ᠤᠷᠭᠤᠮᠠᠯ ᠤᠨ ᠶᠢᠷᠲᠢᠨᠴᠦ ︽ᠱᠦᠭᠦᠢ ᠨᠤᠭᠤᠭ᠎ᠠ ︵ᠲᠤᠭᠳᠤᠷᠭᠠᠨ᠎ᠠ︶︾
ᠨᠡᠶᠢᠲᠡᠯᠡᠭᠰᠡᠨ ᠴᠠᠭ᠄
2021/11/12
     ᠱᠦᠭᠦᠢ ᠨᠤᠭᠤᠭ᠎ᠠ ︵ᠲᠤᠭᠳᠤᠷᠭᠠᠨ᠎ᠠ︶ ᠨᠢᠭᠡ ᠨᠠᠰᠤᠲᠤ ᠡᠪᠡᠰᠦᠯᠢᠭ ᠤᠷᠭᠤᠮᠠᠯ᠃ ᠠᠶᠢᠯ ᠲᠤᠰᠬᠤᠨ ᠤ ᠤᠶᠢᠷᠠᠯᠴᠠᠭ᠎ᠠ᠂ ᠵᠠᠮ ᠤᠨ ᠬᠠᠵᠠᠭᠤ ᠪᠠ ᠴᠢᠭᠢᠭᠯᠢᠭ ᠠᠲᠠᠷ ᠭᠠᠵᠠᠷ ᠲᠤ ᠤᠷᠭᠤᠳᠠᠭ᠃ ᠪᠦᠬᠦ ᠤᠷᠤᠨ ᠢᠶᠠᠷ ᠤᠷᠭᠤᠯᠳᠠ ᠲᠠᠢ᠃ ᠮᠠᠨ ᠤ ᠤᠯᠤᠰ ᠤᠨ ᠵᠡᠬᠦᠨ ᠬᠤᠶᠢᠲᠤ ᠤᠷᠤᠨ᠂ ᠤᠮᠠᠷᠠᠲᠤ ᠤᠷᠤᠨ᠂ ᠪᠠᠷᠠᠭᠤᠨ ᠬᠤᠶᠢᠲᠤ ᠤᠷᠤᠨ ᠢᠶᠠᠷ ᠳᠠᠷᠬᠠᠨ᠂ ᠰᠤᠯᠤᠩᠭᠤᠰ᠂ ᠶᠠᠫᠤᠨ᠂ ᠮᠤᠩᠭᠤᠯ ᠤᠯᠤᠰ᠂ ᠤᠷᠤᠰ ᠤᠨ ᠰᠢᠪᠧᠷᠢᠶ᠎ᠠ᠂ ᠲᠤᠮᠳᠠ ᠠᠽᠢᠶ᠎ᠠ᠂ ᠤᠮᠠᠷᠠᠲᠤ ᠠᠹᠷᠢᠺᠠ᠂ ᠲᠤᠮᠳᠠ ᠡᠸᠦ᠋ᠷᠦᠫᠠ ᠪᠠᠷ ᠪᠠᠰᠠ ᠤᠷᠭᠤᠵᠤ ᠪᠠᠶᠢᠳᠠᠭ᠃ ᠨᠢᠯᠬ᠎ᠠ ᠵᠦᠭᠡᠯᠡᠨ ᠡᠰᠢ ᠨᠠᠪᠴᠢ ᠶᠢ ᠨᠢ ᠢᠳᠡᠰᠢᠨ ᠳᠤ ᠬᠡᠷᠡᠭᠯᠡᠵᠦ ᠪᠤᠯᠳᠠᠭ᠃ ᠦᠷ᠎ᠡ ᠵᠢᠮᠢᠰ ᠵᠢᠴᠢ ᠪᠦᠬᠦᠯᠢ ᠡᠪᠡᠰᠦ ᠨᠢ ᠡᠮ ᠳᠤ ᠤᠷᠤᠵᠤ᠂ ᠭᠤᠤᠯᠳᠠᠭᠤ ᠰᠢᠭᠡᠬᠦ ᠳᠤ ᠬᠦᠴᠢᠷᠳᠡᠬᠦ᠂ ᠵᠠᠭᠠᠳᠤᠨᠠᠬᠤ ᠵᠡᠷᠭᠡ ᠭᠡᠮ ᠢ ᠵᠠᠰᠠᠨ᠎ᠠ᠃ ᠭᠠᠳᠠᠷ ᠬᠡᠷᠡᠭᠯᠡᠵᠦ ᠢᠯᠢᠳᠦ ᠵᠢᠴᠢ ᠬᠤᠳᠬᠠᠨᠠᠭ ᠤᠨ ᠨᠦᠢᠲᠠᠨ ᠬᠠᠮᠠᠭᠤ ᠵᠡᠷᠭᠡ ᠶᠢ ᠵᠠᠰᠠᠳᠠᠭ᠃ ᠦᠷ᠎ᠡ ᠳᠤᠨᠢ 15% ᠶᠢᠨ ᠲᠤᠰᠤ ᠠᠭᠤᠯᠤᠭᠳᠠᠵᠤ ᠪᠠᠶᠢᠬᠤ ᠪᠤᠯᠬᠤᠷ ᠲᠡᠬᠦᠨ ᠢ ᠢᠳᠡᠬᠦ ᠪᠤᠶᠤ ᠠᠵᠤ ᠦᠢᠯᠡᠳᠪᠦᠷᠢ ᠳᠤ ᠬᠡᠷᠡᠭᠯᠡᠵᠦ ᠪᠤᠯᠤᠨ᠎ᠠ᠃
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ