ᠤᠷᠤᠨ ᠤ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ ᠨᠠᠶᠠᠨᠭᠤᠷᠪᠠ
ᠨᠡᠶᠢᠲᠡᠯᠡᠭᠰᠡᠨ ᠴᠠᠭ᠄
2020/9/24
     ᠨᠠᠶᠠᠨᠭᠤᠷᠪᠠ᠂ ᠡᠮᠡᠭᠳᠡᠢ᠂ ᠮᠤᠩᠭᠤᠯ ᠦᠨᠳᠦᠰᠦᠳᠡᠨ᠃ 1944 ᠤᠨ ᠳᠤ ᠤᠳᠤᠭ ᠤᠨ ᠡᠮᠤᠨᠡᠳᠥ ᠬᠤᠰᠢᠭᠤᠨ ᠤ ᠮᠤᠭᠠᠶᠢᠳᠤ ᠰᠤᠮᠤᠨ ᠤ ᠠᠷᠠᠯᠠᠢ ᠭᠠᠴᠠᠭᠠᠨ ᠳᠤ ᠲᠦᠷᠦᠵᠡᠢ᠃ ᠬᠠᠷᠠᠬᠠᠨ ᠪᠠᠭ᠎ᠠ ᠠᠴᠠ ᠪᠠᠨ ᠠᠯᠢᠶ᠎ᠠ ᠲᠡᠭᠵᠢᠨ᠂ ᠰᠡᠴᠡᠨ ᠰᠡᠷᠭᠦᠯᠡᠩ ᠵᠠᠩ ᠠᠭᠠᠰᠢ ᠲᠠᠢ ᠪᠠᠷ ᠢᠶᠠᠨ ᠨᠤᠳᠤᠭ ᠤᠨ ᠤᠯᠠᠨ ᠠᠷᠪᠢᠨ ᠭᠦᠮᠦᠰ ᠤᠨ ᠮᠠᠭᠳᠠᠭᠠᠯ  ᠢ ᠤᠯᠵᠤ ᠶᠠᠪᠤᠵᠠᠢ᠃ ᠲᠤᠬᠠᠢ ᠶᠢᠨ ᠦᠶ᠎ᠡ ᠶᠢᠨ ᠨᠡᠶᠢᠭᠡᠮ ᠠᠮᠢᠳᠤᠷᠠᠯ ᠤᠨ ᠭᠢᠵᠠᠭᠠᠷᠯᠠᠯ ᠵᠡᠷᠭᠡ ᠤᠯᠠᠨ ᠠᠷᠪᠢᠨ ᠲᠠᠯ᠎ᠠ  ᠶᠢᠨ ᠨᠦᠯᠦᠭᠡ ᠠᠴᠠ ᠪᠤᠯᠵᠤ᠂ ᠰᠤᠷᠭᠠᠭᠤᠯᠢ ᠳᠤ ᠰᠠᠭᠤᠵᠤ ᠪᠢᠴᠢᠭ ᠨᠤᠮ ᠦᠵᠡᠵᠤ ᠲᠡᠶᠢᠯᠦᠭᠰᠡᠨ ᠦᠭᠡᠢ ᠨᠢ ᠲᠡᠭᠦᠨ ᠤ ᠨᠢᠭᠡ ᠨᠠᠰᠤᠨ ᠤ ᠬᠠᠷᠠᠮᠰᠠᠯ ᠪᠤᠯᠵᠠᠢ᠃ ᠭᠡᠪᠡᠴᠤ ︽ᠭᠦᠮᠦᠨ ᠪᠤᠯᠬᠤ ᠪᠠᠭ᠎ᠠ ᠠᠴᠠ ᠪᠠᠨ᠂ ᠭᠦᠯᠦᠭ ᠪᠤᠯᠬᠤ ᠤᠨᠠᠭᠠᠨ ᠠᠴᠠ ᠪᠠᠨ︾ ᠭᠡᠳᠡᠭᠴᠢᠯᠡᠨ᠂ ᠤᠬᠠᠭ᠎ᠠ ᠲᠤᠮᠤᠭ᠎ᠠ ᠲᠠᠢ ᠨᠠᠶᠠᠨᠭᠤᠷᠪᠠ ᠠᠪᠤ ᠡᠵᠢ ᠪᠠᠨ ᠬᠠᠪᠰᠤᠷᠴᠤ᠂ ᠮᠠᠯ ᠰᠦᠷᠦᠭ ᠬᠠᠷᠢᠭᠤᠯᠬᠤ᠂ ᠭᠡᠷ ᠤᠨ ᠠᠷ ᠰᠠᠷ ᠠᠵᠢᠯ ᠭᠢᠭᠦ ᠵᠡᠷᠭᠡ ᠦᠪᠡᠷ ᠤᠨ ᠭᠢᠵᠤ ᠴᠢᠳᠠᠬᠤ ᠠᠵᠢᠯ ᠢᠶᠠᠨ ᠴᠢᠳᠠᠮᠠᠭᠠᠢ ᠰᠠᠶᠢᠬᠠᠨ ᠭᠢᠴᠢᠭᠡᠳᠡᠭ ᠪᠠᠶᠢᠪᠠ᠃ ᠲᠡᠭᠦᠨ ᠤ ᠠᠪᠤ ᠡᠵᠢ ᠨᠢ ᠨᠤᠮᠤᠬᠠᠨ ᠰᠢᠳᠤᠷᠭᠤ ᠮᠠᠯᠴᠢᠨ ᠭᠦᠮᠦᠨ ᠪᠠᠶᠢᠵᠤ᠂ ᠮᠤᠩᠭᠤᠯ ᠠᠷᠠᠳ ᠤᠨ ᠲᠠᠭᠤᠤ ᠶᠢ ᠰᠠᠶᠢᠬᠠᠨ ᠲᠠᠭᠤᠯᠠᠳᠠᠭ ᠠᠴᠠ ᠬᠤᠯᠨ ᠤᠶᠢᠷ᠎ᠠ ᠳᠠᠭᠠᠨ ᠨᠡᠯᠢᠶᠡᠳ ᠨᠡᠷ᠎ᠡ ᠲᠠᠢ ᠪᠠᠶᠢᠵᠠᠢ᠃ ᠨᠠᠩ ᠢᠯᠠᠩᠭᠤᠶ᠎ᠠ ᠠᠪᠤ ᠨᠢ ᠤᠯᠠᠨ ᠠᠷᠪᠢᠨ ᠠᠷᠠᠳ ᠤᠨ ᠲᠠᠭᠤᠤ ᠶᠢ ᠰᠠᠶᠢᠬᠠᠨ ᠲᠠᠭᠤᠯᠠᠵᠤ᠂ ᠭᠡᠦᠭᠡᠨ ᠨᠠᠶᠠᠨᠭᠤᠷᠪᠠ ᠶᠢᠨ ᠠᠩᠬᠠᠨ ᠤ ᠪᠠᠭᠰᠢ ᠨᠢ ᠪᠤᠯᠵᠠᠢ᠃ ᠡᠨ᠋ᠨ ᠦᠶᠡᠰ ᠨᠠᠶᠠᠨᠭᠤᠷᠪᠠ ᠠᠪᠤ ᠠᠴᠠ ᠪᠠᠨ ᠤᠯᠠᠨ ᠠᠷᠪᠢᠨ ᠤᠷᠳᠤ ᠶᠢᠨ ᠲᠠᠭᠤᠤ ᠶᠢ ᠰᠤᠷᠴᠤ᠂ ᠲᠠᠭᠤᠨ ᠤ ᠦᠭᠡ᠂ ᠡᠭᠡᠰᠢᠭ ᠠᠪᠢᠶ᠎ᠠ᠂ ᠨᠤᠭᠤᠯᠪᠤᠷᠢ ᠭᠦᠷᠳᠡᠯ᠎ᠡ ᠨᠠᠷᠢᠨ ᠭᠢᠨᠠᠮᠠᠭᠠᠢ ᠰᠠᠶᠢᠬᠠᠨ ᠴᠡᠭᠡᠵᠢᠯᠡᠵᠤ ᠠᠪᠤᠭᠰᠠᠨ ᠶᠤᠮ᠃ ᠲᠡᠷᠨ ᠭᠦᠳᠡᠭᠡ ᠨᠤᠳᠤᠭ ᠲᠠᠭᠠᠨ ᠮᠠᠯ ᠬᠠᠷᠢᠭᠤᠯᠵᠤ ᠶᠠᠪᠤᠬᠤ ᠳᠠᠭᠠᠨ ᠨᠤᠳᠤᠭ ᠤᠨ ᠢᠶᠠᠨ ᠦᠨᠳᠦᠷ ᠲᠤᠯᠤᠭᠠᠢ᠂ ᠡᠯᠡᠰᠤᠨ ᠭᠦᠨᠳᠡᠢ᠂ ᠵᠦᠯᠭᠡ ᠲᠠᠢ ᠲᠠᠯ᠎ᠠ᠂ ᠰᠢᠯᠢ ᠶᠢᠨ ᠲᠡᠨᠵᠢᠨ ᠲᠡᠭᠡᠷ᠎ᠡ ᠪᠤᠯᠪᠠᠷᠠᠢ ᠴᠡᠴᠡᠭ ᠢ ᠢᠴᠢᠭᠡᠳᠡᠯ᠎ᠡ᠂ ᠪᠤᠮ ᠰᠦᠷᠦᠭ ᠢ ᠤᠶᠠᠷᠠᠭᠤᠯᠳᠠᠯ᠎ᠠ ᠤᠶᠠᠩᠭᠠᠳᠤ ᠲᠠᠭᠤᠤ ᠪᠠᠨ ᠬᠠᠨᠭ᠍ᠭᠢᠨᠠᠭᠤᠯᠤᠭᠰᠠᠭᠠᠷ ᠶᠠᠪᠤᠳᠠᠭ ᠪᠢᠯᠨ᠃      ᠠᠷᠪᠠᠨ ᠲᠠᠪᠤᠨ ᠨᠠᠰᠤᠳᠠᠢ ᠲᠡᠷᠨ ᠵᠢᠯ ᠪᠢᠯᠨ᠃ ᠠᠷᠠᠳ ᠤᠨ ᠭᠦᠡᠭᠱᠧ ᠨᠢ ᠤᠷᠠᠯᠢᠭ ᠤᠨ ᠪᠦᠯᠭᠦᠮ ᠪᠠᠶᠢᠭᠤᠯᠵᠤ᠂ ᠤᠷᠠᠨ ᠰᠠᠶᠢᠬᠠᠨ ᠤ ᠲᠤᠭᠯᠠᠭᠴᠢ ᠡᠯᠰᠡᠭᠦ ᠳᠤ ᠲᠡᠷᠨ ᠰᠢᠯᠭᠠᠭᠳᠠᠵᠤ᠂ ᠤᠷᠠᠯᠢᠭ ᠤᠨ ᠵᠠᠮ ᠢᠶᠠᠨ ᠭᠦᠭᠡᠭᠡᠭᠦ ᠠᠩᠬᠠᠨ ᠤ ᠠᠯᠬᠤᠮ ᠢᠶᠠᠨ ᠡᠯᠭᠦᠵᠡᠢ᠃ ᠬᠤᠶᠠᠷ ᠵᠢᠯ ᠤᠨ ᠬᠢᠨ ᠲᠠᠷᠠᠭ᠎ᠠ ᠬᠤᠰᠢᠭᠤ ᠤᠯᠠᠭᠠᠨᠮᠦ᠋ᠴᠢᠷ ᠲᠤᠭᠯᠠᠭᠴᠢ ᠡᠯᠰᠡᠭᠦ ᠳᠤ ᠲᠡᠷᠨ ᠰᠢᠯᠢᠳᠡᠭ ᠪᠦᠳᠦᠮᠵᠢ ᠪᠠᠷ ᠵᠢᠩᠭᠢᠨᠢ ᠲᠤᠭᠯᠠᠭᠴᠢ ᠪᠤᠯᠵᠠᠢ᠃ ᠤᠷᠠᠯᠢᠭ ᠤᠨ ᠪᠦᠯᠭᠦᠮ  ᠳᠤ ᠠᠵᠢᠯᠯᠠᠭᠰᠠᠨ ᠲᠡᠷᠨ ᠴᠠᠭ ᠠᠴᠠ ᠪᠠᠨ ᠡᠭᠢᠯᠡᠵᠤ ᠪᠡᠶ᠎ᠡ ᠪᠠᠨ ᠴᠢᠩᠭ᠎ᠠ ᠱᠠᠭᠠᠷᠳᠠᠵᠤ᠂ ᠵᠠᠪᠰᠠᠷ ᠴᠢᠯᠦᠭᠡ ᠪᠠᠨ ᠠᠰᠢᠭᠯᠠᠨ ᠨᠤᠮ ᠪᠢᠴᠢᠭ ᠦᠵᠡᠵᠤ᠂ ᠰᠤᠶᠤᠯ ᠤᠨ ᠭᠢᠷᠢ ᠭᠡᠮᠵᠢᠶ᠎ᠡ ᠪᠠᠨ ᠲᠡᠭᠡᠭᠰᠢᠯᠡᠭᠦᠯᠦᠭᠰᠡᠨ ᠪᠠᠶᠢᠨ᠎ᠠ᠃ ᠨᠠᠩ ᠢᠯᠠᠩᠭᠤᠶ᠎ᠠ ᠲᠠᠭᠤᠯᠠᠬᠤ ᠮᠡᠷᠭᠡᠵᠢᠯ᠂ ᠲᠤᠭᠯᠠᠬᠤ ᠮᠡᠷᠭᠡᠵᠢᠯ ᠵᠡᠷᠭᠡ ᠤᠯᠠᠨ ᠲᠠᠯ᠎ᠠ ᠶᠢᠨ ᠮᠡᠷᠭᠡᠵᠢᠯ ᠢ ᠡᠵᠡᠮᠰᠢᠨ ᠤᠷᠠᠯᠢᠭᠴᠢᠨ ᠪᠤᠯᠬᠤ ᠤᠷ᠎ᠠ ᠠᠪᠢᠶᠠᠰ ᠢᠶᠠᠨ ᠭᠦᠢᠴᠡᠳ ᠪᠠᠳᠠᠷᠠᠭᠤᠯᠵᠠᠢ᠃ ᠤᠷᠤᠭ᠎ᠠ ᠪᠤᠰᠤᠭ᠎ᠠ ᠤᠨ ᠵᠢᠯ ᠪᠠᠶᠢᠭᠰᠠᠨ ᠪᠤᠯᠬᠤᠷ ᠤᠯᠠᠭᠠᠨᠮᠦ᠋ᠴᠢᠷ ᠲᠤ ᠠᠷᠪᠠᠨ ᠬᠤᠶᠠᠷᠬᠠᠨ ᠵᠢᠯ ᠠᠵᠢᠯᠯᠠᠭᠠᠳ᠂ 1972 ᠤᠨ ᠳᠤ ᠬᠤᠰᠢᠭᠤ ᠰᠢᠤᠳᠠᠨ ᠲᠤᠪᠴᠢᠶᠠᠨ ᠳᠤ ᠠᠵᠢᠯ  ᠰᠢᠯᠵᠢᠨ ᠤᠴᠢᠭᠠᠳ ᠲᠡᠨᠳᠡ 25 ᠵᠢᠯ ᠤᠨ ᠬᠠᠪᠤᠷ ᠨᠠᠮᠤᠷ ᠢ ᠦᠡᠭᠭᠡᠷᠡᠭᠡᠳ᠂ 1997 ᠤᠨ ᠳᠤ ᠠᠵᠢᠯ ᠠᠴᠠ ᠪᠠᠨ ᠠᠮᠠᠷᠠᠪᠠ᠃ᠲᠠᠭᠤᠨ ᠤ ᠲᠠᠯᠠᠢ᠂ ᠪᠦᠵᠢᠭ ᠤᠨ ᠦᠯᠦᠭᠡᠢ ᠭᠡᠰᠡᠨ ᠮᠤᠩᠭᠤᠯ ᠨᠤᠳᠤᠭ ᠲᠤ ᠦᠰᠦᠨ ᠪᠤᠶᠢᠵᠢᠵᠤ᠂ ᠬᠠᠷᠠᠬᠠᠨ ᠪᠠᠭ᠎ᠠ  ᠠᠴᠠ ᠪᠠᠨ ᠢᠵᠠᠭᠤᠷ ᠤᠷᠠᠯᠢᠭ ᠢ ᠭᠦᠷᠳᠡᠨ᠂ ᠭᠠᠨᠭ᠍ᠭᠠᠡᠭ ᠵᠠᠯᠠᠭᠤ ᠳᠠᠭᠠᠨ ᠲᠤᠰᠬᠠᠢ ᠪᠤᠯᠪᠠᠰᠤᠷᠠᠯ ᠢ ᠭᠦᠷᠳᠡᠭᠰᠡᠨ ᠨᠠᠶᠠᠨᠭᠤᠷᠪᠠ ᠭᠡᠳᠦᠶᠢᠪᠠᠷ ᠬᠤᠪᠢᠰᠬᠠᠯ ᠤᠨ ᠠᠵᠢᠯ ᠠᠴᠠ ᠪᠠᠨ ᠠᠮᠠᠷᠠᠭᠰᠠᠨ ᠪᠤᠯᠪᠠᠴᠤ᠂ ᠮᠤᠩᠭᠤᠯ ᠤᠷᠠᠯᠢᠭ ᠠᠴᠠ  ᠪᠠᠨ ᠰᠠᠯᠵᠤ ᠴᠢᠳᠠᠬᠤ ᠦᠭᠡᠢ ᠨᠢ ᠦᠨᠡᠨ ᠶᠤᠮ᠃      2004 ᠤᠨ ᠳᠤ ᠠᠵᠢᠯ ᠠᠴᠠ ᠪᠠᠨ ᠠᠮᠠᠷᠠᠭᠰᠠᠨ ᠤᠷᠠᠯᠢᠭ ᠲᠤ ᠪᠠᠭ᠋ᠠᠳᠠᠢ ᠭᠡᠳᠦᠨ ᠨᠠᠰᠤᠳᠠᠶᠢᠴᠤᠳ ᠲᠠᠢ ᠬᠠᠮᠳᠤ ᠪᠠᠷ ᠵᠦᠪᠳᠡᠯᠴᠡᠨ ᠶᠠᠷᠢᠯᠴᠠᠭᠠᠳ᠂ ᠤᠳᠠᠭᠠᠨ ᠡᠳᠦᠷ ᠲᠦᠰᠦᠪᠯᠡᠵᠤ᠂ ᠤᠳᠤᠭ ᠬᠤᠰᠢᠭᠤᠨ ᠤ ᠮᠤᠩᠭᠤᠯ ᠨᠠᠶᠢᠷ ᠤᠨ ᠴᠤᠭᠯᠠᠭᠠᠨ ᠢ ᠪᠠᠶᠢᠭᠤᠯᠵᠠᠢ᠃ ᠲᠡᠷᠨ ᠡᠨ᠋ᠨ ᠭᠦ ᠪᠦᠯᠭᠦᠮ ᠤᠨ ᠭᠡᠷᠡᠭ ᠡᠷᠭᠢᠯᠡᠭᠦ ᠭᠤᠤᠯ ᠲᠠᠷᠤᠭ᠎ᠠ ᠪᠠᠷ ᠠᠵᠢᠯᠯᠠᠵᠠᠢ᠃ ᠪᠦᠯᠭᠦᠮ ᠢᠶᠠᠨ ᠤᠯᠠᠮ ᠦᠷᠭᠡᠳᠭᠡᠨ ᠴᠢᠨᠠᠷᠯᠢᠭ ᠪᠤᠯᠭᠠᠬᠤ ᠪᠠᠷ ᠭᠦᠴᠦᠯᠡᠨ ᠴᠢᠷᠮᠠᠶᠢᠵᠤ᠂ ᠲᠠᠭᠤᠴᠢᠨ ᠨᠠᠶᠢᠷᠴᠢᠨ ᠡᠯᠰᠡᠵᠤ᠂ ᠬᠠᠳᠠᠭᠤ ᠴᠢᠩᠭ᠎ᠠ ᠪᠤᠯᠪᠠᠰᠤᠷᠠᠯ ᠢ ᠭᠢᠭᠰᠡᠨ ᠪᠠᠶᠢᠨ᠎ᠠ᠃ ᠲᠡᠷᠨ ᠪᠠᠰᠠ ᠴᠢᠯᠦᠭᠡ ᠵᠠᠪ ᠢᠶᠠᠨ ᠠᠰᠢᠭᠯᠠᠨ᠂ ᠤᠯᠠᠨ ᠠᠷᠪᠢᠨ ᠤᠷᠳᠤᠰ ᠠᠷᠠᠳ ᠤᠨ ᠢᠵᠠᠭᠤᠷ ᠲᠠᠭᠤᠤ ᠶᠢ ᠡᠮᠭᠢᠳᠭᠡᠨ ᠴᠤᠭᠯᠠᠭᠤᠯᠵᠤ᠂ ᠲᠠᠭᠤᠯᠠᠵᠤ ᠲᠡᠯᠭᠡᠷᠡᠭᠦᠯᠵᠡᠢ᠃ ᠵᠢᠱᠢᠶᠡᠯᠡᠪᠡᠯ ᠠᠪᠤ ᠠᠴᠠ ᠪᠠᠨ ᠰᠤᠷᠤᠭᠰᠠᠨ ︽ᠡᠮᠡᠭᠡᠨ ᠤᠯᠤᠮ︾ ᠭᠡᠰᠡᠨ ᠲᠠᠭᠤᠤ ᠶᠢ ᠤᠷᠳᠤᠰ ᠨᠤᠳᠤᠭ ᠲᠤ ᠠᠩᠬ᠎ᠠ ᠤᠳᠠᠭ᠎ᠠ ᠲᠠᠭᠤᠯᠠᠵᠤ ᠲᠡᠯᠭᠡᠷᠡᠭᠦᠯᠵᠡᠢ᠃ ᠮᠤᠩᠭᠤᠯ ᠦᠨᠳᠦᠰᠦᠳᠡᠨ ᠤ ᠪᠠᠨ ᠢᠵᠠᠭᠤᠷ ᠲᠠᠭᠤᠤ  ᠪᠠᠨ ᠲᠠᠭᠤᠯᠠᠵᠤ᠂ ᠤᠯᠠᠮᠵᠢᠯᠠᠵᠤ ᠬᠠᠮᠠᠭᠠᠯᠠᠬᠤ ᠡᠭᠦᠳᠡᠨ ᠠᠴᠠ ᠪᠦᠯᠭᠦᠮ ᠤᠨ ᠨᠦᠭᠦᠳ ᠲᠠᠢ ᠪᠠᠨ ᠲᠤᠭᠯᠠᠯᠳᠠ ᠭᠠᠷᠭᠠᠬᠤ ᠶᠢᠨ ᠲᠠᠭᠠᠤ ᠤᠷᠳᠤᠰ ᠠᠷᠠᠳ ᠤᠨ ᠲᠠᠭᠤᠨ ᠤ DVD ᠪᠦᠰᠡ ᠶᠢ ᠲᠦᠷᠪᠡ ᠤᠳᠠᠭ᠎ᠠ ᠦᠢᠯᠡᠳᠴᠤ ᠭᠡᠪᠯᠡᠭᠦᠯᠵᠡᠢ᠃ ︽ᠭᠠᠨᠳᠢ ᠶᠢᠨ ᠮᠤᠳᠤ︾᠂ ︽ᠲᠤᠭᠠᠷᠵᠠᠪ︾᠂ ︽ᠭᠡᠦᠭᠡᠨ ᠮᠤᠷᠳᠠᠭᠤᠯᠬᠤ ᠲᠠᠭᠤᠤ︾᠂ ︽ᠲᠤᠵᠢ  ᠶᠢᠨ ᠱᠠᠩ︾ ᠵᠡᠷᠭᠡ ᠪᠦᠳᠦᠭᠡᠯ ᠨᠢ ᠦᠪᠡᠷᠳᠡᠭᠡᠨ ᠵᠠᠰᠠᠬᠤ ᠤᠷᠤᠨ ᠤ ᠰᠤᠳᠤᠨ ᠲᠠᠭᠤᠨ ᠤ ᠴᠤᠪᠤᠷᠠᠯ ᠡᠮᠭᠢᠳᠭᠡᠯ  ᠳᠤ ᠰᠢᠯᠢᠭᠳᠡᠨ ᠤᠷᠤᠵᠤ᠂ ᠦᠪᠦᠷ ᠮᠤᠩᠭᠤᠯ ᠤᠨ ᠤᠳᠤᠨ ᠲᠧᠯᠸᠢᠰ ᠤᠨ ︽ᠮᠦᠡᠭᠭᠡ ᠶᠢᠨ ᠠᠶᠠᠯᠭᠤ︾ ᠳᠤ MTV ᠪᠠᠷ ᠦᠢᠯᠡᠳᠳᠦᠭᠳᠦᠨ ᠤᠯᠠᠨᠳᠠ ᠨᠡᠪᠳᠡᠷᠡᠭᠦᠯᠵᠤ᠂ ᠦᠵᠡᠭᠴᠢ ᠲᠦᠮᠡᠨ ᠤ ᠬᠠᠯᠠᠭᠤᠨ ᠭᠦᠷᠢᠶᠡᠯᠡᠯ ᠢ ᠤᠯᠵᠠᠢ᠃ ᠮᠤᠩᠭᠤᠯ ᠨᠠᠶᠢᠷ ᠤᠨ ᠴᠤᠭᠯᠠᠭᠠᠨ ᠪᠠᠶᠢᠭᠤᠯᠤᠭᠳᠠᠭᠰᠠᠨ ᠠᠴᠠ ᠡᠳᠦᠭᠡ ᠪᠤᠯᠳᠠᠯ᠎ᠠ 150 ᠭᠠᠷᠤᠢ ᠲᠠᠯᠠᠪᠠᠢ 30 ᠲᠦᠮᠨ ᠭᠠᠷᠤᠢ ᠭᠦᠮᠦᠨ ᠤᠳᠠᠭ᠎ᠠ ᠶᠢᠨ ᠲᠤᠭᠯᠠᠯᠳᠠ ᠭᠠᠷᠭᠠᠵᠤ᠂ ᠨᠡᠶᠢᠭᠡᠮ ᠤᠨ ᠡᠯ᠎ᠡ ᠡᠳᠡᠭᠡᠳ ᠤᠨ ᠬᠠᠯᠠᠭᠤᠨ ᠭᠦᠷᠢᠶᠡᠯᠡᠯ ᠢ ᠤᠯᠵᠤ ᠴᠢᠳᠠᠵᠠᠢ᠃ ᠲᠡᠭᠦᠨᠴᠢᠯᠡᠨ ᠰᠢᠷᠭᠠᠭᠤ ᠭᠦᠳᠡᠯᠮᠤᠷᠢ ᠶᠢᠨ ᠬᠠᠷᠢᠭᠤ ᠳᠤ ᠨᠠᠰᠤᠳᠠᠶᠢᠴᠤᠳ ᠤᠨ ᠪᠦᠯᠭᠦᠮ ᠨᠢ ᠤᠷᠢᠳ ᠬᠤᠵᠢᠳ ᠬᠤᠰᠢᠭᠤ ᠲᠤᠭᠤᠷᠢᠭ᠂ ᠤᠷᠤᠨ ᠠᠶᠢᠮᠠᠭ᠂ ᠴᠢᠨᠠᠭᠰᠢᠯᠠᠪᠠᠯ ᠰᠢᠶᠠᠩᠭᠠᠡᠭ᠂ ᠤᠤᠮᠧᠨ ᠂ ᠲᠠᠶᠢᠸᠠᠨ ᠵᠡᠷᠭᠡ ᠭᠠᠵᠠᠷ ᠤᠷᠤᠨ ᠳᠤ ᠲᠤᠭᠯᠠᠯᠳᠠ ᠭᠠᠷᠭᠠᠬᠤ ᠪᠤᠶᠤ ᠤᠷᠤᠯᠳᠤᠭᠠᠨ ᠳᠤ ᠤᠷᠤᠯᠴᠠᠭᠠᠳ ᠤᠯᠠᠨ ᠠᠷᠪᠢᠨ ᠠᠯᠳᠠᠨ ᠮᠧᠲ᠋ᠠᠯ ᠢ ᠭᠦᠷᠳᠡᠵᠡᠢ᠃      ᠮᠤᠩᠭᠤᠯ ᠤᠷᠠᠯᠢᠭ ᠢ ᠭᠦᠭᠵᠢᠭᠦᠯᠦᠨ ᠪᠠᠳᠠᠷᠠᠭᠤᠯᠬᠤ ᠳᠤ ᠭᠠᠭᠴᠠᠬᠠᠨ ᠲᠠᠭᠤᠯᠠᠭᠠᠳ ᠪᠤᠯᠬᠤ ᠶᠤᠮ ᠪᠢᠰᠢ᠂ ᠬᠠᠷᠢᠨ ᠤᠯᠠᠮᠵᠢᠯᠠᠨ ᠪᠠᠳᠠᠷᠠᠭᠤᠯᠬᠤ ᠨᠢ ᠲᠦᠢᠯ ᠤᠨ ᠴᠢᠬᠤᠯᠨ᠃ ᠭᠡᠦᠭᠡᠨ ᠡᠭᠦᠯᠡᠩᠬᠤᠸᠠᠷ ᠨᠢ ᠡᠵᠢ ᠶᠢᠨ ᠢᠶᠠᠨ ᠤᠷᠠᠯᠢᠭ ᠤᠨ ᠤᠷ᠎ᠠ ᠠᠪᠢᠶᠠᠰ ᠢ ᠵᠠᠯᠭᠠᠮᠵᠢᠯᠠᠭᠰᠠᠨ ᠠᠴᠠ ᠡᠳᠦᠭᠡ ᠲᠤᠮᠳᠠᠳᠤ᠂ ᠴᠢᠨᠠᠭᠰᠢᠯᠠᠪᠠᠯ ᠲᠡᠯᠡᠭᠡᠢ ᠳᠤ ᠠᠯᠳᠠᠷᠰᠢᠭᠰᠠᠨ ︽ᠭᠠᠷᠤᠳᠢ ᠭᠠᠯᠪᠢᠡᠭᠭ᠎ᠠ ᠶᠢᠨ ᠲᠤᠮᠤᠭ︾ ᠬᠠᠮᠳᠤᠯᠢᠭ ᠢ ᠡᠭᠦᠰᠭᠡᠨ ᠪᠠᠶᠢᠭᠤᠯᠤᠭᠠᠳ ᠠᠯᠳᠠᠷ ᠨᠡᠷ᠎ᠡ  ᠪᠠᠨ ᠲᠡᠯᠡᠭᠡᠢ ᠳᠤ ᠮᠠᠨᠳᠤᠭᠤᠯᠤᠭᠰᠠᠨ ᠪᠠᠶᠢᠨ᠎ᠠ᠃ 2012 ᠤᠨ ᠳᠤ ᠨᠢᠭᠡ ᠯᠠ ᠰᠦᠨᠢ ᠶᠢᠨ ᠬᠤᠭᠤᠷᠤᠨᠳᠤ ᠢᠨᠲ᠋ᠧᠷ ᠰᠦᠯᠵᠢᠶᠡᠨ ᠳᠤ ᠭᠦᠷ ᠭᠦᠭᠵᠢᠶᠡᠨᠳᠡᠢ ᠲᠡᠯᠭᠡᠷᠡᠭᠰᠡᠨ ︽ᠦᠨᠳᠦᠰᠦᠳᠡᠨ ᠤ ᠭᠢᠯᠠᠯᠵᠠᠭᠰᠠᠨ ᠦᠡᠭᠭᠡ ᠵᠢᠪᠬᠤᠭ᠎ᠠ︾ ᠭᠡᠭᠦ ᠲᠠᠭᠤᠤ ᠨᠢ ᠭᠡᠳᠦᠨ ᠵᠠᠭᠤᠨ ᠭᠡᠪᠯᠡᠯ ᠢᠶᠠᠷ ᠦᠭᠡᠷᠡᠴᠢᠯᠡᠨ ᠨᠠᠶᠢᠷᠠᠭᠤᠯᠤᠭᠳᠠᠵᠤ ᠲᠠᠭᠤᠯᠠᠭᠳᠠᠭᠰᠠᠨ ᠪᠠ ᠢᠨᠢᠶᠡᠳᠤᠮᠳᠡᠢ ᠸᠢᠳᠢᠣ᠋ ᠨᠢ ᠲᠡᠯᠡᠭᠡᠢ ᠲᠠᠶᠠᠭᠠᠷ ᠤᠨ ᠲᠤᠮᠳᠠᠳᠤᠴᠤᠳ ᠤᠨ ᠲᠤᠮᠳᠠ ᠨᠡᠶᠢᠳᠡᠮ ᠲᠠᠷᠬᠠᠭᠠᠭᠳᠠᠨ ᠲᠡᠯᠭᠡᠷᠡᠪᠡ᠃ ᠲᠤᠰ ᠲᠠᠭᠤᠤ ᠨᠢ ᠮᠦᠨ ᠴᠤ ᠠᠮᠧᠷᠢᠺᠠᠴᠤᠳ ᠤᠨ ᠪᠡᠶ᠎ᠡ ᠴᠢᠭᠢᠷᠠᠭᠵᠢᠭᠤᠯᠬᠤ ᠪᠦᠵᠢᠭ ᠤᠨ ᠠᠶ᠎ᠠ ᠪᠤᠯᠵᠤ᠂ ᠵᠠᠯᠭᠠᠭᠠᠳ ᠠᠮᠧᠷᠢᠺᠠ ᠶᠢᠨ NBA ᠰᠠᠭᠰᠤᠨ ᠪᠦᠮᠪᠦᠭᠡ ᠶᠢᠨ ᠤᠷᠤᠯᠳᠤᠭᠠᠨ ᠤ ᠲᠠᠯᠠᠪᠠᠢ ᠳᠤ ᠲᠠᠭᠤᠯᠠᠭᠳᠠᠬᠤ ᠪᠤᠯᠤᠭᠰᠠᠨ ᠪᠠᠶᠢᠨ᠎ᠠ᠃ ᠲᠤᠰ ᠲᠠᠭᠤᠤ ᠭᠢᠳᠠᠳ ᠭᠡᠯᠡᠨ ᠤ ᠤᠷᠤᠰᠬᠠᠯ ᠲᠠᠭᠤᠤ ᠶᠢᠨ ᠠᠯᠢ ᠤᠯᠠᠨ ᠭᠠᠶᠢᠬᠠᠮᠰᠢᠭ ᠢ ᠡᠭᠦᠳᠦᠭᠰᠡᠨ ᠶᠤᠮ᠃ ᠡᠶᠢᠮᠤ ᠬᠤᠶᠢᠴᠢᠰ ᠢ ᠭᠦᠮᠦᠵᠢᠭᠦᠯᠦᠭᠰᠡᠨ ᠨᠠᠶᠠᠨᠭᠤᠷᠪᠠ ᠤᠮᠤᠭᠰᠢᠬᠤ ᠶᠤᠮ᠃ ᠲᠡᠷᠨ ᠤᠳᠤ ᠤᠷᠤᠨ ᠤ ᠲᠡᠰ ᠤᠨ ᠤᠷᠳᠤᠰ ᠨᠠᠶᠢᠷ ᠤᠨ ᠤᠯᠠᠮᠵᠢᠯᠠᠭᠴᠢ ᠪᠠᠷ ᠡᠷᠭᠦᠮᠵᠢᠯᠡᠭᠳᠡᠵᠤ᠂ ᠤᠯᠠᠨ ᠠᠷᠪᠢᠨ ᠢᠵᠠᠭᠤᠷ ᠲᠠᠭᠤᠤ ᠪᠠᠨ ᠡᠮᠭᠢᠳᠭᠡᠨ ᠴᠤᠭᠯᠠᠭᠤᠯᠤᠨ᠂ ᠦᠨᠳᠦᠰᠦᠳᠡᠨ ᠤ ᠪᠠᠨ ᠤᠷᠠᠯᠢᠭ ᠢ ᠤᠯᠠᠮᠵᠢᠯᠠᠨ ᠪᠠᠳᠠᠷᠠᠭᠤᠯᠬᠤ ᠪᠠᠷ ᠦᠷᠭᠦᠯᠵᠢᠯᠡᠨ ᠴᠢᠷᠮᠠᠶᠢᠨ ᠵᠢᠳᠭᠦᠭᠰᠡᠭᠡᠷ ᠪᠠᠶᠢᠨ᠎ᠠ᠃
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ