@ ᠣᠷᠳᠣᠰ ᠬᠥᠮᠦᠨ᠂ ᠮᠥᠩᠬᠡ ᠰᠤᠪᠠᠭ APP ᠶᠢ ᠲᠠ ᠪᠠᠭᠤᠯᠭᠠᠭᠰᠠᠨ ᠦᠦ︖
ᠨᠡᠶᠢᠲᠡᠯᠡᠭᠰᠡᠨ ᠴᠠᠭ᠄
2021/10/19
     ︽ᠮᠥᠩᠬᠡ ᠰᠤᠪᠠᠭ︾ APP ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠭᠴᠠᠯᠠᠨ ᠪᠠᠶᠢᠭᠤᠯᠤᠭᠰᠠᠨ ᠪᠥᠬᠦ ᠣᠷᠣᠨ ᠢ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠪᠣᠯᠤᠨ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︽ᠭᠤᠷᠪᠠᠨ ᠱᠠᠲᠤ︾ ᠬᠠᠮᠲᠤᠪᠠᠷ ᠪᠠᠶᠢᠭᠤᠯᠤᠨ ᠬᠠᠮᠲᠤᠪᠠᠷ ᠬᠡᠷᠡᠭᠯᠡᠵᠦ᠂ ᠣᠯᠠᠨ ᠲᠦᠮᠡᠨ ᠪᠠ ᠠᠵᠤ ᠠᠬᠤᠶᠢᠯᠠᠯ ᠤᠨ ᠠᠵᠢᠯ ᠶᠠᠪᠤᠳᠠᠯ ᠭᠦᠶᠴᠡᠳᠬᠡᠬᠦ ᠳᠤ ᠦᠷᠲᠡᠭᠡᠴᠢᠯᠡᠭᠰᠡᠨ ᠮᠠᠶ᠋ᠢᠭ ᠲᠠᠢ︾ ᠭᠠᠷ ᠤᠲᠠᠰᠤ ᠪᠠᠷ ᠰᠢᠭᠤᠳ ᠪᠠᠶᠢᠴᠠᠭᠠᠨ ᠯᠠᠪᠯᠠᠬᠤ᠂ ᠭᠠᠷ ᠤᠲᠠᠰᠤ ᠪᠠᠷ ᠤᠷᠢᠳᠴᠢᠯᠠᠨ ᠪᠣᠯᠵᠣᠬᠤ᠂ ᠭᠠᠷ ᠤᠲᠠᠰᠤ ᠪᠠᠷ ᠭᠦᠶᠴᠡᠳᠬᠡᠬᠦ᠂ ᠭᠠᠷ ᠤᠲᠠᠰᠤᠨ ᠳᠡᠭᠡᠷ᠎ᠡ ᠪᠠᠨ ᠦᠨᠡᠯᠡᠬᠦ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡ ᠬᠠᠩᠭᠠᠳᠠᠭ᠃ ︽ᠮᠥᠩᠬᠡ ᠰᠤᠪᠠᠭ︾ APP ᠨᠢ ᠡᠷᠡᠭᠦᠯ ᠮᠡᠨᠳᠦ ᠶᠢᠨ ᠺᠠᠷᠲ᠂ ᠨᠡᠶᠢᠭᠡᠮ ᠤᠨ ᠪᠠᠲᠤᠯᠠᠭ᠎ᠠ ᠶᠢᠨ ᠺᠠᠷᠲ᠂ ᠵᠢᠯᠣᠭᠤᠴᠢ ᠶᠢᠨ ᠦᠨᠡᠮᠯᠡᠯ᠂ ᠠᠶᠠᠯᠠᠬᠤ ᠦᠨᠡᠮᠯᠡᠯ᠂ ᠣᠷᠤᠭ ᠤᠨ ᠦᠨᠡᠮᠯᠡᠯ᠂ ᠣᠷᠤᠭ ᠰᠠᠯᠬᠤ ᠦᠨᠡᠮᠯᠡᠯ᠂ ᠠᠨᠠᠭᠠᠬᠤ ᠤᠬᠠᠭᠠᠨ ᠤ ᠳᠦᠷᠦᠯᠲᠡ ᠶᠢᠨ  ᠭᠡᠷᠡᠴᠢ᠂ ᠡᠵᠡᠩᠨᠡᠯᠲᠡ ᠶᠢᠨ ᠦᠨᠡᠮᠯᠡᠯ ᠵᠡᠷᠭᠡ 8 ᠲᠥᠷᠥᠯ ᠤᠨ ᠡᠯᠧᠺᠲᠷᠣᠨ ᠦᠨᠡᠮᠯᠡᠯ ᠢ ᠭᠤᠶᠤᠴᠢᠯᠠᠨ ᠠᠪᠬᠤ ᠪᠠ ᠭᠠᠷᠭᠠᠨ ᠦᠵᠡᠭᠦᠯᠬᠦ ᠶᠢ ᠳᠡᠮᠵᠢᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠦᠭᠦᠮ ᠲᠦᠳᠡ ᠪᠤᠯᠭᠠᠪᠠ︔ 200 ᠭᠠᠷᠤᠶ ᠲᠥᠷᠥᠯ ᠤᠨ ᠠᠵᠢᠯ ᠮᠡᠷᠭᠡᠵᠢᠯ ᠤᠨ ᠦᠨᠡᠮᠯᠡᠯ ᠨᠢ ᠠᠵᠢᠯᠯᠠᠵᠤ ᠪᠠᠶᠢᠭ᠎ᠠ ᠬᠥᠮᠦᠰ ᠲᠤ ᠰᠦᠯᠵᠢᠶᠡᠨ ᠳᠡᠭᠡᠷ᠎ᠡ ᠦᠨᠡᠮᠯᠡᠯ ᠢᠶᠠᠨ ᠦᠵᠡᠭᠦᠯᠬᠦ ᠳᠤ ᠳᠦᠭᠦᠮ ᠲᠦᠳᠡ ᠪᠤᠯᠭᠠᠪᠠ︔ ᠨᠡᠶᠢᠭᠡᠮ ᠤᠨ ᠳᠠᠭᠠᠳᠬᠠᠯ ᠢ ᠪᠠᠶᠢᠴᠠᠭᠠᠨ ᠯᠠᠪᠯᠠᠬᠤ᠂ ᠡᠮ ᠡᠮᠨᠡᠯᠭᠡ ᠶᠢᠨ ᠳᠠᠭᠠᠳᠬᠠᠯ ᠢ ᠪᠠᠶᠢᠴᠠᠭᠠᠨ ᠯᠠᠪᠯᠠᠬᠤ᠂ ᠲᠠᠪᠤᠨ ᠳᠠᠭᠠᠳᠬᠠᠯ ᠨᠢᠭᠡ ᠮᠥᠩᠭᠦ ᠶᠢ ᠪᠠᠶᠢᠴᠠᠭᠠᠨ ᠯᠠᠪᠯᠠᠬᠤ᠂ ᠠᠮᠢᠳᠤᠷᠠᠯ ᠤᠨ ᠰᠦᠶᠳᠬᠡᠯ ᠲᠤᠰᠢᠶᠠᠬᠤ᠂ ᠵᠢᠯᠣᠭᠤᠴᠢ ᠶᠢᠨ ᠦᠨᠡᠮᠯᠡᠯ᠂ ᠠᠶᠠᠯᠠᠬᠤ ᠦᠨᠡᠮᠯᠡᠯ ᠵᠡᠷᠭᠡ ᠠᠷᠠᠳ ᠲᠤ ᠲᠥᠬᠦᠮ ᠦᠵᠡᠭᠦᠯᠬᠦ 500 ᠭᠠᠷᠤᠶ ᠵᠦᠶᠯ ᠤᠨ ᠦᠶᠯᠡᠴᠢᠯᠡᠭᠡᠨ ᠤ ᠴᠢᠳᠠᠮᠵᠢ ᠨᠢ ᠠᠷᠠᠳ ᠤᠯᠠᠨ ᠤ ᠠᠮᠢᠳᠤᠷᠠᠯ ᠳᠤ ᠳᠥᠭᠦᠮ ᠦᠵᠡᠭᠦᠯᠦᠨ ᠦᠷ᠎ᠡ ᠪᠦᠲᠦᠮᠵᠢᠲᠡᠶ ᠠᠵᠢᠯ ᠤᠨ ᠪᠠᠶᠢᠳᠠᠯ ᠢ ᠪᠤᠢ ᠪᠤᠯᠭᠠᠪᠠ︔ ︽ᠥᠪᠥᠷ ᠮᠣᠩᠭᠤᠯ ᠤᠨ ᠠᠵᠢᠨᠠᠶ ᠬᠦᠯᠦᠭ ᠺᠣᠳ᠋︾ ᠤᠨ ᠬᠡᠷᠡᠭᠯᠡᠭᠡᠨ ᠤ ᠬᠡᠰᠡᠭ᠂ ᠬᠢᠵᠢᠭ ᠤᠨ ᠪᠠᠶᠢᠳᠠᠯ ᠢ ᠴᠤᠭᠯᠠᠷᠠᠭᠤᠯᠤᠨ ᠨᠡᠪᠲᠡᠷᠡᠭᠦᠯᠬᠦ᠂ ᠲᠡᠷᠭᠡᠨ ᠳᠤ ᠰᠠᠭᠤᠬᠤ᠂ ᠵᠣᠭᠤᠰ ᠲᠤᠰᠢᠶᠠᠬᠤ ᠵᠡᠷᠭᠡ ᠭᠤᠷᠪᠠᠨ ᠶᠡᠭᠡ ᠬᠡᠷᠡᠭᠯᠡᠭᠡᠨ ᠤ ᠠᠬᠤᠶ ᠪᠠᠶᠢᠳᠠᠯ ᠨᠢ ᠤᠯᠠᠮ ᠠᠴᠠ ᠣᠯᠠᠨ ᠰᠠᠭᠤᠭᠠᠯᠢ ᠠᠷᠠᠳ ᠤᠨ ᠶᠠᠪᠤᠵᠤ ᠰᠠᠭᠤᠬᠤ᠂ ᠬᠡᠷᠡᠭᠯᠡᠭᠡ ᠬᠢᠬᠦ ᠶᠢ ᠨᠠᠩ ᠰᠠᠨᠠᠭ᠎ᠠ ᠠᠮᠤᠷ ᠪᠣᠯᠭᠠᠪᠠ᠃      1 . ᠪᠠᠭᠤᠯᠭᠠᠵᠤ ᠤᠭᠰᠠᠷᠠᠬᠤ᠂ ︽ᠮᠥᠩᠬᠡ ᠰᠤᠪᠠᠭ︾ APP ᠶᠢ ᠭᠤᠤᠯ ᠪᠣᠯᠬᠤ ᠭᠠᠷ ᠤᠲᠠᠰᠤᠨ ᠤ ᠬᠡᠷᠡᠭᠯᠡᠭᠡᠨ ᠤ ᠵᠠᠬ᠎ᠠ ᠳᠡᠯᠭᠡᠭᠦᠷ ᠠᠴᠠ ᠪᠠᠭᠤᠯᠭᠠᠵᠤ ᠪᠣᠯᠤᠨ᠎ᠠ᠂ ᠸᠢᠴᠠᠲ ᠤᠨ ᠰᠢᠷᠪᠢᠯᠲᠡ ᠶᠢᠨ ᠳᠤᠤᠷ᠎ᠠ ᠲᠠᠯ᠎ᠠ ᠶᠢᠨ ᠬᠤᠶᠠᠷ ᠬᠡᠮᠵᠢᠯᠳᠦ ᠺᠣᠳ᠋ ᠢᠶᠠᠷ ᠳᠠᠮᠵᠢᠭᠤᠯᠤᠨ ᠪᠠᠭᠤᠯᠭᠠᠵᠤ᠂ ᠳᠠᠩᠰᠠᠯᠠᠭᠤᠯᠵᠤ ᠪᠣᠯᠤᠨ᠎ᠠ᠃      2 . ︽ᠮᠥᠩᠬᠡ ᠰᠤᠪᠠᠭ︾ APP ᠶᠢ ᠨᠡᠭᠡᠭᠡᠪᠡᠯ᠂ ᠪᠢᠳᠡ ︽ᠮᠥᠩᠬᠡ ᠰᠤᠪᠠᠭ︾ APP ᠳᠤ ᠤᠷᠤᠭᠰᠠᠨ ᠤ ᠳᠠᠷᠠᠭ᠎ᠠ᠂ ᠳᠤᠤᠷ᠎ᠠ ᠲᠠᠯ᠎ᠠ ᠶᠢᠨ ᠴᠢᠳᠠᠮᠵᠢ ᠶᠢᠨ ᠬᠦᠰᠦᠨᠦᠭ ᠢ ᠲᠣᠪᠴᠢᠳᠠᠵᠤ᠂ ᠳᠠᠷᠠᠭ᠎ᠠ ᠨᠢ ᠨᠢᠭᠤᠷ ᠳᠡᠭᠡᠷᠡᠬᠢ ᠬᠠᠮᠤᠭ ᠳᠡᠭᠡᠷ᠎ᠡ ᠲᠠᠯ᠎ᠠ ᠶᠢ ᠲᠣᠪᠴᠢᠳᠠᠪᠠᠯ ᠳᠠᠷᠤᠶ ᠲᠦᠷᠭᠡᠨ ᠲᠡᠮᠳᠡᠭᠯᠡᠨ᠎ᠡ︔ ᠲᠡᠮᠳᠡᠭᠯᠡᠬᠦ ᠨᠢᠭᠤᠷ ᠲᠤ ᠣᠷᠣᠭᠰᠠᠨ ᠤ ᠳᠠᠷᠠᠭ᠎ᠠ᠂ ᠲᠣᠪᠴᠢᠳᠠᠭᠠᠷᠠᠶ ᠳᠠᠩᠰᠠ ᠪᠠᠶᠢᠬᠤ ᠦᠭᠡᠢ︖ ᠤᠷᠢᠳ ᠢᠶᠠᠷ ᠪᠢ ᠪᠦᠷᠢᠳᠬᠡᠭᠦᠯᠵᠦ ᠳᠠᠩᠰᠠᠨ ᠤ ᠳ᠋ᠤᠭᠠᠷ ᠤᠨ ᠬᠠᠭᠤᠳᠠᠰᠤᠨ ᠳᠤ ᠤᠷᠤᠶ᠎ᠠ᠃      3 . ᠳᠠᠷᠠᠭ᠎ᠠ ᠨᠢ ᠪᠢᠳᠡᠨ ᠤ ᠳᠠᠩᠰᠠᠯᠠᠬᠤ ᠴᠢᠬᠤᠯᠠᠲᠠᠶ ᠭᠠᠷ ᠤᠲᠠᠰᠤᠨ ᠤ ᠨᠣᠮᠧᠷ ᠢᠶᠠᠨ ᠣᠷᠣᠭᠤᠯᠵᠤ᠂ ᠳᠤᠤᠷᠠᠬᠢ ᠶᠢ ᠨᠢ ᠰᠣᠩᠭᠤᠨ᠎ᠠ ᠳᠠᠷᠤᠶ ᠵᠥᠪᠰᠢᠶᠡᠷᠡᠨ᠎ᠡ᠂ ᠲᠣᠪᠴᠢᠳᠠᠵᠤ ᠳᠠᠩᠰᠠᠯᠠᠬᠤ︔ ᠳᠠᠩᠰᠠᠯᠠᠭᠤᠯᠤᠭᠰᠠᠨ ᠤ ᠳᠠᠷᠠᠭ᠎ᠠ ᠭᠠᠷ ᠤᠲᠠᠰᠤᠨ ᠤ ᠨᠣᠮᠧᠷ ᠢ ᠰᠢᠯᠭᠠᠨ ᠪᠠᠲᠤᠯᠠᠬᠤ ᠬᠠᠭᠤᠳᠠᠰᠤᠨ ᠳᠤ ᠣᠷᠣᠵᠤ᠂ ᠰᠢᠰᠲ᠋ᠧᠮ ᠨᠢ ᠨᠢᠭᠡ ᠣᠬᠤᠷ ᠮᠡᠳᠡᠭᠡ ᠪᠠᠷ ᠰᠢᠯᠭᠠᠨ ᠪᠠᠲᠤᠯᠠᠬᠤ ᠨᠣᠮᠧᠷ ᠶᠠᠪᠤᠭᠤᠯᠤᠨ᠎ᠠ᠂ ᠣᠬᠤᠷ ᠮᠡᠳᠡᠭᠡ ᠪᠠᠷ ᠰᠢᠯᠭᠠᠨ ᠪᠠᠲᠤᠯᠠᠬᠤ ᠨᠣᠮᠧᠷ ᠣᠷᠣᠭᠤᠯᠵᠤ᠂ ᠵᠥᠪ ᠣᠨᠣᠪᠴᠢᠲᠠᠶ ᠪᠣᠯᠤᠭᠰᠠᠨ ᠤ ᠳᠠᠷᠠᠭ᠎ᠠ ᠳᠠᠷᠠᠭᠠᠴᠢ ᠶᠢᠨ ᠠᠯᠬᠤᠮ ᠳᠤ ᠣᠷᠣᠨ᠎ᠠ᠃      4 . ᠨᠢᠭᠤᠴᠠ ᠨᠣᠮᠧᠷ ᠲᠣᠬᠢᠷᠠᠭᠤᠯᠬᠤ ᠳᠤ᠂ ᠪᠢᠳᠡ 8 - 20 ᠣᠷᠣᠨ ᠤ ᠨᠢᠭᠤᠴᠠ ᠨᠣᠮᠧᠷ ᠲᠣᠬᠢᠷᠠᠭᠤᠯᠬᠤ ᠬᠡᠷᠡᠭᠲᠡᠶ᠂ ᠨᠢᠭᠤᠴᠠ ᠨᠣᠮᠧᠷ ᠢ ᠡᠷᠬᠡᠪᠰᠢ ᠴᠠᠭᠠᠨ ᠲᠣᠯᠣᠭᠠᠶ᠂ ᠲᠤᠭ᠎ᠠ᠂ ᠲᠡᠮᠳᠡᠭ ᠭᠤᠷᠪᠠ ᠠᠴᠠ ᠨᠠᠭᠠᠳᠤ ᠵᠠᠬ᠎ᠠ ᠳᠠᠭᠠᠨ ᠬᠤᠶᠠᠷ ᠵᠦᠶᠯ ᠢᠶᠠᠷ ᠲᠣᠪᠴᠢᠳᠠᠵᠤ ᠳᠠᠩᠰᠠᠯᠠᠬᠤ ᠬᠡᠷᠡᠭᠲᠡᠶ︔ ᠬᠠᠮᠤᠭ ᠰᠡᠭᠦᠯ ᠳᠤ ︽ᠳᠠᠩᠰᠠᠯᠠᠭᠤᠯᠵᠤ ᠳᠠᠭᠤᠰᠤᠯ᠎ᠠ︾ ᠭᠡᠬᠦ ᠦᠰᠦᠭ ᠢᠯᠡᠷᠡᠬᠦ ᠪᠥᠭᠡᠳ ︽ᠮᠥᠩᠬᠡ ᠰᠤᠪᠠᠭ︾ APP ᠤᠨ ᠮᠢᠨᠦ ᠨᠢᠭᠤᠷ ᠲᠤ ᠣᠷᠣᠬᠤ ᠶᠢ ᠰᠠᠨᠠᠭᠤᠯᠪᠠᠯ᠂ ᠪᠢᠳᠡ ᠨᠢᠭᠡᠨᠲᠡ ᠳᠠᠩᠰᠠᠨ ᠤ ᠳ᠋ᠤᠭᠠᠷ ᠢᠶᠠᠨ ᠳᠠᠩᠰᠠᠯᠠᠭᠤᠯᠵᠤ ᠳᠠᠭᠤᠰᠤᠭᠰᠠᠨ ᠢ ᠢᠯᠡᠳᠬᠡᠨ᠎ᠡ︔      5 . ᠥᠪᠡᠷ ᠤᠨ ᠳᠠᠩᠰᠠᠨ ᠨᠣᠮᠧᠷ ᠢᠶᠠᠨ ᠲᠡᠮᠳᠡᠭᠯᠡᠭᠰᠡᠨ ᠤ ᠳᠠᠷᠠᠭ᠎ᠠ᠂ ᠮᠢᠨᠦ ᠨᠢᠭᠤᠷ ᠳᠡᠭᠡᠷ᠎ᠡ ᠠᠴᠠ ᠬᠠᠮᠤᠭ ᠳᠡᠭᠡᠷ᠎ᠡ ᠲᠠᠯ᠎ᠠ ᠶᠢᠨ ᠡᠩᠬᠦᠷᠡᠶᠢᠯᠡᠭᠰᠡᠨ ᠨᠡᠷᠡᠶᠢᠳᠦᠯ ᠤᠨ ᠳᠣᠣᠷ᠎ᠠ ᠲᠠᠯ᠎ᠠ ᠳᠤ ᠢᠯᠡᠷᠡᠬᠦ ᠪᠣᠯᠤᠨ᠎ᠠ᠂ ᠦᠨᠡᠨ ᠨᠡᠷ᠎ᠡ ᠶᠢᠨ ᠭᠡᠷᠡᠴᠢᠯᠡᠯ ᠦᠭᠡᠢ︔ ᠦᠨᠡᠨ ᠨᠡᠷ᠎ᠡ ᠶᠢᠨ ᠭᠡᠷᠡᠴᠢᠯᠡᠯ ᠬᠢᠬᠦ ᠶᠢ ᠲᠣᠪᠴᠢᠳᠠᠵᠤ᠂ ᠬᠤᠪᠢ ᠬᠥᠮᠦᠨ ᠤ ᠮᠡᠳᠡᠭᠡ ᠵᠠᠩᠭᠢ ᠶᠢᠨ ᠬᠠᠭᠤᠳᠠᠰᠤᠨ ᠳᠤ ᠤᠷᠤᠭᠰᠠᠨ ᠤ ᠳᠠᠷᠠᠭ᠎ᠠ᠂ ᠦᠨᠡᠨ ᠨᠡᠷ᠎ᠡ ᠶᠢᠨ ᠲᠠᠰ ᠢ ᠲᠣᠪᠴᠢᠳᠠᠵᠤ ᠦᠨᠡᠨ ᠨᠡᠷ᠎ᠡ ᠶᠢᠨ ᠭᠡᠷᠡᠴᠢᠯᠡᠯ ᠤᠨ ᠬᠠᠭᠤᠳᠠᠰᠤᠨ ᠳᠤ ᠣᠷᠣᠨ᠎ᠠ︔ ︽ᠮᠥᠩᠬᠡ ᠰᠤᠪᠠᠭ︾ ᠤᠨ ᠦᠨᠡᠨ ᠨᠡᠷ᠎ᠡ ᠪᠠᠷ ᠭᠡᠷᠡᠴᠢᠯᠡᠬᠦ ᠶᠢ ᠨᠡᠶᠢᠲᠡ ᠭᠤᠷᠪᠠᠨ ᠳᠡᠰ ᠬᠤᠪᠢᠶᠠᠵᠤ ᠪᠠᠶᠢᠳᠠᠭ᠂ ᠲᠣᠰ ᠲᠣᠰ ᠬᠤᠶᠠᠳᠤᠭᠠᠷ ᠳᠡᠰ ᠤᠨ ᠭᠡᠷᠡᠴᠢᠯᠡᠬᠦ᠂ ᠭᠤᠷᠪᠠᠳᠤᠭᠠᠷ ᠳᠡᠰ ᠤᠨ ᠭᠡᠷᠡᠴᠢᠯᠡᠬᠦ᠂ ᠳᠥᠷᠪᠡᠳᠦᠭᠡᠷ ᠳᠡᠰ ᠤᠨ ᠭᠡᠷᠡᠴᠢᠯᠡᠬᠦ ᠪᠣᠯᠤᠨ᠎ᠠ︔      6 . ᠬᠤᠶᠠᠳᠤᠭᠠᠷ ᠳᠡᠰ ᠤᠨ ᠦᠨᠡᠨ ᠨᠡᠷ᠎ᠡ ᠪᠠᠷ ᠭᠡᠷᠡᠴᠢᠯᠡᠬᠦ ᠳᠤ ᠣᠪᠣᠭ ᠨᠡᠷ᠎ᠡ + ᠪᠡᠶ᠎ᠡ ᠶᠢᠨ ᠦᠨᠡᠮᠯᠡᠯ ᠤᠨ ᠨᠣᠮᠧᠷ ᠢ ᠣᠷᠣᠭᠤᠯᠵᠤ᠂ ᠲᠣᠪᠴᠢᠳᠠᠨ ᠲᠣᠭᠲᠠᠭᠠᠨ᠎ᠠ︔ ᠭᠤᠷᠪᠠᠳᠤᠭᠠᠷ ᠳᠡᠰ ᠤᠨ ᠦᠨᠡᠨ ᠨᠡᠷ᠎ᠡ ᠶᠢᠨ ᠭᠡᠷᠡᠴᠢᠯᠡᠯ ᠬᠢᠬᠦ ᠪᠠᠷ ᠪᠡᠶ᠎ᠡ ᠶᠢᠨ ᠦᠨᠡᠮᠯᠡᠯ ᠤᠨ ᠵᠥᠪ ᠪᠤᠷᠤᠭᠤ ᠲᠠᠯ᠎ᠠ ᠶᠢᠨ ᠰᠡᠭᠦᠳᠡᠷ ᠢ ᠬᠡᠷᠡᠭᠯᠡᠨ ᠭᠡᠷᠡᠴᠢᠯᠡᠯ ᠬᠢᠵᠦ᠂ ᠪᠡᠶ᠎ᠡ ᠶᠢᠨ ᠦᠨᠡᠮᠯᠡᠯ ᠤᠨ ᠵᠥᠪ ᠪᠤᠷᠤᠭᠤ ᠲᠠᠯ᠎ᠠ ᠶᠢ ᠳᠠᠮᠵᠢᠭᠤᠯᠤᠭᠰᠠᠨ ᠤ ᠳᠠᠷᠠᠭ᠎ᠠ᠂ ᠰᠢᠰᠲ᠋ᠧᠮ ᠨᠢ ᠪᠡᠶ᠎ᠡ ᠶᠢᠨ ᠦᠨᠡᠮᠯᠡᠯ ᠤᠨ ᠮᠡᠳᠡᠭᠡ ᠵᠠᠩᠭᠢ ᠶᠢ ᠠᠦ᠋ᠲ᠋ᠣ᠋ ᠭᠠᠷᠭᠠᠨ ᠠᠪᠴᠤ᠂ ᠲᠣᠪᠴᠢᠳᠠᠨ ᠲᠤᠰᠢᠶᠠᠨ᠎ᠠ︔ ᠳᠥᠷᠪᠡᠳᠦᠭᠡᠷ ᠳᠡᠰ ᠤᠨ ᠦᠨᠡᠨ ᠨᠡᠷ᠎ᠡ ᠶᠢᠨ ᠭᠡᠷᠡᠴᠢᠯᠡᠯ ᠬᠢᠬᠦ ᠳᠤ ᠬᠥᠮᠦᠨ ᠤ ᠵᠢᠰᠦ ᠶᠢ ᠢᠯᠭᠠᠨ ᠲᠠᠨᠢᠬᠤ ᠭᠡᠷᠡᠴᠢᠯᠡᠯ ᠬᠢᠵᠦ᠂ ᠱᠠᠭᠠᠷᠳᠠᠯᠭ᠎ᠠ ᠶᠣᠰᠣᠭᠠᠷ ᠬᠢᠪᠠᠯ ᠪᠣᠯᠴᠢᠬᠠᠨ᠎ᠠ᠃      ᠳᠠᠩᠰᠠᠯᠠᠭᠤᠯᠤᠭᠰᠠᠨ ᠪᠥᠭᠡᠳ ᠦᠨᠡᠨ ᠨᠡᠷ᠎ᠡ ᠪᠠᠷ ᠭᠡᠷᠡᠴᠢᠯᠡᠭᠡ ᠬᠢᠭᠰᠡᠨ ᠬᠡᠷᠡᠭᠯᠡᠭᠴᠢ ︽ᠬᠤᠷᠤᠭᠤᠨ ᠦᠵᠦᠭᠦᠷ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡ︾ ᠶᠢ ᠪᠡᠶᠡᠴᠢᠯᠡᠨ ᠣᠶᠢᠯᠠᠭᠠᠵᠤ ᠪᠣᠯᠤᠨ᠎ᠠ︕
ᠢᠷᠡᠯᠲᠡ᠄ ᠣᠷᠳᠣᠰ ᠬᠤᠲᠠ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡ