ᠤᠷᠳᠤᠰ ᠬᠤᠲᠠ ᠶᠢᠨ 2021 ᠣᠨ ᠤ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠣᠭᠤᠷᠢᠨ ᠦᠵᠡᠬᠦ ᠬᠤᠷᠠᠯ ᠳᠤ ᠣᠷᠣᠯᠴᠠᠭᠰᠠᠳ ᠣᠲᠤᠭ ᠬᠤᠰᠢᠭᠤᠨ ᠳᠤ  ᠢᠷᠡᠵᠦ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2021/10/15
     ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠲᠠᠪᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ 2021 ᠣᠨ ᠤ 10 ᠳ᠋ᠤᠭᠠᠷ ᠰᠠᠷ᠎ᠠ ᠶᠢᠨ 13 ᠤ ᠡᠳᠦᠷ ᠠᠴᠠ 10 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ ᠪᠥᠬᠦ ᠬᠤᠲᠠ ᠶᠢᠨ 2021 ᠣᠨ ᠤ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠦᠵᠡᠭᠦᠯᠦᠯᠭᠡ ᠶᠢᠨ ᠬᠤᠷᠠᠯ ᠢ ᠬᠤᠷᠠᠯᠳᠤᠭᠤᠯᠵᠤ᠂ ᠦᠵᠡᠭᠦᠯᠦᠯᠭᠡ ᠶᠢᠨ ᠬᠤᠷᠠᠯ ᠢ ᠳᠠᠶᠢᠴᠢᠯᠠᠨ ᠠᠵᠢᠯ ᠡᠬᠢᠯᠡᠭᠦᠯᠬᠦ᠂ ᠲᠤᠬᠠᠶ ᠶᠢᠨ ᠲᠠᠯᠠᠪᠠᠶ ᠳᠤ ᠲᠣᠭᠤᠷᠢᠨ ᠦᠵᠡᠬᠦ ᠪᠠ ᠳ᠋ᠦᠩᠨᠡᠯᠲᠡ ᠶᠢᠨ ᠬᠤᠷᠠᠯ ᠤᠨ ᠬᠡᠯᠪᠡᠷᠢ ᠪᠠᠷ ᠶᠠᠪᠤᠭᠳᠠᠭᠤᠯᠪᠠ᠃ 10 ᠰᠠᠷ᠎ᠠ ᠶᠢᠨ 13 ᠤ ᠦᠳᠡ ᠶᠢᠨ ᠬᠤᠶᠢᠨ᠎ᠠ ᠠᠴᠠ 14 ᠤ ᠡᠳᠦᠷ ᠤᠨ ᠦᠳᠡ ᠶᠢᠨ ᠡᠮᠦᠨ᠎ᠡ ᠪᠣᠯᠲᠠᠯ᠎ᠠ᠂ ᠣᠷᠳᠣᠰ ᠬᠤᠲᠠ ᠶᠢᠨ 2021 ᠣᠨ ᠤ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠦᠵᠡᠬᠦ ᠬᠤᠷᠠᠯ ᠳᠤ ᠣᠷᠣᠯᠴᠠᠭᠰᠠᠨ ᠱᠧ ᠰᠢ ᠸᠧᠨ᠂ ᠰᠤ᠋ ᠼᠦᠢ ᠹᠠᠩ᠂ ᠵᠧᠨ ᠬᠤᠸᠠ᠂ ᠬᠤᠸᠠ ᠷᠦᠢ ᠹᠧᠩ ᠵᠡᠷᠭᠡ ᠬᠤᠲᠠ ᠶᠢᠨ ᠤᠳᠤᠷᠢᠳᠤᠯᠭ᠎ᠠ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠭᠤᠤ ᠬᠤᠸᠠᠢ ᠵᠢᠩ᠂ ᠸᠠᠩ ᠭᠦᠸᠧ ᠴᠢᠤᠸᠠᠨ ᠵᠡᠷᠭᠡ ᠬᠤᠰᠢᠭᠤᠨ ᠤ ᠤᠳᠤᠷᠢᠳᠤᠯᠭ᠎ᠠ ᠪᠣᠯᠤᠨ ᠡᠯ᠎ᠡ ᠬᠤᠰᠢᠭᠤ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠬᠤᠰᠢᠭᠤ ᠲᠣᠭᠤᠷᠢᠭ ᠤᠨ ᠳᠠᠷᠤᠭ᠎ᠠ ᠵᠡᠷᠭᠡ ᠬᠤᠷᠠᠯ ᠳᠤ ᠤᠷᠤᠯᠴᠠᠭᠰᠠᠳ ᠣᠲᠤᠭ ᠬᠤᠰᠢᠭᠤᠨ ᠳᠤ ᠢᠷᠡᠵᠦ ᠲᠣᠭᠤᠷᠢᠨ ᠦᠵᠡᠪᠡ᠃ ᠬᠤᠷᠠᠯ ᠳᠤ ᠣᠷᠣᠯᠴᠠᠭᠰᠠᠳ ᠥᠪᠥᠷ ᠮᠣᠩᠭᠤᠯ ᠤᠨ ᠳ᠋ᠦᠩ ᠿᠢ ᠰᠢᠨ᠎ᠡ ᠡᠨᠧᠷᠭᠢ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠬᠡᠥᠷᠡᠰᠢᠭᠦᠯᠬᠦ ᠵᠤᠤᠬ᠎ᠠ ᠶᠢᠨ ᠨᠡᠭᠦᠷᠡᠰᠦᠨ ᠬᠡᠶ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠦᠶᠯ᠂ ᠥᠪᠥᠷ ᠮᠣᠩᠭᠤᠯ ᠤᠨ ᠲᠦᠩ ᠬᠤᠶ ᠲᠢᠶᠠᠨ ᠺᠧ ᠬᠡᠶ ᠪᠡᠶᠡᠲᠦ ᠶᠢᠨ ᠬᠢᠵᠠᠭᠠᠷᠲᠤ ᠺᠣᠮᠫᠠᠨᠢ ᠶᠢᠨ 20 ᠲᠦᠮᠡᠨ ᠲᠣᠨ ᠤ ᠢᠳᠡᠭᠡᠨ ᠤ ᠲᠠᠰ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠲᠥᠷᠥᠯ ᠵᠦᠶᠯ ᠪᠣᠯᠤᠨ ᠣᠲᠤᠭ ᠬᠤᠰᠢᠭᠤᠨ ᠤ ᠵᠢᠶᠠᠨ ᠶᠤᠸᠠᠨ ᠨᠡᠭᠦᠷᠡᠰᠦ ᠬᠡᠤᠷᠡᠰᠦ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 3×190 t / h ᠬᠠᠭᠤᠷᠠᠶ ᠤᠨᠲᠠᠷᠠᠮᠠᠯ ᠬᠡᠤᠷᠡᠰᠦ ᠵᠢᠴᠢ ᠢᠵᠢ ᠪᠥᠷᠢᠳᠦᠭᠰᠡᠨ ᠦᠯᠡᠳᠡᠪᠦᠷᠢ ᠢᠯᠴᠢ ᠦᠯᠡᠳᠡᠪᠦᠷᠢ ᠳᠠᠷᠤᠯᠲᠠ ᠪᠠᠷ ᠴᠠᠬᠢᠯᠭᠠᠨ ᠭᠠᠷᠭᠠᠬᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠬᠢᠨᠠᠮᠠᠭᠠᠶ ᠰᠣᠨᠣᠰᠪᠠ᠃      ᠥᠪᠥᠷ ᠮᠣᠩᠭᠤᠯ ᠤᠨ ᠳ᠋ᠦᠩ ᠿᠢ ᠰᠢᠨ᠎ᠡ ᠡᠨᠧᠷᠭᠢ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠵᠢᠯ ᠳᠤ 125 ᠲᠦᠮᠡᠨ ᠲᠣᠨ ᠰᠢᠨ᠎ᠡ ᠡᠨᠧᠷᠭᠢ ᠶᠢᠨ ᠮᠠᠲ᠋ᠧᠷᠢᠶᠠᠯ ᠦᠶᠯᠡᠳᠪᠦᠷᠢᠯᠡᠬᠦ ᠵᠢᠴᠢ ᠢᠵᠢ ᠪᠦᠷᠢᠳᠦᠭᠦᠯᠬᠦ ᠲᠥᠷᠥᠯ ᠵᠦᠶᠯ      ᠥᠪᠥᠷ ᠮᠣᠩᠭᠤᠯ ᠤᠨ ᠳ᠋ᠦᠩ ᠿᠢ ᠰᠢᠨ᠎ᠡ ᠡᠨᠧᠷᠭᠢ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠪᠥᠲᠥᠭᠡᠨ ᠪᠠᠶᠢᠭᠤᠯᠤᠭᠰᠠᠨ ᠵᠢᠯ ᠳᠤ 125 ᠲᠦᠮᠡᠨ ᠲᠣᠨ ᠰᠢᠨ᠎ᠡ ᠡᠨᠧᠷᠭᠢ ᠶᠢᠨ ᠮᠠᠲ᠋ᠧᠷᠢᠶᠠᠯ ᠦᠶᠯᠡᠳᠪᠦᠷᠢᠯᠡᠬᠦ ᠵᠢᠴᠢ ᠢᠵᠢ ᠪᠥᠷᠢᠳᠦᠭᠦᠯᠬᠦ ᠲᠥᠷᠥᠯ ᠵᠦᠶᠯ ᠪᠣᠯ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠶᠯᠡᠰ ᠤᠨ ᠰᠢᠨ᠎ᠡ ᠬᠡᠯᠪᠡᠷᠢ ᠶᠢᠨ ᠡᠨᠧᠷᠭᠢ ᠶᠢᠨ ᠮᠠᠲ᠋ᠧᠷᠢᠶᠠᠯ ᠤᠨ ᠲᠥᠷᠥᠯ ᠵᠦᠶᠯ ᠪᠣᠯᠤᠨ᠎ᠠ᠃ ᠪᠠᠷᠤᠭ 124 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠬᠤ ᠪᠤᠯᠤᠨ᠎ᠠ᠃ ᠨᠢᠭᠡᠳᠦᠭᠡᠷ ᠬᠤᠭᠤᠴᠠᠭᠠᠨ ᠤ ᠪᠡᠯᠡ ᠣᠷᠣᠭᠤᠯᠤᠯᠲᠠ 68 ᠳ᠋ᠦᠩᠰᠢᠭᠤᠷ ᠲᠥᠭᠦᠷᠢᠭ᠂ ᠬᠤᠶᠠᠳᠤᠭᠠᠷ ᠬᠤᠭᠤᠴᠠᠭᠠᠨ ᠤ ᠪᠡᠯᠡ ᠣᠷᠣᠭᠤᠯᠤᠯᠲᠠ 56 ᠳ᠋ᠦᠩᠰᠢᠭᠤᠷ ᠲᠥᠭᠦᠷᠢᠭ᠃ ᠪᠦᠬᠦᠯᠢ ᠴᠣᠭᠴᠠ ᠶᠢᠨ ᠲᠥᠷᠥᠯ ᠵᠦᠶᠯ ᠢ ᠪᠥᠬᠦ ᠲᠠᠯ᠎ᠠ ᠪᠠᠷ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ ᠶᠢ 237 ᠳ᠋ᠦᠩᠰᠢᠭᠤᠷ ᠲᠥᠭᠦᠷᠢᠭ᠂ ᠭᠠᠶᠢᠯᠢ ᠶᠢᠨ ᠣᠷᠣᠯᠭ᠎ᠠ ᠶᠢ ᠪᠠᠷᠤᠭ 15 ᠳ᠋ᠦᠩᠰᠢᠭᠤᠷ ᠲᠥᠭᠦᠷᠢᠭ ᠪᠡᠶᠡᠯᠡᠭᠦᠯᠵᠦ ᠂ ᠨᠡᠶᠢᠭᠡᠮ ᠤᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠳᠤ 6000 ᠭᠠᠷᠤᠶ ᠬᠥᠮᠦᠨ ᠢ ᠲᠥᠪᠬᠢᠨᠡᠭᠦᠯᠵᠦ ᠪᠣᠯᠤᠨ᠎ᠠ᠃ ᠲᠤᠰ ᠲᠥᠷᠥᠯ ᠵᠦᠶᠯ ᠪᠣᠯ ᠣᠷᠳᠣᠰ ᠬᠤᠲᠠ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠭᠢᠨ ᠲᠣᠭᠤᠷᠢᠨ ᠤ ᠡᠯᠪᠡᠭ ᠪᠠᠶᠠᠯᠢᠭ ᠨᠡᠭᠦᠷᠡᠰᠦᠨ ᠬᠡᠤᠳᠡᠰᠦ ᠶᠢᠨ ᠡᠬᠢ ᠪᠠᠶᠠᠯᠢᠭ ᠢᠶᠠᠷ ᠲᠦᠭᠦᠬᠡᠶ ᠮᠠᠲ᠋ᠧᠷᠢᠶᠠᠯ ᠤᠨ ᠰᠠᠭᠤᠷᠢᠨ ᠭᠠᠵᠠᠷ ᠪᠣᠯᠭᠠᠵᠤ᠂ ᠲᠥᠷᠥᠯ ᠵᠦᠶᠯ ᠤᠨ ᠬᠡᠷᠡᠭᠵᠢᠭᠦᠯᠦᠯᠲᠡ ᠨᠢ ᠥᠪᠥᠷ ᠮᠣᠩᠭᠤᠯ ᠵᠢᠴᠢ ᠣᠷᠳᠣᠰ ᠣᠷᠣᠨ ᠤ ᠨᠡᠭᠦᠷᠡᠰᠦ ᠵᠢᠴᠢ ᠬᠡᠤᠳᠡᠰᠦ ᠶᠢᠨ ᠲᠤᠰᠠᠯᠠᠬᠤ ᠦᠶᠯᠡᠳᠬᠦᠨ ᠤ ᠠᠵᠤ ᠠᠬᠤᠶ ᠶᠢᠨ ᠨᠡᠮᠡᠯᠲᠡ ᠥᠷᠲᠡᠭ ᠢ ᠶᠡᠬᠡᠪᠡᠷ ᠳᠡᠭᠡᠭᠰᠢᠯᠡᠭᠦᠯᠬᠦ ᠪᠣᠯᠤᠨ᠎ᠠ᠃ ᠲᠦᠷᠦᠯ ᠵᠦᠢᠯ ᠪᠠᠶᠢᠭᠤᠯᠤᠭᠳᠠᠭᠰᠠᠨ ᠤ ᠲᠠᠷᠠᠭ᠎ᠠ᠂ ᠬᠡᠪᠴᠢᠶ᠎ᠡ ᠨᠢ ᠳᠡᠯᠡᠬᠡᠢ ᠶᠢᠨ ᠡᠮᠦᠨ᠎ᠡ ᠡᠩᠨᠡᠭᠡᠨ ᠳᠤ ᠣᠷᠣᠵᠤ᠂ ᠦᠢᠯᠡᠳᠬᠦᠨ ᠤ ᠶᠠᠰᠤ ᠴᠢᠨᠠᠷ ᠤᠨ ᠲᠦᠪᠰᠢᠨ᠂ ᠡᠨᠧᠷᠭᠢ ᠶᠢᠨ ᠬᠤᠷᠣᠭᠳᠠᠯ ᠤᠨ ᠲᠦᠪᠰᠢᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠳᠠᠭᠰᠢᠯᠠᠭᠤᠯᠬᠤ ᠲᠦᠪᠰᠢᠨ ᠴᠦ ᠤᠯᠤᠰ ᠤᠨ ᠳᠣᠲᠣᠭᠠᠳᠤ ᠶᠢᠨ ᠲᠡᠷᠢᠭᠦᠨ ᠤ ᠲᠦᠪᠰᠢᠨ ᠳᠤ ᠬᠦᠷᠬᠦ ᠪᠣᠯᠤᠨ᠎ᠠ᠃      ᠥᠪᠥᠷ ᠮᠣᠩᠭᠤᠯ ᠤᠨ ᠲᠦᠩ ᠬᠤᠶ‌‍ᠲ᠋ᠢᠶᠡᠨ ᠺᠧ ᠬᠡᠶ ᠪᠡᠶᠡᠲᠦ ᠶᠢᠨ ᠺᠣᠮᠫᠠᠨᠢ ᠶᠢᠨ 20 ᠲᠦᠮᠡᠨ ᠲᠣᠨ ᠤ ᠢᠳᠡᠭᠡᠨ ᠤ ᠲᠠᠰ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠲᠥᠷᠥᠯ ᠵᠦᠶᠯ ᠥᠪᠥᠷ ᠮᠣᠩᠭᠤᠯ ᠤᠨ ᠲᠦᠩ ᠬᠤᠶ ᠲᠢᠶᠠᠨᠺᠤ ᠬᠡᠶ ᠪᠡᠶᠡᠲᠦ ᠶᠢᠨ ᠺᠣᠮᠫᠠᠨᠢ ᠶᠢᠨ 20 ᠲᠦᠮᠡᠨ ᠲᠣᠨ ᠤ ᠢᠳᠡᠭᠡᠨ ᠤ ᠲᠠᠰ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠲᠥᠷᠥᠯ ᠵᠦᠶᠯ ᠪᠣᠯ ᠣᠷᠳᠣᠰ ᠤᠨ ᠨᠡᠭᠦᠷᠡᠰᠦ ᠤᠰᠤᠲᠥ᠋ᠷᠥᠭᠴᠢ ᠶᠢᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠶᠢᠨ 12 ᠲᠦᠮᠡᠨ ᠲᠣᠨ ᠤ ᠮᠧᠲ᠋ᠢᠯ ᠠᠯᠺᠣᠣᠯ ᠤᠨ ᠲᠥᠷᠥᠯ ᠵᠦᠶᠯ ᠤᠨ ᠥᠨᠳᠥᠷ ᠨᠡᠮᠡᠯᠲᠡ ᠥᠷᠲᠡᠭ ᠪᠥᠬᠦᠶ ᠬᠠᠮᠲᠤᠷᠠᠯᠴᠠᠭᠠᠨ ᠤ ᠢᠵᠢ ᠪᠥᠷᠢᠳᠦᠭᠦᠯᠬᠦ ᠲᠥᠷᠥᠯ ᠵᠦᠶᠯ ᠪᠣᠯᠤᠨ᠎ᠠ᠃ ᠲᠥᠷᠥᠯ ᠵᠦᠶᠯ ᠤᠨ ᠶᠡᠷᠦᠩᠬᠡᠶ ᠪᠠᠯᠠ ᠣᠷᠣᠭᠤᠯᠤᠯᠲᠠ 1.2 ᠳ᠋ᠦᠩᠰᠢᠭᠤᠷ ᠲᠥᠭᠦᠷᠢᠭ᠃ ᠲᠥᠷᠥᠯ ᠵᠦᠶᠯ ᠪᠠᠶᠢᠭᠤᠯᠤᠭᠳᠠᠵᠤ ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ ᠨᠢ 9100 ᠲᠦᠮᠡᠨ ᠲᠥᠭᠦᠷᠢᠭ᠂ ᠠᠰᠢᠭ ᠭᠠᠶᠢᠯᠢ 750 ᠲᠦᠮᠡᠨ ᠲᠥᠭᠦᠷᠢᠭ ᠢ ᠪᠡᠶᠡᠯᠡᠭᠦᠯᠵᠦ᠂ ᠬᠦᠬᠦᠷᠲᠦ ᠨᠢᠭᠡᠳᠪᠦᠷᠢ᠂ ᠼᠢᠶᠠᠨᠲᠤ ᠨᠢᠭᠡᠳᠪᠦᠷᠢ ᠵᠡᠷᠭᠡ ᠬᠤᠤᠷᠲᠠᠢ ᠬᠡᠶ ᠪᠡᠶᠡᠲᠦ ᠶᠢᠨ ᠨᠠᠷᠢᠯᠢᠭᠴᠠ ᠶᠢ ᠮᠢᠩᠭᠠᠨ ᠲᠦᠮᠡᠨ ᠬᠤᠪᠢ ᠶᠢᠨ ᠨᠢᠭᠡ ᠳᠤ ᠬᠦᠷᠦᠭᠦᠯᠵᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠶᠢ 145.6 ᠲᠦᠮᠡᠨ ᠺᠦᠪ ᠮᠧᠲᠷ᠂ ᠨᠡᠭᠦᠷᠦᠭᠴᠢ ᠶᠢᠨ ᠲᠥᠷᠥᠯ ᠵᠡᠷᠭᠡ ᠬᠡᠶ ᠪᠡᠶᠡᠲᠦ ᠭᠠᠳᠠᠭᠰᠢᠯᠠᠭᠤᠯᠬᠤ ᠶᠢ 1500 ᠲᠦᠮᠡᠨ ᠺᠦᠪ ᠮᠧᠲᠷ ᠢᠶᠠᠷ ᠰᠢᠭᠤᠳ ᠪᠠᠭᠠᠰᠬᠠᠨ᠎ᠠ᠃ ᠣᠲᠤᠭ ᠬᠤᠰᠢᠭᠤᠨ ᠤ ᠵᠢᠶᠠᠨ ᠶᠤᠸᠠᠨ ᠨᠡᠭᠦᠷᠡᠰᠦ ᠬᠡᠤᠷᠰᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 3 X 190 t / h ᠬᠠᠭᠤᠷᠠᠶ ᠤᠨᠲᠠᠷᠠᠭᠠᠯᠲᠠ ᠵᠢᠴᠢ ᠢᠵᠢ ᠪᠥᠷᠢᠳᠦᠭᠰᠡᠨ ᠦᠯᠡᠳᠡᠪᠦᠷᠢ ᠢᠯᠴᠢ ᠦᠯᠡᠳᠡᠪᠦᠷᠢ ᠳᠠᠷᠤᠯᠲᠠ ᠪᠠᠷ ᠴᠠᠬᠢᠯᠭᠠᠨ ᠭᠠᠷᠭᠠᠬᠤ ᠲᠥᠷᠥᠯ ᠵᠦᠶᠯ᠃      ᠣᠲᠤᠭ ᠬᠤᠰᠢᠭᠤᠨ ᠤ ᠵᠢᠶᠠᠨ ᠶᠤᠸᠠᠨ ᠨᠡᠭᠦᠷᠡᠰᠦ ᠬᠡᠤᠷᠰᠢᠭᠦᠯᠬᠦ ᠺᠣᠮᠫᠠᠨᠢ ᠶᠢᠨ ᠪᠥᠲᠥᠭᠡᠨ ᠪᠠᠶᠢᠭᠤᠯᠤᠭᠰᠠᠨ 3×190 t / h ᠬᠠᠭᠤᠷᠠᠶ ᠤᠨᠲᠠᠷᠠᠭᠠᠯᠲᠠ ᠬᠡᠤᠷᠰᠢᠭᠦᠯᠬᠦ ᠬᠤᠶᠠᠷ ᠥᠨᠳᠥᠷ ᠳᠤᠯᠠᠭᠠᠨ ᠥᠨᠳᠥᠷ ᠳᠠᠷᠤᠯᠲᠠᠲᠤ ᠦᠯᠡᠳᠡᠪᠦᠷᠢ ᠢᠯᠴᠢ ᠶᠢᠨ ᠭᠦᠸᠧᠯᠦ ᠪᠠ 10 MW ᠨᠢᠷᠤᠭᠤ ᠳᠠᠷᠤᠯᠲᠠᠲᠤ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠲᠥᠷᠥᠯ ᠵᠦᠶᠯ ᠤᠨ ᠶᠡᠷᠦᠩᠬᠡᠶ ᠪᠠᠯᠠ ᠣᠷᠣᠭᠤᠯᠤᠯᠲᠠ ᠨᠢ 3.88 ᠳ᠋ᠦᠩᠰᠢᠭᠤᠷ ᠲᠥᠭᠦᠷᠢᠭ ᠲᠤ ᠬᠦᠷᠴᠡᠶ᠃ ᠲᠥᠷᠥᠯ ᠵᠦᠶᠯ ᠪᠠᠶᠢᠭᠤᠯᠤᠭᠳᠠᠭᠰᠠᠨ ᠤ ᠳᠠᠷᠠᠭ᠎ᠠ᠂ ᠬᠠᠭᠤᠷᠠᠶ ᠤᠨᠲᠠᠷᠠᠭᠠᠯᠲᠠ ᠶᠢᠨ ᠲᠣᠨᠣᠭᠯᠠᠯ ᠨᠢ ᠵᠢᠯ ᠪᠦᠷᠢ ᠬᠡᠦᠷᠡᠰᠦ ᠶᠢᠨ ᠳᠣᠲᠣᠷ᠎ᠠ ᠠᠴᠠ 230 ᠲᠦᠮᠡᠨ ᠲᠣᠨ ᠢᠯᠴᠢ ᠶᠢᠨ ᠡᠨᠧᠷᠭᠢ ᠬᠤᠷᠢᠶᠠᠵᠤ ᠂ ᠡᠭᠦᠨ ᠳᠤ ᠬᠢᠮᠢ ᠶᠢᠨ ᠠᠵᠤ ᠦᠶᠯᠡᠳᠪᠦᠷᠢ ᠶᠢᠨ ᠬᠡᠷᠡᠭᠯᠡᠭᠴᠢᠳ ᠲᠤ 3 . 9 ᠳ᠋ᠦᠩᠰᠢᠭᠤᠷ ᠲᠥᠭᠦᠷᠢᠭ ᠤᠨ ᠮᠠᠰᠢᠨ ᠬᠠᠩᠭᠠᠵᠤ ᠠᠰᠢᠭ ᠡᠭᠦᠳᠦᠨ᠂ ᠡᠭᠦᠨ ᠤ ᠬᠠᠮᠲᠤ ᠠᠭᠤᠷ ᠤᠨ ᠤᠨ᠋ᠲ᠋ᠠᠯᠫᠢ ᠶᠢᠨ ᠪᠠᠭᠤᠷᠠᠯᠲᠠ ᠶᠢ ᠳᠠᠷᠤᠯᠲᠠᠲᠤ ᠴᠠᠬᠢᠯᠭᠠᠨ ᠭᠠᠷᠭᠠᠯᠲᠠ ᠳᠤ ᠬᠡᠷᠡᠭᠯᠡᠵᠦ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ ᠪᠠᠷᠤᠭ 6 ᠮᠢᠩᠭᠠᠨ ᠲᠦᠮᠡᠨ ᠺᠢᠯᠦᠸᠠᠲ ᠴᠠᠭ ᠲᠤ ᠬᠦᠷᠴᠦ᠂ 2900 ᠲᠦᠮᠡᠨ ᠲᠥᠭᠦᠷᠢᠭ ᠤᠨ ᠠᠰᠢᠭ ᠬᠦᠷᠲᠡᠨ᠂ ᠵᠢᠯ ᠪᠦᠷᠢ ᠶᠢᠨ ᠡᠭᠡᠭᠦᠯᠦᠨ ᠬᠤᠷᠢᠶᠠᠵᠤ ᠪᠣᠯᠬᠤ ᠡᠨᠧᠷᠭᠢ ᠶᠢᠨ ᠰᠤᠷᠪᠤᠯᠵᠢ ᠶᠢ 20 ᠭᠠᠷᠤᠶ ᠲᠦᠮᠡᠨ ᠲᠣᠨ ᠢᠶᠠᠷ ᠨᠤᠭᠤᠯᠤᠨ ᠪᠤᠳᠤᠪᠠᠯ᠂ ᠲᠣᠨ ᠪᠦᠷᠢ ᠶᠢᠨ ᠬᠡᠦᠷᠡᠰᠦ ᠶᠢᠨ ᠡᠭᠡᠭᠦᠯᠦᠨ ᠬᠤᠷᠢᠶᠠᠵᠤ ᠪᠣᠯᠬᠤ ᠡᠨᠧᠷᠭᠢ ᠶᠢᠨ ᠰᠤᠷᠪᠤᠯᠵᠢ ᠶᠢᠨ 64 KG ᠪᠠᠷᠢᠮᠵᠢᠶᠠᠲᠤ ᠨᠡᠭᠦᠷᠡᠰᠦ ᠲᠠᠢ ᠲᠡᠩᠴᠡᠵᠦ᠂ ᠡᠨᠧᠷᠭᠢ ᠠᠷᠪᠢᠯᠠᠬᠤ ᠦᠷ᠎ᠡ ᠠᠰᠢᠭ ᠨᠢ ᠮᠠᠰᠢ ᠰᠠᠶᠢᠨ ᠪᠠᠶᠢᠳᠠᠭ᠃ ᠡᠭᠦᠨ ᠤ ᠬᠠᠮᠲᠤ᠂ ᠬᠠᠭᠤᠷᠠᠢ ᠪᠠᠷ ᠤᠨᠲᠠᠷᠠᠭᠠᠨ ᠬᠡᠦᠷᠰᠢᠭᠦᠯᠬᠦ ᠦᠢᠯᠡᠳᠪᠦᠷᠢᠯᠡᠯ ᠤᠨ ᠲᠥᠬᠦᠭᠡᠷᠦᠮᠵᠢ ᠶᠢ ᠪᠦᠲᠦᠭᠡᠨ ᠪᠠᠶᠢᠭᠤᠯᠪᠠᠯ᠂ ᠴᠢᠭᠢᠭᠲᠦᠭᠦᠯᠬᠦ ᠠᠷᠭ᠎ᠠ ᠪᠠᠷ ᠤᠨᠲᠠᠷᠠᠭᠠᠨ ᠬᠡᠦᠷᠰᠢᠭᠦᠯᠬᠦ ᠠᠭᠠᠷ ᠮᠠᠨᠳᠠᠯ ᠳᠠᠬᠢ ᠤᠰᠤᠨ ᠠᠭᠤᠷ ᠤᠨ ᠪᠦᠰᠡᠯᠡᠭᠰᠡᠨ ᠹᠧᠨᠣᠯ ᠼᠢᠶᠠᠨ ᠵᠢᠴᠢ ᠨᠠᠷᠢᠨ ᠲᠣᠭᠤᠰᠣ ᠵᠡᠷᠭᠡ ᠬᠤᠣᠷᠲᠤ ᠪᠣᠳᠠᠰ ᠢ ᠪᠦᠲᠦᠮᠵᠢᠲᠡᠢ ᠪᠠᠭᠠᠰᠬᠠᠵᠤ ᠴᠢᠳᠠᠨ᠎ᠠ᠃
ᠢᠷᠡᠯᠲᠡ᠄ ᠣᠲᠤᠭ ᠨᠡᠶᠢᠲᠡᠯᠡᠯ