ᠠᠮᠢᠳᠤᠯᠢᠬ ᠲᠤᠬᠢᠷᠠᠮᠵᠢᠲᠡᠢ ᠪᠠᠷ ᠬᠡᠦᠬᠡᠳ ᠢ ᠵᠤᠷᠢᠭᠵᠢᠭᠤᠯᠤᠶ᠎ᠠ
ᠨᠡᠶᠢᠲᠡᠯᠡᠭᠰᠡᠨ ᠴᠠᠭ᠄
2020/12/3
     ᠬᠡᠦᠬᠡᠳ ᠤᠨ ᠦᠰᠦᠨ ᠪᠦᠵᠢᠬᠤ ᠶᠠᠪᠤᠴᠠ ᠳᠤ᠂ ᠬᠡᠷ ᠪᠦᠯᠢ ᠶᠢᠨ ᠰᠤᠷᠭᠠᠨ ᠬᠥᠮᠦᠵᠢᠯ ᠴᠢᠬᠤᠯᠠ ᠦᠢᠯᠡᠳᠦᠯ ᠦᠵᠡᠬᠦᠯᠲᠡᠭ᠃ ᠰᠠᠶᠢᠨ ᠰᠠᠶᠢᠬᠠᠨ ᠬᠡᠷ ᠪᠦᠯᠢ ᠶᠢᠨ ᠰᠤᠷᠭᠠᠨ ᠬᠥᠮᠦᠵᠢᠯ ᠨᠢ ᠬᠡᠦᠬᠡᠳ ᠤᠨ ᠦᠰᠦᠨ ᠪᠦᠵᠢᠬᠤ ᠳᠤ ᠰᠠᠭᠤᠷᠢ ᠪᠣᠯᠳᠠᠭ᠃ ᠡᠶᠢᠮᠦ ᠠᠴᠠ ᠬᠡᠷ ᠤᠨ ᠠᠬᠠᠮᠠᠳ ᠪᠣᠯᠤᠭᠰᠠᠳ ᠵᠠᠪᠠᠯ ᠰᠤᠷᠭᠠᠨ ᠬᠥᠮᠦᠵᠢᠯ ᠤᠨ ᠦᠵᠡᠯᠲᠡ ᠲᠡᠨᠢᠯᠲᠡ᠂ ᠠᠷᠭ᠎ᠠ ᠬᠡᠯᠪᠡᠷᠢ ᠪᠠᠨ ᠥᠭᠡᠷᠡᠴᠢᠯᠡᠨ ᠰᠢᠨᠡᠴᠢᠯᠡᠵᠦ᠂ ᠬᠡᠦᠬᠡᠳ ᠲᠤ ᠦᠵᠡᠭᠦᠯᠬᠦ ᠨᠥᠯᠦᠭᠡ ᠶᠢ ᠤᠶᠢᠯᠠᠭᠠᠨ ᠲᠠᠨᠢᠬᠤ ᠴᠢᠬᠤᠯᠠ ᠲᠠᠢ ᠪᠠᠶᠢᠨ᠎ᠠ᠃      ᠣᠯᠠᠩᠬᠢ ᠬᠡᠷ ᠤᠨ ᠠᠬᠠᠮᠠᠳ ᠤᠨ ᠬᠡᠦᠬᠡᠳ ᠲᠡᠭᠡᠨ ︽ᠱᠠᠭᠠᠷᠳᠠᠯᠭ᠎ᠠ ᠲᠠᠯᠪᠢᠬᠤ︾ ᠪᠠ ︽ᠪᠤᠷᠤᠭᠤᠰᠢᠶᠠᠨ ᠰᠢᠭᠦᠮᠵᠢᠯᠡᠬᠦ︾ ᠨᠢ ᠬᠡᠵᠢᠶᠡᠳᠡ ᠵᠣᠷᠢᠭᠵᠢᠭᠤᠯᠤᠯ ᠠᠴᠠ ᠤᠯᠠᠨ ᠪᠠᠶᠢᠳᠠᠭ᠃ ᠡᠨᠡᠬᠦ ᠠᠷᠭ᠎ᠠ ᠪᠠᠷᠢᠯ ᠢ ᠥᠭᠡᠷᠡᠴᠢᠯᠡᠬᠦ ᠬᠡᠷᠡᠭᠲᠡᠢ᠃ ᠬᠡᠦᠬᠡᠳ ᠢ ︽ᠱᠠᠭᠠᠷᠳᠠᠵᠤ ᠬᠢᠯᠬᠡᠬᠦ︾ ᠠᠴᠠ ︽ᠬᠡᠦᠬᠡᠳ ᠥᠪᠡᠷᠲᠡᠭᠡᠨ ᠬᠢᠬᠦ︾ ᠪᠣᠯᠭᠠᠬᠤ ᠨᠢ ᠰᠠᠶᠢ ᠰᠤᠷᠭᠠᠨ ᠬᠥᠮᠦᠵᠢᠯ ᠤᠨ ᠵᠢᠩᠬᠢᠨᠢ ᠵᠣᠷᠢᠯᠭ᠎ᠠ ᠮᠥᠨ᠃ᠬᠡᠦᠬᠡᠳ ᠤᠨ ᠪᠡᠶ᠎ᠡ ᠳᠡᠭᠡᠷ᠎ᠡ ᠳᠤᠲᠠᠭᠳᠠᠯ ᠲᠣᠳᠤᠷᠬᠠᠢ ᠣᠷᠤᠰᠢᠵᠤ ᠪᠠᠶᠢᠪᠠᠴᠦ ᠳᠤᠷ᠎ᠠ ᠪᠠᠷ ᠰᠢᠬᠦᠮᠵᠢᠯᠡᠵᠤ ᠪᠣᠯᠬᠤ ᠦᠭᠡᠢ᠂ ᠬᠠᠷᠢᠨ ᠲᠡᠭᠦᠨ ᠤ ᠳᠤᠲᠠᠭᠳᠠᠯ ᠢ ᠨᠢ ᠳᠠᠮ ᠢᠶᠠᠷ ᠳᠤᠷᠠᠳᠤᠨ᠂ ᠥᠪᠡᠷ ᠲᠤᠨᠢ ᠪᠤᠷᠤᠭᠤ ᠲᠠᠢ ᠬᠡᠲᠡᠭ ᠢ ᠤᠶᠢᠯᠠᠭᠠᠭᠤᠯᠪᠠᠯ ᠵᠣᠬᠢᠨ᠎ᠠ᠃ ᠢᠩᠭᠢᠪᠡᠯ ᠬᠡᠦᠬᠡᠳ ᠤᠨ ᠥᠪᠡᠷ ᠢ ᠪᠠᠨ ᠬᠦᠨᠳᠤᠳᠭᠡᠬᠦ ᠪᠡ ᠢᠲᠡᠭᠡᠯ ᠵᠣᠷᠢᠭ ᠢ ᠨᠢ ᠬᠠᠮᠠᠭᠠᠯᠠᠵᠤ᠂ ᠬᠡᠦᠬᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠠᠰᠢᠭᠲᠠᠢ ᠪᠠᠶᠢᠳᠠᠭ᠃ ᠬᠡᠦᠬᠡᠳ ᠲᠤ ᠵᠣᠷᠢᠭᠵᠢᠭᠤᠯᠤᠯ ᠬᠡᠷᠡᠭᠲᠡᠢ᠃      ᠵᠣᠷᠢᠭᠵᠢᠭᠤᠯᠤᠯ ᠬᠡᠦᠬᠡᠳ ᠤᠨ ᠨᠢᠭᠤᠭᠳᠠᠮᠠᠯ ᠬᠦᠴᠦᠨ ᠢ ᠪᠠᠳᠠᠷᠠᠭᠤᠯᠵᠤ᠂ ᠬᠦᠴᠢᠷ ᠪᠡᠷᠬᠡᠰᠢᠶᠡᠯ ᠢ ᠲᠡᠰᠪᠤᠷᠢᠯᠡᠨ᠂ ᠡᠭᠦᠷᠭᠡ ᠵᠤᠷᠢᠯᠲᠡ ᠪᠠᠨ ᠪᠡᠶᠡᠯᠡᠭᠦᠯᠬᠦ ᠪᠤᠯᠭᠠᠳᠠᠬ᠃ ᠲᠡᠳᠡᠭᠡᠷ ᠦᠷᠭᠦᠯᠵᠢ ᠵᠣᠷᠢᠭᠵᠢᠭᠤᠯᠤᠯ ᠬᠦᠷᠲᠡᠲᠡᠭ ᠬᠡᠦᠬᠡᠳ ᠰᠤᠷᠭᠠᠭᠤᠯᠢ ᠪᠤᠯᠤᠨ ᠪᠣᠳᠠᠲᠤ ᠠᠮᠢᠳᠤᠷᠠᠯ ᠤᠨ ᠳᠤᠮᠳᠠ ᠨᠠᠩ ᠢᠯᠡᠭᠦᠦ ᠠᠮᠵᠢᠯᠲᠠ ᠤᠯᠬᠤ ᠵᠠᠪᠰᠢᠶᠠᠨ ᠲᠠᠢ ᠬᠡᠲᠡᠭ ᠢ ᠠᠪᠤ ᠡᠵᠢ ᠪᠣᠯᠤᠭᠰᠠᠳ ᠮᠡᠲᠡᠭᠦ ᠶᠣᠰᠤᠲᠠᠢ᠃ ᠵᠣᠷᠢᠭᠵᠢᠭᠤᠯᠤᠯ ᠤᠨ ᠳᠤᠮᠳᠠ ᠦᠰᠦᠨ ᠪᠦᠵᠢᠭ᠌ᠰᠠᠨ ᠬᠡᠦᠬᠡᠳ ᠨᠡᠩ ᠢᠯᠡᠭᠦᠦ ᠡᠷᠡᠯᠬᠡᠭ ᠵᠣᠷᠢᠭ ᠲᠠᠢ ᠪᠣᠯᠵᠤ ᠬᠦᠮᠦᠵᠢᠨ ᠪᠤᠶᠢᠵᠢᠳᠠᠭ᠃ ᠵᠣᠷᠢᠭᠵᠢᠭᠤᠯᠤᠯ ᠢᠶᠠᠷ ᠳᠡᠮᠵᠢᠨ ᠬᠡᠦᠬᠡᠳ ᠤᠨ ᠡᠷᠡᠭᠦᠯ ᠰᠡᠳᠭᠢᠯᠭᠡ ᠶᠢ ᠬᠥᠮᠦᠵᠢᠭᠦᠯᠵᠦ᠂ ᠬᠥᠮᠦᠰ ᠲᠤ ᠬᠠᠨᠳᠤᠬᠤ᠂ ᠬᠥᠮᠦᠰ ᠲᠠᠢ ᠬᠠᠷᠢᠯᠴᠠᠬᠤ ᠶᠢ ᠰᠤᠷᠭᠠᠵᠤ᠂ ᠣᠷᠤᠰᠢᠨ ᠠᠮᠢᠳᠤᠷᠠᠬᠤ ᠶᠢ ᠰᠤᠷᠭᠠᠳᠠᠬ᠃ ᠵᠣᠷᠢᠭᠵᠢᠭᠤᠯᠤᠯ ᠨᠢ ᠲᠡᠷᠦᠯᠲᠡ ᠪᠡ ᠰᠢᠭᠦᠮᠵᠢᠯᠡᠯ ᠠᠴᠠ ᠬᠦᠴᠦᠨ ᠲᠠᠢ ᠶᠤᠮ᠃ ᠬᠡᠦᠬᠡᠳ ᠲᠤ ᠵᠣᠷᠢᠭᠵᠢᠭᠤᠯᠤᠯ ᠬᠡᠷᠡᠭᠲᠡᠢ ᠠᠴᠠ ᠪᠢᠰᠢ ᠲᠡᠷᠦᠯᠲᠡ ᠬᠡᠷᠡᠭ ᠦᠭᠡᠢ᠃ ᠳᠠᠷᠤᠯᠲᠠ ᠨᠢ ᠵᠥᠪᠬᠡᠨ ᠦᠷ᠎ᠡ ᠪᠦᠲᠦᠮᠵᠢ ᠶᠢ ᠭᠦᠨᠳᠤᠳᠭᠡᠲᠡᠭ᠂ ᠵᠣᠷᠢᠭᠵᠢᠭᠤᠯᠤᠯ ᠨᠢ ᠬᠠᠷᠢᠨ ᠴᠢᠷᠮᠠᠶᠢᠨ ᠳᠡᠭᠡᠭᠰᠢᠯᠡᠬᠦ ᠪᠡ ᠲᠠᠪᠰᠢᠬᠤ ᠶᠢ ᠴᠢᠬᠤᠯᠠᠴᠢᠯᠠᠳᠠᠬ ᠶᠤᠮ᠃ ᠵᠣᠷᠢᠭᠵᠢᠭᠤᠯᠤᠯ ᠨᠢ ᠳᠡᠮᠵᠢᠬᠦ᠂ ᠬᠠᠶᠢᠷᠠᠯᠠᠬᠤ᠂ ᠬᠥᠪᠴᠢᠯᠡᠬᠦ᠂ ᠳᠡᠭᠡᠭᠰᠢᠯᠡᠬᠦᠳᠤ ᠪᠠᠲᠤ ᠴᠢᠩᠭ᠎ᠠ ᠬᠦᠴᠦᠨ ᠴᠢᠲᠡᠯ ᠢ ᠤᠯᠭᠤᠳᠠᠬ᠃      ᠬᠡᠦᠬᠡᠳ ᠤᠨ ᠳᠡᠪᠰᠢᠯᠲᠡ ᠳᠤ ᠤᠯᠠᠨ ᠲᠠᠯ᠎ᠠ ᠶᠢᠨ ᠬᠦᠴᠦᠨ ᠵᠦᠢᠯ ᠨᠦᠯᠦᠬᠡᠯᠡᠲᠡᠭ᠂ ᠡᠭᠦᠨ ᠳᠤ ᠬᠡᠷ ᠪᠦᠯᠢ ᠶᠢᠨ ᠰᠤᠷᠭᠠᠨ ᠬᠥᠮᠦᠵᠢᠯ ᠴᠢᠬᠤᠯᠠ ᠦᠢᠯᠡᠳᠦᠯ ᠭᠠᠷᠭᠠᠳᠠᠭ᠃ ᠠᠪᠤ ᠡᠵᠢ ᠪᠣᠯᠤᠭᠰᠠᠳ ᠤᠨ ᠵᠣᠷᠢᠭᠵᠢᠭᠤᠯᠤᠯ ᠨᠢ ᠨᠢᠭᠡᠨ ᠲᠡᠯᠲᠡ ᠶᠢᠨ ᠬᠦᠴᠦᠨ ᠢ ᠠᠭᠤᠳᠠᠯᠬᠤ ᠪᠠ ᠬᠡᠦᠬᠡᠳ ᠢ ᠡᠷᠡᠭᠦᠯ ᠰᠠᠶᠢᠬᠠᠨ ᠢᠶᠠᠷ ᠥᠰᠭᠡᠨ ᠪᠦᠵᠢᠭᠤᠯᠬᠤ ᠶᠢᠨ ᠠᠯᠳᠠᠨ ᠲᠦᠯᠬᠢᠭᠦᠷ ᠮᠥᠨ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号