ᠬᠤᠰᠢᠭᠤ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ ᠡᠷᠳᠡᠨᠢᠴᠡᠴᠡᠭ
ᠨᠡᠶᠢᠲᠡᠯᠡᠭᠰᠡᠨ ᠴᠠᠭ᠄
2021/10/26
     ᠡᠷᠳᠡᠨᠢᠴᠡᠴᠡᠭ᠂ ᠡᠮᠡᠭᠳᠡᠢ᠂ 1965 ᠤᠨ ᠤ 1 ᠰᠠᠷ᠎ᠠ ᠶᠢᠨ 24 ᠤ ᠡᠳᠦᠷ ᠤᠳᠤᠭ ᠬᠤᠰᠢᠭᠤᠨ ᠤ ᠰᠦᠮᠡᠳᠥ ᠰᠤᠮᠤᠨ ᠤ ︵ᠤᠤᠯ ᠤᠨ ᠡᠷᠭᠡᠳᠥ ᠰᠤᠮᠤ︶ ᠰᠡᠪᠭᠦᠯ ᠭᠠᠴᠠᠭᠠᠨ ᠤ ᠯᠢᠷᠤᠪ ᠰᠡᠴᠡᠩᠭᠤᠸ᠎ᠠ ᠶᠢᠨ ᠬᠤᠶᠠᠳᠤᠭᠠᠷ ᠭᠡᠦᠭᠡᠨ ᠪᠤᠯᠤᠨ ᠵᠠᠶᠠᠭᠠᠵᠠᠢ᠃      1972 ~ 1973 ᠤᠨ ᠭᠦᠷᠳᠡᠯ᠎ᠡ ᠭᠠᠴᠠᠭᠠᠨ ᠤ ᠲᠤᠭᠤᠷᠢᠨ ᠵᠢᠭᠠᠬᠤ ᠴᠢᠭ ᠲᠤ ᠪᠢᠴᠢᠭ ᠦᠵᠡᠵᠤ᠂ ᠨᠢᠭᠡᠳᠦᠭᠡᠷ ᠤᠨ ᠢᠶᠠᠨ ᠲᠡᠭᠦᠰᠭᠡᠪᠡ᠃      1973 ~ 1978 ᠤᠨ ᠭᠦᠷᠳᠡᠯ᠎ᠡ ᠰᠡᠪᠭᠦᠯ ᠭᠠᠴᠠᠭᠠᠨ ᠤ ᠪᠠᠭ᠎ᠠ ᠰᠤᠷᠭᠠᠭᠤᠯᠢ ᠳᠤ ᠰᠤᠷᠤᠯᠴᠠᠵᠤ᠂ ᠲᠠᠪᠤᠳᠤᠭᠠᠷ ᠤᠨ ᠢᠶᠠᠨ ᠲᠡᠭᠦᠰᠭᠡᠪᠡ᠃      1978 ~ 1981 ᠤᠨ ᠭᠦᠷᠳᠡᠯ᠎ᠡ ᠤᠤᠯ ᠤᠨ ᠡᠷᠭᠡᠳᠥ ᠭᠦᠡᠭᠱᠧ ᠶᠢᠨ ᠲᠤᠮᠳᠠᠳᠤ ᠰᠤᠷᠭᠠᠭᠤᠯᠢ ᠳᠤ ᠰᠤᠷᠤᠯᠴᠠᠵᠤ ᠠᠩᠬ᠎ᠠ ᠲᠤᠮᠳᠠᠳᠤ ᠪᠠᠨ ᠲᠡᠭᠦᠰᠭᠡᠪᠡ      1982 ᠤᠨ ᠤ 6 ᠰᠠᠷ᠎ᠠ ᠳᠤ ᠤᠳᠤᠭ ᠬᠤᠰᠢᠭᠤᠨ ᠤ ᠤᠯᠠᠭᠠᠨᠮᠦ᠋ᠴᠢᠷ ᠲᠤ ᠵᠢᠩᠭᠢᠨᠢ ᠠᠵᠢᠯᠳᠠᠨ ᠢᠶᠠᠷ ᠰᠢᠯᠭᠠᠭᠳᠠᠨ ᠤᠷᠤᠵᠤ᠂ 1983 ᠤᠨ ᠤ 1 ᠳ᠋ᠤᠭᠡᠷ ᠰᠠᠷ᠎ᠠ ᠳᠤ ᠦᠪᠦᠷ ᠮᠤᠩᠭᠤᠯ ᠤᠨ ᠤᠷᠠᠯᠢᠭ ᠤᠨ ᠰᠤᠷᠭᠠᠭᠤᠯᠢ ᠳᠤ ᠨᠢᠭᠡ ᠵᠢᠯ ᠤᠨ ᠬᠤᠭᠤᠴᠠᠭ᠎ᠠ ᠪᠠᠷ ᠲᠠᠪᠳᠠᠨ ᠪᠤᠯᠪᠠᠰᠤᠷᠠᠵᠤ᠂ 1984 ᠤᠨ ᠤ ᠬᠠᠪᠤᠷ ᠰᠤᠷᠤᠯᠭ᠎ᠠ ᠪᠠᠨ ᠲᠡᠭᠦᠰᠭᠡᠵᠤ᠂ ᠤᠯᠠᠭᠠᠨᠮᠦ᠋ᠴᠢᠷ ᠤᠨ ᠵᠢᠩᠭᠢᠨᠢ ᠭᠤᠴᠤᠯᠠᠯ ᠲᠠᠭᠤᠴᠢᠨ ᠢᠶᠠᠷ ᠠᠵᠢᠯᠯᠠᠪᠠ᠃        1992 ᠤᠨ ᠠᠴᠠ ᠤᠯᠠᠭᠠᠨᠮᠦ᠋ᠴᠢᠷ ᠤᠨ ᠲᠠᠭᠤᠴᠢᠨ ᠤ ᠠᠵᠢᠯ ᠢᠶᠠᠨ ᠭᠢᠭᠦ ᠶᠢᠨ ᠬᠠᠮᠳᠤ ᠨᠢᠠᠠᠳᠠᠯᠠᠨ ᠪᠤᠳᠤᠭᠴᠢ ᠶᠢᠨ ᠠᠵᠢᠯ ᠢ ᠬᠠᠪᠰᠤᠷᠭᠠᠨ ᠭᠢᠪᠡ᠃      1986 ᠤᠨ ᠳᠤ ᠪᠦᠭᠦ ᠤᠷᠤᠨ ᠤ ᠤᠯᠠᠭᠠᠨᠮᠦ᠋ᠴᠢᠷ ᠤᠨ ᠤᠷᠤᠯᠳᠤᠭᠠᠨ ᠳᠤ ᠤᠷᠤᠯᠴᠠᠵᠤ᠂ ᠰᠢᠯᠢᠳᠡᠭ ᠱᠠᠩᠨᠠᠯ ᠢ ᠭᠦᠷᠳᠡᠪᠡ᠃      1996 ᠤᠨ ᠳᠤ ᠪᠡᠭᠡᠵᠢᠩ ᠳᠤ ᠪᠤᠯᠤᠭᠰᠠᠨ ᠪᠦᠭᠦ ᠤᠯᠤᠰ ᠤᠨ ᠤᠯᠠᠭᠠᠨᠮᠦ᠋ᠴᠢᠷ ᠤᠨ ᠤᠷᠤᠯᠳᠤᠭᠠᠨ ᠳᠤ ᠤᠷᠤᠯᠴᠠᠵᠤ᠂ ᠰᠢᠯᠢᠳᠡᠭ ᠱᠠᠩᠨᠠᠯ ᠢ ᠭᠦᠷᠳᠡᠪᠡ᠃ 1997 ᠤᠨ ᠳᠤ ᠨᠠᠨᠵᠢᠩ ᠤᠨ ᠡᠤ ᠱᠢ ᠳᠤ ᠪᠤᠯᠤᠭᠰᠠᠨ ᠪᠦᠭᠦ ᠤᠯᠤᠰ ᠤᠨ ᠤᠷᠠᠯᠢᠭ ᠤᠨ ᠬᠠᠷᠢᠭᠤ ᠮᠡᠳᠡᠭᠦᠯᠦᠯᠳᠡ ᠶᠢᠨ ᠤᠷᠤᠯᠳᠤᠭᠠᠨ ᠳᠤ ᠤᠷᠤᠯᠴᠠᠵᠤ᠂ ᠰᠢᠯᠢᠳᠡᠭ ᠱᠠᠩᠨᠠᠯ ᠢ ᠭᠦᠷᠳᠡᠪᠡ᠃ 2002 ᠤᠨ ᠳᠤ ᠶᠧᠵᠢᠫᠢᠲ ᠳᠤ ᠪᠤᠯᠤᠭᠰᠠᠨ ᠪᠦᠭᠦ ᠲᠡᠯᠡᠭᠡᠢ ᠶᠢᠨ ᠴᠦᠭᠡᠨ ᠲᠤᠭᠠᠳᠤ ᠦᠨᠳᠦᠰᠦᠳᠡᠨ ᠤ ᠤᠳᠤᠮᠰᠢᠯᠳᠤ ᠤᠷᠠᠯᠢᠭ ᠤᠨ ᠴᠤᠭᠯᠠᠭᠠᠨ ᠳᠤ ᠤᠷᠤᠯᠴᠠᠵᠤ ᠲᠡᠯᠡᠭᠡᠢ ᠶᠢᠨ ᠨᠢᠭᠡᠳᠦᠭᠡᠷ ᠲᠡᠰ ᠤᠨ ᠨᠡᠶᠢᠳᠡ ᠶᠢᠨ ᠱᠠᠩᠨᠠᠯ ᠢ ᠭᠦᠷᠳᠡᠪᠡ᠃      2004 ᠤᠨ ᠤ ᠨᠠᠮᠤᠷ ᠲᠦᠪ ᠤᠨ ᠦᠨᠳᠦᠰᠦᠳᠡᠨ ᠤ ᠶᠡᠭᠡ ᠰᠤᠷᠭᠠᠭᠤᠯᠢ ᠳᠤ ᠰᠢᠯᠭᠠᠭᠳᠠᠵᠤ ᠲᠠᠭᠤᠤ ᠭᠦᠭᠵᠢᠮ ᠤᠨ ᠰᠠᠯᠪᠤᠷᠢ ᠲᠤ ᠰᠤᠷᠤᠯᠴᠠᠵᠤ᠂ 2006 ᠤᠨ ᠤ 3 ᠰᠠᠷ᠎ᠠ ᠳᠤ ᠰᠤᠷᠤᠯᠭ᠎ᠠ ᠪᠠᠨ ᠲᠡᠭᠦᠰᠭᠡᠪᠡ᠃ 2004 ᠤᠨ ᠳᠤ ᠤᠯᠠᠭᠠᠨᠮᠦ᠋ᠴᠢᠷ ᠠᠴᠠ ᠤᠳᠤᠭ ᠬᠤᠰᠢᠭᠤᠨ ᠤ ᠰᠤᠶᠤᠯ ᠰᠢᠨᠵᠢᠯᠡᠭᠦ ᠤᠬᠠᠭᠠᠨ ᠰᠤᠷᠭᠠᠨ ᠭᠦᠮᠦᠵᠢᠯ ᠤᠨ ᠭᠦᠭᠵᠢᠯᠳᠡ ᠶᠢᠨ ᠲᠦᠪ ᠲᠤ ᠠᠵᠢᠯ ᠰᠢᠯᠵᠢᠪᠡ᠃ 2005 ᠤᠨ ᠳᠤ ᠪᠠᠶᠢᠭᠤᠯᠤᠮᠵᠢ ᠨᠢ ᠦᠭᠡᠷᠡᠴᠢᠯᠡᠭᠳᠡᠵᠤ ᠰᠤᠶᠤᠯ ᠤᠨ ᠭᠡᠷ ᠲᠠᠢ ᠬᠠᠮᠳᠤᠷᠠᠭᠰᠠᠨ ᠠᠴᠠ ᠰᠤᠶᠤᠯ ᠤᠨ ᠭᠡᠷ ᠤᠨ ᠠᠵᠢᠯᠳᠠᠨ ᠪᠤᠯᠪᠠ᠃ 2007 ᠤᠨ ᠤ 6 ᠰᠠᠷ᠎ᠠ ᠠᠴᠠ ᠤᠳᠤ ᠪᠤᠯᠳᠠᠯ᠎ᠠ ᠤᠳᠤᠭ ᠬᠤᠰᠢᠭᠤᠨ ᠤ ᠰᠤᠶᠤᠯ ᠷᠠᠳᠢᠤ᠋ ᠨᠡᠪᠳᠡᠷᠡᠭᠦᠯᠭᠡ ᠺᠢᠨᠤ᠋ ᠲᠧᠯᠸᠢᠰ ᠤᠨ ᠲᠤᠪᠴᠢᠶ᠎ᠠ ᠳᠤ ᠶᠡᠷᠦᠩᠭᠡᠢ ᠨᠢᠠᠠᠳᠠᠯᠠᠨ ᠪᠤᠳᠤᠭᠴᠢ ᠪᠠᠷ ᠠᠵᠢᠯᠯᠠᠵᠤ ᠪᠤᠢ᠃      2007 ᠤᠨ ᠤ ᠨᠠᠮᠤᠷ᠂ ᠪᠦᠭᠡ ᠪᠡᠯᠭᠦᠳᠡᠢ ᠶᠢᠨ ᠰᠢᠳᠦᠭᠡᠨ ᠤ ᠬᠤᠶᠢᠴᠢᠰ ᠰᠤᠶᠤᠯᠪᠠᠭᠠᠳᠤᠷ ᠤᠨ ᠨᠠᠶᠢᠳᠠᠯᠭ᠎ᠠ ᠪᠠᠷ᠂ ᠪᠦᠭᠡ ᠪᠡᠯᠭᠦᠳᠡᠢ ᠶᠢᠨ ᠰᠢᠳᠦᠭᠡᠨ ᠤ ᠪᠦᠭᠦ ᠠᠵᠢᠯ ᠢ ᠭᠠᠷᠳᠠᠨ ᠠᠪᠴᠤ᠂ ᠲᠤᠰᠬᠠᠶᠢᠯᠠᠨ ᠪᠦᠭᠡ ᠪᠡᠯᠭᠦᠳᠡᠢ ᠶᠢᠨ ᠰᠢᠳᠦᠭᠡᠨ ᠤ ᠠᠵᠢᠯᠯᠠᠭ᠎ᠠ ᠳᠤ ᠵᠤᠷᠢᠭᠤᠯᠵᠤ᠂ ᠪᠦᠭᠡ ᠪᠡᠯᠭᠦᠳᠡᠢ ᠰᠢᠳᠦᠭᠡᠨ ᠤ ᠨᠡᠶᠢᠭᠡᠮᠯᠢᠭ  ᠢ ᠪᠠᠶᠢᠭᠤᠯᠵᠤ᠂ ᠦᠪᠦᠷ ᠮᠤᠩᠭᠤᠯ ᠤᠨ ᠨᠡᠶᠢᠭᠡᠮ ᠤᠨ ᠰᠢᠨᠵᠢᠯᠡᠭᠦ ᠤᠬᠠᠭᠠᠨ ᠤ ᠠᠯᠳᠠᠷᠳᠤ ᠲᠡᠦᠭᠡ ᠰᠤᠳᠤᠯᠤᠭᠴᠢ᠂ ᠫᠷᠦᠹᠧᠰᠰᠤᠷ ᠠᠯᠳᠠᠨᠰᠦ᠋ᠮᠪᠦᠷ ᠢ ᠤᠷᠢᠨ ᠠᠪᠴᠢᠷᠠᠵᠤ᠂ ᠪᠦᠭᠡ ᠪᠡᠯᠭᠦᠳᠡᠢ ᠰᠢᠳᠦᠭᠡᠨ ᠤ ᠰᠤᠳᠤᠯᠭᠠᠨ ᠤ ᠠᠵᠢᠯᠯᠠᠭ᠎ᠠ ᠶᠢ ᠦᠷᠭᠡᠨ ᠲᠡᠯᠭᠡᠷᠡᠩᠭᠦᠢ ᠪᠠᠷ ᠦᠷᠨᠢᠭᠦᠯᠪᠡ᠃ ᠲᠡᠭᠡᠭᠡᠳ ᠦᠪᠦᠷ ᠮᠤᠩᠭᠤᠯ ᠤᠨ ᠷᠠᠳᠢᠤ᠋ ᠲᠧᠯᠸᠢᠰ ᠬᠤᠷᠢᠶᠠᠨ ᠤ ᠨᠡᠷᠡᠳᠤ ᠰᠤᠷᠪᠤᠯᠵᠢᠯᠠᠭᠴᠢ ᠵᠢᠭᠳᠡᠨ ᠨᠦᠭᠦᠷ ᠢ ᠤᠷᠢᠵᠤ᠂ ᠪᠦᠭᠡ ᠪᠡᠯᠭᠦᠳᠡᠢ ᠶᠢᠨ ᠰᠢᠳᠦᠭᠡᠨ ᠤ ᠤᠯᠨ ᠮᠦᠷ ᠢ ᠮᠦᠷᠳᠡᠨ ᠰᠤᠷᠪᠤᠯᠵᠢᠯᠠᠵᠤ᠂ ᠤᠷᠢᠳ ᠬᠤᠵᠢᠳ ᠭᠤᠷᠪᠠᠨ ᠵᠢᠯ ᠭᠠᠷᠤᠢ ᠶᠢᠨ ᠴᠠᠭ ᠭᠡᠷᠡᠭᠰᠡᠵᠤ᠂ ᠭᠦᠭᠰᠢᠨ ᠵᠠᠯᠠᠭᠤ ᠵᠠᠭᠤ ᠭᠠᠷᠤᠢ ᠭᠦᠮᠦᠨ ᠢ ᠰᠤᠷᠪᠤᠯᠵᠢᠯᠠᠵᠤ᠂ ᠪᠠᠷᠤᠭ ᠠᠷᠪᠠᠨ ᠲᠦᠮᠨ ᠭᠠᠷᠤᠢ ᠺᠢᠯᠤᠮᠧᠲᠷ ᠠᠶᠠᠯᠠᠵᠤ᠂ ᠭᠤᠤᠯᠳᠠᠭᠤ ᠤᠳᠤᠭ ᠬᠤᠰᠢᠭᠤᠨ ᠤ ᠡᠯ᠎ᠡ ᠵᠦᠢᠯ ᠤᠨ ᠰᠢᠳᠦᠭᠡᠨ ᠤ ᠠᠵᠢᠯᠯᠠᠭ᠎ᠠ ᠶᠢᠨ ᠪᠠᠶᠢᠳᠠᠯ᠂ ᠵᠠᠩ ᠤᠶᠢᠯᠨ᠂ ᠬᠤᠶᠠᠷ ᠵᠠᠭᠠᠯ ᠤᠨ ᠲᠤᠮᠤᠭ᠂ ᠴᠢᠩᠭᠢᠰ ᠬᠠᠭᠠᠨ ᠤ ᠪᠠᠷᠠᠭᠤᠨᠰᠢ ᠲᠠᠶᠢᠯᠠᠭᠰᠠᠨ ᠠᠶᠠᠨ ᠤ ᠲᠤᠮᠤᠭ ᠵᠡᠷᠭᠡ ᠶᠢ ᠭᠤᠤᠯᠯᠠᠨ ᠰᠤᠷᠪᠤᠯᠵᠢᠯᠠᠵᠤ᠂ ᠦᠪᠦᠷ ᠮᠤᠩᠭᠤᠯ ᠤᠨ ᠲᠧᠯᠸᠢᠰ ᠬᠤᠷᠢᠶᠠᠨ  ᠳᠤ ᠠᠷᠪᠠᠨ ᠬᠤᠶᠠᠷ ᠤᠷᠢᠶᠠᠮᠠᠭ ᠰᠤᠷᠪᠤᠯᠵᠢᠯᠠᠭ᠎ᠠ ᠪᠠ ᠠᠶᠠᠯᠠᠯ ᠤᠨ ᠰᠢᠩᠭᠡᠭᠡᠯᠳᠡ ᠶᠢ ᠬᠠᠨᠭ᠍ᠭᠠᠭᠰᠠᠨ ᠪᠠᠶᠢᠨ᠎ᠠ᠃      2008 ᠤᠨ ᠳᠤ᠂ ᠤᠳᠤᠭ ᠬᠤᠰᠢᠭᠤᠨ ᠤ ᠠᠷᠪᠠᠰ ᠰᠤᠮᠤᠨ ᠤ ᠪᠠᠶᠠᠨᠳᠤᠯᠤᠭᠠᠢ ᠭᠠᠴᠠᠭᠠᠨ ᠤ ᠤᠯᠠᠨᠪᠤᠯᠠᠭ ᠤᠨ ᠪᠤᠯᠠᠭ ᠲᠠᠭᠢᠬᠤ ᠶᠤᠰᠤᠯᠠᠯ ᠢ ᠡᠷᠭᠢᠯᠡᠨ ᠭᠢᠵᠤ᠂ ᠪᠦᠭᠦ ᠵᠠᠷᠤᠳᠠᠯ ᠢ ᠦᠪᠡᠷ ᠢᠶᠠᠨ ᠬᠠᠷᠢᠭᠤᠴᠠᠵᠤ᠂ ᠦᠪᠦᠷ ᠮᠤᠩᠭᠤᠯ ᠤᠨ ᠤᠳᠬ᠎ᠠ ᠤᠷᠠᠯᠢᠭ ᠤᠨ ᠬᠤᠯᠪᠤᠭ᠎ᠠ ᠪᠠᠷ ᠵᠦᠪᠰᠢᠶᠡᠷᠡᠭᠦᠯᠵᠤ᠂ ᠲᠤᠰ ᠭᠠᠴᠠᠭ᠎ᠠ ᠶᠢ ᠪᠦᠭᠦ ᠤᠷᠤᠨ ᠤ ᠰᠤᠶᠤᠯ ᠤᠷᠠᠯᠢᠭ ᠤᠨ ᠦᠯᠦᠭᠡᠢ ᠪᠠᠷ ᠨᠡᠷᠡᠶᠢᠳᠡᠭᠦᠯᠪᠡ᠃      2009 ᠤᠨ ᠳᠤ ᠡᠷᠳᠡᠨᠢᠴᠡᠴᠡᠭ ᠨᠦᠭᠦᠷ 4.6 ᠲᠦᠮᠡᠨ ᠲᠦᠭᠦᠷᠢᠭ ᠤᠨ ᠪᠡᠯᠨ ᠤᠷᠤᠭᠤᠯᠵᠤ᠂ ᠪᠦᠭᠡ ᠪᠡᠯᠭᠦᠳᠡᠢ ᠶᠢᠨ ᠰᠢᠳᠦᠭᠡᠨ ᠤ ᠲᠤᠷᠠᠰᠬᠠᠯ ᠤᠨ ᠲᠢᠩᠭᠢᠮ ᠤᠨ ᠰᠠᠭᠤᠷᠢ ᠶᠢ ᠪᠤᠰᠬᠠᠪᠠ᠃      2009 ᠤᠨ ᠳᠤ᠂ ᠠᠷᠪᠠᠨ ᠨᠠᠢᠮᠠᠨ ᠲᠦᠮᠡᠨ ᠲᠦᠭᠦᠷᠢᠭ ᠵᠠᠷᠤᠴᠠᠭᠤᠯᠵᠤ᠂ ︽ᠬᠤᠶᠠᠷ ᠵᠠᠭᠠᠯ ᠤᠨ ᠨᠤᠳᠤᠭ︾ ᠭᠡᠮᠡᠭᠦ ᠲᠤᠰᠬᠠᠢ ᠹᠧᠯᠢᠮ ᠢ ᠦᠢᠯᠡᠳᠴᠤ᠂ ᠤᠳᠤᠭ ᠬᠤᠰᠢᠭᠤᠨ ᠳᠤ ᠶᠠᠪᠤᠭᠳᠠᠵᠤ ᠪᠠᠶᠢᠭ᠎ᠠ ᠪᠦᠭᠡ ᠪᠡᠯᠭᠦᠳᠡᠢ ᠶᠢᠨ ᠲᠠᠭᠢᠯᠭ᠎ᠠ᠂ ᠲᠤᠯᠤᠢ ᠡᠵᠡᠨ ᠤ ᠲᠠᠭᠢᠯᠭ᠎ᠠ᠂ ᠪᠤᠯᠠᠭ ᠤᠨ ᠲᠠᠭᠢᠯᠭ᠎ᠠ ᠵᠡᠷᠭᠡ ᠪᠠᠷ ᠭᠤᠤᠯ ᠰᠡᠳᠦᠪ ᠪᠤᠯᠭᠠᠭᠰᠠᠨ ᠠᠶᠠᠯᠠᠯ ᠤᠨ ᠲᠡᠮᠳᠡᠭᠯᠡᠯ ᠢᠶᠠᠨ ᠦᠪᠦᠷ ᠮᠤᠩᠭᠤᠯ ᠤᠨ ᠤᠳᠤᠨ ᠲᠧᠯᠸᠢᠰ ᠤᠨ 2010 ᠤᠨ ᠤ ᠴᠠᠭᠠᠨ ᠰᠠᠷ᠎ᠠ ᠶᠢᠨ ᠨᠡᠪᠳᠡᠷᠡᠭᠦᠯᠭᠡ ᠪᠠᠷ ᠨᠡᠪᠳᠡᠷᠡᠭᠦᠯᠪᠡ᠃      ᠲᠤᠰ ᠨᠡᠪᠳᠡᠷᠡᠭᠦᠯᠭᠡ ᠪᠠᠷ ᠲᠠᠮᠵᠢᠭᠤᠯᠵᠤ᠂ ᠤᠳᠤᠭ ᠬᠤᠰᠢᠭᠤᠨ ᠤ ᠰᠢᠳᠦᠭᠡᠨ ᠤ ᠠᠵᠢᠯᠯᠠᠭ᠎ᠠ ᠨᠢ ᠪᠦᠭᠦ ᠲᠡᠯᠡᠭᠡᠢ ᠶᠢᠨ ᠮᠤᠩᠭᠤᠯᠴᠤᠳ ᠲᠤ ᠤᠳᠤᠭ ᠬᠤᠰᠢᠭᠤᠨ ᠤ ᠵᠠᠩ ᠦᠢᠯᠨ ᠪᠤᠯᠤᠨ ᠰᠢᠳᠦᠭᠡᠨ ᠤ ᠠᠵᠢᠯᠯᠠᠭ᠎ᠠ ᠶᠢ ᠲᠠᠨᠢᠯᠴᠠᠭᠤᠯᠵᠤ᠂ ᠲᠠᠶᠠᠭᠠᠷ ᠤᠨ ᠲᠠᠭᠠᠰᠢᠶᠠᠯ ᠢ ᠤᠯᠤᠭᠰᠠᠨ ᠪᠢᠯᠨ᠃      2008 ᠤᠨ ᠠᠴᠠ ᠡᠭᠢᠯᠡᠵᠤ᠂ ᠪᠦᠭᠡ ᠪᠡᠯᠭᠦᠳᠡᠢ ᠶᠢᠨ ᠰᠢᠳᠦᠭᠡᠨ ᠢ ᠵᠤᠭᠠᠴᠠᠯ ᠤᠨ ᠤᠷᠤᠨ ᠪᠤᠯᠭᠠᠬᠤ ᠵᠢᠷᠤᠭ ᠲᠦᠯᠦᠪᠯᠡᠭᠡ ᠪᠠ ᠭᠡᠷᠡᠭᠵᠢᠭᠦᠯᠵᠤ ᠪᠤᠯᠬᠤ ᠰᠤᠳᠤᠯᠭᠠᠨ ᠤ ᠮᠡᠳᠡᠭᠦᠯᠦᠯᠳᠡ ᠪᠠᠨ ᠲᠡᠭᠡᠳᠥ ᠱᠠᠳᠤᠨ ᠳᠤ ᠤᠳᠠᠭ᠎ᠠ ᠲᠠᠷᠠᠭᠠᠪᠠᠷ ᠮᠡᠳᠡᠭᠦᠯᠦᠯᠳᠡ ᠭᠢᠪᠡ᠃      2011 ᠤᠨ ᠳᠤ ᠪᠦᠭᠡ ᠪᠡᠯᠭᠦᠳᠡᠢ ᠶᠢᠨ ᠰᠤᠶᠤᠯ ᠤᠨ ᠵᠤᠭᠠᠴᠠᠯ ᠤᠨ ᠺᠤᠮᠫᠠᠨᠢ ᠶᠢ ᠪᠠᠶᠢᠭᠤᠯᠵᠤ᠂ ᠪᠦᠭᠡ ᠪᠡᠯᠭᠦᠳᠡᠢ ᠶᠢᠨ ᠰᠢᠳᠦᠭᠡᠨ ᠤ ᠠᠵᠢᠯᠯᠠᠭ᠎ᠠ ᠪᠠᠨ ᠨᠠᠩ ᠰᠠᠶᠢᠨ ᠬᠠᠮᠠᠭᠠᠯᠠᠨ ᠦᠷᠨᠢᠭᠦᠯᠵᠤ᠂ ᠬᠠᠶᠠᠭᠳᠠᠵᠤ ᠤᠷᠭᠢᠭᠳᠠᠭᠰᠠᠨ ᠰᠢᠳᠦᠭᠡᠨ ᠤ ᠵᠠᠩ ᠦᠢᠯᠨ ᠪᠠ ᠭᠠᠷ ᠤᠷᠠᠯᠠᠯ ᠢ ᠤᠯᠠᠮ ᠴᠢᠨᠠᠭᠰᠢᠳᠠ ᠭᠦᠨ ᠭᠦᠨᠵᠡᠭᠡᠢ ᠬᠠᠮᠠᠭᠠᠯᠠᠨ ᠭᠦᠭᠵᠢᠭᠦᠯᠵᠤ᠂ ᠪᠦᠭᠡ ᠪᠡᠯᠭᠦᠳᠡᠢ ᠶᠢᠨ ᠰᠢᠳᠦᠭᠡᠨ ᠤ ᠤᠷᠤᠨ ᠢ ᠤᠯᠤᠰ ᠤᠨ ᠲᠡᠰ ᠤᠨ ᠬᠠᠮᠠᠭᠠᠯᠠᠯᠳᠠ ᠶᠢᠨ ᠤᠷᠤᠨ ᠪᠤᠯᠭᠠᠬᠤ ᠪᠠᠷ ᠮᠡᠳᠡᠭᠦᠯᠦᠯᠳᠡ ᠶᠢᠨ ᠮᠠᠲ᠋ᠧᠷᠢᠶᠠᠯ ᠢᠶᠠᠨ ᠡᠮᠭᠢᠳᠭᠡᠨ ᠴᠤᠭᠯᠠᠭᠤᠯᠵᠤ᠂ ᠤᠳᠤᠭ ᠤᠨ ᠡᠯ᠎ᠡ ᠵᠦᠢᠯ ᠤᠨ ᠰᠢᠳᠦᠭᠡᠨ ᠵᠢᠴᠢ ᠭᠠᠷ ᠤᠷᠠᠯᠠᠯ ᠪᠠ ᠵᠠᠩ ᠦᠢᠯᠨ ᠶᠢ ᠤᠷᠤᠨ ᠤ ᠲᠡᠰ ᠤᠨ ᠰᠤᠶᠤᠯ  ᠤᠨ ᠰᠢᠯᠢᠳᠡᠭ ᠦᠢᠯᠡᠳᠭᠦᠨ ᠪᠤᠯᠭᠠᠬᠤ ᠪᠠᠷ ᠴᠢᠷᠮᠠᠶᠢᠵᠤ ᠪᠤᠢ᠃      2011 ᠤᠨ ᠤ ᠭᠤᠷᠪᠠᠨ ᠰᠠᠷ᠎ᠠ ᠳᠤ ᠮᠤᠩᠭᠤᠯ ᠤᠯᠤᠰ ᠤᠨ ᠤᠯᠠᠭᠠᠨᠪᠠᠭᠠᠳᠤᠷ ᠲᠤ ᠪᠤᠯᠤᠭᠰᠠᠨ ᠠᠩᠬᠠᠳᠤᠭᠠᠷ ᠤᠳᠠᠭᠠᠨ ᠤ ᠲᠡᠯᠡᠭᠡᠢ ᠶᠢᠨ ᠮᠤᠩᠭᠤᠯ ᠪᠦᠭᠡ ᠶᠢᠨ ᠰᠤᠳᠤᠯᠭᠠᠨ ᠤ ᠬᠤᠷᠠᠯ ᠳᠤ ᠤᠷᠤᠯᠴᠠᠪᠠ᠃      2012 ᠤᠨ ᠤ ᠭᠤᠷᠪᠠᠨ ᠰᠠᠷ᠎ᠠ ᠳᠤ ᠮᠤᠩᠭᠤᠯ ᠤᠯᠤᠰ ᠤᠨ ᠤᠯᠠᠭᠠᠨᠪᠠᠭᠠᠳᠤᠷ ᠲᠤ ᠪᠤᠯᠤᠭᠰᠠᠨ ᠬᠤᠶᠠᠳᠤᠭᠠᠷ ᠤᠳᠠᠭᠠᠨ ᠤ ᠲᠡᠯᠡᠭᠡᠢ ᠶᠢᠨ ᠦᠨᠳᠦᠰᠦᠳᠡᠨ  ᠤ ᠵᠠᠩ ᠦᠢᠯᠨ᠂ ᠮᠤᠩᠭᠤᠯ ᠪᠦᠭᠡ ᠶᠢᠨ ᠰᠤᠳᠤᠯᠭᠠᠨ ᠤ ᠬᠤᠷᠠᠯ ᠳᠤ ᠤᠷᠤᠯᠴᠠᠵᠤ᠂ ︽ᠲᠡᠯᠡᠭᠡᠢ ᠶᠢᠨ ᠠᠪᠤᠷᠭᠤ ᠪᠦᠭᠡᠴᠢᠨ ᠪᠡᠯᠭᠦᠳᠡᠢ ᠶᠢᠨ ᠲᠤᠬᠠᠢ︾ ᠭᠡᠰᠡᠨ ᠶᠠᠷᠢᠶ᠎ᠠ ᠢᠯᠡᠳᠭᠡᠯ ᠢ ᠭᠢᠵᠤ᠂ ᠪᠦᠭᠦ ᠲᠡᠯᠡᠭᠡᠢ ᠶᠢᠨ ᠮᠤᠩᠭᠤᠯ ᠰᠤᠳᠤᠯᠭᠠᠳᠠᠨ᠂ ᠡᠷᠳᠡᠮᠳᠡᠳ ᠲᠤ ᠪᠦᠭᠡ ᠪᠡᠯᠭᠦᠳᠡᠢ ᠶᠢᠨ ᠲᠤᠬᠠᠢ ᠤᠯᠠᠮ ᠨᠠᠷᠢᠨ ᠲᠤᠳᠤᠷᠬᠠᠢ ᠲᠠᠨᠢᠯᠴᠠᠭᠤᠯᠭ᠎ᠠ ᠭᠢᠵᠤ᠂ ᠪᠦᠭᠦ ᠲᠡᠯᠡᠭᠡᠢ ᠶᠢᠨ ᠮᠤᠩᠭᠤᠯᠴᠤᠳ ᠲᠤ ᠤᠷᠳᠤᠰ ᠤᠨ ᠤᠳᠤᠭ ᠬᠤᠰᠢᠭᠤᠨ ᠳᠤ ᠴᠢᠩᠭᠢᠰ ᠬᠠᠭᠠᠨ ᠤ ᠲᠡᠭᠦᠦ ᠪᠡᠯᠭᠦᠳᠡᠢ ᠶᠢᠨ ᠤᠡᠭᠭᠤᠨ ᠰᠢᠳᠦᠭᠡᠨ ᠢ ᠦᠪ ᠦᠨᠡᠨ ᠵᠢᠩᠭᠢᠨᠢ ᠬᠠᠭᠤᠴᠢ ᠶᠤᠰᠤ ᠪᠠᠷ ᠨᠢ ᠲᠠᠭᠢᠵᠤ ᠰᠢᠳᠦᠵᠤ ᠪᠠᠶᠢᠭ᠎ᠠ ᠶᠢ ᠮᠡᠳᠡᠷᠡᠭᠦᠯᠦᠯ᠎ᠡ᠃      2012 ᠤᠨ ᠤ 12 ᠰᠠᠷ᠎ᠠ ᠳᠤ ᠡᠵᠡᠨ ᠬᠤᠷᠤᠭ᠎ᠠ ᠬᠤᠰᠢᠭᠤᠨ ᠤ ᠴᠢᠩᠭᠢᠰ ᠤᠨ ᠤᠡᠭᠭᠤᠨ ᠳᠤ ᠪᠤᠯᠤᠭᠰᠠᠨ ︽ᠬᠤᠶᠠᠳᠤᠭᠠᠷ ᠬᠤᠭᠤᠴᠠᠭᠠᠨ ᠤ ᠴᠢᠩᠭᠢᠰ ᠬᠠᠭᠠᠨ ᠤ ᠲᠠᠶᠢᠯᠠᠯᠭ᠎ᠠ ᠲᠠᠭᠢᠯᠭ᠎ᠠ ᠶᠢᠨ ᠰᠤᠶᠤᠯ ᠤᠨ ᠰᠤᠳᠤᠯᠤᠨ ᠶᠠᠷᠢᠯᠴᠠᠬᠤ ᠬᠤᠷᠠᠯ︾ ᠳᠤ ᠤᠷᠤᠯᠴᠠᠪᠠ᠃                      ︽ᠤᠲᠤᠭ ᠬᠤᠰᠢᠭᠤᠨ ᠤ ᠮᠤᠩᠭᠤᠯ ᠦᠨᠳᠦᠰᠦᠲᠡᠨ ᠤ ᠪᠤᠳᠠᠰ ᠤᠨ ᠪᠤᠰᠤ ᠰᠤᠶᠤᠯ ᠤᠨ ᠥᠪ︾   ᠪᠠᠢ ᠭᠡᠷᠡᠯᠲᠦ ᠭᠤᠤᠯᠯᠠᠨ ᠨᠠᠶᠢᠷᠠᠭᠤᠯᠪᠠ    ᠤᠲᠤᠭ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ