ᠲᠠᠪᠣᠰᠣ ᠠᠷᠪᠢᠨ ᠢᠳᠡᠬᠦ ᠨᠢ ᠬᠥᠮᠥᠨ ᠤ ᠪᠡᠶ᠎ᠡ ᠳᠤ ᠮᠠᠰᠢ ᠮᠠᠭᠤ ᠶᠣᠮ᠃ ᠡᠩ ᠤᠨ ᠪᠠᠶᠢᠳᠠᠯ ᠳᠤ᠂ ᠭᠤᠷᠪᠠᠨ | ᠬᠦᠮᠦᠨ ᠠᠮᠨ ᠲᠠᠢ ᠨᠢᠬᠡ ᠠᠶᠢᠯ ᠤᠨ ᠨᠢᠬᠡ ᠵᠢᠯ ᠳᠤ ᠢᠳᠡᠬᠦ ᠲᠠᠪᠣᠰᠣᠨ ᠤ ᠬᠡᠮᠵᠢᠶ᠎ᠠ 16 ᠣᠭᠤᠳᠠ ᠪᠠᠶᠢᠬᠤ | ᠶᠣᠰᠣᠳᠠᠢ᠃ ᠬᠡᠪᠡᠴᠦ᠂ ᠣᠯᠠᠩᠬᠢ ᠬᠥᠮᠥᠨ ᠤ ᠳᠠᠪᠤᠰᠤ ᠢᠳᠡᠬᠦ ᠬᠡᠮᠵᠢᠶ᠎ᠡ ᠡᠭᠦᠨ ᠠᠴᠠ ᠬᠤᠯᠠ ᠬᠡᠲᠦᠷᠡᠵᠦ ᠪᠠᠶᠢᠨ᠎ᠠ᠃ | ᠨᠢᠭᠡᠨ ᠪᠠᠶᠢᠴᠠᠭᠠᠯᠳᠠ ᠶᠢᠨ ᠲᠤᠭ᠎ᠠ ᠪᠠᠷᠢᠮᠳᠠ ᠠᠴᠠ ᠦᠵᠡᠪᠡᠯ᠂ ᠮᠠᠨ ᠤ ᠣᠯᠣᠰ ᠤᠨ ᠡᠮᠦᠨᠡᠳᠣ ᠣᠷᠣᠨ ᠤ | ᠬᠥᠮᠥᠰ ᠤᠨ ᠡᠳᠦᠷ ᠪᠦᠷᠢ ᠶᠢᠨ ᠢᠳᠡᠬᠦ ᠲᠠᠪᠣᠰᠣᠨ ᠤ ᠬᠡᠮᠵᠢᠶ᠎ᠠ ᠲᠡᠭᠰᠢᠳᠬᠡᠭᠡᠳ 8-10 ᠭᠷᠠᠮ ᠪᠠᠶᠢᠵᠦ᠂ ᠣᠮᠠᠷᠠᠳᠣ | ᠣᠷᠣᠨ ᠤ ᠬᠥᠮᠥᠰ ᠤᠨ ᠡᠳᠦᠷ ᠪᠦᠷᠢ ᠶᠢᠨ ᠢᠳᠡᠬᠦ ᠲᠠᠪᠣᠰᠣᠨ ᠤ ᠬᠡᠮᠵᠢᠶ᠎ᠠ ᠲᠡᠭᠰᠢᠳᠬᠡᠭᠡᠳ 18 ᠭᠷᠠᠮ ᠳᠤ ᠬᠦᠷᠴᠦ | ᠪᠣᠢ᠃ ᠪᠠᠰᠨ ᠵᠠᠷᠢᠮ ᠲᠠᠪᠣᠰᠣ ᠴᠢᠩᠭ᠎ᠠ ᠢᠳᠡᠳᠡᠭ ᠲᠠᠳᠬᠠᠯ ᠲᠠᠢ ᠬᠦᠮᠦᠰ ᠤᠨ ᠡᠳᠦᠷ ᠪᠦᠷᠢ ᠶᠢᠨ ᠢᠳᠡᠬᠦ | ᠲᠠᠪᠣᠰᠣᠨ ᠤ ᠬᠡᠮᠵᠢᠶ᠎ᠠ 20-25 ᠭᠷᠠᠮ ᠳᠤ ᠬᠦᠷᠴᠦ ᠪᠠᠶᠢᠨ᠎ᠠ᠃ ᠲᠡᠭᠰᠢᠳᠬᠡᠬᠡᠳ ᠪᠤᠳᠤᠪᠠᠯ ᠮᠠᠨ ᠤ ᠣᠯᠣᠰ ᠤᠨ | ᠬᠦᠮᠦᠨ ᠡᠳᠦᠷ ᠪᠦᠷᠢ 14.5 ᠭᠷᠠᠮ ᠳᠠᠪᠤᠰᠤ ᠢᠳᠡᠵᠦ ᠪᠠᠶᠢᠨ᠎ᠠ᠃ ᠲᠡᠭᠡᠪᠡᠯ᠂ ᠲᠠᠪᠣᠰᠣ ᠶᠢ ᠬᠡᠳᠦᠷᠡᠳᠡᠯ᠎ᠡ ᠢᠳᠡᠪᠡᠯ | ᠪᠡᠶ᠎ᠡ ᠳᠤ ᠶᠠᠮᠠᠷ ᠢᠯᠡᠷᠡᠯ ᠭᠠᠷᠳᠠᠭ ᠪᠣᠢ︖ | 1. ᠠᠮᠨ ᠬᠠᠳᠠᠬᠤ ᠶᠡᠭᠡ ᠬᠡᠮᠵᠢᠶᠠᠨ ᠤ ᠨᠠᠳ᠋ᠷᠢ ᠠᠭᠤᠯᠣᠭᠰᠠᠨ ᠬᠤᠭᠤᠯᠨ ᠢᠳᠡᠭᠰᠡᠨ ᠤ ᠲᠠᠷᠠᠭ᠎ᠠ᠂ | ᠪᠡᠶ᠎ᠡ ᠳᠠᠬᠢ ᠲᠠᠪᠣᠰᠣ ᠪᠣᠯᠣᠨ ᠣᠰᠣᠨ ᠤ ᠠᠭᠤᠯᠣᠭᠳᠠᠬᠤᠨ ᠤ ᠲᠡᠩᠴᠡᠬᠦᠷᠢ ᠠᠯᠳᠠᠭᠳᠠᠭᠰᠠᠨ ᠰᠢᠭ᠋ ᠰᠠᠨᠠᠭᠳᠠᠵᠤ᠂ | ᠠᠮᠠ ᠬᠠᠲᠠᠳᠠᠭ᠃ ᠲᠡᠩᠴᠡᠬᠦᠷᠢ ᠪᠠᠨ ᠪᠠᠲᠤᠯᠠᠬᠤ ᠶᠢᠨ ᠲᠦᠯᠦᠬᠡ ᠬᠥᠮᠥᠰ ᠠᠷᠪᠢᠨ ᠣᠰᠣ ᠣᠣᠭᠤᠬᠤ ᠬᠡᠷᠡᠭᠳᠠᠢ | ᠪᠣᠯᠳᠠᠭ᠃ ᠡᠶᠢᠮᠦ ᠠᠴᠠ ᠬᠥᠮᠥᠰ ᠶᠡᠭᠡ ᠬᠡᠮᠵᠢᠶ᠎ᠠ ᠪᠠᠷ ᠣᠰᠣ ᠤᠤᠭᠤᠳᠠᠭ᠃ | 2. ᠦᠢᠯᠡ ᠬᠥᠳᠡᠯᠭᠡᠭᠡᠨ ᠤᠳᠠᠭᠠᠰᠢᠷᠠᠬᠤ ᠣᠷᠳᠣ ᠬᠤᠭᠤᠴᠠᠭᠠᠨ ᠤ ᠲᠣᠷᠰᠢ ᠬᠡᠳᠦᠷᠡᠳᠡᠯ᠎ᠡ ᠲᠠᠪᠣᠰᠣ | ᠢᠳᠡᠪᠡᠯ ᠬᠥᠮᠥᠨ ᠤ ᠪᠡᠶ᠎ᠡ ᠳᠣᠲᠣᠷᠠᠬᠢ ᠤᠰᠤ ᠠᠯᠳᠠᠭᠳᠠᠵᠤ᠂ ᠲᠠᠷᠢᠬᠢ ᠲᠣᠯᠣᠭᠠᠢ ᠶᠢᠨ ᠰᠡᠳᠬᠢᠬᠦ ᠴᠢᠳᠠᠪᠤᠷᠢ | ᠤᠳᠠᠭᠠᠰᠢᠷᠠᠵᠤ᠂ ᠦᠢᠯᠡ ᠬᠥᠳᠡᠯᠭᠡᠭᠡᠨ ᠤᠳᠠᠭᠠᠨ ᠪᠣᠯᠳᠠᠭ᠃ | 3. ᠭᠠᠷ ᠤᠨ ᠬᠤᠷᠣᠭᠤ ᠮᠣᠬᠤᠶᠢᠵᠦ ᠪᠦᠲᠦᠬᠦᠷᠡᠬᠦ ᠬᠡᠷᠪᠡ ᠲᠠᠨ ᠤ ᠪᠡᠶ᠎ᠡ ᠶᠢᠨ ᠬᠦᠨᠳᠣ ᠨᠡᠮᠡᠭᠳᠡᠭᠰᠡᠨ ᠦᠬᠡᠢ | ᠪᠠᠶᠢᠳᠠᠯ ᠳᠤ ᠭᠠᠷ ᠤᠨ ᠬᠤᠷᠣᠭᠤ ᠴᠢᠨᠢ ᠪᠦᠳᠦᠭᠦᠷᠡᠭᠰᠡᠨ ᠪᠠᠶᠢᠪᠠᠯ᠂ ᠡᠨᠡ ᠨᠢ ᠣᠷᠳᠣ ᠬᠤᠭᠤᠴᠠᠭᠠᠨ ᠤ ᠲᠣᠷᠰᠢ | ᠬᠡᠳᠦᠷᠡᠳᠡᠯ᠎ᠡ ᠲᠠᠪᠣᠰᠣ ᠢᠳᠡᠭᠰᠡᠨ ᠠᠴᠠ ᠪᠣᠯᠣᠭᠰᠠᠨ ᠪᠠᠶᠢᠵᠤ ᠮᠡᠳᠡᠨ᠎ᠡ᠃ | 4. ᠲᠣᠯᠣᠭᠠᠢ ᠡᠪᠡᠳᠬᠦ ︽ᠠᠩᠭ᠍ᠯᠢ ᠶᠢᠨ ᠠᠨᠠᠭᠠᠬᠤ ᠣᠬᠠᠭᠠᠨ ᠤ ᠰᠡᠳᠬᠦᠯ︾ ᠳᠤ ᠨᠡᠶᠢᠲᠡᠯᠡᠭᠰᠡᠨ ᠨᠢᠬᠡᠨ | ᠰᠣᠳᠣᠯᠭᠠᠨ ᠤ ᠪᠦᠲᠦᠬᠡᠯ ᠳᠤ ᠲᠡᠮᠳᠡᠭᠯᠡᠭᠰᠡᠨ ᠢᠶᠠᠷ᠄ ᠡᠳᠦᠷ ᠪᠦᠷᠢ 3500 ᠮᠢᠯᠢᠭᠷᠡᠮ ᠨᠠᠳ᠋ᠷᠢ ᠢᠳᠡᠳᠡᠭ ᠨᠠᠰᠣᠨ ᠳᠤ | ᠬᠦᠷᠦᠭᠰᠡᠳ ᠢ ᠡᠳᠦᠷ ᠪᠦᠷᠢ 1500 ᠮᠢᠯᠢᠭᠷᠡᠮ ᠨᠠᠳ᠋ᠷᠢ ᠢᠳᠡᠳᠡᠭ ᠬᠦᠮᠦᠨ ᠲᠠᠢ ᠬᠠᠷᠢᠴᠠᠭᠤᠯᠪᠠᠯ᠂ ᠲᠣᠯᠣᠭᠠᠢ | ᠡᠪᠡᠳᠬᠦ ᠡᠪᠡᠳᠴᠢᠨ ᠣᠯᠬᠤ ᠠᠶᠤᠯ ᠡᠷᠡᠰᠳᠡᠯ ᠭᠤᠷᠪᠠᠨ ᠤ ᠨᠢᠬᠡ ᠪᠠᠷ ᠳᠡᠭᠡᠭᠰᠢᠯᠡᠳᠡᠭ᠃ | 5. ᠪᠠᠶᠢᠩᠭᠤ ᠰᠢᠬᠡᠰᠦ ᠬᠦᠷᠬᠦ ᠣᠰᠣ ᠠᠷᠪᠢᠨ ᠣᠣᠭᠤᠬᠤ ᠨᠢ ᠪᠠᠶᠢᠩᠭᠤ ᠰᠢᠬᠡᠰᠦ ᠬᠦᠷᠬᠦ ᠶᠢᠨ ᠴᠣᠷ ᠤᠨ | ᠭᠠᠭᠴᠨ ᠰᠢᠯᠳᠠᠭᠠᠨ ᠪᠢᠰᠢ᠃ ᠲᠠᠪᠣᠰᠣ ᠠᠷᠪᠢᠨ ᠢᠳᠡᠪᠡᠯ ᠪᠠᠰᠠ ᠪᠠᠶᠢᠩᠭᠤ ᠰᠢᠬᠡᠰᠦ ᠬᠦᠷᠬᠦ ᠪᠠᠶᠢᠳᠠᠯ ᠲᠠᠢ ᠪᠣᠯᠳᠠᠭ᠃ | ᠬᠦᠮᠦᠨ ᠬᠡᠳᠦᠷᠡᠳᠡᠯ᠎ᠡ ᠲᠠᠪᠣᠰᠣ ᠢᠳᠡᠭᠰᠡᠨ ᠦᠶ᠎ᠡ ᠳᠤ᠂ ᠪᠡᠶ᠎ᠡ ᠶᠢᠨ ᠴᠣᠯᠣ ᠡᠷᠬᠡᠳᠡᠨ ᠶᠠᠭᠠᠷᠠᠯᠲᠠᠢ ᠠᠵᠢᠯᠯᠠᠮᠠᠨᠵᠢᠨ | ᠰᠠᠶ᠋ᠢ ᠢᠯᠡᠬᠦᠳᠡᠭᠰᠡᠨ ᠲᠠᠪᠣᠰᠣ ᠶᠢ ᠪᠡᠶ᠎ᠡ ᠠᠴᠠ ᠭᠠᠳᠠᠭᠰᠢᠯᠠᠭᠤᠯᠬᠤ ᠪᠣᠯᠬᠤᠷ ᠪᠠᠶᠢᠩᠭᠤ ᠰᠢᠭᠡᠯᠭᠡᠳᠡᠭ᠃ | ᠲᠠᠪᠣᠰᠣ ᠶᠢ ᠠᠷᠪᠢᠨ ᠢᠳᠡᠪᠡᠯ ᠴᠢᠰᠦᠨ ᠲᠠᠷᠣᠯᠳᠠ ᠥᠨᠳᠥᠷᠰᠢᠬᠦ ᠠᠴᠠ ᠭᠠᠳᠠᠨ᠎ᠠ᠂ ᠬᠤᠳᠣᠭᠤᠳᠣᠨ ᠤ | ᠦᠮᠡᠨ᠂ ᠮᠠᠷᠢᠶᠠᠯᠠᠬᠤ᠂ ᠵᠢᠷᠦᠬᠡᠨ ᠲᠠᠮᠢᠷ ᠢ ᠮᠠᠭᠤᠳᠠᠭᠤᠯᠬᠤ᠂ ᠶᠠᠰᠣ ᠰᠡᠶᠢᠷᠡᠭᠵᠢᠬᠦᠯᠬᠦ ᠵᠡᠷᠬᠡ ᠡᠪᠡᠳᠴᠢᠨ ᠢ ᠡᠬᠦᠰᠬᠡᠬᠦ | ᠠᠶᠣᠯ ᠲᠠᠢ᠃ ᠡᠶᠢᠮᠦ ᠠᠴᠠ ᠲᠠᠪᠣᠰᠣ ᠶᠢ ᠬᠡᠮᠵᠢᠶ᠎ᠠ ᠲᠠᠢ ᠢᠳᠡᠪᠡᠯ ᠵᠣᠬᠢᠨ᠎ᠠ᠃ | 1. ᠬᠤᠭᠤᠯᠨ ᠬᠢᠬᠦ ᠳᠡᠭᠡᠨ ᠼᠣᠣ᠂ ᠨᠢᠮᠪᠡᠭᠡ ᠶᠢᠨ ᠰᠢᠬᠦᠰᠦ ᠵᠡᠷᠬᠡ ᠬᠦᠴᠢᠯᠯᠢᠭ ᠠᠮᠳᠠ | ᠲᠣᠬᠢᠷᠠᠭᠤᠯᠣᠭᠴᠢ ᠪᠠᠷ ᠲᠠᠪᠣᠰᠣ ᠪᠣᠯᠣᠨ ᠵᠢᠶᠠᠩᠶ᠋ᠢᠣ ᠶᠢ ᠣᠷᠣᠯᠠᠭᠤᠯᠵᠦ ᠬᠡᠷᠡᠭᠯᠡᠨ᠎ᠡ᠃ | 2. ᠵᠢᠩᠨᠡᠬᠦ᠂ ᠰᠢᠷᠠᠬᠤ᠂ ᠴᠢᠨᠠᠬᠤ ᠵᠡᠷᠬᠡ ᠠᠷᠭ᠎ᠠ ᠶᠢ ᠬᠡᠷᠡᠭᠯᠡᠵᠦ᠂ ᠲᠠᠪᠣᠰᠣ ᠪᠠᠭ᠎ᠠ ᠬᠢᠨ᠎ᠡ᠃ ᠲᠠᠪᠣᠰᠣ | ᠬᠢᠭᠰᠡᠨ ᠱᠦᠯᠦ ᠲᠠᠢ ᠬᠤᠭᠤᠯᠠᠨ ᠤ ᠪᠠᠨ ᠱᠦᠯᠦ ᠶᠢ ᠪᠣᠯᠬᠤ ᠶᠢᠨ ᠲᠣᠳᠣᠷ᠎ᠠ ᠣᠣᠭᠤᠬᠤ ᠦᠬᠡᠢ᠃ | 3. ᠣᠷᠣᠰ ᠰᠣᠩᠬᠢᠨ᠎ᠠ᠂ ᠲᠦᠪᠡᠳ ᠬᠠᠰᠢ᠂ ᠰᠢᠷ᠎ᠠ ᠯᠣᠣᠪᠠᠩ ᠵᠡᠷᠬᠡ ᠠᠮᠳᠠᠳᠠᠢ ᠨᠣᠭᠤᠭ᠎ᠠ ᠴᠠᠭ᠎ᠠ ᠶᠢ | ᠢᠯᠡᠬᠦᠦ ᠢᠳᠡᠨ᠎ᠡ᠃ | 4. ᠰᠡᠷᠢᠬᠦᠨ ᠨᠣᠭᠤᠭ᠎ᠠ ᠬᠢᠬᠦ ᠳᠡᠭᠡᠨ ᠲᠠᠪᠣᠰᠣ ᠶᠢ ᠬᠠᠮᠤᠭ ᠤᠨ ᠰᠡᠬᠦᠯ ᠳᠤ ᠬᠢᠨ᠎ᠡ᠃ ᠪᠠᠭ᠎ᠠ ᠲᠠᠪᠣᠰᠣ | ᠰᠠᠴᠣᠭᠰᠠᠨ ᠤ ᠲᠠᠷᠠᠭ᠎ᠠ ᠼᠣᠣ ᠬᠢᠪᠡᠯ ᠠᠮᠳᠠ ᠨᠢ ᠰᠠᠶᠢᠬᠠᠨ ᠪᠣᠯᠳᠠᠭ᠃ | 5. ᠵᠢᠶᠠᠩᠶ᠋ᠢᠣ ᠵᠡᠷᠬᠡ ᠠᠮᠳᠠ ᠲᠣᠬᠢᠷᠠᠭᠤᠯᠣᠭᠴᠢ ᠶᠢ ᠬᠡᠷᠡᠭᠯᠡᠵᠦ ᠬᠤᠭᠤᠯᠨ ᠬᠢᠬᠦ ᠳᠡᠭᠡᠨ ᠪᠠᠭ᠎ᠠ ᠪᠠᠭ᠎ᠠ ᠪᠠᠷ | ᠲᠣᠰᠣᠭᠠᠨ᠎ᠠ᠃ ᠬᠠᠷᠢᠨ ᠨᠢᠬᠡ ᠯᠨ ᠲᠣᠣᠷ᠎ᠠ ᠬᠢᠬᠦ ᠦᠬᠡᠢ᠃ | 6. ᠠᠯᠢᠪᠠ ᠬᠤᠭᠤᠯᠨᠨ ᠳᠤ ᠪᠦᠷ ᠲᠠᠪᠣᠰᠣ ᠬᠢᠬᠦ ᠠᠯᠪᠠ ᠦᠬᠡᠢ᠃ ᠨᠢᠭᠡ ᠡᠷᠡᠨ ᠤ ᠬᠤᠭᠤᠯᠠ ᠶᠢᠨ | ᠬᠠᠮᠤᠭ ᠤᠨ ᠰᠡᠬᠦᠯ ᠳᠤ ᠤᠤᠭᠤᠬᠤ ᠱᠦᠯᠦᠨ ᠳᠡᠭᠡᠨ ᠲᠠᠪᠣᠰᠣ ᠬᠢᠬᠦ ᠦᠬᠡᠢ ᠪᠠᠶᠢᠵᠦ ᠪᠣᠯᠣᠨ᠎ᠠ᠃ |