2019 ᠣᠨ ᠤ ᠡᠳ᠋ ᠤᠨ ᠵᠠᠰᠠᠭ ᠤᠨ ᠲᠥᠰᠥᠪ ᠢ ᠬᠡᠷᠡᠭᠵᠢᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2020-05-19
          2019 ᠣᠨ ᠤ ᠡᠳ᠋ ᠤᠨ ᠵᠠᠰᠠᠭ ᠤᠨ ᠲᠥᠰᠥᠪ ᠢ ᠬᠡᠷᠡᠭᠵᠢᠭᠦᠯᠦᠭᠰᠡᠨ ᠪᠠᠶᠢᠳᠠᠯ      ᠨᠢᠭᠡ᠂ ᠡᠩ ᠤᠨ ᠣᠯᠠᠨ ᠨᠡᠶᠢᠲᠡ ᠶᠢᠨ ᠳᠥᠰᠥᠪ ᠢ ᠭᠦᠢᠴᠡᠳᠬᠡᠭᠰᠡᠨ ᠪᠠᠶᠢᠳᠠᠯ      ᠪᠦᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 28.12 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 7.2% ᠨᠡᠮᠡᠭᠳᠡᠪᠡ᠃ ᠳᠡᠭᠡᠳᠦ ᠱᠠᠲᠤᠨ ᠠᠴᠠ ᠨᠥᠬᠦᠪᠥᠷᠢ ᠪᠠᠭᠤᠯᠭᠠᠭᠰᠠᠨ ᠤᠷᠤᠯᠭ᠎ᠠ 13.74 ᠳ᠋ᠦᠩᠰᠢᠭᠤᠷ ᠲᠥᠭᠦᠷᠢᠭ᠂ ᠲᠦᠷᠦᠭᠦᠦ ᠵᠢᠯ ᠤᠨ ᠦᠯᠡᠳᠡᠪᠦᠷᠢ 7.23 ᠳ᠋ᠦᠩᠰᠢᠭᠤᠷ ᠲᠥᠭᠦᠷᠢᠭ᠂ ᠳᠥᠰᠥᠪ ᠢ ᠳᠤᠭᠲᠠᠪᠤᠷᠢᠵᠢᠭᠤᠯᠤᠨ ᠳᠤᠬᠢᠷᠠᠭᠤᠯᠤᠭᠰᠠᠨ ᠰᠠᠭᠤᠷᠢ ᠮᠥᠩᠭᠦ 1.71 ᠳ᠋ᠦᠩᠰᠢᠭᠤᠷ ᠲᠥᠭᠦᠷᠢᠭ᠂ ᠲᠦᠷᠦᠭᠦᠦ ᠵᠢᠯ ᠤᠨ ᠥᠷᠢ ᠶᠢᠨ ᠲᠡᠮᠲᠡᠭᠲᠦ ᠶᠢ ᠰᠤᠯᠢᠭᠰᠠᠨ ᠦᠯᠡᠳᠡᠪᠦᠷᠢ 0.52 ᠳ᠋ᠦᠩᠰᠢᠭᠤᠷ ᠲᠥᠭᠦᠷᠢᠭ᠂ ᠤᠷᠤᠨ ᠨᠤᠲᠤᠭ ᠤᠨ ᠡᠩ ᠤᠨ ᠥᠷᠢ ᠰᠢᠷᠢ ᠶᠢ ᠰᠢᠯᠵᠢᠭᠦᠯᠦᠭᠰᠡᠨ ᠵᠢᠭᠡᠯᠡᠯᠭᠡ ᠶᠢᠨ ᠤᠷᠤᠯᠭ᠎ᠠ 4.90 ᠳ᠋ᠦᠩᠰᠢᠭᠤᠷ ᠲᠥᠭᠦᠷᠢᠭ᠂ ᠶᠡᠷᠦᠩᠬᠡᠢ ᠤᠷᠤᠯᠭ᠎ᠠ 56.22 ᠳ᠋ᠦᠩᠰᠢᠭᠤᠷ ᠲᠥᠭᠦᠷᠢᠭ ᠪᠤᠢ︔ ᠪᠦᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ 45.56 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 10.4% ᠨᠡᠮᠡᠭᠳᠡᠨ᠂ ᠳᠡᠭᠡᠳᠦ ᠱᠠᠲᠤᠨ ᠳᠤ ᠳᠤᠰᠢᠶᠠᠭᠰᠠᠨ ᠵᠠᠷᠤᠯᠭ᠎ᠠ 3.16 ᠳ᠋ᠦᠩᠰᠢᠭᠤᠷ ᠲᠥᠭᠦᠷᠢᠭ᠂ ᠡᠩ ᠤᠨ ᠥᠷᠢ ᠰᠢᠷᠢ ᠶᠢᠨ ᠡᠬᠡ ᠮᠥᠩᠭᠦ ᠶᠢ ᠨᠢ ᠲᠥᠯᠥᠭᠰᠡᠨ ᠵᠠᠷᠤᠯᠭ᠎ᠠ 2.62 ᠳ᠋ᠦᠩᠰᠢᠭᠤᠷ ᠲᠥᠭᠦᠷᠢᠭ᠂ ᠳᠥᠰᠥᠪ ᠢ ᠳᠤᠭᠲᠠᠪᠤᠷᠢᠵᠢᠭᠤᠯᠤᠨ ᠳᠤᠬᠢᠷᠠᠭᠤᠯᠤᠭᠰᠠᠨ ᠰᠠᠭᠤᠷᠢ ᠮᠥᠩᠭᠦ 1.12 ᠳ᠋ᠦᠩᠰᠢᠭᠤᠷ ᠲᠥᠭᠦᠷᠢᠭ᠂ ᠶᠡᠷᠦᠩᠬᠡᠢ ᠵᠠᠷᠤᠯᠭ᠎ᠠ 52.46 ᠳ᠋ᠦᠩᠰᠢᠭᠤᠷ ᠲᠥᠭᠦᠷᠢᠭ ᠪᠤᠢ᠃ ᠤᠷᠤᠯᠭ᠎ᠠ ᠵᠠᠷᠤᠯᠭ᠎ᠠ  ᠶᠢ ᠲᠡᠩᠴᠡᠭᠦᠯᠪᠡᠯ᠂ ᠵᠢᠯ ᠤᠨ ᠡᠴᠦᠰ ᠤᠨ ᠦᠯᠡᠳᠡᠪᠦᠷᠢ 3.76 ᠳ᠋ᠦᠩᠰᠢᠭᠤᠷ ᠲᠥᠭᠦᠷᠢᠭ ᠪᠤᠯᠤᠨ᠎ᠠ᠃      ︵ᠨᠢᠭᠡ︶ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ      ᠪᠠᠶᠢᠭᠤᠯᠭ᠎ᠠ ᠪᠠᠷ ᠨᠢ ᠬᠤᠪᠢᠶᠠᠪᠠᠯ᠄ ᠬᠤᠰᠢᠭᠤᠨ ᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ 3.74 ᠳ᠋ᠦᠩᠰᠢᠭᠤᠷ ᠲᠥᠭᠦᠷᠢᠭ ᠪᠡᠶᠡᠯᠡᠭᠦᠯᠦᠨ᠂ ᠨᠡᠭᠡᠭᠡᠯᠲᠡ ᠶᠢᠨ ᠲᠤᠭᠤᠷᠢᠭ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ 21.62 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠡᠳ᠋ ᠤᠨ ᠵᠠᠰᠠᠭ ᠤᠨ ᠪᠠᠶᠢᠭᠤᠯᠭ᠎ᠠ 2.76 ᠳ᠋ᠦᠩᠰᠢᠭᠤᠷ ᠲᠥᠭᠦᠷᠢᠭ ᠪᠡᠶᠡᠯᠡᠭᠦᠯᠵᠡᠢ᠃ ᠰᠢᠨᠵᠢ ᠴᠢᠨᠠᠷ ᠢᠶᠠᠷ ᠨᠢ ᠬᠤᠪᠢᠶᠠᠪᠠᠯ᠄ ᠭᠠᠶᠢᠯᠢ ᠲᠠᠲᠠᠪᠤᠷᠢ ᠶᠢᠨ ᠣᠷᠣᠯᠭ᠎ᠠ ᠶᠢ 24.12 ᠳ᠋ᠦᠩᠰᠢᠭᠤᠷ ᠲᠥᠭᠦᠷᠢᠭ ᠪᠡᠶᠡᠯᠡᠭᠦᠯᠦᠨ᠂ ᠠᠳᠠᠯᠢ ᠬᠤᠭᠤᠴᠠᠭᠠᠨ ᠤ ᠬᠢ ᠠᠴᠠ 19.3% ᠨᠡᠮᠡᠭᠳᠡᠪᠡ᠃ ᠡᠭᠦᠨ ᠳᠤ᠄ ᠨᠡᠮᠡᠭᠳᠡᠯ ᠥᠷᠲᠡᠭ ᠤᠨ ᠭᠠᠶᠢᠯᠢ ᠶᠢ 6.35 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 16.1% ᠪᠠᠭᠤᠷᠠᠪᠠ᠂ ᠠᠵᠦ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢ 1.91 ᠳ᠋ᠦᠩᠰᠢᠭᠤᠷ ᠲᠥᠭᠦᠷᠢᠭ ᠪᠡᠶᠡᠯᠡᠭᠦᠯᠦᠨ᠂ ᠠᠳᠠᠯᠢ ᠬᠤᠭᠤᠴᠠᠭᠠᠨ ᠤ ᠬᠢ ᠠᠴᠠ 5.8% ᠪᠠᠭᠤᠷᠠᠪᠠ︔ ᠬᠤᠪᠢ ᠬᠦᠮᠦᠨ ᠤ ᠣᠯᠵᠠᠪᠤᠷᠢ ᠶᠢᠨ ᠭᠠᠶᠢᠯᠢ ᠶᠢ 0.26 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ  ᠤ ᠬᠢ ᠠᠴᠠ 41.7% ᠪᠠᠭᠤᠷᠠᠪᠠ᠂ ᠡᠬᠢ ᠪᠠᠶᠠᠯᠢᠭ ᠤᠨ ᠭᠠᠶᠢᠯᠢ ᠶᠢ 2.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 37.9% ᠨᠡᠮᠡᠭᠳᠡᠪᠡ᠂ ᠬᠤᠲᠠ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠭᠠᠶᠢᠯᠢ ᠶᠢ 1.63 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ  ᠠᠴᠠ 26.8% ᠪᠠᠭᠤᠷᠠᠪᠠ︔ ᠭᠡᠷ ᠭᠠᠵᠠᠷ ᠬᠥᠷᠥᠩᠭᠡ ᠶᠢᠨ ᠭᠠᠶᠢᠯᠢ ᠶᠢ 1.32 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 20.8% ᠪᠠᠭᠤᠷᠠᠪᠠ᠂ ᠲᠡᠮᠳᠡᠭᠲᠦ ᠶᠢᠨ ᠭᠠᠶᠢᠯᠢ ᠶᠢ 0.53 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 19.5% ᠪᠠᠭᠤᠷᠠᠪᠠ᠂ ᠬᠤᠲᠠ ᠪᠠᠯᠭᠠᠰᠤᠨ ᠤ ᠭᠠᠵᠠᠷ ᠰᠢᠷᠣᠢ ᠬᠡᠷᠡᠭᠯᠡᠬᠦ ᠭᠠᠶᠢᠯᠢ ᠶᠢ 2.82 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2.8% ᠨᠡᠮᠡᠭᠳᠡᠪᠡ᠂ ᠭᠠᠵᠠᠷ ᠰᠢᠷᠣᠢ ᠶᠢᠨ ᠨᠡᠮᠡᠭᠳᠡᠯ ᠥᠷᠲᠡᠭ ᠤᠨ ᠭᠠᠶᠢᠯᠢ ᠶᠢ 0.08 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 56.9% ᠨᠡᠮᠡᠭᠳᠡᠪᠡ᠂ ᠲᠡᠷᠭᠡ ᠣᠩᠭᠤᠴᠠᠨ ᠤ ᠭᠠᠶᠢᠯᠢ ᠶᠢ 0.23 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.8% ᠨᠡᠮᠡᠭᠳᠡᠪᠡ᠂ ᠲᠠᠷᠢᠶᠠᠨ ᠭᠠᠵᠠᠷ ᠬᠡᠷᠡᠭᠯᠡᠬᠦ ᠭᠠᠶᠢᠯᠢ ᠶᠢ 5.93 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1340.1% ᠨᠡᠮᠡᠭᠳᠡᠪᠡ᠂ ᠭᠡᠷ᠎ᠡ ᠶᠢᠨ ᠭᠠᠶᠢᠯᠢ ᠶᠢ 0.21 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4% ᠪᠠᠭᠤᠷᠠᠪᠠ᠂ ᠤᠷᠴᠢᠨ ᠲᠤᠭᠤᠷᠢᠨ ᠤ ᠬᠠᠮᠠᠭᠠᠯᠠᠯᠲᠠ ᠶᠢᠨ ᠭᠠᠶᠢᠯᠢ ᠶᠢ 0.36 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ  ᠠᠴᠠ 105.1% ᠨᠡᠮᠡᠭᠳᠡᠪᠡ︔ ᠭᠠᠶᠢᠯᠢ ᠶᠢᠨ ᠪᠤᠰᠤ ᠣᠷᠣᠯᠭ᠎ᠠ ᠶᠢ 4 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 33.7% ᠪᠠᠭᠤᠷᠠᠪᠠ᠃      ︵ᠬᠤᠶᠠᠷ︶ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ      ᠡᠩ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠯᠭ᠎ᠠ 3.72 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 17.4% ᠨᠡᠮᠡᠭᠳᠡᠪᠡ᠂ ᠣᠯᠠᠨ ᠨᠡᠶᠢᠲᠡ ᠶᠢᠨ ᠠᠮᠤᠷ ᠲᠦᠪᠰᠢᠨ ᠤ ᠵᠠᠷᠤᠯᠭ᠎ᠠ 1.62 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 26.3% ᠨᠡᠮᠡᠭᠳᠡᠪᠡ᠂ ᠰᠤᠷᠭᠠᠨ ᠬᠥᠮᠥᠵᠢᠯ ᠤᠨ ᠵᠠᠷᠤᠯᠭ᠎ᠠ 6.01 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ  ᠠᠴᠠ 29.6% ᠨᠡᠮᠡᠭᠳᠡᠪᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ 0.18 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 48.7% ᠪᠠᠭᠤᠷᠠᠪᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠪᠣᠯᠣᠨ ᠮᠡᠳᠡᠭᠡ ᠵᠠᠭᠤᠴᠢᠯᠠᠭᠤᠷ ᠤᠨ ᠵᠠᠷᠤᠯᠭ᠎ᠠ 2.12 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 218% ᠨᠡᠮᠡᠭᠳᠡᠪᠡ᠂ ᠨᠡᠶᠢᠭᠡᠮ ᠤᠨ ᠪᠠᠲᠤᠯᠠᠭ᠎ᠠ ᠬᠢᠭᠡᠳ ᠠᠵᠢᠯ ᠣᠯᠭᠤᠯᠲᠠ ᠶᠢᠨ ᠵᠠᠷᠤᠯᠭ᠎ᠠ 3.9 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 7.8% ᠨᠡᠮᠡᠭᠳᠡᠪᠡ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ 2.09 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 58.7% ᠨᠡᠮᠡᠭᠳᠡᠪᠡ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠭᠰᠠᠨ ᠵᠠᠷᠤᠯᠭ᠎ᠠ 2.78 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 36.1% ᠪᠠᠭᠤᠷᠠᠪᠠ᠂ ᠬᠤᠲᠠ ᠬᠥᠳᠡᠭᠡ ᠨᠡᠶᠢᠭᠡᠮ ᠲᠣᠭᠤᠷᠢᠭ ᠤᠨ ᠵᠠᠷᠤᠯᠭ᠎ᠠ 8.33 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 64.7% ᠨᠡᠮᠡᠭᠳᠡᠪᠡ᠂ ᠮᠠᠯ ᠲᠠᠷᠢᠶᠠᠯᠠᠩ ᠣᠢ ᠰᠢᠭᠤᠢ ᠤᠰᠤᠨ ᠠᠰᠢᠭᠯᠠᠯᠲᠠ ᠶᠢᠨ ᠵᠠᠷᠤᠯᠭ᠎ᠠ 6.81 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 28.3% ᠪᠠᠭᠤᠷᠠᠪᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠷᠤᠯᠭ᠎ᠠ 2.11 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 25.5% ᠪᠠᠭᠤᠷᠠᠪᠠ᠂ ᠡᠬᠢ ᠪᠠᠶᠠᠯᠢᠭ ᠤᠨ ᠬᠠᠶᠢᠨ ᠰᠢᠨᠵᠢᠯᠡᠯᠲᠡ ᠮᠡᠳᠡᠭᠡ ᠵᠠᠩᠭᠢ ᠵᠡᠷᠭᠡ ᠶᠢᠨ ᠵᠠᠷᠤᠯᠭ᠎ᠠ 1.62 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 85.1% ᠨᠡᠮᠡᠭᠳᠡᠪᠡ᠂ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠵᠡᠷᠭᠡ ᠶᠢᠨ ᠵᠠᠷᠤᠯᠭ᠎ᠠ 0.15 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 30.1% ᠪᠠᠭᠤᠷᠠᠪᠠ᠂ ᠪᠠᠶᠢᠭᠠᠯᠢ ᠶᠢᠨ ᠡᠬᠢ ᠪᠠᠶᠠᠯᠢᠭ ᠳᠠᠯᠠᠢ ᠲᠠᠩᠬᠢᠰ ᠴᠠᠭ ᠠᠭᠤᠷ ᠵᠡᠷᠭᠡ ᠶᠢᠨ ᠵᠠᠷᠤᠯᠭ᠎ᠠ 0.87 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 12.5% ᠨᠡᠮᠡᠭᠳᠡᠪᠡ᠂ ᠣᠷᠣᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 1 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 19.5% ᠪᠠᠭᠤᠷᠠᠪᠠ᠂ ᠠᠮᠤ ᠪᠤᠳᠠᠭ᠎ᠠ ᠢᠳᠡᠰᠢᠨ ᠲᠣᠰᠣ ᠡᠳ᠋ ᠪᠣᠳᠠᠰ ᠨᠥᠭᠡᠴᠡᠯᠡᠭᠰᠡᠨ ᠵᠠᠷᠤᠯᠭ᠎ᠠ 0.05 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 36.5% ᠪᠠᠭᠤᠷᠠᠪᠠ᠂ ᠭᠠᠮᠰᠢᠭ ᠢ ᠰᠡᠷᠭᠡᠶᠢᠯᠡᠨ ᠵᠠᠰᠠᠬᠤ ᠵᠢᠴᠢ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠠᠷᠤᠯᠭ᠎ᠠ 0.45 ᠳ᠋ᠦᠩᠰᠢᠭᠤᠷ ᠲᠥᠭᠦᠷᠢᠭ ᠬᠦᠷᠴᠦ᠂ ᠪᠤᠰᠤᠳ ᠵᠠᠷᠤᠯᠭ᠎ᠠ 0.24 ᠳ᠋ᠦᠩᠰᠢᠭᠤᠷ ᠲᠥᠭᠦᠷᠢᠭ ᠬᠦᠷᠴᠡᠢ᠂ ᠥᠷᠢ ᠰᠢᠷᠢ ᠶᠢᠨ ᠬᠦᠦ ᠮᠥᠩᠭᠦ ᠶᠢ ᠲᠥᠯᠦᠭᠰᠡᠨ ᠪᠠ ᠲᠡᠮᠲᠡᠭᠲᠦ ᠳᠠᠷᠬᠠᠭᠠᠭᠰᠠᠨ ᠵᠠᠷᠤᠯᠭ᠎ᠠ 1.47 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 15.4% ᠨᠡᠮᠡᠭᠳᠡᠪᠡ᠃      ᠭᠤᠣᠯ ᠵᠠᠷᠤᠯᠭ᠎ᠠ ᠶᠢᠨ ᠲᠠᠯ᠎ᠠ ᠪᠠᠷ᠄ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠤᠨ ᠵᠠᠷᠤᠯᠭ᠎ᠠ 0.9 ᠳ᠋ᠦᠩᠰᠢᠭᠤᠷ ᠲᠥᠭᠦᠷᠢᠭ᠂ ᠬᠦᠨᠳᠦ ᠶᠡᠭᠡ ᠳᠦᠭᠰᠢᠭᠦᠷᠢ ᠶᠢ ᠰᠡᠷᠭᠡᠶᠢᠯᠡᠨ ᠨᠠᠮᠳᠠᠭᠠᠭᠰᠠᠨ ᠵᠠᠷᠤᠯᠭ᠎ᠠ 4.25 ᠳ᠋ᠦᠩᠰᠢᠭᠤᠷ ᠲᠥᠭᠦᠷᠢᠭ᠂ ᠪᠤᠬᠢᠷᠳᠤᠯ ᠢ ᠰᠡᠷᠭᠡᠶᠢᠯᠡᠨ ᠵᠠᠰᠠᠭᠰᠠᠨ ᠵᠠᠷᠤᠯᠭ᠎ᠠ 1.58 ᠳ᠋ᠦᠩᠰᠢᠭᠤᠷ ᠲᠥᠭᠦᠷᠢᠭ ᠬᠦᠷᠴᠡᠢ᠃      ᠬᠤᠶᠠᠷ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠲᠥᠰᠥᠪ ᠤᠨ ᠣᠷᠣᠯᠭ᠎ᠠ ᠵᠠᠷᠤᠯᠭ᠎ᠠ ᠶᠢ ᠬᠡᠷᠡᠭᠵᠢᠭᠦᠯᠦᠭᠰᠡᠨ ᠪᠠᠶᠢᠳᠠᠯ      ᠪᠥᠬᠦ ᠬᠤᠰᠢᠭᠤᠨ ᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠣᠷᠣᠯᠭ᠎ᠠ ᠶᠢ 1.91 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 13.7% ᠨᠡᠮᠡᠭᠳᠡᠪᠡ᠂ ᠳᠡᠭᠡᠳᠦ ᠱᠠᠲᠤᠨ ᠠᠴᠠ ᠪᠠᠭᠤᠯᠭᠠᠭᠰᠠᠨ ᠨᠥᠬᠦᠪᠥᠷᠢ ᠶᠢᠨ ᠤᠷᠤᠯᠭ᠎ᠠ 0.08 ᠳ᠋ᠦᠩᠰᠢᠭᠤᠷ ᠲᠥᠭᠦᠷᠢᠭ᠂ ᠥᠷᠢ ᠶᠢ ᠵᠢᠭᠡᠯᠡᠯᠭᠡ  ᠶᠢᠨ ᠲᠡᠮᠲᠡᠭᠲᠦ ᠪᠠᠷ ᠰᠤᠯᠢᠭᠰᠠᠨ ᠳᠤᠰᠬᠠᠢ ᠵᠢᠭᠡᠯᠡᠯᠭᠡ ᠶᠢᠨ ᠲᠡᠮᠲᠡᠭᠲᠦ ᠶᠢᠨ ᠲᠦᠷᠦᠭᠦᠦ ᠵᠢᠯ ᠤᠨ ᠦᠯᠡᠳᠡᠪᠦᠷᠢ ᠮᠥᠩᠭᠦ 0.02 ᠳ᠋ᠦᠩᠰᠢᠭᠤᠷ ᠲᠥᠭᠦᠷᠢᠭ᠂ ᠲᠦᠷᠦᠭᠦᠦ ᠵᠢᠯ ᠤᠨ ᠦᠯᠡᠳᠡᠪᠦᠷᠢ 1.78 ᠳ᠋ᠦᠩᠰᠢᠭᠤᠷ ᠲᠥᠭᠦᠷᠢᠭ᠂ ᠥᠷᠢ ᠰᠢᠷᠢ ᠶᠢ ᠵᠢᠭᠡᠯᠡᠯᠭᠡ ᠪᠤᠯᠭᠠᠨ ᠬᠤᠪᠢᠷᠠᠭᠠᠭᠰᠠᠨ ᠤᠷᠤᠯᠭ᠎ᠠ 2.2 ᠳ᠋ᠦᠩᠰᠢᠭᠤᠷ ᠲᠥᠭᠦᠷᠢᠭ᠂ ᠶᠡᠷᠦᠩᠬᠡᠢ ᠤᠷᠤᠯᠭ᠎ᠠ 5.99 ᠳ᠋ᠦᠩᠰᠢᠭᠤᠷ ᠲᠥᠭᠦᠷᠢᠭ ᠬᠦᠷᠴᠡᠢ︔ ᠪᠥᠬᠦ ᠬᠤᠰᠢᠭᠤᠨ ᠤ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠥᠩᠭᠦᠨ ᠤ ᠵᠠᠷᠤᠯᠭ᠎ᠠ 5.13 ᠳ᠋ᠦᠩᠰᠢᠭᠤᠷ ᠲᠥᠭᠦᠷᠢᠭ ᠢ ᠪᠡᠶᠡᠯᠡᠭᠦᠯᠦᠨ᠂ ᠠᠳᠠᠯᠢ ᠬᠤᠭᠤᠴᠠᠭᠠᠨ ᠤ ᠬᠢ  ᠠᠴᠠ 211.4% ᠨᠡᠮᠡᠭᠳᠡᠪᠡ᠂ ᠥᠷᠢ ᠰᠢᠷᠢ ᠶᠢᠨ ᠡᠬᠡ ᠮᠥᠩᠭᠦ ᠶᠢ ᠨᠢ ᠲᠥᠯᠥᠭᠰᠡᠨ ᠵᠠᠷᠤᠯᠭ᠎ᠠ 0.02 ᠳ᠋ᠦᠩᠰᠢᠭᠤᠷ ᠲᠥᠭᠦᠷᠢᠭ᠂ ᠶᠡᠷᠦᠩᠬᠡᠢ ᠵᠠᠷᠤᠯᠭ᠎ᠠ 5.15 ᠳ᠋ᠦᠩᠰᠢᠭᠤᠷ ᠲᠥᠭᠦᠷᠢᠭ ᠬᠦᠷᠴᠡᠢ᠃ ᠤᠷᠤᠯᠭ᠎ᠠ ᠵᠠᠷᠤᠯᠭ᠎ᠠ  ᠶᠢ ᠲᠡᠩᠴᠡᠭᠦᠯᠪᠡᠯ᠂ ᠵᠢᠯ ᠤᠨ ᠡᠴᠦᠰ ᠤᠨ ᠦᠯᠡᠳᠡᠪᠦᠷᠢ ᠨᠢ 0.84 ᠳ᠋ᠦᠩᠰᠢᠭᠤᠷ ᠲᠥᠭᠦᠷᠢᠭ ᠪᠤᠯᠤᠨ᠎ᠠ᠃      ᠭᠤᠷᠪᠠ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠥᠪ ᠤᠨ ᠣᠷᠣᠯᠭ᠎ᠠ ᠵᠠᠷᠤᠯᠭ᠎ᠠ ᠶᠢ ᠭᠦᠢᠴᠡᠳᠬᠡᠭᠰᠡᠨ ᠪᠠᠶᠢᠳᠠᠯ      2019 ᠣᠨ ᠤ ᠨᠡᠶᠢᠬᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠤᠷᠤᠯᠭ᠎ᠠ 11.96 ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠂ ᠡᠭᠦᠨ ᠳᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ  ᠤᠨ ᠳᠠᠭᠠᠳᠬᠠᠯ ᠤᠨ ᠰᠠᠭᠤᠷᠢ ᠮᠥᠩᠭᠦᠨ ᠤ ᠤᠷᠤᠯᠭ᠎ᠠ 4.72 ᠳ᠋ᠦᠩᠰᠢᠭᠤᠷ ᠲᠥᠭᠦᠷᠢᠭ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦᠨ ᠤ ᠣᠷᠣᠯᠭ᠎ᠠ 0.79 ᠳ᠋ᠦᠩᠰᠢᠭᠤᠷ ᠲᠥᠭᠦᠷᠢᠭ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠳᠠᠭᠠᠳᠬᠠᠯ ᠤᠨ ᠤᠷᠤᠯᠭ᠎ᠠ 2.76 ᠳ᠋ᠦᠩᠰᠢᠭᠤᠷ ᠲᠥᠭᠦᠷᠢᠭ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦᠨ ᠤ ᠤᠷᠤᠯᠭ᠎ᠠ 2.18 ᠳ᠋ᠦᠩᠰᠢᠭᠤᠷ ᠲᠥᠭᠦᠷᠢᠭ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦᠨ ᠤ ᠤᠷᠤᠯᠭ᠎ᠠ 0.87 ᠳ᠋ᠦᠩᠰᠢᠭᠤᠷ ᠲᠥᠭᠦᠷᠢᠭ᠂ ᠠᠵᠢᠯ ᠤᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦᠨ ᠤ ᠤᠷᠤᠯᠭ᠎ᠠ 0.18 ᠳ᠋ᠦᠩᠰᠢᠭᠤᠷ ᠲᠥᠭᠦᠷᠢᠭ᠂ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦᠨ ᠤ ᠤᠷᠤᠯᠭ᠎ᠠ 0.21 ᠳ᠋ᠦᠩᠰᠢᠭᠤᠷ ᠲᠥᠭᠦᠷᠢᠭ᠂ ᠬᠥᠩᠭᠡᠵᠢᠯ ᠤᠨ ᠳᠠᠭᠠᠳᠬᠠᠯ ᠤᠨ ᠰᠠᠭᠤᠷᠢ ᠮᠥᠩᠭᠦᠨ ᠤ ᠤᠷᠤᠯᠭ᠎ᠠ 0.25 ᠳ᠋ᠦᠩᠰᠢᠭᠤᠷ ᠲᠥᠭᠦᠷᠢᠭ︔ 2019 ᠣᠨ ᠤ ᠨᠡᠶᠢᠬᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠵᠠᠷᠤᠯᠭ᠎ᠠ 7.21 ᠳ᠋ᠦᠩᠰᠢᠭᠤᠷ ᠲᠥᠭᠦᠷᠢᠭ᠂ ᠡᠭᠦᠨ ᠳᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦᠨ ᠤ ᠵᠠᠷᠤᠯᠭ᠎ᠠ 2.65 ᠳ᠋ᠦᠩᠰᠢᠭᠤᠷ ᠲᠥᠭᠦᠷᠢᠭ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦᠨ ᠤ ᠵᠠᠷᠤᠯᠭ᠎ᠠ 0.71 ᠳ᠋ᠦᠩᠰᠢᠭᠤᠷ ᠲᠥᠭᠦᠷᠢᠭ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠳᠠᠭᠠᠳᠬᠠᠯ ᠤᠨ ᠵᠠᠷᠤᠯᠭ᠎ᠠ 1.5 ᠳ᠋ᠦᠩᠰᠢᠭᠤᠷ ᠲᠥᠭᠦᠷᠢᠭ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦᠨ ᠤ ᠵᠠᠷᠤᠯᠭ᠎ᠠ 1.36 ᠳ᠋ᠦᠩᠰᠢᠭᠤᠷ ᠲᠥᠭᠦᠷᠢᠭ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦᠨ ᠤ ᠵᠠᠷᠤᠯᠭ᠎ᠠ 0.56 ᠳ᠋ᠦᠩᠰᠢᠭᠤᠷ ᠲᠥᠭᠦᠷᠢᠭ᠂ ᠠᠵᠢᠯ ᠤᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦᠨ ᠤ ᠵᠠᠷᠤᠯᠭ᠎ᠠ 0.25 ᠳ᠋ᠦᠩᠰᠢᠭᠤᠷ ᠲᠥᠭᠦᠷᠢᠭ᠂ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦᠨ ᠤ ᠵᠠᠷᠤᠯᠭ᠎ᠠ 0.07 ᠳ᠋ᠦᠩᠰᠢᠭᠤᠷ ᠲᠥᠭᠦᠷᠢᠭ᠂ ᠬᠥᠩᠭᠡᠵᠢᠯ ᠤᠨ ᠳᠠᠭᠠᠳᠬᠠᠯ ᠤᠨ ᠰᠠᠭᠤᠷᠢ ᠮᠥᠩᠭᠦᠨ ᠤ ᠵᠠᠷᠤᠯᠭ᠎ᠠ 0.11 ᠳ᠋ᠦᠩᠰᠢᠭᠤᠷ ᠲᠥᠭᠦᠷᠢᠭ ᠪᠤᠢ︔ 2019 ᠣᠨ ᠤ ᠨᠡᠶᠢᠬᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠵᠢᠯ  ᠤᠨ ᠡᠴᠦᠰ ᠤᠨ ᠤᠷᠤᠯᠭ᠎ᠠ ᠵᠠᠷᠤᠯᠭ᠎ᠠ ᠶᠢᠨ ᠦᠯᠡᠳᠡᠪᠦᠷᠢ 4.75 ᠳ᠋ᠦᠩᠰᠢᠭᠤᠷ ᠲᠥᠭᠦᠷᠢᠭ ᠬᠦᠷᠴᠦ᠂ ᠲᠦᠷᠦᠭᠦᠦ ᠵᠢᠯ ᠤᠨ ᠦᠯᠡᠳᠡᠪᠦᠷᠢ ᠶᠢᠨ ᠳ᠋ᠦᠩ 30.08 ᠳ᠋ᠦᠩᠰᠢᠭᠤᠷ ᠲᠥᠭᠦᠷᠢᠭ ᠪᠤᠯᠤᠨ᠎ᠠ᠃
 
ᠢᠷᠡᠯᠲᠡ᠄ ᠣᠲᠤᠭ ᠬᠤᠰᠢᠭᠤᠨ ᠤ ᠡᠳ᠋ ᠤᠨ ᠵᠠᠰᠠᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号