ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 19 ᠤ ᠴᠠᠬᠢᠯᠭᠠᠨ ᠮᠡᠳᠡᠭᠡ ᠨᠠᠮ ᠤᠨ ᠲᠥᠪ | ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 10 ᠰᠠᠷ᠎ᠠ ᠶᠢᠨ 18 ᠤ ᠦᠳᠡ ᠶᠢᠨ ᠬᠤᠶᠢᠨ᠎ᠠ ᠮᠠᠨ ᠤ ᠤᠯᠤᠰ ᠤᠨ | ᠲᠣᠭᠠᠴᠢᠯᠠᠭᠰᠠᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠢ ᠭᠤᠴᠢᠨ ᠳᠥᠷᠪᠡᠳᠦᠭᠡᠷ | ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ | ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ᠂ ᠣᠶᠢᠷ᠎ᠠ ᠶᠢᠨ ᠵᠢᠯ ᠠᠴᠠ᠂ ᠢᠨᠲ᠋ᠧᠷ ᠰᠦᠯᠵᠢᠶ᠎ᠡ᠂ ᠲᠤᠮᠤ ᠳ᠋ᠠᠶᠢᠲ᠋ᠠ᠂ | ᠡᠭᠦᠯᠡᠨ ᠪᠣᠳᠣᠯᠲᠠ᠂ ᠵᠣᠬᠢᠶᠠᠮᠠᠯ ᠤᠶᠤᠨ᠂ ᠴᠥᠷᠬᠦᠯᠡᠭᠡ ᠳ᠋ᠠᠶᠢᠲ᠋ᠠ ᠵᠡᠷᠭᠡ ᠮᠡᠷᠭᠡᠵᠢᠯ ᠤᠨ ᠰᠢᠨ᠎ᠡ ᠶᠢ ᠡᠭᠦᠳᠬᠦ | ᠠᠬᠢᠴᠠ ᠲᠦᠷᠭᠡᠳᠴᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ ᠪᠦᠬᠦ ᠶᠠᠪᠤᠴᠠ ᠳᠤ ᠡᠳᠦᠷ | ᠢᠷᠡᠬᠦᠶ᠎ᠡ ᠠᠭᠤᠰᠤᠯᠴᠠᠵᠤ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠬᠤᠷᠳᠤᠴᠠ ᠶᠢᠨ ᠲᠦᠷᠭᠡᠨ᠂ | ᠳᠠᠶᠢᠴᠢᠯᠠᠬᠤ ᠬᠡᠪᠴᠢᠶ᠎ᠡ ᠶᠢᠨ ᠥᠷᠭᠡᠨ᠂ ᠨᠥᠯᠥᠭᠡᠯᠡᠬᠦ ᠬᠡᠮᠵᠢᠶ᠎ᠡ ᠶᠢᠨ ᠬᠦᠨ ᠪᠠᠶᠢᠬᠤ ᠪᠠᠷ ᠢᠶᠠᠨ ᠤᠷᠢᠳ ᠡᠮᠦᠨ᠎ᠡ | ᠪᠠᠶᠢᠭ᠎ᠠ ᠦᠭᠡᠢ ᠪᠠᠶᠢᠵᠤ᠂ ᠪᠦᠬᠦ ᠪᠥᠮᠪᠥᠷᠴᠡᠭ ᠤᠨ ᠴᠢᠬᠤᠯᠠ ᠡᠯᠧᠮᠧᠨ᠋ᠲ ᠤᠨ ᠡᠬᠢ ᠪᠠᠶᠠᠯᠢᠭ ᠢ ᠲᠠᠬᠢᠨ ᠪᠠᠶᠢᠭᠤᠯᠬᠤ᠂ | ᠪᠦᠬᠦ ᠪᠥᠮᠪᠥᠷᠴᠡᠭ ᠤᠨ ᠠᠵᠤ ᠠᠬᠤᠢ ᠶᠢᠨ ᠪᠦᠲᠦᠴᠡ ᠶᠢ ᠲᠠᠬᠢᠨ ᠴᠣᠭᠴᠠᠯᠠᠬᠤ᠂ ᠪᠦᠬᠦ ᠪᠥᠮᠪᠥᠷᠴᠡᠭ ᠤᠨ | ᠥᠷᠢᠰᠥᠯᠳᠦᠭᠡᠨ ᠤ ᠪᠠᠶᠢᠷᠢᠰᠢᠯ ᠢ ᠬᠤᠪᠢᠷᠠᠭᠤᠯᠬᠤ ᠵᠠᠩᠭᠢᠯᠠᠭ᠎ᠠ ᠶᠢᠨ ᠬᠦᠴᠦᠨ ᠪᠤᠯᠵᠤ ᠪᠠᠶᠢᠨ᠎ᠠ᠃ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠦᠬᠦ ᠲᠠᠯ᠎ᠠ ᠪᠠ | ᠳᠡᠯᠡᠬᠡᠢ ᠶᠢᠨ ᠵᠠᠭᠤᠨ ᠵᠢᠯ ᠳᠤ ᠳᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠬᠦ | ᠥᠨᠳᠥᠷᠴᠡ ᠠᠴᠠ᠂ ᠤᠯᠤᠰ ᠤᠨ ᠳᠣᠲᠣᠭᠠᠳᠤ ᠭᠠᠳᠠᠭᠠᠳᠦ ᠶᠢᠨ ᠬᠤᠶᠠᠷ ᠶᠡᠭᠡ ᠲᠠᠯ᠎ᠠ᠂ ᠬᠥᠭᠵᠢᠯᠲᠡ ᠪᠠ ᠠᠮᠤᠷ | ᠲᠦᠪᠰᠢᠨ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠥᠯᠥᠪᠵᠢᠭᠦᠯᠵᠦ᠂ ᠶᠡᠭᠡ ᠬᠡᠮᠵᠢᠶᠡᠨ ᠤ ᠲᠤᠭ᠎ᠠ ᠪᠠᠷᠢᠮᠲᠠ ᠪᠠ | ᠡᠯᠪᠡᠭ ᠬᠡᠷᠡᠭᠯᠡᠭᠡᠨ ᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠣᠭᠠᠴᠢᠯᠠᠭᠰᠠᠨ ᠮᠡᠷᠭᠡᠵᠢᠯ ᠪᠣᠯᠤᠨ ᠪᠣᠳᠠᠲᠤ | ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠳᠤ ᠬᠦᠴᠦᠨ ᠨᠡᠮᠡᠷᠢᠯᠡᠵᠥ᠂ ᠰᠢᠨ᠎ᠡ ᠠᠵᠤ ᠦᠢᠯᠡᠰ ᠰᠢᠨ᠎ᠡ | ᠡᠵᠡᠩᠨᠡᠯᠲᠡ ᠶᠢᠨ ᠬᠡᠯᠪᠡᠷᠢ ᠰᠢᠨ᠎ᠡ ᠬᠡᠪ ᠵᠠᠭᠪᠤᠷ ᠢ ᠪᠤᠢ ᠪᠣᠯᠭᠠᠵᠤ᠂ ᠮᠠᠨ ᠤ ᠤᠯᠤᠰ ᠤᠨ ᠲᠣᠭᠠᠴᠢᠯᠠᠭᠰᠠᠨ ᠠᠵᠤ | ᠠᠬᠤᠢ ᠶᠢ ᠲᠠᠰᠤᠷᠠᠯᠳᠠ ᠦᠭᠡᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠣᠵᠠᠭᠠᠶᠢᠷᠠᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠨᠠᠨᠵᠢᠩ ᠶᠡᠭᠡ | ᠰᠤᠷᠭᠠᠭᠤᠯᠢ ᠶᠢᠨ ᠵᠠᠬᠢᠷᠤᠯ ᠯᠢᠦᠶ ᠵᠢᠶᠠᠨ ᠫᠷᠤᠹᠧᠰᠰᠤᠷ ᠡᠨᠡ ᠠᠰᠠᠭᠤᠳᠠᠯ ᠤᠨ ᠲᠤᠬᠠᠶ ᠲᠠᠶᠢᠯᠤᠮᠵᠢ ᠬᠢᠵᠦ᠂ | ᠠᠵᠢᠯ ᠤᠨ ᠰᠠᠨᠠᠭᠤᠯᠭ᠎ᠠ ᠳᠤᠷᠠᠳᠪᠠ᠃ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠥᠬᠦᠳ | ᠲᠡᠭᠦᠨ ᠤ ᠲᠠᠶᠢᠯᠪᠤᠷᠢᠯᠠᠯᠲᠠ ᠶᠢ ᠬᠢᠨᠠᠮᠠᠭᠠᠢ ᠰᠣᠨᠣᠰᠣᠭᠰᠠᠨ ᠪᠥᠭᠡᠳ ᠶᠠᠷᠢᠯᠴᠠᠪᠠ᠃ | ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ ᠶᠠᠷᠢᠶ᠎ᠠ ᠲᠠᠯᠪᠢᠪᠠ᠃ ᠲᠡᠷᠡ᠂ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠲᠣᠭᠠᠴᠢᠯᠠᠭᠰᠠᠨ ᠠᠵᠤ ᠠᠬᠤᠶ ᠶᠢ | ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠦᠯᠵᠢᠶᠡᠨ ᠤ ᠬᠦᠴᠦᠷᠬᠡᠭ ᠤᠯᠤᠰ ᠤᠨ ᠪᠠᠶᠢᠯᠳᠤᠬᠤ | ᠪᠣᠳᠣᠯᠭ᠎ᠠ ᠪᠠ ᠤᠯᠤᠰ ᠤᠨ ᠲᠣᠮᠣ ᠳ᠋ᠠᠶᠢᠲ᠋ᠠ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠰᠦᠯᠵᠢᠶᠡᠨ ᠤ | ᠠᠵᠤ ᠠᠬᠤᠶ ᠶᠢᠨ ᠣᠷᠣᠨ ᠵᠠᠶ ᠶᠢ ᠥᠷᠭᠡᠳᠭᠡᠵᠦ᠂ ᠢᠨᠲ᠋ᠧᠷ ᠰᠦᠯᠵᠢᠶᠡᠨ ᠳᠤ ᠰᠠᠭᠤᠷᠢᠯᠠᠭᠰᠠᠨ ᠡᠯ᠎ᠡ ᠲᠥᠷᠥᠯ ᠤᠨ | ᠰᠢᠨ᠎ᠡ ᠶᠢ ᠡᠭᠦᠳᠬᠦ ᠶᠢ ᠳᠡᠮᠵᠢᠵᠦ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠪᠠ ᠪᠣᠳᠠᠲᠤ | ᠴᠣᠭᠴᠠ ᠶᠢᠨ ᠠᠵᠤ ᠠᠬᠤᠶ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠲᠣᠭᠠᠴᠢᠯᠠᠭᠰᠠᠨ ᠳᠤᠮᠳᠠᠳᠤ ᠤᠯᠤᠰ᠂ | ᠤᠶᠤᠨᠲᠤ ᠨᠡᠶᠢᠭᠡᠮ ᠢ ᠪᠥᠲᠥᠭᠡᠨ ᠪᠠᠶᠢᠭᠤᠯᠵᠤ᠂ ᠲᠣᠭᠠᠴᠢᠯᠠᠯᠲᠠ ᠶᠢᠨ ᠠᠵᠤ ᠦᠢᠯᠡᠰᠵᠢᠯᠲᠡ ᠪᠠ ᠠᠵᠤ ᠦᠢᠯᠡᠰ ᠤᠨ | ᠲᠣᠭᠠᠴᠢᠯᠠᠯᠲᠠ ᠶᠢ ᠠᠬᠢᠭᠤᠯᠵᠤ᠂ ᠣᠯᠠᠨ ᠤᠯᠤᠰ ᠤᠨ ᠥᠷᠢᠰᠥᠯᠳᠦᠬᠦ ᠬᠦᠴᠦᠨ ᠲᠠᠢ ᠲᠣᠭᠠᠴᠢᠯᠠᠭᠰᠠᠨ ᠠᠵᠤ | ᠦᠢᠯᠡᠰ ᠤᠨ ᠪᠥᠯᠥᠭᠵᠢᠯ ᠢ ᠴᠣᠭᠴᠠᠯᠠᠵᠤ᠂ ᠮᠠᠨ ᠤ ᠤᠯᠤᠰ ᠤᠨ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ | ᠨᠡᠯᠢᠶᠡᠳ ᠲᠦᠷᠭᠡᠨ ᠪᠠᠶᠢᠵᠤ᠂ ᠢᠯᠡᠳᠲᠡ ᠠᠮᠵᠢᠯᠲᠠ ᠪᠦᠲᠦᠮᠵᠢ ᠤᠯᠪᠠ᠃ ᠢᠯᠠᠩᠭᠤᠶ᠎ᠠ ᠰᠢᠨ᠎ᠡ ᠲᠢᠲᠢᠮᠯᠢᠭ | ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠬᠰᠠᠨ ᠠᠴᠠ ᠨᠠᠭᠠᠰᠢ᠂ ᠲᠣᠭᠠᠴᠢᠯᠠᠭᠰᠠᠨ ᠮᠡᠷᠭᠡᠵᠢᠯ᠂ | ᠲᠣᠭᠠᠴᠢᠯᠠᠭᠰᠠᠨ ᠠᠵᠤ ᠠᠬᠤᠶ ᠨᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠲᠠᠢ ᠲᠡᠮᠡᠴᠡᠬᠦ᠂ | ᠦᠢᠯᠡᠳᠪᠦᠷᠢᠯᠡᠯ ᠠᠮᠢᠳᠤᠷᠠᠯ ᠢ ᠰᠡᠷᠭᠦᠭᠡᠬᠦ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠡᠢ ᠭᠡᠵᠦ ᠵᠢᠭᠠᠵᠤ ᠭᠠᠷᠭᠠᠪᠠ᠃ | | ᠰᠢ ᠶᠢᠨ ᠫᠢᠩ᠂ ᠲᠣᠭᠠᠴᠢᠯᠠᠭᠰᠠᠨ ᠠᠵᠤ ᠠᠬᠤᠢ ᠶᠢ ᠬᠥᠭᠵᠢᠭᠦᠯᠬᠦ ᠪᠣᠯ ᠰᠢᠨ᠎ᠡ ᠨᠢᠭᠡ ᠡᠭᠡᠯᠵᠢ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ ᠬᠤᠪᠢᠰᠤᠯᠲᠠ ᠶᠢᠨ ᠰᠢᠨ᠎ᠡ | ᠠᠵᠠ ᠲᠣᠬᠢᠶᠠᠯ ᠢ ᠡᠵᠡᠮᠳᠡᠬᠦ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠮᠥᠨ᠃ ᠨᠢᠭᠡ ᠳᠤ᠂ ᠲᠣᠭᠠᠴᠢᠯᠠᠭᠰᠠᠨ | ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠨᠢ ᠰᠢᠨ᠎ᠡ ᠬᠥᠭᠵᠢᠯᠲᠡ ᠶᠢᠨ ᠪᠠᠶᠢᠷᠢᠰᠢᠯ ᠢ ᠠᠬᠢᠭᠤᠯᠤᠨ ᠪᠠᠶᠢᠭᠤᠯᠬᠤ ᠳᠤ | ᠠᠰᠢᠭᠲᠠᠢ ᠶᠤᠮ᠂ ᠲᠣᠭᠠᠴᠢᠯᠠᠭᠰᠠᠨ ᠮᠡᠷᠭᠡᠵᠢᠯ᠂ ᠲᠣᠭᠠᠴᠢᠯᠠᠭᠰᠠᠨ ᠠᠵᠤ ᠠᠬᠤᠶ ᠨᠢ ᠡᠯ᠎ᠡ ᠲᠥᠷᠥᠯ ᠤᠨ ᠡᠬᠢ | ᠪᠠᠶᠠᠯᠢᠭ ᠤᠨ ᠡᠯᠧᠮᠧᠨ᠋ᠲ ᠤᠨ ᠲᠦᠷᠭᠡᠨ ᠭᠦᠢᠯᠭᠡᠭᠡᠭᠳᠡᠬᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠲᠦᠷᠭᠡᠨ ᠠᠭᠤᠰᠤᠯᠴᠠᠬᠤ ᠶᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠠᠪᠰᠤᠷᠤᠨ | ᠵᠣᠬᠢᠶᠠᠨ ᠪᠠᠶᠢᠭᠤᠯᠤᠯᠲᠠ ᠶᠢᠨ ᠵᠠᠭᠪᠤᠷ ᠢ ᠳᠠᠬᠢᠨ ᠪᠦᠷᠢᠯᠳᠦᠭᠦᠯᠵᠦ᠂ ᠬᠢᠯᠢ ᠠᠯᠤᠰᠯᠠᠨ ᠬᠥᠭᠵᠢᠬᠦ ᠶᠢ ᠪᠡᠶᠡᠯᠡᠭᠦᠯᠵᠦ᠂ | ᠴᠠᠭ ᠬᠤᠭᠤᠴᠠᠭ᠎ᠠ ᠪᠠ ᠣᠷᠣᠨ ᠵᠠᠶ ᠶᠢᠨ ᠬᠢᠵᠠᠭᠠᠷᠯᠠᠯ ᠢ ᠡᠪᠳᠡᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ | ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶ ᠶᠢᠨ ᠡᠷᠭᠢᠯᠲᠡ ᠶᠢ ᠰᠢᠯᠤᠭᠤᠳᠬᠠᠵᠤ ᠪᠣᠯᠣᠨ᠎ᠠ᠃ | ᠬᠤᠶᠠᠷ ᠲᠤ᠂ ᠲᠣᠭᠠᠴᠢᠯᠠᠭᠰᠠᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠨᠢ ᠣᠳᠣᠬᠢᠴᠢᠯᠠᠭᠰᠠᠨ ᠠᠵᠤ | ᠠᠬᠤᠢ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠬᠤ ᠳᠤ ᠠᠰᠢᠭᠲᠠᠢ ᠶᠤᠮ᠂ ᠲᠣᠭᠠᠴᠢᠯᠠᠭᠰᠠᠨ ᠠᠵᠤ ᠠᠬᠤᠢ ᠨᠢ | ᠳᠡᠭᠡᠳᠦ ᠭᠡᠮᠵᠢᠶᠡᠨ ᠤ ᠰᠢᠨ᠎ᠡ ᠡᠭᠦᠳᠦᠯᠲᠡ ᠶᠢᠨ ᠴᠢᠨᠠᠷ᠂ ᠴᠢᠩᠭ᠎ᠠ ᠨᠡᠪᠴᠢᠯᠲᠡ ᠶᠢᠨ ᠴᠢᠨᠠᠷ᠂ ᠥᠷᠭᠡᠨ | ᠪᠦᠷᠬᠦᠴᠡ ᠶᠢᠨ ᠴᠢᠨᠠᠷ ᠲᠠᠢ ᠪᠠᠶᠢᠵᠤ᠂ ᠰᠢᠨ᠎ᠡ ᠠᠵᠤ ᠠᠬᠤᠢ ᠶᠢᠨ ᠨᠡᠮᠡᠭᠳᠡᠯ ᠤᠨ ᠴᠡᠭ ᠪᠣᠯᠬᠤ ᠪᠦᠭᠡᠳ | ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ ᠲᠤᠯᠭᠠᠭᠤᠷᠢᠯᠠᠯ ᠴᠡᠭ ᠪᠠᠶᠢᠵᠤ᠂ ᠣᠳᠣᠬᠢᠴᠢᠯᠠᠭᠰᠠᠨ | ᠠᠵᠤ ᠠᠬᠤᠢ ᠶᠢᠨ ᠰᠢᠰᠲ᠋ᠧᠮ ᠢ ᠪᠠᠶᠢᠭᠤᠯᠬᠤ ᠴᠢᠬᠤᠯᠠ ᠬᠥᠳᠡᠯᠭᠡᠭᠦᠷ ᠪᠤᠯᠵᠤ ᠪᠣᠯᠣᠨ᠎ᠠ᠃ ᠭᠤᠷᠪᠠ ᠳᠤ᠂ | ᠲᠣᠭᠠᠴᠢᠯᠠᠭᠰᠠᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠨᠢ ᠤᠯᠤᠰ ᠤᠨ ᠥᠷᠢᠰᠦᠯᠳᠦᠭᠡᠨ ᠤ ᠰᠢᠨ᠎ᠡ | ᠳᠠᠪᠠᠭᠤᠯᠢᠭ ᠢ ᠪᠠᠶᠢᠭᠤᠯᠬᠤ ᠳᠤ ᠠᠰᠢᠭᠲᠠᠢ ᠶᠤᠮ᠂ ᠣᠳᠣᠬᠠᠨ ᠤ ᠴᠠᠭ ᠦᠶ᠎ᠡ ᠳᠤ᠂ ᠲᠣᠭᠠᠴᠢᠯᠠᠭᠰᠠᠨ ᠮᠡᠷᠭᠡᠵᠢᠯ᠂ | ᠲᠣᠭᠠᠴᠢᠯᠠᠭᠰᠠᠨ ᠠᠵᠤ ᠠᠬᠤᠢ ᠪᠣᠯ ᠳᠡᠯᠡᠬᠡᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠤᠨ | ᠠᠵᠤ ᠦᠢᠯᠡᠰ ᠤᠨ ᠬᠤᠪᠢᠰᠤᠯᠲᠠ ᠶᠢᠨ ᠲᠡᠷᠢᠭᠦᠨ ᠠᠵᠠ ᠲᠣᠬᠢᠶᠠᠯ᠂ ᠰᠢᠨ᠎ᠡ ᠨᠢᠭᠡ ᠡᠭᠡᠯᠵᠢ ᠶᠢᠨ ᠤᠯᠠᠨ | ᠤᠯᠤᠰ ᠤᠨ ᠥᠷᠢᠰᠥᠯᠳᠦᠭᠡᠨ ᠤ ᠭᠤᠣᠯᠳᠠᠯᠭ᠎ᠠ ᠲᠠᠢ ᠬᠦᠷᠢᠶ᠎ᠡ ᠪᠣᠯᠣᠨ᠎ᠠ᠂ ᠪᠢᠳᠡ ᠠᠵᠠ ᠲᠣᠬᠢᠶᠠᠯ ᠢ ᠠᠮᠵᠢᠵᠤ᠂ | ᠢᠷᠡᠭᠡᠳᠦᠢ ᠶᠢᠨ ᠬᠥᠭᠵᠢᠯᠲᠡ ᠶᠢᠨ ᠠᠰᠢᠭᠲᠠᠢ ᠪᠠᠶᠢᠷᠢ ᠶᠢ ᠡᠵᠡᠯᠡᠬᠦ ᠬᠡᠷᠡᠭᠲᠡᠢ ᠭᠡᠵᠤ ᠴᠢᠬᠤᠯᠠᠴᠢᠯᠠᠪᠠ᠃ | ᠰᠢ ᠶᠢᠨ ᠫᠢᠩ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠴᠢᠩᠭᠠᠳᠬᠠᠵᠤ | ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠡᠨᠡ ᠬᠦ ᠵᠠᠩᠭᠢᠯᠠᠭ᠎ᠠ ᠶᠢ ᠠᠳᠬᠤᠵᠤ᠂ ᠮᠠᠨ ᠤ ᠤᠯᠤᠰ ᠤᠨ ᠨᠡᠶᠢᠭᠡᠮ | ᠵᠢᠷᠤᠮ ᠤᠨ ᠪᠠᠶᠢᠭᠤᠯᠤᠯ ᠤᠨ ᠳᠠᠪᠠᠭᠤᠯᠢᠭ᠂ ᠰᠢᠨ᠎ᠡ ᠮᠠᠶ᠋ᠢᠭ ᠤᠨ ᠤᠯᠤᠰ ᠳᠠᠶᠠᠭᠠᠷᠴᠢᠯᠠᠬᠰᠠᠨ ᠪᠠᠶᠢᠭᠤᠯᠤᠯ ᠤᠨ | ᠳᠠᠪᠠᠭᠤᠯᠢᠭ᠂ ᠬᠡᠳᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠪᠠᠭᠤᠯᠢᠭ ᠢ ᠪᠠᠳᠠᠷᠠᠭᠤᠯᠵᠤ᠂ ᠲᠣᠭᠠᠴᠢᠯᠠᠭᠰᠠᠨ | ᠮᠡᠷᠭᠡᠵᠢᠯ ᠤᠨ ᠰᠠᠭᠤᠷᠢ ᠰᠤᠳᠤᠯᠤᠨ ᠨᠡᠭᠡᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠵᠠᠩᠭᠢᠯᠠᠭ᠎ᠠ ᠶᠢᠨ ᠭᠤᠣᠯᠯᠠᠬᠤ | ᠮᠡᠷᠭᠡᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠥᠨᠳᠥᠷ ᠲᠦᠪᠰᠢᠨ ᠪᠦᠬᠦᠢ ᠪᠡᠶ᠎ᠡ ᠪᠠᠨ | ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠲᠦᠷᠭᠡᠨ ᠪᠡᠶᠡᠯᠡᠭᠦᠯᠵᠦ᠂ ᠲᠣᠭᠠᠴᠢᠯᠠᠭᠰᠠᠨ ᠠᠵᠤ ᠠᠬᠤᠢ ᠶᠢᠨ | ᠬᠥᠭᠵᠢᠯᠲᠡ ᠶᠢᠨ ᠡᠵᠡᠨ ᠮᠡᠳᠡᠬᠦ ᠡᠷᠬᠡ ᠶᠢ ᠥᠪᠡᠷ ᠤᠨ ᠭᠠᠷ ᠲᠠᠭᠠᠨ ᠪᠠᠲᠤ ᠡᠵᠡᠮᠳᠡᠬᠦ ᠬᠡᠷᠡᠭᠲᠡᠢ ᠭᠡᠵᠤ ᠵᠢᠭᠠᠵᠤ | ᠭᠠᠷᠭᠠᠪᠠ᠃ | ᠰᠢ ᠶᠢᠨ ᠫᠢᠩ᠂ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠳᠦᠬᠡᠨ ᠪᠠᠶᠢᠭᠤᠯᠤᠯᠲᠠ ᠶᠢ | ᠲᠦᠷᠭᠡᠳᠭᠡᠵᠦ᠂ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠴᠢᠩᠭᠠᠳᠬᠠᠵᠤ᠂ ᠥᠨᠳᠥᠷ ᠬᠤᠷᠳᠤᠴᠠᠲᠤ | ᠦᠷᠭᠡᠨ ᠳᠡᠯᠭᠡᠷ᠂ ᠲᠩᠷᠢ ᠭᠠᠵᠠᠷ ᠢ ᠨᠢᠭᠡ ᠴᠤᠬᠴᠠᠵᠢᠭᠤᠯᠤᠭᠰᠠᠨ᠂ ᠡᠭᠦᠯᠡ ᠰᠦᠯᠵᠢᠶ᠎ᠡ ᠶᠢ ᠠᠭᠤᠰᠤᠯᠴᠠᠭᠤᠯᠤᠭᠰᠠᠨ | ᠂ ᠣᠶᠤᠨᠴᠢ ᠲᠦᠷᠭᠡᠨ᠂ ᠪᠣᠬᠢᠷᠲᠤᠯ ᠦᠬᠡᠢ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ᠂ ᠠᠮᠤᠷ ᠲᠦᠪᠰᠢᠨ ᠢ | ᠡᠵᠡᠮᠳᠡᠵᠦ ᠳᠡᠶᠢᠯᠬᠦ ᠤᠶᠤᠨᠴᠢᠯᠠᠬᠰᠠᠨ ᠶᠡᠷᠦᠩᠬᠡᠶᠢᠯᠡᠭᠰᠡᠨ ᠴᠢᠨᠠᠷᠲᠠᠢ ᠲᠣᠭᠠᠴᠢᠯᠠᠭᠰᠠᠨ ᠮᠡᠳᠡᠭᠡ ᠵᠠᠩᠭᠢ ᠶᠢᠨ ᠰᠠᠭᠤᠷᠢ | ᠲᠥᠬᠦᠭᠡᠷᠦᠮᠵᠢ ᠶᠢ ᠲᠦᠷᠭᠡᠳᠭᠡᠨ ᠪᠦᠳᠦᠬᠡᠨ ᠪᠠᠶᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠮᠡᠳᠡᠭᠡ | ᠵᠠᠩᠭᠢ ᠶᠢᠨ ︽ᠭᠤᠣᠯ ᠰᠤᠳᠠᠰᠤ︾ ᠶᠢ ᠨᠡᠪᠲᠡᠷᠡᠭᠦᠯᠬᠦ ᠬᠡᠷᠡᠭᠲᠡᠢ᠃ ᠠᠵᠤ ᠦᠢᠯᠡᠰᠵᠢᠭᠰᠡᠨ᠂ ᠬᠡᠪᠴᠢᠶᠡᠵᠢᠭᠰᠡᠨ | ᠬᠡᠷᠡᠭᠯᠡᠭᠡ ᠶᠢ ᠪᠦᠬᠦ ᠲᠠᠯ᠎ᠠ ᠪᠠᠷ ᠠᠬᠢᠭᠤᠯᠵᠤ᠂ ᠵᠠᠩᠭᠢᠯᠠᠭ᠎ᠠ ᠶᠢᠨ ᠵᠥᠭᠡᠯᠡᠨ ᠲᠤᠨᠤᠭ ᠤᠨ ᠪᠤᠭᠤᠮᠳᠠ ᠶᠢ | ᠭᠤᠣᠯᠳᠠᠯᠭ᠎ᠠ ᠲᠠᠢ ᠰᠢᠪᠳᠤᠯᠤᠨ᠂ ᠵᠦᠭᠡᠯᠡᠨ ᠲᠤᠨᠤᠬ ᠤᠨ ᠠᠵᠤ ᠦᠢᠯᠡᠰ ᠢ ᠪᠣᠵᠠᠭᠠᠶᠢᠷᠠᠭᠤᠯᠤᠨ | ᠬᠦᠴᠦᠷᠬᠡᠭᠵᠢᠭᠦᠯᠬᠦ ᠶᠢ ᠠᠬᠢᠭᠤᠯᠵᠤ᠂ ᠵᠠᠩᠭᠢᠯᠠᠭ᠎ᠠ ᠶᠢᠨ ᠵᠥᠭᠡᠯᠡᠨ ᠲᠤᠨᠤᠭ ᠤᠨ ᠮᠡᠷᠭᠡᠵᠢᠯ ᠤᠨ ᠰᠢᠨ᠎ᠡ ᠶᠢ ᠡᠭᠦᠳᠬᠦ | ᠪᠠ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠲᠣᠭᠠᠴᠢᠯᠠᠭᠰᠠᠨ ᠠᠵᠤ ᠠᠬᠤᠢ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ | ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠣᠭᠠᠴᠢᠯᠠᠭᠰᠠᠨ᠂ ᠰᠦᠯᠵᠢᠶᠡᠵᠢᠭᠰᠡᠨ᠂ ᠤᠶᠤᠨᠴᠢᠯᠠᠬᠰᠠᠨ ᠴᠢᠭᠯᠡᠯ ᠢ | ᠡᠵᠡᠮᠳᠡᠵᠦ᠂ ᠦᠢᠯᠡᠳᠬᠦ ᠦᠢᠯᠡᠰ᠂ ᠦᠢᠯᠡᠴᠢᠯᠡᠭᠡᠨ ᠤ ᠦᠢᠯᠡᠰ᠂ ᠬᠥᠳᠡᠭᠡ ᠠᠵᠤ ᠠᠬᠤᠢ ᠵᠡᠷᠭᠡ ᠠᠵᠤ ᠦᠢᠯᠡᠰ ᠤᠨ | ᠲᠣᠭᠠᠴᠢᠯᠠᠯᠲᠠ ᠶᠢ ᠠᠬᠢᠭᠤᠯᠵᠤ᠂ ᠢᠨᠲ᠋ᠧᠷ ᠰᠦᠯᠵᠢᠶᠡᠨ ᠤ ᠰᠢᠨ᠎ᠡ ᠮᠡᠷᠭᠡᠵᠢᠯ ᠢ ᠠᠰᠢᠭᠯᠠᠨ ᠤᠯᠠᠮᠵᠢᠯᠠᠯᠲᠤ ᠠᠵᠤ | ᠦᠢᠯᠡᠰ ᠲᠤ ᠪᠦᠬᠦ ᠲᠠᠯ᠎ᠠ ᠶᠢᠨ᠂ ᠪᠦᠬᠦ ᠬᠡᠯᠬᠢᠶᠡᠨ ᠤ ᠥᠭᠡᠷᠡᠴᠢᠯᠡᠯᠲᠡ ᠬᠢᠵᠦ᠂ ᠪᠦᠬᠦ ᠡᠯᠧᠮᠧᠨ᠋ᠲ ᠤᠨ | ᠦᠢᠯᠡᠳᠪᠦᠷᠢᠯᠡᠯ ᠤᠨ ᠨᠤᠷᠮ᠎ᠠ ᠶᠢ ᠳᠡᠭᠡᠭᠰᠢᠯᠡᠭᠦᠯᠵᠦ᠂ ᠲᠣᠭᠠᠴᠢᠯᠠᠭᠰᠠᠨ ᠮᠡᠷᠭᠡᠵᠢᠯ ᠤᠨ ᠠᠵᠤ ᠠᠬᠤᠢ ᠶᠢᠨ | ᠬᠥᠭᠵᠢᠯᠲᠡ ᠳᠤ ᠦᠵᠡᠭᠦᠯᠬᠦ ᠲᠣᠮᠣᠷᠠᠭᠤᠯᠬᠤ᠂ ᠳᠠᠪᠬᠤᠴᠠᠭᠤᠯᠬᠤ᠂ ᠳᠠᠬᠢᠨ ᠢᠶᠠᠷ ᠨᠡᠮᠡᠭᠳᠡᠭᠦᠯᠬᠦ ᠦᠢᠯᠡᠳᠦᠯ ᠢ | ᠪᠠᠳᠠᠷᠠᠭᠤᠯᠬᠤ ᠬᠡᠷᠡᠭᠲᠡᠢ᠃ ᠢᠨᠲ᠋ᠧᠷ ᠰᠦᠯᠵᠢᠶ᠎ᠡ᠂ ᠲᠤᠮᠤ ᠳ᠋ᠠᠶᠢᠲ᠋ᠠ᠂ ᠵᠣᠬᠢᠶᠠᠮᠠᠯ ᠤᠶᠤᠨ ᠴᠢᠳᠠᠪᠤᠷᠢ ᠪᠣᠯᠤᠨ ᠠᠵᠤ | ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠨᠢᠭᠡ ᠪᠦᠯᠦᠭ ︽ᠲᠤᠰᠬᠠᠢ ᠨᠠᠷᠢᠯᠢᠭ ᠣᠨᠴᠠᠭᠠᠢ ᠰᠢᠨ᠎ᠡ︾ | ᠠᠵᠤ ᠠᠬᠤᠶᠢᠯᠠᠯ ᠪᠣᠯᠣᠨ ᠦᠢᠯᠡᠳᠬᠦ ᠦᠢᠯᠡᠰ ᠤᠨ ᠲᠠᠩ ᠲᠦᠷᠦᠯ ᠤᠨ ᠮᠠᠩᠯᠠᠢ ᠠᠵᠤ ᠠᠬᠤᠶᠢᠯᠠᠯ ᠢ ᠲᠦᠷᠭᠡᠨ | ᠪᠣᠶᠢᠵᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠤ ᠲᠣᠭᠠᠴᠢᠯᠠᠭᠰᠠᠨ ᠠᠵᠤ ᠦᠢᠯᠡᠰ ᠤᠨ ᠬᠥᠭᠵᠢᠯᠲᠡ ᠶᠢ | ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠬᠤᠰᠢᠭᠤᠷᠠᠯ ᠪᠠ ᠠᠰᠢᠭᠲᠠᠢ ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠵᠦ᠂ ᠴᠢᠬᠤᠯᠠ ᠶᠡᠭᠡ ᠮᠡᠷᠭᠡᠵᠢᠯ ᠤᠨ ᠰᠢᠪᠲᠤᠯᠤᠯᠲᠠ ᠪᠠ ᠴᠢᠬᠤᠯᠠ ᠶᠡᠭᠡ ᠬᠥᠭᠵᠢᠯᠲᠡ ᠶᠢᠨ | ᠬᠡᠷᠡᠭᠴᠡᠭᠡ ᠳᠤ ᠰᠠᠭᠤᠷᠢᠯᠠᠵᠤ᠂ ᠠᠵᠤ ᠦᠢᠯᠡᠰ ᠤᠨ ᠬᠡᠯᠬᠢᠶ᠎ᠡ ᠶᠢᠨ ᠵᠠᠩᠭᠢᠯᠠᠭ᠎ᠠ ᠶᠢᠨ ᠭᠤᠭᠴᠤᠭ᠎ᠠ ᠶᠢᠨ | ᠦᠷᠢᠰᠦᠯᠳᠦᠬᠦ ᠬᠦᠴᠦᠨ ᠢ ᠴᠢᠩᠭᠠᠳᠬᠠᠵᠤ᠂ ᠭᠤᠣᠯᠳᠠᠯᠭ᠎ᠠ ᠲᠠᠢ ᠠᠵᠤ ᠦᠢᠯᠡᠰ ᠤᠨ ᠬᠠᠩᠭᠠᠯᠭ᠎ᠠ ᠶᠢᠨ ᠬᠡᠯᠬᠢᠶ᠎ᠡ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠦᠢᠯᠡᠳᠬᠦᠨ ᠪᠠ ᠦᠢᠯᠡᠴᠢᠯᠡᠭᠡ ᠶᠢᠨ ᠰᠣᠯᠢᠭᠳᠠᠯ ᠢ ᠲᠦᠷᠭᠡᠳᠭᠡᠬᠦ ᠬᠡᠷᠡᠭᠲᠡᠢ | ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠵᠢᠷᠤᠮᠵᠢᠭᠤᠯᠵᠤ᠂ ᠬᠥᠭᠵᠢᠯᠲᠡ ᠶᠢ | ᠠᠬᠢᠭᠤᠯᠬᠤ ᠪᠠ ᠬᠢᠨᠠᠯᠲᠠ ᠬᠠᠮᠢᠶᠠᠷᠤᠯᠲᠠ ᠶᠢᠨ ᠵᠢᠷᠤᠮᠵᠢᠯ ᠢ ᠵᠡᠷᠭᠡ ᠪᠠᠷ ᠠᠳᠬᠤᠨ᠂ ᠬᠤᠶᠠᠷ ᠲᠠᠯ᠎ᠠ ᠶᠢ ᠴᠥᠮ | ᠴᠢᠩᠭ᠎ᠠ ᠠᠳᠬᠤᠬᠤ ᠶᠢ ᠪᠠᠷᠢᠮᠳᠠᠯᠠᠨ᠂ ᠬᠥᠭᠵᠢᠯᠲᠡ ᠶᠢᠨ ᠳᠤᠮᠳᠠ ᠵᠢᠷᠤᠮᠵᠢᠭᠤᠯᠬᠤ᠂ ᠵᠢᠷᠤᠮᠵᠢᠯ ᠤᠨ ᠳᠤᠮᠳᠠ | ᠬᠥᠭᠵᠢᠭᠦᠯᠬᠦ ᠬᠡᠷᠡᠭᠲᠡᠢ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠳᠦᠷᠢᠮ᠂ ᠡᠷᠬᠡ ᠲᠡᠭᠰᠢ | ᠥᠷᠢᠰᠥᠯᠳᠦᠭᠡᠨ ᠢ ᠬᠢᠨᠠᠨ ᠪᠠᠶᠢᠴᠠᠭᠠᠬᠤ ᠳᠦᠷᠢᠮ᠂ ᠡᠷᠬᠡ ᠲᠡᠭᠰᠢ ᠥᠷᠢᠰᠥᠯᠳᠦᠭᠡᠨ ᠢ ᠬᠢᠨᠠᠨ ᠬᠠᠮᠢᠶᠠᠷᠬᠤ ᠳᠦᠷᠢᠮ ᠢ | ᠪᠦᠷᠢᠨᠰᠢᠭᠦᠯᠵᠦ᠂ ᠪᠦᠬᠦ ᠲᠠᠯ᠎ᠠ ᠶᠢᠨ᠂ ᠤᠯᠠᠨ ᠳᠡᠰ ᠳᠠᠪᠬᠤᠷᠭ᠎ᠠ ᠶᠢᠨ᠂ ᠪᠣᠰᠤᠭ᠎ᠠ ᠴᠣᠭᠴᠠᠲᠤ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠤᠴᠢᠷ ᠶᠠᠪᠤᠳᠠᠯ ᠤᠨ ᠡᠮᠦᠨ᠎ᠡ ᠬᠤᠶᠢᠨᠠᠬᠢ ᠪᠦᠬᠦ ᠬᠡᠯᠬᠢᠶᠡᠨ ᠤ ᠪᠦᠬᠦ | ᠬᠦᠷᠢᠶᠡᠨ ᠤ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠢ᠃ ᠬᠥᠭᠵᠢᠯᠲᠡ ᠶᠢᠨ ᠶᠠᠪᠤᠴᠠ ᠳᠤ ᠣᠯᠠᠨ | ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ᠂ ᠭᠤᠣᠯᠴᠢ ᠥᠷᠢᠰᠥᠯᠳᠦᠭᠡᠨ ᠢ ᠬᠠᠷᠰᠢᠯᠠᠭᠰᠠᠨ ᠦᠢᠯᠡ | ᠠᠵᠢᠯᠯᠠᠭ᠎ᠠ ᠪᠠ ᠠᠷᠭ᠎ᠠ ᠬᠢᠳᠡᠯ ᠢ ᠵᠠᠯᠠᠷᠠᠭᠤᠯᠤᠨ ᠵᠢᠷᠤᠮᠵᠢᠭᠤᠯᠵᠤ᠂ ᠲᠠᠪᠴᠠᠩ ᠤᠨ ᠭᠠᠭᠴᠠᠭᠠᠷ ᠡᠵᠡᠷᠬᠡᠬᠦ ᠪᠠ | ᠬᠦᠷᠦᠩᠭᠡ ᠶᠢᠨ ᠡᠮᠬᠢ ᠵᠢᠷᠤᠮ ᠦᠭᠡᠢ ᠥᠷᠭᠡᠳᠬᠦ ᠶᠢ ᠰᠡᠷᠭᠡᠶᠢᠯᠡᠨ ᠬᠤᠷᠢᠭᠯᠠᠵᠤ᠂ ᠭᠠᠭᠴᠠᠭᠠᠷ ᠡᠵᠡᠷᠭᠡᠬᠦ ᠪᠠ ᠵᠦᠢ | ᠪᠤᠰᠤ ᠥᠷᠢᠰᠥᠯᠳᠦᠭᠡᠨ ᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ | ᠲᠠᠪᠴᠠᠩ ᠤᠨ ᠠᠵᠢᠯᠳᠠᠳ ᠪᠠ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ᠃ | ᠭᠠᠶᠢᠯᠢ ᠲᠠᠲᠠᠪᠤᠷᠢ ᠶᠢᠨ ᠬᠢᠨᠠᠯᠲᠠ ᠬᠠᠮᠢᠶᠠᠷᠤᠯᠲᠠ ᠪᠠ ᠭᠠᠶᠢᠯᠢ ᠶᠢᠨ ᠶᠠᠪᠤᠳᠠᠯ ᠤᠨ ᠪᠠᠶᠢᠴᠠᠭᠠᠯᠲᠠ ᠶᠢ ᠴᠢᠩᠭᠠᠳᠬᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠲᠣᠭᠠᠴᠢᠯᠠᠭᠰᠠᠨ ᠠᠵᠤ ᠠᠬᠤᠶ ᠶᠢᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ | ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠲᠦᠷᠢᠮ ᠢ ᠪᠦᠷᠢᠨᠰᠢᠭᠦᠯᠦᠨ᠂ ᠪᠠᠶᠢᠭᠤᠯᠤᠮᠵᠢ | ᠲᠣᠭᠲᠠᠴᠠ ᠶᠢ ᠲᠡᠭᠦᠯᠳᠡᠷᠵᠢᠭᠦᠯᠵᠦ᠂ ᠮᠠᠨ ᠤ ᠤᠯᠤᠰ ᠤᠨ ᠲᠣᠭᠠᠴᠢᠯᠠᠭᠰᠠᠨ ᠠᠵᠤ ᠠᠬᠤᠶ ᠶᠢᠨ ᠵᠠᠰᠠᠯᠲᠠ ᠶᠢᠨ | ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠶᠢ | ᠲᠡᠭᠦᠯᠳᠡᠷᠵᠢᠭᠦᠯᠵᠦ᠂ ᠠᠵᠢᠯ ᠢᠶᠠᠨ ᠬᠤᠪᠢᠶᠠᠷᠢᠯᠠᠨ ᠬᠠᠮᠲᠤᠷᠠᠯᠴᠠᠵᠤ᠂ ᠬᠠᠷᠢᠯᠴᠠᠨ ᠬᠠᠮᠵᠢᠯᠴᠠᠬᠤ ᠬᠡᠷᠡᠭᠲᠡᠢ᠃ ᠬᠢᠨᠠᠨ | ᠬᠠᠮᠢᠶᠠᠷᠬᠤ ᠮᠡᠷᠭᠡᠵᠢᠯ ᠪᠠ ᠠᠷᠭ᠎ᠠ ᠪᠠᠷᠢᠯ ᠢᠶᠠᠨ ᠰᠠᠶᠢᠵᠢᠷᠠᠭᠤᠯᠤᠨ ᠳᠡᠭᠡᠭᠰᠢᠯᠡᠭᠦᠯᠵᠦ᠂ ᠬᠢᠨᠠᠨ ᠬᠠᠮᠢᠶᠠᠷᠬᠤ ᠪᠠ | ᠵᠠᠰᠠᠬᠤ ᠶᠢ ᠰᠢᠨ᠎ᠡ ᠶᠢ ᠡᠭᠦᠳᠬᠦ᠂ ᠦᠢᠯᠡᠳᠪᠦᠷᠢᠯᠡᠬᠦ᠂ ᠡᠵᠡᠩᠨᠡᠬᠦ᠂ ᠪᠡᠯᠡ ᠣᠷᠣᠭᠤᠯᠬᠤ ᠪᠦᠬᠦ ᠶᠠᠪᠤᠴᠠ ᠳᠤ | ᠲᠤᠭᠤᠰᠢᠯᠠᠭᠤᠯᠬᠤ ᠬᠡᠷᠡᠭᠲᠡᠢ᠃ ᠲᠠᠪᠴᠠᠩᠳᠦ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠ | ᠡᠭᠦᠷᠭᠡ ᠶᠢ ᠲᠣᠳᠣᠷᠬᠠᠶᠢᠯᠠᠵᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠲᠣᠭᠲᠠᠴᠠ ᠶᠢ ᠪᠠᠶᠢᠭᠤᠯᠬᠤ | ᠬᠡᠷᠡᠭᠲᠡᠢ᠃ ᠨᠡᠶᠢᠭᠡᠮ ᠤᠨ ᠬᠢᠨᠠᠯᠲᠠ᠂ ᠵᠠᠭᠤᠴᠢᠯᠠᠭᠤᠷ ᠤᠨ ᠬᠢᠨᠠᠯᠲᠠ᠂ ᠤᠯᠠᠨ ᠨᠡᠶᠢᠲᠡ ᠶᠢᠨ ᠬᠢᠨᠠᠯᠲᠠ ᠶᠢ | ᠥᠷᠨᠢᠭᠦᠯᠵᠦ᠂ ᠬᠢᠨᠠᠯᠲᠠ ᠲᠠᠯᠪᠢᠬᠤ ᠨᠡᠶᠢᠯᠡᠯ ᠬᠦᠴᠦᠨ ᠢ ᠪᠤᠢ ᠪᠣᠯᠭᠠᠬᠤ ᠬᠡᠷᠡᠭᠲᠡᠢ᠃ ᠤᠯᠤᠰ ᠤᠨ ᠠᠮᠤᠷ | ᠲᠦᠪᠰᠢᠨ ᠤ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠲᠣᠭᠠᠴᠢᠯᠠᠭᠰᠠᠨ ᠠᠵᠤ ᠠᠬᠤᠢ ᠶᠢᠨ | ᠬᠥᠭᠵᠢᠯᠲᠡ ᠶᠢᠨ ᠤᠨᠤᠯ ᠤᠨ ᠰᠤᠳᠤᠯᠭᠠᠨ ᠢ ᠴᠢᠩᠭᠠᠳᠬᠠᠵᠤ᠂ ᠲᠣᠭᠠᠴᠢᠯᠠᠭᠰᠠᠨ ᠮᠡᠷᠭᠡᠵᠢᠯ ᠪᠣᠯᠤᠨ ᠲᠣᠭᠠᠴᠢᠯᠠᠭᠰᠠᠨ | ᠠᠵᠤ ᠠᠬᠤᠢ ᠶᠢᠨ ᠬᠥᠭᠵᠢᠯᠲᠡ ᠳᠤ ᠬᠤᠯᠪᠣᠭᠳᠠᠬᠤ ᠠᠰᠠᠭᠤᠳᠠᠯ ᠤᠨ ᠲᠤᠬᠠᠢ ᠠᠷᠭᠠᠴᠠᠭᠠᠬᠤ ᠪᠣᠳᠣᠯᠭ᠎ᠠ ᠰᠠᠨᠠᠭᠤᠯᠭ᠎ᠠ | ᠳᠤᠷᠠᠳᠬᠤ ᠬᠡᠷᠡᠭᠲᠡᠢ᠃ ᠲᠣᠭᠠᠴᠢᠯᠠᠭᠰᠠᠨ ᠠᠵᠤ ᠠᠬᠤᠢ ᠶᠢᠨ ᠤᠯᠠᠨ ᠤᠯᠤᠰ ᠤᠨ ᠬᠠᠮᠲᠤᠷᠠᠯᠴᠠᠭ᠎ᠠ ᠳᠤ ᠢᠳᠡᠪᠬᠢᠲᠡᠢ | ᠣᠷᠣᠯᠴᠠᠵᠤ᠂ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠲᠣᠭᠠᠴᠢᠯᠠᠭᠰᠠᠨ ᠠᠵᠤ ᠠᠬᠤᠢ ᠶᠢᠨ ᠵᠥᠪᠯᠡᠬᠦ | ᠰᠡᠳᠦᠪ ᠤᠨ ᠬᠡᠯᠡᠯᠴᠡᠭᠡ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠬᠤᠣᠰ ᠲᠠᠯᠠᠳᠦ ᠪᠠ ᠤᠯᠠᠨ ᠲᠠᠯᠠᠲᠤ | ᠲᠣᠭᠠᠴᠢᠯᠠᠭᠰᠠᠨ ᠵᠠᠰᠠᠯᠲᠠ ᠶᠢᠨ ᠬᠠᠮᠲᠤᠷᠠᠯᠴᠠᠭ᠎ᠠ ᠥᠷᠨᠢᠭᠦᠯᠵᠦ᠂ ᠤᠯᠠᠨ ᠲᠠᠯᠠᠲᠤ ᠲᠣᠭᠠᠴᠢᠯᠠᠭᠰᠠᠨ ᠠᠵᠤ | ᠠᠬᠤᠢ ᠶᠢᠨ ᠵᠠᠰᠠᠯᠲᠠ ᠶᠢᠨ ᠲᠣᠭᠲᠠᠴᠠ ᠶᠢ ᠬᠠᠮᠠᠭᠠᠯᠠᠨ ᠲᠡᠭᠦᠯᠳᠡᠷᠵᠢᠭᠦᠯᠵᠦ᠂ ᠳᠤᠮᠳᠠᠳᠤ ᠤᠯᠤᠰ ᠤᠨ ᠲᠥᠰᠦᠯ ᠢ | ᠴᠠᠭ ᠲᠤᠬᠠᠢ ᠳᠤᠨᠢ ᠳᠤᠷᠠᠳᠴᠤ᠂ ᠳᠤᠮᠳᠠᠳᠤ ᠤᠯᠤᠰ ᠤᠨ ᠳᠠᠭᠤᠨ ᠢ ᠴᠤᠤᠷᠢᠶᠠᠲᠤᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠲᠣᠭᠠᠴᠢᠯᠠᠭᠰᠠᠨ ᠠᠵᠤ ᠠᠬᠤᠢ ᠨᠢ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ | ᠬᠤᠯᠪᠣᠭᠳᠠᠵᠤ ᠪᠤᠢ᠂ ᠮᠠᠨ ᠤ ᠤᠯᠤᠰ ᠤᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠦᠵᠦ | ᠲᠥᠯᠥᠪᠯᠡᠭᠡ ᠪᠣᠯᠤᠨ ᠪᠠᠶᠢᠭᠤᠯᠤᠮᠵᠢ ᠲᠣᠭᠲᠠᠴᠠ ᠶᠢᠨ ᠪᠠᠶᠢᠭᠤᠯᠤᠯᠲᠠ ᠶᠢ ᠰᠠᠶᠢᠲᠤᠷ ᠬᠢᠵᠦ᠂ ᠪᠠᠶᠢᠳᠠᠯ ᠢ ᠰᠤᠳᠤᠯᠤᠨ | ᠮᠠᠭᠠᠳᠯᠠᠬᠤ ᠪᠠᠨ ᠴᠢᠩᠭᠠᠳᠬᠠᠨ᠂ ᠠᠵᠠ ᠲᠣᠬᠢᠶᠠᠯ ᠢ ᠠᠮᠵᠢᠵᠤ᠂ ᠰᠠᠨᠠᠭᠠᠴᠢᠯᠠᠭᠠᠲᠤ ᠡᠷᠬᠡ ᠶᠢ ᠤᠯᠬᠤ ᠬᠡᠷᠡᠭᠲᠡᠢ᠃ | ᠡᠯ᠎ᠡ ᠱᠠᠲᠤᠨ ᠤ ᠤᠳᠤᠷᠢᠳᠬᠤ ᠺᠠᠳ᠋ᠷ ᠲᠣᠭᠠᠴᠢᠯᠠᠭᠰᠠᠨ ᠠᠵᠤ ᠠᠬᠤᠶ ᠶᠢᠨ ᠰᠡᠳᠭᠢᠬᠦᠶ ᠶᠢᠨ ᠴᠢᠳᠠᠪᠤᠷᠢ ᠪᠣᠯᠤᠨ | ᠲᠤᠰᠬᠠᠢ ᠮᠡᠷᠭᠡᠵᠢᠯ ᠤᠨ ᠬᠡᠪ ᠪᠤᠯᠪᠠᠰᠤᠷᠠᠯ ᠢᠶᠠᠨ ᠳᠡᠭᠡᠭᠰᠢᠯᠡᠭᠦᠯᠵᠦ᠂ ᠲᠣᠭᠠᠴᠢᠯᠠᠭᠰᠠᠨ ᠠᠵᠤ ᠠᠬᠤᠶ ᠶᠢ | ᠬᠥᠭᠵᠢᠭᠦᠯᠬᠦ ᠴᠢᠳᠠᠪᠤᠷᠢ ᠪᠠᠨ ᠴᠢᠩᠭᠠᠳᠬᠠᠵᠤ᠂ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ | ᠲᠣᠭᠠᠴᠢᠯᠠᠭᠰᠠᠨ ᠠᠵᠤ ᠠᠬᠤᠶ ᠶᠢᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠠᠩ ᠰᠠᠶᠢᠲᠤᠷ ᠦᠢᠯᠡᠴᠢᠯᠡᠬᠦ ᠪᠠ | ᠠᠭᠤᠰᠤᠯᠴᠠᠬᠤ ᠶᠢ ᠠᠬᠢᠭᠤᠯᠬᠤ ᠬᠡᠷᠡᠭᠲᠡᠢ᠃ ᠪᠦᠬᠦ ᠠᠷᠠᠳ ᠪᠦᠬᠦ ᠨᠡᠶᠢᠭᠡᠮ ᠤᠨ ᠲᠣᠭᠠᠴᠢᠯᠠᠭᠰᠠᠨ ᠬᠡᠪ ᠪᠣᠯᠪᠠᠰᠤᠷᠠᠯ | ᠪᠣᠯᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠮᠠᠨ ᠤ ᠤᠯᠤᠰ ᠤᠨ ᠲᠣᠭᠠᠴᠢᠯᠠᠭᠰᠠᠨ ᠠᠵᠤ ᠠᠬᠤᠢ ᠶᠢᠨ | ᠬᠥᠭᠵᠢᠯᠲᠡ ᠶᠢᠨ ᠨᠡᠶᠢᠭᠡᠮ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ |