ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠵᠠᠯᠭᠠᠭ᠎ᠠ ᠪᠠᠷ ᠰᠤᠷᠭᠠᠭᠤᠯᠢ ᠡᠬᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2020-05-20
     ᠣᠯᠠᠨ ᠰᠠᠯᠠᠭ᠎ᠠ ᠮᠥᠴᠢᠷ ᠬᠠᠮᠲᠤᠷᠠᠨ ᠰᠤᠷᠭᠠᠭᠤᠯᠢ ᠡᠬᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠰᠣᠷᠢᠯᠲᠠ ᠬᠢᠵᠦ᠂ ᠨᠢᠰᠬᠡᠯ ᠤᠨ ᠪᠠᠭᠤᠳᠠᠯ᠂ ᠲᠡᠷᠭᠡᠨ ᠥᠷᠲᠡᠭᠡᠨ ᠳᠤ ᠰᠤᠷᠤᠭᠴᠢ ᠳᠤᠰᠬᠤ ᠳᠤᠰᠬᠠᠢ ᠴᠡᠭ ᠭᠠᠷᠭᠠᠨ ᠳᠤᠰᠬᠤ᠂ ᠰᠤᠷᠤᠭᠴᠢᠳ ᠰᠤᠷᠭᠠᠭᠤᠯᠢ ᠳᠤ ᠣᠷᠣᠬᠤ ᠳᠤ ᠪᠡᠶ᠎ᠠ ᠶᠢᠨ ᠳᠤᠯᠠᠭᠠᠨ ᠢ ᠬᠡᠮᠵᠢᠬᠦ᠂ ᠡᠷᠡᠭᠦᠯ ᠮᠡᠨᠳᠦ ᠶᠢᠨ ᠺᠤᠳ᠋ ᠢ ᠬᠢᠨᠠᠨ ᠰᠢᠯᠭᠠᠬᠤ᠂ ᠪᠣᠭᠤᠳᠠᠯ ᠪᠠᠭᠯᠠᠭ᠎ᠠ ᠶᠢ ᠠᠷᠢᠭᠤᠳᠬᠠᠬᠤ ᠵᠡᠷᠭᠡ ᠠᠴᠠ ᠭᠠᠳᠠᠨ᠎ᠠ ᠪᠠᠰᠠ ᠠᠵᠢᠯᠲᠠᠨ ᠤ ᠵᠢᠯᠣᠭᠤᠳᠣᠯᠭ᠎ᠠ ᠳᠣᠤᠷ᠎ᠠ ᠭᠠᠷ ᠢᠶᠠᠨ ᠠᠷᠢᠭᠤᠳᠬᠠᠬᠤ ᠶᠢᠨ ᠬᠠᠮᠲᠤ ᠰᠢᠨ᠎ᠡ ᠠᠮᠠᠪᠴᠢ ᠰᠤᠯᠢᠨ᠎ᠠ ᠁      ᠤᠢᠢᠷ᠎ᠠ ᠶᠢᠨ ᠡᠳᠦᠷ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠤᠷᠭᠠᠭᠤᠯᠢ ᠡᠬᠢᠯᠡᠬᠦ ᠬᠢᠴᠢᠶᠡᠯ ᠰᠡᠷᠭᠦᠭᠡᠬᠦ ᠠᠵᠢᠯ ᠤᠨ ᠪᠠᠶᠢᠷᠢᠯᠠᠭᠤᠯᠤᠯᠲᠠ ᠪᠠᠷ᠂ ᠮᠠᠨ ᠤ ᠣᠷᠣᠨ ᠤ ᠡᠯ᠎ᠡ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠣᠲᠣ ᠶᠠᠭ ᠣᠷᠣᠨ ᠪᠦᠰᠡ᠂ ᠠᠩᠭᠢ ᠨᠢᠬᠡᠴᠢ᠂ ᠰᠤᠷᠭᠠᠭᠤᠯᠢ ᠶᠢᠨ ᠲᠣᠭᠤᠷᠢᠭ ᠬᠤᠪᠢᠶᠠᠨ ᠡᠮᠬᠢ ᠵᠢᠷᠤᠮ ᠲᠠᠢ ᠰᠤᠷᠭᠠᠭᠤᠯᠢ ᠳᠠᠭᠠᠨ ᠪᠤᠴᠠᠵᠤ ᠬᠢᠴᠢᠶᠡᠯ ᠢᠶᠠᠨ ᠡᠬᠢᠯᠡᠬᠦᠯᠵᠦ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠪᠣᠯᠤᠨ ᠰᠤᠷᠭᠠᠨ ᠬᠥᠮᠦᠵᠢᠯ ᠤᠨ ᠲᠢᠩᠬᠢᠮ ᠤᠨ ᠱᠠᠭᠠᠷᠳᠠᠯᠭ᠎ᠠ ᠶᠣᠰᠣᠭᠠᠷ᠂ ᠪᠥᠬᠦ ᠣᠷᠣᠨ ᠤ ᠡᠯ᠎ᠡ ᠳᠡᠭᠡᠳᠦ ᠰᠤᠷᠭᠠᠭᠤᠯᠢ 5 ᠰᠠᠷ᠎ᠠ ᠶᠢᠨ 7 ᠤ ᠡᠳᠦᠷ ᠠᠴᠠ ᠡᠬᠢᠯᠡᠨ᠂ ᠦᠨᠡᠯᠡᠨ ᠵᠢᠱᠢᠯᠲᠡ ᠪᠠᠷ ᠳᠡᠮᠵᠢᠨ ᠰᠤᠷᠭᠠᠭᠤᠯᠢ ᠡᠬᠢᠯᠡᠬᠦ ᠪᠠ ᠬᠢᠴᠢᠶᠡᠯ ᠰᠡᠷᠭᠦᠭᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠷᠢᠮᠵᠢᠶ᠎ᠠ ᠳᠤ ᠬᠦᠷᠦᠭᠰᠡᠨ ᠤ ᠳᠠᠷᠠᠭ᠎ᠠ ᠪᠦᠯᠦᠭ ᠪᠦᠯᠦᠭ ᠢᠶᠠᠷ ᠴᠠᠭ ᠵᠦᠷᠢᠬᠦᠯᠡᠨ ᠰᠤᠷᠭᠠᠭᠤᠯᠢ ᠡᠬᠢᠯᠡᠬᠦ ᠪᠠᠷ ᠪᠤᠯᠵᠠᠢ᠃ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠢᠨ ᠲᠦᠷᠭᠡᠨ ᠬᠥᠳᠡᠯᠦᠯᠴᠡᠵᠦ᠂ ᠳᠣᠲᠣᠭᠠᠳᠤ ᠶᠢ ᠬᠠᠮᠠᠭᠠᠯᠠᠬᠤ᠂ ᠨᠡᠶᠢᠭᠡᠮ ᠲᠣᠭᠤᠷᠢᠭ᠂ ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠥᠴᠢᠷ ᠲᠠᠢ ᠬᠠᠮᠲᠤ ᠪᠠᠷ ᠴᠠᠭ ᠲᠤᠬᠠᠶ ᠳᠤᠨᠢ ᠣᠯᠠᠨ ᠤᠳᠠᠭ᠎ᠠ ᠰᠤᠷᠭᠠᠭᠤᠯᠢ ᠡᠬᠢᠯᠡᠬᠦ ᠰᠣᠷᠢᠯᠲᠠ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠤᠷᠭᠠᠭᠤᠯᠢ ᠡᠬᠢᠯᠡᠬᠦ ᠡᠯ᠎ᠡ ᠵᠦᠢᠯ ᠤᠨ ᠪᠡᠯᠡᠳᠬᠡᠯ ᠠᠵᠢᠯ ᠤᠨ ᠶᠠᠪᠤᠴᠠ ᠪᠠ ᠲᠥᠰᠦᠯ ᠳᠤ ᠳᠠᠬᠢᠨ ᠳᠠᠪᠲᠠᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠭᠰᠡᠨ ᠪᠠᠶᠢᠨ᠎ᠠ᠃ ᠡᠯ᠎ᠡ ᠠᠶᠢᠮᠠᠭ ᠬᠤᠲᠠ ᠪᠣᠯᠤᠨ ᠬᠤᠯᠪᠣᠭᠳᠠᠯ ᠪᠦᠬᠦᠢ ᠲᠢᠩᠬᠢᠮ ᠲᠣᠪᠴᠢᠶ᠎ᠠ ᠴᠠᠭ ᠲᠤᠬᠠᠶ ᠳᠤᠨᠢ ᠡᠯ᠎ᠡ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠬᠢᠯᠡᠬᠦ ᠬᠢᠴᠢᠶᠡᠯ ᠰᠡᠷᠭᠦᠭᠡᠬᠦ ᠨᠥᠬᠦᠴᠡᠯ ᠢ ᠦᠨᠡᠯᠡᠨ ᠵᠢᠱᠢᠵᠦ᠂ 5 ᠰᠠᠷ᠎ᠠ ᠶᠢᠨ 14 ᠤ ᠡᠳᠦᠷ ᠪᠣᠯᠲᠠᠯ᠎ᠠ ᠪᠥᠬᠦ ᠣᠷᠣᠨ ᠤ 57 ᠶᠡᠭᠡ ᠳᠡᠭᠡᠳᠦ ᠰᠤᠷᠭᠠᠭᠤᠯᠢ ᠶᠢᠨ 18 ᠰᠤᠷᠭᠠᠭᠤᠯᠢ ᠰᠤᠷᠤᠭᠴᠢᠳ ᠤᠨ ᠰᠤᠷᠭᠠᠭᠤᠯᠢ ᠳᠠᠭᠠᠨ ᠪᠤᠴᠠᠬᠤ ᠴᠠᠭ ᠢ ᠨᠡᠶᠢᠲᠡᠯᠡᠵᠦ᠂ 2.13 ᠲᠦᠮᠡᠨ ᠰᠣᠷᠣᠭᠴᠢ ᠳᠤ ᠬᠤᠯᠪᠣᠭᠳᠠᠭᠰᠠᠨ ᠪᠠᠶᠢᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠡᠯ᠎ᠡ ᠶᠡᠭᠡ ᠳᠡᠭᠡᠳᠦ ᠰᠤᠷᠭᠠᠭᠤᠯᠢ ᠪᠣᠯᠤᠨ ᠪᠦᠬᠡᠮ ᠬᠦᠴᠢᠯ ᠤᠨ ᠪᠠᠶᠢᠴᠠᠭᠠᠨ ᠬᠡᠮᠵᠢᠬᠦ ᠪᠠᠶᠢᠭᠤᠯᠤᠮᠵᠢ ᠲᠠᠢ ᠬᠠᠷᠢᠯᠴᠠᠬᠤ ᠲᠣᠭᠲᠠᠴᠠ ᠪᠠᠶᠢᠭᠤᠯᠬᠤ ᠶᠢ ᠠᠬᠢᠭᠤᠯᠵᠤ ᠂ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠤᠨ ᠪᠠᠶᠢᠴᠠᠭᠠᠨ ᠰᠢᠯᠭᠠᠵᠤ᠂ ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠬᠤ ᠶᠢ ᠦᠨᠡᠨ ᠬᠦ ᠪᠠᠳᠤᠯᠠᠬᠤ ᠪᠤᠯᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠪᠠᠰᠠ ᠡᠯ᠎ᠡ ᠶᠠᠬ ᠶᠡᠭᠡ ᠳᠡᠭᠡᠳᠦ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠶᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ ᠪᠤᠢ᠃      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ ᠤ ᠡᠯ᠎ᠡ ᠶᠡᠭᠡ ᠳᠡᠭᠡᠳᠦ ᠰᠤᠷᠭᠠᠭᠤᠯᠢ ᠬᠢᠴᠢᠶᠡᠯ ᠡᠬᠢᠯᠡᠭᠰᠡᠨ ᠤ ᠳᠠᠷᠠᠭ᠎ᠠ᠂ ᠡᠷᠬᠡᠪᠰᠢ 1 ᠬᠢᠴᠢᠶᠡᠯ ᠤᠨ ᠴᠠᠭ ᠠᠴᠠ ᠳᠡᠬᠡᠭᠰᠢ ᠡᠷᠡᠭᠦᠯ ᠮᠡᠨᠳᠦ ᠶᠢᠨ ᠬᠥᠮᠦᠵᠢᠯ ᠪᠣᠯᠪᠠᠰᠤᠷᠠᠯ ᠢ ᠥᠷᠭᠡᠨ ᠳᠡᠯᠭᠡᠷ ᠥᠷᠨᠢᠭᠦᠯᠵᠦ᠂ ᠪᠠᠭᠰᠢ ᠰᠤᠷᠤᠭᠴᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠵᠢᠯᠤᠭᠤᠳᠬᠤ ᠶᠢ ᠳᠡᠬᠡᠳᠤ ᠬᠡᠮᠵᠢᠶ᠎ᠡ ᠪᠠᠷ ᠴᠢᠬᠤᠯᠠᠴᠢᠯᠠᠵᠤ᠂ ᠰᠤᠷᠭᠠᠭᠤᠯᠢ ᠡᠬᠢᠯᠡᠬᠦ ᠠᠮᠤᠷ ᠲᠦᠪᠰᠢᠨ ᠤ ᠠᠩᠬᠠᠨ ᠤ ᠬᠢᠴᠢᠶᠡᠯ ᠢ ᠰᠠᠶᠢᠳᠤᠷ ᠤᠷᠤᠬᠤ ᠬᠡᠷᠡᠭᠳᠡᠢ︔ ᠵᠢᠭᠠᠨ ᠰᠤᠷᠭᠠᠯᠳᠠ ᠡᠷᠳᠡᠮ ᠰᠢᠨᠵᠢᠯᠡᠭᠡᠨ ᠤ ᠲᠥᠯᠥᠪᠯᠡᠭᠡ ᠪᠠᠨ ᠴᠠᠭ ᠲᠤᠬᠠᠶ ᠳᠤᠨᠢ ᠲᠣᠬᠢᠷᠠᠭᠤᠯᠵᠤ᠂ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠪᠠ ᠰᠦᠯᠵᠢᠶᠡᠨ ᠤ ᠭᠠᠳᠠᠨᠠᠬᠢ ᠵᠢᠭᠠᠨ ᠰᠤᠷᠭᠠᠯᠲᠠ ᠶᠢ ᠪᠦᠲᠦᠮᠵᠢᠲᠡᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢᠨ ᠬᠤᠭᠤᠴᠠᠭᠠᠨ ᠳᠤ ᠰᠦᠯᠵᠢᠶᠡᠨ ᠤ ᠰᠢᠯᠲᠠᠭᠠᠨ ᠵᠡᠷᠭᠡ ᠠᠴᠠ ᠪᠣᠯᠵᠤ ᠵᠢᠭᠠᠨ ᠰᠤᠷᠭᠠᠯᠲᠠ ᠶᠢᠨ ᠶᠠᠰᠤ ᠴᠢᠨᠠᠷ ᠪᠠ ᠦᠷ᠎ᠡ ᠪᠦᠲᠦᠮᠵᠢ ᠨᠢ ᠮᠠᠭᠤ ᠪᠠᠶᠢᠪᠠᠯ ᠬᠠᠨᠳᠤᠯᠭᠠᠲᠤ ᠴᠢᠨᠠᠷ ᠲᠠᠢ ᠪᠠᠷ ᠬᠠᠪᠰᠤᠷᠤᠨ ᠵᠢᠯᠣᠭᠤᠳᠬᠤ ᠶᠢ ᠰᠠᠶᠢᠲᠤᠷ ᠬᠢᠵᠦ᠂ ᠵᠢᠭᠠᠨ ᠰᠤᠷᠭᠠᠬᠤ ᠶᠠᠰᠤ ᠴᠢᠨᠠᠷ ᠢ ᠪᠠᠲᠤᠯᠠᠬᠤ ᠬᠡᠷᠡᠭᠲᠡᠶ︔ ᠬᠢᠵᠢᠭ ᠤᠨ ᠬᠤᠭᠤᠴᠠᠭᠠᠨ ᠳᠤ ᠡᠯ᠎ᠡ ᠶᠡᠭᠡ ᠳᠡᠬᠡᠳᠤ ᠰᠤᠷᠭᠠᠭᠤᠯᠢ ᠨᠤᠭᠤᠳ ᠰᠤᠷᠭᠠᠭᠤᠯᠢ ᠶᠢᠨ ᠬᠦᠷᠢᠶ᠎ᠡ ᠶᠢ ᠪᠢᠲᠡᠭᠦᠮᠵᠢᠯᠡᠨ ᠬᠠᠮᠢᠶᠠᠷᠴᠤ᠂ ᠬᠤᠭᠤᠯᠠᠨ ᠭᠡᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ ᠂ ᠴᠠᠭ ᠵᠦᠷᠢᠬᠦᠯᠡᠨ ᠬᠤᠭᠤᠯᠠ ᠢᠳᠡᠬᠦᠯᠵᠦ᠂ ᠬᠠᠮᠲᠤ ᠬᠤᠭᠤᠯᠠᠯᠠᠬᠤ᠂ ᠴᠤᠭᠯᠠᠭᠠᠨ ᠬᠢᠬᠦ ᠶᠢ ᠴᠢᠩᠭ᠎ᠠ ᠴᠠᠭᠠᠵᠠᠯᠠᠬᠤ ᠬᠡᠷᠡᠭᠳᠡᠢ ᠬᠡᠵᠦ ᠱᠠᠭᠠᠷᠳᠠᠪᠠ᠃      ᠡᠭᠦᠨ ᠤ ᠬᠠᠮᠲᠤ᠂ ᠡᠯ᠎ᠡ ᠶᠡᠭᠡ ᠳᠡᠭᠡᠳᠦ ᠰᠤᠷᠭᠠᠭᠤᠯᠢ ᠨᠤᠭᠤᠳ ᠲᠡᠭᠦᠰᠬᠦ ᠰᠤᠷᠤᠭᠴᠢᠳ ᠤᠨ ᠳᠠᠳᠤᠯᠭ᠎ᠠ ᠪᠣᠯᠪᠠᠰᠤᠷᠠᠯ᠂ ᠦᠶ᠋ᠯᠡᠳᠦᠯᠭᠡ ᠶᠢᠨ ᠵᠢᠭᠠᠨ ᠰᠤᠷᠭᠠᠯᠲᠠ ᠪᠠ ᠲᠡᠭᠦᠰᠬᠦ ᠵᠢᠷᠤᠭ ᠲᠥᠯᠥᠪᠯᠡᠭᠡ ︵ᠥᠭᠦᠯᠡᠯ︶᠂ ᠰᠤᠷᠭᠠᠭᠤᠯᠢ ᠶᠢᠨ ᠬᠠᠷᠢᠶ᠎ᠠ ᠶᠢᠨ ᠬᠠᠮᠢᠶᠠᠷᠤᠯᠲᠠ ᠪᠠ ᠲᠡᠭᠦᠰᠬᠦ ᠠᠵᠢᠯ ᠢ ᠵᠦᠶ ᠵᠣᠬᠢᠰᠲᠠᠶ ᠲᠣᠬᠢᠷᠠᠭᠤᠯᠵᠤ᠂ ᠰᠤᠷᠤᠭᠴᠢᠳ ᠬᠢᠵᠢᠭ ᠤᠨ ᠪᠠᠶᠢᠳᠠᠯ ᠤᠨ ᠰᠢᠯᠲᠠᠭᠠᠨ ᠠᠴᠠ ᠪᠣᠯᠵᠤ ᠴᠠᠭ ᠲᠤᠨᠢ ᠳᠠᠩᠰᠠᠯᠠᠭᠤᠯᠵᠤ ᠳᠡᠶᠢᠯᠬᠦ ᠦᠭᠡᠶ ᠪᠤᠶᠤ ᠬᠤᠭᠤᠴᠠᠭ᠎ᠠ ᠶᠣᠰᠣᠭᠠᠷ ᠲᠡᠭᠦᠰᠴᠦ ᠳᠡᠶᠢᠯᠬᠦ ᠦᠭᠡᠶ ᠪᠣᠯ᠂ ᠰᠤᠷᠤᠯᠴᠠᠬᠤ ᠴᠠᠭ ᠢ ᠵᠣᠬᠢᠰᠲᠠᠶ ᠤᠷᠲᠤᠳᠬᠠᠬᠤ ᠬᠡᠷᠡᠭᠲᠡᠶ᠂ ᠦᠢᠯᠡᠳᠦᠯᠭᠡ ᠶᠢᠨ ᠵᠢᠭᠠᠨ ᠰᠤᠷᠭᠠᠯᠲᠠ ᠬᠢᠬᠦ ᠴᠢᠬᠤᠯᠠ ᠦᠭᠡᠢ ᠲᠡᠭᠦᠰᠬᠦ ᠰᠤᠷᠤᠭᠴᠢᠳ ᠰᠦᠯᠵᠢᠶᠡᠨ ᠳᠡᠬᠡᠷ᠎ᠡ ᠳᠡᠬᠦᠰᠬᠦ ᠦᠬᠦᠯᠡᠯ ᠢᠶᠠᠨ ᠳᠤᠰᠢᠶᠠᠬᠤ ᠪᠠ ᠨᠣᠮ ᠬᠠᠶᠠᠯᠴᠠᠵᠤ ᠪᠣᠯᠤᠨ᠎ᠠ᠃  
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号