ᠮᠧᠩ ᠰᠢ ᠪᠠᠯᠭᠠᠰᠤᠨ ᠤ ︽ᠳᠥᠷᠪᠡᠨ ᠲᠡᠦᠬᠡ︾ ᠶᠢᠨ ᠰᠤᠷᠤᠯᠴᠠᠯᠭ᠎ᠠ ᠶᠢ ᠭᠦᠨᠵᠡᠭᠡᠶᠢᠷᠡᠭᠦᠯᠦᠨ ᠪᠤᠳᠠᠲᠠᠶᠢᠵᠢᠭᠤᠯᠬᠤ ᠶᠢ ᠠᠬᠢᠭᠤᠯᠵᠤ᠂ ︽ᠳᠥᠷᠪᠡᠨ ᠲᠡᠦᠬᠡ︾ ᠶᠢᠨ ᠰᠤᠷᠤᠯᠴᠠᠯᠭ᠎ᠠ ᠶᠢᠨ ᠦᠷ᠎ᠡ ᠪᠦᠲᠦᠮᠵᠢ ᠭᠠᠷᠭᠠᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2021/11/17
     ᠮᠧᠩ ᠰᠢ ᠪᠠᠯᠭᠠᠰᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠣᠭ ᠰᠠᠨᠠᠭ᠎ᠠ ᠪᠠᠨ ᠰᠠᠬᠢᠵᠤ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ︾ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠮᠧᠩ ᠰᠢ ᠪᠠᠯᠭᠠᠰᠤ ᠶᠢᠨ ᠣᠨᠴᠠᠯᠢᠭ ᠢ ᠳᠣᠪᠤᠶᠢᠯᠭᠠᠨ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠯᠢ ᠣᠯᠠᠨ ︽ᠳᠥᠷᠪᠡᠨ ᠲᠡᠦᠬᠡ︾ ᠶᠢᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ︽ᠳᠥᠷᠪᠡᠨ ᠲᠡᠦᠬᠡ︾ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠂ ︽ᠳᠥᠷᠪᠡᠨ ᠲᠡᠦᠬᠡ︾ ᠶᠢᠨ ᠰᠤᠷᠤᠯᠴᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠦᠲᠦᠮᠵᠢᠲᠡᠶ ᠠᠬᠢᠭᠤᠯᠪᠠ᠂ ᠣᠲᠣ ᠪᠣᠳᠠᠲᠠᠶ ᠠᠵᠢᠯ ᠢᠶᠠᠨ ᠳ᠋ᠦᠩᠨᠡᠶ᠎ᠡ᠃      ᠨᠢᠭᠡ᠂ ᠭᠤᠷᠪᠠᠨ ᠶᠡᠭᠡ ᠲᠠᠪᠴᠠᠩ ᠢ ᠪᠠᠶᠢᠭᠤᠯᠵᠤ᠂ ︽ᠳᠥᠷᠪᠡᠨ ᠲᠡᠦᠬᠡ︾ ᠪᠠᠷ ᠰᠣᠶᠣᠯ ᠤᠨ ᠢᠲᠡᠭᠡᠯ ᠢ ᠵᠤᠵᠠᠭᠠᠳᠬᠠᠪᠠ᠃ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾ ᠰᠤᠷᠤᠯᠴᠠᠯᠭ᠎ᠠ ᠶᠢᠨ ᠲᠠᠪᠴᠠᠩ ᠳᠤ ᠲᠦᠰᠢᠭᠯᠡᠨ᠂ ︽ᠳᠥᠷᠪᠡᠨ ᠲᠡᠦᠬᠡ︾ ᠶᠢᠨ ᠰᠤᠷᠤᠯᠴᠠᠯᠭ᠎ᠠ ᠬᠥᠮᠦᠵᠢᠯ ᠤᠨ ︽ᠭᠤᠷᠪᠠᠨ ᠲᠠᠪᠴᠠᠩ︾ — ᠡᠭᠦᠷᠭᠡ ᠶᠢᠨ ᠲᠠᠪᠴᠠᠩ᠂ ᠨᠠᠮ ᠤᠨ ᠬᠢᠴᠢᠶᠡᠯ ᠤᠨ ᠲᠠᠪᠴᠠᠩ᠂ ᠬᠤᠪᠢᠰᠬᠠᠯ ᠤᠨ ᠤᠬᠠᠭᠤᠯᠭ᠎ᠠ ᠶᠢᠨ ᠲᠠᠪᠴᠠᠩ ᠭᠠᠷᠭᠠᠵᠤ᠂ ᠣᠯᠠᠨ ᠬᠡᠯᠪᠡᠷᠢ ᠶᠢᠨ᠂ ᠲᠠᠰ ᠳᠠᠪᠬᠤᠷᠭ᠎ᠠ ᠬᠤᠪᠢᠶᠠᠭᠰᠠᠨ᠂ ᠪᠦᠬᠦᠨ ᠢ ᠬᠠᠮᠤᠷᠤᠭᠰᠠᠨ ︽ᠳᠥᠷᠪᠡᠨ ᠲᠡᠦᠬᠡ︾ ᠶᠢᠨ ᠰᠤᠷᠤᠯᠴᠠᠯᠭ᠎ᠠ ᠬᠥᠮᠦᠵᠢᠯ ᠤᠨ ᠵᠠᠭᠪᠤᠷ ᠢ ᠪᠦᠷᠢᠯᠳᠦᠭᠦᠯᠪᠡ᠃ ᠡᠭᠦᠷᠭᠡ ᠶᠢᠨ ᠲᠠᠪᠴᠠᠩ ᠤᠨ ᠲᠠᠯ᠎ᠠ ᠪᠠᠷ᠂ ᠪᠠᠯᠭᠠᠰᠤᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠡᠷᠡᠭᠵᠢᠭᠦᠯᠬᠦ ᠲᠥᠰᠦᠯ ᠢ ᠳᠤᠭᠲᠠᠭᠠᠨ᠂ ᠪᠠᠯᠭᠠᠰᠤᠨ ᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ︽ᠳᠥᠷᠪᠡᠨ ᠲᠥᠯᠥᠪᠯᠡᠭᠡ︾ ᠳᠤᠭᠲᠠᠭᠠᠨ᠂ ︽ᠳᠥᠷᠪᠡᠨ ᠨᠠᠷᠢᠨ ᠲᠠᠩᠰᠠ︾ ᠶᠢ ᠪᠦᠷᠢᠯᠳᠦᠭᠦᠯᠵᠦ᠂ ︽ᠳᠥᠷᠪᠡᠨ ᠴᠠᠭ ᠤᠨ ᠬᠢᠵᠠᠭᠠᠷ︾ ᠢ ᠲᠤᠳᠤᠷᠬᠠᠶᠢᠯᠠᠨ᠂ ᠠᠵᠢᠯᠯᠠᠭ᠎ᠠ ᠶᠢᠨ ᠡᠮᠬᠢ ᠵᠢᠷᠤᠮ ᠲᠠᠢ ᠥᠷᠨᠢᠬᠦ ᠶᠢ ᠦᠨᠡᠨ ᠬᠦ ᠪᠠᠲᠤᠯᠠᠪᠠ᠃ ᠨᠠᠮ ᠤᠨ ᠬᠢᠴᠢᠶᠡᠯ ᠤᠨ ᠲᠠᠪᠴᠠᠩ ᠤᠨ ᠲᠠᠯ᠎ᠠ ᠪᠠᠷ᠂ ᠪᠥᠬᠦ ᠵᠢᠯ ᠤᠨ ᠰᠤᠷᠤᠯᠴᠠᠬᠤ ᠲᠥᠯᠥᠪᠯᠡᠭᠡ ᠶᠢ ᠲᠣᠭᠲᠠᠭᠠᠵᠤ᠂ ᠳᠡᠭᠡᠳᠦ ᠱᠠᠲᠤᠨ ᠤ ᠯᠧᠺᠲ᠋ᠣᠷ᠂ ᠲᠠᠯ᠎ᠠ ᠨᠤᠲᠤᠭ ᠤᠨ ᠬᠥᠩᠭᠡᠨ ᠮᠣᠷᠢᠲᠤ ᠴᠡᠷᠢᠭ᠂ ᠤᠯᠤᠰ ᠢᠶᠠᠨ ᠬᠦᠴᠦᠷᠬᠡᠭᠵᠢᠭᠦᠯᠬᠦ ᠲᠠᠪᠴᠠᠩ ᠠᠴᠠ ᠰᠤᠷᠤᠯᠴᠠᠬᠤ ᠠᠭᠤᠯᠭ᠎ᠠ ᠶᠢ ᠳᠠᠮᠵᠢᠭᠤᠯᠤᠨ ᠬᠦᠷᠭᠡᠬᠦ᠂ ᠨᠠᠮ ᠤᠨ ᠲᠡᠦᠬᠡ ᠶᠢᠨ ᠤᠩᠰᠢᠭᠴᠢ᠂ ᠨᠠᠮ ᠤᠨ ᠲᠡᠦᠬᠡ ᠶᠢᠨ ᠰᠤᠷᠤᠯᠴᠠᠯᠭ᠎ᠠ ᠶᠢᠨ ᠪᠢᠴᠢᠯ ᠬᠢᠴᠢᠶᠡᠯ ᠤᠨ ᠲᠠᠩᠬᠢᠮ᠂ ︽ᠳᠥᠷᠪᠡᠨ ᠲᠡᠦᠬᠡ︾ ᠶᠢᠨ ᠮᠡᠳᠡᠯᠭᠡ ᠶᠢᠨ ᠰᠢᠯᠭᠠᠯᠲᠠ ᠵᠡᠷᠭᠡ ᠣᠯᠠᠨ ᠵᠦᠶᠯ ᠤᠨ ᠠᠷᠭ᠎ᠠ ᠮᠠᠶ᠋ᠢᠭ ᠢᠶᠠᠷ ᠥᠪᠡᠷᠮᠢᠴᠡ ᠣᠨᠴᠠᠯᠢᠭ ᠲᠠᠢ ︽ᠳᠥᠷᠪᠡᠨ ᠲᠡᠦᠬᠡ︾ ᠶᠢᠨ ᠰᠤᠷᠤᠯᠴᠠᠯᠭ᠎ᠠ ᠶᠢ ᠥᠷᠨᠢᠭᠦᠯᠪᠡ᠃ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠨᠡᠶᠢᠲᠡ 29 ᠲᠠᠯᠠᠪᠠᠶ ᠲᠤᠰᠬᠠᠶ ᠰᠡᠳᠦᠪᠲᠦ ᠰᠤᠷᠤᠯᠴᠠᠯᠭ᠎ᠠ ᠶᠢ ᠦᠷᠨᠢᠭᠦᠯᠦᠨ᠂ 6 ᠲᠠᠯᠠᠪᠠᠶ ᠲᠥᠪᠯᠡᠷᠡᠭᠦᠯᠦᠨ ᠰᠤᠳᠤᠯᠤᠨ ᠶᠠᠷᠢᠯᠴᠠᠵᠤ᠂ ᠱᠦᠵᠢ ᠶᠢᠨ ᠨᠠᠮ ᠤᠨ ᠬᠢᠴᠢᠶᠡᠯ 2 ᠲᠠᠯᠠᠪᠠᠶ᠂ ᠪᠤᠰᠤᠳ ᠤᠳᠤᠷᠢᠳᠤᠯᠭ᠎ᠠ ᠲᠦᠷᠦᠭᠦᠯᠡᠨ ᠨᠠᠮ ᠤᠨ ᠬᠢᠴᠢᠶᠡᠯ 20 ᠲᠠᠯᠠᠪᠠᠶ᠂ ᠡᠯ᠎ᠡ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠡᠭᠦᠷ ︽ᠰᠤᠷᠤᠯᠴᠠᠯᠭ᠎ᠠ ᠶᠢᠨ ᠬᠢᠴᠢᠶᠡᠯ ᠤᠨ ᠲᠠᠩᠬᠢᠮ︾ ᠢ ᠠᠰᠢᠭᠯᠠᠨ᠂ ︽ᠭᠤᠷᠪᠠᠨ ᠬᠤᠷᠠᠯ ᠨᠢᠭᠡ ᠬᠢᠴᠢᠶᠡᠯ︾ ᠪᠠ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠵᠡᠷᠭᠡ ᠲᠠᠢ ᠤᠶᠠᠯᠳᠤᠭᠤᠯᠤᠨ᠂ ᠨᠠᠮ ᠤᠨ ᠲᠡᠦᠬᠡ ᠶᠢᠨ ᠲᠠᠶᠢᠯᠤᠮᠵᠢ᠂ ᠪᠢᠴᠢᠯ ᠨᠠᠮ ᠤᠨ ᠬᠢᠴᠢᠶᠡᠯ᠂ ᠬᠤᠪᠢᠰᠬᠠᠯᠲᠤ ᠥᠯᠢᠭᠡᠷ ᠤᠬᠠᠭᠤᠯᠤᠨ ᠲᠠᠶᠢᠯᠪᠤᠷᠢᠯᠠᠬᠤ ᠵᠡᠷᠭᠡ ᠰᠤᠷᠤᠯᠴᠠᠯᠭ᠎ᠠ ᠶᠢᠨ ᠠᠵᠢᠯᠯᠠᠭ᠎ᠠ ᠶᠢ ᠨᠡᠶᠢᠲᠡ 66 ᠲᠠᠯᠠᠪᠠᠶ ᠥᠷᠨᠢᠭᠦᠯᠵᠦ᠂ 66 ᠲᠠᠯᠠᠪᠠᠶ ᠲᠥᠪᠯᠡᠷᠡᠭᠦᠯᠦᠨ ᠰᠤᠳᠤᠯᠤᠨ ᠶᠠᠷᠢᠯᠴᠠᠵᠤ᠂ ︽ᠲᠠᠯ᠎ᠠ ᠨᠤᠲᠤᠭ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ︾ ᠡᠷᠦᠬᠡ ᠳᠤ ᠣᠷᠣᠵᠤ ᠤᠬᠠᠭᠤᠯᠤᠨ ᠲᠠᠶᠢᠯᠪᠤᠷᠢᠯᠠᠪᠠ᠃ ᠬᠤᠪᠢᠰᠬᠠᠯ ᠤᠨ ᠤᠬᠠᠭᠤᠯᠭ᠎ᠠ ᠶᠢᠨ ᠲᠠᠪᠴᠠᠩ ᠤᠨ ᠲᠠᠯ᠎ᠠ ᠪᠠᠷ᠂ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠲᠤ ᠲᠦᠰᠢᠭᠯᠡᠨ᠂ ᠡᠯ᠎ᠡ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠡᠭᠦᠷ ᠢ ᠵᠣᠬᠢᠶᠠᠨ ᠪᠠᠶᠢᠭᠤᠯᠵᠤ ᠶᠠᠨ ᠠᠨ᠂ ᠪᠤᠷᠤᠪᠠᠯᠭᠠᠰᠤ᠂ ᠲᠣᠭᠤᠷᠢᠮ ᠵᠡᠷᠭᠡ ᠰᠤᠷᠭᠠᠨ ᠬᠥᠮᠦᠵᠢᠯ ᠤᠨ ᠰᠠᠭᠤᠷᠢᠨ ᠭᠠᠵᠠᠷ ᠲᠤ ᠬᠦᠷᠴᠦ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠪᠡ᠃ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠭᠤᠣᠯ ᠰᠡᠳᠦᠪ ᠤᠨ ᠲᠣᠭᠤᠷᠢᠨ ᠳᠤ᠂ ᠪᠦᠬᠦ ᠺᠠᠳ᠋ᠷ ᠠᠵᠢᠯᠳᠠᠨ ᠠᠵᠢᠯᠴᠢᠨ᠂ ᠡᠯ᠎ᠡ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠭᠤᠷᠪᠠᠨ ᠵᠥᠪᠯᠡᠯ ᠤᠨ ᠪᠠᠭ ᠤᠨ ᠪᠦᠷᠢᠯᠳᠦᠬᠦᠨ ᠢ ᠵᠣᠬᠢᠶᠠᠨ ᠪᠠᠶᠢᠭᠤᠯᠵᠤ ᠬᠠᠮᠲᠤ ᠪᠠᠷ 6 × 8 ᠮᠧᠲᠷ ᠤᠨ ᠬᠤᠪᠢᠰᠬᠠᠯ ᠤᠨ ᠲᠤᠮᠤ ᠵᠢᠷᠤᠭ ᠢ ᠵᠢᠷᠤᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠳᠤ ᠪᠡᠯᠡᠭ ᠬᠦᠷᠭᠡᠪᠡ᠃ ᠡᠭᠦᠨ ᠤ ᠬᠠᠮᠲᠤ ᠂ ᠡᠯ᠎ᠡ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ︽ᠨᠠᠮ ᠪᠠᠶᠢᠭᠤᠯᠬᠤ ᠠᠭᠤᠤ ᠦᠢᠯᠡᠰ︾᠂ ︽ᠤᠯᠤᠰ ᠪᠠᠶᠢᠭᠤᠯᠬᠤ ᠶᠡᠭᠡ ᠦᠢᠯᠡᠰ︾᠂ ︽ᠪᠠ ᠪᠠᠢ︾ ᠵᠡᠷᠭᠡ ᠬᠤᠪᠢᠰᠬᠠᠯ ᠤᠨ ᠺᠢᠨᠣ᠋ ᠭᠠᠷᠭᠠᠵᠤ᠂ ᠪᠢᠴᠢᠯ ᠬᠢᠴᠢᠶᠡᠯ ᠤᠨ ᠲᠠᠩᠬᠢᠮ ᠤᠨ ᠸᠢᠳᠢᠣ᠋ ᠶᠢ ᠰᠢᠩᠭᠡᠭᠡᠨ᠂ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠨᠠᠮ ᠤᠨ ᠲᠡᠦᠬᠡ ᠶᠢᠨ ᠬᠥᠮᠦᠵᠢᠯ ᠤᠨ ᠲᠠᠲᠠᠬᠤ ᠬᠦᠴᠦᠨ᠂ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠪᠠ᠃      ᠬᠤᠶᠠᠷ᠂ ᠭᠠᠳᠠᠭᠠᠳᠤ ᠤᠬᠠᠭᠤᠯᠭ᠎ᠠ ᠶᠢ ᠴᠢᠩᠭᠠᠳᠬᠠᠵᠤ᠂ ︽ᠳᠥᠷᠪᠡᠨ ᠲᠡᠦᠬᠡ︾ ᠶᠢᠨ ᠰᠤᠷᠤᠯᠴᠠᠯᠭ᠎ᠠ ᠶᠢ ᠡᠳᠦᠷ ᠲᠤᠲᠤᠮ ᠤᠨ ᠠᠵᠢᠯ ᠠᠮᠢᠳᠤᠷᠠᠯ ᠳᠤ ᠠᠭᠤᠰᠬᠠᠪᠠ᠃ ᠸᠢᠴᠠᠲ᠂ ᠪᠢᠴᠢᠯ ᠪᠦᠷᠭᠡ ᠶᠢᠨ ᠲᠠᠪᠴᠠᠩ ᠳᠤ 134 ᠬᠠᠮᠢᠶ᠎ᠠ ᠪᠥᠬᠦᠶ ᠠᠭᠤᠯᠭ᠎ᠠ ᠶᠢ ᠨᠡᠶᠢᠲᠡᠯᠡᠵᠦ᠂ ᠡᠯ᠎ᠡ ᠲᠥᠷᠥᠯ ᠤᠨ ᠸᠢᠴᠠᠲ ᠴᠤᠭᠯᠠᠷᠠᠯ᠂ ᠨᠠᠶᠢᠵᠠ ᠶᠢᠨ ᠲᠣᠭᠤᠷᠢᠭ ᠲᠤ 7000 ᠭᠠᠷᠤᠶ ᠤᠳᠠᠭ᠎ᠠ ᠲᠠᠨᠢᠯᠴᠠᠭᠤᠯᠤᠨ ᠬᠦᠷᠭᠡᠪᠡ᠃ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠨ᠎ᠡ︾ ᠭᠡᠬᠦ ᠤᠬᠠᠭᠤᠯᠭ᠎ᠠ ᠶᠢᠨ ᠸᠢᠳᠢᠣ᠋ 5 ᠦᠢᠯᠡᠳᠴᠦ᠂ 4 . 4 ᠲᠦᠮᠡ ᠭᠠᠷᠤᠢ ᠤᠳᠠᠭ᠎ᠠ ᠨᠡᠪᠲᠡᠷᠡᠭᠦᠯᠦᠨ᠂ 971 ᠭᠠᠷᠤᠢ ᠤᠳᠠᠭ᠎ᠠ ᠮᠠᠭᠲᠠᠭᠠᠯ ᠰᠠᠶᠢᠰᠢᠶᠠᠯ ᠬᠦᠷᠲᠡᠪᠡ᠃ ᠲᠠᠪᠴᠠᠩ ᠨᠢ ᠨᠠᠮ ᠤᠨ ᠲᠡᠦᠬᠡ ᠶᠢᠨ ᠰᠤᠷᠤᠯᠴᠠᠯᠭ᠎ᠠ ᠶᠢᠨ ᠲᠤᠰᠬᠠᠶ ᠪᠤᠯᠤᠩ ᠨᠡᠮᠡᠵᠦ᠂ ᠣᠲᠣ ᠪᠣᠯᠲᠠᠯ᠎ᠠ ᠨᠡᠶᠢᠲᠡ 14 ᠬᠤᠭᠤᠴᠠᠭ᠎ᠠ᠂ ︽ᠵᠠᠭᠤᠨ ᠵᠢᠯ ᠤᠨ ᠨᠠᠮ ᠤᠨ ᠲᠡᠦᠬᠡ ᠶᠢᠨ ᠡᠳᠦᠷ ᠪᠦᠷᠢ ᠶᠢᠨ ᠰᠤᠷᠤᠯᠴᠠᠯᠭ᠎ᠠ︾ 180 ᠬᠤᠭᠤᠴᠠᠭ᠎ᠠ᠂ ︽ᠰᠢᠶᠣᠤ ᠮᠧᠩ ᠤᠨ ᠠᠰᠠᠭᠤᠯᠲᠠ ᠬᠠᠷᠢᠭᠤᠯᠲᠠ︾ 20 ᠬᠤᠭᠤᠴᠠᠭ᠎ᠠ᠂ ᠨᠠᠮ ᠤᠨ ᠲᠡᠦᠬᠡ ᠶᠢᠨ ᠠᠪᠢᠶᠠᠨ ᠤ ᠪᠢᠴᠢᠯᠭᠡ ᠶᠢᠨ ᠳᠠᠪᠲᠠᠮᠵᠢ ᠶᠢ ᠨᠡᠶᠢᠲᠡ 380 ᠮᠢᠨᠦ᠋ᠲ ᠰᠢᠩᠭᠡᠭᠡᠨ ᠦᠶᠯᠡᠳᠪᠡ᠃      ᠭᠤᠷᠪᠠ᠂ ᠠᠷᠠᠳ ᠤᠨ ᠠᠮᠢᠳᠤᠷᠠᠯ ᠤᠨ ᠢᠨᠵᠧᠨᠧᠷᠢᠩ ᠢ ᠠᠬᠢᠭᠤᠯᠵᠤ᠂ ︽ᠳᠥᠷᠪᠡᠨ ᠲᠡᠦᠬᠡ︾ ᠶᠢᠨ ᠰᠤᠷᠤᠯᠴᠠᠯᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃ ︽ᠳᠥᠷᠪᠡᠨ ᠲᠡᠦᠬᠡ︾ ᠶᠢᠨ ᠰᠤᠷᠤᠯᠴᠠᠯᠭ᠎ᠠ ᠨᠢ ᠠᠷᠠᠳ ᠤᠨ ᠠᠮᠢᠳᠤᠷᠠᠯ ᠢ ᠬᠠᠯᠠᠮᠵᠢᠯᠠᠨ᠂ ︽ᠨᠠᠮ ᠤᠨ ᠬᠢᠴᠢᠶᠡᠯ + ᠠᠷᠠᠳ ᠤᠨ ᠠᠮᠢᠳᠤᠷᠠᠯ ᠤᠨ ᠢᠨᠵᠧᠨᠧᠷᠢᠩ︾ ᠤᠨ ᠬᠡᠯᠪᠡᠷᠢ ᠶᠢ ᠢᠳᠡᠪᠬᠢᠲᠡᠶ ᠰᠦᠪᠡᠭᠴᠢᠯᠡᠵᠦ᠂ ᠣᠯᠠᠨ ᠲᠦᠮᠡᠨ ᠤ ᠪᠠᠴᠢᠮ ᠲᠤᠯᠭᠠᠮ᠎ᠠ ᠠᠰᠠᠭᠤᠳᠠᠯ ᠪᠠ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠦᠨ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠨ᠎ᠡ︾ ᠭᠡᠬᠦ ᠦᠶᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠦᠷᠨᠢᠭᠦᠯᠪᠡ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠠᠬᠢᠭᠤᠯᠬᠤ᠂ ᠥᠨᠥᠴᠢᠨ ᠪᠡᠯᠪᠡᠰᠦᠨ ᠨᠠᠰᠤᠲᠠᠨ ᠢ ᠲᠣᠬᠤᠨᠢᠭᠤᠯᠬᠤ᠂ ᠣᠯᠠᠨ ᠲᠦᠮᠡᠨ ᠤ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠬᠠᠯᠠᠮᠵᠢᠯᠠᠬᠤ ᠵᠡᠷᠭᠡ ᠪᠠᠷ ᠬᠦᠴᠦᠯᠡᠬᠦ ᠴᠡᠭ ᠪᠣᠯᠭᠠᠵᠤ᠂ ᠨᠠᠮ ᠤᠨ ᠬᠢᠴᠢᠶᠡᠯ ᠢ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠯᠦᠭᠡ ᠤᠶᠠᠯᠳᠤᠭᠤᠯᠤᠨ᠂ ᠲᠠᠷᠢᠶᠠᠨ ᠭᠠᠵᠠᠷ ᠲᠤ ᠭᠦᠨᠵᠡᠭᠡᠶᠢᠷᠡᠨ ᠣᠯᠠᠨ ᠲᠦᠮᠡᠨ ᠠᠴᠠ ᠬᠡᠷᠡᠭᠴᠡᠭᠡ ᠱᠠᠭᠠᠷᠳᠠᠯᠭ᠎ᠠ ᠶᠢ ᠨᠢ ᠠᠰᠠᠭᠤᠨ ᠯᠠᠪᠯᠠᠵᠤ᠂ ᠣᠲᠣ ᠪᠣᠯᠲᠠᠯ᠎ᠠ᠂ ᠣᠯᠠᠨ ᠲᠦᠮᠡᠨ ᠤ ᠪᠣᠳᠠᠲᠤ ᠶᠠᠪᠤᠳᠠᠯ ᠢ ︽ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠬᠤ︾ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠭᠰᠡᠨ 3 ᠵᠦᠶᠯ᠂ ︽ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ︾ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠭᠰᠡᠨ 2 ᠵᠦᠶᠯ᠂ ︽ᠦᠨᠳᠦᠰᠦᠨ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ︾ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠭᠰᠡᠨ 15 ᠵᠦᠶᠯ᠂ ︽ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ︾ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠭᠰᠡᠨ 3 ᠵᠦᠶᠯ᠂ ︽ᠦᠨᠳᠦᠰᠦᠨ ᠱᠠᠲᠤᠨ ᠤ ᠵᠠᠰᠠᠯᠲᠠ ᠶᠢ ᠠᠬᠢᠭᠤᠯᠬᠤ︾ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠭᠰᠡᠨ 3 ᠵᠦᠶᠯ ᠤᠨ ᠠᠵᠢᠯ ᠤᠳ ᠢ ᠪᠡᠶᠡᠯᠡᠭᠦᠯᠪᠡ᠃      ᠲᠠᠷᠠᠭᠠᠴᠢ ᠶᠢᠨ ᠠᠯᠬᠤᠮ ᠳᠤ᠂ ᠮᠧᠩ ᠰᠢ ᠪᠠᠯᠭᠠᠰᠤ ᠦᠷᠭᠦᠯᠵᠢᠯᠡᠨ ᠭᠦᠨᠵᠡᠭᠡᠶ ᠰᠤᠷᠤᠯᠴᠠᠵᠤ ᠨᠡᠪᠲᠡᠷᠡᠲᠡᠯ᠎ᠡ ᠣᠶᠢᠯᠠᠭᠠᠬᠤ ᠲᠠᠯ᠎ᠠ ᠪᠠᠷ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠵᠦ᠂ ᠰᠤᠷᠬᠤ ᠪᠠ ᠰᠤᠳᠤᠯᠬᠤ ᠶᠢ ᠤᠶᠠᠯᠳᠤᠭᠤᠯᠬᠤ᠂ ᠰᠤᠷᠬᠤ ᠪᠠ ᠬᠡᠷᠡᠭᠯᠡᠬᠦ ᠶᠢ ᠤᠶᠠᠯᠳᠤᠭᠤᠯᠬᠤ᠂ ᠰᠤᠷᠬᠤ ᠪᠠ ᠵᠢᠭᠠᠬᠤ ᠶᠢ ᠤᠶᠠᠯᠳᠤᠭᠤᠯᠬᠤ ᠶᠢ ᠪᠠᠷᠢᠮᠲᠠᠯᠠᠨ᠎ᠠ᠃ ᠨᠠᠮ ᠤᠨ ᠲᠡᠦᠬᠡ ᠶᠢ ᠰᠤᠷᠤᠯᠴᠠᠬᠤ ᠣᠨᠴᠠᠯᠢᠭᠲᠤ ᠪᠤᠯᠤᠩ ︽ᠨᠠᠮ ᠤᠨ ᠡᠭᠦᠷ ᠤᠨ ᠱᠦᠵᠢ ᠬᠦᠴᠦ ᠵᠠᠯᠭᠠᠨ ᠨᠠᠮ ᠤᠨ ᠲᠡᠦᠬᠡ ᠶᠢ ᠰᠤᠷᠤᠯᠴᠠᠬᠤ︾᠂ ︽ᠲᠣᠰᠬᠤᠨ ᠢ ᠳᠠᠭᠠᠭᠠᠴᠢᠯᠠᠭᠰᠠᠨ ᠤᠳᠤᠷᠢᠳᠤᠯᠭ᠎ᠠ ᠬᠦᠴᠦ ᠵᠠᠯᠭᠠᠨ ᠨᠠᠮ ᠤᠨ ᠲᠡᠦᠬᠡ ᠶᠢ ᠰᠤᠷᠤᠯᠴᠠᠬᠤ︾᠂ ︽ᠨᠠᠮ ᠤᠨ ᠭᠡᠰᠢᠭᠦᠨ ᠬᠦᠴᠦ ᠵᠠᠯᠭᠠᠨ ᠨᠠᠮ ᠤᠨ ᠲᠡᠦᠬᠡ ᠶᠢ ᠰᠤᠷᠤᠯᠴᠠᠬᠤ︾ ᠶᠢ ᠰᠢᠨ᠎ᠡ ᠪᠠᠷ ᠨᠡᠮᠡᠵᠦ᠂ ᠣᠯᠠᠨ ᠲᠦᠮᠡᠨ ᠤ ᠤᠯᠠᠮ ᠦᠵᠡᠵᠦ ᠰᠣᠨᠢᠷᠬᠠᠬᠤ ᠳᠤᠷᠠᠲᠠᠶ ᠤᠬᠠᠭᠤᠯᠭ᠎ᠠ ᠶᠢᠨ ᠬᠡᠯᠪᠡᠷᠢ ᠶᠢ ᠬᠡᠷᠡᠭᠯᠡᠵᠦ᠂ ᠣᠯᠠᠨ ᠲᠦᠮᠡᠨ ᠳᠤ ᠤᠯᠠᠮ ᠣᠶᠢᠷᠠᠲᠤᠭᠰᠠᠨ ᠬᠡᠯᠪᠡᠷᠢ ᠪᠠᠷ ᠨᠠᠮ ᠤᠨ ᠲᠡᠦᠬᠡ ᠶᠢᠨ ᠦᠯᠢᠭᠡᠷ ᠢ ᠶᠠᠷᠢᠨ᠎ᠠ᠃ ᠡᠭᠦᠨ ᠤ ᠬᠠᠮᠲᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠲᠡᠦᠬᠡ ᠰᠤᠷᠤᠯᠴᠠᠬᠤ ᠠᠵᠢᠯᠯᠠᠭ᠎ᠠ ᠳᠡᠭᠡᠷ᠎ᠡ ᠨᠠᠶᠢᠳᠠᠪᠤᠷᠢᠵᠢᠭᠤᠯᠵᠤ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠨ᠎ᠡ︾ ᠭᠡᠬᠦ ᠦᠶᠯᠡᠳᠦᠯᠭᠡ ᠶᠢᠨ ᠠᠵᠢᠯᠯᠠᠭ᠎ᠠ ᠳᠡᠭᠡᠷ᠎ᠡ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠬᠥᠭᠵᠢᠬᠦ ᠶᠢ ᠬᠦᠴᠦᠯᠡᠨ ᠠᠬᠢᠭᠤᠯᠤᠨ᠎ᠠ᠃
ᠢᠷᠡᠯᠲᠡ᠄ ᠣᠲᠤᠭ ᠬᠤᠰᠢᠭᠤᠨ ᠤ ᠮᠧᠩ ᠰᠢ ᠪᠠᠯᠭᠠᠰᠤ