ᠬᠤᠳᠠ ᠶᠢᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ  ᠤᠶᠤᠨᠳᠠᠯᠠᠢ
ᠨᠡᠶᠢᠲᠡᠯᠡᠭᠰᠡᠨ ᠴᠠᠭ᠄
2021/10/8
     ᠤᠶᠤᠨᠳᠠᠯᠠᠢ᠂ ᠮᠤᠩᠭᠤᠯ ᠦᠨᠳᠦᠰᠦᠳᠡᠨ᠂ 1974 ᠤᠨ ᠳᠤ ᠤᠳᠤᠭ ᠬᠤᠰᠢᠭᠤᠨ ᠤ ᠤᠤᠯ ᠤᠨ ᠴᠠᠪ ᠰᠤᠮᠤᠨ ᠤ ᠪᠠᠶᠠᠨᠳᠤᠯᠤᠭᠠᠢ ᠳᠤ ᠲᠦᠷᠦᠵᠡᠢ᠃ ᠠᠪᠤ ᠶᠢᠨ ᠭᠠᠭᠴᠠ ᠭᠦᠦ ᠪᠤᠯᠵᠤ ᠵᠠᠶᠠᠭᠠᠵᠠᠢ᠃ 1984 ᠤᠨ ᠠᠴᠠ ᠤᠳᠤᠭ ᠬᠤᠰᠢᠭᠤᠨ ᠤ ᠤᠤᠯ ᠤᠨ ᠴᠠᠭᠠᠨᠨᠠᠭᠤᠷ ᠰᠤᠮᠤᠨ ᠤ ᠰᠢᠷᠠᠪᠦ᠋ᠷᠢᠳᠥ ᠶᠢᠨ ᠮᠤᠩᠭᠤᠯ ᠪᠠᠭ᠎ᠠ ᠰᠤᠷᠭᠠᠭᠤᠯᠢ ᠳᠤ ᠪᠢᠴᠢᠭ ᠦᠵᠡᠵᠡᠢ᠃ 1989 ᠤᠨ ᠳᠤ ᠪᠠᠭ᠎ᠠ ᠰᠤᠷᠭᠠᠭᠤᠯᠢ ᠪᠠᠨ ᠲᠡᠭᠦᠰᠭᠡᠵᠤ᠂ ᠤᠳᠤᠭ ᠬᠤᠰᠢᠭᠤᠨ ᠤ ᠮᠤᠩᠭᠤᠯ ᠲᠤᠮᠳᠠᠳᠤ ᠰᠤᠷᠭᠠᠭᠤᠯᠢ ᠳᠤ ᠠᠩᠬ᠎ᠠ ᠲᠤᠮᠳᠠᠳᠤ ᠪᠠᠨ ᠰᠤᠷᠤᠯᠴᠠᠵᠠᠢ᠃ ᠭᠤᠷᠪᠠᠨ ᠵᠢᠯ ᠤᠨ ᠰᠤᠷᠤᠯᠭ᠎ᠠ ᠪᠠᠨ ᠠᠮᠵᠢᠯᠳᠠ ᠲᠠᠢ ᠪᠠᠷ ᠲᠡᠭᠦᠰᠭᠡᠭᠡᠳ ᠡᠯ᠎ᠡ ᠵᠦᠢᠯ ᠤᠨ ᠰᠢᠯᠳᠠᠭᠠᠨ  ᠠᠴᠠ ᠪᠤᠯᠵᠤ ᠦᠷᠭᠦᠯᠵᠢᠯᠡᠨ ᠰᠤᠷᠤᠯᠴᠠᠭᠰᠠᠨ ᠦᠭᠡᠢ ᠨᠤᠳᠤᠭ ᠲᠠᠭᠠᠨ ᠪᠤᠴᠠᠭᠰᠠᠨ ᠪᠠᠶᠢᠨ᠎ᠠ᠃      ᠨᠤᠳᠤᠭ ᠲᠠᠭᠠᠨ ᠬᠠᠷᠢᠭᠰᠠᠨ ᠤ ᠲᠠᠷᠠᠭ᠎ᠠ ᠤᠶᠤᠨᠳᠠᠯᠠᠢ ᠠᠵᠤ ᠠᠮᠢᠳᠤᠷᠠᠯ ᠠᠳᠠᠯ ᠦᠢᠯᠡᠰ ᠢᠶᠠᠨ ᠴᠤᠭᠴᠠᠯᠠᠬᠤ ᠪᠠᠷ ᠮᠠᠷᠠᠶᠢᠨ ᠴᠢᠷᠮᠠᠶᠢᠵᠠᠢ᠃ ᠮᠠᠯ ᠤᠨ ᠡᠭᠦᠯᠳᠡᠷ ᠢ ᠰᠠᠶᠢᠵᠢᠷᠠᠭᠤᠯᠬᠤ᠂ ᠬᠠᠰᠢᠶ᠎ᠠ ᠰᠠᠷᠠᠪᠴᠢ ᠪᠠᠷᠢᠬᠤ᠂ ᠡᠪᠡᠰᠤ ᠮᠤᠳᠤ ᠲᠠᠷᠢᠬᠤ᠂ ᠤᠰᠤᠨ ᠭᠠᠵᠠᠷ ᠭᠠᠷᠭᠠᠬᠤ᠂ ᠠᠮᠢ ᠠᠬᠤᠢ ᠶᠢ ᠬᠠᠮᠠᠭᠠᠯᠠᠬᠤ ᠵᠡᠷᠭᠡ ᠤᠯᠠᠨ ᠵᠦᠢᠯ ᠤᠨ ᠠᠵᠢᠯ ᠤᠳ ᠢ ᠭᠢᠵᠤ ᠠᠵᠢᠯᠴᠢ ᠠᠷᠪᠢᠴᠢ ᠪᠠᠷ ᠪᠠᠶᠠᠵᠢᠬᠤ ᠵᠠᠮ ᠢᠶᠠᠷ ᠵᠠᠮᠨᠠᠭᠰᠠᠨ ᠠᠴᠠ ᠤᠳᠤ ᠡᠳᠡᠨ ᠤ ᠬᠢᠨ ᠨᠢ 300 ᠭᠠᠷᠤᠢ ᠪᠠᠭ᠎ᠠ ᠮᠠᠯ  ᠲᠠᠢ᠂ 400 ᠭᠠᠷᠤᠢ ᠮᠤ᠋ ᠤᠰᠤᠨ ᠭᠠᠵᠠᠷ ᠲᠠᠢ᠂ ᠪᠠᠶᠠᠨ ᠴᠢᠨᠡᠭᠡᠯᠢᠭ ᠠᠮᠢᠳᠤᠷᠠᠯ ᠢ ᠡᠳ᠋ᠯᠡᠵᠤ ᠪᠠᠶᠢᠨ᠎ᠠ᠃      2009 ᠤᠨ ᠳᠤ ᠤᠶᠤᠨᠳᠠᠯᠠᠢ ᠶᠢᠨ ᠰᠠᠨᠠᠭᠠᠴᠢᠯᠠᠭ᠎ᠠ ᠪᠠᠷ ᠵᠢᠷᠭᠤᠭᠠᠨ ᠠᠶᠢᠯ ᠡᠷᠦᠭᠡ ᠬᠤᠯᠪᠤᠭᠠᠯᠠᠨ ︽ᠤᠯᠠᠨ ᠪᠤᠯᠠᠭ︾ ᠨᠡᠷᠡᠮᠵᠢᠳᠥ ᠮᠠᠯᠵᠢᠯ ᠤᠨ ᠲᠤᠰᠬᠠᠢ ᠬᠤᠷᠰᠢᠶᠠᠵᠢᠯ ᠢ ᠪᠠᠶᠢᠭᠤᠯᠵᠤ᠂ ᠲᠠᠷᠢᠵᠤ᠂ ᠲᠡᠵᠢᠭᠡᠵᠤ᠂ ᠪᠤᠷᠤᠯᠠᠭᠤᠯᠬᠤ ᠪᠠᠷ ᠭᠤᠤᠯ ᠦᠢᠯᠡᠰ ᠢᠶᠠᠨ ᠪᠤᠯᠭᠠᠭᠰᠠᠨ ᠬᠤᠷᠰᠢᠶᠠᠵᠢᠯ ᠢ ᠭᠢᠭᠰᠡᠨ ᠠᠴᠠ ᠭᠡᠳᠦᠨ ᠠᠶᠢᠯ ᠤᠨ ᠠᠰᠢᠭ ᠤᠷᠤᠯᠭ᠎ᠠ ᠨᠢ ᠶᠡᠭᠡ ᠪᠠᠷ ᠨᠡᠮᠡᠭᠳᠡᠵᠡᠢ᠃ ᠡᠨ᠋ᠨ ᠨᠢ ᠰᠢᠨ᠎ᠠ ᠮᠠᠯᠵᠢᠬᠤ ᠲᠤᠰᠬᠤᠨ ᠢ ᠪᠦᠳᠦᠭᠡᠨ ᠪᠠᠶᠢᠭᠤᠯᠬᠤ ᠲᠦᠷᠦ ᠶᠢᠨ ᠪᠤᠳᠤᠯᠭ᠎ᠠ ᠲᠠᠢ ᠶᠠᠪ ᠴᠠᠪ ᠨᠡᠶᠢᠴᠡᠵᠤ ᠪᠠᠶᠢᠭᠰᠠᠨ ᠠᠴᠠ ᠤᠶᠢᠷ᠎ᠠ ᠤᠷᠴᠢᠮ ᠤᠨ ᠮᠠᠯᠴᠢᠳ ᠪᠦᠷ ᠡᠳᠡᠨ ᠠᠴᠠ ᠲᠠᠭᠠᠨ ᠰᠤᠷᠤᠯᠴᠠᠳᠠᠭ ᠪᠤᠯᠤᠭᠰᠠᠨ ᠪᠠᠶᠢᠨ᠎ᠠ᠃ ᠠᠵᠤ ᠠᠮᠢᠳᠤᠷᠠᠯ ᠰᠠᠶᠢᠵᠢᠷᠠᠵᠤ᠂ ᠪᠠᠶᠠᠨ ᠴᠢᠨᠡᠭᠡᠯᠢᠭ ᠪᠤᠯᠤᠭᠰᠠᠨ ᠤ ᠲᠠᠷᠠᠭ᠎ᠠ ᠤᠶᠤᠨ ᠤ ᠪᠤᠯᠪᠠᠰᠤᠨ ᠪᠠ ᠰᠤᠶᠤᠯ ᠤᠨ ᠠᠮᠢᠳᠤᠷᠠᠯ ᠢ ᠴᠢᠬᠤᠯᠠᠴᠢᠯᠠᠵᠤ᠂ 2010 ᠤᠨ ᠳᠤ ᠤᠯᠠᠨ ᠪᠤᠯᠠᠭ ᠤᠨ ︽ᠮᠠᠯᠴᠢᠨ ᠬᠠᠮᠳᠤᠯᠢᠭ︾ ᠢ ᠡᠭᠦᠰᠭᠡᠨ ᠪᠠᠶᠢᠭᠤᠯᠵᠤ᠂ ᠲᠠᠭᠤᠤ ᠭᠦᠭᠵᠢᠮ ᠳᠡᠭᠡᠨ ᠠᠪᠢᠶᠠᠰ ᠲᠠᠢ ᠨᠢᠭᠡ ᠪᠦᠯᠦᠭ ᠵᠠᠯᠠᠭᠤᠴᠤᠳ ᠢ ᠵᠤᠭᠢᠶᠠᠨ ᠪᠠᠶᠢᠭᠤᠯᠵᠤ᠂ ᠪᠠᠶᠠᠷ ᠲᠤᠷᠠᠰᠬᠠᠯ ᠤᠨ ᠡᠳᠦᠷ ᠪᠤᠶᠤ ᠨᠠᠶᠢᠷ ᠨᠠᠭᠠᠳᠤᠮ ᠤᠨ ᠡᠳᠦᠷ ᠡᠯᠪᠡᠭ ᠪᠠᠶᠠᠯᠢᠭ ᠠᠭᠤᠯᠭ᠎ᠠ ᠲᠠᠢ ᠲᠠᠭᠤᠤ ᠭᠦᠭᠵᠢᠮ ᠢᠶᠠᠷ ᠢᠶᠠᠨ ᠲᠦᠮᠡᠨ ᠤᠯᠠᠨ  ᠢᠶᠠᠨ ᠪᠠᠶᠠᠰᠬᠠᠳᠠᠭ ᠪᠠᠶᠢᠨ᠎ᠠ᠃ ᠲᠡᠷᠨ ᠪᠠᠰᠠ ᠲᠡᠭᠡᠳᠦᠰ ᠠᠴᠠ ᠪᠠᠨ ᠲᠠᠭᠢᠵᠤ ᠢᠷᠡᠭᠰᠡᠨ ᠤᠯᠠᠨ ᠪᠤᠯᠠᠭ ᠤᠨ ᠲᠠᠭᠢᠯᠭ᠎ᠠ ᠪᠠᠨ ᠲᠠᠭᠢᠵᠤ᠂ ᠡᠨ᠋ᠨ ᠭᠦ ᠲᠦᠷᠦᠯ ᠤᠨ ᠤᠯᠠᠮᠵᠢᠯᠠᠭᠴᠢ ᠪᠠᠷ ᠡᠷᠭᠦᠮᠵᠢᠯᠡᠭᠳᠡᠭᠰᠡᠨ ᠪᠠᠶᠢᠨ᠎ᠠ᠃          ︽ᠤᠲᠤᠭ ᠬᠤᠰᠢᠭᠤᠨ ᠤ ᠮᠤᠩᠭᠤᠯ ᠦᠨᠳᠦᠰᠦᠲᠡᠨ ᠤ ᠪᠤᠳᠠᠰ ᠤᠨ ᠪᠤᠰᠤ ᠰᠤᠶᠤᠯ ᠤᠨ ᠥᠪ︾   ᠪᠠᠢ ᠭᠡᠷᠡᠯᠲᠦ ᠭᠤᠤᠯᠯᠠᠨ ᠨᠠᠶᠢᠷᠠᠭᠤᠯᠪᠠ    ᠤᠲᠤᠭ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ  
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ