ᠮᠧᠩ ᠰᠢ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ︽1236︾ ᠠᠵᠢᠯ ᠤᠨ ᠵᠠᠭᠪᠤᠷ ᠢ ᠬᠡᠷᠡᠭᠯᠡᠨ ᠡᠳᠦᠷ ᠲᠤᠲᠤᠮ ᠤᠨ ᠬᠢᠨᠠᠯᠲᠠ ᠶᠢ ᠪᠣᠳᠠᠲᠠᠶ ᠪᠥᠭᠡᠳ ᠨᠠᠷᠢᠯᠢᠭ ᠬᠢᠵᠡᠶ
ᠨᠡᠶᠢᠲᠡᠯᠡᠭᠰᠡᠨ ᠴᠠᠭ᠄
2021/11/26
     ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠶᠠᠩ ᠴᠠᠩ ᠲᠣᠰᠬᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠭᠠᠷᠳᠠᠨ ᠪᠠᠶᠢᠴᠠᠭᠠᠬᠤ ᠶᠠᠪᠤᠴᠠ ᠳᠤ ᠲᠣᠰᠬᠤᠨ ᠤ ᠨᠠᠮ ᠤᠨ ᠡᠭᠦᠷ ᠤᠨ ᠱᠦᠵᠢ ᠯᠢ ᠢᠦᠶ ᠷᠦ᠋ ︽ᠣᠲᠣ ᠣᠯᠠᠨ ᠢᠶᠠᠷ ᠢᠶᠠᠨ ᠴᠥᠮ ᠬᠢᠨᠠᠯᠲᠠ ᠬᠦᠯᠢᠶᠡᠬᠦ ᠣᠷᠴᠢᠨ ᠨᠥᠬᠦᠴᠡᠯ ᠳᠤ ᠠᠵᠢᠯᠯᠠᠵᠤ ᠳᠠᠳᠤᠭᠰᠠᠨ ᠪᠥᠭᠡᠳ ᠬᠢᠨᠠᠯᠲᠠ ᠲᠠᠯᠪᠢᠬᠤ ᠪᠣᠯ ᠪᠢᠳᠡᠨ ᠳᠤ ᠥᠭᠭᠦᠭᠰᠡᠨ ᠴᠢᠩᠭ᠎ᠠ ᠬᠠᠮᠢᠶᠠᠷᠤᠯᠲᠠ ᠪᠠ ᠭᠦᠨ ᠵᠤᠵᠠᠭᠠᠨ ᠬᠠᠶᠢᠷ᠎ᠠ ᠮᠥᠨ᠂ ᠨᠠᠩ ᠴᠤ ᠪᠢᠳᠡᠨ ᠢ ᠬᠠᠮᠠᠭᠠᠯᠠᠵᠤ ᠪᠠᠶᠢᠨ᠎ᠠ ᠭᠡᠳᠡᠭ ᠢ ᠠᠯᠬᠤᠮ ᠠᠯᠬᠤᠮ ᠢᠶᠠᠷ ᠲᠠᠨᠢᠵᠤ ᠡᠬᠢᠯᠡᠯ᠎ᠡ︾ ᠭᠡᠵᠦ ᠬᠡᠯᠡᠪᠡ᠃      ᠨᠠᠮ ᠤᠨ ᠲᠦᠷᠢᠮ ᠠᠴᠠ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠳᠤ ᠣᠯᠭᠤᠭᠰᠠᠨ ︽ᠬᠢᠨᠠᠯᠲᠠ ᠲᠠᠯᠪᠢᠬᠤ︾ ᠡᠨᠡ ᠬᠦ ᠲᠡᠷᠢᠭᠦᠨ ᠴᠢᠬᠤᠯᠠ ᠲᠤᠰᠢᠶᠠᠯ ᠬᠠᠷᠢᠭᠤᠴᠠᠯᠭ᠎ᠠ ᠶᠢ ᠦᠨᠡᠨ ᠬᠦ ᠰᠠᠶᠢᠲᠤᠷ ᠭᠦᠶᠴᠡᠳᠬᠡᠵᠦ᠂ ᠢᠯᠠᠩᠭᠤᠶ᠎ᠠ ᠡᠳᠦᠷ ᠲᠤᠲᠤᠮ ᠤᠨ ᠬᠢᠨᠠᠯᠲᠠ ᠲᠠᠯᠪᠢᠬᠤ ᠠᠵᠢᠯ ᠢ ᠰᠠᠶᠢᠲᠤᠷ ᠦᠷᠨᠢᠭᠦᠯᠦᠨ᠂ ᠰᠠᠶᠢᠲᠤᠷ ᠭᠦᠶᠴᠡᠳᠬᠡᠬᠦ ᠶᠢᠨ ᠲᠥᠯᠥᠭᠡ᠂ ᠡᠨᠡ ᠵᠢᠯ ᠮᠧᠩ ᠰᠢ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠳᠦᠷ ᠲᠤᠲᠤᠮ ᠤᠨ ᠬᠢᠨᠠᠯᠲᠠ ᠲᠠᠯᠪᠢᠬᠤ ᠠᠵᠢᠯ ᠢ ᠴᠢᠩᠭᠠᠳᠬᠠᠬᠤ ᠲᠠᠯ᠎ᠠ ᠪᠠᠷ ︽1236︾ ᠵᠠᠭᠪᠤᠷ ᠢᠶᠠᠷ ᠰᠢᠨ᠎ᠡ ᠶᠢ ᠡᠭᠦᠳᠴᠦ ᠬᠠᠶᠢᠨ ᠰᠦᠪᠡᠭᠴᠢᠯᠡᠵᠦ᠂ ᠡᠳᠦᠷ ᠲᠤᠲᠤᠮ ᠤᠨ ᠬᠢᠨᠠᠯᠲᠠ ᠲᠠᠯᠪᠢᠬᠤ ᠠᠵᠢᠯ ᠢ ᠪᠣᠳᠠᠲᠠᠶ ᠪᠥᠭᠡᠳ ᠨᠠᠷᠢᠯᠢᠭ ᠬᠢᠵᠦ᠂ ᠨᠠᠮ ᠤᠨ ᠭᠡᠰᠢᠭᠦᠨ ᠺᠠᠳ᠋ᠷ ᠪᠠ ᠠᠯᠪᠠᠨ ᠠᠵᠢᠯᠲᠠᠨ ᠢ ᠱᠠᠭᠠᠷᠳᠠᠨ ᠰᠠᠬᠢᠯᠭ᠎ᠠ ᠪᠠᠲᠤ ᠶᠢ ᠴᠠᠭ ᠢᠮᠠᠭᠲᠠ ᠴᠢᠩᠭᠠᠯᠠᠵᠤ᠂ ᠡᠷᠬᠡ ᠪᠠᠨ ᠬᠠᠤᠯᠢ ᠶᠣᠰᠣᠭᠠᠷ ᠲᠥᠪ ᠭᠤᠤᠯᠴᠢ ᠪᠠᠷ ᠬᠡᠷᠡᠭᠯᠡᠵᠡᠶ᠃      ᠨᠢᠭᠡ ᠭᠤᠤᠯ ᠱᠤᠭᠤᠮ ᠢ ᠪᠠᠷᠢᠮᠲᠠᠯᠠᠪᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠡᠨᠡ ᠬᠦ ᠭᠤᠣᠯ ᠰᠢᠵᠢᠮ ᠢ ᠪᠠᠷᠢᠮᠲᠠᠯᠠᠵᠤ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠳᠠᠯᠠᠵᠠᠢ᠃      ᠬᠤᠶᠠᠷ ᠬᠠᠷᠢᠭᠤᠴᠠᠯᠭ᠎ᠠ ᠶᠢ ᠨᠠᠶᠢᠲᠠᠪᠤᠷᠢᠵᠢᠭᠤᠯᠪᠠ᠃ ᠪᠠᠯᠭᠠᠰᠤᠨ ᠤ ᠨᠠᠮ ᠤᠨ ᠬᠤᠷᠢᠶ᠎ᠠ ᠶᠢ ᠬᠠᠮᠵᠢᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠠᠬᠢᠭᠤᠯᠵᠤ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠭᠦᠢᠴᠡᠳᠬᠡᠪᠡ᠃      ᠭᠤᠷᠪᠠᠨ ᠡᠭᠦᠷᠭᠡ ᠶᠢ ᠰᠠᠶᠢᠲᠤᠷ ᠪᠡᠶᠡᠯᠡᠭᠦᠯᠪᠡ᠃ ᠨᠠᠮ ᠤᠨ ᠲᠦᠷᠢᠮ ᠪᠠ ᠨᠠᠮ ᠤᠨ ᠳᠣᠲᠣᠭᠠᠳᠤ ᠶᠢᠨ ᠪᠤᠰᠤᠳ ᠬᠠᠤᠯᠢ ᠲᠣᠭᠲᠠᠭᠠᠯ ᠢ ᠬᠠᠮᠠᠭᠠᠯᠠᠵᠤ᠂ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠤᠯᠭ᠎ᠠ ᠪᠠ ᠰᠢᠢᠳᠪᠦᠷᠢ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠵᠤ᠂ ᠨᠠᠮ ᠤᠨ ᠬᠤᠷᠢᠶ᠎ᠠ ᠶᠢ ᠬᠠᠮᠵᠢᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠠᠬᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠬᠤ ᠶᠢᠨ ᠬᠠᠮᠲᠤ ᠢᠯᠵᠠᠷᠠᠯ ᠢ ᠡᠰᠡᠷᠭᠦᠴᠡᠬᠦ ᠠᠵᠢᠯ ᠢ ᠵᠣᠬᠢᠶᠠᠨ ᠪᠠᠶᠢᠭᠤᠯᠵᠤ ᠵᠤᠬᠢᠴᠠᠭᠤᠯᠪᠠ᠃      ᠵᠢᠷᠭᠤᠭᠠᠨ ᠵᠦᠶᠯ ᠤᠨ ᠠᠷᠭ᠎ᠠ ᠮᠠᠶ᠋ᠢᠭ ᠢ ᠰᠠᠶᠢᠲᠤᠷ ᠬᠡᠷᠡᠭᠯᠡᠪᠡ᠃ ︽ᠰᠣᠨᠣᠰᠬᠤ︾ ᠠᠷᠭ᠎ᠠ ᠶᠢ ᠰᠠᠶᠢᠲᠤᠷ ᠬᠡᠷᠡᠭᠯᠡᠵᠡᠢ᠃ ᠪᠠᠯᠭᠠᠰᠤᠨ ᠤ ᠨᠠᠮ ᠤᠨ ᠬᠤᠷᠢᠶᠠᠨ ᠤ ᠬᠤᠷᠠᠯ ᠳᠤ ᠣᠷᠣᠯᠴᠠᠬᠤ ᠶᠢ ᠬᠢᠨᠠᠯᠲᠠ ᠲᠠᠯᠪᠢᠬᠤ ᠴᠢᠬᠤᠯᠠ ᠬᠡᠯᠪᠡᠷᠢ ᠪᠣᠯᠭᠠᠬᠤ ᠶᠢ ᠪᠠᠷᠢᠮᠲᠠᠯᠠᠵᠤ᠂ ᠡᠨᠡ ᠵᠢᠯ ᠠᠴᠠ ᠨᠠᠰᠢ ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠬᠤᠷᠠᠯ ᠳᠤ 11 ᠤᠳᠠᠭ᠎ᠠ ᠤᠷᠤᠯᠴᠠᠨ᠂ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠬᠤᠷᠠᠯ ᠳᠤ ᠣᠷᠣᠯᠴᠠᠬᠤ ᠪᠠᠷ ᠳᠠᠮᠵᠢᠭᠤᠯᠤᠨ᠂ ᠪᠠᠯᠭᠠᠰᠤᠨ ᠤ ᠨᠠᠮ ᠤᠨ ᠬᠤᠷᠢᠶᠠᠨ ᠤ ︽ᠭᠤᠷᠪᠠᠨ ᠴᠢᠬᠤᠯᠠ ᠨᠢᠭᠡ ᠶᠡᠭᠡ︾ ᠰᠢᠶᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ᠂ ︽ᠨᠢᠭᠡᠳᠦᠭᠡᠷ ᠭᠠᠷ ᠣᠪᠣᠷ ᠢᠶᠠᠨ ᠬᠠᠮᠤᠭ ᠤᠨ ᠰᠡᠭᠦᠯ ᠳᠤ ᠢᠯᠡᠳᠬᠡᠬᠦ ︾ ᠲᠦᠷᠢᠮ ᠢ ᠬᠡᠷᠡᠭᠵᠢᠭᠦᠯᠦᠭᠰᠡᠨ ᠪᠠᠶᠢᠳᠠᠯ ᠵᠢᠴᠢ ᠴᠢᠬᠤᠯᠠ ᠬᠤᠷᠠᠯ ᠤᠨ ᠶᠠᠷᠢᠯᠴᠠᠨ ᠲᠣᠭᠲᠠᠭᠠᠭᠰᠠᠨ ᠵᠡᠷᠭᠡ ᠪᠠᠶᠢᠳᠠᠯ ᠢ ᠦᠨᠡᠨ ᠮᠥᠨ ᠢᠶᠠᠷ ᠨᠢ ᠪᠥᠬᠦ ᠶᠠᠪᠤᠴᠠ ᠪᠠᠷ ᠨᠢ ᠲᠡᠮᠳᠡᠭᠯᠡᠵᠦ᠂ ᠬᠤᠷᠠᠯ ᠤᠨ ᠳᠠᠷᠠᠭ᠎ᠠ ᠬᠤᠷᠠᠯ ᠤᠨ ᠲᠣᠪᠴᠢ ᠲᠡᠮᠳᠡᠭᠯᠡᠯ ᠢ ᠪᠣᠶ ᠪᠣᠯᠭᠠᠬᠤ ᠵᠡᠷᠭᠡ ᠲᠠᠯ᠎ᠠ ᠪᠠᠷ ᠬᠤᠷᠠᠯ ᠤᠨ ᠬᠢᠨᠠᠯᠲᠠ ᠶᠢ ᠦᠨᠡᠨ ᠬᠦ ᠠᠳᠬᠤᠵᠤ᠂ ᠪᠠᠯᠭᠠᠰᠤᠨ ᠤ ᠨᠠᠮ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠠᠵᠢᠯᠯᠠᠭ᠎ᠠ ᠶᠢ ᠤᠯᠠᠮ ᠵᠢᠷᠤᠮᠵᠢᠭᠤᠯᠵᠤ᠂ ᠡᠳᠦᠷ ᠲᠤᠲᠤᠮ ᠤᠨ ᠬᠢᠨᠠᠯᠲᠠ ᠶᠢ ︽ᠰᠢᠶᠳᠪᠦᠷᠢᠲᠦ ᠪᠣᠳᠣᠯᠭ᠎ᠠ ᠲᠣᠭᠲᠠᠭᠠᠬᠤ︾ ᠳᠡᠭᠡᠷ᠎ᠡ ᠢᠯᠡᠷᠡᠭᠦᠯᠪᠡ᠃      ︽ᠦᠵᠡᠬᠦ︾ ᠠᠷᠭ᠎ᠠ ᠶᠢ ᠰᠠᠶᠢᠲᠤᠷ ᠬᠡᠷᠡᠭᠯᠡᠵᠡᠢ᠃ ᠰᠠᠷ᠎ᠠ ᠪᠦᠷᠢ ᠲᠣᠭᠲᠠᠭᠰᠠᠨ ᠬᠤᠭᠤᠴᠠᠭ᠎ᠠ ᠲᠠᠢ ᠵᠣᠬᠢᠶᠠᠨ ᠪᠠᠶᠢᠭᠤᠯᠵᠤ ᠪᠠᠶᠢᠴᠠᠭᠠᠬᠤ ᠪᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠶᠢ ᠤᠶᠠᠯᠳᠤᠭᠤᠯᠵᠤ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠠ ᠪᠠᠯᠭᠠᠰᠤᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠳᠤ ᠦᠨᠳᠦᠰᠦᠯᠡᠨ᠂ ᠡᠯ᠎ᠡ ᠳᠣᠲᠣᠭᠠᠳᠤ ᠪᠠᠶᠢᠭᠤᠯᠤᠮᠵᠢ᠂ ᠡᠯ᠎ᠡ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠲᠤ ᠪᠠᠶᠢᠩᠭᠤ ᠬᠦᠷᠴᠦ ᠪᠠᠶᠢᠩᠭᠤ ᠶᠢᠨ ᠴᠢᠨᠠᠷᠲᠠᠶ ᠪᠤᠶᠤ ᠬᠠᠨᠳᠤᠯᠭᠠᠲᠤ ᠴᠢᠨᠠᠷᠲᠠᠶ ᠬᠢᠨᠠᠯᠲᠠ ᠪᠠᠶᠢᠴᠠᠭᠠᠯᠲᠠ ᠬᠢᠵᠦ᠂ ᠲᠣᠰᠬᠤᠨ ᠡᠷᠦᠬᠡ ᠪᠠᠷ ᠭᠦᠨᠵᠡᠭᠡᠶᠢᠷᠡᠬᠦ᠂ ᠮᠠᠲ᠋ᠧᠷᠢᠶᠠᠯ ᠪᠠ ᠡᠬᠡ ᠲᠠᠩᠰᠠ ᠶᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠬᠢᠨᠠᠯᠲᠠ ᠲᠠᠯᠪᠢᠨ᠂ ᠡᠳᠦᠷ ᠲᠤᠲᠤᠮ ᠤᠨ ᠬᠢᠨᠠᠯᠲᠠ ᠶᠢ ︽ᠨᠠᠶᠢᠳᠠᠪᠤᠷᠢᠵᠢᠭᠤᠯᠬᠤ︾ ᠳᠡᠭᠡᠷ᠎ᠡ ᠢᠯᠡᠷᠡᠭᠦᠯᠪᠡ᠃ ᠡᠨᠡ ᠵᠢᠯ ᠠᠴᠠ ᠨᠠᠭᠠᠰᠢ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠤᠭᠤᠴᠠᠭ᠎ᠠ ᠰᠣᠯᠢᠬᠤ ᠰᠣᠩᠭᠤᠭᠤᠯᠢ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠬᠠᠲᠤᠨ ᠭᠤᠤᠯ ᠤᠨ ᠰᠠᠪᠠ ᠭᠠᠵᠠᠷ ᠤᠨ ᠴᠢᠨᠠᠷ ᠰᠠᠶᠢᠲᠠᠶ ᠬᠥᠭᠵᠢᠯᠲᠡ᠂ ᠠᠶᠤᠯ ᠥᠬᠡᠶ ᠦᠶᠯᠡᠳᠪᠦᠷᠢᠯᠡᠯ᠂ ︽ᠭᠤᠷᠪᠠᠨ ᠶᠠᠪᠤᠳᠠᠯ︾ ᠢ ᠢᠯᠡ ᠪᠣᠯᠭᠠᠬᠤ᠂ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ᠂ ᠵᠣᠷᠯᠣᠩ ᠤᠨ ᠬᠤᠪᠢᠰᠬᠠᠯ ᠵᠡᠷᠭᠡ ᠭᠤᠤᠯᠳᠠᠯᠭ᠎ᠠ ᠲᠠᠢ ᠬᠦᠷᠢᠶ᠎ᠡ᠂ ᠭᠤᠤᠯᠳᠠᠯᠭ᠎ᠠ ᠲᠠᠢ ᠠᠰᠠᠭᠤᠳᠠᠯ ᠤᠨ ᠲᠣᠭᠤᠷᠢᠨ ᠳᠤ 81 ᠤᠳᠠᠭ᠎ᠠ ᠨᠠᠷᠢᠯᠢᠭ ᠣᠨᠣᠪᠴᠢᠲᠠᠶ ᠬᠢᠨᠠᠯᠲᠠ ᠲᠠᠯᠪᠢᠵᠤ᠂ 27 ᠠᠰᠠᠭᠤᠳᠠᠯ ᠢ ᠢᠯᠡᠷᠡᠭᠦᠯᠦᠨ᠂ ᠱᠠᠭᠠᠷᠳᠠᠨ ᠪᠠᠶᠢᠴᠠᠭᠠᠬᠤ ᠡᠬᠡ ᠲᠠᠩᠰᠠ ᠪᠠᠶᠢᠭᠤᠯᠤᠭᠰᠠᠨ ᠪᠥᠭᠡᠳ ᠬᠤᠯᠪᠣᠭᠳᠠᠯ ᠪᠥᠬᠦᠶ ᠬᠠᠷᠢᠭᠤᠴᠠᠯᠭᠠᠲᠤ ᠰᠠᠯᠠᠭ᠎ᠠ ᠮᠥᠴᠢᠷ ᠲᠤ ᠢᠳᠡᠪᠬᠢᠲᠡᠶ ᠪᠠᠷ ᠬᠠᠷᠢᠭᠤ ᠲᠤᠰᠬᠠᠵᠤ᠂ ᠠᠰᠠᠭᠤᠳᠠᠯ ᠢ ᠰᠢᠶᠳᠪᠦᠷᠢᠯᠡᠬᠦ ᠶᠢ ᠠᠬᠢᠭᠤᠯᠤᠨ᠂ ᠨᠢᠭᠡᠳ ᠨᠢᠭᠡ ᠪᠠᠷ ᠴᠡᠭᠴᠡᠯᠡᠨ ᠰᠠᠶᠢᠵᠢᠷᠠᠭᠤᠯᠵᠤ ᠳ᠋ᠤᠭᠠᠷ ᠢ ᠨᠢ ᠬᠠᠰᠤᠪᠠ᠃      ︽ᠶᠠᠷᠢᠯᠴᠠᠬᠤ︾ ᠠᠷᠭ᠎ᠠ ᠶᠢ ᠰᠠᠶᠢᠲᠤᠷ ᠬᠡᠷᠡᠭᠯᠡᠵᠡᠢ᠃ ᠡᠷᠲᠡ ᠠᠴᠠ ᠠᠳᠬᠤᠵᠤ ᠪᠠᠭ᠎ᠠ ᠠᠴᠠ ᠨᠢ ᠠᠳᠬᠤᠬᠤ ᠂ ᠬᠡᠷᠡᠭ ᠠᠴᠠ ᠡᠮᠦᠨ᠎ᠡ ᠰᠡᠷᠭᠡᠶᠢᠯᠡᠬᠦ ᠶᠢ ᠴᠢᠬᠤᠯᠠᠴᠢᠯᠠᠵᠤ᠂ ᠰᠠᠨᠠᠭᠠᠴᠢᠯᠠᠭ᠎ᠠ ᠠᠴᠠ ᠪᠠᠨ ᠪᠣᠯᠵᠣᠨ ᠶᠠᠷᠢᠯᠴᠠᠬᠤ ᠶᠢ ᠺᠠᠳ᠋ᠷ ᠢ ᠱᠠᠭᠠᠷᠳᠠᠨ ᠬᠠᠮᠢᠶᠠᠷᠬᠤ ᠠᠵᠢᠯ ᠤᠨ ᠴᠢᠬᠤᠯᠠ ᠠᠷᠭ᠎ᠠ ᠮᠠᠶ᠋ᠢᠭ ᠪᠤᠯᠭᠠᠪᠠ᠃ ᠬᠠᠭᠠᠰ ᠵᠢᠯ ᠪᠦᠷᠢ ᠪᠠᠯᠭᠠᠰᠤᠨ ᠤ ᠨᠠᠮ ᠤᠨ ᠬᠤᠷᠢᠶᠠᠨ ᠤ ᠭᠤᠤᠯ ᠴᠣᠭᠴᠠ ᠶᠢᠨ ᠪᠠᠭ ᠤᠨ ᠪᠦᠷᠢᠯᠳᠦᠬᠦᠨ ᠲᠠᠢ ᠨᠢᠭᠡ ᠤᠳᠠᠭ᠎ᠠ ᠪᠣᠯᠵᠣᠨ ᠶᠠᠷᠢᠯᠴᠠᠵᠤ᠂ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠶᠢ ᠭᠦᠶᠴᠡᠳᠬᠡᠭᠰᠡᠨ ᠪᠠᠶᠢᠳᠠᠯ ᠢ ᠰᠤᠨᠤᠰᠪᠠ︔ ᠠᠶᠤᠯ ᠦᠭᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ᠂ ᠡᠳ᠋ ᠤᠨ ᠶᠠᠪᠤᠳᠠᠯ᠂ ᠵᠠᠬᠢᠳᠠᠯ ᠰᠤᠷᠪᠤᠯᠵᠢᠯᠠᠭ᠎ᠠ ᠵᠡᠷᠭᠡ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠺᠠᠳ᠋ᠷᠴᠤᠳ ᠲᠠᠢ ᠡᠳᠦᠷ ᠲᠤᠲᠤᠮ ᠤᠨ ᠠᠵᠢᠯ ᠢ ᠨᠢ ᠪᠣᠯᠵᠣᠨ ᠶᠠᠷᠢᠯᠴᠠᠵᠤ᠂ ᠠᠵᠢᠯ ᠤᠨ ᠪᠠᠶᠢᠷᠢ ᠳᠤ ᠣᠷᠣᠰᠢᠵᠤ ᠪᠠᠶᠢᠭ᠎ᠠ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢᠨ ᠴᠢᠭ ᠢ ᠲᠣᠳᠣᠷᠬᠠᠶᠢᠯᠠᠨ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠺᠠᠳ᠋ᠷ ᠠᠵᠢᠯᠲᠠᠨ ᠠᠵᠢᠯᠴᠢᠨ ᠤ ᠥᠪᠡᠷ ᠢ ᠪᠠᠨ ᠰᠡᠷᠭᠡᠶᠢᠯᠡᠬᠦ ᠪᠠ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠢ ᠨᠢ ᠤᠯᠠᠮ ᠳᠡᠭᠡᠭᠰᠢᠯᠡᠭᠦᠯᠪᠡ︔ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠭᠤᠯᠭ᠎ᠠ ᠶᠢᠨ ᠺᠠᠳ᠋ᠷ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠴᠠᠭ ᠲᠤᠬᠠᠢ ᠳᠤᠨᠢ ᠪᠣᠯᠵᠣᠨ ᠶᠠᠷᠢᠯᠴᠠᠵᠤ᠂ ᠺᠠᠳ᠋ᠷ ᠤᠨ ᠠᠵᠢᠯ ᠤᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭᠠᠳᠬᠠᠪᠠ︔ ᠲᠤᠰᠢᠶᠠᠯ ᠬᠠᠷᠢᠭᠤᠴᠠᠯᠭ᠎ᠠ ᠪᠠᠨ ᠨᠠᠵᠠᠭᠠᠢ ᠪᠠᠷ ᠭᠦᠢᠴᠡᠳᠬᠡᠵᠦ ᠪᠠᠶᠢᠭ᠎ᠠ ᠭᠠᠴᠠᠭᠠᠨ ᠤ ᠭᠤᠷᠪᠠᠨ ᠵᠥᠪᠯᠡᠯ ᠤᠨ ᠺᠠᠳ᠋ᠷ ᠢ ᠡᠷᠲᠡᠬᠡᠨ ᠰᠠᠨᠠᠭᠤᠯᠤᠨ ᠶᠠᠷᠢᠯᠴᠠᠵᠤ᠂ ᠣᠪᠣᠷ ᠰᠤᠷᠲᠠᠯ ᠪᠠ ᠰᠠᠬᠢᠯᠭ᠎ᠠ ᠪᠠᠲᠤ ᠶᠢᠨ ᠲᠠᠯ᠎ᠠ ᠪᠠᠷ ᠱᠠᠭᠠᠷᠳᠠᠯᠭ᠎ᠠ ᠳᠤᠷᠠᠳᠤᠨ᠂ ︽ᠬᠠᠨᠴᠤᠢ ᠰᠢᠮᠠᠯᠠᠵᠤ ᠨᠢᠭᠤᠷ ᠤᠯᠠᠶᠢᠯᠭᠠᠨ ᠬᠥᠯᠥᠰᠥ ᠭᠠᠷᠭᠠᠬᠤ︾ ᠶᠢ ᠬᠡᠪ ᠤᠨ ᠪᠠᠶᠢᠳᠠᠯ ᠪᠣᠯᠭᠠᠵᠤ᠂ ᠡᠳᠦᠷ ᠲᠤᠳᠤᠮ ᠤᠨ ᠬᠢᠨᠠᠯᠲᠠ ᠶᠢ ︽ᠰᠣᠯᠢᠯᠴᠠᠭ᠎ᠠ︾ ᠳᠡᠭᠡᠷ᠎ᠡ ᠢᠯᠡᠷᠡᠭᠦᠯᠪᠡ᠃ ᠡᠨᠡ ᠵᠢᠯ ᠠᠴᠠ ᠨᠠᠭᠠᠰᠢ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ︽ᠨᠢᠭᠡᠳᠦᠭᠡᠷ ᠵᠦᠶᠯ ᠤᠨ ᠬᠡᠯᠪᠡᠷᠢ ᠪᠠᠶᠢᠳᠠᠯ︾ ᠢ ᠬᠡᠷᠡᠭᠯᠡᠨ 17 ᠨᠡᠷᠡᠰ ᠰᠤᠷᠲᠠᠯ ᠰᠠᠬᠢᠯᠭ᠎ᠠ ᠪᠠᠲᠤ ᠨᠢ ᠰᠤᠯᠠ ᠵᠠᠳᠠᠭᠠᠢ ᠪᠠᠶᠢᠬᠤ ᠪᠠᠯᠭᠠᠰᠤ ᠳᠤᠰᠬᠤᠨ ᠬᠤᠶᠠᠷ ᠱᠠᠲᠤᠨ ᠤ ᠺᠠᠳ᠋ᠷ ᠲᠠᠢ ᠶᠠᠷᠢᠯᠴᠠᠨ ᠢᠳᠬᠠᠭᠰᠠᠨ ᠪᠤᠶᠤ ᠳᠤᠩᠭᠤᠳᠤᠨ ᠰᠢᠭᠦᠮᠵᠢᠯᠡᠵᠡᠶ᠃      ︽ᠶᠠᠷᠢᠬᠤ︾ ᠠᠷᠭ᠎ᠠ ᠶᠢ ᠰᠠᠶᠢᠲᠤᠷ ᠬᠡᠷᠡᠭᠯᠡᠵᠡᠢ᠃ ᠱᠦᠵᠢ ᠠᠷᠢᠭᠤᠨ ᠴᠢᠬᠡᠴᠢ ᠪᠠᠷ ᠵᠠᠰᠠᠭ ᠪᠠᠷᠢᠬᠤ ᠨᠠᠮ ᠤᠨ ᠬᠢᠴᠢᠶᠡᠯ ᠳᠤ ᠣᠷᠣᠬᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢ ᠥᠷᠨᠢᠭᠦᠯᠬᠦ ᠵᠡᠷᠭᠡ ᠴᠠᠭ ᠲᠣᠬᠢᠶᠠᠯ ᠲᠠᠢ ᠤᠶᠠᠯᠳᠤᠭᠤᠯᠤᠨ᠂ ᠣᠪᠣᠷ ᠰᠤᠷᠲᠠᠯ ᠪᠠ ᠰᠠᠬᠢᠯᠭ᠎ᠠ ᠪᠠᠲᠤ ᠶᠢᠨ ᠬᠥᠮᠦᠵᠢᠯ ᠢ ᠥᠷᠨᠢᠭᠦᠯᠵᠦ᠂ ᠳᠡᠭᠡᠳᠦ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠪᠠᠶᠢᠴᠠᠭᠠᠨ ᠰᠢᠢᠳᠪᠦᠷᠢᠯᠡᠭᠰᠡᠨ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠬᠡᠷᠡᠭ ᠪᠠ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠢ ᠳᠤᠨᠢ ᠵᠠᠷᠯᠠᠨ ᠮᠡᠳᠡᠭᠳᠡᠵᠦ᠂ ᠲᠤᠰ ᠱᠠᠲᠤᠨ ᠤ ᠪᠠᠶᠢᠴᠠᠭᠠᠨ ᠰᠢᠢᠳᠪᠦᠷᠢᠯᠡᠭᠰᠡᠨ ᠰᠠᠬᠢᠯᠭ᠎ᠠ ᠪᠠᠲᠤ ᠶᠢ ᠵᠥᠷᠢᠴᠡᠭᠰᠡᠨ ᠡᠯ᠎ᠡ ᠲᠦᠷᠦᠯ ᠤᠨ ᠠᠰᠠᠭᠤᠳᠠᠯ ᠢ ᠭᠦᠨᠵᠡᠭᠡᠢ ᠵᠠᠳᠠᠯᠤᠨ᠂ ᠪᠤᠳᠠᠲᠤ ᠬᠡᠷᠡᠭ ᠢᠶᠠᠷ ᠰᠠᠬᠢᠯᠭ᠎ᠠ ᠪᠠᠲᠤ ᠶᠢ ᠲᠠᠶᠢᠯᠪᠤᠷᠢᠯᠠᠵᠤ᠂ ᠪᠤᠳᠠᠲᠤ ᠬᠡᠷᠡᠭ ᠢᠶᠠᠷ ᠬᠠᠤᠯᠢ ᠶᠢ ᠲᠠᠶᠢᠯᠪᠤᠷᠢᠯᠠᠪᠠ︔ ᠤᠯᠠᠷᠢᠯ ᠪᠦᠷᠢ ᠳᠤ ᠪᠠᠯᠭᠠᠰᠤ ᠲᠣᠰᠬᠤᠨ ᠬᠤᠶᠠᠷ ᠱᠠᠲᠤᠨ ᠤ ᠺᠠᠳ᠋ᠷ ᠢ ᠵᠣᠬᠢᠶᠠᠨ ᠪᠠᠶᠢᠭᠤᠯᠤᠨ ᠨᠠᠮ ᠤᠨ ᠰᠤᠷᠲᠠᠯ ᠴᠢᠬᠡᠴᠢ ᠵᠠᠰᠠᠭ ᠤᠨ ᠰᠡᠷᠡᠮᠵᠢ ᠶᠢᠨ ᠬᠥᠮᠦᠵᠢᠯ ᠤᠨ ᠹᠢᠯᠢᠮ ᠦᠵᠡᠭᠦᠯᠵᠦ᠂ ᠤᠯᠤᠰ ᠲᠦᠷᠦ ᠶᠢᠨ ᠰᠠᠬᠢᠯᠭ᠎ᠠ ᠪᠠᠲᠤ᠂ ᠤᠯᠤᠰ ᠲᠦᠷᠦ ᠶᠢᠨ ᠶᠣᠰᠣ ᠲᠦᠷᠢᠮ ᠤᠨ ᠤᠬᠠᠮᠰᠠᠷ ᠢ ᠦᠨᠡᠨ ᠬᠦ ᠦᠵᠡᠯ ᠰᠠᠨᠠᠭᠠᠨ ᠤ ᠭᠦᠨ ᠳᠤ ᠬᠠᠳᠠᠩᠰᠢᠭᠤᠯᠵᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠬᠤᠷᠢᠭ᠎ᠠ ᠱᠤᠭᠤᠮ ᠢ ᠰᠠᠶᠢᠲᠤᠷ ᠰᠠᠬᠢᠭᠤᠯᠤᠨ᠂ ᠡᠳᠦᠷ ᠲᠤᠳᠤᠮ ᠤᠨ ᠬᠢᠨᠠᠯᠲᠠ ᠶᠢ ︽ᠰᠡᠷᠡᠮᠵᠢᠯᠡᠭᠦᠯᠬᠦ︾ ᠳᠡᠭᠡᠷ᠎ᠡ ᠢᠯᠡᠷᠡᠭᠦᠯᠪᠡ᠃ ᠡᠨᠡ ᠵᠢᠯ ᠠᠴᠠ ᠨᠠᠭᠠᠰᠢ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ 4 ᠤᠳᠠᠭᠠᠨ ᠤ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠠᠯᠪᠠᠨ ᠲᠤᠰᠢᠶᠠᠯᠲᠠᠨ ᠠᠷᠢᠬᠢ ᠤᠤᠭᠤᠵᠤ ᠲᠡᠷᠭᠡ ᠵᠢᠯᠣᠭᠤᠳᠬᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠰᠠᠶᠢᠲᠤᠷ ᠵᠢᠷᠤᠮᠯᠠᠬᠤ ᠵᠡᠷᠭᠡ ᠲᠠᠯ᠎ᠠ ᠪᠠᠷ 3 ᠤᠳᠠᠭ᠎ᠠ ᠴᠢᠬᠤᠯᠠᠴᠢᠯᠠᠭᠰᠠᠨ ᠪᠠᠶᠢᠨ᠎ᠠ᠃      ︽ᠢᠳᠬᠠᠬᠤ︾ ᠠᠷᠭ᠎ᠠ ᠶᠢ ᠰᠠᠶᠢᠲᠤᠷ ᠬᠡᠷᠡᠭᠯᠡᠵᠡᠢ᠃ ᠬᠢᠨᠠᠯᠲᠠ ᠲᠠᠯᠪᠢᠵᠤ ᠪᠠᠶᠢᠴᠠᠭᠠᠬᠤ ᠪᠠ ᠬᠢᠨᠠᠨ ᠪᠠᠶᠢᠴᠠᠭᠠᠵᠤ ᠪᠠᠶᠢᠴᠠᠭᠠᠯᠲᠠ ᠬᠢᠬᠦ ᠠᠵᠢᠯ ᠳᠤ ᠢᠯᠡᠷᠡᠭᠦᠯᠦᠭᠰᠡᠨ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠶ ᠵᠠᠳᠠᠯᠵᠤ ᠪᠠᠶᠢᠴᠠᠭᠠᠨ ᠡᠷᠢᠬᠦ ᠪᠠᠷ ᠳᠠᠮᠵᠢᠭᠤᠯᠤᠨ᠂ ᠰᠠᠬᠢᠯᠭ᠎ᠠ ᠪᠠᠲᠤ ᠪᠠᠷ ᠪᠠᠶᠢᠴᠠᠭᠠᠯᠭᠠᠬᠤ ᠰᠠᠨᠠᠭᠤᠯᠭ᠎ᠠ ᠶᠢᠨ ᠪᠢᠴᠢᠭ᠂ ᠬᠢᠨᠠᠨ ᠪᠠᠶᠢᠴᠠᠭᠠᠯᠭᠠᠬᠤ ᠰᠠᠨᠠᠭᠤᠯᠭ᠎ᠠ ᠶᠢᠨ ᠪᠢᠴᠢᠭ᠂ ᠭᠤᠤᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠬᠦᠷᠢᠶ᠎ᠡ ᠪᠠ ᠡᠷᠬᠡ ᠶᠢᠨ ᠠᠵᠢᠯᠯᠠᠭᠠᠨ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ᠂ ᠬᠠᠮᠢᠶ᠎ᠠ ᠪᠦᠬᠦᠢ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠲᠤ ᠴᠢᠭᠯᠡᠭᠦᠯᠬᠦ ᠴᠢᠨᠠᠷᠲᠠᠶ ᠪᠠ ᠪᠣᠯᠤᠮᠵᠢᠲᠤ ᠴᠢᠨᠠᠷᠲᠠᠶ ᠬᠠᠯᠠᠨ ᠰᠠᠶᠢᠵᠢᠷᠠᠭᠤᠯᠬᠤ ᠰᠠᠨᠠᠯ ᠵᠢᠴᠢ ᠰᠠᠨᠠᠭᠤᠯᠭ᠎ᠠ ᠶᠢ ᠳᠤᠷᠠᠳᠴᠤ᠂ ᠴᠡᠭᠴᠡᠯᠡᠨ ᠰᠠᠶᠢᠵᠢᠷᠠᠭᠤᠯᠬᠤ ᠠᠭᠤᠯᠭ᠎ᠠ ᠶᠢ ᠲᠣᠳᠣᠷᠬᠠᠶᠢᠯᠠᠬᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠲᠠᠰᠤᠷᠠᠯᠲᠠ ᠥᠬᠡᠶ ᠱᠠᠭᠠᠷᠳᠠᠵᠤ ᠴᠡᠭᠴᠡᠯᠡᠨ ᠥᠭᠡᠷᠡᠴᠢᠯᠡᠭᠦᠯᠪᠡ᠂ ᠡᠭᠦᠨ ᠤ ᠤᠯᠠᠮ ᠢᠶᠠᠷ ᠬᠤᠯᠪᠣᠭᠳᠠᠯ ᠪᠦᠬᠦᠢ ᠬᠠᠷᠢᠭᠤᠴᠠᠯᠭᠠᠲᠤ ᠰᠠᠯᠠᠭ᠎ᠠ ᠮᠥᠴᠢᠷ ᠢ ᠱᠠᠭᠠᠷᠳᠠᠨ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠢ ᠤᠯᠠᠮ ᠴᠢᠩᠭᠠᠳᠬᠠᠪᠠ᠂ ᠡᠳᠦᠷ ᠲᠤᠲᠤᠮ ᠤᠨ ᠬᠠᠮᠢᠶᠠᠷᠤᠯᠲᠠ ᠶᠢ ᠴᠢᠩᠭᠠᠳᠬᠠᠬᠤ᠂ ᠳᠦᠷᠢᠮ ᠤᠨ ᠳᠤᠲᠠᠭᠳᠠᠯ ᠢ ᠨᠥᠬᠦᠬᠦ᠂ ᠴᠡᠭᠴᠡᠯᠡᠨ ᠰᠠᠶᠢᠵᠢᠷᠠᠭᠤᠯᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠪᠡ᠂ ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠳᠦᠷ ᠲᠤᠲᠤᠮ ᠤᠨ ᠬᠢᠨᠠᠯᠲᠠ ᠶᠢ ︽ᠰᠠᠨᠠᠭᠤᠯᠭ᠎ᠠ︾ ᠳᠡᠭᠡᠷ᠎ᠡ ᠢᠯᠡᠷᠡᠭᠦᠯᠵᠡᠢ᠃ ᠡᠨᠡ ᠵᠢᠯ ᠠᠴᠠ ᠨᠠᠭᠠᠰᠢ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠠᠯᠭᠠᠰᠤᠨ ᠤ ᠨᠠᠮ ᠤᠨ ᠬᠤᠷᠢᠶ᠎ᠠ ᠳᠤ ᠨᠡᠶᠢᠲᠡ 6 ᠵᠤᠷᠪᠤᠰ ᠰᠠᠨᠠᠯ ᠰᠠᠨᠠᠭᠤᠯᠭ᠎ᠠ ᠳᠤᠷᠠᠳᠪᠠ᠃      ︽ᠰᠤᠳᠤᠯᠬᠤ︾ ᠠᠷᠭ᠎ᠠ ᠮᠠᠶ᠋ᠢᠭ ᠢ ᠰᠠᠶᠢᠲᠤᠷ ᠬᠡᠷᠡᠭᠯᠡᠵᠡᠢ᠃ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠬᠠᠮᠲᠤ ᠪᠠᠷ ᠣᠷᠣᠯᠴᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠲᠣᠭᠲᠠᠮᠠᠯ ᠬᠤᠷᠠᠯ ᠢ ᠤᠯᠠᠷᠢᠯ ᠪᠦᠷᠢ ᠨᠢᠭᠡ ᠤᠳᠠᠭ᠎ᠠ ᠬᠤᠷᠠᠯᠳᠤᠭᠤᠯᠵᠤ᠂ ᠬᠠᠷᠢᠯᠴᠠᠨ ᠰᠣᠯᠢᠯᠴᠠᠨ ᠰᠤᠳᠤᠯᠤᠨ ᠶᠠᠷᠢᠯᠴᠠᠵᠤ᠂ ᠠᠵᠢᠯ ᠤᠨ ᠰᠠᠨᠠᠭᠤᠯᠭ᠎ᠠ ᠳᠤᠷᠠᠳᠪᠠ᠃ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠬᠢᠨᠠᠯᠲᠠ ᠲᠠᠯᠪᠢᠬᠤ ︽ᠬᠠᠷᠠᠭᠤᠯ︾ ᠢ ᠰᠠᠶᠢᠲᠤᠷ ᠬᠢᠵᠦ᠂ ᠡᠭᠦᠷᠭᠡ ᠴᠢᠳᠠᠪᠬᠢ ᠪᠠᠨ ᠰᠠᠶᠢᠲᠤᠷ ᠪᠠᠳᠠᠷᠠᠭᠤᠯᠤᠨ᠂ ᠬᠠᠷᠢᠭᠤᠴᠠᠯᠭ᠎ᠠ ᠡᠭᠦᠷᠭᠡᠯᠡᠯ ᠢᠶᠠᠨ ᠰᠠᠶᠢᠲᠤᠷ ᠭᠦᠢᠴᠡᠳᠬᠡᠵᠦ᠂ ᠲᠣᠰᠬᠤᠨ ᠤ ᠬᠥᠮᠦᠨ ᠪᠣᠯᠤᠨ ᠵᠣᠭᠤᠰ ᠢᠶᠠᠨ ᠰᠠᠶᠢᠲᠤᠷ ᠬᠠᠮᠢᠶᠠᠷᠤᠨ᠂ ᠲᠣᠰᠬᠤᠨ ᠤ ᠤᠯᠠᠨ ᠲᠦᠮᠡᠨ ᠪᠣᠯᠤᠨ ᠲᠣᠰᠬᠤᠨ ᠤ ᠬᠠᠮᠲᠤ ᠶᠢᠨ ᠠᠰᠢᠭ ᠲᠤᠰᠠ ᠶᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃ ᠲᠣᠰᠬᠤᠨ ᠤ ᠭᠤᠤᠯᠳᠠᠯᠭ᠎ᠠ ᠲᠠᠢ ᠠᠵᠢᠯ ᠢ ᠴᠢᠩᠭ᠎ᠠ ᠠᠩᠬᠠᠷᠴᠤ᠂ ᠣᠯᠠᠨ ᠲᠦᠮᠡᠨ ᠤ ᠳᠡᠷᠭᠡᠳᠡᠬᠢ ᠢᠯᠵᠢᠷᠡᠯ ᠪᠠ ᠰᠤᠷᠲᠠᠯ ᠤᠨ ᠠᠰᠠᠭᠤᠳᠠᠯ ᠳᠤ ᠴᠢᠭᠯᠡᠭᠦᠯᠦᠨ ᠡᠳᠦᠷ ᠲᠤᠲᠤᠮ ᠤᠨ ᠬᠢᠨᠠᠯᠲᠠ ᠲᠠᠯᠪᠢᠵᠤ᠂ ᠲᠣᠰᠬᠤᠨ ᠤ ᠡᠭᠦᠷ ᠵᠥᠪᠯᠡᠯ ᠤᠨ ᠤᠳᠤᠷᠢᠳᠬᠤ ᠪᠠᠭ ᠤᠨ ᠣᠯᠠᠨ ᠲᠦᠮᠡᠨ ᠤ ᠶᠡᠭᠡ ᠪᠠᠭ᠎ᠠ ᠶᠠᠪᠤᠳᠠᠯ ᠢ ᠨᠠᠩ ᠰᠠᠶᠢᠲᠤᠷ ᠰᠢᠶᠳᠪᠦᠷᠢᠯᠡᠬᠦ ᠶᠢ ᠱᠠᠭᠠᠷᠳᠠᠪᠠ᠃ ᠡᠳᠦᠷ ᠲᠤᠲᠤᠮ ᠤᠨ ᠬᠢᠨᠠᠯᠲᠠ ᠲᠠᠯᠪᠢᠯᠲᠠ ᠶᠢ ᠴᠢᠩᠭᠠᠳᠬᠠᠨ᠂ ᠡᠳᠦᠷ ᠲᠤᠲᠤᠮ ᠤᠨ ᠬᠢᠨᠠᠯᠲᠠ ᠲᠠᠯᠪᠢᠯᠲᠠ ᠶᠢ ︽ᠰᠤᠳᠤᠯᠤᠨ ᠶᠠᠷᠢᠯᠴᠠᠬᠤ︾ ᠳᠡᠭᠡᠷ᠎ᠡ ᠢᠯᠡᠷᠡᠭᠦᠯᠪᠡ᠃ ᠣᠳᠣᠬᠠᠨ ᠪᠣᠯᠲᠠᠯ᠎ᠠ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠶᠳᠬᠡᠯ ᠥᠭᠬᠦ ᠲᠦᠷᠢᠮ︾᠂ ︽ᠣᠲᠤᠭ ᠬᠤᠰᠢᠭᠤᠨ ᠤ ᠭᠠᠴᠠᠭ᠎ᠠ ᠲᠣᠰᠬᠤᠨ ᠤ ᠠᠷᠠᠳ ᠤᠨ ᠬᠢᠨᠠᠯᠲᠠ ᠲᠠᠯᠪᠢᠬᠤ ᠵᠥᠪᠯᠡᠯ ᠤᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢᠨ ᠨᠠᠷᠢᠨ ᠲᠠᠩᠰᠠ︾ ᠵᠡᠷᠭᠡ ᠠᠭᠤᠯᠭ᠎ᠠ ᠶᠢ 3 ᠤᠳᠠᠭ᠎ᠠ ᠲᠥᠪᠯᠡᠷᠡᠭᠦᠯᠦᠨ ᠰᠤᠷᠤᠯᠴᠠᠵᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠢᠨᠠᠨ ᠪᠠᠶᠢᠴᠠᠭᠠᠬᠤ ᠵᠥᠪᠯᠡᠯ ᠨᠢ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠳᠤ 1 ᠤᠳᠠᠭ᠎ᠠ ᠠᠵᠢᠯ ᠢᠶᠠᠨ ᠬᠠᠷᠢᠭᠤ ᠮᠡᠳᠡᠭᠦᠯᠪᠡ᠃      ︽1236︾ ᠠᠵᠢᠯ ᠤᠨ ᠬᠡᠪ ᠵᠠᠭᠪᠤᠷ ᠨᠢ ᠮᠧᠩ ᠰᠢ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠡᠳᠦᠷ ᠲᠤᠲᠤᠮ ᠤᠨ ᠬᠢᠨᠠᠯᠲᠠ ᠲᠠᠯᠪᠢᠬᠤ ᠠᠵᠢᠯ ᠥᠷᠨᠢᠭᠦᠯᠬᠦ ︽ᠵᠦᠭᠯᠡᠭᠦᠷ︾ ᠪᠣᠯᠵᠣ᠂ ᠲᠠᠷᠠᠭᠠᠴᠢ ᠶᠢᠨ ᠠᠯᠬᠤᠮ ᠳᠤ ᠮᠧᠩ ᠰᠢ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠨᠢ ᠡᠨᠡ ᠬᠦ ᠬᠡᠪ ᠵᠠᠭᠪᠤᠷ ᠢᠶᠠᠷ ᠡᠳᠦᠷ ᠲᠤᠲᠤᠮ ᠤᠨ ᠬᠢᠨᠠᠯᠲᠠ ᠲᠠᠯᠪᠢᠬᠤ ᠠᠵᠢᠯ ᠤᠨ ᠡᠭᠦᠷᠭᠡ ᠪᠠᠨ ᠤᠯᠠᠮ ᠨᠠᠷᠢᠯᠢᠭᠵᠢᠭᠤᠯᠤᠨ ᠡᠮᠬᠢᠯᠡᠵᠦ᠂ ᠬᠢᠨᠠᠯᠲᠠ ᠲᠠᠯᠪᠢᠬᠤ ᠠᠭᠤᠯᠤᠭᠳᠠᠬᠤᠨ ᠢ ᠪᠠᠶᠠᠯᠢᠭᠵᠢᠭᠤᠯᠤᠨ᠂ ᠬᠢᠨᠠᠯᠲᠠ ᠲᠠᠯᠪᠢᠬᠤ ᠣᠨᠣᠪᠴᠢ ᠶᠢᠨ ᠬᠡᠮᠵᠢᠶ᠎ᠡ ᠶᠢ ᠤᠯᠠᠮ ᠨᠡᠮᠡᠭᠳᠡᠭᠦᠯᠵᠦ᠂ ᠬᠢᠨᠠᠯᠲᠠ ᠲᠠᠯᠪᠢᠬᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠥᠬᠦ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠪᠠ᠃
ᠢᠷᠡᠯᠲᠡ᠄ ᠣᠲᠤᠭ ᠬᠤᠰᠢᠭᠤᠨ ᠤ ᠮᠧᠩ ᠰᠢ ᠪᠠᠯᠭᠠᠰᠤ