ᠴᠢ ᠫᠠᠨ ᠵᠢᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ ᠬᠤᠲᠠ ᠶᠢᠨ ᠪᠣᠯᠪᠠᠰᠤᠨ ᠤ ᠬᠠᠮᠠᠭᠠᠯᠠᠭᠴᠢ ᠪᠤᠯᠪᠠ
ᠨᠡᠶᠢᠲᠡᠯᠡᠭᠰᠡᠨ ᠴᠠᠭ᠄
2021/10/14
     ᠪᠣᠯᠪᠠᠰᠤᠨ᠂ ᠨᠢᠭᠡ ᠬᠤᠲᠠ ᠶᠢ ᠨᠠᠩ ᠰᠠᠶᠢᠨ ᠰᠠᠶᠢᠬᠠᠨ ᠪᠣᠯᠭᠠᠨ᠎ᠠ︔ ᠪᠣᠯᠪᠠᠰᠤᠨ᠂ ᠬᠤᠲᠠ ᠶᠢᠨ ᠰᠠᠭᠤᠭᠠᠯᠢ ᠠᠷᠠᠳ ᠢ ᠨᠠᠩ ᠵᠣᠯ ᠵᠢᠷᠭᠠᠯ ᠲᠠᠢ ᠪᠣᠯᠭᠠᠨ᠎ᠠ᠃ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ︽ᠴᠡᠪᠡᠷ᠂ ᠳᠡᠭᠰᠢ᠂ ᠭᠤᠶᠣ᠂ ᠡᠮᠬᠢ ᠵᠢᠷᠤᠮ ᠲᠠᠢ︾ ᠬᠤᠲᠠ ᠶᠢᠨ ᠣᠷᠴᠢᠨ ᠲᠣᠭᠤᠷᠢᠨ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠪᠠᠯᠭᠠᠰᠤᠨ ᠤ ᠳᠦᠷᠢ ᠲᠥᠷᠬᠦ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠶ ᠠᠳᠬᠤᠭᠰᠠᠭᠠᠷ ᠢᠷᠡᠵᠡᠶ᠃ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ︽ᠪᠥᠬᠦ ᠠᠵᠢᠯᠲᠠᠨ ᠢ ᠳᠠᠶᠢᠴᠢᠯᠠᠵᠤ᠂ ᠪᠥᠬᠦ ᠠᠵᠢᠯᠲᠠᠨ ᠢ ᠣᠷᠣᠯᠴᠠᠭᠤᠯᠤᠨ᠂ ᠪᠥᠬᠦ ᠠᠵᠢᠯᠲᠠᠨ ᠢ ᠳᠣᠷᠣᠭᠰᠢ ᠪᠠᠭᠤᠯᠭᠠᠬᠤ︾ ᠵᠠᠷᠴᠢᠮ᠂ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠤᠳᠤᠷᠢᠳᠤᠯᠭ᠎ᠠ ᠨᠢ ᠭᠡᠰᠢᠭᠦᠳ ᠢᠶᠠᠨ ᠳᠠᠭᠠᠭᠤᠯᠤᠨ ᠲᠤᠷᠰᠢᠯᠭ᠎ᠠ ᠪᠠᠨ ᠳ᠋ᠦᠩᠨᠡᠵᠦ᠂ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠬᠦᠨᠳᠦ ᠡᠭᠦᠷᠭᠡ ᠶᠢ ᠵᠣᠷᠢᠭᠲᠠᠶ ᠡᠭᠦᠷᠭᠡᠯᠡᠵᠦ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠ ᠰᠥᠨᠢ ᠪᠠᠷ ᠵᠢᠵᠢᠭᠦᠷᠯᠡᠨ ᠰᠠᠬᠢᠬᠤ ᠶᠢ ᠬᠠᠷᠢᠯᠴᠠᠨ ᠤᠶᠠᠯᠳᠤᠭᠤᠯᠬᠤ ᠶᠢ  ᠪᠠᠷᠢᠮᠲᠠᠯᠠᠨ᠂ ᠵᠠᠮ ᠡᠵᠡᠯᠡᠨ ᠡᠵᠡᠩᠨᠡᠯᠲᠡ ᠬᠢᠬᠦ ᠰᠠᠮᠠᠭᠤᠨ ᠦᠵᠡᠭᠳᠡᠯ ᠢ ᠬᠠᠤᠯᠢ ᠶᠣᠰᠣᠭᠠᠷ ᠴᠡᠭᠴᠡᠯᠡᠨ ᠵᠠᠰᠠᠵᠤ᠂ ᠪᠠᠯᠭᠠᠰᠤᠨ ᠤ ᠪᠠᠶᠢᠳᠠᠯ ᠳᠦᠷᠬᠦ ᠶᠢ ᠶᠡᠬᠡᠪᠡᠷ ᠰᠠᠶᠢᠵᠢᠷᠠᠭᠤᠯᠪᠠ᠃ ᠪᠦᠬᠦ ᠲᠠᠯ᠎ᠠ ᠪᠠᠷ ᠲᠣᠭᠤᠷᠢᠨ ᠣᠨᠣᠰᠢᠯᠠᠵᠤ᠂ ᠵᠡᠭᠡᠯᠢ ᠭᠤᠳᠤᠮᠵᠢ ᠨᠢᠭᠡᠪᠦᠷᠢ᠂ ᠴᠤᠭᠯᠠᠭ᠎ᠠ ᠮᠠᠶᠢᠮᠠᠶ ᠨᠢᠭᠡᠪᠦᠷᠢ᠂ ᠡᠭᠦᠳᠡᠨ ᠳᠡᠯᠭᠡᠭᠦᠷ ᠨᠢᠭᠡᠪᠦᠷᠢ ᠶᠢ ᠵᠦᠭᠡᠷ ᠲᠠᠯᠪᠢᠬᠤ ᠥᠬᠡᠶ᠃ ᠡᠨᠡ ᠬᠤᠭᠤᠴᠠᠭᠠᠨ ᠳᠤ᠂ ᠬᠤᠲᠠ ᠶᠢᠨ ᠳᠦᠷᠢ ᠲᠥᠷᠬᠦ ᠶᠢ 900 ᠭᠠᠷᠤᠶ ᠬᠤᠭᠤᠴᠠᠭ᠎ᠠ ᠵᠢᠷᠤᠮᠵᠢᠭᠤᠯᠵᠤ᠂ ᠨᠡᠶᠢᠲᠡ 70 ᠭᠠᠷᠤᠶ ᠤᠳᠠᠭ᠎ᠠ ᠴᠢᠷᠦᠭᠡᠯ ᠲᠡᠷᠭᠡ ᠬᠦᠳᠡᠯᠭᠡᠨ᠂ 10 ᠭᠠᠷᠤᠶ ᠤᠳᠠᠭ᠎ᠠ ᠥᠨᠳᠥᠷ ᠤᠨ ᠬᠡᠮᠵᠢᠶ᠎ᠡ ᠶᠢ ᠬᠢᠵᠠᠭᠠᠷᠯᠠᠬᠤ ᠵᠢᠶᠠᠰᠠ ᠶᠢ ᠰᠡᠯᠪᠢᠨ ᠵᠠᠰᠠᠵᠤ᠂ 2 ᠤᠳᠠᠭ᠎ᠠ ᠥᠨᠳᠥᠷ ᠤᠨ ᠬᠡᠮᠵᠢᠶ᠎ᠡ ᠶᠢ ᠬᠢᠵᠠᠭᠠᠷᠯᠠᠬᠤ ᠵᠢᠶᠠᠰᠠ ᠨᠠᠮᠠᠨ ᠪᠠᠶᠢᠷᠢᠯᠠᠭᠤᠯᠵᠤ᠂ 100 ᠭᠠᠷᠤᠶ ᠤᠳᠠᠭ᠎ᠠ ᠲᠦᠷᠢᠮ ᠠᠴᠠ ᠵᠥᠷᠢᠴᠡᠨ ᠲᠡᠷᠭᠡ ᠵᠣᠭᠰᠣᠭᠠᠬᠤ ᠪᠠᠷ ᠰᠢᠳᠬᠡᠨ᠂ 40 ᠵᠤᠷᠪᠤᠰ ᠬᠠᠭᠤᠴᠢᠨ ᠪᠢᠴᠢᠭᠡᠰᠦ ᠶᠢ ᠴᠡᠪᠡᠷᠯᠡᠵᠦ᠂ 1200 ᠭᠠᠷᠤᠶ ᠰᠠᠨᠠᠭᠤᠯᠤᠮᠵᠢ ᠶᠢᠨ ᠬᠠᠭᠤᠳᠠᠰᠤ ᠦᠵᠡᠭᠦᠯᠦᠨ᠂ 300 ᠭᠠᠷᠤᠶ ᠤᠳᠠᠭ᠎ᠠ ᠭᠤᠷᠪᠠᠨ ᠵᠦᠶᠯ ᠤᠨ ᠰᠠᠮᠠᠭᠤᠨ ᠵᠠᠷ ᠮᠡᠳᠡᠭᠡ ᠶᠢ ᠴᠡᠪᠡᠷᠯᠡᠵᠦ᠂ 600 ᠭᠠᠷᠤᠶ ᠤᠳᠠᠭ᠎ᠠ ᠨᠡᠭᠦᠳᠡᠯ ᠳᠡᠯᠭᠡᠭᠦᠷᠴᠢᠨ ᠢ ᠰᠢᠢᠳᠪᠦᠷᠢᠯᠡᠨ᠂ 80 ᠭᠠᠷᠤᠶ ᠤᠳᠠᠭ᠎ᠠ ᠲᠡᠷᠭᠡ ᠬᠥᠰᠬᠡ᠂ 1200 ᠭᠠᠷᠤᠶ ᠬᠥᠮᠦᠨ ᠢ ᠬᠥᠳᠡᠯᠭᠡᠪᠡ᠃ ᠲᠠᠷᠠᠭᠠᠴᠢ ᠶᠢᠨ ᠠᠯᠬᠤᠮ ᠳᠤ᠂ ᠬᠠᠤᠯᠢ ᠬᠡᠷᠡᠭᠵᠢᠭᠦᠯᠬᠦ ᠲᠣᠪᠴᠢᠶ᠎ᠠ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠠᠵᠢᠯ ᠤᠨ ᠪᠠᠶᠢᠷᠢ ᠪᠠᠨ ᠪᠠᠲᠤ ᠰᠠᠬᠢᠨ᠂ ᠬᠤᠲᠠ ᠶᠢᠨ ᠬᠠᠮᠢᠶᠠᠷᠤᠯᠲᠠ ᠶᠢᠨ ︽ᠲᠡᠮᠦᠷ ᠴᠡᠷᠢᠭ︾ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠷᠴᠢ ᠵᠣᠷᠢᠭ ᠢᠶᠠᠨ ᠬᠦᠪᠴᠢᠯᠡᠨ᠂ ᠪᠠᠯᠭᠠᠰᠤᠨ ᠤ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠡᠮᠬᠢ ᠳᠢᠭᠯᠢᠮ ᠢ ᠪᠠᠲᠤᠯᠠᠵᠤ᠂ ᠴᠢ ᠫᠠᠨ ᠵᠢᠩ ᠪᠠᠯᠭᠠᠰᠤ ᠶᠢ ᠬᠠᠮᠤᠭ ᠤᠨ ᠪᠤᠯᠪᠠᠰᠤᠨ ᠰᠠᠶᠢᠬᠠᠨ ᠪᠠᠯᠭᠠᠰᠤ ᠪᠤᠯᠭᠠᠨ᠎ᠠ᠃
ᠢᠷᠡᠯᠲᠡ᠄ ᠴᠢ ᠫᠠᠨ ᠵᠢᠩ ᠪᠠᠯᠭᠠᠰᠤ