10 ᠰᠠᠷ᠎ᠠ ᠶᠢᠨ 10 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠬᠤᠸᠠᠢ ᠵᠢᠩ | ᠦᠮᠡᠭᠡᠶᠢᠨᠠᠭᠤᠷ ᠪᠠᠯᠭᠠᠰᠤᠨ ᠳᠤ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢ ᡁᠢ ᠪᠢᠶᠤᠤ ᠬᠠᠮᠲᠤ ᠪᠠᠶᠢᠴᠠᠭᠠᠨ ᠰᠤᠳᠤᠯᠤᠯᠲᠠ ᠬᠢᠪᠡ᠃ | | ᠲᠡᠳᠡᠨ ᠢ ᠦᠮᠡᠭᠡᠶᠢᠨᠠᠭᠤᠷ ᠪᠠᠯᠭᠠᠰᠤᠨ ᠤ ᠪᠠᠶᠠᠨᠨᠠᠭᠤᠷ ᠲᠣᠰᠬᠤᠨ ᠤ ᠲᠡᠵᠢᠭᠡᠯ ᠪᠣᠷᠳᠤᠭ᠎ᠠ ᠡᠳ᠋ᠰᠢᠭᠦᠯᠬᠦ | ᠦᠶᠯᠡᠳᠪᠦᠷᠢ ᠳᠤ ᠬᠦᠷᠬᠦ ᠳᠤ ᠮᠠᠰᠢᠨ ᠬᠦᠷᠴᠢᠭᠢᠨᠡᠵᠦ᠂ ᠬᠡᠮᠬᠡᠯᠬᠦ᠂ ᠵᠢᠭᠤᠷᠠᠬᠤ᠂ ᠠᠦ᠋ᠲ᠋ᠣ᠋ ᠪᠣᠭᠤᠳᠠᠯᠯᠠᠬᠤ ᠵᠡᠷᠭᠡ ᠶᠢ | ᠨᠢᠭᠡ ᠴᠣᠭᠴᠠᠵᠢᠭᠤᠯᠤᠭᠰᠠᠨ ᠡᠪᠡᠰᠦᠨ ᠮᠥᠬᠦᠯᠢᠭ ᠡᠳ᠋ᠰᠢᠭᠦᠯᠬᠦ ᠮᠠᠰᠢᠨ ᠶᠠᠭ ᠰᠠᠶᠢᠬᠠᠨ ᠡᠮᠬᠢ ᠵᠢᠷᠤᠮ ᠲᠠᠢ ᠪᠠᠷ | ᠠᠵᠢᠯᠯᠠᠵᠤ ᠪᠠᠶᠢᠯ᠎ᠠ᠂ ᠡᠨᠡ ᠪᠣᠯ ᠪᠠᠶᠠᠨᠨᠠᠭᠤᠷ ᠲᠣᠰᠬᠤᠨ ᠤ ᠡᠨᠡ ᠵᠢᠯ ᠤᠨ 9 ᠳ᠋ᠦ᠋ᠭᠡᠷ ᠰᠠᠷ᠎ᠠ ᠳᠤ ᠠᠰᠢᠭᠯᠠᠯᠲᠠ ᠳᠤ | ᠣᠷᠣᠭᠤᠯᠤᠭᠰᠠᠨ ᠲᠣᠰᠬᠤᠨ ᠤ ᠬᠠᠮᠲᠤ ᠶᠢᠨ ᠠᠵᠤ ᠠᠬᠤᠶ ᠶᠢᠨ ᠲᠥᠷᠥᠯ ᠵᠦᠶᠯ ᠪᠣᠯᠤᠨ᠎ᠠ᠃ ᠲᠡᠵᠢᠭᠡᠯ ᠪᠣᠷᠳᠤᠭ᠎ᠠ | ᠪᠣᠯᠪᠠᠰᠤᠷᠠᠭᠤᠯᠬᠤ ᠲᠠᠰᠤᠭ ᠲᠤ ᠬᠦᠷᠦᠭᠡᠳ᠂ ᠭᠤᠤ ᠬᠤᠸᠠᠢ ᠵᠢᠩ ᠦᠢᠯᠡᠳᠪᠦᠷᠢ ᠶᠢᠨ ᠲᠠᠰᠤᠭ ᠤᠨ | ᠬᠠᠷᠢᠭᠤᠴᠠᠯᠭᠠᠲᠠᠨ ᠲᠠᠢ ᠨᠠᠷᠢᠨ ᠶᠠᠷᠢᠯᠴᠠᠵᠤ᠂ ᠲᠤᠰ ᠲᠦᠷᠦᠯ ᠵᠦᠢᠯ ᠤᠨ ᠠᠵᠢᠯᠯᠠᠭᠠᠨ ᠤ ᠬᠥᠭᠵᠢᠯᠲᠡ ᠶᠢᠨ | ᠪᠠᠶᠢᠳᠠᠯ ᠢ ᠣᠶᠢᠯᠠᠭᠠᠪᠠ᠃ ᠭᠤᠤ ᠬᠤᠸᠠᠢ ᠵᠢᠩ᠂ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ | ᠪᠤᠵᠠᠭᠠᠶᠢᠷᠠᠭᠤᠯᠬᠤ ᠳᠤ᠂ ᠮᠠᠯᠴᠢᠨ ᠲᠠᠷᠢᠶᠠᠴᠢᠨ ᠪᠣᠯ ᠭᠤᠣᠯ ᠠᠰᠢᠭ ᠬᠦᠷᠳᠡᠭᠴᠢ ᠪᠣᠯᠤᠨ᠎ᠠ᠂ ᠣᠳᠣᠬᠠᠨ ᠳᠤ᠂ | ᠮᠠᠯᠴᠢᠨ ᠲᠠᠷᠢᠶᠠᠴᠢᠨ ᠤ ᠡᠪᠡᠰᠦ ᠪᠣᠷᠳᠤᠭ᠎ᠠ ᠡᠳ᠋ᠰᠢᠭᠦᠯᠬᠦ ᠬᠡᠷᠡᠭᠴᠡᠭᠡ ᠶᠡᠭᠡ ᠪᠠᠶᠢᠨ᠎ᠠ᠂ ᠲᠡᠵᠢᠭᠡᠯ ᠪᠣᠷᠳᠤᠭ᠎ᠠ | ᠡᠳ᠋ᠰᠢᠭᠦᠯᠬᠦ ᠦᠢᠯᠡᠳᠪᠦᠷᠢ ᠶᠢᠨ ᠠᠮᠤᠷ ᠲᠦᠪᠰᠢᠨ᠂ ᠡᠮᠬᠢ ᠵᠢᠷᠤᠮ ᠲᠠᠢ ᠠᠵᠢᠯᠯᠠᠬᠤ ᠶᠢ ᠪᠠᠲᠤᠯᠠᠵᠤ᠂ ᠥᠷᠭᠡᠨ | ᠤᠯᠠᠨ ᠮᠠᠯᠴᠢᠨ ᠲᠠᠷᠢᠶᠠᠴᠢᠨ ᠳᠤ ᠨᠡᠩ ᠰᠠᠶᠢᠲᠤᠷ ᠦᠢᠯᠡᠴᠢᠯᠡᠨ᠂ ᠢᠲᠡᠭᠡᠯ ᠲᠠᠢ ᠠᠵᠢᠯᠯᠠᠬᠤ ᠶᠤᠮ ᠪᠤᠯ ᠯᠠᠪᠲᠠᠢ ᠡᠨᠡ | ᠬᠦ ᠲᠡᠵᠢᠭᠡᠯ ᠪᠣᠷᠳᠤᠭ᠎ᠠ ᠡᠳ᠋ᠰᠢᠭᠦᠯᠬᠦ ᠦᠢᠯᠡᠳᠪᠦᠷᠢ ᠶᠢ ᠰᠠᠶᠢᠲᠤᠷ ᠡᠷᠬᠢᠯᠡᠵᠦ᠂ ᠲᠣᠰᠬᠤᠨ ᠤ ᠬᠠᠮᠲᠤ ᠶᠢᠨ ᠠᠵᠤ | ᠠᠬᠤᠢ ᠴᠤ ᠨᠡᠩ ᠰᠠᠶᠢᠢᠨ ᠬᠥᠭᠵᠢᠵᠦ ᠴᠢᠳᠠᠨ᠎ᠠ ᠭᠡᠪᠡ᠃ | ᠪᠠᠶᠠᠨᠨᠠᠭᠤᠷ ᠲᠣᠰᠬᠤᠨ ᠤ ᠨᠠᠮ ᠤᠨ ᠭᠡᠰᠢᠭᠦᠨ ᠤᠯᠠᠨ ᠲᠦᠮᠡᠨ ᠳᠤ ᠦᠢᠯᠡᠴᠢᠯᠡᠬᠦ ᠲᠥᠪ ᠢ ᠤᠤᠯ ᠤᠨ | ᠦᠮᠡᠭᠡᠶᠢᠨᠠᠭᠤᠷ ᠤᠨ ᠭᠤᠤᠯᠳᠠᠯᠭᠠᠳᠤ ᠬᠡᠦᠬᠡᠳ ᠤᠨ ᠴᠡᠴᠡᠷᠯᠢᠭ ᠤᠨ ᠬᠠᠭᠤᠴᠢᠨ ᠪᠠᠭᠤᠷᠢ ᠠᠴᠠ ᠥᠭᠡᠷᠡᠴᠢᠯᠡᠨ | ᠪᠠᠶᠢᠭᠤᠯᠵᠤ᠂ ᠨᠠᠮ ᠤᠨ ᠭᠡᠰᠢᠭᠦᠨ ᠤ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠬᠦ | ᠪᠠᠷᠠᠭᠠᠨ ᠤ ᠲᠠᠯᠪᠢᠭᠤᠷ ᠳᠡᠭᠡᠷ᠎ᠡ ᠪᠤᠳᠠᠭ᠎ᠠ᠂ ᠭᠤᠯᠢᠷ᠂ ᠲᠤᠰᠤ ᠵᠡᠷᠭᠡ ᠤᠯᠠᠨ ᠲᠦᠮᠡᠨ ᠤ ᠡᠳᠦᠷ ᠳᠤᠳᠤᠮ ᠤᠨ | ᠠᠮᠢᠳᠤᠷᠠᠯ ᠤᠨ ᠬᠡᠷᠡᠭᠰᠡᠯ ᠢ ᠲᠦᠭᠦᠷᠡᠲᠡᠯ᠎ᠡ ᠦᠷᠦᠵᠦ ᠲᠠᠯᠪᠢᠵᠠᠢ᠂ ᠭᠤᠤ ᠬᠤᠸᠠᠢ ᠵᠢᠩ ︽ᠤᠳᠤᠨ ᠢᠶᠠᠷ ᠪᠠᠷᠠᠭ᠎ᠠ | ᠰᠣᠯᠢᠬᠤ︾ ᠲᠦᠷᠢᠮ ᠢ ᠣᠶᠢᠯᠠᠭᠠᠭᠰᠠᠨ ᠤ ᠳᠠᠷᠠᠭ᠎ᠠ᠂ ᠡᠨᠡ ᠬᠦ ᠠᠷᠭ᠎ᠠ ᠨᠢ ᠮᠠᠭᠲᠠᠨ ᠰᠠᠶᠢᠰᠢᠶᠠᠭᠤᠰᠢᠲᠠᠢ ᠪᠣᠯᠪᠠᠴᠤ | ᠬᠡᠷᠬᠢᠨ ᠨᠡᠩ ᠰᠠᠶᠢᠲᠤᠷ ᠪᠠᠷᠢᠮᠲᠠᠯᠠᠵᠤ᠂ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠬᠦ | ᠠᠵᠢᠯ ᠢ ᠦᠨᠡᠨ ᠬᠦ ᠪᠣᠳᠠᠲᠠᠢ ᠨᠠᠷᠢᠯᠢᠭ ᠬᠢᠬᠦ ᠨᠢ ᠴᠢᠬᠤᠯᠠ ᠶᠤᠮ ᠭᠡᠵᠦ ᠬᠡᠯᠡᠪᠡ᠃ ᠡᠭᠦᠨ ᠤ ᠬᠠᠮᠲᠤ᠂ | ᠵᠢᠭᠰᠠᠭᠠᠯ ᠤᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠵᠦᠶ ᠵᠣᠬᠢᠰᠲᠠᠶ ᠪᠠᠶᠢᠷᠢᠰᠢᠭᠤᠯᠵᠤ᠂ ᠰᠤᠯᠠ ᠪᠠᠶᠢᠭ᠎ᠠ | ᠭᠠᠵᠠᠷ ᠢ ᠭᠦᠶᠴᠡᠳ ᠠᠰᠢᠭᠯᠠᠨ ᠰᠣᠶᠣᠯ ᠲᠠᠮᠢᠷ ᠤᠨ ᠠᠵᠢᠯᠯᠠᠭᠠᠨ ᠤ ᠲᠠᠰᠤᠭ ᠭᠠᠷᠭᠠᠵᠤ᠂ ᠬᠥᠭᠵᠢᠮᠳᠡᠨ ᠳᠠᠭᠤᠯᠠᠬᠤ | ᠳᠤᠷᠠᠲᠠᠶ ᠮᠠᠯᠴᠢᠨ ᠲᠠᠷᠢᠶᠠᠴᠢᠳ ᠢ ᠠᠳᠡ ᠪᠠᠶᠠᠷ ᠬᠥᠷ ᠢᠶᠠᠷ ᠪᠢᠯᠬᠠᠭᠤᠯᠵᠤ᠂ ᠲᠡᠳᠡᠨ ᠤ ᠣᠶᠤᠨ ᠰᠠᠨᠠᠭ᠎ᠠ | ᠰᠣᠶᠣᠯ ᠤᠨ ᠠᠮᠢᠳᠤᠷᠠᠯ ᠢ ᠨᠠᠩ ᠪᠠᠶᠠᠯᠢᠭᠵᠢᠭᠤᠯᠬᠤ ᠬᠡᠷᠡᠭᠲᠡᠶ ᠭᠡᠪᠡ᠃ | ᠯᠢ ᠰᠢᠶᠠᠩ ᠬᠤᠩ ᠪᠣᠯ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠠᠴᠠ ᠶᠡᠬᠡᠨ᠋ᠤᠰᠤ ᠲᠣᠰᠬᠤᠨ ᠳᠤ ᠲᠣᠮᠢᠯᠠᠭᠰᠠᠨ ᠨᠢᠭᠡᠳᠦᠭᠡᠷ ᠱᠦᠵᠢ ᠪᠣᠯᠤᠨ᠎ᠠ᠂ 2020 ᠣᠨ ᠤ 12 | ᠰᠠᠷ᠎ᠠ ᠳᠤ᠂ ᠲᠡᠷᠡ ᠲᠣᠰᠬᠤᠨ ᠤ ᠠᠷᠠᠳ ᠤᠨ ᠰᠤᠩᠭᠤᠭᠤᠯᠢ ᠪᠠᠷ ᠳᠠᠮᠵᠢᠨ ᠲᠣᠰ ᠲᠣᠰᠬᠤᠨ ᠤ ᠨᠠᠮ ᠤᠨ ᠡᠭᠦᠷ ᠤᠨ | ᠱᠦᠵᠢ᠂ ᠲᠣᠰᠬᠤᠨ ᠤ ᠵᠥᠪᠯᠡᠯ ᠤᠨ ᠡᠷᠬᠢᠯᠡᠭᠴᠢ ᠪᠤᠯᠵᠠᠢ᠂ ᠭᠤᠤ ᠬᠤᠸᠠᠢ ᠵᠢᠩ ᠰᠣᠨᠣᠰᠤᠭᠰᠠᠨ ᠤ ᠳᠠᠷᠠᠭ᠎ᠠ᠂ ᠲᠠ | ᠬᠤᠶᠠᠷ ᠵᠢᠯ ᠤᠨ ᠲᠤᠷᠰᠢ ᠮᠠᠯᠴᠢᠨ ᠲᠠᠷᠢᠶᠠᠴᠢᠨ ᠲᠠᠢ ᠬᠠᠮᠲᠤ ᠪᠠᠶᠢᠭᠰᠠᠨ ᠢᠶᠠᠷ ᠮᠠᠯᠴᠢᠨ ᠲᠠᠷᠢᠶᠠᠴᠢᠨ ᠲᠠᠨ ᠢ ᠮᠠᠰᠢ | ᠢᠲᠡᠭᠡᠵᠦ ᠪᠠᠶᠢᠨ᠎ᠠ᠂ ᠲᠠᠨ ᠤ ᠰᠡᠳᠬᠢᠯ ᠰᠢᠭᠤᠳᠤᠨ ᠮᠠᠯᠴᠢᠨ ᠲᠠᠷᠢᠶᠠᠴᠢᠨ ᠳᠤ ᠨᠠᠩ ᠰᠠᠶᠢᠲᠤᠷ ᠦᠶᠯᠡᠴᠢᠯᠡᠬᠦ ᠶᠢ | ᠬᠦᠰᠡᠵᠦ ᠪᠠᠶᠢᠨ᠎ᠠ ᠭᠡᠪᠡ᠃ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠲᠤᠬᠠᠢ | ᠶᠠᠷᠢᠬᠤ ᠳᠠᠭᠠᠨ ᠭᠤᠤ ᠬᠤᠸᠠᠢ ᠵᠢᠩ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ | ᠦᠷᠭᠦᠯᠵᠢᠯᠡᠨ ᠲᠠᠷᠢᠬᠢ ᠪᠠᠨ ᠬᠥᠳᠡᠯᠭᠡᠵᠦ᠂ ᠠᠷᠭ᠎ᠠ ᠪᠤᠳᠤᠵᠤ᠂ ᠳᠠᠭᠠᠭᠠᠴᠢᠯᠠᠨ ᠲᠡᠳᠬᠦᠬᠦ ᠨᠢᠭᠡᠴᠢ ᠲᠠᠢ ᠬᠠᠮᠲᠤ ᠪᠠᠷ | ᠴᠢᠷᠮᠠᠶᠢᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠬᠡᠷᠡᠭᠲᠡᠢ᠃ | ᠣᠷᠣᠰᠢᠨ ᠰᠠᠭᠤᠬᠤ ᠣᠷᠴᠢᠨ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠢᠭᠤᠨ ᠴᠡᠪᠡᠷ ᠢ | ᠬᠠᠮᠠᠭᠠᠯᠠᠬᠤ ᠠᠵᠢᠯ ᠤᠨ ᠲᠦᠷᠢᠮ ᠲᠣᠭᠲᠠᠭᠠᠯ ᠪᠠ ᠬᠢᠨᠠᠨ ᠰᠢᠯᠭᠠᠬᠤ ᠠᠷᠭ᠎ᠠ ᠶᠢ ᠨᠠᠷᠢᠨ ᠳᠤᠭᠲᠠᠭᠠᠨ᠂ ᠠᠷᠢᠭᠤᠨ | ᠴᠡᠪᠡᠷ ᠢ ᠬᠠᠮᠠᠭᠠᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠣᠷᠣᠰᠢᠨ ᠰᠠᠭᠤᠬᠤ ᠣᠷᠴᠢᠨ ᠨᠥᠬᠦᠴᠡᠯ ᠢ | ᠨᠡᠩ ᠲᠠᠭᠠᠯᠠᠮᠵᠢᠲᠠᠢ ᠪᠥᠭᠡᠳ ᠴᠡᠪᠡᠷ ᠲᠡᠭᠰᠢ ᠪᠣᠯᠭᠠᠬᠤ ᠬᠡᠷᠡᠭᠲᠡᠢ ᠭᠡᠵᠦ ᠱᠠᠭᠠᠷᠳᠠᠵᠠᠢ᠃ | ᠦᠮᠡᠭᠡᠶᠢᠨᠠᠭᠤᠷ ᠲᠣᠰᠬᠤᠨ ᠤ ᠨᠠᠮ ᠤᠨ ᠭᠡᠰᠢᠭᠦᠨ ᠣᠯᠠᠨ ᠲᠦᠮᠡᠨ ᠳᠤ ᠦᠢᠯᠡᠴᠢᠯᠡᠬᠦ ᠲᠥᠪ ᠤᠨ ᠬᠡᠷᠡᠭ | ᠵᠥᠪᠯᠡᠬᠦ ᠬᠤᠷᠠᠯ ᠤᠨ ᠠᠵᠢᠯ ᠤᠨ ᠥᠷᠲᠡᠭᠡ ᠳᠤ᠂ ᠭᠤᠤ ᠬᠤᠸᠠᠢ ᠵᠢᠩ ᠬᠤᠷᠠᠯ ᠤᠨ ᠲᠡᠮᠳᠡᠭᠯᠡᠯ ᠤᠨ ᠳᠡᠪᠲᠡᠷ ᠢ | ᠨᠠᠷᠢᠨ ᠦᠵᠡᠵᠦ᠂ ᠵᠥᠪᠳᠡᠯᠴᠡᠬᠦ ᠬᠡᠷᠡᠭ ᠵᠥᠪᠯᠡᠬᠦ ᠶᠠᠪᠤᠴᠠ ᠵᠢᠴᠢ ᠣᠷᠣᠰᠢᠵᠤ ᠪᠠᠶᠢᠭ᠎ᠠ ᠬᠦᠴᠢᠷᠳᠡᠯ ᠢ ᠯᠠᠪᠯᠠᠨ | ᠠᠰᠠᠭᠤᠪᠠ᠂ ᠭᠤᠤ ᠬᠤᠸᠠᠢ ᠵᠢᠩ ᠬᠡᠯᠡᠬᠦ ᠳᠡᠭᠡᠨ᠂ ᠬᠡᠷᠡᠭ ᠵᠥᠪᠯᠡᠬᠦ ᠬᠤᠷᠠᠯ ᠤᠨ ᠠᠵᠢᠯ ᠤᠨ ᠥᠷᠲᠡᠭᠡ | ᠪᠠᠶᠢᠭᠤᠯᠬᠤ ᠨᠢ ᠳᠠᠷᠤᠶ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ | ᠰᠢᠶᠳᠪᠦᠷᠢᠯᠡᠬᠦ ᠶᠢᠨ ᠲᠥᠯᠥᠭᠡ ᠶᠤᠮ᠂ ᠪᠢᠳᠡ ᠨᠢᠭᠡ ᠰᠡᠳᠬᠢᠯ ᠨᠢᠭᠡ ᠵᠣᠷᠢᠭ ᠢᠶᠠᠷ ᠣᠯᠠᠨ ᠲᠦᠮᠡᠨ ᠳᠤ | ᠦᠶᠯᠡᠴᠢᠯᠡᠵᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠥᠷᠭᠡᠨ ᠢᠶᠠᠷ ᠬᠤᠷᠢᠶᠠᠨ᠂ ᠦᠨᠳᠦᠰᠦᠨ | ᠱᠠᠲᠤᠨ ᠤ ᠨᠡᠶᠢᠲᠡᠯᠢᠭ ᠴᠢᠨᠠᠷᠲᠠᠶ ᠠᠰᠠᠭᠤᠳᠠᠯ ᠢ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠲᠤᠰᠬᠠᠵᠤ᠂ | ᠠᠷᠠᠳ ᠤᠨ ᠣᠶᠤᠨ ᠤᠬᠠᠭᠠᠨ ᠢ ᠨᠢᠭᠲᠠᠷᠠᠭᠤᠯᠤᠨ᠂ ᠬᠠᠮᠲᠤ ᠶᠢᠨ ᠲᠠᠨᠢᠯᠲᠠ ᠶᠢ ᠪᠦᠷᠢᠯᠳᠦᠭᠦᠯᠵᠦ᠂ ᠬᠤᠤᠰ | ᠴᠢᠭᠯᠡᠯ ᠢᠶᠠᠷ ᠬᠦᠴᠦᠯᠡᠬᠦ ᠶᠢ ᠪᠡᠶᠡᠯᠡᠭᠦᠯᠬᠦ ᠬᠡᠷᠡᠭᠲᠡᠶ ᠭᠡᠪᠡ᠃ | ᠦᠮᠡᠭᠡᠶᠢᠨᠠᠭᠤᠷ ᠤᠨ ᠡᠷᠡᠭᠦᠯ ᠬᠠᠮᠠᠭᠠᠯᠠᠯ ᠤᠨ ᠬᠤᠷᠢᠶᠠᠨ ᠳᠤ᠂ ᠭᠤᠤ ᠬᠤᠸᠠᠢ ᠵᠢᠩ ᠡᠮᠨᠡᠯᠭᠡ ᠶᠢᠨ | ᠠᠵᠢᠯᠲᠠᠳ ᠲᠠᠢ ᠨᠠᠷᠢᠨ ᠶᠠᠷᠢᠯᠴᠠᠵᠤ᠂ ᠲᠡᠳᠡᠨ ᠤ ᠠᠵᠢᠯ ᠠᠮᠢᠳᠤᠷᠠᠯ ᠤᠨ ᠪᠠᠶᠢᠳᠠᠯ ᠢ ᠣᠶᠢᠯᠠᠭᠠᠪᠠ᠂ ᠭᠤᠤ ᠬᠤᠸᠠᠢ | ᠵᠢᠩ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠬᠠᠷᠢᠭᠤᠴᠠᠯᠭ᠎ᠠ ᠶᠡᠭᠡ ᠡᠭᠦᠷᠭᠡ ᠬᠦᠨᠳᠦ | ᠪᠠᠶᠢᠨ᠎ᠠ᠂ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ | ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠦᠷᠭᠦᠯᠵᠢ ᠡᠷᠡᠭᠦᠯ ᠬᠠᠮᠠᠭᠠᠯᠠᠯ ᠤᠨ ᠬᠤᠷᠢ᠊ ᠡᠶ᠎ᠡ ᠳᠤ ᠬᠦᠷᠴᠦ ᠲᠡᠳᠡᠨ ᠤ | ᠠᠵᠢᠯ ᠠᠮᠢᠳᠤᠷᠠᠯ ᠤᠨ ᠪᠠᠶᠢᠳᠠᠯ ᠢ ᠣᠶᠢᠯᠠᠭᠠᠬᠤ ᠬᠡᠷᠡᠭᠲᠡᠢ᠂ ᠡᠨᠡ ᠪᠣᠯ ᠬᠠᠯᠠᠮᠵᠢᠯᠠᠯ ᠪᠣᠯᠬᠤ ᠪᠥᠭᠡᠳ ᠪᠠᠰᠠ ᠨᠢᠭᠡ | ᠵᠦᠢᠯ ᠤᠨ ᠬᠢᠨᠠᠯᠲᠠ ᠪᠣᠯᠤᠨ᠎ᠠ᠃ ᠣᠳᠣᠬᠠᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠮᠥᠨ | ᠬᠦ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠡᠮᠴᠢᠯᠡᠭᠡᠨ ᠤ ᠦᠶᠯᠡᠴᠢᠯᠡᠭᠡᠨ ᠤ ᠠᠮᠤᠷ | ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠤᠭᠴᠠᠯᠠᠨ᠂ ᠠᠷᠠᠳ ᠣᠯᠠᠨ ᠤ ᠡᠷᠡᠭᠦᠯ ᠮᠡᠨᠳᠦ ᠶᠢ | ᠬᠠᠮᠠᠭᠠᠯᠠᠬᠤ ᠬᠡᠷᠡᠭᠲᠡᠶ ᠭᠡᠵᠦ ᠱᠠᠭᠠᠷᠳᠠᠪᠠ᠃ |