ᠣᠲᠤᠭ ᠬᠤᠰᠢᠭᠤᠨ ᠤ 1- 8 ᠳ᠋ᠤᠭᠠᠷ ᠰᠠᠷ᠎ᠠ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠵᠠᠳᠠᠯᠤᠯᠲᠠ
ᠨᠡᠶᠢᠲᠡᠯᠡᠭᠰᠡᠨ ᠴᠠᠭ᠄
2021/10/14
      ᠡᠨᠡ ᠵᠢᠯ ᠠᠴᠠ ᠨᠠᠭᠠᠰᠢ᠂ ᠪᠥᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠬᠦ ᠶᠢ ᠯᠠᠪᠳᠠᠭᠤᠨ ᠪᠠᠲᠤᠲᠠᠶ ᠠᠬᠢᠭᠤᠯᠤᠨ᠂ ᠦᠶᠯᠡᠳᠪᠦᠷᠢᠯᠡᠯ ᠤᠨ ᠬᠡᠷᠡᠭᠴᠡᠭᠡ ᠦᠷᠭᠦᠯᠵᠢᠯᠡᠨ ᠰᠡᠷᠭᠦᠵᠦ᠂ ᠠᠵᠤ ᠠᠬᠤᠶᠢᠯᠠᠯ ᠤᠨ ᠦᠷ᠎ᠡ ᠠᠰᠢᠭ ᠲᠠᠰᠤᠷᠠᠯᠲᠠ ᠥᠬᠡᠶ ᠰᠠᠶᠢᠵᠢᠷᠠᠨ᠂ ᠠᠵᠤ ᠠᠬᠤᠶ ᠶᠢᠨ ᠡᠷᠭᠢᠯᠲᠡ ᠳᠤ ᠲᠣᠭᠲᠠᠭᠤᠨ ᠤ ᠳᠤᠮᠳᠠ ᠪᠠᠬᠢᠵᠢᠬᠦ᠂ ᠲᠣᠭᠲᠠᠭᠤᠨ ᠤ ᠳᠤᠮᠳᠠ ᠰᠠᠶᠢᠵᠢᠷᠠᠬᠤ ᠪᠠᠶᠢᠳᠠᠯ ᠢᠯᠡᠷᠡᠪᠡ᠃ 8 ᠰᠠᠷ᠎ᠠ ᠪᠣᠯᠲᠠᠯ᠎ᠠ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ 12.7 % ᠪᠠᠷ ᠨᠡᠮᠡᠭᠳᠡᠵᠦ᠂ ᠪᠥᠬᠦ ᠬᠤᠲᠠ ᠶᠢᠨ ᠲᠠᠪᠤᠳᠤᠭᠠᠷ ᠲᠤ ᠤᠷᠤᠨ᠂ ᠬᠤᠶᠠᠷ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ ᠨᠢ 8.2% ᠪᠣᠯᠪᠠ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 22 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 36.1% ᠨᠡᠮᠡᠭᠲᠡᠨ᠂ ᠪᠦᠬᠦ ᠬᠤᠲᠠ ᠶᠢᠨ ᠭᠤᠷᠪᠠᠳᠤᠭᠠᠷ ᠲᠤ ᠣᠷᠣᠵᠤ᠂ ᠬᠤᠶᠠᠷ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ 21.1% ᠪᠣᠯᠪᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 7.4% ᠨᠡᠮᠡᠭᠳᠡᠵᠦ᠂ ᠪᠦᠬᠦ ᠬᠤᠲᠠ ᠶᠢᠨ ᠨᠠᠶᠢᠮᠠᠳᠤᠭᠠᠷ ᠲᠤ ᠤᠷᠤᠨ᠂ ᠬᠤᠶᠠᠷ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ 6.7% ᠪᠣᠯᠪᠠ︔ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 20 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.1% ᠪᠠᠷ ᠨᠡᠮᠡᠭᠳᠡᠨ᠂ ᠪᠦᠬᠦ ᠬᠤᠲᠠ ᠶᠢᠨ ᠬᠤᠶᠠᠳᠤᠭᠠᠷ ᠲᠤ ᠣᠷᠣᠵᠤ᠂ ᠬᠤᠶᠠᠷ ᠵᠢᠯ ᠳᠤ ᠳᠤᠮᠳᠠᠴᠢ ᠪᠠᠷ 0.6 % ᠪᠠᠷ ᠪᠠᠭᠤᠷᠠᠪᠠ᠃      ︵ᠨᠢᠭᠡ︶ ᠠᠵᠤ ᠦᠢᠯᠡᠳᠪᠦᠷᠢ ᠶᠢᠨ ᠦᠢᠯᠡᠳᠪᠦᠷᠢᠯᠡᠯ ᠨᠡᠯᠢᠶᠡᠳ ᠲᠦᠷᠭᠡᠨ ᠨᠡᠮᠡᠭᠳᠡᠪᠡ      1- 8 ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠦᠶᠯᠡᠳᠬᠦᠨ ᠤ ᠶᠡᠷᠦᠩᠬᠡᠶ ᠥᠷᠲᠡᠭ ᠨᠡᠶᠢᠲᠡ 51.6 % ᠪᠠᠷ ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 21 . 6 % ᠪᠠᠷ ᠨᠡᠮᠡᠭᠳᠡᠪᠡ︔ ᠠᠵᠤ ᠦᠶᠯᠡᠳᠪᠦᠷᠢ ᠶᠢᠨ ᠪᠣᠷᠣᠯᠠᠭᠤᠯᠤᠯᠲᠠ ᠶᠢᠨ ᠦᠶᠯᠡᠳᠬᠦᠨ ᠤ ᠥᠷᠲᠡᠭ 710.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 52.5 %ᠨᠡᠮᠡᠭᠳᠡᠨ᠂ ᠬᠤᠶᠠᠷ ᠵᠢᠯ ᠳᠤ ᠳᠤᠮᠳᠠᠴᠢ ᠪᠠᠷ 23 % ᠨᠡᠮᠡᠭᠳᠡᠪᠡ︔ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠡᠶᠢᠲᠡ 12 . 7 % ᠪᠠᠶᠢᠵᠤ᠂ ᠬᠠᠷᠢᠴᠠᠭᠤᠯᠤᠭᠰᠠᠨ ᠬᠡᠮᠵᠢᠶ᠎ᠡ ᠪᠠᠷ ᠢᠶᠠᠨ 1.1 ᠵᠠᠭᠤᠨ ᠤ ᠨᠢᠭᠡᠴᠢ ᠪᠠᠭᠤᠷᠠᠨ᠂ ᠬᠤᠶᠠᠷ ᠵᠢᠯ ᠳᠤ ᠳᠤᠮᠳᠠᠴᠢ ᠪᠠᠷ 8 . 2 % ᠨᠡᠮᠡᠭᠳᠡᠪᠡ︔ 8 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 25 % ᠪᠠᠷ ᠨᠡᠮᠡᠭᠳᠡᠵᠦ᠂ ᠭᠠᠷᠠᠬᠠᠨ ᠬᠠᠷᠢᠴᠠᠯ ᠢᠶᠠᠷ 2.4 ᠵᠠᠭᠤᠨ ᠤ ᠴᠡᠭ ᠳᠡᠭᠡᠭᠰᠢᠯᠡᠨ᠂ ᠬᠤᠶᠠᠷ ᠵᠢᠯ ᠳᠤ ᠳᠤᠮᠳᠠᠴᠢ ᠪᠠᠷ 9 . 9 % ᠪᠠᠷ ᠨᠡᠮᠡᠭᠳᠡᠪᠡ︔ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠦᠶᠯᠡᠳᠪᠦᠷᠢᠯᠡᠯ ᠵᠣᠭᠰᠣᠭᠰᠠᠨ ᠠᠵᠤ ᠠᠬᠤᠶᠢᠯᠠᠯ 5 ᠪᠠᠶᠢᠵᠤ᠂ ᠦᠶᠯᠡᠳᠪᠦᠷᠢᠯᠡᠯ ᠵᠣᠭᠰᠣᠭᠰᠠᠨ ᠬᠡᠪᠴᠢᠶ᠎ᠡ ᠨᠢ 5.3% ᠪᠣᠯᠪᠠ᠃      ︵ᠬᠤᠶᠠᠷ︶ ᠠᠵᠤ ᠠᠬᠤᠶᠢᠯᠠᠯ ᠤᠨ ᠦᠷ᠎ᠡ ᠠᠰᠢᠭ ᠢᠯᠡᠳᠲᠡ ᠰᠠᠶᠢᠵᠢᠷᠠᠪᠠ᠃     1-8 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 754.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 52.6 % ᠪᠠᠷ ᠨᠡᠮᠡᠭᠳᠡᠵᠦ᠂ ᠬᠤᠶᠠᠷ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ 20.7 % ᠪᠠᠷ ᠨᠡᠮᠡᠭᠳᠡᠪᠡ᠃ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ 131.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 195.3 3 % ᠪᠠᠷ ᠨᠡᠮᠡᠭᠳᠡᠪᠡ᠃ ᠠᠯᠳᠠᠭᠳᠠᠯ ᠲᠠᠢ ᠠᠵᠤ ᠠᠬᠤᠶᠢᠯᠠᠯ 26 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 9 ᠬᠠᠰᠤᠭᠳᠠᠨ᠂ ᠠᠯᠳᠠᠭᠳᠠᠯ ᠤᠨ ᠬᠡᠪᠴᠢᠶ᠎ᠡ ᠨᠢ 27.7 ᠪᠣᠯᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢᠨ ᠠᠰᠢᠭ ᠬᠤᠨᠵᠢᠪᠣᠷᠢ ᠶᠢᠨ ᠨᠣᠷᠮ᠎ᠠ ᠪᠠ ᠥᠪᠡᠷ ᠤᠨ ᠥᠷᠲᠡᠭ ᠤᠨ ᠵᠠᠷᠤᠳᠠᠯ ᠤᠨ ᠠᠰᠢᠭ ᠬᠤᠨᠵᠢᠪᠣᠷᠢ ᠶᠢᠨ ᠨᠣᠷᠮ᠎ᠠ ᠲᠣᠰ ᠲᠣᠰ 17.41% ᠪᠠ 21.44% ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 8.41 ᠪᠠ 11.39 ᠵᠠᠭᠤᠨ ᠤ ᠨᠢᠭᠡᠴᠢ ᠳᠡᠭᠡᠭᠰᠢᠯᠡᠪᠡ᠃      ︵ᠭᠤᠷᠪᠠ︶ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠣᠭᠲᠠᠭᠤᠨ ᠢᠶᠠᠷ ᠨᠡᠮᠡᠭᠳᠡᠪᠡ᠃      1- 8 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 7.4% ᠪᠠᠷ ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 6.7% ᠪᠠᠷ ᠨᠡᠮᠡᠭᠳᠡᠪᠡ᠃ ᠡᠭᠦᠨ ᠳᠤ᠂ ᠠᠷᠠᠳ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 46 . 8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.8% ᠪᠠᠷ ᠨᠡᠮᠡᠭᠳᠡᠨ᠂ ᠡᠵᠡᠯᠡᠬᠦ ᠬᠠᠷᠢᠴᠠᠯ ᠨᠢ 80.3% ᠳᠤ ᠬᠥᠷᠪᠡ᠃ ᠠᠵᠤ ᠦᠶᠯᠡᠰ ᠢᠶᠠᠷ ᠬᠤᠪᠢᠶᠠᠵᠤ ᠦᠵᠡᠪᠡᠯ᠄ ᠨᠢᠭᠡᠳᠦᠭᠡᠷ ᠠᠵᠤ ᠦᠶᠯᠡᠰ 1.4 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 68.9% ᠪᠠᠷ ᠪᠠᠭᠤᠷᠠᠪᠠ ᠬᠤᠶᠠᠳᠤᠭᠠᠷ ᠠᠵᠤ ᠦᠶᠯᠡᠰ 45.7 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 29.5% ᠪᠠᠷ ᠨᠡᠮᠡᠭᠳᠡᠪᠡ ᠭᠤᠷᠪᠠᠳᠤᠭᠠᠷ ᠠᠵᠤ ᠦᠶᠯᠡᠰ 9.9 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 31.7% ᠪᠠᠷ ᠪᠠᠭᠤᠷᠠᠪᠠ᠃      ︵ᠳᠥᠷᠪᠡ︶ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠲᠣᠭᠲᠠᠭᠤᠨ ᠢᠶᠠᠷ ᠬᠥᠭᠵᠢᠪᠡ      1- 8 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠶᠯᠡᠴᠢᠯᠡᠭᠡᠨ ᠤ ᠦᠶᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 20.5 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4 . 6 % ᠪᠠᠷ ᠪᠠᠭᠤᠷᠠᠵᠤ᠂ ᠬᠤᠶᠠᠷ ᠵᠢᠯ ᠳᠤ ᠳᠤᠮᠳᠠᠴᠢ ᠪᠠᠷ 0.8 % ᠪᠠᠷ ᠨᠡᠮᠡᠭᠳᠡᠪᠡ᠃ ᠡᠭᠦᠨ ᠳᠤ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠶᠯᠡᠰ ᠤᠨ ᠡᠵᠡᠩᠨᠡᠯᠲᠡ ᠶᠢᠨ ᠣᠷᠣᠯᠭ᠎ᠠ 19.3 ᠳ᠋ᠦᠩᠰᠢᠭᠤᠷ ᠲᠥᠭᠦᠷᠢᠭ ᠲᠤ ᠬᠦᠷᠴᠦ᠂ 94.2 2 % ᠢ ᠡᠵᠡᠯᠡᠨ᠂ ᠠᠳᠠᠯᠢ ᠬᠤᠭᠤᠴᠠᠭᠠᠨ ᠤ ᠬᠢ ᠠᠴᠠ 5.0 % ᠢᠶᠠᠷ ᠪᠠᠭᠤᠷᠠᠪᠠ︔ ᠬᠡᠷ ᠭᠠᠵᠠᠷ ᠬᠥᠷᠥᠩᠭᠡ ᠶᠢᠨ ᠦᠶᠯᠡᠰ ᠤᠨ ᠡᠵᠡᠩᠨᠡᠯᠲᠡ ᠶᠢᠨ ᠣᠷᠣᠯᠭ᠎ᠠ 0.9 ᠳ᠋ᠦᠩᠰᠢᠭᠤᠷ ᠲᠥᠭᠦᠷᠢᠭ ᠲᠤ ᠬᠦᠷᠴᠦ᠂ 4.6 % ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 10.6 % ᠪᠠᠷ ᠨᠡᠮᠡᠭᠳᠡᠪᠡ︔ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠶᠯᠡᠴᠢᠯᠡᠭᠡᠨ ᠤ ᠦᠶᠯᠡᠰ ᠤᠨ ᠡᠵᠡᠩᠨᠡᠯᠲᠡ ᠶᠢᠨ ᠣᠷᠣᠯᠭ᠎ᠠ 0.2 ᠳ᠋ᠦᠩᠰᠢᠭᠤᠷ ᠲᠥᠭᠦᠷᠢᠭ ᠲᠤ ᠬᠦᠷᠴᠦ᠂ 0.8 % ᠶᠢ ᠡᠵᠡᠯᠡᠨ᠂ ᠠᠳᠠᠯᠢ ᠬᠤᠭᠤᠴᠠᠭᠠᠨ ᠤ ᠬᠢ ᠠᠴᠠ 26.1 % ᠪᠠᠷ ᠪᠠᠭᠤᠷᠠᠪᠠ︔ ᠤᠰᠤᠨ ᠠᠰᠢᠭᠯᠠᠯᠲᠠ ᠶᠢᠨ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠪᠡᠯᠡᠳᠬᠡᠮᠵᠢ ᠶᠢᠨ ᠬᠠᠮᠢᠶᠠᠷᠤᠯᠲᠠ ᠶᠢᠨ ᠦᠶᠯᠡᠰ ᠤᠨ ᠡᠵᠡᠩᠨᠡᠯᠲᠡ ᠶᠢᠨ ᠣᠷᠣᠯᠭ᠎ᠠ 0.1 ᠳ᠋ᠦᠩᠰᠢᠭᠤᠷ ᠲᠥᠭᠦᠷᠢᠭ ᠪᠠᠶᠢᠵᠤ᠂ ᠡᠵᠡᠯᠡᠬᠦ ᠬᠠᠷᠢᠴᠠᠯ ᠨᠢ 0.5%  ᠂ ᠠᠳᠠᠯᠢ ᠬᠤᠭᠤᠴᠠᠭᠠᠨ ᠤ ᠬᠢ ᠠᠴᠠ 11.1 % ᠪᠠᠷ ᠳᠡᠭᠡᠭᠰᠢᠯᠡᠨ᠂ ᠬᠤᠶᠠᠷ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ ᠨᠢ 0.8% ᠪᠣᠯᠪᠠ᠃ ︵ᠲᠠᠪᠤ︶ ᠬᠡᠷᠡᠭᠯᠡᠭᠡᠨ ᠤ ᠵᠠᠬ᠎ᠠ ᠳᠡᠯᠭᠡᠭᠦᠷ ᠲᠦᠷᠭᠡᠨ ᠰᠡᠷᠭᠦᠪᠡ᠃ 1- 8 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 20.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.1 % ᠪᠠᠷ ᠨᠡᠮᠡᠭᠳᠡᠨ᠂ ᠬᠤᠶᠠᠷ ᠵᠢᠯ ᠳᠤ ᠳᠤᠮᠳᠠᠴᠢ ᠪᠠᠷ 0.56 % ᠪᠠᠷ ᠪᠠᠭᠤᠷᠠᠪᠠ᠃ ᠪᠥᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠶᠢᠨ ᠳᠡᠭᠡᠭᠰᠢ ᠮᠡᠳᠡᠭᠦᠯᠦᠭᠰᠡᠨ ᠲᠤᠭ᠎ᠠ 1.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 37.5 % ᠪᠠᠷ ᠨᠡᠮᠡᠭᠳᠡᠨ᠂ 17 ᠳ᠋ᠤᠭᠠᠷ ᠰᠠᠷ᠎ᠠ ᠶᠢᠨ ᠬᠢ ᠠᠴᠠ 0.3 ᠵᠠᠭᠤᠨ ᠤ ᠴᠡᠭ ᠤᠳᠠᠭᠠᠰᠢᠷᠠᠵᠤ᠂ ᠬᠤᠶᠠᠷ ᠵᠢᠯ ᠳᠤ ᠳᠤᠮᠳᠠᠴᠢ ᠪᠠᠷ 0.57 % ᠪᠠᠷ ᠪᠠᠭᠤᠷᠠᠪᠠ᠃ ᠡᠭᠦᠨ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠲᠠ ᠪᠠᠯᠭᠠᠰᠤᠨ ᠤ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 37.4 % ᠪᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠥᠳᠡᠭᠡ ᠲᠣᠰᠬᠤᠨ ᠤ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 57.4% ᠪᠠᠷ ᠨᠡᠮᠡᠭᠳᠡᠪᠡ᠃      ︵ᠵᠢᠷᠭᠤᠭ᠎ᠠ︶ ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠤᠨ ᠪᠣᠷᠣᠯᠠᠭᠤᠯᠭ᠎ᠠ ᠶᠢᠨ ᠬᠤᠪᠢ ᠨᠡᠮᠡᠷᠢ ᠲᠣᠪᠤᠶᠢᠮ᠎ᠠ ᠪᠤᠢ᠃      8 ᠳ᠋ᠤᠭᠠᠷ ᠰᠠᠷ᠎ᠠ ᠳᠤ ᠪᠥᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠠᠮᠤ ᠲᠣᠰᠣ᠂ ᠢᠳᠡᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢᠨ ᠠᠳᠠᠯᠢ ᠬᠤᠭᠤᠴᠠᠭᠠᠨ ᠤ ᠬᠢ ᠠᠴᠠ 18 . 8 % ᠪᠠᠷ ᠨᠡᠮᠡᠭᠳᠡᠪᠡ᠃ 8 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠡ ᠶᠢᠨ ᠬᠢᠲᠠᠳ ᠧᠦ᠋ᠷᠣᠫᠠ ᠡᠮ ᠤᠨ ᠲᠥᠷᠥᠯ ᠤᠨ ᠲᠠᠸᠠᠷ ᠠᠳᠠᠯᠢ ᠬᠤᠭᠤᠴᠠᠭᠠᠨ ᠤ ᠬᠢ ᠠᠴᠠ 11 . 2 % ᠢᠶᠠᠷ ᠨᠡᠮᠡᠭᠳᠡᠪᠡ︔ ᠰᠣᠶᠣᠯ ᠤᠨ ᠠᠯᠪᠠᠨ ᠬᠡᠷᠡᠭᠰᠡᠯ ᠤᠨ ᠲᠥᠷᠥᠯ ᠵᠦᠶᠯ ᠠᠳᠠᠯᠢ ᠬᠤᠭᠤᠴᠠᠭᠠᠨ ᠤ ᠬᠢ ᠠᠴᠠ 21.8% ᠪᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠲᠤᠭ᠎ᠠ ᠳᠤ ᠡᠵᠡᠯᠡᠬᠦ ᠬᠤᠪᠢ ᠶᠢᠨ ᠵᠢᠩ ᠨᠢ 48 . 2 % ᠪᠠᠶᠢᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠲᠤᠭ᠎ᠠ ᠶᠢᠨ ᠨᠡᠮᠡᠭᠳᠡᠯ ᠤᠨ ᠬᠤᠷᠳᠤᠴᠠ ᠨᠢ ᠨᠡᠶᠢᠲᠡ 11.47 ᠵᠠᠭᠤᠨ ᠤ ᠴᠡᠭ ᠪᠣᠯᠵᠠᠶ᠃      ︵ᠲᠤᠯᠤᠭ᠎ᠠ︶ ᠠᠷᠠᠳ ᠤᠨ ᠡᠵᠡᠩᠨᠡᠯᠲᠡ ᠶᠢᠨ ᠠᠵᠤ ᠠᠬᠤᠢ ᠦᠷᠭᠦᠯᠵᠢᠯᠡᠨ ᠰᠡᠷᠭᠦᠪᠡ᠃      1- 8 ᠳ᠋ᠤᠭᠠᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠷᠠᠳ ᠤᠨ ᠡᠵᠡᠩᠨᠡᠯᠲᠡ ᠶᠢᠨ ᠨᠡᠮᠡᠭᠳᠡᠯ ᠥᠷᠲᠡᠭ 254 . 9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 50 . 7 % ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠷᠠᠳ ᠤᠨ ᠡᠵᠡᠩᠨᠡᠯᠲᠡ ᠶᠢᠨ ᠬᠤᠪᠢ ᠶᠢᠨ ᠵᠢᠩ 90 . 5 % ᠳᠤ ᠬᠥᠷᠪᠡ᠃ ᠡᠭᠦᠨ ᠳᠤ᠄ ᠨᠡᠭᠦᠷᠡᠰᠦᠨ ᠤ ᠠᠵᠢᠯ ᠲᠥᠷᠥᠯ ᠤᠨ ᠠᠵᠤ ᠦᠶᠯᠡᠳᠪᠦᠷᠢ ᠶᠢᠨ ᠨᠡᠮᠡᠭᠳᠡᠯ ᠥᠷᠲᠡᠭ 124 . 7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 71.1% ᠨᠡᠮᠡᠭᠳᠡᠨ᠂ ᠨᠡᠭᠦᠷᠡᠰᠦᠨ ᠤ ᠪᠤᠰᠤ ᠠᠵᠢᠯ ᠲᠥᠷᠥᠯ ᠤᠨ ᠠᠵᠤ ᠦᠶᠯᠡᠳᠪᠦᠷᠢ ᠶᠢᠨ ᠨᠡᠮᠡᠭᠳᠡᠯ ᠥᠷᠲᠡᠭ 130 . 2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 35 . 2 % ᠨᠡᠮᠡᠭᠳᠡᠪᠡ᠃ 1- 8 ᠳ᠋ᠤᠭᠠᠷ ᠰᠠᠷ᠎ᠠ ᠳᠤ᠂ ᠠᠷᠠᠳ ᠤᠨ ᠡᠵᠡᠩᠨᠡᠯᠲᠡ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 6 . 8 % ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ 80 . 3 % ᠶᠢ ᠡᠵᠡᠯᠡᠪᠡ᠃ 18 ᠰᠠᠷ᠎ᠠ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 20 . 2 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠴᠥᠮ ᠠᠷᠠᠳ ᠤᠨ ᠡᠵᠡᠩᠨᠡᠭᠰᠡᠨ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠪᠣᠯᠤᠨ᠎ᠠ᠃
ᠢᠷᠡᠯᠲᠡ᠄ ᠣᠲᠤᠭ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ