ᠴᠢ ᠫᠠᠨ ᠵᠢᠩ ᠪᠠᠯᠭᠠᠰᠤᠨ ᠤ 2021 ᠣᠨ ᠤ 1% ᠶᠢᠨ ᠬᠥᠮᠦᠨ ᠠᠮᠠ ᠶᠢᠨ ᠥᠯᠢᠭᠡᠷ ᠠᠪᠴᠤ ᠪᠠᠶᠢᠴᠠᠭᠠᠬᠤ ᠠᠵᠢᠯ ᠲᠣᠭᠲᠠᠭᠤᠨ ᠢᠶᠠᠷ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2021/11/12
     11 ᠰᠠᠷ᠎ᠠ ᠶᠢᠨ 1 ᠤ ᠡᠳᠦᠷ ᠤᠨ ᠲᠡᠭ ᠴᠠᠭ ᠠᠴᠠ 2021 ᠣᠨ ᠤ ᠬᠥᠮᠦᠨ ᠠᠮᠠ ᠶᠢᠨ ᠬᠤᠪᠢᠷᠠᠯᠲᠠ ᠶᠢᠨ ᠪᠠᠶᠢᠳᠠᠯ ᠤᠨ ᠲᠤᠬᠠᠶ ᠥᠯᠢᠭᠡᠷ ᠠᠪᠴᠤ ᠪᠠᠶᠢᠴᠠᠭᠠᠬᠤ ᠠᠵᠢᠯ ᠵᠢᠩᠬᠢᠨᠢ ᠪᠠᠷ ᠡᠬᠢᠯᠡᠪᠡ᠃ ᠲᠣᠰ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠵᠤ᠂ ᠬᠥᠮᠦᠨ ᠠᠮᠠ ᠶᠢᠨ ᠬᠤᠪᠢᠷᠠᠯᠲᠠ ᠶᠢᠨ ᠰᠢᠨ᠎ᠡ ᠣᠨᠴᠠᠯᠢᠭ ᠢ ᠲᠣᠳᠣᠷᠬᠠᠶ ᠣᠶᠢᠯᠠᠭᠠᠬᠤ ᠶᠢᠨ ᠲᠥᠯᠥᠭᠡ᠂ ᠣᠶᠢᠷ᠎ᠠ ᠳᠤ᠂ ᠴᠢ ᠫᠠᠨ ᠵᠢᠩ ᠪᠠᠯᠭᠠᠰᠤᠨ ᠤ ᠲᠤᠭ᠎ᠠ ᠪᠦᠷᠢᠳᠬᠡᠯ ᠤᠨ ᠥᠷᠲᠡᠭᠡ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠪᠠ ᠨᠢᠭᠤᠴᠠ ᠶᠢ ᠬᠠᠮᠠᠭᠠᠯᠠᠬᠤ ᠠᠵᠢᠯ ᠤᠨ ᠵᠠᠷᠴᠢᠮ ᠢ ᠴᠢᠩᠭ᠎ᠠ ᠵᠢᠷᠤᠮᠯᠠᠨ᠂ ᠬᠥᠮᠦᠨ ᠠᠮᠠ ᠶᠢᠨ ᠥᠯᠢᠭᠡᠷ ᠠᠪᠴᠤ ᠪᠠᠶᠢᠴᠠᠭᠠᠬᠤ ᠪᠠ ᠡᠷᠦᠬᠡ ᠳᠤ ᠣᠷᠣᠵᠤ ᠳᠠᠩᠰᠠᠯᠠᠬᠤ ᠠᠵᠢᠯ ᠢ ᠬᠢᠨᠠᠮᠠᠭᠠᠶ ᠥᠷᠨᠢᠭᠦᠯᠪᠡ᠃      ᠪᠠᠶᠢᠴᠠᠭᠠᠭᠴᠢ ᠠᠴᠠ ᠡᠯ᠎ᠡ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠲᠤ ︽ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠠᠯᠪᠠᠨ ᠵᠠᠷ︾ ᠢ ᠨᠠᠭᠠᠬᠤ᠂ ︽ᠡᠷᠦᠬᠡ ᠳᠤ ᠥᠭᠭᠦᠭᠰᠡᠨ ᠨᠢᠭᠡ ᠬᠤᠪᠢ ᠵᠠᠬᠢᠳᠠᠯ︾  ᠢ ᠲᠠᠷᠬᠠᠭᠠᠬᠤ᠂ ᠳ᠋ᠢᠶᠠᠩᠬᠤᠸᠠ ᠪᠠᠷ ᠮᠡᠳᠡᠭᠳᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠦᠨᠵᠡᠭᠡᠶ ᠤᠬᠠᠭᠤᠯᠬᠤ ᠪᠠ ᠳᠠᠶᠢᠴᠢᠯᠠᠵᠤ᠂ ᠬᠥᠮᠦᠨ ᠠᠮᠠ ᠶᠢᠨ ᠦᠯᠢᠭᠡᠷ ᠠᠪᠴᠤ ᠪᠠᠶᠢᠴᠠᠭᠠᠬᠤ ᠠᠵᠢᠯ ᠤᠨ ᠡᠮᠬᠢ ᠵᠢᠷᠤᠮ ᠲᠠᠢ᠂ ᠤᠷᠤᠭᠰᠢᠲᠠᠶ ᠥᠷᠨᠢᠬᠦ ᠶᠢ ᠦᠨᠡᠨᠬᠦ ᠪᠠᠲᠤᠯᠠᠪᠠ᠃ ᠣᠳᠣᠬᠠᠨ ᠪᠣᠯᠲᠠᠯ᠎ᠠ᠂ ︽ᠡᠷᠦᠬᠡ ᠳᠤ ᠥᠭᠭᠦᠭᠰᠡᠨ ᠨᠢᠭᠡ ᠬᠤᠪᠢ ᠵᠠᠬᠢᠳᠠᠯ︾ ᠵᠡᠷᠭᠡ ᠤᠬᠠᠭᠤᠯᠭ᠎ᠠ ᠶᠢᠨ ᠬᠠᠭᠤᠳᠠᠰᠤ ᠶᠢ 2600 ᠭᠠᠷᠤᠶ ᠲᠠᠷᠬᠠᠭᠠᠵᠤ᠂ ᠥᠷᠭᠡᠨ ᠣᠯᠠᠨ ᠰᠠᠭᠤᠭᠠᠯᠢ ᠠᠷᠠᠳ ᠲᠤ ᠬᠥᠮᠦᠨ ᠠᠮᠠ ᠶᠢᠨ ᠪᠠᠶᠢᠴᠠᠭᠠᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠤᠬᠠᠭᠤᠯᠤᠨ᠂ ᠪᠠᠶᠢᠴᠠᠭᠠᠭᠳᠠᠬᠤ ᠡᠲᠡᠭᠡᠳ ᠢ ᠬᠥᠲᠥᠯᠥᠨ ᠵᠢᠯᠣᠭᠤᠳᠴᠤ ᠪᠠᠶᠢᠴᠠᠭᠠᠯᠲᠠ ᠶᠢᠨ ᠠᠵᠢᠯ ᠳᠤ ᠢᠳᠡᠪᠬᠢᠲᠡᠶ ᠬᠠᠮᠵᠢᠯᠴᠠᠭᠤᠯᠤᠭᠰᠠᠨ ᠢᠶᠠᠷ ᠪᠠᠷᠠᠬᠤ ᠥᠬᠡᠶ᠂ ᠪᠠᠰᠠ ᠬᠥᠮᠦᠨ ᠠᠮᠠ ᠪᠠᠷ ᠥᠯᠢᠭᠡᠷ ᠠᠪᠴᠤ ᠪᠠᠶᠢᠴᠠᠭᠠᠨ ᠬᠠᠷᠭᠤᠭᠤᠯᠬᠤ ᠠᠵᠢᠯ ᠢ ᠡᠷᠦᠬᠡ ᠪᠣᠯᠭᠠᠨ ᠳᠤ ᠮᠡᠳᠡᠭᠦᠯᠵᠦ᠂ ᠬᠥᠮᠦᠨ ᠪᠦᠬᠦᠨ ᠬᠠᠮᠵᠢᠯᠴᠠᠨ᠂ ᠰᠠᠶᠢᠨ ᠰᠠᠶᠢᠬᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠤᠯᠭᠠᠵᠠᠢ᠃      ᠲᠣᠰ ᠤᠳᠠᠭᠠᠨ ᠤ ᠬᠥᠮᠦᠨ ᠠᠮᠠ ᠶᠢᠨ ᠥᠯᠢᠭᠡᠷ ᠠᠪᠴᠤ ᠪᠠᠶᠢᠴᠠᠭᠠᠬᠤ ᠠᠵᠢᠯ ᠳᠤ ᠴᠢ ᠫᠠᠨ ᠵᠢᠩ ᠪᠠᠯᠭᠠᠰᠤ ᠨᠡᠶᠢᠲᠡ 12 ᠨᠡᠶᠢᠳᠡᠮ ᠪᠠᠶᠢᠴᠠᠭᠠᠬᠤ ᠪᠠᠭ᠎ᠠ ᠲᠣᠭᠤᠷᠢᠭ᠂ 904 ᠡᠷᠦᠬᠡ ᠳᠤ ᠬᠤᠯᠪᠣᠭᠳᠠᠵᠤ᠂ ᠣᠳᠣᠬᠠᠨ ᠳᠤ ᠠᠵᠢᠯ ᠢᠶᠠᠨ ᠡᠮᠬᠢ ᠴᠡᠭᠴᠡ ᠲᠠᠢ ᠬᠢᠵᠦ ᠪᠤᠢ᠃ ᠵᠠᠯᠭᠠᠭᠠᠳ᠂ ᠴᠢ ᠫᠠᠨ ᠵᠢᠩ ᠪᠠᠯᠭᠠᠰᠤ ᠠᠵᠢᠯ ᠤᠨ ᠠᠬᠢᠴᠠ ᠪᠠᠨ ᠲᠦᠷᠭᠡᠳᠬᠡᠵᠦ᠂ ᠴᠢᠩᠭ᠎ᠠ ᠵᠢᠷᠤᠮᠵᠢᠭᠤᠯᠤᠨ ᠱᠠᠭᠠᠷᠳᠠᠵᠤ᠂ ᠲᠣᠰ ᠤᠳᠠᠭᠠᠨ ᠤ ᠪᠥᠬᠦ ᠤᠯᠤᠰ ᠤᠨ 1% ᠶᠢᠨ ᠬᠥᠮᠦᠨ ᠠᠮᠠ ᠶᠢᠨ ᠥᠯᠢᠭᠡᠷ ᠠᠪᠴᠤ ᠪᠠᠶᠢᠴᠠᠭᠠᠬᠤ ᠠᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠪᠡᠶᠡᠯᠡᠭᠦᠯᠦᠨ᠎ᠡ᠃
ᠢᠷᠡᠯᠲᠡ᠄ ᠣᠲᠤᠭ ᠬᠤᠰᠢᠭᠤᠨ ᠤ ᠴᠢ ᠫᠠᠨ ᠵᠢᠩ ᠪᠠᠯᠭᠠᠰᠤ