ᠣᠲᠤᠭ ᠵᠠᠰᠠᠭ ᠲᠠᠷᠬᠠᠭᠠᠭᠰᠠᠨ ﹇2020﹈ 164 ᠳ᠋ᠦ᠋ᠭᠡᠷ ᠲᠣᠭᠠᠲᠤ | | ᠬᠤᠶᠠᠳᠤᠭᠠᠷ ᠪᠦᠯᠦᠭ ᠲᠤᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ | ᠴᠣᠭᠴᠠ ᠶᠢ ᠨᠡᠶᠢᠲᠡᠯᠡᠬᠦ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠵᠦ | ᠬᠢᠨᠠᠯᠲᠠ ᠲᠠᠯᠪᠢᠬᠤ ᠳᠦᠷᠢᠮ︾᠂ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢ ᠴᠡᠭᠴᠡᠯᠡᠵᠦ | ᠨᠤᠲᠠᠯᠠᠬᠤ ᠠᠵᠢᠯ ᠢ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ | ᠴᠠᠭᠠᠵᠠ ᠶᠢᠨ ᠲᠢᠩᠬᠢᠮ ᠤᠨ ᠮᠡᠳᠡᠭᠳᠡᠯ︾ ︵ᠥᠪᠥᠷ ᠬᠠᠤᠯᠢ ᠮᠡᠳᠡᠭᠳᠡᠯ ﹇2019﹈ 55 ᠳ᠋ᠤᠭᠠᠷ ᠲᠣᠭᠠᠲᠤ︶ | ᠵᠢᠴᠢ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢ ᠴᠡᠭᠴᠡᠯᠡᠵᠦ ᠨᠤᠲᠠᠯᠠᠬᠤ ᠠᠵᠢᠯ ᠢ | ᠥᠷᠨᠢᠭᠦᠯᠬᠦ ᠲᠤᠬᠠᠢ ᠣᠷᠳᠣᠰ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠮᠡᠳᠡᠭᠳᠡᠯ︾ ︵ᠣᠷᠳᠣᠰ | ᠬᠠᠤᠯᠢ ᠲᠠᠷᠬᠠᠭᠠᠭᠰᠠᠨ ﹇2020﹈ 51 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠳᠤ ᠦᠨᠳᠦᠰᠦᠯᠡᠨ᠂ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠬᠠᠷᠭᠤᠭᠤᠯᠵᠤ ᠨᠤᠲᠠᠯᠠᠭᠠᠳ ᠡᠳᠦᠭᠡ ᠪᠦᠬᠦ | ᠬᠤᠰᠢᠭᠤᠨ ᠤ ᠬᠤᠶᠠᠳᠤᠭᠠᠷ ᠪᠦᠯᠦᠭ ᠬᠠᠤᠯᠢ ᠪᠠᠷ ᠲᠣᠭᠲᠠᠭᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ | ᠲᠠᠢ 3 ᠵᠠᠰᠠᠭ ᠵᠠᠬᠢᠷᠭᠠᠨ ᠤ ᠪᠠᠶᠢᠭᠤᠯᠭ᠎ᠠ ᠪᠠ ᠬᠠᠤᠯᠢ ᠴᠠᠭᠠᠵᠠ᠂ ᠬᠠᠤᠯᠢ ᠲᠣᠭᠲᠠᠭᠠᠯ ᠢᠶᠠᠷ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠡᠷᠬᠡ ᠣᠯᠭᠤᠭᠰᠠᠨ 6 ᠬᠠᠤᠯᠢ ᠬᠡᠷᠡᠭᠵᠢᠭᠦᠯᠬᠦ ᠭᠤᠣᠯ ᠴᠣᠭᠴᠠ ᠶᠢ ᠨᠡᠶᠢᠲᠡᠯᠡᠶ᠎ᠡ᠃ | ᠨᠢᠭᠡ᠂ ᠬᠠᠤᠯᠢ ᠪᠠᠷ ᠲᠣᠭᠲᠠᠭᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠠᠢ ᠵᠠᠰᠠᠭ | ᠵᠠᠬᠢᠷᠭᠠᠨ ᠤ ᠪᠠᠶᠢᠭᠤᠯᠭ᠎ᠠ ︵3︶ | ⒈ᠳᠤᠮᠳᠠᠳᠤ ᠤᠯᠤᠰ ᠤᠨ ᠡᠪ ᠬᠠᠮᠲᠤ ᠨᠠᠮ ᠤᠨ ᠣᠲᠤᠭ ᠬᠤᠰᠢᠭᠤᠨ ᠤ ᠬᠤᠷᠢᠶ᠎ᠠ ᠶᠢᠨ ᠨᠢᠭᠤᠴᠠ ᠶᠢ | ᠬᠠᠮᠠᠭᠠᠯᠠᠬᠤ ᠴᠢᠬᠤᠯᠠ ᠨᠢᠭᠤᠴᠠ ᠶᠢᠨ ᠲᠣᠪᠴᠢᠶ᠎ᠠ | ⒉ᠣᠲᠤᠭ ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ | ⒊ᠣᠲᠤᠭ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ | ᠬᠤᠶᠠᠷ᠂ ᠬᠠᠤᠯᠢ ᠴᠠᠭᠠᠵᠠ᠂ ᠬᠠᠤᠯᠢ ᠲᠣᠭᠲᠠᠭᠠᠯ ᠢᠶᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ | ᠣᠯᠭᠤᠭᠰᠠᠨ ᠬᠠᠤᠯᠢ ᠬᠡᠷᠡᠭᠵᠢᠭᠦᠯᠬᠦ ᠭᠤᠣᠯ ᠴᠣᠭᠴᠠ ︵6︶ | ⒈ᠣᠲᠤᠭ ᠬᠤᠰᠢᠭᠤᠨ ᠤ ᠤᠯᠠᠭᠠᠨᠪᠠᠯᠭᠠᠰᠤᠨ ᠤ ᠠᠷᠠᠳ ᠤᠨ ᠵᠠᠰᠠᠭ ᠤᠨ ᠣᠷᠳᠣᠨ | ⒉ᠣᠲᠤᠭ ᠬᠤᠰᠢᠭᠤᠨ ᠤ ᠴᠢ ᠫᠠᠠ ᠵᠢᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | ⒊ᠣᠲᠤᠭ ᠬᠤᠰᠢᠭᠤᠨ ᠤ ᠮᠸᠡᠭ ᠰᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | ⒋ᠣᠲᠤᠭ ᠬᠤᠰᠢᠭᠤᠨ ᠤ ᠦᠮᠡᠬᠡᠶᠢᠨᠠᠭᠤᠷ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | ⒌ᠣᠲᠤᠭ ᠬᠤᠰᠢᠭᠤᠨ ᠤ ᠠᠷᠪᠠᠰ ᠰᠤᠮᠤᠨ ᠤ ᠠᠷᠠᠳ ᠤᠨ ᠵᠠᠰᠠᠭ ᠤᠨ ᠣᠷᠳᠣᠨ | ⒍ᠣᠲᠤᠭ ᠬᠤᠰᠢᠭᠤᠨ ᠤ ᠰᠦᠮᠡᠲᠦ ᠰᠤᠮᠤᠨ ᠤ ᠠᠷᠠᠳ ᠤᠨ ᠵᠠᠰᠠᠭ ᠤᠨ ᠣᠷᠳᠣᠨ | ᠭᠤᠷᠪᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢᠨ ᠨᠠᠶᠢᠳᠠᠯᠭ᠎ᠠ ᠶᠢ ᠬᠠᠤᠯᠢ ᠶᠣᠰᠣᠭᠠᠷ | ᠬᠦᠯᠢᠶᠡᠭᠰᠡᠨ ᠵᠣᠬᠢᠶᠠᠨ ᠪᠠᠶᠢᠭᠤᠯᠤᠯᠲᠠ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠭᠤᠣᠯᠯᠠᠨ ᠬᠠᠮᠢᠶᠠᠷᠬᠤ ᠪᠠᠶᠢᠭᠤᠯᠭ᠎ᠠ ᠨᠤᠭᠤᠳ ᠨᠠᠶᠢᠳᠠᠵᠤ | ᠬᠠᠤᠯᠢ ᠬᠡᠷᠡᠭᠵᠢᠭᠦᠯᠬᠦ ᠳᠤ᠂ ᠬᠠᠤᠯᠢ ᠶᠣᠰᠣᠭᠠᠷ ᠪᠢᠴᠢᠭ ᠤᠨ ᠬᠡᠯᠪᠡᠷᠢ ᠶᠢᠨ ᠨᠠᠶᠢᠳᠠᠯᠭ᠎ᠠ ᠶᠢᠨ ᠬᠡᠯᠡᠯᠴᠡᠭᠡᠷ | ᠲᠣᠭᠲᠠᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠭᠤᠣᠯᠯᠠᠨ ᠬᠠᠮᠢᠶᠠᠷᠬᠤ ᠪᠠᠶᠢᠭᠤᠯᠭ᠎ᠠ ᠠᠴᠠ | ᠨᠠᠶᠢᠳᠠᠯᠭ᠎ᠠ ᠬᠦᠯᠢᠶᠡᠭᠰᠡᠨ ᠭᠤᠣᠯ ᠴᠣᠭᠴᠠ ᠪᠠ ᠵᠠᠰᠠᠭ ᠵᠠᠬᠢᠷᠭᠠᠨ ᠤ ᠡᠷᠬᠡ ᠲᠤᠰᠢᠶᠠᠯ ᠤᠨ ᠠᠭᠤᠯᠭ᠎ᠠ ᠶᠢ ᠨᠡᠶᠢᠲᠡᠯᠡᠨ | ᠂ ᠨᠡᠶᠢᠲᠡᠯᠡᠭᠰᠡᠨ ᠦᠷ᠎ᠡ ᠳ᠋ᠦᠩ ᠵᠢᠴᠢ ᠨᠠᠶᠢᠳᠠᠯᠭ᠎ᠠ ᠶᠢᠨ ᠪᠢᠴᠢᠭ ᠢ ᠬᠤᠰᠢᠭᠤᠨ ᠤ ᠬᠠᠤᠯᠢ ᠴᠠᠭᠠᠵᠠ ᠶᠢᠨ | ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠤᠨ᠎ᠠ᠃ | ᠳᠥᠷᠪᠡ᠂ ᠪᠤᠰᠤᠳ ᠱᠠᠭᠠᠷᠳᠠᠯᠭ᠎ᠠ | ᠬᠤᠰᠢᠭᠤᠨ ᠤ ᠲᠤᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠪᠠᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠳᠦᠷᠢᠮ ᠲᠣᠭᠲᠠᠭᠠᠯ | ᠶᠣᠰᠣᠭᠠᠷ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠤᠴᠠ ᠶᠢ ᠵᠢᠷᠤᠮᠵᠢᠭᠤᠯᠤᠨ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠭᠴᠢ ᠶᠢᠨ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠪᠠ ᠬᠢᠷᠢ ᠲᠦᠪᠰᠢᠨ ᠢ | ᠳᠡᠭᠡᠭᠰᠢᠯᠡᠭᠦᠯᠵᠦ᠂ ᠡᠷᠬᠡ ᠲᠡᠭᠰᠢ᠂ ᠲᠥᠪ ᠭᠤᠣᠯᠴᠢ᠂ ᠢᠯᠡ ᠲᠣᠳᠣ᠂ ᠪᠣᠯᠪᠠᠰᠤᠨ ᠢᠶᠠᠷ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠶᠢ ᠪᠠᠲᠤᠯᠠᠨ᠎ᠠ᠃ | | ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2020 ᠣᠨ ᠤ 11 ᠳ᠋ᠦ᠋ᠭᠡᠷ ᠰᠠᠷ᠎ᠠ ᠶᠢᠨ 9 ᠤ ᠡᠳᠦᠷ | | | | | | ᠭᠤᠣᠯᠯᠠᠨ ᠬᠦᠷᠭᠡᠬᠦ ᠨᠢ᠄ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠬᠦᠷᠢᠶᠡᠯᠡᠩ ᠤᠨ | ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠪᠠᠶᠢᠭᠤᠯᠭ᠎ᠠ᠂ ᠡᠯ᠎ᠡ | ᠰᠢᠭᠤᠳ ᠬᠠᠷᠢᠶ᠎ᠠ ᠨᠢᠭᠡᠴᠢ᠂ ᠡᠯ᠎ᠡ ᠶᠡᠭᠡ ᠠᠵᠦ ᠠᠬᠤᠶᠢᠯᠠᠯ ᠠᠵᠢᠯ ᠦᠢᠯᠡᠰ ᠤᠨ ᠨᠢᠭᠡᠴᠢ᠃ | ᠬᠠᠭᠤᠯᠤᠨ ᠬᠦᠷᠭᠡᠬᠦ ᠨᠢ᠄ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ᠂ ᠬᠤᠰᠢᠭᠤᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠰᠢᠭᠤᠨ ᠤ ᠠᠷᠠᠳ ᠤᠨ ᠵᠡᠪᠰᠡᠭᠲᠦ | ᠬᠦᠴᠦᠨ ᠤ ᠬᠡᠯᠲᠡᠰ᠂ ᠬᠤᠰᠢᠭᠤᠨ ᠤ ᠰᠢᠭᠦᠬᠦ ᠬᠤᠷᠢᠶ᠎ᠠ᠂ ᠬᠤᠰᠢᠭᠤᠨ ᠤ ᠪᠠᠶᠢᠴᠠᠭᠠᠬᠤ ᠬᠤᠷᠢᠶ᠎ᠠ᠂ ᠬᠤᠰᠢᠭᠤᠨ ᠤ | ᠨᠠᠮ ᠤᠨ ᠬᠤᠷᠢᠶᠠᠨ ᠤ ᠡᠯ᠎ᠡ ᠪᠠᠶᠢᠭᠤᠯᠭ᠎ᠠ᠂ ᠡᠯ᠎ᠡ ᠠᠷᠠᠳ ᠤᠨ ᠪᠦᠯᠬᠦᠮ᠃ | | ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 2020 ᠣᠨ ᠤ 11 ᠳ᠋ᠦ᠋ᠭᠡᠷ | ᠰᠠᠷ᠎ᠠ ᠶᠢᠨ 9 ᠤ ᠡᠳᠦᠷ ᠳᠠᠷᠤᠮᠠᠯᠯᠠᠨ ᠲᠠᠷᠬᠠᠭᠠᠪᠠ |