ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠨᠣᠭᠤᠭ᠎ᠠ ᠢᠳᠡᠭᠡᠨ﹀ ᠢ ᠬᠤᠲᠠ ᠶᠢᠨ ᠳᠠᠷᠤᠭ᠎ᠠ ᠬᠠᠷᠢᠭᠤᠴᠠᠬᠤ | ᠲᠦᠷᠢᠮ ᠢ ᠰᠢᠯᠭᠠᠨ ᠬᠢᠨᠠᠬᠤ ᠠᠷᠭ᠎ᠠ ︵ᠵᠠᠰᠠᠪᠤᠷᠢ ᠣᠷᠣᠭᠤᠯᠤᠭᠰᠠᠨ ᠬᠡᠪᠯᠡᠯ︶︾ ︵ᠳᠣᠷᠣᠭᠰᠢ ︽ᠰᠢᠯᠭᠠᠨ ᠬᠢᠨᠠᠬᠤ | ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠯ᠎ᠠ᠃ ᠦᠨᠦ ᠬᠤᠯᠪᠣᠭᠳᠠᠯ ᠪᠦᠬᠦᠢ ᠠᠭᠤᠯᠭ᠎ᠠ ᠶᠢ | ᠲᠤᠬᠠᠢ ᠳᠣᠣᠷᠠᠬᠢ ᠮᠡᠲᠦ ᠲᠠᠶᠢᠯᠪᠤᠷᠢᠯᠠᠶ᠎ᠠ᠄ | ᠨᠢᠭᠡ᠂ ︽ᠰᠢᠯᠭᠠᠨ ᠬᠢᠨᠠᠬᠤ ᠠᠷᠭ᠎ᠠ︾ ᠶᠢ ᠲᠣᠭᠲᠠᠭᠠᠭᠰᠠᠨ ᠦᠨᠳᠦᠰᠦᠯᠡᠯ ︿ᠨᠣᠭᠤᠭ᠎ᠠ ᠢᠳᠡᠭᠡᠨ﹀ ᠢ | ᠬᠤᠲᠠ ᠶᠢᠨ ᠳᠠᠷᠤᠭ᠎ᠠ ᠬᠠᠷᠢᠭᠤᠴᠠᠬᠤ ᠲᠦᠷᠢᠮ ᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ | ᠠᠵᠢᠯ ᠢ ᠦᠨᠡᠨ ᠬᠦ ᠰᠠᠶᠢᠲᠤᠷ ᠬᠢᠵᠦ᠂ ᠠᠷᠠᠳ ᠣᠯᠠᠨ ᠤ ᠠᠮᠢᠳᠤᠷᠠᠯ ᠤᠨ ᠬᠡᠷᠡᠭᠴᠡᠭᠡ ᠶᠢ ᠨᠠᠩ ᠰᠠᠶᠢᠲᠤᠷ | ᠬᠠᠩᠭᠠᠬᠤ ᠶᠢᠨ ᠲᠤᠰᠠᠳᠠ᠂ ︽︿ᠨᠣᠭᠤᠭ᠎ᠠ ᠢᠳᠡᠭᠡᠨ﹀ ᠢ ᠬᠤᠲᠠ ᠶᠢᠨ ᠳᠠᠷᠤᠭ᠎ᠠ ᠬᠠᠷᠢᠭᠤᠴᠠᠬᠤ ᠲᠦᠷᠢᠮ ᠢ | ᠰᠢᠯᠭᠠᠨ ᠬᠢᠨᠠᠬᠤ ᠠᠷᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ︹2017︺ 1 ᠳ᠋ᠦ᠋ᠭᠡᠷ ᠲᠣᠭᠠᠲᠤ︶ ᠤᠨ | ᠱᠠᠭᠠᠷᠳᠠᠯᠭ᠎ᠠ ᠶᠢ ᠦᠨᠳᠦᠰᠦᠯᠡᠨ᠂ ᠰᠢᠨ᠎ᠡ ᠴᠠᠭ ᠤᠨ ᠪᠠᠶᠢᠳᠠᠯ ᠳᠠᠬᠢ ᠮᠠᠨ ᠤ ᠣᠷᠣᠨ ᠤ ᠪᠣᠲᠠᠲᠠᠢ ᠲᠠᠢ | ᠤᠶᠠᠯᠳᠤᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠨᠣᠭᠤᠭ᠎ᠠ ᠢᠳᠡᠭᠡᠨ﹀ ᠢ | ᠬᠤᠲᠠ ᠶᠢᠨ ᠳᠠᠷᠤᠭ᠎ᠠ ᠬᠠᠷᠢᠭᠤᠴᠠᠬᠤ ᠲᠦᠷᠢᠮ ᠢ ᠰᠢᠯᠭᠠᠨ ᠬᠢᠨᠠᠬᠤ ᠠᠷᠭ᠎ᠠ︾ ︵ᠥᠪᠥᠷ ᠵᠠᠰᠠᠭ ᠠᠯᠪᠠᠨ | ᠲᠠᠷᠬᠠᠭᠠᠭᠰᠠᠨ ︹2017︺ 162 ᠳ᠋ᠤᠭᠠᠷ ᠲᠣᠭᠠᠲᠤ︶ ᠳᠤ ᠵᠠᠰᠠᠪᠤᠷᠢ ᠣᠷᠣᠭᠤᠯᠪᠠ᠃ | ᠬᠤᠶᠠᠷ᠂ ᠰᠢᠯᠭᠠᠨ ᠬᠢᠨᠠᠭᠤᠯᠬᠤ ᠡᠲᠡᠭᠡᠳ ᠪᠤᠭᠤᠲᠤ ᠬᠤᠳᠠ᠂ ᠬᠥᠯᠥᠨ ᠪᠤᠶᠢᠷ ᠬᠤᠳᠠ᠂ ᠬᠢᠩᠭᠠᠨ ᠠᠶᠢᠮᠠᠭ᠂ | ᠲᠦᠩᠯᠢᠶᠣᠤ ᠬᠤᠳᠠ᠂ ᠤᠯᠠᠭᠠᠨᠬᠠᠳᠠ ᠬᠤᠳᠠ᠂ ᠰᠢᠯᠢ ᠶᠢᠨ ᠭᠤᠣᠯ ᠠᠶᠢᠮᠠᠭ᠂ ᠤᠯᠠᠭᠠᠨᠴᠠᠪ ᠬᠤᠳᠠ᠂ ᠤᠷᠳᠤᠰ | ᠬᠤᠳᠠ᠂ ᠪᠠᠶᠠᠨᠨᠠᠭᠤᠷ ᠬᠤᠳᠠ᠂ ᠦᠬᠠᠢ ᠬᠤᠳᠠ᠂ ᠠᠯᠠᠱᠠ ᠠᠶᠢᠮᠠᠭ᠃ | ᠭᠤᠷᠪᠠ᠂ ᠰᠢᠯᠭᠠᠨ ᠬᠢᠨᠠᠬᠤ ᠵᠣᠬᠢᠶᠠᠨ ᠪᠠᠶᠢᠭᠤᠯᠤᠯᠲᠠ ᠵᠢᠴᠢ ᠴᠠᠭ ︵ᠨᠢᠭᠡ︶ ᠰᠢᠯᠭᠠᠨ ᠬᠢᠨᠠᠬᠤ ᠵᠣᠬᠢᠶᠠᠨ | ᠪᠠᠶᠢᠭᠤᠯᠤᠯᠲᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ | ᠲᠢᠩᠬᠢᠮ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠥᠪᠡᠷᠲᠡᠭᠡᠨ ᠵᠠᠰᠠᠬᠤ | ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ᠂ ᠳᠤᠮᠳᠠᠳᠤ | ᠤᠯᠤᠰ ᠤᠨ ᠪᠠᠩᠬᠢ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠥᠪᠥᠷ ᠮᠣᠩᠭᠤᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ︽ᠨᠣᠭᠤᠭ᠎ᠠ ᠢᠳᠡᠭᠡ︾ ᠶᠢᠨ ᠢᠳᠡᠭᠡᠨ ᠤ ᠬᠠᠮᠢᠶᠠᠷᠤᠯᠲᠠ ᠶᠢᠨ | ᠲᠢᠩᠬᠢᠮ ᠤᠳ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠲᠠᠢ ᠬᠠᠮᠲᠤᠷᠠᠨ᠎ᠠ᠃ ︵ᠬᠤᠶᠠᠷ︶ ᠰᠢᠯᠭᠠᠨ ᠬᠢᠨᠠᠬᠤ | ᠴᠠᠭ ︿ᠨᠣᠭᠤᠭ᠎ᠠ ᠢᠳᠡᠭᠡᠨ﹀ ᠢ ᠬᠤᠲᠠ ᠶᠢᠨ ᠳᠠᠷᠤᠭ᠎ᠠ ᠬᠠᠷᠢᠭᠤᠴᠠᠬᠤ ᠲᠦᠷᠢᠮ ᠤᠨ ᠰᠢᠯᠭᠠᠨ ᠬᠢᠨᠠᠬᠤ ᠠᠵᠢᠯ ᠢ | ᠬᠤᠶᠠᠷ ᠵᠢᠯ ᠳᠤ ᠨᠢᠭᠡ ᠤᠳᠠᠭ᠎ᠠ ᠥᠷᠨᠢᠭᠦᠯᠦᠨ᠎ᠡ᠃ | ᠳᠥᠷᠪᠡ᠂ ᠰᠢᠯᠭᠠᠨ ᠬᠢᠨᠠᠬᠤ ᠠᠭᠤᠯᠭ᠎ᠠ ︽ᠨᠣᠭᠤᠭ᠎ᠠ ᠢᠳᠡᠭᠡᠨ︾ ᠤ ᠪᠦᠲᠦᠭᠡᠭᠳᠡᠬᠦᠨ ᠢ ᠦᠢᠯᠡᠳᠪᠦᠷᠢᠯᠡᠬᠦ | ᠴᠢᠳᠠᠪᠤᠷᠢ᠂ ︽ᠨᠣᠭᠤᠭ᠎ᠠ ᠢᠳᠡᠭᠡᠨ︾ ᠤ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠭᠦᠢᠯᠭᠡᠭᠡᠨ ᠤ ᠴᠢᠳᠠᠪᠤᠷᠢ᠂ ︽ | ᠨᠣᠭᠤᠭ᠎ᠠ ᠢᠳᠡᠭᠡᠨ︾ ᠤ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠬᠠᠮᠢᠶᠠᠷᠬᠤ ᠴᠢᠳᠠᠪᠤᠷᠢ᠂ | ︽ᠨᠣᠭᠤᠭ᠎ᠠ ᠢᠳᠡᠭᠡᠨ︾ ᠤ ᠪᠦᠲᠦᠭᠡᠭᠳᠡᠬᠦᠨ ᠢ ᠲᠤᠬᠢᠷᠠᠭᠤᠯᠤᠨ ᠡᠵᠡᠮᠳᠡᠬᠦ ᠪᠠᠲᠤᠯᠠᠭ᠎ᠠ ᠶᠢᠨ ᠴᠢᠳᠠᠪᠤᠷᠢ᠂ | ᠬᠤᠲᠠ ᠶᠢᠨ ᠠᠷᠠᠳ ᠤᠨ ︽ᠨᠣᠭᠤᠭ᠎ᠠ ᠢᠳᠡᠭᠡᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠠᠬᠢ | ᠬᠠᠨᠤᠮᠵᠢ ᠶᠢᠨ ᠬᠡᠮᠵᠢᠶ᠎ᠡ᠃ | ᠲᠠᠪᠤ᠂ ᠰᠢᠯᠭᠠᠨ ᠬᠢᠨᠠᠭᠰᠠᠨ ᠦᠷ᠎ᠡ ᠳ᠋ᠦᠩ ᠤᠨ ᠦᠨᠡᠯᠡᠯᠲᠡ ᠰᠢᠯᠭᠠᠨ ᠬᠢᠨᠠᠬᠤ ᠳᠤ ᠬᠤᠪᠢ ᠲᠣᠭᠲᠠᠭᠠᠬᠤ | ᠳᠦᠷᠢᠮ ᠢ ᠬᠡᠷᠡᠭᠯᠡᠵᠦ᠂ ᠪᠦᠷᠢᠨ ᠬᠤᠪᠢ ᠨᠢ 100 ᠬᠤᠪᠢ ᠪᠠᠶᠢᠵᠤ᠂ ᠰᠢᠯᠭᠠᠨ ᠬᠢᠨᠠᠭᠰᠠᠨ ᠦᠷ᠎ᠡ ᠳ᠋ᠦᠩ ᠢ | ᠰᠢᠯᠢᠳᠡᠭ᠂ ᠰᠠᠶᠢᠨ᠂ ᠬᠢᠷᠢ ᠲᠡᠩᠴᠡᠭᠰᠡᠨ᠂ ᠬᠢᠷᠢ ᠲᠡᠩᠴᠡᠭᠰᠡᠨ ᠦᠭᠡᠶ ᠭᠡᠵᠦ ᠳᠥᠷᠪᠡᠨ ᠳᠡᠰ ᠬᠤᠪᠢᠶᠠᠨ᠎ᠠ᠃ | ᠵᠢᠷᠭᠤᠭ᠎ᠠ᠂ ᠰᠢᠯᠭᠠᠨ ᠬᠢᠨᠠᠬᠤ ᠠᠯᠬᠤᠮ ᠳᠠᠷᠠᠭ᠎ᠠ ᠥᠪᠡᠷ ᠢ ᠪᠠᠨ ᠦᠨᠡᠯᠡᠬᠦ᠂ ᠰᠠᠯᠠᠭ᠎ᠠ ᠮᠥᠴᠢᠷ ᠬᠢᠨᠠᠨ | ᠲᠣᠭᠲᠠᠭᠠᠬᠤ᠂ ᠵᠣᠬᠢᠶᠠᠨ ᠪᠠᠶᠢᠭᠤᠯᠤᠯᠲᠠ ᠰᠤᠭᠤᠴᠢᠨ ᠪᠠᠶᠢᠴᠠᠭᠠᠬᠤ᠂ ᠶᠡᠷᠦᠩᠬᠡᠶᠢᠯᠡᠨ ᠦᠨᠡᠯᠡᠨ ᠲᠣᠭᠲᠠᠭᠠᠬᠤ᠂ | ᠦᠷ᠎ᠡ ᠳ᠋ᠦᠩ ᠢ ᠬᠠᠷᠢᠭᠤ ᠲᠤᠰᠬᠠᠬᠤ ᠠᠷᠭ᠎ᠠ ᠪᠠᠷ ᠶᠠᠪᠤᠭᠳᠠᠨ᠎ᠠ᠃ | ᠳᠣᠯᠤᠭ᠎ᠠ᠂ ᠰᠢᠯᠭᠠᠨ ᠬᠢᠨᠠᠭᠰᠠᠨ ᠦᠷ᠎ᠡ ᠳ᠋ᠦᠩ ᠤᠨ ᠬᠡᠷᠡᠭᠯᠡᠯᠲᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ | ᠰᠢᠯᠭᠠᠨ ᠬᠢᠨᠠᠭᠰᠠᠨ ᠦᠷ᠎ᠡ ᠳ᠋ᠦᠩ ᠢ ︽ᠨᠣᠭᠤᠭ᠎ᠠ ᠢᠳᠡᠭᠡᠨ︾ ᠤ ᠲᠥᠷᠥᠯ ᠵᠦᠶᠯ ᠳᠤ ᠪᠠᠯᠠ ᠮᠥᠩᠭᠦ | ᠳᠣᠭᠢᠷᠠᠭᠤᠯᠬᠤ ᠪᠠ ᠲᠤᠰᠬᠠᠶ ᠵᠦᠶᠯ ᠢᠶᠠᠷ ᠲᠡᠳᠬᠦᠬᠦ ᠶᠢᠨ ᠨᠢᠭᠡ ᠦᠨᠳᠦᠰᠦᠯᠡᠯ ᠪᠣᠯᠭᠠᠨ᠎ᠠ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ ᠬᠠᠮᠲᠤᠷᠠᠭᠰᠠᠨ ᠬᠤᠷᠠᠯ ᠤᠨ ᠪᠤᠰᠤᠳ ᠪᠦᠷᠢᠯᠳᠦᠬᠦᠨ ᠨᠢᠭᠡᠴᠡ ᠨᠤᠭᠤᠳ ᠲᠠᠢ ᠬᠠᠮᠲᠤᠷᠠᠨ ᠲᠣᠰ | ᠠᠷᠭ᠎ᠠ ᠶᠢ ᠦᠨᠳᠦᠰᠦᠯᠡᠨ᠂ ᠥᠪᠥᠷ ᠮᠣᠩᠭᠤᠯ ᠤᠨ ᠪᠣᠳᠠᠲᠠᠶ ᠲᠠᠢ ᠤᠶᠠᠯᠳᠤᠭᠤᠯᠵᠤ᠂ ᠲᠠᠷᠢᠶᠠᠯᠠᠩ ᠬᠥᠳᠡᠭᠡ | ᠲᠣᠰᠬᠤᠨ ᠤ ᠶᠠᠮᠤᠨ ᠵᠡᠷᠭᠡ 11 ᠶᠠᠮᠤᠨ ᠵᠥᠪᠯᠡᠯ ᠤᠨ ᠲᠣᠭᠲᠠᠭᠠᠭᠰᠠᠨ ︽︿ᠨᠣᠭᠤᠭ᠎ᠠ ᠢᠳᠡᠭᠡᠨ﹀ ᠢ ᠬᠤᠲᠠ ᠶᠢᠨ | ᠳᠠᠷᠤᠭ᠎ᠠ ᠬᠠᠷᠢᠭᠤᠴᠠᠬᠤ ᠲᠦᠷᠢᠮ ᠢ ᠰᠢᠯᠭᠠᠨ ᠬᠢᠨᠠᠬᠤ ᠠᠷᠭ᠎ᠠ ᠶᠢᠨ ᠬᠡᠷᠡᠭᠵᠢᠭᠦᠯᠬᠦ ᠨᠠᠷᠢᠨ ᠲᠦᠷᠢᠮ﹀ ᠳᠤ ᠵᠠᠰᠠᠪᠤᠷᠢ | ᠣᠷᠣᠭᠤᠯᠬᠤ ᠲᠤᠬᠠᠶ ᠮᠡᠳᠡᠭᠳᠡᠯ︾ ︵ᠲᠠᠷᠢᠶᠠᠯᠠᠩ ᠬᠤᠲᠠ ᠲᠠᠷᠬᠠᠭᠠᠭᠰᠠᠨ ︹2021︺ 1 ᠳ᠋ᠦ᠋ᠭᠡᠷ ᠲᠣᠭᠠᠲᠤ︶ | ᠢᠶᠠᠷ ᠯᠠᠪᠯᠠᠯᠲᠠ ᠪᠣᠯᠭᠠᠵᠤ᠂ ᠡᠯ᠎ᠡ ᠵᠦᠶᠯ ᠤᠨ ᠰᠢᠯᠭᠠᠨ ᠬᠢᠨᠠᠬᠤ ᠭᠦᠶᠴᠡᠳᠬᠡᠯ ᠲᠤᠭ᠎ᠠ ᠶᠢ ᠪᠤᠳᠤᠬᠤ ᠠᠷᠭ᠎ᠠ ᠪᠠ | ᠬᠤᠪᠢ ᠲᠣᠭᠲᠠᠭᠠᠬᠤ ᠪᠠᠷᠢᠮᠵᠢᠶ᠎ᠠ ᠶᠢ ᠲᠣᠳᠣᠷᠬᠠᠶᠢᠯᠠᠨ᠂ ᠰᠢᠯᠭᠠᠨ ᠬᠢᠨᠠᠬᠤ ᠴᠤᠪᠤᠷᠠᠯ ᠪᠠ ᠱᠠᠭᠠᠷᠳᠠᠯᠭ᠎ᠠ ᠶᠢ | ᠨᠠᠷᠢᠯᠢᠬᠵᠢᠭᠤᠯᠵᠤ᠂ ᠰᠢᠯᠭᠠᠨ ᠬᠢᠨᠠᠬᠤ ᠠᠵᠢᠯ ᠤᠨ ᠡᠷᠬᠡ ᠲᠡᠭᠰᠢ ᠲᠥᠪ ᠭᠤᠤᠯᠴᠢ ᠪᠠᠶᠢᠬᠤ ᠶᠢ ᠦᠨᠡᠨ ᠬᠦ | ᠪᠠᠲᠤᠯᠠᠨ᠎ᠠ᠃ ᠬᠢᠨᠠᠨ ᠰᠢᠯᠭᠠᠵᠤ ᠦᠨᠡᠯᠡᠬᠦ ᠳᠤᠮᠳᠠ ᠬᠤᠳᠠᠯ ᠬᠡᠯᠡᠵᠦ ᠬᠠᠭᠤᠷᠮᠠᠭ ᠵᠣᠬᠢᠶᠠᠬᠤ᠂ ᠲᠣᠭᠲᠠᠭᠠᠯ ᠠᠴᠠ | ᠵᠥᠷᠢᠴᠡᠨ ᠠᠵᠢᠯᠯᠠᠬᠤ ᠵᠡᠷᠭᠡ ᠬᠢᠨᠠᠨ ᠰᠢᠯᠭᠠᠵᠤ ᠦᠨᠡᠯᠡᠬᠦ ᠠᠵᠢᠯ ᠢ ᠨᠥᠯᠦᠭᠡᠯᠡᠭᠰᠡᠨ ᠦᠢᠯᠡ ᠠᠵᠢᠯᠯᠠᠭ᠎ᠠ ᠶᠢ ᠵᠠᠷᠯᠠᠨ | ᠰᠢᠭᠦᠮᠵᠢᠯᠡᠨ᠎ᠡ᠃ ᠲᠣᠰ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ | ᠲᠣᠰᠬᠤᠨ ᠮᠠᠯᠵᠢᠬᠤ ᠣᠷᠣᠨ ᠤ ᠲᠢᠩᠬᠢᠮ ᠬᠠᠷᠢᠭᠤᠴᠠᠨ ᠲᠠᠶᠢᠯᠪᠤᠷᠢᠯᠠᠵᠤ᠂ ᠨᠡᠶᠢᠲᠡᠯᠡᠭᠰᠡᠨ ᠡᠳᠦᠷ ᠠᠴᠠ 30 | ᠡᠳᠦᠷ ᠤᠨ ᠳᠠᠷᠠᠭ᠎ᠠ ᠡᠬᠢᠯᠡᠨ ᠬᠡᠷᠡᠭᠵᠢᠭᠦᠯᠬᠦ ᠶᠢᠨ ᠬᠠᠮᠲᠤ ᠤᠤᠯ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ︿ᠨᠣᠭᠤᠭ᠎ᠠ ᠢᠳᠡᠭᠡᠨ﹀ ᠢ ᠬᠤᠲᠠ ᠶᠢᠨ ᠳᠠᠷᠤᠭ᠎ᠠ ᠬᠠᠷᠢᠭᠤᠴᠠᠬᠤ ᠲᠦᠷᠢᠮ ᠢ ᠰᠢᠯᠭᠠᠨ ᠬᠢᠨᠠᠬᠤ ᠠᠷᠭ᠎ᠠ︾ | ︵ᠥᠪᠥᠷ ᠵᠠᠰᠠᠭ ᠠᠯᠪᠠᠨ ᠲᠠᠷᠬᠠᠭᠠᠭᠰᠠᠨ ︹2017︺162 ᠳ᠋ᠤᠭᠠᠷ ᠲᠣᠭᠠᠲᠤ︶ ᠶᠢ ᠬᠦᠴᠦᠨ ᠥᠬᠡᠶ | ᠪᠣᠯᠭᠠᠨ᠎ᠠ᠃ |