ᠤᠷᠤᠨ ᠤ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ  ᠪᠦᠷᠢᠨᠪᠠᠶᠠᠷ
ᠨᠡᠶᠢᠲᠡᠯᠡᠭᠰᠡᠨ ᠴᠠᠭ᠄
2020/9/11
     ᠦᠷᠯᠦᠭᠦᠳ ᠪᠦᠷᠢᠨᠪᠠᠶᠠᠷ᠂ 1972 ᠤᠨ ᠤ 11 ᠰᠠᠷ᠎ᠠ ᠶᠢᠨ 25 ᠳᠤ ᠤᠳᠤᠭ ᠬᠤᠰᠢᠭᠤᠨ ᠤ ᠤᠤᠯ  ᠤᠨ ᠰᠢᠨᠡᠵᠤᠤ ᠰᠤᠮᠤᠨ ᠤ ᠤᠯᠠᠭᠠᠨᠴᠢᠷᠭ᠎ᠠ ᠭᠠᠴᠠᠭᠠᠨ ᠳᠤ ᠸᠠᠩᠫᠢᠯ ︵ ᠸᠠᠩᠫᠢᠯᠨᠤᠷᠪᠤ︶᠂ ᠮᠢᠩᠭᠠᠯᠠᠩ ᠤᠨ ᠤᠤᠭᠠᠨ ᠬᠥᠪᠡᠭᠦᠨ ᠨᠢ ᠪᠤᠯᠵᠤ ᠵᠠᠶᠠᠭᠠᠵᠠᠢ᠃ 1988 ᠤᠨ ᠳᠤ ᠤᠤᠯ  ᠤᠨ ᠡᠷᠭᠡᠳᠤ ᠰᠤᠮᠤᠨ ᠤ ᠵᠠᠰᠠᠭ ᠤᠨ ᠤᠷᠳᠤᠨ ᠳᠤ ᠠᠵᠢᠯᠯᠠᠵᠤ᠂ 2008 ᠤᠨ ᠳᠤ ᠤᠳᠤᠭ ᠬᠤᠰᠢᠭᠤᠨ ᠤ ᠰᠤᠶᠤᠯ ᠤᠨ ᠲᠤᠪᠴᠢᠶᠠᠨ ᠳᠤ ᠠᠵᠢᠯ ᠰᠢᠯᠵᠡᠪᠡ᠃ ᠥᠪᠤᠷ ᠮᠤᠩᠭᠤᠯ  ᠤᠨ ᠥᠪᠡᠷᠳᠡᠭᠡᠨ ᠵᠠᠰᠠᠬᠤ ᠤᠷᠤᠨ ᠤ ᠤᠷᠤᠨ  ᠤ ᠲᠡᠰ ᠤᠨ ᠠᠩᠬᠠᠳᠠᠭᠴᠢ ᠪᠥᠯᠥᠭ ᠪᠤᠳᠠᠰ ᠤᠨ ᠪᠤᠰᠤ ᠰᠤᠶᠤᠯ ᠤᠨ ᠥᠪ ᠤᠨ ᠲᠤᠯᠤᠢ ᠡᠵᠡᠨ ᠤ ᠲᠠᠶᠢᠯᠭ᠎ᠠ ᠲᠠᠬᠢᠯᠭ᠎ᠠ  ᠶᠢᠨ ᠲᠥᠯᠥᠭᠡᠯᠡᠬᠦ ᠴᠢᠨᠠᠷᠳᠠᠢ ᠤᠯᠠᠮᠵᠢᠯᠠᠭᠴᠢ᠂ ᠦᠪᠦᠷ ᠮᠤᠩᠭᠤᠯ ᠤᠨ ᠠᠷᠠᠳ ᠤᠨ ᠤᠷᠠᠯᠢᠭᠴᠢᠳ ᠤᠨ ᠨᠡᠶᠢᠭᠡᠮᠯᠢᠭ ᠠᠴᠠ ᠠᠷᠠᠳ ᠤᠨ ᠤᠷᠠᠯᠢᠭᠴᠢᠳ ᠤᠨ ᠨᠡᠷ᠎ᠡ ᠭᠦᠨᠳᠦᠳᠦ ᠪᠠᠭᠰᠢ ᠪᠠᠷ ᠨᠡᠷᠡᠶᠢᠳᠦᠪᠡ᠃ ᠥᠪᠤᠷ ᠮᠤᠩᠭᠤᠯ ᠤᠨ ᠤᠳᠤᠭ ᠬᠤᠰᠢᠭᠤᠨ ᠤ ᠰᠤᠶᠤᠯ ᠤᠨ ᠲᠤᠪᠴᠢᠶᠠᠨ ᠤ ᠰᠤᠶᠤᠯ ᠤᠨ ᠠᠵᠤ ᠥᠢᠯᠡᠰ ᠤᠨ ᠲᠠᠰᠤᠭ ᠤᠨ ᠲᠠᠷᠤᠭ᠎ᠠ᠂ ᠥᠪᠤᠷ ᠮᠤᠩᠭᠤᠯ ᠤᠨ ᠤᠳᠤᠭ ᠬᠤᠰᠢᠭᠤᠨ ᠤ ᠲᠤᠯᠤᠢ ᠡᠵᠡᠨ ᠤ ᠲᠠᠶᠢᠯᠭ᠎ᠠ ᠶᠢᠨ ᠰᠤᠶᠤᠯ ᠢ ᠰᠤᠳᠤᠯᠬᠤ ᠨᠡᠶᠢᠬᠡᠮᠯᠢᠭ  ᠤᠨ ᠲᠠᠷᠤᠭ᠎ᠠ ᠵᠡᠷᠭᠡ ᠲᠤᠰᠢᠶᠠᠯ ᠢ ᠬᠠᠷᠢᠭᠤᠴᠠᠵᠤ ᠪᠤᠢ᠃ 2005 ᠤᠨ ᠳᠤ ᠥᠪᠤᠷ ᠮᠤᠩᠭᠤᠯ ᠤᠨ ᠨᠠᠮ ᠤᠨ ᠰᠤᠷᠭᠠᠭᠤᠯᠢ ᠶᠢᠨ ᠵᠢᠩᠬᠢᠨᠢ ᠠᠩᠬᠢ ᠠᠴᠠ ᠲᠡᠭᠦᠰᠴᠤ᠂ ᠮᠤᠩᠭᠤᠯ ᠤᠯᠤᠰ ᠤᠨ ᠭᠤᠷᠪᠠᠨ ᠡᠷᠳᠡᠨᠢ ᠪᠠᠭᠰᠢ ᠶᠢᠨ ᠲᠡᠭᠡᠳᠤ ᠰᠤᠷᠭᠠᠭᠤᠯᠢ  ᠳᠤ ᠮᠠᠺᠰᠲ᠋ᠧᠷ ᠴᠤᠯᠠ ︵ᠰᠤᠳᠤᠯᠬᠤ ᠰᠤᠷᠤᠭᠴᠢ︶ ᠬᠠᠮᠠᠭᠠᠯᠠᠵᠤ᠂ ᠤᠳᠤ ᠠᠵᠢᠯ ᠤᠨ ᠴᠢᠯᠤᠭᠡᠨ᠎ᠡ ᠮᠤᠩᠭᠤᠯ ᠤᠯᠤᠰ ᠲᠤ ᠳ᠋ᠤᠺᠲ᠋ᠤᠷ ᠴᠤᠯᠠ ᠬᠠᠮᠠᠭᠠᠯᠠᠬᠤ ᠪᠠᠷ ᠰᠤᠷᠤᠯᠴᠠᠵᠤ ᠪᠤᠢ᠃      1999 ᠤᠨ ᠳᠤ ᠲᠤᠯᠤᠢ ᠡᠵᠡᠨ ᠤ ᠲᠠᠶᠢᠯᠭ᠎ᠠ ᠶᠢᠨ ᠬᠠᠭᠤᠴᠢᠨ ᠵᠢᠭᠢ ᠶᠢᠨ ᠭᠠᠵᠠᠷ ᠢ ᠤᠳᠤᠭ ᠬᠤᠰᠢᠭᠤᠨ ᠤ ᠵᠠᠰᠠᠭ ᠤᠨ ᠤᠷᠳᠤᠨ ᠠᠴᠠ ᠲᠡᠦᠭᠡ ᠶᠢᠨ ᠲᠤᠷᠠᠰᠬᠠᠯᠳᠤ ᠵᠦᠢᠯᠡᠰ ᠤᠨ ᠭᠤᠤᠯᠳᠠᠯᠭᠠᠳᠤ ᠬᠠᠮᠠᠭᠠᠯᠠᠬᠤ ᠨᠢᠭᠡᠴᠡ ᠪᠠᠷ ᠲᠤᠭᠳᠠᠭᠠᠭᠰᠠᠨ ᠤ ᠲᠠᠷᠠᠭ᠎ᠠ᠂ ᠲᠤᠯᠤᠢ ᠡᠵᠡᠨ ᠰᠢᠳᠦᠭᠡᠨ ᠤ ᠲᠠᠶᠢᠯᠭ᠎ᠠ ᠲᠠᠭᠢᠯᠭ᠎ᠠ ᠶᠢ ᠰᠡᠷᠭᠦᠭᠡᠭᠦ ᠠᠩᠬᠠᠨ ᠤ ᠰᠠᠨᠠᠭᠠᠴᠢᠯᠠᠭ᠎ᠠ ᠶᠢ ᠤᠯᠠᠨ ᠲᠦᠮᠡᠨ ᠪᠤᠯᠤᠨ ᠵᠠᠰᠠᠭ ᠤᠨ ᠭᠠᠵᠠᠷ ᠮᠡᠳᠡᠭᠦᠯᠦᠯᠳᠡ ᠭᠢᠵᠤ᠂ ᠲᠤᠯᠤᠢ ᠡᠵᠡᠨ  ᠤ ᠲᠠᠷᠬᠠᠳ ᠤᠨ ᠶᠠᠮᠤᠳᠤ ᠤᠯᠠᠮᠵᠢᠯᠠᠯ ᠪᠤᠯᠤᠨ ᠭᠡᠷ ᠤᠨ ᠤᠯᠠᠮᠵᠢᠯᠠᠯ ᠢ ᠭᠡᠳᠦᠨᠳᠡ ᠡᠮᠭᠢᠳᠭᠡᠵᠤ᠂ ᠲᠤᠰᠬᠠᠢ ᠰᠤᠳᠤᠯᠬᠤ ᠨᠡᠶᠢᠭᠡᠮᠯᠢᠭ ᠪᠠᠶᠢᠭᠤᠯᠤᠨ᠂ ᠤᠯᠤᠰ ᠤᠨ ᠪᠤᠯᠤᠨ ᠤᠯᠠᠨ ᠤᠯᠤᠰ ᠤᠨ ᠶᠠᠷᠢᠯᠴᠠᠨ ᠰᠤᠳᠤᠯᠬᠤ ᠬᠤᠷᠠᠯ ᠢ ᠵᠤᠭᠢᠶᠠᠨ ᠪᠠᠶᠢᠭᠤᠯᠤᠭᠰᠠᠨ ᠶᠤᠮ᠃      ᠤᠳᠤ ᠲᠤᠯᠤᠢ ᠡᠵᠡᠨ ᠤ ᠲᠠᠶᠢᠯᠭ᠎ᠠ ᠲᠠᠭᠢᠯᠭ᠎ᠠ ᠶᠢᠨ ᠰᠤᠶᠤᠯ ᠢ ᠬᠠᠮᠠᠭᠠᠯᠠᠬᠤ ᠲᠠᠯ᠎ᠠ ᠪᠠᠷ ᠦᠪᠦᠷ ᠮᠤᠩᠭᠤᠯ  ᠤᠨ ᠦᠪᠡᠷᠳᠡᠭᠡᠨ ᠵᠠᠰᠠᠬᠤ ᠤᠷᠤᠨ ᠤ ᠲᠡᠦᠭᠡ ᠶᠢᠨ ᠲᠤᠷᠠᠰᠬᠠᠯᠳᠤ ᠵᠦᠢᠯᠡᠰ ᠤᠨ ᠭᠤᠤᠯᠳᠠᠯᠭᠠᠳᠤ ᠬᠠᠮᠠᠭᠠᠯᠠᠬᠤ ᠨᠢᠭᠡᠴᠡ ᠪᠤᠯᠭᠠᠬᠤ ᠪᠠᠷ ᠰᠠᠨᠠᠭᠠᠴᠢᠯᠠᠵᠤ᠂ ᠪᠤᠳᠠᠰ ᠤᠨ ᠪᠤᠰᠤ ᠰᠤᠶᠤᠯ ᠤᠨ ᠦᠪ ᠤᠨ ᠲᠠᠯ᠎ᠠ ᠪᠠᠷ ᠤᠯᠤᠰ ᠤᠨ ᠲᠦᠷᠪᠡᠳᠦᠭᠡᠷ ᠤᠳᠠᠭᠠᠨ ᠤ ᠪᠤᠳᠠᠰ ᠤᠨ ᠪᠤᠰᠤ ᠰᠤᠶᠤᠯ ᠤᠨ ᠦᠪ ᠲᠤ ᠲᠡᠮᠳᠡᠭᠯᠡᠭᠦᠯᠭᠦ ᠲᠦᠷᠦᠯ ᠵᠦᠢᠯ ᠳᠤ ᠲᠡᠪᠰᠢᠭᠦᠯᠵᠤ ᠪᠠᠶᠢᠨ᠎ᠠ᠃      ᠮᠦᠨ ᠴᠤ ᠨᠠᠮ ᠲᠦᠷᠦ ᠶᠢᠨ ᠰᠤᠶᠤᠯ ᠢ ᠲᠡᠮᠵᠢᠭᠦ ᠶᠡᠭᠡ ᠰᠠᠶᠢᠬᠠᠨ ᠲᠦᠷᠦ ᠶᠢᠨ ᠪᠤᠳᠤᠯᠭ᠎ᠠ ᠲᠤᠤᠷ᠎ᠠ ᠲᠤᠯᠤᠢ ᠡᠵᠡᠨ ᠤ ᠰᠤᠶᠤᠯ ᠤᠨ ᠠᠵᠤ ᠦᠢᠯᠡᠰ ᠨᠢ ᠲᠤᠭᠳᠠᠩᠭᠤᠢ ᠮᠦᠷᠳᠡᠭᠡᠨ ᠵᠦᠢ ᠵᠤᠭᠢᠰᠳᠠᠢ ᠭᠦᠭᠵᠢᠯᠳᠡ ᠳᠡᠭᠡᠨ ᠤᠷᠤᠭᠰᠠᠨ ᠪᠠᠶᠢᠨ᠎ᠠ᠃ ᠲᠤᠬᠠᠶᠢᠯᠠᠪᠠᠯ᠄ ᠲᠤᠯᠤᠢ ᠡᠵᠡᠨ ᠤ ᠰᠤᠶᠤᠯ ᠤᠨ ᠠᠵᠤ ᠦᠢᠯᠡᠰ ᠨᠢ ᠤᠷᠳᠤᠰ ᠬᠤᠳᠠ ᠶᠢᠨ ︽12.5︾ ᠲᠦᠯᠦᠪᠯᠡᠭᠡ ᠳᠤ ᠤᠷᠤᠵᠤ᠂ ᠬᠤᠰᠢᠭᠤ ᠵᠠᠰᠠᠭ ᠤᠨ ᠤᠷᠳᠤᠨ ᠠᠴᠠ ᠴᠢᠩᠭᠢᠰ ᠬᠠᠭᠠᠨ ᠤ ᠭᠠᠯ ᠭᠤᠯᠤᠮᠳᠠ ᠶᠢᠨ ᠰᠤᠶᠤᠯ ᠤᠨ ᠲᠤᠯᠤᠢ ᠡᠵᠡᠨ ᠤ ᠲᠠᠶᠢᠯᠭ᠎ᠠ ᠲᠠᠭᠢᠯᠭ᠎ᠠ ᠶᠢᠨ ᠤᠷᠳᠤ ᠪᠤᠯᠤᠨ ᠲᠤᠯᠤᠢ ᠡᠵᠡᠨ ᠤ ᠮᠦᠸᠧᠽᠢ ᠪᠠᠶᠢᠭᠤᠯᠬᠤ ᠪᠠᠷ ᠲᠤᠭᠳᠠᠮᠠᠯ ᠡᠳ᠋ ᠭᠦᠷᠦᠩᠭᠡ ᠶᠢᠨ ᠪᠦᠷᠢᠳᠭᠡᠯ ᠳᠤ ᠤᠷᠤᠭᠤᠯᠵᠤ ᠲᠦᠯᠦᠪᠯᠡᠭᠡ ᠭᠢᠵᠤ᠂ ᠭᠠᠵᠠᠷ ᠰᠢᠷᠥᠢ ᠶᠢᠨ ᠠᠰᠠᠭᠤᠳᠠᠯ ᠢ ᠰᠢᠢᠳᠪᠤᠷᠢᠯᠡᠭᠰᠡᠨ ᠪᠠᠶᠢᠨ᠎ᠠ᠃      2012 ᠤᠨ ᠤ 8 ᠰᠠᠷ᠎ᠠ ᠳᠤ ᠤᠳᠤᠭ ᠬᠤᠰᠢᠭᠤ ᠶᠢ ᠲᠤᠮᠳᠠᠳᠤ ᠤᠯᠤᠰ ᠤᠨ ᠠᠷᠠᠳ ᠤᠨ ᠤᠷᠠᠯᠢᠭᠴᠢᠳ  ᠤᠨ ᠨᠡᠶᠢᠭᠡᠮᠯᠢᠭ ᠠᠴᠠ ︽ᠴᠢᠩᠭᠢᠰ ᠬᠠᠭᠠᠨ ᠤ ᠭᠠᠯ ᠭᠤᠯᠤᠮᠳᠠ ᠶᠢᠨ ᠰᠤᠶᠤᠯ ᠤᠨ ᠦᠯᠦᠭᠡᠢ︾ ᠭᠡᠵᠤ ᠨᠡᠷᠡᠶᠢᠳᠦᠵᠤ ᠂ ᠲᠤᠯᠤᠢ ᠡᠵᠡᠨ ᠤ ᠲᠠᠶᠢᠯᠭ᠎ᠠ ᠲᠠᠭᠢᠯᠭ᠎ᠠ ᠶᠢᠨ ᠭᠠᠵᠠᠷ ᠢ ︽ᠴᠢᠩᠭᠢᠰ ᠬᠠᠭᠠᠨ ᠤ ᠭᠠᠯ ᠭᠤᠯᠤᠮᠳᠠ ᠶᠢᠨ ᠰᠤᠶᠤᠯ ᠢ ᠤᠯᠠᠮᠵᠢᠯᠠᠨ ᠬᠠᠮᠠᠭᠠᠯᠠᠬᠤ ᠰᠠᠭᠤᠷᠢᠨ ᠭᠠᠵᠠᠷ︾ ᠭᠡᠵᠤ ᠨᠡᠷᠡᠶᠢᠳᠦᠪᠡ᠃
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ