ᠣᠲᠤᠭ ᠬᠤᠰᠢᠭᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠠᠰᠢᠭᠯᠠᠬᠤ ᠠᠵᠢᠯ ᠢ ᠠᠬᠢᠭᠤᠯᠬᠤ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2020/8/26
                   ᠣᠲᠤᠭ ᠵᠠᠰᠠᠭ ᠠᠯᠪᠠᠨ ᠲᠠᠷᠬᠠᠭᠠᠭᠰᠠᠨ ﹇2020﹈ 44 ᠳ᠋ᠦ᠋ᠭᠡᠷ ᠲᠣᠭᠠᠲᠤ            ᠣᠲᠤᠭ ᠬᠤᠰᠢᠭᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠠᠰᠢᠭᠯᠠᠬᠤ ᠠᠵᠢᠯ ᠢ ᠠᠬᠢᠭᠤᠯᠬᠤ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠬᠤᠰᠢᠭᠤᠨ ᠤ ᠠᠷᠠᠳ  ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠪᠠᠶᠢᠭᠤᠯᠭ᠎ᠠ ᠳᠤ᠄      ︽ᠣᠲᠤᠭ ᠬᠤᠰᠢᠭᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠠᠰᠢᠭᠯᠠᠬᠤ ᠠᠵᠢᠯ ᠢ ᠠᠬᠢᠭᠤᠯᠬᠤ ᠲᠥᠰᠥᠯ︾ ᠢ ᠡᠳᠦᠭᠡ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠨᠠᠷᠢᠨ ᠬᠢᠨᠠᠮᠠᠭᠠᠢ ᠲᠣᠣᠱᠯᠠᠭᠤᠯᠵᠣ ᠨᠠᠶᠢᠳᠠᠪᠤᠷᠢᠵᠢᠭᠤᠯᠲᠤᠭᠠᠢ᠃                             ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                             2020 ᠣᠨ ᠤ 8 ᠳ᠋ᠤᠭᠠᠷ ᠰᠠᠷ᠎ᠠ ᠶᠢᠨ 26 ᠤ ᠡᠳᠦᠷ            ᠣᠲᠤᠭ ᠬᠤᠰᠢᠭᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠠᠰᠢᠭᠯᠠᠬᠤ ᠠᠵᠢᠯ ᠢ ᠠᠬᠢᠭᠤᠯᠬᠤ ᠲᠥᠰᠥᠯ      ︽ᠨᠡᠩ ᠪᠦᠷᠢᠨ ᠲᠡᠭᠦᠯᠳᠡᠷᠵᠢᠭᠰᠡᠨ ᠡᠯᠧᠮᠧᠨ᠋ᠲ ᠲᠠᠢ ᠵᠠᠬ᠎ᠠ ᠳᠡᠯᠭᠡᠭᠦᠷᠴᠢᠯᠡᠭᠰᠡᠨ ᠲᠣᠬᠢᠷᠠᠭᠤᠯᠭ᠎ᠠ ᠶᠢᠨ ᠪᠠᠶᠢᠭᠤᠯᠤᠯ ᠲᠣᠭᠲᠠᠴᠠ ᠶᠢ ᠪᠠᠶᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ ﹇2020﹈ 9 ᠳ᠋ᠦ᠋ᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠨᠢᠭᠡᠳᠬᠡᠵᠦ ᠬᠠᠮᠲᠤᠪᠠᠷ ᠠᠰᠢᠭᠯᠠᠬᠤ ᠠᠵᠢᠯ ᠢ ᠠᠬᠢᠭᠤᠯᠬᠤ ᠲᠥᠰᠥᠯ︾ ᠪᠠ ᠱᠦᠵᠢ ᠱᠢ ᠲᠠᠢ ᠹᠧᠩ ᠤᠨ ᠲᠣᠭᠠᠴᠠᠯᠠᠭᠰᠠᠨ ᠠᠵᠤ ᠠᠬᠤᠢ ᠶᠢ ᠬᠥᠭᠵᠢᠭᠦᠯᠬᠦ ᠠᠵᠢᠯ ᠤᠨ ᠰᠠᠭᠤᠳᠠᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠣᠨ ᠨᠠᠶᠢᠳᠠᠪᠤᠷᠢᠵᠢᠭᠤᠯᠬᠤ ᠶᠢᠨ ᠲᠤᠰᠠᠳᠡ᠂ ︽ᠲᠣᠭᠠᠴᠠᠯᠠᠭᠰᠠᠨ ᠣᠷᠳᠣᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ︾᠂ ︽ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ 144 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠤᠨ ᠬᠤᠷᠠᠯ ᠤᠨ ᠲᠣᠪᠴᠢ︾ ︵﹇2020﹈ 31 ᠳ᠋ᠦ᠋ᠭᠡᠷ ᠲᠣᠭᠠᠲᠤ︶᠂ ︽ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠠᠮᠲᠤᠪᠠᠷ ᠠᠰᠢᠭᠯᠠᠬᠤ ᠠᠵᠢᠯ ᠢ ᠲᠦᠷᠭᠡᠳᠬᠡᠬᠦ ᠲᠤᠬᠠᠢ ᠣᠷᠳᠣᠰ ᠬᠤᠲᠠ ᠶᠢᠨ ᠲᠤᠮᠦ ᠳ᠋ᠠᠶᠢᠲ᠋ᠠ ᠶᠢᠨ ᠬᠥᠭᠵᠢᠭᠦᠯᠦᠯᠲᠡ ᠶᠢᠨ ᠲᠣᠪᠴᠢᠶ᠎ᠠ ᠶᠢᠨ ᠮᠡᠳᠡᠭᠳᠡᠯ︾ ︵ᠣᠷᠳᠣᠰ ᠲᠤᠮᠦ ᠳ᠋ᠠᠶᠢᠲ᠋ᠠ ᠬᠥᠭᠵᠢᠭᠦᠯᠦᠯᠲᠡ ﹇2020﹈ 12 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠠᠰᠢᠭᠯᠠᠬᠤ ᠠᠵᠢᠯ ᠢ ᠦᠨᠡᠨᠬᠦ ᠪᠦᠲᠦᠮᠵᠢᠲᠡᠢ ᠠᠬᠢᠭᠤᠯᠬᠤ ᠪᠠᠷ ᠲᠣᠰ ᠲᠥᠰᠥᠯ ᠢ ᠲᠣᠭᠲᠠᠭᠠᠪᠠ᠃      ᠨᠢᠭᠡ᠂ ᠪᠦᠲᠦᠭᠡᠨ ᠪᠠᠶᠢᠭᠤᠯᠬᠤ ᠵᠠᠷᠴᠢᠮ      ︵ᠨᠢᠭᠡ︶ ᠬᠠᠮᠲᠤᠪᠠᠷ ᠠᠰᠢᠭᠯᠠᠬᠤ ᠪᠠᠷ ᠵᠠᠷᠴᠢᠮ ᠪᠣᠯᠭᠠᠵᠤ᠂ ᠬᠠᠮᠲᠤᠪᠠᠷ ᠠᠰᠢᠭᠯᠠᠬᠤ ᠦᠭᠡᠢ ᠪᠠᠶᠢᠬᠤ ᠪᠠᠷ ᠣᠨᠴᠠ ᠵᠢᠱᠢᠶ᠎ᠡ ᠪᠣᠯᠭᠠᠨ᠎ᠠ᠃ ᠵᠠᠰᠠᠭ ᠤᠨ ᠶᠠᠪᠤᠳᠠᠯ ᠤᠨ ᠪᠠᠶᠢᠭᠤᠯᠭ᠎ᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠵᠠᠷᠴᠢᠮ ᠳᠡᠭᠡᠷ᠎ᠡ ᠪᠠᠨ ᠬᠠᠮᠲᠤᠪᠠᠷ ᠠᠰᠢᠭᠯᠠᠵᠤ᠂ ᠤᠯᠤᠰ ᠤᠨ ᠨᠢᠭᠤᠴᠠ ᠪᠠ ᠠᠮᠤᠷ ᠲᠦᠪᠰᠢᠨ ᠲᠠᠢ ᠬᠤᠯᠪᠣᠭᠳᠠᠭᠰᠠᠨ ᠢ ᠨᠢ ᠬᠤᠯᠪᠣᠭᠳᠠᠯ ᠪᠦᠬᠦᠢ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃      ︵ᠬᠤᠶᠠᠷ︶ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠦᠨ᠎ᠡ ᠲᠥᠯᠥᠪᠦᠷᠢ ᠦᠭᠡᠢ ᠪᠠᠷ ᠬᠠᠮᠲᠤᠪᠠᠷ ᠠᠰᠢᠭᠯᠠᠨ᠎ᠠ᠃ ᠪᠤᠰᠤᠳ ᠪᠠᠶᠢᠭᠤᠯᠭ᠎ᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠡᠷᠡᠭᠯᠡᠵᠦ ᠪᠦᠬᠦᠢ ᠪᠠᠶᠢᠭᠤᠯᠭ᠎ᠠ ᠥᠪᠡᠷ ᠥᠪᠡᠷ ᠤᠨ ᠢᠶᠠᠨ ᠲᠤᠰᠢᠶᠠᠯ ᠬᠠᠷᠢᠭᠤᠴᠠᠯᠭ᠎ᠠ ᠶᠣᠰᠣᠭᠠᠷ ᠬᠠᠮᠲᠤᠪᠠᠷ ᠠᠰᠢᠭᠯᠠᠬᠤ ᠱᠠᠭᠠᠷᠳᠠᠯᠭ᠎ᠠ ᠳᠤᠷᠠᠳᠴᠤ᠂ ᠬᠠᠮᠲᠤᠪᠠᠷ ᠠᠰᠢᠭᠯᠠᠬᠤ ᠮᠡᠳᠡᠭᠡ ᠵᠠᠩᠭᠢ ᠬᠠᠩᠭᠠᠬᠤ ᠪᠠᠶᠢᠭᠤᠯᠭ᠎ᠠ ᠬᠡᠷᠡᠭᠯᠡᠬᠦ ᠪᠠᠶᠢᠭᠤᠯᠭ᠎ᠠ ᠶᠢᠨ ᠬᠠᠮᠲᠤᠪᠠᠷ ᠠᠰᠢᠭᠯᠠᠬᠤ ᠬᠡᠷᠡᠭᠴᠡᠭᠡ ᠪᠠᠷ ᠨᠢ ᠴᠠᠭ ᠳᠠᠷᠤᠢ ᠳᠤᠨᠢ ᠮᠡᠳᠡᠭᠡ ᠵᠠᠩᠭᠢ ᠬᠠᠩᠭᠠᠬᠤ ᠶᠢᠨ ᠳᠠᠭᠠᠤ ᠦᠨ᠎ᠡ ᠲᠥᠯᠥᠪᠦᠷᠢ ᠦᠭᠡᠢ ᠪᠠᠷ ᠬᠠᠮᠲᠤᠪᠠᠷ ᠠᠰᠢᠭᠯᠠᠬᠤ ᠦᠢᠯᠡᠴᠢᠯᠡᠭᠡ ᠬᠠᠩᠭᠠᠨ᠎ᠠ᠂ ᠬᠠᠤᠯᠢ ᠲᠣᠭᠲᠠᠭᠠᠯ ᠳᠤ ᠠᠰᠳᠠᠭᠠᠨ ᠲᠣᠭᠲᠠᠭᠠᠯ ᠲᠠᠢ ᠵᠦᠢᠯᠡᠰ ᠢ ᠪᠠᠭᠲᠠᠭᠠᠬᠤ ᠦᠭᠡᠢ᠃      ︵ᠭᠤᠷᠪᠡ︶ ᠵᠢᠷᠤᠮᠵᠢᠭᠤᠯᠤᠨ ᠬᠠᠮᠢᠶᠠᠷᠴᠤ᠂ ᠪᠠᠷᠢᠮᠵᠢᠶ᠎ᠠ ᠶᠢ ᠨᠢᠭᠡᠳᠦᠭᠦᠯᠦᠨ᠎ᠡ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠴᠤᠭᠯᠠᠭᠤᠯᠬᠤ᠂ ᠬᠠᠳᠠᠭᠠᠯᠠᠬᠤ᠂ ᠰᠣᠯᠢᠯᠴᠠᠬᠤ ᠪᠠ ᠬᠠᠮᠲᠤᠪᠠᠷ ᠠᠰᠢᠭᠯᠠᠬᠤ ᠠᠵᠢᠯ ᠢ ᠬᠤᠯᠪᠣᠭᠳᠠᠯ ᠪᠦᠬᠦᠢ ᠪᠠᠷᠢᠮᠵᠢᠶ᠎ᠠ ᠵᠢᠷᠤᠮᠵᠢᠯ ᠶᠣᠰᠣᠭᠠᠷ ᠬᠢᠵᠤ᠂ ︽ᠨᠢᠭᠡ ᠲᠤᠭ᠎ᠠ ᠪᠠᠷᠢᠮᠲᠠ ᠨᠢᠭᠡ ᠡᠬᠢ ᠪᠠᠶᠠᠯᠢᠭ︾ ᠲᠠᠢ ᠪᠠᠶᠢᠬᠤ᠂ ᠣᠯᠠᠨ ᠲᠠᠯ᠎ᠠ ᠪᠠᠷ ᠬᠠᠷᠭᠤᠭᠤᠯᠬᠤ᠂ ᠬᠤᠪᠢᠷᠠᠯᠲᠠ ᠶᠢ ᠰᠢᠨᠡᠳᠬᠡᠬᠦ ᠶᠢ ᠪᠠᠷᠢᠮᠲᠠᠯᠠᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠤᠨ ᠲᠣᠭᠲᠠᠯᠴᠠᠭ᠎ᠠ ᠪᠠ ᠬᠠᠮᠲᠤᠪᠠᠷ ᠠᠰᠢᠭᠯᠠᠵᠤ ᠰᠣᠯᠢᠯᠴᠠᠬᠤ ᠲᠣᠭᠲᠠᠯᠴᠠᠭ᠎ᠠ ᠶᠢ ᠨᠢᠭᠡᠳᠦᠯᠲᠡᠢ ᠲᠥᠯᠥᠪᠯᠡᠵᠦ ᠪᠠᠶᠢᠭᠤᠯᠤᠨ᠎ᠠ᠃      ᠬᠤᠶᠠᠷ᠂ ᠭᠤᠣᠯ ᠡᠭᠦᠷᠭᠡ      ᠬᠤᠲᠠ᠂ ᠬᠤᠰᠢᠭᠤ ᠬᠤᠶᠠᠷ ᠱᠠᠲᠤᠨ ᠤ ᠬᠤᠯᠪᠣᠭᠠᠯᠠᠨ ᠠᠵᠢᠯᠯᠠᠬᠤ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠳᠠᠪᠴᠠᠩ ᠢ ᠬᠠᠮᠲᠤᠪᠠᠷ ᠪᠠᠶᠢᠭᠤᠯᠵᠤ᠂ ᠪᠦᠬᠦ ᠬᠤᠰᠢᠭᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠤᠨ ᠲᠣᠭᠲᠠᠯᠴᠠᠭ᠎ᠠ᠂ ᠮᠡᠳᠡᠭᠡ ᠵᠠᠩᠭᠢ ᠶᠢᠨ ᠡᠬᠢ ᠪᠠᠶᠠᠯᠢᠭ ᠢ ᠰᠤᠯᠢᠯᠴᠠᠬᠤ ᠲᠣᠭᠲᠠᠯᠴᠠᠭ᠎ᠠ ᠪᠠ ᠪᠠᠷᠢᠮᠵᠢᠶᠠᠵᠢᠭᠤᠯᠵᠤ  ᠵᠢᠷᠤᠮᠵᠢᠭᠤᠯᠬᠤ ᠲᠣᠭᠲᠠᠯᠴᠠᠭ᠎ᠠ ᠶᠢ ᠨᠢᠭᠡᠳᠦᠭᠦᠯᠦᠨ᠎ᠡ᠃ ︽ᠬᠤᠰᠢᠭᠤ ᠲᠣᠭᠤᠷᠢᠭ᠂ ᠪᠠᠶᠢᠭᠤᠯᠭ᠎ᠠ ᠨᠢᠭᠡᠴᠢ ᠪᠠ ᠠᠵᠢᠯ ᠲᠥᠷᠥᠯ ᠠᠯᠤᠰᠯᠠᠭᠰᠠᠨ︾ ᠲᠤᠭ᠎ᠠ ᠪᠠᠷᠢᠮᠲᠠ ᠶᠢ ᠴᠤᠭᠯᠠᠭᠤᠯᠬᠤ᠂ ᠬᠠᠮᠲᠤᠪᠠᠷ ᠠᠰᠢᠭᠯᠠᠵᠤ ᠰᠤᠯᠢᠯᠴᠠᠬᠤ ᠪᠠᠷ ᠳᠠᠮᠵᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠨᠡᠶᠢᠭᠡᠮ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠨᠢᠭᠡᠳᠬᠡᠬᠦ︾᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ︾᠂ ᠥᠯᠦ ᠬᠥᠳᠡᠯᠬᠦ ᠬᠥᠷᠥᠩᠭᠡ ᠶᠢᠨ ᠳᠠᠩᠰᠠᠯᠠᠯ ᠢ ︽ᠳᠥᠷᠪᠡᠨ ᠬᠤᠲᠠ ᠳᠤ ᠭᠦᠢᠴᠡᠳᠬᠡᠵᠦ ᠴᠢᠳᠠᠬᠤ︾᠂ ᠠᠷᠠᠳ ᠤᠨ ᠶᠠᠪᠤᠳᠠᠯ ᠤᠨ ︽ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠪᠤᠷᠢ ᠶᠢ ᠬᠠᠷᠭᠤᠭᠤᠯᠵᠤ ᠪᠠᠶᠢᠴᠠᠭᠠᠬᠤ︾ ᠵᠡᠷᠭᠡ ᠭᠤᠣᠯᠳᠠᠯᠭ᠎ᠠ ᠲᠠᠢ ᠠᠵᠢᠯ ᠢ ᠠᠬᠢᠭᠤᠯᠤᠨ᠂ ︽ᠲᠣᠭᠠᠴᠠᠯᠠᠭᠰᠠᠨ ᠣᠷᠳᠣᠰ︾ ᠤᠨ ᠲᠤᠮᠦ ᠳ᠋ᠠᠶᠢᠲ᠋ᠠ ᠶᠢᠨ ᠬᠥᠭᠵᠢᠭᠦᠯᠦᠯᠲᠡ ᠬᠡᠷᠡᠭᠯᠡᠯᠲᠡ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠭᠤᠯᠤᠯ ᠬᠠᠩᠭᠠᠨ᠎ᠠ᠃      ᠨᠢᠭᠡᠳᠦᠭᠡᠷ ᠱᠠᠲᠤ ︵2020 ᠣᠨ ᠤ 9 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠮᠦᠨ᠎ᠡ︶᠄ ᠨᠢᠭᠡ ᠪᠦᠯᠦᠭ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠠᠰᠢᠭᠯᠠᠬᠤ ᠭᠠᠷᠴᠠᠭ ᠢ ᠪᠦᠬᠦ ᠲᠠᠯ᠎ᠠ ᠪᠠᠷ ᠡᠮᠬᠢᠯᠡᠵᠦ᠂ ᠪᠦᠬᠦ ᠬᠤᠰᠢᠭᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠠᠰᠢᠭᠯᠠᠬᠤ ᠠᠵᠢᠯ ᠢ ᠡᠮᠬᠢ ᠵᠢᠷᠤᠮ ᠲᠠᠢ ᠪᠠᠲᠤᠲᠠᠢ ᠠᠬᠢᠭᠤᠯᠤᠨ᠎ᠠ᠃      ︵ᠨᠢᠭᠡ︶ 2020 ᠣᠨ ᠤ 8 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ᠂ ᠪᠦᠬᠦ ᠬᠤᠰᠢᠭᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠠᠮᠲᠤᠪᠠᠷ ᠠᠰᠢᠭᠯᠠᠬᠤ ᠠᠵᠢᠯ ᠢ ᠠᠬᠢᠭᠤᠯᠬᠤ ᠲᠥᠰᠥᠯ ᠲᠣᠭᠲᠠᠭᠠᠵᠣ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠠᠰᠢᠭᠯᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠤᠨ᠂ ᠲᠠᠪᠴᠠᠩ ᠢ ᠬᠡᠷᠡᠭᠯᠡᠬᠦ᠂ ᠭᠠᠷᠴᠠᠭ ᠢ ᠡᠮᠬᠢᠯᠡᠬᠦ᠂ ᠲᠤᠭ᠎ᠠ ᠪᠠᠷᠢᠮᠲᠠ ᠲᠡᠮᠳᠡᠭᠯᠡᠨ ᠣᠷᠣᠭᠤᠯᠬᠤ ᠪᠣᠯᠪᠠᠰᠤᠷᠠᠯ ᠬᠢᠨ᠎ᠡ᠃      ︵ᠬᠤᠶᠠᠷ︶ 2020 ᠣᠨ ᠤ 9 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠮᠦᠨ᠎ᠡ᠂ ᠭᠠᠷᠴᠠᠭ ᠢ ᠡᠮᠬᠢᠯᠡᠬᠦ ᠂ ᠬᠡᠷᠡᠭᠴᠡᠭᠡ ᠶᠢ ᠨᠤᠲᠠᠯᠠᠬᠤ ᠵᠡᠷᠭᠡ ᠠᠵᠢᠯ ᠢ ᠪᠡᠶᠡᠯᠡᠭᠦᠯᠦᠨ᠎ᠡ᠃ ᠨᠢᠭᠡ ᠳᠤ ᠪᠠᠶᠢᠭᠤᠯᠭ᠎ᠠ ᠨᠤᠭᠤᠳ ᠪᠠᠶᠢᠭᠤᠯᠭ᠎ᠠ ᠶᠢᠨ ᠢᠶᠠᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠠᠰᠢᠭᠯᠠᠬᠤ ᠭᠠᠷᠴᠠᠭ ᠢ ᠡᠮᠬᠢᠯᠡᠬᠦ᠂ ᠬᠠᠮᠲᠤᠪᠠᠷ ᠠᠰᠢᠭᠯᠠᠬᠤ ᠭᠠᠷᠴᠠᠭ ᠢ ᠨᠤᠲᠠᠯᠠᠬᠤ᠂ ᠬᠠᠮᠲᠤᠪᠠᠷ ᠠᠰᠢᠭᠯᠠᠬᠤ ᠭᠠᠷᠴᠠᠭ ᠢ ᠨᠡᠶᠢᠲᠡᠯᠡᠬᠦ᠂ ᠲᠤᠭ᠎ᠠ ᠪᠠᠷᠢᠮᠲᠠ ᠶᠢ ᠬᠠᠮᠲᠤᠪᠠᠷ ᠠᠰᠢᠭᠯᠠᠬᠤ ᠬᠠᠮᠢᠶᠠᠷᠤᠯᠲᠠ ᠶᠢᠨ ᠳᠦᠷᠢᠮ ᠲᠣᠭᠲᠠᠭᠠᠬᠤ ᠵᠡᠷᠭᠡ ᠠᠵᠢᠯ ᠢ ᠰᠠᠶᠢᠨ ᠬᠢᠨ᠎ᠡ᠃ ᠬᠤᠶᠠᠷ ᠲᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ ᠢ ᠡᠮᠬᠢᠯᠡᠬᠦ᠂ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ ᠢ ᠨᠤᠲᠠᠯᠠᠬᠤ᠂ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ ᠢ ᠭᠤᠶᠤᠴᠢᠯᠠᠨ ᠮᠡᠳᠡᠭᠦᠯᠬᠦ ᠵᠡᠷᠭᠡ ᠠᠵᠢᠯ ᠢ ᠰᠠᠶᠢᠨ ᠬᠢᠨ᠎ᠡ᠃ ᠭᠤᠷᠪᠡ ᠳᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠴᠢᠯᠦᠭᠡᠲᠡᠢ ᠬᠡᠷᠡᠭᠯᠡᠭᠦᠯᠬᠦ ᠭᠠᠷᠴᠠᠭ ᠢ ᠡᠮᠬᠢᠯᠡᠬᠦ᠂ ᠴᠢᠯᠦᠭᠡᠲᠡᠢ ᠬᠡᠷᠡᠭᠯᠡᠭᠦᠯᠬᠦ ᠭᠠᠷᠠᠭ ᠢ ᠨᠤᠲᠠᠯᠠᠬᠤ᠂ ᠴᠢᠯᠦᠭᠡᠲᠡᠢ ᠬᠡᠷᠡᠭᠯᠡᠭᠦᠯᠬᠦ ᠭᠠᠷᠴᠠᠭ ᠢ ᠨᠡᠶᠢᠲᠡᠯᠡᠬᠦ ᠵᠡᠷᠭᠡ ᠠᠵᠢᠯ ᠢ ᠰᠠᠶᠢᠨ ᠬᠢᠨ᠎ᠡ᠃ ᠳᠥᠷᠪᠡ ᠳᠤ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠥᠯᠦ ᠬᠥᠳᠡᠯᠬᠦ ᠬᠥᠷᠥᠩᠭᠡ ᠶᠢᠨ ᠳᠠᠩᠰᠠᠯᠠᠯ ᠤᠨ ᠬᠤᠭᠤᠴᠠᠭ᠎ᠠ ᠶᠢ ᠣᠬᠤᠷᠳᠠᠭᠤᠯᠬᠤ᠂ ᠭᠠᠶᠢᠯᠢ ᠶᠢ ᠶᠡᠷᠦᠩᠬᠡᠶᠢᠯᠡᠨ ᠵᠠᠰᠠᠬᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠪᠤᠷᠢ ᠬᠦᠷᠲᠡᠵᠦ ᠪᠠᠶᠢᠭ᠎ᠠ ᠡᠷᠦᠬᠡ ᠶᠢ ᠬᠠᠷᠭᠤᠭᠤᠯᠵᠤ ᠪᠠᠶᠢᠴᠠᠭᠠᠬᠤ ᠵᠡᠷᠭᠡ ᠲᠤᠬᠠᠶᠢᠯᠠᠭᠰᠠᠨ ᠠᠵᠢᠯ ᠲᠠᠢ ᠤᠶᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠯᠪᠠᠨ ᠭᠡᠷ᠂ ᠥᠯᠦ ᠬᠥᠳᠡᠯᠬᠦ ᠬᠥᠷᠥᠩᠭᠡ᠂ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠠᠷᠠᠳ ᠤᠨ ᠶᠠᠪᠤᠳᠠᠯ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠪᠠᠶᠢᠭᠤᠯᠭ᠎ᠠ ᠳᠤ ᠤᠷᠢᠳᠠᠪᠠᠷ ᠦᠢᠯᠡᠴᠢᠯᠡᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠠᠰᠢᠭᠯᠠᠬᠤ᠂ ᠭᠤᠶᠤᠴᠢᠯᠠᠨ ᠮᠡᠳᠡᠭᠦᠯᠬᠦ᠂ ᠬᠡᠷᠡᠭᠯᠡᠬᠦ ᠦᠢᠯᠡᠴᠢᠯᠡᠭᠡ ᠬᠠᠩᠭᠠᠨ᠎ᠠ᠃ ᠲᠠᠪᠤ ᠳᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠠᠰᠢᠭᠯᠠᠬᠤ ᠠᠵᠢᠯ ᠤᠨ ᠬᠡᠷᠡᠭᠴᠡᠭᠡ ᠲᠠᠢ ᠪᠠᠶᠢᠭᠤᠯᠭ᠎ᠠ ᠳᠤ ᠮᠡᠳᠡᠭᠡ ᠵᠠᠩᠭᠢ ᠶᠢ ᠤᠷᠢᠳᠴᠢᠯᠠᠨ ᠠᠰᠢᠭᠯᠠᠭᠤᠯᠬᠤ ᠮᠠᠰᠢᠨ ᠲᠣᠬᠢᠷᠠᠭᠤᠯᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ᠎ᠡ᠃      ᠬᠤᠶᠠᠳᠤᠭᠠᠷ ᠱᠠᠲᠤ ︵2020 ᠣᠨ ᠤ 11 ᠳ᠋ᠦ᠋ᠭᠡᠷ ᠰᠠᠷ᠎ᠠ ᠶᠢᠨ 15 ᠤ ᠡᠳᠦᠷ ᠠᠴᠠ ᠡᠮᠦᠨ᠎ᠡ︶᠄ ᠪᠦᠬᠦ ᠬᠤᠰᠢᠭᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠠᠰᠢᠭᠯᠠᠬᠤ ᠠᠵᠢᠯ ᠳᠤ ᠠᠩᠬ᠎ᠠ ᠠᠯᠬᠤᠮ ᠦᠷ᠎ᠡ ᠪᠦᠲᠦᠮᠵᠢ ᠭᠠᠷᠭᠠᠵᠤ᠂ ᠡᠯ᠎ᠡ ᠪᠠᠶᠢᠭᠤᠯᠭ᠎ᠠ ᠶᠢᠨ ᠡᠬᠢ ᠪᠠᠶᠠᠯᠢᠭ ᠤᠨ ᠭᠠᠷᠴᠠᠭ ᠢ ᠠᠯᠬᠤᠮ ᠠᠯᠬᠤᠮ ᠢᠶᠠᠷ ᠨᠡᠮᠡᠨ᠂ ᠭᠦᠢᠴᠡᠳᠬᠡᠯ ᠲᠤᠭ᠎ᠠ ᠶᠢ ᠦᠷᠭᠦᠯᠵᠢᠯᠡᠨ ᠨᠠᠷᠢᠯᠢᠭᠵᠢᠭᠤᠯᠵᠤ᠂ ᠲᠤᠭ᠎ᠠ ᠪᠠᠷᠢᠮᠲᠠ ᠶᠢᠨ ᠰᠤᠯᠢᠯᠴᠠᠭ᠎ᠠ ᠶᠢ ᠴᠢᠩᠭᠠᠳᠬᠠᠨ᠂ ᠲᠤᠭ᠎ᠠ ᠪᠠᠷᠢᠮᠲᠠ ᠶᠢ ᠶᠡᠷᠦᠩᠬᠡᠶᠢᠯᠡᠨ ᠵᠠᠳᠠᠯᠬᠤ᠂ ᠠᠭᠤᠳᠠᠯᠯᠠᠬᠤ᠂ ᠬᠡᠷᠡᠭᠯᠡᠬᠦ ᠴᠢᠳᠠᠮᠵᠢ ᠶᠢ ᠪᠦᠷᠢᠯᠳᠦᠭᠦᠯᠦᠨ᠎ᠡ᠃      ︵ᠨᠢᠭᠡ︶ 2020 ᠣᠨ ᠤ 10 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ᠂ ᠳᠠᠪᠴᠠᠩ ᠳᠤ ᠲᠤᠭ᠎ᠠ ᠪᠠᠷᠢᠮᠲᠠ ᠣᠷᠣᠭᠤᠯᠬᠤ ᠠᠵᠢᠯ ᠢ ᠪᠡᠶᠡᠯᠡᠭᠦᠯᠦᠨ᠎ᠡ᠃ ᠡᠯ᠎ᠡ ᠪᠠᠶᠢᠭᠤᠯᠭ᠎ᠠ ᠨᠢᠭᠡᠴᠢ ᠶᠢᠨ ᠬᠠᠩᠭᠠᠭᠰᠠᠨ ᠡᠬᠢ ᠪᠠᠶᠠᠯᠢᠭ ᠤᠨ ᠭᠠᠷᠴᠠᠭ ᠲᠤ ᠦᠨᠳᠦᠰᠦᠯᠡᠵᠦ᠂ ᠡᠯ᠎ᠡ ᠪᠠᠶᠢᠭᠤᠯᠭ᠎ᠠ ᠨᠢᠭᠡᠴᠢ ᠶᠢᠨ ᠭᠠᠷᠴᠠᠭ ᠤᠨ ᠲᠤᠭ᠎ᠠ ᠪᠠᠷᠢᠮᠲᠠ ᠶᠢ ᠳᠡᠭᠡᠭᠰᠢ ᠳᠠᠮᠵᠢᠭᠤᠯᠬᠤ ᠪᠠ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠬᠦ ᠠᠵᠢᠯ ᠢ ᠠᠬᠢᠭᠤᠯᠤᠨ᠎ᠠ᠃ ᠡᠯ᠎ᠡ ᠪᠠᠶᠢᠭᠤᠯᠭ᠎ᠠ ᠨᠢᠭᠡᠴᠢ ᠶᠢᠨ ᠲᠤᠬᠠᠶᠢᠯᠠᠭᠰᠠᠨ ᠠᠵᠢᠯ ᠤᠨ ᠬᠡᠷᠡᠭᠴᠡᠭᠡ ᠲᠠᠢ ᠤᠶᠠᠯᠳᠤᠭᠤᠯᠵᠤ᠂ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠳᠠᠪᠴᠠᠩ ᠢᠶᠠᠷ ᠳᠠᠮᠵᠢᠨ ᠲᠤᠭ᠎ᠠ ᠪᠠᠷᠢᠮᠲᠠ ᠣᠷᠣᠭᠤᠯᠬᠤ ᠬᠠᠷᠠᠭᠠᠯᠵᠠᠭᠰᠠᠨ ᠵᠢᠷᠤᠮᠵᠢᠯ ᠪᠠ ᠪᠠᠷᠢᠮᠵᠢᠶ᠎ᠠ ᠬᠠᠩᠭᠠᠨ᠂ ᠡᠯ᠎ᠡ ᠪᠠᠶᠢᠭᠤᠯᠭ᠎ᠠ ᠨᠢᠭᠡᠴᠢ ᠶᠢᠨ ᠬᠤᠭᠤᠷᠣᠨᠳᠤᠬᠢ ᠲᠤᠭ᠎ᠠ ᠪᠠᠷᠢᠮᠲᠠ ᠶᠢ ᠬᠠᠮᠲᠤᠪᠠᠷ ᠠᠰᠢᠭᠯᠠᠬᠤ ᠠᠵᠢᠯ ᠢ ᠠᠩᠬ᠎ᠠ ᠪᠡᠶᠡᠯᠡᠭᠦᠯᠵᠦ᠂ ᠨᠢᠭᠡ ᠪᠦᠯᠦᠭ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠡᠶᠢᠲᠡᠯᠡᠨ᠎ᠡ᠃      ︵ᠬᠤᠶᠠᠷ︶ 2020 ᠣᠨ ᠤ 11 ᠳ᠋ᠦ᠋ᠭᠡᠷ ᠰᠠᠷ᠎ᠠ ᠶᠢᠨ 15 ᠤ ᠡᠳᠦᠷ ᠠᠴᠠ ᠡᠮᠦᠨ᠎ᠡ᠂ ᠪᠦᠬᠦ ᠬᠤᠰᠢᠭᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠠᠰᠢᠭᠯᠠᠬᠤ ᠬᠤᠯᠪᠣᠭᠳᠠᠯ ᠪᠦᠬᠦᠢ ᠳᠦᠷᠢᠮ ᠲᠣᠭᠲᠠᠭᠠᠵᠤ᠂ ᠮᠡᠳᠡᠭᠡ ᠵᠠᠩᠭᠢ ᠶᠢᠨ ᠡᠬᠢ ᠪᠠᠶᠠᠯᠢᠭ ᠬᠠᠩᠭᠠᠭᠴᠢ᠂ ᠬᠡᠷᠡᠭᠯᠡᠭᠴᠢ ᠶᠢᠨ ᠲᠤᠰᠢᠶᠠᠯ ᠬᠠᠷᠢᠭᠤᠴᠠᠯᠭ᠎ᠠ ᠶᠢ ᠳᠣᠲᠤᠷᠬᠠᠶᠢᠯᠠᠨ᠂ ᠲᠤᠭ᠎ᠠ ᠪᠠᠷᠢᠮᠲᠠ ᠴᠤᠭᠯᠠᠭᠤᠯᠬᠤ᠂ ᠲᠤᠭ᠎ᠠ ᠪᠠᠷᠢᠮᠲᠠ ᠬᠤᠷᠢᠶᠠᠩᠭᠤᠶᠢᠯᠠᠬᠤ ᠬᠢᠭᠡᠳ ᠲᠤᠭ᠎ᠠ ᠪᠠᠷᠢᠮᠲᠠ ᠶᠢᠨ ᠦᠢᠯᠡᠴᠢᠯᠡᠭᠡ ᠬᠠᠩᠭᠠᠬᠤ ᠳᠤ ᠢᠯᠡ ᠲᠣᠳᠣ ᠬᠡᠯᠬᠢᠶ᠎ᠡ ᠶᠢ ᠪᠦᠷᠢᠯᠳᠦᠭᠦᠯᠵᠦ᠂ ︽ᠨᠢᠭᠡ ᠲᠤᠭ᠎ᠠ ᠪᠠᠷᠢᠮᠲᠠ ᠨᠢᠭᠡ ᠡᠬᠢ ᠪᠠᠶᠠᠯᠢᠭ︾ ᠢ ᠪᠡᠶᠡᠯᠡᠭᠦᠯᠦᠨ᠂ ᠴᠠᠭ ᠳᠠᠷᠤᠢ ᠳᠤᠨᠢ ᠡᠷᠬᠡ ᠰᠦᠷᠲᠡᠢ᠂ ᠵᠥᠪ ᠣᠨᠣᠪᠴᠢᠲᠠᠢ ᠮᠡᠳᠡᠭᠡ ᠵᠠᠩᠭᠢ ᠨᠡᠶᠢᠲᠡᠯᠡᠬᠦ ᠶᠢ ᠪᠠᠲᠤᠯᠠᠨ᠎ᠠ᠃      ᠭᠤᠷᠪᠡ᠂ ᠪᠠᠲᠤᠯᠠᠬᠤ ᠠᠷᠭ᠎ᠠ ᠪᠠᠷᠢᠯ      ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠃ ᠤᠯᠤᠰ ᠲᠥᠷᠥ ᠶᠢᠨ ᠵᠣᠭᠰᠣᠯᠲᠠ ᠪᠠᠨ ᠦᠨᠡᠨᠬᠦ ᠳᠡᠭᠡᠭᠰᠢᠯᠡᠭᠦᠯᠵᠦ᠂ ᠦᠵᠡᠯ ᠰᠠᠨᠠᠭᠠᠨ ᠤ ᠲᠠᠨᠢᠯᠲᠠ ᠪᠠᠨ ᠭᠦᠨᠵᠡᠭᠡᠶᠢᠷᠡᠭᠦᠯᠦᠨ᠂ ᠤᠯᠤᠰ ᠲᠥᠷᠥ ᠶᠢ ᠡᠷᠬᠢᠮᠯᠡᠵᠦ᠂ ᠪᠦᠬᠦ ᠲᠠᠯ᠎ᠠ ᠶᠢ ᠪᠣᠳᠣᠯᠬᠢᠯᠠᠬᠤ ᠦᠨᠳᠦᠷᠴᠨ ᠠᠴᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠨᠢᠭᠡᠳᠬᠡᠨ ᠬᠠᠮᠲᠤᠪᠠᠷ ᠠᠰᠢᠭᠯᠠᠬᠤ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠨ᠎ᠠ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠠᠰᠢᠭᠯᠠᠬᠤ ᠠᠵᠢᠯ ᠢ ᠬᠤᠪᠢᠶᠠᠨ ᠬᠠᠮᠢᠶᠠᠷᠴᠤ ᠪᠦᠬᠦᠢ ᠤᠳᠤᠷᠢᠳᠤᠯᠭ᠎ᠠ ᠶᠢ ᠲᠣᠳᠣᠷᠬᠠᠶᠢᠯᠠᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠠᠰᠢᠭᠯᠠᠬᠤ ᠠᠵᠢᠯ ᠢ ᠬᠠᠷᠢᠭᠤᠴᠠᠭᠤᠯᠤᠨ᠂ ᠡᠷᠬᠡ ᠬᠠᠷᠢᠭᠤᠴᠠᠯᠭ᠎ᠠ ᠪᠠᠨ ᠨᠢᠭᠡᠳᠦᠭᠦᠯᠬᠦ᠂ ᠠᠵᠢᠯ ᠢᠶᠠᠨ ᠵᠣᠬᠢᠰᠲᠠᠢ ᠬᠤᠪᠢᠶᠠᠷᠢᠯᠠᠬᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢ ᠭᠠᠷᠭᠠᠬᠤ᠂ ᠰᠠᠭᠠᠳ ᠦᠭᠡᠢ ᠬᠡᠷᠡᠭᠵᠢᠭᠦᠯᠬᠦ᠂ ᠬᠦᠴᠦᠲᠡᠢ ᠬᠢᠨᠠᠯᠲᠠ ᠲᠠᠯᠪᠢᠬᠤ ᠠᠵᠢᠯ ᠤᠨ ᠲᠣᠭᠲᠠᠴᠠ ᠶᠢ ᠪᠦᠷᠢᠯᠳᠦᠭᠦᠯᠦᠨ᠎ᠡ᠃      ︵ᠬᠤᠶᠠᠷ︶ ᠬᠢᠨᠠᠨ ᠰᠢᠯᠭᠠᠷᠠᠭᠤᠯᠤᠯᠲᠠ᠃ ᠦᠷ᠎ᠡ ᠪᠦᠲᠦᠮᠵᠢ ᠶᠢ ᠦᠨᠡᠯᠡᠬᠦ ᠪᠠ ᠬᠢᠨᠠᠨ ᠰᠢᠯᠭᠠᠷᠠᠭᠤᠯᠬᠤ ᠳᠦᠷᠢᠮ ᠢ ᠪᠠᠶᠢᠭᠤᠯᠵᠤ ᠲᠡᠭᠦᠯᠳᠡᠷᠵᠢᠭᠦᠯᠦᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠠᠰᠢᠭᠯᠠᠬᠤ ᠠᠵᠢᠯ ᠢ ᠪᠦᠬᠦ ᠬᠤᠰᠢᠭᠤᠨ ᠤ ︽ᠲᠠᠪᠤ ᠶᠢ ᠴᠣᠭᠴᠠᠵᠢᠭᠤᠯᠬᠤ︾ ᠬᠢᠨᠠᠨ ᠰᠢᠯᠭᠠᠷᠠᠭᠤᠯᠤᠯᠲᠠ ᠳᠤ ᠣᠷᠣᠭᠤᠯᠵᠤ᠂ ᠭᠦᠢᠴᠡᠳᠬᠡᠯ ᠲᠤᠭ᠎ᠠ ᠳᠤ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠠᠰᠢᠭᠯᠠᠬᠤ ᠠᠵᠢᠯ ᠤᠨ ᠵᠢᠭᠰᠠᠭᠠᠯᠲᠠ᠂ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠠᠰᠢᠭᠯᠠᠬᠤ ᠶᠢ ᠴᠠᠭ ᠳᠠᠷᠤᠢ ᠳᠤᠨᠢ ᠭᠦᠢᠴᠡᠳᠬᠡᠭᠰᠡᠨ ᠨᠣᠷᠮ᠎ᠠ᠂ ᠲᠤᠭ᠎ᠠ ᠪᠠᠷᠢᠮᠲᠠ ᠶᠢ ᠰᠢᠨᠡᠳᠬᠡᠭᠰᠡᠨ ᠨᠣᠷᠮ᠎ᠠ᠂ ᠲᠤᠭ᠎ᠠ ᠪᠠᠷᠢᠮᠲᠠ ᠶᠢᠨ ᠴᠢᠨᠠᠷ ᠴᠢᠨᠰᠠᠭ᠎ᠠ ᠪᠠ ᠲᠤᠭ᠎ᠠ ᠪᠠᠷᠢᠮᠲᠠ ᠶᠢ ᠠᠰᠢᠭᠯᠠᠵᠤ ᠪᠣᠯᠬᠤ ᠰᠢᠨᠵᠢ᠂ ᠪᠦᠷᠢᠨ ᠪᠦᠲᠦᠨ ᠰᠢᠨᠵᠢ᠂ ᠨᠢᠭᠡᠳᠦᠮᠡᠯ ᠰᠢᠨᠵᠢ ᠶᠢ ᠪᠠᠭᠲᠠᠭᠠᠬᠤ ᠪᠣᠯᠪᠠᠴᠤ ᠡᠳᠡᠭᠡᠷ ᠨᠣᠷᠮ᠎ᠠ ᠤᠳ ᠢ ᠬᠢᠵᠠᠭᠠᠷᠯᠠᠬᠤ ᠦᠭᠡᠢ᠃      ︵ᠭᠤᠷᠪᠡ︶ ᠤᠬᠠᠭᠤᠯᠤᠨ ᠮᠡᠳᠡᠭᠡᠯᠡᠬᠦ᠃ ᠲᠤᠭ᠎ᠠ ᠪᠠᠷᠢᠮᠲᠠ ᠶᠢ ᠨᠢᠭᠡᠳᠬᠡᠵᠦ ᠬᠠᠮᠲᠤᠪᠠᠷ ᠠᠰᠢᠭᠯᠠᠬᠤ ᠠᠵᠢᠯ ᠢ ᠤᠬᠠᠭᠤᠯᠬᠤ ᠡᠷᠴᠢᠮ ᠢ ᠦᠨᠡᠨᠬᠦ ᠴᠢᠩᠭᠠᠳᠬᠠᠵᠤ᠂ ᠰᠠᠶᠢᠨ ᠲᠤᠷᠰᠢᠯᠭ᠎ᠠ ᠶᠢ  ᠤᠬᠠᠭᠤᠯᠵᠤ ᠮᠡᠳᠡᠭᠡᠯᠡᠨ᠂ ᠪᠦᠬᠦ ᠬᠤᠰᠢᠭᠤᠨ ᠳᠤ ᠬᠦᠴᠦ ᠪᠠᠨ ᠲᠥᠪᠯᠡᠷᠡᠭᠦᠯᠵᠦ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠠᠰᠢᠭᠯᠠᠬᠤ ᠰᠠᠶᠢᠨ ᠰᠠᠶᠢᠬᠠᠨ ᠣᠷᠴᠢᠨ ᠢ ᠪᠦᠷᠢᠯᠳᠦᠭᠦᠯᠦᠨ᠎ᠡ᠃      ᠳᠥᠷᠪᠡ᠂ ᠠᠵᠢᠯ ᠤᠨ ᠠᠬᠢᠴᠠ ᠶᠢᠨ ᠮᠡᠳᠡᠭᠦᠯᠦᠯᠲᠡ      ᠡᠯ᠎ᠡ ᠪᠠᠶᠢᠭᠤᠯᠭ᠎ᠠ ᠨᠢᠭᠡᠴᠢ ᠰᠠᠷ᠎ᠠ ᠪᠦᠷᠢ ︵ᠰᠠᠷ᠎ᠠ ᠪᠣᠯᠭᠠᠨ ᠤ 28 ᠤ ᠡᠳᠦᠷ︶ ᠬᠤᠰᠢᠭᠤᠨ ᠤ ᠲᠣᠮᠣ ᠳ᠋ᠠᠶᠢᠲ᠋ᠠ ᠶᠢᠨ ᠲᠥᠪ ᠲᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠠᠰᠢᠭᠯᠠᠬᠤ ᠠᠵᠢᠯ ᠤᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢᠶᠠᠨ ᠮᠡᠳᠡᠭᠦᠯᠦᠨ᠎ᠡ᠂ ᠮᠡᠳᠡᠭᠦᠯᠬᠦ ᠠᠭᠤᠯᠭ᠎ᠠ ᠳᠤ ᠠᠬᠢᠭᠤᠯᠬᠤ ᠲᠥᠰᠥᠯ᠂ ᠬᠤᠷᠠᠯᠳᠤᠭᠤᠯᠤᠭᠰᠠᠨ ᠬᠤᠷᠠᠯ᠂ ᠪᠠᠶᠢᠭᠤᠯᠤᠭᠰᠠᠨ ᠳᠦᠷᠢᠮ᠂ ᠲᠣᠭᠲᠠᠭᠠᠭᠰᠠᠨ ᠬᠡᠯᠡᠯᠴᠡᠭᠡᠷ᠂ ᠭᠤᠶᠤᠴᠢᠯᠠᠨ ᠮᠡᠳᠡᠭᠦᠯᠦᠭᠰᠡᠨ ᠲᠥᠯᠥᠪᠯᠡᠭᠡ᠂ ᠬᠠᠷᠢᠯᠴᠠᠭᠰᠠᠨ ᠪᠠᠶᠢᠳᠠᠯ᠂ ᠣᠷᠣᠭᠤᠯᠤᠭᠰᠠᠨ ᠲᠤᠭ᠎ᠠ ᠪᠠᠷᠢᠮᠲᠠ ᠵᠡᠷᠭᠡ ᠶᠢ ᠪᠠᠭᠲᠠᠭᠠᠬᠤ ᠪᠣᠯᠪᠠᠴᠤ ᠮᠡᠳᠡᠭᠦᠯᠬᠦ ᠲᠤᠭ᠎ᠠ ᠶᠢ ᠬᠢᠵᠠᠭᠠᠷᠯᠠᠬᠤ ᠦᠭᠡᠢ᠃      ᠬᠠᠷᠢᠯᠴᠠᠬᠤ ᠬᠥᠮᠥᠨ᠄ ᠶᠠᠩ ᠵᠢᠶᠠ ᠵᠢᠩ 15047135808      ᠰᠢᠤᠳᠠᠨ ᠤ ᠬᠠᠶᠢᠷᠴᠠᠭ᠄ 409654844@qq.com                ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ        2020 ᠣᠨ ᠤ 8 ᠳ᠋ᠤᠭᠠᠷ ᠰᠠᠷ᠎ᠠ ᠶᠢᠨ 26 ᠤ ᠡᠳᠦᠷ ᠳᠠᠷᠤᠮᠠᠯᠯᠠᠨ ᠲᠠᠷᠬᠠᠭᠠᠪᠠ
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ