2021 ᠣᠨ ᠤ ᠬᠠᠷᠠᠮᠵᠢ ᠦᠭᠡᠢ ᠪᠠᠷ ᠴᠢᠰᠤ ᠪᠠᠨ ᠬᠠᠨᠳᠢᠪᠯᠡᠬᠤ ᠠᠵᠢᠯᠯᠠᠭ᠎ᠠ ᠶᠢ ᠥᠷᠨᠢᠭᠦᠯᠬᠦ ᠲᠤᠬᠠᠢ ᠣᠲᠤᠭ ᠬᠤᠰᠢᠭᠤᠨ ᠤ  ᠠᠷᠠᠳ  ᠤᠨ  ᠵᠠᠰᠠᠭ  ᠤᠨ  ᠣᠷᠳᠣᠨ  ᠤ  ᠠᠯᠪᠠᠨ  ᠭᠡᠷ  ᠤᠨ  ᠮᠡᠳᠡᠭᠳᠡᠯ
ᠨᠡᠶᠢᠲᠡᠯᠡᠭᠰᠡᠨ ᠴᠠᠭ᠄
2021/11/15
              ᠤᠲᠤᠭ ᠵᠠᠰᠠᠭ ᠠᠯᠪᠠᠨ ᠲᠠᠷᠬᠠᠭᠠᠭᠰᠠᠨ ﹇2021﹈ 98 ᠳ᠋ᠤᠭᠠᠷ ᠲᠣᠭᠠᠲᠤ            2021 ᠣᠨ ᠤ ᠬᠠᠷᠠᠮᠵᠢ ᠦᠭᠡᠢ ᠪᠠᠷ ᠴᠢᠰᠤ ᠪᠠᠨ ᠬᠠᠨᠳᠢᠪᠯᠡᠬᠤ ᠠᠵᠢᠯᠯᠠᠭ᠎ᠠ ᠶᠢ ᠥᠷᠨᠢᠭᠦᠯᠬᠦ ᠲᠤᠬᠠᠢ ᠣᠲᠤᠭ ᠬᠤᠰᠢᠭᠤᠨ ᠤ  ᠠᠷᠠᠳ   ᠤᠨ  ᠵᠠᠰᠠᠭ   ᠤᠨ  ᠣᠷᠳᠣᠨ   ᠤ  ᠠᠯᠪᠠᠨ  ᠭᠡᠷ   ᠤᠨ  ᠮᠡᠳᠡᠭᠳᠡᠯᠡᠯ᠎ᠡ ᠠᠵᠦ ᠠᠬᠤᠢ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ︶ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠪᠠᠶᠢᠭᠤᠯᠭ᠎ᠠ᠂ ᠡᠯ᠎ᠡ ᠶᠡᠭᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠢᠰᠤ ᠬᠠᠨᠳᠢᠪᠯᠠᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠰᠤ ᠬᠠᠨᠳᠢᠪᠯᠠᠬᠤ ᠳᠦᠷᠢᠮ︾ ᠢ ᠤᠯᠠᠮ ᠨᠢᠭᠡ ᠠᠯᠬᠤᠮ ᠲᠣᠭᠤᠰᠢᠯᠠᠭᠤᠯᠵᠦ᠂ ᠬᠤᠲᠠ ᠶᠢᠨ ᠪᠤᠯᠪᠠᠰᠤᠨ ᠤ ᠲᠦᠪᠰᠢᠨ ᠢ ᠳᠡᠭᠡᠭᠰᠢᠯᠡᠭᠦᠯᠦᠨ᠂ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠪᠤᠳᠠᠲᠤ ᠦᠢᠯᠡ ᠠᠵᠢᠯᠯᠠᠭ᠎ᠠ ᠪᠠᠷ ᠢᠶᠠᠨ ᠳᠡᠮᠵᠢᠵᠦ᠂ ᠡᠮᠴᠢᠯᠡᠭᠡ ᠳᠤ ᠬᠡᠷᠡᠭᠯᠡᠬᠦ ᠴᠢᠰᠤᠨ ᠤ ᠬᠡᠷᠡᠭᠴᠡᠭᠡ ᠱᠠᠭᠠᠷᠳᠠᠯᠭ᠎ᠠ ᠪᠠ ᠴᠢᠰᠤᠨ ᠤ ᠠᠮᠤᠷ ᠳᠥᠪᠰᠢᠨ ᠢ ᠪᠠᠲᠤᠯᠠᠬᠤ ᠶᠢᠨ ᠲᠤᠰᠠᠳᠠ᠂ ᠡᠳᠦᠭᠡ 2021 ᠣᠨ  ᠤ ᠬᠠᠷᠠᠮᠵᠢ ᠦᠭᠡᠢ ᠪᠠᠷ ᠴᠢᠰᠤ ᠵᠢᠴᠢ ᠴᠢᠰᠦ ᠪᠦᠲᠦᠭᠡᠬᠦ ᠭᠤᠣᠯ ᠡᠰ ᠢᠶᠠᠨ ᠬᠠᠨᠳᠢᠪᠯᠡᠬᠤ ᠪᠣᠳᠠᠲᠠᠢ ᠤᠴᠢᠷ ᠶᠠᠪᠤᠳᠠᠯ ᠢ ᠳᠤᠤᠷᠠᠬᠢ ᠮᠡᠲᠦ ᠮᠡᠳᠡᠭᠳᠡᠶ᠎ᠡ᠄      ᠨᠢᠭᠡ᠂ ᠴᠠᠭ ᠭᠠᠵᠠᠷ      ︵ᠨᠢᠭᠡ︶ ᠣᠲᠤᠭ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠭᠤᠷᠪᠠᠳᠤᠭᠠᠷ ᠳᠠᠪᠬᠤᠷᠭ᠎ᠠ ᠶᠢᠨ ᠬᠤᠷᠠᠯ ᠤᠨ ᠭᠡᠷ ︵ᠤᠯᠠᠭᠠᠨᠪᠠᠯᠭᠠᠰᠤ︶      ᠴᠠᠭ᠄ 2021 ᠣᠨ ᠤ 11 ᠳ᠋ᠦ᠋ᠭᠡᠷ ᠰᠠᠷ᠎ᠠ ᠶᠢᠨ 23 ᠤ ᠡᠳᠦᠷ ︵ᠭᠠᠷᠠᠭ ᠤᠨ ᠬᠤᠶᠠᠷ︶ ᠠᠴᠠ 11 ᠳ᠋ᠦ᠋ᠭᠡᠷ ᠰᠠᠷ᠎ᠠ ᠶᠢᠨ 25 ᠤ ᠡᠳᠦᠷ ︵ᠭᠠᠷᠠᠭ ᠤᠨ ᠳᠥᠷᠪᠡᠨ︶ ᠤᠨ ᠥᠷᠯᠦᠭᠡᠨ ᠤ ᠨᠠᠢᠮᠠᠨ ᠴᠠᠭ ᠬᠠᠭᠠᠰ ᠠᠴᠠ ᠠᠷᠪᠠᠨ ᠬᠤᠶᠠᠷ ᠴᠠᠭ ᠬᠦᠷᠲᠡᠯ᠎ᠡ᠃      ︵ᠬᠤᠶᠠᠷ︶ ᠣᠲᠤᠭ ᠬᠤᠰᠢᠭᠤᠨ ᠤ ᠠᠷᠠᠳ ᠤᠨ ᠬᠤᠶᠠᠳᠤᠭᠠᠷ ᠡᠮᠨᠡᠯᠭᠡ ᠶᠢᠨ ᠬᠤᠷᠢᠶᠠᠨ ᠤ ᠭᠤᠷᠪᠠᠳᠤᠭᠠᠷ ᠳᠠᠪᠬᠤᠷᠭ᠎ᠠ ᠶᠢᠨ ᠬᠤᠷᠠᠯ ᠤᠨ ᠭᠡᠷ ︵ᠴᠢ ᠫᠠᠠ ᠵᠢᠩ ᠪᠠᠯᠭᠠᠰᠤ︶      ᠴᠠᠭ᠄ 2021 ᠣᠨ ᠤ 11 ᠳ᠋ᠦ᠋ᠭᠡᠷ ᠰᠠᠷ᠎ᠠ ᠶᠢᠨ 30 ᠤ ᠡᠳᠦᠷ ︵ᠭᠠᠷᠠᠭ ᠤᠨ ᠬᠤᠶᠠᠷ︶ ᠠᠴᠠ 12 ᠳ᠋ᠤᠭᠠᠷ ᠰᠠᠷ᠎ᠠ ᠶᠢᠨ 3 ᠤ ᠡᠳᠦᠷ ︵ᠭᠠᠷᠠᠭ ᠤᠨ ᠲᠠᠪᠤᠨ︶ ᠤᠨ ᠥᠷᠯᠦᠭᠡᠨ ᠤ ᠨᠠᠢᠮᠠᠨ ᠴᠠᠭ ᠬᠠᠭᠠᠰ ᠠᠴᠠ ᠠᠷᠪᠠᠨ ᠬᠤᠶᠠᠷ ᠴᠠᠭ ᠬᠦᠷᠲᠡᠯ᠎ᠡ᠃      ᠬᠤᠶᠠᠷ᠂ ᠬᠦᠷᠲᠡᠬᠦ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ      ︵ᠨᠢᠭᠡ︶ ᠬᠠᠷᠠᠮᠵᠢ ᠦᠭᠡᠢ ᠪᠠᠷ ᠴᠢᠰᠤ ᠪᠠᠨ ᠬᠠᠨᠳᠢᠪᠯᠠᠭᠰᠠᠳ ᠲᠤ ᠴᠢᠰᠤ ᠠᠪᠤᠭᠰᠠᠨ ᠪᠠᠶᠢᠭᠤᠯᠤᠮᠵᠢ ᠠᠴᠠ ᠴᠢᠰᠤ ᠬᠠᠨᠳᠢᠪᠯᠠᠭᠰᠠᠨ ᠦᠨᠡᠮᠯᠡᠯ ᠪᠠ ᠳᠤᠷᠠᠰᠬᠠᠯ ᠤᠨ ᠪᠣᠳᠠᠰ ᠥᠭᠭᠦᠨ᠎ᠡ᠃ ᠴᠢᠰᠤ ᠪᠠᠨ ᠬᠠᠨᠳᠢᠪᠯᠠᠭᠰᠠᠨ ᠤ ᠳᠠᠷᠠᠭ᠎ᠠ ᠬᠤᠶᠠᠷ ᠡᠳᠦᠷ ︵ᠴᠢᠰᠤ ᠬᠠᠨᠳᠢᠪᠯᠠᠭᠰᠠᠨ ᠡᠳᠦᠷ ᠪᠠᠭᠲᠠᠨ᠎ᠠ︶ ᠠᠮᠠᠷᠠᠵᠤ ᠪᠣᠯᠣᠨ᠎ᠠ᠂ ᠠᠮᠠᠷᠠᠵᠤ ᠪᠠᠶᠢᠭ᠎ᠠ ᠬᠤᠭᠤᠴᠠᠭᠠᠨ ᠳᠠᠬᠢ ᠴᠠᠯᠢᠩ᠂ ᠱᠠᠩᠨᠠᠯ ᠤᠨ ᠮᠥᠩᠭᠦ ᠵᠢᠴᠢ ᠪᠤᠰᠤᠳ ᠣᠯᠭᠤᠮᠵᠢ ᠬᠤᠪᠢᠷᠠᠬᠤ ᠦᠭᠡᠢ᠃      ︵ᠬᠤᠶᠠᠷ︶ ᠬᠤᠪᠢ ᠬᠥᠮᠥᠨ 1000 ᠮᠢᠯᠢᠯᠢᠲᠷ ᠴᠢᠰᠤ ᠬᠠᠨᠳᠢᠪᠯᠠᠪᠠᠯ ᠨᠠᠰᠤᠨ ᠲᠤᠷᠰᠢᠲᠠ ᠦᠨ᠎ᠡ ᠲᠥᠯᠥᠪᠦᠷᠢ ᠦᠭᠡᠢ ᠪᠠᠷ ᠬᠡᠳᠦᠢ ᠬᠡᠮᠵᠢᠶᠡᠨ ᠤ ᠴᠢᠰᠤ ᠶᠢ ᠴᠤ ᠬᠡᠷᠡᠭᠯᠡᠵᠦ ᠪᠣᠯᠬᠤ ᠪᠥᠭᠡᠳ ᠭᠡᠷ ᠪᠦᠯᠢ ᠶᠢᠨ ᠪᠦᠷᠢᠯᠳᠦᠬᠦᠨ ᠨᠢ ᠪᠠᠰᠠ ᠦᠨ᠎ᠡ ᠲᠥᠯᠥᠪᠦᠷᠢ ᠦᠭᠡᠢ ᠪᠠᠷ ᠠᠳᠠᠯᠢ ᠬᠡᠮᠵᠢᠶᠡᠨ ᠤ ᠴᠢᠰᠤ ᠬᠡᠷᠡᠭᠯᠡᠵᠦ ᠪᠣᠯᠣᠨ᠎ᠠ᠃      ᠭᠤᠷᠪᠠ᠂ ᠪᠤᠰᠤᠳ ᠵᠦᠢᠯᠡᠰ      ︵ᠨᠢᠭᠡ︶ ᠴᠢᠰᠤ ᠬᠠᠨᠳᠢᠪᠯᠠᠭᠰᠠᠳ ᠡᠷᠡᠭᠦᠯ ᠡᠩᠬᠡ ᠣᠷᠳᠣᠰ ᠪᠤᠶᠤ ᠮᠥᠩᠬᠡ ᠰᠤᠪᠠᠭ ᠳᠡᠭᠡᠷ᠎ᠡ ᠰᠢᠨ᠎ᠡ ᠲᠢᠲᠢᠮᠯᠢᠭ ᠠᠭᠤᠰᠬᠢᠨ ᠥᠷᠪᠢᠰᠦᠯ ᠪᠣᠯᠣᠨ ᠬᠤᠯᠤᠭᠠᠨ᠎ᠠ ᠶᠢᠨ ᠬᠢᠵᠢᠭ ᠤᠨ ᠡᠷᠡᠭᠦᠯ ᠮᠡᠨᠳᠦ ᠶᠢᠨ ᠺᠣᠳ᠋ ᠢᠶᠠᠨ ᠮᠡᠳᠡᠭᠦᠯᠬᠦ ᠶᠢᠨ ᠳᠠᠭᠠᠤ ᠪᠡᠶ᠎ᠡ ᠶᠢᠨ ᠦᠨᠡᠮᠯᠡᠯ ᠢᠶᠠᠨ ᠠᠪᠴᠤ ᠢᠷᠡᠬᠦ ᠬᠡᠷᠡᠭᠲᠡᠢ᠃      ︵ᠬᠤᠶᠠᠷ︶ ᠴᠢᠰᠤ ᠬᠠᠨᠳᠢᠪᠯᠠᠭᠰᠠᠳ ᠡᠷᠬᠡᠪᠰᠢ ︽ᠴᠢᠰᠤ ᠬᠠᠨᠳᠢᠪᠯᠡᠬᠤ ᠬᠠᠤᠯᠢ︾ ᠶᠢᠨ ᠱᠠᠭᠠᠷᠳᠠᠯᠭ᠎ᠠ ᠳᠤ ᠨᠡᠶᠢᠴᠡᠭᠰᠡᠨ ᠪᠦᠬᠦᠯᠢ 18 ᠨᠠᠰᠤᠨ ᠠᠴᠠ ᠪᠦᠬᠦᠯᠢ 55 ᠪᠦᠬᠦᠯᠢ ᠨᠠᠰᠤᠨ ᠤ ᠬᠤᠭᠤᠷᠣᠨᠳᠤᠬᠢ ᠡᠷᠬᠡᠲᠦ ᠠᠷᠠᠳ ᠪᠠᠶᠢᠬᠤ ᠬᠡᠷᠡᠭᠲᠡᠢ︔ ᠡᠷᠡᠭᠲᠡᠢ 50 ᠺᠢᠯᠤᠭ᠍ᠷᠠᠮ ᠪᠤᠶᠤ 50 ᠺᠢᠯᠤᠭ᠍ᠷᠠᠮ ᠠᠴᠠ ᠬᠦᠨᠳᠦ᠂ ᠡᠮᠡᠭᠲᠡᠢ 45 ᠺᠢᠯᠤᠭ᠍ᠷᠠᠮ ᠪᠤᠶᠤ 45 ᠺᠢᠯᠤᠭ᠍ᠷᠠᠮ ᠠᠴᠠ ᠬᠦᠨᠳᠦ ᠪᠠᠶᠢᠬᠤ ᠬᠡᠷᠡᠭᠲᠡᠢ᠃      ︵ᠭᠤᠷᠪᠠ︶ ᠴᠢᠰᠤ ᠬᠠᠨᠳᠢᠪᠯᠡᠬᠤ ᠠᠴᠠ ᠡᠮᠦᠨ᠎ᠡ ᠬᠤᠶᠠᠷ ᠡᠳᠦᠷ ᠲᠤ ᠠᠷᠢᠬᠢ ᠤᠤᠭᠤᠵᠤ ᠪᠣᠯᠬᠤ ᠦᠭᠡᠢ᠂ ᠴᠢᠰᠤ ᠬᠠᠨᠳᠢᠪᠯᠡᠬᠤ ᠡᠳᠦᠷ ᠡᠷᠬᠡᠪᠰᠢ ᠮᠢᠬ᠎ᠠ ᠳᠤᠰᠤ ᠦᠭᠡᠢ ᠥᠷᠯᠥᠭᠡᠨ ᠤ ᠬᠤᠭᠤᠯᠠ ᠢᠳᠡᠬᠦ ᠮᠥᠷᠲᠡᠭᠡᠨ ᠴᠠᠭᠠᠨ ᠢᠳᠡᠭᠡᠨ᠂ ᠪᠤᠷᠴᠠᠭ ᠤᠨ ᠢᠳᠡᠭᠡᠨ᠂ ᠥᠨᠳᠡᠭᠡᠨ ᠲᠥᠷᠥᠯ᠂ ᠳᠥᠭᠦᠮ ᠭᠤᠯᠢᠷ ᠵᠡᠷᠭᠡ ᠶᠢ ᠢᠳᠡᠵᠦ ᠪᠣᠯᠬᠤ ᠦᠭᠡᠢ᠃      ︵ᠳᠥᠷᠪᠡ︶ ᠡᠯ᠎ᠡ ᠪᠠᠶᠢᠭᠤᠯᠭ᠎ᠠ ᠨᠢᠭᠡᠴᠢ ᠴᠢᠰᠦ ᠬᠠᠨᠳᠢᠪᠯᠠᠭᠴᠢ ᠳᠤ ᠵᠣᠬᠢᠰᠲᠠᠢ ᠠᠮᠠᠷᠠᠬᠤ ᠴᠢᠯᠦᠭᠡ ᠥᠭᠬᠦ ᠬᠡᠷᠡᠭᠲᠡᠢ᠃      ︵ᠲᠠᠪᠤ︶ ᠲᠤᠰ ᠪᠠᠶᠢᠭᠤᠯᠭ᠎ᠠ ᠨᠢᠭᠡᠴᠢ ᠶᠢᠨ ᠢᠶᠠᠨ ᠸᠢᠴᠠᠲ ᠤᠨ ᠬᠤᠯᠪᠣᠭ᠎ᠠ ᠪᠤᠶᠤ QQ ᠬᠤᠯᠪᠣᠭ᠎ᠠ ᠳᠡᠭᠡᠷ᠎ᠡ ᠬᠠᠷᠠᠮᠵᠢ ᠦᠭᠡᠢ ᠪᠠᠷ ᠴᠢᠰᠦ ᠬᠠᠨᠳᠢᠪᠯᠠᠬᠤ ᠠᠵᠢᠯᠯᠠᠭ᠎ᠠ ᠶᠢ ᠤᠬᠠᠭᠤᠯᠵᠤ᠂ ᠬᠠᠷᠠᠮᠵᠢ ᠦᠭᠡᠢ ᠪᠠᠷ ᠴᠢᠰᠦ ᠬᠠᠨᠳᠢᠪᠯᠠᠬᠤ ᠵᠥᠪ ᠡᠨᠧᠷᠭᠢ ᠶᠢ ᠳᠠᠮᠵᠢᠭᠤᠯᠬᠤ ᠬᠡᠷᠡᠭᠲᠡᠢ᠃      ︵ᠵᠢᠷᠭᠤᠭ᠎ᠠ︶ ᠡᠯ᠎ᠡ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠬᠠᠷᠢᠶ᠎ᠠ ᠣᠷᠣᠨ ᠳᠠᠬᠢ ᠦᠢᠯᠡᠳᠪᠦᠷᠢ ᠠᠭᠤᠷᠬᠠᠢ ᠶᠢᠨ ᠠᠵᠦ ᠠᠬᠤᠶᠢᠯᠠᠯ ᠤᠨ ᠠᠵᠢᠯᠲᠠᠨ ᠢᠶᠠᠨ ᠵᠣᠬᠢᠶᠠᠨ ᠪᠠᠶᠢᠭᠤᠯᠤᠨ᠂ ᠴᠢᠰᠦ ᠬᠠᠨᠳᠢᠪᠯᠠᠬᠤ ᠠᠵᠢᠯᠯᠠᠭ᠎ᠠ ᠳᠤ ᠣᠷᠣᠯᠴᠠᠭᠤᠯᠬᠤ ᠬᠡᠷᠡᠭᠲᠡᠢ᠃      ︵ᠳᠣᠯᠤᠭ᠎ᠠ︶ ᠡᠯ᠎ᠡ ᠪᠠᠶᠢᠭᠤᠯᠭ᠎ᠠ ᠨᠢᠭᠡᠴᠢ ᠲᠤᠰᠬᠠᠢ ᠨᠢᠭᠡ ᠬᠠᠷᠢᠯᠴᠠᠭᠴᠢ ᠲᠣᠬᠢᠷᠠᠭᠤᠯᠵᠤ᠂ 11 ᠳ᠋ᠦ᠋ᠭᠡᠷ ᠰᠠᠷ᠎ᠠ ᠶᠢᠨ 21 ᠤ ᠡᠳᠦᠷ ᠠᠴᠠ ᠡᠮᠦᠨ᠎ᠡ ︽ᠣᠲᠤᠭ ᠬᠤᠰᠢᠭᠤᠨ ᠤ 2021 ᠣᠨ ᠤ ᠬᠠᠷᠠᠮᠵᠢ ᠦᠭᠡᠢ ᠪᠠᠷ ᠴᠢᠰᠦ ᠬᠠᠨᠳᠢᠪᠯᠠᠭᠴᠢᠳ ᠢ ᠳᠠᠩᠰᠠᠯᠠᠬᠤ ᠬᠦᠰᠦᠨᠦᠭ︾ ᠢ ᠲᠣᠭᠲᠠᠭᠰᠠᠨ ᠢᠮᠧᠯ ᠳᠤ ᠢᠯᠡᠭᠡᠨ᠎ᠡ᠃      ᠬᠠᠷᠢᠯᠴᠠᠬᠤ ᠬᠦᠮᠥᠨ᠄ ᠯᠢᠶᠠᠩ ᠨᠠ      ᠬᠠᠷᠢᠯᠴᠠᠬᠤ ᠤᠲᠠᠰᠤ᠄ 6212449᠂ 14784770058      ᠢᠮᠧᠯ᠄ 29796522@qq.com ᠳᠠᠭᠠᠯᠳᠤᠭᠤᠯᠤᠯ᠄ ᠣᠲᠤᠭ ᠬᠤᠰᠢᠭᠤᠨ ᠤ ᠬᠠᠷᠠᠮᠵᠢ ᠦᠭᠡᠢ ᠪᠠᠷ ᠴᠢᠰᠦ ᠪᠠᠨ ᠬᠠᠨᠳᠢᠪᠯᠠᠭᠰᠠᠳ ᠢ ᠳᠠᠩᠰᠠᠯᠠᠬᠤ ᠬᠦᠰᠦᠨᠦᠭ                            ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                            2021 ᠣᠨ ᠤ 11 ᠳ᠋ᠦ᠋ᠭᠡᠷ ᠰᠠᠷ᠎ᠠ ᠶᠢᠨ 15 ᠤ ᠡᠳᠦᠷ                        ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ        2021 ᠣᠨ ᠤ 11 ᠳ᠋ᠦ᠋ᠭᠡᠷ ᠰᠠᠷ᠎ᠠ ᠶᠢᠨ 15 ᠤ ᠡᠳᠦᠷ ᠳᠠᠷᠤᠮᠠᠯᠯᠠᠨ ᠲᠠᠷᠬᠠᠭᠠᠪᠠ
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ