ᠪᠦᠬᠦ ᠬᠤᠰᠢᠭᠤᠨ ᠤ ᠵᠡᠭᠡᠷᠭᠡᠨ᠎ᠡ ᠶᠢᠨ ᠡᠬᠢ ᠪᠠᠶᠠᠯᠢᠭ ᠢ ᠨᠠᠷᠢᠨ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠢ ᠣᠳᠤᠭ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2020/9/21
               ᠣᠳᠤᠭ ᠵᠡᠰᠠᠭ ᠠᠯᠪᠡᠨ ᠲᠡᠷᠬᠠᠭᠠᠭᠰᠡᠨ  ﹇2020﹈ 50 ᠳ᠋ᠤᠭᠠᠷ ᠲᠣᠭᠠᠳᠣ       ᠪᠦᠬᠦ ᠬᠤᠰᠢᠭᠤᠨ ᠤ ᠵᠡᠭᠡᠷᠭᠡᠨ᠎ᠡ ᠶᠢᠨ ᠡᠬᠢ ᠪᠠᠶᠠᠯᠢᠭ ᠢ ᠨᠠᠷᠢᠨ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠢ ᠣᠳᠤᠭ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ ᠤᠨ ᠮᠡᠳᠡᠭᠳᠡᠯᠡᠯ᠎ᠠ ᠰᠣᠮᠣ ᠪᠡᠯᠭᠠᠰᠥᠨ ᠤ ᠠᠷᠡᠳ ᠤᠨ ᠵᠡᠰᠠᠭ ᠤᠨ ᠣᠷᠳᠣᠨ ᠳᠤ᠄      ᠪᠦᠬᠦ ᠬᠤᠰᠢᠭᠤᠨ ᠤ ᠵᠡᠭᠡᠷᠭᠡᠨ᠎ᠡ ᠶᠢᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠡᠭᠡᠷᠭᠡᠨ᠎ᠡ ᠶᠢᠨ ᠡᠬᠢ ᠪᠠᠶᠠᠯᠢᠭ ᠢ ᠬᠠᠤᠯᠢ ᠪᠤᠰᠤ ᠠᠷᠭ᠎ᠠ ᠵᠠᠮ ᠢᠶᠠᠷ ᠪᠣᠷᠣᠯᠠᠭᠤᠯᠬᠤ ᠶᠢ ᠬᠤᠷᠢᠭᠯᠠᠬᠤ ᠶᠢᠨ ᠲᠤᠰᠠᠳᠠ᠂ ᠪᠦᠬᠦ ᠬᠤᠰᠢᠭᠤᠨ ᠤ ᠬᠤᠣᠷ ᠴᠠᠭᠠᠵᠠᠯᠠᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ 2020 ᠣᠨ ᠤ 9 ᠰᠠᠷ᠎ᠠ ᠶᠢᠨ 21 ᠤ ᠡᠳᠦᠷ ᠠᠴᠠ 9 ᠰᠠᠷ᠎ᠠ ᠶᠢᠨ 30 ᠤ ᠡᠳᠦᠷ ᠪᠣᠯᠲᠠᠯ᠎ᠠ᠂ ᠪᠦᠬᠦ ᠬᠤᠰᠢᠭᠤᠨ ᠳᠤ ᠵᠡᠭᠡᠷᠭᠡᠨ᠎ᠡ ᠶᠢᠨ ᠡᠬᠢ ᠪᠠᠶᠠᠯᠢᠭ ᠢ ᠨᠠᠷᠢᠨ ᠪᠠᠶᠢᠴᠠᠭᠠᠬᠤ ᠠᠵᠢᠯ ᠢ ᠥᠷᠨᠢᠭᠦᠯᠬᠦ ᠪᠠᠷ ᠪᠣᠯᠪᠠ᠂ ᠡᠳᠦᠭᠡ ᠪᠣᠳᠠᠲᠤ ᠠᠵᠢᠯ ᠤᠨ ᠱᠠᠭᠠᠷᠳᠠᠯᠭ᠎ᠠ ᠶᠢ ᠳᠣᠣᠷᠠᠬᠢ ᠮᠡᠲᠦ ᠪᠠᠷ ᠮᠡᠳᠡᠭᠳᠡᠶ᠎ᠡ᠄      ᠨᠢᠭᠡ᠂ ᠦᠵᠡᠯ ᠲᠠᠨᠢᠯᠲᠠ ᠪᠠᠨ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠣᠶᠢᠷ᠎ᠠ ᠶᠢᠨ ᠵᠢᠯ ᠤᠳ ᠲᠤ᠂ ᠮᠠᠨ ᠤ ᠤᠯᠤᠰ ᠤᠨ ᠵᠡᠭᠡᠷᠭᠡᠨ᠎ᠡ ᠶᠢᠨ ᠱᠦᠯᠲᠤ ᠶᠢᠨ ᠬᠤᠣᠷᠲᠤ ᠡᠳ᠋ ᠦᠢᠯᠡᠳᠬᠦ ᠪᠣᠳᠠᠰ ᠵᠢᠴᠢ ᠨᠡᠶᠢᠯᠡᠮᠡᠯ ᠵᠣᠷ ᠤᠨ ᠬᠢᠨᠢ ᠨᠠᠶᠢᠷᠠᠯᠭ᠎ᠠ ᠶᠢᠨ ᠬᠢᠨᠠᠯᠲᠠ ᠬᠠᠮᠢᠶᠠᠷᠤᠯᠲᠠ ᠶᠢᠨ ᠴᠢᠩᠭᠠᠷᠠᠬᠤ ᠶᠢ ᠳᠠᠭᠠᠯᠳᠤᠨ᠂ ᠵᠡᠭᠡᠷᠭᠡᠨ᠎ᠡ ᠶᠢᠨ ᠱᠥᠯᠲᠤ ᠶᠢᠨ ᠬᠤᠣᠷᠲᠤ ᠡᠳ᠋ ᠦᠢᠯᠡᠳᠬᠦ ᠪᠣᠳᠠᠰ ᠵᠢᠴᠢ ᠨᠡᠶᠢᠯᠡᠮᠡᠯ ᠵᠣᠷ ᠤᠨ ᠬᠢᠨᠢ ᠨᠠᠶᠢᠷᠠᠯᠭ᠎ᠠ ᠪᠠᠷ ᠮᠥᠰᠥᠨ ᠬᠤᠣᠷ ᠦᠢᠯᠡᠳᠬᠦ ᠶᠠᠯᠠᠲᠤ ᠠᠵᠢᠯᠯᠠᠭ᠎ᠠ ᠶᠢ ᠪᠦᠲᠦᠮᠵᠢᠲᠡᠢ ᠬᠤᠷᠢᠭᠯᠠᠭᠰᠠᠨ ᠪᠠᠶᠢᠨ᠎ᠠ᠃ ᠭᠡᠪᠡᠴᠦ᠂ ᠵᠡᠭᠡᠷᠭᠡᠨ᠎ᠡ ᠠᠴᠠ ᠵᠡᠭᠡᠷᠭᠡᠨ᠎ᠡ ᠶᠢᠨ ᠱᠥᠯᠲᠤ ᠶᠢᠨ ᠬᠤᠣᠷᠲᠤ ᠡᠳ᠋ ᠦᠢᠯᠡᠳᠬᠦ ᠪᠣᠳᠠᠰ ᠭᠠᠷᠭᠠᠨ ᠠᠪᠴᠤ ᠮᠥᠰᠥᠨ ᠬᠤᠣᠷ ᠦᠢᠯᠡᠳᠬᠦ ᠠᠰᠠᠭᠤᠳᠠᠯ ᠡᠳᠦᠷ ᠢᠷᠡᠬᠦᠶ᠎ᠡ ᠲᠣᠪᠣᠶᠢᠮ᠎ᠠ ᠪᠣᠯᠵᠦ᠂ ᠵᠡᠭᠡᠷᠭᠡᠨ᠎ᠡ ᠨᠢ ᠣᠳᠣᠬᠠᠨ ᠤ ᠤᠯᠤᠰ ᠤᠨ ᠳᠣᠲᠣᠭᠠᠳᠤ ᠳᠠᠬᠢ ᠮᠥᠰᠥᠨ ᠬᠤᠣᠷ ᠦᠢᠯᠡᠳᠬᠦ ᠨᠢᠭᠡᠨ ᠭᠤᠣᠯ ᠲᠥᠭᠦᠬᠡᠢ ᠮᠠᠲ᠋ᠧᠷᠢᠶᠠᠯ ᠪᠣᠯᠣᠭᠰᠠᠨ ᠤᠴᠢᠷ ᠠᠴᠠ ᠡᠯ᠎ᠡ ᠰᠤᠮᠤ ᠪᠠᠯᠭᠠᠰᠤ ᠡᠨᠡ ᠤᠳᠠᠭ᠎ᠠ ᠶᠢᠨ ᠨᠠᠷᠢᠨ ᠪᠠᠶᠢᠴᠠᠭᠠᠬᠤ ᠠᠵᠢᠯ ᠤᠨ ᠴᠢᠬᠤᠯᠠ ᠴᠢᠨᠠᠷ ᠢ ᠣᠶᠢᠯᠠᠭᠠᠵᠤ᠂ ᠵᠡᠭᠡᠷᠭᠡᠨ᠎ᠡ ᠶᠢᠨ ᠡᠬᠢ ᠪᠠᠶᠠᠯᠢᠭ ᠢ ᠨᠠᠷᠢᠨ ᠪᠠᠶᠢᠴᠠᠭᠠᠬᠤ ᠠᠵᠢᠯ ᠢ ᠢᠳᠡᠪᠬᠢᠲᠡᠢ ᠥᠷᠨᠢᠭᠦᠯᠦᠨ᠂ ᠲᠤᠰᠬᠠᠢ ᠠᠵᠢᠯ ᠤᠨ ᠳᠤᠭᠤᠶᠢᠯᠠᠩ ᠪᠠᠶᠢᠭᠤᠯᠵᠤ᠂ ᠠᠵᠢᠯ ᠤᠨ ᠲᠤᠰᠬᠠᠢ ᠲᠥᠰᠥᠯ ᠲᠣᠭᠲᠠᠭᠠᠨ᠂ ᠠᠵᠢᠯ ᠤᠨ ᠬᠠᠷᠠᠯᠲᠠ ᠶᠢ ᠨᠠᠷᠢᠯᠢᠭᠵᠢᠭᠤᠯᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ᠂ ᠨᠠᠷᠢᠨ ᠪᠠᠶᠢᠴᠠᠭᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠠᠬᠢᠭᠤᠯᠵᠤ᠂ ᠮᠠᠨ ᠤ ᠬᠤᠰᠢᠭᠤᠨ ᠤ ᠵᠡᠭᠡᠷᠭᠡᠨ᠎ᠡ ᠶᠢᠨ ᠡᠬᠢ ᠪᠠᠶᠠᠯᠢᠭ ᠢ ᠬᠠᠤᠯᠢ ᠪᠤᠰᠤ ᠪᠠᠷ ᠪᠣᠷᠣᠯᠠᠭᠤᠯᠬᠤ ᠶᠢ ᠲᠠᠰᠤ ᠬᠤᠷᠢᠭᠯᠠᠨ᠎ᠠ᠃      ᠬᠤᠶᠠᠷ᠂ ᠨᠠᠷᠢᠨ ᠪᠠᠶᠢᠴᠠᠭᠠᠭᠰᠠᠨ ᠲᠤᠭ᠎ᠠ ᠪᠠᠷᠢᠮᠲᠠ ᠶᠢ ᠴᠠᠭ ᠳᠠᠷᠤᠢ ᠳᠤᠨᠢ ᠮᠡᠳᠡᠭᠦᠯᠦᠨ᠎ᠡ᠃ ᠡᠯ᠎ᠡ ᠰᠤᠮᠤ ᠪᠠᠯᠭᠠᠰᠤ ᠬᠠᠷᠢᠶ᠎ᠠ ᠣᠷᠣᠨ ᠳᠣᠲᠣᠷᠠᠬᠢ ᠵᠡᠭᠡᠷᠭᠡᠨ᠎ᠡ ᠶᠢᠨ ᠡᠬᠢ ᠪᠠᠶᠠᠯᠢᠭ ᠤᠨ ᠬᠠᠮᠢᠶ᠎ᠠ ᠪᠦᠬᠦᠢ ᠪᠠᠶᠢᠳᠠᠯ ᠢ ᠨᠠᠷᠢᠨ ᠪᠠᠶᠢᠴᠠᠭᠠᠵᠤ᠂ ᠵᠡᠭᠡᠷᠭᠡᠨ᠎ᠡ ᠲᠠᠷᠢᠭᠰᠠᠨ ᠡᠷᠦᠬᠡ᠂ ᠪᠡᠯᠴᠢᠭᠡᠷ ᠲᠤᠨᠢ ᠵᠡᠭᠡᠷᠭᠡᠨ᠎ᠡ ᠤᠷᠭᠤᠭᠰᠠᠨ ᠡᠷᠦᠬᠡ ᠶᠢᠨ ᠪᠠᠶᠢᠳᠠᠯ ᠤᠨ ᠦᠨᠳᠦᠰᠦᠨ ᠮᠡᠳᠡᠭᠡ ᠵᠠᠩᠭᠢ ᠶᠢ ᠨᠢᠮᠪᠠᠢ ᠪᠠᠶᠢᠴᠠᠭᠠᠨ᠂ ᠵᠡᠭᠡᠷᠭᠡᠨ᠎ᠡ ᠶᠢᠨ ᠲᠠᠯᠠᠪᠠᠢ ᠪᠠ ᠬᠦᠢᠯᠬᠡᠬᠡᠨ ᠤ ᠬᠠᠨᠳᠤᠰᠢ ᠶᠢ ᠪᠦᠬᠦ ᠲᠠᠯ᠎ᠠ ᠪᠠᠷ ᠡᠵᠡᠮᠰᠢᠨ᠎ᠡ᠃ ᠡᠯ᠎ᠡ ᠰᠤᠮᠤ ᠪᠠᠯᠭᠠᠰᠤ ︽ᠣᠲᠤᠭ ᠬᠤᠰᠢᠭᠤᠨ ᠤ 2020 ᠣᠨ ᠤ ᠵᠡᠭᠡᠷᠭᠡᠨ᠎ᠡ ᠶᠢ ᠨᠠᠷᠢᠨ ᠪᠠᠶᠢᠴᠠᠭᠠᠭᠰᠠᠨ ᠪᠠᠶᠢᠳᠠᠯ ᠤᠨ ᠲᠤᠭ᠎ᠠ ᠪᠦᠷᠢᠳᠬᠡᠯ ᠤᠨ ᠬᠦᠰᠦᠨᠦᠭ︾ ᠤᠨ ᠱᠠᠭᠠᠷᠳᠠᠯᠭ᠎ᠠ ᠪᠠᠷ ᠲᠤᠭ᠎ᠠ ᠪᠠᠷᠢᠮᠲᠠ ᠶᠢ ᠨᠠᠷᠢᠨ ᠣᠶᠢᠯᠠᠭᠠᠵᠤ᠂ ᠪᠢᠴᠢᠭ ᠤᠨ ᠬᠡᠯᠪᠡᠷᠢ ᠶᠢᠨ ᠮᠡᠳᠡᠭᠦᠯᠦᠯᠲᠡ ᠪᠢᠴᠢᠨ᠂ 9 ᠰᠠᠷ᠎ᠠ ᠶᠢᠨ 30 ᠤ ᠡᠳᠦᠷ ᠠᠴᠠ ᠡᠮᠦᠨ᠎ᠡ ᠬᠤᠰᠢᠭᠤᠨ ᠤ ᠬᠤᠣᠷ ᠴᠠᠭᠠᠵᠠᠯᠠᠬᠤ ᠠᠵᠢᠯ ᠤᠨ ᠠᠯᠪᠠᠨ ᠭᠡᠷ ᠲᠤ ᠮᠡᠳᠡᠭᠦᠯᠦᠨ᠎ᠡ᠃      ᠬᠠᠷᠢᠯᠴᠠᠬᠤ ᠬᠦᠮᠥᠨ᠄  ᠴᠢ ᠶᠦᠡᠭ ᠵᠸᠡᠭ     13947726688︔      ᠢᠮᠧᠯ᠄ 812775975@qq.com      ᠳᠠᠭᠠᠯᠳᠤᠭᠤᠯᠤᠯ᠄ ᠣᠲᠤᠭ ᠬᠤᠰᠢᠭᠤᠨ ᠤ 2020 ᠣᠨ ᠤ ᠵᠡᠭᠡᠷᠭᠡᠨ᠎ᠡ ᠶᠢᠨ ᠡᠬᠢ ᠪᠠᠶᠠᠯᠢᠭ ᠢ ᠨᠠᠷᠢᠨ ᠪᠠᠶᠢᠴᠠᠭᠠᠭᠰᠠᠨ ᠪᠠᠶᠢᠳᠠᠯ ᠤᠨ ᠲᠤᠭ᠎ᠠ ᠪᠦᠷᠢᠳᠬᠡᠯ ᠤᠨ ᠬᠦᠰᠦᠨᠦᠭ                             ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                             2020 ᠣᠨ ᠤ 9 ᠰᠠᠷ᠎ᠠ ᠶᠢᠨ 21 ᠤ ᠡᠳᠦᠷᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ      2020 ᠣᠨ ᠤ 9 ᠰᠠᠷ᠎ᠠ ᠶᠢᠨ 21 ᠤ ᠡᠳᠦᠷ ᠳᠠᠷᠤᠮᠠᠯᠯᠠᠨ ᠲᠠᠷᠬᠠᠭᠠᠪᠠ
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ