ᠮᠠᠯᠵᠢᠬᠤ ᠲᠠᠷᠢᠶᠠᠯᠠᠬᠤ ᠣᠷᠣᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠠᠵᠢᠯ ᠢ ᠰᠠᠶᠢᠨ ᠬᠢᠬᠦ ᠲᠣᠬᠠᠢ ᠣᠳᠤᠭ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2021/11/1
               ᠣᠳᠤᠭ ᠵᠡᠰᠠᠭ ᠲᠡᠷᠬᠠᠭᠠᠭᠰᠡᠨ  ﹇2021﹈ 188 ᠳ᠋ᠤᠭᠠᠷ ᠲᠣᠭᠠᠳᠣ            ᠮᠠᠯᠵᠢᠬᠤ ᠲᠠᠷᠢᠶᠠᠯᠠᠬᠤ ᠣᠷᠣᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠠᠵᠢᠯ ᠢ ᠰᠠᠶᠢᠨ ᠬᠢᠬᠦ ᠲᠣᠬᠠᠢ ᠣᠳᠤᠭ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠤ ᠮᠡᠳᠡᠭᠳᠡᠯᠡᠯ᠎ᠡ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ︶ ᠤᠨ ᠬᠠᠮᠢᠶᠠᠷᠤᠯᠲᠠ ᠶᠢᠨ ᠵᠦᠪᠯᠡᠯ᠂ ᠡᠯ᠎ᠠ ᠰᠣᠮᠣ ᠪᠡᠯᠭᠠᠰᠥᠨ ᠤ ᠠᠷᠡᠳ ᠤᠨ ᠵᠡᠰᠠᠭ ᠤᠨ ᠣᠷᠳᠣᠨ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠪᠠᠶᠢᠭᠤᠯᠭ᠎ᠠ ᠵᠢᠴᠢ ᠡᠯ᠎ᠡ ᠠᠷᠠᠳ ᠤᠨ ᠪᠦᠯᠬᠦᠮ᠂ ᠡᠯ᠎ᠡ ᠶᠡᠭᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ᠥᠪᠡᠷᠲᠡᠭᠡᠨ ᠵᠠᠰᠠᠬᠤ ᠣᠷᠣᠨ᠂ ᠬᠤᠲᠠ ᠶᠢᠨ ᠠᠶᠣᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ᠂ ᠭᠠᠯ ᠰᠡᠷᠭᠡᠶᠢᠯᠡᠬᠦ ᠠᠮᠤᠷ ᠲᠦᠪᠰᠢᠨ ᠤ ᠲᠤᠰᠬᠠᠢ ᠴᠡᠭᠴᠡᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠥᠷᠨᠢᠭᠦᠯᠬᠦ ᠬᠤᠯᠪᠣᠭᠳᠠᠯ ᠪᠦᠬᠦᠢ ᠱᠠᠭᠠᠷᠳᠠᠯᠭ᠎ᠠ ᠶᠢ ᠭᠦᠨᠵᠡᠭᠡᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠠᠵᠢᠯ ᠢ ᠤᠯᠠᠮ ᠴᠢᠩᠭᠠᠳᠬᠠᠨ᠂ ᠮᠠᠯᠵᠢᠬᠤ ᠲᠠᠷᠢᠶᠠᠯᠠᠬᠤ ᠣᠷᠣᠨ ᠤ ︽ᠪᠠᠭ᠎ᠠ ᠭᠠᠯ ᠠᠴᠠ ᠬᠥᠮᠥᠨ ᠠᠳᠡᠬᠦ︾᠂ ︽ᠪᠠᠭ᠎ᠠ ᠭᠠᠯ ᠠᠴᠠ ᠲᠣᠶᠢᠮᠠᠷ ᠡᠭᠦᠰᠬᠦ︾ ᠵᠡᠷᠭᠡ ᠭᠠᠯ ᠤᠨ ᠠᠳᠡᠯ ᠡᠭᠦᠰᠬᠦ ᠠᠴᠠ ᠵᠠᠶᠢᠯᠠᠬᠢᠵᠤ᠂ ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠭᠠᠯ ᠰᠡᠷᠭᠡᠶᠢᠯᠡᠬᠦ ᠠᠵᠢᠯ ᠤᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠡ᠂ ᠪᠦᠬᠦ ᠬᠤᠰᠢᠭᠤᠨ ᠳᠤ ᠮᠠᠯᠵᠢᠬᠤ ᠲᠠᠷᠢᠶᠠᠯᠠᠬᠤ ᠣᠷᠣᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠠᠵᠢᠯ ᠢ ᠥᠷᠨᠢᠭᠦᠯᠬᠦ ᠪᠠᠷ ᠪᠣᠯᠪᠠ᠂ ᠪᠣᠳᠠᠲᠠᠢ ᠠᠭᠤᠯᠭ᠎ᠠ ᠨᠢ ᠳᠣᠣᠷᠠᠬᠢ ᠮᠡᠲᠦ᠄      ᠨᠢᠭᠡ᠂ ᠮᠠᠯᠵᠢᠬᠤ ᠲᠠᠷᠢᠶᠠᠯᠠᠬᠤ ᠣᠷᠣᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠠᠵᠢᠯ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠴᠢᠩᠭᠠᠳᠬᠠᠨ᠎ᠠ      ᠡᠯ᠎ᠡ ᠰᠤᠮᠤ ᠪᠠᠯᠭᠠᠰᠤ ᠭᠠᠯ ᠰᠡᠷᠭᠡᠶᠢᠯᠡᠬᠦ ᠠᠮᠤᠷ ᠲᠦᠪᠰᠢᠨ ᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠭᠠᠯ ᠰᠡᠷᠭᠡᠶᠢᠯᠡᠬᠦ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠪᠣᠳᠠᠲᠠᠢ ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠤ ᠲᠡᠷᠢᠭᠦᠨ ᠬᠠᠷᠢᠭᠤᠴᠠᠯᠭᠠᠲᠠᠨ ᠢᠶᠠᠷ ᠭᠤᠣᠯ ᠬᠠᠷᠢᠭᠤᠴᠠᠯᠭᠠᠲᠠᠨ ᠤ ᠲᠤᠰᠢᠶᠠᠯ ᠢ ᠡᠭᠦᠷᠭᠡᠯᠡᠭᠦᠯᠵᠦ᠂ ᠭᠠᠴᠠᠭ᠎ᠠ ᠲᠤᠰᠬᠤᠨ ᠤ ᠠᠷᠠᠳ ᠤᠨ ᠵᠥᠪᠯᠡᠯ ᠤᠨ ᠭᠤᠤᠯ ᠬᠠᠷᠢᠭᠤᠴᠠᠯᠭᠠᠲᠠᠨ ᠢᠶᠠᠷ ᠲᠤᠰ ᠵᠠᠰᠠᠭ ᠵᠠᠬᠢᠷᠭᠠᠨ ᠤ ᠣᠷᠣᠨ ᠲᠣᠭᠤᠷᠢᠭ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠠᠵᠢᠯ ᠤᠨ ᠲᠡᠷᠢᠭᠦᠨ ᠬᠠᠷᠢᠭᠤᠴᠠᠯᠭᠠᠲᠠᠨ ᠤ ᠲᠤᠰᠢᠶᠠᠯ ᠢ  ᠡᠭᠦᠷᠭᠡᠯᠡᠭᠦᠯᠦᠨ᠎ᠡ᠃ ᠠᠵᠢᠯ ᠤᠨ ᠲᠣᠭᠲᠠᠮᠠᠯ ᠬᠤᠷᠠᠯ᠂ ᠭᠠᠯ ᠰᠡᠷᠭᠡᠶᠢᠯᠡᠬᠦ ᠪᠠᠶᠢᠩᠭᠤ ᠶᠢᠨ ᠪᠠᠶᠢᠴᠠᠭᠠᠯᠲᠠ᠂ ᠤᠬᠠᠭᠤᠯᠭ᠎ᠠ ᠪᠣᠯᠪᠠᠰᠤᠷᠠᠯ ᠵᠡᠷᠭᠡ ᠳᠦᠷᠢᠮ ᠠᠷᠭ᠎ᠠ ᠪᠠᠷᠢᠯ ᠢ ᠲᠣᠭᠲᠠᠭᠠᠵᠤ ᠨᠠᠶᠢᠳᠠᠪᠤᠷᠢᠵᠢᠭᠤᠯᠤᠨ᠂ ᠡᠪᠤᠯ ᠬᠠᠪᠤᠷ᠂ ᠴᠢᠬᠤᠯᠠ ᠶᠡᠭᠡ ᠪᠠᠶᠠᠷ ᠳᠤᠷᠠᠰᠬᠠᠯ ᠤᠨ ᠡᠳᠦᠷ᠂ ᠲᠠᠷᠢᠶᠠᠯᠠᠩ ᠤᠨ ᠬᠤᠷᠢᠶᠠᠯᠲᠠ ᠵᠡᠷᠭᠡ ᠭᠤᠣᠯᠳᠠᠯᠭ᠎ᠠ ᠲᠠᠢ ᠬᠤᠭᠤᠴᠠᠭᠠᠨ ᠳᠠᠬᠢ ᠪᠠᠶᠢᠴᠠᠭᠠᠯᠲᠠ᠂ ᠲᠣᠭᠤᠷᠢᠨ ᠪᠠᠶᠢᠴᠠᠭᠠᠯᠲᠠ ᠶᠢ ᠴᠢᠩᠭᠠᠳᠬᠠᠨ᠎ᠠ᠃ ᠡᠯ᠎ᠡ ᠭᠠᠴᠠᠭ᠎ᠠ ᠲᠤᠰᠬᠤᠨ ᠤ ᠠᠷᠠᠳ ᠤᠨ ᠵᠥᠪᠯᠡᠯ 2 —3 ᠨᠡᠷ᠎ᠡ ᠲᠤᠰᠬᠠᠢ ᠲᠤᠰᠢᠶᠠᠯᠲᠤ ᠭᠠᠯ ᠰᠡᠷᠭᠡᠶᠢᠯᠡᠬᠦ ᠬᠠᠮᠢᠶᠠᠷᠤᠯᠲᠠ ᠶᠢᠨ ᠠᠵᠢᠯᠲᠠᠨ ᠲᠣᠬᠢᠷᠠᠭᠤᠯᠵᠤ᠂ ᠡᠳᠦᠷ ᠳᠣᠳᠥᠮ ᠤᠨ ᠭᠠᠯ ᠰᠡᠷᠭᠡᠶᠢᠯᠡᠬᠦ ᠠᠵᠢᠯ ᠢ ᠪᠣᠳᠠᠲᠠᠢ ᠠᠳᠬᠤᠨ᠂ ᠰᠠᠭᠤᠭᠠᠯᠢ ᠠᠷᠠᠳ ᠢ ᠱᠠᠭᠠᠷᠳᠠᠵᠤ ︽ᠭᠠᠯ ᠰᠡᠷᠭᠡᠶᠢᠯᠡᠬᠦ ᠠᠮᠤᠷ ᠲᠦᠪᠰᠢᠨ ᠤ ᠨᠡᠶᠢᠲᠡ ᠶᠢᠨ ᠭᠡᠷ᠎ᠡ︾ ᠶᠢ ᠵᠢᠷᠤᠮᠯᠠᠭᠤᠯᠵᠤ᠂ ᠣᠯᠠᠨ ᠲᠦᠮᠡᠨᠴᠢ ᠴᠢᠨᠠᠷᠲᠠᠢ ᠭᠠᠯ ᠰᠡᠷᠭᠡᠶᠢᠯᠡᠬᠦ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠂ ᠭᠠᠯ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠩᠭᠤ ᠶᠢᠨ ᠡᠷᠭᠢᠯᠲᠡ ᠶᠢ ᠪᠠᠲᠤᠯᠠᠨ᠎ᠠ᠃ ᠭᠠᠯ ᠰᠡᠷᠭᠡᠶᠢᠯᠡᠬᠦ ᠠᠵᠢᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠭᠠᠯ ᠰᠡᠷᠭᠡᠶᠢᠯᠡᠬᠦ ᠠᠮᠤᠷ ᠲᠦᠪᠰᠢᠨ ᠢ ᠶᠡᠷᠦᠩᠬᠡᠶᠢᠯᠡᠭᠰᠡᠨ ᠰᠦᠯᠵᠢᠶᠡᠵᠢᠭᠰᠡᠨ ᠬᠠᠮᠢᠶᠠᠷᠤᠯᠲᠠ ᠳᠤ ᠣᠷᠣᠭᠤᠯᠤᠨ᠂ ᠦᠨᠳᠦᠰᠦᠨ ᠱᠠᠲᠤᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠰᠦᠯᠵᠢᠶᠡᠵᠢᠭᠰᠡᠨ ᠬᠠᠮᠢᠶᠠᠷᠤᠯᠲᠠ ᠶᠢᠨ ᠬᠦᠴᠦᠨ ᠢ ᠲᠡᠭᠦᠯᠳᠡᠷᠵᠢᠭᠦᠯᠵᠦ᠂ ᠭᠠᠯ ᠰᠡᠷᠭᠡᠶᠢᠯᠡᠬᠦ ᠠᠮᠤᠷ ᠲᠦᠪᠰᠢᠨ ᠤ ᠰᠦᠯᠵᠢᠶᠡᠵᠢᠭᠰᠡᠨ ᠬᠠᠮᠢᠶᠠᠷᠤᠯᠲᠠ ᠶᠢᠨ ᠪᠦᠷᠢᠯᠳᠦᠬᠦᠨ ᠢ ᠤᠯᠠᠮ ᠪᠦᠷᠢᠳᠦᠭᠦᠯᠦᠨ᠂ ᠭᠠᠯ ᠰᠡᠷᠭᠡᠶᠢᠯᠡᠬᠦ ᠶᠢ ᠳᠠᠷᠠᠭᠠᠯᠠᠨ ᠪᠠᠶᠢᠴᠠᠭᠠᠬᠤ ᠰᠦᠯᠵᠢᠶᠡᠵᠢᠭᠰᠡᠨ ᠬᠠᠮᠢᠶᠠᠷᠤᠯᠲᠠ ᠶᠢᠨ ᠲᠤᠰᠬᠠᠢ ᠲᠤᠰᠢᠶᠠᠯᠲᠤ ᠪᠤᠶᠤ ᠬᠠᠪᠰᠤᠷᠭᠠᠨ ᠬᠢᠬᠦ ᠠᠵᠢᠯᠲᠠᠨ ᠲᠣᠬᠢᠷᠠᠭᠤᠯᠵᠤ᠂ ᠳᠠᠯᠳᠡ ᠭᠡᠮ ᠢ ᠪᠠᠶᠢᠩᠭᠤ ᠳᠠᠷᠠᠭᠠᠯᠠᠨ ᠪᠠᠶᠢᠴᠠᠭᠠᠵᠤ ᠴᠡᠭᠴᠡᠯᠡᠬᠦ ᠲᠣᠭᠲᠠᠴᠠ ᠶᠢ ᠪᠠᠶᠢᠭᠤᠯᠤᠨ᠎ᠠ᠃      ᠬᠤᠶᠠᠷ᠂ ᠮᠠᠯᠵᠢᠬᠤ ᠲᠠᠷᠢᠶᠠᠯᠠᠬᠤ ᠣᠷᠣᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠨ᠎ᠠ᠃      ︵ᠨᠢᠭᠡ︶ ᠦᠨᠳᠦᠰᠦᠨ ᠱᠠᠲᠤᠨ ᠤ ᠭᠠᠯ ᠰᠡᠷᠭᠡᠶᠢᠯᠡᠬᠦ ᠲᠥᠯᠥᠪᠵᠢᠭᠦᠯᠭᠡ ᠪᠠ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ︽ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠬᠠᠤᠯᠢ︾ ᠶᠣᠰᠣᠭᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ︵2018 —2022 ᠣᠨ︶︾ ᠶᠢᠨ ᠬᠠᠮᠢᠶ᠎ᠠ ᠪᠦᠬᠦᠢ ᠱᠠᠭᠠᠷᠳᠠᠯᠭ᠎ᠠ ᠳᠤ ᠦᠨᠳᠦᠰᠦᠯᠡᠵᠦ᠂ ᠮᠠᠯᠵᠢᠬᠤ ᠲᠠᠷᠢᠶᠠᠯᠠᠬᠤ ᠣᠷᠣᠨ ᠤ ᠭᠠᠯ ᠰᠡᠷᠭᠡᠶᠢᠯᠡᠬᠦ ᠠᠵᠢᠯ ᠢ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠪᠠ ᠰᠢᠨ᠎ᠡ ᠬᠡᠯᠪᠡᠷᠢ ᠶᠢᠨ ᠬᠤᠲᠠ ᠪᠠᠯᠭᠠᠰᠣᠵᠢᠯᠳᠡ ᠶᠢᠨ ᠪᠠᠶᠢᠯᠳᠤᠬᠤ ᠪᠣᠳᠣᠯᠭ᠎ᠠ ᠶᠢᠨ ᠠᠭᠤᠯᠭ᠎ᠠ ᠳᠤ ᠣᠷᠣᠭᠤᠯᠤᠨ᠂ ᠨᠢᠭᠡᠳᠦᠯᠲᠡᠢ ᠪᠠᠶᠢᠷᠢᠯᠠᠭᠤᠯᠵᠤ ᠨᠢᠭᠡᠳᠦᠯᠲᠡᠢ ᠬᠢᠨᠠᠨ ᠰᠢᠯᠭᠠᠷᠠᠭᠤᠯᠤᠨ᠎ᠠ᠃ ᠡᠯ᠎ᠡ ᠰᠤᠮᠤ ᠪᠠᠯᠭᠠᠰᠤ ᠭᠠᠯ ᠰᠡᠷᠭᠡᠶᠢᠯᠡᠬᠦ ᠲᠤᠰᠬᠠᠢ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ  ᠨᠠᠶᠢᠷᠠᠭᠤᠯᠵᠤ᠂ ᠣᠨ ᠤ ᠠᠵᠢᠯ ᠤᠨ ᠲᠥᠯᠥᠪᠯᠡᠭᠡ ᠲᠣᠭᠲᠠᠭᠠᠨ᠂ ᠬᠥᠳᠡᠭᠡ ᠲᠤᠰᠬᠤᠨ ᠤ ᠭᠡᠷ ᠪᠠᠶᠢᠰᠢᠩ ᠤᠨ ᠥᠭᠡᠷᠡᠴᠢᠯᠡᠯᠲᠡ᠂ ᠴᠠᠬᠢᠯᠭᠠᠨ ᠤ ᠥᠭᠡᠷᠡᠴᠢᠯᠡᠯᠲᠡ᠂ ᠵᠤᠤᠬᠠᠨ ᠤ ᠥᠭᠡᠷᠡᠴᠢᠯᠡᠯᠲᠡ᠂ ᠵᠠᠮ ᠤᠨ ᠥᠭᠡᠷᠡᠴᠢᠯᠡᠯᠲᠡ ᠵᠡᠷᠭᠡ ᠥᠭᠡᠷᠡᠴᠢᠯᠡᠯᠲᠡ ᠶᠢᠨ ᠢᠨᠵᠧᠨᠧᠷᠢᠩ ᠲᠠᠢ ᠤᠶᠠᠯᠳᠤᠭᠤᠯᠵᠤ᠂ ᠭᠠᠯ ᠰᠡᠷᠭᠡᠶᠢᠯᠡᠬᠦ ᠰᠠᠭᠤᠷᠢ ᠪᠠᠶᠢᠭᠤᠯᠤᠯᠲᠠ ᠪᠠ ᠬᠠᠮᠠᠭᠠᠯᠠᠯᠲᠠ ᠶᠢ ᠵᠡᠷᠭᠡ ᠪᠠᠷ ᠠᠬᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠭᠠᠯ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ ᠭᠠᠯ ᠰᠡᠷᠭᠡᠶᠢᠯᠡᠬᠦ ᠲᠥᠬᠦᠭᠡᠷᠦᠮᠵᠢ᠂ ᠭᠠᠯ ᠰᠡᠷᠭᠡᠶᠢᠯᠡᠬᠦ ᠴᠢᠳᠠᠪᠤᠷᠢ ᠪᠠ ᠭᠠᠯ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ 2021 ᠣᠨ ᠳᠤ ᠭᠠᠯ ᠰᠡᠷᠭᠡᠶᠢᠯᠡᠬᠦ ᠠᠮᠤᠷ ᠲᠦᠪᠰᠢᠨ ᠤ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠰᠤᠮᠤ ᠪᠠᠯᠭᠠᠰᠤ᠂ ᠭᠠᠴᠠᠭ᠎ᠠ ᠲᠤᠰᠬᠤᠨ ᠤ ᠡᠵᠡᠯᠡᠬᠦ ᠨᠣᠷᠮ᠎ᠠ ᠶᠢ 80% ᠠᠴᠠ ᠳᠣᠣᠷᠠᠳᠠᠭᠤᠯᠬᠤ ᠦᠭᠡᠢ ᠪᠠᠶᠢᠨ᠎ᠠ᠃      ︵ᠬᠤᠶᠠᠷ︶ ᠭᠠᠴᠠᠭ᠎ᠠ ᠲᠤᠰᠬᠤᠨ ᠲᠤᠰ ᠱᠠᠲᠤᠨ ᠤ ᠭᠠᠯ ᠰᠡᠷᠭᠡᠶᠢᠯᠡᠵᠦ ᠠᠪᠤᠷᠠᠨ ᠲᠤᠰᠠᠯᠠᠬᠤ ᠬᠦᠴᠦᠨ ᠢ ᠴᠢᠩᠭᠠᠳᠬᠠᠨ᠎ᠠ᠃ ᠰᠤᠮᠤ ᠪᠠᠯᠭᠠᠰᠤᠨ ᠤ ᠭᠠᠯ ᠤᠨᠲᠠᠷᠠᠭᠠᠬᠤ ᠠᠩᠭᠢ ᠥᠷᠲᠡᠭᠡ ᠶᠢ ᠪᠠᠶᠢᠭᠤᠯᠵᠤ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ 2021 ᠣᠨ ᠳᠤ ᠮᠠᠯᠵᠢᠬᠤ ᠲᠠᠷᠢᠶᠠᠯᠠᠬᠤ ᠣᠷᠣᠨ ᠳᠤ ︽ᠨᠢᠭᠡ ᠭᠠᠴᠠᠭ᠎ᠠ ᠲᠤᠰᠬᠤᠨ ᠳᠤ ᠨᠢᠭᠡ ᠠᠩᠭᠢ ᠪᠠᠶᠢᠭᠤᠯᠬᠤ︾ ᠱᠠᠭᠠᠷᠳᠠᠯᠭ᠎ᠠ ᠶᠢ ᠪᠡᠶᠡᠯᠡᠭᠦᠯᠵᠦ᠂ ︽ᠡᠷᠲᠡ ᠠᠴᠠ ᠰᠡᠷᠭᠡᠶᠢᠯᠡᠬᠦ᠂ ᠪᠠᠭ᠎ᠠ ᠳᠡᠭᠡᠷ᠎ᠡ ᠨᠢ ᠤᠨᠲᠠᠷᠠᠭᠠᠬᠤ︾ ᠳᠤ ᠰᠠᠭᠤᠷᠢᠯᠠᠨ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ᠂ ᠠᠯᠪᠠᠨ ᠵᠢᠷᠤᠮ ᠤᠨ ᠦᠢᠯᠡᠴᠢᠯᠡᠭᠡᠨ ᠤ ᠠᠩᠭᠢ᠂ ᠪᠠᠭ᠎ᠠ ︵ᠪᠢᠴᠢᠯ︶ ᠭᠠᠯ ᠤᠨᠲᠠᠷᠠᠭᠠᠬᠤ ᠥᠷᠲᠡᠭᠡ ᠵᠡᠷᠭᠡ ᠭᠠᠴᠠᠭ᠎ᠠ ᠲᠤᠰᠬᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠬᠦᠴᠦᠨ ᠢ ᠪᠠᠶᠢᠭᠤᠯᠵᠤ᠂ ᠠᠳᠠᠭ ᠲᠠᠭᠠᠨ 8 ᠬᠥᠮᠥᠨ ᠢᠶᠠᠷ ᠪᠦᠷᠢᠯᠳᠦᠭᠦᠯᠦᠨ᠎ᠡ᠃ ᠰᠤᠮᠤ ᠪᠠᠯᠭᠠᠰᠤ ᠪᠠ ᠨᠥᠬᠦᠴᠡᠯ ᠲᠠᠢ ᠭᠠᠴᠠᠭ᠎ᠠ ᠲᠤᠰᠬᠤᠨ ᠵᠢᠵᠢᠭᠦᠷᠯᠡᠵᠦ ᠪᠡᠯᠡᠳᠬᠡᠯ ᠬᠢᠬᠦ ᠲᠠᠯᠠᠪᠤᠷ ᠢ ᠲᠣᠭᠲᠠᠭᠠᠨ᠂ ᠲᠡᠷᠬᠡ ᠮᠠᠰᠢᠨ ᠲᠣᠨᠣᠭᠯᠠᠯ ᠢ ᠪᠠᠷᠢᠮᠵᠢᠶ᠎ᠠ ᠶᠣᠰᠣᠭᠠᠷ ᠲᠣᠬᠢᠷᠠᠭᠤᠯᠤᠨ᠎ᠠ᠃ ᠭᠠᠴᠠᠭ᠎ᠠ ᠲᠤᠰᠬᠤᠨ ︽ᠨᠢᠭᠡ ᠭᠠᠴᠠᠭ᠎ᠠ ᠲᠤᠰᠬᠤᠨ ᠳᠤ ᠨᠢᠭᠡ ᠠᠩᠭᠢ ᠨᠢᠭᠡ ᠲᠡᠷᠭᠡ ᠨᠢᠭᠡ ᠬᠦᠭᠡᠷᠬᠡ ᠲᠠᠢ ᠪᠠᠶᠢᠯᠭᠠᠬᠤ︾ ᠱᠠᠭᠠᠷᠳᠠᠯᠭ᠎ᠠ ᠶᠣᠰᠣᠭᠠᠷ᠂ ᠨᠢᠭᠡ ᠭᠠᠯ ᠤᠨᠲᠠᠷᠠᠭᠠᠬᠤ  ᠠᠩᠭᠢ᠂ ᠨᠢᠭᠡ ᠭᠠᠯ ᠤᠨᠲᠠᠷᠠᠭᠠᠬᠤ ᠮᠠᠰᠢᠨ ᠲᠡᠷᠬᠡ᠂ ᠨᠢᠭᠡ ᠮᠠᠰᠢᠨ ᠬᠦᠭᠡᠷᠬᠡ ᠲᠣᠬᠢᠷᠠᠭᠤᠯᠵᠣ᠂ ᠨᠥᠬᠦᠴᠡᠯ ᠦᠭᠡᠢ ᠭᠠᠴᠠᠭ᠎ᠠ ᠲᠤᠰᠬᠤᠨ ᠳᠤ ᠭᠠᠯ ᠤᠨᠲᠠᠷᠠᠭᠠᠬᠤ ᠪᠤᠰᠤᠳ ᠮᠠᠰᠢᠨ ᠲᠡᠷᠬᠡ ᠲᠣᠬᠢᠷᠠᠭᠤᠯᠤᠨ᠎ᠠ᠃ ᠡᠯ᠎ᠡ ᠰᠤᠮᠤ ᠪᠠᠯᠭᠠᠰᠤ᠂ ᠭᠠᠴᠠᠭ᠎ᠠ ᠲᠤᠰᠬᠤᠨ ᠪᠠᠭᠠᠵᠢ ᠲᠣᠨᠣᠭᠯᠠᠯ ᠲᠣᠬᠢᠷᠠᠭᠤᠯᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠪᠣᠯᠪᠠᠰᠤᠷᠠᠯ ᠰᠣᠷᠢᠯᠲᠠ ᠥᠷᠨᠢᠭᠦᠯᠦᠨ᠂ ᠭᠠᠯ ᠤᠨᠲᠠᠷᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃      ︵ᠭᠤᠷᠪᠡ︶ ᠮᠠᠯᠵᠢᠬᠤ ᠲᠠᠷᠢᠶᠠᠯᠠᠬᠤ ᠣᠷᠣᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠵᠠᠰᠠᠯᠲᠠ ᠶᠢᠨ ᠵᠠᠭᠪᠤᠷ ᠢ ᠲᠡᠭᠦᠯᠳᠡᠷᠵᠢᠭᠦᠯᠦᠨ᠎ᠡ᠃ ᠡᠯ᠎ᠡ ᠰᠤᠮᠤ ᠪᠠᠯᠭᠠᠰᠤ ᠬᠠᠷᠢᠶ᠎ᠠ ᠣᠷᠣᠨ ᠳᠤ ᠮᠠᠯᠵᠢᠬᠤ ᠲᠠᠷᠢᠶᠠᠯᠠᠬᠤ ᠣᠷᠣᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠳᠠᠯᠳᠡ ᠭᠡᠮ ᠤᠨ ᠳᠠᠷᠠᠭᠠᠯᠠᠨ ᠪᠠᠶᠢᠴᠠᠭᠠᠯᠲᠠ ᠴᠡᠭᠴᠡᠯᠡᠯᠲᠡ ᠬᠢᠨ᠎ᠡ᠃ ᠭᠠᠴᠠᠭ᠎ᠠ ᠲᠤᠰᠬᠤᠨ ᠨᠤᠭᠤᠳ ᠭᠠᠴᠠᠭ᠎ᠠ ᠲᠤᠰᠬᠤᠨ ᠤ ᠳᠦᠷᠢᠮ ᠠᠷᠠᠳ ᠤᠨ ᠭᠡᠷ᠎ᠡ ᠳᠡᠭᠡᠨ ᠭᠠᠯ ᠰᠡᠷᠭᠡᠶᠢᠯᠡᠬᠦ ᠠᠮᠤᠷ ᠲᠦᠪᠰᠢᠨ ᠤ ᠠᠭᠤᠯᠭ᠎ᠠ ᠶᠢ ᠣᠷᠣᠭᠤᠯᠵᠤ᠂ ᠭᠠᠯ ᠰᠡᠷᠭᠡᠶᠢᠯᠡᠬᠦ ᠠᠮᠤᠷ ᠲᠦᠪᠰᠢᠨ ᠢ ᠬᠤᠯᠪᠣᠭᠠᠯᠠᠨ ᠰᠡᠷᠭᠡᠶᠢᠯᠡᠬᠦ ᠲᠣᠭᠲᠠᠴᠠ ᠶᠢ ᠬᠡᠷᠡᠭᠵᠢᠭᠦᠯᠦᠨ᠂ ᠵᠠᠰᠠᠭ ᠵᠠᠬᠢᠷᠭᠠᠨ ᠤ ᠣᠷᠣᠨ ᠲᠣᠭᠤᠷᠢᠭ ᠲᠠᠬᠢ ᠴᠢᠬᠤᠯᠠ ᠪᠠᠶᠢᠭᠤᠯᠭ᠎ᠠ ᠳᠤ ᠰᠠᠷ᠎ᠠ ᠳᠤ ᠠᠳᠠᠭ ᠲᠠᠭᠠᠨ 1 ᠤᠳᠠᠭᠠᠨ ᠤ ᠪᠠᠶᠢᠴᠠᠭᠠᠯᠲᠠ ᠬᠢᠵᠤ᠂ ᠬᠠᠪᠤᠷ ᠤᠨ ᠲᠠᠷᠢᠶᠠᠯᠠᠩ ᠨᠠᠮᠤᠷ ᠤᠨ ᠬᠤᠷᠢᠶᠠᠯᠲᠠ᠂ ᠴᠠᠭᠠᠨ ᠰᠠᠷ᠎ᠠ᠂ ᠦᠯᠵᠡᠶᠢᠳᠤ ᠪᠠᠶᠠᠷ᠂ ᠬᠠᠩᠰᠢ᠂ ᠲᠡᠷᠭᠡᠯ ᠰᠠᠷᠠᠨ ᠤ ᠪᠠᠶᠠᠷ ᠵᠡᠷᠭᠡ ᠭᠠᠯ ᠤᠨ ᠠᠶᠦᠯ ᠣᠯᠠᠨ ᠡᠭᠦᠰᠬᠦ ᠤᠯᠠᠷᠢᠯ ᠪᠠ ᠴᠢᠬᠤᠯᠠ ᠶᠡᠭᠡ ᠪᠠᠶᠠᠷ ᠳᠤᠷᠠᠰᠬᠠᠯ ᠤᠨ ᠬᠤᠭᠤᠴᠠᠭᠠᠨ ᠳᠤ ᠡᠳᠦᠷ ᠪᠦᠷᠢ ᠲᠤᠰᠬᠠᠢ ᠪᠠᠶᠢᠴᠠᠭᠠᠯᠲᠠ ᠥᠷᠨᠢᠭᠦᠯᠦᠨ᠂ ᠬᠠᠭᠠᠰ ᠵᠢᠯ ᠳᠤ ᠠᠳᠠᠭ ᠲᠠᠭᠠᠨ ᠨᠢᠭᠡ ᠤᠳᠠᠭᠠᠨ ᠤ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠵᠤ ᠰᠠᠷᠨᠢᠭᠤᠯᠬᠤ ᠰᠤᠷᠢᠯᠲᠠ ᠬᠢᠵᠤ᠂ ᠤᠯᠠᠷᠢᠯ ᠪᠣᠯᠭᠠᠨ ᠳᠤ ᠮᠠᠯᠵᠢᠬᠤ ᠲᠠᠷᠢᠶᠠᠯᠠᠬᠤ ᠣᠷᠣᠨ ᠤ ᠨᠠᠰᠤᠲᠠᠶᠢᠴᠤᠳ ᠪᠠᠭᠤᠷᠠᠶᠢᠴᠣᠣᠯ ᠵᠡᠮᠳᠡᠭᠴᠦᠳ ᠡᠪᠡᠳᠴᠢᠲᠡᠳ ᠵᠡᠷᠭᠡ ᠣᠨᠴᠠᠭᠠᠢ ᠬᠥᠮᠥᠰ ᠤᠨ ᠪᠠᠶᠢᠳᠠᠯ ᠢ ᠨᠢᠭᠡ ᠤᠳᠠᠭ᠎ᠠ ᠳᠠᠷᠠᠭᠠᠯᠠᠨ ᠪᠠᠶᠢᠴᠠᠭᠠᠵᠤ᠂ ︽ᠪᠠᠲᠤᠯᠠᠨ ᠳᠠᠭᠠᠭᠠᠴᠢᠯᠠᠵᠤ ᠬᠠᠪᠰᠤᠷᠤᠯᠴᠠᠬᠤ ᠂ ᠲᠤᠰᠬᠠᠢ ᠬᠥᠮᠥᠨ ᠢᠶᠠᠷ ᠬᠠᠪᠰᠤᠷᠤᠨ ᠲᠡᠳᠬᠦᠭᠦᠯᠬᠦ︾ ᠵᠡᠷᠭᠡ ᠠᠷᠭ᠎ᠠ ᠪᠠᠷᠢᠯ ᠢᠶᠠᠷ ᠭᠠᠯ ᠰᠡᠷᠭᠡᠶᠢᠯᠡᠬᠦ ᠠᠮᠤᠷ ᠲᠦᠪᠰᠢᠨ ᠢ ᠬᠢᠨᠠᠨ ᠬᠠᠮᠠᠭᠠᠯᠠᠵᠤ᠂ ᠲᠠᠷᠢᠶᠠᠴᠢᠨ ᠡᠷᠦᠬᠡ ︽ᠠᠷᠪᠠᠨ ᠡᠷᠦᠬᠡ ᠬᠤᠯᠪᠣᠭᠠᠯᠠᠨ ᠰᠡᠷᠭᠡᠶᠢᠯᠡᠬᠦ︾᠂ ᠮᠠᠯᠴᠢᠨ ᠲᠦᠮᠡᠨ ︽ᠡᠷᠦᠬᠡ ᠡᠷᠦᠬᠡ ᠬᠤᠯᠪᠣᠭᠠᠯᠠᠨ ᠰᠡᠷᠭᠡᠶᠢᠯᠡᠬᠦ︾ ᠥᠪᠡᠷ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃      ᠭᠤᠷᠪᠡ᠂  ᠮᠠᠯᠵᠢᠬᠤ ᠲᠠᠷᠢᠶᠠᠯᠠᠬᠤ ᠣᠷᠣᠨ ᠤ ᠤᠬᠠᠭᠤᠯᠭ᠎ᠠ ᠶᠢᠨ ᠠᠵᠢᠯ ᠢ ᠪᠠᠲᠤᠲᠠᠢ ᠰᠠᠶᠢᠨ ᠬᠢᠨ᠎ᠡ      ︵ᠨᠢᠭᠡ︶ ᠡᠯ᠎ᠡ ᠰᠤᠮᠤ ᠪᠠᠯᠭᠠᠰᠤ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠭᠠᠯ ᠰᠡᠷᠭᠡᠶᠢᠯᠡᠬᠦ ᠠᠮᠤᠷ ᠲᠦᠪᠰᠢᠨ ᠤ ᠤᠬᠠᠭᠤᠯᠭ᠎ᠠ ᠶᠢᠨ ᠠᠵᠢᠯ ᠢ ᠪᠣᠳᠠᠲᠠᠢ ᠨᠠᠶᠢᠳᠠᠪᠤᠷᠢᠵᠢᠭᠤᠯᠤᠨ᠎ᠠ᠃ ᠡᠯ᠎ᠡ ᠭᠠᠴᠠᠭ᠎ᠠ ᠲᠤᠰᠬᠤᠨ ᠠᠳᠠᠭ ᠲᠠᠭᠠᠨ ᠨᠢᠭᠡ ᠤᠳᠤᠷᠢᠳᠬᠤ ᠺᠠᠳ᠋ᠷ ᠢᠶᠠᠷ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ ᠬᠠᠷᠢᠭᠤᠴᠠᠭᠤᠯᠵᠤ᠂ ᠠᠮᠤᠷ ᠲᠦᠪᠰᠢᠨ ᠢᠶᠠᠷ ᠭᠠᠯ ᠴᠠᠬᠢᠯᠭᠠᠨ ᠬᠡᠷᠡᠭᠯᠡᠬᠦ᠂ ᠲᠦᠯᠡᠰᠢᠨ ᠲᠤᠰᠣ ᠰᠢᠲᠠᠮᠠᠬᠠᠢ ᠬᠡᠢ ᠬᠡᠷᠡᠭᠯᠡᠬᠦ ᠲᠠᠯ᠎ᠠ ᠪᠠᠷ ᠬᠢ ᠤᠬᠠᠭᠤᠯᠭ᠎ᠠ ᠶᠢᠨ ᠹᠢᠯᠢᠮ᠂ ᠤᠬᠠᠭᠤᠯᠭ᠎ᠠ ᠶᠢᠨ ᠮᠡᠳᠡᠯᠭᠡ ᠶᠢ ᠭᠠᠴᠠᠭ᠎ᠠ ᠲᠤᠰᠬᠤᠨ ᠤ ᠠᠷᠠᠳ ᠤᠨ ᠸᠢᠴᠠᠲ ᠬᠤᠯᠪᠣᠭᠠᠨ ᠳᠤ ᠳᠠᠮᠵᠢᠭᠤᠯᠬᠤ ᠶᠢᠨ ᠳᠠᠭᠠᠤ ᠴᠠᠭ ᠳᠠᠷᠤᠢ  ᠳᠤᠨᠢ ᠯᠠᠪᠠᠷ᠂ ᠭᠠᠴᠠᠭ᠎ᠠ ᠲᠤᠰᠬᠤᠨ ᠤ ᠵᠥᠪᠯᠡᠯ ᠤᠨ ᠬᠤᠷᠠᠯ᠂ ᠡᠳᠦᠷ ᠳᠣᠳᠥᠮ ᠤᠨ ᠤᠬᠠᠭᠤᠯᠭ᠎ᠠ ᠵᠡᠷᠭᠡ ᠬᠡᠯᠪᠡᠷᠢ ᠪᠠᠷ ᠭᠠᠯ ᠰᠡᠷᠭᠡᠶᠢᠯᠡᠬᠦ ᠠᠮᠤᠷ ᠲᠦᠪᠰᠢᠨ ᠤ ᠤᠬᠠᠭᠤᠯᠭ᠎ᠠ ᠬᠢᠨ᠎ᠡ᠃      ︵ᠬᠤᠶᠠᠷ︶ ᠡᠯ᠎ᠡ ᠰᠤᠮᠤ ᠪᠠᠯᠭᠠᠰᠤ ᠬᠠᠷᠢᠶ᠎ᠠ ᠣᠷᠣᠨ ᠳᠠᠬᠢ ᠭᠠᠴᠠᠭ᠎ᠠ ᠲᠤᠰᠬᠤᠨ ᠤ ᠪᠠᠨ ᠢᠯᠡ ᠭᠠᠵᠠᠷ ᠲᠤ ᠭᠠᠯ ᠰᠡᠷᠭᠡᠶᠢᠯᠡᠬᠦ ᠤᠬᠠᠭᠤᠯᠭ᠎ᠠ ᠶᠢᠨ ᠳᠠᠪᠴᠠᠩ ᠪᠠ ᠤᠬᠠᠭᠤᠯᠭ᠎ᠠ ᠶᠢᠨ ᠲᠣᠭᠲᠠᠮᠠᠯ ᠫᠠᠶᠢᠰᠠ ᠲᠣᠬᠢᠷᠠᠭᠤᠯᠵᠤ᠂ ᠭᠠᠯ ᠰᠡᠷᠭᠡᠶᠢᠯᠡᠬᠦ ᠢᠯᠡᠷᠬᠡᠶᠢᠯᠡᠯ ᠲᠡᠮᠳᠡᠭ ᠭᠠᠷᠭᠠᠨ᠂ ᠭᠠᠯ ᠰᠡᠷᠭᠡᠶᠢᠯᠡᠬᠦ ᠭᠤᠣᠯᠳᠠᠯᠭ᠎ᠠ ᠶᠣᠰᠣᠭᠠᠷ ᠤᠬᠠᠭᠤᠯᠭ᠎ᠠ ᠬᠥᠮᠥᠵᠢᠯ ᠤᠨ ᠠᠭᠤᠯᠭ᠎ᠠ ᠶᠢ ᠨᠠᠭᠠᠵᠤ ᠲᠠᠯᠪᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠨᠠᠮ ᠤᠨ ᠭᠡᠰᠢᠭᠦᠨ ᠺᠠᠳ᠋ᠷᠴᠣᠳ ᠣᠳᠣ ᠦᠶ᠎ᠡ ᠶᠢᠨ ᠠᠯᠤᠰ ᠡᠵᠡᠮᠰᠢᠯᠲᠦ ᠬᠥᠮᠥᠵᠢᠯ ᠤᠨ ᠰᠦᠯᠵᠢᠶ᠎ᠡ ᠶᠢ ᠭᠦᠢᠴᠡᠳ ᠠᠰᠢᠭᠯᠠᠵᠤ᠂ ᠭᠠᠯ ᠰᠡᠷᠭᠡᠶᠢᠯᠡᠬᠦ ᠬᠠᠤᠯᠢ ᠳᠦᠷᠢᠮ᠂ ᠭᠠᠯ ᠰᠡᠷᠭᠡᠶᠢᠯᠡᠬᠦ ᠠᠮᠤᠷ ᠲᠦᠪᠰᠢᠨ ᠤ ᠶᠡᠷᠦ ᠶᠢᠨ ᠮᠡᠳᠡᠯᠭᠡ ᠶᠢᠨ ᠬᠥᠮᠥᠵᠢᠯ ᠬᠢᠨ᠎ᠡ᠃ ᠬᠠᠪᠤᠷ ᠤᠨ ᠲᠠᠷᠢᠶᠠᠯᠠᠩ᠂ ᠨᠠᠮᠤᠷ ᠤᠨ ᠬᠤᠷᠢᠶᠠᠯᠲᠠ᠂ ᠴᠠᠭᠠᠨ ᠰᠠᠷ᠎ᠠ᠂ ᠥᠯᠵᠡᠶᠢᠲᠦ ᠪᠠᠶᠠᠷ ᠤᠨ ᠡᠳᠦᠷ᠂ ᠬᠠᠩᠰᠢ ᠪᠠ ᠬᠥᠳᠡᠭᠡ ᠲᠤᠰᠬᠤᠨ ᠤ ᠠᠷᠠᠳ ᠤᠨ ᠤᠯᠠᠮᠵᠢᠯᠠᠯᠲᠤ ᠪᠠᠶᠠᠷ ᠵᠡᠷᠭᠡ ᠭᠤᠣᠯᠳᠠᠯᠭ᠎ᠠ ᠲᠠᠢ ᠪᠠᠶᠠᠷ ᠳᠤᠷᠠᠰᠬᠠᠯ ᠤᠨ ᠡᠳᠦᠷ ᠢ ᠲᠣᠬᠢᠶᠠᠯᠳᠤᠭᠤᠯᠤᠨ᠂ ᠬᠥᠳᠡᠭᠡ ᠲᠤᠰᠬᠤᠨ ᠤ ᠷᠠᠳᠢᠣ᠋ ᠨᠡᠪᠲᠡᠷᠡᠭᠦᠯᠭᠡ ᠶᠢᠨ ᠥᠷᠲᠡᠭᠡ ᠪᠠᠷ ᠨᠡᠪᠲᠡᠷᠡᠭᠦᠯᠭᠡ ᠬᠢᠬᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠬᠡᠯᠪᠡᠷᠢ ᠪᠠᠷ ᠤᠬᠠᠭᠤᠯᠭ᠎ᠠ ᠬᠥᠮᠥᠵᠢᠯ ᠢ ᠬᠠᠨᠳᠤᠯᠭᠠᠲᠤ ᠴᠢᠨᠠᠷᠲᠠᠢ ᠪᠠᠷ ᠥᠷᠨᠢᠭᠦᠯᠦᠨ᠎ᠡ᠃      ᠡᠯ᠎ᠡ ᠰᠤᠮᠤ ᠪᠠᠯᠭᠠᠰᠤ᠂ ᠭᠠᠴᠠᠭ᠎ᠠ ᠲᠤᠰᠬᠤᠨ ᠤ ᠬᠠᠷᠢᠭᠤᠴᠠᠯᠭᠠᠲᠠᠨ 11 ᠰᠠᠷ᠎ᠠ ᠶᠢᠨ 5 ᠤ ᠡᠳᠦᠷ ᠠᠴᠠ ᠡᠮᠦᠨ᠎ᠡ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠢᠴᠢᠭ ᠮᠠᠲ᠋ᠧᠷᠢᠶᠠᠯ᠂ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠳᠤᠭᠤᠶᠢᠯᠠᠩ᠂ ᠭᠠᠯ ᠤᠨᠲᠠᠷᠠᠭᠠᠬᠤ ᠲᠤᠰᠬᠠᠢ ︵ᠬᠠᠪᠰᠤᠷᠭᠠᠬᠤ︶ ᠲᠤᠰᠢᠶᠠᠯᠲᠤ ᠠᠵᠢᠯᠲᠠᠨ᠂ ᠭᠠᠯ ᠤᠨᠲᠠᠷᠠᠭᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ᠂ ᠰᠦᠯᠵᠢᠶᠡᠵᠢᠭᠰᠡᠨ ᠬᠠᠮᠢᠶᠠᠷᠤᠯᠲᠠ ᠶᠢᠨ ᠠᠵᠢᠯᠲᠠᠨ ᠤ ᠨᠡᠷᠡᠰ ᠵᠢᠴᠢ ᠮᠠᠯᠵᠢᠬᠤ ᠲᠠᠷᠢᠶᠠᠯᠠᠬᠤ ᠣᠷᠣᠨ ᠤ ᠭᠠᠯ ᠰᠡᠷᠭᠡᠶᠢᠯᠡᠬᠦ ᠠᠵᠢᠯ ᠤᠨ ᠪᠠᠶᠢᠴᠠᠭᠠᠯᠲᠠ ᠶᠢᠨ ᠬᠦᠰᠦᠨᠦᠭᠲᠦ ︵ᠳᠠᠭᠠᠯᠳᠤᠭᠤᠯᠤᠯ 1᠂ 2 ᠠᠴᠠ ᠦᠵᠡ︶ ᠶᠢ ᠬᠠᠷᠢᠯᠴᠠᠭᠴᠢ ᠳᠤ ᠮᠡᠳᠡᠭᠦᠯᠦᠨ᠎ᠡ᠃ᠳᠠᠭᠠᠯᠳᠤᠭᠤᠯᠤᠯ᠄ ⒈ ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠠᠵᠢᠯ ᠤᠨ ᠪᠠᠶᠢᠴᠠᠭᠠᠯᠲᠠ ᠶᠢᠨ ᠬᠦᠰᠦᠨᠦᠭᠲᠦ ︵ ᠰᠢᠶᠠᠩ᠂ ᠰᠤᠮᠤ᠂ ᠪᠠᠯᠭᠠᠰᠤ᠂︶⒉ ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠠᠵᠢᠯ ᠤᠨ ᠪᠠᠶᠢᠴᠠᠭᠠᠯᠲᠠ ᠶᠢᠨ ᠬᠦᠰᠦᠨᠦᠭᠲᠦ ︵ᠭᠠᠴᠠᠭ᠎ᠠ ᠲᠤᠰᠬᠤᠨ︶ᠬᠠᠷᠢᠯᠴᠠᠭᠴᠢ᠄ ᠵᠸᠤ ᠵᠢᠩᠢᠮᠧᠯ᠄ 147945665@qq.comᠬᠠᠷᠢᠯᠴᠠᠬᠤ ᠤᠲᠠᠰᠤ᠄ 6287108ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ             2021 ᠣᠨ ᠤ 11 ᠰᠠᠷ᠎ᠠ ᠶᠢᠨ 1 ᠤ ᠡᠳᠦᠷ
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ