ᠨᠠᠰᠤᠲᠠᠨ ᠢ ᠠᠰᠠᠷᠠᠬᠤ ᠬᠦᠷᠢᠶᠡᠯᠡᠩ ᠳᠤ ᠤᠯᠠᠭᠠᠨᠪᠠᠯᠭᠠᠰᠤᠨ ᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠤᠨ ᠨᠠᠮ ᠤᠨ ᠡᠭᠦᠷ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ᠂ ᠦᠨ᠎ᠡ ᠲᠥᠯᠥᠪᠦᠷᠢ ᠥᠬᠡᠶ ᠪᠠᠷ ᠪᠡᠶ᠎ᠡ‌‍ᠪᠠᠶᠢᠴᠠᠭᠠᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2021/10/14
     ᠤᠯᠤᠰ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠷᠥᠯ ᠵᠦᠶᠯ ᠤᠨ ᠲᠥᠷᠥ ᠶᠢᠨ ᠪᠣᠳᠣᠯᠭ᠎ᠠ ᠶᠢ ᠤᠯᠠᠮ ᠨᠠᠶᠢᠳᠠᠪᠤᠷᠢᠵᠢᠭᠤᠯᠵᠤ᠂ ᠨᠠᠰᠤᠲᠠᠶᠢᠴᠤᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠯᠠᠮᠵᠢᠯᠠᠨ᠂ ᠨᠠᠰᠤᠲᠠᠶᠢᠴᠤᠳ ᠢ ᠬᠠᠪᠰᠤᠷᠤᠨ ᠡᠷᠡᠭᠦᠯ ᠮᠡᠨᠳᠦ ᠡᠷᠡᠭᠦᠯᠵᠢᠯ ᠤᠨ ᠦᠵᠡᠯ ᠤᠬᠠᠮᠰᠠᠷ ᠢ ᠨᠢ ᠳᠡᠭᠡᠭᠰᠢᠯᠡᠭᠦᠯᠵᠦ᠂ ᠡᠪᠡᠳᠴᠢᠯᠡᠪᠡᠯ ᠡᠷᠲᠡ ᠢᠯᠡᠷᠡᠭᠦᠯᠬᠦ᠂ ᠡᠷᠲᠡ ᠡᠮᠨᠡᠨ ᠵᠠᠰᠠᠬᠤ ᠶᠢ ᠦᠨᠡᠨᠬᠦ ᠪᠡᠶᠡᠯᠡᠭᠦᠯᠦᠨ᠂ ᠨᠠᠰᠤᠲᠠᠶᠢᠴᠤᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ10 ᠰᠠᠷ᠎ᠠ ᠶᠢᠨ 11 ᠤ ᠡᠳᠦᠷ᠂ ᠤᠯᠠᠭᠠᠨᠪᠠᠯᠭᠠᠰᠤᠨ ᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠤᠨ ᠨᠠᠮ ᠤᠨ ᠡᠭᠦᠷ ᠬᠠᠮᠢᠶ᠎ᠠ ᠪᠥᠬᠦᠶ ᠡᠮᠨᠡᠯᠭᠡ ᠶᠢᠨ ᠠᠵᠢᠯᠲᠠᠨ ᠢ ᠵᠣᠬᠢᠶᠠᠨ ᠪᠠᠶᠢᠭᠤᠯᠵᠤ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ᠂ ᠨᠠᠰᠤᠲᠠᠨ ᠢ ᠠᠰᠠᠷᠠᠬᠤ ᠬᠦᠷᠢᠶᠡᠯᠡᠩ ᠳᠤ ᠰᠦᠶᠳᠬᠡᠯ ᠬᠤᠷᠢᠶᠠᠬᠤ ᠥᠬᠡᠶ ᠪᠠᠷ ᠪᠡᠶ᠎ᠡ ᠪᠠᠶᠢᠴᠠᠭᠠᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠳᠤ᠂ ᠲᠥᠪ ᠤᠨ ᠡᠮᠨᠡᠯᠭᠡ ᠶᠢᠨ ᠠᠵᠢᠯᠲᠠᠳ ᠪᠠᠶᠢᠴᠠᠭᠠᠯᠲᠠ ᠬᠢᠬᠦ ᠪᠠᠷ ᠢᠷᠡᠭᠰᠡᠨ ᠨᠠᠰᠤᠲᠠᠶᠢᠴᠤᠳ ᠤᠨ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠢ ᠨᠠᠷᠢᠨ ᠬᠢᠨᠠᠮᠠᠭᠠᠶ ᠪᠠᠶᠢᠴᠠᠭᠠᠵᠤ᠂ ᠪᠡᠶ᠎ᠡ ᠶᠢᠨ ᠥᠨᠳᠥᠷ᠂ ᠪᠡᠶ᠎ᠡ ᠶᠢᠨ ᠬᠦᠨᠳᠦ᠂ ᠪᠦᠰᠡᠯᠡᠭᠦᠷ᠂ ᠴᠢᠰᠤᠨ ᠳᠠᠷᠤᠯᠲᠠ᠂ ᠬᠠᠷᠠᠭ᠎ᠠ ᠵᠢᠴᠢ ᠡᠯᠢᠭᠡᠨ ᠤ ᠴᠢᠳᠠᠮᠵᠢ᠂ ᠪᠥᠭᠡᠷ᠎ᠡ ᠶᠢᠨ ᠴᠢᠳᠠᠮᠵᠢ᠂ ᠴᠢᠰᠤᠨ ᠰᠢᠬᠢᠷ᠂ ᠴᠢᠰᠤᠨ ᠤ ᠥᠭᠡᠬᠦ᠂ ᠵᠢᠷᠦᠬᠡᠨ ᠤ ᠴᠤᠬᠢᠯᠭ᠎ᠠ ᠶᠢᠨ ᠴᠠᠬᠢᠯᠭᠠᠨ ᠵᠢᠷᠤᠭ ᠤᠨ ᠪᠠᠶᠢᠴᠠᠭᠠᠯᠲᠠ᠂ ᠬᠡᠪᠡᠯᠢ ᠶᠢᠨ ᠬᠡᠰᠡᠭ ᠤᠨ B ᠬᠡᠲᠦ ᠳᠣᠯᠭᠢᠶᠠᠨ ᠵᠡᠷᠭᠡ ᠲᠥᠷᠥᠯ ᠵᠦᠶᠯ ᠢ ᠪᠠᠭᠲᠠᠭᠠᠨ᠂ ᠨᠠᠰᠤᠲᠠᠶᠢᠴᠤᠳ ᠤᠨ ᠢᠳᠡᠭᠡᠨ ᠤᠮᠳᠠᠭᠠᠨ ᠤ ᠪᠠᠶᠢᠳᠠᠯ᠂ ᠤᠳᠠᠭᠠᠨ ᠴᠢᠨᠠᠷᠲᠠᠶ ᠡᠪᠡᠳᠴᠢᠨ ᠡᠮᠭᠡᠭ ᠵᠢᠴᠢ ᠪᠠᠶᠢᠩᠭᠤ ᠲᠣᠬᠢᠶᠠᠯᠳᠤᠳᠠᠭ ᠡᠪᠡᠳᠴᠢᠨ ᠡᠮᠭᠡᠭ ᠤᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠳᠤ ᠪᠠᠶᠢᠩᠭᠤ ᠲᠣᠬᠢᠶᠠᠯᠳᠤᠳᠠᠭ ᠡᠪᠡᠳᠴᠢᠨ ᠤ ᠡᠳᠦᠷ ᠲᠤᠲᠤᠮ ᠤᠨ ᠰᠡᠷᠭᠡᠶᠢᠯᠡᠬᠦ ᠮᠡᠳᠡᠯᠭᠡ ᠶᠢ ᠲᠠᠶᠢᠯᠪᠤᠷᠢᠯᠠᠨ᠂ ᠣᠯᠠᠨ ᠢ ᠵᠢᠯᠣᠭᠤᠳᠤᠨ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠲᠠᠢ ᠪᠣᠯᠭᠠᠬᠤ ᠶᠢᠨ ᠬᠠᠮᠲᠤ ᠨᠠᠰᠤᠲᠠᠶᠢᠴᠤᠳ ᠤᠨ ᠲᠣᠰ ᠲᠣᠰ ᠤᠨ ᠪᠡᠶ᠎ᠡ ᠶᠢᠨ ᠪᠠᠶᠢᠳᠠᠯ ᠳᠤ ᠦᠨᠳᠦᠰᠦᠯᠡᠨ᠂ ᠵᠣᠬᠢᠬᠤ ᠡᠷᠡᠭᠦᠯ ᠮᠡᠨᠳᠦ ᠶᠢᠨ ᠵᠢᠯᠣᠭᠤᠳᠣᠯᠭ᠎ᠠ ᠬᠠᠩᠭᠠᠪᠠ᠃
ᠢᠷᠡᠯᠲᠡ᠄ ᠣᠲᠤᠭ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ