠣᠯ ᠳᠡᠭᠡᠷ᠎ᠡ ᠳᠤᠷᠠᠳᠤᠭᠰᠠᠨ ᠪᠠᠷᠢᠮᠵᠢᠶ᠎ᠠ ᠶᠣᠰᠣᠭᠠᠷ ᠨᠥᠬᠦᠵᠦ ᠥᠭᠭᠦᠨ᠎ᠡ᠃      ︵ᠬᠤᠶᠠᠷ︶ ᠪᠦᠬᠦᠯᠢ 60 ᠨᠠᠰᠤᠨ ᠠᠴᠠ ᠳᠡᠭᠡᠭᠰᠢᠬᠢ ᠠᠵᠢᠯ ᠤᠨ ᠪᠠᠶᠢᠷᠢ ᠠᠴᠠ ᠪᠠᠨ ᠪᠠᠭᠤᠭᠰᠠᠨ ᠬᠥᠳᠡᠭᠡ ᠲᠣᠰᠬᠤᠨ ᠤ ᠡᠮᠴᠢ      ⒈ ᠨᠥᠬᠦᠪᠦᠷᠢ ᠬᠦᠷᠲᠡᠬᠦ ᠬᠦᠮᠦᠰ᠃ ᠡᠯ᠎ᠡ ᠬᠤᠰᠢᠭᠤ ᠲᠣᠭᠤᠷᠢᠭ᠂ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠵᠢᠩᠬᠢᠨᠢ ᠪᠠᠷ ᠡᠯᠰᠡᠨ ᠬᠡᠷᠡᠭᠯᠡᠭᠰᠡᠨ ᠪᠤᠶᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠳᠤ ᠳᠠᠩᠰᠠᠯᠠᠭᠤᠯᠵᠤ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠵᠠᠯᠭᠠᠭ᠎ᠠ ᠪᠠᠷ 10 ᠵᠢᠯ ︵10 ᠵᠢᠯ ᠢ ᠪᠠᠭᠲᠠᠭᠠᠨ᠎ᠠ︶ ᠠᠴᠠ ᠳᠡᠭᠡᠭᠰᠢ ᠦᠢᠯᠡᠴᠢᠯᠡᠨ᠂ 2019 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ ᠪᠦᠬᠦᠯᠢ 60 ᠬᠦᠷᠦᠭᠰᠡᠨ ᠮᠥᠷᠲᠡᠭᠡᠨ ︽ᠣᠷᠳᠣᠰ ᠬᠤᠲᠠ ᠶᠢᠨ ᠠᠵᠢᠯ ᠠᠴᠠ ᠪᠠᠨ ᠪᠠᠭᠤᠭᠰᠠᠨ ᠬᠥᠳᠡᠭᠡ ᠲᠣᠰᠬᠤᠨ ᠤ ᠡᠮᠴᠢ ᠶᠢ ᠬᠢᠨᠠᠨ ᠬᠠᠷᠭᠤᠭᠤᠯᠬᠤ ᠠᠵᠢᠯ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠷᠳᠣᠰ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠮᠡᠳᠡᠭᠳᠡᠯ︾ ︵ᠣᠷᠳᠣᠰ ᠡᠷᠡᠭᠦᠯ ᠮᠡᠨᠳᠦ ᠲᠠᠷᠬᠠᠭᠠᠭᠰᠠᠨ ﹇2019﹈ 277 ᠳ᠋ᠤᠭᠠᠷ ᠲᠣᠭᠠᠲᠤ︶ ᠤᠨ ᠬᠢᠨᠠᠨ ᠬᠠᠷᠭᠤᠭᠤᠯᠬᠤ ᠨᠥᠬᠦᠴᠡᠯ ᠳᠤ ᠨᠡᠶᠢᠴᠡᠭᠰᠡᠨ ᠠᠵᠢᠯ ᠠᠴᠠ ᠪᠠᠨ ᠪᠠᠭᠤᠭᠰᠠᠨ ᠬᠥᠳᠡᠭᠡ ᠲᠣᠰᠬᠤᠨ ᠤ ᠡᠮᠴᠢ᠃      ⒉ ᠨᠥᠬᠦᠪᠦᠷᠢ ᠶᠢᠨ ᠪᠠᠷᠢᠮᠵᠢᠶ᠎ᠠ      ⑴ 2014 ᠣᠨ ᠠᠴᠠ 2019 ᠣᠨ ᠬᠦᠷᠲᠡᠯᠡᠬᠢ ᠰᠢᠨ᠎ᠡ ᠪᠠᠷ ᠨᠡᠮᠡᠭᠳᠡᠭᠰᠡᠨ ᠠᠵᠢᠯ ᠤᠨ ᠪᠠᠶᠢᠷᠢ ᠠᠴᠠ ᠪᠠᠨ ᠰᠠᠯᠤᠭᠰᠠᠨ ᠬᠥᠳᠡᠭᠡ ᠲᠣᠰᠬᠤᠨ ᠤ ᠡᠮᠴᠢ ᠶᠢᠨ ᠨᠠᠰᠤᠵᠢᠯ ᠤᠨ ᠠᠰᠠᠷᠠᠮᠵᠢ ᠶᠢᠨ ᠨᠥᠬᠦᠪᠦᠷᠢ ᠶᠢ ᠨᠥᠬᠦᠵᠦ ᠥᠭᠭᠦᠨ᠎ᠡ᠃      ᠠᠵᠢᠯ ᠤᠨ ᠪᠠᠶᠢᠷᠢ ᠠᠴᠠ ᠪᠠᠨ ᠰᠠᠯᠤᠭᠰᠠᠨ ᠬᠥᠳᠡᠭᠡ ᠲᠣᠰᠬᠤᠨ ᠤ ᠡᠮᠴᠢ ᠬᠢᠨᠠᠨ ᠬᠠᠷᠭᠤᠭᠤᠯᠬᠤ ᠣᠨ ᠳᠤ ᠦᠨᠳᠦᠰᠦᠯᠡᠨ ᠡᠯ᠎ᠡ ᠬᠤᠰᠢᠭᠤ ᠲᠣᠭᠤᠷᠢᠭ ᠤᠨ ᠥᠩᠭᠡᠷᠡᠭᠰᠡᠨ ᠵᠢᠯ ᠤᠳ ᠲᠤ ᠪᠣᠳᠠᠲᠠᠢ ᠲᠠᠷᠬᠠᠭᠠᠭᠰᠠᠨ ᠪᠠᠷᠢᠮᠵᠢᠶ᠎ᠠ ᠶᠣᠰᠣᠭᠠᠷ 2014 ᠣᠨ ᠠᠴᠠ 2019 ᠣᠨ ᠬᠦᠷᠲᠡᠯᠡᠬᠢ ᠠᠵᠢᠯ ᠤᠨ ᠪᠠᠶᠢᠷᠢ ᠠᠴᠠ ᠪᠠᠭᠤᠭᠰᠠᠨ ᠨᠠᠰᠤᠵᠢᠯ ᠤᠨ ᠠᠰᠠᠷᠠᠮᠵᠢ ᠶᠢᠨ ᠨᠥᠬᠦᠪᠦᠷᠢ ᠶᠢ ᠨᠥᠬᠦᠵᠦ ᠥᠭᠭᠦᠨ᠎ᠡ᠃ 2013 ᠣᠨ ᠳᠤ ᠬᠢᠨᠠᠨ ᠲᠣᠭᠲᠠᠭᠠᠭᠰᠠᠨ ᠬᠦᠮᠦᠰ ᠲᠤ ᠬᠤᠲᠠ ᠶᠢᠨ ᠡᠳ᠋ ᠤᠨ ᠵᠠᠰᠠᠭ ᠠᠴᠠ ᠵᠢᠯ ᠪᠣᠯᠭᠠᠨ ᠰᠠᠯᠭᠠᠨ ᠥᠭᠭᠦᠭᠰᠡᠨ ᠪᠡᠯᠡ ᠮᠥᠩᠭᠦ ᠶᠢ ᠬᠤᠲᠠ ᠶᠢᠨ ᠡᠳ᠋ ᠤᠨ ᠵᠠᠰᠠᠭ ᠠᠴᠠ ᠨᠥᠬᠦᠪᠦᠷᠢᠯᠡᠬᠦ ᠦᠭᠡᠢ᠃      ⑵ 2020 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠨᠥᠬᠦᠪᠦᠷᠢᠯᠡᠬᠦ ᠨᠥᠬᠦᠪᠦᠷᠢᠨᠠᠰᠤᠵᠢᠯ ᠤᠨ ᠳᠠᠭᠠᠳᠬᠠᠯ ᠲᠤᠰᠢᠶᠠᠭᠰᠠᠨ ᠦᠭᠡᠢ ᠪᠣᠯ᠂ ᠬᠦᠮᠦᠨ ᠪᠣᠯᠭᠠᠨ ᠳᠤ ᠵᠢᠯ ᠳᠤ 2000 ᠲᠥᠭᠦᠷᠢᠭ ᠤᠨ ᠪᠠᠷᠢᠮᠵᠢᠶ᠎ᠠ ᠪᠠᠷ ᠡᠳ᠋ ᠤᠨ ᠵᠠᠰᠠᠭ ᠠᠴᠠ 15 ᠵᠢᠯ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠢ ᠨᠢᠭᠡᠯᠡ ᠳᠣᠣᠷ᠎ᠠ ᠣᠷᠣᠯᠠᠨ ᠲᠤᠰᠢᠶᠠᠨ᠎ᠠ᠂ 2020 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ᠂ ᠲᠣᠭᠲᠠᠭᠠᠯ ᠶᠣᠰᠣᠭᠠᠷ ᠨᠠᠰᠤᠵᠢᠯ ᠤᠨ ᠮᠥᠩᠭᠦ ᠪᠠᠨ ᠠᠪᠤᠨ᠎ᠠ︔ ᠨᠠᠰᠤᠵᠢᠯ ᠤᠨ ᠳᠠᠭᠠᠳᠬᠠᠯ ᠲᠤᠰᠢᠶᠠᠭᠰᠠᠨ ᠮᠥᠷᠲᠡᠭᠡᠨ ᠨᠠᠰᠤᠵᠢᠯ ᠤᠨ ᠳᠠᠭᠠᠳᠬᠠᠯ ᠤᠨ ᠣᠯᠭᠤᠮᠵᠢ ᠶᠢ ᠨᠢᠭᠡᠨᠲᠡ ᠬᠦᠷᠲᠡᠭᠰᠡᠨ ᠪᠣᠯ᠂ ᠡᠳ᠋ ᠤᠨ ᠵᠠᠰᠠᠭ ᠠᠴᠠ ᠰᠠᠷ᠎ᠠ ᠳᠤ 216 ᠲᠥᠭᠦᠷᠢᠭ ᠨᠥᠬᠦᠪᠦᠷᠢᠯᠡᠵᠦ᠂ ᠨᠠᠰᠤᠵᠢᠯ ᠤᠨ ᠠᠰᠠᠷᠠᠮᠵᠢ ᠶᠢᠨ ᠨᠥᠬᠦᠪᠦᠷᠢ ᠪᠠᠨ ᠬᠦᠷᠲᠡᠭᠰᠡᠳ ᠨᠠᠰᠤᠵᠢᠯ ᠤᠨ ᠳᠠᠭᠠᠳᠬᠠᠯ ᠤᠨ ᠬᠠᠷᠢᠴᠠᠭ᠎ᠠ ᠪᠠᠨ ᠬᠦᠴᠦᠨ ᠦᠭᠡᠢ ᠪᠣᠯᠭᠠᠬᠤ ᠳᠤ᠂ 139 ᠰᠠᠷ᠎ᠠ ᠶᠢᠨ ᠨᠠᠰᠤᠵᠢᠯ ᠤᠨ ᠠᠰᠠᠷᠠᠮᠵᠢ ᠶᠢᠨ ᠨᠥᠬᠦᠪᠦᠷᠢ ᠪᠠᠨ ᠠᠪᠴᠤ ᠳᠠᠭᠤᠰᠤᠭᠠᠳᠤᠢ ᠪᠣᠯ᠂ ᠡᠳ᠋ ᠤᠨ ᠵᠠᠰᠠᠭ ᠠᠴᠠ ᠨᠢᠭᠡᠯᠠ ᠳᠣᠣᠷ᠎ᠠ ᠨᠥᠬᠦᠪᠦᠷᠢᠯᠡᠨ᠎ᠡ᠃ ᠠᠵᠦ ᠠᠬᠤᠶᠢᠯᠠᠯ ᠤᠨ ᠠᠵᠢᠯᠲᠠᠨ ᠤ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠪᠣᠯ᠂ ᠳᠡᠭᠡᠷ᠎ᠡ ᠳᠤᠷᠠᠳᠤᠭᠰᠠᠨ ᠲᠣᠭᠲᠠᠭᠠᠯ ᠤᠨ ᠪᠠᠷᠢᠮᠵᠢᠶ᠎ᠠ ᠶᠣᠰᠣᠭᠠᠷ ᠨᠥᠬᠦᠪᠦᠷᠢᠯᠡᠨ᠎ᠡ᠃      ᠬᠤᠶᠠᠷ᠂ ᠪᠡᠯᠡ ᠮᠥᠩᠭᠦᠨ ᠤ ᠢᠷᠡᠯᠲᠡ      ᠬᠥᠳᠡᠭᠡ ᠲᠣᠰᠬᠤᠨ ᠤ ᠡᠮᠴᠢ ᠶᠢᠨ ᠨᠠᠰᠤᠵᠢᠯ ᠤᠨ ᠠᠰᠠᠷᠠᠮᠵᠢ ᠶᠢᠨ ᠨᠥᠬᠦᠪᠦᠷᠢ ᠮᠥᠩᠭᠦ ᠶᠢ ᠬᠤᠲᠠ᠂ ᠬᠤᠰᠢᠭᠤ ᠲᠣᠭᠤᠷᠢᠭ ᠬᠤᠶᠠᠷ ᠱᠠᠲᠤᠨ ᠤ ᠡᠳ᠋ ᠤᠨ ᠵᠠᠰᠠᠭ ᠠᠴᠠ ᠬᠠᠷᠢᠴᠠᠯ ᠶᠣᠰᠣᠭᠠᠷ ᠭᠠᠷᠭᠠᠨ᠎ᠠ᠃ ᠡᠭᠦᠨ ᠳᠤ᠂ ᠳ᠋ᠦᠩᠱᠧᠩ ᠲᠣᠭᠤᠷᠢᠭ᠂ ᠵᠡᠭᠦᠨᠭᠠᠷ ᠬᠤᠰᠢᠭᠤ᠂ ᠡᠵᠡᠨ ᠬᠤᠷᠤᠭ᠎ᠠ ᠬᠤᠰᠢᠭᠤ᠂ ᠣᠲᠤᠭ ᠬᠤᠰᠢᠭᠤ᠂ ᠣᠲᠤᠭ ᠤᠨ ᠡᠮᠦᠨᠡᠲᠦ ᠬᠤᠰᠢᠭᠤ᠂ ᠬᠢᠶ᠎ᠠ ᠪᠠᠭᠰᠢ ᠲᠣᠭᠤᠷᠢᠭ ᠤᠨ ᠬᠢᠨ 2᠄ 8 ᠶᠢᠨ ᠬᠠᠷᠢᠴᠠᠯ ᠢᠶᠠᠷ ᠭᠠᠷᠭᠠᠵᠤ᠂ ᠳᠠᠯᠠᠳ ᠬᠤᠰᠢᠭᠤ᠂ ᠦᠦᠰᠢᠨ ᠬᠤᠰᠢᠭᠤ 3᠄ 7 ᠶᠢᠨ ᠬᠠᠷᠢᠴᠠᠯ ᠢᠶᠠᠷ ᠭᠠᠷᠭᠠᠨ᠂ ᠬᠠᠩᠭᠢᠨ ᠬᠤᠰᠢᠭᠤᠨ ᠤ ᠬᠢ ᠶᠢ ᠬᠤᠲᠠ ᠶᠢᠨ ᠡᠳ᠋ ᠤᠨ ᠵᠠᠰᠠᠭ ᠠᠴᠠ ᠪᠦᠬᠦᠨ ᠢ ᠭᠠᠷᠭᠠᠨ᠎ᠠ᠃      ᠭᠤᠷᠪᠠ᠂ ᠨᠥᠬᠦᠪᠦᠷᠢ ᠶᠢ ᠥᠭᠬᠦ      ︵ᠨᠢᠭᠡ︶ ᠠᠵᠢᠯ ᠤᠨ ᠪᠠᠶᠢᠷᠢᠨ ᠳᠤ ᠪᠠᠶᠢᠭ᠎ᠠ ᠬᠥᠳᠡᠭᠡ ᠲᠣᠰᠬᠤᠨ ᠤ ᠡᠮᠴᠢ ᠶᠢᠨ ᠨᠥᠬᠦᠪᠦᠷᠢ ᠶᠢ ᠥᠭᠬᠦᠠᠵᠢᠯ ᠤᠨ ᠪᠠᠶᠢᠷᠢᠨ ᠳᠤ ᠪᠠᠶᠢᠭ᠎ᠠ ᠬᠥᠳᠡᠭᠡ ᠲᠣᠰᠬᠤᠨ ᠤ ᠡᠮᠴᠢ ᠳᠠᠭᠠᠳᠬᠠᠯ ᠲᠤᠰᠢᠶᠠᠭᠰᠠᠨ ᠭᠡᠷᠡᠴᠢ ᠪᠠᠨ ᠠᠪᠴᠦ ᠬᠠᠷᠢᠶ᠎ᠠ ᠣᠷᠣᠨ ᠳᠠᠬᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠪᠠᠶᠢᠭᠤᠯᠭ᠎ᠠ ᠳᠤ ᠬᠦᠷᠦᠨ ᠵᠠᠰᠠᠭ ᠤᠨ ᠣᠷᠳᠣᠨ ᠤ ᠳᠠᠭᠠᠳᠬᠠᠯ ᠳᠤ ᠣᠷᠣᠯᠴᠠᠭᠰᠠᠨ ᠨᠥᠬᠦᠪᠦᠷᠢ ᠪᠠᠨ ᠠᠪᠤᠨ᠎ᠠ᠃      ︵ᠬᠤᠶᠠᠷ︶ ᠠᠵᠢᠯ ᠤᠨ ᠪᠠᠶᠢᠷᠢ ᠠᠴᠠ ᠪᠠᠨ ᠪᠠᠭᠤᠭᠰᠠᠨ ᠬᠥᠳᠡᠭᠡ ᠲᠣᠰᠬᠤᠨ ᠤ ᠡᠮᠴᠢ ᠶᠢᠨ ᠨᠥᠬᠦᠪᠦᠷᠢ ᠶᠢ ᠥᠭᠬᠦᠨᠠᠰᠤᠵᠢᠯ ᠤᠨ ᠳᠠᠭᠠᠳᠬᠠᠯ ᠲᠤᠰᠢᠶᠠᠭᠰᠠᠨ ᠦᠭᠡᠢ ᠬᠦᠮᠦᠰ ᠤᠨ ᠳᠠᠭᠠᠳᠬᠠᠯ ᠤᠨ ᠮᠥᠩᠭᠦ ᠶᠢ ᠡᠳ᠋ ᠤᠨ ᠵᠠᠰᠠᠭ ᠤᠨ ᠪᠠᠶᠢᠭᠤᠯᠭ᠎ᠠ ᠠᠴᠠ ᠰᠢᠭᠤᠳ ᠣᠷᠣᠯᠠᠨ ᠥᠭᠭᠦᠨ᠎ᠡ᠃ ᠳᠠᠭᠠᠳᠬᠠᠯ ᠲᠤᠰᠢᠶᠠᠭᠰᠠᠨ ᠮᠥᠷᠲᠡᠭᠡᠨ ᠳᠠᠭᠠᠳᠬᠠᠯ ᠤᠨ ᠣᠯᠭᠤᠮᠵᠢ ᠶᠢ ᠬᠦᠷᠲᠡᠵᠦ ᠪᠠᠶᠢᠭ᠎ᠠ ᠬᠦᠮᠦᠰ ᠤᠨ ᠨᠥᠬᠦᠪᠦᠷᠢ ᠶᠢ ᠬᠠᠷᠢᠶ᠎ᠠ ᠣᠷᠣᠨ ᠳᠠᠬᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠪᠠᠶᠢᠭᠤᠯᠭ᠎ᠠ ᠠᠴᠠ ᠰᠠᠷ᠎ᠠ ᠰᠠᠷ᠎ᠠ ᠪᠠᠷ ︽ᠪᠦᠬᠦᠨ ᠳᠤ ᠲᠣᠬᠢᠷᠠᠬᠤ ᠺᠠᠷᠲ︾ ᠢᠶᠠᠷ ᠬᠤᠪᠢᠶᠠᠨ᠎ᠠ᠃      ᠳᠥᠷᠪᠡ᠂ ᠪᠠᠲᠤᠯᠠᠬᠤ ᠠᠷᠭ᠎ᠠ ᠪᠠᠷᠢᠯ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠨᠠᠷᠢᠯᠢᠭ ᠬᠤᠪᠢᠶᠠᠨ᠎ᠠ᠃ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠡᠯ᠎ᠡ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃ ᠡᠳ᠋ ᠤᠨ ᠵᠠᠰᠠᠭ ᠤᠨ ᠪᠠᠶᠢᠭᠤᠯᠭ᠎ᠠ ᠬᠥᠳᠡᠭᠡ ᠲᠣᠰᠬᠤᠨ ᠤ ᠡᠮᠴᠢ ᠶᠢᠨ ᠨᠠᠰᠤᠵᠢᠯ ᠤᠨ ᠠᠰᠠᠷᠠᠮᠵᠢ ᠶᠢᠨ ᠨᠥᠬᠦᠪᠦᠷᠢ ᠳᠤ ᠬᠡᠷᠡᠭᠰᠡᠬᠦ ᠵᠠᠷᠤᠳᠠᠯ ᠢ ᠣᠨ ᠤ ᠡᠳ᠋ ᠤᠨ ᠵᠠᠰᠠᠭ ᠤᠨ ᠲᠥᠰᠥᠪ ᠲᠤ ᠲᠤᠭ᠎ᠠ ᠶᠣᠰᠣᠭᠠᠷ ᠣᠷᠣᠭᠤᠯᠤᠨ᠎ᠠ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠪᠠᠶᠢᠭᠤᠯᠭ᠎ᠠ ᠬᠥᠳᠡᠭᠡ ᠲᠣᠰᠬᠤᠨ ᠤ ᠡᠮᠴᠢ ᠶᠢ ᠬᠢᠨᠠᠨ ᠬᠠᠷᠭᠤᠭᠤᠯᠬᠤ᠂ ᠪᠦᠷᠢᠳᠬᠡᠬᠦ ᠪᠠ ᠨᠥᠬᠦᠪᠦᠷᠢ ᠥᠭᠬᠦ ᠵᠡᠷᠭᠡ ᠠᠵᠢᠯ ᠢ ᠰᠠᠶᠢᠲᠤᠷ ᠬᠢᠨ᠎ᠡ︔ ᠬᠦᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠪᠠᠶᠢᠭᠤᠯᠭ᠎ᠠ ᠶᠢᠨ ᠨᠠᠰᠤᠵᠢᠯ ᠤᠨ ᠠᠰᠠᠷᠠᠮᠵᠢ ᠶᠢᠨ ᠨᠥᠬᠦᠪᠦᠷᠢ ᠥᠭᠬᠦ ᠠᠵᠢᠯ ᠢ ᠰᠠᠶᠢᠲᠤᠷ ᠬᠢᠨ᠎ᠡ᠃      ︵ᠬᠤᠶᠠᠷ︶ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠬᠥᠳᠡᠭᠡ ᠲᠣᠰᠬᠤᠨ ᠤ ᠡᠮᠴᠢ ᠶᠢᠨ ᠨᠠᠰᠤᠵᠢᠯ ᠤᠨ ᠠᠰᠠᠷᠠᠮᠵᠢ ᠶᠢᠨ ᠨᠥᠬᠦᠪᠦᠷᠢ ᠳᠤ ᠢᠯᠠ ᠲᠣᠳᠣ᠂ ᠡᠷᠬᠡ ᠲᠡᠭᠰᠢ ᠪᠠᠶᠢᠬᠤ ᠵᠠᠷᠴᠢᠮ ᠢ ᠪᠠᠷᠢᠮᠲᠠᠯᠠᠵᠤ᠂ ᠵᠢᠷᠤᠮᠵᠢᠭᠤᠨ ᠬᠡᠷᠡᠭᠵᠢᠭᠦᠯᠬᠦ ᠶᠢ ᠪᠠᠲᠤᠯᠠᠨ᠎ᠠ᠃ ᠨᠥᠬᠦᠪᠦᠷᠢ ᠬᠦᠷᠲᠡᠬᠦ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠪᠠᠭᠤᠷᠠᠭᠤᠯᠬᠤ᠂ ᠬᠤᠳᠠᠯ ᠬᠠᠭᠤᠷᠮᠠᠭ ᠢᠶᠠᠷ ᠮᠡᠳᠡᠭᠦᠯᠵᠦ ᠨᠥᠬᠦᠪᠦᠷᠢ ᠠᠪᠬᠤ᠂ ᠬᠤᠳᠠᠯ ᠢᠶᠠᠷ ᠵᠣᠬᠢᠶᠠᠵᠤ ᠨᠥᠬᠦᠪᠦᠷᠢ ᠮᠥᠩᠭᠦ ᠶᠢ ᠮᠡᠬᠡᠯᠡᠨ ᠠᠪᠬᠤ ᠵᠢᠴᠢ ᠨᠥᠬᠦᠪᠦᠷᠢ ᠮᠥᠩᠭᠦ ᠶᠢ ᠨᠡᠭᠦᠯᠭᠡᠨ ᠬᠡᠷᠡᠭᠯᠡᠬᠦ ᠵᠡᠷᠭᠡ ᠠᠵᠢᠯᠯᠠᠭ᠎ᠠ ᠶᠢ ᠬᠠᠮᠢᠶ᠎ᠠ ᠪᠦᠬᠦᠢ ᠲᠣᠭᠲᠠᠭᠠᠯ ᠢᠶᠠᠷ ᠰᠢᠭᠤᠳ ᠬᠠᠷᠢᠭᠤᠴᠠᠯᠭᠠᠲᠠᠨ ᠪᠠ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃      ︵ᠭᠤᠷᠪᠠ︶ ᠲᠥᠷᠥ ᠶᠢᠨ ᠪᠣᠳᠣᠯᠭ᠎ᠠ ᠶᠢ ᠣᠨᠣᠪᠴᠢᠲᠠᠢ ᠡᠵᠡᠮᠰᠢᠵᠦ᠂ ᠰᠠᠶᠢᠲᠤᠷ ᠤᠬᠠᠭᠤᠯᠤᠨ ᠵᠢᠯᠣᠭᠤᠳᠤᠨ᠎ᠠ᠃ ᠡᠯ᠎ᠡ ᠬᠤᠰᠢᠭᠤ ᠲᠣᠭᠤᠷᠢᠭ ᠲᠥᠷᠥ ᠶᠢᠨ ᠪᠣᠳᠣᠯᠭ᠎ᠠ ᠶᠢ ᠣᠨᠣᠪᠴᠢᠲᠠᠢ ᠡᠵᠡᠮᠰᠢᠵᠦ᠂ ᠰᠠᠭᠤᠷᠢ ᠨᠠᠰᠤᠵᠢᠯ ᠤᠨ ᠮᠥᠩᠭᠦ ᠳᠤ ᠬᠡᠪ ᠤᠨ ᠲᠣᠬᠢᠷᠠᠭᠤᠯᠤᠯᠲᠠ ᠬᠢᠬᠦ ᠲᠣᠭᠲᠠᠴᠠ ᠶᠢ ᠪᠠᠶᠢᠭᠤᠯᠤᠨ᠂ ᠶᠠᠷᠢᠶ᠎ᠠ ᠬᠡᠯᠡᠯᠴᠡᠭᠡ ᠶᠢ ᠵᠥᠪ ᠤᠳᠤᠷᠢᠳᠴᠤ᠂ ᠰᠠᠶᠢᠲᠤᠷ ᠤᠬᠠᠭᠤᠯᠵᠤ ᠲᠠᠶᠢᠯᠪᠤᠷᠢᠯᠠᠨ᠂ ᠬᠥᠳᠡᠭᠡ ᠲᠣᠰᠬᠤᠨ ᠤ ᠡᠮᠴᠢ ᠳᠤ ᠣᠶᠢᠯᠠᠭᠠᠭᠤᠯᠵᠤ ᠂ ᠨᠡᠶᠢᠭᠡᠮ ᠤᠨ ᠳᠡᠮᠵᠢᠯᠭᠡ ᠶᠢ ᠣᠯᠣᠨ᠎ᠠ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠪᠣᠯᠵᠤ ᠮᠡᠳᠡᠬᠦ ᠨᠡᠶᠢᠭᠡᠮ ᠤᠨ ᠲᠣᠭᠲᠠᠭᠤᠨ ᠪᠤᠰᠤ ᠬᠦᠴᠦᠨ ᠵᠦᠢᠯ ᠢ ᠲᠣᠬᠢᠲᠠᠢ ᠰᠢᠢᠳᠪᠦᠷᠢᠯᠡᠵᠦ᠂ ᠶᠠᠷᠢᠶ᠎ᠠ ᠬᠡᠯᠡᠯᠴᠡᠭᠡ ᠶᠢ ᠮᠠᠭᠠᠳᠯᠠᠵᠤ ᠵᠢᠯᠣᠭᠤᠳᠤᠨ᠂ ᠲᠦᠭᠰᠢᠭᠦᠷᠢ ᠶᠢᠨ ᠪᠡᠯᠡᠳᠬᠡᠯ ᠲᠥᠰᠥᠯ ᠢ ᠬᠠᠨᠳᠤᠯᠭᠠᠲᠤ ᠴᠢᠨᠠᠷᠲᠠᠢ ᠪᠠᠷ ᠲᠣᠭᠲᠠᠭᠠᠵᠤ᠂ ᠲᠦᠭᠰᠢᠭᠦᠷᠢ ᠶᠢ ᠰᠠᠶᠢᠲᠤᠷ ᠬᠠᠮᠢᠶᠠᠷᠴᠤ ᠡᠵᠡᠮᠳᠡᠨ᠂ ᠨᠡᠶᠢᠭᠡᠮ ᠤᠨ ᠲᠣᠭᠲᠠᠭᠤᠨ ᠢ ᠪᠠᠲᠤᠯᠠᠨ᠎ᠠ᠃      ᠲᠤᠰ ᠲᠥᠰᠥᠯ ᠢ 2020 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠬᠦᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠬᠠᠷᠢᠭᠤᠴᠠᠵᠤ ᠲᠠᠶᠢᠯᠪᠤᠷᠢᠯᠠᠨ᠎ᠠ᠃              ᠣᠷᠳᠣᠰ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠭᠡᠷ        2020 ᠣᠨ ᠤ 2 ᠳ᠋ᠤᠭᠠᠷ ᠰᠠᠷ᠎ᠠ ᠶᠢᠨ 27 ᠤ ᠡᠳᠦᠷ ᠳᠠᠷᠤᠮᠠᠯᠯᠠᠨ ᠲᠠᠷᠬᠠᠭᠠᠪᠠ
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ