ᠭᠤᠤ ᠬᠤᠸᠠᠢ ᠵᠢᠩ ᠣᠲᠤᠭ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/10/12
      10 ᠰᠠᠷ᠎ᠠ ᠶᠢᠨ 11 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠬᠤᠸᠠᠢ ᠵᠢᠩ ᠣᠲᠤᠭ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠲᠤ ᠬᠦᠷᠴᠦ ᠠᠵᠤ ᠦᠶᠯᠡᠳᠪᠦᠷᠢ ᠶᠢᠨ ᠠᠵᠤ ᠠᠬᠤᠶ ᠶᠢᠨ ᠡᠷᠭᠢᠯᠲᠡ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠠᠶᠤᠯᠭᠦᠶ ᠦᠶᠯᠡᠳᠪᠦᠷᠢᠯᠡᠯ ᠵᠡᠷᠭᠡ ᠠᠵᠢᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠨᠡᠷ᠎ᠡ ᠵᠢᠱᠢᠭᠳᠡᠭᠴᠢ ᠭᠦᠸᠧ ᠵᠤᠤ ᠬᠤᠶ᠂ ᠣᠲᠤᠭ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠽᠢ ᠵᠢᠶᠦ᠋ᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃        ᠭᠤᠤ ᠬᠤᠸᠠᠢ ᠵᠢᠩ ᠨᠡᠷ ᠤᠷᠢᠳ ᠬᠤᠵᠢᠳ ᠥᠪᠥᠷ ᠮᠣᠩᠭᠤᠯ ᠤᠨ ᠳ᠋ᠦᠩ ᠿᠢ ᠰᠢᠨ᠎ᠡ ᠡᠨᠧᠷᠭᠢ ᠶᠢᠨ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠣᠷᠳᠣᠰ ᠤᠨ ᠨᠡᠭᠦᠷᠡᠰᠦ ᠤᠰᠤᠲᠥ᠋ᠷᠥᠭᠴᠢ ᠶᠢᠨ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠲᠦᠩ ᠬᠤᠶ ᠲᠢᠶᠠᠨ ᠺᠧ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠵᠢᠶᠠᠨ ᠶᠤᠸᠠᠨ ᠨᠡᠭᠦᠷᠡᠰᠦ ᠬᠡᠤᠷᠰᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠪᠠᠶ ᠱᠦᠨ ᠲᠦᠩ ᠮᠠᠰᠢᠨ ᠲᠥᠬᠦᠭᠡᠷᠦᠮᠵᠢ ᠦᠶᠯᠡᠳᠬᠦ ᠬᠢᠵᠠᠭᠠᠷᠲᠤ ᠺᠣᠮᠫᠠᠨᠢ ᠵᠡᠷᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ ᠬᠦᠷᠴᠦ᠂ ᠲᠥᠷᠥᠯ ᠵᠦᠶᠯ ᠤᠨ ᠠᠬᠢᠴᠠ᠂ ᠠᠶᠤᠯᠭᠦᠶ ᠦᠶᠯᠡᠳᠪᠦᠷᠢᠯᠡᠯ᠂ ᠴᠢᠳᠠᠮᠵᠢ ᠶᠢᠨ ᠪᠠᠶᠢᠷᠢ ᠲᠣᠭᠲᠠᠭᠠᠯᠲᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠪᠠ      ᠭᠤᠤ ᠬᠤᠸᠠᠢ ᠵᠢᠩ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠲᠡᠷᠢᠭᠦᠨ ᠪᠠᠶᠢᠷᠢᠨ ᠳᠤ ᠲᠠᠯᠪᠢᠵᠤ᠂ ᠬᠠᠮᠢᠶᠠᠷᠤᠯᠲᠠ ᠪᠠᠨ ᠴᠢᠩᠭᠠᠳᠬᠠᠨ᠂ ᠲᠤᠬᠢᠷᠠᠭᠤᠯᠤᠯᠳᠠ ᠶᠢ ᠰᠠᠶᠢᠲᠤᠷ ᠠᠳᠬᠤᠵᠤ᠂ ᠪᠠᠷᠢᠯᠭ᠎ᠠ ᠶᠢᠨ ᠠᠵᠢᠯ ᠤᠨ ᠵᠢᠷᠤᠮᠵᠢᠯ ᠪᠣᠯᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠵᠦᠢᠯ ᠤᠨ ᠪᠠᠷᠢᠯᠭ᠎ᠠ ᠶᠢᠨ ᠠᠮᠤᠷ ᠲᠦᠪᠰᠢᠨ ᠤ ᠲᠦᠷᠢᠮ ᠲᠣᠭᠲᠠᠭᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠢ᠂ ᠣᠷᠣᠨ ᠬᠤᠪᠢᠶᠠᠨ ᠡᠮᠬᠢ ᠵᠢᠷᠤᠮ ᠲᠠᠢ ᠠᠵᠢᠯᠯᠠᠵᠤ᠂ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠠᠷᠭ᠎ᠠ ᠬᠡᠮᠵᠢᠶ᠎ᠡ ᠪᠠᠨ ᠴᠢᠩᠭᠠᠳᠬᠠᠨ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠡᠭᠦᠷᠭᠡ ᠪᠠᠨ ᠲᠣᠳᠣᠷᠬᠠᠶᠢᠯᠠᠨ᠂ ᠠᠵᠢᠯ ᠤᠨ ᠬᠤᠭᠤᠴᠠᠭ᠎ᠠ ᠶᠢ ᠪᠦᠬᠦ ᠬᠦᠴᠦᠨ ᠢᠶᠠᠷ ᠢᠶᠠᠨ ᠱᠠᠯᠠᠪᠳᠠᠨ ᠠᠳᠬᠤᠵᠤ᠂ ᠪᠠᠷᠢᠯᠭ᠎ᠠ ᠶᠢᠨ ᠠᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠲᠥᠷᠥᠯ ᠵᠦᠶᠯ ᠢ ᠲᠣᠭᠲᠠᠭᠤᠨ ᠢᠶᠠᠷ ᠠᠬᠢᠭᠤᠯᠬᠤ ᠶᠢ ᠦᠨᠡᠨᠬᠦ ᠪᠠᠲᠤᠯᠠᠨ᠂ ᠲᠥᠷᠥᠯ ᠵᠦᠶᠯ ᠢ ᠨᠣᠭᠤᠭᠠᠷᠠᠭᠤᠯᠬᠤ᠂ ᠴᠡᠪᠡᠷᠰᠢᠭᠦᠯᠬᠦ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠠᠮᠤᠷ ᠲᠦᠪᠰᠢᠨ ᠪᠠ ᠶᠠᠰᠤ ᠴᠢᠨᠠᠷ ᠢ ᠪᠠᠲᠤᠯᠠᠭᠰᠠᠨ ᠤᠷᠢᠲᠠᠯ ᠳᠤ᠂ ᠡᠯ᠎ᠡ ᠵᠦᠶᠯ ᠤᠨ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠣᠲᠣ ᠶᠢᠨ ᠪᠠᠶᠢᠭ᠎ᠠ ᠠᠵᠤ ᠦᠶᠯᠡᠰ ᠤᠨ ᠬᠡᠯᠬᠢᠶ᠎ᠡ ᠶᠢᠨ ᠲᠣᠭᠤᠷᠢᠨ ᠳᠤ᠂ ᠳᠠᠪᠠᠭᠤᠯᠢᠭ ᠠᠵᠤ ᠦᠶᠯᠡᠰ ᠲᠤ ᠠᠩᠬᠠᠷᠤᠯ ᠢᠶᠠᠨ ᠲᠦᠪᠯᠡᠷᠡᠭᠦᠯᠦᠨ᠂ ᠵᠠᠬ᠎ᠠ ᠳᠡᠯᠭᠡᠭᠦᠷ ᠲᠤ  ᠬᠦᠭᠵᠢᠭᠡᠨ ᠴᠢᠭᠯᠡᠭᠦᠯᠦᠨ ᠣᠨᠣᠪᠴᠢᠲᠠᠶ ᠪᠠᠷ ᠠᠷᠠᠯᠵᠢᠶᠠᠴᠢᠨ ᠤᠷᠢᠵᠤ᠂ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠬᠥᠭᠵᠢᠭᠡᠵᠦ᠂ ᠲᠥᠷᠥᠯ ᠵᠦᠶᠯ ᠤᠨ ᠠᠷᠠᠯᠵᠢᠶᠠᠴᠢᠨ ᠤᠷᠢᠬᠤ ᠪᠠ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠦᠷᠢᠶᠡᠯᠡᠩ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠦ ᠱᠠᠭᠠᠷᠳᠠᠵᠠᠢ᠃
ᠢᠷᠡᠯᠲᠡ᠄ ᠣᠲᠤᠭ ᠨᠡᠶᠢᠲᠡᠯᠡᠯ