2020 ᠣᠨ ᠤ ᠵᠠᠰᠠᠭ   ᠤᠨ  ᠣᠷᠳᠣᠨ   ᠤ  ᠠᠵᠢᠯ   ᠤᠨ  ᠢᠯᠡᠳᠭᠡᠯ
ᠨᠡᠶᠢᠲᠡᠯᠡᠭᠰᠡᠨ ᠴᠠᠭ᠄
2020/5/20
ᠬᠤᠰᠢᠭᠤᠨ ᠤ ᠠᠷᠪᠡᠨ ᠳᠣᠯᠣᠳᠤᠭᠠᠷ ᠬᠤᠭᠤᠴᠡᠭᠠᠨ ᠤ ᠠᠷᠡᠳ ᠤᠨ ᠲᠦᠯᠣᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠡᠯᠳᠣᠭᠠᠨ ᠤ ᠪᠢᠴᠢᠭ ᠮᠡᠲ᠋ᠧᠷᠢᠶᠡᠯ ︵ᠠᠷᠪᠠᠨ ᠨᠠᠢᠮᠠ︶           ᠵᠠᠰᠠᠭ    ᠤᠨ   ᠣᠷᠳᠣᠨ   ᠤ   ᠠᠵᠢᠯ    ᠤᠨ   ᠢᠯᠡᠳᠭᠡᠯ                      — 2020 ᠣᠨ ᠤ 5 ᠳ᠋ᠤᠭᠠᠷ ᠰᠠᠷ᠎ᠠ ᠶᠢᠨ 19 ᠤ ᠡᠳᠣᠷ ᠤᠨ ᠣᠳᠤᠭ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠣᠭᠠᠨ ᠲᠡᠭᠡᠷ᠎ᠡ                     ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠲᠠᠷᠤᠭ᠎ᠠ      ᠸᠠᠩ ᠭᠦᠸᠧ ᠴᠢᠤᠸᠠᠨᠲᠥᠯᠦᠭᠡᠯᠡᠭᠴᠢᠳ ᠡ᠄      ᠤᠳᠤ᠂ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠥᠯᠥᠭᠡᠯᠡᠵᠦ᠂ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠤᠯᠪᠠᠤ᠂ ᠲᠡᠷᠡᠴᠢᠯᠡᠨ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠬᠡᠰᠢᠭᠦᠳ ᠵᠢᠴᠢ ᠬᠤᠷᠠᠯ ᠳᠤ ᠰᠤᠯᠠ ᠤᠷᠤᠯᠴᠠᠵᠤ ᠪᠠᠶᠢᠭ᠎ᠠ ᠨᠥᠬᠦᠳ ᠰᠠᠨᠠᠯ ᠢᠶᠠᠨ ᠳᠤᠷᠠᠳᠬᠤ ᠪᠤᠯᠪᠠᠤ᠃      ᠨᠢᠭᠡ᠂ 2019 ᠣᠨ ᠤ ᠠᠵᠢᠯ ᠤᠨ ᠡᠷᠭᠢᠴᠡᠭᠦᠯᠣᠯ      ᠥᠩᠭᠡᠷᠡᠭᠰᠡᠨ ᠨᠢᠭᠡ ᠵᠢᠯ ᠳᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠵᠢᠴᠢ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠪᠠᠷ ᠪᠢᠳᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠭᠤᠯᠤᠨ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠠᠷᠠᠳ ᠣᠯᠠᠨ ᠲᠠᠢ ᠬᠦᠴᠦ ᠪᠠᠨ ᠬᠠᠮᠲᠤᠳᠬᠠᠵᠤ ᠰᠡᠳᠬᠢᠯ ᠨᠢᠭᠡᠳᠦᠨ ᠂ ᠬᠦᠴᠢᠷ ᠪᠡᠷᠬᠡᠰᠢᠶᠡᠯ ᠢ ᠢᠯᠠᠨ ᠳᠠᠪᠠᠵᠦ᠂ ᠪᠣᠳᠠᠲᠠᠢ ᠶᠢ ᠡᠷᠬᠢᠮᠯᠡᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠦᠬᠦ ᠵᠢᠯ ᠤᠨ ᠠᠵᠦ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠪᠡᠶᠡᠯᠡᠭᠦᠯᠦᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ ᠠᠵᠢᠯ ᠳᠤ ᠴᠢᠬᠤᠯᠠ ᠶᠡᠭᠡ ᠰᠢᠨ᠎ᠡ ᠠᠮᠵᠢᠯᠲᠠ ᠣᠯᠪᠠ᠃      — ᠠᠵᠦ ᠠᠬᠤᠢ ᠶᠢᠨ ᠡᠷᠭᠢᠯᠲᠡ ᠲᠣᠭᠲᠠᠭᠤᠨ ᠤ ᠳᠤᠮᠳᠠ ᠤᠷᠤᠭᠰᠢᠯᠠᠪᠠ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 360.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ 8.4% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 28.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ 7.2% ᠢᠶᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ 10.2% ᠢᠶᠠᠷ ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠠᠵᠦ ᠦᠢᠯᠡᠳᠪᠦᠷᠢ ᠶᠢᠨ ᠨᠡᠮᠡᠭᠳᠡᠯ ᠥᠷᠲᠡᠭ 9.5% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 46.7 ᠳ᠋ᠦᠩᠰᠢᠭᠤᠷ ᠲᠥᠭᠦᠷᠢᠭ ᠲᠤ ᠬᠦᠷᠴᠦ᠂ 2.1% ᠪᠠᠷ ᠨᠡᠮᠡᠭᠳᠡᠪᠡ︔ ᠬᠤᠲᠠ ᠬᠥᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠬᠦᠮᠦᠨ ᠳᠣᠳᠥᠮ ᠤᠨ ᠡᠵᠡᠮᠳᠡᠵᠦ ᠪᠣᠯᠬᠤ ᠣᠷᠣᠯᠭ᠎ᠠ ᠲᠤᠰ ᠲᠤᠰ 48994 ᠲᠥᠭᠦᠷᠢᠭ ᠪᠠ 20244 ᠲᠥᠭᠦᠷᠢᠭ ᠬᠦᠷᠴᠦ᠂ 6.2% ᠪᠠ 10.5% ᠪᠠᠷ ᠨᠡᠮᠡᠭᠳᠡᠪᠡ᠃ ᠠᠵᠦ ᠦᠢᠯᠡᠰ ᠤᠨ ᠴᠢᠨᠠᠷ ᠴᠢᠨᠰᠠᠭ᠎ᠠ ᠦᠷ᠎ᠡ ᠠᠰᠢᠭ ᠳᠡᠭᠡᠭᠰᠢᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠦ ᠦᠢᠯᠡᠳᠪᠦᠷᠢ ᠶᠢᠨ ᠠᠵᠦ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 5.1% ᠪᠠᠷ ᠨᠡᠮᠡᠭᠳᠡᠨ᠂ ᠴᠠᠬᠢᠯᠭᠠᠨ ᠬᠡᠷᠡᠭᠯᠡᠬᠦ ᠬᠡᠮᠵᠢᠶ᠎ᠡ 20.9% ᠪᠠᠷ ᠨᠡᠮᠡᠭᠳᠡᠪᠡ︔ ᠠᠮᠤ ᠪᠤᠳᠠᠭ᠎ᠠ᠂ ᠠᠵᠦ ᠠᠬᠤᠢ ᠶᠢᠨ ᠲᠠᠷᠢᠮᠠᠯ ᠪᠣᠯᠣᠨ ᠲᠡᠵᠢᠭᠡᠯ ᠪᠣᠷᠳᠤᠭ᠎ᠠ ᠶᠢᠨ ᠬᠠᠷᠢᠴᠠᠯ ᠨᠢ 50᠄ 9᠄ 41 ᠪᠣᠯᠵᠦ᠂  ᠠᠷᠪᠠᠰ ᠤᠨ ᠨᠣᠯᠤᠤᠷ ᠤᠨ ᠴᠠᠭᠠᠨ ᠢᠮᠠᠭ᠎ᠠ ᠪᠦᠬᠦ ᠤᠯᠤᠰ ᠤᠨ 2019 ᠣᠨ ᠤ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠲᠣᠭᠤᠷᠢᠭ ᠤᠨ ᠨᠡᠶᠢᠲᠡ ᠪᠠᠷ ᠢᠶᠠᠨ ᠬᠡᠷᠡᠭᠯᠡᠬᠦ ᠨᠡᠷᠡᠲᠦ ᠲᠡᠮᠳᠡᠭ ᠢᠶᠠᠷ ᠰᠣᠩᠭᠤᠭᠳᠠᠨ᠂ ᠳᠤᠮᠳᠠᠳᠤ ᠤᠯᠤᠰ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ ᠢᠶᠠᠷ ᠦᠨᠡᠯᠡᠭᠳᠡᠵᠦ᠂ 6.4 ᠲᠦᠮᠡᠨ ᠢᠳᠡᠰᠢᠨ ᠦᠬᠡᠷ᠂ 15 ᠲᠦᠮᠡᠨ ᠨᠤᠲᠤᠭ ᠤᠨ ᠳᠠᠬᠢᠶ᠎ᠠ ᠲᠡᠵᠢᠭᠡᠪᠡ︔ ᠵᠢᠭᠤᠯᠴᠢᠯᠠᠭᠰᠠᠳ ᠤᠨ ᠲᠤᠭ᠎ᠠ ᠪᠠ ᠵᠢᠭᠤᠯᠴᠢᠯᠠᠯ ᠤᠨ ᠣᠷᠣᠯᠭ᠎ᠠ ᠲᠤᠰ ᠲᠤᠰ 5% ᠪᠠ 6.5% ᠪᠠᠷ ᠨᠡᠮᠡᠭᠳᠡᠵᠦ᠂ ᠡᠯᠧᠺᠲᠷᠣᠨ ᠬᠤᠳᠠᠯᠳᠤᠭ᠎ᠠ ᠪᠠᠷ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠠᠷᠠᠯᠵᠢᠶᠠᠯᠠᠭᠰᠠᠨ ᠬᠡᠮᠵᠢᠶ᠎ᠡ 1000 ᠲᠦᠮᠡᠨ ᠲᠥᠭᠦᠷᠢᠭ ᠢ ᠳᠠᠪᠠᠪᠠ᠃      — ᠬᠥᠳᠡᠯᠭᠡᠭᠴᠢ ᠬᠦᠴᠦᠨ ᠢ ᠤᠯᠠᠷᠢᠭᠤᠯᠬᠤ ᠠᠬᠢᠴᠠ ᠲᠦᠷᠭᠡᠰᠪᠡ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 25 ᠲᠥᠷᠥᠯ ᠵᠦᠢᠯ ᠳᠤ ᠬᠤᠳᠠᠯᠳᠤᠭᠠᠴᠢᠨ ᠤᠷᠢᠵᠦ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢᠯ ᠢ 21 ᠬᠡᠷᠡᠭᠵᠢᠭᠦᠯᠦᠨ᠂ ᠣᠷᠳᠣᠰ ᠴᠠᠬᠢᠯᠭᠠᠨ ᠬᠦᠴᠦ ᠲᠡᠮᠦᠷᠯᠢᠭ ᠬᠠᠶᠢᠯᠤᠭᠤᠯᠬᠤ ᠪᠦᠯᠦᠭᠯᠡᠯ ᠤᠨ ᠬᠤᠶᠠᠳᠤᠭᠠᠷ ᠬᠤᠭᠤᠴᠠᠭᠠᠨ ᠤ PVC᠂ ᠵᠢᠩ ᠨᠸᠡᠭ ᠤᠨ ᠴᠠᠬᠢᠯᠭᠠᠨ ᠦᠢᠯᠡᠳᠪᠦᠷᠢ ᠵᠡᠷᠭᠡ 7 ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠴᠢ ᠫᠠᠠ ᠵᠢᠩ᠂ ᠮᠸᠡᠭ ᠰᠢ ᠬᠦᠷᠢᠶᠡᠯᠡᠩ ᠤᠨ ᠦᠢᠯᠡᠳᠪᠦᠷᠢᠯᠡᠯ ᠤᠨ ᠥᠷᠲᠡᠭ 884 ᠳ᠋ᠦᠩᠰᠢᠭᠤᠷ ᠲᠥᠭᠦᠷᠢᠭ ᠬᠦᠷᠪᠡ᠃ ︽ᠭᠤᠷᠪᠠ ᠶᠢ ᠪᠠᠭᠠᠰᠬᠠᠬᠤ ᠨᠢᠭᠡ ᠶᠢ ᠪᠠᠭᠤᠷᠠᠭᠤᠯᠬᠤ ᠨᠢᠭᠡ ᠶᠢ ᠨᠥᠬᠦᠪᠦᠷᠢᠯᠡᠬᠦ︾ ᠦᠷ᠎ᠡ ᠪᠦᠲᠦᠮᠵᠢ ᠶᠢ ᠪᠠᠲᠤᠳᠬᠠᠵᠤ᠂ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠶᠢ 30 ᠲᠦᠮᠡᠨ ᠲᠣᠨ ᠲᠠᠶᠠᠭᠳᠠᠨ᠂ ᠠᠵᠦ ᠠᠬᠤᠶᠢᠯᠠᠯ ᠤᠨ 8.47 ᠳ᠋ᠦᠩᠰᠢᠭᠤᠷ ᠲᠥᠭᠦᠷᠢᠭ ᠤᠨ ᠭᠠᠶᠢᠯᠢ ᠶᠢᠨ ᠵᠠᠷᠤᠳᠠᠯ ᠪᠠ 3 ᠳ᠋ᠦᠩᠰᠢᠭᠤᠷ ᠲᠥᠭᠦᠷᠢᠭ ᠤᠨ ᠴᠠᠬᠢᠯᠭᠠᠨ ᠬᠡᠷᠡᠭᠯᠡᠭᠰᠡᠨ ᠵᠠᠷᠤᠳᠠᠯ ᠤᠨ ᠳᠠᠷᠤᠭᠠᠰᠤ ᠶᠢ ᠬᠥᠩᠭᠡᠯᠡᠵᠦ᠂ ᠪᠦᠬᠦ ᠣᠷᠣᠨ ᠤ ︽ᠰᠢᠶᠠᠠ ᠤ ᠮᠥᠩᠭᠦᠨ ᠬᠦᠢᠯᠬᠡᠬᠡᠨ ᠤ ᠢᠨᠵᠧᠨᠧᠷᠢᠩ︾ ᠤᠨ ᠲᠤᠷᠰᠢᠯᠲᠠ ᠶᠢᠨ ᠴᠡᠭ ᠤᠨ ᠬᠤᠰᠢᠭᠤ ᠪᠣᠯᠪᠠ᠃ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠯᠠᠪᠳᠠᠭᠤᠨ ᠠᠬᠢᠭᠤᠯᠵᠤ᠂ ᠤᠯᠤᠰ ᠤᠨ ᠵᠠᠮ ᠤᠨ 338 ᠱᠤᠭᠤᠮ ᠳᠠᠬᠢ ᠤᠯᠠᠭᠠᠨᠪᠠᠯᠭᠠᠰᠤ ᠠᠴᠠ ᠭᠠᠯᠠᠭᠤᠲᠤ ᠬᠦᠷᠬᠦ ᠨᠢᠭᠡᠳᠦᠭᠡᠷ ᠲᠡᠰ ᠤᠨ ᠵᠠᠮ ᠢ ᠨᠡᠪᠲᠡᠷᠡᠭᠦᠯᠦᠨ᠂ 78 ᠺᠢᠯᠤᠮᠧᠲᠷ ᠤᠨ ᠬᠥᠳᠡᠭᠡ ᠲᠣᠰᠬᠤᠨ ᠵᠢᠴᠢ ᠠᠭᠤᠷᠬᠠᠢ ᠶᠢᠨ ᠵᠠᠮ ᠢ ᠰᠢᠨ᠎ᠡ ᠪᠠᠷ ᠵᠠᠰᠠᠭᠰᠠᠨ ᠪᠤᠶᠤ ᠥᠭᠡᠷᠡᠴᠢᠯᠡᠨ ᠵᠠᠰᠠᠵᠤ᠂ ᠰᠢᠨ᠎ᠡ ᠪᠠᠷ 230 ᠺᠢᠯᠣᠮᠧᠲᠷ ᠤᠨ ᠴᠠᠬᠢᠯᠭᠠᠨ ᠳᠠᠮᠵᠢᠭᠤᠯᠬᠤ ᠤᠲᠠᠰᠤ ᠲᠠᠲᠠᠨ᠂ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ 20 ᠴᠢᠮᠡᠭᠡ ᠬᠤᠯᠪᠣᠭᠠᠨ ᠤ ᠰᠠᠭᠤᠷᠢ ᠥᠷᠲᠡᠭᠡ ᠪᠠᠶᠢᠭᠤᠯᠪᠠ᠃      — ᠬᠥᠳᠡᠭᠡ ᠲᠣᠰᠬᠤᠨ ᠢ ᠬᠥᠭᠵᠢᠭᠦᠯᠬᠦ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠪᠠ᠃ ᠬᠠᠩᠭᠠᠯᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠰᠢᠨ᠎ᠡ ᠪᠠᠷ ᠥᠪᠡᠷᠲᠡᠭᠡᠨ ᠵᠠᠰᠠᠬᠤ ᠣᠷᠣᠨ ᠤ ᠲᠡᠰ ᠤᠨ ᠠᠵᠦ ᠦᠢᠯᠡᠰᠵᠢᠯᠲᠡ ᠶᠢᠨ ᠬᠤᠯᠪᠣᠭᠠᠯᠠᠭᠰᠠᠨ ᠴᠣᠭᠴᠠ ᠶᠢ 3᠂ ᠬᠤᠲᠠ ᠶᠢᠨ ᠲᠡᠰ ᠤᠨ ᠳᠠᠭᠠᠭᠤᠯᠤᠭᠴᠢ ᠠᠵᠦ ᠠᠬᠤᠶᠢᠯᠠᠯ ᠢ 3 ᠨᠡᠮᠡᠭᠳᠡᠭᠦᠯᠦᠨ᠂ 15 ᠵᠢᠱᠢᠶᠡᠴᠢ ᠬᠤᠷᠰᠢᠶ᠎ᠠ ᠪᠠᠶᠢᠭᠤᠯᠵᠤ᠂ 1.6 ᠳ᠋ᠦᠩᠰᠢᠭᠤᠷ ᠲᠥᠭᠦᠷᠢᠭ ᠤᠨ ᠠᠵᠦ ᠦᠢᠯᠡᠰ ᠢ ᠬᠥᠭᠵᠢᠭᠦᠯᠬᠦ ᠵᠢᠭᠡᠯᠡᠯᠭᠡ ᠲᠠᠯᠪᠢᠨ᠂ ᠮᠠᠯᠴᠢᠨ ᠲᠠᠷᠢᠶᠠᠴᠢᠨ ᠪᠣᠯᠣᠨ ᠠᠵᠦ ᠠᠬᠤᠶᠢᠯᠠᠯ ᠤᠨ ᠠᠰᠢᠭ ᠲᠤᠰᠠ ᠶᠢ ᠬᠤᠯᠪᠣᠭᠰᠠᠨ ᠨᠣᠷᠮ᠎ᠠ 59% ᠳᠤ ᠬᠦᠷᠪᠡ᠃ ᠣᠶᠢᠵᠢᠭᠤᠯᠤᠯᠲᠠ ᠶᠢᠨ ᠲᠠᠯᠠᠪᠠᠢ ᠶᠢ ᠥᠷᠭᠡᠳᠬᠡᠵᠦ᠂ ᠣᠢ ᠰᠢᠭᠤᠢ ᠠᠮᠢ ᠠᠬᠤᠢ ᠶᠢᠨ ᠪᠠᠶᠢᠭᠤᠯᠤᠯᠲᠠ ᠶᠢ 18.5 ᠲᠦᠮᠡᠨ ᠮᠦ᠂ ᠪᠡᠯᠴᠢᠭᠡᠷ ᠤᠨ ᠪᠠᠶᠢᠭᠤᠯᠤᠯᠲᠠ ᠶᠢ 84.1 ᠲᠦᠮᠡᠨ ᠮᠦ ᠪᠡᠶᠡᠯᠡᠭᠦᠯᠦᠨ᠂ 1.1 ᠲᠦᠮᠡᠨ ᠮᠦ ᠭᠠᠵᠠᠷ ᠰᠢᠷᠣᠢ ᠶᠢ ᠴᠡᠭᠴᠡᠯᠡᠪᠡ᠃ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ 4380 ᠡᠷᠦᠬᠡ ᠶᠢᠨ ᠵᠣᠷᠯᠣᠩ ᠢ ᠥᠭᠡᠷᠡᠴᠢᠯᠡᠨ᠂ ᠬᠤᠭ ᠨᠣᠪᠰᠢ ᠠᠭᠤᠷᠰᠢᠭᠤᠯᠬᠤ ᠲᠥᠬᠦᠭᠡᠷᠦᠮᠵᠢ ᠶᠢ 8᠂ ᠪᠤᠵᠠᠷ ᠤᠰᠤ ᠰᠢᠢᠳᠪᠦᠷᠢᠯᠡᠬᠦ ᠲᠥᠬᠦᠭᠡᠷᠦᠮᠵᠢ ᠶᠢ 3᠂ ᠨᠡᠶᠢᠲᠡ ᠶᠢᠨ ᠵᠣᠷᠯᠣᠩ ᠢ 15 ᠪᠠᠷᠢᠵᠦ᠂ ᠬᠢᠮᠢ ᠶᠢᠨ ᠪᠣᠷᠳᠣᠭᠤᠷ ᠪᠠ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ ᠪᠦᠲᠦᠮᠵᠢᠲᠡᠢ ᠬᠢᠵᠠᠭᠠᠷᠯᠠᠨ᠂ ᠬᠡᠷᠡᠭᠯᠡᠭᠰᠡᠨ ᠪᠦᠷᠬᠦᠪᠴᠢ ᠶᠢ ᠬᠤᠷᠢᠶᠠᠨ ᠠᠪᠤᠭᠰᠠᠨ ᠨᠣᠷᠮ᠎ᠠ 72%᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠭᠰᠠᠨ ᠨᠣᠷᠮ᠎ᠠ 84.5%᠂ ᠮᠠᠯ ᠵᠢᠭᠦᠷᠲᠡᠨ ᠤ ᠰᠢᠭᠡᠭ ᠢ ᠶᠡᠷᠦᠩᠬᠡᠶᠢᠯᠡᠨ ᠠᠰᠢᠭᠯᠠᠭᠰᠠᠨ ᠨᠣᠷᠮ᠎ᠠ 78%᠂ ᠶᠡᠷᠦᠩᠬᠡᠶᠢᠯᠡᠨ ᠮᠧᠬᠠᠨᠢᠭᠴᠢᠯᠠᠭᠰᠠᠨ ᠨᠣᠷᠮ᠎ᠠ 83% ᠬᠦᠷᠪᠡ᠃      — ᠭᠤᠷᠪᠠᠨ ᠶᠡᠭᠡ ᠪᠣᠭᠤᠮᠲᠠ ᠰᠢᠪᠲᠤᠯᠬᠤ ᠠᠵᠢᠯ ᠢᠯᠡᠳᠲᠡ ᠪᠦᠲᠦᠮᠵᠢ ᠣᠯᠪᠠ᠃ 10.85 ᠳ᠋ᠦᠩᠰᠢᠭᠤᠷ ᠲᠥᠭᠦᠷᠢᠭ ᠤᠨ ᠵᠠᠰᠠᠭ ᠤᠨ ᠣᠷᠳᠣᠨ ᠤ ᠥᠷᠢ ᠶᠢ ᠢᠯᠭᠠᠷᠠᠭᠤᠯᠤᠨ᠂ ᠣᠨ ᠤ ᠡᠭᠦᠷᠭᠡ ᠶᠢᠨ 362% ᠢ ᠪᠡᠶᠡᠯᠡᠭᠦᠯᠵᠦ᠂ ︽ᠠᠷᠪᠠ ᠶᠢ ᠪᠦᠷᠬᠦᠭᠦᠯᠬᠦ ᠢᠨᠵᠧᠨᠧᠷᠢᠩ︾ ᠲᠠᠢ ᠰᠢᠭᠤᠳ ᠬᠤᠯᠪᠣᠭᠳᠠᠭᠰᠠᠨ ᠥᠷᠢ ᠶᠢ ᠪᠦᠬᠦᠨ ᠢ ᠢᠯᠭᠠᠷᠠᠭᠤᠯᠤᠨ᠂ 7.63 ᠳ᠋ᠦᠩᠰᠢᠭᠤᠷ ᠲᠥᠭᠦᠷᠢᠭ ᠤᠨ ᠠᠷᠠᠳ ᠠᠴᠠ ᠡᠷᠬᠢᠯᠡᠭᠰᠡᠨ ᠠᠵᠦ ᠠᠬᠤᠶᠢᠯᠠᠯ ᠤᠨ ᠥᠷᠢ ᠶᠢ ᠲᠥᠯᠥᠪᠡ᠃ ︽ᠢᠳᠡᠵᠦ ᠡᠮᠦᠰᠬᠦ ᠳᠡᠭᠡᠨ ᠥᠯᠦ ᠵᠣᠪᠠᠭ᠋ᠤ᠂ ᠭᠤᠷᠪᠠ ᠶᠢ ᠪᠠᠲᠤᠯᠠᠬᠤ︾᠂ ︽ᠠᠷᠪᠠᠨ ᠲᠥᠷᠥᠯ ᠤᠨ ᠠᠵᠢᠯ ᠢ ᠬᠢᠵᠦ ᠳᠠᠭᠤᠰᠬᠠᠨ ᠪᠠᠷᠢᠮᠵᠢᠶ᠎ᠠ ᠳᠤ ᠬᠦᠷᠭᠡᠬᠦ︾ ᠠᠵᠢᠯ ᠢ ᠪᠡᠶᠡᠯᠡᠭᠦᠯᠦᠨ᠂ ᠡᠯ᠎ᠡ ᠱᠠᠲᠤᠨ ᠤ ᠡᠳ᠋ ᠤᠨ ᠵᠠᠰᠠᠭ ᠠᠴᠠ 9001 ᠲᠦᠮᠡᠨ ᠲᠥᠭᠦᠷᠢᠭ ᠤᠨ ᠶᠠᠳᠠᠭᠤ ᠶᠢ ᠲᠡᠳᠬᠦᠬᠦ ᠪᠡᠯᠡ ᠣᠷᠣᠭᠤᠯᠪᠠ᠂ ᠡᠭᠦᠨ ᠳᠤ᠂ 2351 ᠲᠦᠮᠡᠨ ᠲᠥᠭᠦᠷᠢᠭ ᠤᠨ ᠠᠵᠦ ᠦᠢᠯᠡᠰ ᠢᠶᠠᠷ ᠲᠡᠳᠬᠦᠬᠦ ᠪᠡᠯᠡ ᠮᠥᠩᠭᠦ ᠪᠠᠭᠤᠯᠭᠠᠵᠤ᠂ ᠠᠵᠦ ᠦᠢᠯᠡᠰ ᠢᠶᠠᠷ ᠲᠡᠳᠬᠦᠬᠦ 61 ᠲᠥᠷᠥᠯ ᠵᠦᠢᠯ ᠢ ᠬᠡᠷᠡᠭᠵᠢᠭᠦᠯᠦᠨ᠂ ᠭᠠᠴᠠᠭ᠎ᠠ ᠲᠣᠰᠬᠤᠨ ᠤ ᠬᠠᠮᠲᠤ ᠶᠢᠨ ᠠᠵᠦ ᠠᠬᠤᠢ ᠶᠢᠨ ᠣᠷᠣᠯᠭ᠎ᠠ ᠶᠢ 5 ᠲᠦᠮᠡᠨ ᠲᠥᠭᠦᠷᠢᠭ ᠠᠴᠠ ᠳᠠᠪᠠᠭᠤᠯᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠲᠤᠳᠬᠠᠪᠠ᠃ ᠲᠥᠪ ᠬᠤᠷᠢᠶ᠎ᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ᠂ ︽ᠡᠷᠭᠢᠵᠦ ᠬᠠᠷᠠᠬᠤ︾ ᠠᠵᠢᠯᠯᠠᠭ᠎ᠠ ᠵᠢᠴᠢ ᠡᠯ᠎ᠡ ᠱᠠᠲᠤᠨ ᠤ ᠱᠠᠯᠠᠪᠳᠠᠭᠤᠯᠤᠨ ᠪᠠᠶᠢᠴᠠᠭᠠᠯᠲᠠ ᠪᠠᠷ ᠲᠤᠰᠬᠠᠭᠰᠠᠨ ᠰᠠᠨᠠᠯ ᠢ ᠴᠡᠭᠴᠡᠯᠡᠨ ᠵᠠᠯᠠᠷᠠᠭᠤᠯᠵᠤ᠂ 539 ᠴᠡᠭᠴᠡᠯᠡᠬᠦ ᠡᠭᠦᠷᠭᠡ ᠶᠢ ᠪᠡᠶᠡᠯᠡᠭᠦᠯᠦᠨ᠂ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ᠂ ᠪᠣᠬᠢᠷᠲᠤᠯ ᠢ ᠪᠠᠭᠠᠰᠬᠠᠵᠤ ᠭᠠᠳᠠᠭᠰᠢᠯᠠᠭᠤᠯᠬᠤ᠂ ᠪᠣᠳᠠᠰ ᠣᠪᠣᠭᠠᠯᠠᠭᠰᠠᠨ ᠲᠠᠯᠠᠪᠤᠷ ᠢ ᠪᠦᠬᠦᠨ ᠢ ᠪᠢᠲᠡᠭᠦᠮᠵᠢᠯᠡᠬᠦ ᠭᠤᠣᠯᠳᠠᠯᠭᠠᠲᠦ ᠲᠥᠷᠥᠯ ᠵᠦᠢᠯ ᠢ 80 ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠲᠤᠯ ᠦᠭᠡᠢ ᠠᠭᠤᠷᠬᠠᠢ ᠶᠢ 28 ᠪᠠᠶᠢᠭᠤᠯᠤᠨ᠂ ᠴᠢ ᠫᠠᠠ ᠵᠢᠩ ᠪᠣᠯᠣᠨ ᠮᠸᠡᠭ ᠰᠢ ᠣᠷᠣᠨ ᠤ ᠠᠭᠠᠷ ᠮᠠᠨᠳᠠᠯ ᠤᠨ ᠴᠡᠪᠡᠷᠴᠡ ᠶᠢᠨ ᠨᠣᠷᠮ᠎ᠠ ᠲᠤᠰ ᠲᠤᠰ 71.9% ᠪᠠ 82.8% ᠬᠦᠷᠴᠦ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠬᠠᠷᠠᠯᠲᠠ ᠡᠭᠦᠷᠭᠡ ᠠᠴᠠ ᠵᠠᠭᠤᠨ ᠤ 1.9 ᠬᠤᠪᠢ ᠪᠠ 2.8 ᠬᠤᠪᠢ ᠳᠠᠪᠠᠵᠠᠢ᠃      — ᠥᠭᠡᠷᠡᠴᠢᠯᠡᠯᠲᠡ ᠰᠢᠨᠡᠴᠢᠯᠡᠯᠲᠡ ᠶᠢᠨ ᠡᠷᠴᠢᠮ ᠢ ᠴᠢᠩᠭᠠᠷᠠᠭᠤᠯᠪᠠ᠃ ᠭᠤᠣᠯᠳᠠᠯᠭᠠᠲᠦ ᠬᠦᠷᠢᠶ᠎ᠡ ᠬᠡᠪᠴᠢᠶᠡᠨ ᠳᠠᠬᠢ ᠥᠭᠡᠷᠡᠴᠢᠯᠡᠯᠲᠡ ᠶᠢ 45 ᠪᠡᠶᠡᠯᠡᠭᠦᠯᠪᠡ᠃ ᠬᠤᠳᠠᠯᠳᠤᠭ᠎ᠠ ᠡᠷᠬᠢᠯᠡᠬᠦ ᠣᠷᠴᠢᠨ ᠢ ᠦᠷᠭᠦᠯᠵᠢᠯᠡᠨ ᠰᠠᠶᠢᠵᠢᠷᠠᠭᠤᠯᠵᠤ᠂ ᠪᠡᠯᠡ ᠣᠷᠣᠭᠤᠯᠬᠤ ᠲᠥᠷᠥᠯ ᠵᠦᠢᠯ ᠢ ︽ᠲᠥᠪᠯᠡᠷᠡᠩᠭᠦᠢ ᠮᠠᠶ᠋ᠢᠭ︾ ᠢᠶᠠᠷ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠲᠥᠪ ᠢ ᠪᠠᠶᠢᠭᠤᠯᠤᠨ᠂ ᠪᠡᠯᠡ ᠣᠷᠣᠭᠤᠯᠬᠤ ᠲᠥᠷᠥᠯ ᠵᠦᠢᠯ ᠢ ᠬᠢᠨᠠᠨ ᠵᠥᠪᠰᠢᠶᠡᠷᠡᠬᠦ ᠴᠠᠭ ᠢ 195 ᠠᠵᠢᠯᠯᠠᠬᠤ ᠡᠳᠦᠷ ᠠᠴᠠ 100 ᠠᠵᠢᠯᠯᠠᠬᠤ ᠡᠳᠦᠷ ᠪᠣᠯᠭᠠᠵᠤ᠂ ᠠᠵᠦ ᠠᠬᠤᠶᠢᠯᠠᠯ ᠤᠨ ᠭᠠᠷᠳᠠᠮ ᠢ ᠬᠢᠨᠠᠨ ᠵᠥᠪᠰᠢᠶᠡᠷᠡᠬᠦ ᠴᠠᠭ ᠢ 5 ᠠᠵᠢᠯᠯᠠᠬᠤ ᠡᠳᠦᠷ ᠠᠴᠠ 3 ᠠᠵᠢᠯᠯᠠᠬᠤ ᠡᠳᠦᠷ ᠪᠣᠯᠭᠠᠨ ᠣᠬᠤᠷᠳᠠᠭᠤᠯᠪᠠ᠃ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠠᠬᠢᠭᠤᠯᠤᠨ᠂ ᠬᠤᠪᠢ ᠣᠷᠣᠭᠰᠠᠨ ᠭᠠᠴᠠᠭ᠎ᠠ ᠲᠣᠰᠬᠤᠨ 96% ᠪᠣᠯᠵᠦ᠂ 2.4 ᠳ᠋ᠦᠩᠰᠢᠭᠤᠷ ᠲᠥᠭᠦᠷᠢᠭ ᠤᠨ ᠥᠮᠴᠢᠯᠡᠯ ᠤᠨ ᠡᠷᠬᠡ ᠪᠠ ᠡᠵᠡᠩᠨᠡᠯᠲᠡ ᠶᠢᠨ ᠡᠷᠬᠡ ᠪᠠᠷ ᠢᠶᠠᠨ ᠳᠠᠨᠵᠢᠯᠠᠭᠰᠠᠨ ᠵᠢᠭᠡᠯᠡᠯᠭᠡ ᠲᠠᠯᠪᠢᠨ ᠂ ᠮᠠᠯᠴᠢᠨ ᠲᠠᠷᠢᠶᠠᠴᠢᠨ ᠡᠷᠦᠬᠡ ᠳᠤ 580 ᠭᠠᠷᠤᠢ ᠲᠦᠮᠡᠨ ᠲᠥᠭᠦᠷᠢᠭ ᠤᠨ ᠬᠦᠦ ᠮᠥᠩᠭᠦ ᠠᠷᠪᠢᠯᠠᠪᠠ᠃ ᠰᠢᠨ᠎ᠡ ᠶᠢ ᠡᠭᠦᠳᠦᠨ ᠦᠢᠯᠡᠰ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠨ᠂ ᠪᠦᠬᠦ ᠣᠷᠣᠨ ᠪᠦᠬᠦ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠷᠥᠯ ᠵᠦᠢᠯ ᠢ 48 ᠣᠯᠵᠦ᠂ 16 ᠳᠤᠮᠳᠠ ᠪᠠᠭ᠎ᠠ ᠠᠵᠦ ᠠᠬᠤᠶᠢᠯᠠᠯ ᠢ ᠥᠪᠡᠷᠲᠡᠭᠡᠨ ᠵᠠᠰᠠᠬᠤ ᠣᠷᠣᠨ ᠤ ︽ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠯᠢᠭᠵᠢᠭᠰᠠᠨ ᠰᠢᠨ᠎ᠡ ᠶᠢ ᠡᠭᠦᠳᠦᠭᠰᠡᠨ︾ ᠠᠵᠦ ᠠᠬᠤᠶᠢᠯᠠᠯ ᠢ ᠪᠣᠶᠢᠵᠢᠭᠤᠯᠬᠤ ᠬᠥᠮᠥᠷᠭᠡ ᠳᠤ ᠣᠷᠣᠭᠤᠯᠤᠨ᠂ ᠰᠢᠨ᠎ᠡ ᠪᠠᠷ ᠥᠪᠡᠷᠲᠡᠭᠡᠨ ᠵᠠᠰᠠᠬᠤ ᠣᠷᠣᠨ ᠤ ᠲᠡᠰ ᠤᠨ ᠰᠤᠳᠤᠯᠤᠨ ᠨᠡᠭᠡᠭᠡᠬᠦ ᠲᠥᠪ ᠢ 2᠂ ᠣᠯᠠᠨ ᠢᠶᠠᠷ ᠢᠶᠠᠨ ᠦᠢᠯᠡᠰ ᠪᠦᠲᠦᠭᠡᠬᠦ ᠭᠠᠵᠠᠷ ᠢ 1 ᠭᠠᠷᠭᠠᠵᠤ᠂ ᠠᠵᠦ ᠠᠬᠤᠶᠢᠯᠠᠯ᠂ ᠲᠤᠰᠬᠠᠢ ᠬᠤᠷᠰᠢᠶ᠎ᠠ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢ 2692 ᠨᠡᠮᠡᠭᠳᠡᠭᠦᠯᠦᠨ᠂ 69% ᠪᠠᠷ ᠨᠡᠮᠡᠭᠳᠡᠪᠡ᠃      — ᠠᠷᠠᠳ ᠤᠨ ᠠᠮᠢᠳᠤᠷᠠᠯ ᠢ ᠨᠡᠩ ᠬᠦᠴᠦᠲᠡᠢ ᠪᠠᠲᠤᠯᠠᠪᠠ᠃ 79.8% ᠶᠢᠨ ᠡᠳ᠋ ᠤᠨ ᠵᠠᠰᠠᠭ ᠤᠨ ᠵᠠᠷᠤᠯᠭ᠎ᠠ ᠶᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠬᠡᠷᠡᠭᠯᠡᠪᠡ᠃ ᠬᠤᠲᠠ ᠪᠠᠯᠭᠠᠰᠤᠨ ᠤ ᠴᠢᠳᠠᠮᠵᠢ ᠶᠢ ᠲᠡᠭᠦᠯᠳᠡᠷᠵᠢᠭᠦᠯᠦᠨ᠂ 110 ᠵᠢᠯᠣᠭᠤᠳᠬᠤ ᠲᠥᠪ ᠢ ᠠᠰᠢᠭᠯᠠᠯᠲᠠ ᠳᠤ ᠣᠷᠣᠭᠤᠯᠵᠤ᠂ 21 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ᠂ 25 ᠲᠦᠮᠡᠨ ᠲᠡᠭᠰᠢ ᠳᠥᠷᠪᠡᠯᠵᠢᠨ ᠮᠧᠲᠷ ᠭᠠᠵᠠᠷ ᠢ ᠨᠣᠭᠤᠭᠠᠷᠠᠭᠤᠯᠵᠤ᠂ 33 ᠺᠢᠯᠤᠮᠧᠲᠷ ᠤᠨ ᠤᠰᠤ ᠭᠠᠳᠠᠭᠰᠢᠯᠠᠭᠤᠯᠬᠤ ᠢᠯᠴᠢ ᠬᠠᠩᠭᠠᠬᠤ ᠬᠤᠭᠤᠯᠠᠢ ᠶᠢ ᠰᠢᠨᠡᠳᠬᠡᠵᠦ ᠵᠠᠰᠠᠨ᠂ 4065 ᠣᠷᠣᠨ ᠰᠠᠭᠤᠴᠠ ᠶᠢᠨ ︽ᠦᠨᠡᠮᠯᠡᠯ ᠬᠢᠯᠭᠡᠬᠦ ᠳᠤ ᠬᠦᠴᠢᠷᠲᠡᠢ︾ ᠠᠰᠠᠭᠤᠳᠠᠯ ᠢ ᠰᠢᠢᠳᠪᠦᠷᠢᠯᠡᠪᠡ᠃ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠬᠥᠭᠵᠢᠵᠦ᠂ ᠰᠢᠯᠭᠠᠯᠲᠠ ᠪᠠᠷ 173 ᠪᠠᠭᠰᠢ ᠡᠯᠰᠡᠨ᠂ ᠬᠤᠰᠢᠭᠤᠨ ᠤ ᠲᠠᠪᠤᠳᠤᠭᠠᠷ ᠬᠡᠦᠬᠡᠳ ᠤᠨ ᠴᠡᠴᠡᠷᠯᠢᠭ ᠢ ᠠᠰᠢᠭᠯᠠᠯᠲᠠ ᠳᠤ ᠣᠷᠣᠭᠤᠯᠪᠠ︔ ᠱᠠᠲᠤ ᠬᠤᠪᠢᠶᠠᠨ ᠣᠨᠣᠰᠢᠯᠠᠬᠤ ᠲᠣᠭᠲᠠᠯᠴᠠᠭ᠎ᠠ ᠶᠢ ᠦᠨᠳᠦᠰᠦᠨ ᠳᠡᠭᠡᠨ ᠪᠦᠷᠢᠯᠳᠦᠭᠦᠯᠦᠨ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢᠨ ᠳᠠᠬᠢᠨ ᠬᠢᠨᠠᠯᠲᠠ ᠶᠢ ᠠᠮᠵᠢᠯᠲᠠᠲᠠᠢ ᠥᠩᠭᠡᠷᠡᠭᠡᠪᠡ︔ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠰᠣᠶᠣᠯ ᠲᠠᠮᠢᠷ ᠤᠨ ᠰᠢᠷᠢᠰ ᠠᠵᠢᠯᠯᠠᠭ᠎ᠠ ᠥᠷᠨᠢᠭᠦᠯᠦᠨ᠂ ︽ᠳᠣᠮᠣᠭᠲᠤ ᠠᠷᠵᠠᠢ︾ ᠭᠡᠬᠦ ᠪᠦᠲᠦᠭᠡᠯ ᠨᠢ ᠥᠪᠡᠷᠲᠡᠭᠡᠨ ᠵᠠᠰᠠᠬᠤ ᠣᠷᠣᠨ ᠤ ᠣᠶᠣᠨ ᠤ ᠪᠣᠯᠪᠠᠰᠤᠨ ᠤ ᠪᠠᠶᠢᠭᠤᠯᠤᠯᠲᠠ ᠶᠢᠨ ︽ᠲᠠᠪᠤᠨ ᠨᠢᠭᠡ ᠢᠨᠵᠧᠨᠧᠷᠢᠩ︾ ᠤᠨ ᠱᠠᠩᠨᠠᠯ ᠢ ᠬᠦᠷᠲᠡᠵᠦ᠂ ᠦᠨᠳᠦᠰᠦᠲᠡᠨ ᠤ ᠪᠦᠯᠬᠦᠮᠳᠡᠯ ᠤᠨ ᠠᠯᠢ ᠣᠯᠠᠨ ᠵᠢᠱᠢᠶ᠎ᠡ ᠦᠵᠡᠭᠦᠯᠬᠦ ᠢᠨᠵᠧᠨᠧᠷᠢᠩ ᠢ ᠪᠠᠶᠢᠭᠤᠯᠵᠤ ᠠᠰᠢᠭᠯᠠᠯᠲᠠ ᠳᠤ ᠣᠷᠣᠭᠤᠯᠤᠨ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢᠨ ᠳᠠᠬᠢᠨ ᠪᠠᠶᠢᠴᠠᠭᠠᠯᠲᠠ ᠶᠢ ᠥᠩᠭᠡᠷᠡᠭᠡᠪᠡ︔ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.3% ᠶᠢᠨ ᠳᠣᠲᠣᠷ᠎ᠠ ᠬᠢᠵᠠᠭᠠᠷᠯᠠᠪᠠ︔ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠪᠤᠷᠢ ᠶᠢ ᠰᠠᠷ᠎ᠠ ᠪᠣᠯᠭᠠᠨ ᠲᠤᠰ ᠲᠤᠰ 675 ᠲᠥᠭᠦᠷᠢᠭ ᠪᠠ 514 ᠲᠥᠭᠦᠷᠢᠭ ᠨᠡᠮᠡᠭᠳᠡᠭᠦᠯᠪᠡ᠃ ᠠᠶᠤᠯ ᠦᠭᠡᠢ ᠦᠢᠯᠡᠳᠪᠦᠷᠢᠯᠡᠯ ᠤᠨ ᠳᠠᠯᠳᠠ ᠬᠡᠮ ᠢ ᠳᠠᠷᠠᠭᠠᠯᠠᠨ ᠪᠠᠶᠢᠴᠠᠭᠠᠵᠤ᠂ ᠵᠠᠬᠢᠳᠠᠯ ᠰᠤᠷᠪᠤᠯᠵᠢᠯᠠᠭ᠎ᠠ ᠬᠢᠭᠰᠡᠨ ᠤᠳᠠᠭ᠎ᠠ ᠪᠠ ᠬᠦᠮᠦᠨ ᠤ ᠲᠤᠭ᠎ᠠ ᠴᠥᠭᠡᠷᠡᠨ᠂ ᠢᠳᠡᠭᠡᠨ ᠡᠮ ᠤᠨ ᠵᠦᠢᠯᠡᠰ ᠲᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠢ ᠠᠬᠢᠭᠤᠯᠤᠨ᠂ ᠰᠦᠮᠡᠲᠦ ᠰᠤᠮᠤᠨ ᠤ ᠲᠣᠮᠢᠯᠠᠭᠰᠠᠨ ᠰᠠᠯᠪᠤᠷᠢ ᠪᠦᠬᠦ ᠤᠯᠤᠰ ᠤᠨ ᠠᠩᠬᠠᠳᠠᠭᠴᠢ ᠪᠦᠯᠦᠭ ︽ᠹᠸᠡᠭ ᠴᠢᠶᠣᠣ ᠮᠠᠶ᠋ᠢᠭ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ︾ ᠪᠠᠷ ᠰᠣᠩᠭᠤᠭᠳᠠᠪᠠ᠃ ᠴᠡᠷᠢᠭ ᠴᠠᠭᠳᠠᠭ᠎ᠠ ᠠᠷᠠᠳ ᠬᠠᠮᠲᠤ ᠪᠠᠷ ᠪᠠᠶᠢᠭᠤᠯᠬᠤ᠂ ᠠᠮᠤ ᠪᠤᠳᠠᠭ᠎ᠠ ᠬᠠᠩᠭᠠᠨ ᠪᠣᠷᠣᠯᠠᠭᠤᠯᠭ᠎ᠠ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠰᠣᠨᠢᠨ ᠮᠡᠳᠡᠭᠡ ᠷᠠᠳᠢᠤ᠋ ᠲᠧᠯᠸᠢᠰ᠂ ᠠᠷᠠᠳ ᠤᠨ ᠠᠭᠠᠷ ᠤᠨ ᠰᠡᠷᠭᠡᠶᠢᠯᠡᠯᠲᠡ ᠴᠠᠭ ᠠᠭᠤᠷ᠂ ᠡᠮᠡᠭᠲᠡᠶᠢᠴᠦᠳ ᠬᠡᠦᠬᠡᠳ᠂ ᠨᠠᠰᠤᠲᠠᠶᠢᠴᠤᠳ᠂ ᠵᠡᠮᠳᠡᠭᠴᠦᠳ᠂ ᠨᠢᠭᠦᠯᠡᠰᠦᠩᠭᠦᠢ ᠦᠢᠯᠡᠰ ᠵᠡᠷᠭᠡ ᠠᠵᠢᠯ ᠳᠤ ᠴᠥᠮ ᠰᠢᠨ᠎ᠡ ᠪᠦᠲᠦᠮᠵᠢ ᠭᠠᠷᠭᠠᠪᠠ᠃      — ᠵᠠᠰᠠᠭ ᠵᠠᠬᠢᠷᠭᠠᠨ ᠤ ᠴᠢᠳᠠᠪᠬᠢ ᠲᠠᠰᠤᠷᠠᠯᠲᠠ ᠦᠭᠡᠢ ᠳᠡᠭᠡᠭᠰᠢᠯᠡᠪᠡ᠃ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ︽ᠤᠭ ᠰᠠᠨᠠᠭ᠎ᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠥᠵᠢᠯ ᠢ ᠭᠦᠨᠵᠡᠭᠡᠢ ᠥᠷᠨᠢᠭᠦᠯᠦᠨ᠂ ︽ᠳᠥᠷᠪᠡᠨ ᠤᠬᠠᠮᠰᠠᠷ︾ ᠢ ᠪᠣᠢ ᠪᠣᠯᠭᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ᠃ ᠬᠠᠤᠯᠢ ᠪᠠᠷ ᠵᠠᠰᠠᠬᠤ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠵᠦ᠂ ︽ᠳᠣᠯᠤᠭ᠎ᠠ ᠲᠠᠪᠤ︾ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠦᠨ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠤᠯᠢ ᠶᠣᠰᠣᠨ ᠳᠤ ᠨᠡᠶᠢᠴᠡᠬᠦ ᠡᠰᠡᠬᠦ ᠶᠢ ᠬᠢᠨᠠᠨ ᠪᠠᠶᠢᠴᠠᠭᠠᠬᠤ ᠲᠣᠭᠲᠠᠴᠠ ᠶᠢ ᠵᠢᠷᠤᠮᠵᠢᠭᠤᠯᠵᠤ᠂ ᠠᠷᠠᠳ ᠤᠨ ᠲᠥᠯᠥᠭᠡᠯᠡᠭᠴᠢᠳ ᠤᠨ 49 ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ 86 ᠰᠠᠨᠠᠯ ᠳᠤᠷᠠᠳᠤᠯᠭ᠎ᠠ ᠶᠢ ᠭᠦᠢᠴᠡᠳᠬᠡᠵᠦ᠂ ᠠᠷᠠᠳ ᠣᠯᠠᠨ ᠤ ᠬᠠᠯᠠᠮᠰᠢᠯ ᠤᠲᠠᠰᠤ ᠪᠠᠷ ᠲᠤᠰᠬᠠᠭᠰᠠᠨ 3455 ᠠᠰᠠᠭᠤᠳᠠᠯ ᠢ ᠰᠢᠢᠳᠪᠦᠷᠢᠯᠡᠪᠡ᠃ ᠠᠵᠢᠯ ᠤᠨ ᠰᠤᠷᠲᠠᠯ ᠢ ᠬᠤᠪᠢᠷᠠᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠪᠠ ᠡᠯ᠎ᠡ ᠱᠠᠲᠤᠨ ᠤ ᠲᠣᠭᠲᠠᠭᠠᠯ ᠤᠳ ᠢ ᠨᠢᠮᠪᠠᠢ ᠨᠠᠶᠢᠳᠠᠪᠤᠷᠢᠵᠢᠭᠤᠯᠤᠨ᠂ ᠬᠢᠨᠠᠨ ᠪᠣᠳᠣᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠢ ᠢᠯᠡ ᠨᠡᠶᠢᠲᠡᠯᠡᠬᠦ ᠠᠵᠢᠯ ᠢ ᠭᠦᠨᠵᠡᠭᠡᠶᠢᠷᠡᠭᠦᠯᠦᠨ᠂ ︽ᠠᠯᠪᠠᠨ ᠤ ᠭᠤᠷᠪᠠᠨ ᠵᠠᠷᠤᠳᠠᠯ︾ ᠢ 10.7% ᠪᠠᠷ ᠪᠠᠭᠤᠷᠠᠭᠤᠯᠵᠤ᠂ ᠬᠤᠷᠠᠯ᠂ ᠪᠢᠴᠢᠭ ᠮᠠᠲ᠋ᠧᠷᠢᠶᠠᠯ ᠤᠨ ᠲᠤᠭ᠎ᠠ ᠶᠢ ᠲᠤᠰ ᠲᠤᠰ 33% ᠪᠠ 51% ᠪᠠᠷ ᠴᠣᠮᠬᠠᠳᠬᠠᠪᠠ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠳᠡᠮᠵᠢᠵᠦ᠂ ᠴᠢᠭᠡᠴᠢ ᠵᠠᠰᠠᠭ ᠤᠨ ᠬᠥᠮᠥᠵᠢᠯ ᠤᠨ ᠰᠠᠭᠤᠷᠢᠨ ᠭᠠᠵᠠᠷ ᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃      ᠵᠣᠷᠢᠭ ᠪᠠᠶᠢᠪᠠᠯ ᠵᠣᠷᠢᠭᠰᠠᠨ ᠳᠠᠭᠠᠨ ᠭᠡᠳᠡᠭᠴᠢᠯᠡᠨ ᠥᠩᠭᠡᠷᠡᠭᠰᠡᠨ ᠨᠢᠭᠡ ᠵᠢᠯ ᠳᠤ᠂ ᠠᠵᠦ ᠠᠬᠤᠢ ᠤᠷᠤᠭᠤᠳᠠᠵᠤ ᠪᠠᠶᠢᠭ᠎ᠠ ᠰᠢᠨ᠎ᠡ ᠳᠠᠷᠤᠭᠠᠰᠤ ᠨᠡᠮᠡᠭᠳᠡᠭᠰᠡᠨ ᠪᠠᠶᠢᠳᠠᠯ ᠳᠣᠣᠷ᠎ᠠ᠂ ᠬᠤᠰᠢᠭᠤ ᠳᠠᠶᠠᠭᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠯᠠᠪᠳᠠᠭᠤᠨ ᠪᠠᠲᠤᠲᠠᠢ ᠠᠵᠢᠯᠯᠠᠨ᠂ ᠠᠮᠢᠵᠢᠷᠠᠯ ᠤᠨ ᠬᠦᠴᠦᠨ ᠢ ᠬᠥᠭᠵᠢᠭᠡᠵᠦ᠂ ᠳᠠᠯᠳᠠ ᠬᠦᠴᠦᠨ ᠢ ᠠᠭᠤᠳᠠᠯᠤᠨ᠂ ᠬᠥᠳᠡᠯᠭᠡᠭᠴᠢ ᠬᠦᠴᠦᠨ ᠢ ᠴᠢᠩᠭᠠᠷᠠᠭᠤᠯᠵᠤ᠂ ᠢᠳᠡᠪᠬᠢ ᠬᠦᠴᠦᠨ ᠵᠦᠢᠯ ᠢ ᠬᠤᠷᠠᠮᠳᠤᠭᠤᠯᠤᠨ᠂ ᠠᠵᠦ ᠠᠬᠤᠢ ᠶᠢᠨ ᠡᠷᠭᠢᠯᠲᠡ ᠰᠠᠶᠢᠨ ᠪᠤᠰᠤ ᠴᠤ ᠲᠣᠭᠲᠠᠭᠤᠨ ᠪᠠᠶᠢᠬᠤ ᠰᠢᠨ᠎ᠡ ᠣᠨᠴᠠᠯᠢᠭ ᠢᠯᠡᠷᠡᠪᠡ᠃ ᠥᠨᠥ ᠵᠢᠯ᠂ ᠭᠡᠨᠡᠳᠲᠡ ᠲᠤᠯᠭᠠᠷᠠᠭᠰᠠᠨ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠳᠤ᠂ ᠬᠦᠴᠢᠷ ᠪᠡᠷᠬᠡᠰᠢᠶᠡᠯ ᠢ ᠬᠠᠮᠲᠤ ᠳᠠᠭᠠᠨ ᠲᠤᠭᠤᠯᠵᠤ᠂ ᠬᠦᠴᠢᠷ ᠢ ᠲᠤᠭᠤᠯᠵᠤ᠂ ᠤᠯᠤᠰ ᠣᠷᠣᠨ ᠢᠶᠠᠨ ᠬᠠᠶᠢᠷᠠᠯᠠᠨ᠂ ᠭᠡᠷ ᠨᠤᠲᠤᠭ ᠢᠶᠠᠨ ᠬᠠᠮᠠᠭᠠᠯᠠᠵᠤ᠂ ᠬᠤᠰᠢᠭᠤᠨ ᠤ ᠳᠣᠲᠣᠷ᠎ᠠ ᠰᠡᠵᠢᠭᠯᠡᠯᠲᠡᠢ ᠡᠪᠡᠳᠴᠢᠲᠡᠨ ᠪᠤᠶᠤ ᠣᠨᠣᠰᠢᠯᠠᠭᠳᠠᠭᠰᠠᠨ ᠡᠪᠡᠳᠴᠢᠲᠡᠨ ᠢᠯᠡᠷᠡᠭᠰᠡᠨ ᠦᠭᠡᠢ᠃ ᠡᠨᠡ ᠪᠣᠯ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠶᠢᠨ ᠦᠷ᠎ᠡ ᠳ᠋ᠦᠩ ᠮᠥᠨ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶᠠᠨ ᠤ ᠪᠦᠬᠦ ᠲᠠᠯ᠎ᠠ ᠶᠢ ᠡᠵᠡᠮᠳᠡᠵᠦ᠂ ᠵᠥᠪ ᠣᠨᠣᠪᠴᠢᠲᠠᠢ ᠤᠳᠤᠷᠢᠳᠤᠭᠰᠠᠨ ᠤ ᠦᠷ᠎ᠡ ᠳ᠋ᠦᠩ  ᠮᠥᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠪᠦᠲᠦᠮᠵᠢᠲᠡᠢ ᠬᠢᠨᠠᠯᠲᠠ ᠲᠠᠯᠪᠢᠵᠤ᠂ ᠬᠦᠴᠦᠲᠡᠢ ᠳᠡᠮᠵᠢᠭᠰᠡᠨ ᠤ ᠦᠷ᠎ᠡ ᠳ᠋ᠦᠩ ᠮᠥᠨ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠠᠷᠠᠳ ᠲᠦᠮᠡᠨ ᠡᠷᠡᠮᠡᠬᠡᠶᠢᠯᠡᠨ ᠲᠡᠮᠡᠴᠡᠭᠰᠡᠨ ᠤ ᠦᠷ᠎ᠡ ᠳ᠋ᠦᠩ ᠶᠤᠮ᠃ ᠠᠳᠡ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠲᠥᠯᠥᠭᠡᠯᠡᠭᠴᠢᠳ᠂ ᠭᠡᠰᠢᠭᠦᠳ᠂ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠷ ᠪᠠ ᠣᠲᠤᠭ ᠤᠨ ᠬᠥᠭᠵᠢᠯᠲᠡ ᠶᠢ ᠠᠩᠬᠠᠷᠤᠨ ᠬᠠᠯᠠᠮᠵᠢᠯᠠᠵᠤ ᠳᠡᠮᠵᠢᠭᠰᠡᠨ ᠨᠡᠶᠢᠭᠡᠮ ᠤᠨ ᠡᠯ᠎ᠡ ᠲᠠᠯ᠎ᠠ ᠶᠢᠨ ᠬᠢᠨ ᠳᠤ ᠡᠷᠬᠢᠮ ᠳᠡᠭᠡᠳᠦ ᠬᠦᠨᠳᠦᠳᠬᠡᠯ ᠪᠠ ᠴᠢᠩ ᠦᠨᠡᠨᠴᠢ ᠲᠠᠯᠠᠷᠬᠠᠯ ᠢᠶᠠᠨ ᠳᠡᠪᠰᠢᠭᠦᠯᠦᠶ᠎ᠡ︕      ᠡᠭᠦᠨ ᠤ ᠬᠠᠮᠲᠤ᠂ ᠪᠢᠳᠠ ᠴᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠳᠤ ᠣᠷᠣᠰᠢᠵᠤ ᠪᠦᠬᠦᠢ ᠠᠰᠠᠭᠤᠳᠠᠯ ᠪᠠ ᠥᠷᠢᠰᠦᠯᠳᠦᠭᠡᠨ ᠢ ᠰᠡᠷᠭᠡᠭ ᠢᠶᠠᠷ ᠣᠯᠵᠦ ᠲᠠᠨᠢᠯ᠎ᠠ᠄ ᠬᠡᠯᠪᠡᠷᠢ ᠪᠠᠨ ᠬᠤᠪᠢᠷᠠᠭᠤᠯᠵᠤ ᠲᠡᠰ ᠳᠡᠪᠰᠢᠭᠦᠯᠬᠦ ᠡᠭᠦᠷᠭᠡ ᠬᠦᠨᠳᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠳᠣᠷᠣᠢ᠂ ᠠᠵᠦ ᠦᠢᠯᠡᠰ ᠤᠨ ᠪᠦᠲᠦᠴᠡ ᠵᠣᠬᠢᠰ ᠦᠭᠡᠢ᠂ ᠰᠢᠨ᠎ᠡ ᠬᠥᠳᠡᠯᠭᠡᠭᠴᠢ ᠬᠦᠴᠦᠨ᠂ ᠰᠢᠨ᠎ᠡ ᠠᠵᠢᠯ ᠲᠥᠷᠥᠯ ᠢ ᠪᠣᠢ ᠪᠣᠯᠭᠠᠭᠰᠠᠨ ᠨᠢ ᠭᠦᠢᠴᠡᠳ ᠪᠤᠰᠤ᠂ ᠮᠠᠯ ᠲᠠᠷᠢᠶᠠᠯᠠᠩ ᠠᠵᠦ ᠠᠬᠤᠢ ᠶᠢ ᠵᠣᠬᠢᠶᠠᠨ ᠪᠠᠶᠢᠭᠤᠯᠤᠭᠰᠠᠨ᠂ ᠬᠡᠪᠴᠢᠶᠡᠵᠢᠭᠦᠯᠦᠭᠰᠡᠨ᠂ ᠠᠵᠦ ᠦᠢᠯᠡᠰᠵᠢᠭᠦᠯᠦᠭᠰᠡᠨ ᠲᠦᠪᠰᠢᠨ ᠳᠣᠣᠷ᠎ᠠ᠃ ᠬᠢᠵᠢᠭ ᠤᠨ ᠨᠥᠯᠥᠭᠡᠯᠡᠯ ᠢᠶᠠᠷ ᠠᠵᠦ ᠠᠬᠤᠢ ᠤᠷᠤᠭᠤᠳᠠᠭᠰᠠᠨ ᠳᠠᠷᠤᠭᠠᠰᠤ ᠤᠯᠠᠮ ᠶᠡᠬᠡᠳᠴᠦ᠂ ᠪᠣᠳᠠᠲᠤ ᠠᠵᠦ ᠠᠬᠤᠢ ᠶᠢ ᠬᠥᠭᠵᠢᠭᠦᠯᠬᠦ ᠬᠦᠴᠢᠷᠳᠡᠯ ᠣᠯᠠᠰᠢᠷᠠᠨ᠂ ᠡᠳ᠋ ᠤᠨ ᠵᠠᠰᠠᠭ ᠤᠨ ᠲᠣᠭᠲᠠᠭᠤᠨ ᠡᠷᠭᠢᠯᠲᠡ ᠳᠤ ᠲᠦᠭᠰᠢᠭᠦᠷᠢ ᠨᠢᠭᠤᠭᠳᠠᠵᠤ ᠪᠠᠶᠢᠭ᠎ᠠ᠃ ᠠᠮᠢ ᠠᠬᠤᠢ ᠶᠢᠨ ᠬᠠᠮᠠᠭᠠᠯᠠᠯᠲᠠ ᠪᠠ ᠪᠣᠬᠢᠷᠲᠤᠯ ᠢ ᠰᠡᠷᠭᠡᠶᠢᠯᠡᠨ ᠵᠠᠰᠠᠬᠤ ᠡᠭᠦᠷᠭᠡ ᠬᠦᠨᠳᠦ᠂ ᠨᠤᠲᠤᠭ ᠪᠡᠯᠴᠢᠭᠡᠷ ᠲᠠᠴᠢᠷᠰᠢᠵᠤ ᠡᠯᠡᠰᠦᠷᠬᠡᠭᠵᠢᠨ᠂ ᠪᠡᠯᠴᠢᠭᠡᠷ ᠤᠨ ᠳᠠᠭᠠᠭᠠᠴᠠ ᠶᠢᠨ ᠴᠢᠳᠠᠪᠤᠷᠢ ᠮᠠᠭᠤᠳᠠᠵᠤ᠂ ᠡᠬᠢ ᠪᠠᠶᠠᠯᠢᠭ ᠤᠨ ᠴᠢᠨᠠᠷᠲᠠᠢ ᠤᠰᠤ ᠳᠤᠲᠠᠬᠤ ᠦᠵᠡᠭᠳᠡᠯ ᠢᠯᠡᠷᠡᠵᠦ ᠪᠠᠶᠢᠭ᠎ᠠ᠃ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠪᠠᠴᠢᠮ ᠲᠤᠯᠭᠠᠮ᠎ᠠ ᠪᠣᠯᠵᠦ᠂ ︽ᠭᠤᠷᠪᠠ ᠶᠢ ᠵᠥᠷᠢᠴᠡᠭᠰᠡᠨ︾ ᠠᠰᠠᠭᠤᠳᠠᠯ ᠨᠡᠶᠢᠳᠡᠮ ᠣᠷᠣᠰᠢᠨ᠂ ᠴᠢᠩᠭ᠎ᠠ ᠴᠡᠭᠴᠡᠯᠡᠬᠦ ᠴᠢᠬᠤᠯᠠᠲᠠᠢ᠃ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠲᠡᠭᠦᠯᠳᠡᠷᠵᠢᠭᠡᠳᠦᠢ᠂ ᠬᠤᠲᠠ ᠪᠠᠯᠭᠠᠰᠤ ᠶᠢ ᠨᠠᠷᠢᠯᠢᠭᠵᠢᠭᠤᠯᠤᠨ ᠬᠠᠮᠢᠶᠠᠷᠤᠭᠰᠠᠨ ᠲᠦᠪᠰᠢᠨ ᠳᠣᠣᠷ᠎ᠠ᠂ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠬᠠᠩᠭᠠᠯᠭ᠎ᠠ᠂ ᠴᠢᠮᠡᠭᠡ ᠬᠤᠯᠪᠣᠭ᠎ᠠ ᠵᠡᠷᠭᠡ ᠬᠦᠷᠢᠶ᠎ᠡ ᠬᠡᠪᠴᠢᠶᠡᠨ ᠳᠤ ᠴᠥᠭᠡᠨ ᠪᠤᠰᠤ ᠳᠤᠲᠠᠭᠤᠳᠠᠯ ᠣᠷᠣᠰᠢᠵᠤ ᠪᠠᠶᠢᠭ᠎ᠠ᠃ ᠰᠤᠷᠭᠠᠨ ᠬᠥᠮᠥᠵᠢᠯ᠂ ᠡᠮ ᠡᠮᠨᠡᠯᠭᠡ᠂ ᠨᠠᠰᠤᠲᠠᠨ ᠢ ᠠᠰᠠᠷᠠᠬᠤ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠠᠷᠠᠳ ᠣᠯᠠᠨ ᠤ ᠬᠦᠰᠡᠯ ᠱᠠᠭᠠᠷᠳᠠᠯᠭ᠎ᠠ ᠲᠠᠢ ᠨᠡᠯᠢᠶᠡᠳ ᠵᠥᠷᠢᠶ᠎ᠡ ᠲᠠᠢ ᠪᠠᠶᠢᠭᠰᠠᠭᠠᠷ᠃ ᠵᠠᠰᠠᠭ ᠵᠠᠬᠢᠷᠭᠠᠨ ᠤ ᠴᠢᠳᠠᠪᠬᠢ ᠪᠠ ᠬᠤᠳᠠᠯᠳᠤᠭ᠎ᠠ ᠡᠷᠬᠢᠯᠡᠬᠦ ᠣᠷᠴᠢᠨ ᠢ ᠦᠷᠭᠦᠯᠵᠢᠯᠡᠨ ᠰᠠᠶᠢᠵᠢᠷᠠᠭᠤᠯᠬᠤ ᠴᠢᠬᠤᠯᠠᠲᠠᠢ ᠵᠡᠷᠭᠡ ᠠᠰᠠᠭᠤᠳᠠᠯ ᠤᠳ ᠢ ᠪᠢᠳᠠ ᠭᠦᠨᠵᠡᠭᠡᠢ ᠰᠤᠳᠤᠯᠵᠤ᠂ ᠣᠨᠣᠪᠴᠢᠲᠠᠢ ᠠᠷᠭ᠎ᠠ ᠪᠣᠳᠣᠯᠭ᠎ᠠ ᠠᠪᠤᠨ᠂ ᠦᠨᠡᠨᠬᠦ ᠰᠢᠢᠳᠪᠦᠷᠢᠯᠡᠵᠦ᠂ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠬᠤ ᠪᠠᠷ ᠴᠢᠷᠮᠠᠶᠢᠨ᠎ᠠ      ᠬᠤᠶᠠᠷ᠂ 2020 ᠣᠨ ᠤ ᠬᠠᠷᠠᠯᠲᠠ ᠡᠭᠦᠷᠭᠡ ᠪᠠ ᠠᠵᠢᠯ ᠤᠨ ᠭᠤᠣᠯᠳᠠᠯᠭ᠎ᠠ      ᠥᠨᠥ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ ︾ ᠤᠨ ᠲᠥᠯᠥᠪᠵᠢᠭᠦᠯᠭᠡ ᠶᠢ ᠪᠡᠶᠡᠯᠡᠭᠦᠯᠬᠦ ᠰᠡᠭᠦᠯ ᠤᠨ ᠵᠢᠯ ᠪᠣᠯᠬᠤ ᠪᠥᠭᠡᠳ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠲᠥᠯᠥᠪᠯᠡᠬᠦ ᠵᠠᠩᠭᠢᠯᠠᠭ᠎ᠠ ᠶᠢᠨ ᠵᠢᠯ ᠪᠣᠯᠣᠨ᠎ᠠ᠃ ᠵᠠᠰᠠᠭ ᠤᠨ ᠣᠷᠳᠣᠨ ᠤ ᠠᠵᠢᠯ ᠢ ᠰᠠᠶᠢᠨ ᠬᠢᠬᠦ ᠳᠤ᠂ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠤᠨ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠣᠯ ᠰᠡᠳᠦᠪ ᠲᠤ ᠲᠥᠪᠯᠡᠷᠡᠭᠦᠯᠵᠦ᠂ ︽ᠰᠦᠷᠯᠢᠭ ᠰᠠᠶᠢᠬᠠᠨ ᠨᠤᠲᠤᠭ᠂ ᠵᠣᠯ ᠵᠢᠷᠭᠠᠯᠲᠤ ᠣᠲᠤᠭ︾ ᠢ ᠪᠠᠶᠢᠭᠤᠯᠬᠤ ᠪᠠᠶᠢᠯᠲᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠲᠣᠭᠤᠷᠢᠭᠤᠯᠤᠨ᠂ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠦ ᠠᠬᠤᠢ ᠨᠡᠶᠢᠭᠡᠮ ᠢ ᠬᠥᠭᠵᠢᠭᠦᠯᠬᠦ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠢᠵᠢᠭ ᠢ ᠪᠠᠶᠢᠩᠭᠤ ᠰᠡᠷᠭᠡᠶᠢᠯᠡᠨ ᠡᠵᠡᠮᠳᠡᠭᠰᠡᠨ ᠤᠷᠢᠳᠠᠯ ᠳᠣᠣᠷ᠎ᠠ᠂ ᠲᠣᠭᠲᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠢ ᠵᠣᠭᠰᠣᠴᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠵᠤ᠂ ᠥᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠠᠬᠤ ᠪᠠᠷ ᠬᠥᠳᠡᠯᠭᠡᠭᠴᠢ ᠬᠦᠴᠦᠨ ᠪᠣᠯᠭᠠᠨ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠦ᠂ ᠬᠥᠳᠡᠭᠡ ᠲᠣᠰᠬᠤᠨ ᠢ ᠬᠥᠭᠵᠢᠭᠦᠯᠬᠦ ᠪᠠᠶᠢᠯᠲᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠦᠨ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠰᠠᠶᠢᠨ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠨᠡᠮᠡᠭᠳᠡᠯ ᠢ ᠲᠣᠭᠲᠠᠪᠤᠷᠢᠵᠢᠭᠤᠯᠵᠤ᠂ ᠥᠭᠡᠷᠡᠴᠢᠯᠡᠯᠲᠡ ᠶᠢ ᠠᠬᠢᠭᠤᠯᠤᠨ᠂ ᠪᠦᠲᠦᠴᠡ ᠶᠢ ᠲᠣᠬᠢᠷᠠᠭᠤᠯᠵᠤ᠂ ᠠᠷᠠᠳ ᠤᠨ ᠠᠮᠢᠳᠤᠷᠠᠯ ᠢ ᠬᠠᠷᠠᠭᠠᠯᠵᠠᠨ᠂ ᠲᠦᠭᠰᠢᠭᠦᠷᠢ ᠶᠢ ᠰᠡᠷᠭᠡᠶᠢᠯᠡᠵᠦ᠂ ᠲᠣᠭᠲᠠᠭᠤᠨ ᠢ ᠪᠠᠲᠤᠯᠠᠨ᠂ ᠠᠵᠦ ᠠᠬᠤᠢ ᠶᠢ ᠵᠣᠬᠢᠰᠲᠠᠢ ᠪᠠᠷ ᠡᠷᠭᠢᠯᠳᠦᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠠᠮᠵᠢᠯᠲᠠᠲᠠᠢ ᠪᠡᠶᠡᠯᠡᠭᠦᠯᠬᠦ ᠶᠢ ᠪᠠᠲᠤᠯᠠᠨ᠂ ᠠᠮᠢ ᠠᠬᠤᠢ ᠶᠢ ᠤᠷᠢᠳᠠᠪᠠᠷ ᠪᠣᠳᠣᠯᠬᠢᠯᠠᠵᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠲᠦᠷᠭᠡᠨ ᠰᠦᠪᠡᠭᠴᠢᠯᠡᠨ᠎ᠡ᠃      ᠵᠢᠱᠢᠭᠰᠡᠨ ᠭᠤᠣᠯ ᠬᠠᠷᠠᠯᠲᠠ ᠪᠣᠯ᠄ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 5% ᠤᠷᠴᠢᠮ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 5.3% ᠣᠷᠴᠢᠮ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ 5% ᠣᠷᠴᠢᠮ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠦ ᠦᠢᠯᠡᠳᠪᠦᠷᠢ ᠶᠢᠨ ᠨᠡᠮᠡᠭᠳᠡᠯ ᠥᠷᠲᠡᠭ ᠢ 8% ᠣᠷᠴᠢᠮ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠬᠤ ᠶᠡᠷᠦᠩᠬᠡᠢ ᠬᠡᠮᠵᠢᠶ᠎ᠡ ᠶᠢ 4% ᠣᠷᠴᠢᠮ ᠨᠡᠮᠡᠭᠳᠡᠭᠦᠯᠦᠨ᠎ᠡ︔ ᠬᠤᠲᠠ ᠬᠥᠳᠡᠭᠡ ᠶᠢᠨ ᠪᠠᠶᠢᠩᠭᠤ ᠰᠠᠭᠤᠭᠠᠯᠢ ᠠᠷᠠᠳ  ᠤᠨ ᠬᠦᠮᠦᠨ ᠳᠤᠲᠤᠮ ᠤᠨ ᠡᠵᠡᠮᠳᠡᠵᠦ ᠪᠤᠯᠬᠤ ᠤᠷᠤᠯᠭ᠎ᠠ ᠶᠢ ᠲᠤᠰ ᠲᠤᠰ 6% ᠪᠠ 7.5% ᠤᠷᠴᠢᠮ ᠨᠡᠮᠡᠭᠳᠡᠭᠦᠯᠦᠨ᠎ᠡ᠃ ᠳᠡᠭᠡᠷᠡᠬᠢ ᠬᠠᠷᠠᠯᠲᠠ ᠶᠢ ᠪᠡᠶᠡᠯᠡᠭᠦᠯᠬᠦ ᠳᠤ᠂ ᠬᠤᠰᠢᠭᠤ ᠳᠠᠶᠠᠭᠠᠷ ᠢᠶᠠᠨ ᠢᠲᠡᠭᠡᠯ ᠵᠣᠷᠢᠭ ᠢᠶᠠᠨ ᠬᠥᠪᠴᠢᠯᠡᠨ᠂ ᠯᠠᠪᠳᠠᠭᠤᠨ ᠪᠠᠲᠤᠲᠠᠢ ᠠᠵᠢᠯᠯᠠᠵᠦ᠂ ᠭᠤᠣᠯᠳᠠᠯᠭ᠎ᠠ ᠪᠠᠨ ᠬᠤᠪᠢᠷᠠᠭᠤᠯᠬᠤ ᠦᠭᠡᠢ ᠂ ᠠᠩᠬᠠᠷᠤᠯ ᠢᠶᠠᠨ ᠰᠢᠯᠵᠢᠭᠦᠯᠬᠦ ᠦᠭᠡᠢ᠂ ᠪᠠᠷᠢᠮᠵᠢᠶ᠎ᠠ ᠶᠢ ᠪᠠᠭᠤᠷᠠᠭᠤᠯᠬᠤ ᠦᠭᠡᠢ᠂ ᠡᠷᠴᠢᠮ ᠢ ᠰᠤᠯᠠᠷᠠᠭᠤᠯᠬᠤ ᠦᠭᠡᠢ ᠪᠠᠷ ᠳᠣᠣᠷᠠᠬᠢ ᠳᠣᠯᠣᠭᠠᠨ ᠲᠠᠯ᠎ᠠ ᠶᠢᠨ ᠠᠵᠢᠯ ᠢ ᠭᠤᠣᠯᠳᠠᠭ᠎ᠠ ᠲᠠᠢ ᠰᠠᠶᠢᠨ ᠬᠢᠨ᠎ᠡ᠃      ︵ᠨᠢᠭᠡ︶ ᠭᠤᠣᠯᠳᠠᠯᠭ᠎ᠠ ᠶᠢ ᠠᠳᠬᠤᠵᠤ᠂ ᠬᠤᠷᠢᠭ᠎ᠠ ᠴᠡᠭᠡᠷ ᠢ ᠰᠠᠬᠢᠨ᠂ ᠭᠤᠷᠪᠠ ᠶᠡᠭᠡ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠣᠯᠣᠨ᠎ᠠ      ᠨᠢᠭᠡ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳᠠᠭᠠᠭᠠᠮᠠᠭᠠᠢ ᠲᠣᠭᠲᠠᠴᠠ ᠶᠢ ᠲᠡᠭᠦᠯᠳᠡᠷᠵᠢᠭᠦᠯᠦᠨ᠎ᠡ᠃ ᠶᠠᠳᠠᠭᠤ ᠶᠢ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ︽ᠲᠠᠪᠤᠨ ᠱᠠᠲᠤᠨ ᠤ ᠱᠦᠵᠢ ᠶᠠᠳᠠᠭᠤ ᠶᠢ ᠲᠡᠳᠬᠦᠬᠦ ᠠᠵᠢᠯ ᠢ ᠠᠳᠬᠤᠬᠤ︾ ᠳᠦᠷᠢᠮ ᠢ ᠴᠢᠩᠭᠠᠳᠬᠠᠨ᠂ ᠬᠤᠯᠪᠣᠭᠠᠯᠠᠨ ᠳᠠᠭᠠᠭᠠᠴᠢᠯᠠᠬᠤ ᠡᠩᠨᠡᠭᠡᠨ ᠤ ᠪᠣᠯᠪᠠᠰᠤᠷᠠᠯ ᠬᠥᠮᠥᠵᠢᠯ᠂ ᠰᠠᠬᠢᠯᠭ᠎ᠠ ᠪᠠᠲᠤ ᠶᠢᠨ ᠬᠦᠯᠢᠶᠡᠰᠦᠯᠡᠯ ᠢ ᠴᠢᠩᠭᠠᠷᠠᠭᠤᠯᠵᠤ᠂ ᠬᠢᠨᠠᠨ ᠰᠢᠯᠭᠠᠷᠠᠭᠤᠯᠵᠤ ᠬᠥᠬᠢᠭᠦᠯᠦᠨ ᠵᠠᠯᠬᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠂ ᠬᠠᠪᠰᠤᠷᠤᠨ ᠲᠡᠳᠬᠦᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠶᠠᠳᠠᠭᠤ ᠠᠴᠠ ᠠᠩᠭᠢᠵᠢᠷᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠲᠤᠳᠬᠠᠵᠤ᠂ ︽ᠢᠳᠡᠵᠦ ᠡᠮᠦᠰᠬᠦ ᠳᠡᠭᠡᠨ ᠥᠯᠥ ᠵᠣᠪᠠᠭ᠋ᠤ᠂ ᠭᠤᠷᠪᠠ ᠶᠢ ᠪᠠᠲᠤᠯᠠᠬᠤ︾ ᠠᠵᠢᠯ ᠤᠨ ᠲᠣᠭᠤᠷᠢᠨ ᠳᠤ᠂ ᠠᠵᠦ ᠦᠢᠯᠡᠰ᠂ ᠣᠷᠣᠨ ᠰᠠᠭᠤᠴᠠ᠂ ᠤᠮᠳᠠ ᠤᠰᠤ᠂ ᠰᠤᠷᠭᠠᠨ ᠬᠥᠮᠥᠵᠢᠯ᠂ ᠡᠷᠡᠭᠦᠯ ᠮᠡᠨᠳᠦ᠂ ᠮᠥᠩᠭᠦᠨ ᠭᠦᠢᠯᠬᠡᠬᠡ᠂ ᠨᠡᠶᠢᠭᠡᠮ ᠤᠨ ᠪᠠᠲᠤᠯᠠᠭ᠎ᠠ ᠵᠡᠷᠭᠡ ᠬᠠᠪᠰᠤᠷᠤᠨ ᠲᠡᠳᠬᠦᠬᠦ ᠠᠷᠭ᠎ᠠ ᠪᠠᠷᠢᠯ ᠢ ᠣᠨᠣᠪᠴᠢᠲᠠᠢ ᠬᠡᠷᠡᠭᠵᠢᠭᠦᠯᠵᠦ᠂ ᠳᠡᠭᠡᠳᠦ ᠱᠠᠲᠤᠨ ᠠᠴᠠ ᠬᠠᠷᠢᠭᠤ ᠲᠤᠰᠬᠠᠭᠰᠠᠨ ᠰᠠᠨᠠᠯ ᠪᠠ ᠥᠪᠡᠷᠲᠡᠭᠡᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠰᠠᠶᠢᠲᠤᠷ ᠴᠡᠭᠴᠡᠯᠡᠨ᠂ ᠶᠠᠳᠠᠭᠤ ᠠᠴᠠ ᠠᠩᠭᠢᠵᠢᠷᠠᠭᠤᠯᠬᠤ ᠬᠦᠮᠦᠰ ᠪᠠ ᠶᠠᠳᠠᠭᠤᠷᠠᠬᠤ ᠰᠢᠬᠠᠭᠰᠠᠨ ᠡᠷᠦᠬᠡ ᠶᠢ ᠬᠥᠳᠡᠯᠦᠩᠭᠦᠢ ᠪᠠᠷ ᠬᠢᠨᠠᠨ ᠬᠠᠮᠢᠶᠠᠷᠴᠤ᠂ ᠬᠦᠨᠳᠦ ᠡᠪᠡᠳᠴᠢᠨ ᠪᠤᠶᠤ ᠭᠡᠨᠡᠳᠡᠯ ᠠᠴᠠ ᠳᠠᠬᠢᠵᠤ ᠶᠠᠳᠠᠭᠤᠷᠠᠬᠤ᠂ ᠶᠠᠳᠠᠭᠤᠷᠠᠬᠤ ᠦᠵᠡᠭᠳᠡᠯ ᠡᠭᠦᠰᠬᠡᠬᠦ ᠶᠢ ᠴᠢᠩᠭ᠎ᠠ ᠰᠡᠷᠭᠡᠶᠢᠯᠡᠨ᠂ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠨᠡᠶᠢᠳᠡᠮ ᠪᠠᠶᠢᠴᠠᠭᠠᠯᠲᠠ ᠶᠢ ᠠᠮᠵᠢᠯᠲᠠᠲᠠᠢ ᠥᠩᠭᠡᠷᠡᠭᠡᠨ᠎ᠡ᠃ ᠠᠵᠤ ᠦᠢᠯᠡᠰ ᠤᠨ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠪᠠ ᠬᠤᠳᠠ ᠬᠥᠳᠡᠭᠡ ᠶᠢ ᠬᠥᠭᠵᠢᠭᠦᠯᠬᠦ ᠠᠵᠢᠯ ᠢ ᠪᠦᠲᠦᠮᠵᠢᠲᠡᠢ ᠠᠪᠴᠠᠯᠳᠤᠭᠤᠯᠵᠤ᠂ ᠭᠤᠣᠯᠳᠠᠯᠭᠠᠲᠦ ᠠᠵᠤ ᠠᠬᠤᠶᠢᠯᠠᠯ᠂ ᠳᠠᠭᠠᠭᠤᠯᠤᠭᠴᠢ ᠠᠵᠤ ᠠᠬᠤᠶᠢᠯᠠᠯ᠂ ᠬᠠᠮᠲᠤ ᠶᠢᠨ ᠠᠵᠤ ᠠᠬᠤᠢ᠂ ᠲᠤᠰᠬᠠᠢ ᠬᠤᠷᠰᠢᠶ᠎ᠠ ᠪᠠᠷ ᠭᠤᠣᠯ ᠴᠣᠭᠴᠠ ᠪᠣᠯᠭᠠᠨ᠂ ︽ᠵᠠᠭᠤᠨ ᠠᠵᠤ ᠠᠬᠤᠶᠢᠯᠠᠯ ᠵᠠᠭᠤᠨ ᠭᠠᠴᠠᠭ᠎ᠠ ᠲᠣᠰᠬᠤᠨ ᠢ ᠲᠡᠳᠬᠦᠬᠦ︾ ᠠᠵᠢᠯᠯᠠᠭ᠎ᠠ ᠲᠠᠢ ᠤᠶᠠᠯᠳᠤᠭᠤᠯᠵᠤ᠂ ᠲᠥᠷᠥᠯ ᠵᠦᠢᠯ ᠤᠨ ᠪᠡᠯᠡ ᠮᠥᠩᠭᠦ ᠶᠢ ᠮᠦᠨ ᠭᠠᠵᠠᠷ ᠲᠤᠨᠢ ᠬᠡᠷᠡᠭᠯᠡᠭᠦᠯᠦᠨ᠂ ︽ᠨᠢᠭᠡ ᠭᠠᠴᠠᠭ᠎ᠠ ᠲᠣᠰᠬᠤᠨ ᠳᠤ ᠨᠢᠭᠡ ᠨᠡᠷᠡᠲᠦ ᠲᠡᠮᠳᠡᠭ ᠢ ᠡᠭᠦᠳᠴᠦ᠂ ᠣᠶᠢᠷ᠎ᠠ ᠬᠠᠪᠢ ᠪᠠᠷ ᠬᠢ ᠶᠢ ᠳᠠᠶᠢᠴᠢᠯᠠᠬᠤ︾ ᠠᠵᠤ ᠦᠢᠯᠡᠰ ᠤᠨ ᠬᠤᠯᠪᠣᠭᠠᠯᠠᠭᠰᠠᠨ ᠴᠣᠭᠴᠠ ᠶᠢ ᠪᠦᠷᠢᠯᠳᠦᠭᠦᠯᠵᠦ᠂ ᠶᠠᠳᠠᠭᠤ ᠠᠴᠠ ᠠᠩᠭᠢᠵᠢᠷᠠᠭᠤᠯᠬᠤ ᠬᠥᠮᠥᠰ᠂ ᠶᠠᠳᠠᠭᠤᠷᠠᠬᠤ ᠰᠢᠬᠠᠭᠰᠠᠨ ᠡᠷᠦᠬᠡ ᠶᠢ ᠠᠵᠤ ᠦᠢᠯᠡᠰ ᠤᠨ ᠬᠡᠯᠬᠢᠶ᠎ᠡ ᠳᠤ ᠣᠷᠣᠭᠤᠯᠤᠨ᠎ᠠ᠃ ᠶᠠᠳᠠᠭᠤ ᠶᠢ ᠲᠡᠳᠬᠦᠬᠦ ᠲᠥᠷᠥᠯ ᠵᠦᠢᠯ ᠢ ᠰᠢᠯᠭᠠᠨ ᠦᠨᠡᠯᠡᠬᠦ ᠵᠢᠴᠢ ᠬᠢᠨᠠᠨ ᠰᠢᠯᠭᠠᠷᠠᠭᠤᠯᠬᠤ ᠳᠦᠷᠢᠮ ᠢ ᠲᠡᠭᠦᠯᠳᠡᠷᠵᠢᠭᠦᠯᠵᠦ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠵᠣᠬᠢᠰᠲᠠᠢ ᠬᠤᠪᠢᠶᠡᠨ᠂ ᠵᠢᠷᠤᠮᠵᠢᠭᠤᠯᠤᠨ ᠬᠡᠷᠡᠭᠯᠡᠵᠦ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠦᠷᠲᠡᠭ ᠢ ᠬᠠᠮᠠᠭᠠᠯᠠᠵᠤ ᠨᠡᠮᠡᠭᠳᠡᠭᠦᠯᠬᠦ᠂ ᠤᠷᠲᠤ ᠬᠤᠭᠤᠴᠠᠭ᠎ᠠ ᠪᠠᠷ ᠠᠰᠢᠭ ᠬᠦᠷᠲᠡᠬᠦ ᠶᠢ ᠪᠠᠲᠤᠯᠠᠨ᠎ᠠ᠃ ᠣᠷᠣᠯᠭ᠎ᠠ ᠶᠢ ᠨᠡᠮᠡᠭᠳᠡᠭᠦᠯᠬᠦ ᠳᠣᠲᠣᠭᠠᠳᠤ ᠬᠦᠳᠡᠯᠭᠡᠭᠴᠢ ᠬᠦᠴᠦᠨ ᠢ ᠬᠥᠭᠵᠢᠭᠡᠵᠦ᠂ ᠣᠶᠣᠨ ᠤᠬᠠᠭᠠᠨ ᠢ ᠲᠡᠳᠬᠦᠬᠦ ᠪᠠ ᠡᠷᠴᠢ ᠵᠣᠷᠢᠭ ᠢ ᠨᠢ ᠬᠦᠪᠴᠢᠯᠡᠬᠦ ᠶᠢ ᠤᠶᠠᠯᠳᠤᠭᠤᠯᠤᠨ᠂ ︽ᠲᠡᠮᠵᠢᠯᠭᠡ ᠲᠤᠰᠠᠯᠠᠯᠲᠠ ᠪᠠᠷ ᠳᠡᠭᠵᠢᠷᠡᠵᠦ᠂ ᠬᠦᠴᠦ ᠴᠢᠷᠮᠠᠶᠢᠯᠭ᠎ᠠ ᠪᠠᠷ ᠴᠢᠨᠡᠭᠡᠯᠢᠭᠵᠢᠬᠦ︾ ᠤᠬᠠᠭᠤᠯᠤᠨ ᠶᠠᠷᠢᠬᠤ ᠠᠵᠢᠯᠯᠠᠭ᠎ᠠ ᠥᠷᠨᠢᠭᠦᠯᠵᠦ᠂ ᠠᠵᠤ ᠦᠢᠯᠡᠰ ᠢ ᠬᠥᠭᠵᠢᠭᠦᠯᠬᠦ ᠤᠷ᠎ᠠ ᠮᠡᠷᠭᠡᠵᠢᠯ᠂ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠵᠢᠭᠠᠨ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠬᠡ ᠪᠠ ᠶᠠᠳᠠᠭᠤᠷᠠᠬᠤ ᠰᠢᠬᠠᠭᠰᠠᠨ ᠡᠷᠦᠬᠡ ᠶᠢᠨ ᠥᠪᠡᠷᠲᠡᠭᠡᠨ ᠬᠥᠭᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃      ᠬᠤᠶᠠᠷ ᠲᠤ ᠪᠣᠬᠢᠷᠲᠤᠯ ᠢ ᠣᠨᠣᠪᠴᠢᠲᠠᠢ ᠵᠠᠰᠠᠵᠤ ᠣᠷᠴᠢᠨ ᠲᠣᠭᠤᠷᠢᠨ ᠤ ᠴᠢᠨᠠᠷ ᠢ ᠰᠠᠶᠢᠵᠢᠷᠠᠭᠤᠯᠤᠨ᠎ᠠ᠃ ᠪᠦᠬᠦ ᠣᠷᠣᠨ᠂ ᠪᠦᠬᠦ ᠬᠤᠳᠠ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠥᠬᠠᠢ ᠵᠢᠴᠢ ᠣᠶᠢᠷ᠎ᠠ ᠬᠠᠪᠢ ᠶᠢᠨ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠵᠠᠰᠠᠬᠤ ᠠᠵᠢᠯ ᠳᠤ ᠤᠬᠠᠮᠰᠠᠷ ᠠᠴᠠ ᠪᠠᠨ ᠣᠷᠣᠯᠴᠠᠨ᠂ ᠪᠦᠬᠦ ᠬᠤᠲᠠ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠣᠯᠬᠤ ᠠᠷᠪᠠᠨ ᠶᠡᠭᠡ ᠠᠵᠢᠯᠯᠠᠭ᠎ᠠ ᠶᠢ ᠪᠠᠲᠤᠲᠠᠢ ᠠᠬᠢᠭᠤᠯᠵᠤ᠂ 509 ᠵᠠᠰᠠᠯᠲᠠ ᠶᠢᠨ ᠡᠭᠦᠷᠭᠡ ᠶᠢ ᠪᠡᠶᠡᠯᠡᠭᠦᠯᠦᠨ᠂ ᠬᠥᠬᠡ ᠤᠭᠲᠠᠷᠭᠤᠢ᠂ ᠴᠡᠩᠭᠡᠭ ᠤᠰᠤ᠂ ᠠᠯᠲᠠᠨ ᠳᠡᠯᠡᠬᠡᠢ ᠪᠠᠨ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠣᠯᠣᠨ᠎ᠠ᠃ ︽ᠭᠤᠷᠪᠠᠨ ᠲᠣᠭᠤᠰᠣ ᠭᠤᠷᠪᠠᠨ ᠬᠠᠶᠠᠭᠳᠠᠮᠠᠯ︾ ᠢ ᠦᠨᠳᠦᠰᠦ ᠠᠴᠠ ᠨᠢ ᠵᠠᠰᠠᠵᠤ᠂ ᠠᠭᠤᠷᠬᠠᠢ ᠶᠢᠨ ᠣᠷᠣᠨ᠂ ᠠᠵᠤ ᠦᠢᠯᠡᠳᠪᠦᠷᠢ ᠶᠢᠨ ᠪᠣᠬᠢᠷᠲᠤᠯ ᠤᠨ ᠡᠬᠢ ᠳᠤ ᠲᠥᠪᠯᠡᠷᠡᠭᠦᠯᠦᠨ᠂ ︽ᠴᠢ ᠫᠠᠠ ᠵᠢᠩ ᠮᠸᠡᠭ ᠰᠢ ᠣᠷᠣᠨ ᠤ ᠠᠭᠠᠷ ᠮᠠᠨᠳᠠᠯ ᠤᠨ ᠴᠢᠨᠠᠷ ᠴᠢᠨᠰᠠᠭ᠎ᠠ ᠶᠢᠨ ᠬᠠᠮᠢᠶᠠᠷᠤᠯᠲᠠ ᠶᠢᠨ ᠠᠷᠭ᠎ᠠ︾ ᠶᠢ ᠬᠡᠷᠡᠭᠵᠢᠭᠦᠯᠵᠦ᠂ ︽ᠵᠠᠰᠠᠭ ᠤᠨ ᠣᠷᠳᠣᠨ ᠠᠴᠠ ᠵᠢᠯᠤᠭᠤᠳᠬᠤ᠂ ᠲᠥᠯᠥᠪᠵᠢᠭᠦᠯᠭᠡ ᠶᠢ ᠤᠷᠢᠳᠠᠪᠠᠷ ᠬᠢᠬᠦ᠂ ᠠᠵᠤ ᠠᠬᠤᠶᠢᠯᠠᠯ ᠢᠶᠠᠷ ᠭᠤᠣᠯ ᠪᠣᠯᠭᠠᠬᠤ᠂ ᠪᠠᠶᠢᠭᠤᠯᠭ᠎ᠠ ᠨᠢᠭᠡᠴᠢ ᠠᠴᠠ ᠬᠢᠨᠠᠨ ᠬᠠᠮᠢᠶᠠᠷᠬᠤ᠂ ᠬᠤᠯᠪᠣᠭᠠᠯᠠᠨ ᠬᠠᠤᠯᠢ ᠬᠡᠷᠡᠭᠵᠢᠭᠦᠯᠬᠦ︾ ᠵᠠᠷᠴᠢᠮ ᠶᠣᠰᠣᠭᠠᠷ᠂ ︽ᠤᠰᠤᠨ ᠤ ᠬᠡᠮᠵᠢᠶ᠎ᠡ ᠪᠠᠷ ᠦᠢᠯᠡᠳᠪᠦᠷᠢᠯᠡᠯ ᠢ ᠲᠣᠭᠲᠠᠭᠠᠬᠤ᠂ ᠤᠰᠤ ᠦᠭᠡᠢ ᠪᠣᠯ ᠦᠢᠯᠡᠳᠪᠦᠷᠢᠯᠡᠯ ᠢ ᠵᠣᠭᠰᠣᠭᠠᠬᠤ︾᠂ ︽ᠤᠷᠢᠳᠠᠪᠡᠷ ᠭᠠᠯ ᠤᠨᠲᠠᠷᠠᠭᠠᠵᠤ ᠰᠡᠭᠦᠯᠡᠷ ᠨᠢ ᠦᠢᠯᠡᠳᠪᠦᠷᠢᠯᠡᠬᠦ᠂ ᠭᠠᠯ ᠢ ᠤᠨᠲᠠᠷᠠᠭᠠᠬᠤ ᠦᠭᠡᠢ ᠪᠣᠯ ᠦᠢᠯᠡᠳᠪᠦᠷᠢᠯᠡᠬᠦ ᠪᠠᠨ ᠵᠣᠭᠰᠣᠭᠠᠬᠤ︾᠂ ︽ᠡᠳᠦᠷ ᠢᠶᠠᠷ ᠦᠢᠯᠡᠳᠪᠦᠷᠢᠯᠡᠵᠦ᠂ ᠰᠦᠨᠢ ᠦᠢᠯᠡᠳᠪᠦᠷᠢᠯᠡᠯ ᠢᠶᠠᠨ ᠵᠣᠭᠰᠣᠭᠠᠬᠤ︾ ᠵᠡᠷᠭᠡ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠂ ︽ᠨᠢᠭᠡ ᠠᠩᠭᠢ ᠪᠠᠷ ᠣᠷᠴᠢᠨ ᠲᠣᠭᠤᠷᠢᠨ ᠤ ᠬᠠᠮᠠᠭᠠᠯᠠᠯᠲᠠ ᠶᠢ ᠬᠠᠮᠢᠶᠠᠷᠤᠭᠤᠯᠬᠤ︾ ᠶᠡᠷᠦᠩᠬᠡᠶᠢᠯᠡᠭᠰᠡᠨ ᠬᠤᠯᠪᠣᠭᠠᠯᠠᠨ ᠬᠠᠤᠯᠢ ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ︽ᠤᠯᠠᠭᠠᠨ ᠰᠢᠷ᠎ᠠ︾ ᠫᠠᠶᠢᠰᠠ ᠪᠠᠷ ᠰᠡᠷᠡᠮᠵᠢᠯᠡᠭᠦᠯᠵᠦ ᠬᠢᠨᠠᠨ ᠬᠠᠮᠢᠶᠠᠷᠤᠨ᠂ ᠢᠲᠡᠭᠡᠮᠵᠢ ᠶᠢᠨ ᠪᠠᠶᠢᠳᠠᠯ ᠢᠶᠠᠷ ᠨᠢ ᠱᠠᠩᠨᠠᠵᠤ ᠲᠤᠷᠭᠠᠬᠤ ᠡᠷᠴᠢᠮ ᠢ ᠴᠢᠩᠭᠠᠷᠠᠭᠤᠯᠤᠨ᠎ᠠ᠃ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠲᠥᠪᠯᠡᠷᠡᠭᠦᠯᠵᠦ ᠵᠠᠰᠠᠨ᠂ ᠨᠡᠭᠦᠷᠡᠰᠦᠨ ᠴᠢᠯᠠᠭᠤ ᠪᠠᠷ ᠬᠤᠣᠨᠳᠤᠭ ᠪᠤᠯᠠᠬᠤ ᠤᠷ᠎ᠠ ᠮᠡᠷᠭᠡᠰᠢᠯ ᠢ ᠳᠡᠯᠭᠡᠷᠡᠭᠦᠯᠵᠦ᠂ ᠲᠦᠭᠦᠬᠡᠢ ᠮᠠᠲ᠋ᠧᠷᠢᠶᠠᠯ᠂ ᠬᠠᠲᠠᠭᠤ ᠬᠠᠶᠠᠭᠳᠠᠮᠠᠯ ᠢ ᠪᠢᠲᠡᠭᠦᠮᠵᠢᠯᠡᠨ ᠲᠡᠭᠡᠭᠡᠪᠦᠷᠢᠯᠡᠬᠦ ᠰᠢᠰᠲ᠋ᠧᠮ ᠢ 2 ᠠᠴᠠ ᠳᠡᠭᠡᠭᠰᠢ ᠪᠠᠶᠢᠭᠤᠯᠤᠨ᠂ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠲᠤᠯ ᠦᠭᠡᠢ ᠠᠭᠤᠷᠬᠠᠢ ᠶᠢ ᠰᠢᠨ᠎ᠡ ᠪᠠᠷ 26 ᠨᠡᠮᠡᠭᠳᠡᠭᠦᠯᠦᠨ᠎ᠡ᠃ ᠭᠤᠣᠯ ᠮᠦᠷᠡᠨ ᠤ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠳᠤᠷ᠎ᠠ ᠪᠠᠷ ᠢᠶᠠᠨ ᠡᠵᠡᠯᠡᠬᠦ ᠮᠠᠯᠲᠠᠬᠤ ᠣᠪᠣᠭᠠᠯᠠᠬᠤ ᠪᠠᠶᠢᠭᠤᠯᠬᠤ︾ ᠶᠢ ᠴᠡᠭᠴᠡᠯᠡᠬᠦ ᠠᠵᠢᠯᠯᠠᠭ᠎ᠠ ᠥᠷᠨᠢᠭᠦᠯᠦᠨ᠂ ᠳᠣᠰᠤᠳᠤ ᠶᠢᠨ ᠭᠤᠣᠯ ᠵᠡᠷᠭᠡ ᠭᠤᠣᠯ ᠤᠨ ᠣᠷᠣᠰᠬᠠᠯ ᠤᠨ ᠶᠡᠷᠦᠩᠬᠡᠶᠢᠯᠡᠭᠰᠡᠨ ᠴᠡᠭᠴᠡᠯᠡᠯᠲᠡ ᠶᠢ ᠴᠢᠩᠭᠠᠳᠬᠠᠵᠤ᠂ ᠤᠰᠤᠨ ᠤ ᠴᠢᠨᠠᠷ ᠢ ᠪᠠᠷᠢᠮᠵᠢᠶ᠎ᠠ ᠳᠤ ᠬᠦᠷᠭᠡᠬᠦ ᠶᠢ ᠪᠠᠲᠤᠯᠠᠨ᠎ᠠ᠃ ᠤᠮᠳᠠ ᠤᠰᠤᠨ ᠤ ᠰᠤᠷᠪᠤᠯᠵᠢ ᠶᠢ ᠬᠠᠮᠠᠭᠠᠯᠠᠵᠤ᠂ ᠤᠮᠳᠠ ᠤᠰᠤᠨ ᠤ ᠠᠮᠤᠷ ᠲᠦᠪᠰᠢᠨ ᠪᠠ ᠬᠤᠪᠢᠷᠠᠯᠲᠠ ᠶᠢᠨ ᠲᠡᠩᠴᠡᠭᠦᠷᠢᠰᠢᠯ ᠢ ᠪᠠᠲᠤᠯᠠᠨ᠎ᠠ᠃ ᠬᠥᠷᠣᠰᠤ ᠰᠢᠷᠣᠢ ᠶᠢᠨ ᠪᠣᠬᠢᠷᠳᠤᠯ ᠢ ᠵᠠᠰᠠᠵᠤ ᠰᠡᠷᠭᠦᠭᠡᠨ᠂ ᠠᠵᠤ ᠦᠢᠯᠡᠳᠪᠦᠷᠢ ᠶᠢᠨ ᠠᠶᠤᠯᠲᠠᠢ ᠬᠠᠶᠠᠭᠳᠠᠮᠠᠯ ᠪᠤᠳᠠᠰ ᠤᠨ ᠪᠦᠬᠦ ᠶᠠᠪᠤᠴᠠ ᠶᠢ ᠬᠢᠨᠠᠨ ᠬᠠᠮᠢᠶᠠᠷᠴᠤ᠂ ᠲᠣᠭᠤᠭᠠᠨ ᠭᠡᠷ ᠤᠨ ᠬᠤᠭ᠂ ᠡᠮᠨᠡᠯᠭᠡ ᠶᠢᠨ ᠬᠠᠶᠠᠭᠳᠠᠮᠠᠯ ᠪᠤᠳᠠᠰ ᠢ ᠰᠢᠢᠳᠪᠦᠷᠢᠯᠡᠬᠦ ᠠᠵᠢᠯ ᠢ ᠵᠢᠷᠤᠮᠵᠢᠭᠤᠯᠤᠨ᠂ ᠬᠤᠭ ᠨᠣᠪᠰᠢ ᠶᠢ ᠲᠥᠷᠥᠯ ᠠᠩᠭᠢᠯᠠᠨ ᠰᠢᠢᠳᠪᠦᠷᠢᠯᠡᠬᠦ ᠶᠢ ᠠᠬᠢᠭᠤᠯᠤᠨ᠎ᠠ᠃ ᠡᠭᠦᠨ ᠤ ᠬᠠᠮᠲᠤ᠂ ᠲᠥᠪ ᠬᠤᠷᠢᠶ᠎ᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ᠂ ︽ᠡᠷᠭᠢᠵᠦ ᠬᠠᠷᠠᠬᠤ︾ ᠠᠵᠢᠯᠯᠠᠭ᠎ᠠ ᠪᠠ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠱᠠᠭᠠᠷᠳᠠᠨ ᠪᠠᠶᠢᠴᠠᠭᠠᠯᠲᠠ ᠪᠠᠷ ᠬᠠᠷᠢᠭᠤ ᠲᠤᠰᠬᠠᠭᠰᠠᠨ ᠰᠠᠨᠠᠯ ᠤᠨ ᠴᠡᠭᠴᠡᠯᠡᠯᠲᠡ ᠶᠢ ᠰᠠᠶᠢᠲᠤᠷ ᠠᠳᠬᠤᠵᠤ᠂ ᠴᠠᠭ ᠲᠠᠭᠠᠨ ᠳᠠᠩᠰᠠᠨ ᠠᠴᠠ ᠭᠠᠷᠭᠠᠬᠤ ᠶᠢ ᠪᠠᠲᠤᠯᠠᠨ᠎ᠠ᠃      ᠭᠤᠷᠪᠡ ᠳᠤ ᠬᠦᠨᠳᠦ ᠶᠡᠭᠡ ᠲᠦᠭᠰᠢᠭᠦᠷᠢ ᠶᠢ ᠪᠦᠬᠦ ᠬᠦᠴᠦ ᠪᠠᠷ ᠢᠶᠠᠨ ᠰᠡᠷᠭᠡᠶᠢᠯᠡᠨ ᠨᠠᠮᠳᠠᠭᠤᠯᠤᠨ᠎ᠠ᠃ ᠵᠠᠰᠠᠭ ᠤᠨ ᠣᠷᠳᠣᠨ ᠤ ᠦᠯᠡᠳᠡᠪᠦᠷᠢ ᠥᠷᠢ ᠶᠢ ᠡᠮᠬᠢ ᠲᠢᠭᠯᠢᠮ ᠲᠠᠢ ᠢᠯᠭᠠᠷᠠᠭᠤᠯᠵᠤ᠂ ᠡᠳ᠋ ᠬᠥᠷᠥᠩᠭᠡ ᠶᠢ ᠠᠮᠢᠳᠤᠯᠢᠭ ᠢᠶᠠᠷ ᠠᠰᠢᠭᠯᠠᠬᠤ᠂ ᠰᠲ᠋ᠣᠺ ᠤᠨ ᠡᠷᠬᠡ ᠶᠢ ᠰᠢᠯᠵᠢᠭᠦᠯᠬᠦ ᠶᠢ ᠤᠶᠠᠯᠳᠤᠭᠤᠯᠤᠨ᠂ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠳᠤ ᠥᠷᠢᠲᠦᠭᠰᠡᠨ ᠵᠤᠭᠤᠰ ᠢ ᠪᠦᠭᠦᠳᠡ ᠶᠢ ᠨᠢ ᠢᠯᠭᠠᠷᠠᠭᠤᠯᠵᠤ᠂ 3 ᠳ᠋ᠦᠩᠰᠢᠭᠤᠷ ᠲᠥᠭᠦᠷᠢᠭ ᠤᠨ ᠥᠷᠢ ᠶᠢ ᠲᠥᠯᠥᠨ᠎ᠡ᠃ ᠥᠷᠢ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠵᠦ᠂ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠶᠢᠨ ᠲᠥᠷᠥᠯ ᠵᠦᠢᠯ ᠤᠨ ᠬᠥᠮᠦᠷᠭᠡ ᠪᠠᠶᠢᠭᠤᠯᠤᠨ᠂ ᠬᠥᠮᠦᠷᠭᠡ ᠳᠤ ᠣᠷᠣᠭᠤᠯᠬᠤ ᠶᠢ ᠬᠢᠨᠠᠨ ᠬᠠᠷᠭᠤᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠲᠥᠷᠥᠯ ᠵᠦᠢᠯ ᠢ ᠲᠥᠯᠥᠪᠯᠡᠨ᠂ ᠨᠦᠬᠦᠴᠡᠯ ᠳᠤ ᠨᠡᠶᠢᠴᠡᠭᠰᠡᠨ ᠢ ᠨᠢ ᠨᠢᠭᠡ ᠨᠢᠭᠡ ᠪᠠᠷ ᠬᠥᠮᠦᠷᠭᠡ ᠳᠤ ᠣᠷᠣᠭᠤᠯᠵᠤ᠂ ᠲᠥᠷᠥᠯ ᠵᠦᠢᠯ ᠢ ᠰᠠᠶᠢᠲᠤᠷ ᠨᠥᠭᠡᠴᠡᠯᠡᠵᠦ ᠪᠡᠯᠡ ᠮᠥᠩᠭᠦ ᠶᠢ ᠴᠢᠷᠮᠠᠶᠢᠨ ᠣᠯᠣᠨ᠎ᠠ︔ ᠡᠭᠦᠨ ᠤ ᠳᠠᠭᠠᠤ᠂ ᠬᠥᠮᠦᠷᠭᠡ ᠳᠤ ᠣᠷᠣᠭᠤᠯᠤᠭᠰᠠᠨ ᠲᠥᠷᠥᠯ ᠵᠦᠢᠯ ᠤᠨ ᠲᠤᠰᠬᠠᠢ ᠪᠡᠯᠡ ᠮᠥᠩᠭᠦ ᠪᠠ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ  ᠶᠢ ᠭᠤᠶᠤᠴᠢᠯᠠᠬᠤ ᠳᠤ ᠲᠦᠰᠢᠭᠯᠡᠨ᠂ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠡᠮᠬᠢ ᠲᠢᠭᠯᠢᠮ ᠲᠠᠢ ᠪᠠᠷ ᠬᠡᠷᠡᠭᠵᠢᠭᠦᠯᠦᠨ᠎ᠡ᠃ ᠡᠳ᠋ ᠤᠨ ᠵᠠᠰᠠᠭ ᠤᠨ ᠭᠠᠶᠢᠯᠢ ᠲᠠᠲᠠᠪᠤᠷᠢ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠵᠤ᠂ ᠬᠤᠷᠢᠶᠠᠬᠤ ᠶᠣᠰᠣᠲᠠᠢ ᠶᠢ ᠨᠢ ᠡᠷᠬᠡᠪᠰᠢ ᠬᠤᠷᠢᠶᠠᠵᠤ᠂ ᠪᠦᠬᠦᠨ ᠢ ᠨᠢ ᠬᠤᠷᠢᠶᠠᠬᠤ ᠶᠢ ᠪᠠᠲᠤᠯᠠᠨ᠎ᠠ᠃      ︵ᠬᠤᠶᠠᠷ︶ ᠠᠮᠢ ᠠᠬᠤᠢ ᠶᠢ ᠠᠳᠬᠤᠵᠤ᠂ ᠠᠮᠢ ᠠᠬᠤᠢ ᠶᠢ ᠰᠡᠷᠭᠦᠭᠡᠨ᠂ ᠪᠣᠬᠢᠷᠲᠤᠯ ᠦᠭᠡᠢ ᠬᠥᠭᠵᠢᠯᠲᠡ ᠶᠢᠨ ᠰᠠᠭᠤᠷᠢ ᠶᠢ ᠪᠠᠲᠤᠳᠬᠠᠨ᠎ᠠ      ᠨᠢᠭᠡ ᠳᠤ ᠨᠤᠲᠤᠭ ᠪᠡᠯᠴᠢᠭᠡᠷ ᠢ ᠵᠠᠰᠠᠵᠤ ᠰᠡᠷᠭᠦᠭᠡᠬᠦ ᠠᠵᠢᠯ ᠢ ᠠᠬᠢᠭᠤᠯᠤᠨ᠎ᠠ᠃ ᠠᠷᠪᠠᠨ ᠵᠢᠯ ᠠᠴᠠ ᠶᠢᠰᠦᠨ ᠵᠢᠯ ᠨᠢ ᠭᠠᠩᠳᠠᠵᠤ᠂ ᠠᠮᠢ ᠠᠬᠤᠢ ᠬᠡᠪᠡᠷᠡᠭ ᠪᠠᠶᠢᠳᠠᠭ ᠪᠠᠶᠢᠭᠠᠯᠢ ᠶᠢᠨ ᠨᠥᠬᠦᠴᠡᠯ ᠲᠠᠢ ᠤᠶᠠᠯᠳᠤᠭᠤᠯᠤᠨ᠂ ᠪᠦᠬᠦ ᠬᠤᠳᠠ ᠶᠢᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠵᠤ ᠵᠠᠰᠠᠬᠤ ᠵᠢᠱᠢᠶ᠎ᠡ ᠶᠢ ᠡᠭᠦᠳᠬᠦ ᠠᠵᠢᠯ ᠲᠠᠢ ᠤᠶᠠᠯᠳᠤᠭᠤᠯᠵᠤ᠂ ᠠᠮᠢ ᠠᠬᠤᠢ ᠶᠢᠨ ᠬᠤᠷᠢᠭ᠎ᠠ ᠴᠡᠭᠡᠷ ᠢ ᠴᠢᠩᠭ᠎ᠠ ᠰᠠᠬᠢᠨ᠂ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ᠂ ᠲᠣᠭᠤᠷᠢᠭ ᠬᠤᠪᠢᠶᠠᠵᠤ ᠡᠭᠡᠯᠵᠢᠯᠡᠨ ᠮᠠᠯᠵᠢᠬᠤ ᠪᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠲᠥᠷᠥ ᠶᠢᠨ ᠪᠣᠳᠣᠯᠭ᠎ᠠ ᠶᠢ ᠡᠷᠡᠰ ᠬᠡᠷᠡᠭᠵᠢᠭᠦᠯᠦᠨ᠂ ᠨᠤᠲᠤᠭ ᠪᠡᠯᠴᠢᠭᠡᠷ᠂ ᠣᠶᠢᠲᠤ ᠭᠠᠵᠠᠷ ᠢ ᠬᠠᠤᠯᠢ ᠪᠤᠰᠤ ᠪᠠᠷ ᠬᠠᠭᠠᠯᠪᠤᠷᠢᠯᠠᠭᠰᠠᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠱᠠᠯᠠᠪᠳᠠᠭᠤᠯᠤᠨ ᠪᠠᠶᠢᠴᠠᠭᠠᠯᠲᠠ ᠪᠠᠷ ᠬᠠᠷᠢᠭᠤ ᠲᠤᠰᠬᠠᠭᠰᠠᠨ ᠪᠠ ᠥᠪᠡᠷᠲᠡᠭᠡᠨ ᠪᠠᠶᠢᠴᠠᠭᠠᠵᠤ ᠢᠯᠡᠷᠡᠭᠦᠯᠦᠭᠰᠡᠨ ᠭᠠᠵᠠᠷ ᠰᠢᠷᠣᠢ᠂ ᠣᠶᠢᠲᠤ ᠭᠠᠵᠠᠷ᠂ ᠪᠡᠯᠴᠢᠭᠡᠷ ᠢ ᠬᠠᠤᠯᠢ ᠲᠣᠭᠲᠠᠭᠠᠯ ᠵᠥᠷᠢᠴᠡᠵᠦ ᠬᠡᠷᠡᠭᠯᠡᠭᠰᠡᠨ ᠠᠰᠠᠭᠤᠳᠠᠯ ᠢ ᠴᠡᠭᠴᠡᠯᠡᠨ᠎ᠡ᠃ ᠲᠠᠴᠢᠷᠰᠢᠵᠤ ᠡᠯᠡᠰᠦᠷᠬᠡᠭᠵᠢᠭᠰᠡᠨ ᠪᠡᠯᠴᠢᠭᠡᠷ ᠢ ᠰᠢᠰᠲ᠋ᠧᠮ ᠲᠠᠢ ᠪᠠᠷ ᠵᠠᠰᠠᠵᠤ᠂ ᠬᠠᠷᠭᠠᠨ᠎ᠠ ᠲᠠᠷᠢᠬᠤ ᠪᠠᠶᠢᠯᠳᠤᠬᠤ ᠪᠣᠳᠣᠯᠭ᠎ᠠ ᠪᠠ ᠪᠡᠭᠡᠵᠢᠩ ᠲᠢᠶᠡᠨᠵᠢᠨ ᠤ ᠰᠠᠯᠬᠢ ᠡᠯᠡᠰᠦᠨ ᠤ ᠡᠬᠢ ᠢᠷᠡᠯᠲᠡ ᠶᠢ ᠵᠠᠰᠠᠬᠤ᠂ ᠪᠠᠶᠢᠭᠠᠯᠢ ᠶᠢᠨ ᠣᠢ ᠶᠢ ᠬᠠᠮᠠᠭᠠᠯᠠᠬᠤ ᠢᠨᠵᠧᠨᠧᠷᠢᠩ ᠢ ᠶᠡᠬᠡᠪᠡᠷ ᠬᠡᠷᠡᠭᠵᠢᠭᠦᠯᠦᠨ᠂ ᠲᠡᠵᠢᠭᠡᠯ ᠡᠪᠡᠰᠤ ᠪᠣᠷᠳᠣᠭᠠᠨ ᠤ ᠰᠠᠭᠤᠷᠢᠨ ᠭᠠᠵᠠᠷ ᠤᠨ ᠬᠠᠯᠬᠠᠪᠴᠢ ᠣᠢ ᠶᠢᠨ ᠪᠠᠶᠢᠭᠤᠯᠤᠯᠲᠠ ᠶᠢ ᠠᠬᠢᠭᠤᠯᠵᠤ᠂ 21.06 ᠲᠦᠮᠡᠨ ᠮᠦ ᠬᠠᠷᠭᠠᠨ᠎ᠠ ᠲᠠᠷᠢᠨ᠂ 10 ᠲᠥᠮᠡᠨ ᠮᠤ᠋ ᠭᠠᠵᠠᠷ ᠤᠨ ᠬᠥᠷᠥᠰᠥ ᠰᠢᠷᠣᠢ ᠶᠢᠨ ᠢᠳᠡᠭᠳᠡᠯ ᠢ ᠵᠠᠰᠠᠵᠤ᠂ 10 ᠲᠥᠮᠡᠨ ᠮᠤ᠋ ᠭᠠᠵᠠᠷ ᠲᠤ ᠨᠢᠰᠭᠡᠯ ᠢᠶᠠᠷ ᠡᠪᠡᠰᠦ ᠲᠠᠷᠢᠨ᠂ 4 ᠲᠥᠮᠡᠨ ᠮᠤ᠋ ᠲᠠᠴᠢᠷᠰᠢᠭᠰᠠᠨ ᠭᠠᠵᠠᠷ ᠢ ᠳᠠᠬᠢᠨ ᠰᠡᠷᠭᠦᠭᠡᠨ ᠨᠣᠭᠤᠭᠠᠷᠠᠭᠤᠯᠵᠤ᠂ 198 ᠲᠥᠮᠡᠨ ᠮᠤ᠋ ᠭᠠᠵᠠᠷ ᠢ ᠬᠦᠷᠢᠶᠡᠯᠡᠨ᠎ᠡ᠃      ᠬᠤᠶᠠᠷ ᠲᠤ ᠦᠢᠯᠡᠳᠪᠦᠷᠢᠯᠡᠯ ᠡᠵᠡᠩᠨᠡᠯᠲᠡ ᠶᠢᠨ ᠬᠡᠯᠪᠡᠷᠢ ᠪᠠᠨ ᠬᠤᠪᠢᠷᠠᠭᠤᠯᠤᠨ᠎ᠠ᠃ ᠪᠡᠯᠴᠢᠭᠡᠷᠯᠡᠭᠦᠯᠬᠦ ᠶᠢ ᠵᠣᠬᠢᠰᠲᠠᠢ ᠡᠵᠡᠮᠳᠡᠵᠦ᠂ ᠬᠠᠰᠢᠶᠠᠯᠠᠨ ᠬᠡᠪᠴᠢᠶᠡᠵᠢᠭᠦᠯᠵᠦ ᠲᠡᠵᠢᠭᠡᠬᠦ ᠶᠢ ᠳᠡᠯᠭᠡᠷᠡᠭᠦᠯᠦᠨ᠂ ᠮᠠᠯ ᠤᠨ ᠲᠤᠭ᠎ᠠ ᠲᠣᠯᠣᠭᠠᠢ ᠶᠢ ᠴᠥᠭᠡᠳᠬᠡᠵᠦ᠂ ᠪᠡᠯᠴᠢᠭᠡᠷ ᠢ ᠬᠠᠮᠠᠭᠠᠯᠠᠨ ᠰᠡᠷᠭᠦᠭᠡᠨ᠎ᠡ᠃ ᠬᠢᠮᠢ ᠶᠢᠨ ᠪᠣᠷᠳᠣᠭᠤᠷ᠂ ᠲᠠᠷᠢᠶᠠᠨ ᠡᠮ᠂ ᠤᠰᠤᠨ ᠤ ᠬᠡᠷᠡᠭᠯᠡᠯᠲᠡ᠂ ᠲᠠᠷᠢᠶᠠᠯᠠᠩ ᠤᠨ ᠪᠦᠷᠬᠦᠪᠴᠢ ᠳᠥᠷᠪᠡ ᠶᠢ ᠬᠢᠵᠠᠭᠠᠷᠯᠠᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ᠂ ᠲᠠᠷᠢᠶᠠᠨ ᠡᠮ ᠪᠠ ᠬᠢᠮᠢ ᠶᠢᠨ ᠪᠣᠷᠳᠣᠭᠤᠷ ᠬᠡᠷᠡᠭᠯᠡᠬᠦ ᠬᠡᠮᠵᠢᠶ᠎ᠡ ᠶᠢ ᠲᠣᠰᠪᠤᠷᠢ 1% ᠪᠠ 5% ᠪᠠᠷ ᠪᠠᠭᠤᠷᠠᠭᠤᠯᠵᠤ᠂ ᠬᠡᠷᠡᠭᠯᠡᠭᠰᠡᠨ ᠪᠦᠷᠬᠦᠭᠴᠢ ᠶᠢ ᠬᠤᠷᠢᠶᠠᠨ ᠠᠪᠬᠤ ᠨᠣᠷᠮ᠎ᠠ ᠶᠢ 73% ᠠᠴᠠ ᠳᠠᠪᠠᠭᠤᠯᠤᠨ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 85% ᠠᠴᠠ ᠳᠡᠭᠡᠭᠰᠢ ᠬᠦᠷᠭᠡᠵᠦ᠂ ᠮᠠᠯ ᠵᠢᠭᠦᠷᠲᠡᠨ ᠤ ᠰᠢᠭᠡᠭ ᠢ ᠶᠡᠷᠦᠩᠬᠡᠶᠢᠯᠡᠨ ᠠᠰᠢᠭᠯᠠᠬᠤ ᠨᠣᠷᠮ᠎ᠡ ᠶᠢ 79% ᠠᠴᠠ ᠳᠠᠪᠠᠭᠤᠯᠤᠨ᠂ ᠶᠡᠷᠦᠩᠬᠡᠶᠢᠯᠡᠭᠰᠡᠨ ᠮᠧᠬᠨᠢᠭ᠌ᠴᠢᠯᠠᠯᠳᠠ ᠶᠢᠨ ᠲᠦᠪᠰᠢᠨ ᠢ 86% ᠠᠴᠠ ᠳᠡᠭᠡᠭᠰᠢ ᠬᠦᠷᠭᠡᠵᠦ ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠤᠨ᠂ ᠭᠠᠵᠠᠷ ᠳᠣᠣᠷᠠᠬᠢ ᠤᠰᠤ ᠶᠢ ᠬᠡᠲᠤᠷᠬᠡᠢ ᠬᠡᠷᠡᠭᠯᠡᠭᠰᠡᠨ ᠠᠰᠠᠭᠤᠳᠠᠯ ᠢ ᠰᠢᠢᠳᠪᠦᠷᠢᠯᠡᠵᠦ᠂ ᠤᠰᠤᠨ ᠤ ᠰᠣᠷᠪᠣᠯᠵᠢ ᠶᠢ ᠠᠰᠢᠭᠯᠠᠬᠤ ᠨᠣᠷᠮ᠎ᠡ ᠶᠢ ᠳᠡᠭᠡᠭᠰᠢᠯᠡᠭᠦᠯᠦᠨ᠎ᠡ᠃      ︵ᠭᠤᠷᠪᠡ︶ ᠲᠥᠷᠥᠯ ᠵᠦᠢᠯ ᠢ ᠠᠳᠬᠤᠵᠤ᠂ ᠪᠡᠯᠡ ᠣᠷᠤᠭᠤᠯᠤᠯᠲᠠ ᠶᠢ ᠶᠡᠬᠡᠰᠬᠡᠨ᠂ ᠠᠵᠤ ᠠᠬᠤᠢ ᠶᠢᠨ ᠲᠣᠭᠲᠠᠭᠤᠨ ᠡᠷᠭᠢᠯᠲᠡ ᠳᠤ ᠬᠦᠴᠦᠯᠡᠨ᠎ᠡ      ᠨᠢᠭᠡ ᠳᠤ ᠲᠥᠷᠥᠯ ᠵᠦᠢᠯ ᠢ ᠪᠠᠶᠢᠭᠤᠯᠬᠤ ᠪᠣᠭᠤᠮᠳᠡ ᠰᠢᠪᠲᠤᠯᠤᠯᠲᠠ ᠶᠢ ᠰᠠᠶᠢᠲᠤᠷ ᠠᠳᠬᠤᠨ᠎ᠠ᠃ ᠴᠢᠬᠤᠯᠠ ᠶᠡᠭᠡ ᠲᠥᠷᠥᠯ ᠵᠦᠢᠯ ᠢ ᠰᠢᠶᠡᠨ ᠤ ᠲᠡᠰ ᠤᠨ ᠤᠳᠤᠷᠢᠳᠤᠯᠭ᠎ᠠ ᠠᠴᠠ ᠬᠤᠯᠪᠣᠭᠠᠯᠠᠨ ᠳᠠᠭᠠᠭᠠᠴᠢᠯᠠᠬᠤ ᠳᠦᠷᠢᠮ ᠢ ᠬᠡᠷᠡᠭᠵᠢᠭᠦᠯᠵᠦ᠂ ᠲᠥᠪᠯᠡᠷᠡᠭᠦᠯᠦᠨ ᠬᠢᠨᠠᠨ ᠵᠥᠪᠰᠢᠶᠡᠷᠡᠭᠦᠯᠵᠦ ᠬᠤᠯᠪᠣᠭᠠᠯᠠᠨ ᠠᠵᠢᠯᠯᠠᠬᠤ ᠲᠣᠭᠲᠠᠴᠠ ᠶᠢ ᠲᠡᠭᠦᠯᠳᠡᠷᠵᠢᠭᠦᠯᠦᠨ᠂ ᠭᠠᠷᠳᠠᠮ ᠭᠦᠢᠴᠡᠳᠬᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠰᠢᠯᠤᠭᠤᠳᠬᠠᠨ᠂ ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠠᠰᠢᠭᠯᠠᠯᠲᠠ ᠳᠤ ᠣᠷᠣᠭᠤᠯᠤᠨ ᠦᠷ᠎ᠡ ᠠᠰᠢᠭ ᠭᠠᠷᠭᠠᠨ᠎ᠠ᠃ 500 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 94 ᠬᠡᠷᠡᠭᠵᠢᠭᠦᠯᠦᠨ᠎ᠡ᠂ ᠡᠭᠦᠨ ᠳᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢᠯ ᠢ 26 ᠬᠡᠷᠡᠭᠵᠢᠭᠦᠯᠦᠨ᠂ ᠵᠢᠯ ᠤᠨ ᠳᠣᠲᠣᠷ᠎ᠠ 72.79 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠎ᠠ᠃ ᠳᠡᠭᠡᠳᠦ ᠱᠠᠲᠤᠨ ᠤ ᠲᠥᠷᠥ ᠶᠢᠨ ᠪᠤᠳᠣᠯᠭ᠎ᠠ ᠪᠠ ᠪᠡᠯᠡ ᠣᠷᠣᠭᠤᠯᠤᠯᠲᠠ ᠳᠤ ᠲᠣᠭᠤᠷᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ᠂ ᠲᠥᠷᠥᠯ ᠵᠦᠢᠯ ᠪᠠᠶᠢᠭᠤᠯᠵᠤ ᠪᠡᠯᠡ ᠣᠯᠬᠤ ᠠᠵᠢᠯ ᠤᠨ ᠬᠡᠷᠡᠭᠵᠢᠭᠦᠯᠬᠦ ᠲᠥᠰᠥᠯ ᠲᠣᠭᠲᠠᠭᠠᠵᠤ᠂ ᠨᠡᠩ ᠣᠯᠠᠨ ᠲᠥᠷᠥᠯ ᠵᠦᠢᠯ ᠢ ᠤᠯᠤᠰ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠪᠡᠯᠡ ᠣᠷᠣᠭᠤᠯᠣᠯᠳᠡ ᠶᠢᠨ ᠲᠥᠯᠥᠪᠯᠡᠭᠡ ᠳᠤ ᠤᠷᠣᠭᠤᠯᠬᠤ ᠪᠠᠷ ᠴᠢᠷᠮᠠᠶᠢᠨ᠎ᠠ᠃      ᠬᠤᠶᠠᠷ ᠲᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠣᠭᠤᠮᠲᠠ ᠰᠢᠪᠲᠤᠯᠤᠯᠲᠠ ᠶᠢ ᠰᠠᠶᠢᠲᠤᠷ ᠠᠳᠬᠤᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠵᠣᠷᠢᠭᠵᠢᠭᠤᠯᠬᠤ ᠲᠥᠷᠥ ᠶᠢᠨ ᠪᠣᠳᠣᠯᠭ᠎ᠠ ᠲᠣᠭᠲᠠᠭᠠᠵᠤ᠂ ᠠᠮᠢ ᠠᠬᠤᠢ᠂ ᠣᠷᠴᠢᠨ ᠲᠣᠭᠤᠷᠢᠨ ᠤ ᠬᠠᠮᠠᠭᠠᠯᠠᠯᠲᠠ᠂ ᠠᠶᠦᠯ ᠦᠭᠡᠢ ᠦᠢᠯᠡᠳᠪᠦᠷᠢᠯᠡᠯ᠂ ᠭᠠᠵᠠᠷ ᠰᠢᠷᠣᠢ ᠶᠢᠨ ᠪᠣᠭᠤᠮᠳᠡ ᠶᠢ ᠰᠠᠶᠢᠨ ᠠᠳᠬᠤᠨ᠂ ᠦᠨᠳᠤᠷ ᠨᠡᠮᠡᠯᠲᠡ ᠥᠷᠲᠡᠭ ᠲᠠᠢ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢᠶᠠᠷ ᠬᠥᠲᠥᠯᠥᠭᠦᠯᠬᠦ ᠶᠢ ᠳᠣᠪᠣᠶᠢᠯᠭᠠᠵᠤ᠂ ᠣᠷᠣᠭᠤᠯᠬᠤ ᠲᠥᠷᠥᠯ ᠵᠦᠢᠯ ᠤᠨ ᠱᠠᠩᠨᠠᠯ ᠨᠥᠬᠦᠪᠦᠷᠢ ᠶᠢᠨ ᠪᠠᠷᠢᠮᠵᠢᠶ᠎ᠠ ᠶᠢ ᠲᠣᠳᠣᠷᠬᠠᠶᠢᠯᠠᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥ ᠶᠢᠨ ᠪᠣᠳᠣᠯᠭ᠎ᠠ ᠲᠣᠭᠲᠠᠭᠠᠨ᠎ᠠ᠃ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ᠂ ᠭᠠᠳᠠᠭᠰᠢ ᠭᠠᠷᠴᠤ ᠬᠤᠳᠠᠯᠳᠤᠭᠠᠴᠢᠨ ᠤᠷᠢᠬᠤ ᠵᠠᠷᠴᠢᠮ ᠢ ᠪᠠᠷᠢᠮᠲᠠᠯᠠᠵᠤ᠂ ᠲᠥᠷᠥ ᠶᠢᠨ ᠪᠣᠳᠤᠯᠭ᠎ᠠ᠂ ᠠᠵᠤ ᠦᠢᠯᠡᠰ ᠪᠠ ᠬᠤᠳᠠᠯᠳᠤᠭᠠᠴᠢᠨ ᠤᠷᠢᠬᠤ ᠠᠵᠢᠯ ᠳᠤ  ᠴᠠᠭᠠᠷᠠᠭᠰᠠᠨ ᠬᠤᠳᠠᠯᠳᠤᠭᠠᠴᠢᠨ ᠤᠷᠢᠬᠤ ᠲᠤᠰᠬᠠᠢ ᠠᠩᠭᠢ ᠶᠢ ᠵᠣᠬᠢᠶᠠᠨ ᠪᠠᠶᠢᠭᠤᠯᠤᠨ᠂ ᠪᠡᠭᠡᠵᠢᠩ ᠲᠢᠶᠡᠨᠵᠢᠨ ᠡᠾᠧᠪᠸᠢ᠂ ᠬᠥᠬᠡ ᠮᠦᠷᠡᠨ ᠤ ᠭᠤᠷᠪᠠᠯᠵᠢᠨ ᠬᠤᠶᠢᠭ᠂ ᠵᠦᠵᠢᠶᠠᠩ ᠮᠦᠷᠡᠨ ᠤ ᠭᠤᠷᠪᠠᠯᠵᠢᠨ ᠬᠤᠶᠢᠭ᠂ ᠱᠠᠨᠰᠢ ᠭᠠᠨᠰᠤ ᠨᠢᠩᠰᠢᠶ᠋ᠨ᠂ ᠱᠠᠨᠳᠦ᠋ᠩ ᠵᠡᠷᠭᠡ 5 ᠭᠠᠵᠠᠷ ᠢᠶᠠᠷ ᠭᠤᠣᠯ ᠪᠣᠯᠭᠠᠵᠤ᠂ ᠨᠤᠲᠤᠭ ᠤᠨ ᠠᠵᠤ ᠠᠬᠤᠶᠢᠯᠠᠯ ᠲᠠᠢ ᠬᠤᠷᠰᠢᠬᠤ ᠠᠵᠤ ᠠᠬᠤᠶᠢᠯᠠᠯ ᠤᠨ ᠪᠠᠶᠢᠳᠠᠯ ᠢ ᠣᠶᠢᠯᠠᠭᠠᠵᠤ ᠡᠵᠡᠮᠰᠢᠨ᠂ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠳᠤ ᠴᠢᠭᠯᠡᠭᠦᠯᠵᠦ᠂ ᠳᠤᠮᠦ ᠬᠦᠴᠦᠷᠬᠡᠭ ᠠᠵᠤ ᠠᠬᠤᠶᠢᠯᠠᠯ ᠲᠠᠢ ᠣᠨᠣᠪᠴᠢᠲᠠᠢ ᠬᠠᠷᠢᠯᠴᠠᠨ᠂ ᠠᠵᠤ ᠦᠢᠯᠡᠳᠪᠦᠷᠢ ᠶᠢᠨ ᠳᠠᠭᠠᠯᠲᠠ ᠲᠥᠷᠥᠯ ᠵᠦᠢᠯ ᠪᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠯᠪᠠᠰᠤᠷᠠᠭᠤᠯᠤᠯᠲᠠ᠂ ᠪᠦᠬᠦ ᠣᠷᠣᠨ ᠪᠦᠰᠡ ᠶᠢᠨ ᠵᠢᠭᠤᠯᠴᠢᠯᠠᠯ᠂ ᠡᠯᠧᠺᠲᠷᠦᠨ ᠬᠤᠳᠠᠯᠳᠤᠭ᠎ᠠ ᠪᠠᠷᠠᠭᠠᠠ ᠤ ᠭᠦᠢᠯᠭᠡᠭᠡ ᠵᠡᠷᠭᠡ ᠲᠥᠷᠥᠯ ᠵᠦᠢᠯ ᠢ ᠣᠷᠣᠭᠤᠯᠵᠣ᠂ ᠠᠵᠤ ᠠᠬᠤᠢ ᠶᠢᠨ ᠬᠥᠭᠵᠢᠯᠲᠡ ᠳᠤ ᠬᠥᠳᠡᠯᠭᠡᠭᠴᠢ ᠬᠦᠴᠦᠨ ᠨᠡᠮᠡᠨ᠎ᠡ᠃      ᠭᠤᠷᠪᠡ ᠳᠤ ᠬᠦᠷᠢᠶᠡᠯᠡᠩ ᠢ ᠬᠥᠭᠵᠢᠭᠦᠯᠬᠦ ᠪᠣᠭᠤᠮᠳᠡ ᠰᠢᠪᠲᠤᠯᠤᠯᠲᠠ ᠶᠢ ᠰᠠᠶᠢᠲᠤᠷ ᠠᠳᠬᠤᠨ᠎ᠠ᠃ ᠬᠥᠷᠢᠶᠡᠯᠡᠩ ᠤᠨ ᠡᠷᠭᠢᠯᠲᠡ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠲᠥᠯᠥᠪᠵᠢᠭᠦᠯᠭᠡ ᠶᠢᠨ ᠪᠠᠶᠢᠷᠢᠯᠠᠭᠤᠯᠤᠯᠲᠠ ᠪᠠ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠲᠣᠬᠢᠷᠠᠭᠤᠯᠵᠤ ᠰᠢᠯᠢᠳᠡᠭᠴᠢᠯᠡᠨ᠂ ᠰᠠᠭᠤᠷᠢ ᠲᠥᠬᠦᠭᠡᠷᠦᠮᠵᠢ ᠪᠠ ᠦᠢᠯᠡᠴᠢᠯᠡᠭᠡ ᠶᠢ ᠲᠡᠭᠦᠯᠳᠡᠷᠵᠢᠭᠦᠯᠵᠦ᠂ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠵᠦ᠂ ᠬᠦᠷᠢᠶᠡᠯᠡᠩ ᠤᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ ᠬᠦᠷᠢᠶᠡᠯᠡᠩ ᠤᠨ ᠦᠢᠯᠡᠴᠢᠯᠡᠭᠡ ᠶᠢ ᠴᠢᠩᠭᠠᠳᠬᠠᠨ᠂ ᠰᠢᠨ᠎ᠡ ᠪᠠᠷ ᠬᠢᠨᠠᠨ ᠵᠥᠪᠰᠢᠶᠡᠷᠡᠭᠦᠯᠬᠦ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠢ ︽ᠪᠠᠷᠢᠮᠵᠢᠶᠠᠵᠢᠭᠤᠯᠬᠤ︾ ᠳᠦᠷᠢᠮ ᠢ ᠰᠦᠪᠡᠭᠴᠢᠯᠡᠵᠦ᠂ ᠭᠠᠵᠠᠷ ᠰᠢᠷᠣᠢ ᠬᠡᠷᠡᠭᠯᠡᠭᠦᠯᠬᠦ ᠠᠴᠠ ᠡᠮᠦᠨ᠎ᠡ ᠪᠠᠷᠢᠮᠵᠢᠶ᠎ᠠ ᠲᠣᠭᠲᠠᠭᠠᠨ᠂ ᠬᠡᠷᠡᠭᠯᠡᠬᠦ ᠶᠠᠪᠤᠴᠠ ᠳᠤ ᠠᠮᠠᠯᠠᠯᠲᠠ ᠬᠢᠯᠭᠡᠵᠦ᠂ ᠬᠡᠷᠡᠭᠯᠡᠭᠦᠯᠦᠭᠰᠡᠨ ᠤ ᠳᠠᠷᠠᠭ᠎ᠠ ᠬᠢᠨᠠᠵᠤ ᠬᠠᠮᠢᠶᠠᠷᠤᠨ᠂ ᠭᠠᠵᠠᠷ ᠰᠢᠷᠣᠢ ᠶᠢᠨ ᠦᠷ᠎ᠡ ᠠᠰᠢᠭ ᠢ ᠨᠡᠮᠡᠭᠳᠡᠭᠦᠯᠦᠨ᠎ᠡ᠃ ᠴᠢ ᠫᠠᠠ ᠵᠢᠩ ᠤᠨ ᠵᠡᠭᠦᠨ ᠲᠥᠷᠥᠯ ᠵᠦᠢᠯ ᠤᠨ ᠣᠷᠣᠨ ᠢ ᠲᠦᠷᠭᠡᠨ ᠪᠠᠶᠢᠭᠤᠯᠵᠤ᠂ ᠬᠠᠲᠤᠨ ᠭᠤᠣᠯ ᠤᠨ ᠤᠰᠤ ᠶᠢ ᠲᠠᠲᠠᠬᠤ ᠢᠨᠵᠧᠨᠧᠷᠢᠩ ᠢ ᠡᠬᠢᠯᠡᠭᠦᠯᠦᠨ᠂ ᠵᠠᠮ ᠬᠠᠷᠢᠯᠴᠠᠭ᠎ᠠ᠂ ᠴᠠᠬᠢᠯᠭᠠᠨ ᠬᠦᠴᠦ ᠵᠡᠷᠭᠡ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠪᠠ ᠲᠥᠷᠥᠯ ᠵᠦᠢᠯ ᠤᠨ ᠬᠦᠷᠢᠶᠡᠯᠡᠩ ᠳᠤ ᠰᠠᠭᠤᠷᠢᠰᠢᠬᠤ ᠱᠠᠭᠠᠷᠳᠠᠯᠭ᠎ᠠ ᠶᠢ ᠬᠠᠩᠭᠠᠨ᠎ᠠ᠃      ︵ᠳᠥᠷᠪᠡ︶ ᠬᠡᠯᠪᠡᠷᠢ ᠪᠠᠨ ᠬᠤᠪᠢᠷᠠᠭᠤᠯᠵᠤ᠂ ᠪᠦᠲᠦᠴᠡ ᠶᠢ ᠲᠣᠬᠢᠷᠠᠭᠤᠯᠤᠨ᠂ ᠠᠵᠤ ᠦᠢᠯᠡᠰ ᠤᠨ ᠲᠡᠰ ᠢ ᠳᠡᠪᠰᠢᠭᠦᠯᠦᠨ᠎ᠡ      ᠨᠢᠭᠡ ᠳᠤ ᠣᠲᠣ ᠦᠶ᠎ᠡ ᠶᠢᠨ ᠡᠨᠧᠷᠬᠢ ᠶᠢᠨ ᠠᠵᠤ ᠠᠬᠤᠢ ᠶᠢ ᠪᠤᠵᠠᠭᠠᠶᠢᠷᠠᠭᠤᠯᠤᠨ᠎ᠠ᠃ ︽ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠤᠷᠴᠢᠯᠳᠣᠭᠤᠯᠣᠨ ᠠᠰᠢᠭᠯᠠᠬᠤ᠂ ᠠᠵᠤ ᠦᠢᠯᠡᠰ ᠤᠨ ᠰᠦᠷᠦᠭᠵᠢᠯ ᠢ ᠬᠡᠪᠴᠢᠶᠡᠵᠢᠭᠦᠯᠬᠦ︾ ᠶᠡᠷᠦᠩᠬᠡᠢ ᠱᠠᠭᠠᠷᠳᠠᠯᠭ᠎ᠠ ᠶᠣᠰᠣᠭᠠᠷ᠂ ᠪᠦᠬᠦ ᠬᠤᠳᠠ ᠶᠢᠨ ᠠᠩᠬᠠᠳᠠᠭᠴᠢ ︽ᠮᠢᠩᠭᠠᠨ ᠳ᠋ᠦᠩᠰᠢᠭᠤᠷ ᠦᠢᠯᠡᠳᠪᠦᠷᠢᠯᠡᠯ ᠤᠨ ᠥᠷᠲᠡᠭ ᠲᠠᠢ ᠠᠵᠤ ᠦᠢᠯᠡᠳᠪᠦᠷᠢ ᠶᠢᠨ ᠬᠦᠷᠢᠶᠡᠯᠡᠩ︾ ᠢ ᠪᠠᠶᠢᠭᠤᠯᠤᠨ᠎ᠠ᠃ ᠴᠢ ᠫᠠᠠ ᠵᠢᠩ ᠬᠦᠷᠢᠶᠡᠯᠡᠩ ᠨᠢ ᠬᠡᠦᠷᠡᠰᠦᠨ ᠵᠣᠤᠬ᠎ᠠ ᠶᠢᠨ ᠨᠡᠭᠦᠷᠡᠰᠦᠨ ᠬᠡᠢ᠂ ᠪᠧᠨ᠋ᠽᠧᠨ᠂ ᠬᠡᠤᠳᠠᠰᠤ ᠶᠢᠨ ᠠᠵᠤ ᠦᠢᠯᠡᠰ ᠤᠨ ᠪᠦᠬᠦ ᠬᠡᠯᠬᠢᠶ᠎ᠡ ᠶᠢ ᠥᠷᠭᠡᠳᠬᠡᠨ᠂ ᠬᠡᠦᠷᠡᠰᠦᠨ ᠵᠣᠤᠬ᠎ᠠ ᠶᠢᠨ ᠨᠡᠭᠦᠷᠡᠰᠦᠨ ᠬᠡᠢ ᠳᠤ ᠲᠣᠭᠤᠷᠢᠭᠤᠯᠵᠤ᠂ ᠡᠲ᠋ᠠ ᠬᠤᠶᠠᠷᠴᠢ ᠠᠯᠺᠦᠦᠯ᠂ ᠮᠧᠲ᠋ᠢᠯ ᠠᠯᠺᠦᠦᠯ᠂  LNG᠂ ᠨᠢᠭᠡᠳᠪᠦᠷᠢ ᠰᠢᠪᠲᠦᠷ᠂ ᠨᠡᠶᠢᠯᠡᠮᠡᠯ ᠪᠣᠷᠳᠣᠭᠤᠷ ᠤᠨ ᠰᠢᠷᠢᠰ ᠦᠢᠯᠡᠳᠬᠦᠨ ᠢ ᠨᠡᠭᠡᠭᠡᠵᠦ ᠬᠥᠭᠵᠢᠭᠦᠯᠦᠨ᠂ ᠪᠧᠽᠧᠨ ᠳᠤ ᠲᠣᠭᠤᠷᠢᠭᠤᠯᠵᠤ᠂ ᠴᠠᠭᠠᠷᠢᠭ ᠡᠾᠧᠺᠰᠠᠨᠣᠨ᠂ ᠡᠾᠧᠺᠰᠠᠨ ᠠᠮᠢᠳ᠋᠂ ᠵᠢᠠᠯᠦ᠋ᠨ ᠰᠢᠷᠬᠡᠭ ᠤᠨ ᠰᠢᠷᠢᠰ ᠦᠢᠯᠡᠳᠬᠦᠨ ᠢ ᠨᠡᠭᠡᠭᠡᠵᠦ ᠬᠥᠭᠵᠢᠭᠦᠯᠦᠨ᠂ ᠬᠡᠤᠳᠠᠰᠤ ᠳᠤ ᠲᠣᠭᠤᠷᠢᠭᠤᠯᠵᠤ᠂ ᠵᠠᠭᠦᠦ ᠬᠡᠯᠪᠡᠷᠢᠲᠦ ᠬᠡᠦᠷᠡᠰᠦ᠂ ᠪᠢᠯᠢᠭ ᠲᠦᠢᠯ ᠤᠨ ᠮᠠᠲ᠋ᠧᠷᠢᠶᠠᠯ᠂ ᠪᠠᠯ ᠴᠢᠯᠠᠭᠤᠨ ᠴᠠᠬᠢᠯᠭᠠᠨ ᠲᠦᠢᠯ ᠤᠨ ᠰᠢᠷᠢᠰ ᠦᠢᠯᠡᠳᠬᠦᠨ ᠢ ᠨᠡᠭᠡᠭᠡᠵᠦ ᠬᠥᠭᠵᠢᠭᠦᠯᠦᠨ᠂ ᠨᠡᠭᠦᠷᠡᠰᠦ ᠬᠡᠦᠷᠡᠰᠦ ᠶᠢ ᠪᠣᠬᠢᠷᠲᠤᠯ ᠦᠭᠡᠢ ᠪᠠᠷ ᠦᠢᠯᠡᠳᠪᠦᠷᠢᠯᠡᠬᠦ ᠶᠢ ᠠᠬᠢᠭᠤᠯᠵᠤ᠂ 1/2 ᠶᠢᠨ ᠨᠠᠷᠢᠯᠢᠭ ᠨᠡᠭᠦᠷᠡᠰᠦ ᠶᠢ ᠭᠠᠳᠠᠭᠰᠢ ᠲᠡᠭᠡᠭᠡᠪᠦᠷᠢᠯᠡᠬᠦ ᠣᠳᠣᠬᠢ ᠪᠠᠶᠢᠳᠠᠯ ᠢ ᠬᠤᠪᠢᠷᠠᠭᠤᠯᠤᠨ᠂ ᠬᠤᠪᠤᠷ ᠴᠤᠬᠠᠭ ᠨᠡᠭᠦᠷᠡᠰᠦ ᠬᠡᠦᠷᠡᠰᠦ ᠶᠢ ᠪᠦᠭᠦᠳᠡ ᠶᠢ ᠨᠢ ᠲᠤᠬᠠᠢ ᠶᠢᠨ ᠭᠠᠵᠠᠷ ᠲᠤᠨᠢ ᠤᠯᠠᠷᠢᠭᠤᠯᠤᠨ ᠠᠰᠢᠭᠯᠠᠬᠤ ᠶᠢ ᠠᠬᠢᠭᠤᠯᠤᠨ᠎ᠠ᠃ ᠵᠢᠶᠡᠨ ᠶᠤᠸᠠᠨ ᠤ 60 ᠲᠦᠮᠡᠨ ᠲᠣᠨ ᠤ ᠡᠾᠧᠺᠰᠠᠨ ᠠᠮᠢᠳ᠋ ᠪᠠ ᠬᠡᠦᠷᠡᠰᠦᠨ ᠵᠣᠤᠬ᠎ᠠ ᠶᠢᠨ ᠨᠡᠭᠦᠷᠡᠰᠦᠨ ᠬᠡᠢ ᠶᠢ ᠶᠡᠷᠦᠩᠬᠡᠶᠢᠯᠡᠨ ᠠᠰᠢᠭᠯᠠᠬᠤ᠂ ᠮᠸᠡᠭ ᠰᠢ ᠶᠢᠨ ᠠᠭᠤᠷᠬᠠᠢ ᠶᠢᠨ ᠦᠢᠯᠡᠰ ᠤᠨ 100 ᠲᠦᠮᠡᠨ ᠲᠣᠨ ᠬᠠᠲᠠᠭᠤᠷᠠᠭᠤᠯᠤᠭᠰᠠᠨ ᠬᠡᠦᠷᠡᠰᠦ ᠪᠠᠷ 10 ᠲᠦᠮᠡᠨ ᠲᠣᠨ ᠮᠧᠲ᠋ᠢᠯ ᠠᠯᠺᠦᠦᠯ ᠦᠢᠯᠡᠳᠪᠦᠷᠢᠯᠡᠬᠦ᠂ ᠳ᠋ᠦᠩ ᠿᠢ ᠶᠢᠨ 200 ᠲᠦᠮᠡᠨ ᠲᠣᠨ ᠬᠡᠦᠷᠡᠰᠦ ᠶᠢ ᠬᠤᠯᠪᠣᠭᠠᠯᠠᠨ ᠦᠢᠯᠡᠳᠪᠦᠷᠢᠯᠡᠵᠦ ᠬᠡᠦᠷᠡᠰᠦᠨ ᠵᠣᠤᠬ᠎ᠠ ᠶᠢᠨ ᠨᠡᠭᠦᠷᠡᠰᠦᠨ ᠬᠡᠢ ᠶᠢ ᠶᠡᠷᠦᠩᠬᠡᠶᠢᠯᠡᠨ ᠠᠰᠢᠭᠯᠠᠬᠤ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠪᠦᠬᠦ ᠣᠷᠣᠨ ᠤ ᠨᠡᠭᠦᠷᠡᠰᠣᠳᠦ᠋ᠷᠦᠭᠴᠢ ᠪᠠᠷ ᠰᠠᠭᠤᠷᠢ ᠪᠤᠯᠭᠠᠭᠰᠠᠨ ᠰᠢᠨ᠎ᠡ ᠮᠠᠲ᠋ᠧᠷᠢᠶᠠᠯ ᠤᠨ ᠵᠢᠱᠢᠶ᠎ᠡ ᠦᠵᠡᠭᠦᠯᠬᠦ ᠠᠵᠤ ᠦᠢᠯᠡᠰ ᠤᠨ ᠰᠦᠷᠦᠭᠵᠢᠯ ᠢ ᠪᠤᠢ ᠪᠣᠯᠭᠠᠨ᠎ᠠ᠃ ᠴᠠᠬᠢᠭᠤᠷ ᠢᠶᠠᠷ ᠰᠠᠭᠤᠷᠢ ᠪᠤᠯᠭᠠᠭᠰᠠᠨ ᠰᠢᠨ᠎ᠡ ᠮᠠᠲ᠋ᠧᠷᠢᠶᠠᠯ ᠢ ᠶᠡᠬᠡᠪᠡᠷ ᠬᠥᠭᠵᠢᠭᠦᠯᠵᠦ᠂ ᠴᠠᠬᠢᠭᠤᠷ ᠲᠡᠮᠦᠷ ᠤᠨ ᠠᠵᠤ ᠦᠢᠯᠡᠰ ᠤᠨ ᠰᠠᠭᠤᠷᠢ ᠳᠤ ᠲᠣᠭᠤᠷᠢᠭᠤᠯᠤᠨ᠂ ᠴᠢᠳᠬᠤᠵᠤ ᠪᠣᠯᠪᠠᠰᠤᠷᠠᠭᠤᠯᠬᠤ᠂ ᠬᠡᠰᠡᠭᠯᠡᠵᠦ ᠬᠡᠷᠴᠢᠬᠦ᠂ ᠨᠠᠷᠠᠨ ᠤ ᠡᠨᠧᠷᠬᠢ ᠶᠢᠨ ᠲᠤᠶᠢᠯ ᠤᠨ ᠬᠠᠪᠲᠠᠰᠤ ᠬᠢᠬᠦ ᠵᠡᠷᠭᠡ ᠳᠠᠭᠠᠯᠲᠠ ᠠᠵᠤ ᠦᠢᠯᠡᠰ ᠤᠨ ᠬᠡᠯᠬᠢᠶ᠎ᠡ ᠶᠢ ᠥᠷᠭᠡᠳᠬᠡᠵᠦ᠂ ᠢᠳᠡᠭᠡᠨ ᠤ ᠲᠡᠰ ᠤᠨ ᠨᠡᠭᠦᠷᠡᠰᠣᠳᠦ᠋ᠷᠦᠭᠴᠢ ᠶᠢᠨ ᠳᠠᠪᠬᠤᠷ ᠢᠰᠦᠯ ᠢᠶᠠᠷ ᠦᠢᠯᠡᠳᠪᠦᠷᠢᠯᠡᠬᠦ ᠲᠥᠷᠥᠯ ᠵᠦᠢᠯ ᠢ ᠣᠷᠣᠭᠤᠯᠤᠨ᠂ ᠪᠢᠲᠡᠭᠦᠦ ᠮᠠᠶ᠋ᠢᠭ ᠤᠨ ᠣᠷᠴᠢᠯ ᠠᠵᠤ ᠦᠢᠯᠡᠰ ᠤᠨ ᠲᠣᠭᠲᠠᠯᠴᠠᠭ᠎ᠠ ᠶᠢ ᠪᠦᠷᠢᠯᠳᠦᠭᠦᠯᠬᠦ ᠶᠢᠨ ᠳᠠᠭᠠᠤ᠂ ᠲᠡᠮᠦᠷ ᠤᠨ ᠬᠠᠶᠢᠯᠤᠰᠢ ᠶᠢᠨ ᠠᠵᠢᠯ ᠲᠥᠷᠥᠯ ᠢ ᠣᠶᠤᠨᠴᠢᠯᠠᠬᠤ ᠪᠠ ᠪᠣᠬᠢᠷᠲᠤᠯ ᠦᠭᠡᠢ ᠪᠠᠷ ᠬᠥᠭᠵᠢᠭᠦᠯᠬᠦ ᠠᠵᠢᠯ ᠢ ᠠᠬᠢᠭᠤᠯᠵᠤ᠂ ᠦᠢᠯᠡᠳᠪᠦᠷᠢᠯᠡᠯ ᠤᠨ ᠲᠣᠨᠣᠭᠯᠠᠯ ᠢ ᠠᠦ᠋ᠲ᠋ᠤᠴᠢᠯᠠᠵᠤ ᠥᠪᠡᠷ ᠤᠨ ᠥᠷᠲᠡᠭ ᠢ ᠪᠠᠭᠤᠷᠠᠭᠤᠯᠤᠨ᠂ ᠠᠶᠤᠯ ᠦᠭᠡᠢ ᠦᠢᠯᠡᠳᠪᠦᠷᠢᠯᠡᠯ ᠢ ᠠᠬᠢᠭᠤᠯᠵᠤ᠂ ᠡᠨᠧᠷᠬᠢ ᠠᠷᠪᠢᠯᠠᠨ ᠦᠢᠯᠡᠳᠪᠦᠷᠢᠯᠡᠬᠦ ᠮᠡᠷᠭᠡᠵᠢᠯ ᠤᠨ ᠰᠢᠨᠡᠴᠢᠯᠡᠯᠲᠡ ᠪᠠᠷ ᠦᠷ᠎ᠡ ᠠᠰᠢᠭ ᠢ ᠨᠡᠮᠡᠭᠳᠡᠭᠦᠯᠦᠨ᠂ ᠣᠷᠴᠢᠨ ᠲᠣᠭᠤᠷᠢᠨ ᠢ ᠬᠠᠮᠠᠭᠠᠯᠠᠨ᠎ᠠ︔ ᠮᠸᠡᠭ ᠰᠢ ᠬᠦᠷᠢᠶᠡᠯᠡᠩ ᠨᠢ ᠭᠤᠣᠯᠳᠠᠭᠤ PVC᠂ PVA ᠶᠢᠨ ᠳᠠᠭᠠᠯᠲᠠ ᠦᠢᠯᠡᠳᠬᠦᠨ ᠤ ᠲᠥᠷᠥᠯ ᠵᠦᠢᠯ ᠢ ᠪᠠᠶᠠᠯᠢᠭᠵᠢᠭᠤᠯᠵᠤ᠂ ᠮᠠᠰᠢᠨ ᠲᠡᠷᠬᠡᠨ ᠤ ᠰᠢᠯ ᠤᠨ ᠬᠠᠪᠴᠢᠮᠠᠯ ᠪᠦᠷᠬᠦᠪᠴᠢ᠂ ᠪᠣᠬᠢᠷᠲᠤᠯ ᠦᠭᠡᠢ ᠨᠠᠭᠠᠯᠲᠤᠭᠤᠯᠤᠭᠴᠢ᠂ ᠪᠠᠷᠢᠯᠭ᠎ᠠ ᠶᠢᠨ ᠰᠦᠯᠢᠶᠣᠣ ᠵᠡᠷᠭᠡ ᠦᠨᠳᠤᠷ ᠨᠡᠮᠡᠯᠲᠡ ᠥᠷᠲᠡᠭ ᠲᠠᠢ ᠦᠢᠯᠡᠳᠬᠦᠨ ᠢ ᠨᠡᠭᠡᠭᠡᠵᠦ ᠬᠥᠭᠵᠢᠭᠦᠯᠦᠨ᠂ ᠪᠣᠳᠤᠭ ᠤᠨ ᠮᠠᠲ᠋ᠧᠷᠢᠶᠠᠯ ᠤᠨ ᠵᠠᠪᠰᠠᠷ ᠤᠨ ᠪᠡᠶ᠎ᠡ ᠵᠡᠷᠭᠡ ᠨᠠᠷᠢᠯᠢᠭ ᠬᠢᠮᠢ ᠶᠢᠨ ᠦᠢᠯᠡᠳᠪᠦᠷᠢ ᠶᠢᠨ ᠲᠥᠷᠥᠯ ᠵᠦᠢᠯ ᠢ ᠪᠠᠶᠢᠷᠢᠯᠠᠭᠤᠯᠵᠤ᠂ ᠬᠡᠤᠳᠠᠰᠤ ᠶᠢᠨ ᠳᠠᠭᠠᠯᠲᠠ ᠦᠢᠯᠡᠳᠬᠦᠨ ᠨᠠᠹᠲ᠋ᠠᠯᠢᠨ ᠲᠠᠢ ᠦᠢᠯᠡᠳᠬᠦᠨ ᠤ ᠬᠠᠩᠭᠠᠯᠭ᠎ᠠ ᠶᠢᠨ ᠬᠡᠯᠬᠢᠶ᠎ᠡ ᠶᠢ ᠪᠠᠶᠢᠭᠤᠯᠤᠨ᠂ ᠬᠦᠷᠢᠶᠡᠯᠡᠩ ᠤᠨ ᠣᠷᠴᠢᠯ ᠠᠵᠤ ᠦᠢᠯᠡᠰ ᠤᠨ ᠪᠦᠲᠦᠴᠡ ᠶᠢ ᠪᠦᠷᠢᠯᠳᠦᠭᠦᠯᠦᠨ᠎ᠡ᠃ ᠵᠦᠩ ᠭᠦ᠋ ᠶᠢᠨ ᠬᠤᠶᠠᠳᠤᠭᠠᠷ ᠬᠤᠭᠤᠴᠠᠭᠠᠨ ᠤ 30 ᠲᠦᠮᠡᠨ ᠲᠣᠨ PVC᠂ ᠱᠤᠸᠠᠩ ᠰᠢᠨ ᠤ 52.5 ᠲᠦᠮᠡᠨ ᠲᠣᠨ ᠴᠠᠬᠢᠯᠤᠭᠤᠷ ᠴᠢᠯᠠᠭᠤ᠂ ᠮᠸᠢ ᠯᠢ ᠵᠢᠶᠡᠠ ᠤ ᠪᠣᠳᠤᠭ ᠤᠨ ᠦᠢᠯᠡᠳᠬᠦᠨ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠡᠾᠯᠦᠷ ᠬᠤᠵᠢᠷ ᠤᠨ ᠬᠢᠮᠢ ᠶᠢᠨ ᠠᠵᠤ ᠦᠢᠯᠡᠳᠪᠦᠷᠢ ᠪᠠ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠡᠷᠴᠢᠮᠵᠢᠭᠰᠡᠨ ᠬᠥᠭᠵᠢᠯᠲᠡ ᠶᠢ ᠠᠬᠢᠭᠤᠯᠤᠨ᠎ᠠ᠃ ᠲᠡᠮᠦᠷᠯᠢᠭ ᠡᠳ᠋ᠯᠡᠯ ᠤᠨ ᠠᠵᠤ ᠦᠢᠯᠡᠰ ᠢ ᠰᠢᠯᠢᠳᠡᠭᠴᠢᠯᠡᠵᠦ ᠲᠡᠰ ᠳᠡᠪᠰᠢᠭᠦᠯᠬᠦ ᠶᠢ ᠳᠡᠮᠵᠢᠵᠦ᠂ ᠳᠡᠭᠡᠳᠦ ᠲᠡᠰ ᠤᠨ ᠦᠢᠯᠡᠳᠬᠦᠨ ᠢ ᠴᠢᠳᠬᠤᠵᠤ ᠪᠣᠯᠪᠠᠰᠤᠷᠠᠭᠤᠯᠬᠤ ᠵᠠᠬ᠎ᠠ ᠳᠡᠯᠭᠡᠭᠦᠷ ᠲᠤ ᠬᠦᠴᠦᠯᠡᠵᠤ᠂ ᠬᠤᠯᠬᠤᠪᠴᠢ ᠶᠢᠨ ᠪᠣᠯᠣᠳ ᠵᠡᠷᠭᠡ ᠣᠨᠴᠠ ᠰᠠᠶᠢᠨ ᠪᠣᠯᠣᠳ ᠤᠨ ᠰᠢᠷᠢᠰ ᠦᠢᠯᠡᠳᠬᠦᠨ ᠢ ᠨᠡᠭᠡᠭᠡᠵᠦ ᠬᠥᠭᠵᠢᠭᠦᠯᠦᠨ᠂ ᠵᠤᠤᠬᠠᠨ ᠦᠨᠡᠰᠦ ᠪᠠᠷ ᠲᠣᠭᠤᠰᠬ᠎ᠠ ᠬᠢᠬᠦ ᠵᠡᠷᠭᠡ ᠲᠥᠷᠥᠯ ᠵᠦᠢᠯ ᠢ ᠢᠵᠢ ᠪᠦᠷᠢᠳᠦᠭᠦᠯᠵᠦ᠂ ᠠᠵᠤ ᠦᠢᠯᠡᠳᠪᠦᠷᠢ ᠶᠢᠨ ᠬᠠᠲᠠᠭᠤ ᠬᠠᠶᠠᠭᠳᠠᠮᠠᠯ ᠢ ᠡᠬᠢ ᠪᠠᠶᠠᠯᠢᠭ ᠪᠣᠯᠭᠠᠨ ᠠᠰᠢᠭᠯᠠᠬᠤ ᠶᠢ ᠠᠬᠢᠭᠤᠯᠤᠨ᠎ᠠ᠃      ᠬᠤᠶᠠᠷ ᠲᠤ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠠᠪᠴᠠᠯᠳᠤᠭᠤᠯᠤᠨ ᠬᠥᠭᠵᠢᠭᠦᠯᠦᠨ᠎ᠡ᠃ ᠪᠦᠬᠦ ᠣᠷᠣᠨ ᠪᠦᠰᠡ ᠶᠢᠨ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ A ᠲᠡᠰ ᠤᠨ ᠦᠵᠡᠮᠵᠢ ᠶᠢᠨ ᠣᠷᠣᠨ ᠢ ᠢᠳᠡᠪᠬᠢᠲᠡᠢ ᠭᠤᠶᠤᠴᠢᠯᠠᠨ᠂ ᠲᠣᠭᠤᠷᠢᠮ ᠤᠨ ᠤᠯᠤᠰ ᠢᠶᠠᠨ ᠬᠠᠶᠢᠷᠠᠯᠠᠬᠤ ᠬᠥᠮᠥᠵᠢᠯ ᠤᠨ ᠰᠠᠭᠤᠷᠢᠨ ᠭᠠᠵᠠᠷ ᠢ ᠪᠠᠶᠢᠭᠤᠯᠵᠦ ᠠᠰᠢᠭᠯᠠᠯᠲᠠ ᠳᠤ ᠣᠷᠣᠭᠤᠯᠤᠨ᠎ᠠ᠃ ᠤᠷᠳᠣᠰ ᠤᠨ ᠰᠣᠶᠣᠯ ᠵᠢᠭᠤᠯᠴᠢᠯᠠᠯ ᠤᠨ ᠪᠦᠯᠦᠭᠯᠡᠯ ᠲᠠᠢ ᠬᠤᠷᠰᠢᠨ᠂ ᠵᠢᠭᠤᠯᠴᠢᠯᠠᠯ ᠤᠨ ᠰᠣᠳᠣᠨ ᠱᠤᠭᠤᠮ ᠢ ᠲᠥᠯᠥᠪᠵᠢᠭᠦᠯᠵᠦ᠂ ᠨᠠᠭᠠᠳᠤᠮ᠂ ᠲᠠᠯ᠎ᠠ ᠨᠤᠲᠤᠭ ᠤᠨ ᠳᠠᠭᠤᠤ ᠬᠥᠭᠵᠢᠮ ᠤᠨ ᠨᠠᠶᠢᠷ ᠵᠡᠷᠭᠡ ᠶᠢ ᠡᠷᠬᠢᠯᠡᠨ᠂ ᠵᠢᠭᠤᠯᠴᠢᠯᠠᠯ ᠤᠨ ᠦᠨ᠎ᠡ ᠦᠷᠲᠡᠭ ᠪᠠ ᠲᠠᠲᠠᠬᠤ ᠬᠦᠴᠦᠨ ᠢ ᠨᠡᠮᠡᠭᠳᠡᠭᠦᠯᠦᠨ᠎ᠡ᠃ ᠬᠠᠲᠤᠨ ᠭᠤᠣᠯ ᠳᠠᠭᠠᠤ ᠣᠷᠣᠨ ᠤ ᠵᠢᠭᠤᠯᠴᠢᠯᠠᠯ ᠤᠨ ᠠᠵᠤ ᠠᠬᠤᠢ ᠶᠢᠨ ᠪᠦᠰᠡ ᠶᠢ ᠲᠥᠯᠥᠪᠵᠢᠭᠦᠯᠦᠨ ᠪᠠᠶᠢᠭᠤᠯᠵᠤ᠂ ᠬᠠᠲᠤᠨ ᠭᠤᠣᠯ ᠳᠠᠭᠠᠤ ᠣᠷᠣᠨ ᠤ ᠦᠶᠡᠷ ᠢ ᠰᠡᠷᠭᠡᠶᠢᠯᠡᠬᠦ ᠢᠨᠵᠧᠨᠧᠷᠢᠩ ᠢ ᠠᠬᠢᠭᠤᠯᠤᠨ᠂ ᠪᠤᠬᠢᠷᠲᠣᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠪᠠ ᠤᠰᠤᠨ ᠭᠠᠷᠤᠯᠲᠠ ᠶᠢ ᠪᠤᠢ ᠪᠣᠯᠭᠠᠵᠤ᠂ ᠰᠢᠨ᠎ᠡ ᠴᠠᠭ ᠦᠶ᠎ᠡ ᠶᠢᠨ ᠬᠠᠲᠤᠨ ᠭᠤᠣᠯ ᠤᠨ ᠦᠯᠢᠭᠡᠷ ᠢ ᠰᠠᠶᠢᠨᠬᠨ ᠶᠠᠷᠢᠵᠤ᠂ ᠰᠣᠶᠣᠯ ᠵᠢᠭᠤᠯᠴᠢᠯᠠᠯ ᠢ ᠠᠪᠴᠠᠯᠳᠤᠭᠤᠯᠤᠨ ᠬᠥᠭᠵᠢᠭᠦᠯᠦᠭᠰᠡᠨ ᠣᠷᠣᠨ ᠢ ᠪᠠᠶᠢᠭᠤᠯᠤᠨ᠎ᠠ᠃ ᠤᠳᠦ ᠦᠶ᠎ᠡ ᠶᠢᠨ ᠪᠠᠷᠠᠭᠠᠠ ᠤ ᠭᠦᠢᠯᠭᠡᠭᠡ ᠶᠢ ᠲᠡᠳᠬᠦᠵᠦ ᠪᠤᠵᠠᠭᠠᠶᠢᠷᠠᠭᠤᠯᠤᠨ᠂ ᠲᠡᠭᠡᠭᠡᠪᠦᠷᠢ ᠶᠢᠨ ᠥᠪᠡᠷ ᠤᠨ ᠥᠷᠲᠡᠭ ᠢ ᠪᠠᠭᠤᠷᠠᠭᠤᠯᠬᠤ᠂ ᠪᠠᠷᠠᠭᠠᠠ ᠤ ᠭᠦᠢᠯᠭᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠲᠤᠮᠦ ᠬᠡᠯᠪᠡᠷᠢ ᠶᠢᠨ ᠶᠡᠷᠦᠩᠬᠡᠶᠢᠯᠡᠭᠰᠡᠨ ᠴᠢᠨᠠᠷᠲᠠᠢ ᠪᠠᠷᠠᠭᠠᠠ ᠤ ᠭᠦᠢᠯᠭᠡᠭᠡ ᠶᠢ ᠬᠥᠭᠵᠢᠭᠦᠯᠦᠨ᠂ ᠪᠠᠷᠠᠭᠠᠠ ᠤ ᠭᠦᠢᠯᠭᠡᠭᠡᠨ ᠤ ᠠᠵᠤ ᠠᠬᠤᠶᠢᠯᠠᠯ ᠤᠨ ᠪᠠᠷᠠᠭᠠᠠ ᠤ ᠭᠦᠢᠯᠭᠡᠭᠡᠨ ᠤ ᠲᠤᠰᠬᠠᠢ ᠦᠢᠯᠡᠴᠢᠯᠡᠭᠡ ᠭᠠᠷᠭᠠᠬᠤ ᠶᠢ ᠵᠣᠷᠢᠭᠵᠢᠭᠤᠯᠵᠤ᠂ ᠦᠢᠯᠡᠳᠪᠦᠷᠢᠯᠡᠯ ᠤᠨ ᠠᠵᠤ ᠠᠬᠤᠶᠢᠯᠠᠯ ᠪᠠ ᠪᠠᠷᠠᠭᠠᠠ ᠤ ᠭᠦᠢᠯᠭᠡᠭᠡᠨ ᠤ ᠠᠵᠤ ᠠᠬᠤᠶᠢᠯᠠᠯ ᠤᠨ ᠬᠤᠯᠪᠣᠭᠠᠯᠠᠨ ᠬᠥᠭᠵᠢᠬᠦ ᠶᠢ ᠠᠬᠢᠭᠤᠯᠤᠨ᠎ᠠ᠃ ᠡᠯᠧᠺᠲᠷᠦᠨ ᠬᠤᠳᠠᠯᠳᠤᠭᠠᠨ ᠤ ᠦᠢᠯᠡᠰ ᠢ ᠪᠣᠶᠢᠵᠢᠭᠤᠯᠤᠨ᠂ ᠬᠤᠳᠠ ᠬᠥᠳᠡᠭᠡ ᠶᠢᠨ ᠡᠯᠧᠺᠲᠷᠦᠨ ᠬᠤᠳᠠᠯᠳᠤᠭᠠᠨ ᠤ ᠨᠡᠶᠢᠲᠡ ᠶᠢᠨ ᠦᠢᠯᠡᠴᠢᠯᠡᠭᠡ ᠪᠠ ᠪᠠᠷᠠᠭᠠᠠ ᠤ ᠭᠦᠢᠯᠭᠡᠭᠡ ᠶᠢᠨ ᠳᠠᠮᠵᠢᠭᠤᠯᠵᠤ ᠬᠦᠷᠭᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠳᠠᠮᠵᠢᠭᠤᠯᠤᠨ ᠬᠦᠷᠭᠡᠬᠦ ᠡᠴᠦᠰ ᠤᠨ ᠰᠦᠯᠵᠢᠶ᠎ᠡ ᠴᠡᠭ ᠢ 5 ᠭᠠᠷᠭᠠᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠰᠦᠯᠵᠢᠶᠡᠨ ᠳᠡᠭᠡᠷ᠎ᠡ ᠠᠷᠠᠯᠵᠢᠶᠠᠯᠠᠬᠤ ᠬᠡᠪᠴᠢᠶ᠎ᠡ ᠶᠢ ᠥᠷᠭᠡᠳᠬᠡᠨ᠎ᠡ᠃      ︵ᠲᠠᠪᠤ︶ ᠠᠵᠤ ᠦᠢᠯᠡᠰ ᠢ ᠠᠳᠬᠤᠵᠤ᠂ ᠦᠷ᠎ᠡ ᠠᠰᠢᠭ ᠢ ᠨᠡᠮᠡᠭᠳᠡᠭᠦᠯᠦᠨ᠂ ᠬᠥᠳᠡᠭᠡ ᠲᠣᠰᠬᠤᠨ ᠢ ᠬᠥᠭᠵᠢᠭᠦᠯᠬᠦ ᠠᠵᠢᠯ ᠢ ᠭᠦᠨᠵᠡᠭᠡᠢ ᠠᠬᠢᠭᠤᠯᠤᠨ᠎ᠠ      ᠨᠢᠭᠡ ᠳᠤ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠦᠨ᠎ᠡ᠃ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ︽ᠲᠤᠰᠬᠠᠢ ᠪᠦᠯᠭᠦᠮ ᠢᠶᠠᠷ ᠲᠤᠰᠬᠠᠢ ᠮᠡᠷᠭᠡᠵᠢᠯ ᠤᠨ ᠠᠵᠢᠯ ᠬᠢᠯᠭᠡᠬᠦ︾ ᠵᠠᠷᠴᠢᠮ ᠢᠶᠠᠷ ᠳᠠᠭᠠᠭᠤᠯᠤᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠶᠢᠨ ᠳᠠᠭᠠᠤ ᠲᠡᠳᠬᠦᠨ᠂ ᠨᠢᠲᠤᠯᠵᠤ ᠪᠣᠯᠪᠠᠰᠤᠷᠠᠭᠤᠯᠬᠤ᠂ ᠰᠣᠷᠮᠦ ᠨᠣᠯᠣᠣᠷ ᠢ ᠰᠠᠯᠭᠠᠬᠤ᠂ ᠨᠥᠭᠡᠴᠡᠯᠡᠬᠦ ᠪᠠᠷᠠᠭᠠᠠ ᠤ ᠭᠦᠢᠯᠭᠡᠭᠡ᠂ ᠡᠯᠧᠺᠲᠷᠦᠨ ᠬᠤᠳᠠᠯᠳᠤᠭᠠᠨ ᠤ ᠲᠦᠷᠭᠡᠨ ᠬᠦᠷᠭᠡᠯᠲᠡ ᠵᠡᠷᠭᠡ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠵᠦ᠂ ᠬᠤᠳᠠ ᠶᠢᠨ ᠲᠡᠰ ᠠᠴᠠ ᠳᠡᠭᠡᠭᠰᠢᠬᠢ ᠳᠠᠭᠠᠭᠤᠯᠤᠭᠴᠢ ᠠᠵᠤ ᠠᠬᠤᠶᠢᠯᠠᠯ ᠢ ᠰᠢᠨ᠎ᠡ ᠪᠠᠷ 3 ᠨᠡᠮᠡᠭᠳᠡᠭᠦᠯᠦᠨ᠎ᠡ᠃ ᠮᠠᠯᠴᠢᠨ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠵᠦ᠂ ︽ᠨᠠᠮ ᠤᠨ ᠡᠭᠦᠷ + ᠳᠠᠭᠠᠭᠤᠯᠤᠭᠴᠢ ᠠᠵᠤ ᠠᠬᠤᠶᠢᠯᠠᠯ + ᠲᠤᠰᠬᠠᠢ ᠬᠤᠷᠰᠢᠶ᠎ᠠ + ᠮᠠᠯᠴᠢᠨ ᠲᠠᠷᠢᠶᠠᠴᠢᠨ ᠡᠷᠦᠬᠡ︾ ᠶᠢᠨ ᠬᠥᠭᠵᠢᠯᠲᠡ ᠶᠢᠨ ᠵᠠᠭᠪᠤᠷ ᠢ ᠳᠡᠯᠭᠡᠷᠡᠭᠦᠯᠦᠨ᠂ ᠨᠡᠩ ᠣᠯᠠᠨ ᠮᠠᠯᠴᠢᠨ ᠲᠠᠷᠢᠶᠠᠴᠢᠨ ᠢ ᠵᠣᠬᠢᠶᠠᠨ ᠪᠠᠶᠢᠭᠤᠯᠵᠤ ᠬᠤᠷᠰᠢᠯᠴᠠᠭᠠᠨ ᠤ ᠬᠡᠯᠬᠢᠶ᠎ᠡ ᠳᠤ ᠣᠷᠣᠭᠤᠯᠤᠨ᠂ ᠰᠢᠨᠵᠢᠯᠡᠬᠦ ᠤᠬᠠᠭᠠᠨᠴᠢ ᠪᠠᠷ ᠪᠣᠷᠳᠣᠵᠤ ᠲᠠᠷᠭᠤᠯᠠᠭᠤᠯᠬᠤ᠂ ᠬᠡᠰᠡᠭᠯᠡᠵᠦ ᠰᠠᠮᠨᠠᠬᠤ᠂ ᠭᠠᠷ ᠬᠡᠭᠡᠯᠲᠦᠭᠦᠯᠭᠡ ᠬᠢᠬᠦ᠂ ᠡᠪᠡᠳᠴᠢᠨ ᠬᠢᠵᠢᠭ ᠢ ᠰᠡᠷᠭᠡᠶᠢᠯᠡᠬᠦ᠂ ᠡᠭᠦᠯᠳᠡᠷ ᠤᠨ ᠮᠠᠯ ᠢ ᠲᠥᠪᠯᠡᠷᠡᠭᠦᠯᠦᠨ ᠬᠠᠮᠢᠶᠠᠷᠬᠤ ᠵᠡᠷᠭᠡ ᠮᠡᠷᠭᠡᠵᠢᠯ ᠤᠨ ᠪᠣᠯᠪᠠᠰᠤᠷᠠᠯ ᠪᠤᠶᠤ ᠲᠥᠯᠥᠪᠦᠷᠢ ᠲᠠᠢ ᠦᠢᠯᠡᠴᠢᠯᠡᠭᠡ ᠬᠠᠩᠭᠠᠨ᠂ ᠰᠢᠨ᠎ᠡ ᠪᠠᠷ ᠥᠪᠡᠷᠲᠡᠭᠡᠨ ᠵᠠᠰᠠᠬᠤ ᠣᠷᠣᠨ ᠤ ᠲᠡᠰ ᠤᠨ ᠠᠵᠤ ᠦᠢᠯᠡᠰᠵᠢᠯᠳᠡ ᠶᠢᠨ ᠬᠤᠯᠪᠣᠭᠠᠯᠠᠭᠰᠠᠨ ᠴᠤᠭᠴᠨ ᠶᠢ 2᠂ ᠨᠡᠶᠢᠬᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ 5᠂ ᠭᠡᠷ ᠪᠦᠯᠢ ᠶᠢᠨ ᠮᠠᠯᠵᠢᠯ ᠤᠨ ᠲᠠᠯᠠᠪᠡᠢ ᠶᠢ 30᠂ ᠵᠢᠷᠤᠮᠵᠢᠯ ᠲᠠᠢ ᠪᠠᠷ ᠡᠵᠡᠩᠨᠡᠭᠰᠡᠨ ᠬᠤᠷᠰᠢᠶ᠎ᠠ ᠶᠢ 11 ᠨᠡᠮᠡᠭᠳᠡᠭᠦᠯᠦᠨ᠎ᠡ᠃      ᠬᠤᠶᠠᠷ ᠲᠤ ᠭᠤᠣᠯᠯᠠᠬᠤ ᠠᠵᠤ ᠦᠢᠯᠡᠰ ᠢ ᠪᠤᠵᠠᠭᠠᠶᠢᠷᠠᠭᠤᠯᠤᠨ᠎ᠠ᠃ ᠨᠣᠯᠣᠣᠷ ᠤᠨ ᠢᠮᠠᠭ᠎ᠠ᠂ ᠢᠳᠡᠰᠢᠨ ᠦᠬᠡᠷ᠂ ᠨᠤᠲᠤᠭ ᠤᠨ ᠲᠠᠬᠢᠶ᠎ᠠ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠵᠢᠭᠦᠯᠬᠦ ᠲᠥᠰᠥᠯ ᠲᠣᠭᠲᠠᠭᠠᠵᠤ᠂ ᠮᠠᠯ ᠲᠠᠷᠢᠶᠠᠯᠠᠩ ᠲᠠᠢ ᠬᠤᠯᠪᠣᠭᠳᠠᠭᠰᠠᠨ ᠳᠡᠭᠡᠳᠦ ᠱᠠᠲᠤᠨ ᠤ ᠪᠡᠯᠡ ᠮᠥᠩᠭᠦ ᠶᠢ ᠨᠢᠭᠡᠳᠬᠡᠨ᠂ ᠬᠤᠰᠢᠭᠤᠨ ᠤ ᠡᠳ᠋ ᠤᠨ ᠵᠠᠰᠠᠭ ᠠᠴᠠ 3656 ᠲᠦᠮᠡᠨ ᠲᠥᠭᠦᠷᠢᠭ ᠤᠨ ᠪᠡᠯᠡ ᠣᠷᠣᠭᠤᠯᠵᠣ᠂ ᠮᠠᠯ ᠲᠠᠷᠢᠶᠠᠯᠠᠩ ᠤᠨ ᠠᠵᠤ ᠦᠢᠯᠡᠰ ᠢ ᠬᠡᠪᠴᠢᠶᠡᠵᠢᠭᠦᠯᠬᠦ᠂ ᠲᠤᠰᠬᠠᠶᠢᠴᠢᠯᠠᠬᠤ ᠲᠦᠪᠰᠢᠨ ᠢ ᠳᠡᠭᠡᠭᠰᠢᠯᠡᠭᠦᠯᠦᠨ᠎ᠡ᠃ ᠣᠷᠣᠨ ᠲᠣᠭᠤᠷᠢᠭ ᠤᠨ ᠨᠡᠶᠢᠲᠡ ᠪᠠᠷ ᠢᠶᠠᠨ ᠬᠡᠷᠡᠭᠯᠡᠬᠦ ᠨᠡᠷᠡᠲᠦ ᠲᠡᠮᠳᠡᠭ ᠤᠨ ᠦᠷ᠎ᠡ ᠠᠰᠢᠭ ᠢ ᠪᠠᠳᠠᠷᠠᠭᠤᠯᠤᠨ᠂ ᠠᠷᠪᠠᠰ ᠤᠨ ᠨᠣᠯᠣᠣᠷ ᠤᠨ ᠴᠠᠭᠠᠨ ᠢᠮᠠᠭᠠᠨ ᠤ ᠳᠤᠮᠳᠠᠳᠤ ᠤᠯᠤᠰ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ ᠢ ᠪᠦᠬᠦ ᠲᠠᠯ᠎ᠠ ᠪᠠᠷ ᠪᠠᠶᠢᠭᠤᠯᠵᠤ᠂ 1000 ᠡᠭᠦᠯᠳᠡᠷ ᠤᠨ ᠢᠮᠠᠭ᠎ᠠ ᠳᠤ ᠨᠥᠬᠦᠪᠦᠷᠢ ᠣᠯᠭᠤᠨ᠂ 2.2 ᠲᠦᠮᠡᠨ ᠢᠮᠠᠭᠠᠨ ᠤ ᠨᠣᠯᠣᠣᠷ ᠤᠨ ᠨᠠᠷᠢᠴᠠ ᠶᠢ ᠰᠢᠯᠭᠠᠨ ᠲᠣᠭᠲᠠᠭᠠᠵᠤ᠂ 50 ᠭᠠᠷ ᠬᠡᠭᠡᠯᠲᠦᠭᠦᠯᠭᠡ ᠶᠢᠨ ᠥᠷᠲᠡᠭᠡ ᠶᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ᠂ 10 ᠲᠦᠮᠡᠨ ᠦᠷᠡᠵᠢᠯ ᠤᠨ ᠢᠮᠠᠭ᠎ᠠ ᠳᠤ ᠬᠡᠭᠡᠯᠲᠦᠭᠦᠯᠭᠡ ᠬᠢᠵᠤ᠂ ᠨᠣᠯᠣᠣᠷ ᠤᠨ ᠨᠠᠷᠢᠴᠠ ᠶᠢ ᠰᠢᠯᠭᠠᠨ ᠪᠠᠶᠢᠴᠠᠭᠠᠬᠤ 2 ᠲᠥᠬᠦᠭᠡᠷᠦᠮᠵᠢ ᠶᠢ ᠠᠰᠢᠭᠯᠠᠯᠲᠠ ᠳᠤ ᠣᠷᠣᠭᠤᠯᠤᠨ᠂ ︽ᠪᠡᠯᠴᠢᠭᠡᠷᠯᠡᠭᠦᠯᠬᠦ + ᠬᠠᠰᠢᠶᠠᠯᠠᠬᠤ︾ ᠬᠡᠪᠴᠢᠶᠡᠵᠢᠭᠰᠡᠨ ᠬᠥᠭᠵᠢᠯᠲᠡ ᠶᠢ ᠲᠦᠷᠭᠡᠳᠬᠡᠵᠦ᠂ ︽ᠮᠢᠬ᠎ᠠ ᠨᠣᠯᠣᠣᠷ ᠢ ᠵᠡᠷᠭᠡᠪᠡᠷ ᠴᠢᠬᠤᠯᠠᠴᠢᠯᠠᠭᠰᠠᠨ︾ ᠪᠣᠷᠣᠯᠠᠭᠤᠯᠭ᠎ᠠ ᠶᠢᠨ ᠵᠠᠭᠪᠤᠷ ᠢ ᠰᠦᠪᠡᠭᠴᠢᠯᠡᠨ᠂ ᠳᠥᠷᠪᠡᠨ ᠤᠯᠠᠷᠢᠯ ᠳᠤ ᠲᠡᠩᠴᠡᠭᠦᠷᠢᠲᠡᠢ ᠪᠣᠷᠣᠯᠠᠭᠤᠯᠬᠤ ᠶᠢ ᠠᠬᠢᠭᠤᠯᠤᠨ᠎ᠠ᠃ ᠠᠷᠪᠠᠰ ᠤᠨ ᠨᠣᠯᠣᠣᠷ ᠤᠨ ᠴᠠᠭᠠᠨ ᠢᠮᠠᠭᠠᠨ ᠤ ᠨᠡᠷᠡᠲᠦ ᠲᠡᠮᠳᠡᠭ ᠢ ᠰᠢᠰᠲ᠋ᠧᠮ ᠲᠠᠢ ᠪᠠᠷ ᠡᠵᠡᠩᠨᠡᠵᠦ᠂ ᠪᠦᠬᠦ ᠲᠠᠯ᠎ᠠ ᠪᠠᠷ ᠤᠬᠠᠭᠤᠯᠵᠤ ᠲᠠᠨᠢᠯᠴᠠᠭᠤᠯᠤᠨ᠂ ᠣᠷᠣᠨ ᠲᠣᠭᠤᠷᠢᠭ ᠤᠨ ᠨᠡᠶᠢᠲᠡ ᠪᠠᠷ ᠢᠶᠠᠨ ᠬᠡᠷᠡᠭᠯᠡᠬᠦ ᠨᠡᠷᠡᠲᠦ ᠲᠡᠮᠳᠡᠭ ᠤᠨ ᠨᠥᠯᠥᠭᠡ ᠶᠢ ᠶᠡᠬᠡᠰᠬᠡᠨ᠎ᠡ᠃ ᠢᠳᠡᠰᠢᠨ ᠦᠬᠡᠷ ᠬᠤᠨᠢᠨ ᠤ ᠡᠭᠦᠯᠳᠡᠷ ᠢ ᠰᠠᠶᠢᠵᠢᠷᠠᠭᠤᠯᠤᠨ᠂ 100 ᠠᠩᠭᠧᠰ ᠪᠤᠬ᠎ᠠ ᠳᠤ ᠨᠥᠬᠦᠪᠦᠷᠢ ᠣᠯᠭᠤᠨ᠂ 1 ᠲᠦᠮᠡᠨ ᠢᠳᠡᠰᠢᠨ ᠦᠬᠡᠷ ᠲᠤ ᠢᠴᠢᠭᠡᠯ ᠦᠷ᠎ᠡ ᠶᠢᠨ ᠬᠡᠭᠡᠯᠲᠦᠭᠦᠯᠭᠡ ᠬᠢᠵᠤ᠂ 4 ᠢᠳᠡᠰᠢᠨ ᠦᠬᠡᠷ ᠤᠨ ᠲᠤᠰᠬᠠᠢ ᠬᠤᠷᠰᠢᠶ᠎ᠠ ᠪᠠᠶᠢᠭᠤᠯᠤᠨ᠂ ᠭᠤᠸᠠᠩ ᠲᠦᠸᠧ ᠤᠨ ᠲᠦᠮᠡᠨ ᠢᠳᠡᠰᠢᠨ ᠦᠬᠡᠷ ᠲᠡᠵᠢᠭᠡᠨ ᠦᠷᠡᠵᠢᠭᠦᠯᠬᠦ ᠲᠥᠷᠥᠯ ᠵᠦᠢᠯ ᠢ ᠬᠡᠷᠡᠭᠵᠢᠭᠦᠯᠦᠨ᠂ 7 ᠲᠦᠮᠡᠨ ᠢᠳᠡᠰᠢᠨ ᠦᠬᠡᠷ ᠲᠡᠵᠢᠭᠡᠬᠦ ᠪᠠᠷ ᠴᠢᠷᠮᠠᠶᠢᠨ᠎ᠠ︔ 800 ᠣᠷᠳᠣᠰ ᠤᠨ ᠨᠠᠷᠢᠨ ᠨᠣᠣᠰᠣᠲᠤ ᠡᠭᠦᠯᠳᠡᠷ ᠤᠨ ᠬᠤᠨᠢᠨ ᠳᠤ ᠨᠥᠬᠦᠪᠦᠷᠢ ᠥᠭᠴᠦ᠂ 1 ᠲᠦᠮᠡᠨ ᠢᠳᠡᠰᠢᠨ ᠬᠤᠨᠢᠨ ᠤ ᠡᠭᠦᠯᠳᠡᠷ ᠢ ᠰᠠᠶᠢᠵᠢᠷᠠᠭᠤᠯᠤᠨ᠎ᠠ᠃ ᠨᠤᠲᠤᠭ ᠤᠨ ᠲᠠᠬᠢᠶᠠᠨ ᠤ ᠨᠡᠷᠡᠲᠦ ᠲᠡᠮᠳᠡᠭ ᠢ ᠪᠤᠢ ᠪᠣᠯᠭᠠᠨ᠂ ᠨᠤᠲᠤᠭ ᠤᠨ ᠲᠠᠬᠢᠶ᠎ᠠ ᠶᠢ ᠳᠤᠮᠳᠠᠳᠤ ᠤᠯᠤᠰ ᠤᠨ ᠭᠠᠵᠠᠷ ᠵᠦᠢ ᠶᠢᠨ ᠪᠡᠯᠭᠡ ᠲᠡᠮᠳᠡᠭ ᠪᠠ ᠳᠤᠮᠳᠠᠳᠤ ᠤᠯᠤᠰ ᠤᠨ ᠭᠠᠵᠠᠷ ᠵᠦᠢ ᠶᠢᠨ ᠪᠡᠯᠭᠡ ᠲᠡᠮᠳᠡᠭ ᠢᠶᠠᠷ ᠬᠠᠮᠠᠭᠠᠯᠠᠬᠤ ᠪᠦᠲᠦᠭᠡᠭᠳᠡᠬᠦᠨ ᠢᠶᠠᠷ ᠭᠤᠶᠤᠴᠢᠯᠠᠨ ᠮᠡᠳᠡᠭᠦᠯᠵᠦ᠂ ᠨᠤᠲᠤᠭ ᠤᠨ ᠲᠠᠬᠢᠶ᠎ᠠ ᠲᠡᠵᠢᠭᠡᠨ ᠦᠷᠡᠵᠢᠭᠦᠯᠬᠦ ᠮᠡᠷᠭᠡᠵᠢᠯ ᠤᠨ  ᠳᠦᠷᠢᠮ ᠢ ᠲᠣᠭᠲᠠᠭᠠᠨ᠂ ᠶᠠᠰᠤ ᠴᠢᠨᠠᠷ ᠤᠨ ᠠᠮᠤᠷ ᠲᠦᠪᠰᠢᠨ ᠢ ᠮᠦᠷᠳᠡᠨ ᠪᠠᠶᠢᠴᠠᠭᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠪᠠ ᠰᠦᠯᠵᠢᠶᠡᠨ ᠳᠡᠭᠡᠷ᠎ᠡ ᠪᠣᠷᠣᠯᠠᠭᠤᠯᠬᠤ ᠠᠷᠭ᠎ᠠ ᠵᠠᠮ ᠢ ᠦᠷᠭᠡᠳᠬᠡᠨ᠂ 25 ᠲᠦᠮᠡᠨ ᠨᠤᠲᠤᠭ ᠤᠨ ᠲᠠᠬᠢᠶ᠎ᠠ ᠲᠡᠵᠢᠭᠡᠬᠦ ᠪᠠᠷ ᠴᠢᠷᠮᠠᠶᠢᠨ᠎ᠠ᠃ ᠲᠠᠷᠢᠮᠠᠯ ᠤᠨ ᠪᠦᠲᠦᠴᠡ ᠶᠢ ᠰᠢᠯᠢᠳᠡᠭᠴᠢᠯᠡᠨ᠂ 4.5 ᠲᠦᠮᠡᠨ ᠮᠦ ᠦᠨᠳᠤᠷ ᠪᠠᠷᠢᠮᠵᠢᠶᠠᠲᠤ ᠲᠠᠷᠢᠶ᠎ᠠ ᠲᠠᠷᠢᠵᠤ᠂ ᠡᠷᠳᠡᠨᠢ ᠰᠢᠰᠢ᠂ ᠪᠣᠷᠤ ᠴᠠᠷᠭᠠᠰᠤ ᠵᠡᠷᠭᠡ ᠤᠰᠤ ᠶᠡᠭᠡ ᠬᠡᠷᠡᠭᠯᠡᠬᠦ ᠲᠠᠷᠢᠮᠠᠯ ᠤᠨ ᠬᠡᠪᠴᠢᠶ᠎ᠡ ᠶᠢ ᠵᠣᠬᠢᠰᠲᠠᠢ ᠡᠵᠡᠮᠳᠡᠨ᠂ ᠤᠰᠤ ᠠᠷᠪᠢᠯᠠᠬᠤ ᠮᠠᠶ᠋ᠢᠭ ᠤᠨ ᠴᠢᠨᠠᠷ ᠰᠠᠶᠢᠨ ᠡᠪᠡᠰᠤ ᠲᠠᠷᠢᠵᠤ᠂ ᠭᠤᠸᠠ ᠨᠣᠭᠤᠭ᠎ᠠ ᠵᠢᠮᠢᠰ᠂ ᠳᠣᠯᠠᠭᠠᠨ ᠬᠦᠯᠡᠮᠵᠢ᠂ ᠣᠨᠴᠠᠯᠢᠭᠲᠤ ᠲᠠᠷᠢᠮᠠᠯ ᠢ ᠬᠥᠭᠵᠢᠭᠦᠯᠦᠨ᠂ ᠣᠯᠠᠨ ᠲᠦᠮᠡᠨ ᠤ ᠨᠣᠭᠤᠭ᠎ᠠ ᠵᠢᠮᠢᠰ ᠤᠨ ᠬᠡᠷᠡᠭᠴᠡᠭᠡ ᠶᠢ ᠬᠠᠩᠭᠠᠨ᠎ᠠ᠃      ᠭᠤᠷᠪᠡ ᠳᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ ᠶᠢ ᠲᠡᠭᠦᠯᠳᠡᠷᠵᠢᠭᠦᠯᠵᠦ᠂ ᠪᠣᠳᠠᠲᠠᠢ ᠠᠴᠠ ᠡᠭᠦᠰᠦᠨ᠂ ᠲᠤᠬᠠᠢ ᠶᠢᠨ ᠭᠠᠵᠠᠷ ᠤᠨ ᠣᠨᠴᠠᠯᠢᠭ ᠲᠤᠨᠢ ᠲᠣᠬᠢᠷᠠᠭᠤᠯᠵᠤ᠂ 3374 ᠡᠷᠦᠬᠡ ᠶᠢᠨ ᠵᠤᠷᠯᠦᠩ ᠢ ᠥᠭᠡᠷᠡᠴᠢᠯᠡᠨ᠎ᠡ︔ ᠠᠮᠢᠳᠤᠷᠠᠯ ᠤᠨ ᠬᠤᠭ ᠨᠣᠪᠰᠢ ᠶᠢ ᠲᠥᠷᠥᠯ ᠠᠩᠭᠢᠯᠠᠨ ᠬᠤᠣᠷ ᠦᠭᠡᠢ ᠪᠣᠯᠭᠠᠨ ᠰᠢᠢᠳᠪᠦᠷᠢᠯᠡᠬᠦ ᠲᠠᠯᠠᠪᠤᠷ ᠢ 1᠂ ᠬᠤᠭ ᠨᠣᠪᠰᠢ ᠶᠢ ᠠᠭᠤᠷᠰᠢᠭᠤᠯᠬᠤ ᠲᠥᠬᠦᠭᠡᠷᠦᠮᠵᠢ ᠶᠢ 3᠂ ᠳᠠᠷᠤᠵᠤ ᠬᠡᠪᠰᠢᠭᠦᠯᠦᠨ ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ ᠶᠢ 1 ᠪᠠᠶᠢᠭᠤᠯᠵᠤ᠂ ᠨᠡᠶᠢᠲᠡ ᠶᠢᠨ ᠵᠤᠷᠯᠣᠩ ᠢ 3 ᠪᠠᠷᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠮᠲᠤ ᠶᠢᠨ ᠡᠳ᠋ ᠬᠥᠷᠥᠩᠭᠡ ᠪᠠᠷ ᠬᠤᠪᠢ ᠣᠷᠣᠬᠤ ᠠᠵᠢᠯ ᠢ ᠡᠮᠬᠢ ᠲᠢᠭᠯᠢᠮ ᠲᠠᠢ ᠠᠬᠢᠭᠤᠯᠤᠨ᠂ ᠮᠠᠯᠴᠢᠨ ᠲᠠᠷᠢᠶᠠᠴᠢᠳ ᠤᠨ ᠡᠷᠬᠡ ᠠᠰᠢᠭ ᠢ ᠪᠠᠲᠤᠯᠠᠵᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃      ︵ᠵᠢᠷᠭᠤᠭ᠎ᠠ︶ ᠥᠭᠡᠷᠡᠴᠢᠯᠡᠯᠲᠡ ᠶᠢ ᠠᠳᠬᠤᠵᠤ᠂ ᠰᠢᠨ᠎ᠡ ᠶᠢ ᠡᠭᠦᠳᠦᠨ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠨ᠎ᠡ      ᠨᠢᠭᠡ ᠳᠤ ᠭᠤᠤᠯᠳᠠᠯᠭᠠᠲᠤ ᠬᠦᠷᠢᠶ᠎ᠡ ᠬᠡᠪᠴᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠠᠶᠢᠵᠢᠷᠠᠭᠤᠯᠤᠨ᠂ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠴᠢᠯᠡᠵᠦ᠂ ︽ᠴᠤᠩᠬᠤᠪᠴᠢ ᠳᠡᠭᠡᠷ᠎ᠡ ᠶᠡᠷᠦᠩᠬᠡᠶᠢᠯᠡᠨ ᠬᠦᠯᠢᠶᠡᠨ ᠠᠪᠬᠤ᠂ ᠲᠥᠷᠥᠯ ᠠᠩᠭᠢᠯᠠᠨ ᠬᠢᠨᠠᠨ ᠵᠥᠪᠰᠢᠶᠡᠷᠡᠬᠦ᠂ ᠨᠢᠭᠡᠳᠦᠯᠲᠡᠢ ᠴᠤᠩᠬᠤᠪᠴᠢ ᠪᠠᠷ ᠭᠠᠷᠳᠠᠮ ᠢ ᠭᠦᠢᠴᠡᠳᠬᠡᠬᠦ︾ ᠵᠠᠭᠪᠤᠷ ᠢ ᠪᠠᠶᠢᠭᠤᠯᠤᠨ᠂ ᠰᠤᠮᠤ ᠪᠠᠯᠭᠠᠰᠤᠨ ᠤ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡᠨ ᠤ ᠲᠥᠪ ᠢ 3 ᠪᠠᠷᠢᠮᠵᠢᠶᠠᠵᠢᠭᠤᠯᠤᠨ ᠪᠠᠶᠢᠭᠤᠯᠵᠤ᠂ ᠭᠠᠴᠠᠭ᠎ᠠ ᠳᠤᠰᠬᠤᠨ ᠪᠤᠯᠤᠨ ᠨᠡᠶᠢᠬᠡᠮ ᠲᠤᠭᠤᠷᠢᠭ ᠤᠨ ᠤᠷᠤᠯᠠᠨ ᠭᠦᠢᠴᠡᠳᠬᠡᠬᠦ ᠴᠡᠭ ᠢ 30 ᠭᠠᠷᠭᠠᠨ᠂ ︽ᠨᠢᠭᠡ ᠴᠣᠩᠬᠤᠪᠴᠢ︾ ᠪᠠᠷ ᠬᠦᠯᠢᠶᠡᠨ ᠰᠢᠢᠳᠪᠦᠷᠢᠯᠡᠬᠦ ᠨᠣᠷᠮ᠎ᠡ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠦᠯᠵᠢᠶᠡᠨ ᠳᠡᠭᠡᠷ᠎ᠡ ᠭᠦᠢᠴᠡᠳᠬᠡᠬᠦ ᠨᠣᠷᠮ᠎ᠡ ᠶᠢ ᠴᠥᠮ 80% ᠠᠴᠠ ᠳᠡᠭᠡᠭᠰᠢ ᠬᠦᠷᠭᠡᠨ᠎ᠡ︔ ︽ᠲᠥᠪᠯᠡᠷᠡᠩᠭᠦᠢ ᠮᠠᠶ᠋ᠢᠭ︾ ᠢᠶᠠᠷ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠲᠥᠪ ᠤᠨ ᠴᠢᠳᠠᠮᠵᠢ ᠶᠢ ᠴᠢᠩᠭᠠᠳᠬᠠᠵᠤ᠂ ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠠᠷᠢᠯᠭ᠎ᠠ ᠶᠢᠨ ᠵᠥᠪᠰᠢᠶᠡᠷᠡᠯ ᠤᠨ ᠭᠠᠷᠳᠠᠮ ᠢ 50 ᠠᠵᠢᠯᠯᠠᠬᠤ ᠡᠳᠦᠷ ᠤᠨ ᠳᠣᠲᠣᠷ᠎ᠠ ᠭᠦᠢᠴᠡᠳᠬᠡᠨ᠎ᠡ᠃ ︽ᠪᠠᠶᠢᠴᠠᠭᠠᠭᠳᠠᠬᠤ ᠡᠲᠡᠭᠡᠳ ᠪᠤᠯᠤᠨ ᠪᠠᠶᠢᠴᠠᠭᠠᠬᠤ ᠠᠵᠢᠯᠲᠠᠨ ᠢ ᠳᠠᠰᠢᠷᠠᠮ ᠢᠶᠠᠷ ᠰᠤᠩᠭᠤᠬᠤ᠂ ᠪᠠᠶᠢᠴᠠᠭᠠᠭᠰᠠᠨ ᠦᠷ᠎ᠡ ᠳ᠋ᠦᠩ ᠢ ᠢᠯᠡ ᠨᠡᠶᠢᠲᠡᠯᠡᠬᠦ︾ ᠬᠢᠨᠠᠨ ᠬᠠᠮᠢᠶᠠᠷᠤᠯᠲᠠ ᠶᠢ ᠠᠬᠢᠭᠤᠯᠵᠤ᠂ ᠪᠠᠶᠢᠭᠤᠯᠭ᠎ᠠ ᠠᠯᠤᠰᠯᠠᠭᠰᠠᠨ ᠦᠷᠭᠦᠯᠵᠢ ᠶᠢᠨ ᠴᠢᠨᠠᠷᠲᠠᠢ ᠬᠢᠨᠠᠨ ᠬᠠᠮᠢᠶᠠᠷᠬᠤ ᠳᠤᠭᠲᠠᠴᠠ ᠶᠢ ᠪᠠᠶᠢᠭᠤᠯᠤᠨ᠎ᠠ᠃      ᠬᠤᠶᠠᠷ ᠲᠤ ᠠᠷᠠᠳ ᠠᠴᠠ ᠡᠷᠬᠢᠯᠡᠭᠰᠡᠨ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ ᠳᠤᠲᠤᠨᠤᠰᠤᠭ ᠴᠢᠭᠡᠴᠢ ᠵᠠᠰᠠᠭ ᠬᠤᠳᠠᠯᠳᠤᠭ᠎ᠠ ᠶᠢᠨ ᠬᠠᠷᠢᠴᠠᠭ᠎ᠠ ᠶᠢ ᠪᠠᠶᠢᠭᠤᠯᠵᠤ᠂ ᠤᠳᠤᠷᠢᠳᠬᠤ ᠺᠠᠳ᠋ᠷᠴᠤᠳ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠲᠠᠢ ᠬᠠᠷᠢᠯᠴᠠᠬᠤ ᠠᠵᠢᠯ ᠤᠨ ᠳᠤᠭᠲᠠᠴᠠ ᠭᠠᠷᠭᠠᠨ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠬᠥᠭᠵᠢᠯᠲᠡ ᠳᠤ ᠲᠤᠯᠭᠠᠷᠠᠵᠤ ᠪᠥᠬᠦᠢ ᠠᠰᠠᠭᠤᠳᠠᠯ ᠢ ᠴᠠᠭ ᠳᠠᠷᠤᠢ ᠳᠤᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠡᠷᠴᠢ ᠵᠣᠷᠢᠭ ᠢ ᠬᠦᠪᠴᠢᠯᠡᠨ᠎ᠡ᠃ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠬᠠᠤᠯᠢ ᠶᠤᠰᠤᠨ ᠤ ᠡᠷᠬᠡ ᠠᠰᠢᠭ ᠢ ᠪᠠᠲᠤᠯᠠᠵᠤ᠂ ︽ᠴᠠᠭᠠᠵᠠᠯᠠᠭᠰᠠᠨ ᠵᠦᠢᠯ ᠪᠢᠰᠢ ᠯᠠ ᠪᠤᠯ ᠤᠷᠤᠭᠤᠯᠵᠤ ᠪᠤᠯᠬᠤ︾ ᠵᠠᠷᠴᠢᠮ ᠢᠶᠠᠷ ᠵᠠᠬ᠎ᠠ ᠳᠡᠯᠭᠡᠭᠦᠷ ᠲᠤ ᠤᠷᠤᠭᠤᠯᠵᠤ ᠪᠤᠯᠬᠤ ᠵᠦᠢᠯᠡᠰ ᠤᠨ ᠵᠢᠭᠰᠠᠭᠠᠯᠲᠠ ᠶᠢᠨ ᠳᠥᠷᠢᠮ ᠢ ᠬᠡᠷᠡᠭᠵᠢᠭᠦᠯᠦᠨ᠂ ᠵᠠᠰᠠᠭ ᠤᠨ ᠤᠷᠳᠤᠨ ᠪᠤᠯᠤᠨ ᠨᠡᠶᠢᠬᠡᠮ ᠤᠨ ᠪᠡᠯᠡ ᠮᠥᠩᠭᠦ ᠬᠠᠮᠲᠤᠷᠠᠨ ᠠᠵᠢᠯᠯᠠᠬᠤ ᠲᠥᠷᠥᠯ ᠵᠦᠢᠯ ᠳᠤ ᠠᠷᠠᠳ  ᠤᠨ ᠳᠤᠮᠳᠠᠬᠢ ᠪᠡᠯᠡ ᠮᠥᠩᠭᠦ ᠶᠢ ᠣᠷᠣᠭᠤᠯᠬᠤ ᠶᠢ ᠵᠣᠷᠢᠭᠵᠢᠭᠤᠯᠤᠨ᠎ᠠ᠃ ᠴᠠᠬᠢᠯᠭᠠᠨ ᠬᠦᠴᠦ ᠶᠢ ᠣᠯᠠᠨ ᠲᠠᠯ᠎ᠠ ᠪᠠᠷ ᠠᠷᠠᠯᠵᠢᠶᠠᠯᠠᠬᠤ ᠠᠵᠤ ᠠᠬᠤᠶᠢᠯᠠᠯ ᠤᠨ ᠬᠡᠷᠡᠭᠯᠡᠭᠴᠢᠳ ᠢ ᠣᠯᠠᠰᠢᠷᠠᠭᠤᠯᠵᠤ᠂ ᠴᠠᠬᠢᠯᠭᠠᠨ ᠲᠦᠭᠡᠭᠡᠬᠦ ᠠᠵᠢᠯ ᠤᠨ ᠥᠭᠡᠷᠡᠴᠢᠯᠡᠯᠲᠡ ᠶᠢ ᠠᠬᠢᠭᠤᠯᠤᠨ᠂ ᠣᠯᠠᠨ ᠭᠤᠣᠯ ᠴᠣᠭᠴᠠ ᠲᠠᠢ᠂ ᠥᠷᠢᠰᠦᠯᠳᠦᠬᠦ ᠬᠦᠴᠦᠨ ᠲᠠᠢ ᠴᠠᠬᠢᠯᠭᠠᠨ ᠬᠦᠴᠦᠨ ᠤ ᠠᠷᠠᠯᠵᠢᠶᠠᠨ ᠤ ᠪᠦᠲᠦᠴᠡ ᠶᠢ ᠪᠦᠷᠢᠯᠳᠦᠭᠦᠯᠵᠦ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ ᠦᠷᠭᠦᠯᠵᠢᠯᠡᠨ ᠪᠠᠭᠤᠷᠠᠭᠤᠯᠤᠨ᠎ᠠ᠃ ᠬᠤᠰᠢᠭᠤᠨ ᠤ ᠬᠡᠪᠴᠢᠶᠡᠨ ᠳᠠᠬᠢ ᠮᠥᠩᠭᠦᠨ ᠭᠦᠢᠯᠭᠡᠭᠡᠨ ᠤ ᠢᠨᠵᠧᠨᠧᠷᠢᠩ ᠤᠨ ᠳᠤᠷᠰᠢᠯᠲᠠ ᠶᠢᠨ ᠴᠡᠭ ᠤᠨ ᠠᠵᠢᠯ ᠢ ᠠᠬᠢᠭᠤᠯᠵᠤ᠂ ᠵᠠᠰᠠᠭ ᠤᠨ ᠤᠷᠳᠤᠨ᠂ ᠮᠥᠩᠭᠦᠨ ᠭᠦᠢᠯᠭᠡᠭᠡ᠂ ᠠᠵᠤ ᠠᠬᠤᠶᠢᠯᠠᠯ ᠤᠨ ᠬᠠᠷᠢᠯᠴᠠᠭ᠎ᠠ ᠶᠢ ᠴᠢᠩᠭᠠᠳᠬᠠᠨ᠂ ᠰᠢᠨ᠎ᠡ ᠮᠠᠶ᠋ᠢᠭ ᠤᠨ ᠮᠥᠩᠭᠦᠨ ᠭᠦᠢᠯᠭᠡᠭᠡᠨ  ᠤ ᠡᠵᠡᠩᠨᠡᠯᠲᠡ ᠶᠢᠨ ᠠᠵᠢᠯ ᠲᠥᠷᠥᠯ ᠢ ᠣᠷᠣᠭᠤᠯᠵᠣ᠂ ᠪᠡᠯᠡ ᠤᠷᠤᠭᠤᠯᠬᠤ ᠵᠠᠭᠪᠤᠷ ᠢ ᠰᠢᠨᠡᠴᠢᠯᠡᠨ᠂ ᠪᠡᠯᠡ ᠤᠷᠤᠭᠤᠯᠬᠤ ᠳᠤ ᠭᠦᠴᠢᠷᠲᠡᠢ᠂ ᠪᠡᠯᠡ ᠤᠷᠤᠭᠤᠯᠬᠤ ᠥᠪᠡᠷ ᠤᠨ ᠥᠷᠲᠡᠭ ᠢᠶᠠᠷ ᠦᠨᠳᠤᠷ ᠠᠰᠠᠭᠤᠳᠠᠯ ᠢ ᠰᠢᠢᠳᠪᠦᠷᠢᠯᠡᠨ᠎ᠡ᠃      ᠭᠤᠷᠪᠠ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠰᠢᠨ᠎ᠡ ᠶᠢ ᠡᠭᠦᠳᠬᠦ ᠲᠦᠷᠦ ᠶᠢᠨ ᠪᠤᠳᠤᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠠᠵᠤ ᠠᠬᠤᠶᠢᠯᠠᠯ ᠤᠨ ᠭᠤᠤᠯ ᠴᠤᠭᠴᠠ ᠶᠢᠨ ᠪᠠᠶᠢᠷᠢ ᠰᠠᠭᠤᠷᠢ ᠶᠢ ᠳᠤᠪᠤᠶᠢᠯᠭᠠᠵᠤ᠂ ᠰᠢᠨᠵᠢᠯᠡᠭᠡ ᠮᠡᠷᠭᠡᠵᠢᠯ ᠤᠨ ᠰᠤᠳᠤᠯᠭᠠᠨ ᠤ ᠲᠠᠯ᠎ᠠ ᠪᠠᠷ ᠬᠢ ᠪᠡᠯᠡ ᠤᠷᠤᠭᠤᠯᠤᠯᠲᠠ ᠪᠠᠨ ᠨᠡᠮᠡᠭᠳᠡᠭᠦᠯᠦᠨ᠂ ᠤᠯᠤᠰ ᠤᠨ ᠪᠠ ᠥᠪᠡᠷᠲᠡᠭᠡᠨ ᠵᠠᠰᠠᠬᠤ ᠤᠷᠤᠨ ᠤ ᠲᠡᠰ ᠤᠨ ᠭᠤᠤᠯᠳᠠᠯᠭᠠᠲᠤ ᠰᠢᠨᠵᠢᠯᠡᠭᠡ ᠮᠡᠷᠭᠡᠵᠢᠯ ᠤᠨ ᠰᠤᠳᠤᠯᠭᠠᠨ ᠤ ᠳᠠᠪᠴᠠᠩ ᠢ ᠪᠠᠶᠢᠭᠤᠯᠵᠤ᠂ ᠡᠾᠯᠤᠷ ᠬᠤᠵᠢᠷ ᠤᠨ ᠠᠵᠢᠯ ᠲᠥᠷᠥᠯ ᠤᠨ ᠮᠥᠩᠭᠦᠨ ᠤᠰᠤ ᠶᠢ ᠦᠭᠡᠶᠢᠳᠡᠭᠦᠯᠬᠦ ᠥᠭᠡᠷᠡᠴᠢᠯᠡᠯᠲᠡ᠂ ᠲᠡᠮᠦᠷ ᠤᠨ ᠬᠠᠶᠢᠯᠤᠰᠢ ᠶᠢᠨ ᠠᠵᠢᠯ ᠲᠥᠷᠥᠯ ᠤᠨ ᠤᠶᠤᠨᠴᠢᠯᠠᠭᠰᠠᠨ ᠦᠢᠯᠡᠳᠪᠦᠷᠢᠯᠡᠯ᠂ ᠨᠡᠭᠦᠷᠡᠰᠦ ᠬᠡᠦᠷᠰᠢᠭᠦᠯᠬᠦ ᠨᠠᠷᠢᠯᠢᠭ ᠪᠤᠯᠪᠠᠰᠤᠷᠠᠭᠤᠯᠤᠯᠲᠠ ᠵᠡᠷᠭᠡ ᠭᠤᠤᠯᠳᠠᠯᠭᠠᠲᠤ ᠮᠡᠷᠭᠡᠵᠢᠯ ᠢ ᠲᠥᠪᠯᠡᠷᠡᠭᠦᠯᠦᠨ ᠰᠢᠨᠡᠴᠢᠯᠡᠵᠦ᠂ ᠥᠨᠥ ᠵᠢᠯ ᠤᠨ ᠳᠤᠲᠤᠷ᠎ᠠ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 2᠂ ᠥᠪᠡᠷᠲᠡᠭᠡᠨ ᠵᠠᠰᠠᠬᠤ ᠤᠷᠤᠨ ᠤ ᠲᠡᠰ ᠤᠨ ᠰᠤᠳᠤᠯᠤᠨ ᠨᠡᠭᠡᠭᠡᠬᠦ ᠲᠥᠪ ᠢ 2᠂ ︽ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠯᠢᠭᠵᠢᠭᠰᠠᠨ ᠰᠢᠨ᠎ᠡ ᠶᠢ ᠡᠭᠦᠳᠦᠭᠰᠡᠨ︾ ᠳᠤᠮᠳᠠ ᠪᠠᠭ᠎ᠠ ᠠᠵᠤ ᠠᠬᠤᠶᠢᠯᠠᠯ ᠢ 5 ᠨᠡᠮᠡᠭᠳᠡᠭᠦᠯᠬᠦ ᠪᠠᠷ ᠴᠢᠷᠮᠠᠶᠢᠨ᠎ᠠ᠃ ᠰᠢᠨ᠎ᠡ ᠶᠢ ᠡᠭᠦᠳᠬᠦ ᠮᠠᠶ᠋ᠢᠭ ᠤᠨ ᠴᠢᠳᠠᠪᠤᠷᠢᠲᠠᠨ ᠢ ᠤᠷᠢᠨ ᠠᠪᠴᠢᠷᠠᠵᠤ᠂ ᠠᠵᠤ ᠦᠢᠯᠡᠰ᠂ ᠠᠵᠤ ᠠᠬᠤᠶᠢᠯᠠᠯ ᠪᠤᠯᠤᠨ ᠲᠥᠷᠥᠯ ᠵᠦᠢᠯ ᠤᠨ ᠬᠡᠷᠡᠭᠴᠡᠭᠡ ᠱᠠᠭᠠᠷᠳᠠᠯᠭ᠎ᠠ ᠶᠢ ᠳᠤᠪᠤᠶᠢᠯᠭᠠᠨ᠂ ᠴᠢᠳᠠᠪᠤᠷᠢᠲᠠᠨ ᠢ ᠲᠥᠷᠥᠯ ᠠᠩᠭᠢᠯᠠᠨ ᠦᠨᠡᠯᠡᠬᠦ ᠳᠤᠭᠲᠠᠯᠴᠠᠭ᠎ᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠰᠲ᠋ᠥᠺ ᠤᠨ ᠡᠷᠬᠡ ᠪᠠᠷ ᠵᠤᠷᠢᠭᠵᠢᠭᠤᠯᠬᠤ᠂ ᠬᠤᠭᠤᠴᠠᠭᠠᠲᠤ ᠪᠠᠷᠠᠭᠠᠨ ᠤ ᠡᠷᠬᠡ ᠬᠤᠪᠢᠶᠠᠬᠤ᠂ ᠮᠡᠷᠭᠡᠵᠢᠯ ᠢᠶᠠᠷ ᠬᠤᠪᠢ ᠤᠷᠤᠭᠤᠯᠬᠤ ᠵᠡᠷᠭᠡ ᠬᠥᠬᠢᠭᠦᠯᠦᠨ ᠵᠤᠷᠢᠭᠵᠢᠭᠤᠯᠬᠤ ᠬᠡᠯᠪᠡᠷᠢ ᠪᠠᠨ ᠲᠡᠭᠦᠯᠳᠡᠷᠵᠢᠭᠦᠯᠬᠦ ᠶᠢ ᠳᠡᠮᠵᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠷᠤᠶᠢᠯᠠᠭᠰᠠᠨ ᠴᠢᠳᠠᠪᠤᠷᠢᠲᠠᠨ ᠪᠤᠯᠤᠨ ᠴᠢᠳᠠᠪᠤᠷᠢᠲᠠᠨ ᠤ ᠡᠩᠨᠡᠭᠡ ᠶᠢ ᠤᠷᠢᠨ ᠠᠪᠴᠢᠷᠠᠵᠤ᠂ ᠴᠢᠨᠠᠷ ᠰᠠᠶᠢᠲᠠᠢ ᠬᠥᠭᠵᠢᠯᠲᠡ ᠳᠤ ᠴᠢᠳᠠᠪᠤᠷᠢᠲᠠᠨ ᠤ ᠪᠠᠲᠤᠯᠠᠭ᠎ᠠ ᠬᠠᠩᠭᠠᠬᠤ ᠶᠢ ᠪᠠᠲᠤᠯᠠᠨ᠎ᠠ᠃      ︵ᠳᠤᠯᠤᠭ᠎ᠠ︶ ᠬᠠᠮᠢᠶᠠᠷᠤᠯᠲᠠ ᠶᠢ ᠴᠢᠩᠭ᠎ᠠ ᠠᠳᠬᠤᠵᠤ᠂ ᠠᠭᠤᠯᠤᠭᠳᠠᠬᠤᠨ ᠢ ᠪᠠᠶᠠᠯᠢᠭᠵᠢᠭᠤᠯᠤᠨ᠂ ᠴᠢᠨᠠᠷ ᠰᠠᠶᠢᠲᠠᠢ ᠬᠤᠲᠠ ᠪᠠᠯᠭᠠᠰᠤᠨ ᠤ ᠪᠠᠶᠢᠭᠤᠯᠤᠯᠲᠠ  ᠶᠢ ᠲᠦᠷᠭᠡᠳᠬᠡᠨ᠎ᠡ      ᠨᠢᠭᠡ ᠳᠤ ᠬᠤᠲᠠ ᠪᠠᠯᠭᠠᠰᠤᠨ ᠤ ᠰᠠᠭᠤᠷᠢ ᠳᠥᠬᠦᠭᠡᠷᠦᠮᠵᠢ ᠶᠢᠨ ᠴᠢᠳᠠᠮᠵᠢ ᠶᠢ ᠳᠡᠭᠡᠭᠰᠢᠯᠡᠭᠦᠯᠦᠨ᠎ᠡ᠃ ᠪᠥᠬᠦ ᠤᠯᠤᠰ ᠤᠨ ᠰᠢᠶᠠᠨ ᠤ ᠲᠡᠰ ᠤᠨ ᠪᠤᠯᠪᠠᠰᠤᠨ ᠬᠤᠲᠠ ᠪᠠᠷ ᠨᠡᠷ᠎ᠡ ᠵᠢᠱᠢᠭᠳᠡᠬᠦ ᠬᠠᠷᠠᠯᠲᠠ ᠶᠢᠨ ᠲᠤᠭᠤᠷᠢᠨ ᠳᠤ᠂ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠰᠠᠶᠢᠲᠤᠷ ᠤᠶᠢᠯᠠᠭᠠᠵᠤ᠂ ᠬᠤᠲᠠ ᠪᠠᠯᠭᠠᠰᠤᠨ ᠤ ᠲᠥᠯᠥᠪᠵᠢᠭᠦᠯᠭᠡ ᠶᠢ ᠲᠡᠭᠦᠯᠳᠡᠷᠵᠢᠭᠦᠯᠦᠨ᠂ ᠤᠯᠠᠨ ᠳᠥᠷᠢᠮ ᠳᠤᠭᠲᠠᠭᠠᠯ ᠢ ᠨᠢᠭᠡᠳᠦᠭᠦᠯᠬᠦ ᠶᠢ ᠠᠬᠢᠭᠤᠯᠵᠤ᠂ ︽ᠵᠢᠵᠢᠭᠬᠡᠨ ᠴᠦ ᠬᠥᠭᠵᠢᠭᠰᠡᠨ᠂ ᠵᠢᠵᠢᠭᠬᠡᠨ ᠮᠥᠷᠲᠡᠭᠡᠨ ᠤᠨᠴᠠᠭᠠᠢ᠂ ᠵᠢᠵᠢᠭᠬᠡᠨ ᠠᠲᠠᠯ᠎ᠠ ᠭᠤᠶᠤᠬᠠᠨ︾ ᠬᠤᠲᠠ ᠪᠠᠯᠭᠠᠰᠤᠨ ᠤ ᠬᠡᠪ ᠨᠠᠮᠪᠠ ᠶᠢ ᠪᠥᠷᠢᠯᠳᠦᠭᠦᠯᠦᠨ᠎ᠡ᠃ ︽ᠬᠤᠲᠠ ᠶᠢᠨ ᠶᠠᠪᠤᠳᠠᠯ ᠤᠨ ᠦᠢᠯᠡᠴᠢᠯᠡᠭᠡ ᠶᠢ ᠰᠠᠶᠢᠵᠢᠷᠠᠭᠤᠯᠬᠤ︾ ᠢᠨᠵᠧᠨᠧᠷᠢᠩ ᠢ ᠬᠡᠷᠡᠭᠵᠢᠭᠦᠯᠵᠦ᠂ ᠤᠯᠠᠭᠠᠨᠪᠠᠯᠭᠠᠰᠤᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠥᠲᠥᠭᠡᠭᠳᠡᠭᠦᠨ ᠤ ᠵᠠᠬ᠎ᠠ᠂ ᠢᠳᠡᠷ ᠨᠠᠰᠤᠲᠠᠶᠢᠴᠤᠳ ᠤᠨ ᠰᠤᠶᠤᠯ ᠲᠠᠮᠢᠷ ᠤᠨ ᠬᠥᠳᠡᠯᠭᠡᠭᠡᠨ ᠤ ᠲᠥᠪ᠂ ᠤᠮᠪᠠᠯᠲᠠ ᠶᠢᠨ ᠭᠠᠵᠠᠷ ᠵᠡᠷᠭᠡ ᠲᠥᠷᠥᠯ ᠵᠦᠢᠯ ᠢ ᠡᠬᠢᠯᠡᠭᠦᠯᠦᠨ᠂ ᠬᠤᠲᠠ ᠶᠢᠨ ᠶᠠᠪᠤᠳᠠᠯ ᠤᠨ ᠵᠠᠮ ᠢ ᠰᠢᠨ᠎ᠡ ᠪᠠᠷ 7 ᠺᠢᠯᠤᠮᠧᠲᠷ ᠵᠠᠰᠠᠵᠤ᠂ 6 ᠲᠥᠮᠡᠨ ᠳᠡᠭᠰᠢ ᠳᠥᠷᠪᠡᠯᠵᠢᠨ ᠮᠧᠲᠷ ᠵᠡᠭᠡᠯᠢ ᠭᠤᠳᠤᠮᠵᠢ ᠶᠢ ᠬᠠᠲᠠᠭᠤᠷᠠᠭᠤᠯᠤᠨ᠂ 18.7 ᠺᠢᠯᠤᠮᠧᠲᠷ ᠤᠨ ᠢᠯᠴᠢ ᠬᠠᠩᠭᠠᠬᠤ ᠬᠤᠭᠤᠯᠠᠢ ᠶᠢ ᠥᠭᠡᠷᠡᠴᠢᠯᠡᠵᠦ᠂ 30 ᠲᠥᠮᠡᠨ ᠳᠡᠭᠰᠢ ᠳᠥᠷᠪᠡᠯᠵᠢᠨ ᠮᠧᠲᠷ ᠤᠨ ᠭᠠᠵᠠᠷ ᠢ ᠨᠤᠭᠤᠭᠠᠷᠠᠭᠤᠯᠤᠨ᠎ᠠ᠃ ︽ᠠᠷᠠᠳ ᠣᠯᠠᠨ ᠤ ᠠᠮᠤᠭᠤᠯᠠᠩ ᠰᠠᠭᠤᠴᠠ︾ ᠢᠨᠵᠧᠨᠧᠷᠢᠩ ᠢ ᠬᠡᠷᠡᠭᠵᠢᠭᠦᠯᠦᠨ᠂ 13 ᠬᠠᠭᠤᠴᠢᠨ ᠰᠠᠭᠤᠭᠠᠯᠢ ᠲᠤᠭᠤᠷᠢᠭ ᠢ ᠥᠭᠡᠷᠡᠴᠢᠯᠡᠵᠦ᠂ ᠭᠡᠷ ᠬᠥᠷᠥᠩᠭᠡ ᠶᠢᠨ ᠦᠯᠡᠳᠡᠭᠳᠡᠯ ᠠᠰᠠᠭᠤᠳᠠᠯ ᠢ ᠡᠶᠡᠳᠡᠭᠦᠯᠵᠦ ᠰᠢᠢᠳᠪᠦᠷᠢᠯᠡᠨ᠂ ᠠᠵᠤ ᠠᠬᠤᠶᠢᠯᠠᠯ ᠤᠨ ᠳᠤᠲᠠᠭᠤ ᠳᠤᠷᠭᠤᠨ ᠢᠨᠵᠧᠨᠧᠷᠢᠩ ᠢᠶᠠᠨ ᠪᠠᠷᠢᠵᠤ ᠳᠠᠭᠤᠰᠬᠠᠬᠤ ᠶᠢ ᠵᠤᠷᠢᠭᠵᠢᠭᠤᠯᠵᠤ᠂ ᠤᠷᠤᠨ ᠰᠠᠭᠤᠴᠠ ᠶᠢᠨ ᠥᠮᠴᠢᠯᠡᠯ ᠤᠨ ᠡᠷᠬᠡ ᠶᠢᠨ ᠦᠨᠡᠮᠯᠡᠯ ᠢ ᠭᠦᠢᠴᠡᠳᠬᠡᠬᠦ ᠶᠢ ᠠᠬᠢᠭᠤᠯᠤᠨ᠂ ᠤᠯᠠᠨ ᠲᠥᠮᠡᠨ ᠤ ᠰᠠᠨᠠᠯ ᠳᠤᠰᠬᠠᠯ ᠶᠡᠬᠡᠲᠡᠢ ︽ᠠᠲᠠᠯ ᠠᠬᠤᠢ ᠶᠢᠨ ᠦᠢᠯᠡᠴᠢᠯᠡᠭᠡ ᠦᠭᠡᠢ ᠰᠠᠭᠤᠭᠠᠯᠢ ᠲᠤᠭᠤᠷᠢᠭ︾ ᠤᠨ ᠠᠰᠠᠭᠤᠳᠠᠯ ᠢ ᠭᠦᠴᠦᠯᠡᠨ ᠰᠢᠢᠳᠪᠦᠷᠢᠯᠡᠵᠦ᠂ ᠤᠯᠠᠨ ᠲᠥᠮᠡᠨ ᠢ ︽ᠰᠠᠭᠤᠬᠤ ᠠᠴᠠ ᠭᠡᠷ ᠲᠠᠢ᠂ ᠭᠡᠷ ᠨᠢ ᠴᠢᠨᠠᠷ ᠰᠠᠶᠢᠲᠠᠢ︾ ᠪᠠᠶᠢᠬᠤ ᠶᠢ ᠪᠠᠲᠤᠯᠠᠨ᠎ᠠ᠃      ᠬᠤᠶᠠᠷ ᠲᠤ ᠬᠤᠲᠠ ᠪᠠᠯᠭᠠᠰᠤᠨ ᠤ ᠨᠠᠷᠢᠯᠢᠭ ᠬᠠᠮᠢᠶᠠᠷᠤᠯᠲᠠ ᠶᠢ ᠠᠬᠢᠭᠤᠯᠤᠨ᠎ᠠ᠃ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠪᠠᠷ ᠬᠤᠲᠠ ᠪᠠᠯᠭᠠᠰᠤᠨ  ᠤ ᠳᠦᠷᠢ ᠳᠦᠷᠬᠦ ᠶᠢ ᠱᠤᠭᠤᠵᠤ᠂ ᠤᠷᠴᠢᠨ ᠲᠤᠭᠤᠷᠢᠨ ᠤ ᠶᠡᠷᠦᠩᠬᠡᠶᠢᠯᠡᠭᠰᠡᠨ ᠴᠡᠭᠴᠡᠯᠡᠯᠲᠡ ᠶᠢ ᠪᠠᠶᠢᠩᠭᠤ ᠦᠷᠨᠢᠭᠦᠯᠦᠨ᠂ ᠵᠡᠭᠡᠯᠢ ᠭᠤᠳᠤᠮᠵᠢ ᠶᠢᠨ ᠡᠷᠡᠭᠦᠯ ᠬᠠᠮᠠᠭᠠᠯᠠᠯ᠂ ᠠᠵᠢᠯ ᠲᠥᠷᠥᠯ ᠤᠨ ᠡᠮᠬᠢ ᠳᠢᠭᠯᠢᠮ ᠦᠭᠡᠢ ᠪᠠᠶᠢᠳᠠᠯ ᠢ ᠴᠡᠭᠴᠡᠯᠡᠨ ᠵᠠᠰᠠᠵᠤ᠂ ᠰᠦᠯᠵᠢᠶᠡᠵᠢᠭᠦᠯᠦᠨ ᠬᠠᠮᠢᠶᠠᠷᠴᠤ ᠡᠵᠡᠮᠳᠡᠬᠦ ᠳᠤᠭᠲᠠᠴᠠ ᠶᠢ ᠲᠡᠭᠦᠯᠳᠡᠷᠵᠢᠭᠦᠯᠦᠨ᠂ ᠲᠤᠭᠤᠷᠢᠨ ᠪᠠᠶᠢᠴᠠᠭᠠᠬᠤ᠂ ᠬᠠᠷᠢᠭᠤ ᠳᠤᠰᠬᠠᠬᠤ᠂ ᠬᠠᠤᠯᠢ ᠬᠡᠷᠡᠭᠵᠢᠭᠦᠯᠬᠦ᠂ ᠴᠡᠭᠴᠡᠯᠡᠨ ᠵᠠᠯᠠᠷᠠᠭᠤᠯᠬᠤ᠂ ᠱᠠᠭᠠᠷᠳᠠᠨ ᠬᠢᠯᠭᠡᠬᠦ ︽ᠪᠢᠲᠡᠭᠦᠦ ᠭᠤᠭᠴᠤᠭ᠎ᠠ︾ ᠶᠢᠨ ᠬᠢᠨᠠᠨ ᠬᠠᠮᠢᠶᠠᠷᠬᠤ ᠳᠤᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠴᠡᠪᠡᠷ᠂ ᠳᠡᠭᠰᠢ᠂ ᠡᠮᠬᠢᠲᠡᠢ ᠬᠤᠲᠠ ᠶᠢᠨ ᠤᠷᠴᠢᠨ ᠢ ᠪᠥᠷᠢᠯᠳᠦᠭᠦᠯᠦᠨ᠎ᠡ᠃ ᠪᠤᠯᠪᠠᠰᠤᠨ ᠰᠢᠨ᠎ᠡ ᠰᠤᠷᠲᠠᠯ ᠢᠶᠠᠷ ᠬᠤᠲᠠ ᠪᠠᠯᠭᠠᠰᠤᠨ ᠤ ᠰᠦᠭ ᠰᠦᠨᠡᠰᠦ ᠪᠤᠯᠭᠠᠵᠤ᠂ ᠠᠷᠠᠳ ᠤᠯᠠᠨ ᠤ ᠶᠤᠰᠤ ᠰᠤᠷᠲᠠᠬᠤᠨ ᠤ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠶᠢᠷᠡᠭᠦᠯᠦᠨ᠂ ᠲᠡᠷᠭᠡ ᠮᠠᠰᠢᠨ ᠢᠶᠠᠨ ᠪᠤᠯᠪᠠᠰᠤᠨ ᠢᠶᠠᠷ ᠵᠢᠯᠤᠭᠤᠳᠬᠤ᠂ ᠠᠷᠪᠢᠯᠠᠨ ᠭᠠᠮᠨᠠᠬᠤ᠂ ᠡᠷᠡᠭᠦᠯ ᠬᠠᠮᠠᠭᠠᠯᠠᠯ ᠢ ᠡᠷᠬᠢᠮᠯᠡᠬᠦ᠂ ᠦᠨᠡᠨᠴᠢ ᠢᠲᠡᠭᠡᠯᠲᠡᠢ ᠪᠠᠷ ᠡᠵᠡᠩᠨᠡᠯᠲᠡ ᠬᠢᠬᠦ ᠵᠡᠷᠭᠡ ᠶᠢ ᠰᠤᠷᠲᠠᠯᠴᠢᠯᠠᠵᠤ᠂ ᠰᠢᠨ᠎ᠡ ᠴᠠᠭ ᠦᠶ᠎ᠡ ᠶᠢᠨ ᠶᠤᠰᠤ ᠰᠤᠷᠲᠠᠬᠤᠨ ᠤ ᠬᠡᠪ ᠰᠤᠷᠲᠠᠯ ᠢ ᠠᠷᠠᠳ  ᠤᠨ ᠰᠡᠳᠬᠢᠯ ᠳᠤ ᠬᠠᠳᠠᠩᠰᠢᠭᠤᠯᠤᠨ᠎ᠠ᠃      ᠭᠤᠷᠪᠠ ᠳᠤ ᠴᠢᠬᠤᠯᠠ ᠶᠡᠭᠡ ᠰᠠᠭᠤᠷᠢ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠵᠠᠮ ᠬᠠᠷᠢᠯᠴᠠᠭᠠᠨ ᠤ ᠳᠤᠭᠲᠠᠯᠴᠠᠭ᠎ᠠ ᠶᠢ ᠲᠡᠭᠦᠯᠳᠡᠷᠵᠢᠭᠦᠯᠦᠨ᠂ ᠣᠲᠤᠭ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠭᠡᠯ ᠤᠨ ᠲᠠᠯᠠᠪᠠᠢ ᠶᠢᠨ ᠪᠠᠷᠢᠯᠭ᠎ᠠ ᠶᠢ ᠡᠬᠢᠯᠡᠭᠦᠯᠵᠦ᠂ 242 ᠤᠯᠤᠰ ᠤᠨ ᠵᠠᠮ ᠤᠨ ᠭᠦᠨᠴᠢᠷᠭ᠎ᠠ ᠠᠴᠠ ᠤᠯᠠᠭᠠᠨᠪᠠᠯᠭᠠᠰᠤ ᠬᠦᠷᠬᠦ ᠵᠠᠮ᠂ ᠮᠧᠩ ᠰᠢ ᠠᠴᠠ ᠺᠠᠷᠺᠦ᠋ᠯ ᠬᠤᠨᠢᠨ ᠲᠠᠯᠠᠪᠠᠢ ᠬᠦᠷᠬᠦ ᠲᠡᠮᠦᠷ ᠵᠠᠮ᠂ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠵᠡᠷᠭᠡ ᠲᠥᠷᠥᠯ ᠵᠦᠢᠯ ᠢ ᠲᠦᠷᠭᠡᠨ ᠠᠬᠢᠭᠤᠯᠤᠨ᠎ᠠ᠃ ᠣᠳᠣᠬᠢᠴᠢᠯᠠᠭᠰᠠᠨ ᠣᠶᠤᠨᠴᠢ ᠴᠠᠬᠢᠯᠭᠠᠨ ᠤ ᠲᠤᠤᠷ ᠢ ᠲᠡᠭᠦᠯᠳᠡᠷᠵᠢᠭᠦᠯᠵᠦ᠂ ᠤᠲᠤᠭ ᠤᠨ 220 ᠺᠢᠯᠤᠸᠤᠯᠲ ᠤᠨ ᠴᠠᠬᠢᠯᠭᠠᠨ ᠭᠦᠴᠦᠳᠡᠯ ᠥᠭᠡᠷᠡᠴᠢᠯᠡᠬᠦ ᠥᠷᠲᠡᠭᠡ ᠶᠢᠨ ᠬᠤᠶᠠᠳᠤᠭᠠᠷ ᠴᠠᠬᠢᠯᠭᠠᠨ ᠤ ᠡᠬᠢ ᠰᠤᠷᠪᠤᠯᠵᠢ ᠵᠡᠷᠭᠡ ᠶᠢ ᠳᠠᠮᠵᠢᠭᠤᠯᠤᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠂ 427 ᠺᠢᠯᠤᠮᠧᠲᠷ ᠤᠨ ᠦᠨᠳᠦᠷ ᠭᠦᠴᠦᠳᠡᠯᠲᠦ ᠪᠠ ᠳᠤᠤᠷ᠎ᠠ ᠭᠦᠴᠦᠳᠡᠯᠲᠦ ᠴᠠᠬᠢᠯᠭᠠᠨ ᠤ ᠤᠲᠠᠰᠤ ᠶᠢ ᠰᠢᠨ᠎ᠡ ᠪᠠᠷ ᠳᠠᠲᠠᠨ᠎ᠠ᠃ ᠮᠠᠯᠵᠢᠬᠤ ᠲᠠᠷᠢᠶᠠᠯᠠᠬᠤ ᠤᠷᠤᠨ ᠤ ᠳᠤᠬᠢᠶ᠎ᠠ ᠶᠢ ᠰᠠᠶᠢᠵᠢᠷᠠᠭᠤᠯᠬᠤ ᠴᠢᠮᠡᠭᠡ ᠬᠤᠯᠪᠤᠭᠠᠨ ᠤ ᠢᠨᠵᠧᠨᠧᠷᠢᠩ ᠢ ᠬᠡᠷᠡᠭᠵᠢᠭᠦᠯᠦᠨ᠂ ᠰᠢᠨ᠎ᠡ ᠪᠠᠷ 20 ᠠᠴᠠ ᠳᠡᠭᠡᠭᠰᠢᠬᠢ ᠳᠤᠬᠢᠶᠠᠨ ᠤ ᠦᠨᠳᠦᠰᠦᠨ ᠥᠷᠲᠡᠭᠡ ᠪᠠᠶᠢᠭᠤᠯᠵᠤ᠂ ᠳᠤᠬᠢᠶ᠎ᠠ ᠰᠠᠶᠢᠵᠢᠷᠠᠭᠤᠯᠬᠤ ᠳᠥᠬᠦᠭᠡᠷᠦᠮᠵᠢ ᠶᠢ ᠪᠥᠷᠢᠳᠦᠭᠦᠯᠦᠨ᠂ ᠪᠤᠶᠢᠳᠠ ᠪᠥᠭᠯᠡᠭᠦᠦ ᠭᠠᠵᠠᠷ ᠤᠷᠤᠨ ᠤ ᠳᠤᠬᠢᠶ᠎ᠠ ᠮᠠᠭᠤ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠨ᠎ᠡ᠃      ︵ᠨᠠᠢᠮᠠ︶ ᠠᠷᠠᠳ ᠤᠨ ᠠᠮᠢᠳᠤᠷᠠᠯ ᠢ ᠴᠢᠩᠭ᠎ᠠ ᠠᠳᠬᠤᠵᠤ᠂ ᠪᠤᠳᠠᠲᠠᠢ ᠪᠠᠷ ᠠᠵᠢᠯᠯᠠᠨ᠂ ᠠᠷᠠᠳ ᠤᠯᠠᠨ ᠤ ᠠᠮᠢᠳᠤᠷᠠᠯ ᠤᠨ ᠳᠥᠪᠰᠢᠨ ᠢ ᠭᠦᠴᠦᠯᠡᠨ ᠳᠡᠭᠡᠭᠰᠢᠯᠡᠭᠦᠯᠦᠨ᠎ᠡ      ᠨᠢᠭᠡ ᠳᠤ ᠠᠷᠠᠳ ᠤᠯᠠᠨ ᠤ ᠰᠡᠳᠬᠢᠯ ᠳᠤ ᠬᠠᠨᠤᠮᠵᠢᠲᠠᠢ ᠰᠤᠷᠭᠠᠨ ᠬᠦᠮᠦᠵᠢᠯ ᠢ ᠡᠷᠬᠢᠯᠡᠨ᠎ᠡ᠃ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ  ᠢ ᠳᠡᠭᠡᠭᠰᠢᠯᠡᠭᠦᠯᠵᠦ᠂ ᠰᠤᠷᠭᠠᠭᠤᠯᠢ ᠶᠢᠨ ᠵᠠᠬᠢᠷᠤᠯ᠂ ᠴᠡᠴᠡᠷᠯᠢᠭ ᠤᠨ ᠳᠠᠷᠤᠭ᠎ᠠ ᠵᠢᠴᠢ ᠪᠠᠭᠰᠢ ᠨᠠᠷ ᠤᠨ ︽ᠬᠤᠶᠠᠷ ᠡᠩᠨᠡᠭᠡᠨ︾ ᠤ ᠪᠠᠶᠢᠭᠤᠯᠤᠯᠲᠠ ᠶᠢ ᠳᠤᠪᠤᠶᠢᠯᠭᠠᠨ ᠠᠳᠬᠤᠵᠤ᠂ ᠰᠢᠪᠲᠤᠯᠤᠯᠲᠠ ᠶᠢᠨ ᠴᠢᠨᠠᠷᠲᠠᠢ ᠰᠠᠶᠢᠨ ᠠᠷᠭ᠎ᠠ ᠪᠠᠷ ᠳᠡᠭᠡᠳᠦ ᠵᠡᠷᠭᠡ ᠶᠢᠨ ᠴᠢᠳᠠᠪᠤᠷᠢᠲᠠᠨ ᠤ ᠴᠠᠯᠢᠩ ᠮᠥᠩᠭᠦ᠂ ᠤᠷᠤᠨ ᠰᠠᠭᠤᠴᠠ ᠵᠡᠷᠭᠡ ᠤᠨᠴᠠᠭᠠᠢ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠂ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠢ 3᠂ ᠪᠠᠭᠰᠢ ᠠᠵᠢᠯᠲᠠᠨ ᠢ 35 ᠤᠷᠢᠨ ᠠᠪᠴᠢᠷᠠᠵᠤ᠂ ᠰᠤᠷᠭᠠᠭᠤᠯᠢ ᠶᠢᠨ ᠬᠦᠷᠢᠶᠡᠨ ᠤ ᠬᠠᠮᠢᠶᠠᠷᠤᠯᠲᠠ ᠶᠢ ᠰᠢᠯᠢᠳᠡᠭᠵᠢᠭᠦᠯᠦᠨ᠂ ᠵᠢᠭᠠᠨ ᠰᠤᠷᠭᠠᠬᠤ ᠶᠠᠰᠤ ᠴᠢᠨᠠᠷ ᠢ ᠳᠡᠭᠡᠭᠰᠢᠯᠡᠭᠦᠯᠵᠦ᠂ ᠨᠡᠩ ᠤᠯᠠᠨ ᠰᠢᠯᠢᠳᠡᠭ ᠰᠤᠷᠤᠭᠴᠢᠳ ᠢ ᠨᠤᠲᠤᠭ ᠲᠠᠭᠠᠨ ᠬᠦᠮᠦᠵᠢᠭᠦᠯᠵᠦ ᠤᠯᠠᠨ ᠠᠴᠠ ᠤᠷᠤᠶᠢᠯᠠᠭᠤᠯᠤᠨ᠎ᠠ᠃ ᠰᠤᠷᠭᠠᠭᠤᠯᠢ ᠡᠷᠬᠢᠯᠡᠬᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ 1.04 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠨ᠂ ᠬᠤᠰᠢᠭᠤᠨ ᠤ ᠳᠥᠷᠪᠡᠳᠦᠭᠡᠷ ᠬᠡᠦᠬᠡᠳ ᠤᠨ ᠴᠡᠴᠡᠷᠯᠢᠭ᠂ ᠡᠷᠬᠡᠲᠦ ᠶᠢᠨ ᠬᠡᠦᠬᠡᠳ  ᠤᠨ ᠴᠡᠴᠡᠷᠯᠢᠭ᠂ ᠴᠢ ᠫᠠᠨ ᠵᠢᠩ ᠤᠨ ᠮᠤᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠬᠢᠭᠡᠳ ᠳᠥᠷᠪᠡᠳᠦᠭᠡᠷ ᠪᠠᠭ᠎ᠠ ᠰᠤᠷᠭᠠᠭᠤᠯᠢ ᠶᠢ ᠪᠠᠶᠢᠭᠤᠯᠵᠤ᠂ ᠬᠤᠰᠢᠭᠤᠨ  ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠪᠠ ᠦᠨᠳᠦᠰᠦᠲᠡᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠲᠠᠮᠢᠷ ᠤᠨ ᠲᠠᠯᠠᠪᠤᠷ ᠢ ᠵᠠᠰᠠᠨ᠂ ᠬᠡᠦᠬᠡᠳ ᠤᠳ ᠲᠤ ᠭᠡᠷ ᠠᠴᠠ ᠨᠢ ᠤᠶᠢᠷ᠎ᠠ ᠭᠠᠵᠠᠷ ᠲᠤ ᠴᠢᠨᠠᠷ ᠰᠠᠶᠢᠲᠠᠢ ᠰᠤᠷᠭᠠᠨ ᠬᠦᠮᠦᠵᠢᠯ ᠬᠦᠷᠲᠡᠭᠡᠨ᠎ᠡ᠃      ᠬᠤᠶᠠᠷ ᠲᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠴᠢᠩᠭᠠᠳᠬᠠᠨ᠎ᠠ᠃ ᠤᠷᠤᠨ ᠲᠤᠭᠤᠷᠢᠭ ᠤᠨ ᠴᠢᠨᠠᠷᠲᠠᠢ ᠡᠮ ᠡᠮᠨᠡᠯᠭᠡ ᠡᠷᠡᠭᠦᠯ ᠬᠠᠮᠠᠭᠠᠯᠠᠯ ᠤᠨ ᠲᠥᠪ ᠢ ᠪᠠᠶᠢᠭᠤᠯᠬᠤ ᠪᠠᠷ ᠬᠠᠷᠠᠯᠲᠠ ᠪᠣᠯᠭᠠᠨ᠂ ᠥᠪᠡᠷᠲᠡᠭᠡᠨ ᠵᠠᠰᠠᠬᠤ ᠤᠷᠤᠨ ᠤ ᠳᠤᠲᠤᠭᠠᠳᠤ ᠭᠠᠳᠠᠭᠠᠳᠤᠬᠢ ᠨᠡᠷᠡᠲᠡᠢ ᠡᠮᠴᠢᠯᠡᠭᠡᠨ ᠤ ᠪᠠᠶᠢᠭᠤᠯᠤᠮᠵᠢ ᠲᠠᠢ ᠬᠤᠯᠪᠣᠭᠠᠯᠠᠵᠤ᠂ ᠡᠮᠨᠡᠯᠭᠡ ᠶᠢᠨ ᠴᠢᠳᠠᠪᠤᠷᠢᠲᠠᠳ᠂ ᠨᠡᠷᠡᠲᠡᠢ ᠳᠤᠰᠬᠠᠢ ᠮᠡᠷᠭᠡᠵᠢᠯᠲᠡᠨ ᠤ ᠡᠩᠨᠡᠭᠡ ᠶᠢ ᠶᠡᠬᠡᠪᠡᠷ ᠤᠷᠢᠵᠤ ᠠᠪᠴᠢᠷᠠᠨ᠂ ᠬᠢᠲᠠᠳ ᠮᠤᠩᠭᠤᠯ ᠡᠮᠨᠡᠯᠭᠡ᠂ ᠡᠬᠡ ᠨᠢᠯᠬᠠᠰ ᠤᠨ ᠡᠷᠡᠭᠦᠯ ᠬᠠᠮᠠᠭᠠᠯᠠᠯ ᠵᠡᠷᠭᠡ ᠤᠨᠴᠠᠯᠢᠭᠲᠤ ᠳᠤᠰᠬᠠᠢ ᠰᠠᠯᠠᠭᠠᠨ ᠤ ᠪᠠᠶᠢᠭᠤᠯᠤᠯᠲᠠ ᠶᠢ ᠳᠡᠮᠵᠢᠵᠦ᠂ ᠡᠮᠨᠡᠯᠭᠡ ᠶᠢᠨ ᠬᠤᠯᠪᠤᠭᠠᠲᠤ ᠴᠤᠭᠴᠠ᠂ ᠡᠮᠨᠡᠯᠭᠡ ᠶᠢᠨ ᠬᠠᠮᠲᠤ ᠶᠢᠨ ᠴᠤᠭᠴᠠ ᠶᠢ ᠲᠡᠭᠦᠯᠳᠡᠷᠵᠢᠭᠦᠯᠦᠨ᠂ ︽ᠳᠤᠰᠬᠠᠢ ᠰᠠᠯᠠᠭᠠᠨ ᠤ ᠤᠨᠴᠠᠯᠢᠭᠲᠤ ᠬᠥᠭᠵᠢᠯᠲᠡ ᠪᠠᠷ ᠳᠠᠶᠢᠴᠢᠯᠠᠭᠤᠯᠤᠭᠰᠠᠨ᠂ ᠪᠥᠬᠦ ᠰᠠᠯᠠᠭ᠎ᠠ ᠶᠢ ᠶᠡᠷᠦᠩᠬᠡᠶᠢᠯᠡᠨ ᠬᠥᠭᠵᠢᠭᠦᠯᠦᠭᠰᠡᠨ︾ ᠡᠮᠨᠡᠯᠭᠡ ᠶᠢᠨ ᠰᠢᠨ᠎ᠡ ᠪᠠᠶᠢᠳᠠᠯ ᠢ ᠠᠭᠠᠵᠢᠮ ᠢᠶᠠᠷ ᠪᠥᠷᠢᠯᠳᠦᠭᠦᠯᠦᠨ᠎ᠡ︔ ᠬᠤᠲᠠ ᠪᠠᠯᠭᠠᠰᠤᠨ ᠤ ᠭᠡᠷ ᠪᠥᠯᠢ  ᠶᠢᠨ ᠡᠮᠴᠢ ᠲᠠᠢ ᠭᠡᠷ᠎ᠡ ᠳᠤᠭᠲᠠᠬᠤ ᠦᠢᠯᠡᠴᠢᠯᠡᠭᠡ ᠶᠢ ᠥᠷᠭᠡᠳᠬᠡᠵᠦ᠂ ᠡᠮ ᠡᠮᠨᠡᠯᠭᠡ ᠶᠢᠨ ᠦᠢᠯᠡᠴᠢᠯᠡᠭᠡᠨ ᠤ ᠲᠤᠭᠠᠴᠠᠭ᠎ᠠ ᠬᠢᠬᠦ ᠠᠷᠭ᠎ᠠ ᠬᠡᠯᠪᠡᠷᠢ ᠶᠢ ᠥᠭᠡᠷᠡᠴᠢᠯᠡᠨ᠂ ᠤᠯᠠᠨ ᠲᠥᠮᠡᠨ ᠤ ᠡᠪᠡᠳᠴᠢᠨ ᠢᠶᠠᠨ ᠦᠵᠡᠭᠦᠯᠬᠦ ᠳᠠᠷᠤᠭᠠᠰᠤ ᠶᠢ ᠬᠥᠩᠭᠡᠯᠡᠨ᠎ᠡ᠃ ᠬᠢᠵᠢᠭ ᠢ ᠦᠷᠭᠦᠯᠵᠢ ᠰᠡᠷᠭᠡᠶᠢᠯᠡᠨ ᠡᠵᠡᠮᠳᠡᠵᠦ᠂ ᠬᠢᠵᠢᠭ ᠳᠡᠯᠭᠡᠷᠡᠬᠦ ᠶᠢ ᠡᠷᠡᠰ ᠬᠤᠷᠢᠭᠯᠠᠨ᠂ ᠬᠤᠰᠢᠭᠤᠨ ᠤ ᠡᠪᠡᠳᠴᠢᠨ ᠬᠢᠵᠢᠭ ᠢ ᠰᠡᠷᠭᠡᠶᠢᠯᠡᠨ ᠬᠤᠷᠢᠭᠯᠠᠬᠤ ᠲᠥᠪ ᠤᠨ ᠳᠤᠷᠰᠢᠯᠲᠠ ᠶᠢᠨ ᠠᠰᠠᠷ ᠪᠠ ᠬᠤᠰᠢᠭᠤᠨ ᠤ ᠡᠮᠨᠡᠯᠭᠡ ᠶᠢᠨ ᠬᠤᠷᠢᠶ᠎ᠠ᠂ ᠬᠤᠰᠢᠭᠤᠨ ᠤ ᠬᠤᠶᠠᠳᠤᠭᠠᠷ ᠡᠮᠨᠡᠯᠭᠡ ᠶᠢᠨ ᠬᠤᠷᠢᠶ᠎ᠠ ᠶᠢᠨ PCR ᠳᠤᠷᠰᠢᠯᠲᠠ ᠶᠢᠨ ᠳᠠᠰᠤᠭ ᠢ ᠪᠠᠶᠢᠭᠤᠯᠤᠨ᠂ ᠪᠥᠭᠡᠮ ᠭᠦᠴᠢᠯ ᠤᠨ ᠪᠠᠶᠢᠴᠠᠭᠠᠯᠲᠠ᠂ ᠬᠢᠵᠢᠭ ᠢ ᠰᠡᠷᠭᠡᠶᠢᠯᠡᠨ ᠡᠵᠡᠮᠳᠡᠬᠦ ᠶᠡᠷᠦᠩᠬᠡᠶᠢᠯᠡᠭᠰᠡᠨ ᠴᠢᠳᠠᠪᠤᠷᠢ ᠪᠠᠨ ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠤᠳᠠᠰ ᠤᠨ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠰᠤᠷᠢᠯᠲᠠ ᠶᠢ ᠴᠢᠩᠭᠠᠳᠬᠠᠨ᠂ ᠬᠦᠨᠳᠦ ᠶᠡᠭᠡ ᠬᠢᠵᠢᠭ ᠢ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ︽ᠪᠥᠭᠦᠳᠡ ᠤᠯᠠᠨ ᠢᠶᠠᠷ ᠢᠶᠠᠨ ᠪᠡᠶ᠎ᠡ ᠪᠠᠨ ᠴᠢᠭᠢᠷᠠᠭᠵᠢᠭᠤᠯᠵᠤ᠂ ᠲᠠ ᠪᠢᠳᠠ ᠬᠠᠮᠲᠤ ᠪᠠᠷ ᠣᠷᠣᠯᠴᠠᠬᠤ︾ ᠵᠡᠷᠭᠡ ᠬᠥᠳᠡᠯᠭᠡᠭᠡᠨ ᠦᠷᠨᠢᠭᠦᠯᠵᠦ᠂ ︽ᠡᠷᠡᠭᠦᠯ ᠡᠩᠬᠡ ᠤᠲᠤᠭ︾ ᠤᠨ ᠠᠭᠤᠷ ᠠᠮᠢᠰᠬᠤᠯ ᠢ ᠪᠥᠷᠢᠯᠳᠦᠭᠦᠯᠦᠨ᠎ᠡ᠃      ᠭᠤᠷᠪᠠ ᠳᠤ ᠨᠡᠶᠢᠬᠡᠮ ᠤᠨ ᠪᠠᠲᠤᠯᠠᠭ᠎ᠠ ᠶᠢᠨ ᠳᠤᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠦᠨᠳᠦᠷ ᠳᠤᠮᠳᠠ ᠵᠡᠷᠭᠡ ᠶᠢᠨ ᠳᠤᠰᠬᠠᠢ ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠨ ᠣᠶᠤᠲᠠᠳ᠂ ᠴᠡᠷᠢᠭ ᠠᠴᠠ ᠬᠠᠯᠠᠭᠳᠠᠭᠰᠠᠳ᠂ ᠬᠤᠲᠠ ᠪᠠᠯᠭᠠᠰᠤᠨ ᠳᠤ ᠨᠡᠭᠦᠭᠰᠡᠨ ᠮᠠᠯᠴᠢᠨ ᠲᠠᠷᠢᠶᠠᠴᠢᠳ ᠵᠡᠷᠭᠡ ᠬᠦᠮᠦᠰ ᠲᠤ ᠠᠵᠢᠯ ᠤᠯᠬᠤ ᠦᠢᠯᠡᠰ ᠪᠤᠰᠬᠠᠬᠤ ᠦᠢᠯᠡᠴᠢᠯᠡᠭᠡ ᠬᠠᠩᠭᠠᠬᠤ ᠠᠵᠢᠯ ᠢ ᠰᠠᠶᠢᠲᠤᠷ ᠠᠳᠬᠤᠵᠤ᠂ ᠬᠤᠲᠠ ᠪᠠᠯᠭᠠᠰᠤᠨ ᠳᠤ ᠰᠢᠨ᠎ᠡ ᠪᠠᠷ 1900 ᠭᠠᠷᠤᠢ ᠬᠦᠮᠦᠨ ᠳᠤ ᠠᠵᠢᠯ ᠤᠯᠭᠤᠨ᠎ᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠤᠷᠤᠬᠤ ᠲᠥᠯᠥᠪᠯᠡᠭᠡ ᠶᠢ ᠭᠦᠨᠵᠡᠭᠡᠢ ᠦᠷᠨᠢᠭᠦᠯᠵᠦ᠂ ᠠᠵᠢᠯ ᠤᠨ ᠭᠡᠮᠲᠦᠯ ᠪᠠ ᠠᠵᠢᠯ ᠠᠯᠳᠠᠭᠰᠠᠳ ᠤᠨ ᠳᠠᠭᠠᠳᠬᠠᠯ ᠤᠨ ᠨᠤᠷᠮ᠎ᠠ ᠶᠢ ᠦᠷᠭᠦᠯᠵᠢᠯᠡᠨ ᠱᠠᠲᠤᠴᠢ ᠴᠢᠨᠠᠷᠲᠠᠢ ᠪᠠᠷ ᠪᠠᠭᠤᠷᠠᠭᠤᠯᠤᠨ᠎ᠠ᠃ ᠨᠡᠶᠢᠬᠡᠮ ᠤᠨ ᠠᠪᠤᠷᠠᠨ ᠳᠤᠰᠠᠯᠠᠬᠤ ᠳᠤᠭᠲᠠᠯᠴᠠᠭ᠎ᠠ ᠶᠢ ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠪᠤᠷᠢ ᠬᠦᠷᠲᠡᠵᠦ ᠪᠠᠶᠢᠭ᠎ᠠ ᠬᠥᠮᠥᠰ ᠪᠠ ᠤᠨᠴᠠ ᠭᠦᠴᠢᠷᠳᠡᠯᠲᠡᠢ ᠬᠦᠮᠦᠰ  ᠢ ᠠᠰᠠᠷᠠᠨ ᠳᠡᠳᠬᠦᠬᠦ ᠪᠠᠷᠢᠮᠵᠢᠶ᠎ᠠ ᠶᠢ  ᠳᠡᠭᠡᠭᠰᠢᠯᠡᠭᠦᠯᠵᠦ᠂ ᠨᠠᠰᠤᠲᠠᠶᠢᠴᠤᠳ ᠲᠤ ᠲᠣᠬᠢᠷᠠᠬᠤ ᠪᠦᠲᠦᠭᠡᠭᠳᠡᠬᠦᠨ ᠪᠣᠯᠣᠨ ᠦᠢᠯᠡᠴᠢᠯᠡᠭᠡ ᠶᠢ ᠬᠠᠩᠭᠠᠨ᠎ᠠ᠃ ᠦᠨᠳᠦᠰᠦᠲᠡᠨ ᠤ ᠪᠥᠯᠬᠦᠮᠳᠡᠯ ᠳᠠᠪᠰᠢᠯᠲᠠ ᠶᠢᠨ ᠦᠷ᠎ᠡ ᠪᠥᠲᠥᠭᠡᠯ ᠢ ᠪᠠᠬᠢᠵᠢᠭᠦᠯᠦᠨ᠂ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠢ ᠬᠠᠮᠠᠭᠠᠯᠠᠵᠤ ᠤᠯᠠᠮᠵᠢᠯᠠᠨ᠎ᠠ᠃ ᠪᠥᠬᠦ ᠤᠷᠤᠨ ᠤ ᠤᠯᠠᠭᠠᠨᠮᠦ᠋ᠴᠢᠷ ᠤᠨ ᠳᠥᠷᠢᠮ ᠢ ᠨᠠᠶᠢᠲᠠᠪᠤᠷᠢᠵᠢᠭᠤᠯᠵᠤ᠂ ᠤᠯᠠᠭᠠᠨᠮᠦ᠋ᠴᠢᠷ ᠤᠨ ᠬᠤᠪᠢᠰᠬᠠᠯ ᠤᠨ ᠬᠥᠩᠭᠡᠨ ᠮᠤᠷᠢᠲᠤ ᠴᠡᠷᠢᠭ ᠤᠨ ᠦᠢᠯᠡᠳᠦᠯ ᠢ ᠪᠠᠳᠠᠷᠠᠭᠤᠯᠤᠨ᠂ ᠠᠷᠠᠳ ᠲᠤ ᠬᠠᠷᠠᠭᠠᠯᠵᠠᠯ ᠬᠦᠷᠲᠡᠭᠡᠬᠦ ᠲᠤᠭᠯᠠᠯᠲᠠ ᠶᠢ ᠨᠠᠷᠢᠯᠢᠭ ᠵᠤᠬᠢᠶᠠᠨ ᠪᠠᠶᠢᠭᠤᠯᠤᠨ᠎ᠠ᠃ ᠠᠷᠵᠠᠢ ᠤᠯᠢᠶᠠᠰᠤᠨ ᠠᠭᠤᠢ᠂ ᠸᠠᠩ  ᠤᠨ ᠤᠷᠳᠤᠨ ᠵᠡᠷᠭᠡ ᠰᠤᠶᠤᠯ ᠤᠨ ᠡᠷᠳᠡᠨᠢᠰ ᠢ ᠬᠠᠮᠠᠭᠠᠯᠠᠵᠤ ᠠᠰᠢᠭᠯᠠᠨ᠎ᠠ᠃ ᠴᠡᠷᠢᠭ ᠠᠴᠠ ᠬᠠᠯᠠᠭᠳᠠᠭᠰᠠᠳ ᠤᠨ ᠬᠠᠮᠢᠶᠠᠷᠤᠯᠲᠠ ᠪᠠ ᠦᠢᠯᠡᠴᠢᠯᠡᠭᠡ ᠶᠢ ᠴᠢᠩᠭᠠᠳᠬᠠᠨ᠎ᠠ᠃ ︽ᠬᠤᠶᠠᠷ ᠮᠥᠩᠭᠦ ᠭᠤᠷᠪᠠᠨ ᠳᠦᠷᠢᠮ︾ ᠢ ᠴᠢᠩᠭ᠎ᠠ ᠬᠡᠷᠡᠭᠵᠢᠭᠦᠯᠵᠦ᠂ ᠬᠥᠯᠥᠰᠥᠨ ᠮᠠᠯᠴᠢᠨ ᠲᠠᠷᠢᠶᠠᠴᠢᠳ ᠤᠨ ᠬᠥᠯᠥᠰᠥ ᠮᠥᠩᠭᠦ ᠪᠠᠨ ᠠᠪᠴᠤ ᠳᠡᠶᠢᠯᠬᠦ ᠦᠭᠡᠢ ᠠᠰᠠᠭᠤᠳᠠᠯ ᠢ ᠰᠢᠢᠳᠪᠦᠷᠢᠯᠡᠨ᠎ᠡ᠃ ᠪᠥᠬᠦ ᠤᠯᠤᠰ ᠤᠨ ᠳᠤᠯᠤᠳᠤᠭᠠᠷ ᠤᠳᠠᠭᠠᠨ ᠤ ᠬᠦᠮᠦᠨ ᠠᠮᠠ ᠶᠢᠨ ᠨᠡᠶᠢᠲᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠨ᠎ᠡ᠃      ᠳᠥᠷᠪᠡ ᠳᠤ ᠨᠡᠶᠢᠬᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠠᠶᠤᠯ ᠦᠭᠡᠢ ᠦᠢᠯᠡᠳᠪᠦᠷᠢᠯᠡᠯ ᠤᠨ ᠳᠤᠰᠬᠠᠢ ᠴᠡᠭᠴᠡᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠡᠬᠢᠯᠡᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠥᠷᠢᠮ ᠢ ᠨᠠᠶᠢᠲᠠᠪᠤᠷᠢᠵᠢᠭᠤᠯᠤᠨ᠂ ︽ᠠᠶᠤᠯ ᠦᠭᠡᠢ ᠦᠢᠯᠡᠳᠪᠦᠷᠢᠯᠡᠯ ᠢ ᠪᠥᠬᠦ ᠲᠠᠯ᠎ᠠ ᠪᠠᠷ ᠴᠢᠩᠭᠠᠳᠬᠠᠬᠤ ᠠᠵᠢᠯ ᠤᠨ ᠬᠡᠷᠡᠭᠵᠢᠭᠦᠯᠬᠦ ᠠᠷᠭ᠎ᠠ︾ ᠶᠢ ᠳᠤᠭᠲᠠᠭᠠᠵᠤ ᠬᠡᠷᠡᠭᠵᠢᠭᠦᠯᠦᠨ᠂ ᠬᠤᠰᠢᠭᠤ᠂ ᠬᠦᠷᠢᠶᠡᠯᠡᠩ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠬᠢᠭᠡᠳ ᠭᠤᠷᠪᠠᠳᠡᠬᠢ ᠲᠠᠯ᠎ᠠ ᠶᠢᠨ ᠳᠤᠰᠬᠠᠢ ᠮᠡᠷᠭᠡᠵᠢᠯ ᠤᠨ ᠪᠠᠶᠢᠭᠤᠯᠤᠮᠵᠢ ᠶᠢᠨ ᠬᠦᠴᠦᠨ ᠢ ᠨᠢᠭᠡᠳᠬᠡᠵᠦ᠂ ᠦᠢᠯᠡᠳᠪᠦᠷᠢ ᠳᠤ ᠲᠤᠮᠢᠯᠠᠭᠳᠠᠨ ᠰᠠᠭᠤᠵᠤ ᠬᠢᠨᠠᠨ ᠬᠠᠮᠢᠶᠠᠷᠬᠤ ᠳᠥᠷᠢᠮ ᠢ ᠬᠡᠷᠡᠭᠵᠢᠭᠦᠯᠦᠨ᠂ ᠤᠨᠴᠠᠭᠠᠢ ᠦᠢᠯᠡᠳᠬᠡᠯ ᠢ ᠬᠢᠨᠠᠨ ᠬᠠᠮᠢᠶᠠᠷᠬᠤ ᠮᠡᠳᠡᠭᠡ ᠵᠠᠩᠭᠢ ᠶᠢᠨ ᠳᠠᠪᠴᠠᠩ ᠢ ᠪᠠᠶᠢᠭᠤᠯᠵᠤ᠂ ᠠᠵᠤ ᠠᠬᠤᠶᠢᠯᠠᠯ ᠤᠨ ᠠᠵᠢᠯᠲᠠᠨ ᠪᠥᠬᠦᠨ ᠢ ᠦᠨᠡᠮᠯᠡᠯ ᠲᠠᠢ ᠪᠠᠷ ᠠᠵᠢᠯ ᠤᠨ ᠪᠠᠶᠢᠷᠢᠨ ᠳᠤ ᠭᠠᠷᠭᠠᠬᠤ ᠶᠢ ᠠᠬᠢᠭᠤᠯᠤᠨ᠂ ᠬᠠᠮᠲᠤᠪᠡᠷ ᠬᠠᠮᠢᠶᠠᠷᠴᠤ ᠵᠡᠷᠭᠡᠪᠡᠷ ᠠᠳᠬᠤᠭᠰᠠᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠳᠤᠭᠲᠠᠯᠴᠠᠭ᠎ᠠ ᠶᠢ ᠪᠥᠷᠢᠯᠳᠦᠭᠦᠯᠦᠨ᠎ᠡ᠃ ︽ᠹᠧᠩ ᠴᠢᠶᠤᠤ ᠶᠢᠨ ᠳᠤᠷᠰᠢᠯᠭ᠎ᠠ︾ ᠶᠢ ᠶᠡᠬᠡᠪᠡᠷ ᠳᠡᠯᠭᠡᠷᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢ ᠬᠠᠤᠯᠢᠵᠢᠭᠤᠯᠬᠤ ᠪᠠᠶᠢᠭᠤᠯᠤᠯᠲᠠ ᠶᠢ ᠴᠢᠩᠭᠠᠳᠬᠠᠨ᠎ᠠ᠃ ᠢᠳᠡᠭᠡᠨ ᠪᠠ ᠡᠮ ᠤᠨ ᠵᠦᠢᠯᠡᠰ ᠤᠨ ᠠᠮᠤᠷ ᠳᠥᠪᠰᠢᠨ ᠢ ᠮᠥᠷᠳᠡᠨ ᠪᠠᠶᠢᠴᠠᠭᠠᠬᠤ ᠳᠤᠭᠲᠠᠯᠴᠠᠭ᠎ᠠ ᠶᠢ  ᠪᠥᠷᠢᠨᠰᠢᠭᠦᠯᠣᠨ᠎ᠡ᠃ ᠬᠤᠯᠤᠭᠠᠨ᠎ᠠ ᠶᠢᠨ ᠬᠢᠵᠢᠭ᠂ ᠠᠹᠷᠢᠺᠠ ᠲᠢᠪ ᠤᠨ ᠭᠠᠭ᠋ᠠᠢ ᠶᠢᠨ ᠬᠢᠵᠢᠭ ᠵᠡᠷᠭᠡ ᠠᠮᠢᠲᠠᠨ ᠤ ᠬᠢᠵᠢᠭ ᠢ ᠰᠠᠶᠢᠲᠤᠷ ᠰᠡᠷᠭᠡᠶᠢᠯᠡᠨ ᠡᠵᠡᠮᠳᠡᠨ᠎ᠡ᠃ ︽ᠠᠮᠤᠭᠤᠯᠠᠩ ᠤᠲᠤᠭ︾ ᠤᠨ ᠪᠠᠶᠢᠭᠤᠯᠤᠯᠲᠠ ᠶᠢ ᠠᠬᠢᠭᠤᠯᠵᠤ᠂ ᠬᠠᠷ᠎ᠠ ᠪᠥᠯᠥᠭᠲᠡᠨ ᠬᠠᠷᠭᠢᠰ ᠬᠦᠴᠦᠨ ᠢ ᠠᠷᠢᠯᠭᠠᠬᠤ ᠳᠤᠰᠬᠠᠢ ᠲᠡᠮᠡᠴᠡᠯ ᠢ ᠭᠦᠨᠵᠡᠭᠡᠶᠢᠷᠡᠭᠦᠯᠦᠨ᠂ ᠨᠡᠶᠢᠬᠡᠮ ᠤᠨ ᠠᠮᠤᠷ ᠢ ᠬᠠᠮᠠᠭᠠᠯᠠᠬᠤ ᠰᠦᠯᠵᠢᠶ᠎ᠡ ᠶᠢ ᠪᠥᠷᠢᠯᠳᠦᠭᠦᠯᠵᠦ᠂ ᠨᠡᠶᠢᠬᠡᠮ ᠤᠨ ᠠᠮᠤᠷ ᠳᠤᠭᠲᠠᠭᠤᠨ ᠡᠶ᠎ᠡ ᠵᠣᠬᠢᠴᠠᠯᠲᠠᠢ ᠪᠠᠶᠢᠬᠤ ᠶᠢ ᠪᠠᠲᠤᠯᠠᠨ᠎ᠠ᠃      ᠭᠤᠷᠪᠠ᠂ ᠵᠠᠰᠠᠭ ᠤᠨ ᠤᠷᠳᠤᠨ ᠤ ᠵᠠᠰᠠᠯᠲᠠ ᠬᠢᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠳᠥᠷᠪᠡᠳᠦᠭᠡᠷ ᠪᠥᠭᠦᠳᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠨᠠᠶᠢᠲᠠᠪᠤᠷᠢᠵᠢᠭᠤᠯᠵᠤ᠂ ᠠᠷᠠᠳ ᠲᠥᠮᠡᠨ ᠳᠤ ᠦᠢᠯᠡᠴᠢᠯᠡᠬᠦ᠂ ᠠᠷᠠᠳ ᠲᠥᠮᠡᠨ ᠳᠤ ᠬᠠᠷᠢᠭᠤᠴᠠᠬᠤ᠂ ᠠᠷᠠᠳ ᠲᠥᠮᠡᠨ ᠤ ᠬᠢᠨᠠᠯᠲᠠ ᠶᠢ ᠬᠦᠯᠢᠶᠡᠬᠦ ᠶᠢ ᠪᠠᠷᠢᠮᠲᠠᠯᠠᠨ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠪᠥᠲᠥᠭᠡᠨ ᠪᠠᠶᠢᠭᠤᠯᠤᠯᠲᠠ ᠶᠢ ᠦᠨᠡᠨᠬᠦ ᠴᠢᠩᠭᠠᠳᠬᠠᠨ᠎ᠠ᠃      ︵ᠨᠢᠭᠡ︶ ᠤᠯᠤᠰ ᠲᠦᠷᠦ ᠶᠢᠨ ᠵᠤᠭᠰᠤᠯᠲᠠ ᠪᠠᠨ ᠪᠠᠲᠤ ᠪᠠᠷᠢᠮᠲᠠᠯᠠᠵᠤ᠂ ᠦᠨᠡᠨᠴᠢ ᠢᠲᠡᠭᠡᠯᠲᠡᠢ ᠵᠠᠰᠠᠭ ᠤᠨ ᠤᠷᠳᠤᠨ ᠢ ᠪᠥᠲᠥᠭᠡᠨ ᠪᠠᠶᠢᠭᠤᠯᠤᠨ᠎ᠠ᠃ ᠨᠠᠮ  ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠨᠢᠭᠡᠳᠦᠯᠲᠡᠢ ᠵᠢᠯᠤᠭᠤᠳᠤᠭᠤᠯᠬᠤ ᠶᠢ ᠪᠠᠷᠢᠮᠲᠠᠯᠠᠨ᠂ ︽ᠤᠭ ᠰᠠᠨᠠᠭ᠎ᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠦᠮᠦᠵᠢᠯ ᠤᠨ ᠦᠷ᠎ᠡ ᠪᠥᠲᠥᠭᠡᠯ ᠢ ᠪᠠᠬᠢᠵᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠰᠠᠶᠢᠲᠤᠷ ᠰᠤᠷᠤᠯᠴᠠᠵᠤ ᠬᠡᠷᠡᠭᠯᠡᠨ᠂ ︽ᠳᠥᠷᠪᠡᠨ ᠤᠬᠠᠮᠰᠠᠷ︾ ᠢ ᠪᠠᠲᠤ ᠪᠦᠷᠢᠯᠳᠦᠭᠦᠯᠵᠦ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠤᠷᠤᠨ᠂ ᠬᠤᠲᠠ᠂ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢ ᠪᠠᠶᠢᠷᠢᠯᠠᠭᠤᠯᠤᠯᠲᠠ ᠶᠢ ᠪᠣᠳᠠᠲᠠᠢ ᠨᠠᠶᠢᠲᠠᠪᠤᠷᠢᠵᠢᠭᠤᠯᠤᠨ᠎ᠠ᠃ ᠨᠠᠮ ᠢ ᠪᠥᠬᠦ ᠲᠠᠯ᠎ᠠ  ᠪᠠᠷ ᠴᠢᠩᠭ᠎ᠠ ᠵᠠᠰᠠᠬᠤ ᠭᠤᠤᠯ ᠴᠤᠭᠴᠠ ᠶᠢᠨ ᠬᠠᠷᠢᠭᠤᠴᠠᠯᠭ᠎ᠠ ᠪᠤᠯᠤᠨ ︽ᠨᠢᠭᠡ ᠠᠵᠢᠯ ᠤᠨ ᠪᠠᠶᠢᠷᠢᠨ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠳᠦᠷᠢᠮ ᠢ ᠨᠠᠶᠢᠳᠠᠪᠤᠷᠢᠵᠢᠭᠤᠯᠵᠤ᠂ ︽ᠵᠠᠰᠠᠭ ᠤᠨ ᠤᠷᠳᠤᠨ ᠠᠴᠠ ᠡᠵᠡᠩᠨᠡᠯᠲᠡ ᠶᠢᠨ ᠪᠤᠰᠤ ᠴᠢᠨᠠᠷᠲᠠᠢ ᠲᠥᠷᠥᠯ ᠵᠦᠢᠯ ᠤᠨ ᠪᠠᠶᠢᠭᠤᠯᠤᠯᠲᠠ ᠳᠤ ᠪᠡᠯᠡ ᠤᠷᠤᠭᠤᠯᠬᠤ ᠬᠠᠮᠢᠶᠠᠷᠤᠯᠲᠠ ᠶᠢᠨ ᠠᠷᠭ᠎ᠠ︾ ᠶᠢ ᠳᠤᠭᠲᠠᠭᠠᠨ᠂ ᠭᠤᠤᠯᠳᠠᠯᠭᠠᠲᠤ ᠬᠦᠷᠢᠶ᠎ᠡ ᠬᠡᠪᠴᠢᠶᠡᠨ ᠳᠠᠬᠢ ᠴᠢᠭᠡᠴᠢ ᠵᠠᠰᠠᠭ ᠤᠨ ᠳᠦᠭᠰᠢᠭᠦᠷᠢ ᠶᠢ ᠪᠥᠬᠦ ᠲᠠᠯ᠎ᠠ ᠪᠠᠷ ᠰᠡᠷᠭᠡᠶᠢᠯᠡᠨ ᠡᠵᠡᠮᠳᠡᠨ᠎ᠡ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ ᠬᠡᠪᠴᠢᠶᠡᠨ ᠳᠠᠬᠢ ᠬᠠᠤᠯᠢ ᠳᠥᠷᠢᠮ ᠵᠥᠷᠢᠴᠡᠭᠰᠡᠨ ᠠᠰᠠᠭᠤᠳᠠᠯ ᠢ ᠳᠤᠰᠬᠠᠶᠢᠯᠠᠨ ᠴᠡᠭᠴᠡᠯᠡᠬᠦ ᠠᠵᠢᠯ ᠢ ᠯᠠᠪᠳᠠᠭᠤᠨ ᠦᠷᠨᠢᠭᠦᠯᠵᠦ᠂ ᠠᠵᠤ ᠠᠬᠤᠢ ᠶᠢᠨ ᠡᠮᠬᠢ ᠳᠢᠭᠯᠢᠮ ᠢ ᠵᠢᠷᠤᠮᠵᠢᠭᠤᠯᠤᠨ᠂ ᠤᠯᠤᠰ ᠲᠦᠷᠦ ᠶᠢᠨ ᠠᠮᠢ ᠠᠬᠤᠢ ᠶᠢ ᠬᠦᠴᠦᠯᠡᠨ ᠴᠡᠪᠡᠷᠰᠢᠭᠦᠯᠦᠨ᠎ᠡ᠃      ︵ᠬᠤᠶᠠᠷ︶ ᠬᠠᠤᠯᠢ ᠶᠤᠰᠤᠭᠠᠷ ᠵᠠᠰᠠᠭ ᠶᠠᠪᠤᠭᠤᠯᠵᠤ᠂ ᠵᠢᠷᠤᠮᠵᠢᠯ ᠢ ᠴᠢᠩᠭᠠᠳᠬᠠᠨ᠂ ᠬᠠᠤᠯᠢᠵᠢᠭᠰᠠᠨ ᠵᠠᠰᠠᠭ ᠤᠨ ᠤᠷᠳᠤᠨ ᠢ ᠪᠥᠲᠥᠭᠡᠨ ᠪᠠᠶᠢᠭᠤᠯᠤᠨ᠎ᠠ᠃ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢ ᠭᠠᠷᠭᠠᠬᠤ ᠠᠯᠬᠤᠮ ᠳᠠᠷᠠᠭᠠᠯᠠᠯ ᠤᠨ ᠲᠦᠷ ᠬᠡᠷᠡᠭᠵᠢᠭᠦᠯᠬᠦ ᠳᠥᠷᠢᠮ︾ ᠢ ᠡᠷᠡᠰ ᠬᠡᠷᠡᠭᠵᠢᠭᠦᠯᠦᠨ᠂ ︽ᠵᠠᠰᠠᠭ  ᠤᠨ ᠤᠷᠳᠤᠨ ᠤ ᠪᠠᠶᠢᠩᠭᠤ ᠶᠢᠨ ᠠᠵᠢᠯ ᠤᠨ ᠬᠤᠷᠠᠯ ᠤᠨ ᠵᠢᠷᠤᠮᠵᠢᠯ︾ ᠢ ᠳᠤᠭᠲᠠᠭᠠᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢ ᠭᠠᠷᠭᠠᠬᠤ ᠳᠤ ᠵᠥᠪᠯᠡᠯᠭᠡ ᠥᠭᠬᠦ ᠳᠤᠰᠬᠠᠢ ᠮᠡᠷᠭᠡᠵᠢᠯᠲᠡᠨ ᠤ ᠬᠥᠮᠥᠷᠭᠡ ᠪᠠᠶᠢᠭᠤᠯᠤᠨ᠂ ᠬᠠᠤᠯᠢ ᠳᠤ ᠨᠡᠶᠢᠴᠡᠭᠰᠡᠨ ᠡᠰᠡᠬᠦ ᠶᠢᠨ ᠬᠢᠨᠠᠨ ᠪᠠᠶᠢᠴᠠᠭᠠᠯᠲᠠ ᠬᠢᠬᠦ᠂ ᠳᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠳᠦᠭᠰᠢᠭᠦᠷᠢ ᠶᠢ ᠵᠢᠱᠢᠬᠦ ᠵᠡᠷᠭᠡ ᠠᠯᠬᠤᠮ ᠳᠠᠷᠠᠭᠠᠯᠠᠯ ᠢ ᠲᠡᠭᠦᠯᠳᠡᠷᠵᠢᠭᠦᠯᠵᠦ᠂ ᠳᠥᠷᠢᠮ ᠳᠤᠭᠲᠠᠭᠠᠯ ᠶᠤᠰᠤᠭᠠᠷ ᠠᠵᠢᠯᠯᠠᠨ᠂ ᠰᠢᠢᠳᠪᠦᠷᠢ ᠭᠠᠷᠭᠠᠬᠤ ᠶᠠᠰᠤ ᠴᠢᠨᠠᠷ ᠪᠠ ᠦᠷ᠎ᠡ ᠪᠥᠲᠥᠮᠵᠢ ᠶᠢ ᠨᠡᠮᠡᠭᠳᠡᠭᠦᠯᠦᠨ᠎ᠡ᠃ ᠵᠠᠰᠠᠭ ᠤᠨ ᠶᠠᠪᠤᠳᠠᠯ ᠢ ᠵᠢᠷᠤᠮᠵᠢᠯ ᠶᠤᠰᠤᠭᠠᠷ ᠢᠯᠡ ᠨᠡᠶᠢᠲᠡᠯᠡᠬᠦ ᠶᠢ ᠠᠬᠢᠭᠤᠯᠵᠤ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠶᠤᠰᠤᠨ ᠤ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠬᠡᠮ ᠨᠡᠶᠢᠲᠡ ᠶᠢᠨ ᠬᠢᠨᠠᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠥᠷᠭᠡᠨ ᠢᠶᠠᠷ ᠬᠦᠯᠢᠶᠡᠨ᠂ ᠡᠯ᠎ᠡ ᠲᠠᠯ᠎ᠠ ᠶᠢᠨ ᠬᠢᠨ ᠤ ᠬᠢᠨᠠᠯᠲᠠ ᠪᠠᠷ ᠬᠠᠤᠯᠢ ᠳᠥᠷᠢᠮ ᠶᠤᠰᠤᠭᠠᠷ ᠠᠵᠢᠯᠯᠠᠨ᠎ᠠ᠃      ︵ᠭᠤᠷᠪᠠ︶ ᠳᠤᠭᠲᠠᠴᠠ ᠶᠢ ᠲᠡᠭᠦᠯᠳᠡᠷᠵᠢᠭᠦᠯᠦᠨ᠂ ᠨᠠᠶᠢᠲᠠᠪᠤᠷᠢᠵᠢᠭᠤᠯᠤᠯᠲᠠ ᠶᠢ ᠠᠳᠬᠤᠵᠤ᠂ ᠪᠤᠲᠠᠲᠠᠢ ᠶᠢ ᠡᠷᠬᠢᠮᠯᠡᠭᠰᠡᠨ ᠵᠠᠰᠠᠭ ᠤᠨ ᠤᠷᠳᠤᠨ ᠢ ᠪᠥᠲᠥᠭᠡᠨ ᠪᠠᠶᠢᠭᠤᠯᠤᠨ᠎ᠠ᠃ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠲᠤ ᠪᠥᠷᠢᠯᠳᠦᠭᠦᠯᠵᠦ᠂ ᠡᠳ᠋ ᠤᠨ ᠬᠦᠴᠦᠨ ᠢᠶᠠᠨ ᠲᠥᠪᠯᠡᠷᠡᠭᠦᠯᠵᠦ ᠴᠠᠯᠢᠩ ᠢ ᠪᠠᠲᠤᠯᠠᠬᠤ᠂ ᠡᠷᠭᠢᠯᠲᠡ ᠶᠢ ᠪᠠᠲᠤᠯᠠᠬᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ ᠪᠠ ᠥᠷᠢ ᠰᠢᠷᠢ ᠶᠢ ᠨᠠᠮᠳᠠᠭᠠᠬᠤ ᠶᠢ ᠪᠠᠲᠤᠯᠠᠬᠤ ᠶᠢ ᠪᠡᠶᠡᠯᠡᠭᠦᠯᠦᠨ᠂ ︽ᠠᠯᠪᠠᠨ ᠤ ᠭᠤᠷᠪᠠᠨ ᠵᠠᠷᠤᠳᠠᠯ︾ ᠢ 5% ᠪᠠᠷ ᠪᠠᠭᠠᠰᠬᠠᠵᠤ᠂ ᠡᠩ ᠤᠨ ᠴᠢᠨᠠᠷᠲᠠᠢ ᠵᠠᠷᠤᠯᠭ᠎ᠠ ᠶᠢ 10% ᠪᠠᠷ ᠪᠠᠭᠤᠷᠠᠭᠤᠯᠤᠨ᠂ ︽ᠠᠯᠪᠠᠨ ᠤ ᠭᠤᠷᠪᠠᠨ ᠵᠠᠷᠤᠳᠠᠯ︾ ᠳᠤ ᠳᠥᠰᠥᠪ ᠠᠴᠠ ᠭᠠᠳᠠᠨᠠᠬᠢ ᠪᠤᠶᠤ ᠪᠠᠷᠢᠮᠵᠢᠶ᠎ᠠ ᠠᠴᠠ ᠬᠡᠲᠦᠷᠡᠭᠰᠡᠨ ᠵᠠᠷᠤᠳᠠᠯ ᠭᠠᠷᠭᠠᠬᠤ ᠶᠢ ᠡᠷᠡᠰ ᠴᠡᠭᠡᠷᠯᠡᠵᠦ᠂ ᠡᠩ ᠤᠨ ᠠᠯᠪᠠᠨ ᠳᠤ ᠬᠡᠷᠡᠭᠯᠡᠬᠦ ᠲᠡᠷᠭᠡ ᠶᠢ ᠰᠢᠨ᠎ᠡ  ᠪᠠᠷ ᠨᠢᠭᠡ ᠴᠦ ᠨᠡᠮᠡᠭᠳᠡᠭᠦᠯᠬᠦ ᠦᠭᠡᠢ᠂ ᠠᠯᠪᠠᠨ ᠳᠤ ᠬᠡᠷᠡᠭᠯᠡᠬᠦ ᠠᠰᠠᠷ ᠪᠠᠷᠢᠯᠭ᠎ᠠ ᠶᠢ ᠨᠢᠭᠡ ᠴᠦ ᠰᠢᠨ᠎ᠡ ᠪᠠᠷ ᠪᠠᠷᠢᠬᠤ ᠪᠤᠶᠤ ᠥᠷᠭᠡᠳᠬᠡᠨ ᠰᠢᠨᠡᠴᠢᠯᠡᠬᠦ ᠦᠭᠡᠢ᠃ ᠳᠥᠷᠢᠮ ᠳᠤᠭᠲᠠᠭᠠᠯ ᠢᠶᠠᠷ ᠡᠷᠬᠡ ᠶᠢ ᠬᠢᠵᠠᠭᠠᠷᠯᠠᠨ᠂ ᠳᠥᠷᠢᠮ ᠳᠤᠭᠲᠠᠭᠠᠯ ᠢᠶᠠᠷ ᠠᠵᠢᠯ ᠢᠶᠠᠨ ᠦᠷᠨᠢᠭᠦᠯᠵᠦ᠂ ᠳᠥᠷᠢᠮ ᠳᠤᠭᠲᠠᠭᠠᠯ ᠢᠶᠠᠷ ᠠᠵᠢᠯᠲᠠᠨ ᠢ ᠬᠠᠮᠢᠶᠠᠷᠤᠨ ᠂ ᠲᠥᠯᠥᠪᠵᠢᠭᠦᠯᠭᠡ ᠶᠢ ᠨᠠᠶᠢᠲᠠᠪᠤᠷᠢᠵᠢᠭᠤᠯᠬᠤ ᠪᠠ ᠦᠷ᠎ᠡ ᠪᠥᠲᠥᠭᠡᠯ ᠢ ᠠᠰᠢᠭᠯᠠᠬᠤ ᠶᠢ ᠵᠡᠷᠭᠡᠪᠡᠷ ᠠᠳᠬᠤᠵᠤ᠂ ᠵᠠᠰᠠᠭ ᠤᠨ ᠤᠷᠳᠤᠨ ᠠᠴᠠ ᠳᠠᠭᠠᠭᠠᠯᠭᠠᠨ ᠬᠢᠯᠭᠡᠬᠦ ᠠᠵᠢᠯ ᠤᠨ ᠳᠤᠭᠲᠠᠴᠠ ᠪᠠᠶᠢᠭᠤᠯᠤᠨ᠂ ᠭᠤᠤᠯᠳᠠᠯᠭ᠎ᠠ ᠲᠠᠢ᠂ ᠭᠦᠴᠢᠷ ᠲᠠᠢ ᠠᠰᠠᠭᠤᠳᠠᠯ ᠢ ᠨᠢᠭᠡᠳ ᠨᠢᠭᠡ ᠪᠠᠷ ᠱᠠᠭᠠᠷᠳᠠᠨ ᠬᠢᠯᠭᠡᠬᠦ᠂ ᠬᠤᠭᠤᠴᠠᠭ᠎ᠠ ᠬᠢᠵᠠᠭᠠᠷᠯᠠᠨ ᠬᠢᠯᠭᠡᠬᠦ ᠶᠢ ᠪᠡᠶᠡᠯᠡᠭᠦᠯᠵᠦ᠂ ᠱᠠᠭᠠᠷᠳᠠᠨ ᠪᠠᠶᠢᠴᠠᠭᠠᠬᠤ᠂ ᠬᠢᠨᠠᠨ ᠪᠤᠳᠤᠬᠤ᠂ ᠰᠠᠬᠢᠯᠭ᠎ᠠ ᠪᠠᠲᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠮᠥᠷᠳᠡᠨ ᠪᠠᠶᠢᠴᠠᠭᠠᠯᠲᠠ ᠶᠢ ᠴᠢᠩᠭᠠᠳᠬᠠᠨ᠂ ᠬᠢᠨᠠᠨ ᠰᠢᠯᠭᠠᠷᠠᠭᠤᠯᠵᠤ ᠦᠨᠡᠯᠡᠬᠦ᠂ ᠠᠯᠳᠠᠭ᠎ᠠ ᠪᠠᠨ ᠵᠠᠯᠠᠷᠠᠭᠤᠯᠬᠤ ᠶᠢ ᠵᠣᠷᠢᠭᠵᠢᠭᠤᠯᠬᠤ ᠳᠤᠭᠲᠠᠴᠠ ᠶᠢ ᠲᠡᠭᠦᠯᠳᠡᠷᠵᠢᠭᠦᠯᠵᠦ᠂ ᠳᠤᠭᠲᠠᠭᠰᠠᠨ ᠠᠵᠢᠯ  ᠢᠶᠠᠨ ᠰᠢᠭᠤᠷᠬᠠᠶᠢᠯᠠᠨ ᠬᠢᠵᠦ ᠦᠷ᠎ᠡ ᠪᠥᠲᠥᠮᠵᠢ ᠭᠠᠷᠭᠠᠬᠤ ᠶᠢ ᠪᠠᠲᠤᠯᠠᠨ᠎ᠠ᠃      ︵ᠳᠥᠷᠪᠡ︶ ᠬᠡᠪ ᠰᠤᠷᠲᠠᠯ ᠢᠶᠠᠨ ᠥᠭᠡᠷᠡᠴᠢᠯᠡᠬᠦ ᠶᠢ ᠭᠤᠶᠢᠪᠢᠰᠢ ᠦᠭᠡᠢ ᠪᠠᠷᠢᠮᠲᠠᠯᠠᠵᠤ᠂ ᠦᠢᠯᠡᠴᠢᠯᠡᠭᠡᠨ ᠤ ᠮᠠᠶ᠋ᠢᠭ ᠤᠨ ᠵᠠᠰᠠᠭ ᠤᠨ ᠤᠷᠳᠤᠨ ᠢ ᠪᠥᠲᠥᠭᠡᠨ ᠪᠠᠶᠢᠭᠤᠯᠤᠨ᠎ᠠ᠃ ᠠᠷᠠᠳ ᠤᠨ ᠲᠥᠯᠥᠭᠡ ᠵᠠᠰᠠᠭ ᠪᠠᠷᠢᠵᠤ᠂ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠬᠠᠯᠠᠮᠵᠢᠯᠠᠨ᠂ ᠠᠵᠢᠯ ᠤᠨ ᠭᠤᠤᠯᠳᠠᠯᠭ᠎ᠠ ᠪᠠᠨ ᠦᠨᠳᠦᠰᠦᠨ ᠱᠠᠲᠤᠨ ᠳᠤ ᠪᠠᠭᠤᠯᠭᠠᠵᠤ᠂ ᠥᠷᠭᠡᠨ ᠤᠯᠠᠨ ᠠᠷᠠᠳ ᠲᠥᠮᠡᠨ ᠤ ᠭᠦᠴᠢᠷ ᠲᠠᠢ ᠠᠰᠠᠭᠤᠳᠠᠯ ᠢ ᠰᠢᠢᠳᠪᠦᠷᠢᠯᠡᠨ᠂ ᠪᠤᠳᠠᠲᠠᠢ ᠠᠵᠢᠯ ᠬᠢᠵᠦ ᠥᠭᠭᠦᠨ᠎ᠡ᠃ ᠲᠥᠪ ᠤᠨ ᠨᠠᠢᠮᠠᠨ ᠳᠤᠭᠲᠠᠭᠠᠯ ᠵᠢᠴᠢ ᠬᠡᠷᠡᠭᠵᠢᠭᠦᠯᠬᠦ ᠨᠠᠷᠢᠨ ᠳᠥᠷᠢᠮ ᠤᠨ ᠵᠤᠷᠢᠭ ᠰᠠᠨᠠᠭ᠎ᠠ ᠶᠢ ᠴᠢᠩᠭ᠎ᠠ ᠨᠠᠶᠢᠲᠠᠪᠤᠷᠢᠵᠢᠭᠤᠯᠤᠨ᠂  ᠬᠡᠯᠪᠡᠷᠢᠴᠢ ᠦᠵᠡᠯ᠂ ᠨᠤᠶᠠᠨᠴᠢ ᠰᠤᠷᠲᠠᠯ ᠢ ᠡᠷᠡᠰ ᠡᠰᠡᠷᠭᠦᠴᠡᠨ᠎ᠡ᠃ ᠬᠤᠷᠠᠯ ᠬᠢᠬᠦ ᠮᠠᠲ᠋ᠧᠷᠢᠶᠠᠯ ᠪᠢᠴᠢᠬᠦ ᠠᠵᠢᠯ ᠢ ᠴᠤᠮᠬᠠᠳᠬᠠᠨ᠂ ᠬᠤᠷᠠᠯ ᠪᠠ ᠪᠤᠯᠪᠠᠰᠤᠷᠠᠯ ᠬᠢᠬᠦ ᠲᠤᠭ᠎ᠠ ᠬᠡᠮᠵᠢᠶ᠎ᠡ᠂ ᠴᠠᠭ ᠬᠤᠭᠤᠴᠠᠭ᠎ᠠ᠂ ᠬᠦᠷᠢᠶ᠎ᠡ ᠬᠡᠪᠴᠢᠶ᠎ᠡ ᠶᠢ ᠡᠷᠡᠰ ᠡᠵᠡᠮᠳᠡᠵᠦ᠂ ᠲᠤᠮᠤ ᠬᠡᠯᠪᠡᠷᠢ ᠶᠢᠨ ᠠᠵᠢᠯᠯᠠᠭ᠎ᠠ ᠶᠢ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢᠶᠠᠷ ᠵᠥᠪᠰᠢᠶᠡᠷᠡᠭᠦᠯᠦᠨ᠂ ᠬᠢᠨᠠᠨ ᠰᠢᠯᠭᠠᠷᠠᠭᠤᠯᠬᠤ ᠱᠠᠭᠠᠷᠳᠠᠨ ᠪᠠᠶᠢᠴᠠᠭᠠᠬᠤ ᠠᠵᠢᠯ ᠢ ᠥᠭᠡᠷᠡᠴᠢᠯᠡᠨ ᠵᠢᠷᠤᠮᠵᠢᠭᠤᠯᠵᠤ᠂ ᠦᠨᠳᠦᠰᠦᠨ ᠱᠠᠲᠤᠨ ᠤ ᠺᠠᠳ᠋ᠷᠴᠤᠳ ᠤᠨ ᠭᠦᠴᠦ ᠶᠢ ᠪᠤᠳᠠᠲᠠᠢ ᠠᠵᠢᠯ ᠬᠢᠬᠦ  ᠳᠤ ᠲᠥᠪᠯᠡᠷᠡᠭᠦᠯᠦᠨ᠂ ᠠᠷᠠᠳ ᠲᠥᠮᠡᠨ ᠳᠤ ᠦᠢᠯᠡᠴᠢᠯᠡᠭᠦᠯᠦᠨ᠎ᠡ᠃      ᠲᠥᠯᠥᠭᠡᠯᠡᠭᠴᠢᠳ ᠡ᠂ ᠳᠤᠭᠰᠢᠨ ᠳᠠᠪᠠᠯᠭᠠᠨ ᠭᠦᠴᠦᠲᠦ ᠰᠠᠯᠬᠢᠨ ᠢ ᠰᠥᠷᠬᠦᠶ᠎ᠡ ᠳᠠᠷᠪᠠᠭᠤᠯ ᠬᠡᠶᠢᠰᠭᠡᠨ ᠰᠢᠭᠤᠷᠬᠠᠶᠢᠯᠠᠨ ᠤᠳᠤᠮᠤᠢ︔ ᠬᠦᠨᠳᠦ ᠶᠢ ᠡᠭᠦᠷᠭᠡᠯᠡᠵᠦ ᠬᠤᠯᠠ ᠠᠶᠠᠯᠠᠬᠤᠶ᠎ᠠ ᠬᠤᠷᠳᠤᠨ ᠮᠤᠷᠢᠨ ᠳᠤ ᠳᠠᠰᠢᠭᠤᠷ ᠨᠡᠮᠡᠮᠦᠢ᠃ ᠪᠢᠳᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠤᠰᠢᠭᠤᠨ ᠤ ᠨᠠᠮ  ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠪᠠᠷ ᠤᠭ ᠰᠠᠨᠠᠭ᠎ᠠ ᠪᠠᠨ ᠥᠯᠥ ᠮᠠᠷᠲᠠᠨ᠂ ᠢᠲᠡᠭᠡᠯ ᠵᠤᠷᠢᠭ ᠢᠶᠠᠨ ᠪᠠᠲᠤᠳᠬᠠᠵᠤ᠂ ᠠᠮᠢ ᠠᠬᠤᠢ ᠶᠢ ᠤᠷᠢᠳᠠᠪᠠᠷ ᠪᠣᠳᠦᠯᠬᠢᠯᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠵᠤ᠂ ᠴᠢᠨᠡᠭᠡᠯᠢᠭ  ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠪᠠᠷ ᠴᠢᠷᠮᠠᠶᠢᠨ ᠤᠷᠤᠭᠰᠢᠯᠠᠵᠠᠭᠠᠶ᠎ᠠ︕
ᠢᠷᠡᠯᠲᠡ᠄ ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ