ᠭᠡᠷ ᠪᠦᠯᠢ ᠶᠢᠨ ᠰᠣᠷᠭᠠᠨ ᠬᠦᠮᠦᠵᠢᠯ ᠤᠨ ᠠᠷᠭ᠎ᠠ
ᠨᠡᠶᠢᠲᠡᠯᠡᠭᠰᠡᠨ ᠴᠠᠭ᠄
2020/12/17
     1. ᠭᠡᠷ ᠤᠨ ᠠᠬᠠᠮᠠᠳ ᠬᠡᠦᠬᠡᠳ ᠢᠶᠠᠨ ᠬᠡᠯᠡᠵᠣ ᠰᠣᠷᠭᠠᠬᠤ ᠳᠠᠭᠠᠨ ᠦᠴᠢᠷ ᠶᠠᠪᠣᠳᠠᠯ ᠢ ᠲᠡᠯᠭᠡᠨ᠂ ᠶᠣᠰᠣ ᠬᠡᠯᠡᠵᠣ᠂ ᠦᠨᠡᠨ ᠬᠤᠳᠠᠯ ᠤᠨ ᠵᠠᠭᠠᠭ ᠢ ᠲᠣᠳᠣᠯᠠᠨ᠂ ᠬᠡᠦᠬᠡᠳ ᠤᠨ ᠣᠬᠠᠮᠰᠠᠷ ᠢ ᠰᠡᠩᠬᠡᠷᠡᠬᠦᠯᠣᠨ ᠲᠡᠭᠡᠭᠰᠢᠯᠡᠭᠦᠯᠬᠦ ᠲᠡᠭᠡᠷ᠎ᠡ ᠬᠦᠴᠦ ᠲᠠᠯᠪᠢᠬᠤ ᠬᠡᠷᠡᠭᠳᠡᠢ᠃ ᠬᠡᠦᠬᠡᠳ ᠤᠨ ᠵᠦᠪ ᠪᠣᠰᠣ ᠣᠪᠣᠷ ᠰᠣᠷᠳᠠᠯ᠂ ᠦᠢᠯᠡ ᠬᠦᠳᠡᠯᠭᠡᠭᠡᠨ ᠢ ᠰᠢᠬᠦᠮᠵᠢᠯᠡᠨ ᠰᠣᠷᠭᠠᠵᠣ᠂ ᠲᠡᠳᠡᠨ ᠢ ᠦᠪᠡᠷ ᠤᠨ ᠬᠦᠷᠦᠯᠴᠡᠬᠦ ᠦᠭᠡᠢ ᠲᠠᠯ᠎ᠠ᠂ ᠲᠣᠳᠠᠬᠳᠠᠯ ᠲᠠᠢ ᠲᠠᠯ᠎ᠠ ᠪᠠᠨ ᠣᠯᠵᠣ ᠲᠠᠨᠢᠨ᠂ ᠦᠢᠯᠡᠳᠦᠯᠭᠡ ᠶᠢᠨ ᠲᠣᠮᠳᠠ ᠲᠡᠰᠪᠦᠷᠯᠠᠨ᠂ ᠵᠠᠯᠠᠷᠠᠭᠤᠯᠵᠣ᠂ ᠨᠦᠬᠦᠪᠦᠷᠢᠯᠡᠵᠦ ᠴᠢᠳᠠᠬᠤ ᠪᠣᠯᠭᠠᠨ᠎ᠠ᠃      2. ᠲᠠᠭᠤᠷᠢᠶᠠᠯ ᠤᠨ ᠦᠢᠯᠡᠳᠦᠯ ᠢ ᠬᠦᠢᠴᠡᠳ ᠪᠠᠳᠠᠷᠠᠭᠤᠯᠣᠨ᠂ ᠦᠵᠢᠯ ᠰᠠᠨᠠᠭ᠎ᠠ᠂ ᠵᠠᠩ ᠰᠣᠷᠳᠠᠯ᠂ ᠦᠢᠯᠡ ᠬᠦᠳᠡᠯᠭᠡᠭᠡᠨ᠂ ᠬᠢᠷᠢ ᠪᠦ᠋ᠳᠦᠮᠵᠢ ᠪᠠᠷ ᠢᠶᠠᠨ ᠲᠠᠭᠤᠷᠢᠶᠠᠯ ᠪᠣᠯᠵᠣ᠂ ᠬᠡᠦᠬᠡᠳ ᠢ ᠨᠦᠯᠦᠭᠡᠯᠡᠨ᠎ᠡ᠃      3. ᠬᠠᠳᠠᠭᠤᠵᠢᠨ ᠪᠣᠯᠪᠠᠰᠣᠷᠠᠭᠤᠯᠬᠤ ᠶᠢ ᠠᠩᠬᠠᠷᠣᠨ᠂ ᠬᠡᠦᠬᠡᠳ ᠤᠨ ᠬᠢᠵᠦ ᠴᠢᠳᠠᠬᠤ ᠠᠯᠢᠪᠠ ᠠᠵᠢᠯ ᠢ ᠲᠡᠬᠦᠨ ᠢᠶᠠᠷ ᠬᠢᠯᠭᠡᠵᠦ᠂ ᠬᠡᠦᠬᠡᠳ ᠤᠨ ᠰᠠᠶᠢᠨ ᠰᠠᠶᠢᠬᠠᠨ ᠠᠮᠢᠳᠣᠷᠠᠯ ᠤᠨ ᠰᠣᠷᠳᠠᠯ ᠢ ᠦᠢᠯᠡᠳᠣᠯᠭᠡ ᠶᠢᠨ ᠲᠣᠮᠳᠠ ᠲᠠᠪᠳᠠᠨ ᠪᠣᠯᠪᠠᠰᠣᠷᠠᠭᠤᠯᠣᠨ᠎ᠠ᠃ ᠭᠡᠷ ᠪᠦᠯᠢ ᠶᠢᠨ ᠬᠦᠳᠡᠯᠮᠦᠷᠢ᠂ ᠠᠮᠢᠳᠣᠷᠠᠯ ᠤᠨ ᠴᠢᠳᠠᠪᠣᠷᠢ᠂ ᠨᠡᠶᠢᠭᠡᠮ ᠤᠨ ᠬᠠᠷᠢᠯᠴᠠᠭ᠎ᠠ ᠵᠡᠷᠭᠡ ᠳᠤ ᠣᠷᠣᠯᠴᠠᠭᠤᠯᠣᠨ᠎ᠠ᠃      4. ᠨᠦᠯᠦᠭᠡᠯᠡᠯ ᠤᠨ ᠬᠦᠴᠦᠨ ᠢ ᠨᠡᠮᠡᠭᠳᠡᠬᠦᠯᠦᠨ᠂ ᠬᠡᠦᠬᠡᠳ ᠤᠨ ᠦᠰᠦᠨ ᠪᠤᠶᠢᠵᠢᠯᠳᠠ ᠳᠤ ᠠᠰᠢᠬᠳᠠᠢ ᠨᠦᠬᠦᠴᠡᠯ ᠢ ᠪᠦᠷᠢᠯᠳᠦᠬᠦᠯᠦᠨ᠂ ᠰᠠᠶᠢᠨ ᠰᠠᠶᠢᠬᠠᠨ ᠭᠡᠷ ᠪᠦᠯᠢ ᠶᠢᠨ ᠠᠭᠤᠷ ᠠᠮᠢᠰᠬᠤᠯ ᠢ ᠪᠣᠢ ᠪᠣᠯᠭᠠᠨ᠎ᠠ᠃ ᠡᠴᠢᠭᠡ ᠡᠬᠡ ᠪᠣᠯᠣᠬᠰᠠᠳ ᠬᠡᠦᠬᠡᠳ ᠤᠨ ᠡᠮᠦᠨ᠎ᠡ ᠬᠡᠷᠡᠯᠳᠦᠬᠦ᠂ ᠵᠣᠭᠤᠰ ᠨᠠᠭᠠᠳᠬᠤ᠂ ᠠᠷᠢᠬᠢ ᠣᠣᠭᠤᠵᠣ ᠰᠣᠬᠳᠣᠬᠤ᠂ ᠱᠠᠯᠢᠭ ᠪᠣᠵᠢᠷ ᠦᠭᠡ ᠶᠠᠷᠢᠬᠤ ᠁ ᠵᠡᠷᠬᠡ ᠲᠦᠪ ᠪᠣᠰᠣ ᠵᠦᠢᠯ ᠢ ᠡᠷᠡᠰ ᠴᠡᠭᠡᠷᠯᠡᠨ᠎ᠡ᠃      5. ᠮᠠᠬᠳᠠᠨ ᠵᠣᠷᠢᠬᠵᠢᠭᠤᠯᠣᠨ᠎ᠠ᠂ ᠬᠡᠦᠬᠡᠳ ᠤᠨ ᠰᠠᠶᠢᠨ ᠰᠠᠶᠢᠬᠠᠨ ᠦᠵᠡᠯ ᠰᠡᠳᠬᠢᠯ᠂ ᠦᠢᠯᠡ ᠬᠦᠳᠡᠯᠭᠡᠭᠡᠨ ᠂ ᠠᠮᠵᠢᠯᠳᠠ ᠪᠦᠳᠦᠮᠵᠢ ᠶᠢ ᠮᠠᠬᠳᠠᠨ ᠵᠣᠷᠢᠬᠵᠢᠭᠤᠯᠣᠨ᠎ᠠ᠃ ᠢᠩᠬᠢᠪᠡᠯ ᠬᠡᠦᠬᠡᠳ ᠰᠠᠶᠢᠨ ᠲᠠᠢ ᠲᠠᠯ᠎ᠠ ᠪᠠᠨ ᠣᠯᠠᠮ ᠪᠠᠳᠠᠷᠠᠭᠤᠯᠣᠨ᠂ ᠢᠳᠡᠭᠡᠯ ᠲᠡᠭᠦᠯᠳᠡᠷ ᠣᠮᠤᠭ ᠵᠣᠷᠢᠭ ᠲᠠᠢ ᠣᠷᠣᠬᠰᠢᠯᠠᠵᠣ ᠴᠢᠳᠠᠨ᠎ᠠ᠃      6. ᠬᠡᠦᠬᠡᠳ ᠤᠨ ᠡᠮᠦᠨ᠎ᠡ ᠡᠯᠳᠡᠪ ᠤᠨ ᠦᠭᠡ ᠪᠠᠷ ᠪᠠᠭᠰᠢ ᠶᠢ ᠶᠠᠷᠢᠵᠣ ᠮᠠᠭᠤᠯᠠᠵᠦ ᠪᠣᠯᠬᠤ ᠦᠭᠡᠢ᠂ ᠣᠴᠢᠷ ᠨᠢ ᠬᠡᠦᠬᠡᠳ ᠤᠨ ᠰᠡᠳᠬᠢᠯ ᠳᠤ ᠪᠠᠭᠰᠢ ᠪᠣᠯ ᠢᠳᠡᠭᠡᠯ ᠬᠦᠨᠳᠦᠳᠡᠢ ᠪᠠᠶᠢᠳᠠᠭ᠂ ᠬᠡᠷᠪᠡ ᠭᠡᠷ ᠤᠨ ᠠᠬᠠᠮᠠᠳ ᠬᠡᠦᠬᠡᠳ ᠤᠨ ᠡᠮᠦᠨ᠎ᠡ ᠪᠠᠭᠰᠢ ᠶᠢ ᠮᠠᠭᠤᠯᠠᠨ ᠶᠠᠷᠢᠪᠠᠯ ᠬᠡᠦᠬᠡᠳ ᠪᠠᠭᠰᠢ ᠳᠤ ᠪᠠᠨ ᠢᠳᠡᠭᠡᠯ ᠦᠭᠡᠢ ᠪᠣᠯᠵᠣ᠂ ᠪᠠᠭᠰᠢ ᠶᠢᠨ ᠰᠣᠷᠭᠠᠨ ᠬᠦᠮᠦᠵᠢᠯ ᠢ ᠨᠦᠯᠦᠭᠡᠯᠡᠨ᠎ᠡ᠃      7. ᠬᠡᠦᠬᠡᠳ ᠢᠶᠠᠷ ᠬᠢᠵᠣ ᠴᠢᠳᠠᠬᠤᠶᠢᠴᠠ ᠭᠡᠷ ᠤᠨ ᠠᠵᠢᠯ ᠪᠦᠬᠦᠨ ᠢ ᠬᠢᠵᠣ ᠰᠣᠷᠭᠠᠨ ᠬᠠᠮᠤᠭ ᠨᠠᠭᠠᠳᠣ ᠵᠠᠬ᠎ᠠ ᠳᠠᠭᠠᠨ ᠦᠪᠡᠷ ᠤᠨ ᠶᠠᠪᠣᠳᠠᠯ ᠢᠶᠠᠨ ᠦᠪᠡᠷ ᠢᠶᠠᠨ ᠰᠢᠢᠳᠪᠦᠷᠢᠯᠠᠵᠦ ᠴᠢᠳᠠᠬᠤ ᠬᠡᠷᠡᠭᠳᠡᠢ᠃ ᠭᠡᠷ ᠤᠨ ᠠᠬᠠᠮᠠᠳ ᠶᠠᠭᠤ ᠪᠦᠬᠦᠨ ᠢ ᠣᠷᠣᠯᠠᠨ ᠬᠢᠵᠣ ᠦᠭᠴᠣ ᠪᠣᠯᠬᠤ ᠦᠭᠡᠢ᠃      8. ᠬᠡᠦᠬᠡᠳ ᠢ ᠦᠪᠡᠷ ᠤᠨ ᠪᠡᠶ᠎ᠡ ᠳᠡᠭᠡᠨ ᠢᠳᠡᠭᠡᠯ ᠲᠠᠢ᠂ ᠰᠦᠰᠦ ᠵᠣᠷᠢᠭ ᠲᠠᠢ ᠪᠣᠯᠭᠠᠨ ᠬᠦᠮᠦᠵᠢᠬᠦᠯᠬᠦ ᠬᠡᠷᠡᠭᠳᠡᠢ᠃ ᠠᠷᠰᠯᠠᠨ ᠪᠠᠷᠰ ᠰᠢᠭ ᠡᠷᠡᠯᠬᠡᠭ ᠵᠣᠷᠢᠬᠳᠠᠨ ᠢ ᠬᠦᠮᠦᠵᠢᠬᠦᠯᠬᠦ ᠠᠴᠠ ᠪᠢᠰᠢ᠂ ᠬᠤᠨᠢ ᠰᠢᠭ ᠨᠣᠮᠣᠢ ᠲᠣᠷᠣᠢ ᠬᠦᠮᠦᠨ ᠢ ᠬᠦᠮᠦᠵᠢᠬᠦᠯᠵᠣ ᠪᠣᠯᠬᠤ ᠦᠭᠡᠢ᠃      9. ᠬᠡᠷ ᠪᠦᠯᠢ ᠶᠢᠨ ᠰᠣᠶᠣᠯ ᠤᠨ ᠠᠮᠢᠳᠣᠷᠠᠯ ᠳᠤ ᠬᠡᠦᠬᠡᠳ ᠤᠨ ᠣᠨᠴᠠᠯᠢᠭ ᠲᠤ ᠲᠣᠬᠢᠷᠠᠭᠤᠯᠣᠨ ᠬᠢᠬᠦ ᠬᠡᠷᠡᠭᠳᠡᠢ᠂ ᠵᠢᠱᠢᠶᠡᠯᠡᠪᠡᠯ᠄ ᠲᠧᠯᠧᠰ ᠦᠵᠡᠬᠦᠯᠬᠦ ᠳᠤ ᠬᠡᠦᠬᠡᠳ ᠤᠨ ᠪᠤᠶᠢᠵᠢᠯᠳᠠ ᠳᠤ ᠠᠰᠢᠬᠳᠠᠢ ᠵᠦᠢᠯ ᠢ ᠦᠵᠡᠬᠦᠯᠦᠨ᠂ ᠪᠣᠯᠪᠠᠰᠣᠨ ᠪᠣᠰᠦ ᠲᠧᠯᠧᠰ ᠢ ᠦᠵᠡᠬᠦᠯᠬᠦ ᠠᠴᠠ ᠵᠠᠶᠢᠯᠠᠰᠬᠢᠬᠦ ᠬᠡᠷᠡᠭᠳᠡᠢ᠃ ᠬᠡᠦᠬᠡᠳ ᠤᠨ ᠰᠦᠯᠵᠢᠶ᠎ᠡ ᠳᠤ ᠭᠠᠷᠬᠤ ᠠᠭᠤᠯᠭ᠎ᠠ ᠶᠢ ᠬᠡᠷ ᠤᠨ ᠠᠬᠠᠮᠠᠳ ᠵᠠᠪᠠᠯ ᠬᠢᠨᠠᠯᠳᠠ ᠲᠠᠯᠪᠢᠬᠤ ᠭᠡᠷᠡᠭᠳᠡᠢ᠃      10. ᠬᠢᠴᠢᠶᠡᠯ ᠲᠦᠷᠦᠯ ᠤᠨ ᠲᠠᠰᠬᠠᠯ ᠳᠤ ᠬᠢᠨᠠᠯᠳᠠ ᠲᠠᠯᠪᠢᠨ ᠴᠠᠭ ᠲᠣᠬᠠᠢ ᠲᠤᠨᠢ ᠬᠢᠯᠬᠡᠵᠣ ᠲᠠᠭᠤᠰᠬᠠᠬᠤ ᠭᠡᠷᠡᠭᠳᠡᠢ᠃ ᠬᠡᠷ ᠤᠨ ᠠᠬᠠᠮᠠᠳ ᠤᠨ ᠰᠣᠷᠭᠠᠨ ᠬᠦᠮᠦᠵᠢᠯ ᠨᠢᠭᠡᠳᠣᠯᠳᠠᠢ ᠪᠠᠶᠢᠵᠣ᠂ ᠠᠪᠤ ᠨᠢ ᠨᠢᠭᠡ ᠶᠠᠩᠵᠣ ᠡᠵᠢ ᠨᠢ ᠨᠢᠭᠡ ᠶᠠᠩᠵᠣ ᠪᠠᠶᠢᠵᠣ ᠪᠣᠯᠬᠤ ᠦᠭᠡᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号