ᠭᠤᠤ ᠬᠤᠸᠠᠢ ᠵᠢᠩ ᠦᠮᠡᠭᠡᠶᠢᠨᠠᠭᠤᠷ ᠪᠠᠯᠭᠠᠰᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/10/11
     10 ᠰᠠᠷ᠎ᠠ ᠶᠢᠨ 10 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠬᠤᠸᠠᠢ ᠵᠢᠩ ᠦᠮᠡᠭᠡᠶᠢᠨᠠᠭᠤᠷ ᠪᠠᠯᠭᠠᠰᠤᠨ ᠳᠤ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢ ᡁᠢ ᠪᠢᠶᠤᠤ ᠬᠠᠮᠲᠤ ᠪᠠᠶᠢᠴᠠᠭᠠᠨ ᠰᠤᠳᠤᠯᠤᠯᠲᠠ ᠬᠢᠪᠡ᠃      ᠲᠡᠳᠡᠨ ᠢ ᠦᠮᠡᠭᠡᠶᠢᠨᠠᠭᠤᠷ ᠪᠠᠯᠭᠠᠰᠤᠨ ᠤ ᠪᠠᠶᠠᠨᠨᠠᠭᠤᠷ ᠲᠣᠰᠬᠤᠨ ᠤ ᠲᠡᠵᠢᠭᠡᠯ ᠪᠣᠷᠳᠤᠭ᠎ᠠ ᠡᠳ᠋ᠰᠢᠭᠦᠯᠬᠦ ᠦᠶᠯᠡᠳᠪᠦᠷᠢ ᠳᠤ ᠬᠦᠷᠬᠦ ᠳᠤ ᠮᠠᠰᠢᠨ ᠬᠦᠷᠴᠢᠭᠢᠨᠡᠵᠦ᠂ ᠬᠡᠮᠬᠡᠯᠬᠦ᠂ ᠵᠢᠭᠤᠷᠠᠬᠤ᠂ ᠠᠦ᠋ᠲ᠋ᠣ᠋ ᠪᠣᠭᠤᠳᠠᠯᠯᠠᠬᠤ ᠵᠡᠷᠭᠡ ᠶᠢ ᠨᠢᠭᠡ ᠴᠣᠭᠴᠠᠵᠢᠭᠤᠯᠤᠭᠰᠠᠨ ᠡᠪᠡᠰᠦᠨ ᠮᠥᠬᠦᠯᠢᠭ ᠡᠳ᠋ᠰᠢᠭᠦᠯᠬᠦ ᠮᠠᠰᠢᠨ ᠶᠠᠭ ᠰᠠᠶᠢᠬᠠᠨ ᠡᠮᠬᠢ ᠵᠢᠷᠤᠮ ᠲᠠᠢ ᠪᠠᠷ ᠠᠵᠢᠯᠯᠠᠵᠤ ᠪᠠᠶᠢᠯ᠎ᠠ᠂ ᠡᠨᠡ ᠪᠣᠯ ᠪᠠᠶᠠᠨᠨᠠᠭᠤᠷ ᠲᠣᠰᠬᠤᠨ ᠤ ᠡᠨᠡ ᠵᠢᠯ ᠤᠨ 9 ᠳ᠋ᠦ᠋ᠭᠡᠷ ᠰᠠᠷ᠎ᠠ ᠳᠤ ᠠᠰᠢᠭᠯᠠᠯᠲᠠ ᠳᠤ ᠣᠷᠣᠭᠤᠯᠤᠭᠰᠠᠨ ᠲᠣᠰᠬᠤᠨ ᠤ ᠬᠠᠮᠲᠤ ᠶᠢᠨ ᠠᠵᠤ ᠠᠬᠤᠶ ᠶᠢᠨ ᠲᠥᠷᠥᠯ ᠵᠦᠶᠯ ᠪᠣᠯᠤᠨ᠎ᠠ᠃ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ ᠲᠠᠰᠤᠭ ᠲᠤ ᠬᠦᠷᠦᠭᠡᠳ᠂ ᠭᠤᠤ ᠬᠤᠸᠠᠢ ᠵᠢᠩ ᠦᠢᠯᠡᠳᠪᠦᠷᠢ ᠶᠢᠨ ᠲᠠᠰᠤᠭ ᠤᠨ ᠬᠠᠷᠢᠭᠤᠴᠠᠯᠭᠠᠲᠠᠨ ᠲᠠᠢ ᠨᠠᠷᠢᠨ ᠶᠠᠷᠢᠯᠴᠠᠵᠤ᠂ ᠲᠤᠰ ᠲᠦᠷᠦᠯ ᠵᠦᠢᠯ ᠤᠨ ᠠᠵᠢᠯᠯᠠᠭᠠᠨ ᠤ ᠬᠥᠭᠵᠢᠯᠲᠡ ᠶᠢᠨ ᠪᠠᠶᠢᠳᠠᠯ ᠢ ᠣᠶᠢᠯᠠᠭᠠᠪᠠ᠃ ᠭᠤᠤ ᠬᠤᠸᠠᠢ ᠵᠢᠩ᠂ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠳᠤ᠂ ᠮᠠᠯᠴᠢᠨ ᠲᠠᠷᠢᠶᠠᠴᠢᠨ ᠪᠣᠯ ᠭᠤᠣᠯ ᠠᠰᠢᠭ ᠬᠦᠷᠳᠡᠭᠴᠢ ᠪᠣᠯᠤᠨ᠎ᠠ᠂ ᠣᠳᠣᠬᠠᠨ ᠳᠤ᠂ ᠮᠠᠯᠴᠢᠨ ᠲᠠᠷᠢᠶᠠᠴᠢᠨ ᠤ ᠡᠪᠡᠰᠦ ᠪᠣᠷᠳᠤᠭ᠎ᠠ ᠡᠳ᠋ᠰᠢᠭᠦᠯᠬᠦ ᠬᠡᠷᠡᠭᠴᠡᠭᠡ ᠶᠡᠭᠡ ᠪᠠᠶᠢᠨ᠎ᠠ᠂ ᠲᠡᠵᠢᠭᠡᠯ ᠪᠣᠷᠳᠤᠭ᠎ᠠ ᠡᠳ᠋ᠰᠢᠭᠦᠯᠬᠦ ᠦᠢᠯᠡᠳᠪᠦᠷᠢ ᠶᠢᠨ ᠠᠮᠤᠷ ᠲᠦᠪᠰᠢᠨ᠂ ᠡᠮᠬᠢ ᠵᠢᠷᠤᠮ ᠲᠠᠢ ᠠᠵᠢᠯᠯᠠᠬᠤ ᠶᠢ ᠪᠠᠲᠤᠯᠠᠵᠤ᠂ ᠥᠷᠭᠡᠨ ᠤᠯᠠᠨ ᠮᠠᠯᠴᠢᠨ ᠲᠠᠷᠢᠶᠠᠴᠢᠨ ᠳᠤ ᠨᠡᠩ ᠰᠠᠶᠢᠲᠤᠷ ᠦᠢᠯᠡᠴᠢᠯᠡᠨ᠂ ᠢᠲᠡᠭᠡᠯ ᠲᠠᠢ ᠠᠵᠢᠯᠯᠠᠬᠤ ᠶᠤᠮ ᠪᠤᠯ ᠯᠠᠪᠲᠠᠢ ᠡᠨᠡ ᠬᠦ ᠲᠡᠵᠢᠭᠡᠯ ᠪᠣᠷᠳᠤᠭ᠎ᠠ ᠡᠳ᠋ᠰᠢᠭᠦᠯᠬᠦ ᠦᠢᠯᠡᠳᠪᠦᠷᠢ ᠶᠢ ᠰᠠᠶᠢᠲᠤᠷ ᠡᠷᠬᠢᠯᠡᠵᠦ᠂ ᠲᠣᠰᠬᠤᠨ ᠤ ᠬᠠᠮᠲᠤ ᠶᠢᠨ ᠠᠵᠤ ᠠᠬᠤᠢ ᠴᠤ ᠨᠡᠩ ᠰᠠᠶᠢᠢᠨ ᠬᠥᠭᠵᠢᠵᠦ ᠴᠢᠳᠠᠨ᠎ᠠ ᠭᠡᠪᠡ᠃      ᠪᠠᠶᠠᠨᠨᠠᠭᠤᠷ ᠲᠣᠰᠬᠤᠨ ᠤ ᠨᠠᠮ ᠤᠨ ᠭᠡᠰᠢᠭᠦᠨ ᠤᠯᠠᠨ ᠲᠦᠮᠡᠨ ᠳᠤ ᠦᠢᠯᠡᠴᠢᠯᠡᠬᠦ ᠲᠥᠪ ᠢ ᠤᠤᠯ ᠤᠨ ᠦᠮᠡᠭᠡᠶᠢᠨᠠᠭᠤᠷ ᠤᠨ ᠭᠤᠤᠯᠳᠠᠯᠭᠠᠳᠤ ᠬᠡᠦᠬᠡᠳ ᠤᠨ ᠴᠡᠴᠡᠷᠯᠢᠭ ᠤᠨ ᠬᠠᠭᠤᠴᠢᠨ ᠪᠠᠭᠤᠷᠢ ᠠᠴᠠ ᠥᠭᠡᠷᠡᠴᠢᠯᠡᠨ ᠪᠠᠶᠢᠭᠤᠯᠵᠤ᠂ ᠨᠠᠮ ᠤᠨ ᠭᠡᠰᠢᠭᠦᠨ ᠤ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠬᠦ ᠪᠠᠷᠠᠭᠠᠨ ᠤ ᠲᠠᠯᠪᠢᠭᠤᠷ ᠳᠡᠭᠡᠷ᠎ᠡ ᠪᠤᠳᠠᠭ᠎ᠠ᠂ ᠭᠤᠯᠢᠷ᠂ ᠲᠤᠰᠤ ᠵᠡᠷᠭᠡ ᠤᠯᠠᠨ ᠲᠦᠮᠡᠨ ᠤ ᠡᠳᠦᠷ ᠳᠤᠳᠤᠮ ᠤᠨ ᠠᠮᠢᠳᠤᠷᠠᠯ ᠤᠨ ᠬᠡᠷᠡᠭᠰᠡᠯ ᠢ ᠲᠦᠭᠦᠷᠡᠲᠡᠯ᠎ᠡ ᠦᠷᠦᠵᠦ ᠲᠠᠯᠪᠢᠵᠠᠢ᠂ ᠭᠤᠤ ᠬᠤᠸᠠᠢ ᠵᠢᠩ ︽ᠤᠳᠤᠨ ᠢᠶᠠᠷ ᠪᠠᠷᠠᠭ᠎ᠠ ᠰᠣᠯᠢᠬᠤ︾ ᠲᠦᠷᠢᠮ ᠢ ᠣᠶᠢᠯᠠᠭᠠᠭᠰᠠᠨ ᠤ ᠳᠠᠷᠠᠭ᠎ᠠ᠂ ᠡᠨᠡ ᠬᠦ ᠠᠷᠭ᠎ᠠ ᠨᠢ ᠮᠠᠭᠲᠠᠨ ᠰᠠᠶᠢᠰᠢᠶᠠᠭᠤᠰᠢᠲᠠᠢ ᠪᠣᠯᠪᠠᠴᠤ ᠬᠡᠷᠬᠢᠨ ᠨᠡᠩ ᠰᠠᠶᠢᠲᠤᠷ ᠪᠠᠷᠢᠮᠲᠠᠯᠠᠵᠤ᠂ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠬᠦ ᠠᠵᠢᠯ ᠢ ᠦᠨᠡᠨ ᠬᠦ ᠪᠣᠳᠠᠲᠠᠢ ᠨᠠᠷᠢᠯᠢᠭ ᠬᠢᠬᠦ ᠨᠢ ᠴᠢᠬᠤᠯᠠ ᠶᠤᠮ ᠭᠡᠵᠦ ᠬᠡᠯᠡᠪᠡ᠃ ᠡᠭᠦᠨ ᠤ ᠬᠠᠮᠲᠤ᠂ ᠵᠢᠭᠰᠠᠭᠠᠯ ᠤᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠵᠦᠶ ᠵᠣᠬᠢᠰᠲᠠᠶ ᠪᠠᠶᠢᠷᠢᠰᠢᠭᠤᠯᠵᠤ᠂ ᠰᠤᠯᠠ ᠪᠠᠶᠢᠭ᠎ᠠ ᠭᠠᠵᠠᠷ ᠢ ᠭᠦᠶᠴᠡᠳ ᠠᠰᠢᠭᠯᠠᠨ ᠰᠣᠶᠣᠯ ᠲᠠᠮᠢᠷ ᠤᠨ ᠠᠵᠢᠯᠯᠠᠭᠠᠨ ᠤ ᠲᠠᠰᠤᠭ ᠭᠠᠷᠭᠠᠵᠤ᠂ ᠬᠥᠭᠵᠢᠮᠳᠡᠨ ᠳᠠᠭᠤᠯᠠᠬᠤ ᠳᠤᠷᠠᠲᠠᠶ ᠮᠠᠯᠴᠢᠨ ᠲᠠᠷᠢᠶᠠᠴᠢᠳ ᠢ ᠠᠳᠡ ᠪᠠᠶᠠᠷ ᠬᠥᠷ ᠢᠶᠠᠷ ᠪᠢᠯᠬᠠᠭᠤᠯᠵᠤ᠂ ᠲᠡᠳᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠨᠠᠩ ᠪᠠᠶᠠᠯᠢᠭᠵᠢᠭᠤᠯᠬᠤ ᠬᠡᠷᠡᠭᠲᠡᠶ ᠭᠡᠪᠡ᠃      ᠯᠢ ᠰᠢᠶᠠᠩ ᠬᠤᠩ ᠪᠣᠯ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠶᠡᠬᠡᠨ᠋ᠤᠰᠤ ᠲᠣᠰᠬᠤᠨ ᠳᠤ ᠲᠣᠮᠢᠯᠠᠭᠰᠠᠨ ᠨᠢᠭᠡᠳᠦᠭᠡᠷ ᠱᠦᠵᠢ ᠪᠣᠯᠤᠨ᠎ᠠ᠂ 2020 ᠣᠨ ᠤ 12 ᠰᠠᠷ᠎ᠠ ᠳᠤ᠂ ᠲᠡᠷᠡ ᠲᠣᠰᠬᠤᠨ ᠤ ᠠᠷᠠᠳ ᠤᠨ ᠰᠤᠩᠭᠤᠭᠤᠯᠢ ᠪᠠᠷ ᠳᠠᠮᠵᠢᠨ ᠲᠣᠰ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠤ ᠵᠥᠪᠯᠡᠯ ᠤᠨ ᠡᠷᠬᠢᠯᠡᠭᠴᠢ ᠪᠤᠯᠵᠠᠢ᠂ ᠭᠤᠤ ᠬᠤᠸᠠᠢ ᠵᠢᠩ ᠰᠣᠨᠣᠰᠤᠭᠰᠠᠨ ᠤ ᠳᠠᠷᠠᠭ᠎ᠠ᠂ ᠲᠠ ᠬᠤᠶᠠᠷ ᠵᠢᠯ ᠤᠨ ᠲᠤᠷᠰᠢ ᠮᠠᠯᠴᠢᠨ ᠲᠠᠷᠢᠶᠠᠴᠢᠨ ᠲᠠᠢ ᠬᠠᠮᠲᠤ ᠪᠠᠶᠢᠭᠰᠠᠨ ᠢᠶᠠᠷ ᠮᠠᠯᠴᠢᠨ ᠲᠠᠷᠢᠶᠠᠴᠢᠨ ᠲᠠᠨ ᠢ ᠮᠠᠰᠢ ᠢᠲᠡᠭᠡᠵᠦ ᠪᠠᠶᠢᠨ᠎ᠠ᠂ ᠲᠠᠨ ᠤ ᠰᠡᠳᠬᠢᠯ ᠰᠢᠭᠤᠳᠤᠨ ᠮᠠᠯᠴᠢᠨ ᠲᠠᠷᠢᠶᠠᠴᠢᠨ ᠳᠤ ᠨᠠᠩ ᠰᠠᠶᠢᠲᠤᠷ ᠦᠶᠯᠡᠴᠢᠯᠡᠬᠦ ᠶᠢ ᠬᠦᠰᠡᠵᠦ ᠪᠠᠶᠢᠨ᠎ᠠ ᠭᠡᠪᠡ᠃ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠲᠤᠬᠠᠢ ᠶᠠᠷᠢᠬᠤ ᠳᠠᠭᠠᠨ ᠭᠤᠤ ᠬᠤᠸᠠᠢ ᠵᠢᠩ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ ᠦᠷᠭᠦᠯᠵᠢᠯᠡᠨ ᠲᠠᠷᠢᠬᠢ ᠪᠠᠨ ᠬᠥᠳᠡᠯᠭᠡᠵᠦ᠂ ᠠᠷᠭ᠎ᠠ ᠪᠤᠳᠤᠵᠤ᠂ ᠳᠠᠭᠠᠭᠠᠴᠢᠯᠠᠨ ᠲᠡᠳᠬᠦᠬᠦ ᠨᠢᠭᠡᠴᠢ ᠲᠠᠢ ᠬᠠᠮᠲᠤ ᠪᠠᠷ ᠴᠢᠷᠮᠠᠶᠢᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠬᠡᠷᠡᠭᠲᠡᠢ᠃ ᠣᠷᠣᠰᠢᠨ ᠰᠠᠭᠤᠬᠤ ᠣᠷᠴᠢᠨ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠢᠭᠤᠨ ᠴᠡᠪᠡᠷ ᠢ ᠬᠠᠮᠠᠭᠠᠯᠠᠬᠤ ᠠᠵᠢᠯ ᠤᠨ ᠲᠦᠷᠢᠮ ᠲᠣᠭᠲᠠᠭᠠᠯ ᠪᠠ ᠬᠢᠨᠠᠨ ᠰᠢᠯᠭᠠᠬᠤ ᠠᠷᠭ᠎ᠠ ᠶᠢ ᠨᠠᠷᠢᠨ ᠳᠤᠭᠲᠠᠭᠠᠨ᠂ ᠠᠷᠢᠭᠤᠨ ᠴᠡᠪᠡᠷ ᠢ ᠬᠠᠮᠠᠭᠠᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠣᠷᠣᠰᠢᠨ ᠰᠠᠭᠤᠬᠤ ᠣᠷᠴᠢᠨ ᠨᠥᠬᠦᠴᠡᠯ ᠢ ᠨᠡᠩ ᠲᠠᠭᠠᠯᠠᠮᠵᠢᠲᠠᠢ ᠪᠥᠭᠡᠳ ᠴᠡᠪᠡᠷ ᠲᠡᠭᠰᠢ ᠪᠣᠯᠭᠠᠬᠤ ᠬᠡᠷᠡᠭᠲᠡᠢ ᠭᠡᠵᠦ ᠱᠠᠭᠠᠷᠳᠠᠵᠠᠢ᠃      ᠦᠮᠡᠭᠡᠶᠢᠨᠠᠭᠤᠷ ᠲᠣᠰᠬᠤᠨ ᠤ ᠨᠠᠮ ᠤᠨ ᠭᠡᠰᠢᠭᠦᠨ ᠣᠯᠠᠨ ᠲᠦᠮᠡᠨ ᠳᠤ ᠦᠢᠯᠡᠴᠢᠯᠡᠬᠦ ᠲᠥᠪ ᠤᠨ ᠬᠡᠷᠡᠭ ᠵᠥᠪᠯᠡᠬᠦ ᠬᠤᠷᠠᠯ ᠤᠨ ᠠᠵᠢᠯ ᠤᠨ ᠥᠷᠲᠡᠭᠡ ᠳᠤ᠂ ᠭᠤᠤ ᠬᠤᠸᠠᠢ ᠵᠢᠩ ᠬᠤᠷᠠᠯ ᠤᠨ ᠲᠡᠮᠳᠡᠭᠯᠡᠯ ᠤᠨ ᠳᠡᠪᠲᠡᠷ ᠢ ᠨᠠᠷᠢᠨ ᠦᠵᠡᠵᠦ᠂ ᠵᠥᠪᠳᠡᠯᠴᠡᠬᠦ ᠬᠡᠷᠡᠭ ᠵᠥᠪᠯᠡᠬᠦ ᠶᠠᠪᠤᠴᠠ ᠵᠢᠴᠢ ᠣᠷᠣᠰᠢᠵᠤ ᠪᠠᠶᠢᠭ᠎ᠠ ᠬᠦᠴᠢᠷᠳᠡᠯ ᠢ ᠯᠠᠪᠯᠠᠨ ᠠᠰᠠᠭᠤᠪᠠ᠂ ᠭᠤᠤ ᠬᠤᠸᠠᠢ ᠵᠢᠩ ᠬᠡᠯᠡᠬᠦ ᠳᠡᠭᠡᠨ᠂ ᠬᠡᠷᠡᠭ ᠵᠥᠪᠯᠡᠬᠦ ᠬᠤᠷᠠᠯ ᠤᠨ ᠠᠵᠢᠯ ᠤᠨ ᠥᠷᠲᠡᠭᠡ ᠪᠠᠶᠢᠭᠤᠯᠬᠤ ᠨᠢ ᠳᠠᠷᠤᠶ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠰᠢᠶᠳᠪᠦᠷᠢᠯᠡᠬᠦ ᠶᠢᠨ ᠲᠥᠯᠥᠭᠡ ᠶᠤᠮ᠂ ᠪᠢᠳᠡ ᠨᠢᠭᠡ ᠰᠡᠳᠬᠢᠯ ᠨᠢᠭᠡ ᠵᠣᠷᠢᠭ ᠢᠶᠠᠷ ᠣᠯᠠᠨ ᠲᠦᠮᠡᠨ ᠳᠤ ᠦᠶᠯᠡᠴᠢᠯᠡᠵᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠥᠷᠭᠡᠨ ᠢᠶᠠᠷ ᠬᠤᠷᠢᠶᠠᠨ᠂ ᠦᠨᠳᠦᠰᠦᠨ ᠱᠠᠲᠤᠨ ᠤ ᠨᠡᠶᠢᠲᠡᠯᠢᠭ ᠴᠢᠨᠠᠷᠲᠠᠶ ᠠᠰᠠᠭᠤᠳᠠᠯ ᠢ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠲᠤᠰᠬᠠᠵᠤ᠂ ᠠᠷᠠᠳ ᠤᠨ ᠣᠶᠤᠨ ᠤᠬᠠᠭᠠᠨ ᠢ ᠨᠢᠭᠲᠠᠷᠠᠭᠤᠯᠤᠨ᠂ ᠬᠠᠮᠲᠤ ᠶᠢᠨ ᠲᠠᠨᠢᠯᠲᠠ ᠶᠢ ᠪᠦᠷᠢᠯᠳᠦᠭᠦᠯᠵᠦ᠂ ᠬᠤᠤᠰ ᠴᠢᠭᠯᠡᠯ ᠢᠶᠠᠷ ᠬᠦᠴᠦᠯᠡᠬᠦ ᠶᠢ ᠪᠡᠶᠡᠯᠡᠭᠦᠯᠬᠦ ᠬᠡᠷᠡᠭᠲᠡᠶ ᠭᠡᠪᠡ᠃      ᠦᠮᠡᠭᠡᠶᠢᠨᠠᠭᠤᠷ ᠤᠨ ᠡᠷᠡᠭᠦᠯ ᠬᠠᠮᠠᠭᠠᠯᠠᠯ ᠤᠨ ᠬᠤᠷᠢᠶᠠᠨ ᠳᠤ᠂ ᠭᠤᠤ ᠬᠤᠸᠠᠢ ᠵᠢᠩ ᠡᠮᠨᠡᠯᠭᠡ ᠶᠢᠨ ᠠᠵᠢᠯᠲᠠᠳ ᠲᠠᠢ ᠨᠠᠷᠢᠨ ᠶᠠᠷᠢᠯᠴᠠᠵᠤ᠂ ᠲᠡᠳᠡᠨ ᠤ ᠠᠵᠢᠯ ᠠᠮᠢᠳᠤᠷᠠᠯ ᠤᠨ ᠪᠠᠶᠢᠳᠠᠯ ᠢ ᠣᠶᠢᠯᠠᠭᠠᠪᠠ᠂ ᠭᠤᠤ ᠬᠤᠸᠠᠢ ᠵᠢᠩ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠬᠠᠷᠢᠭᠤᠴᠠᠯᠭ᠎ᠠ ᠶᠡᠭᠡ ᠡᠭᠦᠷᠭᠡ ᠬᠦᠨᠳᠦ ᠪᠠᠶᠢᠨ᠎ᠠ᠂ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠦᠷᠭᠦᠯᠵᠢ ᠡᠷᠡᠭᠦᠯ ᠬᠠᠮᠠᠭᠠᠯᠠᠯ ᠤᠨ ᠬᠤᠷᠢ᠊ ᠡᠶ᠎ᠡ ᠳᠤ ᠬᠦᠷᠴᠦ ᠲᠡᠳᠡᠨ ᠤ ᠠᠵᠢᠯ ᠠᠮᠢᠳᠤᠷᠠᠯ ᠤᠨ ᠪᠠᠶᠢᠳᠠᠯ ᠢ ᠣᠶᠢᠯᠠᠭᠠᠬᠤ ᠬᠡᠷᠡᠭᠲᠡᠢ᠂ ᠡᠨᠡ ᠪᠣᠯ ᠬᠠᠯᠠᠮᠵᠢᠯᠠᠯ ᠪᠣᠯᠬᠤ ᠪᠥᠭᠡᠳ ᠪᠠᠰᠠ ᠨᠢᠭᠡ ᠵᠦᠢᠯ ᠤᠨ ᠬᠢᠨᠠᠯᠲᠠ ᠪᠣᠯᠤᠨ᠎ᠠ᠃ ᠣᠳᠣᠬᠠᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠮᠥᠨ ᠬᠦ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠡᠮᠴᠢᠯᠡᠭᠡᠨ ᠤ ᠦᠶᠯᠡᠴᠢᠯᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠤᠭᠴᠠᠯᠠᠨ᠂ ᠠᠷᠠᠳ ᠣᠯᠠᠨ ᠤ ᠡᠷᠡᠭᠦᠯ ᠮᠡᠨᠳᠦ ᠶᠢ ᠬᠠᠮᠠᠭᠠᠯᠠᠬᠤ ᠬᠡᠷᠡᠭᠲᠡᠶ ᠭᠡᠵᠦ ᠱᠠᠭᠠᠷᠳᠠᠪᠠ᠃
ᠢᠷᠡᠯᠲᠡ᠄ ᠣᠲᠤᠭ ᠨᠡᠶᠢᠲᠡᠯᠡᠯ