ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ︽ᠪᠣᠬᠢᠷᠲᠤᠯ | ᠥᠬᠡᠶ ᠨᠡᠭᠦᠷᠡᠰᠦᠳᠦ᠋ᠷᠦᠭᠴᠢ ᠪᠠᠭᠠᠲᠠᠢ ᠡᠷᠬᠢᠯᠳᠡᠳᠦ ᠬᠥᠭᠵᠢᠯᠲᠡ ᠶᠢᠨ ᠠᠵᠤ ᠠᠬᠤᠶ ᠶᠢᠨ ᠲᠣᠭᠲᠠᠯᠴᠠᠭ᠎ᠠ ᠶᠢ | ᠲᠦᠷᠭᠡᠳᠬᠡᠨ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠪᠣᠳᠠᠲᠠᠶ ᠠᠷᠭ᠎ᠠ ᠬᠡᠮᠵᠢᠶ᠎ᠡ︾ ︵ᠳᠣᠷᠣᠭᠰᠢ ︽ᠪᠣᠳᠠᠲᠠᠶ | ᠠᠷᠭ᠎ᠠ ᠬᠡᠮᠵᠢᠶ᠎ᠡ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠯ᠎ᠠ᠂ ᠡᠳᠦᠭᠡ ᠬᠤᠯᠪᠣᠭᠳᠠᠯ ᠪᠥᠬᠦᠶ | ᠠᠭᠤᠯᠭ᠎ᠠ ᠶᠢ ᠳᠣᠤᠷᠠᠬᠢ ᠮᠡᠲᠦ ᠲᠠᠶᠢᠯᠪᠤᠷᠢᠯᠠᠶ᠎ᠠ᠄ | ᠨᠢᠭᠡ᠂ ︽ᠪᠣᠳᠠᠲᠠᠶ ᠠᠷᠭ᠎ᠠ ᠬᠡᠮᠵᠢᠶ᠎ᠡ︾ ᠶᠢ ᠨᠡᠶᠢᠲᠡᠯᠡᠭᠰᠡᠨ ᠠᠬᠤᠶ ᠪᠠᠶᠢᠳᠠᠯ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ︽ᠪᠣᠬᠢᠷᠲᠤᠯ ᠦᠭᠡᠶ ᠨᠡᠭᠦᠷᠡᠰᠦᠳᠦ᠋ᠷᠦᠭᠴᠢ | ᠪᠠᠭᠠᠲᠠᠢ ᠡᠷᠭᠢᠯᠳᠡᠳᠦ ᠬᠥᠭᠵᠢᠯᠲᠡ ᠶᠢᠨ ᠠᠵᠤ ᠠᠬᠤᠶ ᠶᠢᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ | ᠲᠡᠭᠦᠯᠳᠡᠷᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠣᠭᠤᠳᠬᠤ ᠰᠠᠨᠠᠯ︾ ︵ᠲᠥᠷᠥ | ᠲᠠᠷᠬᠠᠭᠠᠭᠰᠠᠨ ︹2021︺ 4 ᠳ᠋ᠦ᠋ᠭᠡᠷ ᠲᠣᠭᠠᠲᠤ︶ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ | ᠵᠠᠰᠠᠬᠤ ᠣᠷᠣᠨ ᠤ ᠪᠣᠬᠢᠷᠲᠤᠯ ᠥᠬᠡᠶ ᠨᠡᠭᠦᠷᠡᠰᠦᠳᠦ᠋ᠷᠦᠭᠴᠢ ᠪᠠᠭᠠᠲᠠᠢ ᠡᠷᠬᠢᠯᠳᠡᠳᠦ ᠬᠥᠭᠵᠢᠯᠲᠡ ᠶᠢᠨ ᠠᠵᠤ | ᠠᠬᠤᠶ ᠶᠢᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠪᠦᠬᠦ ᠣᠷᠣᠨ ᠤ ᠡᠷᠭᠢᠯᠳᠡᠳᠦ ᠠᠵᠤ ᠠᠬᠤᠶ ᠶᠢᠨ | ᠲᠥᠷᠥ ᠶᠢᠨ ᠪᠣᠳᠣᠯᠭ᠎ᠠ ᠶᠢᠨ ᠲᠣᠭᠲᠠᠴᠠ᠂ ᠠᠵᠤ ᠦᠢᠯᠡᠰ ᠤᠨ ᠲᠣᠭᠲᠠᠯᠴᠠᠭ᠎ᠠ᠂ ᠵᠢᠱᠢᠶ᠎ᠡ ᠦᠵᠡᠭᠦᠯᠬᠦ | ᠲᠤᠷᠰᠢᠯᠲᠠ ᠶᠢᠨ ᠴᠡᠭ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠵᠡᠷᠭᠡ ᠲᠠᠯ᠎ᠠ ᠪᠠᠷ ᠣᠯᠤᠭᠰᠠᠨ | ᠠᠮᠵᠢᠯᠲᠠ ᠶᠢ ᠳ᠋ᠦᠩᠨᠡᠬᠦ ᠶᠢᠨ ᠬᠠᠮᠲᠤ ᠮᠠᠨ ᠤ ᠣᠷᠣᠨ ᠤ ᠡᠷᠭᠢᠯᠳᠡᠳᠦ ᠠᠵᠤ ᠠᠬᠤᠶ ᠶᠢᠨ ᠠᠵᠤ ᠦᠶᠯᠡᠰ ᠤᠨ | ᠬᠡᠯᠬᠢᠶ᠎ᠡ ᠶᠢᠨ ᠲᠦᠪᠰᠢᠨ ᠢ ᠳᠡᠭᠡᠭᠰᠢᠯᠡᠭᠦᠯᠬᠦ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠶᠡᠷᠦᠩᠬᠡᠶᠢᠯᠡᠨ ᠠᠰᠢᠭᠯᠠᠬᠤ᠂ ᠡᠨᠧᠷᠭᠢ ᠶᠢᠨ ᠬᠤᠷᠣᠭᠳᠠᠯ ᠤᠨ ᠬᠡᠮᠵᠢᠶ᠎ᠡ ᠶᠢ ᠪᠠᠭᠠᠰᠬᠠᠬᠤ ᠵᠡᠷᠭᠡ ᠲᠠᠯ᠎ᠠ ᠳᠤ ᠣᠷᠣᠰᠢᠵᠤ | ᠪᠠᠶᠢᠭ᠎ᠠ ᠳᠣᠪᠤᠶᠢᠮ᠎ᠠ ᠠᠰᠠᠭᠤᠳᠠᠯ ᠤᠳ ᠢ ᠭᠦᠨᠵᠡᠭᠡᠶ ᠵᠠᠳᠠᠯᠤᠨ᠂ ᠠᠮᠢ ᠠᠬᠤᠶ ᠶᠢ ᠲᠡᠷᠢᠭᠦᠨ ᠳᠤ ᠲᠠᠯᠪᠢᠵᠤ᠂ | ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠵᠠᠮ ᠳᠤ ᠠᠩᠬᠠᠷᠤᠯ ᠢᠶᠠᠨ ᠲᠦᠪᠯᠡᠷᠡᠭᠦᠯᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ᠂ ᠲᠣᠭᠲᠠᠭᠤᠨ | ᠪᠠᠶᠢᠯᠭᠠᠬᠤ ᠶᠢᠨ ᠳᠠᠭᠠᠤ ᠤᠷᠤᠭᠰᠢᠯᠠᠬᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠦᠨᠳᠦᠰᠦᠨ ᠵᠠᠷᠴᠢᠮ ᠶᠢ | ᠪᠠᠷᠢᠮᠲᠠᠯᠠᠬᠤ ᠶᠢᠨ ᠲᠤᠯᠠᠳᠠ ᠥᠪᠡᠷᠲᠡᠭᠡᠨ ᠵᠠᠰᠠᠬᠤ ᠣᠷᠣᠨ ︽ᠪᠣᠳᠠᠲᠠᠶ ᠠᠷᠭ᠎ᠠ ᠬᠡᠮᠵᠢᠶ᠎ᠡ︾ ᠶᠢ ᠳᠠᠷᠤᠮᠠᠯᠯᠠᠨ | ᠲᠠᠷᠬᠠᠭᠠᠪᠠ᠃ | ᠬᠤᠶᠠᠷ᠂ ︽ᠪᠣᠳᠠᠲᠠᠶ ᠠᠷᠭ᠎ᠠ ᠬᠡᠮᠵᠢᠶ᠎ᠡ︾ ᠶᠢᠨ ᠭᠤᠤᠯᠳᠠᠯᠭ᠎ᠠ ᠲᠠᠢ ᠠᠵᠢᠯ ︽ᠪᠣᠳᠠᠲᠠᠶ ᠠᠷᠭ᠎ᠠ ᠬᠡᠮᠵᠢᠶ᠎ᠡ︾ | ᠨᠢ ᠪᠣᠬᠢᠷᠲᠤᠯ ᠥᠬᠡᠶ ᠲᠥᠯᠥᠪᠵᠢᠭᠦᠯᠭᠡ᠂ ᠪᠣᠬᠢᠷᠲᠤᠯ ᠥᠬᠡᠶ ᠵᠢᠷᠤᠭ ᠲᠥᠯᠥᠪᠯᠡᠭᠡ᠂ ᠪᠣᠬᠢᠷᠲᠤᠯ ᠥᠬᠡᠶ ᠪᠠᠯᠠ | ᠣᠷᠣᠭᠤᠯᠤᠯᠲᠠ᠂ ᠪᠣᠬᠢᠷᠲᠤᠯ ᠥᠬᠡᠶ ᠪᠥᠲᠥᠭᠡᠨ ᠪᠠᠶᠢᠭᠤᠯᠤᠯᠲᠠ᠂ ᠪᠣᠬᠢᠷᠲᠤᠯ ᠥᠬᠡᠶ ᠦᠶᠯᠡᠳᠪᠦᠷᠢᠯᠡᠯ᠂ ᠪᠣᠬᠢᠷᠲᠤᠯ | ᠥᠬᠡᠶ ᠭᠦᠶᠯᠭᠡᠭᠡ᠂ ᠪᠣᠬᠢᠷᠲᠤᠯ ᠥᠬᠡᠶ ᠠᠮᠢᠳᠤᠷᠠᠯ᠂ ᠪᠣᠬᠢᠷᠲᠤᠯ ᠥᠬᠡᠶ ᠬᠡᠷᠡᠭᠯᠡᠭᠡ ᠶᠢ ᠪᠠᠷᠢᠮᠲᠠᠯᠠᠵᠤ᠂ ᠪᠥᠬᠦ | ᠣᠷᠣᠨ ᠤ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠦᠭᠦᠯᠬᠦ ᠪᠠ ᠠᠮᠢ ᠠᠬᠤᠶ ᠣᠷᠴᠢᠨ ᠲᠣᠭᠤᠷᠢᠨ ᠢ | ᠦᠷᠭᠦᠯᠵᠢᠯᠡᠨ ᠰᠠᠶᠢᠵᠢᠷᠠᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠵᠤ᠂ ᠳᠣᠤᠷᠠᠬᠢ ᠮᠡᠲᠦ ᠳᠣᠯᠤᠭᠠᠨ | ᠭᠤᠤᠯᠳᠠᠯᠭ᠎ᠠ ᠲᠠᠢ ᠠᠵᠢᠯ ᠢ ᠲᠤᠷᠠᠳᠴᠠᠢ᠃ ᠨᠢᠭᠡᠳᠦᠭᠡᠷ ᠬᠡᠰᠡᠭ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ | ᠡᠷᠭᠢᠯᠳᠡᠳᠦ ᠬᠥᠭᠵᠢᠯᠲᠡ ᠶᠢᠨ ᠦᠢᠯᠡᠳᠪᠦᠷᠢᠯᠡᠯ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠪᠣᠬᠢᠷᠲᠤᠯ ᠥᠬᠡᠶ | ᠠᠵᠤ ᠦᠶᠯᠡᠳᠪᠦᠷᠢ᠂ ᠲᠠᠷᠢᠶᠠᠯᠠᠩ ᠮᠠᠯ ᠠᠵᠤ ᠠᠬᠤᠶ᠂ ᠦᠶᠯᠡᠴᠢᠯᠡᠭᠡᠨ ᠤ ᠦᠶᠯᠡᠰ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠵᠤ ᠦᠶᠯᠡᠰ ᠢ ᠬᠥᠭᠵᠢᠭᠦᠯᠬᠦ ᠪᠠᠷ ᠳᠠᠮᠵᠢᠭᠤᠯᠤᠨ᠂ ᠠᠵᠤ ᠦᠶᠯᠡᠰ ᠤᠨ ᠪᠥᠭᠡᠮᠨᠡᠷᠡᠯ ᠤᠨ | ᠡᠷᠭᠢᠯᠲᠡᠭᠦᠯᠦᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠪᠣᠬᠢᠷᠲᠤᠯ ᠥᠬᠡᠶ ᠬᠠᠩᠭᠠᠯᠭ᠎ᠠ ᠶᠢᠨ ᠬᠡᠯᠬᠢᠶ᠎ᠡ ᠶᠢ | ᠪᠠᠶᠢᠭᠤᠯᠤᠨ᠎ᠠ︔ ᠬᠤᠶᠠᠳᠤᠭᠠᠷ ᠬᠡᠰᠡᠭ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ ᠡᠷᠭᠢᠯᠳᠡᠳᠦ | ᠬᠥᠭᠵᠢᠯᠲᠡ ᠶᠢᠨ ᠭᠦᠢᠯᠭᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠪᠣᠬᠢᠷᠲᠤᠯ ᠥᠬᠡᠶ ᠪᠠᠷᠠᠭᠠᠨ ᠤ | ᠭᠦᠶᠯᠭᠡᠭᠡ ᠶᠢ ᠬᠦᠴᠦᠯᠡᠨ ᠪᠠᠶᠢᠭᠤᠯᠵᠤ᠂ ᠳᠠᠬᠢᠯᠲᠠ ᠡᠨᠧᠷᠭᠢ ᠶᠢ ᠡᠭᠡᠭᠦᠯᠦᠨ ᠬᠤᠷᠢᠶᠠᠵᠤ ᠠᠰᠢᠭᠯᠠᠬᠤ ᠶᠢ | ᠴᠢᠩᠭᠠᠳᠬᠠᠨ᠂ ᠪᠣᠬᠢᠷᠲᠤᠯ ᠥᠬᠡᠶ ᠠᠷᠠᠯᠵᠢᠶᠠᠨ ᠤ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ︔ | ᠭᠤᠷᠪᠠᠳᠤᠭᠠᠷ ᠬᠡᠰᠡᠭ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ ᠡᠷᠬᠢᠯᠳᠡᠳᠤ ᠬᠥᠭᠵᠢᠯᠲᠡ ᠶᠢᠨ | ᠬᠡᠷᠡᠭᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠪᠠ ᠰᠠᠭᠤᠭᠠᠯᠢ ᠠᠷᠠᠳ ᠤᠨ ᠪᠣᠬᠢᠷᠲᠤᠯ | ᠥᠬᠡᠶ ᠦᠶᠯᠡᠳᠬᠦᠨ ᠬᠤᠳᠠᠯᠳᠤᠨ ᠠᠪᠬᠤ ᠶᠢ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠪᠣᠬᠢᠷᠲᠤᠯ ᠥᠬᠡᠶ | ᠪᠦᠲᠦᠭᠡᠭᠳᠡᠬᠦᠨ ᠤ ᠬᠡᠷᠡᠭᠯᠡᠭᠡᠨ ᠢ ᠠᠬᠢᠭᠤᠯᠤᠨ᠂ ᠪᠣᠬᠢᠷᠲᠤᠯ ᠥᠬᠡᠶ ᠨᠡᠭᠦᠷᠡᠰᠦᠳᠦ᠋ᠷᠦᠭᠴᠢ ᠪᠠᠭᠠᠲᠠᠢ ᠠᠮᠢᠳᠤᠷᠠᠯ ᠤᠨ | ᠠᠷᠭ᠎ᠠ ᠮᠠᠶ᠋ᠢᠭ ᠢ ᠰᠠᠨᠠᠭᠠᠴᠢᠯᠠᠨ᠎ᠠ︔ ᠳᠥᠷᠪᠡᠳᠦᠭᠡᠷ ᠬᠡᠰᠡᠭ᠂ ᠰᠠᠭᠤᠷᠢ ᠪᠡᠯᠡᠳᠬᠡᠮᠵᠢ ᠶᠢ ᠪᠣᠬᠢᠷᠲᠤᠯ ᠦᠭᠡᠢ ᠪᠠᠷ ᠲᠡᠰ | ᠳᠡᠪᠰᠢᠭᠦᠯᠬᠦ ᠶᠢ ᠲᠦᠷᠭᠡᠳᠬᠡᠨ᠎ᠡ᠃ ᠡᠨᠧᠷᠭᠢ ᠶᠢᠨ ᠰᠢᠰᠲ᠋ᠧᠮ ᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ | ᠵᠦᠭ ᠬᠤᠪᠢᠷᠠᠭᠤᠯᠬᠤ ᠶᠢ ᠠᠬᠢᠭᠤᠯᠵᠤ᠂ ᠬᠤᠲᠠ ᠪᠠᠯᠭᠠᠰᠤᠨ ᠤ ᠣᠷᠴᠢᠨ ᠠᠬᠤᠢ ᠶᠢᠨ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢᠨ ᠳᠡᠰ ᠳᠡᠪᠰᠢᠬᠦ ᠶᠢ ᠠᠬᠢᠭᠤᠯᠵᠤ᠂ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ | ᠪᠣᠬᠢᠷᠲᠤᠯ ᠦᠭᠡᠢ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠠᠷᠠᠳ ᠤᠨ | ᠣᠷᠣᠰᠢᠨ ᠰᠠᠭᠤᠬᠤ ᠣᠷᠴᠢᠨ ᠨᠥᠬᠦᠴᠡᠯ ᠢ ᠰᠠᠶᠢᠵᠢᠷᠠᠭᠤᠯᠤᠨ᠎ᠠ︔ ᠲᠠᠪᠤᠳᠤᠭᠠᠷ ᠬᠡᠰᠡᠭ᠂ ᠵᠠᠬ᠎ᠠ ᠳᠡᠯᠭᠡᠭᠦᠷ ᠢᠶᠠᠷ | ᠤᠳᠤᠷᠢᠳᠤᠮᠵᠢ ᠪᠣᠯᠭᠠᠭᠰᠠᠨ ᠪᠣᠬᠢᠷᠲᠤᠯ ᠦᠭᠡᠢ ᠮᠡᠷᠭᠡᠵᠢᠯ ᠤᠨ ᠰᠢᠨ᠎ᠡ ᠶᠢ ᠡᠭᠦᠳᠬᠦ ᠲᠣᠭᠲᠠᠯᠴᠠᠭ᠎ᠠ ᠶᠢ ᠪᠠᠶᠢᠭᠤᠯᠤᠨ᠎ᠠ | ᠃ ᠪᠣᠬᠢᠷᠲᠤᠯ ᠦᠭᠡᠢ ᠨᠡᠭᠦᠷᠡᠰᠦᠳᠦ᠋ᠷᠦᠭᠴᠢ ᠪᠠᠭᠠᠲᠠᠢ ᠮᠡᠷᠭᠡᠵᠢᠯ ᠢ ᠰᠤᠳᠤᠯᠤᠨ ᠨᠡᠭᠡᠭᠡᠬᠦ ᠶᠢ ᠵᠣᠷᠢᠭᠵᠢᠭᠤᠯᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠲᠦᠷᠭᠡᠳᠬᠡᠨ᠎ᠡ︔ ᠵᠢᠷᠭᠤᠳᠤᠭᠠᠷ | ᠬᠡᠰᠡᠭ᠂ ᠬᠠᠤᠯᠢ ᠲᠣᠭᠲᠠᠭᠠᠯ ᠲᠦᠷᠦ ᠶᠢᠨ ᠪᠤᠳᠤᠯᠭ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠵᠦᠶ | ᠶᠣᠰᠣᠨ ᠤ ᠦᠨ᠎ᠡ ᠬᠠᠩᠰᠢ ᠶᠢᠨ ᠲᠣᠭᠲᠠᠴᠠ᠂ ᠡᠳ᠋ ᠤᠨ ᠵᠠᠰᠠᠭ ᠭᠠᠶᠢᠯᠢ ᠶᠢᠨ ᠲᠡᠳᠬᠦᠮᠵᠢ᠂ ᠵᠦᠶ ᠶᠣᠰᠣᠨ ᠤ | ᠮᠥᠩᠭᠦᠨ ᠭᠦᠶᠯᠭᠡᠭᠡᠨ᠂ ᠪᠠᠷᠢᠮᠵᠢᠶ᠎ᠠ ᠶᠢᠨ ᠲᠣᠭᠲᠠᠯᠴᠠᠭ᠎ᠠ᠂ ᠪᠦᠷᠢᠳᠬᠡᠬᠦ ᠬᠢᠨᠠᠨ ᠰᠢᠨᠵᠢᠬᠦ ᠲᠦᠷᠢᠮ᠂ ᠵᠦᠶ | ᠶᠣᠰᠣᠨ ᠤ ᠠᠷᠠᠯᠵᠢᠶ᠎ᠠ ᠶᠢᠨ ᠵᠠᠬ᠎ᠠ ᠳᠡᠯᠭᠡᠭᠦᠷ ᠤᠨ ᠲᠣᠭᠲᠠᠴᠠ ᠵᠡᠷᠭᠡ ᠲᠠᠯ᠎ᠠ ᠪᠠᠷ᠂ ᠣᠷᠣᠨ ᠨᠤᠲᠤᠭ ᠤᠨ ᠴᠢᠨᠠᠷᠲᠠᠶ | ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠲᠦᠷᠢᠮ ᠤᠨ ᠲᠤᠯᠭᠠᠭᠤᠷᠢᠯᠠᠯ ᠢ ᠴᠢᠩᠭᠠᠳᠬᠠᠨ᠎ᠠ︔ ᠳᠣᠯᠣᠳᠤᠭᠠᠷ | ᠬᠡᠰᠡᠭ᠂ ᠵᠣᠬᠢᠶᠠᠨ ᠪᠠᠶᠢᠭᠤᠯᠤᠯᠲᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠰᠠᠯᠠᠭ᠎ᠠ ᠮᠥᠴᠢᠷ ᠤᠳ ᠬᠠᠷᠢᠯᠴᠠᠨ | ᠬᠠᠮᠵᠢᠯᠴᠠᠵᠤ᠂ ᠠᠵᠢᠯ ᠤᠨ ᠬᠠᠮᠲᠤᠷᠠᠯ ᠬᠦᠴᠦᠨ ᠢ ᠪᠣᠶ ᠪᠣᠯᠭᠠᠨ᠂ ᠤᠬᠠᠭᠤᠯᠵᠤ ᠬᠥᠲᠥᠯᠥᠨ ᠵᠢᠯᠣᠭᠤᠳᠬᠤ ᠶᠢ | ᠴᠢᠩᠭᠠᠳᠬᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ | ᠭᠤᠷᠪᠠ᠂ ︽ᠪᠣᠳᠠᠲᠠᠶ ᠠᠷᠭ᠎ᠠ ᠬᠡᠮᠵᠢᠶ᠎ᠡ︾ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠤᠯᠲᠠ ᠨᠢᠭᠡ ᠳᠤ | ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠡᠷᠭᠢᠯᠳᠡᠳᠦ ᠠᠵᠤ | ᠠᠬᠤᠶ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠬᠤᠯᠪᠣᠭᠳᠠᠯ ᠪᠦᠬᠦᠢ ᠡᠯ᠎ᠡ ᠰᠠᠯᠠᠭ᠎ᠠ ᠮᠥᠴᠢᠷ ᠤᠳ ᠬᠠᠷᠢᠯᠴᠠᠨ ᠬᠠᠮᠵᠢᠯᠴᠠᠬᠤ ᠪᠠᠨ ᠴᠢᠩᠭᠠᠳᠬᠠᠵᠤ᠂ | ᠠᠵᠢᠯ ᠤᠨ ᠬᠠᠮᠲᠤᠷᠠᠯ ᠬᠦᠴᠦᠨ ᠢ ᠪᠣᠶ ᠪᠣᠯᠭᠠᠬᠤ ᠬᠡᠷᠡᠭᠲᠡᠶ᠃ ᠲᠣᠯᠤᠭᠠᠶᠢᠯᠠᠬᠤ ᠰᠠᠯᠠᠭ᠎ᠠ ᠮᠥᠴᠢᠷ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠰᠢᠮᠳᠠᠭᠤᠯᠤᠨ | ᠵᠢᠯᠣᠭᠤᠳᠬᠤ ᠪᠠᠨ ᠴᠢᠩᠭᠠᠷᠠᠭᠤᠯᠵᠤ᠂ ᠠᠵᠢᠯ ᠤᠨ ᠠᠬᠢᠴᠠ ᠶᠢᠨ ᠪᠠᠶᠢᠳᠠᠯ ᠢ ᠤᠯᠠᠷᠢᠯ ᠢᠶᠠᠷ ᠲᠣᠬᠢᠷᠠᠭᠤᠯᠤᠨ᠂ | ᠲᠣᠭᠲᠠᠮᠠᠯ ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠵᠤ ᠠᠵᠢᠯ ᠤᠨ ᠳᠤᠮᠳᠠᠬᠢ ᠪᠣᠳᠠᠲᠠᠶ ᠠᠰᠠᠭᠤᠳᠠᠯ ᠤᠳ ᠢ | ᠰᠤᠳᠤᠯᠤᠨ ᠰᠢᠶᠳᠪᠦᠷᠢᠯᠡᠵᠦ᠂ ᠲᠤᠷᠰᠢᠯᠭ᠎ᠠ ᠰᠠᠶᠢᠨ ᠵᠠᠭᠪᠤᠷ ᠢ ᠴᠠᠭ ᠲᠤᠬᠠᠶ ᠳᠤ ᠨᠢ ᠰᠠᠶᠢᠲᠤᠷ ᠳ᠋ᠦᠩᠨᠡᠬᠦ ᠬᠡᠷᠡᠭᠲᠡᠶ᠃ | ᠬᠤᠶᠠᠷ ᠲᠤ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ ᠣᠷᠣᠨ᠂ ᠬᠤᠯᠪᠣᠭᠳᠠᠯ | ᠪᠦᠬᠦᠢ ᠡᠯ᠎ᠡ ᠰᠠᠯᠠᠭ᠎ᠠ ᠮᠥᠴᠢᠷ ᠤᠳ ᠪᠣᠬᠢᠷᠲᠤᠯ ᠥᠬᠡᠶ ᠨᠡᠭᠦᠷᠡᠰᠦᠳᠦ᠋ᠷᠦᠭᠴᠢ ᠪᠠᠭᠠᠲᠠᠢ ᠡᠷᠬᠢᠯᠳᠡᠳᠦ | ᠬᠥᠭᠵᠢᠯᠲᠡ ᠶᠢᠨ ᠠᠵᠤ ᠠᠬᠤᠢ ᠶᠢᠨ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠬᠦ ᠶᠢᠨ ᠴᠢᠬᠤᠯᠠ ᠴᠢᠨᠠᠷ ᠪᠠ | ᠲᠤᠯᠭᠠᠮ᠎ᠠ ᠴᠢᠨᠠᠷ ᠢ ᠭᠦᠶᠴᠡᠳ ᠲᠠᠨᠢᠵᠤ᠂ ᠲᠡᠭᠦᠨ ᠢ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠠᠭᠤᠯᠭ᠎ᠠ | ᠪᠣᠯᠭᠠᠨ᠂ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠰᠢᠮᠳᠠᠭᠤᠯᠤᠨ | ᠨᠠᠶᠢᠳᠠᠪᠤᠷᠢᠵᠢᠭᠤᠯᠬᠤ ᠶᠢ ᠴᠢᠩᠭᠠᠳᠬᠠᠨ᠂ ᠡᠯ᠎ᠡ ᠵᠦᠶᠯ ᠤᠨ ᠡᠭᠦᠷᠭᠡ ᠶᠢᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ | ᠪᠠᠲᠤᠯᠠᠨ ᠪᠡᠶᠡᠯᠡᠭᠦᠯᠵᠦ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠭᠤᠷᠪᠠ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠣᠯᠭᠠᠨ᠎ᠠ᠃ ᠡᠯ᠎ᠡ ᠲᠥᠷᠥᠯ ᠤᠨ ᠰᠣᠨᠢᠨ ᠮᠡᠳᠡᠭᠡᠨ ᠤ ᠵᠠᠭᠤᠴᠢᠯᠠᠭᠤᠷ ᠤᠳ ᠪᠣᠬᠢᠷᠲᠤᠯ ᠥᠬᠡᠶ ᠨᠡᠭᠦᠷᠡᠰᠦᠳᠦ᠋ᠷᠦᠭᠴᠢ | ᠪᠠᠭᠠᠲᠠᠢ ᠡᠷᠬᠢᠯᠳᠡᠳᠦ ᠬᠥᠭᠵᠢᠯᠲᠡ ᠶᠢ ᠤᠬᠠᠭᠤᠯᠤᠨ ᠲᠤᠭᠤᠰᠢᠯᠠᠭᠤᠯᠬᠤ ᠠᠵᠢᠯ ᠢᠶᠠᠨ ᠴᠢᠩᠭᠠᠳᠬᠠᠵᠤ᠂ ᠣᠯᠤᠭᠰᠠᠨ | ᠢᠯᠡᠳᠲᠡ ᠠᠮᠵᠢᠯᠲᠠ ᠪᠦᠲᠦᠮᠵᠢ ᠶᠢ ᠶᠡᠬᠡᠪᠡᠷ ᠤᠬᠠᠭᠤᠯᠤᠨ᠂ ᠲᠡᠷᠢᠭᠦᠨ ᠤ ᠨᠡᠶᠢᠲᠡᠯᠢᠭ ᠵᠢᠱᠢᠶ᠎ᠡ ᠨᠦᠭᠦᠳ ᠢ | ᠢᠳᠡᠪᠬᠢᠲᠡᠶ ᠪᠠᠷ ᠤᠬᠠᠭᠤᠯᠵᠤ᠂ ᠠᠮᠢ ᠠᠬᠤᠶ ᠶᠢ ᠡᠪᠳᠡᠭᠰᠡᠨ᠂ ᠣᠷᠴᠢᠨ ᠲᠣᠭᠤᠷᠢᠨ ᠢ ᠪᠣᠬᠢᠷᠲᠤᠭᠤᠯᠤᠭᠰᠠᠨ᠂ ᠡᠬᠢ | ᠪᠠᠶᠠᠯᠢᠭ ᠢ ᠬᠦᠨᠳᠦ ᠨᠣᠴᠢᠲᠠᠶ ᠪᠦᠷᠢᠯᠭᠡᠭᠰᠡᠨ ᠪᠠ ᠪᠣᠬᠢᠷᠲᠤᠭᠤᠯᠤᠯ ᠶᠡᠬᠡᠲᠡᠶ᠂ ᠡᠨᠧᠷᠭᠢ ᠶᠢᠨ ᠬᠤᠷᠣᠭᠳᠠᠯ ᠶᠡᠬᠡᠲᠡᠶ | ᠲᠥᠷᠥᠯ ᠵᠦᠶᠯ ᠢ ᠲᠣᠭᠲᠠᠭᠠᠯ ᠠᠴᠠ ᠵᠥᠷᠢᠴᠡᠨ ᠳᠤᠷ᠎ᠠ ᠪᠠᠷ ᠢᠶᠠᠨ ᠦᠢᠯᠡᠳᠦᠭᠰᠡᠨ ᠵᠡᠷᠭᠡ ᠲᠠᠯ᠎ᠠ ᠪᠠᠷ ᠬᠢ ᠨᠠᠵᠠᠭᠠᠶ | ᠲᠠᠯ᠎ᠠ ᠶᠢᠨ ᠨᠡᠶᠢᠲᠡᠯᠢᠭ ᠵᠢᠱᠢᠶ᠎ᠡ ᠨᠦᠭᠦᠳ ᠢ ᠴᠠᠭ ᠲᠤ ᠨᠢ ᠣᠯᠠᠨ᠎ᠠ ᠢᠯᠡᠴᠢᠯᠡᠵᠦ᠂ ᠪᠣᠬᠢᠷᠲᠤᠯ ᠥᠬᠡᠶ | ᠨᠡᠭᠦᠷᠡᠰᠦᠳᠦ᠋ᠷᠦᠭᠴᠢ ᠪᠠᠭᠠᠲᠠᠢ ᠡᠷᠬᠢᠯᠳᠡᠳᠦ ᠬᠥᠭᠵᠢᠯᠲᠡ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ | ᠥᠭᠭᠦᠨ᠎ᠡ᠃ | |