ᠬᠤᠲᠠ ᠶᠢᠨ ᠲᠡᠰ ᠤᠨ ᠪᠤᠳᠠᠰ ᠤᠨ ᠪᠤᠰᠤ ᠰᠤᠶᠤᠯ ᠤᠨ ᠥᠪ ᠤᠨ ᠤᠯᠠᠮᠵᠢᠯᠠᠭᠴᠢ    ᠪᠠᠯᠵᠤᠤᠷ
ᠨᠡᠶᠢᠲᠡᠯᠡᠭᠰᠡᠨ ᠴᠠᠭ᠄
2021/10/19
     ᠨᠢᠭᠡ᠂ ᠲᠦᠭᠦᠮ ᠨᠠᠮᠳᠠᠷ      ᠪᠠᠯᠵᠤᠤᠷ᠂ ᠮᠤᠩᠭᠤᠯ ᠦᠨᠳᠦᠰᠦᠳᠡᠨ᠂ ᠬᠤᠳᠠ ᠶᠢᠨ ᠲᠡᠰ ᠤᠨ ᠤᠷᠳᠤᠰ ᠨᠠᠶᠢᠷ ᠤᠨ ᠤᠯᠠᠮᠵᠢᠯᠠᠭᠴᠢ᠃ 1941 ᠤᠨ ᠤ 10 ᠰᠠᠷ᠎ᠠ ᠳᠤ ᠡᠵᠡᠨ ᠬᠤᠷᠤᠭ᠎ᠠ ᠬᠤᠰᠢᠭᠤᠨ ᠤ ᠬᠤᠷᠤᠭ᠎ᠠ ᠰᠤᠮᠤᠨ ᠤ ᠪᠤᠯᠠᠭ ᠭᠠᠴᠠᠭᠠᠨ ᠳᠤ ᠲᠦᠷᠦᠵᠡᠢ᠃ 1949 ᠤᠨ ᠳᠤ ᠨᠠᠢᠮᠠᠨ ᠨᠠᠰᠤᠳᠠᠢ ᠳᠠᠭᠠᠨ ᠲᠠᠷᠬᠠᠳ ᠤᠨ ᠰᠦᠮ᠎ᠡ ᠳᠤ ᠪᠠᠨᠳᠢ ᠪᠤᠯᠵᠤ᠂ ᠱᠠᠰᠢᠨ ᠰᠤᠷᠳᠠᠬᠤᠨ ᠤ ᠠᠯᠪᠠ ᠬᠠᠭᠠᠵᠤ᠂ 1957 ᠤᠨ ᠳᠤ ᠭᠡᠷ ᠲᠡᠭᠡᠨ ᠪᠤᠴᠠᠵᠠᠢ᠃  ᠡᠭᠦᠨ ᠤ ᠲᠠᠷᠠᠭ᠎ᠠ ᠬᠤᠶᠠᠷ ᠵᠢᠯ ᠬᠠᠮᠳᠤ ᠶᠢᠨ ᠭᠦᠳᠡᠯᠮᠤᠷᠢ ᠳᠤ ᠤᠷᠤᠯᠴᠠᠵᠤ᠂ ᠰᠤᠪᠠᠭ ᠴᠠᠪᠴᠢᠬᠤ᠂ ᠲᠠᠷᠢᠶ᠎ᠠ ᠲᠠᠷᠢᠬᠤ᠂ ᠲᠡᠮᠤᠷ ᠬᠠᠶᠢᠯᠠᠭᠤᠯᠬᠤ ᠵᠡᠷᠭᠡ ᠠᠵᠢᠯ ᠢ ᠭᠢᠭᠰᠡᠨ ᠪᠠᠶᠢᠨ᠎ᠠ᠃ 1959 ᠤᠨ ᠳᠤ ᠶᠡᠭᠡ ᠵᠤᠤ ᠠᠶᠢᠮᠠᠭ ᠤᠨ ᠬᠤᠶᠠᠳᠤᠭᠠᠷ ᠲᠤᠮᠳᠠᠳᠤ ᠰᠤᠷᠭᠠᠭᠤᠯᠢ ᠳᠤ ᠰᠢᠯᠭᠠᠭᠳᠠᠨ ᠤᠷᠤᠭᠠᠳ ᠬᠤᠶᠠᠷ ᠵᠢᠯ ᠰᠤᠷᠤᠯᠴᠠᠵᠠᠢ᠃ 1961 ᠤᠨ ᠳᠤ ᠰᠤᠷᠭᠠᠭᠤᠯᠢ ᠳᠤ ᠪᠠᠶᠢᠭ᠎ᠠ ᠬᠤᠭᠤᠴᠠᠭᠠᠨ ᠳᠠᠭᠠᠨ ᠴᠡᠷᠢᠭ ᠰᠢᠯᠭᠠᠭᠤᠯᠵᠤ᠂ ᠪᠤᠭᠤᠳᠤ ᠬᠤᠳᠠ ᠶᠢᠨ ᠲᠤᠳᠤᠭᠠᠳᠤ ᠶᠢ ᠬᠠᠮᠠᠭᠠᠯᠠᠬᠤ ᠴᠡᠷᠢᠭ ᠲᠤ ᠡᠯᠰᠡᠭᠳᠡᠵᠤ᠂ 1968 ᠤᠨ ᠳᠤ ᠴᠡᠷᠢᠭ ᠠᠴᠠ ᠪᠠᠨ ᠬᠠᠯᠠᠭᠳᠠᠵᠤ ᠤᠳᠤᠭ ᠬᠤᠰᠢᠭᠤᠨ ᠤ ᠬᠤᠪᠢᠰᠬᠠᠯ ᠤᠨ ᠵᠦᠪᠯᠡᠯ ᠳᠤ ᠠᠵᠢᠯ ᠤᠨ ᠪᠠᠶᠢᠷᠢ ᠪᠠᠨ ᠡᠭᠢᠯᠡᠭᠦᠯᠵᠡᠢ᠃ 1969 ᠤᠨ ᠳᠤ ᠤᠳᠤᠭ ᠬᠤᠰᠢᠭᠤᠨ ᠤ ᠰᠢᠨᠡᠵᠤᠤ ᠭᠦᠡᠭᠱᠧ ᠶᠢᠨ ᠬᠤᠪᠢᠰᠬᠠᠯ ᠤᠨ ᠵᠦᠪᠯᠡᠯ ᠤᠨ ᠡᠷᠭᠢᠯᠡᠭᠴᠢ ᠪᠠᠷ ᠲᠤᠮᠢᠯᠠᠭᠳᠠᠵᠤ᠂  ᠰᠤᠶᠤᠯ ᠤᠨ ᠬᠤᠪᠢᠰᠬᠠᠯ ᠳᠤ ᠭᠡᠯᠢᠰᠳᠡᠭᠰᠡᠨ ᠠᠯᠢ ᠤᠯᠠᠨ ᠠᠷᠠᠳ ᠲᠦᠮᠡᠨ ᠤ ᠴᠠᠭᠠᠳᠬᠠᠬᠤ ᠠᠵᠢᠯ ᠢ ᠭᠢᠵᠡᠢ᠃ 1971 ᠤᠨ ᠳᠤ ᠤᠳᠤᠭ ᠬᠤᠰᠢᠭᠤᠨ ᠤ ᠪᠤᠯᠠᠭ ᠭᠦᠡᠭᠱᠧ ᠳᠤ ᠠᠵᠢᠯ ᠰᠢᠯᠵᠢᠵᠤ᠂ ᠭᠤᠤᠯ ᠡᠪᠯᠡᠯ  ᠤᠨ ᠡᠭᠦᠷ ᠤᠨ ᠠᠵᠢᠯ ᠢ ᠬᠠᠷᠢᠭᠤᠴᠠᠵᠤ᠂ 1980 ᠤᠨ ᠳᠤ ᠤᠳᠤᠭ ᠬᠤᠰᠢᠭᠤᠨ ᠤ ᠨᠠᠮ ᠤᠨ ᠰᠤᠷᠭᠠᠭᠤᠯᠢ ᠳᠤ ᠠᠵᠢᠯᠯᠠᠵᠠᠢ᠃ 1989 ᠤᠨ ᠳᠤ ᠤᠳᠤᠭ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠭᠡᠯᠳᠡᠰ ᠲᠤ ᠠᠵᠢᠯ ᠰᠢᠯᠵᠢᠨ᠂ ᠲᠡᠳ᠋ ᠭᠡᠯᠳᠡᠰ ᠤᠨ ᠲᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠭᠠᠳ 1991 ᠤᠨ ᠳᠤ ᠤᠳᠤᠭ ᠬᠤᠰᠢᠭᠤᠨ ᠤ ᠦᠨᠳᠦᠰᠦᠳᠡᠨ ᠤ ᠭᠡᠷᠡᠭ ᠡᠷᠭᠢᠯᠡᠭᠦ ᠵᠦᠪᠯᠡᠯ ᠤᠨ ᠡᠷᠭᠢᠯᠡᠭᠴᠢ ᠪᠠᠷ ᠠᠵᠢᠯᠯᠠᠵᠠᠢ᠃ 1998 ᠤᠨ ᠳᠤ ᠠᠵᠢᠯ ᠤᠨ ᠠᠮᠠᠷᠠᠯᠳᠠ ᠪᠠᠨ ᠠᠪᠤᠭᠰᠠᠨ ᠪᠠᠶᠢᠨ᠎ᠠ᠃      ᠬᠤᠶᠠᠷ᠂ ᠤᠷᠳᠤᠰ ᠨᠠᠶᠢᠷ ᠡᠷᠭᠢᠯᠡᠭᠰᠡᠨ ᠪᠠᠶᠢᠳᠠᠯ      2004 ᠤᠨ ᠤ 10 ᠰᠠᠷ᠎ᠠ ᠠᠴᠠ ᠡᠭᠢᠯᠡᠵᠤ᠂  ᠤᠷᠳᠤᠰ ᠠᠷᠠᠳ ᠤᠨ ᠲᠠᠭᠤᠤ ᠪᠠᠨ ᠤᠯᠠᠮᠵᠢᠯᠠᠬᠤ ᠪᠠᠷ ᠨᠢᠭᠡ ᠪᠦᠯᠦᠭ ᠵᠠᠵᠢᠨ ᠦᠰᠦ ᠨᠢ ᠴᠠᠶᠢᠵᠤ᠂ ᠵᠢᠷᠨ ᠶᠢᠨ ᠲᠠᠪᠠᠭ᠎ᠠ ᠶᠢ ᠲᠠᠪᠠᠵᠤ᠂ ᠠᠵᠢᠯ ᠠᠴᠠ ᠪᠠᠨ ᠠᠮᠠᠷᠠᠭᠰᠠᠨ ᠨᠠᠰᠤᠳᠠᠶᠢᠴᠤᠳ ᠢᠶᠠᠷ ᠪᠦᠷᠢᠯᠳᠦᠭᠰᠡᠨ ︽ᠮᠤᠩᠭᠤᠯ ᠨᠠᠶᠢᠷ ᠤᠨ ᠴᠤᠭᠯᠠᠭᠠᠨ︾ ᠭᠡᠭᠦ ᠤᠷᠠᠯᠢᠭ  ᠤᠨ ᠪᠦᠯᠭᠦᠮ ᠢ ᠡᠭᠦᠰᠭᠡᠨ ᠪᠠᠶᠢᠭᠤᠯᠬᠤ ᠶᠢᠨ ᠬᠠᠮᠳᠤ ᠵᠠᠭᠤᠨ ᠡᠭᠢ ᠲᠠᠢ ᠤᠷᠳᠤᠰ ᠠᠷᠠᠳ ᠤᠨ ᠲᠠᠭᠤᠤ ᠶᠢ ᠰᠤᠩᠭᠤᠨ ᠲᠠᠷᠤᠮᠠᠯᠯᠠᠵᠤ᠂ ᠢᠵᠠᠭᠤᠷ ᠲᠠᠭᠤᠤ ᠶᠢᠨ ᠦᠨᠦᠷ ᠠᠮᠳᠠ ᠲᠠᠢ ᠲᠠᠭᠤᠯᠠᠵᠤ ᠭᠦᠭᠵᠢᠮᠳᠡᠭᠦ ᠶᠢ ᠱᠠᠭᠠᠷᠳᠠᠵᠤ᠂ ᠡᠨ᠋ᠨ ᠭᠦ ᠰᠠᠭᠤᠷᠢᠨ ᠲᠡᠭᠡᠷ᠎ᠡ ᠨᠠᠶᠢᠷᠠᠯ ᠲᠠᠭᠤᠤ᠂ ᠴᠦᠷᠭᠦᠯᠭᠡ ᠭᠦᠭᠵᠢᠮ ᠨᠠᠶᠢᠷᠠᠭᠤᠯᠤᠨ ᠵᠤᠭᠢᠶᠠᠵᠤ᠂ ᠪᠦᠭᠦ ᠬᠤᠰᠢᠭᠤᠨ ᠤ ᠭᠡᠪᠴᠢᠶᠠᠨ ᠳᠤ ᠨᠠᠶᠢᠷ ᠨᠠᠭᠠᠳᠤᠮ᠂ ᠪᠠᠶᠠᠷ ᠲᠤᠷᠠᠰᠬᠠᠯ᠂ ᠲᠠᠭᠢᠯᠭ᠎ᠠ ᠲᠠᠶᠢᠯᠠᠯᠭ᠎ᠠ ᠵᠡᠷᠭᠡ ᠤᠯᠠᠨ ᠵᠦᠢᠯ ᠤᠨ ᠭᠦᠳᠡᠯᠭᠡᠭᠡᠨ ᠳᠤ 50 ᠭᠠᠷᠤᠢ ᠤᠳᠠᠭ᠎ᠠ ᠲᠤᠭᠯᠠᠯᠳᠠ ᠭᠠᠷᠭᠠᠭᠰᠠᠨ ᠠᠴᠠ ᠭᠠᠳᠠᠨ᠎ᠠ᠂ ᠬᠤᠰᠢᠭᠤ᠂ ᠬᠤᠳᠠ᠂ ᠤᠷᠤᠨ᠂ ᠤᠯᠤᠰ ᠵᠢᠴᠢ ᠲᠡᠯᠡᠭᠡᠢ ᠶᠢᠨ ᠤᠷᠠᠯᠢᠭ ᠤᠨ ᠲᠠᠶᠢᠰᠠᠨ ᠳᠤ ᠭᠠᠷᠴᠤ ᠤᠷᠤᠯᠳᠤᠭᠠᠨ ᠮᠦᠷᠦᠶᠢᠴᠡᠭᠡᠨ ᠳᠤ ᠤᠷᠤᠯᠴᠠᠭᠠᠳ ᠠᠯᠢ ᠤᠯᠠᠨ ᠠᠯᠳᠠᠨ ᠱᠠᠩ᠂ ᠮᠦᠡᠭᠭᠦᠨ ᠴᠤᠮᠤ᠂ ᠭᠦᠷᠡᠯ ᠮᠧᠳᠠᠯ ᠢ ᠭᠠᠷᠳᠠᠨ ᠲᠤᠰᠴᠤ᠂ ᠤᠷᠳᠤᠰ ᠠᠷᠠᠳ ᠤᠨ ᠢᠵᠠᠭᠤᠷ ᠲᠠᠭᠤᠤ ᠶᠢᠨ ᠭᠢᠵᠠᠭᠠᠷ ᠦᠭᠡᠢ ᠷᠢᠳᠢ ᠰᠢᠳᠢ ᠶᠢ ᠲᠡᠯᠡᠭᠡᠢ ᠳᠤ ᠮᠡᠳᠡᠷᠡᠭᠦᠯᠵᠤ᠂ ᠤᠷᠳᠤᠰ ᠮᠤᠩᠭᠤᠯᠴᠤᠳ ᠤᠨ ᠴᠤᠭ ᠵᠢᠪᠬᠤᠭ᠎ᠠ ᠭᠡᠶᠢᠮᠤᠷᠢ ᠰᠦᠯᠳᠡ ᠶᠢ ᠲᠦᠮᠡᠨ ᠲᠠᠶᠠᠭᠠᠷ ᠲᠤ ᠭᠠᠶᠢᠬᠠᠭᠤᠯᠪᠠ᠃ ᠮᠦᠨ ᠴᠤ ᠮᠠᠯᠴᠢᠨ ᠲᠦᠮᠡᠨ ᠦᠵᠡᠭᠴᠢ ᠤᠯᠠᠨ ᠤ ᠲᠠᠭᠠᠰᠢᠶᠠᠯ ᠰᠤᠨᠢᠷᠬᠠᠯ ᠢ ᠲᠠᠳᠠᠵᠤ᠂ ᠡᠷᠳᠡᠮᠳᠡᠨ ᠮᠡᠷᠭᠡᠳ ᠤᠨ ᠦᠨᠡᠯᠡᠯᠳᠡ ᠨᠤᠳᠤᠯᠤᠯ ᠢ ᠤᠯᠵᠤ᠂ ᠵᠢᠭᠤᠴᠢᠯᠠᠭᠤᠷ ᠤᠨ ᠬᠢᠨ ᠤ ᠠᠩᠬᠠᠷᠤᠯ ᠢ ᠲᠠᠳᠠᠭᠰᠠᠨ ᠪᠦᠭᠡᠳ ᠮᠤᠩᠭᠤᠯ ᠨᠠᠶᠢᠷ ᠤᠨ ᠴᠤᠭᠯᠠᠭᠠᠨ ᠤ ᠲᠤᠭᠯᠠᠯᠳᠠ ᠪᠠ ᠤᠯᠠᠨ ᠠᠷᠪᠢᠨ ᠦᠢᠯᠨ ᠠᠵᠢᠯᠯᠠᠭ᠎ᠠ ᠶᠢ ᠬᠤᠰᠢᠭᠤ᠂ ᠬᠤᠳᠠ᠂ ᠤᠷᠤᠨ ᠤ ᠷᠠᠳᠢᠤ᠋᠂ ᠲᠧᠯᠸᠢᠰ᠂ ᠰᠤᠨᠢᠨ ᠰᠡᠳᠭᠦᠯ ᠲᠡᠭᠡᠷ᠎ᠡ ᠨᠡᠪᠳᠡᠷᠡᠭᠦᠯᠵᠤ ᠨᠡᠶᠢᠳᠡᠯᠡᠭᠰᠡᠨ ᠪᠠᠶᠢᠨ᠎ᠠ᠃ ᠨᠠᠢᠮᠠᠨ ᠵᠢᠯ ᠤᠨ ᠲᠤᠷᠰᠢ ᠮᠤᠩᠭᠤᠯ ᠨᠠᠶᠢᠷ ᠢ ᠷᠠᠳᠢᠣ᠋ ᠳᠤ ᠲᠠᠭᠤ ᠲᠠᠢ᠂ ᠲᠧᠯᠸᠢᠰ ᠲᠤ ᠲᠦᠷᠰᠦ ᠲᠠᠢ᠂ ᠲᠠᠶᠢᠰᠠᠨ ᠳᠤ ᠪᠠᠷ᠎ᠠ ᠲᠠᠢ᠂ ᠰᠤᠨᠢᠨ ᠳᠤ ᠪᠠᠷ ᠲᠠᠢ ᠭᠢᠯᠠᠷᠠᠭᠤᠯᠵᠤ ᠪᠠᠶᠢᠨ᠎ᠠ᠃      ᠲᠡᠷᠨ ᠪᠠᠰᠠ ᠤᠷᠳᠤᠰ ᠬᠤᠳᠠ ᠶᠢᠨ ᠨᠠᠰᠤᠳᠠᠶᠢᠴᠤᠳ ᠤᠨ ᠤᠷᠳᠤᠰ ᠠᠷᠠᠳ ᠤᠨ ᠢᠵᠠᠭᠤᠷ ᠲᠠᠭᠤᠤ ᠶᠢᠨ ᠤᠷᠤᠯᠳᠤᠭᠠᠨ ᠭᠢᠭᠦ ᠶᠢ ᠰᠡᠳᠦᠨ ᠰᠠᠨᠠᠭᠠᠴᠢᠯᠠᠵᠤ ᠂ ᠤᠷᠳᠤᠰ ᠬᠤᠳᠠ ᠶᠢᠨ ᠶᠠᠨ ᠠᠨ ᠤ ᠵᠤᠷᠢᠭ ᠰᠠᠨᠠᠭ᠎ᠠ ᠶᠢ ᠰᠤᠳᠤᠯᠬᠤ ᠭᠠᠵᠠᠷ ᠤᠨ ᠲᠠᠷᠤᠭ᠎ᠠ ᠲᠡᠭᠦᠰᠠᠠᠯᠳᠠᠷ᠂ ᠡᠵᠡᠨ ᠬᠤᠷᠤᠭ᠎ᠠ ᠬᠤᠰᠢᠭᠤᠨ ᠤ ᠨᠠᠰᠤᠳᠠᠶᠢᠴᠤᠳ  ᠤᠨ ᠤᠷᠠᠯᠢᠭ ᠤᠨ ᠪᠦᠯᠭᠦᠮ ᠤᠨ ᠲᠠᠷᠤᠭ᠎ᠠ ᠴᠠᠭᠠᠨᠪᠠᠨᠳᠢ ᠨᠠᠷ ᠲᠠᠢ ᠵᠦᠪᠳᠡᠯᠴᠡᠵᠤ᠂ ᠭᠤᠷᠪᠠᠨ ᠪᠦᠯᠭᠦᠮ ᠬᠠᠮᠳᠤᠷᠠᠨ ᠤᠳᠤᠭ ᠬᠤᠰᠢᠭᠤᠨ ᠤ ᠤᠯᠠᠭᠠᠨ ᠤᠪᠤᠭ᠎ᠠ  ᠶᠢᠨ ᠲᠠᠭᠢᠯᠭ᠎ᠠ ᠲᠡᠭᠡᠷ᠎ᠡ ᠬᠠᠮᠳᠤᠷᠠᠭᠰᠠᠨ ᠲᠤᠭᠯᠠᠯᠳᠠ ᠭᠠᠷᠭᠠᠬᠤ ᠶᠢᠨ ᠲᠠᠭᠠᠤ ᠲᠡᠭᠦᠨ ᠤ ᠲᠤᠭᠤᠷᠪᠢᠨ ᠪᠢᠴᠢᠭᠰᠡᠨ ᠰᠠᠨᠠᠭᠠᠴᠢᠯᠠᠭ᠎ᠠ ᠶᠢᠨ ᠪᠢᠴᠢᠭ ᠢ ᠨᠠᠶ᠋ᠨ ᠭᠠᠷᠤᠢ ᠨᠠᠰᠤᠳᠠᠶᠢᠴᠤᠳ ᠰᠠᠨᠠᠯ ᠨᠢᠭᠡᠳᠡᠢ ᠪᠠᠳᠤᠯᠠᠵᠤ᠂ ᠵᠢᠩᠭᠢᠨᠢ ᠪᠢᠴᠢᠭ ᠮᠠᠲ᠋ᠧᠷᠢᠶᠠᠯ ᠪᠤᠯᠭᠠᠨ ᠡᠯ᠎ᠡ ᠬᠤᠰᠢᠭᠤᠨ ᠳᠤ ᠲᠠᠷᠬᠠᠭᠠᠵᠤ᠂ ᠡᠯ᠎ᠡ ᠬᠤᠰᠢᠭᠤᠨ ᠤ ᠨᠠᠰᠤᠳᠠᠶᠢᠴᠤᠳ  ᠤᠨ ᠤᠷᠠᠯᠢᠭ ᠤᠨ ᠪᠦᠯᠭᠦᠮ ᠤᠨ ᠬᠠᠯᠠᠭᠤᠨ ᠭᠦᠷᠢᠶᠡᠯᠡᠯ ᠢ ᠤᠯᠤᠭᠰᠠᠨ ᠠᠴᠠ 2007 ᠤᠨ ᠤ 9 ᠰᠠᠷ᠎ᠠ ᠳᠤ ᠤᠷᠳᠤᠰ ᠬᠤᠳᠠ ᠶᠢᠨ ᠨᠠᠰᠤᠳᠠᠶᠢᠴᠤᠳ ᠤᠨ ᠠᠩᠬᠠᠳᠤᠭᠠᠷ ᠬᠤᠭᠤᠴᠠᠭᠠᠨ ᠤ ᠤᠷᠳᠤᠰ ᠠᠷᠠᠳ ᠤᠨ ᠢᠵᠠᠭᠤᠷ ᠲᠠᠭᠤᠤ ᠶᠢᠨ ᠤᠷᠤᠯᠳᠤᠭᠠᠨ ᠢ ᠡᠵᠡᠨ ᠬᠤᠷᠤᠭ᠎ᠠ ᠬᠤᠰᠢᠭᠤᠨ ᠳᠤ ᠠᠮᠵᠢᠯᠳᠠᠳᠠᠢ ᠡᠷᠭᠢᠯᠡᠭᠰᠡᠨ ᠪᠠᠶᠢᠨ᠎ᠠ᠃ ᠲᠡᠭᠦᠨ ᠠᠴᠠ ᠨᠠᠰᠢ᠂ ᠳ᠋ᠦᠡᠭᠱᠸᠡᠭ ᠲᠤᠭᠤᠷᠢᠭ᠂ ᠵᠡᠭᠦᠨᠭᠠᠷ ᠬᠤᠰᠢᠭᠤ᠂ ᠤᠳᠤᠭ ᠬᠤᠰᠢᠭᠤ᠂ ᠦᠤᠰᠢᠨ ᠬᠤᠰᠢᠭᠤ ᠵᠡᠷᠭᠡ ᠲᠠᠪᠤᠨ ᠬᠤᠰᠢᠭᠤ ᠲᠤᠭᠤᠷᠢᠭ ᠡᠭᠡᠯᠵᠢᠯᠡᠨ ᠡᠷᠭᠢᠯᠡᠵᠤ ᠦᠡᠭᠭᠡᠷᠡᠪᠡ᠃ ᠲᠡᠭᠦᠨᠴᠢᠯᠡᠨ ᠤᠷᠤᠯᠳᠤᠭᠠᠨ ᠳᠤ ᠤᠷᠳᠤᠰ ᠠᠷᠠᠳ ᠤᠨ ᠢᠵᠠᠭᠤᠷ ᠲᠠᠭᠤᠨ ᠤ ᠠᠶ᠎ᠠ ᠭᠦᠭ ᠢᠶᠠᠷ ᠤᠤᠯ ᠢᠵᠠᠭᠤᠷ ᠲᠠᠭᠤᠨ ᠤ ᠦᠨᠦᠷ ᠠᠮᠳᠠ ᠲᠠᠢ ᠪᠠᠶᠢᠬᠤ ᠶᠢ ᠱᠠᠭᠠᠷᠳᠠᠭᠰᠠᠨ ᠠᠴᠠ ᠤᠷᠳᠤᠰ ᠠᠷᠠᠳ ᠤᠨ ᠢᠵᠠᠭᠤᠷ ᠲᠠᠭᠤᠤ ᠶᠢ ᠲᠦᠭᠡᠮᠡᠯᠵᠢᠭᠦᠯᠦᠨ ᠲᠡᠯᠭᠡᠷᠡᠭᠦᠯᠭᠦ ᠳᠤ ᠮᠠᠰᠢ ᠰᠠᠶᠢᠨ ᠲᠦᠯᠭᠢᠴᠡ ᠭᠦᠴᠦᠨ ᠪᠤᠯᠵᠤ᠂ ᠤᠳᠠᠭ᠎ᠠ ᠪᠦᠷᠢ ᠶᠢᠨ ᠲᠤᠭᠯᠠᠯᠳᠠ ᠶᠢᠨ ᠭᠡᠪ ᠨᠠᠮᠪᠠ ᠠᠷᠭ᠎ᠠ ᠮᠠᠶ᠋ᠢᠭ ᠶᠠᠪᠤᠬᠤ ᠲᠤᠳᠤᠮ ᠰᠠᠶᠢᠵᠢᠷᠠᠵᠤ᠂ ᠤᠷᠠᠯᠢᠭ ᠤᠨ ᠭᠢᠷᠢ ᠭᠡᠮᠵᠢᠶ᠎ᠡ ᠴᠢᠨᠠᠷᠵᠢᠯ ᠨᠢ ᠵᠢᠯ ᠠᠴᠠ ᠵᠢᠯ ᠲᠡᠭᠡᠭᠰᠢᠯᠡᠭᠳᠡᠵᠤ᠂ ᠤᠷᠤᠯᠴᠠᠭᠰᠠᠳ ᠤᠨ ᠤᠷᠮᠠᠰᠢᠯ ᠨᠢ ᠪᠠᠳᠠᠷᠠᠵᠤ᠂ ᠤᠯᠠᠨ ᠲᠦᠮᠡᠨ ᠤ ᠲᠤᠷ᠎ᠠ ᠪᠠᠬ᠎ᠠ ᠶᠢ ᠲᠠᠳᠠᠵᠤ᠂ ᠤᠷᠳᠤᠰ ᠬᠤᠳᠠ ᠶᠢᠨ ᠰᠤᠶᠤᠯ ᠤᠷᠠᠯᠢᠭ ᠤᠨ ᠠᠮᠢᠳᠤᠷᠠᠯ ᠳᠠᠬᠢ ᠨᠢᠭᠡᠨ ᠭᠢᠯᠠᠰ ᠴᠡᠭ ᠪᠤᠯᠤᠭᠰᠠᠨ ᠪᠠᠶᠢᠨ᠎ᠠ᠃      ᠡᠭᠦᠨ ᠤ ᠲᠠᠭᠠᠤ ᠤᠷᠳᠤᠰ ᠠᠷᠠᠳ ᠤᠨ ᠢᠵᠠᠭᠤᠷ ᠲᠠᠭᠤᠤ ᠶᠢᠨ ᠴᠤᠪᠤᠷᠠᠯ 1 ~ 4 ᠪᠦᠰᠡ ᠶᠢ ᠦᠢᠯᠡᠳᠴᠤ᠂ ᠨᠠᠶᠠᠭᠠᠳ ᠢᠵᠠᠭᠤᠷ ᠲᠠᠭᠤᠤ ᠶᠢ ᠲᠠᠪᠬᠤᠷᠯᠠᠯ ᠦᠭᠡᠢ ᠰᠢᠩᠭᠡᠭᠡᠨ ᠰᠡᠭᠦᠳᠡᠷᠯᠡᠵᠤ᠂ ᠢᠯᠨ ᠪᠠᠷ ᠲᠠᠷᠬᠠᠭᠠᠵᠤ᠂ ᠠᠷᠠᠳ ᠤᠯᠠᠨ ᠤ ᠰᠤᠨᠢᠷᠬᠠᠯ ᠢ ᠲᠠᠳᠠᠵᠤ᠂ ᠡᠷᠳᠡᠮᠳᠡᠨ ᠮᠡᠷᠭᠡᠳ ᠤᠨ ᠨᠤᠳᠠᠯᠠᠯᠳᠠ ᠦᠨᠡᠯᠡᠯᠳᠡ ᠶᠢ ᠤᠯᠵᠤ ᠬᠤᠰᠢᠭᠤ᠂ ᠬᠤᠳᠠ᠂ ᠤᠷᠤᠨ ᠤ ᠷᠠᠳᠢᠤ᠋᠂ ᠲᠧᠯᠸᠢᠰ ᠬᠤᠷᠢᠶ᠎ᠠ ᠪᠠᠷ ᠲᠠᠭᠢᠨ ᠲᠠᠪᠳᠠᠨ ᠨᠡᠪᠳᠡᠷᠡᠭᠦᠯᠵᠤ᠂ ᠲᠤᠩ ᠰᠠᠶᠢᠨ ᠨᠡᠶᠢᠭᠡᠮ ᠤᠨ ᠦᠷ᠎ᠡ ᠠᠰᠢᠭ ᠭᠦᠷᠳᠡᠪᠡ᠃ ᠢᠯᠠᠩᠭᠤᠶ᠎ᠠ ᠤᠷᠳᠤᠰ ᠬᠤᠳᠠ ᠶᠢᠨ ᠲᠧᠯᠸᠢᠰ ᠬᠤᠷᠢᠶ᠎ᠠ ᠶᠢᠨ ︽ᠤᠷᠠᠨ ᠲᠠᠩᠨᠠᠢ︾ ᠲᠡᠯᠭᠡᠴᠡ ᠶᠢᠨ ᠵᠠᠭᠢᠶᠠᠯᠠᠨ ᠨᠡᠪᠳᠡᠷᠡᠭᠦᠯᠭᠡ ᠳᠡᠭᠡᠨ ᠭᠡᠳᠦᠨ ᠵᠢᠯ ᠦᠨᠳᠦᠰᠦᠨ ᠳᠡᠭᠡᠨ ᠲᠠᠰᠤᠷᠠᠯ ᠦᠭᠡᠢ ᠨᠡᠪᠳᠡᠷᠡᠭᠦᠯᠦᠭᠰᠡᠭᠡᠷ ᠢᠷᠡᠪᠡ᠃ 2010 ᠤᠨ ᠳᠤ ᠦᠪᠦᠷ ᠮᠤᠩᠭᠤᠯ ᠤᠨ ᠷᠠᠳᠢᠤ᠋ ᠬᠤᠷᠢᠶ᠎ᠠ ᠤᠷᠳᠤᠰ ᠲᠤ ᠤᠷᠳᠤ ᠶᠢᠨ ᠲᠠᠭᠤᠤ ᠪᠠᠶᠢᠬᠤ ᠡᠰᠡᠭᠦ ᠪᠠᠷ ᠰᠡᠳᠦᠪᠯᠡᠭᠰᠡᠨ ᠲᠤᠰᠬᠠᠢ ᠨᠡᠪᠳᠡᠷᠡᠭᠦᠯᠭᠡ ᠡᠷᠭᠢᠯᠡᠭᠦ ᠳᠤ ᠮᠤᠩᠭᠤᠯ ᠨᠠᠶᠢᠷ ᠤᠨ ᠦᠢᠯᠡᠳᠦᠭᠰᠡᠨ ᠤᠷᠳᠤ ᠶᠢᠨ ᠲᠠᠭᠤᠤ ᠶᠢ ᠰᠤᠩᠭᠤᠨ ᠨᠡᠪᠳᠡᠷᠡᠭᠦᠯᠵᠤ᠂ ᠤᠷᠳᠤᠰ ᠲᠤ ᠤᠷᠳᠤ ᠶᠢᠨ ᠲᠠᠭᠤᠤ ᠪᠠᠶᠢᠭ᠎ᠠ ᠶᠢ ᠨᠤᠳᠠᠯᠠᠵᠤ ᠭᠡᠷᠡᠴᠢᠯᠡᠭᠰᠡᠨ ᠪᠠᠶᠢᠨ᠎ᠠ᠃ᠡᠨ᠋ᠨ ᠭᠦ ᠴᠤᠪᠤᠷᠠᠯ ᠳᠤ ᠤᠷᠤᠭᠰᠠᠨ ᠲᠠᠭᠤᠨ ᠳᠤ ︽ᠭᠠᠨᠳᠠᠢ ᠮᠤᠳᠤ︾᠂ ︽ᠲᠤᠭᠠᠷᠵᠠᠪ︾᠂ ︽ᠭᠡᠦᠭᠡᠨ ᠭᠦᠷᠭᠡᠭᠦ ᠲᠠᠭᠤᠤ︾ ᠵᠡᠷᠭᠡ ᠭᠤᠷᠪᠠᠨ ᠲᠠᠭᠤᠤ᠂ ᠦᠪᠡᠷᠳᠡᠭᠡᠨ ᠵᠠᠰᠠᠬᠤ ᠤᠷᠤᠨ ᠤ ︽ᠮᠦᠡᠭᠭᠡ ᠠᠶᠠᠯᠭᠤ︾ ᠰᠤᠳᠤᠨ ᠲᠠᠭᠤᠨ ᠤ ᠡᠮᠭᠢᠳᠭᠡᠯ ᠤᠨ ᠭᠦᠮᠦᠷᠭᠡ ᠳᠤ ᠮᠦᠡᠭᠭᠡ ᠬᠠᠳᠠᠭᠠᠯᠠᠭᠳᠠᠭᠰᠠᠨ ᠪᠠᠶᠢᠨ᠎ᠠ᠃      ᠤᠳᠤ ᠲᠡᠷᠨ ᠵᠢᠯ ᠪᠦᠷᠢ ᠬᠤᠶᠠᠷ ᠴᠤᠪᠤᠷᠠᠯ ᠭᠤᠴᠢᠭᠠᠳ ᠲᠠᠭᠤᠤ ᠶᠢ ᠰᠢᠩᠭᠡᠭᠡᠨ ᠰᠡᠭᠦᠳᠡᠷᠯᠡᠨ ᠦᠢᠯᠡᠳᠴᠤ ᠪᠠᠶᠢᠭᠠᠳ 5 ~10 ᠵᠢᠯ ᠤᠨ ᠲᠤᠳᠤᠷ᠎ᠠ ᠪᠦᠭᠦᠶᠢᠯᠨ ᠤᠷᠳᠤᠰ ᠠᠷᠠᠳ ᠤᠨ ᠢᠵᠠᠭᠤᠷ ᠲᠠᠭᠤᠤ ᠶᠢ ᠲᠠᠭᠤ ᠲᠠᠢ ᠲᠦᠷᠰᠦ ᠲᠠᠢ᠂ ᠢᠵᠠᠭᠤᠷ ᠭᠡᠪ ᠨᠠᠮᠪᠠ ᠪᠠᠨ ᠬᠠᠳᠠᠭᠠᠯᠠᠭᠰᠠᠨ ᠪᠦᠷᠢᠨ ᠪᠦᠳᠦᠨ ᠲᠦᠷᠢ ᠲᠦᠷᠭᠦ ᠲᠠᠢ ᠮᠠᠲ᠋ᠧᠷᠢᠶᠠᠯ ᠪᠤᠯᠭᠠᠨ ᠦᠢᠯᠡᠳᠭᠦ ᠪᠠᠷ ᠴᠢᠷᠮᠠᠶᠢᠵᠤ ᠪᠠᠶᠢᠨ᠎ᠠ᠃      ᠡᠨ᠋ᠨ ᠪᠤᠯ ᠲᠠᠷᠤᠢ ᠮᠤᠩᠭᠤᠯ ᠦᠨᠳᠦᠰᠦᠳᠡᠨ ᠤ ᠢᠵᠠᠭᠤᠷ ᠲᠠᠭᠤᠤ ᠶᠢ ᠤᠯᠠᠮᠵᠢᠯᠠᠨ ᠪᠠᠳᠠᠷᠠᠭᠤᠯᠬᠤ ᠪᠠᠷ ᠭᠦᠴᠦᠯᠡᠨ ᠴᠢᠷᠮᠠᠶᠢᠵᠤ ᠶᠠᠪᠤᠭ᠎ᠠ ᠨᠢᠭᠡᠨ ᠠᠬᠠᠮᠠᠳ ᠺᠠᠳ᠋ᠷ᠂ ᠬᠤᠳᠠ ᠶᠢᠨ ᠲᠡᠰ ᠤᠨ ᠤᠷᠳᠤᠰ ᠨᠠᠶᠢᠷ ᠤᠨ ᠤᠯᠠᠮᠵᠢᠯᠠᠭᠴᠢ ᠪᠠᠯᠵᠤᠤᠷ ᠪᠤᠯᠤᠨ᠎ᠠ᠃                           ︽ᠤᠲᠤᠭ ᠬᠤᠰᠢᠭᠤᠨ ᠤ ᠮᠤᠩᠭᠤᠯ ᠦᠨᠳᠦᠰᠦᠲᠡᠨ ᠤ ᠪᠤᠳᠠᠰ ᠤᠨ ᠪᠤᠰᠤ ᠰᠤᠶᠤᠯ ᠤᠨ ᠥᠪ︾   ᠪᠠᠢ ᠭᠡᠷᠡᠯᠲᠦ ᠭᠤᠤᠯᠯᠠᠨ ᠨᠠᠶᠢᠷᠠᠭᠤᠯᠪᠠ    ᠤᠲᠤᠭ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ