APP  ︽ᠭᠦᠭ︾
ᠨᠡᠶᠢᠲᠡᠯᠡᠭᠰᠡᠨ ᠴᠠᠭ᠄
2020/11/16
                       APP  ︽ᠭᠦᠭ︾      ᠬᠠᠭᠤᠴᠢᠨ ᠶᠠᠭᠤᠮ᠎ᠠ ᠤᠯᠠ ᠪᠤᠯᠵᠤ ᠰᠢᠨ᠎ᠠ ᠶᠠᠭᠤᠮ᠎ᠠ ᠵᠤᠯᠠ ᠪᠤᠯᠳᠠᠭ ᠤᠯᠠᠮᠵᠢᠯᠠᠯ ᠲᠠᠢ᠃ ᠬᠦᠵᠢ ᠳᠡᠯᠡᠬᠡᠢ ᠲᠠᠢ ᠰᠠᠴᠠᠭᠤ ᠭᠡᠮᠡᠷ ᠡᠨᠡ ᠬᠦ᠋‍ ᠲᠢᠭ ᠵᠢᠷᠤᠮ ᠤᠨ ᠳᠠᠭᠠᠤ ᠰᠢᠨ᠎ᠠ ᠶᠠᠭᠤᠮ᠎ᠠ ᠪᠦᠬᠦᠨ ᠵᠤᠯᠠ ᠪᠤᠯᠤᠨ ᠭᠡᠷᠡᠯᠳᠦᠵᠦ᠂ ᠬᠠᠭᠤᠴᠢᠨ ᠶᠠᠭᠤᠮ᠎ᠠ ᠪᠦᠬᠦᠨ ᠴᠤ ᠤᠯᠠ ᠪᠤᠯᠵᠤ ᠦᠯᠡᠳᠡᠭᠰᠡᠭᠡᠷ ᠠᠵᠢ᠃      ᠡᠨᠡ ᠵᠢᠯ ᠮᠤᠩᠭᠤᠯ ᠬᠡᠯᠡᠨ ᠤ ᠨᠡᠶᠢᠭᠡᠮ ᠤᠨ ᠬᠠᠷᠢᠯᠴᠠᠭᠠᠨ ᠤ ᠴᠣ ᠰᠢᠨ᠎ᠠ ᠰᠤᠹᠲ — ︽ᠭᠦᠭ︾ ᠠᠰᠢᠬᠯᠠᠯᠲᠠ ᠳᠤ ᠤᠷᠤᠯ᠎ᠠ᠃ ᠮᠤᠩᠭᠤᠯ ᠬᠡᠯᠡᠨ ᠤ ᠮᠡᠳᠡᠭᠡ ᠵᠠᠩᠬᠢᠵᠢᠯᠳᠠ ᠬᠢᠭᠡᠳ ᠴᠠᠬᠢᠮ ᠶᠢᠷᠲᠢᠨᠴᠦ ᠶᠢᠨ ᠬᠡᠷᠡᠭᠯᠡᠭᠡ ᠳᠤ ᠦᠡᠭᠭᠡ ᠨᠡᠮᠡᠷᠢᠯᠡᠵᠦ᠂ ᠨᠡᠶᠢᠭᠡᠮ ᠤᠨ ᠬᠠᠷᠢᠯᠴᠠᠭ᠎ᠠ ᠶᠢ ᠦᠷᠭᠡᠳᠬᠡᠨ ᠳᠡᠯᠡᠬᠦ ᠳᠤ ᠦᠢᠯᠡᠴᠢᠯᠡᠭᠡ ᠬᠠᠨᠭ᠍ᠭᠠᠬᠤ ᠰᠢᠨᠡᠬᠡᠨ ᠰᠤᠹᠲ ᠢᠡᠭᠬᠢᠵᠦ ᠤᠯᠠᠨ ᠤ ᠬᠠᠷᠠᠭᠠᠨ ᠳᠤ ᠳᠤᠳᠤᠷᠠᠯ᠎ᠠ᠃      ︽ᠬᠦᠭ︾ APP ᠨᠢ ︽ᠵᠢᠷᠤᠭ + ᠳᠠᠭᠤᠤ︾ ᠶᠢᠨ ᠬᠡᠯᠪᠡᠷᠢ ᠶᠢ ᠠᠰᠢᠬᠯᠠᠵᠤ᠂ ᠦᠯᠦ ᠳᠠᠨᠢᠬᠤ ᠬᠦᠮᠦᠰ ᠤᠨ ᠨᠡᠶᠢᠭᠡᠮ ᠤᠨ ᠬᠠᠷᠢᠯᠴᠠᠭ᠎ᠠ ᠶᠢ ᠪᠦᠷᠢᠯᠳᠦᠬᠦᠯᠬᠦ ᠳᠤ ᠳᠤᠰᠠᠯᠠᠬᠤ ᠰᠢᠨᠡᠬᠡᠨ ᠬᠡᠪ ᠤᠨ ᠰᠤᠹᠲ ᠮᠦᠨ᠃ ᠡᠨᠡ ᠨᠢ ᠦᠰᠦᠭ ᠤᠨ ᠬᠡᠯᠪᠡᠷᠢ ᠶᠢ ᠳᠠᠪᠠᠵᠤ᠂ ᠬᠡᠷᠡᠭᠯᠡᠭᠴᠢᠳ ᠤᠨ ᠡ᠊ᠡᠭ ᠤᠨ ᠬᠡᠷᠡᠭᠯᠡᠭᠡᠨ ᠳᠤ ᠳᠦᠬᠦᠮ ᠦᠵᠡᠬᠦᠯᠦᠭᠰᠡᠨ ᠪᠦᠭᠡᠳ ᠨᠡᠶᠢᠭᠡᠮ ᠤᠨ ᠬᠠᠷᠢᠯᠴᠠᠭᠠᠨ ᠤ ᠳᠤᠮᠳᠠ ᠰᠢᠨᠡᠬᠡᠨ ᠬᠡᠯᠪᠡᠷᠢ ᠶᠢ ᠠᠰᠢᠬᠯᠠᠵᠠᠢ᠃      — ︽ᠬᠦᠭ︾ ᠰᠤᠹᠲ ᠨᠢ ᠭᠤᠤᠯᠳᠠᠭᠤ ᠮᠤᠩᠭᠤᠯ ᠬᠡᠯᠡᠨ ᠤ ᠤᠳᠬ᠎ᠠ ᠤᠷᠠᠯᠢᠭ ᠤᠨ ᠪᠦᠲᠦᠭᠡᠯ᠂ ᠦᠨᠳᠦᠰᠦᠨ ᠢᠷᠭᠡᠳ ᠤᠨ ᠠᠮᠢᠳᠤᠷᠠᠯ ᠦᠢᠯᠡᠰ᠂ ᠵᠦᠪ ᠡᠨᠧᠷᠬᠢ ᠶᠢᠨ ᠠᠭᠤᠯᠭ᠎ᠠ ᠶᠢ ᠳᠠᠮᠵᠢᠭᠤᠯᠬᠤ ᠪᠠᠷ ᠭᠤᠤᠯ ᠵᠤᠷᠢᠯᠭ᠎ᠠ ᠪᠠᠨ ᠪᠤᠯᠭᠠᠵᠤ᠂ ᠡᠬᠦᠨ ᠤ ᠰᠠᠭᠤᠷᠢᠨ ᠲᠡᠭᠡᠷ᠎ᠡ ᠬᠠᠮᠤᠭ ᠤᠨ ᠰᠢᠨ᠎ᠠ ᠮᠡᠷᠭᠡᠵᠢᠯ ᠤᠨ ᠠᠰᠢᠬᠯᠠᠯᠳᠠ ᠳᠤ ᠰᠠᠭᠤᠷᠢ ᠳᠠᠯᠪᠢᠬᠤ ᠶᠢ ᠪᠤᠳᠤᠭᠰᠠᠨ ᠶᠤᠮ ᠭᠡᠵᠦ ᠡᠬᠦᠰᠬᠡᠨ ᠪᠠᠶᠢᠭᠤᠯᠤᠭᠴᠢ ᠶᠢᠨ ᠪᠦᠯᠭᠦᠮ ᠤᠨ ᠳᠠᠩᠬᠢᠰ ᠬᠡᠯᠡᠵᠦ ᠪᠠᠶᠢᠯ᠎ᠠ᠃      ᠤᠳᠤᠬᠠᠨ ᠳᠤ ᠲᠤᠰ ᠰᠤᠹᠲ ᠢ ᠭᠠᠷ ᠤᠳᠠᠰᠤ ᠪᠠᠷ ᠠᠰᠢᠬᠯᠠᠬᠤ ᠰᠠᠭᠤᠷᠢ ᠴᠢᠳᠠᠮᠵᠢ ᠶᠢ ᠪᠦᠷᠢᠨᠰᠢᠬᠦᠯᠦᠭᠰᠡᠨ ᠪᠦᠭᠡᠳ ᠮᠡᠷᠭᠡᠵᠢᠯ ᠤᠨ ᠳᠠᠯ᠎ᠠ ᠳᠤ ᠰᠢᠨᠡᠴᠢᠯᠡᠭᠰᠡᠭᠡᠷ ᠪᠠᠶᠢᠨ᠎ᠠ᠃      — ᠢᠷᠡᠭᠡᠳᠦᠢ ᠳᠤ ᠪᠢᠳᠡᠨ ᠤ ᠬᠢᠬᠦ ᠠᠵᠢᠯ ᠭᠤᠤᠯᠳᠠᠭᠤ ᠭᠤᠷᠪᠠᠨ ᠱᠠᠳᠤ ᠪᠠᠷ ᠶᠠᠪᠤᠭᠳᠠᠨ᠎ᠠ᠃ ᠠᠩᠬᠠᠨ ᠤ ᠠᠯᠬᠤᠮ ᠳᠤ ᠤᠳᠤ ᠪᠠᠷ ᠪᠠᠶᠢᠭ᠎ᠠ ᠬᠠᠷᠢᠯᠴᠠᠭᠠᠨ ᠤ ᠺᠠᠷᠲ ᠤᠨ ᠴᠢᠳᠠᠮᠵᠢ ᠶᠢ ᠳᠡᠬᠦᠯᠳᠡᠷᠵᠢᠬᠦᠯᠦᠨ᠎ᠠ᠃ ᠬᠤᠶᠠᠳᠤᠭᠠᠷ ᠠᠯᠬᠤᠮ ᠳᠤ ᠰᠤᠶᠤᠯ ᠰᠤᠷᠭᠠᠨ ᠬᠦᠮᠦᠵᠢᠯ ᠵᠡᠷᠭᠡ ᠠᠭᠤᠯᠭ᠎ᠠ ᠶᠢᠨ ᠪᠦᠲᠦᠴᠡ ᠶᠢ ᠳᠡᠬᠦᠯᠳᠡᠷᠵᠢᠬᠦᠯᠦᠨ᠎ᠠ᠃ ᠭᠤᠷᠪᠠᠳᠤᠭᠠᠷ ᠠᠯᠬᠤᠮ ᠳᠤ ᠪᠦᠬᠦ᠋ᠢᠯᠡ ᠬᠡᠷᠡᠭᠯᠡᠭᠡᠨ ᠤ ᠠᠮᠢ ᠠᠬᠤᠢ ᠶᠢ ᠳᠡᠬᠦᠯᠳᠡᠷᠵᠢᠬᠦᠯᠦᠨ᠎ᠠ ᠭᠡᠵᠦ ︽ᠬᠦᠭ︾ ᠺᠤᠮᠫᠠᠨᠢ ᠶᠢᠨ ᠡᠬᠦᠰᠬᠡᠨ ᠪᠠᠶᠢᠭᠤᠯᠤᠭᠴᠢ ᠰᠤᠷᠭᠤᠭ ᠬᠡᠯᠡᠵᠦ ᠪᠠᠶᠢᠯ᠎ᠠ᠃      ︽ᠬᠦᠭ︾ ᠺᠤᠮᠫᠠᠨᠢ ᠨᠢ 2020 ᠤᠨ ᠤ 2 ᠰᠠᠷ᠎ᠠ ᠳᠤ ᠪᠠᠶᠢᠭᠤᠯᠤᠭᠳᠠᠵᠤ᠂ ᠤᠬᠤᠷᠬᠠᠨ ᠬᠡᠳᠦᠨ ᠰᠠᠷ᠎ᠠ ᠶᠢᠨ ᠳᠤᠳᠤᠷ᠎ᠠ ᠡᠵᠡᠩᠨᠡᠯᠳᠡ᠂ ᠬᠠᠮᠢᠶᠠᠷᠤᠯᠳᠠ᠂ ᠪᠦᠲᠦᠭᠡᠭᠳᠡᠬᠦᠨ᠂ ᠮᠡᠷᠭᠡᠵᠢᠯ᠂ ᠵᠠᠬ᠎ᠠ ᠳᠡᠯᠬᠡᠬᠦᠷ ᠮᠡᠲᠦ ᠶᠢᠨ ᠰᠠᠯᠪᠤᠷᠢ ᠶᠢ ᠪᠦᠷᠢᠯᠳᠦᠬᠦᠯᠵᠦ ᠴᠢᠳᠠᠭᠰᠠᠨ ᠪᠦᠭᠡᠳ ᠮᠦᠨ ᠡᠨᠡ ᠤᠬᠤᠷᠬᠠᠨ ᠬᠤᠭᠤᠴᠠᠭᠠᠨ ᠳᠤ ᠰᠢᠨᠡᠬᠡᠨ ᠪᠦᠲᠦᠭᠡᠯ ᠪᠤᠯᠬᠤ ︽ᠬᠦᠭ︾ ᠰᠤᠹᠲ ᠢᠶᠠᠨ ᠠᠰᠢᠬᠯᠠᠯᠳᠠ ᠳᠤ ᠤᠷᠤᠭᠤᠯᠵᠠᠢ᠃ ᠡᠨᠡ ᠨᠢ ᠭᠠᠭᠴᠠ ︽ᠬᠦᠭ︾ APP ᠶᠢᠨ ᠵᠢᠱᠢᠶ᠎ᠠ ᠪᠢᠰᠢ᠃ ᠴᠠᠭ ᠬᠤᠭᠤᠴᠠᠭ᠎ᠠ ᠪᠠ ᠤᠷᠤᠨ ᠵᠠᠢ ᠶᠢᠨ ᠬᠦᠯᠢᠶᠡᠰᠦᠯᠡᠯ ᠠᠴᠠ ᠳᠠᠪᠠᠭᠰᠠᠨ ᠰᠢᠨ᠎ᠠ ᠬᠡᠯᠪᠡᠷᠢ ᠶᠢᠨ ᠠᠵᠢᠯ ᠤᠨ ᠵᠤᠬᠢᠶᠠᠨ ᠪᠠᠶᠢᠭᠤᠯᠤᠯᠳᠠ᠂ ᠬᠡᠪ ᠮᠠᠶ᠋ᠢᠭ ᠨᠢ ᠤᠯᠠᠮᠵᠢᠯᠠᠯ ᠤᠨ ᠰᠠᠭᠤᠷᠢᠨ ᠳᠤ ᠳᠠᠰᠤᠷᠠᠯᠳᠠ ᠦᠭᠡᠢ ᠳᠠᠪᠠᠵᠤ ᠰᠢᠨᠡᠴᠢᠯᠡᠭᠰᠡᠭᠡᠷ ᠪᠠᠶᠢᠭ᠎ᠠ ᠨᠢ ᠤᠷᠴᠢᠨ ᠴᠠᠭ ᠤᠨ ᠬᠦᠮᠦᠨ ᠪᠦᠬᠦᠳᠡ ᠶᠢᠨ ᠳᠤᠷᠰᠢᠵᠤ ᠰᠤᠷᠤᠯᠴᠠᠬᠤ ᠬᠠᠨᠳᠤᠰᠢ ᠶᠤᠮ᠃      ︽ᠬᠦᠭ ᠨᠡᠶᠢᠯᠡᠵᠦ᠂ ᠬᠦᠭ ᠳᠡᠭᠡᠷ᠎ᠠ ᠳᠠᠨᠢᠯᠴᠠᠶ᠎ᠠ︾ ᠭᠡᠮᠡᠬᠦ ᠳᠦᠬᠦᠮᠬᠡᠨ ᠮᠦᠷᠲᠡᠭᠡᠨ ᠳᠤᠳᠤᠷᠬᠠᠢ ᠤᠷᠢᠶ᠎ᠠ ᠲᠠᠢ ︽ᠬᠦᠭ︾ APP ᠶᠢᠨ ᠢᠷᠡᠭᠡᠳᠦᠢ ᠬᠠᠮᠢᠭᠠᠰᠢ ᠪᠠᠨ ᠬᠦᠭᠵᠢᠨ᠎ᠠ ᠪᠤᠢ ᠭᠡᠳᠡᠭ ᠨᠢ ᠳᠤᠬᠠᠢ ᠶᠢᠨ ᠬᠠᠮᠳᠤ ᠤᠯᠠᠨ ᠤ ᠰᠤᠶᠤᠯ᠂ ᠦᠵᠡᠯ ᠰᠠᠨᠠᠭ᠎ᠠ᠂ ᠦᠷᠳᠡᠭ ᠤᠨ ᠦᠵᠡᠯ ᠤᠨ ᠵᠤᠭᠰᠤᠯᠳᠠ ᠠᠴᠠ ᠰᠢᠯᠲᠠᠭᠠᠯᠠᠬᠤ ᠪᠦᠭᠡᠳ ᠮᠠᠰᠢ ᠪᠤᠳᠤᠯᠢᠶᠠᠨᠳᠠᠢ ᠠᠵᠤ ᠠᠬᠤᠢ ᠪᠠ ᠵᠠᠬ᠎ᠠ ᠳᠡᠯᠬᠡᠬᠦᠷ ᠤᠨ ᠤᠷᠴᠢᠨ ᠳᠠᠬᠢ ᠡᠵᠡᠩᠨᠡᠯᠳᠡ᠂ ᠬᠠᠮᠢᠶᠠᠷᠤᠯᠳᠠ ᠂ ᠤᠬᠠᠮᠰᠠᠷ ᠲᠠᠢ ᠵᠢᠯᠤᠭᠤᠳᠤᠮᠵᠢ ᠠᠴᠠ ᠰᠢᠯᠲᠠᠭᠠᠯᠠᠬᠤ ᠨᠢ ᠯᠠᠪᠳᠠᠢ᠃      — ᠮᠤᠩᠭᠤᠯ ᠬᠡᠯᠡᠨ ᠤ ᠮᠡᠳᠡᠭᠡ ᠵᠠᠩᠬᠢᠵᠢᠯᠳᠠ᠂ ᠨᠡᠩ ᠢᠯᠠᠩᠭᠤᠶ᠎ᠠ ᠵᠤᠬᠢᠶᠠᠮᠠᠯ ᠤᠶᠤᠨ ᠤ ᠴᠠᠭ ᠦᠶ᠎ᠠ ᠳᠤ ᠵᠠᠪᠠᠯ ᠪᠦᠷᠢᠯᠳᠦᠬᠦᠯᠬᠦ ᠲᠤᠭ᠎ᠠ ᠪᠠᠷᠢᠮᠳᠠ ᠶᠢᠨ ᠬᠦᠮᠦᠷᠭᠡ᠂ ᠡᠬᠦᠯᠡᠨ ᠪᠤᠳᠤᠯᠳᠠ ᠶᠢᠨ ᠪᠤᠳᠤᠯᠢᠶᠠᠨᠳᠠᠢ ᠠᠰᠠᠭᠤᠳᠠᠯ ᠢ ᠦᠴᠦᠬᠡᠨ ᠳᠡᠳᠦᠢ ᠬᠡᠮᠵᠢᠶᠡᠨ ᠳᠤ ᠴᠤ ᠭᠡᠰᠡᠨ ᠰᠢᠢᠳᠪᠦᠷᠢᠯᠡᠬᠦ ᠨᠢ ᠪᠢᠳᠡᠨ ᠤ ᠬᠢᠬᠦ ᠶᠤᠰᠤᠳᠠᠢ ᠠᠵᠢᠯ ᠮᠦᠨ᠃ ᠡᠬᠦᠨ ᠤ ᠰᠠᠭᠤᠷᠢᠨ ᠳᠤ ᠮᠠᠰᠢ ᠪᠤᠳᠤᠯᠢᠶᠠᠨᠳᠠᠢ ᠮᠡᠷᠭᠡᠵᠢᠯ ᠤᠨ ᠠᠰᠠᠭᠤᠳᠠᠯ ᠳᠤ ᠳᠤᠭ᠎ᠠ ᠪᠠᠷᠢᠮᠳᠠ ᠬᠠᠨᠭ᠍ᠭᠠᠬᠤ᠂ ᠰᠢᠢᠳᠪᠦᠷᠯᠡᠬᠦ ᠠᠷᠭ᠎ᠠ ᠭᠠᠷᠭᠠᠬᠤ ᠨᠢ ᠪᠢᠳᠡᠨ ᠤ ᠵᠤᠷᠢᠯᠭ᠎ᠠ ᠶᠤᠮ᠃ ᠬᠡᠷᠪᠡ ᠮᠤᠩᠭᠤᠯ ᠬᠡᠯᠡᠨ ᠤ ᠮᠡᠳᠡᠭᠡ ᠵᠠᠩᠬᠢᠵᠢᠯᠳᠠ ᠶᠢᠨ ᠠᠳᠠᠯᠢ ᠪᠤᠰᠤ ᠱᠠᠳᠤ ᠳᠤ ᠦᠪᠡᠷ ᠤᠨ ᠭᠡᠬᠦ ᠬᠦᠴᠦ ᠪᠠᠨ ᠡᠷᠬᠦᠵᠦ ᠴᠢᠳᠠᠪᠠᠯ ︽ᠬᠦᠭ︾ APP ᠬᠡᠷᠡᠭᠯᠡᠭᠡ ᠳᠤ ᠤᠷᠤᠭᠰᠠᠨ ᠤ ᠤᠳᠬ᠎ᠠ ᠠᠭᠤᠯᠭ᠎ᠠ ᠪᠠᠨ ᠪᠡᠶᠡᠯᠡᠬᠦᠯᠵᠦ ᠴᠢᠳᠠᠨ᠎ᠠ᠂ ᠮᠦᠨ ᠴᠤ ᠦᠪᠡᠷ ᠤᠨ ᠦᠨᠳᠦᠰᠦᠲᠡᠨ ᠤ ᠰᠤᠶᠤᠯ ᠤᠨ ᠠᠵᠤ ᠦᠢᠯᠡᠰ ᠢ ᠦᠷᠭᠡᠳᠬᠡᠨ ᠬᠦᠭᠵᠢᠭᠦᠯᠬᠦ ᠶᠠᠪᠤᠴᠠ ᠳᠤ ᠪᠠᠰᠠ ᠨᠢᠬᠡ ᠬᠤᠪᠢ ᠨᠡᠮᠡᠷᠢ ᠦᠵᠡᠭᠦᠯᠦᠶ᠎ᠡ ᠭᠡᠵᠦ ᠪᠤᠳᠤᠯ ᠎ᠠ ᠬᠡᠮᠡᠨ ᠳᠠᠩᠬᠢᠰ ᠶᠠᠷᠢᠯ᠎ᠠ᠃
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠲᠡᠭᠡ ᠶᠢᠨ ᠰᠥᠯᠵᠢᠶ᠎ᠡ