ᠨᠡᠶᠢᠭᠡᠮ ᠤᠨ ᠪᠠᠳᠤᠯᠠᠭᠠᠨ ᠤ ᠺᠠᠷᠲ ᠲᠤ ᠲᠠᠪᠤᠨ ᠲᠠᠯ᠎ᠠ ᠪᠠᠷ ᠲᠤᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2021/11/22
     ※ ᠡᠪᠡᠳᠴᠢᠨ ᠠᠴᠠ ᠪᠤᠯᠵᠤ ᠶᠠᠳᠠᠭᠤᠷᠠᠭᠰᠠᠨ ᠬᠦᠨᠳᠦ ᠡᠪᠡᠳᠴᠢᠲᠡᠨ ᠢ ᠠᠪᠤᠷᠠᠨ ᠲᠤᠰᠠᠯᠠᠬᠤ ᠬᠦᠷᠢᠶ᠎ᠡ ᠬᠡᠪᠴᠢᠶᠡᠨ ᠳᠤ ᠤᠷᠤᠭᠤᠯᠤᠨ᠎ᠠ᠃ ᠠᠮᠢᠳᠤᠷᠠᠯ ᠤᠨ ᠲᠤᠤᠷ᠎ᠠ ᠪᠠᠳᠤᠯᠠᠭ᠎ᠠ ᠬᠦᠷᠲᠡᠵᠤ ᠪᠠᠶᠢᠭ᠎ᠠ ᠬᠦᠮᠦᠰ᠂ ᠤᠨᠴᠠ ᠬᠦᠴᠢᠷᠲᠡᠯᠲᠡᠢ ᠬᠦᠮᠦᠰ ᠪᠠ ᠬᠦᠳᠡᠭᠡ ᠲᠤᠰᠬᠤᠨ ᠤ ᠲᠠᠬᠢᠨ ᠶᠠᠳᠠᠭᠤᠷᠠᠭᠰᠠᠨ ᠵᠡᠷᠭᠡ ᠤᠷᠤᠯᠭ᠎ᠠ ᠪᠠᠭ᠎ᠠ ᠬᠦᠮᠦᠨ ᠠᠮᠠ ᠶᠢ ᠡᠪᠡᠳᠴᠢᠨ ᠠᠴᠠ ᠪᠤᠯᠵᠤ ᠶᠠᠳᠠᠭᠤᠷᠠᠭᠰᠠᠨ ᠬᠦᠨᠳᠦ ᠡᠪᠡᠳᠴᠢᠲᠡᠨ ᠢ ᠠᠪᠤᠷᠠᠨ ᠲᠤᠰᠠᠯᠠᠬᠤ ᠬᠦᠷᠢᠶ᠎ᠡ ᠬᠡᠪᠴᠢᠶᠡᠨ ᠳᠤ ᠤᠷᠤᠭᠤᠯᠤᠨ᠎ᠠ᠃      ※ ᠨᠡᠶᠢᠭᠡᠮ ᠤᠨ ᠲᠠᠭᠠᠳᠬᠠᠯ ᠤᠨ ᠰᠦᠢᠳᠭᠡᠯ ᠲᠤᠰᠢᠶᠠᠬᠤ ᠰᠠᠭᠤᠷᠢ ᠲᠤᠭ᠎ᠠ ᠳᠤ ᠲᠤᠬᠢᠷᠠᠭᠤᠯᠤᠯᠲᠠ ᠬᠢᠪᠡ᠃ ᠡᠩ ᠤᠨ ᠪᠠᠶᠢᠳᠠᠯ ᠳᠤ᠂ ᠠᠵᠢᠯᠲᠠᠨ ᠠᠵᠢᠯᠴᠢᠨ ᠤ ᠨᠡᠶᠢᠬᠡᠮ ᠤᠨ ᠲᠠᠭᠠᠳᠬᠠᠯ ᠳᠤ ᠤᠷᠤᠯᠴᠠᠬᠤ ᠳᠤ ᠲᠤᠰᠢᠶᠠᠬᠤ ᠰᠠᠭᠤᠷᠢ ᠲᠤᠭ᠎ᠠ ᠨᠢ ᠨᠡᠶᠢᠭᠡᠮ ᠤᠨ ᠲᠠᠭᠠᠳᠬᠠᠯ ᠤᠨ ᠲᠤᠤᠷᠠᠳᠤ ᠬᠢᠵᠠᠭᠠᠷ ᠠᠴᠠ ᠲᠤᠤᠷ᠎ᠠ ᠪᠠᠶᠢᠵᠤ ᠪᠤᠯᠬᠤ ᠦᠭᠡᠢ᠂ ᠲᠡᠭᠡᠳᠦ ᠬᠢᠵᠠᠭᠠᠷ ᠠᠴᠠ ᠦᠨᠳᠦᠷ ᠪᠠᠶᠢᠵᠤ ᠪᠤᠯᠬᠤ ᠦᠭᠡᠢ᠃      ※ 2021 ᠤᠨ ᠤ ᠨᠠᠰᠤᠵᠢᠯ ᠤᠨ ᠠᠰᠠᠷᠠᠮᠵᠢ ᠶᠢᠨ ᠮᠦᠩᠭᠦ ᠲᠠᠷᠬᠠᠭᠠᠬᠤ ᠰᠠᠭᠤᠷᠢ ᠲᠤᠭ᠎ᠠ ᠶᠢ ᠨᠡᠶᠢᠲᠡᠯᠡᠪᠡ ᠃ 2021 ᠤᠨ ᠤ ᠨᠠᠰᠤᠵᠢᠯ ᠤᠨ ᠠᠰᠠᠷᠠᠮᠵᠢ ᠶᠢᠨ ᠮᠦᠩᠭᠦ ᠶᠢᠨ ᠰᠠᠭᠤᠷᠢ ᠲᠤᠭ᠎ᠠ ᠶᠢ ᠨᠡᠶᠢᠲᠡᠯᠡᠭᠰᠡᠨ ᠤ ᠲᠠᠷᠠᠭ᠎ᠠ᠃ 2021 ᠤᠨ ᠤ ᠠᠵᠢᠯ ᠠᠴᠠ ᠪᠠᠨ ᠠᠮᠠᠷᠠᠭᠰᠠᠨ ᠬᠡᠰᠡᠭ ᠬᠦᠮᠦᠰ ᠤᠨ ᠨᠠᠰᠤᠵᠢᠯ ᠤᠨ ᠠᠰᠠᠷᠠᠮᠵᠢ ᠶᠢᠨ ᠮᠦᠩᠭᠦ ᠶᠢ ᠲᠠᠬᠢᠵᠤ ᠬᠢᠨᠠᠨ ᠲᠤᠭᠲᠠᠭᠠᠬᠤ ᠪᠦᠭᠡᠳ ᠵᠦᠷᠢᠶ᠎ᠡ ᠶᠢ ᠨᠢ ᠨᠦᠬᠦᠪᠦᠷᠢᠯᠡᠬᠦ ᠪᠤᠯᠤᠨ᠎ᠠ᠃      ※ ᠤᠯᠠᠨ ᠭᠠᠵᠠᠷ ᠤᠨ ᠬᠢᠨ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠦᠩᠭᠦ ᠶᠢᠨ ᠰᠠᠭᠤᠷᠢ ᠲᠤᠭ᠎ᠠ ᠶᠢ ᠲᠡᠭᠡᠭᠰᠢᠯᠡᠬᠦᠯᠪᠡ᠃ ᠮᠠᠨ ᠤ ᠤᠷᠤᠨ ᠢ ᠪᠠᠭᠳᠠᠭᠠᠭᠰᠠᠨ 16 ᠮᠤᠵᠢ ᠪᠤᠯᠤᠨ ᠦᠪᠡᠷᠲᠡᠭᠡᠨ ᠵᠠᠰᠠᠬᠤ ᠤᠷᠤᠨ ᠤ ᠬᠢᠨ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠮᠤᠵᠢ ᠶᠢᠨ ᠱᠠᠳᠤᠨ ᠤ ᠰᠠᠭᠤᠷᠢ ᠲᠤᠭ᠎ᠠ ᠶᠢ ᠲᠡᠭᠡᠭᠰᠢᠯᠡᠬᠦᠯᠪᠡ᠃      ※ ᠨᠡᠶᠢᠭᠡᠮ ᠤᠨ ᠪᠠᠳᠤᠯᠠᠭᠠᠨ ᠤ ᠺᠠᠷᠲ ᠤᠨ ᠬᠠᠮᠢᠶ᠎ᠠ ᠪᠦᠬᠦᠢ ᠭᠠᠷ ᠭᠦᠢᠴᠡᠳᠭᠡᠯ ᠢ ᠮᠤᠵᠢ ᠠᠯᠤᠰᠯᠠᠨ ᠭᠦᠢᠴᠡᠳᠭᠡᠵᠤ ᠪᠤᠯᠤᠨ᠎ᠠ᠃ 2021 ᠤᠨ ᠤ ᠵᠢᠯ ᠤᠨ ᠡᠴᠦᠰ ᠠᠴᠠ ᠡᠮᠦᠨ᠎ᠡ᠂ ᠨᠡᠶᠢᠭᠡᠮ ᠤᠨ ᠪᠠᠳᠤᠯᠠᠭᠠᠨ ᠤ ᠺᠠᠷᠲ ᠡᠷᠡᠮᠡᠯᠵᠡᠯᠡᠨ ᠠᠪᠬᠤ᠂ ᠨᠦᠬᠦᠵᠤ ᠰᠤᠯᠢᠬᠤ᠂ ᠭᠡᠭᠡᠭᠰᠡᠨ  ᠢᠶᠠᠷ ᠮᠡᠳᠡᠭᠦᠯᠬᠦ ᠵᠡᠷᠭᠡ ᠦᠢᠯᠡᠴᠢᠯᠡᠭᠡᠨ ᠤ ᠭᠠᠷ ᠬᠦᠢᠴᠡᠳᠭᠡᠯ ᠢ ᠮᠤᠵᠢ ᠠᠯᠤᠰᠯᠠᠨ ᠭᠦᠢᠴᠡᠳᠭᠡᠵᠤ ᠪᠤᠯᠤᠨ᠎ᠠ᠃       ᠦᠪᠦᠷ ᠮᠤᠩᠭᠤᠯ ᠤᠨ ᠮᠤᠩᠭᠤᠯ ᠷᠠᠳᠢᠤ᠋ ᠨᠡᠪᠲᠡᠷᠡᠬᠦᠯᠭᠡ ᠰᠦᠯᠵᠢᠶᠡᠨ ᠠᠴᠠ ᠪᠠᠭᠤᠯᠭᠠᠪᠠ
ᠢᠷᠡᠯᠲᠡ᠄ ᠤᠳᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ